ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠪᠠᠢ ᠱᠤᠤ ᠺᠠᠩ ᠮᠠᠨ ᠤ ᠬᠤᠰᠢᠭᠤᠨ ᠳᠤ ᠭᠦᠨᠵᠭᠡᠶᠢᠷᠡᠨ᠂ ᠴᠡᠭ ᠲᠤᠭᠲᠠᠭᠠᠨ ᠬᠠᠪᠰᠤᠷᠤᠨ ᠲᠡᠳᠭᠦᠬᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠬᠢᠬᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠢ ᠬᠠᠮᠠᠭᠠᠯᠠᠨ ᠴᠡᠭᠴᠡᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ
ᠨᠡᠶᠢᠲᠡᠯᠡᠭᠰᠡᠨ ᠴᠠᠭ᠄
2018/6/19
5 ᠰᠠᠷ᠎ᠠ ᠶᠢᠨ10 ᠤ ᠡᠳᠦᠷ ᠠᠴᠠ 11 ᠤ ᠡᠳᠦᠷ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ  ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠪᠠᠢ ᠱᠤᠤ ᠺᠠᠩ ᠮᠠᠨ ᠤ ᠬᠤᠰᠢᠭᠤᠨ ᠳᠤ ᠭᠦᠨᠵᠭᠡᠶᠢᠷᠡᠨ᠂ ᠴᠡᠭ ᠲᠤᠭᠲᠠᠭᠠᠨ ᠬᠠᠪᠰᠤᠷᠤᠨ ᠲᠡᠳᠭᠦᠬᠦ ᠠᠵᠢᠯ ᠢ ᠪᠠᠶᠢᠴᠠᠭᠠᠨ ᠰᠤᠳᠤᠯᠪᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠮᠠ ᠮᠢᠩ᠂ ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠶᠠᠪᠤᠳᠠᠯ ᠤᠨ ᠳᠡᠳ᠋ ᠱᠦᠵᠢ᠂ ᠺᠠᠳ᠋ᠷ ᠤᠨ ᠲᠠᠰᠤᠭ ᠤᠨ ᠡᠷᠬᠢᠯᠡᠭᠴᠢ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠳ᠋ᠤᠸᠠᠨ ᠨᠦᠩ ᠭᠧᠨ᠂ ᠦᠪᠡᠷᠲᠡᠭᠡᠨ ᠵᠠᠰᠠᠬᠤ ᠤᠷᠤᠨ ᠤ ᠶᠡᠷᠦᠩᠬᠡᠢ ᠵᠠᠰᠠᠨ ᠴᠡᠭᠴᠡᠯᠡᠬᠦ ᠠᠯᠪᠠᠨ ᠭᠡᠷ ᠤᠨ ᠡᠷᠬᠢᠯᠡᠭᠴᠢ ᠱᠢ ᠯᠸᠢ᠂ ᠠᠶᠢᠠᠮᠭ ᠤᠨ ᠨᠠᠮ ᠤᠨ ᠬᠤᠷᠢᠶᠠᠨ ᠤ ᠱᠦᠵᠢ ᠵᠠᠩ ᠡᠸ᠋ᠨ ᠡᠾᠦ᠋ᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯᠭᠡᠨ ᠤ ᠱᠦᠵᠢ ᠯᠢᠦ ᠽᠢ ᠴᠢᠶᠠᠩ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠵᠠᠯᠠᠶᠢᠳ ᠬᠤᠰᠢᠭᠤᠨ ᠤ ᠬᠤᠰᠢᠭᠤᠨ ᠨᠠᠮ ᠤᠨ ᠬᠤᠷᠢᠶᠠᠨ ᠤ ᠱᠦᠵᠢ ᠵᠢᠶᠠᠩ ᠲᠢᠶᠠᠨ ᠬᠤ᠋ ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃      ᠲᠦᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠪᠠᠢ ᠱᠤᠤ ᠺᠠᠩ ᠤᠷᠢᠳ ᠬᠤᠵᠢᠳ ᠵᠠᠯᠠᠶᠢᠳ ᠬᠤᠰᠢᠭᠤ ᠠᠴᠠ ᠷᠠᠰᠢᠶᠠᠨ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ ᠳᠤᠯᠤᠭᠠᠠᠭᠡᠷ ᠠᠴᠠ ᠯᠠᠮ᠎ᠠ ᠶᠢᠨ ᠳ᠋ᠦᠩ ᠬᠦᠬᠦᠷᠭᠡ ᠬᠦᠷᠬᠦ ᠬᠡᠰᠡᠭ ᠵᠠᠰᠠᠮᠠᠯ ᠵᠠᠮ ᠢ ᠦᠭᠡᠷᠡᠴᠢᠯᠡᠨ ᠵᠠᠰᠠᠬᠤ ᠢᠨᠵᠧᠨᠧᠷᠢᠩ᠂ ᠪᠠᠳᠠᠷᠠᠬᠤ ᠪᠠᠯᠭᠠᠰᠤ ᠶᠢᠨ ᠪᠠᠳᠠᠷᠠᠬᠤ ᠭᠠᠴᠠᠭᠠᠨ ᠤ ᠰᠢᠩ ᠬᠤᠩ ᠡᠪᠡᠰᠦᠨ ᠦᠢᠯᠡᠰ ᠤᠨ ᠬᠤᠷᠰᠢᠶᠠᠵᠢᠯ᠂ ᠪᠠᠳᠠᠷᠠᠬᠤ ᠭᠤᠤᠯ ᠰᠤᠷᠭᠠᠭᠤᠯᠢ᠂ ᠬᠤᠯᠪᠤᠭ᠎ᠠ ᠪᠠᠯᠭᠠᠰᠤ ᠶᠢᠨ ᠦ᠋ ᠳ᠋ᠤᠤ ᠾᠧ ᠽᠢ ᠲᠤᠰᠬᠤᠨ᠂ ᠬᠤᠰᠢᠭᠤᠨ ᠤ ᠳᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠬᠦᠮᠦᠵᠢᠯ ᠪᠤᠯᠪᠠᠰᠤᠷᠠᠯ ᠤᠨ ᠲᠦᠪ᠂ ᠵᠠᠮ ᠬᠠᠷᠢᠯᠴᠠᠭᠠᠨ ᠤ ᠲᠤᠭᠤᠷᠢᠨ ᠪᠠᠶᠢᠴᠠᠭᠠᠬᠤ ᠴᠠᠭᠳᠠᠭᠠᠨ ᠤ ᠶᠡᠭᠡ ᠠᠩᠬᠢ ᠶᠢᠨ ᠢᠨᠳᠡᠷ ᠪᠠᠯᠭᠠᠰᠤᠨ ᠤ ᠭᠤᠷᠪᠠᠳᠤᠭᠠᠷ ᠳᠤᠮᠳᠠ ᠠᠩᠬᠢ᠂ ᠵᠢᠯᠤᠭᠤᠳᠬᠤ ᠲᠦᠪ ᠵᠡᠷᠭᠡ ᠭᠠᠵᠠᠷ ᠢᠶᠠᠷ ᠪᠤᠲᠠᠲᠠᠢ ᠪᠠᠶᠢᠴᠠᠭᠠᠨ ᠰᠤᠳᠤᠯᠵᠤ᠂ ᠴᠡᠭ ᠲᠤᠭᠲᠠᠭᠠᠨ ᠬᠠᠪᠰᠤᠷᠤᠨ ᠲᠡᠳᠭᠦᠬᠦ᠂ ᠰᠠᠭᠤᠷᠢ ᠲᠦᠬᠦᠭᠡᠷᠦᠮᠵᠢ ᠶᠢᠨ ᠰᠠᠶᠢᠵᠢᠷᠠᠭᠤᠯᠤᠯᠲᠠ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠢ ᠬᠠᠮᠠᠭᠠᠯᠠᠨ ᠴᠡᠭᠴᠡᠯᠡᠭᠰᠡᠨ ᠵᠡᠷᠭᠡ  ᠪᠠᠶᠢᠳᠠᠯ ᠢ ᠨᠠᠷᠢᠯᠢᠭ ᠤᠶᠢᠯᠠᠭᠠᠵᠤ᠂ ᠲᠠᠷᠢᠶᠠᠨ ᠭᠠᠵᠠᠷ ᠭᠦᠨᠵᠡᠭᠡᠶᠢᠷᠡᠨ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ᠂ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠤᠶᠢᠯᠠᠭᠠᠵᠠᠢ᠃      ᠪᠠᠢ ᠱᠤᠤ ᠺᠠᠩ ᠰᠠᠭᠤᠳᠠᠯ ᠤᠨ ᠬᠤᠷᠠᠯ ᠳᠡᠭᠡᠷ᠎ᠡ ᠵᠢᠭᠠᠬᠤ ᠳᠠᠭᠠᠨ᠂ ᠵᠠᠯᠠᠶᠢᠳ ᠬᠤᠰᠢᠭᠤᠨ ᠤ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠦᠪ᠂ ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ᠂ ᠠᠶᠢᠮᠠᠭ ᠤᠨ ᠨᠠᠮ ᠵᠠᠬᠢᠷᠭ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠢᠯᠡᠳᠲᠡ ᠦᠷ᠎ᠡ ᠪᠦᠲᠦᠮᠵᠢ ᠤᠯᠵᠤ᠂ ᠨᠡᠶᠢᠭᠡᠮ ᠡᠶ᠎ᠡ ᠵᠤᠬᠢᠴᠠᠩᠭᠤᠢ ᠠᠮᠤᠷ ᠲᠤᠭᠲᠠᠭᠤᠨ᠃ ᠶᠠᠳᠠᠭᠤ ᠶᠢ ᠲᠡᠳᠭᠦᠬᠦ ᠠᠵᠢᠯ ᠤᠨ ᠰᠡᠳᠬᠢᠴᠡ ᠲᠤᠳᠤ᠂ ᠠᠷᠭ᠎ᠠ ᠪᠠᠷᠢᠯ ᠬᠦᠴᠦᠲᠡᠢ᠂ ᠬᠠᠷᠠᠯᠲᠠ ᠲᠤᠳᠤᠷᠬᠠᠢ᠂ ᠦᠷ᠎ᠡ ᠪᠦᠲᠦᠮᠵᠢ ᠢᠯᠡᠳᠲᠡ ᠭᠡᠵᠡᠢ᠃     ᠪᠠᠢ ᠱᠤᠤ ᠺᠠᠩ ᠴᠢᠬᠤᠯᠠᠴᠢᠯᠠᠬᠤ ᠳᠠᠭᠠᠨ᠂ ᠲᠦᠪ᠂ ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ᠂ ᠠᠶᠢᠮᠠᠭ  ᠤᠨ ᠨᠠᠮ ᠵᠠᠬᠢᠷᠭ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠷᠢᠨ ᠤᠨᠤᠪᠴᠢᠲᠠᠢ ᠶᠠᠳᠠᠭᠤ ᠶᠢ ᠲᠡᠳᠭᠦᠬᠦ ᠡᠯ᠎ᠡ ᠲᠦᠷᠦᠯ ᠤᠨ ᠠᠷᠭ᠎ᠠ ᠪᠠᠷᠢᠯ ᠢ ᠴᠦᠬᠦᠷᠡᠰᠢ ᠦᠭᠡᠢ᠂ ᠯᠠᠪᠳᠠᠭᠤᠨ ᠪᠠᠲᠤᠲᠠᠢ᠂ ᠨᠠᠷᠢᠨ ᠬᠢᠨᠠᠮᠠᠭᠠᠢ ᠲᠤᠭᠤᠰᠢᠯᠠᠭᠤᠯᠵᠤ᠂ ᠶᠠᠳᠠᠭᠤ ᠡᠷᠦᠬᠡ ᠶᠢᠨ ᠦᠷᠬᠦᠯᠵᠢᠯᠡᠨ ᠤᠷᠤᠯᠭ᠎ᠠ ᠨᠡᠮᠡᠭᠳᠡᠬᠦ ᠶᠢ ᠪᠠᠲᠤᠯᠠᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠲᠠᠯᠠᠨ᠂ ᠠᠵᠤ ᠦᠢᠯᠡᠰ ᠢ ᠬᠦᠭᠵᠢᠭᠦᠯᠬᠦ ᠪᠠ ᠶᠠᠳᠠᠭᠤ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠶᠢ ᠪᠦᠲᠦᠮᠵᠢᠲᠠᠢ ᠵᠠᠯᠭᠠᠯᠳᠤᠭᠤᠯᠵᠤ᠂ ᠦᠪᠡᠷᠲᠡᠭᠡᠨ ᠶᠠᠳᠠᠭᠤ ᠠᠴᠠ ᠠᠩᠬᠢᠵᠢᠷᠠᠬᠤ ᠦᠷᠬᠦᠯᠵᠢᠬᠦᠶᠢᠴᠡ ᠬᠦᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠤᠯᠤᠰ ᠲᠦᠷᠦ ᠤᠨ ᠤᠬᠠᠮᠰᠠᠷ ᠢᠶᠠᠨ ᠴᠢᠩᠭᠠᠳᠬᠠᠨ᠂ ᠬᠠᠪᠰᠤᠷᠤᠨ ᠲᠡᠳᠭᠦᠬᠦ ᠭᠠᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠶᠠᠳᠠᠭᠤ ᠠᠷᠠᠳ ᠤᠯᠠᠨ ᠢ ᠰᠡᠳᠬᠢᠯ ᠬᠠᠨᠤᠮᠵᠢᠲᠠᠢ ᠪᠠᠶᠢᠯᠭᠠᠵᠤ᠂ ᠲᠤᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠭᠡᠮ ᠢ ᠴᠡᠭᠴᠡᠯᠡᠬᠦ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠶᠢ ᠭᠦᠨᠵᠭᠡᠢ ᠰᠤᠷᠤᠯᠴᠠᠵᠤ᠂ ᠪᠦᠬᠦ ᠤᠯᠤᠰ ᠤᠨ ᠠᠮᠤᠷ ᠲᠦᠪᠰᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠴᠡᠭ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠡᠶᠢᠭᠡᠮ ᠤᠨ ᠴᠡᠭᠴᠡᠯᠡᠯᠲᠡ ᠶᠢ ᠴᠢᠩᠭᠠᠳᠬᠠᠬᠤ ᠪᠠ ᠰᠢᠨᠡᠴᠢᠯᠡᠵᠦ᠂ ᠨᠡᠶᠢᠭᠡᠮ ᠤᠨ ᠡᠶ᠎ᠡ ᠵᠤᠬᠢᠴᠠᠩᠭᠤᠢ ᠠᠮᠤᠷ ᠲᠤᠭᠲᠠᠭᠤᠨ ᠢ ᠬᠠᠮᠠᠭᠠᠯᠠᠵᠤ᠂ ᠶᠠᠳᠠᠭᠤ  ᠠᠴᠠ ᠠᠩᠬᠢᠵᠢᠷᠠᠭᠤᠯᠬᠤ ᠬᠠᠲᠠᠭᠤ ᠳᠠᠶᠢᠨ ᠤ ᠢᠡᠯᠡᠯᠲᠠ ᠶᠢ ᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠽᠢ ᠴᠢᠶᠠᠩ ᠵᠢᠭᠠᠬᠤ ᠳᠠᠭᠠᠨ᠂ ᠬᠠᠪᠰᠤᠷᠤᠨ ᠲᠡᠳᠭᠦᠬᠦ ᠠᠵᠢᠯ ᠦᠷᠨᠢᠭᠦᠯᠦᠭᠰᠡᠨ ᠠᠴᠠ ᠨᠠᠰᠢ᠂ ᠵᠠᠯᠠᠶᠢᠳ ᠬᠤᠰᠢᠭᠤ ᠲᠦᠪ ᠤᠨ ᠤᠯᠤᠰ ᠲᠦᠷᠦ ᠬᠠᠯᠤᠢ ᠴᠠᠭᠠᠵᠠ ᠶᠢᠨ ᠬᠤᠷᠢᠶᠠᠨ ᠤ ᠬᠦᠴᠦᠲᠡᠢ ᠬᠠᠪᠰᠤᠷᠤᠯᠭ᠎ᠠ ᠳᠡᠮᠵᠢᠯᠭᠡ ᠶᠢ ᠬᠦᠷᠲᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠵᠤᠬᠢᠴᠠᠭᠤᠯᠵᠤ᠂ ᠬᠤᠰᠢᠭᠤᠨ ᠬᠠᠷᠢᠶᠠᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠵᠤ᠂ ᠶᠠᠳᠠᠭᠤ ᠭᠠᠴᠠᠭ᠎ᠠ ᠶᠢ ᠳᠡᠮᠵᠢᠨ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠵᠤ᠂ ᠢᠯᠡᠳᠲᠡ ᠦᠷ᠎ᠡ ᠪᠦᠲᠦᠮᠵᠢ ᠤᠯᠵᠠᠢ᠃ ᠬᠢᠩᠭᠠᠨ ᠠᠶᠢᠮᠠᠭ ᠲᠦᠪ ᠬᠤᠷᠢᠶ᠎ᠠ ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ  ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠢ  ᠨᠠᠶᠢᠳᠠᠪᠤᠷᠢᠵᠢᠭᠤᠯᠤᠨ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ᠨᠠᠮ ᠤᠨ ᠲᠦᠪ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠳᠠᠭᠠᠭᠠᠴᠢᠯᠠᠨ ᠡᠭᠦᠷᠭᠡᠯᠡᠵᠦ᠂ ᠨᠠᠮ ᠤᠨ ᠲᠦᠪ ᠬᠤᠷᠢᠶ᠎ᠠ ᠠᠴᠠ ᠪᠢᠳᠡᠨ ᠳᠤ ᠳᠠᠭᠠᠯᠭᠠᠭᠰᠠᠨ ᠤᠯᠤᠰ ᠲᠦᠷᠦ ᠶᠢᠨ ᠡᠭᠦᠷᠭᠡ ᠶᠢ ᠰᠠᠶᠢᠲᠤᠷ ᠪᠡᠶᠡᠯᠡᠬᠦᠯᠵᠦ᠂ ᠨᠠᠷᠢᠨ ᠤᠨᠤᠪᠴᠢᠲᠠᠢ ᠶᠠᠳᠠᠭᠤ ᠶᠢ ᠲᠡᠳᠭᠦᠬᠦ ᠡᠯ᠎ᠡ ᠲᠦᠷᠦᠯ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠲᠤᠭᠤᠰᠢᠯᠠᠭᠤᠯᠵᠤ᠂ ᠶᠠᠳᠠᠭᠤ ᠠᠷᠠᠳ ᠤᠨ ᠦᠷᠬᠦᠯᠵᠢᠯᠡᠨ ᠤᠷᠤᠯᠭ᠎ᠠ ᠨᠡᠮᠡᠭᠳᠡᠬᠦ ᠶᠢ ᠪᠠᠲᠤᠯᠠᠵᠤ ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠡᠢ᠃     ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠨᠠᠮ ᠤᠨ ᠬᠤᠷᠢᠶᠠᠨ ᠤ ᠱᠦᠵᠢ ᠵᠢᠶᠠᠩ ᠲᠢᠶᠠᠨ ᠬᠤ᠋  ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ᠂ ᠠᠵᠢᠯ  ᠤᠨ ᠬᠠᠷᠢᠭᠤ ᠮᠡᠳᠡᠭᠦᠯᠦᠯᠲᠡ ᠬᠢᠵᠦ᠂ ᠪᠠᠳᠠᠷᠠᠬᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠠᠪᠰᠤᠷᠤᠨ ᠲᠡᠳᠭᠦᠬᠦ ᠠᠵᠢᠯ ᠤᠨ ᠬᠠᠷᠢᠭᠤ ᠮᠡᠳᠡᠭᠦᠯᠦᠯᠲᠡ ᠬᠢᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号