2017 ᠤᠨ ᠤ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ
ᠨᠡᠶᠢᠲᠡᠯᠡᠭᠰᠡᠨ ᠴᠠᠭ᠄
2018-06-11
ᠵᠠᠰᠠᠭ   ᠤᠨ   ᠤᠷᠳᠤᠨ   ᠤ   ᠠᠵᠢᠯ   ᠤᠨ   ᠮᠡᠳᠡᠭᠦᠯᠦᠯᠲᠡ                                                                                                                                                                                                           — — 2017 ᠣᠨ ᠤ 2 ᠰᠠᠷ᠎ᠠ ᠶᠢᠨ 20 ᠤ ᠡᠳᠦᠷ ᠵᠠᠯᠠᠶᠢᠳ ᠬᠤᠰᠢᠭᠤᠨ ᠤ ᠠᠷᠪᠠᠨ ᠳᠦᠷᠪᠡᠳᠦᠭᠡᠷ ᠬᠤᠭᠤᠴᠠᠭᠠᠨ ᠤ   ᠠᠷᠠᠳ   ᠤᠨ   ᠲᠦᠯᠦᠭᠡᠯᠡᠭᠴᠢᠳ    ᠤᠨ   ᠶᠡᠭᠡ   ᠬᠤᠷᠠᠯ     ᠤᠨ     ᠵᠢᠷᠭᠤᠳᠣᠭᠠᠷ   ᠣᠳᠠᠭᠠᠨ   ᠤ     ᠬᠤᠷᠠᠯ   ᠳᠡᠭᠡᠷ᠎ᠡ                                             ᠬᠤᠰᠢᠭᠤᠨ ᠳᠠᠷᠤᠭ᠎ᠠ         ᠵᠣᠤ ᠲᠢᠶᠠᠨ ᠰᠢ  

ᠲᠦᠯᠦᠭᠡᠯᠡᠭᠴᠢᠳ ᠡ︕

        ᠦᠨᠦ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ

 ᠤᠨ ᠮᠡᠳᠡᠭᠦᠯᠦᠯᠲᠡ ᠬᠢᠨ᠎ᠡ᠃ ᠬᠢᠨᠠᠨ ᠵᠦᠪᠯᠡᠬᠦ   ᠪᠤᠯᠪᠠᠤ︕ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠪᠠ

ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠤᠯᠪᠠᠤ︕

          ᠨᠢᠭᠡ᠄ 2016 ᠣᠨ ᠤ ᠠᠵᠢᠯ ᠤᠨ ᠡᠷᠭᠢᠴᠡᠭᠦᠯᠦᠯ

        ᠰᠠᠶ᠋ᠢᠬᠠᠨ ᠦᠩᠭᠡᠷᠡᠭᠰᠡᠨ 2016 ᠣᠨ ᠪᠤᠯ 《 ᠠᠷᠪᠠᠨ ᠭᠤᠷᠪᠠᠳᠤᠭᠠᠷ ᠲᠠᠪᠤᠨ ᠵᠢᠯ ᠤᠨ

ᠲᠦᠯᠦᠪᠵᠢᠭᠦᠯᠭᠡ 》 ᠶᠢᠨ ᠡᠬᠢᠯᠡᠯᠲᠡ ᠶᠢᠨ ᠵᠢᠯ ᠪᠣᠯᠣᠨ᠎ᠠ᠃ ᠨᠢᠭᠡ ᠵᠢᠯ ᠤᠨ ᠲᠣᠷᠰᠢ᠂ ᠠᠶᠢᠮᠠᠭ ᠤᠨ ᠨᠠᠮ ᠤᠨ

ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠣᠳᠣᠷᠢᠳᠣᠯᠭ᠎ᠠ ᠳᠣᠤᠷ᠎ᠠ᠂ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ ᠬᠢᠭᠡᠳ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠶᠢᠨ ᠳᠡᠮᠵᠢᠯᠭᠡ

ᠳᠣᠤᠷ᠎ᠠ᠂ ᠬᠤᠰᠢᠭᠤᠨ ᠤ ᠵᠠᠰᠠᠭ ᠤᠨ ᠤᠷᠳᠤᠨ 《 ᠨᠢᠭᠡᠳᠦᠭᠡᠷ ᠠᠵᠤ ᠦᠢᠯᠡᠰ ᠢ ᠬᠦᠴᠦᠷᠬᠡᠭᠵᠢᠭᠦᠯᠦᠨ᠂

ᠬᠤᠶᠠᠳᠣᠭᠠᠷ ᠠᠵᠤ ᠦᠢᠯᠡᠰ ᠢ ᠪᠤᠵᠠᠭᠠᠶᠢᠷᠠᠭᠤᠯᠵᠤ᠂ ᠭᠤᠷᠪᠠᠳᠤᠭᠠᠷ ᠠᠵᠤ ᠦᠢᠯᠡᠰ ᠢ ᠰᠠᠶᠢᠲᠤᠷ ᠬᠢᠬᠦ 》 ᠶᠢ  

ᠴᠢᠷᠮᠠᠶᠢᠨ ᠲᠦᠷᠭᠡᠳᠬᠡᠵᠦ᠂ ᠭᠤᠷᠪᠠᠨ ᠶᠡᠭᠡ ᠠᠵᠤ ᠦᠢᠯᠡᠰ ᠤᠨ ᠵᠤᠬᠢᠴᠠᠩᠭᠤᠢ ᠬᠦᠭᠵᠢᠯᠲᠡ ᠶᠢ ᠲᠦᠯᠬᠢᠨ

ᠠᠭᠢᠭᠤᠯᠵᠣ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠰᠢᠨ᠎ᠡ ᠠᠮᠵᠢᠯᠲᠠ ᠶᠢ ᠣᠯᠵᠠᠢ᠃

          ︵ᠨᠢᠭᠡ︶ ᠶᠡᠷᠦᠩᠬᠡᠶᠢᠯᠡᠭᠰᠡᠨ ᠪᠤᠲᠠᠲᠤ ᠬᠦᠴᠦᠨ ᠢᠯᠡᠳᠳᠡ ᠳᠡᠭᠡᠭᠰᠢᠯᠡᠵᠦ᠂ ᠬᠦᠭᠵᠢᠯᠲᠡ ᠶᠢᠨ

ᠠᠯᠬᠤᠴᠠ ᠮᠡᠳᠡᠭᠳᠡᠮ᠎ᠡ ᠲᠦᠷᠭᠡᠳᠴᠡᠢ᠃ ᠠᠵᠤ ᠠᠬᠤᠢ ᠶᠢᠨ ᠡᠷᠭᠢᠯᠲᠡ ᠲᠤᠭᠲᠠᠭᠤᠨ ᠢᠶᠠᠷ ᠰᠠᠶᠢᠵᠢᠷᠠᠵᠠᠢ᠃ ᠣᠷᠣᠨ

ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 93.48 ᠳ᠋ᠦᠩᠰᠢᠭᠤᠷ ᠲᠦᠭᠦᠷᠢᠭ ᠲᠤ ᠬᠦᠷᠴᠦ᠂

ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 8.2 % ᠢᠶᠠᠷ ᠨᠡᠮᠡᠭᠳᠡᠵᠡᠢ︔ ᠲᠣᠭᠲᠠᠮᠠᠯ ᠬᠦᠷᠦᠩᠭᠡ

 ᠶᠢᠨ ᠪᠡᠯᠡ ᠣᠷᠣᠭᠤᠯᠣᠯᠲᠠ 72.7 ᠳ᠋ᠦᠩᠰᠢᠭᠤᠷ ᠲᠦᠭᠦᠷᠢᠭ ᠲᠤ ᠬᠦᠷᠴᠦ᠂  23% ᠪᠠᠷ ᠨᠡᠮᠡᠭᠳᠡᠪᠡ︔ ᠨᠡᠶᠢᠭᠡᠮ

 ᠤᠨ ᠬᠡᠷᠡᠭᠯᠡᠭᠡᠨ ᠤ ᠡᠳ᠋ ᠤᠨ ᠵᠢᠵᠢᠭᠯᠡᠨ   ᠬᠤᠳᠠᠯᠳᠣᠭᠰᠠᠨ ᠪᠦᠬᠦ ᠲᠤᠭ᠎ᠠ ᠨᠢ 31.48 ᠳ᠋ᠦᠩᠰᠢᠭᠤᠷ ᠲᠦᠭᠦᠷᠢᠭ

 ᠲᠤ ᠬᠦᠷᠴᠦ᠂ 10% ᠪᠠᠷ ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ   ᠵᠠᠰᠠᠭ ᠤᠨ ᠲᠦᠰᠦᠪ ᠤᠨ ᠤᠷᠤᠯᠭ᠎ᠠ

3.6 ᠳ᠋ᠦᠩᠰᠢᠭᠤᠷ ᠲᠦᠭᠦᠷᠢᠭ ᠲᠤ ᠬᠦᠷᠴᠦ᠂ 50.2% ᠢᠶᠠᠷ ᠨᠡᠮᠡᠭᠳᠡᠵᠣ᠂ ᠣᠯᠠᠨ ᠨᠡᠶᠢᠳᠡ ᠶᠢᠨ ᠡᠳ᠋ ᠤᠨ

ᠵᠠᠰᠠᠭ ᠤᠨ ᠲᠦᠰᠦᠪ ᠤᠨ ᠵᠠᠷᠣᠯᠭ᠎ᠠ ᠨᠢ 38.49 ᠳ᠋ᠦᠩᠰᠢᠭᠤᠷ ᠲᠦᠬᠦᠷᠢᠭ ᠲᠤ ᠬᠦᠷᠴᠦ᠂  11.27%

ᠨᠡᠮᠡᠭᠳᠡᠵᠡᠢ  ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠨ ᠮᠡᠳᠡᠬᠦ

ᠣᠷᠣᠯᠭ᠎ᠠ ᠨᠢ 22741 ᠲᠦᠭᠦᠷᠢᠭ ᠲᠤ ᠬᠦᠷᠴᠦ᠂ 8.7% ᠪᠠᠷ ᠨᠡᠮᠡᠭᠳᠡᠵᠡᠢ  ︔ ᠬᠦᠳᠡᠭᠡ ᠲᠣᠰᠬᠤᠨ ᠤ

ᠰᠠᠭᠤᠭᠠᠯᠢ ᠠᠷᠠᠳ ᠤᠨ ᠬᠦᠮᠦᠨ ᠪᠦᠷᠢ   ᠳᠤ ᠲᠡᠭᠰᠢᠳᠭᠡᠭᠰᠡᠨ ᠡᠵᠡᠮᠳᠡᠬᠦ ᠣᠷᠣᠯᠭ᠎ᠠ ᠨᠢ ᠶᠢ 8447 ᠲᠦᠬᠦᠷᠢᠭ

 ᠲᠤ ᠬᠦᠷᠴᠦ᠂  8.2% ᠢᠶᠠᠷ ᠨᠡᠮᠡᠭᠳᠡᠵᠡᠢ᠃ ᠭᠤᠣᠯᠳᠠᠯᠭᠠᠲᠤ ᠲᠦᠷᠦᠯ ᠵᠦᠢᠯ ᠡᠮᠬᠢ ᠳᠠᠷᠠᠭᠠᠯᠠᠯ ᠲᠠᠢ   ᠤᠷᠣᠭᠰᠢ

ᠠᠬᠢᠵᠠᠢ᠃ 《 ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ 》 ᠶᠢᠨ ᠬᠤᠭᠤᠴᠠᠭᠠᠨ ᠤ 167

ᠭᠤᠣᠯᠳᠠᠯᠭᠠᠲᠤ ᠲᠦᠷᠦᠯ ᠵᠦᠢᠯᠡᠰ ᠢ ᠲᠦᠰᠦᠪᠯᠡᠨ ᠭᠠᠷᠭᠠᠵᠤ᠂ 《 ᠠᠷᠪᠠᠨ ᠵᠦᠢᠯ ᠤᠨ ᠢᠨᠵᠧᠨᠧᠷᠢᠩ 》 ᠤᠨ 88

ᠭᠤᠤᠯᠳᠠᠯᠭᠠᠲᠤ ᠵᠦᠢᠯᠡᠰ᠂   ᠵᠢᠯ ᠤᠨ ᠭᠢᠯᠠᠰ ᠴᠢᠭ ᠤᠨ ᠠᠵᠢᠯ 200 ᠵᠦᠢᠯ ᠢ ᠪᠤᠲᠠᠲᠠᠶᠢᠵᠢᠭᠤᠯᠵᠤ᠂   ᠡᠬᠦᠨ ᠳᠤ

ᠳ᠋ᠦᠩᠰᠢᠭᠤᠷ ᠲᠦᠭᠦᠷᠢᠭ ᠠᠴᠠ ᠳᠠᠪᠠᠭᠰᠠᠨ ᠠᠶᠢᠮᠠᠭ ᠤᠨ ᠳᠡᠰ ᠤᠨ 16 ᠴᠢᠬᠤᠯᠠ ᠶᠡᠭᠡ ᠲᠦᠷᠦᠯ ᠵᠦᠢᠯᠡᠰ ᠢ

ᠬᠡᠷᠡᠭᠵᠢᠭᠦᠯᠵᠦ᠂ ᠶᠡᠷᠦᠩᠬᠡᠢ   ᠪᠡᠯᠡ ᠣᠷᠣᠭᠤᠯᠣᠯᠲᠠ 56.33 ᠳ᠋ᠦᠩᠰᠢᠭᠤᠷ ᠲᠦᠭᠦᠷᠢᠭ ᠪᠠᠶᠢᠵᠤ᠂ 21.39

ᠳ᠋ᠦᠩᠰᠢᠭᠤᠷ ᠲᠦᠭᠦᠷᠢᠭ ᠤᠨ ᠪᠡᠯᠡ ᠤᠷᠣᠭᠤᠯᠣᠯᠲᠠ ᠶᠢ ᠪᠡᠶᠡᠯᠡᠭᠦᠯᠵᠡᠢ᠃ ᠬᠤᠳᠠᠯᠳᠣᠭᠠᠴᠢᠨ ᠢ ᠣᠷᠢᠵᠣ ᠪᠡᠯᠡ

ᠤᠷᠣᠭᠤᠯᠣᠯᠳᠠ ᠶᠢ ᠲᠠᠳᠠᠬᠤ ᠦᠷ᠎ᠡ ᠪᠦᠲᠦᠮᠵᠢ ᠢᠯᠡᠷᠬᠡᠢ᠃   ᠬᠤᠳᠠᠯᠳᠤᠭ᠎ᠠ ᠣᠷᠢᠭᠰᠠᠨ 25 ᠲᠦᠷᠦᠯ ᠵᠦᠢᠯᠡᠰ ᠢ

ᠬᠡᠷᠡᠭᠵᠢᠭᠦᠯᠵᠦ᠂ 34.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠵᠡᠢ︔ ᠳᠡᠭᠡᠷ᠎ᠡ ᠠᠴᠠ

  ᠪᠦᠳᠦᠭᠡᠨ ᠪᠠᠶᠢᠭᠤᠯᠣᠯᠳᠡ ᠶᠢᠨ 61 ᠲᠦᠷᠦᠯ ᠵᠦᠢᠯ   ᠪᠠ 38.6 ᠳ᠋ᠦᠩᠰᠢᠭᠤᠷ ᠲᠦᠭᠦᠷᠢᠭ ᠤᠨ ᠪᠡᠯᠡ ᠮᠦᠩᠭᠦ

ᠲᠡᠮᠡᠴᠡᠨ ᠣᠯᠵᠣ᠂ ᠳᠡᠭᠡᠷ᠎ᠡ ᠵᠢᠯ ᠠᠴᠠ 62 %   ᠢᠶᠠᠷ ᠨᠡᠮᠡᠭᠳᠡᠨ᠂ ᠠᠵᠤ ᠠᠬᠤᠢ ᠶᠢᠨ ᠬᠦᠭᠵᠢᠯᠲᠡ ᠳᠤ

ᠬᠦᠴᠦᠷᠬᠡᠭ ᠶᠡᠭᠡ ᠬᠦᠳᠡᠯᠭᠡᠬᠦ ᠬᠦᠴᠦᠨ ᠢ ᠣᠯᠭᠤᠨ ᠦᠭᠴᠡᠢ᠃

          ︵ᠬᠤᠶᠠᠷ︶   ᠪᠦᠲᠦᠴᠡ ᠶᠢᠨ ᠲᠤᠬᠢᠷᠠᠭᠤᠯᠤᠯᠲᠠ ᠭᠦᠨᠵᠡᠭᠡᠶᠢᠷᠡᠨ ᠬᠦᠭᠵᠢᠵᠦ᠂ ᠬᠤᠶᠢᠨ᠎ᠠ ᠬᠦᠭᠵᠢᠭᠰᠡᠨ

ᠳᠠᠪᠠᠭᠤᠯᠢᠭ ᠠᠯᠭᠤᠷ ᠢᠶᠠᠷ ᠢᠯᠡᠷᠡᠵᠡᠢ  ᠃ ᠨᠢᠭᠡᠳᠦᠭᠡᠷ ᠠᠵᠤ ᠦᠢᠯᠡᠰ ᠪᠦᠬᠦ ᠲᠠᠯ᠎ᠠ ᠪᠠᠷ ᠬᠦᠴᠦᠷᠬᠡᠭᠵᠢᠵᠡᠢ᠃

ᠲᠠᠷᠢᠶᠠᠯᠠᠩ ᠤᠨ ᠰᠠᠭᠤᠷᠢ ᠪᠠᠲᠤᠵᠢᠵᠤ᠂ ᠴᠤᠣᠯ ᠣᠰᠤᠨ ᠠᠰᠢᠭᠯᠠᠯᠲᠠ ᠶᠢᠨ ᠬᠦᠢᠰᠦᠨ ᠤ ᠳᠣᠤᠷᠠᠲᠤ ᠣᠷᠤᠰᠬᠠᠯ

 ᠤᠨ   ᠤᠰᠤᠯᠠᠯᠲᠠ ᠶᠢᠨ ᠣᠷᠣᠨ᠂ ᠨᠣᠨ ᠮᠦᠷᠡᠨ ᠤ ᠭᠤᠤᠯ   ᠣᠷᠣᠰᠬᠠᠯ ᠢ ᠵᠠᠰᠠᠬᠤ ᠵᠡᠷᠭᠡ   ᠭᠤᠣᠯᠳᠠᠯᠭᠠᠲᠤ

ᠪᠠᠷᠢᠯᠭ᠎ᠠ ᠶᠢᠨ ᠵᠦᠢᠯᠡᠰ ᠢ ᠣᠷᠣᠭᠰᠢᠲᠠᠢ ᠲᠦᠯᠬᠢᠨ ᠠᠬᠢᠭᠤᠯᠵᠤ᠂ 《 ᠴᠤᠣᠯ ᠭᠤᠤᠯ ᠤᠨ ᠤᠰᠤ ᠶᠢ ᠲᠠᠲᠠᠵᠤ

ᠲᠦᠩᠯᠢᠶᠣᠤ ᠶᠢ ᠲᠤᠰᠠᠯᠠᠬᠤ 》 ᠦᠨᠳᠡᠭᠡᠨ ᠴᠦᠬᠦᠷᠦᠮ ᠤᠨ   ᠣᠰᠤᠨ ᠠᠰᠢᠭᠯᠠᠯᠲᠠ ᠶᠢᠨ ᠭᠤᠤᠯ ᠬᠦᠢᠰᠦ᠂ ᠭᠧᠩ

ᠵᠢᠶᠠ ᠲᠦᠨ ᠤᠰᠤᠨ ᠠᠰᠢᠭᠯᠠᠯᠲᠠ ᠶᠢᠨ ᠭᠤᠤᠯ ᠬᠦᠢᠰᠦᠨ ᠪᠠᠷᠢᠯᠭ᠎ᠠ ᠰᠢᠨ᠎ᠡ ᠠᠬᠢᠯᠳᠠ ᠲᠠᠢ ᠪᠣᠯᠪᠠ᠃ ᠮᠢᠩᠭᠠᠨ

ᠳ᠋ᠦᠩᠰᠢᠭᠤᠷ ᠵᠢᠩ ᠤᠨ ᠠᠮᠤ ᠪᠤᠳᠠᠭᠠᠨ ᠤ ᠣᠨᠠᠯᠲᠠ ᠶᠢ ᠨᠡᠮᠡᠭᠳᠡᠭᠦᠯᠬᠦ᠂ ᠦᠨᠳᠦᠷ ᠪᠠᠷᠢᠮᠵᠢᠶᠠᠲᠣ ᠲᠠᠷᠢᠶᠠᠯᠠᠩ᠂

ᠭᠠᠵᠠᠷ   ᠲᠠᠷᠢᠶ᠎ᠠ ᠲᠡᠭᠰᠢᠯᠡᠬᠦ ᠵᠡᠷᠭᠡ ᠲᠠᠷᠢᠶᠠᠯᠠᠩ ᠣᠰᠤᠨ ᠠᠰᠢᠭᠯᠠᠯᠲᠠ ᠶᠢᠨ ᠲᠦᠷᠦᠯ ᠵᠦᠢᠯ ᠢ ᠭᠦᠨᠵᠡᠭᠡᠢ

ᠬᠡᠷᠡᠭᠵᠢᠭᠦᠯᠵᠦ᠂ ᠴᠠᠬᠢᠯᠭᠠᠨ ᠬᠤᠳᠳᠤᠭ ᠢ ᠰᠢᠨ᠎ᠡ ᠪᠠᠷ 2621 ᠦᠷᠦᠮᠳᠡᠵᠦ᠂ ᠪᠦᠲᠦᠮᠵᠢᠲᠡᠢ ᠤᠰᠤᠯᠠᠯᠲᠠ ᠶᠢᠨ

ᠲᠠᠯᠠᠪᠠᠢ 25.6 ᠲᠦᠮᠡᠨ ᠮᠣ᠋ ᠰᠢᠨ᠎ᠡ ᠪᠠᠷ ᠨᠡᠮᠡᠭᠳᠡᠵᠡᠢ᠃ ᠲᠠᠷᠢᠶᠠᠯᠠᠩ ᠤᠨ ᠮᠠᠰᠢᠨ ᠢᠶᠠᠷ ᠠᠵᠢᠯᠯᠠᠬᠤ

ᠶᠡᠷᠦᠩᠬᠡᠶᠢᠯᠡᠭᠰᠡᠨ ᠮᠧᠬᠠᠨᠢᠭᠴᠢᠯᠠᠯᠲᠠ ᠶᠢᠨ ᠬᠢᠷᠢ ᠲᠦᠪᠰᠢᠨ 85 % ᠳᠤ ᠬᠦᠷᠴᠡᠢ᠃ ᠪᠦᠲᠦᠴᠡ ᠶᠢᠨ

ᠲᠤᠬᠢᠷᠠᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ

 ᠶᠢᠨ ᠲᠣᠬᠢᠷᠠᠭᠤᠯᠣᠯᠲᠠ ᠶᠢᠨ 《 ᠭᠤᠷᠪᠠᠨ 20% 》 ᠶᠢ ᠪᠦᠲᠦᠮᠵᠢᠲᠡᠢ ᠪᠠᠷ ᠪᠤᠲᠠᠲᠠᠶᠢᠵᠢᠭᠤᠯᠵᠤ᠂ ᠡᠷᠳᠡᠨᠢ ᠰᠢᠰᠢ

 ᠶᠢᠨ ᠲᠠᠷᠢᠮᠠᠯ 100 ᠲᠦᠮᠡᠨ ᠮᠣ᠋ ᠪᠠᠭᠠᠰᠴᠤ᠂ ᠣᠰᠤᠨ ᠳᠤᠲᠤᠷᠭ᠎ᠠ 15 ᠲᠦᠮᠡᠨ ᠮᠣ᠋᠂ ᠣᠨᠴᠠᠯᠢᠭᠲᠤ ᠲᠠᠷᠢᠮᠠᠯ

30 ᠲᠦᠮᠡᠨ ᠮᠣ᠋᠂ ᠪᠣᠷᠴᠠᠭ ᠤᠨ ᠲᠦᠷᠦᠯᠲᠦ ᠪᠣᠳᠠᠰ 45 ᠲᠦᠮᠡᠨ ᠮᠣ᠋᠂ ᠨᠣᠭᠤᠭᠠᠨ ᠢᠶᠠᠷ ᠳᠠᠷᠣᠰᠢᠭᠤᠯᠣᠭᠰᠠᠨ

ᠡᠷᠳᠡᠨᠢ ᠰᠢᠰᠢ ᠪᠤᠯᠤᠨ ᠡᠪᠡᠰᠦ ᠪᠣᠷᠳᠣᠭᠠᠨ ᠤ ᠲᠠᠷᠢᠮᠠᠯ 10 ᠲᠦᠮᠡᠨ ᠮᠣ᠋ ᠨᠡᠮᠡᠭᠳᠡᠨ᠂ ᠶᠡᠭᠡ ᠭᠠᠮᠰᠢᠭᠲᠣ ᠵᠢᠯ ᠤᠨ

ᠠᠮᠣ ᠪᠣᠳᠠᠭᠠᠨ ᠤ ᠤᠨᠠᠯᠲᠠ 35 ᠳ᠋ᠦᠩᠰᠢᠭᠤᠷ ᠵᠢᠩ ᠢ ᠪᠠᠲᠤᠯᠠᠵᠠᠢ᠃ 120 ᠮᠠᠯ ᠲᠡᠵᠢᠭᠡᠪᠦᠷᠢ ᠶᠢᠨ ᠦᠭᠡᠷᠡᠴᠢᠯᠡᠯᠲᠡ

 ᠶᠢᠨ ᠴᠢᠭ ᠢ ᠰᠢᠨ᠎ᠡ ᠪᠠᠷ ᠪᠠᠶᠢᠭᠤᠯᠵᠤ᠂ ᠰᠢᠯᠢᠳᠡᠭ ᠡᠭᠦᠯᠳᠡᠷ ᠤᠨ ᠮᠠᠯ 2000 ᠲᠤᠯᠣᠭᠠᠢ ᠣᠷᠣᠭᠤᠯᠵᠣ᠂

ᠰᠢᠯᠢᠳᠡᠭ ᠮᠠᠯ ᠲᠡᠵᠢᠭᠡᠪᠦᠷᠢ ᠶᠢᠨ ᠲᠤᠭ᠎ᠠ ᠬᠡᠮᠵᠢᠶ᠎ᠡ 61.7 ᠲᠦᠮᠡᠨ ᠲᠣᠯᠣᠭᠠᠢ ᠶᠢ ᠳᠠᠪᠠᠵᠤ᠂ ᠮᠠᠯ ᠲᠡᠵᠢᠭᠡᠪᠦᠷᠢ

 ᠶᠢᠨ ᠰᠠᠶᠢᠨ ᠡᠭᠦᠯᠳᠡᠷ ᠤᠨ ᠨᠣᠷᠮ᠎ᠠ 20% ᠪᠠᠷ ᠳᠡᠭᠡᠭᠰᠢᠯᠡᠵᠦ᠂   ᠮᠠᠯ ᠠᠵᠣ ᠠᠬᠤᠢ ᠶᠢᠨ ᠣᠨ ᠢᠶᠠᠷ ᠮᠠᠯ

ᠲᠡᠵᠢᠭᠡᠪᠦᠷᠢ ᠶᠢᠨ ᠲᠤᠭ᠎ᠠ 327 ᠲᠦᠮᠡᠨ ᠲᠣᠯᠣᠭᠠᠢ ᠳᠤ ᠬᠦᠷᠴᠡᠢ  ︔ ᠬᠦᠳᠡᠭᠡ ᠠᠵᠣ ᠠᠬᠤᠢ ᠶᠢᠨ

ᠣᠳᠣᠬᠢᠴᠢᠯᠠᠯᠲᠠ ᠶᠢᠨ ᠠᠬᠢᠴᠠ ᠲᠦᠷᠭᠡᠳᠴᠦ᠂ 3000 ᠡᠷᠦᠬᠡ ᠰᠢᠨ᠎ᠡ ᠬᠡᠯᠪᠡᠷᠢ ᠶᠢᠨ ᠬᠦᠳᠡᠭᠡ ᠠᠵᠤ   ᠠᠬᠤᠢ

 ᠶᠢᠨ ᠡᠵᠡᠩᠨᠡᠯᠳᠡ ᠶᠢᠨ ᠭᠤᠤᠯ ᠴᠤᠭᠴᠠ ᠪᠠ 1000 ᠨᠡᠷᠡᠰ ᠰᠢᠨ᠎ᠡ ᠬᠡᠯᠪᠡᠷᠢ ᠶᠢᠨ ᠲᠤᠬᠠᠶᠢᠯᠠᠭᠰᠠᠨ ᠠᠵᠢᠯ ᠤᠨ

ᠲᠠᠷᠢᠶᠠᠴᠢᠨ ᠢ ᠬᠦᠮᠦᠵᠢᠭᠦᠯᠵᠡᠢ᠃ 420 ᠲᠦᠮᠡᠨ ᠮᠣ᠋ ᠪᠤᠬᠢᠷᠲᠤᠯ ᠦᠭᠡᠢ ᠲᠦᠭᠦᠬᠡᠢ ᠮᠠᠲ᠋ᠧᠷᠢᠶᠠᠯ ᠤᠨ   ᠰᠠᠭᠤᠷᠢᠨ

ᠭᠠᠵᠠᠷ᠂ 2.19 ᠲᠦᠮᠡᠨ ᠮᠣ᠋ ᠣᠷᠭᠠᠨᠢᠭ ᠣᠰᠣᠨ ᠳᠤᠲᠣᠷᠭ᠎ᠠ ᠶᠢᠨ ᠰᠠᠭᠤᠷᠢᠨ ᠭᠠᠵᠠᠷ᠂ 17.9 ᠲᠦᠮᠡᠨ ᠮᠣ᠋ 《

ᠭᠤᠷᠪᠠᠨ ᠦᠢᠯᠡᠳᠬᠦᠨ ᠨᠢᠭᠡ ᠲᠡᠮᠳᠡᠭᠳᠦ 》 ᠶᠢᠨ ᠰᠠᠭᠤᠷᠢᠨ ᠭᠠᠵᠠᠷ᠂   ᠪᠠᠷᠢᠮᠵᠢᠶᠠᠳᠣ ᠲᠦᠷᠢᠮ ᠦᠵᠡᠬᠦᠯᠬᠦ  

ᠬᠦᠷᠢᠶᠡᠯᠡᠩ ᠲᠤᠭᠤᠷᠢᠭ ᠢ 26  ᠂ ᠬᠤᠣᠷᠳᠠᠯ ᠦᠭᠡᠢ᠂ ᠪᠣᠬᠢᠷᠳᠣᠯ ᠦᠭᠡᠢ᠂ ᠤᠷᠭᠠᠨᠢᠭ ᠵᠢᠴᠢ ᠭᠠᠵᠠᠷ ᠣᠷᠣᠨ ᠤ

ᠲᠡᠮᠳᠡᠭ ᠢᠶᠠᠷ ᠭᠡᠷᠡᠴᠢᠯᠡᠭᠰᠡᠨ ᠦᠢᠯᠡᠳᠬᠦᠨ ᠢ 13 ᠡᠭᠦᠳᠴᠦ᠂ ᠪᠣᠤ ᠠᠨ ᠵᠣᠤ ᠲᠣᠳᠣᠷᠭ᠎ᠠ ᠨᠢᠭᠡᠳᠦᠭᠡᠷ

ᠬᠤᠭᠤᠴᠠᠭᠠᠨ ᠤ 《 ᠠᠶᠢᠮᠠᠭ ᠤᠨ ᠳᠠᠷᠤᠭ᠎ᠠ ᠶᠢᠨ ᠴᠢᠨᠠᠷ ᠴᠢᠨᠰᠠᠭ᠎ᠠ ᠶᠢᠨ ᠱᠠᠩᠨᠠᠯ 》 ᠢ ᠬᠦᠷᠲᠡᠵᠡᠢ᠃ ᠬᠦᠳᠡᠭᠡ

ᠲᠤᠰᠬᠤᠨ ᠤ ᠭᠠᠵᠠᠷ ᠲᠠᠷᠢᠶᠠᠨ ᠤ ᠳᠠᠭᠠᠭᠠᠴᠢᠯᠠᠯᠲᠠ ᠡᠵᠡᠩᠨᠡᠯᠳᠡ ᠶᠢᠨ ᠡᠷᠭᠡ ᠶᠢ ᠵᠦᠪᠰᠢᠶᠡᠷᠡᠬᠦ᠂ ᠳᠠᠩᠰᠠᠯᠠᠬᠤ᠂

ᠭᠡᠷᠡᠴᠢ ᠠᠪᠬᠤ ᠲᠤᠷᠰᠢᠯᠲᠠ ᠶᠢᠨ ᠴᠢᠭ ᠢ ᠭᠡᠷᠡᠭᠵᠢᠬᠦᠯᠵᠣ  ᠂ ᠬᠦᠳᠡᠭᠡ ᠲᠤᠰᠬᠤᠨ ᠤ ᠦᠮᠴᠢᠯᠡᠬᠦ ᠡᠷᠬᠡ ᠶᠢᠨ

ᠰᠤᠯᠢᠯᠴᠠᠭᠠᠨ ᠤ ᠲᠠᠪᠴᠠᠩ ᠢ   ᠡᠬᠢᠯᠡᠨ ᠪᠦᠳᠦᠭᠡᠨ ᠪᠠᠶᠢᠭᠤᠯᠵᠣ᠂ ᠲᠠᠷᠢᠶᠠᠴᠢᠨ ᠤ 180 ᠲᠦᠮᠡᠨ ᠮᠣ᠋ ᠭᠠᠵᠠᠷ

ᠲᠠᠷᠢᠶ᠎ᠠ᠂ 30 ᠲᠦᠮᠡᠨ ᠮᠣ᠋ ᠡᠪᠡᠰᠦ ᠪᠡᠯᠴᠢᠭᠡᠷ ᠢ ᠰᠢᠯᠵᠢᠬᠦᠯᠵᠣ᠂ 440 ᠲᠦᠮᠡᠨ ᠮᠣ᠋ ᠲᠠᠷᠢᠮᠠᠯ ᠤᠨ ᠵᠦᠢᠯᠡᠰ ᠤᠨ

ᠲᠠᠭᠠᠳᠬᠠᠯ ᠳᠤ ᠣᠷᠣᠬᠤ ᠶᠢ ᠬᠦᠲᠦᠯᠦᠨ ᠵᠢᠯᠣᠭᠤᠳᠴᠠᠢ᠃ ᠬᠦᠳᠡᠭᠡ ᠠᠵᠣ ᠠᠬᠤᠢ ᠶᠢᠨ ᠦᠢᠯᠡᠳᠬᠦᠨ ᠤ ᠴᠢᠨᠠᠷ

ᠴᠢᠨᠰᠠᠭ᠎ᠠ ᠠᠮᠣᠷ ᠲᠦᠪᠰᠢᠨ ᠤ ᠬᠠᠮᠢᠶᠠᠷᠣᠯᠲᠠ ᠶᠢ ᠮᠦᠷᠳᠡᠨ ᠨᠡᠬᠡᠮᠵᠢᠯᠡᠬᠦ ᠰᠤᠷᠠᠭ ᠵᠠᠩᠭᠢ ᠶᠢᠨ ᠲᠠᠪᠴᠠᠩ ᠤᠨ

ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠵᠦ᠂ 166 ᠡᠷᠦᠬᠡ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ

  ᠮᠡᠳᠡᠭᠡ ᠵᠠᠩᠭᠢᠴᠢᠯᠠᠭᠰᠠᠨ ᠬᠠᠮᠢᠶᠠᠷᠣᠯᠲᠠ ᠶᠢ ᠪᠡᠶᠡᠯᠡᠭᠦᠯᠵᠡᠢ᠃ ᠲᠠᠷᠢᠶᠠᠯᠠᠩ ᠮᠠᠯ ᠠᠵᠤ ᠠᠬᠤᠢ ᠶᠢᠨ   ᠠᠵᠣ

ᠦᠢᠯᠡᠰᠵᠢᠭᠰᠡᠨ ᠭᠤᠤᠯᠯᠠᠬᠤ ᠲᠤᠯᠤᠭᠠᠶᠢᠯᠠᠬᠤ ᠠᠵᠤ ᠠᠬᠤᠶᠢᠯᠠᠯ 40 ᠡᠷᠦᠬᠡ ᠳᠤ ᠬᠦᠷᠴᠡᠢ᠃ ᠬᠤᠶᠠᠳᠤᠭᠠᠷ ᠠᠵᠤ

ᠦᠢᠯᠡᠰ ᠲᠠᠰᠤᠷᠠᠯᠲᠠ ᠦᠭᠡᠢ ᠪᠤᠵᠠᠭᠠᠶᠢᠷᠠᠵᠠᠢ᠃ 17 ᠠᠵᠣ ᠦᠢᠯᠡᠳᠪᠦᠷᠢ ᠶᠢᠨ ᠭᠤᠤᠯᠳᠠᠯᠭᠠᠲᠤ ᠵᠦᠢᠯᠡᠰ ᠢ

ᠬᠡᠷᠡᠭᠵᠢᠭᠦᠯᠵᠦ᠂ 18.56 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ ᠵᠦᠩ ᠨᠦᠩ ᠯᠢᠦᠢ ᠨᠧᠩ ᠪᠠᠶᠢᠭᠠᠯᠢ

 ᠶᠢᠨ ᠰᠢᠲᠠᠮᠠᠬᠠᠢ ᠬᠡᠢ ᠶᠢᠨ ᠣᠷᠴᠢᠯ ᠠᠰᠢᠭᠯᠠᠯᠲᠠ᠂ ᠬᠤᠸᠠ ᠨᠧᠩ᠂ ᠰᠢᠨ ᠾᠧ ᠶᠠᠩ ᠭᠤᠸᠠᠩ ᠲᠤᠰᠪᠤᠷᠢ 20

ᠺᠢᠯᠣᠸᠤᠯᠲ ᠤᠨ ᠲᠦᠷᠦᠯ ᠵᠦᠢᠯᠡᠰ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠣᠯᠳᠠ ᠶᠢᠨ ᠲᠣᠤᠷ ᠲᠤ ᠨᠢᠭᠡᠳᠭᠡᠨ

ᠴᠠᠬᠢᠯᠭᠠᠨ ᠭᠠᠷᠭᠠᠬᠤ᠂ ᠮᠧᠩ ᠳ᠋ᠦᠩ ᠮᠣᠳᠤᠨ ᠮᠠᠲ᠋ᠧᠷᠢᠶᠠᠯ ᠢ ᠨᠠᠷᠢᠨ ᠪᠣᠯᠪᠠᠰᠤᠷᠠᠭᠤᠯᠬᠤ ᠵᠡᠷᠭᠡ 9 ᠲᠦᠷᠦᠯ ᠵᠦᠢᠯ

 ᠢ ᠦᠢᠯᠡᠳᠪᠦᠷᠢᠯᠡᠯ ᠳᠤ ᠤᠷᠣᠭᠤᠯᠣᠨ ᠠᠵᠢᠯᠯᠠᠭᠤᠯᠵᠠᠢ᠃ ᠾᠧᠩ ᠳ᠋ᠠ ᠰᠢᠨ ᠭᠦ᠋ ᠶᠤᠸᠠᠨ ᠵᠡᠷᠭᠡ 6 ᠡᠷᠦᠬᠡ ᠠᠵᠣ

ᠠᠬᠤᠶᠢᠯᠠᠯ 《 ᠬᠤᠶᠠᠷᠴᠢᠯᠠᠯᠳᠠ ᠶᠢ ᠣᠶᠠᠯᠳᠣᠭᠤᠯᠬᠤ 》 ᠪᠠᠷᠢᠮᠵᠢᠶ᠎ᠠ ᠲᠠᠢ ᠲᠠᠭᠠᠷᠠᠭᠤᠯᠬᠤ ᠶᠢ ᠪᠡᠶᠡᠯᠡᠭᠦᠯᠵᠦ᠂ ᠮᠧᠩ

ᠶᠠᠩ ᠮᠠᠯᠵᠢᠯ ᠤᠨ ᠦᠢᠯᠡᠰ 《 ᠬᠤᠶᠠᠷᠴᠢᠯᠠᠯᠳᠠ ᠶᠢ ᠣᠶᠠᠯᠳᠣᠭᠤᠯᠬᠤ 》 ᠪᠠᠷᠢᠮᠵᠢᠶ᠎ᠠ ᠶᠢ ᠲᠣᠣᠱᠯᠠᠭᠤᠯᠬᠤ ᠠᠵᠣ

ᠠᠬᠤᠶᠢᠯᠠᠯ ᠤᠨ ᠡᠩᠨᠡᠭᠡᠨ ᠳᠤ ᠣᠷᠣᠵᠠᠢ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ

ᠦᠢᠯᠡᠳᠪᠦᠷᠢ ᠶᠢᠨ ᠠᠵᠤ ᠠᠬᠤᠶᠢᠯᠠᠯ 8 ᠡᠷᠦᠬᠡ ᠪᠣᠯᠵᠣ᠂ ᠶᠡᠷᠦᠩᠬᠡᠢ ᠲᠤᠭ᠎ᠠ ᠨᠢ 42 ᠡᠷᠦᠬᠡ ᠳᠤ ᠬᠦᠷᠴᠡᠢ︔

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠯᠲᠡ ᠦᠷᠲᠡᠭ ᠨᠢ 23.2   ᠳ᠋ᠦᠩᠰᠢᠭᠤᠷ

ᠲᠦᠭᠦᠷᠢᠭ ᠲᠤ ᠬᠦᠷᠴᠦ᠂   ᠡᠮᠦᠨᠡᠬᠢ ᠠᠴᠠ ᠪᠠᠨ 12.9% ᠪᠠᠷ ᠨᠡᠮᠡᠭᠳᠡᠵᠡᠢ︔ ᠬᠦᠷᠢᠶᠡᠯᠡᠩ ᠲᠣᠭᠤᠷᠢᠭ ᠤᠨ

ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠵᠦ᠂ ᠰᠢᠯᠵᠢᠮᠡᠯ   ᠬᠤᠯᠪᠤᠭᠠᠨ ᠤ ᠭᠡᠷᠡᠯᠯᠢᠭ ᠴᠠᠬᠢᠯᠭᠠᠨ

ᠳᠡᠭᠡᠰᠦ ᠶᠢ 5 ᠺᠢᠯᠤᠮᠧᠲ᠋ᠧᠷ ᠳᠡᠪᠢᠰᠴᠤ᠂ ᠣᠰᠣ ᠬᠠᠩᠭᠠᠬᠤ ᠪᠠᠷᠢᠯᠭ᠎ᠠ ᠶᠢᠨ ᠣᠰᠣᠨ   ᠭᠦᠭᠡᠷᠭᠡ ᠶᠢᠨ ᠦᠷᠳᠡᠭᠡ

 ᠶᠢᠨ ᠪᠠᠶᠢᠭᠤᠯᠤᠯᠲᠠ ᠶᠢ ᠪᠡᠶᠡᠯᠡᠭᠦᠯᠵᠦ᠂ 4 ᠡᠷᠦᠬᠡ ᠠᠵᠣ ᠠᠬᠤᠶᠢᠯᠠᠯ ᠰᠢᠨ᠎ᠡ ᠪᠠᠷ ᠰᠠᠭᠤᠷᠢᠰᠢᠵᠣ᠂ ᠠᠵᠤ

ᠦᠢᠯᠡᠳᠪᠦᠷᠢ ᠶᠢᠨ ᠬᠦᠷᠢᠶᠡᠯᠡᠩ ᠳᠤ ᠣᠷᠣᠵᠣ ᠰᠠᠭᠤᠭᠰᠠᠨ ᠠᠵᠣ ᠠᠬᠤᠶᠢᠯᠠᠯ ᠨᠡᠶᠢᠲᠡ 25 ᠡᠷᠦᠬᠡ ᠪᠣᠯᠵᠣ᠂

1279   ᠬᠦᠮᠦᠨ ᠤ ᠠᠵᠢᠯ ᠣᠯᠭᠤᠯᠲᠠ ᠶᠢ   ᠪᠡᠶᠡᠯᠡᠭᠦᠯᠵᠡᠢ᠃ ᠭᠤᠷᠪᠠᠳᠣᠭᠠᠷ ᠠᠵᠣ ᠦᠢᠯᠡᠰ ᠢ ᠦᠷᠭᠦᠯᠵᠢᠯᠡᠨ

ᠰᠠᠶᠢᠲᠣᠷ ᠬᠢᠵᠡᠢ᠃ ᠪᠠᠷᠠᠭ᠎ᠠ ᠭᠦᠢᠯᠭᠡᠭᠡᠨ ᠤ ᠬᠦᠷᠢᠶᠡᠯᠡᠩ ᠲᠤᠭᠤᠷᠢᠭ ᠡᠷᠬᠡᠰᠢᠶᠡᠬᠦ ᠴᠢᠨᠠᠷᠲᠠᠢ   ᠪᠠᠷ ᠨᠠᠷᠢᠯᠢᠭ

ᠲᠦᠯᠦᠪᠵᠢᠬᠦᠯᠬᠡ ᠶᠢ ᠲᠣᠬᠢᠷᠠᠭᠤᠯᠵᠣ᠂ ᠣᠯᠣᠰ ᠤᠨ ᠬᠦᠭᠵᠢᠯᠲᠡ ᠦᠭᠡᠷᠡᠴᠢᠯᠡᠯᠲᠡ ᠶᠢᠨ ᠵᠦᠪᠯᠡᠯ ᠤᠨ ᠲᠦᠷᠦᠯ

ᠵᠦᠢᠯ ᠤᠨ ᠬᠦᠮᠦᠷᠭᠡ ᠳᠤ ᠣᠷᠣᠵᠠᠢ᠃ ᠬᠤᠰᠢᠭᠤᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ

ᠦᠢᠯᠡᠴᠢᠯᠡᠭᠡᠨ ᠤ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠡᠬᠢᠯᠡᠭᠦᠯᠵᠦ᠂ ᠣᠯᠣᠰ ᠤᠨ ᠳᠡᠰ

 ᠤᠨ ᠡᠯᠧᠺᠲᠷᠣᠨ ᠬᠤᠳᠠᠯᠳᠤᠭᠠᠨ ᠤ ᠶᠠᠪᠣᠳᠠᠯ ᠤᠨ ᠬᠦᠳᠡᠭᠡ ᠲᠣᠰᠬᠤᠨ ᠳᠤ ᠣᠷᠣᠬᠤ ᠲᠦᠷᠢᠮ ᠦᠵᠡᠭᠦᠯᠬᠦ ᠰᠢᠶᠠᠨ ᠤ

ᠡᠩᠨᠡᠭᠡᠨ ᠳᠤ ᠠᠮᠵᠢᠯᠳᠠ ᠲᠠᠢ ᠪᠠᠷ ᠠᠯᠬᠤᠨ ᠣᠷᠣᠵᠠᠢ᠃ ᠠᠷᠠᠳ ᠲᠤ ᠳᠦᠭᠦᠮ ᠦᠵᠡᠬᠦᠯᠬᠦ ᠭᠡᠯᠬᠢᠶ᠎ᠡ ᠬᠡᠲᠦ

ᠳᠡᠯᠭᠡᠭᠦᠷ᠂ 《 ᠯᠧ   ᠼᠦᠨ ᠲᠣᠤ 》 ᠳᠡᠯᠭᠡᠭᠦᠷ ᠤᠨ ᠭᠠᠴᠠᠭ᠎ᠠ ᠲᠣᠰᠬᠤᠨ ᠳᠠᠬᠢ ᠪᠦᠷᠬᠦᠯᠲᠡ ᠶᠢ ᠪᠡᠶᠡᠯᠡᠭᠦᠯᠵᠡᠢ᠃

ᠲᠦᠷᠢᠮᠵᠢᠭᠰᠡᠨ ᠡᠵᠡᠩᠨᠡᠬᠦ ᠬᠤᠷᠰᠢᠶ᠎ᠠ 270   ᠳᠤ ᠬᠦᠷᠴᠦ᠂ 138 ᠭᠠᠴᠠᠭ᠎ᠠ ᠲᠣᠰᠬᠤᠨ ᠢ ᠬᠠᠮᠣᠷᠴᠠᠢ᠃

ᠵᠣᠭᠠᠴᠠᠯ ᠤᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠦᠭᠵᠢᠵᠦ᠂ ᠠᠩᠬᠠᠳᠤᠭᠠᠷ ᠬᠤᠭᠤᠴᠠᠭᠠᠨ ᠤ ᠴᠣᠣᠯ

ᠭᠤᠣᠯ ᠮᠦᠰᠦ ᠴᠠᠰᠤᠨ ᠤ ᠵᠢᠭᠠᠰᠤ ᠠᠩᠨᠠᠬᠤ ᠵᠣᠭᠠᠴᠠᠯ ᠰᠤᠶᠣᠯ ᠤᠨ ᠨᠠᠶᠢᠷ ᠢ ᠠᠮᠵᠢᠯᠳᠠ ᠲᠠᠢ ᠡᠷᠬᠢᠯᠡᠵᠣ᠂ ᠡᠪᠦᠯ

 ᠤᠨ ᠣᠯᠠᠷᠢᠯ ᠤᠨ ᠵᠣᠭᠠᠴᠠᠯ ᠤᠨ ᠲᠦᠷᠦᠯ ᠵᠦᠢᠯᠡᠰ ᠠᠩᠬ᠎ᠠ ᠠᠯᠬᠤᠮ ᠤᠨ ᠦᠷ᠎ᠡ ᠪᠦᠲᠦᠮᠵᠢ ᠶᠢ ᠣᠯᠵᠣ᠂ 《

ᠭᠤᠷᠪᠠᠨ ᠮᠣᠵᠢ ᠣᠷᠣᠨ︾   ᠤ ᠵᠣᠭᠠᠴᠠᠯ ᠢ ᠲᠠᠨᠢᠯᠴᠠᠭᠤᠯᠬᠤ ᠪᠠ ᠵᠠᠮ ᠱᠤᠭᠤᠮ ᠤᠨ ᠪᠠᠶᠢᠴᠠᠭᠠᠯᠲᠠ᠂ ᠪᠣᠭᠳᠠ

ᠠᠭᠤᠯᠠᠨ ᠤ ᠲᠠᠬᠢᠯᠭ᠎ᠠ ᠵᠡᠷᠭᠡ   ᠬᠦᠳᠡᠯᠭᠡᠭᠡᠨ ᠢ ᠦᠷᠨᠢᠭᠦᠯᠵᠦ᠂ ᠰᠢᠨ ᠬᠤᠸᠠ ᠰᠦᠯᠵᠢᠶ᠎ᠡ᠂ ᠶᠢᠦ ᠺᠦ᠋ ᠰᠦᠯᠵᠢᠶ᠎ᠡ

ᠵᠡᠷᠭᠡ ᠵᠠᠭᠤᠴᠢᠯᠠᠭᠤᠷ ᠯᠤᠭ᠎ᠠ ᠵᠣᠭᠠᠴᠠᠯ ᠣᠬᠠᠭᠤᠯᠭ᠎ᠠ ᠶᠢᠨ ᠬᠠᠮᠲᠣᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠵᠠᠢ᠃

