2018 ᠤᠨ ᠤ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2018-06-05
            ᠵᠠᠰᠠᠭ   ᠤᠨ   ᠣᠷᠳᠣᠨ   ᠤ   ᠠᠵᠢᠯ   ᠤᠨ   ᠮᠡᠳᠡᠬᠦᠯᠦᠯᠳᠡ                                                                                                       2018 ᠣᠨ ᠤ 1 ᠰᠠᠷ᠎ᠠ ᠶᠢᠨ 16 ᠤ ᠡᠳᠦᠷ᠂ ᠵᠠᠯᠠᠶᠢᠳ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ   ᠤᠨ   ᠲᠦᠯᠦᠭᠡᠯᠡᠭᠴᠢᠳ   ᠤᠨ   ᠶᠡᠭᠡ   ᠬᠤᠷᠠᠯ   ᠤᠨ   ᠨᠢᠭᠡᠳᠦᠭᠡᠷ   ᠣᠳᠠᠭᠠᠨ   ᠤ   ᠬᠤᠷᠠᠯᠳᠣᠭᠠᠨ   ᠲᠡᠭᠡᠷ᠎ᠡ                                         ᠬᠤᠰᠢᠭᠤᠨ ᠲᠠᠷᠤᠭ᠎ᠠ               ᠵᠣᠣ ᠲᠢᠶᠠᠨ ᠰᠢ ᠲᠦᠯᠦᠭᠡᠯᠡᠭᠴᠢᠳ ᠡ  ᠄         ᠣᠳᠣ ᠪᠢ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠨ᠎ᠠ᠃ ᠬᠢᠨᠠᠨ ᠵᠦᠪᠯᠡᠬᠦ ᠪᠣᠯᠪᠠᠣ᠃ ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠭᠡᠰᠢᠬᠦᠳ ᠬᠢᠭᠡᠳ ᠬᠤᠷᠠᠯ ᠳᠤ ᠰᠣᠯᠠ ᠣᠷᠣᠯᠴᠠᠭᠰᠠᠳ ᠤᠨ ᠡᠷᠬᠢᠮ ᠨᠠᠨᠳᠢᠨ ᠰᠠᠨᠠᠯ ᠢᠶᠠᠨ ᠲᠡᠪᠰᠢᠬᠦᠯᠬᠦ ᠶᠢ ᠬᠦᠰᠡᠵᠣ ᠪᠠᠶᠢᠨ᠎ᠠ᠃       ᠨᠢᠭᠡ᠂ ᠦᠩᠭᠡᠷᠡᠭᠰᠡᠨ ᠲᠠᠪᠣᠨ ᠵᠢᠯ ᠭᠢᠭᠡᠳ 2017 ᠣᠨ ᠤ ᠠᠵᠢᠯ ᠤᠨ ᠡᠷᠬᠢᠴᠡᠬᠦᠯᠦᠯ ᠦᠩᠭᠡᠷᠡᠭᠰᠡᠨ ᠲᠠᠪᠣᠨ ᠵᠢᠯ ᠪᠣᠯ ᠪᠦᠬᠦ ᠬᠤᠰᠢᠭᠤᠨ ᠤ ᠠᠵᠣ ᠠᠬᠤᠢ ᠨᠡᠶᠢᠭᠡᠮ ᠲᠦᠷᠭᠡᠨ ᠢᠶᠠᠷ   ᠬᠦᠭᠵᠢᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠳᠠᠭᠤᠨ ᠢᠶᠠᠷ ᠨᠡᠮᠡᠭᠳᠡᠵᠣ᠂ ᠣᠯᠠᠨ ᠲᠦᠮᠡᠨ ᠤ ᠵᠣᠯ ᠵᠢᠷᠭᠠᠯ  ᠤᠨ ᠮᠡᠳᠡᠷᠡᠮᠵᠢ ᠮᠡᠳᠡᠭᠳᠡᠬᠦᠶᠢᠴᠡ ᠲᠡᠭᠡᠭᠰᠢᠯᠡᠭᠰᠡᠨ ᠲᠠᠪᠣᠨ ᠵᠢᠯ ᠮᠥᠨ᠃ ᠮᠥᠨ ᠴᠦ ᠡᠶ᠎ᠡ ᠵᠣᠬᠢᠴᠠᠩᠭᠤᠢ ᠨᠡᠶᠢᠭᠡᠮ ᠵᠢᠷᠣᠮ ᠢ ᠬᠦᠴᠦᠯᠡᠨ ᠪᠠᠶᠢᠭᠤᠯᠣᠭᠰᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ   ᠪᠠᠷ ᠪᠠᠶᠢᠭᠤᠯᠬᠤ ᠬᠠᠷᠠᠯᠳᠠ ᠲᠡᠰᠢ ᠲᠦᠷᠭᠡᠨ ᠢᠶᠠᠷ ᠲᠠᠪᠰᠢᠭᠰᠠᠨ ᠲᠠᠪᠣᠨ ᠵᠢᠯ ᠮᠥᠨ᠃ ᠲᠠᠪᠣᠨ ᠵᠢᠯ ᠤᠨ ᠲᠣᠷᠰᠢ᠂ ᠪᠢᠳᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠬᠢᠭᠡᠳ ᠬᠤᠰᠢᠭᠤᠨ ᠤ ᠨᠠᠮ ᠤᠨ ᠬᠤᠷᠢᠶᠠᠨ ᠤ ᠵᠦᠪ ᠣᠨᠣᠪᠴᠢᠳᠠᠢ ᠣᠳᠣᠷᠢᠳᠣᠯᠭ᠎ᠠ ᠲᠣᠣᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠬᠢᠭᠡᠳ ᠲᠡᠮᠵᠢᠯᠭᠡ ᠲᠣᠣᠷ᠎ᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠢ ᠪᠦᠯᠭᠦᠮᠳᠡᠭᠦᠯᠤᠨ᠂ ᠲᠠᠶᠢᠴᠢᠯᠠᠨ ᠲᠠᠭᠠᠭᠤᠯᠵᠣ᠂ ᠲᠤᠭᠳᠠᠭᠤᠨ ᠢᠶᠠᠷ ᠲᠠᠪᠰᠢᠨ ᠣᠷᠣᠭᠰᠢᠯᠠᠬᠤ ᠠᠵᠢᠯ ᠤᠨ ᠶᠡᠷᠦᠩᠭᠡᠢ ᠦᠨᠳᠦᠰᠦᠨ ᠬᠦᠭ ᠢ ᠪᠠᠷᠢᠮᠳᠠᠯᠠᠵᠤ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠭᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠴᠢᠳᠠᠮᠠᠭᠠᠢ ᠣᠷᠣᠭᠰᠢᠯᠠᠵᠣ᠂ ᠰᠢᠷᠭᠠᠭᠤ ᠠᠵᠢᠯᠯᠠᠨ ︽ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠤᠪᠵᠢᠭᠦᠯᠭᠡ ᠶᠢ ᠬᠠᠩᠭᠠᠮᠵᠢᠳᠠᠢ ᠪᠠᠷ ᠰᠡᠬᠦᠯ ᠬᠤᠷᠢᠶᠠᠵᠣ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠬᠦᠯᠭᠡ ᠪᠠᠨ ᠣᠷᠣᠭᠰᠢᠳᠠᠢ ᠡᠬᠢᠯᠡᠬᠦᠯᠵᠤ᠂ ᠠᠵᠣ ᠠᠬᠤᠢ ᠨᠡᠶᠢᠭᠡᠮ ᠤᠨ ᠰᠠᠶᠢᠨ ᠰᠠᠶᠢᠬᠠᠨ ᠬᠦᠭᠵᠢᠯᠳᠡ ᠶᠢᠨ ᠬᠠᠨᠳᠣᠰᠢ ᠢᠯᠡᠷᠡᠭᠰᠡᠨ ᠪᠠᠶᠢᠨ᠎ᠠ᠃       ᠲᠠᠪᠣᠨ ᠵᠢᠯ ᠤᠨ ᠲᠣᠷᠰᠢ ᠭᠤᠷᠪᠠᠨ ᠠᠵᠣ ᠦᠢᠯᠡᠰ ᠠᠭᠤᠰᠣᠯᠴᠠᠨ ᠬᠦᠭᠵᠢᠵᠣ᠂ ᠶᠡᠷᠦᠩᠭᠡᠢ ᠬᠦᠴᠦᠨ ᠢᠯᠡᠳᠳᠡ ᠲᠡᠭᠡᠭᠰᠢᠯᠡᠪᠡ᠃ ︽ᠨᠢᠭᠡᠳᠦᠭᠡᠷ ᠠᠵᠣ ᠦᠢᠯᠡᠰ ᠢ ᠭᠦᠴᠤᠷᠭᠡᠭᠵᠢᠭᠦᠯᠭᠦ᠂ ᠬᠤᠶᠠᠳᠣᠭᠠᠷ ᠠᠵᠣ ᠦᠢᠯᠡᠰ ᠢ ᠪᠤᠵᠠᠭᠠᠶᠢᠷᠠᠭᠤᠯᠬᠤ᠂ ᠭᠤᠷᠪᠠᠳᠣᠭᠠᠷ ᠠᠵᠣ ᠦᠢᠯᠡᠰ ᠢ ᠰᠠᠶᠢᠳᠣᠷ ᠬᠢᠬᠦ︾ ᠶᠡᠷᠦᠩᠭᠡᠢ ᠱᠠᠭᠠᠷᠳᠠᠯᠭ᠎ᠠ ᠶᠢ ᠪᠠᠷᠢᠮᠳᠠᠯᠠᠵᠣ ᠂   ᠭᠤᠷᠪᠠᠨ ᠠᠵᠣ ᠦᠢᠯᠡᠰ ᠤᠨ ᠪᠦᠳᠦᠴᠡ ᠶᠢ 43᠄ 29᠄ 28 ᠶᠢ 39᠄ 30.5᠄ 30.5 ᠪᠠᠷ ᠲᠣᠬᠢᠷᠠᠭᠤᠯᠵᠣ᠂ ᠠᠵᠣ ᠦᠢᠯᠡᠰ ᠤᠨ ᠵᠣᠬᠢᠴᠠᠩᠭᠤᠢ ᠭᠦᠭᠵᠢᠯᠳᠠ ᠶᠢᠨ ᠴᠢᠳᠠᠪᠣᠷᠢ ᠦᠷᠬᠦᠯᠵᠢᠯᠡᠨ ᠴᠢᠩᠭᠠᠷᠠᠭᠰᠠᠨ ᠪᠠᠶᠢᠨ᠎ᠠ᠃ ᠲᠠᠷᠢᠶᠠᠯᠠᠩ ᠮᠠᠯ ᠠᠵᠣ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠲᠠᠰᠣᠷᠠᠯᠳᠠ ᠦᠭᠡᠢ ᠬᠦᠨᠵᠡᠭᠡᠶᠢᠷᠡᠪᠡ᠃ ᠲᠠᠷᠢᠶᠠᠯᠠᠩ ᠮᠠᠯ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠣᠯᠳᠠ ᠶᠢ ︽ᠭᠤᠷᠪᠠᠨ 20%  ︾ ᠪᠠᠷ ᠪᠦᠳᠦᠮᠵᠢᠳᠡᠢ ᠨᠠᠶᠢᠳᠠᠪᠣᠷᠢᠵᠢᠭᠤᠯᠵᠣ᠂ ᠡᠷᠳᠡᠨᠢ ᠰᠢᠰᠢ ᠲᠠᠷᠢᠬᠤ ᠲᠠᠯᠠᠪᠠᠢ ᠶᠢ 120 ᠲᠦᠮᠡᠨ ᠮᠣ᠋ ᠪᠠᠭᠠᠰᠬᠠᠵᠣ᠂ ᠣᠰᠣᠨ ᠲᠣᠳᠣᠷᠭ᠎ᠠ᠂ ᠰᠢᠬᠢᠷ ᠯᠣᠣᠪᠠᠩ᠂ ᠰᠢᠬᠢᠷᠯᠢᠭ ᠣᠳ᠋ᠪᠠᠯ᠎ᠠ ᠵᠡᠷᠭᠡ ᠦᠨᠳᠦᠷ ᠠᠰᠢᠭ ᠲᠠᠢ ᠲᠠᠷᠢᠶᠠᠯᠠᠩ ᠤᠨ ᠲᠠᠷᠢᠮᠠᠯ ᠤᠨ ᠵᠦᠢᠯᠡᠰ ᠤᠨ ᠲᠠᠯᠠᠪᠠᠢ ᠶᠢ 60 ᠲᠦᠮᠡᠨ ᠮᠣ᠋ ᠨᠡᠮᠡᠭᠳᠡᠬᠦᠯᠪᠡ᠃ ︽ᠬᠤᠨᠢ ᠶᠢᠨ ᠲᠤᠭ᠎ᠠ ᠶᠢ ᠲᠣᠭᠳᠠᠭᠤᠨ ᠪᠠᠶᠢᠯᠭᠠᠵᠣ᠂ ᠦᠭᠡᠷ ᠤᠨ ᠲᠤᠭ᠎ᠠ ᠶᠢ ᠨᠡᠮᠡᠭᠳᠡᠬᠦᠯᠵᠣ᠂ ᠭᠠᠭ᠋ᠠᠢ ᠶᠢᠨ ᠲᠤᠭ᠎ᠠ ᠶᠢ ᠶᠡᠭᠡᠳᠭᠡᠬᠦ︾ ᠲᠦᠯᠤᠪᠯᠡᠭᠡ ᠶᠢ ᠪᠠᠳᠣᠳᠡᠢ ᠠᠬᠢᠭᠤᠯᠵᠣ᠂ ᠮᠠᠯ   ᠤᠨ ᠡᠬᠦᠯᠳᠡᠷ ᠢ ᠰᠠᠶᠢᠵᠢᠷᠠᠭᠤᠯᠬᠤ ᠨᠣᠷᠮ᠎ᠠ ᠶᠢ 90% ᠳᠤ ᠬᠦᠷᠭᠡᠭᠰᠡᠨ ᠪᠠᠶᠢᠨ᠎ᠠ᠃ ᠣᠷᠢᠳ ᠬᠤᠵᠢᠳ ᠪᠦᠬᠦ ᠣᠯᠣᠰ ᠤᠨ ᠠᠩᠬᠠᠳᠣᠭᠠᠷ ᠬᠤᠭᠤᠴᠠᠭᠠᠨ ᠤ ᠣᠳᠣᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠬᠦᠯᠬᠦ ᠲᠣᠭᠤᠷᠢᠭ᠂ ᠪᠦᠬᠦ ᠣᠯᠣᠰ ᠤᠨ ᠠᠮᠣ ᠪᠣᠳᠠᠭᠠᠨ ᠤ ᠬᠤᠷᠢᠶᠠᠯᠳᠠ ᠶᠢᠨ ᠲᠡᠷᠢᠬᠦᠨ ᠤ ᠰᠢᠶᠠᠨ᠂ ᠣᠯᠣᠰ ᠤᠨ ᠲᠠᠷᠢᠶᠠᠯᠠᠩ ᠤᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠦᠭᠰᠡᠨ ᠪᠠ ᠬᠤᠷᠠᠮᠠᠯ ᠵᠢᠱᠢᠶ᠎ᠡ ᠦᠵᠡᠬᠦᠯᠬᠦ ᠰᠠᠭᠤᠷᠢᠨ ᠵᠡᠷᠭᠡ ᠴᠣᠯᠠ ᠶᠢ ᠬᠦᠷᠳᠡᠭᠰᠡᠨ ᠪᠠᠶᠢᠨ᠎ᠠ᠃ ᠠᠵᠣ ᠦᠢᠯᠡᠳᠪᠦᠷᠢ ᠶᠢᠨ ᠠᠵᠣ ᠠᠬᠤᠢ ᠲᠣᠭᠳᠠᠭᠤᠨ ᠢᠶᠠᠷ ᠬᠦᠭᠵᠢᠪᠡ᠃ ᠠᠵᠣ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ 72 ᠭᠡᠷᠡᠭᠵᠢᠬᠦᠯᠵᠣ᠂ 58.92 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠭᠰᠠᠨ ᠪᠠᠶᠢᠨ᠎ᠠ᠃ ᠬᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠢ 45 ᠭᠦᠭᠵᠢᠬᠦᠯᠵᠣ᠂ ᠱᠠᠨ ᠱᠦᠢ ᠱᠦᠢᠨᠢ᠂ ᠾᠧᠩ ᠳ᠋ᠠ ᠰᠢᠨ ᠬᠦ᠋ ᠶᠣᠸᠠᠨ ᠬᠦᠷᠢᠶᠡᠯᠡᠩ᠂ ᠯᠦᠩ ᠳ᠋ᠢᠩ ᠲᠠᠷᠢᠶᠠᠯᠠᠩ  ᠤᠨ ᠦᠢᠯᠡᠰ ᠵᠡᠷᠭᠡ ᠠᠵᠣ ᠠᠬᠤᠶᠢᠯᠠᠯ ᠨᠡᠯᠢᠶᠡᠳ ᠰᠠᠶᠢᠨ ᠬᠦᠭᠵᠢᠬᠦ ᠬᠠᠨᠳᠣᠰᠢ ᠢᠯᠡᠷᠡᠭᠰᠡᠨ ᠪᠠᠶᠢᠨ᠎ᠠ᠃ ᠴᠣᠣᠯ ᠠᠵᠣ ᠦᠢᠯᠡᠳᠪᠦᠷᠢ ᠶᠢᠨ ᠲᠣᠭᠤᠷᠢᠭ ᠲᠤ ᠰᠠᠭᠤᠭᠰᠠᠨ ᠠᠵᠣ ᠠᠬᠤᠶᠢᠯᠠᠯ ᠤᠨ ᠨᠢᠭᠡᠴᠡ 26 ᠳᠤ ᠬᠦᠷᠴᠣ᠂ ᠰᠠᠴᠣᠷᠠᠭ ᠨᠦᠯᠦᠭᠡᠯᠡᠯ ᠤᠨ ᠠᠵᠣ ᠠᠬᠤᠶᠢᠯᠠᠯ 9 ᠪᠣᠯᠵᠣ᠂ ᠨᠢᠭᠡᠳᠭᠡᠭᠰᠡᠨ ᠬᠦᠭᠵᠢᠯᠳᠡ ᠶᠢᠨ ᠴᠢᠳᠠᠪᠣᠷᠢ ᠲᠠᠰᠣᠷᠠᠯᠳᠠ ᠦᠭᠡᠢ ᠲᠡᠭᠡᠭᠰᠢᠯᠡᠭᠰᠡᠨ ᠪᠠᠶᠢᠨ᠎ᠠ᠃ ᠤᠳᠣ ᠦᠶ᠎ᠠ ᠶᠢᠨ ᠦᠢᠯᠡᠴᠢᠯᠡᠭᠡᠨ ᠤ ᠦᠢᠯᠡᠰ ᠦᠷᠨᠢᠪᠡ᠃ ᠬᠤᠰᠢᠭᠤᠨ ᠳᠤ ᠰᠠᠭᠤᠭ᠎ᠠ ᠮᠦᠩᠭᠦᠨ ᠬᠦᠢᠯᠭᠡᠭᠡᠨ ᠤ ᠪᠠᠶᠢᠭᠤᠯᠤᠮᠵᠢ 8 ᠪᠤᠯᠵᠣ᠂ ᠡᠯ᠎ᠡ ᠵᠦᠢᠯ ᠤᠨ ᠵᠢᠭᠡᠯᠡᠯᠭᠡ ᠨᠡᠶᠢᠳᠡ 192.24 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ︽ᠣᠮᠠᠷᠠᠰᠢ ᠨᠡᠭᠡᠭᠡᠯᠳᠡ ᠬᠢᠭᠦ︾   ᠶᠢᠨ ᠪᠠᠶᠢᠯᠳᠣᠬᠤ ᠪᠣᠳᠣᠯᠭ᠎ᠠ ᠶᠢ ᠬᠦᠨᠵᠡᠭᠡᠢ ᠨᠠᠶᠢᠳᠠᠪᠣᠷᠢᠵᠢᠭᠤᠯᠵᠣ᠂ ᠭᠠᠳᠠᠭᠠᠳᠣ ᠠᠴᠠ ᠣᠷᠣᠭᠤᠯᠵᠤ ᠭᠠᠷᠭᠠᠬᠤ ᠬᠢᠷᠢ ᠭᠡᠮ ᠲᠠᠢ ᠳᠠᠩᠰᠠᠯᠠᠭᠰᠠᠨ ᠠᠵᠣ ᠠᠬᠤᠶᠢᠯᠠᠯ 44 ᠪᠤᠯᠤᠨ ᠬᠦᠭᠵᠢᠭᠰᠡᠨ ᠪᠠᠶᠢᠨ᠎ᠠ᠃ ᠣᠯᠣᠰ ᠤᠨ AA ᠲᠡᠰ ᠠᠴᠠ ᠲᠡᠭᠡᠭᠰᠢᠬᠢ ᠵᠣᠭᠠᠴᠠᠯ ᠤᠨ ᠦᠵᠡᠮᠵᠢᠳᠦ ᠣᠷᠣᠨ ᠢ 8 ᠪᠦᠳᠦᠭᠡᠨ ᠪᠠᠶᠢᠭᠤᠯᠵᠣ᠂ ᠵᠢᠭᠤᠯᠴᠢᠨ ᠳᠤ ᠦᠢᠯᠡᠴᠢᠯᠡᠬᠦ ᠭᠠᠵᠠᠷ ᠰᠢᠨ᠎ᠡ ᠪᠠᠷ 5 ᠨᠡᠮᠡᠭᠳᠡᠵᠦ᠂   ᠵᠣᠭᠠᠴᠠᠯ ᠤᠨ ᠦᠢᠯᠡᠰ ᠤᠨ ᠨᠦᠯᠦᠭᠡᠯᠡᠬᠦ ᠬᠦᠴᠦᠨ ᠡᠳᠦᠷ ᠢᠷᠡᠬᠦᠶ᠎ᠡ ᠦᠷᠭᠡᠳᠴᠦ ᠪᠠᠶᠢᠨ᠎ᠠ᠃         ᠲᠠᠪᠣᠨ ᠵᠢᠯ ᠤᠨ ᠲᠣᠷᠰᠢ ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠣᠯᠳᠠ ᠶᠢᠨ ᠠᠯᠬᠤᠮ ᠲᠦᠷᠭᠡᠳᠴᠦ᠂ ᠬᠦᠭᠵᠢᠯᠳᠡ ᠶᠢᠨ ᠲᠠᠯᠳᠠ ᠬᠦᠴᠦᠨ ᠢ ᠪᠠᠳᠣᠵᠢᠭᠤᠯᠪᠠ᠃ ᠬᠤᠳᠠ ᠪᠠᠯᠭᠠᠰᠣᠨ ᠤ ᠴᠢᠨᠠᠷ ᠴᠢᠨᠰᠠᠭ᠎ᠠ ᠶᠡᠬᠡᠬᠡᠨ ᠲᠡᠭᠡᠭᠰᠢᠯᠡᠵᠣ᠂ ︽ᠦᠪᠡᠷᠳᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠳᠠ ᠰᠢᠶᠠᠨ︾ ᠤ ᠢᠷᠠᠭᠤ ᠠᠯᠳᠠᠷ ᠢ ᠬᠦᠷᠳᠡᠪᠡ᠃ ᠬᠤᠳᠠ ᠪᠠᠯᠭᠠᠰᠣᠨ ᠤ ᠶᠡᠷᠦᠩᠭᠡᠶᠢᠯᠡᠭᠰᠡᠨ ᠦᠢᠯᠡᠴᠢᠯᠡᠭᠡᠨ ᠤ   ᠴᠢᠳᠠᠪᠣᠷᠢ ᠡᠳᠦᠷ ᠠᠴᠠ ᠡᠳᠦᠷ ᠲᠡᠬᠦᠯᠳᠡᠷᠵᠢᠪᠡ᠃ ᠵᠠᠰᠠᠮᠠᠯ ᠵᠠᠮ ᠤᠨ ᠶᠡᠷᠦᠩᠭᠡᠢ ᠣᠷᠳᠣ ᠨᠢ 2584 ᠺᠢᠯᠣᠮᠧᠲᠷ ᠲᠤ ᠬᠦᠷᠴᠦ᠂ ᠲᠡᠭᠡᠳᠦ ᠲᠡᠰ ᠤᠨ ᠵᠠᠰᠠᠮᠠᠯ ᠵᠠᠮ 347 ᠺᠢᠯᠣᠮᠧᠲᠷ ᠲᠤ ᠬᠦᠷᠦᠭᠰᠡᠨ ᠪᠠᠶᠢᠨ᠎ᠠ᠃ ᠨᠤᠨᠮᠦ᠋ᠷᠡᠨ ᠤ ᠰᠠᠯᠪᠣᠷᠢ ᠣᠷᠣᠰᠬᠠᠯ ᠢ ᠵᠠᠰᠠᠨ ᠴᠡᠭᠴᠡᠯᠡᠬᠦ ᠠᠵᠢᠯ ᠢ ᠪᠦᠬᠦ ᠲᠠᠯ᠎ᠠ ᠪᠠᠷ ᠲᠠᠭᠤᠰᠬᠠᠵᠣ᠂ ᠴᠣᠣᠯ ᠣᠰᠣᠨ ᠠᠰᠢᠭᠯᠠᠯᠳᠠ ᠶᠢᠨ ᠲᠦᠪ ᠤᠨ ᠲᠣᠣᠷᠠᠳᠣ ᠣᠷᠣᠰᠬᠠᠯ ᠤᠨ ᠣᠰᠣᠯᠠᠯᠳᠠ ᠶᠢᠨ ᠣᠷᠣᠨ ᠤ ᠭᠤᠣᠯᠯᠠᠭᠴᠢ ᠢᠨᠵᠧᠨᠧᠷᠢᠩ ᠦᠨᠳᠣᠰᠤᠨ ᠳᠤ ᠪᠠᠨ ᠲᠠᠭᠤᠰᠴᠤ᠂ ᠴᠣᠣᠯ ᠤᠨ ᠣᠰᠣ ᠪᠠᠷ ᠯᠢᠶᠣᠣ ᠾᠧ ᠭᠤᠣᠯ ᠢ ᠲᠣᠰᠠᠯᠠᠬᠤ ᠢᠨᠵᠧᠨᠧᠷᠢᠩ ᠴᠣᠬᠤᠨ ᠵᠦᠪᠰᠢᠶᠡᠷᠡᠯ ᠢ ᠣᠯᠵᠣ ᠣᠳᠠᠯ ᠦᠭᠡᠢ ᠪᠦᠳᠦᠭᠡᠨ ᠪᠠᠶᠢᠭᠤᠯᠣᠯᠳᠠ ᠶᠢᠨ ᠠᠵᠢᠯ ᠢᠶᠠᠨ ᠡᠬᠢᠯᠡᠬᠦ ᠪᠠᠷ ᠪᠠᠶᠢᠨ᠎ᠠ᠃ ᠣᠳᠣ ᠦᠶ᠎ᠠ ᠶᠢᠨ ᠲᠠᠷᠢᠶᠠᠯᠠᠩ ᠤᠨ ᠦᠢᠯᠡᠰ ᠤᠨ ᠵᠢᠱᠢᠶ᠎ᠡ ᠦᠵᠡᠬᠦᠯᠬᠦ ᠲᠣᠭᠤᠷᠢᠭ 15 ᠲᠦᠮᠡᠨ ᠮᠣ᠋ ᠪᠦᠳᠦᠭᠡᠨ ᠪᠠᠶᠢᠭᠤᠯᠵᠣ᠂ ᠣᠰᠣᠨ ᠲᠣᠳᠣᠷᠭ᠎ᠠ ᠶᠢᠨ ᠦᠷ᠎ᠡ ᠶᠢ ᠣᠶᠣᠨᠴᠢ ᠲᠠᠪᠳᠦᠭᠡᠨ ᠰᠣᠶᠣᠭᠠᠯᠠᠭᠤᠯᠬᠤ ᠰᠠᠭᠤᠷᠢᠨ ᠭᠠᠵᠠᠷ ᠢ 4 ᠪᠠᠶᠢᠭᠤᠯᠵᠣ᠂ ᠣᠰᠣᠨ ᠲᠣᠳᠣᠷᠭ᠎ᠠ ᠶᠢᠨ ᠦᠢᠯᠡᠳᠪᠦᠷᠢᠵᠢᠭᠰᠡᠨ ᠴᠢᠬᠢ ᠪᠣᠶᠢᠵᠢᠭᠤᠯᠬᠤ ᠪᠦᠷᠬᠦᠴᠡ ᠶᠢ ᠨᠡᠶᠢᠳᠡᠮ ᠪᠡᠶᠡᠯᠡᠭᠦᠯᠵᠡᠢ᠃ ᠠᠮᠢ ᠠᠬᠤᠢ ᠶᠢᠨ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢ ᠠᠬᠢᠭᠤᠯᠵᠣ᠂ ᠣᠶᠢᠵᠢᠭᠤᠯᠬᠤ ᠡᠬᠦᠷᠭᠡ ᠪᠠᠨ 55.28 ᠲᠦᠮᠡᠨ ᠮᠣ᠋ ᠪᠡᠶᠡᠯᠡᠬᠦᠯᠵᠣ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 30.11% ᠳᠤ ᠬᠦᠷᠦᠭᠰᠡᠨ ᠪᠠᠶᠢᠨ᠎ᠠ᠃       ᠲᠠᠪᠣᠨ ᠵᠢᠯ ᠤᠨ ᠲᠣᠷᠰᠢ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠦᠢᠯᠡᠰ ᠢ ᠬᠤᠷᠳᠣᠨ ᠲᠦᠯᠬᠢᠨ ᠠᠬᠢᠭᠤᠯᠵᠣ᠂ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠮᠡᠳᠡᠭᠳᠡᠬᠦᠶᠢᠴᠡ ᠰᠠᠶᠢᠵᠢᠷᠠᠪᠠ᠃   ᠶᠠᠳᠠᠭᠤ ᠶᠢ ᠲᠡᠳᠬᠦᠵᠣ ᠪᠤᠭᠤᠮᠳᠠ ᠰᠢᠪᠳᠣᠯᠬᠤ ᠠᠵᠢᠯ ᠢ ᠯᠠᠪᠳᠠᠭᠤᠨ ᠪᠠᠳᠣᠳᠠᠢ ᠦᠷᠨᠢᠬᠦᠯᠵᠣ᠂ ᠶᠠᠳᠠᠭᠤ ᠶᠢ ᠲᠡᠳᠬᠦᠬᠦ ᠡᠳ᠋ ᠤᠨ ᠵᠠᠰᠠᠭ ᠤᠨ ᠲᠣᠰᠬᠠᠢ ᠪᠡᠯᠡ ᠮᠦᠩᠭᠦ ᠶᠢᠨ ᠣᠷᠣᠭᠤᠯᠣᠯᠲᠠ ᠪᠣᠯᠣᠨ ᠨᠡᠶᠢᠯᠡᠭᠦᠯᠦᠭᠰᠡᠨ ᠪᠡᠯᠡ ᠮᠦᠩᠭᠦ 5.9 ᠳ᠋ᠦᠩᠰᠢᠭᠤᠷ ᠲᠦᠬᠦᠷᠢᠭ ᠲᠤ ᠬᠦᠷᠴᠦ᠂ 8.8 ᠲᠦᠮᠡᠨ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠣ᠂ ᠶᠠᠳᠠᠭᠤ ᠡᠷᠦᠭᠡ ᠠᠮᠠ ᠶᠢᠨ ᠪᠣᠢ ᠪᠣᠯᠬᠤ ᠨᠣᠷᠮ᠎ᠠ ᠶᠢ 31.2% ᠪᠠᠶᠢᠭᠰᠠᠨ ᠠᠴᠠ ᠨᠢ 3.6% ᠬᠦᠷᠳᠡᠯ᠎ᠡ ᠲᠣᠷᠣᠭᠰᠢᠯᠠᠭᠤᠯᠣᠭᠰᠠᠨ ᠪᠠᠶᠢᠨ᠎ᠠ᠃ ᠶᠠᠳᠠᠭᠤ ᠶᠢ ᠲᠡᠳᠬᠦᠬᠦ 36 ᠲᠢᠩᠭᠢᠮ ᠲᠣᠪᠴᠢᠶ᠎ᠠ ᠠᠴᠠ ᠶᠠᠳᠠᠭᠤ ᠶᠢ ᠲᠡᠳᠬᠦᠬᠦ ᠪᠡᠯᠡ ᠮᠦᠩᠭᠦ ᠨᠡᠶᠢᠳᠡ 5.77 ᠳ᠋ᠦᠩᠰᠢᠭᠤᠷ ᠲᠦᠬᠦᠷᠢᠭ ᠵᠠᠷᠣᠴᠠᠭᠤᠯᠵᠣ᠂ ᠶᠠᠳᠠᠭᠤ ᠬᠦᠴᠢᠷᠳᠡᠢ ᠭᠠᠴᠠᠭ᠎ᠠ ᠲᠣᠰᠬᠤᠨ ᠤ ᠬᠦᠭᠵᠢᠯᠳᠡ ᠶᠢᠨ ᠲᠤᠳᠣᠭᠠᠳᠣ ᠭᠦᠴᠤᠨ ᠲᠠᠰᠣᠷᠠᠯᠳᠠ ᠦᠭᠡᠢ ᠴᠢᠩᠭᠠᠷᠠᠭᠰᠠᠠ ᠪᠠᠶᠢᠨ᠎ᠠ᠃ ᠨᠡᠶᠢᠭᠡᠮ ᠤᠨ ᠠᠪᠣᠷᠠᠨ ᠲᠣᠰᠠᠯᠠᠬᠤ ᠬᠦᠴᠦᠨ ᠲᠠᠰᠣᠷᠠᠯᠳᠠ ᠦᠭᠡᠢ ᠨᠡᠮᠡᠭᠳᠡᠵᠣ᠂ ᠨᠠᠰᠣᠳᠠᠶᠢᠴᠣᠳ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠢ ᠨᠢᠭᠡ ᠴᠤᠭᠴᠠᠵᠢᠭᠤᠯᠬᠤ ᠶᠢ ᠪᠡᠶᠡᠯᠡᠭᠦᠯᠪᠠ᠃ ᠨᠡᠬᠦᠷᠡᠰᠦᠨ ᠨᠦᠬᠦᠪᠦᠷᠢ ᠮᠦᠩᠭᠦ ᠶᠢ ᠨᠡᠶᠢᠳᠡ 2.52 ᠳ᠋ᠦᠩᠰᠢᠭᠤᠷ ᠲᠦᠬᠦᠷᠢᠭ ᠪᠠᠭᠤᠯᠭᠠᠵᠣ᠂ 10 ᠲᠦᠮᠨ ᠣᠷᠴᠢᠮ ᠮᠠᠯᠴᠢᠨ ᠲᠠᠷᠢᠶᠠᠴᠢᠨ ᠡᠷᠦᠭᠡ ᠳᠤ ᠠᠰᠢᠭ ᠬᠦᠷᠳᠡᠭᠡᠭᠰᠡᠨ ᠪᠠᠶᠢᠨ᠎ᠠ᠃ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 218 ᠬᠡᠷᠡᠭᠵᠢᠭᠦᠯᠵᠦ᠂ ᠭᠠᠴᠠᠭ᠎ᠠ ᠲᠣᠰᠬᠤᠨ ᠳᠤ ᠨᠡᠪᠳᠡᠷᠡᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠣᠯᠳᠠ ᠶᠢᠨ ᠲᠦᠷᠤᠯ ᠵᠤᠶᠢᠯ 104 ᠵᠣᠷᠪᠣᠰ᠂ 1169 ᠺᠢᠯᠣᠮᠧᠲᠷ ᠭᠡᠷᠡᠭᠵᠢᠬᠦᠯᠵᠣ᠂ 425 ᠠᠶᠢᠯ ᠲᠣᠰᠬᠤᠨ ᠤ 1503 ᠺᠢᠯᠣᠮᠧᠲᠷ ᠣᠷᠳᠣ ᠵᠡᠭᠡᠯᠢ ᠭᠤᠳᠣᠮᠵᠢ ᠶᠢ ᠬᠠᠳᠠᠭᠤᠷᠠᠭᠤᠯᠵᠣ᠂ 28075 ᠡᠷᠦᠭᠡ ᠶᠢᠨ ᠠᠶᠣᠯᠳᠠᠢ ᠭᠡᠷ ᠪᠠᠶᠢᠰᠢᠩ ᠢ ᠰᠢᠨᠡᠳᠭᠡᠵᠤ᠂   ᠪᠠᠳᠣᠯᠠᠭᠠᠳᠣ ᠣᠷᠣᠨ ᠰᠠᠭᠤᠴᠠ 2628 ᠡᠷᠦᠬᠡ᠂ ᠳᠦᠭᠦᠮ ᠪᠦᠲᠦᠴᠡᠲᠦ ᠣᠷᠣᠨ ᠰᠠᠭᠤᠴᠠ ᠶᠢ 5931 ᠡᠷᠦᠭᠡ ᠰᠢᠨᠡᠳᠭᠡᠨ ᠵᠠᠰᠠᠵᠤ᠂ ᠭᠦᠮᠤᠰ ᠤᠨ ᠤᠷᠤᠰᠢᠨ ᠰᠠᠭᠤᠬᠤ ᠣᠷᠴᠢᠨ ᠲᠣᠭᠤᠷᠢᠨ ᠢ ᠶᠡᠷᠤᠩᠭᠡᠶᠢᠯᠠᠠ ᠵᠠᠰᠠᠬᠤ ᠶᠢ ᠭᠦᠨᠵᠡᠭᠡᠢ ᠦᠷᠨᠢᠭᠦᠯᠵᠤ᠂ ᠮᠠᠯᠴᠢᠨ ᠲᠠᠷᠢᠶᠠᠴᠢᠨ ᠤ ᠦᠢᠯᠡᠳᠪᠤᠷᠢᠯᠠᠯ ᠠᠮᠢᠳᠣᠷᠠᠯ ᠤᠨ ᠨᠦᠭᠦᠴᠠᠯ ᠢᠯᠡᠳᠳᠠ ᠰᠠᠶᠢᠵᠢᠷᠡᠭ᠌ᠰᠠᠠ ᠪᠠᠶᠢᠨ᠎ᠠ᠃       ᠲᠠᠪᠣᠨ ᠵᠢᠯ ᠤᠨ ᠲᠣᠷᠰᠢ᠂ ᠨᠡᠶᠢᠭᠡᠮ ᠤᠨ ᠠᠵᠢᠯ ᠦᠢᠯᠡᠰ ᠦᠷᠨᠢᠨ ᠬᠦᠭᠵᠢᠵᠣ᠂ ᠦᠢᠯᠡᠴᠢᠯᠡᠭᠡᠨ ᠤ ᠴᠢᠳᠠᠪᠣᠷᠢ ᠪᠦᠬᠦ ᠲᠠᠯ᠎ᠠ ᠪᠠᠷ ᠴᠢᠩᠭᠠᠷᠠᠭᠰᠠᠠ ᠪᠠᠶᠢᠨ᠎ᠠ᠃ ᠰᠣᠷᠭᠠᠭᠤᠯᠢ ᠶᠢᠨ ᠪᠠᠷᠢᠯᠭ᠎ᠠ ᠶᠢᠨ ᠠᠮᠣᠷ ᠲᠦᠪᠰᠢᠨ᠂ ᠪᠠᠭᠤᠷᠠᠢ ᠰᠣᠷᠭᠠᠭᠤᠯᠢ ᠶᠢ ᠵᠡᠰᠠᠠ ᠰᠢᠨᠡᠳᠭᠡᠭᠦ ᠪᠠ ᠪᠠᠷᠢᠮᠵᠢᠶᠠᠵᠢᠭᠰᠠᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ  ᠢ ᠬᠦᠨᠵᠡᠭᠡᠢ ᠬᠡᠷᠡᠭᠵᠢᠬᠦᠯᠵᠣ᠂ 29 ᠲᠣᠮᠳᠠᠳᠣ ᠪᠠᠭ᠎ᠠ ᠰᠣᠷᠭᠠᠭᠤᠯᠢ᠂ 111 ᠭᠡᠦᠭᠡᠳ ᠤᠨ ᠴᠡᠴᠡᠷᠯᠢᠭ ᠢ ᠰᠢᠨ᠎ᠡ  ᠪᠠᠷ ᠪᠦᠳᠦᠭᠡᠨ ᠪᠠᠶᠢᠭᠤᠯᠣᠭᠰᠠᠨ ᠪᠠ ᠵᠠᠰᠠᠠ ᠦᠷᠭᠡᠳᠭᠡᠵᠣ ᠪᠠᠶᠢᠭᠤᠯᠣᠨ᠂ ᠰᠣᠷᠬᠤ ᠨᠠᠰᠣᠨ ᠠᠴᠠ ᠡᠮᠦᠨᠡᠬᠢ ᠭᠤᠷᠪᠠᠨ ᠵᠢᠯ ᠤᠨ ᠭᠡᠦᠭᠡᠳ ᠤᠨ ᠴᠡᠴᠡᠷᠯᠢᠭ ᠲᠤ ᠣᠷᠣᠭᠰᠠᠨ ᠨᠣᠷᠮ᠎ᠠ ᠶᠢ 94% ᠳᠤ ᠬᠦᠷᠭᠡᠵᠦ᠂ ᠠᠯᠪᠠᠨ ᠵᠢᠷᠣᠮ  ᠤᠨ ᠰᠣᠷᠭᠠᠨ ᠬᠦᠮᠦᠵᠢᠯ ᠤᠨ ᠲᠡᠩᠴᠡᠬᠦᠷᠢᠳᠣ ᠬᠦᠭᠵᠢᠯᠳᠡ ᠶᠢᠨ ᠬᠢᠷᠢ ᠲᠦᠪᠰᠢᠨ ᠲᠠᠰᠣᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ ᠡᠷᠡᠬᠦᠯ ᠬᠠᠮᠠᠭᠠᠯᠠᠯ᠂ ᠲᠦᠯᠤᠪᠯᠡᠭᠡᠳᠣ ᠦᠷᠡᠵᠢᠯ ᠤᠨ ᠰᠠᠭᠤᠷᠢ ᠲᠦᠭᠦᠭᠡᠷᠤᠮᠵᠢ ᠶᠢᠨ ᠪᠦᠳᠦᠭᠡᠨ ᠪᠠᠶᠢᠭᠤᠯᠣᠯᠳᠠ ᠶᠢᠨ ᠲᠦᠷᠦᠯ ᠵᠦᠢᠯ ᠢ 104 ᠪᠠᠶᠡᠯᠡᠭᠦᠯᠵᠤ᠂ ᠣᠯᠠᠨ ᠨᠡᠶᠢᠳᠡ ᠶᠢᠨ ᠠᠷᠢᠭᠤᠨ ᠴᠡᠪᠡᠷ᠂ ᠡᠷᠡᠬᠦᠯ   ᠬᠠᠮᠠᠭᠠᠯᠠᠯ ᠤᠨ ᠦᠢᠯᠡᠴᠢᠯᠡᠭᠡᠨ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠣᠷᠢ ᠢᠯᠡᠳᠳᠡ ᠲᠡᠭᠡᠭᠰᠢᠯᠡᠪᠡ᠃ ᠴᠣᠣᠯ ᠭᠤᠣᠯ ᠣᠷᠠᠯᠢᠭ ᠤᠨ ᠨᠠᠶᠢᠷ ᠵᠡᠷᠭᠡ ᠶᠢᠨ ᠰᠢᠷᠢᠰ ᠰᠤᠶᠤᠯ ᠤᠨ ᠠᠵᠢᠯᠯᠠᠭᠠᠨ ᠢ ᠦᠷᠭᠡᠨ  ᠢᠶᠠᠷ ᠦᠷᠨᠢᠬᠦᠯᠵᠣ᠂ ᠲᠠᠭᠤᠯᠠᠯᠳᠣ ᠵᠦᠴᠦᠭᠡ ︽ᠵᠠᠯᠠᠶᠢᠳ ᠤᠨ ᠠᠭᠤᠯᠠ ᠣᠰᠣ︾ ᠮᠡᠳᠦ ᠶᠢᠨ 40 ᠭᠠᠷᠤᠢ ᠰᠢᠯᠢᠳᠡᠭ ᠣᠳᠬ᠎ᠠ ᠣᠷᠠᠯᠢᠭ ᠤᠨ ᠪᠦᠳᠦᠭᠡᠯ ᠢ ᠵᠣᠬᠢᠶᠠᠨ ᠪᠦᠳᠦᠭᠡᠵᠣ᠂ ︽ᠪᠣᠭᠳᠠ ᠠᠭᠤᠯᠠ ᠶᠢᠨ ᠲᠠᠬᠢᠯᠭ᠎ᠠ︾ ᠣᠯᠣᠰ ᠤᠨ ᠪᠣᠳᠠᠰ ᠤᠨ ᠪᠣᠰᠣ ᠰᠣᠶᠣᠯ ᠤᠨ ᠦᠪ ᠢᠶᠠᠷ ᠳᠠᠩᠰᠠᠯᠠᠭᠳᠠᠭᠰᠠᠨ ᠪᠠᠶᠢᠨ᠎ᠠ᠃ ᠭᠤᠷᠪᠠᠳᠠᠬᠢ ᠣᠳᠠᠭᠠᠨ ᠤ ᠪᠦᠬᠦ ᠣᠯᠣᠰ ᠤᠨ ᠲᠡᠦᠭᠡ ᠶᠢᠨ ᠲᠣᠷᠠᠰᠬᠠᠯᠳᠣ ᠵᠦᠢᠯ ᠤᠨ ᠨᠡᠶᠢᠳᠡᠮ ᠪᠠᠶᠢᠴᠠᠭᠠᠯᠳᠠ ᠶᠢ ᠲᠡᠬᠦᠰ ᠠᠮᠵᠢᠯᠳᠠ ᠲᠠᠢ ᠪᠡᠶᠡᠯᠡᠬᠦᠯᠵᠣ᠂ ᠣᠷᠣᠨ ᠤ ᠲᠡᠰ ᠤᠨ ᠲᠡᠦᠭᠡ ᠶᠢᠨ ᠲᠤᠷᠠᠰᠬᠠᠯᠳᠣ ᠵᠦᠢᠯ ᠢ ᠬᠠᠮᠠᠭᠠᠯᠠᠬᠤ ᠨᠢᠭᠡᠴᠡ ᠶᠢ ᠰᠢᠨ᠎ᠡ ᠪᠠᠷ 2 ᠨᠡᠮᠡᠭᠳᠡᠬᠦᠯᠦᠭᠰᠡᠨ ᠪᠠᠶᠢᠨ᠎ᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ︽ᠨᠠᠢᠮᠨ ᠤᠷᠤᠬᠤ︾ ᠬᠦᠳᠡᠯᠭᠡᠭᠡᠨ  ᠢ ᠪᠠᠳᠣᠳᠡᠢ ᠦᠷᠨᠢᠬᠦᠯᠵᠣ᠂ 2015 ᠣᠨ ᠳᠤ ᠪᠦᠬᠦ ᠣᠷᠣᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠬᠤᠰᠢᠭᠤᠨ ᠤ ᠡᠩᠨᠡᠭᠡᠨ ᠳᠤ ᠣᠷᠣᠭᠰᠠᠨ ᠪᠠᠶᠢᠨ᠎ᠠ᠃       ᠲᠠᠪᠣᠨ ᠵᠢᠯ ᠤᠨ ᠲᠣᠷᠰᠢ᠂ ᠵᠠᠰᠠᠭ ᠤᠨ ᠣᠷᠳᠣᠨ ᠤ ᠦᠪᠡᠷᠦᠨ ᠪᠡᠶ᠎ᠡ ᠶᠢᠨ ᠪᠦᠳᠦᠭᠡᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠵᠤ᠂ ᠵᠠᠰᠠᠭᠯᠠᠬᠤ ᠴᠢᠳᠠᠪᠣᠷᠢ ᠲᠠᠰᠣᠷᠠᠯᠳᠠ ᠦᠭᠡᠢ ᠲᠡᠭᠡᠭᠰᠢᠯᠡᠭᠰᠡᠨ ᠪᠠᠶᠢᠨ᠎ᠠ᠃ ᠨᠠᠮ  ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ᠂ ︽ᠭᠤᠷᠪᠠᠨ ᠴᠢᠩᠭ᠎ᠠ᠂ ᠭᠤᠷᠪᠠᠨ ᠪᠣᠳᠠᠳᠠᠢ︾ ᠲᠣᠰᠬᠠᠢ ᠬᠦᠮᠦᠵᠢᠯ ᠬᠢᠭᠡᠳ ︽ᠬᠤᠶᠠᠷ ᠢ ᠰᠣᠷᠣᠯᠴᠠᠵᠣ᠂ ᠨᠢᠭᠡ ᠳᠤ ᠲᠡᠩᠴᠡᠬᠦᠯᠬᠦ︾ ᠰᠣᠷᠣᠯᠴᠠᠯᠭ᠎ᠠ ᠬᠦᠮᠦᠵᠢᠯ ᠢ ᠯᠠᠪᠳᠠᠭᠤᠨ ᠪᠠᠳᠣᠳᠠᠢ ᠦᠷᠨᠢᠬᠦᠯᠵᠣ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ︽ᠨᠢᠭᠡ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠣᠷᠢᠵᠢᠭᠤᠯᠵᠣ᠂ ︽ᠭᠤᠷᠪᠠᠨ ᠴᠢᠬᠤᠯᠠ ᠨᠢᠭᠡ ᠲᠣᠮᠣ︾ ᠰᠢᠢᠳᠪᠦᠷᠢᠳᠦ ᠪᠣᠳᠣᠯᠭ᠎ᠠ ᠪᠣᠯᠣᠨ ᠵᠠᠰᠠᠭ ᠤᠨ ᠣᠷᠳᠣᠨ ᠤ ᠬᠠᠣᠯᠢ ᠵᠦᠪᠯᠡᠭᠴᠢ ᠵᠡᠷᠭᠡ ᠲᠦᠷᠢᠮ ᠢ ᠪᠠᠶᠢᠭᠤᠯᠣᠨ ᠲᠡᠬᠦᠯᠳᠡᠷᠵᠢᠬᠦᠯᠵᠣ᠂ ᠵᠠᠰᠠᠭ ᠤᠨ ᠣᠷᠳᠣᠨ ᠤ ᠬᠦᠢᠴᠡᠳᠭᠡᠬᠦ ᠴᠢᠳᠠᠮᠵᠢ᠂ ᠢᠲᠡᠭᠡᠮᠵᠢ ᠶᠢᠨ ᠬᠡᠮᠵᠢᠶ᠎ᠡ ᠢᠯᠡᠳᠳᠡ ᠰᠠᠶᠢᠵᠢᠷᠠᠪᠠ᠃ ᠨᠠᠮ ᠤᠨ ᠲᠦᠪ ᠬᠤᠷᠢᠶᠠᠨ ᠤ ᠨᠠᠢᠮᠠᠨ ᠲᠣᠭᠳᠠᠭᠠᠯ ᠪᠠ ᠦᠪᠡᠷᠳᠡᠭᠡᠨ ᠵᠠᠰᠠᠬᠤ ᠣᠷᠣᠨ ᠤ 28 ᠵᠣᠷᠪᠣᠰ ᠢᠵᠢ ᠲᠣᠭᠳᠠᠭᠠᠯ ᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠨ ᠭᠡᠷ ᠢ ᠰᠣᠯᠠᠯᠠᠨ ᠪᠣᠴᠠᠭᠠᠭᠰᠠᠨ ᠪᠠ ᠠᠯᠪᠠᠨ ᠤ ᠲᠡᠷᠭᠡ ᠶᠢᠨ ᠬᠡᠷᠡᠭᠯᠡᠭᠡᠨ ᠤ ᠦᠭᠡᠷᠡᠴᠢᠯᠡᠯᠳᠡ ᠶᠢ ᠪᠡᠶᠡᠯᠡᠭᠦᠯᠪᠡ᠃ ᠠᠷᠠᠳ ᠤᠨ ᠲᠦᠯᠦᠭᠡᠯᠡᠭᠴᠢᠳ ᠤᠨ ᠵᠦᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠲᠤᠷᠠᠳᠤᠯᠭ᠎ᠠ ᠶᠢ ᠨᠠᠷᠢᠨ ᠬᠢᠨᠠᠮᠠᠭᠠᠢ ᠪᠡᠶᠡᠯᠡᠬᠦᠯᠵᠣ᠂ ᠬᠠᠷᠢᠭᠤᠯᠣᠭᠰᠠᠨ ᠨᠤᠷᠮ᠎ᠠ᠂ ᠬᠦᠢᠴᠡᠳᠭᠡᠭᠰᠡᠨ ᠨᠤᠷᠮ᠎ᠠ 100 % ᠲᠤᠯᠵᠠᠢ᠃ ᠠᠷᠠᠳ ᠤᠨ ᠵᠠᠰᠠᠭ ᠤᠨ ᠤᠷᠳᠤᠨ ᠤ ᠪᠡᠯᠡ ᠮᠦᠩᠭᠦ  ᠶᠢᠨ ᠵᠠᠷᠤᠴᠠᠭᠤᠯᠤᠯᠳᠠ ᠶᠢᠨ ᠬᠠᠮᠢᠶᠠᠷᠤᠯᠳᠠ ᠶᠢ ᠴᠢᠩᠭᠠᠳᠬᠠᠵᠣ᠂ 399 ᠲᠦᠷᠦᠯ ᠵᠦᠢᠯ ᠢ ᠬᠢᠨᠠᠨ ᠪᠤᠳᠤᠵᠤ᠂ ᠡᠳ᠋  ᠤᠨ ᠵᠠᠰᠠᠭ ᠤᠨ ᠪᠡᠯᠡ ᠮᠦᠩᠬᠦ ᠶᠢ 1.59 ᠳ᠋ᠦᠩᠰᠢᠭᠤᠷ ᠲᠦᠭᠦᠷᠢᠭ ᠠᠷᠪᠢᠯᠠᠵᠠᠢ᠃   ︽ᠭᠤᠷᠪᠠᠨ ᠠᠯᠪᠠᠨ︾ ᠵᠠᠷᠤᠳᠠᠯ ᠵᠢᠯ ᠢᠷᠡᠬᠦᠶ᠎ᠡ ᠪᠠᠭᠠᠰᠴᠠᠢ᠃ ᠨᠡᠶᠢᠬᠡᠮ ᠤᠨ ᠵᠦᠷᠢᠴᠡᠯ ᠢ ᠴᠠᠭ ᠲᠤᠬᠠᠢ ᠳᠤ ᠨᠢ ᠵᠦᠭᠰᠢᠷᠡᠬᠦᠯᠵᠣ᠂ ᠤᠯᠠᠨ ᠲᠦᠮᠡᠨ ᠤ ᠰᠡᠳᠬᠢᠯ ᠬᠠᠨᠤᠮᠵᠢ ᠶᠢᠨ ᠲᠦᠪᠰᠢᠨ ᠲᠠᠰᠤᠷᠠᠯᠳᠠ ᠦᠬᠡᠢ ᠳᠡᠭᠡᠭᠰᠢᠯᠡᠪᠡ᠃           ᠲᠦᠯᠦᠭᠡᠯᠡᠭᠴᠢᠳ ᠡ᠂ ᠰᠠᠶ᠋ᠢᠬᠠᠨ ᠦᠩᠭᠡᠷᠡᠨ ᠤᠳᠤᠭᠰᠠᠨ 2017 ᠤᠨ ᠪᠤᠯ ᠮᠠᠨ ᠤ ᠬᠤᠰᠢᠭᠤᠨ ᠤ ᠡᠯ᠎ᠡ ᠲᠠᠯ᠎ᠠ ᠶᠢᠨ ᠠᠵᠢᠯ ᠭᠠᠨᠵᠤᠭ᠎ᠠ ᠲᠦᠭᠦᠷᠡᠩ ᠠᠮᠵᠢᠯᠲᠠ ᠤᠯᠤᠭᠰᠠᠨ ᠨᠢᠭᠡ ᠵᠢᠯ ᠪᠦᠭᠡᠳ ᠪᠦᠬᠦ ᠬᠤᠰᠢᠭᠤ ᠪᠠᠷ  ᠢᠶᠠᠨ ᠪᠦᠯᠬᠦᠮᠳᠡᠨ ᠲᠡᠮᠡᠴᠡᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠬᠢᠴᠠ ᠶᠢ ᠪᠦᠬᠦ ᠬᠦᠴᠦ ᠪᠠᠷ ᠲᠦᠯᠬᠢᠨ ᠠᠬᠢᠭᠤᠯᠤᠭᠰᠠᠨ ᠨᠢᠭᠡ ᠵᠢᠯ ᠮᠦᠨ᠃ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ ᠨᠠᠮ ᠤᠨ ᠪᠦᠳᠦᠭᠡᠨ ᠪᠠᠶᠢᠭᠤᠯᠤᠯᠳᠠ ᠪᠠᠷ ᠪᠦᠬᠦ ᠠᠵᠢᠯ ᠢ ᠨᠢᠭᠡᠳᠦᠯᠳᠡᠢ ᠵᠢᠯᠤᠭᠤᠳᠣᠨ ᠬᠦᠭᠵᠢᠬᠦᠯᠬᠦ ᠶᠢ ᠪᠠᠷᠢᠮᠳᠠᠯᠠᠵᠤ᠂ ᠡᠯ᠎ᠡ ᠦᠨᠳᠦᠰᠦᠳᠡᠨ ᠤ ᠺᠠᠳ᠋ᠷ ᠲᠦᠮᠡᠨ ᠰᠡᠳᠬᠢᠯ ᠨᠢᠭᠡᠳᠦᠨ ᠬᠦᠴᠦ ᠬᠠᠮᠲᠣᠷᠠᠵᠣ᠂ ᠬᠠᠳᠠᠭᠤᠵᠢᠨ ᠤᠷᠤᠭᠰᠢᠯᠡᠵᠦ᠂ ᠪᠦᠬᠦ ᠬᠤᠰᠢᠭᠤᠨ ᠤ ᠠᠵᠦ ᠠᠬᠤᠢ ᠶᠢᠨ ᠬᠦᠭᠵᠢᠯᠳᠡ ᠲᠣᠭᠲᠠᠭᠤᠨ  ᠢᠶᠠᠷ ᠨᠡᠩ ᠰᠠᠶᠢᠨ ᠵᠦᠭ ᠬᠦᠭᠵᠢᠬᠦ ᠬᠠᠨᠳᠤᠰᠢ ᠲᠠᠢ ᠪᠤᠯᠤᠭᠰᠠᠨ ᠪᠠᠶᠢᠨ᠎ᠠ᠃ ᠭᠠᠵᠠᠷ ᠤᠷᠤᠨ ᠤ ᠦᠢᠯᠡᠳᠪᠦᠷᠢᠯᠡᠯ  ᠤᠨ ᠪᠦᠭᠦ ᠦᠷᠳᠡᠭ ᠦᠩᠭᠡᠷᠡᠭᠰᠡᠨ ᠵᠢᠯ ᠲᠠᠢ ᠬᠠᠷᠢᠴᠠᠭᠤᠯᠪᠠᠯ 3% ᠪᠠᠷ ᠨᠡᠮᠡᠭᠳᠡᠵᠦ᠂ ᠲᠤᠭᠳᠠᠮᠠᠯ ᠡᠳ᠋ ᠬᠦᠷᠦᠩᠭᠡ  ᠶᠢᠨ ᠪᠡᠯᠡ ᠤᠷᠤᠭᠤᠯᠤᠯᠳᠠ 70 ᠳ᠋ᠦᠩᠰᠢᠭᠤᠷ ᠲᠦᠬᠦᠷᠢᠭ ᠢ ᠪᠡᠶᠡᠯᠡᠭᠦᠯᠵᠤ᠂ ᠨᠡᠶᠢᠭᠡᠮ ᠤᠨ ᠭᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠣᠭᠰᠠᠠ ᠪᠦᠭᠦ ᠦᠷᠳᠡᠭ 34.2 ᠳ᠋ᠦᠩᠰᠢᠭᠤᠷ ᠲᠦᠭᠦᠷᠢᠭ ᠲᠤ ᠬᠦᠷᠴᠦ᠂ ᠦᠩᠭᠡᠷᠡᠭᠰᠡᠨ ᠵᠢᠯ  ᠲᠠᠢ ᠬᠠᠷᠢᠴᠠᠭᠤᠯᠪᠠᠯ 8.5% ᠪᠠᠷ ᠨᠡᠮᠡᠭᠳᠡᠵᠡᠢ᠃   ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠬᠦᠢᠴᠡᠳᠭᠡᠭᠰᠡᠨ ᠬᠡᠮᠵᠢᠶ᠎ᠠ 3.71 ᠳ᠋ᠦᠩᠰᠢᠭᠤᠷ ᠲᠦᠬᠦᠷᠢᠭ ᠲᠤ ᠲᠤᠯᠵᠤ᠂   ᠦᠩᠭᠡᠷᠡᠭᠰᠡᠨ ᠵᠢᠯ  ᠲᠠᠢ ᠬᠠᠷᠢᠴᠠᠭᠤᠯᠪᠠᠯ 10% ᠪᠠᠷ ᠨᠠᠮᠡᠭᠳᠡᠪᠠ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ 40.88 ᠳ᠋ᠦᠩᠰᠢᠭᠤᠷ ᠲᠦᠬᠦᠷᠢᠭ ᠲᠤ ᠬᠦᠷᠴᠦ᠂ ᠦᠩᠭᠡᠷᠡᠭᠰᠡᠨ ᠵᠢᠯ ᠲᠠᠢ ᠬᠠᠷᠢᠴᠠᠭᠤᠯᠪᠠᠯ 6.2%  ᠪᠠᠷ ᠨᠡᠮᠡᠭᠳᠡᠵᠡᠢ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠡᠵᠡᠮᠳᠡᠭᠦ ᠤᠷᠤᠯᠭ᠎ᠠ ᠲᠤᠰ ᠲᠤᠰ 24674 ᠲᠦᠭᠦᠷᠢᠭ ᠪᠠ 9207 ᠲᠦᠬᠦᠷᠢᠭ ᠲᠤ ᠬᠦᠷᠴᠦ᠂ ᠦᠩᠭᠡᠷᠡᠭᠰᠡᠨ ᠵᠢᠯ ᠤᠳ  ᠲᠠᠢ ᠬᠠᠷᠢᠴᠠᠭᠤᠯᠪᠠᠯ 8.5% ᠪᠡ 9% ᠪᠠᠷ ᠨᠡᠮᠡᠭᠳᠡᠵᠡᠢ᠃ ᠠᠶᠢᠮᠠᠭ ᠤᠨ ᠲᠡᠰ ᠤᠨ ᠳ᠋ᠦᠩᠰᠢᠭᠤᠷ ᠲᠠᠪᠠᠭᠰᠠᠨ ᠲᠦᠷᠤᠯ ᠵᠤᠶᠢᠯ 23 ᠪᠣᠯᠵᠣ᠂ 35.3 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠬᠦᠯᠵᠡᠢ᠃ ᠲᠡᠭᠡᠳᠦ ᠱᠠᠳᠤᠨ ᠠᠴᠠ 25.5 ᠳ᠋ᠦᠩᠰᠢᠭᠤᠷ ᠲᠦᠬᠦᠷᠢᠭ ᠪᠡᠯᠡ ᠮᠦᠩᠬᠦ ᠶᠢ ᠡᠷᠡᠮᠡᠯᠵᠠᠠ᠂ ᠠᠷᠠᠯᠵᠢᠶᠠᠴᠢᠨ ᠣᠷᠢᠵᠣ ᠪᠡᠯᠡ ᠤᠷᠤᠭᠤᠯᠬᠤ ᠶᠢ 42.2 ᠳ᠋ᠦᠩᠰᠢᠭᠤᠷ ᠲᠦᠭᠦᠷᠢᠭ ᠪᠠᠶᠡᠯᠡᠭᠦᠯᠵᠡᠢ᠃           ︵ᠨᠢᠭᠡ︶ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠣᠯᠬᠤ ᠶᠢ ᠬᠦᠨᠵᠡᠭᠡᠢ ᠲᠦᠯᠬᠢᠨ ᠠᠬᠢᠭᠤᠯᠵᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠᠷ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠦᠬᠦ ᠲᠠᠯ᠎ᠠ ᠶᠢ ᠨᠢᠭᠡᠳᠭᠡᠨ ᠵᠤᠬᠢᠴᠠᠭᠤᠯᠬᠤ ᠶᠢ ᠪᠠᠷᠢᠮᠳᠠᠯᠠᠵᠤ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠠ ᠡᠳ᠋ ᠤᠨ ᠵᠠᠰᠠᠭ ᠤᠨ ᠪᠡᠯᠡ ᠮᠦᠩᠭᠦ ᠶᠢ 3 ᠳ᠋ᠦᠩᠰᠢᠭᠤᠷ ᠲᠦᠬᠦᠷᠢᠭ   ᠨᠢᠭᠡᠳᠭᠡᠵᠦ᠂ 2 ᠳ᠋ᠦᠩᠰᠢᠭᠤᠷ ᠲᠦᠬᠦᠷᠢᠭ ᠵᠢᠬᠡᠯᠡᠯᠭᠡ ᠲᠠᠯᠪᠢᠵᠦ᠂ ︽ᠲᠤᠪᠶᠤᠭ ᠭᠡᠯᠪᠡᠷᠢ︾   ᠪᠠᠷ ᠡᠷᠦᠭᠡ ᠳᠤ ᠨᠠᠷᠢᠯᠢᠭ ᠤᠨᠤᠰᠢᠯᠠᠭᠤᠯᠬᠤ ᠠᠵᠤ ᠦᠢᠯᠡᠰ ᠪᠠ ᠡᠳ᠋ ᠭᠦᠷᠤᠩᠭᠡ ᠶᠢᠨ ᠠᠰᠢᠭ ᠤᠷᠤᠯᠭ᠎ᠠ ᠪᠠᠷ ᠶᠠᠳᠠᠭᠤ ᠶᠢ ᠲᠡᠳᠭᠦᠭᠦ ᠶᠢ ᠪᠦᠭᠦ ᠭᠦᠴᠤ ᠪᠠᠷ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠷᠭᠦᠴᠡ 96.5% ᠳᠤ ᠬᠦᠷᠴᠡᠢ᠃ ᠨᠡᠬᠦᠯᠬᠡᠨ ᠰᠢᠯᠵᠢᠬᠦᠯᠵᠤ ᠶᠠᠳᠠᠭᠤ ᠶᠢ ᠲᠡᠳᠬᠦᠬᠦ ᠪᠠᠷ 931 ᠡᠷᠦᠬᠡ ᠶᠢ ᠨᠡᠬᠦᠯᠬᠡᠵᠦ᠂ 1115 ᠶᠠᠳᠠᠭᠤ ᠬᠦᠴᠢᠷᠳᠡᠯᠳᠡᠢ ᠡᠷᠦᠬᠡ ᠶᠢ ᠲᠠᠩᠰᠠᠨ ᠳᠤ ᠤᠷᠤᠭᠤᠯᠵᠤ ᠺᠠᠷᠲ ᠪᠠᠶᠢᠭᠤᠯᠤᠨ᠂ ᠨᠤᠷᠠᠬᠤ ᠠᠶᠤᠯᠳᠠᠢ ᠭᠡᠷ ᠪᠠᠶᠢᠰᠢᠩ ᠢ  ᠨᠢ ᠰᠡᠯᠪᠢᠨ ᠵᠠᠰᠠᠵᠤ ᠦᠭᠭᠦᠭᠰᠡᠨ ᠪᠠᠶᠢᠨ᠎ᠠ᠃ ᠤᠢ ᠬᠠᠮᠠᠭᠠᠯᠠᠭᠴᠢ᠂ ᠴᠡᠪᠡᠷᠯᠡᠭᠴᠢ ᠶᠢᠨ ᠠᠵᠢᠯ ᠤᠨ ᠪᠠᠶᠢᠷᠢ ᠶᠢ ᠣᠯᠭᠤᠬᠤ ᠪᠠᠷ ᠲᠡᠮᠵᠢᠨ 1077 ᠶᠠᠳᠠᠭᠤ ᠭᠦᠴᠢᠷᠳᠡᠯᠳᠡᠢ ᠭᠦᠮᠤᠨ ᠢ ᠲᠦᠪᠬᠢᠨᠡᠭᠦᠯᠵᠡᠢ᠃ ᠲᠠᠩᠰᠠᠨ ᠳᠤ ᠤᠷᠤᠭᠤᠯᠵᠤ᠂ ᠺᠠᠷᠲ ᠪᠠᠶᠢᠭᠤᠯᠤᠭᠰᠠᠨ ᠶᠠᠳᠠᠭᠤ ᠭᠦᠴᠢᠷᠳᠡᠯᠳᠡᠢ ᠭᠡᠷ ᠪᠦᠯᠢ ᠶᠢᠨ ᠰᠤᠷᠤᠭᠴᠢ ᠶᠢ 3790 ᠬᠢᠨᠠᠨ ᠲᠤᠭᠳᠠᠭᠠᠵᠦ᠂ 575.6 ᠲᠦᠮᠡᠨ ᠲᠦᠬᠦᠷᠢᠭ ᠤᠨ ᠰᠤᠷᠭᠠᠨ ᠬᠦᠮᠦᠵᠢᠯ ᠤᠨ ᠶᠠᠳᠠᠭᠤ ᠶᠢ ᠲᠡᠳᠭᠦᠭᠦ ᠪᠡᠯᠡ ᠮᠦᠩᠬᠦ  ᠶᠢ ᠲᠠᠯᠪᠢᠵᠠᠢ᠃ ᠠᠮᠢᠳᠣᠷᠠᠯ ᠤᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠪᠠᠳᠣᠯᠠᠪᠤᠷᠢ ᠶᠢᠨ ᠰᠠᠭᠤᠷᠢ ᠮᠦᠩᠬᠦ ᠪᠠᠶᠢᠭᠤᠯᠵᠤ᠂ ᠰᠦᠢᠳᠭᠡᠯ ᠬᠤᠷᠢᠶᠠᠬᠤ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠶᠠᠳᠠᠭᠤ ᠬᠦᠴᠢᠷᠳᠡᠯᠳᠡᠢ ᠡᠷᠦᠭᠡ ᠳᠤ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠲᠠᠭᠠᠳᠬᠠᠯ  ᠂ ᠬᠤᠳᠠᠯᠳᠤᠭᠠᠨ ᠤ ᠲᠠᠭᠠᠳᠬᠠᠯ ᠤᠨ ᠮᠦᠩᠭᠦ ᠶᠢ ᠪᠦᠭᠦᠨ ᠢ ᠣᠷᠣᠯᠠᠨ ᠲᠤᠰᠢᠶᠡᠵᠤ ᠦᠭᠵᠡᠢ᠃ ᠬᠦᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠠ ︽ᠲᠠᠪᠤᠨ   ᠪᠠᠳᠣᠯᠠᠭᠠᠬᠤ︾ ᠲᠦᠷᠦ  ᠶᠢᠨ ᠪᠤᠳᠤᠯᠭ᠎ᠠ ᠶᠢ ᠪᠦᠷᠭᠦᠭᠦᠯᠵᠦ᠂ ᠲᠠᠩᠰᠠᠨ ᠳᠤ ᠤᠷᠤᠭᠤᠯᠵᠤ ᠺᠠᠷᠲ ᠪᠠᠶᠢᠭᠤᠯᠤᠭᠰᠠᠠ ᠶᠠᠳᠠᠭᠤ ᠬᠦᠴᠢᠷᠳᠡᠯᠳᠡᠢ ᠡᠷᠦᠬᠡ ᠠᠮᠠ ᠶᠢᠨ ᠬᠠᠷᠢᠴᠠᠯ 49% ᠬᠦᠷᠴᠦ᠂ ᠠᠮᠢᠳᠦᠷᠠᠯ᠂ ᠡᠮ ᠡᠮᠨᠡᠯᠭᠡ ᠪᠠ ᠲᠦᠷ ᠴᠠᠭ ᠤᠨ ᠲᠤᠰᠠᠯᠠᠮᠵᠢ ᠶᠢ 1991 ᠭᠦᠮᠤᠨ ᠤᠳᠠᠭ᠎ᠠ ᠭᠡᠷᠡᠭᠵᠢᠭᠦᠯᠵᠡᠢ᠃ 1800 ᠲᠦᠮᠡᠨ ᠲᠦᠬᠦᠷᠢᠭ ᠤᠨ ᠪᠡᠯᠡ ᠣᠷᠣᠭᠤᠯᠣᠯᠲᠠ ᠬᠢᠵᠦ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ᠬᠠᠮᠳᠣ ᠶᠢᠨ ᠠᠵᠤ ᠠᠬᠤᠢ ᠶᠢ ᠭᠦᠭᠵᠢᠭᠦᠯᠭᠦ ᠶᠢ ᠲᠡᠮᠵᠢᠨ᠂ ᠬᠦᠭᠵᠢᠯᠳᠡ ᠶᠢᠨ ᠢᠳᠡᠪᠬᠢ ᠬᠦᠴᠦᠨ ᠲᠠᠰᠤᠷᠠᠯᠳᠠ ᠦᠬᠡᠢ ᠲᠡᠬᠦᠯᠳᠡᠷᠵᠢᠪᠠ᠃ ᠪᠦᠬᠦ ᠬᠤᠰᠢᠭᠤᠨ ᠤ 1.34 ᠲᠦᠮᠡᠨ ᠶᠠᠳᠠᠭᠤ ᠭᠦᠴᠢᠷᠳᠡᠯᠳᠡᠢ ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ ᠵᠢᠩᠬᠢᠨᠢ ᠶᠠᠳᠠᠭᠤ ᠠᠴᠠ ᠠᠩᠬᠢᠵᠢᠷᠠᠭᠰᠠᠨ ᠬᠦᠮᠦᠨ ᠤ ᠲᠤᠭ᠎ᠠ 1.1 ᠲᠦᠮᠡ ᠳᠤ ᠬᠦᠷᠦᠭᠰᠡᠨ ᠪᠠᠶᠢᠨ᠎ᠠ᠃       ( ᠬᠤᠶᠠᠷ︶ ᠬᠤᠰᠢᠭᠤ ᠤᠷᠤᠨ ᠤ ᠠᠵᠦ ᠠᠬᠤᠢ ᠶᠢ ᠦᠷᠭᠦᠯᠵᠢᠯᠠᠠ ᠴᠢᠩᠭᠠᠳᠬᠠᠪᠠ᠃ ᠤᠳᠣ ᠦᠶ᠎ᠠ  ᠶᠢᠨ ᠲᠡᠷᠢᠶᠠᠯᠠᠩ ᠤᠨ ᠭᠦᠭᠵᠢᠯᠳᠠ ᠶᠢ ᠲᠦᠷᠭᠡᠳᠭᠡᠪᠡ᠃ ᠲᠠᠷᠢᠮᠠᠯ ᠤᠨ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢᠨ ︽3666 ᠲᠦᠯᠦᠪᠯᠡᠭᠡ︾ ᠪᠦᠬᠦ ᠲᠠᠯ᠎ᠠ ᠪᠠᠷ ᠪᠡᠶᠡᠯᠡᠭᠳᠡᠵᠡᠢ᠃ ᠡᠷᠳᠡᠨᠢ ᠶᠢᠨ ᠰᠢᠰᠢ ᠲᠠᠷᠢᠭᠰᠠᠨ ᠲᠠᠯᠠᠪᠠᠢ ᠶᠢ 302 ᠲᠦᠮᠡᠨ ᠮᠤ᠋ ᠪᠤᠯᠳᠠᠯ᠎ᠠ ᠵᠤᠬᠢᠴᠠᠭᠤᠯᠤᠨ ᠪᠠᠭᠠᠰᠬᠠᠵᠤ᠂ ᠪᠣᠬᠢᠷᠳᠣᠯ ᠦᠬᠡᠢ ᠲᠤᠳᠤᠷᠭ᠎ᠠ  ᠶᠢ 65 ᠲᠦᠮᠡᠨ ᠮᠣ᠋᠂ ᠡᠯᠳᠡᠪ ᠠᠮᠤ ᠪᠤᠷᠴᠠᠭ 80 ᠲᠦᠮᠡᠨ ᠮᠤ᠋᠂ ᠤᠨᠴᠠᠯᠢᠭᠳᠤ ᠲᠠᠷᠢᠮᠠᠯ 60 ᠲᠦᠮᠡᠨ ᠮᠤ᠋ ᠭᠦᠭᠵᠢᠭᠦᠯᠵᠤ᠂ ᠡᠭᠦᠨ ᠳᠤ ᠰᠢᠬᠢᠷ ᠯᠤᠤᠪᠠᠩ ᠪᠠ ᠰᠢᠬᠢᠷᠯᠢᠭ ᠤᠳ᠋ᠪᠠᠯ᠎ᠠ 18 ᠲᠦᠮᠡᠨ ᠮᠤ᠋  ᠂ 1 ᠲᠦᠮᠡᠨ ᠮᠤ᠋ ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠤᠯᠭᠠᠨ ᠬᠤᠪᠢᠷᠠᠭᠤᠯᠤᠨ ᠠᠰᠢᠭᠯᠠᠵᠤ᠂ ᠠᠮᠤ ᠪᠤᠳᠠᠭᠠᠨ ᠤ ᠤᠨᠠᠯᠳᠠ ᠶᠢ 35.3 ᠳ᠋ᠦᠩᠰᠢᠭᠤᠷ ᠵᠢᠩ ᠳᠤ ᠲᠣᠯᠭᠠᠪᠠ᠃ ᠮᠠᠯ ᠤᠨ ᠡᠭᠦᠯᠳᠡᠷ ᠰᠠᠶᠢᠵᠢᠷᠠᠭᠤᠯᠤᠯᠳᠠ ᠶᠢᠨ ᠠᠬᠢᠴᠠ ᠶᠢ ᠲᠦᠷᠭᠡᠳᠭᠡᠵᠦ᠂ ᠮᠠᠯ ᠠᠵᠤ ᠠᠬᠤᠢ ᠶᠢᠨ ᠤᠨ ᠤ ᠲᠡᠵᠢᠬᠡᠵᠦ ᠪᠠᠶᠢᠭ᠎ᠠ ᠭᠡᠷ ᠤᠨ ᠲᠡᠵᠢᠭᠡᠪᠦᠷᠢ ᠶᠢᠨ ᠶᠡᠷᠦᠩᠬᠡᠢ ᠲᠤᠭ᠎ᠠ ᠶᠢ 247.6 ᠲᠦᠮᠡ ᠳᠤ ᠬᠦᠷᠭᠡᠪᠡ  ᠃ 2.08 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠬᠢᠵᠦ᠂   ᠰᠠᠯᠪᠣᠷᠢ ᠤᠷᠤᠰᠬᠠᠯ ᠢ ᠵᠠᠰᠠᠬᠤ᠂ ᠭᠠᠩ ᠬᠠᠪᠰᠠᠷᠠᠭᠠᠨ ᠢ ᠰᠡᠷᠭᠡᠶᠢᠯᠡᠬᠦ ᠲᠤᠯᠭᠠᠮ᠎ᠠ ᠭᠡᠷᠡᠭᠴᠡᠭᠡ ᠪᠦᠬᠦᠢ ᠤᠰᠤᠨ ᠤ ᠡᠬᠢ ᠰᠤᠷᠪᠤᠯᠵᠢ ᠬᠠᠩᠭᠠᠬᠤ᠂ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠭᠠᠷᠤᠯᠳᠠ ᠪᠠᠨ ᠨᠡᠮᠡᠭᠳᠡᠬᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠵᠡᠢ᠃ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ ᠢ ᠪᠦᠳᠦᠭᠡᠨ ᠪᠠᠶᠢᠭᠤᠯᠬᠤ᠂ ᠤᠯᠤᠰ ᠤᠨ ᠮᠠᠯ ᠵᠢᠭᠦᠷᠳᠡᠨ ᠤ ᠢᠯᠭᠠᠳᠠᠰᠤ ᠶᠢᠨ ᠡᠬᠢ ᠰᠤᠷᠪᠤᠯᠵᠢ ᠶᠢᠨ ᠴᠢᠨᠠᠷᠳᠠᠢ ᠠᠰᠢᠭᠯᠠᠯᠳᠠ᠂ ᠪᠦᠬᠦ ᠤᠯᠤᠰ ᠤᠨ ᠮᠠᠯᠵᠢᠬᠤ ᠲᠠᠷᠢᠶᠠᠯᠠᠬᠤ ᠤᠷᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠣᠯᠴᠠᠨ ᠬᠦᠭᠵᠢᠬᠦ ᠲᠤᠷᠰᠢᠯᠳᠡ ᠶᠢᠨ ᠴᠢᠭ᠋ ᠢ ᠠᠮᠵᠢᠯᠳᠠ  ᠲᠠᠢ ᠲᠡᠮᠡᠴᠡᠨ ᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠶᠠᠷᠦᠩᠬᠡᠢ ᠬᠦᠭᠵᠢᠯᠳᠡ ᠶᠢᠨ ᠪᠤᠳᠠᠳᠣ ᠭᠦᠴᠤᠨ ᠮᠡᠳᠡᠭᠳᠡᠬᠦᠶᠢᠴᠡ ᠲᠡᠭᠡᠭᠰᠢᠯᠡᠵᠠᠢ᠃ ᠠᠵᠤ ᠦᠢᠯᠡᠳᠪᠦᠷᠢ ᠶᠢᠨ ᠠᠵᠤ ᠠᠬᠤᠢ ᠲᠤᠭᠳᠠᠭᠤᠨ ᠢᠶᠠᠷ ᠬᠦᠭᠵᠢᠵᠡᠢ᠃ ᠠᠵᠤ ᠦᠢᠯᠡᠳᠪᠦᠷᠢ ᠶᠢᠨ 10 ᠭᠤᠤᠯᠳᠠᠯᠭ᠎ᠠ ᠲᠠᠢ ᠲᠦᠷᠤᠯ ᠵᠦᠢᠯ ᠢ ᠶᠠᠪᠤᠭᠳᠠᠭᠤᠯᠵᠦ᠂ 5.5 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠤᠯᠳᠠ ᠶᠢ ᠬᠦᠢᠴᠡᠳᠭᠡᠵᠡᠢ᠃ ᠵᠢᠶᠠ ᠯᠢ ᠮᠢᠩ ᠤᠨ ᠬᠠᠶᠠᠭᠳᠠᠮᠠᠯ ᠬᠠᠭᠤᠴᠢᠨ ᠰᠦᠯᠢᠶᠤᠤ ᠪᠦᠷᠭᠦᠭᠦᠯ ᠢ ᠬᠤᠷᠢᠶᠠᠵᠦ ᠠᠰᠢᠭᠯᠠᠬᠤ᠂ ᠤᠦ ᠹᠧᠩ ᠪᠤᠷᠳᠤᠭᠤᠷ ᠪᠤᠯᠪᠠᠰᠤᠷᠠᠭᠤᠯᠬᠤ ᠲᠦᠷᠤᠯ ᠵᠤᠶᠢᠯ ᠠᠰᠢᠭᠯᠠᠯᠳᠠ  ᠳᠤ ᠤᠷᠤᠵᠤ᠂ ᠾᠧ ᠮᠠ ᠰᠢᠬᠢᠷ ᠤᠨ ᠦᠢᠯᠡᠰ᠂ ᠲᠦᠮᠡᠨ ᠲᠤᠨ ᠤ ᠲᠡᠰ ᠤᠨ ᠡᠰᠢ ᠰᠦᠷᠡᠯ ᠤᠨ ᠶᠠᠷᠦᠩᠭᠡᠢ ᠠᠰᠢᠭᠯᠠᠯᠳᠠ ᠵᠡᠷᠭᠡ ᠲᠦᠷᠤᠯ ᠵᠤᠶᠢᠯ ᠤᠨ ᠠᠬᠢᠯᠳᠠ ᠲᠦᠷᠭᠡᠰᠪᠡ᠃ ᠠᠵᠤ ᠦᠢᠯᠡᠳᠪᠦᠷᠢ ᠶᠢᠨ ᠠᠷᠠᠯᠵᠢᠶᠠᠴᠢᠨ ᠤᠷᠢᠬᠤ  ᠶᠢ ᠦᠷᠭᠡᠨ ᠢᠶᠠᠷ ᠶᠠᠪᠤᠭᠳᠠᠭᠤᠯᠵᠤ᠂ ᠮᠧᠩ ᠶᠤᠸᠠᠨ ᠣᠷᠭᠠᠨᠢᠭ ᠬᠤᠨᠢᠨ ᠤ ᠲᠦᠷᠤᠯ ᠵᠤᠶᠢᠯ ᠢ ᠠᠮᠵᠢᠯᠳᠠ ᠲᠠᠢ ᠤᠷᠤᠭᠤᠯᠵᠠᠢ᠃ ᠬᠡᠪᠴᠢᠶᠡᠵᠢᠯ ᠠᠴᠠ ᠲᠡᠭᠡᠭᠰᠢᠬᠢ 3 ᠠᠵᠤ ᠠᠬᠤᠶᠢᠯᠠᠯ ᠰᠢᠨ᠎ᠠ ᠪᠠᠷ ᠨᠡᠮᠡᠭᠳᠡᠨ᠂ 1685 ᠲᠦᠮᠡᠨ ᠲᠦᠬᠦᠷᠢᠭ ᠤᠨ ︽ᠪᠠᠳᠣᠯᠠᠨ ᠲᠣᠰᠠᠯᠠᠬᠤ ᠵᠢᠬᠡᠯᠡᠯᠭᠡ︾ ᠶᠢ ᠲᠠᠯᠪᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠪᠤᠯᠪᠠᠰᠤᠷᠠᠭᠤᠯᠵᠤ ᠦᠢᠯᠡᠳᠪᠦᠷᠢᠯᠠᠬᠦ ᠴᠢᠳᠠᠪᠤᠷᠢ ᠦᠷᠬᠦᠯᠵᠢᠯᠠᠨ ᠲᠡᠭᠡᠭᠰᠢᠯᠡᠵᠡᠢ᠃ ᠭᠤᠷᠪᠠᠳᠣᠭᠠᠷ ᠠᠵᠤ ᠦᠢᠡᠯᠰ ᠤᠨ ᠲᠣᠯᠭᠠᠭᠤᠷᠢᠯᠠᠬᠤ ᠦᠢᠯᠡᠳᠦᠯ ᠨᠡᠩ ᠲᠤᠪᠤᠶᠢᠵᠠᠢ᠃ ᠮᠦᠩᠬᠦᠨ ᠬᠦᠢᠯᠬᠡᠬᠡ ᠶᠢᠨ ᠰᠢᠰᠲ᠋ᠧᠮ ᠡᠳᠦᠷ ᠢᠷᠡᠭᠦᠶ᠎ᠡ ᠲᠡᠬᠦᠯᠳᠡᠷᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠣᠯᠲᠠ ᠶᠢᠨ ᠺᠤᠮᠫᠠᠨᠢ ᠪᠠ ᠷᠥᠩ ᠰᠢᠨ ᠪᠡᠯᠡ ᠬᠤᠷᠠᠮᠳᠣᠭᠤᠯᠬᠤ ᠪᠠᠳᠣᠯᠠᠯᠳᠠ ᠶᠢᠨ ᠺᠤᠮᠫᠠᠨᠢ ᠶᠢ ᠪᠠᠶᠢᠭᠤᠯᠵᠤ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠣᠭᠤᠯᠭ᠎ᠠ ᠶᠢᠨ ᠰᠣᠪᠠᠭ ᠢ ᠤᠯᠠᠮ ᠨᠢᠭᠡ ᠠᠯᠬᠤᠮ ᠦᠷᠭᠡᠳᠭᠡᠪᠡ᠃ ᠬᠤᠰᠢᠭᠤᠨ ᠤ ︽ᠢᠨᠲ᠋ᠧᠷ ᠰᠦᠯᠵᠢᠶ᠎ᠠ +︾ ᠪᠠ ᠡᠯᠧᠺᠲ᠋ᠤᠷᠤᠨ ᠬᠤᠳᠠᠯᠳᠤᠭ᠎ᠠ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ ᠲᠦᠪ ᠢ ᠪᠦᠳᠦᠬᠡᠨ ᠪᠠᠶᠢᠭᠤᠯᠬᠤ ᠶᠢᠨ ᠬᠠᠮᠳᠤ ᠠᠰᠢᠭᠯᠠᠯᠳᠠ ᠳᠤ ᠣᠷᠣᠭᠤᠯᠵᠣ᠂ ᠡᠯᠧᠺᠲ᠋ᠤᠷᠤᠨ ᠬᠤᠳᠠᠯᠳᠤᠭᠠᠨ ᠤ ᠲᠦᠷᠦᠯ ᠤᠨ ᠦᠢᠯᠡᠴᠢᠯᠡᠬᠡᠨ ᠤ ᠠᠵᠤ ᠠᠬᠤᠶᠢᠯᠠᠯ 5 ᠨᠡᠮᠡᠭᠳᠡᠨ ᠰᠠᠭᠤᠷᠢᠰᠢᠪᠠ᠃ ︽ᠪᠦᠬᠦ ᠤᠷᠤᠨ ᠪᠦᠰᠡ ᠶᠢᠨ ᠵᠢᠭᠤᠯᠴᠢᠯᠠᠯ  ᠤᠨ ᠲᠦᠯᠦᠪᠵᠢᠬᠦᠯᠬᠡ︾ ᠶᠢ ᠨᠠᠶᠢᠷᠠᠭᠤᠯᠤᠨ ᠵᠤᠬᠢᠶᠠᠵᠤ᠂ ᠵᠢᠭᠤᠯᠴᠢᠯᠠᠯ ᠤᠨ ᠪᠣᠯᠪᠠᠰᠣᠨ ᠤ ᠲᠠᠷᠳᠠᠩ ᠵᠠᠮ ᠤᠨ ᠪᠦᠳᠦᠬᠡᠨ ᠪᠠᠶᠢᠭᠤᠯᠤᠯᠳᠠ ᠶᠢ ᠬᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠤ ᠵᠢᠭᠤᠯᠴᠢᠯᠠᠯ  ᠤᠨ ᠭᠤᠣᠯᠳᠠᠯᠭᠠᠳᠣ ᠲᠤᠰᠬᠤᠨ ᠤ ᠬᠦᠭᠵᠢᠯᠳᠡ ᠶᠢ ᠲᠦᠷᠭᠡᠳᠭᠡᠵᠦ᠂ ︽ᠬᠦᠳᠡᠭᠡ ᠲᠤᠰᠬᠤᠨ ᠤ ᠵᠢᠭᠤᠯᠴᠢᠯᠠᠯ ᠰᠤᠶᠤᠯ ᠤᠨ ᠨᠠᠶᠢᠷ  ︾᠂ ︽ᠠᠯᠳᠠᠨ ᠨᠠᠮᠣᠷ ᠤᠨ ᠴᠤᠤᠯ ᠭᠤᠤᠯ ᠤᠨ ᠠᠭᠠᠯᠢᠭ ᠵᠢᠮᠢᠰ ᠲᠡᠬᠦᠬᠦ   ᠨᠠᠶᠢᠷ︾᠂ ︽ ᠲᠠᠯ᠎ᠠ ᠨᠤᠳᠤᠭ ᠤᠨ ᠬᠠᠷ᠎ᠠ ᠲᠡᠯᠳᠡᠦ ᠶᠢᠨ ᠵᠢᠭᠤᠯᠴᠢᠯᠠᠯ ᠤᠨ ᠨᠠᠶᠢᠷ  ︾᠂ ︽ᠬᠤᠯᠪᠤᠭ᠎ᠠ ᠲᠠᠷᠢᠶᠠᠯᠠᠬᠤ ᠰᠤᠶᠤᠯ ᠤᠨ ᠨᠠᠶᠢᠷ  ︾ ᠵᠡᠷᠭᠡ ᠠᠵᠢᠯᠯᠠᠭᠠᠨ ᠢ ᠵᠠᠯᠭᠠᠯᠳᠤᠭ᠎ᠠ ᠪᠠᠷ ᠶᠠᠪᠤᠭᠳᠠᠭᠤᠯᠵᠤ᠂ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠡᠢ᠃         ︵ᠭᠤᠷᠪᠠ︶ ᠰᠠᠭᠤᠷᠢ ᠲᠦᠬᠦᠬᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠡᠢ᠃ ᠪᠠᠶ᠋ᠬᠠᠤᠯᠠᠭᠠᠨ ᠵᠠᠮ᠂ ᠪᠧᠢ ᠱᠠᠨ ᠵᠡᠭᠡᠯᠢ ᠵᠡᠷᠭᠡ 13 ᠵᠤᠷᠪᠤᠰ ᠬᠤᠳᠠ ᠶᠢᠨ ᠵᠠᠮ ᠤᠨ ᠪᠦᠳᠦᠭᠡᠨ ᠪᠠᠶᠢᠭᠤᠯᠤᠯᠳᠠ ᠪᠠ 30 ᠬᠠᠭᠤᠴᠢᠨ ᠲᠤᠭᠤᠷᠢᠭ ᠢ ᠰᠢᠨᠡᠳᠭᠡᠨ ᠵᠠᠰᠠᠬᠤ ᠢᠨᠵᠧᠨᠧᠷᠢᠩ ᠢ ᠡᠬᠢᠯᠠᠨ ᠶᠠᠪᠤᠭᠳᠠᠭᠤᠯᠵᠤ᠂ ᠢ ᠮᠢᠨ ᠵᠠᠮ᠂ ᠠᠮᠢᠨ ᠭᠤᠤᠯ ᠤᠨ ᠦᠵᠡᠮᠵᠢ ᠶᠢᠨ ᠪᠦᠰᠡ ᠵᠢᠴᠢ ᠬᠠᠤᠯᠢ ᠪᠠᠷ ᠵᠠᠰᠠᠬᠤ ᠲᠠᠯᠠᠪᠠᠢ ᠶᠢᠨ ᠲᠦᠷᠤᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠬᠡᠵᠦ᠂ ᠲᠣᠷᠠᠨ ᠨᠠᠭᠤᠷ ᠴᠡᠴᠡᠷᠯᠢᠭ ᠢ ᠦᠷᠭᠡᠳᠭᠡᠨ ᠪᠠᠶᠢᠭᠤᠯᠬᠤ ᠲᠦᠷᠤᠯ ᠵᠤᠶᠢᠯ ᠤᠨ ᠠᠵᠢᠯ ᠤᠨ ᠲᠠᠯ᠎ᠠ ᠪᠠᠷ 210 ᠡᠷᠦᠭᠡ ᠶᠢ ᠬᠤᠷᠢᠶᠠᠨ ᠲᠠᠳᠠᠪᠤᠷᠢᠯᠠᠵᠠᠢ᠃ 66 ᠺᠢᠯᠤᠸᠤᠯᠲ ᠶᠢᠨ ᠬᠦᠴᠦᠳᠠᠯ ᠦᠬᠡᠷᠡᠴᠢᠯᠡᠬᠦ ᠦᠷᠳᠡᠭᠡ ᠶᠢ 1 ᠰᠠᠭᠤᠷᠢ ᠰᠢᠨ᠎ᠠ ᠪᠠᠷ ᠪᠠᠶᠢᠭᠤᠯᠵᠤ᠂ 19.85 ᠺᠢᠯᠤᠮᠧᠲᠷ ᠤᠨ ᠴᠠᠬᠢᠯᠭᠠᠨ ᠱᠤᠭᠤᠮ  ᠢ ᠣᠭᠰᠠᠷᠠᠵᠣ᠂ 1003 ᠺᠢᠯᠤᠮᠧᠲᠷ ᠲᠣᠣᠷ᠎ᠠ ᠬᠦᠴᠦᠳᠡᠯᠳᠦ ᠲᠤᠤᠷ ᠱᠤᠭᠤᠮ ᠢ ᠦᠭᠡᠷᠡᠴᠢᠯᠠᠨ ᠵᠠᠰᠠᠵᠠᠢ᠃ ᠵᠠᠮ ᠬᠠᠷᠢᠯᠴᠠᠭᠠᠨ ᠤ ᠰᠠᠭᠤᠷᠢ ᠪᠦᠳᠦᠭᠡᠨ ᠪᠠᠶᠢᠭᠤᠯᠤᠯᠳᠠ ᠶᠢ ᠡᠮᠬᠢ ᠲᠠᠷᠠᠭ᠎ᠠ ᠲᠠᠢ ᠪᠦᠳᠦᠭᠡᠨ ᠪᠠᠶᠢᠭᠤᠯᠵᠤ᠂ ᠣᠯᠠᠭᠠᠨᠬᠤᠳᠠ ᠠᠴᠠ ᠰᠢᠨᠯᠢᠨ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ ᠵᠢᠩᠬᠢᠨᠢ ᠪᠠᠷ ᠲᠡᠷᠭᠡ ᠨᠠᠪᠳᠠᠷᠠᠵᠤ᠂ ᠮᠤᠵᠢ ᠶᠢᠨ ᠲᠡᠰ ᠤᠨ ᠵᠠᠮ ᠬᠤᠷᠤᠭ᠎ᠠ — ᠴᠠᠷᠠᠰᠤᠨ ᠬᠦᠷᠭᠦ 204 ᠱᠤᠭᠤᠮ᠂ ᠢᠨᠳᠡᠷ ᠠᠴᠠ ᠴᠢᠩ ᠯᠦᠩ ᠱᠠᠨ ᠬᠦᠷᠬᠦ 205 ᠱᠤᠭᠤᠮ᠂ ᠱᠢ ᠲᠸᠦ ᠴᠧᠩ ᠽᠢ ᠠᠴᠠ ᠰᠢᠩ ᠬᠤᠸᠠ ᠬᠦᠷᠳᠡᠯᠡᠬᠢ ᠬᠤᠶᠠᠳᠤᠭᠠᠷ ᠲᠡᠰ ᠤᠨ ᠵᠠᠰᠠᠮᠠᠯ ᠵᠠᠮ ᠤᠨ ᠲᠦᠷᠤᠯ ᠵᠤᠶᠢᠯ ᠤᠨ ᠠᠬᠢᠴᠠ ᠤᠷᠤᠭᠰᠢᠳᠠᠢ ᠶᠠᠪᠣᠭᠳᠠᠵᠣ᠂ ᠲᠦᠷᠪᠠᠨᠰᠢᠨ ᠤ ᠶᠡᠭᠡ ᠬᠦᠬᠦᠷᠭᠡ᠂ ᠴᠢ ᠵᠢᠶᠠ ᠽᠢ ᠠᠴᠠ ᠯᠠᠮᠠ ᠶᠢᠨ ᠠᠭᠤᠢ ᠬᠦᠷᠳᠡᠯᠡᠬᠢ ᠬᠤᠶᠠᠳᠤᠭᠠᠷ ᠲᠡᠰ ᠤᠨ ᠵᠢᠭᠤᠯᠴᠢᠯᠠᠯ ᠤᠨ ᠵᠠᠰᠠᠮᠠᠯ ᠵᠠᠮ ᠢ ᠪᠦᠳᠦᠬᠡᠨ ᠪᠠᠶᠢᠭᠤᠯᠵᠤ ᠡᠬᠢᠯᠡᠭᠰᠡᠨ ᠪᠦᠬᠡᠳ ᠬᠤᠸᠠ ᠶᠤᠸᠠᠨ ᠶᠡᠭᠡ ᠬᠦᠬᠦᠷᠭᠡ ᠨᠢᠬᠡᠨᠳᠡ ᠲᠡᠷᠭᠡ ᠨᠡᠪᠳᠠᠷᠡᠵᠦ᠂ ᠦᠷᠭᠡᠨ ᠤᠯᠠᠨ ᠠᠷᠠᠳ ᠲᠦᠮᠡᠨ ᠤ ᠵᠠᠮ ᠬᠠᠷᠢᠯᠴᠠᠭ᠎ᠠ ᠳᠤ ᠨᠡᠩ ᠲᠦᠬᠦᠮ ᠨᠦᠬᠦᠴᠡᠯ ᠢ ᠬᠠᠩᠭᠠᠵᠠᠢ᠃         ︵ᠲᠦᠷᠪᠡ︶ ᠠᠮᠢ ᠠᠬᠤᠢ ᠶᠢᠨ ᠤᠷᠴᠢᠨ ᠲᠤᠭᠤᠷᠢᠨ ᠢᠯᠡᠳᠳᠡ ᠰᠠᠶᠢᠵᠢᠷᠠᠵᠠᠢ᠃ ᠤᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠵᠦ᠂ ᠪᠡᠯᠴᠢᠭᠡᠷᠯᠡᠬᠦ ᠶᠢ ᠬᠤᠷᠢᠭᠯᠠᠬᠤ ᠲᠦᠷᠤ ᠶᠢᠨ ᠪᠤᠳᠣᠯᠭ᠎ᠠ ᠶᠢ ᠬᠠᠮᠤᠭ ᠤᠨ ᠲᠦᠪ ᠴᠢᠩᠭ᠎ᠠ  ᠪᠠᠷ ᠭᠡᠷᠡᠭᠵᠢᠬᠦᠯᠵᠣ᠂ ᠤᠢ ᠰᠢᠭᠤᠢ ᠶᠢᠨ ᠠᠰᠢᠭᠯᠠᠯᠳᠠ ᠶᠢᠨ ᠣᠷᠣᠨ ᠳᠠᠬᠢ 207 ᠮᠠᠯᠵᠢᠯ ᠤᠨ ᠴᠢᠭ᠋ ᠢ ᠪᠦᠷᠢᠮᠦᠰᠦᠨ ᠴᠡᠭᠴᠡᠯᠡᠵᠣ᠂ ᠤᠢ ᠰᠢᠭᠤᠢ ᠡᠪᠡᠰᠦ ᠪᠡᠯᠴᠢᠬᠡᠷ ᠤᠨ ᠡᠬᠢ ᠰᠤᠷᠪᠤᠯᠵᠢ ᠠᠮᠤᠷᠵᠢᠨ ᠰᠡᠷᠬᠦᠪᠡ᠃ ᠭᠤᠤᠯ  ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠶᠠᠪᠤᠭᠳᠠᠭᠤᠯᠵᠤ᠂ ᠬᠦᠮᠦᠨ ᠤ ᠬᠦᠴᠦ ᠪᠠᠷ ᠤᠶᠢᠵᠢᠭᠤᠯᠬᠤ ᠶᠢ ᠴᠢᠩᠭᠠᠳᠬᠠᠵᠤ᠂ 12.8 ᠲᠦᠮᠡᠨ ᠮᠤ᠋ ᠤᠢ ᠰᠢᠭᠤᠢ ᠶᠢ ᠤᠶᠢᠵᠢᠭᠤᠯᠤᠭᠰᠠᠨ ᠪᠦᠬᠡᠳ 400 ᠲᠦᠮᠡᠨ ᠮᠤ᠋ ᠪᠡᠯᠴᠢᠭᠡᠷ ᠢ ᠬᠠᠮᠠᠭᠠᠯᠠᠵᠦ᠂ 1 ᠲᠦᠮᠡᠨ ᠮᠤ᠋ ᠪᠡᠯᠴᠢᠭᠡᠷᠯᠡᠬᠦᠯᠬᠦ ᠶᠢ ᠬᠤᠷᠢᠭᠯᠠᠬᠤ ᠡᠪᠡᠰᠦ ᠪᠡᠯᠴᠢᠭᠡᠷ ᠢ ᠰᠡᠷᠬᠦᠭᠡᠵᠡᠢ᠃ ᠬᠦᠷᠦᠰᠦ ᠰᠢᠷᠣᠢ ᠶᠢ ᠬᠠᠮᠠᠭᠠᠯᠠᠨ ᠵᠠᠰᠠᠬᠤ ᠲᠠᠯᠠᠪᠠᠢ 15 ᠲᠦᠮᠡᠨ ᠮᠤ᠋ ᠰᠢᠨ᠎ᠠ ᠪᠠᠷ ᠨᠡᠮᠡᠭᠳᠡᠵᠤ᠂ ᠠᠮᠢ ᠠᠬᠤᠢ ᠶᠢᠨ ᠬᠠᠮᠠᠭᠠᠯᠠᠯᠳᠠ 20 ᠲᠦᠮᠡᠨ ᠮᠤ᠋ ᠶᠢ ᠬᠦᠢᠴᠡᠳᠭᠡᠭᠰᠡᠨ ᠪᠠᠶᠢᠨ᠎ᠠ᠃ ᠠᠷᠣ ᠭᠡᠰᠡᠭ ᠤᠨ ᠭᠠᠵᠠᠷ ᠤᠷᠤᠨ ᠤ ᠠᠭᠤᠯᠠᠨ ᠦᠶᠡᠷ ᠪᠠᠶᠢᠭᠠᠯᠢ ᠶᠢᠨ ᠭᠠᠮᠰᠢᠭ ᠲᠤ ᠴᠢᠭᠯᠡᠭᠦᠯᠦᠨ᠂ 660 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠬᠤᠶᠢᠳᠦ ᠬᠡᠰᠡᠭ ᠤᠨ ᠲᠠᠪᠤᠨ ᠰᠤᠮᠤ ᠪᠠᠯᠭᠠᠰᠤ ᠳᠤ ᠤᠷᠤᠰᠬᠠᠯ ᠤᠨ ᠰᠠᠪᠠ ᠣᠷᠣᠨ ᠢ ᠵᠠᠰᠠᠬᠤ 7 ᠢᠨᠵᠧᠨᠧᠷᠢᠩ ᠢ ᠭᠡᠷᠡᠭᠵᠢᠬᠦᠯᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠨ᠂   ᠬᠦᠷᠦᠰᠦ ᠰᠢᠷᠤᠢ ᠶᠢᠨ ᠣᠷᠣᠰᠬᠠᠭᠳᠠᠯ ᠤᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠪᠠᠳᠤᠯᠠᠭ᠎ᠠ ᠲᠠᠢ ᠪᠤᠯᠵᠠᠢ᠃ ᠲᠡᠮᠡᠭᠡᠴᠢ ᠤᠰᠤᠨ ᠴᠦᠬᠦᠷᠦᠮ ᠤᠨ ᠣᠰᠣ ᠨᠦᠬᠦᠪᠦᠷᠢᠯᠡᠬᠦ ᠢᠨᠵᠧᠨᠧᠷᠢᠩ ᠢ ᠬᠡᠷᠡᠭᠵᠢᠬᠦᠯᠵᠦ᠂ ᠨᠠᠮᠤᠭ ᠭᠠᠵᠠᠷ ᠢ 1 ᠲᠦᠮᠡᠨ ᠮᠤ᠋ ᠰᠡᠷᠭᠦᠬᠡᠵᠦ᠂ ᠵᠠᠮ ᠲᠠᠭᠠᠤ ᠤᠷᠤᠨ ᠤ ᠭᠠᠵᠠᠷ ᠲᠤᠤᠷᠠᠬᠢ ᠤᠰᠤᠨ ᠲᠦᠪᠰᠢᠨ 3 — 5 ᠮᠧᠲᠷ ᠲᠡᠭᠡᠭᠰᠢᠯᠡᠵᠦ᠂ ᠠᠮᠢ ᠠᠬᠤᠢ ᠶᠢᠨ ᠰᠡᠷᠬᠦᠯᠳᠡ ᠢᠯᠡᠷᠭᠡᠢ ᠰᠠᠶᠢᠵᠢᠷᠠᠪᠠ᠃ ᠴᠤᠤᠯ ᠲᠦᠰᠢᠨ ᠭᠤᠤᠯ ᠤᠨ ᠤᠯᠤᠰ ᠤᠨ ᠨᠠᠮᠤᠭ ᠭᠠᠵᠠᠷ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠤᠭᠳᠠ ᠠᠭᠤᠯᠠ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠦᠨᠡᠯᠡᠨ ᠰᠢᠯᠭᠠᠷᠠᠭᠤᠯᠣᠯᠳᠠ ᠰᠢᠯᠣᠭᠤᠨ ᠢᠶᠠᠷ ᠪᠡᠶᠡᠯᠡᠭᠳᠡᠪᠡ᠃       ︵ᠲᠠᠪᠤ︶ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠲᠠᠪᠰᠢᠪᠠ᠃ ᠠᠵᠢᠯ ᠤᠯᠭᠤᠬᠤ᠂ ᠦᠢᠯᠡᠰ ᠪᠤᠰᠬᠠᠬᠤ ᠯᠠᠪᠳᠠᠭᠤᠨ ᠢᠶᠠᠷ ᠬᠦᠭᠵᠢᠪᠡ᠃ ᠬᠤᠳᠠ ᠪᠠᠯᠭᠠᠰᠤᠨ ᠤ ᠰᠢᠨ᠎ᠡ ᠪᠠᠷ ᠠᠵᠢᠯ ᠤᠯᠭᠤᠭᠰᠠᠠ ᠬᠦᠮᠦᠨ ᠤ ᠲᠤᠭ᠎ᠠ 2125 ᠲᠤᠯᠵᠦ᠂ ᠬᠤᠳᠠ ᠪᠠᠯᠭᠠᠰᠤᠨ ᠤ ᠬᠦᠮᠦᠨ ᠠᠮᠠ ᠶᠢᠨ ᠠᠵᠢᠯ ᠠᠯᠳᠠᠭᠰᠠᠨ ᠢ ᠲᠠᠩᠰᠠᠯᠠᠭᠰᠠᠨ ᠨᠤᠷᠮ᠎ᠠ ᠶᠢ 3.23%   ᠪᠠᠷ ᠬᠢᠵᠠᠭᠠᠷᠯᠠᠵᠦ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ 1030 ᠶᠢ ᠨᠡᠭᠡᠭᠡᠨ ᠠᠰᠢᠬᠯᠠᠪᠠ᠃ ᠦᠢᠯᠡᠰ ᠪᠤᠰᠬᠠᠬᠤ ᠪᠠᠭ᠎ᠠ ᠬᠡᠪᠴᠢᠶᠡᠨ ᠤ ᠪᠠᠲᠤᠯᠠᠭᠠᠳᠤ ᠵᠢᠭᠡᠯᠡᠯᠭᠡ 800 ᠲᠦᠮᠡᠨ ᠲᠦᠭᠦᠷᠢᠭ ᠲᠠᠯᠪᠢᠵᠦ᠂ ᠬᠦᠳᠡᠯᠮᠦᠷᠢ ᠬᠦᠴᠦ ᠭᠠᠷᠭᠠᠬᠤ 10 ᠰᠠᠭᠤᠷᠢᠨ ᠢ ᠰᠢᠨ᠎ᠡ ᠪᠠᠷ ᠨᠡᠮᠡᠵᠦ ᠪᠠᠶᠢᠭᠤᠯᠤᠭᠠᠳ᠂ 7 ᠲᠦᠮᠡᠨ ᠬᠦᠮᠦᠨ ᠤᠳᠠᠭ᠎ᠠ ᠬᠦᠳᠡᠯᠮᠦᠷᠢ ᠬᠦᠴᠦ ᠶᠢ ᠭᠠᠳᠠᠭᠰᠢ ᠭᠠᠷᠭᠠᠵᠠᠢ᠃ ᠰᠤᠷᠭᠠᠨ ᠬᠦᠮᠦᠵᠢᠯ ᠤᠨ ᠦᠢᠯᠡᠰ ᠲᠦᠷᠦᠭᠦᠯᠡᠨ ᠬᠦᠭᠵᠢᠪᠡ᠃ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ ᠪᠠᠶᠢᠷᠢ ᠶᠢᠨ ᠠᠰᠠᠷ᠂ ᠪᠠᠭᠰᠢᠨᠡᠷ  ᠤᠨ ᠡᠭᠡᠯᠵᠢ ᠰᠤᠯᠢᠵᠦ ᠰᠠᠭᠤᠬᠤ ᠪᠠᠶᠢᠷᠢ ᠵᠡᠷᠭᠡ 50 ᠭᠠᠷᠤᠢ ᠲᠦᠷᠦᠯ ᠵᠦᠢᠯ ᠢ ᠬᠡᠷᠡᠭᠵᠢᠬᠦᠯᠵᠦ᠂ 252 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠪᠦᠬᠦ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ ᠪᠠᠶᠢᠷᠢ ᠳᠤ ᠺᠣᠮᠫᠢᠦ᠋ᠲ᠋ᠧᠷ᠂ ᠲᠧᠯᠸᠢᠰ ᠵᠡᠷᠭᠡ ᠠᠮᠢᠳᠤᠷᠠᠯ ᠤᠨ ᠬᠡᠷᠡᠭᠰᠡᠯ ᠲᠣᠬᠢᠷᠠᠭᠤᠯᠣᠨ ᠦᠭᠴᠦ᠂ ᠨᠡᠩ ᠣᠯᠠᠨ ᠪᠠᠭᠰᠢᠨᠠᠷ ᠤᠨ ᠪᠠᠶᠢᠷᠢᠯᠠᠬᠤ ᠨᠦᠬᠦᠴᠡᠯ ᠶᠡᠬᠡᠪᠡᠷ ᠰᠠᠶᠢᠵᠢᠷᠠᠪᠠ᠃ ᠬᠤᠰᠢᠭᠤᠨ ᠤ ᠬᠡᠤᠬᠡᠳ ᠤᠨ ᠴᠡᠴᠡᠷᠯᠢᠭ᠂ ᠮᠤᠩᠭᠤᠯ ᠬᠡᠤᠬᠡᠳ ᠤᠨ ᠴᠡᠴᠡᠷᠯᠢᠭ ᠢ ᠪᠦᠷ ᠪᠠᠶᠢᠭᠤᠯᠵᠦ ᠲᠠᠭᠤᠰᠤᠭᠠᠳ ᠬᠡᠷᠡᠭᠯᠡᠯᠳᠡ ᠳᠤ ᠤᠷᠤᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠦ ᠬᠦᠭᠵᠢᠯᠳᠡ ᠦᠨᠳᠦᠷ ᠪᠠᠷᠢᠮᠵᠢᠶ᠎ᠠ ᠪᠠᠷ ᠤᠯᠤᠰ ᠤᠨ ᠬᠢᠨᠠᠵᠦ ᠦᠨᠡᠯᠡᠬᠦ ᠪᠦᠯᠬᠦᠮ ᠤᠨ ᠰᠢᠯᠭᠠᠷᠠᠭᠤᠯᠤᠯᠲᠠ ᠶᠢ ᠲᠠᠪᠠᠵᠦ᠂ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ︽ ᠦᠪᠡᠷᠲᠡᠭᠡᠨ ᠵᠠᠰᠠᠬᠤ ᠤᠷᠤᠨ ᠤ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠭᠡᠷᠡᠴᠢᠯᠡᠯᠲᠡ ᠬᠦᠭᠵᠢᠬᠦᠯᠦᠯᠳᠡ ᠶᠢᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ ᠨᠡᠷᠡᠶᠢᠳᠦᠭᠳᠡᠪᠡ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠤᠨ ᠦᠢᠯᠡᠴᠢᠯᠡᠭᠡᠨ ᠤ ᠬᠢᠷᠢ ᠲᠦᠪᠰᠢᠨ ᠪᠦᠬᠦ ᠲᠠᠯ᠎ᠠ ᠪᠠᠷ ᠲᠡᠭᠡᠭᠰᠢᠯᠡᠪᠡ᠃ ᠬᠢᠵᠢᠭ ᠢ ᠰᠡᠷᠭᠡᠶᠢᠯᠡᠬᠦ ᠲᠦᠪ ᠤᠨ ᠶᠡᠷᠦᠩᠬᠡᠶᠢᠯᠡᠭᠰᠡᠨ ᠰᠢᠯᠭᠠᠨ ᠪᠠᠶᠢᠴᠠᠭᠠᠬᠤ ᠠᠰᠠᠷ ᠤᠨ ᠭᠤᠤᠯ ᠪᠠᠷᠢᠯᠭ᠎ᠠ ᠨᠢ ᠲᠠᠭᠤᠰᠴᠤ᠂ ᠮᠤᠩᠭᠤᠯ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠪᠠᠷᠢᠯᠭ᠎ᠠ ᠰᠡᠭᠦᠯ ᠬᠤᠷᠢᠶᠠᠬᠤ ᠱᠠᠲᠤᠨ ᠳᠠᠭᠠᠨ ᠤᠷᠤᠭᠠᠳ ᠪᠠᠶᠢᠨ᠎ᠠ᠃ ᠠᠷᠠᠳ ᠤᠨ ᠡᠮᠨᠡᠯᠭᠡ ᠶᠢᠨ ᠬᠤᠷᠢᠶᠠᠨ ᠤ ᠤᠷᠴᠢᠨ ᠲᠤᠭᠤᠷᠢᠨ  ᠤ ᠲᠦᠭᠦᠮ ᠪᠦᠳᠣᠴᠠᠳᠣ ᠤᠷᠤᠨ ᠰᠠᠭᠤᠴᠠ ᠶᠢᠨ ᠵᠠᠰᠠᠨ ᠦᠭᠡᠷᠡᠴᠢᠯᠡᠯᠳᠡ ᠶᠢᠨ ᠢᠨᠵᠧᠨᠧᠷᠢᠩ ᠲᠠᠢ ᠤᠶᠠᠯᠳᠤᠭᠤᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠬᠦᠭᠵᠢᠯᠳᠡ ᠳᠤ ᠵᠤᠷᠢᠭᠤᠯᠤᠬᠰᠠᠨ ᠨᠦᠬᠡᠴᠡ ᠭᠠᠵᠠᠷ 10000 ᠲᠡᠭᠰᠢ ᠲᠦᠷᠪᠡᠯᠵᠢᠨ ᠮᠧᠲᠷ ᠦᠯᠡᠳᠡᠭᠡᠨ ᠦᠭᠴᠦ᠂ ᠡᠮᠨᠡᠯᠭᠡ ᠶᠢᠨ ᠬᠤᠷᠢᠶᠠᠨ ᠤ ᠬᠦᠭᠵᠢᠯᠳᠡ ᠳᠤ ᠲᠠᠯᠳᠠ ᠬᠦᠴᠦᠨ ᠨᠡᠮᠡᠷᠢᠯᠡᠵᠠᠢ᠃ ︽ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ  ᠤ ᠴᠢᠳᠠᠪᠬᠢ ᠶᠢ ᠲᠡᠭᠡᠭᠰᠢᠯᠡᠬᠦᠯᠬᠦ︾ ᠠᠵᠢᠯᠯᠠᠭᠠᠨ ᠢ ᠬᠦᠴᠦᠲᠠᠢ ᠦᠷᠨᠢᠭᠦᠯᠵᠦ᠂ ᠡᠷᠡᠭᠦᠯ ᠬᠠᠮᠠᠭᠠᠯᠠᠯ ᠤᠨ ᠭᠡᠷ ᠲᠤ 463 ᠦᠨᠳᠣᠰᠤᠨ ᠲᠤᠨᠤᠭ ᠲᠦᠭᠦᠭᠡᠷᠦᠮᠵᠢ ᠤᠬᠰᠠᠷᠠᠵᠦ᠂ ᠬᠦᠳᠡᠭᠡ ᠲᠤᠰᠬᠤᠨ ᠤ ᠡᠮᠴᠢᠯᠡᠭᠡᠨ ᠳᠤ ᠵᠠᠷᠤᠬᠤ ᠡᠷᠡᠭᠦᠯ ᠴᠢᠬᠢᠷᠠᠭ ᠤᠨ ᠨᠢᠭᠡᠨ ᠴᠤᠬᠴᠠᠳᠤ ᠮᠠᠰᠢᠨ ᠤ ᠪᠦᠷᠭᠦᠴᠡ 100% ᠲᠤᠯᠪᠠ᠃ ᠤᠯᠤᠰ ᠢᠶᠠᠨ ᠬᠠᠶᠢᠷᠠᠯᠠᠵᠦ ᠠᠷᠢᠭᠤᠨ ᠴᠡᠪᠡᠷ ᠢ ᠡᠷᠬᠢᠮᠨᠡᠬᠦ ᠬᠦᠳᠡᠯᠭᠡᠭᠡᠨ ᠢ ᠭᠦᠨᠵᠡᠭᠡᠶᠢᠷᠡᠬᠦᠯᠵᠦ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠲᠠᠪᠲᠠᠨ ᠰᠢᠯᠭᠠᠷᠠᠭᠤᠯᠤᠯᠲᠠ ᠶᠢ ᠰᠢᠯᠤᠭᠤᠨ ᠢᠶᠠᠷ ᠰᠢᠪᠳᠦᠯᠪᠠ᠃ ᠤᠯᠠᠨ ᠲᠦᠮᠡᠨ ᠤ ᠰᠤᠶᠤᠯ ᠲᠠᠮᠢᠷ ᠤᠨ ᠦᠢᠯᠡᠰ ᠠᠭᠤᠯᠭ᠎ᠠ ᠡᠯᠪᠡᠭ ᠪᠠᠶᠠᠯᠢᠭ ᠪᠣᠯᠪᠠ᠃   ︽ᠦᠩ ᠰᠠᠶᠢᠬᠠᠨ ᠵᠠᠯᠠᠶᠢᠳ︾ ᠨᠡᠷᠡᠮᠵᠢᠳᠦ ᠰᠢᠨ᠎ᠡ ᠵᠢᠯ ᠤᠨ ᠤᠷᠠᠨ ᠰᠠᠶᠢᠬᠠᠨ ᠤ ᠦᠵᠡᠭᠦᠯᠦᠯᠭᠡ ᠲᠤᠬᠯᠠᠯᠲᠠ᠂ ᠶᠠᠩᠭᠠᠷ ᠤᠨ ᠮᠦᠷᠦᠶᠢᠴᠡᠭᠡᠨ ᠲᠤᠬᠯᠠᠯᠲᠠ᠂ ᠪᠦᠬᠦ ᠠᠷᠠᠳ ᠤᠨ ᠪᠡᠶ᠎ᠡ ᠪᠠᠨ ᠴᠢᠬᠢᠷᠠᠬᠵᠢᠭᠤᠯᠬᠤ ᠬᠤᠯᠠ ᠭᠦᠶᠦᠯᠳᠡ ᠶᠢᠨ ᠤᠷᠤᠯᠳᠤᠭᠠᠨ ᠵᠡᠷᠭᠡ ᠤᠯᠠᠨ ᠲᠦᠷᠦᠯ ᠤᠨ ᠰᠣᠶᠣᠯ ᠪᠡᠶ᠎ᠡ ᠲᠠᠮᠢᠷ ᠤᠨ ᠠᠵᠢᠯᠯᠠᠭᠠᠨ ᠢ ᠦᠷᠨᠢᠭᠦᠯᠪᠡ᠃ ᠠᠯᠲᠠᠨ ᠤᠯᠤᠰ ᠤᠨ ᠬᠡᠷᠡᠮ ᠤᠨ ᠦᠯᠡᠳᠡᠭᠳᠡᠯ ᠢ ᠬᠠᠮᠠᠭᠠᠯᠠᠬᠤ ᠢᠨᠵᠧᠨᠧᠷᠢᠩ ᠠᠬᠢᠴᠠ ᠲᠠᠢ ᠶᠠᠪᠤᠬᠳᠠᠵᠦ᠂ ᠬᠤᠰᠢᠭᠤᠨ ᠤ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠪᠠᠷᠢᠯᠭ᠎ᠠ ᠲᠠᠭᠤᠰᠴᠦ ᠠᠰᠢᠬᠯᠠᠯᠲᠠ ᠳᠤ ᠤᠷᠤᠪᠠ᠃         ︵ᠵᠢᠷᠭᠤᠭ᠎ᠠ︶ ᠦᠭᠡᠷᠡᠴᠢᠯᠡᠯᠳᠡ ᠪᠠ ᠰᠢᠨ᠎ᠡ ᠶᠢ ᠡᠭᠦᠳᠬᠦ ᠶᠢ ᠲᠠᠰᠤᠷᠠᠯ ᠦᠭᠡᠢ ᠭᠦᠨᠵᠡᠭᠡᠶᠢᠷᠡᠬᠦᠯᠪᠡ᠃ ᠬᠦᠳᠡᠭᠡ ᠲᠣᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠨ ᠡᠵᠡᠩᠨᠡᠬᠦ ᠡᠷᠭᠡ ᠶᠢ ᠨᠤᠲᠠᠯᠠᠨ ᠲᠠᠩᠰᠠᠯᠠᠵᠤ ᠦᠨᠠᠮᠯᠠᠯ ᠤᠯᠭᠤᠬᠤ ᠪᠠ ᠪᠡᠯᠴᠢᠭᠡᠷ ᠲᠠᠯ᠎ᠠ ᠶᠢᠨ ᠡᠷᠭᠡ ᠶᠢ ᠲᠤᠳᠤᠳᠬᠠᠬᠤ ᠠᠵᠢᠯ ᠪᠦᠬᠦ ᠲᠠᠯ᠎ᠠ ᠪᠠᠷ ᠶᠠᠪᠤᠬᠳᠠᠨ ᠲᠠᠭᠤᠰᠴᠦ᠂ ᠲᠠᠭᠠᠭᠠᠴᠢᠯᠠᠨ ᠡᠵᠡᠩᠨᠡᠭᠰᠡᠨ ᠭᠠᠵᠠᠷ ᠲᠠᠷᠢᠶ᠎ᠠ ᠶᠢᠨ ᠡᠵᠡᠩᠨᠡᠬᠦ ᠡᠷᠬᠡ ᠶᠢᠨ ᠪᠠᠳᠤᠯᠠᠭᠠᠳᠤ ᠵᠢᠭᠡᠯᠡᠯᠭᠡ ᠶᠢ 10.6 ᠳ᠋ᠦᠩᠰᠢᠭᠤᠷ ᠲᠦᠭᠦᠷᠢᠭ ᠲᠠᠯᠪᠢᠵᠠᠢ᠃ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ ᠯᠠᠪᠳᠠᠭᠤᠨ ᠶᠠᠪᠤᠬᠳᠠᠵᠦ᠂ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ᠂ ᠬᠠᠩᠭᠠᠯᠭ᠎ᠠ  ᠶᠢᠨ ᠬᠤᠷᠰᠢᠶᠠᠨ ᠤ ᠶᠡᠷᠦᠩᠬᠡᠢ ᠦᠭᠡᠷᠡᠴᠢᠯᠡᠯᠳᠡ ᠡᠬᠢᠯᠡᠨ ᠬᠡᠷᠡᠭᠵᠢᠭᠦᠯᠦᠭᠳᠡᠪᠡ᠃ ᠠᠷᠠᠯᠵᠢᠶᠠᠨ ᠤ ᠶᠠᠪᠤᠳᠠᠯ ᠤᠨ ᠦᠭᠡᠷᠡᠴᠢᠯᠡᠯᠳᠡ ᠶᠢ ᠬᠦᠴᠦᠯᠡᠨ ᠠᠬᠢᠭᠤᠯᠵᠦ᠂ ︽ᠤᠯᠠᠨ ᠦᠨᠡᠮᠯᠡᠯ ᠢ ᠨᠡᠶᠢᠯᠡᠬᠦᠯᠵᠦ ᠨᠢᠭᠡᠳᠭᠡᠬᠦ︾ ᠲᠠᠩᠰᠠᠯᠠᠬᠤ ᠦᠭᠡᠷᠡᠴᠢᠯᠡᠯᠳᠡ ᠦᠨᠳᠦᠷ ᠪᠦᠳᠦᠮᠵᠢ ᠲᠠᠢ ᠪᠠᠷ ᠨᠠᠶᠢᠳᠠᠪᠤᠷᠢᠵᠢᠭᠤᠯᠤᠬᠳᠠᠪᠠ᠃ ᠬᠤᠰᠢᠭᠤᠨ ᠤ ᠵᠠᠰᠠᠭ ᠤᠨ ᠶᠠᠪᠤᠲᠠᠯ  ᠤᠨ ᠦᠢᠯᠡᠴᠢᠯᠡᠭᠡᠨ ᠤ ᠶᠡᠭᠡ ᠲᠠᠩᠬᠢᠮ ᠪᠠᠷᠢᠵᠦ ᠲᠠᠭᠤᠰᠤᠨ ᠬᠡᠷᠡᠭᠯᠡᠯᠳᠡ ᠳᠤ ᠤᠷᠤᠵᠦ᠂ 257 ᠲᠦᠷᠦᠯ ᠤᠨ ᠵᠠᠰᠠᠭ  ᠤᠨ ᠬᠢᠨᠠᠵᠦ ᠵᠦᠪᠰᠢᠶᠡᠷᠡᠬᠦ ᠵᠦᠢᠯ ︽ᠵᠤᠬᠰᠤᠭ᠎ᠠ ᠪᠠᠷ ᠲᠤᠤᠷᠠᠬᠠᠨ ᠰᠢᠢᠳᠪᠦᠷᠢᠯᠡᠬᠦ︾ ᠶᠢ ᠪᠡᠶᠡᠯᠡᠬᠦᠯᠪᠡ᠃       ︵ᠲᠤᠯᠤᠭ᠎ᠠ︶ ᠨᠡᠶᠢᠭᠡᠮ ᠤᠨ ᠪᠠᠶᠢᠳᠠᠯ ᠡᠶ᠎ᠡ ᠲᠤᠬᠳᠠᠭᠤᠨ ᠢ ᠪᠠᠳᠣᠯᠠᠪᠠ᠃ ︽ᠲᠤᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠠᠵᠢᠯ ᠢ ᠡᠷᠴᠢᠮᠲᠠᠢ ᠦᠷᠨᠢᠭᠦᠯᠵᠦ᠂ ᠬᠠᠤᠯᠢ ᠶᠢᠨ ︽ᠵᠢᠷᠭᠤᠭᠠᠨᠳᠠ ᠭᠦᠨᠵᠡᠭᠡᠶᠢᠷᠡᠬᠦ︾   ᠠᠵᠢᠯᠯᠠᠭᠠᠨ ᠢ ᠪᠦᠳᠦᠮᠵᠢᠲᠡᠢ ᠠᠬᠢᠭᠤᠯᠪᠠ᠃ ᠬᠦᠳᠡᠯᠮᠦᠷᠢ ᠬᠦᠴᠦᠨ ᠵᠠᠷᠣᠵᠣ ᠬᠦᠯᠦᠰᠦᠯᠡᠬᠦ ᠦᠢᠯᠡ ᠶᠢ ᠲᠦᠷᠢᠮᠵᠢᠭᠦᠯᠵᠦ᠂ ᠲᠠᠷᠢᠶᠠᠴᠢᠨ ᠤ ᠬᠦᠳᠡᠯᠮᠦᠷᠢ ᠬᠦᠴᠦ ᠶᠢᠨ ᠴᠠᠯᠢᠩ ᠬᠦᠯᠦᠰᠦ ᠶᠢ ᠦᠷᠢᠳᠡᠵᠦ ᠬᠤᠶᠢᠰᠢᠯᠠᠭᠤᠯᠤᠬᠰᠠᠨ ᠬᠡᠷᠡᠭ 20 ᠢᠯᠡᠬᠦᠤ ᠶᠢ ᠵᠤᠬᠢᠰᠲᠠᠢ ᠰᠢᠢᠳᠪᠦᠷᠢᠯᠡᠵᠦ᠂ 686 ᠨᠡᠷᠡᠰ ᠬᠦᠳᠡᠯᠮᠦᠷᠢ ᠬᠦᠴᠦᠨ  ᠤ 675 ᠲᠦᠮᠡᠨ ᠲᠦᠭᠦᠷᠢᠭ ᠤᠨ ᠴᠠᠯᠢᠩ ᠬᠦᠯᠦᠰᠦ ᠶᠢ ᠤᠯᠭᠤᠵᠦ ᠦᠭᠭᠦᠭᠡᠳ᠂ ᠬᠡᠷᠡᠭ ᠪᠤᠯᠭᠠᠨ ᠲᠠᠩᠰᠠᠯᠠᠵᠦ ᠬᠠᠷᠢᠭᠤᠴᠠᠨ ᠲᠠᠰᠤᠯᠤᠬᠰᠠᠨ ᠪᠠ ᠲᠤᠬᠢᠲᠠᠢ ᠰᠡᠢᠳᠪᠦᠷᠢᠯᠡᠭᠰᠡᠨ ᠨᠤᠷᠮ᠎ᠠ 100% ᠳᠤ ᠲᠤᠯᠵᠠᠢ᠃ ᠨᠡᠶᠢᠭᠡᠮ ᠤᠨ ᠠᠮᠤᠷ ᠲᠦᠪᠰᠢᠨ ᠤ ᠲᠤᠪᠤᠶᠢᠬᠰᠠᠨ ᠠᠰᠠᠭᠤᠳᠠᠯ ᠢ ᠴᠢᠩᠭ᠎ᠠ ᠪᠠᠷ ᠴᠡᠭᠴᠡᠯᠡᠨ ᠵᠠᠰᠠᠵᠦ᠂ ᠢᠨᠳᠡᠷ ᠤᠷᠤᠨ ᠳᠤ ︽ ᠪᠣᠯᠢᠶᠠᠨ ᠲᠡᠭᠡᠷᠡᠮᠳᠡᠭᠰᠡᠨ ᠭᠡᠷᠡᠭ︾ ᠭᠤᠷᠪᠠᠨ ᠵᠢᠯ ᠳᠤ ᠭᠠᠷᠤᠬᠰᠠᠨ ᠦᠭᠡᠢ ᠪᠠᠶᠢᠵᠦ᠂ ᠤᠷᠢᠳᠴᠢᠯᠠᠨ ᠰᠡᠷᠭᠡᠶᠢᠯᠡᠵᠦ ᠪᠤᠯᠬᠤ ᠬᠡᠷᠡᠭ ᠤᠨ ᠨᠤᠷᠮ᠎ᠠ ᠮᠠᠰᠢ ᠲᠤᠷᠤᠬᠰᠢᠯᠠᠵᠦ᠂ ᠵᠠᠯᠭᠠᠯᠳᠤᠭ᠎ᠠ ᠪᠠᠷ ᠭᠤᠷᠪᠠᠨ ᠬᠤᠭᠤᠴᠠᠭ᠎ᠠ 12 ᠵᠢᠯ ︽ᠪᠦᠬᠦ ᠤᠯᠤᠰ ᠤᠨ ᠠᠮᠤᠷ ᠲᠦᠪᠰᠢᠨ ᠤ ᠪᠠᠶᠢᠭᠤᠯᠤᠯᠳᠠ ᠶᠢᠨ ᠲᠡᠷᠢᠬᠦᠨ ᠤ ᠰᠢᠶᠠᠠ︾   ᠢᠶᠠᠷ ᠰᠤᠩᠭᠤᠬᠳᠠᠨ ︽ᠴᠠᠩ ᠠᠨ ᠬᠤᠨᠳᠠᠭᠠᠳᠤ︾ ᠬᠤᠰᠢᠭᠤ ᠪᠠᠷ ᠴᠤᠯᠠᠯᠠᠬᠲᠠᠵᠦ᠂ ᠪᠦᠬᠦ ᠤᠯᠤᠰ ᠤᠨ ᠴᠤᠷᠢ ᠶᠢᠨ ᠭᠠᠭᠴᠠ ᠲᠤᠰ ᠨᠡᠷᠡᠶᠢᠳᠦᠯ ᠢ ᠤᠯᠤᠬᠰᠠᠨ ᠬᠤᠰᠢᠭᠤ ᠪᠤᠯᠵᠠᠢ᠃           ᠲᠦᠯᠦᠭᠡᠯᠡᠭᠴᠢᠳ ᠡ︕ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠵᠦ ᠪᠠᠶᠢᠭ᠎ᠠ ᠦᠨᠦᠳᠦᠷ ᠪᠢᠳᠡ ᠬᠦᠴᠦ ᠬᠦᠯᠦᠰᠦ ᠪᠠᠨ ᠤᠷᠤᠰᠬᠠᠵᠦ᠂ ᠬᠦᠮᠦᠰ ᠢ ᠭᠠᠶᠢᠬᠠᠭᠤᠯᠤᠮ᠎ᠠ ᠠᠮᠵᠢᠯᠲᠠ ᠪᠦᠳᠦᠭᠡᠯ ᠤᠯᠵᠠᠢ᠃ ᠡᠨᠡ  ᠨᠢ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠲᠠᠢ ᠰᠠᠯᠤᠰᠢ ᠦᠭᠡᠢ ᠪᠦᠭᠡᠳ ᠲᠦᠷᠪᠡᠨ ᠤᠳᠤᠷᠢᠳᠬᠤ ᠪᠠᠭ ᠤᠨ ᠬᠠᠮᠵᠢᠨ ᠲᠤᠰᠠᠯᠠᠬᠰᠠᠨ ᠠᠴᠠ ᠰᠠᠯᠵᠦ ᠴᠢᠳᠠᠬᠤ ᠦᠭᠡᠢ ᠪᠠᠶᠢᠵᠦ᠂ ᠦᠩᠭᠡᠷᠡᠭᠰᠡᠨ ᠤ ᠪᠦᠬᠦ ᠤᠳᠤᠷᠢᠳᠬᠤ ᠪᠠᠭ ᠤᠨ ᠲᠠᠯᠪᠢᠵᠦ ᠦᠭᠭᠦᠭᠰᠡᠨ ᠭᠦᠨ ᠰᠠᠭᠤᠷᠢ ᠠᠴᠠ ᠡᠰᠢᠲᠡᠢ ᠪᠠᠶᠢᠵᠣ᠂ ᠢᠯᠠᠩᠭᠤᠶ᠎ᠠ ᠪᠦᠬᠦ ᠬᠤᠰᠢᠭᠤᠨ ᠤ   ᠺᠠᠳ᠋ᠷ ᠠᠷᠠᠳ ᠲᠦᠮᠡᠨ ᠤ ᠤᠷᠤᠢ ᠶᠢᠨ ᠬᠦᠯᠦᠰᠦ ᠤᠶᠤᠨ ᠪᠢᠯᠢᠭ ᠢᠶᠠᠨ ᠵᠣᠷᠢᠭᠤᠯᠣᠰᠠᠨ ᠠᠴᠠ ᠰᠠᠯᠵᠦ ᠴᠢᠳᠠᠬᠤ ᠦᠭᠡᠢ ᠶᠤᠮ᠃ ᠠᠳᠡ ᠪᠢ᠂ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠵᠦ᠂ ᠤᠷᠲᠤ ᠬᠤᠭᠤᠴᠠᠭᠠᠨ ᠤ ᠲᠤᠷᠰᠢ ᠮᠠᠨ ᠤ ᠬᠤᠰᠢᠭᠤᠨ ᠤ ᠬᠦᠭᠵᠢᠯᠳᠡ ᠶᠢ ᠠᠩᠬᠠᠷᠴᠦ ᠬᠠᠪᠰᠤᠷᠤᠬᠰᠠᠨ ᠡᠯ᠎ᠡ ᠲᠡᠰ ᠤᠨ ᠤᠳᠤᠷᠢᠳᠤᠯᠭ᠎ᠠ᠂ ᠪᠦᠬᠦ ᠨᠦᠭᠦᠳ ᠵᠢᠴᠢ ᠵᠠᠯᠠᠶᠢᠳ ᠬᠤᠰᠢᠭᠤ ᠶᠢ ᠬᠠᠷᠭᠠᠯᠵᠠᠨ ᠬᠠᠪᠰᠦᠷᠴᠦ ᠪᠠᠶᠢᠭ᠎ᠠ ᠡᠯ᠎ᠡ ᠲᠠᠯ᠎ᠠ  ᠶᠢᠨ ᠬᠦᠮᠦᠰ᠂ ᠪᠦᠬᠦ ᠬᠤᠰᠢᠭᠤᠨ ᠤ ᠡᠯ᠎ᠡ ᠹᠠᠷᠤᠨᠲ ᠲᠤ ᠠᠵᠢᠯᠯᠠᠵᠦ ᠪᠠᠶᠢᠭ᠎ᠠ ᠺᠠᠳ᠋ᠷ ᠠᠵᠢᠯᠴᠢᠨ ᠪᠡ ᠤᠯᠠᠨ ᠲᠦᠮᠡᠨ ᠳᠤ ᠲᠦᠢᠯ ᠤᠨ ᠶᠡᠭᠡ ᠬᠦᠨᠳᠦᠳᠭᠡᠯ ᠪᠠ ᠴᠢᠩ ᠦᠨᠡᠨ ᠬᠠᠶᠢᠷ᠎ᠠ ᠲᠠᠯᠠᠷᠬᠠᠯ ᠢᠶᠠᠨ ᠲᠡᠪᠰᠢᠬᠦᠯᠦᠶ᠎ᠡ︕       ᠠᠮᠵᠢᠯᠲᠠ ᠪᠠᠨ ᠨᠤᠳᠠᠯᠠᠬᠤ ᠶᠢᠨ ᠬᠠᠮᠳᠤᠲᠠ᠂ ᠮᠠᠨ ᠤ ᠬᠤᠰᠢᠭᠤᠨ ᠤ ᠬᠦᠭᠵᠢᠯᠳᠡ ᠲᠤᠮᠳᠠ ᠪᠠᠰᠠ ᠤᠯᠠᠨ ᠠᠰᠠᠭᠤᠲᠠᠯ ᠪᠠ ᠤᠴᠢᠷ ᠤᠷᠤᠰᠢᠵᠦ ᠪᠠᠶᠢᠬᠤ ᠶᠢ ᠲᠦᠢᠯ ᠤᠨ ᠰᠡᠷᠭᠡᠭ ᠢᠶᠠᠷ ᠬᠠᠷᠠᠵᠤ ᠣᠯᠪᠠ᠃ ᠡᠨᠡ ᠨᠢ ᠭᠤᠤᠯᠳᠠᠭᠤ᠄ ᠠᠵᠦ ᠠᠬᠤᠢ ᠶᠢᠨ ᠶᠡᠷᠦᠩᠭᠡᠢ ᠬᠡᠪᠴᠢᠶ᠎ᠠ ᠪᠠᠭ᠎ᠠ᠂ ᠬᠦᠭᠵᠢᠯᠲᠡ ᠨᠢ ᠲᠡᠭᠰᠢ ᠪᠤᠰᠤ᠂ ᠬᠦᠢᠴᠡᠳ ᠪᠢᠰᠢ ᠠᠰᠠᠭᠤᠲᠠᠯ ᠪᠠᠰᠠ ᠯᠠ ᠤᠷᠤᠰᠢᠬᠰᠠᠭᠠᠷ᠃ ᠠᠵᠦ ᠦᠢᠯᠡᠰ ᠤᠨ ᠪᠦᠳᠦᠴᠡ ᠶᠢ ᠮᠦᠨᠬᠦ ᠰᠢᠯᠢᠳᠡᠭᠵᠢᠬᠦᠯᠬᠦ ᠴᠢᠬᠤᠯᠠᠲᠠᠢ᠂ ᠬᠦᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠪᠦᠳᠦᠮᠵᠢ ᠶᠢ ᠤᠯᠠᠮ   ᠨᠢᠭᠡ ᠠᠯᠬᠤᠮ ᠲᠡᠭᠡᠭᠰᠢᠯᠡᠬᠦᠯᠬᠦ ᠶᠢ ᠱᠠᠭᠠᠷᠲᠠᠵᠦ᠂ ᠬᠤᠳᠠ ᠪᠠᠯᠭᠠᠰᠤᠨ ᠤ ᠴᠢᠳᠠᠪᠬᠢ ᠶᠢ ᠤᠯᠠᠮ ᠰᠢᠯᠢᠳᠡᠭᠵᠢᠭᠦᠯᠬᠦ ᠴᠢᠬᠤᠯᠠᠲᠠᠢ ᠪᠠᠶᠢᠵᠦ᠂ ᠲᠦᠬᠦᠷᠴᠢᠯᠡᠭᠰᠡᠨ ᠲᠦᠬᠦᠭᠡᠷᠦᠮᠵᠢ ᠶᠢ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ᠃ ᠨᠡᠶᠢᠭᠡᠮ  ᠤᠨ ᠦᠢᠯᠡᠰ ᠤᠨ ᠭᠦᠭᠵᠢᠯᠳᠡ ᠶᠢᠨ ᠬᠢᠷᠢ ᠲᠦᠪᠰᠢᠨ ᠬᠠᠷᠢᠴᠠᠩᠭᠤᠢ ᠲᠤᠤᠷ᠎ᠠ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠶᠢ ᠪᠢᠳᠡ ᠨᠡᠮᠡᠭᠳᠡᠬᠦᠯᠬᠦ ᠬᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ   ᠪᠣᠭᠤᠮᠳᠠ ᠰᠢᠪᠳᠣᠯᠬᠤ ᠡᠭᠦᠷᠭᠡ ᠪᠠᠰᠠ ᠶᠡᠭᠡ ᠬᠦᠨᠳᠦ᠂ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠤᠯᠠᠨ ᠲᠦᠮᠡᠨ ᠤ ᠬᠦᠰᠡᠯ ᠱᠠᠭᠠᠷᠲᠠᠯᠭ᠎ᠠ ᠠᠴᠠ ᠪᠠᠰᠠ ᠨᠡᠯᠢᠶᠡᠳ ᠵᠠᠶᠢᠲᠠᠢ  ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠦᠢᠯᠡᠴᠢᠯᠡᠭᠡᠨ ᠤ ᠬᠢᠷᠢ ᠲᠦᠪᠰᠢᠨ ᠠᠵᠢᠯ ᠤᠨ ᠰᠤᠷᠲᠠᠯ ᠢ ᠤᠯᠠᠮ ᠨᠢᠭᠡ ᠠᠯᠬᠤᠮ   ᠰᠠᠶᠢᠵᠢᠷᠠᠭᠤᠯᠬᠤ ᠴᠢᠬᠤᠯᠡᠳᠡᠢ᠃ ᠡᠨᠡ ᠲᠤᠬᠠᠢ ᠪᠢᠳᠡ ᠵᠠᠪᠠᠯ ᠬᠦᠨᠳᠦᠳᠭᠡᠨ ᠦᠵᠡᠵᠦ᠂ ᠴᠢᠷᠮᠠᠶᠢᠨ ᠠᠵᠢᠯᠯᠠᠵᠦ᠂ ᠬᠦᠨᠳᠦ ᠬᠦᠴᠢᠷ ᠢ ᠢᠳᠡᠪᠬᠢᠲᠠᠢ ᠰᠢᠢᠳᠪᠦᠷᠢᠯᠡᠨ᠂ ᠠᠷᠠᠳ ᠲᠦᠮᠡᠨ ᠤ   ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠨ᠎ᠠ᠃ ᠬᠤᠶᠠᠷ᠄ ᠡᠬᠦᠨ ᠠᠴᠠ ᠬᠤᠶᠢᠰᠢᠬᠢ ᠲᠠᠪᠤᠨ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ ᠱᠠᠭᠠᠷᠲᠠᠯᠭ᠎ᠠ ᠪᠠ ᠠᠵᠢᠯ ᠤᠨ ᠡᠭᠦᠷᠭᠡ         ᠡᠭᠦᠨ ᠠᠴᠠ ᠬᠤᠶᠢᠰᠢᠬᠢ ᠲᠠᠪᠤᠨ ᠵᠢᠯ ᠳᠤ᠂ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠪᠦᠬᠦ ᠲᠠᠯ᠎ᠠ ᠪᠠᠷ ᠰᠤᠷᠤᠯᠴᠠᠵᠦ  ᠂ ᠤᠬᠠᠭᠤᠯᠤᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠯᠠᠪᠳᠠᠭᠤᠨ ᠢᠶᠠᠷ ᠤᠷᠤᠬᠰᠢᠯᠠᠬᠤ ᠠᠵᠢᠯ ᠤᠨ ᠶᠡᠷᠦᠩᠭᠡᠢ ᠦᠨᠳᠦᠰᠦᠨ ᠬᠦᠭ ᠢ ᠪᠠᠷᠢᠮᠲᠠᠯᠠᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠲᠦᠯᠲᠠᠢ ᠲᠦᠯᠦᠪᠵᠢᠬᠦᠯᠦᠨ ᠲᠦᠯᠬᠢᠨ ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠠᠬᠢᠭᠤᠯᠵᠦ᠂ ᠨᠠᠮ ᠤᠨ ᠪᠦᠳᠦᠭᠡᠨ ᠪᠠᠶᠢᠭᠤᠯᠤᠯᠲᠠ ᠶᠢᠨ ᠬᠦᠭᠵᠢᠯᠳᠡ ᠶᠢ ᠶᠡᠷᠦᠩᠬᠡᠶᠢᠯᠡᠨ ᠵᠢᠯᠤᠭᠤᠳᠬᠤ ᠶᠢ ᠪᠠᠷᠢᠮᠲᠠᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠᠷ ᠪᠦᠬᠦ ᠲᠠᠯ᠎ᠠ ᠶᠢ ᠨᠢᠭᠡᠳᠭᠡᠨ ᠵᠤᠬᠢᠴᠠᠭᠤᠯᠵᠤ᠂ ︽ᠭᠤᠷᠪᠠᠨ ᠵᠤᠷᠪᠤᠰ ᠬᠤᠷᠢᠭ᠎ᠠ ᠱᠤᠭᠤᠮ︾ ᠢ ᠰᠠᠬᠢᠨ ᠬᠠᠮᠠᠭᠠᠯᠠᠵᠦ᠂ ︽ ᠠᠷᠪᠠᠨ ᠲᠦᠷᠦᠯ ᠤᠨ ᠢᠨᠵᠧᠨᠢᠷᠢᠩ︾ ᠢ ᠨᠠᠶᠢᠳᠠᠪᠤᠷᠢᠵᠢᠭᠤᠯᠵᠤ᠂ ︽ᠲᠠᠪᠤᠨ ᠵᠦᠢᠯ ᠤᠨ ᠬᠢᠩᠭᠠᠨ︾ ᠢ ᠪᠦᠳᠦᠭᠡᠨ ᠪᠠᠶᠢᠭᠤᠯᠵᠦ᠂ ︽ᠨᠢᠭᠡᠳᠦᠭᠡᠷ ᠠᠵᠦ ᠦᠢᠯᠡᠰ ᠢ ᠬᠦᠴᠦᠷᠭᠡᠭᠵᠢᠭᠦᠯᠦᠨ᠂ ᠬᠤᠶᠠᠳᠤᠭᠠᠷ ᠠᠵᠦ ᠦᠢᠯᠡᠰ ᠢ ᠪᠤᠵᠠᠭᠠᠶᠢᠷᠠᠭᠤᠯᠵᠦ᠂ ᠭᠤᠷᠪᠠᠳᠤᠭᠠᠷ ᠠᠵᠦ ᠦᠢᠯᠡᠰ ᠢ ᠰᠠᠶᠢᠳᠤᠷ ᠬᠢᠬᠦ︾ ᠶᠢ ᠪᠠᠷᠢᠮᠲᠠᠯᠠᠨ᠂ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠤᠨᠤᠰᠢᠲᠠᠢ ᠪᠠᠷ ᠶᠠᠳᠠᠭᠤ ᠠᠴᠠ ᠠᠩᠭᠢᠵᠢᠷᠠᠬᠤ ᠶᠢ ᠪᠡᠶᠡᠯᠡᠭᠦᠯᠦᠨ᠂ ᠪᠤᠬᠢᠷᠲᠦᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ   ᠪᠣᠭᠤᠮᠳᠠ ᠰᠢᠪᠳᠤᠯᠬᠤ ᠲᠠᠶᠢᠯᠠᠯᠳᠣᠭᠠᠨ︾ ᠢ ᠡᠷᠡᠰ ᠪᠡᠶᠡᠯᠡᠬᠦᠯᠵᠦ᠂ ᠠᠵᠤ ᠠᠬᠤᠢ ᠶᠢᠨ ᠠᠰᠢᠭ ᠲᠤᠰᠠ ᠶᠡᠬᠡᠲᠠᠢ ᠬᠦᠭᠵᠢᠯᠳᠡ ᠶᠢ ᠲᠦᠯᠬᠢᠨ ᠠᠬᠢᠭᠤᠯᠵᠦ᠂ ︽ᠬᠦᠮᠦᠨ  ᠨᠢ ᠶᠠᠳᠠᠭᠤ ᠠᠴᠠ ᠠᠩᠬᠢᠵᠢᠷᠠᠵᠤ᠂ ᠲᠤᠰᠬᠤᠨ ᠶᠠᠳᠠᠭᠤ ᠠᠴᠠ ᠮᠣᠯᠳᠣᠷᠠᠬᠤ᠂ ᠬᠤᠰᠢᠭᠤ ᠨᠢ ᠶᠠᠳᠠᠭᠤ ᠮᠠᠯᠠᠭᠠᠢ ᠪᠠᠨ ᠲᠠᠶᠠᠭᠳᠠᠬᠤ︾ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠲᠠᠯ᠎ᠠ ᠶᠢᠨ ᠴᠢᠨᠡᠬᠡᠯᠢᠭ ᠨᠡᠶᠢᠭᠡᠮ ᠢ   ᠪᠡᠶᠡᠯᠡᠭᠦᠯᠭᠦ ᠪᠦᠳᠦᠭᠡᠨ ᠪᠠᠶᠢᠭᠤᠯᠤᠨ᠂ ᠰᠶᠢᠳᠪᠦᠷᠢᠲᠦ ᠢᠯᠡᠯᠲᠠ ᠶᠢ ᠤᠯᠬᠤ ᠳᠤ ᠪᠠᠳᠤ ᠪᠠᠬᠢ ᠰᠠᠭᠤᠷᠢ ᠶᠢ ᠲᠠᠯᠪᠢᠨ ᠦᠭᠬᠦᠨ᠎ᠡ᠃         ᠡᠬᠦᠨ ᠠᠴᠠ ᠬᠤᠶᠢᠰᠢᠬᠢ ᠲᠠᠪᠤᠨ ᠵᠢᠯ ᠳᠤ᠂ ᠪᠢᠳᠡ ᠬᠦᠭᠵᠢᠯᠳᠡ ᠭᠡᠬᠦ ᠲᠡᠷᠢᠬᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷ ᠪᠠᠷᠢᠮᠲᠠᠯᠠᠵᠦ᠂ ᠰᠢᠨ᠎ᠠ ᠶᠢ ᠡᠭᠦᠳᠭᠦ᠂ ᠵᠤᠬᠢᠴᠠᠩᠭᠤᠢ᠂ ᠪᠤᠬᠢᠷᠲᠤᠯ ᠦᠭᠡᠢ᠂ ᠨᠡᠭᠡᠭᠡᠯᠳᠡᠯᠢᠭ᠂ ᠬᠠᠮᠳᠤ ᠪᠠᠷ ᠡᠳ᠋ᠯᠡᠭᠦ ᠵᠡᠷᠭᠡ ︽ᠲᠠᠪᠤᠨ ᠶᠡᠭᠡ ᠭᠦᠭᠵᠢᠯᠳᠡ︾ ᠶᠢᠨ ᠤᠶᠢᠯᠠᠭᠠᠬᠳᠠᠬᠤᠨ ᠢ ᠭᠤᠶᠢᠪᠢᠰᠢ ᠦᠭᠡᠢ ᠪᠠᠷ ᠲᠤᠭᠤᠰᠢᠯᠠᠭᠤᠯᠤᠨ᠎ᠠ᠃ ᠨᠢᠭᠡ ᠳᠤ᠂ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠬᠡᠷᠡᠭᠲᠡᠢ᠃ ᠬᠠᠩᠭᠠᠯᠭ᠎ᠠ ᠶᠢᠨ ᠪᠦᠳᠣᠴᠠ ᠶᠢᠨ ᠴᠢᠨᠡᠷᠳᠡᠢ ᠦᠭᠡᠷᠡᠴᠢᠯᠡᠯᠳᠡ ᠶᠢ ᠲᠦᠯᠬᠢᠨ ᠠᠬᠢᠭᠤᠯᠵᠦ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾   ᠪᠠ ᠠᠷᠠᠯᠵᠢᠶᠠᠨ ᠤ ᠶᠠᠪᠣᠳᠠᠯ ᠤᠨ ᠲᠦᠷᠢᠮ ᠤᠨ ᠦᠭᠡᠷᠡᠴᠢᠯᠡᠯᠳᠡ ᠶᠢ ᠦᠷᠭᠦᠯᠵᠢᠯᠡᠨ ᠲᠦᠯᠬᠢᠨ ᠠᠬᠢᠭᠤᠯᠵᠦ᠂ ᠮᠡᠳᠡᠭᠡ ᠵᠠᠩᠬᠢᠵᠢᠯᠳᠠ ᠪᠠ ᠲᠤᠮᠤ ᠳ᠋ᠠᠶᠢᠲ᠋ᠠ ᠪᠠᠷ ᠲᠦᠰᠢᠯᠭᠡ ᠪᠤᠯᠭᠠᠵᠦ᠂ ᠬᠡᠷᠡᠭ ᠤᠨ ᠲᠤᠮᠳᠠ ᠪᠠ ᠲᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ᠂ ᠭᠠᠶᠢᠯᠢ᠂ ᠮᠦᠩᠭᠦᠨ ᠬᠦᠢᠯᠭᠡᠭᠡ ᠶᠢᠨ ᠪᠠᠶᠢᠭᠤᠯᠤᠮᠵᠢ ᠪᠠ ︽ᠲᠠᠷᠢᠶᠠᠴᠢᠨ᠂ ᠲᠠᠷᠢᠶᠠᠯᠠᠩ᠂ ᠲᠠᠷᠢᠶᠠᠯᠠᠬᠤ ᠣᠷᠣᠨ︾ ᠤ ᠣᠷᠴᠢᠨ ᠲᠤᠭᠤᠷᠢᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠦᠰᠦᠪ ᠤᠨ ᠲᠦᠷᠢᠮ ᠢ ᠴᠢᠩᠭ᠎ᠠ ᠵᠢᠷᠦᠮᠯᠡᠨ ᠶᠠᠪᠤᠬᠳᠠᠭᠤᠯᠤᠨ᠎ᠠ᠃ ᠪᠡᠯᠡ ᠬᠦᠷᠦᠩᠭᠡ ᠶᠢᠨ ᠬᠢᠨᠠᠯᠲᠠ ᠬᠢᠬᠦ ᠰᠢᠰᠲ᠋ᠧᠮ ᠢ ᠲᠦᠭᠦᠷᠴᠢᠯᠠᠵᠦ᠂ ᠶᠡᠭᠡ ᠭᠡᠨᠡᠳᠡᠯ ᠠᠴᠠ ᠰᠡᠷᠭᠡᠶᠢᠯᠡᠨ᠎ᠡ᠃ ᠤᠯᠠᠮᠵᠢᠯᠠᠯᠲᠤ ᠠᠵᠦ ᠦᠢᠯᠡᠰ ᠤᠨ ᠰᠢᠯᠢᠳᠡᠭᠵᠢᠨ ᠲᠡᠰ ᠲᠡᠪᠰᠢᠬᠦ ᠶᠢ ᠲᠡᠮᠵᠢᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠬᠦᠨ ᠠᠭᠤᠰᠤᠯᠴᠠᠯ ᠤᠨ ᠬᠦᠭᠵᠢᠯᠳᠡ ᠶᠢ   ᠲᠦᠯᠬᠢᠨ ᠠᠬᠢᠭᠤᠯᠤᠨ᠎ᠠ᠃ ᠬᠤᠶᠠᠷ ᠲᠤ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢ ᠵᠠᠪᠠᠯ ᠢᠮᠠᠭᠳᠠ ᠪᠠᠷᠢᠮᠳᠠᠯᠠᠨ᠎ᠠ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠵᠠᠰᠠᠭ ᠤᠨ ᠤᠷᠳᠤᠨ ᠤ ᠡᠷᠭᠡᠪᠰᠢ ᠪᠡᠶᠡᠯᠡᠬᠦᠯᠬᠦ ᠠᠵᠢᠯ ᠳᠤ ᠲᠤᠭᠠᠴᠢᠵᠦ᠂ ᠲᠦᠯᠬᠢᠵᠣ ᠪᠣᠯᠣᠰᠢ ᠦᠭᠡᠢ ᠠᠵᠢᠯ ᠤᠨ ᠡᠬᠦᠷᠭᠡ ᠪᠠᠨ ᠪᠣᠯᠭᠠᠨ᠂ ᠣᠨᠣᠪᠴᠢᠳᠠᠢ ᠪᠠᠷ ᠲᠡᠳᠬᠦᠬᠦ᠂ ᠣᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ᠦᠷ᠎ᠡ ᠪᠦᠳᠦᠭᠡᠯ ᠢ ᠵᠠᠰᠠᠭ ᠤᠨ ᠣᠷᠳᠣᠨ ᠤ ᠠᠵᠢᠯ ᠤᠨ ᠲᠡᠷᠢᠬᠦᠨ ᠴᠢᠬᠤᠯᠠ ᠪᠠᠶᠢᠷᠢᠨ ᠳᠤ ᠲᠠᠯᠪᠢᠨ᠂ ᠪᠡᠭᠡᠵᠢᠩ ᠦᠪᠦᠷ ᠮᠣᠩᠭᠤᠯ ᠤᠨ ᠬᠠᠪᠰᠣᠷᠣᠨ ᠲᠡᠳᠬᠦᠬᠦ ᠪᠠ ᠲᠢᠩᠬᠢᠮ ᠲᠣᠪᠴᠢᠶᠠᠨ ᠤ ᠬᠠᠪᠰᠣᠷᠣᠨ ᠲᠡᠳᠬᠦᠬᠦ ᠲᠠᠦᠭᠡᠳᠦ ᠠᠵᠠ ᠲᠣᠬᠢᠶᠠᠯ ᠢ ᠠᠳᠬᠤᠨ᠂ ᠪᠡᠯᠡ ᠮᠦᠩᠭᠦ ᠣᠷᠣᠭᠤᠯᠬᠤ ᠬᠦᠴᠦᠨ ᠢᠶᠠᠨ ᠨᠡᠮᠡᠭᠳᠡᠬᠦᠯᠦᠨ᠂ ᠭᠠᠳᠠᠨᠠᠬᠢ ᠬᠦᠴᠦᠨ ᠢ ᠠᠰᠢᠭᠯᠠᠨ᠂ ᠲᠣᠳᠣᠭᠠᠳᠣᠬᠢ ᠬᠦᠴᠦᠨ ᠢᠶᠠᠨ ᠴᠢᠩᠭᠠᠷᠠᠭᠤᠯᠣᠨ᠂ ᠢᠳᠡᠪᠬᠢ ᠬᠦᠴᠦᠨ ᠢ ᠣᠷᠮᠠᠰᠢᠭᠤᠯᠣᠨ᠂ ᠶᠠᠳᠠᠭᠤ ᠡᠷᠦᠭᠡ ᠶᠢᠨ ᠣᠷᠣᠯᠭ᠎ᠠ ᠶᠢ ᠨᠡᠮᠡᠭᠳᠡᠬᠦᠯᠬᠦ ᠣᠷᠳᠣ ᠬᠤᠭᠤᠴᠠᠭᠠᠨ ᠤ ᠦᠷ᠎ᠡ ᠪᠦᠳᠦᠮᠵᠢ ᠲᠠᠢ ᠲᠣᠭᠳᠠᠴᠠ ᠶᠢ ᠪᠠᠶᠢᠭᠤᠯᠣᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠡᠶᠡᠯᠡᠬᠦᠯᠬᠦ ᠵᠠᠮ ᠲᠡᠭᠡᠷ᠎ᠡ ᠨᠢᠭᠡ ᠡᠷᠦᠭᠡ᠂ ᠨᠢᠭᠡ ᠬᠦᠮᠦᠨ ᠢ ᠴᠦ ᠬᠤᠴᠣᠷᠣᠭᠤᠯᠬᠤ ᠦᠭᠡᠢ᠃ ᠠᠶᠣᠯ ᠠᠴᠠ ᠠᠪᠣᠷᠠᠵᠣ ᠬᠦᠴᠢᠷ ᠠᠴᠠ ᠲᠡᠩᠭᠡᠷᠡᠬᠦᠯᠬᠦ ᠬᠦᠴᠦᠨ ᠢᠶᠠᠨ ᠴᠢᠨᠠᠭᠰᠢᠳᠠ ᠨᠡᠮᠡᠭᠳᠡᠬᠦᠯᠦᠨ᠂ ᠦᠢᠯᠡᠰ ᠪᠦᠳᠦᠭᠡᠬᠦ ᠠᠵᠢᠯ ᠣᠯᠭᠤᠬᠤ ᠠᠷᠭ᠎ᠠ ᠵᠠᠮ ᠢ ᠬᠦᠨ ᠠᠭᠤᠳᠠᠯᠠᠨ᠂ ᠪᠦᠬᠦ ᠬᠤᠰᠢᠭᠤᠨ ᠤ ᠠᠷᠠᠳ ᠲᠦᠮᠡᠨ ᠢ ᠰᠢᠨ᠎ᠡ ᠨᠢᠭᠡᠨ ᠡᠭᠡᠯᠵᠢ  ᠶᠢᠨ ᠬᠦᠭᠵᠢᠯᠲᠡ ᠲᠣᠮᠳᠠ ᠣᠯᠠᠮ ᠢᠯᠡᠬᠦᠦ ᠭᠦᠷᠳᠡᠮᠵᠢ ᠶᠢᠨ ᠲᠦᠷᠦᠭᠳᠡᠯ ᠲᠠᠢ ᠪᠣᠯᠭᠠᠨ᠎ᠠ᠃ ᠭᠤᠷᠪᠠ ᠳᠤ᠂ ᠬᠤᠳᠠ ᠬᠦᠳᠡᠭᠡ ᠶᠢ ᠨᠢᠭᠡᠳᠦᠯ ᠲᠠᠢ ᠲᠦᠯᠦᠪᠯᠡᠨ ᠬᠦᠭᠵᠢᠬᠦᠯᠬᠦ ᠶᠢ ᠢᠮᠠᠭᠳᠠ ᠪᠠᠷᠢᠮᠳᠠᠯᠠᠨ᠎ᠠ᠃ ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠣᠵᠢᠯᠳᠠ ᠶᠢ ᠲᠦᠷᠭᠡᠳᠭᠡᠨ᠂ ︽ᠨᠠᠢᠮᠠᠨ ᠵᠦᠢᠯ ᠤᠨ ᠬᠤᠳᠠ ᠶᠢ ᠵᠡᠷᠭᠡᠪᠡᠷ ᠴᠣᠭᠴᠠᠯᠠᠬᠤ︾ ᠶᠢᠨ ᠲᠣᠭᠤᠷᠢᠨ ᠳᠤ᠂ ᠬᠤᠪᠢ ᠬᠤᠪᠢᠨ ᠤ ᠣᠨᠴᠠᠯᠢᠭ ᠲᠠᠢ᠂ ᠰᠠᠭᠤᠬᠤ ᠳᠤ ᠲᠣᠬᠢᠷᠠᠮᠵᠢᠳᠠᠢ ᠠᠵᠢᠯ ᠬᠢᠬᠦ ᠳᠤ ᠲᠦᠬᠦᠮ ᠰᠢᠨ᠎ᠡ ᠮᠠᠶ᠋ᠢᠭ ᠤᠨ ᠬᠤᠳᠠ ᠪᠠᠯᠭᠠᠰᠣ ᠶᠢ ᠡᠬᠦᠳᠦᠨ ᠪᠠᠶᠢᠭᠤᠯᠣᠨ᠎ᠠ᠃ ᠲᠠᠷᠢᠶᠠᠯᠠᠩ ᠤᠨ ᠰᠢᠯᠵᠢᠮᠡᠯ ᠬᠦᠮᠦᠨ ᠠᠮᠠᠨ ᠤ ᠬᠤᠳᠠᠴᠢᠯᠠᠯᠳᠠ ᠶᠢ ᠲᠦᠷᠭᠡᠳᠭᠡᠬᠦ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠣᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠬᠤᠳᠠ ᠪᠠᠯᠭᠠᠰᠣᠨ ᠤ ᠬᠦᠮᠦᠨ ᠠᠮᠠ ᠶᠢ ᠲᠦᠪᠯᠡᠷᠡᠭᠦᠯᠭᠦ ᠴᠢᠳᠠᠮᠵᠢ ᠶᠢ ᠲᠡᠭᠡᠭᠰᠢᠯᠡᠬᠦᠯᠦᠨ᠎ᠡ᠃ ᠬᠦᠳᠡᠭᠡ ᠲᠣᠰᠬᠤᠨ ᠢ ᠴᠡᠴᠡᠭᠯᠡᠬᠦᠯᠦᠨ ᠬᠦᠭᠵᠢᠬᠦᠯᠬᠦ ᠪᠠᠶᠢᠯᠳᠣᠬᠤ ᠪᠣᠳᠣᠯᠭ᠎ᠠ ᠶᠢ ᠬᠦᠨᠵᠡᠭᠡᠢ ᠨᠠᠶᠢᠳᠠᠪᠣᠷᠢᠵᠢᠭᠤᠯᠣᠨ᠂ ᠠᠵᠣ ᠦᠢᠯᠡᠰ ᠨᠢ ᠬᠦᠭᠵᠢᠨ ᠪᠠᠳᠠᠷᠠᠭᠰᠠᠨ᠂ ᠠᠮᠢ ᠠᠬᠤᠢ ᠶᠢᠨ ᠤᠷᠤᠰᠢᠨ ᠰᠠᠭᠤᠬᠤ ᠳᠤ ᠲᠤᠬᠢᠷᠡᠮᠵᠢᠳᠡᠢ᠂ ᠠᠶᠢᠯ ᠲᠣᠰᠬᠤᠨ ᠤ ᠭᠡᠪ ᠰᠣᠷᠳᠠᠯ ᠪᠣᠯᠪᠠᠰᠣᠨ᠂ ᠵᠠᠰᠠᠯᠳᠠ ᠴᠡᠭᠴᠡᠯᠡᠯᠳᠡ ᠪᠦᠳᠦᠮᠵᠢ ᠲᠠᠢ᠂ ᠠᠮᠢᠳᠣᠷᠠᠯ ᠪᠠᠶᠠᠨ ᠴᠢᠨᠠᠭᠡᠯᠢᠭ ᠪᠠᠶᠢᠬᠤ ᠶᠡᠷᠦᠩᠭᠡᠢ ᠱᠠᠭᠠᠷᠳᠡᠯᠭ᠎ᠠ ᠶᠣᠰᠣᠭᠠᠷ᠂ ᠲᠠᠷᠢᠶᠠᠯᠠᠩ ᠬᠦᠳᠡᠭᠡ ᠲᠣᠰᠬᠤᠨ ᠤ ᠣᠳᠣᠬᠢᠴᠢᠯᠠᠯᠳᠠ ᠶᠢ ᠲᠦᠯᠬᠢᠨ ᠠᠬᠢᠭᠤᠯᠵᠣ᠂ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢ ᠦᠷᠬᠦᠯᠵᠢᠯᠡᠨ ᠪᠣᠵᠠᠭᠠᠶᠢᠷᠠᠭᠤᠯᠵᠣ᠂ ᠨᠡᠩ ᠣᠯᠠᠨ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠳᠡ ᠶᠢᠨ ᠭᠤᠣᠯ ᠴᠣᠭᠴᠠ ᠶᠢ ᠪᠣᠶᠢᠵᠢᠭᠤᠯᠣᠨ᠂ ᠬᠦᠳᠡᠭᠡ ᠲᠣᠰᠬᠤᠨ ᠤ ᠬᠦᠭᠵᠢᠯᠳᠡ ᠶᠢᠨ ᠰᠠᠭᠤᠷᠢ ᠶᠢ ᠲᠠᠰᠣᠷᠠᠯᠳᠠ ᠦᠭᠡᠢ ᠪᠠᠬᠢᠵᠢᠬᠦᠯᠦᠨ᠎ᠡ᠃ ᠲᠦᠷᠪᠡ ᠳᠤ᠂ ᠡᠷᠬᠡᠪᠰᠢ ᠪᠦᠬᠦ ᠲᠠᠯ᠎ᠠ ᠪᠠᠷ ᠨᠠᠭᠡᠭᠡᠯᠳᠠ ᠬᠢᠭᠦ ᠪᠠᠶᠢᠯᠳᠣᠬᠤ ᠪᠣᠳᠣᠯᠭ᠎ᠠ ᠶᠢ ᠢᠮᠠᠭᠳᠠ ᠪᠠᠷᠢᠮᠳᠠᠯᠠᠨ᠎ᠠ᠃ ᠣᠯᠣᠰ ᠤᠨ ︽ᠨᠢᠭᠡ ᠪᠦᠰᠡ ᠨᠢᠭᠡ ᠵᠠᠮ︾  ᠲᠠᠢ ᠰᠠᠨᠠᠭᠠᠴᠢᠯᠭ᠎ᠠ ᠠᠴᠠ ᠪᠠᠨ ᠠᠭᠤᠰᠣᠯᠴᠠᠨ᠂ ᠦᠪᠡᠷᠳᠡᠭᠡᠨ ᠵᠠᠰᠠᠬᠤ ᠣᠷᠣᠨ ᠤ ᠤᠮᠠᠷᠡᠰᠢ ᠨᠡᠭᠡᠭᠡᠬᠦ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠢᠨᠠᠮᠠᠭᠠᠢ ᠨᠠᠶᠢᠳᠠᠪᠣᠷᠢᠵᠢᠭᠤᠯᠣᠨ᠂ ᠣᠷᠣᠰ ᠮᠣᠩᠭᠤᠯ ᠣᠯᠣᠰ ᠲᠠᠢ ᠢᠳᠡᠪᠬᠢᠳᠡᠢ ᠵᠠᠯᠭᠠᠭᠤᠯᠣᠨ᠂ ᠠᠷᠠᠯᠵᠢᠶ᠎ᠠ᠂ ᠰᠣᠶᠣᠯ᠂ ᠡᠷᠡᠬᠦᠯ ᠬᠠᠮᠠᠭᠠᠯᠠᠯ᠂ ᠰᠣᠷᠭᠠᠨ ᠬᠦᠮᠦᠵᠢᠯ ᠵᠡᠷᠭᠡ ᠬᠦᠷᠢᠶ᠎ᠡ ᠴᠠᠷᠠᠭᠠᠨ ᠤ ᠬᠠᠮᠵᠢᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠸᠢ ᠵᠢᠴᠢ ᠲᠠᠯᠠᠢ ᠲᠠᠭᠠᠣ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠯᠳᠡ ᠶᠢᠨ ᠰᠢᠨ᠎ᠡ ᠬᠠᠨᠳᠣᠰᠢ ᠶᠢ ᠨᠢᠬᠳᠠ ᠠᠩᠬᠠᠷᠣᠨ᠂ ᠣᠷᠣᠭᠤᠯᠵᠣ ᠠᠪᠴᠢᠷᠠᠬᠤ ᠪᠠ ᠭᠠᠷᠭᠠᠬᠤ ᠶᠢ ᠬᠠᠮᠳᠣ ᠳᠤᠨᠢ ᠴᠢᠬᠤᠯᠠᠴᠢᠯᠠᠬᠤ ᠶᠢ ᠪᠠᠷᠢᠮᠳᠠᠯᠠᠨ᠂ ᠬᠠᠮᠳᠣ ᠪᠠᠷ ᠵᠦᠪᠯᠡᠬᠦ ᠬᠠᠮᠳᠣ ᠪᠠᠷ ᠪᠠᠶᠢᠭᠤᠯᠬᠤ᠂ ᠬᠠᠮᠳᠣ ᠪᠠᠷ ᠡᠳ᠋ᠯᠡᠬᠦ ᠵᠠᠷᠴᠢᠮ ᠢ ᠵᠢᠷᠣᠮᠯᠠᠨ᠂ ᠬᠤᠳᠠᠯᠳᠣᠭᠠᠴᠢᠨ ᠣᠷᠢᠨ ᠪᠡᠯᠡ ᠮᠦᠩᠭᠦ ᠣᠷᠣᠭᠤᠯᠬᠤ ᠬᠦᠴᠦᠨ ᠢᠶᠠᠨ ᠨᠡᠮᠡᠭᠳᠡᠬᠦᠯᠦᠨ᠂ ᠲᠠᠪᠠᠭᠤᠯᠢᠭ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠣ ᠦᠢᠯᠡᠰ ᠤᠨ ᠲᠡᠭᠡᠳᠦ ᠲᠣᠣᠷᠠᠳᠣ ᠣᠷᠣᠰᠬᠠᠯ ᠤᠨ ᠲᠦᠷᠦᠯ ᠵᠦᠢᠯ ᠢ ᠵᠠᠯᠭᠠᠮᠵᠢᠯᠠᠵᠣ ᠣᠷᠣᠭᠤᠯᠣᠨ᠂ ᠠᠵᠣ ᠠᠬᠤᠢ ᠶᠢᠨ ᠭᠠᠳᠠᠭᠰᠢᠯᠠᠯ ᠤᠨ ᠬᠡᠮᠵᠢᠶ᠎ᠡ ᠶᠢ ᠡᠷᠭᠡᠪᠰᠢ ᠬᠦᠴᠦᠳᠡᠢ ᠲᠡᠭᠡᠭᠰᠢᠯᠡᠬᠦᠯᠦᠨ᠎ᠡ᠃ ᠲᠠᠪᠤ ᠳᠤ᠂ ᠬᠦᠮᠦᠨ ᠪᠣᠯᠣᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠳᠣ ᠣᠷᠣᠰᠢᠬᠤ ᠶᠢ   ᠪᠠᠷᠢᠮᠳᠠᠯᠠᠨ᠎ᠠ᠃ ᠬᠦᠭᠡ ᠣᠰᠣ ᠬᠦᠭᠡᠮᠳᠦᠭ ᠠᠭᠤᠯᠠ ᠪᠣᠯ ᠲᠠᠷᠣᠢ ᠠᠯᠳᠠᠨ ᠠᠭᠤᠯᠠ ᠮᠦᠩᠬᠦᠨ ᠠᠭᠤᠯᠠ ᠮᠥᠨ ᠭᠡᠬᠦ ᠦᠵᠡᠯᠳᠡ ᠶᠢ ᠪᠠᠳᠣ ᠪᠣᠢ ᠪᠣᠯᠭᠠᠨ ᠦᠢᠯᠡᠳᠦᠯᠭᠡᠵᠢᠬᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠦᠪᠡᠷᠦᠨ ᠠᠮᠢ ᠨᠠᠰᠣ ᠲᠠᠢ ᠪᠠᠨ ᠠᠳᠠᠯᠢ ᠬᠠᠶᠢᠷᠠᠯᠠᠨ᠂ ᠠᠭᠤᠯᠠ ᠣᠰᠣ ᠣᠢ ᠰᠢᠭᠤᠢ ᠲᠠᠷᠢᠶ᠎ᠠ ᠨᠠᠭᠤᠷ᠂ ᠨᠣᠳᠤᠭ ᠪᠡᠯᠴᠢᠭᠡᠷ ᠤᠨ ᠰᠢᠰᠲ᠋ᠧᠮ ᠲᠠᠢ ᠵᠠᠰᠠᠯᠳᠠ ᠶᠢ ᠨᠢᠭᠡᠳᠦᠯᠳᠡᠢ ᠲᠦᠯᠦᠪᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠲᠦᠪ ᠴᠢᠩᠭ᠎ᠠ ᠲᠦᠷᠢᠮ ᠢ ᠭᠡᠷᠡᠭᠵᠢᠬᠦᠯᠦᠨ᠎ᠡ᠃ ᠭᠤᠣᠯ ᠤᠨ ᠲᠠᠷᠤᠭ᠎ᠠ ᠶᠢᠨ ᠲᠦᠷᠢᠮ ᠢ ᠬᠦᠨᠵᠡᠭᠡᠢ ᠠᠬᠢᠭᠤᠯᠣᠨ᠂ ᠪᠡᠯᠴᠢᠭᠡᠷᠯᠡᠬᠦᠯᠬᠦ ᠶᠢ ᠬᠤᠷᠢᠭᠯᠠᠬᠤ ᠪᠠ ᠮᠠᠯ ᠣᠨᠤᠭ᠎ᠠ ᠨᠣᠳᠤᠭ ᠪᠡᠯᠴᠢᠭᠡᠷ ᠲᠡᠩᠴᠡᠬᠦᠷᠢ ᠲᠠᠢ ᠪᠠᠶᠢᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠬᠦᠯᠦᠨ᠂ ᠣᠶᠢᠵᠢᠭᠤᠯᠣᠨ ᠨᠣᠭᠤᠭᠠᠷᠠᠭᠤᠯᠬᠤ ᠢᠨᠵᠧᠨᠧᠷᠢᠩ ᠢ ᠬᠦᠴᠦᠳᠡᠢ ᠶᠠᠪᠣᠭᠳᠠᠭᠤᠯᠣᠨ᠂ ᠨᠣᠳᠤᠭ ᠪᠡᠯᠴᠢᠭᠡᠷ ᠤᠨ ᠣᠷᠭᠤᠮᠠᠯ ᠤᠨ ᠬᠤᠴᠢᠯᠭ᠎ᠠ ᠪᠠ ᠣᠢ ᠰᠢᠭᠤᠢ ᠶᠢᠨ ᠪᠦᠷᠬᠦᠴᠡ ᠶᠢ ᠦᠷᠬᠦᠯᠵᠢᠯᠡᠨ ᠲᠡᠭᠡᠭᠰᠢᠯᠡᠬᠦᠯᠬᠦ ᠶᠢ ᠠᠬᠢᠭᠤᠯᠣᠨ᠎ᠠ᠃ ᠰᠢᠨ᠎ᠡ ︽ᠣᠷᠴᠢᠨ ᠲᠣᠭᠤᠷᠢᠨ ᠢ ᠬᠠᠮᠠᠭᠠᠯᠠᠬᠤ ᠬᠠᠣᠯᠢ︾ ᠶᠢ ᠬᠢᠨᠠᠮᠠᠭᠠᠢ ᠲᠣᠭᠤᠰᠢᠯᠠᠭᠤᠯᠣᠨ᠂ ᠠᠭᠤᠷ ᠠᠮᠢᠰᠬᠤᠯ᠂ ᠣᠰᠣ᠂ ᠬᠦᠷᠦᠰᠦ ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ ᠨᠠᠶᠢᠳᠠᠪᠣᠷᠢᠵᠢᠭᠤᠯᠣᠨ᠂ ᠣᠷᠴᠢᠨ ᠲᠣᠭᠤᠷᠢᠨ ᠢ ᠪᠣᠬᠢᠷᠳᠣᠭᠤᠯᠬᠤ᠂ ᠠᠮᠢ ᠠᠬᠤᠢ ᠶᠢ ᠡᠪᠳᠡᠬᠦ ᠦᠢᠯᠡ ᠠᠵᠢᠯᠯᠠᠭ᠎ᠠ ᠳᠤ ᠬᠠᠣᠯᠢ ᠶᠣᠰᠣᠭᠠᠷ ᠴᠢᠩᠭ᠎ᠠ ᠴᠣᠬᠢᠯᠳᠠ ᠦᠭᠬᠦᠨ᠎ᠡ᠃           ᠲᠦᠯᠦᠭᠡᠯᠡᠭᠴᠢᠳ ᠡ᠂ ᠬᠤᠶᠢᠰᠢᠳᠠ ᠶᠢᠨ ᠲᠠᠪᠣᠨ ᠵᠢᠯ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠲᠣᠭᠤᠰᠢᠯᠠᠭᠤᠯᠣᠨ᠂ ᠬᠤᠰᠢᠭᠤᠨ ᠤ ᠠᠷᠪᠠᠨ ᠲᠠᠪᠣᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠪᠦᠬᠦ ᠬᠡᠰᠢᠬᠦᠳ ︵ᠦᠷᠭᠡᠳᠭᠡᠭᠰᠡᠨ︶ ᠤᠨ ᠬᠤᠷᠠᠯ ᠤᠨ ᠠᠵᠢᠯ ᠤᠨ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠠᠷᠠᠳ ᠲᠦᠮᠠᠠ ᠢᠶᠠᠷ ᠭᠤᠣᠯ ᠪᠣᠯᠭᠠᠬᠤ ᠭᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠨ ᠂ ᠭᠤᠣᠯᠳᠠᠯᠭ᠎ᠠ ᠶᠢ ᠠᠳᠬᠤᠨ᠂ ᠲᠣᠳᠠᠮᠠᠭ ᠵᠦᠢᠯ ᠢᠶᠠᠨ ᠨᠦᠬᠦᠪᠦᠷᠢᠯᠡᠨ᠂ ᠪᠠᠭᠤᠷᠠᠢ ᠵᠦᠢᠯ ᠢᠶᠠᠨ ᠠᠩᠬᠠᠷᠣᠨ᠂ ᠴᠢᠨᠠᠭᠡᠯᠢᠭ ᠨᠠᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠠᠭᠤᠷᠢ ᠲᠡᠭᠡᠷ᠎ᠡ᠂ ᠣᠷᠣᠭᠰᠢᠯᠠᠯᠳᠠ ᠶᠢᠨ   ᠡᠷᠴᠢᠨ ᠢᠶᠠᠨ ᠴᠢᠩᠭᠠᠷᠠᠭᠤᠯᠵᠣ᠂ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠣᠯᠳᠠ ᠶᠢᠨ ᠰᠢᠨ᠎ᠡ ᠠᠶᠠᠯᠠᠯ ᠢ ᠡᠬᠢᠯᠡᠬᠦᠯᠦᠨ᠂ ᠵᠠᠯᠠᠶᠢᠳ ᠤᠨ ᠵᠣᠷᠢᠭ ᠰᠠᠨᠠᠭᠠᠨ ᠤ ᠴᠠᠭ ᠡᠷᠡᠨᠴᠢ ᠳᠠᠶᠢᠴᠢᠯᠠᠯ ᠤᠨ ᠬᠦᠴᠦᠨ ᠢ ᠪᠠᠳᠠᠷᠠᠭᠤᠯᠣᠨ᠎ᠠ᠃       ᠭᠤᠷᠪᠠ᠂ 2018 ᠣᠨ ᠤ ᠭᠤᠣᠯ ᠠᠵᠢᠯ ᠤᠨ ᠲᠣᠬᠢᠷᠠᠭᠤᠯᠣᠯᠳᠠ        2018 ᠣᠨ ᠪᠣᠯ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢᠶᠠᠨ ᠡᠬᠢᠯᠡᠬᠦ ᠵᠢᠯ ᠮᠥᠨ᠃ ᠨᠡᠩ ᠦᠨᠳᠦᠷ ᠶᠠᠰᠣ ᠴᠢᠨᠠᠷ᠂ ᠨᠡᠩ ᠦᠨᠳᠦᠷ ᠦᠷ᠎ᠡ ᠠᠰᠢᠭᠳᠣ ᠬᠦᠭᠵᠢᠯᠳᠡ ᠶᠢ ᠪᠡᠶᠡᠯᠡᠬᠦᠯᠬᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠰᠢᠭᠤᠨ ᠳᠤ ᠪᠠᠨ ᠨᠠᠶᠢᠳᠠᠪᠣᠷᠢᠵᠢᠭᠤᠯᠣᠨ ᠦᠨᠳᠦᠰᠦᠯᠡᠭᠦᠯᠬᠦ ᠪᠠ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠳᠤᠯᠠᠬᠤ ᠳᠤ ᠲᠦᠢᠯ ᠤᠨ ᠬᠦᠨᠳᠦ ᠴᠢᠬᠤᠯᠠ ᠠᠴᠢ ᠬᠤᠯᠪᠣᠭᠳᠠᠯ ᠲᠠᠢ ᠶᠤᠮ᠃ 2018 ᠣᠨ ᠤ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠬᠠᠷᠠᠯᠳᠠ ᠪᠣᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ ᠠᠳᠠᠯᠢᠳᠬᠠᠭᠠᠳ 7% ᠪᠠᠷ ᠨᠡᠮᠡᠭᠳᠡᠬᠦᠯᠦᠨ᠎ᠡ︔ ᠲᠣᠭᠳᠠᠮᠠᠯ ᠬᠦᠷᠦᠩᠭᠡ ᠶᠢᠨ ᠪᠡᠯᠡ ᠣᠷᠣᠯᠠᠭᠤᠯᠣᠯᠳᠠ ᠶᠢ ᠠᠳᠠᠯᠢᠳᠬᠠᠭᠠᠳ  8% ᠪᠠᠷ ᠨᠡᠮᠡᠭᠳᠡᠬᠦᠯᠦᠨ᠎ᠡ︔ ᠭᠡᠪᠴᠢᠶᠡᠵᠢᠯ ᠠᠴᠠ ᠲᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠳᠡᠭ ᠢ ᠠᠳᠠᠯᠢᠳᠬᠠᠭᠠᠳ 5.5% ᠪᠠᠷ ᠨᠡᠮᠡᠭᠳᠡᠬᠦᠯᠦᠨ᠎ᠡ︔ ᠨᠡᠶᠢᠭᠡᠮ ᠤᠨ ᠭᠡᠷᠡᠭᠯᠡᠬᠡᠨ ᠤ ᠡᠳ᠋ ᠤᠨ ᠵᠢᠵᠢᠭᠯᠡᠨ ᠬᠤᠳᠠᠯᠳᠣᠭᠰᠠᠨ ᠪᠦᠭᠦ ᠲᠤᠭ᠎ᠠ ᠶᠢ ᠠᠳᠠᠯᠢᠳᠬᠠᠭᠠᠳ 9% ᠪᠠᠷ ᠨᠡᠮᠡᠭᠳᠡᠬᠦᠯᠦᠨ᠎ᠡ︔ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ ᠠᠳᠠᠯᠢᠳᠬᠠᠵᠣ ᠪᠣᠯᠬᠤ ᠵᠦᠢᠯ ︵ᠨᠢᠭᠡᠨ ᠣᠳᠠᠭᠠᠨ ᠤ ᠭᠠᠶᠢᠯᠢ  ᠶᠢᠨ ᠪᠣᠰᠣ ᠣᠷᠣᠯᠭ᠎ᠠ ᠶᠢ ᠭᠠᠷᠭᠠᠭᠠᠳ︶   ᠢᠶᠠᠷ ᠪᠣᠳᠣᠪᠠᠯ 10% ᠪᠠᠷ ᠨᠡᠮᠡᠭᠳᠡᠬᠦᠯᠦᠨ᠎ᠡ︔ ᠬᠤᠳᠠ ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠣᠮᠳᠠᠴᠢ ᠡᠵᠡᠨ ᠮᠡᠳᠡᠬᠦ ᠣᠷᠣᠯᠭ᠎ᠠ ᠶᠢ ᠠᠳᠠᠯᠢᠳᠬᠠᠭᠠᠳ 8% ᠪᠠᠷ ᠨᠡᠮᠡᠭᠳᠡᠬᠦᠯᠦᠨ᠎ᠡ᠃ ᠡᠨᠡ ᠵᠢᠯ ᠤᠨ ᠬᠠᠷᠠᠯᠳᠠ ᠡᠬᠦᠷᠭᠡ ᠶᠢ ᠪᠡᠶᠡᠯᠡᠬᠦᠯᠬᠦ ᠳᠤ᠂ ᠪᠢᠳᠡ ᠲᠣᠣᠷᠠᠬᠢ ᠨᠠᠢᠮᠠᠨ ᠲᠠᠯ᠎ᠠ ᠶᠢᠨ ᠠᠵᠢᠯ ᠢ ᠲᠣᠪᠣᠶᠢᠯᠭᠠᠨ ᠠᠳᠬᠤᠵᠣ᠂ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠭᠡᠨ᠎ᠡ᠃       ︵ᠨᠢᠭᠡ︶ ᠣᠨᠣᠪᠴᠢᠳᠠᠢ ᠪᠠᠷ ᠶᠠᠳᠠᠭᠤ ᠶᠢ ᠲᠡᠳᠬᠦᠬᠦ ᠶᠢ ᠲᠤᠪᠤᠶᠢᠯᠭᠠᠨ ᠰᠠᠶᠢᠳᠣᠷ ᠠᠳᠬᠤᠨ᠂   ᠶᠠᠳᠠᠭᠤ  ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ᠲᠠᠶᠢᠯᠠᠯᠳᠣᠭᠠᠨ ᠤ ᠢᠯᠠᠯᠳᠠ ᠶᠢ ᠡᠷᠡᠰ ᠪᠠᠳᠣᠳᠠᠢ ᠲᠡᠮᠡᠴᠡᠨ ᠣᠯᠣᠨ᠎ᠠ᠃         ᠠᠵᠣ ᠦᠢᠯᠡᠰ ᠤᠨ ᠲᠦᠷᠦᠯ ᠵᠦᠢᠯ ᠢ ᠣᠨᠣᠪᠴᠢᠳᠠᠢ ᠨᠠᠶᠢᠳᠠᠪᠣᠷᠢᠵᠢᠭᠤᠯᠣᠨ᠎ᠠ᠃ ᠶᠠᠳᠠᠭᠤ ᠶᠢ ᠲᠡᠳᠬᠦᠬᠦ ᠪᠦᠳᠦᠴᠡ ᠮᠠᠶ᠋ᠢᠭ ᠢ ᠪᠠᠷᠢᠮᠳᠠᠯᠠᠨ᠂ ᠶᠠᠳᠠᠭᠤ ᠶᠢ ᠲᠡᠳᠬᠦᠬᠦ   ᠳᠤ ᠪᠠᠨ ᠵᠣᠷᠢᠭ ᠰᠠᠨᠠᠭ᠎ᠠ ᠶᠢ ᠨᠢ ᠲᠡᠳᠬᠦᠬᠦ ᠪᠠ ᠣᠶᠣᠨ ᠣᠬᠠᠭᠠᠨ ᠢ ᠨᠢ ᠲᠡᠳᠬᠦᠬᠦ ᠲᠠᠢ ᠣᠶᠠᠯᠳᠣᠭᠤᠯᠬᠤ ᠶᠢ ᠴᠢᠬᠤᠯᠠᠴᠢᠯᠠᠨ᠂ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠭᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠣᠷᠳᠣ ᠬᠤᠭᠤᠴᠠᠭᠠᠨ  ᠤ ᠪᠠ ᠣᠬᠤᠷ ᠬᠤᠭᠤᠴᠠᠭᠠᠨ ᠤ ᠬᠢ ᠶᠢ ᠣᠶᠠᠯᠳᠣᠭᠤᠯᠬᠤ᠂ ᠲᠠᠷᠢᠶᠠᠯᠠᠩ ᠪᠠ ᠮᠠᠯ ᠠᠵᠣ ᠠᠬᠤᠢ ᠶᠢ ᠣᠶᠠᠯᠳᠣᠭᠤᠯᠬᠤ᠂ ᠤᠯᠠᠮᠵᠢᠯᠠᠯ ᠪᠠ ᠣᠨᠴᠠᠯᠢᠭ ᠲᠠᠢ ᠪᠠᠶᠢᠬᠤ ᠶᠢ ᠣᠶᠠᠯᠳᠣᠭᠤᠯᠬᠤ᠂ ᠠᠵᠣ ᠦᠢᠯᠡᠰ ᠢ ᠡᠷᠦᠭᠡ ᠳᠤ ᠣᠷᠣᠭᠤᠯᠬᠤ ᠪᠠ ᠡᠳ᠋ ᠬᠦᠷᠦᠩᠭᠡ ᠶᠢᠨ ᠠᠰᠢᠭ ᠣᠷᠣᠯᠭ᠎ᠠ ᠲᠠᠢ ᠣᠶᠠᠯᠳᠣᠭᠤᠯᠬᠤ ᠶᠢ ᠪᠠᠷᠢᠮᠳᠠᠯᠠᠨ᠂ ︽ᠲᠣᠪᠶᠤᠭ ᠬᠡᠯᠪᠡᠷᠢᠳᠦ︾ ᠠᠵᠣ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠬᠦᠨᠵᠡᠭᠡᠢ ᠭᠡᠷᠡᠭᠵᠢᠬᠦᠯᠦᠨ᠂ ᠶᠠᠳᠠᠭᠤ ᠬᠦᠴᠢᠷ ᠲᠠᠢ ᠡᠷᠦᠭᠡ ᠶᠢᠨ ᠦᠪᠡᠷᠦᠨ ᠪᠡᠶ᠎ᠡ ᠶᠢᠨ ᠬᠦᠭᠵᠢᠯᠳᠡ ᠲᠠᠢ ᠲᠣᠬᠢᠷᠠᠬᠤ ︽ᠴᠢᠰᠣ ᠪᠦᠳᠦᠭᠡᠬᠦ︾ ᠴᠢᠨᠠᠷ ᠲᠠᠢ ᠠᠵᠣ ᠦᠢᠯᠡᠰ ᠢ ᠣᠨᠣᠪᠴᠢᠳᠠᠢ ᠨᠠᠶᠢᠳᠠᠪᠣᠷᠢᠵᠢᠭᠤᠯᠣᠨ᠂ ᠭᠠᠵᠠᠷ ᠲᠠᠷᠢᠶ᠎ᠠ ᠶᠢ ᠨᠢ ᠨᠡᠶᠢᠳᠠᠨ ᠬᠠᠮᠢᠶᠠᠷᠦᠭᠤᠯᠬᠤ᠂ ᠵᠠᠬᠢᠶᠠᠯᠠᠭ᠎ᠠ ᠪᠠᠷ ᠬᠤᠳᠠᠯᠳᠣᠨ ᠠᠪᠬᠤ᠂ ᠬᠦᠳᠡᠯᠮᠦᠷᠢ ᠬᠦᠴᠦᠨ ᠢ ᠠᠵᠢᠯ ᠣᠯᠭᠤᠬᠤ᠂ ᠬᠤᠪᠢ ᠣᠷᠣᠭᠤᠯᠣᠨ ᠬᠤᠷᠰᠢᠬᠤ ᠵᠡᠷᠭᠡ ᠠᠷᠭ᠎ᠠ ᠪᠠᠷ ᠲᠡᠮᠵᠢᠵᠣ ᠶᠠᠳᠠᠭᠤ ᠬᠦᠴᠢᠷ ᠲᠠᠢ ᠡᠷᠦᠭᠡ ᠶᠢ ᠲᠠᠶᠢᠴᠢᠯᠠᠨ ᠠᠵᠣ ᠦᠢᠯᠡᠰ ᠤᠨ ᠲᠦᠷᠦᠯ ᠵᠦᠢᠯ ᠢ ᠬᠦᠭᠵᠢᠬᠦᠯᠦᠨ᠂ ᠠᠵᠣ ᠦᠢᠯᠡᠰ ᠤᠨ ᠰᠠᠭᠤᠷᠢ ᠶᠢ ᠲᠠᠰᠣᠷᠠᠯᠳᠠ ᠦᠭᠡᠢ ᠪᠠᠬᠢᠵᠢᠬᠦᠯᠦᠨ᠂ ᠲᠣᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠣᠨ ᠪᠠᠶᠠᠯᠢᠭᠵᠢᠭᠤᠯᠬᠤ ᠶᠢ ᠪᠡᠶᠡᠯᠡᠬᠦᠯᠦᠨ᠎ᠡ᠃       ᠶᠠᠳᠠᠭᠤ ᠶᠢ ᠲᠡᠳᠬᠦᠬᠦ ᠪᠡᠯᠡ ᠮᠦᠩᠭᠦ ᠶᠢ ᠦᠨᠳᠦᠷ ᠦᠷ᠎ᠡ ᠠᠰᠢᠭ ᠲᠠᠢ ᠭᠡᠷᠡᠭᠯᠡᠨ᠎ᠡ᠃ ᠲᠠᠷᠢᠶᠠᠯᠠᠩ ᠮᠠᠯ ᠠᠵᠣ ᠠᠬᠤᠢ ᠳᠤ ᠬᠤᠯᠪᠣᠭᠳᠠᠬᠤ ᠪᠡᠯᠡ ᠮᠦᠩᠭᠦ 3 ᠳ᠋ᠦᠩᠰᠢᠭᠤᠷ ᠲᠦᠬᠦᠷᠢᠭ ᠢ ᠨᠡᠶᠢᠯᠡᠬᠦᠯᠦᠨ᠂ ᠶᠠᠳᠠᠭᠤ ᠬᠦᠴᠢᠷ  ᠲᠠᠢ ᠡᠷᠦᠭᠡ ᠶᠢ ᠠᠵᠣ ᠦᠢᠯᠡᠰ ᠢᠶᠠᠷ ᠲᠡᠳᠬᠦᠬᠦ ᠬᠦᠴᠦᠨ ᠢ ᠨᠡᠮᠡᠭᠳᠡᠬᠦᠯᠦᠨ᠎ᠡ᠃ ᠮᠦᠩᠭᠦᠨ ᠬᠦᠢᠯᠭᠡᠭᠡᠨ ᠤ ᠶᠠᠳᠠᠭᠤ  ᠶᠢ ᠲᠡᠳᠬᠦᠬᠦ ᠵᠢᠭᠡᠯᠡᠯᠭᠡ ᠶᠢ 2 ᠳ᠋ᠦᠩᠰᠢᠭᠤᠷ ᠲᠦᠬᠦᠷᠢᠭ ᠲᠡᠮᠡᠴᠡᠨ ᠣᠯᠵᠣ᠂ 2014 ᠣᠨ᠂ 2015 ᠣᠨ ᠳᠤ ᠶᠠᠳᠠᠭᠤ ᠬᠦᠴᠢᠷ ᠲᠠᠢ ᠡᠷᠦᠭᠡ ᠠᠴᠠ ᠨᠢᠭᠡᠨᠳᠡ ᠭᠠᠷᠣᠭᠰᠠᠨ ᠡᠷᠦᠭᠡ ᠳᠤ ᠮᠦᠩᠭᠦᠨ ᠬᠦᠢᠯᠭᠡᠭᠡᠨ ᠤ ᠲᠡᠮᠵᠢᠯᠭᠡ ᠦᠵᠡᠬᠦᠯᠦᠨ᠎ᠡ᠃ ᠲᠦᠷᠦ ᠶᠢᠨ ᠪᠣᠳᠣᠯᠭ᠎ᠠ ᠶᠢᠨ ᠴᠢᠨᠠᠷ ᠲᠠᠢ ᠮᠦᠩᠭᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠣᠷᠰᠢᠯᠳᠠ ᠶᠢᠨ ᠵᠢᠱᠢᠶ᠎ᠡ ᠦᠵᠡᠬᠦᠯᠬᠦ ᠲᠣᠭᠤᠷᠢᠭ ᠤᠨ ᠢᠳᠡᠭᠡᠮᠵᠢᠳᠦ ᠵᠢᠭᠡᠯᠡᠯᠭᠡ ᠶᠢᠨ ᠲᠦᠷᠦ ᠶᠢᠨ ᠪᠣᠳᠣᠯᠭ᠎ᠠ ᠶᠢᠨ ᠲᠣᠷᠰᠢᠯᠳᠠ ᠶᠢᠨ ᠴᠢᠭ᠋ ᠤᠨ ᠲᠦᠷᠦᠯ ᠵᠦᠢᠯ ᠢ ᠢᠳᠡᠪᠬᠢᠳᠡᠢ ᠲᠡᠮᠡᠴᠡᠨ ᠣᠯᠵᠣ᠂ ᠶᠠᠳᠠᠭᠤ ᠶᠢ ᠲᠡᠳᠬᠦᠬᠦ ᠠᠵᠣ ᠦᠢᠯᠡᠰ᠂ ᠰᠠᠭᠤᠷᠢ ᠲᠦᠬᠦᠭᠡᠷᠦᠮᠵᠢ᠂ ᠣᠯᠠᠨ ᠨᠡᠶᠢᠳᠡ ᠶᠢᠨ ᠦᠢᠯᠡᠴᠢᠯᠡᠭᠡᠨ ᠵᠡᠷᠭᠡ ᠬᠦᠷᠢᠶ᠎ᠡ ᠬᠡᠪᠴᠢᠶᠡᠨ ᠳᠤ ᠪᠡᠯᠡ ᠣᠷᠣᠭᠤᠯᠬᠤ ᠬᠦᠴᠦᠨ ᠢᠶᠠᠨ ᠨᠡᠮᠡᠭᠳᠡᠬᠦᠯᠦᠨ᠎ᠡ᠃ ᠲᠣᠯᠣᠭᠠᠶᠢᠯᠠᠭᠴᠢ ᠠᠵᠣ ᠠᠬᠤᠶᠢᠯᠠᠯ ᠪᠣᠯᠣᠨ ᠬᠤᠷᠰᠢᠶᠠᠵᠢᠯ ᠢᠶᠠᠷ ᠶᠠᠳᠠᠭᠤ ᠬᠦᠴᠢᠷ ᠲᠠᠢ ᠡᠷᠦᠭᠡ ᠶᠢ ᠲᠠᠶᠢᠴᠢᠯᠠᠬᠤ ᠠᠰᠢᠭ ᠲᠣᠰᠠ ᠶᠢᠨ ᠬᠤᠯᠪᠣᠭᠠᠰᠣ ᠪᠠ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠩᠭᠦ ᠶᠢ ᠬᠤᠪᠢ ᠪᠠᠷ ᠨᠣᠭᠤᠯᠣᠨ ᠪᠣᠳᠣᠵᠣ ᠭᠡᠮᠵᠢᠶᠡᠯᠡᠬᠦ ᠲᠣᠭᠳᠠᠴᠠ ᠶᠢ ᠬᠦᠨᠵᠡᠭᠡᠶᠢᠷᠡᠬᠦᠯᠦᠨ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠤᠭ ᠶᠡᠭᠡ ᠠᠰᠢᠭ ᠢ ᠪᠠᠳᠠᠷᠠᠭᠤᠯᠣᠨ᠂ ᠶᠠᠳᠠᠭᠤ ᠬᠦᠴᠢᠷ ᠲᠠᠢ ᠡᠷᠦᠭᠡ ᠶᠢᠨ ᠲᠣᠣᠷ᠎ᠠ ᠪᠠᠳᠣᠯᠠᠭ᠎ᠠ ᠶᠢᠨ ᠠᠰᠢᠭ ᠬᠤᠪᠢᠶᠠᠷᠢᠯᠠᠬᠤ ᠪᠠ ᠣᠯᠵᠠᠪᠣᠷᠢ ᠶᠢ ᠬᠠᠮᠳᠣ ᠡᠳ᠋ᠯᠡᠬᠦ  ᠶᠢ ᠦᠨᠡᠨᠬᠦ ᠪᠠᠳᠣᠯᠠᠨ᠎ᠠ᠃ 500 ᠲᠦᠮᠡᠨ ᠲᠦᠬᠦᠷᠢᠭ ᠤᠨ ᠣᠷᠣᠨ ᠨᠣᠳᠤᠭ ᠤᠨ ᠡᠳ᠋ ᠤᠨ ᠵᠠᠰᠠᠭ ᠤᠨ ᠮᠦᠩᠭᠦ ᠣᠷᠣᠭᠤᠯᠣᠨ᠂ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢ ᠪᠣᠶᠢᠵᠢᠭᠤᠯᠣᠨ ᠪᠣᠵᠠᠭᠠᠶᠢᠷᠠᠭᠤᠯᠵᠣ᠂ 80%   ᠶᠢᠨ ᠭᠠᠴᠠᠭ᠎ᠠ ᠲᠣᠰᠬᠤᠨ ᠤ ᠬᠠᠮᠳᠣ ᠶᠢᠨ ᠠᠵᠣ ᠠᠬᠤᠢ ᠶᠢᠨ ᠣᠷᠣᠯᠭ᠎ᠠ ᠶᠢ 5 ᠲᠦᠮᠡᠨ ᠲᠦᠬᠦᠷᠢᠭ  ᠠᠴᠠ ᠲᠡᠭᠡᠭᠰᠢ ᠪᠠᠶᠢᠬᠤ ᠶᠢ ᠦᠨᠡᠨᠬᠦ ᠪᠠᠳᠣᠯᠠᠨ᠎ᠠ᠃       ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃   ᠨᠡᠬᠦᠯᠭᠡᠵᠣ ᠶᠠᠳᠠᠭᠤ ᠶᠢ ᠲᠡᠳᠬᠦᠬᠦ ᠪᠠᠷ 788 ᠬᠦᠮᠦᠨ ᠢ ᠨᠡᠬᠦᠯᠭᠡᠨ᠂ ᠨᠣᠷᠠᠬᠤ ᠠᠶᠣᠯᠳᠠᠢ ᠭᠡᠷ ᠪᠠᠶᠢᠰᠢᠩ ᠢ ᠰᠢᠨᠡᠳᠭᠡᠨ ᠵᠠᠰᠠᠬᠤ ᠲᠦᠷᠦᠯ ᠵᠦᠢᠯ ᠢ 3000 ᠡᠷᠦᠭᠡ ᠲᠡᠮᠡᠴᠡᠨ ᠣᠯᠵᠣ᠂ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢ ᠪᠠᠳᠣᠯᠠᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠶᠠᠳᠠᠭᠤ ᠶᠢ ᠲᠡᠳᠬᠦᠬᠦ ᠪᠠ ᠨᠡᠶᠢᠭᠡᠮ ᠤᠨ ᠪᠠᠳᠣᠯᠠᠭ᠎ᠠ ᠶᠢᠨ ᠲᠠᠭᠠᠭᠠᠵᠣ ᠠᠪᠬᠤ ᠲᠦᠷᠦ ᠶᠢᠨ ᠪᠣᠳᠣᠯᠭ᠎ᠠ ᠶᠢ ᠡᠮᠬᠢ ᠵᠢᠷᠣᠮ ᠲᠠᠢ ᠵᠣᠯᠭᠠᠯᠳᠣᠭᠤᠯᠬᠤ ᠶᠢ ᠴᠢᠩᠭᠠᠷᠠᠭᠤᠯᠣᠨ᠂ ᠰᠣᠷᠭᠠᠨ ᠬᠦᠮᠦᠵᠢᠯ᠂ ᠡᠮᠴᠢᠯᠡᠭᠡ᠂ ᠠᠮᠢᠳᠣᠷᠠᠯ ᠵᠡᠷᠭᠡ ᠲᠠᠯ᠎ᠠ ᠠᠴᠠ ᠠᠪᠣᠷᠠᠨ ᠲᠣᠰᠠᠯᠠᠬᠤ ︽ᠭᠤᠷᠪᠠᠨ ᠲᠣᠣᠷ︾ ᠢ ᠡᠷᠴᠢᠮ ᠲᠠᠢ ᠰᠦᠯᠵᠢᠵᠦ᠂ ᠬᠤᠰᠢᠭᠤᠨ ᠤ ᠲᠣᠰ ᠱᠠᠳᠣᠨ ᠤ ᠡᠬᠦᠷᠭᠡᠯᠡᠬᠦ ᠭᠡᠷᠡᠭᠴᠡᠭᠡ ᠲᠠᠢ ᠲᠦᠷᠦ ᠶᠢᠨ ᠪᠣᠳᠣᠯᠭᠠᠳᠣ ᠲᠡᠳᠬᠦᠪᠦᠷᠢ ᠶᠢᠨ ᠪᠡᠯᠡ ᠮᠦᠩᠭᠦ ᠶᠢ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠂ ᠡᠯ᠎ᠡ ᠵᠦᠢᠯ  ᠤᠨ ᠪᠠᠳᠤᠯᠠᠭ᠎ᠠ ᠶᠢᠨ ᠠᠷᠭ᠎ᠠ ᠭᠡᠮᠵᠢᠶ᠎ᠡ ᠶᠢ ᠨᠠᠶᠢᠳᠠᠪᠣᠷᠢᠵᠢᠭᠤᠯᠬᠤ   ᠶᠢ ᠦᠨᠡᠨᠬᠦ ᠪᠠᠳᠣᠯᠠᠨ᠎ᠠ᠃ ᠲᠦᠪᠯᠡᠷᠡᠬᠦᠯᠬᠦ ᠮᠠᠶ᠋ᠢᠭ  ᠤᠨ ᠭᠤᠸᠠᠩ ᠹᠦ᠋ ᠭᠡᠷᠡᠯᠯᠢᠭ ᠴᠠᠬᠢᠯᠭᠠᠨ ᠤ ᠶᠠᠳᠠᠭᠤ ᠶᠢ ᠲᠡᠳᠬᠦᠬᠦ ᠲᠦᠷᠦᠯ ᠵᠦᠢᠯ ᠢ ᠭᠡᠷᠡᠭᠵᠢᠬᠦᠯᠦᠨ᠂ 2249 ᠡᠷᠦᠭᠡ ᠬᠦᠳᠡᠯᠮᠦᠷᠢᠯᠡᠬᠦ ᠴᠢᠳᠠᠪᠣᠷᠢ ᠦᠭᠡᠢ ᠶᠠᠳᠠᠭᠤ ᠬᠦᠴᠢᠷ ᠲᠠᠢ ᠡᠷᠦᠭᠡ ᠪᠣᠯᠣᠨ ᠵᠡᠮᠳᠡᠭ ᠬᠦᠮᠦᠰ ᠤᠨ ᠭᠡᠷ ᠪᠦᠯᠢ  ᠳᠤ ᠠᠰᠢᠭ ᠬᠦᠷᠳᠡᠭᠡᠨ᠂ 130 ᠭᠤᠣᠯᠳᠠᠯᠭ᠎ᠠ ᠲᠠᠢ ᠭᠠᠴᠠᠭ᠎ᠠ ᠲᠣᠰᠬᠤᠨ ᠳᠤ ᠭᠤᠸᠠᠩ ᠹᠦ᠋ ᠭᠡᠷᠡᠯᠯᠢᠭ ᠴᠠᠬᠢᠯᠭᠠᠨ  ᠤ ᠦᠷᠲᠡᠭᠡ ᠪᠠᠶᠢᠭᠤᠯᠵᠣ᠂ ᠶᠠᠳᠠᠭᠤ ᠶᠢ ᠳᠡᠳᠭᠦᠬᠦ ᠲᠦᠷᠦᠯ ᠵᠦᠢᠯ ᠢ ᠠᠬᠢᠭᠤᠯᠣᠨ᠎ᠠ᠃ ᠦᠨᠳᠡᠭᠡᠨ ᠣᠰᠣᠨ ᠴᠦᠭᠦᠷᠦᠮ ᠤᠨ ᠵᠢᠪᠬᠦ ᠬᠡᠪᠴᠢᠶᠡᠨ ᠤ ᠶᠠᠳᠠᠭᠤ ᠡᠷᠦᠭᠡ ᠶᠢ ᠰᠠᠶᠢᠳᠣᠷ ᠠᠳᠬᠤᠨ᠂ ᠶᠠᠳᠠᠭᠤ ᠬᠦᠴᠢᠷᠳᠡᠯ ᠲᠠᠢ ᠰᠠᠭᠤᠷᠢ ᠲᠤᠭ᠎ᠠ ᠨᠠᠯᠢᠶᠡᠳ ᠶᠡᠭᠡ ᠪᠠᠶᠢᠭ᠎ᠠ ᠢᠨᠳᠡᠷ᠂ ᠪᠠᠶᠠᠠᠭᠤᠣᠯ ᠬᠤᠶᠠᠷ ᠭᠤᠣᠯᠳᠠᠯᠭᠠᠲᠣ ᠪᠠᠯᠭᠠᠰᠣᠨ ᠤ ᠶᠠᠳᠠᠭᠤ  ᠠᠴᠠ ᠠᠩᠭᠢᠵᠢᠷᠠᠭᠤᠯᠬᠤ ᠪᠤᠭᠤᠮᠳᠠ ᠰᠢᠪᠳᠣᠯᠬᠤ ᠠᠵᠢᠯ ᠢ ᠰᠠᠶᠢᠳᠣᠷ ᠠᠳᠬᠤᠨ᠎ᠠ᠃ 6000 ᠲᠦᠮᠡᠨ ᠲᠦᠬᠦᠷᠢᠭ ᠪᠡᠯᠡ ᠮᠦᠩᠭᠦ ᠣᠷᠣᠭᠤᠯᠵᠣ᠂ ᠪᠣᠶᠢᠳᠠ ᠪᠦᠭᠯᠡᠬᠦᠦ ᠶᠠᠳᠠᠭᠤ ᠬᠦᠴᠢᠷ ᠲᠠᠢ ᠠᠶᠢᠯ ᠲᠣᠰᠬᠤᠨ ᠤ ᠰᠠᠭᠤᠷᠢ ᠶᠢ ᠲᠡᠭᠡᠭᠰᠢᠯᠡᠬᠦᠯᠬᠦ ᠢᠨᠵᠧᠨᠧᠷᠢᠩ ᠢ ᠭᠡᠷᠡᠭᠵᠢᠬᠦᠯᠦᠨ᠂ ᠬᠤᠴᠣᠷᠣᠩᠭᠤᠢ ᠪᠠᠶᠢᠳᠠᠯ ᠢ ᠪᠦᠬᠦ ᠲᠠᠯ᠎ᠠ ᠪᠠᠷ ᠰᠠᠶᠢᠵᠢᠷᠠᠭᠤᠯᠣᠨ᠎ᠠ       ︽ᠭᠤᠷᠪᠠᠨ ᠨᠣᠷᠮ᠎ᠠ ᠨᠢᠭᠡ ᠭᠡᠮᠵᠢᠶ᠎ᠡ︾ ᠶᠢᠨ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠬᠦ ᠶᠢ ᠦᠨᠡᠨᠬᠦ ᠪᠠᠳᠣᠯᠠᠨ᠎ᠠ᠃ ᠶᠠᠳᠠᠭᠤ ᠶᠢ ᠲᠡᠳᠬᠦᠬᠦ ᠡᠳᠡᠭᠡᠳ ᠤᠨ ᠬᠦᠳᠡᠯᠦᠩᠭᠦᠢ ᠬᠠᠮᠢᠶᠠᠷᠣᠯᠳᠠ ᠶᠢᠨ ᠦᠷ᠎ᠡ ᠳ᠋ᠦᠩ ᠢ ᠲᠠᠰᠣᠷᠠᠯᠳᠠ ᠦᠭᠡᠢ ᠪᠠᠬᠢᠵᠢᠬᠦᠯᠦᠨ᠂ ᠣᠯᠣᠰ ᠤᠨ ᠭᠤᠷᠪᠠᠳᠣᠭᠠᠷ ᠡᠳᠡᠭᠡᠳ ᠤᠨ ᠦᠨᠡᠯᠡᠨ ᠰᠢᠯᠭᠠᠨ ᠠᠪᠬᠤ ᠪᠡᠯᠡᠳᠭᠡᠯ ᠠᠵᠢᠯ ᠢ ᠰᠠᠶᠢᠳᠣᠷ ᠬᠢᠵᠣ᠂ ︽ᠬᠦᠮᠦᠨ ᠨᠢ ᠶᠠᠳᠠᠭᠤ ᠠᠴᠠ ᠠᠩᠭᠢᠵᠢᠷᠠᠬᠤ᠂ ᠭᠠᠴᠠᠭ᠎ᠠ ᠨᠢ ᠶᠠᠳᠠᠭᠤ ᠠᠴᠠ ᠮᠤᠯᠳᠤᠷᠠᠬᠤ᠂ ᠬᠤᠰᠢᠭᠤ ᠨᠢ ᠶᠠᠳᠠᠭᠤ ᠮᠠᠯᠠᠭᠠᠢ ᠪᠠᠨ ᠲᠡᠶᠡᠭ᠌ᠳᠠᠬᠤ︾ ᠬᠠᠷᠠᠯᠳᠠ ᠶᠢ ᠦᠨᠡᠨᠬᠦ ᠪᠡᠶᠡᠯᠡᠬᠦᠯᠦᠨ᠎ᠡ᠃ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠣ᠂ ᠶᠠᠳᠠᠭᠤ ᠬᠦᠴᠢᠷ ᠲᠠᠢ ᠡᠷᠦᠭᠡ ᠡᠬᠦᠰᠬᠦ ᠨᠣᠷᠮ᠎ᠠ ᠶᠢ 1.5% ᠠᠴᠠ ᠲᠣᠣᠷ᠎ᠠ ᠪᠠᠶᠢᠬᠤ ᠶᠢ ᠪᠡᠶᠡᠯᠡᠬᠦᠯᠦᠨ᠂ ᠶᠠᠳᠠᠭᠤ ᠬᠦᠴᠢᠷ ᠲᠠᠢ ᠬᠦᠮᠦᠨ ᠠᠮᠠᠨ ᠤ ᠪᠣᠷᠣᠭᠤ ᠠᠩᠭᠢᠵᠢᠷᠠᠭᠤᠯᠣᠭᠰᠠᠨ ᠨᠣᠷᠮ᠎ᠠ᠂ ᠶᠠᠳᠠᠭᠤ ᠬᠦᠴᠢᠷ ᠲᠠᠢ ᠬᠦᠮᠦᠨ ᠠᠮᠠᠨ ᠤ ᠭᠤᠭᠤᠵᠢᠭᠳᠠᠭᠰᠠᠨ ᠨᠣᠷᠮ᠎ᠠ ᠶᠢ ᠲᠣᠮᠳᠠᠴᠢ ᠪᠠᠷ 1%   ᠠᠴᠠ ᠲᠣᠣᠷ᠎ᠠ ᠪᠠᠶᠢᠯᠭᠠᠵᠤ᠂ ᠣᠯᠠᠨ ᠲᠦᠮᠡᠨ ᠤ ᠵᠦᠪᠰᠢᠶᠡᠷᠡᠮᠵᠢ ᠶᠢᠨ ᠭᠡᠮᠵᠢᠶ᠎ᠡ ᠶᠢ 90 %   ᠠᠴᠠ ᠲᠡᠭᠡᠭᠰᠢ ᠳᠤ ᠬᠦᠷᠭᠡᠬᠦ ᠬᠠᠷᠠᠯᠳᠠ ᠶᠢ ᠪᠡᠶᠡᠯᠡᠬᠦᠯᠦᠨ᠂ ᠶᠠᠳᠠᠭᠤ ᠬᠦᠴᠢᠷ ᠲᠠᠢ ᠬᠦᠮᠦᠨ ᠠᠮᠠ ᠶᠢ ᠪᠠᠭᠠᠰᠬᠠᠭᠠᠳ 4500 ᠬᠦᠮᠦᠨ  ᠠᠴᠠ ᠲᠣᠷᠣᠭᠰᠢ ᠪᠣᠯᠭᠠᠨ᠎ᠠ᠃         ︵ᠬᠤᠶᠠᠷ︶᠂ ᠠᠵᠤ ᠦᠢᠯᠡᠰ ᠤᠨ ᠠᠭᠤᠰᠣᠯᠴᠠᠯ ᠢ ᠲᠣᠪᠣᠶᠢᠯᠭᠠᠨ ᠠᠳᠬᠤᠵᠣ᠂   ᠬᠤᠰᠢᠭᠤ ᠤᠷᠤᠨ ᠤ ᠠᠵᠤ ᠠᠬᠤᠢ ᠶᠢᠨ ᠴᠢᠨᠠᠷ ᠢ ᠲᠡᠭᠡᠭᠰᠢᠯᠡᠬᠦᠯᠦᠨ᠎ᠡ᠃         ᠲᠠᠷᠢᠶᠠᠯᠠᠩ ᠤᠨ ᠦᠢᠯᠡᠰ ᠤᠨ ᠪᠦᠳᠦᠴᠡ ᠶᠢᠨ ᠲᠤᠬᠢᠷᠠᠭᠤᠯᠤᠯᠳᠠ ᠶᠢ ᠬᠦᠨᠵᠡᠭᠡᠶᠢᠷᠡᠬᠦᠯᠦᠨ᠎ᠡ᠃ ᠣᠯᠣᠰ  ᠤᠨ ᠣᠳᠣ ᠦᠶ᠎ᠡ ᠶᠢᠨ ᠲᠠᠷᠢᠶᠠᠯᠠᠩ ᠠᠵᠤ ᠦᠢᠯᠡᠰ ᠤᠨ ᠬᠦᠷᠢᠶᠡᠯᠡᠩ ᠢ ᠡᠬᠦᠳᠦᠨ ᠴᠣᠭᠴᠠᠯᠠᠬᠤ ᠠᠵᠢᠯ ᠢ ᠯᠠᠪᠳᠠᠭᠤᠨ ᠬᠢᠵᠣ᠂ ᠮᠠᠯ ᠲᠡᠵᠢᠬᠡᠪᠦᠷᠢ ᠶᠢᠨ ᠢᠯᠭᠠᠳᠠᠰᠣ ᠶᠢ ᠡᠬᠢ ᠪᠠᠶᠠᠯᠢᠭ ᠪᠣᠯᠭᠠᠨ ᠠᠰᠢᠭᠯᠠᠬᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠠᠭᠤᠰᠣᠯᠴᠠᠯ ᠬᠦᠭᠵᠢᠯᠳᠡ ᠵᠡᠷᠭᠡ ᠭᠤᠣᠯᠳᠠᠯᠭᠠᠳᠣ ᠲᠦᠷᠦᠯ ᠵᠦᠢᠯ ᠤᠨ ᠪᠠᠶᠢᠭᠤᠯᠣᠯᠳᠠ ᠶᠢ ᠯᠡᠪᠳᠠᠭᠤᠨ ᠰᠠᠶᠢᠨ ᠬᠢᠵᠤ᠂ ᠡᠷᠬᠢᠯᠳᠡᠳᠦ ᠲᠠᠷᠢᠶᠠᠯᠠᠩ ᠤᠨ ᠦᠢᠯᠡᠰ ᠢ ᠶᠡᠭᠡ ᠬᠦᠴᠦᠨ ᠢᠶᠠᠷ ᠬᠦᠭᠵᠢᠬᠦᠯᠦᠨ᠎ᠡ᠃ ᠣᠳᠣ ᠦᠶ᠎ᠡ ᠶᠢᠨ ᠲᠠᠷᠢᠶᠠᠯᠠᠩ ᠠᠵᠣ ᠦᠢᠯᠡᠰ ᠤᠨ ᠭᠤᠤᠯᠯᠠᠭᠴᠢ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠬᠦᠯᠬᠦ ᠣᠷᠣᠨ ᠪᠠ ᠦᠨᠳᠦᠷ ᠪᠦᠳᠦᠮᠵᠢ ᠪᠦᠬᠦᠢ ᠲᠦᠬᠦᠭᠡᠷᠦᠮᠵᠢᠳᠦ ᠲᠠᠷᠢᠶᠠᠯᠠᠩ ᠦᠢᠯᠡᠰ ᠤᠨ ᠲᠣᠭᠤᠷᠢᠭ ᠤᠨ ᠪᠠᠷᠢᠮᠵᠢᠶᠡᠵᠢᠭ᠌ᠰᠠᠠ ᠪᠦᠳᠦᠭᠡᠨ ᠪᠠᠶᠢᠭᠤᠯᠣᠯᠳᠠ  ᠶᠢ ᠲᠦᠯᠬᠢᠨ ᠠᠬᠢᠭᠤᠯᠵᠤ᠂ ᠵᠢᠱᠢᠶ᠎ᠡ ᠦᠵᠡᠬᠦᠯᠬᠦ᠂ ᠲᠣᠭᠤᠷᠢᠨ ᠦᠵᠡᠬᠦ᠂ ᠵᠤᠭᠠᠴᠠᠬᠤ ᠵᠡᠷᠭᠡ ᠦᠢᠯᠡᠳᠦᠯ ᠴᠢᠳᠡᠪᠬᠢ  ᠶᠢ ᠨᠢᠭᠡ ᠴᠤᠭᠴᠠᠵᠢᠭᠤᠯᠤᠭᠰᠠᠠ ᠠᠵᠣ ᠦᠢᠯᠡᠰᠵᠢᠭᠰᠡᠠ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠣᠨ᠎ᠠ᠃ ᠠᠮᠣ ᠪᠣᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠣᠷᠣᠨ ᠪᠠ ᠭᠤᠣᠯ ᠲᠠᠷᠢᠶᠠᠯᠠᠩ ᠤᠨ ᠦᠢᠯᠡᠳᠬᠦᠨ ᠤ ᠦᠢᠯᠡᠳᠪᠦᠷᠢᠯᠡᠯ ᠤᠨ ᠬᠠᠮᠠᠭᠠᠯᠠᠯᠳᠠ ᠶᠢᠨ ᠣᠷᠣᠨ ᠢ ᠵᠠᠭᠠᠭᠯᠠᠨ ᠬᠤᠪᠢᠶᠠᠷᠢᠯᠠᠬᠤ ᠠᠵᠢᠯ ᠢ ᠪᠡᠶᠡᠯᠡᠬᠦᠯᠦᠨ᠎ᠡ᠃   ︽ᠠᠮᠣ ᠪᠣᠳᠠᠭᠠᠨ ᠤ ᠲᠠᠷᠢᠮᠠᠯ ᠢ ᠲᠣᠭᠳᠠᠭᠤᠨ ᠪᠠᠶᠢᠯᠭᠠᠵᠣ᠂ ᠠᠵᠣ ᠦᠢᠯᠡᠰ ᠤᠨ ᠲᠠᠷᠢᠮᠠᠯ ᠢ ᠨᠡᠮᠡᠭᠳᠡᠬᠦᠯᠦᠨ᠂ ᠲᠡᠵᠢᠭᠡᠯ ᠪᠣᠷᠳᠤᠭ᠎ᠠ ᠶᠢ ᠦᠷᠭᠡᠳᠬᠦ︾ ᠶᠣᠰᠣᠭᠠᠷ ᠡᠷᠳᠡᠨᠢ ᠰᠢᠰᠢ 300 ᠲᠦᠮᠡᠨ ᠮᠣ᠋᠂ ᠣᠰᠣᠨ ᠲᠣᠳᠣᠷᠭ᠎ᠠ 80 ᠲᠦᠮᠡᠨ ᠮᠣ᠋᠂ ᠣᠨᠴᠠᠯᠢᠭᠳᠣ ᠲᠠᠷᠢᠮᠠᠯ 60 ᠲᠦᠮᠡᠨ ᠮᠣ᠋ ᠲᠠᠷᠢᠵᠤ᠂ ᠡᠬᠦᠨ ᠤ ᠲᠣᠳᠣᠷ᠎ᠠ ᠬᠠᠭᠤᠷᠠᠢ ᠲᠠᠷᠢᠶ᠎ᠠ ᠶᠢ ᠬᠤᠪᠢᠷᠠᠭᠠᠵᠣ ᠣᠰᠣᠨ ᠲᠠᠷᠢᠶ᠎ᠠ ᠪᠤᠯᠭᠠᠵᠣ ᠠᠰᠢᠭᠯᠠᠬᠤ ᠨᠢ 10 ᠲᠦᠮᠡᠨ ᠮᠣ᠋᠂ ᠰᠢᠷᠬᠢᠷᠯᠢᠭ ᠣᠳ᠋ᠪᠠᠯ᠎ᠠ 12 ᠲᠦᠮᠡᠨ ᠮᠣ᠋᠂ ᠰᠢᠬᠢᠷ ᠯᠣᠣᠪᠠᠩ 10 ᠲᠦᠮᠡᠨ ᠮᠣ᠋ ᠶᠢ ᠲᠣᠰ ᠲᠣᠰ ᠪᠡᠶᠡᠯᠡᠭᠦᠯᠦᠨ᠎ᠡ᠃ ᠡᠰᠢ ᠰᠦᠷᠡᠯ ᠢ ᠪᠣᠯᠪᠠᠰᠣᠷᠠᠭᠤᠯᠬᠤ᠂ ᠲᠠᠷᠢᠶᠠᠨ ᠳᠤ ᠪᠠᠨ ᠢᠯᠵᠠᠷᠠᠭᠤᠯᠬᠤ᠂ ᠲᠠᠷᠢᠶᠠᠨ ᠳᠤ ᠪᠠᠨ ᠲᠠᠷᠣᠰᠢᠭᠤᠯᠬᠤ ᠶᠢᠨ ᠦᠷᠳᠡᠭ ᠨᠡᠮᠡᠭᠳᠡᠬᠦ ᠬᠠᠷᠢᠴᠠᠯ ᠢ ᠰᠢᠯᠢᠳᠡᠭᠵᠢᠬᠦᠯᠵᠣ᠂ ᠡᠰᠢ ᠰᠦᠷᠡᠯ ᠤᠨ ᠶᠡᠷᠦᠩᠭᠡᠶᠢᠯᠡᠭᠰᠡᠨ ᠠᠰᠢᠭᠯᠠᠯᠳᠠ ᠶᠢᠨ ᠨᠣᠷᠮ᠎ᠠ ᠶᠢ 90 %   ᠳᠤ ᠲᠣᠯᠭᠠᠨ᠎ᠠ᠃ ︽ᠬᠤᠨᠢ ᠶᠢᠨ ᠲᠤᠭ᠎ᠠ ᠶᠢ ᠲᠣᠭᠳᠠᠭᠤᠨ ᠪᠠᠶᠢᠯᠭᠠᠵᠣ᠂ ᠦᠭᠡᠷ ᠤᠨ ᠲᠤᠭ᠎ᠠ ᠶᠢ ᠨᠡᠮᠡᠭᠳᠡᠬᠦᠯᠦᠨ᠂ ᠭᠠᠭ᠋ᠠᠢ ᠪᠠ ᠵᠢᠬᠦᠷᠳᠡᠨ ᠠᠮᠢᠳᠠᠨ ᠤ ᠲᠤᠭ᠎ᠠ ᠶᠢ ᠦᠷᠭᠡᠳᠭᠡᠬᠦ︾ ᠲᠦᠯᠦᠪᠵᠢᠬᠦᠯᠭᠡ ᠶᠢ ᠯᠠᠪᠳᠠᠭᠤᠨ ᠠᠬᠢᠭᠤᠯᠵᠣ ᠠᠩᠭᠡᠰ ᠦᠭᠡᠷ ᠤᠨ ᠠᠵᠣ ᠦᠢᠯᠡᠰ ᠤᠨ ᠬᠦᠭᠵᠢᠯᠳᠡ ᠶᠢ ᠭᠤᠣᠯᠳᠠᠯᠭ᠎ᠠ ᠲᠠᠢ ᠲᠡᠮᠵᠢᠵᠤ᠂ ᠲᠡᠵᠢᠬᠡᠵᠤ ᠠᠷᠠᠴᠢᠯᠠᠬᠤ ᠬᠡᠪᠴᠢᠶ᠎ᠡ ᠶᠢ 1 ᠲᠦᠮᠡᠨ ᠲᠣᠯᠣᠭᠠᠢ ᠠᠴᠠ ᠲᠡᠭᠡᠭᠰᠢ ᠬᠦᠷᠭᠡᠵᠣ᠂ ᠮᠠᠯ ᠠᠵᠣ ᠠᠬᠤᠢ ᠶᠢᠨ ᠣᠨ ᠳᠤ 280 ᠲᠦᠮᠡᠨ ᠲᠣᠯᠣᠭᠠᠢ ᠭᠡᠷ ᠤᠨ ᠲᠡᠵᠢᠭᠡᠪᠦᠷᠢ ᠶᠢ ᠪᠠᠲᠣᠯᠠᠨ᠎ᠠ᠃         ᠠᠵᠣ ᠦᠢᠯᠡᠳᠪᠦᠷᠢ ᠶᠢᠨ ᠠᠵᠣ ᠠᠬᠤᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ᠠᠵᠣ ᠦᠢᠯᠡᠳᠪᠦᠷᠢ ᠶᠢᠨ ᠭᠤᠣᠯᠳᠠᠯᠭᠠᠳᠣ ᠲᠦᠷᠦᠯ ᠵᠦᠢᠯ 6 ᠶᠢ ᠪᠡᠶᠡᠯᠡᠬᠦᠯᠵᠤ᠂ ᠪᠤᠬᠢᠷᠳᠣᠯ ᠦᠭᠡᠢ ᠲᠠᠷᠢᠶᠠᠯᠠᠩ ᠤᠨ   ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠷ ᠭᠤᠣᠯᠯᠠᠭᠰᠠᠨ ᠠᠵᠣ ᠦᠢᠯᠡᠳᠪᠦᠷᠢ ᠶᠢᠨ ᠠᠵᠤ ᠠᠬᠤᠢ ᠶᠢ ᠲᠦᠷᠭᠡᠳᠭᠡᠨ ᠬᠦᠮᠦᠵᠢᠬᠦᠯᠵᠤ᠂ ᠠᠮᠢᠳᠣ ᠪᠣᠳᠠᠰ ᠤᠨ ᠴᠢᠨᠠᠷᠳᠣ ᠣᠷᠭᠠᠨᠢᠭ ᠪᠣᠷᠳᠣᠭᠤᠷ᠂ ᠶᠧ ᡁᠢ ᠶᠦᠨ ᠰᠢᠬᠢᠷᠯᠢᠭ ᠣᠳ᠋ᠪᠠᠯ᠎ᠠ ᠶᠢᠨ ᠰᠢᠬᠢᠷ ᠵᠡᠷᠭᠡ ᠲᠦᠷᠦᠯ ᠵᠦᠢᠯ ᠢ ᠠᠰᠢᠭᠯᠠᠯᠳᠠ ᠳᠤ ᠣᠷᠤᠭᠤᠯᠬᠤ ᠶᠢ ᠲᠦᠯᠬᠢᠨ ᠠᠬᠢᠭᠤᠯᠣᠨ᠎ᠠ᠃ ᠬᠡᠪᠴᠢᠶᠡᠵᠢᠯ ᠠᠴᠠ ᠲᠣᠷᠣᠭᠰᠢᠬᠢ ᠠᠵᠣ ᠠᠬᠤᠶᠢᠯᠠᠯ ᠤᠨ ᠪᠠᠶᠢᠴᠠᠭᠠᠯᠳᠠ ᠶᠢ ᠰᠠᠶᠢᠳᠣᠷ ᠠᠳᠬᠤᠵᠣ᠂ ᠬᠡᠪᠴᠢᠶᠡᠵᠢᠯ  ᠠᠴᠠ ᠲᠡᠭᠡᠭᠰᠢᠬᠢ 3 ᠠᠵᠣ ᠠᠬᠤᠶᠢᠯᠠᠯ ᠢ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃ ᠠᠵᠣ ᠠᠬᠤᠶᠢᠯᠠᠯ ᠤᠨ ᠦᠪᠡᠷ ᠤᠨ ᠪᠠᠶᠢᠭᠤᠯᠣᠯᠲᠠ ᠪᠠᠨ ᠲᠡᠬᠦᠯᠳᠡᠷᠵᠢᠬᠦᠯᠬᠦ ᠶᠢ ᠱᠠᠭᠠᠷᠳᠠᠵᠣ᠂ ᠨᠡᠶᠢᠭᠡᠮ ᠤᠨ ᠪᠡᠯᠡ ᠮᠦᠩᠭᠦ ᠶᠢ ᠰᠢᠩᠭᠡᠭᠡᠬᠦ ᠪᠤᠶᠤ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠪᠦᠯᠬᠦᠮ ᠢ ᠣᠷᠢᠵᠣ ᠪᠡᠯᠡ ᠬᠤᠷᠠᠮᠳᠣᠭᠤᠯᠬᠤ ᠬᠦᠴᠢᠷᠳᠡᠯ ᠢ ᠰᠢᠢᠳᠪᠦᠷᠢᠯᠡᠨ᠎ᠡ᠃ ᠨᠡᠶᠢᠯᠡᠬᠦᠯᠦᠨ ᠲᠠᠬᠢᠨ ᠪᠠᠶᠢᠭᠤᠯᠬᠤ᠂ ᠦᠢᠯᠡᠳᠪᠦᠷᠢ ᠶᠢᠨ ᠪᠠᠶᠢᠰᠢᠩ ᠣᠷᠣᠯᠠᠨ ᠪᠠᠷᠢᠵᠤ ᠦᠭᠬᠦ ᠵᠡᠷᠭᠡ ᠠᠷᠭ᠎ᠠ ᠪᠠᠷ 1-2 ᠰᠠᠭᠤᠷᠢ ᠠᠵᠤ ᠠᠬᠤᠶᠢᠯᠠᠯ ᠢ ᠰᠡᠷᠬᠦᠭᠡᠨ ᠠᠮᠢᠯᠠᠭᠤᠯᠣᠨ᠎ᠠ᠃ ᠮᠡᠳᠡᠭᠡ ᠵᠠᠩᠬᠢᠵᠢᠯᠳᠠ ᠪᠠ ᠦᠢᠯᠡᠳᠪᠦᠷᠢᠵᠢᠬᠦᠯᠦᠯᠳᠡ ᠶᠢᠨ ᠬᠦᠨᠵᠡᠭᠡᠢ ᠠᠭᠤᠰᠣᠯ ᠢ ᠠᠬᠢᠭᠤᠯᠵᠣ᠂ ᠬᠠᠷᠢᠯᠴᠠᠭ᠎ᠠ ᠬᠤᠯᠪᠣᠭᠠᠨ ᠤ ᠰᠠᠭᠤᠷᠢ ᠦᠷᠳᠡᠭᠡ ᠶᠢᠨ ᠪᠠᠶᠢᠭᠤᠯᠣᠯᠳᠠ ᠶᠢᠨ ᠬᠦᠴᠦᠯᠡᠴᠡ ᠶᠢ ᠴᠢᠩᠭᠠᠳᠬᠠᠨ᠂ ᠲᠠᠮᠵᠢᠭᠤᠯᠬᠤ ᠪᠠ ᠦᠷᠭᠡᠨ ᠪᠦᠰᠡᠳᠦ ᠨᠧᠲ  ᠢ ᠲᠡᠬᠦᠯᠳᠡᠷᠵᠢᠬᠦᠯᠦᠨ᠎ᠡ᠃ ᠠᠵᠣ ᠦᠢᠯᠡᠳᠪᠦᠷᠢ ᠶᠢᠨ ᠲᠣᠭᠤᠷᠢᠭ ᠤᠨ ᠦᠨᠳᠦᠰᠦᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ 2.8 ᠺᠢᠯᠤᠮᠧᠲᠷ ᠵᠠᠮ ᠰᠢᠨ᠎ᠡ ᠪᠠᠷ ᠵᠠᠰᠠᠵᠤ᠂ ᠲᠣᠭᠤᠷᠢᠭ ᠲᠤ ᠢᠯᠴᠢ ᠲᠦᠪᠯᠡᠷᠡᠬᠦᠯᠦᠨ ᠬᠠᠩᠭᠠᠵᠣ᠂ ᠪᠣᠵᠠᠷ ᠣᠰᠣ ᠶᠢ ᠰᠢᠢᠳᠪᠦᠷᠢᠯᠡᠬᠦ ᠦᠢᠯᠡᠳᠪᠦᠷᠢᠯᠡᠬᠦ ᠶᠢ ᠠᠩᠬᠠᠷᠴᠣ᠂ ᠭᠦᠷᠢᠶᠠᠯᠠᠩ ᠤᠨ   ᠦᠢᠯᠡᠴᠢᠯᠡᠭᠡᠨ ᠤ ᠴᠢᠳᠠᠮᠵᠢ  ᠶᠢ ᠲᠡᠭᠡᠭᠰᠢᠯᠡᠬᠦᠯᠦᠭᠡᠳ 2 ᠠᠴᠠ ᠲᠡᠭᠡᠭᠰᠢ ᠠᠵᠣ ᠠᠬᠤᠶᠢᠯᠠᠯ ᠢ ᠰᠢᠨ᠎ᠡ ᠪᠠᠷ ᠰᠠᠭᠤᠷᠢᠰᠢᠭᠤᠯᠣᠨ᠎ᠠ᠃       ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠣᠨ᠎ᠠ᠃ ︽ᠪᠦᠬᠦ ᠬᠤᠰᠢᠭᠤᠨ ᠤ ᠣᠷᠣᠨ ᠪᠦᠰᠡ ᠶᠢᠨ ᠵᠣᠭᠠᠴᠠᠯ ᠤᠨ ᠲᠦᠯᠦᠪᠵᠢᠬᠦᠯᠭᠡ︾ ᠶᠢᠨ ᠰᠢᠯᠭᠠᠨ ᠦᠨᠡᠯᠡᠬᠦ ᠪᠠ ᠭᠡᠷᠡᠭᠵᠢᠬᠦᠯᠬᠦ ᠠᠵᠢᠯ ᠢ ᠬᠦᠴᠦᠯᠡᠨ ᠰᠠᠶᠢᠳᠣᠷ ᠬᠢᠵᠣ᠂ ᠲᠡᠮᠡᠭᠡᠴᠢ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠴᠣᠣᠯ ᠲᠦᠰᠢᠨ ᠭᠤᠣᠯ ᠤᠨ ᠣᠯᠣᠰ ᠤᠨ ᠲᠡᠰ ᠤᠨ ᠨᠠᠮᠤᠭ ᠭᠠᠵᠠᠷ ᠤᠨ ᠴᠡᠴᠡᠷᠯᠢᠭ᠂ ᠪᠣᠭᠳᠠ ᠠᠭᠤᠯᠠ ᠣᠯᠣᠰ  ᠤᠨ ᠣᠢ ᠰᠢᠭᠤᠢ ᠶᠢᠨ ᠴᠡᠴᠡᠷᠯᠢᠭ ᠵᠠᠷᠭᠡ ᠴᠢᠬᠤᠯᠠ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠢᠨᠳᠡᠷ ᠪᠠᠯᠭᠠᠰᠣ ᠶᠢᠨ ᠣᠷᠴᠢᠨ ᠤ ᠵᠣᠭᠠᠴᠠᠯ ᠤᠨ ᠪᠦᠰᠡ ᠶᠢ ᠭᠤᠣᠯᠳᠠᠯᠭ᠎ᠠ  ᠲᠠᠢ ᠪᠠᠶᠢᠭᠤᠯᠵᠣ᠂ ᠬᠦᠳᠡᠭᠡ ᠲᠣᠰᠬᠤᠨ ᠤ ᠵᠣᠭᠠᠴᠠᠯ ᠤᠨ ᠵᠠᠬ᠎ᠠ ᠲᠡᠯᠭᠡᠬᠦᠷ ᠢ ᠪᠣᠶᠢᠵᠢᠭᠤᠯᠣᠨ ᠪᠣᠵᠠᠭᠠᠶᠢᠷᠠᠭᠤᠯᠣᠨ᠎ᠠ᠃ ᠲᠣᠮᠣ ᠳ᠋ᠠᠶᠢᠲ᠋ᠠ ᠶᠢᠨ ᠲᠦᠪ ᠤᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ ︽ᠢᠨᠲ᠋ᠧᠷ ᠰᠦᠯᠵᠢᠶ᠎ᠡ +︾ ᠶᠢ ᠦᠷᠭᠡᠨ ᠭᠡᠷᠡᠭᠵᠢᠬᠦᠯᠵᠣ᠂ ︽ᠣᠯᠣᠰ ᠤᠨ ᠣᠷᠭᠠᠨᠢᠭ ᠪᠦᠳᠦᠭᠡᠭᠳᠡᠬᠦᠨ ᠢᠶᠠᠷ ᠦᠨᠡᠯᠡᠭᠳᠡᠭᠰᠡᠨ ᠵᠢᠱᠢᠶ᠎ᠡ ᠦᠵᠡᠬᠦᠯᠬᠦ ᠣᠷᠣᠨ︾᠂ ︽ᠡᠯᠧᠺᠲᠷᠦᠨ ᠬᠤᠳᠠᠯᠳᠤᠭ᠎ᠠ ᠬᠦᠳᠡᠭᠡ ᠲᠣᠰᠬᠤᠨ ᠳᠤ ᠣᠷᠣᠬᠤ ᠶᠡᠷᠦᠩᠭᠡᠢ ᠵᠢᠱᠢᠶ᠎ᠡ ᠦᠵᠡᠬᠦᠯᠬᠦ ᠰᠢᠶᠡᠨ︾ ᠢ ᠰᠢᠯᠭᠠᠨ ᠠᠪᠬᠤ ᠪᠡᠯᠡᠳᠭᠡᠯ ᠢ ᠰᠠᠶᠢᠳᠣᠷ ᠬᠢᠵᠣ᠂ ᠣᠯᠣᠰ ᠤᠨ ᠰᠢᠯᠭᠠᠨ ᠠᠪᠬᠤ ᠳᠤ ᠰᠠᠭᠠᠳ ᠦᠭᠡᠢ ᠲᠣᠭᠤᠯᠬᠤ ᠶᠢ ᠪᠠᠳᠣᠯᠠᠨ᠎ᠠ᠃ ᠬᠦᠳᠡᠭᠡ ᠲᠣᠰᠬᠤᠨ ᠤ ᠡᠯᠧᠺᠲᠷᠦᠨ ᠬᠤᠳᠠᠯᠳᠣᠭᠠᠨ ᠤ ᠦᠢᠯᠡᠴᠢᠯᠡᠭᠡᠨ ᠤ ᠰᠢᠰᠲ᠋ᠧᠮ  ᠢ ᠲᠡᠬᠦᠯᠳᠡᠷᠵᠢᠬᠦᠯᠵᠤ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠷᠣᠯᠠᠭᠤᠯᠬᠤ ᠵᠠᠮ ᠰᠣᠪᠠᠭ  ᠢ ᠰᠠᠭᠠᠳ ᠦᠭᠡᠢ ᠨᠡᠪᠳᠡᠷᠡᠬᠦᠯᠦᠨ᠎ᠡ᠃ ᠬᠦᠳᠡᠭᠡ ᠲᠣᠰᠬᠤᠨ ᠤ ᠭᠠᠵᠠᠷ ᠰᠢᠷᠣᠢ ᠡᠪᠡᠰᠦ ᠪᠡᠯᠴᠢᠭᠡᠷ ᠤᠨ ᠡᠵᠡᠩᠨᠡᠬᠦ ᠡᠷᠭᠡ ᠶᠢᠨ ᠪᠠᠷᠢᠴᠠᠭᠠᠨ ᠵᠢᠭᠡᠯᠡᠯᠭᠡ ᠶᠢᠨ ᠲᠣᠷᠰᠢᠯᠳᠡ ᠶᠢᠨ ᠴᠢᠭ᠋ ᠪᠠ ᠰᠢᠶᠠᠨ ᠤ ᠬᠡᠪᠴᠢᠶᠡᠨ ᠤ ᠮᠦᠩᠭᠦᠨ ᠬᠦᠢᠯᠭᠡᠭᠡᠨ ᠤ ᠢᠨᠵᠧᠨᠧᠷᠢᠩ ᠤᠨ ᠲᠣᠷᠰᠢᠯᠳᠠ ᠶᠢᠨ ᠴᠢᠭ᠋ ᠤᠨ ᠠᠵᠢᠯ ᠢ ᠲᠣᠭᠳᠠᠭᠤᠨ ᠢᠶᠠᠷ ᠭᠡᠷᠡᠭᠵᠢᠬᠦᠯᠵᠣ᠂ ᠦᠮᠴᠢᠯᠡᠬᠦ ᠡᠷᠭᠡ ᠶᠢᠨ ᠰᠢᠯᠵᠢᠯᠲᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠶᠢ ᠲᠦᠷᠭᠡᠳᠭᠡᠵᠣ᠂ 15 ᠳ᠋ᠦᠩᠰᠢᠭᠤᠷ ᠲᠦᠬᠦᠷᠢᠭ ᠤᠨ ᠵᠢᠭᠡᠯᠡᠯᠭᠡ ᠲᠠᠯᠪᠢᠬᠤ ᠪᠠᠷ ᠲᠦᠯᠦᠪᠯᠡᠵᠣ᠂ ᠮᠠᠯᠴᠢᠨ ᠲᠠᠷᠢᠶᠠᠴᠢᠨ ᠤ ᠪᠡᠯᠡ ᠬᠤᠷᠠᠮᠳᠣᠭᠤᠯᠬᠤ ᠳᠤ ᠨᠦᠬᠦᠴᠡᠯ ᠬᠠᠩᠭᠠᠨ᠎ᠠ᠃ ᠫᠦ᠋ ᠾᠦᠢ ᠮᠦᠩᠭᠦᠨ ᠬᠦᠢᠯᠭᠡᠭᠡᠨ ᠤ ᠦᠢᠯᠡᠴᠢᠯᠡᠭᠡᠨ ᠢ ᠬᠦᠭᠵᠢᠬᠦᠯᠵᠣ᠂ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠶᠡᠷᠦᠩᠭᠡᠢ ᠭᠡᠮᠵᠢᠶ᠎ᠡ ᠶᠢ ᠲᠣᠰ ᠲᠣᠰ 75.68 ᠳ᠋ᠦᠩᠰᠢᠭᠤᠷ ᠲᠦᠬᠦᠷᠢᠭ ᠪᠠ 86.18 ᠳ᠋ᠦᠩᠰᠢᠭᠤᠷ ᠲᠦᠬᠦᠷᠢᠭ ᠠᠴᠠ ᠲᠡᠭᠡᠭᠰᠢ ᠭᠦᠷᠭᠡᠵᠤ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ ᠢ 113.86% ᠳᠤ ᠭᠦᠷᠭᠡᠨ᠎ᠠ᠃ ᠲᠦᠷᠪᠡᠳᠦᠭᠡᠷ ᠣᠳᠠᠭᠠᠨ ᠤ ᠪᠦᠬᠦ ᠣᠯᠣᠰ ᠤᠨ ᠠᠵᠣ ᠠᠬᠤᠢ ᠶᠢᠨ ᠨᠡᠶᠢᠳᠡᠮ ᠪᠠᠶᠢᠴᠠᠭᠠᠯᠳᠠ ᠶᠢ ᠡᠬᠢᠯᠡᠬᠦᠯᠵᠣ᠂ ᠬᠤᠶᠠᠳᠣᠭᠠᠷ᠂ ᠭᠤᠷᠪᠠᠳᠣᠭᠠᠷ ᠠᠵᠣ ᠦᠢᠯᠡᠰ ᠤᠨ ᠬᠦᠭᠵᠢᠯᠳᠡ ᠶᠢᠨ ᠣᠳᠣ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠤ ᠠᠵᠣ ᠠᠬᠤᠢ ᠨᠡᠶᠢᠭᠡᠮ ᠤᠨ ᠬᠦᠭᠵᠢᠯᠳᠡ  ᠳᠤ ᠵᠦᠪ ᠣᠨᠣᠪᠴᠢᠳᠠᠢ ᠮᠡᠳᠡᠭᠡ ᠵᠠᠩᠭᠢ ᠶᠢᠨ ᠲᠣᠯᠭᠠᠭᠤᠷᠢᠯᠠᠯ ᠢ ᠬᠠᠩᠭᠠᠵᠣ ᠦᠭᠬᠦᠨ᠎ᠡ᠃       ︵ᠭᠤᠷᠪᠠ︶ ᠲᠦᠷᠦᠯ ᠵᠦᠢᠯ ᠤᠨ ᠪᠠᠶᠢᠭᠤᠯᠣᠯᠳᠠ ᠶᠢ ᠲᠣᠪᠣᠶᠢᠯᠭᠠᠨ ᠠᠳᠬᠤᠵᠣ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠡᠷᠴᠢᠮ ᠢᠶᠠᠨ ᠴᠢᠩᠭᠠᠳᠬᠠᠨ᠎ᠠ᠃       ᠴᠢᠬᠤᠯᠠ ᠶᠡᠭᠡ ᠲᠦᠷᠦᠯ ᠵᠦᠢᠯ ᠤᠨ ᠪᠠᠶᠢᠭᠤᠯᠣᠯᠳᠠ ᠶᠢ ᠲᠦᠯᠬᠢᠨ ᠠᠬᠢᠭᠤᠯᠣᠨ᠎ᠠ᠃ ᠠᠶᠢᠮᠠᠭ ᠤᠨ ᠲᠡᠰ  ᠤᠨ ᠳ᠋ᠦᠩᠰᠢᠭᠤᠷ ᠲᠦᠬᠦᠷᠢᠭ ᠠᠴᠠ ᠲᠡᠭᠡᠭᠰᠢᠬᠢ 14 ᠲᠦᠷᠦᠯ ᠵᠦᠢᠯ ᠤᠨ ᠪᠠᠶᠢᠭᠤᠯᠣᠯᠳᠠ ᠶᠢ ᠬᠡᠷᠡᠭᠵᠢᠭᠦᠯᠦᠨ᠎ᠡ᠃ ᠡᠬᠦᠨ ᠳᠤ ᠦᠷᠬᠦᠯᠵᠢᠯᠡᠨ ᠪᠠᠶᠢᠭᠤᠯᠬᠤ 7 ᠲᠦᠷᠦᠯ ᠵᠦᠢᠯ᠂ ᠰᠢᠨ᠎ᠡ ᠪᠠᠷ ᠪᠠᠶᠢᠭᠤᠯᠬᠤ ᠨᠢ 7 ᠲᠦᠷᠦᠯ ᠵᠦᠢᠯ ᠪᠠᠶᠢᠵᠣ᠂ ᠲᠣᠬᠠᠢ ᠶᠢᠨ ᠵᠢᠯ ᠳᠤ ᠪᠠᠨ 52.6 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠣᠷᠣᠭᠤᠯᠬᠤ ᠪᠠᠷ ᠲᠦᠯᠦᠪᠯᠡᠵᠣ ᠪᠠᠶᠢᠨ᠎ᠠ᠃ ᠴᠣᠣᠯ ᠣᠰᠣᠨ ᠠᠰᠢᠭᠯᠠᠯᠳᠠ ᠶᠢᠨ ᠲᠦᠪ ᠤᠨ ᠲᠣᠣᠷᠠᠳᠣ ᠣᠷᠣᠰᠬᠠᠯ ᠤᠨ ᠣᠰᠣᠯᠠᠯᠳᠠ  ᠶᠢᠨ ᠣᠷᠣᠨ ᠤ ᠲᠦᠷᠦᠯ ᠵᠦᠢᠯ ᠤᠨ ᠭᠤᠣᠯᠯᠠᠭᠴᠢ ᠬᠦᠴᠦᠨ ᠪᠠ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠪᠡᠶᠡᠯᠡᠭᠦᠯᠵᠤ᠂ ᠲᠠᠷᠢᠶᠠᠨ ᠠᠵᠢᠯ ᠤᠨ ᠢᠨᠵᠧᠨᠧᠷᠢᠩ ᠤᠨ ᠠᠵᠢᠯ ᠢ ᠭᠠᠷᠳᠠᠨ ᠬᠢᠵᠦ᠂ ᠴᠣᠣᠯ ᠭᠤᠣᠯ ᠤᠨ ᠣᠰᠣ ᠶᠢ ᠯᠢᠶᠣᠣ ᠾᠧ ᠭᠤᠣᠯ ᠳᠤ ᠲᠠᠳᠠᠨ ᠣᠷᠣᠭᠤᠯᠬᠤ ᠢᠨᠵᠧᠨᠧᠷᠢᠩ ᠤᠨ ᠠᠵᠢᠯ ᠢ ᠲᠦᠯᠬᠢᠨ ᠠᠬᠢᠭᠤᠯᠵᠣ᠂ ᠭᠠᠵᠠᠷ ᠲᠠᠳᠠᠪᠣᠷᠢᠯᠠᠭᠰᠠᠨ ᠨᠦᠬᠦᠪᠦᠷᠢ ᠪᠣᠯᠣᠨ ᠨᠡᠬᠦᠯᠭᠡᠨ ᠰᠢᠯᠵᠢᠬᠦᠯᠬᠦ ᠠᠷᠠᠳ ᠢ ᠲᠦᠪᠬᠢᠨᠡᠬᠦᠯᠬᠦ ᠠᠵᠢᠯ ᠢ ᠰᠠᠶᠢᠨ ᠬᠢᠨ᠎ᠡ᠃ ᠮᠤᠵᠢ ᠶᠢᠨ ᠲᠡᠰ ᠤᠨ ᠵᠠᠮ   ᠪᠣᠯᠬᠤ 205 ᠱᠣᠭᠤᠮ ᠤᠨ ᠢᠨᠳᠡᠷ   — ᠴᠢᠩ ᠯᠦᠩ ᠱᠠᠨ ᠬᠦᠷᠬᠦ᠂ ᠱᠢ ᠲᠸᠦ ᠴᠧᠩ ᠽᠢ — ᠰᠢᠩ ᠬᠤᠸᠠ ᠬᠦᠷᠬᠦ᠂ ᠲᠣᠯᠣᠭᠠᠨ ᠭᠡᠷ — ᠯᠠᠮᠠ ᠶᠢᠨ ᠠᠭᠤᠢ ᠬᠦᠷᠬᠦ ᠬᠤᠶᠠᠳᠣᠭᠠᠷ ᠲᠡᠰ ᠤᠨ ᠠᠶᠠᠯᠠᠯ ᠵᠢᠭᠤᠯᠴᠢᠯᠠᠯ ᠤᠨ ᠵᠠᠰᠠᠮᠠᠯ ᠵᠠᠮ ᠪᠣᠯᠣᠨ ᠲᠦᠷᠪᠠᠨᠰᠢᠨ ᠤ ᠶᠡᠭᠡ ᠬᠦᠬᠦᠷᠭᠡ ᠶᠢᠨ ᠪᠦᠳᠦᠭᠡᠨ ᠪᠠᠶᠢᠭᠤᠯᠣᠯᠳᠠ  ᠶᠢᠨ ᠠᠵᠢᠯ ᠢ ᠬᠢᠵᠤ ᠲᠠᠭᠤᠰᠬᠠᠨ᠎ᠠ᠃ ᠮᠤᠵᠢ ᠶᠢᠨ ᠲᠡᠰ ᠤᠨ 204 ᠱᠣᠭᠤᠮ ᠪᠣᠯᠬᠤ ᠬᠤᠷᠤᠭ᠎ᠠ — ᠴᠠᠷᠠᠰᠣᠨ ᠬᠦᠷᠬᠦ ᠬᠤᠶᠠᠳᠣᠭᠠᠷ ᠲᠡᠰ ᠤᠨ ᠵᠠᠮ ᠤᠨ ᠲᠦᠷᠦᠯ ᠵᠦᠢᠯ ᠢ ᠭᠡᠷᠡᠭᠵᠢᠬᠦᠯᠦᠨ᠎ᠡ᠃ ᠮᠣᠵᠢ ᠶᠢᠨ ᠲᠡᠰ ᠤᠨ 309 ᠱᠣᠭᠤᠮ ᠤᠨ ᠦᠷᠡᠵᠢᠯ ᠤᠨ ᠲᠠᠯᠠᠪᠠᠢ — ᠵᠢᠶᠧ ᠹᠠᠩ ᠲᠦᠨ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ᠂ ᠪᠠᠶᠠᠠᠭᠤᠣᠯ — ᠵᠢᠶᠠᠩ ᠴᠢᠶᠣᠣ ᠬᠦᠷᠬᠦ ᠭᠤᠷᠪᠠᠳᠣᠭᠠᠷ ᠲᠡᠰ ᠤᠨ ᠵᠠᠰᠠᠮᠠᠯ ᠵᠠᠮ ᠤᠨ ᠲᠦᠷᠦᠯ ᠵᠦᠢᠯ ᠤᠨ ᠠᠵᠢᠯ ᠢ ᠡᠬᠢᠯᠡᠨ ᠪᠠᠶᠢᠭᠤᠯᠣᠨ᠎ᠠ᠃ 111 ᠣᠯᠣᠰ ᠤᠨ ᠲᠡᠰ ᠤᠨ ᠵᠠᠮ ᠤᠨ ᠣᠯᠠᠭᠠᠨᠬᠤᠳᠠ   — ᠰᠢᠨᠯᠢᠨ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠪᠠ ᠪᠣᠭᠳᠠ ᠠᠭᠤᠯᠠ — ᠵᠢᠩ ᠰᠢᠩ ᠬᠦᠷᠬᠦ ᠭᠤᠷᠪᠠᠳᠣᠭᠠᠷ ᠲᠡᠰ ᠤᠨ ᠵᠠᠰᠠᠮᠠᠯ ᠵᠠᠮ ᠤᠨ ᠡᠬᠢᠯᠡᠨ ᠪᠠᠶᠢᠭᠤᠯᠬᠤ ᠠᠵᠢᠯ ᠢ ᠴᠢᠷᠮᠠᠶᠢᠨ ᠬᠢᠨ᠎ᠡ᠃ ᠲᠡᠮᠦᠷ ᠵᠠᠮ᠂ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ ᠠᠬᠢᠭᠤᠯᠵᠣ᠂ ᠭᠧᠩ ᠵᠢᠶᠠ ᠲᠦᠨ ᠣᠰᠣᠨ ᠴᠦᠬᠦᠷᠦᠮ᠂ ᠡᠳ᠋ ᠪᠠᠷᠠᠭᠠᠨ ᠤ ᠬᠦᠢᠯᠭᠡᠭᠡᠨ ᠤ ᠲᠣᠭᠤᠷᠢᠭ᠂ ᠴᠣᠣᠯ ᠭᠤᠣᠯ ᠤᠨ ᠣᠰᠣᠨ ᠲᠡᠭᠡᠭᠡᠪᠦᠷᠢ ᠶᠢᠨ ᠢᠨᠵᠧᠨᠧᠷᠢᠩ ᠤᠨ ᠲᠦᠷᠦᠯ ᠵᠦᠢᠯ ᠢ ᠨᠦᠯᠤᠭᠡᠯᠡᠭᠦ ᠠᠵᠢᠯ ᠢ ᠰᠠᠶᠢᠳᠣᠷ ᠬᠢᠨ᠎ᠡ᠃                       ᠠᠷᠠᠯᠵᠢᠶᠠᠴᠢᠨ ᠣᠷᠢᠵᠣ ᠪᠡᠯᠡ ᠣᠷᠣᠭᠤᠯᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ᠃   ᠭᠤᠣᠯᠳᠠᠯᠭᠠᠲᠣ ᠠᠵᠣ ᠦᠢᠯᠡᠰ ᠤᠨ ᠲᠣᠭᠤᠷᠢᠨ ᠳᠤ ᠠᠷᠠᠯᠵᠢᠶᠠᠴᠢᠨ ᠣᠷᠢᠬᠤ ᠠᠵᠢᠯᠯᠠᠭᠠᠨ ᠦᠷᠨᠢᠭᠦᠯᠵᠦ᠂   ᠠᠷᠠᠯᠵᠢᠶ᠎ᠠ ᠮᠠᠶᠢᠮᠠᠢ ᠡᠷᠬᠢᠯᠡᠵᠣ ᠪᠠᠶᠢᠭ᠎ᠠ ᠣᠷᠴᠢᠨ ᠲᠣᠭᠤᠷᠢᠨ ᠢ ᠰᠢᠯᠢᠳᠡᠭᠵᠢᠬᠦᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠯᠣᠭᠤᠳᠬᠤ ᠰᠠᠨᠠᠯ ᠪᠠ ᠱᠠᠩᠨᠠᠨ ᠲᠣᠷᠭᠠᠬᠤ ᠠᠷᠭ᠎ᠠ᠂ ᠬᠢᠨᠠᠨ ᠰᠢᠯᠭᠠᠬᠤ ᠨᠠᠷᠢᠨ ᠲᠦᠷᠢᠮ ᠢ ᠲᠡᠭᠦᠯᠳᠡᠷᠵᠢᠬᠦᠯᠵᠤ᠂ ᠠᠵᠣ ᠠᠬᠤᠶᠢᠯᠠᠯ ᠳᠤ ᠦᠢᠯᠡᠴᠢᠯᠡᠬᠦ ᠶᠠᠰᠣ ᠴᠢᠨᠠᠷ ᠪᠠ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠠᠵᠠᠷ ᠰᠢᠷᠣᠢ᠂ ᠭᠠᠶᠢᠯᠢ᠂ ᠬᠦᠳᠡᠯᠮᠦᠷᠢ ᠬᠦᠴᠦᠨ ᠤ ᠡᠬᠢ ᠪᠠᠶᠠᠯᠢᠭ ᠵᠡᠷᠭᠡ ᠲᠠᠯ᠎ᠠ ᠶᠢᠨ   ᠪᠡᠯᠡ ᠣᠷᠣᠭᠤᠯᠣᠯᠲᠠ  ᠶᠢᠨ ᠳᠠᠪᠠᠭᠤᠯᠢᠭ ᠲᠤ ᠰᠠᠭᠤᠷᠢᠯᠠᠨ᠂ ᠭᠠᠶᠢᠯᠢ ᠶᠢᠨ ᠬᠤᠪᠢ ᠨᠡᠮᠡᠷᠢ ᠶᠡᠭᠡ᠂ ᠳᠠᠶᠢᠴᠢᠯᠠᠬᠤ ᠴᠢᠳᠠᠪᠣᠷᠢ ᠴᠢᠩᠭ᠎ᠠ ᠠᠵᠣ ᠠᠬᠤᠶᠢᠯᠠᠯ ᠢ ᠬᠦᠴᠦᠯᠡᠨ ᠣᠷᠣᠭᠤᠯᠵᠣ ᠮᠠᠨ ᠤ ᠬᠤᠰᠢᠭᠤᠨ ᠳᠤ ᠰᠠᠭᠤᠷᠢᠰᠢᠭᠤᠯᠣᠨ᠎ᠠ᠃ ᠣᠮᠠᠷᠠᠰᠢ ᠨᠡᠭᠡᠭᠡᠬᠦ ᠠᠵᠢᠯ  ᠤᠨ ᠡᠷᠴᠢᠮ ᠢ ᠴᠢᠩᠭᠠᠳᠬᠠᠨ᠂ ᠮᠣᠩᠭᠤᠯ ᠣᠯᠣᠰ ᠵᠡᠷᠭᠡ ᠲᠠᠢ ᠬᠠᠷᠢᠯᠴᠠᠨ ᠰᠣᠯᠢᠯᠴᠠᠨ ᠬᠤᠷᠰᠢᠨ ᠠᠵᠢᠯᠯᠠᠬᠤ ᠶᠢ ᠴᠢᠩᠭᠠᠳᠬᠠᠵᠤ᠂ ᠭᠠᠳᠠᠭᠠᠳᠣ ᠠᠴᠠ ᠣᠷᠣᠭᠤᠯᠬᠤ ᠭᠠᠳᠠᠭᠠᠳᠣ ᠳᠤ ᠭᠠᠷᠭᠠᠬᠤ ᠠᠷᠠᠯᠵᠢᠶᠠᠨ ᠤ ᠲᠠᠯ᠎ᠠ ᠶᠢᠨ ᠰᠢᠨ᠎ᠡ ᠰᠢᠪᠳᠣᠯᠣᠯᠳᠠ ᠶᠢ ᠪᠡᠶᠡᠯᠡᠬᠦᠯᠦᠨ᠎ᠡ᠃       ︵ᠲᠦᠷᠪᠡ︶ ᠬᠤᠳᠠ ᠪᠠᠯᠭᠠᠰᠣ ᠶᠢ ᠨᠢᠭᠡᠳᠦᠯᠳᠡᠢ ᠲᠦᠯᠦᠪᠵᠢᠬᠦᠯᠬᠦ ᠶᠢ ᠲᠤᠪᠤᠶᠢᠯᠭᠠᠨ ᠠᠳᠬᠤᠵᠣ᠂ ᠣᠯᠠᠨ ᠨᠡᠶᠢᠳᠡ ᠶᠢᠨ ᠦᠢᠯᠡᠴᠢᠯᠡᠭᠡᠨ ᠤ ᠲᠡᠭᠰᠢ ᠪᠠᠶᠢᠬᠤ ᠶᠢ ᠲᠦᠯᠬᠢᠨ ᠠᠬᠢᠭᠤᠯᠣᠨ᠎ᠠ᠃       ᠰᠢᠨ᠎ᠡ ᠭᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ᠎ᠡ᠃ ᠲᠦᠯᠦᠪᠵᠢᠬᠦᠯᠭᠡ ᠶᠢᠨ ᠬᠦᠳᠦᠯᠦᠨ ᠲᠠᠭᠠᠭᠤᠯᠬᠤ ᠦᠢᠯᠡᠳᠦᠯ ᠢ ᠴᠢᠩᠭᠠᠳᠬᠠᠵᠤ᠂ ᠢᠨᠳᠡᠷ ᠪᠠᠯᠭᠠᠰᠣᠨ ᠤ ᠡᠵᠡᠮᠰᠢᠯ  ᠤᠨ ᠴᠢᠨᠠᠷᠳᠠᠢ ᠨᠠᠷᠢᠯᠢᠭ ᠲᠦᠯᠦᠪᠵᠢᠬᠦᠯᠭᠡ᠂ ︽ᠬᠤᠳᠠ ᠶᠢᠨ ᠬᠤᠣᠰ ᠵᠠᠰᠠᠯᠳᠠ︾ ᠶᠢᠨ ᠲᠣᠰᠬᠠᠢ ᠲᠦᠯᠦᠪᠵᠢᠬᠦᠯᠭᠡ ᠶᠢ ᠪᠡᠶᠡᠯᠡᠭᠦᠯᠦᠨ᠎ᠡ᠃ ᠢᠨᠳᠡᠷ ᠪᠠᠯᠭᠠᠰᠣᠨ ᠤ ᠪᠠᠯᠭᠠᠰᠣ ᠣᠷᠣᠨ ᠤ 15 ᠵᠤᠷᠪᠣᠰ ᠵᠠᠮ ᠢ ᠲᠡᠰ ᠲᠡᠪᠰᠢᠬᠦᠯᠦᠨ ᠵᠠᠰᠠᠵᠣ᠂ ᠢᠨᠳᠡᠷ ᠵᠠᠮ᠂ ᠱᠧᠨ ᠱᠠᠨ ᠵᠡᠭᠡᠯᠢ ᠶᠢᠨ ᠶᠠᠪᠠᠭᠠᠨ ᠬᠦᠮᠦᠨ ᠤ ᠵᠠᠮ ᠢ ᠲᠡᠪᠢᠰᠬᠦ ᠢᠨᠵᠧᠨᠧᠷᠢᠩ ᠢ ᠪᠡᠶᠡᠯᠡᠬᠦᠯᠦᠨ᠎ᠡ᠃ ᠢᠦᠢ ᠴᠠᠢ ᠵᠡᠭᠡᠯᠢ᠂ ᠪᠸᠢ ᠱᠠᠨ ᠵᠡᠭᠡᠯᠢ ᠵᠡᠷᠭᠡ 9 ᠵᠣᠷᠪᠣᠰ ᠬᠤᠳᠠ ᠶᠢᠨ ᠵᠠᠮ ᠢ ᠦᠷᠬᠦᠯᠵᠢᠯᠡᠨ ᠵᠠᠰᠠᠵᠣ᠂ ᠱᠧᠨ ᠱᠠᠨ ᠵᠡᠭᠡᠯᠢ ᠶᠢᠨ ᠵᠡᠭᠦᠨ ᠦᠵᠦᠭᠦᠷ ᠤᠨ ᠵᠠᠮ ᠢ ᠨᠡᠪᠳᠡᠷᠡᠬᠦᠯᠬᠦ ᠪᠠᠷ ᠴᠢᠷᠮᠠᠶᠢᠨ᠎ᠠ᠃ ᠲᠣᠷᠠᠨ ᠨᠠᠭᠤᠷ ᠴᠡᠴᠡᠷᠯᠢᠭ ᠤᠨ ᠨᠢᠭᠡᠳᠦᠭᠡᠷ ᠬᠤᠭᠤᠴᠠᠭᠠᠨ ᠤ ᠦᠷᠭᠡᠳᠭᠡᠨ ᠪᠠᠶᠢᠭᠤᠯᠬᠤ ᠲᠦᠷᠦᠯ ᠵᠦᠢᠯ ᠢ ᠭᠡᠷᠡᠭᠵᠢᠬᠦᠯᠵᠤ᠂ ᠪᠦᠳᠦᠭᠡᠨ ᠪᠠᠶᠢᠭᠤᠯᠬᠤ ᠲᠠᠯᠠᠪᠠᠢ ᠶᠢ 18.5 ᠲᠦᠮᠡᠨ ᠲᠡᠭᠰᠢ ᠲᠦᠷᠪᠡᠯᠵᠢᠨ ᠮᠧᠲᠷ ᠬᠦᠷᠭᠡᠨ᠂ ᠠᠮᠢᠨ ᠭᠤᠣᠯ ᠤᠨ ᠦᠵᠡᠮᠵᠢ ᠶᠢᠨ ᠪᠦᠰᠡ ᠶᠢᠨ ᠪᠠᠶᠢᠭᠤᠯᠣᠯᠳᠠ ᠶᠢ ᠠᠬᠢᠭᠤᠯᠵᠤ᠂ ᠴᠡᠴᠡᠷᠯᠢᠭ ᠢ 12.58 ᠲᠦᠮᠡᠨ ᠲᠡᠭᠰᠢ ᠲᠦᠷᠪᠡᠯᠵᠢᠨ ᠮᠧᠲᠷ ᠨᠣᠭᠤᠭᠠᠷᠠᠭᠤᠯᠵᠤ᠂ ᠲᠣᠷᠠᠨ ᠨᠠᠭᠤᠷ ᠴᠡᠴᠡᠷᠯᠢᠭ ᠤᠨ ᠠᠭᠤᠯᠠ ᠵᠢᠴᠢ ᠪᠠᠯᠭᠠᠰᠣ ᠣᠷᠣᠨ  ᠤ 3 ᠵᠤᠷᠪᠣᠰ ᠵᠠᠮ ᠵᠡᠭᠡᠯᠢ ᠶᠢ ᠭᠡᠷᠡᠯᠳᠦᠬᠦᠯᠬᠦ ᠢᠨᠵᠧᠨᠧᠷᠢᠩ ᠢ ᠭᠡᠷᠡᠭᠵᠢᠬᠦᠯᠵᠤ᠂ ︽ᠣᠯᠣᠰ ᠤᠨ ᠲᠡᠰ ᠤᠨ ᠴᠡᠴᠡᠷᠯᠢᠭᠵᠢᠭᠰᠡᠨ ᠰᠢᠶᠠᠨ ᠤ ᠲᠦᠪ︾ ᠢ ᠡᠬᠦᠳᠦᠨ ᠪᠠᠶᠢᠭᠤᠯᠬᠤ ᠶᠢ ᠠᠬᠢᠭᠤᠯᠣᠨ᠎ᠠ᠃ 7032 ᠲᠦᠮᠡᠨ ᠲᠦᠬᠦᠷᠢᠭ  ᠤᠨ ᠪᠡᠯᠡ ᠮᠦᠩᠭᠦ ᠣᠷᠣᠭᠤᠯᠵᠣ᠂ ᠬᠤᠶᠠᠳᠣᠭᠠᠷ ᠬᠠᠯᠠᠭᠠᠯᠳᠠ ᠶᠢᠨ ᠰᠣᠷᠪᠣᠯᠵᠢ ᠶᠢ ᠨᠡᠬᠦᠯᠭᠡᠨ ᠦᠷᠭᠡᠳᠭᠡᠨ ᠪᠠᠶᠢᠭᠤᠯᠬᠤ ᠵᠢᠴᠢ ᠢᠯᠴᠢ ᠬᠠᠩᠭᠠᠬᠤ ᠬᠤᠭᠤᠯᠠᠢ ᠶᠢ ᠦᠭᠡᠷᠡᠴᠢᠯᠡᠬᠦ ᠲᠦᠷᠦᠯ ᠵᠦᠢᠯ ᠢ ᠭᠡᠷᠡᠭᠵᠢᠬᠦᠯᠦᠨ᠎ᠡ᠃ 7000 ᠲᠦᠮᠡᠨ ᠲᠦᠬᠦᠷᠢᠭ ᠤᠨ ᠪᠡᠯᠡ ᠮᠦᠩᠭᠦ ᠣᠷᠣᠭᠤᠯᠵᠤ᠂ ᠠᠮᠢᠳᠣᠷᠠᠯ ᠤᠨ ᠬᠤᠭ ᠨᠣᠪᠰᠢ ᠶᠢ ᠬᠤᠣᠷ ᠦᠭᠡᠢ ᠰᠢᠢᠳᠪᠦᠷᠢᠯᠡᠬᠦ ᠶᠢ ᠭᠡᠷᠡᠭᠵᠢᠬᠦᠯᠦᠨ᠎ᠡ᠃ 3570 ᠲᠦᠮᠡᠨ ᠲᠦᠬᠦᠷᠢᠭ ᠤᠨ ᠪᠡᠯᠡ ᠮᠦᠩᠭᠦ ᠣᠷᠣᠭᠤᠯᠵᠤ᠂ ᠬᠠᠭᠤᠴᠢᠨ ᠲᠣᠭᠤᠷᠢᠭ ᠢ ᠦᠭᠡᠷᠡᠴᠢᠯᠡᠨ ᠵᠠᠰᠠᠬᠤ ᠢᠨᠵᠧᠨᠧᠷᠢᠩ ᠢ ᠦᠷᠬᠦᠯᠵᠢᠯᠡᠨ ᠠᠬᠢᠭᠤᠯᠣᠨ᠎ᠠ᠃ ᠢᠨᠳᠡᠷ ᠪᠠᠯᠭᠠᠰᠣ ᠣᠷᠣᠨ ᠤ ᠵᠣᠷᠯᠣᠩ ᠢ ᠦᠭᠡᠷᠡᠴᠢᠯᠡᠬᠦ ᠢᠨᠵᠧᠨᠧᠷᠢᠩ ᠢ ᠭᠡᠷᠡᠭᠵᠢᠬᠦᠯᠵᠣ᠂ 10 ᠵᠤᠷᠯᠣᠩ ᠢ ᠣᠰᠣ ᠪᠠᠷ ᠵᠠᠶᠢᠯᠠᠬᠤ ᠭᠡᠯᠪᠡᠷᠢ ᠶᠢᠨ ᠵᠤᠷᠯᠣᠩ ᠪᠣᠯᠭᠠᠨ ᠦᠭᠡᠷᠡᠴᠢᠯᠡᠵᠣ᠂ ᠬᠤᠳᠠ ᠶᠢᠨ ᠪᠣᠯᠪᠠᠰᠣᠨ ᠪᠠ ᠲᠠᠭᠠᠯᠳᠣᠭᠰᠠᠨ ᠦᠢᠯᠡᠴᠢᠯᠡᠭᠡᠨ ᠤ ᠬᠢᠷᠢ ᠲᠦᠪᠰᠢᠨ ᠢ ᠨᠠᠷᠢᠨ ᠵᠦᠢᠯ ᠠᠴᠠ ᠭᠠᠷᠳᠠᠨ ᠲᠡᠭᠡᠭᠰᠢᠯᠡᠬᠦᠯᠦᠨ᠎ᠡ᠃       ᠬᠦᠳᠡᠭᠡ ᠲᠣᠰᠬᠤᠨ ᠤ ᠬᠦᠭᠵᠢᠯᠳᠡ ᠶᠢᠨ ᠰᠠᠭᠤᠷᠢ ᠶᠢ ᠪᠠᠳᠣᠵᠢᠭᠤᠯᠣᠨ᠎ᠠ᠃ ᠬᠦᠳᠡᠭᠡ ᠲᠣᠰᠬᠤᠨ ᠢ ᠬᠦᠭᠵᠢᠬᠦᠯᠦᠨ ᠪᠠᠳᠠᠷᠠᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠬᠦᠯᠵᠣ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠪᠠᠷᠢᠮᠳᠠᠯᠠᠵᠤ᠂ ᠲᠠᠷᠢᠶᠠᠯᠠᠬᠤ ᠭᠠᠵᠠᠷ ᠤᠨ ᠬᠤᠷᠢᠭ᠎ᠠ ᠱᠣᠭᠤᠮ ᠢ ᠪᠠᠳᠣ ᠰᠠᠬᠢᠵᠣ᠂ ᠬᠦᠳᠡᠭᠡ ᠲᠣᠰᠬᠤᠨ ᠤ ᠭᠠᠵᠠᠷ ᠰᠢᠷᠣᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠣᠳᠠᠯᠠᠨ ᠲᠡᠩᠰᠠᠯᠠᠵᠣ ᠦᠨᠡᠮᠯᠡᠯ ᠣᠯᠭᠤᠬᠤ ᠠᠵᠢᠯ ᠤᠨ ᠦᠷ᠎ᠡ ᠪᠦᠳᠦᠮᠵᠢ ᠶᠢ ᠪᠠᠳᠣᠳᠬᠠᠨ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ︽ᠭᠤᠷᠪᠠᠨ ᠡᠷᠭᠡ ᠶᠢ ᠰᠠᠯᠭᠠᠨ ᠲᠣᠬᠢᠷᠠᠭᠤᠯᠬᠤ︾ ᠲᠦᠷᠢᠮ ᠢ ᠲᠡᠬᠦᠯᠳᠡᠷᠵᠢᠬᠦᠯᠦᠨ᠎ᠡ᠃ 2 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠤ᠂ ᠦᠨᠳᠦᠷ ᠪᠠᠷᠢᠮᠵᠢᠶᠠᠨ ᠤ ᠦᠨᠳᠦᠰᠦᠨ ᠲᠠᠷᠢᠶᠠᠯᠠᠩ ᠤᠨ ᠪᠠᠶᠢᠭᠤᠯᠣᠯᠳᠠ 20 ᠲᠦᠮᠡᠨ ᠮᠣ᠋ ᠶᠢ ᠭᠡᠷᠡᠭᠵᠢᠬᠦᠯᠦᠨ᠎ᠡ᠃ 2 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠣᠷᠣᠭᠤᠯᠵᠣ ᠪᠠᠭ᠎ᠠ ᠬᠡᠯᠪᠡᠷᠢ  ᠶᠢᠨ ᠲᠠᠷᠢᠶᠠᠯᠠᠩ ᠣᠰᠣᠨ ᠠᠰᠢᠭᠯᠠᠯᠳᠠ ᠶᠢᠨ ᠲᠦᠬᠦᠭᠡᠷᠦᠮᠵᠢ ᠶᠢᠨ ᠪᠦᠳᠦᠭᠡᠨ ᠪᠠᠶᠢᠭᠤᠯᠣᠯᠳᠠ᠂ ᠮᠢᠩᠭᠠᠨ ᠳ᠋ᠦᠩᠰᠢᠭᠤᠷ ᠵᠢᠩ ᠠᠮᠣ ᠪᠣᠳᠠᠭᠠᠨ ᠤ ᠬᠤᠷᠢᠶᠠᠯᠳᠠ᠂ ᠲᠠᠷᠢᠶᠠᠯᠠᠩ ᠤᠨ ᠶᠡᠷᠦᠩᠭᠡᠢ ᠨᠡᠭᠡᠭᠡᠨ ᠠᠰᠢᠭᠯᠠᠯᠳᠠ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ ᠦᠨᠳᠦᠷ ᠠᠰᠢᠭᠳᠣ ᠣᠰᠣ ᠠᠷᠪᠢᠯᠠᠨ ᠣᠰᠣᠯᠠᠬᠤ ᠲᠠᠷᠢᠶᠠᠯᠠᠩ 22 ᠲᠦᠮᠡᠨ ᠮᠣ᠋ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠵᠠᠰᠠᠨ᠎ᠠ᠃ ᠭᠠᠵᠠᠷ ᠰᠢᠷᠣᠢ ᠶᠢ ᠬᠠᠮᠠᠭᠠᠯᠠᠬᠤ ᠪᠠ ᠠᠰᠢᠭᠯᠠᠬᠤ ᠲᠣᠷᠰᠢᠯᠳᠠ ᠶᠢᠨ ᠴᠢᠭ᠋ ᠤᠨ ᠲᠦᠷᠦᠯ ᠵᠦᠢᠯ ᠳᠤ ᠲᠦᠰᠢᠭᠯᠡᠵᠣ᠂ ᠲᠠᠷᠢᠶᠠᠨ ᠭᠠᠵᠠᠷ ᠤᠨ ᠶᠠᠰᠣ ᠴᠢᠨᠠᠷ ᠢ 11 ᠲᠦᠮᠡᠨ ᠮᠣ᠋ ᠪᠦᠳᠦᠮᠵᠢᠳᠡᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ ᠢ ᠪᠠᠳᠣᠳᠬᠠᠬᠤ ᠢᠨᠵᠧᠨᠧᠷᠢᠩ ᠢ ᠰᠠᠶᠢᠳᠣᠷ ᠠᠳᠬᠤᠵᠣ᠂ ᠣᠣᠭᠤᠬᠤ ᠣᠰᠣᠨ ᠤ ᠠᠮᠣᠷ ᠲᠦᠪᠰᠢᠨ ᠤ ᠪᠠᠳᠣᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠴᠠᠬᠢᠯᠭᠠᠨ ᠲᠣᠣᠷ ᠦᠭᠡᠷᠡᠴᠢᠯᠡᠬᠦ ᠬᠦᠴᠦᠯᠡᠴᠡ ᠪᠠᠨ ᠪᠣᠵᠠᠭᠠᠶᠢᠷᠠᠭᠤᠯᠵᠣ᠂ ᠬᠦᠴᠦᠳᠡᠯ ᠦᠭᠡᠷᠡᠴᠢᠯᠡᠬᠦ ᠦᠷᠳᠡᠭᠡ ᠶᠢ 1 ᠰᠠᠭᠤᠷᠢ ᠰᠢᠨ᠎ᠡ ᠪᠠᠷ ᠪᠠᠶᠢᠭᠤᠯᠵᠣ᠂ 66 ᠺᠢᠯᠣᠸᠣᠯᠲ ᠠᠴᠠ ᠲᠣᠷᠣᠭᠰᠢ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠱᠣᠭᠤᠮ 562 ᠺᠢᠯᠣᠮᠧᠲᠷ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠵᠠᠰᠠᠨ᠎ᠠ᠃ ᠬᠠᠩᠭᠠᠨ ᠪᠣᠷᠣᠯᠠᠭᠤᠯᠬᠤ ᠬᠤᠷᠰᠢᠶᠠᠵᠢᠯ ᠢ ᠶᠡᠷᠦᠩᠭᠡᠶᠢᠯᠡᠨ ᠦᠭᠡᠷᠡᠴᠢᠯᠡᠬᠦ ᠲᠣᠷᠰᠢᠯᠳᠠ ᠶᠢᠨ ᠴᠢᠭ᠋ ᠤᠨ ᠠᠵᠢᠯ ᠢ ᠬᠦᠨᠵᠡᠭᠡᠶᠢᠷᠡᠬᠦᠯᠵᠣ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠴᠢᠩᠭᠠᠳᠬᠠᠨ᠂ ︽ᠮᠢᠩᠭᠠᠨ ᠲᠣᠰᠬᠤᠨ ᠮᠢᠩᠭᠠᠨ ᠬᠤᠷᠰᠢᠶᠠᠵᠢᠯ ᠤᠨ ᠵᠢᠱᠢᠶ᠎ᠡ ᠦᠵᠡᠬᠦᠯᠬᠦ ᠢᠨᠵᠧᠨᠧᠷᠢᠩ︾ ᠢ ᠬᠢᠨᠠᠮᠠᠭᠠᠢ ᠭᠡᠷᠡᠭᠵᠢᠬᠦᠯᠵᠣ᠂ ᠪᠡᠯᠡ ᠮᠦᠩᠭᠦ ᠪᠣᠶᠣ ᠢᠳᠡᠭᠡᠮᠵᠢ ᠶᠢᠨ ᠪᠡᠯᠡ ᠮᠦᠩᠭᠦ ᠬᠦᠷᠳᠡᠬᠦ ᠲᠦᠷᠦ ᠶᠢᠨ ᠪᠣᠳᠣᠯᠭ᠎ᠠ ᠲᠠᠢ ᠨᠡᠶᠢᠴᠡᠪᠡᠯ ᠲᠡᠮᠵᠢᠯᠭᠡ ᠦᠵᠡᠬᠦᠯᠦᠨ᠎ᠡ᠃ ᠴᠦᠭᠡᠨ ᠲᠣᠭᠠᠳᠣ ᠦᠨᠳᠦᠰᠦᠳᠡᠨ ᠤ ᠣᠨᠴᠠᠯᠢᠭ ᠲᠠᠢ ᠠᠶᠢᠯ ᠲᠣᠰᠬᠤᠨ ᠢ ᠬᠠᠮᠠᠭᠠᠯᠠᠬᠤ ᠪᠠ ᠬᠦᠭᠵᠢᠬᠦᠯᠬᠦ ᠲᠦᠷᠦᠯ ᠵᠦᠢᠯ ᠢ ᠦᠷᠬᠦᠯᠵᠢᠯᠡᠨ ᠲᠦᠯᠬᠢᠨ ᠠᠬᠢᠭᠤᠯᠵᠣ᠂ ᠴᠦᠭᠡᠨ ᠲᠣᠭᠠᠳᠣ ᠦᠨᠳᠦᠰᠦᠳᠡᠨ ᠤ ᠭᠠᠵᠠᠷ ᠣᠷᠣᠨ ᠤ ᠰᠣᠷᠭᠠᠨ ᠬᠦᠮᠦᠵᠢᠯ᠂ ᠰᠣᠶᠣᠯ᠂ ᠡᠷᠡᠬᠦᠯ ᠬᠠᠮᠠᠭᠠᠯᠠᠯ ᠵᠡᠷᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠳᠠ ᠶᠢ ᠲᠡᠮᠵᠢᠨ᠎ᠡ᠃ ᠬᠦᠳᠡᠭᠡ ᠲᠣᠰᠬᠤᠨ ᠪᠠ ᠬᠤᠳᠠ ᠶᠢᠨ ᠰᠢᠯᠵᠢᠯᠳᠡ ᠶᠢᠨ ᠭᠡᠰᠡᠭ ᠤᠨ ᠣᠷᠴᠢᠨ ᠲᠣᠭᠤᠷᠢᠨ ᠤ ᠶᠡᠷᠦᠩᠭᠡᠶᠢᠯᠡᠭᠰᠡᠨ ᠴᠡᠭᠴᠡᠯᠡᠨ ᠵᠠᠰᠠᠬᠤ ᠡᠷᠴᠢᠮ ᠢ ᠴᠢᠩᠭᠠᠳᠬᠠᠵᠤ᠂ ᠬᠠᠰᠢᠶ᠎ᠠ ᠬᠦᠷᠢᠶᠡᠨ ᠤ ᠠᠵᠣ ᠠᠬᠤᠢ ᠶᠢ ᠬᠦᠭᠵᠢᠬᠦᠯᠬᠦ ᠶᠢ ᠵᠣᠷᠢᠭᠵᠢᠭᠤᠯᠣᠨ᠂ ᠬᠦᠳᠡᠭᠡ ᠲᠣᠰᠬᠤᠨ ᠤ ᠣᠷᠴᠢᠨ ᠲᠣᠭᠤᠷᠢᠨ ᠢ ᠨᠡᠩ ᠦᠵᠡᠰᠬᠦᠯᠡᠩᠳᠡᠢ ᠰᠠᠶᠢᠬᠠᠨ ᠪᠣᠯᠭᠠᠨ ᠪᠦᠳᠦᠭᠡᠨ ᠪᠠᠶᠢᠭᠤᠯᠣᠨ᠎ᠠ᠃           ︵ᠲᠠᠪᠤ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠲᠤᠪᠤᠶᠢᠯᠭᠠᠨ ᠠᠳᠬᠤᠵᠣ᠂ ᠨᠡᠶᠢᠭᠡᠮ ᠤᠨ ᠡᠷᠭᠡ ᠲᠡᠭᠰᠢ ᠲᠦᠪ ᠭᠤᠣᠯᠴᠢ ᠶᠢ ᠠᠬᠢᠭᠤᠯᠣᠨ᠎ᠠ᠃           ᠦᠢᠯᠡᠰ ᠪᠦᠳᠦᠭᠡᠨ ᠠᠵᠢᠯ ᠣᠯᠭᠤᠬᠤ ᠠᠵᠢᠯ ᠢ ᠢᠳᠡᠪᠬᠢᠳᠡᠢ ᠪᠠᠷ ᠰᠠᠶᠢᠳᠣᠷ ᠬᠢᠨ᠎ᠡ᠃ ︽ᠣᠯᠠᠨ ᠢᠶᠠᠷ  ᠢᠶᠠᠨ ᠦᠢᠯᠡᠰ ᠪᠣᠰᠬᠠᠨ᠂ ᠨᠡᠶᠢᠳᠡ ᠪᠠᠷ ᠢᠶᠠᠨ ᠰᠢᠨ᠎ᠡ ᠶᠢ ᠡᠬᠦᠳᠬᠦ︾ ᠪᠠᠷ ᠬᠦᠳᠦᠯᠦᠨ ᠲᠠᠭᠠᠭᠤᠯᠬᠤ ᠶᠢ ᠪᠠᠷᠢᠮᠳᠠᠯᠠᠵᠣ᠂ ᠦᠢᠯᠡᠰ ᠪᠦᠳᠦᠭᠡᠨ ᠠᠵᠢᠯ ᠣᠯᠭᠤᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠣ ᠂ ᠨᠣᠳᠤᠭ ᠲᠤ ᠪᠠᠨ ᠪᠣᠴᠠᠭᠰᠠᠨ ᠲᠠᠷᠢᠶᠠᠴᠢᠳ ᠪᠠ ᠣᠶᠣᠳᠠᠳ ᠤᠨ ᠦᠢᠯᠡᠰ ᠪᠦᠳᠦᠬᠡᠬᠦ ᠶᠢ ᠵᠣᠷᠢᠭᠵᠢᠭᠤᠯᠣᠨ ᠲᠡᠮᠵᠢᠵᠣ᠂ ᠴᠢᠳᠠᠪᠣᠷᠢᠳᠠᠨ ᠡᠯᠰᠡᠬᠦ ᠬᠤᠷᠠᠯ 4 ᠣᠳᠠᠭ᠎ᠠ ᠡᠷᠬᠢᠯᠡᠨ᠂ ᠬᠤᠳᠠ ᠪᠠᠯᠭᠠᠰᠣᠨ ᠤ ᠰᠢᠨ᠎ᠡ ᠨᠡᠮᠡᠭᠳᠡᠭᠰᠡᠨ ᠠᠵᠢᠯ ᠣᠯᠣᠭᠰᠠᠨ ᠬᠦᠮᠦᠨ ᠢ 2000 ᠠᠴᠠ ᠲᠡᠭᠡᠭᠰᠢ ᠪᠠᠶᠢᠯᠭᠠᠵᠣ᠂ ᠬᠤᠳᠠ ᠪᠠᠯᠭᠠᠰᠣᠨ ᠤ ᠲᠡᠩᠰᠠᠯᠠᠭᠰᠠᠨ ᠠᠵᠢᠯ ᠠᠯᠳᠠᠭᠰᠠᠨ ᠨᠣᠷᠮ᠎ᠠ ᠶᠢ 3.8 % ᠶᠢᠨ ᠲᠣᠳᠣᠷ᠎ᠠ ᠬᠢᠵᠠᠭᠠᠷᠯᠠᠨ᠎ᠠ᠃ ᠴᠢᠳᠠᠪᠣᠷᠢᠳᠠᠨ ᠤ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠣ᠂ ︽ᠴᠢᠳᠠᠪᠣᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠪᠠᠶᠢᠯᠳᠣᠬᠤ ᠪᠣᠳᠣᠯᠭ᠎ᠠ ᠶᠢ ᠬᠦᠴᠦᠳᠡᠢ ᠭᠡᠷᠡᠭᠵᠢᠬᠦᠯᠵᠣ᠂ ᠠᠵᠢᠯ ᠦᠢᠯᠡᠰ ᠤᠨ ᠨᠢᠭᠡᠴᠡ ᠶᠢᠨ ᠪᠠᠴᠢᠮ ᠭᠡᠷᠡᠭᠰᠡᠬᠦ ᠲᠣᠳᠠᠭᠳᠠᠵᠣ ᠪᠠᠶᠢᠭ᠎ᠠ ᠴᠢᠳᠠᠪᠣᠷᠢᠳᠠᠨ ᠢ ᠣᠷᠣᠭᠤᠯᠬᠤ ︽ᠰᠠᠭᠠᠳ ᠦᠭᠡᠢ ᠵᠠᠮ︾ ᠢ ᠨᠡᠭᠡᠭᠡᠨ᠎ᠡ᠃ ᠵᠠᠯᠠᠶᠢᠳ ᠬᠤᠰᠢᠭᠤᠨ ᠤ ᠣᠯᠠᠨ ᠨᠡᠶᠢᠳᠡ ᠶᠢᠨ ᠪᠣᠳᠠᠳᠣ ᠪᠣᠯᠪᠠᠰᠣᠷᠠᠯ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠡᠬᠢᠯᠡᠬᠦᠯᠵᠣ᠂ ᠡᠯ᠎ᠡ ᠲᠦᠷᠦᠯ ᠤᠨ ᠦᠢᠯᠡᠰ ᠪᠦᠳᠦᠭᠡᠵᠣ᠂ ᠠᠵᠢᠯ ᠣᠯᠭᠤᠬᠤ ᠮᠡᠷᠭᠡᠵᠢᠯ ᠴᠢᠳᠠᠪᠣᠷᠢ ᠶᠢᠨ ᠪᠣᠯᠪᠠᠰᠣᠷᠠᠯ ᠢ 2600 ᠬᠦᠮᠦᠨ ᠣᠳᠠᠭ᠎ᠠ ᠦᠷᠨᠢᠬᠦᠯᠵᠣ᠂ ᠬᠦᠳᠡᠯᠮᠦᠷᠢ ᠬᠦᠴᠦ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠢ 185 ᠬᠦᠭᠵᠢᠬᠦᠯᠵᠣ ᠪᠠᠳᠣᠳᠬᠠᠨ᠎ᠠ᠃ ᠮᠠᠯᠴᠢᠨ ᠲᠠᠷᠢᠶᠠᠴᠢᠨ ᠢ ᠰᠢᠯᠵᠢᠬᠦᠯᠦᠨ ᠠᠵᠢᠯ ᠣᠯᠭᠤᠬᠤ ᠶᠢ 7 ᠲᠦᠮᠡᠨ ᠬᠦᠮᠦᠨ ᠣᠳᠠᠭ᠎ᠠ ᠠᠴᠠ ᠲᠡᠭᠡᠭᠰᠢ ᠪᠠᠶᠢᠯᠭᠠᠨ᠎ᠠ᠃         ᠨᠡᠶᠢᠭᠡᠮ ᠤᠨ ᠪᠠᠳᠣᠯᠠᠭ᠎ᠠ ᠶᠢᠨ ᠲᠣᠭᠳᠠᠯᠴᠠᠭ᠎ᠠ ᠶᠢᠨ ᠪᠠᠶᠢᠭᠤᠯᠣᠯᠳᠠ ᠶᠢ ᠴᠢᠩᠭᠠᠳᠬᠠᠨ᠎ᠠ᠃ ᠬᠤᠷᠢᠭ᠎ᠠ ᠱᠣᠭᠤᠮ ᠢ ᠰᠠᠬᠢᠬᠤ᠂ ᠨᠢᠬᠳᠠ ᠲᠣᠣᠷ ᠰᠦᠯᠵᠢᠬᠦ᠂ ᠲᠣᠭᠳᠠᠴᠠ ᠶᠢ ᠪᠠᠶᠢᠭᠤᠯᠬᠤ ᠱᠠᠭᠠᠷᠳᠠᠯᠭ᠎ᠠ ᠶᠣᠰᠣᠭᠠᠷ ᠪᠦᠬᠦ ᠠᠷᠠᠳ ᠲᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠬᠦᠨᠵᠡᠭᠡᠢ ᠭᠡᠷᠡᠭᠵᠢᠬᠦᠯᠵᠣ᠂ ᠨᠡᠶᠢᠭᠡᠮ ᠤᠨ ᠲᠠᠭᠠᠳᠬᠠᠯ ᠤᠨ ᠰᠢᠯᠵᠢᠬᠦᠯᠦᠨ ᠦᠷᠬᠦᠯᠵᠢᠯᠡᠬᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠤ᠂ ︽ᠲᠠᠪᠣᠨ ᠳᠠᠭᠠᠳᠬᠠᠯ︾  ᠤᠨ ᠶᠡᠷᠦᠩᠭᠡᠢ ᠪᠦᠷᠬᠦᠴᠡ ᠶᠢ ᠦᠷᠭᠡᠳᠬᠡᠨ᠎ᠡ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠰᠠᠷᠠᠮᠵᠢ ᠶᠢᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠵᠣ᠂ ᠠᠵᠣ ᠠᠬᠤᠶᠢᠯᠠᠯ ᠤᠨ ᠠᠵᠢᠯ ᠤᠨ ᠠᠮᠠᠷᠠᠯᠳᠠ ᠪᠠᠨ ᠠᠪᠣᠭᠰᠠᠳ ᠤᠨ ᠨᠠᠰᠣᠵᠢᠯ ᠤᠨ ᠲᠠᠭᠠᠳᠬᠠᠯ ᠤᠨ ᠠᠰᠠᠷᠠᠮᠵᠢ ᠶᠢ ᠲᠡᠭᠡᠭᠰᠢᠯᠡᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠢ ᠨᠢᠭᠡᠳᠭᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠦᠨ᠂ ᠣᠯᠠᠨ ᠲᠦᠮᠡᠨ ᠤ ᠡᠪᠡᠳᠴᠢᠨ ᠦᠵᠡᠬᠦᠯᠬᠦ ᠲᠠᠷᠣᠭᠠᠰᠣ ᠶᠢ ᠬᠦᠩᠭᠡᠯᠡᠨ᠎ᠡ᠃ ᠮᠡᠳᠡᠭᠡ ᠵᠠᠩᠭᠢ ᠶᠢ ᠠᠳᠠᠯᠢᠳᠬᠠᠬᠤ᠂ ᠡᠷᠦᠭᠡ ᠳᠤ ᠬᠦᠨᠵᠡᠭᠡᠶᠢᠷᠡᠨ ᠬᠢᠨᠠᠨ ᠪᠠᠶᠢᠴᠠᠭᠠᠬᠤ ᠪᠠ ᠠᠷᠠᠳᠴᠢᠯᠠᠯ ᠢᠶᠠᠷ ᠦᠨᠡᠯᠡᠬᠦ ᠶᠢ ᠬᠠᠷᠭᠤᠭᠤᠯᠬᠤ ᠲᠣᠭᠳᠠᠴᠠ ᠶᠢ ᠪᠠᠶᠢᠭᠤᠯᠵᠣ᠂ ᠨᠡᠶᠢᠭᠡᠮ ᠤᠨ ᠲᠣᠰᠠᠯᠠᠮᠵᠢ ᠶᠢ ᠲᠦᠷᠢᠮᠵᠢᠬᠦᠯᠦᠨ ᠬᠠᠮᠢᠶᠠᠷᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠶᠡᠷᠦᠩᠭᠡᠶᠢᠯᠡᠭᠰᠡᠨ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ ᠲᠦᠷᠦᠯ ᠵᠦᠢᠯ ᠢ ᠲᠦᠯᠬᠢᠨ ᠠᠬᠢᠭᠤᠯᠵᠣ᠂ ᠠᠷᠠᠳ ᠠᠴᠠ ᠡᠷᠬᠢᠯᠡᠭᠰᠡᠨ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠣᠯᠳᠠ ᠶᠢᠨ ᠠᠬᠢᠴᠠ ᠶᠢ ᠲᠦᠷᠭᠡᠳᠵᠣ᠂ 12349 ᠨᠠᠰᠣᠳᠠᠨ ᠢ ᠠᠰᠠᠷᠠᠨ᠂ ᠠᠷᠠᠳ ᠲᠤ ᠲᠦᠬᠦᠮ ᠦᠵᠡᠬᠦᠯᠬᠦ ᠲᠠᠪᠴᠠᠩ ᠤᠨ ᠪᠠᠶᠢᠭᠤᠯᠣᠯᠳᠠ ᠶᠢ ᠲᠡᠬᠦᠯᠳᠡᠷᠵᠢᠬᠦᠯᠦᠨ᠎ᠡ᠃         ᠨᠡᠶᠢᠭᠡᠮ ᠤᠨ ᠦᠢᠯᠡᠰ ᠤᠨ ᠬᠦᠭᠵᠢᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠰᠣᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠲᠡᠬᠦᠯᠳᠡᠷᠵᠢᠬᠦᠯᠵᠣ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠪᠠᠭᠤᠷᠠᠢ 4 ᠰᠣᠷᠭᠠᠭᠤᠯᠢ ᠶᠢ ᠦᠭᠡᠷᠡᠴᠢᠯᠡᠨ ᠵᠠᠰᠠᠬᠤ᠂ ᠬᠦᠳᠡᠭᠡ ᠲᠣᠰᠬᠤᠨ ᠤ 6 ᠡᠷᠬᠢᠯᠳᠡ ᠶᠢᠨ ᠪᠠᠶᠢᠷᠢ ᠶᠢᠨ ᠪᠠᠷᠢᠯᠭ᠎ᠠ ᠵᠢᠴᠢ ᠪᠠᠷᠢᠮᠵᠢᠶᠠᠵᠢᠭᠰᠠᠨ ᠪᠦᠳᠦᠭᠡᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ ᠪᠠᠶᠠᠬᠤᠯᠠᠭᠠᠨ ᠰᠣᠮᠣ ᠶᠢᠨ ᠭᠤᠣᠯ ᠪᠠᠭ᠎ᠠ ᠰᠣᠷᠭᠠᠭᠤᠯᠢ ᠶᠢ ᠨᠡᠬᠦᠯᠭᠡᠨ ᠰᠢᠨ᠎ᠡ ᠪᠠᠷ ᠪᠠᠶᠢᠭᠤᠯᠬᠤ ᠵᠡᠷᠭᠡ ᠲᠦᠷᠦᠯ ᠵᠦᠢᠯ ᠢ ᠴᠢᠷᠮᠠᠶᠢᠨ ᠪᠡᠶᠡᠯᠡᠬᠦᠯᠦᠨ᠎ᠡ᠃ ᠰᠣᠷᠭᠠᠭᠤᠯᠢ ᠶᠢᠨ ᠵᠠᠬᠢᠷᠣᠯ ᠪᠠ ᠪᠠᠭᠰᠢ ᠨᠠᠷ ᠤᠨ ᠪᠣᠯᠪᠠᠰᠣᠷᠠᠯ ᠤᠨ ᠬᠦᠴᠦᠯᠡᠴᠡ ᠶᠢ ᠴᠢᠩᠭᠠᠳᠬᠠᠵᠣ᠂ ᠰᠣᠷᠭᠠᠨ ᠬᠦᠮᠦᠵᠢᠯ ᠤᠨ ᠬᠠᠮᠢᠶᠠᠷᠣᠯᠳᠠ ᠶᠢ ᠴᠢᠩᠭᠠᠳᠬᠠᠵᠣ᠂ ᠵᠢᠭᠠᠨ ᠰᠣᠷᠭᠠᠯᠳᠠ ᠶᠢᠨ ᠶᠠᠰᠣ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠲᠣᠮᠳᠠᠳᠣ ᠰᠢᠯᠭᠠᠯᠳᠠ᠂ ᠣᠯᠣᠰ ᠤᠨ ᠰᠢᠯᠭᠠᠯᠳᠠ ᠶᠢᠨ ᠬᠢᠷᠢ ᠪᠦᠳᠦᠮᠵᠢ ᠳᠤ ᠰᠢᠪᠳᠣᠯᠣᠯᠳᠠ ᠭᠠᠷᠭᠠᠨ᠎ᠠ᠃ ᠪᠠᠭᠰᠢ ᠶᠢᠨ ᠶᠣᠰᠣ ᠰᠣᠷᠳᠠᠬᠤᠨ᠂ ᠲᠣᠮᠳᠠᠳᠣ ᠪᠠᠭ᠎ᠠ ᠰᠣᠷᠭᠠᠭᠤᠯᠢ ᠶᠢᠨ ᠦᠵᠡᠯ ᠰᠠᠨᠠᠭ᠎ᠠ ᠶᠣᠰᠣ ᠮᠣᠷᠠᠯ ᠤᠨ ᠬᠦᠮᠦᠵᠢᠯ ᠢ ᠴᠢᠩᠭᠠᠳᠬᠠᠵᠣ᠂ ᠮᠣᠷᠠᠯ ᠴᠢᠳᠠᠪᠣᠷᠢ ᠬᠤᠣᠰᠯᠠᠭᠰᠠᠨ ᠬᠢᠷᠢ ᠲᠡᠩᠴᠡᠭᠰᠡᠨ ᠴᠢᠳᠠᠪᠣᠷᠢᠳᠠᠨ ᠢ ᠬᠦᠴᠦᠯᠡᠨ ᠬᠦᠮᠦᠵᠢᠬᠦᠯᠦᠨ᠎ᠡ᠃ ᠪᠦᠬᠦ ᠬᠤᠰᠢᠭᠤᠨ ᠤ ᠲᠣᠮᠳᠠᠳᠣ ᠪᠠᠭ᠎ᠠ ᠰᠣᠷᠭᠠᠭᠤᠯᠢ ᠶᠢᠨ ᠦᠷ᠎ᠡ ᠪᠦᠳᠦᠮᠵᠢ ᠶᠢᠨ ᠴᠠᠯᠢᠩ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠣ᠂ 1137 ᠲᠦᠮᠡᠨ ᠲᠦᠬᠦᠷᠢᠭ ᠤᠨ ᠪᠡᠯᠡ ᠮᠦᠩᠭᠦ ᠣᠷᠣᠭᠤᠯᠵᠣ᠂ 2017 ᠣᠨ ᠤ ᠲᠣᠣᠷᠠᠳᠣ ᠬᠠᠭᠠᠰ ᠵᠢᠯ ᠠᠴᠠ ᠡᠬᠢᠯᠡᠨ᠂ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠠᠩᠭᠢ ᠶᠢᠨ ᠡᠷᠬᠢᠯᠡᠭᠴᠢ ᠳᠤ ᠰᠠᠷ᠎ᠠ ᠪᠦᠷᠢ 800 ᠲᠦᠬᠦᠷᠢᠭ ᠤᠨ ᠨᠦᠬᠦᠪᠦᠷᠢ ᠮᠦᠩᠭᠦ ᠦᠭᠴᠦ᠂ ᠪᠠᠭᠰᠢ ᠶᠢ ᠬᠦᠨᠳᠦᠳᠭᠡᠨ᠂ ᠰᠣᠷᠭᠠᠨ ᠬᠦᠮᠦᠵᠢᠯ ᠢ ᠴᠢᠬᠤᠯᠠᠴᠢᠯᠠᠬᠤ ᠦᠳᠭᠡᠨ ᠵᠣᠵᠠᠭᠠᠨ ᠠᠭᠤᠷ ᠠᠮᠢᠰᠬᠤᠯ ᠢ ᠪᠣᠢ ᠪᠣᠯᠭᠠᠨ᠎ᠠ᠃ ᠬᠤᠰᠢᠭᠤᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠦᠪ ᠤᠨ ᠶᠡᠷᠦᠩᠭᠡᠢ ᠲᠣᠷᠰᠢᠯᠳᠠ ᠶᠢᠨ ᠠᠰᠠᠷ ᠤᠨ ᠪᠠᠶᠢᠭᠤᠯᠣᠯᠳᠠ ᠶᠢ ᠲᠠᠭᠤᠰᠬᠠᠵᠣ᠂ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠬᠦᠳᠡᠨ ᠡᠮᠨᠡᠯᠭᠡ ᠶᠢᠨ ᠪᠠᠷᠢᠯᠭ᠎ᠠ ᠶᠢ ᠲᠠᠭᠤᠰᠬᠠᠵᠣ ᠲᠣᠰᠢᠶᠠᠵᠣ ᠭᠡᠷᠡᠭᠯᠡᠬᠦᠯᠦᠨ᠂ ᠡᠯ ᠯᠦᠩ ᠱᠠᠨ᠂ ᠪᠠᠶᠠᠬᠤᠯᠠᠭᠠᠨ ᠡᠷᠡᠬᠦᠯ ᠬᠠᠮᠠᠭᠠᠯᠠᠯ ᠤᠨ ᠪᠠᠷᠢᠮᠵᠢᠶᠠᠵᠢᠭᠰᠠᠨ ᠲᠦᠷᠦᠯ ᠵᠦᠢᠯ ᠢ ᠲᠦᠷᠭᠡᠳᠭᠡᠨ ᠬᠡᠷᠡᠭᠵᠢᠬᠦᠯᠦᠨ᠎ᠡ᠃ ᠣᠯᠣᠰ ᠤᠨ ᠡᠷᠡᠬᠦᠯ ᠬᠠᠮᠠᠭᠠᠯᠠᠯ ᠤᠨ ᠰᠢᠶᠠᠨ ᠪᠠ ᠣᠷᠣᠨ ᠤ ᠲᠡᠰ ᠤᠨ ᠡᠷᠡᠬᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠵᠣ᠂ ᠠᠯᠪᠠᠨ ᠤ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠪᠠ ᠦᠨᠳᠦᠰᠦᠨ ᠱᠠᠳᠣᠨ ᠤ ᠡᠷᠡᠬᠦᠯ ᠬᠠᠮᠠᠭᠠᠯᠠᠯ ᠡᠮ ᠡᠮᠨᠡᠯᠭᠡ ᠶᠢᠨ ᠪᠠᠶᠢᠭᠤᠯᠣᠮᠵᠢ ᠶᠢᠨ ᠴᠠᠯᠢᠩ ᠬᠦᠯᠦᠰᠦ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠣ᠂ ᠣᠳᠣᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠣᠯᠳᠠ ᠶᠢᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠬᠤᠰᠢᠭᠤᠨ ᠤ ᠣᠯᠠᠨ ᠨᠡᠶᠢᠳᠡ ᠶᠢᠨ ᠲᠠᠮᠢᠷ ᠤᠨ ᠲᠠᠯᠠᠪᠠᠢ  ᠶᠢᠨ ᠬᠤᠶᠠᠳᠣᠭᠠᠷ ᠬᠤᠭᠤᠴᠠᠭ᠎ᠠ ᠵᠡᠷᠭᠡ ᠢᠨᠵᠧᠨᠧᠷᠢᠩ ᠤᠨ ᠪᠠᠶᠢᠭᠤᠯᠣᠯᠳᠠ ᠶᠢ ᠡᠬᠢᠯᠡᠬᠦᠯᠵᠣ᠂ ᠬᠤᠰᠢᠭᠤᠨ ᠤ ᠶᠡᠷᠦᠩᠭᠡᠢ ᠲᠠᠮᠢᠷ ᠤᠨ ᠣᠷᠳᠣᠨ ᠤ ᠲᠦᠷᠦᠯ ᠵᠦᠢᠯ ᠢ ᠲᠦᠷᠭᠡᠳᠭᠡᠨ ᠠᠬᠢᠭᠤᠯᠣᠨ᠎ᠠ᠃ ᠶᠢᠰᠦᠳᠦᠭᠡᠷ ᠬᠤᠭᠤᠴᠠᠭᠠᠨ  ᠤ ︽ᠴᠣᠣᠯ ᠭᠤᠣᠯ︾ ᠰᠣᠶᠣᠯ ᠣᠷᠠᠯᠢᠭ ᠤᠨ ᠨᠠᠶᠢᠷ ᠢ ᠡᠷᠬᠢᠯᠡᠵᠣ᠂ ᠰᠢᠯᠢᠳᠡᠭ ᠲᠠᠭᠤᠣ ᠶᠢᠨ ᠪᠦᠳᠦᠭᠡᠯ ᠤᠨ ᠡᠮᠬᠢᠳᠭᠡᠯ ᠢ ᠨᠠᠶᠢᠷᠠᠭᠤᠯᠣᠨ ᠭᠡᠪᠯᠡᠬᠦᠯᠵᠣ᠂ ᠣᠯᠠᠨ ᠲᠦᠮᠡᠨᠴᠢ ᠴᠢᠨᠠᠷᠳᠠᠢ ᠰᠣᠶᠣᠯ ᠲᠠᠮᠢᠷ ᠤᠨ ᠠᠵᠢᠯᠯᠠᠭᠠᠨ ᠢ ᠪᠠᠶᠠᠯᠢᠭᠵᠢᠭᠤᠯᠣᠨ᠎ᠠ᠃ ᠣᠯᠠᠭᠠᠨᠮᠦ᠋ᠴᠢᠷ ᠤᠨ ᠡᠩᠨᠡᠭᠡ ᠶᠢᠨ ᠪᠠᠶᠢᠭᠤᠯᠣᠯᠳᠠ ᠶᠢ ᠬᠦᠴᠦᠯᠡᠨ ᠴᠢᠩᠭᠠᠳᠬᠠᠵᠣ᠂ ᠲᠠᠯ᠎ᠠ ᠨᠣᠳᠤᠭ ᠤᠨ ︽ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ︾ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ᠰᠢᠯᠢᠳᠡᠭ ᠣᠳᠬ᠎ᠠ ᠣᠷᠠᠯᠢᠭ ᠤᠨ ᠪᠦᠳᠦᠭᠡᠯ ᠢ ᠵᠣᠬᠢᠶᠠᠨ ᠪᠦᠳᠦᠭᠡᠵᠣ᠂ ᠠᠷᠠᠳ ᠣᠯᠠᠨ ᠤ ᠰᠣᠶᠣᠯ  ᠤᠨ ᠠᠮᠢᠳᠣᠷᠠᠯ ᠤᠨ ᠱᠠᠭᠠᠷᠳᠠᠯᠭ᠎ᠠ ᠶᠢ ᠣᠯᠠᠮ ᠰᠠᠶᠢᠨ ᠬᠠᠩᠭᠠᠨ᠎ᠠ᠃           ︵ᠵᠢᠷᠭᠤᠭ᠎ᠠ︶ ᠠᠮᠢ ᠠᠬᠤᠢ ᠶᠢᠨ ᠪᠠᠶᠢᠭᠤᠯᠣᠯᠳᠠ ᠶᠢ ᠰᠠᠶᠢᠳᠣᠷ ᠠᠳᠬᠤᠵᠣ᠂ ᠠᠵᠣ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠳᠣ ᠴᠣᠭᠴᠠᠯᠠᠨ᠎ᠠ᠃           ᠣᠢ ᠰᠢᠭᠤᠢ ᠨᠣᠳᠤᠭ ᠪᠡᠯᠴᠢᠭᠡᠷ ᠤᠨ ᠠᠮᠢ ᠠᠬᠤᠢ ᠶᠢᠨ ᠬᠠᠮᠢᠶᠠᠷᠣᠯᠳᠠ ᠬᠠᠮᠠᠭᠠᠯᠠᠯᠳᠠ ᠶᠢ ᠴᠢᠩᠭᠠᠳᠬᠠᠨ᠎ᠠ᠃ ᠬᠦᠮᠦᠨ ᠤ ᠬᠦᠴᠦ ᠪᠠᠷ 8 ᠲᠦᠮᠡᠨ ᠮᠣ᠋ ᠣᠶᠢᠵᠢᠭᠤᠯᠵᠣ᠂ ᠰᠢᠨ᠎ᠡ ᠨᠢᠭᠡᠨ ᠡᠬᠡᠯᠵᠢ ᠶᠢᠨ ᠲᠠᠷᠢᠶᠠᠯᠠᠬᠤ ᠪᠠᠨ ᠵᠣᠭᠰᠣᠵᠣ ᠣᠶᠢᠵᠢᠭᠤᠯᠬᠤ ᠢᠨᠵᠧᠨᠧᠷᠢᠩ ᠤᠨ ᠪᠠᠶᠢᠴᠠᠭᠠᠯᠳᠠ ᠶᠢᠨ ᠲᠦᠯᠦᠪᠵᠢᠬᠦᠯᠭᠡ ᠶᠢ ᠬᠢᠨᠠᠮᠠᠭᠠᠢ ᠦᠷᠨᠢᠬᠦᠯᠵᠣ᠂ 2002 — 2003 ᠣᠨ ᠤ ᠲᠠᠷᠢᠶᠠᠯᠠᠬᠤ ᠪᠠᠨ ᠪᠣᠯᠢᠵᠣ ᠣᠶᠢᠵᠢᠭᠤᠯᠣᠭᠰᠠᠨ ᠣᠯᠣᠰ  ᠤᠨ ᠰᠢᠯᠭᠠᠨ ᠪᠠᠶᠢᠴᠠᠭᠠᠯᠳᠠ ᠶᠢ ᠬᠦᠯᠢᠶᠡᠨ ᠠᠪᠬᠤ ᠠᠵᠢᠯ ᠢ ᠪᠦᠬᠦ ᠬᠦᠴᠦ ᠪᠠᠷ ᠰᠠᠶᠢᠳᠣᠷ ᠬᠢᠵᠣ᠂ ᠣᠯᠣᠰ ᠤᠨ ᠦᠮᠴᠢᠯᠡᠯ ᠤᠨ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠪᠠ ᠣᠢ ᠶᠢ ᠡᠪᠳᠡᠵᠣ ᠠᠳᠠᠷ ᠬᠠᠭᠠᠯᠪᠣᠷᠢᠯᠠᠭᠰᠠᠨ  ᠢ ᠲᠣᠰᠬᠠᠢ ᠴᠡᠭᠴᠡᠯᠡᠨ ᠵᠠᠰᠠᠬᠤ ᠶᠢ ᠬᠦᠨᠵᠡᠭᠡᠢ ᠲᠦᠯᠬᠢᠨ ᠠᠬᠢᠭᠤᠯᠣᠨ᠎ᠠ᠃ ᠣᠢ ᠰᠢᠭᠤᠢ ᠨᠣᠳᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠪᠡᠯᠴᠢᠭᠡᠷ ᠤᠨ ᠨᠦᠬᠦᠪᠦᠷᠢ ᠮᠦᠩᠭᠦ ᠵᠡᠷᠭᠡ ᠠᠮᠢ ᠠᠬᠤᠢ ᠶᠢᠨ ᠬᠠᠮᠠᠭᠠᠯᠠᠯᠳᠠ ᠶᠢᠨ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠦᠨ᠎ᠡ᠃ ᠪᠡᠯᠴᠢᠭᠡᠷᠯᠡᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠵᠣᠬᠢᠴᠠᠭᠤᠯᠬᠤ ᠲᠦᠷᠢᠮ ᠢ ᠴᠢᠩᠭ᠎ᠠ ᠭᠡᠷᠡᠭᠵᠢᠬᠦᠯᠵᠣ᠂   ︽ᠲᠠᠯ᠎ᠠ ᠨᠣᠳᠤᠭ ᠤᠨ ᠬᠠᠮᠠᠭᠠᠯᠠᠭᠴᠢ︾ ᠨᠡᠷᠡᠮᠵᠢᠳᠦ ᠲᠣᠰᠬᠠᠢ ᠠᠵᠢᠯᠯᠠᠭᠠᠨ ᠢ ᠦᠷᠨᠢᠬᠦᠯᠵᠤ᠂ ᠡᠯ᠎ᠡ ᠲᠦᠷᠦᠯ ᠤᠨ ᠪᠠᠶᠢᠭᠠᠯᠢ ᠶᠢᠨ ᠡᠬᠢ ᠪᠠᠶᠠᠯᠢᠭ ᠢ ᠡᠪᠳᠡᠭᠰᠡᠨ ᠬᠠᠣᠯᠢ  ᠶᠢ ᠵᠦᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠳᠠ ᠦᠭᠴᠦ᠂ ᠡᠪᠡᠰᠦ ᠪᠡᠯᠴᠢᠭᠡᠷ᠂ ᠠᠮᠢ ᠠᠬᠤᠢ ᠶᠢᠨ ᠦᠷᠬᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠣᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠦᠪ ᠬᠦᠷᠦᠩᠭᠡ  ᠶᠢ ᠲᠣᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠬᠤ ᠵᠦᠢᠯ ᠳᠤ ᠣᠷᠣᠭᠤᠯᠵᠣ᠂ ᠭᠡᠰᠡᠭ ᠰᠢᠶᠠᠩ ᠪᠠᠯᠭᠠᠰᠣᠨ ᠤ ᠲᠣᠰᠬᠠᠢ ᠪᠠᠶᠢᠴᠠᠭᠠᠯᠳᠠ ᠶᠢ ᠦᠷᠨᠢᠬᠦᠯᠦᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠬᠠᠣᠯᠢ ᠭᠡᠷᠡᠭᠵᠢᠬᠦᠯᠦᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠲᠣᠭᠤᠳᠠᠭ ᠵᠡᠷᠭᠡ ᠬᠤᠪᠣᠷ ᠰᠢᠪᠠᠭᠤᠳ ᠤᠨ ᠰᠦᠷᠦᠭ  ᠤᠨ ᠲᠤᠭ᠎ᠠ ᠭᠡᠮᠵᠢᠶᠡᠨ ᠤ ᠲᠣᠭᠳᠠᠭᠤᠨ ᠨᠡᠮᠡᠭᠳᠡᠯ ᠢ ᠪᠠᠳᠣᠯᠠᠨ᠎ᠠ᠃         ᠣᠰᠣᠨ ᠤ ᠡᠬᠢ ᠪᠠᠶᠠᠯᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠣᠰᠣ ᠰᠢᠷᠣᠢ ᠶᠢ ᠬᠠᠮᠠᠭᠠᠯᠠᠨ ᠵᠠᠰᠠᠭᠰᠠᠨ ᠲᠠᠯᠠᠪᠠᠢ 10 ᠲᠦᠮᠡᠨ ᠮᠣ᠋ ᠰᠢᠨ᠎ᠡ ᠪᠠᠷ ᠨᠡᠮᠡᠭᠳᠡᠬᠦᠯᠵᠤ᠂ ᠠᠮᠢ ᠠᠬᠤᠢ  ᠶᠢᠨ ᠬᠠᠮᠠᠭᠠᠯᠠᠯᠳᠠ ᠶᠢᠨ ᠲᠠᠯᠠᠪᠠᠢ 20 ᠲᠦᠮᠡᠨ ᠮᠣ᠋ ᠶᠢ ᠨᠠᠶᠢᠳᠠᠪᠣᠷᠢᠵᠢᠭᠤᠯᠣᠨ᠎ᠠ᠃ 1.04 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ ᠶᠡᠭᠡ ᠭᠤᠣᠯ ᠮᠦᠷᠡᠨ᠂ ᠪᠠᠭ᠎ᠠ ᠰᠠᠪᠠ ᠭᠠᠵᠠᠷ᠂ ᠣᠰᠣ ᠰᠢᠷᠣᠢ ᠶᠢᠨ ᠡᠪᠳᠡᠭᠳᠡᠯ ᠢ ᠵᠠᠰᠠᠬᠤ᠂ ᠣᠰᠣᠨ ᠠᠰᠢᠭᠯᠠᠯᠳᠠ ᠶᠢᠨ ᠦᠵᠡᠮᠵᠢ ᠶᠢᠨ ᠣᠷᠣᠨ ᠵᠡᠷᠭᠡ ᠴᠢᠬᠤᠯᠠ ᠣᠰᠣᠨ ᠠᠰᠢᠭᠯᠠᠯᠳᠠ  ᠶᠢᠨ ᠢᠨᠵᠧᠨᠧᠷᠢᠩ ᠢ ᠨᠢᠭᠡᠳᠦᠯᠳᠡᠢ ᠭᠡᠷᠡᠭᠵᠢᠬᠦᠯᠵᠣ᠂ ᠲᠡᠮᠡᠭᠡᠴᠢ ᠣᠰᠣᠨ ᠴᠦᠬᠦᠷᠦᠮ ᠤᠨ ᠣᠰᠣ ᠨᠦᠬᠦᠪᠦᠷᠢᠯᠡᠬᠦ ᠰᠣᠪᠠᠭ 51.5 ᠺᠢᠯᠣᠮᠧᠲᠷ ᠢ ᠵᠠᠰᠠᠨ᠂ ᠴᠣᠣᠯ ᠭᠤᠣᠯ ᠤᠨ ᠲᠡᠭᠡᠳᠦ ᠣᠷᠣᠰᠬᠠᠯ ᠪᠠ ᠨᠤᠨᠮᠦ᠋ᠷᠡᠨ ᠬᠠᠰᠢᠯᠭ᠎ᠠ ᠶᠢᠨ 18.8 ᠺᠢᠯᠣᠮᠧᠲᠷ ᠢ ᠵᠠᠰᠠᠨ᠎ᠠ᠃ ᠭᠤᠣᠯ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠣ᠂ ᠳ᠋ᠠᠶᠢᠲ᠋ᠠ ᠬᠦᠮᠦᠷᠭᠡ ᠶᠢᠨ ᠪᠠᠶᠢᠭᠤᠯᠣᠯᠳᠠ ᠶᠢ ᠲᠦᠯᠬᠢᠨ ᠠᠬᠢᠭᠤᠯᠵᠣ᠂ ᠭᠤᠣᠯ ᠤᠨ ᠭᠤᠯᠳᠣᠷᠢᠯ ᠵᠢᠴᠢ ᠣᠶᠢᠷ᠎ᠠ ᠣᠷᠴᠢᠨ ᠤ ᠦᠢᠯᠡᠳᠪᠦᠷᠢᠯᠡᠯ ᠡᠵᠡᠩᠨᠡᠯᠳᠡ ᠶᠢ ᠵᠠᠰᠠᠨ ᠲᠦᠷᠢᠮᠵᠢᠬᠦᠯᠵᠣ ︽ᠣᠷᠣᠰᠬᠠᠯ ᠨᠢ ᠰᠢᠯᠣᠭᠤᠨ᠂ ᠣᠰᠣ ᠨᠢ ᠲᠣᠩᠭᠠᠯᠠᠭ᠂ ᠡᠷᠬᠢ ᠨᠢ ᠨᠣᠭᠤᠭᠠᠨ᠂ ᠦᠵᠡᠮᠵᠢ ᠨᠢ ᠭᠤᠶᠣ︾ ᠬᠠᠷᠠᠯᠳᠠ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠡ᠃ ᠣᠯᠣᠰ ᠤᠨ ᠠᠮᠢ ᠠᠬᠤᠢ ᠶᠢᠨ ᠵᠢᠱᠢᠶ᠎ᠡ ᠦᠵᠡᠬᠦᠯᠬᠦ ᠬᠤᠰᠢᠭᠤ ᠶᠢ ᠡᠬᠦᠳᠦᠨ ᠪᠠᠶᠢᠭᠤᠯᠬᠤ ᠠᠵᠢᠯ  ᠢ ᠬᠦᠨᠵᠡᠭᠡᠶᠢᠷᠡᠬᠦᠯᠵᠤ᠂ ᠠᠮᠢ ᠠᠬᠤᠢ ᠶᠢᠨ ᠪᠣᠯᠪᠠᠰᠣᠨ ᠤ ᠬᠢᠷᠢ ᠲᠦᠪᠰᠢᠨ ᠢ ᠲᠡᠭᠡᠭᠰᠢᠯᠡᠬᠦᠯᠦᠨ᠎ᠡ᠃         ᠣᠷᠴᠢᠨ ᠲᠣᠭᠤᠷᠢᠨ ᠤ ᠬᠢᠨᠠᠨ ᠬᠠᠮᠢᠶᠠᠷᠣᠯᠳᠠ ᠶᠢᠨ ᠴᠢᠳᠠᠪᠣᠷᠢ ᠶᠢ ᠲᠡᠭᠡᠭᠰᠢᠯᠡᠬᠦᠯᠦᠨ᠎ᠡ᠃ ᠲᠦᠷᠦᠯ ᠵᠦᠢᠯ ᠤᠨ ᠣᠷᠴᠢᠨ ᠲᠣᠭᠤᠷᠢᠨ ᠤ ᠦᠨᠡᠯᠡᠯᠳᠡ ᠪᠠ ︽ᠭᠤᠷᠪᠠᠨ ᠬᠠᠮᠳᠣ︾ ᠶᠢᠨ ᠲᠦᠷᠢᠮ ᠢ ᠴᠢᠩᠭ᠎ᠠ ᠭᠡᠷᠡᠭᠵᠢᠬᠦᠯᠵᠣ᠂ ᠪᠣᠬᠢᠷᠳᠣᠯ ᠢ ᠭᠠᠳᠠᠭᠰᠢᠯᠠᠭᠤᠯᠬᠤ ᠶᠢ ᠪᠠᠭᠠᠰᠬᠠᠬᠤ ᠡᠬᠦᠷᠭᠡ ᠶᠢ ᠬᠢᠨᠠᠮᠠᠭᠠᠢ ᠨᠠᠶᠢᠳᠠᠪᠣᠷᠢᠵᠢᠭᠤᠯᠵᠤ᠂ ᠣᠨ ᠤ ᠭᠤᠣᠯ ᠪᠣᠬᠢᠷᠳᠣᠯ ᠪᠣᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠳᠠ ᠶᠢ ᠪᠡᠶᠡᠯᠡᠬᠦᠯᠬᠦ ᠶᠢ ᠪᠠᠳᠣᠯᠠᠨ᠎ᠠ ᠃ ᠤᠷᠴᠢᠨ ᠲᠤᠭᠤᠷᠢᠨ   ᠤ ᠬᠢᠨᠠᠠ ᠪᠠᠶᠢᠴᠠᠭᠠᠵᠤ ᠬᠠᠤᠯᠢ ᠭᠡᠷᠡᠭᠵᠢᠭᠦᠯᠭᠦ ᠠᠵᠢᠯ ᠢ ᠴᠢᠩᠭᠠᠳᠬᠠᠵᠤ᠂ ᠬᠤᠶᠠᠳᠣᠭᠠᠷ ᠤᠳᠠᠭᠠᠨ ᠤ ᠪᠦᠭᠦ ᠤᠯᠤᠰ ᠤᠨ ᠪᠤᠬᠢᠷᠳᠣᠯ ᠤᠨ ᠡᠬᠢ ᠡᠬᠦᠰᠪᠦᠷᠢ ᠶᠢᠨ ᠨᠠᠶᠢᠳᠠᠮ ᠪᠠᠶᠢᠴᠠᠭᠠᠯᠳᠠ ᠶᠢ ᠰᠠᠶᠢᠳᠣᠷ ᠬᠢᠵᠤ ᠂ ᠡᠬᠢ ᠡᠭᠦᠰᠪᠤᠷᠢ ᠠᠴᠠ ᠨᠢ ᠰᠢᠨ᠎ᠠ ᠪᠤᠬᠢᠷᠳᠣᠯ ᠤᠨ ᠡᠭᠦᠰᠭᠦ ᠶᠢ ᠬᠤᠷᠢᠭᠯᠠᠠ ᠵᠤᠭᠰᠤᠭᠠᠨ᠎ᠠ᠃ ᠣᠷᠴᠢᠨ ᠲᠣᠭᠤᠷᠢᠨ  ᠤ ᠲᠦᠭᠰᠢᠬᠦᠷᠢ ᠭᠡᠮ ᠰᠣᠭᠤᠭ ᠢ ᠪᠠᠶᠢᠴᠠᠭᠠᠨ ᠵᠠᠰᠠᠬᠤ ᠬᠦᠴᠦᠯᠡᠴᠡ ᠪᠠᠨ ᠶᠡᠭᠡᠰᠬᠡᠵᠣ᠂ ᠪᠣᠬᠢᠷᠳᠣᠯ ᠭᠠᠳᠠᠭᠰᠢᠯᠠᠭᠤᠯᠣᠭᠰᠠᠨ ᠠᠵᠣ ᠠᠬᠤᠶᠢᠯᠠᠯ᠂   ᠠᠭᠤᠷᠬᠠᠢ ᠶᠢᠨ ᠡᠬᠢ ᠪᠠᠶᠠᠯᠢᠭ᠂ ᠣᠰᠣᠨ ᠤ ᠡᠬᠢ ᠰᠣᠷᠪᠣᠯᠵᠢ ᠶᠢᠨ ᠬᠠᠮᠠᠭᠠᠯᠠᠯᠳᠠ ᠶᠢᠨ ᠣᠷᠣᠨ ᠵᠡᠷᠭᠡ ᠴᠢᠬᠤᠯᠠ ᠬᠦᠷᠢᠶᠡᠨ ᠳᠠᠬᠢ ᠠᠶᠣᠯ ᠲᠦᠭᠰᠢᠬᠦᠷᠢ ᠶᠢᠨ ᠪᠠᠶᠢᠴᠠᠭᠠᠯᠳᠠ ᠶᠢ ᠬᠦᠨᠵᠡᠭᠡᠢ ᠦᠷᠨᠢᠬᠦᠯᠦᠨ᠎ᠡ᠃ ᠭᠠᠵᠠᠷ ᠰᠢᠷᠣᠢ ᠶᠢᠨ ᠬᠠᠮᠢᠶᠠᠷᠣᠯᠳᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠲᠣᠭᠤᠰᠢᠯᠠᠭᠤᠯᠵᠤ᠂ ᠭᠠᠵᠠᠷ ᠰᠢᠷᠣᠢ ᠶᠢᠨ ᠭᠡᠷᠡᠭᠯᠡᠯᠳᠡ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ 1035 ᠲᠦᠮᠡᠨ ᠲᠦᠬᠦᠷᠢᠭ ᠤᠨ ᠪᠡᠯᠡ ᠣᠷᠣᠭᠤᠯᠵᠣ᠂ ᠭᠦᠷᠦᠰᠦ ᠬᠠᠮᠠᠭᠠᠯᠠᠬᠤ ᠣᠷᠴᠢᠨ ᠲᠣᠭᠤᠷᠢᠨ ᠢ ᠰᠡᠷᠬᠦᠭᠡᠨ ᠵᠠᠰᠠᠬᠤ 2 ᠲᠦᠷᠦᠯ ᠵᠦᠢᠯ ᠢ ᠭᠡᠷᠡᠭᠵᠢᠬᠦᠯᠦᠨ᠎ᠡ᠃ ᠨᠡᠬᠦᠷᠡᠰᠦ ᠰᠢᠳᠠᠭᠠᠬᠤ ᠵᠢᠵᠢᠭ ᠵᠣᠤᠬ᠎ᠠ ᠶᠢ ᠲᠠᠶᠠᠭᠳᠠᠨ ᠦᠭᠡᠷᠡᠴᠢᠯᠡᠬᠦ᠂ ︽ᠲᠣᠰᠣᠨ ᠰᠢᠳᠠᠭᠠᠯᠭ᠎ᠠ ᠶᠢ ᠭᠡᠢ ᠰᠢᠳᠠᠭᠠᠯᠭ᠎ᠠ ᠪᠣᠯᠭᠠᠨ ᠦᠭᠡᠷᠡᠴᠢᠯᠡᠬᠦ︾ ᠵᠡᠷᠭᠡ ᠲᠦᠷᠦᠯ ᠵᠦᠢᠯ ᠢ ᠪᠠᠳᠣᠳᠠᠢ ᠲᠦᠯᠬᠢᠨ ᠠᠬᠢᠭᠤᠯᠵᠣ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠣ ᠴᠢᠨᠠᠷ ᠢ ᠣᠯᠠᠮ ᠨᠢᠭᠡ ᠠᠯᠬᠤᠮ ᠰᠠᠶᠢᠵᠢᠷᠠᠭᠤᠯᠣᠨ᠎ᠠ᠃         ︵ᠲᠣᠯᠤᠭ᠎ᠠ︶ ᠡᠶ᠎ᠡ ᠵᠣᠬᠢᠴᠠᠩᠭᠤᠢ ᠲᠣᠭᠳᠠᠭᠤᠨ ᠢ ᠲᠣᠪᠣᠶᠢᠯᠭᠠᠨ ᠠᠳᠬᠤᠵᠣ᠂ ᠰᠠᠶᠢᠨ ᠰᠠᠶᠢᠬᠠᠨ ᠬᠦᠭᠵᠢᠯᠳᠡ ᠶᠢᠨ ᠣᠷᠴᠢᠨ ᠲᠣᠭᠤᠷᠢᠨ ᠢ ᠡᠭᠦᠳᠣᠨ᠎ᠠ᠃         ᠵᠦᠷᠢᠴᠡᠯ ᠵᠢᠭᠤᠷᠠᠯᠳᠣᠭᠠᠨ ᠢ ᠪᠠᠶᠢᠴᠠᠭᠠᠨ ᠢᠯᠡᠷᠡᠬᠦᠯᠬᠦ ᠪᠠ ᠬᠤᠷᠠᠮᠳᠣᠭᠰᠠᠨ ᠭᠡᠷᠡᠭ ᠵᠠᠷᠭᠤ ᠶᠢ ᠨᠠᠮᠳᠠᠭᠠᠬᠤ  ᠶᠢ ᠬᠦᠨᠵᠡᠭᠡᠢ ᠦᠷᠨᠢᠬᠦᠯᠬᠦ᠂ ᠰᠦᠯᠵᠢᠶ᠎ᠡ ᠪᠠᠷ ᠵᠠᠬᠢᠳᠠᠯ ᠰᠣᠷᠪᠣᠯᠵᠢᠯᠠᠭ᠎ᠠ ᠶᠢᠨ ᠲᠣᠭᠳᠠᠭᠤᠨ ᠢ ᠬᠠᠮᠠᠭᠠᠯᠠᠬᠤ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ  ᠃ ᠵᠠᠬᠢᠳᠠᠯ ᠰᠣᠷᠪᠣᠯᠵᠢᠯᠠᠭ᠎ᠠ ᠬᠢᠬᠦ ᠰᠣᠷᠠᠭ ᠵᠠᠩᠭᠢ ᠶᠢᠨ ᠰᠢᠰᠲ᠋ᠧᠮ ᠢ ᠭᠡᠷᠡᠭᠯᠡᠨ ᠲᠦᠭᠡᠮᠡᠯᠵᠢᠬᠦᠯᠵᠣ᠂ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ ᠬᠦᠢᠴᠡᠳᠭᠡᠬᠦ   ᠠᠯᠬᠤᠮ ᠶᠠᠪᠣᠴᠠ  ᠶᠢ ᠲᠦᠷᠢᠮᠵᠢᠬᠦᠯᠵᠤ᠂ ᠠᠷᠠᠳ ᠣᠯᠠᠨ ᠬᠦᠰᠡᠯ ᠱᠠᠭᠠᠷᠳᠠᠯᠭ᠎ᠠ ᠪᠠᠨ ᠣᠶᠣᠨᠴᠢ ᠪᠠᠷ᠂ ᠬᠠᠣᠯᠢ ᠶᠣᠰᠣᠭᠠᠷ ᠢᠯᠡᠳᠭᠡᠬᠦ  ᠶᠢ ᠣᠬᠠᠭᠤᠯᠣᠨ ᠵᠢᠯᠣᠭᠤᠳᠴᠣ᠂ ᠵᠠᠬᠢᠳᠠᠯ ᠰᠣᠷᠪᠣᠯᠵᠢᠯᠠᠭ᠎ᠠ ᠶᠢᠨ ︽ᠭᠤᠷᠪᠠᠨ ᠬᠠᠷᠢᠴᠠᠯ︾ ᠢ ᠲᠡᠭᠡᠭᠰᠢᠯᠡᠬᠦᠯᠦᠨ᠎ᠡ᠃ ᠬᠦᠳᠡᠯᠮᠦᠷᠢᠴᠢᠳ ᠤᠨ ᠡᠷᠭᠡ ᠠᠰᠢᠭ ᠢ ᠣᠯᠠᠮ ᠨᠢᠭᠡ ᠠᠯᠬᠤᠮ ᠬᠠᠮᠠᠭᠠᠯᠠᠬᠤ ᠪᠠ ᠪᠠᠳᠣᠯᠠᠵᠣ᠂ ᠪᠠᠶᠢᠴᠠᠭᠠᠨ ᠰᠡᠷᠡᠮᠵᠢᠯᠡᠬᠦᠯᠬᠦ ᠲᠣᠭᠳᠠᠴᠠ ᠶᠢ ᠰᠦᠪᠡᠭᠴᠢᠯᠡᠨ ᠪᠠᠶᠢᠭᠤᠯᠵᠣ᠂ ᠬᠠᠣᠯᠢ ᠶᠢ ᠵᠦᠷᠢᠴᠡᠵᠣ ᠴᠠᠯᠢᠩ ᠬᠦᠯᠦᠰᠦ ᠶᠢ ᠱᠠᠮᠰᠢᠵᠣ ᠦᠷᠢᠳᠦᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠣ᠂ ᠬᠦᠳᠡᠯᠮᠦᠷᠢ ᠶᠢᠨ ᠮᠠᠷᠭᠤᠯᠳᠣᠭᠠᠨ ᠢ ᠡᠶᠡᠳᠡᠬᠦᠯᠬᠦ ᠠᠵᠢᠯ ᠢ ᠰᠠᠶᠢᠳᠣᠷ ᠬᠢᠵᠣ᠂ ᠬᠦᠯᠢᠶᠡᠨ ᠬᠦᠢᠴᠡᠳᠭᠡᠬᠦ ᠭᠡᠷᠡᠭ ᠤᠨ ᠰᠢᠢᠳᠪᠦᠷᠢᠯᠡᠵᠣ ᠲᠠᠭᠤᠰᠬᠠᠬᠤ ᠨᠣᠷᠮ᠎ᠠ 90% ᠠᠴᠠ ᠲᠡᠭᠡᠭᠰᠢ ᠪᠠᠶᠢᠬᠤ ᠶᠢ ᠪᠠᠳᠣᠯᠠᠨ᠎ᠠ᠃         ᠠᠮᠣᠷ ᠲᠦᠪᠰᠢᠨ ᠤ ᠪᠦᠳᠦᠭᠡᠨ ᠪᠠᠶᠢᠭᠤᠯᠣᠯᠳᠠ ᠶᠢ ᠦᠨᠡᠨᠬᠦ ᠴᠢᠩᠭᠠᠳᠬᠠᠨ᠎ᠠ᠃ ︽ᠪᠦᠬᠦ ᠣᠯᠣᠰ ᠤᠨ ᠠᠮᠣᠷ ᠲᠦᠪᠰᠢᠨ ᠤ ᠪᠦᠳᠦᠭᠡᠨ ᠪᠠᠶᠢᠭᠤᠯᠣᠯᠳᠠ ᠶᠢᠨ ᠲᠡᠷᠢᠬᠦᠨ ᠤ ᠰᠢᠶᠠᠨ︾ ᠤ ᠦᠷ᠎ᠡ ᠪᠦᠳᠦᠭᠡᠯ ᠢᠶᠠᠨ ᠪᠠᠬᠢᠵᠢᠬᠦᠯᠵᠤ᠂ ︽ᠲᠣᠯᠤᠭ᠎ᠠ ᠲᠠᠪᠤ︾ ᠶᠢᠨ ᠬᠠᠣᠯᠢ ᠲᠦᠭᠡᠮᠡᠯᠵᠢᠬᠦᠯᠬᠦ ᠠᠵᠢᠯ ᠢ ᠬᠦᠨᠵᠡᠭᠡᠢ ᠲᠦᠯᠬᠢᠨ ᠠᠬᠢᠭᠤᠯᠵᠣ᠂ ︽ᠭᠡᠨ ᠬᠠᠣᠯᠢ ᠭᠡᠷᠡᠭᠵᠢᠬᠦᠯᠪᠡᠯ ᠲᠡᠷᠡ ᠬᠠᠣᠯᠢ ᠶᠢ ᠲᠦᠭᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠲᠣᠭᠤᠰᠢᠯᠠᠭᠤᠯᠵᠣ᠂ ᠬᠠᠣᠯᠢ ᠪᠠᠷ ᠵᠠᠰᠠᠬᠤ ᠣᠬᠠᠭᠤᠯᠭ᠎ᠠ ᠬᠦᠮᠦᠵᠢᠯ ᠢ ᠴᠢᠭᠯᠡᠯᠳᠦ ᠴᠢᠨᠠᠷ ᠲᠠᠢ ᠦᠷᠨᠢᠬᠦᠯᠵᠤ᠂ ᠬᠠᠣᠯᠢ ᠪᠠᠷ ᠵᠠᠰᠠᠬᠤ ᠠᠬᠢᠴᠠ ᠶᠢ ᠲᠦᠷᠭᠡᠳᠭᠡᠨ ᠠᠬᠢᠭᠤᠯᠣᠨ᠎ᠠ᠃ ᠮᠡᠳᠡᠭᠡ ᠵᠠᠩᠬᠢᠵᠢᠯᠳᠠ ᠪᠠᠷ ᠲᠦᠰᠢᠭ ᠲᠣᠯᠭᠠᠭᠤᠷᠢ ᠪᠣᠯᠭᠠᠭᠰᠠᠨ ᠨᠡᠶᠢᠭᠡᠮ ᠤᠨ ᠠᠮᠣᠷ ᠢ ᠬᠠᠮᠠᠭᠠᠯᠠᠬᠤ᠂ ᠰᠡᠷᠭᠡᠶᠢᠯᠡᠵᠣ ᠬᠤᠷᠢᠭᠯᠠᠬᠤ ᠰᠢᠰᠲ᠋ᠧᠮ ᠤᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ︽ᠬᠦᠮᠦᠵᠢᠬᠦᠯᠵᠣ ᠪᠣᠯᠪᠠᠰᠣᠷᠠᠭᠤᠯᠬᠤ᠂ ᠬᠠᠷᠢᠯᠴᠠᠬᠤ᠂ ᠪᠠᠶᠢᠴᠠᠭᠠᠬᠤ ᠶᠢ ᠨᠢᠭᠡᠳᠦᠬᠦᠯᠬᠦ᠂ ᠡᠬᠦᠳᠡ ᠪᠠᠨ ᠨᠡᠭᠡᠭᠡᠵᠤ ᠡᠷᠦᠭᠡ ᠳᠤ ᠣᠷᠣᠬᠤ︾ ᠵᠡᠷᠭᠡ ᠠᠵᠢᠯ ᠢ ᠦᠷᠬᠦᠯᠵᠢᠯᠡᠨ ᠦᠷᠨᠢᠬᠦᠯᠵᠤ᠂ ᠨᠡᠶᠢᠭᠡᠮ ᠤᠨ ᠠᠮᠣᠷ ᠢ ᠬᠠᠮᠠᠭᠠᠯᠠᠬᠤ᠂ ᠲᠠᠯᠳᠠ ᠲᠦᠭᠰᠢᠬᠦᠷᠢ ᠶᠢ ᠪᠠᠶᠢᠴᠠᠭᠠᠨ ᠵᠠᠰᠠᠬᠤ ᠬᠦᠴᠦᠯᠡᠴᠡ ᠪᠠᠨ ᠨᠡᠮᠡᠭᠳᠡᠬᠦᠯᠵᠣ᠂ ᠬᠠᠣᠯᠢ ᠶᠢ ᠵᠦᠷᠢᠴᠡᠭᠰᠡᠨ ᠶᠠᠯᠠᠳᠣ ᠠᠵᠢᠯᠯᠠᠭ᠎ᠠ ᠶᠢ ᠰᠡᠷᠭᠡᠶᠢᠯᠡᠬᠦ ᠪᠠ ᠬᠠᠣᠯᠢ ᠶᠣᠰᠣᠭᠠᠷ ᠴᠣᠬᠢᠯᠳᠠ ᠦᠭᠴᠦ᠂ ᠪᠦᠬᠦ ᠬᠤᠰᠢᠭᠤᠨ ᠤ ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠨ᠎ᠠ᠃       ᠠᠶᠣᠯᠭᠦᠢ ᠦᠢᠯᠡᠳᠪᠤᠷᠢᠯᠠᠯ ᠢ ᠰᠠᠶᠢᠳᠣᠷ ᠠᠳᠬᠤᠨ᠎ᠠ᠃   ᠠᠶᠣᠯᠭᠦᠢ ᠦᠢᠯᠡᠳᠪᠦᠷᠢᠯᠡᠯ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠲᠣᠭᠤᠰᠢᠯᠠᠭᠤᠯᠵᠣ᠂ ᠬᠢᠨᠠᠨ ᠬᠠᠮᠢᠶᠠᠷᠬᠤ ᠴᠢᠳᠠᠪᠣᠷᠢ ᠪᠠ ᠮᠡᠳᠡᠭᠡ ᠵᠠᠩᠬᠢᠵᠢᠯᠳᠠ ᠶᠢᠨ ᠪᠦᠳᠦᠭᠡᠨ ᠪᠠᠶᠢᠭᠤᠯᠣᠯᠳᠠ ᠪᠠᠨ ᠴᠢᠩᠭᠠᠳᠬᠠᠵᠣ᠂ ᠠᠶᠣᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠣ᠂   ᠨᠡᠬᠦᠷᠡᠰᠦ ᠠᠴᠠ ᠪᠣᠰᠣᠳ ᠠᠭᠤᠷᠬᠠᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ᠂ ᠪᠠᠷᠢᠯᠭ᠎ᠠ ᠪᠠᠷᠢᠬᠤ ᠂ ᠠᠶᠣᠯ ᠲᠠᠢ ᠬᠢᠮᠢ ᠶᠢᠨ ᠪᠣᠳᠠᠰ᠂ ᠬᠦᠮᠦᠨ ᠠᠷᠠᠳ ᠨᠢᠬᠳᠠᠷᠠᠭᠰᠠᠨ ᠲᠠᠯᠠᠪᠣᠷ ᠵᠡᠷᠭᠡ ᠴᠢᠬᠤᠯᠠ ᠰᠠᠯᠠᠭ᠎ᠠ ᠮᠦᠴᠢᠷ  ᠤᠨ ᠬᠦᠷᠢᠶ᠎ᠡ ᠭᠡᠪᠴᠢᠶᠡᠨ ᠳᠠᠬᠢ ᠲᠣᠰᠬᠠᠢ ᠵᠠᠰᠠᠨ ᠴᠡᠭᠴᠡᠯᠡᠯᠳᠡ ᠶᠢ ᠰᠠᠶᠢᠳᠣᠷ ᠠᠳᠬᠤᠵᠣ᠂ ᠣᠨᠴᠠ ᠲᠣᠮᠣ ᠭᠡᠷᠡᠭ ᠠᠳᠡᠯ ᠡᠬᠦᠰᠬᠦ ᠶᠢ ᠡᠷᠡᠰ ᠬᠤᠷᠢᠭᠯᠠᠬᠤ ᠭᠡᠷᠡᠭᠳᠡᠢ᠃ ᠢᠳᠡᠭᠡᠨ ᠤ ᠵᠦᠢᠯ ᠪᠠ ᠡᠮ ᠤᠨ ᠵᠦᠢᠯ ᠤᠨ ᠠᠮᠣᠷ ᠲᠦᠪᠰᠢᠨ  ᠤ ᠠᠶᠣᠯ ᠭᠡᠮ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠣ᠂ ᠰᠣᠷᠭᠠᠭᠤᠯᠢ ᠶᠢᠨ ᠬᠤᠭᠤᠯᠠᠨ ᠭᠡᠷ᠂ ᠨᠠᠰᠣᠳᠠᠨ ᠨᠢᠯᠬ᠎ᠠ ᠶᠢ ᠠᠰᠠᠷᠠᠬᠤ ᠪᠠᠶᠢᠭᠤᠯᠣᠮᠵᠢ ᠵᠡᠷᠭᠡ ᠴᠢᠬᠤᠯᠠ ᠢᠳᠡᠭᠡᠨ ᠤ ᠦᠢᠯᠡᠳᠪᠦᠷᠢᠯᠡᠯ ᠪᠠ ᠡᠵᠡᠩᠨᠡᠯᠳᠡ ᠬᠢᠬᠦ ᠠᠵᠣ ᠠᠬᠤᠶᠢᠯᠠᠯ ᠢ ᠢᠳᠡᠭᠡᠨ ᠤ ᠠᠮᠣᠷ ᠲᠦᠪᠰᠢᠨ ᠤ ᠲᠠᠭᠠᠳᠬᠠᠯ ᠳᠤ ᠣᠷᠣᠭᠤᠯᠣᠨ᠎ᠠ᠃ ᠦᠢᠯᠡᠳᠪᠦᠷᠢᠯᠡᠯ ᠤᠨ ᠠᠮᠤᠷ ᠲᠦᠪᠰᠢᠨ ᠤ ᠣᠬᠠᠭᠤᠯᠭ᠎ᠠ ᠬᠦᠮᠦᠵᠢᠯ ᠤᠨ ᠠᠵᠢᠯ ᠢ ᠴᠢᠩᠭᠠᠳᠬᠠᠵᠣ᠂ ᠪᠦᠬᠦ ᠠᠷᠠᠳ  ᠤᠨ ᠠᠮᠣᠷ ᠲᠦᠪᠰᠢᠨ ᠤ ᠣᠬᠠᠮᠰᠠᠷ ᠢ ᠪᠦᠳᠦᠮᠵᠢᠳᠡᠢ ᠴᠢᠩᠭᠠᠳᠬᠠᠵᠣ᠂ ᠠᠮᠣᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠲᠣᠭᠳᠠᠭᠤᠨ ᠪᠠᠶᠢᠬᠤ ᠶᠢ ᠪᠠᠳᠣᠯᠠᠨ᠎ᠠ᠃           ︵ᠨᠠᠢᠮᠠ︶ ᠦᠪᠡᠷ ᠤᠨ ᠪᠡᠶ᠎ᠡ ᠶᠢᠨ ᠪᠦᠳᠦᠭᠡᠨ ᠪᠠᠶᠢᠭᠤᠯᠣᠯᠳᠠ ᠪᠠᠨ ᠲᠣᠪᠣᠶᠢᠯᠭᠠᠨ ᠠᠳᠬᠤᠵᠣ᠂ ᠠᠷᠠᠳ ᠲᠦᠮᠡᠨ ᠬᠠᠨᠣᠮᠵᠢᠳᠠᠢ ᠵᠠᠰᠠᠭ ᠤᠨ ᠣᠷᠳᠣᠨ ᠢ ᠴᠣᠭᠴᠠᠯᠠᠨ ᠪᠠᠶᠢᠭᠤᠯᠣᠨ᠎ᠠ᠃ ᠣᠯᠣᠰ ᠲᠦᠷᠦ ᠶᠢᠨ ᠵᠣᠭᠰᠣᠴᠠ ᠪᠠᠨ ᠦᠨᠡᠨᠬᠦ ᠲᠡᠭᠡᠭᠰᠢᠯᠡᠭᠦᠯᠤᠨ᠎ᠠ᠃   ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠠᠶᠢᠭᠡᠮ ᠵᠢᠷᠣᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠣ᠂ ᠦᠢᠯᠡᠳᠦᠯᠭᠡ ᠪᠠᠨ ᠵᠢᠯᠣᠭᠤᠳᠣᠭᠤᠯᠵᠣ᠂ ᠠᠵᠢᠯ ᠢᠶᠠᠨ ᠲᠦᠯᠬᠢᠨ ᠣᠷᠣᠭᠰᠢᠯᠠᠭᠤᠯᠬᠤ ᠶᠢ ᠪᠠᠷᠢᠮᠳᠠᠯᠠᠨ᠎ᠠ ᠃ ︽ᠣᠭ ᠰᠠᠨᠠᠭ᠎ᠠ ᠪᠠᠨ ᠮᠠᠷᠳᠠᠬᠤ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠬᠦ︾ ᠭᠤᠣᠯ ᠰᠡᠳᠦᠪᠳᠣ ᠬᠦᠮᠦᠵᠢᠯ ᠢ ᠯᠠᠪᠳᠠᠭᠤᠨ ᠪᠠᠳᠣᠳᠠᠢ ᠦᠷᠨᠢᠬᠦᠯᠵᠣ᠂ ︽ᠬᠤᠶᠠᠷ ᠢ ᠰᠣᠷᠣᠯᠴᠠᠵᠤ ᠨᠢᠭᠡ ᠳᠤ ᠲᠠᠩᠴᠠᠭᠦᠯᠭᠦ︾ ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠣᠨ ᠲᠦᠷᠢᠮᠵᠢᠬᠦᠯᠬᠦ ᠶᠢ ᠦᠷᠬᠦᠯᠵᠢᠯᠡᠨ ᠲᠦᠯᠬᠢᠨ ᠠᠬᠢᠭᠤᠯᠣᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠣ ᠪᠤᠳᠣᠯᠭ᠎ᠠ ᠶᠢᠨ ᠪᠠᠶᠢᠷᠢᠰᠢᠭᠤᠯᠣᠯᠳᠠ ᠶᠢ ᠡᠷᠡᠰ ᠭᠡᠷᠡᠭᠵᠢᠬᠦᠯᠵᠣ᠂ ᠬᠠᠣᠯᠢ ᠵᠠᠷᠯᠢᠭ ᠨᠢᠬᠳᠠ ᠴᠢᠩᠭ᠎ᠠ ᠪᠠᠶᠢᠬᠤ ᠶᠢ ᠪᠡᠶᠡᠯᠡᠬᠦᠯᠵᠣ᠂ ᠲᠣᠭᠤᠰᠢᠯᠠᠭᠤᠯᠬᠤ ᠬᠦᠴᠦᠯᠡᠴᠡ  ᠪᠠᠨ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ᠨᠠᠮ ᠤᠨ ᠪᠦᠳᠦᠭᠡᠨ ᠪᠠᠶᠢᠭᠤᠯᠣᠯᠳᠠ ᠪᠠ ᠦᠵᠡᠯ ᠣᠬᠠᠮᠰᠠᠷ ᠤᠨ ᠭᠡᠯᠪᠡᠷᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ᠴᠢᠩᠭ᠎ᠠ ᠵᠣᠷᠢᠭ ᠰᠠᠨᠠᠭ᠎ᠠ᠂ ᠦᠨᠡᠨᠴᠢ ᠭᠡᠪ ᠰᠣᠷᠳᠠᠯ  ᠢᠶᠠᠷ ᠬᠦᠴᠢᠷ ᠢ ᠢᠯᠡᠨ ᠪᠡᠷᠭᠡ ᠶᠢ ᠲᠣᠭᠤᠯᠵᠣ᠂ ᠠᠵᠢᠯ ᠬᠢᠵᠣ ᠦᠢᠯᠡᠰ ᠪᠦᠳᠦᠭᠡᠨ᠎ᠡ᠃             ᠬᠠᠣᠯᠢ ᠶᠣᠰᠣᠭᠠᠷ ᠵᠠᠰᠠᠭ ᠶᠠᠪᠣᠭᠤᠯᠬᠤ ᠶᠢ ᠦᠷᠬᠦᠯᠵᠢᠯᠡᠨ ᠲᠦᠯᠬᠢᠨ ᠠᠬᠢᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠭᠠᠷ ᠬᠢᠨᠠᠯᠳᠠ ᠲᠠᠯᠪᠢᠬᠤ᠂ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠢᠶᠠᠷ  ᠢᠶᠠᠨ ᠠᠩᠬᠠᠷᠴᠣ ᠪᠠᠶᠢᠭ᠎ᠠ ᠬᠠᠯᠠᠮ ᠴᠡᠭ ᠠᠰᠠᠭᠤᠳᠠᠯ ᠢ ᠴᠠᠭ ᠲᠣᠬᠠᠢ ᠳᠤᠨᠢ ᠬᠠᠷᠢᠭᠤ ᠲᠣᠰᠬᠠᠵᠣ᠂ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠢᠳᠡᠬᠡᠬᠦᠯᠬᠦ ᠬᠦᠴᠦᠨ ᠪᠠ ᠨᠢᠬᠳᠠᠷᠠᠯ ᠤᠨ ᠬᠦᠴᠦᠨ ᠢ ᠲᠠᠰᠣᠷᠠᠯᠳᠠ ᠦᠭᠡᠢ ᠲᠡᠭᠡᠭᠰᠢᠯᠡᠬᠦᠯᠵᠣ᠂ ᠬᠠᠣᠯᠢ ᠳᠤ ᠲᠣᠭᠳᠠᠭᠠᠭᠰᠠᠨ ᠡᠷᠭᠡ ᠶᠢᠨ ᠬᠢᠵᠠᠭᠠᠷᠯᠠᠯ ᠪᠠ ᠶᠠᠪᠣᠴᠠ ᠪᠠᠷ ᠡᠷᠭᠡ ᠪᠠᠨ ᠭᠡᠷᠡᠭᠵᠢᠬᠦᠯᠬᠦ  ᠶᠢ ᠪᠠᠷᠢᠮᠳᠠᠯᠠᠵᠣ᠂ ᠡᠬᠦᠷᠭᠡ ᠬᠠᠷᠢᠭᠤᠴᠠᠯᠭ᠎ᠠ ᠪᠠᠨ ᠰᠠᠶᠢᠳᠣᠷ ᠬᠦᠢᠴᠡᠳᠭᠡᠨ᠎ᠡ᠃ ᠣᠯᠠᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠭᠡ ᠶᠢᠨ ᠲᠣᠭᠳᠠᠴᠠ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ᠬᠠᠣᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠲᠡᠬᠦᠯᠳᠡᠷᠵᠢᠬᠦᠯᠵᠣ᠂ ︽ᠣᠯᠠᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠭᠡ ᠶᠢᠨ ᠲᠦᠪ︾ ᠤᠨ ᠦᠢᠯᠡᠴᠢᠯᠡᠬᠦ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠬᠤᠳᠠ ᠶᠢᠨ ᠬᠠᠣᠯᠢ ᠭᠡᠷᠡᠭᠵᠢᠬᠦᠯᠬᠦ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠲᠦᠯᠬᠢᠨ ᠠᠬᠢᠭᠤᠯᠵᠣ᠂ ᠬᠤᠳᠠ ᠶᠢᠨ ᠬᠠᠮᠢᠶᠠᠷᠣᠯᠳᠠ ᠶᠢᠨ ᠲᠤᠭᠳᠠᠴᠠ ᠶᠢ ᠪᠠᠶᠢᠭᠤᠯᠣᠨ ᠲᠡᠬᠦᠯᠳᠡᠷᠵᠢᠬᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠲᠣᠭᠳᠠᠭᠠᠬᠤ ᠲᠢᠭᠯᠡᠮ ᠢ ᠴᠢᠩᠭ᠎ᠠ ᠭᠡᠷᠡᠭᠵᠢᠬᠦᠯᠵᠣ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢ ᠲᠣᠭᠳᠠᠭᠠᠬᠤ ᠬᠢᠷᠢ ᠲᠦᠪᠰᠢᠨ ᠢᠶᠠᠨ ᠦᠨᠡᠨᠬᠦ ᠲᠡᠭᠡᠭᠰᠢᠯᠡᠬᠦᠯᠦᠨ᠎ᠡ᠃           ᠴᠢᠳᠠᠪᠣᠷᠢ ᠶᠢᠨ ᠪᠦᠳᠦᠭᠡᠨ ᠪᠠᠶᠢᠭᠤᠯᠣᠯᠳᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ ᠴᠢᠩᠭᠠᠳᠬᠠᠬᠤ ᠪᠠ ᠲᠣᠭᠤᠰᠢᠯᠠᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠡᠬᠢᠨ ᠠᠴᠠ ᠠᠳᠠᠭ ᠲᠤᠨᠢ ᠲᠣᠯᠳᠠᠯ᠎ᠠ   ᠨᠠᠶᠢᠳᠠᠪᠣᠷᠢᠵᠢᠭᠤᠯᠵᠤ᠂ ᠨᠠᠮ ᠤᠨ ᠪᠦᠳᠦᠭᠡᠨ ᠪᠠᠶᠢᠭᠤᠯᠣᠯᠳᠠ ᠪᠠᠷ ᠬᠦᠭᠵᠢᠯᠳᠡ ᠶᠢ ᠵᠢᠯᠣᠭᠤᠳᠣᠨ ᠲᠠᠭᠠᠭᠤᠯᠬᠤ ᠶᠢ ᠪᠠᠷᠢᠮᠳᠠᠯᠠᠵᠣ᠂ ︽ᠭᠤᠷᠪᠠᠨ ᠲᠡᠪᠳᠡᠷ ᠨᠠᠷᠢᠨ ᠲᠠᠩᠰᠠ︾ ᠪᠠᠷ ᠬᠦᠴᠦᠳᠡᠢ ᠠᠳᠬᠤᠬᠤ ᠴᠡᠭ ᠪᠣᠯᠭᠠᠵᠣ᠂   ᠲᠤᠭᠤᠷᠢᠨ ᠪᠠᠶᠢᠴᠠᠭᠠᠬᠤ ᠵᠠᠰᠠᠨ ᠴᠡᠭᠴᠡᠯᠡᠬᠦ ᠦᠷ᠎ᠡ ᠪᠦᠳᠦᠭᠡᠯ ᠢ ᠭᠡᠷᠡᠭᠯᠡᠬᠦ ᠶᠢ ᠬᠦᠨᠵᠡᠭᠡᠶᠢᠷᠡᠬᠦᠯᠵᠣ᠂ ᠦᠭᠡᠷᠡᠴᠢᠯᠡᠯᠳᠡ᠂ ᠬᠦᠭᠵᠢᠯᠳᠡ᠂ ᠲᠣᠭᠳᠠᠭᠤᠨ ᠪᠠᠶᠢᠬᠤ ᠡᠯ᠎ᠡ ᠲᠠᠯ᠎ᠠ ᠶᠢᠨ ᠠᠵᠢᠯ ᠦᠢᠯᠡᠰ ᠨᠡᠩ ᠶᠡᠭᠡ ᠬᠢᠷᠢ ᠪᠦᠳᠦᠮᠵᠢ ᠭᠠᠷᠬᠤ ᠶᠢ ᠲᠦᠯᠬᠢᠨ ᠠᠬᠢᠭᠤᠯᠣᠨ᠎ᠠ᠃ ᠡᠳ᠋ ᠤᠨ ᠵᠠᠰᠠᠭ ᠤᠨ ᠲᠦᠰᠦᠪ ᠤᠨ ᠬᠠᠮᠢᠶᠠᠷᠣᠯᠳᠠ ᠪᠠᠨ ᠴᠢᠩᠭᠠᠳᠬᠠᠵᠣ᠂ ︽ᠭᠤᠷᠪᠠᠨ ᠠᠯᠪᠠᠨ︾ ᠵᠠᠷᠣᠳᠠᠯ ᠵᠢᠴᠢ ᠡᠩ ᠤᠨ ᠴᠢᠨᠠᠷᠳᠠᠢ ᠠᠯᠪᠠᠨ ᠵᠠᠷᠣᠳᠠᠯ ᠢ ᠪᠠᠭᠠᠰᠬᠠᠨ᠎ᠠ᠃ ᠣᠷᠣᠨ ᠨᠣᠳᠤᠭ ᠤᠨ ᠵᠠᠰᠠᠭ  ᠤᠨ ᠣᠷᠳᠣᠨ ᠤ ᠴᠢᠨᠠᠷᠳᠠᠢ ᠦᠷᠢ ᠦᠭᠴᠡᠭᠡ ᠪᠠ ᠪᠡᠯᠡ ᠣᠷᠣᠭᠤᠯᠣᠯᠳᠠ ᠶᠢᠨ ᠲᠦᠷᠦᠯ ᠵᠦᠢᠯ ᠤᠨ ᠬᠠᠮᠢᠶᠠᠷᠣᠯᠳᠠ  ᠪᠠᠨ ᠴᠢᠩᠭᠠᠳᠬᠠᠵᠣ᠂ ᠬᠤᠷᠠᠮᠳᠣᠭᠰᠠᠨ ᠦᠷᠢ ᠰᠢᠷᠢ ᠶᠢ ᠨᠠᠮᠳᠠᠭᠠᠨ ᠰᠢᠢᠳᠪᠦᠷᠢᠯᠡᠬᠦ ᠠᠵᠢᠯ ᠢ ᠢᠳᠡᠪᠬᠢᠳᠡᠢ ᠬᠢᠵᠣ᠂ ᠰᠢᠨ᠎ᠡ ᠨᠡᠮᠡᠭᠳᠡᠬᠦ ᠦᠷᠢ ᠦᠭᠴᠡᠭᠡ ᠶᠢ ᠴᠢᠩᠭ᠎ᠠ ᠬᠢᠵᠠᠭᠠᠷᠯᠠᠨ᠎ᠠ᠃ ᠰᠢᠨ᠎ᠡ ᠪᠠᠷ ᠪᠠᠶᠢᠭᠤᠯᠣᠭᠰᠠᠨ ᠵᠠᠰᠠᠭ ᠤᠨ ᠶᠠᠪᠣᠳᠠᠯ  ᠤᠨ ᠦᠢᠯᠡᠴᠢᠯᠡᠭᠡᠨ ᠤ ᠲᠢᠩᠭᠢᠮ ᠢ ᠠᠬᠢᠭᠤᠯᠵᠣ᠂ ᠠᠶᠢᠮᠠᠭ᠂ ᠬᠤᠰᠢᠭᠤ᠂ ᠰᠢᠶᠠᠩ᠂ ᠲᠣᠰᠬᠤᠨ ᠲᠦᠷᠪᠡᠨ ᠲᠡᠰ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠠᠪᠴᠠᠩ ᠢ ᠨᠢᠭᠡ ᠴᠤᠭᠴᠠᠵᠢᠭᠤᠯᠬᠤ ᠪᠦᠳᠦᠭᠡᠨ ᠪᠠᠶᠢᠭᠤᠯᠣᠯᠳᠠ ᠶᠢ ᠪᠡᠶᠡᠯᠡᠬᠦᠯᠵᠣ᠂ ᠠᠵᠣ ᠠᠬᠤᠶᠢᠯᠠᠯ ᠪᠠ ᠠᠷᠠᠳ ᠣᠯᠠᠨ ᠭᠡᠷᠡᠭ ᠰᠢᠢᠳᠪᠦᠷᠢᠯᠡᠬᠦ ᠳᠤ ᠨᠡᠩ ᠲᠦᠬᠦᠮ ᠪᠣᠯᠭᠠᠨ᠎ᠠ᠃           ᠠᠷᠢᠭᠤᠨ ᠴᠢᠭᠡᠴᠢ ᠵᠠᠰᠠᠭ ᠤᠨ ᠰᠡᠷᠭᠡᠶᠢᠯᠡᠯᠳᠡ ᠶᠢᠨ ᠱᠣᠭᠤᠮ ᠢ ᠡᠷᠡᠰ ᠪᠠᠳᠣ ᠴᠣᠭᠴᠠᠯᠠᠨ᠎ᠠ᠃ ᠨᠠᠮ  ᠤᠨ ᠲᠦᠪ ᠬᠤᠷᠢᠶᠠᠨ ᠤ ᠨᠠᠢᠮᠠᠨ ᠵᠣᠷᠪᠣᠰ ᠲᠣᠭᠳᠠᠭᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠵᠣ᠂   ︽ᠲᠦᠷᠪᠡᠨ ᠰᠣᠷᠳᠠᠯ︾ ᠢ ᠡᠷᠡᠰ ᠬᠤᠷᠢᠭᠯᠠᠵᠣ᠂ ᠨᠠᠮ ᠤᠨ ᠰᠣᠷᠳᠠᠯ ᠴᠢᠭᠡᠴᠢ ᠵᠠᠰᠠᠭ ᠤᠨ ᠪᠦᠳᠦᠭᠡᠨ ᠪᠠᠶᠢᠭᠤᠯᠣᠯᠳᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠲᠣᠭᠤᠰᠢᠯᠠᠭᠤᠯᠵᠣ᠂ ︽ᠨᠢᠭᠡ ᠠᠵᠢᠯ  ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠬᠢᠨᠠᠮᠠᠭᠠᠢ ᠭᠡᠷᠡᠭᠵᠢᠬᠦᠯᠵᠣ᠂ ︽ᠦᠩᠭᠡᠷᠡᠬᠦ ᠭᠠᠯᠠᠭᠤᠳ ᠤᠨ ᠦᠳᠦ ᠶᠢ ᠰᠣᠭᠤᠯᠬᠤ︾ ᠮᠠᠶ᠋ᠢᠭ ᠤᠨ ᠢᠯᠵᠠᠷᠠᠯ ᠤᠨ ᠠᠰᠠᠭᠤᠳᠠᠯ ᠢ ᠲᠣᠰᠬᠠᠢ ᠴᠡᠭᠴᠡᠯᠡᠨ ᠵᠠᠰᠠᠬᠤ ᠶᠢ ᠬᠦᠨᠵᠡᠭᠡᠢ ᠦᠷᠨᠢᠬᠦᠯᠵᠣ ᠂   ᠠᠵᠢᠯ ᠬᠢᠬᠦ ᠦᠭᠡᠢ᠂ ᠶᠠᠪᠣᠳᠠᠯ ᠬᠢᠬᠦ ᠨᠢ ᠣᠳᠠᠭᠠᠨ᠂ ᠲᠣᠷ᠎ᠠ ᠪᠠᠷ ᠠᠵᠢᠯ ᠬᠢᠬᠦ ᠠᠰᠠᠭᠤᠳᠠᠯ ᠢ ᠬᠦᠴᠦ ᠪᠠᠨ ᠲᠦᠪᠯᠡᠷᠡᠬᠦᠯᠦᠨ ᠰᠢᠢᠳᠪᠦᠷᠢᠯᠡᠨ᠎ᠡ᠃ ︽ᠭᠤᠷᠪᠠᠨ ᠴᠢᠬᠤᠯᠠ ᠨᠢᠭᠡ ᠲᠣᠮᠣ︾ ᠲᠦᠷᠢᠮ ᠢᠶᠠᠷ ᠭᠤᠣᠯᠳᠠᠯᠭ᠎ᠠ ᠪᠣᠯᠭᠠᠭᠰᠠᠨ ᠠᠷᠢᠭᠤᠨ ᠴᠢᠭᠡᠴᠢ ᠵᠠᠰᠠᠭ ᠤᠨ ᠲᠦᠭᠰᠢᠬᠦᠷᠢ ᠶᠢ ᠰᠡᠷᠭᠡᠶᠢᠯᠡᠨ ᠬᠤᠷᠢᠭᠯᠠᠬᠤ ᠲᠤᠭᠳᠠᠴᠠ ᠶᠢ ᠣᠯᠠᠮ ᠨᠢᠭᠡ ᠠᠯᠬᠤᠮ ᠲᠡᠬᠦᠯᠳᠡᠷᠵᠢᠬᠦᠯᠵᠣ᠂ ᠡᠷᠭᠡ ᠶᠢᠨ ᠭᠡᠷᠡᠭᠵᠢᠬᠦᠯᠦᠭᠳᠡᠬᠦ ᠪᠠ ᠬᠢᠨᠠᠯᠳᠠ ᠲᠠᠯᠪᠢᠵᠣ ᠬᠢᠵᠠᠭᠠᠷᠯᠠᠬᠤ ᠶᠢ ᠴᠢᠩᠭᠠᠳᠬᠠᠨ᠎ᠠ᠃ ᠠᠷᠢᠭᠤᠨ ᠴᠢᠭᠡᠴᠢ ᠵᠠᠰᠠᠭ ᠤᠨ ᠬᠢᠨᠠᠨ ᠪᠠᠶᠢᠴᠠᠭᠠᠬᠤ ᠪᠠ ᠬᠢᠨᠠᠨ ᠪᠣᠳᠣᠬᠤ ᠬᠢᠨᠠᠯᠳᠠ ᠶᠢ ᠴᠢᠩᠭᠠᠳᠬᠠᠵᠣ᠂ ︽ᠵᠠᠯᠠᠶᠢᠳ ᠬᠤᠰᠢᠭᠤᠨ ᠤ ᠬᠠᠣᠯᠢ ᠭᠡᠷᠡᠭᠵᠢᠬᠦᠯᠵᠣ ᠬᠢᠨᠠᠨ ᠬᠠᠮᠢᠶᠠᠷᠬᠤ ᠰᠠᠯᠠᠭ᠎ᠠ ᠮᠦᠴᠢᠷ᠂ ᠴᠣᠩᠬᠤᠨ ᠦᠢᠯᠡᠴᠢᠯᠡᠭᠡ ᠶᠢᠨ ᠨᠢᠭᠡᠴᠡ᠂ ᠪᠣᠰᠣᠳ ᠦᠢᠯᠡᠴᠢᠯᠡᠭᠡᠨ ᠤ ᠠᠵᠢᠯ ᠲᠦᠷᠦᠯ ᠵᠢᠴᠢ ᠠᠵᠢᠯᠳᠠᠨ ᠢ ᠬᠢᠨᠠᠨ ᠬᠠᠮᠢᠶᠠᠷᠬᠤ ᠪᠠ ᠬᠠᠷᠢᠭᠤᠴᠠᠯᠭ᠎ᠠ ᠠᠰᠠᠭᠤᠬᠤ ᠠᠷᠭ᠎ᠠ︾ ᠶᠢ ᠰᠦᠪᠡᠭᠴᠢᠯᠡᠨ ᠲᠣᠭᠳᠠᠭᠠᠨ᠎ᠠ᠃ ᠲᠠᠷᠢᠶᠠᠯᠠᠵᠣ ᠮᠠᠯᠵᠢᠬᠤ  ᠶᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢᠨ ᠲᠣᠭᠤᠰᠢᠯᠠᠭᠳᠠᠬᠤ ᠪᠠ ᠶᠠᠳᠠᠭᠤ ᠶᠢ ᠲᠡᠳᠬᠦᠬᠦ ᠬᠦᠷᠢᠶᠡᠨ ᠳᠠᠬᠢ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠤ᠂ ᠠᠷᠠᠳ ᠣᠯᠠᠨ ᠤ ᠠᠰᠢᠭ ᠲᠣᠰᠠ ᠶᠢ ᠬᠤᠬᠢᠷᠠᠭᠤᠯᠬᠤ ᠲᠦᠪ ᠪᠣᠰᠣ ᠰᠣᠷᠳᠠᠯ ᠪᠠ ᠢᠯᠵᠠᠷᠠᠬᠤ ᠠᠰᠠᠭᠤᠳᠠᠯ ᠢ ᠴᠢᠩᠭ᠎ᠠ ᠴᠡᠭᠴᠡᠯᠡᠵᠣ ᠪᠠᠶᠢᠴᠠᠭᠠᠨ ᠰᠢᠢᠳᠪᠦᠷᠢᠯᠡᠨ᠎ᠡ᠃             ᠲᠦᠯᠤᠭᠡᠯᠡᠭᠴᠢᠳ ᠡ᠂ ᠰᠢᠨ᠎ᠡ ᠴᠠᠭ ᠦᠶ᠎ᠡ ᠪᠢᠳᠡᠨ ᠳᠤ ᠰᠢᠨ᠎ᠡ ᠲᠡᠦᠭᠡᠳᠦ ᠡᠬᠦᠷᠭᠡ ᠣᠯᠭᠤᠵᠣ᠂ ᠰᠢᠨ᠎ᠡ ᠬᠠᠷᠢᠭᠤᠴᠠᠯᠭ᠎ᠠ ᠨᠢ ᠰᠢᠨ᠎ᠡ ᠡᠬᠦᠷᠭᠡᠯᠡᠯ ᠢ ᠠᠪᠴᠢᠷᠠᠵᠠᠢ᠃ ᠰᠢᠨ᠎ᠡ ᠠᠶᠠᠯᠠᠯ ᠳᠤ ᠪᠠᠨ ᠪᠢᠳᠡ ᠬᠦᠭᠵᠢᠯᠳᠡ  ᠪᠠᠨ ᠲᠦᠷᠭᠡᠳᠭᠡᠨ ᠡᠷᠡᠯᠬᠡᠭᠯᠡᠨ ᠣᠷᠣᠭᠰᠢᠯᠠᠬᠤ ᠳᠠᠶᠢᠴᠢᠨ ᠬᠦᠴᠦ ᠪᠠᠨ   ᠨᠢᠭᠡᠳᠭᠡᠵᠦ ᠴᠢᠷᠮᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠬᠳᠠᠷᠠᠨ ᠪᠦᠯᠬᠦᠮᠳᠡᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠣᠭ   ᠰᠠᠨᠠᠭ᠎ᠠ ᠪᠠᠨ ᠮᠠᠷᠳᠠᠬᠤ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠳᠣ ᠴᠡᠭᠡᠵᠢᠯᠡᠵᠣ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠰᠢᠢᠳᠪᠦᠷᠢᠳᠦ ᠢᠯᠡᠯᠳᠠ ᠶᠢ ᠲᠡᠮᠡᠴᠡᠨ ᠣᠯᠬᠤ ᠶᠢᠨ ᠲᠦᠯᠦᠭᠡ᠂ ᠠᠷᠠᠳ ᠢᠶᠠᠨ ᠪᠠᠶᠠᠵᠢᠭᠤᠯᠵᠣ᠂ ᠬᠤᠰᠢᠭᠤ ᠪᠠᠨ ᠬᠦᠴᠦᠷᠭᠡᠭᠵᠢᠬᠦᠯᠬᠦ ᠰᠢᠨ᠎ᠡ ᠬᠠᠭᠤᠳᠠᠰᠣ ᠶᠢ ᠪᠢᠴᠢᠭᠯᠡᠬᠦ ᠳᠤ ᠰᠢᠨ᠎ᠡ ᠪᠠᠷ ᠨᠡᠩ ᠶᠡᠭᠡ ᠬᠤᠪᠢ ᠨᠡᠮᠡᠷᠢ ᠭᠠᠷᠭᠠᠰᠣᠭᠠᠢ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号