5 ᠰᠠᠷ᠎ᠠ ᠶᠢᠨ10 ᠤ ᠡᠳᠦᠷ ᠠᠴᠠ 11 ᠤ ᠡᠳᠦᠷ᠂ ᠪᠡᠭᠡᠵᠢᠩ ᠬᠤᠲᠠ ᠶᠢᠨ ᠹᠧᠩ ᠲᠠᠢ ᠲᠤᠭᠤᠷᠢᠭ ᠤᠨ ᠳᠡᠳ᠋ | ᠱᠦᠵᠢ᠂ ᠤᠷᠤᠯᠠᠭᠴᠢ ᠲᠤᠭᠤᠷᠢᠭ ᠤᠨ ᠳᠠᠷᠤᠭ᠎ᠠ ᠸᠠᠩ ᠯᠢ ᠵᠢᠶᠦ᠋ᠨ ᠨᠠᠷ ᠮᠠᠨ ᠤ ᠬᠤᠰᠢᠭᠤᠨ ᠳᠤ ᠢᠷᠡᠵᠦ᠂ | ᠪᠡᠭᠡᠵᠢᠩ ᠦᠪᠦᠷ ᠮᠤᠩᠭᠤᠯ ᠢ ᠬᠠᠪᠰᠤᠷᠤᠨ ᠲᠡᠳᠭᠦᠬᠦ ᠵᠤᠯᠭᠠᠭᠤᠯᠲᠠ ᠶᠢᠨ ᠠᠵᠢᠯ ᠦᠷᠨᠢᠭᠦᠯᠪᠡ᠃ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠮᠧᠩ ᠸᠧᠨ ᠲᠤᠤ᠂ ᠬᠤᠰᠢᠭᠤᠨ ᠤ | ᠤᠳᠤᠷᠢᠳᠤᠯᠭ᠎ᠠ ᠵᠤᠤ ᠲᠢᠶᠠᠨ ᠰᠢ᠂ ᠵᠢᠢ ᠬᠤᠩ ᠮᠸᠢ᠂ ᠯᠢᠦ ᠵᠢᠶᠠᠨ᠂ ᠴᠧᠨ ᠴᠢᠩ ᠬᠤᠸᠠ᠂ ᠱᠢ ᠶᠢᠩ ᠯᠠᠨ᠂ | ᠺᠦᠩ ᠹᠠᠨ ᠢᠦᠢ ᠨᠠᠷ ᠪᠠᠷ᠎ᠠ ᠪᠤᠯᠤᠨ ᠪᠠᠶᠢᠴᠠᠭᠠᠨ ᠰᠤᠳᠤᠯᠵᠠᠢ᠃ | ᠸᠠᠩ ᠯᠢ ᠵᠢᠶᠦ᠋ᠨ ᠤᠷᠢᠳ ᠬᠤᠵᠢᠳ ᠰᠢᠨᠯᠢᠨ ᠪᠠᠯᠭᠠᠰᠤᠨ ᠤ ᠢᠦᠢ ᠯᠢᠨ ᠲᠤᠰᠬᠤᠨ ᠤ ᠳᠠᠩᠰᠠ ᠪᠠᠶᠢᠭᠤᠯᠤᠨ | ᠺᠠᠷᠲ ᠲᠤ ᠳᠡᠮᠳᠡᠭᠯᠡᠭᠰᠡᠨ ᠶᠠᠳᠠᠭᠤ ᠡᠷᠦᠬᠡ ᠪᠠᠷ ᠶᠠᠪᠤᠵᠤ ᠲᠤᠬᠤᠨᠢᠭᠤᠯᠵᠤ᠂ ᠶᠠᠳᠠᠭᠤ ᠡᠷᠦᠬᠡ ᠶᠢᠨ ᠠᠮᠢᠳᠤᠷᠠᠯ ᠤᠨ | ᠪᠠᠶᠢᠳᠠᠯ ᠪᠤᠯᠤᠨ ᠶᠠᠳᠠᠭᠤ ᠶᠢ ᠲᠡᠳᠭᠦᠬᠦ ᠠᠵᠤ ᠦᠢᠯᠡᠰ ᠢ ᠲᠤᠭᠤᠰᠢᠯᠠᠭᠤᠯᠤᠭᠰᠠᠨ ᠪᠠᠶᠢᠳᠠᠯ ᠢ ᠨᠠᠷᠢᠨ ᠤᠶᠢᠯᠠᠭᠠᠵᠤ᠂ | ᠠᠷᠪᠡᠨᠭᠡᠷ ᠪᠠᠯᠭᠠᠰᠤᠨ ᠤ ᠿᠦᠢ ᠴᠢᠦ ᠬᠠᠷ᠎ᠠ ᠳᠡᠯᠳᠡᠥ ᠶᠢᠨ ᠲᠤᠰᠬᠠᠢ ᠬᠤᠷᠰᠢᠶᠠᠵᠢᠯ᠂ ᠪᠠᠶᠠᠵᠢᠯᠠᠭᠠ ᠰᠢᠶᠠᠩ ᠤᠨ | ᠰᠢᠩ ᠿᠦᠨ ᠮᠠᠯ ᠠᠵᠤ ᠠᠬᠤᠢ᠂ ᠢᠦᠢ ᠹᠧᠩ ᠠᠮᠤ ᠲᠤᠰᠤ ᠢᠳᠡᠭᠡᠨ ᠵᠦᠢᠯ ᠤᠨ ᠬᠢᠵᠠᠭᠠᠷᠲᠤ ᠺᠤᠮᠫᠠᠨᠢ᠂ ᠶᠦᠩ | ᠰᠢᠩ ᠲᠤᠰᠬᠤᠨ ᠤ ᠲᠠᠷᠢᠶᠠᠯᠠᠬᠤ ᠰᠤᠶᠤᠯ ᠤᠨ ᠮᠦᠽᠸᠢ᠂ ᠬᠤᠯᠪᠤᠭ᠎ᠠ ᠪᠠᠯᠭᠠᠰᠤᠨ ᠤ ᠦ᠋ ᠳ᠋ᠤᠤ ᠾᠧ ᠽᠢ | ᠲᠤᠰᠬᠤᠨ ᠳᠤ ᠬᠦᠷᠴᠦ᠂ ᠬᠠᠮᠢᠶᠠᠲᠠᠢ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠪᠤᠯᠤᠨ ᠠᠵᠤ ᠠᠬᠤᠶᠢᠯᠠᠯ ᠤᠨ | ᠬᠦᠭᠵᠢᠯᠲᠡ ᠶᠢᠨ ᠪᠠᠶᠢᠳᠠᠯ ᠢ ᠪᠠᠶᠢᠴᠠᠭᠠᠨ ᠰᠢᠨᠵᠢᠯᠡᠭᠰᠡᠨ ᠪᠠᠶᠢᠨ᠎ᠠ᠃ | ᠪᠠᠶᠢᠴᠠᠭᠠᠨ ᠰᠤᠳᠤᠯᠬᠤ ᠳᠤᠮᠳᠠ᠂ ᠸᠠᠩ ᠯᠢ ᠵᠢᠶᠦ᠋ᠨ ᠨᠠᠷ ᠬᠤᠰᠢᠭᠤᠨ ᠤ ᠤᠳᠤᠷᠢᠳᠤᠯᠭ᠎ᠠ ᠲᠠᠢ ᠰᠠᠭᠤᠨ | ᠶᠠᠷᠢᠯᠴᠠᠪᠠ᠃ ᠪᠡᠭᠡᠵᠢᠩ ᠬᠤᠲᠠ ᠶᠢᠨ ᠹᠧᠩ ᠲᠠᠢ ᠲᠤᠭᠤᠷᠢᠭ ᠤᠨ ᠳᠡᠳ᠋ ᠲᠤᠭᠤᠷᠢᠭ ᠤᠨ ᠳᠠᠷᠤᠭ᠎ᠠ ᠵᠸᠥ ᠰᠢᠨ | ᠴᠦᠨ ᠠᠴᠠ ᠹᠧᠩ ᠲᠠᠢ ᠲᠤᠭᠤᠷᠢᠭ ᠤᠨ ᠪᠠᠶᠢᠳᠠᠯ ᠵᠢᠴᠢ ᠠᠵᠢᠯ ᠲᠦᠷᠦᠯ ᠢᠶᠠᠷ ᠬᠠᠪᠰᠤᠷᠤᠨ ᠲᠡᠳᠭᠦᠬᠦ ᠠᠵᠢᠯ ᠤᠨ | ᠲᠦᠯᠦᠪᠯᠡᠯᠭᠡ ᠶᠢ ᠲᠠᠨᠢᠴᠠᠭᠤᠯᠵᠠᠢ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠤᠤ ᠲᠢᠶᠠᠨ ᠰᠢ ᠪᠦᠬᠦ ᠬᠤᠰᠢᠭᠤᠨ ᠤ ᠦᠨᠳᠦᠰᠦᠨ ᠪᠠᠶᠢᠳᠠᠯ ᠪᠤᠯᠤᠨ ᠶᠠᠳᠠᠭᠤ ᠠᠴᠠ ᠠᠩᠬᠢᠵᠢᠷᠠᠭᠤᠯᠬᠤ | ᠰᠢᠪᠲᠤᠯᠤᠯᠲᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ ᠪᠠᠶᠢᠭᠤᠯᠤᠮᠵᠢ ᠪᠠᠨ ᠲᠡᠭᠦᠯᠳᠡᠷᠵᠢᠭᠦᠯᠦᠨ᠂ | ᠬᠠᠷᠢᠭᠤᠴᠠᠯᠭ᠎ᠠ ᠪᠠᠨ ᠴᠢᠩᠭᠠᠳᠬᠠᠵᠤ᠂ ᠹᠧᠩ ᠲᠠᠢ ᠲᠤᠭᠤᠷᠢᠭ ᠤᠨ ᠠᠵᠢᠯ ᠲᠦᠷᠦᠯ ᠢᠶᠠᠷ ᠬᠠᠪᠰᠤᠷᠤᠨ ᠲᠡᠳᠭᠦᠬᠦ | ᠬᠡᠷᠡᠭ ᠤᠴᠢᠷ ᠢ ᠨᠠᠷᠢᠨ ᠬᠢᠨᠠᠮᠠᠭᠠᠢ ᠰᠤᠳᠤᠯᠵᠤ᠂ ᠨᠢᠭᠡ ᠨᠢᠭᠡ ᠪᠠᠷ ᠰᠠᠶᠢᠲᠤᠷ ᠲᠤᠭᠤᠰᠢᠯᠠᠭᠤᠯᠵᠤ᠂ ᠹᠧᠩ ᠲᠠᠢ | ᠲᠤᠭᠤᠷᠢᠭ ᠤᠨ ᠮᠠᠨ ᠤ ᠬᠤᠰᠢᠭᠤ ᠶᠢ ᠬᠠᠪᠰᠤᠷᠤᠨ ᠲᠡᠳᠭᠦᠬᠦ ᠡᠯ᠎ᠡ ᠵᠦᠢᠯ ᠤᠨ ᠠᠷᠭ᠎ᠠ ᠠᠪᠴᠠᠯ ᠢ ᠲᠦᠷᠭᠡᠨ | ᠲᠤᠭᠤᠰᠢᠯᠠᠭᠤᠯᠵᠤ᠂ ᠪᠤᠲᠠᠲᠤ ᠦᠷ᠎ᠡ ᠪᠦᠲᠦᠮᠵᠢ ᠭᠠᠷᠭᠠᠵᠤ᠂ 2020 ᠤᠨ ᠳᠤ ᠪᠦᠬᠦ ᠤᠯᠤᠰ ᠲᠠᠢ ᠢᠵᠢᠯ | ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢ ᠪᠠᠲᠤᠯᠠᠨ᠎ᠠ ᠭᠡᠵᠤ | ᠢᠯᠡᠷᠬᠡᠶᠢᠯᠡᠵᠡᠢ᠃ | ᠸᠠᠩ ᠯᠢ ᠵᠢᠶᠦ᠋ᠨ ᠮᠠᠨ ᠤ ᠬᠤᠰᠢᠭᠤᠨ ᠤ ᠶᠠᠳᠠᠭᠤ ᠶᠢ ᠲᠡᠳᠭᠦᠬᠦ ᠬᠦᠷᠢᠶ᠎ᠡ ᠴᠠᠷ᠎ᠠ ᠪᠤᠯᠤᠨ ᠬᠠᠮᠢᠶᠠᠲᠠᠢ ᠠᠵᠤ | ᠦᠢᠯᠡᠰ ᠤᠨ ᠬᠦᠭᠵᠢᠯᠲᠡ ᠳᠤ ᠤᠯᠤᠭᠰᠠᠨ ᠬᠢᠷᠢ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠱᠠᠭᠠᠷᠳᠠᠬᠤ | ᠳᠠᠭᠠᠨ᠂ ᠹᠧᠩ ᠲᠠᠢ ᠲᠤᠭᠤᠷᠢᠭ ᠤᠨ ᠡᠯ᠎ᠡ ᠰᠠᠯᠠᠭ᠎ᠠ ᠮᠦᠴᠢᠷ᠂ ᠵᠠᠯᠠᠶᠢᠳ ᠬᠤᠰᠢᠭᠤᠨ ᠤ ᠶᠠᠳᠠᠭᠤ ᠶᠢ ᠲᠡᠳᠬᠦᠬᠦ | ᠬᠦᠷᠢᠶ᠎ᠡ ᠴᠠᠷ᠎ᠠ ᠶᠢᠨ ᠠᠭᠤᠯᠭ᠎ᠠ ᠪᠠ ᠱᠠᠭᠠᠷᠳᠠᠯᠭ᠎ᠠ ᠶᠢ ᠨᠡᠩ ᠨᠠᠷᠢᠨ ᠤᠨᠤᠪᠴᠢᠲᠠᠢ ᠡᠵᠡᠮᠰᠢᠵᠤ᠂ ᠵᠤᠯᠭᠠᠭᠤᠯᠲᠠ ᠶᠢᠨ | ᠠᠵᠢᠯ ᠢ ᠨᠠᠷᠢᠨ ᠤᠨᠤᠪᠴᠢᠲᠠᠢ ᠦᠷᠨᠢᠭᠦᠯᠬᠦ ᠬᠡᠷᠡᠭᠲᠡᠢ︔ ᠠᠵᠢᠯ ᠤᠨ ᠡᠭᠦᠷᠭᠡ ᠪᠠᠨ ᠪᠦᠬᠦ ᠲᠠᠯ᠎ᠠ ᠪᠠᠷ ᠨᠠᠷᠢᠨ ᠨᠢᠮᠪᠠᠢ | ᠡᠮᠬᠢᠳᠭᠡᠵᠦ᠂ ᠬᠤᠶᠠᠷ ᠭᠠᠵᠠᠷ ᠤᠨ ᠳᠠᠪᠠᠭᠤᠯᠢᠭ ᠡᠬᠢ ᠪᠠᠶᠠᠯᠢᠭ ᠢ ᠠᠰᠢᠭᠯᠠᠨ᠂ ᠬᠠᠮᠢᠶᠠᠲᠠᠢ ᠲᠦᠷᠦᠯ ᠵᠦᠢᠯ ᠳᠤ | ᠭᠦᠨᠵᠡᠭᠡᠢ ᠬᠠᠮᠳᠤ ᠪᠠᠷ ᠠᠵᠢᠯᠯᠠᠵᠤ᠂ ᠪᠤᠲᠠᠲᠤ ᠴᠢᠨᠠᠷᠲᠠᠢ ᠠᠬᠢᠭᠤᠯᠤᠯᠲᠠ ᠭᠠᠷᠭᠠᠵᠤ᠂ ᠨᠠᠷᠢᠨ ᠤᠨᠤᠪᠴᠢᠲᠠᠢ ᠦᠷ᠎ᠡ | ᠪᠦᠲᠦᠮᠵᠢ ᠭᠠᠷᠭᠠᠬᠤ ᠬᠡᠷᠡᠭᠲᠡᠢ︔ ᠡᠯ᠎ᠡ ᠰᠠᠯᠠᠭ᠎ᠠ ᠮᠦᠴᠢᠷ ᠲᠤᠭᠤᠰᠢᠯᠠᠭᠤᠯᠤᠯᠲᠠ ᠶᠢ ᠯᠠᠪᠳᠠᠭᠤᠨ ᠠᠳᠬᠤᠵᠤ᠂ | ᠪᠡᠭᠡᠵᠢᠩ ᠦᠪᠦᠷ ᠮᠤᠩᠭᠤᠯ ᠤᠨ ᠬᠠᠪᠰᠤᠷᠤᠨ ᠲᠡᠳᠭᠦᠯᠲᠡ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ | ᠂ ᠬᠤᠶᠠᠷ ᠭᠠᠵᠠᠷ ᠬᠠᠮᠲᠤᠪᠠᠷ ᠬᠦᠭᠵᠢᠨ ᠳᠠᠪᠰᠢᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠮᠧᠩ ᠸᠧᠨ ᠲᠤᠤ ᠵᠢᠭᠠᠬᠤ | ᠳᠠᠭᠠᠨ᠂ ᠵᠠᠯᠠᠶᠢᠳ ᠬᠤᠰᠢᠭᠤ ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠲᠠᠢ᠂ ᠹᠧᠩ | ᠲᠠᠢ ᠲᠤᠭᠤᠷᠢᠭ ᠪᠤᠯᠤᠨ ᠵᠠᠯᠠᠶᠢᠳ ᠬᠤᠰᠢᠭᠤ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠠᠯ᠎ᠠ ᠳᠤ ᠨᠡᠶᠢᠴᠡᠯᠲᠡ | ᠦᠨᠳᠦᠷ᠂ ᠬᠠᠮᠵᠢᠯᠴᠠᠬᠤ ᠲᠠᠯ᠎ᠠ ᠤᠯᠠᠨ᠂ ᠠᠶᠢᠮᠠᠭ᠂ ᠬᠤᠰᠢᠭᠤᠨ ᠤ ᠲᠦᠷ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ | ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠶᠠᠷ ᠭᠠᠵᠠᠷ ᠤᠨ ᠶᠢᠨ ᠶᠠᠳᠠᠭᠤ ᠶᠢ | ᠲᠡᠳᠭᠦᠬᠦ᠂ ᠰᠤᠷᠭᠠᠨ ᠬᠦᠮᠦᠵᠢᠯ᠂ ᠡᠮ ᠡᠮᠨᠡᠯᠭᠡ ᠵᠡᠷᠭᠡ ᠬᠦᠷᠢᠶ᠎ᠡ ᠴᠠᠷ᠎ᠠ ᠶᠢᠨ ᠠᠵᠢᠯ ᠢ ᠵᠤᠬᠢᠴᠠᠭᠤᠯᠵᠤ᠂ ᠡᠯ᠎ᠡ | ᠲᠦᠷᠦᠯ ᠤᠨ ᠠᠵᠢᠯ ᠤᠨ ᠲᠦᠯᠦᠪᠯᠡᠭᠡ ᠶᠢ ᠪᠤᠲᠠᠲᠠᠢ ᠳᠤ ᠲᠤᠭᠤᠰᠢᠯᠠᠭᠤᠯᠵᠤ᠂ ᠰᠡᠳᠬᠢᠯ ᠨᠢᠭᠲᠠᠷᠠᠨ ᠬᠦᠴᠦ | ᠨᠡᠶᠢᠯᠡᠨ ᠨᠠᠷᠢᠨ ᠤᠨᠤᠪᠴᠢᠲᠠᠢ ᠶᠠᠳᠠᠭᠤ ᠠᠴᠠ ᠠᠩᠬᠢᠵᠢᠷᠠᠭᠤᠯᠬᠤ ᠳᠠᠶᠢᠨ ᠤ ᠢᠯᠠᠯᠲᠠ ᠶᠢ ᠡᠷᠬᠡᠪᠰᠢ ᠤᠯᠬᠤ | ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠹᠧᠩ ᠲᠠᠢ ᠲᠤᠭᠤᠷᠢᠭ ᠤᠨ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ | ᠵᠦᠪᠯᠡᠯ᠂ ᠬᠤᠳᠠᠯᠳᠤᠭᠠᠨ ᠤ ᠶᠠᠪᠤᠳᠠᠯ ᠤᠨ ᠵᠦᠪᠯᠡᠯ᠂ ᠬᠦᠮᠦᠨ ᠤ ᠨᠦᠬᠡᠴᠡ ᠬᠢᠭᠡᠳ ᠨᠡᠶᠢᠭᠡᠮ ᠤᠨ ᠪᠠᠲᠤᠯᠠᠭ᠎ᠠ ᠶᠢᠨ | ᠲᠤᠪᠴᠢᠶ᠎ᠠ᠂ ᠨᠠᠨ ᠶᠤᠸᠠᠨ ᠰᠢᠶᠠᠩ᠂ ᠲᠠᠷᠢᠶᠠᠯᠠᠩ ᠤᠨ ᠪᠦᠲᠦᠭᠡᠭᠳᠡᠬᠦᠨ ᠤ ᠪᠦᠭᠡᠮ ᠢᠶᠠᠷ ᠬᠤᠳᠠᠯᠳᠤᠬᠤ ᠵᠠᠬ᠎ᠠ | ᠳᠡᠯᠭᠡᠭᠦᠷ᠂ ᠲᠤᠰ ᠲᠤᠰ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ | ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠬᠦᠮᠦᠨ ᠤ ᠨᠦᠬᠡᠴᠡ ᠬᠢᠭᠡᠳ ᠨᠡᠶᠢᠭᠡᠮ ᠤᠨ | ᠪᠠᠲᠤᠯᠠᠭ᠎ᠠ ᠶᠢᠨ ᠲᠤᠪᠴᠢᠶ᠎ᠠ᠂ ᠪᠠᠶᠠᠠᠭᠤᠤᠯ ᠪᠠᠯᠭᠠᠰᠤ᠂ ᠪᠠᠶ᠋ᠬᠠᠤᠯᠠᠭᠠᠨ ᠰᠤᠮᠤ ᠶᠢᠨ ᠮᠠᠷᠠᠲᠤ ᠭᠠᠴᠠᠭ᠎ᠠ ᠲᠠᠢ ᠠᠵᠢᠯ | ᠲᠦᠷᠦᠯ ᠢᠶᠠᠷ ᠳᠡᠮᠵᠢᠬᠦ ᠬᠡᠯᠡᠯᠴᠡᠭᠡᠷ᠂ ᠰᠢᠯᠢᠳᠡᠭ ᠴᠢᠨᠠᠷᠲᠤ ᠲᠠᠷᠢᠶᠠᠯᠠᠩ ᠤᠨ ᠨᠡᠮᠡᠯᠲᠡ ᠪᠦᠲᠦᠭᠡᠭᠳᠡᠭᠦᠨ ᠤ | ᠪᠠᠶᠢᠯᠳᠤᠬᠤ ᠪᠤᠳᠤᠯᠭ᠎ᠠ ᠶᠢᠨ ᠬᠤᠷᠰᠢᠨ ᠠᠵᠢᠯᠯᠠᠬᠤ ᠬᠡᠯᠡᠯᠴᠡᠭᠡᠷ᠂ ᠪᠡᠭᠡᠵᠢᠩ ᠲᠢᠶᠠᠨᠵᠢᠨ ᠡᠾᠧᠪᠸᠢ ᠠᠴᠠ ᠲᠦᠢᠯ ᠤᠨ | ᠶᠠᠳᠠᠭᠤ ᠬᠦᠴᠢᠷᠲᠡᠢ ᠭᠠᠵᠠᠷ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠠᠵᠢᠯ | ᠲᠦᠷᠦᠯ ᠤᠨ ᠬᠦᠳᠡᠯᠮᠦᠷᠢ ᠬᠦᠴᠦᠨ ᠤ ᠬᠠᠮᠵᠢᠯᠴᠠᠬᠤ ᠬᠡᠯᠡᠯᠴᠡᠭᠡᠷ ᠪᠤᠯᠤᠨ ᠬᠤᠯᠪᠤᠭ᠎ᠠ ᠪᠠᠶᠢᠭᠤᠯᠤᠨ ᠬᠠᠪᠰᠤᠷᠤᠨ | ᠲᠡᠳᠭᠦᠬᠦ ᠬᠡᠯᠡᠯᠴᠡᠭᠡᠷ ᠲᠤᠭᠲᠠᠭᠰᠠᠨ ᠪᠠᠶᠢᠨ᠎ᠠ᠃ | | | | |