ᠵᠠᠰᠠᠭ ᠤᠨ ᠣᠷᠳᠣᠨ ᠤ ᠠᠵᠢᠯ ᠤᠨ ᠮᠡᠳᠡᠬᠦᠯᠦᠯᠳᠡ
ᠨᠡᠶᠢᠲᠡᠯᠡᠭᠰᠡᠨ ᠴᠠᠭ᠄
2018-06-26
ᠳᠣᠮᠳᠠᠳᠣ ᠣᠯᠣᠰ ᠤᠨ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠵᠠᠯᠠᠶᠢᠳ ᠬᠤᠰᠢᠭᠤᠨ ᠤ   ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ        (  2018 ᠣᠨ ᠤ 1 ᠰᠠᠷ᠎ᠠ ᠶᠢᠨ  16   ᠤ ᠡᠳᠦᠷ   ᠤᠨ   ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠵᠠᠯᠠᠶᠢᠳ   ᠬᠤᠰᠢᠭᠤᠨ ᠤ ᠠᠷᠪᠠᠳᠣᠭᠠᠷ   ᠬᠤᠭᠤᠴᠠᠭᠠᠨ ᠤ ᠬᠤᠷᠢᠶ᠎ᠠ ᠶᠢᠨ ᠨᠢᠭᠡᠳᠦᠭᠡᠷ ᠣᠳᠠᠭᠠᠨ ᠤ ᠪᠦᠭᠦᠳᠡ ᠬᠤᠷᠠᠯᠳᠣᠭᠠᠨ ᠳᠡᠭᠡᠷ᠎ᠡ )             ᠭᠤᠤ   ᠴᠦᠩ   ᠸᠧᠨ ᠭᠡᠰᠢᠭᠦᠳ ᠡ᠄       ᠦᠨᠤ᠂ ᠪᠢ ᠤᠯᠤᠰ ᠲᠦᠷᠤ ᠶᠢᠨ ᠵᠦᠪᠯᠡᠯᠭᠡᠨ ᠤ ᠵᠠᠯᠠᠶᠢᠳ ᠬᠤᠰᠢᠭᠤᠨ ᠤ ᠶᠢᠰᠤᠳᠣᠭᠡᠷ ᠬᠤᠭᠤᠴᠠᠭᠠᠨ ᠤ ᠬᠤᠷᠢᠶᠠᠠ ᠤ ᠪᠠᠶᠢᠩᠭᠤ ᠶᠢᠨ ᠬᠤᠷᠢᠶ᠎ᠠ ᠶᠢ ᠲᠦᠯᠤᠭᠡᠯᠠᠠ ᠶᠡᠭᠡ ᠬᠤᠷᠠᠯ ᠳᠤ ᠲᠠᠪᠣᠨ ᠵᠢᠯ ᠤᠨ ᠠᠵᠢᠯ ᠤᠨ ᠮᠡᠳᠡᠭᠦᠯᠤᠯᠳᠠ ᠬᠢᠨ᠎ᠡ᠃ ᠬᠢᠨᠠᠠ ᠵᠦᠪᠯᠡᠭᠦ ᠪᠤᠯᠪᠡᠤ︕ ᠬᠤᠷᠠᠯ ᠳᠤ ᠰᠠᠭᠠᠳᠠᠭᠰᠠᠠ ᠤᠳᠣᠷᠢᠳᠣᠯᠭ᠎ᠠ ᠪᠠ ᠬᠤᠷᠠᠯ ᠳᠤ ᠰᠤᠯᠠ ᠤᠷᠤᠯᠴᠠᠭᠰᠠᠠ ᠨᠦᠭᠦᠳ ᠤᠨ ᠰᠠᠨᠠᠯ ᠢᠶᠠᠨ ᠲᠤᠷᠠᠳᠬᠤ ᠶᠢ ᠭᠦᠰᠠᠶ᠎ᠠ᠃       ᠨᠢᠭᠡ᠂ ᠦᠩᠭᠡᠷᠡᠭᠰᠠᠠ ᠲᠠᠪᠤᠨ ᠵᠢᠯ ᠤᠨ ᠠᠵᠢᠯ ᠤᠨ ᠡᠷᠬᠢᠴᠠᠭᠦᠯᠤᠯ     ᠦᠩᠭᠡᠷᠡᠭᠰᠠᠠ ᠲᠠᠪᠤᠨ ᠵᠢᠯ ᠳᠤ᠂ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠬᠤᠰᠢᠭᠤᠨ ᠤ ᠨᠠᠮ ᠤᠨ ᠬᠤᠷᠢᠶ᠎ᠠ ᠶᠢᠨ ᠣᠳᠣᠷᠢᠳᠣᠯᠭ᠎ᠠ ᠲᠤᠤᠷ᠎ᠠ᠂ ᠨᠠᠮ ᠤᠨ ᠱᠤᠭᠤᠮ ᠴᠢᠭᠯᠡᠯᠳᠠ ᠲᠦᠷᠤ  ᠶᠢᠨ ᠪᠤᠳᠣᠯᠭ᠎ᠠ ᠶᠢ ᠭᠤᠶᠢᠪᠢᠰᠢ ᠦᠭᠡᠢ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠣᠭᠡᠷ᠂ ᠲᠠᠪᠤᠳᠣᠭᠠᠷ᠂ ᠵᠢᠷᠭᠤᠳᠣᠭᠠᠷ ᠪᠦᠭᠦᠳᠠ ᠬᠤᠷᠠᠯ ᠪᠠ ᠠᠷᠪᠡ ᠶᠢᠰᠤᠳᠣᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠠ ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ᠂ ︽ᠲᠦᠷᠪᠡᠨ ᠪᠦᠭᠦ ᠲᠠᠯ᠎ᠠ︾ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠯᠠᠭᠤᠯᠤᠯᠳᠠ᠂ ︽ᠲᠠᠪᠤᠨ ᠶᠡᠭᠡ ᠭᠦᠭᠵᠢᠯᠳᠠ ᠶᠢᠨ ᠦᠢᠯᠠᠭᠠᠭᠳᠠᠬᠤᠨ︾ ᠢ ᠨᠠᠷᠢᠨ ᠬᠢᠨᠠᠮᠠᠭᠠᠢ ᠰᠤᠷᠤᠯᠴᠠᠠ ᠲᠣᠭᠤᠰᠢᠯᠠᠭᠤᠯᠵᠠᠢ᠃ ᠪᠦᠯᠭᠦᠮᠳᠠᠯ᠂ ᠠᠷᠠᠳᠴᠢᠯᠠᠯ ᠬᠤᠶᠠᠷ ᠶᠡᠭᠡ ᠭᠤᠤᠯ ᠰᠠᠳᠣᠪ ᠢ ᠪᠠᠷᠢᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠭᠤᠤᠯ ᠠᠵᠢᠯ ᠤᠨ ᠲᠤᠭᠤᠷᠢᠨ ᠳᠤ᠂ ᠪᠦᠭᠦ ᠲᠠᠯ᠎ᠠ ᠪᠠᠷ ᠴᠢᠨᠡᠭᠡᠯᠢᠭ ᠨᠠᠶᠢᠭᠡᠮ ᠢ ᠪᠠᠶᠡᠯᠡᠭᠦᠯᠭᠦ ᠰᠢᠢᠳᠪᠦᠷᠢᠳᠦ ᠢᠯᠠᠯᠳᠠ  ᠶᠢ ᠤᠯᠬᠤ ᠱᠠᠳᠤᠨ ᠤ ᠬᠠᠷᠠᠯᠳᠠ ᠳᠤ ᠲᠦᠪᠯᠡᠭᠦᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠣ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠤᠯᠤᠰ ᠲᠦᠷᠤ ᠶᠢᠨ ᠵᠦᠪᠯᠠᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠵᠠᠰᠠᠭ ᠲᠤ ᠤᠷᠤᠯᠴᠠᠠ ᠵᠠᠰᠠᠭ ᠤᠨ ᠶᠠᠪᠣᠳᠠᠯ ᠢ ᠵᠦᠪᠯᠡᠭᠦ ᠡᠭᠦᠷᠭᠡ ᠴᠢᠳᠠᠯ ᠢ ᠦᠨᠡᠨᠬᠦ ᠬᠦᠢᠴᠡᠳᠭᠡᠵᠣ᠂ ᠰᠠᠳᠬᠢᠯ ᠨᠢᠭᠡᠳᠣᠨ ᠭᠦᠴᠤ ᠪᠠᠨ ᠬᠠᠮᠲᠣᠳᠬᠠᠵᠣ᠂ ᠰᠠᠨᠠᠯ ᠵᠦᠪᠯᠡᠯᠭᠡ ᠲᠡᠪᠰᠢᠭᠦᠯᠤᠨ᠂ ᠮᠠᠠ ᠤ ᠬᠤᠰᠢᠭᠤᠨ ᠤ ᠠᠵᠤ ᠠᠬᠤᠢ ᠨᠠᠶᠢᠭᠡᠮ ᠤᠨ ᠡᠯ᠎ᠠ ᠲᠦᠷᠤᠯ ᠤᠨ ᠠᠵᠢᠯ ᠦᠢᠯᠠᠰ  ᠤᠨ ᠡᠷᠡᠭᠦᠯ ᠢᠶᠠᠷ ᠭᠦᠭᠵᠢᠭᠦ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ ᠬᠤᠪᠢ ᠨᠠᠮᠠᠷᠢ ᠦᠵᠠᠭᠦᠯᠵᠡᠢ᠃       ︵ᠨᠢᠭᠡ︶ ᠦᠩᠭᠡᠷᠡᠭᠰᠠᠠ ᠲᠠᠪᠤᠨ ᠵᠢᠯ ᠳᠤ ᠪᠢᠳᠠ ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠤ᠂ ᠤᠨᠤᠯ ᠤᠨ ᠵᠠᠪᠰᠡᠭᠯᠠᠯ ᠢ ᠴᠢᠩᠭᠠᠳᠬᠠᠵᠤ᠂ ᠦᠵᠠᠯ ᠰᠠᠨᠠᠭᠠᠨ ᠤ ᠰᠠᠭᠤᠷᠢ ᠶᠢ ᠨᠠᠩ ᠪᠠᠳᠣᠵᠢᠭᠤᠯᠪᠠ᠃ ᠦᠵᠠᠯ ᠰᠠᠨᠠᠭ᠎ᠠ ᠤᠯᠤᠰ ᠲᠦᠷᠤ ᠶᠢᠨ ᠪᠦᠲᠦᠭᠡᠨ ᠪᠠᠶᠢᠭᠤᠯᠤᠯᠳᠠ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠠᠵᠤ ᠠᠬᠤᠢ ᠶᠢᠨ ᠭᠦᠭᠵᠢᠯᠳᠠ ᠶᠢᠨ ᠰᠢᠨ᠎ᠠ ᠭᠡᠪ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠠ᠂ ︽ᠲᠦᠷᠪᠡᠨ ᠤᠬᠠᠮᠰᠠᠷ︾ ᠢ ᠪᠠᠳᠣ ᠪᠤᠢ ᠪᠤᠯᠭᠠᠵᠤ᠂ ᠤᠯᠤᠰ ᠲᠦᠷᠤ ᠶᠢᠨ ᠵᠦᠪᠯᠠᠯᠭᠡᠨ ᠤ ᠠᠵᠢᠯ ᠤᠨ ᠵᠦᠪ ᠤᠨᠤᠪᠴᠢᠳᠡᠢ ᠤᠯᠤᠰ ᠲᠦᠷᠤ ᠶᠢᠨ ᠴᠢᠭᠯᠡᠯ ᠢ ᠢᠮᠠᠭᠳᠠ ᠪᠡᠷᠢᠮᠳᠠᠯᠠᠪᠠ᠃ ᠨᠢᠭᠡ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠲᠦᠪᠯᠡᠷᠡᠭᠰᠠᠠ ᠨᠢᠭᠡᠳᠣᠯᠳᠡᠢ ᠤᠳᠣᠷᠢᠳᠣᠯᠭ᠎ᠠ ᠶᠢ ᠪᠠᠷᠢᠮᠳᠠᠯᠠᠭᠰᠠᠨ ᠪᠠᠶᠢᠨ᠎ᠠ᠃ ᠲᠠᠪᠤᠨ ᠵᠢᠯ ᠤᠨ ᠲᠤᠷᠰᠢ᠂ ᠤᠯᠤᠰ ᠲᠦᠷᠤ ᠶᠢᠨ ᠵᠦᠪᠯᠠᠯᠭᠡᠨ ᠤ ᠠᠵᠢᠯ ᠢᠶᠠᠨ ᠨᠠᠮ ᠤᠨ ᠬᠤᠷᠢᠶ᠎ᠠ ᠶᠢᠨ ᠠᠵᠢᠯ ᠤᠨ ᠶᠡᠭᠡ ᠲᠠᠯ᠎ᠠ ᠳᠤ ᠠᠪᠠᠴᠢᠠ ᠲᠦᠰᠤᠪᠯᠡᠵᠤ ᠪᠠᠶᠢᠷᠢᠯᠠᠭᠤᠯᠤᠨ᠂ ᠴᠢᠬᠤᠯᠠ ᠶᠡᠭᠡ ᠵᠤᠶᠢᠯ᠂ ᠭᠤᠤᠯᠳᠠᠯᠭ᠎ᠠ ᠲᠠᠢ ᠲᠤᠬᠢᠷᠠᠭᠤᠯᠤᠯᠳᠠ ᠶᠢ ᠴᠠᠭ ᠲᠤᠬᠠᠢ ᠳᠤ ᠨᠢ ᠬᠤᠰᠢᠭᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠵᠡᠢ᠃ ᠬᠤᠷᠠᠯ ᠬᠤᠷᠠᠯᠳᠣᠬᠤ ᠠᠵᠢᠯᠯᠠᠭᠠᠨ ᠦᠷᠨᠢᠭᠦᠯᠭᠦ ᠳᠤ ᠪᠦᠭᠦ ᠬᠤᠰᠢᠭᠤᠨ ᠤ ᠭᠤᠤᠯ ᠠᠵᠢᠯ ᠲᠠᠢ ᠤᠶᠠᠯᠳᠣᠭᠤᠯᠵᠤ᠂ ᠬᠤᠰᠢᠭᠤᠨ ᠤ ᠨᠠᠮ ᠤᠨ ᠬᠤᠷᠢᠶᠠᠠ  ᠤ ᠡᠯ᠎ᠠ ᠲᠦᠷᠤᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠭᠤᠯᠣᠯᠲᠠ ᠶᠢ ᠤᠯᠤᠰ ᠲᠦᠷᠤ ᠶᠢᠨ ᠵᠦᠪᠯᠠᠯᠭᠡᠨ ᠳᠤ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠳᠣᠯᠠᠵᠡᠢ᠃ ᠨᠠᠮ ᠤᠨ ᠴᠢᠬᠤᠯᠠ ᠠᠵᠢᠯ ᠢ ︽ ᠲᠦᠷᠤᠯᠵᠢᠭᠦᠯᠭᠦ᠂ ᠲᠠᠩᠰᠠ ᠴᠠᠶᠢᠷᠠᠭᠤᠯᠬᠤ ᠲᠦᠷᠢᠮ︾ ᠠᠴᠠ ᠭᠠᠷᠳᠠᠠ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠠᠳᠭᠡᠨ ᠵᠦᠪᠯᠠᠯᠴᠠᠭᠦ ᠳᠤ ᠢᠳᠡᠪᠬᠢᠳᠡᠢ ᠪᠠᠷ ᠨᠦᠭᠦᠴᠠᠯ ᠢ ᠡᠭᠦᠳᠴᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠠᠳᠭᠡᠭᠦ ᠴᠢᠳᠠᠪᠤᠷᠢ ᠪᠠ ᠬᠢᠷᠢ ᠲᠦᠪᠰᠢᠨ ᠢ ᠲᠡᠭᠡᠭᠰᠢᠯᠡᠭᠦᠯᠵᠡᠢ᠃ ᠬᠤᠶᠡᠷ ᠲᠤ᠂ ᠤᠯᠤᠰ ᠲᠦᠷᠤ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠡᠢ᠃ ᠰᠤᠷᠤᠯᠴᠠᠯᠭ᠎ᠠ ᠶᠢ ᠤᠯᠤᠰ ᠲᠦᠷᠤ ᠶᠢᠨ ᠬᠠᠷᠢᠭᠤᠴᠠᠯᠭ᠎ᠠ ᠪᠠ ᠲᠡᠷᠢᠭᠦᠨ ᠤ ᠭᠡᠷᠡᠭᠴᠡᠭᠡ ᠪᠤᠯᠭᠠᠬᠤ ᠶᠢ ᠪᠠᠷᠢᠮᠳᠠᠯᠠᠵᠤ᠂ ᠭᠡᠰᠢᠭᠦᠳ ᠪᠠ ᠤᠯᠤᠰ ᠲᠦᠷᠤ ᠶᠢᠨ ᠵᠦᠪᠯᠠᠯᠭᠡᠨ ᠤ ᠪᠠᠶᠢᠭᠤᠯᠭ᠎ᠠ ᠶᠢᠨ ᠺᠠᠳ᠋ᠷ ᠢ ᠵᠤᠬᠢᠶᠠᠠ ᠪᠠᠶᠢᠭᠤᠯᠵᠤ᠂ ᠰᠢ ᠶᠢᠨ ᠫᠢᠩ ᠶᠡᠷᠤᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ᠂ ᠤᠨᠴᠠᠭᠠᠶᠢᠯᠠᠠ ᠦᠪᠤᠷ ᠮᠤᠩᠭᠤᠯ ᠢᠶᠠᠷ ᠰᠢᠨᠵᠢᠯᠠᠠ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠠ ᠤ ᠵᠤᠷᠢᠭ ᠰᠠᠨᠠᠭ᠎ᠠ  ᠶᠢ ᠬᠢᠨᠠᠮᠠᠭᠠᠢ ᠰᠤᠷᠤᠯᠴᠠᠠ᠂ ᠲᠤᠮᠳᠠᠳᠣ ᠤᠯᠤᠰ ᠤᠨ ᠡᠪ ᠬᠠᠮᠳᠣ ᠨᠠᠮ ᠤᠨ ᠲᠦᠪ ᠬᠤᠷᠢᠶᠠᠠ ᠤ ︽ᠠᠷᠠᠳ ᠤᠨ ᠤᠯᠤᠰ ᠲᠦᠷᠤ ᠶᠢᠨ ᠵᠦᠪᠯᠠᠯᠭᠡᠨ ᠤ ᠵᠦᠪᠳᠡᠭᠦ ᠠᠷᠠᠳᠴᠢᠯᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠭᠡᠷᠡᠭᠵᠢᠭᠦᠯᠭᠦ ᠰᠠᠨᠠᠯ︾ ᠪᠠ ︽ᠠᠷᠠᠳ ᠤᠨ ᠤᠯᠤᠰ ᠲᠦᠷᠤ ᠶᠢᠨ ᠵᠦᠪᠯᠠᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠠᠵᠢᠯ ᠢ ᠴᠢᠩᠭᠠᠳᠬᠠᠬᠤ   ᠪᠠ ᠰᠠᠶᠢᠵᠢᠷᠠᠭᠤᠯᠬᠤ ᠲᠤᠬᠠᠢ ᠰᠠᠨᠠᠯ︾ ᠢ ᠰᠣᠷᠣᠯᠴᠠᠵᠣ ᠲᠣᠭᠤᠰᠢᠯᠠᠭᠤᠯᠣᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ  ᠤᠨ ᠬᠤᠷᠢᠶ᠎ᠠ ᠶᠢᠨ ᠬᠤᠯᠪᠤᠭᠳᠠᠯ ᠪᠦᠭᠦᠢ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠠ ᠲᠤᠭᠤᠰᠢᠯᠠᠭᠤᠯᠵᠤ᠂ ᠤᠯᠤᠰ ᠲᠦᠷᠤ ᠶᠢᠨ ᠵᠦᠪᠯᠠᠯᠭᠡᠨ ᠤ ᠪᠠᠶᠢᠭᠤᠯᠭ᠎ᠠ ᠶᠢᠨ ᠺᠠᠳ᠋ᠷ ᠪᠠ ᠦᠷᠭᠡᠨ ᠤᠯᠠᠠ ᠭᠡᠰᠢᠭᠦᠤᠨ  ᠢ ᠬᠦᠲᠦᠯᠦᠨ ᠵᠢᠯᠣᠭᠤᠳᠴᠣ᠂ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠲᠤᠬᠠᠢ ᠤᠯᠤᠰ ᠲᠦᠷᠤ ᠶᠢᠨ ᠲᠠᠨᠢᠪᠤᠷᠢ᠂ ᠦᠵᠠᠯ ᠰᠠᠨᠠᠭᠠᠨ ᠤ ᠤᠬᠠᠪᠤᠷᠢ᠂ ᠰᠠᠳᠬᠢᠯᠭᠡ ᠶᠢᠨ ᠠᠭᠤᠰᠤᠯᠳᠠ ᠶᠢ ᠴᠢᠩᠭᠠᠳᠬᠠᠵᠤ᠂ ᠲᠤᠮᠳᠠᠳᠣ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠵᠠᠮ   ᠤᠨ ᠢᠳᠡᠭᠡᠯ᠂ ᠤᠨᠤᠯ ᠤᠨ ᠢᠳᠡᠭᠡᠯ᠂ ᠲᠦᠷᠢᠮ ᠤᠨ ᠢᠳᠡᠭᠡᠯ᠂ ᠰᠤᠶᠤᠯ ᠤᠨ ᠢᠳᠡᠭᠡᠯ ᠢᠶᠠᠨ ᠪᠠᠳᠣᠳᠬᠠᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠤᠯᠤᠰ ᠲᠦᠷᠤ ᠶᠢᠨ ᠭᠦᠭᠵᠢᠯᠳᠠ ᠶᠢᠨ ᠵᠠᠮ ᠢᠶᠠᠷ ᠵᠠᠮᠨᠠᠬᠤ ᠤᠬᠠᠮᠰᠠᠷᠳᠣ ᠴᠢᠨᠠᠷ ᠪᠠ ᠡᠷᠡᠰ ᠪᠠᠳᠣ ᠴᠢᠨᠠᠷ ᠢ ᠴᠢᠩᠭᠠᠳᠬᠠᠵᠡᠢ᠃ ᠭᠤᠷᠪᠠ ᠳᠤ᠂ ᠰᠤᠷᠳᠠᠯ ᠤᠨ ᠪᠠᠶᠢᠭᠤᠯᠤᠯᠳᠠ ᠪᠠᠨ ᠦᠷᠭᠦᠯᠵᠢᠯᠠᠠ ᠴᠢᠩᠭᠠᠳᠬᠠᠵᠡᠢ᠃ ᠵᠢᠰᠤ ᠪᠠᠨ ᠲᠤᠯᠢᠳᠠᠬᠤ᠂   ᠡᠮᠦᠰᠭᠡᠯ ᠢᠶᠠᠨ ᠲᠡᠭᠰᠢᠯᠡᠬᠦ᠂ ᠪᠠᠶ᠎ᠠ ᠪᠠᠨ ᠠᠷᠢᠭᠤᠳᠬᠠᠬᠤ᠂ ᠡᠪᠡᠳᠴᠢᠨ ᠢᠶᠠᠨ ᠵᠠᠰᠠᠬᠤ ᠱᠠᠭᠠᠷᠳᠠᠯᠭ᠎ᠠ ᠶᠢ ᠪᠠᠷᠢᠮᠳᠠᠯᠠᠵᠤ᠂ ᠨᠠᠮ ᠤᠨ ᠤᠯᠠᠠ ᠲᠦᠮᠠᠨᠴᠢ ᠱᠤᠭᠤᠮ ᠤᠨ ᠭᠦᠮᠤᠵᠢᠯ ᠦᠢᠯᠡᠳᠣᠯᠭᠡ ᠶᠢᠨ ᠠᠵᠢᠯᠯᠠᠭᠠᠨ ᠪᠠ ︽ᠭᠤᠷᠪᠠᠨ ᠴᠢᠩᠭ᠎ᠠ ᠭᠤᠷᠪᠡᠨ ᠪᠤᠳᠡᠳᠡᠢ︾ ᠶᠢᠨ ᠲᠤᠰᠬᠠᠢ ᠰᠠᠳᠣᠪᠳᠣ ᠭᠦᠮᠤᠵᠢᠯ ᠢ ᠦᠷᠨᠢᠭᠦᠯᠤᠨ᠂ ᠠᠵᠢᠯ ᠤᠨ ᠰᠤᠷᠳᠠᠯ ᠢᠶᠠᠨ ᠬᠤᠪᠢᠷᠠᠭᠤᠯᠬᠤ᠂ ᠡᠭᠦᠷᠭᠡ ᠲᠤᠰᠢᠶᠠᠯ ᠢᠶᠠᠨ ᠭᠦᠢᠴᠠᠳᠭᠡᠭᠦ  ᠂ ᠦᠷ᠎ᠠ ᠠᠰᠢᠭ ᠢᠶᠠᠨ ᠲᠡᠭᠡᠭᠰᠢᠯᠡᠭᠦᠯᠭᠦ ᠪᠠᠷ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠭᠦᠭᠵᠢᠯᠳᠠ ᠶᠢᠨ ᠴᠢᠬᠤᠯᠠ ᠠᠷᠭ᠎ᠠ ᠵᠠᠮ ᠪᠤᠯᠭᠠᠬᠤ ᠶᠢ ᠪᠠᠷᠢᠮᠳᠠᠯᠠᠵᠤ᠂ ᠤᠯᠤᠰ ᠲᠦᠷᠤ ᠶᠢᠨ ᠵᠦᠪᠯᠠᠯᠭᠡᠨ ᠤ ᠠᠵᠢᠯ ᠤᠨ ᠰᠢᠨᠵᠢᠯᠡᠭᠦ ᠤᠬᠠᠭᠠᠨᠴᠢᠯᠠᠭᠰᠠᠠ ᠬᠢᠷᠢ ᠲᠦᠪᠰᠢᠨ ᠢ ᠲᠡᠭᠡᠭᠰᠢᠯᠡᠭᠦᠯᠵᠡᠢ᠃ ︽ᠬᠤᠶᠡᠷ ᠢ ᠰᠣᠷᠣᠯᠴᠠᠵᠣ ᠨᠢᠭᠡ ᠳᠤ ᠲᠡᠩᠴᠡᠬᠦᠯᠬᠦ  ︾ ᠰᠤᠷᠤᠯᠴᠠᠯᠭ᠎ᠠ ᠭᠦᠮᠤᠵᠢᠯ ᠢ ᠭᠦᠨᠵᠡᠭᠡᠢ ᠦᠷᠨᠢᠭᠦᠯᠵᠤ᠂ ︽ᠬᠤᠶᠡᠷ ᠢ ᠰᠣᠷᠣᠯᠴᠠᠵᠣ ᠨᠢᠭᠡ ᠳᠤ ᠲᠡᠩᠴᠡᠬᠦᠯᠬᠦ︾ ᠰᠤᠷᠤᠯᠴᠠᠯᠭ᠎ᠠ ᠶᠢ ᠪᠠᠶᠢᠩᠭᠤᠵᠢᠭᠤᠯᠣᠨ ᠲᠦᠷᠢᠮᠵᠢᠭᠦᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠠ ᠤ ᠲᠦᠷᠪᠡᠳᠣᠭᠡᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠭᠤᠷᠢᠨ ᠪᠠᠶᠢᠴᠠᠭᠠᠬᠤ ᠠᠵᠢᠯ ᠢᠶᠠᠨ ᠪᠠᠶᠡᠯᠡᠭᠦᠯᠭᠦ ᠳᠤ ᠢᠳᠡᠪᠬᠢᠳᠡᠢ ᠪᠠᠷ ᠬᠠᠮᠵᠢᠯᠴᠠᠵᠤ᠂ ᠲᠤᠭᠤᠷᠢᠨ ᠪᠠᠶᠢᠴᠠᠭᠠᠯᠳᠠ ᠶᠢᠨ ᠬᠠᠷᠢᠭᠤ ᠲᠤᠰᠬᠠᠯ ᠢ ᠴᠡᠭᠴᠠᠯᠠᠠ ᠰᠠᠶᠢᠵᠢᠷᠠᠭᠤᠯᠵᠤ ᠨᠠᠶᠢᠳᠠᠪᠣᠷᠢᠵᠢᠭᠤᠯᠬᠤ ᠠᠵᠢᠯ ᠢ ᠪᠠᠶᠡᠯᠡᠭᠦᠯᠵᠡᠢ᠃ ᠲᠦᠪ ᠬᠤᠷᠢᠶᠠᠠ ᠤ ᠨᠠᠢᠮᠠᠠ ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ 28 ᠵᠤᠶᠢᠯ ᠤᠨ ᠢᠵᠢ ᠲᠤᠭᠳᠠᠭᠠᠯ ᠢ ᠬᠢᠨᠠᠮᠠᠭᠠᠢ ᠨᠠᠶᠢᠳᠡᠪᠤᠷᠢᠵᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠰᠠᠳᠬᠢᠯ ᠳᠤ ᠪᠠᠨ ᠰᠢᠩᠭᠡᠭᠡᠵᠤ᠂ ᠠᠵᠢᠯᠯᠠᠭ᠎ᠠ  ᠳᠤ ᠪᠠᠨ   ᠦᠢᠯᠡᠳᠦᠯᠭᠭᠡᠵᠢᠭᠦᠯᠵᠡᠢ᠃         ︵ᠬᠤᠶᠠᠷ︶ ᠦᠩᠭᠡᠷᠡᠭᠰᠠᠠ ᠲᠠᠪᠤᠨ ᠵᠢᠯ ᠳᠤ ᠭᠤᠤᠯᠳᠠᠯᠭ᠎ᠠ ᠶᠢᠨ ᠲᠤᠭᠤᠷᠢᠨ ᠳᠤ ᠢᠳᠡᠪᠬᠢᠳᠡᠢ ᠠᠵᠢᠯᠯᠠᠵᠤ᠂ ᠭᠦᠭᠵᠢᠯᠳᠠ ᠶᠢᠨ ᠭᠦᠴᠤᠯᠡᠴᠠ ᠶᠢ ᠲᠦᠯᠬᠢᠨ ᠠᠬᠢᠭᠤᠯᠵᠡᠢ᠃ ᠤᠯᠤᠰ ᠲᠦᠷᠤ ᠶᠢᠨ ᠵᠦᠪᠯᠠᠯᠭᠡᠨ ᠤ ᠪᠠᠶᠢᠩᠭᠤ ᠶᠢᠨ ᠬᠤᠷᠢᠶ᠎ᠠ ᠠᠵᠢᠯ ᠤᠨ ᠭᠤᠤᠯᠳᠠᠯᠭ᠎ᠠ ᠪᠠᠨ ᠢᠮᠠᠭᠲᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠠᠵᠢᠯ ᠤᠨ ᠶᠡᠭᠡ ᠲᠠᠯ᠎ᠠ ᠳᠤ ᠠᠭᠤᠰᠤᠭᠤᠯᠵᠤ᠂ ᠰᠤᠳᠣᠯᠤᠯᠳᠠ ᠪᠠᠶᠢᠴᠠᠭᠠᠯᠳᠠ ᠳᠤ ᠲᠦᠰᠢᠭᠯᠡᠠ᠂ ᠠᠷᠭ᠎ᠠ ᠪᠤᠳᠣᠯᠭ᠎ᠠ ᠡᠷᠭᠦᠭᠦ ᠪᠠᠷ ᠭᠦᠴᠤᠯᠡᠴᠠ ᠪᠤᠯᠭᠠᠨ᠂ ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠵᠠᠰᠠᠭ  ᠤᠨ ᠤᠷᠳᠣᠨ ᠤ ᠰᠢᠨᠵᠢᠯᠡᠭᠦ ᠤᠬᠠᠭᠠᠨᠴᠢ᠂ ᠠᠷᠠᠳᠴᠢᠯᠠᠯᠲᠣ ᠰᠢᠢᠳᠪᠦᠷᠢ ᠳᠤ ᠯᠠᠪᠯᠠᠯᠳᠠ ᠬᠠᠩᠭᠠᠵᠡᠢ᠃ ᠨᠢᠭᠡ ᠳᠤ᠂ ᠭᠤᠤᠯᠳᠠᠯᠭ᠎ᠠ ᠲᠠᠢ ᠰᠢᠨᠵᠢᠯᠠᠠ ᠰᠤᠳᠣᠯᠬᠤ ᠶᠢ ᠬᠢᠨᠠᠮᠠᠭᠠᠢ ᠦᠷᠨᠢᠭᠦᠯᠵᠡᠢ᠃ ᠠᠵᠤ ᠦᠢᠯᠡᠳᠪᠤᠷᠢ ᠶᠢᠨ ᠠᠵᠤ ᠠᠬᠤᠢ  ᠶᠢᠨ ᠭᠦᠭᠵᠢᠯᠳᠠ ᠶᠢ ᠠᠬᠢᠭᠤᠯᠣᠨ ᠮᠠᠠ ᠤ ᠬᠤᠰᠢᠭᠤᠨ ᠤ ᠡᠷᠳᠡᠨᠢ ᠰᠢᠰᠢ ᠶᠢ ᠭᠦᠨ ᠪᠤᠯᠪᠠᠰᠤᠷᠠᠭᠤᠯᠬᠤ ᠠᠵᠣ ᠦᠢᠯᠠᠰ ᠤᠨ ᠭᠦᠭᠵᠢᠯᠳᠠ ᠶᠢ ᠰᠦᠪᠡᠭᠴᠢᠯᠡᠭᠦ ᠪᠠᠷ ᠲᠤᠭᠤᠷᠢᠨ ᠪᠠᠶᠢᠴᠠᠭᠠᠯᠳᠠ ᠶᠢᠨ ᠲᠤᠭᠤᠶᠢᠯᠠᠩ ᠵᠤᠬᠢᠶᠠᠠ ᠪᠠᠶᠢᠭᠤᠯᠵᠤ᠂ ᠾ ᠸᠪᠧᠢ ᠶᠢᠨ ᠵᠤᠤ ᠰᠢᠶᠠᠠ ᠪᠠ ᠱᠠᠨᠳᠦ᠋ᠩ ᠤᠨ ᠢ ᠱᠦᠢ ᠰᠢᠶᠠᠠ ᠳᠤ ᠭᠦᠷᠴᠤ᠂ ᠡᠷᠳᠡᠨᠢ ᠰᠢᠰᠢ  ᠶᠢ ᠭᠦᠨ ᠪᠤᠯᠪᠠᠰᠤᠷᠠᠭᠤᠯᠬᠤ ᠲᠦᠷᠤᠯ ᠵᠤᠶᠢᠯ ᠳᠤ ᠪᠠᠶᠢᠴᠠᠭᠠᠯᠳᠠ ᠬᠢᠵᠡᠢ᠃ ᠲᠡᠷᠢᠭᠦᠨ ᠤ ᠭᠠᠵᠠᠷ ᠤᠷᠤᠨ ᠤ ᠰᠤᠷᠭᠠᠨ ᠭᠦᠮᠤᠵᠢᠯ ᠵᠢᠭᠠᠨ ᠰᠤᠷᠭᠠᠯᠳᠠ ᠶᠢᠨ ᠲᠤᠷᠰᠢᠯᠭ᠎ᠠ ᠶᠢ ᠰᠤᠷᠤᠯᠴᠠᠬᠤ ᠶᠢᠨ ᠲᠦᠯᠤᠭᠡ᠂ ᠰᠤᠷᠭᠠᠨ ᠭᠦᠮᠤᠵᠢᠯ  ᠤᠨ ᠡᠳᠡᠭᠡᠳ ᠢᠯᠭᠠᠯ ᠤᠨ ᠭᠡᠰᠢᠭᠦᠨ ᠢ ᠵᠤᠬᠢᠶᠠᠠ ᠪᠠᠶᠢᠭᠤᠯᠵᠤ᠂ ᠪᠦᠭᠦ ᠤᠯᠤᠰ ᠤᠨ ᠭᠤᠤᠯᠳᠠᠯᠭ᠎ᠠ ᠲᠠᠢ ᠰᠤᠷᠭᠠᠭᠤᠯᠢ ᠪᠤᠯᠬᠤ ᠡᠾᠧᠩᠱᠦ᠋ᠢ ᠲᠤᠮᠳᠠᠳᠣ ᠰᠤᠷᠭᠠᠭᠤᠯᠢ᠂ ᠱᠠᠨᠳᠦ᠋ᠩ ᠤᠨ ᠭᠤᠸᠠᠩ ᠸᠧᠨ ᠲᠤᠮᠳᠠᠳᠣ ᠰᠤᠷᠭᠠᠭᠤᠯᠢ᠂ ᠴᠠᠩ ᠯᠧ ᠶᠢᠨ ᠬᠤᠶᠠᠳᠣᠭᠠᠷ ᠲᠤᠮᠳᠠᠳᠣ ᠰᠤᠷᠭᠠᠭᠤᠯᠢ ᠵᠡᠷᠭᠡ ᠭᠤᠷᠪᠠᠨ ᠰᠤᠷᠭᠠᠭᠤᠯᠢ ᠳᠤ ᠭᠦᠷᠴᠤ ᠰᠤᠷᠤᠯᠴᠠᠠ ᠪᠠᠶᠢᠴᠠᠭᠠᠵᠡᠢ᠃ ᠮᠠᠠ ᠤ ᠬᠤᠰᠢᠭᠤᠨ ᠤ ᠪᠤᠳᠡᠳᠣ ᠪᠠᠶᠢᠳᠠᠯ ᠲᠠᠢ ᠤᠶᠠᠯᠳᠣᠭᠤᠯᠵᠤ᠂ ᠰᠤᠷᠭᠠᠨ ᠭᠦᠮᠤᠵᠢᠯ ᠵᠢᠭᠠᠨ ᠰᠤᠷᠭᠠᠯᠳᠠ ᠶᠢᠨ ᠤᠶᠢᠯᠠᠭᠠᠭᠳᠠᠬᠤᠨ ᠤ ᠰᠢᠨ᠎ᠠ ᠶᠢ ᠡᠭᠦᠳᠭᠦ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ᠂ ᠰᠤᠷᠭᠠᠭᠤᠯᠢ ᠶᠢᠨ ᠰᠤᠶᠤᠯ ᠤᠨ ᠠᠭᠤᠯᠬᠤᠨ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠰᠠᠨᠠᠯ ᠲᠤᠷᠠᠳᠴᠤ᠂ ᠬᠤᠰᠢᠭᠤᠨ ᠤ ᠵᠠᠰᠠᠭ ᠤᠨ ᠤᠷᠳᠣᠨ ᠤ ᠴᠢᠬᠤᠯᠠᠴᠢᠯᠠᠯ ᠢ ᠤᠯᠵᠤ᠂ ᠪᠠᠶᠢᠴᠠᠭᠠᠭᠰᠠᠠ ᠦᠷ᠎ᠡ ᠪᠦᠳᠣᠭᠡᠯ ᠢᠶᠠᠨ ᠰᠤᠯᠢᠯᠴᠠᠬᠤ ᠮᠡᠳᠡᠭᠦᠯᠤᠯᠳᠠ ᠶᠢᠨ ᠬᠤᠷᠠᠯ   ᠬᠤᠷᠠᠯᠳᠣᠭᠤᠯᠵᠡᠢ᠃ ᠡᠪᠡᠰᠤᠨ ᠭᠦᠷᠤᠮᠠᠯ ᠤᠨ ᠵᠤᠶᠢᠯ ᠪᠠ ᠰᠤᠶᠤᠯ ᠤᠨ ᠠᠵᠤ ᠦᠢᠯᠠᠰ ᠤᠨ ᠭᠦᠭᠵᠢᠯᠳᠠ ᠶᠢ ᠠᠬᠢᠭᠤᠯᠬᠤ ᠪᠠᠷ᠂ ᠲᠤᠰ ᠲᠤᠰ ᠱᠠᠨᠳᠦ᠋ᠩ ᠤᠨ ᠪᠦᠸᠧᠰᠢᠩ᠂ ᠡᠾᠧᠨᠠᠠ ᠤ ᠯᠦᠸᠧᠶᠠᠩ ᠳᠤ ᠭᠦᠷᠴᠤ ᠪᠠᠶᠢᠴᠠᠭᠠᠨ ᠰᠤᠷᠤᠯᠴᠠᠵᠤ᠂   ᠭᠦᠭᠵᠢᠭᠦᠯᠭᠦ ᠰᠠᠨᠠᠯ ᠢ ᠲᠤᠷᠠᠳᠴᠠᠢ᠃ ᠡᠳᠡᠭᠡᠳ ᠢᠯᠭᠠᠯ ᠤᠨ ᠭᠡᠰᠢᠭᠦᠳ ᠢ ᠵᠤᠬᠢᠶᠠᠠ ᠪᠠᠶᠢᠭᠤᠯᠵᠤ᠂ ᠯᠢᠶᠤᠤᠨᠢᠩ ᠤᠨ ᠬᠠᠶᠢᠴᠧᠩ᠂ ᠺᠠᠢ ᠶᠤᠸᠠᠠ ᠵᠡᠷᠭᠡ ᠭᠠᠵᠠᠷ ᠲᠤ ᠭᠦᠷᠴᠤ ᠰᠢᠶᠠᠠ ᠤ ᠭᠡᠪᠴᠢᠶᠠᠠ ᠤ ᠠᠵᠤ ᠠᠬᠤᠢ ᠶᠢᠨ ᠭᠦᠭᠵᠢᠯᠳᠠ ᠶᠢᠨ ᠪᠠᠶᠢᠳᠠᠯ᠂ ᠠᠷᠤᠨ ᠬᠤᠰᠢᠭᠤ ᠳᠤ ᠭᠦᠷᠴᠤ ᠭᠦᠷᠢ ᠶᠢᠨ ᠦᠢᠯᠠᠰ ᠤᠨ ᠭᠦᠭᠵᠢᠯᠳᠠ ᠶᠢᠨ ᠪᠠᠶᠢᠳᠠᠯ ᠢ ᠪᠠᠶᠢᠴᠠᠭᠠᠵᠤ᠂ ᠭᠦᠭᠵᠢᠯᠳᠠ  ᠶᠢ ᠠᠬᠢᠭᠤᠯᠬᠤ ᠰᠠᠨᠠᠯ ᠵᠦᠪᠯᠠᠯᠭᠡ ᠶᠢ ᠲᠤᠷᠠᠳᠣᠨ ᠭᠠᠷᠭᠠᠵᠡᠢ᠃ ᠬᠤᠶᠠᠷ ᠲᠤ᠂ ᠲᠤᠰᠬᠠᠢ ᠰᠠᠳᠣᠪᠳᠣ ᠪᠠᠶᠢᠴᠠᠭᠠᠨ ᠰᠤᠳᠣᠯᠤᠯᠳᠠ ᠶᠢ ᠯᠠᠪᠳᠠᠭᠤᠨ ᠪᠠᠳᠣᠳᠡᠢ ᠦᠷᠨᠢᠭᠦᠯᠵᠡᠢ᠃ ᠪᠦᠭᠦ ᠬᠤᠰᠢᠭᠤᠨ ᠤ ᠭᠦᠭᠵᠢᠯᠳᠠ ᠶᠢᠨ ᠶᠡᠭᠡ ᠪᠠᠶᠢᠳᠠᠯ ᠪᠤᠯᠤᠨ ᠠᠷᠠᠳ ᠤᠯᠠᠠ ᠤ ᠬᠠᠯᠠᠮᠵᠢᠯᠠᠵᠤ ᠪᠠᠶᠢᠭ᠎ᠠ ᠭᠤᠤᠯᠳᠠᠯᠭ᠎ᠠ ᠲᠠᠢ ᠠᠰᠠᠭᠤᠳᠠᠯ ᠳᠤ ᠭᠦᠨᠵᠨᠬᠡᠢ ᠪᠠᠶᠢᠴᠠᠭᠠᠨ ᠰᠤᠳᠣᠯᠤᠯᠳᠠ ᠦᠷᠨᠢᠭᠦᠯᠵᠡᠢ᠃ ᠲᠡᠷᠢᠮᠠᠯ ᠤᠨ ᠦᠢᠯᠠᠰ ᠤᠨ ᠪᠦᠳᠣᠴᠠ ᠶᠢᠨ ᠲᠤᠬᠢᠷᠠᠭᠤᠯᠤᠯᠳᠠ ᠶᠢᠨ ᠠᠯᠬᠤᠴᠠ ᠶᠢ ᠲᠦᠷᠭᠡᠳᠭᠡᠭᠦ ᠶᠠᠪᠤᠳᠠᠯ ᠳᠤ ᠰᠠᠭᠤᠷᠢᠯᠠᠠ᠂ ᠭᠡᠰᠢᠭᠦᠳ ᠢ ᠵᠤᠬᠢᠶᠠᠠ ᠪᠠᠶᠢᠭᠤᠯᠤᠨ ᠬᠤᠯᠪᠤᠭ᠎ᠠ ᠪᠠᠯᠭᠠᠰᠤᠨ ᠤ ᠶᠦᠩ ᠰᠢᠩ ᠲᠤᠰᠬᠤᠨ ᠳᠤ ᠭᠦᠨᠵᠡᠭᠡᠶᠢᠷᠠᠠ ᠰᠢᠬᠢᠷᠯᠢᠭ ᠤᠳ᠋ᠪᠠᠯ᠎ᠠ ᠲᠠᠷᠢᠭᠰᠠᠠ ᠪᠠᠶᠢᠳᠠᠯ ᠳᠤ ᠪᠠᠶᠢᠴᠠᠭᠠᠨ ᠰᠤᠳᠣᠯᠤᠯᠳᠠ ᠬᠢᠵᠤ᠂ ︽ᠲᠠᠷᠢᠶᠠᠯᠠᠩ ᠤᠨ ᠮᠠᠰᠢᠨ ᠤ   ᠬᠤᠷᠰᠢᠶᠠᠵᠢᠯ + ᠲᠠᠷᠢᠶᠠᠯᠠᠬᠤ ᠡᠷᠤᠭᠡ︾ ᠶᠢᠨ ᠪᠦᠳᠣᠮᠵᠢᠳᠡᠢ ᠲᠤᠷᠰᠢᠯᠭ᠎ᠠ  ᠶᠢ ᠳ᠋ᠦᠩᠨᠠᠠ ᠭᠠᠷᠭᠠᠵᠡᠢ᠃ ᠬᠤᠨᠢᠨ ᠤ ᠠᠵᠣ ᠦᠢᠯᠡᠰ ᠤᠨ ᠡᠷᠡᠭᠦᠯ ᠢᠶᠠᠷ ᠭᠦᠭᠵᠢᠭᠦ ᠶᠢ ᠠᠬᠢᠭᠤᠯᠬᠤ ᠶᠠᠪᠤᠳᠠᠯ ᠳᠤ ᠰᠠᠭᠤᠷᠢᠯᠠᠵᠤ᠂ ᠭᠡᠰᠢᠭᠦᠳ ᠢ ᠵᠤᠬᠢᠶᠠᠠ ᠪᠠᠶᠢᠭᠤᠯᠤᠨ ᠬᠤᠰᠢᠭᠤᠨ ᠲᠤᠳᠣᠷᠡᠬᠢ ᠬᠤᠨᠢ ᠲᠡᠵᠢᠭᠡᠭᠦ ᠭᠤᠤᠯᠳᠠᠯᠭ᠎ᠠ ᠲᠠᠢ ᠠᠵᠤ ᠠᠬᠤᠶᠢᠯᠠᠯ ᠪᠠ ᠬᠤᠨᠢ ᠲᠡᠵᠢᠭᠡᠭᠦ ᠲᠤᠮᠤ ᠡᠷᠤᠭᠡ ᠳᠤ ᠪᠠᠶᠢᠴᠠᠭᠠᠨ ᠰᠤᠳᠣᠯᠤᠯᠳᠠ ᠬᠢᠵᠤ ᠰᠤᠷᠪᠤᠯᠵᠢᠯᠠᠠ᠂ ︽ ᠡᠭᠡ ᠬᠤᠨᠢ ᠲᠠᠯᠪᠢᠵᠤ᠂ ᠬᠤᠷᠠᠭ᠎ᠠ ᠶᠢ ᠨᠢ ᠪᠤᠴᠠᠭᠠᠬᠤ︾᠂ ︽ᠬᠤᠷᠰᠢᠶᠠᠵᠢᠯ + ᠲᠠᠷᠢᠶᠠᠯᠠᠬᠤ ᠡᠷᠤᠭᠡ︾ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ ᠪᠤᠯᠤᠨ ᠠᠷᠭ᠎ᠠ ᠶᠢ ᠳ᠋ᠦᠩᠨᠠᠠ ᠭᠠᠷᠭᠠᠵᠡᠢ︔ ᠭᠦᠳᠡᠭᠡ ᠲᠤᠰᠬᠤᠨ ᠳᠤ ᠡᠯᠧᠺᠲᠷᠤᠨ ᠬᠤᠳᠠᠯᠳᠣᠭᠠᠨ ᠤ ᠶᠠᠪᠤᠳᠠᠯ ᠤᠨ ᠭᠦᠭᠵᠢᠯᠳᠠ ᠶᠢ ᠲᠦᠯᠬᠢᠨ ᠠᠬᠢᠭᠤᠯᠬᠤ ᠶᠢᠨ ᠲᠦᠯᠤᠭᠡ᠂ ᠵᠧᠵᠢᠶᠠᠩ᠂ ᠵᠢᠶᠠᠩᠰᠤ᠂ ᠵᠢᠶᠠᠩᠰᠢ ᠵᠡᠷᠭᠡ ᠭᠠᠵᠠᠷ ᠲᠤ ᠭᠦᠷᠴᠤ ᠰᠤᠷᠤᠯᠴᠠᠠ ᠰᠢᠨᠵᠢᠯᠡᠵᠤ᠂ ᠭᠦᠳᠡᠭᠡ ᠲᠤᠰᠬᠤᠨ ᠳᠤ ᠡᠯᠧᠺᠲᠷᠤᠨ ᠬᠤᠳᠠᠯᠳᠣᠭᠠᠨ ᠤ ᠶᠠᠪᠤᠳᠠᠯ   ᠤᠨ ᠭᠦᠭᠵᠢᠯᠳᠠ ᠬᠠᠮᠢᠶᠠᠷᠤᠯᠳᠠ ᠪᠤᠯᠤᠨ ᠵᠦᠭᠡᠭᠡᠪᠤᠷᠢ ᠡᠵᠡᠩᠨᠠᠯᠳᠠ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠠ ᠠᠰᠢᠭᠯᠠᠵᠠᠢ᠃ ᠤᠯᠤᠰ ᠤᠨ ᠭᠤᠸᠠᠩ   ᠹᠦ᠋ ᠭᠡᠷᠠᠯ ᠴᠠᠬᠢᠯᠭᠠᠨ ᠤ ᠦᠢᠯᠡᠰ  ᠤᠨ ᠶᠡᠳᠠᠭᠤ ᠶᠢ ᠲᠡᠳᠭᠦᠭᠦ ᠪᠤᠳᠣᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ ᠤᠨ ᠲᠤᠭᠤᠷᠢᠨ ᠳᠤ ᠪᠤᠳᠡᠳᠡᠢ ᠲᠠᠢ ᠨᠠᠶᠢᠴᠠᠭᠦ ᠭᠤᠸᠠᠩ ᠹᠦ᠋ ᠭᠡᠷᠠᠯ ᠴᠠᠬᠢᠯᠭᠠᠨ ᠤ ᠶᠠᠳᠠᠭᠤ ᠶᠢ ᠲᠡᠳᠭᠦᠭᠦ ᠲᠣᠭᠳᠠᠴᠠ ᠶᠢ ᠰᠠᠶᠢᠨ ᠰᠢᠨᠵᠢᠯᠡᠭᠦ ᠪᠠᠷ ᠡᠾᠧᠪᠸᠢ᠂ ᠨᠢᠩᠰᠢᠶᠠ ᠵᠡᠷᠭᠡ ᠤᠯᠤᠰ ᠤᠨ ᠲᠦᠷᠤᠭᠦᠤ ᠪᠦᠯᠦᠭ ᠭᠤᠸᠠᠩ ᠹᠦ᠋ ᠭᠡᠷᠠᠯ ᠴᠠᠬᠢᠯᠭᠠᠨ ᠤ ᠶᠠᠳᠠᠭᠤ ᠶᠢ ᠲᠡᠳᠭᠦᠭᠦ ᠲᠤᠷᠰᠢᠯᠳᠠ ᠶᠢᠨ ᠴᠢᠭ᠋ ᠤᠨ ᠭᠠᠵᠠᠷ ᠤᠷᠤᠨ ᠳᠤ ᠭᠦᠷᠴᠤ᠂ ᠰᠢᠨᠵᠢᠯᠡᠵᠤ ᠪᠠᠶᠢᠴᠠᠭᠠᠨ᠂   ᠭᠤᠸᠠᠩ ᠹᠦ᠋ ᠭᠡᠷᠠᠯ ᠴᠠᠬᠢᠯᠭᠠᠨ ᠤ ᠶᠠᠳᠠᠭᠤ ᠶᠢ ᠲᠡᠳᠭᠦᠭᠦ ᠢᠨᠵᠧᠨᠧᠷᠢᠩ ᠤᠨ ᠬᠢᠭᠦ ᠭᠡᠯᠪᠡᠷᠢ ᠮᠠᠶ᠋ᠢᠭ᠂ ᠪᠠᠶᠢᠭᠤᠯᠬᠤ ᠠᠷᠭ᠎ᠠ ᠭᠡᠮᠵᠢᠶ᠎ᠠ ᠂ ᠶᠠᠳᠠᠭᠤ ᠶᠢ ᠲᠡᠳᠭᠦᠭᠦ ᠦᠷ᠎ᠠ ᠠᠰᠢᠭ ᠵᠡᠷᠭᠡ ᠲᠠᠯ᠎ᠠ ᠪᠠᠷ ᠪᠦᠳᠣᠮᠵᠢ ᠲᠠᠢ ᠲᠤᠷᠰᠢᠯᠭ᠎ᠠ ᠶᠢ ᠰᠢᠩᠭᠡᠭᠡᠨ ᠠᠪᠴᠤ᠂ ᠮᠠᠠ ᠤ ᠬᠤᠰᠢᠭᠤᠨ ᠤ ᠭᠤᠸᠠᠩ ᠹᠦ᠋ ᠭᠡᠷᠠᠯ ᠴᠠᠬᠢᠯᠭᠠᠨ ᠤ ᠶᠠᠳᠠᠭᠤ ᠶᠢ ᠲᠡᠳᠭᠦᠭᠦ ᠢᠨᠵᠧᠨᠧᠷᠢᠩ ᠢ ᠭᠡᠷᠡᠭᠵᠢᠭᠦᠯᠭᠦ ᠳᠤ ᠰᠠᠭᠤᠷᠢ ᠲᠠᠯᠪᠢᠭᠰᠠᠠ ᠪᠠᠶᠢᠨ᠎ᠠ᠃ ᠲᠡᠪᠤᠨ ᠵᠢᠯ ᠤᠨ ᠲᠤᠷᠰᠢ᠂ ᠪᠠᠶᠢᠴᠠᠭᠠᠨ ᠰᠤᠳᠣᠯᠣᠯᠳᠠ ᠬᠢᠵᠤ ᠲᠤᠷᠠᠳᠣᠨ ᠭᠠᠷᠭᠠᠭᠰᠠᠠ ᠰᠠᠨᠠᠯ ᠵᠦᠪᠯᠠᠯᠭᠡ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠲᠡᠭᠡᠳᠣ ᠭᠡᠮᠵᠢᠶᠠᠠ ᠤ ᠭᠦᠨᠳᠣᠳᠭᠡᠯ ᠢ ᠤᠯᠵᠤ᠂ ᠨᠢᠭᠡ ᠭᠡᠰᠡᠭ ᠪᠤᠯᠭᠤᠮᠵᠢᠳᠡᠢ ᠪᠠᠶᠢᠴᠠᠭᠠᠨ ᠰᠤᠳᠣᠯᠤᠳᠠ ᠶᠢᠨ ᠰᠠᠨᠠᠭᠤᠯᠭ᠎ᠠ ᠶᠢ ᠪᠣᠳᠡᠳᠡᠢ ᠭᠡᠷᠡᠭᠯᠡᠠ ᠲᠡᠯᠭᠡᠷᠡᠭᠦᠯᠵᠡᠢ᠃ ᠭᠤᠷᠪᠠ ᠳᠤ ᠬᠠᠮᠳᠣᠷᠠᠭᠰᠠᠠ ᠪᠠᠶᠢᠴᠠᠭᠠᠨ ᠰᠤᠳᠣᠯᠤᠯᠳᠠ ᠶᠢ ᠢᠳᠡᠪᠬᠢᠳᠡᠢ ᠦᠷᠨᠢᠭᠦᠯᠵᠡᠢ᠃ ᠬᠠᠷᠠᠮᠦ᠋ᠷᠠᠠ᠂ ᠬᠢᠷᠢᠨ᠂ ᠦᠪᠤᠷ ᠮᠤᠩᠭᠤᠯ ᠳᠤ ᠰᠠᠭᠤᠭ᠎ᠠ ᠪᠦᠭᠦ ᠤᠯᠤᠰ ᠤᠨ ᠭᠡᠰᠡᠭ ᠤᠯᠤᠰ ᠲᠦᠷᠤ ᠶᠢᠨ ᠵᠦᠪᠯᠠᠯᠭᠡᠨ ᠤ ᠭᠡᠰᠢᠭᠦᠳ ᠲᠠᠢ ᠬᠠᠮᠵᠢᠯᠴᠠᠠ ᠭᠤᠷᠪᠡᠨ ᠮᠤᠵᠢ ᠶᠢᠨ ᠠᠭᠤᠯᠵᠠᠷ ᠤᠨ ᠠᠮᠢ ᠠᠬᠤᠢ ᠶᠢᠨ ᠠᠵᠤ ᠠᠬᠤᠢ ᠶᠢᠨ ᠭᠦᠭᠵᠢᠯᠳᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠳᠠ ᠬᠢᠵᠤ᠂ ᠮᠠᠠ  ᠤ ᠬᠤᠰᠢᠭᠤᠨ ᠤ ᠴᠤᠤᠯ ᠲᠦᠰᠢᠨ ᠭᠤᠤᠯ ︵ᠶᠠᠩ ᠱᠤ᠋ ᠭᠸᠤ︶ ᠤᠨ ᠤᠯᠤᠰ ᠤᠨ ᠨᠠᠮᠤᠭ ᠭᠠᠵᠠᠷ ᠤᠨ ᠴᠠᠴᠡᠷᠯᠢᠭ ᠢ ᠴᠣᠬᠤᠯᠠᠪᠣᠷᠢᠯᠠᠨ ᠬᠠᠷᠢᠭᠤᠯᠬᠤ ᠠᠬᠢᠴᠠ ᠶᠢ ᠲᠦᠯᠬᠢᠨ ᠠᠬᠢᠭᠤᠯᠵᠡᠢ︔ ᠦᠪᠡᠷᠳᠡᠭᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠠᠯᠭᠡᠨ ᠢ ᠬᠠᠮᠵᠢᠵᠤ᠂ ᠠᠮᠣ ᠪᠤᠳᠠᠭ᠎ᠠ ᠶᠢ ᠡᠪᠡᠰᠤ ᠪᠤᠷᠳᠤᠭ᠎ᠠ ᠪᠤᠯᠭᠠᠨ ᠬᠤᠪᠢᠷᠠᠭᠤᠯᠵᠤ ᠮᠠᠯ ᠠᠵᠤ ᠠᠬᠤᠢ ᠶᠢ ᠭᠦᠭᠵᠢᠭᠦᠯᠭᠦ᠂ ᠦᠨᠳᠣᠰᠣᠳᠠᠠ ᠤ ᠪᠦᠯᠭᠦᠮᠳᠠᠯ ᠤᠨ ᠵᠢᠱᠢᠶ᠎ᠠ ᠦᠵᠡᠭᠦᠯᠭᠦ ᠠᠶᠢᠮᠠᠭ ᠢ ᠡᠭᠦᠳᠣᠨ ᠪᠠᠶᠢᠭᠤᠯᠬᠤ᠂ ᠪᠤᠬᠢᠷᠳᠣᠯ ᠦᠭᠡᠢ ᠲᠡᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠠ ᠶᠢ ᠦᠢᠯᠡᠳᠪᠦᠷᠢᠯᠡᠨ ᠪᠣᠯᠪᠠᠰᠣᠷᠠᠭᠤᠯᠵᠣ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠠᠶᠢᠭᠤᠯᠤᠯᠳᠠ ᠵᠡᠷᠭᠡ ᠰᠠᠳᠣᠪ ᠲᠤ ᠪᠠᠶᠢᠴᠠᠭᠠᠨ ᠰᠤᠳᠣᠯᠤᠯᠳᠠ ᠬᠢᠵᠡᠢ︔ ᠦᠪᠡᠷᠳᠡᠭᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠠᠯᠭᠡᠨ ᠲᠠᠢ ᠬᠠᠮᠵᠢᠯᠴᠠᠨ ᠮᠠᠠ  ᠤ ᠬᠤᠰᠢᠭᠤᠨ ᠤ ᠶᠠᠳᠠᠭᠤ ᠠᠴᠠ ᠠᠩᠬᠢᠵᠢᠷᠡᠭᠤᠯᠬᠤ ᠪᠣᠭᠤᠮᠳᠠ ᠰᠢᠪᠳᠣᠯᠬᠤ ᠠᠵᠢᠯ ᠳᠤ ᠬᠢᠨᠠᠯᠳᠠ ᠲᠠᠯᠪᠢᠬᠤ ᠴᠢᠨᠠᠷ  ᠲᠠᠢ ᠪᠠᠶᠢᠴᠠᠭᠠᠨ ᠰᠤᠳᠣᠯᠤᠯᠳᠠ ᠬᠢᠵᠡᠢ︔ ᠠᠶᠢᠮᠠᠭ ᠤᠨ ᠤᠯᠤᠰ ᠲᠦᠷᠤ ᠶᠢᠨ ᠵᠦᠪᠯᠠᠯᠭᠡᠨ ᠲᠠᠢ ᠬᠠᠮᠵᠢᠯᠴᠠᠠ ᠬᠤᠳᠠ ᠭᠦᠳᠡᠭᠡ ᠶᠢ ᠲᠦᠪᠯᠡᠷᠡᠭᠦᠯᠤᠨ ᠢᠯᠴᠢ ᠬᠠᠩᠭᠠᠬᠤ᠂ ᠤᠷᠴᠢᠨ ᠲᠤᠭᠤᠷᠢᠨ ᠤ ᠡᠬᠢ ᠪᠠᠶᠠᠯᠢᠭ ᠢ ᠬᠠᠤᠯᠢ ᠪᠠᠷ ᠬᠠᠮᠠᠭᠠᠯᠬᠤ᠂ ᠭᠦᠳᠡᠭᠡ ᠲᠤᠰᠬᠤᠨ ᠤ ︽ᠡᠮᠨᠡᠭᠦ ᠠᠰᠠᠷᠠᠬᠤ ᠶᠢ ᠤᠶᠠᠯᠳᠣᠭᠤᠯᠬᠤ︾ ᠵᠡᠷᠭᠡ ᠲᠠᠯ᠎ᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠵᠡᠢ︔ ᠱᠠᠨᠳᠦ᠋ᠩ ᠤᠨ ᠪᠦᠸᠧᠰᠢᠩ ᠬᠤᠳᠠ ᠶᠢᠨ ᠤᠯᠤᠰ ᠲᠦᠷᠤ ᠶᠢᠨ ᠵᠦᠪᠯᠠᠯᠭᠡᠨ  ᠠᠴᠠ ᠮᠠᠠ ᠤ ᠬᠤᠰᠢᠭᠤᠨ ᠤ ᠠᠮᠢ ᠠᠬᠤᠢ ᠤᠷᠴᠢᠨ ᠲᠤᠭᠤᠷᠢᠨ ᠤ ᠪᠠᠶᠢᠭᠤᠯᠤᠯᠳᠠ᠂ ᠵᠤᠭᠠᠴᠠᠯ ᠤᠨ ᠦᠢᠯᠠᠰ ᠤᠨ ᠭᠦᠭᠵᠢᠯᠳᠠ ᠶᠢᠨ ᠪᠠᠶᠢᠳᠠᠯ ᠳᠤ ᠪᠠᠶᠢᠴᠠᠭᠠᠨ ᠰᠤᠳᠣᠯᠤᠯᠳᠠ ᠬᠢᠭᠰᠡᠠ ᠶᠠᠪᠤᠳᠠᠯ ᠢ ᠬᠦᠯᠢᠶᠡᠨ ᠠᠪᠣᠭᠰᠠᠨ ᠪᠠᠶᠢᠨ᠎ᠠ︔ ᠭᠦᠯᠤᠨ ᠪᠦᠢᠷ ᠬᠤᠳᠠ ᠶᠢᠨ ᠰᠢᠨ᠎ᠠ ᠪᠠᠷᠭᠤ ᠵᠡᠭᠦᠨ ᠬᠤᠰᠢᠭᠤᠨ ᠤ ᠤᠯᠤᠰ ᠲᠦᠷᠤ ᠶᠢᠨ ᠵᠦᠪᠯᠠᠯᠭᠡᠨ ᠠᠴᠠ ᠮᠠᠠ ᠤ ᠬᠤᠰᠢᠭᠤᠨ ᠤ ᠮᠤᠩᠭᠤᠯ ᠦᠭᠡ ᠭᠡᠯᠡ ᠦᠰᠦᠭ ᠪᠢᠴᠢᠭ ᠢ ᠰᠤᠷᠴᠤ ᠭᠡᠷᠡᠭᠯᠡᠵᠤ ᠪᠠᠶᠢᠭ᠎ᠠ ᠪᠠᠶᠢᠳᠠᠯ ᠳᠤ ᠲᠤᠰᠬᠠᠢ ᠰᠠᠳᠣᠪᠳᠣ ᠪᠠᠶᠢᠴᠠᠭᠠᠨ ᠰᠤᠳᠣᠯᠤᠯᠳᠠ ᠬᠢᠭᠰᠡᠠ ᠶᠠᠪᠤᠳᠠᠯ ᠢ ᠵᠤᠬᠢᠶᠠᠠ ᠪᠠᠶᠢᠭᠤᠯᠤᠨ ᠬᠦᠯᠢᠶᠡᠨ ᠠᠪᠤᠭᠰᠠᠠ ᠪᠠ ᠠᠵᠢᠯ  ᠤᠨ ᠲᠤᠬᠢᠶᠠᠯ ᠢᠶᠠᠨ ᠠᠰᠢᠭᠯᠠᠠ ᠡᠯ᠎ᠠ ᠭᠠᠵᠠᠷ ᠤᠨ ᠤᠯᠤᠰ ᠲᠦᠷᠤ ᠶᠢᠨ ᠵᠦᠪᠯᠠᠯᠭᠡᠨ ᠤ ᠭᠦᠭᠵᠢᠯᠳᠠ ᠶᠢ ᠲᠦᠯᠬᠢᠨ ᠠᠬᠢᠭᠤᠯᠤᠭᠰᠠᠠ ᠰᠠᠶᠢᠨ ᠲᠤᠷᠰᠢᠯᠭ᠎ᠠ᠂ ᠰᠠᠶᠢᠨ ᠠᠷᠭ᠎ᠠ ᠮᠠᠶ᠋ᠢᠭ ᠢ ᠰᠤᠷᠤᠯᠴᠠᠠ ᠲᠤᠷᠰᠢᠯᠭ᠎ᠠ ᠪᠤᠯᠭᠠᠨ ᠠᠰᠢᠭᠯᠠᠵᠡᠢ᠃       ︵ᠭᠤᠷᠪᠠ︶ ᠦᠩᠭᠡᠷᠡᠭᠰᠠᠠ ᠲᠠᠪᠤᠨ ᠵᠢᠯ ᠳᠤ᠂ ᠪᠢᠳᠠ ᠲᠡᠪᠴᠠᠩ ᠪᠠᠶᠢᠭᠤᠯᠤᠨ᠂ ᠠᠴᠢᠶᠠᠯᠠᠪᠤᠷᠢ ᠪᠠᠨ ᠡᠭᠦᠳᠦᠨ ᠰᠢᠨᠡᠳᠭᠡᠵᠤ᠂   ᠵᠦᠪᠳᠡᠬᠦ ᠠᠷᠠᠳᠴᠢᠯᠠᠯ ᠤᠨ ᠪᠦᠳᠣᠭᠡᠨ ᠪᠠᠶᠢᠭᠤᠯᠤᠯᠳᠠ ᠨᠡᠩ ᠪᠦᠳᠦᠮᠵᠢᠳᠡᠢ ᠪᠣᠯᠣᠭᠰᠠᠨ ᠪᠠᠶᠢᠨ᠎ᠠ᠃   ᠵᠦᠪᠳᠡᠭᠦ ᠠᠷᠠᠳᠴᠢᠯᠠᠯ ᠢ ᠨᠠᠮ ᠤᠨ ᠤᠳᠣᠷᠢᠳᠣᠯᠭ᠎ᠠ ᠶᠢ ᠪᠠᠶᠡᠯᠡᠭᠦᠯᠭᠦ ᠴᠢᠬᠤᠯᠠ ᠠᠷᠭ᠎ᠠ ᠮᠠᠶ᠋ᠢᠭ ᠪᠤᠯᠭᠠᠵᠤ᠂ ︽ᠲᠤᠮᠳᠠᠳᠣ ᠤᠯᠤᠰ ᠤᠨ ᠡᠪ ᠬᠠᠮᠳᠣ ᠨᠠᠮ ᠤᠨ ᠲᠦᠪ ᠬᠤᠷᠢᠶᠠᠠ ᠤ ᠨᠠᠶᠢᠭᠡᠮ ᠵᠢᠷᠣᠮ ᠤᠨ ᠵᠦᠪᠳᠡᠭᠦ   ᠠᠷᠠᠳᠴᠢᠯᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠲᠤᠮᠳᠠᠳᠣ ᠤᠯᠤᠰ ᠤᠨ ᠡᠪ ᠬᠠᠮᠳᠣ ᠨᠠᠮ ᠤᠨ ᠲᠦᠪ ᠬᠤᠷᠢᠶᠠᠠ ᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠦᠪᠳᠡᠭᠦ ᠲᠠᠪᠴᠠᠩ ᠢ ᠭᠦᠴᠤ ᠲᠠᠯᠪᠢᠨ ᠪᠠᠶᠢᠭᠤᠯᠵᠤ᠂ ᠵᠦᠪᠳᠡᠭᠦ ᠠᠴᠢᠶᠠᠯᠪᠤᠷᠢ ᠪᠠᠨ ᠰᠢᠨᠡᠳᠭᠡᠨ᠂ ᠵᠦᠪᠳᠡᠯᠴᠠᠭᠦ ᠭᠡᠮᠵᠢᠶ᠎ᠠ ᠪᠠᠨ ᠨᠠᠮᠡᠭᠳᠡᠭᠦᠯᠵᠤ᠂ ᠤᠯᠤᠰ ᠲᠦᠷᠤ ᠶᠢᠨ ᠵᠦᠪᠯᠠᠯᠭᠡᠨ ᠤ ᠵᠦᠪᠳᠡᠭᠦ ᠠᠷᠠᠳᠴᠢᠯᠠᠯ ᠤᠨ ᠭᠤᠤᠯ ᠠᠷᠭ᠎ᠠ ᠵᠠᠮ ᠪᠤᠯᠤᠨ ᠲᠤᠰᠬᠠᠢ ᠵᠦᠪᠳᠡᠭᠦ   ᠪᠠᠶᠢᠭᠤᠯᠤᠮᠵᠢ ᠶᠢᠨ ᠦᠢᠯᠠᠳᠣᠯ ᠢᠶᠠᠨ ᠪᠠᠳᠠᠷᠠᠭᠤᠯᠤᠭᠰᠠᠠ ᠪᠠᠶᠢᠨ᠎ᠠ᠃ ᠨᠢᠭᠡ ᠳᠤ᠂ ᠪᠦᠭᠦᠯᠢ ᠴᠤᠭᠴᠠ ᠳᠤ ᠵᠦᠪᠯᠡᠭᠦ ᠭᠤᠤᠯᠳᠠᠯᠭ᠎ᠠ ᠶᠢ ᠠᠳᠬᠤᠵᠡᠢ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠪᠦᠭᠦ ᠵᠢᠯ ᠤᠨ ᠠᠵᠢᠯ ᠤᠨ ᠲᠦᠯᠤᠪᠯᠡᠭᠡ ᠲᠤᠬᠢᠷᠠᠭᠤᠯᠤᠯᠳᠠ ᠶᠢᠨ ᠲᠤᠭᠤᠷᠢᠨ ᠳᠤ᠂ ᠭᠡᠰᠢᠭᠦᠳ ᠢ ᠵᠤᠬᠢᠶᠠᠠ ᠪᠠᠶᠢᠭᠤᠯᠤᠨ ᠢᠯᠡᠳᠭᠡᠯ ᠰᠤᠨᠤᠰᠬᠤ᠂ ᠡᠳᠡᠭᠡᠳ ᠤᠨ ᠢᠯᠭᠠᠯ ᠤᠨ ᠶᠡᠷᠢᠯᠴᠠᠭ᠎ᠠ᠂ ᠲᠤᠷᠠᠳᠣᠯᠭ᠎ᠠ ᠪᠢᠴᠢᠭᠦ ᠵᠡᠷᠭᠡ ᠠᠷᠭ᠎ᠠ ᠭᠡᠮᠵᠢᠶ᠎ᠠ ᠪᠠᠷ ᠲᠡᠮᠵᠢᠵᠤ᠂ ᠴᠢᠬᠤᠯᠠ ᠶᠡᠭᠡ ᠲᠦᠷᠤᠯ ᠵᠤᠶᠢᠯ ᠢ ᠲᠦᠯᠬᠢᠨ ᠠᠬᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠳᠣᠴᠠ ᠶᠢᠨ ᠴᠢᠨᠠᠷ  ᠲᠠᠢ ᠦᠭᠡᠷᠡᠴᠢᠯᠠᠯᠳᠠ᠂ ᠲᠡᠷᠢᠶᠠᠯᠠᠩ ᠤᠨ ᠪᠦᠳᠣᠴᠠ ᠶᠢ ᠲᠤᠬᠢᠷᠠᠭᠤᠯᠬᠤ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠ ᠨᠠᠶᠢᠭᠡᠮ ᠢ ᠲᠤᠭᠳᠠᠭᠤᠨ ᠪᠤᠯᠭᠠᠬᠤ ᠵᠡᠷᠭᠡ ᠲᠠᠯ᠎ᠠ ᠪᠠᠷ ᠦᠵᠠᠯᠳᠠ ᠦᠢᠯᠠᠭᠠᠯᠳᠠ ᠪᠠ ᠰᠠᠨᠠᠯ  ᠢᠶᠠᠨ ᠢᠯᠡᠳᠭᠡᠭᠰᠠᠠ ᠪᠠᠶᠢᠨ᠎ᠠ᠃ ᠭᠡᠰᠢᠭᠦᠳ ᠤᠨ ᠶᠡᠭᠡ ᠬᠤᠷᠠᠯ ᠤᠨ ᠶᠠᠷᠢᠶ᠎ᠠ ᠪᠠᠷ ᠲᠠᠮᠵᠢᠵᠤ᠂ ᠣᠨᠣᠪᠴᠢᠳᠠᠢ ᠪᠠᠷ ᠶᠠᠳᠠᠭᠤ ᠶᠢ ᠲᠡᠳᠭᠦᠭᠦ᠂ ᠪᠤᠬᠢᠷᠳᠣᠯ ᠦᠭᠡᠢ ᠲᠡᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ᠂ ᠤᠯᠠᠠ ᠲᠦᠮᠠᠠ ᠤ ᠦᠢᠯᠡᠰ ᠪᠤᠰᠬᠠᠨ ᠠᠵᠢᠯ ᠤᠯᠬᠤ᠂ ᠭᠦᠳᠡᠭᠡ ᠲᠤᠰᠬᠤᠨ ᠤ ᠵᠤᠭᠠᠴᠠᠯ ᠤᠨ ᠦᠢᠯᠠᠰ ᠢ ᠭᠦᠭᠵᠢᠭᠦᠯᠭᠦ ᠵᠡᠷᠭᠡ ᠨᠢᠭᠡ ᠪᠦᠯᠦᠭ ᠪᠤᠳᠡᠳᠡᠢ ᠠᠰᠠᠭᠤᠳᠠᠯ ᠳᠤ ᠰᠠᠨᠠᠯ   ᠵᠦᠪᠯᠠᠯᠭᠡ ᠪᠠᠨ ᠲᠤᠷᠠᠳᠣᠭᠰᠠᠠ ᠪᠠᠶᠢᠨ᠎ᠠ᠃ ᠲᠠᠪᠤᠨ ᠵᠢᠯ ᠤᠨ ᠲᠤᠷᠰᠢ᠂ ᠨᠠᠶᠢᠳᠠ 45 ᠭᠡᠰᠢᠭᠦᠨ ᠶᠡᠭᠡ ᠬᠤᠷᠠᠯ ᠲᠡᠭᠡᠷ᠎ᠠ ᠶᠡᠷᠢᠶ᠎ᠠ ᠲᠠᠯᠪᠢᠵᠤ᠂ 130 ᠰᠢᠬᠠᠮ ᠰᠠᠨᠠᠭᠤᠯᠭ᠎ᠠ ᠪᠠ ᠰᠠᠨᠠᠯ ᠲᠤᠷᠠᠳᠣᠭᠰᠠᠠ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠤᠳᠣᠷᠢᠳᠣᠯᠭ᠎ᠠ ᠬᠢᠭᠡᠳ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠠ ᠨᠦᠭᠦᠳ ᠬᠤᠷᠠᠯ ᠳᠤ ᠤᠷᠤᠯᠴᠠᠠ᠂ ᠭᠡᠰᠢᠭᠦᠳ ᠤᠨ ᠶᠠᠷᠢᠶ᠎ᠠ ᠶᠢ ᠰᠣᠨᠣᠰᠣᠭᠰᠠᠨ ᠨᠢ᠂ ᠠᠵᠢᠯ ᠢ ᠠᠬᠢᠭᠤᠯᠤᠭᠰᠠᠠ ᠮᠦᠷᠳᠡᠭᠡᠨ ᠭᠡᠰᠢᠭᠦᠳ ᠤᠨ ᠲᠤᠰᠢᠶᠠᠯ ᠢᠶᠠᠨ ᠭᠦᠢᠴᠡᠳᠭᠡᠬᠦ ᠬᠠᠯᠠᠭᠤᠨ ᠰᠠᠳᠬᠢᠯᠭᠡ ᠶᠢ ᠤᠷᠮᠠᠰᠢᠭᠤᠯᠤᠨ ᠪᠦᠭᠦᠯᠢ ᠴᠤᠭᠴᠠ ᠳᠤ ᠵᠦᠪᠯᠡᠭᠦ ᠶᠢᠨ ᠨᠦᠯᠤᠭᠡᠯᠡᠭᠦ ᠭᠦᠴᠤᠨ ᠢ ᠤᠯᠠᠮ ᠨᠢᠭᠡ ᠠᠯᠬᠤᠮ ᠲᠡᠭᠡᠭᠰᠢᠯᠡᠭᠦᠯᠦᠭᠰᠠᠠ ᠪᠠᠶᠢᠨ᠎ᠠ᠃ ᠬᠤᠶᠠᠷ ᠲᠤ᠂ ᠲᠤᠰᠬᠠᠢ ᠰᠠᠳᠣᠪ ᠤᠨ ᠵᠦᠪᠳᠡᠯᠴᠠᠭᠡᠨ ᠢ ᠭᠤᠤᠯᠳᠠᠯᠭ᠎ᠠ ᠲᠠᠢ ᠠᠳᠬᠤᠵᠡᠢ᠃ ᠬᠤᠰᠢᠭᠤᠨ ᠤ ᠨᠠᠮ  ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠭᠤᠤᠯᠳᠠᠯᠭ᠎ᠠ ᠲᠠᠢ ᠠᠵᠢᠯ ᠳᠤ ᠰᠠᠨᠠᠭᠠᠴᠢᠯᠭ᠎ᠠ ᠲᠠᠢ ᠪᠠᠷ ᠣᠶᠠᠯᠳᠣᠨ᠂ ᠪᠦᠭᠦ ᠬᠤᠰᠢᠭᠤᠨ ᠤ ᠴᠢᠬᠤᠯᠠ ᠶᠡᠭᠡ ᠰᠢᠢᠳᠪᠤᠷᠢᠳᠣ ᠪᠤᠳᠣᠯᠭ᠎ᠠ ᠶᠢᠨ ᠪᠠᠶᠢᠷᠢᠯᠠᠭᠤᠯᠤᠯᠳᠠ ᠪᠠ ᠠᠵᠤ ᠠᠬᠤᠢ ᠶᠢᠨ ᠨᠠᠶᠢᠭᠡᠮ ᠤᠨ ᠭᠦᠭᠵᠢᠯᠳᠠ ᠲᠤᠮᠳᠡᠬᠢ ᠵᠠᠩᠬᠢᠯᠠᠭ᠎ᠠ ᠶᠢᠨ ᠠᠰᠠᠭᠤᠳᠠᠯ ᠢ ᠴᠢᠩᠭ᠎ᠠ ᠠᠳᠬᠤᠵᠤ᠂ ᠲᠤᠰᠬᠠᠢ ᠰᠠᠳᠣᠪᠳᠣ ᠵᠦᠪᠯᠡᠯᠭᠡᠨ ᠤ ᠵᠠᠰᠠᠭ ᠢ ᠵᠦᠪᠯᠡᠬᠦ ᠠᠵᠢᠯᠯᠭᠠᠨ ᠢ ᠨᠢᠭᠤᠷᠳᠠᠵᠤ ᠦᠷᠨᠢᠭᠦᠯᠤᠨ᠂ ᠠᠮᠢᠳᠣ ᠪᠤᠳᠠᠰ ᠤᠨ ᠡᠨᠧᠷᠬᠢ ᠶᠢ ᠬᠦᠭᠵᠢᠬᠦᠯᠬᠦ ᠪᠠ ᠡᠰᠢ ᠰᠦᠷᠠᠯ ᠢ ᠬᠤᠪᠢᠷᠠᠭᠤᠯᠤᠨ ᠠᠰᠢᠭᠯᠠᠬᠤ ᠡᠨᠡᠭᠦ ᠭᠤᠤᠯᠳᠠᠯᠭ᠎ᠠ ᠲᠠᠢ ᠠᠵᠢᠯ ᠢ ᠠᠬᠢᠭᠤᠯᠬᠤ ᠶᠢᠨ ᠲᠣᠭᠤᠷᠢᠨ ᠳᠤ᠂ ᠲᠣᠮᠳᠠᠳᠣ ᠣᠯᠣᠰ ᠤᠨ ᠲᠠᠷᠢᠶᠠᠯᠠᠩ ᠤᠨ ᠪᠣᠬᠢᠷᠳᠣᠯ ᠦᠭᠡᠢ ᠡᠨᠧᠷᠬᠢ ᠶᠢᠨ ᠪᠦᠯᠦᠭᠯᠡᠯ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠠᠠ ᠲᠤᠬᠠᠢ ᠶᠢᠨ ᠭᠠᠵᠠᠷ ᠲᠤ ᠪᠠᠶᠢᠴᠠᠭᠠᠨ ᠰᠣᠳᠣᠯᠣᠯᠳᠠ ᠬᠢᠭᠦ  ᠶᠢᠨ ᠬᠠᠮᠳᠣ ᠤᠯᠤᠰ ᠲᠦᠷᠤ ᠶᠢᠨ ᠵᠦᠪᠯᠠᠯᠭᠡᠨ ᠤ ᠪᠠᠶᠢᠩᠭᠤ ᠶᠢᠨ ᠬᠤᠷᠠᠯ ᠬᠤᠷᠠᠯᠳᠣᠵᠣ ᠵᠦᠪᠳᠡᠨ᠂ ᠠᠷᠭ᠎ᠠ ᠪᠤᠳᠣᠯᠭ᠎ᠠ ᠡᠷᠭᠦᠵᠤ᠂ ᠲᠤᠷᠠᠳᠣᠭᠰᠠᠠ ᠪᠤᠳᠡᠳᠡᠢ ᠰᠠᠨᠠᠭᠤᠯᠭ᠎ᠠ ᠨᠢ ᠬᠤᠯᠪᠤᠭᠳᠠᠯ ᠪᠦᠭᠦᠢ ᠰᠠᠯᠠᠭ᠎ᠠ ᠮᠦᠴᠢᠷ ᠲᠤ ᠭᠦᠢᠴᠠᠳ ᠭᠡᠷᠡᠭᠯᠡᠭᠳᠡᠵᠡᠢ︔ ᠲᠠᠷᠢᠶᠠᠯᠠᠩ ᠤᠨ ᠲᠡᠷᠢᠮᠠᠯ ᠤᠨ ᠪᠦᠳᠣᠴᠠ ᠶᠢᠨ ᠲᠤᠬᠢᠷᠠᠭᠤᠯᠤᠯᠳᠠ ᠶᠢ ᠠᠬᠢᠭᠤᠯᠬᠤ ᠶᠢᠨ ᠲᠦᠯᠤᠭᠡ᠂   ᠠᠨᠾᠦ᠋ᠢ ᠶᠢᠨ ᠬᠤᠤᠵᠸᠤ ᠳᠤ ᠭᠦᠷᠴᠤ ᠡᠪᠡᠰᠤᠨ ᠡᠮ ᠤᠨ ᠲᠠᠷᠢᠮᠠᠯ ᠤᠨ ᠦᠢᠯᠠᠰ ᠤᠨ ᠭᠦᠭᠵᠢᠯᠳᠠ  ᠶᠢᠨ ᠪᠠᠶᠢᠳᠠᠯ ᠢ ᠰᠢᠨᠵᠢᠯᠠᠠ ᠪᠠᠶᠢᠴᠠᠭᠠᠵᠤ᠂ ᠲᠤᠰᠬᠠᠢ ᠰᠠᠳᠣᠪ ᠤᠨ ᠪᠠᠶᠢᠴᠠᠭᠠᠨ ᠰᠤᠳᠣᠯᠤᠯᠳᠠ ᠶᠢᠨ ᠮᠡᠳᠡᠭᠦᠯᠤᠯᠳᠠ ᠪᠢᠴᠢᠵᠤ᠂ ᠲᠤᠰᠬᠠᠢ ᠰᠠᠳᠣᠪᠳᠣ   ᠵᠦᠪᠯᠡᠯᠭᠡᠨ ᠤ ᠬᠤᠷᠠᠯ ᠢᠶᠠᠷ ᠲᠠᠮᠵᠢᠨ ᠲᠦᠯᠬᠢᠨ ᠠᠬᠢᠭᠤᠯᠬᠤ ᠰᠠᠨᠠᠯ ᠪᠠ ᠰᠠᠨᠠᠭᠤᠯᠭ᠎ᠠ ᠲᠤᠷᠠᠳᠤᠭᠰᠠᠠ ᠪᠠᠶᠢᠨ᠎ᠠ︔ ᠮᠠᠠ ᠤ ᠬᠤᠰᠢᠭᠤ ᠶᠢᠨ ᠪᠡᠯᠴᠢᠭᠡᠷᠯᠡᠭᠦᠯᠭᠦ ᠶᠢ ᠴᠠᠭᠠᠵᠠᠯᠠᠬᠤ ᠲᠦᠷᠤ ᠶᠢᠨ ᠪᠤᠳᠣᠯᠭ᠎ᠠ ᠶᠢ ᠪᠦᠳᠣᠮᠵᠢ ᠲᠠᠢ ᠭᠡᠷᠡᠭᠵᠢᠭᠦᠯᠭᠦ ᠶᠢᠨ ᠲᠣᠭᠤᠷᠢᠨ ᠳᠤ᠂ ᠭᠡᠰᠢᠭᠦᠳ ᠢ ᠵᠤᠬᠢᠶᠠᠠ ᠪᠠᠶᠢᠭᠤᠯᠤᠨ ᠬᠤᠶᠢᠳᠣ ᠭᠡᠰᠡᠭ ᠤᠨ ᠰᠤᠮᠤ ᠪᠠᠯᠭᠠᠰᠤᠨ ᠳᠤ ᠭᠦᠨᠵᠡᠭᠡᠶᠢᠷᠠᠠ ᠠᠮᠤ ᠪᠤᠳᠠᠭ᠎ᠠ ᠶᠢ ᠪᠤᠷᠳᠤᠭ᠎ᠠ ᠪᠤᠯᠭᠠᠬᠤ᠂ ᠭᠦᠭᠡ ᠪᠤᠷᠳᠤᠭ᠎ᠠ ᠲᠠᠷᠣᠰᠢᠭᠤᠯᠬᠤ ᠶᠠᠪᠤᠳᠠᠯ ᠢ ᠪᠠᠶᠢᠴᠠᠭᠠᠨ ᠰᠤᠳᠣᠯᠵᠤ᠂ ᠲᠤᠬᠠᠢ ᠶᠢᠨ ᠭᠠᠵᠠᠷ   ᠲᠤ ᠨᠢ ᠵᠦᠪᠯᠡᠯᠴᠡᠬᠦ ᠰᠠᠭᠤᠳᠠᠯ ᠤᠨ ᠬᠤᠷᠠᠯ ᠬᠤᠷᠠᠯᠳᠣᠵᠤ᠂ ᠪᠡᠯᠴᠢᠭᠡᠷᠯᠡᠭᠦᠯᠭᠦ ᠶᠢ ᠴᠠᠭᠠᠵᠠᠯᠠᠬᠤ ᠲᠦᠷᠤ ᠶᠢᠨ ᠪᠤᠳᠣᠯᠭ᠎ᠠ ᠶᠢ ᠤᠬᠠᠭᠤᠯᠤᠨ᠂ ᠦᠭᠡᠷ᠂ ᠬᠤᠨᠢᠨ ᠤ ᠬᠤᠷᠢᠵᠤ ᠲᠡᠵᠢᠭᠡᠭᠦ ᠶᠢ ᠭᠦᠭᠵᠢᠭᠦᠯᠭᠦ ᠰᠠᠨᠠᠭᠤᠯᠭ᠎ᠠ ᠶᠢ ᠰᠤᠨᠤᠰᠴᠤ᠂ ᠪᠠᠯᠴᠢᠭᠡᠷᠯᠡᠭᠦᠯᠭᠦ ᠶᠢ ᠴᠠᠭᠠᠵᠠᠯᠠᠬᠤ ᠠᠵᠢᠯ ᠤᠨ ᠤᠷᠤᠭᠰᠢᠳᠡᠢ ᠦᠷᠨᠢᠬᠦ ᠶᠢ ᠲᠦᠯᠬᠢᠨ ᠠᠭᠢᠭᠤᠯᠤᠭᠰᠠᠠ ᠪᠠᠶᠢᠨ᠎ᠠ᠃ ᠲᠠᠪᠤᠨ ᠵᠢᠯ ᠤᠨ ᠲᠤᠷᠰᠢ᠂ ᠬᠤᠳᠠ  ᠶᠢᠨ ᠪᠦᠳᠣᠭᠡᠨ ᠪᠠᠶᠢᠭᠤᠯᠤᠯᠳᠠ ᠶᠢᠨ ᠬᠠᠮᠢᠶᠠᠷᠤᠯᠳᠠ᠂ ᠪᠠᠳᠣᠯᠠᠭᠠᠳᠣ ᠴᠢᠨᠠᠷ ᠲᠠᠢ ᠤᠷᠤᠨ ᠰᠠᠭᠤᠴᠠ ᠶᠢᠨ ᠪᠠᠶᠢᠭᠤᠯᠤᠯᠳᠠ᠂ ᠭᠤᠤᠯᠳᠠᠯᠭ᠎ᠠ ᠲᠠᠢ ᠲᠤᠷᠠᠳᠣᠯᠭ᠎ᠠ ᠶᠢ ᠭᠦᠢᠴᠠᠳᠭᠡᠭᠰᠠᠠ ᠵᠡᠷᠭᠡ ᠰᠠᠳᠣᠪ ᠤᠨ ᠲᠤᠭᠤᠷᠢᠨ ᠳᠤ᠂ ᠲᠤᠰᠬᠠᠢ ᠵᠦᠪᠳᠡᠯᠴᠠᠭᠡᠨ ᠤ ᠬᠤᠷᠠᠯ ᠢ ᠨᠠᠶᠢᠳᠠ 12 ᠤᠳᠠᠭ᠎ᠠ ᠬᠤᠷᠠᠯᠳᠣᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠠᠵᠢᠯ ᠢ ᠪᠦᠳᠣᠮᠵᠢ ᠲᠠᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠭᠰᠠᠠ ᠪᠠᠶᠢᠨ᠎ᠠ᠃ ᠭᠤᠷᠪᠠ ᠳᠤ᠂ ᠬᠠᠷᠠᠭᠠᠯᠵᠠᠭᠤᠯᠤᠨ ᠵᠦᠪᠳᠡᠵᠤ ᠬᠠᠮᠳᠣᠷᠠᠨ ᠠᠵᠢᠯᠯᠠᠬᠤ ᠶᠢ ᠴᠢᠩᠭᠠᠳᠬᠠᠵᠡᠢ᠃ ᠬᠤᠰᠢᠭᠤᠨ ᠤ ᠤᠯᠤᠰ ᠲᠦᠷᠤ ᠶᠢᠨ ᠵᠦᠪᠯᠠᠯᠭᠡᠨ ᠤ ᠡᠯ᠎ᠠ ᠲᠤᠰᠬᠠᠢ ᠵᠦᠪᠯᠠᠯ ᠨᠠᠮ ᠵᠠᠰᠠᠭ ᠤᠨ ᠡᠷᠭᠡ ᠲᠤᠰᠢᠶᠡᠯᠳᠣ ᠰᠠᠯᠠᠭ᠎ᠠ ᠮᠦᠴᠢᠷ ᠲᠠᠢ ᠬᠠᠷᠢᠯᠴᠠᠭ᠎ᠠ ᠬᠠᠮᠵᠢᠯᠴᠠᠭ᠎ᠠ ᠪᠤᠯᠤᠨ ᠬᠠᠷᠠᠭᠠᠯᠵᠠᠭᠰᠠᠠ ᠵᠦᠪᠳᠡᠯᠴᠡᠭᠡ  ᠪᠠᠨ ᠰᠠᠨᠠᠭᠠᠴᠢᠯᠭ᠎ᠠ ᠲᠠᠢ ᠪᠠᠷ ᠴᠢᠩᠭᠠᠳᠬᠠᠵᠤ᠂ ᠬᠠᠷᠠᠭᠠᠯᠵᠠᠭᠰᠠᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠢ ᠤᠷᠢᠨ᠂ ᠶᠠᠷᠢᠯᠴᠠᠨ ᠰᠣᠳᠣᠯᠬᠤ ᠰᠠᠭᠤᠳᠠᠯ ᠤᠨ ᠬᠤᠷᠠᠯ ᠳᠤ ᠤᠷᠤᠯᠴᠠᠭᠤᠯᠤᠨ ᠵᠦᠪᠳᠡᠯᠴᠠᠭᠦᠯᠵᠤ᠂ ᠬᠠᠷᠠᠭᠠᠯᠵᠬᠠᠰᠠᠠ ᠰᠠᠯᠠᠭ᠎ᠠ ᠮᠦᠴᠢᠷ ᠤᠨ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠬᠢᠭᠡᠳ ᠠᠵᠢᠯ ᠲᠦᠷᠤᠯ ᠤᠨ ᠰᠤᠷᠳᠠᠯ ᠤᠨ ᠬᠢᠨᠠᠯᠳᠠ ᠰᠢᠯᠭᠠᠨ ᠲᠤᠭᠳᠠᠭᠠᠯᠳᠠ ᠳᠤ ᠤᠷᠤᠯᠴᠠᠬᠤ ᠵᠡᠷᠭᠡ ᠭᠡᠯᠪᠡᠷᠢ ᠪᠠᠷ ᠤᠷᠢᠳ ᠬᠤᠵᠢᠳ ᠮᠠᠠ ᠤ ᠬᠤᠰᠢᠭᠤᠨ ᠤ ᠨᠠᠶᠢᠯᠠᠮᠠᠯ ᠴᠠᠪᠡᠤ ᠶᠢᠨ ᠭᠦᠨᠳᠣ ᠭᠦᠩᠭᠡᠨ ᠤ ᠭᠦᠯ ᠪᠦᠮᠪᠤᠭᠡᠨ ᠲᠠᠯᠠᠪᠤᠷ ᠤᠨ ᠪᠠᠶᠢᠭᠤᠯᠤᠯᠳᠠ᠂ ᠮᠤᠩᠭᠤᠯ ᠡᠮᠨᠡᠯᠭᠡ  ᠶᠢᠨ ᠡᠭᠦᠳᠠᠠ ᠡᠮᠨᠡᠯᠭᠡ ᠶᠢᠨ ᠠᠰᠠᠷ᠂ ᠡᠪᠡᠳᠴᠢᠳᠠᠠ ᠤ ᠦᠷᠤᠭᠡᠨ ᠤ ᠠᠰᠠᠷ ᠤᠨ ᠪᠠᠶᠢᠭᠤᠯᠤᠯᠳᠠ᠂ ᠰᠤᠷᠭᠠᠭᠤᠯᠢ  ᠶᠢᠨ ᠡᠷᠬᠢᠨ ᠲᠤᠭᠤᠷᠢᠨ ᠵᠢᠴᠢ ᠵᠠᠮ ᠬᠠᠷᠢᠯᠴᠠᠭᠠᠨ ᠤ ᠡᠮᠬᠢ ᠵᠢᠷᠤᠮ ᠢ ᠴᠡᠭᠴᠠᠯᠡᠭᠦ᠂ ᠢᠳᠡᠭᠡᠨ ᠣᠮᠳᠠᠭᠠᠨ᠂ ᠡᠮ ᠡᠮᠨᠡᠯᠭᠡ ᠶᠢᠨ ᠵᠤᠶᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠣᠯᠳᠠ᠂ ᠬᠠᠤᠯᠢ ᠲᠦᠷᠢᠮ᠂ ᠤᠬᠠᠭᠤᠯᠭ᠎ᠠ᠂ ᠰᠤᠷᠭᠠᠨ ᠭᠦᠮᠤᠵᠢᠯ ᠵᠡᠷᠭᠡ ᠨᠠᠶᠢᠭᠡᠮ ᠤᠨ ᠡᠯ᠎ᠠ ᠡᠳᠡᠭᠡᠳ ᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠤᠯᠠᠠ ᠲᠠᠯ᠎ᠠ  ᠶᠢᠨ ᠵᠦᠪᠳᠡᠯᠴᠡᠭᠡ ᠰᠠᠨᠠᠯ ᠰᠤᠯᠢᠯᠴᠠᠭ᠎ᠠ ᠦᠷᠨᠢᠭᠦᠯᠤᠨ᠂ ᠰᠠᠨᠠᠯ ᠲᠤᠷᠠᠳᠣᠯᠭ᠎ᠠ ᠭᠠᠷᠭᠠᠵᠡᠢ᠃ ᠲᠠᠪᠤᠨ ᠵᠢᠯ ᠤᠨ ᠲᠤᠷᠰᠢ᠂ ᠬᠠᠷᠠᠭᠠᠯᠵᠠᠭᠤᠯᠣᠭᠰᠠᠨ ᠵᠦᠪᠳᠡᠯᠴᠠᠭᠡᠨ ᠤ ᠰᠤᠯᠢᠯᠴᠠᠬᠤ ᠰᠠᠭᠤᠳᠠᠯ ᠤᠨ ᠬᠤᠷᠠᠯ ᠢ ᠨᠠᠶᠢᠳᠠ 16 ᠤᠳᠠᠭ᠎ᠠ ᠬᠤᠷᠠᠯᠳᠣᠵᠤ᠂ ᠬᠤᠯᠪᠤᠭᠳᠠᠯ ᠪᠦᠭᠦᠢ ᠰᠠᠯᠠᠭ᠎ᠠ ᠮᠦᠴᠢᠷ ᠤᠨ ᠰᠢᠨᠵᠢᠯᠡᠭᠦ ᠤᠬᠠᠭᠠᠨᠴᠢ ᠠᠷᠠᠳᠴᠢᠯᠠᠭᠰᠠᠠ ᠰᠢᠢᠳᠪᠤᠷᠢᠳᠣ ᠪᠤᠳᠣᠯᠭ᠎ᠠ ᠭᠠᠷᠭᠠᠬᠤ ᠳᠤ ᠠᠰᠢᠭ ᠲᠠᠢ ᠯᠠᠪᠯᠠᠯᠳᠠ ᠬᠠᠩᠭᠠᠭᠰᠠᠠ ᠪᠠᠶᠢᠨ᠎ᠠ᠃     ︵ᠲᠦᠷᠪᠡ︶ ᠦᠩᠭᠡᠷᠡᠭᠰᠡᠨ ᠲᠠᠪᠣᠨ ᠵᠢᠯ ᠳᠤ᠂ ᠬᠠᠷᠢᠯᠴᠠᠬᠤ ᠰᠤᠪᠠᠭ ᠢ ᠰᠠᠭᠠᠳ ᠦᠭᠡᠢ ᠨᠡᠪᠲᠡᠷᠡᠭᠦᠯᠵᠦ᠂ ᠪᠣᠳᠠᠳᠣ ᠦᠷ᠎ᠡ ᠠᠰᠢᠭ ᠢ ᠴᠢᠬᠤᠯᠠᠴᠢᠯᠠᠨ᠂ ᠠᠷᠠᠳᠴᠢᠯᠠᠯ ᠢᠶᠠᠷ ᠬᠢᠨᠠᠬᠤ ᠶᠢᠨ ᠪᠦᠳᠦᠴᠡ ᠶᠢ ᠨᠡᠩ ᠲᠡᠬᠦᠯᠳᠡᠷᠵᠢᠬᠦᠯᠵᠡᠢ᠃ ᠠᠷᠠᠳᠴᠢᠯᠠᠯ ᠢᠶᠠᠷ ᠬᠢᠨᠠᠬᠤ ᠶᠢᠨ ᠰᠢᠨ᠎ᠡ ᠭᠡᠯᠪᠡᠷᠢ ᠲᠦᠷᠰᠦ᠂ ᠰᠢᠨ᠎ᠡ ᠠᠷᠭ᠎ᠠ ᠠᠪᠴᠠᠯ ᠢ ᠢᠳᠡᠪᠬᠢᠳᠡᠢ ᠰᠦᠪᠡᠭᠴᠢᠯᠡᠨ᠂ ᠠᠷᠠᠳᠴᠢᠯᠠᠯ ᠢᠶᠠᠷ ᠬᠢᠨᠠᠬᠤ ᠶᠢᠨ ᠲᠣᠭᠳᠠᠴᠠ ᠶᠢ ᠲᠠᠰᠣᠷᠠᠯᠳᠠ ᠦᠭᠡᠢ ᠲᠡᠬᠦᠯᠳᠡᠷᠵᠢᠬᠦᠯᠤᠨ᠂ ᠠᠷᠠᠳᠴᠢᠯᠠᠯ ᠢᠶᠠᠷ ᠬᠢᠨᠠᠬᠤ ᠠᠷᠭ᠎ᠠ ᠵᠠᠮ ᠢ ᠨᠡᠪᠳᠡᠷᠡᠬᠦᠯᠵᠤ᠂ ᠠᠷᠠᠳᠴᠢᠯᠠᠯ ᠢᠶᠠᠷ ᠬᠢᠨᠠᠬᠤ ᠶᠢᠨ ᠡᠷᠴᠢᠮ ᠢ ᠨᠡᠮᠡᠭᠳᠡᠬᠦᠯᠦᠨ᠂ ᠰᠢᠢᠳᠪᠦᠷᠢᠳᠦ ᠪᠣᠳᠣᠯᠭ᠎ᠠ ᠶᠢ ᠨᠠᠶᠢᠳᠠᠪᠣᠷᠢᠵᠢᠭᠤᠯᠬᠤ ᠶᠢ ᠲᠦᠯᠬᠢᠨ   ᠠᠬᠢᠭᠤᠯᠵᠠᠢ᠃ ᠨᠢᠭᠡ ᠳᠤ᠂ ᠲᠣᠷᠠᠳᠣᠯᠭ᠎ᠠ ᠶᠢᠨ ᠬᠢᠨᠠᠯᠳᠠ ᠶᠢ ᠰᠠᠶᠢᠳᠣᠷ ᠬᠢᠵᠣ ᠠᠷᠠᠳ ᠤᠨ ᠠᠮᠢᠳᠣᠷᠠᠯ ᠤᠨ ᠠᠰᠠᠭᠤᠳᠠᠯ ᠢ ᠰᠠᠶᠢᠵᠢᠷᠠᠭᠤᠯᠬᠤ ᠶᠢ ᠠᠬᠢᠭᠤᠯᠵᠠᠢ᠃ ᠲᠣᠷᠠᠳᠣᠯᠭ᠎ᠠ ᠶᠢ ᠰᠢᠢᠳᠪᠦᠷᠢᠯᠡᠬᠦ ᠠᠵᠢᠯ ᠢ ᠡᠷᠡᠰ ᠪᠠᠷᠢᠮᠳᠠᠯᠠᠬᠤ ᠪᠠᠷ ᠬᠦᠭᠵᠢᠯᠳᠡ ᠶᠢ ᠠᠬᠢᠭᠤᠯᠬᠤ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠴᠢᠬᠤᠯᠠ ᠠᠷᠭ᠎ᠠ ᠠᠪᠴᠠᠯ ᠪᠤᠯᠭᠠᠪᠠ᠃ ᠣᠯᠣᠰ ᠲᠦᠷᠦ ᠶᠢᠨ ᠵᠦᠪᠯᠡᠯᠭᠡᠨ ᠤ ᠣᠳᠣᠷᠢᠳᠬᠤ ᠪᠠᠭ ᠤᠨ ᠭᠡᠰᠢᠬᠦᠣᠨ ᠲᠦᠷᠦᠬᠦᠯᠡᠨ ᠭᠤᠤᠯ ᠴᠢᠬᠤᠯᠠ ᠲᠣᠷᠠᠳᠣᠯᠭ᠎ᠠ ᠶᠢ ᠬᠢᠨᠠᠨ ᠰᠢᠢᠳᠪᠦᠷᠢᠯᠡᠭᠡᠳ ᠭᠡᠰᠢᠬᠦᠳ ᠢ ᠵᠣᠬᠢᠶᠠᠨ ᠪᠠᠶᠢᠭᠤᠯᠵᠣ ᠲᠣᠷᠠᠳᠣᠯᠭ᠎ᠠ ᠶᠢ ᠬᠦᠢᠴᠡᠳᠭᠡᠬᠦ ᠠᠵᠢᠯ ᠢ ᠪᠠᠶᠢᠴᠠᠭᠠᠨ ᠦᠵᠡᠵᠤ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠲᠠᠢ ᠬᠠᠮᠳᠣᠷᠠᠨ ᠬᠤᠯᠪᠣᠭᠠᠯᠠᠵᠣ᠂ ᠲᠣᠷᠠᠳᠣᠯᠭ᠎ᠠ ᠶᠢ ᠱᠠᠭᠠᠷᠳᠠᠨ ᠭᠦᠢᠴᠠᠳᠭᠡᠯᠭᠡᠭᠡᠳ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠭᠡᠨ ᠬᠠᠮᠳᠣᠷᠠᠨ ᠣᠷᠣᠯᠴᠠᠭᠰᠠᠨ ᠲᠣᠷᠠᠳᠣᠯᠭ᠎ᠠ ᠶᠢ ᠪᠡᠶᠡᠯᠡᠬᠦᠯᠦᠭᠰᠡᠨ ᠡᠰᠡᠭᠦ ᠶᠢ ᠬᠢᠨᠠᠬᠤ ᠠᠵᠢᠯ ᠤᠨ ᠪᠠᠶᠢᠭᠤᠯᠣᠮᠵᠢ ᠶᠢ ᠪᠦᠷᠢᠯᠳᠦᠬᠦᠯᠦᠭᠰᠠᠨ ᠪᠠᠶᠢᠨ᠎ᠠ᠃ ᠲᠣᠷᠠᠳᠣᠯᠭ᠎ᠠ ᠶᠢ ᠰᠣᠷᠪᠣᠯᠵᠢᠯᠠᠬᠤ ᠶᠢ ᠬᠦᠨᠳᠦᠳᠭᠡᠨ ᠦᠵᠡᠵᠣ ᠭᠡᠰᠢᠬᠦᠳ ᠢ ᠣᠷᠢᠨ ᠲᠣᠷᠠᠳᠣᠯᠭ᠎ᠠ ᠶᠢ ᠱᠠᠭᠠᠷᠳᠠᠨ ᠭᠦᠢᠴᠠᠳᠭᠡᠭᠦ ᠠᠵᠢᠯ ᠳᠤ ᠣᠷᠣᠯᠴᠠᠭᠤᠯᠣᠭᠠᠳ ᠲᠣᠷᠠᠳᠬᠤ ᠪᠠ ᠬᠦᠢᠴᠡᠳᠭᠡᠬᠦ ᠬᠤᠶᠠᠷ ᠲᠠᠯ᠎ᠠ ᠶᠢᠨ ᠬᠠᠷᠢᠯᠴᠠᠨ ᠨᠡᠪᠳᠡᠷᠡᠯᠴᠡᠬᠦ ᠶᠢ ᠠᠬᠢᠭᠤᠯᠣᠭᠠᠳ ︽ᠲᠣᠷᠠᠳᠣᠯᠭ᠎ᠠ ᠪᠦᠷᠢ ᠬᠠᠷᠢᠭᠤ ᠲᠠᠢ᠂ ᠣᠴᠢᠷ ᠪᠦᠷᠢ ᠦᠷ᠎ᠠ ᠳ᠋ᠦᠩ ᠲᠠᠢ︾ ᠪᠠᠶᠢᠬᠤ ᠶᠢ ᠪᠡᠶᠡᠯᠡᠬᠦᠯᠵᠡᠢ᠃ ᠲᠠᠪᠣᠨ ᠵᠢᠯ ᠤᠨ ᠲᠣᠷᠰᠢ᠂   ᠭᠡᠰᠢᠬᠦᠳ ᠨᠡᠶᠢᠳᠡ 450 ᠬᠤᠪᠢ ᠲᠣᠷᠠᠳᠣᠯᠭ᠎ᠠ ᠲᠣᠰᠢᠶᠠᠵᠣ᠂ ᠲᠠᠩᠰᠠᠯᠠᠭᠰᠠᠨ ᠨᠢ 346 ᠬᠤᠪᠢ᠂ ᠡᠬᠦᠨ ᠤ ᠲᠣᠳᠣᠷ᠎ᠠ 29 ᠬᠤᠪᠢ ᠲᠣᠷᠠᠳᠣᠯᠭ᠎ᠠ ᠨᠢ ᠭᠤᠤᠯ ᠴᠢᠬᠤᠯᠠ ᠲᠣᠷᠠᠳᠣᠯᠭ᠎ᠠ ᠪᠣᠯᠣᠨ ᠵᠢᠬᠰᠠᠭᠠᠭᠳᠠᠵᠣ᠂ 50 ᠬᠤᠪᠢ ᠲᠣᠷᠠᠳᠣᠯᠭ᠎ᠠ ᠨᠢ ᠰᠢᠯᠢᠳᠡᠭ ᠲᠣᠷᠠᠳᠣᠯᠭ᠎ᠠ ᠪᠣᠯᠣᠨ ᠰᠣᠩᠭᠤᠭᠳᠠᠵᠠᠢ᠃ ᠠᠷᠠᠳ ᠣᠯᠠᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ  ᠢ ᠰᠠᠶᠢᠵᠢᠷᠠᠭᠤᠯᠬᠤ᠂ ᠨᠡᠶᠢᠭᠡᠮ ᠤᠨ ᠪᠠᠳᠣᠯᠠᠭ᠎ᠠ ᠶᠢᠨ ᠲᠣᠭᠳᠠᠯᠴᠠᠭ᠎ᠠ ᠶᠢ ᠲᠡᠬᠦᠯᠳᠡᠷᠵᠢᠬᠦᠯᠬᠦ ᠵᠡᠷᠭᠡ ᠠᠷᠠᠳ ᠤᠨ ᠠᠮᠢᠳᠣᠷᠠᠯ ᠤᠨ ᠠᠰᠠᠭᠤᠳᠠᠯ ᠲᠠᠢ ᠬᠤᠯᠪᠣᠭᠳᠠᠭᠰᠠᠨ ᠲᠣᠷᠠᠳᠣᠯᠭ᠎ᠠ ᠶᠢ ᠴᠠᠭ ᠲᠣᠬᠠᠢ ᠳᠤ ᠨᠢ ᠪᠦᠳᠦᠮᠵᠢᠳᠡᠢ ᠪᠠᠷ ᠰᠢᠢᠳᠪᠦᠷᠢᠯᠡᠭᠡᠳ ᠨᠡᠯᠢᠶᠡᠳ ᠰᠠᠶᠢᠨ ᠦᠷ᠎ᠡ ᠳ᠋ᠦᠩ ᠣᠯᠵᠠᠢ᠃   ᠬᠤᠶᠠᠷ ᠲᠤ᠂   ᠭᠤᠣᠯᠳᠠᠯᠭᠠᠳᠣ ᠠᠵᠢᠯ ᠢ ᠨᠠᠶᠢᠳᠠᠪᠣᠷᠢᠵᠢᠭᠤᠯᠬᠤ ᠶᠢ ᠪᠠᠶᠢᠴᠠᠭᠠᠨ ᠦᠵᠡᠵᠣ ᠬᠢᠨᠠᠯᠳᠠ ᠲᠠᠯᠪᠢᠬᠤ ᠶᠢ   ᠠᠬᠢᠭᠤᠯᠵᠠᠢ᠃   ᠪᠦᠬᠦ ᠬᠤᠰᠢᠭᠤᠨ ᠤ ᠭᠤᠣᠯᠳᠠᠯᠭᠠᠳᠣ ᠠᠵᠢᠯ᠂ ᠲᠣᠮᠣ ᠲᠦᠷᠦᠯ ᠵᠦᠢᠯ ᠵᠢᠴᠢ ᠲᠣᠮᠣ ᠶᠡᠭᠡ ᠰᠢᠢᠳᠪᠦᠷᠢᠳᠦ ᠪᠣᠳᠣᠯᠭ᠎ᠠ ᠶᠢ ᠲᠤᠭᠤᠰᠢᠯᠠᠭᠤᠯᠤᠭᠰᠠᠠ ᠪᠠᠶᠢᠳᠠᠯ ᠤᠨ ᠲᠣᠭᠤᠷᠢᠨ ᠳᠤ ᠪᠠᠶᠢᠴᠠᠭᠠᠨ ᠦᠵᠡᠵᠣ ᠬᠢᠨᠠᠯᠳᠠ ᠲᠠᠯᠪᠢᠬᠤ ᠶᠢ ᠢᠳᠡᠪᠬᠢᠳᠡᠢ ᠦᠷᠨᠢᠬᠦᠯᠵᠡᠢ᠃ ᠣᠯᠠᠭᠠᠨᠬᠤᠳᠠ ᠳᠤ ᠬᠦᠷᠴᠦ ᠰᠦᠨᠢ ᠶᠢᠨ ᠵᠠᠬ᠎ᠠ ᠶᠢᠨ ᠰᠢᠷᠠᠮᠠᠯ ᠤᠨ ᠡᠵᠡᠩᠨᠡᠯᠳᠡ ᠶᠢᠨ ᠬᠠᠮᠢᠶᠠᠷᠣᠯᠳᠠ ᠶᠢᠨ ᠭᠡᠯᠪᠡᠷᠢ ᠳᠤ ᠪᠠᠶᠢᠴᠠᠭᠠᠯᠳᠠ ᠬᠢᠵᠤ᠂ ᠮᠠᠨ ᠤ ᠬᠤᠰᠢᠭᠤᠨ ᠤ ᠰᠢᠷᠠᠮᠠᠯ ᠤᠨ ᠪᠣᠬᠢᠷᠳᠣᠯ ᠤᠨ ᠠᠰᠠᠭᠤᠳᠠᠯ ᠢ ᠰᠠᠶᠢᠵᠢᠷᠠᠭᠤᠯᠬᠤ ᠳᠤ ᠰᠣᠷᠣᠯᠴᠠᠯᠭ᠎ᠠ ᠯᠠᠪᠯᠠᠯᠳᠠ ᠬᠢᠵᠤ ᠲᠡᠷᠢᠬᠦᠨ ᠤ ᠲᠣᠷᠰᠢᠯᠭ᠎ᠠ ᠪᠣᠯᠭᠠᠵᠠᠢ᠃ ᠭᠡᠰᠢᠭᠦᠳ ᠢ ᠵᠤᠬᠢᠶᠠᠠ ᠪᠠᠶᠢᠭᠤᠯᠵᠤ ᠲᠣᠳᠣᠭᠠᠳᠣ ᠶᠢ ᠬᠠᠮᠠᠭᠠᠯᠠᠬᠤ ᠲᠤᠪᠴᠢᠶᠠᠠ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠪᠠ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠣᠯᠠᠨ ᠨᠡᠶᠢᠳᠡ ᠳᠤ ᠬᠠᠨᠳᠣᠭᠤᠯᠣᠭᠰᠠᠨ ᠨᠡᠭᠡᠭᠡᠯᠳᠡ ᠶᠢᠨ ᠡᠳᠦᠷ ᠤᠨ ᠬᠦᠳᠡᠯᠭᠡᠭᠡᠨ ᠳᠤ ᠤᠷᠤᠯᠴᠠᠵᠤ᠂ ᠬᠠᠣᠯᠢ ᠴᠠᠭᠠᠵᠠ ᠶᠢᠨ ᠪᠠᠶᠢᠭᠤᠯᠭ᠎ᠠ ᠶᠢᠨ ᠬᠠᠣᠯᠢ ᠶᠣᠰᠣᠭᠠᠷ ᠡᠷᠭᠡ ᠲᠤᠰᠢᠶᠠᠯ ᠢᠶᠠᠨ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠪᠠ ᠲᠡᠮᠵᠢᠵᠡᠢ᠃ ᠲᠦᠬᠦᠮ ᠪᠦᠳᠦᠴᠡᠳᠣ ᠣᠷᠣᠨ ᠰᠠᠭᠤᠴᠠ ᠶᠢ ᠵᠠᠰᠠᠬᠤ ᠲᠦᠷᠦᠯ ᠵᠦᠢᠯ ᠤᠨ ᠭᠠᠵᠠᠷ ᠲᠠᠳᠠᠪᠣᠷᠢᠯᠠᠬᠤ ᠶᠢ ᠲᠦᠯᠬᠢᠨ ᠠᠬᠢᠭᠤᠯᠬᠤ ᠳᠤ ᠭᠡᠰᠢᠭᠦᠳ ᠢ ᠵᠤᠬᠢᠶᠠᠠ ᠪᠠᠶᠢᠭᠤᠯᠵᠣ ᠲᠠᠳᠠᠪᠣᠷᠢᠯᠠᠭᠳᠠᠭᠰᠠᠨ ᠡᠷᠦᠭᠡ ᠲᠠᠢ ᠨᠢᠭᠤᠷᠳᠠᠨ ᠣᠴᠠᠷᠠᠵᠣ᠂ ᠰᠠᠨᠠᠯ ᠢᠶᠠᠨ ᠨᠡᠪᠳᠡᠷᠡᠯᠴᠡᠨ ᠰᠣᠯᠢᠯᠴᠠᠭᠠᠳ ᠬᠦᠲᠦᠯᠦᠨ ᠵᠢᠯᠣᠭᠤᠳᠬᠤ ᠪᠠ ᠠᠬᠢᠭᠤᠯᠬᠤ ᠦᠢᠯᠡᠳᠦᠯ ᠢ   ᠭᠦᠢᠴᠠᠳ ᠪᠠᠳᠠᠷᠠᠭᠤᠯᠵᠣ᠂ ᠲᠦᠬᠦᠮ ᠪᠦᠳᠦᠴᠡᠳᠦ ᠣᠷᠣᠨ ᠰᠠᠭᠤᠴᠠ ᠶᠢ ᠵᠠᠰᠠᠬᠤ ᠠᠵᠢᠯ ᠣᠷᠣᠭᠰᠢᠳᠠᠢ ᠬᠦᠭᠵᠢᠬᠦ ᠶᠢ ᠠᠬᠢᠭᠤᠯᠵᠠᠢ᠃ ᠭᠤᠷᠪᠠ  ᠳᠤ᠂   ᠭᠡᠰᠢᠭᠦᠳ ᠤᠨ ᠬᠢᠨᠠᠯᠳᠠ ᠲᠠᠯᠪᠢᠬᠤ ᠶᠢ ᠪᠤᠳᠡᠳᠡᠢ ᠠᠳᠬᠤᠵᠤ ᠰᠤᠷᠳᠠᠯ ᠤᠨ ᠪᠠᠶᠢᠭᠤᠯᠤᠯᠳᠠ ᠶᠢᠨ ᠲᠡᠭᠡᠭᠰᠢᠯᠡᠯᠳᠡ ᠶᠢ ᠲᠦᠯᠬᠢᠨ ᠠᠬᠢᠭᠤᠯᠪᠠ᠃ ᠠᠷᠠᠳᠴᠢᠯᠠᠯ ᠢᠶᠠᠷ ᠬᠢᠨᠠᠯᠳᠠ ᠲᠠᠯᠪᠢᠬᠤ ᠡᠭᠦᠷᠭᠡ ᠴᠢᠳᠡᠪᠬᠢ ᠶᠢ ᠬᠦᠢᠴᠡᠳ ᠪᠠᠳᠠᠷᠠᠭᠤᠯᠵᠣ᠂ ᠬᠡᠰᠢᠬᠦᠣᠨ ᠤᠨ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠦᠯᠳᠡ᠂ ᠠᠵᠢᠯ ᠤᠨ ᠰᠣᠷᠳᠠᠯ  ᠤᠨ ᠬᠢᠨᠠᠨ ᠲᠣᠭᠳᠠᠭᠠᠯ᠂ ᠨᠠᠮ ᠤᠨ ᠰᠣᠷᠲᠠᠯ ᠴᠢᠭᠡᠴᠢ ᠵᠡᠰᠠᠭ ᠤᠨ ᠪᠠᠶᠢᠭᠤᠯᠣᠯᠳᠠ ᠲᠣᠮᠳᠠᠬᠢ ᠬᠢᠨᠠᠨ ᠪᠠᠶᠢᠴᠠᠭᠠᠬᠤ ᠦᠢᠯᠡᠳᠦᠯ ᠢ ᠭᠤᠣᠯᠴᠢᠯᠠᠨ ᠪᠠᠳᠠᠷᠠᠭᠤᠯᠵᠣ᠂ ᠣᠯᠣᠰ ᠲᠦᠷᠦ ᠶᠢᠨ ᠤᠤᠷ ᠴᠢᠨᠠᠷ ᠰᠠᠶᠢᠨ᠂ ᠵᠠᠰᠠᠭ ᠲᠤ ᠵᠦᠪᠯᠡᠬᠦ  ᠳᠡᠭᠡᠨ ᠴᠢᠳᠠᠮᠠᠭᠠᠢ ᠭᠡᠰᠢᠬᠦᠣᠨ ᠢ ᠲᠠᠨᠢᠯᠴᠠᠭᠤᠯᠣᠭᠠᠳ᠂ ᠬᠠᠣᠯᠢ ᠶᠢ ᠭᠡᠷᠡᠭᠵᠢᠬᠦᠯᠬᠦ᠂ ᠰᠠᠬᠢᠯᠭ᠎ᠠ ᠪᠠᠳᠣ ᠶᠢ ᠬᠢᠨᠠᠬᠤ ᠶᠢ ᠭᠡᠷᠡᠭᠵᠢᠬᠦᠯᠬᠦ ᠰᠠᠯᠠᠭ᠎ᠠ ᠮᠦᠴᠢᠷ ᠪᠠ ᠨᠡᠶᠢᠳᠡ ᠶᠢᠨ ᠦᠢᠯᠡᠴᠢᠯᠡᠭᠡᠨ ᠤ ᠠᠵᠢᠯ ᠲᠦᠷᠦᠯ ᠤᠨ   ᠠᠷᠠᠳᠴᠢᠯᠠᠯ ᠢᠶᠠᠷ ᠬᠢᠨᠠᠭᠴᠢ᠂ ᠠᠵᠢᠯ ᠤᠨ ᠣᠪᠣᠷ ᠰᠣᠷᠳᠠᠯ ᠤᠨ ᠦᠨᠡᠯᠡᠭᠴᠢ ᠶᠢᠨ ᠠᠵᠢᠯ ᠢ ᠬᠠᠷᠢᠭᠤᠴᠠᠭᠤᠯᠵᠡᠢ᠃ 20 ᠭᠡᠰᠢᠬᠦᠨ ᠢ ᠰᠣᠩᠭᠤᠨ ᠬᠠᠣᠯᠢ ᠶᠢ ᠭᠡᠷᠡᠭᠵᠢᠬᠦᠯᠬᠦ ᠠᠯᠪᠠᠨ ᠵᠢᠷᠣᠮ ᠤᠨ ᠬᠢᠨᠠᠭᠴᠢ ᠪᠠᠷ ᠲᠣᠮᠢᠯᠠᠨ ᠬᠠᠷᠢᠭᠤᠴᠠᠭᠤᠯᠵᠣ᠂ ᠣᠯᠣᠰ  ᠠᠴᠠ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠲᠡᠩᠴᠡᠬᠦᠷᠢᠳᠦ ᠬᠦᠭᠵᠢᠯᠳᠡ ᠶᠢᠨ ᠲᠣᠣᠷ ᠰᠦᠯᠵᠢᠶᠠᠨ ᠤ ᠠᠰᠠᠭᠤᠯᠳᠠ ᠶᠢᠨ ᠬᠠᠭᠤᠳᠠᠰᠣᠨ ᠤ ᠪᠠᠶᠢᠴᠠᠭᠠᠯᠳᠠ ᠳᠤ 10 ᠭᠡᠰᠢᠬᠦᠨ ᠰᠣᠩᠭᠤᠨ ᠲᠤᠮᠢᠯᠠᠵᠤ ᠣᠷᠣᠯᠴᠠᠭᠤᠯᠵᠠᠢ᠃ ᠪᠦᠬᠦ ᠬᠤᠰᠢᠭᠤᠨ ᠤ ᠦᠨ᠎ᠡ ᠬᠠᠩᠰᠢ ᠶᠢᠨ ᠰᠠᠨᠠᠯ ᠰᠣᠨᠣᠰᠬᠤ᠂ ᠺᠠᠳ᠋ᠷ ᠢ ᠢᠯᠠ ᠪᠠᠷ ᠰᠤᠩᠭᠤᠨ ᠲᠡᠪᠰᠢᠭᠦᠯᠭᠦ᠂ ᠬᠠᠤᠯᠢ ᠶᠢᠨ ᠭᠡᠷᠡᠭ ᠢ ᠬᠠᠵᠠᠭᠤ ᠠᠴᠠ ᠰᠣᠨᠣᠰᠬᠤ᠂ ᠰᠠᠭᠤᠬᠤ ᠭᠡᠷ ᠤᠨ ᠬᠤᠪᠢᠶᠠᠷᠢᠯᠠᠯᠳᠠ ᠵᠡᠷᠭᠡ ᠴᠢᠬᠤᠯᠠ ᠶᠡᠭᠡ ᠬᠡᠷᠡᠭ ᠣᠴᠢᠷ ᠤᠨ ᠬᠢᠨᠠᠯᠳᠠ ᠲᠠᠯᠪᠢᠬᠤ ᠳᠤ 20 ᠭᠡᠰᠢᠬᠦᠨ ᠢ ᠰᠣᠩᠭᠤᠨ ᠲᠣᠮᠢᠯᠠᠭᠠᠳ᠂ ᠠᠷᠠᠳᠴᠢᠯᠠᠯ ᠢᠶᠠᠷ ᠬᠢᠨᠠᠯᠳᠠ ᠲᠠᠯᠪᠢᠬᠤ ᠬᠦᠷᠢᠶ᠎ᠡ ᠬᠡᠪᠴᠢᠶ᠎ᠡ ᠶᠢ ᠦᠷᠭᠡᠳᠭᠡᠨ᠂ ᠬᠠᠣᠯᠢ ᠶᠢ ᠭᠡᠷᠡᠭᠵᠢᠬᠦᠯᠬᠦ᠂ ᠰᠠᠬᠢᠯᠭ᠎ᠠ ᠶᠢ ᠬᠢᠨᠠᠬᠤ ᠰᠠᠯᠠᠭ᠎ᠠ ᠮᠦᠴᠢᠷ᠂ ᠨᠡᠶᠢᠳᠡ ᠶᠢᠨ ᠦᠢᠯᠡᠴᠢᠯᠡᠭᠡᠨ ᠤ ᠨᠢᠭᠡᠴᠡ ᠶᠢᠨ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠬᠦᠯᠵᠡᠢ᠃       ︵ᠲᠠᠪᠤ︶ ᠦᠩᠭᠡᠷᠡᠭᠰᠡᠨ ᠲᠠᠪᠣᠨ ᠵᠢᠯ ᠳᠤ᠂ ᠪᠢᠳᠡ ᠭᠡᠪ ᠲᠦᠷᠢᠮ ᠪᠤᠯᠵᠤ᠂ ᠠᠮᠢᠵᠢᠷᠠᠯ ᠤᠨ ᠬᠦᠴᠦᠨ  ᠢᠶᠠᠨ ᠪᠠᠳᠠᠷᠠᠭᠤᠯᠵᠣ᠂ ᠲᠣᠰ ᠪᠡᠶ᠎ᠡ ᠶᠢᠨ ᠪᠦᠳᠦᠭᠡᠨ ᠪᠠᠶᠢᠭᠤᠯᠣᠯᠳᠠ ᠶᠢ ᠲᠠᠰᠣᠷᠠᠯᠳᠠ ᠦᠭᠡᠢ   ᠴᠢᠩᠭᠠᠳᠬᠠᠪᠠ᠃   ᠦᠭᠡᠷᠡᠴᠢᠯᠡᠯᠳᠡ ᠰᠢᠨᠡᠴᠢᠯᠡᠯᠳᠡ ᠶᠢᠨ ᠴᠠᠭ ᠦᠶ᠎ᠡ ᠶᠢᠨ ᠱᠠᠭᠠᠷᠳᠠᠯᠭ᠎ᠠ ᠶᠢ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠲᠣᠮᠳᠠ ᠪᠠᠨ ᠨᠡᠪᠳᠡᠷᠡᠬᠦᠯᠬᠦ ᠶᠢ ᠢᠮᠠᠭᠳᠠ ᠪᠠᠷᠢᠮᠳᠠᠯᠠᠵᠤ᠂ ᠦᠭᠡᠷᠡᠴᠢᠯᠡᠯᠳᠡ ᠶᠢᠨ ᠰᠡᠳᠬᠢᠬᠦᠢ᠂ ᠰᠢᠨ᠎ᠡ  ᠶᠢ ᠡᠬᠦᠳᠬᠦ ᠣᠶᠢᠯᠠᠭᠠᠭᠳᠠᠬᠤᠨ᠂ ᠪᠣᠳᠠᠳᠣ ᠠᠵᠢᠯᠯᠠᠭ᠎ᠠ ᠶᠢ ᠡᠷᠬᠢᠮᠯᠡᠬᠦ ᠶᠠᠪᠣᠳᠠᠯ ᠢᠶᠠᠷ᠂ ᠡᠬᠦᠷᠭᠡ ᠲᠣᠰᠢᠶᠠᠯ ᠢᠶᠠᠨ ᠬᠦᠢᠴᠡᠳᠭᠡᠬᠦ ᠴᠢᠳᠠᠪᠣᠷᠢ ᠶᠢᠨ ᠣᠳᠣᠬᠢᠴᠢᠯᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠰᠢᠨᠵᠢᠯᠡᠬᠦ ᠣᠬᠠᠭᠠᠨᠴᠢᠯᠠᠯᠳᠠ ᠶᠢ ᠠᠬᠢᠭᠤᠯᠵᠠᠢ᠃ ᠨᠢᠭᠡ ᠳᠤ᠂ ᠭᠡᠰᠢᠬᠦᠦᠨ ᠤᠨ ᠡᠩᠨᠡᠭᠡᠨ ᠤ ᠪᠦᠳᠦᠭᠡᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠵᠠᠢ᠃   ᠭᠡᠰᠢᠬᠦᠣᠨ ᠤᠨ ᠡᠬᠦᠷᠭᠡ ᠲᠣᠰᠢᠶᠠᠯ ᠢᠶᠠᠨ ᠬᠦᠢᠴᠡᠳᠭᠡᠬᠦ ︽ᠲᠦᠷᠪᠡᠨ ᠨᠢᠭᠡ ︾   ᠶᠢᠨ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠡᠢ᠃ ᠲᠠᠷᠣᠢ ᠭᠡᠰᠢᠬᠦᠣᠨ ᠵᠢᠯ ᠪᠦᠷᠢ ᠣᠯᠣᠰ ᠲᠦᠷᠦ ᠶᠢᠨ ᠵᠦᠪᠯᠡᠯᠭᠡᠨ ᠤ ᠪᠦᠬᠦ ᠭᠡᠰᠢᠬᠦᠣᠨ ᠤᠨ ᠬᠤᠷᠠᠯ ᠳᠤ ᠨᠢᠭᠡ ᠣᠳᠠᠭ᠎ᠠ ᠣᠷᠣᠯᠴᠠᠵᠣ᠂ ᠣᠯᠣᠰ ᠲᠦᠷᠦ ᠶᠢᠨ ᠵᠦᠪᠯᠡᠯᠭᠡᠨ  ᠤ ᠵᠣᠬᠢᠶᠠᠨ ᠪᠠᠶᠢᠭᠤᠯᠣᠭᠰᠠᠨ ᠰᠢᠨᠵᠢᠯᠠᠠ ᠪᠠᠶᠢᠴᠠᠭᠠᠯᠳᠠ ᠰᠤᠳᠤᠯᠤᠯᠳᠠ ᠶᠢᠨ ᠬᠦᠳᠡᠯᠭᠡᠭᠡᠨ ᠳᠤ ᠵᠢᠯ ᠪᠦᠷᠢ ᠠᠳᠠᠭ  ᠲᠤ ᠪᠠᠨ ᠨᠢᠭᠡ ᠣᠳᠠᠭ᠎ᠠ ᠤᠷᠤᠯᠴᠠᠬᠤ᠂ ᠵᠢᠯ ᠪᠦᠷᠢ ᠪᠠᠭ᠎ᠠ ᠳᠤ ᠪᠠᠨ ᠨᠢᠭᠡ ᠬᠤᠪᠢ ᠲᠣᠷᠠᠳᠣᠯᠭ᠎ᠠ ᠪᠣᠶᠣ ᠨᠠᠶᠢᠭᠡᠮ  ᠤᠨ ᠪᠠᠶᠢᠳᠠᠯ᠂ ᠠᠷᠠᠳ ᠤᠨ ᠰᠠᠨᠠᠭ᠎ᠠ ᠶᠢ ᠲᠣᠰᠬᠠᠭᠰᠠᠨ ᠮᠡᠳᠡᠭᠡ ᠴᠢᠮᠡᠭᠡ ᠪᠢᠴᠢᠭᠦ᠂ ᠵᠢᠯ ᠪᠦᠷᠢ ᠠᠷᠠᠳ ᠲᠤ   ᠠᠳᠠᠭ  ᠲᠤ ᠪᠠᠨ ᠨᠢᠭᠡ ᠣᠳᠠᠭ᠎ᠠ ᠪᠣᠳᠠᠳᠣ ᠣᠴᠢᠷ ᠢ ᠰᠢᠢᠳᠪᠦᠷᠢᠯᠡᠵᠣ ᠦᠭᠭᠦ ᠶᠢ ᠱᠠᠭᠠᠷᠳᠠᠠ ᠪᠠᠶᠡᠯᠡᠭᠦᠯᠪᠠ᠃ ᠭᠡᠰᠢᠬᠦᠣᠨ  ᠤᠨ ᠡᠬᠦᠷᠭᠡ ᠲᠣᠰᠢᠶᠠᠯ ᠢᠶᠠᠨ ᠬᠦᠢᠴᠡᠳᠭᠡᠭᠰᠡᠨ ᠪᠠᠶᠢᠳᠠᠯ ᠳᠤ ᠰᠢᠯᠭᠠᠯᠳᠠ ᠬᠢᠨᠠᠯᠳᠠ ᠬᠢᠵᠣ ᠭᠡᠰᠢᠬᠦᠤᠨ ᠤᠨ ᠡᠬᠦᠷᠭᠡ ᠲᠤᠰᠢᠶᠠᠯ ᠢᠶᠠᠨ ᠬᠦᠢᠴᠡᠳᠭᠡᠬᠦ ᠬᠢᠷᠢ ᠭᠡᠮᠵᠢᠶ᠎ᠡ ᠶᠢ ᠲᠠᠰᠣᠷᠠᠯᠳᠠ ᠦᠭᠡᠢ ᠲᠡᠭᠡᠭᠰᠢᠯᠡᠬᠦᠯᠵᠠᠢ᠃ ᠲᠠᠪᠣᠨ ᠵᠢᠯ ᠤᠨ ᠲᠣᠷᠰᠢ᠂   ᠭᠡᠰᠢᠬᠦᠤᠨ ᠤᠨ ᠡᠬᠦᠷᠭᠡ ᠲᠣᠰᠢᠶᠠᠯ ᠢᠶᠠᠨ ᠬᠦᠢᠴᠡᠳᠭᠡᠭᠰᠡᠨ ᠪᠠᠶᠢᠳᠠᠯ ᠢ ᠦᠨᠳᠦᠰᠦᠯᠡᠨ᠂ 138 ᠨᠠᠷᠡᠰ ᠰᠢᠯᠢᠳᠡᠭ ᠭᠡᠰᠢᠬᠦᠨ᠂ 57   ᠰᠢᠯᠢᠳᠡᠭ ᠲᠣᠷᠠᠳᠣᠯᠭ᠎ᠠ ᠲᠡᠪᠰᠢᠬᠦᠯᠦᠭᠴᠢ ᠶᠢ ᠰᠠᠶᠢᠰᠢᠶᠠᠨ ᠬᠦᠬᠢᠬᠦᠯᠵᠤ᠂ ᠭᠡᠰᠢᠬᠦᠤᠨ  ᠢ ᠰᠢᠯᠢᠳᠡᠭ ᠪᠦᠳᠦᠮᠵᠢ ᠶᠢ ᠲᠡᠮᠡᠴᠡᠨ ᠣᠯᠬᠤ᠂ ᠭᠡᠪ ᠵᠢᠱᠢᠶ᠎ᠡ ᠪᠣᠯᠬᠤ ᠪᠠᠷ ᠲᠡᠮᠡᠴᠡᠬᠦ ᠳᠤ ᠵᠣᠷᠢᠭᠵᠢᠭᠤᠯᠵᠠᠢ᠃   ᠲᠡᠷᠢᠬᠦᠯᠡᠭᠴᠢᠣᠨ ᠤᠨ ᠬᠤᠷᠠᠯ ᠤᠨ ᠭᠡᠰᠢᠬᠦᠨ ᠤ ᠰᠤᠷᠪᠤᠯᠵᠢᠯᠠᠬᠤ ᠬᠦᠳᠡᠯᠭᠡᠭᠡᠨ ᠢ   ᠬᠦᠨᠵᠡᠭᠡᠢ ᠦᠷᠨᠢᠬᠦᠯᠵᠣ᠂ ᠭᠡᠰᠢᠬᠦᠦᠨ ᠤᠨ ᠰᠣᠷᠣᠯᠴᠠᠯᠭ᠎ᠠ᠂ ᠠᠵᠢᠯ ᠪᠣᠯᠣᠨ ᠠᠮᠢᠳᠣᠷᠠᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠣ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠦᠢᠯᠡᠰ ᠤᠨ ᠬᠦᠭᠵᠢᠯᠳᠡ ᠪᠠ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠲᠣᠬᠠᠢ ᠭᠡᠰᠢᠬᠦᠨ ᠤ ᠰᠠᠨᠠᠯ ᠵᠦᠪᠯᠡᠯᠭᠡ ᠶᠢ ᠰᠣᠨᠣᠰᠴᠣ᠂ ᠭᠡᠰᠢᠬᠦᠣᠨ ᠢ ᠬᠠᠪᠰᠣᠷᠣᠨ ᠠᠵᠢᠯ᠂ ᠠᠮᠢᠳᠣᠷᠠᠯ ᠤᠨ ᠲᠣᠮᠳᠠ ᠲᠣᠬᠢᠶᠠᠯᠳᠣᠭᠰᠠᠨ ᠬᠦᠴᠢᠷ ᠪᠡᠷᠭᠡᠰᠢᠶᠡᠯ ᠪᠠ ᠠᠰᠠᠭᠤᠳᠠᠯ ᠢ ᠨᠢ ᠵᠤᠬᠢᠰᠳᠡᠢ ᠰᠢᠢᠳᠪᠦᠷᠢᠯᠡᠬᠦ  ᠳᠤ ᠬᠠᠪᠰᠣᠷᠴᠣ᠂ ᠭᠡᠰᠢᠬᠦᠣᠨ ᠤᠨ ᠡᠬᠦᠷᠭᠡ ᠲᠣᠰᠢᠶᠠᠯ ᠢᠶᠠᠨ ᠬᠦᠢᠴᠡᠳᠭᠡᠬᠦ ᠢᠳᠡᠪᠬᠢᠵᠢᠯ ᠪᠠ ᠢᠳᠡᠪᠬᠢ ᠴᠢᠨᠠᠷ ᠢ ᠨᠡᠮᠡᠭᠳᠡᠬᠦᠯᠵᠡᠢ᠃   ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠵᠡᠢ᠃   ᠬᠤᠰᠢᠭᠤᠨ ᠤ ᠨᠠᠮ ᠤᠨ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠠᠵᠢᠯ ᠤᠨ ᠪᠠᠶᠢᠷᠢᠰᠢᠭᠤᠯᠣᠯᠳᠠ ᠶᠢ ᠬᠢᠨᠠᠮᠠᠭᠠᠢ ᠲᠤᠭᠤᠰᠢᠯᠠᠭᠤᠯᠵᠤ᠂ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠠᠴᠠ ᠶᠠᠳᠠᠭᠤ ᠠᠴᠠ ᠠᠩᠭᠢᠵᠢᠷᠠᠭᠤᠯᠬᠤ   ᠪᠣᠭᠤᠮᠳᠠ ᠰᠢᠪᠳᠣᠯᠬᠤ ᠰᠠᠨᠠᠭᠠᠴᠢᠯᠭ᠎ᠠ ᠶᠢᠨ ᠪᠢᠴᠢᠭ ᠭᠠᠷᠭᠠᠵᠣ᠂ ᠠᠯᠪᠠᠨ ᠪᠠᠶᠢᠭᠤᠯᠭ᠎ᠠ ᠶᠢᠨ ᠺᠠᠳ᠋ᠷ ᠪᠠ ᠦᠷᠭᠡᠨ ᠣᠯᠠᠨ ᠭᠡᠰᠢᠬᠦᠨ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠭᠤᠣᠯ ᠲᠠᠶᠢᠨ ᠤ ᠲᠠᠯᠠᠪᠣᠷ ᠲᠤ ᠣᠷᠣᠯᠴᠠᠬᠤ ᠶᠢ ᠲᠠᠶᠢᠴᠢᠯᠠᠵᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠣᠰᠬᠤᠨ ᠳᠤ ᠰᠠᠭᠤᠬᠤ ᠠᠵᠢᠯ ᠤᠨ ᠪᠦᠯᠬᠦᠮ ᠢ ᠪᠠᠶᠢᠭᠤᠯᠵᠣ᠂   ᠭᠠᠪᠰᠢᠭᠠᠢ ᠬᠦᠴᠦᠨ ᠢ ᠲᠣᠬᠢᠷᠠᠭᠤᠯᠵᠣ ᠶᠠᠳᠠᠭᠤ  ᠠᠴᠠ ᠠᠩᠭᠢᠵᠢᠷᠠᠭᠤᠯᠬᠤ ᠪᠣᠭᠤᠮᠳᠠ ᠰᠢᠪᠲᠣᠯᠬᠤ ᠠᠵᠢᠯ ᠢ ᠦᠷᠨᠢᠬᠦᠯᠵᠡᠢ᠃ ︽ᠵᠢᠷᠭᠤᠭᠠᠨ ᠣᠨᠣᠪᠴᠢᠳᠠᠢ︾᠂ ︽ ᠲᠠᠪᠣᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠣ᠂ ︽ᠭᠤᠷᠪᠠᠨ ᠲᠣᠰᠬᠤᠨ ᠡᠷᠦᠭᠡ ᠳᠤ ᠣᠷᠣᠬᠤ︾ ᠶᠠᠳᠠᠭᠤ ᠠᠴᠠ ᠠᠩᠭᠢᠵᠢᠷᠠᠭᠤᠯᠬᠤ ᠠᠷᠭ᠎ᠠ ᠠᠪᠴᠠᠯ ᠢ ᠯᠠᠪᠳᠠᠭᠤᠨ ᠪᠠᠳᠣᠳᠠᠢ ᠠᠬᠢᠭᠤᠯᠵᠣ ︽ᠬᠤᠶᠠᠷ ᠬᠤᠯᠪᠤᠯᠳᠠ ᠭᠤᠷᠪᠡᠨ ᠲᠣᠣᠷ︾ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠠᠷᠭ᠎ᠠ ᠭᠡᠮᠵᠢᠶ᠎ᠡ ᠶᠢ ᠬᠢᠨᠠᠮᠠᠭᠠᠢ ᠲᠤᠭᠤᠰᠢᠯᠠᠭᠤᠯᠵᠤ᠂ ᠶᠠᠳᠠᠭᠤ ᠬᠦᠴᠢᠷᠳᠡᠯᠳᠡᠢ ᠡᠷᠦᠭᠡ ᠶᠢᠨ ᠶᠠᠳᠠᠭᠤ ᠠᠴᠠ ᠠᠩᠭᠢᠵᠢᠷᠠᠬᠤ ᠠᠵᠣ ᠦᠢᠯᠡᠰ ᠵᠢᠴᠢ ᠠᠷᠭ᠎ᠠ ᠭᠡᠮᠵᠢᠶ᠎ᠡ ᠶᠢ ᠨᠠᠶᠢᠳᠠᠪᠣᠷᠢᠵᠢᠭᠤᠯᠵᠣ᠂ ᠶᠠᠳᠠᠭᠤ ᠡᠷᠦᠭᠡ ᠶᠢᠨ ᠠᠵᠣ ᠦᠢᠯᠡᠰ ᠤᠨ ᠬᠦᠭᠵᠢᠯᠳᠡ ᠶᠢ ᠬᠢᠨᠠᠮᠠᠭᠠᠢ ᠲᠦᠯᠦᠪᠯᠡᠨ ᠨᠠᠶᠢᠳᠠᠪᠣᠷᠢᠵᠢᠭᠤᠯᠵᠣ᠂ ᠶᠠᠳᠠᠭᠤ ᠬᠦᠴᠢᠷᠳᠡᠯᠳᠡᠢ ᠡᠷᠦᠭᠡ ᠶᠢᠨ ᠲᠣᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠰᠠᠭᠤᠷᠢ ᠶᠢ ᠴᠣᠭᠴᠠᠯᠠᠵᠠᠢ᠃ ᠭᠤᠷᠪᠠ᠂ ᠪᠦᠬᠦ ᠬᠦᠴᠦ ᠪᠠᠷ ᠢᠶᠠᠨ ᠡᠶ᠎ᠡ ᠵᠤᠬᠢᠴᠠᠩᠭᠤᠢ ᠠᠵᠢᠯ ᠤᠨ ᠤᠷᠴᠢᠨ ᠢ ᠪᠦᠷᠢᠯᠳᠦᠬᠦᠯᠵᠡᠢ᠃ ᠤᠯᠤᠰ ᠲᠦᠷᠦ ᠶᠢᠨ ᠵᠦᠪᠯᠡᠯᠭᠡᠨ ᠤ ᠬᠠᠷᠢᠯᠴᠠᠭᠠᠨ  ᠤ ᠦᠷᠭᠡᠨ ᠲᠡᠯᠭᠡᠷ ᠲᠠᠪᠠᠭᠤᠯᠢᠭ ᠲᠠᠯ᠎ᠠ ᠶᠢ ᠪᠠᠳᠠᠷᠠᠭᠤᠯᠤᠨ᠂ ᠬᠠᠷᠢᠯᠴᠠᠭ᠎ᠠ ᠶᠠᠪᠤᠯᠴᠠᠭᠠᠨ ᠤ ᠠᠷᠭ᠎ᠠ ᠮᠠᠶ᠋ᠢᠭ ᠢᠶᠠᠨ ᠰᠢᠨᠡᠴᠢᠯᠡᠵᠦ᠂ ᠨᠡᠶᠢᠬᠡᠮ ᠤᠨ ᠡᠯ᠎ᠡ ᠡᠳᠡᠭᠡᠳ ᠤᠨ ᠬᠦᠮᠦᠰ ᠤᠨ ᠬᠤᠭᠤᠷᠤᠨᠳᠤᠭᠢ ᠪᠦᠯᠬᠦᠮᠳᠡᠯ ᠨᠢᠬᠳᠠᠷᠠᠯ ᠡᠶ᠎ᠡ ᠵᠤᠬᠢᠴᠠᠯ ᠢ ᠴᠢᠷᠮᠠᠶᠢᠨ ᠵᠣᠬᠢᠴᠠᠭᠤᠯᠵᠠᠢ᠃ ᠠᠵᠢᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠲᠡᠯᠡᠵᠦ ᠦᠷᠭᠡᠳᠭᠡᠨ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠤᠨ ᠭᠠᠳᠠᠨᠠᠬᠢ ᠰᠡᠭᠡᠭᠡᠳᠡᠳ᠂ ᠠᠷᠠᠳ ᠤᠨ ᠪᠦᠯᠬᠦᠮ ᠤᠨ ᠬᠠᠷᠢᠭᠤᠴᠠᠯᠭᠠᠳᠠᠳ ᠢ ᠤᠷᠢᠨ ᠵᠠᠯᠠᠵᠤ ᠲᠤᠰᠬᠠᠢ ᠰᠡᠳᠦᠪᠳᠦ ᠶᠠᠷᠢᠯᠴᠠᠭ᠎ᠠ᠂ ᠲᠤᠷᠠᠳᠤᠯᠭ᠎ᠠ ᠶᠢ ᠬᠢᠨᠠᠨ ᠰᠢᠢᠳᠪᠦᠷᠢᠯᠡᠬᠦ ᠵᠡᠷᠭᠡ ᠠᠵᠢᠯᠯᠠᠭᠠᠨ ᠳᠤ ᠤᠷᠤᠯᠴᠠᠭᠤᠯᠵᠤ᠂ ᠲᠡᠳᠡᠨ ᠤ ᠬᠦᠨᠳᠦ ᠴᠢᠬᠤᠯᠠ ᠠᠰᠠᠭᠤᠳᠠᠯ ᠤᠨ ᠲᠤᠬᠠᠢ ᠵᠦᠪᠯᠡᠯᠭᠡ ᠶᠠᠷᠢᠯᠴᠠᠭ᠎ᠠ ᠳᠤ ᠤᠷᠤᠯᠴᠠᠬᠤ ᠶᠢ ᠵᠤᠷᠢᠭᠵᠢᠭᠤᠯᠤᠨ᠂ ᠪᠠᠶᠢᠳᠠᠯ ᠢ ᠤᠶᠢᠯᠡᠭᠠᠵᠦ ᠵᠠᠰᠠᠭ ᠢ ᠲᠠᠨᠢᠵᠦ ᠡᠷᠭᠡ ᠲᠡᠭᠰᠢ ᠪᠠᠷ ᠭᠡᠷᠡᠭ ᠵᠦᠪᠳᠡᠯᠴᠡᠬᠦ᠂ ᠬᠠᠮᠳᠤᠪᠡᠷ ᠰᠦᠪᠡᠭᠴᠢᠯᠡᠵᠦ ᠬᠦᠭᠵᠢᠬᠦ ᠳᠤ ᠨᠦᠬᠦᠴᠡᠯ ᠢ ᠪᠦᠷᠢᠯᠳᠦᠬᠦᠯᠵᠦ ᠦᠭᠴᠡᠢ᠃   ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠳᠠᠩᠭᠤᠢ ᠪᠠᠶᠢᠳᠠᠯ ᠳᠤ ᠠᠰᠢᠭ ᠦᠬᠡᠢ ᠡᠯᠧᠮᠧᠨ᠋ᠲ ᠢ ᠴᠠᠭ ᠢᠮᠠᠭᠳᠠ ᠠᠩᠬᠠᠷᠴᠦ᠂ ᠬᠦᠳᠡᠯᠦᠩᠬᠦᠢ ᠪᠠᠷ ᠤᠬᠠᠭᠤᠯᠵᠤ ᠨᠡᠪᠳᠡᠷᠡᠯᠴᠡᠬᠦ᠂ ᠭᠤᠮᠤᠳᠠᠯ ᠢ ᠰᠢᠯᠤᠭᠤᠳᠬᠠᠵᠤ᠂ ᠵᠦᠷᠢᠴᠡᠯ ᠢ ᠦᠬᠡᠶᠢᠰᠭᠡᠬᠦ ᠠᠵᠢᠯ ᠢ ᠰᠠᠶᠢᠳᠤᠷ ᠬᠢᠵᠡᠢ᠃ ᠤᠳᠤᠷᠢᠳᠬᠤ ᠪᠠᠭ ᠤᠨ ᠬᠡᠰᠢᠬᠦᠳ ᠡᠳᠡᠭᠡᠳ ᠢᠯᠭᠠᠯ ᠤᠨ ᠪᠠᠭ᠎ᠠ ᠲᠤᠭᠤᠶᠢᠯᠠᠩ ᠤᠨ ᠬᠦᠳᠡᠯᠬᠡᠬᠡᠨ ᠳᠤ ᠢᠳᠡᠪᠬᠢᠳᠡᠢ ᠤᠷᠤᠯᠴᠠᠵᠤ᠂ ᠨᠠᠮ ᠤᠨ ᠡᠯ᠎ᠠ ᠲᠠᠯ᠎ᠠ ᠶᠢᠨ ᠴᠢᠭᠯᠡᠯᠳᠡ᠂ ᠲᠦᠷᠦ  ᠶᠢᠨ ᠪᠤᠳᠤᠯᠭ᠎ᠠ ᠶᠢ ᠦᠷᠭᠡᠨ ᠢᠶᠠᠷ ᠤᠬᠠᠭᠤᠯᠵᠦ᠂ ᠳᠡᠳᠡᠨ ᠤ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠬᠠᠢ ᠰᠠᠨᠠᠯ᠂ ᠰᠠᠨᠠᠭᠤᠯᠭ᠎ᠠ ᠶᠢ ᠲᠡᠯᠭᠡᠷᠡᠩᠬᠦᠢ ᠰᠣᠨᠣᠰᠴᠠᠢ᠃       ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠦᠩᠭᠡᠷᠡᠭᠰᠡᠨ ᠲᠠᠪᠤᠨ ᠵᠢᠯ ᠤᠨ ᠠᠵᠢᠯ ᠤᠨ ᠠᠮᠵᠢᠯᠳᠡ ᠪᠤᠯ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠪᠠ ᠬᠦᠨᠳᠦᠳᠭᠡᠯ ᠬᠠᠯᠠᠮᠵᠢᠯᠠᠯ ᠤᠨ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ ᠤ ᠬᠦᠴᠦᠳᠦ ᠲᠡᠮᠵᠢᠯᠭᠡ ᠶᠢᠨ ᠦᠷ᠎ᠡ ᠳ᠋ᠦᠩ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠪᠠ ᠨᠡᠶᠢᠭᠡᠮ ᠤᠨ ᠡᠯ᠎ᠡ ᠡᠳᠡᠭᠡᠳ ᠤᠨ ᠢᠳᠡᠪᠬᠢᠳᠡᠢ ᠬᠠᠮᠵᠢᠯᠴᠠᠯ ᠤᠨ ᠦᠷ᠎ᠡ ᠳ᠋ᠦᠩ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠤᠷᠤᠯᠴᠠᠭᠴᠢ ᠪᠠᠶᠢᠭᠤᠯᠭ᠎ᠠ ᠨᠢᠭᠡᠴᠠ᠂ ᠡᠯ᠎ᠡ ᠲᠤᠰᠬᠠᠢ ᠵᠦᠪᠯᠡᠯ ᠵᠢᠴᠢ ᠪᠦᠬᠦ ᠬᠡᠰᠢᠬᠦᠳ ᠤᠨ ᠬᠠᠮᠳᠦ ᠶᠢᠨ ᠴᠢᠷᠮᠠᠶᠢᠯᠭ᠎ᠠ   ᠶᠢᠨ ᠦᠷ᠎ᠡ ᠳ᠋ᠦᠩ ᠮᠦᠨ᠃ ᠦᠨᠦ ᠪᠢ ᠬᠤᠰᠢᠭᠤᠨ ᠤ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠦᠯᠦᠬᠡᠯᠡᠵᠦ᠂ ᠲᠠ ᠪᠦᠬᠦᠨ ᠳᠤ ᠪᠠᠨ ᠬᠠᠮᠤᠭ ᠤᠨ ᠡᠷᠬᠢᠮ ᠲᠡᠭᠡᠳᠦ ᠬᠦᠨᠳᠦᠳᠭᠡᠯ ᠵᠢᠴᠢ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠦᠶ᠎ᠡ︕       ᠦᠩᠭᠡᠷᠡᠭᠰᠡᠨ ᠲᠠᠪᠤᠨ ᠵᠢᠯ ᠤᠨ ᠠᠵᠢᠯ ᠢ ᠡᠷᠬᠢᠴᠡᠬᠦᠯᠬᠦ ᠳᠤ ᠬᠢᠷᠢ ᠪᠦᠳᠦᠮᠵᠢ ᠪᠠᠨ ᠤᠯᠵᠤ ᠬᠠᠷᠠᠬᠤ ᠶᠢᠨ ᠬᠠᠮᠳᠤ ᠤᠯᠤᠰ ᠲᠦᠷᠦ ᠶᠢᠨ ᠵᠦᠪᠯᠡᠯᠭᠡᠨ ᠤ ᠠᠵᠢᠯ ᠲᠤᠮᠳᠠ ᠤᠷᠤᠰᠢᠵᠤ ᠪᠦᠬᠦᠢ ᠪᠠᠭᠤᠷᠠᠢ ᠲᠠᠯ᠎ᠠ ᠬᠦᠷᠦᠯᠴᠡᠬᠦ ᠦᠬᠡᠢ ᠲᠠᠯ᠎ᠠ ᠪᠠᠨ ᠵᠠᠪᠠᠯ ᠰᠡᠷᠭᠡᠭ ᠢᠶᠠᠷ ᠲᠠᠨᠢᠬᠤ ᠭᠡᠷᠡᠭᠳᠡᠢ᠃ ᠭᠤᠤᠯ ᠢᠯᠡᠷᠡᠯ ᠭᠡᠪᠡᠯ᠄ ᠡᠬᠦᠷᠭᠡ ᠴᠢᠳᠠᠪᠬᠢ  ᠪᠠᠨ ᠬᠦᠢᠴᠡᠳᠭᠡᠬᠦ ᠠᠵᠢᠯ ᠤᠨ ᠲᠦᠷᠢᠮᠵᠢᠯ ᠦᠨᠳᠦᠷ ᠪᠢᠰᠢ᠂ ᠠᠷᠠᠳᠴᠢᠯᠡᠯ ᠢᠶᠠᠷ ᠬᠢᠨᠡᠯᠳᠡ ᠲᠠᠯᠪᠢᠬᠤ ᠦᠷ᠎ᠡ ᠠᠰᠢᠭ  ᠢ ᠤᠯᠠᠮ ᠨᠢᠭᠡ ᠠᠯᠬᠤᠮ ᠲᠡᠬᠦᠯᠳᠡᠷᠵᠢᠬᠦᠯᠬᠦ᠂ ᠪᠠᠶᠢᠴᠠᠭᠠᠨ ᠰᠤᠳᠤᠯᠵᠤ ᠨᠢᠬᠳᠠᠯᠠᠨ ᠰᠢᠨᠵᠢᠬᠦ ᠠᠵᠢᠯᠯᠠᠭ᠎ᠠ ᠶᠢ ᠨᠡᠩ ᠬᠦᠨᠵᠡᠭᠡᠶᠢᠷᠡᠭᠦᠯᠬᠦ᠂ ᠡᠳᠡᠭᠡᠳ ᠢᠯᠭᠠᠯ ᠤᠨ ᠲᠠᠪᠠᠭᠤᠯᠢᠭ ᠪᠠ ᠦᠢᠯᠡᠳᠦᠯ ᠢ ᠪᠠᠳᠠᠷᠠᠭᠤᠯᠬᠤ ᠪᠠᠷ ᠬᠦᠢᠴᠡᠳ ᠦᠬᠡᠢ ᠪᠠᠶᠢᠬᠤ ᠵᠡᠷᠭᠡ ᠪᠤᠯᠤᠨ᠎ᠠ᠃   ᠪᠢᠳᠡ ᠲᠡᠭᠡᠷᠡᠬᠢ ᠡᠳᠡᠭᠡᠷ ᠠᠰᠠᠭᠤᠳᠠᠯ ᠤᠳ ᠢ ᠵᠠᠪᠠᠯ ᠬᠢᠨᠠᠮᠠᠭᠠᠢ ᠰᠤᠳᠤᠯᠵᠤ᠂ ᠬᠤᠵᠢᠮ  ᠤᠨ ᠠᠵᠢᠯ ᠤᠨ ᠲᠤᠮᠳᠠ ᠪᠠᠨ ᠦᠨᠡᠨᠬᠦ ᠰᠢᠢᠳᠪᠦᠷᠢᠯᠡᠬᠦ ᠭᠡᠷᠡᠭᠳᠡᠢ᠃       ᠭᠡᠰᠢᠬᠦᠳ ᠡ︕ ᠶᠢᠰᠦᠳᠦᠭᠡᠷ   ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠰᠢᠯᠢᠳᠡᠭ ᠣᠯᠠᠮᠵᠢᠯᠠᠯ ᠢᠶᠠᠨ ᠵᠠᠯᠭᠠᠮᠵᠢᠯᠠᠨ᠂ ᠭᠤᠤᠯ ᠵᠠᠷᠴᠢᠮ ᠢ ᠴᠢᠩᠭ᠎ᠠ ᠪᠠᠷᠢᠮᠳᠠᠯᠠᠭᠰᠠᠨ ᠰᠠᠭᠤᠷᠢᠨ ᠳᠤ ᠰᠢᠨ᠎ᠠ ᠪᠠᠶᠢᠳᠠᠯ ᠳᠤ ᠰᠤᠳᠤᠯᠤᠯᠳᠠ ᠬᠢᠵᠦ᠂ ᠰᠢᠨ᠎ᠠ ᠠᠰᠠᠭᠤᠳᠠᠯ ᠢ ᠰᠢᠢᠳᠪᠦᠷᠢᠯᠡᠬᠦ ᠦᠢᠯᠡᠳᠦᠯᠭᠡ ᠶᠢᠨ ᠲᠤᠮᠳᠠ ᠨᠡᠩ ᠭᠦᠨᠵᠡᠭᠡᠢ ᠤᠶᠢᠯᠠᠭᠠᠯᠳᠠ ᠲᠠᠢ ᠪᠤᠯᠵᠦ   ᠪᠠᠶᠢᠨ᠎ᠠ᠃ ᠡᠨᠡ ᠨᠢ ᠲᠠᠷᠤᠢ ᠵᠦᠪᠭᠡᠨ ᠬᠤᠷᠴᠠ ᠰᠠᠷᠭᠡᠭ ᠪᠠᠳᠤ ᠴᠢᠩᠭ᠎ᠠ ᠤᠯᠤᠰ ᠲᠦᠷᠦ ᠶᠢᠨ ᠦᠵᠡᠯ ᠤᠬᠠᠮᠰᠠᠷ ᠢ ᠪᠠᠷᠢᠮᠳᠠᠯᠠᠵᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ  ᠤ ᠰᠢᠨᠵᠢ ᠴᠢᠨᠠᠷ ᠤᠨ ᠲᠤᠭᠳᠠᠭᠠᠯᠳᠠ ᠶᠢ ᠵᠦᠪ ᠲᠤᠭᠳᠠᠭᠠᠬᠤ᠂ ᠰᠠᠬᠢᠯᠭ᠎ᠠ ᠪᠠᠳᠤ ᠶᠢ ᠵᠢᠷᠤᠮᠯᠠᠠ᠂ ᠶᠤᠰᠤ ᠲᠦᠷᠢᠮ ᠢ   ᠪᠠᠷᠢᠮᠳᠠᠯᠠᠪᠠᠯ ᠰᠠᠶ᠋ᠢ ᠬᠤᠰᠢᠭᠤᠨ ᠤ ᠨᠠᠮ ᠤᠨ ᠬᠤᠷᠢᠶ᠎ᠠ ᠲᠠᠢ ᠦᠵᠡᠯ ᠰᠠᠨᠠᠭ᠎ᠠ ᠪᠠᠨ ᠨᠢᠭᠡᠳᠭᠡᠵᠦ᠂ ᠠᠯᠬᠤᠮ ᠶᠠᠪᠤᠴᠠ ᠪᠠᠨ ᠲᠠᠩᠴᠠᠭᠦᠯᠵᠤ ᠴᠢᠳᠠᠨ᠎ᠠ᠃ ᠭᠠᠭᠴᠠᠬᠦ ᠲᠡᠭᠡᠳᠦ ᠬᠡᠮᠵᠢᠶ᠎ᠡ ᠪᠠᠷ ᠣᠬᠠᠮᠰᠠᠷ ᠠᠴᠠ ᠪᠠᠨ ᠶᠡᠭᠡ ᠲᠠᠯ᠎ᠠ ᠶᠢᠨ ᠦᠵᠡᠯ ᠤᠬᠠᠮᠰᠠᠷ ᠢ ᠪᠠᠷᠢᠮᠳᠠᠯᠠᠵᠦ᠂ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠰᠢᠢᠳᠪᠦᠷᠢᠳᠦ ᠪᠤᠳᠤᠯᠭ᠎ᠠ  ᠶᠢᠨ ᠪᠠᠶᠢᠷᠢᠰᠢᠭᠤᠯᠤᠯᠳᠠ ᠶᠢ ᠬᠦᠷᠢᠶᠡᠯᠡᠵᠦ᠂ ᠠᠯᠬᠤᠮ ᠶᠠᠪᠤᠴᠠ ᠶᠢ ᠴᠢᠩᠭᠠᠳᠬᠠᠨ᠂ ᠣᠯᠠᠨ ᠲᠦᠮᠠᠠ ᠤ ᠰᠠᠨᠠᠯ ᠢ ᠠᠪᠴᠤ ᠤᠯᠠᠠ ᠤ ᠤᠬᠠᠭᠠᠨ ᠢ ᠲᠦᠪᠯᠡᠷᠡᠭᠦᠯᠪᠠᠯ ᠰᠠᠶ᠋ᠢ ᠪᠦᠳᠦᠮᠵᠢᠳᠡᠢ ᠪᠠᠷ ᠡᠭᠦᠷᠭᠡ ᠪᠠᠨ ᠪᠡᠶᠡᠯᠡᠬᠦᠯᠵᠦ ᠬᠠᠷᠢᠭᠤᠴᠠᠯᠭ᠎ᠠ ᠪᠠᠨ ᠬᠦᠢᠴᠡᠳᠬᠡᠵᠦ ᠴᠢᠳᠠᠨ᠎ᠠ᠃ ᠨᠠᠮ ᠳᠤ ᠦᠨᠡᠨᠴᠢ ᠰᠢᠳᠦᠷᠭᠤ ᠭᠤᠤᠯᠯᠠᠭᠴᠢ ᠤᠬᠠᠮᠰᠠᠷ ᠢ ᠢᠮᠠᠭᠳᠠ ᠪᠠᠷᠢᠮᠳᠠᠯᠠᠨ᠂ ᠰᠡᠳᠭᠢᠯ ᠵᠢᠷᠦᠭᠡ ᠪᠠᠨ ᠮᠡᠳᠡᠯᠴᠡᠨ᠂ ᠠᠯᠳᠠᠷ ᠢᠴᠢᠬᠦᠷᠢ ᠪᠠᠨ ᠬᠠᠮᠳᠤᠳᠬᠠᠪᠠᠯ ᠰᠠᠶ᠋ᠢ ᠰᠢ  ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠦ ᠴᠢᠳᠠᠨ᠎ᠠ᠃ ᠭᠠᠭᠴᠠᠬᠦ ᠢᠳᠡᠪᠬᠢᠳᠡᠢ ᠰᠠᠨᠠᠭᠠᠴᠢᠯᠭ᠎ᠠ ᠠᠴᠠ ᠪᠠᠨ ᠨᠢᠭᠡᠳᠦᠯᠳᠡᠢ ᠪᠠᠶᠢᠬᠤ ᠤᠬᠠᠮᠰᠠᠷ ᠢ ᠢᠮᠠᠭᠳ᠋ᠨ ᠪᠠᠷᠢᠮᠳᠠᠯᠠᠨ᠂ ᠤᠯᠤᠰ ᠲᠦᠷᠦ ᠶᠢᠨ ᠵᠦᠪᠯᠡᠯᠭᠡᠨ ᠢ ᠤᠶᠢᠯᠠᠭᠠᠬᠤ᠂ ᠵᠦᠪᠳᠡᠵᠦ ᠴᠢᠳᠠᠬᠤ᠂ ᠵᠠᠰᠠᠭ ᠲᠤ ᠴᠢᠳᠠᠮᠠᠭᠠᠢ ᠵᠦᠪᠯᠡᠵᠦ ᠴᠢᠳᠠᠪᠠᠯ ᠰᠠᠶ᠋ᠢ ᠨᠠᠮ ᠤᠨ ᠱᠤᠭᠤᠮ ᠴᠢᠭᠯᠡᠯᠳᠡ ᠲᠦᠷᠦ ᠶᠢᠨ ᠪᠤᠳᠤᠯᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠠᠴᠠ ᠵᠠᠶᠢᠳᠠᠬᠤ ᠦᠬᠡᠢ᠂ ᠬᠡᠯᠪᠡᠶᠢᠬᠦ ᠦᠬᠡᠢ ᠪᠠᠶᠢᠵᠤ ᠴᠢᠳᠠᠨ᠎ᠠ᠂ ᠭᠠᠭᠴᠠᠬᠦ ᠠᠷᠠᠳ ᠲᠦᠮᠡᠨ ᠤ ᠰᠠᠶᠢᠨ ᠰᠠᠶᠢᠬᠠᠨ ᠠᠮᠢᠳᠦᠷᠠᠯ ᠤᠨ ᠱᠠᠭᠠᠷᠳᠠᠯᠭ᠎ᠠ ᠶᠢ ᠪᠡᠶᠡᠯᠡᠬᠦᠯᠬᠦ ᠪᠠᠷ ᠡᠬᠢᠯᠡᠯᠳᠡ ᠶᠢᠨ ᠴᠢᠭ ᠪᠠ ᠲᠡᠭᠦᠰᠭᠡᠯ ᠤᠨ ᠴᠢᠭ ᠪᠤᠯᠭᠠᠪᠠᠯ ᠰᠠᠶ᠋ᠢ ᠠᠷᠠᠳ ᠤᠨ ᠲᠦᠯᠦᠭᠡ ᠵᠠᠰᠠᠭ ᠲᠤ ᠵᠦᠪᠯᠡᠵᠦ᠂ ᠠᠷᠠᠳ ᠤᠨ ᠲᠦᠯᠦᠬᠡ ᠰᠠᠨᠠᠯ ᠲᠡᠪᠰᠢᠬᠦᠯᠵᠣ᠂ ᠠᠷᠠᠳ ᠤᠨ ᠲᠦᠯᠦᠭᠡ ᠪᠤᠳᠤᠯᠭ᠎ᠠ ᠡᠷᠭᠦᠵᠦ ᠴᠢᠳᠠᠨ᠎ᠠ᠃       ᠬᠤᠶᠠᠷ᠂   ᠬᠤᠵᠢᠮ ᠤᠨ ᠲᠠᠪᠤᠨ ᠵᠢᠯ ᠤᠨ ᠠᠵᠢᠯ ᠤᠨ ᠰᠠᠨᠠᠭᠤᠯᠭ᠎ᠠ       ᠳᠣᠮᠳᠠᠳᠣ ᠣᠯᠣᠰ ᠤᠨ ᠡᠪ ᠬᠠᠮᠲᠣ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠴᠢᠨᠡᠭᠡᠯᠢᠭ ᠨᠡᠶᠢᠭᠡᠮ  ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠡᠯᠳᠡ ᠶᠢ ᠤᠯᠬᠤ᠂ ᠨᠡᠶᠢᠭᠡᠮ ᠵᠢᠷᠦᠮᠳᠦ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠭᠦᠯᠬᠦ ᠳᠤ ᠯᠤᠳᠤ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠬᠢᠵᠦ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠪᠠ ᠲᠤᠮᠳᠠᠳᠤ ᠶᠢᠨ ᠬᠦᠰᠡᠯ ᠵᠡᠬᠦᠳᠦ ᠶᠢ ᠲᠡᠷᠭᠡᠯᠰᠢᠬᠦᠯᠬᠦ ᠭᠡᠭᠡᠨ ᠰᠠᠷᠠᠭᠤᠯ ᠢᠷᠡᠭᠡᠳᠦᠢ ᠶᠢ ᠵᠢᠷᠤᠭᠯᠠᠨ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠳᠤ ᠯᠤᠳᠤ ᠶᠡᠭᠡ ᠡᠬᠦᠷᠭᠡ ᠬᠠᠷᠢᠭᠤᠴᠠᠯᠭ᠎ᠠ ᠶᠢ ᠣᠯᠭᠤᠵᠠᠢ᠃ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠤᠵᠢᠮ ᠤᠨ ᠲᠠᠪᠤᠨ ᠵᠢᠯ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ ᠪᠤᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠶᠢᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭᠠᠨ ᠤ ᠠᠭᠤᠣ ᠶᠡᠭᠡ ᠲᠤᠭ ᠢ ᠦᠨᠳᠦᠷ ᠮᠠᠨᠳᠤᠭᠤᠯᠵᠤ᠂ ᠨᠠᠮ ᠤᠨ ᠪᠦᠳᠦᠭᠡᠨ ᠪᠠᠶᠢᠭᠤᠯᠤᠯᠳᠠ ᠪᠠᠷ ᠨᠢᠭᠡᠳᠦᠯᠳᠡᠢ ᠵᠢᠯᠤᠭᠤᠳᠤᠭᠤᠯᠤᠨ ᠬᠦᠭᠵᠢᠬᠦᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠢ ᠪᠦᠬᠦ ᠲᠠᠯ᠎ᠠ ᠪᠠᠷ ᠨᠢᠭᠡᠳᠭᠡᠨ ᠵᠣᠬᠢᠴᠠᠭᠤᠯᠬᠤ ᠶᠢ ᠪᠠᠷᠢᠮᠳᠠᠯᠠᠵᠣ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ  ᠢ ᠨᠠᠶᠢᠳᠠᠪᠤᠷᠢᠵᠢᠭᠤᠯᠬᠤ ᠪᠠᠷ ᠭᠤᠤᠯ ᠪᠤᠯᠭᠠᠵᠤ᠂ ᠪᠦᠯᠬᠦᠮᠳᠡᠯ ᠪᠠ ᠠᠷᠠᠳᠴᠢᠯᠡᠯ ᠬᠤᠶᠠᠷ ᠭᠤᠤᠯ ᠰᠡᠳᠦᠪ ᠤᠨ ᠲᠤᠭᠤᠷᠢᠨ ᠳᠤ ᠤᠯᠤᠰ ᠲᠦᠷᠦ ᠶᠢᠨ ᠵᠦᠪᠯᠡᠯᠭᠡᠨ᠂ ᠠᠷᠠᠳᠴᠢᠯᠡᠯ ᠢᠶᠠᠷ ᠬᠢᠨᠠᠯᠳᠠ ᠲᠠᠯᠪᠢᠬᠤ᠂ ᠲᠦᠷᠦ ᠶᠢᠨ ᠶᠠᠪᠤᠳᠠᠯ  ᠳᠤ ᠤᠷᠤᠯᠴᠠᠵᠤ᠂ ᠵᠠᠰᠠᠭ ᠤᠨ ᠶᠠᠪᠤᠳᠠᠯ ᠢ ᠵᠦᠪᠯᠡᠬᠦ ᠡᠭᠦᠷᠭᠡ ᠴᠢᠳᠠᠪᠬᠢ ᠶᠢ ᠬᠢᠨᠠᠮᠠᠭᠠᠢ ᠬᠦᠢᠴᠡᠳᠭᠡᠵᠦ᠂ ᠶᠠᠳᠠᠭᠤ  ᠠᠴᠠ ᠠᠩᠭᠢᠵᠢᠷᠠᠭᠤᠯᠬᠤ ᠰᠢᠢᠳᠪᠤᠷᠢᠳᠦ ᠢᠯᠡᠯᠳᠡ ᠶᠢ ᠲᠡᠮᠡᠴᠡᠨ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠡᠯᠳᠡ ᠶᠢ ᠲᠡᠮᠡᠴᠡᠨ ᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃         ︵ᠨᠢᠭᠡ︶ ᠨᠠᠷᠢᠯᠢᠭ ᠵᠤᠬᠢᠶᠠᠨ ᠪᠠᠶᠢᠭᠤᠯᠵᠤ ᠲᠠᠨᠢᠯᠳᠠ ᠪᠠᠨ ᠨᠢᠭᠡᠳᠭᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ᠂ ᠨᠡᠪᠳᠡᠷᠭᠡᠢ ᠤᠶᠢᠯᠠᠭᠠᠨ᠎ᠠ  ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠬᠦᠨᠵᠡᠭᠡᠢ ᠰᠤᠷᠤᠯᠴᠠᠨ ᠲᠤᠭᠤᠰᠢᠯᠠᠭᠤᠯᠬᠤ  ᠶᠢ ᠤᠳᠤᠬᠠᠨ ᠤ ᠭᠡᠰᠡᠭ ᠬᠤᠭᠤᠴᠠᠭᠠᠨ ᠤ ᠤᠯᠤᠰ ᠲᠦᠷᠦ ᠶᠢᠨ ᠴᠢᠬᠤᠯᠠ ᠡᠭᠦᠷᠭᠡ ᠪᠠᠷ ᠦᠵᠡᠵᠦ᠂ ᠲᠠᠪᠤᠨ ᠵᠢᠯ  ᠤᠨ ᠲᠤᠷᠰᠢᠬᠢ ᠨᠠᠮ ᠪᠠ ᠤᠯᠤᠰ ᠤᠨ ᠤᠯᠤᠭᠰᠠᠨ ᠲᠡᠤᠭᠡᠳᠦ ᠴᠢᠨᠠᠷᠳᠡᠢ ᠠᠮᠵᠢᠯᠳᠠ ᠪᠦᠳᠦᠭᠡᠯ ᠪᠠ ᠲᠡᠤᠭᠡᠳᠦ ᠴᠢᠨᠠᠷᠳᠡᠢ ᠬᠤᠪᠢᠷᠠᠯᠳᠠ ᠳᠤ ᠠᠩᠬᠠᠷᠤᠯ ᠲᠦᠪᠯᠡᠷᠡᠭᠦᠯᠵᠦ᠂ ᠳᠣᠮᠳᠠᠳᠣ ᠣᠯᠣᠰ ᠤᠨ ᠤᠨᠴᠠᠯᠢᠭ ᠲᠠᠢ ᠨᠡᠶᠢᠭᠡᠮ ᠵᠢᠷᠤᠮ  ᠤᠨ ᠰᠢᠨ᠎ᠠ ᠴᠠᠭ ᠦᠶ᠎ᠡ ᠳᠤ ᠰᠢᠯᠵᠢᠨ ᠤᠷᠤᠭᠰᠠᠨ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠵᠡᠷᠭᠡ ᠯᠤᠳᠤ ᠶᠡᠭᠡ ᠤᠨᠤᠰᠢᠯᠠᠯᠳᠠ ᠳᠤ ᠠᠩᠬᠠᠷᠤᠯ ᠲᠦᠪᠯᠡᠷᠡᠭᠦᠯᠬᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ   ᠳᠤ ᠠᠩᠬᠠᠷᠤᠯ ᠲᠦᠪᠯᠡᠷᠡᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠷᠠᠳᠤᠭᠰᠠᠨ ᠡᠯ᠎ᠡ ᠲᠦᠷᠦᠯ ᠤᠨ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ ᠳᠤ ᠠᠩᠬᠠᠷᠤᠯ ᠲᠦᠪᠯᠡᠷᠡᠭᠦᠯᠵᠦ᠂ ᠤᠤᠯ ᠭᠡᠪ ᠢᠶᠠᠷ ᠨᠢ᠂ ᠰᠢᠰᠲ᠋ᠧᠮ ᠲᠠᠢ ᠪᠦᠷᠢᠨ ᠪᠦᠳᠦᠨ ᠪᠦᠭᠡᠳ ᠭᠤᠤᠯᠳᠠᠯᠭ᠎ᠠ ᠲᠣᠪᠣᠶᠢᠮ᠎ᠠ ᠪᠠᠶᠢᠬᠤ ᠶᠢ ᠪᠠᠷᠢᠮᠳᠠᠯᠠᠵᠦ᠂ ᠶᠡᠭᠡ ᠬᠤᠷᠠᠯ ᠤᠨ ᠴᠢᠬᠤᠯᠠ ᠶᠡᠭᠡ ᠤᠳᠬ᠎ᠠ ᠠᠭᠤᠯᠭ᠎ᠠ᠂ ᠵᠤᠷᠢᠭ ᠰᠠᠨᠠᠭᠠᠨ ᠤ ᠮᠥᠨ ᠴᠢᠨᠠᠷ ᠪᠠ ᠦᠨᠳᠣᠰᠣᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠳᠡᠵᠤ᠂ ᠤᠯᠤᠰ ᠲᠦᠷᠤ ᠶᠢᠨ ᠵᠦᠪᠯᠠᠯᠭᠡᠨ ᠤ ᠬᠤᠭᠤᠴᠠᠭ᠎ᠠ ᠰᠤᠯᠢᠭᠰᠠᠠ ᠤ ᠲᠠᠷᠠᠭᠠᠬᠢ ᠪᠠᠶᠢᠳᠠᠯ ᠪᠠ ᠡᠭᠦᠷᠭᠡ ᠲᠠᠢ ᠵᠤᠬᠢᠴᠠᠵᠤ᠂ ᠬᠠᠨᠳᠣᠯᠭᠠᠳᠣ ᠴᠢᠨᠠᠷ ᠲᠠᠢ ᠪᠠᠷ ᠭᠡᠰᠢᠭᠦᠨ ᠤ ᠪᠤᠯᠪᠠᠰᠤᠷᠠᠯ ᠤᠨ ᠠᠵᠢᠯ ᠢ ᠴᠢᠩᠭᠠᠳᠬᠠᠵᠤ᠂ ᠠᠷᠪᠡ ᠶᠢᠰᠤᠳᠣᠭᠡᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠰᠤᠷᠤᠯᠴᠠᠠ ᠲᠤᠤᠱᠯᠠᠭᠤᠯᠬᠤ ᠪᠠ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠡᠭᠦᠷᠭᠡ ᠴᠢᠳᠡᠪᠬᠢ ᠪᠠᠨ ᠭᠦᠢᠴᠠᠳᠭᠡᠭᠦ ᠦᠢᠯᠡᠳᠣᠯᠭᠡ ᠲᠠᠢ ᠤᠶᠠᠯᠳᠣᠭᠤᠯᠤᠨ᠂ ᠭᠡᠰᠢᠭᠦᠳ ᠪᠠ ᠡᠯ᠎ᠠ ᠡᠳᠡᠭᠡᠳ ᠤᠨ ᠭᠦᠮᠤᠰ ᠢ ᠪᠦᠯᠭᠦᠮᠳᠠᠭᠦᠯᠤᠨ ᠲᠠᠭᠠᠭᠤᠯᠵᠤ᠂ ᠦᠵᠠᠯ ᠰᠠᠨᠠᠭ᠎ᠠ ᠪᠠ ᠦᠢᠯᠠ ᠠᠵᠢᠯᠯᠠᠭ᠎ᠠ ᠪᠠᠨ ᠠᠷᠪᠡ ᠶᠢᠰᠤᠳᠣᠭᠡᠷ ᠶᠡᠭᠡ ᠬᠤᠷᠠᠯ  ᠤᠨ ᠵᠤᠷᠢᠭ ᠰᠠᠨᠠᠭ᠎ᠠ ᠲᠠᠢ ᠨᠢᠭᠡᠳᠭᠡᠨ᠂ ᠤᠢ ᠤᠬᠠᠭᠠᠨ ᠪᠠ ᠭᠦᠴᠤᠨ ᠴᠢᠳᠠᠯ ᠢᠶᠠᠨ ᠶᠡᠭᠡ ᠬᠤᠷᠠᠯ ᠳᠤ ᠲᠤᠭᠳᠠᠭᠰᠠᠠ ᠬᠠᠷᠠᠯᠳᠠ ᠪᠠ ᠡᠭᠦᠷᠭᠡ ᠲᠡᠭᠡᠷ᠎ᠠ ᠲᠦᠪᠯᠡᠷᠡᠭᠦᠯᠵᠤ᠂ ᠠᠷᠪᠡ ᠶᠢᠰᠤᠳᠣᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠠ ᠲᠤᠭᠤᠰᠢᠯᠠᠭᠤᠯᠤᠨ᠎ᠠ᠃     ︵ᠬᠤᠶᠠᠷ︶ ᠭᠤᠣᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠠᠴᠢᠯᠠᠠ᠂ ᠪᠦᠭᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤ᠂ ᠪᠤᠳᠠᠳᠣ ᠦᠷ᠎ᠡ   ᠪᠦᠳᠣᠮᠵᠢ ᠶᠢ ᠱᠠᠭᠠᠷᠳᠠᠨ᠎ᠠ᠃ ᠤᠯᠤᠰ ᠲᠦᠷᠤ ᠶᠢᠨ ᠵᠦᠪᠯᠡᠯᠭᠡᠨ ᠤ ᠠᠵᠢᠯ ᠤᠨ ᠭᠤᠤᠯᠳᠠᠯᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠭᠤᠤᠯ ᠠᠵᠢᠯ ᠲᠠᠢ ᠨᠢᠭᠳᠠ ᠤᠶᠠᠯᠳᠣᠭᠤᠯᠵᠤ᠂ ᠠᠵᠢᠯ ᠤᠨ ᠰᠠᠳᠬᠢᠴᠠ ᠪᠠᠨ ᠪᠦᠭᠦ ᠬᠤᠰᠢᠭᠤᠨ ᠤ ᠠᠵᠢᠯ ᠤᠨ ᠶᠡᠭᠡ ᠲᠠᠯ᠎ᠠ ᠲᠠᠢ ᠠᠭᠤᠰᠤᠯᠴᠠᠭᠤᠯᠤᠨ ᠲᠤᠭᠳᠠᠭᠠᠵᠤ᠂ ᠠᠵᠢᠯ  ᠤᠨ ᠡᠭᠦᠷᠭᠡ ᠪᠠᠨ ᠪᠦᠭᠦ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠮᠳᠠ ᠠᠭᠤᠰᠬᠠᠨ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠤᠳᠣᠯᠬᠤ ᠠᠵᠢᠯ ᠤᠨ ᠲᠤᠮᠳᠠ ᠠᠷᠠᠳ ᠤᠯᠠᠠ ᠲᠠᠢ ᠢᠯᠡᠭᠦᠤ ᠦᠢᠷᠡᠳᠣᠵᠤ ᠂ ᠭᠡᠯᠪᠡᠷᠢ ᠶᠢ ᠭᠦᠭᠡᠭᠡᠴᠠᠯᠳᠣᠭᠦ ᠦᠭᠡᠢ᠂ ᠶᠤᠰᠤ ᠲᠡᠳᠣᠢ ᠦᠩᠭᠡᠷᠡᠭᠦᠯᠭᠦ ᠦᠭᠡᠢ᠂ ᠲᠦᠪ ᠬᠤᠷᠢᠶᠠᠠ ᠤ ᠨᠠᠢᠮᠠᠠ ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠶᠠᠠ ᠤ ︵ ᠦᠷᠭᠡᠳᠭᠡᠭᠰᠠᠠ︶ ᠬᠤᠷᠠᠯ ᠢᠶᠠᠷ ᠲᠤᠭᠳᠠᠭᠠᠭᠰᠠᠠ ᠬᠠᠷᠠᠯᠳᠠ ᠡᠭᠦᠷᠭᠡ ᠶᠢᠨ ᠲᠤᠭᠤᠷᠢᠨ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠳᠠ ᠶᠢ ᠤᠯᠬᠤ᠂ ᠤᠨᠴᠠᠯᠢᠭᠳᠣ ᠠᠵᠤ ᠦᠢᠯᠡᠰ  ᠢ ᠪᠤᠶᠢᠵᠢᠭᠤᠯᠬᠤ᠂ ᠰᠤᠶᠤᠯ ᠤᠨ ᠪᠠᠶᠢᠭᠤᠯᠤᠯᠳᠠ ᠪᠠ ᠠᠮᠢ ᠠᠬᠤᠢ ᠶᠢᠨ ᠪᠠᠶᠢᠭᠤᠯᠤᠯᠳᠠ ᠶᠢ ᠴᠢᠩᠭᠠᠳᠬᠠᠨ᠂ ᠠᠷᠠᠳ  ᠤᠨ ᠠᠮᠢᠳᠣᠷᠠᠯ ᠤᠨ ᠪᠠᠳᠣᠯᠠᠭ᠎ᠠ ᠶᠢ ᠴᠢᠩᠭᠠᠷᠠᠭᠤᠯᠬᠤ ᠵᠡᠷᠭᠡ ᠠᠵᠢᠯ ᠢᠶᠠᠷ ᠭᠤᠤᠯᠳᠠᠯᠭ᠎ᠠ ᠪᠤᠯᠭᠠᠨ᠂ ᠪᠠᠶᠢᠴᠠᠭᠠᠨ ᠰᠤᠳᠣᠯᠬᠤ᠂ ᠲᠤᠰᠬᠠᠢ ᠰᠠᠳᠣᠪᠳᠣ ᠵᠦᠪᠯᠡᠯᠭᠡᠨ ᠤ ᠠᠵᠢᠯ ᠢ ᠭᠦᠨᠵᠡᠭᠡᠢ ᠦᠷᠨᠢᠭᠦᠯᠵᠤ᠂ ᠡᠯ᠎ᠠ ᠲᠠᠯ᠎ᠠ ᠶᠢᠨ ᠭᠦᠴᠤᠨ  ᠢ ᠲᠦᠪᠯᠡᠷᠡᠭᠦᠯᠤᠨ᠂ ᠤᠬᠢ ᠰᠠᠶᠢᠨ ᠰᠠᠨᠠᠯ ᠪᠣᠳᠣᠯᠭ᠎ᠠ ᠲᠡᠪᠰᠢᠭᠦᠯᠤᠨ ᠡᠷᠭᠦᠨ᠎ᠠ᠃ ᠨᠠᠶᠢᠭᠡᠮ ᠲᠡᠭᠡᠷᠡᠬᠢ ᠲᠤᠪᠤᠶᠢᠮ᠎ᠠ ᠠᠰᠠᠭᠤᠳᠠᠯ ᠳᠤ ᠲᠦᠪᠯᠡᠷᠡᠭᠦᠯᠤᠨ᠂ ᠨᠠᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠳᠡᠢ ᠲᠤᠰᠬᠠᠵᠤ᠂ ᠨᠠᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠦᠨᠠᠨᠬᠦ ᠬᠠᠮᠠᠭᠠᠯᠠᠨ᠎ᠠ᠃ ᠦᠵᠠᠯ ᠤᠬᠠᠮᠰᠠᠷ ᠤᠨ ᠭᠡᠯᠪᠡᠷᠢ ᠶᠢᠨ ᠠᠵᠢᠯ ᠢ ᠲᠡᠭᠡᠳᠣ ᠭᠡᠮᠵᠢᠶ᠎ᠠ ᠪᠠᠷ ᠴᠢᠬᠤᠯᠠᠴᠢᠯᠠᠵᠤ᠂ ᠭᠡᠰᠢᠭᠦᠳ ᠤᠨ ᠨᠠᠮ ᠲᠠᠢ ᠲᠠᠭᠤᠨ ᠬᠤᠭᠤᠯᠡᠢ ᠪᠠᠨ ᠨᠢᠭᠡᠳᠭᠡᠨ᠂ ᠨᠠᠮ ᠪᠠ ᠤᠯᠤᠰ ᠤᠨ ᠴᠢᠭᠯᠡᠯᠳᠠ ᠪᠤᠳᠣᠯᠭ᠎ᠠ ᠶᠢ ᠤᠬᠠᠭᠤᠯᠬᠤ ᠶᠢ ᠵᠢᠯᠤᠭᠤᠳᠣᠨ ᠵᠤᠷᠢᠭᠵᠢᠭᠤᠯᠵᠤ᠂ ᠬᠠᠮᠳᠣ ᠪᠠᠷ ᠰᠠᠶᠢᠨ ᠰᠠᠶᠢᠬᠠᠨ ᠶᠡᠷᠢᠶ᠎ᠠ ᠭᠡᠯᠡᠯᠴᠠᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ᠃       ︵ᠭᠤᠷᠪᠠ︶ ᠲᠠᠨᠢᠯᠳᠠ ᠪᠠᠨ ᠲᠡᠭᠡᠭᠰᠢᠯᠡᠭᠦᠯᠵᠤ᠂ ᠪᠦᠯᠭᠦᠮᠳᠠᠯ ᠢᠶᠠᠨ ᠴᠢᠩᠭᠠᠳᠬᠠᠵᠤ᠂ ᠵᠦᠪᠳᠡᠭᠦ ᠠᠷᠠᠳᠴᠢᠯᠠᠯ ᠤᠨ ᠦᠷᠭᠡᠨ ᠲᠡᠯᠭᠡᠷ᠂ ᠤᠯᠠᠠ ᠲᠠᠪᠬᠤᠷᠭᠠᠳᠣ ᠲᠦᠷᠢᠮᠵᠢᠯ ᠢ ᠲᠦᠯᠬᠢᠨ ᠠᠬᠢᠭᠤᠯᠬᠤ ᠲᠡᠭᠡᠷ᠎ᠠ ᠠᠮᠵᠢᠯᠳᠠ ᠭᠠᠷᠭᠠᠨ᠎ᠠ᠃ ᠵᠦᠪᠳᠡᠭᠦ ᠠᠷᠠᠳᠴᠢᠯᠠᠯ ᠢ ᠤᠯᠤᠰ ᠲᠦᠷᠤ ᠶᠢᠨ ᠵᠦᠪᠯᠠᠯᠭᠡᠨ᠂ ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠲᠦᠷᠤ ᠳᠤ ᠤᠷᠤᠯᠴᠠᠠ ᠵᠠᠰᠠᠭ ᠢ ᠵᠦᠪᠯᠡᠭᠦ ᠪᠦᠭᠦ ᠶᠠᠪᠤᠴᠠ ᠳᠤ ᠨᠠᠪᠳᠡᠷᠡᠭᠦᠯᠵᠤ᠂ ᠤᠯᠤᠰ ᠲᠦᠷᠤ ᠶᠢᠨ ᠵᠦᠪᠯᠠᠯᠭᠡᠨ ᠤ ᠵᠦᠪᠳᠡᠭᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠦᠪᠯᠡᠯᠭᠡᠨ ᠤ ᠪᠠᠶᠢᠭᠤᠯᠤᠮᠵᠢ ᠶᠢᠨ ᠦᠢᠯᠠᠳᠣᠯ ᠢ ᠬᠦᠢᠴᠠᠳ ᠪᠠᠳᠠᠷᠠᠭᠤᠯᠵᠣ᠂ ᠵᠢᠯ ᠪᠦᠷᠢ ᠭᠤᠤᠯᠳᠠᠯᠭ᠎ᠠ ᠲᠠᠢ ᠵᠦᠪᠳᠡᠭᠦ ᠠᠷᠠᠳᠴᠢᠯᠠᠯ ᠤᠨ ᠠᠵᠢᠯ ᠤᠨ ᠲᠤᠰᠬᠠᠢ ᠰᠠᠳᠣᠪ ᠢ ᠲᠤᠭᠳᠠᠭᠠᠵᠤ᠂ ᠲᠤᠰᠬᠠᠢ ᠰᠠᠳᠣᠪᠳᠣ ᠵᠦᠪᠯᠡᠯᠭᠡᠨ ᠤ ᠬᠤᠷᠠᠯ ᠬᠤᠷᠠᠯᠳᠣᠭᠤᠯᠤᠨ᠎ᠠ᠃ ᠲᠤᠰ ᠵᠢᠯ ᠭᠤᠤᠯᠳᠠᠭᠤ ᠬᠠᠭᠤᠷᠠᠢ ᠲᠠᠷᠢᠶ᠎ᠠ ᠶᠢ ᠣᠰᠣᠨ ᠳᠣᠲᠣᠷᠭ᠎ᠠ ᠶᠢᠨ ᠲᠠᠷᠢᠶ᠎ᠠ ᠪᠣᠯᠭᠠᠨ ᠬᠤᠪᠢᠷᠠᠭᠤᠯᠬᠤ ᠶᠢ ᠳᠡᠯᠭᠡᠷᠡᠭᠦᠯᠬᠦ᠂ ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ᠂ ᠢᠨᠳᠡᠷ ᠪᠠᠯᠭᠠᠰᠣᠨ ᠤ ᠤᠷᠤᠨ ᠰᠠᠭᠤᠴᠠ ᠶᠢᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ᠂ ᠶᠡᠭᠡ ᠰᠣᠷᠭᠠᠭᠤᠯᠢ  ᠶᠢᠨ ᠰᠢᠯᠭᠠᠯᠲᠠ ᠶᠢᠨ ᠰᠢᠨ᠎ᠡ ᠳᠦᠷᠢᠮ ᠳᠣᠣᠷ᠎ᠠ᠂   ᠳᠡᠭᠡᠳᠦ ᠵᠡᠷᠭᠡ ᠶᠢᠨ ᠳᠣᠮᠳᠠᠳᠣ ᠰᠣᠷᠭᠠᠭᠤᠯᠢ ᠶᠢᠨ ᠰᠣᠷᠭᠠᠨ ᠬᠦᠮᠦᠵᠢᠯ ᠵᠢᠴᠢ ᠳᠣᠮᠳᠠᠳᠣ ᠰᠢᠯᠭᠠᠯᠲᠠ ᠶᠡᠭᠡ ᠰᠣᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠰᠢᠪᠲᠣᠯᠣᠯᠲᠠ ᠲᠠᠢ ᠳᠠᠭᠡᠭᠰᠢᠯᠡᠭᠦᠯᠬᠦ᠂ ᠪᠠᠭ᠎ᠠ ᠰᠣᠷᠭᠠᠭᠤᠯᠢ ᠶᠢᠨ ᠰᠣᠷᠭᠠᠨ ᠬᠦᠮᠦᠵᠢᠯ ᠢ ᠵᠣᠬᠢᠰᠲᠠᠢ ᠪᠠᠶᠢᠷᠢᠯᠠᠭᠤᠯᠬᠤ ᠂ ᠦᠨᠳᠡᠭᠡᠨ ᠤᠰᠤᠨ ᠴᠦᠭᠦᠷᠤᠮ ᠤᠨ ᠠᠷᠠᠳ ᠢ ᠨᠡᠭᠦᠯᠭᠡᠭᠦ᠂ ᠶᠠᠳᠠᠭᠤ ᠭᠦᠴᠢᠷᠳᠡᠯᠳᠡᠢ ᠭᠦᠮᠤᠨ ᠠᠮᠠ ᠶᠢᠨ ᠬᠤᠳᠠᠯᠳᠤᠭ᠎ᠠ ᠡᠷᠡᠭᠦᠯ ᠴᠢᠬᠢᠷᠠᠭ ᠤᠨ ᠲᠠᠭᠠᠳᠬᠠᠯ ᠤᠨ ᠲᠦᠯᠤᠪᠤᠷᠢ ᠵᠡᠷᠭᠡ ᠠᠵᠢᠯ ᠤᠨ ᠲᠤᠭᠤᠷᠢᠨ ᠳᠤ ᠪᠠᠶᠢᠴᠠᠭᠠᠨ ᠰᠣᠳᠣᠯᠣᠯᠳᠠ ᠶᠢ ᠦᠷᠨᠢᠭᠦᠯᠤᠨ᠎ᠠ᠃ ᠤᠯᠤᠰ ᠲᠦᠷᠤ ᠶᠢᠨ ᠵᠦᠪᠯᠡᠯᠭᠡᠨ ᠤ ᠲᠦᠯᠤᠭᠡᠯᠡᠭᠦ ᠴᠢᠨᠠᠷ ᠪᠠ ᠪᠠᠭᠳᠠᠭᠠᠬᠤ ᠴᠢᠨᠠᠷ ᠴᠢᠩᠭ᠎ᠠ ᠲᠠᠪᠠᠭᠤᠯᠢᠭ ᠢᠶᠠᠨ ᠪᠠᠳᠠᠷᠠᠭᠤᠯᠬᠤ ᠶᠢ   ᠴᠢᠬᠤᠯᠠᠴᠢᠯᠠᠵᠣ᠂ ᠦᠨᠳᠣᠰᠣᠳᠠᠠ ᠱᠠᠰᠢᠨ ᠰᠤᠷᠳᠠᠬᠤᠨ ᠤ ᠡᠳᠡᠭᠡᠳ ᠤᠨ ᠬᠢᠨ᠂ ᠰᠢᠨ᠎ᠠ ᠨᠠᠶᠢᠭᠡᠮ ᠤᠨ ᠲᠠᠪᠬᠤᠷᠭ᠎ᠠ ᠶᠢᠨ ᠲᠦᠯᠤᠭᠡᠯᠡᠭᠴᠢᠳ ᠵᠢᠴᠢ ᠡᠯ᠎ᠠ ᠡᠳᠡᠭᠡᠳ ᠤᠨ ᠤᠯᠠᠠ ᠲᠦᠮᠠᠠ ᠲᠠᠢ   ᠪᠦᠯᠬᠦᠮᠳᠡᠨ ᠬᠠᠷᠢᠯᠴᠠᠬᠤ ᠠᠵᠢᠯ ᠢ ᠰᠠᠶᠢᠳᠣᠷ ᠬᠢᠵᠤ᠂ ᠢᠳᠡᠪᠬᠢᠳᠡᠢ ᠪᠠᠷ ᠬᠠᠷᠢᠴᠠᠭ᠎ᠠ ᠶᠢ ᠵᠤᠬᠢᠴᠠᠭᠤᠯᠵᠤ᠂ ᠵᠦᠷᠢᠴᠠᠯ ᠢ ᠦᠭᠡᠶᠢᠰᠭᠡᠵᠤ᠂ ᠲᠠᠨᠢᠯᠳᠠ ᠪᠠᠨ ᠨᠢᠭᠡᠳᠭᠡᠵᠣ᠂ ᠪᠦᠯᠭᠦᠮᠳᠠᠯ ᠢᠶᠠᠨ ᠴᠢᠩᠭᠠᠳᠬᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠣᠨ ᠤ ᠰᠢᠢᠳᠪᠤᠷᠢᠳᠣ ᠪᠤᠳᠣᠯᠭ᠎ᠠ ᠪᠠᠶᠢᠷᠢᠯᠠᠭᠤᠯᠤᠯᠳᠠ ᠶᠢ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠡᠯ᠎ᠠ ᠵᠤᠶᠢᠯ ᠤᠨ ᠠᠵᠢᠯ ᠤᠨ ᠲᠤᠮᠳᠠ ᠪᠠᠨ ᠲᠤᠭᠤᠰᠢᠯᠠᠭᠤᠯᠤᠨ᠎ᠠ᠃       ︵ᠲᠦᠷᠪᠡ︶ ᠭᠤᠤᠯᠳᠠᠯᠭ᠎ᠠ ᠶᠢ ᠠᠳᠬᠤᠵᠤ᠂ ᠦᠷ᠎ᠠ ᠠᠰᠢᠭ ᠢ ᠴᠢᠬᠤᠯᠠᠴᠢᠯᠠᠠ᠂ ᠠᠷᠠᠳᠴᠢᠯᠠᠯ ᠢᠶᠠᠷ ᠬᠢᠨᠠᠯᠳᠠ ᠲᠠᠯᠪᠢᠬᠤ   ᠳᠤ ᠬᠠᠮᠳᠣᠷᠠᠭᠰᠠᠠ ᠭᠦᠴᠤᠨ ᠢ ᠪᠦᠷᠢᠯᠳᠦᠬᠦᠯᠦᠨ᠎ᠡ᠃ ᠲᠤᠮᠳᠠᠳᠣ ᠤᠯᠤᠰ ᠤᠨ ᠡᠪ ᠬᠠᠮᠳᠣ ᠨᠠᠮ ᠤᠨ ᠠᠷᠪᠡ ᠶᠢᠰᠤᠳᠣᠭᠡᠷ ᠶᠡᠭᠡ ᠬᠤᠷᠠᠯ᠂ ᠠᠷᠠᠳ ᠤᠨ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠠᠵᠢᠯ ᠳᠤ ᠪᠡᠳᠣ ᠴᠢᠩᠭ᠎ᠠ ᠲᠡᠮᠵᠢᠯᠭᠡ ᠪᠠ ᠴᠢᠬᠤᠯᠠ ᠮᠦᠷᠳᠡᠯᠭᠡ ᠶᠢ ᠬᠠᠩᠭᠠᠵᠡᠢ᠃ ᠬᠤᠰᠢᠭᠤᠨ  ᠤ ᠤᠯᠤᠰ ᠲᠦᠷᠤ ᠶᠢᠨ ᠵᠦᠪᠯᠡᠯᠭᠡᠨ ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠵᠠᠰᠠᠭ ᠤᠨ ᠤᠷᠳᠣᠨ ᠤ ᠲᠤᠭᠳᠠᠭᠠᠭᠰᠠᠠ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠲᠤᠭᠤᠷᠢᠨ ᠳᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠠᠵᠢᠯ ᠢᠶᠠᠨ ᠦᠷᠨᠢᠭᠦᠯᠤᠨ᠎ᠠ᠃ ᠦᠨᠤ ᠵᠢᠯ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠠᠵᠢᠯ ᠢ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢᠨ ᠭᠤᠤᠯᠳᠠᠯᠭ᠎ᠠ ᠪᠤᠯᠭᠠᠵᠤ᠂ ︽ᠲᠦᠷᠪᠡᠨ ᠱᠠᠭᠠᠷᠳᠠᠯᠭ᠎ᠠ ᠳᠤ ᠭᠦᠷᠭᠡᠭᠦ︾ ᠶᠢ ᠬᠢᠭᠦ ︽ᠲᠦᠷᠪᠡᠨ ᠬᠠᠮᠳᠣ ᠴᠤᠭᠴᠠ︾ ᠶᠢ ᠨᠠᠷᠢᠨ ᠠᠩᠬᠠᠷᠴᠤ᠂ ︽ᠲᠦᠷᠪᠡᠨ ᠪᠦᠷ ᠪᠠᠶᠢᠬᠤ︾ ᠶᠢ ᠪᠡᠶᠡᠯᠡᠭᠦᠯᠭᠦ ᠲᠡᠭᠡᠷ᠎ᠠ ᠠᠷᠠᠳᠴᠢᠯᠠᠯ ᠢᠶᠠᠷ ᠬᠢᠨᠠᠯᠳᠠ ᠲᠠᠯᠪᠢᠬᠤ ᠭᠦᠴᠤᠯᠠᠴᠠ ᠪᠠᠨ ᠴᠢᠩᠭᠠᠳᠬᠠᠵᠤ᠂ ︽ᠭᠦᠮᠤᠨ ᠨᠢ ᠶᠠᠳᠠᠭᠤ ᠠᠴᠠ ᠠᠩᠬᠢᠵᠢᠷᠠᠬᠤ᠂ ᠲᠤᠰᠬᠤᠨ ᠶᠠᠳᠠᠭᠤ ᠠᠴᠠ ᠮᠤᠯᠳᠣᠷᠠᠬᠤ᠂ ᠬᠤᠰᠢᠭᠤ ᠶᠠᠳᠠᠭᠤ ᠮᠠᠯᠠᠭᠠᠢ ᠪᠠᠨ ᠲᠠᠶᠠᠭᠳᠠᠬᠤ︾ ᠬᠠᠷᠠᠯᠳᠠ ᠶᠢ ᠪᠦᠭᠦ ᠲᠠᠯ᠎ᠠ ᠪᠠᠷ ᠪᠡᠶᠡᠯᠡᠭᠦᠯᠭᠦ ᠶᠢᠨ ᠲᠦᠯᠤᠭᠡ ᠦᠷᠭᠦᠯᠵᠢᠯᠠᠠ ᠭᠦᠴᠤᠯᠠᠠ ᠴᠢᠷᠮᠠᠶᠢᠨ᠎ᠠ ᠃ ᠭᠡᠰᠢᠭᠦᠤᠨ ᠤᠨ ᠲᠤᠷᠠᠳᠣᠯᠭ᠎ᠠ ᠲᠤᠭᠤᠷᠪᠢᠵᠤ ᠪᠢᠴᠢᠭᠦ ᠴᠢᠨᠠᠷ ᠴᠢᠨᠰᠠᠭ᠎ᠠ ᠶᠢ ᠲᠡᠭᠡᠭᠰᠢᠯᠡᠭᠦᠯᠭᠦ ᠠᠴᠠ ᠭᠠᠷᠳᠠᠵᠤ᠂ ᠭᠡᠰᠢᠭᠦᠳ ᠤᠨ ᠬᠢᠨᠠᠯᠳᠠ ᠲᠡᠯᠪᠢᠬᠤ ᠴᠢᠨᠠᠷᠯᠢᠭ ᠲᠤᠷᠠᠳᠣᠯᠭ᠎ᠠ ᠶᠢ ᠢᠯᠡᠭᠦᠤ ᠲᠤᠷᠠᠳᠬᠤ ᠶᠢ ᠵᠤᠷᠢᠭᠵᠢᠭᠤᠯᠬᠤ ᠪᠠ ᠭᠦᠳᠣᠯᠵᠤ᠂ ᠲᠤᠷᠠᠳᠣᠯᠭ᠎ᠠ ᠶᠢᠨ ᠭᠡᠯᠪᠡᠷᠢ ᠪᠠᠷ ᠠᠷᠠᠳᠴᠢᠯᠠᠯ ᠢᠶᠠᠷ ᠬᠢᠨᠠᠯᠳᠠ ᠲᠡᠯᠪᠢᠬᠤ ᠡᠭᠦᠷᠭᠡ ᠴᠢᠳᠡᠪᠬᠢ ᠪᠠᠨ ᠭᠦᠢᠴᠠᠳᠭᠡᠵᠤ᠂ ᠬᠠᠯᠠᠮᠰᠢᠯ ᠪᠠ ᠭᠦᠴᠢᠷᠳᠠᠯᠭᠡ ᠲᠠᠢ ᠠᠰᠠᠭᠤᠳᠠᠯ ᠳᠤ ᠲᠡᠷᠢᠭᠦᠯᠡᠭᠴᠢ ᠲᠠᠭᠠᠵᠤ ᠲᠡᠮᠳᠡᠭᠯᠡᠭᠦ᠂ ᠬᠢᠨᠠᠠ ᠰᠢᠢᠳᠪᠤᠷᠢᠯᠡᠭᠦ ᠪᠠ ᠵᠤᠬᠢᠴᠠᠭᠤᠯᠤᠨ ᠰᠢᠢᠳᠪᠤᠷᠢᠯᠡᠭᠦ ᠭᠡᠯᠪᠡᠷᠢ ᠶᠢ ᠠᠪᠴᠤ᠂ ᠲᠤᠷᠠᠳᠣᠯᠭ᠎ᠠ ᠶᠢ ᠭᠦᠢᠴᠠᠳᠭᠡᠭᠦ ᠠᠵᠢᠯ  ᠤᠨ ᠪᠤᠳᠠᠳᠣ ᠦᠷ᠎ᠠ ᠠᠰᠢᠭ ᠢ ᠲᠡᠭᠡᠭᠰᠢᠯᠡᠭᠦᠯᠵᠤ᠂ ᠪᠠᠶᠢᠴᠠᠭᠠᠨ ᠰᠤᠳᠣᠯᠵᠤ ᠰᠢᠨᠵᠢᠯᠠᠠ ᠨᠢᠠᠠᠳᠠᠯᠠᠬᠤ ᠠᠵᠢᠯᠯᠠᠭᠠᠨ ᠤ ᠰᠠᠭᠤᠷᠢ ᠲᠡᠭᠡᠷ᠎ᠠ ᠰᠠᠨᠠᠯ ᠵᠦᠪᠯᠡᠯᠭᠡ ᠶᠢ ᠲᠤᠷᠠᠳᠣᠨ᠂ ᠰᠠᠨᠠᠯ ᠵᠦᠪᠯᠠᠯᠭᠡ ᠶᠢ ᠤᠨᠢᠨ ᠲᠡᠭᠡᠷ᠎ᠠ ᠨᠢ ᠲᠤᠷᠠᠳᠴᠤ᠂ ᠲᠤᠰᠬᠠᠢ ᠬᠢᠨᠠᠯᠳᠠ ᠲᠠᠯᠪᠢᠬᠤ ᠳᠤ ᠵᠠᠩᠬᠢᠯᠠᠭ᠎ᠠ ᠶᠢ ᠨᠢ ᠠᠳᠬᠤᠨ ᠬᠢᠨ᠎ᠠ᠃     ︵ᠲᠠᠪᠤ︶ ᠰᠠᠨᠠᠭᠠᠴᠢᠯᠠᠭ᠎ᠠ ᠠᠴᠠ ᠪᠠᠨ ᠠᠵᠢᠯᠯᠠᠵᠤ ᠦᠢᠯᠠᠴᠢᠯᠡᠭᠡᠨ ᠢ ᠰᠢᠯᠢᠳᠡᠭᠵᠢᠭᠦᠯᠵᠤ᠂   ᠦᠪᠡᠷᠦᠨ ᠪᠠᠶ᠎ᠠ  ᠶᠢᠨ ᠪᠦᠳᠣᠭᠡᠨ ᠪᠠᠶᠢᠭᠤᠯᠤᠯᠳᠠ ᠲᠡᠭᠡᠷ᠎ᠠ ᠪᠠᠨ ᠲᠠᠪᠠᠯᠳᠠ ᠲᠠᠢ ᠪᠤᠯᠭᠠᠨ᠎ᠠ᠃ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠤᠳᠣᠷᠢᠳᠬᠤ ᠲᠤᠭᠤᠶᠢᠯᠠᠩ ᠤᠨ ᠪᠠᠶᠢᠭᠤᠯᠣᠯᠳᠠ ᠪᠠᠨ ᠴᠢᠩᠭᠠᠳᠬᠠᠵᠤ᠂ ᠤᠯᠤᠰ ᠲᠦᠷᠤ ᠶᠢᠨ ᠵᠦᠪᠯᠡᠯᠭᠡᠨ  ᠤ ᠨᠠᠮ ᠤᠨ ᠤᠳᠣᠷᠢᠳᠬᠤ ᠲᠤᠭᠤᠶᠢᠯᠠᠩ ᠪᠠ ᠤᠳᠣᠷᠢᠳᠬᠤ ᠪᠠᠭ ᠵᠢᠱᠢᠶ᠎ᠠ ᠦᠵᠡᠭᠦᠯᠤᠨ ᠭᠦᠳᠣᠯᠤᠨ ᠲᠠᠭᠠᠭᠤᠯᠵᠤ᠂ ︽ᠲᠦᠷᠪᠡᠨ ᠤᠬᠠᠮᠰᠠᠷ︾ ᠢ ᠪᠠᠳᠣ ᠡᠵᠡᠮᠳᠡᠵᠤ᠂ ᠤᠯᠤᠰ ᠲᠦᠷᠤ ᠶᠢᠨ ᠵᠦᠪᠯᠡᠯᠭᠡᠨ ᠤ ᠨᠠᠮ ᠤᠨ ᠤᠳᠣᠷᠢᠳᠬᠤ ᠲᠤᠭᠤᠶᠢᠯᠠᠩ ᠴᠢᠭᠯᠡᠯ ᠢ ᠠᠳᠬᠤᠨ᠂ ᠶᠡᠭᠡ ᠲᠠᠯ᠎ᠠ ᠶᠢ ᠬᠠᠮᠢᠶᠠᠷᠤᠨ ᠨᠠᠶᠢᠳᠠᠪᠤᠷᠢᠵᠢᠭᠤᠯᠬᠤ ᠶᠢ ᠪᠠᠳᠣᠯᠠᠬᠤ ᠴᠢᠬᠤᠯᠠ ᠦᠢᠯᠠᠳᠣᠯ ᠢ ᠦᠨᠡᠨᠬᠦ ᠰᠠᠶᠢᠳᠣᠷ ᠪᠠᠳᠠᠷᠠᠭᠤᠯᠤᠨ᠎ᠠ᠃ ᠨᠠᠮ ᠤᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠠᠵᠢᠯ ︽ ᠲᠦᠷᠤᠯᠵᠢᠭᠦᠯᠭᠦ᠂ ᠲᠠᠩᠰᠠ ᠴᠠᠶᠢᠷᠠᠭᠤᠯᠬᠤ ᠲᠦᠷᠢᠮ︾ ᠤᠨ ᠠᠵᠢᠯ ᠢᠶᠠᠷ ᠨᠢᠭᠡᠳᠦᠯᠳᠡᠢ ᠵᠢᠯᠣᠭᠤᠳᠣᠭᠤᠯᠵᠣ᠂ ᠤᠯᠤᠰ ᠲᠦᠷᠤ ᠶᠢᠨ ᠵᠦᠪᠯᠠᠯᠭᠡᠨ ᠤ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠᠨ ᠴᠢᠩᠭᠠᠳᠬᠠᠵᠤ᠂ ︽  ᠨᠢᠭᠡ ᠪᠠᠶᠢᠷᠢ ᠬᠤᠶᠠᠷ ᠬᠠᠷᠢᠭᠤᠴᠠᠯᠭ᠎ᠠ︾  ᠶᠢ ᠦᠨᠡᠨᠬᠦ ᠭᠦᠢᠴᠠᠳᠭᠡᠵᠤ᠂ ᠬᠠᠷᠢᠭᠤᠴᠠᠯᠭ᠎ᠠ ᠡᠭᠦᠷᠭᠡᠯᠡᠭᠦ ᠶᠢ ᠴᠢᠩᠭᠠᠳᠬᠠᠨ᠎ᠠ᠃ ᠲᠦᠪ ᠬᠤᠷᠢᠶᠠᠠ ᠤ ᠨᠠᠢᠮᠠᠠ ᠵᠤᠶᠢᠯ ᠤᠨ ᠲᠤᠭᠳᠠᠭᠠᠯ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ 28 ᠵᠤᠶᠢᠯ ᠤᠨ ᠢᠵᠢ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠭᠦᠨ ᠭᠦᠨᠵᠡᠭᠡᠢ᠂ ᠤᠳᠠᠭᠠᠨ ᠲᠠᠭᠠᠭᠠᠮᠠᠭᠠᠢ ᠰᠠᠶᠢᠳᠣᠷ ᠠᠳᠬᠤᠨ᠎ᠠ᠃ ︽ᠬᠤᠶᠠᠷ ᠢ ᠰᠤᠷᠤᠯᠴᠠᠵᠤ ᠨᠢᠭᠡ   ᠳᠤ ᠲᠡᠩᠴᠡᠬᠦᠯᠬᠦ︾ ᠰᠤᠷᠤᠯᠴᠠᠯᠭ᠎ᠠ ᠭᠦᠮᠤᠵᠢᠯ ᠢ ᠪᠠᠶᠢᠩᠭᠤᠵᠢᠭᠤᠯᠬᠤ᠂   ᠳᠦᠷᠢᠮᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠤ ᠮᠠᠷᠳᠠᠠ᠂ ᠡᠭᠦᠷᠭᠡ ᠬᠠᠷᠢᠭᠤᠴᠠᠯᠭ᠎ᠠ ᠪᠠᠨ ᠪᠡᠳᠣ ᠴᠠᠭᠡᠵᠢᠯᠡᠭᠦ︾ ᠭᠤᠤᠯ ᠰᠠᠳᠣᠪᠳᠣ ᠭᠦᠮᠤᠵᠢᠯ ᠢ ᠱᠠᠭᠠᠷᠳᠠᠯᠭ᠎ᠠ ᠶᠤᠰᠤᠭᠠᠷ ᠰᠠᠶᠢᠳᠣᠷ ᠦᠷᠨᠢᠭᠦᠯᠤᠨ᠎ᠠ᠃ ︽ᠤᠯᠤᠰ ᠲᠦᠷᠤ ᠶᠢᠨ ᠵᠦᠪᠯᠠᠯᠭᠡᠨ ᠢ ᠦᠢᠯᠠᠭᠠᠬᠤ᠂ ᠵᠦᠪᠳᠡᠯᠴᠠᠵᠤ ᠴᠢᠳᠠᠬᠤ᠂ ᠵᠠᠰᠠᠭ ᠢ ᠴᠢᠳᠠᠮᠠᠭᠠᠢ ᠵᠦᠪᠯᠡᠭᠦ︾ ᠱᠠᠭᠠᠷᠳᠠᠯᠭ᠎ᠠ ᠪᠠᠷ ᠭᠡᠰᠢᠭᠦᠳ ᠤᠨ ᠡᠩᠨᠡᠭᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠭᠡᠰᠢᠭᠦᠨ ᠤ ᠪᠤᠳᠠᠳᠣ ᠭᠦᠴᠢᠷᠳᠠᠯ ᠢ ᠰᠢᠢᠳᠪᠤᠷᠢᠯᠡᠭᠦ ᠠᠴᠠ ᠭᠠᠷᠳᠠᠵᠤ᠂ ᠭᠡᠰᠢᠭᠦᠳ ᠲᠤ ᠦᠢᠯᠠᠴᠢᠯᠡᠭᠦ ᠠᠵᠢᠯ ᠢ ᠰᠠᠶᠢᠳᠣᠷ ᠬᠢᠵᠤ᠂ ᠰᠢᠯᠢᠳᠡᠭ ᠭᠡᠰᠢᠭᠦᠨ ᠤ ᠡᠳᠡᠭᠡᠳ ᠢᠯᠭᠠᠯ ᠤᠨ ᠤᠯᠠᠠ ᠲᠦᠮᠠᠠ ᠤ ᠲᠦᠯᠤᠭᠡᠯᠡᠭᠴᠢ᠂ ᠲᠤᠬᠠᠶᠢᠯᠠᠭᠰᠠᠠ ᠠᠵᠢᠯ ᠤᠨ ᠵᠢᠱᠢᠶᠡᠴᠢ᠂ ᠤᠯᠤᠰ ᠲᠦᠷᠤ ᠶᠢᠨ ᠵᠦᠪᠯᠠᠯᠭᠡᠨ ᠤ ᠡᠭᠦᠷᠭᠡ ᠭᠦᠢᠴᠠᠳᠭᠡᠭᠦ ᠭᠤᠤᠯ ᠴᠤᠭᠴᠠ ᠪᠤᠯᠬᠤ ᠶᠢ ᠵᠤᠷᠢᠭᠵᠢᠭᠤᠯᠵᠤ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠠᠳᠭᠡᠭᠦ ᠴᠢᠳᠠᠪᠤᠷᠢ ᠪᠠ ᠤᠯᠤᠰ ᠲᠦᠷᠤ ᠶᠢᠨ ᠵᠦᠪᠯᠡᠯᠭᠡᠨ ᠤ ᠵᠤᠬᠢᠶᠠᠠ ᠪᠠᠶᠢᠭᠤᠯᠤᠯᠳᠠ ᠶᠢᠨ ᠪᠦᠭᠦᠯᠢ ᠴᠤᠭᠴᠠ  ᠶᠢᠨ ᠭᠦᠴᠤᠨ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠭᠦᠯᠤᠨ᠎ᠠ᠃         ᠭᠡᠰᠢᠭᠦᠳ ᠡ᠂ ᠰᠢᠨ᠎ᠠ ᠦᠵᠠᠯ ᠰᠠᠨᠠᠭ᠎ᠠ ᠰᠢᠨ᠎ᠠ ᠴᠠᠭ ᠦᠶ᠎ᠠ ᠶᠢᠨ ᠴᠠᠮᠬᠠᠭ ᠪᠤᠯᠵᠤ᠂ ᠰᠢᠨ᠎ᠠ ᠬᠠᠷᠠᠯᠳᠠ ᠰᠢᠨ᠎ᠠ ᠠᠶᠠᠯᠠᠯ ᠢ ᠡᠬᠢᠯᠡᠭᠦᠯᠤᠯ᠎ᠠ᠃ ᠪᠢᠳᠠ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠠ ᠲᠤᠮᠳᠠᠳᠣ ᠤᠯᠤᠰ ᠤᠨ ᠡᠪ ᠬᠠᠮᠳᠣ ᠨᠠᠮ ᠤᠨ ᠲᠦᠪ ᠬᠤᠷᠢᠶᠠᠠ ᠤ ᠲᠤᠭᠤᠷᠢᠨ ᠳᠤ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠣ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ ᠪᠠᠷ ᠲᠡᠷᠢᠬᠢ ᠲᠤᠯᠤᠭᠠᠢ ᠪᠠᠨ ᠵᠠᠪᠰᠡᠭᠯᠡᠵᠤ᠂ ᠦᠢᠯᠡᠳᠦᠯᠭᠡ ᠪᠠᠨ ᠵᠢᠯᠣᠭᠤᠳᠣᠭᠤᠯᠵᠣ᠂ ᠠᠵᠢᠯ ᠢᠶᠠᠨ ᠠᠬᠢᠭᠤᠯᠣᠨ᠂ ᠬᠤᠰᠢᠭᠤᠨ ᠤ ᠨᠠᠮ ᠤ ᠬᠤᠷᠢᠶᠠᠠ ᠤ ᠡᠷᠡᠰ ᠴᠢᠩᠭ᠎ᠠ ᠵᠢᠯᠤᠭᠤᠳᠣᠯᠭ᠎ᠠ ᠲᠤᠤᠷ᠎ᠠ᠂ ᠤᠭ ᠰᠠᠨᠠᠭ᠎ᠠ ᠪᠠᠨ ᠦᠯᠤ ᠮᠠᠷᠳᠠᠠ᠂ ᠡᠭᠦᠷᠭᠡ ᠬᠠᠷᠢᠭᠤᠴᠠᠯᠭ᠎ᠠ ᠪᠠᠨ ᠪᠡᠳᠣ ᠴᠠᠭᠡᠵᠢᠯᠠᠠ᠂ ᠡᠷᠡᠰ ᠰᠢᠢᠳᠮᠡᠭᠡᠢ ᠤᠷᠤᠭᠰᠢᠯᠠᠵᠤ᠂ ᠯᠠᠪᠳᠠᠭᠤᠨ ᠪᠠᠳᠣᠳᠠᠢ ᠠᠵᠢᠯᠯᠠᠵᠤ᠂ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠳᠠ ᠶᠢ ᠲᠡᠮᠡᠴᠠᠠ ᠤᠯᠵᠤ᠂ ᠴᠢᠨᠡᠭᠡᠯᠢᠭ ᠨᠠᠶᠢᠭᠡᠮ  ᠢ ᠪᠦᠭᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠣ ᠢᠯᠡᠯᠳᠠ ᠶᠢ ᠠᠪᠴᠢᠷᠠᠠ᠂ ᠪᠦᠭᠦ ᠬᠤᠰᠢᠭᠤᠨ ᠤ ᠠᠷᠠᠳ ᠤᠯᠠᠠ ᠤ ᠰᠠᠶᠢᠨ ᠰᠠᠶᠢᠬᠠᠨ ᠠᠮᠢᠳᠣᠷᠠᠯ ᠤᠨ ᠭᠦᠰᠠᠯ ᠢ ᠪᠡᠶᠡᠯᠡᠭᠦᠯᠭᠦ ᠶᠢᠨ ᠲᠦᠯᠤᠭᠡ ᠴᠢᠷᠮᠠᠶᠢᠨ ᠲᠡᠮᠡᠴᠠᠶ᠎ᠠ  ︕  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号