ᠵᠠᠯᠠᠶᠢᠳ ᠬᠤᠰᠢᠭᠤᠨ ᠤ ᠤᠯᠠᠭᠠᠨᠮᠦ᠋ᠴᠢᠷ ᠤᠨ ᠦᠨᠳᠤᠰᠤᠨ ᠱᠠᠳᠤᠨ ᠤ ᠡᠮᠦᠨ᠎ᠠ ᠹᠷᠤᠨᠲ ᠲᠤ ᠬᠦᠨᠵᠡᠭᠡᠶᠢᠷᠡᠨ | ᠰᠢᠯᠢᠳᠡᠭ ᠪᠦᠳᠤᠭᠡᠯ ᠢᠶᠠᠷ ᠢᠶᠠᠨ ᠮᠠᠯᠴᠢᠨ ᠲᠠᠷᠢᠶᠠᠴᠢᠨ ᠳᠤ ᠤᠢᠢᠯᠡᠴᠢᠯᠡᠵᠤ ᠪᠠᠶᠢᠭ᠎ᠠ ᠲᠤᠬᠠᠢ ᠪᠤᠳᠠᠳᠤ ᠲᠡᠮᠳᠡᠭᠯᠡᠯ | ᠪᠤᠯᠤᠩ ᠨᠡᠭᠡᠭᠡᠬᠦ ᠦᠭᠡ᠄ | 2017 ᠤᠨ ᠤ 11 ᠰᠠᠷ᠎ᠠ ᠶᠢᠨ 21 ᠹ᠊ ᠡᠳᠤᠷ᠂ ᠶᠡᠷᠤᠩᠬᠡᠢ ᠱᠦᠵᠢ ᠰᠢ ᠶᠢᠨ ᠫᠢᠩ ᠰᠢᠯᠢ ᠶᠢᠨ ᠭᠤᠤᠯ | ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠰᠢᠬᠦᠳ ᠲᠤ ᠬᠠᠷᠢᠭᠤ ᠵᠠᠬᠢᠳᠠᠯ | ᠢᠯᠡᠭᠡᠬᠦ ᠳᠡᠭᠡᠨ᠂ ᠤᠯᠠᠭᠠᠨᠮᠦ᠋ᠴᠢᠷ ᠤᠨ ᠭᠡᠰᠢᠬᠦᠳ ᠦᠨᠢ ᠡᠬᠦᠷᠢᠳᠠ ᠲᠠᠯ᠎ᠠ ᠨᠤᠳᠤᠭ ᠤᠨ ︽ᠬᠤᠪᠢᠰᠬᠠᠯᠳᠤ ᠤᠳᠬ᠎ᠠ | ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠬᠤ ᠶᠢ ᠬᠦᠰᠡᠵᠠᠢ᠃ ᠤᠢᠢᠷ᠎ᠠ ᠶᠢᠨ ᠨᠢᠭᠡ ᠵᠢᠯ ᠠᠴᠠ ᠨᠠᠰᠢ ᠪᠦᠬᠦ | ᠠᠶᠢᠮᠠᠭ ᠤᠨ ᠤᠯᠠᠭᠠᠨᠮᠦ᠋ᠴᠢᠷ ᠤᠨ ᠭᠡᠰᠢᠬᠦᠳ ᠪᠠ ᠦᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠤ | ᠠᠮᠢᠳᠤᠷᠠᠯ ᠤᠨ ᠦᠩ ᠰᠢᠮᠡᠯᠢᠭ ᠬᠦᠷᠤᠰᠤᠨ ᠳᠤ ᠦᠨᠳᠤᠰᠤᠯᠡᠵᠤ᠂ ᠮᠠᠯᠴᠢᠨ ᠲᠠᠷᠢᠶᠠᠴᠢᠨ ᠳᠤ ᠤᠢᠢᠯᠡᠴᠢᠯᠡᠨ᠂ | ᠤᠳᠬ᠎ᠠ ᠤᠷᠠᠯᠢᠭ ᠤᠨ ᠰᠢᠨ᠎ᠠ ᠶᠢ ᠡᠭᠦᠳᠬᠦ ᠶᠢ ᠠᠬᠢᠭᠤᠯᠬᠤ ᠪᠠᠷ᠂ ᠲᠤᠰ ᠰᠤᠨᠢᠨ ᠦᠨᠤᠳᠤᠷ ᠠᠴᠠ ᠡᠬᠢᠯᠡᠨ ︽ | ᠶᠡᠷᠤᠩᠭᠡᠢ ᠱᠦᠵᠢ ᠰᠢ ᠶᠢᠨ ᠫᠢᠩ ᠤᠨ ᠵᠢᠭᠠᠭᠰᠠᠨ ᠵᠠᠮ ᠢᠶᠠᠷ ᠦᠨᠢ ᠡᠬᠦᠷᠢᠳᠠ ᠲᠠᠯ᠎ᠠ ᠨᠤᠳᠤᠭ ᠤᠨ ᠬᠤᠪᠢᠰᠬᠠᠯᠳᠤ | ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ ᠪᠤᠯᠰᠤᠭᠠᠢ︾ ᠭᠡᠬᠦ ᠲᠤᠰᠬᠠᠢ ᠪᠤᠯᠤᠩ ᠨᠡᠭᠡᠭᠡᠵᠤ᠂ ᠪᠦᠬᠦ | ᠠᠶᠢᠮᠠᠭ ᠤᠨ ᠡᠯ᠎ᠠ ᠦᠨᠳᠤᠰᠤᠳᠡᠨ ᠤ ᠠᠷᠠᠳ ᠲᠦᠮᠡᠨ ᠳᠤ ᠡᠯᠪᠡᠭ ᠪᠠᠶᠠᠯᠢᠭ ᠤᠶᠤᠨ ᠤ ᠠᠮᠤ ᠬᠦᠨᠡᠰᠤ ᠬᠠᠩᠭᠠᠵᠤ | ᠦᠭᠬᠦ ᠪᠠᠷ ᠪᠤᠢ᠃ ᠲᠠᠭᠠᠯᠠᠨ ᠤᠩᠰᠢᠮᠤ︕ — ᠨᠠᠶᠢᠷᠠᠭᠤᠯᠤᠭᠴᠢ ᠠᠴᠠ | ︽ᠤᠭ ᠰᠠᠨᠠᠭ᠎ᠠ ᠪᠠᠨ ᠦᠯᠤ ᠮᠠᠷᠳᠠᠵᠤ᠂ ᠦᠷᠬᠦᠯᠵᠢᠯᠡᠨ ᠤᠷᠤᠭᠰᠢᠯᠠᠵᠤ᠂ ᠠᠯᠤᠰ ᠬᠤᠯᠠ ᠠᠶᠤᠯ ᠪᠠᠷᠳᠠᠭ᠎ᠠ᠂ | ᠬᠠᠮᠤᠭ ᠤᠨ ᠰᠠᠶᠢᠬᠠᠨ ᠲᠤᠮᠳᠠᠳᠤ ᠶᠢᠨ ᠵᠠᠮ ᠁︾ ᠭᠡᠬᠦ ᠤᠶᠠᠩᠭ᠎ᠠ ᠰᠡᠳᠭᠢᠯᠭᠡ ᠲᠠᠢ ᠠᠶᠠᠰ ᠨᠢ | ᠰᠤᠨᠢᠷᠬᠠᠬᠤ ᠪᠠᠷ ᠢᠷᠡᠭᠰᠡᠨ ᠭᠠᠴᠠᠭ᠎ᠠ ᠲᠤᠰᠬᠤᠨ ᠤ ᠠᠷᠠᠳ ᠤᠨ ᠰᠡᠳᠭᠢᠯ ᠢ ᠤᠷᠮᠠᠰᠢᠭᠤᠯᠤᠨ᠎ᠠ᠃ ᠵᠠᠯᠠᠶᠢᠳ | ᠬᠤᠰᠢᠭᠤᠨ ᠤ ᠬᠤᠯᠪᠤᠭ᠎ᠠ ᠪᠠᠯᠭᠠᠰᠤᠨ ᠤ ᠪᠠᠳᠠᠢ ᠲᠤᠰᠬᠤᠨ ᠤ ᠰᠤᠶᠤᠯ ᠤᠨ ᠠᠭᠤᠳᠠᠮ ᠲᠠᠯᠠᠪᠠᠢ ᠳᠤ᠂ ᠵᠠᠯᠠᠶᠢᠳ | ᠬᠤᠰᠢᠭᠤᠨ ᠤ ᠤᠯᠠᠭᠠᠨᠮᠦ᠋ᠴᠢᠷ ᠤᠨ ᠭᠡᠰᠢᠬᠦᠳ ᠶᠠᠭ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠳᠤ ᠤᠷᠠᠨ | ᠰᠠᠶᠢᠬᠠᠨ ᠤ ᠲᠤᠭᠯᠠᠯᠳᠠ ᠭᠠᠷᠭᠠᠨ᠎ᠠ᠃ | ᠡᠨᠡ ᠵᠢᠯ ᠠᠴᠠ ᠨᠠᠰᠢ᠂ ᠵᠠᠯᠠᠶᠢᠳ ᠬᠤᠰᠢᠭᠤᠨ ᠤ ᠤᠯᠠᠭᠠᠨᠮᠦ᠋ᠴᠢᠷ ᠰᠢᠯᠢᠳᠡᠭ ᠤᠯᠠᠮᠵᠢᠯᠠᠯ ᠢᠶᠠᠨ ᠭᠦᠢᠴᠡᠳ | ᠪᠠᠳᠠᠷᠠᠭᠤᠯᠵᠤ᠂ ᠪᠦᠳᠤᠭᠡᠯ᠂ ᠲᠤᠭᠯᠠᠯᠳᠠ᠂ ᠤᠬᠠᠭᠤᠯᠭ᠎ᠠ᠂ ᠬᠠᠪᠰᠤᠷᠤᠮᠵᠢ᠂ ᠤᠢᠢᠯᠡᠴᠢᠯᠡᠭᠡ᠂ ᠰᠢᠨ᠎ᠠ ᠶᠢ ᠡᠭᠦᠳᠬᠦ | ᠵᠢᠷᠭᠤᠭᠠᠨ ᠵᠦᠢᠯ ᠤᠨ ᠡᠭᠦᠷᠭᠡ ᠴᠢᠳᠠᠪᠬᠢ ᠲᠠᠢ ᠤᠶᠠᠯᠳᠤᠭᠤᠯᠵᠤ᠂ ᠠᠷᠠᠳ ᠢ ᠬᠠᠷᠠᠭᠠᠯᠵᠠᠬᠤ ᠤᠷᠠᠨ ᠰᠠᠶᠢᠬᠠᠨ ᠤ | ᠲᠤᠭᠯᠠᠯᠳᠠ ᠶᠢ 150 ᠲᠠᠯᠠᠪᠠᠢ ᠤᠳᠠᠭ᠎ᠠ ᠦᠷᠨᠢᠬᠦᠯᠵᠤ᠂ ᠬᠤᠰᠢᠭᠤᠨ ᠤ ᠲᠤᠳᠤᠨ᠎ᠠ ᠭᠠᠳᠠᠨᠠᠬᠢ ᠲᠤᠮᠤ ᠬᠡᠯᠪᠡᠷᠢ ᠶᠢᠨ | ᠲᠤᠭᠯᠠᠯᠳᠠ ᠳᠤ 12 ᠲᠠᠯᠠᠪᠠᠢ ᠤᠳᠠᠭ᠎ᠠ ᠤᠷᠤᠯᠴᠠᠵᠤ᠂ ᠡᠭᠦᠨ ᠳᠤ ᠤᠨᠴᠠᠭᠠᠢ ᠶᠠᠳᠠᠭᠤ ᠬᠦᠴᠢᠷᠳᠠᠢ ᠭᠠᠵᠠᠷ | ᠤᠷᠤᠨ ᠤ ᠲᠤᠭᠯᠠᠯᠳᠠ ᠳᠤ 21 ᠲᠠᠯᠠᠪᠠᠢ ᠤᠳᠠᠭ᠎ᠠ ᠤᠷᠤᠯᠴᠠᠪᠠ᠃ | ᠵᠠᠯᠠᠶᠢᠳ ᠬᠤᠰᠢᠭᠤᠨ ᠤ ᠤᠯᠠᠭᠠᠨᠮᠦ᠋ᠴᠢᠷ 1965 ᠤᠨ ᠳᠤ ᠪᠠᠶᠢᠭᠤᠯᠤᠭᠳᠠᠵᠤ᠂ 59 ᠭᠡᠰᠢᠬᠦᠨ ᠲᠠᠢ᠂ | ᠤᠯᠤᠰ ᠤᠨ ᠬᠤᠶᠠᠳᠤᠭᠠᠷ ᠲᠡᠰ ᠤᠨ ᠲᠤᠭᠯᠠᠭᠴᠢ 4᠂ ᠤᠯᠤᠰ ᠤᠨ ᠭᠤᠷᠪᠠᠳᠤᠭᠠᠷ ᠲᠡᠰ ᠤᠨ ᠲᠤᠭᠯᠠᠭᠴᠢ 6᠂ | ᠪᠦᠬᠦ ᠭᠡᠰᠢᠬᠦᠨ ᠤ ᠲᠤᠭᠯᠠᠭᠴᠢ ᠶᠢᠨ ᠲᠡᠭᠰᠢᠳᠭᠡᠭᠰᠡᠨ ᠨᠠᠰᠤ ᠨᠢ 30 ᠬᠦᠷᠬᠦ ᠦᠭᠡᠢ ᠪᠠᠶᠢᠵᠤ᠂ ᠡᠮᠦᠨ᠎ᠠ ᠹᠷᠤᠨᠲ ᠤᠨ | ᠲᠤᠬᠠᠢᠢᠯᠠᠭᠰᠠᠨ ᠠᠵᠢᠯ ᠤᠨ ᠠᠵᠢᠯᠳᠠᠨ ᠪᠦᠬᠦ ᠭᠡᠰᠢᠬᠦᠨ ᠤ ᠪᠠᠨ 95% ᠶᠢ ᠡᠵᠡᠯᠡᠵᠤ ᠪᠤᠢ᠃ ᠲᠡᠳᠡ ︽ᠠᠷᠠᠳ | ᠤᠯᠠᠨ ᠳᠤ ᠤᠢᠢᠯᠡᠴᠢᠯᠡᠵᠤ᠂ ᠨᠡᠶᠢᠭᠡᠮ ᠵᠢᠷᠤᠮ ᠳᠤ ᠤᠢᠢᠯᠡᠴᠢᠯᠡᠬᠦ︾ ᠪᠠᠷ ᠴᠢᠭᠯᠡᠯᠳᠡ ᠪᠤᠯᠭᠠᠵᠤ᠂ ᠵᠢᠯ ᠪᠦᠷᠢ ᠪᠦᠬᠦ | ᠬᠤᠰᠢᠭᠤᠨ ᠤ 196 ᠭᠠᠴᠠᠭ᠎ᠠ ᠲᠤᠰᠬᠤᠨ ᠪᠠ 30 ᠭᠠᠷᠤᠢ ᠨᠡᠶᠢᠭᠡᠮ ᠲᠤᠭᠤᠷᠢᠭ ᠢᠶᠠᠷ ᠭᠦᠨᠵᠡᠬᠡᠶᠢᠷᠠᠵᠤ᠂ ᠮᠠᠯᠴᠢᠨ | ᠲᠠᠷᠢᠶᠠᠴᠢᠨ ᠳᠤ 200 ᠲᠠᠯᠠᠪᠠᠢ ᠤᠳᠠᠭ᠎ᠠ ᠤᠷᠠᠨ ᠰᠠᠶᠢᠬᠠᠨ ᠤ ᠲᠤᠭᠯᠠᠯᠳᠠ ᠬᠦᠷᠭᠡᠵᠤ᠂ ᠦᠵᠡᠭᠴᠢᠳ 10 | ᠲᠦᠮᠡᠨ ᠬᠦᠮᠤᠨ ᠤᠳᠠᠭ᠎ᠠ ᠶᠢ ᠲᠠᠪᠠᠵᠤ᠂ ᠪᠠᠶᠠᠷ ᠵᠢᠷᠭᠠᠯ ᠪᠠ ᠲᠠᠭᠤᠤ ᠬᠦᠭᠵᠢᠮ ᠢ ᠮᠠᠯᠴᠢᠨ ᠲᠠᠷᠢᠶᠠᠴᠢᠨ ᠳᠤ | ᠬᠦᠷᠭᠡᠵᠤ᠂ ᠠᠷᠠᠳ ᠤᠯᠠᠨ ᠳᠤ ᠦᠨᠡᠨ ᠪᠤᠳᠠᠳᠠᠢ ᠬᠠᠷᠠᠭ᠎ᠠ ᠰᠤᠨᠤᠷ ᠤᠨ ᠲᠠᠭᠠᠰᠢᠶᠠᠯ ᠬᠦᠷᠳᠡᠭᠡᠵᠤ ᠪᠤᠢ᠃ 2011 | ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠲᠦᠷᠤᠯ ᠤᠨ ᠤᠯᠠᠭᠠᠨᠮᠦ᠋ᠴᠢᠷ ᠢᠶᠠᠷ | ᠦᠨᠡᠯᠡᠭᠳᠡᠪᠡ᠃ | ᠶᠠᠳᠠᠭᠤ ᠠᠴᠠ ᠠᠩᠬᠢᠵᠢᠷᠠᠭᠤᠯᠬᠤ ᠶᠢ ᠲᠠᠮᠵᠢᠵᠤ ᠤᠷᠠᠨ ᠰᠠᠶᠢᠬᠠᠨ ᠲᠤᠭᠯᠠᠯᠳᠠ ᠪᠠᠷ ᠢᠶᠠᠨ ᠮᠠᠯᠴᠢᠨ | ᠲᠠᠷᠢᠶᠠᠴᠢᠳ ᠤᠨ ᠡᠷᠴᠢ ᠵᠤᠷᠢᠭ ᠢ ᠬᠦᠪᠴᠢᠯᠡᠨ᠎ᠠ | ᠵᠠᠯᠠᠶᠢᠳ ᠬᠤᠰᠢᠭᠤᠨ ᠤ ᠤᠯᠠᠭᠠᠨᠮᠦ᠋ᠴᠢᠷ 200 ᠡᠳᠤᠷ ᠤᠨᠴᠠᠭᠠᠢ ᠶᠠᠳᠠᠭᠤ ᠬᠦᠴᠢᠷᠳᠠᠢ ᠭᠠᠴᠠᠭ᠎ᠠ | ᠲᠤᠰᠬᠤᠨ ᠢᠶᠠᠷ ᠲᠤᠭᠤᠷᠢᠨ ᠤᠷᠠᠨ ᠰᠠᠶᠢᠬᠠᠨ ᠤ ᠲᠤᠭᠯᠠᠯᠳᠠ ᠭᠠᠷᠭᠠᠬᠤ ᠪᠠᠷ ᠲᠠᠮᠵᠢᠨ ᠶᠠᠳᠠᠭᠤ ᠬᠦᠴᠢᠷᠳᠠᠢ ᠤᠯᠠᠨ | ᠲᠦᠮᠡᠨ ᠤ ᠶᠠᠳᠠᠭᠤ ᠠᠴᠠ ᠪᠠᠨ ᠠᠩᠬᠢᠵᠢᠷᠠᠨ ᠴᠢᠨᠡᠭᠡᠯᠢᠭᠵᠢᠬᠦ ᠢᠳᠡᠭᠡᠯ ᠪᠠ ᠡᠷᠴᠢ ᠵᠤᠷᠢᠭ ᠢ ᠬᠦᠪᠴᠢᠯᠡᠵᠤ᠂ ᠶᠠᠳᠠᠭᠤ | ᠬᠦᠴᠢᠷᠳᠠᠢ ᠤᠯᠠᠨ ᠲᠦᠮᠡᠨ ᠤ ᠪᠠᠶᠠᠵᠢᠯ ᠤᠨ ᠵᠠᠮ ᠢᠶᠠᠨ ᠨᠡᠭᠡᠭᠡᠬᠦ ᠲᠤᠳᠤᠭᠠᠳᠤ ᠬᠦᠳᠡᠯᠭᠡᠭᠴᠢ ᠬᠦᠴᠤᠨ ᠢ | ᠤᠷᠮᠠᠰᠢᠭᠤᠯᠵᠤ᠂ ᠶᠠᠳᠠᠭᠤ ᠬᠦᠴᠢᠷᠳᠠᠢ ᠤᠯᠠᠨ ᠲᠦᠮᠡᠨ ᠤ ᠤᠶᠤᠨ ᠤ ᠰᠤᠶᠤᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ᠂ ᠡᠳ᠋ ᠪᠤᠳᠠᠰ ᠢᠶᠠᠷ ᠶᠠᠳᠠᠭᠤ ᠠᠴᠠ ᠠᠩᠬᠢᠵᠢᠷᠠᠬᠤ ᠪᠠ ᠰᠤᠶᠤᠯ ᠢᠶᠠᠷ ᠶᠠᠳᠠᠭᠤ ᠠᠴᠠ ᠠᠩᠬᠢᠵᠢᠷᠠᠬᠤ ᠶᠢ | ᠠᠳᠠᠯᠢ ᠠᠯᠬᠤᠮ ᠢᠶᠠᠷ ᠶᠠᠪᠤᠭᠤᠭᠳᠠᠭᠤᠯᠬᠤ ᠶᠢ ᠪᠡᠶᠡᠯᠡᠬᠦᠯᠵᠤ ᠪᠤᠢ᠃ | ︽ᠪᠢᠳᠡ ᠬᠦᠬᠡ ᠲᠡᠭᠷᠢ ᠪᠠᠷ ᠬᠦᠰᠢᠭᠡ ᠪᠠᠨ ᠪᠤᠯᠭᠠᠵᠤ ᠬᠦᠷᠤᠰᠤᠳᠤ ᠭᠠᠵᠠᠷ ᠢᠶᠠᠷ ᠲᠠᠶᠢᠰᠠ ᠪᠠᠨ ᠪᠤᠯᠭᠠᠵᠤ᠂ | ᠴᠠᠭ ᠢᠮᠠᠭᠳᠠ ᠲᠤᠭᠯᠠᠯᠳᠠ ᠭᠠᠷᠭᠠᠬᠤ ᠪᠠᠷ ᠪᠡᠯᠡᠭᠡᠨ ᠪᠠᠶᠢᠵᠤ᠂ ᠵᠢᠯ ᠪᠦᠷᠢ ᠦᠨᠳᠤᠰᠤᠨ ᠱᠠᠳᠤ ᠪᠠᠷ ᠭᠦᠨᠵᠡᠬᠡᠶᠢᠷᠡᠨ | 120 ᠲᠠᠯᠠᠪᠠᠢ ᠲᠤᠭᠯᠠᠯᠳᠠ ᠭᠠᠷᠭᠠᠬᠤ ᠡᠭᠦᠷᠭᠡ ᠶᠢ ᠲᠠᠭᠠᠭᠠᠵᠤ ᠶᠠᠪᠤᠳᠠᠭ᠃ ᠬᠤᠶᠢᠰᠢᠳᠠ ᠪᠢᠳᠡ ᠨᠡᠩ ᠶᠡᠭᠡ | ᠠᠮᠢᠵᠢᠷᠠᠯ ᠤᠨ ᠬᠦᠴᠤᠨ᠂ ᠡᠭᠦᠳᠤᠨ ᠪᠦᠳᠤᠭᠡᠬᠦ ᠬᠦᠴᠤᠨ ᠢᠶᠠᠷ ᠦᠨᠳᠤᠰᠤᠨ ᠱᠠᠳᠤᠨ ᠳᠤ ᠡᠭᠦᠳᠤᠨ ᠪᠦᠳᠤᠭᠡᠵᠤ᠂ | ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠬᠦᠰᠡᠷᠳᠡᠬᠦᠯᠬᠦ ᠦᠭᠡᠢ ᠪᠠᠷ ᠴᠢᠷᠮᠠᠶᠢᠨ᠎ᠠ᠃ ᠶᠡᠷᠤᠩᠬᠡᠢ | ᠱᠦᠵᠢ ᠰᠢ ᠶᠢᠨ ᠫᠢᠩ ᠤᠨ ᠢᠯᠡ ᠲᠤᠳᠤ ᠨᠠᠶᠢᠳᠠᠯᠭ᠎ᠠ ᠪᠤᠯ ᠲᠠᠷᠤᠢ ᠬᠦᠳᠡᠯᠭᠡᠭᠴᠢ ᠬᠦᠴᠤᠨ ᠮᠦᠨ᠃ ᠪᠢᠳᠡ | ᠪᠤᠳᠠᠳᠤ ᠠᠵᠢᠯᠯᠠᠭ᠎ᠠ ᠪᠠᠷ ᠢᠶᠠᠨ ᠶᠡᠷᠤᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠢ ᠬᠠᠷᠢᠭᠤᠯᠵᠤ᠂ | ᠰᠢᠷᠭᠠᠭᠤ ᠬᠠᠳᠠᠭᠤᠵᠢᠯᠳᠠᠢ᠂ ᠡᠷᠡᠯᠬᠡᠭᠯᠡᠨ ᠤᠷᠤᠭᠰᠢᠯᠠᠬᠤ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ | ᠪᠦᠬᠦ ᠬᠤᠰᠢᠭᠤᠨ ᠤ ᠤᠳᠬ᠎ᠠ ᠤᠷᠠᠯᠢᠭ ᠤᠨ ᠤᠢᠢᠯᠡᠰ ᠤᠨ ᠴᠡᠴᠡᠭᠯᠡᠨ ᠬᠦᠭᠵᠢᠯᠳᠡ ᠶᠢ ᠠᠬᠢᠭᠤᠯᠤᠨ᠎ᠠ︾ ᠭᠡᠵᠤ | ᠵᠠᠯᠠᠶᠢᠳ ᠬᠤᠰᠢᠭᠤᠨ ᠤ ᠤᠯᠠᠭᠠᠨᠮᠦ᠋ᠴᠢᠷ ᠤᠨ ᠲᠠᠷᠤᠭ᠎ᠠ ᠪᠤᠤ ᠵᠢᠶᠦ᠋ᠨ ᠵᠢᠶᠧ ᠲᠠᠨᠢᠯᠴᠠᠭᠤᠯᠤᠨ ᠶᠠᠷᠢᠨ᠎ᠠ᠃ | ᠤᠯᠠᠩᠬᠢ ᠭᠡᠰᠢᠭᠦᠳ ᠨᠢᠭᠡ ᠲᠤᠰᠬᠠᠢ ᠮᠡᠷᠭᠡᠵᠢᠯ ᠳᠤ ᠴᠠᠭᠠᠷᠠᠬᠤ ᠶᠢᠨ ᠬᠠᠮᠳᠤ ᠨᠡᠩ ᠤᠯᠠᠨ ᠴᠢᠳᠠᠪᠤᠷᠢ ᠪᠠᠨ | ᠬᠠᠳᠠᠭᠤᠵᠢᠯᠳᠠᠢ ᠪᠤᠯᠪᠠᠰᠤᠷᠠᠵᠦ᠂ ᠲᠤᠭᠯᠠᠯᠳᠠ ᠮᠡᠳᠡᠬᠦᠯᠦᠭᠴᠢ ᠨᠢ ᠲᠠᠭᠤᠤ ᠲᠠᠭᠤᠯᠠᠨ᠂ ᠲᠠᠭᠤᠴᠢᠨ ᠨᠢ ᠮᠤᠷᠢᠨ | ᠬᠤᠭᠤᠷ ᠲᠠᠳᠠᠵᠤ ᠴᠢᠳᠠᠳᠠᠭ ᠪᠦᠭᠡᠳ ᠬᠦᠭᠵᠢᠮ ᠬᠠᠪᠰᠤᠷᠭᠠᠭᠴᠢ ᠨᠢ ᠪᠠᠰᠠ ᠠᠶᠠᠭᠠᠨ ᠪᠦᠵᠢᠭ ᠪᠦᠵᠢᠭᠯᠡᠴᠢᠭᠡᠨᠠ ᠁ | ᠡ᠊ᠡᠳᠡᠬᠢ ᠭᠡᠰᠢᠬᠦᠨ ᠪᠦᠷᠢ ᠨᠢ ᠪᠦᠷ ᠤᠯᠠᠨ ᠵᠦᠢᠯ ᠤᠨ ᠠᠪᠢᠶᠠᠰ ᠴᠢᠳᠠᠪᠤᠷᠢ ᠲᠠᠢ ᠪᠠᠶᠢᠵᠤ᠂ ᠲᠤᠭᠯᠠᠭᠴᠢ ᠪᠤᠯᠭᠠᠨ | ᠨᠢᠭᠡ ᠵᠦᠴᠤᠭᠡ ᠶᠢ ᠲᠤᠭᠯᠠᠵᠤ ᠴᠢᠳᠠᠳᠠᠭ᠃ | ᠮᠤᠷᠢᠨ ᠬᠤᠭᠤᠷ ᠲᠠᠳᠠᠵᠤ ᠪᠠᠶᠢᠭᠰᠠᠨ ᠪᠤᠤ ᠰᠢᠩ ᠴᠤ ᠬᠦᠭᠵᠢᠮ ᠢᠶᠠᠨ ᠲᠠᠯᠪᠢᠭᠠᠳ᠄ ︽ᠮᠠᠨᠤᠰ ᠢ | ᠲᠤᠭᠯᠠᠭᠴᠢᠨ ᠪᠠᠭ᠎ᠠ ᠭᠡᠵᠤ ᠪᠢᠳᠡᠬᠢ ᠪᠠᠰᠤ᠂ ᠨᠢᠭᠡ ᠬᠦᠮᠤᠨ ᠤᠯᠠᠨ ᠵᠦᠢᠯ ᠢ ᠲᠤᠭᠯᠠᠵᠤ ᠴᠢᠳᠠᠳᠠᠭ ᠰᠢᠤ᠃ | ᠵᠢᠱᠢᠶᠠᠯᠠᠪᠠᠯ ᠮᠤᠩᠭᠤᠯ ᠦᠨᠳᠤᠰᠤᠳᠡᠨ ᠲᠦᠪᠯᠡᠷᠡᠭᠰᠡᠨ ᠭᠠᠵᠠᠷ ᠲᠤ ᠤᠴᠢᠪᠠᠯ ᠮᠤᠩᠭᠤᠯ ᠦᠨᠳᠤᠰᠤᠳᠡᠨ ᠤ ᠤᠷᠳᠤ | ᠠᠶᠠᠰ ᠢ ᠲᠠᠳᠠᠵᠤ᠂ ᠬᠤᠯᠪᠤᠭ᠎ᠠ ᠪᠠ ᠮᠤᠩᠭᠤᠯ ᠲᠠᠭᠤᠤ ᠲᠠᠭᠤᠯᠠᠳᠠᠭ᠃ ᠬᠡᠤᠭᠡᠳ ᠪᠠ ᠨᠠᠰᠤᠳᠠᠨ ᠠᠷᠪᠢᠨ | ᠭᠠᠵᠠᠷ ᠲᠤ ᠴᠤᠭ ᠪᠠᠳᠠᠷᠠᠩᠭᠤᠢ ᠲᠠᠭᠤᠤ ᠪᠦᠵᠢᠭ ᠪᠠ ᠬᠦᠩᠭᠡᠨ ᠬᠦᠳᠡᠯᠭᠡᠭᠡᠨ ᠲᠠᠢ ᠪᠦᠵᠢᠭ ᠦᠰᠤᠷᠬᠦ ᠳᠤ ᠤᠯᠠᠨ | ᠲᠦᠮᠡᠨ ᠤ ᠨᠢᠳᠤ ᠨᠢ ᠨᠢᠭᠡᠯᠡ ᠲᠤᠤᠷ᠎ᠠ ᠲᠤᠷᠦ᠋ᠢᠴᠢᠬᠠᠨᠠ︾ ᠭᠡᠨ᠎ᠠ᠃ | ᠨᠡᠭᠡᠭᠡᠯᠳᠡ ᠶᠢᠨ ᠲᠤᠮᠳᠠ ᠰᠢᠨ᠎ᠠ ᠶᠢ ᠡᠭᠦᠳᠴᠤ ᠤᠳᠬ᠎ᠠ ᠤᠷᠠᠯᠢᠭ ᠤᠨ ᠪᠦᠳᠤᠭᠡᠯ ᠤᠨ ᠭᠤᠤᠯ ᠠᠶᠠᠰ ᠢ | ᠴᠢᠪᠬᠠᠳᠠᠨ᠎ᠠ | ᠤᠯᠠᠭᠠᠨᠮᠦ᠋ᠴᠢᠷ ᠤᠨ ᠭᠡᠰᠢᠬᠦᠨ ᠶᠢᠨ ᠡᡁᠧ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ | ᠰᠤᠷᠭᠠᠭᠤᠯᠢ ᠶᠢᠨ ᠬᠦᠷᠢᠶᠡᠨ ᠤ ᠴᠠᠭᠠᠨ ᠰᠠᠷ᠎ᠠ ᠶᠢᠨ ᠨᠠᠶᠢᠷ ᠲᠤ ᠠᠯᠳᠠᠨ ᠮᠧᠳᠠᠯ ᠤᠯᠵᠠᠢ︔ ᠡᠷᠳᠡᠨᠢ᠂ ᠬᠤ᠋ ᠭᠦᠸᠧ | ᠷᠦᠩ ᠬᠤᠶᠠᠳᠤᠭᠠᠷ ᠬᠤᠭᠤᠴᠠᠭᠠᠨ ᠤ ᠪᠦᠬᠦ ᠤᠷᠤᠨ ᠤ ᠤᠯᠠᠭᠠᠨᠮᠦ᠋ᠴᠢᠷ ᠤᠨ ᠤᠯᠠᠨ ᠵᠦᠢᠯ ᠤᠨ ᠠᠪᠢᠶᠠᠰ | ᠰᠢᠯᠭᠠᠷᠠᠭᠤᠯᠬᠤ ᠤᠷᠤᠯᠳᠤᠭᠠᠨ ᠳᠤ ᠨᠢᠭᠡᠳᠤᠭᠡᠷ᠂ ᠬᠤᠶᠠᠳᠤᠭᠠᠷ ᠲᠡᠰ ᠤᠨ ᠱᠠᠩᠨᠠᠯ ᠭᠠᠷᠳᠠᠵᠠᠢ︔ ᠠᠷᠪᠠᠨ ᠨᠢᠭᠡᠳᠤᠭᠡᠷ | ᠬᠤᠭᠤᠴᠠᠭᠠᠨ ᠤ ᠪᠦᠬᠦ ᠠᠶᠢᠮᠠᠭ ᠤᠨ ᠤᠯᠠᠭᠠᠨᠮᠦ᠋ᠴᠢᠷ ᠤᠨ ᠤᠷᠠᠨ ᠰᠠᠶᠢᠬᠠᠨ ᠤ ᠲᠤᠭᠯᠠᠯᠳᠠ ᠳᠤ᠂ ᠵᠠᠯᠠᠶᠢᠳ | ᠬᠤᠰᠢᠭᠤᠨ ᠤ ᠤᠯᠠᠭᠠᠨᠮᠦ᠋ᠴᠢᠷ ᠤᠨ ᠬᠢᠨ ᠫᠷᠦᠭᠷᠡᠮ ᠢ ᠪᠦᠳᠤᠭᠡᠭᠰᠡᠨ ᠱᠠᠩᠨᠠᠯ᠂ ᠲᠤᠭᠯᠠᠯᠳᠠ ᠭᠠᠷᠭᠠᠭᠰᠠᠨ ᠱᠠᠩᠨᠠᠯ᠂ | ᠰᠢᠯᠢᠳᠡᠭ ᠵᠤᠬᠢᠶᠠᠨ ᠪᠠᠶᠢᠭᠤᠯᠤᠯᠳᠠ ᠶᠢᠨ ᠱᠠᠩᠨᠠᠯ ᠨᠡᠶᠢᠳᠡ 8 ᠵᠦᠢᠯ ᠤᠨ ᠱᠠᠩᠨᠠᠯ ᠤᠯᠵᠠᠢ ᠁ ᠡᠳᠡᠭᠡᠷ ᠢᠷᠠᠭᠤ | ᠠᠯᠳᠠᠷ᠂ ᠱᠠᠩᠨᠠᠯ ᠤᠨ ᠬᠤᠨᠳᠠᠭ᠎ᠠ ᠨᠢ ᠲᠡᠳᠡᠨ ᠤ ᠬᠦᠴᠤ ᠬᠦᠳᠡᠯᠮᠤᠷᠢ ᠪᠠᠷ ᠢᠶᠠᠨ ᠬᠦᠰᠡᠯ ᠵᠡᠭᠦᠳᠤ ᠪᠠᠨ | ᠲᠡᠷᠭᠡᠯᠰᠢᠬᠦᠯᠵᠤ ᠪᠠᠶᠢᠭ᠎ᠠ ᠶᠢ ᠬᠠᠷᠠᠭᠤᠯᠵᠤ ᠪᠤᠢ᠃ | ᠠᠶ᠎ᠠ ᠵᠤᠬᠢᠶᠠᠭᠴᠢ ᠠᠴᠠ ᠬᠦᠳᠦᠯᠦᠭᠴᠢ᠂ ᠬᠦᠭᠵᠢᠮ ᠤᠢᠢᠯᠡᠳᠬᠦ ᠠᠴᠠ ᠪᠦᠵᠢᠭ ᠢ ᠨᠠᠶᠢᠷᠠᠭᠤᠯᠤᠨ ᠤᠳᠤᠷᠢᠳᠬᠤ | ᠬᠦᠷᠳᠡᠯ᠎ᠠ ᠵᠠᠯᠠᠶᠢᠳ ᠬᠤᠰᠢᠭᠤᠨ ᠤ ᠤᠯᠠᠭᠠᠨᠮᠦ᠋ᠴᠢᠷ ᠵᠢᠯ ᠪᠦᠷᠢ ᠤᠯᠠᠨ ᠭᠡᠰᠢᠬᠦᠨ ᠢ ᠪᠡᠭᠡᠵᠢᠩ ᠤᠨ ᠪᠦᠵᠢᠭ ᠤᠨ | ᠲᠡᠭᠡᠳᠤ ᠰᠤᠷᠭᠠᠭᠤᠯᠢ᠂ ᠦᠪᠤᠷ ᠮᠤᠩᠭᠤᠯ ᠤᠨ ᠲᠠᠭᠤᠤ ᠪᠦᠵᠢᠭ ᠤᠨ ᠵᠦᠴᠤᠭᠡ ᠶᠢᠨ ᠬᠦᠷᠢᠶᠡᠯᠡᠩ ᠵᠡᠷᠭᠡ | ᠭᠠᠵᠠᠷ ᠢᠶᠠᠷ ᠲᠤᠮᠢᠯᠠᠨ ᠰᠤᠷᠤᠯᠴᠠᠭᠤᠯᠵᠤ᠂ ᠭᠡᠰᠢᠬᠦᠳ ᠤᠨ ᠨᠢᠳᠤᠨ ᠬᠠᠷᠠᠴᠠ ᠶᠢ ᠨᠢ ᠦᠷᠭᠡᠳᠭᠡᠵᠤ᠂ | ᠲᠤᠬᠠᠢᠢᠯᠠᠭᠰᠠᠨ ᠠᠵᠢᠯ ᠤᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠶᠢᠨ ᠬᠠᠮᠳᠤ ᠨᠢᠭᠡ ᠪᠦᠯᠦᠭ | ᠰᠢᠯᠢᠳᠡᠭ ᠫᠷᠦᠭᠷᠡᠮ ᠢ ᠴᠤ ᠲᠠᠶᠢᠰᠠᠨ ᠲᠡᠭᠡᠷ᠎ᠠ ᠲᠤᠭᠯᠠᠵᠠᠢ᠃ |