ᠠᠯᠳᠠᠨ ᠨᠠᠮᠤᠷ ᠤᠨ ᠤᠯᠠᠷᠢᠯ ᠳᠤ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠳᠤ ᠬᠦᠷᠬᠦ ᠳᠤ᠂ | ᠭᠠᠵᠠᠷ ᠰᠠᠢ ᠦᠭᠡᠢ ᠶᠠᠭᠠᠷᠠᠯᠳᠠᠢ ᠪᠠᠶᠢᠳᠠᠯ ᠬᠠᠷᠡᠠᠭᠳᠠᠵᠤ᠂ ᠶᠠᠳᠠᠭᠤ ᠡᠷᠦᠬᠡ ᠶᠢᠨ ᠡᠷᠭᠢᠯᠡᠭᠰᠡᠨ ᠠᠵᠤ ᠦᠢᠯᠡᠰ ᠨᠢ | ᠠᠮᠵᠢᠯᠳᠠ ᠪᠦᠳᠦᠮᠵᠢ ᠤᠯᠵᠤ᠂ ᠨᠤᠷᠠᠬᠤ ᠠᠶᠤᠯᠳᠡᠢ ᠭᠡᠷ ᠢ ᠦᠭᠡᠷᠡᠴᠢᠯᠡᠨ ᠰᠢᠨᠡᠳᠭᠡᠬᠦ᠂ ᠳᠦᠷᠦᠯ ᠵᠦᠢᠯ ᠤᠨ | ᠪᠠᠶᠢᠭᠤᠯᠤᠯᠳᠠ ᠵᠡᠷᠭᠡ ᠠᠵᠢᠯ ᠨᠢ ᠡᠮᠬᠢ ᠴᠡᠭᠴᠡ ᠲᠠᠢ ᠶᠠᠪᠤᠭᠳᠠᠨ᠎ᠠ᠃ ᠡᠨᠡ ᠵᠢᠯ ᠠᠴᠠ ᠨᠠᠰᠢ᠂ ᠬᠤᠯᠪᠤᠭ᠎ᠠ ᠪᠠᠯᠭᠠᠰᠤ | ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ | ᠳᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠦᠨᠳᠦᠰᠦᠨ ᠵᠢᠷᠦᠮᠯᠡᠯ ᠪᠤᠯᠭᠠᠨ᠂ ᠦᠷᠭᠡᠨ ᠢᠶᠠᠷ | ᠰᠢᠨᠵᠢᠯᠡᠨ ᠪᠠᠶᠢᠴᠠᠭᠠᠯᠳᠠ ᠬᠢᠬᠦ ᠪᠠᠷ ᠳᠡᠮᠵᠢᠨ ᠨᠠᠷᠢᠨ ᠲᠦᠯᠦᠪᠵᠢᠭᠦᠯᠵᠤ᠂ ᠬᠦᠴᠦᠨ ᠢᠶᠠᠨ ᠬᠠᠮᠳᠤᠳᠬᠠᠵᠤ | ᠪᠠᠶᠠᠵᠢᠯ ᠤᠨ ᠵᠠᠮ ᠢ ᠡᠷᠢᠯᠬᠢᠯᠡᠨ᠂ ᠬᠦᠭᠵᠢᠯᠳᠡ ᠶᠢᠨ ᠬᠦᠴᠢᠷᠳᠡᠯ ᠢ ᠨᠢᠭᠡ ᠨᠢᠭᠡ ᠪᠠᠷ ᠰᠢᠪᠳᠤᠯᠵᠤ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠢᠯᠡᠷᠬᠡᠢ ᠠᠮᠵᠢᠯᠳᠠ ᠪᠦᠳᠦᠮᠵᠢ ᠭᠠᠷᠭᠠᠵᠤ ᠪᠤᠢ᠃ | ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠤ ᠬᠦᠴᠦᠨ ᠢᠶᠠᠨ ᠬᠠᠮᠳᠤᠳᠬᠠᠪᠠ | ᠬᠤᠯᠪᠤᠭ᠎ᠠ ᠪᠠᠯᠭᠠᠰᠤᠨ ᠳᠤ ᠨᠠᠰᠤ ᠪᠠᠷ ᠬᠠᠮᠤᠭ ᠵᠠᠯᠠᠭᠤ ︽ᠱᠦᠵᠢ︾ — ᠵᠠᠩ ᠳ᠋ᠠᠨ ᠬᠤᠯᠪᠤᠭ᠎ᠠ | ᠪᠠᠯᠭᠠᠰᠤ ᠶᠢᠨ ᠰᠢᠶᠠᠨ ᠹᠧᠩ ᠳᠤᠰᠬᠤᠨ ᠤ ᠨᠢᠭᠡᠳᠦᠭᠡᠷ ᠱᠦᠵᠢ ᠶᠢᠨ ᠳᠤᠰᠢᠶᠠᠯ ᠢ ᠬᠠᠷᠢᠭᠤᠴᠠᠭᠰᠠᠨ ᠠᠴᠠ ᠨᠠᠰᠢ | ᠤᠨᠴᠠᠭᠠᠢ ᠶᠠᠭᠠᠷᠠᠯᠳᠠᠢ ᠪᠤᠯᠵᠤ᠂ ᠡᠳᠦᠷ ᠨᠢ ᠶᠠᠳᠠᠭᠤ ᠡᠷᠦᠬᠡ ᠶᠢᠨ ᠨᠤᠷᠠᠬᠤ ᠠᠶᠤᠯᠳᠡᠢ ᠭᠡᠷ ᠢ ᠦᠭᠡᠷᠡᠴᠢᠯᠡᠨ ᠵᠠᠰᠠᠬᠤ | ᠂ ᠠᠵᠤ ᠦᠢᠯᠡᠰ ᠢ ᠡᠷᠦᠬᠡ ᠳᠤ ᠨᠠᠶᠢᠳᠠᠪᠤᠷᠢᠵᠢᠭᠤᠯᠤᠭᠰᠠᠨ ᠠᠵᠢᠯ ᠤᠨ ᠠᠬᠢᠴᠠ ᠶᠢ ᠪᠠᠶᠢᠴᠠᠭᠠᠵᠤ᠂ ᠦᠳᠡᠰᠢ ᠪᠤᠯᠪᠠᠯ | ᠶᠠᠳᠠᠭᠤ ᠡᠷᠦᠬᠡ ᠶᠢᠨ ᠳᠠᠩᠰᠠ ᠡᠪᠬᠡᠮᠡᠯ ᠢ ᠡᠮᠬᠢᠳᠭᠡᠬᠦ᠂ ᠠᠷᠠᠳ ᠤᠨ ᠪᠠᠶᠢᠳᠠᠯ ᠤᠨ ᠡᠳᠦᠷ ᠤᠨ ᠳᠡᠮᠳᠡᠭᠯᠡᠯ ᠪᠢᠴᠢᠬᠦ | ᠠᠵᠢᠯ ᠳᠤ ᠶᠠᠭᠠᠷᠠᠨ᠎ᠠ᠃ ᠲᠡᠷᠡ᠄ ︽ᠪᠢ ᠨᠢᠭᠡᠨᠳᠡ ᠪᠠᠯᠭᠠᠰᠤᠨ ᠤ ᠨᠠᠮ ᠤᠨ ᠬᠤᠷᠢᠶ᠎ᠠ ᠳᠤ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢᠨ ᠪᠢᠴᠢᠭ ᠢᠶᠠᠨ ᠳᠤᠰᠢᠶᠠᠪᠠ᠂ ᠨᠢᠭᠡᠨ ᠨᠠᠮ ᠤᠨ | ᠭᠡᠰᠢᠭᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠤ᠂ ᠶᠠᠳᠠᠭᠤ ᠡᠷᠦᠬᠡ | ᠶᠠᠳᠠᠭᠤ ᠠᠴᠠ ᠪᠠᠨ ᠠᠩᠬᠢᠵᠢᠷᠠᠵᠤ ᠯᠡ ᠪᠠᠶᠢᠪᠠᠯ ᠪᠢ ᠳᠠᠷᠤᠢ ᠰᠡᠳᠭᠢᠯ ᠪᠠᠶᠠᠰᠤᠯᠳᠠᠢ ᠪᠤᠯᠤᠨ᠎ᠠ︾ ᠭᠡᠵᠤ ᠤᠯᠠᠨ | ᠳᠦᠮᠡᠨ ᠢ ᠳᠠᠭᠠᠭᠤᠯᠤᠨ ᠶᠠᠳᠠᠭᠤ ᠠᠴᠠ ᠠᠩᠬᠢᠵᠢᠷᠠᠭᠤᠯᠵᠤ ᠪᠠᠶᠠᠵᠢᠭᠤᠯᠤᠨ ᠴᠢᠨᠡᠬᠡᠯᠢᠭᠵᠢᠭᠦᠯᠬᠦ ᠳᠤᠬᠠᠢ ᠢᠳᠡᠭᠡᠯ | ᠳᠡᠭᠦᠯᠳᠡᠷ ᠶᠠᠷᠢᠪᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠠᠳᠬᠤᠬᠤ ᠳᠤ ᠵᠠᠩᠬᠢᠯᠠᠭ᠎ᠠ ᠨᠢ ᠨᠠᠮ | ᠪᠠ ᠬᠦᠮᠦᠨ ᠳᠤ ᠪᠤᠢ᠃ ᠬᠤᠯᠪᠤᠭ᠎ᠠ ᠪᠠᠯᠭᠠᠰᠤ ᠨᠠᠮ ᠤᠨ ᠵᠤᠬᠢᠶᠠᠨ ᠪᠠᠶᠢᠭᠤᠯᠤᠯᠳᠠ ᠶᠢᠨ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠮᠳᠠᠬᠢ ᠤᠯᠤᠰ ᠳᠦᠷᠦ ᠶᠢᠨ ᠳᠠᠪᠠᠭᠤᠯᠢᠭ ᠪᠠ ᠨᠠᠮ ᠤᠨ ᠭᠡᠰᠢᠭᠦᠨ ᠤ | ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ᠂ ︽ᠱᠦᠵᠢ ᠶᠢ ᠠᠳᠬᠤᠬᠤ᠂ | ᠱᠦᠵᠢ ᠠᠳᠬᠤᠬᠤ︾ ᠠᠵᠢᠯ ᠤᠨ ᠰᠡᠳᠭᠢᠴᠡ ᠶᠢ ᠪᠠᠷᠢᠮᠳᠠᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠬᠦᠴᠦᠨ ᠢᠶᠠᠨ ᠳᠠᠰᠤᠷᠠᠯᠳᠠ ᠦᠭᠡᠢ ᠨᠢᠭᠳᠠᠷᠠᠭᠤᠯᠪᠠ᠃ ᠤᠢᠢᠷ᠎ᠠ ᠶᠢᠨ ᠬᠤᠶᠠᠷ ᠵᠢᠯ ᠳᠤ᠂ ᠨᠡᠶᠢᠳᠡ 23 | ᠨᠡᠷᠡᠰ ᠪᠠᠶᠢᠭᠤᠯᠤᠯᠭ᠎ᠠ ᠶᠢᠨ ᠺᠠᠳ᠋ᠷ ᠢ ᠰᠤᠩᠭᠤᠨ ᠳᠤᠮᠢᠯᠠᠵᠤ ᠳᠤᠰᠬᠤᠨ ᠳᠤ ᠰᠠᠭᠤᠯᠭᠠᠨ ᠨᠢᠭᠡᠳᠦᠭᠡᠷ ᠱᠦᠵᠢ ᠶᠢᠨ | ᠳᠤᠰᠢᠶᠠᠯ ᠢ ᠬᠠᠷᠢᠭᠤᠴᠠᠭᠤᠯᠵᠤ᠂ ᠳᠤᠭᠳᠠᠭᠰᠠᠨ ᠴᠡᠭ ᠲᠤ ᠶᠠᠳᠠᠭᠤ ᠶᠢ ᠳᠡᠳᠬᠦᠬᠦ᠂ ᠬᠤᠯᠪᠤᠭᠠᠯᠠᠨ ᠬᠠᠪᠰᠤᠷᠬᠤ ᠪᠠᠷ | ᠭᠤᠤᠯ ᠪᠤᠯᠭᠠᠭᠰᠠᠨ ᠦᠨᠳᠦᠰᠦᠨ ᠱᠠᠳᠤᠨ ᠤ ᠠᠵᠢᠯ ᠤᠨ ᠳᠤᠭᠤᠢᠢᠯᠠᠩ ᠢ 18 ᠪᠠᠶᠢᠭᠤᠯᠵᠤ᠂ 93 ᠨᠡᠷᠡᠰ ᠺᠠᠳ᠋ᠷ ᠢ | ᠳᠠᠶᠢᠴᠢᠯᠠᠨ ᠬᠦᠳᠡᠭᠡ ᠪᠠᠭᠤᠵᠤ ᠳᠤᠰᠬᠤᠨ ᠳᠤ ᠰᠠᠭᠤᠯᠭᠠᠨ᠂ ᠪᠦᠬᠦ᠋ᠢᠯᠡ ᠳᠤᠰᠬᠤᠨ ᠤ ᠳᠠᠩᠰᠠ ᠡᠪᠬᠡᠮᠡᠯ ᠵᠤᠬᠢᠶᠠᠵᠤ | ᠺᠠᠷᠲ ᠪᠠᠶᠢᠭᠤᠯᠤᠭᠰᠠᠨ ᠶᠠᠳᠠᠭᠤ ᠡᠷᠦᠬᠡ ᠳᠤ ᠪᠦᠷᠭᠦᠭᠦᠯᠬᠦ ᠶᠢ ᠪᠠᠶᠠᠯᠡᠭᠦᠯᠪᠡ᠃ | ᠠᠵᠤ ᠦᠢᠯᠡᠰ ᠢ ᠬᠦᠭᠵᠢᠭᠦᠯᠵᠤ ᠪᠠᠶᠠᠵᠢᠯ ᠤᠨ ᠵᠠᠮ ᠢ ᠡᠷᠢᠯᠬᠢᠯᠡᠪᠡ | ︽ᠡᠨᠡ ᠵᠢᠯ ᠪᠢ 2 ᠡᠯᠵᠢᠭᠡ ᠬᠤᠳᠠᠯᠳᠤᠨ ᠠᠪᠴᠢᠷᠠᠵᠤ᠂ ᠨᠦᠬᠦᠪᠦᠷᠢ ᠮᠦᠩᠬᠦ ᠪᠠᠨ ᠭᠠᠷᠭᠠᠪᠠᠯ ᠦᠪᠡᠰᠦᠪᠡᠨ | 3000 ᠲᠦᠭᠦᠷᠢᠭ ᠵᠠᠷᠤᠴᠠᠭᠤᠯᠪᠠ᠃ ᠤᠷᠢᠳᠴᠢᠯᠠᠨ ᠪᠤᠳᠤᠭᠰᠠᠨ ᠢᠶᠠᠷ ᠵᠢᠯ ᠤᠨ ᠰᠡᠭᠦᠯᠴᠢ ᠳᠤ 2 ᠡᠯᠵᠢᠭᠡ ᠠᠴᠠ | 2 ᠲᠦᠮᠡ ᠭᠠᠷᠤᠢ ᠳᠦᠭᠦᠷᠢᠭ ᠤᠨ ᠤᠷᠤᠯᠭ᠎ᠠ ᠤᠯᠵᠤ᠂ ᠮᠠᠨ ᠤ ᠬᠢᠨ ᠶᠠᠳᠠᠭᠤ ᠠᠴᠠ ᠠᠩᠬᠢᠵᠢᠷᠠᠬᠤ ᠳᠤ ᠠᠰᠠᠭᠤᠳᠠᠯ | ᠦᠭᠡᠢ ᠪᠤᠯᠤᠨ᠎ᠠ︾ ᠭᠡᠵᠤ ᠳᠤᠰ ᠪᠠᠯᠭᠠᠰᠤ ᠶᠢᠨ ᠪᠤᠤ ᠳ᠋ᠧ ᠹᠦ᠋ ᠳᠤᠰᠬᠤᠨ ᠤ ᠶᠠᠳᠠᠭᠤ ᠡᠷᠦᠬᠡ ᠸᠠᠩ ᠵᠦᠩ ᠴᠧᠩ | ᠪᠠᠶᠠᠷᠯᠠᠨ ᠶᠠᠷᠢᠨ᠎ᠠ᠃ ᠬᠤᠯᠪᠤᠭ᠎ᠠ ᠪᠠᠯᠭᠠᠰᠤ ᠶᠢᠨ ᠳᠡᠳ᠋ ᠳᠠᠷᠤᠭ᠎ᠠ ᠦ᠋ ᠳ᠋ᠧ ᠷᠧᠨ ᠤ ᠳᠠᠨᠢᠯᠴᠠᠭᠤᠯᠤᠭᠰᠠᠨ ᠢᠶᠠᠷ᠂ ᠡᠨᠡ | ᠵᠢᠯ ᠪᠦᠬᠦ ᠪᠠᠯᠭᠠᠰᠤ ᠶᠢᠨ ᠬᠦᠳᠡᠯᠮᠦᠷᠢᠯᠡᠬᠦ ᠴᠢᠳᠠᠪᠤᠷᠢ ᠲᠠᠢ 246 ᠡᠷᠦᠬᠡ ᠶᠢᠨ 595 ᠬᠦᠮᠦᠨ ᠠᠵᠤ ᠦᠢᠯᠡᠰ ᠢ | ᠬᠦᠭᠵᠢᠭᠦᠯᠵᠤ᠂ ᠠᠵᠤ ᠦᠢᠯᠡᠰ ᠢ ᠬᠦᠭᠵᠢᠭᠦᠯᠬᠦ ᠳᠤ ᠬᠡᠷᠡᠭᠰᠡᠬᠦ ᠪᠡᠯᠡ ᠮᠦᠩᠬᠦ ᠨᠢ 226.28 ᠲᠦᠮᠡᠨ | ᠲᠦᠭᠦᠷᠢᠭ ᠲᠤ ᠬᠦᠷᠭᠦ ᠪᠤᠯᠤᠨ᠎ᠠ᠃ ᠨᠢᠭᠡᠳᠦᠭᠡᠷ ᠪᠦᠯᠦᠭ ᠤᠨ ᠶᠠᠳᠠᠭᠤ ᠶᠢ ᠳᠡᠳᠬᠦᠬᠦ ᠪᠡᠯᠡ ᠮᠦᠩᠬᠦ 150 ᠲᠦᠮᠡᠨ | ᠲᠦᠭᠦᠷᠢᠭ ᠢ ᠨᠢᠭᠡᠨᠳᠡ ᠡᠷᠦᠬᠡ ᠳᠤ ᠳᠠᠷᠬᠠᠭᠠᠵᠤ᠂ ᠦᠯᠡᠳᠡᠭᠰᠡᠨ 76.28 ᠲᠦᠮᠡᠨ ᠲᠦᠭᠦᠷᠢᠭ ᠢ ᠤᠢᠢᠷ᠎ᠠ ᠶᠢᠨ | ᠬᠤᠭᠤᠴᠠᠭᠠᠨ ᠳᠤ ᠳᠠᠷᠬᠠᠭᠠᠬᠤ ᠪᠤᠯᠤᠨ᠎ᠠ᠃ ᠬᠠᠮᠳᠤ ᠳᠤᠨᠢ᠂ ᠳᠠᠷᠢᠶᠠᠯᠠᠩ ᠮᠠᠯ ᠠᠵᠤ ᠠᠬᠤᠢ ᠶᠢᠨ ᠳᠤᠰᠬᠠᠢ | ᠮᠡᠷᠭᠡᠵᠢᠯᠳᠡᠨ ᠠᠴᠠ ᠶᠠᠳᠠᠭᠤ ᠡᠷᠦᠬᠡ ᠶᠢᠨ ᠬᠦᠭᠵᠢᠭᠦᠯᠦᠭᠰᠡᠨ ᠠᠵᠤ ᠦᠢᠯᠡᠰ ᠲᠤ ᠪᠦᠬᠦ ᠶᠠᠪᠤᠴᠠ ᠶᠢᠨ ᠮᠡᠷᠭᠡᠵᠢᠯ ᠤᠨ | ᠵᠢᠯᠤᠭᠤᠳᠤᠯᠭ᠎ᠠ ᠬᠢᠵᠤ᠂ ᠤᠷᠢᠳᠴᠢᠯᠠᠨ ᠪᠤᠳᠤᠭᠰᠠᠨ ᠢᠶᠠᠷ ᠡᠷᠦᠬᠡ ᠪᠦᠷᠢ 6000 ᠲᠦᠭᠦᠷᠢᠭ ᠤᠨ ᠤᠷᠤᠯᠭ᠎ᠠ | ᠨᠡᠮᠡᠭᠳᠡᠬᠦ ᠪᠤᠯᠤᠨ᠎ᠠ᠃ | ᠬᠤᠯᠪᠤᠭ᠎ᠠ ᠪᠠᠯᠭᠠᠰᠤ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠠᠬᠢᠭᠤᠯᠬᠤ ᠳᠤᠮᠳᠠ᠂ ︽ᠨᠢᠭᠡ | ᠳᠤᠰᠬᠤᠨ ᠨᠢᠭᠡ ᠳᠦᠷᠦᠯ ᠵᠦᠢᠯ᠂ ᠨᠢᠭᠡ ᠡᠷᠦᠬᠡ ᠨᠢᠭᠡ ᠠᠵᠤ ᠦᠢᠯᠡᠰ︾ ᠤᠨ ᠬᠦᠭᠵᠢᠯᠳᠡ ᠶᠢᠨ ᠰᠡᠳᠭᠢᠴᠡ | ᠶᠤᠰᠤᠭᠠᠷ᠂ ᠶᠠᠳᠠᠭᠤ ᠡᠷᠦᠬᠡ ᠶᠢᠨ ᠰᠠᠨᠠᠭᠠᠴᠢᠯᠠᠭᠠᠳᠤ ᠢᠳᠡᠪᠬᠢ ᠴᠢᠨᠠᠷ ᠢ ᠭᠦᠢᠴᠡᠳ ᠳᠠᠶᠢᠴᠢᠯᠠᠵᠤ᠂ ︽ᠭᠠᠭ᠋ᠠᠢ᠂ | ᠵᠢᠭᠦᠷᠳᠡᠨ᠂ ᠮᠠᠯ᠂ ᠬᠤᠨᠢ᠂ ᠮᠤᠷᠢ᠂ ᠡᠯᠵᠢᠭᠡ᠂ ᠡᠮ᠂ ᠨᠤᠭᠤᠭ᠎ᠠ᠂ ᠦᠵᠦᠮ᠂ ᠬᠤᠪᠢ ᠶᠢᠨ ᠡᠵᠡᠩᠨᠡᠯᠳᠡ︾ ᠵᠡᠷᠭᠡ | ᠠᠷᠪᠠᠨ ᠶᠡᠭᠡ ᠠᠵᠤ ᠦᠢᠯᠡᠰ ᠢ ᠶᠡᠬᠡᠪᠡᠷ ᠬᠦᠭᠵᠢᠭᠦᠯᠪᠠ᠃ | ᠲᠦᠷᠦ ᠶᠢᠨ ᠪᠤᠳᠤᠯᠭ᠎ᠠ ᠪᠠᠷ ᠳᠡᠳᠭᠦᠵᠤ ᠠᠷᠠᠳ ᠤᠨ ᠬᠦᠴᠢᠷᠳᠡᠯ ᠢ ᠰᠢᠢᠳᠪᠦᠷᠢᠯᠡᠪᠡ | ︽ᠮᠠᠨ ᠤ ᠶᠠᠳᠠᠭᠤ ᠡᠷᠦᠬᠡ ᠡᠶᠢᠮᠤ ᠳᠦᠷᠭᠡᠨ ᠢᠶᠠᠷ ᠸᠠᠭᠠᠷ ᠳᠤᠭᠤᠰᠬᠠᠨ ᠪᠦᠳᠦᠴᠡ ᠲᠠᠢ ᠰᠢᠨ᠎ᠡ ᠤᠷᠤᠨ | ᠰᠠᠭᠤᠴᠠ ᠳᠤ ᠨᠡᠭᠦᠨ ᠤᠷᠤᠨ᠎ᠠ ᠭᠡᠵᠤ ᠪᠤᠳᠤᠵᠤ ᠤᠯᠤᠭᠰᠠᠨ ᠦᠭᠡᠢ᠂ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ᠂ ᠬᠠᠪᠰᠤᠷᠤᠨ ᠳᠡᠳᠬᠦᠬᠦ ᠺᠠᠳ᠋ᠷ ᠲᠤ ᠳᠠᠯᠠᠷᠬᠠᠵᠤ ᠪᠠᠶᠢᠨ᠎ᠠ︾ ᠭᠡᠵᠤ ᠠᠮᠢᠳᠤᠷᠠᠯ ᠨᠢ ᠶᠠᠳᠠᠭᠤ | ᠲᠠᠷᠢᠶᠠᠴᠢᠨ ᠸᠠᠩ ᡁᠢ ᠴᠢᠶᠠᠩ ᠪᠠᠶᠠᠷᠯᠠᠵᠤ ᠳᠠᠯᠠᠷᠬᠠᠭᠰᠠᠨ ᠰᠡᠳᠭᠢᠯ ᠢᠶᠠᠨ ᠳᠠᠷᠤᠵᠤ ᠶᠠᠳᠠᠨ ᠬᠡᠯᠡᠨ᠎ᠡ᠃ | ᠤᠢᠢᠯᠠᠭᠠᠭᠰᠠᠨ ᠢᠶᠠᠷ᠂ ᠡᠨᠡ ᠵᠢᠯ ᠬᠤᠯᠪᠤᠭ᠎ᠠ ᠪᠠᠯᠭᠠᠰᠤ 47 ᠶᠠᠳᠠᠭᠤ ᠡᠷᠦᠬᠡ ᠶᠢᠨ ᠰᠢᠷᠤᠢ ᠶᠢᠨ ᠪᠠᠶᠢᠰᠢᠩ ᠢ | ᠦᠭᠡᠷᠡᠴᠢᠯᠡᠨ ᠰᠢᠨᠡᠳᠭᠡᠵᠤ᠂ ᠳᠡᠭᠦᠨ ᠤ ᠳᠤᠳᠤᠷᠠᠬᠢ 32 ᠤᠷᠤᠨ ᠰᠠᠭᠤᠴᠠ ᠶᠢ ᠰᠢᠨ᠎ᠡ ᠪᠠᠷ ᠪᠠᠶᠢᠭᠤᠯᠵᠤ᠂ 15 | ᠤᠷᠤᠨ ᠰᠠᠭᠤᠴᠠ ᠶᠢ ᠦᠭᠡᠷᠡᠴᠢᠯᠡᠨ ᠵᠠᠰᠠᠭᠰᠠᠨ ᠪᠠᠶᠢᠨ᠎ᠠ᠃ ᠪᠠᠰᠠ ᠤᠷᠤᠨ ᠰᠠᠭᠤᠴᠠ ᠦᠭᠡᠢ 36 ᠡᠷᠦᠬᠡ ᠶᠢ | ᠰᠢᠨ᠎ᠡ ᠪᠠᠷ ᠵᠤᠯ ᠵᠢᠷᠭᠠᠯᠳᠤ ᠬᠦᠷᠢᠶᠡᠯᠡᠩ ᠳᠤ ᠰᠠᠭᠤᠯᠭᠠᠭᠰᠠᠨ ᠪᠠᠶᠢᠨ᠎ᠠ᠃ | ᠬᠤᠯᠪᠤᠭ᠎ᠠ ᠪᠠᠯᠭᠠᠰᠤ ᠶᠠᠳᠠᠭᠤ ᠶᠢ ᠳᠡᠳᠬᠦᠬᠦ ᠠᠷᠭ᠎ᠠ ᠪᠤᠳᠤᠯᠭ᠎ᠠ ᠪᠠ ᠨᠡᠶᠢᠭᠡᠮ ᠤᠨ ᠪᠠᠳᠤᠯᠠᠭ᠎ᠠ ᠪᠠᠷ ᠳᠡᠳᠬᠦᠬᠦ | ᠳᠦᠷᠦ ᠶᠢᠨ ᠪᠤᠳᠤᠯᠭ᠎ᠠ ᠶᠢ ᠳᠠᠰᠤᠷᠠᠯᠳᠠ ᠦᠭᠡᠢ ᠴᠢᠩᠭᠠᠳᠬᠠᠵᠤ᠂ ᠰᠤᠷᠭᠠᠨ ᠬᠦᠮᠦᠵᠢᠯ᠂ ᠡᠮ ᠡᠮᠨᠡᠯᠭᠡ᠂ | ᠠᠮᠢᠳᠤᠷᠠᠯ ᠤᠨ ᠠᠪᠤᠷᠠᠨ ᠳᠤᠰᠠᠯᠠᠯᠳᠠ ᠶᠢᠨ ︽ᠭᠤᠷᠪᠠᠨ ᠳᠤᠤᠷ︾ ᠢ ᠰᠠᠶᠢᠳᠤᠷ ᠪᠠᠶᠢᠭᠤᠯᠪᠠ᠃ ᠪᠦᠬᠦ | ᠪᠠᠯᠭᠠᠰᠤᠨ ᠳᠤ 104 ᠨᠡᠷᠡᠰ ᠶᠠᠳᠠᠭᠤ ᠡᠷᠦᠭᠡ ᠶᠢᠨ ᠬᠡᠤᠬᠡᠳ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ | ᠳᠦᠷᠦ ᠶᠢᠨ ᠪᠤᠳᠤᠯᠭ᠎ᠠ ᠶᠢᠨ ᠠᠴᠢ ᠶᠢ ᠬᠦᠷᠳᠡᠵᠤ᠂ 111 ᠶᠠᠳᠠᠭᠤ ᠡᠷᠦᠬᠡ ᠠᠮᠢᠳᠤᠷᠠᠯ ᠤᠨ ᠠᠪᠤᠷᠠᠨ ᠳᠤᠰᠠᠯᠠᠬᠤ | ᠳᠦᠷᠦ ᠶᠢᠨ ᠪᠤᠳᠤᠯᠭ᠎ᠠ ᠶᠢᠨ ᠠᠴᠢ ᠶᠢ ᠬᠦᠷᠳᠡᠵᠤ᠂ ᠪᠦᠬᠦ ᠪᠠᠯᠭᠠᠰᠤ ᠶᠢᠨ ᠳᠠᠩᠰᠠ ᠡᠪᠬᠡᠮᠡᠯ ᠵᠤᠬᠢᠶᠠᠵᠤ ᠺᠠᠷᠲ | ᠪᠠᠶᠢᠭᠤᠯᠤᠭᠰᠠᠨ ᠶᠠᠳᠠᠭᠤ ᠡᠷᠦᠬᠡ ᠳᠤ ᠰᠦᠢᠳᠭᠡᠯ ᠠᠪᠬᠤ ᠦᠭᠡᠢ ᠪᠠᠷ ᠡᠷᠡᠭᠦᠯ ᠴᠢᠬᠢᠷᠠᠭ ᠤᠨ ᠪᠡᠶ᠎ᠡ ᠶᠢᠨ | ᠪᠠᠶᠢᠴᠠᠭᠠᠯᠳᠠ ᠬᠢᠵᠤ ᠦᠭᠭᠦᠨ᠂ ᠶᠠᠳᠠᠭᠤ ᠬᠦᠮᠦᠨ ᠠᠮᠠ ᠳᠤ ᠰᠢᠨ᠎ᠡ ᠮᠡᠶ᠋ᠢᠭ ᠤᠨ ᠬᠦᠳᠡᠭᠡ ᠳᠤᠰᠬᠤᠨ ᠤ | ᠬᠤᠷᠰᠢᠭᠰᠠᠨ ᠡᠮ ᠡᠮᠨᠡᠯᠭᠡ ᠪᠠ ᠬᠤᠳᠠᠯᠳᠤᠭᠠᠨ ᠤ ᠦᠢᠯᠡᠰ ᠤᠨ ᠳᠠᠭᠠᠳᠬᠠᠯ ᠤᠨ ᠮᠦᠩᠭᠦ ᠶᠢ ᠪᠦᠬᠦ ᠳᠤᠭ᠎ᠠ ᠪᠠᠷ | ᠳᠤᠰᠢᠶᠠᠵᠤ ᠦᠭᠪᠡ᠃ | |