ᠵᠠᠯᠠᠶᠢᠳ ᠬᠤᠰᠢᠭᠤᠨ ᠤ ᠠᠮᠤ ᠪᠤᠳᠠᠭᠠᠨ ᠤ ᠤᠨᠠᠯᠲᠠ ᠶᠢ ᠰᠤᠩᠭᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-10-25
       ᠡᠯ᠎ᠡ ᠰᠣᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠂ ᠦᠷ᠎ᠡ ᠶᠢᠨ ᠮᠠᠯ ᠤᠨ ᠲᠠᠯᠠᠪᠠᠢ᠂ ᠨᠡᠶᠢᠭᠡᠮ ᠲᠣᠭᠤᠷᠢᠭ ᠤᠨ ᠠᠯᠪᠠᠨ ᠭᠡᠷ᠂ ᠬᠤᠰᠢᠭᠤᠨ ᠤ ᠰᠢᠭᠤᠳ ᠬᠠᠮᠢᠶ᠎ᠠ ᠪᠦᠬᠦᠢ ᠰᠠᠯᠠᠭ᠎ᠠ ᠮᠦᠴᠢᠷ᠄ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠣᠷᠳᠤᠨ ᠠᠴᠠ ᠵᠠᠯᠠᠶᠢᠳ ᠬᠤᠰᠢᠭᠤᠨ  ᠤ ᠠᠮᠤ ᠪᠤᠳᠠᠭᠠᠨ ᠤ ᠤᠨᠠᠯᠲᠠ ᠶᠢ ᠰᠤᠩᠭᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ  ᠪᠠᠷ ᠲᠣᠭᠲᠠᠪᠠ᠂ ᠳᠤᠭᠤᠶᠢᠯᠠᠩ ᠤᠨ ᠭᠡᠰᠢᠭᠦᠨ ᠨᠢ ᠳᠣᠣᠷᠠᠬᠢ ᠮᠡᠲᠦ᠄ ᠳᠤᠭᠤᠶᠢᠯᠠᠩ ᠤᠨ ᠳᠠᠷᠤᠭ᠎ᠠ᠄ ᠸᠠᠩ ᠴᠦᠨ ᠢᠦᠢ     ᠬᠤᠰᠢᠭᠤᠨ ᠤ ᠵᠠᠰᠠᠭ ᠤᠨ ᠣᠷᠳᠤᠨ ᠤ ᠳᠡᠳ᠋ ᠬᠤᠰᠢᠭᠤᠨ  ᠤ ᠳᠠᠷᠤᠭ᠎ᠠ       ᠳᠡᠳ᠋ ᠳᠤᠭᠤᠶᠢᠯᠠᠩ ᠤᠨ ᠳᠠᠷᠤᠭ᠎ᠠ᠄ ᠪᠠᠢ ᠯᠢᠶᠠᠨ ᠱᠧᠩ     ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ       ᠸᠧᠢ ᠱᠤᠸᠠᠩ ᠰᠢ      ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶᠠᠨ ᠤ ᠲᠣᠪᠴᠢᠶᠠᠨ ᠳᠠᠷᠤᠭ᠎ᠠ ᠭᠡᠰᠢᠭᠦᠨ᠄ ᠫᠠᠨ ᠪᠥᠸᠧ     ᠬᠤᠰᠢᠭᠤᠨ ᠤ ᠡᠳ᠋ ᠤᠨ ᠵᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ          ᠸᠠᠩ ᠵᠦᠩ ᠵᠢᠶᠧ     ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ       ᠯᠢᠦ ᠵᠧᠨ ᠹᠦ᠋     ᠬᠤᠰᠢᠭᠤᠨ ᠤ ᠴᠠᠭ ᠠᠭᠤᠷ ᠤᠨ ᠲᠣᠪᠴᠢᠶᠠᠨ ᠤ ᠲᠣᠪᠴᠢᠶᠠᠨ ᠳᠠᠷᠤᠭ᠎ᠠ       ᠯᠢᠦ ᠰᠢᠶᠠ ᠸᠧᠢ     ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠳᠡᠯᠭᠡᠷᠡᠭᠦᠯᠦᠭᠴᠢ       ᠫᠠᠨ ᠵᠢᠶᠧ     ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠲᠣᠪᠴᠢᠶᠠᠨ ᠤ  ᠳᠡᠳ᠋ ᠡᠷᠬᠢᠯᠡᠭᠴᠢ       ᠫᠠᠨ ᠱᠢ ᠸᠧᠢ    ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶᠠᠨ ᠤ ᠬᠤᠲᠠ ᠶᠢᠨ ᠪᠠᠶᠢᠴᠠᠭᠠᠯᠲᠠ  ᠶᠢᠨ ᠠᠩᠬᠢ ᠶᠢᠨ ᠳᠠᠷᠤᠭ᠎ᠠ       ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠲᠤᠭ᠎ᠠ ᠪᠦᠷᠢᠳᠭᠡᠯ ᠤᠨ ᠲᠣᠪᠴᠢᠶ᠎ᠠ ᠳᠤ ᠪᠠᠶᠢᠭᠤᠯᠵᠤ᠂ ᠸᠧᠢ ᠱᠤᠸᠠᠩ ᠰᠢ ᠠᠯᠪᠠᠨ ᠭᠡᠷ ᠤᠨ ᠡᠷᠬᠢᠯᠡᠭᠴᠢ ᠶᠢᠨ ᠠᠵᠢᠯ ᠢ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠠᠵᠢᠯ ᠢ ᠫᠠᠨ ᠱᠢ ᠸᠧᠢ ᠬᠠᠪᠰᠤᠷᠭᠠᠨ ᠬᠠᠷᠢᠭᠤᠴᠠᠨ᠎ᠠ᠃ ᠡᠭᠦᠨ ᠠᠴᠠ ᠬᠤᠶᠢᠰᠢ᠂ ᠬᠤᠰᠢᠭᠤᠨ ᠤ ᠤᠳᠤᠷᠢᠳᠤᠯᠭ᠎ᠠ ᠠᠴᠠ ᠭᠠᠳᠠᠨ᠎ᠠ᠂ ᠪᠣᠰᠤᠳ ᠬᠦᠮᠦᠰ ᠬᠡᠷᠪᠡ ᠬᠤᠪᠢᠷᠠᠯᠲᠠ ᠲᠠᠢ ᠪᠣᠯ ᠤᠳᠤᠷᠢᠳᠬᠤ ᠳᠤᠭᠤᠶᠢᠯᠠᠩ  ᠠᠴᠠ ᠥᠪᠡᠷ ᠢᠶᠠᠨ ᠲᠣᠬᠢᠷᠠᠭᠤᠯᠵᠤ᠂ ᠬᠤᠰᠢᠭᠤᠨ ᠤ ᠵᠠᠰᠠᠭ ᠤᠨ ᠣᠷᠳᠤᠨ ᠤ ᠠᠯᠪᠠᠨ ᠭᠡᠷ ᠠᠴᠠ ᠳᠠᠬᠢᠨ ᠠᠰᠲᠠᠭᠠᠨ ᠪᠢᠴᠢᠭ ᠮᠠᠲ᠋ᠧᠷᠢᠶᠠᠯ ᠪᠠᠭᠤᠯᠠᠭᠠᠬᠤ ᠦᠭᠡᠢ᠃          2018 ᠣᠨ ᠤ 9 ᠰᠠᠷ᠎ᠠ ᠶᠢᠨ 20 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号