ᠵᠤᠥ ᠲᠢᠶᠠᠨ ᠰᠢ ᠪᠠᠶᠠᠨ ᠭᠤᠤᠯ ᠪᠠᠯᠭᠠᠰᠤ᠂ ᠲᠡᠮᠡᠭᠡᠵᠢ ᠪᠠᠯᠭᠠᠰᠤᠨ ᠳᠤ ᠭᠦᠨᠵᠡᠭᠡᠶᠢᠷᠡᠵᠦ ᠶᠠᠳᠠᠭᠤ ᠠᠴᠠ  ᠠᠩᠬᠢᠵᠢᠷᠠᠭᠤᠯᠵᠦ ᠪᠤᠭᠤᠮᠳᠠ ᠰᠢᠪᠲᠤᠯᠬᠤ ᠪᠠᠶᠢᠳᠠᠯ ᠢ ᠰᠢᠯᠢᠨ ᠪᠠᠶᠢᠴᠠᠭᠠᠨ ᠵᠢᠯᠤᠭᠤᠳᠴᠠᠢ
ᠨᠡᠶᠢᠲᠡᠯᠡᠭᠰᠡᠨ ᠴᠠᠭ᠄
2018-10-25
    10 ᠰᠠᠷ᠎ᠠ ᠶᠢᠨ 4   ᠤ ᠡᠲᠦᠷ ᠠᠴᠠ 5   ᠤ ᠡᠳᠦᠷ ᠪᠤᠯᠲᠠᠯ᠎ᠠ᠂ ᠬᠤᠰᠢᠭᠤᠨ ᠤ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ ᠵᠤᠥ ᠲᠢᠶᠠᠨ ᠰᠢ᠂ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠯᠢᠦ ᠢᠦᠢ᠂ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠲᠠᠷᠤᠭ᠎ᠠ ᠰᠢᠦᠢ ᠸᠧᠢ ᠴᠢ ᠤᠷᠢᠳ ᠬᠤᠵᠢᠳ ᠪᠠᠶᠠᠨ ᠭᠤᠤᠯ ᠪᠠᠯᠭᠠᠰᠤ᠂ ᠲᠡᠮᠡᠭᠡᠵᠢ ᠪᠠᠯᠭᠠᠰᠤᠨ ᠤ ᠬᠡᠰᠡᠭ ᠬᠦᠳᠡᠭᠡ ᠠᠶᠢᠯ ᠢᠶᠠᠷ ᠰᠤᠷᠪᠤᠯᠵᠢᠯᠠᠭ᠎ᠠ ᠬᠢᠬᠦ ᠪᠠᠷ ᠲᠠᠮᠵᠢᠨ ᠲᠤᠰᠬᠤᠨ ᠤ ᠵᠠᠰᠠᠨ ᠴᠡᠭᠴᠡᠯᠡᠯᠲᠡ᠂ ᠰᠢᠷᠦᠢ ᠶᠢᠨ ᠭᠡᠷ ᠤᠨ ᠦᠭᠡᠷᠡᠴᠢᠯᠡᠯᠲᠡ᠂ ᠶᠠᠳᠠᠭᠤ ᠠᠴᠠ ᠠᠩᠬᠢᠵᠢᠷᠠᠭᠤᠯᠵᠦ ᠪᠤᠭᠤᠮᠲᠠ ᠰᠢᠪᠲᠤᠯᠬᠤ ᠪᠠᠶᠢᠳᠠᠯ ᠢ ᠰᠢᠯᠢᠵᠦ ᠪᠠᠶᠢᠴᠠᠭᠠᠵᠠᠢ᠃      ᠵᠤᠥ ᠲᠢᠶᠠᠨ ᠰᠢ ᠶᠠᠳᠠᠭᠤ ᠬᠦᠴᠢᠷᠲᠡᠯᠲᠡᠢ ᠡᠷᠦᠭᠡ᠂ ᠡᠩ ᠤᠨ ᠡᠷᠦᠭᠡ᠂ ᠰᠢᠷᠦᠢ ᠶᠢᠨ ᠭᠡᠷ ᠤᠨ ᠬᠦᠮᠦᠰ  ᠲᠠᠢ ᠬᠠᠷᠢᠯᠴᠠᠵᠦ᠂ ᠶᠠᠳᠠᠭᠤ ᠶᠢ ᠲᠡᠳᠭᠦᠬᠦ ᠲᠦᠷᠦ ᠶᠢᠨ ᠪᠤᠳᠤᠯᠭ᠎ᠠ ᠪᠠ ᠰᠢᠷᠦᠢ ᠶᠢᠨ ᠭᠡᠷ ᠤᠨ ᠦᠭᠡᠷᠡᠴᠢᠯᠡᠯᠲᠡ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠶᠢᠯᠠᠭᠠᠵᠦ᠂ ᠶᠠᠳᠠᠭᠤ ᠶᠢ ᠲᠡᠳᠭᠦᠬᠦ ᠳᠠᠩᠰᠠ ᠡᠪᠬᠡᠮᠡᠯ ᠢ ᠪᠠᠶᠢᠴᠠᠭᠠᠨ ᠦᠵᠡᠵᠡᠢ᠃      ᠵᠤᠥ ᠲᠢᠶᠠᠨ ᠰᠢ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠭᠦᠬᠦ ᠡᠭᠦᠷᠭᠡ ᠬᠠᠷᠠᠯᠲᠠ ᠶᠢᠨ ᠲᠤᠭᠤᠷᠢᠨ ᠳᠤ᠂ ᠤᠨᠢ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠵᠦ᠂ ᠠᠯᠢᠪᠠ ᠠᠵᠢᠯ ᠢᠶᠠᠨ ᠨᠠᠷᠢᠯᠢᠭ ᠪᠦᠭᠡᠳ ᠪᠤᠲᠠᠲᠠᠢ ᠬᠢᠵᠦ᠂ ᠤᠨᠴᠠᠭᠠᠶᠢᠯᠠᠨ ᠰᠢᠷᠦᠢ ᠶᠢᠨ ᠭᠡᠷ ᠤᠨ ᠦᠭᠡᠷᠡᠴᠢᠯᠡᠯᠲᠡ ᠪᠠ ᠬᠦᠳᠡᠭᠡ ᠲᠤᠰᠬᠤᠨ ᠤ ᠤᠷᠴᠢᠨ ᠲᠤᠭᠤᠷᠢᠨ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠯᠲᠡ ᠶᠢ ᠴᠢᠬᠤᠯᠠᠴᠢᠯᠠᠵᠦ᠂ ᠠᠷᠠᠳ ᠲᠦᠮᠡᠨ ᠤ ᠰᠠᠭᠤᠬᠤ ᠭᠡᠷ ᠢ ᠪᠠᠲᠤᠯᠠᠬᠤ ᠬᠡᠷᠡᠭᠲᠡᠢ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号