ᠵᠣᠣ ᠲᠢᠶᠠᠨ ᠰᠢ ᠬᠤᠶᠢᠲᠦ ᠬᠡᠰᠡᠭ ᠤᠷᠤᠨ ᠤ ᠶᠠᠳᠠᠭᠤ ᠬᠦᠴᠢᠷᠳᠡᠯᠲᠡᠢ ᠠᠯᠤᠰ ᠪᠤᠶᠢᠳᠠ ᠭᠠᠴᠠᠭ᠎ᠠ ᠲᠤᠰᠬᠤᠨ ᠢᠶᠠᠷ   ᠭᠦᠨᠵᠡᠭᠡᠶᠢᠷᠡᠵᠦ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠬᠤ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2018-06-12
     6 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ   ᠤᠨ ᠤᠷᠳᠤᠨ ᠤ ᠳᠠᠷᠤᠭ᠎ᠠ ᠵᠣᠣ ᠲᠢᠶᠠᠨ ᠰᠢ ᠠᠭᠠᠬᠢᠮ᠎ᠠ ᠬᠠᠯᠠᠭᠤᠨ ᠠᠭᠤᠷ ᠠᠨᠮᠢᠰᠬᠤᠯ ᠢ ᠬᠠᠶᠢᠬᠤᠷᠤᠯ ᠦᠭᠡᠢ ᠪᠠᠷ   ᠠᠯᠳᠠᠷᠲᠦ ᠰᠤᠮᠤ᠂ ᠦᠷ᠎ᠡ ᠶᠢᠨ ᠮᠠᠯ ᠤᠨ ᠲᠠᠯᠠᠪᠠᠢ᠂ ᠪᠠᠶ᠋ᠬᠠᠤᠯᠠᠭᠠᠨ ᠰᠤᠮᠤ᠂ ᠰᠢᠨᠯᠢᠨ ᠪᠠᠯᠭᠠᠰᠦ ᠪᠤᠯᠤᠨ ᠪᠠᠶᠠᠠᠵᠢᠯᠠᠭ᠎ᠠ   ᠰᠢᠶᠠᠩ ᠪᠠᠷ   ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ ᠠᠯᠤᠰ ᠪᠤᠶᠢᠳᠠ ᠭᠠᠴᠠᠭ᠎ᠠ ᠲᠤᠰᠬᠤᠨ ᠤ ᠶᠠᠳᠠᠭᠤ ᠠᠴᠠ   ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠤᠪᠠ᠃ ᠲᠡᠷᠡ ᠴᠢᠩᠭᠠᠳᠬᠠᠭᠰᠠᠨ ᠨᠢ᠂ ᠶᠠᠳᠠᠭᠤ   ᠬᠦᠴᠢᠷᠳᠡᠯᠲᠡᠢ ᠠᠯᠤᠰ ᠪᠤᠶᠢᠳᠠ ᠭᠠᠴᠠᠭ᠎ᠠ ᠲᠤᠰᠬᠤᠨ ᠳᠤ ᠠᠩᠬᠠᠷᠤᠯ  ᠢᠶᠠᠨ ᠲᠦᠪᠯᠡᠷᠡᠭᠦᠯᠵᠦ᠂ ᠤᠯᠠᠨ ᠲᠦᠮᠡᠨ ᠤ   ᠤᠷᠤᠨ ᠰᠠᠭᠤᠴᠠ᠂ ᠤᠯᠠᠨ ᠨᠡᠶᠢᠲᠡ ᠶᠢᠨ ᠦᠢᠯᠡᠴᠢᠯᠡᠭᠡ᠂ ᠰᠤᠷᠭᠠᠨ ᠬᠦᠮᠦᠵᠢᠯ᠂ ᠰᠠᠭᠤᠷᠢ ᠲᠤᠨᠤᠭ ᠲᠦᠭᠦᠭᠡᠷᠦᠮᠵᠢ᠂   ᠦᠨᠳᠦᠰᠦᠨ ᠡᠮ ᠡᠮᠨᠡᠯᠭᠡ ᠶᠢᠨ ᠪᠠᠲᠦᠯᠠᠮᠵᠢ ᠪᠠ ᠠᠵᠦ ᠦᠢᠯᠡᠰ  ᠢ ᠬᠦᠭᠵᠢᠭᠦᠯᠬᠦ ᠵᠡᠷᠭᠡ ᠠᠰᠠᠭᠤᠳᠠᠯ ᠤᠳ ᠢ   ᠭᠤᠤᠯᠳᠠᠯᠭ᠎ᠠ ᠲᠠᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ   ᠢᠯᠡᠯᠲᠡ ᠶᠢ ᠡᠷᠡᠰ ᠲᠡᠮᠡᠴᠡᠨ ᠤᠯᠬᠤ ᠬᠡᠷᠡᠭᠲᠡᠢ ᠭᠡᠪᠡ᠃     ᠬᠤᠰᠢᠭᠤᠨ ᠤ ᠤᠳᠤᠷᠢᠳᠤᠯᠭ᠎ᠠ ᠯᠢᠦ ᠬᠠᠢ ᠲᠣᠣ ᠵᠢᠴᠢ ᠬᠤᠰᠢᠭᠤᠨ ᠳᠡᠰ ᠤᠨ ᠰᠢᠶᠠᠩ ᠢ ᠳᠠᠭᠠᠭᠠᠴᠢᠯᠠᠬᠤ   ᠤᠳᠤᠷᠢᠳᠤᠯᠭ᠎ᠠ ᠴᠧᠨ ᠴᠢᠩ ᠬᠤᠸᠠ᠂ ᠱᠢ ᠶᠢᠩ ᠯᠠᠨ ᠪᠠᠶᠢᠴᠠᠭᠠᠨ ᠰᠤᠳᠤᠯᠤᠯᠲᠠ ᠶᠢᠨ ᠬᠤᠷᠠᠯ ᠳᠤ ᠤᠷᠤᠯᠴᠠᠬᠤ  ᠶᠢᠨ   ᠳᠠᠭᠠᠤ᠂ ᠶᠠᠳᠠᠭᠤ ᠬᠦᠴᠢᠷᠳᠡᠯᠲᠡᠢ ᠠᠶᠢᠯ ᠲᠤᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ   ᠢ ᠬᠡᠷᠬᠢᠨ ᠲᠦᠯᠬᠢᠨ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号