ᠵᠤᠥ ᠲᠢᠶᠠᠨ ᠰᠢ ᠢᠨᠳᠡᠷ ᠪᠠᠯᠭᠠᠰᠤᠨ ᠳᠤ ᠭᠦᠨᠵᠡᠭᠡᠶᠢᠷᠡᠵᠦ ᠭᠠᠵᠠᠷ ᠰᠤᠩᠭᠤᠬᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ
ᠨᠡᠶᠢᠲᠡᠯᠡᠭᠰᠡᠨ ᠴᠠᠭ᠄
2018-10-25
     10 ᠰᠠᠷ᠎ᠠ ᠶᠢᠨ 9 ᠤ ᠡᠲᠦᠷ᠂ ᠬᠤᠰᠢᠭᠤᠨ ᠤ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ ᠵᠤᠥ ᠲᠢᠶᠠᠨ ᠰᠢ᠂ ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠯᠢᠦ ᠢᠦᠢ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ᠂ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠯᠤᠰ ᠤᠨ ᠨᠤᠲᠤᠭ ᠳᠡᠪᠢᠰᠭᠡᠷ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠲᠠᠢ ᠬᠠᠮᠲᠦ ᠢᠨᠳᠡᠷ ᠪᠠᠯᠭᠠᠰᠤᠨ ᠳᠤ ᠭᠦᠨᠵᠡᠭᠡᠶᠢᠷᠡᠵᠦ᠂ ᠭᠠᠵᠠᠷ ᠰᠤᠩᠭᠤᠬᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃      ᠵᠤᠥ ᠲᠢᠶᠠᠨ ᠰᠢ ᠤᠷᠢᠳ ᠬᠤᠵᠢᠳ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠨᠠᠷ ᠲᠠᠢ ᠪᠠᠶᠢᠴᠠᠭᠠᠨ ᠬᠡᠮᠵᠢᠬᠦ ᠦᠷᠲᠡᠭᠡᠨ ᠤ ᠭᠠᠵᠠᠷ ᠰᠤᠩᠭᠤᠬᠤ ᠤᠷᠤᠨ᠂ ᠵᠠᠯᠠᠶᠢᠳ ᠬᠤᠰᠢᠭᠤᠨ ᠤ ᠰᠢᠩ ᠳ᠋ᠠ ᠢᠯᠴᠢ ᠶᠢᠨ ᠬᠦᠴᠦᠨ ᠤ ᠬᠢᠵᠠᠭᠠᠷᠲᠦ ᠺᠤᠮᠫᠠᠨᠢ ᠶᠢᠨ ᠠᠯᠪᠠᠨ ᠭᠡᠷ ᠤᠨ ᠬᠡᠷᠡᠭᠯᠡᠬᠦ ᠭᠡᠷ ᠤᠨ ᠭᠠᠵᠠᠷ ᠰᠤᠩᠭᠤᠬᠤ ᠤᠷᠤᠨ᠂ ᠱᠧᠨ ᠨᠧᠩ ᠰᠠᠯᠬᠢ ᠴᠠᠬᠢᠯᠭᠠᠨ ᠢᠯᠴᠢ ᠬᠠᠩᠭᠠᠬᠤ ᠭᠠᠵᠠᠷ ᠰᠤᠩᠭᠤᠬᠤ ᠤᠷᠤᠨ ᠵᠡᠷᠭᠡ ᠭᠠᠵᠠᠷ ᠢᠶᠠᠷ ᠬᠦᠷᠴᠦ᠂ ᠭᠠᠵᠠᠷ ᠰᠤᠩᠭᠤᠬᠤ ᠪᠠᠶᠢᠳᠠᠯ ᠢ ᠨᠠᠷᠢᠨ ᠨᠢᠭᠲᠠ ᠤᠶᠢᠯᠠᠭᠠᠵᠠᠢ᠃ ᠡᠭᠦᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠦᠭᠡᠷᠡᠴᠢᠯᠡᠯᠲᠡ  ᠶᠢᠨ ᠪᠠᠶᠢᠳᠠᠯ᠂ ᠪᠦᠷᠬᠡ ᠶᠢᠨ ᠤᠷᠤᠨ ᠤ ᠤᠰᠤ ᠢᠯᠴᠢ ᠬᠠᠩᠭᠠᠬᠤ ᠪᠠᠶᠢᠳᠠᠯ᠂ ᠬᠠᠶᠠᠭᠳᠠᠮᠠᠯ ᠢ ᠭᠠᠳᠠᠭᠰᠢᠯᠠᠭᠤᠯᠬᠤ ᠦᠭᠡᠷᠡᠴᠢᠯᠡᠯᠲᠡ ᠶᠢᠨ ᠢᠨᠵᠧᠨᠧᠷᠢᠩ᠂ ᠢᠨᠳᠡᠷ᠂ ᠤᠯᠠᠭᠠᠨ ᠵᠡᠭᠡᠯᠢ ᠶᠢᠨ ᠵᠠᠮ ᠬᠠᠨᠷᠢᠯᠴᠠᠭᠠᠨ ᠤ ᠳᠡᠰ ᠳᠡᠪᠰᠢᠬᠦ ᠦᠭᠡᠷᠡᠴᠢᠯᠡᠯᠲᠡ ᠶᠢᠨ ᠢᠨᠵᠧᠨᠧᠷᠢᠩ ᠳᠤ ᠪᠤᠲᠠᠲᠠᠢ ᠪᠠᠶᠢᠴᠠᠭᠠᠯᠲᠠ ᠬᠢᠵᠡᠢ᠃     ᠵᠤᠥ ᠲᠢᠶᠠᠨ ᠰᠢ ᠱᠠᠭᠠᠷᠲᠠᠭᠰᠠᠨ ᠨᠢ᠂ ᠡᠯ᠎ᠡ ᠰᠠᠯᠠᠭ᠎ᠠ ᠮᠦᠴᠢᠷ ᠨᠢ ᠨᠢᠭᠡᠲᠦᠯᠲᠡᠢ ᠲᠦᠯᠦᠪᠵᠢᠭᠦᠯᠦᠨ ᠵᠤᠬᠢᠴᠠᠭᠤᠯᠵᠦ᠂ ᠵᠦᠢ ᠵᠤᠬᠢᠰᠲᠠᠢ ᠲᠦᠯᠦᠪᠵᠢᠭᠦᠯᠭᠡ ᠬᠢᠵᠦ᠂ ᠤᠷᠤᠭᠤᠯᠤᠯᠲᠠ ᠶᠢᠨ ᠬᠦᠴᠦᠨ ᠢ ᠨᠡᠮᠡᠭᠳᠡᠭᠦᠯᠵᠦ᠂ ᠬᠤᠲᠠ ᠪᠠᠯᠭᠠᠰᠤᠨ ᠤ ᠵᠠᠮ ᠲᠤᠤᠷ ᠤᠨ ᠪᠦᠲᠦᠴᠡ ᠶᠢ ᠲᠡᠭᠦᠯᠳᠡᠷᠵᠢᠭᠦᠯᠵᠦ᠂ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠦ᠂ ᠲᠠᠭᠠᠯᠠᠮᠵᠢᠲᠠᠢ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠶ᠎ᠠ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号