ᠵᠠᠯᠠᠶᠢᠳ ᠬᠤᠰᠢᠭᠤᠨ ᠤ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢ ᠳᠡᠮᠵᠢᠬᠦ ᠠᠷᠪᠠᠨ ᠵᠣᠷᠪᠣᠰ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2018-06-14
                  ᠵᠠᠯᠠᠶᠢᠳ ᠨᠠᠮ ᠠᠯᠪᠠᠨ ᠲᠠᠷᠬᠠᠭᠠᠭᠰᠠᠨ [2017]78 ᠳ᠋ᠤᠭᠠᠷ ᠲᠤᠭᠠᠲᠤ           ᠳᠣᠮᠳᠠᠳᠣ ᠣᠯᠣᠰ ᠤᠨ ᠡᠪ ᠬᠠᠮᠲᠣ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠠᠯᠪᠠᠨ ᠭᠡᠷ   ᠵᠠᠰᠠᠭ ᠤᠨ ᠣᠷᠳᠣᠨ ᠤ ᠠᠯᠪᠠᠨ ᠭᠡᠷ ᠤᠨ ︽ᠵᠠᠯᠠᠶᠢᠳ ᠬᠤᠰᠢᠭᠤᠨ ᠤ   ᠭᠠᠴᠠᠭ᠎ᠠ ᠲᠣᠰᠬᠤᠨ ᠤ   ᠬᠠᠮᠲᠣ   ᠶᠢᠨ ᠠᠵᠣ   ᠠᠬᠤᠢ  ᠶᠢᠨ ᠬᠦᠭᠵᠢᠯᠲᠡ ᠶᠢ ᠳᠡᠮᠵᠢᠬᠦ   ᠠᠷᠪᠠᠨ   ᠵᠣᠷᠪᠣᠰ   ᠠᠷᠭ᠎ᠠ   ᠬᠡᠮᠵᠢᠶ᠎ᠡ︾   ᠶᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ       ᠡᠯ᠎ᠡ ᠰᠣᠮᠣ ᠰᠢᠶᠠᠩ ᠪᠠᠯᠭᠠᠰᠣᠨ ᠤ ᠨᠠᠮ ᠤᠨ ᠬᠤᠷᠢᠶ᠎ᠠ ᠪᠠ ᠠᠷᠠᠳ ᠤᠨ ᠵᠠᠰᠠᠭ ᠤᠨ ᠣᠷᠳᠣᠨ᠂ ᠦᠷ᠎ᠡ ᠶᠢᠨ ᠮᠠᠯ  ᠤᠨ ᠲᠠᠯᠠᠪᠠᠢ᠂ ᠨᠡᠶᠢᠭᠡᠮ ᠲᠣᠭᠤᠷᠢᠭ ᠤᠨ ᠠᠯᠪᠠᠨ ᠭᠡᠷ᠂   ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠮᠢᠶᠠᠷᠣᠯᠲᠠ ᠶᠢᠨ ᠨᠢᠭᠡᠴᠡ ᠳᠤ᠄     ︽ᠵᠠᠯᠠᠶᠢᠳ ᠬᠤᠰᠢᠭᠤᠨ ᠤ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢ ᠳᠡᠮᠵᠢᠬᠦ ᠠᠷᠪᠠᠨ ᠵᠣᠷᠪᠣᠰ ᠠᠷᠭ᠎ᠠ ᠬᠡᠮᠵᠢᠶ᠎ᠡ︾   ᠶᠢ ᠨᠢᠭᠡᠨᠲᠡ ᠳᠣᠮᠳᠠᠳᠣ ᠣᠯᠣᠰ ᠤᠨ ᠡᠪ ᠬᠠᠮᠲᠣ ᠨᠠᠮ ᠤᠨ ᠵᠠᠯᠠᠶᠢᠳ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠬᠤᠷᠢᠶ᠎ᠠ ᠶᠢᠨ ᠬᠤᠷᠢᠨ ᠳᠦᠷᠪᠡᠳᠦᠭᠡᠷ ᠣᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠰᠣᠳᠣᠯᠣᠨ ᠪᠠᠲᠣᠯᠠᠪᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ  ᠬᠢᠨ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠲᠣᠭᠠᠢ︕     ᠳᠣᠮᠳᠠᠳᠣ ᠣᠯᠣᠰ ᠤᠨ ᠡᠪ ᠬᠠᠮᠲᠣ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠠᠯᠪᠠᠨ ᠭᠡᠷ       ᠵᠠᠯᠠᠶᠢᠳ   ᠬᠤᠰᠢᠭᠤᠨ   ᠤ   ᠠᠷᠠᠳ   ᠤᠨ   ᠵᠠᠰᠠᠭ   ᠤᠨ   ᠣᠷᠳᠣᠨ   ᠤ   ᠠᠯᠪᠠᠨ     ᠭᠡᠷ                               2017 ᠣᠨ ᠤ 9 ᠰᠠᠷ᠎ᠠ ᠶᠢᠨ 16 ᠤ   ᠡᠳᠦᠷ                             ᠵᠠᠯᠠᠶᠢᠳ ᠬᠤᠰᠢᠭᠤᠨ ᠤ   ᠭᠠᠴᠠᠭ᠎ᠠ ᠲᠣᠰᠬᠤᠨ   ᠤ   ᠬᠠᠮᠲᠣ   ᠶᠢᠨ ᠠᠵᠣ               ᠠᠬᠤᠢ ᠶᠢᠨ ᠬᠦᠭᠵᠢᠯᠲᠡ ᠶᠢ ᠳᠡᠮᠵᠢᠬᠦ ᠠᠷᠪᠠᠨ ᠵᠣᠷᠪᠣᠰ ᠠᠷᠭ᠎ᠠ ᠬᠡᠮᠵᠢᠶ᠎ᠡ               ᠨᠢᠭᠡᠳᠦᠭᠡᠷ ᠵᠣᠷᠪᠣᠰ    2018 ᠣᠨ ᠠᠴᠠ 2020 ᠣᠨ ᠪᠣᠯᠲᠠᠯ᠎ᠠ᠂ ᠬᠤᠰᠢᠭᠤᠨ ᠤ ᠵᠠᠰᠠᠭ ᠤᠨ ᠣᠷᠳᠣᠨ ᠵᠢᠯ ᠪᠦᠷᠢ ᠶᠢᠨ ᠲᠦᠰᠦᠪ ᠲᠤ ᠪᠠᠨ 500 ᠲᠦᠮᠡᠨ ᠲᠦᠭᠦᠷᠢᠭ ᠤᠨ ᠱᠠᠩᠨᠠᠯ ᠤᠨ ᠲᠣᠰᠠᠯᠠᠮᠵᠢ ᠶᠢᠨ ᠪᠡᠯᠡ ᠮᠦᠩᠭᠦ ᠶᠢ ᠲᠣᠬᠢᠷᠠᠭᠤᠯᠣᠨ᠂ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠬᠤ ᠶᠢ ᠳᠡᠮᠵᠢᠨ᠎ᠡ᠃       ᠬᠤᠶᠠᠳᠣᠭᠠᠷ ᠵᠣᠷᠪᠣᠰ     ᠭᠠᠴᠠᠭ᠎ᠠ ᠲᠣᠰᠬᠤᠨ ᠤ ᠬᠠᠮᠲᠣ ᠶᠢᠨ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾   ᠤᠨ ᠬᠢᠨᠠᠨ ᠬᠠᠮᠢᠶᠠᠷᠣᠯᠲᠠ ᠶᠢ ᠴᠢᠩᠭᠠᠳᠬᠠᠨ᠎ᠠ᠃ ᠰᠣᠮᠣ ᠰᠢᠶᠠᠩ ᠪᠠᠯᠭᠠᠰᠣ ᠲᠠᠯᠠᠪᠠᠢ ᠲᠣᠭᠲᠠᠭᠠᠯ ᠶᠣᠰᠣᠭᠠᠷ᠂ ᠲᠣᠰ ᠭᠠᠵᠠᠷ ᠣᠷᠣᠨ ᠤ ᠭᠠᠴᠠᠭ᠎ᠠ ᠲᠣᠰᠬᠤᠨ ᠤ ︽  ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠳᠤ ᠪᠦᠬᠦ ᠲᠠᠯ᠎ᠠ ᠶᠢᠨ ᠢᠯᠭᠠᠷᠠᠭᠤᠯᠣᠨ ᠪᠠᠶᠢᠴᠠᠭᠠᠯᠲᠠ ᠪᠠ ᠰᠢᠨ᠎ᠡ ᠨᠣᠳᠠᠯᠠᠨ ᠲᠣᠭᠲᠠᠭᠠᠯᠲᠠ ᠬᠢᠵᠦ᠂ ᠬᠠᠮᠲᠣ ᠳᠤ ᠨᠢ ᠪᠦᠬᠦᠨ ᠢ ᠬᠠᠮᠲᠣ ᠶᠢᠨ ᠠᠵᠣ ᠠᠬᠤᠢ ᠳᠤ ᠣᠷᠣᠭᠤᠯᠣᠨ ᠬᠠᠮᠢᠶᠠᠷᠣᠯᠲᠠ ᠬᠢᠨ᠎ᠡ᠃       ᠭᠤᠷᠪᠠᠳᠣᠭᠠᠷ ᠵᠣᠷᠪᠣᠰ   ᠡᠳ᠋ ᠤᠨ ᠵᠠᠰᠠᠭ ᠤᠨ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢ ᠳᠡᠮᠵᠢᠬᠦ ᠲᠣᠰᠬᠠᠢ ᠪᠡᠯᠡ ᠮᠦᠩᠭᠦ ᠶᠢᠨ ᠦᠷᠳᠡᠭ ᠢ ᠪᠠᠲᠣᠯᠠᠨ ᠨᠡᠮᠡᠭᠳᠡᠭᠦᠯᠵᠦ᠂ ᠬᠠᠮᠤᠭ ᠳᠣᠣᠷ᠎ᠠ ᠠᠰᠢᠭ ᠣᠯᠵᠠᠪᠣᠷᠢ ᠶᠢ ᠪᠦᠬᠦ ᠪᠡᠯᠡ ᠮᠦᠩᠭᠦ ᠶᠢᠨ 10 % ᠠᠴᠠ ᠳᠣᠣᠷ᠎ᠠ ᠪᠠᠶᠢᠯᠭᠠᠵᠣ ᠪᠣᠯᠬᠤ ᠦᠭᠡᠢ᠃ ᠡᠳ᠋ ᠤᠨ ᠵᠠᠰᠠᠭ ᠤᠨ ᠭᠠᠴᠠᠭ᠎ᠠ ᠲᠣᠰᠬᠤᠨ ᠤ ᠠᠵᠣ ᠠᠬᠤᠶᠢᠯᠠᠯ ᠪᠠ ᠬᠤᠷᠰᠢᠶᠠᠵᠢᠯ ᠳᠤ ᠣᠷᠣᠭᠤᠯᠣᠭᠰᠠᠨ ᠪᠡᠯᠡ ᠮᠦᠩᠭᠦ ᠶᠢ ᠣᠷᠣᠭᠤᠯᠣᠭᠰᠠᠨ ᠪᠡᠯᠡ ᠮᠦᠩᠭᠦ ᠶᠢᠨ 35% ᠵᠢᠴᠢ ᠳᠡᠭᠡᠭᠰᠢᠬᠢ ᠶᠢ ᠬᠤᠪᠢ ᠪᠠᠷ ᠨᠣᠭᠤᠯᠣᠨ ᠪᠣᠳᠣᠵᠣ ᠬᠡᠮᠵᠢᠶᠡᠵᠢᠭᠦᠯᠦᠨ᠂ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠪᠣᠯᠭᠠᠬᠤ ᠬᠡᠷᠡᠭᠲᠡᠢ᠃       ᠳᠦᠷᠪᠡᠳᠦᠭᠡᠷ ᠵᠣᠷᠪᠣᠰ   ᠲᠣᠰᠬᠤᠨ ᠤ ᠱᠠᠲᠣᠨ ᠤ ᠡᠯ᠎ᠡ ᠲᠦᠷᠦᠯ ᠤᠨ ᠬᠠᠮᠠᠭᠠᠯᠠᠬᠤ᠂ ᠬᠠᠮᠢᠶᠠᠷᠴᠣ ᠬᠠᠮᠠᠭᠠᠯᠠᠬᠤ ᠲᠠᠢ ᠬᠤᠯᠪᠣᠭᠳᠠᠬᠤ ᠵᠠᠷᠣᠳᠠᠯ ᠢ   ᠲᠣᠭᠲᠠᠭᠰᠠᠨ ᠬᠦᠷᠢᠶ᠎ᠡ ᠬᠡᠪᠴᠢᠶᠡᠨ ᠳᠤ᠂ ᠡᠳ᠋ ᠤᠨ ᠵᠠᠰᠠᠭ ᠤᠨ ᠲᠣᠪᠴᠢᠶ᠎ᠠ ᠠᠴᠠ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠳᠤ ᠰᠢᠯᠵᠢᠭᠦᠯᠵᠦ ᠦᠭᠭᠦᠨ᠂ ᠭᠠᠴᠠᠭ᠎ᠠ ᠲᠣᠰᠬᠤᠨ ᠤ ᠵᠣᠬᠢᠶᠠᠨ ᠪᠠᠶᠢᠭᠤᠯᠣᠯᠲᠠ ᠬᠡᠷᠡᠭᠵᠢᠭᠦᠯᠦᠨ᠂ ᠵᠠᠷᠣᠳᠠᠯ ᠤᠨ ᠦᠯᠡᠳᠡᠪᠦᠷᠢ ᠬᠡᠰᠡᠭ ᠢ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠣᠷᠣᠯᠭ᠎ᠠ ᠪᠣᠯᠭᠠᠵᠣ ᠪᠣᠯᠣᠨ᠎ᠠ᠃       ᠲᠠᠪᠣᠳᠣᠭᠠᠷ ᠵᠣᠷᠪᠣᠰ   ᠣᠷᠣᠨ ᠨᠣᠲᠤᠭ ᠠᠴᠠ ᠬᠡᠷᠡᠭᠵᠢᠭᠦᠯᠦᠭᠰᠡᠨ ᠪᠠᠷᠢᠯᠭ᠎ᠠ ᠶᠢᠨ ᠲᠦᠷᠦᠯ ᠵᠦᠢᠯ ᠢ ᠰᠢᠶᠠᠩ ᠪᠠᠯᠭᠠᠰᠣ ᠪᠠᠷᠢᠯᠭ᠎ᠠ ᠪᠠᠷᠢᠵᠣ ᠪᠣᠯᠬᠤ ᠶᠢ ᠨᠢ ᠰᠢᠶᠠᠩ ᠪᠠᠯᠭᠠᠰᠣ ᠭᠠᠴᠠᠭ᠎ᠠ ᠲᠣᠰᠬᠤᠨ ᠤ ᠵᠣᠬᠢᠶᠠᠨ ᠪᠠᠶᠢᠭᠤᠯᠣᠯᠲᠠ ᠳᠤ ᠲᠣᠰᠢᠶᠠᠨ ᠬᠡᠷᠡᠭᠵᠢᠭᠦᠯᠵᠦ ᠪᠣᠯᠣᠨ᠎ᠠ᠃ ᠠᠰᠢᠭ ᠣᠷᠣᠯᠭ᠎ᠠ ᠶᠢ ᠭᠠᠴᠠᠭ᠎ᠠ ᠲᠣᠰᠬᠤᠨ ᠤ ᠬᠠᠮᠲᠣ  ᠶᠢᠨ ᠠᠵᠣ ᠠᠬᠤᠢ ᠶᠢᠨ ᠣᠷᠣᠯᠭ᠎ᠠ ᠪᠣᠯᠭᠠᠨ᠎ᠠ᠃       ᠵᠢᠷᠭᠤᠳᠣᠭᠠᠷ ᠵᠣᠷᠪᠣᠰ   ᠣᠯᠣᠰ ᠤᠨ ᠣᠢ ᠰᠢᠭᠤᠢ ᠶᠢᠨ ᠢᠨᠵᠧᠨᠧᠷᠢᠩ ᠤᠨ ᠲᠦᠷᠦᠯ ᠵᠦᠢᠯ ᠢ ᠭᠤᠣᠯᠳᠠᠭᠤ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠬᠤᠭᠤᠰᠣᠨ ᠲᠣᠰᠬᠤᠨ ᠪᠠ ᠪᠠᠭᠤᠷᠠᠢ ᠲᠣᠰᠬᠤᠨ ᠲᠡᠰᠢ ᠬᠡᠯᠪᠡᠶᠢᠯᠭᠡᠨ᠎ᠡ᠃ ᠭᠠᠴᠠᠭ᠎ᠠ ᠲᠣᠰᠬᠤᠨ ᠤ ᠬᠡᠷᠡᠭᠵᠢᠭᠦᠯᠵᠦ ᠪᠠᠶᠢᠭ᠎ᠠ ᠣᠶᠢᠵᠢᠭᠤᠯᠣᠯᠲᠠ ᠶᠢᠨ ᠲᠦᠷᠦᠯ ᠵᠦᠢᠯ ᠢ ᠣᠯᠣᠰ ᠤᠨ ᠪᠠᠷᠢᠮᠵᠢᠶ᠎ᠠ ᠪᠠᠷ ᠨᠦᠬᠦᠪᠦᠷᠢ ᠦᠭᠴᠦ᠂ ᠬᠠᠮᠲᠣ ᠳᠤ ᠨᠢ ︽ᠣᠢ ᠰᠢᠭᠤᠢ ᠶᠢᠨ ᠬᠠᠥᠯᠢ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠭᠠᠴᠠᠭ᠎ᠠ ᠲᠣᠰᠬᠤᠨ ᠤ ᠲᠣᠰᠬᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ ᠭᠠᠴᠠᠭ᠎ᠠ ᠲᠣᠰᠬᠤᠨ ᠤ ᠬᠠᠮᠲᠣ ᠶᠢᠨ ᠡᠷᠬᠡ ᠬᠠᠷᠢᠶᠠᠨ ᠤ ᠣᠢ  ᠶᠢᠨ ᠭᠠᠵᠠᠷ ᠢ ᠬᠠᠥᠯᠢ ᠶᠣᠰᠣᠭᠠᠷ ᠣᠢ ᠶᠢᠨ ᠦᠮᠴᠢᠯᠡᠯ ᠤᠨ ᠡᠷᠬᠡ ᠶᠢᠨ ᠦᠨᠡᠮᠯᠡᠯ ᠭᠦᠢᠴᠡᠳᠭᠡᠵᠦ᠂ ᠣᠶᠢᠵᠢᠭᠤᠯᠣᠯᠲᠠ ᠶᠢᠨ ᠨᠦᠬᠦᠪᠦᠷᠢ ᠶᠢᠨ ᠦᠯᠡᠳᠡᠪᠦᠷᠢ ᠪᠠ ᠣᠢ ᠶᠢᠨ ᠭᠠᠵᠠᠷ ᠢ ᠪᠦᠷ ᠬᠠᠮᠲᠣ ᠶᠢᠨ ᠠᠵᠣ ᠠᠬᠤᠢ  ᠶᠢᠨ ᠣᠷᠣᠯᠭ᠎ᠠ ᠪᠣᠯᠭᠠᠨ᠎ᠠ᠃       ᠳᠣᠯᠣᠳᠣᠭᠠᠷ ᠵᠣᠷᠪᠣᠰ   ᠭᠠᠴᠠᠭ᠎ᠠ ᠲᠣᠰᠬᠤᠨ ᠤ ᠬᠠᠮᠲᠣ ᠨᠡᠶᠢᠲᠡ ᠰᠢᠭᠤᠳ ᠭᠤᠶᠣᠴᠢᠯᠠᠭᠰᠠᠨ ᠣᠯᠣᠰ  ᠤᠨ ᠪᠠᠭ᠎ᠠ ᠬᠡᠯᠪᠡᠷᠢ ᠶᠢᠨ ᠲᠠᠷᠢᠶᠠᠯᠠᠩ ᠤᠨ ᠣᠰᠣᠨ ᠠᠰᠢᠭᠯᠠᠯᠲᠠ ᠶᠢᠨ ᠲᠦᠷᠦᠯ ᠵᠦᠢᠯ ᠪᠠ ᠪᠣᠰᠣᠳ ᠠᠵᠢᠯ ᠣᠯᠭᠤᠬᠤ ᠪᠠᠷ ᠳᠡᠳᠭᠦᠮᠵᠢ ᠶᠢ ᠣᠷᠣᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠳᠤ ᠪᠠᠷᠢᠯᠭ᠎ᠠ ᠶᠢᠨ ᠮᠠᠲ᠋ᠧᠷᠢᠶᠠᠯ ︵ᠡᠯᠡᠰᠦ᠂ ᠴᠢᠯᠠᠭᠤ᠂ ᠰᠢᠷᠣᠢ︶ ᠠᠪᠬᠤ ᠬᠡᠷᠡᠭᠴᠡᠭᠡ ᠲᠠᠢ ᠪᠣᠯ᠂ ᠬᠤᠰᠢᠭᠤᠨ ᠤ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠮᠠᠲ᠋ᠧᠷᠢᠶᠠᠯ ᠠᠪᠬᠤ ᠴᠡᠭ ᠶᠣᠰᠣᠭᠠᠷ ᠳᠠᠩᠰᠠᠨ  ᠳᠤ ᠲᠡᠮᠲᠡᠭᠯᠡᠬᠦ ᠳᠦᠷᠢᠮ ᠤᠨ ᠬᠠᠮᠢᠶᠠᠷᠣᠯᠲᠠ ᠶᠢ ᠬᠡᠷᠡᠭᠵᠢᠭᠦᠯᠦᠨ᠂ ᠲᠦᠷᠦᠯ ᠵᠦᠢᠯ ᠢ ᠬᠡᠷᠡᠭᠵᠢᠭᠦᠯᠵᠦ ᠪᠠᠶᠢᠬᠤ ᠨᠢᠭᠡᠴᠡ ᠮᠠᠲ᠋ᠧᠷᠢᠶᠠᠯ ᠠᠪᠬᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠬᠠᠷᠢᠭᠤᠴᠠᠨ᠎ᠠ᠃ ᠭᠠᠴᠠᠭ᠎ᠠ ᠲᠣᠰᠬᠤᠨ  ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ ᠲᠦᠷᠦᠯ ᠵᠦᠢᠯ ᠪᠣᠯ ᠭᠠᠴᠠᠭ᠎ᠠ ᠲᠣᠰᠬᠤᠨ ᠤ ᠭᠤᠶᠣᠴᠢᠯᠠᠯ ᠢ ᠦᠨᠳᠦᠰᠦᠯᠡᠨ᠂ ᠬᠤᠰᠢᠭᠤᠨ ᠤ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠠᠴᠠ ᠮᠡᠷᠭᠡᠵᠢᠯ ᠬᠠᠩᠭᠠᠵᠣ᠂ ᠰᠦᠢᠳᠭᠡᠯ ᠠᠪᠬᠤ ᠦᠭᠡᠢ ᠪᠠᠷ ᠬᠠᠶᠢᠨ ᠬᠡᠮᠵᠢᠵᠦ ᠦᠭᠭᠦᠨ᠎ᠡ᠃ ᠬᠠᠮᠲᠣ ᠶᠢᠨ ᠲᠠᠷᠢᠶᠠᠯᠠᠩ ᠤᠨ ᠬᠡᠷᠡᠭᠯᠡᠭᠡᠨ ᠤ ᠭᠠᠵᠠᠷ ᠪᠠ ᠠᠰᠢᠭᠯᠠᠭᠠᠳᠣᠢ ᠭᠠᠵᠠᠷ ᠢ ᠬᠡᠷᠡᠭᠯᠡᠬᠦ ᠲᠠᠢ ᠬᠤᠯᠪᠣᠭᠳᠠᠪᠠᠯ᠂ ᠬᠤᠰᠢᠭᠤᠨ ᠤ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠭᠠᠵᠠᠷ ᠰᠣᠩᠭᠤᠭᠰᠠᠨ ᠰᠠᠨᠠᠯ ᠢ ᠦᠨᠳᠦᠰᠦᠯᠡᠨ ᠰᠢᠨ᠎ᠡ ᠨᠡᠮᠡᠭᠳᠡᠭᠰᠡᠨ ᠪᠦᠲᠦᠭᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ ᠤᠨ ᠭᠦᠢᠴᠡᠳᠭᠡᠯ ᠲᠤᠭ᠎ᠠ ᠶᠢ ᠢᠳᠡᠪᠬᠢᠲᠡᠢ ᠪᠠᠷ ᠲᠣᠬᠢᠷᠠᠭᠤᠯᠵᠣ ᠦᠭᠭᠦᠨ᠂ ᠬᠠᠮᠲᠣ ᠳᠤ ᠨᠢ ᠢᠵᠢ ᠪᠦᠷᠢᠳᠦᠭᠦᠯᠦᠨ ᠮᠡᠳᠡᠭᠦᠯᠦᠨ   ᠵᠦᠪᠰᠢᠶᠡᠷᠡᠨ᠎ᠡ᠃ ᠲᠦᠷᠦᠯ ᠵᠦᠢᠯ ᠢ ᠵᠦᠪᠰᠢᠶᠡᠷᠡᠨ ᠰᠢᠯᠭᠠᠨ ᠠᠪᠣᠭᠰᠠᠨ ᠤ ᠳᠠᠷᠠᠭ᠎ᠠ᠂ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠣᠪᠴᠢᠶ᠎ᠠ ᠰᠠᠭᠠᠳ ᠦᠭᠡᠢ ᠨᠡᠪᠲᠡᠷᠡᠬᠦ ᠵᠠᠮ ᠭᠠᠷᠭᠠᠵᠣ᠂ ᠳᠠᠷᠣᠢ ᠳᠤ ᠨᠢ ᠦᠯᠦ ᠬᠦᠳᠡᠯᠬᠦ ᠬᠦᠷᠦᠩᠭᠡ ᠶᠢᠨ ᠦᠮᠴᠢᠯᠡᠬᠦ ᠡᠷᠬᠡ ᠶᠢᠨ ᠦᠨᠡᠮᠯᠡᠯ ᠢ ᠭᠦᠢᠴᠡᠳᠭᠡᠵᠦ ᠦᠭᠬᠦ ᠬᠡᠷᠡᠭᠲᠡᠢ᠃       ᠨᠠᠢᠮᠠᠳᠣᠭᠠᠷ ᠵᠣᠷᠪᠣᠰ   ᠲᠠᠷᠢᠶᠠᠯᠠᠩ ᠦᠢᠯᠡᠳᠪᠦᠷᠢᠯᠡᠭᠴᠢ ᠳᠤ ᠬᠦᠩᠬᠡᠯᠡᠵᠦ ᠬᠡᠯᠲᠦᠷᠢᠭᠦᠯᠬᠦ᠂ ᠲᠠᠷᠢᠶᠠᠯᠠᠩ ᠳᠤ ᠬᠤᠯᠪᠣᠭᠳᠠᠬᠤ ᠡᠳ᠋ ᠪᠣᠳᠠᠰ ᠢ ᠬᠦᠩᠬᠡᠯᠡᠵᠦ ᠬᠡᠯᠲᠦᠷᠢᠭᠦᠯᠬᠦ᠂ ᠲᠠᠷᠢᠶᠠᠯᠠᠩ ᠳᠤ ᠬᠤᠯᠪᠣᠭᠳᠠᠬᠤ ᠮᠦᠩᠭᠦᠨ ᠭᠦᠢᠯᠭᠡᠭᠡᠨ  ᠢ ᠬᠦᠩᠬᠡᠯᠡᠵᠦ ᠬᠡᠯᠲᠦᠷᠢᠭᠦᠯᠬᠦ᠂ ᠲᠠᠷᠢᠶᠠᠯᠠᠩ ᠳᠤ ᠬᠤᠯᠪᠣᠭᠳᠠᠬᠤ ᠦᠢᠯᠡᠴᠢᠯᠡᠭᠡᠨ ᠢ ᠬᠦᠩᠬᠡᠯᠡᠵᠦ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠠᠪᠴᠣ᠂ ᠭᠠᠶᠢᠯᠢ ᠶᠢᠨ ᠬᠠᠷᠠᠭᠠᠯᠵᠠᠯᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢ ᠳᠡᠮᠵᠢᠨ᠎ᠡ᠃ ᠬᠦᠳᠡᠭᠡ ᠲᠣᠰᠬᠤᠨ ᠤ ᠬᠠᠮᠲᠣ ᠶᠢᠨ ᠠᠵᠣ ᠠᠬᠤᠢ ᠶᠢᠨ ᠭᠠᠶᠢᠯᠢ ᠬᠠᠮᠢᠶᠠᠷᠣᠯᠲᠠ ᠶᠢᠨ ᠲᠠᠯ᠎ᠠ ᠪᠠᠷ᠂ ᠨᠣᠲᠤᠭ ᠤᠨ ᠭᠠᠶᠢᠯᠢ ᠶᠢᠨ ᠪᠠᠶᠢᠭᠤᠯᠣᠯᠭ᠎ᠠ ᠣᠯᠣᠰ ᠤᠨ ᠭᠠᠶᠢᠯᠢ ᠶᠢᠨ ᠬᠠᠷᠠᠭᠠᠯᠵᠠᠯᠠᠯ ᠤᠨ ᠲᠦᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠣᠷᠢᠵᠭᠤᠯᠵᠣ᠂ ᠭᠠᠶᠢᠯᠢ ᠶᠢᠨ ᠬᠤᠷᠢᠶᠠᠯᠲᠠ ᠳᠤ ᠬᠦᠩᠬᠡᠯᠡᠵᠦ ᠬᠡᠯᠲᠦᠷᠢᠭᠦᠯᠬᠦ ᠭᠠᠶᠢᠯᠢ ᠳᠤ ᠬᠤᠯᠪᠣᠭᠳᠠᠪᠠᠯ᠂ ᠭᠠᠶᠢᠯᠢ ᠲᠣᠰᠢᠶᠠᠬᠤ ᠡᠲᠡᠭᠡᠳ ᠳᠣᠷᠠᠳᠴᠣ ᠭᠤᠶᠣᠴᠢᠯᠠᠨ᠂ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ  ᠠᠴᠠ ᠬᠠᠥᠯᠢ ᠳᠤ ᠲᠣᠭᠲᠠᠭᠠᠭᠰᠠᠨ ᠬᠦᠷᠢᠶ᠎ᠡ ᠬᠡᠪᠴᠢᠶᠡᠨ ᠳᠣᠲᠣᠷ᠎ᠠ ᠳᠠᠩᠰᠠᠨ ᠳᠤ ᠲᠡᠮᠲᠡᠭᠯᠡᠬᠦ ᠪᠣᠶᠣ ᠬᠦᠩᠬᠡᠯᠡᠵᠦ ᠬᠡᠯᠲᠦᠷᠢᠭᠦᠯᠬᠦ ᠶᠢ ᠬᠢᠨᠠᠨ ᠵᠦᠪᠰᠢᠶᠡᠷᠡᠨ᠎ᠡ᠃       ᠶᠢᠰᠦᠳᠦᠭᠡᠷ ᠵᠣᠷᠪᠣᠰ   ᠲᠣᠰᠬᠤᠨ ᠤ ᠬᠠᠮᠲᠣ ᠭᠠᠭᠴᠠᠭᠠᠷ ᠪᠡᠯᠡ ᠣᠷᠣᠭᠤᠯᠵᠣ ᠪᠠᠶᠢᠭᠤᠯᠣᠭᠰᠠᠨ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠶᠢᠨ ᠲᠣᠭᠲᠠᠭᠠᠯ ᠶᠣᠰᠣᠭᠠᠷ ᠳᠡᠭᠡᠭᠰᠢ ᠲᠣᠰᠢᠶᠠᠬᠤ ᠡᠯ᠎ᠡ ᠲᠦᠷᠦᠯ ᠤᠨ ᠭᠠᠶᠢᠯᠢ ᠶᠢᠨ ᠰᠦᠢᠳᠭᠡᠯ ᠢ ᠵᠠᠰᠠᠭ ᠤᠨ ᠣᠷᠳᠣᠨ ᠤ ᠰᠠᠯᠠᠭ᠎ᠠ ᠮᠦᠴᠢᠷ ᠠᠵᠣ ᠠᠬᠤᠶᠢᠯᠠᠯ ᠤᠨ ᠬᠦᠭᠵᠢᠯᠲᠡ ᠶᠢ ᠳᠡᠮᠵᠢᠬᠦ ᠶᠢᠨ ᠲᠦᠯᠦᠭᠡ ᠱᠠᠩᠨᠠᠯ ᠢᠶᠠᠷ ᠨᠦᠬᠦᠪᠦᠷᠢ ᠶᠢ ᠣᠷᠣᠯᠠᠬᠤ ᠬᠡᠯᠪᠡᠷᠢ ᠪᠠᠷ   ᠡᠭᠡᠭᠦᠯᠦᠨ ᠪᠣᠴᠠᠭᠠᠵᠣ ᠪᠣᠯᠣᠨ᠎ᠠ᠃       ᠠᠷᠪᠠᠳᠣᠭᠠᠷ ᠵᠣᠷᠪᠣᠰ   ᠪᠦᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠬᠤ ᠠᠯᠪᠠᠨ ᠭᠡᠷ ︵ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠲᠤ ᠲᠣᠬᠢᠷᠠᠭᠤᠯᠣᠨ᠎ᠠ︶ ᠪᠠᠶᠢᠭᠤᠯᠣᠨ᠂ ᠠᠯᠪᠠᠨ ᠭᠡᠷ ᠤᠨ ᠭᠡᠰᠢᠭᠦᠨ ᠨᠢ ᠬᠠᠮᠢᠶ᠎ᠠ ᠪᠦᠬᠦᠢ ᠰᠠᠯᠠᠭ᠎ᠠ ᠮᠦᠴᠢᠷ  ᠤᠨ ᠲᠠᠣᠬᠠᠶᠢᠯᠠᠭᠰᠠᠨ ᠠᠵᠢᠯᠲᠠᠨ ᠢᠶᠠᠷ   ᠪᠦᠷᠢᠯᠳᠦᠵᠦ᠂ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠬᠦᠭᠵᠢᠯᠲᠡ ᠶᠢᠨ ᠠᠷᠭ᠎ᠠ ᠰᠦᠪᠡᠭᠴᠢᠯᠡᠬᠦ᠂ ᠨᠢᠭᠡᠲᠦᠯᠲᠡᠢ ᠲᠦᠯᠦᠪᠯᠡᠬᠦ  ᠂ ᠬᠦᠮᠦᠵᠢᠭᠦᠯᠦᠨ ᠪᠣᠯᠪᠠᠰᠣᠷᠠᠭᠤᠯᠬᠤ᠂ ᠦᠢᠯᠡᠴᠢᠯᠡᠬᠦ᠂   ᠬᠠᠮᠢᠶᠠᠷᠬᠤ ᠠᠵᠢᠯ ᠢ ᠬᠠᠷᠢᠭᠤᠴᠠᠨ᠎ᠠ᠃ ᠬᠠᠮᠲᠣ ᠳᠤ ᠨᠢ ᠵᠢᠯ ᠪᠦᠷᠢ ᠶᠢᠨ 3 ᠰᠠᠷ᠎ᠠ ᠶᠢᠨ 15 ᠤ ᠡᠳᠦᠷ ᠠᠴᠠ ᠡᠮᠦᠨ᠎ᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢ ᠬᠦᠭᠵᠢᠭᠦᠯᠵᠦ ᠪᠣᠵᠠᠭᠠᠶᠢᠷᠠᠭᠤᠯᠬᠤ ᠳᠤ ᠳᠡᠮᠵᠢᠭᠰᠡᠨ ᠲᠦᠷᠦᠯ ᠵᠦᠢᠯ ᠪᠠ ᠪᠣᠳᠠᠲᠠᠢ ᠠᠷᠭ᠎ᠠ ᠬᠡᠮᠵᠢᠶ᠎ᠡ ᠶᠢ ᠪᠦᠷᠢᠳᠭᠡᠨ᠎ᠡ᠃ ᠭᠠᠴᠠᠭ᠎ᠠ ᠲᠣᠰᠬᠤᠨ ᠤ ᠬᠢᠨᠠᠯᠲᠠ ᠲᠠᠯᠪᠢᠬᠤ ᠵᠦᠪᠯᠡᠯ ᠤᠨ ᠡᠷᠬᠡ ᠲᠣᠰᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂   ᠠᠷᠠᠳᠴᠢᠯᠠᠭᠰᠠᠨ ᠡᠳ᠋ ᠤᠨ ᠬᠠᠮᠢᠶᠠᠷᠣᠯᠲᠠ ᠶᠢᠨ ᠳᠡᠰ ᠳᠠᠷᠠᠭᠠᠯᠠᠯ ᠢ ᠳᠦᠷᠢᠮᠵᠢᠭᠦᠯᠦᠨ᠎ᠡ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号