ᠵᠠᠯᠠᠶᠢᠳ ᠬᠤᠰᠢᠭᠤ ᠶᠢᠨ ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢ ᠰᠣᠩᠭᠤᠵᠤ ᠤᠷᠢᠬᠤ ᠳᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2018-06-28
        ᠵᠠᠯᠠᠶᠢᠳ ᠬᠤᠰᠢᠭᠤ ᠶᠢᠨ ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ   ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢ ᠰᠣᠩᠭᠤᠵᠤ ᠤᠷᠢᠬᠤ ᠳᠤᠬᠠᠢ ᠠᠯᠪᠠᠨ ᠵᠠᠷ       ᠬᠠᠣᠯᠢ ᠶᠣᠰᠣᠭᠠᠷ ᠵᠠᠰᠠᠭ ᠶᠠᠪᠤᠭᠤᠯᠬᠤ᠂ ᠬᠠᠣᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ᠂   ᠦᠪᠡᠷᠳᠡᠭᠡᠨ ᠵᠠᠰᠠᠬᠤ ᠤᠷᠤᠨ ᠤ ᠬᠠᠣᠯᠢ ᠶᠤᠰᠣᠭᠠᠷ ᠵᠠᠰᠠᠭ ᠶᠠᠪᠤᠭᠤᠯᠬᠤ ᠠᠵᠢᠯ ᠤᠨ ᠬᠤᠷᠡᠯᠳᠤᠭᠠᠨ ᠤ ᠵᠤᠷᠢᠭ ᠰᠠᠨᠠᠭ᠎ᠠ   ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠡᠯᠳᠠ ᠳᠠᠯᠪᠢᠬᠤ   ᠪᠦᠷᠬᠦᠯᠳᠡ ᠶᠢ ᠦᠷᠭᠡᠳᠭᠡᠵᠤ᠂ ᠲᠦᠪ ᠭᠤᠤᠯᠴᠢ ᠪᠤᠯᠪᠠᠰᠣᠨ ᠢᠶᠠᠷ ᠬᠠᠣᠯᠢ ᠬᠡᠷᠡᠭᠵᠢᠬᠦᠯᠬᠦ ᠶᠢ ᠴᠢᠩᠭ᠎ᠠ ᠲᠦᠷᠢᠮᠵᠢᠬᠦᠯᠬᠦ   ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠶᠢᠨ ᠲᠦᠯᠣᠭᠡ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ   ᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠠᠯᠳᠠ ᠳᠠᠯᠪᠢᠬᠤ ᠲᠦᠷᠢᠮ︾ ︵2009 ᠤᠨ ᠳᠤ ᠵᠠᠰᠠᠪᠤᠷᠢ   ᠤᠷᠤᠭᠤᠯᠤᠬᠰᠠᠨ︶᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠣᠯᠢ   ᠬᠡᠷᠡᠭᠵᠢᠬᠦᠯᠬᠦ ᠭᠡᠷᠡᠴᠢ ᠪᠢᠴᠢᠭ ᠤᠨ ᠬᠠᠮᠢᠶᠠᠷᠣᠯᠳᠠ ᠶᠢᠨ ᠠᠷᠭ᠎ᠠ︾ ︵2015 ᠤᠨ  ᠳᠤ ᠵᠠᠰᠠᠪᠤᠷᠢ ᠤᠷᠤᠭᠤᠯᠤᠬᠰᠠᠨ︶   ᠶᠢ ᠦᠨᠳᠤᠰᠣᠯᠡᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠣᠯᠢ   ᠬᠡᠷᠡᠭᠵᠢᠬᠦᠯᠬᠦ ᠠᠯᠪᠠᠨ ᠭᠡᠷ ᠠᠴᠠ ︽ᠲᠦᠮᠡᠨ ᠨᠡᠷᠡᠰ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢ ᠰᠣᠩᠭᠤᠵᠤ ᠤᠷᠢᠬᠤ ᠠᠵᠢᠯ ᠤᠨ ᠲᠦᠰᠣᠯ︾ ︵  ᠳᠤᠤᠷ᠎ᠡ ᠲᠦᠰᠣᠯ ᠭᠡᠵᠤ ᠲᠦᠬᠦᠮᠴᠢᠯᠡᠨ᠎ᠠ︶   ᠢ ᠳᠠᠷᠣᠮᠠᠯᠯᠠᠨ ᠳᠡᠷᠬᠠᠭᠠᠵᠤ᠂ 2017 ᠤᠨ ᠳᠤ ᠪᠦᠬᠦ ᠦᠪᠡᠷᠳᠡᠭᠡᠨ ᠵᠠᠰᠠᠬᠤ ᠤᠷᠤᠨ ᠤ 103 ᠬᠤᠰᠢᠭᠤ ᠰᠢᠶᠠᠨ   ᠳᠤᠭᠤᠷᠢᠭ ᠤᠨ ᠵᠠᠰᠠᠭ ᠵᠠᠬᠢᠷᠭᠠᠨ ᠤ ᠬᠠᠷᠢᠴᠠᠩᠭᠤᠢ ᠬᠦᠮᠣᠨ ᠤ ᠳᠤᠮᠳᠠ ᠠᠴᠠ ︽ᠲᠦᠮᠡᠨ ᠨᠡᠷᠡᠰ ᠵᠠᠰᠠᠭ ᠵᠠᠬᠢᠷᠭᠠᠨ ᠤ   ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ︾ ᠶᠢ ᠰᠣᠩᠭᠤᠵᠤ ᠤᠷᠢᠬᠤ ᠪᠠᠷ ᠳᠤᠬᠳᠠᠭᠠᠪᠠ᠃   ᠳᠤᠰ ︽ᠲᠦᠰᠣᠯ︾   ᠤᠨ ᠱᠠᠭᠠᠷᠳᠠᠯᠭ᠎ᠠ ᠪᠠᠷ᠂ ᠤᠳᠤ ᠵᠠᠯᠠᠶᠢᠳ ᠬᠤᠰᠢᠭᠤ ᠶᠢᠨ ᠠᠷᠡᠳ ᠤᠨ ᠵᠠᠰᠠᠭ ᠤᠨ ᠤᠷᠳᠤᠨ ᠤ   ᠠᠯᠪᠠᠨ ᠭᠡᠷ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢ ᠰᠣᠩᠭᠤᠵᠤ   ᠤᠷᠢᠬᠤ ᠬᠤᠯᠪᠤᠬᠳᠠᠯ ᠪᠦᠬᠦᠢ ᠶᠠᠪᠤᠳᠠᠯ  ᠤᠳ ᠤᠨ ᠠᠯᠪᠠᠨ ᠵᠠᠷ ᠳᠤᠤᠷᠡᠬᠢ ᠮᠡᠳᠤ᠄             ᠨᠢᠭᠡ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢᠨ   ᠪᠦᠷᠢᠯᠳᠤᠬᠦᠯᠪᠡᠰᠣ ᠵᠤᠬᠢᠬᠤ ᠨᠦᠬᠦᠴᠡᠯ             ︵ᠨᠢᠭᠡ︶   ᠦᠨᠳᠤᠰᠣᠨ ᠬᠠᠣᠯᠢ ᠶᠢ ᠬᠦᠷᠢᠶᠡᠯᠡᠵᠤ᠂ ᠬᠠᠣᠯᠢ ᠴᠠᠭᠠᠵᠠ ᠶᠢ ᠵᠢᠷᠣᠮᠯᠡᠵᠤ᠂ ᠨᠡᠯᠢᠶᠡᠳ ᠦᠨᠳᠤᠷ   ᠲᠦᠷᠣ ᠶᠢᠨ ᠪᠤᠳᠤᠯᠭ᠎ᠠ ᠶᠢᠨ ᠤᠨᠤᠯ ᠤᠨ ᠬᠢᠷᠢ ᠲᠦᠪᠰᠢᠨ ᠪᠤᠯᠤᠨ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠳᠤ   ᠰᠡᠳᠬᠢᠯᠭᠡ ᠲᠠᠢ  ︔             ︵  ᠬᠤᠶᠠᠷ︶   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠤᠯᠪᠤᠬᠳᠠᠯ ᠪᠦᠬᠦᠢ ᠬᠠᠣᠯᠢ ᠴᠠᠭᠠᠵᠠ ᠪᠤᠯᠤᠨ   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠴᠣᠪᠣᠷᠡᠯ ᠢ ᠮᠡᠳᠡᠬᠦ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠠᠯᠳᠠ   ᠳᠠᠯᠪᠢᠬᠤ ᠠᠵᠢᠯ ᠢ ᠬᠠᠯᠠᠭᠤᠨ ᠢᠶᠠᠷ ᠳᠡᠮᠵᠢᠬᠦ︔               ︵ᠭᠤᠷᠪᠠ︶ ᠵᠠᠩ ᠰᠣᠷᠳᠠᠯ ᠲᠦᠪ᠂ ᠤᠪᠤᠷ ᠰᠣᠷᠳᠠᠯ ᠨᠢ ᠲᠦᠪ ᠴᠢᠭᠴᠦ᠂   ᠵᠠᠷᠴᠢᠮ ᠢ   ᠵᠤᠷᠢᠬᠳᠠᠢ ᠪᠠᠷ   ᠪᠠᠷᠢᠮᠳᠠᠯᠠᠬᠤ᠂   ᠨᠡᠯᠢᠶᠡᠳ ᠴᠢᠩᠭ᠎ᠠ ᠠᠵᠢᠯ ᠤᠨ   ᠬᠠᠷᠢᠭᠤᠴᠠᠯᠭᠠᠳᠤ ᠰᠡᠳᠬᠢᠯᠭᠡ ᠲᠠᠢ︔             ︵ᠲᠦᠷᠪᠡ︶ ᠪᠡᠶ᠎ᠡ ᠴᠢᠬᠢᠷᠠᠭ᠂   ᠠᠵᠢᠯ ᠢᠶᠠᠨ ᠡᠬᠦᠷᠭᠡᠯᠡᠵᠤ ᠳᠡᠶᠢᠯᠬᠦ︔             ︵ᠳᠠᠪᠤ︶ ᠡᠷᠡᠬᠦᠣ ᠶᠢᠨ ᠰᠢᠢᠳᠭᠡᠯ ᠪᠤᠶᠤ ᠠᠮᠤᠷ ᠢ ᠬᠠᠮᠠᠭᠠᠯᠠᠬᠤ ᠬᠠᠮᠢᠶᠠᠷᠣᠯᠳᠠ ᠶᠢᠨ ᠬᠠᠣᠯᠢ ᠴᠠᠭᠠᠵᠠ ᠶᠢ   ᠵᠦᠷᠢᠴᠡᠵᠤ ᠵᠠᠰᠠᠭ ᠵᠠᠬᠢᠷᠭᠠᠨ ᠤ ᠰᠢᠢᠳᠭᠡᠯ ᠢ ᠤᠯᠤᠬᠰᠠᠨ ᠳᠡᠮᠳᠡᠭᠯᠡᠯ ᠪᠠᠶᠢᠬᠤ ᠦᠭᠡᠢ︔             ︵  ᠵᠢᠷᠭᠤᠭ᠎ᠠ︶   ᠪᠤᠰᠣᠳ ᠪᠦᠷᠢᠯᠳᠤᠬᠦᠯᠪᠡᠰᠣ ᠵᠤᠬᠢᠬᠤ ᠨᠦᠬᠦᠴᠡᠯ               ᠬᠤᠶᠠᠷ᠂   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢᠨ   ᠳᠤᠰᠢᠶᠠᠯ ᠬᠠᠷᠢᠭᠤᠴᠠᠯᠭ᠎ᠠ             ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ︽ᠵᠠᠰᠠᠭ ᠵᠠᠬᠢᠷᠭᠠᠨ  ᠤ   ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ   ᠶᠢᠨ ᠦᠨᠡᠮᠯᠡᠯ︾ ᠪᠠᠷᠢᠵᠤ᠂ ᠬᠤᠰᠢᠭᠤᠨ ᠤ ᠬᠠᠣᠯᠢ   ᠲᠦᠷᠢᠮ ᠤᠨ ᠠᠯᠪᠠᠨ ᠭᠡᠷ ᠢ ᠬᠠᠪᠰᠣᠷᠣᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠤ ᠠᠵᠢᠯ ᠢ   ᠦᠷᠨᠢᠬᠦᠯᠣᠨ᠎ᠠ︔             ︵  ᠨᠢᠭᠡ︶   ᠬᠢᠨᠠᠯᠳᠠ ᠳᠠᠯᠪᠢᠬᠤ ᠤᠷᠤᠨ ᠳᠤᠭᠤᠷᠢᠭ ᠤᠨ ᠬᠦᠷᠢᠶ᠎ᠠ ᠬᠡᠪᠴᠢᠶᠡᠨ ᠤ ᠶᠣᠰᠣᠭᠠᠷ᠂   ᠬᠤᠰᠢᠭᠤᠨ ᠤ   ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ᠲᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠳᠤᠮᠳᠠ   ᠤᠷᠤᠰᠢᠵᠤ ᠪᠠᠶᠢᠭ᠎ᠠ ᠬᠠᠣᠯᠢ ᠶᠢ ᠵᠦᠷᠢᠴᠡᠵᠤ ᠪᠠᠶᠢᠭ᠎ᠠ ᠠᠵᠢᠯᠯᠠᠭ᠎ᠠ ᠶᠢ ᠳᠤᠰᠬᠠᠨ᠎ᠠ︔               ︵  ᠬᠤᠶᠠᠷ︶ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ᠲᠤ ᠵᠠᠰᠠᠭ ᠵᠠᠬᠢᠷᠭᠠᠨ   ᠤ ᠬᠠᠣᠯᠢ ᠬᠡᠷᠡᠭᠵᠢᠬᠦᠯᠬᠦ   ᠠᠵᠢᠯ   ᠢ ᠴᠢᠩᠭᠠᠳᠬᠠᠨ ᠰᠠᠶᠢᠵᠢᠷᠡᠭᠤᠯᠬᠤ ᠰᠠᠨᠠᠯ ᠰᠠᠨᠠᠭᠤᠯᠭ᠎ᠠ ᠶᠢ ᠳᠤᠷᠡᠳᠤᠨ ᠭᠠᠷᠭᠠᠨ᠎ᠠ︔             ︵  ᠭᠤᠷᠪᠠ︶   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠤ ᠪᠤᠰᠣᠳ ᠠᠵᠢᠯᠯᠠᠭ᠎ᠠ ᠳᠤ   ᠤᠷᠤᠯᠴᠠᠨ᠎ᠠ᠃             ᠭᠤᠷᠪᠠ᠂   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ ᠠᠵᠢᠯ   ᠤᠨ ᠰᠠᠬᠢᠯᠭ᠎ᠠ ᠪᠠᠳᠤ             ︵  ᠨᠢᠭᠡ︶   ᠤᠯᠤᠰ ᠤᠨ ᠨᠢᠭᠤᠴᠠ᠂   ᠠᠵᠢᠯ ᠨᠢᠭᠤᠴᠠ ᠵᠢᠴᠢ   ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ   ᠳᠤ ᠪᠤᠯᠤᠬᠰᠠᠨ ᠡᠵᠡᠮᠰᠢᠭᠰᠡᠨ ᠬᠤᠳᠠᠯᠳᠤᠭᠠᠨ ᠤ ᠨᠢᠭᠤᠴᠠ ᠪᠤᠯᠤᠨ ᠬᠤᠪᠢ ᠶᠢᠨ ᠨᠢᠭᠤᠴᠠ ᠶᠢ ᠬᠠᠮᠠᠭᠠᠯᠠᠨ᠎ᠠ︔             ︵  ᠬᠤᠶᠠᠷ︶   ᠡᠷᠬᠡ ᠪᠠᠨ ᠠᠰᠢᠬᠯᠠᠨ ᠠᠮᠢ ᠪᠠᠨ ᠪᠤᠷᠳᠤᠵᠤ ᠪᠤᠯᠬᠤ ᠦᠭᠡᠢ ᠮᠦᠷᠳᠡᠭᠡᠨ ᠵᠠᠰᠠᠭ ᠵᠠᠬᠢᠷᠭᠠᠨ  ᠤ   ᠪᠠᠶᠢᠭᠤᠯᠣᠯᠭ᠎ᠠ ᠶᠢᠨ ᠶᠡᠷᠣ ᠶᠢᠨ ᠠᠯᠪᠠᠨ ᠠᠵᠢᠯᠯᠠᠭ᠎ᠠ ᠶᠢ ᠬᠠᠷᠰᠢᠯᠠᠵᠤ ᠪᠤᠯᠬᠤ ᠦᠭᠡᠢ᠂ ᠵᠠᠰᠠᠭ ᠵᠠᠬᠢᠷᠭᠠᠨ ᠤ   ᠬᠠᠷᠢᠴᠠᠩᠭᠤᠢ ᠬᠦᠮᠤᠰ ᠤᠨ ᠬᠠᠣᠯᠢ ᠶᠤᠰᠣᠨ ᠤ ᠡᠷᠬᠡ ᠠᠰᠢᠭ ᠢ ᠬᠤᠬᠢᠷᠡᠭᠤᠯᠵᠤ ᠪᠤᠯᠬᠤ ᠦᠭᠡᠢ︔               ︵  ᠭᠤᠷᠪᠠ︶ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ   ᠨᠡᠷ᠎ᠡ ᠪᠠᠷ ᠡᠬᠦᠷᠭᠡ ᠬᠠᠷᠢᠭᠤᠴᠠᠯᠭ᠎ᠠ ᠬᠦᠢᠴᠡᠳᠭᠡᠬᠦ ᠳᠤ ᠬᠠᠮᠢᠶ᠎ᠠ ᠦᠭᠡᠢ ᠨᠡᠶᠢᠭᠡᠮ ᠤᠨ ᠠᠵᠢᠯᠯᠠᠭ᠎ᠠ ᠳᠤ ᠤᠷᠤᠯᠴᠠᠵᠤ   ᠪᠤᠯᠬᠤ ᠦᠭᠡᠢ︔             ︵  ᠲᠦᠷᠪᠡ︶   ︽ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ  ᠶᠢᠨ   ᠦᠨᠡᠮᠯᠡᠯ  ︾ ᠢ ᠵᠦᠪ ᠢᠶᠠᠷ ᠬᠡᠷᠡᠭᠯᠡᠵᠤ᠂ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠠᠯᠳᠠ ᠳᠠᠯᠪᠢᠬᠤ ᠪᠤᠰᠣ   ᠠᠵᠢᠯᠯᠠᠭ᠎ᠠ ᠳᠤ ᠪᠤᠰᠣᠳ ᠲᠤ ᠵᠢᠭᠡᠯᠡᠬᠦᠯᠤᠨ ᠬᠡᠷᠡᠭᠯᠡᠬᠦᠯᠵᠤ ᠪᠤᠯᠬᠤ ᠦᠭᠡᠢ︔             ︵  ᠳᠠᠪᠤ︶   ᠬᠠᠣᠯᠢ ᠴᠠᠭᠠᠴᠠ ᠬᠠᠣᠯᠢ ᠲᠦᠷᠢᠮ ᠳᠤ ᠳᠤᠬᠳᠠᠭᠠᠬᠰᠠᠨ ᠪᠤᠰᠣᠳ ᠬᠤᠷᠢᠬᠯᠠᠯᠳᠠ ᠶᠢᠨ ᠴᠢᠨᠠᠷ  ᠲᠠᠢ   ᠵᠦᠢᠯ ᠵᠤᠷᠪᠤᠰ᠃             ᠲᠦᠷᠪᠡ᠂   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ   ᠠᠵᠢᠯ   ᠤᠨ ᠠᠷᠭ᠎ᠠ ᠮᠠᠶ᠋ᠢᠭ ᠵᠢᠴᠢ ᠪᠠᠳᠤᠯᠠᠭ᠎ᠠ             ︵  ᠨᠢᠭᠡ︶   ᠠᠵᠢᠯ ᠤᠨ ᠠᠷᠭ᠎ᠠ ᠮᠠᠶ᠋ᠢᠭ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ ᠳᠠᠷᠡᠬᠠᠢ ᠠᠵᠢᠯ ᠪᠠ   ᠲᠦᠪᠯᠡᠷᠡᠭᠰᠡᠨ ᠠᠵᠢᠯ ᠢ ᠤᠶᠠᠯᠳᠤᠭᠤᠯᠬᠤ ᠠᠷᠭ᠎ᠠ ᠶᠢ ᠠᠪᠴᠣ᠂ ᠠᠵᠢᠯ ᠤᠨ ᠰᠢᠨᠵᠢ ᠴᠢᠨᠠᠷ ᠨᠢ ᠠᠯᠪᠠᠨ ᠵᠢᠷᠣᠮ ᠤᠨ   ᠬᠢᠨᠠᠯᠳᠠ ᠳᠠᠯᠪᠢᠬᠤ᠂ ᠠᠵᠢᠯ ᠤᠨ ᠬᠦᠯᠣᠰᠣ ᠤᠯᠭᠤᠮᠵᠢ ᠦᠭᠡᠢ᠂ ᠠᠵᠢᠯ ᠤᠨ ᠠᠷᠭ᠎ᠠ ᠮᠠᠶ᠋ᠢᠭ ᠨᠢ ᠳᠤᠤᠷᠡᠬᠢ ᠮᠡᠳᠤ᠄             1. ᠬᠢᠨᠠᠯᠳᠠ ᠳᠠᠯᠪᠢᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠦᠶᠡᠰ ᠲᠤ᠂ ᠡ᠊ᠡᠭ ᠳᠡᠷᠢᠬᠦᠨ ᠳᠤ ︽ ᠵᠠᠰᠠᠭ   ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ   ᠦᠨᠡᠮᠯᠡᠯ  ︾   ᠢᠶᠠᠨ ᠭᠠᠷᠭᠠᠵᠤ   ᠪᠡᠶ᠎ᠡ   ᠪᠠᠨ ᠢᠯᠡᠷᠬᠡᠶᠢᠯᠡᠵᠤ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠵᠢᠴᠢ ᠬᠠᠣᠯᠢ ᠬᠡᠷᠡᠭᠵᠢᠬᠦᠯᠬᠦ ᠬᠦᠮᠤᠰ ᠬᠠᠣᠯᠢ   ᠬᠡᠷᠡᠭᠵᠢᠬᠦᠯᠬᠦ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠤᠯᠤᠨ ᠪᠤᠳᠠᠳᠠᠢ ᠶᠠᠪᠤᠳᠠᠯ ᠤᠳ ᠢ ᠨᠠᠷᠢᠨ ᠪᠤᠳᠠᠳᠠᠢ ᠳᠡᠮᠳᠡᠭᠯᠡᠬᠦ   ᠶᠢᠨ ᠬᠠᠮᠳᠤ᠂   ᠦᠨᠡᠮᠨᠡᠯ ᠳᠠᠷᠬᠠᠭᠠᠬᠰᠠᠨ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ   ᠲᠤ ᠮᠡᠳᠡᠬᠦᠯᠤᠯᠳᠠ ᠬᠢᠨ᠎ᠠ︔             2. ᠬᠢᠨᠠᠯᠳᠠ ᠳᠠᠯᠪᠢᠬᠴᠢ ᠶᠢᠨ ᠳᠤᠰᠬᠠᠬᠰᠠᠨ ᠠᠰᠠᠭᠤᠳᠠᠯ ᠢ᠂   ᠬᠤᠰᠢᠭᠤᠨ ᠤ ᠵᠠᠰᠠᠭ ᠤᠨ ᠤᠷᠳᠤᠨ ᠤ ᠬᠠᠣᠯᠢ   ᠲᠦᠷᠢᠮ ᠤᠨ ᠠᠯᠪᠠᠨ ᠭᠡᠷ ᠤᠨ ᠬᠠᠷᠢᠶ᠎ᠠ ᠶᠢᠨ ᠬᠦᠷᠢᠶ᠎ᠠ ᠬᠡᠪᠴᠢᠶᠠᠨ ᠤ ᠪᠤᠯ᠂ ᠬᠠᠣᠯᠢ ᠲᠦᠷᠢᠮ ᠤᠨ ᠠᠯᠪᠠᠨ ᠭᠡᠷ   ︽  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠠᠯᠳᠠ ᠳᠠᠯᠪᠢᠬᠤ   ᠲᠦᠷᠢᠮ︾ ︵2009 ᠤᠨ ᠳᠤ ᠵᠠᠰᠠᠪᠤᠷᠢ ᠤᠷᠤᠭᠤᠯᠤᠬᠰᠠᠨ︶   ᠤᠨ ᠬᠤᠯᠪᠤᠬᠳᠠᠯ ᠪᠦᠬᠦᠢ ᠳᠤᠬᠳᠠᠭᠠᠯ ᠶᠣᠰᠣᠭᠠᠷ   ᠬᠠᠣᠯᠢ ᠶᠤᠰᠣᠭᠠᠷ ᠰᠢᠢᠳᠪᠤᠷᠢᠯᠡᠵᠤ᠂   ᠰᠢᠢᠳᠪᠤᠷᠢᠯᠡᠭᠰᠡᠨ ᠦᠷ᠎ᠠ ᠳ᠋ᠦᠡᠭ ᠢᠶᠠᠨ ᠬᠢᠨᠠᠯᠳᠠ ᠳᠠᠯᠪᠢᠬᠴᠢ ᠳᠤ ᠪᠤᠴᠠᠯᠳᠠ   ᠦᠭᠬᠦᠨ᠎ᠠ︔   ᠬᠠᠷᠢᠶ᠎ᠠ ᠶᠢᠨ ᠬᠦᠷᠢᠶ᠎ᠠ ᠬᠡᠪᠴᠢᠶᠠᠨ ᠤ   ᠪᠢᠰᠢ ᠪᠤᠯ᠂ ᠴᠠᠭ ᠳᠤᠬᠠᠢ ᠳᠤᠨᠢ ᠳᠡᠬᠦᠨ ᠢ ᠰᠢᠢᠳᠪᠤᠷᠢᠯᠡᠬᠦ   ᠠᠷᠭ᠎ᠠ ᠵᠠᠮ ᠢ ᠮᠡᠳᠡᠭᠳᠡᠨ᠎ᠠ  ᠃               ︵  ᠬᠤᠶᠠᠷ︶   ᠪᠠᠳᠤᠯᠠᠭ᠎ᠠ             1. ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠪᠠᠶᠢᠭᠤᠯᠤᠯᠭ᠎ᠠ ᠵᠢᠴᠢ ᠳᠡᠬᠦᠨ ᠤ ᠵᠠᠰᠠᠭ ᠵᠠᠬᠢᠷᠭᠠᠨ  ᠤ   ᠬᠠᠣᠯᠢ ᠬᠡᠷᠡᠭᠵᠢᠬᠦᠯᠦᠭᠴᠢ   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ   ᠶᠢᠨ   ᠠᠵᠢᠯ ᠢ ᠳᠡᠮᠵᠢᠨ ᠬᠠᠮᠵᠢᠯᠴᠠᠪᠡᠯ ᠵᠤᠬᠢᠨ᠎ᠠ  ᠂ ᠶᠠᠮᠠᠷ ᠴᠣ᠋ ᠬᠦᠮᠣᠨ ᠬᠠᠷᠰᠢᠯᠠᠨ ᠰᠠᠭᠠᠳᠠᠭᠠᠵᠤ ᠪᠤᠯᠬᠤ ᠦᠭᠡᠢ᠂   ᠬᠤᠳᠠᠯ   ᠬᠡᠯᠡᠵᠤ ᠬᠤᠯᠤ ᠳᠠᠷᠢᠵᠤ ᠪᠤᠯᠬᠤ ᠦᠭᠡᠢ᠂   ᠰᠢᠯᠳᠠᠬᠯᠠᠵᠤ ᠲᠦᠯᠬᠢᠯᠴᠡᠵᠤ ᠪᠤᠯᠬᠤ ᠦᠭᠡᠢ᠂ ᠴᠣᠬᠢᠯᠳᠠ ᠦᠭᠴᠣ ᠦᠰᠢᠶ᠎ᠡ   ᠠᠪᠴᠣ ᠪᠤᠯᠬᠤ ᠦᠭᠡᠢ᠃   ᠶᠠᠮᠠᠷ ᠴᠣ᠋ ᠬᠦᠮᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠳᠤ ᠴᠣᠬᠢᠯᠳᠠ ᠦᠭᠴᠣ ᠦᠰᠢᠶ᠎ᠡ ᠠᠪᠬᠤ ᠪᠤᠶᠤ ᠬᠦᠮᠤᠨ ᠤ ᠪᠡᠶ᠎ᠡ ᠡᠳ᠋ ᠬᠦᠷᠣᠩᠭᠡ ᠶᠢᠨ ᠬᠤᠬᠢᠷᠡᠯ   ᠪᠤᠯᠭᠠᠬᠰᠠᠨ ᠢ᠂   ᠬᠠᠣᠯᠢ ᠶᠣᠰᠣᠭᠠᠷ ᠳᠡᠬᠦᠨ ᠤ ᠬᠠᠣᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠃             2. ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠳᠤ ᠶᠠᠮᠠᠷ ᠴᠣ᠋   ᠪᠠᠶᠢᠭᠤᠯᠤᠯᠭ᠎ᠠ ᠪᠤᠶᠤ ᠬᠤᠪᠢ ᠬᠦᠮᠤᠨ ᠢᠶᠠᠷ ᠢᠶᠠᠨ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ   ᠭᠡᠷ ᠲᠤ ᠵᠠᠭᠠᠯᠳᠤᠵᠤ ᠢᠯᠡᠴᠢᠯᠡᠨ ᠮᠡᠳᠡᠬᠦᠯᠵᠤ ᠪᠤᠯᠤᠨ᠎ᠠ᠃              3. ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ︽ᠬᠡᠨ ᠰᠣᠩᠭᠤᠵᠤ ᠤᠷᠢᠪᠠᠯ᠂   ᠬᠡᠨ ᠬᠠᠮᠢᠶᠠᠷᠬᠤ︾ ᠵᠠᠷᠴᠢᠮ ᠶᠤᠰᠣᠭᠠᠷ᠂   ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ   ᠳᠠᠯᠪᠢᠬᠴᠢ ᠲᠠᠢ ᠡᠳᠤᠷ ᠲᠤᠳᠤᠮ ᠤᠨ ᠬᠤᠯᠪᠤᠭ᠎ᠠ ᠠᠪᠬᠤ᠂ ᠵᠤᠬᠢᠶᠠᠨ ᠪᠠᠶᠢᠭᠤᠯᠬᠤ ᠪᠤᠯᠤᠨ ᠵᠤᠬᠢᠴᠠᠭᠤᠯᠬᠤ ᠠᠵᠢᠯ ᠢ   ᠬᠠᠷᠢᠭᠤᠴᠠᠨ᠎ᠠ᠃             ᠳᠠᠪᠤ᠂   ᠰᠣᠩᠭᠤᠵᠤ ᠤᠷᠢᠬᠤ ᠳᠡᠰ ᠳᠠᠷᠠᠭ᠎ᠠ            ︵  ᠨᠢᠭᠡ︶   ᠮᠡᠳᠡᠬᠦᠯᠬᠦ   ᠳᠤᠰ ᠠᠯᠪᠠᠨ ᠵᠠᠷ ᠤᠨ ᠱᠠᠭᠠᠷᠳᠠᠯᠭ᠎ᠠ ᠶᠢᠨ ᠶᠣᠰᠣᠭᠠᠷ᠂ ᠨᠦᠬᠦᠴᠡᠯ ᠳᠤ ᠳᠤᠬᠢᠷᠡᠬᠤ ᠤᠷᠢᠬᠤ ᠳᠤ ᠤᠷᠤᠯᠴᠠᠬᠤ ᠬᠦᠮᠤᠰ   ︽ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ ᠳᠠᠩᠰᠠᠯᠠᠬᠤ ᠬᠦᠰᠦᠨᠦᠭ︾ ︵ᠵᠠᠯᠠᠶᠢᠳ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠰᠦᠯᠵᠢᠶᠡᠨ ᠦᠷᠳᠡᠭᠡ   ᠠᠴᠠ ᠪᠠᠭᠤᠯᠭᠠᠨ ᠠᠪᠴᠣ   ᠪᠣᠯᠣᠨ᠎ᠠ᠂ ᠰᠦᠯᠵᠢᠶᠡᠨ ᠬᠠᠶ᠋ᠢᠭ᠄ http://www.zltq.gov.cn/︶ ᠳᠠᠬᠯᠠᠨ᠎ᠠ᠂   ᠦᠪᠡᠷ ᠤᠨ ᠤᠶᠢᠷ᠎ᠠ ᠶᠢᠨ   ᠬᠤᠭᠤᠴᠠᠭᠠᠨ ᠤ ᠮᠠᠯᠠᠭᠠᠢ ᠦᠭᠡᠢ ᠬᠦᠬᠡ ᠳᠡᠪᠢᠰᠭᠡᠷ ᠲᠠᠢ ᠨᠢᠭᠡ ᠢᠮᠡᠬᠤ ᠶᠢᠨ 2 ᠰᠡᠬᠦᠳᠡᠷ ᠲᠠᠢ ᠬᠠᠮᠳᠤ 2017 ᠤᠨ   ᠤ 7 ᠰᠠᠷ᠎ᠡ ᠶᠢᠨ 15 ᠤ ᠡᠳᠤᠷ ᠠᠴᠠ ᠡᠮᠤᠨ᠎ᠠ ᠰᠠᠭᠤᠭ᠎ᠠ ᠰᠢᠶᠠᠩ ᠪᠠᠯᠭᠠᠰᠣ᠂   ᠨᠡᠶᠢᠭᠡᠮ ᠳᠤᠭᠤᠷᠢᠭ᠂   ᠨᠢᠭᠡᠴᠡ᠂   ᠠᠵᠤ ᠠᠬᠤᠶᠢᠯᠠᠯ ᠵᠡᠷᠭᠡ ᠳᠤ ᠮᠡᠳᠡᠬᠦᠯᠵᠤ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠬᠤᠷᠢᠶᠠᠩᠭᠤᠶᠢᠯᠠᠬᠰᠠᠨ ᠤ ᠳᠠᠷᠠᠭ᠎ᠠ   ᠨᠢᠭᠡᠳᠤᠯᠳᠠᠢ   ᠪᠠᠷ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ᠲᠤ ᠳᠤᠰᠢᠶᠠᠨ   ᠦᠭᠬᠦᠨ᠎ᠠ᠃   ︵  ᠨᠠᠮ ᠵᠠᠰᠠᠭ ᠤᠨ ᠳᠤᠮᠤ ᠠᠰᠠᠷ ᠤᠨ 210 ᠠᠯᠪᠠᠨ ᠭᠡᠷ  ᠂   ᠤᠳᠠᠰᠣ᠄ 0482-6736537᠂   ᠰᠢᠤᠳᠠᠨ ᠬᠠᠶᠢᠷᠴᠠᠭ᠄ zqzffzb@126.com︶ ᠪᠤᠯᠤᠨ᠎ᠠ᠃              ︵  ᠬᠤᠶᠠᠷ︶ ᠬᠢᠨᠠᠨ ᠬᠠᠷᠭᠤᠭᠤᠯᠬᠤ   ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ᠰᠣᠩᠭᠤᠵᠤ ᠤᠷᠢᠬᠤ ᠨᠦᠬᠦᠴᠡᠯ ᠪᠤᠯᠤᠨ   ᠱᠠᠭᠠᠷᠳᠠᠯᠭ᠎ᠠ ᠶᠢ ᠦᠨᠳᠤᠰᠣᠯᠡᠨ᠂  2017 ᠤᠨ ᠤ 7 ᠰᠠᠷ᠎ᠡ ᠶᠢᠨ ※ ᠡᠳᠤᠷ ᠠᠴᠠ ᠡᠮᠤᠨ᠎ᠠ   ᠤᠷᠤᠯᠴᠠᠬᠤ ᠪᠠᠷ   ᠮᠡᠳᠡᠬᠦᠯᠦᠭᠰᠡᠨ ᠬᠦᠮᠤᠰ ᠲᠤ ᠬᠢᠷᠢ ᠭᠡᠮ ᠤᠨ ᠬᠢᠨᠠᠨ ᠬᠠᠷᠭᠤᠭᠤᠯᠤᠯᠳᠠ ᠬᠢᠨ᠎ᠠ᠃            ︵ᠭᠤᠷᠪᠠ︶ ᠨᠡᠶᠢᠳᠡᠯᠡᠬᠦ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ ᠬᠢᠨᠠᠨ ᠬᠠᠷᠭᠤᠭᠤᠯᠵᠤ ᠪᠠᠳᠤᠯᠠᠬᠰᠠᠨ ᠤᠷᠢᠬᠤ   ᠪᠠᠷ ᠵᠢᠱᠢᠭᠳᠡᠭᠴᠢ ᠶᠢ 2017 ᠤᠨ ᠤ 8 ᠰᠠᠷ᠎ᠡ ᠶᠢᠨ 1 ᠤ ᠡᠳᠤᠷ  ᠠᠴᠠ  2017 ᠤᠨ ᠤ 8 ᠰᠠᠷ᠎ᠡ ᠶᠢᠨ 10 ᠤ   ᠡᠳᠤᠷ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠵᠡᠷᠭᠡ ᠵᠠᠭᠤᠴᠢᠯᠠᠭᠤᠷ ᠳᠡᠭᠡᠷ᠎ᠡ  10 ᠡᠳᠤᠷ ᠤᠨ ᠬᠤᠭᠤᠴᠠᠭ᠎ᠠ   ᠲᠠᠢ ᠨᠡᠶᠢᠳᠡᠯᠡᠨ᠎ᠡ᠃               ︵ᠲᠦᠷᠪᠡ︶   ᠤᠷᠢᠨ ᠳᠤᠮᠢᠯᠠᠬᠤ   ᠨᠡᠶᠢᠳᠡᠯᠡᠭᠡᠳ ᠤᠷᠢᠬᠤ ᠪᠠᠷ ᠵᠢᠱᠢᠭᠳᠡᠭᠴᠢ ᠳᠤ ᠤᠨᠳᠤᠤ ᠰᠠᠨᠠᠯ ᠦᠭᠡᠢ ᠪᠤᠯ ᠬᠤᠰᠢᠭᠤᠨ ᠤ ᠵᠠᠰᠠᠭ ᠤᠨ ᠤᠷᠳᠤᠨ ᠤ   ᠬᠠᠣᠯᠢ ᠲᠦᠷᠢᠮ ᠤᠨ ᠠᠯᠪᠠᠨ ᠭᠡᠷ ᠠᠴᠠ ︽ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ   ᠳᠠᠯᠪᠢᠬᠴᠢ ᠶᠢᠨ   ᠦᠨᠡᠮᠯᠡᠯ  ︾   ᠤᠯᠭᠤᠨ᠎ᠠ᠃               ᠵᠢᠷᠭᠤᠭ᠎ᠠ᠂   ᠬᠢᠨᠠᠯᠳᠠ ᠳᠠᠯᠪᠢᠬᠴᠢ ᠶᠢ ᠤᠷᠢᠬᠤ ᠪᠠᠨ ᠪᠤᠯᠢᠬᠤ             ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠳᠤ ᠤᠷᠢᠬᠤ ᠲᠦᠷᠢᠮ ᠢ   ᠬᠡᠷᠡᠭᠵᠢᠬᠦᠯᠵᠤ᠂   ᠳᠤᠰᠢᠶᠠᠯ ᠤᠨ ᠬᠤᠭᠤᠴᠠᠭ᠎ᠠ ᠨᠢ 3 ᠵᠢᠯ᠃   ᠬᠤᠭᠤᠴᠠᠭ᠎ᠠ ᠲᠦᠬᠦᠷᠦᠭᠰᠡᠨ ᠤ ᠳᠠᠷᠠᠭ᠎ᠠ   ᠦᠷᠬᠦᠯᠵᠢᠯᠡᠨ ᠤᠷᠢᠬᠤ ᠴᠢᠬᠤᠯᠠᠳᠠᠢ ᠪᠤᠯ᠂ ᠬᠤᠯᠪᠤᠬᠳᠠᠯ ᠪᠦᠬᠦᠢ ᠱᠠᠭᠠᠷᠳᠠᠯᠭ᠎ᠠ ᠪᠤᠯᠤᠨ ᠳᠠᠰ ᠳᠠᠷᠠᠭ᠎ᠠ   ᠶᠢᠨ ᠶᠤᠰᠣᠭᠠᠷ   ᠰᠢᠢᠳᠪᠤᠷᠢᠯᠡᠨ᠎ᠠ᠃ ᠬᠤᠭᠤᠴᠠᠭ᠎ᠠ ᠳᠤᠯᠵᠤ ᠦᠷᠬᠦᠯᠵᠢᠯᠡᠨ ᠤᠷᠢᠬᠳᠠᠬᠰᠠᠨ ᠦᠭᠡᠢ ᠶᠢ ᠨᠢ ᠳᠠᠷᠣᠢ ᠦᠪᠡᠷ ᠢᠶᠠᠨ ᠤᠷᠢᠬᠤ   ᠪᠠᠨ ᠪᠤᠯᠢᠬᠤ ᠪᠤᠯᠤᠨ᠎ᠠ᠃   ᠳᠤᠤᠷᠡᠬᠢ ᠪᠠᠶᠢᠳᠠᠯ ᠤᠨ ᠨᠢᠭᠡ ᠨᠢ ᠪᠠᠶᠢᠪᠠᠯ ᠤᠷᠢᠳᠴᠢᠯᠠᠨ ᠤᠷᠢᠬᠤ ᠪᠠᠨ ᠪᠤᠯᠢᠬᠤ ᠪᠤᠯᠤᠨ᠎ᠠ  ᠄             ︵  ᠨᠢᠭᠡ︶ ᠡᠷᠡᠬᠦᠤ ᠶᠢᠨ ᠰᠢᠳᠭᠡᠯ ᠪᠤᠶᠤ ᠠᠮᠤᠷ ᠢ ᠬᠠᠮᠠᠭᠠᠯᠠᠬᠤ ᠬᠠᠮᠢᠶᠠᠷᠣᠯᠳᠠ ᠶᠢᠨ ᠬᠠᠣᠯᠢ ᠴᠠᠭᠠᠵᠠ ᠬᠠᠣᠯᠢ   ᠲᠦᠷᠢᠮ ᠢ ᠵᠦᠷᠢᠴᠡᠵᠤ ᠵᠠᠰᠠᠭ ᠵᠠᠬᠢᠷᠭᠠᠨ ᠤ ᠰᠢᠳᠭᠡᠯ ᠤᠯᠤᠬᠰᠠᠨ︔             ︵  ᠬᠤᠶᠠᠷ︶ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢᠨ ᠡᠬᠦᠷᠭᠡ   ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ︔             ︵  ᠭᠤᠷᠪᠠ︶ ᠬᠠᠤᠯᠢ ᠠᠴᠠ ᠵᠦᠷᠢᠴᠡᠵᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠤ ᠡᠷᠬᠡ   ᠪᠠᠨ ᠬᠡᠷᠡᠭᠵᠢᠬᠦᠯᠦᠭᠰᠡᠨ ᠪᠤᠶᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠵᠤ ᠬᠢᠨᠠᠯᠳᠠ ᠳᠠᠯᠪᠢᠬᠤ ᠡᠷᠬᠡ ᠪᠠᠨ ᠠᠰᠢᠬᠯᠠᠵᠤ   ᠬᠤᠪᠢ ᠶᠢᠨ ᠠᠰᠢᠭ ᠳᠤᠰᠠ ᠶᠢ ᠬᠦᠭᠡᠭᠡᠴᠡᠯᠳᠤᠭ᠍ᠰᠡᠨ︔           ︵  ᠲᠦᠷᠪᠡ︶ ᠠᠵᠢᠯ ᠤᠨ ᠳᠤᠬᠢᠷᠡᠭᠤᠯᠤᠯᠳᠠ᠂ ᠡᠷᠡᠬᠦᠯ ᠮᠡᠨᠳᠤ ᠳᠤ ᠪᠠᠶᠢᠳᠠᠯ ᠵᠡᠷᠭᠡ   ᠰᠢᠯᠳᠠᠭᠠᠨ ᠠᠴᠠ   ᠪᠤᠯᠤᠭᠠᠳ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢᠨ ᠡᠬᠦᠷᠭᠡ ᠶᠢ   ᠦᠷᠬᠦᠯᠵᠢᠯᠡᠨ ᠡᠬᠦᠷᠭᠡᠯᠡᠬᠦ ᠳᠤ ᠵᠤᠬᠢᠬᠤ ᠦᠭᠡᠢ︔             ︵  ᠳᠠᠪᠤ︶   ︽ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠶᠢᠨ   ᠦᠨᠡᠮᠯᠡᠯ  ︾ ᠢᠶᠠᠨ ᠰᠢᠯᠵᠢᠬᠦᠯᠤᠨ ᠵᠢᠭᠡᠯᠡᠬᠦᠯᠬᠦ ᠪᠤᠶᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠤ   ᠪᠤᠰᠣ ᠠᠵᠢᠯᠯᠠᠭ᠎ᠠ ᠳᠤ ᠬᠡᠷᠡᠭᠯᠡᠬᠦ︔               ︵  ᠵᠢᠷᠭᠤᠭ᠎ᠠ︶   ᠪᠤᠰᠣᠳ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ   ᠶᠢᠨ ᠡᠬᠦᠷᠭᠡ ᠶᠢ ᠦᠷᠬᠦᠯᠵᠢᠯᠡᠨ ᠡᠬᠦᠷᠭᠡᠯᠡᠬᠦ ᠳᠤ ᠵᠤᠬᠢᠬᠤ ᠦᠭᠡᠢ ᠪᠠᠶᠢᠳᠠᠯ   ᠤᠴᠢᠷ᠃               ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ ᠤᠷᠢᠬᠳᠠᠵᠤ ᠪᠠᠶᠢᠭ᠎ᠠ   ᠬᠤᠭᠤᠴᠠᠭᠠᠨ ᠳᠤᠳᠤᠷ᠎ᠡ ᠰᠠᠨᠠᠭᠠᠴᠢᠯᠠᠭ᠎ᠠ ᠠᠴᠠ ᠪᠠᠨ ᠳᠠᠬᠢᠨ ᠡᠬᠦᠷᠭᠡᠯᠡᠬᠦ ᠦᠭᠡᠢ ᠶᠢ ᠳᠤᠷᠡᠳᠤᠨ ᠭᠠᠷᠭᠠᠬᠰᠠᠨ ᠪᠠᠶᠢᠪᠠᠯ᠂   ᠦᠪᠡᠷ ᠢᠶᠠᠨ ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ   ᠲᠤ   ᠭᠤᠶᠤᠴᠢᠯᠡᠯ   ᠳᠤᠷᠡᠳᠤᠨ ᠭᠠᠷᠭᠠᠪᠠᠯ ᠵᠤᠬᠢᠨ᠎ᠠ᠃ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ  ᠤᠨ ᠬᠢᠨᠠᠯᠳᠠ ᠳᠠᠯᠪᠢᠬᠴᠢ   ᠤᠷᠢᠬᠳᠠᠵᠤ ᠪᠠᠶᠢᠭ᠎ᠠ ᠬᠤᠭᠤᠴᠠᠭᠠᠨ ᠳᠤᠳᠤᠷ᠎ᠡ ᠳᠤᠰᠢᠶᠠᠯ ᠠᠴᠠ ᠪᠠᠨ ᠪᠠᠭᠤᠬᠤ ᠪᠤᠶᠤ ᠤᠷᠢᠬᠳᠠᠬᠤ ᠪᠠᠨ ᠪᠤᠯᠢᠬᠤ ᠳᠤ᠂   ᠬᠤᠰᠢᠭᠤᠨ ᠤ ᠵᠠᠰᠠᠭ ᠤᠨ ᠤᠷᠳᠤᠨ ᠤ ᠬᠠᠣᠯᠢ ᠲᠦᠷᠢᠮ ᠤᠨ ᠠᠯᠪᠠᠨ ᠭᠡᠷ  ᠠᠴᠠ ᠠᠯᠪᠠᠨ ᠵᠠᠷ ᠢᠶᠠᠷ ᠮᠡᠳᠡᠭᠳᠡᠨ᠎ᠠ᠃             ᠳᠤᠯᠤᠭ᠎ᠠ᠂   ᠪᠤᠰᠣᠳ ᠶᠠᠪᠤᠳᠠᠯ             ︵  ᠨᠢᠭᠡ︶ ᠵᠠᠰᠠᠭ ᠵᠠᠬᠢᠷᠭᠠᠨ ᠤ ᠬᠠᠷᠢᠴᠠᠩᠭᠤᠢ ᠬᠦᠮᠤᠰ ᠢ ᠤᠷᠢᠵᠤ ᠵᠠᠰᠠᠭ ᠵᠠᠬᠢᠷᠭᠠᠨ ᠤ ᠬᠠᠣᠯᠢ   