| ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠭᠤᠤᠯ ᠪᠤᠯᠭᠠᠭᠰᠠᠨ | ᠰᠣᠷᠭᠠᠨ ᠬᠦᠮᠦᠵᠢᠯ ᠤᠨ ᠬᠦᠭᠵᠢᠯᠲᠡ ᠶᠢᠨ ᠦᠵᠡᠯᠲᠡ ᠶᠢ ᠪᠤᠢ ᠪᠤᠯᠭᠠᠵᠤ᠂ ᠠᠬ᠎ᠠ ᠳᠡᠭᠦᠦ ᠬᠤᠯᠪᠤᠭᠠᠲᠤ | ᠰᠤᠷᠭᠠᠭᠤᠯᠢ ᠶᠢᠨ ᠬᠤᠭᠤᠷᠤᠨᠳᠦᠬᠢ ᠬᠠᠷᠢᠴᠠᠭ᠎ᠠ ᠰᠤᠯᠢᠯᠴᠠᠭ᠎ᠠ ᠪᠠᠨ ᠠᠬᠢᠭᠤᠯᠵᠤ᠂ ᠰᠤᠷᠭᠠᠭᠤᠯᠢ᠂ ᠭᠡᠷ ᠤᠨ | ᠠᠬᠠᠮᠠᠳ᠂ ᠪᠠᠭᠰᠢ ᠶᠢᠨ ᠬᠤᠭᠤᠷᠤᠨᠳᠦᠬᠢ ᠬᠠᠷᠢᠴᠠᠭ᠎ᠠ ᠶᠢ ᠴᠢᠩᠭᠠᠳᠬᠠᠬᠤ ᠶᠢᠨ ᠲᠦᠯᠦᠭᠡ ᠤᠶᠢᠷ᠎ᠠ ᠶᠢᠨ ᠡᠳᠦᠷ᠂ | ᠵᠠᠯᠠᠶᠢᠳ ᠬᠤᠰᠢᠭᠤᠨ ᠤ ᠪᠠᠳᠠᠷᠠᠬᠤ ᠭᠤᠤᠯ ᠰᠤᠷᠭᠠᠭᠤᠯᠢ 《 ᠵᠢᠭᠠᠨ ᠰᠤᠷᠭᠠᠯᠲᠠ ᠶᠢᠨ ᠨᠡᠭᠡᠭᠡᠯᠲᠠᠲᠤ ᠡᠳᠦᠷ 》 | ᠤᠨ ᠠᠵᠢᠯᠯᠠᠭ᠎ᠠ ᠦᠷᠨᠢᠭᠦᠯᠵᠠᠢ᠃ | ᠠᠵᠢᠯᠯᠠᠭ᠎ᠠ ᠳᠤ ᠠᠬ᠎ᠠ ᠳᠡᠭᠦᠦ ᠬᠤᠯᠪᠤᠭᠠᠲᠦ ᠰᠤᠷᠭᠠᠭᠤᠯᠢ ᠶᠢᠨ ᠪᠠᠭᠰᠢ ᠵᠢᠴᠢ ᠭᠡᠷ ᠤᠨ ᠠᠬᠠᠮᠠᠳ ᠨᠡᠶᠢᠲᠡ 100 | ᠭᠠᠷᠤᠢ ᠬᠦᠮᠦᠨ ᠤᠷᠤᠯᠴᠠᠭᠰᠠᠨ ᠪᠠᠶᠢᠨ᠎ᠠ᠃ ᠠᠵᠢᠯᠯᠯᠭᠠ ᠳᠤ᠂ ᠲᠣᠰ ᠰᠤᠷᠭᠠᠭᠤᠯᠢ ᠠᠴᠠ ᠲᠡᠭᠦᠰᠴᠤ ᠠᠵᠢᠯ ᠤᠨ | ᠪᠠᠶᠢᠷᠢ ᠳᠠᠭᠠᠨ ᠭᠢᠯᠠᠯᠠᠵᠠᠭᠰᠠᠨ ᠠᠮᠵᠢᠯᠲᠠ ᠲᠠᠢ ᠪᠠᠭᠰᠢ ᠨᠠᠷ ᠠᠴᠠ ᠪᠠᠶᠢᠯᠤᠮᠵᠢ ᠬᠢᠬᠦ ᠶᠢᠨ ᠬᠠᠮᠲᠦ ᠠᠬ᠎ᠠ ᠳᠡᠭᠦᠦ | ᠬᠤᠯᠪᠤᠭᠠᠳᠦ ᠰᠤᠷᠭᠠᠭᠤᠯᠢ ᠶᠢᠨ ᠬᠤᠭᠤᠷᠤᠨᠲᠦ ᠪᠠᠨ ᠰᠤᠯᠢᠯᠴᠠᠭ᠎ᠠ ᠬᠢᠭᠰᠡᠨ ᠪᠠᠶᠢᠨ᠎ᠠ᠃ ᠨᠡᠭᠡᠭᠡᠯᠲᠠᠲᠦ ᠡᠳᠦᠷ ᠤᠨ | ᠠᠵᠢᠯᠯᠠᠭ᠎ᠠ ᠨᠢ ᠵᠦᠪᠬᠡᠨ ᠲᠤᠰ ᠰᠤᠷᠭᠠᠭᠤᠯᠢ ᠶᠢᠨ ᠪᠠᠭᠰᠢ ᠨᠠᠷ ᠤᠨ ᠵᠢᠭᠠᠨ ᠰᠤᠷᠭᠠᠯᠲᠠ ᠶᠢ ᠰᠢᠯᠭᠠᠭᠰᠠᠨ | ᠠᠵᠢᠯᠯᠠᠭ᠎ᠠ ᠪᠤᠯᠤᠭᠰᠠᠨ ᠢᠶᠠᠷ ᠦᠯᠦ ᠪᠠᠷᠠᠨ᠂ ᠠᠬ᠎ᠠ ᠳᠡᠭᠦᠦ ᠰᠤᠷᠭᠠᠭᠤᠯᠢ ᠶᠢᠨ ᠬᠤᠭᠤᠷᠤᠨᠳᠦ ᠪᠠᠨ ᠬᠠᠷᠢᠯᠴᠠᠨ | ᠰᠤᠯᠢᠯᠴᠠᠭ᠎ᠠ ᠬᠢᠬᠦ ᠳᠤ ᠲᠠᠪᠴᠠᠩ ᠬᠠᠨᠭ᠍ᠭᠠᠭᠰᠠᠨ ᠮᠦᠷᠳᠡᠭᠡᠨ ᠰᠤᠷᠭᠠᠭᠤᠯᠢ ᠶᠢᠨ ᠰᠤᠷᠭᠠᠨ ᠬᠦᠮᠦᠵᠢᠯ ᠤᠨ | ᠦᠭᠡᠷᠡᠴᠢᠯᠡᠯᠲᠠ ᠶᠢ ᠠᠬᠢᠭᠤᠯᠤᠭᠰᠠᠨ ᠨᠢᠭᠡ ᠤᠳᠠᠭᠠᠨ ᠤ ᠠᠵᠢᠯᠯᠠᠭ᠎ᠠ ᠪᠤᠯᠤᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠶᠢ ᠦᠷᠨᠢᠭᠦᠯᠦᠭᠰᠠᠨ ᠨᠢ ᠪᠠᠭᠰᠢᠨᠠᠷ ᠤᠨ ᠬᠤᠭᠤᠷᠤᠨᠳᠦ ᠪᠠᠨ ᠬᠠᠷᠢᠯᠴᠠᠨ | ᠰᠤᠷᠤᠯᠴᠠᠵᠤ ᠲᠤᠲᠠᠭᠳᠠᠯ ᠢᠶᠠᠨ ᠨᠦᠭᠦᠪᠦᠷᠢᠯᠡᠵᠤ᠂ ᠰᠤᠷᠤᠭᠴᠢ᠂ ᠭᠡᠷ ᠤᠨ ᠠᠬᠠᠮᠠᠳ᠂ ᠪᠠᠭᠰᠢ ᠪᠤᠯᠤᠨ ᠰᠤᠷᠭᠠᠭᠤᠯᠢ | ᠶᠢᠨ ᠬᠤᠭᠤᠷᠤᠨᠳᠦᠬᠢ ᠬᠠᠮᠳᠦ ᠪᠠᠷ ᠬᠦᠭᠵᠢᠬᠦ ᠶᠢ ᠠᠬᠢᠭᠤᠯᠤᠭᠰᠠᠨ ᠪᠠᠶᠢᠨ᠎ᠠ᠃ |