ᠵᠠᠯᠠᠶᠢᠳ ᠬᠤᠰᠢᠭᠤᠨ ᠤ ᠲᠤᠪᠴᠢ ᠲᠠᠨᠢᠯᠴᠠᠭᠤᠯᠭ᠎ᠠ | | ᠵᠠᠯᠠᠶᠢᠳ ᠬᠤᠰᠢᠭᠤ ᠪᠣᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠨ᠎ᠠ ᠬᠡᠰᠡᠭ | ᠲᠤ ᠤᠷᠤᠰᠢᠵᠤ᠂ ᠵᠡᠭᠦᠨ ᠲᠠᠯ᠎ᠠ ᠪᠠᠷ ᠢᠶᠠᠨ ᠬᠠᠷᠠᠮᠦ᠋ᠷᠡᠨ ᠮᠤᠵᠢ ᠶᠢᠨ ᠯᠦᠩ ᠵᠢᠶᠠᠩ ᠰᠢᠶᠠᠨ ᠲᠠᠢ ᠵᠠᠬ᠎ᠠ ᠨᠡᠶᠢᠯᠡᠵᠦ᠂ | ᠡᠮᠦᠨ᠎ᠡ ᠲᠠᠯ᠎ᠠ ᠪᠠᠷ ᠢᠶᠠᠨ ᠬᠢᠷᠢᠨ ᠮᠤᠵᠢ ᠶᠢᠨ ᠵᠧᠨ ᠯᠠᠢ ᠰᠢᠶᠠᠨ᠂ ᠬᠠᠷᠠᠮᠦ᠋ᠷᠡᠨ ᠮᠤᠵᠢ ᠶᠢᠨ ᠲᠠᠢ ᠯᠠᠢ ᠰᠢᠶᠠᠨ ᠲᠠᠢ | ᠵᠠᠯᠭᠠᠯᠳᠤᠨ᠂ ᠪᠠᠷᠠᠭᠤᠨ ᠲᠠᠯ᠎ᠠ ᠪᠠᠷ ᠢᠶᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ | ᠲᠠᠢ ᠬᠦᠷᠰᠢᠯᠡᠵᠦ᠂ ᠬᠤᠶᠢᠳᠤ ᠪᠡᠶ᠎ᠡ ᠪᠠᠷ ᠢᠶᠠᠨ ᠬᠦᠯᠦᠨ ᠪᠤᠶᠢᠷ ᠠᠶᠢᠮᠠᠭ ᠤᠨ ᠵᠠᠯᠠᠨ ᠠᠶᠢᠯ ᠬᠤᠳᠠ ᠲᠠᠢ | ᠵᠡᠷᠭᠡᠯᠡᠳᠡᠵᠦ᠂ ᠶᠡᠭᠡ ᠬᠢᠩᠭᠠᠨ ᠲᠠᠪᠠᠭᠠᠨ ᠤ ᠡᠮᠣᠨ᠎ᠡ ᠬᠤᠷᠮᠣᠢ ᠠᠴᠠ ᠰᠤᠩᠭᠠᠷᠢ ᠨᠤᠨ ᠮᠦᠷᠡᠨ ᠤ ᠲᠠᠯ᠎ᠠ ᠭᠠᠵᠠᠷ | ᠵᠦᠭ ᠰᠢᠯᠵᠢᠬᠦ ᠰᠢᠯᠵᠢᠯᠳᠡ ᠶᠢᠨ ᠪᠦᠰᠡ ᠳᠤ ᠪᠠᠶᠢᠷᠢᠰᠢᠵᠦ ᠪᠠᠶᠢᠨ᠎ᠠ᠃ ᠪᠦᠬᠦ ᠬᠤᠰᠢᠭᠤᠨ ᠤ ᠶᠡᠷᠦᠩᠬᠡᠢ ᠲᠠᠯᠠᠪᠠᠢ ᠨᠢ | 11155 ᠲᠡᠭᠰᠢ ᠲᠦᠷᠪᠡᠯᠵᠢᠨ ᠺᠢᠯᠦᠮᠧᠲᠷ᠂ ᠪᠦᠬᠦ ᠬᠤᠰᠢᠭᠤᠨ ᠳᠤ 7 ᠪᠠᠯᠭᠠᠰᠤ᠂ 3 ᠰᠢᠶᠠᠩ᠂ 3 ᠰᠤᠮᠤ | ᠪᠤᠯᠤᠨ 1 ᠰᠢᠶᠠᠩ ᠤᠨ ᠲᠡᠰ ᠤᠨ ᠤᠯᠤᠰ ᠤᠨ ᠦᠷ᠎ᠡ ᠶᠢᠨ ᠮᠠᠯ ᠤᠨ ᠲᠠᠯᠠᠪᠠᠢ᠂ 196 ᠭᠠᠴᠠᠭ᠎ᠠ᠂ | 684 ᠲᠤᠰᠬᠤᠨ ᠬᠠᠷᠢᠶᠠᠯᠠᠬᠳᠠᠨ᠎ᠠ᠃ ᠪᠦᠬᠦ ᠬᠤᠰᠢᠭᠤᠨ ᠤ ᠶᠡᠷᠦᠩᠬᠡᠢ ᠬᠦᠮᠦᠨ ᠠᠮᠠ 39.9 ᠲᠦᠮᠡ ᠪᠠᠶᠢᠵᠤ 17 | ᠦᠨᠳᠦᠰᠦᠳᠡᠨ ᠢᠶᠠᠷ ᠪᠦᠷᠢᠯᠳᠦᠵᠡᠢ᠃ ᠡᠭᠦᠨ ᠳᠤ ᠮᠤᠩᠭᠤᠯ ᠦᠨᠳᠦᠰᠦᠳᠡᠨ 16.7 ᠲᠦᠮᠡᠨ ᠬᠦᠮᠦᠨ ᠪᠠᠶᠢᠵᠤ᠂ | ᠶᠡᠷᠦᠩᠬᠡᠢ ᠬᠦᠮᠦᠨ ᠠᠮᠠ ᠶᠢᠨ 42% ᠢ ᠡᠵᠡᠯᠡᠵᠦ᠂ ᠮᠤᠩᠭᠤᠯ ᠦᠨᠳᠦᠰᠦᠳᠡᠨ ᠢᠶᠠᠷ ᠭᠤᠤᠯᠯᠠᠵᠤ᠂ ᠬᠢᠳᠠᠳ | ᠦᠨᠳᠦᠰᠦᠳᠡᠨ ᠤᠯᠠᠨ ᠲᠤᠭ᠎ᠠ ᠶᠢ ᠡᠵᠡᠯᠡᠭᠰᠡᠨ ᠤᠯᠠᠨ ᠦᠨᠳᠦᠰᠦᠳᠡᠨ ᠰᠠᠭᠤᠷᠢᠰᠢᠬᠰᠠᠨ ᠬᠤᠰᠢᠭᠤ ᠪᠤᠯᠤᠨ᠎ᠠ᠃ | ᠤᠯᠤᠰ ᠤᠨ ᠭᠤᠤᠯᠯᠠᠨ ᠲᠡᠳᠭᠦᠵᠦ ᠪᠠᠶᠢᠭ᠎ᠠ ᠶᠠᠳᠠᠭᠤ ᠬᠤᠰᠢᠭᠤ ᠰᠢᠶᠠᠨ ᠪᠤᠯᠤᠨ᠎ᠠ᠃ | ᠪᠦᠬᠦ ᠬᠤᠰᠢᠭᠤᠨ ᠤ ᠲᠠᠷᠢᠶᠠᠯᠠᠬᠤ ᠭᠠᠵᠠᠷ ᠤᠨ ᠶᠡᠷᠦᠩᠬᠡᠢ ᠲᠠᠯᠠᠪᠠᠢ ᠨᠢ 510 ᠳᠦᠮᠡᠨ ᠮᠦ᠂ ᠭᠤᠤᠯᠳᠠᠭᠤ | ᠡᠷᠳᠡᠨᠢ ᠰᠢᠰᠢ᠂ ᠲᠤᠲᠤᠷᠭ᠎ᠠ᠂ ᠰᠢᠷ᠎ᠠ ᠪᠤᠷᠴᠠᠭ᠂ ᠨᠤᠭᠤᠭᠠᠨ ᠪᠤᠷᠴᠠᠭ ᠵᠡᠷᠭᠡ ᠲᠠᠷᠢᠮᠠᠯ ᠲᠠᠷᠢᠳᠠᠭ᠂ ᠪᠦᠬᠦ ᠤᠯᠤᠰ | ᠤᠨ ᠠᠮᠤ ᠪᠤᠳᠠᠭᠠᠨ ᠤ ᠴᠢᠬᠤᠯᠠ ᠰᠠᠭᠤᠷᠢᠨ ᠭᠠᠵᠠᠷ ᠪᠤᠯᠤᠨ᠎ᠠ᠃ 201 ᠲᠦᠮᠡᠨ ᠮᠦ ᠲᠠᠷᠢᠶᠠᠨ ᠭᠠᠵᠠᠷ ᠨᠢ ᠪᠦᠬᠦ | ᠤᠯᠤᠰ ᠤᠨ ᠪᠤᠬᠢᠷᠳᠤᠯ ᠦᠭᠡᠢ ᠢᠳᠡᠭᠡᠨ ᠤ ᠳᠦᠬᠦᠬᠡᠢ ᠡᠳ᠋ ᠤᠨ ᠪᠠᠷᠢᠮᠵᠢᠶᠠᠵᠢᠬᠰᠡᠨ ᠦᠢᠯᠡᠳᠪᠦᠷᠢᠯᠡᠯ ᠤᠨ | ᠰᠠᠭᠤᠷᠢᠨ ᠭᠠᠵᠠᠷ ᠢᠶᠠᠷ ᠭᠡᠷᠡᠴᠢᠯᠡᠭᠳᠡᠭᠰᠡᠨ ᠪᠠᠶᠢᠨ᠎ᠠ᠃ 2014 ᠤᠨ ᠤ ᠠᠮᠤ ᠪᠤᠳᠠᠭᠠᠨ ᠤ ᠤᠨᠠᠯᠳᠠ ᠨᠢ 45.18 | ᠳ᠋ᠦᠩᠰᠢᠭᠤᠷ ᠵᠢᠩ ᠬᠦᠷᠴᠦ᠂ ᠶᠢᠰᠦᠨ ᠵᠢᠯ ᠳᠠᠷᠠᠭᠠᠯᠠᠨ ᠪᠦᠬᠦ ᠤᠯᠤᠰ ᠤᠨ ︽ᠠᠮᠤ ᠪᠤᠳᠠᠭ᠎ᠠ ᠦᠢᠯᠡᠳᠪᠦᠷᠢᠯᠡᠬᠦ | ᠲᠡᠷᠢᠭᠦᠨ ᠤ ᠰᠢᠶᠠᠨ︾ ᠢᠶᠠᠷ ᠦᠨᠡᠯᠡᠭᠳᠡᠵᠤ᠂ 2010 ᠣᠨ ᠳᠤ ᠪᠦᠬᠦ ᠤᠯᠤᠰ ᠤᠨ ᠠᠩᠬᠠᠳᠣᠭᠠᠷ ᠪᠦᠯᠦᠭ ᠤᠨ | ᠤᠳᠤᠬᠢᠴᠢᠯᠠᠬᠰᠠᠨ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠢᠶᠠᠷ ᠵᠢᠬᠰᠠᠭᠠᠬᠳᠠᠵᠠᠢ᠃ 2010 ᠤᠨ ᠳᠤ ︽ | ᠤᠯᠤᠰ ᠤᠨ ᠠᠮᠢᠳᠦ ᠭᠠᠭ᠋ᠠᠢ ᠶᠢ ᠭᠠᠳᠠᠬᠰᠢ ᠭᠠᠷᠭᠠᠬᠤ ᠲᠤᠮᠤ ᠰᠢᠶᠠᠨ︾ ᠤ ᠡᠩᠨᠡᠭᠡ ᠳᠤ ᠤᠷᠤᠵᠤ᠂ 2014 | ᠣᠨ ᠤ ᠪᠦᠬᠦ ᠬᠤᠰᠢᠭᠤᠨ ᠤ ᠮᠠᠯ ᠠᠵᠣ ᠠᠬᠤᠢ ᠶᠢᠨ ᠭᠡᠷ ᠤᠨ ᠲᠡᠵᠢᠭᠡᠪᠦᠷᠢ ᠶᠢᠨ ᠶᠡᠷᠦᠩᠬᠡᠢ ᠲᠤᠭ᠎ᠠ 268.7 | ᠲᠦᠮᠡᠨ ᠲᠤᠯᠤᠭᠠᠢ ᠳᠤ ᠬᠦᠷᠴᠦ᠂ ᠪᠦᠬᠦ ᠤᠯᠤᠰ ᠤᠨ 300 ᠮᠠᠯ ᠠᠵᠣ ᠠᠬᠤᠢ ᠶᠢᠨ ᠲᠤᠮᠤ ᠬᠤᠰᠢᠭᠤ ᠰᠢᠶᠠᠨ ᠤ | ᠡᠩᠨᠡᠭᠡᠨ ᠳᠤ ᠤᠷᠤᠬᠰᠠᠨ ᠪᠠᠶᠢᠨ᠎ᠠ᠃ 2013 ᠤᠨ ᠳᠤ ︽ᠪᠦᠬᠦ ᠤᠷᠤᠨ ᠤ ᠲᠠᠷᠢᠶᠠᠯᠠᠩ ᠮᠠᠯ ᠠᠵᠣ ᠠᠬᠤᠢ ᠶᠢᠨ | ᠪᠦᠳᠦᠭᠡᠭᠳᠡᠬᠦᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠵᠢᠱᠢᠶᠡᠴᠢ ᠬᠤᠰᠢᠭᠤ︾ ᠪᠠᠷ ᠦᠨᠡᠯᠡᠭᠳᠡᠵᠡᠢ᠃ ᠪᠦᠬᠦ | ᠬᠤᠰᠢᠭᠤᠨ ᠤ ᠪᠡᠯᠴᠢᠭᠡᠷ ᠤᠨ ᠲᠠᠯᠠᠪᠠᠢ 598 ᠲᠦᠮᠡᠨ ᠮᠦ᠂ ᠤᠶᠢᠳᠤ ᠭᠠᠵᠠᠷ ᠤᠨ ᠲᠠᠯᠠᠪᠠᠢ 384 ᠲᠦᠮᠡᠨ ᠮᠦ | ᠪᠠᠶᠢᠵᠤ᠂ ᠤᠢ ᠰᠢᠭᠤᠢ ᠶᠢᠨ ᠪᠦᠷᠬᠦᠴᠠ 30.11% ᠪᠤᠯᠤᠨ᠎ᠠ᠃ | ᠪᠦᠬᠦ ᠬᠤᠰᠢᠭᠤᠨ ᠳᠤ 74 ᠶᠡᠭᠡ ᠪᠠᠭ᠎ᠠ ᠭᠤᠤᠯ ᠭᠤᠷᠤᠬ᠎ᠠ ᠪᠠᠶᠢᠨ᠎ᠠ᠃ ᠴᠤᠤᠯ ᠭᠤᠤᠯ ᠲᠡᠭᠡᠷ᠎ᠡ ᠪᠠᠶᠢᠭ᠎ᠠ | ᠴᠤᠤᠯ ᠤᠰᠤᠨ ᠠᠰᠢᠬᠯᠠᠯᠳᠠ ᠶᠢᠨ ᠭᠤᠤᠯ ᠢᠨᠵᠧᠨᠧᠷᠢᠩ ᠤᠨ ᠶᠡᠷᠦᠩᠬᠡᠢ ᠴᠦᠭᠦᠷᠦᠮ ᠤᠨ ᠪᠠᠭᠳᠠᠭᠠᠮᠵᠢ ᠨᠢ 2.6 | ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ ᠠᠰᠢᠬᠯᠠᠮᠵᠢ ᠶᠢᠨ ᠪᠠᠭᠳᠠᠭᠠᠮᠵᠢ ᠨᠢ 1.54 ᠳ᠋ᠦᠩᠰᠢᠭᠤᠷ ᠪᠤᠰᠤᠭ᠎ᠠ | ᠲᠦᠷᠪᠡᠯᠵᠢᠨ ᠮᠧᠲᠷ ᠪᠠᠶᠢᠵᠤ᠂ ᠤᠰᠤᠨ ᠴᠠᠬᠢᠯᠭᠠᠨ ᠦᠷᠳᠡᠭᠡᠨ ᠤ ᠶᠡᠷᠦᠩᠬᠡᠢ ᠮᠠᠰᠢᠨ ᠴᠣᠭᠴᠠᠯᠠᠪᠦᠷᠢ ᠶᠢᠨ | ᠪᠠᠭᠳᠠᠭᠠᠮᠵᠢ ᠶᠢᠨ ᠬᠡᠮᠵᠢᠶ᠎ᠡ ᠨᠢ 1.05 ᠲᠦᠮᠡᠨ ᠺᠢᠯᠤᠸᠠᠲ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ | 3500 ᠲᠦᠮᠡᠨ ᠺᠢᠯᠦᠸᠠᠲ ᠴᠠᠭ ᠪᠤᠯᠤᠨ᠎ᠠ᠃ ᠪᠦᠬᠦ ᠬᠤᠰᠢᠭᠤᠨ ᠳᠤ ᠨᠢᠭᠡᠨᠳᠡ ᠳᠡᠮᠤᠷ ᠤᠨ ᠬᠦᠳᠡᠷ᠂ ᠭᠠᠨᠳᠢᠭ | ᠴᠢᠯᠠᠭᠤ᠂ ᠴᠤᠬᠤᠢ ᠶᠢᠨ ᠴᠢᠯᠠᠭᠤ᠂ ᠪᠤᠷᠵᠢᠨ ᠴᠢᠯᠠᠭᠤ᠂ ᠨᠡᠭᠦᠷᠡᠰᠦ᠂ ᠮᠣᠯᠢᠪᠳᠧᠨ᠂ ᠲᠤᠭᠤᠯᠭ᠎ᠠ᠂ ᠴᠠᠶᠢᠷ᠂ ᠵᠡᠰ᠂ | ᠲᠤᠰᠤᠯᠢᠭ ᠡᠯᠡᠰᠦ ᠵᠡᠷᠭᠡ 10 ᠭᠠᠷᠤᠢ ᠠᠭᠤᠷᠬᠠᠢ ᠶᠢᠨ ᠭᠠᠷᠤᠯᠳᠠ ᠬᠠᠳᠠᠭᠠᠯᠠᠬᠳᠠᠵᠤ ᠪᠠᠶᠢᠭ᠎ᠠ ᠶᠢ ᠬᠠᠶᠢᠨ | ᠢᠯᠡᠷᠡᠭᠦᠯᠦᠭᠰᠡᠨ ᠪᠠᠶᠢᠨ᠎ᠠ᠃ | 2014 ᠣᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ | ᠨᠢ 84 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠦᠩᠬᠡᠷᠡᠭᠰᠡᠨ ᠲᠠᠢ ᠠᠳᠠᠯᠢᠳᠬᠠᠪᠠᠯ 8.9% ᠪᠠᠷ ᠨᠡᠮᠡᠭᠳᠡᠪᠡ᠃ | ᠣᠯᠠᠨ ᠨᠡᠶᠢᠲᠡ ᠶᠢᠨ ᠡᠳ᠋ ᠤᠨ ᠵᠠᠰᠠᠭ ᠤᠨ ᠳᠦᠰᠣᠪ ᠤᠨ ᠣᠷᠣᠯᠭ᠎ᠠ 1.56 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠦᠩᠬᠡᠷᠡᠭᠰᠡᠨ ᠲᠠᠢ ᠠᠳᠠᠯᠢᠳᠬᠠᠪᠠᠯ 27% ᠪᠠᠷ ᠨᠡᠮᠡᠭᠳᠡᠪᠡ᠃ ᠳᠣᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠨᠢ 90.2 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠦᠩᠬᠡᠷᠡᠭᠰᠡᠨ ᠲᠠᠢ ᠠᠳᠠᠯᠢᠳᠬᠠᠪᠠᠯ 21. | 5% ᠪᠠᠷ ᠨᠡᠮᠡᠭᠳᠡᠪᠡ᠃ ᠨᠡᠶᠢᠬᠡᠮ ᠤᠨ ᠬᠡᠷᠩᠯᠡᠬᠡᠨ ᠤ ᠵᠣᠶᠢᠯ ᠤᠨ ᠵᠢᠵᠢᠭᠯᠡᠬᠡᠨ ᠬᠤᠳᠠᠯᠳᠣᠭᠰᠠᠨ ᠦᠨ᠎ᠡ 26.25 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠦᠩᠬᠡᠷᠡᠭᠰᠡᠨ ᠲᠠᠢ ᠠᠳᠠᠯᠢᠳᠬᠠᠪᠠᠯ 12% ᠪᠠᠷ ᠨᠡᠮᠡᠭᠳᠡᠪᠡ᠃ ᠬᠤᠳᠠ | ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠬᠦ ᠤᠷᠤᠯᠭ᠎ᠠ ᠨᠢ ᠲᠤᠰ ᠲᠤᠰ 19247 | ᠲᠦᠭᠦᠷᠢᠭ ᠪᠠ 7172 ᠲᠦᠭᠦᠷᠢᠭ ᠲᠤᠯᠵᠤ᠂ ᠦᠩᠬᠡᠷᠡᠭᠰᠡᠨ ᠲᠠᠢ ᠠᠳᠠᠯᠢᠳᠬᠠᠪᠠᠯ 9.7 % ᠪᠠ 14.2% ᠪᠠᠷ | ᠨᠡᠮᠡᠭᠳᠡᠪᠡ᠃ | 2015 ᠤᠨ ᠤ ᠵᠠᠯᠠᠶᠢᠳ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ | ᠰᠡᠳᠬᠢᠴᠡ ᠪᠣᠯ᠄ ︽ᠲᠠᠪᠤᠨ ᠬᠦᠴᠦᠨ ᠢᠶᠠᠨ ᠨᠡᠮᠡᠭᠳᠡᠭᠦᠯᠬᠦ︾ ᠪᠤᠯᠤᠨ ︽ᠨᠢᠭᠡᠨ ᠪᠦᠬᠦ ᠲᠠᠯ᠎ᠠ ᠪᠠᠷ ᠳᠦᠯᠬᠢᠨ | ᠠᠬᠢᠭᠤᠯᠬᠤ︾ ᠱᠠᠭᠠᠷᠳᠠᠯᠭ᠎ᠠ ᠶᠤᠰᠣᠭᠠᠷ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠲᠠᠢ | ᠬᠦᠳᠡᠯᠦᠩᠭᠦᠢ ᠪᠠᠷ ᠵᠤᠬᠢᠴᠠᠨ᠂ ᠯᠠᠪᠳᠠᠭᠤᠨ ᠢᠶᠠᠷ ᠣᠷᠣᠭᠰᠢᠯᠠᠬᠤ ᠰᠠᠭᠤᠷᠢᠨ ᠲᠡᠭᠡᠷ᠎ᠡ ᠬᠦᠭᠵᠢᠯᠳᠡ ᠶᠢᠨ ᠠᠯᠬᠤᠮ | ᠢᠶᠠᠨ ᠲᠦᠷᠭᠡᠳᠭᠡᠬᠦ ᠶᠢ ᠴᠢᠬᠤᠯᠠᠴᠢᠯᠠᠵᠣ᠂ ᠠᠷᠭ᠎ᠠ ᠪᠠᠨ ᠬᠤᠪᠢᠷᠠᠭᠠᠵᠤ ᠪᠦᠳᠦᠴᠡ ᠶᠢ ᠲᠤᠬᠢᠷᠠᠭᠤᠯᠬᠤ ᠶᠢ ᠨᠡᠩ | ᠴᠢᠬᠤᠯᠠᠴᠢᠯᠠᠵᠣ᠂ ︽ᠨᠢᠬᠡᠳᠦᠬᠡᠷ ᠠᠵᠦ ᠣᠶᠢᠯᠡᠰ ᠢ ᠬᠦᠴᠣᠷᠬᠡᠭᠵᠢᠬᠦᠯᠬᠦ᠂ ᠬᠤᠶᠠᠳᠣᠭᠠᠷ ᠠᠵᠦ ᠣᠶᠢᠯᠡᠰ ᠢ | ᠳᠣᠮᠣᠵᠢᠭᠤᠯᠬᠤ᠂ ᠭᠤᠷᠪᠠᠳᠣᠭᠠᠷ ᠠᠵᠦ ᠣᠶᠢᠯᠡᠰ ᠢ ᠰᠠᠶᠢᠳᠣᠷ ᠡᠷᠬᠢᠯᠡᠬᠦ︾ ᠶᠢ ᠪᠠᠷᠢᠮᠳᠠᠯᠠᠨ᠂ ︽ᠠᠵᠦ ᠣᠶᠢᠯᠡᠰ ᠢ | ᠪᠣᠵᠠᠭᠠᠶᠢᠷᠠᠭᠤᠯᠣᠨ ᠲᠡᠰ ᠳᠡᠪᠰᠢᠭᠦᠯᠵᠦ᠂ ᠬᠤᠳᠠ ᠬᠦᠳᠡᠭᠡ ᠶᠢ ᠨᠢᠭᠡᠳᠦᠯᠳᠡᠢ ᠲᠤᠭᠢᠷᠠᠭᠤᠯᠤᠨ ᠬᠦᠭᠵᠢᠭᠦᠯᠵᠦ᠂ | ᠠᠷᠠᠳ ᠤᠨ ᠠᠮᠢᠳᠣᠷᠠᠯ ᠢ ᠦᠷᠬᠦᠯᠵᠢᠯᠡᠨ ᠰᠠᠶᠢᠵᠢᠷᠠᠭᠤᠯᠬᠤ︾ ᠭᠤᠷᠪᠠᠨ ᠶᠡᠭᠡ ᠡᠭᠦᠷᠭᠡ ᠶᠢ ᠪᠦᠬᠦ ᠬᠦᠴᠦᠨ ᠢᠶᠠᠷ | ᠢᠶᠠᠨ ᠰᠢᠪᠳᠤᠯᠤᠨ᠂ ︽ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠬᠤ᠂ ᠪᠡᠯᠡ ᠤᠷᠤᠭᠤᠯᠤᠨ ᠲᠠᠶᠢᠴᠢᠯᠠᠨ | ᠬᠦᠳᠡᠯᠭᠡᠬᠦ︾ ᠬᠤᠶᠠᠷ ᠲᠦᠷᠦᠯ ᠤᠨ ᠲᠤᠯᠤᠭᠠᠰᠤ ᠶᠢ ᠲᠤᠪᠤᠶᠢᠯᠭᠠᠨ ᠴᠢᠩᠭᠠᠷᠠᠭᠤᠯᠵᠤ᠂ ︽ᠠᠮᠢ ᠠᠬᠤᠢ ᠪᠤᠯᠪᠠᠰᠤᠨ | ︾ ᠬᠡᠬᠦ ᠨᠢᠭᠡ ᠤᠷᠢᠳᠠᠯ ᠢ ᠨᠡᠶᠢᠳᠡᠮ ᠪᠠᠷᠢᠮᠳᠠᠯᠠᠨ᠂ ᠠᠷᠠᠳ ᠢ ᠴᠢᠨᠡᠭᠡᠯᠢᠭᠵᠢᠭᠦᠯᠦᠨ ᠬᠤᠰᠢᠭᠤ ᠪᠠᠨ | ᠬᠦᠴᠣᠷᠬᠡᠭᠵᠢᠬᠦᠯᠬᠦ ᠠᠬᠢᠴᠠ ᠶᠢ ᠪᠦᠬᠦ ᠲᠠᠯ᠎ᠠ ᠪᠠᠷ ᠲᠦᠷᠭᠡᠳᠭᠡᠨ᠎ᠡ᠃ | | |