ᠵᠠᠯᠠᠶᠢᠳ ᠬᠤᠰᠢᠭᠤᠨ ᠤ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ   ᠳᠠᠩᠰᠠᠯᠠᠨ ᠦᠨᠡᠮᠯᠡᠯ ᠣᠯᠭᠤᠬᠤ ᠲᠣᠷᠰᠢᠯᠲᠠ ᠶᠢᠨ ᠴᠢᠭ᠋ ᠤᠨ ᠠᠵᠢᠯ ᠤᠨ ᠠᠵᠢᠯᠯᠠᠬᠤ ᠶᠠᠪᠣᠴᠠ     ︵ᠲᠣᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2018-06-19
  ᠵᠠᠯᠠᠶᠢᠳ ᠬᠤᠰᠢᠭᠤᠨ ᠤ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ   ᠳᠠᠩᠰᠠᠯᠠᠨ ᠦᠨᠡᠮᠯᠡᠯ ᠣᠯᠭᠤᠬᠤ ᠲᠣᠷᠰᠢᠯᠲᠠ ᠶᠢᠨ ᠴᠢᠭ᠋ ᠤᠨ ᠠᠵᠢᠯ ᠤᠨ ᠠᠵᠢᠯᠯᠠᠬᠤ ᠶᠠᠪᠣᠴᠠ     ︵ᠲᠣᠷᠰᠢᠨ ᠬᠡᠷᠡᠭᠵᠢᠭᠦᠯᠬᠦ︶     ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠲᠣᠷᠰᠢᠯᠲᠠ ᠶᠢᠨ ᠴᠢᠭ᠋ ᠤᠨ ᠠᠵᠢᠯ ᠢ ᠵᠢᠷᠣᠮᠵᠢᠭᠤᠯᠣᠨ ᠦᠷᠨᠢᠭᠦᠯᠵᠦ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠬᠤ ᠳᠦᠷᠢᠮ ᠢ ᠲᠡᠭᠦᠯᠳᠡᠷᠵᠢᠭᠦᠯᠵᠦ᠂ ᠲᠠᠷᠢᠶᠠᠴᠢᠨ ᠤ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠦᠮᠴᠢᠯᠡᠯ᠂ ᠬᠡᠷᠡᠭᠯᠡᠭᠡ᠂ ᠠᠰᠢᠭ ᠣᠯᠵᠠᠪᠣᠷᠢ ᠵᠡᠷᠭᠡ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠬᠤ ᠶᠢᠨ ᠲᠦᠯᠦᠭᠡ ︽ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠣᠯᠢ︾ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠣᠳᠠᠰ ᠤᠨ ᠡᠷᠬᠡ  ᠶᠢᠨ ᠬᠠᠣᠯᠢ︾ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠭᠠᠵᠠᠷ ᠰᠢᠷᠣᠢ ᠶᠢᠨ ᠬᠠᠮᠢᠶᠠᠷᠣᠯᠲᠠ  ᠶᠢᠨ ᠬᠠᠣᠯᠢ︾ ᠬᠢᠭᠡᠳ ᠲᠠᠷᠢᠶᠠᠯᠠᠩ ᠤᠨ ᠶᠠᠮᠣᠨ ᠤ ︽ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠤᠨ ᠬᠠᠮᠢᠶᠠᠷᠣᠯᠲᠠ ᠶᠢᠨ ᠠᠷᠭ᠎ᠠ︾ ᠵᠡᠷᠭᠡ ᠬᠠᠣᠯᠢ ᠳᠦᠷᠢᠮ ᠪᠠ ᠲᠦᠷᠦ ᠶᠢᠨ ᠪᠣᠳᠣᠯᠭ᠎ᠠ ᠶᠢ ᠦᠨᠳᠦᠰᠦᠯᠡᠵᠦ   ᠲᠣᠰ ᠠᠵᠢᠯᠯᠠᠬᠤ ᠶᠠᠪᠣᠴᠠ ᠶᠢ ᠲᠣᠭᠲᠠᠭᠠᠪᠠ᠃       ᠨᠢᠭᠡ᠂ ᠵᠢᠯᠣᠭᠤᠳᠬᠤ ᠦᠵᠡᠯ ᠰᠠᠨᠠᠭ᠎ᠠ   ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠬᠢᠭᠡᠳ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠢ   ᠲᠣᠣᠱᠯᠠᠭᠤᠯᠣᠨ ᠨᠠᠶᠢᠳᠠᠪᠣᠷᠢᠵᠢᠭᠤᠯᠵᠣ᠂ ᠠᠵᠣ ᠦᠢᠯᠡᠳᠪᠦᠷᠢᠵᠢᠭᠦᠯᠦᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠣᠵᠢᠯᠲᠠ᠂ ᠲᠠᠷᠢᠶᠠᠯᠠᠩ ᠤᠨ ᠣᠳᠣᠬᠢᠴᠢᠯᠠᠯᠲᠠ  ᠶᠢᠨ ᠬᠠᠮᠲᠣ ᠪᠠᠷ ᠬᠦᠭᠵᠢᠬᠦ ᠶᠡᠷᠦᠩᠬᠡᠢ ᠪᠠᠶᠢᠷᠢᠯᠠᠭᠤᠯᠣᠯᠲᠠ ᠶᠣᠰᠣᠭᠠᠷ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠪᠣᠳᠠᠰ ᠤᠨ ᠡᠷᠬᠡ ᠶᠢ ᠬᠠᠮᠠᠭᠠᠯᠠᠬᠤ ᠶᠢ ᠴᠢᠩᠭᠠᠳᠬᠠᠬᠤ ᠪᠠᠷ ᠭᠤᠣᠯᠯᠠᠵᠣ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠬᠤ ᠳᠦᠷᠢᠮ ᠢ ᠲᠡᠭᠦᠯᠳᠡᠷᠵᠢᠭᠦᠯᠬᠦ ᠪᠠᠷ ᠭᠤᠣᠯᠳᠠᠵᠣ᠂ ᠬᠠᠣᠯᠢ ᠶᠣᠰᠣᠭᠠᠷ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠠᠵᠢᠯ ᠢ ᠦᠷᠨᠢᠭᠦᠯᠵᠦ᠂ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ  ᠤᠨ ᠲᠠᠯᠠᠪᠠᠢ ᠨᠢ ᠣᠨᠣᠪᠴᠢ ᠦᠭᠡᠢ᠂ ᠳᠦᠷᠪᠡᠨ ᠵᠠᠬ᠎ᠠ ᠨᠢ ᠲᠣᠳᠣ ᠪᠣᠰᠣ᠂ ᠣᠷᠣᠨ ᠵᠠᠢ ᠶᠢᠨ ᠪᠠᠶᠢᠷᠢᠯᠠᠯ ᠢᠯᠡᠷᠬᠡᠢ ᠪᠣᠰᠣ᠂ ᠳᠠᠩᠰᠠᠯᠠᠬᠤ ᠳᠡᠪᠲᠡᠷ ᠲᠡᠭᠦᠯᠳᠡᠷ ᠪᠣᠰᠣ ᠵᠡᠷᠭᠡ ᠠᠰᠭᠠᠣᠳᠠᠯ ᠢ ᠲᠣᠬᠢᠲᠠᠢ ᠰᠢᠢᠳᠪᠦᠷᠢᠯᠡᠵᠦ᠂ ᠲᠠᠷᠢᠶᠠᠴᠢᠨ ᠳᠤ   ᠨᠡᠩ ᠭᠦᠢᠴᠡᠳ ᠪᠦᠭᠡᠳ ᠪᠠᠲᠣᠯᠠᠭ᠎ᠠ ᠲᠠᠢ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠣᠯᠭᠤᠨ᠎ᠠ᠃       ᠬᠤᠶᠠᠷ᠂ ᠳᠠᠩᠰᠠᠯᠠᠬᠤ ᠬᠦᠷᠢᠶ᠎ᠡ ᠬᠡᠪᠴᠢᠶ᠎ᠡ       ᠭᠡᠷ ᠪᠦᠯᠢ ᠶᠢᠨ ᠳᠠᠭᠠᠭᠠᠴᠢᠯᠠᠨ ᠡᠵᠡᠩᠨᠡᠯᠲᠡ ᠶᠢ ᠬᠡᠷᠡᠭᠵᠢᠭᠦᠯᠵᠦ ᠪᠠᠶᠢᠭ᠎ᠠ ᠬᠦᠳᠡᠭᠡ ᠲᠣᠰᠬᠤᠨ ᠤ ᠭᠠᠵᠠᠷ ᠰᠢᠷᠣᠢ ᠪᠠᠷ ᠭᠤᠣᠯᠳᠠᠯᠭ᠎ᠠ ᠪᠣᠯᠭᠠᠵᠣ᠂ ᠬᠤᠰᠢᠭᠤ ᠰᠢᠶᠠᠩ ᠤᠨ ᠠᠷᠠᠳ ᠤᠨ ᠵᠠᠰᠠᠭ ᠤᠨ ᠣᠷᠳᠣᠨ   ᠨᠢᠭᠡᠲᠦᠯᠲᠡᠢ ᠵᠣᠬᠢᠶᠠᠨ ᠪᠠᠶᠢᠭᠤᠯᠵᠣ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠲᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ ᠭᠡᠷ ᠪᠦᠯᠢ ᠶᠢᠨ ᠳᠠᠭᠠᠭᠠᠴᠢᠯᠠᠨ ᠡᠵᠡᠩᠨᠡᠯᠲᠡ ᠶᠢ ᠬᠡᠷᠡᠭᠵᠢᠭᠦᠯᠦᠭᠰᠡᠨ ᠦᠭᠡᠢ ᠪᠣᠯ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠲᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠠᠵᠢᠯ ᠢ ᠶᠠᠪᠣᠭᠳᠠᠭᠤᠯᠬᠤ ᠦᠭᠡᠢ᠃ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠣᠬᠤ᠂ ᠢᠯᠡ ᠪᠠᠷ ᠵᠦᠪᠯᠡᠬᠦ ᠵᠡᠷᠭᠡ   ᠪᠣᠰᠣᠳ ᠠᠷᠭ᠎ᠠ ᠬᠡᠯᠪᠡᠷᠢ ᠪᠠᠷ ᠳᠠᠭᠠᠭᠠᠴᠢᠯᠠᠭᠰᠠᠨ ᠠᠭᠯᠠᠭ ᠠᠭᠤᠯᠠ᠂ ᠡᠵᠡᠭᠦᠢ ᠭᠤᠣ ᠰᠣᠪᠠᠭ᠂ ᠡᠯᠡᠰᠦᠨ ᠳᠣᠪᠤ᠂ ᠠᠲᠠᠷ ᠲᠠᠩ᠂ ᠨᠣᠲᠤᠭ ᠪᠡᠯᠴᠢᠭᠡᠷ᠂ ᠣᠰᠣ   ᠵᠡᠷᠭᠡ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ   ᠡᠵᠩᠨᠡᠬᠦ ᠡᠷᠬᠡ ᠶᠢ ᠨᠣᠳᠠᠯᠠᠨ ᠲᠣᠭᠲᠠᠭᠠᠵᠣ   ᠳᠠᠩᠰᠠᠯᠬᠤ ᠶᠢ ᠳᠠᠭᠠᠭᠠᠴᠢᠯᠠᠭᠴᠢ ᠠᠴᠠ ᠬᠠᠣᠯᠢ ᠶᠣᠰᠣᠭᠠᠷ ᠭᠤᠶᠣᠴᠢᠯᠠᠨ ᠭᠦᠢᠴᠡᠳᠭᠡᠨ᠎ᠡ᠃       ᠭᠤᠷᠪᠠ᠂ ᠠᠵᠢᠯ ᠤᠨ ᠡᠭᠦᠷᠭᠡ    2010 ᠣᠨ ᠤ   ᠭᠠᠵᠠᠷ ᠰᠢᠷᠣᠢ ᠶᠢ ᠳᠠᠷᠠᠭᠠᠯᠠᠨ ᠪᠠᠶᠢᠴᠠᠭᠠᠵᠣ ᠲᠣᠳᠣᠷᠬᠠᠶᠢᠯᠠᠨ ᠪᠦᠷᠢᠳᠭᠡᠭᠰᠡᠨ ᠢᠶᠠᠷ ᠰᠠᠭᠤᠷᠢ ᠪᠣᠯᠭᠠᠵᠣ᠂ ᠣᠳᠣ ᠪᠠᠶᠢᠭ᠎ᠠ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠨᠢᠭᠡᠨᠲᠡ ᠪᠦᠷᠢᠯᠳᠦᠭᠰᠡᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠬᠡ ᠳᠠᠩᠰᠠ᠂ ᠳᠠᠭᠠᠭᠠᠴᠢᠯᠠᠯᠲᠠ ᠶᠢᠨ ᠭᠡᠷ᠎ᠡ᠂ ᠡᠷᠬᠡ ᠬᠠᠷᠢᠶ᠎ᠠ ᠶᠢᠨ ᠦᠨᠡᠮᠯᠡᠯ ᠵᠢᠴᠢ ᠬᠦᠴᠦᠨ ᠲᠠᠢ ᠲᠠᠰᠣᠯᠣᠨ ᠲᠣᠭᠲᠠᠭᠠᠭᠰᠠᠨ ᠠᠯᠪᠠᠨ ᠪᠢᠴᠢᠭ ᠵᠡᠷᠭᠡ ᠪᠠᠷ ᠦᠨᠳᠦᠰᠦᠯᠡᠯ ᠪᠣᠯᠭᠠᠵᠣ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠣᠳᠣ ᠶᠢᠨ ᠪᠠᠶᠢᠳᠠᠯ ᠤᠨ ᠪᠠᠶᠢᠴᠠᠭᠠᠯᠲᠠ ᠬᠢᠭᠡᠳ ᠲᠠᠷᠢᠶ᠎ᠠ ᠪᠠᠶᠢᠴᠠᠭᠠᠨ ᠵᠠᠭᠠᠭ ᠬᠢᠵᠠᠭᠠᠷ ᠢ ᠬᠡᠮᠵᠢᠭᠰᠡᠨ ᠦᠷ᠎ᠡ ᠪᠦᠲᠦᠮᠵᠢ ᠲᠠᠢ ᠣᠶᠠᠯᠳᠣᠭᠤᠯᠵᠣ᠂ ᠡᠷᠬᠡ ᠶᠢ ᠨᠣᠲᠠᠯᠠᠨ ᠲᠣᠭᠲᠠᠭᠠᠵᠣ ᠳᠠᠩᠰᠠᠯᠠᠬᠤ ᠶᠢ ᠶᠠᠪᠣᠭᠳᠠᠭᠤᠯᠣᠨ᠎ᠠ᠃     ᠨᠢᠭᠡ ᠳᠤ᠂ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠤᠨ ᠡᠷᠬᠡ ᠶᠢᠨ ᠨᠣᠳᠠᠯᠠᠨ ᠲᠣᠭᠲᠠᠭᠠᠯᠲᠠ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠣᠳᠣ ᠶᠢᠨ ᠪᠠᠶᠢᠳᠠᠯ ᠤᠨ ᠪᠠᠶᠢᠴᠠᠭᠠᠯᠲᠠ ᠶᠢ ᠶᠠᠪᠣᠭᠳᠠᠭᠤᠯᠵᠣ᠂ ᠨᠢᠭᠡᠲᠦᠯᠲᠡᠢ ᠵᠣᠬᠢᠶᠠᠨ ᠪᠠᠶᠢᠭᠤᠯᠵᠣ᠂ ᠪᠣᠳᠠᠳᠣ ᠬᠡᠮᠵᠢᠯᠲᠡ ᠬᠢᠵᠦ ᠲᠠᠷᠢᠶ᠎ᠠ ᠪᠠᠶᠢᠴᠠᠭᠠᠨ ᠬᠢᠵᠠᠭᠠᠷ ᠢ ᠬᠡᠮᠵᠢᠵᠦ ᠢᠯᠭᠠᠨ᠂ ᠳᠠᠭᠠᠭᠠᠴᠢᠯᠠᠭᠰᠠᠨ ᠭᠠᠵᠠᠷ   ᠤᠨ ᠲᠠᠯᠠᠪᠠᠢ ᠣᠨᠣᠪᠴᠢ ᠦᠭᠡᠢ᠂ ᠳᠦᠷᠪᠡᠨ ᠵᠠᠬ᠎ᠠ ᠲᠣᠳᠣᠷᠬᠠᠢ ᠪᠣᠰᠣ ᠵᠡᠷᠭᠡ ᠠᠰᠠᠭᠤᠳᠠᠯ ᠢ ᠰᠢᠢᠳᠪᠦᠷᠢᠯᠡᠵᠦ᠂ ᠳᠠᠭᠠᠭᠠᠴᠢᠯᠠᠭᠰᠠᠨ ᠭᠠᠵᠠᠷ᠂ ᠲᠠᠯᠠᠪᠠᠢ᠂ ᠭᠡᠷ᠎ᠡ ᠡᠷᠬᠡ ᠶᠢᠨ ᠦᠨᠡᠮᠯᠡᠯ ᠢ ᠡᠷᠦᠬᠡ ᠳᠤ ᠬᠦᠷᠭᠡᠬᠦ ᠶᠢ ᠨᠠᠶᠢᠳᠠᠪᠣᠷᠢᠵᠢᠭᠤᠯᠣᠨ᠎ᠠ᠃   ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠳᠣᠮᠳᠠᠬᠢ ᠳᠣᠪᠣᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠣ᠂ ᠵᠢᠭᠤᠷᠠᠯᠳᠣᠭᠠᠨ ᠢ ᠲᠣᠬᠠᠢ ᠶᠢᠨ ᠭᠠᠵᠠᠷ ᠲᠤ ᠨᠢ ᠰᠢᠢᠳᠪᠦᠷᠢᠯᠡᠵᠦ᠂ ᠵᠦᠷᠢᠴᠡᠯ ᠢ ᠦᠨᠳᠦᠰᠦᠨ ᠱᠠᠲᠣᠨ ᠳᠤ ᠦᠭᠡᠶᠢᠰᠬᠡᠨ᠎ᠡ᠃     ᠬᠤᠶᠠᠷ ᠲᠤ᠂ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠬᠤ ᠳᠦᠷᠢᠮ ᠤᠨ ᠲᠡᠭᠦᠯᠳᠡᠷ ᠪᠣᠰᠣ ᠠᠰᠠᠭᠤᠳᠠᠯ ᠢ ᠰᠢᠢᠳᠪᠦᠷᠢᠯᠡᠨ᠎ᠡ᠃ ᠬᠠᠣᠯᠢ ᠶᠣᠰᠣᠭᠠᠷ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ ᠶᠢ ᠲᠡᠭᠦᠯᠳᠡᠷᠵᠢᠭᠦᠯᠵᠦ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠣ ᠬᠦᠳᠡᠭᠡ ᠲᠣᠰᠬᠤᠨ  ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠬᠤ ᠳᠡᠪᠲᠡᠷ ᠢ ᠪᠠᠶᠢᠭᠤᠯᠣᠨ ᠲᠡᠭᠦᠯᠳᠡᠷᠵᠢᠭᠦᠯᠵᠦ᠂ ᠳᠠᠭᠠᠭᠠᠴᠢᠯᠠᠭᠴᠢ ᠡᠲᠡᠭᠡᠳ ᠲᠤ ᠨᠢᠭᠲᠦᠯᠲᠡᠢ ᠳᠠᠷᠣᠮᠯᠠᠨ ᠦᠢᠯᠡᠳᠦᠭᠰᠡᠨ ︽ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠣᠯᠭᠤᠨ᠎ᠠ᠃ ᠳᠠᠩᠰᠠᠯᠠᠭᠰᠠᠨ ᠠᠭᠤᠯᠭ᠎ᠠ ᠪᠦᠷᠢᠨ ᠭᠦᠢᠴᠡᠳ᠂ ᠳᠦᠷᠢᠮᠵᠢᠭᠰᠡᠨ᠂ ᠲᠤᠭ᠎ᠠ ᠪᠠᠷᠢᠮᠳᠠ ᠣᠨᠣᠪᠴᠢᠲᠠᠢ᠂ ᠵᠢᠷᠤᠭ᠂ ᠬᠦᠰᠦᠨᠦᠭ᠂ ᠳᠡᠪᠲᠡᠷ ᠨᠢᠭᠡᠲᠦᠯᠲᠡᠢ᠂ ᠡᠷᠦᠬᠡ᠂ ᠭᠠᠵᠠᠷ ᠰᠢᠷᠣᠢ᠂ ᠦᠨᠡᠮᠯᠡᠯ ᠬᠠᠷᠢᠯᠴᠠᠨ ᠨᠡᠶᠢᠴᠡᠭᠰᠡᠨ ᠪᠠᠶᠢᠬᠤ ᠶᠢ ᠬᠢᠵᠦ ᠭᠦᠢᠴᠡᠳᠭᠡᠨ᠎ᠡ᠃ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠪᠠᠶᠢᠭᠤᠯᠬᠤ᠂ ᠰᠢᠯᠵᠢᠭᠦᠯᠵᠦ ᠦᠭᠬᠦ᠂ ᠬᠠᠷᠢᠯᠴᠠᠨ ᠰᠣᠯᠢᠬᠤ᠂ ᠬᠤᠪᠢᠷᠠᠭᠠᠬᠤ᠂ ᠳᠠᠨᠵᠢᠯᠠᠬᠤ   ᠵᠡᠷᠭᠡ ᠶᠢᠨ ᠳᠠᠩᠰᠠᠯᠠᠬᠤ ᠳᠦᠷᠢᠮ ᠢ ᠪᠠᠶᠢᠭᠤᠯᠣᠨ ᠲᠡᠭᠦᠯᠳᠡᠷᠵᠢᠭᠦᠯᠦᠨ᠎ᠡ᠃     ᠭᠤᠷᠪᠠ ᠳᠤ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠰᠢᠨᠵᠢᠯᠡᠬᠦ ᠣᠬᠠᠭᠠᠨᠴᠢᠯᠠᠭᠰᠠᠨ ᠬᠠᠮᠢᠶᠠᠷᠣᠯᠲᠠ ᠶᠢ   ᠲᠦᠯᠬᠢᠨ ᠠᠬᠢᠭᠤᠯᠣᠨ᠎ᠠ᠃ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠬᠤ   ᠳᠠᠩᠰᠠ ᠡᠪᠬᠡᠮᠡᠯ ᠢ ᠡᠮᠬᠢᠯᠡᠵᠦ   ᠳᠠᠩᠰᠠᠯᠠᠬᠤ ᠶᠢ ᠴᠠᠭ ᠲᠣᠬᠠᠢ ᠳᠤ  ᠨᠢ ᠰᠠᠶᠢᠲᠣᠷ ᠬᠢᠬᠦ ᠬᠡᠷᠡᠭᠲᠡᠢ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠭᠡᠷ᠎ᠡ᠂ ᠳᠠᠩᠰᠠᠯᠠᠯ᠂ ᠡᠷᠭᠢᠯᠲᠡ ᠬᠢᠭᠡᠳ ᠵᠢᠭᠤᠷᠠᠯᠳᠣᠭᠠᠨ ᠢ ᠡᠶᠡᠲᠡᠭᠦᠯᠬᠦ ᠶᠢ ᠬᠦᠨᠳᠡᠯᠡᠨ ᠠᠴᠠ ᠲᠠᠰᠣᠯᠬᠤ ᠬᠠᠮᠢᠶᠠᠷᠣᠯᠲᠠ ᠶᠢ ᠴᠢᠩᠭᠠᠳᠬᠠᠨ᠎ᠠ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ   ᠳᠠᠩᠰᠠᠯᠠᠬᠤ ᠳ᠋ᠠᠶᠢᠲ᠋ᠠ ᠬᠦᠮᠦᠷᠭᠡ ᠬᠢᠭᠡᠳ ᠠᠰᠢᠭᠯᠠᠵᠣ ᠬᠡᠷᠡᠭᠯᠡᠬᠦ ᠬᠠᠮᠢᠶᠠᠷᠣᠯᠲᠠ ᠶᠢᠨ ᠲᠠᠪᠴᠠᠩ ᠢ ᠪᠠᠶᠢᠭᠤᠯᠵᠣ ᠲᠡᠭᠦᠯᠳᠡᠷᠵᠢᠭᠦᠯᠦᠨ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ  ᠶᠢᠨ ᠡᠷᠬᠡ ᠬᠠᠷᠢᠶᠠᠨ ᠤ ᠬᠠᠮᠢᠶᠠᠷᠣᠯᠲᠠ ᠶᠢᠨ ᠮᠡᠳᠡᠭᠡ ᠵᠠᠩᠭᠢᠵᠢᠯᠲᠠ ᠶᠢ   ᠪᠡᠶᠡᠯᠡᠭᠦᠯᠦᠨ᠎ᠡ᠃       ᠳᠦᠷᠪᠡ᠂ ᠮᠡᠷᠭᠡᠵᠢᠯ ᠤᠨ ᠪᠠᠷᠢᠮᠵᠢᠶ᠎ᠠ       ᠬᠦᠳᠡᠭᠡ ᠲᠣᠰᠬᠤᠨ ᠤ ᠭᠠᠵᠠᠷ ᠰᠢᠷᠣᠢ ᠶᠢᠨ ᠲᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠮᠡᠷᠭᠡᠵᠢᠯ ᠤᠨ ᠪᠠᠷᠢᠮᠵᠢᠶ᠎ᠠ ᠶᠢ ᠲᠠᠷᠢᠶᠠᠯᠠᠩ ᠤᠨ ᠶᠠᠮᠣᠨ ᠤ ︽ᠬᠦᠳᠡᠭᠡ ᠲᠣᠰᠬᠤᠨ  ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠪᠠᠶᠢᠴᠠᠭᠠᠯᠲᠠ ᠶᠢᠨ ᠳᠦᠷᠢᠮ︾ ︽ᠬᠦᠳᠡᠭᠡ ᠲᠣᠰᠬᠤᠨ  ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠳᠠᠩᠰᠠᠯᠠᠬᠤ ᠳ᠋ᠠᠶᠢᠲ᠋ᠠ ᠬᠦᠮᠦᠷᠭᠡ ᠶᠢᠨ ᠳᠦᠷᠢᠮ︾ ᠬᠢᠭᠡᠳ ︽ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ   ᠡᠯᠧᠮᠧᠨ᠋ᠲ ᠶᠢ ᠳ᠋ᠣᠭᠠᠷᠯᠠᠬᠤ ᠳᠦᠷᠢᠮ︾ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃       ᠲᠠᠪᠤ᠂ ᠠᠵᠢᠯᠯᠠᠬᠤ ᠶᠠᠪᠣᠴᠠ ᠬᠢᠭᠡᠳ ᠠᠭᠤᠯᠭ᠎ᠠ     ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ   ᠶᠢ ᠨᠣᠳᠠᠯᠠᠠ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠦᠨᠳᠦᠰᠦᠨ ᠠᠯᠬᠤᠮ ᠳᠠᠷᠠᠭ᠎ᠠ ᠳᠤ᠄ ᠵᠣᠬᠢᠶᠠᠨ ᠪᠠᠶᠢᠭᠤᠯᠣᠯᠲᠠ ᠪᠠᠶᠢᠭᠤᠯᠬᠤ → ᠠᠵᠢᠯᠲᠠᠨ ᠢ ᠪᠣᠯᠪᠠᠰᠣᠷᠠᠭᠤᠯᠬᠤ → ᠣᠬᠠᠭᠤᠯᠣᠨ ᠳᠠᠶᠢᠴᠢᠯᠠᠬᠤ → ᠪᠠᠶᠢᠴᠠᠭᠠᠨ ᠪᠠᠶᠢᠳᠠᠯ ᠣᠶᠢᠯᠠᠭᠠᠬᠤ →       ᠲᠠᠷᠢᠶᠠᠴᠢᠨ ᠡᠷᠦᠬᠡ ᠡᠷᠭᠦᠳᠡᠯ ᠭᠠᠷᠭᠠᠬᠤ → ᠪᠠᠶᠢᠴᠠᠭᠠᠭᠰᠠᠨ ᠠᠵᠢᠯ   ᠤᠨ ᠡᠬᠡ ᠵᠢᠷᠤᠭ ᠵᠢᠷᠣᠬᠤ → ᠲᠣᠬᠠᠢ ᠶᠢᠨ ᠭᠠᠵᠠᠷ ᠲᠤ ᠵᠠᠭᠠᠭ ᠬᠢᠵᠠᠭᠠᠷ ᠢ ᠵᠢᠭᠠᠵᠣ ᠨᠣᠲᠠᠯᠠᠨ ᠵᠦᠪᠰᠢᠶᠡᠷᠡᠬᠦ → ᠠᠰᠠᠭᠤᠳᠠᠯ ᠢ ᠵᠠᠰᠠᠵᠣ ᠨᠦᠬᠦᠪᠦᠷᠢᠯᠡᠬᠦ →   ᠬᠡᠰᠡᠭ ᠭᠠᠵᠠᠷ ᠤᠨ ᠵᠢᠷᠤᠭ ᠵᠢᠷᠣᠬᠤ → ᠲᠠᠷᠢᠶᠠᠴᠢᠨ ᠡᠷᠦᠬᠡ ᠨᠣᠳᠠᠯᠠᠨ ᠵᠦᠪᠰᠢᠶᠡᠷᠡᠬᠦ →         ᠦᠷ᠎ᠡ ᠳ᠋ᠦᠩ ᠢ ᠵᠠᠷᠯᠠᠬᠤ → ᠦᠷ᠎ᠡ ᠳ᠋ᠦᠩ ᠢ ᠬᠢᠨᠠᠬᠤ →   ᠳᠠᠩᠰᠠᠯᠠᠬᠤ ᠳᠡᠪᠲᠡᠷ ᠢ ᠪᠠᠶᠢᠭᠤᠯᠬᠤ → ᠳ᠋ᠠᠶᠢᠲ᠋ᠠ ᠬᠦᠮᠦᠷᠭᠡ ᠪᠠᠶᠢᠭᠤᠯᠬᠤ → ᠮᠠᠲ᠋ᠧᠷᠢᠶᠠᠯ ᠢ ᠳᠠᠩᠰᠠᠨ ᠳᠤ ᠣᠷᠣᠭᠤᠯᠬᠤ →   ᠡᠷᠬᠡ ᠶᠢᠨ ᠦᠨᠡᠮᠯᠡᠯ ᠣᠯᠭᠤᠬᠤ →   ᠦᠷ᠎ᠡ ᠪᠦᠲᠦᠭᠡᠯ ᠢ ᠰᠢᠯᠭᠠᠨ ᠠᠪᠬᠤ ᠵᠡᠷᠭᠡ ᠪᠠᠭᠲᠠᠨ᠎ᠠ᠃       ︵ᠨᠢᠭᠡ︶ ᠵᠣᠬᠢᠶᠠᠨ ᠪᠠᠶᠢᠭᠤᠯᠣᠯᠲᠠ ᠪᠠᠶᠢᠭᠤᠯᠬᠤ     ᠬᠤᠰᠢᠭᠤᠨ ᠤ ᠵᠠᠰᠠᠭ ᠤᠨ ᠣᠷᠳᠣᠨ ᠤ ᠭᠤᠣᠯ ᠣᠳᠣᠷᠢᠳᠣᠯᠭ᠎ᠠ ᠲᠣᠭᠤᠶᠢᠯᠠᠩ ᠤᠨ ᠳᠠᠷᠤᠭ᠎ᠠ ᠶᠢᠨ ᠲᠣᠰᠢᠶᠠᠯ  ᠢ ᠬᠠᠷᠢᠭᠤᠴᠠᠭᠰᠠᠨ ᠬᠦᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ   ᠣᠯᠭᠤᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠣ᠂ ᠰᠠᠯᠠᠭ᠎ᠠ ᠮᠦᠴᠢᠷ ᠤᠨ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠣ ᠲᠣᠷᠰᠢᠯᠲᠠ ᠶᠢᠨ ᠴᠢᠭ᠋ ᠤᠨ ᠠᠵᠢᠯ ᠢ ᠵᠢᠯᠣᠭᠤᠳᠴᠣ ᠦᠷᠨᠢᠬᠦᠯᠦᠨ᠎ᠡ᠃ ᠰᠣᠮᠣ ᠰᠢᠶᠠᠩ ᠪᠠᠯᠭᠠᠰᠣ ᠲᠠᠯᠠᠪᠠᠢ ᠬᠠᠷᠠᠭᠠᠯᠵᠠᠭᠰᠠᠨ ᠣᠳᠣᠷᠢᠳᠬᠤ ᠳᠣᠭᠤᠶᠢᠯᠠᠩ ᠬᠢᠭᠡᠳ ᠠᠵᠢᠯ ᠤᠨ ᠳᠣᠭᠤᠶᠢᠯᠠᠩ ᠢ ᠪᠠᠶᠢᠭᠤᠯᠵᠣ᠂ ᠪᠣᠲᠠᠲᠠᠢ ᠬᠠᠷᠢᠭᠤᠴᠠᠨ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠠᠴᠠ ᠲᠣᠰᠬᠤᠨ᠂ ᠳᠣᠭᠤᠶᠢᠯᠠᠩ ᠤᠨ ᠺᠠᠳ᠋ᠷ᠂ ᠠᠬᠠᠮᠠᠳ ᠨᠠᠮ ᠤᠨ ᠭᠡᠰᠢᠭᠦᠨ ᠬᠢᠭᠡᠳ ᠲᠣᠰᠬᠤᠨ ᠤ ᠠᠷᠠᠳ ᠤᠨ ᠳᠣᠭᠤᠶᠢᠯᠠᠩ ᠤᠨ ᠲᠠᠷᠢᠶᠠᠴᠢᠨ ᠤ ᠲᠦᠯᠦᠭᠡᠯᠡᠭᠴᠢ ᠪᠠᠷ ᠪᠦᠷᠢᠯᠳᠦᠭᠰᠡᠨ ᠠᠵᠢᠯ ᠤᠨ ᠳᠣᠭᠤᠶᠢᠯᠠᠩ ᠢ ᠪᠠᠶᠢᠭᠤᠯᠵᠣ᠂ ᠬᠤᠯᠪᠣᠭᠳᠠᠯ ᠪᠦᠬᠦᠢ ᠠᠵᠢᠯ ᠢ ᠬᠠᠮᠵᠢᠯᠴᠠᠨ ᠰᠠᠶᠢᠲᠣᠷ ᠬᠢᠬᠦ ᠬᠡᠷᠡᠭᠲᠡᠢ᠃       ︵ᠬᠤᠶᠠᠷ︶ ᠠᠵᠢᠯᠲᠠᠨ ᠤ ᠪᠣᠯᠪᠠᠰᠣᠷᠠᠯ     ᠬᠤᠰᠢᠭᠤ᠂ ᠰᠣᠮᠣ ᠰᠢᠶᠠᠩ ᠪᠠᠯᠭᠠᠰᠣ ᠲᠠᠯᠠᠪᠠᠢ᠂ ᠬᠦᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠬᠤ ᠠᠵᠢᠯ ᠤᠨ ᠡᠩᠨᠡᠭᠡ ᠶᠢ ᠳᠡᠰ ᠬᠤᠪᠢᠶᠠᠨ ᠪᠣᠯᠪᠠᠰᠣᠷᠠᠭᠤᠯᠵᠣ᠂ ᠬᠦᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠲᠣᠬᠠᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠬᠢᠭᠡᠳ ᠪᠣᠲᠠᠲᠠᠢ ᠠᠵᠢᠯᠯᠠᠬᠤ ᠮᠡᠳᠡᠯᠭᠡ ᠪᠠᠷ ᠪᠣᠯᠪᠠᠰᠣᠷᠠᠯ ᠤᠨ ᠠᠭᠤᠯᠭ᠎ᠠ ᠶᠢᠨ ᠭᠤᠣᠯᠳᠠᠯᠭ᠎ᠠ ᠪᠣᠯᠭᠠᠨ᠎ᠠ᠃     ︵ᠭᠤᠷᠪᠠ︶ ᠣᠬᠠᠭᠤᠯᠣᠨ ᠳᠠᠶᠢᠴᠢᠯᠠᠬᠤ   ᠡᠷᠬᠡ ᠲᠣᠰᠢᠶᠠᠯᠲᠣ ᠰᠠᠯᠠᠭ᠎ᠠ ᠮᠦᠴᠢᠷ ᠤᠨ ᠬᠢᠨ ᠬᠠᠷᠢᠭᠤᠴᠠᠵᠣ ᠵᠠᠭᠤᠴᠢᠯᠠᠭᠤᠷ᠂ ᠰᠦᠯᠵᠢᠶᠡᠨ ᠦᠷᠲᠡᠭᠡ ᠶᠢ ᠵᠣᠬᠢᠶᠠᠨ ᠪᠠᠶᠢᠭᠤᠯᠵᠣ ᠨᠣᠳᠠᠯᠠᠨ ᠳᠠᠩᠰᠠᠯᠠᠬᠤ ᠲᠣᠷᠰᠢᠯᠲᠠ ᠶᠢᠨ ᠴᠢᠭ᠋ ᠤᠨ ᠠᠵᠢᠯ ᠤᠨ ᠠᠴᠢ ᠬᠤᠯᠪᠣᠭᠳᠠᠯ ᠬᠢᠭᠡᠳ ᠴᠢᠬᠤᠯᠠ ᠴᠢᠨᠠᠷ ᠢ   ᠣᠬᠠᠭᠤᠯᠣᠨ᠎ᠠ᠃ ᠮᠠᠲ᠋ᠧᠷᠢᠶᠠᠯ ᠢ ᠳᠣᠷᠣᠭᠰᠢ ᠲᠠᠷᠬᠠᠭᠠᠵᠣ᠂ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠨ᠎ᠠ᠃ ᠳᠠᠶᠢᠴᠢᠯᠠᠯᠲᠠ ᠶᠢᠨ ᠬᠤᠷᠠᠯ ᠢ ᠬᠤᠷᠠᠯᠳᠣᠭᠤᠯᠵᠣ᠂ ᠵᠣᠬᠢᠶᠠᠨ ᠪᠠᠶᠢᠭᠤᠯᠵᠣ ᠣᠬᠠᠭᠤᠯᠣᠨ ᠳᠠᠶᠢᠴᠢᠯᠠᠨ᠎ᠠ᠃ ᠣᠬᠠᠭᠤᠯᠭ᠎ᠠ ᠶᠢᠨ ᠭᠠᠷ ᠳᠡᠪᠲᠡᠷ ᠪᠣᠶᠣ ᠲᠠᠷᠢᠶᠠᠴᠢᠨ ᠳᠤ ᠦᠭᠭᠦᠭᠰᠡᠨ ᠨᠢᠭᠡ ᠬᠤᠪᠢ ᠵᠠᠬᠢᠳᠠᠯ ᠢ ᠳᠠᠷᠣᠮᠠᠯᠯᠠᠨ ᠲᠠᠷᠬᠠᠭᠠᠵᠣ ᠲᠦᠷᠦ ᠶᠢᠨ ᠪᠣᠳᠣᠯᠭ᠎ᠠ ᠶᠢ ᠣᠯᠠᠨ ᠲᠦᠮᠡᠨ ᠳᠤ ᠲᠣᠰᠢᠶᠠᠨ᠂ ᠶᠠᠷᠢᠶ᠎ᠠ ᠬᠡᠯᠡᠯᠴᠡᠭᠡ ᠶᠢᠨ ᠠᠭᠣ᠋ ᠠᠮᠢᠰᠬᠤᠯ ᠢ ᠪᠣᠢ ᠪᠣᠯᠭᠠᠨ᠎ᠠ᠃       ︵ᠳᠦᠷᠪᠡ︶   ᠪᠠᠶᠢᠳᠠᠯ ᠢ ᠪᠠᠶᠢᠴᠠᠭᠠᠨ ᠣᠶᠢᠯᠠᠭᠠᠬᠤ     ᠲᠣᠰᠬᠤᠨ ᠤ ᠠᠷᠠᠳ ᠤᠨ ᠳᠣᠭᠤᠶᠢᠯᠠᠩ ᠢᠶᠠᠷ ᠨᠢᠭᠡᠴᠢ ᠪᠣᠯᠭᠠᠵᠣ᠂ ᠭᠠᠵᠠᠷ ᠰᠢᠷᠣᠢ ᠶᠢᠨ ᠳᠠᠭᠠᠭᠠᠴᠢᠯᠠᠯᠲᠠ  ᠶᠢᠨ ᠳᠠᠩᠰᠠ ᠡᠪᠬᠡᠮᠡᠯ ᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠣ ᠡᠮᠬᠢᠯᠡᠨ᠂ ᠭᠠᠵᠠᠷ ᠰᠢᠷᠣᠢ ᠶᠢᠨ ᠳᠠᠭᠠᠭᠠᠴᠢᠯᠠᠯᠲᠠ  ᠶᠢᠨ ᠲᠦᠰᠦᠯ᠂ ᠳᠠᠭᠠᠭᠠᠴᠢᠯᠠᠯᠲᠠ ᠶᠢᠨ ᠭᠡᠷ᠎ᠡ᠂ ᠳᠠᠭᠠᠭᠠᠴᠢᠯᠠᠯᠲᠠ ᠶᠢᠨ ᠡᠬᠡ ᠳᠠᠩᠰᠠ ᠪᠦᠷᠢᠨ ᠪᠣᠰᠣ᠂ ᠬᠠᠮᠢᠶᠠᠷᠣᠯᠲᠠ ᠳᠦᠷᠢᠮᠵᠢᠭᠦᠨ ᠪᠣᠰᠣ ᠵᠡᠷᠭᠡ ᠠᠰᠠᠭᠤᠳᠠᠯ ᠤᠨ ᠲᠣᠬᠠᠢ ᠠᠵᠢᠯ ᠢ ᠲᠡᠭᠦᠯᠳᠡᠷᠵᠢᠭᠦᠯᠬᠦ ᠶᠢ ᠰᠠᠶᠢᠲᠣᠷ ᠬᠢᠬᠦ ᠬᠡᠷᠡᠭᠲᠡᠢ᠃ ᠦᠯᠡᠳᠡᠭᠳᠡᠯ ᠠᠰᠠᠭᠤᠳᠠᠯ ᠤᠨ ᠲᠣᠬᠠᠢ ᠪᠠᠶᠢᠳᠠᠯ ᠢ ᠦᠨᠳᠦᠰᠦᠯᠡᠵᠦ᠂ ᠭᠠᠵᠠᠷ ᠰᠢᠷᠣᠢ ᠶᠢᠨ ᠳᠠᠭᠠᠭᠭᠠᠴᠢᠯᠠᠯᠲᠠ ᠶᠢᠨ ᠭᠡᠷ᠎ᠡ ᠶᠢ ᠬᠤᠪᠢᠷᠠᠭᠠᠬᠤ᠂ ᠬᠦᠴᠦᠨ ᠦᠭᠡᠢ ᠪᠣᠯᠭᠠᠬᠤ ᠬᠢᠭᠡᠳ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠨ ᠡᠷᠬᠡ ᠶᠢ ᠬᠤᠪᠢᠷᠠᠭᠠᠬᠤ᠂ ᠬᠠᠰᠣᠬᠤ ᠵᠡᠷᠭᠡ ᠠᠵᠢᠯ ᠢ ᠰᠠᠶᠢᠲᠣᠷ ᠬᠢᠬᠦ ᠬᠡᠷᠡᠭᠲᠡᠢ᠃     ︵ᠲᠠᠪᠤ︶ ᠲᠠᠷᠢᠶᠠᠴᠢᠨ ᠡᠷᠦᠬᠡ ᠭᠤᠶᠣᠴᠢᠯᠠᠬᠤ       ᠰᠢᠶᠠᠩ ᠪᠠᠯᠭᠠᠰᠣᠨ ᠤ ᠵᠠᠰᠠᠭ ᠤᠨ ᠣᠷᠳᠣᠨ ᠵᠣᠬᠢᠶᠠᠨ ᠪᠠᠶᠢᠭᠤᠯᠵᠣ᠂ ᠬᠦᠳᠡᠭᠡ ᠲᠣᠰᠬᠤᠨ ᠤ ᠭᠠᠵᠠᠷ ᠰᠢᠷᠣᠢ  ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠨᠢᠭᠡᠲᠦᠯᠲᠡᠢ ᠵᠠᠭᠪᠣᠷ ᠤᠨ ᠭᠤᠶᠣᠴᠢᠯᠠᠬᠤ ᠪᠢᠴᠢᠭ ᠢ ᠲᠠᠷᠬᠠᠭᠠᠵᠣ᠂ ᠳᠠᠭᠠᠭᠠᠴᠢᠯᠠᠭᠴᠢ ᠡᠲᠡᠭᠡᠳ ᠲᠠᠭᠯᠠᠵᠣ ᠪᠢᠴᠢᠨ᠎ᠡ᠃ ᠭᠤᠶᠣᠴᠢᠯᠠᠬᠤ ᠪᠢᠴᠢᠭ ᠲᠤ ᠲᠠᠭᠯᠠᠭᠰᠠᠨ ᠳᠠᠭᠠᠭᠠᠴᠢᠯᠠᠭᠴᠢ ᠡᠲᠡᠭᠡᠳ ᠤᠨ   ᠡᠷᠦᠬᠡ ᠠᠮᠠ ᠶᠢᠨ ᠮᠡᠳᠡᠭᠡ ᠵᠠᠩᠭᠢ ᠨᠢ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠲᠠᠢ ᠪᠠᠨ ᠬᠠᠷᠢᠯᠴᠠᠨ ᠠᠳᠠᠯᠢ ᠪᠠᠶᠢᠬᠤ ᠬᠡᠷᠡᠭᠲᠡᠢ᠃ ᠭᠤᠶᠣᠴᠢᠯᠠᠬᠤ ᠪᠢᠴᠢᠭ ᠢ ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭ᠎ᠠ ᠲᠣᠰᠬᠤᠨ ᠤ ᠠᠵᠢᠯ ᠤᠨ ᠳᠣᠭᠤᠶᠢᠯᠠᠩ ᠬᠤᠶᠠᠳᠣᠭᠠᠷ ᠡᠭᠡᠯᠵᠢ ᠶᠢᠨ ᠳᠠᠭᠠᠭᠠᠴᠢᠯᠠᠭᠴᠢ ᠶᠢᠨ ᠭᠡᠷ᠎ᠡ ᠪᠠ ᠡᠷᠦᠬᠡ ᠠᠮᠣ ᠶᠢᠨ ᠮᠡᠳᠡᠭᠡ ᠵᠠᠩᠭᠢ ᠶᠢ ᠦᠨᠳᠦᠰᠦᠯᠡᠨ ᠬᠢᠨᠠᠨ ᠬᠠᠷᠭᠤᠭᠤᠯᠵᠣ᠂ ᠲᠣᠰᠬᠤᠨ ᠤ ᠠᠷᠠᠳ ᠤᠨ ᠳᠣᠭᠤᠶᠢᠯᠠᠩ ᠢᠶᠠᠷ ᠨᠢᠭᠡᠴᠢ ᠪᠣᠯᠭᠠᠨ ᠲᠣᠰᠬᠤᠨ  ᠤ ᠳᠡᠰ ᠤᠨ ᠬᠢᠨ ᠬᠤᠷᠢᠶᠠᠩᠭᠤᠶᠢᠯᠠᠵᠣ᠂ ᠰᠣᠮᠣ ᠰᠢᠶᠠᠩ ᠪᠠᠯᠭᠠᠰᠣ ᠲᠠᠯᠠᠪᠠᠢ ᠶᠢᠨ ᠠᠵᠢᠯ ᠤᠨ ᠣᠳᠣᠷᠢᠳᠬᠤ ᠳᠣᠭᠤᠶᠢᠯᠠᠩ ᠳᠤ ᠮᠡᠳᠡᠭᠦᠯᠦᠨ᠎ᠡ᠃       ︵ᠵᠢᠷᠭᠤᠭ᠎ᠠ︶ ᠪᠠᠶᠢᠴᠠᠭᠠᠭᠰᠠᠨ ᠠᠵᠢᠯ ᠤᠨ ᠡᠬᠡ ᠵᠢᠷᠤᠭ ᠢ ᠵᠣᠬᠢᠶᠠᠬᠤ     ᠠᠵᠢᠯ ᠤᠨ ᠡᠬᠡ ᠵᠢᠷᠤᠭ ᠤᠨ ᠦᠨᠳᠦᠰᠦᠨ ᠬᠠᠷᠢᠴᠠᠯᠲᠣ ‍ᠣᠣᠢ ᠶᠢ 1᠄ 500 — 1᠄ 2000 ᠪᠠᠷ ᠭᠤᠣᠯ ᠪᠣᠯᠭᠠᠵᠣ ᠳᠣᠲᠣᠨ᠎ᠠ ᠭᠠᠳᠠᠨ᠎ᠠ ᠶᠢᠨ ᠠᠵᠢᠯ ᠢ ᠨᠢᠭᠡ ᠴᠣᠭᠴᠠᠵᠢᠭᠤᠯᠣᠭᠰᠠᠨ ᠵᠢᠷᠤᠭ ᠪᠦᠲᠦᠭᠡᠬᠦ ᠠᠷᠭ᠎ᠠ᠂ ᠲᠣᠭᠠᠨ ᠤ ᠭᠡᠷᠡᠯ ᠵᠢᠷᠤᠭ ᠤᠨ ᠬᠡᠮᠵᠢᠯᠲᠡ ᠪᠠᠷ ᠵᠢᠷᠤᠭ ᠪᠦᠲᠦᠭᠡᠬᠦ ᠠᠷᠭ᠎ᠠ᠂ ᠬᠠᠪᠲᠠᠭᠠᠢ ᠬᠡᠮᠵᠢᠯᠲᠡ ᠶᠢᠨ ᠠᠷᠭ᠎ᠠ ᠪᠠᠷ ᠵᠢᠷᠤᠭ ᠪᠦᠲᠦᠭᠡᠬᠦ ᠠᠷᠭ᠎ᠠ᠂ ᠨᠠᠶᠢᠷᠠᠭᠤᠯᠣᠨ ᠵᠢᠷᠣᠭᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ   ᠠᠵᠢᠯ ᠤᠨ ᠡᠬᠡ ᠵᠢᠷᠤᠭ ᠢ ᠵᠣᠬᠢᠶᠠᠵᠣ ᠪᠣᠯᠣᠨ᠎ᠠ᠃ ᠲᠣᠰᠬᠠᠢ ᠬᠡᠮᠵᠢᠨ ᠵᠢᠷᠣᠬᠤ ᠠᠩᠭᠢ ︵ᠺᠣᠮᠫᠠᠨᠢ︶ ᠲᠠᠶᠢᠯᠪᠣᠷᠢᠯᠠᠨ ᠣᠷᠴᠢᠭᠤᠯᠵᠣ᠂ ᠬᠡᠯᠪᠡᠷᠢᠯ  ᠢ ᠵᠠᠯᠠᠷᠠᠭᠤᠯᠣᠭᠰᠠᠨ ᠤ ᠳᠠᠷᠠᠭᠠᠬᠢ ᠠᠵᠢᠯ ᠤᠨ ᠡᠬᠡ ᠵᠢᠷᠤᠭ ᠢᠶᠠᠷ ᠬᠦᠳᠡᠭᠡ ᠲᠣᠰᠬᠤᠨ ᠤ ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠪᠠᠶᠢᠴᠠᠭᠠᠯᠲᠠ ᠶᠢᠨ ᠡᠬᠡ ᠵᠢᠷᠤᠭ ᠪᠣᠯᠭᠠᠨ᠎ᠠ᠃ ᠪᠣᠳᠠᠳᠣ ᠭᠠᠵᠠᠷ ᠲᠤ ᠬᠡᠮᠵᠢᠨ ᠵᠢᠷᠣᠬᠤ ᠪᠠᠷ ᠳᠠᠮᠵᠢᠵᠣ ᠬᠦᠳᠡᠭᠡ ᠲᠣᠰᠬᠤᠨ ᠤ ᠳᠠᠭᠠᠭᠠᠴᠢᠯᠠᠭᠰᠠᠨ ᠭᠠᠵᠠᠷ ᠤᠨ ᠲᠠᠷᠢᠶᠠᠨ ᠭᠠᠵᠠᠷ ᠤᠨ ᠬᠡᠰᠡᠭᠲᠦ ᠵᠢᠷᠤᠭ ᠢ ᠴᠣᠭᠯᠠᠭᠤᠯᠵᠣ᠂ ᠲᠣᠰᠬᠤᠨ ᠤ ᠠᠷᠠᠳ  ᠤᠨ ᠪᠠᠭ᠎ᠠ ᠳᠣᠭᠤᠶᠢᠯᠠᠩ ᠤᠨ ᠬᠡᠰᠡᠭ ᠲᠠᠷᠢᠶᠠᠨ ᠭᠠᠵᠠᠷ ᠤᠨ ᠵᠢᠷᠤᠭ ᠢ ᠪᠦᠷᠢᠯᠳᠦᠭᠦᠯᠦᠨ᠂ ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭ᠎ᠠ ᠲᠣᠰᠬᠤᠨ ᠬᠢᠭᠡᠳ ᠭᠠᠴᠠᠭᠠᠨ ᠤ ᠠᠷᠠᠳ ᠤᠨ ᠪᠠᠭ᠎ᠠ ᠳᠣᠭᠤᠶᠢᠯᠠᠩ ᠳᠤ ᠬᠠᠩᠭᠠᠵᠣ ᠦᠭᠭᠦᠨ᠎ᠡ᠃     ︵ᠳᠣᠯᠤᠭ᠎ᠠ︶ ᠲᠣᠬᠠᠢ ᠶᠢᠨ ᠭᠠᠵᠠᠷ ᠲᠤ ᠵᠠᠭᠠᠭ ᠬᠢᠵᠠᠭᠠᠷ ᠢ ᠵᠢᠭᠠᠵᠣ ᠨᠣᠲᠠᠯᠠᠨ ᠲᠣᠭᠲᠠᠭᠠᠬᠤ     ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭ᠎ᠠ ᠲᠣᠰᠬᠤᠨ ᠤ ᠠᠵᠢᠯ ᠤᠨ ᠪᠠᠭ᠎ᠠ ᠳᠣᠭᠤᠶᠢᠯᠠᠩ ᠬᠢᠭᠡᠳ ᠲᠣᠰᠬᠠᠢ ᠬᠡᠮᠵᠢᠨ ᠵᠢᠷᠣᠬᠤ ᠠᠵᠢᠯᠲᠠᠨ ᠢᠶᠠᠷ ᠪᠦᠷᠢᠯᠳᠦᠭᠰᠡᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ  ᠤᠨ ᠵᠠᠭᠠᠭ ᠬᠢᠵᠠᠭᠠᠷ ᠢ ᠲᠣᠳᠣᠯᠠᠵᠣ ᠲᠣᠭᠲᠠᠭᠠᠬᠤ ᠪᠠᠭ᠎ᠠ ᠳᠣᠭᠤᠶᠢᠯᠠᠩ᠂ ᠭᠤᠶᠣᠴᠢᠯᠠᠭᠰᠠᠨ ᠲᠠᠷᠢᠶᠠᠴᠢᠨ ᠡᠷᠦᠬᠡ ᠪᠣᠶᠣ ᠨᠠᠶᠢᠳᠠᠭᠴᠢ ᠡᠲᠡᠭᠡᠳ ᠲᠠᠢ ᠬᠠᠮᠲᠣ ᠪᠠᠷ ᠳᠠᠭᠠᠭᠠᠴᠢᠯᠠᠯᠲᠠ ᠶᠢᠨ ᠡᠷᠦᠬᠡ ᠶᠢᠨ ᠬᠠᠷᠢᠶ᠎ᠠ ᠭᠠᠵᠠᠷ ᠤᠨ ᠵᠠᠭᠠᠭ ᠬᠢᠵᠠᠭᠠᠷ ᠢ ᠲᠣᠬᠠᠢ ᠶᠢᠨ ᠭᠠᠵᠠᠷ ᠲᠤ ᠲᠣᠳᠣᠷᠬᠠᠶᠢᠯᠠᠨ   ᠨᠣᠲᠠᠯᠠᠨ ᠲᠣᠭᠲᠠᠭᠠᠨ᠎ᠠ᠃ ᠲᠣᠳᠣᠷᠬᠠᠶᠢᠯᠠᠨ ᠨᠣᠲᠠᠯᠠᠭᠰᠠᠨ ᠭᠠᠵᠠᠷ ᠤᠨ ᠳᠠᠭᠠᠭᠠᠴᠢᠯᠠᠭᠰᠠᠨ ᠡᠷᠦᠬᠡ ᠶᠢᠨ ᠣᠪᠣᠭ ᠨᠡᠷ ᠬᠢᠭᠡᠳ ᠳᠠᠭᠠᠭᠠᠴᠢᠯᠠᠭᠰᠠᠨ ᠡᠷᠦᠬᠡ ᠶᠢᠨ ᠭᠤᠶᠣᠴᠢᠯᠠᠬᠤ ᠪᠢᠴᠢᠭ ᠲᠤ ᠲᠠᠭᠯᠠᠭᠰᠠᠨ ᠣᠪᠣᠭ ᠨᠡᠷ᠎ᠡ ᠨᠢ ᠬᠠᠷᠢᠯᠴᠠᠨ ᠨᠢᠭᠡᠲᠦᠯᠲᠡᠢ ᠪᠠᠶᠢᠬᠤ ᠬᠡᠷᠡᠭᠲᠡᠢ᠃ ᠲᠣᠬᠠᠢ ᠶᠢᠨ ᠭᠠᠵᠠᠷ  ᠲᠤ ᠵᠠᠭᠠᠭ ᠬᠢᠵᠠᠭᠠᠷ ᠢ ᠲᠣᠳᠣᠯᠠᠨ ᠲᠣᠭᠲᠠᠭᠠᠰᠠᠨ ᠤ ᠳᠠᠷᠠᠭ᠎ᠠ ᠠᠵᠢᠯᠲᠠᠨ ᠲᠣᠳᠣᠷᠬᠠᠶᠢᠯᠠᠯᠲᠠ ᠬᠠᠳᠠᠵᠣ ᠵᠢᠷᠤᠭ ᠲᠤ ᠲᠡᠮᠲᠡᠭᠯᠡᠨ᠂ ᠳᠠᠭᠠᠭᠠᠴᠢᠯᠠᠯᠲᠠ ᠶᠢᠨ ᠡᠷᠦᠬᠡ ᠪᠣᠶᠣ ᠨᠠᠶᠢᠳᠠᠭᠴᠢ᠂ ᠲᠣᠰᠬᠤᠨ ᠤ ᠳᠣᠭᠤᠶᠢᠯᠠᠩ ᠤᠨ ᠬᠠᠷᠢᠭᠤᠴᠠᠭᠴᠢ᠂ ᠠᠵᠢᠯ ᠤᠨ ᠡᠬᠡ ᠵᠢᠷᠤᠭ ᠲᠤ ᠭᠠᠷ ᠤᠨ ᠦᠰᠦᠭ ᠵᠢᠷᠣᠵᠣ ᠨᠣᠳᠠᠯᠠᠨ ᠵᠦᠪᠰᠢᠶᠡᠷᠡᠨ᠎ᠡ᠃     ︵ᠨᠠᠢᠮᠠ︶ ᠠᠰᠠᠭᠤᠳᠠᠯ ᠢ ᠵᠠᠰᠠᠵᠣ ᠨᠦᠬᠦᠪᠦᠷᠢᠯᠡᠬᠦ       ᠲᠣᠬᠠᠢ ᠶᠢᠨ ᠭᠠᠵᠠᠷ ᠲᠤ ᠵᠠᠭᠠᠭ ᠬᠢᠵᠠᠭᠠᠷ ᠢ ᠲᠣᠳᠣᠯᠠᠨ ᠲᠣᠭᠲᠠᠭᠠᠬᠤ ᠶᠠᠪᠣᠴᠠ ᠳᠤ᠂ ᠣᠳᠣᠬᠢ ᠪᠠᠶᠢᠳᠠᠯ ᠬᠢᠭᠡᠳ ᠲᠠᠶᠢᠯᠪᠣᠷᠢᠯᠠᠨ ᠣᠷᠴᠢᠭᠤᠯᠣᠭᠰᠠᠨ ᠪᠠᠶᠢᠴᠠᠭᠠᠯᠲᠠ ᠶᠢᠨ ᠠᠵᠢᠯ ᠤᠨ ᠡᠬᠡ ᠵᠢᠷᠤᠭ   ᠬᠠᠷᠢᠯᠴᠠᠨ ᠨᠡᠶᠢᠴᠡᠬᠦ ᠦᠭᠡᠢ ᠪᠠᠶᠢᠳᠠᠯ ᠢ ᠢᠯᠡᠷᠡᠭᠦᠯᠬᠦ︔ ᠡᠰᠡᠭᠦᠯ᠎ᠡ ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭᠠᠨ ᠤ ᠠᠵᠢᠯ ᠤᠨ ᠪᠠᠭ᠎ᠠ ᠳᠣᠭᠤᠶᠢᠯᠠᠩ᠂ ᠡᠯ᠎ᠡ ᠭᠠᠴᠠᠭ᠎ᠠ ᠲᠣᠰᠬᠤᠨ ᠤ ᠠᠵᠢᠯ ᠤᠨ ᠪᠠᠭ᠎ᠠ ᠳᠣᠭᠤᠶᠢᠯᠠᠩ᠂ ᠡᠯ᠎ᠡ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠤᠨ ᠲᠠᠷᠢᠶᠠᠨ ᠭᠠᠵᠠᠷ ᠤᠨ ᠵᠢᠷᠤᠭ ᠵᠢᠴᠢ ᠲᠣᠳᠣᠯᠠᠨ ᠨᠣᠲᠠᠯᠠᠭᠰᠠᠨ ᠦᠷ᠎ᠡ ᠳ᠋ᠦᠩ ᠢ ᠬᠢᠨᠠᠨ ᠬᠠᠷᠭᠤᠭᠤᠯᠬᠤ ᠳᠤ   ᠬᠡᠰᠡᠭ ᠲᠠᠷᠢᠶᠠᠨ ᠭᠠᠵᠠᠷ ᠤᠨ ᠵᠢᠷᠤᠭ᠂ ᠪᠣᠲᠠᠲᠠᠢ   ᠲᠠᠢ ᠵᠦᠷᠢᠶ᠎ᠡ ᠨᠡᠯᠡᠶᠡᠳ ᠶᠡᠭᠡ ᠪᠠᠶᠢᠬᠤ ᠶᠢ ᠢᠯᠡᠷᠡᠭᠦᠯᠵᠦ᠂ ᠳᠠᠭᠠᠭᠠᠴᠢᠯᠠᠯᠲᠠ ᠶᠢᠨ ᠡᠷᠦᠬᠡ ᠰᠡᠵᠢᠭᠯᠡᠯ ᠲᠠᠢ ᠪᠠᠶᠢᠪᠠᠯ ᠲᠣᠰᠬᠠᠢ ᠬᠡᠮᠵᠢᠨ ᠵᠢᠷᠣᠬᠤ ᠠᠵᠢᠯᠲᠠᠨ ᠠᠴᠠ ᠦᠨᠡᠨ ᠪᠣᠲᠠᠲᠠᠢ ᠪᠠᠷ ᠭᠠᠳᠠᠨ᠎ᠠ ᠠᠵᠢᠯ ᠤᠨ ᠵᠠᠰᠠᠨ ᠨᠦᠬᠦᠪᠦᠷᠢᠯᠡᠬᠦ ᠬᠡᠮᠵᠢᠯᠲᠡ ᠶᠢ ᠬᠢᠵᠦ᠂ ᠡᠴᠦᠰ   ᠲᠤ ᠣᠳᠣ  ᠶᠢᠨ ᠪᠠᠶᠢᠳᠠᠯ   ᠲᠠᠢ ᠨᠢᠭᠡᠲᠦᠯᠲᠡᠢ ᠭᠠᠴᠠᠭᠠᠨ ᠤ ᠠᠷᠠᠳ ᠤᠨ ᠪᠠᠭ᠎ᠠ ᠳᠣᠭᠤᠶᠢᠯᠠᠩ ᠤᠨ ᠬᠡᠰᠡᠭ ᠲᠠᠷᠢᠶᠠᠨ ᠭᠠᠵᠠᠷ ᠤᠨ ᠵᠢᠷᠤᠭ ᠢ ᠪᠦᠷᠢᠯᠳᠦᠭᠦᠯᠦᠨ᠎ᠡ᠃     ︵ᠶᠢᠰᠦ︶   ᠬᠡᠰᠡᠭ ᠭᠠᠵᠠᠷ ᠤᠨ ᠵᠢᠷᠤᠭ ᠵᠢᠷᠣᠬᠤ     ᠭᠠᠵᠠᠷ ᠰᠢᠷᠣᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ   ᠳᠤ ᠣᠷᠣᠯᠴᠠᠭᠰᠠᠨ ᠲᠣᠰᠬᠠᠢ ᠬᠡᠮᠵᠢᠨ ᠵᠢᠷᠣᠬᠤ ᠠᠩᠭᠢ ᠶᠢᠨ ᠬᠢᠨ ᠬᠡᠮᠵᠢᠯᠲᠡ ᠶᠢ ᠵᠠᠰᠠᠨ ᠲᠡᠭᠦᠯᠳᠡᠷᠵᠢᠭᠦᠯᠦᠭᠰᠡᠨ ᠤ ᠳᠠᠷᠠᠭᠠᠬᠢ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠤᠨ ᠬᠡᠰᠡᠭ ᠲᠠᠷᠢᠶᠠᠨ ᠭᠠᠵᠠᠷ  ᠤᠨ ᠵᠢᠷᠤᠭ ᠢ ᠦᠨᠳᠦᠰᠦᠯᠡᠵᠦ᠂ ᠳᠠᠭᠠᠭᠠᠴᠢᠯᠠᠯᠲᠠ ᠶᠢᠨ ᠡᠷᠦᠬᠡ ᠶᠢᠨ ᠳᠠᠭᠠᠭᠠᠴᠢᠯᠠᠯᠲᠠ ᠶᠢᠨ ᠭᠠᠵᠠᠷ ᠤᠨ ᠬᠡᠰᠡᠭ ᠭᠠᠵᠠᠷ ᠤᠨ ᠵᠢᠷᠤᠭ ᠢ ᠵᠢᠷᠣᠨ᠎ᠠ᠃     ︵ᠠᠷᠪᠠ︶ ᠲᠠᠷᠢᠶᠠᠴᠢᠨ ᠡᠷᠦᠬᠡ ᠨᠣᠳᠠᠯᠠᠨ ᠵᠦᠪᠰᠢᠶᠡᠷᠡᠬᠦ     ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭ᠎ᠠ ᠲᠣᠰᠬᠤᠨ ᠤ ᠠᠵᠢᠯ ᠤᠨ ᠳᠣᠭᠤᠶᠢᠯᠠᠩ ᠠᠴᠠ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠵᠣ᠂ ᠳᠠᠭᠠᠭᠠᠴᠢᠯᠠᠭᠰᠠᠨ ᠭᠠᠵᠠᠷ ᠤᠨ ᠬᠡᠰᠡᠭ ᠭᠠᠵᠠᠷ ᠤᠨ ᠵᠢᠷᠤᠭ ᠲᠤ ᠬᠠᠮᠤᠭ ᠰᠡᠭᠦᠯ  ᠤᠨ ᠨᠣᠲᠠᠯᠠᠯᠲᠠ ᠬᠢᠵᠦ᠂ ᠬᠠᠮᠲᠣ ᠳᠤ ᠨᠢ ᠬᠠᠷᠠᠭᠠᠯᠵᠠᠭᠰᠠᠨ ᠵᠢᠷᠤᠭ ᠬᠢᠭᠡᠳ ᠬᠦᠰᠦᠨᠦᠭ ᠲᠤ ᠭᠠᠷ ᠤᠨ ᠦᠰᠦᠭ ᠵᠢᠷᠣᠵᠣ ᠲᠠᠮᠠᠭ᠎ᠠ ᠳᠠᠷᠣᠨ᠎ᠠ᠃   ︵ᠠᠷᠪᠠᠨ ᠨᠢᠭᠡ︶ ᠦᠷ᠎ᠡ ᠳ᠋ᠦᠩ ᠢ ᠵᠠᠷᠯᠠᠬᠤ   ᠰᠣᠮᠣ ᠰᠢᠶᠠᠩ ᠪᠠᠯᠭᠠᠰᠣ ᠲᠠᠯᠠᠪᠠᠢ᠂ ᠭᠠᠴᠠᠭ᠎ᠠ ᠲᠣᠰᠬᠤᠨ ᠤ ᠠᠵᠢᠯ ᠤᠨ ᠳᠣᠭᠤᠶᠢᠯᠠᠩ ᠵᠢᠴᠢ ᠲᠠᠷᠢᠶᠠᠴᠢᠨ ᠡᠷᠦᠬᠡ ᠶᠢᠨ ᠨᠣᠳᠠᠯᠠᠨ ᠵᠦᠪᠰᠢᠶᠡᠷᠡᠭᠰᠡᠨ ᠦᠷ᠎ᠡ ᠳ᠋ᠦᠩ ᠢ ᠵᠠᠰᠠᠭ ᠵᠠᠬᠢᠷᠭᠠᠨ ᠤ ᠲᠣᠰᠬᠤᠨ ᠪᠣᠶᠣ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠢᠶᠠᠷ ᠨᠢᠭᠡᠴᠢ ᠪᠣᠯᠭᠠᠨ ᠡᠯᠧᠺᠲᠷᠣᠨ ᠪᠠᠷ ᠤᠨ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠤᠨ ᠬᠡᠰᠡᠭ ᠲᠠᠷᠢᠶᠠᠨ ᠭᠠᠵᠠᠷ ᠤᠨ ᠵᠢᠷᠤᠭ ᠬᠢᠭᠡᠳ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠤᠨ ᠬᠡᠰᠡᠭ ᠭᠠᠵᠠᠷ ᠤᠨ ᠵᠢᠷᠤᠭ ᠢ ᠲᠣᠰᠬᠤᠨ ᠤ ᠶᠠᠪᠣᠳᠠᠯ ᠤᠨ ᠢᠯᠡ ᠭᠠᠵᠠᠷ ᠬᠢᠭᠡᠳ ᠲᠣᠰᠬᠤᠨ ᠤ ᠪᠠᠭ᠎ᠠ ᠳᠣᠭᠤᠶᠢᠯᠠᠩ ᠳᠤ  7 ᠡᠳᠦᠷ ᠵᠠᠷᠯᠠᠨ᠎ᠠ᠃ ᠰᠡᠭᠦᠳᠡᠷ ᠵᠢᠷᠤᠭ ᠤᠨ ᠮᠠᠲ᠋ᠧᠷᠢᠶᠠᠯ ᠢ ᠦᠯᠡᠳᠡᠭᠡᠵᠦ ᠬᠠᠳᠠᠭᠠᠯᠠᠨ᠎ᠠ᠃     ︵ᠠᠷᠪᠠᠨ ᠬᠤᠶᠠᠷ︶ ᠦᠷ᠎ᠡ ᠳ᠋ᠦᠩ ᠢ ᠬᠢᠨᠠᠨ ᠬᠠᠷᠭᠤᠭᠤᠯᠬᠤ       ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠢᠶᠠᠷ ᠨᠢᠭᠡᠴᠢ ᠪᠣᠯᠭᠠᠨ᠂ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠤᠨ ᠬᠡᠰᠡᠭ ᠭᠠᠵᠠᠷ ᠤᠨ ᠵᠢᠷᠤᠭ ᠵᠡᠷᠭᠡ ᠨᠣᠳᠠᠯᠠᠨ ᠲᠣᠭᠲᠠᠭᠠᠵᠣ ᠳᠠᠩᠰᠠᠯᠠᠭᠰᠠᠨ ᠮᠠᠲ᠋ᠧᠷᠢᠶᠠᠯ ᠢ ᠡᠮᠬᠢᠳᠭᠡᠵᠦ᠂᠂ ᠬᠤᠰᠢᠭᠤ ᠰᠢᠶᠠᠩ ᠬᠤᠶᠠᠷ ᠳᠡᠰ ᠤᠨ ᠲᠠᠷᠢᠶᠠᠯᠠᠩ ᠤᠨ ᠡᠵᠡᠩᠨᠡᠨ ᠬᠠᠮᠢᠶᠠᠷᠣᠯᠲᠠ  ᠶᠢᠨ ᠦᠷᠲᠡᠭᠡ ᠳᠤ ᠮᠡᠳᠡᠭᠦᠯᠵᠦ ᠬᠢᠨᠠᠨ ᠬᠠᠷᠭᠤᠭᠤᠯᠣᠨ᠎ᠠ᠃       ︵ᠠᠷᠪᠠᠨ ᠭᠤᠷᠪᠠ︶ ᠳᠠᠩᠰᠠᠯᠠᠬᠤ ᠳᠡᠪᠲᠡᠷ ᠢ ᠪᠠᠶᠢᠭᠤᠯᠬᠤ       ᠰᠣᠮᠣ ᠰᠢᠶᠠᠩ ᠪᠠᠯᠭᠠᠰᠣ ᠲᠠᠯᠠᠪᠠᠢ ᠶᠢᠨ ᠲᠠᠷᠢᠶᠠᠯᠠᠩ ᠤᠨ ᠡᠵᠡᠩᠨᠡᠨ ᠬᠠᠮᠢᠶᠠᠷᠣᠯᠲᠠ ᠶᠢᠨ ᠦᠷᠲᠡᠭᠡ ᠠᠴᠠ ᠲᠣᠰᠬᠤᠨ ᠤ ᠪᠠᠭ᠎ᠠ ᠳᠣᠭᠤᠶᠢᠯᠠᠩ ᠤᠨ ᠮᠡᠳᠡᠭᠦᠯᠦᠨ ᠬᠦᠷᠭᠡᠭᠰᠡᠨ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠮᠠᠲ᠋ᠧᠷᠢᠶᠠᠯ ︵ᠵᠢᠷᠣᠭᠲᠣ ᠮᠠᠲ᠋ᠧᠷᠢᠶᠠᠯ᠂ ᠬᠦᠰᠦᠨᠦᠭ᠂ ᠲᠤᠭ᠎ᠠ ᠪᠠᠷᠢᠮᠳᠠ᠂ ᠪᠢᠴᠢᠭᠲᠦ ᠮᠠᠲ᠋ᠧᠷᠢᠶᠠᠯ ᠤᠨ ᠮᠡᠳᠡᠭᠦᠯᠦᠯᠲᠡ ᠪᠠᠭᠲᠠᠨ᠎ᠠ︶ ᠢ ᠠᠩᠬ᠎ᠠ ᠠᠯᠬᠤᠮ ᠬᠢᠨᠠᠨ ᠬᠠᠷᠭᠤᠭᠤᠯᠵᠣ᠂ ᠲᠣᠭᠲᠠᠭᠠᠯ ᠳᠤ ᠨᠡᠶᠢᠴᠡᠭᠰᠡᠨ ᠢ ᠳᠣᠭᠤᠶᠢᠯᠠᠩ ᠢᠶᠠᠷ ᠨᠢᠭᠡᠴᠢ ᠪᠣᠯᠭᠠᠨ ᠳᠡᠪᠲᠡᠷᠯᠡᠵᠦ᠂ ᠬᠤᠰᠢᠭᠤᠨ ᠤ ᠲᠠᠷᠢᠶᠠᠯᠠᠩ ᠤᠨ ᠡᠵᠡᠩᠨᠡᠨ ᠬᠠᠮᠢᠶᠠᠷᠣᠯᠲᠠ ᠶᠢᠨ ᠦᠷᠲᠡᠭᠡ ᠳᠤ ᠮᠡᠳᠡᠭᠦᠯᠵᠦ ᠳᠠᠬᠢᠨ ᠬᠢᠨᠠᠭᠤᠯᠣᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠦᠪᠰᠢᠶᠡᠷᠡᠨ᠎ᠡ᠃ ᠬᠤᠰᠢᠭᠤᠨ ᠤ ᠲᠠᠷᠢᠶᠠᠯᠠᠩ ᠤᠨ ᠡᠵᠡᠩᠨᠡᠨ ᠬᠠᠮᠢᠶᠠᠷᠣᠯᠲᠠ ᠶᠢᠨ ᠦᠷᠲᠡᠭᠡ ᠠᠴᠠ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠳᠠᠩᠰᠠᠯᠠᠬᠤ ᠳᠡᠪᠲᠡᠷ ᠢ ᠬᠠᠷᠢᠭᠤᠴᠠᠵᠣ ᠵᠣᠬᠢᠶᠠᠨ᠎ᠠ᠃ ᠳᠠᠩᠰᠠᠯᠠᠬᠤ ᠳᠡᠪᠲᠡᠷ ᠲᠤ ᠲᠣᠰᠬᠤᠨ ᠤ ᠠᠷᠠᠳ ᠤᠨ ᠪᠠᠭ᠎ᠠ ᠳᠣᠭᠤᠶᠢᠯᠠᠩ ᠤᠨ ᠬᠡᠰᠡᠭ ᠲᠠᠷᠢᠶᠠᠨ ᠭᠠᠵᠠᠷ ᠤᠨ ᠵᠢᠷᠤᠭ ᠬᠢᠭᠡᠳ ᠲᠠᠷᠢᠶᠠᠴᠢᠨ ᠡᠷᠦᠬᠡ ᠶᠢᠨ ᠳᠠᠭᠠᠭᠴᠢᠯᠠᠭᠰᠠᠨ ᠲᠠᠷᠢᠶᠠᠨ ᠭᠠᠵᠠᠷ ᠤᠨ ᠬᠡᠰᠡᠭ ᠭᠠᠵᠠᠷ ᠤᠨ ᠵᠢᠷᠤᠭ ᠢ ᠳᠠᠭᠠᠯᠳᠣᠭᠤᠯᠬᠤ ᠬᠡᠷᠡᠭᠲᠡᠢ᠃     ︵ᠠᠷᠪᠠᠨ ᠳᠦᠷᠪᠡ︶ ᠳ᠋ᠠᠶᠢᠲ᠋ᠠ ᠬᠦᠮᠦᠷᠭᠡ ᠪᠠᠶᠢᠭᠤᠯᠬᠤ     ᠲᠣᠰᠬᠠᠢ ᠠᠩᠭᠢ ︵ᠺᠣᠮᠫᠠᠨᠢ︶᠂ ᠵᠠᠰᠠᠭ ᠤᠨ ᠣᠷᠳᠣᠨ   ᠳᠠᠭᠠᠭᠠᠴᠢᠯᠠᠯᠲᠠ ᠵᠠᠷᠯᠠᠨ ᠬᠤᠳᠠᠯᠳᠣᠨ ᠠᠪᠣᠭᠰᠠᠨ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠬᠠᠮᠢᠶᠠᠷᠣᠯᠲᠠ ᠶᠢᠨ ᠰᠣᠹᠲ ᠢ ᠦᠨᠳᠦᠰᠦᠯᠡᠵᠦ᠂   ᠲᠠᠷᠢᠶᠠᠯᠠᠩ ᠤᠨ ᠶᠠᠮᠣᠨ   ᠤ ︽ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ   ᠶᠢ ᠨᠣᠳᠠᠯᠠᠨ ᠲᠣᠭᠲᠠᠭᠠᠵᠣ   ᠳᠠᠩᠰᠠᠯᠠᠬᠤ ᠳ᠋ᠠᠶᠢᠲ᠋ᠠ ᠬᠦᠮᠦᠷᠭᠡ ᠶᠢᠨ ᠳᠦᠷᠢᠮ︾ ᠬᠢᠭᠡᠳ ︽ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠯᠧᠮᠧᠨ᠋ᠲ ᠢ ᠳ᠋ᠣᠭᠠᠷᠯᠠᠬᠤ ᠳᠦᠷᠢᠮ︾   ᠢᠶᠠᠷ ᠯᠠᠪᠯᠠᠯᠲᠠ ᠪᠣᠯᠭᠠᠵᠣ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ   ᠶᠢ ᠨᠣᠳᠠᠯᠠᠨ ᠲᠣᠭᠲᠠᠭᠠᠵᠣ   ᠳᠠᠩᠰᠠᠯᠠᠬᠤ ᠳ᠋ᠠᠶᠢᠲ᠋ᠠ ᠬᠦᠮᠦᠷᠭᠡ ᠵᠢᠴᠢ ᠬᠠᠮᠢᠶᠠᠷᠣᠯᠲᠠ ᠶᠢᠨ ᠮᠡᠳᠡᠭᠡ ᠵᠠᠩᠭᠢ  ᠶᠢᠨ ᠰᠢᠰᠲ᠋ᠧᠮ ᠢ ᠪᠠᠶᠢᠭᠤᠯᠣᠨ᠎ᠠ᠃       ︵ᠠᠷᠪᠠᠨ ᠲᠠᠪᠤ︶ ᠮᠠᠲ᠋ᠧᠷᠢᠶᠠᠯ ᠢ ᠳᠠᠩᠰᠠᠯᠠᠬᠤ       ᠬᠤᠰᠢᠭᠤ᠂ ᠰᠢᠶᠠᠩ᠂   ᠲᠣᠰᠬᠤᠨ ᠭᠤᠷᠪᠠᠨ ᠳᠡᠰ ᠤᠨ ᠬᠢᠨ ᠲᠣᠰᠪᠣᠷᠢ   ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠳᠠᠩᠰᠠ ᠡᠪᠬᠡᠮᠡᠯ ︵  ᠴᠠᠭᠠᠰᠣᠨ ᠡᠳ᠋ ᠤᠨ ᠳᠠᠩᠰᠠ ᠡᠪᠬᠡᠮᠡᠯ ᠪᠠ ᠡᠯᠧᠺᠲᠷᠣᠨ ᠳᠠᠩᠰᠠ ᠡᠪᠬᠡᠮᠡᠯ ᠪᠠᠭᠲᠠᠨ᠎ᠠ︶ ᠢ ᠪᠠᠶᠢᠭᠤᠯᠣᠨ᠎ᠠ ᠃ ᠳᠠᠩᠰᠠ ᠡᠪᠬᠡᠮᠡᠯ ᠢ ᠪᠠᠶᠢᠭᠤᠯᠬᠤ   ᠭᠤᠣᠯ ᠠᠭᠤᠯᠭ᠎ᠠ ᠳᠤ᠄ 1᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠨᠨ ᠲᠣᠭᠲᠠᠭᠠᠵᠣ ᠳᠠᠩᠰᠠᠯᠠᠬᠤ ᠡᠷᠭᠦᠳᠡᠯ ᠤᠨ ᠪᠢᠴᠢᠭ  ︔ 2᠂ ᠳᠠᠭᠠᠭᠠᠴᠢᠯᠠᠭᠤᠯᠣᠭᠴᠢ ᠡᠲᠡᠭᠡᠳ ᠤᠨ ᠪᠠᠶᠢᠴᠠᠭᠠᠯᠲᠠ ᠶᠢᠨ ᠬᠦᠰᠦᠨᠦᠭ︔ 3᠂ ᠳᠠᠭᠠᠭᠠᠴᠢᠯᠠᠭᠴᠢ ᠡᠲᠡᠭᠡᠳ ᠤᠨ ᠪᠠᠶᠢᠴᠠᠭᠠᠯᠲᠠ ᠶᠢᠨ ᠬᠦᠰᠦᠨᠦᠭ︔ 4᠂ ᠳᠠᠭᠠᠭᠠᠴᠢᠯᠠᠯᠲᠠ ᠶᠢᠨ ᠭᠠᠵᠠᠷ ᠤᠨ ᠪᠠᠶᠢᠴᠠᠭᠠᠯᠲᠠ ᠶᠢᠨ ᠬᠦᠰᠦᠨᠦᠭ︔ 5᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠵᠠᠷᠯᠠᠯ ᠤᠨ ᠬᠦᠰᠦᠨᠦᠭ︔ 6᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠪᠠᠶᠢᠴᠠᠭᠠᠯᠲᠠ ᠶᠢᠨ ᠮᠡᠳᠡᠭᠡ ᠵᠠᠩᠭᠢ ᠶᠢᠨ ᠵᠠᠷᠯᠠᠯ ᠢ ᠨᠣᠳᠠᠯᠠᠨ ᠵᠦᠪᠰᠢᠶᠡᠷᠡᠭᠰᠡᠨ ᠬᠦᠰᠦᠨᠦᠭ︔ 7᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠭᠰᠠᠨ ᠳᠠᠩᠰᠠᠯᠠᠬᠤ ᠳᠡᠪᠲᠡᠷ︔ 8᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠪᠠᠶᠢᠴᠠᠭᠠᠯᠲᠠ ᠶᠢᠨ ᠡᠮᠬᠢᠳᠭᠡᠯ ᠬᠦᠰᠦᠨᠦᠭ︔ 9᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠡᠮᠬᠢᠳᠭᠡᠯ ᠬᠦᠰᠦᠨᠦᠭ︔ 10᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠶᠢ ᠬᠢᠨᠠᠨ ᠵᠦᠪᠰᠢᠶᠡᠷᠡᠬᠦ ᠬᠦᠰᠦᠨᠦᠭ︔       ︵ᠠᠷᠪᠠᠨ ᠵᠢᠷᠭᠤᠭ᠎ᠠ︶ ᠡᠷᠬᠡ ᠶᠢᠨ ᠦᠨᠡᠮᠯᠡᠯ ᠣᠯᠭᠤᠬᠤ       ᠲᠣᠰᠬᠤᠨ ᠢᠶᠠᠷ ᠨᠢᠭᠡᠴᠢ ᠪᠣᠯᠭᠠᠨ᠂ ᠰᠣᠮᠣ ᠰᠢᠶᠠᠩ ᠪᠠᠯᠭᠠᠰᠣ ᠲᠠᠯᠠᠪᠠᠢ ᠶᠢᠨ ᠲᠠᠷᠢᠶᠠᠯᠠᠩ ᠤᠨ ᠡᠵᠡᠩᠨᠡᠨ ᠬᠠᠮᠢᠶᠠᠷᠣᠯᠲᠠ ᠶᠢᠨ ᠦᠷᠲᠡᠭᠡ ᠨᠢᠭᠡᠲᠦᠯᠲᠡᠢ ᠵᠣᠬᠢᠶᠠᠨ   ᠪᠠᠶᠢᠭᠤᠯᠣᠨ᠂ ᠣᠯᠣᠰ ᠤᠨ ᠲᠠᠷᠢᠶᠠᠯᠠᠩ ᠤᠨ ᠰᠠᠯᠠᠭ᠎ᠠ ᠮᠦᠴᠢᠷ ᠬᠢᠨᠠᠵᠣ ᠬᠢᠯᠭᠡᠭᠰᠡᠨ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠣᠭᠴᠢ ᠰᠠᠯᠠᠭ᠎ᠠ ᠮᠦᠴᠢᠷ ᠨᠢᠭᠡᠲᠦᠯᠲᠡᠢ ᠵᠠᠭᠪᠣᠷ ᠢᠶᠠᠷ ᠳᠠᠷᠣᠮᠠᠯᠯᠠᠨ ᠦᠢᠯᠡᠳᠦᠭᠰᠡᠨ᠂ ᠬᠤᠰᠢᠭᠤᠨ ᠤ ᠵᠠᠰᠠᠭ  ᠤᠨ ᠣᠷᠳᠣᠨ ᠤ ᠠᠯᠪᠠᠨ ᠲᠠᠮᠠᠭ᠎ᠠ ᠳᠠᠷᠣᠭᠰᠠᠨ ︽ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠳᠠᠭᠠᠭᠠᠴᠢᠯᠠᠭᠴᠢ ᠡᠲᠡᠭᠡᠳ ᠲᠤ ᠣᠯᠭᠤᠨ᠎ᠠ᠃       ︵ᠠᠷᠪᠠᠨ ᠳᠣᠯᠤᠭ᠎ᠠ︶ ᠦᠷ᠎ᠡ ᠪᠦᠲᠦᠮᠵᠢ ᠶᠢ ᠰᠢᠯᠭᠠᠨ ᠠᠪᠬᠤ     ᠡᠯ᠎ᠡ ᠰᠣᠮᠣ ᠰᠢᠶᠠᠩ ᠪᠠᠯᠭᠠᠰᠣ ᠲᠠᠯᠠᠪᠠᠢ ᠶᠢᠨ ᠵᠣᠬᠢᠶᠠᠨ ᠪᠠᠶᠢᠭᠤᠯᠣᠯᠲᠠ᠂ ᠭᠠᠴᠠᠭ᠎ᠠ ᠲᠣᠰᠬᠤᠨ ᠤ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ   ᠶᠢ ᠨᠣᠳᠠᠯᠠᠨ ᠲᠣᠭᠲᠠᠭᠠᠵᠣ ᠳᠠᠩᠰᠠᠯᠠᠬᠤ ᠠᠵᠢᠯ  ᠢ ᠪᠠᠶᠢᠴᠠᠭᠠᠨ ᠰᠢᠯᠭᠠᠵᠣ᠂ ᠬᠤᠰᠢᠭᠤᠨ ᠤ ᠵᠠᠰᠠᠭ ᠤᠨ ᠣᠷᠳᠣᠨ ᠡᠯ᠎ᠡ ᠭᠠᠵᠠᠷ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠦᠨᠳᠦᠰᠦᠯᠡᠵᠦ᠂ ᠡᠯ᠎ᠡ ᠭᠠᠵᠠᠷ ᠲᠤ   ᠰᠣᠩᠭᠤᠨ ᠪᠠᠶᠢᠴᠠᠭᠠᠯᠲᠠ ᠬᠢᠨ᠎ᠡ᠃       ᠵᠢᠷᠭᠤᠭ᠎ᠠ᠂ ᠠᠵᠢᠯ ᠤᠨ ᠱᠠᠭᠠᠷᠳᠠᠯᠭ᠎ᠠ    1᠂ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠪᠣᠯ ᠬᠦᠳᠡᠭᠡ ᠲᠣᠰᠬᠤᠨ ᠤ ᠦᠭᠡᠷᠡᠴᠢᠯᠡᠯᠲᠡ ᠶᠢᠨ ᠴᠢᠬᠤᠯᠠ ᠠᠭᠤᠯᠭ᠎ᠠ ᠮᠦᠨ᠃ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ᠂ ᠵᠣᠬᠢᠶᠠᠨ ᠪᠠᠶᠢᠭᠤᠯᠣᠯᠲᠠ ᠶᠢᠨ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠵᠣ ᠵᠣᠬᠢᠶᠠᠨ ᠪᠠᠶᠢᠭᠤᠯᠣᠯᠲᠠ ᠶᠢᠨ ᠣᠳᠣᠷᠢᠳᠬᠤ ᠪᠠᠶᠢᠭᠤᠯᠣᠮᠵᠢ ᠬᠢᠭᠡᠳ ᠠᠵᠢᠯ ᠤᠨ ᠡᠩᠨᠡᠭᠡ ᠪᠠᠨ ᠪᠠᠶᠢᠭᠤᠯᠵᠣ ᠲᠡᠭᠦᠯᠳᠡᠷᠵᠢᠭᠦᠯᠦᠨ ᠠᠵᠢᠯ  ᠤᠨ ᠬᠠᠷᠠᠯᠲᠠ ᠪᠠᠨ ᠲᠣᠳᠣᠷᠬᠠᠢ ᠲᠣᠭᠲᠠᠭᠠᠵᠣ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠣᠷᠢᠵᠢᠭᠤᠯᠣᠨ᠂ ᠠᠵᠢᠯ ᠠᠬᠢᠭᠤᠯᠬᠤ ᠵᠣᠬᠢᠴᠠᠮᠵᠢ ᠪᠠᠶᠢᠭᠤᠯᠵᠣ᠂ ᠨᠢᠭᠡᠳᠦᠯᠲᠡᠢ ᠲᠦᠯᠦᠪᠯᠡᠵᠦ ᠲᠣᠬᠢᠷᠠᠭᠤᠯᠬᠤ ᠶᠢ ᠴᠢᠩᠭᠠᠳᠬᠠᠨ᠂ ᠲᠣᠷᠰᠢᠯᠲᠠ  ᠶᠢᠨ ᠴᠢᠭ᠋ ᠤᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠲᠣᠯᠠᠬᠤ ᠬᠡᠷᠡᠭᠲᠡᠢ᠃    2᠂ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠨᠢ ᠲᠦᠷᠦ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠦᠷᠭᠡᠨ᠃ ᠲᠦᠷᠦ ᠶᠢᠨ ᠪᠣᠳᠣᠯᠭ᠎ᠠ ᠶᠢᠨ ᠬᠢᠵᠠᠭᠠᠷ ᠢ ᠴᠢᠩᠭ᠎ᠠ ᠡᠵᠡᠮᠳᠡᠵᠦ᠂ ᠬᠠᠣᠯᠢ ᠶᠣᠰᠣᠭᠠᠷ ᠵᠢᠷᠣᠮᠵᠢᠯ ᠲᠠᠢ ᠠᠵᠢᠯᠯᠠᠵᠣ᠂ ᠠᠵᠢᠯ ᠤᠨ ᠨᠠᠷᠢᠯᠢᠭ ᠪᠣᠰᠣ ᠭᠦᠨᠵᠡᠭᠡᠢ ᠪᠢᠰᠢ ᠠᠴᠠ ᠪᠣᠯᠵᠣ ᠣᠯᠠᠨ ᠲᠦᠮᠡᠨ ᠳᠡᠭᠡᠭᠰᠢ ᠰᠣᠷᠪᠣᠯᠵᠢᠯᠠᠬᠤ ᠪᠠ ᠪᠦᠯᠦᠭᠯᠡᠯᠲᠦ ᠴᠢᠨᠠᠷ ᠤᠨ ᠬᠡᠷᠡᠭ ᠡᠭᠦᠰᠬᠦ ᠠᠴᠠ ᠰᠡᠷᠭᠡᠶᠢᠯᠡᠨ᠎ᠡ᠃ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠨᠢ ᠬᠤᠶᠠᠳᠣᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠣᠯᠠᠮ ᠨᠢᠭᠡ ᠠᠯᠬᠤᠮ ᠲᠡᠭᠦᠯᠳᠡᠷᠵᠢᠭᠦᠯᠦᠯᠲᠡ ᠮᠦᠨ᠃ ᠵᠠᠪᠰᠢᠶᠠᠨ ᠢ ᠳᠠᠯᠢᠮᠳᠠᠭᠤᠯᠣᠨ ᠳᠠᠬᠢᠨ ᠬᠤᠪᠢᠶᠠᠬᠤ ᠪᠣᠶᠣ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠲᠤ ᠲᠣᠬᠢᠷᠠᠭᠤᠯᠣᠯᠲᠠ ᠬᠢᠵᠦ ᠣᠭᠲᠣ ᠪᠣᠯᠬᠤ ᠦᠭᠡᠢ᠃ ᠠᠵᠢᠯ ᠤᠨ ᠳᠣᠮᠳᠠ ᠲᠣᠬᠢᠶᠠᠯᠳᠣᠭᠰᠠᠨ ᠠᠰᠠᠭᠤᠳᠠᠯ ᠳᠤ᠂ ᠬᠠᠣᠯᠢ ᠴᠠᠭᠠᠵᠠ ᠲᠦᠷᠦ ᠶᠢᠨ ᠪᠣᠳᠣᠯᠭ᠎ᠠ ᠳᠤ ᠲᠣᠳᠣᠷᠬᠠᠢ ᠲᠣᠭᠲᠠᠭᠠᠯ ᠲᠠᠢ ᠪᠣᠯ ᠴᠢᠩᠭ᠎ᠠ ᠬᠡᠷᠡᠭᠵᠢᠭᠦᠯᠵᠦ᠂ ᠢᠯᠡ ᠲᠣᠭᠲᠠᠭᠠᠯ ᠦᠭᠡᠢ ᠪᠣᠯ   ᠲᠣᠬᠠᠢ ᠶᠢᠨ ᠭᠠᠵᠠᠷ ᠤᠨ ᠪᠣᠳᠠᠳᠣ ᠪᠠᠶᠢᠳᠠᠯ ᠲᠠᠢ ᠣᠶᠠᠯᠳᠣᠭᠤᠯᠵᠣ ᠲᠠᠷᠢᠶᠠᠴᠢᠨ ᠲᠦᠮᠡᠨ ᠡᠵᠡᠨ ᠮᠡᠳᠡᠵᠦ ᠵᠦᠪᠳᠡᠯᠴᠡᠨ ᠰᠢᠢᠳᠪᠦᠷᠢᠯᠡᠬᠦ   ᠳᠤ ᠭᠦᠢᠴᠡᠳ ᠲᠦᠰᠢᠭᠯᠡᠨ᠎ᠡ᠃    3᠂ ᠳᠠᠩᠰᠠ ᠡᠪᠬᠡᠮᠡᠯ ᠤᠨ ᠬᠠᠮᠢᠶᠠᠷᠣᠯᠲᠠ ᠶᠢ ᠳᠦᠷᠢᠮᠵᠢᠭᠦᠯᠦᠨ᠎ᠡ᠃ ᠡᠯ᠎ᠡ ᠭᠠᠵᠠᠷ ᠤᠨ ᠬᠢᠨ᠂ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠳᠡᠮᠵᠢᠯᠭᠡ ᠶᠢ ᠢᠳᠡᠪᠬᠢᠲᠡᠢ ᠪᠠᠷ ᠲᠡᠮᠡᠴᠡᠨ ᠣᠯᠵᠣ᠂ ᠨᠣᠳᠠᠯᠠᠨ ᠲᠣᠭᠲᠠᠭᠠᠵᠣ ᠲᠠᠩᠰᠠᠯᠠᠨ ᠦᠨᠡᠮᠯᠡᠯ ᠣᠯᠭᠤᠬᠤ ᠮᠠᠲ᠋ᠧᠷᠢᠶᠠᠯ ᠢ ᠲᠦᠷᠦᠯᠰᠢᠭᠦᠯᠦᠨ ᠠᠩᠭᠢᠯᠠᠵᠣ᠂ ᠴᠣᠭᠯᠠᠭᠤᠯᠵᠣ ᠡᠮᠬᠢᠳᠭᠡᠨ ᠳᠦᠷᠢᠮᠵᠢᠭᠰᠡᠨ ᠳᠠᠩᠰᠠ ᠡᠪᠬᠡᠮᠡᠯ ᠢ ᠪᠠᠶᠢᠭᠤᠯᠣᠨ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ ᠠᠵᠢᠯ ᠲᠡᠣᠬᠡ ᠶᠢᠨ ᠰᠢᠯᠭᠠᠨ ᠪᠠᠶᠢᠴᠠᠭᠠᠯᠲᠠ ᠶᠢ ᠳᠠᠭᠠᠭᠠᠵᠣ ᠳᠡᠶᠢᠯᠬᠦ ᠶᠢ ᠪᠠᠲᠣᠯᠠᠬᠤ ᠬᠡᠷᠡᠭᠲᠡᠢ᠃    4᠂ ᠨᠢᠭᠤᠴᠠ ᠶᠢ ᠬᠠᠮᠠᠭᠠᠯᠠᠬᠤ ᠳᠦᠷᠢᠮ ᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ   ᠶᠢ ᠨᠣᠳᠠᠯᠠᠨ ᠲᠣᠭᠲᠠᠭᠠᠵᠣ ᠳᠠᠩᠰᠠᠯᠠᠨ ᠦᠨᠡᠮᠯᠡᠯ ᠣᠯᠭᠤᠬᠤ  ᠶᠢᠨ ᠨᠢᠭᠤᠴᠠ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠬᠦ ᠬᠡᠷᠡᠭᠲᠡᠢ᠃ ᠬᠡᠮᠵᠢᠨ ᠵᠢᠷᠣᠬᠤ ᠬᠠᠮᠢᠶᠠᠷᠣᠯᠲᠠ ᠶᠢᠨ ᠬᠤᠯᠪᠣᠭᠳᠠᠯ ᠪᠦᠬᠦᠢ ᠬᠠᠣᠯᠢ ᠳᠦᠷᠢᠮ ᠤᠨ ᠲᠣᠭᠲᠠᠭᠠᠯ ᠶᠣᠰᠣᠭᠠᠷ ᠭᠠᠵᠠᠷ ᠰᠢᠷᠣᠢ  ᠶᠢᠨ ᠨᠣᠳᠠᠯᠠᠨ ᠳᠠᠩᠰᠠᠯᠠᠭᠰᠠᠨ ᠮᠠᠲ᠋ᠧᠷᠢᠶᠠᠯ ᠢ ᠰᠠᠶᠢᠲᠣᠷ ᠬᠠᠳᠠᠭᠠᠯᠠᠨ ᠬᠠᠮᠢᠶᠠᠷᠴᠣ᠂ ᠣᠨᠴᠠᠭᠠᠶᠢᠯᠠᠨ ᠰᠠᠭᠤᠷᠢ ᠭᠠᠵᠠᠷ  ᠤᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠰᠠᠶᠢᠲᠣᠷ ᠬᠢᠵᠦ ᠂ ᠨᠢᠭᠤᠴᠠ ᠶᠢ ᠠᠯᠳᠠᠵᠣ ᠵᠠᠳᠠᠷᠠᠭᠤᠯᠬᠤ ᠦᠭᠡᠢ ᠪᠠᠶᠢᠬᠤ ᠶᠢ ᠪᠠᠲᠣᠯᠠᠬᠤ ᠬᠡᠷᠡᠭᠲᠡᠢ᠃                                                                                                       ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ                                                                                                      2015 ᠣᠨ ᠤ 1 ᠳ᠋ᠣᠭᠡᠷ ᠰᠠᠷ᠎ᠠ ᠶᠢᠨ 7 ᠤ ᠡᠳᠦᠷ ᠳᠠᠷᠣᠮᠠᠯᠯᠠᠨ ᠲᠠᠷᠬᠠᠭᠠᠪᠠ                  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号