ᠦᠶᠡᠷ ᠤᠰᠤᠳᠤᠯ ᠤᠨ ᠳᠠᠷᠠᠭ᠎ᠠ ᠤᠰᠤᠨ ᠲᠤᠳᠤᠷᠭ᠎ᠠ ᠶᠢᠨ ᠦᠢᠯᠡᠳᠪᠦᠷᠢᠯᠡᠯ ᠢ ᠠᠪᠤᠷᠠᠬᠤ ᠠᠷᠭ᠎ᠠ ᠪᠠᠷᠢᠯ ᠳᠤ ᠶᠠᠮᠠᠷ ᠬᠡᠳᠤᠨ ᠵᠦᠢᠯ ᠪᠠᠶᠢᠳᠠᠭ ᠪᠤᠢ
ᠨᠡᠶᠢᠲᠡᠯᠡᠭᠰᠡᠨ ᠴᠠᠭ᠄
2018-06-25
ᠤᠰᠤᠨ ᠲᠤᠳᠤᠷᠭ᠎ᠠ ᠲᠠᠷᠢᠳᠠᠭ ᠵᠠᠷᠢᠮ ᠭᠠᠵᠠᠷ ᠲᠤ ᠵᠤᠨ ᠤ ᠤᠯᠠᠷᠢᠯ ᠬᠤᠷ᠎ᠠ ᠲᠤᠨᠤᠳᠠᠰᠤ ᠡᠯᠪᠡᠭ ᠤᠴᠢᠷ ᠠᠴᠠ ᠤᠰᠤᠨ ᠲᠤᠳᠤᠷᠭ᠎ᠠ ᠦᠷᠬᠦᠯᠵᠢ ᠦᠶᠡᠷ ᠤᠰᠤᠳᠤᠯ ᠤᠨ ᠭᠠᠮᠰᠢᠭ ᠠᠴᠠ   ᠪᠤᠯᠵᠦ ᠤᠨᠠᠯᠳᠠ ᠨᠢ ᠬᠠᠰᠤᠭᠳᠠᠳᠠᠭ᠃ ᠡᠶᠢᠮᠤ ᠠᠴᠠ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ᠂ ᠦᠶᠡᠷ ᠤᠰᠤᠳᠤᠯ ᠤᠨ ᠭᠠᠮᠰᠢᠭ ᠤᠨ ᠤᠰᠤᠨ ᠲᠤᠳᠤᠷᠭ᠎ᠠ  ᠶᠢᠨ ᠦᠢᠯᠳᠪᠦᠷᠢᠯᠡᠯ ᠳᠤ ᠦᠵᠡᠭᠦᠯᠬᠦ ᠨᠦᠯᠦᠭᠡ ᠶᠢ ᠪᠠᠭᠠᠰᠬᠠᠬᠤ ᠨᠢ ᠲᠦᠢᠯ ᠤᠨ   ᠴᠢᠬᠤᠯᠠ   ᠶᠤᠮ᠃ ᠦᠶᠡᠷ ᠤᠰᠤᠳᠤᠯ ᠤᠨ ᠳᠠᠷᠠᠭ᠎ᠠ ᠤᠰᠤᠨ ᠲᠤᠳᠤᠷᠭ᠎ᠠ ᠶᠢᠨ ᠦᠢᠯᠡᠳᠪᠦᠷᠢᠯᠡᠯ  ᠨᠢ ᠳᠤᠤᠷᠠᠬᠢ ᠬᠡᠳᠤᠨ ᠵᠦᠢᠯ ᠤᠨ ᠠᠪᠤᠷᠠᠬᠤ ᠠᠷᠭ᠎ᠠ ᠪᠠᠷᠢᠯ ᠢ ᠠᠪᠴᠦ ᠪᠤᠯᠤᠨ᠎ᠠ᠃ 1. ᠴᠠᠭ ᠲᠤᠬᠠᠢ ᠳᠤᠨᠢ ᠰᠤᠪᠠᠭ ᠲᠠᠳᠠᠵᠦ   ᠤᠰᠤ   ᠵᠠᠯᠠᠭᠠᠳ᠂ ᠲᠠᠷᠢᠶᠠᠨ ᠴᠢᠬᠢ ᠶᠢᠨ ᠤᠷᠤᠢ   ᠤᠰᠤᠨ  ᠳᠤ ᠵᠢᠪᠬᠦ ᠴᠠᠭ ᠢ ᠪᠤᠭᠤᠨᠢᠰᠬᠠᠬᠤ ᠬᠡᠷᠡᠭᠳᠡᠢ᠃ 2. ᠲᠠᠷᠢᠶᠠᠨ ᠴᠢᠬᠢ ᠪᠠᠨ ᠴᠠᠭ ᠲᠤᠬᠠᠢ ᠳᠤᠨᠢ ᠵᠠᠶᠢᠯᠠᠵᠦ ᠴᠡᠪᠡᠷᠯᠡᠨ ᠴᠢᠬᠢ ᠪᠤᠰᠬᠠᠵᠦ᠂ ᠲᠠᠷᠢᠶᠠᠨ ᠴᠢᠬᠢ ᠶᠢᠨ ᠤᠷᠭᠤᠯᠳᠠ ᠶᠢ ᠲᠦᠷᠭᠡᠨ ᠰᠡᠷᠭᠦᠭᠡᠪᠡᠯ ᠭᠠᠮᠰᠢᠭ ᠢ ᠪᠠᠭᠠᠰᠬᠠᠵᠦ ᠴᠢᠳᠠᠨ᠎ᠠ  ᠃ 3. ᠤᠰᠤᠨ ᠲᠤᠳᠤᠷᠭ᠎ᠠ ᠤᠰᠤᠳᠤᠭᠰᠠᠨ ᠤ ᠳᠠᠷᠠᠭ᠎ᠠ ᠨᠠᠪᠴᠢ ᠨᠢ ᠰᠦᠢᠳᠴᠦ᠂ ᠡᠪᠡᠳᠴᠢᠨ ᠬᠠᠯᠳᠠᠬᠤ ᠲᠤᠬᠢᠶᠠᠯ ᠨᠡᠮᠡᠭᠳᠡᠵᠦ᠂ ᠡᠪᠡᠳᠴᠢᠨ ᠤ ᠪᠠᠺᠲ᠋ᠧᠷᠢ ᠲᠤᠳᠤᠷᠭ᠎ᠠ ᠳᠤ ᠬᠠᠯᠳᠠᠪᠤᠷᠢᠯᠠᠳᠠᠭ ᠠᠴᠠ ᠤᠯᠠᠨ ᠵᠦᠢᠯ ᠤᠨ ᠡᠪᠡᠳᠴᠢᠨ ᠤ ᠭᠠᠮᠰᠢᠭ ᠭᠠᠷᠳᠠᠭ᠃ ᠡᠶᠢᠮᠤ ᠠᠴᠠ ᠲᠠᠷᠢᠶᠠᠨ ᠤ ᠡᠪᠡᠳᠴᠢᠨ ᠤ ᠪᠠᠶᠢᠳᠠᠯ ᠢ ᠪᠠᠶᠢᠴᠠᠭᠠᠬᠤ ᠠᠵᠢᠯ ᠢᠶᠠᠨ ᠴᠢᠩᠭᠠᠳᠬᠠᠬᠤ ᠬᠡᠷᠡᠭᠳᠡᠢ᠃ 4. ᠲᠠᠷᠢᠶᠠᠨ ᠳᠠᠭᠠᠨ ᠭᠠᠮᠰᠢᠭ ᠤᠨ ᠪᠠᠶᠢᠳᠠᠯ ᠢ   ᠦᠵᠡᠵᠦ ᠪᠠᠶᠢᠭᠠᠳ   ᠨᠡᠮᠡᠯᠳᠡ ᠪᠤᠷᠳᠤᠭᠤᠷ ᠤᠷᠤᠭᠤᠯᠤᠨ᠎ᠠ᠃ 5. ᠦᠶᠡᠷ ᠤᠰᠤᠳᠤᠯ ᠤᠨ ᠭᠠᠮᠰᠢᠭ ᠤᠨ ᠪᠠᠶᠢᠳᠠᠯ ᠢ ᠦᠨᠳᠦᠰᠦᠯᠡᠨ᠂ ᠳᠠᠬᠢᠨ ᠲᠠᠷᠢᠬᠤ ᠲᠤᠳᠤᠷᠭ᠎ᠠ ᠶᠢᠨ ᠲᠠᠷᠢᠶᠠᠨ ᠭᠠᠵᠠᠷ ᠦᠯᠡᠳᠡᠭᠡᠬᠦ ᠪᠠᠨ ᠲᠤᠭᠳᠠᠭᠠᠬᠤ ᠬᠡᠷᠡᠭᠳᠡᠢ᠃ ᠤᠰᠤᠨ ᠲᠤᠳᠤᠷᠭ᠎ᠠ ᠤᠰᠤᠳᠤᠭᠰᠠᠨ ᠤ ᠳᠠᠷᠠᠭ᠎ᠠ ᠲᠠᠷᠢᠶᠠᠨ ᠤ ᠬᠢᠨᠠᠨ ᠲᠤᠭᠳᠠᠭᠠᠯ ᠢᠶᠠᠷ ᠳᠠᠮᠵᠢᠨ ᠲᠤᠳᠤᠷᠭ᠎ᠠ ᠶᠢᠨ ᠡᠰᠢ ᠨᠢ ᠨᠢᠭᠡᠨᠳᠡ ᠬᠤᠪᠬᠠᠶᠢᠷᠠᠵᠦ ᠦᠬᠦᠭᠡᠳ ᠢᠯᠵᠡᠷᠡᠭᠰᠡᠨ ᠪᠠᠶᠢᠪᠠᠯ ᠲᠠᠷᠢᠶᠠᠨ ᠭᠠᠵᠠᠷ  ᠢᠶᠠᠨ ᠲᠦᠷᠭᠡᠨ ᠦᠭᠡᠷᠡᠴᠢᠯᠡᠭᠡᠳ ᠨᠠᠮᠤᠷ ᠤᠨ ᠡᠷᠳᠡᠨᠢ ᠰᠢᠰᠢ᠂ ᠨᠠᠮᠤᠷ ᠤᠨ ᠠᠮᠳᠠᠳᠤ ᠲᠦᠮᠦᠰᠦ  ᠂ ᠢᠳᠡᠰᠢᠨ ᠨᠤᠭᠤᠭ᠎ᠠ ᠵᠡᠷᠭᠡ ᠪᠤᠰᠤᠳ ᠲᠠᠷᠢᠮᠠᠯ ᠢ ᠲᠠᠷᠢᠨ᠎ᠠ᠃
 
ᠢᠷᠡᠯᠲᠡ᠄ ᠬᠢᠩᠭᠠᠨ ᠡᠳᠤᠷ ᠤᠨ ᠰᠤᠨᠢᠨ ᠠᠵᠦ ᠠᠬᠤᠢ ᠶᠢᠨ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号