ᠬᠡᠷᠡᠭᠵᠢᠬᠦᠯᠬᠦ   ᠠᠯᠪᠠᠨ ᠵᠢᠷᠣᠮ ᠤᠨ ᠬᠢᠨᠠᠯᠳᠠ ᠳᠠᠯᠪᠢᠬᠴᠢ ᠪᠤᠯᠭᠠᠵᠤ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠠᠵᠢᠯ ᠳᠤ ᠬᠢᠨᠠᠯᠳᠠ   ᠳᠠᠯᠪᠢᠬᠤ ᠪᠤᠯ᠂ ᠵᠠᠰᠠᠭ ᠵᠠᠬᠢᠷᠭᠠᠨ ᠤ ᠬᠠᠣᠯᠢ   ᠬᠡᠷᠡᠭᠵᠢᠬᠦᠯᠬᠦ   ᠠᠵᠢᠯᠯᠠᠭᠠᠨ ᠢ ᠲᠦᠷᠢᠮᠵᠢᠬᠦᠯᠵᠤ᠂   ᠵᠠᠰᠠᠭ ᠵᠠᠬᠢᠷᠭᠠᠨ ᠤ   ᠬᠠᠣᠯᠢ ᠬᠡᠷᠡᠭᠵᠢᠬᠦᠯᠬᠦ ᠠᠵᠢᠯ ᠳᠤ ᠬᠢᠨᠠᠯᠳᠠ ᠳᠠᠯᠪᠢᠬᠤ ᠶᠢ ᠴᠢᠩᠭᠠᠳᠬᠠᠬᠤ ᠴᠢᠬᠤᠯᠠ ᠠᠷᠭ᠎ᠠ ᠪᠠᠷᠢᠯ ᠪᠤᠯᠤᠨ᠎ᠠ᠃ ᠡᠯ᠎ᠠ   ᠭᠠᠵᠠᠷ ᠡᠯ᠎ᠠ ᠰᠠᠯᠠᠭ᠎ᠠ ᠮᠦᠴᠢᠷ ᠳᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠦᠷᠭᠡᠨ ᠳᠡᠯᠭᠡᠷ ᠢᠶᠠᠷ ᠤᠬᠠᠭᠤᠯᠤᠨ᠂ ᠨᠡᠶᠢᠭᠡᠮ   ᠦᠷᠭᠡᠨ ᠢᠶᠠᠷ ᠤᠶᠢᠯᠠᠭᠠᠵᠤ᠂   ᠰᠠᠶᠢᠨ ᠳᠤᠷ᠎ᠡ ᠠᠴᠠ ᠪᠠᠨ᠂   ᠰᠠᠨᠠᠭᠠᠴᠢᠯᠠᠭ᠎ᠠ ᠠᠴᠠ ᠪᠠᠨ ︽ᠵᠠᠰᠠᠭ ᠵᠠᠬᠢᠷᠭᠠᠨ ᠤ ᠬᠠᠣᠯᠢ   ᠬᠡᠷᠡᠭᠵᠢᠬᠦᠯᠬᠦ ᠠᠯᠪᠠᠨ ᠵᠢᠷᠣᠮ ᠤᠨ ᠬᠢᠨᠠᠯᠳᠠ ᠳᠠᠯᠪᠢᠬᠴᠢ︾ ᠶᠢ ᠰᠣᠩᠭᠤᠵᠤ ᠤᠷᠢᠬᠤ ᠠᠵᠢᠯᠯᠠᠭ᠎ᠠ ᠳᠤ ᠤᠷᠤᠯᠴᠠᠬᠤ ᠶᠢᠨ   ᠬᠠᠮᠳᠤ᠂   ᠬᠠᠷᠢᠶ᠎ᠠ ᠳᠤᠭᠤᠷᠢᠭ ᠤᠨ ᠰᠣᠩᠭᠤᠵᠤ ᠤᠷᠢᠬᠤ ᠨᠦᠬᠦᠴᠡᠯ ᠳᠤ ᠵᠤᠬᠢᠴᠠᠬᠤ ᠪᠦᠭᠡᠳ ᠵᠠᠰᠠᠭ ᠵᠠᠬᠢᠷᠭᠠᠨ ᠤ   ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠤ ᠠᠵᠢᠯ ᠳᠤ ᠬᠠᠯᠠᠭᠤᠨ ᠰᠡᠳᠬᠢᠯ ᠲᠠᠢ ᠬᠦᠮᠤᠰ ᠢ ᠳᠠᠶᠢᠴᠢᠯᠠᠨ ᠵᠠᠰᠠᠭ   ᠵᠠᠬᠢᠷᠭᠠᠨ ᠤ ᠬᠠᠣᠯᠢ ᠬᠡᠷᠡᠭᠵᠢᠬᠦᠯᠬᠦ ᠠᠯᠪᠠᠨ ᠵᠢᠷᠣᠮ ᠤᠨ   ᠬᠢᠨᠠᠯᠳᠠ ᠳᠠᠯᠪᠢᠬᠴᠢ ᠶᠢᠨ ᠡ᠊ᠡᠭᠨᠡᠭᠡ ᠶᠢ ᠳᠡᠬᠦᠯᠳᠡᠷᠵᠢᠬᠦᠯᠤᠨ᠎ᠠ᠃               ︵  ᠬᠤᠶᠠᠷ︶   ᠰᠣᠩᠭᠤᠵᠤ ᠤᠷᠢᠬᠤ ᠬᠤᠭᠤᠴᠠᠭᠠᠨ ᠤ ᠬᠠᠮᠢᠶ᠎ᠠ ᠪᠦᠬᠦᠢ ᠠᠯᠪᠠᠨ ᠵᠠᠷ᠂ ᠨᠡᠶᠢᠳᠡ ᠳᠤ ᠵᠠᠷᠯᠠᠬᠤ   ᠮᠡᠳᠡᠭᠡ ᠵᠠᠩᠬᠢ ᠶᠢ ᠨᠡᠶᠢᠳᠡᠯᠡᠬᠦ ᠵᠡᠷᠭᠡ ᠶᠠᠪᠤᠳᠠᠯ ᠢ᠂   ᠵᠠᠰᠠᠭ ᠤᠨ ᠤᠷᠳᠤᠨ ᠤ ᠰᠦᠯᠵᠢᠶᠡᠨ ᠦᠷᠳᠡᠭᠡ᠂   ᠵᠠᠯᠠᠶᠢᠳ   ᠬᠤᠰᠢᠭᠤᠨ ᠤ ᠷᠡᠳᠢᠤ᠋ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠲᠤ ᠨᠡᠶᠢᠳᠡᠯᠡᠬᠦ ᠪᠤᠯᠤᠨ᠎ᠠ᠃             ︵ᠭᠤᠷᠪᠠ︶   ᠤᠷᠢᠬᠤ ᠳᠤ ᠤᠷᠤᠯᠴᠠᠬᠤ ᠶᠢ ᠠᠰᠠᠭᠤᠨ ᠯᠠᠪᠯᠠᠬᠤ ᠤᠳᠠᠰᠣ᠄ 0482-6736537᠂   ᠰᠢᠤᠳᠠᠨ   ᠬᠠᠶᠢᠷᠴᠠᠭ᠄ zqzffzb@126.com᠂ ᠬᠠᠷᠢᠯᠴᠠᠬᠤ ᠬᠠᠶ᠋ᠢᠭ᠄   ᠬᠤᠰᠢᠭᠤᠨ ᠤ ᠨᠠᠮ ᠵᠠᠰᠠᠭ  ᠤᠨ ᠠᠯᠪᠠᠯᠠᠬᠤ   ᠳᠤᠮᠤ ᠠᠰᠠᠷ ᠤᠨ  210   ᠠᠯᠪᠠᠨ ᠭᠡᠷ᠃   ᠳᠠᠭᠠᠯᠳᠤᠭᠤᠯᠤᠯ᠄   ︽  ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠬᠢᠨᠠᠯᠳᠠ ᠳᠠᠯᠪᠢᠬᠴᠢ ᠶᠢ ᠳᠠᠩᠰᠠᠯᠠᠬᠤ ᠬᠦᠰᠦᠨᠦᠭ︾                                                                   2017 ᠤᠨ ᠤ 6 ᠰᠠᠷ᠎ᠡ ᠶᠢᠨ 30 ᠤ ᠡᠳᠤᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号