ᠪᠦᠭᠦ ᠬᠤᠰᠢᠭᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢ ᠴᠢᠩᠭᠠᠳᠬᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-06-11
          ᠪᠦᠭᠦ ᠬᠤᠰᠢᠭᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢ ᠴᠢᠩᠭᠠᠳᠬᠬᠤ   ᠲᠤᠬᠠᠢ ᠮᠡᠳᠡᠭᠳᠡᠯ       ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠪᠢᠴᠢᠭ ︵2015︶ 47 ᠳ᠋ᠤᠭᠠᠷ ᠲᠤᠭᠠᠳᠤ           ᠪᠦᠭᠦ ᠬᠤᠰᠢᠭᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢ ᠴᠢᠩᠭᠠᠳᠬᠬᠤ   ᠲᠤᠬᠠᠢ ᠮᠡᠳᠡᠭᠳᠡᠯ ᠡᠯ᠎ᠠ ᠰᠤᠮᠤ ᠰᠢᠶᠠᠩ᠂ ᠪᠠᠯᠭᠠᠰᠤ ᠶᠢᠨ ᠵᠠᠰᠠᠭ ᠤᠨ ᠤᠷᠳᠤᠨ᠂ ᠦᠷ᠎ᠠ ᠶᠢᠨ ᠮᠠᠯ ᠤᠨ ᠲᠠᠯᠠᠪᠠᠢ᠂ ᠬᠤᠰᠢᠭᠤᠨ ᠤ ᠰᠢᠭᠤᠳ   ᠬᠠᠷᠢᠶ᠎ᠠ ᠬᠠᠮᠢᠶ᠎ᠠ ᠪᠦᠭᠦᠢ ᠪᠠᠶᠢᠭᠤᠯᠤᠯᠭ᠎ᠠ᠄           ᠬᠢᠨᠭ᠍ᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠲᠢᠩᠬᠢᠮ ᠤᠨ ︽2014 ᠤᠨ ᠤ ᠪᠦᠭᠦ ᠠᠶᠢᠮᠠᠭ ᠤᠨ ᠰᠤᠮᠤ   ᠰᠢᠶᠠᠩ ᠪᠠᠯᠭᠠᠰᠤ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠪᠦᠳᠦᠭᠡᠨ ᠪᠠᠶᠢᠭᠤᠯᠤᠯᠳᠠ ᠶᠢᠨ ᠠᠵᠢᠯ ᠤᠨ   ᠭᠡᠷᠡᠭᠵᠢᠭᠦᠯᠭᠦ ᠲᠦᠰᠦᠪ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠤᠷᠢᠭ   ᠰᠠᠨᠠᠭ᠎ᠠ ᠶᠢ ᠦᠨᠳᠤᠰᠤᠯᠠᠵᠤ᠂ ᠮᠠᠨ ᠤ ᠬᠤᠰᠢᠭᠤᠨ ᠤ 14 ᠰᠤᠮᠤ ᠰᠢᠶᠠᠩ ᠪᠠᠯᠭᠠᠰᠤ ︵ᠲᠠᠯᠠᠪᠠᠢ︶᠂ ᠢᠨᠳᠠᠷ ᠪᠠᠯᠭᠠᠰᠤ   ᠪᠠ ᠦᠷ᠎ᠠ ᠶᠢᠨ ᠮᠠᠯ ᠤᠨ ᠲᠠᠯᠠᠪᠠᠢ ᠪᠦᠳᠦᠭᠡᠨ ᠪᠠᠶᠢᠭᠤᠯᠤᠯᠳᠠ ᠶᠢᠨ ᠡᠭᠦᠷᠭᠡ ᠦᠭᠡᠢ ᠪᠠ ᠪᠠᠶ᠋ᠬᠠᠤᠯᠠᠭᠠᠨ ᠰᠤᠮᠤ   ᠬᠤᠶᠢᠰᠢᠯᠠᠭᠤᠯᠵᠤ ᠪᠠᠶᠢᠭᠤᠯᠬᠤ ᠠᠴᠠ ᠭᠠᠳᠠᠨ᠎ᠠ᠂ ᠪᠤᠰᠤᠳ 11 ᠰᠤᠮᠤ ᠰᠢᠶᠠᠩ ᠪᠠᠯᠭᠠᠰᠤ ᠴᠤᠭᠯᠠᠭ᠎ᠠ ᠮᠠᠶᠢᠮᠠᠢ ᠶᠢᠨ   ᠵᠠᠬ᠎ᠠ ᠲᠠᠯᠭᠡᠭᠦᠷ ᠪᠠᠶᠢᠭᠤᠯᠬᠤ ᠡᠭᠦᠷᠭᠡ ᠪᠠᠨ ᠪᠠᠶᠠᠯᠠᠭᠦᠯᠵᠤ᠂ ᠬᠠᠮᠳᠤ ᠳᠤᠨᠢ ᠠᠶᠢᠮᠠᠭ ᠤᠨ ᠵᠠᠬᠢᠷᠭ᠎ᠠ ᠶᠢᠨ ᠬᠤᠷᠢᠶᠠᠨ   ᠰᠢᠯᠭᠠᠯᠳᠠ ᠶᠢ ᠦᠡᠭᠭᠡᠷᠡᠭᠦᠯᠵᠠᠢ᠃ ᠨᠢᠭᠡᠨᠳᠠ ᠪᠠᠶᠢᠭᠤᠯᠤᠭᠰᠠᠨ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ   ᠬᠠᠮᠢᠶᠠᠷᠤᠯᠳᠠ ᠪᠠᠨ ᠦᠨᠡᠨᠭᠦ ᠴᠢᠩᠭᠠᠳᠬᠠᠬᠤ ᠶᠢᠨ ᠲᠦᠯᠦᠭᠡ᠂ ᠠᠶᠢᠮᠠᠭ ᠤᠨ ᠵᠠᠬᠢᠷᠭ᠎ᠠ ᠶᠢᠨ ᠲᠦᠷᠪᠡᠳᠦᠭᠡᠷ ᠤᠳᠠᠭᠠᠨ ᠤ   ᠪᠠᠶᠢᠡᠭᠭᠤ ᠶᠢᠨ ᠬᠤᠷᠠᠯᠳᠤᠭᠠᠨ ᠤ ᠱᠠᠭᠠᠷᠳᠠᠯᠭ᠎ᠠ ᠶᠢ ᠦᠨᠳᠤᠰᠤᠯᠠᠵᠤ᠂ ᠮᠠᠨ ᠤ ᠬᠤᠰᠢᠭᠤᠨ ᠤ ᠴᠤᠭᠯᠠᠯᠭ᠎ᠠ ᠮᠠᠶᠢᠮᠠᠢ ᠶᠢᠨ   ᠵᠠᠬ᠎ᠠ ᠲᠠᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢᠨ ᠲᠤᠬᠠᠢ ᠬᠠᠮᠢᠶ᠎ᠠ ᠪᠦᠭᠦᠢ ᠤᠴᠢᠷ ᠢ ᠮᠡᠳᠡᠭᠳᠡᠶ ᠎ᠠ᠄           ᠨᠢᠭᠡ᠂ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢᠨ ᠠᠵᠢᠯ ᠤᠨ ᠵᠤᠬᠢᠶᠠᠨ   ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠭᠦ ᠴᠢᠩᠭᠠᠳᠬᠠᠬᠤ ᠭᠡᠷᠡᠭᠳᠡᠢ᠃ ᠡᠯ᠎ᠠ ᠭᠠᠵᠠᠷ ᠤᠨ ᠬᠢ ᠴᠤᠭᠯᠠᠭ᠎ᠠ   ᠮᠠᠶᠢᠮᠠᠢ ᠶᠢᠨ ᠵᠠᠬ᠎ᠠ ᠲᠡᠯᠭᠡᠭᠦᠷ ᠤᠨ ᠡᠵᠡᠩᠨᠡᠯᠳᠠ ᠬᠠᠮᠢᠶᠠᠷᠤᠯᠳᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ   ᠪᠠᠶᠢᠭᠤᠯᠤᠮᠵᠢ ᠪᠠᠨ ᠤᠯᠠᠮ ᠨᠢᠭᠡ ᠠᠯᠬᠤᠮ ᠲᠠᠭᠦᠯᠳᠡᠷᠵᠢᠭᠦᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ   ᠴᠢᠩᠭᠠᠳᠬᠠᠵᠤ᠂ ᠲᠤᠰᠬᠠᠢ ᠭᠦᠮᠤᠨ ᠬᠠᠷᠢᠭᠤᠴᠠᠨ ᠬᠠᠮᠢᠶᠠᠷᠴᠤ᠂ ᠡᠵᠡᠩᠨᠡᠯᠳᠠ ᠪᠠᠨ ᠲᠦᠷᠢᠮᠵᠢᠭᠦᠯᠵᠤ᠂ ᠵᠠᠬ᠎ᠠ   ᠲᠠᠯᠭᠡᠭᠦᠷ ᠤᠨ ᠡᠵᠡᠩᠨᠡᠯᠳᠠ ᠶᠢ ᠲᠦᠯᠬᠢᠨ ᠠᠬᠢᠭᠤᠯᠤᠨ᠎ᠠ᠃ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ   ᠵᠢᠯᠤᠭᠤᠳᠤᠯᠭ᠎ᠠ ᠪᠠᠨ ᠴᠢᠩᠭᠠᠳᠬᠠᠵᠤ᠂ ᠨᠦᠭᠦᠴᠠᠯ ᠲᠠᠢ ᠰᠤᠮᠤ ᠰᠢᠶᠡᠩ ᠪᠠᠯᠭᠠᠰᠤ ᠨᠢ ︽ᠬᠤᠳᠠᠯᠳᠤᠭᠠᠨ ᠤ ᠶᠠᠪᠤᠳᠠᠯ ᠤᠨ   ᠶᠠᠮᠤᠨ ᠤ ᠠᠯᠪᠠᠨ ᠲᠢᠩᠬᠢᠮ ᠤᠨ ︵ᠬᠤᠤᠰ ᠵᠠᠭᠤᠨ ᠤ ᠵᠠᠬ᠎ᠠ ᠲᠠᠯᠭᠡᠭᠦᠷ ᠤᠨ ᠢᠨᠵᠧᠨᠧᠷᠢᠩ︶ ᠤᠨ ᠴᠤᠭᠯᠠᠭ᠎ᠠ   ᠮᠠᠶᠢᠮᠠᠢ ᠶᠢᠨ ᠵᠠᠬ᠎ᠠ ᠲᠠᠯᠭᠡᠭᠦᠷ ᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠠ ᠪᠠ ᠬᠤᠷᠢᠶᠠᠨ ᠰᠢᠯᠭᠠᠯᠳᠠ ᠶᠢ   ᠲᠦᠷᠢᠮᠵᠢᠭᠦᠯᠭᠦ ᠲᠤᠬᠠᠢ ᠮᠡᠳᠡᠭᠳᠡᠯ ᠢ ᠲᠠᠷᠤᠮᠠᠯᠯᠠᠨ ᠲᠠᠷᠬᠠᠭᠠᠬᠤ︾ ᠪᠢᠴᠢᠭ ᠮᠠᠲ᠋ᠧᠷᠢᠶᠠᠯ ᠢᠶᠠᠷ ᠯᠠᠪᠯᠠᠯᠳᠠ ᠪᠤᠯᠭᠠᠵᠤ᠂ ᠤᠳᠤ   ᠪᠠᠶᠢᠭ᠎ᠠ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠢ ᠲᠠᠰ ᠲᠠᠪᠰᠢᠭᠦᠯᠵᠤ ᠦᠭᠡᠷᠠᠴᠢᠯᠠᠭᠦ ᠠᠵᠢᠯ ᠢ ᠢᠳᠡᠪᠬᠢᠳᠠᠢ   ᠦᠷᠨᠢᠭᠦᠯᠵᠤ᠂ ᠤᠢᠢᠯᠡᠴᠢᠯᠡᠭᠡᠨ ᠤ ᠴᠢᠳᠠᠴᠠ ᠪᠠᠨ ᠲᠠᠭᠦᠯᠳᠡᠷᠵᠢᠭᠦᠯᠵᠤ᠂ ᠡᠵᠡᠩᠨᠡᠯᠳᠠ ᠬᠠᠮᠢᠶᠠᠷᠤᠯᠳᠠ ᠪᠠᠨ ᠴᠢᠩᠭᠠᠳᠬᠠᠵᠤ  ᠂ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠠᠮᠢᠳᠤᠷᠠᠯ ᠳᠤ ᠲᠦᠭᠦᠮ ᠦᠵᠡᠭᠦᠯᠭᠦ᠂ ᠠᠷᠠᠳ ᠤᠨ ᠠᠮᠢᠳᠤᠷᠠᠯ ᠳᠤ   ᠤᠢᠢᠯᠡᠴᠢᠯᠠᠭᠦ ᠤᠢᠢᠯᠡᠳᠦᠯ ᠢ ᠭᠦᠢᠴᠡᠳ ᠪᠠᠳᠠᠷᠠᠭᠤᠯᠤᠨ᠎ᠠ᠃           ᠬᠤᠶᠠᠷ᠂ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠶᠢᠨ ᠦᠷ᠎ᠠ ᠠᠰᠢᠭ ᠢ ᠤᠯᠠᠮ ᠨᠢᠭᠡ ᠠᠯᠬᠤᠮ   ᠲᠡᠭᠡᠭᠰᠢᠯᠡᠭᠦᠯᠤᠨ᠎ᠠ᠃ ᠡᠯ᠎ᠠ ᠭᠠᠵᠠᠷ ᠬᠢᠨᠠᠨ ᠬᠠᠮᠢᠶᠠᠷᠤᠯᠳᠠ᠂ ᠬᠠᠤᠯᠢ ᠶᠢᠨ ᠭᠡᠷᠡᠭᠵᠢᠭᠦᠯᠤᠯᠳᠠ ᠪᠠᠨ ᠴᠢᠩᠭᠠᠳᠬᠠᠵᠤ᠂   ᠵᠠᠮ ᠢ ᠡᠵᠡᠯᠠᠵᠤ ᠡᠵᠡᠩᠨᠡᠯᠳᠠ ᠬᠢᠭᠦ ᠵᠡᠷᠭᠡ ᠲᠢᠭᠯᠢᠮ ᠦᠭᠡᠢ ᠠᠵᠢᠯᠯᠠᠭ᠎ᠠ ᠶᠢ ᠦᠭᠡᠶᠢᠰᠭᠡᠵᠤ᠂ ᠵᠠᠮ ᠢ ᠡᠵᠡᠯᠠᠵᠤ ᠡᠵᠡᠩᠨᠡᠭᠦ   ᠵᠠᠬ᠎ᠠ ᠲᠠᠯᠭᠡᠭᠦᠷ ᠢ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠲᠤ ᠰᠢᠯᠵᠢᠭᠦᠯᠵᠤ᠂ ᠵᠠᠮ ᠤᠨ ᠵᠠᠬ᠎ᠠ ᠲᠠᠯᠭᠡᠭᠦᠷ ᠢ   ᠦᠭᠡᠶᠢᠰᠭᠡᠨ᠎ᠠ᠃ ᠬᠠᠮᠳᠤ ᠳᠤᠨᠢ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠤᠷᠴᠢᠨ ᠲᠤᠭᠤᠷᠢᠨ ᠢ ᠵᠠᠰᠠᠨ   ᠴᠡᠭᠴᠡᠯᠠᠵᠤ᠂ ᠲᠤᠰᠬᠠᠢ ᠭᠦᠮᠤᠨ ᠠᠷᠢᠭᠤᠨ ᠴᠠᠪᠠᠷ ᠢ ᠬᠠᠷᠢᠭᠤᠴᠠᠵᠤ᠂ ᠴᠠᠭ ᠲᠤᠬᠠᠢ ᠳᠤᠨᠢ ᠱᠦᠭᠦᠷᠳᠠᠨ ᠴᠡᠪᠡᠷᠯᠠᠵᠤ᠂   ᠵᠠᠬ᠎ᠠ ᠲᠠᠯᠭᠡᠭᠦᠷ ᠤᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠪᠠᠳᠤᠯᠠᠨ᠎ᠠ᠃           ᠭᠤᠷᠪᠠ᠂ ᠬᠢᠨᠠᠨ ᠪᠠᠶᠢᠴᠠᠭᠠᠯᠳᠠ ᠪᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ᠂   ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠬᠤᠯᠪᠤᠭᠠᠯᠠᠭᠰᠠᠨ ᠪᠠᠶᠢᠴᠠᠭᠠᠯᠳᠠ ᠶᠢᠨ ᠲᠤᠭᠤᠢᠢᠯᠠᠩ   ᠪᠠᠶᠢᠭᠤᠯᠵᠤ᠂ ᠨᠢᠭᠡᠨᠳᠠ ᠪᠠᠶᠢᠭᠤᠯᠤᠭᠰᠠᠨ ᠴᠤᠭᠯᠠᠭ᠎ᠠ ᠮᠠᠶᠢᠮᠠᠢ ᠶᠢᠨ ᠵᠠᠬ᠎ᠠ ᠲᠠᠯᠭᠡᠭᠦᠷ ᠤᠨ ᠡᠵᠡᠩᠨᠡᠯᠳᠠ ᠶᠢᠨ ᠪᠠᠶᠢᠳᠠᠯ ᠳᠤ   ᠲᠤᠭᠳᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠯᠳᠠ ᠬᠢᠵᠤ᠂ ᠭᠤᠤᠯᠳᠠᠭᠤ ᠵᠠᠬ᠎ᠠ ᠲᠠᠯᠭᠡᠭᠦᠷ ᠤᠨ ᠡᠵᠡᠩᠨᠡᠯᠳᠠ   ᠬᠠᠮᠢᠶᠠᠷᠤᠯᠳᠠ ᠶᠢᠨ ᠪᠠᠶᠢᠳᠠᠯ ᠪᠠ ᠵᠠᠮ ᠢ ᠡᠵᠡᠯᠠᠵᠤ ᠡᠵᠡᠩᠨᠡᠯᠳᠠ ᠬᠢᠵᠤ ᠪᠠᠶᠢᠭ᠎ᠠ ᠵᠡᠷᠭᠡ ᠠᠵᠢᠯᠯᠠᠭ᠎ᠠ ᠳᠤ ᠪᠠᠶᠢᠴᠠᠭᠠᠯᠳᠠ   ᠬᠢᠵᠤ᠂ ᠡᠵᠡᠩᠨᠡᠯᠳᠠ ᠡᠮᠬᠢ ᠵᠢᠷᠤᠮ ᠦᠭᠡᠢ᠂ ᠵᠠᠮ ᠢ ᠡᠵᠡᠯᠠᠵᠤ ᠡᠵᠡᠩᠨᠡᠭᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ   ᠮᠠᠭᠤ ᠵᠡᠷᠭᠡ ᠠᠰᠠᠭᠤᠳᠠᠯ ᠢᠯᠠᠷᠠᠪᠠᠯ ᠲᠠᠷᠤᠢ ᠳᠤᠨᠢ ᠤᠯᠠᠨ ᠳᠤ ᠮᠡᠳᠡᠭᠦᠯᠤᠨ᠎ᠠ᠃                                 2015 ᠤᠨ ᠤ 3 ᠰᠠᠷ᠎ᠠ ᠶᠢᠨ 30 ᠤ   ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号