ᠮᠦᠯᠢᠭᠡᠷ ᠭᠠᠴᠠᠭ᠎ᠠ᠂ ᠪᠠᠳᠠᠷᠠᠬᠤ ᠭᠠᠴᠠᠭ᠎ᠠ ᠵᠡᠷᠭᠡ 7 ᠭᠠᠴᠠᠭ᠎ᠠ ᠲᠣᠰᠬᠤᠨ ᠪᠦᠬᠦ ᠣᠯᠣᠰ ᠤᠨ ᠰᠢᠶᠠᠩ ᠲᠣᠰᠬᠤᠨ

 ᠤ ᠵᠣᠭᠠᠴᠠᠯ ᠢᠶᠠᠷ ᠶᠠᠳᠠᠭᠤ ᠶᠢ ᠲᠡᠳᠭᠦᠬᠦ ᠭᠤᠤᠯᠳᠠᠯᠭᠠᠲᠣ ᠲᠣᠰᠬᠤᠨ ᠤ ᠨᠡᠷᠡᠰ ᠲᠤ ᠵᠢᠬᠰᠠᠭᠠᠭᠳᠠᠵᠣ᠂ ᠬᠤᠩ ᠸᠧᠢ

ᠲᠤᠰᠬᠤᠨ ᠪᠦᠬᠦ ᠣᠯᠣᠰ ᠤᠨ ᠬᠠᠮᠤᠭ ᠤᠨ ᠰᠠᠶᠢᠬᠠᠨ ᠰᠢᠶᠠᠩ ᠲᠣᠰᠬᠤᠨ ᠢᠶᠠᠷ ᠦᠨᠡᠯᠡᠭᠳᠡᠪᠡ᠃

        ︵ᠭᠤᠷᠪᠠ︶ ᠰᠠᠭᠤᠷᠢ   ᠲᠦᠭᠦᠭᠡᠷᠦᠮᠵᠢ ᠠᠯᠭᠤᠷ ᠢᠶᠠᠷ ᠲᠡᠭᠦᠯᠳᠡᠷᠵᠢᠵᠦ᠂ ᠬᠤᠲᠠ ᠬᠦᠳᠡᠭᠡ ᠶᠢᠨ ᠦᠩᠭᠡ

ᠳᠦᠷᠰᠦ ᠰᠢᠨ᠎ᠡ ᠪᠠᠷ ᠰᠤᠯᠢᠭᠳᠠᠵᠠᠢ᠃ ᠬᠤᠲᠠ ᠶᠢᠨ ᠴᠢᠳᠠᠮᠵᠢ ᠦᠷᠭᠦᠯᠵᠢᠯᠡᠨ ᠴᠢᠩᠭᠠᠷᠠᠵᠠᠢ᠃ 《 ᠨᠠᠢᠮᠠᠨ ᠵᠦᠢᠯ

 ᠤᠨ ᠬᠤᠲᠠ ᠶᠢ ᠵᠡᠷᠭᠡᠪᠡᠷ ᠴᠣᠭᠴᠠᠯᠠᠬᠤ︾ ᠶᠢ ᠡᠬᠢᠯᠡᠨ ᠬᠡᠷᠡᠭᠵᠢᠭᠦᠯᠵᠦ᠂ 《 ᠢᠨᠳᠡᠷ ᠪᠠᠯᠭᠠᠰᠤᠨ ᠤ ᠶᠡᠷᠦᠩᠬᠡᠢ

ᠲᠦᠯᠦᠪᠵᠢᠭᠦᠯᠭᠡ ︿2015 — 2030﹀ 》 ᠶᠢ ᠵᠠᠰᠠᠪᠣᠷᠢᠯᠠᠨ ᠨᠠᠶᠢᠷᠠᠭᠤᠯᠵᠤ᠂ 6.82 ᠳ᠋ᠦᠩᠰᠢᠭᠤᠷ ᠲᠦᠬᠦᠷᠢᠭ

 ᠤᠨ ᠪᠡᠯᠡ ᠮᠦᠩᠭᠦ ᠣᠷᠣᠭᠤᠯᠵᠣ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠣᠯᠲᠠ ᠶᠢᠨ 10 ᠲᠦᠷᠦᠯ ᠵᠦᠢᠯ ᠢ

ᠬᠡᠷᠡᠭᠵᠢᠭᠦᠯᠵᠦ᠂ ᠲᠧᠩ ᠹᠧᠢ ᠵᠠᠮ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠡᠬᠢᠯᠡᠭᠦᠯᠵᠦ᠂ ᠶᠤᠸᠠᠨ ᠯᠦᠩ

ᠵᠠᠮ ᠪᠠᠶᠢᠭᠤᠯᠣᠭᠳᠠᠨ ᠲᠡᠷᠭᠡ ᠨᠡᠪᠲᠡᠷᠡᠪᠡ᠃ ᠦᠪᠡᠷᠲᠡᠭᠡᠨ ᠵᠠᠰᠠᠬᠤ ᠣᠷᠣᠨ ᠤ ᠴᠡᠴᠡᠷᠯᠢᠭᠳᠦ ᠰᠢᠶᠠᠨ ᠤ ᠬᠤᠲᠠ ᠶᠢᠨ

ᠲᠣᠰᠬᠠᠢ ᠮᠡᠷᠭᠡᠵᠢᠯᠲᠡᠨ ᠤ ᠬᠢᠨᠠᠨ ᠵᠦᠪᠯᠡᠯᠲᠡ ᠶᠢ ᠣᠷᠣᠭᠰᠢᠲᠠᠢ   ᠲᠣᠭᠤᠯᠵᠣ᠂ ᠬᠤᠲᠠ ᠪᠠᠯᠭᠠᠰᠤᠨ ᠤ

ᠨᠣᠭᠤᠭᠠᠷᠠᠭᠤᠯᠣᠯᠳᠠ ᠶᠢᠨ ᠪᠦᠷᠬᠦᠯᠲᠡ   ᠶᠢᠨ ᠨᠤᠷᠮ᠎ᠠ ᠪᠣᠯᠣᠨ ᠭᠤᠤᠯ ᠵᠠᠮ ᠤᠨ   ᠭᠡᠷᠡᠯᠲᠦᠯᠭᠡ ᠶᠢᠨ ᠨᠣᠷᠮ᠎ᠠ

ᠲᠤᠰᠪᠤᠷᠢ 35.6 % ᠪᠠ 91 % ᠳᠤ ᠬᠦᠷᠴᠦ᠂ ᠬᠤᠲᠠ ᠶᠢᠨ ᠪᠤᠵᠠᠷ ᠣᠰᠤ ᠶᠢ   ᠲᠦᠪᠯᠡᠷᠡᠬᠦᠯᠦᠨ

ᠰᠢᠢᠳᠪᠦᠷᠢᠯᠡᠬᠦ ᠨᠣᠷᠮ᠎ᠠ ᠪᠤᠯᠤᠨ ᠬᠤᠭ ᠨᠣᠪᠰᠢ ᠶᠢ ᠴᠡᠪᠡᠷᠰᠢᠭᠦᠯᠬᠦ ᠨᠣᠷᠮ᠎ᠠ ᠲᠣᠰᠪᠤᠷᠢ 94 % ᠪᠠ 97 % ᠳᠤ

ᠬᠦᠷᠴᠡᠢ᠃ 798 ᠡᠷᠦᠬᠡ ᠪᠤᠷᠣ ᠭᠡᠷᠲᠤ ᠣᠷᠣᠨ ᠤ ᠦᠭᠡᠷᠡᠴᠢᠯᠡᠯᠲᠡ ᠶᠢ ᠪᠡᠶᠡᠯᠡᠭᠦᠯᠵᠦ᠂ ᠠᠮᠢᠨ ᠭᠤᠤᠯ ᠤᠨ  

ᠪᠤᠷᠣ ᠭᠡᠷᠲᠣ ᠣᠷᠣᠨ᠂ ᠰᠢᠶᠠᠨ ᠹᠧᠩ ᠵᠠᠮ ᠤᠨ ᠨᠢᠭᠡᠳᠦᠭᠡᠷ ᠬᠤᠭᠤᠴᠠᠭᠠᠨ ᠤ ᠪᠣᠷᠣ ᠭᠡᠷᠲᠣ ᠣᠷᠣᠨ ᠤ

ᠦᠭᠡᠷᠡᠴᠢᠯᠡᠯᠲᠡ ᠶᠢᠨ ᠲᠦᠷᠦᠯ   ᠵᠦᠢᠯᠡᠰ ᠤᠨ ᠭᠤᠤᠯ ᠴᠤᠭᠴᠠᠲᠣ ᠪᠠᠷᠢᠯᠭ᠎ᠠ ᠶᠢᠨ ᠪᠠᠷᠢᠯᠭ᠎ᠠ ᠶᠢᠨ ᠠᠵᠢᠯ

ᠳᠠᠭᠤᠰᠴᠠᠢ᠃ ᠬᠦᠳᠡᠭᠡ ᠲᠣᠰᠬᠤᠨ ᠤ ᠦᠩᠭᠡ ᠲᠦᠷᠰᠦ ᠪᠦᠬᠦ ᠲᠠᠯ᠎ᠠ ᠪᠠᠷ ᠦᠭᠡᠷᠡᠴᠢᠯᠡᠭᠳᠡᠵᠡᠢ᠃ 27.58

ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ ᠠᠶᠢᠯ ᠲᠣᠰᠬᠤᠨ ᠤ ᠣᠷᠴᠢᠨ ᠲᠣᠭᠤᠷᠢᠨ ᠢ ᠵᠠᠰᠠᠵᠣ᠂ 2.19

ᠲᠦᠮᠡᠨ ᠡᠷᠦᠬᠡ ᠨᠣᠷᠠᠬᠤ ᠠᠶᠣᠯ ᠲᠠᠢ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠵᠣ᠂ 617.5

ᠺᠢᠯᠤᠮᠧᠲᠷ ᠤᠨ ᠵᠡᠭᠡᠯᠢ ᠭᠤᠲᠣᠮᠵᠢ ᠶᠢ ᠱᠠᠯᠠᠳᠠᠨ ᠬᠠᠲᠠᠭᠤᠷᠠᠭᠤᠯᠵᠣ᠂ ᠬᠦᠷᠢᠶᠡᠨ ᠬᠡᠷᠡᠮ ᠢ 476.3 ᠲᠦᠮᠡᠨ

ᠣᠷᠳᠣᠳᠬᠠᠯ ᠮᠧᠲᠷ ᠵᠠᠰᠠᠨ ᠰᠡᠯᠪᠢᠵᠦ᠂ 2.7 ᠲᠦᠮᠡᠨ ᠬᠦᠮᠦᠨ ᠤ ᠣᠤᠭᠤᠬᠤ   ᠣᠰᠣᠨ ᠤ ᠠᠮᠣᠷ ᠲᠦᠪᠰᠢᠨ ᠤ

ᠠᠰᠠᠭᠤᠳᠠᠯ ᠢ ᠰᠢᠢᠳᠪᠦᠷᠢᠯᠡᠨ᠂ 454 ᠠᠶᠢᠯ ᠲᠣᠰᠬᠤᠨ ᠤ 《 ᠠᠷᠪᠠ ᠶᠢ ᠪᠦᠷᠬᠦᠭᠦᠯᠬᠦ 》 ᠶᠢ ᠪᠡᠶᠡᠯᠡᠭᠦᠯᠵᠦ᠂

ᠰᠢᠶᠠᠩ ᠲᠣᠰᠬᠤᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠳᠡ ᠰᠠᠶᠢᠵᠢᠷᠠᠵᠠᠢ᠃ ᠵᠠᠮ ᠬᠠᠷᠢᠯᠴᠠᠭᠠᠨ

 ᠤ ᠲᠣᠤᠷ᠂ ᠴᠠᠬᠢᠯᠭᠠᠨ ᠲᠣᠤᠷ ᠡᠳᠦᠷ ᠢᠷᠡᠬᠦᠶ᠎ᠡ ᠲᠡᠭᠦᠯᠳᠡᠷᠵᠢᠵᠡᠢ᠃ ᠡᠦ ᠵᠢᠶᠠᠩ ᠲᠡᠮᠦᠷ ᠵᠠᠮ ᠤᠨ   ᠪᠦᠳᠦᠭᠡᠨ

ᠪᠠᠶᠢᠭᠤᠯᠣᠯᠳᠠ ᠡᠮᠬᠢ ᠳᠠᠷᠠᠭᠠᠯᠠᠯ ᠲᠠᠢ ᠶᠠᠪᠣᠭᠳᠠᠵᠣ᠂ ᠡᠦ ᠰᠢᠨ ᠲᠡᠭᠡᠳᠦ ᠬᠤᠷᠳᠣᠴᠠᠲᠣ ᠵᠠᠰᠠᠮᠠᠯ ᠵᠠᠮ ᠲᠡᠷᠭᠡ

ᠨᠡᠪᠲᠡᠷᠡᠬᠦ ᠪᠠᠷ ᠪᠠᠶᠢᠨ᠎ᠠ᠃ ᠢᠨᠳᠡᠷ ᠠᠴᠠ ᠴᠢᠩ ᠯᠦᠩ ᠱᠠᠨ ᠬᠦᠷᠬᠦ ᠬᠡᠰᠡᠭ ᠤᠨ ᠬᠤᠶᠠᠳᠣᠭᠠᠷ ᠳᠡᠰ ᠤᠨ ᠵᠠᠰᠠᠮᠠᠯ

ᠵᠠᠮ ᠤᠨ ᠪᠦᠳᠦᠭᠡᠨ ᠪᠠᠶᠢᠭᠤᠯᠣᠯᠳᠠ ᠠᠵᠢᠯ ᠢᠶᠠᠨ ᠡᠬᠢᠯᠡᠭᠦᠯᠵᠦ᠂ ᠱᠢ ᠲᠧᠦ ᠴᠧᠩ ᠽᠢ ᠠᠴᠠ ᠰᠢᠩ ᠬᠤᠸᠠ ᠬᠦᠷᠬᠦ

ᠬᠡᠰᠡᠭ ᠤᠨ ᠬᠤᠶᠠᠳᠣᠭᠠᠷ ᠳᠡᠰ ᠤᠨ ᠵᠠᠰᠠᠮᠠᠯ ᠵᠠᠮ ᠤᠨ ᠡᠬᠢᠨ ᠤ ᠬᠤᠭᠤᠴᠠᠭᠠᠨ ᠤ ᠠᠵᠢᠯ ᠣᠷᠣᠭᠰᠢᠲᠠᠢ

ᠶᠠᠪᠣᠭᠳᠠᠵᠠᠢ᠃ 561.5 ᠺᠢᠯᠣᠮᠧᠲᠷ ᠣᠷᠳᠣ 42 ᠵᠣᠷᠪᠣᠰ ᠠᠶᠢᠯ ᠲᠣᠰᠬᠤᠨ ᠳᠤ   ᠨᠡᠪᠲᠡᠷᠡᠬᠦ ᠵᠠᠰᠠᠮᠠᠯ ᠵᠠᠮ ᠢ

ᠪᠦᠳᠦᠭᠡᠨ ᠪᠠᠶᠢᠭᠤᠯᠵᠠᠢ᠃ 10 ᠺᠢᠯᠦᠸᠣᠯᠲ ᠤᠨ ᠬᠡᠯᠬᠢᠶ᠎ᠡ ᠶᠢ 211 ᠺᠢᠯᠤᠮᠧᠲᠷ᠂ ᠳᠣᠣᠷ᠎ᠠ ᠳᠠᠷᠣᠯᠲᠠᠲᠦ

ᠴᠠᠬᠢᠯᠭᠠᠨ ᠬᠡᠯᠬᠢᠶ᠎ᠡ 154 ᠺᠢᠯᠣᠮᠧᠲᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠭᠡᠵᠦ᠂   ᠴᠠᠬᠢᠯᠭᠠᠨ

ᠬᠦᠴᠦ ᠶᠢ ᠪᠠᠲᠣᠯᠠᠬᠤ ᠴᠢᠳᠠᠪᠣᠷᠢ ᠢᠯᠡᠳᠳᠡ ᠳᠡᠭᠡᠭᠰᠢᠯᠡᠵᠡᠢ᠃

          ︵ᠳᠦᠷᠪᠡ︶ ᠠᠮᠢ ᠠᠬᠤᠢ ᠶᠢᠨ ᠣᠷᠴᠢᠨ ᠠᠬᠤᠢ ᠶᠢ ᠦᠷᠭᠦᠯᠵᠢᠯᠡᠨ ᠰᠠᠶᠢᠵᠢᠷᠠᠭᠤᠯᠵᠣ  ᠂

ᠨᠢᠭᠤᠭᠳᠠᠮᠠᠯ ᠬᠦᠴᠦᠨ ᠢ ᠬᠦᠭᠵᠢᠭᠦᠯᠵᠦ ᠪᠦᠬᠦ ᠲᠠᠯ᠎ᠠ ᠪᠠᠷ ᠴᠢᠩᠭᠠᠷᠠᠭᠠᠳ ᠪᠣᠬᠢᠷᠲᠣᠯ ᠦᠭᠡᠢ ᠡᠬᠢ ᠪᠠᠶᠠᠯᠢᠭ ᠢ

ᠪᠦᠲᠣᠮᠵᠢᠲᠠᠢ ᠬᠠᠮᠠᠭᠠᠯᠠᠵᠠᠢ᠃   ᠴᠣᠣᠯ ᠲᠣᠰᠢᠨ ᠭᠤᠣᠯ ᠤᠨ ᠣᠯᠣᠰ ᠤᠨ ᠨᠠᠮᠤᠭ ᠭᠠᠵᠠᠷ ᠤᠨ ᠴᠡᠴᠡᠷᠯᠢᠭ ᠨᠢ

ᠴᠣᠬᠤᠯᠪᠣᠷᠢᠯᠠᠨ ᠵᠦᠪᠰᠢᠶᠡᠷᠡᠭᠳᠡᠵᠣ  ᠂ ᠪᠣᠭᠳᠡ ᠠᠭᠤᠯᠠ ᠣᠯᠣᠰ ᠤᠨ ᠣᠢ ᠰᠢᠭᠤᠢ ᠶᠢᠨ ᠴᠡᠴᠡᠷᠯᠢᠭ ᠤᠨ

ᠡᠷᠡᠮᠡᠯᠵᠡᠨ ᠮᠡᠳᠡᠬᠦᠯᠬᠦ ᠠᠵᠢᠯ ᠠᠯᠬᠤᠮ ᠳᠠᠷᠠᠭ᠎ᠠ ᠲᠠᠢ ᠣᠷᠣᠭᠰᠢ ᠠᠬᠢᠵᠠᠢ᠃ ᠣᠢ ᠰᠢᠭᠤᠢ ᠲᠠᠯ᠎ᠠ ᠨᠣᠳᠤᠭ ᠮᠠᠯ

ᠪᠡᠯᠴᠢᠭᠡᠬᠦ ᠶᠢ ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠣ᠂ ᠣᠢ ᠰᠢᠭᠤᠢ ᠡᠪᠡᠰᠦ ᠪᠡᠯᠴᠢᠭᠡᠷ ᠤᠨ ᠡᠬᠢ

ᠪᠠᠶᠠᠯᠢᠭ   ᠢ ᠰᠡᠷᠬᠦᠭᠡᠵᠡᠢ᠃ 12.6 ᠲᠦᠮᠡᠨ ᠮᠣ᠋ ᠬᠤᠪᠠᠭ᠋ᠠᠢ ᠭᠠᠵᠠᠷ ᠢ ᠣᠶᠢᠵᠢᠭᠤᠯᠵᠣ᠂ ᠲᠠᠯ᠎ᠠ ᠨᠣᠲᠤᠭ ᠢ

ᠬᠠᠮᠠᠭᠠᠯᠠᠬᠤ ᠨᠦᠬᠦᠪᠦᠷᠢ ᠱᠠᠩᠨᠠᠯ ᠤᠨ ᠲᠠᠯᠠᠪᠠᠢ 400 ᠲᠦᠮᠡᠨ ᠮᠣ᠋ ᠶᠢ ᠪᠣᠲᠠᠲᠠᠶᠢᠵᠢᠭᠤᠯᠵᠣ᠂ ᠣᠰᠣ ᠶᠢ

ᠬᠠᠮᠠᠭᠠᠯᠠᠵᠣ ᠵᠠᠰᠠᠬᠤ 16 ᠲᠦᠮᠡᠨ ᠮᠣ᠋ ᠲᠠᠯᠠᠪᠠᠢ ᠶᠢ ᠰᠢᠨ᠎ᠡ ᠪᠠᠷ ᠨᠡᠮᠡᠭᠳᠡᠭᠦᠯᠵᠦ᠂ ᠠᠮᠢ ᠠᠬᠤᠢ ᠶᠢᠨ ᠬᠠᠮᠠᠭᠠᠯᠠᠯᠲᠠ

 ᠶᠢᠨ ᠲᠠᠯᠠᠪᠠᠢ 20 ᠲᠦᠮᠡᠨ ᠮᠣ᠋ ᠶᠢ ᠪᠣᠲᠠᠲᠠᠶᠢᠵᠢᠭᠤᠯᠵᠠᠢ᠃ ᠡᠰᠢ ᠰᠦᠷᠡᠯ ᠢ ᠬᠤᠪᠢᠷᠠᠭᠤᠯᠵᠣ   ᠪᠣᠯᠪᠠᠰᠣᠷᠠᠭᠤᠯᠬᠤ

37   ᠦᠢᠯᠡᠳᠪᠦᠷᠢ ᠠᠰᠢᠭᠯᠠᠯᠲᠠ ᠳᠤ ᠣᠷᠣᠬᠤ ᠶᠢ ᠳᠠᠮᠵᠢᠵᠣ᠂ 170 ᠲᠦᠮᠡᠨ ᠲᠣᠨ ᠡᠰᠢ ᠰᠦᠷᠡᠯ ᠢ

ᠬᠤᠪᠢᠷᠠᠭᠤᠯᠵᠣ᠂ ᠡᠰᠢ ᠰᠦᠷᠡᠯ   ᠢ ᠶᠡᠷᠣᠩᠬᠡᠶᠢᠯᠡᠨ ᠠᠰᠢᠭᠯᠠᠬᠤ ᠨᠣᠷᠮ᠎ᠠ 56%   ᠳᠤ ᠬᠦᠷᠴᠡᠢ᠃ ᠣᠷᠴᠢᠨ

ᠲᠣᠭᠤᠷᠢᠨ ᠢ ᠬᠠᠮᠠᠭᠠᠯᠠᠬᠤ ᠬᠦᠴᠦᠯᠡᠴᠡ ᠲᠠᠰᠣᠷᠠᠯᠲᠠ ᠦᠭᠡᠢ ᠴᠢᠩᠭᠠᠷᠠᠵᠠᠢ᠃ ᠭᠤᠣᠯᠳᠠᠯᠭᠠᠲᠣ ᠰᠠᠯᠠᠭ᠎ᠠ ᠮᠦᠴᠢᠷ᠂

ᠭᠤᠣᠯᠳᠠᠯᠭᠠᠲᠣ ᠬᠦᠷᠢᠶᠡᠨ ᠳᠤ ᠲᠣᠰᠬᠠᠢ ᠵᠣᠶᠢᠯ ᠤᠨ ᠬᠠᠣᠯᠢ ᠬᠡᠷᠡᠭᠵᠢᠭᠦᠯᠬᠦ ᠪᠠᠶᠢᠴᠠᠭᠠᠯᠲᠠ ᠶᠢ ᠭᠦᠨᠵᠡᠭᠡᠢ

ᠦᠷᠨᠢᠭᠦᠯᠵᠦ᠂ 231 ᠵᠥᠢᠯ ᠤᠨ ᠣᠷᠴᠢᠨ ᠲᠣᠭᠤᠷᠢᠨ ᠤ ᠦᠨᠡᠯᠡᠯᠲᠡ ᠶᠢ ᠬᠢᠨᠠᠨ ᠵᠦᠪᠰᠢᠶᠡᠷᠡᠵᠦ᠂ 24 ᠵᠥᠢᠯ ᠢ

ᠰᠢᠯᠭᠠᠷᠠᠭᠤᠯᠵᠠᠢ᠃ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 1355

ᠲᠣᠨ ᠠᠽᠣᠲ ᠢᠰᠦᠯ᠂ ᠬᠢᠮᠢ ᠳᠤ ᠬᠡᠷᠡᠭᠰᠡᠬᠦ ᠬᠦᠴᠢᠯᠳᠦᠷᠦᠭᠴᠢ   ᠶᠢᠨ ᠬᠡᠮᠵᠢᠶ᠎ᠡ 1421 ᠲᠣᠨ᠂ 35.5

ᠲᠤᠨ ᠰᠢᠪᠲᠣᠷᠵᠢᠭᠰᠡᠨ ᠠᠽᠣᠲ   ᠢ ᠪᠠᠭᠠᠰᠬᠠᠵᠠᠢ᠃ 10 ᠲᠣᠨ ᠠᠴᠠ ᠳᠣᠭᠤᠭᠰᠢᠬᠢ ᠰᠢᠲᠠᠭᠠᠯᠭ᠎ᠠ ᠶᠢᠨ ᠪᠠᠭ᠎ᠠ

ᠳᠣᠯᠠᠭᠠᠯᠠᠬᠤ ᠵᠣᠤᠬ᠎ᠠ 4 ᠡᠷᠦᠭᠡ ᠶᠢ ᠦᠭᠡᠷᠡᠴᠢᠯᠡᠬᠦ ᠪᠠ ᠲᠠᠶᠠᠭᠳᠠᠵᠠᠢ᠃ ᠬᠢᠨᠠᠨ ᠡᠵᠡᠮᠳᠡᠬᠦ ᠴᠢᠳᠠᠪᠣᠷᠢ ᠳᠡᠭᠡᠭᠰᠢᠯᠡᠵᠡᠢ

᠃ ᠬᠤᠰᠢᠭᠤ᠂ ᠰᠢᠶᠠᠩ᠂ ᠲᠣᠰᠬᠤᠨ   ᠭᠤᠷᠪᠡᠨ ᠳᠡᠰ ᠤᠨ   ᠣᠷᠴᠢᠨ ᠲᠣᠭᠤᠷᠢᠨ ᠤ ᠬᠢᠨᠠᠨ ᠬᠠᠮᠢᠶᠠᠷᠣᠯᠲᠠ ᠶᠢᠨ

ᠲᠣᠣᠷ ᠰᠦᠯᠵᠢᠶ᠎ᠡ ᠶᠢ ᠪᠠᠶᠢᠭᠤᠯᠵᠣ᠂ 8 ᠰᠣᠮᠣ ᠪᠠᠯᠭᠠᠰᠣ ᠶᠢ ᠪᠦᠬᠦ ᠠᠶᠢᠮᠠᠭ ᠤᠨ ᠠᠮᠢ ᠠᠬᠤᠢ   ᠶᠢᠨ ᠣᠯᠠᠭᠠᠨ

ᠱᠣᠭᠤᠮ ᠤᠨ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠳᠤ ᠣᠷᠣᠭᠤᠯᠵᠣ᠂ ᠬᠤᠰᠢᠭᠤᠨ ᠤ ᠣᠷᠴᠢᠨ ᠲᠣᠭᠤᠷᠢᠨ ᠤ

ᠬᠢᠨᠠᠨ ᠡᠵᠡᠮᠳᠡᠬᠦ ᠦᠷᠲᠡᠭᠡ ᠣᠷᠣᠨ ᠤ ᠳᠡᠰ ᠤᠨ ᠬᠢᠷᠢ ᠬᠡᠮ ᠤᠨ ᠵᠦᠪᠰᠢᠶᠡᠷᠡᠯ ᠢ ᠣᠯᠵᠠᠢ᠃ ᠲᠡᠮᠡᠭᠡᠵᠢ ᠶᠢᠨ

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠲᠣᠭᠤᠳᠠᠭ ᠤᠨ ᠰᠣᠳᠣᠯᠣᠨ ᠰᠢᠨᠵᠢᠯᠡᠬᠦ ᠲᠦᠪ ᠪᠣᠯᠣᠭᠰᠠᠨ ᠪᠠ

ᠪᠦᠬᠦ ᠣᠷᠣᠨ ᠤ ᠴᠣᠷᠢ ᠶᠢᠨ ᠭᠠᠭᠴᠠ ᠬᠢᠵᠢᠭ ᠤᠨ ᠡᠬᠢ ᠪᠣᠶᠣ ᠬᠢᠵᠢᠭ ᠤᠨ ᠪᠠᠷᠢᠮᠵᠢᠶᠠᠲᠣ ᠦᠷᠲᠡᠭᠡ ᠶᠢ

ᠪᠠᠶᠢᠭᠤᠯᠵᠠᠢ᠃

          ︵ᠲᠠᠪᠤ︶ ᠠᠷᠠᠳ ᠤᠨ ᠦᠨᠳᠦᠰᠦᠨ ᠠᠰᠢᠭ᠂ ᠠᠷᠠᠳ ᠤᠨ ᠠᠮᠢᠳᠣᠷᠠᠯ ᠢ ᠪᠦᠬᠦ ᠲᠠᠯ᠎ᠠ ᠪᠠᠷ

ᠰᠠᠶᠢᠵᠢᠷᠠᠭᠤᠯᠵᠤ᠂ ᠬᠦᠭᠵᠢᠯᠲᠡ ᠶᠢᠨ ᠦᠷ᠎ᠡ ᠪᠦᠳᠦᠭᠡᠯ ᠨᠢ ᠠᠷᠠᠳ ᠲᠤ ᠨᠡᠩ ᠠᠰᠢᠭᠲᠠᠢ   ᠪᠣᠯᠵᠠᠢ᠃ ᠶᠠᠳᠠᠭᠤ

 ᠠᠴᠠ ᠠᠩᠭᠢᠵᠢᠷᠠᠬᠤ ᠠᠯᠬᠤᠴᠠ ᠶᠢ ᠲᠦᠷᠭᠡᠳᠭᠡᠵᠡᠢ  ᠃ 5.75 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ

᠂ 《 ᠲᠠᠪᠣᠵᠢᠭᠤᠯᠣᠯᠳᠠ ᠶᠢ ᠬᠠᠮᠳᠣᠷᠠᠭᠤᠯᠬᠤ 》᠂ 《   ᠵᠢᠷᠭᠤᠭᠠᠨ ᠨᠡᠩ ᠣᠨᠣᠪᠴᠢᠲᠠᠢ 》 ᠶᠠᠳᠠᠭᠤ ᠶᠢ ᠲᠡᠳᠭᠦᠬᠦ

ᠠᠵᠢᠯ ᠢ ᠭᠦᠨᠵᠡᠭᠡᠢ ᠲᠣᠤᠱᠯᠠᠭᠤᠯᠵᠠᠢ᠃ ᠡᠭᠦᠨ ᠳᠤ ᠶᠠᠳᠠᠭᠤ ᠶᠢ ᠲᠡᠳᠭᠦᠬᠦ ᠳᠤ ᠲᠣᠰᠬᠠᠢ ᠵᠠᠷᠣᠴᠠᠭᠤᠯᠣᠭᠰᠠᠨ ᠪᠡᠯᠡ

ᠮᠦᠩᠭᠦ 0.78   ᠳ᠋ᠦᠩᠰᠢᠭᠤᠷ ᠲᠦᠭᠦᠷᠢᠭ᠂ ᠨᠢᠭᠡᠲᠦᠮᠡᠯ ᠪᠡᠯᠡ ᠮᠦᠩᠭᠦ ᠶᠢᠨ ᠬᠡᠷᠡᠭᠯᠡᠯᠲᠡ 2.67 ᠳ᠋ᠦᠩᠰᠢᠭᠤᠷ

ᠲᠦᠭᠦᠷᠢᠭ  ᠂ ᠮᠦᠩᠭᠦᠨ ᠭᠦᠢᠯᠭᠡᠭᠡᠨ ᠤ ᠶᠠᠳᠠᠭᠤ ᠶᠢ ᠲᠡᠳᠭᠦᠬᠦ ᠵᠢᠭᠡᠯᠡᠯᠭᠡ 2.3 ᠳ᠋ᠦᠩᠰᠢᠭᠤᠷ ᠲᠦᠭᠦᠷᠢᠭ ᠲᠤ

ᠬᠦᠷᠴᠡᠢ᠃ 《 ᠲᠣᠪᠶᠤᠭ ᠤᠨ ᠭᠡᠯᠪᠡᠷᠢᠳᠦ 》 ᠶᠠᠳᠠᠭᠤ ᠶᠢ ᠲᠡᠳᠭᠦᠬᠦ ᠠᠵᠤ ᠦᠢᠯᠡᠰ ᠢ ᠪᠦᠬᠦ ᠲᠠᠯ᠎ᠠ ᠪᠠᠷ ᠲᠦᠯᠬᠢᠨ

ᠠᠬᠢᠭᠤᠯᠵᠠᠢ᠃ 579 ᠡᠷᠦᠬᠡ ᠶᠢ ᠲᠣᠬᠢᠲᠠᠢ ᠣᠷᠣᠨ ᠰᠠᠭᠤᠴᠠ ᠳᠤ ᠨᠡᠭᠦᠯᠭᠡᠨ᠂ ᠨᠡᠶᠢᠲᠡ 1500 ᠬᠦᠮᠦᠨ ᠠᠮᠠ

 ᠶᠢ ᠲᠣᠬᠢᠷᠠᠭᠤᠯᠵᠠᠢ᠃ ᠡᠯ᠎ᠡ ᠵᠦᠢᠯ ᠤᠨ ᠰᠤᠷᠣᠯᠭ᠎ᠠ ᠶᠢᠨ ᠲᠡᠳᠭᠦᠮᠵᠢ ᠶᠢᠨ ᠮᠦᠩᠭᠦ 204 ᠲᠦᠮᠡᠨ ᠲᠦᠭᠦᠷᠢᠭ ᠲᠤ

ᠬᠦᠷᠴᠦ᠂ 290 ᠨᠡᠷᠡᠰ ᠶᠠᠳᠠᠭᠤ ᠬᠦᠴᠢᠷᠳᠡᠯᠲᠡᠢ ᠰᠤᠷᠣᠭᠴᠢ ᠶᠢ ᠲᠡᠳᠭᠦᠵᠡᠢ᠃ ᠠᠮᠢ ᠠᠬᠤᠢ ᠶᠢᠨ ᠨᠦᠬᠦᠪᠦᠷᠢ

ᠮᠦᠩᠭᠦ ᠪᠠᠷ ᠶᠠᠳᠠᠭᠤ ᠠᠴᠠ ᠠᠩᠵᠢᠷᠠᠭᠤᠯᠬᠤ ᠪᠦᠲᠦᠮᠵᠢᠲᠡᠢ ᠠᠷᠭ᠎ᠠ ᠶᠢ ᠬᠡᠷᠡᠭᠵᠢᠭᠦᠯᠵᠦ᠂ 405 ᠨᠡᠷᠡᠰ ᠶᠠᠳᠠᠭᠤ

ᠬᠦᠴᠢᠷᠳᠡᠯᠲᠡᠢ ᠬᠦᠮᠦᠰ ᠲᠤ ᠣᠢ ᠰᠢᠭᠤᠢ ᠶᠢ ᠬᠠᠮᠠᠭᠠᠯᠠᠬᠤ ᠠᠵᠢᠯ ᠤᠨ ᠣᠷᠣᠨ ᠪᠠᠶᠢᠷᠢ ᠣᠯᠭᠤᠵᠠᠢ᠃ ᠡᠷᠡᠭᠦᠯ  

ᠮᠡᠨᠳᠦ ᠶᠢᠨ ᠳᠠᠭᠠᠳᠬᠠᠯ ᠢ ᠪᠦᠲᠦᠭᠡᠯᠴᠢ ᠪᠠᠷ ᠬᠡᠷᠡᠭᠵᠢᠭᠦᠯᠵᠦ᠂ 300 ᠲᠦᠮᠡᠨ ᠲᠦᠭᠦᠷᠢᠭ ᠤᠨ ᠲᠣᠰᠬᠠᠢ ᠵᠠᠷᠣᠳᠠᠯ

 ᠤᠨ ᠪᠡᠯᠡ ᠮᠦᠩᠭᠦ ᠵᠠᠷᠣᠴᠠᠭᠤᠯᠵᠣ᠂ ᠪᠦᠬᠦ ᠶᠠᠳᠠᠭᠤ ᠬᠦᠴᠢᠷᠳᠡᠯᠲᠡᠢ ᠬᠦᠮᠦᠨ   ᠠᠮᠠ ᠶᠢ ᠬᠤᠳᠠᠯᠳᠤᠭᠠᠨ ᠤ ᠦᠢᠯᠡᠰ

 ᠤᠨ ᠡᠷᠡᠭᠦᠯ ᠮᠡᠨᠳᠦ ᠶᠢᠨ ᠳᠠᠭᠠᠳᠬᠠᠯ ᠳᠤ ᠣᠷᠣᠭᠤᠯᠵᠠᠢ᠃ ᠣᠯᠠᠨ ᠠᠷᠭ᠎ᠠ ᠶᠢ ᠵᠡᠷᠭᠡ ᠳᠤ ᠨᠢ ᠬᠡᠷᠡᠭᠯᠡᠬᠦ ᠬᠡᠯᠪᠡᠷᠢ

 ᠪᠠᠷ 9800 ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠣ᠂ 5095 ᠬᠦᠮᠦᠨ ᠠᠮᠠ ᠶᠢ ᠦᠨᠳᠦᠰᠦᠨ ᠳᠤ

 ᠪᠠᠨ ᠶᠠᠳᠠᠭᠤ ᠠᠴᠠ ᠠᠩᠭᠢᠵᠢᠷᠠᠭᠤᠯᠵᠠᠢ᠃ 55 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠬᠦᠯᠢ ᠴᠣᠭᠴᠠ

 ᠪᠠᠷ ᠶᠢᠨ ᠶᠠᠳᠠᠭᠤ ᠠᠴᠠ ᠠᠩᠵᠢᠷᠠᠵᠠᠢ᠃ ᠠᠵᠢᠯ ᠣᠯᠭᠤᠬᠤ᠂ ᠦᠢᠯᠡᠰ ᠪᠦᠲᠦᠭᠡᠬᠦ ᠠᠵᠢᠯ ᠣᠷᠣᠭᠰᠢᠲᠠᠢ

ᠶᠠᠪᠣᠭᠳᠠᠵᠠᠢ᠃ ᠬᠤᠲᠠ ᠪᠠᠯᠭᠠᠰᠣᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠳ 2296 ᠨᠡᠷᠡᠰ ᠲᠤ ᠬᠦᠷᠴᠦ

᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠲᠤᠭ᠎ᠠ ᠨᠣᠷᠮ᠎ᠠ   ᠶᠢ 3.9% ᠶᠢᠨ ᠳᠤᠲᠣᠷ᠎ᠠ ᠬᠢᠵᠠᠭᠠᠷᠯᠠᠵᠠᠢ᠃

ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠮᠡᠷᠭᠡᠵᠢᠯ ᠤᠨ ᠪᠣᠯᠪᠠᠰᠤᠷᠠᠯᠲᠠ ᠳᠤ 3042 ᠨᠡᠷᠡᠰ ᠬᠦᠮᠦᠨ ᠢ

ᠳᠠᠪᠲᠠᠨ ᠪᠣᠯᠪᠠᠰᠤᠷᠠᠭᠤᠯᠵᠣ᠂ ᠦᠢᠯᠡᠰ ᠪᠦᠲᠦᠭᠡᠬᠦ ᠪᠠᠷ ᠠᠵᠢᠯ ᠣᠯᠬᠤ ᠶᠢ ᠲᠠᠶᠢᠴᠢᠯᠠᠬᠤ ᠠᠵᠢᠯ ᠤᠨ ᠪᠠᠶᠢᠷᠢ

1710 ᠬᠦᠷᠴᠡᠢ᠃ ᠪᠠᠭ᠎ᠠ ᠲᠤᠭᠠᠨ ᠤ ᠪᠠᠲᠤᠯᠠᠪᠤᠷᠢ ᠣᠷᠣᠬᠤ ᠵᠢᠭᠡᠯᠡᠯᠭᠡ ᠶᠢᠨ ᠮᠦᠩᠭᠦ 2220 ᠲᠦᠮᠡᠨ

ᠲᠦᠭᠦᠷᠢᠭ ᠪᠠᠭᠤᠯᠭᠠᠵᠣ᠂ 92 ᠨᠡᠷᠡᠰ ᠶᠡᠭᠡ ᠰᠤᠷᠭᠠᠭᠤᠯᠢ ᠲᠡᠭᠦᠰᠦᠭᠰᠡᠨ ᠣᠶᠣᠲᠠᠨ ᠢ   ᠳᠡᠮᠵᠢᠵᠥ ᠠᠳᠠᠯ ᠦᠢᠯᠡᠰ

ᠪᠣᠰᠬᠠᠯᠭᠠᠵᠠᠢ᠃ ᠨᠡᠶᠢᠲᠡ 1009 ᠨᠡᠷᠡᠰ ᠬᠦᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ

ᠣᠷᠣᠨ ᠪᠠᠶᠢᠷᠢ ᠣᠯᠭᠤᠵᠠᠢ  ᠃ 7.3 ᠲᠦᠮᠡᠨ ᠬᠦᠮᠦᠨ ᠣᠳᠠᠭᠠᠨ ᠤ ᠬᠦᠳᠡᠯᠮᠦᠷᠢ ᠬᠦᠴᠦᠨ ᠢ   ᠭᠠᠳᠠᠭᠰᠢ

ᠭᠠᠷᠭᠠᠵᠣ ᠬᠦᠮᠦᠨ ᠪᠦᠷᠢ ᠶᠢᠨ ᠣᠷᠣᠯᠭ᠎ᠠ ᠲᠡᠭᠰᠢᠳᠭᠡᠭᠡᠳ 1250 ᠲᠦᠭᠦᠷᠢᠭ ᠨᠡᠮᠡᠭᠳᠡᠵᠡᠢ᠃   ᠪᠠᠳᠣᠯᠠᠭ᠎ᠠ ᠶᠢᠨ

ᠬᠢᠷᠢ ᠲᠦᠪᠰᠢᠨ ᠪᠦᠳᠦᠮᠵᠢᠳᠡᠢ ᠲᠡᠭᠡᠭᠰᠢᠯᠡᠵᠡᠢ᠃ ᠠᠵᠢᠯ ᠠᠴᠠ ᠰᠠᠯᠵᠤ᠂ ᠠᠵᠢᠯ ᠠᠴᠠ ᠠᠮᠠᠷᠠᠭᠰᠠᠳ ᠤᠨ

ᠠᠰᠠᠷᠠᠮᠵᠢ ᠶᠢᠨ ᠮᠦᠩᠭᠦ 1.77 ᠳ᠋ᠦᠩᠰᠢᠭᠤᠷ ᠲᠦᠭᠦᠷᠢᠭ   ᠲᠤ ᠬᠦᠷᠴᠦ  ᠂ ᠬᠤᠲᠠ ᠪᠠᠯᠭᠠᠰᠤᠨ ᠤ ᠦᠨᠳᠦᠰᠦᠨ

ᠪᠠᠳᠣᠯᠠᠭ᠎ᠠ ᠶᠢᠨ ᠨᠦᠬᠦᠪᠦᠷᠢ ᠮᠦᠩᠭᠦ ᠵᠡᠷᠭᠡ ᠶᠢ 1.31 ᠳ᠋ᠦᠩᠰᠢᠭᠤᠷ ᠲᠦᠭᠦᠷᠢᠭ   ᠪᠠᠭᠤᠯᠭᠠᠵᠣ᠂ ᠡᠮ ᠡᠮᠨᠡᠯᠭᠡ

 ᠶᠢᠨ ᠲᠡᠳᠭᠦᠮᠵᠢ ᠶᠢᠨ   ᠪᠡᠯᠡ ᠮᠦᠩᠭᠦ 2113 ᠲᠦᠮᠡᠨ ᠲᠦᠭᠦᠷᠢᠭ ᠵᠠᠷᠣᠴᠠᠭᠤᠯᠵᠣ᠂ ᠨᠡᠶᠢᠲᠡ 1.16 ᠲᠦᠮᠡᠨ

ᠬᠦᠮᠦᠨ ᠣᠳᠠᠭ᠎ᠠ ᠲᠡᠳᠭᠦᠨ ᠲᠤᠰᠠᠯᠠᠵᠠᠢ᠃ 579.4 ᠲᠦᠮᠡᠨ ᠲᠦᠭᠦᠷᠢᠭ ᠬᠡᠷᠡᠭᠯᠡᠵᠦ᠂ ᠬᠦᠳᠡᠭᠡ ᠲᠣᠰᠬᠤᠨ ᠤ

ᠲᠣᠣᠷ᠎ᠠ ᠪᠠᠲᠣᠯᠠᠭᠠᠲᠣ᠂ ᠲᠠᠪᠣᠨ ᠪᠠᠲᠣᠯᠠᠭᠠᠲᠣ ᠡᠷᠦᠬᠡ᠂ ᠦᠨᠦᠴᠢᠨ ᠬᠡᠥᠬᠡᠳ ᠵᠡᠷᠭᠡ 4.55 ᠲᠦᠮᠡᠨ ᠬᠦᠮᠦᠨ ᠢ

ᠲᠡᠳᠭᠦᠵᠦ᠂ ᠰᠢᠨ᠎ᠡ ᠮᠠᠶ᠋ᠢᠭ ᠤᠨ ᠬᠦᠳᠡᠭᠡ ᠲᠣᠰᠬᠤᠨ ᠤ ᠬᠤᠷᠰᠢᠭᠰᠠᠨ ᠡᠮ ᠡᠮᠨᠡᠯᠭᠡ ᠳᠤ ᠣᠷᠣᠭᠤᠯᠵᠠᠢ᠃

ᠨᠠᠰᠤᠲᠠᠳ ᠤᠨ ᠣᠨᠴᠠ ᠬᠠᠷᠠᠭᠠᠯᠵᠠᠯᠠᠯ ᠤᠨ ᠲᠦᠷᠦ ᠶᠢᠨ ᠪᠣᠳᠤᠯᠭ᠎ᠠ ᠶᠢ ᠭᠦᠨᠵᠡᠭᠡᠢ ᠨᠠᠶᠢᠳᠠᠪᠣᠷᠢᠵᠢᠭᠤᠯᠵᠣ᠂

ᠬᠤᠰᠢᠭᠤᠨ ᠳᠡᠰ ᠤᠨ ᠨᠠᠰᠤᠲᠠᠨ ᠤ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠣᠯᠲᠠ ᠶᠢᠨ ᠦᠢᠯᠡᠰ ᠢ

ᠡᠬᠢᠯᠡᠭᠦᠯᠵᠡᠢ᠃ ᠢᠨᠳᠡᠷ ᠪᠠᠯᠭᠠᠰᠤᠨ ᠳᠤ 4 ᠬᠤᠷᠢᠶᠠᠯᠠᠯ ᠦᠳᠡᠯᠦᠭᠡ ᠨᠠᠰᠣᠳᠠᠳ ᠤᠨ ᠡᠳᠦᠷ ᠲᠣᠳᠣᠮ ᠤᠨ ᠠᠰᠠᠷᠠᠨ

ᠬᠠᠷᠠᠭᠠᠯᠵᠠᠬᠤ ᠲᠦᠪ ᠢ ᠪᠠᠶᠢᠭᠤᠯᠵᠠᠢ᠃

        ︵ᠵᠢᠷᠭᠤᠭ᠎ᠠ︶   ᠵᠣᠬᠢᠴᠠᠩᠭᠤᠢ ᠬᠦᠭᠵᠢᠯᠳᠡ ᠨᠢᠭᠡᠳᠦᠯᠳᠡᠢ ᠲᠦᠯᠦᠪᠵᠢᠬᠦᠯᠬᠦ ᠶᠢ ᠪᠠᠷᠢᠮᠳᠠᠯᠠᠵᠣ᠂ ᠨᠡᠶᠢᠭᠡᠮ

 ᠤᠨ ᠦᠢᠯᠡᠰ ᠪᠦᠬᠦ ᠲᠠᠯ᠎ᠠ ᠪᠠᠷ ᠲᠠᠪᠰᠢᠵᠠᠢ᠃ ᠰᠣᠷᠭᠠᠨ ᠬᠦᠮᠦᠵᠢᠯ ᠤᠨ ᠦᠢᠯᠡᠰ ᠢ ᠣᠷᠢᠳᠠᠪᠠᠷ ᠬᠦᠭᠵᠢᠬᠦᠯᠵᠡᠢ᠃

2 ᠰᠠᠭᠤᠷᠢ ᠠᠶᠢᠮᠠᠭ ᠤᠨ ᠲᠡᠰ ᠤᠨ᠂ 4 ᠰᠠᠭᠤᠷᠢ ᠬᠤᠰᠢᠭᠤᠨ ᠲᠡᠰ ᠤᠨ ᠲᠦᠷᠢᠮ ᠦᠵᠡᠬᠦᠯᠬᠦ ᠭᠡᠦᠭᠡᠳ ᠤᠨ

ᠴᠡᠴᠡᠷᠯᠢᠭ ᠢ ᠡᠬᠦᠳᠦᠨ ᠪᠠᠶᠢᠭᠤᠯᠵᠣ᠂ ᠮᠣᠩᠭᠤᠯ ᠦᠨᠳᠦᠰᠦᠳᠡᠨ ᠤ ᠭᠡᠦᠭᠡᠳ ᠤᠨ ᠴᠡᠴᠡᠷᠯᠢᠭ᠂ ᠬᠤᠰᠢᠭᠤᠨ ᠤ

ᠭᠡᠦᠭᠡᠳ ᠤᠨ ᠴᠡᠴᠡᠷᠯᠢᠭ ᠪᠣᠯᠣᠨ ᠭᠤᠷᠪᠠᠳᠣᠭᠠᠷ ᠭᠡᠦᠭᠡᠳ ᠤᠨ ᠴᠡᠴᠡᠷᠯᠢᠭ ᠤᠨ ᠪᠦᠳᠦᠭᠡᠨ ᠪᠠᠶᠢᠭᠤᠯᠣᠯᠳᠠ ᠶᠢ

ᠪᠡᠶᠡᠯᠡᠬᠦᠯᠵᠡᠢ᠃   ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠤᠷᠠᠢ ᠰᠣᠷᠭᠠᠭᠤᠯᠢ ᠳᠤ ᠦᠭᠡᠷᠡᠴᠢᠯᠡᠨ

ᠪᠦᠳᠦᠭᠡᠬᠦ ᠲᠦᠷᠦᠯ ᠵᠦᠢᠯ ᠢ 6 ᠲᠣᠬᠢᠷᠠᠭᠤᠯᠵᠣ᠂ ᠢᠨᠳᠡᠷ ᠨᠢᠭᠡᠳᠦᠭᠡᠷ ᠲᠣᠮᠳᠠᠳᠣ ᠰᠣᠷᠭᠠᠭᠤᠯᠢ᠂ ᠢᠨᠳᠡᠷ

ᠬᠤᠶᠠᠳᠣᠭᠠᠷ ᠲᠣᠮᠳᠠᠳᠣ ᠰᠣᠷᠭᠠᠭᠤᠯᠢ ᠶᠢᠨ ᠲᠣᠷᠰᠢᠯᠳᠠ ᠶᠢᠨ ᠠᠰᠠᠷ ᠤᠨ ᠪᠠᠷᠢᠯᠭ᠎ᠠ ᠶᠢᠨ ᠠᠵᠢᠯ ᠲᠠᠭᠤᠰᠴᠦ

ᠠᠰᠢᠭᠯᠠᠯᠳᠠ ᠳᠤ ᠣᠷᠣᠵᠠᠢ᠃ ᠣᠳᠣᠬᠢᠴᠢᠯᠠᠭᠰᠠᠨ ᠠᠵᠢᠯ   ᠮᠡᠷᠭᠡᠵᠢᠯ ᠤᠨ ᠰᠣᠷᠭᠠᠨ ᠬᠦᠮᠦᠵᠢᠯ ᠤᠨ ᠰᠢᠰᠲ᠋ᠧᠮ ᠢ

ᠬᠦᠴᠦᠯᠡᠨ ᠪᠠᠶᠢᠭᠤᠯᠣᠭᠠᠳ ᠪᠠᠷᠢᠯᠭ᠎ᠠ᠂ ᠨᠢᠬᠳᠠᠯᠠᠨ ᠪᠣᠳᠣᠭᠴᠢ᠂ ᠺᠣᠮᠫᠢᠣᠲ᠋ᠧᠷ ᠵᠡᠷᠭᠡ ᠭᠤᠣᠯᠳᠠᠯᠭᠠᠳᠣ ᠲᠣᠰᠬᠠᠢ

ᠮᠡᠷᠭᠡᠵᠢᠯ ᠢ ᠴᠣᠭᠴᠠᠯᠠᠨ᠂ ᠲᠣᠬᠠᠶᠢᠯᠠᠭᠰᠠᠨ ᠠᠵᠢᠯ ᠮᠡᠷᠭᠡᠵᠢᠯ ᠤᠨ ᠲᠡᠭᠡᠳᠦ ᠰᠣᠷᠭᠠᠭᠤᠯᠢ ᠶᠢᠨ ᠦᠪᠡᠷᠮᠢᠴᠡ

ᠣᠨᠴᠠᠯᠢᠭ ᠪᠦᠬᠦᠢ ᠨᠡᠷ᠎ᠡ ᠲᠡᠮᠳᠡᠭᠳᠦ ᠦᠢᠯᠡᠴᠢᠯᠡᠭᠡ ᠢᠳᠡᠭ ᠢᠳᠡᠭ ᠢᠶᠠᠷ ᠢᠯᠡᠷᠡᠨ ᠭᠠᠷᠴᠠᠢ᠃ ᠪᠠᠭᠰᠢ ᠶᠢᠨ ᠬᠢᠷᠢ

ᠭᠡᠮ ᠤᠨ ᠴᠣᠯᠠ ᠶᠢ ᠵᠦᠪᠰᠢᠶᠡᠷᠡᠬᠦ ᠲᠦᠷᠢᠮ ᠢ ᠴᠢᠩᠭ᠎ᠠ ᠭᠡᠷᠡᠭᠵᠢᠬᠦᠯᠵᠣ 121 ᠨᠡᠷᠡᠰ ᠰᠢᠨ᠎ᠡ ᠪᠠᠭᠰᠢ ᠶᠢ ᠡᠯᠰᠡᠨ

ᠠᠪᠴᠠᠢ᠃ ᠰᠣᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠲᠦᠷᠢᠮ ᠦᠵᠡᠬᠦᠯᠬᠦ ᠰᠢᠰᠲ᠋ᠧᠮ ᠤᠨ

ᠪᠠᠶᠢᠭᠤᠯᠣᠯᠳᠠ ᠶᠢ ᠴᠢᠩᠭᠠᠡᠳᠬᠠᠵᠣ᠂ ᠣᠯᠣᠰ ᠤᠨ ᠲᠡᠰ ᠤᠨ ᠬᠦᠯ ᠪᠦᠮᠪᠦᠭᠡ ᠶᠢᠨ ᠣᠨᠴᠠᠯᠢᠭᠳᠣ ᠰᠣᠷᠭᠠᠭᠤᠯᠢ ᠶᠢ

9  ᠂   ᠲᠦᠷᠢᠮ ᠦᠵᠡᠬᠦᠯᠬᠦ ᠰᠣᠷᠭᠠᠭᠤᠯᠢ 10᠂ ᠣᠷᠣᠨ ᠤ ᠲᠡᠰ ᠤᠨ ᠬᠦᠯ ᠪᠦᠮᠪᠦᠭᠡ ᠶᠢᠨ ᠣᠨᠴᠠᠯᠢᠭᠳᠣ

ᠰᠣᠷᠭᠠᠭᠤᠯᠢ ᠶᠢ 12 ᠴᠣᠭᠴᠠᠯᠠᠨ ᠪᠠᠶᠢᠭᠤᠯᠵᠣ᠂ ︽ᠪᠦᠬᠦ ᠣᠷᠣᠨ ᠤ ᠰᠣᠷᠭᠠᠭᠤᠯᠢ ᠶᠢᠨ ᠬᠦᠷᠢᠶᠡᠨ ᠤ ᠬᠦᠯ

ᠪᠦᠮᠪᠦᠭᠡ ᠶᠢᠨ ᠬᠤᠰᠢᠭᠤᠴᠢ ᠬᠤᠰᠢᠭᠤ︾ ᠴᠣᠯᠠ ᠶᠢ ᠬᠦᠷᠳᠡᠵᠡᠢ᠃ ᠡᠷᠡᠬᠦᠯ ᠬᠠᠮᠠᠭᠠᠯᠠᠯ ᠤᠨ ᠪᠠᠳᠣᠯᠠᠭ᠎ᠠ ᠢᠯᠡᠷᠭᠡᠢ

ᠴᠢᠩᠭᠠᠷᠠᠵᠠᠢ᠃ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠡ᠂

ᠦᠨᠳᠦᠰᠦᠨ ᠱᠠᠳᠣᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠠᠵᠢᠯᠳᠠᠨ ᠢ ᠬᠠᠮᠢᠶᠠᠷᠬᠤ

ᠲᠦᠷᠢᠮ ᠤᠨ ᠦᠭᠡᠷᠡᠴᠢᠯᠡᠯᠳᠡ ᠶᠢ   ᠡᠩ ᠲᠦᠷᠦᠬᠦᠨ ᠳᠤ ᠦᠷᠨᠢᠬᠦᠯᠵᠣ᠂ ᠡᠭᠡ ᠨᠢᠯᠬᠠᠰ ᠤᠨ ᠡᠷᠡᠬᠦᠯᠵᠢᠯ ᠪᠠ

ᠲᠦᠯᠦᠪᠯᠡᠯᠭᠡ ᠲᠠᠢ ᠪᠠᠷ ᠭᠡᠦᠭᠡᠳ ᠠᠪᠬᠤ ᠮᠡᠷᠭᠡᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠬᠦᠯᠦᠨ

ᠨᠢᠭᠡᠳᠭᠡᠵᠣ᠂ ᠣᠯᠠᠨ ᠨᠠᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠬᠦᠷᠢᠰᠢᠯ ᠢ ᠪᠠᠳᠣᠳᠠᠢ

ᠲᠦᠯᠬᠢᠨ ᠠᠬᠢᠭᠤᠯᠵᠠᠢ᠃ ᠮᠣᠩᠭᠤᠯ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠭᠡ᠂ ᠡᠪᠡᠳᠴᠢᠳᠡᠨ ᠤ ᠠᠰᠠᠷ ᠪᠣᠯᠣᠨ

ᠡᠪᠡᠳᠴᠢᠨ ᠡᠮᠭᠡᠭ ᠢ ᠬᠤᠷᠢᠭᠯᠠᠨ ᠰᠡᠷᠭᠡᠶᠢᠯᠡᠬᠦ ᠲᠦᠪ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠡᠮᠬᠢ

ᠲᠠᠷᠠᠭᠠᠯᠠᠯ ᠲᠠᠢ ᠣᠷᠣᠭᠰᠢ ᠠᠬᠢᠵᠣ᠂   ᠪᠠᠷᠢᠮᠵᠢᠶᠠᠳᠣ ᠮᠣᠩᠭᠤᠯ ᠬᠢᠳᠠᠳ ᠡᠮᠨᠡᠯᠭᠡ ᠶᠢᠨ ᠣᠷᠳᠣᠨ ᠢ ᠰᠢᠨ᠎ᠡ ᠪᠠᠷ 6

ᠪᠠᠶᠢᠭᠤᠯᠵᠣ᠂ ᠮᠣᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠣᠷᠢ ᠢᠯᠡᠳᠳᠡ ᠲᠡᠭᠡᠭᠰᠢᠯᠡᠵᠡᠢ᠃

ᠰᠣᠶᠣᠯ ᠤᠨ ᠦᠢᠯᠡᠰ ᠦᠷᠨᠢᠨ ᠬᠦᠭᠵᠢᠵᠡᠢ᠃ ᠨᠠᠢᠮᠠᠳᠣᠭᠠᠷ ᠬᠤᠭᠤᠴᠠᠭᠠᠨ ᠤ ᠴᠣᠣᠯ ᠭᠤᠣᠯ ᠰᠣᠶᠣᠯ ᠣᠷᠠᠯᠢᠭ ᠤᠨ

ᠨᠠᠶᠢᠷ ᠢ ᠠᠮᠵᠢᠯᠳᠠ ᠲᠠᠢ ᠡᠷᠬᠢᠯᠡᠵᠣ᠂ ᠪᠦᠬᠦ ᠬᠤᠰᠢᠭᠤᠨ ᠤ ᠮᠠᠯᠴᠢᠨ ᠲᠠᠷᠢᠶᠠᠴᠢᠳ ᠤᠨ ᠰᠣᠶᠣᠯ ᠣᠷᠠᠯᠢᠭ ᠤᠨ

ᠦᠵᠡᠬᠦᠯᠦᠯᠭᠡ ᠶᠢᠨ ᠲᠣᠭᠯᠠᠯᠳᠠ᠂ ᠬᠤᠷᠴᠢᠨ ᠠᠷᠠᠳ ᠤᠨ ᠲᠠᠭᠤᠨ ᠤ ᠣᠷᠣᠯᠳᠣᠭᠠᠨ ᠵᠡᠷᠭᠡ ᠬᠦᠳᠡᠯᠭᠡᠭᠡᠨ ᠢ

ᠦᠷᠨᠢᠬᠦᠯᠵᠡᠢ᠃ ᠲᠣᠮᠣ ᠬᠡᠯᠪᠡᠷᠢ ᠶᠢᠨ ᠲᠠᠭᠤᠯᠠᠯᠳᠤ ᠵᠦᠴᠦᠭᠡ ︽ᠰᠢᠳᠢᠳᠦ ᠵᠠᠯᠠᠶᠢᠷ︾ ᠢ ᠵᠣᠬᠢᠶᠠᠨ ᠪᠦᠳᠦᠭᠡᠭᠡᠳ

ᠲᠣᠰᠬᠠᠢ ᠲᠣᠭᠯᠠᠯᠳᠠ ᠭᠠᠷᠭᠠᠵᠣ᠂ ᠣᠳᠬ᠎ᠠ ᠣᠷᠠᠯᠢᠭ᠂ ᠨᠣᠮ ᠰᠡᠳᠬᠦᠯ ᠢ ᠬᠦᠳᠡᠭᠡ ᠳᠤ ᠬᠦᠷᠭᠡᠬᠦ ᠲᠣᠭᠯᠠᠯᠳᠠ ᠶᠢᠨ

ᠬᠦᠳᠡᠯᠭᠡᠭᠡᠨ 70 ᠣᠷᠴᠢᠮ ᠲᠠᠯᠠᠪᠣᠷ ᠣᠳᠠᠭ᠎ᠠ ᠦᠷᠨᠢᠬᠦᠯᠵᠡᠢ  ᠃ ᠣᠯᠣᠰ ᠤᠨ ᠲᠡᠰ ᠤᠨ ᠲᠡᠦᠭᠡᠨ ᠲᠣᠷᠠᠰᠬᠠᠯᠳᠣ

ᠵᠦᠢᠯ ᠤᠨ ᠬᠠᠮᠠᠭᠠᠯᠠᠯᠳᠠ ᠶᠢᠨ   ᠨᠢᠭᠡᠴᠡ ᠠᠯᠳᠠᠨ ᠣᠯᠣᠰ ᠤᠨ ᠪᠣᠷᠣ ᠭᠡᠷᠡᠮ ᠤᠨ ᠬᠠᠭᠤᠴᠢᠨ ᠪᠠᠭᠤᠷᠢ ᠪᠠᠷ

ᠲᠣᠭᠤᠷᠢᠨ ᠪᠠᠶᠢᠴᠠᠭᠠᠬᠤ ᠠᠵᠢᠯᠯᠠᠭᠠᠨ ᠢ ᠬᠦᠨᠵᠡᠭᠡᠶᠢᠷᠡᠬᠦᠯᠦᠨ ᠶᠠᠪᠣᠭᠳᠠᠭᠤᠯᠵᠣ᠂ ᠡᠯ᠎ᠡ ᠲᠦᠷᠦᠯ ᠤᠨ ᠲᠡᠦᠭᠡᠨ

ᠲᠣᠷᠠᠰᠬᠠᠯᠳᠣ ᠵᠦᠢᠯ ᠤᠨ ᠬᠠᠮᠠᠭᠠᠯᠠᠯᠳᠠ ᠶᠢᠨ ᠫᠠᠶᠢᠰᠠ ᠲᠡᠮᠳᠡᠭ ᠢ 90 ᠭᠠᠷᠣᠢ ᠪᠠᠶᠢᠭᠤᠯᠣᠨ ᠲᠡᠬᠦᠯᠳᠡᠷᠵᠢᠬᠦᠯᠵᠡᠢ᠃

ᠦᠨᠳᠦᠰᠦᠳᠡᠨ ᠤ ᠪᠦᠯᠬᠦᠮᠳᠡᠯ ᠪᠦᠬᠦ ᠲᠠᠯ᠎ᠠ ᠪᠠᠷ ᠪᠠᠬᠢᠵᠢᠵᠡᠢ᠃ ᠬᠢᠩᠭᠠᠨ ᠠᠶᠢᠮᠠᠭ ᠢ ᠲᠦᠯᠦᠭᠡᠯᠡᠨ ︽ᠪᠦᠬᠦ ᠣᠯᠣᠰ

 ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ   ᠲᠦᠷᠢᠮ ᠦᠵᠡᠬᠦᠯᠬᠦ ᠠᠶᠢᠮᠠᠭ︾ ᠢ ᠴᠣᠭᠴᠠᠯᠠᠨ ᠪᠠᠶᠢᠭᠤᠯᠬᠤ

ᠰᠢᠯᠭᠠᠷᠠᠭᠤᠯᠣᠯᠳᠠ ᠶᠢ ᠬᠦᠯᠢᠶᠡᠨ ᠠᠪᠴᠠᠢ᠃ ᠱᠠᠰᠢᠨ ᠰᠣᠷᠳᠠᠬᠤᠨ ᠤ ᠭᠡᠷᠡᠭ ᠶᠠᠪᠣᠳᠠᠯ ᠤᠨ ᠬᠠᠮᠢᠶᠠᠷᠣᠯᠳᠠ ᠶᠢ

ᠬᠠᠣᠯᠢ ᠶᠣᠰᠣᠭᠠᠷ ᠴᠢᠩᠭᠠᠳᠬᠠᠵᠣ᠂ ᠮᠣᠩᠭᠤᠯ ᠦᠭᠡ ᠭᠡᠯᠡ ᠦᠰᠦᠭ ᠪᠢᠴᠢᠭ ᠢ ᠲᠦᠷᠢᠮᠵᠢᠬᠦᠯᠦᠨ ᠭᠡᠷᠡᠭᠯᠡᠬᠦ ᠠᠵᠢᠯ

 ᠢ ᠪᠦᠬᠦ ᠲᠠᠯ᠎ᠠ ᠪᠠᠷ ᠦᠷᠨᠢᠬᠦᠯᠵᠡᠢ᠃

        ︵ᠲᠣᠯᠤᠭ᠎ᠠ︶ ᠵᠠᠰᠠᠭ ᠪᠠᠷᠢᠬᠤ ᠴᠢᠳᠠᠪᠣᠷᠢ ᠪᠦᠬᠦ ᠲᠠᠯ᠎ᠠ ᠪᠠᠷ ᠴᠢᠩᠭᠠᠷᠠᠵᠣ᠂   ᠨᠡᠶᠢᠭᠡᠮ ᠤᠨ ᠶᠡᠭᠡ

ᠪᠠᠶᠢᠳᠠᠯ ᠵᠣᠬᠢᠴᠠᠩᠭᠤᠢ ᠲᠣᠭᠳᠠᠭᠤᠨ ᠪᠣᠯᠵᠠᠢ᠃ ᠵᠠᠰᠠᠭ ᠵᠠᠬᠢᠷᠭᠠᠨ ᠤ ᠦᠷ᠎ᠡ ᠪᠦᠳᠦᠮᠵᠢ ᠢᠯᠡᠳᠳᠡ ᠲᠡᠭᠡᠭᠰᠢᠯᠡᠵᠡᠢ᠃

︽  ᠲᠠᠯᠪᠢᠬᠤ᠂ ᠬᠠᠮᠢᠶᠠᠷᠬᠤ᠂ ᠦᠢᠯᠡᠴᠢᠯᠡᠬᠦ︾   ᠦᠭᠡᠷᠡᠴᠢᠯᠡᠯᠳᠡ ᠶᠢ ᠬᠦᠨᠵᠡᠭᠡᠶᠢᠷᠡᠬᠦᠯᠵᠣ᠂ 15 ᠵᠦᠢᠯ ᠤᠨ

ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠦᠭᠡᠶᠢᠰᠭᠡᠵᠣ᠂ 297 ᠵᠦᠢᠯ ᠢ ᠦᠯᠡᠳᠡᠭᠡᠵᠣ᠂ 13 ᠵᠦᠢᠯ

 ᠢ ᠰᠢᠶᠠᠩ ᠪᠠᠯᠭᠠᠰᠣᠨ ᠳᠤ ᠨᠠᠶᠢᠳᠠᠨ ᠬᠠᠮᠢᠶᠠᠷᠣᠭᠤᠯᠵᠣ 94 ᠵᠦᠢᠯ ᠢ ᠡᠩ ᠤᠨ ᠬᠠᠮᠢᠶᠠᠷᠣᠯᠳᠠ ᠳᠤ ᠬᠠᠮᠣᠷᠣᠨ

ᠣᠷᠣᠭᠤᠯᠵᠠᠢ᠃   ᠬᠤᠳᠠᠯᠳᠣᠭᠠᠨ ᠤ ᠶᠠᠪᠣᠳᠠᠯ ᠤᠨ ᠳᠦᠷᠢᠮ ᠤᠨ ᠦᠭᠡᠷᠡᠴᠢᠯᠡᠯᠲᠡ ᠶᠢ ᠬᠦᠴᠦᠲᠡᠢ ᠲᠦᠯᠬᠢᠨ

ᠠᠬᠢᠭᠤᠯᠵᠣ᠂ ᠬᠡᠷᠡᠭ ᠤᠨ ᠲᠣᠮᠳᠠ ᠪᠠ ᠭᠡᠷᠡᠭ ᠤᠨ ᠬᠤᠶᠢᠨᠠᠬᠢ ᠬᠢᠨᠠᠨ ᠬᠠᠮᠢᠶᠠᠷᠣᠯᠲᠠ ᠪᠠᠨ ᠴᠢᠩᠭᠠᠳᠬᠠᠵᠤ᠂

《 ᠲᠠᠪᠣᠨ ᠭᠡᠷᠡᠴᠢ ᠶᠢᠨ ᠬᠠᠮᠲᠣᠳᠬᠠᠯ 》᠂ 《 ᠬᠤᠶᠠᠷ ᠭᠡᠷᠡᠴᠢ ᠶᠢᠨ ᠨᠢᠭᠡᠲᠦᠯ 》 ᠵᠡᠷᠭᠡ ᠣᠯᠠᠨ ᠵᠦᠢᠯ ᠤᠨ

ᠦᠭᠡᠷᠡᠴᠢᠯᠡᠯᠲᠡ ᠶᠢᠨ ᠠᠵᠢᠯᠯᠠᠭᠠᠨ ᠢ ᠪᠠᠲᠣᠲᠠᠢ   ᠭᠡᠷᠡᠭᠵᠢᠬᠦᠯᠪᠡ᠃ ᠵᠠᠬᠢᠲᠠᠯ ᠰᠤᠷᠪᠣᠯᠵᠢᠯᠠᠭ᠎ᠠ ᠶᠢᠨ ᠠᠵᠢᠯ ᠤᠨ

ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ᠳᠠᠷᠣᠭᠳᠠᠮᠠᠯ ᠬᠡᠷᠡᠭ ᠢ ᠠᠷᠢᠯᠭᠠᠬᠤ᠂ ᠲᠦᠪᠯᠡᠷᠡᠭᠦᠯᠦᠨ

ᠰᠢᠢᠳᠪᠦᠷᠢᠯᠡᠬᠦ ᠶᠢ ᠴᠢᠩᠭᠠᠳᠬᠠᠵᠠᠢ᠃ 《 ᠭᠤᠷᠪᠠ   ᠶᠢ ᠪᠡᠯᠡᠨ ᠪᠣᠯᠭᠠᠬᠤ᠂ ᠨᠢᠭᠡ ᠶᠢ ᠰᠢᠢᠳᠪᠦᠷᠢᠯᠡᠬᠦ 》 ᠱᠠᠭᠠᠷᠳᠠᠯᠭ᠎ᠠ

 ᠪᠠᠷ ᠵᠠᠬᠢᠲᠠᠯ ᠰᠤᠷᠪᠣᠯᠵᠢᠯᠠᠭ᠎ᠠ ᠶᠢᠨ ᠠᠵᠢᠯ ᠤᠨ ᠬᠦᠯᠢᠶᠡᠨ ᠠᠪᠴᠤ ᠰᠢᠢᠳᠪᠦᠷᠢᠯᠡᠬᠦ ᠶᠠᠪᠣᠴᠠ ᠶᠢ ᠳᠦᠷᠢᠮᠵᠢᠭᠦᠯᠵᠦ᠂

ᠵᠠᠬᠢᠲᠠᠯ ᠰᠤᠷᠪᠣᠯᠵᠢᠯᠠᠭ᠎ᠠ ᠬᠢᠭᠰᠡᠳ ᠢ ᠰᠡᠭᠡᠭᠡᠷᠡᠬᠦᠯᠵᠣ᠂ ᠬᠠᠤᠯᠢ ᠶᠣᠰᠣᠭᠠᠷ᠂ ᠣᠶᠣᠨᠴᠢ ᠪᠠᠷ ᠢᠯᠡᠳᠭᠡᠬᠦ ᠳᠤ  

ᠬᠦᠲᠦᠯᠦᠭᠰᠡᠨ ᠠᠴᠠ ᠣᠯᠠᠨ ᠲᠦᠮᠡᠨ ᠤ ᠳᠡᠭᠡᠭᠰᠢ ᠰᠤᠷᠪᠣᠯᠵᠢᠯᠠᠬᠤ ᠠᠵᠢᠯᠯᠠᠭᠠᠨ ᠡᠮᠦᠨᠡᠬᠢ ᠲᠠᠢ ᠬᠠᠷᠢᠴᠠᠭᠤᠯᠪᠠᠯ 6.

93%   ᠪᠠᠷ ᠪᠠᠭᠤᠷᠠᠵᠠᠢ᠃ ᠬᠦᠳᠡᠯᠮᠦᠷᠢ ᠬᠦᠴᠦᠨ ᠢ ᠬᠡᠷᠡᠭᠯᠡᠬᠦ ᠬᠠᠮᠢᠶᠠᠷᠣᠯᠲᠠ ᠶᠢ ᠳᠦᠷᠢᠮᠵᠢᠭᠦᠯᠵᠦ᠂   ᠨᠡᠶᠢᠲᠡ

22 ᠬᠤᠪᠢ ᠲᠠᠷᠢᠶᠠᠴᠢᠨ ᠬᠦᠴᠦ ᠶᠠᠪᠣᠭᠴᠢ ᠶᠢᠨ ᠬᠦᠯᠦᠰᠦ ᠴᠠᠯᠢᠩ ᠢ   ᠬᠤᠶᠢᠰᠢᠯᠠᠭᠤᠯᠣᠭᠰᠠᠨ ᠬᠡᠷᠡᠭ ᠵᠠᠷᠭᠤ ᠶᠢ

ᠲᠣᠬᠢᠲᠠᠢ ᠰᠢᠢᠳᠪᠦᠷᠢᠯᠡᠨ 1045 ᠨᠡᠷᠡᠰ ᠲᠠᠷᠢᠶᠠᠴᠢᠨ ᠬᠦᠴᠦ ᠶᠠᠪᠣᠭᠴᠢ ᠶᠢᠨ ᠬᠦᠴᠦᠨ ᠤ ᠮᠦᠩᠭᠦ 1175.4

ᠲᠦᠮᠡᠨ ᠲᠦᠭᠦᠷᠢᠭ ᠢ ᠨᠡᠬᠡᠨ ᠠᠪᠴᠢᠷᠠᠪᠠ  ᠃ ᠠᠮᠦᠷ ᠮᠡᠨᠳᠦ ᠶᠢᠨ ᠪᠦᠲᠦᠭᠡᠨ ᠪᠠᠶᠢᠭᠤᠯᠣᠯᠲᠠ ᠶᠢ ᠰᠢᠨ᠎ᠡ ᠨᠢᠭᠡᠨ

ᠳᠡᠭᠲᠡᠷ ᠲᠤ ᠬᠦᠷᠭᠡᠵᠡᠢ᠃ ᠬᠠᠤᠯᠢ ᠶᠢ ᠲᠦᠭᠡᠮᠡᠯᠵᠢᠭᠦᠯᠬᠦ ᠠᠵᠢᠯ ᠢ   ᠯᠠᠪᠳᠠᠭᠤᠨ ᠪᠠᠲᠣᠲᠠᠢ ᠶᠠᠪᠣᠭᠳᠠᠭᠤᠯᠵᠣ᠂

ᠠᠮᠣᠷ ᠢ ᠬᠠᠮᠠᠭᠠᠯᠠᠬᠤ ᠠᠵᠢᠯ   ᠪᠠ 《 ᠳᠦᠷᠪᠡᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ 》 ᠶᠢᠨ

ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ 《 ᠡᠭᠦᠳᠡ ᠪᠠᠨ ᠨᠡᠭᠡᠭᠡᠨ ᠡᠷᠦᠬᠡ ᠳᠤ ᠣᠷᠣᠭᠤᠯᠬᠤ 》᠂ 《 ᠵᠠᠮ

ᠬᠠᠷᠢᠯᠴᠠᠭ᠎ᠠ ᠴᠠᠭᠳᠠᠨ ᠪᠠᠶᠢᠴᠠᠭᠠᠬᠤ ᠶᠢ ᠨᠢᠭᠡᠳᠭᠡᠬᠦ 》᠂ ᠵᠢᠴᠢ ᠰᠤᠷᠭᠠᠨ ᠬᠦᠮᠦᠵᠢᠯ ᠤᠨ ᠲᠣᠰᠬᠠᠢ   ᠪᠣᠯᠪᠠᠰᠤᠷᠠᠯ

ᠵᠡᠷᠭᠡ ᠶᠢ ᠦᠨᠡᠨ ᠪᠣᠲᠠᠲᠠᠢ ᠲᠣᠤᠱᠯᠠᠭᠤᠯᠵᠣ᠂ ᠨᠡᠶᠢᠭᠡᠮ ᠤᠨ ᠬᠠᠮᠢᠶᠠᠷᠣᠯᠲᠠ ᠪᠠᠨ ᠴᠢᠩᠭᠠᠳᠬᠠᠵᠣ᠂ 《 ᠬᠤᠤᠷ᠂

ᠵᠠᠪᠠᠭ᠋ᠠᠢ᠂ ᠵᠣᠭᠤᠰ ᠤᠨ ᠮᠦᠷᠦᠢ 》 ᠶᠢ ᠡᠷᠡᠰ ᠲᠠᠰᠤ ᠬᠤᠷᠢᠭᠯᠠᠵᠤ᠂ ᠠᠷᠠᠳ ᠲᠦᠮᠡᠨ ᠤ ᠠᠮᠣᠷ   ᠲᠠᠶᠢᠪᠣᠩ᠂

ᠰᠡᠳᠭᠢᠯ ᠬᠠᠩᠭᠠᠮᠵᠢᠲᠠᠢ   ᠠᠮᠢᠳᠤᠷᠠᠯ ᠤᠨ   ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃   ᠴᠡᠷᠢᠭ ᠠᠷᠠᠳ ᠪᠠ ᠣᠷᠣᠨ

ᠨᠣᠲᠤᠭ ᠤᠨ ᠨᠢᠭᠡᠲᠦᠯ ᠢ ᠴᠢᠩᠭᠠᠳᠬᠠᠵᠣ᠂ 《 ᠪᠦᠬᠦ ᠣᠷᠣᠨ ᠤ   ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ 》

 ᠪᠠᠷ ᠦᠨᠡᠯᠡᠭᠳᠡᠵᠡᠢ᠃ ᠠᠶᠣᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠪᠠᠨ ᠴᠢᠩᠭᠠᠳᠬᠠᠵᠣ᠂ 《 ᠠᠶᠣᠯ

ᠦᠭᠡᠢ ᠦᠢᠯᠡᠳᠪᠦᠷᠢᠯᠡᠯ ᠤᠨ   ᠲᠡᠭᠡᠭᠰᠢᠯᠡᠯᠳᠡ ᠶᠢᠨ ᠣᠨ 》᠂ 《 ᠵᠠᠭᠤᠨ ᠡᠳᠦᠷ ᠤᠨ ᠠᠶᠣᠯ ᠦᠭᠡᠢ

ᠦᠢᠯᠡᠳᠪᠦᠷᠢᠯᠡᠯ ᠤᠨ ᠶᠡᠭᠡ ᠪᠠᠶᠢᠴᠠᠭᠠᠯᠲᠠ 》 ᠵᠡᠷᠭᠡ ᠬᠦᠳᠡᠯᠭᠡᠭᠡᠨ ᠢ ᠡᠷᠴᠢᠲᠡᠢ ᠶᠠᠪᠣᠭᠳᠠᠭᠤᠯᠵᠤ᠂ ᠠᠶᠣᠯ ᠦᠭᠡᠢ

ᠦᠢᠯᠡᠳᠪᠦᠷᠢᠯᠡᠯ ᠤᠨ ᠪᠠᠶᠢᠳᠠᠯ ᠶᠡᠷᠦᠩᠬᠡᠢ   ᠳᠡᠭᠡᠨ ᠲᠤᠭᠲᠠᠭᠤᠨ ᠪᠠᠶᠢᠬᠤ ᠶᠢ ᠪᠠᠲᠣᠯᠠᠵᠠᠢ᠃ ᠢᠳᠡᠭᠡᠨ ᠪᠠ ᠡᠮ ᠤᠨ

ᠵᠦᠢᠯ ᠤᠨ ᠠᠶᠣᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠪᠠᠨ ᠴᠢᠩᠭᠠᠳᠬᠠᠵᠣ᠂ ᠢᠳᠡᠭᠡᠨ ᠤ

ᠦᠢᠯᠡᠳᠪᠦᠷᠢᠯᠡᠯ ᠤᠨ ᠠᠵᠣ ᠠᠬᠤᠶᠢᠯᠠᠯ ᠤᠨ ᠪᠣᠯᠵᠣᠨ ᠶᠠᠷᠢᠯᠴᠠᠬᠤ ᠳᠦᠷᠢᠮ ᠢ   ᠬᠡᠷᠡᠭᠵᠢᠭᠦᠯᠵᠦ᠂ 5 ᠣᠳᠠᠭᠠᠨ ᠤ  

ᠲᠦᠪᠯᠡᠷᠡᠭᠦᠯᠦᠨ ᠪᠠᠶᠢᠴᠠᠭᠠᠯᠲᠠ ᠪᠠᠷ ᠳᠠᠮᠵᠢᠨ ᠴᠡᠭᠴᠡᠯᠡᠨ ᠵᠠᠰᠠᠵᠠᠢ᠃

          ᠲᠦᠯᠦᠭᠡᠯᠡᠭᠴᠢᠳ ᠡ︕ ᠨᠢᠭᠡ ᠵᠢᠯ ᠤᠨ ᠲᠤᠷᠰᠢ ᠪᠦᠬᠦ ᠬᠤᠰᠢᠭᠤᠨ ᠤ ᠠᠷᠠᠳ ᠲᠦᠮᠡᠨ ᠠᠵᠢᠯᠴᠢ

ᠬᠦᠳᠡᠯᠮᠦᠷᠢᠴᠢ ᠣᠶᠣᠨ ᠣᠬᠠᠭᠠᠨ ᠢᠶᠠᠷ ᠡᠯ᠎ᠡ ᠵᠦᠢᠯ ᠤᠨ ᠬᠦᠴᠢᠷ ᠪᠡᠷᠬᠡ ᠶᠢ ᠢᠯᠠᠨ ᠳᠠᠪᠠᠵᠣ᠂ ᠦᠰᠦᠷᠦᠯᠳᠡ ᠶᠢᠨ

ᠮᠠᠶ᠋ᠢᠭ ᠤᠨ ᠬᠦᠭᠵᠢᠯᠳᠡ ᠶᠢᠨ ᠭᠡᠷᠡᠯ ᠰᠠᠴᠣᠷᠠᠩᠭᠤᠢ ᠰᠢᠨ᠎ᠡ ᠬᠠᠭᠤᠳᠠᠰᠣ ᠶᠢ ᠪᠢᠴᠢᠭᠯᠡᠵᠡᠢ᠃ ᠠᠮᠵᠢᠯᠲᠠ ᠶᠢᠨ

ᠠᠯᠬᠤᠮ ᠨᠢᠭᠡᠪᠦᠷᠢ᠂   ᠰᠠᠶᠢᠨ ᠬᠤᠪᠢᠷᠠᠯᠲᠠ ᠪᠦᠬᠦᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ

ᠬᠤᠰᠢᠭᠤᠨ ᠤ ᠨᠠᠮ ᠤᠨ ᠬᠤᠷᠢᠶᠠᠨ ᠤ   ᠵᠦᠪ ᠣᠨᠣᠪᠴᠢᠳᠠᠢ ᠣᠳᠣᠷᠢᠳᠣᠯᠭ᠎ᠠ ᠵᠢᠴᠢ ᠬᠤᠰᠢᠭᠤᠨ ᠤ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ

ᠬᠠᠯᠠᠭᠤᠨ ᠬᠠᠪᠰᠤᠷᠣᠯᠭ᠎ᠠ᠂ ᠪᠦᠬᠦ ᠬᠤᠰᠢᠭᠤᠨ ᠤ ᠡᠯ᠎ᠡ ᠡᠳᠡᠭᠡᠳ ᠤᠨ ᠬᠦᠮᠦᠰ ᠤᠨ ᠬᠠᠮᠲᠣ ᠶᠢᠨ ᠴᠢᠷᠮᠠᠶᠢᠯᠭ᠎ᠠ

 ᠠᠴᠠ ᠰᠠᠯᠵᠣ ᠴᠢᠳᠠᠬᠤ ᠦᠭᠡᠢ᠃   ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ

ᠡᠯ᠎ᠡ ᠲᠦᠯᠦᠭᠡᠯᠡᠭᠴᠢ  ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠵᠢᠴᠢ ᠪᠦᠬᠦ ᠬᠤᠰᠢᠭᠤᠨ ᠤ ᠺᠠᠲᠠᠷ ᠣᠯᠠᠨ

ᠲᠦᠮᠡᠨ᠂ ᠠᠵᠢᠯ ᠠᠴᠠ   ᠪᠠᠨ ᠠᠮᠠᠷᠠᠵᠤ᠂ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠨᠦᠬᠦᠷ᠂ ᠵᠠᠯᠠᠶᠢᠳ

 ᠤᠨ ᠬᠦᠭᠵᠢᠯᠲᠡ ᠳᠤ ᠨᠡᠮᠡᠷᠢ ᠬᠠᠨᠳᠢᠪ ᠢᠶᠠᠨ ᠦᠵᠡᠭᠦᠯᠦᠭᠰᠡᠨ ᠡᠯ᠎ᠡ ᠡᠲᠡᠭᠡᠳ ᠤᠨ ᠪᠦᠬᠦ ᠨᠦᠬᠦᠳ ᠲᠤ ᠴᠢᠩ

ᠰᠡᠳᠭᠢᠯ ᠤᠨ ᠬᠦᠨᠳᠦᠳᠭᠡᠯ ᠢᠶᠠᠨ ᠳᠡᠪᠰᠢᠭᠦᠯᠵᠦ᠂ ᠦᠨᠡᠨ ᠰᠡᠳᠭᠢᠯ ᠤᠨ ᠲᠠᠯᠠᠷᠬᠠᠯ ᠢᠶᠠᠨ   ᠳᠡᠪᠰᠢᠭᠦᠯᠦᠶ᠎ᠡ︕

        ᠠᠮᠵᠢᠯᠲᠠ ᠮᠠᠨᠢ ᠬᠢᠯᠪᠠᠷ ᠪᠤᠰᠤ᠂ ᠡᠭᠦᠷᠭᠡ ᠬᠠᠷᠢᠨ ᠨᠡᠩ ᠬᠦᠨᠳᠦ᠃ ᠪᠢᠳᠡ ᠠᠮᠵᠢᠯᠲᠠ ᠪᠠᠨ ᠨᠤᠲᠠᠯᠠᠬᠤ

 ᠶᠢᠨ ᠬᠠᠮᠲᠤ  ᠂ ᠮᠠᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠲᠡ ᠳᠤ ᠮᠦᠨ ᠵᠠᠷᠢᠮ

ᠠᠰᠠᠭᠤᠳᠠᠯ ᠣᠷᠣᠰᠢᠵᠦ ᠪᠠᠶᠢᠬᠤ ᠶᠢ ᠬᠤᠷᠴᠠ ᠰᠡᠷᠭᠡᠭ ᠢᠶᠠᠷ ᠲᠠᠨᠢᠵᠤ ᠤᠯᠬᠤ ᠬᠡᠷᠡᠭᠲᠡᠢ᠃ ᠠᠵᠤ ᠠᠬᠤᠢ ᠶᠢᠨ

ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠳᠡᠰ ᠳᠠᠪᠬᠤᠷᠭ᠎ᠠ ᠳᠣᠤᠷ᠎ᠠ᠂ ᠬᠡᠪᠴᠢᠶ᠎ᠡ ᠪᠠᠭ᠎ᠠ᠂

ᠲᠣᠯᠭᠠᠭᠤᠷᠢᠯᠠᠬᠤ ᠠᠵᠤ ᠦᠢᠯᠡᠰ ᠬᠠᠷᠠᠬᠠᠨ ᠪᠤᠯᠪᠠᠰᠣᠷᠠᠭᠠᠳᠤᠢ᠂   ᠪᠣᠬᠢᠷᠳᠣᠯ ᠦᠭᠡᠢ ᠣᠨᠴᠠᠯᠢᠭ ᠤᠨ ᠲᠠᠪᠠᠭᠤᠯᠢᠭ

ᠬᠠᠷᠠᠬᠠᠨ ᠢᠯᠡᠷᠭᠡᠢ ᠪᠢᠰᠢ᠂ ᠶᠠᠳᠠᠭᠤ ᠶᠢ ᠲᠡᠳᠭᠦᠬᠦ ᠠᠵᠢᠯ ᠤᠨ ᠡᠭᠦᠷᠭᠡ ᠮᠦᠨ ᠬᠠᠲᠠᠭᠤ ᠪᠡᠷᠭᠡᠳᠡᠢ᠂ ᠴᠢᠨᠡᠭᠡᠯᠢᠭ

ᠨᠡᠶᠢᠭᠡᠮ ᠢ ᠪᠦᠲᠦᠭᠡᠨ ᠪᠠᠶᠢᠭᠤᠯᠬᠤ ᠡᠭᠦᠷᠭᠡ ᠬᠦᠨᠳᠦ ᠵᠠᠮ ᠬᠤᠯᠠ᠃ ᠶᠠᠭ ᠡᠶᠢᠮᠦ ᠠᠴᠠ ᠪᠢᠳᠡ ᠳᠡᠭᠡᠲᠦ ᠬᠡᠮᠵᠢᠶᠡᠨ

 ᠤ ᠬᠠᠷᠢᠭᠤᠴᠠᠯᠭᠠᠲᠤ ᠰᠡᠳᠭᠢᠯ ᠢᠶᠠᠷ ᠴᠢᠯᠠᠭᠤᠨ ᠳᠤ ᠭᠢᠰᠭᠢᠪᠡᠴᠦ ᠮᠦᠷ ᠲᠠᠮᠠᠭᠠᠯᠠᠵᠣ᠂ ᠲᠡᠮᠦᠷ ᠢ ᠠᠳᠬᠤᠪᠠᠴᠤ

ᠤᠷᠣᠮ ᠦᠯᠡᠳᠡᠭᠡᠬᠦ ᠬᠠᠲᠠᠭᠤ ᠵᠣᠷᠢᠭ ᠢᠶᠠᠷ ᠠᠵᠢᠯᠯᠠᠵᠤ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂

ᠬᠢᠨᠠᠮᠠᠠᠭᠠᠢ ᠰᠢᠢᠳᠪᠦᠷᠢᠯᠡᠨ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠶᠠᠭᠠᠬᠢᠭᠰᠠᠨ ᠴᠦ ᠬᠦᠰᠡᠷᠳᠡᠬᠦᠯᠬᠦ ᠦᠭᠡᠢ

 ᠪᠠᠷ ᠴᠢᠷᠮᠠᠶᠢᠨ᠎ᠠ︕

            ᠬᠤᠶᠠᠷ᠄  2017 ᠤᠨ ᠤ ᠠᠵᠢᠯ ᠤᠨ ᠲᠤᠬᠢᠷᠠᠭᠤᠯᠤᠯᠲᠠ

       2017 ᠤᠨ ᠪᠤᠯ ᠶᠠᠳᠠᠭᠤ ᠠᠴᠠ   ᠠᠩᠭᠢᠵᠢᠷᠠᠭᠤᠯᠬᠤ   ᠪᠠᠬᠢᠯᠡᠯᠳᠡ ᠶᠢ ᠡᠪᠳᠡᠬᠦ ᠲᠠᠶᠢᠨ ᠤ ᠪᠦᠬᠦ ᠲᠠᠯ᠎ᠠ

 ᠪᠠᠷ ᠢᠯᠠᠯᠳᠠ ᠤᠯᠬᠤ ᠶᠢᠨ ᠵᠠᠩᠭᠢᠯᠠᠭ᠎ᠠ ᠶᠢᠨ ᠤᠨ ᠪᠤᠯᠤᠨ᠎ᠠ᠃ ᠮᠦᠨ ᠴᠦ ᠳᠠᠪᠰᠢᠯᠲᠠ ᠶᠢ ᠲᠦᠷᠭᠡᠳᠬᠡᠵᠦ᠂  

ᠳᠠᠪᠰᠢᠩᠭᠤᠢ   ᠳᠤ ᠣᠶᠢᠷᠠᠳᠬᠤ ᠴᠢᠬᠤᠯᠠ ᠬᠤᠯᠪᠤᠯᠲᠠ ᠶᠢᠨ ᠴᠡᠭ ᠪᠤᠯᠤᠨ᠎ᠠ᠃ ᠡᠶᠢᠮᠦ ᠠᠴᠠ ᠦᠨᠦ ᠵᠢᠯ ᠤᠨ

ᠠᠵᠢᠯ ᠢ ᠴᠢᠨᠠᠷᠲᠠᠢ ᠪᠡᠶᠡᠯᠡᠭᠦᠯᠬᠦ ᠨᠢ ᠤᠳᠬ᠎ᠠ ᠭᠦᠨ ᠡᠭᠦᠷᠭᠡ ᠬᠦᠨᠳᠦ᠃ ᠬᠤᠰᠢᠭᠤᠨ ᠤ ᠵᠠᠰᠠᠭ ᠤᠨ ᠣᠷᠳᠣᠨ

 ᠠᠴᠠ ᠠᠶᠢᠮᠠᠭ ᠤᠨ ᠨᠠᠮ ᠤᠨ ᠬᠤᠷᠢᠶ᠎ᠠ ᠵᠠᠰᠭ ᠵᠠᠬᠢᠷᠭᠠᠨ ᠤ ᠠᠵᠢᠯ ᠤᠨ ᠲᠤᠬᠢᠷᠠᠭᠤᠯᠣᠯᠲᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠵᠤ᠂ ᠠᠵᠤ ᠠᠬᠤᠢ ᠶᠢ ᠬᠦᠭᠵᠢᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ

ᠡᠭᠦᠷᠭᠡ ᠪᠣᠯᠭᠠᠨ ᠨᠢᠭᠡ ᠯᠡ ᠰᠡᠳᠭᠢᠯ ᠢᠶᠠᠷ ᠪᠤᠴᠠᠯᠲᠠ ᠦᠭᠡᠢ ᠣᠷᠣᠭᠰᠢᠯᠠᠵᠣ᠂ ᠰᠢᠨ᠎ᠡ ᠲᠡᠥᠬᠡ ᠶᠢᠨ ᠠᠶᠠᠨ ᠳᠤ

ᠨᠡᠩ ᠶᠡᠭᠡ ᠬᠤᠪᠢ ᠨᠡᠮᠡᠷᠢ ᠪᠠᠨ ᠦᠵᠡᠬᠦᠯᠦᠨ᠎ᠡ  ᠃

            2017 ᠣᠨ ᠤ ᠵᠠᠰᠠᠭ ᠤᠨ   ᠤᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄

          ᠨᠠᠮ   ᠤᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠣᠭᠠᠷ ᠪᠦᠭᠦᠳᠡ ᠬᠤᠷᠠᠯᠳᠣᠭᠠᠨ  ᠂

ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ

ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠤᠱᠯᠠᠭᠤᠯᠵᠣ᠂ ᠠᠶᠢᠮᠠᠭ ᠤᠨ ᠨᠠᠮ ᠤᠨ ᠬᠤᠷᠢᠶᠠᠨ ᠤ ᠦᠷᠭᠡᠳᠭᠡᠭᠰᠡᠨ

ᠬᠤᠷᠠᠯ ᠪᠠ ᠬᠤᠰᠢᠭᠤᠨ ᠤ ᠨᠠᠮ ᠤᠨ ᠬᠤᠷᠢᠶᠠᠨ ᠤ ᠪᠦᠭᠦᠳᠡ ᠬᠤᠷᠠᠯᠳᠤᠭᠠᠨ ᠤ ᠦᠷᠭᠡᠳᠭᠡᠭᠰᠡᠨ ᠬᠤᠷᠠᠯ ᠤᠨ ᠵᠤᠷᠢᠭ

ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠣ᠂ 《 ᠨᠢᠭᠡᠳᠦᠭᠡᠷ ᠠᠵᠣ ᠦᠢᠯᠡᠰ ᠢ ᠬᠦᠴᠦᠷᠬᠡᠭᠵᠢᠭᠦᠯᠵᠦ᠂

ᠬᠤᠶᠠᠳᠤᠭᠠᠷ ᠠᠵᠣ ᠦᠢᠯᠡᠰ ᠢ ᠪᠤᠵᠠᠭᠠᠶᠢᠷᠠᠭᠤᠯᠵᠤ᠂ ᠭᠤᠷᠪᠠᠳᠣᠭᠠᠷ ᠠᠵᠣ ᠦᠢᠯᠡᠰ ᠢ ᠰᠠᠶᠢᠲᠤᠷ ᠬᠢᠬᠦ 》 ᠶᠢ

ᠦᠷᠭᠦᠯᠵᠢᠯᠡᠨ ᠲᠦᠯᠬᠢᠨ ᠠᠬᠢᠭᠤᠯᠵᠤ᠂ ᠯᠠᠪᠳᠠᠭᠤᠨ ᠪᠠᠲᠣᠲᠠᠢ ᠳᠡᠭᠡᠭᠰᠢᠯᠡᠭᠦᠯᠬᠦ ᠶᠢ ᠠᠵᠢᠯ ᠤᠨ ᠦᠨᠳᠦᠰᠦᠨ ᠵᠠᠷᠴᠢᠮ

ᠪᠣᠯᠭᠠᠨ ᠪᠠᠷᠢᠮᠳᠠᠯᠠᠵᠣ᠂ ᠰᠠᠨᠠᠭᠠᠴᠢᠯᠠᠭ᠎ᠠ ᠲᠠᠢ ᠪᠠᠷ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ

ᠢᠳᠡᠪᠬᠢᠲᠡᠢ ᠵᠤᠬᠢᠴᠠᠨ᠂ ᠬᠦᠭᠵᠢᠯᠲᠡ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ 《 ᠭᠤᠷᠪᠠᠨ ᠦᠨᠳᠦᠰᠦᠨ

ᠪᠠᠷᠢᠮᠵᠢᠶ᠎ᠠ 》 ᠶᠢ ᠡᠷᠡᠰ ᠪᠠᠷᠢᠮᠲᠠᠯᠠᠵᠤ᠂ 《 ᠲᠠᠪᠣᠵᠢᠭᠤᠯᠣᠯᠳᠠ ᠶᠢ ᠬᠠᠮᠳᠣᠷᠠᠭᠤᠯᠬᠤ 》 ᠶᠢ ᠬᠦᠴᠦᠲᠡᠢ ᠠᠬᠢᠭᠤᠯᠵᠤ

᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠶᠢ ᠡᠪᠳᠡᠬᠦ ᠲᠠᠶᠢᠨ ᠤ ᠢᠯᠠᠯᠲᠠ ᠶᠢ ᠠᠪᠴᠢᠷᠠᠵᠤ᠂ ᠪᠦᠬᠦ ᠣᠷᠣᠨ

ᠬᠡᠪᠴᠢᠶᠡᠨ ᠤ ᠵᠢᠭᠤᠯᠴᠢᠯᠠᠯ ᠤᠨ ᠦᠢᠯᠡᠰ ᠢ ᠭᠦᠨᠵᠡᠭᠡᠶᠢᠷᠡᠭᠦᠯᠦᠨ ᠠᠬᠢᠭᠤᠯᠵᠤ᠂ 《 ᠠᠷᠪᠠᠨ ᠲᠦᠷᠦᠯ ᠵᠦᠢᠯ ᠤᠨ

ᠢᠨᠵᠧᠨᠧᠷᠢᠩ 》 ᠪᠠ 《 ᠨᠠᠢᠮᠠᠨ ᠵᠦᠢᠯ ᠤᠨ ᠬᠤᠲᠠ ᠶᠢ ᠵᠡᠷᠭᠡᠪᠡᠷ ᠴᠣᠭᠴᠠᠯᠠᠬᠤ 》 ᠠᠴᠠ ᠭᠠᠷᠳᠠᠨ ᠪᠦᠬᠦ ᠬᠦᠴᠦ ᠪᠠᠷ

《 ᠲᠠᠪᠤᠨ ᠵᠦᠢᠯ ᠤᠨ ᠬᠢᠩᠭᠠᠨ 》 ᠢ ᠪᠦᠲᠦᠭᠡᠨ ᠪᠠᠶᠢᠭᠤᠯᠵᠣ᠂ ᠰᠢᠯᠢᠳᠡᠭ ᠬᠢᠷᠢ ᠪᠦᠲᠦᠮᠵᠢ ᠪᠠᠷ ᠦᠪᠡᠷᠲᠡᠭᠡᠨ

ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ   ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ

ᠶᠡᠭᠡ ᠬᠤᠷᠠᠯᠳᠣᠭᠠᠨ ᠤ ᠪᠠᠷ ᠠᠮᠵᠢᠯᠳᠠᠳᠠᠢ ᠨᠡᠭᠡᠭᠡᠭᠳᠡᠬᠦ ᠶᠢ ᠪᠡᠯᠭᠡᠯᠡᠨ᠎ᠡ᠃

          ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠲᠦᠰᠦᠪᠯᠡᠭᠰᠡᠨ

ᠬᠠᠷᠠᠯᠲᠠ ᠪᠤᠯ᠄   ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 100 ᠳ᠋ᠦᠩᠰᠢᠭᠤᠷ ᠲᠦᠬᠦᠷᠢᠭ

 ᠲᠤ ᠬᠦᠷᠭᠡᠵᠣ ᠲᠡᠬᠡᠳᠦ ᠵᠢᠯ ᠤᠨ ᠲᠣᠰ ᠬᠤᠭᠤᠴᠠᠭ᠎ᠠ ᠲᠠᠢ ᠠᠳᠠᠯᠢᠳᠬᠠᠪᠠᠯ 10% ᠪᠠᠷ   ᠨᠡᠮᠡᠭᠳᠡᠬᠦᠯᠵᠣ︔

ᠬᠡᠪᠴᠢᠶᠡᠵᠢᠯ ᠠᠴᠠ ᠲᠠᠪᠠᠭᠰᠠᠨ ᠠᠵᠣ ᠦᠢᠯᠡᠳᠪᠦᠷᠢ ᠶᠢᠨ ᠨᠡᠮᠡᠭᠳᠡᠭᠰᠡᠨ ᠦᠷᠳᠡᠭ ᠢ 25 ᠳ᠋ᠦᠩᠰᠢᠭᠤᠷ ᠲᠦᠬᠦᠷᠢᠭ

 ᠲᠤ ᠬᠦᠷᠭᠡᠨ 12% ᠪᠠᠷ ᠨᠡᠮᠡᠭᠳᠡᠬᠦᠯᠦᠨ᠎ᠡ  ︔   ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 87

ᠳ᠋ᠦᠩᠰᠢᠭᠤᠷ ᠲᠦᠬᠦᠷᠢᠭ ᠢ ᠪᠡᠶᠡᠯᠡᠬᠦᠯᠤᠨ ᠠᠳᠠᠯᠢᠳᠬᠠᠭᠠᠳ 20% ᠢᠶᠠᠷ ᠨᠡᠮᠡᠭᠳᠡᠬᠦᠯᠦᠨ᠎ᠡ  ︔ ᠨᠡᠶᠢᠭᠡᠮ ᠤᠨ

ᠭᠡᠷᠡᠭᠯᠡᠭᠡᠨ ᠤ ᠡᠳ᠋ ᠤᠨ ᠵᠢᠵᠢᠭᠯᠡᠨ ᠪᠣᠷᠣᠯᠠᠭᠤᠯᠬᠤ ᠲᠤᠭ᠎ᠠ ᠭᠡᠮᠵᠢᠶ᠎ᠡ 35 ᠳ᠋ᠦᠩᠰᠢᠭᠤᠷ ᠲᠦᠬᠦᠷᠢᠭ ᠲᠤ ᠬᠦᠷᠴᠦ᠂  

12% ᠪᠠᠷ ᠨᠡᠮᠡᠭᠳᠡᠬᠦᠯᠦᠨ᠎ᠡ︔ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 4

ᠳ᠋ᠦᠩᠰᠢᠭᠤᠷ ᠲᠦᠬᠦᠷᠢᠭ ᠲᠤ   ᠬᠦᠷᠴᠦ᠂ 18% ᠪᠠᠷ ᠨᠡᠮᠡᠭᠳᠡᠬᠦᠯᠦᠨ᠎ᠡ  ︔ ᠬᠤᠳᠠ ᠬᠦᠳᠡᠭᠡ ᠶᠢᠨ ᠰᠠᠭᠤᠭᠠᠯᠢ

ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠨ ᠮᠡᠳᠡᠬᠦ ᠣᠷᠣᠯᠭ᠎ᠠ ᠨᠢ ᠲᠣᠰᠪᠣᠷᠢ 25243 ᠲᠦᠬᠦᠷᠢᠭ

ᠪᠠ 9418 ᠲᠦᠬᠦᠷᠢᠭ ᠲᠤ ᠬᠦᠷᠭᠡᠵᠣ᠂ ᠲᠣᠰᠪᠣᠷᠢ 11% ᠪᠠ 11.5% ᠪᠠᠷ ᠨᠡᠮᠡᠭᠳᠡᠬᠦᠯᠦᠨ᠎ᠡ᠃ ᠡᠳᠡᠭᠡᠷ

ᠬᠠᠷᠠᠯᠳᠠ ᠶᠢ ᠲᠣᠭᠳᠠᠭᠠᠭᠰᠠᠨ ᠨᠢ᠂ ᠮᠠᠨ ᠤ ᠬᠤᠰᠢᠭᠤᠨ ᠤ ᠣᠳᠣᠬᠠᠨ ᠳᠤ ᠲᠣᠯᠭᠠᠷᠠᠵᠣ ᠪᠠᠶᠢᠭ᠎ᠠ ᠪᠠᠶᠢᠳᠠᠯ᠂

ᠡᠬᠦᠷᠭᠡ ᠪᠠ ᠦᠨᠳᠦᠰᠦᠨ ᠨᠦᠬᠦᠴᠡᠯ ᠢ ᠬᠦᠢᠴᠡᠳ ᠪᠣᠳᠣᠯᠬᠢᠯᠠᠬᠤ ᠶᠢᠨ ᠬᠠᠮᠳᠣ ᠪᠦᠬᠦ ᠲᠠᠯ᠎ᠠ ᠪᠠᠷ ᠴᠢᠨᠡᠭᠡᠯᠢᠭ

ᠨᠡᠶᠢᠭᠡᠮ ᠢ ᠪᠦᠳᠦᠭᠡᠨ ᠪᠠᠶᠢᠭᠤᠯᠬᠤ ᠪᠠ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠬᠦᠯᠭᠡ︾   ᠶᠢᠨ

ᠬᠠᠷᠠᠯᠳᠠ ᠲᠠᠢ ᠠᠮᠠ ᠰᠡᠭᠡᠷ ᠵᠣᠯᠭᠠᠭᠤᠯᠵᠣ᠂ ᠣᠷᠣᠨ ᠠᠶᠢᠮᠠᠭ ᠬᠤᠶᠠᠷ ᠱᠠᠳᠣᠨ ᠠᠴᠠ ᠪᠠᠭᠤᠯᠭᠠᠭᠰᠠᠨ ᠡᠬᠦᠷᠭᠡ

ᠬᠠᠷᠠᠯᠳᠠ ᠲᠠᠢ ᠨᠢᠬᠳᠠ ᠬᠤᠯᠪᠣᠯᠳᠣᠭᠤᠯᠵᠣ᠂   ᠪᠣᠳᠠᠳᠠᠢ ᠪᠠᠶᠢᠳᠠᠯ ᠳᠤ ᠰᠠᠭᠤᠷᠢᠯᠠᠨ᠂  

ᠶᠡᠷᠦᠩᠭᠡᠶᠢᠯᠡᠨ ᠰᠡᠳᠬᠢᠭᠰᠡᠨ ᠰᠠᠭᠤᠷᠢᠨ ᠲᠡᠭᠡᠷ᠎ᠡ   ᠲᠣᠭᠳᠠᠭᠠᠵᠣ᠂ ᠴᠢᠷᠮᠠᠶᠢᠯᠳᠠ ᠪᠠᠷ ᠲᠡᠮᠵᠢᠨ ᠪᠡᠶᠡᠯᠡᠬᠦᠯᠵᠣ ᠴᠢᠳᠠᠨ᠎ᠠ᠃

ᠡᠬᠦᠨ ᠳᠤ᠂ ᠪᠢᠳᠡ ᠲᠣᠣᠷᠠᠬᠢ ᠠᠵᠢᠯ ᠢ ᠭᠤᠣᠯᠳᠠᠯᠭ᠎ᠠ   ᠪᠣᠯᠭᠠᠨ ᠠᠳᠬᠤᠨ᠎ᠠ᠃

          ︵ᠨᠢᠭᠡ︶ ᠣᠨᠣᠴᠠ ᠶᠢ ᠠᠳᠬᠤᠵᠣ᠂   ᠠᠷᠭ᠎ᠠ ᠠᠪᠴᠠᠯ ᠢ ᠴᠢᠩᠭᠠᠳᠬᠠᠨ᠂ ᠶᠠᠳᠠᠭᠤ ᠠᠴᠠ

ᠠᠩᠭᠢᠵᠢᠷᠠᠭᠤᠯᠬᠤ ᠪᠠᠬᠢᠯᠡᠯᠳᠡ ᠶᠢ   ᠡᠪᠳᠡᠬᠦ ᠲᠠᠶᠢᠨ ᠤ ᠢᠯᠠᠯᠳᠠ ᠶᠢ ᠣᠯᠣᠨ᠎ᠠ

          ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠭᠤᠣᠯᠳᠠᠯᠭ᠎ᠠ ᠪᠣᠯᠭᠠᠨ ᠠᠳᠬᠤᠨ᠎ᠠ᠃ ᠶᠡᠭᠡ

ᠲᠤᠭ᠎ᠠ ᠪᠠᠷᠢᠮᠳᠠ ᠶᠢᠨ ᠲᠠᠪᠴᠠᠩ ᠪᠣᠯᠣᠨ ᠲᠠᠩᠰᠠ ᠪᠠᠶᠢᠭᠤᠯᠵᠣ᠂ ᠺᠠᠷᠲ ᠵᠣᠬᠢᠶᠠᠨ ᠮᠡᠳᠡᠭᠡ ᠵᠠᠩᠭᠢ ᠶᠢ

ᠲᠡᠬᠦᠯᠳᠡᠷᠵᠢᠬᠦᠯᠵᠣ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠬᠦᠳᠡᠯᠦᠩᠭᠦᠢ ᠪᠠᠷ ᠬᠠᠮᠢᠶᠠᠷᠣᠨ᠎ᠠ᠃

ᠲᠦᠯᠦᠪᠵᠢᠬᠦᠯᠭᠡ᠂ ᠲᠦᠷᠦᠯ ᠵᠦᠢᠯ᠂ ᠺᠠᠳ᠋ᠷ ᠤᠨ ︽ᠭᠤᠷᠪᠠ ᠶᠢ ᠲᠣᠰᠬᠤᠨ ᠪᠠ ᠡᠷᠦᠭᠡ ᠳᠤ ᠣᠷᠣᠭᠤᠯᠬᠤ︾ ᠶᠢ

ᠲᠦᠯᠬᠢᠨ ᠠᠬᠢᠭᠤᠯᠵᠣ᠂ ︽ᠲᠣᠪᠶᠤᠭ ᠭᠡᠯᠪᠡᠷᠢᠳᠣ︾ ᠪᠠᠷ ᠣᠨᠣᠴᠢᠳᠠᠢ ᠪᠠᠷ ᠡᠷᠦᠭᠡ ᠳᠤ ᠬᠦᠷᠬᠦ ᠠᠵᠣ ᠦᠢᠯᠡᠰ

 ᠢᠶᠠᠷ ᠶᠠᠳᠠᠭᠤ ᠶᠢ ᠲᠡᠳᠬᠦᠬᠦ ᠬᠡᠪ ᠮᠠᠶ᠋ᠢᠭ ᠢ ᠬᠦᠨᠵᠡᠭᠡᠶᠢᠷᠡᠬᠦᠯᠦᠨ ᠲᠡᠯᠭᠡᠷᠡᠬᠦᠯᠵᠣ᠂ ︽ᠲᠠᠷᠢᠶᠠᠯᠠᠬᠤ ᠳᠤ ᠲᠣᠬᠢᠷᠠᠪᠠᠯ

ᠲᠠᠷᠢᠶᠠᠯᠠᠵᠣ᠂ ᠮᠠᠯᠵᠢᠬᠤ ᠳᠤ ᠲᠣᠬᠢᠷᠠᠪᠠᠯ ᠮᠠᠯᠵᠢᠵᠣ᠂ ᠠᠷᠠᠯᠵᠢᠶᠠᠯᠠᠬᠤ ᠳᠤ ᠲᠣᠬᠢᠷᠠᠪᠠᠯ ᠠᠷᠠᠯᠵᠢᠶᠠᠯᠠᠬᠤ︾ ᠵᠠᠷᠴᠢᠮ

 ᠳᠤ ᠰᠠᠭᠤᠷᠢᠯᠠᠨ᠂ ᠶᠠᠳᠠᠭᠤ ᠬᠦᠴᠢᠷᠳᠡᠯᠳᠡᠢ ᠡᠷᠦᠭᠡ ᠳᠤ ᠠᠵᠣ ᠦᠢᠯᠡᠰ ᠤᠨ ᠣᠷᠣᠨ ᠪᠠᠶᠢᠷᠢ ᠶᠢ   ᠣᠨᠣᠰᠢᠳᠠᠢ

ᠲᠣᠭᠳᠠᠭᠠᠨ ᠦᠭᠴᠦ᠂ ᠠᠵᠣ ᠦᠢᠯᠡᠰ ᠪᠣᠯᠭᠠᠨ ᠢ ᠡᠷᠦᠭᠡ ᠳᠤ ᠪᠣᠳᠠᠳᠠᠶᠢᠵᠢᠭᠤᠯᠣᠨ᠎ᠠ᠃ ᠴᠠᠬᠢᠯᠭᠠᠨ ᠢᠶᠠᠷ ᠶᠠᠳᠠᠭᠤ

 ᠶᠢ ᠲᠡᠳᠬᠦᠬᠦ ᠬᠦᠴᠦᠯᠡᠴᠡ ᠶᠢ ᠴᠢᠩᠭᠠᠳᠬᠠᠵᠣ᠂ ᠬᠦᠳᠡᠯᠮᠦᠷᠢᠯᠡᠬᠦ ᠴᠢᠳᠠᠪᠣᠷᠢ ᠦᠭᠡᠢ 2249 ᠡᠷᠦᠭᠡ ᠶᠠᠳᠠᠭᠤ

ᠬᠦᠴᠢᠷᠳᠡᠯᠳᠡᠢ ᠡᠷᠦᠭᠡ ᠶᠢ ᠲᠠᠭᠠᠭᠤᠯᠣᠨ᠂ ᠵᠢᠯ ᠤᠨ ᠣᠷᠣᠯᠭ᠎ᠠ ᠶᠢ 3000 ᠲᠦᠬᠦᠷᠢᠭ ᠠᠴᠠ ᠲᠡᠭᠡᠭᠰᠢ

ᠨᠡᠮᠡᠭᠳᠡᠬᠦᠯᠵᠣ᠂ ᠲᠣᠰᠬᠤᠨ ᠤ ᠲᠡᠰ ᠤᠨ ᠴᠠᠬᠢᠯᠭᠠᠨ ᠦᠷᠳᠡᠭᠡᠨ ᠤ ᠪᠠᠶᠢᠭᠤᠯᠣᠯᠳᠠ ᠶᠢ ᠲᠦᠷᠭᠡᠳᠭᠡᠨ᠎ᠡ᠃ ᠨᠡᠬᠦᠯᠭᠡᠨ

ᠰᠢᠯᠵᠢᠬᠦᠯᠵᠣ ᠶᠠᠳᠠᠭᠤ ᠶᠢ ᠲᠡᠳᠬᠦᠬᠦ ᠢᠨᠵᠧᠨᠧᠷᠢᠩ ᠢ ᠭᠡᠷᠡᠭᠵᠢᠬᠦᠯᠵᠣ᠂ 1100 ᠶᠠᠳᠠᠭᠤ ᠬᠦᠴᠢᠷᠳᠡᠯᠳᠡᠢ ᠡᠷᠦᠭᠡ

 ᠶᠢ ᠨᠡᠬᠦᠯᠬᠡᠨ᠎ᠡ᠃ ᠲᠣᠯᠣᠭᠠᠶᠢᠯᠠᠬᠤ ᠠᠵᠣ ᠠᠬᠤᠶᠢᠯᠠᠯ ᠬᠢᠭᠡᠳ ᠶᠠᠳᠠᠭᠤ ᠬᠦᠴᠢᠷᠳᠡᠯᠳᠡᠢ ᠡᠷᠦᠭᠡ ᠶᠢᠨ

ᠬᠤᠭᠤᠷᠣᠨᠳᠣᠬᠢ ᠠᠰᠢᠭ ᠲᠣᠰᠠ ᠶᠢᠨ ᠬᠤᠯᠪᠣᠭᠠᠨ ᠤ ᠲᠣᠭᠳᠠᠮᠵᠢ ᠶᠢ ᠲᠡᠬᠦᠯᠳᠡᠷᠵᠢᠬᠦᠯᠵᠣ᠂ ᠲᠣᠯᠣᠭᠠᠶᠢᠯᠠᠬᠤ ᠠᠵᠣ

ᠠᠬᠤᠶᠢᠯᠠᠯ᠂ ᠲᠣᠰᠬᠠᠢ ᠬᠤᠷᠰᠢᠶᠠᠵᠢᠯ ᠤᠨ ᠶᠠᠳᠠᠭᠤ ᠶᠢ ᠲᠡᠳᠬᠦᠬᠦ ᠳᠤ ᠣᠷᠣᠯᠴᠠᠬᠤ ᠢᠳᠡᠪᠬᠢ ᠴᠢᠨᠠᠷ ᠢ

ᠬᠦᠭᠵᠢᠭᠡᠨ᠎ᠡ᠃ ᠣᠬᠠᠭᠤᠯᠬᠤ ᠪᠠ ᠬᠦᠳᠦᠯᠦᠨ ᠵᠢᠯᠣᠭᠤᠳᠬᠤ ᠶᠢ ᠴᠢᠩᠭᠠᠳᠬᠠᠨ᠂ ᠨᠡᠩ ᠣᠯᠠᠨ ᠨᠡᠶᠢᠭᠡᠮ ᠤᠨ

ᠪᠦᠯᠬᠦᠮ᠂ ᠠᠵᠣ ᠠᠬᠤᠶᠢᠯᠠᠯ᠂ ᠬᠤᠪᠢ ᠬᠦᠮᠦᠨ ᠶᠠᠳᠠᠭᠤ ᠶᠢ ᠲᠡᠳᠬᠦᠬᠦ ᠳᠤ ᠣᠷᠣᠯᠴᠠᠬᠤ ᠶᠢ ᠵᠣᠷᠢᠭᠵᠢᠭᠤᠯᠵᠣ᠂

ᠶᠠᠳᠠᠭᠤ ᠠᠴᠠ ᠠᠩᠭᠢᠵᠢᠷᠠᠬᠤ ᠦᠷ᠎ᠡ ᠪᠦᠳᠦᠮᠵᠢ ᠶᠢ ᠪᠦᠬᠦ ᠲᠠᠯ᠎ᠠ ᠪᠠᠷ   ᠲᠡᠭᠡᠭᠰᠢᠯᠡᠬᠦᠯᠦᠨ᠎ᠡ᠃

          ᠬᠠᠮᠤᠭ ᠲᠣᠣᠷ᠎ᠠ ᠪᠠᠳᠣᠯᠠᠭ᠎ᠠ ᠶᠢ ᠦᠨᠡᠨ ᠬᠦ ᠴᠢᠩᠭᠠᠡᠳᠬᠠᠨ᠎ᠠ᠃ ᠬᠠᠮᠤᠭ ᠲᠣᠣᠷ᠎ᠠ ᠠᠮᠢᠳᠣᠷᠠᠯ ᠤᠨ

ᠪᠠᠳᠣᠯᠠᠭ᠎ᠠ ᠪᠣᠯᠣᠨ ᠶᠠᠳᠠᠭᠤ ᠶᠢᠨ ᠱᠣᠭᠤᠮ ᠬᠤᠶᠠᠷ ᠱᠣᠭᠤᠮ ᠢ ᠨᠢᠭᠡᠳᠭᠡᠬᠦ ᠶᠢ ᠲᠦᠯᠬᠢᠨ ᠠᠬᠢᠭᠤᠯᠣᠨ᠎ᠠ᠃ ᠡᠷᠡᠬᠦᠯ

ᠴᠢᠬᠢᠷᠠᠭ ᠤᠨ ᠲᠠᠯ᠎ᠠ ᠪᠠᠷ ᠶᠠᠳᠠᠭᠤ ᠶᠢ ᠲᠡᠳᠬᠦᠬᠦ ᠬᠦᠴᠦᠯᠡᠴᠡ ᠪᠠᠨ ᠴᠢᠩᠭᠠᠳᠬᠠᠵᠣ᠂ ᠬᠤᠳᠠᠯᠳᠣᠭᠠᠨ ᠤ ᠡᠷᠡᠬᠦᠯ

ᠴᠢᠬᠢᠷᠠᠭ ᠤᠨ ᠲᠠᠭᠠᠳᠬᠠᠯ᠂ ᠠᠯᠢᠪᠠ ᠲᠠᠩᠰᠠ ᠪᠠᠶᠢᠭᠤᠯᠵᠣ ᠺᠠᠷᠲ ᠵᠣᠬᠢᠶᠠᠭᠰᠠᠨ ᠶᠠᠳᠠᠭᠤ ᠬᠦᠴᠢᠷᠳᠡᠯᠳᠡᠢ ᠬᠦᠮᠦᠨ

ᠠᠮᠠ ᠶᠢᠨ ᠡᠷᠡᠬᠦᠯ ᠴᠢᠬᠢᠷᠠᠭ ᠤᠨ ᠲᠠᠩᠰᠠ ᠡᠪᠭᠡᠮᠡᠯ ᠢ ᠲᠡᠬᠦᠯᠳᠡᠷᠵᠢᠬᠦᠯᠵᠣ᠂   ᠡᠪᠡᠳᠴᠢᠨ ᠠᠴᠠ ᠪᠣᠯᠵᠣ

ᠶᠠᠳᠠᠭᠤᠷᠠᠭᠰᠠᠨ᠂ ᠡᠪᠡᠳᠴᠢᠨ ᠠᠴᠠ ᠪᠣᠯᠵᠣ ᠲᠠᠬᠢᠨ ᠶᠠᠳᠠᠭᠤᠷᠠᠭᠰᠠᠨ ᠶᠠᠳᠠᠭᠤ ᠬᠦᠴᠢᠷᠳᠡᠯᠳᠡᠢ ᠡᠷᠦᠭᠡ ᠳᠤ

ᠣᠨᠣᠴᠢᠳᠠᠢ ᠬᠠᠮᠢᠶᠠᠷᠤᠯᠳᠠ ᠶᠢ ᠬᠡᠷᠡᠭᠵᠢᠬᠦᠯᠦᠨ᠂ ᠨᠦᠬᠦᠴᠡᠯ ᠳᠤ ᠲᠣᠬᠢᠷᠠᠬᠤ ᠬᠦᠮᠦᠰ ᠢ ᠴᠠᠭ ᠲᠣᠬᠠᠢ ᠳᠤᠨᠢ

ᠬᠦᠨᠳᠦ ᠡᠪᠡᠳᠴᠢᠨ᠂ ᠣᠨᠴᠠᠭᠠᠢ ᠡᠪᠡᠳᠴᠢᠨ᠂ ᠶᠡᠭᠡ ᠡᠪᠡᠳᠴᠢᠨ ᠤ ᠡᠮ ᠡᠮᠨᠡᠯᠭᠡ ᠪᠠᠷ ᠠᠪᠣᠷᠠᠨ ᠲᠣᠰᠠᠯᠠᠬᠤ

ᠬᠦᠷᠢᠶ᠎ᠡ ᠬᠡᠪᠴᠢᠶᠡᠨ ᠳᠤ ᠣᠷᠣᠭᠤᠯᠣᠨ᠎ᠠ᠃ ᠶᠠᠳᠠᠭᠤ ᠬᠦᠴᠢᠷᠳᠡᠯᠳᠡᠢ ᠰᠣᠷᠣᠭᠴᠢ ᠶᠢ ᠲᠣᠰᠠᠯᠠᠬᠤ ᠬᠦᠴᠦᠯᠡᠴᠡ ᠪᠠᠨ

ᠴᠢᠩᠭᠠᠳᠬᠠᠵᠣ᠂ ᠡᠯ᠎ᠡ ᠵᠦᠢᠯ ᠤᠨ ᠰᠣᠷᠣᠯᠭ᠎ᠠ ᠳᠤ ᠲᠣᠰᠠᠯᠠᠬᠤ ᠨᠦᠬᠦᠪᠦᠷᠢ ᠪᠣᠯᠣᠨ ᠵᠢᠭᠡᠯᠡᠯᠭᠡ ᠶᠢᠨ ᠲᠦᠷᠦ ᠶᠢᠨ

ᠪᠣᠳᠣᠯᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ᠎ᠠ᠃ ᠶᠠᠳᠠᠭᠤ ᠬᠦᠴᠢᠷᠳᠡᠯᠳᠡᠢ ᠡᠷᠦᠭᠡ ᠶᠢᠨ ᠨᠣᠷᠠᠬᠤ ᠠᠶᠣᠯ ᠲᠠᠢ

ᠭᠡᠷ ᠪᠠᠶᠢᠰᠢᠩ ᠢ ᠪᠦᠬᠦᠨ ᠢ ᠦᠭᠡᠶᠢᠰᠭᠡᠨ᠎ᠡ᠃ ᠶᠡᠷᠦᠩᠭᠡᠶᠢᠯᠡᠭᠰᠡᠨ ᠠᠷᠭ᠎ᠠ ᠪᠣᠳᠣᠯᠭ᠎ᠠ ᠶᠢ ᠭᠡᠷᠡᠭᠵᠢᠬᠦᠯᠬᠦ ᠪᠠᠷ ᠲᠠᠮᠵᠢᠨ

ᠶᠠᠳᠠᠭᠤ ᠬᠦᠴᠢᠷᠳᠡᠯᠳᠡᠢ ᠬᠦᠮᠦᠨ ᠠᠮᠠ ᠶᠢᠨ ︽ᠬᠤᠶᠠᠷ ᠲᠤ ᠵᠣᠪᠠᠭ᠋ᠣ ᠦᠭᠡᠢ᠂ ᠭᠤᠷᠪᠠ ᠶᠢ ᠪᠠᠳᠣᠯᠠᠬᠤ︾

ᠠᠰᠠᠭᠤᠳᠠᠯ ᠢ ᠰᠠᠶᠢᠳᠣᠷ ᠰᠢᠢᠳᠪᠦᠷᠢᠯᠡᠨ᠎ᠡ᠃

          ᠪᠡᠯᠡ ᠮᠦᠩᠭᠦ ᠶᠢᠨ ᠣᠷᠣᠭᠤᠯᠣᠯᠳᠠ ᠶᠢ ᠲᠠᠰᠣᠷᠠᠯ ᠦᠭᠡᠢ ᠨᠡᠮᠡᠭᠳᠡᠬᠦᠯᠦᠨ᠎ᠡ᠃ ᠡᠳ᠋ ᠤᠨ ᠵᠠᠰᠠᠭ ᠤᠨ

ᠶᠠᠳᠠᠭᠤ ᠶᠢ ᠲᠡᠳᠬᠦᠬᠦ ᠪᠡᠯᠡ ᠮᠦᠩᠭᠦ ᠶᠢ ᠰᠠᠶᠢᠳᠣᠷ ᠭᠡᠷᠡᠭᠯᠡᠵᠣ᠂ ᠮᠠᠯ ᠲᠡᠷᠢᠶᠠᠯᠠᠩ ᠲᠠᠢ ᠬᠤᠯᠪᠣᠭᠳᠠᠬᠤ ᠪᠡᠯᠡ

ᠮᠦᠩᠭᠦ ᠶᠢ ᠨᠢᠭᠡᠳᠭᠡᠨ ᠭᠡᠷᠡᠭᠯᠡᠵᠤ᠂ ᠡᠳ᠋ ᠤᠨ ᠵᠠᠰᠠᠭ ᠤᠨ ᠮᠦᠩᠭᠦᠨ ᠬᠦᠢᠯᠭᠡᠭᠡᠨ ᠤ ᠪᠡᠯᠡ ᠮᠦᠩᠭᠦ ᠶᠢ 6

ᠳ᠋ᠦᠩᠰᠢᠭᠤᠷ ᠲᠦᠬᠦᠷᠢᠭ ᠲᠦᠪᠯᠡᠷᠡᠬᠦᠯᠦᠨ ᠣᠷᠣᠭᠤᠯᠵᠣ᠂ ᠡᠬᠦᠨ ᠤ ᠲᠣᠳᠣᠷ᠎ᠠ ᠶᠠᠳᠠᠭᠤ ᠶᠢ ᠲᠡᠳᠬᠦᠬᠦ ᠪᠡᠯᠡ ᠮᠦᠩᠭᠦ

0.5 ᠳ᠋ᠦᠩᠰᠢᠭᠤᠷ ᠲᠦᠬᠦᠷᠢᠭ᠂   ᠪᠣᠰᠣᠳ ᠡᠳ᠋ ᠤᠨ ᠵᠠᠰᠠᠭ ᠤᠨ ᠪᠡᠯᠡ ᠮᠦᠩᠭᠦ 2.5 ᠳ᠋ᠦᠩᠰᠢᠭᠤᠷ ᠲᠦᠬᠦᠷᠢᠭ

ᠬᠤᠰᠢᠭᠤᠨ ᠤ ᠡᠳ᠋ ᠤᠨ ᠵᠠᠰᠠᠭ ᠤᠨ ᠲᠦᠰᠦᠪ ᠤᠨ ᠪᠡᠯᠡ ᠮᠦᠩᠭᠦ 1 ᠳ᠋ᠦᠩᠰᠢᠭᠤᠷ ᠲᠦᠬᠦᠷᠢᠭ᠂ ᠮᠦᠩᠭᠦᠨ

ᠬᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠶᠢᠨ ᠮᠦᠩᠭᠦ 2 ᠳ᠋ᠦᠩᠰᠢᠭᠤᠷ ᠲᠦᠬᠦᠷᠢᠭ᠂ ᠶᠠᠳᠠᠭᠤ

ᠬᠦᠴᠢᠷᠳᠡᠯᠳᠡᠢ ᠬᠦᠮᠦᠨ ᠠᠮᠠ ᠶᠢᠨ ᠬᠦᠮᠦᠨ ᠪᠦᠷᠢ ᠳᠤ ᠲᠡᠭᠰᠢᠳᠭᠡᠭᠰᠡᠨ ᠲᠡᠳᠬᠦᠮᠵᠢ ᠶᠢᠨ ᠮᠦᠩᠭᠦ ᠶᠢ 1.4 ᠲᠦᠮᠡᠨ

ᠲᠦᠬᠦᠷᠢᠭ ᠠᠴᠠ ᠲᠡᠭᠡᠭᠰᠢ ᠪᠠᠶᠢᠬᠤ ᠶᠢ ᠪᠠᠳᠣᠯᠠᠨ᠎ᠠ᠃ ᠣᠯᠣᠰ ᠤᠨ ᠶᠠᠮᠣᠨ ᠵᠦᠪᠯᠡᠯ ᠲᠠᠢ ᠬᠠᠷᠢᠯᠴᠠᠨ᠂ ᠦᠪᠡᠷᠳᠡᠭᠡᠨ

ᠵᠠᠰᠠᠬᠤ ᠣᠷᠣᠨ ᠤ ᠣᠳᠣᠷᠢᠳᠣᠯᠭ᠎ᠠ ᠶᠢᠨ ᠬᠠᠷᠢᠯᠴᠠᠭ᠎ᠠ ᠬᠠᠪᠰᠣᠷᠣᠯᠭ᠎ᠠ᠂ ᠲᠢᠩᠭᠢᠮ ᠲᠣᠪᠴᠢᠶ᠎ᠠ ᠬᠢᠨ ᠤ ᠬᠠᠪᠰᠣᠷᠣᠨ

ᠲᠡᠳᠬᠦᠬᠦ ᠵᠡᠷᠭᠡ ᠲᠦᠷᠦ   ᠶᠢᠨ ᠪᠣᠳᠣᠯᠭ᠎ᠠ ᠶᠢᠨ ᠲᠣᠬᠢᠶᠠᠯ ᠢ ᠠᠯᠳᠠᠯ ᠦᠭᠡᠢ ᠦᠷᠬᠦᠯᠵᠢᠯᠡᠨ ᠠᠳᠬᠤᠵᠣ᠂ ᠨᠡᠩ

ᠣᠯᠠᠨ ᠲᠦᠷᠦᠯ ᠵᠦᠢᠯ ᠤᠨ ᠬᠡᠯᠪᠡᠶᠢᠯᠳᠡ ᠪᠣᠯᠣᠨ ᠪᠡᠯᠡ ᠮᠦᠩᠭᠦ ᠶᠢᠨ ᠲᠡᠳᠬᠦᠨ ᠲᠡᠮᠵᠢᠯᠭᠡ ᠶᠢ ᠲᠡᠮᠡᠴᠡᠨ ᠣᠯᠬᠤ

 ᠪᠠᠷ ᠴᠢᠷᠮᠠᠶᠢᠨ᠎ᠠ᠃ ᠶᠠᠳᠠᠭᠤ ᠶᠢ ᠲᠡᠳᠬᠦᠬᠦ ᠪᠡᠯᠡ ᠮᠦᠩᠬᠦᠨ ᠤ ᠦᠨᠳᠦᠷ ᠦᠷ᠎ᠡ ᠠᠰᠢᠭ ᠲᠠᠢ ᠠᠮᠣᠷ ᠲᠦᠪᠰᠢᠨ ᠢᠶᠠᠷ

ᠣᠷᠴᠢᠯᠳᠣᠬᠤ ᠶᠢ ᠪᠠᠳᠣᠯᠠᠨ᠎ᠠ᠃ 1.75 ᠲᠦᠮᠨ ᠠᠴᠠ ᠲᠡᠭᠡᠭᠰᠢ ᠬᠦᠮᠦᠨ ᠢ ᠲᠣᠭᠳᠠᠭᠤᠨ ᠢᠶᠠᠷ ᠶᠠᠳᠠᠭᠤ ᠠᠴᠠ  

ᠠᠩᠭᠢᠵᠢᠷᠠᠭᠤᠯᠵᠦ᠂ ᠭᠤᠣᠯᠳᠠᠯᠭ᠎ᠠ ᠲᠠᠢ ᠶᠠᠳᠠᠭᠤ ᠲᠣᠰᠬᠤᠨ ᠢ 75 ᠪᠠᠭᠠᠰᠬᠠᠵᠣ᠂ ᠶᠠᠳᠠᠭᠤ ᠬᠦᠮᠦᠰ ᠤᠨ ᠲᠡᠬᠢᠨ

ᠪᠣᠢ ᠪᠣᠯᠬᠤ ᠨᠣᠷᠮ᠎ᠠ ᠶᠢ 3% ᠠᠴᠠ ᠲᠣᠷᠣᠭᠰᠢ ᠬᠢᠵᠠᠭᠠᠷᠯᠠᠨ᠎ᠠ᠃

          ︵ᠬᠤᠶᠠᠷ︶ ᠪᠣᠬᠢᠷᠳᠣᠯ ᠦᠭᠡᠢ ᠪᠠᠶᠢᠬᠤ ᠶᠢ ᠠᠳᠬᠤᠵᠣ ᠪᠦᠳᠦᠴᠡ ᠶᠢ ᠵᠣᠬᠢᠴᠠᠭᠤᠯᠣᠨ ᠮᠠᠯ

ᠲᠠᠷᠢᠶᠠᠯᠠᠩ ᠤᠨ ᠣᠳᠣᠬᠢᠴᠢᠯᠠᠯᠳᠠ ᠶᠢᠨ ᠠᠬᠢᠴᠠ ᠶᠢ ᠲᠦᠷᠭᠡᠳᠭᠡᠨ᠎ᠡ

          ᠮᠠᠯ ᠲᠠᠷᠢᠶᠠᠯᠠᠩ ᠤᠨ ᠦᠢᠯᠡᠳᠪᠦᠷᠢᠯᠡᠯ ᠤᠨ ᠪᠦᠳᠦᠴᠡ ᠶᠢ ᠰᠢᠯᠢᠳᠡᠭᠵᠢᠬᠦᠯᠦᠨ᠎ᠡ᠃ ︽ᠠᠮᠣ ᠪᠣᠳᠠᠭ᠎ᠠ

 ᠶᠢᠨ ᠲᠠᠷᠢᠮᠠᠯ ᠤᠨ ᠬᠠᠷᠢᠴᠠᠯ ᠢ ᠬᠠᠰᠣᠵᠣ ᠠᠵᠣ ᠠᠬᠤᠢ ᠢ ᠲᠠᠷᠢᠮᠠᠯ ᠤᠨ ᠨᠡᠮᠡᠭᠳᠡᠬᠦᠯᠬᠦ︾ ᠶᠢ ᠯᠠᠪᠳᠠᠭᠤᠨ ᠢᠶᠠᠷ

ᠠᠬᠢᠭᠤᠯᠣᠨ᠎ᠠ᠃ ᠲᠠᠸᠠᠷ ᠤᠨ ᠠᠮᠣ ᠶᠢ ᠬᠦᠨᠡᠰᠦᠨ ᠠᠮᠣ ᠲᠡᠰᠢ᠂ ᠠᠮᠣ ᠪᠣᠳᠠᠭᠠᠨ ᠤ ᠲᠠᠷᠢᠮᠠᠯ ᠢ ᠠᠵᠣ ᠠᠬᠤᠢ ᠶᠢᠨ

ᠲᠠᠷᠢᠮᠠᠯ᠂ ᠲᠡᠵᠢᠭᠡᠯ ᠪᠣᠷᠳᠤᠭ᠎ᠠ ᠶᠢᠨ ᠲᠠᠷᠢᠮᠠᠯ ᠪᠣᠯᠣᠨ ᠠᠵᠣ ᠦᠢᠯᠡᠳᠪᠦᠷᠢ ᠶᠢᠨ ᠲᠦᠬᠦᠭᠡᠢ ᠮᠠᠲ᠋ᠧᠷᠢᠶᠠᠯ ᠵᠦᠭ

ᠬᠤᠪᠢᠷᠠᠭᠤᠯᠬᠤ ᠠᠯᠬᠤᠴᠠ ᠶᠢ ᠬᠤᠷᠳᠣᠳᠬᠠᠵᠣ᠂ ︽3666  ︾ ᠲᠦᠯᠦᠪᠯᠡᠯᠭᠡ ᠶᠢ ᠰᠠᠶᠢᠳᠣᠷ

ᠨᠡᠶᠢᠳᠠᠪᠣᠷᠢᠵᠢᠭᠤᠯᠣᠨ᠂ ᠡᠷᠳᠡᠨᠢ ᠰᠢᠰᠢ ᠶᠢ 300 ᠲᠦᠮᠡᠨ ᠮᠣ᠋ ᠲᠠᠷᠢᠵᠣ᠂ ᠪᠣᠬᠢᠷᠳᠣᠯ ᠦᠭᠡᠢ ᠣᠷᠭᠠᠨᠢᠭ ᠣᠰᠣᠨ

ᠲᠣᠳᠣᠷᠭ᠎ᠠ ᠶᠢ 60 ᠲᠦᠮᠡᠨ ᠮᠣ᠋᠂ ᠬᠤᠯᠢᠮᠠᠭ ᠠᠮᠣ ᠬᠤᠯᠢᠮᠠᠭ ᠪᠣᠷᠴᠠᠭ 60 ᠲᠦᠮᠡᠨ ᠮᠣ᠋᠂ ᠦᠪᠡᠷᠮᠢᠴᠡ

ᠣᠨᠴᠠᠯᠢᠭᠳᠣ ᠲᠠᠷᠢᠮᠠᠯ 60 ᠲᠦᠮᠡᠨ ᠮᠣ᠋᠂ ᠡᠬᠦᠨ ᠤ ᠲᠣᠳᠣᠷ᠎ᠠ ᠰᠢᠬᠢᠷᠯᠢᠭ ᠣᠳ᠋ᠪᠠᠯ᠎ᠠ 8   ᠲᠦᠮᠡᠨ ᠮᠣ᠋᠂ ᠰᠢᠬᠢᠷ

ᠮᠠᠨᠵᠢᠨ 6   ᠲᠦᠮᠡᠨ ᠮᠣ᠋᠂ ᠡᠪᠡᠰᠦᠨ ᠡᠮ 5 ᠲᠦᠮᠡᠨ ᠮᠣ᠋ ᠪᠠ ᠨᠣᠭᠤᠭᠠᠨ ᠢᠶᠠᠷ ᠲᠠᠷᠣᠰᠢᠭᠤᠯᠬᠤ ᠡᠷᠳᠡᠨᠢ ᠰᠢᠰᠢ

ᠪᠣᠯᠣᠨ ᠮᠠᠯ ᠤᠨ ᠲᠡᠵᠢᠭᠡᠯ ᠡᠪᠡᠰᠦ ᠶᠢ 15 ᠲᠦᠮᠡᠨ ᠮᠣ᠋ ᠲᠠᠷᠢᠬᠤ ᠪᠣᠯᠣᠨ᠎ᠠ᠃   ᠣᠯᠣᠰ ᠤᠨ ᠦᠨᠳᠦᠷ

ᠪᠠᠷᠢᠮᠵᠢᠶᠠᠳᠣ ᠲᠠᠷᠢᠶᠠᠯᠠᠩ ᠤᠨ ᠪᠦᠳᠦᠭᠡᠨ ᠪᠠᠶᠢᠭᠤᠯᠣᠯᠳᠠ ᠶᠢᠨ ᠵᠠᠭᠪᠣᠷ ᠤᠨ ᠰᠢᠨ᠎ᠡ ᠶᠢ ᠡᠬᠦᠳᠬᠦ ᠲᠣᠷᠰᠢᠯᠳᠠ ᠶᠢᠨ

ᠴᠢᠭ ᠤᠨ ᠲᠦᠷᠦᠯ ᠵᠦᠢᠯ ᠢ ᠪᠡᠶᠡᠯᠡᠬᠦᠯᠵᠣ᠂ ᠬᠤᠯᠪᠣᠭ᠎ᠠ ᠰᠢᠶᠠᠩ ᠪᠣᠯᠣᠨ ᠢᠨᠳᠡᠷ ᠪᠠᠯᠭᠠᠰᠣᠨ ᠤ ᠲᠠᠷᠢᠶᠠᠯᠠᠩ ᠤᠨ

ᠦᠢᠯᠡᠰ ᠤᠨ ᠬᠦᠷᠢᠶᠡᠯᠡᠩ ᠤᠨ ᠪᠠᠷᠢᠮᠵᠢᠶᠠᠳᠣ ᠪᠦᠳᠦᠭᠡᠨ ᠪᠠᠶᠢᠭᠤᠯᠣᠯᠳᠠ ᠶᠢ ᠠᠬᠢᠭᠤᠯᠵᠣ᠂ ︽ᠬᠤᠨᠢ ᠲᠡᠵᠢᠭᠡᠬᠦ

ᠦᠢᠯᠡᠰ ᠢ ᠲᠣᠭᠳᠠᠭᠤᠨ ᠪᠠᠶᠢᠯᠭᠠᠵᠣ᠂ ᠦᠭᠡᠷ ᠲᠡᠵᠢᠭᠡᠬᠦ ᠦᠢᠯᠡᠰ ᠢ ᠨᠡᠮᠡᠭᠳᠡᠬᠦᠯᠵᠣ᠂ ᠭᠠᠭ᠋ᠠᠢ ᠲᠡᠵᠢᠭᠡᠬᠦ ᠦᠢᠯᠡᠰ ᠢ

ᠦᠷᠭᠡᠳᠭᠡᠬᠦ︾ ᠶᠢ ᠦᠷᠬᠦᠯᠵᠢᠯᠡᠨ ᠠᠬᠢᠭᠤᠯᠣᠨ᠎ᠠ᠃ ᠮᠠᠯ ᠠᠵᠣ ᠠᠬᠤᠢ ᠶᠢᠨ ᠮᠠᠯ ᠤᠨ ᠲᠤᠭ᠎ᠠ ᠲᠣᠯᠣᠭᠠᠢ ᠶᠢ ᠵᠢᠯ

 ᠳᠤ 350 ᠲᠦᠮᠨ ᠳᠤ ᠬᠦᠷᠭᠡᠵᠣ᠂ ᠡᠬᠦᠨ ᠳᠤ ᠢᠳᠡᠰᠢᠨ ᠤ ᠬᠤᠨᠢ ᠶᠢ 255 ᠲᠦᠮᠡᠨ ᠲᠣᠯᠣᠭᠠᠢ᠂

ᠠᠯᠠᠰᠢᠨ ᠦᠭᠡᠷ ᠢ 33 ᠲᠦᠮᠡᠨ ᠲᠣᠯᠣᠭᠠᠢ᠂ ᠲᠡᠵᠢᠭᠡᠪᠦᠷᠢ ᠶᠢᠨ ᠭᠠᠭ᠋ᠠᠢ ᠶᠢ 58   ᠲᠦᠮᠡ ᠳᠤ ᠬᠦᠷᠭᠡᠬᠦ ᠪᠣᠯᠣᠨ᠎ᠠ᠃

ᠮᠧᠩ ᠶᠠᠩ ᠮᠠᠯ ᠠᠵᠣ ᠠᠬᠤᠢ᠂ ᠰᠢᠩ ᠿᠦᠨ ᠮᠠᠯ ᠠᠵᠣ ᠠᠬᠤᠢ᠂ ᠰᠢᠨ ᠬᠤᠣ ᠵᠢᠢ ᠵᠡᠷᠭᠡ   ᠪᠡᠯᠡᠨ ᠪᠠᠶᠢᠭ᠎ᠠ

ᠠᠵᠣ ᠠᠬᠤᠶᠢᠯᠠᠯ ᠢ ᠲᠦᠰᠢᠭᠯᠡᠨ ᠮᠠᠯ ᠤᠨ ᠡᠬᠦᠯᠳᠡᠷ ᠰᠠᠶᠢᠵᠢᠷᠠᠭᠤᠯᠬᠤ ᠶᠢ ᠠᠬᠢᠭᠤᠯᠵᠣ᠂   ᠢᠳᠡᠰᠢᠨ ᠬᠤᠨᠢ᠂

ᠠᠯᠠᠰᠢᠨ ᠤ ᠦᠬᠡᠷ ᠬᠢᠭᠡᠳ ᠲᠡᠵᠢᠭᠡᠪᠦᠷᠢ ᠶᠢᠨ ᠭᠠᠭ᠋ᠠᠢ ᠶᠢᠨ ᠠᠵᠣ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃

ᠲᠠᠷᠢᠶᠠᠯᠠᠩ ᠤᠨ ᠪᠦᠳᠦᠭᠡᠭᠳᠡᠬᠦᠨ ᠤ ᠶᠠᠰᠣ ᠴᠢᠨᠠᠷ ᠠᠮᠣᠷ ᠲᠦᠪᠰᠢᠨ ᠰᠢᠶᠠᠨ ᠤ ᠡᠬᠦᠳᠦᠨ ᠪᠠᠶᠢᠭᠤᠯᠬᠤ ᠲᠣᠷᠰᠢᠯᠳᠠ

 ᠶᠢᠨ ᠴᠡᠭ ᠲᠤ ᠲᠦᠰᠢᠭᠯᠡᠵᠣ᠂ ᠶᠠᠰᠣ ᠴᠢᠨᠠᠷ ᠠᠮᠣᠷ ᠲᠦᠪᠰᠢᠨ ᠢ ᠬᠢᠨᠠᠨ ᠬᠠᠮᠢᠶᠠᠷᠬᠤ ᠰᠢᠰᠲ᠋ᠧᠮ ᠢ

ᠲᠡᠬᠦᠯᠳᠡᠷᠵᠢᠬᠦᠯᠵᠣ᠂ ᠴᠢᠨᠠᠷ ᠰᠠᠶᠢᠳᠠᠢ ᠪᠣᠬᠢᠷᠳᠣᠯ ᠦᠭᠡᠢ ᠮᠠᠯ ᠲᠠᠷᠢᠶᠠᠯᠠᠩ ᠤᠨ ᠲᠡᠮᠳᠡᠭᠳᠦ ᠪᠦᠳᠦᠭᠡᠭᠳᠡᠬᠦᠨ ᠢ

ᠦᠢᠯᠡᠳᠪᠦᠷᠢᠯᠡᠨ᠎ᠡ᠃

          ᠲᠠᠷᠢᠶᠠᠯᠠᠩ ᠤᠨ ᠬᠦᠭᠵᠢᠯᠳᠡ ᠶᠢᠨ ᠰᠠᠭᠤᠷᠢ ᠶᠢ ᠴᠢᠩᠭᠠᠳᠬᠠᠨ᠎ᠠ᠃   ᠨᠣᠨ ᠮᠦᠷᠡᠨ ᠤ ᠭᠤᠣᠯ

ᠣᠷᠣᠰᠬᠠᠯ ᠢ ᠵᠠᠰᠠᠬᠤ ᠢᠨᠵᠧᠨᠧᠷᠢᠩ ᠢ ᠪᠡᠶᠡᠯᠡᠬᠦᠯᠵᠣ᠂ ᠴᠣᠣᠯ ᠣᠰᠣᠨ ᠠᠰᠢᠭᠯᠠᠯᠳᠠ ᠶᠢᠨ ᠬᠦᠢᠰᠦᠨ ᠤ ᠲᠣᠣᠷᠠᠳᠣ

ᠣᠷᠣᠰᠬᠠᠯ ᠤᠨ   ᠣᠰᠣᠯᠠᠯᠳᠠ ᠶᠢᠨ ᠣᠷᠣᠨ ᠤ ᠭᠤᠣᠯᠯᠠᠬᠤ ᠵᠦᠢᠯᠡᠰ ᠪᠣᠯᠣᠨ ᠲᠠᠷᠢᠶᠠᠨ ᠭᠠᠵᠠᠷ ᠤᠨ ᠢᠨᠵᠧᠨᠧᠷᠢᠩ

 ᠤᠨ ᠪᠦᠳᠦᠭᠡᠨ ᠪᠠᠶᠢᠭᠤᠯᠣᠯᠳᠠ ᠶᠢ ᠲᠦᠯᠬᠢᠨ ᠠᠭᠢᠭᠤᠯᠵᠣ᠂ ︽ᠴᠣᠣᠯ ᠭᠤᠣᠯ ᠤᠨ ᠣᠰᠣ ᠶᠢ ᠲᠠᠳᠠᠵᠣ

ᠲᠦᠩᠯᠢᠶᠣᠣ ᠶᠢ ᠲᠣᠰᠠᠯᠠᠬᠤ︾   ᠦᠨᠳᠡᠭᠡᠨ ᠣᠰᠣᠨ ᠠᠰᠢᠭᠯᠠᠯᠳᠠ ᠶᠢᠨ ᠢᠨᠵᠧᠨᠧᠷᠢᠩ ᠢ ᠴᠢᠷᠮᠠᠶᠢᠨ ᠡᠬᠢᠯᠡᠬᠦᠯᠵᠣ᠂

ᠭᠧᠩ ᠵᠢᠶᠠ ᠲᠦᠨ ᠣᠰᠣᠨ ᠠᠰᠢᠭᠯᠠᠯᠳᠠ ᠶᠢᠨ ᠴᠦᠬᠦᠷᠦᠮ ᠢ ᠴᠣᠬᠤᠯᠪᠣᠷᠢᠯᠠᠨ ᠵᠦᠪᠰᠢᠶᠡᠷᠡᠬᠦ ᠶᠢ ᠲᠦᠯᠬᠢᠨ

ᠠᠬᠢᠭᠤᠯᠣᠨ᠎ᠠ᠃ ᠭᠠᠵᠠᠷ ᠲᠠᠷᠢᠶ᠎ᠠ ᠶᠢ ᠲᠡᠭᠰᠢᠯᠡᠬᠦ᠂ ᠲᠠᠷᠢᠶᠠᠯᠠᠩ ᠢ ᠶᠡᠷᠦᠩᠭᠡᠶᠢᠯᠡᠨ ᠨᠡᠭᠡᠭᠡᠨ ᠬᠦᠭᠵᠢᠬᠦᠯᠬᠦ᠂ ᠲᠠᠷᠢᠶᠠᠨ

ᠭᠠᠵᠠᠷ ᠤᠨ ᠣᠰᠣᠨ ᠠᠰᠢᠭᠯᠠᠯᠳᠠ ᠶᠢᠨ ᠵᠦᠢᠯᠡᠰ ᠤᠨ ᠪᠡᠯᠡ ᠮᠦᠩᠭᠦ ᠶᠢ ᠨᠢᠭᠡᠳᠭᠡᠵᠣ᠂ 2450 ᠴᠠᠬᠢᠯᠭᠠᠨ

ᠬᠤᠳᠳᠤᠭ ᠢ ᠰᠢᠨ᠎ᠡ ᠪᠠᠷ ᠴᠣᠬᠢᠵᠣ᠂ 31 ᠲᠦᠮᠡᠨ ᠮᠣ᠋ ᠣᠰᠣ ᠠᠷᠪᠢᠯᠠᠬᠤ ᠣᠰᠣᠯᠠᠯᠳᠠ ᠶᠢᠨ ᠲᠠᠯᠠᠪᠠᠢ ᠶᠢ ᠰᠢᠨ᠎ᠡ

 ᠪᠠᠷ ᠨᠡᠮᠡᠭᠳᠡᠬᠦᠯᠵᠣ᠂ 6 ᠲᠦᠮᠡᠨ ᠮᠣ᠋ ᠬᠠᠭᠤᠷᠠᠢ ᠲᠠᠷᠢᠶ᠎ᠠ ᠶᠢ ᠣᠰᠣᠨ ᠲᠠᠷᠢᠶ᠎ᠠ ᠪᠣᠯᠭᠠᠨ᠎ᠠ᠃ 2.3 ᠳ᠋ᠦᠩᠰᠢᠭᠤᠷ

ᠲᠦᠬᠦᠷᠢᠭ ᠤᠨ ᠪᠡᠯᠡ ᠣᠷᠣᠭᠤᠯᠵᠣ᠂ ᠮᠢᠩᠭᠠᠨ ᠳ᠋ᠦᠩᠰᠢᠭᠤᠷ ᠵᠢᠩ ᠤᠨ ᠠᠮᠣ ᠪᠣᠳᠠᠭᠠᠨ ᠤ ᠣᠨᠠᠯᠳᠠ ᠶᠢ

ᠨᠡᠮᠡᠭᠳᠡᠬᠦᠯᠬᠦ᠂ ᠰᠠᠪᠠ ᠭᠠᠵᠠᠷ ᠢ ᠶᠡᠷᠦᠩᠭᠡᠶᠢᠯᠡᠨ ᠵᠠᠰᠠᠬᠤ᠂ ᠦᠶᠡᠷ ᠤᠨ ᠭᠤᠣ ᠭᠠᠩᠭ᠎ᠠ ᠶᠢ ᠵᠠᠰᠠᠬᠤ᠂ ᠭᠠᠩ ᠢ

ᠡᠰᠡᠷᠬᠦᠴᠡᠵᠣ ᠦᠶᠡᠷ ᠢ ᠰᠠᠷᠭᠡᠶᠢᠯᠡᠬᠦ ᠶᠢ ᠠᠷᠭᠠᠴᠠᠬᠤ ᠵᠡᠷᠭᠡ ᠵᠦᠢᠯᠡᠰ ᠢ ᠭᠡᠷᠡᠭᠵᠢᠬᠦᠯᠵᠣ᠂ ᠣᠰᠣᠨ ᠤ ᠡᠬᠢ ᠪᠠᠶᠠᠯᠢᠭ

 ᠤᠨ ᠦᠨᠳᠦᠷ ᠪᠦᠳᠦᠮᠵᠢᠳᠡᠢ ᠠᠰᠢᠭᠯᠠᠯᠳᠠ ᠶᠢ ᠲᠦᠯᠬᠢᠨ ᠠᠬᠢᠭᠤᠯᠵᠣ᠂ ᠪᠠᠶᠢᠭᠠᠯᠢ ᠶᠢᠨ ᠭᠠᠩ ᠭᠠᠮᠰᠢᠭ ᠢ

ᠶᠡᠷᠦᠩᠭᠡᠶᠢᠯᠡᠨ ᠰᠡᠷᠭᠡᠶᠢᠯᠡᠬᠦ ᠴᠢᠳᠠᠪᠣᠷᠢ ᠶᠢ ᠲᠡᠭᠡᠭᠰᠢᠯᠡᠬᠦᠯᠦᠨ᠎ᠡ᠃ ᠬᠠᠷ᠎ᠠ ᠬᠦᠷᠦᠰᠦ ᠶᠢ ᠬᠠᠮᠠᠭᠠᠯᠠᠬᠤ ᠪᠠ ᠠᠰᠢᠭᠯᠠᠬᠤ

ᠲᠣᠷᠰᠢᠯᠳᠠ ᠶᠢᠨ ᠵᠦᠢᠯᠡᠰ ᠲᠤ ᠲᠦᠰᠢᠭᠯᠡᠨ᠂ 10.9 ᠲᠦᠮᠡᠨ ᠮᠣ᠋ ᠲᠠᠷᠢᠶᠠᠨ ᠭᠠᠵᠠᠷ ᠤᠨ ᠴᠢᠨᠠᠷ ᠴᠢᠨᠰᠠᠭ᠎ᠠ ᠶᠢ

ᠲᠡᠭᠡᠭᠰᠢᠯᠡᠬᠦᠯᠦᠨ᠎ᠡ᠃

          ᠲᠠᠷᠢᠶᠠᠯᠠᠩ ᠮᠠᠯ ᠠᠵᠣ ᠠᠬᠤᠢ ᠶᠢᠨ   ᠦᠢᠯᠡᠰ ᠤᠨ ᠣᠳᠣᠬᠢᠴᠢᠯᠠᠯᠳᠠ ᠶᠢᠨ ᠠᠬᠢᠴᠠ ᠶᠢ

ᠲᠦᠷᠭᠡᠳᠭᠡᠨ᠎ᠡ᠃ ᠪᠣᠬᠢᠷᠳᠣᠯ ᠦᠭᠡᠢ ᠲᠠᠷᠢᠶᠠᠯᠠᠩ ᠮᠠᠯ ᠠᠵᠣ ᠠᠬᠤᠢ ᠶᠢᠨ ᠦᠢᠯᠳᠬᠦᠨ ᠤ ᠡᠬᠢ ᠪᠠᠶᠠᠯᠢᠭ ᠤᠨ

ᠲᠠᠪᠠᠭᠤᠯᠢᠭ ᠤᠨ ᠲᠣᠭᠤᠷᠢᠨ ᠳᠤ᠂ ᠲᠠᠸᠠᠷ ᠤᠨ ᠲᠡᠮᠳᠡᠭ ᠫᠠᠶᠢᠰᠠ ᠪᠠᠷ ᠬᠤᠰᠢᠭᠤ ᠪᠠᠨ ᠮᠠᠨᠳᠣᠭᠤᠯᠬᠤ ᠪᠠᠶᠢᠯᠳᠣᠬᠤ

ᠪᠣᠳᠣᠯᠭ᠎ᠠ ᠶᠢ ᠶᠡᠭᠡ ᠬᠦᠴᠣᠨ ᠢᠶᠠᠷ ᠭᠡᠷᠡᠭᠵᠢᠬᠦᠯᠵᠣ᠂ ︽ᠵᠠᠯᠠᠶᠢᠳ ᠲᠣᠳᠣᠷᠭ᠎ᠠ︾ ᠶᠢᠨ ᠭᠠᠵᠠᠷ ᠵᠦᠢ ᠶᠢᠨ

ᠲᠡᠮᠳᠡᠭᠳᠦ ᠣᠷᠣᠨ ᠢ ᠬᠤᠪᠢᠶᠠᠷᠢᠯᠠᠨ ᠲᠣᠭᠳᠠᠭᠠᠵᠣ᠂ ᠦᠪᠡᠷᠮᠢᠴᠡ   ᠣᠨᠴᠠᠯᠢᠭᠳᠣ ᠲᠠᠷᠢᠶᠠᠯᠠᠩ ᠮᠠᠯ ᠠᠵᠣ ᠠᠬᠤᠢ

 ᠶᠢᠨ ᠦᠢᠯᠡᠳᠬᠦᠨ ᠤ ᠠᠯᠳᠠᠷᠰᠢᠯ ᠤᠨ ᠭᠡᠮᠵᠢᠶ᠎ᠡ ᠶᠢ ᠲᠡᠭᠡᠭᠰᠢᠯᠡᠬᠦᠯᠦᠨ᠎ᠡ᠃ ᠰᠢᠨ᠎ᠡ ᠮᠠᠶ᠋ᠢᠭ ᠤᠨ ᠲᠠᠷᠢᠶᠠᠯᠠᠠᠩ ᠮᠠᠯ

ᠠᠵᠣ ᠠᠬᠤᠢ ᠶᠢᠨ ᠦᠢᠯᠡᠰ ᠤᠨ ᠡᠵᠡᠩᠨᠡᠯᠳᠡ ᠶᠢᠨ ᠶᠢᠨ ᠭᠤᠣᠯ ᠴᠣᠭᠴᠠ ᠶᠢ ᠬᠦᠮᠦᠵᠢᠬᠦᠯᠦᠨ ᠪᠣᠶᠢᠵᠢᠭᠤᠯᠵᠣ᠂

3200 ᠡᠷᠦᠭᠡ ᠡᠯ᠎ᠡ ᠲᠦᠷᠦᠯ ᠤᠨ ᠰᠢᠨ᠎ᠡ   ᠮᠠᠶ᠋ᠢᠭ ᠤᠨ ᠡᠵᠡᠩᠨᠡᠯᠳᠡ ᠶᠢᠨ ᠭᠤᠣᠯ ᠴᠣᠭᠴᠠ ᠶᠢ ᠬᠦᠭᠵᠢᠬᠦᠯᠵᠣ᠂

280 ᠨᠡᠷᠡᠰ ᠰᠢᠨ᠎ᠡ ᠮᠠᠶ᠋ᠢᠭ ᠤᠨ ᠲᠣᠬᠠᠶᠢᠯᠠᠭᠰᠠᠨ ᠠᠵᠢᠯ ᠤᠨ ᠲᠠᠷᠢᠶᠠᠴᠢᠨ ᠢ ᠬᠦᠮᠦᠵᠢᠬᠦᠯᠵᠣ᠂ ᠭᠠᠴᠠᠭ᠎ᠠ

ᠲᠣᠰᠬᠤᠨ ᠨᠢᠬᠡᠪᠦᠷᠢ   ᠪᠦᠷ ᠲᠦᠷᠢᠮᠵᠢᠬᠦᠨ ᠶᠠᠪᠣᠭᠳᠠᠬᠤ ᠬᠤᠷᠰᠢᠶᠠᠵᠢᠯ ᠲᠠᠢ ᠪᠠᠶᠢᠬᠤ ᠶᠢ ᠪᠠᠳᠣᠯᠠᠨ᠎ᠠ᠃ ︽ᠢᠨᠲ᠋ᠧᠷ

ᠰᠦᠯᠵᠢᠶ᠎ᠡ + ᠲᠠᠷᠢᠶᠠᠯᠠᠩ︾ ᠤᠨ ᠢᠨᠵᠧᠨᠧᠷᠢᠩ ᠢ ᠬᠦᠭᠵᠢᠬᠦᠯᠵᠣ᠂ ᠰᠣᠷᠠᠭ ᠵᠠᠩᠬᠢ ᠶᠢᠨ ᠲᠣᠰᠬᠤᠨ ᠡᠷᠦᠭᠡ ᠳᠤ

ᠣᠷᠣᠬᠤ ᠶᠢ ᠲᠦᠯᠬᠢᠨ ᠠᠬᠢᠭᠤᠯᠵᠣ᠂ ᠬᠦᠳᠡᠭᠡ ᠠᠵᠣ ᠠᠬᠤᠢ ᠶᠢᠨ ᠦᠢᠯᠡᠳᠬᠦᠨ ᠤ ᠭᠠᠳᠠᠭᠰᠢ ᠭᠠᠷᠭᠠᠬᠤ ᠪᠠ

ᠭᠡᠷᠡᠭᠯᠡᠭᠡᠨ ᠤ ᠡᠳ᠋ ᠤᠨ ᠣᠷᠣᠭᠤᠯᠵᠣ ᠢᠷᠡᠬᠦ ᠬᠤᠣᠰ ᠱᠣᠭᠤᠮ ᠤᠨ ᠪᠦᠳᠦᠮᠵᠢᠳᠡᠢ ᠵᠣᠯᠭᠠᠯᠳᠠ ᠶᠢ ᠪᠡᠶᠡᠯᠡᠬᠦᠯᠦᠨ᠎ᠡ᠃

ᠭᠦᠳᠡᠭᠡ ᠠᠵᠣ ᠠᠬᠤᠢ ᠶᠢᠨ ᠲᠦᠭᠰᠢᠬᠦᠷᠢ ᠶᠢ ᠪᠠᠳᠣᠯᠠᠬᠤ ᠬᠢᠷᠢ ᠲᠦᠪᠰᠢᠨ ᠢ ᠲᠡᠭᠡᠭᠰᠢᠯᠡᠬᠦᠯᠵᠣ᠂ ᠲᠠᠷᠢᠶᠠᠯᠠᠩ ᠲᠠᠢ

ᠬᠤᠯᠪᠣᠭᠳᠠᠭᠰᠠᠨ ᠲᠠᠭᠠᠳᠬᠠᠯ ᠤᠨ ᠺᠣᠮᠫᠠᠨᠢ ᠶᠢᠨ ᠰᠢᠨ᠎ᠡ ᠦᠢᠯᠡᠳᠬᠦᠨ ᠢ ᠨᠡᠭᠡᠭᠡᠨ ᠬᠦᠭᠵᠢᠬᠦᠯᠵᠣ᠂ ᠲᠠᠷᠢᠶᠠᠯᠠᠩ ᠤᠨ

ᠲᠠᠭᠠᠳᠬᠠᠯ ᠤᠨ ᠶᠡᠭᠡ ᠭᠠᠮᠰᠢᠭ ᠤᠨ ᠲᠦᠭᠰᠢᠬᠦᠷᠢ ᠶᠢ ᠲᠠᠷᠬᠠᠭᠠᠬᠤ ᠲᠣᠭᠳᠠᠮᠵᠢ ᠶᠢ ᠲᠡᠬᠦᠯᠳᠡᠷᠵᠢᠬᠦᠯᠵᠣ᠂ ᠲᠠᠷᠢᠮᠠᠯ

 ᠤᠨ ᠦᠢᠯᠡᠰ ᠤᠨ ᠲᠠᠭᠠᠳᠬᠠᠯ ᠢ 400 ᠲᠦᠮᠡᠨ ᠮᠣ᠋ ᠠᠴᠠ ᠲᠡᠭᠡᠭᠰᠢ ᠪᠣᠯᠭᠠᠨ᠎ᠠ  ᠃   ᠪᠦᠬᠦ ᠣᠯᠣᠰ ᠤᠨ ᠡᠷᠳᠡᠨᠢ

ᠰᠢᠰᠢ ᠶᠢᠨ ᠪᠦᠬᠦ ᠶᠠᠪᠣᠴᠠ ᠶᠢᠨ ᠮᠧᠬᠠᠨᠢᠭᠵᠢᠯᠳᠠ ᠶᠢᠨ ᠲᠦᠷᠢᠮ ᠦᠵᠡᠬᠦᠯᠬᠦ ᠰᠢᠶᠠᠨ ᠤ ᠲᠦᠷᠦᠯ ᠵᠦ᠋ᠶᠢᠯ ᠢ ᠲᠡᠮᠡᠴᠡᠨ

ᠣᠯᠵᠣ᠂ ᠶᠡᠷᠦᠩᠭᠡᠶᠢᠯᠡᠭᠰᠡᠨ ᠮᠧᠬᠠᠨᠢᠭᠵᠢᠯᠳᠠ ᠶᠢᠨ ᠬᠢᠷᠢ ᠲᠦᠪᠰᠢᠨ ᠢ 86.5%   ᠳᠤ ᠬᠦᠷᠭᠡᠨ᠎ᠡ᠃ ᠡᠰᠢ ᠰᠦᠷᠡᠯ

 ᠢ ᠬᠤᠪᠢᠷᠠᠭᠤᠯᠵᠣ ᠶᠡᠷᠦᠩᠭᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠣ᠂ ᠡᠰᠢ ᠰᠦᠷᠡᠯ ᠢ ᠪᠣᠯᠪᠠᠰᠣᠷᠠᠭᠤᠯᠬᠤ᠂

ᠲᠠᠷᠢᠶᠠᠨ ᠭᠠᠵᠠᠷ ᠲᠤ ᠨᠢ ᠪᠣᠴᠠᠭᠠᠬᠤ᠂ ᠦᠷᠳᠡᠭ ᠨᠡᠮᠡᠭᠳᠡᠬᠦ ᠬᠠᠷᠢᠴᠠᠯ ᠢ ᠲᠡᠭᠡᠭᠰᠢᠯᠡᠬᠦᠯᠦᠨ᠎ᠡ᠃

          ︵ᠭᠤᠷᠪᠠ︶ ᠲᠦᠷᠦᠯ ᠵᠥᠢᠯ ᠢ ᠠᠳᠬᠤᠵᠣ᠂ ᠪᠡᠯᠡ ᠣᠷᠣᠯᠠᠭᠤᠯᠣᠯᠲᠠ ᠶᠢ   ᠴᠢᠬᠤᠯᠠᠴᠢᠯᠠᠨ᠂ ᠠᠵᠣ

ᠠᠬᠤᠢ   ᠶᠢᠨ ᠶᠡᠷᠣᠩᠬᠡᠶᠢᠯᠡᠭᠰᠡᠨ ᠪᠣᠳᠠᠲᠣ ᠬᠦᠴᠦᠨ ᠢ ᠪᠦᠲᠦᠮᠵᠢᠲᠠᠢ ᠪᠠᠷ ᠴᠢᠩᠭᠠᠳᠬᠠᠨ᠎ᠠ

ᠴᠢᠬᠤᠯᠠ ᠶᠡᠭᠡ ᠲᠦᠷᠦᠯ ᠵᠥᠢᠯ   ᠤᠨ ᠪᠦᠲᠦᠭᠡᠨ ᠪᠠᠶᠢᠭᠤᠯᠥᠯᠲᠠ ᠶᠢ ᠪᠦᠬᠦ ᠲᠠᠯ᠎ᠠ ᠪᠠᠷ ᠠᠳᠬᠤᠨ᠎ᠠ᠃ 《 ᠠᠷᠪᠡᠨ

ᠲᠦᠷᠦᠯ ᠤᠨ ᠢᠨᠵᠧᠨᠧᠷᠢᠩ 》 ᠢ ᠭᠦᠨᠵᠡᠭᠡᠢ ᠲᠦᠯᠬᠢᠨ ᠠᠬᠢᠭᠤᠯᠵᠣ᠂ ᠨᠠᠮ ᠤᠨ ᠪᠦᠲᠦᠭᠡᠨ ᠪᠠᠶᠢᠭᠤᠯᠣᠯᠲᠠ ᠪᠠᠷ

ᠬᠦᠭᠵᠢᠯᠲᠡ   ᠶᠢᠨ ᠭᠤᠣᠯᠳᠠᠯᠭᠠᠲᠣ ᠲᠦᠷᠦᠯ᠂ ᠭᠤᠣᠯᠳᠠᠯᠭᠠᠲᠣ ᠠᠵᠢᠯ᠂ ᠭᠢᠯᠠᠰ ᠴᠢᠭ ᠪᠣᠯᠬᠤ ᠠᠵᠢᠯ ᠢ

ᠨᠢᠭᠡᠲᠦᠯᠲᠡᠢ ᠣᠳᠣᠷᠢᠳᠴᠣ 《 ᠭᠤᠷᠪᠡᠨ ᠨᠠᠷᠢᠯᠢᠭ ᠳᠠᠩᠰᠠ 》 ᠶᠢ ᠲᠣᠣᠱᠯᠠᠭᠤᠯᠣᠨ᠎ᠠ᠃   ᠳ᠋ᠦᠩᠰᠢᠭᠤᠷ ᠲᠦᠭᠦᠷᠢᠭ

 ᠠᠴᠠ ᠳᠡᠭᠡᠭᠰᠢᠬᠢ ᠠᠶᠢᠮᠠᠭ ᠤᠨ ᠳᠡᠰ ᠤᠨ ᠴᠢᠬᠤᠯᠠ ᠶᠡᠭᠡ ᠲᠦᠷᠦᠯ ᠵᠦᠢᠯ 21 ᠢ ᠬᠡᠷᠡᠭᠵᠢᠭᠦᠯᠵᠦ᠂ ᠲᠡᠭᠦᠨ ᠤ  

ᠲᠣᠳᠣᠷ᠎ᠠ᠂ 4 ᠵᠥᠢᠯ ᠨᠢ ᠦᠷᠬᠦᠯᠵᠢᠯᠡᠨ ᠪᠠᠶᠢᠭᠤᠯᠬᠤ᠂ 17 ᠵᠥᠢᠯ ᠨᠢ ᠰᠢᠨ᠎ᠡ ᠪᠠᠷ ᠪᠠᠶᠢᠭᠤᠯᠬᠤ ᠵᠦᠢᠯᠡᠰ

ᠪᠣᠯᠣᠨ᠎ᠠ᠃ ᠶᠡᠷᠦᠩᠬᠡᠢ ᠪᠡᠯᠡ ᠣᠷᠣᠭᠤᠯᠣᠯᠳᠠ 319.5 ᠳ᠋ᠦᠩᠰᠢᠭᠤᠷ ᠲᠦᠭᠦᠷᠢᠭ᠂ ᠲᠣᠬᠠᠢ ᠶᠢᠨ ᠵᠢᠯ ᠳᠤ 55.

63 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠳᠠ ᠶᠢ ᠪᠡᠶᠡᠯᠡᠭᠦᠯᠬᠦ ᠪᠠᠷ ᠲᠦᠯᠦᠪᠯᠡᠵᠦ ᠪᠣᠢ᠃ 《 ᠭᠤᠷᠪᠡᠨ

ᠵᠠᠮ᠂ ᠬᠤᠶᠠᠷ ᠬᠦᠭᠦᠷᠭᠡ 》 ᠶᠢᠨ ᠢᠨᠵᠧᠨᠧᠷᠢᠩ ᠢ ᠲᠦᠯᠬᠢᠨ ᠠᠬᠢᠭᠤᠯᠵᠣ᠂ ᠢᠨᠳᠡᠷ ᠠᠴᠠ ᠴᠢᠩ ᠯᠥᠩ ᠱᠠᠨ

ᠬᠦᠷᠬᠦ ᠪᠠ ᠱᠢ ᠲᠧᠣ ᠴᠧᠩ ᠰᠧ ᠠᠴᠠ ᠰᠢᠩ ᠬᠤᠸᠠ ᠬᠦᠷᠬᠦ ᠬᠤᠶᠠᠳᠣᠭᠠᠷ ᠳᠡᠰ ᠤᠨ ᠵᠠᠰᠮᠠᠯ ᠵᠠᠮ ᠤᠨ ᠭᠤᠣᠯ

ᠴᠣᠭᠴᠠ   ᠶᠢᠨ ᠪᠠᠷᠢᠯᠭ᠎ᠠ ᠶᠢ ᠪᠡᠶᠡᠯᠡᠭᠦᠯᠵᠦ᠂ ᠴᠢ ᠵᠢᠶᠠ ᠽᠢ ᠠᠴᠠ ᠯᠠᠮᠠ ᠶᠢᠨ ᠠᠭᠤᠢ ᠬᠦᠷᠬᠦ ᠶᠡᠭᠡ ᠬᠦᠭᠦᠷᠭᠡ ᠶᠢᠨ

ᠬᠤᠶᠠᠳᠣᠭᠠᠷ ᠳᠡᠰ ᠤᠨ ᠵᠣᠭᠠᠴᠠᠯ ᠤᠨ ᠵᠠᠰᠠᠮᠠᠯ ᠵᠠᠮ ᠤᠨ ᠵᠠᠮ ᠤᠨ ᠰᠠᠭᠤᠷᠢ ᠪᠠ   ᠬᠦᠭᠦᠷᠭᠡ ᠭᠤᠯᠳᠣᠩ ᠤᠨ

ᠪᠠᠷᠢᠯᠭ᠎ᠠ ᠶᠢ ᠪᠡᠶᠡᠯᠡᠭᠦᠯᠵᠦ᠂ ᠬᠤᠸᠠ ᠶᠤᠸᠠᠨ ᠶᠡᠭᠡ ᠬᠦᠭᠦᠷᠭᠡ ᠪᠠ ᠳᠦᠷᠪᠠᠨᠰᠢᠨ ᠶᠡᠭᠡ ᠬᠦᠭᠦᠷᠭᠡ ᠶᠢᠨ ᠢᠨᠵᠧᠨᠧᠷᠢᠩ

 ᠢ ᠴᠢᠷᠮᠠᠶᠢᠨ ᠪᠡᠶᠡᠯᠡᠭᠦᠯᠦᠨ᠎ᠡ᠃ ᠵᠠᠮ ᠲᠡᠭᠡᠭᠡᠪᠦᠷᠢ ᠶᠢᠨ 《 ᠭᠤᠷᠪᠡᠨ ᠶᠡᠭᠡ   ᠭᠤᠣᠯ ᠰᠤᠳᠠᠰᠤ 》 ᠶᠢᠨ ᠪᠦᠲᠦᠭᠡᠨ

ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠵᠦ᠂   ᠲᠡᠮᠦᠷ ᠵᠠᠮ ᠪᠠ ᠨᠡᠶᠢᠲᠡ ᠶᠢᠨ ᠬᠡᠷᠡᠭᠯᠡᠭᠡᠨ ᠤ ᠨᠢᠰᠭᠡᠯ ᠤᠨ

ᠲᠠᠯᠠᠪᠤᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠤᠣᠯ ᠭᠤᠤᠯ ᠤᠨ

ᠣᠰᠣᠨ ᠵᠠᠮ ᠤᠨ ᠲᠡᠭᠡᠭᠡᠪᠦᠷᠢ ᠶᠢᠨ ᠢᠨᠵᠧᠨᠧᠷᠢᠩ ᠢ ᠲᠦᠯᠬᠢᠨ ᠠᠬᠢᠭᠤᠯᠬᠤ ᠶᠢ ᠰᠤᠳᠤᠯᠤᠨ ᠲᠦᠯᠦᠪᠯᠡᠵᠦ᠂ ᠣᠳᠣ

ᠮᠠᠶ᠋ᠢᠭ ᠤᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠣᠤᠷ ᠢ ᠪᠠᠶᠢᠭᠤᠯᠬᠤ ᠶᠢ ᠲᠦᠷᠭᠡᠳᠭᠡᠨ᠎ᠡ᠃   ᠰᠡᠩᠳᠡᠩ

ᠮᠣᠳᠣᠨ ᠦᠷ᠎ᠡ ᠵᠢᠮᠢᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠣ᠂

ᠡᠳᠦᠷ ᠲᠤ  4000   ᠲᠤᠨ ᠰᠢᠬᠢᠷ ᠯᠣᠤᠪᠠᠩ ᠦᠢᠯᠡᠳᠪᠦᠷᠢᠯᠡᠬᠦ ᠵᠡᠷᠭᠡ ᠨᠢᠭᠡ ᠪᠦᠯᠦᠭ ᠴᠢᠬᠤᠯᠠ ᠠᠵᠣ ᠦᠢᠯᠡᠰ

 ᠤᠨ ᠰᠠᠭᠤᠷᠢ ᠶᠢ ᠪᠠᠬᠢᠵᠢᠭᠦᠯᠵᠦ᠂ ᠠᠯᠣᠰ ᠬᠡᠲᠦ ᠶᠢᠨ ᠠᠰᠢᠭ ᠲᠣᠰᠠ ᠲᠠᠢ ᠨᠡᠶᠢᠴᠡᠬᠦ   ᠴᠢᠬᠤᠯᠠ ᠶᠡᠭᠡ

ᠢᠨᠵᠧᠨᠧᠷᠢᠩ ᠢ ᠪᠠᠶᠢᠭᠤᠯᠣᠨ᠎ᠠ᠃ ᠭᠤᠤᠯᠳᠠᠯᠭᠠᠲᠤ ᠠᠵᠢᠯ᠂   ᠴᠢᠬᠤᠯᠨ ᠶᠡᠭᠡ ᠲᠦᠷᠦᠯ ᠵᠦᠢᠯ ᠪᠣᠯᠬᠤ 《 ᠲᠠᠪᠤᠨ

ᠨᠢᠭᠡ 》 ᠶᠢ ᠲᠦᠯᠬᠢᠨ ᠠᠬᠢᠭᠤᠯᠬᠤ   ᠲᠣᠭᠳᠠᠯᠴᠠᠭ᠎ᠠ ᠶᠢ ᠴᠢᠩᠭ᠎ᠠ ᠲᠣᠤᠱᠯᠠᠭᠤᠯᠵᠣ᠂ ᠲᠦᠷᠦᠯ ᠵᠦᠢᠯ ᠤᠨ

ᠣᠷᠣᠭᠰᠢᠲᠠᠢ ᠪᠡᠶᠡᠯᠡᠭᠳᠡᠬᠦ ᠶᠢ ᠪᠠᠲᠤᠯᠠᠨ᠎ᠠ᠃

            ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠣᠨ᠎ᠠ᠃

ᠳᠠᠪᠠᠭᠤᠯᠢᠭ ᠤᠨᠴᠠᠯᠢᠭ ᠲᠠᠢ ᠡᠬᠢ ᠪᠠᠶᠠᠯᠢᠭ ᠤᠨ ᠲᠤᠭ᠎ᠠ ᠬᠡᠮᠵᠢᠶᠡᠨ ᠤ ᠨᠡᠮᠡᠭᠳᠡᠬᠦ ᠶᠢ ᠠᠳᠬᠤᠵᠤ᠂ ᠬᠠᠳᠠᠭᠠᠯᠠᠬᠤ

ᠬᠡᠮᠵᠢᠶ᠎ᠡ ᠶᠢ ᠠᠮᠢᠳᠤᠯᠢᠭ ᠪᠤᠯᠭᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ

ᠪᠦᠲᠦᠭᠡᠭᠳᠡᠬᠦᠨ ᠢ ᠪᠤᠯᠪᠰᠤᠷᠠᠭᠤᠯᠬᠤ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ   ᠭᠡᠬᠦ ᠬᠤᠶᠠᠷ ᠶᠡᠭᠡ

ᠤᠳᠤᠷᠢᠳᠤᠮᠵᠢ ᠠᠵᠤ ᠦᠢᠯᠡᠰ ᠢ ᠭᠤᠤᠯᠴᠢᠯᠠᠨ ᠬᠦᠭᠵᠢᠭᠦᠯᠵᠦ᠂ ᠰᠢᠨ᠎ᠡ ᠡᠨᠧᠷᠭᠢ᠂ ᠠᠮᠢᠳᠤ ᠪᠤᠳᠠᠰ ᠤᠨ ᠮᠡᠷᠭᠡᠵᠢᠯ

ᠵᠡᠷᠭᠡ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠣᠭᠰᠠᠨ ᠠᠵᠤ ᠦᠢᠯᠡᠰ ᠢ ᠬᠦᠮᠦᠵᠢᠭᠦᠯᠦᠨ᠎ᠡ᠃ ᠠᠵᠤ

ᠦᠢᠯᠡᠳᠪᠦᠷᠢ ᠶᠢᠨ ᠭᠤᠤᠯᠳᠠᠯᠭᠠᠲᠤ ᠲᠦᠷᠦᠯ ᠵᠦᠢᠯ ᠢ  6 ᠬᠡᠷᠡᠭᠵᠢᠭᠦᠯᠵᠦ  ᠂ ᠾᠧ ᠮᠠ ᠰᠢᠬᠢᠷ ᠤᠨ ᠦᠢᠯᠡᠰ ᠢ

ᠲᠦᠯᠬᠢᠨ ᠠᠬᠢᠭᠤᠯᠵᠤ᠂ ᠡᠰᠢ ᠰᠦᠷᠡᠯ ᠠᠮᠢᠳᠤ ᠪᠣᠳᠠᠰ ᠢ ᠶᠡᠷᠦᠩᠬᠡᠶᠢᠯᠡᠨ ᠣᠷᠴᠢᠯᠳᠤᠭᠤᠯᠤᠨ ᠠᠰᠢᠭᠯᠠᠵᠤ᠂ ᠠᠮᠣ

ᠪᠣᠷᠴᠠᠭ ᠢ ᠠᠵᠤ ᠦᠢᠯᠡᠰᠵᠢᠭᠦᠯᠦᠨ ᠲᠡᠳᠭᠦᠵᠦ᠂ ᠠᠮᠢᠳᠤ ᠪᠣᠳᠠᠰ ᠤᠨ ᠣᠷᠭᠠᠨᠢᠭ ᠪᠣᠷᠳᠤᠭᠤᠷ᠂ ᠵᠢᠶᠠ ᠯᠢ ᠮᠢᠩ

ᠬᠠᠶᠠᠭᠳᠠᠮᠠᠯ ᠰᠦᠯᠢᠶᠦᠥ ᠪᠦᠷᠬᠦᠪᠴᠢ ᠶᠢ ᠬᠤᠷᠢᠶᠠᠨ ᠠᠰᠢᠭᠯᠠᠬᠤ ᠪᠠ ᠱᠧᠩ ᠰᠢᠶᠠᠩ ᠲᠠᠪᠠᠷᠬᠠᠢ ᠶᠢᠨ ᠰᠠᠭᠤᠷᠢᠨ

ᠵᠡᠷᠭᠡ ᠲᠦᠷᠦᠯ ᠵᠦᠢᠯ ᠳᠤ ᠪᠡᠯᠡ   ᠣᠷᠣᠭᠤᠯᠵᠣ᠂ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠪᠡᠯᠡ

ᠣᠷᠣᠭᠤᠯᠣᠯᠲᠠ  4.17 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠎ᠡ᠃ ᠱᠠᠨ ᠱᠦᠢ ᠱᠦᠢᠨᠢ᠂ ᠾᠧᠩ ᠳ᠋ᠠ ᠰᠢᠨ

ᠭᠦ᠋ ᠶᠣᠸᠠᠨ᠂ ᠯᠦᠩ ᠳ᠋ᠢᠩ ᠲᠠᠷᠢᠶᠠᠯᠠᠩ᠂ ᠴᠣᠤᠯ ᠭᠤᠤᠯ ᠠᠷᠢᠬᠢᠨ ᠤ ᠦᠢᠯᠡᠰ ᠵᠡᠷᠭᠡ ᠤᠯᠠᠮᠵᠢᠯᠠᠯᠲᠤ ᠠᠵᠤ

ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ

ᠬᠦᠴᠦᠨ ᠢ ᠴᠢᠩᠭᠠᠳᠬᠠᠨ᠎ᠠ᠃ ᠠᠵᠤ ᠠᠬᠤᠶᠢᠯᠠᠯ ᠢ ᠠᠮᠢᠵᠢᠷᠠᠭᠤᠯᠣᠨ᠂ ᠳᠡᠰ ᠳᠠᠪᠰᠢᠬᠤ ᠶᠢ ᠰᠠᠶᠢᠲᠣᠷ ᠠᠳᠬᠤᠵᠤ᠂

ᠬᠤᠳᠠᠯᠳᠤᠨ ᠠᠪᠬᠤ᠂ ᠨᠡᠶᠢᠯᠡᠭᠦᠯᠬᠦ᠂ ᠪᠠᠶᠢᠭᠤᠯᠤᠮᠵᠢ ᠶᠢ ᠦᠭᠡᠷᠡᠴᠢᠯᠡᠬᠦ᠂ ᠲᠦᠷᠢᠶᠡᠰᠦᠯᠡᠬᠦ ᠵᠡᠷᠭᠡ ᠠᠷᠭ᠎ᠠ ᠪᠠᠷ  2—

 3 ᠠᠵᠤ ᠠᠬᠤᠶᠢᠯᠠᠯ ᠢ ᠠᠮᠢᠵᠢᠷᠠᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠳ᠋ ᠬᠦᠷᠦᠩᠭᠡ ᠶᠢ ᠪᠦᠲᠦᠮᠵᠢᠲᠡᠢ

ᠠᠰᠢᠭᠯᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠦᠭᠵᠢᠯᠲᠡ ᠶᠢ ᠪᠤᠶᠢᠵᠢᠭᠤᠯᠬᠤ ᠶᠢ ᠲᠦᠷᠭᠡᠳᠬᠡᠵᠦ᠂

ᠦᠢᠯᠡᠳᠪᠦᠷᠢᠯᠡᠯ ᠤᠨ ᠦᠷᠲᠡᠭ ᠨᠢ ᠳ᠋ᠦᠩᠰᠢᠭᠤᠷ ᠲᠦᠬᠦᠷᠢᠭ ᠢ ᠳᠠᠪᠠᠵᠤ ᠪᠠᠶᠢᠭ᠎ᠠ ᠣᠷᠣᠨ ᠨᠣᠲᠤᠭ ᠤᠨ

ᠪᠠᠷᠢᠮᠵᠢᠶᠠᠲᠣ ᠠᠵᠤ ᠠᠬᠤᠶᠢᠯᠠᠯ ᠢ ᠨᠡᠮᠡᠭᠳᠡᠭᠦᠯᠵᠦ  4   ᠠᠴᠠ ᠳᠡᠭᠡᠭᠰᠢ   ᠪᠤᠯᠭᠠᠵᠤ᠂ ᠬᠡᠪᠴᠢᠶᠡᠲᠦ ᠠᠵᠤ  

ᠠᠬᠤᠶᠢᠯᠠᠯ ᠦᠭᠡᠳᠡ ᠰᠢᠯᠵᠢᠵᠦ ᠪᠠᠶᠢᠭ᠎ᠠ ᠠᠵᠤ ᠠᠬᠤᠶᠢᠯᠠᠯ ᠳᠤ ᠡᠬᠡ ᠳᠠᠩᠰᠠ ᠶᠢᠨ ᠮᠠᠶ᠋ᠢᠭ ᠤᠨ ᠦᠢᠯᠡᠴᠢᠯᠡᠭᠡ

ᠬᠠᠮᠢᠶᠠᠷᠣᠯᠲᠠ ᠶᠢ ᠬᠡᠷᠡᠭᠵᠢᠭᠦᠯᠵᠦ᠂ ᠬᠡᠪᠴᠢᠶᠡᠲᠦ ᠠᠵᠤ ᠠᠬᠤᠶᠢᠯᠠᠯ ᠢ  3 ᠨᠡᠮᠡᠭᠳᠡᠭᠦᠯᠦᠨ᠎ᠡ᠃

            ᠬᠦᠷᠢᠶᠡᠯᠡᠩ ᠲᠤᠭᠤᠷᠢᠭ ᠤᠨ ᠳᠠᠭᠠᠭᠠᠬᠤ ᠴᠢᠳᠠᠪᠣᠷᠢ ᠶᠢ ᠲᠠᠰᠤᠷᠠᠯ ᠦᠭᠡᠢ ᠳᠡᠭᠡᠭᠰᠢᠯᠡᠭᠦᠯᠦᠨ᠎ᠡ᠃

ᠴᠣᠤᠯ ᠠᠵᠤ   ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠳᠡᠰ ᠳᠠᠪᠰᠢᠬᠤ ᠶᠢ ᠠᠬᠢᠭᠤᠯᠤᠨ᠂ 《 ᠪᠣᠬᠢᠷᠳᠣᠯ

ᠦᠭᠡᠢ ᠢᠳᠡᠭᠡᠨ ᠢ ᠪᠤᠯᠪᠠᠰᠤᠷᠠᠭᠤᠯᠬᠤ ᠦᠢᠯᠡᠰ ᠢ   ᠭᠤᠤᠯᠳᠠᠯᠭ᠎ᠠ ᠲᠠᠢ ᠬᠦᠭᠵᠢᠭᠦᠯᠬᠦ 》 ᠲᠤᠭᠲᠠᠭᠠᠯ ᠶᠤᠰᠤᠭᠠᠷ᠂

ᠡᠬᠢ ᠪᠠᠶᠠᠯᠢᠭ ᠢ ᠢᠳᠡᠪᠬᠢᠲᠡᠢ ᠲᠤᠬᠢᠷᠠᠭᠤᠯᠵᠤ᠂ ᠲᠦᠷᠦᠯ ᠵᠦᠢᠯ ᠤᠨ ᠪᠠᠶᠢᠷᠢᠰᠢᠯᠲᠠ ᠶᠢ ᠰᠢᠯᠢᠳᠡᠭᠵᠢᠭᠦᠯᠵᠦ᠂

ᠬᠦᠷᠢᠶᠡᠯᠡᠩ ᠲᠤᠭᠤᠷᠢᠭ ᠤᠨ ᠶᠡᠷᠦᠩᠬᠡᠢ ᠲᠦᠯᠦᠪᠯᠡᠭᠡ ᠶᠢ ᠵᠠᠰᠠᠪᠤᠷᠢᠯᠠᠨ ᠨᠠᠶᠢᠷᠠᠭᠤᠯᠵᠤ᠂ ᠡᠬᠢᠯᠡᠵᠤ ᠬᠢᠬᠦ ᠲᠤᠭᠤᠷᠢᠭ

 ᠤᠨ ᠬᠢᠵᠠᠭᠠᠷᠯᠠᠬᠤ ᠴᠢᠨᠠᠷᠲᠠᠢ ᠨᠠᠷᠢᠯᠢᠭ ᠲᠦᠯᠦᠪᠯᠡᠭᠡ ᠶᠢ ᠨᠠᠶᠢᠷᠠᠭᠤᠯᠵᠤ᠂ ᠪᠡᠯᠡ ᠮᠦᠩᠭᠦ ᠶᠢᠨ ᠣᠷᠣᠭᠤᠯᠣᠯᠲᠠ ᠪᠠᠨ

ᠨᠡᠮᠡᠭᠳᠡᠭᠦᠯᠵᠦ᠂ ᠬᠦᠷᠢᠶᠡᠯᠡᠩ ᠲᠤᠭᠤᠷᠢᠭ ᠤᠨ ᠣᠰᠣ ᠬᠠᠩᠭᠠᠬᠤ ᠢᠨᠵᠧᠨᠧᠷᠢᠩ ᠤᠨ ᠠᠵᠢᠯ ᠢᠶᠠᠨ ᠰᠡᠷᠬᠦᠭᠡᠨ ᠲᠠᠬᠢᠨ

ᠪᠦᠳᠦᠭᠡᠨ ᠪᠠᠶᠢᠭᠤᠯᠬᠤ ᠶᠢ ᠠᠬᠢᠭᠤᠯᠵᠤ᠂ ᠬᠦᠷᠢᠶᠡᠯᠡᠩ ᠲᠤᠭᠤᠷᠢᠭ ᠤᠨ ᠪᠤᠵᠠᠷ ᠣᠰᠤ ᠶᠢ ᠴᠡᠪᠡᠷᠰᠢᠬᠦᠯᠬᠦ ᠪᠠ  

ᠵᠠᠰᠠᠮᠠᠯ ᠵᠠᠮ ᠤᠨ ᠪᠦᠳᠦᠭᠡᠨ ᠪᠠᠶᠢᠭᠤᠯᠣᠯᠳᠠ ᠶᠢ ᠴᠡᠭᠴᠡᠯᠡᠬᠦ ᠠᠵᠢᠯ ᠢ ᠵᠣᠭᠢᠶᠠᠨ ᠪᠠᠶᠢᠭᠤᠯᠥᠨ᠂ ᠪᠣᠵᠠᠷ ᠣᠰᠣᠨ ᠤ

ᠰᠣᠪᠠᠭ ᠱᠣᠭᠤᠮ ᠢ 4 ᠺᠢᠯᠣᠮᠧᠲᠷ᠂ ᠵᠠᠮ 2.8 ᠺᠢᠯᠣᠮᠧᠲᠷ ᠰᠢᠨ᠎ᠡ ᠪᠠᠷ ᠪᠠᠶᠢᠭᠤᠯᠵᠣ᠂ ᠬᠦᠷᠢᠶᠡᠯᠡᠩ ᠲᠣᠭᠤᠷᠢᠭ

 ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠣ ᠠᠬᠤᠶᠢᠯᠠᠯ ᠢ   ᠬᠦᠷᠢᠶᠡᠯᠡᠩ ᠳᠤ ᠲᠠᠲᠠᠨ ᠣᠷᠣᠭᠤᠯᠬᠤ

ᠬᠦᠴᠦᠯᠡᠴᠡ ᠶᠢ ᠶᠡᠬᠡᠰᠬᠡᠵᠣ᠂ ᠰᠢᠨ᠎ᠡ ᠪᠠᠷ ᠣᠷᠣᠵᠣ ᠰᠠᠭᠤᠬᠤ ᠠᠵᠣ ᠠᠬᠤᠶᠢᠯᠠᠯ   ᠢ  2   ᠠᠴᠠ ᠳᠡᠭᠡᠭᠰᠢ

ᠪᠣᠯᠭᠠᠨ᠎ᠠ᠃

          ︵ᠳᠦᠷᠪᠡ︶ ᠨᠡᠶᠢᠯᠡᠬᠦ ᠶᠢ ᠠᠳᠬᠤᠵᠣ᠂ ᠠᠮᠢᠳᠣᠯᠢᠭ ᠬᠦᠴᠦᠨ ᠢ ᠨᠡᠮᠡᠭᠳᠡᠭᠦᠯᠵᠦ᠂ ᠣᠳᠣ ᠦᠶ᠎ᠡ   ᠶᠢᠨ

ᠦᠢᠯᠡᠴᠢᠯᠡᠭᠡᠨ ᠤ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠎ᠡ

            ᠪᠦᠬᠦ ᠬᠡᠪᠴᠢᠶᠡᠨ ᠤ ᠵᠣᠭᠠᠴᠠᠯ ᠤᠨ ᠰᠢᠨ᠎ᠡ ᠪᠠᠶᠢᠷᠢᠰᠢᠯᠲᠠ ᠶᠢ ᠲᠦᠯᠬᠢᠨ ᠠᠬᠢᠭᠤᠯᠣᠨ᠎ᠠ᠃

《 ᠵᠠᠯᠠᠶᠢᠳ ᠤᠨ ᠪᠦᠬᠦ ᠬᠡᠪᠴᠢᠶᠡᠨ ᠤ ᠵᠣᠭᠠᠴᠠᠯ ᠤᠨ ᠬᠦᠭᠵᠢᠯᠲᠡ   ᠶᠢᠨ ᠲᠦᠯᠦᠪᠵᠢᠭᠦᠯᠭᠡ 》 ᠶᠢ ᠦᠨᠳᠦᠷ

ᠡᠬᠢᠯᠡᠯᠲᠡ   ᠶᠢᠨ ᠴᠡᠭ ᠠᠴᠠ ᠨᠠᠶᠢᠷᠠᠭᠤᠯᠣᠨ᠂ 《 ᠵᠣᠭᠠᠴᠠᠯ +》 ᠬᠦᠭᠵᠢᠯᠲᠡ   ᠶᠢᠨ ᠵᠠᠭᠪᠣᠷ ᠢ ᠰᠦᠪᠡᠭᠴᠢᠯᠡᠵᠣ᠂

ᠵᠣᠭᠠᠴᠠᠯ ᠤᠨ ᠣᠷᠣᠨ ᠤ ᠴᠡᠭ ᠢ ᠬᠤᠯᠪᠣᠨ ᠱᠣᠭᠤᠮ ᠪᠣᠯᠭᠠᠵᠣ᠂ ᠱᠣᠭᠤᠮ ᠢ ᠨᠡᠶᠢᠯᠡᠭᠦᠯᠦᠨ ᠲᠠᠯ᠎ᠠ ᠪᠣᠯᠭᠠᠬᠤ ᠶᠢ

ᠲᠦᠯᠬᠢᠨ ᠠᠬᠢᠭᠤᠯᠣᠨ᠎ᠠ᠃ ᠪᠣᠭᠳᠠ ᠠᠭᠤᠯᠠ ᠶᠢᠨ ᠲᠠᠬᠢᠯᠭ᠎ᠠ   ᠶᠢᠨ ᠰᠣᠶᠣᠯ ᠢ ᠭᠦᠨ ᠠᠭᠤᠳᠠᠯᠠᠵᠣ᠂ ᠪᠣᠭᠳᠠ

ᠠᠭᠤᠯᠠ ᠶᠢ ᠣᠯᠣᠰ ᠤᠨ ᠣᠢ ᠰᠢᠭᠤᠢ ᠶᠢᠨ ᠴᠡᠴᠡᠷᠯᠢᠭ ᠢᠶᠠᠷ ᠬᠢᠨᠠᠨ ᠵᠦᠪᠰᠢᠶᠡᠷᠡᠬᠦᠯᠬᠦ ᠶᠢ ᠲᠡᠮᠡᠴᠡᠨ ᠣᠯᠵᠣ᠂  

ᠲᠡᠮᠡᠭᠡᠵᠢ ᠶᠢᠨ ᠣᠯᠣᠰ ᠤᠨ ᠳᠡᠰ ᠤᠨ ᠪᠠᠶᠢᠭᠠᠯᠢ   ᠶᠢᠨ ᠬᠠᠮᠠᠭᠠᠯᠠᠯᠲᠠ   ᠶᠢᠨ ᠣᠷᠣᠨ᠂ ᠶᠠᠩ ᠱᠣ᠋ ᠭᠧᠣ ᠶᠢᠨ ᠣᠯᠣᠰ

 ᠤᠨ ᠨᠠᠮᠤᠭ ᠭᠠᠵᠠᠷ ᠤᠨ ᠴᠡᠴᠡᠷᠯᠢᠭ ᠵᠡᠷᠭᠡ ᠭᠤᠣᠯᠳᠠᠯᠭᠠᠲᠣ ᠦᠵᠡᠮᠵᠢ   ᠶᠢᠨ ᠴᠡᠭ ᠤᠨ ᠰᠠᠭᠤᠷᠢ ᠲᠦᠬᠦᠭᠡᠷᠣᠮᠵᠢ  

 ᠶᠢᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠫᠠᠶᠢᠰᠠ ᠲᠡᠮᠳᠡᠭᠲᠣ ᠵᠣᠭᠠᠴᠠᠯ ᠤᠨ ᠣᠷᠣᠨ  2  ᠂  

3 A ᠳᠡᠰ ᠤᠨ ᠦᠵᠡᠮᠵᠢ   ᠶᠢᠨ ᠣᠷᠣᠨ 1᠂  2A ᠳᠡᠰ ᠤᠨ ᠦᠵᠡᠮᠵᠢ   ᠶᠢᠨ ᠣᠷᠣᠨ  1   ᠶᠢ ᠰᠢᠨ᠎ᠡ ᠪᠠᠷ

ᠨᠡᠮᠡᠭᠳᠡᠭᠦᠯᠬᠦ   ᠪᠠᠷ ᠴᠢᠷᠮᠠᠶᠢᠨ ᠲᠡᠮᠡᠴᠡᠨ᠎ᠡ᠃   ︽ᠳᠣᠮᠳᠠᠲᠣ ᠣᠯᠣᠰ᠂ ᠵᠠᠯᠠᠶᠢᠳ︾ ᠭᠡᠷᠡᠯ ᠵᠢᠷᠤᠭ ᠤᠨ ᠣᠷᠠᠯᠢᠭ

 ᠤᠨ ᠨᠠᠶᠢᠷ᠂ ᠬᠤᠰᠢᠭᠤᠨ ᠤ ᠬᠡᠪᠴᠢᠶᠡᠨ ᠤ ᠵᠣᠭᠠᠴᠠᠯ ᠤᠨ ᠦᠪᠡᠰᠦᠪᠡᠨ ᠲᠡᠷᠭᠡ ᠵᠢᠯᠣᠭᠤᠳᠴᠣ ᠲᠣᠭᠤᠷᠢᠬᠤ ᠨᠠᠶᠢᠷ

ᠵᠡᠷᠭᠡ ᠬᠦᠳᠡᠯᠭᠡᠭᠡᠨ ᠢ ᠦᠷᠨᠢᠭᠦᠯᠵᠦ᠂ ᠡᠪᠦᠯ ᠤᠨ ᠣᠯᠠᠷᠢᠯ ᠤᠨ ᠮᠦᠰᠦ ᠴᠠᠰᠦᠨ ᠤ ᠵᠣᠭᠠᠴᠠᠯ ᠰᠣᠶᠣᠯ ᠤᠨ ᠲᠦᠷᠦᠯ

ᠵᠣᠶᠢᠯ ᠢ ᠨᠡᠭᠡᠭᠡᠨ᠂ ᠡᠪᠦᠯ ᠤᠨ ᠣᠯᠠᠷᠢᠯ ᠤᠨ ᠵᠣᠭᠠᠴᠠᠯ ᠤᠨ ᠦᠷᠬᠦᠯᠵᠢᠯᠡᠨ ᠲᠡᠭᠡᠭᠰᠢᠯᠡᠬᠦ ᠶᠢ ᠠᠬᠢᠭᠤᠯᠵᠣ᠂ 《 ᠬᠥᠷ

ᠬᠦᠭᠵᠢᠶᠡᠨ ᠲᠠᠢ ᠵᠣᠨ ᠤ ᠣᠯᠠᠷᠢᠯ ᠤᠨ ᠵᠣᠭᠠᠴᠠᠯ ᠢᠶᠠᠷ ᠡᠪᠦᠯ ᠤᠨ ᠣᠯᠠᠷᠢᠯ ᠤᠨ ᠵᠣᠭᠠᠴᠠᠯ ᠤᠨ ᠬᠠᠯᠠᠭᠤᠷᠠᠯ ᠢ

ᠳᠠᠭᠠᠭᠤᠯᠵᠣ᠂ ᠳᠦᠷᠪᠡᠨ ᠣᠯᠠᠷᠢᠯ ᠢ ᠪᠦᠷᠬᠦᠭᠦᠯᠬᠦ 》 ᠵᠣᠭᠠᠴᠠᠯ ᠤᠨ ᠬᠦᠭᠵᠢᠯᠲᠡ   ᠶᠢᠨ ᠪᠠᠶᠢᠷᠢᠰᠢᠯᠲᠠ ᠶᠢ ᠴᠢᠷᠮᠠᠶᠢᠨ

ᠪᠦᠷᠢᠯᠳᠦᠭᠦᠯᠦᠨ᠎ᠡ᠃   ᠬᠠᠷᠠᠮᠦ᠋ᠷᠡᠨ᠂ ᠭᠢᠷᠢᠨ᠂ ᠦᠪᠦᠷ ᠮᠣᠩᠭᠤᠯ 《 ᠭᠤᠷᠪᠠᠨ ᠮᠣᠵᠢ ᠣᠷᠣᠨ 》 ᠤ ᠵᠣᠭᠠᠴᠠᠯ ᠤᠨ

ᠵᠠᠮ ᠱᠣᠭᠤᠮ ᠳᠤ ᠪᠠᠶᠢᠴᠠᠭᠠᠯᠲᠠ ᠬᠢᠵᠣ᠂ ᠡᠬᠢ ᠪᠠᠶᠠᠯᠢᠭ ᠢ ᠬᠠᠮᠲᠣ ᠪᠠᠷ ᠡᠳ᠋ᠯᠡᠬᠦ᠂ ᠵᠣᠴᠢᠳ ᠤᠨ ᠢᠷᠡᠯᠲᠡ ᠶᠢ

ᠬᠠᠷᠢᠯᠴᠠᠨ ᠬᠦᠷᠭᠡᠬᠦ᠂ ᠮᠡᠳᠡᠭᠡ ᠵᠠᠩᠭᠢ ᠬᠠᠷᠢᠯᠴᠠᠨ ᠨᠡᠪᠲᠡᠷᠡᠯᠴᠡᠬᠦ ᠵᠣᠭᠠᠴᠠᠯ ᠤᠨ ᠬᠠᠮᠲᠣᠷᠠᠨ ᠠᠵᠢᠯᠯᠠᠬᠤ ᠰᠢᠨ᠎ᠡ

ᠲᠣᠭᠲᠠᠮᠵᠢ ᠶᠢ ᠪᠠᠶᠢᠭᠤᠯᠵᠣ᠂ ᠬᠦᠯᠢᠶᠡᠨ ᠠᠪᠬᠤ ᠵᠣᠭᠠᠴᠠᠭᠰᠠᠳ ᠤᠨ ᠬᠦᠮᠦᠨ ᠣᠳᠠᠭ᠎ᠠ ᠶᠢ  110 ᠲᠦᠮᠡ

ᠪᠡᠶᠡᠯᠡᠭᠦᠯᠵᠣ᠂ ᠵᠣᠭᠠᠴᠠᠯ ᠤᠨ ᠣᠷᠣᠯᠭ᠎ᠠ   8.7   ᠳ᠋ᠦᠩᠰᠢᠭᠤᠷ ᠲᠦᠬᠦᠷᠢᠭ ᠢ ᠪᠡᠶᠡᠯᠡᠭᠦᠯᠦᠨ᠎ᠡ᠃

          ᠮᠦᠩᠭᠦᠨ ᠭᠦᠢᠯᠭᠡᠭᠡᠨ ᠤ ᠬᠦᠭᠵᠢᠯᠲᠡ ᠶᠢᠨ ᠰᠢᠨ᠎ᠡ ᠣᠷᠴᠢᠨ ᠢ ᠰᠢᠯᠢᠳᠡᠭᠵᠢᠭᠦᠯᠦᠨ᠎ᠡ᠃ ᠮᠦᠩᠭᠦᠨ

ᠭᠦᠢᠯᠭᠡᠭᠡᠨ ᠤ ᠢᠲᠡᠭᠡᠮᠵᠢᠲᠣ ᠵᠢᠭᠡᠯᠡᠯᠭᠡ   ᠶᠢᠨ ᠲᠦᠷᠦ   ᠶᠢᠨ ᠪᠣᠳᠣᠯᠭ᠎ᠠ   ᠶᠢᠨ ᠣᠳᠣᠷᠢᠳᠥᠮᠵᠢ ᠪᠠ ᠭᠤᠣᠯᠳᠠᠯᠭᠠᠲᠣ

ᠪᠡᠯᠡ ᠣᠷᠣᠭᠤᠯᠣᠯᠲᠠ   ᠶᠢᠨ ᠬᠦᠷᠢᠶ᠎ᠡ ᠬᠡᠪᠴᠢᠶ᠎ᠡ ᠶᠢ ᠪᠦᠬᠦ ᠲᠠᠯ᠎ᠠ ᠪᠠᠷ ᠠᠳᠬᠤᠵᠣ᠂ ᠮᠦᠩᠭᠦᠨ ᠭᠦᠢᠯᠭᠡᠭᠡᠨ ᠤ

ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ᠂ ᠵᠠᠰᠠᠭ᠂ ᠪᠠᠩᠭᠢ᠂ ᠠᠵᠤ ᠠᠬᠤᠶᠢᠯᠠᠯ

ᠬᠤᠯᠪᠣᠭᠠᠯᠠᠬᠤ ᠶᠢ ᠠᠬᠢᠭᠤᠯᠵᠤ᠂ ᠡᠳ᠋ ᠤᠨ ᠵᠠᠰᠠᠭ ᠤᠨ   ᠪᠡᠯᠡ   ᠮᠦᠩᠭᠦ ᠶᠢᠨ   ᠬᠦᠰᠢᠭᠦᠷᠭᠡ ᠶᠢᠨ ᠦᠢᠯᠡᠳᠦᠯ ᠢ  

ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠣᠯᠲᠠ ᠶᠢᠨ ᠺᠤᠮᠫᠠᠨᠢ ᠶᠢᠨ ᠪᠡᠯᠡ

ᠣᠷᠣᠭᠤᠯᠬᠤ ᠲᠠᠪᠴᠠᠩ ᠤᠨ ᠪᠠᠶᠢᠭᠤᠯᠤᠯᠲᠠ ᠶᠢ   ᠰᠠᠶᠢᠲᠣᠷ ᠠᠳᠬᠤᠨ᠎ᠠ᠃ ᠬᠦᠳᠡᠭᠡ ᠲᠤᠰᠬᠤᠨ ᠤ ᠭᠠᠵᠠᠷ ᠰᠢᠷᠣᠢ᠂

ᠡᠪᠡᠰᠦ ᠪᠡᠯᠴᠢᠭᠡᠷ᠂ ᠮᠠᠯᠵᠢᠯ ᠤᠨ ᠲᠠᠯᠠᠪᠤᠷ ᠤᠨ ᠡᠵᠡᠩᠨᠡᠯᠲᠡ ᠶᠢᠨ ᠡᠷᠬᠡ ᠪᠠᠨ ᠪᠠᠷᠢᠴᠠᠭᠠᠯᠠᠵᠤ ᠵᠢᠭᠡᠯᠡᠯᠭᠡ ᠠᠪᠬᠤ

ᠲᠤᠷᠰᠢᠯᠲᠠ ᠶᠢᠨ ᠴᠡᠭ ᠤᠨ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠡᠳ᠋ ᠬᠦᠷᠦᠩᠭᠡ ᠶᠢᠨ ᠡᠷᠬᠡ ᠪᠠᠨ

ᠰᠢᠯᠵᠢᠭᠦᠯᠬᠦ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂  2   ᠳ᠋ᠦᠩᠰᠢᠭᠤᠷ ᠲᠦᠭᠦᠷᠢᠭ

 ᠤᠨ ᠵᠢᠭᠡᠯᠡᠯᠭᠡ ᠶᠢᠨ ᠵᠤᠭᠤᠰ ᠲᠠᠯᠪᠢᠬᠤ ᠪᠠᠷ ᠲᠦᠯᠦᠪᠯᠡᠵᠦ᠂ ᠲᠠᠷᠢᠶᠠᠴᠢᠨ᠂ ᠮᠠᠯᠴᠢᠨ ᠤ ᠪᠡᠯᠡ ᠣᠷᠣᠭᠤᠯᠬᠤ ᠳᠤ  

ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ppp ᠲᠦᠷᠦᠯ ᠵᠦᠢᠯ ᠢ   ᠢᠳᠡᠪᠬᠢᠲᠡᠢ ᠨᠦᠬᠡᠴᠡᠯᠡᠨ ᠨᠡᠭᠡᠭᠡᠵᠦ᠂  

ᠦᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠤᠨ   ᠬᠦᠮᠦᠷᠭᠡ ᠳᠤ   ᠨᠡᠶᠢᠲᠡᠯᠡᠨ ᠬᠡᠷᠡᠭᠵᠢᠭᠦᠯᠬᠦ ᠶᠢ ᠪᠠᠲᠤᠯᠠᠨ᠎ᠠ᠃

ᠮᠦᠩᠭᠦᠨ ᠬᠦᠢᠯᠭᠡᠭᠡᠨ ᠤ ᠦᠢᠯᠡᠴᠢᠯᠡᠭᠡ ᠶᠢ   ᠲᠦᠬᠡᠮᠡᠯᠵᠢᠬᠦᠯᠦᠨ ᠪᠦᠷᠬᠦᠬᠦᠯᠵᠣ᠂ ᠬᠠᠳᠠᠭᠠᠯᠠᠬᠤ ᠵᠢᠭᠡᠯᠡᠭᠦᠯᠬᠦ ᠶᠢᠨ

ᠦᠯᠡᠳᠡᠪᠦᠷᠢ ᠶᠢᠨ ᠶᠡᠷᠦᠩᠬᠡᠢ ᠬᠡᠮᠵᠢᠶ᠎ᠡ ᠲᠣᠰ ᠲᠤᠰ  80   ᠳ᠋ᠦᠩᠰᠢᠭᠤᠷ ᠲᠦᠭᠦᠷᠢᠭ ᠪᠠ 78 ᠳ᠋ᠦᠩᠰᠢᠭᠤᠷ

ᠲᠦᠭᠦᠷᠢᠭ   ᠠᠴᠠ ᠲᠡᠭᠡᠭᠰᠢ ᠪᠠᠶᠢᠵᠤ  ᠂ ᠬᠠᠳᠠᠭᠠᠯᠠᠬᠤ᠂ ᠵᠢᠭᠡᠯᠡᠭᠦᠯᠬᠦ ᠶᠢᠨ ᠬᠠᠷᠢᠴᠠᠯ 97.5%   ᠠᠴᠠ ᠳᠣᠤᠷ᠎ᠠ

ᠪᠠᠶᠢᠬᠤ ᠦᠭᠡᠢ ᠶᠢ ᠪᠠᠳᠣᠯᠠᠨ᠎ᠠ᠃

          ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠰᠢᠨ᠎ᠡ ᠰᠢᠰᠲ᠋ᠧᠮ ᠢ   ᠲᠡᠭᠦᠯᠳᠡᠷᠵᠢᠭᠦᠯᠦᠨ᠎ᠡ᠃

ᠡᠳ᠋ ᠪᠠᠷᠠᠭᠠᠨ ᠤ   ᠬᠦᠢᠯᠭᠡᠭᠡᠨ ᠤ ᠬᠦᠷᠢᠶᠡᠯᠡᠩ ᠲᠤᠭᠤᠷᠢᠭ ᠤᠨ ᠲᠦᠷᠦᠯ ᠵᠦᠢᠯ ᠤᠳ ᠢ ᠲᠦᠯᠬᠢᠨ ᠠᠬᠢᠭᠤᠯᠵᠤ᠂

ᠰᠠᠭᠤᠷᠢ ᠶᠢᠨ ᠴᠢᠨᠠᠷᠲᠠᠢ ᠢᠨᠵᠧᠨᠧᠷᠢᠩ   ᠤᠨ ᠪᠦᠲᠦᠭᠡᠨ ᠪᠠᠶᠢᠭᠤᠯᠤᠯᠲᠠ ᠶᠢᠨ ᠪᠡᠯᠡᠳᠭᠡᠯ ᠠᠵᠢᠯ   ᠢ ᠬᠢᠨ᠎ᠡ᠃

ᠵᠠᠯᠠᠶᠢᠳ ᠬᠤᠰᠢᠭᠤᠨ ᠤ ᠶᠡᠭᠡ ᠲᠤᠭ᠎ᠠ ᠪᠠᠷᠢᠮᠲᠠ ᠶᠢᠨ ᠲᠦᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂

ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠲᠦᠪ ᠢ ᠡᠷᠬᠢᠯᠡᠨ

ᠭᠡᠷᠡᠭᠵᠢᠬᠦᠯᠵᠣ᠂ 《 ᠢᠨᠲ᠋ᠧᠷ ᠰᠦᠯᠵᠢᠶ᠎ᠡ  + 》 ᠶᠢ ᠭᠦᠨᠵᠡᠭᠡᠢ ᠬᠡᠷᠡᠭᠵᠢᠭᠦᠯᠵᠦ᠂ ᠬᠢᠯᠢ ᠳᠠᠪᠠᠭᠰᠠᠨ 《 ᠡᠯᠧᠺᠲᠷᠤᠨ

ᠬᠤᠳᠠᠯᠳᠣᠭᠠᠨ ᠤ ᠲᠦᠷᠦᠯ ᠵᠦᠢᠯ ᠬᠦᠳᠡᠭᠡ ᠲᠣᠰᠬᠤᠨ ᠳᠤ ᠣᠷᠣᠬᠤ   ᠲᠦᠷᠢᠮ ᠦᠵᠡᠭᠦᠯᠬᠦ ᠰᠢᠶᠠᠨ 》 ᠬᠦᠳᠡᠭᠡ

ᠲᠤᠰᠬᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠲᠡᠭᠡ ᠵᠡᠷᠭᠡ ᠲᠦᠷᠦᠯ   ᠵᠦᠢᠯ ᠢ ᠲᠦᠯᠬᠢᠨ ᠠᠬᠢᠭᠤᠯᠵᠤ᠂

ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ

ᠴᠢᠩᠭᠠᠳᠬᠠᠨ᠎ᠠ᠃ ᠡᠳ᠋ ᠪᠤᠳᠠᠰ ᠤᠨ ᠭᠦᠢᠯᠭᠡᠭᠡᠨ ᠤ ᠵᠠᠬ᠎ᠠ   ᠳᠡᠯᠭᠡᠭᠦᠷᠴᠢᠯᠡᠬᠦ ᠶᠢ ᠬᠦᠬᠢᠭᠦᠯᠵᠦ᠂ ᠠᠷᠠᠳ ᠤᠨ

ᠳᠣᠮᠳᠠᠬᠢ ᠬᠦᠷᠦᠩᠭᠡ ᠮᠦᠩᠭᠦ ᠶᠢ ᠲᠣᠬᠢᠷᠠᠭᠤᠯᠬᠤ ᠠᠵᠢᠯ ᠢ ᠳᠡᠮᠵᠢᠵᠦ᠂ ᠡᠳ᠋ ᠪᠤᠳᠠᠰ ᠤᠨ ᠭᠦᠢᠯᠭᠡᠭᠡᠨ ᠤ

ᠲᠣᠬᠢᠷᠠᠭᠤᠯᠣᠯᠲᠠ ᠶᠢᠨ 《 ᠬᠠᠮᠤᠭ ᠰᠡᠭᠦᠯᠴᠢ ᠶᠢᠨ ᠣᠬᠤᠷ ᠵᠠᠢ 》 ᠶᠢ ᠨᠡᠪᠲᠡᠷᠡᠭᠦᠯᠦᠨ᠎ᠡ᠃

          ︵ᠲᠠᠪᠤ︶ ᠨᠢᠭᠡᠳᠦᠯᠲᠡᠢ ᠲᠦᠯᠦᠪᠯᠡᠬᠦ ᠶᠢ ᠠᠳᠬᠤᠵᠤ᠂ ᠰᠠᠭᠤᠷᠢ ᠶᠢ ᠴᠢᠩᠭᠠᠳᠬᠠᠵᠤ᠂ ᠬᠤᠲᠠ

ᠬᠦᠳᠡᠭᠡ ᠶᠢᠨ ᠵᠤᠬᠢᠴᠠᠩᠭᠤᠢ ᠬᠦᠭᠵᠢᠯᠲᠡ ᠶᠢ   ᠲᠦᠯᠬᠢᠨ ᠠᠬᠢᠭᠤᠯᠤᠨ᠎ᠠ

          ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠡ᠃

ᠲᠦᠯᠦᠪᠵᠢᠭᠦᠯᠭᠡ ᠶᠢᠨ ᠵᠢᠯᠤᠭᠤᠳᠬᠤ ᠦᠢᠯᠡᠳᠦᠯ ᠢ ᠴᠢᠩᠭᠠᠳᠬᠠᠵᠤ᠂ ᠢᠨᠳᠡᠷ ᠪᠠᠯᠭᠠᠰᠤ ᠶᠢ   ᠬᠠᠶᠢᠮᠢᠶᠠᠨ ᠮᠠᠶ᠋ᠢᠭ

 ᠤᠨ ᠬᠤᠲᠠ ᠪᠤᠯᠭᠠᠵᠤ᠂ ᠵᠠᠮ ᠤᠨ ᠭᠤᠯᠲᠤ ᠴᠢᠭᠯᠡᠯ ᠤᠨ ᠲᠦᠯᠦᠪᠵᠢᠭᠦᠯᠭᠡ ᠶᠢ ᠬᠢᠵᠦ᠂ ᠣᠯᠣᠰ ᠤᠨ ᠳᠡᠰ ᠤᠨ

ᠬᠦᠷᠢᠶᠡᠯᠡᠩ ᠤᠨ ᠰᠢᠶᠠᠨ ᠤ ᠬᠤᠲᠠ ᠶᠢ ᠪᠠᠶᠢᠭᠤᠯᠬᠤ ᠶᠢ ᠠᠬᠢᠭᠤᠯᠵᠤ᠂ ᠬᠤᠲᠠ ᠶᠢᠨ ᠲᠦᠷᠢ ᠲᠦᠷᠬᠦ ᠶᠢ

ᠳᠡᠭᠡᠭᠰᠢᠯᠡᠭᠦᠯᠦᠨ᠎ᠡ᠃ ᠢᠨᠳᠡᠷ ᠤᠨ 《 ᠬᠤᠶᠠᠷ ᠬᠦᠷᠢᠶᠡᠯᠡᠩ  ᠂ ᠬᠤᠶᠠᠷ ᠪᠦᠰᠡ᠂ ᠨᠢᠭᠡ ᠲᠠᠯᠠᠪᠠᠢ  ᠂ ᠠᠷᠪᠠᠨ

ᠭᠤᠷᠪᠠᠨ ᠵᠡᠭᠡᠯᠢ ᠵᠠᠮ 》 ᠤᠨ ᠪᠠᠶᠢᠭᠤᠯᠤᠯᠲᠠ ᠶᠢ ᠬᠡᠷᠡᠭᠵᠢᠭᠦᠯᠵᠦ᠂ 3.3 ᠳ᠋ᠦᠩᠰᠢᠭᠤᠷ ᠲᠦᠭᠦᠷᠢᠭ ᠪᠡᠯᠡ

ᠣᠷᠣᠭᠤᠯᠵᠣ᠂ ᠳᠤᠷᠠᠨ ᠨᠠᠭᠤᠷ ᠴᠡᠴᠡᠷᠯᠢᠭ ᠢ ᠦᠷᠭᠡᠳᠭᠡᠨ ᠪᠠᠶᠢᠭᠤᠯᠵᠤ᠂ ᠪᠠᠷᠠᠭᠤᠨ ᠠᠭᠤᠯᠠᠨ ᠤ ᠣᠢ ᠰᠢᠭᠤᠢ ᠶᠢᠨ

ᠴᠡᠴᠡᠷᠯᠢᠭ ᠢ ᠣᠯᠠᠮ ᠰᠠᠶᠢᠨ ᠪᠣᠯᠭᠠᠨ ᠪᠦᠳᠦᠭᠡᠨ ᠪᠠᠶᠢᠭᠤᠯᠣᠨ᠎ᠠ᠃ 4600 ᠲᠦᠮᠡᠨ ᠲᠦᠭᠦᠷᠢᠭ ᠤᠨ ᠪᠡᠯᠡ

ᠤᠷᠤᠭᠤᠯᠵᠤ᠂ ᠠᠮᠢᠨ ᠭᠤᠤᠯ ᠤᠨ ᠦᠵᠡᠮᠵᠢ ᠶᠢᠨ ᠪᠦᠰᠡ ᠶᠢ ᠪᠠᠶᠢᠭᠤᠯᠵᠤ᠂ ᠶᠣᠸᠠᠨ ᠯᠦᠩ ᠵᠠᠮ ᠦᠵᠡᠮᠵᠢ ᠶᠢᠨ

ᠪᠦᠰᠡ ᠪᠠ ᠬᠠᠤᠯᠢ ᠪᠠᠷ ᠵᠠᠰᠠᠬᠤ ᠲᠠᠯᠠᠪᠠᠢ ᠶᠢ ᠪᠠᠶᠢᠭᠤᠯᠤᠨ᠎ᠠ᠃  2.89   ᠳ᠋ᠦᠩᠰᠢᠭᠤᠷ ᠲᠦᠭᠦᠷᠢᠭ ᠪᠡᠯᠡ

ᠣᠷᠣᠭᠤᠯᠵᠣ᠂ ᠪᠧᠢ ᠱᠠᠨ ᠵᠡᠭᠡᠯᠢ᠂ ᠰᠢᠶᠠᠨ ᠹᠧᠩ   ᠵᠠᠮ   ᠵᠡᠷᠭᠡ  13   ᠵᠤᠷᠪᠣᠰ ᠬᠤᠲᠠ ᠭᠤᠲᠤᠮᠵᠢ ᠶᠢᠨ ᠵᠠᠮ ᠢ

ᠲᠡᠪᠢᠰᠦᠨ᠎ᠡ᠃ 320 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠬᠤᠲᠠ ᠶᠢ ᠭᠡᠷᠡᠯᠲᠦᠭᠦᠯᠬᠦ᠂

ᠭᠤᠶᠤᠵᠢᠭᠤᠯᠬᠤ ᠵᠡᠷᠭᠡ ᠰᠠᠭᠤᠷᠢ ᠲᠦᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠡᠷᠡᠭᠵᠢᠬᠦᠯᠵᠣ᠂ ᠬᠤᠲᠠ

 ᠶᠢᠨ ᠬᠦᠮᠦᠰ ᠤᠨ ᠠᠮᠢᠳᠣᠷᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃   ᠪᠤᠷᠤ ᠭᠡᠷ ᠤᠨ

ᠦᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ 300 ᠡᠷᠦᠬᠡ ᠶᠢ ᠨᠤᠷᠠᠭᠠᠬᠤ ᠶᠢ ᠪᠡᠶᠡᠯᠡᠭᠦᠯᠦᠨ᠎ᠡ᠃  

ᠳᠤᠯᠠᠭᠠᠯᠠᠭ᠎ᠠ ᠬᠠᠩᠭᠠᠬᠤ᠂ ᠣᠰᠤ ᠬᠠᠩᠭᠠᠬᠤ᠂ ᠪᠤᠵᠠᠷ ᠣᠰᠤ   ᠶᠢᠨ ᠬᠤᠭᠤᠯᠠᠢ ᠶᠢᠨ ᠲᠣᠤᠷ ᠢ ᠦᠭᠡᠷᠡᠴᠢᠯᠡᠬᠦ

ᠢᠨᠵᠧᠨᠧᠷᠢᠩ ᠢ ᠬᠡᠷᠡᠭᠵᠢᠭᠦᠯᠵᠦ᠂ ᠬᠤᠶᠠᠳᠤᠭᠠᠷ ᠳᠣᠯᠠᠭᠠᠯᠠᠭ᠎ᠠ ᠬᠠᠩᠭᠠᠬᠤ ᠡᠬᠢ ᠰᠠᠭᠤᠷᠢᠨ ᠢ ᠨᠡᠬᠦᠯᠭᠡᠨ

ᠰᠢᠯᠵᠢᠭᠦᠯᠵᠦ᠂ ᠦᠷᠭᠡᠳᠭᠡᠨ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠠᠷᠣ ᠲᠠᠯ᠎ᠠ ᠶᠢᠨ ᠦᠢᠯᠡᠴᠢᠯᠡᠭᠡ ᠶᠢᠨ

ᠬᠠᠮᠢᠶᠠᠷᠤᠯᠲᠠ ᠶᠢ ᠴᠢᠩᠭᠠᠳᠬᠠᠵᠤ᠂ ᠳᠣᠷ᠎ᠠ ᠪᠠᠷ ᠪᠠᠷᠢᠵᠤ ᠪᠠᠶᠢᠭᠤᠯᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ

ᠰᠢᠢᠳᠭᠡᠵᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃

          ᠬᠦᠳᠡᠭᠡ ᠲᠤᠰᠬᠤᠨ ᠤ ᠦᠩᠭᠡ ᠲᠦᠷᠰᠦ ᠶᠢᠨ ᠰᠠᠶᠢᠵᠢᠷᠠᠯᠲᠠ ᠶᠢ ᠲᠦᠯᠬᠢᠨ ᠠᠬᠢᠭᠤᠯᠤᠨ᠎ᠠ᠃   ᠲᠦᠪ

ᠪᠠᠯᠭᠠᠰᠤ᠂ ᠭᠤᠤᠯᠳᠠᠯᠭ᠎ᠠ ᠪᠠᠯᠭᠠᠰᠤ  ᠂ ᠭᠤᠸ᠎ᠠ ᠰᠠᠶᠢᠬᠠᠨ ᠰᠢᠶᠠᠩ ᠲᠤᠰᠬᠤᠨ ᠤ ᠪᠠᠶᠢᠭᠤᠯᠤᠯᠲᠠ ᠶᠢ ᠨᠢᠭᠡᠲᠦᠯᠲᠡᠢ

ᠲᠦᠯᠦᠪᠯᠡᠵᠦ᠂ ᠵᠢᠵᠢᠭ ᠬᠤᠲᠠ ᠪᠠᠯᠭᠠᠰᠤᠨ ᠤ ᠳᠡᠰ ᠳᠠᠪᠰᠢᠬᠤ ᠶᠢ ᠲᠦᠷᠭᠡᠳᠭᠡᠨ᠎ᠡ᠃ ᠵᠢᠵᠢᠭ ᠬᠤᠲᠠ   ᠪᠠᠯᠭᠠᠰᠤᠨ

 ᠤ ᠪᠦᠲᠦᠭᠡᠨ ᠪᠠᠶᠢᠭᠤᠯᠤᠯᠲᠠ ᠪᠠ ᠵᠤᠭᠠᠴᠠᠯ ᠤᠨ ᠦᠢᠯᠡᠰ ᠢ ᠵᠤᠷᠢᠭᠵᠢᠭᠤᠯᠤᠨ ᠳᠡᠮᠵᠢᠵᠦ᠂ ᠶᠠᠳᠠᠭᠤ ᠠᠴᠠ

ᠠᠩᠭᠢᠵᠢᠷᠠᠬᠤ ᠪᠠᠬᠢᠯᠡᠯᠲᠡ ᠶᠢ ᠡᠪᠳᠡᠬᠦ᠂ ᠬᠠᠷᠢᠯᠴᠠᠨ ᠬᠦᠳᠡᠯᠦᠯᠴᠡᠨ ᠬᠦᠭᠵᠢᠵᠦ᠂ ᠠᠵᠤ ᠦᠢᠯᠡᠰ ᠤᠨ ᠣᠷᠣᠨ

ᠪᠠᠶᠢᠷᠢ ᠶᠢ ᠲᠣᠳᠣᠷᠬᠠᠢ ᠲᠣᠭᠲᠠᠭᠠᠵᠤ᠂ ᠰᠣᠶᠣᠯ ᠤᠨ ᠠᠭᠤᠯᠤᠭᠳᠠᠬᠤᠨ ᠭᠦᠨ ᠵᠤᠵᠠᠭᠠᠨ᠂ ᠦᠵᠡᠮᠵᠢ ᠳᠦᠷᠢ

ᠦᠪᠡᠷᠮᠢᠴᠡ ᠨᠠᠮᠪᠠᠳᠠᠢ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠣᠨ᠎ᠠ᠃ ᠰᠢᠶᠠᠩ ᠲᠣᠰᠬᠤᠨ ᠤ ᠰᠠᠭᠤᠷᠢ

ᠲᠦᠬᠦᠭᠡᠷᠦᠮᠵᠢ ᠶᠢᠨ ᠪᠡᠯᠡ ᠣᠷᠣᠭᠤᠯᠣᠯᠲᠠ ᠶᠢ ᠶᠡᠭᠡᠰᠬᠡᠵᠦ᠂ ᠬᠦᠳᠡᠭᠡ ᠲᠣᠰᠬᠤᠨ ᠤ ᠨᠣᠷᠠᠬᠤ ᠠᠶᠤᠯ ᠲᠠᠢ ᠭᠡᠷ ᠢ

2000 ᠡᠷᠦᠬᠡ ᠰᠠᠯᠪᠢᠨ ᠰᠢᠨᠡᠳᠭᠡᠵᠣ᠂ ᠣᠤᠭᠤᠬᠤ ᠤᠰᠤᠨ ᠤ ᠠᠮᠣᠷ ᠲᠦᠪᠰᠢᠨ ᠢ ᠪᠠᠬᠢᠵᠢᠬᠦᠯᠬᠦ ᠢᠨᠵᠧᠨᠧᠷᠢᠩ ᠢ

ᠡᠬᠢᠯᠡᠬᠦᠯᠵᠣ᠂ ᠲᠣᠰᠬᠤᠨ ᠳᠤ ᠨᠡᠪᠳᠡᠷᠡᠬᠦ ᠵᠠᠰᠠᠮᠠᠯ ᠵᠠᠮ ᠪᠠ ᠭᠠᠴᠠᠭ᠎ᠠ ᠲᠣᠰᠬᠤᠨ ᠤ ᠵᠡᠭᠡᠯᠡᠢ ᠭᠤᠳᠣᠮᠵᠢ ᠶᠢ

ᠱᠠᠯᠠᠳᠡᠨ ᠬᠠᠳᠠᠭᠤᠷᠠᠭᠤᠯᠬᠤ ᠲᠦᠷᠦᠯ ᠵᠣᠶᠢᠯ ᠢ ᠵᠢᠯ ᠤᠨ ᠭᠡᠷᠡᠭᠵᠢᠬᠦᠯᠬᠦ ᠲᠦᠯᠦᠪᠯᠡᠭᠡᠨ ᠳᠡᠭᠡᠨ ᠣᠷᠣᠭᠤᠯᠵᠤ᠂

ᠣᠯᠣᠰ ᠤᠨ ᠲᠡᠰ ᠤᠨ 111 ᠵᠠᠰᠠᠮᠠᠯ ᠵᠠᠮ ᠤᠨ ᠲᠡᠰ ᠲᠠᠪᠰᠢᠬᠤ ᠦᠭᠡᠷᠡᠴᠢᠯᠡᠯᠳᠡ᠂ ᠢᠨᠳᠡᠷ ᠶᠡᠭᠡ ᠬᠦᠬᠦᠷᠭᠡ ᠵᠡᠷᠭᠡ

ᠲᠦᠷᠦᠯ ᠵᠣᠶᠢᠯ ᠢ ᠵᠦᠪᠰᠢᠶᠡᠷᠡᠬᠦ ᠶᠢ ᠲᠦᠯᠬᠢᠨ ᠠᠬᠢᠭᠤᠯᠣᠨ᠎ᠠ᠃ 2334 ᠲᠦᠮᠡᠨ ᠲᠦᠬᠦᠷᠢᠭ ᠪᠡᠯᠨ ᠣᠷᠣᠭᠤᠯᠵᠤ

᠂ 220 ᠺᠢᠯᠣᠸᠣᠯᠲ ᠴᠠᠬᠢᠯᠭᠠᠨ ᠬᠤᠪᠢᠰᠬᠠᠭᠤᠷ ᠦᠷᠳᠡᠭᠡ ᠶᠢ ᠦᠷᠭᠡᠳᠭᠡᠨ ᠪᠠᠶᠢᠭᠤᠯᠣᠨ᠎ᠠ᠃   ᠪᠠᠳᠠᠷᠬᠤ ᠮᠠᠯᠵᠢᠯ

 ᠤᠨ ᠲᠠᠯᠠᠪᠣᠷ ᠤᠨ 66 ᠺᠢᠯᠣᠸᠣᠯᠲ ᠪᠠ᠂ ᠲᠡᠮᠡᠭᠡᠵᠢ ᠶᠢᠨ ᠴᠠᠬᠢᠯᠭᠠᠨ ᠲᠡᠮᠵᠢᠭᠤᠯᠬᠤ ᠬᠤᠪᠢᠰᠬᠠᠬᠤ   ᠢᠨᠵᠧᠨᠧᠷᠢᠩ ᠢ

ᠭᠡᠷᠡᠭᠵᠢᠬᠦᠯᠵᠦ᠂ 10 ᠺᠢᠯᠣᠸᠣᠯᠲ ᠴᠠᠬᠢᠯᠭᠠᠨ ᠭᠡᠯᠬᠢᠶ᠎ᠡ ᠶᠢ 237 ᠺᠢᠯᠣᠮᠧᠲᠷ᠂ ᠲᠣᠣᠷ᠎ᠠ ᠲᠠᠷᠣᠯᠳᠠᠳᠣ ᠴᠠᠬᠢᠯᠭᠠᠨ

ᠭᠡᠯᠬᠢᠶ᠎ᠡ ᠶᠢ 992 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠤ᠂ ᠴᠠᠬᠢᠯᠭᠠᠨ ᠬᠠᠩᠭᠠᠬᠤ ᠴᠢᠳᠠᠪᠣᠷᠢ ᠶᠢ

ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃   ᠪᠠᠶᠢᠭᠤᠯᠬᠤ ᠪᠠ ᠬᠠᠮᠢᠶᠠᠷᠠᠬᠤ ᠶᠢ ᠵᠡᠷᠭᠡᠪᠡᠷ ᠬᠦᠨᠳᠣᠳᠭᠡᠵᠤ᠂ ᠣᠷᠴᠢᠨ

ᠲᠣᠭᠤᠷᠢᠨ ᠢ   ᠶᠡᠷᠦᠩᠭᠡᠶᠢᠯᠡᠨ ᠵᠠᠰᠠᠵᠤ᠂ ᠬᠦᠳᠡᠭᠡ ᠲᠣᠰᠬᠤᠨ ᠤ ᠦᠩᠭᠡ ᠲᠦᠷᠰᠣ ᠶᠢ ᠲᠠᠰᠣᠷᠠᠯ ᠦᠭᠡᠢ

ᠰᠠᠶᠢᠵᠢᠷᠠᠭᠤᠯᠣᠨ᠎ᠠ᠃

        ︵ᠵᠢᠷᠭᠤᠭ᠎ᠠ︶ ᠠᠷᠠᠳᠴᠢᠯᠠᠯ ᠢ ᠠᠳᠬᠤᠵᠤ᠂ ᠡᠶ᠎ᠡ ᠵᠣᠬᠢᠴᠡᠯ ᠢ ᠠᠬᠢᠭᠤᠯᠣᠨ᠂ ᠠᠷᠠᠳ ᠣᠯᠠᠨ ᠤ ᠠᠵᠠ

ᠵᠢᠷᠭᠠᠯ ᠢ ᠦᠨᠡᠨᠬᠦ ᠨᠡᠮᠡᠭᠳᠡᠬᠦᠯᠦᠨ᠎ᠡ

          ᠦᠢᠯᠡᠰ ᠪᠦᠳᠣᠭᠡᠵᠤ ᠠᠵᠢᠯ   ᠣᠯᠭᠤᠬᠤ ᠶᠢ ᠠᠬᠢᠭᠤᠯᠣᠨ᠎ᠠ᠃ 《 ᠣᠯᠠᠨ ᠲᠦᠮᠡᠨ ᠦᠢᠯᠡᠰ

ᠪᠦᠳᠣᠭᠡᠵᠤ ᠲᠦᠮᠡᠨ ᠠᠷᠠᠳ ᠤᠨ ᠰᠢᠨ᠎ᠡ ᠶᠢ ᠡᠬᠦᠳᠬᠦ 》 ᠵᠠᠮᠴᠢᠯᠠᠭ᠎ᠠ ᠶᠢ ᠪᠠᠷᠢᠮᠳᠠᠯᠠᠵᠤ᠂ ᠣᠶᠢᠯᠡᠰ ᠪᠦᠳᠣᠭᠡᠵᠤ

ᠠᠵᠢᠯ ᠣᠯᠭᠤᠬᠤ ᠲᠦᠷᠣ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠬᠤᠳᠠ ᠪᠠᠯᠭᠠᠰᠣᠨ ᠤ

ᠰᠢᠨ᠎ᠡ ᠪᠠᠷ ᠠᠵᠢᠯ ᠣᠯᠭᠤᠬᠤ   ᠬᠦᠮᠣᠰ ᠢ  2200 ᠠᠴᠠ ᠲᠡᠭᠡᠭᠰᠢ ᠨᠡᠮᠡᠭᠳᠡᠬᠦᠯᠵᠦ᠂ ᠬᠤᠳᠠ ᠪᠠᠯᠭᠠᠰᠣᠨ ᠤ

ᠠᠵᠢᠯ   ᠠᠯᠳᠠᠭᠰᠠᠳ ᠤᠨ ᠲᠤᠭ᠎ᠠ ᠶᠢ 3.9 % ᠲᠣᠳᠣᠷ᠎ᠠ ᠬᠢᠵᠠᠭᠠᠷᠯᠠᠨ᠎ᠠ᠃ ᠣᠶᠢᠯᠡᠰ ᠪᠦᠳᠣᠭᠡᠬᠦ ᠲᠠᠭᠠᠭᠠᠬᠤ

ᠵᠢᠭᠡᠯᠡᠯᠭᠡ ᠶᠢᠨ ᠮᠦᠩᠬᠦ ᠶᠢ 2200 ᠲᠦᠮᠡᠨ ᠲᠦᠬᠦᠷᠢᠭ ᠲᠠᠷᠬᠠᠭᠠᠵᠤ᠂ ᠶᠡᠭᠡ ᠰᠣᠷᠭᠠᠭᠤᠯᠢ ᠠᠴᠠ ᠲᠡᠬᠦᠰᠦᠭᠰᠡᠨ

ᠣᠶᠣᠳᠠᠳ ᠪᠣᠯᠣᠨ ᠶᠠᠳᠠᠭᠤ ᠬᠦᠴᠢᠷᠳᠡᠢ ᠬᠦᠮᠣᠰ ᠤᠨ ᠦᠯᠡᠰ ᠪᠦᠳᠣᠭᠡᠵᠤ ᠠᠵᠢᠯ ᠣᠯᠭᠤᠬᠤ ᠳᠤᠨᠢ   ᠲᠤᠰᠠᠯᠠᠨ᠎ᠠ᠃

ᠬᠦᠳᠡᠯᠮᠣᠷᠢ ᠬᠦᠴᠦᠨ ᠢ ᠭᠠᠳᠠᠨᠰᠢ ᠭᠠᠷᠭᠠᠬᠤ ᠰᠠᠭᠤᠷᠢᠨ ᠭᠠᠵᠠᠷ ᠢ ᠦᠷᠭᠡᠳᠭᠡᠨ ᠪᠠᠬᠢᠵᠢᠬᠦᠯᠵᠤ᠂ ᠠᠵᠢᠯ

ᠣᠯᠭᠤᠬᠤ ᠪᠣᠯᠣᠨ   ᠲᠣᠬᠠᠶᠢᠯᠠᠭᠰᠠᠨ ᠠᠵᠢᠯ ᠤᠨ ᠮᠡᠷᠭᠡᠵᠢᠯ ᠤᠨ ᠪᠣᠯᠪᠠᠰᠣᠷᠠᠯ ᠳᠤ 3000 ᠬᠦᠮᠣᠨ ᠢ

ᠣᠷᠣᠯᠴᠠᠭᠤᠯᠵᠤ᠂ ᠭᠡᠷᠡᠭᠯᠡᠬᠦ ᠮᠡᠷᠭᠡᠵᠢᠯ ᠬᠢᠭᠡᠳ ᠪᠠᠶᠠᠵᠢᠯ ᠤᠨ ᠲᠠᠭᠠᠭᠤᠯᠣᠭᠴᠢ ᠶᠢ 2300 ᠬᠦᠮᠣᠨ᠂ ᠬᠦᠳᠡᠯᠮᠣᠷᠢ

ᠬᠦᠴᠣᠨ ᠢ 70000 ᠬᠦᠮᠣᠨ ᠠᠴᠠ ᠲᠡᠭᠡᠭᠰᠢ   ᠭᠠᠳᠠᠭᠰᠢ ᠰᠢᠯᠵᠢᠬᠦᠯᠦᠨ ᠭᠠᠷᠭᠠᠨ᠎ᠠ᠃ ᠣᠯᠡᠨ ᠨᠡᠶᠢᠳᠡ ᠶᠢᠨ

ᠪᠣᠳᠠᠳᠣ ᠪᠣᠯᠪᠠᠰᠣᠷᠠᠯ ᠤᠨ ᠰᠠᠭᠤᠷᠢᠨ ᠭᠠᠵᠠᠷ ᠤᠨ ᠵᠣᠶᠢᠯ ᠢ ᠢᠳᠡᠪᠬᠢᠳᠡᠢ ᠠᠩᠬᠠᠷᠴᠣ ᠠᠵᠢᠨ᠂ ᠦᠢᠯᠡᠰ ᠪᠦᠳᠣᠭᠡᠵᠤ

᠂ ᠠᠵᠢᠯ ᠣᠯᠭᠤᠬᠤ ᠦᠢᠯᠡᠴᠢᠯᠡᠭᠡ ᠶᠢᠨ ᠲᠠᠪᠴᠠᠩ ᠤᠨ ᠪᠠᠶᠢᠭᠤᠯᠣᠯᠳᠠ ᠶᠢ ᠲᠡᠬᠦᠯᠳᠡᠷᠵᠢᠬᠦᠯᠦᠨ᠎ᠡ᠃

          ᠪᠠᠳᠣᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ 《 ᠨᠠᠢᠮᠠᠨ ᠵᠣᠶᠢᠯ ᠤᠨ ᠬᠤᠳᠠ ᠶᠢ ᠵᠡᠷᠭᠡ

 ᠪᠠᠷ ᠴᠣᠭᠴᠠᠯᠠᠬᠤ 》 ᠪᠠᠷ   ᠠᠴᠢᠶᠠᠯᠠᠪᠦᠷᠢ ᠪᠣᠯᠭᠠᠵᠤ᠂ ᠠᠷᠠᠳ ᠤᠨ ᠠᠮᠢᠳᠣᠷᠠᠯ ᠤᠨ   ᠢᠨᠵᠧᠨᠧᠷᠢᠩ ᠢ ᠬᠦᠴᠣᠳᠡᠢ

ᠠᠬᠢᠭᠤᠯᠣᠨ᠎ᠠ᠃ ᠨᠡᠶᠢᠭᠡᠮ ᠤᠨ ᠲᠡᠳᠬᠦᠮᠵᠢ᠂ ᠨᠡᠶᠢᠭᠡᠮ ᠤᠨ ᠠᠰᠠᠷᠠᠮᠵᠢ ᠵᠡᠷᠭᠡ ᠣᠯᠡᠨ ᠲᠠᠪᠬᠤᠷᠭᠠᠳᠣ ᠪᠠᠳᠣᠯᠭ᠎ᠠ ᠶᠢᠨ

ᠲᠣᠭᠳᠠᠯᠴᠠᠭ᠎ᠠ ᠶᠢ ᠲᠡᠬᠦᠯᠳᠡᠷᠵᠢᠬᠦᠯᠵᠦ᠂ ᠲᠡᠳᠬᠦᠮᠵᠢ ᠶᠢᠨ ᠡᠳᠡᠭᠡᠳ ᠤᠨ ᠬᠠᠮᠤᠭ ᠲᠣᠣᠷ᠎ᠠ ᠠᠮᠢᠳᠣᠷᠠᠯ ᠢ ᠪᠠᠳᠣᠯᠠᠵᠤ

᠂ ᠪᠦᠬᠦ ᠲᠠᠯ᠎ᠠ ᠪᠠᠷ ᠲᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠬᠦᠢᠴᠡᠳᠭᠡᠵᠤ᠂ ᠨᠠᠰᠣᠳᠡᠳ ᠢ ᠠᠰᠠᠷᠠᠵᠤ᠂  

ᠡᠮ ᠡᠮᠨᠡᠯᠭᠡ᠂ ᠠᠵᠢᠯ ᠠᠴᠠ ᠪᠣᠯᠣᠭᠰᠠᠨ ᠬᠡᠮᠳᠣᠯ᠂ ᠠᠵᠢᠯ ᠠᠯᠳᠠᠭᠰᠠᠳ ᠤᠨ ᠲᠠᠭᠠᠳᠬᠠᠯ ᠤᠨ ᠶᠡᠷᠦᠩᠭᠡᠢ ᠪᠦᠷᠬᠦᠴᠠ

᠂ ᠬᠤᠳᠠ   ᠪᠠᠯᠭᠠᠰᠣᠨ ᠤ ᠬᠠᠮᠤᠭ ᠲᠣᠣᠷ᠎ᠠ ᠠᠮᠢᠳᠣᠷᠠᠯ ᠤᠨ ᠪᠠᠳᠣᠯᠠᠭ᠎ᠠ᠂ ᠬᠦᠳᠡᠭᠡ ᠲᠣᠰᠬᠤᠨ ᠤ 《 ᠲᠠᠪᠣᠨ

ᠪᠠᠳᠣᠯᠭᠠᠳᠣ ᠡᠷᠦᠭᠡ 》᠂ ᠬᠤᠳᠠ ᠪᠠᠯᠭᠠᠰᠣᠨ ᠤ 《 ᠭᠤᠷᠪᠠ ᠦᠭᠡᠢ 》 ᠬᠦᠮᠣᠰ ᠪᠣᠯᠣᠨ ᠦᠨᠣᠴᠢᠨ ᠭᠡᠣᠭᠡᠳ

ᠵᠡᠷᠭᠡ ᠶᠢᠨ ᠠᠰᠠᠷᠡᠨ ᠲᠡᠵᠢᠭᠡᠬᠦ ᠪᠠᠷᠢᠮᠵᠢᠶ᠎ᠠ ᠶᠢ ᠦᠷᠬᠦᠯᠵᠢᠯᠡᠨ ᠲᠡᠭᠡᠭᠰᠢᠯᠡᠬᠦᠯᠦᠨ᠎ᠡ᠃ ᠠᠵᠢᠯ ᠣᠶᠢᠯᠡᠰ ᠤᠨ ᠨᠢᠭᠡᠴᠠ

 ᠶᠢᠨ ᠨᠠᠰᠣᠳᠡᠨ ᠢ ᠠᠰᠠᠷᠠᠬᠤ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠠᠵᠤ

ᠠᠬᠤᠶᠢᠯᠠᠯ ᠤᠨ   ᠠᠵᠢᠯ ᠠᠴᠠ ᠪᠠᠨ ᠠᠮᠠᠷᠠᠭᠰᠠᠳ ᠤᠨ   ᠬᠠᠷᠠᠭᠠᠯᠵᠠᠯ ᠤᠨ ᠮᠦᠩᠬᠦ ᠶᠢ ᠲᠡᠭᠡᠭᠰᠢᠯᠡᠬᠦᠯᠦᠨ᠎ᠡ᠃ ᠬᠤᠳᠠ

ᠪᠠᠯᠭᠠᠰᠣᠨ ᠤ ᠡᠮᠨᠡᠯᠭᠡ ᠶᠢᠨ ᠲᠠᠭᠠᠳᠬᠠᠯ ᠢ ᠨᠢᠭᠡᠳᠭᠡᠬᠦ ᠲᠦᠷᠣ ᠶᠢᠨ ᠪᠣᠳᠣᠯᠭ᠎ᠠ ᠶᠢ   ᠲᠣᠣᠱᠯᠠᠭᠤᠯᠵᠤ᠂ ᠣᠯᠠᠨ

ᠲᠦᠮᠠᠨ ᠤ ᠡᠪᠡᠳᠴᠢᠨ ᠵᠠᠰᠠᠭᠤᠯᠬᠤ ᠲᠠᠷᠣᠭᠠᠰᠣ ᠶᠢ ᠨᠢ ᠬᠦᠩᠭᠡᠯᠡᠨ᠎ᠡ᠃ ᠨᠠᠰᠣᠳᠠᠶᠢᠴᠣᠳ ᠤᠨ ᠲᠡᠷᠭᠡᠨ ᠳᠤ

ᠰᠠᠭᠤᠬᠤ᠂ ᠡᠪᠡᠳᠴᠢᠨ ᠵᠠᠰᠠᠭᠤᠯᠬᠤ ᠵᠡᠷᠭᠡ ᠬᠠᠷᠠᠭᠠᠯᠵᠠᠯᠠᠯ ᠤᠨ ᠲᠦᠷᠣ ᠶᠢᠨ ᠪᠣᠳᠣᠯᠭ᠎ᠠ ᠶᠢ ᠨᠡᠶᠢᠳᠡᠪᠦᠷᠢᠵᠢᠭᠤᠯᠵᠤ᠂

ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠣᠯᠳᠠ ᠶᠢ ᠲᠠᠭᠤᠰᠬᠠᠨ᠎ᠠ᠃

          ᠨᠡᠶᠢᠭᠡᠮ ᠤᠨ ᠲᠣᠭᠳᠠᠭᠤᠨ ᠢ ᠬᠠᠮᠠᠭᠠᠯᠠᠨ᠎ᠠ᠃ ᠦᠢᠯᠡᠳᠪᠣᠷᠢᠯᠡᠯ ᠤᠨ ᠠᠮᠣᠷ ᠲᠦᠪᠰᠢᠨ ᠤ

ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠡᠶᠢᠳᠡᠪᠣᠷᠢᠵᠢᠭᠤᠯᠵᠤ᠂ ᠣᠶᠢᠯᠡᠳᠪᠣᠷᠢᠯᠡᠯ ᠤᠨ ᠠᠮᠣᠷ ᠲᠦᠪᠰᠢᠨ ᠤ ᠶᠡᠭᠡ

ᠪᠠᠶᠢᠴᠠᠭᠠᠯᠳᠠ ᠶᠢ ᠦᠷᠬᠦᠯᠵᠢ ᠶᠢᠨ ᠴᠢᠨᠠᠷᠳᠠᠢ ᠦᠷᠨᠢᠬᠦᠯᠵᠦ᠂ ᠠᠮᠣᠷ ᠲᠦᠪᠰᠢᠨ ᠤ ᠲᠠᠯᠳᠠ ᠬᠡᠮ ᠢ ᠪᠠᠶᠢᠴᠠᠭᠠᠨ

ᠵᠠᠰᠠᠵᠤ᠂ ᠠᠷᠠᠳ ᠣᠯᠡᠨ ᠤ ᠠᠮᠢ ᠨᠠᠰᠣ ᠬᠢᠭᠡᠳ ᠡᠳ᠋ ᠬᠦᠷᠦᠩᠭᠡ ᠶᠢᠨ ᠠᠮᠣᠷ ᠲᠦᠪᠰᠢᠨ ᠢ ᠪᠠᠳᠣᠯᠠᠨ᠎ᠠ᠃  

ᠢᠳᠡᠭᠡᠨ ᠣᠮᠳᠠᠭᠠᠨ ᠡᠮ   ᠤᠨ ᠵᠣᠶᠢᠯ   ᠤᠨ ᠠᠮᠣᠷ ᠲᠦᠪᠰᠢᠨ ᠤ ᠲᠦᠭᠰᠢᠬᠦᠷᠢ ᠶᠢ ᠰᠡᠷᠭᠡᠶᠢᠯᠡᠬᠦ   ᠪᠠ ᠪᠦᠬᠦ

ᠶᠠᠪᠣᠴᠠ ᠶᠢ   ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠢᠳᠡᠭᠡᠨ ᠣᠮᠳᠠᠭᠠᠨ ᠡᠮ   ᠤᠨ ᠵᠣᠶᠢᠯ ᠤᠨ ᠠᠮᠣᠷ

ᠲᠦᠪᠰᠢᠨ ᠤ   ᠲᠦᠷᠢᠮ ᠦᠵᠡᠬᠦᠯᠬᠦ ᠵᠡᠭᠡᠯᠢ ᠶᠢ 2 ᠵᠣᠷᠪᠣᠰ᠂ 《 ᠲᠦᠷᠪᠡᠨ ᠡᠳ᠋ ᠨᠢᠭᠡ ᠲᠣᠨᠣᠭᠯᠠᠯ 》 ᠤᠨ ᠲᠦᠷᠢᠮ

ᠦᠵᠡᠬᠦᠯᠬᠦ   ᠲᠡᠯᠭᠡᠬᠦᠷ ᠢ 70 ᠡᠷᠦᠭᠡ   ᠡᠬᠦᠳᠣᠨ ᠪᠠᠶᠢᠭᠤᠯᠣᠨ᠎ᠠ᠃ ᠵᠦᠷᠢᠴᠡᠯ ᠵᠠᠷᠭᠤᠯᠳᠣᠭᠠᠨ ᠤ ᠪᠠᠶᠢᠴᠠᠭᠠᠯᠳᠠ

ᠬᠢᠭᠡᠳ 《 ᠵᠠᠭᠤᠨ ᠡᠳᠣᠷ ᠪᠠᠬᠢᠯᠡᠯᠳᠡ ᠶᠢ ᠡᠪᠳᠡᠬᠦ 》 ᠲᠠᠷᠣᠭᠳᠠᠮᠠᠯ ᠬᠡᠷᠡᠭ ᠢ ᠠᠷᠢᠯᠭᠠᠨ ᠦᠭᠡᠶᠢᠰᠭᠡᠬᠦ ᠲᠣᠰᠬᠠᠢ

ᠬᠦᠳᠡᠯᠭᠡᠭᠡᠨ ᠢ ᠬᠦᠨᠵᠡᠭᠡᠢ ᠦᠷᠨᠢᠬᠦᠯᠵᠦ᠂ ᠵᠠᠬᠢᠳᠡᠯ ᠰᠣᠷᠪᠣᠯᠵᠢᠯᠠᠭ᠎ᠠ ᠶᠢᠨ 《 ᠭᠤᠷᠪᠡᠨ ᠨᠣᠷᠮ᠎ᠠ 》 ᠶᠢ ᠴᠢᠷᠮᠠᠶᠢᠨ

ᠲᠡᠭᠡᠭᠰᠢᠯᠡᠬᠦᠯᠦᠨ᠎ᠡ᠃   ᠲᠠᠷᠢᠶᠠᠴᠢᠳ ᠬᠦᠴᠣ ᠶᠠᠪᠣᠭᠴᠢ ᠶᠢᠨ ᠬᠦᠯᠦᠰᠣᠨ ᠮᠦᠩᠬᠦ ᠣᠯᠭᠤᠬᠤ ᠪᠠᠳᠣᠯᠠᠭ᠎ᠠ ᠶᠢᠨ

ᠠᠷᠭ᠎ᠠ ᠶᠢ ᠴᠢᠩᠭ᠎ᠠ ᠨᠡᠶᠢᠳᠡᠪᠣᠷᠢᠵᠢᠭᠤᠯᠵᠤ᠂ ᠲᠠᠷᠢᠶᠠᠴᠢᠳ ᠲᠤ ᠴᠠᠯᠢᠩ ᠦᠷᠢᠳᠡᠵᠤ ᠪᠠᠶᠢᠭ᠎ᠠ ᠠᠰᠠᠭᠤᠳᠡᠯ ᠢ ᠬᠠᠣᠯᠢ

ᠶᠣᠰᠣᠭᠠᠷ ᠪᠠᠶᠢᠴᠠᠭᠠᠨ ᠰᠢᠢᠳᠪᠣᠷᠢᠯᠡᠨ᠎ᠡ᠃ 《 ᠵᠠᠮ ᠬᠠᠷᠢᠯᠴᠠᠭ᠎ᠠ᠂ ᠴᠠᠭᠳᠡᠨ ᠪᠠᠶᠢᠴᠠᠭᠠᠬᠤ ᠶᠢ

ᠨᠢᠭᠡᠳᠭᠡᠬᠦ 》 ᠰᠣᠷᠭᠠᠨ ᠬᠦᠮᠣᠵᠢᠯ ᠤᠨ ᠪᠣᠯᠪᠠᠰᠣᠷᠠᠯ ᠤᠨ ᠴᠠᠭᠳᠠᠭᠠᠨ ᠤ ᠶᠠᠪᠣᠳᠡᠯ ᠤᠨ ᠲᠣᠭᠳᠠᠯᠴᠠᠭ᠎ᠠ ᠶᠢ

ᠪᠠᠬᠢᠵᠢᠬᠦᠯᠦᠨ ᠲᠡᠭᠦᠯᠳᠡᠷᠵᠢᠬᠦᠯᠵᠦ᠂ ᠡᠯ᠎ᠡ ᠵᠣᠶᠢᠯ ᠤᠨ ᠬᠠᠣᠯᠢ ᠶᠢ ᠵᠦᠷᠢᠴᠡᠭᠰᠡᠨ ᠶᠠᠯᠠᠳᠣ ᠠᠵᠢᠯᠯᠠᠭ᠎ᠠ ᠶᠢ ᠴᠢᠩᠭ᠎ᠠ

ᠰᠡᠷᠭᠡᠶᠢᠯᠡᠵᠤ ᠬᠠᠣᠯᠢ ᠶᠣᠰᠣᠭᠠᠷ   ᠴᠢᠩᠭ᠎ᠠ ᠰᠢᠢᠳᠭᠡᠨ᠎ᠡ᠃ ᠴᠡᠷᠢᠭ ᠪᠣᠯᠣᠨ ᠭᠠᠵᠠᠷ ᠣᠷᠣᠨ ᠤ ᠬᠠᠮᠳᠣᠷᠠᠯ ᠤᠨ

ᠬᠦᠭᠵᠢᠯᠳᠡ ᠶᠢ ᠬᠦᠨᠵᠡᠭᠡᠶᠢᠷᠡᠬᠦᠯᠵᠦ᠂ ᠣᠯᠣᠰ ᠤᠨ ᠠᠷᠣ ᠲᠠᠯ᠎ᠠ ᠶᠢᠨ ᠬᠦᠴᠦᠨ ᠤ ᠪᠦᠳᠣᠭᠡᠨ ᠪᠠᠶᠢᠭᠤᠯᠣᠯᠳᠠ ᠶᠢ

ᠲᠦᠯᠬᠢᠨ ᠠᠬᠢᠭᠤᠯᠣᠨ᠎ᠠ᠃ 《 ᠣᠯᠣᠰ ᠤᠨ ᠦᠨᠳᠣᠰᠣᠳᠡᠨ ᠤ ᠪᠦᠯᠬᠦᠮᠳᠡᠯ ᠤᠨ ᠲᠠᠪᠰᠢᠯᠳᠡ ᠶᠢᠨ ᠲᠦᠷᠢᠮ

ᠦᠵᠡᠬᠦᠯᠬᠦ ᠬᠤᠰᠢᠭᠤ 》 ᠶᠢ ᠪᠦᠳᠣᠭᠡᠨ ᠪᠠᠶᠢᠭᠤᠯᠵᠤ᠂ ᠨᠡᠶᠢᠭᠡᠮ ᠤᠨ ᠡᠶ᠎ᠡ ᠨᠠᠶᠢᠷᠠᠮᠳᠠᠭᠤ ᠲᠣᠭᠳᠠᠭᠤᠨ ᠢ

ᠠᠬᠢᠭᠤᠯᠣᠨ᠎ᠠ᠃

          ︵ᠲᠣᠯᠤᠭ᠎ᠠ︶ ᠲᠡᠩᠴᠡᠬᠦᠷᠢ ᠶᠢ ᠠᠳᠬᠤᠵᠤ᠂ ᠶᠡᠰᠣ ᠴᠢᠨᠠᠷ ᠢ ᠲᠡᠭᠡᠭᠰᠢᠯᠡᠬᠦᠯᠵᠦ᠂ ᠡᠯ᠎ᠡ ᠵᠣᠶᠢᠯ ᠤᠨ

ᠨᠡᠶᠢᠭᠡᠮ ᠤᠨ ᠦᠢᠯᠡᠰ ᠤᠨ ᠬᠦᠭᠵᠢᠯᠳᠡ ᠶᠢ ᠲᠦᠷᠬᠡᠳᠭᠡᠨ᠎ᠡ

          ᠰᠣᠷᠭᠠᠨ ᠬᠦᠮᠣᠵᠢᠯ ᠤᠨ ᠴᠢᠨᠠᠷᠯᠢᠭ ᠮᠦᠷᠳᠡᠭᠡᠨ ᠲᠡᠩᠴᠡᠬᠦᠷᠢᠳᠡᠢ ᠬᠦᠭᠵᠢᠬᠦ ᠶᠢ ᠲᠦᠯᠬᠢᠨ

ᠠᠬᠢᠭᠤᠯᠣᠨ᠎ᠠ᠃ ᠰᠣᠷᠬᠤ ᠠᠴᠠ ᠡᠮᠣᠨᠡᠬᠢ ᠨᠠᠰᠣᠨ ᠤ ᠰᠣᠷᠭᠠᠨ ᠬᠦᠮᠣᠵᠢᠯ ᠢ ᠰᠠᠶᠢᠳᠣᠷ ᠠᠳᠬᠤᠵᠤ᠂ ᠬᠤᠰᠢᠭᠤᠨ

 ᠤ ᠭᠡᠣᠭᠡᠳ ᠤᠨ ᠴᠡᠴᠡᠷᠯᠢᠭ᠂ ᠮᠣᠩᠭᠤᠯ ᠦᠨᠳᠣᠰᠣᠳᠡᠨ ᠤ ᠭᠡᠣᠭᠡᠳ ᠤᠨ ᠴᠡᠴᠡᠷᠯᠢᠭ᠂ ᠭᠤᠷᠪᠠᠳᠣᠭᠠᠷ ᠭᠡᠣᠭᠡᠳ ᠤᠨ

ᠴᠡᠴᠡᠷᠯᠢᠭ ᠢ ᠠᠰᠢᠭᠯᠠᠯᠳᠠ ᠳᠤ ᠣᠷᠣᠭᠤᠯᠵᠣ᠂ 4   ᠰᠠᠭᠤᠷᠢ ᠰᠢᠶᠠᠩ ᠤᠨ ᠱᠠᠳᠣᠨ ᠤ ᠲᠦᠪ ᠭᠡᠣᠭᠡᠳ ᠤᠨ

ᠴᠡᠴᠡᠷᠯᠢᠭ ᠤᠨ ᠪᠦᠳᠦᠭᠡᠨ ᠪᠠᠶᠢᠭᠤᠯᠣᠳᠠ ᠶᠢ ᠪᠡᠶᠡᠯᠡᠬᠦᠯᠦᠨ᠎ᠡ᠃ ᠠᠯᠪᠡᠨ ᠵᠢᠷᠣᠮ ᠤᠨ ᠰᠣᠷᠭᠠᠨ ᠬᠦᠮᠣᠵᠢᠯ ᠤᠨ

ᠪᠠᠭᠤᠷᠠᠢ ᠰᠣᠷᠭᠠᠭᠤᠯᠢ ᠶᠢ ᠦᠭᠡᠷᠡᠴᠢᠯᠡᠨ ᠪᠠᠶᠢᠭᠤᠯᠬᠤ ᠪᠠ ᠪᠠᠷᠢᠮᠵᠢᠶᠠᠳᠣ ᠪᠠᠶᠢᠭᠤᠯᠣᠯᠳᠠ ᠶᠢ ᠭᠡᠷᠡᠭᠵᠢᠬᠦᠯᠵᠦ᠂ 8

ᠰᠠᠭᠤᠷᠢ ᠭᠤᠣᠯ ᠰᠣᠷᠭᠠᠭᠤᠯᠢ ᠶᠢᠨ ᠬᠢᠴᠢᠶᠡᠯᠯᠡᠬᠦ ᠠᠰᠠᠷ ᠤᠨ ᠰᠢᠨ᠎ᠡ ᠪᠠᠶᠢᠭᠤᠯᠬᠤ ᠲᠦᠷᠦᠯ ᠵᠣᠶᠢᠯ ᠢ ᠪᠡᠶᠡᠯᠡᠬᠦᠯᠵᠦ᠂

ᠬᠤᠳᠠ ᠬᠦᠳᠡᠭᠡ ᠶᠢᠨ ᠰᠣᠷᠭᠠᠨ ᠬᠦᠮᠣᠵᠢᠯ ᠤᠨ ᠦᠨᠳᠣᠰᠣᠨ ᠨᠡᠶᠢᠭᠡᠮ ᠨᠡᠶᠢᠳᠡ ᠶᠢᠨ ᠦᠢᠯᠡᠴᠢᠯᠡᠭᠡ ᠲᠡᠩᠴᠡᠬᠦᠷᠢᠳᠡᠢ

ᠪᠠᠶᠢᠬᠤ ᠶᠢ ᠲᠦᠯᠬᠢᠨ ᠠᠬᠢᠭᠤᠯᠵᠤ᠂ ᠠᠯᠪᠡᠨ ᠵᠢᠷᠣᠮ ᠤᠨ ᠰᠣᠷᠭᠠᠭᠤᠯᠢ ᠶᠢᠨ ᠰᠣᠷᠭᠠᠭᠤᠯᠢ ᠶᠢᠨ ᠬᠦᠷᠢᠶᠡᠨ ᠤ ᠬᠦᠯ

ᠪᠦᠮᠪᠦᠭᠡ ᠶᠢᠨ ᠲᠡᠷᠢᠬᠦᠨ ᠤ ᠬᠤᠰᠢᠭᠤ ᠰᠢᠶᠠᠨ ᠤ ᠦᠷ᠎ᠡ ᠪᠦᠳᠣᠭᠡᠯ   ᠢᠶᠠᠨ   ᠪᠠᠬᠢᠵᠢᠬᠦᠯᠵᠦ᠂ ᠰᠣᠷᠭᠠᠭᠤᠯᠢ ᠶᠢᠨ

ᠬᠦᠷᠢᠶᠡᠨ ᠤ ᠬᠦᠯ ᠪᠦᠮᠪᠦᠭᠡ ᠶᠢᠨ ᠲᠦᠬᠡᠮᠡᠯᠵᠢᠬᠦ ᠪᠠ ᠲᠡᠭᠡᠭᠰᠢᠯᠡᠬᠦ ᠶᠢ ᠰᠠᠶᠢᠳᠣᠷ ᠠᠳᠬᠤᠨ᠎ᠠ᠃

          ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠦᠳᠣᠭᠡᠨ ᠪᠠᠶᠢᠭᠤᠯᠣᠯᠳᠠ ᠶᠢ

ᠲᠡᠬᠦᠯᠳᠡᠷᠵᠢᠬᠦᠯᠦᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ᠦᠭᠡᠷᠡᠴᠢᠯᠡᠯᠳᠡ ᠶᠢ

ᠦᠷᠬᠦᠯᠵᠢᠯᠡᠨ ᠬᠦᠨᠵᠡᠭᠡᠶᠢᠷᠡᠬᠦᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠣᠯᠳᠠ ᠶᠢᠨ ᠲᠦᠷᠢᠮ ᠢ

ᠢᠳᠡᠭ ᠢᠳᠡᠭ ᠢᠶᠠᠷ ᠪᠠᠶᠢᠭᠤᠯᠵᠤ᠂ ᠬᠤᠰᠢᠭᠤᠨ ᠤ ᠣᠷᠣᠨ ᠬᠡᠪᠴᠢᠶᠡᠨ ᠳᠤ ᠬᠤᠯᠪᠣᠭᠠᠳᠣ ᠴᠣᠭᠴᠠ ᠶᠢ ᠪᠠᠶᠢᠭᠤᠯᠵᠤ

᠂ ᠲᠡᠰ ᠬᠤᠪᠢᠶᠠᠨ ᠡᠮᠨᠡᠬᠦ ᠶᠢ   ᠢᠳᠡᠭ ᠢᠳᠡᠭ ᠢᠶᠠᠷ   ᠭᠡᠷᠡᠭᠵᠢᠬᠦᠯᠦᠨ᠎ᠡ᠃ ᠨᠡᠶᠢᠭᠡᠮ   ᠨᠡᠶᠢᠳᠡ ᠶᠢᠨ ᠦᠨᠳᠣᠰᠣᠨ ᠡᠮ

ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠵᠤ᠂ ᠰᠢᠯᠵᠢᠮᠡᠯ ᠬᠦᠮᠣᠨ ᠠᠮᠨ ᠶᠢᠨ ᠡᠯᠧᠺᠲᠷᠣᠨ ᠲᠠᠩᠰᠨ ᠶᠢᠨ

ᠰᠢᠯᠵᠢᠬᠦ ᠶᠢ ᠮᠦᠷᠳᠡᠨ ᠬᠠᠮᠢᠶᠠᠷᠬᠤ ᠬᠦᠳᠡᠯᠦᠩᠬᠦᠢ ᠬᠠᠮᠢᠶᠠᠷᠣᠯᠳᠠ ᠶᠢ ᠬᠡᠷᠡᠭᠵᠢᠬᠦᠯᠦᠨ᠎ᠡ᠃ ᠣᠯᠣᠰ ᠤᠨ ᠦᠨᠳᠣᠰᠣᠨ

ᠡᠮ ᠤᠨ ᠵᠣᠶᠢᠯ ᠤᠨ ᠲᠦᠷᠢᠮ ᠢ ᠴᠢᠩᠭ᠎ᠠ ᠭᠡᠷᠡᠭᠵᠢᠬᠦᠯᠵᠦ᠂ ᠲᠣᠣᠷ ᠰᠦᠯᠵᠢᠶᠡᠨ ᠲᠡᠭᠡᠷ᠎ᠡ ᠠᠴᠠ ᠨᠢᠭᠡᠳᠣᠯᠳᠡᠢ

ᠬᠤᠳᠠᠯᠳᠣᠨ ᠠᠪᠬᠤ ᠶᠢ ᠭᠡᠷᠡᠭᠵᠢᠬᠦᠯᠵᠦ᠂ ᠲᠡᠭ ᠵᠦᠷᠢᠶ᠎ᠡ ᠨᠣᠷᠮ᠎ᠠ ᠪᠠᠷ ᠬᠤᠳᠠᠯᠳᠣᠨ᠎ᠠ᠃ ᠲᠣᠮᠳᠠᠳᠣ ᠪᠠᠭ᠎ᠠ

ᠰᠣᠷᠭᠠᠭᠤᠯᠢ ᠶᠢᠨ ᠰᠣᠷᠣᠭᠴᠢ ᠶᠢᠨ ᠨᠢᠳᠣᠨ ᠡᠪᠡᠳᠴᠢᠨ ᠪᠠ ᠰᠦᠷᠢᠶ᠎ᠡ ᠡᠪᠡᠳᠴᠢᠨ ᠢ ᠰᠦᠢᠳᠭᠡᠯ   ᠬᠤᠷᠢᠶᠠᠬᠤ

ᠦᠭᠡᠢ ᠪᠠᠷ ᠪᠠᠶᠢᠴᠠᠭᠠᠵᠤ ᠦᠭᠬᠦ ᠠᠵᠢᠯ ᠢ ᠦᠷᠨᠢᠬᠦᠯᠦᠨ᠎ᠡ᠂ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ

ᠬᠤᠷᠢᠭᠯᠠᠬᠤ ᠲᠦᠪ ᠬᠢᠭᠡᠳ ᠠᠷᠢᠭᠤᠨ ᠴᠡᠪᠡᠷ ᠤᠨ ᠬᠠᠣᠯᠢ ᠶᠢ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠰᠠᠯᠪᠣᠷᠢ ᠪᠠ

4 ᠡᠷᠡᠬᠦᠯ ᠬᠠᠮᠠᠭᠠᠯᠠᠯ ᠤᠨ ᠬᠤᠷᠢᠶ᠎ᠠ᠂ 2 ᠨᠡᠶᠢᠭᠡᠮ ᠤᠨ ᠲᠣᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ

ᠲᠦᠪ ᠤᠨ ᠲᠦᠷᠦᠯ ᠵᠣᠶᠢᠯ ᠤᠨ ᠪᠠᠶᠢᠭᠤᠯᠣᠯᠳᠠ ᠶᠢ ᠪᠡᠶᠡᠯᠡᠬᠦᠯᠦᠨ᠂ ᠮᠣᠩᠭᠤᠯ ᠡᠮᠨᠡᠯᠭᠡ ᠶᠢᠨ ᠬᠤᠷᠢᠶᠠᠨ ᠤ ᠡᠬᠦᠳᠡᠨ

ᠡᠮᠨᠡᠯᠭᠡ ᠡᠪᠡᠳᠴᠢᠳᠡᠨ ᠤ ᠠᠰᠠᠷ ᠤᠨ ᠦᠷᠬᠦᠯᠵᠢᠯᠡᠨ ᠪᠠᠶᠢᠭᠤᠯᠬᠤ ᠲᠦᠷᠦᠯ ᠵᠣᠶᠢᠯ ᠢ ᠲᠦᠯᠬᠢᠨ ᠠᠬᠢᠭᠤᠯᠵᠤ᠂

ᠠᠰᠢᠭᠯᠠᠯᠳᠠ ᠳᠤ ᠣᠷᠣᠬᠤ ᠶᠢ ᠪᠠᠳᠣᠯᠠᠨ᠎ᠠ᠃

            ᠰᠣᠶᠣᠯ ᠪᠡᠶ᠎ᠡ ᠲᠠᠮᠢᠷ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ ᠣᠯᠠᠨ ᠨᠡᠶᠢᠳᠡ ᠶᠢᠨ

ᠲᠠᠮᠢᠷ ᠤᠨ ᠲᠠᠯᠠᠪᠦᠷ ᠤᠨ ᠬᠦᠨᠳᠣ ᠬᠦᠩᠭᠡᠨ ᠪᠡᠶ᠎ᠡ ᠲᠠᠮᠢᠷ ᠤᠨ ᠬᠦᠶᠣᠯᠳᠡ ᠶᠢᠨ ᠵᠠᠮ ᠪᠣᠯᠣᠨ ᠬᠦᠯ ᠪᠦᠮᠪᠦᠭᠡ ᠶᠢᠨ

ᠲᠠᠯᠠᠪᠦᠷ ᠤᠨ ᠪᠦᠳᠣᠭᠡᠨ ᠪᠠᠶᠢᠭᠤᠯᠣᠯᠳᠠ ᠶᠢ ᠭᠡᠷᠡᠭᠵᠢᠬᠦᠯᠵᠦ᠂ ᠠᠷᠭ᠎ᠠ ᠰᠦᠪᠡᠭᠴᠢᠯᠡᠨ ᠰᠣᠶᠣᠯ ᠲᠠᠮᠢᠷ ᠤᠨ ᠲᠦᠪ᠂

ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠳᠣᠭᠡᠨ ᠪᠠᠶᠢᠭᠤᠯᠣᠨ᠎ᠠ᠃   ᠲᠡᠣᠭᠡᠨ ᠰᠣᠶᠣᠯ ᠤᠨ

ᠡᠬᠢ ᠪᠠᠶᠠᠯᠢᠭ ᠢ ᠬᠦᠨᠵᠡᠭᠡᠢ ᠨᠡᠭᠡᠭᠡᠨ ᠠᠰᠢᠭᠯᠠᠵᠤ᠂ ᠲᠣᠮᠣ ᠭᠡᠯᠪᠡᠷᠢ ᠶᠢᠨ ᠲᠠᠭᠤᠯᠠᠯᠳᠣ ᠵᠦᠴᠦᠭᠡ 《 ᠪᠣᠭᠳᠠ

ᠠᠭᠤᠯᠨ ᠶᠢᠨ ᠲᠣᠮᠤᠭ 》 ᠢ ᠵᠣᠬᠢᠶᠠᠨ ᠨᠠᠶᠢᠷᠠᠭᠤᠯᠵᠤ᠂ ᠰᠣᠶᠣᠯ ᠢ ᠬᠦᠳᠡᠭᠡ ᠳᠤ ᠬᠦᠷᠭᠡᠬᠦ ᠶᠢ ᠦᠷᠭᠡᠨ ᠢᠶᠠᠷ

ᠦᠷᠨᠢᠬᠦᠯᠦᠨ᠂ ᠰᠣᠶᠣᠯ ᠢᠶᠠᠷ ᠢᠶᠠᠨ ᠠᠷᠠᠳ ᠲᠤ ᠠᠰᠢᠭ ᠬᠦᠷᠳᠡᠭᠡᠬᠦ ᠲᠣᠭᠯᠠᠯᠳᠠ ᠶᠢ 100 ᠲᠠᠯᠠᠪᠣᠷ ᠠᠴᠠ

ᠲᠡᠭᠡᠭᠰᠢ ᠭᠠᠷᠭᠠᠬᠤ᠂ 《 ᠴᠣᠣᠯ ᠭᠤᠣᠯ ᠣᠷᠠᠯᠢᠭ ᠤᠨ ᠨᠠᠶᠢᠷ 》᠂ 《 ᠵᠠᠯᠠᠶᠢᠳ ᠬᠤᠰᠢᠭᠤᠨ ᠤ ᠪᠣᠭᠳᠠ ᠠᠭᠤᠯᠨ

 ᠶᠢᠨ ᠲᠠᠬᠢᠯᠭ᠎ᠠ ᠶᠢᠨ ᠲᠣᠰᠬᠠᠢ ᠰᠡᠳᠣᠪᠳᠣ ᠰᠣᠳᠣᠯᠭᠠᠨ ᠤ ᠬᠤᠷᠠᠯ 》 ᠵᠡᠷᠭᠡ ᠨᠢᠭᠡ ᠪᠦᠯᠦᠭ ᠰᠣᠶᠣᠯ ᠪᠡᠶ᠎ᠡ ᠲᠠᠮᠢᠷ

 ᠤᠨ ᠬᠦᠳᠡᠯᠭᠡᠭᠡᠨ ᠢ ᠦᠷᠨᠢᠬᠦᠯᠵᠦ᠂ 《 ᠪᠦᠬᠦ ᠣᠯᠣᠰ ᠤᠨ ᠮᠣᠩᠭᠤᠯ ᠣᠷᠠᠨ ᠪᠢᠴᠢᠯᠭᠡ ᠶᠢᠨ ᠦᠯᠦᠭᠡᠢ 》 ᠡᠬᠦᠳᠣᠨ

ᠪᠠᠶᠢᠭᠤᠯᠬᠤ ᠪᠠᠷ ᠴᠢᠷᠮᠠᠶᠢᠨ ᠲᠡᠮᠡᠴᠡᠵᠤ᠂ ᠬᠤᠰᠢᠭᠤᠨ ᠤ ᠬᠡᠪᠴᠢᠶᠡᠨ ᠤ ᠰᠣᠶᠣᠯ ᠤᠨ ᠫᠠᠶᠢᠰᠠ ᠲᠡᠮᠳᠡᠭ ᠢ  

ᠡᠬᠦᠳᠣᠨ᠎ᠡ᠃

            ︵ᠨᠠᠢᠮᠨ︶ ᠠᠮᠢ ᠠᠬᠤᠢ ᠶᠢ ᠠᠳᠬᠤᠵᠤ᠂ ᠬᠠᠮᠠᠭᠠᠯᠠᠯᠳᠠ ᠶᠢ ᠴᠢᠬᠤᠯᠠᠴᠢᠯᠠᠨ᠂ ᠦᠷᠬᠦᠯᠵᠢᠬᠦᠶᠢᠴᠠ

ᠬᠦᠭᠵᠢᠯᠳᠡ ᠶᠢᠨ ᠴᠢᠳᠠᠪᠣᠷᠢ ᠶᠢ ᠴᠢᠩᠭᠠᠳᠬᠠᠨ᠎ᠠ

            ᠨᠣᠭᠤᠭᠠᠷᠠᠭᠤᠯᠣᠯᠳᠠ ᠣᠶᠢᠵᠢᠭᠤᠯᠣᠯᠳᠠ ᠶᠢ ᠪᠠᠳᠣᠳᠠᠢ ᠲᠦᠯᠬᠢᠨ ᠠᠬᠢᠭᠤᠯᠣᠨ᠎ᠠ᠃ 《 ᠭᠤᠷᠪᠡᠨ

ᠣᠮᠠᠷᠠᠳᠣ 》 ᠶᠢᠨ ᠲᠠᠪᠣᠳᠣᠭᠠᠷ ᠬᠤᠭᠤᠴᠠᠭᠠᠨ ᠤ ᠬᠠᠮᠠᠭᠠᠯᠠᠯᠳᠠ ᠶᠢᠨ ᠣᠢ ᠶᠢᠨ ᠢᠨᠵᠧᠨᠧᠷᠢᠩ ᠢ ᠭᠡᠷᠡᠭᠵᠢᠬᠦᠯᠵᠦ᠂

ᠣᠯᠣᠰ ᠤᠨ ᠭᠤᠣᠯᠳᠠᠯᠭᠠᠳᠣ ᠨᠡᠶᠢᠳᠡ ᠶᠢᠨ ᠠᠰᠠᠷᠠᠮᠵᠢ ᠶᠢᠨ ᠣᠢ ᠶᠢᠨ ᠬᠠᠮᠢᠶᠠᠷᠴᠣ ᠬᠠᠮᠠᠭᠠᠯᠠᠬᠤ ᠬᠦᠴᠣᠯᠡᠴᠠ ᠶᠢ

ᠨᠡᠮᠡᠭᠳᠡᠬᠦᠯᠵᠦ᠂ ᠲᠠᠷᠢᠶᠠᠯᠠᠬᠤ ᠶᠢ ᠵᠣᠭᠰᠣᠭᠠᠵᠣ ᠣᠶᠢᠵᠢᠭᠤᠯᠬᠤ ᠢᠨᠵᠧᠨᠧᠷᠢᠩ ᠤᠨ ᠲᠣᠳᠣᠯᠡᠨ ᠪᠠᠶᠢᠴᠠᠭᠠᠬᠤ ᠪᠠ

ᠦᠭᠡᠷᠡᠴᠢᠯᠡᠨ ᠰᠠᠶᠢᠵᠢᠷᠠᠭᠤᠯᠵᠤ ᠨᠦᠬᠦᠨ ᠣᠶᠢᠵᠢᠭᠤᠯᠬᠤ ᠶᠢ ᠪᠦᠬᠦ ᠲᠠᠯ᠎ᠠ ᠪᠠᠷ ᠶᠠᠪᠣᠭᠳᠠᠭᠤᠯᠵᠤ᠂ ᠣᠯᠣᠰ ᠤᠨ

ᠰᠢᠯᠭᠠᠨ ᠠᠪᠬᠤ ᠶᠢ ᠰᠢᠭᠤᠳ ᠰᠢᠯᠣᠭᠤᠨ ᠢᠶᠠᠷ ᠲᠣᠭᠤᠯᠬᠤ ᠶᠢ ᠦᠨᠡᠨᠬᠦ ᠪᠠᠳᠣᠯᠠᠨ᠎ᠠ᠃ ᠨᠣᠭᠤᠭᠠᠷᠠᠭᠤᠯᠬᠤ  

ᠣᠶᠢᠵᠢᠭᠤᠯᠣᠯᠳᠠ 12 ᠲᠦᠮᠡᠨ ᠮᠣ᠋ ᠶᠢ ᠪᠡᠶᠡᠯᠡᠬᠦᠯᠵᠦ᠂ ᠡᠬᠦᠨ ᠤ ᠲᠣᠳᠣᠷ᠎ᠠ ᠭᠤᠣᠯᠳᠠᠭᠠᠯᠳᠣ ᠣᠷᠣᠨ ᠬᠡᠪᠴᠢᠶᠡᠨ ᠤ

ᠨᠣᠭᠤᠭᠠᠷᠠᠭᠤᠯᠣᠯᠳᠠ ᠶᠢ 3.1 ᠲᠦᠮᠡᠨ ᠮᠣ᠋ ᠪᠡᠶᠡᠯᠡᠬᠦᠯᠦᠨ᠎ᠡ  ᠃ ᠨᠡᠬᠦᠷᠡᠰᠦᠳᠦ᠋ᠷᠦᠭᠴᠢ ᠶᠢᠨ ᠲᠠᠪᠬᠤᠷ ᠢᠰᠣᠯ

ᠰᠢᠩᠭᠡᠭᠡᠨ ᠲᠣᠭᠳᠠᠭᠠᠬᠤ ᠠᠵᠤ ᠠᠬᠤᠢ ᠶᠢ ᠶᠡᠭᠡ ᠪᠠᠷ ᠬᠦᠭᠵᠢᠬᠦᠯᠵᠤ᠂ 12 ᠲᠦᠮᠡᠨ ᠮᠣ᠋ ᠨᠡᠬᠦᠷᠡᠰᠦᠳᠦ᠋ᠷᠦᠭᠴᠢ ᠶᠢᠨ

ᠲᠠᠪᠬᠤᠷ ᠢᠰᠣᠯ ᠢ ᠰᠢᠩᠭᠡᠭᠡᠨ ᠲᠣᠭᠳᠠᠭᠠᠬᠤ ᠣᠢ ᠮᠣᠳᠣ ᠶᠢ ᠵᠠᠬ᠎ᠠ ᠳᠤ ᠭᠠᠷᠭᠠᠵᠤ ᠠᠷᠠᠯᠵᠢᠶᠠᠯᠠᠬᠤ ᠪᠠᠷ ᠴᠢᠷᠮᠠᠶᠢᠨ

ᠲᠡᠮᠡᠴᠡᠨ᠎ᠡ᠃ ᠬᠦᠴᠣ ᠪᠠᠨ ᠲᠦᠪᠯᠡᠷᠡᠬᠦᠯᠦᠨ ᠣᠢ ᠰᠢᠭᠤᠢ ᠶᠢᠨ ᠠᠵᠤ ᠣᠶᠢᠯᠡᠰ ᠢ ᠪᠣᠶᠢᠵᠢᠭᠤᠯᠵᠤ᠂ ᠰᠡᠩᠳᠡᠩ

ᠮᠣᠳᠣ 500 ᠮᠣ᠋ ᠲᠠᠷᠢᠵᠤ᠂ 220 ᠮᠣ᠋ ᠰᠢᠳ ᠬᠦᠢᠯᠡᠰᠦ ᠶᠢᠨ ᠮᠠᠲ᠋ᠧᠷᠢᠶᠠᠯ ᠤᠨ ᠴᠢᠬᠢ ᠪᠣᠶᠢᠵᠢᠭᠤᠯᠬᠤ ᠰᠠᠭᠤᠷᠢᠨ

ᠭᠠᠵᠠᠷ ᠪᠠᠶᠢᠭᠤᠯᠣᠨ᠎ᠠ᠃ ᠦᠨᠳᠡᠭᠡᠨ ᠣᠰᠣᠨ ᠴᠦᠬᠦᠷᠣᠮ ᠤᠨ ᠣᠰᠣᠳᠣᠭᠰᠠᠨ ᠣᠷᠣᠨ ᠤ ᠬᠤᠪᠦᠷ ᠴᠣᠬᠠᠭ ᠮᠣᠳᠣᠨ

ᠲᠦᠷᠦᠯ ᠤᠨ ᠰᠢᠯᠵᠢᠬᠦᠯᠦᠨ ᠵᠠᠶᠢᠯᠠᠬᠤ ᠠᠵᠢᠯ ᠢ ᠲᠣᠬᠢᠷᠠᠮᠵᠢᠳᠠᠢ ᠰᠠᠶᠢᠨ ᠬᠢᠵᠤ᠂ ᠡᠨᠡ ᠬᠦ ᠬᠤᠪᠣᠷ ᠨᠠᠨᠳᠢᠨ ᠡᠬᠢ

ᠪᠠᠶᠠᠯᠢᠭ ᠢᠶᠠᠷ ᠦᠷᠬᠦᠯᠵᠢᠯᠡᠨ ᠣᠷᠴᠢᠨ ᠲᠣᠭᠤᠷᠢᠨ ᠢ   ᠴᠡᠪᠡᠷᠰᠢᠬᠦᠯᠵᠦ᠂ ᠭᠡᠷ ᠣᠷᠣᠨ ᠢᠶᠠᠨ   ᠭᠤᠸᠠᠯᠢᠭᠵᠢᠭᠤᠯᠣᠨ᠎ᠠ

          ᠠᠮᠢ ᠠᠬᠤᠢ ᠶᠢᠨ ᠬᠠᠮᠠᠭᠠᠯᠠᠯᠲᠠ ᠶᠢ ᠪᠦᠲᠦᠮᠵᠢᠲᠠᠢ   ᠬᠡᠷᠡᠭᠵᠢᠬᠦᠯᠦᠨ᠎ᠡ᠃ ᠬᠠᠮᠤᠭ ᠴᠢᠩᠭ᠎ᠠ  

ᠪᠠᠯᠴᠢᠭᠡᠷᠯᠡᠬᠦ ᠶᠢ ᠵᠤᠭᠰᠤᠭᠠᠬᠤ ᠲᠦᠷᠢᠮ ᠢ ᠬᠡᠷᠡᠭᠵᠢᠭᠦᠯᠵᠦ᠂ ︿︿ᠲᠠᠯ᠎ᠠ ᠨᠤᠳᠤᠭ ᠤᠨ ᠬᠠᠮᠠᠭᠠᠯᠠᠭᠴᠢ﹀﹀ ᠲᠤᠰᠬᠠᠢ

ᠠᠵᠢᠯᠯᠠᠭ᠎ᠠ ᠠᠪᠴᠤ᠂ ᠤᠢ ᠰᠢᠭᠤᠢ᠂ ᠲᠠᠯ᠎ᠠ ᠨᠤᠳᠤᠭ ᠪᠠ ᠠᠮᠢ ᠠᠬᠤᠢ ᠶᠢᠨ ᠡᠬᠢ ᠪᠠᠶᠠᠯᠢᠭ ᠢ ᠡᠪᠳᠡᠭᠰᠡᠨ ᠬᠠᠤᠯᠢ

 ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠭᠦᠨ᠎ᠡ᠃᠂ ᠪᠡᠯᠴᠢᠭᠡᠷᠯᠡᠭᠦᠯᠬᠦ ᠶᠢ ᠵᠤᠭᠰᠤᠭᠠᠵᠤ ᠡᠪᠡᠰᠦ

ᠲᠠᠷᠢᠬᠤ᠂ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠬᠦᠬᠢᠬᠦᠯᠵᠣ ᠨᠦᠬᠦᠪᠦᠷᠢ ᠦᠭᠬᠦ ᠵᠡᠷᠭᠡ ᠲᠦᠷᠦ ᠶᠢᠨ

ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠨ ᠵᠠᠰᠠᠬᠤ ᠲᠠᠯᠠᠪᠠᠢ 10 ᠲᠦᠮᠡᠨ

ᠮᠤ᠋᠂ ᠠᠮᠢ ᠠᠬᠤᠢ ᠶᠢᠨ ᠬᠠᠮᠠᠭᠠᠯᠠᠯᠲᠠ ᠶᠢᠨ ᠲᠠᠯᠠᠪᠠᠢ 20 ᠲᠦᠮᠡᠨ ᠮᠤ᠋᠂ ᠲᠦᠮᠡᠨ ᠲᠦᠭᠦᠷᠢᠭ ᠤᠨ GDP ᠶᠢᠨ

ᠤᠰᠤᠨ ᠤ ᠬᠡᠷᠡᠭᠯᠡᠯᠲᠡ ᠶᠢ 6% ᠠᠴᠠ ᠳᠡᠭᠡᠭᠰᠢ ᠪᠠᠭᠤᠷᠠᠭᠤᠯᠬᠤ᠂ ᠠᠵᠤ ᠦᠢᠯᠡᠳᠪᠦᠷᠢ ᠶᠢᠨ ᠤᠰᠤᠨ ᠤ

ᠬᠡᠷᠡᠭᠯᠡᠯᠲᠠ ᠶᠢᠨ ᠳᠠᠭᠢᠨ ᠳᠠᠪᠳᠠᠨ ᠬᠡᠷᠡᠭᠯᠡᠬᠦ ᠨᠤᠷᠮ᠎ᠠ ᠶᠢ 57%   ᠬᠦᠷᠭᠡᠬᠦ ᠤᠰᠤᠨ ᠤ ᠬᠡᠷᠡᠭᠯᠡᠯᠲᠡ ᠶᠢᠨ ᠶᠡᠷᠦᠩᠭᠡᠢ

ᠬᠡᠮᠵᠢᠶ᠎ᠡ ᠶᠢ 5.4 ᠳ᠋ᠦᠩᠰᠢᠭᠤᠷ ᠺᠦᠸᠠᠲ ᠮᠧᠲᠷ ᠲᠤ ᠬᠢᠵᠠᠭᠠᠷᠯᠠᠬᠤ ᠶᠢ ᠪᠠᠶᠠᠯᠡᠭᠦᠯᠦᠨ᠎ᠡ᠃ ᠲᠡᠮᠡᠭᠡᠵᠢ ᠶᠢᠨ ᠤᠯᠤᠰ

 ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠲᠤᠭᠤᠳᠠᠭ ᠤᠨ ᠤᠷᠤᠰᠢᠨ ᠠᠮᠢᠳᠤᠷᠠᠬᠤ ᠤᠷᠴᠢᠨ

ᠲᠤᠭᠤᠷᠢᠨ ᠢ ᠰᠡᠷᠭᠦᠭᠡᠬᠦ ᠢᠨᠵᠧᠨ᠋ᠷᠢᠩ ᠢ ᠬᠦᠭᠵᠢᠭᠦᠯᠵᠦ᠂ ︿︿ᠤᠯᠤᠰ ᠤᠨ ᠤᠢ ᠰᠢᠭᠤᠢ ᠶᠢᠨ ᠪᠡᠶ᠎ᠡ ᠰᠤᠪᠢᠯᠠᠬᠤ

ᠰᠠᠭᠤᠷᠢᠨ ᠭᠠᠵᠠᠷ﹀﹀ ᠤᠨ ᠨᠡᠷᠡᠶᠢᠳᠦᠯ ᠢ ᠲᠡᠮᠡᠴᠡᠨ ᠤᠯᠬᠤ ᠪᠠᠷ ᠴᠢᠷᠮᠠᠶᠢᠨ᠎ᠠ᠃ ᠪᠠᠶᠢᠭᠠᠯᠢ ᠶᠢᠨ ᠡᠬᠢ ᠪᠠᠶᠠᠯᠢᠭ ᠤᠨ

ᠡᠳ᠋ ᠬᠦᠷᠦᠩᠭᠡ ᠶᠢᠨ ᠠᠵᠢᠯ ᠤᠨ ᠪᠠᠶᠢᠷᠢ ᠠᠴᠠ ᠰᠠᠯᠤᠭᠰᠠᠨ ᠤ ᠳᠠᠷᠠᠭᠠᠭᠢ ᠬᠢᠨᠡᠨ ᠪᠤᠳᠤᠯᠲᠠ ᠶᠢᠨ ᠲᠦᠷᠢᠮ ᠤᠨ

ᠪᠠᠶᠢᠭᠤᠯᠤᠯᠲᠠ ᠶᠢ ᠠᠬᠢᠭᠤᠯᠵᠤ᠂ ᠪᠢᠳᠡᠨ ᠤ ᠲᠦᠰᠢᠭᠯᠡᠨ ᠤᠷᠤᠰᠢᠬᠤ ᠴᠡᠩᠭᠡᠭ ᠤᠰᠤ ᠴᠡᠯᠡᠭᠡᠷ ᠠᠭᠤᠯᠠ ᠶᠢ ᠪᠦᠬᠦ

ᠬᠦᠴᠦ ᠪᠠᠷ ᠢᠶᠠᠨ ᠰᠠᠶᠢᠳᠤᠷ ᠬᠠᠮᠠᠭᠠᠯᠠᠬᠤ ᠬᠡᠷᠡᠭᠲᠡᠢ᠃

          ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠱᠠᠨ ᠱᠦᠢ

ᠱᠤᠶᠢᠨᠢ ᠶᠢᠨ ᠱᠠᠤ ᠦᠭᠡᠶᠢᠳᠡᠭᠦᠯᠬᠦ  ᠂ ᠰᠢᠩ ᠳ᠋ᠠ ᠢᠯᠴᠢ ᠶᠢᠨ ᠬᠦᠴᠦᠨ ᠤ ᠬᠦᠬᠦᠷ ᠦᠭᠡᠶᠢᠳᠡᠭᠦᠯᠬᠦ ᠰᠢᠨ ᠬᠤᠤ

ᠵᠢᠢ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠲᠦᠷᠦᠯ ᠢ ᠬᠡᠷᠡᠭᠵᠢᠭᠦᠯᠵᠦ᠂ ᠭᠤᠤᠯ ᠪᠤᠯᠬᠤ ᠪᠤᠵᠠᠷᠳᠠᠯ ᠤᠨ

ᠭᠠᠳᠠᠭᠰᠢᠭᠤᠯᠤᠯ ᠢ ᠪᠠᠭᠠᠰᠬᠠᠬᠤ ᠬᠠᠷᠠᠯᠲᠠ ᠶᠢᠨ ᠪᠡᠶᠡᠯᠡᠭᠳᠡᠯ ᠢ ᠦᠨᠡᠨᠬᠦ ᠪᠠᠳᠤᠯᠠᠬᠤ᠂ ᠰᠢᠩ ᠳ᠋ᠠ ᠢᠯᠴᠢ ᠶᠢᠨ

ᠬᠦᠴᠦᠨ ᠤ ᠲᠤᠭᠤᠰᠤ ᠶᠢ ᠦᠭᠡᠶᠢᠰᠭᠡᠬᠦ ᠮᠡᠷᠭᠡᠵᠢᠯ ᠪᠠ ᠯᠢ ᠮᠢᠨ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠦᠷᠢ

 ᠶᠢᠨ ᠲᠡᠰ ᠳᠠᠪᠰᠢᠬᠤ ᠦᠭᠡᠷᠡᠴᠢᠯᠡᠯᠲᠡ ᠶᠢ ᠲᠦᠯᠬᠢᠨ ᠠᠬᠢᠭᠤᠯᠬᠤ ᠶᠢ ᠲᠦᠷᠭᠡᠳᠭᠡᠵᠦ᠂ ᠠᠭᠠᠵᠢᠮ ᠢᠶᠠᠷ ᠢᠨᠳᠡᠷ

ᠪᠠᠯᠭᠠᠰᠤᠨ ᠤ ᠵᠢᠶᠠᠨ ᠴᠧᠩ ᠲᠤᠭᠤᠷᠢᠭ᠂ ᠴᠤᠤᠯ ᠠᠵᠤ ᠦᠢᠯᠡᠳᠪᠦᠷᠢ ᠶᠢᠨ ᠲᠤᠭᠤᠷᠢᠭ ᠤᠨ 10 ᠲᠤᠨ ᠠᠴᠠ

ᠲᠤᠷᠤᠭᠰᠢᠬᠢ ᠨᠡᠭᠦᠷᠡᠰᠦ ᠰᠢᠳᠠᠭᠠᠬᠤ ᠵᠢᠵᠢᠭ ᠬᠢᠰᠠ ᠵᠢᠴᠢ ᠬᠡᠰᠡᠭ ᠡᠳᠤᠷ ᠲᠤᠳᠤᠮ ᠤᠨ ᠠᠮᠢᠳᠤᠷᠠᠯ ᠳᠤ ᠬᠡᠷᠡᠭᠯᠡᠬᠦ

ᠨᠡᠭᠦᠷᠡᠰᠦ ᠰᠢᠳᠠᠭᠠᠬᠤ ᠬᠢᠰᠠ ᠶᠢ ᠲᠠᠶᠠᠭᠳᠠᠨ ᠦᠭᠡᠷᠡᠴᠢᠯᠡᠵᠦ᠂ ᠠᠭᠠᠷ ᠮᠠᠨᠳᠠᠯ ᠤᠨ ᠤᠷᠴᠢᠨ ᠲᠤᠭᠤᠷᠢᠨ ᠤ

ᠶᠡᠷᠦᠩᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠪᠤᠵᠠᠷᠳᠠᠯ ᠡᠭᠦᠰᠬᠦ ᠶᠢ ᠴᠢᠩᠭ᠎ᠠ ᠬᠢᠵᠠᠭᠠᠷᠯᠠᠨ᠎ᠠ᠃

ᠤᠷᠴᠢᠨ ᠲᠤᠭᠤᠷᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠠᠴᠠ ᠡᠵᠡᠮᠳᠡᠭᠰᠡᠡ᠂ ᠤᠷᠤᠨ ᠠᠴᠠ

ᠡᠵᠡᠮᠳᠡᠭᠰᠡᠨ ᠠᠵᠤ ᠠᠬᠤᠶᠢᠯᠠᠯ ᠪᠤᠯᠤᠨ ᠠᠶᠣᠯ ᠲᠦᠭᠰᠢᠭᠦᠷᠢ ᠳᠤ ᠬᠤᠯᠪᠤᠭᠳᠠᠬᠤ᠂ ᠬᠠᠶᠠᠭᠳᠠᠮᠠᠯ ᠲᠠᠢ ᠬᠤᠯᠪᠤᠭᠳᠠᠬᠤ

ᠠᠵᠤ ᠠᠬᠤᠶᠢᠯᠠᠯ ᠤᠨ ᠳᠦᠷᠢᠮᠵᠢᠭᠰᠡᠨ ᠦᠢᠯᠡᠳᠪᠦᠷᠢᠯᠡᠯ ᠢ ᠭᠤᠤᠯᠳᠠᠯᠭ᠎ᠠ ᠲᠠᠢ ᠬᠢᠨᠠᠨ ᠬᠠᠮᠢᠶᠠᠷᠴᠤ᠂   ᠪᠠᠭ᠎ᠠ

ᠬᠡᠪᠴᠢᠶᠡᠨ ᠤ ᠡᠯᠡᠰᠦ ᠮᠡᠯᠳᠠᠬᠤ᠂ ᠴᠢᠯᠠᠭᠤ ᠮᠠᠯᠲᠠᠬᠤ ᠵᠡᠷᠭᠡ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠬᠦ

ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠵᠣ᠂ ᠤᠷᠴᠢᠨ ᠲᠤᠭᠤᠷᠢᠨ ᠤ ᠨᠦᠯᠦᠭᠡ ᠶᠢ ᠦᠨᠡᠯᠡᠨ

ᠵᠦᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠤ᠂ ᠤᠷᠴᠢᠨ ᠲᠤᠭᠤᠷᠢᠨ ᠢ ᠬᠢᠨᠠᠨ ᠬᠠᠮᠢᠶᠠᠷᠬᠤ ᠶᠢ ᠰᠠᠶᠢᠳᠤᠷ

ᠠᠳᠬᠤᠵᠤ᠂ ᠰᠢᠨ᠎ᠡ ᠪᠤᠵᠠᠷᠳᠠᠯ ᠤᠨ ᠡᠬᠢ ᠡᠭᠦᠰᠬᠦ ᠶᠢ ᠦᠨᠳᠦᠰᠦᠨ ᠠᠴᠠ ᠨᠢ ᠬᠢᠵᠠᠭᠠᠷᠯᠠᠨ᠎ᠠ᠃

          ︵ᠶᠢᠰᠦ︶ ᠦᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠶᠢ ᠠᠬᠢᠭᠤᠯᠤᠨ᠂ ᠰᠢᠨ᠎ᠠ ᠶᠢ ᠡᠭᠦᠳᠬᠦ

 ᠪᠠᠷ ᠬᠦᠭᠵᠢᠯᠲᠡ ᠶᠢ ᠠᠬᠢᠭᠤᠯᠬᠤ ᠶᠢ ᠲᠦᠯᠬᠢᠨ ᠠᠬᠢᠭᠤᠯᠤᠨ᠎ᠠ

          ᠭᠤᠤᠯᠳᠠᠯᠭᠠᠳᠤ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠩᠭᠠᠯᠭ᠎ᠠ ᠶᠢᠨ ᠲᠠᠯ᠎ᠠ

 ᠳᠤ ᠪᠦᠲᠦᠴᠡ ᠶᠢᠨ ᠴᠢᠨᠡᠷᠲᠡᠢ ᠦᠭᠡᠷᠡᠴᠢᠯᠡᠯᠲᠡ ᠬᠢᠬᠦ ᠪᠠ ︿︿ᠭᠤᠷᠪᠠ ᠶᠢ ᠦᠭᠡᠶᠢᠰᠭᠡᠬᠦ᠂ ᠨᠢᠭᠡ ᠪᠠᠭᠤᠷᠠᠭᠤᠯᠬᠤ

ᠨᠢᠭᠡ ᠨᠦᠬᠦᠪᠦᠷᠢᠯᠡᠬᠦ﹀﹀ ᠲᠠᠪᠤᠨ ᠶᠡᠭᠡ ᠡᠭᠦᠷᠭᠡ ᠶᠢ ᠬᠢᠨᠠᠮᠠᠭᠠᠢ ᠲᠤᠤᠱᠯᠠᠭᠤᠯᠵᠤ᠂ ︿︿ᠡᠵᠡᠩᠨᠡᠯᠲᠡ ᠶᠢᠨ ᠭᠠᠶᠢᠯᠢ ᠶᠢ

ᠨᠡᠮᠡᠭᠳᠡᠯ ᠦᠷᠳᠡᠭ ᠤᠨ ᠭᠠᠶᠢᠯᠢ ᠪᠤᠯᠭᠠᠨ ᠦᠭᠡᠷᠡᠴᠢᠯᠡᠬᠦ﹀﹀ ᠵᠡᠷᠭᠡ ᠰᠢᠷᠢᠰ ᠲᠦᠷᠦ ᠶᠢᠨ ᠪᠤᠳᠤᠯᠭ᠎ᠠ ᠶᠢ

ᠲᠤᠤᠱᠯᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠪᠡᠷ ᠤᠨ ᠦᠷᠳᠡᠭ ᠢ ᠪᠠᠭᠤᠷᠠᠭᠤᠯᠬᠤ ᠶᠢ ᠳᠡᠮᠵᠢᠨ᠎ᠠ᠃

ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠠᠷᠠᠳ ᠤᠨ

ᠦᠢᠯᠡᠰ ᠪᠦᠲᠦᠭᠡᠬᠦ ᠬᠦᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃ ᠨᠡᠶᠢᠲᠡ ᠶᠢᠨ ᠦᠮᠴᠢᠯᠡᠯᠲᠦ

ᠪᠤᠰᠤ ᠠᠵᠤ ᠠᠬᠤᠢ ᠶᠢ ᠲᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂

ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠢ ᠶᠢᠨ ᠠᠮᠢᠳᠤᠯᠢᠭ ᠬᠦᠴᠦᠨ ᠢ ᠬᠦᠭᠵᠢᠭᠡᠵᠦ᠂ ᠨᠡᠶᠢᠲᠡ ᠶᠢᠨ

ᠦᠮᠴᠢᠯᠡᠯᠲᠦ ᠪᠤᠰᠤ ᠠᠵᠤ ᠠᠬᠤᠶᠢᠯᠠᠯ ᠢ ᠬᠤᠪᠢᠷᠠᠭᠤᠯᠤᠨ ᠲᠠᠰ ᠳᠠᠪᠰᠢᠬᠤ ᠶᠢ ᠵᠢᠯᠤᠭᠤᠳᠴᠤ᠂ ᠬᠦᠭᠵᠢᠭᠦᠯᠵᠦ

ᠪᠤᠵᠠᠭᠠᠶᠢᠷᠠᠭᠤᠯᠤᠨ᠎ᠠ᠃ ᠬᠦᠳᠡᠭᠡ ᠲᠤᠰᠬᠤᠨ   ᠮᠠᠯᠵᠢᠬᠤ ᠤᠷᠤᠨ ᠤ ᠦᠨᠳᠤᠰᠤᠨ ᠡᠵᠡᠩᠨᠡᠯᠲᠡ ᠶᠢᠨ ᠲᠦᠷᠢᠮ ᠢ

ᠪᠠᠷᠢᠮᠳᠠᠯᠠᠨ ᠲᠡᠭᠦᠯᠳᠡᠷᠵᠢᠭᠦᠯᠵᠤ᠂ ᠭᠠᠵᠠᠷ ᠰᠢᠷᠤᠢ᠂ ᠡᠪᠡᠰᠦ ᠪᠡᠯᠴᠢᠭᠡᠷ ᠤᠨ ᠲᠠᠯᠠᠪᠠᠢ ᠶᠢᠨ ᠦᠮᠴᠢᠯᠡᠬᠦ ᠡᠷᠬᠡ᠂

ᠲᠠᠭᠠᠭᠠᠴᠢᠯᠠᠬᠤ ᠡᠷᠬᠡ᠂ ᠡᠵᠡᠩᠨᠡᠯᠲᠡ ᠶᠢᠨ ᠡᠷᠬᠡ ᠶᠢᠨ ︿︿  ᠭᠤᠷᠪᠠᠨ ᠡᠷᠬᠡ ᠶᠢ ᠰᠠᠯᠭᠠᠬᠤ﹀﹀ ᠶᠢ ᠲᠦᠯᠬᠢᠨ

ᠠᠭᠢᠭᠤᠯᠤᠨ᠎ᠠ᠃ ᠬᠦᠳᠡᠭᠡ ᠲᠤᠰᠬᠤᠨ ᠤ ᠭᠠᠵᠠᠷ ᠰᠢᠷᠤᠢ ᠶᠢ ᠳᠠᠭᠠᠭᠠᠴᠢᠯᠠᠨ ᠡᠵᠡᠩᠨᠡᠬᠦ ᠵᠡᠷᠬᠡ ᠶᠢ ᠨᠤᠳᠠᠯᠠᠵᠤ

ᠲᠠᠩᠰᠠᠯᠠᠵᠤ ᠦᠨᠡᠮᠯᠡᠯ ᠤᠯᠭᠤᠬᠤ ᠲᠤᠷᠰᠢᠯᠲᠠ ᠶᠢᠨ ᠴᠢᠭ ᠪᠠ ᠤᠯᠤᠰ ᠤᠨ ᠦᠮᠴᠢᠯᠡᠯᠲᠦ ᠤᠢ ᠶᠢᠨ ᠲᠠᠯᠠᠪᠠᠢ ᠶᠢᠨ

ᠦᠭᠡᠷᠡᠴᠢᠯᠡᠯᠡᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃

        ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠦᠴᠦᠯᠡᠴᠡ ᠪᠠᠨ ᠶᠡᠭᠡᠰᠭᠡᠨ᠎ᠡ᠃ ᠮᠤᠩᠭᠤᠯ ᠤᠯᠤᠰ ᠯᠤᠭ᠎ᠠ

 ᠶᠢᠨ ᠠᠵᠤ ᠠᠬᠤᠢ ᠠᠷᠠᠯᠵᠢᠶᠠᠨ ᠤ ᠴᠢᠯᠦᠭᠡᠳᠡᠢ ᠬᠠᠮᠳᠤᠷᠠᠨ ᠠᠵᠢᠯᠯᠠᠬᠤ ᠪᠠᠨ ᠭᠦᠨᠵᠠᠭᠡᠶᠢᠷᠡᠭᠦᠯᠵᠦ᠂ ᠤᠯᠠᠭᠠᠨᠪᠠᠭᠠᠳᠤᠷ

 ᠤᠨ ᠳᠡᠯᠭᠡᠨ ᠦᠵᠡᠬᠦᠯᠦᠯᠭᠡ᠂ ᠠᠷᠠᠯᠵᠢᠶᠠᠨ ᠤ ᠬᠤᠷᠠᠯ ᠳᠤ ᠢᠳᠡᠪᠬᠢᠲᠠᠢ ᠤᠷᠤᠯᠴᠠᠵᠤ᠂ ᠤᠯᠠᠨ ᠬᠦᠷᠢᠶ᠎ᠡ ᠬᠡᠪᠴᠢᠶᠡᠨ

 ᠤ᠂ ᠤᠯᠠᠨ ᠲᠡᠰ ᠳᠠᠪᠬᠤᠷᠭ᠎ᠠ ᠶᠢᠨ ᠬᠠᠷᠢᠯᠴᠠᠭ᠎ᠠ ᠪᠠ ᠬᠠᠮᠳᠤᠷᠠᠨ ᠠᠵᠢᠯᠯᠠᠬᠤ ᠶᠢ ᠦᠷᠨᠢᠭᠦᠯᠦᠨ᠎ᠠ᠃ ᠶᠦᠩ ᠱᠧᠩ

ᠤᠷᠤᠭᠤᠯᠵᠤ ᠭᠠᠷᠭᠠᠬᠤ ᠠᠷᠠᠯᠵᠢᠶᠠᠨ ᠤ ᠬᠢᠵᠠᠭᠠᠷᠳᠤ ᠺᠤᠮᠫᠠᠨᠢ ᠶᠢᠨ ᠵᠢᠯ ᠳᠤ 30 ᠲᠦᠮᠡᠨ ᠭᠠᠭ᠋ᠠᠢ ᠡᠳ᠋ᠰᠢᠬᠦᠯᠵᠣ

ᠪᠤᠯᠪᠠᠰᠤᠷᠠᠭᠤᠯᠬᠤ ᠲᠦᠷᠦᠯ ᠵᠦᠢᠯ ᠢ ᠲᠦᠯᠬᠢᠨ ᠠᠬᠢᠭᠤᠯᠵᠤ᠂ ᠤᠷᠤᠭᠤᠯᠵᠤ ᠭᠠᠷᠭᠠᠬᠤ ᠠᠷᠠᠯᠵᠢᠶᠠᠨ ᠤ ᠰᠢᠨ᠎ᠠ

ᠰᠢᠪᠳᠤᠯᠤᠯᠲᠠ ᠶᠢ ᠪᠠᠶᠠᠯᠠᠭᠦᠯᠦᠨ᠎ᠡ᠃ ᠬᠤᠳᠠᠯᠳᠤᠭᠠᠴᠢᠨ ᠢ ᠤᠷᠢᠵᠤ᠂ ᠪᠠᠯᠠ ᠤᠷᠤᠭᠤᠯᠤᠯᠲᠠ ᠶᠢ ᠲᠠᠳᠠᠵᠤ᠂

ᠭᠤᠤᠯᠳᠠᠭᠤ ᠵᠡᠭᠦᠨ ᠬᠤᠶᠢᠳᠤ ᠶᠢᠨ ᠭᠤᠷᠪᠠᠨ ᠮᠤᠵᠢ᠂ ᠵᠢᠩ ᠶᠢᠨ ᠵᠢᠢ᠂ ᠵᠦᠵᠢᠶᠠᠩ ᠮᠦᠷᠡᠨ ᠤ ᠭᠤᠷᠪᠠᠯᠵᠢᠨ

ᠬᠤᠶᠢᠭ᠂ ᠬᠦᠬᠡ ᠮᠦᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠠᠴᠠ ᠤᠨᠤᠴᠢᠲᠠᠢ ᠪᠠᠷ ᠬᠤᠳᠠᠯᠳᠤᠭᠠᠴᠢᠨ

ᠤᠷᠢᠵᠤ᠂ ᠬᠠᠨᠳᠤᠯᠭ᠎ᠠ ᠲᠠᠢ ᠪᠠᠷ ᠬᠤᠳᠠᠯᠳᠣᠭᠠᠴᠢᠨ ᠵᠠᠯᠠᠵᠣ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠲᠠᠳᠠᠵᠣ

᠂ ᠵᠢᠷᠭᠢᠭᠡ ᠬᠤᠯᠪᠣᠭᠠᠨ ᠤ ᠲᠠᠪᠴᠠᠩ ᠢᠶᠠᠷ ᠬᠤᠳᠠᠯᠳᠤᠭᠠᠴᠢᠨ ᠢ ᠬᠤᠯᠪᠣᠨ᠎ᠠ᠃ ᠬᠤᠳᠠᠯᠳᠤᠭᠠᠴᠢᠨ ᠤᠷᠢᠵᠤ᠂ ᠪᠠᠯᠠ

ᠤᠷᠤᠭᠤᠯᠤᠯᠲᠠ ᠶᠢ ᠲᠠᠳᠠᠬᠤ ᠵᠢᠯᠤᠭᠤᠳᠬᠤ ᠰᠠᠨᠠᠯ ᠪᠠ ᠱᠠᠩᠨᠠᠬᠤ ᠲᠤᠷᠭᠠᠬᠤ ᠠᠷᠭ᠎ᠠ ᠬᠢᠭᠡᠳ ᠰᠢᠯᠭᠠᠨ ᠪᠠᠶᠢᠴᠠᠭᠠᠬᠤ

ᠨᠠᠷᠢᠯᠢᠭ ᠲᠤᠭᠳᠠᠭᠠᠯ ᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤᠷᠢᠵᠤ᠂ ᠪᠠᠯᠡ ᠤᠷᠤᠭᠤᠯᠲᠠ ᠶᠢ ᠲᠠᠳᠠᠬᠤ

ᠵᠦᠭᠡᠯᠡᠨ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ

ᠬᠤᠳᠠᠯᠳᠣᠭᠠᠴᠢᠨ ᠤᠷᠢᠬᠤ ᠠᠭᠤᠷ ᠠᠮᠢᠰᠬᠤᠯ ᠢ ᠡᠭᠦᠳᠴᠦ᠂ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠳᠤ

ᠰᠢᠯᠢᠳᠡᠭ ᠦᠢᠯᠡᠴᠢᠯᠡᠭᠡ ᠬᠠᠩᠭᠠᠵᠤ᠂ ᠭᠡᠷ᠎ᠡ ᠲᠤᠭᠳᠠᠭᠰᠠᠨ ᠬᠤᠳᠠᠯᠳᠤᠭᠠᠴᠢᠨ ᠤᠷᠢᠭᠰᠠᠨ ᠲᠦᠷᠦᠯ ᠵᠦᠢᠯ ᠡᠷᠳᠡ

ᠡᠳᠦᠷ ᠠᠵᠢᠯ ᠡᠬᠢᠯᠡᠬᠦ ᠶᠢ ᠨᠢ ᠠᠬᠢᠭᠤᠯᠵᠤ᠂ ᠶᠠᠷᠢᠯᠴᠠᠵᠤ ᠪᠠᠶᠢᠭ᠎ᠠ ᠲᠦᠷᠦᠯ ᠵᠦᠢᠯ ᠢ ᠲᠦᠪᠯᠡᠷᠡᠭᠦᠯᠦᠨ ᠰᠢᠪᠲᠦᠯᠵᠤ᠂

ᠬᠤᠳᠠᠯᠳᠤᠭᠠᠴᠢᠨ ᠤᠷᠢᠭᠰᠠᠨ ᠲᠦᠷᠦᠯ ᠵᠦᠢᠯ ᠤᠨ ᠪᠦᠲᠦᠮᠵᠢ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠵᠦ᠂ 50

ᠳ᠋ᠦᠩᠰᠢᠭᠤᠷ ᠲᠦᠭᠦᠷᠢᠭ ᠤᠨ ᠪᠠᠯᠡ ᠶᠢ ᠲᠠᠳᠠᠨ ᠠᠪᠴᠢᠷᠠᠬᠤ ᠶᠢ ᠴᠢᠷᠮᠠᠶᠢᠨ ᠪᠠᠶᠠᠯᠠᠭᠦᠯᠦᠨ᠎ᠡ᠃

          ︵ᠠᠷᠪᠠ︶ ᠦᠢᠯᠡᠴᠢᠯᠡᠭᠡ ᠶᠢ ᠠᠳᠬᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ

ᠤᠷᠳᠤᠨ ᠤ ᠲᠤᠰ ᠪᠡᠶ᠎ᠡ ᠶᠢᠨ   ᠪᠦᠲᠦᠭᠡᠨ ᠪᠠᠶᠢᠭᠤᠯᠤᠯᠲᠠ ᠶᠢ ᠲᠠᠰᠤᠷᠠᠯ ᠦᠭᠡᠢ ᠴᠢᠩᠭᠠᠳᠬᠠᠨ᠎ᠠ ᠲᠤᠭᠳᠠᠭᠰᠠᠨ

ᠬᠠᠷᠠᠯᠲᠠ ᠪᠠᠨ ᠪᠠᠶᠠᠯᠠᠭᠦᠯᠬᠦ ᠳᠤ ᠡᠷᠬᠡᠪᠰᠢ ︿︿ᠳᠦᠷᠪᠡᠨ ᠦᠵᠡᠯ ᠤᠬᠠᠮᠰᠠᠷ﹀﹀ ᠤᠨᠴᠠᠭᠠᠶᠢᠯᠠᠨ ᠭᠤᠤᠯ ᠴᠦᠮ᠎ᠡ ᠶᠢᠨ

ᠦᠵᠡᠯ ᠤᠬᠠᠮᠰᠠᠷ᠂ ᠨᠢᠭᠡᠳᠬᠦ ᠦᠵᠡᠯ ᠤᠬᠠᠮᠰᠠᠷ ᠢ ᠪᠤᠢ ᠪᠤᠯᠭᠠᠵᠤ᠂ ᠬᠡᠵᠢᠶᠡᠳᠡ ᠠᠰᠠᠭᠤᠳᠠᠯ ᠢᠶᠠᠷ ᠤᠳᠤᠷᠢᠳᠬᠤ ᠶᠢ

ᠪᠠᠷᠢᠮᠳᠠᠯᠠᠵᠤ᠂ ᠦᠷᠯᠦᠭᠡ ᠦᠳᠡᠰᠢ ᠶᠢ ᠲᠠᠮᠠᠴᠡᠬᠦ ᠪᠠᠴᠢᠮ ᠲᠤᠯᠭᠠᠮ᠎ᠠ ᠰᠡᠳᠭᠢᠯᠭᠡ ᠪᠠᠷ ᠡᠯ᠎ᠡ ᠵᠦᠢᠯ ᠤᠨ ᠠᠵᠢᠯ ᠢ

ᠰᠠᠶᠢᠳᠦᠷ ᠲᠤᠤᠱᠯᠠᠭᠤᠯᠵᠤ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠳᠠᠭᠡᠷ᠎ᠡ ᠬᠦᠴᠦ

 ᠪᠠᠨ ᠲᠠᠯᠪᠢᠵᠤ᠂ ᠠᠷᠭ᠎ᠠ ᠪᠤᠳᠤᠯᠭ᠎ᠠ ᠰᠦᠪᠡᠭᠴᠢᠯᠡᠨ᠂ ᠠᠮᠵᠢᠯᠲᠠ ᠪᠦᠲᠦᠭᠡᠯ ᠭᠠᠷᠭᠠᠨ᠎ᠠ᠃

          ᠵᠠᠰᠠᠭ ᠪᠠᠷᠢᠬᠤ ᠨᠢ ᠠᠷᠠᠳ ᠤᠨ ᠲᠦᠯᠦᠭᠡ ᠪᠠᠶᠢᠬᠤ ᠶᠢ ᠪᠠᠷᠢᠮᠳᠠᠯᠠᠵᠤ᠂ ᠦᠢᠯᠡᠴᠢᠯᠡᠭᠡᠨ ᠤ ᠮᠠᠶ᠋ᠢᠭ ᠤᠨ

ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠠᠶᠢᠭᠤᠯᠤᠨ᠎ᠠ᠃ ︿︿ᠬᠤᠶᠠᠷ ᠢ ᠰᠤᠷᠤᠯᠴᠠᠵᠤ ᠨᠢᠭᠡᠨ ᠬᠢᠷᠢ ᠲᠡᠩᠴᠡᠭᠰᠡᠨ

ᠨᠠᠮ ᠤᠨ ᠭᠡᠰᠢᠭᠦᠨ ᠪᠤᠯᠬᠤ﹀﹀ ᠲᠤᠰᠬᠠᠢ ᠰᠡᠳᠤᠪᠳᠤ ᠰᠤᠷᠭᠠᠨ ᠬᠦᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ

ᠦᠷᠭᠡᠳᠭᠡᠵᠦ᠂ ᠬᠡᠵᠢᠶᠡᠲᠡ ᠤᠯᠠᠨ ᠲᠦᠮᠡᠨ ᠤ   ᠵᠣᠭᠰᠣᠯᠳᠠ ᠳᠡᠭᠡᠷ᠎ᠡ ᠵᠤᠭᠰᠤᠵᠤ ᠠᠰᠠᠭᠤᠳᠠᠯ ᠢ ᠦᠵᠡᠵᠦ᠂

ᠠᠰᠠᠭᠤᠳᠠᠯ ᠢ ᠵᠠᠳᠠᠯᠵᠤ᠂ ᠪᠦᠬᠦ   ᠰᠡᠳᠭᠢᠯ ᠪᠦᠬᠦ ᠵᠤᠷᠢᠭ ᠢᠶᠠᠷ ᠢᠶᠠᠨ ᠠᠷᠠᠳ ᠤᠯᠠᠨ ᠤ ᠰᠡᠳᠭᠢᠯ ᠲᠠᠯᠪᠢᠵᠤ

ᠪᠠᠶᠢᠭ᠎ᠠ ᠬᠠᠯᠠᠮ ᠠᠰᠠᠭᠤᠳᠠᠯ ᠬᠦᠴᠢᠷ ᠠᠰᠠᠭᠤᠳᠠᠯ ᠢ ᠰᠢᠢᠳᠪᠤᠷᠢᠯᠠᠵᠤ᠂ ᠦᠷᠭᠡᠨ ᠤᠯᠠᠨ ᠠᠷᠠᠳ ᠲᠦᠮᠡᠨ ᠳᠤ

ᠦᠭᠡᠷᠡᠴᠢᠯᠡᠯᠲᠠ ᠬᠦᠭᠵᠢᠯᠲᠠ ᠶᠢᠨ ᠦᠷ᠎ᠡ   ᠪᠦᠲᠦᠭᠡᠯ ᠢ ᠡᠳ᠋ᠯᠡᠭᠦᠯᠵᠦ᠂ ᠵᠤᠯ ᠵᠢᠷᠭᠠᠯ ᠤᠨ ᠲᠦᠷᠦᠭᠳᠡᠯ ᠢ

ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠵᠤ᠂ ︿︿ᠢᠨᠲ᠋ᠧᠷ ᠰᠦᠯᠵᠢᠶ᠎ᠡ  +   ᠵᠠᠰᠠᠭ ᠤᠨ

ᠶᠠᠪᠤᠳᠠᠯ ᠤᠨ ᠦᠢᠯᠡᠴᠢᠯᠡᠭᠡ﹀﹀ ᠶᠢ ᠶᠡᠭᠡᠪᠡᠷ ᠲᠦᠯᠬᠢᠨ ᠠᠭᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ

ᠤᠴᠢᠷ ᠶᠠᠪᠤᠳᠠᠯ ᠰᠢᠢᠳᠪᠤᠷᠢᠯᠡᠬᠦ ᠳᠤ ᠲᠦᠭᠦᠮ ᠪᠤᠯᠭᠠᠵᠤ᠂ ᠡᠷᠭᠡ ᠶᠢ ᠢᠯᠡᠰᠢᠬᠦᠯᠦᠨ ᠬᠡᠷᠡᠭᠵᠢᠭᠦᠯᠦᠨ᠎ᠡ᠃

        ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ

ᠪᠦᠬᠦ ᠲᠠᠯ᠎ᠠ ᠪᠠᠷ   ᠪᠠᠶᠢᠭᠤᠯᠤᠨ᠎ᠠ᠃ ︿︿ᠬᠠᠤᠯᠢ ᠳᠤ ᠲᠤᠭᠳᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠭᠡᠪᠰᠢ

ᠬᠦᠢᠴᠡᠳᠭᠡᠬᠦ᠂ ᠬᠠᠤᠯᠢ ᠪᠠᠷ ᠡᠷᠭᠡ ᠤᠯᠭᠤᠭᠰᠠᠨ ᠦᠭᠡᠢ ᠪᠤᠯ ᠦᠢᠯᠡᠳᠴᠦ ᠪᠤᠯᠬᠤ ᠦᠭᠡᠢ﹀﹀ ᠪᠠᠶᠢᠬᠤ ᠶᠢ ᠴᠢᠩᠭ᠎ᠠ

ᠵᠢᠷᠤᠮᠠᠯᠠᠵᠤ᠂ ᠵᠠᠰᠠᠭ ᠤᠨ ᠤᠷᠳᠤᠨ ᠤ ᠰᠢᠢᠳᠪᠤᠷᠢ ᠲᠤᠭᠳᠠᠭᠠᠬᠤ᠂ ᠬᠡᠷᠡᠭᠵᠢᠭᠦᠯᠬᠦ᠂ ᠬᠢᠨᠡᠯᠲᠡ ᠲᠠᠯᠪᠢᠬᠤ ᠪᠦᠬᠦ

ᠶᠠᠪᠤᠴᠠ ᠶᠢ ᠬᠠᠤᠯᠢ ᠪᠠᠷ ᠵᠠᠰᠠᠬᠤ ᠵᠠᠮ ᠳᠤ ᠤᠷᠤᠭᠤᠯᠤᠨ᠎ᠠ᠃ ︿︿ᠲᠤᠯᠤᠳᠤᠭᠠᠷ ᠲᠠᠪᠤ﹀﹀ ᠶᠢᠨ ᠬᠠᠤᠯᠢ

ᠲᠦᠭᠡᠮᠡᠯᠵᠢᠬᠦᠯᠬᠦ ᠶᠢ ᠪᠦᠬᠦ ᠲᠠᠯ᠎ᠠ ᠪᠠᠷ ᠡᠬᠢᠯᠡᠭᠦᠯᠦᠨ᠂ ᠺᠠᠳᠡᠷ ᠤᠯᠠᠨ ᠲᠦᠮᠡᠨ ᠤ ᠬᠠᠤᠯᠢ ᠪᠠᠷ ᠵᠠᠰᠠᠬᠤ ᠦᠵᠡᠯ

ᠤᠬᠠᠮᠰᠠᠷ ᠢ ᠲᠠᠰᠤᠷᠠᠯ ᠦᠭᠡᠢ ᠴᠢᠩᠭᠠᠳᠬᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ

ᠶᠤᠰᠤᠭᠠᠷ ᠬᠢᠨᠠᠯᠲᠠ ᠲᠠᠯᠪᠢᠬᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ

ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠵᠦ᠂ ᠠᠷᠠᠳ ᠤᠨ ᠲᠦᠯᠦᠭᠡᠯᠡᠭᠴᠢ

 ᠶᠢᠨ ᠰᠠᠨᠠᠭᠤᠯᠤᠮᠵᠢ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠲᠤᠷᠠᠳᠤᠯᠭ᠎ᠠ ᠶᠢ ᠬᠢᠨᠠᠮᠡᠭᠠᠢ

ᠰᠢᠢᠳᠪᠦᠷᠢᠯᠡᠨ᠎ᠡ᠃ ᠵᠠᠰᠠᠭ ᠵᠠᠭᠢᠷᠭᠠᠨ ᠤ ᠬᠠᠤᠯᠢ ᠶᠢ ᠭᠡᠷᠡᠭᠵᠢᠭᠦᠯᠬᠦ ᠦᠢᠯᠡᠴᠢᠯᠡᠭᠡᠨ ᠤ ᠬᠢᠨᠠᠯᠲᠠ ᠪᠠᠶᠢᠴᠠᠭᠠᠯᠲᠠ ᠶᠢ

ᠴᠢᠩᠭᠠᠳᠬᠠᠬᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠪᠠ ᠨᠡᠶᠢᠭᠡᠮ ᠨᠡᠶᠢᠲᠠ ᠶᠢᠨ ᠦᠢᠯᠡᠴᠢᠯᠡᠭᠡᠨ ᠤ ᠵᠦᠢᠯᠡᠰ ᠢ

ᠲᠠᠩᠰᠠᠯᠠᠬᠤ ᠲᠦᠷᠢᠮ ᠢ ᠴᠢᠩᠭ᠎ᠠ ᠲᠤᠤᠱᠯᠠᠭᠤᠯᠵᠤ᠂ ᠬᠠᠤᠯᠢ ᠲᠤᠭᠳᠠᠭᠠᠯ ᠶᠤᠰᠤᠭᠠᠷ᠂ ᠲᠦᠪ ᠭᠤᠤᠯᠴᠢ ᠪᠠᠷ ᠢᠯᠡ

 ᠪᠠᠷ ᠠᠵᠢᠯ ᠡᠷᠬᠢᠯᠡᠬᠦ   ᠶᠢ ᠦᠨᠡᠨᠬᠦ ᠪᠡᠶᠡᠯᠡᠭᠦᠯᠦᠨ᠎ᠡ᠃

        ᠪᠣᠳᠠᠳᠠᠢ ᠶᠢ ᠡᠷᠬᠢᠮᠯᠡᠬᠦ᠂ ᠦᠨᠳᠣᠷ ᠪᠦᠳᠣᠮᠵᠢᠳᠡᠢ ᠪᠠᠶᠢᠬᠤ ᠶᠢ ᠪᠠᠷᠢᠮᠳᠠᠯᠠᠨ᠂ ᠦᠨᠳᠣᠷ ᠪᠦᠲᠦᠮᠵᠢᠳᠦ

ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠣᠨ᠎ᠠ᠃ ᠦᠷᠬᠦᠯᠵᠢᠯᠡᠨ ᠵᠠᠰᠠᠭ ᠢ ᠴᠣᠮᠬᠠᠳᠬᠠᠨ ᠡᠷᠭᠡ ᠶᠢ

ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ︿︿

ᠭᠤᠷᠪᠠ ᠶᠢ ᠲᠦᠪᠯᠡᠷᠡᠬᠦᠯᠵᠦ᠂ ᠭᠤᠷᠪᠠ ᠶᠢ ᠪᠡᠯᠡᠨ ᠪᠣᠯᠭᠠᠬᠤ﹀﹀ ᠶᠢ ᠠᠬᠢᠭᠤᠯᠵᠤ᠂ ᠵᠠᠰᠠᠭ ᠵᠠᠬᠢᠷᠭᠠᠨ ᠤ ᠬᠢᠨᠡᠨ

ᠵᠦᠪᠰᠢᠶᠡᠷᠡᠬᠦ ᠵᠣᠶᠢᠯᠡᠰ ᠲᠤ ᠬᠦᠳᠡᠯᠣᠩᠬᠦᠢ ᠬᠠᠮᠢᠶᠠᠷᠣᠯᠳᠠ ᠶᠠᠪᠣᠭᠤᠯᠵᠤ᠂ ᠬᠢᠨᠠᠨ ᠵᠦᠪᠰᠢᠶᠡᠷᠡᠬᠦ ᠠᠵᠢᠯ ᠤᠨ ᠶᠠᠪᠣᠴᠠ

 ᠶᠢ ᠣᠯᠠᠮ ᠲᠦᠬᠦᠮᠴᠢᠯᠡᠵᠤ᠂ ᠦᠢᠯᠡᠴᠢᠯᠡᠭᠡ ᠶᠢ ᠣᠯᠠᠮ ᠢᠯᠡᠬᠦᠣ ᠰᠢᠯᠢᠳᠡᠭᠵᠢᠬᠦᠯᠦᠨ᠎ᠡ᠃ ᠵᠠᠰᠠᠭ ᠤᠨ ᠣᠷᠳᠣᠨ ᠤ

ᠭᠡᠷᠡᠭᠵᠢᠬᠦᠯᠬᠦ ᠬᠦᠴᠦᠨ ᠪᠠ ᠵᠠᠰᠠᠭ   ᠵᠠᠬᠢᠷᠭᠠᠨ ᠤ ᠦᠷ᠎ᠡ ᠪᠦᠳᠣᠮᠵᠢ ᠶᠢ ᠦᠨᠡᠨᠬᠦ ᠴᠢᠩᠭᠠᠳᠬᠠᠵᠤ᠂ ᠵᠠᠰᠠᠭ ᠤᠨ

ᠣᠷᠳᠣᠨ ᠤ ᠵᠠᠰᠠᠭ ᠶᠠᠪᠣᠭᠤᠯᠬᠤ ᠬᠢᠷᠢ ᠲᠦᠪᠰᠢᠨ ᠢ ᠲᠠᠰᠣᠷᠠᠯ ᠦᠭᠡᠢ ᠲᠡᠭᠡᠭᠰᠢᠯᠡᠬᠦᠯᠵᠦ᠂ ᠠᠵᠢᠯ ᠤᠨ ᠠᠷᠭ᠎ᠠ ᠶᠢᠨ

ᠲᠠᠯ᠎ᠠ ᠪᠠᠷ ᠰᠢᠨ᠎ᠡ ᠶᠢ ᠡᠬᠦᠳᠬᠦ᠂ ᠠᠵᠢᠯ ᠤᠨ ᠪᠣᠳᠠᠳᠠᠢ ᠦᠷ᠎ᠡ ᠪᠦᠳᠣᠮᠵᠢ   ᠶᠢ ᠬᠦᠨᠳᠣᠳᠭᠡᠵᠤ᠂ ᠠᠯᠢᠪᠠ ᠠᠵᠢᠯ

ᠬᠠᠷᠠᠯᠳᠠ ᠲᠠᠢ᠂ ᠪᠠᠷᠢᠮᠵᠢᠶ᠎ᠠ ᠲᠠᠢ᠂ ᠬᠢᠨᠠᠯᠳᠠ ᠲᠠᠢ᠂ ᠪᠠᠶᠢᠴᠠᠭᠠᠯᠳᠠ ᠲᠠᠢ   ᠪᠠᠶᠢᠬᠤ ᠶᠢ ᠪᠠᠳᠣᠯᠠᠵᠤ᠂ ᠵᠠᠷᠯᠢᠭ

ᠴᠠᠭᠠᠵᠠ ᠶᠢ ᠲᠠᠭᠠᠬᠤ᠂   ᠵᠠᠰᠠᠭ ᠵᠠᠷᠯᠢᠭ ᠰᠠᠭᠠᠳ ᠦᠭᠡᠢ ᠨᠡᠪᠳᠡᠷᠡᠬᠦ ᠪᠣᠯᠭᠠᠨ᠎ᠠ᠃

        ᠬᠤᠷᠢᠭ᠎ᠠ ᠱᠣᠭᠤᠮ ᠤᠨ ᠰᠡᠳᠬᠢᠬᠦᠢ ᠶᠢ ᠪᠠᠷᠢᠮᠳᠠᠯᠠᠵᠤ᠂ ᠠᠷᠢᠭᠤᠨ ᠴᠢᠭᠡᠴᠢ ᠵᠠᠰᠠᠭ ᠤᠨ ᠣᠷᠳᠣᠨ ᠢ

ᠪᠦᠬᠦ ᠲᠠᠯ᠎ᠠ ᠪᠠᠷ ᠪᠦᠳᠣᠭᠡᠨ ᠪᠠᠶᠢᠭᠤᠯᠣᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠴᠢᠩᠭ᠎ᠠ ᠪᠠᠷ

ᠵᠠᠰᠠᠬᠤ᠂ ᠵᠠᠰᠠᠭ ᠢ ᠴᠢᠩᠭ᠎ᠠ ᠪᠠᠷ ᠶᠠᠪᠣᠭᠤᠯᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠨᠠᠮ ᠤᠨ ᠰᠣᠷᠳᠡᠯ᠂

ᠴᠢᠭᠡᠴᠢ ᠵᠠᠰᠠᠭ ᠤᠨ ᠪᠠᠶᠢᠭᠤᠯᠣᠯᠳᠠ ᠶᠢᠨ 《 ᠨᠢᠭᠡ ᠠᠵᠢᠯ ᠤᠨ ᠪᠠᠶᠢᠷᠢ᠂ ᠬᠤᠶᠠᠷ ᠬᠠᠷᠢᠭᠤᠴᠠᠯᠭ᠎ᠠ 》 ᠶᠢᠨ

ᠬᠠᠷᠢᠭᠤᠴᠠᠯᠭ᠎ᠠ ᠶᠢᠨ ᠲᠦᠷᠢᠮ ᠢ ᠬᠦᠨᠵᠡᠭᠡᠢ ᠲᠣᠣᠱᠯᠠᠭᠤᠯᠣᠨ᠎ᠠ᠃ ᠨᠠᠮ ᠤᠨ ᠲᠦᠪ ᠬᠤᠷᠢᠶᠠᠨ ᠤ 《 ᠨᠠᠢᠮᠨᠨ ᠵᠣᠶᠢᠯ

 ᠤᠨ ᠲᠣᠭᠳᠠᠭᠠᠯ 》 ᠤᠨ ᠵᠣᠷᠢᠭ ᠰᠠᠨᠠᠭ᠎ᠠ ᠶᠢ ᠴᠢᠩᠭ᠎ᠠ ᠲᠣᠣᠱᠯᠠᠭᠤᠯᠵᠤ᠂ 《 ᠪᠠᠷᠢᠮᠵᠢᠶ᠎ᠠ 》 ᠪᠠ 《 ᠲᠦᠷᠢᠮ︾ ᠢ

ᠬᠢᠨᠠᠮᠠᠭᠠᠢ ᠲᠣᠣᠱᠯᠠᠭᠤᠯᠣᠨ ᠭᠡᠷᠡᠭᠵᠢᠬᠦᠯᠵᠦ᠂ ᠵᠠᠰᠠᠭ ᠵᠠᠬᠢᠷᠭᠠᠨ ᠤ ᠦᠪᠡᠷ ᠤᠨ ᠦᠷᠳᠡᠭ ᠢ ᠠᠷᠪᠢᠯᠠᠵᠤ᠂ 《

ᠭᠤᠷᠪᠡᠨ ᠠᠯᠪᠡᠨ 》 ᠤ ᠵᠠᠷᠣᠳᠡᠯ ᠤᠨ ᠵᠠᠷᠣᠯᠭ᠎ᠠ ᠶᠢ ᠡᠷᠡᠰ ᠬᠢᠵᠠᠭᠠᠷᠯᠠᠨ᠎ᠠ᠃ 《 ᠭᠤᠷᠪᠠᠨ ᠬᠦᠨᠲᠦ ᠨᠢᠭᠡ ᠶᠡᠭᠡ

》 ᠲᠦᠷᠢᠮ ᠢ ᠴᠢᠩᠭ᠎ᠠ ᠬᠡᠷᠡᠭᠵᠢᠬᠦᠯᠵᠦ᠂ ᠢᠨᠵᠧᠨᠧᠷᠢᠩ ᠤᠨ ᠦᠢᠯᠡᠳᠬᠦ ᠦᠨ᠎ᠡ᠂ ᠲᠦᠷᠦᠯ ᠵᠣᠶᠢᠯ ᠤᠨ ᠪᠦᠳᠣᠭᠡᠨ

ᠪᠠᠶᠢᠭᠤᠯᠣᠯᠳᠠ᠂ ᠶᠡᠭᠡ ᠬᠡᠮᠵᠢᠶᠡᠨ ᠤ ᠪᠡᠯᠨ ᠮᠦᠩᠬᠦᠨ ᠤ ᠵᠠᠷᠣᠯᠭ᠎ᠠ ᠵᠡᠷᠭᠡ ᠬᠦᠷᠢᠶ᠎ᠡ ᠬᠡᠪᠴᠢᠶᠡᠨ ᠳᠤ ᠪᠦᠬᠦ ᠶᠠᠪᠣᠴᠠ

 ᠶᠢ ᠮᠦᠷᠳᠡᠨ ᠬᠢᠨᠠᠨ ᠪᠣᠳᠣᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠣᠯᠢ ᠰᠠᠬᠢᠯᠭ᠎ᠠ ᠶᠢ ᠡᠪᠳᠡᠬᠦ

ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠬᠡᠵᠣ᠂ ᠲᠡᠮᠣᠷ ᠮᠡᠳᠣ ᠬᠠᠳᠠᠭᠤ ᠰᠠᠬᠢᠯᠭ᠎ᠠ ᠪᠠᠳᠣ ᠪᠠᠷ ᠨᠠᠮ ᠤᠨ ᠰᠠᠬᠢᠯᠭ᠎ᠠ

ᠣᠯᠣᠰ ᠤᠨ ᠬᠠᠣᠯᠢ ᠶᠢᠨ ᠲᠦᠪ ᠴᠢᠩᠭ᠎ᠠ ᠴᠢᠨᠠᠷ ᠢ ᠬᠠᠮᠠᠭᠠᠯᠠᠨ᠎ᠠ᠃

        ᠲᠦᠯᠦᠭᠡᠯᠡᠭᠴᠢᠳ ᠡ  ︕ ᠲᠦᠮᠡᠨ ᠠᠭᠳᠠ ᠠᠮᠠᠭᠠᠢ ᠲᠡᠷᠦᠨ   ᠠᠭᠤᠳᠠᠮ ᠲᠠᠯ᠎ᠠ ᠳᠤ ᠲᠠᠪᠬᠢᠬᠤ ᠳᠤ᠂

ᠲᠦᠪᠡᠭ ᠰᠠᠭᠠᠳ ᠢ ᠲᠠᠪᠠᠭᠰᠠᠨ ᠠᠨᠣ ᠲᠡᠷᠢᠬᠦᠨ ᠮᠡᠩᠯᠠᠢ ᠪᠣᠯᠣᠨᠠᠮ᠃ ᠰᠠᠷᠠᠭᠤᠯ ᠭᠡᠭᠡᠨ ᠢᠷᠡᠭᠡᠳᠦᠢ ᠪᠠᠨ ᠪᠠᠷᠠᠯᠠᠪᠠᠯ᠂

ᠬᠦᠴᠢᠷ ᠪᠡᠷᠬᠡ ᠮᠠᠨ ᠤ ᠠᠷᠠᠳ ᠢᠶᠠᠨ ᠪᠠᠶᠠᠵᠢᠭᠤᠯᠵᠤ᠂ ᠬᠤᠰᠢᠭᠤ ᠪᠠᠨ ᠬᠦᠴᠦᠷᠭᠡᠭᠵᠢᠭᠦᠯᠬᠦ ᠢᠳᠡᠷᠡᠭᠦᠨ ᠠᠯᠬᠤᠴᠠ

 ᠶᠢ ᠬᠤᠷᠢᠭᠯᠠᠵᠤ ᠲᠡᠶᠢᠯᠬᠦ ᠦᠭᠡᠢ᠂ ᠶᠠᠮᠠᠷᠪᠠ ᠦᠷᠢᠰᠦᠯᠳᠦᠭᠡᠨ ᠭᠡᠳ ᠪᠢᠳᠡᠨ ᠤ ᠵᠤᠷᠢᠭᠲᠠᠢ ᠪᠠᠷ ᠣᠷᠣᠭᠰᠢᠯᠠᠨ

ᠲᠠᠪᠰᠢᠬᠤ ᠢᠳᠡᠭᠡᠯ ᠵᠤᠷᠢᠭ ᠢ ᠭᠤᠶᠢᠪᠢᠯᠵᠠᠭᠤᠯᠵᠤ ᠲᠡᠶᠢᠯᠬᠦ ᠦᠭᠡᠢ᠂ ᠪᠢᠳᠡ ᠰᠢ ᠶᠢᠨ ᠫᠢᠩ ᠨᠦᠬᠦᠷ ᠢᠶᠠᠷ ᠲᠦᠪ

ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠠᠵᠦ᠂ ᠠᠶᠢᠮᠠᠭ ᠤᠨ ᠨᠠᠮ ᠤᠨ

ᠬᠤᠷᠢᠶ᠎ᠠ᠂ ᠠᠶᠢᠮᠠᠭ ᠤᠨ ᠵᠠᠭᠢᠷᠭ᠎ᠠ᠂ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ

ᠲᠤᠤᠷ᠎ᠠ᠂ ᠪᠦᠬᠦ ᠬᠤᠰᠢᠭᠤᠨ ᠤ ᠺᠠᠳᠠᠷ ᠤᠯᠠᠨ ᠲᠦᠮᠡᠨ ᠲᠠᠢ ᠪᠦᠯᠬᠦᠮᠳᠠᠨ ᠲᠦᠰᠢᠭᠯᠡᠵᠦ᠂ ᠬᠠᠨᠴᠤᠢ ᠰᠢᠮᠠᠯᠠᠨ

ᠰᠢᠭᠤᠷᠬᠠᠶᠢᠯᠠᠨ ᠠᠵᠢᠯᠯᠠᠵᠤ᠂ ᠯᠠᠪᠳᠠᠭᠤᠨ ᠪᠠᠳᠤᠲᠠᠢ ᠲᠤᠤᠱᠯᠠᠭᠤᠯᠵᠤ᠂ ᠡᠬᠡ ᠤᠯᠤᠰ ᠤᠨ ᠤᠮᠠᠷᠠᠳᠤ ᠬᠢᠯᠢ ᠶᠢᠨ

ᠦᠵᠡᠰᠭᠦᠯᠡᠩᠳᠦ ᠰᠠᠶᠢᠬᠠᠨ ᠦᠩᠭᠡ ᠦᠵᠡᠮᠵᠢ ᠬᠢᠭᠡᠳ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠢ ᠪᠠᠶᠢᠭᠤᠯᠬᠤ ᠶᠢᠨ

ᠲᠦᠯᠦᠭᠡ ᠴᠢᠷᠮᠠᠶᠢᠨ ᠲᠠᠮᠡᠴᠡᠶ᠎ᠡ︕

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号