︽ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠭᠡᠯ ᠤᠨ ᠬᠠᠤᠯᠢ︾ ᠶᠢᠨ ᠲᠤᠬᠠᠢ ᠦᠨᠳᠦᠰᠦᠨ ᠮᠡᠳᠡᠯᠭᠡ
ᠨᠡᠶᠢᠲᠡᠯᠡᠭᠰᠡᠨ ᠴᠠᠭ᠄
2018-06-12
                ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠢ ᠬᠡᠷᠡᠭᠵᠢᠬᠦᠯᠬᠦ ᠦᠭᠡᠢ ᠪᠠᠶᠢᠳᠠᠯ           ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠢ ᠬᠡᠷᠡᠭᠵᠢᠬᠦᠯᠬᠦ ᠦᠭᠡᠢ ᠬᠡᠳᠡᠭ ᠪᠤᠯ ᠲᠤᠳᠤᠭᠠᠳᠤ ᠶᠢ ᠬᠠᠮᠠᠭᠠᠯᠠᠬᠤ   ᠪᠠᠶᠢᠭᠤᠯᠤᠯᠭ᠎ᠠ ᠠᠮᠤᠷ ᠢ ᠬᠠᠮᠠᠭᠠᠯᠠᠬᠤ ᠬᠠᠮᠢᠶᠠᠷᠤᠯᠳᠠ ᠠᠴᠠ ᠵᠦᠷᠢᠴᠡᠭᠰᠡᠳ ᠲᠤ ᠵᠠᠰᠠᠭ ᠵᠠᠬᠢᠷᠭᠠᠨ ᠤ ᠲᠦᠷ ᠬᠤᠷᠢᠬᠤ   ᠰᠢᠳᠭᠡᠯ ᠦᠭᠬᠦ ᠪᠠᠷ ᠲᠤᠭᠳᠠᠠᠭᠰᠠᠨ ᠤ ᠲᠠᠷᠠᠭ᠎ᠠ᠂ ᠲᠤᠬᠠᠢ ᠬᠦᠮᠦᠨ ᠤ ᠤᠨᠴᠠᠭᠠᠢ ᠪᠠᠶᠢᠳᠠᠯ ᠠᠴᠠ ᠪᠤᠯᠵᠤ᠂ ᠬᠠᠤᠯᠢ   ᠶᠤᠰᠤᠭᠠᠷ ᠲᠤᠰ ᠰᠢᠳᠭᠡᠯ ᠢᠶᠠᠨ ᠪᠤᠳᠠᠳᠠᠢ ᠬᠡᠷᠡᠭᠵᠢᠬᠦᠯᠬᠦ ᠦᠭᠡᠢ ᠪᠠᠶᠢᠬᠤ ᠶᠢ ᠬᠡᠯᠡᠵᠦ ᠪᠠᠶᠢᠨ᠎ᠠ᠃           ︽ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠭᠡᠯ ᠤᠨ ᠬᠠᠤᠯᠢ︾ ᠶᠢᠨ 21 ᠳ᠋ᠤᠭᠡᠷ ᠵᠤᠷᠪᠤᠰ  ᠲᠤ᠂               ︵1︶ 14 ᠪᠦᠬᠦᠯᠢ ᠨᠠᠰᠤᠨ ᠳᠤ ᠬᠦᠷᠦᠭᠰᠡᠨ ᠪᠤᠯᠪᠠᠴᠤ 18 ᠪᠦᠬᠦᠯᠢ ᠨᠠᠰᠤᠨ ᠳᠤ ᠬᠦᠷᠦᠭᠡᠳᠦᠢ ᠬᠦᠮᠦᠨ︔             ︵2︶ 16 ᠪᠦᠬᠦᠯᠢ ᠨᠠᠰᠤᠨ ᠳᠤ ᠬᠦᠷᠦᠭᠰᠡᠨ ᠪᠤᠯᠪᠠᠴᠤ 18 ᠪᠦᠬᠦᠯᠢ ᠨᠠᠰᠤᠨ ᠳᠤ ᠬᠦᠷᠦᠭᠡᠳᠦᠢ ᠠᠩᠬ᠎ᠠ   ᠤᠳᠠᠭ᠎ᠠ   ᠠᠮᠤᠷ ᠢ ᠬᠠᠮᠠᠭᠠᠯᠠᠬᠤ ᠬᠠᠮᠢᠶᠠᠷᠤᠯᠳᠠ ᠠᠴᠠ ᠵᠦᠷᠢᠴᠠᠵᠦ ᠪᠠᠶᠢᠬᠤ ᠬᠦᠮᠦᠨ︔           ︵3︶ 70 ᠪᠦᠬᠦᠯᠢ ᠨᠠᠰᠤᠨ ᠠᠴᠠ ᠲᠡᠭᠡᠭᠰᠢᠬᠢ ᠬᠦᠮᠦᠨ︔           ︵4︶ ᠵᠢᠷᠮᠤᠰᠤᠨ ᠪᠤᠶᠤ 1 ᠤᠢ ᠬᠦᠷᠦᠭᠡᠳᠦᠢ ᠨᠢᠯᠬ᠎ᠠ ᠬᠡᠦᠭᠡᠳ ᠬᠦᠬᠦᠬᠦᠯᠵᠦ ᠪᠠᠶᠢᠬᠤ ᠬᠦᠮᠦᠨ ᠵᠡᠷᠭᠡ   ᠲᠦᠷᠪᠡᠨ   ᠵᠦᠢᠯ ᠤᠨ ᠪᠠᠶᠢᠳᠠᠯ ᠲᠤᠤᠷ᠎ᠠ ᠵᠠᠰᠠᠭ ᠵᠠᠬᠢᠷᠭᠠᠨ ᠤ ᠲᠦᠷ ᠬᠤᠷᠢᠬᠤ ᠰᠢᠳᠭᠡᠯ ᠦᠭᠬᠦ ᠪᠠᠷ ᠲᠤᠭᠳᠠᠭᠰᠠᠨ   ᠪᠤᠯᠪᠠᠴᠤ ᠬᠠᠤᠯᠢ   ᠶᠤᠰᠤᠭᠠᠷ ᠲᠦᠷ ᠬᠤᠷᠢᠬᠤ ᠰᠢᠳᠭᠡᠯ ᠢ ᠬᠡᠷᠡᠭᠵᠢᠬᠦᠯᠬᠦ ᠦᠭᠡᠢ ᠬᠡᠵᠦ ᠲᠤᠭᠳᠠᠭᠠᠵᠠᠢ᠃             ᠲᠤᠰ ᠲᠤᠭᠳᠠᠭᠠᠯ ᠢ ᠲᠤᠤᠷᠠᠬᠢ ᠮᠡᠳᠦ ᠤᠢᠢᠯᠠᠭᠠᠬᠤ ᠬᠡᠷᠡᠭᠳᠡᠢ᠃           1. ᠲᠡᠭᠡᠷ᠎ᠠ ᠶᠠᠷᠢᠭᠰᠠᠨ ᠬᠠᠤᠯᠢ ᠳᠤ ᠲᠤᠭᠳᠠᠭᠠᠭᠰᠠᠨ 4 ᠵᠦᠢᠯ ᠤᠨ ᠤᠨᠴᠠᠭᠠᠢ ᠪᠠᠶᠢᠳᠠᠯ ᠲᠠᠢ ᠬᠦᠮᠦᠨ ᠳᠤ ︽  ᠵᠠᠰᠠᠭ   ᠵᠠᠬᠢᠷᠭᠠᠨ ᠤ ᠲᠦᠷ ᠬᠤᠷᠢᠬᠤ ᠰᠢᠳᠭᠡᠯ ᠦᠭᠭᠦ ᠦᠭᠡᠢ︾ ᠬᠡᠰᠡᠨ ᠤᠴᠢᠷ ᠪᠢᠰᠢ᠃              2. ︽ᠠᠩᠬ᠎ᠠ ᠤᠳᠠᠭ᠎ᠠ ᠠᠮᠤᠷ ᠢ ᠬᠠᠮᠠᠭᠠᠯᠠᠬᠤ ᠬᠠᠮᠢᠶᠠᠷᠤᠯᠳᠠ ᠠᠴᠠ ᠵᠦᠷᠢᠴᠠᠵᠦ ᠪᠠᠶᠢᠬᠤ︾ ᠬᠡᠳᠡᠭ ᠢ   ᠤᠢᠢᠯᠠᠭᠠᠬᠤ ᠳᠤ ᠲᠤᠤᠷᠠᠬᠢ ᠪᠠᠶᠢᠳᠠᠯ ᠢ ᠪᠠᠶᠢᠴᠠᠭᠠᠵᠤ ᠪᠤᠯᠬᠤ ᠦᠭᠡᠢ᠄           ︵1︶ ᠠᠮᠤᠷ ᠢ ᠬᠠᠮᠠᠭᠠᠯᠠᠬᠤ ᠬᠠᠮᠢᠶᠠᠷᠤᠯᠳᠠ ᠠᠴᠠ ᠵᠦᠷᠢᠴᠠᠭᠡᠳ ᠬᠡᠳᠦ᠋ᠢᠪᠠᠷ ᠲᠤᠳᠤᠭᠠᠳᠤ ᠶᠢ ᠬᠠᠮᠠᠭᠠᠯᠠᠬᠤ   ᠪᠠᠶᠢᠭᠤᠯᠤᠯᠭ᠎ᠠ ᠳᠤ ᠰᠢᠳᠭᠡᠭᠳᠡᠭᠰᠡᠨ ᠦᠭᠡᠢ ᠪᠤᠯᠪᠠᠴᠤ ᠬᠠᠤᠯᠢ ᠳᠤ ᠲᠤᠭᠳᠠᠭᠠᠭᠰᠠᠨ ᠨᠡᠬᠡᠮᠵᠢᠯᠠᠬᠦ ᠬᠦᠴᠦᠨ ᠲᠠᠢ   ᠬᠤᠭᠤᠴᠠᠭᠠᠨ ᠳᠠᠭᠠᠨ ᠪᠠᠶᠢᠬᠤ︔           ︵2︶ 16 ᠪᠦᠬᠦᠯᠢ ᠨᠠᠰᠤ ᠬᠦᠷᠦᠭᠰᠡᠨ ᠦᠭᠡᠢ ᠠᠴᠠ ᠪᠤᠯᠵᠤ᠂ ᠵᠠᠰᠠᠭ ᠵᠠᠬᠢᠷᠭᠠᠨ ᠤ ᠲᠦᠷ ᠬᠤᠷᠢᠬᠤ   ᠰᠢᠳᠭᠡᠯ ᠢ   ᠬᠡᠷᠡᠭᠵᠢᠬᠦᠯᠦᠭᠰᠨᠨ ᠦᠭᠡᠢ ᠪᠠᠶᠢᠬᠤ︔           ︵3︶ ᠠᠮᠤᠷ ᠢ ᠬᠠᠮᠠᠭᠠᠯᠠᠬᠤ ᠬᠠᠮᠢᠶᠠᠷᠤᠯᠳᠠ ᠠᠴᠠ ᠵᠦᠷᠢᠴᠠᠭᠡᠳ᠂ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ   ᠠᠴᠠ ᠡᠶᠡᠳᠡᠭᠦᠯᠦᠨ ᠰᠢᠳᠭᠡᠵᠤ ᠦᠡᠭᠭᠡᠷᠡᠭᠰᠨᠨ︔           ︵4︶ ᠬᠤᠷᠢᠶᠠᠮᠵᠢᠶᠠᠯᠠᠭᠳᠠᠨ ᠰᠤᠷᠭᠠᠭᠳᠠᠵᠤ᠂ ᠬᠦᠳᠡᠯᠮᠤᠷᠢ ᠪᠠᠷ ᠰᠤᠷᠭᠠᠭᠳᠠᠵᠤ ᠦᠡᠭᠭᠡᠷᠡᠭᠰᠡᠨ︔           ︵5︶ ᠤᠯᠠᠨ ᠨᠡᠶᠢᠳᠡ ᠶᠢᠨ ᠡᠮᠬᠢ ᠲᠢᠭᠯᠢᠮ ᠢ ᠰᠠᠮᠠᠭᠤᠷᠠᠭᠤᠯᠵᠤ᠂ ᠤᠯᠠᠨ ᠨᠠᠶᠢᠳᠠ ᠶᠢᠨ ᠠᠮᠤᠷ ᠲᠦᠪᠰᠢᠨ ᠢ   ᠬᠠᠷᠰᠢᠯᠠᠨ᠂ ᠪᠤᠰᠤᠳ ᠤᠨ ᠪᠠᠶ᠎ᠠ ᠶᠢᠨ ᠡᠷᠭᠡ᠂ ᠪᠤᠳᠠᠰ ᠤᠨ ᠡᠷᠭᠡ ᠳᠤ ᠬᠠᠯᠳᠠᠵᠤ᠂ ᠨᠠᠶᠢᠭᠡᠮ ᠤᠨ ᠬᠠᠮᠢᠶᠠᠷᠤᠯᠳᠠ ᠶᠢ   ᠬᠠᠷᠰᠢᠯᠠᠭᠰᠠᠨ ᠵᠡᠷᠭᠡ ᠠᠵᠢᠯᠯᠠᠭ᠎ᠠ ᠪᠠᠷ ᠠᠷᠠᠳ ᠤᠨ ᠰᠢᠬᠦᠬᠦ ᠬᠤᠷᠢᠶᠠᠨ ᠠᠴᠠ ᠡᠷᠡᠭᠦᠦ ᠶᠢᠨ ᠰᠢᠳᠭᠡᠯ ᠢᠶᠠᠷ   ᠰᠢᠳᠭᠡᠭᠳᠡᠭᠰᠡᠨ   ᠪᠤᠶᠤ ᠲᠡᠷᠡ ᠰᠢᠳᠭᠡᠯ ᠠᠴᠠ ᠨᠢ ᠬᠡᠯᠳᠦᠷᠢᠬᠦᠯᠦᠭᠰᠡᠨ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号