ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠨᠠᠮ ᠵᠠᠰᠠᠭ ᠤᠯᠠᠨ ᠲᠦᠮᠡᠨ ᠤ   ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠤᠳᠤᠯᠤᠨ ᠪᠠᠶᠢᠴᠠᠭᠠᠬᠤ ᠳᠤᠭᠤᠶᠢᠯᠠᠩ ᠮᠠᠨ ᠤ ᠬᠤᠰᠢᠭᠤᠨ ᠳᠤ   ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-06-27
                  ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠨᠠᠮ ᠵᠠᠰᠠᠭ ᠤᠯᠠᠨ ᠲᠦᠮᠡᠨ ᠤ   ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠰᠤᠳᠤᠯᠤᠨ ᠪᠠᠶᠢᠴᠠᠭᠠᠬᠤ ᠳᠤᠭᠤᠶᠢᠯᠠᠩ ᠮᠠᠨ  ᠤ ᠬᠤᠰᠢᠭᠤᠨ ᠳᠤ   ᠪᠠᠶᠢᠴᠠᠭᠠᠯᠲᠠ ᠬᠢᠪᠡ             ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠵᠦᠪᠯᠡᠯ ᠤᠨ ᠠᠯᠪᠠᠨ ᠭᠡᠷ ᠤᠨ ᠨᠠᠮ   ᠵᠠᠰᠠᠭ ᠤᠯᠠᠨ ᠲᠦᠮᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠭᠤᠷᠪᠠᠳᠤᠭᠠᠷ ᠰᠤᠳᠤᠯᠤᠨ ᠪᠠᠶᠢᠴᠠᠭᠠᠬᠤ   ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠢ ᠪᠠᠶᠢᠴᠠᠭᠠᠨ   ᠰᠤᠳᠤᠯᠬᠤ ᠶᠢᠨ ᠳᠠᠭᠠᠤ᠂ ᠰᠠᠭᠤᠳᠠᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋   ᠱᠦᠵᠢ᠂ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ᠂ ᠤᠷᠤᠨ ᠲᠤᠭ᠎ᠠ ᠶᠢᠨ ᠵᠦᠪᠯᠡᠯ ᠤᠨ ᠡᠷᠬᠢᠯᠡᠭᠴᠢ ᠵᠣᠣ ᠲᠢᠶᠠᠨ   ᠰᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠵᠤᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ᠂ ᠤᠷᠤᠨ ᠲᠤᠭ᠎ᠠ ᠶᠢᠨ ᠵᠦᠪᠯᠡᠯ ᠤᠨ ᠳᠡᠳ᠋ ᠡᠷᠬᠢᠯᠡᠭᠴᠢ ᠸᠠᠩ ᠳ᠋ᠠ ᠢ᠂ ᠠᠶᠢᠮᠠᠭ᠂ ᠬᠤᠰᠢᠭᠤᠨ ᠤ ᠤᠷᠤᠨ ᠲᠤᠭ᠎ᠠ ᠶᠢᠨ   ᠵᠦᠪᠯᠡᠯ ᠤᠨ ᠠᠯᠪᠠᠨ ᠭᠡᠷ ᠵᠢᠴᠢ ᠦᠭᠡᠷᠡᠴᠢᠯᠡᠯᠲᠡ ᠳᠤ ᠬᠤᠯᠪᠤᠭᠳᠠᠬᠤ ᠰᠠᠯᠠᠭ᠎ᠠ ᠮᠦᠴᠢᠷ ᠤᠨ ᠭᠤᠤᠯ   ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠤᠷᠤᠯᠴᠠᠪᠠ᠃       ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠤ ᠪᠠᠶᠢᠭᠤᠯᠤᠮᠵᠢ ᠶᠢᠨ   ᠦᠭᠡᠷᠡᠴᠢᠯᠡᠯᠲᠡ ᠶᠢᠨ ᠠᠵᠢᠯ ᠳᠤ ᠳᠡᠭᠡᠲᠦ ᠬᠡᠮᠵᠢᠶ᠎ᠡ ᠪᠠᠷ ᠨᠤᠳᠠᠯᠠᠯᠲᠠ ᠦᠭᠬᠦ ᠶᠢᠨ ᠵᠡᠷᠭᠡᠪᠡᠷ᠂ ᠬᠤᠰᠢᠭᠤᠨ ᠤ ᠨᠠᠮ  ᠤᠨ   ᠬᠤᠷᠢᠶ᠎ᠠ᠂ ᠵᠠᠰᠠᠭ ᠤᠨ ᠤᠷᠳᠤᠨ ᠵᠢᠴᠢ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠢᠨ᠂ ᠲᠤᠰ   ᠤᠳᠠᠭᠠᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠴᠢᠬᠤᠯᠠ ᠠᠴᠢ ᠲᠤᠰᠠ ᠶᠢ ᠭᠦᠢᠴᠡᠳ ᠲᠠᠨᠢᠵᠦ᠂ ᠲᠦᠪ   ᠬᠤᠷᠢᠶᠠᠨ ᠤ ᠨᠢᠭᠡᠲᠦᠯᠲᠡᠢ ᠤᠳᠤᠷᠢᠳᠤᠯᠭ᠎ᠠ ᠶᠢ ᠪᠠᠷᠢᠮᠲᠠᠯᠠᠵᠦ᠂ ᠤᠷᠤᠨ ᠨᠤᠲᠤᠭ ᠤᠨ ᠪᠠᠶᠢᠭᠤᠯᠤᠮᠵᠢ ᠶᠢᠨ   ᠦᠭᠡᠷᠡᠴᠢᠯᠡᠯᠲᠡ ᠶᠢᠨ ᠶᠡᠷᠦᠩᠬᠡᠢ ᠱᠠᠭᠠᠷᠳᠠᠯᠭ᠎ᠠ ᠶᠢ ᠵᠦᠪ ᠤᠨᠤᠪᠴᠢᠲᠠᠢ ᠡᠵᠡᠮᠲᠡᠵᠦ᠂ ᠬᠤᠪᠢ ᠶᠢᠨ ᠬᠦᠭᠵᠢᠯᠲᠡ  ᠶᠢᠨ   ᠪᠤᠲᠠᠲᠠᠢ ᠲᠠᠢ ᠪᠠᠨ ᠤᠶᠠᠯᠳᠤᠭᠤᠯᠵᠦ᠂ ᠦᠪᠡᠰᠦᠪᠡᠨ ᠰᠤᠩᠭᠤᠬᠤ ᠬᠦᠳᠡᠯᠭᠡᠭᠡᠨ ᠢᠶᠠᠨ ᠵᠦᠪ ᠤᠨᠤᠪᠴᠢᠲᠠᠢ   ᠭᠦᠢᠴᠡᠳᠭᠡᠵᠦ᠂ ᠪᠠᠶᠢᠭᠤᠯᠤᠮᠵᠢ ᠶᠢᠨ ᠤᠷᠤᠨ ᠲᠤᠭ᠎ᠠ ᠶᠢᠨ ᠴᠢᠩᠭ᠎ᠠ ᠬᠢᠵᠠᠭᠠᠷᠯᠠᠯ ᠢ ᠴᠢᠩᠭᠠᠷᠠᠭᠤᠯᠵᠦ᠂ ᠤᠷᠤᠨ ᠲᠤᠭ᠎ᠠ   ᠠᠵᠢᠯ ᠢ ᠳᠠᠭᠠᠬᠤ᠂ ᠬᠦᠮᠦᠨ ᠤᠷᠤᠨ ᠲᠤᠭ᠎ᠠ ᠶᠢ ᠳᠠᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠩᠭ᠎ᠠ ᠱᠠᠭᠠᠷᠳᠠᠪᠠ᠃       ᠬᠤᠷᠠᠯ ᠳᠤ ᠪᠠᠰᠠ᠂ ᠦᠭᠡᠷᠡᠴᠢᠯᠡᠯᠲᠡ ᠳᠤ ᠬᠤᠯᠪᠤᠭᠳᠠᠬᠤ ᠡᠯ᠎ᠡ ᠰᠠᠯᠠᠭ᠎ᠠ ᠮᠦᠴᠢᠷ ᠤᠨ ᠭᠤᠤᠯ   ᠬᠠᠷᠢᠭᠤᠴᠠᠯᠭᠠᠲᠠᠳ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠳᠤ ᠳᠤᠷᠠᠳᠤᠭᠰᠠᠨ ᠠᠯᠢ ᠤᠯᠠᠨ ᠰᠠᠨᠠᠯ   ᠰᠠᠨᠠᠭᠤᠯᠭ᠎ᠠ ᠶᠢ ᠰᠤᠨᠤᠰᠤᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号