ᠵᠢᠶᠠᠩ ᠲᠢᠶᠠᠨ ᠬᠤ᠋ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ  ᠶᠢᠨ ᠬᠤᠷᠠᠯ ᠢ   ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2018-06-15
                ᠵᠢᠶᠠᠩ ᠲᠢᠶᠠᠨ ᠬᠤ᠋ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ   ᠡᠷᠬᠢᠯᠡᠨ ᠬᠤᠷᠠᠯᠳᠤᠪᠠ      6 ᠰᠠᠷ᠎ᠠ ᠶᠢᠨ 5 ᠤ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂   ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠢᠶᠠᠩ ᠲᠢᠶᠠᠨ ᠬᠤ᠋ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ   ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠵᠦ᠂ ᠰᠢ ᠶᠢᠨ ᠫᠢᠩ ᠶᠡᠷᠦᠩᠬᠡᠢ ᠱᠦᠵᠢ ᠶᠢᠨ   ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠶᠢᠨ ᠲᠠᠪᠤᠳᠤᠭᠠᠷ ᠤᠳᠠᠭᠠᠨ   ᠤ ᠬᠠᠮᠲᠦ ᠶᠢᠨ ᠰᠤᠷᠤᠯᠴᠠᠯᠭ᠎ᠠ ᠳᠤᠮᠳᠠᠬᠢ   ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠦ᠂   ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ᠂ ᠲᠦᠪ ᠬᠤᠷᠢᠶᠠᠨ ᠤ   ᠬᠤᠶᠠᠳᠤᠭᠠᠷ ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠦᠪᠦᠷ ᠮᠤᠩᠭᠤᠯ ᠤᠨ   ᠦᠪᠡᠷᠲᠡᠭᠡᠨ ᠵᠠᠰᠠᠬᠤ ᠤᠷᠤᠨ ᠳᠤ ᠦᠷᠨᠢᠭᠦᠯᠦᠭᠰᠡᠨ ︽ᠡᠷᠭᠢᠨ ᠦᠵᠡᠬᠦ︾ ᠠᠵᠢᠯ ᠤᠨ ᠳᠠᠶᠢᠴᠢᠯᠠᠯᠲᠠ ᠶᠢᠨ ᠬᠤᠷᠠᠯ   ᠵᠡᠷᠭᠡ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠤᠬᠠᠢ ᠬᠤᠯᠪᠤᠭᠳᠠᠯ ᠪᠦᠬᠦᠢ ᠬᠤᠷᠠᠯ ᠤᠳ ᠤᠨ ᠵᠤᠷᠢᠭ ᠰᠠᠨᠠᠭ᠎ᠠ ᠶᠢ   ᠳᠠᠮᠵᠢᠭᠤᠯᠤᠨ ᠰᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ ᠤᠨ   ᠰᠢᠯᠢᠩᠭᠤᠤᠯ ᠠᠶᠢᠮᠠᠭ ᠢ ᠪᠠᠶᠢᠴᠠᠭᠠᠨ ᠰᠤᠳᠤᠯᠬᠤ ᠦᠶᠡᠰ  ᠤᠨ ᠶᠠᠷᠢᠶᠠᠨ ᠤ ᠵᠤᠷᠢᠭ ᠰᠠᠨᠠᠭ᠎ᠠ ᠶᠢ ᠳᠠᠮᠵᠢᠭᠤᠯᠤᠨ   ᠰᠤᠷᠤᠯᠴᠠᠪᠠ᠃       ᠵᠢᠶᠠᠩ ᠲᠢᠶᠠᠨ ᠬᠤ᠋᠂ ᠪᠦᠬᠦ ᠬᠤᠰᠢᠭᠤᠨ ᠤ ᠳᠡᠭᠡᠷ᠎ᠡ ᠳᠤᠤᠷ᠎ᠠ ᠱᠠᠲᠤᠨ ᠤ ᠬᠢᠨ᠂ ᠬᠤᠪᠢ ᠬᠤᠪᠢᠨ ᠤ ᠠᠵᠢᠯ   ᠢᠶᠠᠨ ᠰᠠᠶᠢᠲᠤᠷ ᠬᠢᠵᠦ᠂ ᠬᠤᠪᠢ ᠬᠤᠪᠢᠨ ᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠵᠤᠬᠢᠴᠠᠭᠤᠯᠬᠤ   ᠬᠠᠮᠵᠢᠯᠴᠠᠬᠤ ᠶᠢ ᠪᠦᠬᠦ ᠲᠠᠯ᠎ᠠ ᠪᠠᠷ ᠴᠢᠩᠭᠠᠳᠬᠠᠵᠦ᠂ ᠵᠤᠷᠢᠭᠲᠠᠢ ᠪᠠᠷ ᠬᠠᠷᠢᠭᠤᠴᠠᠵᠦ᠂ ᠢᠳᠡᠪᠬᠢᠲᠡᠢ ᠪᠠᠷ ᠦᠢᠯᠡᠰ   ᠪᠦᠲᠦᠭᠡᠵᠦ᠂ ᠡᠯ᠎ᠡ ᠲᠦᠷᠦᠯ ᠤᠨ ᠠᠵᠢᠯ ᠢ ᠪᠤᠲᠠᠲᠠᠢ ᠲᠤᠤᠱᠯᠠᠭᠤᠯᠵᠦ᠂ ᠪᠤᠳᠠᠳᠦ ᠠᠮᠵᠢᠯᠲᠠ ᠤᠯᠬᠤ ᠶᠢ ᠪᠠᠲᠦᠯᠠᠬᠤ   ᠬᠡᠷᠡᠭᠲᠡᠢ ᠭᠡᠵᠦ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号