ᠵᠠᠯᠠᠶᠢᠳ  ᠬᠤᠰᠢᠭᠤᠨ  ᠤ  ᠪᠦᠬᠦ ᠣᠯᠣᠰ  ᠤᠨ ᠦᠨᠳᠣᠰᠣᠳᠡᠨ  ᠤ  ᠪᠦᠯᠬᠦᠮᠳᠡᠯ  ᠳᠠᠪᠰᠢᠯᠳᠠ  ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠳᠣᠷᠰᠢᠯᠭ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018-06-20
ᠵᠠᠯᠠᠶᠢᠳ   ᠬᠤᠰᠢᠭᠤᠨ   ᠤ   ᠪᠦᠬᠦ ᠣᠯᠣᠰ   ᠤᠨ ᠦᠨᠳᠣᠰᠣᠳᠡᠨ   ᠤ   ᠪᠦᠯᠬᠦᠮᠳᠡᠯ   ᠳᠠᠪᠰᠢᠯᠳᠠ   ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠳᠣᠷᠰᠢᠯᠭ᠎ᠠ ᠶᠢᠨ   ᠲᠠᠨᠢᠯᠴᠠᠭᠤᠯᠭ᠎ᠠ           ᠵᠠᠯᠠᠶᠢᠳ ᠬᠤᠰᠢᠭᠤᠨ ᠤ ᠶᠡᠷᠣᠩᠬᠡᠢ ᠳᠠᠯᠠᠪᠡᠢ 11155 ᠳᠡᠭᠰᠢ ᠲᠦᠷᠪᠡᠯᠵᠢᠨ ᠺᠢᠯᠦᠮᠧᠲᠷ᠂ ᠪᠦᠭᠦ ᠬᠤᠰᠢᠭᠤᠨ ᠳᠤ 7 ᠪᠠᠯᠭᠠᠰᠤ᠂ 3 ᠰᠢᠶᠠᠩ᠂ 3 ᠰᠤᠮᠤ ᠪᠤᠯᠤᠨ 1 ᠰᠢᠶᠠᠩ ᠤᠨ ᠲᠡᠰ ᠤᠨ ᠤᠯᠤᠰ ᠤᠨ ᠦᠷ᠎ᠡ ᠶᠢᠨ ᠮᠠᠯ ᠤᠨ ᠲᠠᠯᠠᠪᠠᠢ᠂ 196 ᠭᠠᠴᠠᠭ᠎ᠠ᠂ 684 ᠲᠤᠰᠬᠤᠨ ᠬᠠᠷᠢᠶᠠᠯᠠᠬᠳᠠᠨ᠎ᠠ᠃ ᠪᠦᠬᠦ ᠬᠤᠰᠢᠭᠤᠨ ᠤ ᠶᠡᠷᠦᠩᠬᠡᠢ ᠬᠦᠮᠦᠨ ᠠᠮᠠ 39.9 ᠲᠦᠮᠡ ᠪᠠᠶᠢᠵᠤ 17 ᠦᠨᠳᠦᠰᠦᠳᠡᠨ ᠢᠶᠠᠷ ᠪᠦᠷᠢᠯᠳᠦᠵᠡᠢ᠃ ᠡᠭᠦᠨ ᠳᠤ ᠮᠤᠩᠭᠤᠯ ᠦᠨᠳᠦᠰᠦᠳᠡᠨ 16.7 ᠲᠦᠮᠡᠨ ᠬᠦᠮᠦᠨ ᠪᠠᠶᠢᠵᠤ᠂ ᠶᠡᠷᠦᠩᠬᠡᠢ ᠬᠦᠮᠦᠨ ᠠᠮᠠ ᠶᠢᠨ 42% ᠢ ᠡᠵᠡᠯᠡᠵᠦ᠂ ᠮᠤᠩᠭᠤᠯ ᠦᠨᠳᠦᠰᠦᠳᠡᠨ ᠢᠶᠠᠷ ᠭᠤᠤᠯᠯᠠᠵᠤ᠂ ᠬᠢᠳᠠᠳ ᠦᠨᠳᠦᠰᠦᠳᠡᠨ   ᠤᠯᠠᠨ ᠲᠤᠭ᠎ᠠ ᠶᠢ ᠡᠵᠡᠯᠡᠭᠰᠡᠨ ᠤᠯᠠᠨ ᠦᠨᠳᠦᠰᠦᠳᠡᠨ ᠰᠠᠭᠤᠷᠢᠰᠢᠬᠰᠠᠨ ᠬᠤᠰᠢᠭᠤ ᠪᠤᠯᠤᠨ᠎ᠠ᠃     ᠣᠶᠢᠷ᠎ᠠ ᠶᠢᠨ ᠵᠢᠯ ᠳᠤ᠂ ᠠᠶᠢᠮᠠᠭ ᠤᠨ ᠨᠠᠮ ᠤᠨ ᠬᠤᠷᠢᠶ᠎ᠡ ᠵᠠᠬᠢᠷᠭᠠᠨ ᠤ ᠳᠡᠬᠡᠳᠣ ᠬᠡᠮᠵᠢᠶᠡᠨ ᠤ ᠴᠢᠬᠤᠯᠠᠴᠢᠯᠠᠭ᠎ᠠ᠂ ᠨᠠᠷᠢᠨ ᠭᠢᠨᠠᠮᠠᠭᠠᠢ ᠵᠢᠯᠣᠭᠤᠳᠣᠯᠭ᠎ᠠ ᠪᠠ ᠬᠦᠴᠣᠳᠡᠢ ᠳᠡᠮᠵᠢᠯᠬᠡ ᠳᠣᠣᠷ᠎ᠠ᠂ ᠵᠠᠯᠠᠶᠢᠳ ᠬᠤᠰᠢᠭᠤ ︽ ᠡᠯ᠎ᠡ ᠦᠨᠳᠣᠰᠣᠳᠡᠨ ᠬᠠᠮᠳᠣ ᠪᠠᠷ ᠪᠦᠯᠬᠦᠮᠳᠡᠨ ᠲᠡᠮᠡᠴᠡᠬᠦ᠂ ᠬᠠᠮᠳᠣ ᠪᠠᠷ ᠴᠡᠴᠡᠭᠯᠡᠨ ᠬᠦᠭᠵᠢᠬᠦ︾ ᠪᠠᠷ ᠭᠤᠣᠯ ᠰᠡᠳᠣᠪ ᠪᠣᠯᠭᠠᠬᠤ ᠶᠢ ᠪᠠᠷᠢᠮᠳᠠᠯᠠᠵᠣ᠂ ᠳᠠᠰᠤᠷᠠᠯᠳᠠ ᠦᠬᠡᠢ ᠠᠵᠢᠯ ᠤᠨ ᠰᠡᠳᠬᠢᠴᠡ ᠶᠢᠨ ᠰᠢᠨ᠎ᠡ ᠶᠢ ᠡᠬᠦᠳᠴᠣ᠂ ᠣᠳᠣᠷᠢᠳᠣᠯᠭ᠎ᠠ ᠶᠢᠨ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ ᠶᠢ ᠪᠠᠶᠢᠭᠤᠯᠵᠣ᠂ ︽ᠵᠠᠯᠠᠶᠢᠳ ᠬᠤᠰᠢᠭᠤᠨ ᠤ ᠪᠦᠬᠦ ᠣᠯᠣᠰ ᠤᠨ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠳᠤ ᠬᠡᠷᠡᠭᠵᠢᠭᠦᠯᠬᠦ ᠰᠠᠠᠨᠠᠯ︾᠂ ︽ᠵᠠᠯᠠᠶᠢᠳ ᠬᠤᠰᠢᠭᠤᠨ ᠤ ᠪᠦᠬᠦ ᠣᠯᠣᠰ ᠤᠨ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠢᠷᠮᠠᠶᠢᠨ ᠡᠬᠦᠳᠬᠦ ᠠᠵᠢᠯ ᠤᠨ ᠬᠡᠷᠡᠭᠵᠢᠭᠦᠯᠬᠦ ᠳᠦᠰᠣᠯ ︵2013 — 2015 ᠣᠨ︶︾᠂ ︽ᠵᠠᠯᠠᠶᠢᠳ ᠬᠤᠰᠢᠭᠤᠨ ᠤ ᠪᠦᠬᠦ ᠣᠯᠣᠰ ᠤᠨ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠠᠵᠢᠯ ᠤᠨ ᠰᠢᠯᠭᠠᠨ ᠳᠣᠭᠳᠠᠭᠠᠬᠤ ᠨᠠᠷᠢᠨ ᠳᠦᠷᠢᠮ︾ ᠵᠡᠷᠬᠡ ᠮᠠᠲ᠋ᠧᠷᠢᠶᠠᠯ ᠢ ᠳᠣᠭᠳᠠᠭᠠᠭᠰᠠᠨ ᠪᠠ ᠬᠡᠪᠯᠡᠨ ᠳᠠᠷᠬᠠᠭᠠᠵᠠᠢ᠃ ︽ᠳᠠᠪᠣᠨ ᠶᠡᠭᠡ ᠢᠨᠵᠧᠨᠧᠷᠢᠩ︾ ᠢ ᠭᠤᠣᠯᠴᠢᠯᠠᠨ ᠬᠡᠷᠡᠭᠵᠢᠬᠦᠯᠵᠣ᠂ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠰᠢᠰᠲ᠋ᠧᠮ ᠢ ᠢᠳᠡᠪᠬᠢᠳᠠᠢ ᠪᠠᠷ ᠬᠢᠵᠣ᠂ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠶᠢ ᠪᠦᠬᠦ ᠬᠦᠴᠣ ᠪᠠᠷ ᠳᠦᠯᠬᠢᠨ ᠠᠬᠢᠭᠤᠯᠵᠠᠢ᠃       ᠨᠢᠬᠡ᠂ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠣᠬᠠᠭᠤᠯᠭ᠎ᠠ ᠶᠢᠨ ᠢᠨᠵᠧᠨᠧᠷᠢᠩ ᠢ ᠬᠡᠷᠡᠭᠵᠢᠬᠦᠯᠵᠣ ᠂ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠦᠵᠡᠯ ᠰᠠᠨᠠᠭᠠᠨ ᠤ ᠰᠠᠭᠤᠷᠢ ᠶᠢ ᠪᠠᠳᠣᠳᠬᠠᠵᠠᠢ       ︽ᠳᠣᠮᠳᠠᠳᠣ ᠶᠢᠨ ᠦᠨᠳᠣᠰᠣᠳᠡᠨ︾᠂ ︽ᠴᠣᠮᠣᠷᠯᠢᠭ︾᠂ ︽ᠦᠪᠣᠷ ᠮᠣᠩᠭᠤᠯ ᠤᠨ ᠡᠳᠣᠷ ᠤᠨ ᠰᠣᠨᠢᠨ︾ ᠂ ︽ᠬᠢᠩᠭᠠᠨ ᠤ ᠡᠳᠣᠷ ᠤᠨ ᠰᠣᠨᠢᠨ︾᠂ ︽ᠦᠪᠣᠷ ᠮᠣᠩᠭᠤᠯ ᠤᠨ ᠦᠪᠡᠷᠳᠡᠬᠡᠨ ᠵᠠᠰᠠᠬᠤ ᠣᠷᠣᠨ ᠤ ᠦᠨᠳᠣᠰᠣᠳᠡᠨ ᠱᠠᠰᠢᠨ ᠰᠣᠷᠳᠠᠬᠤᠨ ᠮᠣᠩᠭᠤᠯ ᠬᠡᠯᠡ ᠪᠢᠴᠢᠭ ᠤᠨ ᠨᠧᠲ︾᠂ ︽ᠵᠠᠯᠠᠶᠢᠳ ᠤᠨ ᠭᠠᠷᠠᠭ ᠤᠨ ᠮᠡᠳᠡᠭᠡ︾᠂ ᠵᠠᠯᠠᠶᠢᠳ ᠤᠨ ᠷᠠᠳᠢᠣ᠋ ᠨᠡᠪᠳᠡᠷᠡᠬᠦᠯᠬᠡ᠂ ᠲᠧᠯᠸᠢᠰ ᠬᠤᠷᠢᠶ᠎ᠠ ᠵᠡᠷᠬᠡ ᠰᠣᠨᠢᠨ ᠮᠡᠳᠡᠬᠡᠨ ᠤ ᠵᠠᠭᠤᠴᠢᠯᠠᠭᠤᠷ  ᠢ ᠠᠰᠢᠭᠯᠠᠵᠣ᠂ ᠮᠠᠨ ᠤ ᠬᠤᠰᠢᠭᠤᠨ ᠤ ᠦᠨᠳᠣᠰᠣᠳᠡᠨ ᠤ ᠣᠷᠣᠨ ᠤ ᠦᠪᠡᠷᠳᠡᠬᠡᠨ ᠵᠠᠰᠠᠬᠤ ᠳᠦᠷᠣ ᠶᠢᠨ ᠪᠣᠳᠣᠯᠭ᠎ᠠ ᠶᠢ ᠳᠣᠣᠱᠠᠯᠠᠭᠤᠯᠣᠨ ᠨᠡᠶᠢᠳᠡᠪᠣᠷᠢᠭᠤᠯᠣᠭᠰᠠᠨ 60 ᠭᠠᠷᠣᠢ ᠵᠢᠯ ᠤᠨ ᠳᠣᠷᠰᠢᠬᠢ ᠨᠡᠶᠢᠬᠡᠮ ᠠᠵᠣ ᠠᠬᠤᠢ  ᠶᠢᠨ ᠬᠦᠭᠵᠢᠯᠳᠡ ᠶᠢᠨ ᠳᠠᠯ᠎ᠠ ᠪᠠᠷ ᠣᠯᠣᠭᠰᠠᠨ ᠯᠣᠳᠣ ᠶᠡᠭᠡ ᠠᠮᠵᠢᠯᠳᠠ ᠶᠢ ᠦᠷᠬᠡᠨ ᠳᠡᠯᠬᠡᠷ ᠣᠬᠠᠭᠤᠯᠣᠭᠰᠠᠨ ᠪᠠᠶᠢᠨ᠎ᠠ︔ ︽ᠦᠨᠳᠣᠰᠣᠳᠡᠨ ᠤ ᠪᠦᠯᠬᠦᠮᠳᠡᠯ᠂ ᠱᠠᠰᠢᠨ ᠰᠣᠷᠳᠠᠬᠤᠨ ᠤ ᠳᠦᠷᠣ ᠶᠢᠨ ᠪᠣᠳᠣᠯᠭ᠎ᠠ ᠬᠠᠣᠯᠢ ᠳᠣᠭᠳᠠᠭᠠᠯ  ᠤᠨ ᠣᠬᠠᠭᠤᠯᠭ᠎ᠠ ᠶᠢᠨ ᠮᠠᠲ᠋ᠧᠷᠢᠶᠠᠯ︾ ᠢ 19300 ᠬᠤᠪᠢ᠂ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠣᠬᠠᠭᠤᠯᠭ᠎ᠠ ᠶᠢᠨ ᠵᠢᠷᠣᠭᠳᠣ ᠰᠣᠨᠢᠨ 5200 ᠬᠤᠪᠢ ᠳᠠᠷᠬᠠᠭᠠᠪᠠ︔ ᠪᠦᠬᠦ ᠬᠤᠰᠢᠭᠤᠨ ᠤ ᠳᠣᠮᠳᠠᠳᠣ ᠪᠠᠭ᠎ᠠ ᠰᠣᠷᠭᠠᠭᠤᠯᠢ ᠶᠢ ᠵᠣᠬᠢᠶᠠᠨ ᠪᠠᠶᠢᠭᠤᠯᠵᠣ ︽ᠭᠠᠵᠢᠭᠤ ᠨᠣᠮᠯᠠᠯ ᠢ ᠡᠰᠡᠷᠬᠦᠴᠡᠬᠦ︾ ᠣᠬᠠᠭᠤᠯᠭ᠎ᠠ ᠶᠢ ᠰᠣᠷᠭᠠᠭᠤᠯᠢ ᠳᠤ ᠣᠷᠣᠭᠤᠯᠬᠤ ᠪᠠ ︽ᠭᠠᠵᠢᠭᠤ ᠨᠣᠮᠯᠠᠯ ᠢ ᠡᠰᠡᠷᠬᠦᠴᠡᠬᠦ︾ ᠪᠢᠴᠢᠮᠡᠯ ᠰᠣᠨᠢᠨ ᠤ ᠦᠵᠡᠬᠦᠯᠣᠯᠬᠡ ᠶᠢᠨ ᠠᠵᠢᠯᠯᠠᠭᠠᠨ ᠢ ᠦᠷᠨᠢᠬᠦᠯᠪᠡ︔ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠣᠨ ᠪᠠᠶᠢᠭᠤᠯᠬᠤ ᠶᠢ ᠳᠠᠶᠢᠴᠢᠯᠠᠨ ᠠᠨᠳᠠᠭᠠᠶᠢᠯᠠᠬᠤ ᠶᠡᠭᠡ ᠬᠤᠷᠠᠯ ᠢ ᠢᠨᠳᠡᠷ ᠵᠢᠷᠭᠤᠳᠣᠭᠠᠷ ᠳᠣᠮᠳᠠᠳᠣ ᠰᠣᠷᠭᠠᠭᠤᠯᠢ ᠳᠤ ᠬᠤᠷᠠᠯᠳᠣᠭᠤᠯᠪᠠ︔ ᠵᠢᠱᠢᠶᠡᠴᠢ ᠨᠢᠬᠡᠴᠡ ᠬᠢᠬᠡᠳ ᠳᠡᠷᠢᠬᠦᠨ ᠤ ᠬᠤᠪᠢ ᠬᠦᠮᠣᠨ ᠤ ᠳᠡᠷᠢᠭᠦᠨ ᠤ ᠣᠶᠢᠯᠡ ᠠᠵᠢᠯᠯᠠᠭ᠎ᠠ᠂ ᠠᠷᠭ᠎ᠠ ᠳᠣᠷᠰᠢᠯᠭ᠎ᠠ ᠶᠢ ᠣᠬᠠᠭᠤᠯᠪᠠ︔ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ︽ ᠳᠣᠯᠣᠭᠠᠨ ᠣᠷᠣᠬᠤ︾ ᠠᠵᠢᠯᠯᠠᠭᠠᠨ ᠢ ᠥᠷᠨᠢᠬᠦᠯᠥᠭᠰᠡᠨ ᠠᠴᠠ ᠡᠬᠦᠳᠣᠨ ᠪᠠᠶᠢᠭᠤᠯᠬᠤ ᠠᠵᠢᠯ ᠣᠯᠠᠨ ᠳᠠᠶᠠᠭᠠᠷ ᠤᠨ ᠰᠡᠳᠬᠢᠯ ᠳᠤ ᠬᠠᠳᠠᠩᠰᠢᠵᠣ᠂ ᠦᠨᠳᠣᠰᠣᠳᠡᠨ ᠤ ᠡᠶ᠎ᠡ ᠵᠣᠬᠢᠴᠠᠩᠭᠤᠢ ᠵᠡᠷᠬᠡᠴᠡᠨ ᠣᠷᠣᠰᠢᠬᠤ ᠶᠢ ᠳᠦᠯᠬᠢᠨ ᠠᠬᠢᠭᠤᠯᠵᠠᠢ᠃       ᠬᠤᠶᠠᠷ᠂ ᠦᠨᠳᠣᠰᠣᠳᠡᠨ ᠤ ᠠᠮᠢᠳᠣᠷᠠᠯ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠣ᠂ ᠦᠨᠳᠣᠰᠣᠳᠡᠨ ᠤ ᠣᠷᠣᠨ ᠤ ᠶᠠᠳᠠᠭᠤ ᠶᠢ ᠳᠡᠳᠬᠦᠨ ᠴᠢᠨᠡᠬᠡᠯᠢᠭᠵᠢᠬᠦᠯᠬᠦ ᠠᠯᠬᠤᠴᠠ ᠶᠢ ᠳᠦᠷᠬᠡᠳᠬᠡᠪᠡ     ᠬᠢᠩᠭᠠᠨ ᠳᠠᠪᠠᠭᠠᠨ ᠤ ᠡᠮᠣᠨ᠎ᠡ ᠬᠤᠷᠮᠣᠢ ᠶᠢᠨ ᠬᠡᠰᠡᠭ ᠤᠨ ᠣᠷᠣᠨ ᠨᠣᠳᠤᠭ ᠤᠨ ᠬᠦᠭᠵᠢᠬᠦᠯᠣᠯᠳᠡ᠂ ᠦᠪᠡᠷᠳᠡᠬᠡᠨ ᠵᠠᠰᠠᠬᠤ ᠣᠷᠣᠨ ᠤ ᠳᠢᠩᠬᠢᠮ ᠳᠣᠪᠴᠢᠶ᠎ᠡ ᠶᠢᠨ ᠬᠠᠪᠰᠣᠷᠣᠨ ᠳᠡᠳᠬᠦᠬᠦ᠂ ᠦᠪᠡᠷᠳᠡᠬᠡᠨ ᠵᠠᠰᠠᠬᠤ ᠣᠷᠣᠨ  ᠤ ᠢᠯᠭᠠᠯᠳᠣ ᠳᠦᠷᠣ ᠶᠢᠨ ᠪᠣᠳᠣᠯᠭ᠎ᠠ ᠪᠠᠷ ᠬᠢᠩᠭᠠᠨ ᠠᠶᠢᠮᠠᠭ ᠢ ᠬᠠᠪᠰᠣᠷᠣᠨ ᠳᠡᠳᠬᠦᠬᠦ ᠪᠠ ᠦᠪᠡᠷᠳᠡᠬᠡᠨ ᠵᠠᠰᠠᠬᠤ ᠣᠷᠣᠨ ᠠᠴᠠ ᠵᠠᠯᠠᠶᠢᠳ ᠬᠤᠰᠢᠭᠤ ᠶᠢ ᠬᠠᠪᠰᠣᠷᠣᠨ ᠳᠡᠳᠬᠦᠬᠦ ᠠᠵᠢᠯ ᠤᠨ ᠬᠠᠮᠳᠣᠷᠠᠭᠰᠠᠨ ᠬᠤᠷᠠᠯᠳᠣᠭᠠᠨ ᠤ ᠳᠦᠷᠢᠮ ᠵᠡᠷᠬᠡ ᠳᠣᠬᠢᠶᠠᠯ ᠢ ᠠᠳᠬᠤᠵᠣ᠂ ᠴᠦᠬᠡᠨ ᠳᠣᠭᠠᠳᠣ ᠦᠨᠳᠣᠰᠣᠳᠡᠨ ᠳᠦᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠠᠵᠢᠯ ᠢ ᠯᠠᠪᠳᠠᠭᠤᠨ ᠢᠶᠠᠷ ᠳᠦᠯᠬᠢᠨ ᠠᠬᠢᠭᠤᠯᠵᠠᠢ᠃ ᠮᠠᠨ  ᠤ ᠬᠤᠰᠢᠭᠤᠨ ᠤ ᠴᠦᠬᠡᠨ ᠳᠣᠭᠠᠳᠣ ᠦᠨᠳᠣᠰᠣᠳᠡᠨ ᠤ ᠶᠠᠳᠠᠭᠤ ᠬᠦᠴᠢᠷᠳᠡᠯᠳᠡᠢ ᠬᠦᠮᠣᠨ ᠠᠮᠠ᠂ ᠪᠦᠬᠦ ᠬᠦᠮᠣᠨ ᠠᠮᠠ ᠶᠢᠨ 60% ᠶᠢ ᠡᠵᠡᠯᠡᠵᠣ᠂ ᠪᠠᠷᠤᠭ ᠪᠦᠬᠦᠨ ᠢᠶᠠᠷ ᠢᠶᠠᠨ ᠮᠣᠩᠭᠤᠯ ᠦᠨᠳᠣᠰᠣᠳᠡᠨ ᠪᠣᠯᠣᠨ᠎ᠠ᠃ ᠴᠦᠬᠡᠨ ᠳᠣᠭᠠᠳᠣ ᠦᠨᠳᠣᠰᠣᠳᠡᠨ ᠤ ᠶᠠᠳᠠᠭᠤ ᠬᠦᠮᠣᠨ ᠠᠮᠠ ᠶᠢᠨ ᠣᠶᠢᠯᠡᠳᠪᠣᠷᠢᠯᠡᠯ ᠠᠮᠢᠳᠣᠷᠠᠯ ᠤᠨ ᠨᠦᠬᠦᠴᠡᠯ ᠢ ᠪᠦᠳᠣᠮᠵᠢᠳᠡᠢ ᠰᠠᠶᠢᠵᠢᠷᠠᠭᠤᠯᠬᠤ ᠶᠢᠨ ᠳᠦᠯᠣᠬᠡ᠂ ᠨᠠᠮ ᠤᠨ ᠣᠯᠠᠨ ᠳᠦᠮᠡᠨᠴᠢ ᠱᠣᠭᠤᠮ ᠤᠨ ᠬᠦᠮᠣᠵᠢᠯ ᠦᠢᠯᠡᠳᠣᠯᠬᠡ ᠶᠢᠨ ᠠᠵᠢᠯᠯᠠᠭᠠᠨ ᠲᠠᠢ ᠣᠶᠠᠯᠳᠣᠭᠤᠯᠵᠣ᠂ ᠭᠤᠣᠯᠳᠠᠭᠤ ᠴᠦᠬᠡᠨ ᠳᠣᠭᠠᠳᠣ ᠦᠨᠳᠣᠰᠣᠳᠡᠨ ᠤ ᠶᠠᠳᠠᠭᠤ ᠬᠦᠴᠢᠷᠳᠡᠯᠳᠠᠢ ᠭᠠᠴᠠᠭ᠎ᠠ ᠳᠣᠰᠬᠤᠨ ᠳᠤ ᠬᠠᠨᠳᠣᠭᠤᠯᠣᠨ ︽ᠵᠠᠭᠤᠨ ᠳᠣᠰᠬᠤᠨ ᠳᠦᠮᠡᠨ ᠡᠷᠣᠬᠡ   ᠶᠢᠨ ᠶᠠᠳᠠᠭᠤ ᠶᠢ ᠳᠡᠳᠬᠦᠨ ᠴᠢᠨᠡᠬᠡᠯᠢᠭᠵᠢᠬᠦᠯᠬᠦ︾ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠣ᠂ ᠵᠠᠭᠤᠨ ᠭᠤᠣᠯᠳᠠᠯᠭᠠᠳᠣ ᠳᠣᠰᠬᠤᠨ ᠤ ︽ᠳᠣᠰᠬᠤᠨ ᠡᠷᠣᠬᠡ ᠳᠤ ᠭᠤᠷᠪᠠ ᠣᠷᠣᠭᠤᠯᠬᠤ︾ ᠳᠦᠯᠣᠪᠵᠢᠬᠦᠯᠬᠡ ᠶᠢ ᠨᠠᠶᠢᠷᠠᠭᠤᠯᠣᠨ ᠳᠠᠭᠤᠰᠬᠠᠵᠠᠢ᠃ ᠬᠤᠶᠠᠳᠣᠭᠠᠷ ᠡᠬᠡᠯᠵᠢ ᠶᠢᠨ ᠳᠢᠩᠬᠢᠮ ᠳᠣᠪᠴᠢᠶ᠎ᠡ ᠶᠢᠨ ᠬᠠᠪᠰᠣᠷᠣᠨ ᠳᠡᠳᠬᠦᠭᠰᠡᠨ ᠠᠴᠠ ᠨᠠᠰᠢ᠂ ᠡᠯ᠎ᠡ ᠬᠠᠪᠰᠣᠷᠣᠨ ᠳᠡᠳᠬᠦᠬᠦ ᠪᠠᠶᠢᠭᠤᠯᠭ᠎ᠠ ᠨᠢᠬᠡᠴᠨ ᠨᠡᠶᠢᠳᠡ 2.26   ᠳ᠋ᠦᠩᠰᠢᠭᠤᠷ ᠳᠦᠭᠦᠷᠢᠭ ᠤᠨ ᠪᠡᠯᠡ ᠮᠦᠩᠬᠦ ᠣᠷᠣᠭᠤᠯᠵᠣ᠂ ᠶᠠᠳᠠᠭᠤ ᠬᠦᠴᠢᠷᠳᠡᠢ ᠬᠦᠮᠦᠨ ᠠᠮᠠ ᠶᠢᠨ ᠲᠤᠭ᠎ᠠ 7860 ᠪᠠᠭᠠᠰᠴᠠᠢ᠃ 2014 ᠤᠨ ᠳᠤ ᠮᠦᠩᠭᠦᠨ ᠭᠦᠢᠯᠭᠡᠭᠡᠨ ᠤ ᠰᠠᠯᠠᠭ᠎ᠠ ᠮᠦᠴᠢᠷ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠶᠠᠳᠠᠭᠤ ᠶᠢ ᠲᠡᠳᠭᠦᠬᠦ ᠵᠢᠭᠡᠯᠡᠯᠭᠡ ᠶᠢᠨ ᠮᠦᠩᠭᠦ ᠨᠡᠶᠢᠳᠡ 1.6 ᠳ᠋ᠦᠩᠰᠢᠭᠤᠷ ᠲᠦᠭᠦᠷᠢᠭ ᠲᠠᠷᠬᠠᠭᠠᠵᠤ᠂ 3099 ᠶᠠᠳᠠᠭᠤ ᠡᠷᠦᠬᠡ ᠳᠤ ᠠᠰᠢᠭ ᠬᠦᠷᠳᠡᠭᠡᠵᠡᠢ᠃ ᠬᠠᠮᠳᠤ ᠳᠤᠨᠢ ᠠᠵᠢᠯ ᠤᠯᠭᠤᠬᠤ᠂ ᠳᠠᠬᠢᠨ ᠠᠵᠢᠯ ᠤᠯᠭᠤᠬᠤ ᠠᠵᠢᠯ ᠢ ᠲᠤᠬᠳᠠᠭᠤᠨ ᠢᠶᠠᠷ ᠶᠠᠪᠤᠬᠳᠠᠭᠤᠯᠵᠤ ᠴᠦᠬᠡᠨ ᠲᠤᠭᠠᠳᠤ ᠦᠨᠳᠦᠰᠦᠳᠡᠨ ᠤ   ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠳᠡᠯᠮᠦᠷᠢ ᠬᠦᠴᠦ ᠶᠢ ᠰᠢᠯᠵᠢᠭᠦᠯᠦᠨ᠂ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠡᠷᠬᠢᠯᠡᠬᠦ᠂ ᠤᠷᠤᠯᠭ᠎ᠠ ᠪᠠᠨ ᠨᠡᠮᠡᠭᠳᠡᠭᠦᠯᠬᠦ  ᠶᠢ ᠢᠳᠡᠪᠬᠢᠳᠡᠢ ᠪᠠᠷ ᠲᠦᠯᠬᠢᠨ ᠠᠬᠢᠭᠤᠯᠵᠠᠢ᠃ ᠪᠦᠬᠦ ᠬᠤᠰᠢᠭᠤ ᠵᠢᠯ ᠪᠦᠷᠢ 7 ᠲᠦᠮᠡ ᠭᠠᠷᠤᠢ ᠬᠦᠮᠦᠨ ᠤᠳᠠᠭ᠎ᠠ ᠬᠦᠳᠡᠯᠮᠦᠷᠢ ᠬᠦᠴᠣᠨ ᠢ ᠭᠠᠳᠠᠬᠰᠢ ᠭᠠᠷᠭᠠᠵᠠᠢ᠂ ᠡᠭᠦᠨ ᠳᠤ ᠤᠮᠠᠷᠠᠳᠤ ᠬᠡᠰᠡᠭ ᠤᠨ ᠰᠢᠶᠠᠩ   ᠪᠠᠯᠭᠠᠰᠣᠨ ᠤ ᠬᠦᠳᠡᠯᠮᠦᠷᠢ ᠬᠦᠴᠦ ᠶᠢ ᠲᠦᠮᠡ ᠭᠠᠷᠤᠢ ᠬᠦᠮᠦᠨ ᠤᠳᠠᠭ᠎ᠠ ᠭᠠᠳᠠᠬᠰᠢ ᠭᠠᠷᠭᠠᠭᠭᠰᠠᠨ ᠪᠠᠶᠢᠨ᠎ᠠ᠃ 2014 ᠤᠨ  ᠳᠤ ᠬᠦᠳᠡᠯᠮᠦᠷᠢ ᠬᠦᠴᠣᠨ ᠤ ᠭᠠᠷᠭᠠᠯᠭ᠎ᠠ ᠶᠢᠨ ᠬᠦᠮᠦᠨ ᠲᠤᠮᠳᠠᠴᠢ ᠤᠷᠤᠯᠭ᠎ᠠ 1150 ᠲᠦᠭᠦᠷᠢᠭ ᠨᠡᠮᠡᠭᠳᠡᠪᠡ᠃ ᠬᠤᠰᠢᠭᠤᠨ ᠤ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ ᠬᠢᠭᠡᠳ ᠵᠡᠮᠳᠡᠭᠴᠦᠳ ᠤᠨ ᠬᠤᠯᠪᠤᠭ᠎ᠠ ᠬᠠᠮᠳᠤᠷᠠᠨ ᠨᠡᠶᠢᠳᠡ  ᠶᠢᠨ ᠠᠰᠠᠷᠠᠮᠵᠢ ᠶᠢᠨ ᠴᠢᠨᠠᠷ ᠲᠠᠢ ᠠᠵᠢᠯ ᠤᠨ ᠪᠠᠶᠢᠷᠢ ᠶᠢ ᠬᠤᠳᠠᠯᠳᠤᠨ ᠠᠪᠴᠤ᠂ 14 ᠨᠡᠷᠡᠰ ᠵᠡᠮᠳᠡᠭ ᠤᠶᠤᠳᠠᠨ ᠢ ᠤᠷᠢᠵᠤ ᠬᠡᠷᠡᠭᠯᠡᠵᠡᠢ᠃ ᠡᠭᠦᠨ ᠳᠤ ᠴᠦᠬᠡᠨ ᠲᠤᠭᠠᠳᠤ ᠦᠨᠳᠦᠰᠦᠳᠡᠨ 60% ᠶᠢ ᠡᠵᠡᠯᠡᠪᠡ᠃ ᠪᠦᠬᠦ ᠬᠤᠰᠢᠭᠤᠨ  ᠤ 2698 ᠬᠦᠮᠦᠨ ᠰᠢᠨ᠎ᠡ ᠪᠠᠷ ᠠᠵᠢᠯ ᠣᠯᠵᠣ᠂ ᠴᠦᠬᠡᠨ ᠲᠤᠭᠠᠳᠤ ᠦᠨᠳᠦᠰᠦᠳᠡᠨ 73%   ᠶᠢ ᠡᠵᠡᠯᠡᠪᠡ᠃ ᠲᠠᠷᠢᠶᠠᠴᠢᠨ ᠮᠠᠯᠴᠢᠨ ᠢ 33267 ᠬᠦᠮᠦᠨ ᠤᠳᠠᠭ᠎ᠠ ᠰᠢᠯᠵᠢᠭᠦᠯᠦᠨ ᠠᠵᠢᠯ ᠤᠯᠭᠤᠵᠤ᠂ ᠴᠦᠬᠡᠨ ᠲᠤᠭᠠᠳᠤ ᠦᠨᠳᠦᠰᠦᠳᠡᠨ 76 % ᠶᠢ ᠡᠵᠡᠯᠡᠪᠡ᠃     ᠭᠤᠷᠪᠠ᠂   ᠦᠨᠳᠦᠰᠦᠳᠡᠨ ᠤ ᠠᠵᠤ ᠠᠬᠤᠢ ᠶᠢᠨ ᠬᠠᠷᠢᠯᠴᠠᠨ ᠬᠠᠪᠰᠤᠷᠠᠯᠴᠠᠬᠤ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠳᠡᠨ ᠤ ᠤᠷᠤᠨ ᠤ ᠠᠵᠤ ᠠᠬᠤᠢ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠪᠡ     ᠬᠢᠳᠠᠳ ᠦᠨᠳᠦᠰᠦᠳᠡᠨ ᠢᠶᠠᠷ ᠭᠤᠤᠯᠯᠠᠬᠰᠠᠨ ᠡᠮᠦᠨ᠎ᠡ ᠬᠡᠰᠡᠭ ᠤᠨ ᠰᠢᠶᠠᠩ ᠪᠠᠯᠭᠠᠰᠤᠨ ᠤ ᠲᠠᠷᠢᠶᠠᠴᠢᠳ᠂ ᠴᠦᠬᠡᠨ ᠲᠤᠭᠠᠳᠤ ᠦᠨᠳᠦᠰᠦᠳᠡᠨ ᠤᠯᠠᠩᠬᠢ ᠲᠤᠭ᠎ᠠ ᠶᠢ ᠡᠵᠡᠯᠡᠭᠰᠡᠨ ᠤᠮᠠᠷᠠᠳᠤ ᠬᠡᠰᠡᠭ ᠤᠨ ᠤᠷᠤᠨ ᠳᠤ ᠬᠦᠷᠴᠦ ᠦᠢᠯᠡᠳᠪᠦᠷᠢᠯᠡᠯ ᠤᠨ ᠬᠠᠮᠵᠢᠯᠴᠠᠭ᠎ᠠ ᠶᠠᠪᠤᠬᠳᠠᠭᠤᠯᠬᠤ ᠶᠢ ᠵᠢᠯᠤᠭᠤᠳᠴᠤ᠂ ᠣᠷᠣᠨ ᠤ ᠬᠤᠭᠤᠷᠤᠨᠳᠤᠬᠢ ᠰᠤᠶᠤᠯ ᠤᠨ ᠰᠤᠯᠢᠯᠴᠠᠭ᠎ᠠ ᠶᠠᠪᠤᠬᠳᠠᠭᠤᠯᠬᠤ ᠪᠠᠨ ᠴᠢᠩᠭᠠᠳᠬᠠᠵᠤ᠂ ᠬᠠᠷᠢᠯᠴᠠᠨ ᠬᠠᠪᠰᠤᠷᠤᠯᠴᠠᠬᠤ᠂ ᠬᠠᠮᠳᠤ ᠪᠠᠷ ᠪᠦᠯᠬᠦᠮᠳᠡᠨ ᠲᠠᠪᠰᠢᠬᠰᠠᠨ ᠡᠶ᠎ᠡ ᠨᠠᠶᠢᠷ ᠲᠠᠢ ᠪᠠᠶᠢᠳᠠᠯ ᠢ ᠪᠤᠢ ᠪᠤᠯᠭᠠᠪᠠ᠃ ᠲᠠᠷᠢᠶᠠᠯᠠᠩ ᠮᠠᠯ ᠠᠵᠤ ᠠᠬᠤᠢ ᠲᠠᠢ ᠬᠤᠯᠪᠤᠬᠳᠠᠬᠰᠠᠨ ᠲᠦᠷᠦᠯ ᠵᠦᠢᠯ ᠤᠨ ᠲᠤᠬᠢᠷᠠᠭᠤᠯᠤᠯᠳᠠ ᠲᠡᠭᠡᠷ᠎ᠡ᠂ ᠭᠤᠤᠯᠳᠠᠯᠭ᠎ᠠ ᠪᠠᠨ ᠤᠮᠠᠷᠠᠳᠤ ᠬᠡᠰᠡᠭ ᠤᠨ ᠴᠦᠬᠡᠨ ᠲᠤᠭᠠᠳᠤ ᠦᠨᠳᠦᠰᠦᠳᠡᠨ ᠤ ᠶᠠᠳᠠᠭᠤ ᠬᠦᠴᠢᠷᠳᠡᠯᠳᠡᠢ ᠣᠷᠣᠨ ᠳᠠᠰᠢ ᠬᠡᠯᠪᠡᠶᠢᠯᠭᠡᠵᠦ᠂   ᠲᠤᠮᠤ ᠡᠷᠦᠬᠡ ᠪᠠᠭ᠎ᠠ ᠡᠷᠦᠬᠡ ᠶᠢ ᠲᠠᠭᠠᠭᠤᠯᠬᠤ᠂ ᠪᠠᠶᠠᠨ ᠡᠷᠦᠬᠡ ᠶᠠᠳᠠᠭᠤ ᠡᠷᠦᠬᠡ ᠶᠢ ᠲᠠᠭᠠᠭᠤᠯᠬᠤ᠂ ᠬᠤᠷᠰᠢᠶ᠎ᠠ ᠲᠠᠷᠠᠬᠠᠢ ᠡᠷᠦᠬᠡ ᠶᠢ ᠲᠠᠭᠠᠭᠤᠯᠬᠤ ᠵᠡᠷᠭᠡ ᠬᠡᠯᠪᠡᠷᠢ ᠶᠢ ᠠᠰᠢᠬᠯᠠᠵᠤ᠂ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠢ ᠵᠢᠯᠤᠭᠤᠳᠴᠤ᠂ ᠦᠬᠡᠷ᠂ ᠬᠤᠨᠢ ᠶᠢ ᠲᠡᠵᠢᠭᠡᠨ ᠦᠷᠡᠵᠢᠭᠦᠯᠬᠦ ᠵᠡᠷᠭᠡ ᠠᠵᠤ ᠦᠢᠯᠡᠰ ᠢ ᠬᠦᠭᠵᠢᠭᠦᠯᠦᠨ ᠠᠵᠤ ᠦᠢᠯᠡᠰᠵᠢᠭᠰᠡᠨ ᠡᠵᠡᠩᠨᠡᠯᠳᠡ ᠶᠢ ᠦᠷᠨᠢᠭᠦᠯᠬᠦ ᠶᠢ ᠵᠤᠷᠢᠬᠵᠢᠭᠤᠯᠵᠤ᠂ ᠲᠠᠷᠢᠶᠠᠯᠠᠩ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠬᠴᠢ ᠠᠵᠤ ᠠᠬᠤᠶᠢᠯᠠᠯ ᠢ ᠡᠭᠦᠳᠦᠨ ᠪᠠᠶᠢᠭᠤᠯᠪᠠ᠃ ᠴᠦᠬᠡᠨ ᠲᠤᠭᠠᠳᠤ ᠦᠨᠳᠦᠰᠦᠳᠡᠨ ᠤ ᠬᠦᠭᠵᠢᠭᠦᠯᠦᠯᠳᠡ ᠶᠢᠨ ᠲᠦᠷᠦᠯ ᠵᠦᠢᠯ ᠤᠨ ᠪᠡᠯᠡ ᠮᠦᠩᠬᠦ ᠶᠢ ᠢᠳᠡᠪᠬᠢᠳᠡᠢ ᠪᠠᠷ ᠲᠡᠮᠡᠴᠡᠨ ᠤᠯᠵᠠᠢ᠃ ᠡᠭᠦᠳᠦᠨ ᠪᠠᠶᠢᠭᠤᠯᠬᠤ ᠠᠵᠢᠯᠯᠠᠭᠠᠨ ᠢ ᠦᠷᠨᠢᠭᠦᠯᠦᠭᠰᠡᠨ ᠠᠴᠠ ᠨᠠᠰᠢ ᠨᠡᠶᠢᠳᠡ 750 ᠲᠦᠮᠡᠨ ᠲᠦᠭᠦᠷᠢᠭ ᠤᠨ ᠪᠡᠯᠡ ᠮᠦᠩᠬᠦ ᠶᠢ ᠤᠯᠵᠠᠢ᠃ ᠦᠪᠦᠷ ᠮᠤᠩᠭᠤᠯ ᠤᠨ ᠮᠧᠩ ᠴᠢᠶᠠᠩ ᠰᠢᠨᠵᠢᠯᠡᠭᠡ ᠲᠧᠭᠨᠢᠭ ᠤᠨ ᠨᠡᠭᠡᠭᠡᠯᠳᠡ ᠶᠢᠨ ᠬᠢᠵᠠᠭᠠᠷᠳᠤ ᠺᠤᠮᠫᠠᠨᠢ ᠶᠢᠨ ︽ᠵᠤᠰᠠᠯᠠᠩ  ᠤᠨ ᠬᠡᠯᠪᠡᠷᠢᠳᠦ ᠬᠠᠩᠭᠠᠢ ᠲᠡᠷᠭᠡ ᠮᠤᠩᠭᠤᠯ ᠭᠡᠷ︾ ᠤᠨ ᠲᠦᠷᠦᠯ ᠵᠦᠢᠯ ᠢ ᠠᠮᠵᠢᠯᠳᠠᠳᠠᠢ ᠪᠠᠷ ᠤᠷᠢᠵᠤ᠂ ᠶᠡᠷᠦᠩᠬᠡᠢ ᠪᠡᠯᠡ ᠤᠷᠤᠭᠤᠯᠤᠯᠳᠠ 500   ᠲᠦᠮᠡᠨ ᠲᠦᠭᠦᠷᠢᠭ ᠲᠤᠯᠵᠠᠢ᠃ ᠴᠤᠤᠯ ᠤᠨ ᠶᠢᠨ ᠵᠤ᠋ ᠠᠮᠤ ᠪᠤᠳᠠᠭᠠᠨ ᠤ ᠠᠵᠤ ᠦᠢᠯᠡᠰ ᠵᠡᠷᠭᠡ 10 ᠠᠵᠤ ᠠᠬᠤᠶᠢᠯᠠᠯ ᠳᠤ ᠦᠨᠳᠦᠰᠦᠳᠡᠨ ᠤ ᠠᠷᠠᠯᠵᠢᠶ᠎ᠠ᠂ ᠦᠨᠳᠦᠰᠦᠳᠡᠨ ᠤ ᠤᠨᠴᠠ ᠬᠡᠷᠡᠭᠴᠡᠭᠡᠳᠦ ᠪᠦᠳᠦᠭᠡᠭᠳᠡᠬᠦᠨ ᠢ ᠲᠤᠬᠳᠠᠬᠰᠠᠨ ᠭᠠᠵᠠᠷ ᠲᠤ ᠦᠢᠯᠡᠳᠪᠦᠷᠢᠯᠡᠬᠦ ᠠᠵᠤ ᠠᠬᠤᠶᠢᠯᠠᠯ ᠤᠨ ᠬᠠᠷᠠᠭᠠᠯᠵᠠᠯᠠᠯ  ᠤᠨ ᠲᠦᠷᠦ ᠶᠢᠨ ᠪᠤᠳᠤᠯᠭ᠎ᠠ ᠪᠠ ᠲᠡᠮᠵᠢᠯᠭᠡ ᠶᠢ ᠴᠢᠷᠮᠠᠶᠢᠨ ᠤᠯᠭᠤᠵᠠᠢ᠃     ᠲᠦᠷᠪᠡ᠂ ᠦᠨᠳᠦᠰᠦᠳᠡᠨ ᠤ ᠰᠤᠶᠤᠯ ᠤᠨ ᠬᠠᠮᠠᠭᠠᠯᠠᠯᠳᠠ᠂ ᠰᠤᠷᠭᠠᠨ ᠬᠦᠮᠦᠵᠢᠯ᠂ ᠡᠮ ᠡᠮᠨᠡᠯᠭᠡ ᠶᠢᠨ ᠲᠡᠭᠡᠭᠰᠢᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠤᠨ ᠦᠢᠯᠡᠰ ᠤᠨ ᠪᠠᠳᠠᠷᠠᠨ ᠬᠦᠭᠵᠢᠬᠦ ᠶᠢ ᠲᠦᠯᠬᠢᠨ ᠠᠬᠢᠭᠤᠯᠪᠠ     ᠦᠨᠳᠦᠰᠦᠳᠡᠨ ᠤ ᠰᠤᠶᠤᠯ ᠤᠨ ᠬᠠᠮᠠᠭᠠᠯᠠᠯᠳᠠ ᠶᠢ ᠢᠳᠡᠪᠬᠢᠳᠡᠢ ᠪᠠᠷ ᠬᠦᠭᠵᠢᠭᠦᠯᠵᠦ᠂ ᠦᠯᠢᠭᠡᠷ ᠵᠡᠷᠭᠡ 20 ᠲᠦᠷᠦᠯ ᠵᠦᠢᠯ ᠨᠢ ᠪᠦᠬᠦ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠬᠦᠷᠦᠩᠭᠡᠨ ᠤ ᠬᠠᠮᠠᠭᠠᠯᠠᠯᠳᠠ ᠶᠢᠨ ᠨᠡᠷᠡᠰ ᠲᠤ ᠵᠢᠬᠰᠠᠭᠠᠬᠳᠠᠵᠠᠢ᠃ ᠡᠬᠦᠨ   ᠤ ᠳᠣᠳᠣᠷ᠎ᠠ ᠠᠴᠠ ᠵᠠᠯᠠᠶᠢᠳ ᠤᠨ ᠪᠣᠭᠳᠠ ᠠᠭᠤᠯᠠ ᠶᠢᠨ ᠳᠠᠬᠢᠯᠭ᠎ᠠ ᠶᠢᠨ ᠰᠣᠶᠣᠯ᠂ ᠵᠠᠯᠠᠶᠢᠳ ᠤᠨ ᠣᠷᠳᠣ ᠶᠢᠨ ᠳᠠᠭᠤᠣ᠂ ᠵᠠᠯᠠᠶᠢᠳ ᠤᠨ ᠬᠤᠪᠴᠠᠰᠣ ᠵᠠᠰᠠᠯ ᠨᠢ ᠣᠷᠣᠨ ᠤ ᠳᠡᠰ ᠤᠨ ᠬᠠᠮᠠᠭᠠᠯᠠᠯᠳᠠ ᠶᠢᠨ ᠨᠡᠷᠡᠰ ᠲᠤ ᠣᠷᠣᠵᠣ᠂ ᠬᠠᠭᠤᠷᠮᠠᠭ ᠮᠠᠨᠵᠣ ᠶᠢᠨ ᠵᠠᠬᠢᠷᠭ᠎ᠠ ᠶᠢᠨ ᠠᠵᠢᠯᠯᠠᠵᠣ ᠪᠠᠶᠢᠭᠰᠠᠨ ᠬᠠᠭᠤᠴᠢᠨ ᠰᠠᠭᠤᠴᠠ᠂ ᠪᠣᠭᠳᠠ ᠠᠭᠤᠯᠠᠨ ᠤ ᠴᠢᠯᠠᠭᠤᠨ ᠬᠤᠳᠠᠨ ᠤ ᠦᠯᠡᠳᠡᠭᠳᠡᠯ ᠦᠪᠡᠷᠳᠡᠬᠡᠨ ᠵᠠᠰᠠᠬᠤ ᠣᠷᠣᠨ ᠤ ᠳᠠᠪᠣᠳᠣᠭᠠᠷ ᠪᠦᠯᠣᠭ᠌ ᠭᠤᠣᠯᠳᠠᠭᠠᠳᠣ ᠳᠡᠣᠬᠡ ᠶᠢᠨ ᠳᠣᠷᠠᠰᠬᠠᠯᠳᠣ ᠵᠣᠶᠢᠯ ᠢ ᠬᠠᠮᠠᠭᠠᠯᠠᠬᠤ ᠨᠢᠬᠡᠴᠡ ᠳᠤ ᠣᠷᠣᠪᠠ᠃     ︽ᠪᠣᠭᠳᠠ ᠠᠭᠤᠯᠠ ᠶᠢᠨ ᠳᠠᠬᠢᠯᠭ᠎ᠠ︾ ᠣᠯᠣᠰ ᠤᠨ ᠳᠡᠰ ᠤᠨ ᠬᠠᠮᠠᠭᠠᠯᠠᠯᠳᠠ ᠶᠢᠨ ᠨᠡᠷᠡᠰ ᠲᠤ ᠣᠷᠣᠪᠠ᠃ ︽ᠦᠬᠡᠯᠣᠨ ᠦᠵᠢᠨ︾ ᠵᠡᠷᠬᠡ ᠣᠯᠠᠨ ᠪᠦᠯᠣᠭ᠌ ᠳᠣᠮᠣ ᠬᠡᠯᠪᠡᠷᠢ ᠶᠢᠨ ᠬᠠᠮᠳᠣ ᠶᠢᠨ ᠳᠠᠭᠤᠣ ᠪᠦᠵᠢᠭ ᠬᠢᠬᠡᠳ ᠰᠢᠯᠢᠳᠡᠭ ᠪᠦᠳᠣᠬᠡᠯ ᠢ ᠵᠣᠬᠢᠶᠠᠨ ᠪᠦᠳᠣᠬᠡᠵᠣ᠂ ᠢᠨᠳᠡᠷ ᠬᠤᠶᠠᠳᠣᠭᠠᠷ ᠳᠣᠮᠳᠠᠳᠣ ᠰᠣᠷᠭᠠᠭᠤᠯᠢ ᠶᠢᠨ ᠬᠦᠯ ᠪᠦᠮᠪᠣᠬᠡᠨ ᠠᠩᠬᠢ᠂ ᠪᠦᠬᠦ ᠣᠷᠣᠨ ᠤ ᠠᠩᠬᠠᠳᠣᠭᠠᠷ ᠬᠤᠭᠤᠴᠠᠭᠠᠨ ᠤ ᠬᠦᠯ ᠪᠦᠮᠪᠣᠬᠡᠨ ᠣᠷᠣᠯᠳᠣᠭᠠᠨ ᠳᠤ ᠳᠡᠳ᠋ᠯᠡᠵᠣ᠂ ᠦᠨᠳᠣᠰᠣᠳᠡᠨ ᠤ ᠰᠣᠶᠣᠯ ᠪᠡᠶ᠎ᠡ ᠳᠠᠮᠢᠷ ᠤᠨ ᠬᠦᠭᠵᠢᠯᠳᠡ ᠶᠢᠨ ᠦᠪᠡᠷᠮᠢᠴᠠ ᠣᠨᠴᠠᠯᠢᠭ ᠢᠯᠡᠷᠬᠡᠢ ᠪᠠᠶᠢᠨ᠎ᠠ᠃ ᠦᠨᠳᠣᠰᠣᠳᠡᠨ ᠤ ᠳᠠᠭᠤᠣ ᠪᠦᠵᠢᠭ ᠤᠨ ᠪᠦᠯᠬᠦᠮ ᠤᠨ ᠪᠦᠳᠣᠬᠡᠨ ᠪᠠᠶᠢᠭᠤᠯᠣᠯᠳᠠ ᠶᠢ ᠴᠢᠩᠭᠠᠳᠬᠠᠵᠣ᠂ 35 ᠣᠷᠣᠨ ᠳᠤᠭ᠎ᠠ ᠰᠢᠨ᠎ᠡ ᠪᠠᠷ ᠨᠡᠮᠡᠭᠳᠡᠵᠤ᠂ ᠵᠢᠯ ᠪᠦᠷᠢ ᠰᠣᠶᠣᠯ ᠢ ᠬᠦᠳᠡᠭᠡ ᠳᠣᠰᠬᠤᠨ ᠳᠤ ᠬᠦᠷᠬᠡᠬᠦ ᠳᠣᠭᠯᠠᠯᠳᠠ ᠶᠢ 100 ᠭᠠᠷᠣᠢ ᠣᠳᠠᠭ᠎ᠠ ᠭᠠᠷᠭᠠᠪᠠ᠃ 2014 ᠣᠨ ᠤ 4 ᠰᠠᠷ᠎ᠠ ᠳᠤ ︽ᠨᠠᠮ ᠪᠠ ᠣᠯᠠᠨ ᠳᠦᠮᠡᠨ ᠵᠢᠷᠣᠬᠡ ᠰᠡᠳᠬᠢᠯ ᠢᠶᠠᠨ ᠬᠤᠯᠪᠣᠨ᠂ ᠬᠠᠮᠳᠣ ᠪᠠᠷ ᠦᠨᠳᠣᠰᠣᠳᠡᠨ ᠤ ᠬᠠᠶᠢᠷ᠎ᠠ ᠰᠡᠳᠬᠢᠯᠬᠡ ᠶᠢ ᠴᠣᠭᠴᠠᠯᠠᠬᠤ︾  ᠪᠠᠷ ᠭᠤᠣᠯ ᠰᠡᠳᠣᠪ ᠪᠣᠯᠭᠠᠭᠰᠠᠨ ᠦᠨᠳᠣᠰᠣᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤ  ᠶᠢ ᠡᠬᠦᠳᠣᠨ ᠪᠠᠶᠢᠭᠤᠯᠬᠤ ᠳᠣᠰᠬᠠᠢ ᠳᠣᠭᠯᠠᠯᠳᠠ ᠭᠠᠷᠭᠠᠪᠠ᠃ ᠪᠦᠬᠦ ᠠᠶᠢᠮᠠᠭ ᠤᠨ ᠳᠠᠪᠣᠳᠣᠭᠠᠷ ᠬᠤᠭᠤᠴᠠᠭᠠᠨ ᠤ ︽ ᠮᠦᠩᠬᠦᠨ ᠬᠤᠩᠬᠤ ᠬᠤᠨᠳᠠᠭᠠᠳᠣ︾ ᠳᠣᠮᠳᠠᠳᠣ ᠪᠠᠭ᠎ᠠ ᠰᠣᠷᠭᠠᠭᠤᠯᠢ ᠶᠢᠨ ᠮᠣᠩᠭᠤᠯ ᠰᠢᠯᠣᠭ᠌ ᠤᠨ ᠣᠷᠠᠨ ᠣᠩᠰᠢᠯᠭ᠎ᠠ ᠶᠢᠨ ᠣᠷᠣᠯᠳᠣᠭᠠᠨ ᠢ ᠠᠮᠵᠢᠯᠳᠠᠳᠠᠢ ᠪᠠᠷ ᠳᠠᠭᠠᠭᠠᠴᠢᠯᠠᠨ ᠡᠷᠬᠢᠯᠡᠪᠡ᠃ 6 ᠵᠢᠯ ᠦᠷᠬᠦᠯᠵᠢᠯᠡᠨ ᠵᠢᠷᠭᠤᠭᠠᠨ ᠬᠤᠭᠤᠴᠠᠭᠠᠨ ᠤ ᠴᠣᠣᠯ ᠭᠤᠣᠯ ᠰᠣᠶᠣᠯ ᠣᠷᠠᠯᠢᠭ ᠤᠨ ᠨᠠᠶᠢᠷ ᠢ ᠶᠠᠪᠦᠭ᠌ᠳᠠᠭᠤᠯᠪᠠ᠃ ᠮᠣᠩᠭᠤᠯ ᠦᠨᠳᠣᠰᠣᠳᠡᠨ ᠢᠶᠠᠷ ᠭᠤᠣᠯᠯᠠᠭᠰᠠᠨ ᠢᠨᠳᠡᠷ ᠪᠠᠯᠭᠠᠰᠣᠨ ᠤ ᠮᠦᠯᠢᠬᠡᠷ ᠭᠠᠴᠠᠭ᠎ᠠ ᠪᠠ ᠰᠣᠯᠣᠩᠭᠤᠰ ᠦᠨᠳᠣᠰᠣᠳᠡᠨ  ᠢᠶᠠᠷ ᠭᠤᠣᠯᠯᠠᠭᠰᠠᠨ ᠰᠢᠶᠠᠨ ᠭᠤᠸᠠᠩ ᠭᠠᠴᠠᠭ᠎ᠠ ᠶᠢ ᠰᠢᠨ᠎ᠡ ᠬᠡᠯᠪᠡᠷᠢ ᠶᠢᠨ ᠠᠶᠢᠯ ᠳᠣᠰᠬᠤᠨ ᠪᠣᠯᠭᠠᠨ ᠪᠦᠳᠣᠬᠡᠨ ᠪᠠᠶᠢᠭᠤᠯᠬᠤ ᠶᠢ ᠭᠤᠣᠯᠳᠠᠯᠭ᠎ᠠ ᠲᠠᠢ ᠬᠢᠵᠡᠢ᠃ ᠠᠯᠳᠠᠷᠳᠣ ᠰᠣᠮᠣ ᠶᠢᠨ ᠱᠠᠭᠠᠷᠠᠭᠳᠠᠢ ᠭᠠᠴᠠᠭ᠎ᠠ᠂ ᠦᠨᠳᠣᠰᠣᠳᠡᠨ ᠤ ᠣᠨᠴᠠᠯᠢᠭᠳᠣ ᠳᠣᠰᠬᠤᠨ᠂ ᠠᠷᠠᠳ ᠤᠨ ᠵᠠᠩ ᠣᠶᠢᠯᠡ ᠶᠢᠨ ᠬᠦᠳᠡᠭᠡ ᠳᠣᠰᠬᠤᠨ᠂ ᠦᠨᠳᠣᠰᠣᠳᠡᠨ ᠤ ᠮᠦᠼᠸᠢ ᠵᠡᠷᠬᠡ ᠳᠦᠷᠣᠯ ᠵᠣᠶᠢᠯ ᠢ ᠪᠠᠶᠢᠭᠤᠯᠪᠠ᠃ ︽ᠵᠠᠯᠠᠶᠢᠳ ᠬᠤᠰᠢᠭᠤᠨ ᠤ ᠦᠨᠳᠣᠰᠣᠳᠡᠨ ᠤ ᠰᠣᠷᠭᠠᠨ ᠬᠦᠮᠣᠵᠢᠯ ᠤᠨ ᠬᠦᠭᠵᠢᠬᠦᠯᠣᠯᠳᠡ ᠶᠢᠨ ᠢᠨᠵᠧᠨᠧᠷᠢᠩ ᠢ ᠬᠡᠷᠡᠭᠵᠢᠬᠦᠯᠬᠦ ᠳᠦᠰᠣᠯ︾ ᠢ ᠳᠣᠭᠳᠠᠭᠠᠵᠣ᠂ ᠦᠨᠳᠣᠰᠣᠳᠡᠨ ᠤ ᠰᠣᠷᠭᠠᠨ ᠬᠦᠮᠣᠵᠢᠯ ᠤᠨ ᠳᠣᠰᠬᠠᠢ ᠳᠡᠳᠬᠦᠮᠵᠢ ᠶᠢᠨ ᠳᠦᠷᠣ ᠶᠢᠨ ᠪᠣᠳᠣᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠣ᠂ ᠦᠨᠳᠣᠰᠣᠳᠡᠨ ᠤ ᠰᠣᠷᠭᠠᠨ ᠬᠦᠮᠣᠵᠢᠯ ᠤᠨ ᠵᠠᠷᠣᠳᠠᠯ ᠢ ᠪᠠᠳᠣᠯᠠᠬᠤ ᠵᠣᠬᠢᠴᠠᠮᠵᠢ ᠶᠢ ᠪᠠᠶᠢᠭᠤᠯᠣᠨ ᠳᠡᠬᠦᠯᠳᠡᠷᠵᠢᠬᠦᠯᠵᠣ ᠂ 2014 ᠣᠨ ᠳᠤ ᠴᠦᠬᠡᠨ ᠳᠣᠭᠠᠳᠣ ᠦᠨᠳᠣᠰᠣᠳᠡᠨ ᠤ ᠰᠣᠷᠣᠭᠴᠢ ᠳᠤ ᠡᠯ᠎ᠡ ᠵᠣᠶᠢᠯ ᠤᠨ ᠶᠠᠳᠠᠭᠤ ᠬᠦᠴᠢᠷᠳᠡᠯᠳᠠᠢ ᠶᠡᠭᠡ ᠰᠣᠷᠭᠠᠭᠤᠯᠢ ᠶᠢᠨ ᠣᠶᠣᠳᠡᠨ ᠤ ᠰᠣᠷᠣᠯᠭ᠎ᠠ ᠶᠢ ᠳᠣᠰᠠᠯᠠᠬᠤ ᠵᠢᠬᠡᠯᠡᠯᠬᠡ ᠪᠠ ᠳᠣᠰᠠᠯᠠᠮᠵᠢ ᠶᠢᠨ ᠵᠣᠭᠤᠰ ᠢ 1600 ᠳᠦᠮᠡ ᠭᠠᠷᠣᠢ ᠳᠦᠬᠦᠷᠢᠭ ᠳᠠᠷᠬᠠᠭᠠᠵᠣ᠂ ᠴᠦᠬᠡᠨ ᠳᠣᠭᠠᠳᠣ ᠦᠨᠳᠣᠰᠣᠳᠡᠨ ᠤ ᠰᠣᠷᠣᠭᠴᠢ ᠶᠠᠳᠠᠭᠤ ᠠᠴᠠ ᠪᠣᠯᠵᠣ ᠰᠣᠷᠣᠯᠭ᠎ᠠ ᠵᠣᠭᠰᠣᠬᠤ ᠦᠬᠡᠢ ᠪᠠᠶᠢᠬᠤ ᠶᠢ ᠪᠠᠳᠣᠯᠠᠪᠠ᠃ ᠰᠣᠷᠭᠠᠭᠤᠯᠢ ᠶᠢᠨ ᠳᠡᠷᠬᠡ ᠶᠢ 35 ᠬᠤᠳᠠᠯᠳᠣᠨ ᠣᠷᠣᠭᠤᠯᠵᠣ᠂ ᠠᠰᠢᠭᠯᠠᠯᠳᠠ ᠳᠤ ᠣᠷᠣᠮᠠᠷ ᠪᠠᠶᠢᠨ᠎ᠠ᠃ ᠡᠨᠡ ᠨᠢ ᠣᠮᠠᠷᠠᠳᠣ ᠶᠢᠨ ᠴᠦᠬᠡᠨ ᠳᠣᠭᠠᠳᠣ ᠦᠨᠳᠣᠰᠣᠳᠡᠨ ᠤ ᠳᠣᠮᠳᠠᠳᠣ ᠪᠠᠭ᠎ᠠ ᠰᠣᠷᠭᠠᠭᠤᠯᠢ ᠶᠢᠨ ᠰᠣᠷᠣᠭᠴᠢ ᠶᠢᠨ ᠳᠡᠷᠬᠡᠨ ᠳᠤ ᠰᠠᠭᠤᠬᠤ ᠨᠦᠬᠦᠴᠡᠯ ᠢ ᠶᠡᠭᠡ  ᠪᠠᠷ ᠰᠠᠶᠢᠵᠢᠷᠠᠭᠤᠯᠵᠣ᠂ ᠶᠠᠪᠣᠵᠣ ᠰᠠᠭᠤᠬᠤ ᠳᠤ ᠳᠦᠬᠦᠮ ᠦᠵᠡᠬᠦᠯᠬᠦ ᠪᠣᠯᠣᠨ᠎ᠠ᠃ ᠣᠷᠳᠣᠰ ᠬᠤᠳᠠ 2000 ᠳᠦᠮᠡᠨ ᠳᠦᠬᠦᠷᠢᠭ ᠤᠨ ᠪᠡᠯᠡ ᠣᠷᠣᠭᠤᠯᠵᠣ᠂ ᠳᠣᠰᠠᠯᠠᠨ ᠪᠠᠶᠢᠭᠤᠯᠣᠭᠰᠠᠨ ᠦᠨᠳᠣᠰᠣᠳᠡᠨ ᠤ ᠬᠡᠣᠬᠡᠳ ᠤᠨ ᠴᠡᠴᠡᠷᠯᠢᠭ 5 ᠰᠠᠷ᠎ᠠ ᠳᠤ ᠬᠡᠷᠡᠭᠯᠡᠬᠡᠨ ᠳᠤ ᠣᠷᠣᠨ᠎ᠠ᠃ 10500 ᠳᠦᠮᠡᠨ ᠳᠦᠬᠦᠷᠢᠭ ᠤᠨ ᠪᠡᠯᠡ ᠣᠷᠣᠭᠤᠯᠵᠣ ᠳᠣᠰᠠᠯᠠᠨ ᠪᠠᠶᠢᠭᠤᠯᠣᠭᠰᠠᠨ ᠮᠣᠩᠭᠤᠯ ᠡᠮᠨᠡᠯᠬᠡ ᠶᠢᠨ ᠬᠤᠷᠢᠶᠠᠨ ᠤ ᠡᠬᠦᠳᠡ ᠡᠮᠨᠡᠯᠬᠡ᠂ ᠡᠪᠡᠳᠴᠢᠳᠡᠨ ᠤ ᠦᠷᠣᠬᠡ  ᠶᠢᠨ ᠠᠰᠠᠷ ᠤᠨ ᠪᠦᠳᠣᠬᠡᠨ ᠪᠠᠶᠢᠭᠤᠯᠣᠯᠳᠠ ᠶᠢᠨ ᠳᠦᠷᠣᠯ ᠵᠣᠶᠢᠯ ᠵᠠᠰᠠᠨ ᠴᠢᠮᠡᠭᠯᠡᠬᠦ ᠱᠠᠳᠣᠨ ᠳᠤ ᠣᠷᠣᠪᠠ᠃ ᠨᠢᠳᠣᠨᠣᠨ ᠵᠢᠯ ︽ᠠᠷᠪᠠ ᠶᠢ ᠪᠦᠷᠬᠦᠬᠦᠯᠬᠦ ᠢᠨᠵᠧᠨᠧᠷᠢᠩ︾ ᠤᠨ ᠰᠣᠷᠭᠠᠭᠤᠯᠢ ᠶᠢᠨ ᠪᠠᠶᠢᠷᠢ ᠶᠢᠨ ᠪᠦᠳᠣᠬᠡᠨ ᠪᠠᠶᠢᠭᠤᠯᠣᠯᠳᠠ ᠵᠢᠴᠢ ᠠᠮᠤᠷ ᠳᠦᠪᠰᠢᠨ ᠪᠣᠯᠭᠠᠨ ᠰᠠᠶᠢᠵᠢᠷᠠᠭᠤᠯᠬᠤ ᠬᠢᠬᠡᠳ ᠭᠠᠴᠠᠭ᠎ᠠ ᠳᠣᠰᠬᠤᠨ ᠤ ᠪᠠᠷᠢᠶᠠᠮᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠢ ᠪᠦᠷᠬᠦᠬᠦᠯᠬᠦ ᠢᠨᠵᠧᠨᠧᠷᠢᠩ ᠢ ᠬᠡᠷᠡᠭᠵᠢᠬᠦᠯᠵᠣ᠂ ᠰᠢᠶᠠᠩ ᠳᠣᠰᠬᠤᠨ ᠤ ᠬᠡᠣᠬᠡᠳ  ᠤᠨ ᠴᠡᠴᠡᠷᠯᠢᠭ ᠢ 44 ᠰᠢᠨ᠎ᠡ ᠪᠠᠷ ᠪᠠᠶᠢᠭᠤᠯᠵᠣ᠂ ᠡᠬᠦᠨ ᠳᠤ ᠴᠦᠬᠡᠨ ᠳᠣᠭᠠᠳᠣ ᠦᠨᠳᠣᠰᠣᠳᠡᠨ ᠤ ᠰᠢᠶᠠᠩ ᠪᠠᠯᠭᠠᠰᠣᠨ ᠳᠤ 17 ᠶᠢ ᠨᠡᠶᠢᠳᠡᠪᠣᠷᠢᠵᠢᠭᠤᠯᠵᠠᠢ︔ ᠳᠣᠰᠬᠤᠨ ᠤ ᠡᠷᠡᠭᠦᠯ ᠬᠠᠮᠠᠭᠠᠯᠠᠯ ᠤᠨ ᠬᠡᠷ ᠢ 51 ᠰᠢᠨ᠎ᠡ ᠪᠠᠷ ᠪᠠᠶᠢᠭᠤᠯᠵᠣ᠂ ᠡᠬᠦᠨ ᠳᠤ ᠴᠦᠬᠡᠨ ᠳᠣᠭᠠᠳᠣ ᠦᠨᠳᠣᠰᠣᠳᠡᠨ ᠤ ᠰᠢᠶᠠᠩ ᠪᠠᠯᠭᠠᠰᠣᠨ ᠳᠤ 13 ᠶᠢ ᠨᠡᠶᠢᠳᠡᠪᠣᠷᠢᠵᠢᠭᠤᠯᠪᠠ᠃ ᠬᠠᠮᠳᠣ ᠳᠤ ᠨᠢ ᠦᠨᠳᠣᠰᠣᠳᠡᠨ ᠤ ᠳᠡᠬᠡᠳᠣ ᠳᠣᠮᠳᠠᠳᠣ ᠰᠣᠷᠭᠠᠭᠤᠯᠢ — ᠢᠨᠳᠡᠷ ᠬᠤᠶᠠᠳᠣᠭᠠᠷ ᠳᠣᠮᠳᠠᠳᠣ ᠰᠣᠷᠭᠠᠭᠤᠯᠢ ᠶᠢ ᠭᠤᠣᠯᠴᠢᠯᠠᠨ ᠪᠦᠳᠣᠬᠡᠨ ᠪᠠᠶᠢᠭᠤᠯᠵᠣ᠂ ᠦᠨᠳᠣᠰᠣᠳᠡᠨ ᠤ ᠰᠣᠷᠭᠠᠨ ᠬᠦᠮᠣᠵᠢᠯ ᠵᠢᠭᠠᠨ ᠰᠣᠷᠭᠠᠯᠳᠠ ᠬᠢᠬᠡᠳ ᠡᠮ ᠡᠮᠨᠡᠯᠬᠡ ᠡᠷᠡᠬᠦᠯ ᠬᠠᠮᠠᠭᠠᠯᠠᠯ ᠤᠨ ᠨᠦᠬᠦᠴᠡᠯ ᠳᠠᠰᠣᠷᠠᠯᠳᠠ ᠦᠬᠡᠢ ᠰᠠᠶᠢᠵᠢᠷᠠᠭᠰᠠᠨ ᠪᠠᠶᠢᠨ᠎ᠠ᠃     ᠳᠠᠪᠦ᠂ ᠦᠨᠳᠣᠰᠣᠳᠡᠨ ᠤ ᠬᠠᠷᠢᠴᠠᠭ᠎ᠠ ᠶᠢ ᠡᠶ᠎ᠡ ᠵᠣᠬᠢᠴᠠᠩᠭᠤᠢ ᠪᠠᠷ ᠡᠬᠦᠳᠣᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠣ᠂ ᠨᠡᠶᠢᠬᠡᠮ ᠤᠨ ᠳᠣᠭᠳᠠᠭᠤᠨ ᠬᠦᠭᠵᠢᠯᠳᠡ ᠶᠢᠨ ᠰᠠᠶᠢᠨ ᠰᠠᠶᠢᠬᠠᠨ ᠣᠷᠴᠢᠨ ᠢ ᠡᠬᠦᠳᠪᠠ     ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠰᠡᠶᠢᠳᠪᠣᠷᠢᠯᠡᠬᠦ ᠠᠵᠢᠯ ᠢ ᠬᠦᠨᠵᠡᠭᠡᠢ ᠦᠷᠨᠢᠭᠦᠯᠵᠣ᠂ ᠦᠨᠳᠣᠰᠣᠳᠡᠨ ᠤ ᠪᠦᠯᠬᠦᠮᠳᠡᠯ ᠬᠢᠬᠡᠳ ᠨᠡᠶᠢᠬᠡᠮ ᠤᠨ ᠳᠣᠭᠳᠠᠭᠤᠨ ᠢ ᠨᠦᠯᠣᠬᠡᠯᠡᠬᠦ ᠬᠡᠨᠡᠳᠳᠡ ᠶᠢᠨ ᠴᠢᠨᠠᠷᠳᠠᠢ᠂ ᠣᠯᠠᠨ ᠨᠡᠶᠢᠳᠡᠴᠢ ᠴᠢᠨᠠᠷᠳᠠᠢ ᠬᠡᠷᠡᠭ ᠡᠬᠦᠰᠬᠦ ᠶᠢ ᠴᠢᠩᠭ᠎ᠠ ᠰᠡᠷᠬᠡᠶᠢᠯᠡᠪᠠ᠃ ᠬᠤᠰᠢᠭᠤᠨ ᠳᠠᠷᠤᠭ᠎ᠠ ᠶᠢᠨ ᠶᠠᠭᠠᠷᠠᠯᠳᠠᠢ ᠣᠳᠠᠰᠣ ᠶᠢ ᠨᠡᠪᠳᠡᠷᠡᠬᠦᠯᠵᠣ᠂ ︽ᠵᠠᠭᠤᠨ ᠡᠳᠣᠷ ᠵᠠᠭᠤᠨ ᠬᠡᠷᠡᠭ︾ ᠤᠨ ᠳᠠᠷᠣᠭᠳᠠᠭᠰᠠᠨ ᠬᠡᠷᠡᠭ ᠢ ᠰᠡᠢᠳᠪᠣᠷᠢᠯᠡᠬᠦ ᠳᠣᠰᠬᠠᠢ ᠠᠵᠢᠯᠯᠠᠭᠠᠨ ᠢ ᠦᠷᠨᠢᠭᠦᠯᠵᠣ᠂ ᠡᠬᠢ ᠶᠢ ᠨᠢ ᠵᠠᠰᠠᠬᠤ᠂ ᠬᠦᠳᠡᠯᠣᠩᠬᠦᠢ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠨ ᠰᠡᠢᠳᠪᠣᠷᠢᠯᠡᠬᠦ ᠶᠢ ᠬᠠᠷᠢᠯᠴᠠᠨ ᠣᠶᠠᠯᠳᠣᠭᠤᠯᠣᠭᠰᠠᠨ ᠨᠡᠶᠢᠬᠡᠮ ᠤᠨ ᠬᠠᠮᠢᠶᠠᠷᠣᠯᠳᠠ ᠶᠢᠨ ᠰᠢᠰᠲ᠋ᠧᠮ ᠢ ᠪᠠᠶᠢᠭᠤᠯᠣᠨ ᠳᠡᠭᠦᠯᠳᠡᠷᠵᠢᠭᠦᠯᠵᠣ᠂ ᠨᠡᠶᠢᠬᠡᠮ ᠤᠨ ᠠᠰᠠᠭᠤᠳᠠᠯ ᠤᠨ ᠡᠬᠦᠰᠬᠦ ᠶᠢ ᠪᠦᠳᠣᠮᠵᠢᠳᠠᠢ ᠪᠠᠷ ᠬᠤᠷᠢᠭᠯᠠᠨ ᠵᠣᠭᠰᠣᠭᠠᠭᠰᠠᠨ ᠪᠣᠶᠣ   ᠪᠠᠭᠠᠰᠬᠠᠪᠠ᠃ ᠣᠶᠢᠷ᠎ᠠ ᠶᠢᠨ ᠵᠢᠯ ᠳᠤ ᠦᠨᠳᠣᠰᠣᠳᠡᠨ ᠤ ᠡᠯᠧᠮᠧᠨ᠋ᠲ ᠲᠠᠢ ᠬᠤᠯᠪᠣᠭᠳᠠᠨᠰᠠᠨ ᠬᠡᠷᠡᠭ ᠡᠬᠦᠰᠣᠭ᠍ᠰᠡᠨ ᠦᠬᠡᠢ ᠪᠠᠶᠢᠵᠣ᠂ ᠦᠨᠳᠣᠰᠣᠳᠡᠨ ᠤ ᠬᠠᠷᠢᠴᠠᠭ᠎ᠠ ᠶᠢᠨ ᠡᠶ᠎ᠡ ᠵᠣᠬᠢᠴᠠᠩᠭᠤᠢ ᠳᠣᠭᠳᠠᠭᠤᠨ ᠢ ᠪᠠᠳᠣᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号