ᠲᠡᠮᠡᠭᠡᠴᠢ ᠭᠤᠤᠯ ᠰᠤᠷᠭᠠᠭᠤᠯᠢ ᠶᠢᠨ ︽ᠤᠷᠠᠨ ᠵᠢᠷᠬᠢᠷ᠎ᠡ︾ ᠮᠤᠩᠭᠤᠯ ᠢᠷᠠᠭᠤ ᠨᠠᠶᠢᠷᠠᠭ ᠤᠨ ᠤᠷᠠᠨ ᠲᠤᠲᠤ ᠤᠡᠭᠰᠢᠯᠭ᠎ᠠ ᠶᠢᠨ ᠤᠷᠤᠯᠳᠤᠭᠠᠨ ᠵᠢᠴᠢ ᠪᠠᠭᠰᠢ ᠶᠢᠨ ᠲᠦᠷᠢᠮᠴᠢ ᠤᠡᠭᠰᠢᠯᠭ᠎ᠠ ᠶᠢᠨ ᠬᠦᠳᠡᠯᠭᠡᠭᠡᠨ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2018-06-26
  ᠲᠡᠮᠡᠭᠡᠴᠢ ᠭᠤᠤᠯ ᠰᠤᠷᠭᠠᠭᠤᠯᠢ ᠶᠢᠨ 《 ᠤᠷᠠᠨ ᠵᠢᠷᠬᠢᠷ᠎ᠡ 》 ᠮᠤᠩᠭᠤᠯ ᠢᠷᠠᠭᠤ ᠨᠠᠶᠢᠷᠠᠭ ᠤᠨ ᠤᠷᠠᠨ ᠲᠤᠲᠤ ᠤᠡᠭᠰᠢᠯᠭ᠎ᠠ ᠶᠢᠨ ᠤᠷᠤᠯᠳᠤᠭᠠᠨ ᠵᠢᠴᠢ ᠪᠠᠭᠰᠢ ᠶᠢᠨ ᠲᠦᠷᠢᠮᠴᠢ ᠤᠡᠭᠰᠢᠯᠭ᠎ᠠ ᠶᠢᠨ ᠬᠦᠳᠡᠯᠭᠡᠭᠡᠨ ᠠᠮᠵᠢᠯᠳᠠᠳᠠᠢ ᠶᠠᠪᠤᠭᠳᠠᠪᠠ ᠪᠠᠭᠰᠢ ᠰᠤᠷᠤᠭᠴᠢᠳ ᠤᠨ ᠤᠷᠠᠨ ᠲᠣᠳᠤ ᠤᠡᠭᠰᠢᠯᠭ᠎ᠠ ᠶᠢᠨ ᠬᠢᠷᠢ ᠲᠦᠪᠰᠢᠨ ᠢ   ᠳᠡᠭᠡᠭᠰᠢᠯᠡᠭᠦᠯᠵᠤ᠂ ᠰᠤᠷᠤᠭᠴᠢᠳ  ᠤᠨ ᠪᠠᠷᠢᠮᠵᠢᠶ᠎ᠠ ᠪᠠᠷ ᠤᠡᠭᠰᠢᠵᠤ᠂ ᠲᠠᠶᠢᠰᠠᠨ ᠤ ᠶᠠᠷᠢᠵᠤ ᠢᠯᠡᠳᠭᠡᠬᠦ ᠴᠢᠳᠠᠪᠤᠷᠢ ᠶᠢ   ᠳᠡᠭᠡᠭᠰᠢᠯᠡᠭᠦᠯᠵᠤ᠂ ᠰᠤᠭᠠᠭᠤᠯᠢ  ᠶᠢᠨ ᠬᠦᠷᠢᠶᠡᠨ ᠤ ᠬᠡᠯᠡᠨ ᠤ ᠤᠷᠴᠢᠨ ᠢ ᠤᠯᠠᠮ ᠢᠯᠡᠭᠦᠦ ᠴᠡᠪᠡᠷᠰᠢᠭᠦᠯᠬᠦ ᠪᠠᠷ ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠲᠡᠮᠡᠭᠡᠴᠢ ᠭᠤᠤᠯ ᠰᠤᠷᠭᠠᠭᠤᠯᠢ   ᠰᠤᠷᠤᠭᠴᠢᠳ ᠤᠨ ᠳᠤᠯᠤᠳᠤᠭᠠᠷ ᠬᠤᠭᠤᠴᠠᠭᠠᠨ ᠤ 《 ᠤᠷᠠᠨ ᠵᠢᠷᠬᠢᠷ᠎ᠡ 》 ᠮᠤᠩᠭᠤᠯ ᠢᠷᠠᠭᠤ ᠨᠠᠶᠢᠷᠠᠭ ᠤᠨ ᠤᠷᠠᠨ ᠲᠤᠲᠤ ᠤᠡᠭᠰᠢᠯᠭ᠎ᠠ ᠶᠢᠨ ᠤᠷᠤᠯᠳᠤᠭᠠᠨ ᠵᠢᠴᠢ ᠬᠤᠶᠠᠳᠤᠭᠠᠷ ᠤᠳᠠᠭᠠᠨ ᠤ ᠪᠠᠭᠰᠢ ᠶᠢᠨ ᠲᠦᠷᠢᠮᠴᠢ ᠤᠡᠭᠰᠢᠯᠭ᠎ᠠ ᠶᠢᠨ ᠬᠦᠳᠡᠯᠭᠡᠭᠡᠨ ᠠᠮᠵᠢᠯᠳᠠᠳᠠᠢ   ᠵᠠᠪᠤᠭᠳᠠᠭᠤᠯᠪᠠ᠃ ᠬᠦᠳᠡᠯᠭᠡᠭᠡᠨ ᠤ ᠡᠬᠢᠨ ᠳᠤ ᠰᠤᠷᠭᠠᠭᠤᠯᠢ ᠶᠢᠨ ᠵᠠᠬᠢᠷᠤᠯ ᠠᠴᠠ ᠪᠤᠰᠤᠳ ᠰᠤᠷᠭᠠᠭᠤᠯᠢ   ᠶᠢᠨ ᠵᠠᠬᠢᠷᠤᠯ ᠠᠴᠠ ᠪᠤᠰᠤᠳ ᠰᠤᠷᠳᠠᠭᠤᠯᠢ ᠠᠴᠠ ᠬᠦᠷᠦᠯᠴᠡᠨ ᠢᠷᠡᠭᠰᠡᠨ ᠪᠠᠭᠰᠢ ᠨᠠᠷ ᠲᠤ ᠪᠠᠶᠠᠷ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠳᠦ 《 ᠪᠠᠷᠢᠮᠵᠢᠶ᠎ᠠ ᠤᠡᠭᠰᠢᠯᠭ᠎ᠠ 》 ᠪᠠᠷ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠠᠵᠢᠯ ᠤᠨ ᠢᠶᠠᠨ ᠰᠦᠭ ᠰᠦᠨᠡᠰᠦ ᠪᠤᠯᠭᠠᠨ ᠬᠡᠯᠡ ᠪᠢᠴᠢᠭ ᠤᠨ 《 ᠳᠦᠷᠪᠡᠨ ᠪᠤᠭᠤᠮᠲᠠ ᠳᠠᠪᠠᠭᠤᠯᠬᠤ 》 ᠰᠡᠳᠦᠪ ᠰᠤᠳᠤᠯᠭᠠᠨ ᠤ ᠵᠤᠷᠢᠭ ᠰᠠᠨᠠᠭ᠎ᠠ ᠶᠢ ᠬᠢᠴᠢᠶᠡᠯᠡᠯᠭᠡ ᠳᠤ ᠪᠠᠨ ᠪᠦᠷᠢᠮᠦᠰᠦᠨ ᠠᠰᠠᠭᠤᠵᠤ᠂ ᠬᠡᠯᠡ ᠪᠢᠴᠢᠭ ᠤᠨ ᠤᠡᠭᠰᠢᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠠᠮᠢᠨ ᠰᠦᠨᠡᠰᠦ ᠪᠤᠯᠭᠠᠬᠤ᠂ ᠪᠠᠭᠰᠢ ᠰᠤᠷᠤᠭᠴᠢᠳ ᠤᠨ ᠬᠡᠯᠡ ᠪᠢᠴᠢᠭ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠠᠷᠠᠯᠲᠠ ᠪᠠᠨ   ᠪᠤᠯᠭᠠᠬᠤ ᠴᠢᠬᠤᠯᠠ ᠲᠠᠢ ᠭᠡᠵᠤ ᠵᠢᠭᠠᠵᠤ ᠭᠠᠷᠭᠠᠭᠰᠠᠨ   ᠪᠠᠶᠢᠨ᠎ᠠ᠃ ᠲᠤᠰ ᠤᠳᠠᠭᠠᠨ ᠤ ᠬᠦᠳᠡᠯᠭᠡᠭᠡᠨ ᠳᠤ ᠨᠢᠭᠡ ᠠᠴᠠ ᠵᠢᠷᠭᠤᠳᠤᠭᠠᠷ ᠤᠨ ᠬᠦᠷᠲᠡᠯ᠎ᠡ ᠣᠨ ᠪᠦᠷᠢ ᠠᠴᠠ ᠳᠦᠷᠪᠡᠨ ᠨᠡᠷᠡᠰ ᠰᠤᠷᠤᠭᠴᠢ ᠪᠠ ᠰᠤᠷᠭᠠᠭᠤᠯᠢ ᠶᠢᠨ ᠡᠯ᠎ᠡ ᠬᠢᠴᠢᠶᠡᠯ ᠲᠦᠷᠦᠯ ᠤᠨ ᠳᠤᠭᠤᠶᠢᠯᠠᠩ ᠠᠴᠠ ᠲᠤᠰ   ᠪᠦᠷᠢ ᠨᠢᠭᠡ ᠨᠡᠷᠡᠰ ᠲᠦᠯᠦᠭᠡᠯᠡᠭᠴᠢ ᠪᠠᠭᠰᠢ ᠤᠷᠤᠯᠴᠠᠵᠤ ᠪᠠᠷᠢᠮᠵᠢᠶ᠎ᠠ ᠠᠪᠢᠶ᠎ᠠ ᠪᠦᠬᠦᠢ ᠲᠦᠷᠢᠮᠴᠢ ᠤᠡᠭᠰᠢᠯᠭ᠎ᠠ ᠬᠢᠭᠰᠡᠨ ᠪᠠᠶᠢᠨ᠎ᠠ᠃ ᠤᠷᠤᠯᠳᠤᠭᠠᠨ ᠳᠤ ᠪᠠᠭᠰᠢ ᠰᠤᠷᠤᠭᠴᠢ ᠠᠴᠠ ᠮᠤᠩᠭᠤᠯ ᠬᠤᠪᠴᠠᠰᠤ ᠵᠠᠰᠠᠯ   ᠢᠶᠠᠷ ᠢᠶᠠᠨ ᠭᠤᠶᠤᠯᠠᠵᠤ᠂ ᠦᠪᠡᠷ ᠦᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠤᠨ ᠦᠷᠭᠡᠨ ᠤᠯᠠᠨ ᠤ ᠪᠠᠨ ᠬᠠᠯᠠᠭᠤᠨ ᠠᠯᠠᠭ᠎ᠠ ᠲᠠᠰᠢᠯᠲᠠ ᠶᠢ ᠬᠦᠷᠲᠡᠵᠤ ᠤᠷᠤᠯᠳᠤᠭᠠᠨ ᠨᠢ ᠬᠦᠷ ᠬᠦᠭᠵᠢᠶᠡᠨ ᠲᠠᠢ ᠶᠠᠪᠤᠭᠳᠠᠪᠠ᠃ ᠤᠷᠤᠯᠳᠠᠭᠠᠨ ᠤ ᠳᠠᠷᠠᠭ᠎ᠠ᠂ ᠰᠤᠷᠤᠭᠴᠢᠳ  ᠤᠨ ᠤᠨ ᠨᠢᠭᠡᠴᠡ ᠶᠢ ᠦᠨᠳᠦᠰᠦᠯᠡᠵᠤ ᠭᠤᠷᠪᠠᠨ ᠳᠤᠭᠤᠶᠢᠯᠠᠩ ᠪᠦᠷᠢ ᠶᠢᠨ ᠡᠮᠦᠨ᠎ᠡ ᠭᠤᠷᠪᠠᠨ ᠨᠡᠷᠡᠰ ᠰᠤᠷᠤᠭᠴᠢ ᠪᠠ ᠰᠢᠯᠢᠳᠡᠭ ᠵᠢᠯᠤᠭᠤᠳᠤᠭᠴᠢ ᠪᠠᠭᠰᠢ ᠶᠢ ᠰᠢᠯᠭᠠᠷᠠᠭᠤᠯᠤᠨ ᠭᠠᠷᠭᠠᠵᠤ   ᠬᠦᠬᠢᠭᠦᠯᠦᠨ   ᠱᠠᠩᠨᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号