ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠴᠢ ᠶᠢᠨ ᠢᠦᠢ   ᠬᠠᠪᠰᠤᠷᠤᠨ ᠳᠡᠳᠭᠦᠬᠦ ᠴᠡᠭ ᠲᠤ ᠢᠷᠡᠵᠦ ᠪᠠᠶᠢᠴᠠᠭᠠᠨ ᠰᠤᠳᠤᠯᠤᠪᠠ
ᠨᠡᠶᠢᠲᠡᠯᠡᠭᠰᠡᠨ ᠴᠠᠭ᠄
2018-06-27
              ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠴᠢ ᠶᠢᠨ ᠢᠦᠢ   ᠬᠠᠪᠰᠤᠷᠤᠨ ᠳᠡᠳᠭᠦᠬᠦ ᠴᠡᠭ ᠲᠤ ᠢᠷᠡᠵᠦ ᠪᠠᠶᠢᠴᠠᠭᠠᠨ ᠰᠤᠳᠤᠯᠤᠪᠠ       ᠤᠶᠢᠷ᠎ᠠ   ᠳᠤ᠂ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ   ᠴᠢ ᠶᠢᠨ ᠢᠦᠢ ᠬᠠᠪᠰᠤᠷᠤᠨ ᠳᠡᠳᠭᠦᠬᠦ ᠴᠡᠭ ᠠᠯᠳᠠᠷᠲᠦ ᠰᠤᠮᠤ ᠶᠢᠨ ᠱᠠᠭᠠᠷᠭᠠᠳᠠᠢ ᠭᠠᠴᠠᠭ᠎ᠠ ᠪᠠᠷ ᠭᠦᠨᠵᠡᠭᠡᠶᠢᠷᠡᠨ᠂   ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠦᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ   ᠰᠤᠳᠤᠯᠤᠯᠲᠠ ᠬᠢᠪᠡ᠃       ᠴᠢ ᠶᠢᠨ ᠢᠦᠢ ᠨᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠲᠢᠶᠠᠨ   ᠰᠢ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋   ᠡᠷᠬᠢᠯᠡᠭᠴᠢ ᠬᠠᠰ᠂ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠰᠢᠤᠢ ᠸᠧᠢ ᠴᠢ ᠵᠢᠴᠢ᠂   ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠬᠠᠷᠢᠭᠤᠴᠠᠯᠭᠠᠲᠠᠨ ᠤ ᠪᠠᠷᠠᠭ᠎ᠠ ᠪᠤᠯᠤᠯᠭ᠎ᠠ  ᠪᠠᠷ᠂ ᠤᠷᠢᠳ   ᠬᠤᠵᠢᠳ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠲᠤᠰᠬᠤᠨ ᠳᠤ ᠰᠠᠭᠤᠭ᠎ᠠ   ᠬᠠᠪᠰᠤᠷᠤᠨ ᠳᠡᠳᠭᠦᠬᠦ ᠠᠵᠢᠯ ᠤᠨ ᠠᠩᠭᠢ ᠶᠢᠨ ᠰᠠᠭᠤᠭ᠎ᠠ ᠭᠠᠵᠠᠷ᠂ ᠭᠠᠴᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ   ᠪᠤᠭᠤᠮᠲᠠ ᠰᠢᠪᠲᠤᠯᠬᠤ ᠠᠯᠪᠠᠨ ᠭᠡᠷ᠂ ᠱᠠᠭᠠᠷᠭᠠᠳᠠᠢ ᠪᠠᠭ᠎ᠠ ᠤᠷᠤᠰᠬᠠᠯ ᠤᠨ ᠤᠰᠤ ᠰᠢᠷᠤᠢ ᠶᠢᠨ ᠢᠳᠡᠭᠳᠡᠯ ᠢ   ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠭᠤᠷᠢᠭ ᠵᠡᠷᠭᠡ ᠭᠠᠵᠠᠷ ᠤᠳ ᠲᠤ ᠬᠦᠷᠴᠤ᠂ ᠤᠨᠢᠨ ᠳᠡᠭᠡᠷ᠎ᠡ ᠨᠢ   ᠶᠠᠳᠠᠭᠤ ᠶᠢ ᠳᠡᠳᠭᠦᠬᠦ ᠬᠤᠯᠪᠤᠭᠳᠠᠯ ᠪᠦᠬᠦᠢ ᠵᠦᠭᠡᠯᠡᠨ ᠲᠤᠨᠤᠭ᠂ ᠳᠠᠩᠰᠠ ᠡᠪᠬᠡᠮᠡᠯ  ᠢ ᠨᠠᠷᠢᠨ ᠬᠢᠨᠠᠮᠠᠭᠠᠢ ᠪᠠᠶᠢᠴᠠᠭᠠᠨ   ᠦᠵᠡᠵᠦ᠂ ᠲᠤᠰᠬᠤᠨ ᠳᠤ ᠰᠠᠭᠤᠭ᠎ᠠ ᠺᠠᠳ᠋ᠷ ᠤᠨ ᠠᠵᠢᠯ ᠠᠮᠢᠳᠤᠷᠠᠯ ᠤᠨ ᠪᠠᠶᠢᠳᠠᠯ ᠵᠢᠴᠢ᠂ ᠭᠠᠴᠠᠭ᠎ᠠ ᠶᠢᠨ ᠰᠠᠭᠤᠷᠢ   ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠠᠮᠲᠦ ᠶᠢᠨ ᠠᠵᠦ ᠠᠬᠤᠢ ᠶᠢᠨ ᠬᠦᠭᠵᠢᠯᠲᠡ ᠶᠢᠨ ᠪᠠᠶᠢᠳᠠᠯ   ᠢ ᠤᠶᠢᠯᠠᠭᠠᠪᠠ᠃       ᠴᠢ ᠶᠢᠨ ᠢᠦᠢ ᠴᠢᠩᠭᠠᠳᠬᠠᠭᠰᠠᠨ ᠨᠢ᠂ ᠠᠵᠦ ᠦᠢᠯᠡᠰ ᠢᠶᠠᠷ ᠶᠠᠳᠠᠭᠤ ᠶᠢ ᠳᠡᠳᠭᠦᠬᠦ ᠶᠢ ᠴᠢᠬᠤᠯᠠᠴᠢᠯᠠᠵᠦ᠂   ᠲᠤᠬᠠᠢ ᠶᠢᠨ ᠭᠠᠵᠠᠷ ᠤᠨ ᠤᠨᠴᠠᠯᠢᠭ ᠢ ᠳᠤᠪᠤᠶᠢᠯᠭᠠᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ   ᠤᠷᠲᠦ ᠬᠤᠭᠤᠴᠠᠭ᠎ᠠ ᠬᠦᠴᠦᠨ ᠲᠠᠢ ᠲᠤᠭᠲᠠᠴᠠ ᠶᠢ ᠲᠡᠭᠦᠯᠳᠡᠷᠵᠢᠭᠦᠯᠵᠦ᠂ ᠭᠠᠴᠠᠭ᠎ᠠ ᠶᠢᠨ ᠠᠷᠠᠳ ᠢ ᠵᠢᠩᠬᠢᠨᠢ ᠪᠠᠷ   ᠶᠠᠳᠠᠭᠤ ᠠᠴᠠ ᠠᠩᠭᠢᠵᠢᠷᠠᠭᠤᠯᠵᠦ᠂ ᠠᠰᠢᠭ ᠤᠯᠵᠠᠪᠦᠷᠢ ᠶᠢ ᠨᠢ ᠨᠡᠮᠡᠭᠳᠡᠭᠦᠯᠦᠨ᠎ᠡ︔ ᠲᠤᠰᠬᠤᠨ ᠳᠤ ᠰᠠᠭᠤᠭ᠎ᠠ   ᠬᠠᠪᠰᠤᠷᠤᠨ ᠳᠡᠳᠭᠦᠬᠦ ᠺᠠᠳ᠋ᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ ᠤᠨ ᠬᠠᠷᠢᠭᠤᠴᠠᠯᠭᠠᠲᠦ   ᠪᠤᠳᠤᠯ ᠪᠤᠯᠤᠨ ᠳᠤᠯᠭᠠᠮ᠎ᠠ ᠪᠤᠳᠤᠯ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ᠶᠠᠳᠠᠭᠤ  ᠠᠴᠠ ᠠᠩᠭᠢᠵᠢᠷᠠᠭᠤᠯᠬᠤ   ᠪᠤᠭᠤᠮᠳᠠ ᠰᠢᠪᠲᠤᠯᠬᠤ ᠠᠵᠢᠯ ᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠦ᠂ ᠪᠤᠲᠠᠲᠠᠢ ᠪᠠᠶᠢᠳᠠᠯ ᠪᠤᠯᠤᠨ   ᠶᠠᠳᠠᠭᠤ ᠬᠦᠴᠢᠷᠳᠡᠯᠲᠡᠢ ᠡᠷᠦᠭᠡ ᠶᠢᠨ ᠤᠳᠤ ᠶᠢᠨ ᠪᠠᠶᠢᠳᠠᠯ ᠤᠨ ᠳᠤᠭᠤᠷᠢᠨ ᠳᠤ᠂ ᠬᠤᠰᠢᠭᠤ ᠰᠢᠶᠠᠩ ᠬᠤᠶᠠᠷ ᠱᠠᠲᠤᠨ   ᠤ ᠺᠠᠳ᠋ᠷ ᠲᠠᠢ ᠬᠠᠷᠢᠴᠠᠭ᠎ᠠ ᠬᠤᠯᠪᠤᠭ᠎ᠠ ᠪᠠᠨ ᠴᠢᠩᠭᠠᠳᠬᠠᠵᠦ᠂ ᠠᠵᠢᠯ ᠤᠨ ᠬᠠᠮᠲᠦᠷᠠᠯ ᠤᠨ ᠬᠦᠴᠦᠨ ᠢ ᠪᠤᠢ ᠪᠤᠯᠭᠠᠵᠦ᠂   ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠡᠯ᠎ᠡ ᠲᠦᠷᠦᠯ ᠤᠨ ᠠᠵᠢᠯ ᠢ ᠡᠷᠬᠡᠪᠰᠢ ᠬᠦᠴᠦᠯᠡᠨ ᠰᠠᠶᠢᠲᠤᠷ   ᠬᠢᠬᠦ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号