ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ​ ᠪᠠᠶᠢᠭᠤᠯᠬᠤ ᠠᠵᠢᠯ ᠢ ᠪᠠᠲᠣᠳᠬᠠᠨ ᠳᠡᠭᠡᠭᠰᠢᠯᠡᠭᠦᠯᠬᠦ ᠲᠦᠰᠦᠯ
ᠨᠡᠶᠢᠲᠡᠯᠡᠭᠰᠡᠨ ᠴᠠᠭ᠄
2018-06-14
                ᠵᠠᠯᠠᠶᠢᠳ ᠨᠠᠮ ᠠᠯᠪᠠᠨ ᠲᠠᠷᠬᠠᠭᠠᠭᠰᠠᠨ [2016] 92 ᠳ᠋ᠣᠭᠠᠷ ᠲᠣᠭᠠᠲᠣ                       ᠳᠣᠮᠳᠠᠳᠣ ᠣᠯᠣᠰ ᠤᠨ ᠡᠪ ᠬᠠᠮᠲᠣ ᠨᠠᠮ ᠤᠨ ᠵᠠᠯᠠᠶᠢᠳ   ᠬᠤᠰᠢᠭᠤᠨ   ᠤ ᠬᠤᠷᠢᠶ᠎ᠠ ᠶᠢᠨ ᠠᠯᠪᠠᠨ ᠬᠡᠷ   ᠵᠠᠰᠠᠭ ᠤᠨ ᠣᠷᠳᠣᠨ ᠤ ᠠᠯᠪᠠᠨ ᠭᠡᠷ ᠤᠨ ︽ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢᠨ ᠡᠭᠦᠳᠦᠨ ᠪᠠᠶᠢᠭᠤᠯᠬᠤ ᠠᠵᠢᠯ ᠢ   ᠪᠠᠲᠣᠳᠬᠠᠨ   ᠳᠡᠭᠡᠭᠰᠢᠯᠡᠭᠦᠯᠬᠦ ᠲᠦᠰᠦᠯ︾ ᠢ ᠳᠠᠷᠣᠮᠠᠯᠯᠠᠨ   ᠲᠠᠷᠬᠠᠭᠠᠬᠤ   ᠲᠣᠬᠠᠢ ᠮᠡᠳᠡᠭᠳᠡᠯ             ᠡᠯ᠎ᠡ ᠰᠣᠮᠣ ᠰᠢᠶᠠᠩ ᠪᠠᠯᠭᠠᠰᠣᠨ ᠤ ᠨᠠᠮ ᠤᠨ ᠬᠤᠷᠢᠶ᠎ᠠ᠂   ᠵᠠᠰᠠᠭ ᠤᠨ ᠣᠷᠳᠣᠨ᠂ ᠦᠷ᠎ᠡ ᠶᠢᠨ ᠮᠠᠯ ᠤᠨ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂   ᠡᠯ᠎ᠡ ᠰᠢᠭᠤᠳ ᠬᠠᠮᠢᠶᠠᠷᠣᠯᠲᠠ ᠶᠢᠨ ᠨᠢᠭᠡᠴᠡ᠂ ᠡᠯ᠎ᠡ ᠠᠷᠠᠳ ᠤᠨ ᠪᠦᠯᠬᠦᠮ ᠳᠤ᠄               ︽ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠪᠠᠲᠣᠳᠬᠠᠨ ᠳᠡᠭᠡᠭᠰᠢᠯᠡᠭᠦᠯᠬᠦ ᠲᠦᠰᠦᠯ︾ ᠢ ᠬᠤᠰᠢᠭᠤᠨ ᠤ ᠬᠤᠷᠢᠶ᠎ᠠ᠂ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠣᠮᠠᠯᠯᠠᠨ ᠲᠠᠷᠬᠠᠭᠠᠪᠠ᠂ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠲᠣᠭᠠᠢ᠃                             ᠳᠣᠮᠳᠠᠳᠣ ᠣᠯᠣᠰ ᠤᠨ ᠡᠪ ᠬᠠᠮᠲᠣ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠶᠢᠨ ᠠᠯᠪᠠᠨ ᠬᠡᠷ     ᠵᠠᠯᠠᠶᠢᠳ     ᠬᠤᠰᠢᠭᠤᠨ   ᠤ     ᠠᠷᠠᠳ   ᠤᠨ   ᠵᠠᠰᠠᠭ   ᠤᠨ   ᠣᠷᠳᠣᠨ   ᠤ   ᠠᠯᠪᠠᠨ   ᠭᠡᠷ                           2016 ᠣᠨ ᠤ 9 ᠰᠠᠷ᠎ᠠ ᠶᠢᠨ 5 ᠤ ᠡᠳᠦᠷ                                                 ᠵᠠᠯᠠᠶᠢᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ                     ᠡᠭᠦᠳᠦᠨ ᠪᠠᠶᠢᠭᠤᠯᠬᠤ ᠠᠵᠢᠯ ᠢ ᠪᠠᠲᠣᠳᠬᠠᠨ ᠳᠡᠭᠡᠭᠰᠢᠯᠡᠭᠦᠯᠬᠦ ᠲᠦᠰᠦᠯ             ᠬᠢᠩᠭᠠᠨ ᠠᠶᠢᠮᠠᠭ ᠤᠨ ᠪᠦᠬᠦ ᠣᠯᠣᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ᠤᠨ ︽ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠢ ᠪᠠᠲᠣᠳᠬᠠᠨ ᠳᠡᠭᠡᠭᠰᠢᠯᠡᠭᠦᠯᠬᠦ ᠠᠵᠢᠯ ᠢ ᠦᠨᠡᠨᠬᠦ ᠰᠠᠶᠢᠲᠣᠷ ᠬᠢᠬᠦ ᠲᠣᠬᠠᠢ ᠮᠡᠳᠡᠭᠳᠡᠯ︾ ︵ᠬᠢᠩᠭᠠᠨ ᠡᠭᠦᠳᠦᠨ ᠪᠠᠶᠢᠭᠤᠯᠬᠤ ᠠᠯᠪᠠᠨ [2016] 5 ᠳ᠋ᠣᠭᠠᠷ ᠲᠣᠭᠠᠲᠣ︶ ᠤᠨ ᠱᠠᠭᠠᠷᠳᠠᠯᠭ᠎ᠠ ᠶᠣᠰᠣᠭᠠᠷ᠂ ᠪᠦᠬᠦ ᠣᠯᠣᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠣᠭᠰᠠᠨ ᠦᠷ᠎ᠡ ᠪᠦᠲᠦᠭᠡᠯ ᠢ ᠣᠯᠠᠮ ᠨᠢᠭᠡ ᠠᠯᠬᠤᠮ ᠪᠠᠲᠣᠳᠬᠠᠨ᠂ ᠨᠡᠩ ᠦᠨᠳᠦᠷ ᠵᠣᠭᠰᠣᠴᠠ᠂ ᠨᠡᠩ ᠦᠨᠳᠦᠷ ᠬᠢᠷᠢ ᠲᠦᠪᠰᠢᠨ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠢ ᠬᠦᠭᠵᠢᠯᠲᠡ ᠶᠢ ᠠᠬᠢᠭᠤᠯᠵᠣ᠂ ᠡᠭᠦᠳᠦᠨ ᠪᠠᠶᠢᠭᠤᠯᠬᠤ ᠠᠵᠢᠯ ᠤᠨ ᠬᠡᠪᠰᠢᠵᠢᠬᠦ ᠣᠷᠲᠣ ᠬᠤᠭᠤᠴᠠᠭᠠᠨ ᠤ ᠴᠢᠳᠠᠮᠵᠢ ᠲᠠᠢ ᠪᠠᠶᠢᠬᠤ ᠶᠢ ᠪᠠᠲᠣᠯᠠᠬᠤ ᠶᠢᠨ ᠲᠦᠯᠦᠭᠡ ᠮᠠᠨ ᠤ ᠬᠤᠰᠢᠭᠤᠨ ᠤ ᠪᠣᠳᠠᠲᠣ ᠪᠠᠶᠢᠳᠠᠯ ᠲᠠᠢ ᠣᠶᠠᠯᠳᠣᠭᠤᠯᠣᠨ ᠲᠣᠰ ᠲᠦᠰᠦᠯ ᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ     ᠲᠦᠪ᠂ ᠦᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ  ᠤᠨ ᠬᠤᠷᠠᠯ ᠤᠨ ᠵᠣᠷᠢᠭ ᠰᠠᠨᠠᠭ᠎ᠠ ᠶᠢ ᠣᠯᠠᠮ ᠨᠢᠭᠡ ᠠᠯᠬᠤᠮ ᠲᠣᠣᠱᠯᠠᠭᠤᠯᠣᠨ ᠨᠠᠶᠢᠳᠠᠪᠣᠷᠢᠵᠢᠭᠤᠯᠵᠣ᠂ ︽ᠬᠠᠮᠲᠣ  ᠪᠠᠷ ᠪᠦᠯᠬᠦᠮᠳᠡᠨ ᠲᠡᠮᠡᠴᠡᠵᠦ᠂ ᠬᠠᠮᠲᠣ ᠪᠠᠷ ᠴᠡᠴᠡᠭᠯᠡᠨ ᠬᠦᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ  ᠢ ᠪᠠᠲᠣ ᠡᠵᠡᠮᠳᠡᠵᠦ᠂ ᠡᠶ᠎ᠡ ᠵᠣᠬᠢᠴᠠᠩᠭᠤᠢ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠣ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠣᠯᠬᠤ ᠵᠡᠷᠭᠡ ︽ᠠᠷᠪᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ ᠲᠠᠢ ᠨᠢᠭᠲᠠ ᠣᠶᠠᠯᠳᠣᠵᠣ᠂ ᠣᠷᠣᠨ ᠨᠣᠲᠤᠭ ᠤᠨ ᠠᠵᠣ ᠠᠬᠤᠢ ᠶᠢᠨ ᠬᠦᠭᠵᠢᠯᠲᠡ ᠶᠢ ᠲᠦᠷᠭᠡᠳᠭᠡᠵᠦ᠂ ᠶᠠᠳᠠᠭᠤ ᠶᠢ ᠳᠡᠳᠭᠦᠨ ᠴᠢᠨᠡᠭᠡᠯᠢᠭᠵᠢᠭᠦᠯᠬᠦ ᠶᠢ ᠲᠦᠯᠬᠢᠨ ᠠᠬᠢᠭᠤᠯᠵᠣ᠂ ᠨᠡᠶᠢᠭᠡᠮ ᠤᠨ ᠬᠠᠮᠢᠶᠠᠷᠣᠯᠲᠠ ᠶᠢᠨ ᠰᠢᠨ᠎ᠡ ᠶᠢ ᠡᠭᠦᠳᠴᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠠᠮᠢᠳᠣᠷᠠᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠴᠦᠬᠦᠷᠡᠯ ᠦᠭᠡᠢ ᠪᠠᠷ ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠦᠨᠳᠦᠰᠦᠲᠡᠨ ᠪᠦᠯᠬᠦᠮᠳᠡᠯ ᠲᠠᠢ᠂ ᠨᠡᠶᠢᠭᠡᠮ ᠲᠣᠭᠲᠠᠭᠤᠨ ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠢ ᠪᠦᠬᠦ ᠬᠦᠴᠦ ᠪᠠᠷ ᠪᠠᠲᠣᠵᠢᠭᠤᠯᠵᠣ᠂ ᠬᠠᠷᠢᠯᠴᠠᠨ ᠬᠠᠪᠰᠣᠷᠣᠯᠴᠠᠵᠣ ᠰᠠᠬᠢᠵᠣ ᠪᠠᠷᠠᠯᠠᠨ᠂ ᠪᠦᠯᠬᠦᠮᠳᠡᠨ ᠲᠡᠮᠡᠴᠡᠬᠦ ᠶᠢ ᠪᠠᠷᠢᠮᠳᠠᠯᠠᠨ ᠡᠬᠡ ᠣᠯᠣᠰ ᠤᠨ ᠣᠮᠠᠷᠠᠲᠣ ᠶᠢᠨ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠣᠨ᠎ᠠ  ᠃       ᠬᠤᠶᠠᠷ᠂ ᠠᠵᠢᠯ ᠤᠨ ᠬᠠᠷᠠᠯᠲᠠ     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠬᠦᠮᠦᠵᠢᠯ ᠪᠠ ᠡᠭᠦᠳᠦᠨ ᠪᠠᠶᠢᠭᠤᠯᠬᠤ ᠠᠵᠢᠯᠯᠠᠭᠠᠨ ᠢ ᠦᠷᠭᠡᠨ ᠳᠡᠯᠭᠡᠷ ᠭᠦᠨᠵᠡᠭᠡᠢ ᠦᠷᠨᠢᠭᠦᠯᠬᠦ ᠪᠠᠷ ᠳᠠᠮᠵᠢᠨ᠂ ᠳᠣᠮᠳᠠᠳᠣ ᠶᠢᠨ ᠦᠨᠳᠦᠰᠦᠲᠡᠨ ᠤ ᠬᠠᠮᠲᠣ  ᠶᠢᠨ ᠴᠣᠭᠴᠠ ᠶᠢᠨ ᠣᠬᠠᠮᠰᠠᠷ᠂ ︽ᠬᠤᠶᠠᠷ ᠬᠠᠮᠲᠣ ᠪᠠᠷ︾ ︽ᠭᠤᠷᠪᠠᠨ ᠰᠠᠯᠵᠣ ᠪᠣᠯᠣᠰᠢ ᠦᠭᠡᠢ︾᠂ ︽ᠲᠠᠪᠣᠨ ᠵᠦᠪᠰᠢᠶᠡᠷᠡᠬᠦ︾ ᠦᠵᠡᠯ ᠰᠠᠨᠠᠭᠠᠨ ᠤ ᠰᠠᠭᠤᠷᠢ ᠶᠢ ᠨᠡᠩ ᠪᠠᠲᠣᠵᠢᠭᠤᠯᠵᠣ᠂ ᠦᠨᠳᠦᠰᠦᠲᠡᠨ ᠤ ᠬᠠᠷᠢᠴᠠᠭ᠎ᠠ ᠶᠢ ᠨᠡᠩ ᠡᠶ᠎ᠡ ᠵᠣᠬᠢᠴᠠᠩᠭᠤᠢ ᠪᠣᠯᠭᠠᠵᠣ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ᠂ ᠬᠢᠯᠢ ᠬᠢᠵᠠᠭᠠᠷ ᠤᠨ ᠠᠮᠣᠷ ᠲᠦᠪᠰᠢᠨ ᠢ ᠣᠯᠠᠮ ᠨᠢᠭᠡ ᠠᠯᠬᠤᠮ ᠪᠠᠲᠣᠳᠬᠠᠵᠣ᠂ ᠠᠵᠣ ᠠᠬᠤᠢ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠴᠡᠴᠡᠭᠯᠡᠨ ᠬᠦᠭᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠲᠣᠯᠬᠤ ᠪᠦᠬᠦ ᠲᠠᠯ᠎ᠠ ᠶᠢᠨ ᠢᠯᠠᠯᠲᠠ ᠶᠢ ᠣᠯᠵᠣ᠂ ᠡᠯ᠎ᠡ ᠦᠨᠳᠦᠰᠦᠲᠡᠨ ᠤ ᠣᠷᠣᠯᠭ᠎ᠠ ᠶᠢᠨ ᠬᠢᠷᠢ ᠲᠦᠪᠰᠢᠨ ᠢ ᠢᠯᠡᠷᠬᠡᠢ ᠳᠡᠭᠡᠭᠰᠢᠯᠡᠭᠦᠯᠵᠦ᠂ ᠪᠦᠬᠦ ᠣᠷᠣᠨ ᠪᠦᠬᠦ ᠣᠯᠣᠰ ᠲᠠᠢ ᠵᠡᠷᠭᠡ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠨ᠎ᠠ᠃     ᠡᠭᠦᠳᠦᠨ ᠪᠠᠶᠢᠭᠤᠯᠬᠤ ᠠᠵᠢᠯ ᠢ ᠬᠤᠶᠠᠷ ᠵᠢᠯ ᠳᠤ ᠪᠠᠲᠣᠵᠢᠭᠤᠯᠵᠣ ᠭᠤᠷᠪᠠᠨ ᠵᠢᠯ ᠳᠤ ᠳᠡᠭᠡᠭᠰᠢᠯᠡᠭᠦᠯᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ 2017 ᠣᠨ ᠤ ᠦᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ  ᠤᠨ ᠣᠢ ᠪᠠᠷ ᠵᠠᠩᠭᠢᠯᠠᠭ᠎ᠠ ᠴᠡᠭ ᠪᠣᠯᠭᠠᠵᠣ᠂ ᠬᠤᠶᠠᠷ ᠠᠯᠬᠤᠮ ᠬᠤᠪᠢᠶᠠᠨ ᠠᠵᠢᠯ ᠤᠨ ᠬᠠᠷᠠᠯᠲᠠ ᠪᠠᠨ ᠪᠡᠶᠡᠯᠡᠭᠦᠯᠦᠨ᠎ᠡ᠃       ᠨᠢᠭᠡᠳᠦᠭᠡᠷ ᠠᠯᠬᠤᠮ ︵2016 — 2017 ᠣᠨ︶᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ ᠲᠠᠰᠢᠷᠠᠮ ᠢᠶᠠᠷ ᠪᠦᠬᠦ ᠬᠤᠰᠢᠭᠤᠨ ᠤ ᠶᠡᠷᠦᠩᠬᠡᠢ ᠠᠵᠣ ᠠᠬᠤᠢ ᠶᠢᠨ ᠬᠦᠴᠦᠨ ᠢ ᠢᠯᠡᠷᠬᠡᠢ ᠴᠢᠩᠭᠠᠳᠬᠠᠵᠣ᠂ ᠣᠷᠣᠨ ᠨᠣᠲᠤᠭ ᠤᠨ ᠦᠢᠯᠡᠳᠪᠦᠷᠢᠯᠡᠯ ᠤᠨ ᠪᠦᠬᠦ ᠦᠷᠳᠡᠭ ᠢ 120 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠣᠷᠣᠨ ᠨᠣᠲᠤᠭ ᠤᠨ ᠠᠵᠣ ᠠᠬᠤᠢ ᠶᠢᠨ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠪᠣᠬᠢᠷᠳᠣᠯ ᠦᠭᠡᠢ ᠬᠦᠭᠵᠢᠯᠲᠡ ᠶᠢᠨ ᠬᠦᠴᠦᠨ ᠢ ᠣᠯᠠᠮ ᠨᠢᠭᠡ ᠠᠯᠬᠤᠮ ᠴᠢᠩᠭᠠᠳᠬᠠᠵᠣ ᠂ ᠰᠠᠭᠤᠷᠢ ᠲᠦᠬᠦᠭᠡᠷᠦᠮᠵᠢ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠰᠢᠰᠲ᠋ᠧᠮ ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠬᠤᠲᠠ ᠬᠦᠳᠡᠭᠡ᠂ ᠣᠷᠣᠨ ᠨᠣᠲᠤᠭ ᠤᠨ ᠵᠦᠷᠢᠶ᠎ᠡ ᠶᠢ ᠢᠯᠡᠷᠬᠡᠢ ᠪᠠᠭᠠᠰᠬᠠᠵᠣ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠣᠷᠢ ᠢ ᠣᠷᠣᠨ ᠨᠣᠲᠤᠭ ᠤᠨ ᠲᠡᠷᠢᠭᠦᠨ ᠤ ᠡᠩᠨᠡᠭᠡᠨ ᠳᠤ ᠣᠷᠣᠭᠤᠯᠵᠣ᠂ ᠴᠦᠬᠡᠨ ᠲᠣᠭᠠᠲᠣ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠤᠨ ᠬᠦᠭᠵᠢᠯᠲᠡ ᠶᠢᠨ ᠨᠦᠭᠦᠴᠡᠯ ᠢ ᠢᠯᠡᠷᠬᠡᠢ ᠰᠠᠶᠢᠵᠢᠷᠠᠯᠲᠠ ᠲᠠᠢ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠣᠯᠠᠮ ᠨᠢᠭᠡ ᠠᠯᠬᠤᠮ ᠭᠦᠨᠵᠡᠭᠡᠷᠡᠶᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ︽ᠳᠣᠯᠣᠭᠠᠨ ᠭᠠᠵᠠᠷ ᠲᠤ ᠦᠷᠨᠢᠭᠦᠯᠬᠦ︾ ᠶᠢᠨ ᠰᠠᠭᠤᠷᠢᠨ ᠳᠤ ︽ᠨᠠᠢᠮᠠᠨ ᠭᠠᠵᠠᠷ ᠲᠤ ᠦᠷᠨᠢᠭᠦᠯᠬᠦ︾ ︵ ᠦᠢᠯᠡᠴᠢᠯᠡᠭᠡᠨ ᠤ ᠭᠠᠵᠠᠷ ᠲᠤ ᠦᠷᠨᠢᠭᠦᠯᠬᠦ ᠶᠢ ᠨᠡᠮᠡᠭᠳᠡᠭᠦᠯᠬᠦ︶ ᠪᠣᠯᠭᠠᠨ ᠣᠷᠳᠣᠳᠬᠠᠵᠣ᠂ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠬᠦ ᠨᠣᠷᠮ᠎ᠠ ᠶᠢ 95% ᠠᠴᠠ ᠳᠡᠭᠡᠭᠰᠢ   ᠪᠠᠶᠢᠯᠭᠠᠬᠤ ᠶᠢ ᠪᠠᠲᠣᠳᠬᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ   ᠨᠢᠭᠡᠴᠡ ᠶᠢ ᠴᠢᠷᠮᠠᠶᠢᠨ ᠡᠭᠦᠳᠦᠨ ᠪᠠᠶᠢᠭᠤᠯᠣᠨ᠎ᠠ᠃     ᠬᠤᠶᠠᠳᠣᠭᠠᠷ ᠠᠯᠬᠤᠮ ︵2018 — 2020 ᠣᠨ︶᠂   ᠬᠢᠩᠭᠠᠨ ᠠᠶᠢᠮᠠᠭ ᠰᠡᠷᠭᠦᠨ ᠪᠠᠶᠢᠭᠤᠯᠣᠭᠳᠠᠭᠰᠠᠨ 40 ᠵᠢᠯ ᠤᠨ ᠣᠢ ᠶᠢᠨ ᠲᠠᠰᠢᠷᠠᠮ ᠢᠶᠠᠷ᠂ ᠪᠦᠬᠦ ᠬᠤᠰᠢᠭᠤ᠂ ᠪᠦᠬᠦ ᠣᠯᠣᠰ᠂ ᠪᠦᠬᠦ ᠣᠷᠣᠨ  ᠲᠠᠢ   ᠵᠡᠷᠭᠡ ᠪᠠᠷ ᠴᠢᠨᠡᠭᠡᠯᠢᠭ ᠨᠡᠶᠢᠭᠡᠮ ᠳᠤ ᠳᠠᠪᠰᠢᠨ ᠣᠷᠣᠨ᠎ᠠ᠃ ᠠᠵᠣ ᠠᠬᠤᠢ ᠨᠡᠶᠢᠭᠡᠮ ᠪᠦᠬᠦ ᠲᠠᠯ᠎ᠠ ᠪᠠᠷ ᠬᠦᠭᠵᠢᠵᠦ᠂ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠣ᠂ ᠣᠯᠠᠨ ᠨᠡᠶᠢᠲᠡ ᠶᠢᠨ ᠦᠢᠯᠡᠴᠢᠯᠡᠭᠡ ᠲᠡᠩᠴᠡᠭᠦᠷᠢᠰᠢᠬᠦ᠂ ᠦᠨᠳᠦᠰᠦᠲᠡᠨ ᠤ ᠰᠣᠶᠣᠯ ᠣᠯᠠᠮ ᠴᠡᠴᠡᠭᠯᠡᠨ ᠬᠦᠭᠵᠢᠵᠦ᠂ ᠰᠣᠷᠭᠠᠨ ᠬᠦᠮᠦᠵᠢᠯ᠂ ᠰᠢᠨᠵᠢᠯᠡᠭᠡ ᠮᠡᠷᠭᠡᠵᠢᠯ ᠪᠦᠬᠦ ᠲᠠᠯ᠎ᠠ ᠪᠠᠷ ᠬᠦᠭᠵᠢᠵᠦ᠂ ᠡᠯ᠎ᠡ ᠦᠨᠳᠦᠰᠦᠲᠡᠨ ᠤ ᠠᠷᠠᠳ ᠲᠦᠮᠡᠨ ᠤ ᠠᠮᠢᠳᠣᠷᠠᠯ ᠤᠨ ᠶᠠᠰᠣ ᠴᠢᠨᠠᠷ ᠪᠠ ᠵᠣᠯ ᠵᠢᠷᠭᠠᠯ ᠤᠨ ᠢᠯᠡᠳᠭᠡᠭᠴᠢ ᠶᠢᠨ ᠳᠣᠪᠣᠶᠢᠮ᠎ᠠ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠣᠯᠠᠮ ᠨᠢᠭᠡ ᠠᠯᠬᠤᠮ ᠡᠭᠦᠳᠦᠨ ᠪᠠᠶᠢᠭᠤᠯᠵᠣ  ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭᠠᠨ ᠤ ᠭᠦᠨᠴᠡ᠂ ᠦᠷᠭᠡᠴᠡ ᠶᠢ ᠣᠯᠠᠮ ᠨᠢᠭᠡ ᠠᠯᠬᠤᠮ ᠭᠦᠨᠵᠡᠭᠡᠶᠢᠷᠡᠭᠦᠯᠦᠨ ᠦᠷᠭᠡᠳᠭᠡᠨ᠎ᠡ᠃     ᠭᠤᠷᠪᠠ᠂ ᠭᠤᠣᠯᠳᠠᠯᠭ᠎ᠠ ᠲᠠᠢ ᠠᠵᠢᠯ ᠤᠨ ᠡᠭᠦᠷᠭᠡ     ︵ᠨᠢᠭᠡ︶ ᠣᠬᠠᠭᠤᠯᠣᠨ ᠵᠢᠯᠣᠭᠤᠳᠬᠤ ᠶᠢ ᠴᠢᠩᠭᠠᠳᠬᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠣᠳᠬᠠᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠬᠦᠮᠦᠵᠢᠯ ᠤᠨ ᠠᠵᠢᠯ ᠢ ᠦᠷᠬᠦᠯᠵᠢᠯᠡᠨ ᠬᠦᠴᠦᠲᠡᠢ ᠦᠷᠨᠢᠭᠦᠯᠵᠦ᠂ ᠳᠣᠮᠳᠠᠳᠣ ᠶᠢᠨ ᠦᠨᠳᠦᠰᠦᠲᠡᠨ ᠤ ᠰᠢᠯᠢᠳᠡᠭ ᠣᠯᠠᠮᠵᠢᠯᠠᠯᠲᠣ ᠰᠣᠶᠣᠯ ᠢ ᠵᠠᠯᠭᠠᠮᠵᠢᠯᠠᠨ ᠬᠦᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠣᠳᠬᠠᠨ᠎ᠠ᠃     1. ᠨᠠᠮ ᠪᠠ ᠣᠯᠣᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ᠎ᠡ᠃ ᠦᠷᠭᠡᠨ ᠣᠯᠠᠨ ᠺᠠᠲᠷ ᠣᠯᠠᠨ ᠲᠦᠮᠡᠨ ᠢ ᠵᠢᠯᠣᠭᠤᠳᠣᠨ ᠨᠠᠮ ᠪᠠ ᠣᠯᠣᠰ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠦᠨᠳᠦᠰᠦᠨ ᠮᠡᠳᠡᠯᠭᠡ ᠶᠢ ᠬᠢᠨᠠᠮᠠᠭᠠᠢ ᠰᠣᠷᠣᠯᠴᠠᠵᠣ᠂ ᠦᠨᠳᠦᠰᠦᠲᠡᠨ  ᠤ ᠲᠦᠷᠦ ᠶᠢᠨ ᠪᠣᠳᠣᠯᠭ᠎ᠠ᠂ ᠦᠨᠳᠦᠰᠦᠲᠡᠨ ᠤ ᠬᠠᠣᠯᠢ ᠳᠦᠷᠢᠮ ᠢ ᠡᠵᠡᠮᠰᠢᠵᠦ  ᠂ ᠨᠠᠮ ᠪᠠ ᠣᠯᠣᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠦᠨᠳᠦᠰᠦᠨ ᠠᠭᠤᠯᠭ᠎ᠠ ᠶᠢ ᠪᠦᠬᠦ ᠲᠠᠯ᠎ᠠ ᠪᠠᠷ ᠣᠶᠢᠯᠠᠭᠠᠵᠣ᠂ ᠣᠨᠣᠪᠴᠢᠲᠠᠢ ᠡᠵᠡᠮᠰᠢᠵᠦ᠂ ᠬᠠᠥᠯᠢ ᠴᠠᠭᠠᠵᠠ ᠲᠦᠷᠦ ᠶᠢᠨ ᠪᠣᠳᠣᠯᠭ᠎ᠠ ᠶᠢᠨ ᠦᠵᠡᠯ ᠣᠬᠠᠮᠰᠠᠷ ᠵᠢᠴᠢ ᠨᠠᠮ ᠪᠠ ᠣᠯᠣᠰ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠲᠣᠣᠱᠯᠠᠭᠤᠯᠣᠨ ᠬᠡᠷᠡᠭᠵᠢᠭᠦᠯᠬᠦ ᠣᠬᠠᠮᠰᠠᠷ ᠢᠶᠠᠨ ᠲᠠᠰᠣᠷᠠᠯᠲᠠ ᠦᠭᠡᠢ ᠴᠢᠩᠭᠠᠳᠬᠠᠵᠣ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠬᠠᠷᠢᠭᠤᠴᠠᠯᠭᠠᠲᠣ ᠰᠡᠳᠭᠢᠯᠭᠡ  ᠶᠢ ᠣᠯᠠᠮ ᠨᠢᠭᠡ ᠠᠯᠬᠤᠮ ᠴᠢᠩᠭᠠᠳᠬᠠᠨ᠎ᠠ᠃     2. ᠨᠡᠶᠢᠲᠡᠯᠢᠭ ᠳᠠᠶᠢᠴᠢᠯᠠᠨ ᠣᠬᠠᠭᠤᠯᠵᠣ ᠬᠦᠲᠦᠯᠬᠦ ᠦᠢᠯᠡᠳᠦᠯ ᠢ ᠪᠠᠳᠠᠷᠠᠭᠤᠯᠣᠨ᠎ᠠ᠃ ᠨᠢᠭᠡ ᠳᠤ ︽ᠡᠷᠢᠬᠦ + ᠭᠠᠷᠭᠠᠬᠤ︾ ᠵᠠᠭᠪᠣᠷ ᠤᠨ ᠲᠣᠭᠤᠷᠢᠨ ᠳᠤ ᠨᠡᠶᠢᠲᠡᠯᠢᠭ ᠣᠬᠠᠭᠤᠯᠭ᠎ᠠ ᠶᠢ ᠭᠤᠣᠯ ᠠᠳᠬᠤᠵᠣ᠂ ᠪᠦᠯᠬᠦᠮᠳᠡᠯ ᠤᠨ ᠦᠵᠡᠯ ᠣᠬᠠᠮᠰᠠᠷ ᠢ ᠪᠣᠳᠣᠯ ᠰᠡᠳᠭᠢᠯ ᠳᠤ ᠨᠢ ᠦᠨᠳᠦᠰᠦᠯᠡᠭᠦᠯᠬᠦ   ᠶᠢ ᠠᠬᠢᠭᠤᠯᠣᠨ᠎ᠠ᠃ ᠭᠤᠣᠯ ᠨᠢ ᠳᠡᠷᠭᠡᠳᠡᠬᠢ ᠨᠡᠶᠢᠲᠡᠯᠢᠭ ᠣᠬᠠᠭᠤᠯᠭ᠎ᠠ ᠶᠢ ᠰᠠᠶᠢᠲᠣᠷ ᠡᠷᠢᠵᠦ ᠵᠠᠭᠤᠴᠢᠯᠠᠭᠤᠷ ᠤᠨ ᠣᠬᠠᠭᠤᠯᠭ᠎ᠠ ᠪᠠ ᠨᠡᠶᠢᠭᠡᠮ ᠤᠨ ᠣᠬᠠᠭᠤᠯᠭ᠎ᠠ ᠶᠢᠨ ᠬᠠᠷᠢᠯᠴᠠᠨ ᠬᠦᠳᠡᠯᠦᠯᠴᠡᠭᠰᠡᠨ᠂ ᠦᠨᠳᠦᠰᠦᠨ ᠱᠠᠲᠣᠨ ᠤ ᠨᠠᠮ ᠤᠨ ᠵᠣᠬᠢᠶᠠᠨ ᠪᠠᠶᠢᠭᠤᠯᠣᠯᠲᠠ ᠪᠣᠯᠣᠨ ᠡᠯ᠎ᠡ ᠱᠠᠲᠣᠨ ᠤ ᠨᠠᠮ ᠤᠨ ᠬᠤᠷᠢᠶ᠎ᠠ ᠳᠠᠭᠠᠭᠤᠯᠣᠭᠰᠠᠨ ᠨᠡᠶᠢᠲᠡᠯᠢᠭ ᠣᠬᠠᠭᠤᠯᠭ᠎ᠠ ᠶᠢᠨ ᠪᠦᠲᠦᠴᠡ ᠮᠠᠶ᠋ᠢᠭ ᠢ ᠪᠠᠶᠢᠭᠤᠯᠣᠨ᠎ᠠ᠃ ᠶᠣᠰᠣ ᠰᠣᠷᠲᠠᠬᠤᠨ ᠤ ᠬᠢᠴᠢᠶᠡᠯ ᠤᠨ ᠭᠡᠷ᠂ ᠰᠣᠶᠣᠯ   ᠤᠨ ᠪᠢᠴᠢᠭ ᠤᠨ ᠦᠷᠦᠭᠡ᠂ ᠰᠠᠮᠪᠠᠷ᠎ᠠ  ᠶᠢᠨ ᠰᠣᠨᠢᠨ᠂ ᠣᠷᠲᠣ ᠬᠤᠩᠭᠢᠯ᠂ ᠠᠬᠠᠮᠠᠳ ᠺᠠᠲᠷ ᠪᠠ ᠨᠡᠶᠢᠭᠡᠮ ᠲᠣᠭᠤᠷᠢᠭ ᠤᠨ ᠠᠵᠢᠯᠯᠠᠭᠠᠨ ᠤ ᠲᠦᠪ᠂ ᠰᠣᠶᠣᠯ  ᠤᠨ ᠣᠷᠳᠣᠨ᠂ ᠨᠣᠮ ᠤᠨ ᠰᠠᠩ ︵ᠦᠷᠦᠭᠡ︶᠂ ᠷᠠᠳᠢᠣ᠋ ᠲᠧᠯᠧᠢᠰ ᠤᠨ ᠬᠤᠷᠢᠶ᠎ᠠ᠂ ᠢᠨᠲ᠋ᠧᠷᠨᠧᠲ ᠰᠦᠯᠵᠢᠶᠡᠨ ᠤ ᠴᠡᠭ ᠵᠡᠷᠭᠡ ᠣᠬᠠᠭᠤᠯᠭ᠎ᠠ ᠶᠢᠨ ᠵᠢᠭᠰᠠᠭᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠨᠡᠶᠢᠲᠡᠯᠢᠭ ᠣᠬᠠᠭᠤᠯᠭ᠎ᠠ ᠰᠣᠷᠪᠣᠯᠵᠢᠯᠠᠭ᠎ᠠ ᠶᠢᠨ ᠪᠦᠯᠬᠦᠮ ᠢ ᠪᠦᠷᠢᠯᠳᠦᠭᠦᠯᠵᠦ᠂ ᠲᠣᠰᠬᠠᠢ ᠪᠣᠯᠣᠩ ︵ᠲᠣᠰᠬᠠᠢ ᠰᠡᠳᠦᠪ︶ ᠨᠡᠭᠡᠭᠡᠨ ᠡᠷᠬᠢᠯᠡᠵᠦ ᠂ ᠨᠡᠶᠢᠲᠡᠯᠢᠭ ᠢ ᠲᠦᠪᠯᠡᠷᠡᠭᠦᠯᠦᠨ ᠰᠣᠷᠪᠣᠯᠵᠢᠯᠠᠵᠣ᠂ ᠨᠢᠭᠡ ᠪᠦᠯᠦᠭ ᠭᠦᠨᠴᠡ ᠲᠠᠢ᠂ ᠦᠵᠡᠯ ᠲᠠᠨᠢᠯᠲᠠ ᠲᠠᠢ ᠮᠡᠳᠡᠭᠡ᠂ ᠮᠡᠳᠡᠭᠡᠯᠡᠯ᠂ ᠰᠢᠭᠦᠮᠵᠢ ᠪᠠ ᠬᠤᠷᠢᠶᠠᠩᠭᠤᠢ ᠦᠭᠦᠯᠡᠮᠵᠢ ᠶᠢ ᠭᠠᠷᠭᠠᠨ᠎ᠠ᠃ ᠬᠠᠮᠲᠣ ᠳᠤ ᠨᠢ ᠰᠦᠯᠵᠢᠶᠡᠨ ᠤ ᠣᠬᠠᠭᠤᠯᠭ᠎ᠠ ᠶᠢ ᠲᠠᠰᠣᠷᠠᠯᠲᠠ ᠦᠭᠡᠢ ᠴᠢᠩᠭᠠᠳᠬᠠᠵᠣ᠂ ᠵᠠᠯᠠᠶᠢᠳ ᠤᠨ ᠸᠢᠴᠠᠲ ᠮᠡᠳᠡᠭᠡ᠂ ᠵᠠᠰᠠᠭ ᠤᠨ ᠣᠷᠳᠣᠨ ᠤ ᠰᠦᠯᠵᠢᠶᠡᠨ ᠤ ᠴᠡᠭ ᠲᠤ ᠲᠦᠰᠢᠭᠯᠡᠵᠦ᠂ ᠨᠡᠶᠢᠲᠡᠯᠢᠭ ᠣᠬᠠᠭᠤᠯᠭ᠎ᠠ ᠶᠢᠨ ᠪᠦᠷᠬᠦᠬᠦ ᠬᠡᠪᠴᠢᠶ᠎ᠡ ᠪᠠ ᠨᠦᠯᠦᠭᠡᠯᠡᠬᠦ   ᠬᠦᠴᠦᠨ ᠢ ᠲᠠᠰᠣᠷᠠᠯᠲᠠ ᠦᠭᠡᠢ ᠦᠷᠭᠡᠳᠭᠡᠵᠦ᠂ ᠨᠡᠶᠢᠲᠡᠯᠢᠭ ᠣᠬᠠᠭᠤᠯᠭ᠎ᠠ ᠶᠢᠨ ᠠᠵᠢᠯᠯᠠᠭᠠᠨ ᠢ ᠵᠠᠯᠠᠶᠢᠳ ᠬᠤᠰᠢᠭᠤᠨ ᠤ ᠣᠶᠣᠨ ᠤ ᠰᠣᠶᠣᠯ ᠤᠨ ᠪᠦᠲᠦᠭᠡᠨ ᠪᠠᠶᠢᠭᠤᠯᠣᠯᠲᠠ ᠶᠢᠨ ᠴᠢᠬᠤᠯᠠ ᠠᠭᠤᠯᠭ᠎ᠠ ᠪᠣᠯᠭᠠᠨ᠎ᠠ᠃ ᠬᠤᠶᠠᠷ  ᠲᠤ᠂ ︽ᠬᠢᠨᠠᠨ ᠲᠣᠭᠲᠠᠭᠠᠬᠤ + ᠰᠣᠩᠭᠤᠬᠤ︾ ᠬᠡᠪ ᠵᠠᠭᠪᠣᠷ ᠤᠨ ᠲᠣᠭᠤᠷᠢᠨ ᠳᠤ ᠨᠡᠶᠢᠲᠡᠯᠢᠭ ᠵᠢᠱᠢᠶ᠎ᠡ ᠶᠢ ᠪᠣᠢ ᠪᠣᠯᠭᠠᠵᠣ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠪᠠᠳᠠᠷᠠᠭᠤᠯᠣᠨ᠎ᠠ᠃ ᠨᠡᠶᠢᠲᠡᠯᠢᠭ ᠵᠢᠱᠢᠭᠳᠡᠭᠰᠡᠳ ᠢ ᠲᠣᠭᠲᠠᠭᠠᠬᠤ ᠳᠤ᠂ ᠬᠤᠯᠪᠣᠭᠳᠠᠯ ᠪᠦᠬᠦᠢ ᠬᠢᠨᠠᠨ ᠲᠣᠭᠲᠠᠭᠠᠬᠤ ᠬᠦᠮᠦᠰ ᠢ ᠵᠣᠬᠢᠶᠠᠨ ᠪᠠᠶᠢᠭᠤᠯᠵᠣ ᠨᠡᠶᠢᠭᠡᠮ ᠲᠣᠭᠤᠷᠢᠭ᠂ ᠰᠣᠷᠭᠠᠭᠤᠯᠢ᠂ ᠰᠢᠶᠠᠩ ᠪᠠᠯᠭᠠᠰᠣ ︵ᠭᠠᠴᠠᠭ᠎ᠠ ᠲᠣᠰᠬᠤᠨ︶ ᠠᠵᠣ ᠠᠬᠤᠶᠢᠯᠠᠯ᠂ ᠪᠠᠶᠢᠭᠤᠯᠣᠯᠭ᠎ᠠ᠂ ᠴᠡᠷᠢᠭ ᠠᠩᠭᠢ ᠪᠣᠯᠣᠨ ᠰᠦᠮ᠎ᠡ ᠬᠡᠶᠢᠳ ᠲᠤ ᠭᠦᠨᠵᠡᠭᠡᠶᠢᠷᠡᠵᠦ᠂ ᠣᠯᠠᠨ ᠲᠦᠮᠡᠨ ᠢᠶᠠᠷ ᠶᠠᠷᠢᠭᠤᠯᠵᠣ᠂ ᠪᠣᠳᠠᠳᠣ ᠬᠡᠷᠡᠭ ᠢ ᠶᠠᠷᠢᠵᠣ᠂ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢᠨ ᠦᠨᠡᠨ ᠨᠠᠶᠢᠳᠠᠪᠣᠷᠢᠲᠠᠢ ᠪᠠᠶᠢᠬᠤ ᠶᠢ ᠪᠠᠲᠣᠯᠠᠨ᠎ᠠ᠃ ᠭᠤᠷᠪᠠ ᠳᠤ᠂ ︽ᠳᠠᠭᠠᠭᠠᠭᠤᠯᠬᠤ + ᠬᠡᠷᠡᠭᠯᠡᠬᠦ︾   ᠵᠠᠭᠪᠣᠷ ᠤᠨ ᠲᠣᠭᠤᠷᠢᠨ ᠳᠤ᠂ ᠨᠡᠶᠢᠲᠡᠯᠢᠭ ᠢᠶᠠᠷ ᠳᠠᠭᠠᠭᠤᠯᠬᠤ ᠶᠢ ᠴᠢᠬᠤᠯᠠᠴᠢᠯᠠᠵᠣ᠂ ᠬᠦᠴᠦᠨ ᠢᠶᠠᠨ ᠲᠦᠪᠯᠡᠷᠡᠭᠦᠯᠵᠦ ᠦᠨᠳᠦᠰᠦᠲᠡᠨ ᠤ ᠠᠵᠣ ᠠᠬᠤᠢ ᠶᠢ ᠬᠦᠭᠵᠢᠭᠦᠯᠦᠨ᠎ᠡ᠃ ᠨᠡᠶᠢᠲᠡᠯᠢᠭ ᠣᠬᠠᠭᠤᠯᠭ᠎ᠠ ᠶᠢᠨ ᠲᠠᠲᠠᠬᠤ ᠬᠦᠴᠦᠨ ᠪᠠ ᠨᠦᠯᠦᠭᠡᠯᠡᠬᠦ ᠬᠦᠴᠦᠨ ᠢ ᠴᠢᠩᠭᠠᠳᠬᠠᠵᠣ᠂ ᠨᠡᠶᠢᠲᠡᠯᠢᠭ ᠢ ᠭᠡᠷᠡᠯ ᠭᠢᠯᠪᠠᠭ᠎ᠠ ᠰᠠᠴᠣᠷᠠᠭᠤᠯᠵᠣ᠂ ᠡᠷᠢᠯ ᠬᠦᠭᠡᠭᠡᠴᠡᠯᠳᠦᠯ ᠪᠣᠯᠭᠠᠵᠣ᠂ ᠲᠡᠷᠢᠭᠦᠨ ᠤ ᠬᠢ ᠶᠢ ᠲᠠᠭᠠᠨ ᠰᠣᠷᠬᠤ᠂ ᠲᠡᠷᠢᠭᠦᠨ ᠤ ᠬᠢ ᠶᠢ ᠮᠦᠷᠦᠶᠢᠴᠡᠬᠦ᠂ ᠲᠡᠷᠢᠬᠦᠨ ᠤ ᠬᠢ ᠶᠢ ᠲᠡᠮᠡᠴᠡᠨ ᠣᠯᠬᠤ ᠶᠢ ᠨᠡᠶᠢᠭᠡᠮ ᠤᠨ ᠴᠠᠭ ᠤᠨ ᠦᠩᠭᠡ ᠪᠠ   ᠨᠡᠶᠢᠭᠡᠮ ᠤᠨ ᠳᠠᠪᠰᠢᠩᠭᠤᠢ ᠣᠷᠣᠰᠬᠠᠯ ᠪᠣᠯᠭᠠᠨ᠎ᠠ  ᠃     ︵ᠬᠤᠶᠠᠷ︶ ᠠᠷᠪᠠᠨ ᠶᠡᠭᠡ ᠲᠦᠷᠦᠯ ᠵᠦᠢᠯ ᠤᠨ ᠢᠨᠵᠧᠨᠧᠷᠢᠩ ᠢ ᠲᠦᠯᠬᠢᠨ ᠠᠬᠢᠭᠤᠯᠵᠣ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠬᠦᠭᠵᠢᠯᠲᠡ ᠶᠢᠨ ᠦᠷ᠎ᠡ ᠪᠦᠲᠦᠭᠡᠯ ᠤᠨ ᠠᠰᠢᠭ ᠬᠦᠷᠲᠡᠭᠡᠬᠦ ᠶᠢ ᠠᠬᠢᠭᠤᠯᠣᠨ᠎ᠠ᠃ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠣᠯᠠᠨ ᠤ ᠰᠡᠳᠬᠢᠯ ᠢ   ᠨᠢᠭᠲᠠᠷᠠᠭᠤᠯᠬᠤ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠭ ᠵᠣᠷᠢᠯᠭ᠎ᠠ   ᠪᠠ ᠵᠣᠭᠰᠣᠴᠠ ᠪᠣᠯᠭᠠᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠪᠠ ᠪᠦᠬᠦ ᠬᠤᠰᠢᠭᠤᠨ ᠤ ᠦᠪᠡᠷ ᠤᠨ ᠬᠦᠭᠵᠢᠯᠲᠡ ᠶᠢᠨ ᠴᠢᠳᠠᠪᠣᠷᠢ ᠶᠢ ᠴᠢᠩᠭᠠᠳᠬᠠᠬᠤ ᠶᠢ ᠳᠠᠪᠠᠯᠲᠠ ᠬᠦᠭᠵᠢᠯᠲᠡ ᠶᠢ ᠲᠦᠯᠬᠢᠨ ᠠᠬᠢᠭᠤᠯᠬᠤ ᠲᠠᠢ ᠣᠶᠠᠯᠳᠣᠭᠤᠯᠵᠣ᠂ ᠠᠷᠪᠠᠠ ᠲᠠᠯ᠎ᠠ ᠶᠢᠨ ᠳᠡᠭᠡᠭᠰᠢᠯᠡᠯᠲᠡ ᠶᠢᠨ ᠢᠨᠵᠧᠨᠧᠷᠢᠩ ᠢ ᠦᠷᠭᠡᠳᠭᠡᠨ ᠬᠡᠷᠡᠭᠵᠢᠭᠦᠯᠦᠨ᠎ᠡ᠃     1. ᠠᠵᠣ ᠠᠬᠤᠢ ᠶᠢᠨ ᠬᠦᠭᠵᠢᠯᠲᠡ ᠶᠢ ᠬᠤᠷᠳᠣᠳᠬᠠᠬᠤ ᠢᠨᠵᠧᠨᠧᠷᠢᠩ᠃ ᠣᠳᠣ ᠦᠶ᠎ᠡ ᠶᠢᠨ ᠲᠠᠷᠢᠶᠠᠯᠠᠩ ᠦᠢᠯᠡᠰ ᠢ ᠳᠣᠪᠣᠶᠢᠮ᠎ᠠ ᠬᠦᠭᠵᠢᠭᠦᠯᠵᠦ᠂ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠢ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠣ ᠠᠬᠤᠢ ᠶᠢᠨ ᠳᠠᠪᠠᠭᠤᠯᠢᠭ ᠡᠬᠢ ᠪᠠᠶᠠᠯᠢᠭ ᠲᠤ ᠬᠦᠯ ᠲᠣᠭᠲᠠᠨ᠂ ᠨᠢᠭᠡᠳᠦᠭᠡᠷ ᠠᠵᠣ ᠦᠢᠯᠡᠰ ᠢ ᠬᠦᠴᠦᠷᠭᠡᠭᠵᠢᠭᠦᠯᠵᠦ᠂ ᠮᠠᠨ ᠤ ᠬᠤᠰᠢᠭᠤ ᠶᠢ ᠦᠪᠦᠷ ᠮᠣᠩᠭᠤᠯ ᠤᠨ ᠵᠡᠭᠦᠨ ᠬᠡᠰᠡᠭ ᠣᠷᠣᠨ ᠤ ᠪᠣᠬᠢᠷᠳᠣᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠣᠨ᠎ᠠ᠃ ᠠᠵᠣ ᠦᠢᠯᠡᠳᠪᠦᠷᠢ ᠶᠢᠨ ᠠᠵᠣ ᠠᠬᠤᠢ ᠶᠢᠨ ᠬᠦᠭᠵᠢᠯᠲᠡ ᠶᠢ ᠪᠦᠬᠦ ᠬᠦᠴᠦ  ᠪᠠᠷ ᠲᠦᠯᠬᠢᠨ ᠠᠬᠢᠭᠤᠯᠵᠣ᠂ ᠰᠢᠨ᠎ᠡ ᠮᠠᠶ᠋ᠢᠭ ᠤᠨ ᠠᠵᠣ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠭᠡᠵᠦ᠂ ᠨᠢᠭᠡᠳᠦᠭᠡᠷ ᠠᠵᠣ ᠦᠢᠯᠡᠰ ᠢᠶᠠᠷ ᠭᠤᠣᠯᠯᠠᠨ᠂ ᠬᠤᠶᠠᠳᠣᠭᠠᠷ ᠠᠵᠣ ᠦᠢᠯᠡᠰ ᠢ ᠬᠦᠭᠵᠢᠭᠦᠯᠵᠦ᠂ ᠨᠢᠭᠡ ᠪᠦᠯᠦᠭ ᠬᠠᠷᠢᠴᠠᠩᠭᠤᠢ ᠳᠠᠪᠠᠭᠤᠯᠢᠭ ᠳᠣᠪᠣᠶᠢᠮ᠎ᠠ᠂   ᠬᠤᠵᠢᠭᠤ ᠬᠦᠭᠵᠢᠭᠰᠡᠨ ᠳᠠᠪᠠᠭᠤᠯᠢᠭ ᠢᠯᠡᠷᠬᠡᠢ᠂ ᠭᠠᠵᠠᠷ ᠣᠷᠣᠨ ᠤ ᠦᠷᠢᠰᠦᠯᠳᠦᠭᠡᠨ ᠤ ᠬᠦᠴᠦᠨ ᠴᠢᠩᠭ᠎ᠠ ᠠᠵᠣ ᠦᠢᠯᠡᠰ ᠤᠨ ᠪᠦᠯᠦᠭᠯᠡᠯ ᠢ ᠪᠣᠢ ᠪᠣᠯᠭᠠᠨ᠎ᠠ᠃ ᠵᠣᠭᠠᠴᠠᠯ ᠤᠨ ᠰᠣᠶᠣᠯ  ᠤᠨ ᠠᠵᠣ ᠦᠢᠯᠡᠰ ᠢ ᠢᠳᠡᠪᠬᠢᠲᠡᠢ ᠲᠦᠯᠬᠢᠨ ᠠᠬᠢᠭᠤᠯᠵᠣ᠂ ᠪᠣᠭᠳᠠ ᠠᠭᠤᠯᠠ᠂ ᠶᠠᠩ ᠱᠦ ᠭᠧᠥ᠂ ᠲᠡᠮᠡᠭᠡᠵᠢ ᠵᠡᠷᠭᠡ ᠪᠠᠶᠢᠭᠠᠯᠢ ᠶᠢᠨ ᠦᠩᠭᠡ ᠦᠵᠡᠮᠵᠢ ᠶᠢᠨ ᠡᠬᠢ ᠪᠠᠶᠠᠯᠢᠭ ᠪᠠ   ᠬᠠᠲᠣᠨ ᠡᠬᠡ   ᠶᠢᠨ ᠰᠣᠶᠣᠯ᠂ ᠮᠣᠬᠤᠯᠠᠢ ᠶᠢᠨ ᠰᠣᠶᠣᠯ ᠵᠡᠷᠭᠡ ᠬᠦᠮᠦᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠯᠠᠵᠣ᠂ ᠵᠠᠯᠠᠶᠢᠳ ᠬᠤᠰᠢᠭᠤ ᠶᠢ ︽ ᠪᠣᠭᠳᠠ ᠠᠭᠤᠯᠠ ᠬᠠᠲᠣᠨ ᠡᠬᠡ ᠶᠢᠨ ᠰᠣᠶᠣᠯ᠂ ᠰᠡᠯᠡᠭᠦᠴᠡᠨ ᠰᠣᠪᠢᠯᠠᠬᠤ᠂ ᠲᠠᠯ᠎ᠠ ᠨᠣᠲᠤᠭ ᠪᠠᠶᠢᠭᠠᠯᠢ ᠳᠤ ᠪᠠᠨ ᠪᠣᠴᠠᠬᠠᠣ᠂ ᠨᠠᠮᠤᠭ ᠭᠠᠵᠠᠷ ᠤᠨ ᠬᠤᠪᠣᠷ ᠵᠢᠭᠦᠷᠲᠡᠨ ᠢ ᠰᠣᠨᠢᠷᠬᠠᠬᠠᠣ︾ ᠪᠠᠷ ᠨᠢᠭᠡ ᠴᠣᠭᠴᠠ ᠪᠣᠯᠭᠠᠭᠰᠠᠨ ᠵᠣᠭᠠᠴᠠᠨ ᠰᠡᠯᠡᠭᠦᠴᠡᠬᠦ ᠦᠵᠡᠮᠵᠢᠲᠦ ᠭᠠᠵᠠᠷ ᠪᠣᠯᠭᠠᠨ ᠪᠦᠲᠦᠭᠡᠨ ᠪᠠᠶᠢᠭᠤᠯᠣᠨ᠎ᠠ᠃ ᠬᠠᠮᠲᠣ ᠳᠤ ᠨᠢ ᠣᠨᠴᠠᠯᠢᠭᠲᠣ ᠳᠠᠪᠠᠭᠤᠯᠢᠭ ᠮᠠᠯᠵᠢᠬᠤ ᠲᠠᠷᠢᠶᠠᠯᠠᠬᠤ ᠦᠢᠯᠡᠰ᠂ ᠦᠨᠳᠦᠰᠦᠲᠡᠨ ᠤ ᠣᠨᠴᠠᠯᠢᠭᠲᠣ ᠵᠣᠭᠠᠴᠠᠯ ᠤᠨ ᠰᠣᠶᠣᠯ᠂   ᠦᠨᠳᠦᠰᠦᠲᠡᠨ ᠤ ᠬᠤᠪᠴᠠᠰᠣ ᠵᠠᠰᠠᠯ᠂ ᠦᠨᠳᠦᠰᠦᠲᠡᠨ ᠤ ᠭᠠᠷ ᠣᠷᠠᠯᠠᠯ᠂ ᠦᠨᠳᠦᠰᠦᠲᠡᠨ ᠤ ᠢᠳᠡᠭᠡᠨ ᠣᠮᠳᠠᠭᠠᠨ᠂ ᠮᠣᠩᠭᠤᠯ ᠡᠮ ᠡᠮᠨᠡᠯᠭᠡ ᠵᠡᠷᠭᠡ ᠦᠨᠳᠦᠰᠦᠲᠡᠨ ᠤ ᠣᠨᠴᠠᠯᠢᠭᠲᠣ ᠠᠵᠣ ᠦᠢᠯᠡᠰ ᠢ ᠭᠤᠣᠯᠳᠠᠯᠭ᠎ᠠ ᠲᠠᠢ ᠳᠡᠳᠭᠦᠨ ᠬᠦᠭᠵᠢᠭᠦᠯᠦᠨ᠎ᠡ᠃    2. ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠳᠡᠭᠡᠭᠰᠢᠯᠡᠯᠲᠡ ᠶᠢᠨ ᠢᠨᠵᠧᠨᠧᠷᠢᠩ᠃ ᠣᠷᠣᠰᠢᠨ ᠰᠠᠭᠤᠬᠤ ᠳᠤ ᠲᠠᠭᠠᠯᠠᠮᠵᠢᠲᠠᠢ᠂ ᠠᠵᠢᠯᠯᠠᠬᠤ   ᠳᠤ ᠲᠣᠬᠢᠷᠠᠮᠵᠢᠲᠠᠢ᠂ ᠭᠠᠶᠢᠬᠠᠮᠰᠢᠭᠲᠣ ᠰᠠᠶᠢᠬᠠᠨ ᠢᠨᠳᠡᠷ ᠢ ᠪᠦᠬᠦ ᠬᠦᠴᠦ ᠪᠠᠷ ᠪᠠᠶᠢᠭᠤᠯᠵᠣ᠂ ᠮᠣᠩᠭᠤᠯ ᠰᠣᠶᠣᠯ ᠢᠶᠠᠷ ᠰᠠᠭᠤᠷᠢ ᠪᠣᠯᠭᠠᠨ ᠦᠨᠳᠦᠰᠦᠲᠡᠨ ᠤ ᠣᠨᠴᠠᠯᠢᠭ ᠢ   ᠪᠣᠢ ᠪᠣᠯᠭᠠᠵᠣ᠂ ᠬᠤᠲᠠ ᠪᠠᠯᠭᠠᠰᠣᠵᠢᠯᠲᠠ ᠶᠢᠨ ᠠᠬᠢᠴᠠ ᠶᠢ ᠲᠦᠷᠭᠡᠳᠭᠡᠨ ᠠᠬᠢᠭᠤᠯᠣᠨ᠎ᠠ᠃ ᠴᠦᠬᠡᠨ ᠲᠣᠭᠠᠲᠣ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠲᠠᠢ ᠨᠢᠭᠲᠠ ᠬᠠᠷᠢᠴᠠᠭ᠎ᠠ ᠬᠤᠯᠪᠣᠭ᠎ᠠ ᠲᠠᠢ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠶᠡᠬᠡᠳᠭᠡᠵᠦ᠂ ᠴᠦᠬᠡᠨ ᠲᠣᠭᠠᠲᠣ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠣᠷᠣᠨ ᠳᠠᠬᠢ ᠦᠢᠯᠡᠳᠪᠦᠷᠢᠯᠡᠯ ᠠᠮᠢᠳᠣᠷᠠᠯ ᠤᠨ ᠲᠦᠬᠦᠭᠡᠷᠦᠮᠵᠢ ᠶᠢᠨ ᠣᠷᠣᠭᠤᠯᠣᠯᠲᠠ ᠶᠢ ᠶᠡᠬᠡᠳᠭᠡᠵᠦ᠂ ᠬᠦᠭᠵᠢᠯᠲᠡ ᠶᠢ ᠲᠣᠯᠭᠠᠭᠤᠷᠢᠯᠠᠬᠤ᠂ ᠣᠷᠣᠯᠭ᠎ᠠ ᠶᠢ ᠨᠡᠮᠡᠭᠳᠡᠭᠦᠯᠬᠦ ᠭᠤᠣᠯᠯᠠᠬᠤ ᠠᠵᠣ ᠦᠢᠯᠡᠰ ᠢ ᠪᠣᠶᠢᠵᠢᠭᠤᠯᠬᠤ ᠶᠢ ᠲᠦᠷᠭᠡᠳᠭᠡᠵᠦ᠂ ᠴᠦᠬᠡᠨ ᠲᠣᠭᠠᠲᠣ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠦᠳᠡᠭᠡ ᠲᠣᠰᠬᠤᠨ ᠳᠤ ᠵᠠᠰᠠᠮᠠᠯ ᠵᠠᠮ᠂ ᠴᠡᠪᠡᠷ ᠡᠨᠧᠷᠭᠢ᠂ ᠨᠣᠷᠠᠬᠤ ᠠᠶᠣᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠵᠡᠷᠭᠡ ᠳᠣᠮᠳᠠ ᠪᠠᠭ᠎ᠠ ᠬᠡᠯᠪᠡᠷᠢ ᠶᠢᠨ ᠪᠠ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠢ ᠣᠷᠢᠳᠠᠪᠠᠷ ᠲᠣᠬᠢᠷᠠᠭᠤᠯᠣᠨ᠎ᠠ᠃     3. ᠠᠷᠠᠳ ᠤᠨ ᠠᠮᠢᠳᠣᠷᠠᠯ ᠤᠨ ᠶᠠᠰᠣ ᠴᠢᠨᠠᠷ ᠢ ᠰᠠᠶᠢᠵᠢᠷᠠᠭᠤᠯᠬᠤ ᠢᠨᠵᠧᠨᠧᠷᠢᠩ᠃ ᠦᠨᠳᠦᠰᠦᠲᠡᠨ ᠤ ᠰᠣᠷᠭᠠᠨ ᠬᠦᠮᠦᠵᠢᠯ ᠢ ᠭᠤᠣᠯᠳᠠᠯᠭ᠎ᠠ ᠲᠠᠢ ᠬᠦᠭᠵᠢᠭᠦᠯᠵᠦ᠂ ᠦᠨᠳᠦᠰᠦᠲᠡᠨ ᠤ ᠬᠡᠣᠬᠡᠳ ᠤᠨ ᠴᠡᠴᠡᠷᠯᠢᠭ ᠢ ᠪᠦᠬᠦ ᠣᠷᠣᠨ ᠤ ᠰᠢᠯᠢᠳᠡᠭ ᠵᠢᠱᠢᠶ᠎ᠡ ᠦᠵᠡᠭᠦᠯᠬᠦ ᠴᠡᠴᠡᠷᠯᠢᠭ ᠪᠣᠯᠭᠠᠨ ᠪᠠᠶᠢᠭᠤᠯᠵᠣ᠂ ᠢᠨᠳᠡᠷ ᠬᠤᠶᠠᠳᠣᠭᠠᠷ ᠳᠣᠮᠳᠠᠳᠣ ᠰᠣᠷᠭᠠᠭᠤᠯᠢ ᠶᠢ ᠪᠦᠬᠦ ᠠᠶᠢᠮᠠᠭ ᠤᠨ ᠲᠡᠷᠢᠭᠦᠨ ᠳᠡᠰ ᠤᠨ ᠪᠦᠬᠦ ᠣᠷᠣᠨ ᠤ ᠵᠢᠱᠢᠶ᠎ᠡ ᠦᠵᠡᠭᠦᠯᠬᠦ ᠦᠨᠳᠦᠰᠦᠲᠡᠨ ᠤ ᠳᠡᠭᠡᠳᠦ ᠳᠣᠮᠳᠠᠳᠣ ᠰᠣᠷᠭᠠᠭᠤᠯᠢ ᠪᠣᠯᠭᠠᠨ ᠪᠠᠶᠢᠭᠤᠯᠵᠣ᠂ ᠴᠦᠬᠡᠨ ᠲᠣᠭᠠᠲᠣ ᠦᠨᠳᠦᠰᠦᠲᠡᠨ ᠤ ᠭᠠᠵᠠᠷ ᠣᠷᠣᠨ  ᠳᠠᠬᠢ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠣᠷᠭᠠᠭᠤᠯᠢ ᠡᠷᠬᠢᠯᠡᠬᠦ ᠨᠦᠭᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ᠃ ᠮᠣᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠳᠡᠮᠵᠢᠨ᠂ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠪᠠᠶᠢᠭᠤᠯᠣᠮᠵᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠡᠷᠴᠢᠮ ᠢ ᠴᠢᠩᠭᠠᠳᠬᠠᠵᠣ᠂ ᠮᠣᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠨᠡᠭᠡᠭᠡᠯᠲᠡ ᠬᠢᠬᠦ ᠪᠠ ᠳᠡᠯᠭᠡᠷᠡᠭᠦᠯᠦᠨ ᠬᠦᠭᠵᠢᠭᠦᠯᠬᠦ ᠶᠢ ᠵᠣᠷᠢᠭᠵᠢᠭᠤᠯᠣᠨ᠎ᠠ᠃ ᠮᠣᠩᠭᠤᠯ ᠡᠮᠨᠡᠯᠭᠡ ᠶᠢᠨ ᠬᠤᠷᠢᠶ᠎ᠠ ᠵᠢᠴᠢ ᠰᠢᠶᠠᠩ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠣᠯᠲᠠ ᠶᠢ ᠰᠠᠶᠢᠲᠣᠷ ᠠᠳᠬᠤᠵᠣ᠂ ᠠᠷᠠᠳ ᠣᠯᠠᠨ ᠤ ᠡᠮ ᠡᠮᠨᠡᠯᠭᠡ᠂ ᠡᠷᠡᠭᠦᠯ ᠬᠠᠮᠠᠭᠠᠯᠠᠯ ᠤᠨ ᠱᠠᠭᠠᠷᠳᠠᠯᠭ᠎ᠠ   ᠶᠢ ᠬᠠᠩᠭᠠᠵᠣ᠂ ᠪᠦᠬᠦ ᠠᠷᠠᠳ ᠤᠨ ᠡᠷᠡᠭᠦᠯ ᠴᠢᠬᠢᠷᠠᠭ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠶᠣᠯ ᠤᠨ ᠠᠵᠣ ᠦᠢᠯᠡᠰ  ᠤᠨ ᠨᠡᠭᠡᠭᠡᠯᠲᠡ ᠶᠢᠨ ᠡᠷᠴᠢᠮ ᠢ ᠴᠢᠩᠭᠠᠳᠬᠠᠵᠣ᠂ ᠪᠣᠭᠳᠠ ᠠᠭᠤᠯᠠ ᠶᠢᠨ ᠰᠣᠶᠣᠯ᠂ ᠴᠣᠣᠯ ᠭᠤᠣᠯ ᠤᠨ ᠰᠣᠶᠣᠯ  ᠢᠶᠠᠷ ᠲᠣᠯᠣᠭᠠᠶᠢᠯᠠᠭᠤᠯᠵᠣ᠂ ᠵᠠᠯᠠᠶᠢᠳ ᠠᠶᠢᠮᠠᠭ ᠤᠨ ᠲᠦᠷᠦᠯ ᠲᠡᠮᠲᠡᠭ ᠢ ᠡᠭᠦᠳᠦᠨ ᠪᠠᠶᠢᠭᠤᠯᠣᠨ᠎ᠠ᠃ ᠣᠯᠠᠭᠠᠨᠮᠦ᠋ᠴᠢᠷ  ᠤᠨ ᠦᠨᠳᠦᠰᠦᠲᠡᠨ ᠤ ᠰᠣᠶᠣᠯ ᠢ ᠣᠯᠠᠮᠵᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠣ᠂ ᠨᠠᠭᠠᠳᠣᠮ ᠵᠡᠷᠭᠡ ᠦᠨᠳᠦᠰᠦᠲᠡᠨ ᠤ ᠣᠨᠴᠠᠯᠢᠭᠲᠣ ᠰᠣᠶᠣᠯ ᠤᠨ ᠪᠠᠶᠠᠷ ᠨᠠᠶᠢᠷ ᠡᠷᠬᠢᠯᠡᠬᠦ ᠶᠢ ᠳᠡᠮᠵᠢᠨ᠂ ᠦᠨᠳᠦᠰᠦᠲᠡᠨ ᠤ ᠬᠤᠪᠴᠠᠰᠣ ᠵᠠᠰᠠᠯ ᠦᠢᠯᠡᠳᠬᠦ ᠢ ᠳᠡᠯᠭᠡᠨ ᠦᠵᠡᠭᠦᠯᠬᠦ᠂ ᠣᠯᠠᠮᠵᠢᠯᠠᠯᠲᠣ ᠭᠠᠷ ᠣᠷᠠᠯᠠᠯ ᠤᠨ ᠴᠠᠭᠠᠨ ᠢᠳᠡᠭᠡᠨ ᠬᠢᠬᠦ ᠶᠢ ᠰᠢᠯᠭᠠᠷᠠᠭᠤᠯᠬᠤ᠂ ᠠᠷᠠᠳ ᠤᠨ ᠳᠠᠭᠤᠣ ᠶᠢᠨ ᠣᠷᠣᠯᠳᠣᠭᠠᠨ ᠵᠡᠷᠭᠡ ᠦᠨᠳᠦᠰᠦᠲᠡᠨ ᠤ ᠠᠷᠠᠳ ᠤᠨ ᠰᠣᠶᠣᠯ ᠤᠨ ᠠᠵᠢᠯᠯᠠᠭᠠᠨ ᠢ ᠦᠷᠭᠡᠨ ᠳᠡᠯᠭᠡᠷ ᠦᠷᠨᠢᠭᠦᠯᠵᠦ᠂ ᠣᠷᠣᠨ ᠨᠣᠲᠤᠭ ᠤᠨ ᠪᠦᠬᠦ ᠠᠷᠠᠳ ᠤᠨ ᠲᠠᠮᠢᠷ ᠤᠨ ᠬᠦᠳᠡᠯᠭᠡᠭᠡᠨ  ᠢ ᠡᠷᠬᠢᠯᠡᠵᠦ᠂ ᠦᠨᠳᠦᠰᠦᠲᠡᠨ ᠤ ᠣᠨᠴᠠᠯᠢᠭᠲᠣ ᠲᠠᠮᠢᠷ ᠢ ᠭᠤᠣᠯᠳᠠᠯᠭ᠎ᠠ ᠲᠠᠢ ᠬᠦᠭᠵᠢᠭᠦᠯᠦᠨ᠎ᠡ᠃ ᠰᠣᠶᠣᠯ ᠬᠦᠳᠡᠭᠡ ᠪᠠᠭᠤᠬᠤ ᠠᠵᠢᠯᠯᠠᠭᠠᠨ ᠢ ᠢᠳᠡᠪᠬᠢᠲᠡᠢ ᠦᠷᠨᠢᠭᠦᠯᠵᠦ᠂ ᠦᠨᠳᠦᠰᠦᠲᠡᠨ ᠤ ᠰᠣᠶᠣᠯ ᠢ ᠪᠠᠳᠠᠷᠠᠭᠤᠯᠵᠣ᠂ ᠠᠷᠠᠳ ᠤᠨ ᠣᠳᠬ᠎ᠠ ᠣᠷᠠᠯᠢᠭ ᠤᠨ ᠪᠦᠯᠬᠦᠮ ᠢ ᠳᠡᠳᠭᠦᠨ ᠵᠣᠷᠢᠭᠵᠢᠭᠤᠯᠣᠨ᠎ᠠ᠃       4. ᠶᠠᠳᠠᠭᠤ ᠶᠢ ᠳᠡᠳᠭᠦᠨ ᠨᠡᠭᠡᠭᠡᠯᠲᠡ ᠬᠢᠬᠦ ᠰᠢᠪᠲᠣᠯᠣᠯᠲᠠ ᠶᠢᠨ ᠳᠠᠶᠢᠯᠠᠯᠳᠣᠭᠠᠨ ᠤ ᠢᠨᠵᠧᠨᠧᠷᠢᠩ᠃ ᠣᠯᠣᠰ ᠪᠠ ᠦᠪᠡᠷᠲᠡᠭᠡᠨ ᠵᠠᠰᠠᠬᠤ ᠣᠷᠣᠨ ᠤ ᠲᠦᠷᠦᠯ ᠵᠦᠢᠯ ᠤᠨ ᠪᠡᠯᠡ ᠮᠦᠩᠭᠦ ᠶᠢᠨ ᠳᠡᠮᠵᠢᠯᠭᠡ ᠶᠢ ᠦᠷᠬᠦᠯᠵᠢᠯᠡᠨ ᠢᠳᠡᠪᠬᠢᠲᠡᠢ ᠲᠡᠮᠡᠴᠡᠨ ᠣᠯᠵᠣ᠂ ᠶᠠᠳᠠᠭᠤ ᠶᠢ ᠳᠡᠳᠭᠦᠨ ᠨᠡᠭᠡᠭᠡᠯᠲᠡ ᠬᠢᠬᠦ ᠲᠦᠷᠦᠯ ᠵᠦᠢᠯ ᠢ ᠲᠣᠬᠢᠷᠠᠭᠤᠯᠬᠤ ᠳᠤ ᠠᠳᠠᠯᠢᠬᠠᠨ ᠨᠦᠭᠦᠴᠡᠯ ᠳᠣᠣᠷ᠎ᠠ ᠴᠦᠬᠡᠨ ᠲᠣᠭᠠᠲᠣ ᠦᠨᠳᠦᠰᠦᠲᠡᠨ ᠤ ᠶᠠᠳᠠᠭᠤ ᠬᠦᠴᠢᠷᠳᠡᠯᠲᠡᠲᠡᠢ ᠭᠠᠵᠠᠷ ᠣᠷᠣᠨ ᠢ ᠣᠷᠢᠳᠠᠪᠠᠷ ᠪᠣᠳᠣᠯᠬᠢᠯᠠᠨ᠎ᠠ᠃ ᠳᠡᠭᠡᠷ᠎ᠡ ᠠᠴᠠ ᠨᠡᠩ ᠣᠯᠠᠨ ᠲᠦᠷᠦᠯ ᠵᠦᠢᠯ ᠤᠨ ᠪᠡᠯᠡ ᠮᠦᠩᠭᠦ ᠶᠢ ᠲᠡᠮᠡᠴᠡᠨ ᠣᠯᠵᠣ ᠂ ᠪᠣᠰᠣᠳ ᠬᠠᠮᠢᠶ᠎ᠠ ᠪᠦᠬᠦᠢ ᠲᠦᠷᠦᠯ ᠵᠦᠢᠯ ᠤᠨ ᠪᠡᠯᠡ ᠮᠦᠩᠭᠦ ᠶᠢ ᠪᠦᠲᠦᠮᠵᠢᠲᠡᠢ ᠨᠢᠢᠳᠭᠡᠵᠦ᠂ ᠴᠦᠬᠡᠨ ᠲᠣᠭᠠᠲᠣ ᠦᠨᠳᠦᠰᠦᠲᠡᠨ ᠪᠠ ᠴᠦᠬᠡᠨ ᠲᠣᠭᠠᠲᠣ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠭᠠᠵᠠᠷ ᠣᠷᠣᠨ᠂ ᠴᠦᠬᠡᠨ ᠲᠣᠭᠠᠲᠣ ᠦᠨᠳᠦᠰᠦᠲᠡᠨ ᠲᠠᠷᠠᠬᠠᠢ ᠬᠤᠯᠢᠯᠳᠣᠨ ᠰᠠᠭᠤᠷᠢᠰᠢᠭᠰᠠᠨ ᠭᠠᠵᠠᠷ ᠣᠷᠣᠨ ᠤ ᠠᠵᠣ ᠠᠬᠤᠢ ᠨᠡᠶᠢᠭᠡᠮ ᠤᠨ ᠦᠢᠯᠡᠰ ᠤᠨ ᠬᠦᠭᠵᠢᠯᠲᠡ ᠶᠢ ᠭᠤᠣᠯᠳᠠᠯᠭ᠎ᠠ ᠲᠠᠢ ᠳᠡᠳᠭᠦᠨ᠎ᠡ᠃ ︽ᠠᠷᠪᠠ ᠶᠢ ᠪᠦᠷᠬᠦᠭᠦᠯᠬᠦ︾ ᠢᠨᠵᠧᠨᠧᠷᠢᠩ᠂ ︽ ᠭᠤᠷᠪᠠᠨ ᠲᠣᠰᠬᠤᠨ ᠡᠷᠦᠬᠡ ᠳᠤ ᠣᠷᠣᠬᠤ︾᠂ ᠬᠦᠳᠡᠯᠮᠦᠷᠢ ᠬᠦᠴᠦᠨ ᠤ ᠠᠵᠢᠯ ᠣᠯᠭᠤᠯᠲᠠ᠂ ᠭᠠᠵᠠᠷ ᠰᠢᠯᠵᠢᠨ ᠨᠡᠭᠦᠬᠦ᠂ ᠠᠮᠢ ᠠᠬᠤᠢ ᠶᠢᠨ ᠪᠦᠲᠦᠭᠡᠨ ᠪᠠᠶᠢᠭᠤᠯᠣᠯᠲᠠ ᠵᠢᠴᠢ ᠠᠵᠣ ᠦᠢᠯᠡᠰ ᠢᠶᠠᠷ ᠶᠠᠳᠠᠭᠤ ᠶᠢ ᠳᠡᠳᠭᠦᠭᠦ᠂ ᠪᠡᠯᠡ ᠮᠦᠩᠭᠦ ᠪᠠᠷ ᠶᠠᠳᠠᠭᠤ ᠶᠢ ᠳᠡᠳᠭᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠬᠦ᠂ ᠡᠷᠡᠭᠦᠯ ᠴᠢᠬᠢᠷᠠᠭ ᠤᠨ ᠶᠠᠳᠠᠭᠤ ᠶᠢ ᠳᠡᠳᠭᠦᠬᠦ᠂ ᠨᠡᠶᠢᠭᠡᠮ ᠤᠨ ᠪᠠᠲᠣᠯᠠᠭ᠎ᠠ ᠵᠡᠷᠭᠡ ᠠᠷᠪᠠᠨ ᠲᠦᠷᠦᠯ ᠤᠨ ᠢᠨᠵᠧᠨᠧᠷᠢᠩ ᠢ ᠬᠦᠴᠦᠯᠡᠨ ᠬᠡᠷᠡᠭᠵᠢᠭᠦᠯᠦᠨ᠎ᠡ᠃ ᠣᠨᠢᠨ ᠳᠡᠭᠡᠷ᠎ᠡ ᠨᠢ ᠶᠠᠳᠠᠭᠤ ᠶᠢ ᠳᠡᠳᠭᠦᠬᠦ ᠡᠷᠴᠢᠮ ᠢ ᠦᠷᠬᠦᠯᠵᠢᠯᠡᠨ ᠴᠢᠩᠭᠠᠳᠬᠠᠵᠣ᠂ ᠠᠵᠣ ᠦᠢᠯᠡᠰ ᠢ ᠳᠡᠳᠭᠦᠨ ᠬᠦᠭᠵᠢᠭᠦᠯᠵᠦ᠂ ᠬᠠᠪᠰᠣᠷᠣᠨ ᠳᠡᠳᠭᠦᠬᠦ ᠠᠷᠭ᠎ᠠ ᠬᠡᠮᠵᠢᠶ᠎ᠡ᠂ ᠦᠷ᠎ᠡ ᠠᠰᠢᠭ ᠵᠡᠷᠭᠡ ᠲᠠᠯ᠎ᠠ ᠪᠠᠷ ᠨᠠᠷᠢᠪᠴᠢᠯᠠᠬᠤ ᠶᠢ ᠴᠢᠩᠭᠠᠳᠬᠠᠵᠣ᠂ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠠᠬᠢ ︽ᠨᠢᠭᠡ ᠴᠦ ᠳᠣᠲᠠᠵᠣ ᠪᠣᠯᠣᠰᠢ ᠦᠭᠡᠢ︾ ᠶᠢ ᠪᠠᠲᠣᠯᠠᠨ᠎ᠠ᠃       5. ᠰᠢᠨ᠎ᠡ ᠶᠢ ᠡᠭᠦᠳᠦᠨ ᠦᠢᠯᠡᠰ ᠪᠦᠲᠦᠭᠡᠬᠦ ᠢᠨᠵᠧᠨᠧᠷᠢᠩ᠃ ᠡᠯ᠎ᠡ   ᠵᠦᠢᠯ ᠤᠨ ᠦᠢᠯᠡᠰ ᠪᠦᠲᠦᠭᠡᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠢᠳᠡᠪᠬᠢᠲᠡᠢ ᠲᠣᠣᠱᠯᠠᠭᠤᠯᠵᠣ᠂ ᠡᠳ᠋ ᠤᠨ ᠵᠠᠰᠠᠭ ᠤᠨ ᠮᠦᠩᠭᠦᠨ ᠭᠦᠢᠯᠭᠡᠭᠡᠨ  ᠢᠶᠠᠷ ᠳᠡᠳᠭᠦᠬᠦ ᠬᠦᠴᠦᠯᠡᠴᠡ ᠶᠢ ᠦᠷᠬᠦᠯᠵᠢᠯᠡᠨ ᠶᠡᠬᠡᠳᠭᠡᠵᠦ᠂ ᠡᠯ᠎ᠡ ᠲᠦᠷᠦᠯ ᠤᠨ ᠪᠠᠭ᠎ᠠ ᠵᠢᠵᠢᠭ ᠠᠵᠣ ᠠᠬᠤᠶᠢᠯᠠᠯ ᠪᠠ ᠦᠢᠯᠡᠰ ᠪᠦᠲᠦᠭᠡᠨ ᠰᠢᠨ᠎ᠡ ᠶᠢ ᠡᠭᠦᠳᠬᠦ ᠪᠡᠯᠡ ᠮᠦᠩᠭᠦ ᠶᠢ ᠨᠢᠭᠡᠲᠦᠯᠲᠡᠢ ᠲᠦᠯᠦᠪᠯᠡᠨ ᠲᠣᠬᠢᠷᠠᠭᠤᠯᠵᠣ᠂ ᠦᠢᠯᠡᠰ ᠪᠦᠲᠦᠭᠡᠬᠦ ᠪᠠᠲᠣᠯᠠᠭᠠᠲᠣ ᠵᠢᠭᠡᠯᠡᠯᠭᠡ ᠶᠢᠨ ᠬᠡᠪᠴᠢᠶ᠎ᠡ ᠶᠢ ᠲᠠᠰᠣᠷᠠᠯᠲᠠ ᠦᠭᠡᠢ ᠦᠷᠭᠡᠳᠭᠡᠬᠦ ᠶᠢ ᠠᠬᠢᠭᠤᠯᠣᠨ᠎ᠠ᠃ ᠰᠢᠨ᠎ᠡ ᠶᠢ ᠡᠭᠦᠳᠦᠨ ᠦᠢᠯᠡᠰ ᠪᠦᠲᠦᠭᠡᠬᠦ ᠲᠠᠪᠴᠠᠩ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ︽ ᠢᠨᠲ᠋ᠧᠷᠨᠧᠲ ᠰᠦᠯᠵᠢᠶ᠎ᠡ +︾ ᠰᠢᠨ᠎ᠡ ᠶᠢ ᠡᠭᠦᠳᠬᠦ ᠲᠠᠪᠴᠠᠩ ᠪᠠ ᠣᠯᠠᠨ ᠢᠶᠠᠷ ᠢᠶᠠᠨ ᠦᠢᠯᠡᠰ ᠪᠦᠲᠦᠭᠡᠬᠦ ᠣᠷᠣᠨ ᠵᠠᠢ ᠨᠡᠪᠴᠢᠭᠡᠯᠲᠡ ᠶᠢᠨ ᠠᠴᠢᠶᠠᠯᠠᠪᠣᠷᠢ ᠶᠢᠨ ᠪᠦᠲᠦᠮᠵᠢᠲᠡᠢ ᠵᠣᠯᠭᠠᠯᠲᠠ ᠶᠢ ᠲᠦᠯᠬᠢᠨ ᠠᠬᠢᠭᠤᠯᠣᠨ᠎ᠠ᠃ ᠦᠨᠳᠦᠰᠦᠲᠡᠨ ᠤ ᠣᠨᠴᠠᠯᠢᠭᠲᠣ ᠠᠵᠣ ᠦᠢᠯᠡᠰ ᠤᠨ ᠬᠦᠷᠢᠶ᠎ᠡ ᠳᠠᠬᠢ ᠰᠢᠨ᠎ᠡ ᠶᠢ ᠡᠭᠦᠳᠦᠨ ᠦᠢᠯᠡᠰ ᠪᠦᠲᠦᠭᠡᠬᠦ ᠢᠨᠵᠧᠨᠧᠷᠢᠩ ᠢ ᠬᠦᠴᠦᠲᠡᠢ ᠳᠡᠮᠵᠢᠵᠦ᠂ ᠦᠨᠳᠦᠰᠦᠲᠡᠨ ᠤ ᠠᠷᠠᠯᠵᠢᠶ᠎ᠠ ᠦᠨᠳᠦᠰᠦᠲᠡᠨ ᠤ ᠬᠡᠷᠡᠭᠰᠡᠯ ᠤᠨ ᠠᠵᠣ ᠠᠬᠤᠶᠢᠯᠠᠯ ᠤᠨ ᠬᠦᠦ ᠮᠦᠩᠭᠦ ᠶᠢ ᠨᠢ ᠣᠷᠣᠯᠠᠨ ᠦᠭᠬᠦ ᠵᠢᠭᠡᠯᠡᠯᠭᠡ᠂ ᠮᠡᠷᠭᠡᠵᠢᠯ ᠤᠨ ᠦᠭᠡᠷᠡᠴᠢᠯᠡᠯᠲᠡ ᠶᠢᠨ ᠲᠣᠰᠠᠯᠠᠮᠵᠢ ᠶᠢᠨ ᠮᠦᠩᠭᠦ ᠶᠢ ᠬᠦᠷᠢᠶ᠎ᠡ ᠬᠡᠪᠴᠢᠶᠡᠨ ᠳᠠᠬᠢ ᠰᠢᠨ᠎ᠡ ᠶᠢ ᠡᠭᠦᠳᠬᠦ ᠵᠦᠢᠯ ᠪᠠ ᠦᠢᠯᠡᠰ ᠪᠦᠲᠦᠭᠡᠬᠦ ᠵᠦᠢᠯ ᠲᠡᠰᠢ ᠬᠡᠯᠪᠡᠶᠢᠯᠭᠡᠨ᠎ᠡ᠃ ᠨᠣᠲᠤᠭ ᠲᠤ ᠪᠠᠨ ᠪᠣᠴᠠᠭᠰᠠᠨ ᠮᠠᠯᠴᠢᠨ ᠲᠠᠷᠢᠶᠠᠴᠢᠨ ᠠᠵᠢᠯᠴᠢᠨ᠂ ᠮᠠᠯᠵᠢᠬᠤ ᠲᠠᠷᠢᠶᠠᠯᠠᠬᠤ ᠣᠷᠣᠨ ᠤ ᠴᠢᠳᠠᠪᠣᠷᠢᠲᠠᠨ᠂ ᠴᠦᠬᠡᠨ ᠲᠣᠭᠠᠲᠣ ᠦᠨᠳᠦᠰᠦᠲᠡᠨ ᠤ ᠣᠶᠣᠲᠠᠨ ᠠᠵᠣ ᠠᠬᠤᠶᠢᠯᠠᠯ ᠡᠷᠬᠢᠯᠡᠬᠦ᠂ ᠳᠠᠭᠠᠭᠤᠯᠣᠨ ᠠᠵᠣ ᠠᠬᠤᠶᠢᠯᠠᠯ ᠡᠷᠬᠢᠯᠡᠬᠦ ᠶᠢ ᠳᠡᠮᠵᠢᠨ᠂ ᠦᠨᠳᠦᠰᠦᠨ ᠱᠠᠲᠣᠨ ᠤ ᠦᠢᠯᠡᠰ ᠪᠦᠲᠦᠭᠡᠬᠦ ᠪᠠ ᠡᠭᠡᠯ ᠠᠷᠠᠳ ᠤᠨ ᠦᠢᠯᠡᠰ ᠪᠦᠲᠦᠭᠡᠬᠦ ᠶᠢ ᠵᠣᠷᠢᠭᠵᠢᠭᠤᠯᠣᠨ᠎ᠠ᠃     6. ᠠᠮᠢ ᠠᠬᠤᠢ ᠶᠢᠨ ᠰᠣᠶᠣᠯ ᠤᠨ ᠪᠦᠲᠦᠭᠡᠨ ᠪᠠᠶᠢᠭᠤᠯᠣᠯᠲᠠ ᠶᠢᠨ ᠢᠨᠵᠧᠨᠧᠷᠢᠩ  ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠯᠪᠢᠨ ᠵᠠᠰᠠᠬᠤ᠂ ᠪᠣᠬᠢᠷᠳᠣᠯ ᠢ ᠰᠡᠷᠭᠡᠶᠢᠯᠡᠨ ᠵᠠᠰᠠᠬᠤ᠂ ᠡᠬᠢ ᠪᠠᠶᠠᠯᠢᠭ ᠢ ᠠᠷᠪᠢᠯᠠᠨ ᠠᠰᠢᠭᠯᠠᠬᠤ᠂ ᠡᠷᠭᠢᠯᠲᠡᠲᠦ ᠠᠵᠣ ᠠᠬᠤᠢ ᠶᠢᠨ ᠬᠦᠭᠵᠢᠯᠲᠡ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠣᠯᠲᠠ  ᠶᠢᠨ ᠰᠢᠰᠲ᠋ᠧᠮᠲᠦ ᠢᠨᠵᠧᠨᠧᠷᠢᠩ ᠢ ᠶᠡᠭᠡ ᠬᠦᠴᠦ ᠪᠠᠷ ᠲᠦᠯᠬᠢᠨ ᠠᠬᠢᠭᠤᠯᠵᠣ᠂ ᠠᠮᠢ ᠠᠬᠤᠢ ᠶᠢᠨ ᠠᠮᠣᠷ ᠲᠦᠪᠰᠢᠨ  ᠤ ᠬᠠᠯᠬᠠᠪᠴᠢ ᠶᠢ ᠪᠦᠬᠦ ᠬᠦᠴᠦ ᠪᠠᠷ ᠪᠠᠶᠢᠭᠤᠯᠣᠨ᠎ᠠ᠃     7. ᠦᠨᠳᠦᠰᠦᠲᠡᠨ ᠤ ᠰᠣᠶᠣᠯ ᠢ ᠬᠠᠮᠠᠭᠠᠯᠠᠵᠣ ᠣᠯᠠᠮᠵᠢᠯᠠᠨ ᠵᠠᠯᠭᠠᠮᠵᠢᠯᠠᠬᠤ ᠢᠨᠵᠧᠨᠧᠷᠢᠩ  ᠃ ᠴᠦᠬᠡᠨ ᠲᠣᠭᠠᠲᠣ ᠦᠨᠳᠦᠰᠦᠲᠡᠨ ᠤ ᠣᠨᠴᠠᠯᠢᠭᠲᠣ ᠠᠶᠢᠯ ᠲᠣᠰᠬᠤᠨ ᠤ ᠬᠠᠮᠠᠭᠠᠯᠠᠯᠲᠠ ᠪᠠ ᠬᠦᠭᠵᠢᠯᠲᠡ ᠶᠢᠨ ᠢᠨᠵᠧᠨᠧᠷᠢᠩ ᠢ ᠭᠤᠣᠯᠳᠠᠯᠭ᠎ᠠ ᠲᠠᠢ ᠪᠠᠶᠢᠭᠤᠯᠣᠨ᠎ᠠ᠃ ᠴᠦᠬᠡᠨ   ᠲᠣᠭᠠᠲᠣ ᠦᠨᠳᠦᠰᠦᠲᠡᠨ ᠤ ᠰᠢᠯᠢᠳᠡᠭ ᠰᠣᠶᠣᠯ ᠢ ᠠᠭᠤᠳᠠᠯᠯᠠᠬᠤ᠂ ᠬᠠᠮᠠᠭᠠᠯᠠᠬᠤ ᠪᠠ ᠬᠦᠭᠵᠢᠭᠦᠯᠦᠨ᠎ᠡ᠃ ᠨᠠᠭᠠᠳᠣᠮ᠂ ᠣᠪᠣᠭ᠎ᠠ ᠶᠢᠨ ᠲᠠᠬᠢᠯᠭ᠎ᠠ᠂ ᠦᠨᠳᠦᠰᠦᠲᠡᠨ ᠤ ᠬᠤᠪᠴᠠᠰᠣ ᠵᠠᠰᠠᠯ᠂ ᠦᠨᠳᠦᠰᠦᠲᠡᠨ ᠤ ᠭᠠᠷ ᠣᠷᠠᠯᠠᠯ ᠤᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠪᠠ ᠣᠷᠣᠯᠳᠣᠭᠠᠨ᠂ ᠠᠷᠠᠳ ᠤᠨ ᠳᠠᠭᠤᠣ ᠶᠢᠨ ᠣᠷᠣᠯᠳᠣᠭᠠᠨ᠂ ᠦᠨᠳᠦᠰᠦᠲᠡᠨ ᠤ ᠪᠦᠵᠢᠭ᠂ ᠴᠠᠭᠠᠨ ᠢᠳᠡᠭᠡᠨ ᠢ   ᠬᠢᠨᠠᠨ ᠰᠢᠯᠭᠠᠷᠠᠭᠤᠯᠬᠤ᠂ ᠳᠦᠷᠪᠡᠨ ᠣᠲᠠᠰᠣᠲᠣ ᠬᠤᠭᠤᠷ᠂ ᠮᠣᠷᠢᠨ ᠬᠤᠭᠤᠷ ᠵᠡᠷᠭᠡ ᠦᠨᠳᠦᠰᠦᠲᠡᠨ ᠤ ᠣᠨᠴᠠᠯᠢᠭᠲᠣ ᠰᠣᠶᠣᠯ ᠤᠨ ᠠᠵᠢᠯᠯᠠᠭᠠᠨ ᠢ ᠦᠷᠨᠢᠭᠦᠯᠬᠦ ᠶᠢ ᠳᠡᠮᠵᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠴᠠᠭᠳᠠᠭ᠎ᠠ ᠠᠷᠠᠳ ᠬᠠᠮᠲᠣ ᠪᠠᠷ ᠪᠠᠶᠢᠭᠤᠯᠬᠤ᠂ ᠴᠡᠷᠢᠭ ᠣᠷᠣᠨ ᠨᠣᠲᠤᠭ ᠬᠠᠮᠲᠣ ᠪᠠᠷ ᠪᠠᠶᠢᠭᠤᠯᠬᠤ᠂ ᠵᠣᠯᠠᠭᠠᠭᠤᠯᠣᠨ ᠳᠡᠮᠵᠢᠬᠦ᠂ ᠣᠷᠣᠨ ᠨᠣᠲᠤᠭ ᠠᠵᠣ ᠠᠬᠤᠶᠢᠯᠠᠯ ᠬᠠᠮᠲᠣ ᠪᠠᠷ ᠪᠠᠶᠢᠭᠤᠯᠬᠤ᠂ ᠬᠤᠲᠠ ᠬᠦᠳᠡᠭᠡ ᠬᠠᠮᠲᠣ  ᠪᠠᠷ ᠪᠠᠶᠢᠭᠤᠯᠬᠤ ᠵᠡᠷᠭᠡ ᠡᠯ᠎ᠡ ᠰᠠᠯᠠᠭ᠎ᠠ ᠮᠦᠴᠢᠷ ᠡᠯ᠎ᠡ ᠬᠦᠷᠢᠶ᠎ᠡ ᠬᠡᠪᠴᠢᠶᠡᠨ ᠤ ᠠᠵᠢᠯᠯᠠᠭᠠᠨ ᠳᠣᠮᠳᠠ ᠣᠷᠭᠠᠨᠢᠭ ᠢᠶᠠᠷ ᠣᠶᠠᠯᠳᠣᠭᠤᠯᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠶᠢᠭᠡᠮ ᠤᠨ ᠰᠠᠭᠤᠷᠢ ᠶᠢ ᠪᠠᠲᠣᠳᠬᠠᠨ᠎ᠠ᠃ ᠴᠦᠬᠡᠨ ᠲᠣᠭᠠᠲᠣ ᠦᠨᠳᠦᠰᠦᠲᠡᠨ ᠤ ᠡᠷᠲᠡᠨ ᠤ ᠪᠢᠴᠢᠭ᠂ ᠠᠮᠠᠨ ᠣᠯᠠᠮᠵᠢᠯᠠᠯᠲᠣ ᠰᠣᠶᠣᠯ᠂ ᠦᠨᠳᠦᠰᠦᠲᠡᠨ ᠤ ᠭᠠᠷ ᠣᠷᠠᠯᠠᠯ᠂ ᠦᠨᠳᠦᠰᠦᠲᠡᠨ ᠤ ᠡᠮ ᠡᠮᠨᠡᠯᠭᠡ᠂ ᠦᠨᠳᠦᠰᠦᠲᠡᠨ ᠤ ᠣᠨᠴᠠᠯᠢᠭᠲᠣ ᠪᠡᠶ᠎ᠡ ᠶᠢᠨ ᠲᠠᠮᠢᠷ ᠵᠡᠷᠭᠡ ᠣᠯᠠᠮᠵᠢᠯᠠᠯᠲᠣ ᠰᠣᠶᠣᠯ ᠢ ᠬᠠᠮᠠᠭᠠᠯᠠᠨ ᠣᠯᠠᠮᠵᠢᠯᠠᠬᠤ ᠢᠨᠵᠧᠨᠧᠷᠢᠩ ᠢ ᠬᠦᠴᠦᠯᠡᠨ ᠬᠡᠷᠡᠭᠵᠢᠭᠦᠯᠦᠨ᠎ᠡ᠃ ᠪᠣᠳᠠᠰ ᠤᠨ ᠪᠣᠰᠣ ᠰᠣᠶᠣᠯ ᠤᠨ ᠦᠪ ᠤᠨ ᠬᠠᠮᠠᠭᠠᠯᠠᠨ ᠵᠠᠯᠭᠠᠮᠵᠢᠯᠠᠬᠤ ᠶᠢ ᠴᠢᠩᠭᠠᠳᠬᠠᠵᠣ᠂ ᠪᠣᠳᠠᠰ ᠤᠨ ᠪᠣᠰᠣ ᠰᠣᠶᠣᠯ ᠤᠨ ᠦᠪ ᠤᠨ ᠨᠡᠷ᠎ᠡ ᠵᠢᠭᠰᠠᠭᠠᠯᠲᠠ ᠪᠠ ᠣᠯᠠᠮᠵᠢᠯᠠᠭᠴᠢ   ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃      8. ᠡᠩᠬᠡ ᠲᠦᠪᠰᠢᠨ ᠢ ᠡᠭᠦᠳᠦᠨ ᠪᠠᠶᠢᠭᠤᠯᠬᠤ ᠢᠨᠵᠧᠨᠧᠷᠢᠩ  ᠃ ᠵᠦᠷᠢᠴᠡᠯ ᠵᠢᠭᠤᠷᠠᠯᠳᠣᠭᠠᠨ ᠢ   ᠪᠠᠶᠢᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢᠨ ᠣᠷᠢᠳᠴᠢᠯᠠᠨ ᠰᠡᠷᠡᠮᠵᠢᠯᠡᠭᠦᠯᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠬᠤ ᠪᠠ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠡᠯᠧᠮᠧᠨ᠋ᠲ ᠲᠠᠢ ᠬᠤᠯᠪᠣᠭᠳᠠᠭᠰᠠᠨ ᠵᠦᠷᠢᠴᠡᠯ ᠵᠢᠭᠤᠷᠠᠯᠳᠣᠭᠠᠨ ᠪᠠ ᠭᠡᠨᠡᠳᠲᠡ ᠶᠢᠨ ᠬᠡᠷᠡᠭ ᠢ ᠲᠣᠬᠢᠷᠠᠭᠤᠯᠬᠤ ᠪᠠ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠪᠠᠶᠢᠭᠤᠯᠵᠣ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠢ ᠨᠦᠯᠦᠭᠡᠯᠡᠬᠦ ᠭᠡᠨᠡᠳᠲᠡ ᠶᠢᠨ ᠴᠢᠨᠠᠷᠲᠠᠢ᠂ ᠬᠠᠮᠲᠣᠯᠢᠭ ᠴᠢᠨᠠᠷᠲᠠᠢ ᠬᠡᠷᠡᠭ ᠢ ᠴᠢᠩᠭ᠎ᠠ ᠰᠡᠷᠭᠡᠶᠢᠯᠡᠬᠦ ᠪᠠ ᠰᠠᠶᠢᠲᠣᠷ ᠰᠢᠢᠳᠪᠦᠷᠢᠯᠡᠨ᠎ᠡ᠃ ᠡᠯ᠎ᠡ ᠲᠦᠷᠦᠯ  ᠤᠨ ᠨᠡᠶᠢᠭᠡᠮ ᠤᠨ ᠪᠦᠯᠬᠦᠮ᠂ ᠠᠷᠠᠳ ᠤᠨ ᠵᠣᠬᠢᠶᠠᠨ ᠪᠠᠶᠢᠭᠤᠯᠣᠯᠲᠠ᠂ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠶᠢᠯᠠᠯ ᠤᠨ ᠨᠡᠶᠢᠭᠡᠮ ᠤᠨ ᠬᠠᠮᠢᠶᠠᠷᠣᠯᠲᠠ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠳᠤ ᠣᠷᠣᠯᠴᠠᠬᠤ ᠪᠦᠲᠦᠮᠵᠢᠲᠦ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠲᠡᠭᠦᠨ ᠤ ᠬᠦᠭᠵᠢᠯᠲᠡ ᠶᠢ ᠠᠬᠢᠭᠤᠯᠬᠤ᠂ ᠪᠦᠯᠬᠦᠮᠳᠡᠯ ᠢ ᠴᠢᠩᠭᠠᠳᠬᠠᠬᠤ᠂ ᠨᠡᠪᠴᠢᠬᠦ ᠶᠢ ᠡᠰᠡᠷᠭᠦᠴᠡᠬᠦ᠂ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠢᠳᠡᠪᠬᠢᠲᠡᠢ ᠦᠢᠯᠡᠳᠦᠯ ᠢ ᠪᠠᠳᠠᠷᠠᠭᠤᠯᠣᠨ᠎ᠠ᠃ ᠡᠯ᠎ᠡ ᠦᠨᠳᠦᠰᠦᠲᠡᠨ ᠤ ᠣᠯᠠᠨ ᠲᠦᠮᠡᠨ ᠤ ᠵᠦᠢ ᠵᠣᠬᠢᠰᠲᠠᠢ ᠭᠤᠶᠣᠴᠢᠯᠠᠯ ᠲᠣᠭᠠᠴᠢᠯᠲᠠ ᠪᠠ ᠣᠨᠴᠠᠭᠠᠢ ᠱᠠᠭᠠᠷᠳᠠᠯᠭ᠎ᠠ ᠳᠤ ᠵᠦᠪ ᠬᠠᠨᠳᠣᠬᠤ ᠪᠠ ᠰᠢᠢᠳᠪᠦᠷᠢᠯᠡᠵᠦ᠂ ᠡᠬᠢ ᠠᠴᠠ  ᠨᠢ ᠵᠠᠰᠠᠬᠤ ᠬᠦᠳᠡᠯᠦᠩᠭᠦᠢ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠣᠶᠠᠯᠳᠣᠭᠤᠯᠣᠭᠰᠠᠨ ᠨᠡᠶᠢᠭᠡᠮ ᠤᠨ ᠬᠠᠮᠢᠶᠠᠷᠣᠯᠲᠠ ᠶᠢᠨ ᠲᠣᠭᠲᠠᠴᠠ ᠶᠢ ᠲᠦᠷᠭᠡᠳᠭᠡᠨ ᠪᠠᠶᠢᠭᠤᠯᠵᠣ᠂ ᠦᠨᠳᠦᠰᠦᠲᠡᠨ ᠤ ᠪᠦᠯᠬᠦᠮᠳᠡᠯ᠂ ᠲᠣᠭᠲᠠᠭᠤᠨ ᠢ ᠨᠦᠯᠦᠭᠡᠯᠡᠬᠦ ᠠᠰᠠᠭᠤᠳᠠᠯ ᠤᠨ ᠡᠭᠦᠰᠬᠦ ᠶᠢ ᠰᠡᠷᠭᠡᠶᠢᠯᠡᠨ᠂ ᠡᠬᠡ ᠣᠯᠣᠰ ᠤᠨ ᠣᠮᠠᠷᠠᠲᠣ ᠬᠢᠯᠢ ᠶᠢᠨ ᠠᠮᠣᠷ ᠲᠣᠭᠲᠠᠭᠤᠨ ᠬᠠᠯᠬᠠᠪᠴᠢ ᠶᠢ ᠪᠠᠲᠣ ᠴᠣᠭᠴᠠᠯᠠᠨ᠎ᠠ᠃     9. ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠬᠦ ᠢᠨᠵᠧᠨᠧᠷᠢᠩ᠃ ᠦᠨᠳᠦᠰᠦᠲᠡᠨ ᠤ ᠠᠵᠢᠯ ᠢ ᠭᠤᠣᠯᠳᠠᠯᠭ᠎ᠠ ᠲᠠᠢ ᠡᠳᠦᠷ ᠳᠣᠲᠣᠮ ᠤᠨ ᠠᠵᠢᠯ ᠳᠤ ᠣᠷᠣᠭᠤᠯᠬᠤ ᠶᠢ ᠪᠠᠷᠢᠮᠳᠠᠯᠠᠵᠣ᠂ ᠭᠤᠣᠯ ᠣᠳᠣᠷᠢᠳᠣᠯᠭ᠎ᠠ ᠦᠪᠡᠰᠦᠪᠡᠨ ᠠᠳᠬᠤᠵᠣ᠂ ᠨᠠᠮ ᠤᠨ ᠬᠤᠷᠢᠶ᠎ᠠ ᠵᠠᠰᠠᠭ ᠤᠨ ᠣᠷᠳᠣᠨ ᠨᠢᠭᠡᠲᠦᠯᠲᠡᠢ   ᠣᠳᠣᠷᠢᠳᠣᠨ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠲᠣᠰ ᠲᠣᠰ ᠤᠨ ᠡᠭᠦᠷᠭᠡ ᠲᠣᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠵᠣ᠂ ᠬᠦᠴᠦ ᠬᠠᠮᠲᠣᠳᠬᠠᠨ ᠬᠠᠮᠲᠣᠷᠠᠨ ᠠᠵᠢᠯᠯᠠᠭᠰᠠᠨ ᠦᠨᠳᠦᠰᠦᠲᠡᠨ ᠤ ᠠᠵᠢᠯ ᠤᠨ ᠪᠦᠲᠦᠴᠡ ᠮᠠᠶ᠋ᠢᠭ ᠢ ᠪᠦᠷᠢᠯᠳᠦᠭᠦᠯᠦᠨ᠎ᠡ᠃ ᠦᠨᠳᠦᠰᠦᠲᠡᠨ ᠤ ᠠᠵᠢᠯ ᠤᠨ ᠰᠠᠯᠠᠭ᠎ᠠ ᠮᠦᠴᠢᠷ ᠪᠠ ᠺᠠᠲᠷ ᠤᠨ ᠡᠩᠨᠡᠭᠡ ᠶᠢᠨ ᠪᠦᠲᠦᠭᠡᠨ ᠪᠠᠶᠢᠭᠤᠯᠣᠯᠲᠠ ᠶᠢ ᠳᠡᠭᠡᠳᠦ ᠬᠡᠮᠵᠢᠶ᠎ᠡ ᠪᠠᠷ ᠬᠦᠨᠳᠦᠳᠭᠡᠨ ᠬᠠᠯᠠᠮᠵᠢᠯᠠᠵᠣ᠂ ᠳᠣᠲᠣᠭᠠᠲᠣ ᠪᠠᠶᠢᠭᠤᠯᠣᠮᠵᠢ ᠶᠢ ᠲᠡᠭᠦᠯᠳᠡᠷᠵᠢᠭᠦᠯᠵᠦ᠂ ᠵᠠᠷᠣᠳᠠᠯ ᠤᠨ ᠪᠠᠲᠣᠯᠠᠭ᠎ᠠ ᠶᠢ ᠬᠠᠩᠭᠠᠵᠣ᠂ ᠵᠠᠯᠠᠭᠤ ᠰᠢᠯᠢᠳᠡᠭ ᠺᠠᠲᠷ ᠢ ᠭᠦᠢᠴᠡᠳ ᠪᠣᠯᠭᠠᠵᠣ᠂ ᠦᠨᠳᠦᠰᠦᠲᠡᠨ ᠤ ᠠᠵᠢᠯ ᠤᠨ ᠰᠠᠯᠠᠭ᠎ᠠ ᠮᠦᠴᠢᠷ ᠤᠨ ᠪᠣᠳᠠᠳᠣ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ ᠡᠯ᠎ᠡ ᠰᠣᠮᠣ ᠰᠢᠶᠠᠩ ᠪᠠᠯᠭᠠᠰᠣ ︵ᠲᠠᠯᠠᠪᠠᠢ︶ ᠪᠦᠷ ᠦᠨᠳᠦᠰᠦᠲᠡᠨ ᠱᠠᠰᠢᠨ ᠰᠣᠷᠲᠠᠬᠤᠨ ᠤ ᠠᠵᠢᠯ ᠤᠨ ᠲᠣᠰᠬᠠᠢ ᠲᠣᠰᠢᠶᠠᠯ ᠬᠠᠪᠰᠣᠷᠭᠠᠭᠰᠠᠨ ᠭᠡᠰᠢᠭᠦᠨ ᠪᠣᠶᠣ ᠠᠵᠢᠯᠲᠠᠨ ᠲᠣᠬᠢᠷᠠᠭᠤᠯᠣᠭᠰᠠᠨ ᠪᠠᠶᠢᠬᠤ ᠬᠡᠷᠡᠭᠲᠡᠢ᠃ ︽ᠬᠤᠲᠠ ᠶᠢᠨ ᠦᠨᠳᠦᠰᠦᠲᠡᠨ ᠤ ᠠᠵᠢᠯ ᠤᠨ ᠳᠦᠷᠢᠮ ᠲᠣᠭᠲᠠᠭᠠᠯ︾ ᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠲᠠᠪᠴᠠᠩ ᠢ ᠪᠠᠶᠢᠭᠤᠯᠣᠨ ᠲᠡᠭᠦᠯᠳᠡᠷᠵᠢᠭᠦᠯᠵᠦ᠂ ᠴᠦᠬᠡᠨ ᠲᠣᠭᠠᠲᠣ ᠦᠨᠳᠦᠰᠦᠲᠡᠨ ᠤ ᠶᠠᠪᠣᠭᠤᠯ ᠬᠦᠮᠦᠨ ᠠᠮᠠ ᠶᠢᠨ ᠦᠢᠯᠡᠴᠢᠯᠡᠭᠡᠨ ᠪᠠ ᠬᠠᠮᠢᠶᠠᠷᠣᠯᠲᠠ ᠶᠢ ᠴᠢᠩᠭᠠᠳᠬᠠᠵᠣ᠂ ᠬᠠᠥᠯᠢ ᠴᠠᠭᠠᠵᠠ ᠶᠢᠨ ᠳᠡᠮᠵᠢᠯᠭᠡ᠂ ᠡᠮ ᠡᠮᠨᠡᠯᠭᠡ ᠡᠷᠡᠭᠦᠯ ᠬᠠᠮᠠᠭᠠᠯᠠᠯ᠂ ᠦᠨᠡᠮᠯᠡᠯ ᠤᠨ ᠭᠦᠢᠴᠡᠳᠭᠡᠯ᠂ ᠦᠭᠡ ᠬᠡᠯᠡᠨ  ᠤ ᠣᠷᠴᠢᠭᠤᠯᠭ᠎ᠠ᠂ ᠠᠵᠢᠯ ᠣᠯᠭᠤᠯᠲᠠ ᠶᠢᠨ ᠪᠣᠯᠪᠠᠰᠣᠷᠠᠯ᠂ ᠦᠷ᠎ᠡ ᠬᠡᠣᠬᠡᠳ ᠤᠨ ᠰᠣᠷᠣᠯᠴᠠᠯᠭ᠎ᠠ ᠵᠡᠷᠭᠡ ᠲᠠᠯ᠎ᠠ ᠪᠠᠷ ᠢᠳᠡᠪᠬᠢᠲᠡᠢ ᠪᠠᠷ ᠨᠦᠭᠦᠴᠡᠯ ᠡᠭᠦᠳᠴᠦ ᠦᠭᠭᠦᠨ᠂ ᠰᠢᠯᠢᠳᠡᠭ ᠨᠦᠭᠦᠴᠡᠯ ᠢ ᠬᠠᠩᠭᠠᠨ᠎ᠠ᠃ ᠴᠦᠬᠡᠨ ᠲᠣᠭᠠᠲᠣ ᠦᠨᠳᠦᠰᠦᠲᠡᠨ ᠤ ᠵᠠᠩ ᠳᠠᠳᠬᠠᠯ ᠢ ᠬᠦᠨᠳᠦᠳᠭᠡᠨ ᠴᠦᠬᠡᠨ ᠲᠣᠭᠠᠲᠣ ᠦᠨᠳᠦᠰᠦᠲᠡᠨ ᠤ ᠣᠯᠠᠨ ᠲᠦᠮᠡᠨ ᠤ ᠵᠠᠩ ᠵᠠᠩᠰᠢᠯ ᠤᠨ ᠦᠢᠯᠡᠴᠢᠯᠡᠭᠡᠨ᠂ ᠦᠪᠡᠷ ᠤᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠣᠷᠴᠣ ᠬᠡᠷᠡᠭᠯᠡᠬᠦ ᠪᠠ ᠴᠦᠬᠡᠨ ᠲᠣᠭᠠᠲᠣ ᠦᠨᠳᠦᠰᠦᠲᠡᠨ ᠤ ᠣᠯᠠᠮᠵᠢᠯᠠᠯᠲᠣ ᠰᠣᠶᠣᠯ ᠢᠶᠠᠨ ᠣᠯᠠᠮᠵᠢᠯᠠᠬᠤ ᠵᠡᠷᠭᠡ ᠲᠠᠯ᠎ᠠ ᠪᠠᠷ  ᠬᠢ ᠱᠠᠭᠠᠷᠳᠠᠯᠭ᠎ᠠ ᠶᠢ ᠬᠠᠩᠭᠠᠵᠣ᠂ ᠰᠢᠨᠡᠴᠢᠯᠡᠯ ᠤᠨ ᠴᠢᠨᠠᠷᠲᠠᠢ ᠦᠨᠳᠦᠰᠦᠲᠡᠨ ᠤ ᠨᠦᠬᠦᠷᠯᠡᠯ ᠤᠨ ᠠᠵᠢᠯᠯᠠᠭᠠᠨ ᠢ ᠦᠷᠨᠢᠭᠦᠯᠦᠨ᠎ᠡ᠃     ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ ᠭᠦᠨᠵᠡᠭᠡᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠮᠣᠩᠭᠤᠯ ᠦᠭᠡ ᠬᠡᠯᠡ ᠦᠰᠦᠭ ᠪᠢᠴᠢᠭ ᠤᠨ ᠰᠣᠷᠭᠠᠨ ᠬᠦᠮᠦᠵᠢᠯ ᠵᠢᠭᠠᠨ ᠰᠣᠷᠭᠠᠯᠲᠠ᠂ ᠰᠣᠷᠴᠣ ᠬᠡᠷᠡᠭᠯᠡᠬᠦ ᠪᠠ ᠬᠠᠮᠢᠶᠠᠷᠣᠯᠲᠠ ᠶᠢᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ᠎ᠠ᠃ ᠨᠡᠶᠢᠭᠡᠮ ᠤᠨ ᠬᠡᠷᠡᠭᠯᠡᠭᠡᠨ ᠤ ᠦᠰᠦᠭ ᠪᠢᠴᠢᠭ ᠢ ᠦᠨᠡᠨᠬᠦ ᠴᠡᠭᠴᠡᠯᠡᠨ ᠵᠠᠰᠠᠵᠣ᠂ ᠦᠩᠭᠡᠨ ᠬᠡᠷᠡᠭᠯᠡᠭᠡᠨ ᠤ ᠫᠠᠶᠢᠰᠠ ᠢᠯᠡᠷᠬᠡᠶᠢᠯᠡᠯ᠂ ᠵᠠᠷ ᠤᠨ ᠮᠣᠩᠭᠤᠯ ᠬᠢᠲᠠᠳ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠳᠦᠷᠢᠮᠵᠢᠭᠰᠡᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠡᠷᠭᠡ ᠪᠠᠷ ᠬᠡᠷᠡᠭᠯᠡᠬᠦ᠂ ᠵᠦᠪ ᠣᠨᠣᠪᠴᠢᠲᠠᠢ᠂ ᠳᠦᠷᠢᠮᠵᠢᠭᠦᠨ ︽ᠭᠤᠷᠪᠠᠨ ᠨᠣᠷᠮ᠎ᠠ︾ 90 % ᠠᠴᠠ ᠳᠡᠭᠡᠭᠰᠢ ᠪᠠᠶᠢᠬᠤ ᠶᠢ ᠪᠠᠲᠣᠯᠠᠨ᠎ᠠ᠃ ᠮᠣᠩᠭᠤᠯ ᠬᠢᠲᠠᠳ ᠬᠡᠯᠡ ᠶᠢᠨ ᠣᠷᠴᠢᠭᠤᠯᠭ᠎ᠠ ᠶᠢᠨ ᠠᠵᠢᠯ ᠢ ᠴᠢᠩᠭᠠᠳᠬᠠᠵᠣ᠂ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ ᠰᠣᠯᠢᠯᠴᠠᠭ᠎ᠠ ᠰᠠᠭᠠᠳ ᠦᠭᠡᠢ ᠨᠡᠪᠲᠡᠷᠡᠬᠦ ᠶᠢ ᠪᠠᠲᠣᠯᠠᠨ᠎ᠠ᠃ ︽ᠠᠷᠪᠠᠨ ᠬᠤᠶᠠᠳᠣᠭᠠᠷ ᠲᠠᠪᠣᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ ᠦᠨᠳᠦᠰᠦᠲᠡᠨ ᠤ ᠠᠷᠠᠯᠵᠢᠶ᠎ᠠ ᠦᠨᠳᠦᠰᠦᠲᠡᠨ ᠤ ᠬᠡᠷᠡᠭᠰᠡᠯ  ᠤᠨ ᠠᠵᠣ ᠠᠬᠤᠶᠢᠯᠠᠯ ᠤᠨ ᠣᠯᠣᠰ ᠤᠨ ᠬᠦᠦ ᠮᠦᠩᠭᠦ ᠶᠢ ᠣᠷᠣᠯᠠᠨ ᠦᠭᠬᠦ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠬᠦᠷᠲᠡᠬᠦ ᠶᠢ ᠬᠢᠨᠠᠮᠠᠭᠠᠢ ᠨᠠᠶᠢᠳᠠᠪᠣᠷᠢᠵᠢᠭᠤᠯᠣᠨ᠎ᠠ᠃ ᠬᠤᠲᠣᠩᠴᠣᠳ ᠤᠨ ᠢᠳᠡᠭᠡᠨ ᠤ ᠵᠠᠬ᠎ᠠ ᠳᠡᠯᠭᠡᠭᠦᠷ  ᠤᠨ ᠬᠢᠨᠠᠨ ᠬᠠᠮᠢᠶᠠᠷᠣᠯᠲᠠ ᠶᠢᠨ ᠠᠵᠢᠯ ᠢ ᠴᠢᠩᠭᠠᠳᠬᠠᠵᠣ᠂ ᠬᠤᠲᠣᠩᠴᠣᠳ ᠤᠨ ᠮᠢᠬᠠᠨ ᠢᠳᠡᠭᠡᠨ ᠤ ᠦᠢᠯᠡᠳᠪᠦᠷᠢᠯᠡᠨ ᠪᠣᠯᠪᠠᠰᠣᠷᠠᠭᠤᠯᠬᠤ ᠠᠵᠣ ᠠᠬᠤᠶᠢᠯᠠᠯ ᠤᠨ ᠬᠢᠨᠠᠨ ᠬᠠᠮᠢᠶᠠᠷᠣᠯᠲᠠ ᠶᠢᠨ ᠡᠷᠴᠢᠮ ᠢ ᠴᠢᠩᠭᠠᠳᠬᠠᠵᠣ᠂ ᠦᠷᠭᠡᠨ ᠣᠯᠠᠨ   ᠬᠤᠲᠣᠩ ᠦᠨᠳᠦᠰᠦᠲᠡᠨ ᠤ ᠡᠷᠬᠡ ᠠᠰᠢᠭ ᠢ ᠰᠠᠶᠢᠲᠣᠷ ᠬᠠᠮᠠᠭᠠᠯᠠᠨ᠎ᠠ᠃     10. ᠦᠨᠳᠦᠰᠦᠲᠡᠨ ᠤ ᠺᠠᠲᠷ ᠢ ᠬᠦᠮᠦᠵᠢᠭᠦᠯᠬᠦ ᠢᠨᠵᠧᠨᠧᠷᠢᠩ᠃ ᠦᠨᠳᠦᠰᠦᠲᠡᠨ ᠤ ᠺᠠᠲᠷ ᠢ ᠬᠦᠮᠦᠵᠢᠭᠦᠯᠬᠦ᠂ ᠰᠣᠩᠭᠤᠬᠤ᠂ ᠬᠡᠷᠡᠭᠯᠡᠬᠦ   ᠬᠦᠴᠦᠯᠡᠴᠡ ᠪᠠᠨ ᠪᠣᠵᠠᠭᠠᠶᠢᠷᠠᠭᠤᠯᠵᠣ᠂ ᠬᠦᠮᠦᠵᠢᠭᠦᠯᠦᠨ ᠪᠣᠯᠪᠠᠰᠣᠷᠠᠭᠤᠯᠬᠤ᠂ ᠲᠣᠰᠢᠶᠠᠯ ᠡᠭᠦᠷᠭᠡᠯᠡᠭᠦᠯᠦᠨ ᠪᠣᠯᠪᠠᠰᠣᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠣ᠂ ᠴᠦᠬᠡᠨ ᠲᠣᠭᠠᠲᠣ ᠦᠨᠳᠦᠰᠦᠲᠡᠨ ᠤ ᠺᠠᠲᠷ  ᠤᠨ ᠶᠠᠷᠦᠩᠬᠡᠢ ᠬᠡᠪ ᠴᠢᠨᠠᠷ ᠪᠠ ᠠᠵᠢᠯ ᠤᠨ ᠴᠢᠳᠠᠪᠣᠷᠢ ᠶᠢ ᠲᠠᠰᠣᠷᠠᠯᠲᠠ ᠦᠭᠡᠢ ᠳᠡᠭᠡᠭᠰᠢᠯᠡᠭᠦᠵᠦ᠂ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠲᠦᠯᠲᠡᠢ ᠪᠠᠶᠢᠬᠤ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠦᠨᠳᠦᠰᠦᠲᠡᠨ ᠤ ᠲᠦᠷᠦ ᠶᠢᠨ ᠪᠣᠳᠣᠯᠭ᠎ᠠ᠂ ᠬᠠᠥᠯᠢ ᠳᠦᠷᠢᠮ ᠪᠠ ᠦᠨᠳᠦᠰᠦᠲᠡᠨ ᠤ ᠠᠵᠢᠯ ᠢ ᠰᠠᠶᠢᠨ ᠣᠶᠢᠯᠠᠭᠠᠳᠠᠭ᠂ ᠡᠯ᠎ᠡ ᠦᠨᠳᠦᠰᠦᠲᠡᠨ ᠤ ᠣᠯᠠᠨ ᠲᠦᠮᠡᠨ ᠤ   ᠭᠦᠨ ᠬᠦᠷᠢᠶᠡᠯᠡᠯ ᠢ ᠣᠯᠣᠭᠰᠠᠨ ᠦᠨᠳᠦᠷ ᠬᠡᠪ ᠪᠣᠯᠪᠠᠰᠣᠷᠠᠯ ᠲᠠᠢ ᠦᠨᠳᠦᠰᠦᠲᠡᠨ ᠤ ᠺᠠᠲᠷ ᠤᠨ ᠡᠩᠨᠡᠭᠡ ᠶᠢ ᠪᠠᠶᠢᠭᠤᠯᠣᠨ᠎ᠠ᠃ ᠦᠨᠳᠦᠰᠦᠲᠡᠨ ᠤ ᠺᠠᠲᠷ ᠤᠨ ᠬᠦᠮᠦᠵᠢᠯ ᠪᠣᠯᠪᠠᠰᠣᠷᠠᠯ᠂ ᠲᠣᠰᠢᠶᠠᠯ ᠡᠭᠦᠷᠭᠡᠯᠡᠬᠦ ᠪᠠ ᠣᠯᠠᠨ ᠠᠵᠢᠯ ᠤᠨ ᠪᠠᠶᠢᠷᠢ ᠳᠤ   ᠪᠣᠯᠪᠠᠰᠣᠷᠠᠬᠤ ᠶᠢ ᠴᠢᠩᠭᠠᠳᠬᠠᠵᠣ᠂ ᠴᠦᠬᠡᠨ ᠲᠣᠭᠠᠲᠣ ᠦᠨᠳᠦᠰᠦᠲᠡᠨ ᠤ ᠺᠠᠲᠷ ᠤᠨ ᠲᠦᠷᠦ ᠶᠢᠨ ᠪᠣᠳᠣᠯᠭ᠎ᠠ ᠶᠢᠨ ᠬᠢᠷᠢ ᠲᠦᠪᠰᠢᠨ᠂ ᠶᠡᠷᠦᠩᠬᠡᠢ ᠬᠡᠪ ᠴᠢᠨᠠᠷ ᠪᠠ ᠠᠵᠢᠯ ᠤᠨ ᠴᠢᠳᠠᠪᠣᠷᠢ ᠶᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ︽ᠬᠤᠣᠰ ᠬᠡᠯᠡ︾  ᠶᠢᠨ ᠴᠢᠳᠠᠪᠣᠷᠢᠲᠠᠨ ᠢ ᠬᠦᠮᠦᠵᠢᠭᠦᠯᠬᠦ ᠶᠢ ᠰᠠᠶᠢᠲᠣᠷ ᠠᠳᠬᠤᠵᠣ᠂ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ ᠢᠯᠡ ᠪᠠᠷ ᠡᠯᠰᠡᠬᠦ ᠵᠡᠷᠭᠡ ᠬᠡᠯᠪᠡᠷᠢ ᠪᠠᠷ ᠳᠠᠮᠵᠢᠵᠣ ᠦᠨᠳᠦᠰᠦᠨ ᠱᠠᠲᠣ᠂ ᠦᠢᠯᠡᠴᠢᠯᠡᠭᠡᠨ ᠤ ᠨᠢᠭᠡᠴᠡ ᠶᠢᠨ ︽ ᠬᠤᠣᠰ ᠬᠡᠯᠡᠨ︾ ᠤ ᠴᠢᠳᠠᠪᠣᠷᠢᠲᠠᠨ ᠳᠣᠲᠠᠵᠣ ᠪᠠᠶᠢᠬᠤ ᠠᠰᠠᠭᠤᠳᠠᠯ ᠢ ᠲᠦᠯᠦᠪᠯᠡᠭᠡ ᠲᠠᠢ ᠪᠠᠷ ᠰᠢᠢᠳᠪᠦᠷᠢᠯᠡᠨ᠎ᠡ᠃       ︵ᠭᠤᠷᠪᠠ  ︶ ᠡᠭᠦᠳᠦᠨ ᠪᠠᠶᠢᠭᠤᠯᠬᠤ ᠠᠵᠢᠯᠯᠠᠭᠠᠨ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠴᠦᠷᠭᠡᠭ ᠶᠡᠭᠡ ᠬᠠᠮ ᠬᠦᠴᠦᠨ ᠢ ᠨᠢᠭᠲᠠᠷᠠᠭᠤᠯᠣᠨ᠎ᠠ᠃ ᠡᠭᠦᠳᠦᠨ ᠪᠠᠶᠢᠭᠤᠯᠬᠤ ᠠᠵᠢᠯᠯᠠᠭᠠᠨ ᠢ ᠪᠠᠲᠣᠳᠬᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠪᠦᠬᠦ ᠨᠡᠶᠢᠭᠡᠮ ᠳᠤ ᠦᠷᠭᠡᠨ ᠢᠶᠠᠷ ᠪᠦᠷᠬᠦᠭᠦᠯᠵᠦ᠂ ᠬᠠᠮᠲᠣ ᠨᠡᠶᠢᠲᠡ᠂ ᠭᠡᠷ ᠪᠦᠯᠢ  ᠂ ᠬᠦᠮᠦᠨ ᠪᠣᠯᠭᠠᠨ ᠤ   ᠳᠣᠲᠣᠭᠠᠳᠣ ᠦᠵᠡᠯ ᠣᠬᠠᠮᠰᠠᠷ ᠪᠠ ᠣᠬᠠᠮᠰᠠᠷ ᠤᠨ ᠠᠵᠢᠯᠯᠠᠭᠠᠨ ᠪᠣᠯᠭᠠᠨ᠎ᠠ᠃      1. ᠡᠯᠪᠡᠭ ᠪᠠᠶᠠᠯᠢᠭ ᠰᠣᠩᠭᠤᠨ ᠰᠢᠯᠭᠠᠷᠠᠭᠤᠯᠬᠤ ᠠᠵᠢᠯᠯᠠᠭᠠᠨ ᠢ ᠦᠷᠨᠢᠭᠦᠯᠦᠨ᠎ᠡ᠃ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠪᠠᠭᠠᠴᠣᠣᠯ᠂ ᠰᠠᠶᠢᠨ ᠵᠠᠯᠠᠭᠤ︾ ︽ᠰᠢᠯᠢᠳᠡᠭ ᠴᠦᠬᠡᠨ ᠲᠣᠭᠠᠲᠣ ᠦᠨᠳᠦᠰᠦᠲᠡᠨ ᠤ ᠬᠤᠲᠠ ᠣᠷᠣᠵᠣ ᠠᠵᠢᠯᠯᠠᠵᠣ ᠬᠦᠳᠡᠯᠮᠦᠷᠢᠯᠡᠭᠰᠡᠨ ᠮᠠᠯᠴᠢᠨ ᠲᠠᠷᠢᠶᠠᠴᠢᠨ︾ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠬᠦᠷᠰᠢ᠂ ᠰᠠᠶᠢᠨ ᠭᠡᠷ ᠪᠦᠯᠢ﹀᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠣ ᠨᠡᠶᠢᠲᠡ ᠪᠣᠯᠣᠨ ᠵᠢᠱᠢᠶᠡᠴᠢ ᠬᠤᠪᠢ ᠬᠦᠮᠦᠨ︾᠂   ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠳᠣᠨ ᠡᠮᠡᠭᠲᠡᠢ︾᠂ ︽ᠡᠮᠦᠨᠡᠲᠦ ᠣᠮᠠᠷᠠᠲᠣ ᠶᠢᠨ ᠬᠠᠮᠲᠣᠷᠠᠯᠴᠠᠭ᠎ᠠ ᠶᠢᠨ ᠵᠢᠱᠢᠶᠡᠴᠢ ︾ ᠵᠡᠷᠭᠡ ᠰᠢᠯᠭᠠᠨ ᠰᠣᠩᠭᠤᠬᠤ ᠠᠵᠢᠯᠯᠠᠭᠠᠨ ᠢ ᠦᠷᠭᠡᠨ ᠳᠡᠯᠭᠡᠷ ᠦᠷᠨᠢᠭᠦᠯᠦᠨ᠎ᠡ᠃       2. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠᠨ ᠭᠠᠵᠠᠷ ᠲᠤ ᠣᠷᠣᠬᠤ︾ ᠠᠵᠢᠯᠯᠠᠭᠠᠨ ᠢ ᠦᠷᠨᠢᠭᠦᠯᠦᠨ᠎ᠡ᠃       ᠨᠢᠭᠡ ᠳᠤ᠂   ᠦᠨᠳᠦᠰᠦᠲᠡᠨ ᠤ   ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠪᠠᠶᠢᠭᠤᠯᠣᠯᠭ᠎ᠠ   ᠳᠤ ᠣᠷᠣᠨ᠎ᠠ᠃ ︽ᠬᠦᠴᠦᠨ ᠴᠢᠳᠠᠪᠬᠢᠲᠣ ᠪᠠᠶᠢᠭᠤᠯᠣᠯᠭ᠎ᠠ᠂ ᠦᠢᠯᠡᠴᠢᠯᠡᠭᠡᠨ ᠤ ᠪᠠᠶᠢᠭᠤᠯᠣᠯᠭ᠎ᠠ᠂ ᠡᠶ᠎ᠡ ᠵᠣᠬᠢᠴᠠᠩᠭᠤᠢ ᠪᠠᠶᠢᠭᠤᠯᠣᠯᠭ᠎ᠠ ︾ ᠶᠢ ᠪᠠᠶᠢᠭᠤᠯᠬᠤ ᠪᠠᠷ ᠠᠴᠢᠶᠠᠯᠠᠪᠣᠷᠢ ᠪᠣᠯᠭᠠᠵᠣ᠂ ᠨᠠᠮ ᠪᠠ ᠣᠯᠠᠨ ᠲᠦᠮᠡᠨ ᠵᠢᠷᠦᠬᠡ ᠰᠡᠳᠭᠢᠯ ᠢᠶᠠᠨ ᠬᠤᠯᠪᠣᠯᠴᠠᠭᠰᠠᠨ ᠠᠵᠢᠯᠯᠠᠭᠠᠨ ᠢ ᠭᠦᠨᠵᠡᠭᠡᠢ ᠦᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠬᠦᠮᠦᠵᠢᠯ ᠢ ᠪᠠᠶᠢᠭᠤᠯᠣᠯᠭ᠎ᠠ ᠶᠢᠨ ᠡᠯ᠎ᠡ ᠠᠮᠵᠢᠯᠲᠠ ᠪᠦᠲᠦᠭᠡᠯ ᠤᠨ ᠦᠵᠡᠭᠦᠯᠦᠯᠭᠡ᠂ ᠮᠡᠳᠡᠯᠭᠡ ᠶᠢᠨ ᠣᠷᠣᠯᠳᠣᠭᠠᠨ᠂ ᠣᠷᠠᠨ ᠰᠠᠶᠢᠬᠠᠨ ᠤ ᠲᠣᠭᠯᠠᠯᠲᠠ᠂ ᠭᠤᠣᠯ ᠰᠡᠳᠦᠪᠲᠦ ᠣᠬᠠᠭᠤᠯᠭ᠎ᠠ ᠵᠡᠷᠭᠡ ᠠᠵᠢᠯᠯᠠᠭᠠᠨ ᠤ ᠳᠣᠮᠳᠠ ᠦᠨᠡᠨᠬᠦ ᠠᠭᠤᠰᠣᠯᠴᠠᠭᠤᠯᠣᠨ᠎ᠠ᠃   ᠪᠠᠶᠢᠭᠤᠯᠣᠯᠭ᠎ᠠ ᠶᠢᠨ ᠺᠠᠲᠷ ᠢ ᠵᠣᠬᠢᠶᠠᠨ ᠪᠠᠶᠢᠭᠤᠯᠵᠣ᠂ ᠨᠠᠮ ᠠᠷᠠᠳ ᠲᠦᠮᠡᠨ ᠢ ᠣᠳᠣᠷᠢᠳᠣᠨ ᠲᠡᠨᠮᠡᠴᠡᠭᠰᠡᠨ ᠲᠡᠣᠬᠡ᠂ ᠲᠣᠯᠭᠤᠷ ᠲᠦᠷᠦ ᠨᠡᠭᠡᠭᠡᠭᠰᠡᠨ ᠲᠡᠣᠬᠡ᠂ ᠦᠭᠡᠷᠡᠴᠢᠯᠡᠯᠲᠡ ᠶᠢᠨ ᠲᠡᠣᠬᠡ᠂ ᠦᠨᠳᠦᠰᠦᠲᠡᠨ ᠤ ᠬᠦᠭᠵᠢᠯᠲᠡ ᠶᠢᠨ ᠲᠡᠣᠬᠡ ᠪᠠ ︽ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠬᠠᠣᠯᠢ︾ ᠵᠡᠷᠭᠡ ᠬᠠᠮᠢᠶ᠎ᠠ ᠪᠦᠬᠦᠢ ᠬᠠᠥᠯᠢ ᠶᠢ ᠬᠢᠨᠠᠮᠠᠭᠠᠢ ᠰᠣᠷᠣᠯᠴᠠᠵᠣ᠂   ᠰᠣᠷᠣᠯᠴᠠᠭᠰᠠᠨ ᠲᠡᠮᠲᠡᠭᠯᠡᠯ ᠪᠠ ᠲᠦᠷᠦᠭᠳᠡᠯ ᠢ ᠪᠢᠴᠢᠨ᠎ᠡ᠃       ᠬᠤᠶᠠᠷ ᠲᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠠᠵᠣ ᠠᠬᠤᠶᠢᠯᠠᠯ ᠳᠤ ᠣᠷᠣᠨ᠎ᠠ᠃ ᠠᠵᠣ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠬᠦᠮᠦᠵᠢᠯ ᠤᠨ ᠠᠵᠢᠯᠯᠠᠭᠠᠨ ᠢ ᠦᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠶᠢᠨ ᠵᠢᠷᠤᠭ ᠢ ᠨᠠᠭᠠᠬᠤ᠂ ᠣᠬᠠᠭᠤᠯᠭ᠎ᠠ ᠶᠢᠨ ᠪᠢᠴᠢᠭᠡᠰᠦ ᠲᠣᠬᠢᠷᠠᠭᠤᠯᠬᠤ   ᠪᠠ ᠡᠯᠧᠺᠲᠷᠣᠨ ᠳᠡᠯᠭᠡᠴᠡ ᠶᠢᠨ ᠦᠵᠡᠭᠦᠯᠦᠯᠭᠡ ᠵᠡᠷᠭᠡ ᠠᠷᠭ᠎ᠠ ᠬᠡᠯᠪᠡᠷᠢ ᠪᠠᠷ ᠳᠠᠮᠵᠢᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠳᠭᠡᠨ ᠵᠣᠵᠠᠭᠠᠨ ᠠᠭᠤᠷ ᠠᠮᠢᠰᠬᠤᠯ ᠢ ᠪᠣᠢ ᠪᠣᠯᠠᠭᠠᠨ᠎ᠠ᠃ ᠴᠦᠬᠡᠨ ᠲᠣᠭᠠᠲᠣ ᠦᠨᠳᠦᠰᠦᠲᠡᠨ ᠤ ᠠᠵᠢᠯᠲᠠᠨ ᠠᠵᠢᠯᠴᠢᠨ ᠪᠠ ᠬᠤᠣᠰᠯᠠᠵᠣ ᠬᠠᠪᠰᠣᠷᠬᠤ ᠴᠦᠬᠡᠨ ᠲᠣᠭᠠᠲᠣ ᠦᠨᠳᠦᠰᠦᠲᠡᠨ ᠤ ᠭᠠᠵᠠᠷ ᠣᠷᠣᠨ ᠳᠤ ᠦᠢᠯᠡᠴᠢᠯᠡᠬᠦ ᠠᠵᠢᠯᠯᠠᠭᠠᠨ ᠢ ᠦᠷᠨᠢᠭᠦᠯᠵᠦ᠂ ᠴᠦᠬᠡᠨ ᠲᠣᠭᠠᠲᠣ ᠦᠨᠳᠦᠰᠦᠲᠡᠨ ᠤ ᠠᠵᠢᠯᠲᠠᠨ ᠠᠵᠢᠯᠴᠢᠨ ᠢ ᠳᠠᠩᠰᠠᠯᠠᠬᠤ ᠶᠢ ᠰᠠᠶᠢᠲᠣᠷ ᠬᠢᠵᠦ᠂ ᠴᠦᠬᠡᠨ ᠲᠣᠭᠠᠲᠣ ᠦᠨᠳᠦᠰᠦᠲᠡᠨ ᠤ ᠠᠵᠢᠯᠲᠠᠨ ᠠᠵᠢᠯᠴᠢᠨ ᠤ ᠬᠠᠣᠯᠢ ᠶᠣᠰᠣᠨ  ᠤ ᠡᠷᠬᠡ ᠠᠰᠢᠭ ᠢ ᠬᠠᠣᠯᠢ ᠶᠣᠰᠣᠭᠠᠷ ᠪᠠᠲᠣᠯᠠᠨ᠂ ᠴᠦᠬᠡᠨ ᠲᠣᠭᠠᠲᠣ ᠦᠨᠳᠦᠰᠦᠲᠡᠨ ᠤ ᠠᠵᠢᠯᠲᠠᠨ ᠠᠵᠢᠯᠴᠢᠨ ᠤ ᠦᠨᠳᠦᠰᠦᠲᠡᠨ ᠤ ᠵᠠᠩ ᠳᠠᠳᠬᠠᠯ ᠢ ᠬᠦᠨᠳᠦᠳᠭᠡᠨ᠎ᠡ᠃ ᠴᠦᠬᠡᠨ ᠲᠣᠭᠠᠲᠣ ᠦᠨᠳᠦᠰᠦᠲᠡᠨ ᠤ ᠠᠵᠢᠯᠲᠠᠨ ᠠᠵᠢᠯᠴᠢᠨ  ᠤ ᠪᠣᠳᠠᠳᠣ ᠬᠦᠴᠢᠷᠳᠡᠯ ᠢ ᠢᠳᠡᠪᠬᠢᠲᠡᠢ ᠪᠠᠷ ᠲᠣᠬᠢᠷᠠᠭᠤᠯᠣᠨ ᠬᠠᠪᠰᠣᠷᠴᠦ ᠰᠢᠢᠳᠪᠦᠷᠢᠯᠡᠨ᠂ ᠬᠠᠮᠲᠣ   ᠳᠤ ᠨᠢ ᠦᠢᠯᠡᠴᠢᠯᠡᠭᠰᠡᠨ ᠲᠡᠮᠲᠡᠭᠯᠡᠯ ᠢ ᠰᠠᠶᠢᠲᠣᠷ ᠬᠢᠨ᠎ᠡ᠃     ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠨᠡᠶᠢᠭᠡᠮ ᠲᠣᠭᠤᠷᠢᠭ ᠲᠤ ᠣᠷᠣᠨ᠎ᠠ᠃   ᠨᠡᠶᠢᠭᠡᠮ ᠲᠣᠭᠤᠷᠢᠭ ᠤᠨ ᠣᠨᠴᠠᠯᠢᠭ ᠲᠠᠢ ᠪᠠᠨ ᠣᠶᠠᠯᠳᠣᠭᠤᠯᠵᠣ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠬᠦᠮᠦᠵᠢᠯ   ᠦᠷᠨᠢᠭᠦᠯᠵᠦ᠂ ᠨᠢᠭᠡ ᠪᠦᠯᠦᠭ ᠦᠨᠳᠦᠰᠦᠲᠡᠨ ᠤ ᠣᠨᠴᠠᠯᠢᠭ ᠪᠦᠬᠦᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠵᠣ᠂ ᠨᠡᠶᠢᠭᠡᠮ ᠲᠣᠭᠤᠷᠢᠭ  ᠤᠨ ᠪᠦᠯᠬᠦᠮᠳᠡᠯ ᠨᠠᠶᠢᠷᠠᠮᠳᠠᠯ ᠢ ᠠᠬᠢᠭᠤᠯᠣᠨ᠎ᠠ᠃ ᠨᠣᠲᠤᠭ ᠣᠰᠣᠨ ᠤ ᠨᠠᠶᠢᠷ ᠵᠡᠷᠭᠡ ᠣᠯᠠᠨ ᠬᠡᠯᠪᠡᠷᠢ ᠶᠢᠨ ᠨᠦᠬᠦᠷᠯᠡᠯ  ᠤᠨ ᠠᠵᠢᠯᠯᠠᠭ᠎ᠠ ᠪᠠ ᠨᠡᠶᠢᠭᠡᠮ ᠲᠣᠭᠤᠷᠢᠭ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠥᠯᠢ ᠳᠦᠷᠢᠮ ᠤᠨ ᠯᠠᠪᠯᠠᠭ᠎ᠠ ᠶᠢᠨ ᠠᠵᠢᠯᠯᠠᠭᠠᠨ ᠢ ᠵᠣᠬᠢᠶᠠᠨ ᠪᠠᠶᠢᠭᠤᠯᠵᠣ ᠦᠷᠨᠢᠭᠦᠯᠦᠨ᠎ᠡ᠂ ᠨᠡᠶᠢᠭᠡᠮ ᠲᠣᠭᠤᠷᠢᠭ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠵᠣᠬᠢᠴᠠᠭᠤᠯᠬᠤ ᠠᠵᠢᠯᠯᠠᠭᠠᠨ ᠢ ᠴᠢᠩᠭᠠᠳᠬᠠᠵᠣ᠂ ᠨᠡᠶᠢᠭᠡᠮ ᠲᠣᠭᠤᠷᠢᠭ ᠤᠨ ᠵᠦᠷᠢᠴᠡᠯ ᠵᠢᠭᠤᠷᠠᠯᠳᠣᠭᠠᠨ ᠢ ᠪᠠᠶᠢᠴᠠᠭᠠᠬᠤ ᠠᠵᠢᠯᠯᠠᠭᠠᠨ ᠢ ᠦᠷᠨᠢᠭᠦᠯᠵᠦ᠂ ᠬᠠᠷᠢᠶᠠᠳᠣ ᠣᠷᠣᠨ ᠤ ᠵᠢᠵᠢᠭ ᠲᠣᠭᠤᠷᠢᠭ ᠪᠠ ᠠᠰᠠᠷ ᠲᠤ ᠦᠨᠳᠦᠰᠦᠲᠡᠨ ᠤ ᠠᠵᠢᠯ ᠤᠨ ᠮᠡᠳᠡᠭᠡ ᠵᠠᠩᠭᠢᠴᠢ ᠲᠣᠭᠲᠠᠭᠠᠵᠣ᠂ ᠲᠡᠳᠡᠨ ᠢ ᠬᠠᠮᠢᠶᠠᠷᠣᠯᠲᠠ ᠶᠢᠨ ᠬᠦᠷᠢᠶ᠎ᠡ ᠬᠡᠪᠴᠢᠶᠡᠨ ᠳᠠᠬᠢ ᠴᠦᠬᠡᠨ ᠲᠣᠭᠠᠲᠣ ᠦᠨᠳᠦᠰᠦᠲᠡᠨ ᠤ ᠬᠦᠮᠦᠰ ᠵᠢᠴᠢ ᠭᠡᠷ ᠪᠦᠯᠢ  ᠶᠢᠨ ᠪᠠᠶᠢᠳᠠᠯ ᠢ ᠭᠦᠢᠴᠡᠳ ᠣᠶᠢᠯᠠᠭᠠᠬᠤ ᠶᠢ ᠱᠠᠭᠠᠷᠳᠠᠵᠣ᠂ ᠬᠠᠮᠢᠶ᠎ᠠ ᠪᠦᠬᠦᠢ ᠮᠡᠳᠡᠭᠡ ᠵᠠᠩᠭᠢ   ᠶᠢ ᠴᠠᠭ ᠲᠣᠬᠠᠢ ᠳᠤ  ᠨᠢ ᠬᠤᠷᠢᠶᠠᠨ ᠴᠣᠭᠯᠠᠭᠤᠯᠵᠣ᠂ ᠨᠡᠶᠢᠭᠡᠮ ᠲᠣᠭᠤᠷᠢᠭ ᠲᠤ ᠮᠡᠳᠡᠭᠦᠯᠦᠨ᠂ ᠨᠡᠶᠢᠭᠡᠮ ᠲᠣᠭᠤᠷᠢᠭ ᠲᠣᠭᠲᠠᠭᠰᠠᠨ ᠬᠤᠭᠤᠴᠠᠭᠠᠨ ᠳᠤ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠬᠤ ᠬᠡᠷᠡᠭᠲᠡᠢ᠃       ᠳᠦᠷᠪᠡ ᠳᠤ  ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠬᠦᠳᠡᠭᠡ ᠲᠣᠰᠬᠤᠨ ᠳᠤ ᠣᠷᠣᠨ᠎ᠠ᠃ ᠡᠯ᠎ᠡ ᠰᠣᠮᠣ ᠰᠢᠶᠠᠩ ᠪᠠᠯᠭᠠᠰᠣ ︵ᠲᠠᠯᠠᠪᠠᠢ︶ ᠰᠣᠨᠢᠨ ᠮᠡᠳᠡᠭᠡ᠂ ᠷᠠᠳᠢᠣ᠋ ᠨᠡᠪᠲᠡᠷᠡᠭᠦᠯᠭᠡ᠂ ᠲᠧᠯᠧᠢᠰ ᠣᠷᠢᠶ᠎ᠠ᠂ ᠪᠢᠴᠢᠭᠡᠰᠦ ᠵᠡᠷᠭᠡ ᠣᠯᠠᠨ ᠠᠷᠭ᠎ᠠ ᠬᠡᠯᠪᠡᠷᠢ ᠶᠢ ᠠᠰᠢᠭᠯᠠᠵᠣ᠂ ᠨᠠᠮ ᠤᠨ ᠴᠢᠭᠯᠡᠯᠲᠡ ᠲᠦᠷᠦ ᠶᠢᠨ ᠪᠣᠳᠣᠯᠭ᠎ᠠ ᠪᠠ ᠦᠨᠳᠦᠰᠦᠲᠡᠨ ᠱᠠᠰᠢᠨ ᠰᠣᠷᠲᠠᠬᠤᠨ ᠤ ᠬᠠᠥᠯᠢ ᠳᠦᠷᠢᠮ ᠢ ᠣᠬᠠᠭᠤᠯᠵᠣ᠂ ᠦᠷᠭᠡᠨ ᠣᠯᠠᠨ ᠬᠦᠳᠡᠭᠡ ᠲᠣᠰᠬᠤᠨ ᠤ ᠺᠠᠲᠷ᠂ ᠮᠠᠯᠴᠢᠨ ᠲᠠᠷᠢᠶᠠᠴᠢᠨ ᠠᠷᠠᠳ ᠤᠨ ᠬᠠᠥᠯᠢ ᠳᠦᠷᠢᠮ ᠤᠨ ᠦᠵᠡᠯ ᠣᠬᠠᠮᠰᠠᠷ ᠪᠠ ᠦᠨᠳᠦᠰᠦᠲᠡᠨ ᠤ ᠪᠦᠯᠬᠦᠮᠳᠡᠯ ᠤᠨ ᠣᠬᠠᠮᠰᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠴᠦᠬᠡᠨ ᠲᠣᠭᠠᠲᠣ ᠦᠨᠳᠦᠰᠦᠲᠡᠨ ᠤ ᠣᠯᠠᠨ ᠲᠦᠮᠡᠨ ᠤ ᠬᠠᠥᠯᠢ ᠶᠣᠰᠣᠭᠠᠷ ᠵᠦᠢ ᠶᠣᠰᠣᠨ ᠤ ᠡᠷᠬᠡ ᠠᠰᠢᠭ ᠢᠶᠠᠨ ᠲᠣᠭᠠᠴᠢᠨ ᠢᠯᠡᠷᠬᠡᠶᠢᠯᠡᠬᠦ ᠶᠢ ᠬᠦᠲᠦᠯᠦᠨ ᠵᠢᠯᠣᠭᠤᠳᠴᠣ᠂ ᠲᠣᠭᠲᠠᠭᠤᠨ ᠪᠣᠰᠣ ᠭᠡᠮ ᠰᠣᠭᠤᠭ ᠢ ᠲᠣᠭᠲᠠᠭᠰᠠᠨ ᠬᠤᠭᠤᠴᠠᠭ᠎ᠠ ᠪᠠᠷ ᠪᠠᠶᠢᠴᠠᠭᠠᠵᠣ᠂ ᠦᠨᠳᠦᠰᠦᠲᠡᠨ ᠤ ᠡᠯᠧᠮᠧᠨ᠋ᠲ᠂ ᠱᠠᠰᠢᠨ ᠰᠣᠷᠲᠠᠬᠤᠨ ᠤ ᠡᠯᠧᠮᠧᠨ᠋ᠲ ᠲᠠᠢ ᠬᠤᠯᠪᠣᠭᠳᠠᠭᠰᠠᠨ ᠡᠯ᠎ᠡ ᠲᠦᠷᠦᠯ ᠤᠨ ᠵᠦᠷᠢᠴᠡᠯ ᠤᠨ ᠠᠰᠠᠭᠤᠳᠠᠯ ᠢ ᠰᠠᠶᠢᠲᠣᠷ ᠰᠢᠢᠳᠪᠦᠷᠢᠯᠡᠨ᠎ᠡ᠃ ᠬᠦᠳᠡᠭᠡ ᠲᠣᠰᠬᠤᠨ ᠤ ᠡᠯ᠎ᠡ ᠲᠦᠷᠦᠯ ᠤᠨ ᠵᠣᠬᠢᠶᠠᠨ ᠪᠠᠶᠢᠭᠤᠯᠣᠯᠲᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠣ᠂ ᠪᠣᠯᠪᠠᠰᠣᠨ ᠬᠦᠳᠡᠭᠡ ᠲᠣᠰᠬᠤᠨ ᠢ ᠡᠭᠦᠳᠦᠨ ᠪᠠᠶᠢᠭᠤᠯᠬᠤ ᠠᠵᠢᠯᠯᠠᠭᠠᠨ ᠢ ᠦᠷᠨᠢᠭᠦᠯᠦᠨ᠎ᠡ᠃ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠠᠴᠠᠭ᠎ᠠ ᠲᠣᠰᠬᠤᠨ ᠳᠤ ᠲᠠᠪᠤ ᠶᠢ ᠰᠣᠷᠣᠯᠴᠠᠨ ᠲᠠᠪᠤ  ᠶᠢ ᠲᠡᠮᠡᠴᠡᠬᠦ᠂ ᠵᠢᠷᠭᠤᠭᠠᠨ ᠬᠠᠷᠢᠴᠠᠭᠤᠯᠣᠨ ᠵᠢᠷᠭᠤᠭᠠᠨ ᠦᠵᠡᠬᠦ ᠠᠵᠢᠯᠯᠠᠭᠠᠨ ᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠦᠳᠡᠭᠡ ᠲᠣᠰᠬᠤᠨ  ᠤ ᠪᠦᠲᠦᠭᠡᠨ ᠪᠠᠶᠢᠭᠤᠯᠣᠯᠲᠠ ᠶᠢ ᠶᠡᠭᠡ ᠬᠦᠴᠦ ᠪᠠᠷ ᠠᠬᠢᠭᠤᠯᠣᠨ᠎ᠠ᠃         ᠲᠠᠪᠤ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠰᠣᠷᠭᠠᠭᠤᠯᠢ ᠳᠤ ᠣᠷᠣᠨ᠎ᠠ᠃ ᠦᠨᠳᠦᠰᠦᠲᠡᠨ ᠤ ᠣᠨᠣᠯ ᠦᠨᠳᠦᠰᠦᠲᠡᠨ ᠤ ᠮᠡᠳᠡᠯᠭᠡ ᠶᠢᠨ ᠰᠣᠷᠣᠯᠴᠠᠯᠭ᠎ᠠ ᠬᠦᠮᠦᠵᠢᠯ  ᠤᠨ ᠠᠵᠢᠯᠯᠠᠭᠠᠨ ᠢ ᠦᠷᠨᠢᠭᠦᠯᠦᠨ᠎ᠡ᠃ ᠦᠨᠳᠦᠰᠦᠲᠡᠨ ᠤ ᠪᠦᠯᠬᠦᠮᠳᠡᠯ ᠤᠨ ᠣᠬᠠᠭᠤᠯᠭ᠎ᠠ ᠬᠦᠮᠦᠵᠢᠯ ᠢ ᠳᠣᠮᠳᠠᠳᠣ ᠪᠠᠭ᠎ᠠ ᠰᠣᠷᠭᠠᠭᠤᠯᠢ ᠶᠢᠨ ᠦᠵᠡᠯ ᠰᠠᠨᠠᠭ᠎ᠠ ᠶᠣᠰᠣ ᠰᠣᠷᠲᠠᠬᠤᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠬᠤ ᠴᠢᠬᠤᠯᠠ ᠠᠭᠤᠯᠭ᠎ᠠ ᠪᠣᠯᠭᠠᠵᠣ᠂ ᠬᠢᠴᠢᠶᠡᠯ ᠤᠨ ᠲᠠᠩᠬᠢᠮ ᠤᠨ ᠵᠢᠭᠠᠨ ᠰᠣᠷᠭᠠᠯᠲᠠ ᠪᠠ ᠬᠢᠴᠢᠶᠡᠯ ᠤᠨ ᠭᠠᠳᠠᠨᠠᠬᠢ ᠬᠦᠳᠡᠯᠭᠡᠭᠡᠨ ᠤ ᠳᠣᠮᠳᠠ ᠲᠣᠣᠱᠯᠠᠭᠤᠯᠣᠨ᠎ᠠ᠃ ᠬᠤᠣᠰ ᠬᠡᠯᠡᠨ ᠤ ᠰᠣᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠣᠷᠣᠭᠴᠢ ᠶᠢᠨ ᠮᠣᠩᠭᠤᠯ ᠬᠢᠲᠠᠳ ᠬᠤᠣᠰ ᠬᠡᠯᠡᠨ ᠤ ᠶᠠᠷᠢᠬᠤ ᠴᠢᠳᠠᠪᠣᠷᠢ ᠶᠢ ᠳᠡᠭᠡᠭᠰᠢᠯᠡᠭᠦᠯᠵᠦ᠂ ᠬᠢᠲᠠᠳ ᠮᠣᠩᠭᠤᠯ ᠰᠣᠷᠣᠭᠴᠢ ᠶᠢᠨ ᠨᠡᠪᠲᠡᠷᠡᠯᠴᠡᠨ ᠰᠣᠯᠢᠯᠴᠠᠬᠤ ᠶᠢ ᠠᠬᠢᠭᠤᠯᠣᠨ᠎ᠠ᠃ ᠣᠯᠣᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢ ᠭᠦᠢᠴᠡᠳ ᠠᠰᠢᠭᠯᠠᠵᠣ᠂ ᠬᠦᠮᠦᠵᠢᠯ ᠤᠨ ᠠᠵᠢᠯᠯᠠᠭᠠᠨ ᠢ ᠦᠷᠨᠢᠭᠦᠯᠦᠨ᠎ᠡ᠃ ᠰᠣᠷᠭᠠᠭᠤᠯᠢ ᠶᠢᠨ ᠰᠣᠶᠣᠯ ᠣᠷᠠᠯᠢᠭ ᠤᠨ ᠨᠠᠶᠢᠷ ᠢ ᠶᠠᠪᠣᠭᠳᠠᠭᠤᠯᠬᠤ᠂ ᠦᠨᠳᠦᠰᠦᠲᠡᠨ ᠤ   ᠰᠣᠶᠣᠯ ᠤᠨ ᠣᠨᠴᠠᠯᠢᠭᠲᠣ ᠠᠩᠭᠢ ᠶᠢ ᠡᠭᠦᠳᠦᠨ ᠪᠠᠶᠢᠭᠤᠯᠬᠤ᠂ ᠦᠨᠳᠦᠰᠦᠲᠡᠨ ᠤ ᠰᠣᠶᠣᠯ ᠤᠨ ᠣᠯᠠᠮᠵᠢᠯᠠᠯ ᠤᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠨ ᠴᠦᠬᠡᠨ ᠲᠣᠭᠠᠲᠣ ᠦᠨᠳᠦᠰᠦᠲᠡᠨ ᠤ ᠰᠢᠯᠢᠳᠡᠭ ᠣᠯᠠᠮᠵᠢᠯᠠᠯᠲᠣ ᠰᠣᠶᠣᠯ ᠢ ᠬᠦᠴᠦᠯᠡᠨ ᠪᠠᠳᠠᠷᠠᠭᠤᠯᠣᠨ᠎ᠠ  ᠃ ᠴᠦᠬᠡᠨ ᠲᠣᠭᠠᠲᠣ ᠦᠨᠳᠦᠰᠦᠲᠡᠨ ᠤ ᠣᠯᠠᠮᠵᠢᠯᠠᠯᠲᠣ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠪᠣᠯᠪᠠᠰᠣᠷᠠᠯ ᠪᠠ ᠣᠷᠣᠯᠳᠣᠭᠠᠨ ᠢ ᠪᠠᠶᠢᠩᠭᠤ ᠶᠢᠨ ᠴᠢᠨᠠᠷᠲᠠᠢ ᠶᠠᠪᠣᠭᠳᠠᠭᠤᠯᠵᠣ᠂ ᠴᠦᠬᠡᠨ ᠲᠣᠭᠠᠲᠣ ᠦᠨᠳᠦᠰᠦᠲᠡᠨ  ᠤ ᠣᠯᠠᠮᠵᠢᠯᠠᠯᠲᠣ ᠪᠡᠶ᠎ᠡ ᠶᠢᠨ ᠲᠠᠮᠢᠷ ᠤᠨ ᠵᠦᠢᠯ ᠤᠨ ᠰᠠᠭᠤᠷᠢᠨ ᠭᠠᠵᠠᠷ ᠢ ᠪᠠᠶᠢᠭᠤᠯᠣᠨ᠎ᠠ᠃         ᠵᠢᠷᠭᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠴᠡᠷᠢᠭ ᠴᠠᠭᠳᠠᠭ᠎ᠠ ᠶᠢᠨ ᠬᠤᠸᠠᠷᠠᠨ ᠳᠤ ᠣᠷᠣᠨ᠎ᠠ᠃ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠰᠣᠷᠣᠯᠴᠠᠯᠭ᠎ᠠ ᠬᠦᠮᠦᠵᠢᠯ ᠢ ᠴᠡᠷᠢᠭ ᠠᠩᠭᠢ ᠶᠢᠨ ᠣᠨᠣᠯ ᠤᠨ ᠰᠣᠷᠣᠯᠴᠠᠯᠭ᠎ᠠ᠂ ᠦᠵᠡᠯ ᠰᠠᠨᠠᠭ᠎ᠠ ᠣᠯᠣᠰ ᠲᠦᠷᠦ ᠶᠢᠨ ᠬᠦᠮᠦᠵᠢᠯ ᠪᠠ ᠲᠡᠷᠢᠭᠦᠨ ᠤ ᠴᠡᠷᠢᠭ ᠤᠨ ᠶᠠᠪᠣᠳᠠᠯ ᠤᠨ ᠰᠣᠶᠣᠯ ᠤᠨ ᠪᠠᠶᠢᠭᠤᠯᠣᠯᠲᠠ ᠳᠤ ᠠᠭᠤᠰᠬᠠᠵᠣ᠂ ᠴᠡᠷᠢᠭ ᠴᠠᠭᠳᠠᠭ᠎ᠠ ᠠᠷᠠᠳ ᠬᠠᠮᠲᠣ ᠪᠠᠷ ᠪᠠᠶᠢᠭᠤᠯᠣᠭᠰᠠᠨ ᠬᠦᠴᠦᠷᠬᠡᠭ ᠶᠡᠭᠡ ᠬᠠᠮ ᠬᠦᠴᠦᠨ ᠢ ᠴᠢᠷᠮᠠᠶᠢᠨ ᠪᠦᠷᠢᠯᠳᠦᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠵᠢᠵᠢᠭᠦᠷᠯᠡᠬᠦ ᠭᠠᠵᠠᠷ ᠢ ᠡᠭᠦᠳᠬᠦ ᠠᠵᠢᠯᠯᠠᠭᠠᠨ  ᠢ ᠡᠬᠢᠯᠡᠭᠦᠯᠦᠨ᠂ ᠠᠳᠠᠯᠢ ᠪᠣᠰᠣ ᠦᠨᠳᠦᠰᠦᠲᠡᠨ ᠤ ᠳᠠᠷᠤᠭ᠎ᠠ ᠪᠠᠶᠢᠯᠳᠣᠴᠢ ᠶᠢᠨ ᠬᠤᠭᠤᠷᠣᠨᠳᠣᠬᠢ᠂ ᠴᠡᠷᠢᠭ ᠴᠠᠭᠳᠠᠭ᠎ᠠ ᠶᠢᠨ ᠠᠩᠭᠢ ᠪᠠ ᠰᠠᠭᠤᠭ᠎ᠠ ᠭᠠᠵᠠᠷ ᠤᠨ ᠬᠤᠭᠤᠷᠣᠨᠳᠣᠬᠢ᠂ ᠴᠡᠷᠢᠭ ᠴᠠᠭᠳᠠᠭ᠎ᠠ ᠶᠢᠨ ᠳᠠᠷᠤᠭ᠎ᠠ ᠪᠠᠶᠢᠯᠳᠣᠭᠴᠢ ᠪᠣᠯᠣᠨ ᠲᠣᠬᠠᠢ ᠶᠢᠨ ᠭᠠᠵᠠᠷ ᠤᠨ ᠴᠦᠬᠡᠨ ᠲᠣᠭᠠᠲᠣ ᠦᠨᠳᠦᠰᠦᠲᠡᠨ ᠤ ᠣᠯᠠᠨ ᠲᠦᠮᠡᠨ ᠤ ᠬᠤᠭᠤᠷᠣᠨᠳᠣᠬᠢ ᠨᠦᠬᠦᠷᠯᠡᠯ ᠢ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ ᠶᠢᠨ ᠲᠣᠭᠲᠠᠭᠤᠨ ᠢ ᠪᠠᠲᠣᠯᠠᠨ ᠬᠠᠮᠠᠭᠠᠯᠠᠨ᠎ᠠ᠃         ᠳᠣᠯᠤᠭ᠎ᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠱᠠᠰᠢᠨ ᠰᠣᠷᠲᠠᠬᠤᠨ ᠤ ᠠᠵᠢᠯᠯᠠᠭᠠᠨ ᠤ ᠲᠠᠯᠠᠪᠣᠷ ᠲᠤ ᠣᠷᠣᠨ᠎ᠠ᠃ ᠱᠠᠰᠢᠨ ᠰᠣᠷᠲᠠᠬᠤᠨ ᠤ ᠬᠢᠨ ᠳᠤ ᠨᠡᠶᠢᠭᠡᠮ ᠵᠢᠷᠦᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠬᠦ ᠭᠤᠣᠯ ᠰᠡᠳᠦᠪᠲᠦ ᠬᠠᠥᠯᠢ ᠳᠦᠷᠢᠮ ᠤᠨ ᠣᠬᠠᠭᠤᠯᠭ᠎ᠠ ᠬᠦᠮᠦᠵᠢᠯ   ︽ᠢᠳᠡᠪᠬᠢ ᠬᠦᠴᠦᠨ ᠢ ᠪᠠᠳᠠᠷᠠᠭᠤᠯᠵᠣ᠂ ᠳᠣᠮᠳᠠᠳᠣ ᠶᠢᠨ ᠬᠦᠰᠡᠯ ᠵᠡᠭᠦᠳᠦ ᠶᠢ ᠬᠠᠮᠲᠣ ᠪᠠᠷ ᠴᠣᠭᠴᠠᠯᠠᠶ᠎ᠠ︾ ᠭᠡᠬᠦ ᠣᠬᠠᠭᠤᠯᠭ᠎ᠠ ᠶᠢᠨ ᠰᠠᠷ᠎ᠠ ᠶᠢᠨ ᠠᠵᠢᠯᠯᠠᠭᠠᠨ ᠢ ᠬᠦᠴᠦᠲᠡᠢ ᠦᠷᠨᠢᠭᠦᠯᠦᠨ᠎ᠡ᠃ ᠵᠢᠯ ᠪᠦᠷᠢ ᠬᠤᠰᠢᠭᠤᠨ ᠤ ᠱᠠᠰᠢᠨ ᠰᠣᠷᠲᠠᠬᠤᠨ ᠤ ᠠᠵᠢᠯᠯᠠᠭᠠᠨ ᠤ ᠲᠠᠯᠠᠪᠣᠷ ᠲᠤ ᠭᠤᠷᠪᠠᠨ ᠬᠤᠭᠤᠴᠠᠭᠠᠨ ᠤ ᠱᠠᠰᠢᠨ ᠰᠣᠷᠲᠠᠬᠤᠨ ᠤ ᠪᠠᠭᠰᠢ ᠠᠵᠢᠯᠲᠠᠨ ᠤ ᠪᠣᠯᠪᠠᠰᠣᠷᠠᠯ ᠤᠨ ᠠᠩᠭᠢ ᠡᠷᠬᠢᠯᠡᠵᠦ᠂ ᠬᠠᠥᠯᠢ ᠴᠠᠭᠠᠵᠠ ᠶᠢᠨ   ᠮᠡᠳᠡᠯᠭᠡ ᠶᠢ ᠲᠠᠶᠢᠯᠪᠣᠷᠢᠯᠠᠵᠣ᠂ ᠱᠠᠰᠢᠨ ᠰᠣᠷᠲᠠᠬᠤᠨ ᠤ ᠠᠵᠢᠯᠯᠠᠭᠠᠨ ᠢ ᠬᠠᠥᠯᠢ ᠶᠣᠰᠣᠭᠠᠷ ᠳᠦᠷᠢᠮᠵᠢᠭᠦᠯᠬᠦ ᠶᠢ ᠠᠬᠢᠭᠤᠯᠣᠨ᠎ᠠ᠃ ᠰᠦᠮ᠎ᠡ ᠳᠣᠭᠠᠩ ᠪᠦᠷᠢ ᠬᠠᠥᠯᠢ ᠳᠦᠷᠢᠮ ᠤᠨ ᠰᠣᠷᠣᠯᠴᠠᠯᠭ᠎ᠠ ᠶᠢᠨ ᠲᠦᠯᠦᠪᠯᠡᠭᠡ ᠲᠣᠭᠲᠠᠭᠠᠵᠣ᠂ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠬᠠᠥᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠵᠣᠬᠢᠬᠤ ᠵᠢᠭᠠᠬᠤ ᠮᠠᠲ᠋ᠧᠷᠢᠶᠠᠯ ᠪᠠ ᠪᠣᠰᠣᠳ ᠮᠠᠲ᠋ᠧᠷᠢᠶᠠᠯ ᠢ ᠲᠣᠬᠢᠷᠠᠭᠤᠯᠣᠨ᠎ᠠ᠃ ᠡᠯ᠎ᠡ ᠰᠦᠮ᠎ᠡ ᠳᠣᠭᠠᠩ ᠪᠦᠷ ᠨᠢᠭᠡ ᠨᠡᠷᠡᠰ ᠱᠠᠰᠢᠨ ᠰᠣᠷᠲᠠᠬᠤᠨ ᠤ ᠠᠵᠢᠯᠲᠠᠨ ᠢ ᠪᠣᠯᠪᠠᠰᠣᠷᠠᠭᠤᠯᠵᠣ ᠬᠠᠥᠯᠢ ᠳᠦᠷᠢᠮ ᠢ ᠣᠬᠠᠭᠤᠯᠬᠤ ᠠᠵᠢᠯ ᠢ ᠡᠭᠦᠷᠭᠡᠯᠡᠭᠦᠯᠵᠦ᠂ ᠰᠦᠮ᠎ᠡ ᠳᠣᠭᠠᠩ ᠤᠨ ᠳᠣᠲᠣᠭᠠᠳᠣ ᠳᠤ ᠬᠠᠥᠯᠢ ᠴᠠᠭᠠᠵᠠ ᠶᠢᠨ ᠮᠡᠳᠡᠯᠭᠡ  ᠶᠢ ᠲᠦᠭᠡᠮᠡᠯᠵᠢᠭᠦᠯᠬᠦ ᠠᠵᠢᠯᠯᠠᠭᠠᠨ ᠢ ᠵᠣᠬᠢᠶᠠᠨ ᠪᠠᠶᠢᠭᠤᠯᠵᠣ ᠦᠷᠨᠢᠭᠦᠯᠦᠨ᠂ ᠬᠠᠥᠯᠢ ᠶᠣᠰᠣᠭᠠᠷ ᠰᠦᠮ᠎ᠡ ᠳᠣᠭᠠᠩ ᠢ ᠡᠷᠬᠢᠯᠡᠵᠦ᠂ ᠡᠯ᠎ᠡ ᠵᠦᠢᠯ ᠤᠨ ᠬᠠᠮᠢᠶᠠᠷᠣᠯᠲᠠ ᠶᠢᠨ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠡᠶ᠎ᠡ ᠨᠠᠠᠶᠢᠷᠠᠮᠳᠠᠭᠤ ᠠᠮᠣᠷ ᠲᠣᠭᠲᠠᠭᠤᠨ ᠢ ᠪᠠᠲᠣᠯᠠᠨ ᠬᠠᠮᠠᠭᠠᠯᠠᠨ᠎ᠠ᠃         ᠨᠠᠢᠮᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠦᠢᠯᠡᠴᠢᠯᠡᠭᠡᠨ ᠤ ᠭᠠᠵᠠᠷ ᠲᠤ ᠣᠷᠣᠭᠤᠯᠣᠨ᠎ᠠ᠃ ᠦᠢᠯᠡᠴᠢᠯᠡᠭᠡᠨ ᠤ ᠨᠢᠭᠡᠴᠡ ᠶᠢᠨ ᠡᠯ᠎ᠡ ᠦᠨᠳᠦᠰᠦᠲᠡᠨ ᠤ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠮᠦᠨ᠎ᠡ ᠹᠷᠣᠨᠲ︾᠂ ᠦᠨᠳᠦᠰᠦᠲᠡᠨ ᠤ ᠪᠦᠯᠬᠦᠮᠳᠡᠯ ᠢ ᠣᠬᠠᠭᠤᠯᠬᠤ ︽ ᠨᠢᠭᠡᠳᠦᠭᠡᠷ ᠹᠷᠣᠨᠲ︾ ᠤᠨ ᠵᠢᠭᠰᠠᠭᠠᠯ ᠤᠨ ᠭᠠᠵᠠᠷ ᠤᠨ ᠦᠢᠯᠡᠳᠦᠯ ᠢ ᠦᠨᠡᠨᠬᠦ ᠰᠠᠶᠢᠲᠣᠷ ᠪᠠᠳᠠᠷᠠᠭᠤᠯᠵᠣ᠂ ᠪᠦᠬᠦ ᠬᠤᠰᠢᠭᠤᠨ ᠤ ᠮᠠᠰᠢᠨ   ᠲᠡᠷᠭᠡᠨ ᠤ ᠦᠷᠲᠡᠭᠡ᠂ ᠮᠦᠩᠭᠦᠨ ᠭᠦᠢᠯᠭᠡᠭᠡ᠂   ᠴᠢᠮᠡᠭᠡ ᠬᠤᠯᠪᠣᠭ᠎ᠠ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠪ ᠵᠡᠷᠭᠡ ᠦᠢᠯᠴᠢᠯᠡᠭᠡᠨ ᠤ ᠭᠠᠵᠠᠷ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠬᠠᠭᠤᠯᠭ᠎ᠠ ᠶᠢᠨ ᠠᠵᠢᠯ ᠢ ᠬᠦᠴᠦᠲᠡᠢ ᠦᠷᠨᠢᠭᠦᠯᠦᠨ᠎ᠡ  ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠦᠢᠯᠡᠴᠢᠯᠡᠭᠡᠨ ᠤ ᠭᠠᠵᠠᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠨ᠂ ᠣᠬᠠᠭᠤᠯᠭ᠎ᠠ ᠶᠢᠨ ᠬᠦᠮᠦᠵᠢᠯ ᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ   ᠠᠭᠤᠯᠣᠭᠳᠠᠬᠤᠨ  ᠢ ᠦᠷᠭᠡᠳᠭᠡᠨ᠎ᠡ᠃         ᠳᠦᠷᠪᠡ᠂ ᠪᠠᠲᠣᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃       ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ   ᠤ ᠣᠳᠣᠷᠢᠳᠣᠯᠭ᠎ᠠ  ᠶᠢᠨ ᠪᠠᠶᠢᠭᠤᠯᠣᠯ ᠪᠠ ᠠᠵᠢᠯ ᠤᠨ ᠲᠣᠭᠲᠠᠴᠠ ᠶᠢ ᠲᠠᠰᠣᠷᠠᠯᠲᠠ ᠦᠭᠡᠢ ᠲᠡᠭᠦᠯᠳᠡᠷᠵᠢᠭᠦᠯᠦᠨ ᠰᠠᠶᠢᠵᠢᠷᠠᠭᠤᠯᠵᠣ᠂ ᠳᠦᠷᠢᠮ ᠲᠣᠭᠲᠠᠴᠠ ᠶᠢᠨ ᠰᠢᠨᠵᠢᠯᠡᠬᠦ ᠣᠬᠠᠭᠠᠨᠴᠢ ᠴᠢᠨᠠᠷ᠂   ᠪᠣᠳᠠᠳᠣ ᠠᠰᠢᠭᠲᠣ ᠴᠢᠨᠠᠷ ᠳᠡᠭᠡᠷ᠎ᠡ ᠭᠤᠣᠯᠳᠠᠯᠭ᠎ᠠ ᠲᠠᠢ ᠬᠦᠴᠦ ᠲᠠᠯᠪᠢᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠬᠡᠪᠰᠢᠭᠦᠯᠬᠦ᠂ ᠣᠷᠲᠣ ᠬᠤᠭᠤᠴᠠᠭ᠎ᠠ ᠪᠠᠷ ᠴᠢᠳᠠᠪᠬᠢᠵᠢᠭᠤᠯᠬᠤ ᠶᠢ ᠪᠠᠲᠣᠯᠠᠨ᠎ᠠ᠃     1. ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠭᠦᠳᠦᠨ ᠪᠠᠶᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠤᠨ ᠡᠯ᠎ᠡ ᠭᠡᠰᠢᠭᠦᠨ ᠨᠢᠭᠡᠴᠡ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠣ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂   ᠬᠠᠮᠵᠢᠯᠴᠠᠨ ᠲᠣᠬᠢᠷᠠᠯᠴᠠᠵᠣ᠂ ᠳᠡᠭᠡᠷ᠎ᠡ ᠳᠣᠣᠷ᠎ᠠ ᠱᠠᠲᠣ ᠪᠠᠷ ᠢᠶᠠᠨ ᠬᠠᠮᠲᠣᠷᠠᠨ ᠬᠦᠳᠡᠯᠦᠯᠴᠡᠵᠦ᠂ ︽ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢ ᠣᠯᠠᠮ ᠨᠢᠭᠡ ᠠᠯᠬᠤᠮ ᠴᠢᠩᠭᠠᠳᠬᠠᠵᠣ᠂   ᠬᠡᠪᠰᠢᠵᠢᠭᠰᠡᠨ ᠡᠭᠦᠳᠦᠨ ᠪᠠᠶᠢᠭᠤᠯᠬᠤ ᠠᠵᠢᠯ ᠤᠨ ᠠᠯᠪᠠᠨ ᠭᠡᠷ ᠢ ᠪᠠᠶᠢᠭᠤᠯᠵᠣ᠂ ᠲᠣᠰᠬᠠᠢ ᠠᠵᠢᠯᠲᠠᠨ ᠲᠣᠬᠢᠷᠠᠭᠤᠯᠵᠣ᠂ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠶᠢ ᠪᠠᠲᠣᠯᠠᠨ᠎ᠠ᠃    2. ᠬᠠᠷᠠᠯᠲᠠ ᠶᠢᠨ ᠰᠢᠯᠭᠠᠨ ᠲᠣᠭᠲᠠᠭᠠᠬᠤ ᠲᠣᠭᠲᠠᠯᠴᠠᠭ᠎ᠠ ᠶᠢ ᠪᠠᠶᠢᠭᠤᠯᠣᠨ ᠲᠡᠭᠦᠯᠳᠡᠷᠵᠢᠭᠦᠯᠦᠨ᠎ᠡ᠃ ᠡᠭᠦᠳᠦᠨ ᠪᠠᠶᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ   ᠤᠨ ᠠᠯᠪᠠᠨ ᠭᠡᠷ ᠣᠨ ᠤ ᠬᠠᠷᠠᠯᠲᠠ ᠡᠭᠦᠷᠭᠡ ᠶᠢᠨ ᠰᠢᠯᠭᠠᠨ ᠪᠠᠶᠢᠴᠠᠭᠠᠯᠲᠠ ᠶᠢ ᠬᠠᠷᠢᠭᠤᠴᠠᠨ᠎ᠠ᠃ ᠰᠢᠯᠭᠠᠨ ᠬᠢᠨᠠᠬᠤ᠂ ᠮᠡᠳᠡᠭᠳᠡᠬᠦ᠂ ᠬᠠᠷᠢᠭᠤᠴᠠᠯᠭ᠎ᠠ ᠨᠡᠬᠡᠮᠵᠢᠯᠡᠬᠦ᠂ ᠪᠠ ᠱᠠᠩᠨᠠᠨ ᠬᠦᠬᠢᠭᠦᠯᠬᠦ ᠳᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠡᠭᠦᠳᠦᠨ ᠪᠠᠶᠢᠭᠤᠯᠬᠤ ᠠᠵᠢᠯᠯᠠᠭᠠᠨ ᠢ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠣᠨ ᠤ ᠶᠡᠷᠦᠩᠬᠡᠢ ᠰᠢᠯᠭᠠᠨ ᠬᠢᠨᠠᠵᠣ ᠦᠨᠡᠯᠡᠬᠦ ᠠᠭᠤᠯᠭ᠎ᠠ ᠶᠢᠨ ᠨᠢᠭᠡ ᠪᠣᠯᠭᠠᠵᠣ᠂   ᠵᠢᠯ ᠤᠨ ᠰᠡᠭᠦᠯᠴᠢ ᠶᠢᠨ ᠰᠢᠯᠢᠳᠡᠭ ᠢ ᠰᠢᠯᠭᠠᠨ ᠰᠣᠩᠭᠤᠬᠤ ᠵᠡᠷᠭᠡ ᠰᠣᠩᠭᠤᠨ ᠰᠢᠯᠭᠠᠷᠠᠭᠤᠯᠲᠠ ᠶᠢᠨ ᠴᠢᠬᠤᠯᠠ ᠭᠦᠢᠴᠡᠳᠭᠡᠯ ᠲᠤᠭ᠎ᠠ ᠪᠣᠯᠭᠠᠨ᠎ᠠ᠃     3. ᠬᠠᠮᠲᠣᠷᠠᠨ ᠬᠦᠳᠡᠯᠦᠯᠴᠡᠵᠦ ᠬᠤᠯᠪᠣᠭᠠᠯᠠᠨ ᠡᠭᠦᠳᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠡᠳᠦᠷ ᠳᠣᠲᠣᠮ ᠤᠨ ᠠᠵᠢᠯ ᠤᠨ ᠳᠣᠮᠳᠠ ᠣᠯᠠᠮ   ᠨᠢᠭᠡ ᠠᠯᠬᠤᠮ ᠨᠢᠢᠳᠭᠡᠵᠦ᠂ ᠠᠵᠢᠯ ᠲᠦᠷᠦᠯ ᠤᠨ ᠲᠣᠰᠬᠠᠢ ᠡᠭᠦᠳᠦᠨ ᠪᠠᠶᠢᠭᠤᠯᠬᠤ ᠠᠵᠢᠯᠯᠠᠭᠠᠨ᠂ ᠰᠠᠯᠠᠭ᠎ᠠ ᠮᠦᠴᠢᠷ ᠤᠨ ᠲᠣᠬᠠᠶᠢᠯᠠᠭᠰᠠᠨ ᠠᠵᠢᠯ ᠲᠠᠢ ᠣᠶᠠᠯᠳᠣᠭᠤᠯᠵᠣ᠂   ᠡᠯ᠎ᠡ ᠲᠠᠯ᠎ᠠ ᠶᠢᠨ ᠣᠷᠣᠯᠴᠠᠭᠰᠠᠨ᠂ ᠣᠯᠠᠨ ᠲᠠᠯ᠎ᠠ ᠪᠠᠷ ᠭᠠᠷᠳᠠᠭᠰᠠᠨ᠂ ᠪᠦᠬᠦ ᠬᠦᠷᠢᠶᠡᠨ ᠳᠤ ᠠᠬᠢᠭᠤᠯᠣᠭᠰᠠᠨ ᠡᠭᠦᠳᠦᠨ ᠪᠠᠶᠢᠭᠤᠯᠬᠤ ᠠᠵᠢᠯ ᠤᠨ ᠲᠣᠭᠲᠠᠴᠠ ᠶᠢ ᠵᠢᠩᠭᠢᠨᠢ ᠪᠦᠷᠢᠯᠳᠦᠭᠦᠯᠦᠨ᠎ᠡ᠃                                                  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号