ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠢ ᠭᠡᠷᠡᠭᠵᠢᠭᠦᠯᠭᠦ ᠲᠦᠰᠤᠪ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-06-12
        ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ   ᠴᠡᠭ ᠤᠨ ᠠᠵᠢᠯ ᠢ ᠭᠡᠷᠡᠭᠵᠢᠭᠦᠯᠭᠦ ᠲᠦᠰᠤᠪ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ           ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠪᠢᠴᠢᠭ ︵2015︶ 59 ᠳ᠋ᠤᠭᠡᠷ ᠨᠤᠮᠧᠷ           ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ   ᠴᠡᠭ ᠤᠨ ᠠᠵᠢᠯ ᠢ ᠭᠡᠷᠡᠭᠵᠢᠭᠦᠯᠭᠦ ᠲᠦᠰᠤᠪ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ   ᠡᠯ᠎ᠠ ᠰᠤᠮᠤ ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠦᠷ᠎ᠠ ᠶᠢᠨ ᠮᠠᠯ ᠤᠨ ᠲᠠᠯᠠᠪᠠᠢ᠂   ᠬᠤᠰᠢᠭᠤᠨ ᠤ ᠰᠢᠭᠤᠳ ᠬᠠᠷᠢᠶ ᠎ᠠ ᠬᠠᠮᠢᠶ᠎ᠠ ᠪᠦᠭᠦᠢ ᠪᠠᠶᠢᠭᠤᠯᠤᠯᠭ᠎ᠠ ᠨᠢᠭᠡᠴᠠ᠄           ᠤᠳᠤ ︽ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ   ᠲᠤᠷᠰᠢᠯᠳᠠ ᠶᠢᠨ ᠴᠡᠭ ᠤᠨ ᠠᠵᠢᠯ ᠢ ᠭᠡᠷᠡᠭᠵᠢᠭᠦᠯᠭᠦ ᠲᠦᠰᠤᠪ︾ ᠢ ᠲᠠᠨᠠᠷ ᠲᠤ ᠲᠠᠷᠤᠮᠠᠯᠯᠠᠨ ᠲᠠᠷᠬᠠᠭᠠᠶ᠎ᠠ᠂ ᠨᠠᠷᠢᠨ   ᠬᠢᠨᠠᠮᠠᠭᠠᠢ ᠭᠡᠷᠡᠭᠵᠢᠭᠦᠯᠦᠭᠡᠷᠡᠢ᠃     ᠲᠠᠭᠠᠯᠳᠤᠭᠤᠯᠤᠯ ᠮᠠᠲ᠋ᠧᠷᠢᠶᠠᠯ᠄ ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ   ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠤᠨ ᠤᠳᠤᠷᠢᠳᠬᠤ ᠲᠤᠭᠤᠢᠢᠯᠠᠩ                                                            2015 ᠤᠨ ᠤ 4 ᠰᠠᠷ᠎ᠠ ᠶᠢᠨ 21 ᠤ ᠡᠳᠦᠷ                   ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ   ᠴᠡᠭ ᠤᠨ ᠠᠵᠢᠯ ᠢ ᠭᠡᠷᠡᠭᠵᠢᠭᠦᠯᠭᠦ ᠲᠦᠰᠤᠪ             ᠢᠳᠡᠭᠡᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ   ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠦᠷᠢᠮ ᠢ ᠪᠠᠶᠢᠭᠤᠯᠤᠨ   ᠰᠦᠪᠡᠭᠴᠢᠯᠠᠭᠦ ᠶᠢᠨ ᠲᠦᠯᠦᠭᠡ ︽ᠬᠢᠨᠭ᠍ᠭᠠᠨ ᠠᠶᠢᠮᠠᠭ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ   ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠢ ᠭᠡᠷᠡᠭᠵᠢᠭᠦᠯᠭᠦ ᠲᠦᠰᠦᠪ ᠲᠤᠬᠠᠢ ᠬᠢᠨᠭ᠍ᠭᠠᠨ ᠠᠶᠢᠮᠠᠭ ᠤᠨ   ᠵᠠᠬᠢᠷᠭ᠎ᠠ ᠶᠢᠨ ᠠᠯᠪᠠᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠤᠰᠤᠯᠠᠵᠤ᠂   ᠪᠦᠭᠦ ᠬᠤᠰᠢᠭᠤᠨ ᠤ ᠭᠡᠪᠴᠢᠶᠠᠨ ᠳᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ   ᠲᠤᠷᠰᠢᠯᠳᠠ ᠶᠢᠨ ᠴᠡᠭ ᠤᠨ ᠠᠵᠢᠯ ᠢ ᠪᠦᠭᠦ ᠲᠠᠯ᠎ᠠ ᠪᠠᠷ ᠦᠷᠨᠢᠭᠦᠯᠭᠦ ᠪᠠᠷ ᠲᠤᠭᠳᠠᠵᠤ᠂ ᠲᠤᠰ ᠭᠡᠷᠡᠭᠵᠢᠭᠦᠯᠭᠦ ᠲᠦᠰᠦᠪ ᠢ   ᠲᠤᠭᠳᠠᠭᠠᠵᠠᠢ᠃       ᠨᠢᠭᠡ᠂ ᠵᠢᠯᠤᠭᠤᠳᠬᠤ ᠦᠵᠠᠯ ᠰᠠᠨᠠᠭ᠎ᠠ             ᠳ᠋ᠸᠡᠭ ᠰᠢᠶᠤᠤ ᠫᠢᠡᠭ ᠤᠨ ᠤᠨᠤᠯ᠂ ︽ᠭᠤᠷᠪᠠ ᠶᠢ ᠲᠦᠯᠦᠭᠡᠯᠡᠭᠦ︾ ᠴᠢᠬᠤᠯᠠ ᠦᠵᠠᠯ ᠰᠠᠨᠠᠭ᠎ᠠ ᠪᠠ ᠰᠢᠨᠵᠢᠯᠠᠭᠦ   ᠤᠬᠭᠠᠠᠨᠴᠢ ᠭᠦᠭᠵᠢᠯᠳᠠ ᠶᠢᠨ ᠦᠵᠠᠯᠳᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ   ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠤᠭᠡᠷ ᠪᠦᠭᠦᠳᠠ ᠬᠤᠷᠠᠯᠳᠤᠭᠠᠨ ᠤ ᠵᠤᠷᠢᠭ   ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠭᠡᠷᠡᠭᠵᠢᠭᠦᠯᠵᠤ᠂ ︽ᠲᠦᠷᠦ ᠶᠢᠨ ᠪᠤᠳᠤᠯᠭ᠎ᠠ ᠪᠠᠷ ᠤᠳᠤᠷᠢᠳᠤᠮᠵᠢ   ᠪᠤᠯᠭᠠᠵᠤ᠂ ᠵᠠᠰᠠᠭ ᠤᠨ ᠤᠷᠳᠤᠨ ᠢᠶᠠᠷ ᠲᠦᠯᠬᠢᠴᠠ ᠭᠦᠴᠤᠨ ᠪᠤᠯᠭᠠᠵᠤ᠂ ᠲᠤᠰᠬᠠᠢᠢᠵᠢᠭᠤᠯᠤᠨ ᠠᠵᠢᠯᠯᠠᠵᠤ᠂ ᠤᠯᠠᠨ   ᠲᠠᠯ᠎ᠠ ᠬᠠᠮᠳᠤ ᠪᠠᠷ ᠠᠰᠢᠭ ᠭᠦᠷᠳᠡᠭᠦ︾ ᠵᠠᠷᠴᠢᠮ ᠢ ᠪᠠᠷᠢᠮᠳᠠᠯᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ   ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠠᠢ ᠯᠠᠪᠳᠠᠭᠤᠨ ᠢᠶᠠᠷ ᠦᠷᠨᠢᠭᠦᠯᠵᠤ᠂ ᠤᠢᠢᠯᠡᠳᠪᠤᠷᠢᠯᠠᠯ   ᠡᠵᠡᠩᠨᠡᠯᠳᠠ ᠶᠢᠨ ᠭᠤᠤᠯ ᠴᠤᠭᠴᠠ ᠶᠢᠨ ᠲᠦᠷᠦᠭᠦᠦ ᠬᠠᠷᠢᠭᠤᠴᠠᠯᠭ᠎ᠠ ᠶᠢ ᠴᠢᠩᠭᠠᠳᠬᠠᠵᠤ᠂ ᠢᠳᠡᠭᠡᠨ ᠤ ᠠᠮᠤᠷ   ᠲᠦᠪᠰᠢᠨ ᠤ ᠠᠶᠤᠯ ᠲᠦᠭᠰᠢᠭᠦᠷᠢ ᠶᠢ ᠠᠰᠢᠭᠳᠠᠢ ᠪᠠᠷ ᠰᠠᠷᠭᠡᠶᠢᠯᠠᠵᠤ᠂ ᠢᠳᠡᠭᠡᠨ ᠤ ᠠᠮᠤᠷ ᠲᠦᠪᠰᠢᠨ ᠤ ᠪᠠᠳᠤᠯᠠᠪᠤᠷᠢ ᠶᠢᠨ   ᠬᠢᠷᠢ ᠲᠦᠪᠰᠢᠨ ᠢ ᠲᠡᠭᠡᠭᠰᠢᠯᠠᠭᠦᠯᠵᠤ᠂ ᠭᠡᠷᠡᠭᠯᠡᠭᠴᠢᠳ ᠤᠨ ᠬᠠᠤᠯᠢ ᠳᠤ ᠨᠠᠶᠢᠴᠡᠭᠦ ᠡᠷᠭᠡ ᠠᠰᠢᠭ ᠢ ᠬᠠᠮᠠᠭᠠᠯᠠᠵᠤ᠂ ᠠᠷᠠᠳ   ᠲᠦᠮᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠳᠤᠯᠠᠨ᠎ᠠ᠃       ᠬᠤᠶᠠᠷ᠂ ᠬᠠᠷᠠᠯᠳᠠ ᠡᠭᠦᠷᠭᠡ             ᠢᠳᠡᠭᠡᠨ ᠤ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠭᠦᠷᠢᠶ᠎ᠠ ᠭᠡᠪᠴᠢᠶᠠᠨ ᠳᠤ ᠢᠳᠡᠭᠡᠨ ᠤ ᠠᠮᠤᠷ   ᠲᠦᠪᠰᠢᠨ ᠤ ᠬᠠᠷᠢᠭᠤᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠢ ᠦᠷᠨᠢᠭᠦᠯᠭᠦ ᠪᠠᠷ ᠲᠠᠮᠵᠢᠵᠤ᠂   ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠤᠢᠢᠯᠡᠳᠭᠦᠨ ᠢ ᠡᠭᠦᠳᠤᠨ ᠨᠡᠭᠡᠭᠡᠵᠤ᠂   ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠠᠯᠭᠡᠷᠡᠭᠦᠯᠤᠯᠳᠠ ᠶᠢᠨ ᠭᠡᠪᠰᠢᠯ ᠢ   ᠰᠦᠪᠡᠭᠴᠢᠯᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠵᠠᠬ᠎ᠠ ᠲᠠᠯᠭᠡᠭᠦᠷ ᠢ ᠠᠩᠬ᠎ᠠ   ᠠᠯᠬᠤᠮ ᠪᠦᠷᠢᠯᠳᠦᠭᠦᠯᠵᠤ᠂ ᠲᠠᠭᠠᠳᠬᠠᠯ ᠤᠨ ᠠᠶᠤᠯ ᠲᠦᠭᠰᠢᠭᠦᠷᠢ ᠶᠢ ᠡᠵᠡᠮᠳᠡᠭᠦ ᠪᠠ ᠨᠠᠶᠢᠭᠡᠮ ᠤᠨ ᠬᠠᠮᠢᠶᠠᠷᠤᠯᠳᠠ ᠶᠢᠨ   ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠵᠠᠰᠠᠭ ᠤᠨ ᠤᠷᠳᠤᠨ᠂ ᠲᠠᠭᠠᠳᠬᠠᠯ ᠤᠨ ᠪᠠᠶᠢᠭᠤᠯᠤᠮᠵᠢ᠂ ᠠᠵᠤ ᠠᠬᠤᠢᠢᠯᠠᠯ᠂   ᠭᠡᠷᠡᠭᠯᠡᠭᠴᠢᠳ ᠤᠯᠠᠨ ᠲᠠᠯ᠎ᠠ ᠤᠷᠤᠯᠴᠠᠵᠤ᠂ ᠬᠠᠷᠢᠯᠴᠠᠨ ᠭᠦᠳᠡᠯᠤᠯᠴᠠᠵᠤ ᠬᠠᠮᠳᠤ ᠪᠠᠷ ᠠᠰᠢᠭ ᠭᠦᠷᠳᠡᠭᠦ ᠵᠤᠷᠢᠬᠵᠢᠭᠤᠯᠤᠯ   ᠭᠦᠯᠢᠶᠠᠰᠤᠯᠠᠯ ᠤᠨ ᠲᠤᠭᠳᠠᠴᠠ ᠪᠠ ᠠᠶᠤᠯ ᠲᠦᠭᠰᠢᠭᠦᠷᠢ ᠶᠢ ᠡᠵᠡᠮᠳᠠᠨ ᠰᠠᠷᠭᠡᠶᠢᠯᠠᠭᠦ ᠲᠤᠬᠳᠠᠴᠠ ᠶᠢ ᠪᠠᠶᠢᠭᠤᠯᠵᠤ᠂   ᠢᠳᠡᠭᠡᠨ ᠤᠢᠢᠯᠠᠳᠪᠤᠷᠢᠯᠠᠵᠤ ᠡᠵᠡᠩᠨᠡᠭᠴᠢᠳ ᠤᠨ ᠢᠳᠡᠭᠡᠯ ᠢ ᠡᠷᠬᠢᠮᠯᠯᠵᠤ ᠦᠪᠠᠷ ᠢ ᠪᠠᠨ ᠪᠠᠷᠢᠬᠤ ᠤᠬᠠᠮᠰᠠᠷ ᠢ   ᠲᠡᠭᠡᠭᠰᠢᠯᠡᠭᠦᠯᠵᠤ᠂ ᠭᠡᠷᠡᠭᠯᠡᠭᠴᠢᠳ ᠤᠨ ᠠᠮᠤᠷ ᠲᠦᠪᠰᠢᠨ ᠤ ᠲᠠᠨᠢᠯᠳᠠ ᠪᠠ ᠦᠪᠠᠷ ᠢ ᠪᠠᠨ ᠬᠠᠮᠠᠭᠠᠯᠠᠬᠤ ᠲᠠᠨᠢᠯᠳᠠ ᠶᠢ   ᠲᠡᠭᠡᠭᠰᠢᠯᠡᠭᠦᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠦᠷᠢᠮ ᠢ ᠰᠤᠳᠤᠯᠤᠨ   ᠲᠤᠭᠳᠠᠭᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠢ ᠪᠦᠭᠦ ᠲᠠᠯ᠎ᠠ ᠪᠠᠷ ᠲᠡᠯᠭᠡᠷᠡᠭᠦᠯᠭᠦ ᠳᠤ   ᠲᠤᠷᠰᠢᠯᠭ᠎ᠠ ᠬᠤᠷᠠᠮᠳᠤᠭᠤᠯᠤᠨ᠎ᠠ᠃       ᠭᠤᠷᠪᠠ᠂ ᠲᠤᠷᠰᠢᠯᠳᠠ ᠶᠢᠨ ᠨᠢᠭᠡᠴᠠ             ᠢᠨᠳᠠᠷ ᠵᠢᠷᠭᠤᠳᠤᠭᠠᠷ ᠲᠤᠮᠳᠠᠳᠤ ᠰᠤᠷᠭᠠᠭᠤᠯᠢ ︵ᠬᠤᠭᠤᠯᠠᠨ ᠭᠡᠷ︶᠂ ᠰᠢᠨᠯᠢᠨ ᠪᠠᠯᠭᠠᠰᠤ ᠶᠢᠨ ᠭᠤᠤᠯ   ᠰᠤᠷᠭᠠᠭᠤᠯᠢ ︵ᠬᠤᠭᠤᠯᠠᠨ ᠭᠡᠷ︶ ᠶᠢ ᠲᠤᠷᠰᠢᠯᠳᠠ ᠶᠢᠨ ᠨᠢᠭᠡᠴᠠ ᠪᠠᠷ ᠲᠤᠭᠳᠠᠭᠠᠵᠠᠢ᠃ ᠲᠦᠷᠪᠡ᠂ ᠲᠠᠭᠠᠳᠬᠠᠯ ᠢ ᠲᠠᠭᠠᠭᠠᠴᠢᠯᠠᠬᠤ ᠪᠠᠶᠢᠭᠤᠯᠤᠮᠵᠢ             ᠵᠦᠡᠭ ᠬᠤᠸᠠ ᠬᠤᠯᠪᠤᠭᠠᠳᠤ ᠡᠳ᠋ ᠭᠦᠷᠦᠩᠭᠡ ᠶᠢᠨ ᠲᠠᠭᠠᠳᠬᠠᠯ ᠤᠨ ᠪᠠᠯᠠ ᠤᠷᠤᠭᠤᠯᠤᠭᠰᠠᠨ ᠪᠦᠷᠢᠨ ᠪᠤᠰᠤ   ᠺᠤᠮᠫᠠᠨᠢ ᠶᠢᠨ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤᠨ ᠤ ᠡᠵᠡᠩᠨᠡᠯᠳᠠ ᠪᠤᠷᠤᠯᠠᠭᠤᠯᠤᠯᠳᠠ ᠶᠢᠨ ᠤᠢᠢᠯᠡᠴᠢᠯᠡᠭᠡᠨ ᠤ   ᠭᠠᠵᠠᠷ ᠢ ᠲᠤᠷᠰᠢᠯᠳᠠ ᠬᠢᠬᠦ ᠭᠤᠤᠯ ᠲᠠᠭᠠᠭᠠᠴᠢᠯᠠᠬᠤ ᠪᠠᠶᠢᠭᠤᠯᠤᠮᠵᠢ ᠪᠠᠷ ᠲᠤᠭᠳᠠᠭᠠᠨ᠎ᠠ᠃ ᠲᠤᠷᠰᠢᠯᠳᠠ ᠶᠢᠨ ᠴᠡᠭ ᠤᠨ   ᠠᠵᠢᠯ ᠵᠤᠬᠢᠬᠤ ᠲᠤᠷᠰᠢᠯᠭ᠎ᠠ ᠬᠤᠷᠠᠮᠳᠤᠭᠤᠯᠤᠭᠰᠠᠨ ᠤ ᠲᠠᠷᠠᠭ᠎ᠠ ᠪᠤᠰᠤᠳ ᠲᠠᠭᠠᠳᠬᠠᠯ ᠤᠨ ᠪᠠᠶᠢᠭᠤᠯᠤᠮᠵᠢ ᠶᠢ   ᠤᠷᠤᠭᠤᠯᠤᠨ ᠢᠷᠠᠵᠤ ᠬᠠᠮᠳᠤ ᠪᠠᠷ ᠲᠠᠭᠠᠳᠬᠠᠯ ᠢ ᠲᠠᠭᠠᠭᠠᠴᠢᠯᠠᠭᠤᠯᠵᠤ᠂ ᠢᠳᠡᠭᠡᠨ ᠤ ᠠᠮᠤᠷ ᠲᠦᠪᠰᠢᠨ ᠤ   ᠬᠠᠷᠢᠭᠤᠴᠠᠯᠭ᠎ᠠ ᠶᠢᠨ ᠲᠠᠭᠠᠳᠬᠠᠯ ᠤᠨ ᠵᠠᠬ᠎ᠠ ᠲᠠᠯᠭᠡᠭᠦᠷᠴᠢᠯᠠᠨ ᠡᠵᠡᠩᠨᠡᠬᠦ ᠲᠤᠭᠳᠠᠴᠠ ᠶᠢ ᠲᠠᠰᠤᠷᠠᠯᠳᠠ ᠦᠭᠡᠢ   ᠲᠠᠭᠦᠯᠳᠡᠷᠵᠢᠭᠦᠯᠤᠨ᠎ᠠ᠃       ᠲᠠᠪᠤ᠂ ᠲᠤᠷᠰᠢᠯᠳᠠ ᠶᠢᠨ ᠠᠭᠤᠯᠭ᠎ᠠ           ︵ᠨᠢᠭᠡ︶ ᠲᠠᠭᠠᠳᠬᠠᠯ ᠤᠨ ᠤᠢᠢᠯᠡᠳᠭᠦᠨ ᠢ ᠰᠤᠳᠤᠯᠤᠨ ᠨᠡᠭᠡᠭᠡᠨ᠎ᠠ᠃ ᠢᠳᠡᠭᠡᠨ ᠤ ᠠᠮᠤᠷ ᠲᠦᠪᠰᠢᠨ ᠤ   ᠬᠠᠷᠢᠭᠤᠴᠠᠯᠭ᠎ᠠ ᠶᠢᠨ ᠲᠠᠭᠠᠳᠬᠠᠯ ᠤᠨ ᠵᠤᠷᠪᠤᠰ ᠢᠶᠠᠷ ᠰᠠᠭᠤᠷᠢ ᠪᠤᠯᠭᠠᠵᠤ᠂ ᠲᠤᠷᠰᠢᠯᠳᠠ ᠶᠢᠨ ᠴᠡᠭ ᠤᠨ ᠭᠦᠷᠢᠶ᠎ᠠ   ᠭᠡᠪᠴᠢᠶᠠᠨ ᠳᠤ ᠠᠳᠠᠯᠢ ᠪᠤᠰᠤ ᠠᠵᠤ ᠠᠬᠤᠢᠢᠯᠠᠯ ᠤᠨ ᠰᠢᠨᠵᠢ ᠴᠢᠨᠠᠷ ᠢ ᠦᠨᠳᠤᠰᠤᠯᠠᠵᠤ ᠲᠤᠬᠢᠷᠠᠯᠴᠠᠬᠤ ᠵᠤᠷᠪᠤᠰ ᠲᠤ   ᠲᠤᠬᠢᠷᠠᠭᠤᠯᠵᠤ᠂ ᠬᠠᠮᠳᠤ ᠳᠤᠨᠢ ᠵᠠᠬ᠎ᠠ ᠲᠠᠯᠭᠡᠭᠦᠷ ᠤᠨ ᠬᠠᠮᠤᠭ ᠰᠢᠨ᠎ᠠ ᠭᠡᠷᠡᠭᠴᠡᠭᠡ ᠱᠠᠭᠠᠷᠳᠠᠯᠭ᠎ᠠ ᠶᠢ ᠬᠤᠷᠠᠮᠳᠤᠭᠤᠯᠤᠨ   ᠴᠤᠭᠯᠠᠭᠤᠯᠵᠤ᠂ ᠭᠦᠢᠴᠡᠳ ᠪᠦᠭᠦᠢ ᠨᠤᠳᠠᠯᠠᠯᠳᠠ ᠪᠠ ᠪᠤᠯᠤᠮᠵᠢᠳᠤ ᠴᠢᠨᠠᠷ ᠲᠠᠢ ᠵᠠᠳᠠᠯᠤᠯᠳᠠ ᠬᠢᠵᠤ᠂ ᠲᠦᠭᠦᠮ   ᠠᠷᠭ᠎ᠠ ᠪᠠᠷ ᠬᠢᠭᠦ ᠪᠠᠷ ᠵᠠᠷᠴᠢᠮ ᠪᠤᠯᠭᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ   ᠰᠢᠨ᠎ᠠ ᠤᠢᠢᠯᠡᠳᠭᠦᠨ ᠢ ᠨᠡᠭᠡᠭᠡᠵᠤ᠂ ᠡᠷᠭᠡ ᠲᠡᠭᠰᠢ ᠵᠦᠢ ᠵᠤᠬᠢᠰᠳᠠᠢ ᠪᠠᠷ ᠢᠳᠡᠭᠡᠨ ᠤ ᠠᠮᠤᠷ ᠲᠦᠪᠰᠢᠨ ᠤ   ᠬᠠᠷᠢᠭᠤᠴᠠᠯᠭ᠎ᠠ ᠶᠢᠨ ᠲᠠᠭᠠᠳᠬᠠᠯ ᠤᠨ ᠵᠤᠷᠪᠤᠰ ᠪᠠ ᠰᠦᠢᠳᠭᠡᠯ ᠨᠤᠷᠮ᠎ᠠ ᠵᠡᠷᠭᠡ ᠶᠢ ᠲᠤᠭᠳᠠᠭᠠᠨ᠎ᠠ᠃           ︵ᠬᠤᠶᠠᠷ︶ ᠡᠷᠬᠢᠯᠳᠠ ᠶᠢᠨ ᠲᠤᠭᠳᠠᠴᠠ ᠶᠢ ᠲᠠᠭᠦᠯᠳᠡᠷᠵᠢᠭᠦᠯᠤᠨ᠎ᠠ᠃ ᠬᠤᠰᠢᠭᠤᠨ ᠤ ᠢᠳᠡᠭᠡᠨ ᠡᠮ ᠤᠨ   ᠵᠦᠢᠯᠡᠰ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠪᠠᠷ ᠲᠤᠯᠤᠭᠠᠢᠢᠯᠠᠵᠤ᠂ ᠬᠤᠰᠢᠭᠤᠨ ᠤ ᠮᠦᠡᠭᠭᠦᠨ ᠭᠦᠢᠯᠭᠡᠭᠡᠨ ᠤ   ᠠᠯᠪᠠᠨ ᠭᠡᠷ᠂ ᠰᠤᠷᠭᠠᠨ ᠭᠦᠮᠤᠵᠢᠯ ᠤᠨ ᠲᠤᠪᠴᠢᠶ᠎ᠠ ᠢᠳᠡᠪᠬᠢᠳᠠᠢ ᠤᠷᠤᠯᠴᠠᠵᠤ᠂ ᠲᠠᠭᠠᠳᠬᠠᠯ ᠢ ᠲᠠᠭᠠᠭᠠᠴᠢᠯᠠᠭᠰᠠᠨ   ᠪᠠᠶᠢᠭᠤᠯᠤᠮᠵᠢ ᠪᠦᠭᠦ ᠭᠦᠴᠤᠨ ᠢᠶᠠᠷ ᠭᠡᠷᠡᠵᠢᠭᠦᠯᠭᠦ ᠠᠵᠢᠯ ᠤᠨ ᠲᠤᠭᠳᠠᠴᠠ ᠶᠢ ᠪᠠᠶᠢᠭᠤᠯᠵᠤ᠂ ᠬᠤᠰᠢᠭᠤᠨ ᠤ ᠢᠳᠡᠭᠡᠨ   ᠡᠮ ᠤᠨ ᠵᠦᠢᠯᠡᠰ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠢᠳᠡᠪᠬᠢᠳᠠᠢ ᠪᠠᠷ ᠵᠠᠰᠠᠭ ᠵᠠᠬᠢᠷᠭ᠎ᠠ ᠶᠢᠨ ᠵᠢᠯᠤᠭᠤᠳᠤᠮᠵᠢ᠂   ᠠᠶᠤᠯ ᠲᠦᠭᠰᠢᠭᠦᠷᠢ ᠶᠢᠨ ᠵᠠᠳᠠᠯᠤᠯᠳᠠ᠂ ᠢᠳᠡᠭᠡᠮᠵᠢ ᠶᠢᠨ ᠪᠠᠶᠢᠭᠤᠯᠤᠯᠳᠠ᠂ ᠵᠢᠱᠢᠶ᠎ᠠ ᠦᠵᠡᠭᠦᠯᠵᠤ ᠪᠦᠳᠦᠭᠡᠨ ᠪᠠᠶᠢᠭᠤᠯᠬᠤ  ᠂ ᠤᠬᠠᠭᠤᠯᠤᠨ ᠲᠡᠯᠭᠡᠷᠡᠭᠦᠯᠭᠦ ᠵᠡᠷᠭᠡ ᠤᠯᠠᠨ ᠭᠡᠯᠪᠠᠷᠢ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠭᠡᠮᠵᠢᠶ᠎ᠠ ᠠᠪᠴᠤ᠂   ᠢᠳᠡᠭᠡᠨ ᠤᠢᠢᠯᠡᠳᠪᠤᠷᠢᠯᠠᠵᠤ ᠡᠵᠡᠩᠨᠡᠭᠦ ᠭᠤᠤᠯ ᠴᠤᠭᠴᠠ ᠶᠢᠨ ᠲᠠᠭᠠᠳᠬᠠᠯ ᠳᠤ ᠤᠷᠤᠯᠴᠠᠬᠤ ᠶᠢ ᠵᠢᠯᠤᠭᠤᠳᠤᠨ᠎ᠠ᠃           ︵ᠭᠤᠷᠪᠠ︶ ᠤᠢᠢᠯᠡᠴᠢᠯᠡᠭᠡᠨ ᠤ ᠰᠢᠨ᠎ᠠ ᠡᠭᠦᠳᠦᠯᠳᠠ ᠶᠢ ᠲᠦᠯᠬᠢᠨ ᠠᠬᠢᠭᠤᠯᠤᠨ᠎ᠠ᠃ ᠲᠤᠷᠰᠢᠯᠳᠠ ᠶᠢᠨ ᠴᠡᠭ ᠤᠨ   ᠲᠠᠭᠠᠳᠬᠠᠯ ᠤᠨ ᠲᠠᠭᠠᠭᠠᠴᠢᠯᠠᠯᠳᠠ ᠶᠢᠨ ᠪᠠᠶᠢᠭᠤᠯᠤᠮᠵᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ   ᠲᠠᠭᠠᠳᠬᠠᠯ ᠤᠨ ᠤᠢᠢᠯᠡᠴᠢᠯᠠᠭᠡᠨ ᠤ ᠰᠢᠰᠲ᠋ᠧᠮ ᠢ ᠲᠠᠭᠦᠯᠳᠡᠷᠵᠢᠭᠦᠯᠵᠤ᠂ ᠭᠤᠷᠪᠠᠳᠤᠭᠠᠷ ᠡᠳᠡᠭᠡᠳ ᠪᠤᠶᠤ ᠡᠷᠭᠡ ᠰᠦᠷᠳᠤ   ᠪᠠᠶᠢᠭᠤᠯᠤᠮᠵᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠤᠳᠠᠯᠠᠨ ᠲᠤᠭᠳᠠᠭᠠᠬᠤ ᠠᠷᠭ᠎ᠠ ᠶᠢ ᠰᠦᠪᠡᠭᠴᠢᠯᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠢᠨᠠᠨ ᠲᠤᠭᠳᠠᠭᠠᠯᠳᠠ᠂ ᠭᠡᠷᠡᠭ ᠤᠨ ᠮᠦᠷᠳᠠᠨ   ᠪᠠᠶᠢᠴᠠᠭᠠᠯᠳᠠ ᠪᠠ ᠤᠷᠢᠳᠴᠢᠯᠠᠨ ᠰᠠᠷᠭᠡᠶᠢᠯᠡᠭᠦ᠂ ᠬᠠᠷᠢᠭᠤᠴᠠᠯᠭ᠎ᠠ ᠶᠢ ᠲᠤᠭᠳᠠᠭᠠᠬᠤ᠂ ᠬᠤᠬᠢᠷᠠᠯ ᠰᠦᠢᠳᠦᠯ ᠢ ᠬᠢᠨᠠᠨ   ᠲᠤᠭᠳᠠᠭᠠᠬᠤ᠂ ᠲᠠᠭᠠᠳᠬᠠᠯ ᠤᠨ ᠲᠠᠭᠠᠭᠠᠴᠢᠯᠠᠯᠳᠠ ᠶᠢᠨ ᠲᠦᠯᠦᠪᠤᠷᠢ ᠦᠭᠭᠦ ᠵᠡᠷᠭᠡ ᠡᠯ᠎ᠠ ᠲᠦᠷᠦᠯ ᠤᠨ ᠲᠦᠷᠢᠮ   ᠲᠤᠭᠳᠠᠭᠠᠯ ᠢ ᠲᠠᠰᠤᠷᠠᠯᠳᠠ ᠦᠭᠡᠢ ᠰᠢᠨᠡᠳᠭᠡᠨ᠎ᠠ᠃           ︵ᠲᠦᠷᠪᠡ︶ ᠠᠶᠤᠯ ᠲᠦᠭᠰᠢᠭᠦᠷᠢ ᠶᠢᠨ ᠰᠢᠢᠳᠪᠤᠷᠢᠯᠠᠯᠳᠠ ᠶᠢ ᠴᠢᠩᠭᠠᠳᠬᠠᠨ ᠎ᠠ᠃ ᠲᠤᠷᠰᠢᠯᠳᠠ ᠶᠢᠨ ᠴᠡᠭ ᠤᠨ   ᠲᠠᠭᠠᠳᠬᠠᠯ ᠤᠨ ᠲᠠᠭᠠᠭᠠᠴᠢᠯᠠᠯᠳᠠ ᠶᠢᠨ ᠪᠠᠶᠢᠭᠤᠯᠤᠮᠵᠢ ︽ᠢᠳᠡᠭᠡᠨ ᠤ ᠰᠠᠭᠠᠳ ᠦᠭᠡᠢ ᠲᠦᠯᠦᠪᠤᠷᠢ ᠦᠭᠭᠦ ᠵᠠᠮ︾ ᠢ   ᠪᠠᠶᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠦᠷᠦᠯ ᠤᠨ ᠭᠡᠷᠡᠭ ᠲᠤ ᠦᠨᠳᠦᠷ   ᠦᠶ᠎ᠠ ᠠᠰᠢᠭᠳᠤ ᠤᠷᠢᠳᠠᠪᠠᠷ ᠲᠦᠯᠦᠪᠤᠷᠢ ᠦᠭᠭᠦ ᠶᠢ ᠭᠡᠷᠡᠭᠵᠢᠭᠦᠯᠤᠨ᠎ᠠ᠃ ᠭᠡᠷᠪᠡ ᠲᠠᠭᠠᠳᠬᠠᠯ ᠤᠨ ᠭᠦᠷᠢᠶ᠎ᠠ   ᠭᠡᠪᠴᠢᠶᠠᠨ ᠳᠤ ᠢᠳᠡᠭᠡᠨ ᠤ ᠠᠮᠤᠷ ᠲᠦᠪᠰᠢᠨ ᠤ ᠭᠦᠨᠳᠤ ᠶᠡᠭᠡ ᠬᠤᠬᠢᠷᠠᠯ ᠤᠨ ᠭᠡᠷᠡᠭ ᠭᠠᠷᠤᠭᠰᠠᠨ ᠪᠠᠶᠢᠪᠠᠯ   ᠲᠤᠷᠰᠢᠯᠳᠠ ᠶᠢᠨ ᠴᠡᠭ ᠤᠨ ᠲᠠᠭᠠᠳᠬᠠᠯ ᠤᠨ ᠲᠠᠭᠠᠭᠠᠴᠢᠯᠠᠯᠳᠠ ᠶᠢᠨ ᠪᠠᠶᠢᠭᠤᠯᠤᠮᠵᠢ ᠨᠢᠭᠡᠳᠦᠭᠡᠷ ᠴᠠᠭ ᠲᠤ   ᠲᠦᠯᠦᠪᠦᠷᠢ ᠶᠢᠨ ᠮᠦᠡᠭᠭᠦ ᠶᠢ ᠦᠭᠭᠦ ᠪᠤᠶᠤ ᠤᠷᠢᠳᠴᠢᠯᠠᠨ ᠦᠭᠴᠤ᠂ ᠲᠠᠭᠠᠳᠬᠠᠯ ᠤᠨ ︽ ᠨᠡᠶᠢᠭᠡᠮ ᠤᠨ ᠲᠤᠭᠳᠠᠭᠤᠨ ᠤ   ᠪᠠᠭᠠᠵᠢ︾ ᠶᠢᠨ ᠤᠢᠢᠯᠡᠳᠦᠯ ᠢ ᠬᠠᠮᠤᠭ ᠶᠡᠭᠡ ᠭᠡᠮᠵᠢᠶ᠎ᠠ ᠪᠠᠷ ᠪᠠᠳᠠᠷᠠᠭᠤᠯᠤᠨ᠎ᠠ᠃       ᠵᠢᠷᠭᠤᠭ᠎ᠠ ᠭᠡᠷᠡᠭᠵᠢᠭᠦᠯᠭᠦ ᠠᠯᠬᠤᠮ ᠲᠠᠷᠠᠭ᠎ᠠ           ︵ᠨᠢᠭᠡ︶ ᠡᠬᠢᠯᠠᠯᠳᠠ ᠶᠢᠨ ᠱᠠᠳᠤ ︵2015 ᠤᠨ ᠤ 4 ᠰᠠᠷ᠎ᠠ︶᠃ ᠮᠠᠨ ᠤ ᠬᠤᠰᠢᠭᠤᠨ ᠤ ᠢᠳᠡᠭᠡᠨ ᠤ ᠠᠵᠤ   ᠤᠢᠢᠯᠡᠰ ᠤᠨ ᠪᠠᠶᠢᠳᠠᠯ ᠪᠠ ᠠᠶᠤᠯ ᠲᠦᠭᠰᠢᠭᠦᠷᠢ ᠶᠢᠨ ᠭᠡᠮᠵᠢᠶ᠎ᠠ ᠶᠢᠨ ᠪᠠᠶᠢᠳᠠᠯ ᠲᠠᠢ ᠤᠶᠠᠯᠳᠤᠭᠤᠯᠤᠨ᠂ ᠪᠦᠭᠦ   ᠬᠤᠰᠢᠭᠤᠨ ᠤ ᠭᠡᠪᠴᠢᠶᠠᠨ ᠳᠤ 2 ᠰᠠᠭᠤᠷᠢ ᠰᠤᠷᠭᠠᠭᠤᠯᠢ ᠶᠢᠨ ᠬᠤᠭᠤᠯᠠᠨ ᠭᠡᠷ ᠢ ᠲᠤᠷᠰᠢᠯᠳᠠ ᠶᠢᠨ ᠨᠢᠭᠡᠴᠠ ᠪᠠᠷ   ᠲᠤᠭᠳᠠᠭᠠᠨ᠎ᠠ᠃             ︵ᠬᠤᠶᠠᠷ︶ ᠭᠡᠷᠡᠭᠵᠢᠭᠦᠯᠤᠯᠳᠠ ᠶᠢᠨ ᠱᠠᠳᠤ ︵2015 ᠤᠨ ᠤ 5 ᠰᠠᠷ᠎ᠠ ᠠᠴᠠ 2015 ᠤᠨ ᠤ 12 ᠰᠠᠷ᠎ᠠ︶  ᠃ ᠬᠤᠰᠢᠭᠤᠨ ᠤ ᠵᠠᠰᠠᠭ ᠤᠨ ᠤᠷᠳᠤᠨ ᠲᠤᠭᠳᠠᠭᠰᠠᠨ ᠬᠤᠭᠤᠴᠠᠭ᠎ᠠ ᠲᠠᠢ ᠪᠠᠷ ᠢᠳᠡᠭᠡᠨ ᠤ ᠠᠮᠤᠷ ᠲᠦᠪᠰᠢᠨ ᠤ   ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ ᠴᠡᠭ ᠤᠨ ᠠᠵᠢᠯ ᠤᠨ ᠠᠬᠢᠴᠠ ᠶᠢᠨ ᠬᠤᠷᠠᠯ ᠬᠤᠷᠠᠯᠳᠤᠭᠤᠯᠵᠤ᠂   ᠲᠠᠭᠠᠳᠬᠠᠯ ᠢ ᠲᠠᠭᠠᠭᠠᠴᠢᠯᠠᠭᠰᠠᠨ ᠪᠠᠶᠢᠭᠤᠯᠤᠮᠵᠢ ᠲᠤᠷᠰᠢᠯᠳᠠ ᠶᠢᠨ ᠴᠡᠭ ᠤᠨ ᠠᠵᠤ ᠠᠬᠤᠢᠢᠯᠠᠯ ᠤᠨ ᠨᠠᠷᠠᠰ ᠢᠶᠠᠷ   ᠲᠤᠬᠠᠢᠢᠯᠠᠭᠰᠠᠨ ᠠᠵᠢᠯ ᠤᠨ ᠠᠰᠠᠭᠤᠨ ᠯᠠᠪᠯᠠᠯᠳᠠ᠂ ᠤᠢᠢᠯᠡᠳᠭᠦᠨ ᠤ ᠤᠬᠠᠭᠤᠯᠭ᠎ᠠ᠂ ᠲᠠᠭᠠᠳᠬᠠᠯ ᠤᠨ   ᠲᠠᠭᠠᠭᠠᠴᠢᠯᠠᠯᠳᠠ ᠶᠢᠨ ᠲᠦᠰᠦᠪ ᠤᠨ ᠲᠠᠨᠢᠯᠴᠠᠭᠤᠯᠭ᠎ᠠ ᠶᠢ ᠰᠠᠶᠢᠳᠦᠷ ᠬᠢᠵᠤ᠂ ᠲᠠᠭᠠᠳᠬᠠᠯ ᠤᠨ ᠭᠡᠷ᠎ᠠ ᠵᠢᠴᠢ   ᠤᠢᠢᠯᠡᠴᠢᠯᠠᠭᠡᠨ ᠤ ᠠᠵᠢᠯ ᠢ ᠦᠷᠨᠢᠭᠦᠯᠵᠤ᠂ ᠡᠯ᠎ᠠ ᠲᠦᠷᠦᠯ ᠤᠨ ᠬᠠᠮᠢᠶᠠᠷᠤᠯᠳᠠ ᠶᠢᠨ ᠲᠦᠷᠢᠮ ᠢᠶᠠᠨ ᠠᠭᠠᠵᠢᠮ ᠢᠶᠠᠷ   ᠲᠠᠭᠦᠯᠳᠡᠷᠵᠢᠭᠦᠯᠵᠤ᠂ ᠲᠤᠷᠰᠢᠯᠳᠠ ᠶᠢᠨ ᠴᠡᠭ ᠤᠨ ᠭᠡᠷᠡᠭᠵᠢᠭᠦᠯᠤᠯᠳᠠ ᠶᠢᠨ ᠶᠠᠪᠤᠴᠠ ᠳᠤ ᠡᠯ᠎ᠠ ᠬᠠᠮᠢᠶ᠎ᠠ ᠪᠦᠭᠦᠢ ᠰᠠᠯᠠᠭ᠎ᠠ   ᠮᠦᠴᠢᠷ ᠲᠤᠷᠰᠢᠯᠭ᠎ᠠ ᠪᠠᠨ ᠲᠠᠰᠤᠷᠠᠯᠳᠠ ᠦᠭᠡᠢ ᠳ᠋ᠦᠡᠭᠨᠡᠵᠤ᠂ ᠲᠦᠰᠦᠪ ᠢᠶᠠᠨ ᠲᠠᠭᠦᠯᠳᠡᠷᠵᠢᠭᠦᠯᠵᠤ᠂ ᠲᠤᠷᠰᠢᠯᠳᠠ ᠶᠢᠨ   ᠴᠡᠭ ᠤᠨ ᠭᠦᠷᠢᠶ᠎ᠠ ᠭᠡᠪᠴᠢᠶ᠎ᠠ ᠪᠠᠨ ᠲᠠᠰᠤᠷᠠᠯᠳᠠ ᠦᠭᠡᠢ ᠦᠷᠭᠡᠳᠭᠡᠵᠤ᠂ ᠲᠤᠷᠰᠢᠯᠳᠠ ᠶᠢᠨ ᠴᠡᠭ ᠤᠨ ᠠᠵᠢᠯ ᠢ ᠳ᠋ᠦᠡᠭᠨᠡᠨ   ᠲᠡᠯᠭᠡᠷᠡᠭᠦᠯᠭᠦ ᠳᠤ ᠪᠠᠳᠤ ᠰᠠᠭᠤᠷᠢ ᠶᠢ ᠲᠠᠯᠪᠢᠨ᠎ᠠ᠃         ︵ᠭᠤᠷᠪᠠ︶ ᠳ᠋ᠦᠡᠭᠨᠡᠯᠳᠠ ᠶᠢᠨ ᠱᠠᠳᠤ ︵2016 ᠤᠨ ᠤ 1 ᠰᠠᠷ᠎ᠠ︶᠃ ᠬᠤᠰᠢᠭᠤᠨ ᠤ ᠢᠳᠡᠭᠡᠨ ᠡᠮ ᠤᠨ   ᠵᠦᠢᠯᠡᠰ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠰᠤᠷᠭᠠᠨ ᠭᠦᠮᠤᠵᠢᠯ ᠤᠨ ᠲᠤᠪᠴᠢᠶ᠎ᠠ᠂ ᠮᠦᠡᠭᠭᠦᠨ ᠭᠦᠢᠯᠭᠡᠭᠡᠨ ᠤ   ᠠᠯᠪᠠᠨ ᠭᠡᠷ᠂ ᠲᠠᠭᠠᠳᠬᠠᠯ ᠢ ᠲᠠᠭᠠᠭᠠᠴᠢᠯᠠᠭᠰᠠᠨ ᠪᠠᠶᠢᠭᠤᠯᠤᠮᠵᠢ᠂ ᠲᠠᠭᠠᠳᠬᠠᠯ ᠳᠤ ᠤᠷᠤᠯᠴᠠᠭᠰᠠᠨ ᠰᠤᠷᠭᠠᠭᠤᠯᠢ ︵  ᠬᠤᠭᠤᠯᠠᠨ ᠭᠡᠷ︶ ᠲᠤᠷᠰᠢᠯᠳᠠ ᠶᠢᠨ ᠴᠡᠭ ᠤᠨ ᠠᠵᠢᠯ ᠤᠨ ᠲᠤᠷᠰᠢᠯᠭ᠎ᠠ ᠪᠠᠨ ᠬᠢᠨᠠᠮᠠᠭᠠᠢ ᠳ᠋ᠦᠡᠭᠨᠡᠵᠤ ᠂   ᠲᠠᠯᠭᠡᠷᠡᠭᠦᠯᠤᠯᠳᠠ ᠶᠢᠨ ᠠᠷᠭ᠎ᠠ ᠪᠠᠨ ᠰᠤᠳᠤᠯᠤᠨ᠎ᠠ᠃       ᠲᠤᠯᠤᠭ᠎ᠠ᠂ ᠠᠵᠢᠯ ᠤᠨ ᠱᠠᠭᠠᠷᠳᠠᠯᠭ᠎ᠠ           ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃   ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠲᠤᠷᠰᠢᠯᠳᠠ ᠶᠢᠨ ᠴᠡᠭ ᠤᠨ ᠠᠵᠢᠯ ᠤᠨ   ᠤᠳᠤᠷᠢᠳᠬᠤ ᠲᠤᠭᠤᠢᠢᠯᠠᠩ ᠪᠠᠶᠢᠭᠤᠯᠵᠤ᠂ ᠤᠳᠤᠷᠢᠳᠬᠤ ᠲᠤᠭᠤᠢᠢᠯᠠᠩ ᠤᠨ ᠠᠯᠪᠠᠨ ᠭᠡᠷ ᠢ ᠬᠤᠰᠢᠭᠤᠨ ᠤ ᠢᠳᠡᠭᠡᠨ   ᠡᠮ ᠤᠨ ᠵᠦᠢᠯᠡᠰ ᠢ ᠬᠢᠨᠠᠨ ᠬᠠᠮᠢᠶᠠᠷᠬᠤ ᠲᠤᠪᠴᠢᠶ᠎ᠠ ᠶᠢᠨ ᠠᠯᠪᠠᠨ ᠭᠡᠷ ᠲᠤ ᠲᠤᠬᠢᠷᠠᠭᠤᠯᠵᠤ᠂ ᠲᠤᠷᠰᠢᠯᠳᠠ ᠶᠢᠨ ᠴᠡᠭ ᠤᠨ   ᠠᠵᠢᠯ ᠤᠨ ᠬᠤᠷᠸ᠎ᠠ ᠲᠠᠯ᠎ᠠ ᠶᠢᠨ ᠵᠢᠯᠤᠭᠤᠳᠤᠯᠭ᠎ᠠ ᠶᠢᠨ ᠠᠵᠢᠯ ᠂ ᠵᠤᠬᠢᠶᠠᠨ ᠪᠠᠶᠢᠭᠤᠯᠵᠤ ᠵᠤᠬᠢᠴᠠᠭᠤᠯᠬᠤ᠂ ᠰᠤᠷᠠᠭ   ᠵᠠᠩᠬᠢ ᠶᠢ ᠡᠮᠬᠢᠳᠭᠡᠭᠦ᠂ ᠤᠬᠠᠭᠤᠯᠤᠨ ᠲᠠᠯᠭᠡᠷᠡᠭᠦᠯᠭᠦ ᠪᠠ ᠬᠢᠨᠠᠨ ᠰᠢᠬᠠᠮᠳᠠᠭᠤᠯᠵᠤ ᠪᠠᠶᠢᠴᠠᠭᠠᠬᠤ ᠵᠡᠷᠭᠡ ᠠᠵᠢᠯ ᠢ   ᠬᠠᠷᠢᠭᠤᠴᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ ᠴᠡᠭ ᠤᠨ   ᠠᠵᠢᠯ ᠤᠨ ᠪᠤᠳᠠᠳᠤ ᠦᠷ᠎ᠠ ᠠᠰᠢᠭ ᠤᠯᠬᠤ ᠶᠢ ᠪᠠᠳᠤᠯᠠᠨ᠎ᠠ᠃           ︵ᠬᠤᠶᠠᠷ︶ ᠬᠠᠮᠢᠶᠠᠷᠤᠯᠳᠠ ᠤᠢᠢᠯᠡᠴᠢᠯᠡᠭᠡ ᠶᠢᠨ ᠠᠵᠢᠯ ᠢᠶᠠᠨ ᠴᠢᠩᠭᠠᠳᠬᠠᠨ᠎ᠠ᠃ ᠲᠤᠷᠰᠢᠯᠳᠠ ᠶᠢᠨ ᠴᠡᠭ ᠤᠨ   ᠲᠠᠭᠠᠳᠬᠠᠯ ᠤᠨ ᠲᠠᠭᠠᠭᠠᠴᠢᠯᠠᠯᠳᠠ ᠶᠢᠨ ᠪᠠᠶᠢᠭᠤᠯᠤᠮᠵᠢ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ   ᠲᠠᠭᠠᠳᠬᠠᠯ ᠤᠨ ᠵᠤᠬᠢᠶᠠᠨ ᠪᠠᠶᠢᠭᠤᠯᠤᠯᠳᠠ ᠬᠠᠮᠢᠶᠠᠷᠤᠯᠳᠠ᠂ ᠲᠤᠰᠬᠠᠢ ᠬᠠᠮᠢᠶᠠᠷᠬᠤ ᠪᠠ ᠤᠢᠢᠯᠡᠴᠢᠯᠡᠭᠡᠨ ᠤ ᠬᠠᠮᠢᠶᠠᠷᠤᠯᠳᠠ   ᠵᠡᠷᠭᠡ ᠠᠵᠢᠯ ᠢ ᠴᠢᠩᠭᠠᠳᠬᠠᠵᠤ᠂ ᠠᠵᠢᠯ ᠤᠨ ᠡᠮᠬᠢ ᠲᠠᠷᠠᠭ᠎ᠠ ᠶᠢ ᠵᠢᠷᠤᠮᠵᠢᠭᠤᠯᠵᠤ᠂ ᠲᠠᠭᠠᠳᠬᠠᠯ ᠳᠤ ᠤᠷᠤᠯᠴᠠᠬᠤ ᠪᠠ   ᠲᠦᠯᠦᠪᠤᠷᠢ ᠦᠭᠭᠦ ᠭᠠᠷ ᠭᠦᠢᠴᠡᠳᠭᠡᠯ ᠢ ᠲᠦᠭᠦᠮᠴᠢᠯᠠᠵᠤ᠂ ᠠᠵᠤ ᠠᠬᠤᠢᠢᠯᠠᠯ ᠪᠠ ᠭᠡᠷᠡᠭᠯᠡᠭᠴᠢᠳ ᠲᠤ ᠲᠦᠭᠦᠮ   ᠦᠵᠡᠭᠦᠯᠵᠤ᠂ ᠭᠡᠨᠡᠳᠳᠠ ᠶᠢᠨ ᠭᠡᠷᠡᠭ ᠢ ᠪᠠᠴᠢᠮ ᠠᠷᠭᠠᠴᠠᠬᠤ ᠲᠦᠰᠦᠪ ᠢ ᠪᠠᠶᠢᠭᠤᠯᠤᠨ ᠲᠡᠭᠦᠯᠳᠡᠷᠵᠢᠭᠦᠯᠵᠤ᠂ ᠭᠡᠳᠤ   ᠲᠦᠷᠭᠡᠨ ᠬᠤᠷᠳᠤᠴᠠ ᠪᠠᠷ ᠲᠦᠯᠦᠪᠤᠷᠢ ᠦᠭᠭᠦ᠂ ᠪᠠᠴᠢᠮ ᠪᠠᠶᠢᠳᠠᠯ ᠳᠤ ᠲᠤᠰᠠᠯᠠᠮᠵᠢ ᠭᠤᠶᠤᠴᠢᠯᠠᠬᠤ ᠵᠡᠷᠭᠡ ᠪᠠᠴᠢᠮ   ᠠᠷᠭᠠᠴᠠᠬᠤ ᠠᠵᠢᠯ ᠢ ᠰᠠᠶᠢᠳᠦᠷ ᠬᠢᠭᠦ ᠭᠡᠷᠡᠭᠳᠡᠢ᠃           ︵ᠭᠤᠷᠪᠠ︶ ᠤᠬᠠᠭᠤᠯᠭ᠎ᠠ ᠶᠢᠨ ᠠᠵᠢᠯ ᠢ ᠰᠠᠶᠢᠳᠦᠷ ᠬᠢᠨ ᠎ᠠ᠃ ᠡᠯ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠪᠠ   ᠲᠠᠭᠠᠳᠬᠠᠯ ᠳᠤ ᠤᠷᠤᠯᠴᠠᠭᠰᠠᠨ ᠰᠤᠷᠭᠠᠭᠤᠯᠢ ᠵᠦᠪ ᠤᠨᠤᠪᠴᠢᠳᠠᠢ ᠶᠠᠷᠢᠶ ᠎ᠠ ᠭᠡᠯᠡᠯᠴᠡᠭᠡᠨ ᠤ ᠤᠳᠤᠷᠢᠳᠤᠮᠵᠢ ᠶᠢ ᠰᠠᠶᠢᠳᠦᠷ   ᠬᠢᠵᠤ᠂ ᠲᠤᠷᠰᠢᠯᠳᠠ ᠶᠢᠨ ᠴᠡᠭ ᠤᠨ ᠠᠵᠢᠯ ᠤᠨ ᠲᠤᠬᠠᠢ ᠴᠢᠬᠤᠯᠠ ᠴᠢᠨᠠᠷ ᠂ ᠲᠠᠭᠠᠳᠬᠠᠯ ᠤᠨ ᠤᠢᠢᠯᠡᠳᠭᠦᠨ ᠪᠠ ᠡᠯ᠎ᠠ   ᠲᠦᠷᠦᠯ ᠤᠨ ᠲᠦᠷᠦ ᠶᠢᠨ ᠪᠤᠳᠤᠯᠭ᠎ᠠ ᠶᠢᠨ ᠲᠤᠬᠠᠢ ᠤᠬᠠᠭᠤᠯᠭ᠎ᠠ ᠪᠠᠨ ᠴᠢᠩᠭᠠᠳᠬᠠᠵᠤ᠂ ᠶᠠᠷᠢᠶᠠᠨ ᠤ ᠲᠠᠶᠢᠯᠤᠮᠵᠢ᠂ ᠭᠡᠷ᠎ᠠ   ᠲᠤᠭᠳᠠᠬᠤ ᠶᠤᠰᠤᠯᠠᠯ ᠶᠠᠪᠤᠭᠤᠯᠬᠤ᠂ ᠢᠳᠡᠭᠡᠮᠵᠢ ᠶᠢᠨ ᠲᠤᠬᠠᠢ ᠰᠤᠷᠳᠠᠯᠴᠢᠯᠠᠯ᠂ ᠲᠤᠬᠠᠢᠢᠯᠠᠭᠰᠠᠨ ᠰᠠᠯᠠᠭ᠎ᠠ ᠮᠦᠴᠢᠷ ᠤᠨ   ᠤᠬᠠᠭᠤᠯᠭ᠎ᠠ᠂ ᠫᠠᠶᠢᠰᠠ ᠡᠯᠭᠦᠭᠦ ᠪᠠ ᠦᠨᠠᠮᠯᠠᠯ ᠦᠭᠭᠦ ᠵᠡᠷᠭᠡ ᠭᠡᠯᠪᠡᠷᠢ ᠪᠠᠷ ᠲᠠᠮᠵᠢᠵᠤ᠂ ᠲᠠᠭᠠᠳᠬᠠᠯ ᠳᠤ ᠤᠷᠤᠯᠴᠠᠭᠰᠠᠨ   ᠠᠵᠤ ᠠᠬᠤᠢᠢᠯᠠᠯ ᠢᠳᠡᠭᠡᠯ ᠤᠨ ᠨᠠᠷᠠᠳᠤ ᠲᠠᠮᠳᠡᠭ ᠢ ᠡᠭᠦᠳᠴᠤ᠂ ᠢᠳᠡᠭᠡᠯ ᠤᠨ ᠰᠤᠶᠤᠯ ᠢ ᠪᠤᠢ ᠪᠤᠯᠭᠠᠨ᠎ᠠ᠃       ︵ᠲᠦᠷᠪᠡ︶ ᠰᠠᠶᠢᠨ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠡᠭᠨᠡᠨ ᠲᠡᠯᠭᠡᠷᠡᠭᠦᠯᠤᠨ᠎ᠠ  ᠃     ᠡᠯ ᠎ᠠ ᠬᠠᠮᠢᠶ᠎ᠠ ᠪᠦᠭᠦᠢ ᠰᠠᠯᠠᠭ᠎ᠠ ᠮᠦᠴᠢᠷ ᠪᠠ ᠲᠠᠭᠠᠳᠬᠠᠯ ᠤᠨ ᠲᠠᠭᠠᠭᠠᠴᠢᠯᠠᠯᠳᠠ ᠶᠢᠨ ᠪᠠᠶᠢᠭᠤᠯᠤᠮᠵᠢ᠂   ᠲᠠᠭᠠᠳᠬᠠᠯ ᠳᠤ ᠤᠷᠤᠯᠴᠠᠭᠰᠠᠨ ᠨᠢᠭᠡᠴᠠ ᠲᠤᠷᠰᠢᠯᠳᠠ ᠶᠢᠨ ᠴᠡᠭ ᠤᠨ ᠠᠵᠢᠯ ᠤᠨ ᠲᠤᠮᠳᠠ ᠢᠯᠡᠷᠡᠭᠰᠡᠨ ᠰᠢᠨ᠎ᠠ ᠪᠠᠶᠢᠳᠠᠯ᠂   ᠰᠢᠨ᠎ᠠ ᠠᠰᠠᠭᠤᠳᠠᠯ ᠢ ᠢᠯᠠᠷᠠᠭᠦᠯᠵᠤ ᠰᠢᠢᠳᠪᠦᠷᠢᠯᠠᠭᠦ ᠶᠢ ᠠᠩᠬᠠᠷᠴᠤ᠂ ᠲᠤᠷᠰᠢᠯᠳᠠ ᠶᠢᠨ ᠴᠡᠭ ᠤᠨ ᠠᠵᠢᠯ ᠤᠨ ᠰᠠᠶᠢᠨ   ᠲᠤᠷᠰᠢᠯᠭ᠎ᠠ ᠰᠠᠶᠢᠨ ᠬᠢᠳᠠᠯ ᠢ ᠴᠠᠭ ᠲᠤᠬᠠᠢ ᠳᠤᠨᠢ ᠳ᠋ᠦᠡᠭᠨᠡᠵᠤ ᠲᠠᠯᠭᠡᠷᠡᠭᠦᠯᠵᠤ᠂ ᠬᠠᠮᠢᠶ᠎ᠠ ᠪᠦᠭᠦᠢ ᠲᠤᠭ᠎ᠠ ᠪᠠᠷᠢᠮᠳᠠ ᠪᠠ   ᠭᠡᠷᠡᠭ ᠵᠡᠷᠭᠡ ᠶᠢ ᠴᠠᠭ ᠲᠤᠬᠠᠢ ᠳᠤᠨᠢ ᠡᠮᠬᠢᠳᠭᠡᠨ ᠲᠠᠭᠡᠭᠰᠢ ᠮᠡᠳᠡᠭᠦᠯᠵᠤ᠂ ᠤᠯᠠᠨ ᠲᠠᠯ᠎ᠠ ᠶᠢᠨ ᠰᠠᠨᠠᠯ ᠢ ᠦᠨᠳᠤᠰᠤᠯᠠᠵᠤ   ᠬᠠᠮᠢᠶ᠎ᠠ ᠪᠦᠭᠦᠢ ᠲᠦᠷᠢᠮ ᠲᠤᠭᠳᠠᠭᠠᠯ ᠢᠶᠠᠨ ᠵᠠᠰᠠᠨ ᠲᠡᠭᠦᠯᠳᠡᠷᠵᠢᠭᠦᠯᠵᠤ᠂ ᠲᠤᠷᠰᠢᠯᠳᠠ ᠶᠢᠨ ᠴᠡᠭ ᠤᠨ ᠭᠦᠷᠢᠶ᠎ᠠ   ᠭᠡᠪᠴᠢᠶ᠎ᠠ ᠪᠠᠨ ᠦᠷᠭᠡᠳᠭᠡᠨ᠎ᠠ᠃ ᠲᠠᠭᠠᠯᠳᠤᠭᠤᠯᠤᠯ ᠮᠠᠲ᠋ᠧᠷᠢᠶᠠᠯ       ᠵᠠᠯᠠᠶᠢᠳ ᠬᠤᠰᠢᠭᠤᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠠᠭᠠᠳᠬᠠᠯ ᠤᠨ ᠲᠤᠷᠰᠢᠯᠳᠠ ᠶᠢᠨ   ᠴᠡᠭ ᠤᠨ ᠠᠵᠢᠯ ᠤᠨ ᠤᠳᠤᠷᠢᠳᠬᠤ ᠲᠤᠭᠤᠢᠢᠯᠠᠩ           ᠲᠤᠭᠤᠢᠢᠯᠠᠩ ᠤᠨ ᠲᠠᠷᠤᠭ᠎ᠠ᠄ ᠵᠢᠢ ᠬᠤᠨᠭ᠌ ᠮᠸᠢ ᠬᠤᠰᠢᠭᠤᠨ ᠤ ᠵᠠᠰᠠᠭ ᠤᠨ ᠤᠷᠳᠤᠨ ᠤ ᠲᠠᠳ᠋ ᠬᠤᠰᠢᠭᠤᠨ   ᠲᠠᠷᠤᠭ᠎ᠠ           ᠲᠤᠭᠤᠢᠢᠯᠠᠩ ᠤᠨ ᠲᠠᠳ᠋ ᠲᠠᠷᠤᠭ᠎ᠠ᠄ ᠸᠠᠩ ᠰᠢᠤᠸᠠᠢ ᠵᠢᠶᠧ ᠬᠤᠰᠢᠭᠤᠨ ᠤ ᠵᠠᠰᠠᠭ ᠤᠨ ᠤᠷᠳᠤᠨ ᠤ ᠠᠯᠪᠠᠨ   ᠭᠡᠷ ᠤᠨ ᠲᠠᠳ᠋           ᠡᠷᠬᠢᠯᠡᠭᠴᠢ       ᠪᠠᠳᠠᠷᠠᠬᠤ ᠬᠤᠰᠢᠭᠤᠨ ᠤ ᠢᠳᠡᠭᠡᠨ ᠡᠮ ᠤᠨ ᠵᠦᠢᠯᠠᠰ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠲᠠᠷᠤᠭ᠎ᠠ           ᠭᠡᠰᠢᠭᠦᠨ᠄ ᠪᠤᠤ ᠴᠡᠩ ᠰᠦᠢ ᠬᠤᠰᠢᠭᠤᠨ ᠤ ᠢᠳᠡᠭᠡᠨ ᠡᠮ ᠤᠨ ᠵᠦᠢᠯᠠᠰ ᠤᠨ ᠬᠢᠨᠠᠨ ᠬᠠᠮᠢᠶᠠᠷᠤᠯᠳᠠ ᠶᠢᠨ   ᠲᠤᠪᠴᠢᠶ᠎ᠠ ᠲᠠᠳ᠋ ᠲᠠᠷᠤᠭ᠎ᠠ           ᠵᠠᠩ ᠰᠢ ᠺᠦᠢ ᠬᠤᠰᠢᠭᠤᠨ ᠤ ᠰᠤᠷᠭᠠᠨ ᠭᠦᠮᠤᠵᠢᠯ ᠤᠨ ᠲᠤᠪᠴᠢᠶ᠎ᠠ ᠶᠢᠨ ᠲᠠᠳ᠋ ᠲᠠᠷᠤᠭ᠎ᠠ     ᠲᠢᠶᠠᠨ ᠰᠢᠤᠸᠠᠢ ᠬᠤᠢ ᠵᠦᠡᠭ ᠬᠤᠸᠠ ᠬᠤᠯᠪᠤᠭᠠᠯᠠᠭᠰᠠᠨ ᠡᠳ᠋ ᠭᠦᠷᠦᠩᠭᠡ ᠶᠢᠨ ᠲᠠᠭᠠᠳᠬᠠᠯ ᠤᠨ ᠪᠦᠷᠢᠨ ᠪᠤᠰᠤ   ᠺᠤᠮᠫᠠᠨᠢ ᠶᠢᠨ ᠬᠢᠨᠭ᠍ᠭᠠᠨ ᠠᠶᠢᠮᠠᠭ ᠤᠨ ᠵᠠᠯᠠᠶᠢᠳ ᠬᠤᠰᠢᠭᠤᠨ ᠤ ᠡᠵᠡᠩᠨᠡᠨ ᠪᠤᠷᠤᠯᠠᠭᠤᠯᠤᠯᠳᠠ ᠶᠢᠨ ᠤᠢᠢᠯᠡᠴᠢᠯᠡᠭᠡᠨ ᠤ   ᠭᠠᠵᠠᠷ ᠤᠨ ᠬᠠᠷᠢᠭᠤᠴᠠᠯᠭᠠᠳᠠᠨ           ᠤᠳᠤᠷᠢᠳᠬᠤ ᠲᠤᠭᠤᠢᠢᠯᠠᠩ ᠨᠢ ᠲᠤᠤᠷ᠎ᠠ ᠪᠠᠨ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠰᠢᠭᠤᠨ ᠤ ᠢᠳᠡᠭᠡᠨ   ᠡᠮ ᠤᠨ ᠵᠦᠢᠯᠠᠰ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠳᠤ ᠭᠠᠷᠭᠠᠵᠤ᠂ ᠡᠷᠬᠢᠯᠡᠭᠴᠢ ᠶᠢ ᠪᠤᠤ ᠴᠠᠩ ᠰᠦᠢ   ᠬᠠᠪᠰᠤᠷᠭᠠᠨ ᠬᠠᠷᠢᠭᠤᠴᠠᠨ᠎ᠠ᠃         ᠬᠠᠷᠢᠯᠴᠠᠬᠤ ᠤᠳᠠᠰᠤ᠄ 13948263222
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号