ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢᠨ ᠲᠤᠭᠳᠠᠭᠠᠯ
ᠨᠡᠶᠢᠲᠡᠯᠡᠭᠰᠡᠨ ᠴᠠᠭ᠄
2018-06-05
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ   ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢᠨ ᠲᠤᠭᠳᠠᠭᠠᠯ                                        201 ᠳ᠋ᠤᠭᠠᠷ ᠨᠤᠮᠧᠷᠳᠦ         ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ   ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢᠨ ᠲᠤᠭᠳᠠᠭᠠᠯ︾ ᠢ ᠨᠢᠭᠡᠨᠳᠡ 2014 ᠤᠨ ᠤ  3 ᠰᠠᠷ᠎ᠠ ᠶᠢᠨ 24 ᠤ ᠡᠳᠦᠷ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠦᠷᠪᠡᠳᠦᠭᠡᠷ   ᠤᠳᠠᠭᠠᠨ ᠤ ᠪᠠᠶᠢᠩᠭᠤ ᠶᠢᠨ ᠬᠤᠷᠠᠯ ᠠᠴᠠ ᠬᠢᠨᠠᠨ ᠪᠠᠳᠤᠯᠠᠵᠦ᠂ ᠤᠳᠤ ᠨᠡᠶᠢᠳᠡᠯᠡᠵᠦ᠂ 2014 ᠤᠨ ᠤ 6 ᠰᠠᠷ᠎ᠠ ᠶᠢᠨ  1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠠ᠃ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ 2014 ᠤᠨ ᠤ 4 ᠰᠠᠷ᠎ᠠ ᠶᠢᠨ 11 ᠤ ᠡᠳᠦᠷ           ᠨᠢᠭᠡᠳᠦᠭᠡᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ ᠠᠮᠦᠷ   ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠂ ᠭᠠᠯ ᠤᠨ ᠠᠶᠤᠯ ᠪᠠ ᠭᠠᠯ ᠤᠨ ᠠᠶᠤᠯ ᠤᠨ ᠬᠤᠤᠷ ᠬᠦᠨᠦᠭᠡᠯ ᠢ   ᠤᠷᠢᠳᠴᠢᠯᠡᠨ ᠰᠡᠷᠭᠡᠶᠢᠯᠡᠵᠦ᠂ ᠬᠦᠮᠦᠨ ᠪᠤᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ᠂   ︽ᠪᠦᠬᠦᠳᠡ ᠨᠠᠢᠷᠠᠮᠳᠠᠬᠤ ᠲᠤᠮᠳᠠᠳᠦ ᠠᠷᠠᠳ ᠤᠯᠤᠰ ᠤᠨ ᠭᠠᠯ ᠰᠡᠷᠭᠡᠶᠢᠯᠡᠬᠦ ᠬᠠᠤᠯᠢ ︾᠂ ︽ᠦᠪᠦᠷ ᠮᠤᠩᠭᠤᠯ ᠤᠨ   ᠦᠪᠡᠷᠳᠡᠭᠡᠨ ᠵᠠᠰᠠᠬᠤ ᠤᠷᠤᠨ ᠤ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠲᠤᠭᠳᠠᠭᠠᠯ ᠢ ᠦᠨᠳᠦᠰᠦᠯᠡᠨ᠂   ᠦᠪᠡᠷᠳᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠲᠠᠢ ᠤᠶᠠᠯᠳᠤᠭᠤᠯᠵᠦ᠂ ᠲᠤᠰ ᠲᠤᠭᠳᠠᠭᠠᠯ ᠢ ᠲᠤᠭᠳᠠᠭᠠᠪᠠ᠃           ᠬᠤᠶᠠᠳᠤᠭᠠᠷ ᠵᠤᠷᠪᠤᠰ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ   ᠬᠡᠪᠴᠢᠶᠡᠨ ᠳᠤ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ   ᠬᠠᠮᠢᠶᠠᠷᠤᠯᠳᠠ ᠳᠤ ᠲᠤᠰ ᠲᠤᠭᠳᠠᠭᠠᠯ ᠢ ᠭᠡᠷᠡᠭᠯᠡᠨ᠎ᠠ᠃         ᠭᠤᠷᠪᠠᠳᠤᠭᠠᠷ ᠵᠤᠷᠪᠤᠰ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ   ᠲᠤᠳᠤᠭᠠᠳᠦ ᠶᠢ ᠬᠠᠮᠭᠠᠯᠠᠬᠤ ᠪᠠᠶᠢᠭᠤᠯᠤᠯᠭ᠎ᠠ ᠲᠤᠰ ᠵᠠᠰᠠᠭ ᠵᠠᠬᠢᠷᠭᠠᠨ ᠤ ᠬᠡᠪᠴᠢᠶᠡᠨ ᠲᠤᠳᠤᠷᠠᠬᠢ ᠭᠠᠯ ᠤᠨ ᠠᠶᠤᠯ   ᠭᠠᠷᠬᠤ ᠠᠶᠤᠯ ᠲᠦᠭᠰᠢᠭᠦᠷᠢᠳᠡᠢ ᠨᠢᠭᠡᠴᠡ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠬᠢᠨᠠᠨ ᠬᠠᠮᠢᠶᠠᠷᠤᠯᠳᠠ ᠬᠢᠬᠦ ᠶᠢᠨ   ᠬᠠᠮᠳᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ   ᠨᠢᠭᠡᠴᠡ ᠶᠢᠨ ᠭᠠᠯ ᠢ ᠰᠡᠷᠭᠡᠶᠢᠯᠡᠬᠦ ᠪᠠᠶᠢᠭᠤᠯᠤᠮᠵᠢ ᠠᠴᠠ ᠪᠤᠳᠠᠳᠠᠢ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ   ᠮᠦᠴᠢᠷ ᠠᠴᠠ ᠦᠪᠡᠷ ᠤᠨ ᠡᠭᠦᠷᠭᠡ ᠲᠤᠰᠢᠶᠠᠯ ᠤᠨ ᠬᠦᠷᠢᠶ᠎ᠡ ᠬᠡᠪᠴᠢᠶᠡᠨ ᠳᠤ ᠭᠠᠯ ᠤᠨ ᠠᠶᠤᠯ ᠭᠠᠷᠬᠤ ᠠᠶᠤᠯ   ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃         ᠲᠦᠷᠪᠡᠳᠦᠭᠡᠷ ᠵᠤᠷᠪᠤᠰ᠂ ᠲᠤᠤᠷᠠᠬᠢ ᠨᠦᠬᠦᠴᠡᠯ ᠳᠤ ᠨᠡᠶᠢᠴᠡᠭᠰᠡᠨ ᠬᠦᠮᠦᠨ ᠤᠯᠠᠨ ᠴᠤᠭᠯᠠᠷᠠᠬᠤ ᠭᠠᠵᠠᠷ ᠪᠤᠶᠤ   ᠨᠢᠭᠡᠴᠡ ᠶᠢ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠳᠤ ᠬᠠᠷᠢᠶᠠᠯᠠᠭᠳᠠᠨ᠎ᠠ᠄       ︵ᠨᠢᠭᠡ︶ ᠪᠠᠷᠢᠯᠭ᠎ᠠ ᠶᠢᠨ ᠲᠠᠯᠠᠪᠠᠢ ᠨᠢ 2 ᠲᠦᠮᠡᠨ ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠪᠤᠶᠤ 1 ᠲᠦᠮᠡᠨ   ᠬᠦᠮᠦᠨ ᠠᠴᠠ ᠲᠡᠭᠡᠭᠰᠢ ᠬᠦᠮᠦᠨ ᠪᠠᠭᠳᠠᠬᠤ ᠪᠡᠶ᠎ᠠ ᠲᠠᠮᠢᠷ ᠤᠨ ᠲᠠᠯᠠᠪᠤᠷ ︵ᠤᠷᠳᠤᠨ︶᠂ ᠤᠯᠠᠨ ᠨᠡᠶᠢᠳᠡ ᠶᠢᠨ   ᠦᠵᠡᠰᠭᠦᠯᠡᠩ ᠤᠨ ᠤᠷᠳᠤᠨ᠂ ᠮᠦᠽᠸᠢ︔       ︵ᠬᠤᠶᠠᠷ︶ ᠨᠢᠭᠡ ᠲᠠᠪᠬᠤᠷ ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠪᠤᠶᠤ   ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 5 ᠲᠦᠮᠡᠨ ᠲᠡᠭᠰᠢ ᠲᠦᠷᠪᠡᠯᠵᠢᠨ ᠮᠧᠳ᠋ᠷ ᠠᠴᠠ ᠶᠡᠭᠡ ᠪᠤᠯᠬᠤ ᠭᠠᠵᠠᠷ ᠲᠡᠭᠡᠷᠡᠬᠢ   ᠬᠤᠳᠠᠯᠳᠤᠭᠠᠨ ᠤ ᠭᠠᠵᠠᠷ᠂ ᠵᠠᠬ᠎ᠠ ᠲᠡᠯᠭᠡᠭᠦᠷ᠂ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 3000 ᠲᠡᠭᠰᠢ ᠲᠦᠷᠪᠡᠯᠵᠢᠨ   ᠮᠧᠳ᠋ᠷ ᠠᠴᠠ ᠲᠡᠭᠡᠭᠰᠢ ᠭᠠᠵᠠᠷ ᠲᠤᠤᠷᠠᠬᠢ ᠬᠤᠳᠠᠯᠳᠤᠭᠠᠨ ᠤ ᠭᠠᠵᠠᠷ᠂ ᠵᠠᠬ᠎ᠠ ᠲᠡᠯᠭᠡᠭᠦᠷ︔       ︵ᠭᠤᠷᠪᠠ︶ ᠪᠠᠷᠢᠯᠭ᠎ᠠ ᠶᠢᠨ ᠲᠠᠯᠠᠪᠠᠢ ᠨᠢ 1 ᠲᠦᠮᠡᠨ ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠪᠤᠶᠤ 5000   ᠬᠦᠮᠦᠨ ᠠᠴᠠ ᠲᠡᠭᠡᠭᠰᠢ ᠬᠦᠮᠦᠨ ᠪᠠᠭᠳᠠᠭᠠᠬᠤ ᠠᠶᠠᠨᠴᠢᠳ ᠤᠨ ᠮᠠᠰᠢᠨ ᠲᠡᠷᠭᠡᠨ ᠦᠷᠳᠡᠭᠡ ᠶᠢᠨ ᠲᠡᠷᠭᠡ ᠬᠦᠯᠢᠶᠡᠬᠦ ᠭᠠᠵᠠᠷ  ᠂ ᠠᠶᠠᠨᠴᠢᠳ ᠤᠨ ᠬᠦᠯᠭᠡ ᠤᠩᠭᠤᠴᠠ ᠶᠢᠨ ᠭᠠᠷᠠᠮ ᠤᠨ ᠤᠩᠭᠤᠴᠠ ᠬᠦᠯᠢᠶᠡᠬᠦ ᠲᠠᠩᠬᠢᠮ᠂ ᠠᠷᠠᠳ ᠤᠨ ᠬᠡᠷᠡᠭᠯᠡᠭᠡᠨ ᠤ   ᠨᠢᠰᠭᠡᠯ ᠤᠨ ᠪᠠᠭᠤᠳᠠᠯ ᠤᠨ ᠠᠶᠠᠯᠠᠯ ᠤᠨ ᠦᠷᠳᠡᠭᠡ ᠶᠢᠨ ᠠᠰᠠᠷ︔       ︵ᠲᠦᠷᠪᠡ︶ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 3000 ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠤᠯᠠᠨ   ᠨᠡᠶᠢᠳᠡ ᠶᠢᠨ ᠨᠤᠮ ᠪᠢᠴᠢᠭ ᠦᠵᠡᠬᠦ ᠦᠷᠦᠭᠡ᠂ ᠬᠦᠳᠡᠯᠮᠦᠷᠢ ᠬᠦᠴᠦ ᠨᠢᠭᠳᠠᠷᠠᠭᠰᠠᠨ ᠬᠡᠯᠪᠡᠷᠢ ᠶᠢᠨ ᠠᠵᠦ ᠠᠬᠤᠢᠢᠯᠠᠯ ᠤᠨ   ᠦᠢᠯᠡᠳᠪᠦᠷᠢᠯᠡᠯ ᠤᠨ ᠲᠠᠰᠤᠭ︔     ︵ᠲᠠᠪᠤ︶ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 2500 ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠱᠠᠰᠢᠨ   ᠰᠤᠷᠳᠠᠬᠤᠨ ᠤ ᠠᠵᠢᠯᠯᠠᠭᠠᠨ ᠤ ᠲᠠᠯᠠᠪᠤᠷ︔       ︵ᠵᠢᠷᠭᠤᠭ᠎ᠠ︶ ᠵᠤᠴᠢᠨ ᠤ ᠦᠷᠦᠭᠡ ᠶᠢᠨ ᠲᠤᠭ᠎ᠠ 300 ᠠᠴᠠ ᠲᠡᠭᠡᠭᠰᠢ ᠪᠦᠭᠡᠳ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ  3 ᠲᠦᠮᠡᠨ ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠵᠤᠴᠢᠨ ᠤᠨ ᠪᠠᠭᠤᠳᠠᠯ︔       ︵ᠲᠤᠯᠤᠭ᠎ᠠ︶ ᠪᠠᠷᠢᠯᠭ᠎ᠠ ᠶᠢᠨ ᠶᠡᠷᠦᠩᠭᠡᠢ ᠲᠠᠯᠠᠪᠠᠢ ᠨᠢ 2000 ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠭᠠᠵᠠᠷ   ᠲᠡᠭᠡᠷᠡᠬᠢ ᠲᠠᠭᠤᠤ ᠪᠦᠵᠢᠭ ᠺᠢᠨᠣ᠋ ᠲᠠᠯᠪᠢᠬᠤ ᠨᠠᠶᠢᠷ ᠨᠠᠭᠠᠳᠤᠮ ᠤᠨ ᠭᠠᠵᠠᠷ︔           ︵ᠨᠠᠢᠮᠠ︶ ᠤᠷᠤ ᠶᠢᠨ ᠲᠤᠭ᠎ᠠ 500 ᠠᠴᠠ ᠲᠡᠭᠡᠭᠰᠢ ᠡᠮᠨᠡᠯᠭᠡ ᠶᠢᠨ ᠬᠤᠷᠢᠶ᠎ᠠ ᠪᠤᠶᠤ ᠰᠤᠪᠢᠯᠠᠯᠳᠠ ᠶᠢᠨ ᠭᠠᠵᠠᠷ᠂ ᠠᠵᠦ   ᠠᠬᠤᠢᠢᠯᠠᠯ ᠤᠨ ᠠᠵᠢᠯᠳᠠᠨ ᠤ ᠪᠠᠶᠢᠷᠢ ᠶᠢᠨ ᠭᠡᠷ︔       ︵ᠶᠢᠰᠦ︶ ᠤᠷᠤ ᠶᠢᠨ ᠲᠤᠭ᠎ᠠ 200 ᠠᠴᠠ ᠲᠡᠭᠡᠭᠰᠢ ᠬᠡᠤᠭᠡᠳ ᠠᠰᠠᠷᠠᠬᠤ ᠭᠠᠵᠠᠷ᠂ ᠬᠡᠤᠭᠡᠳ ᠤᠨ ᠴᠡᠴᠡᠷᠯᠢᠭ᠂   ᠨᠠᠰᠤᠳᠠᠨ ᠢ ᠠᠰᠠᠷᠠᠬᠤ ᠬᠦᠷᠢᠶᠡᠯᠡᠩ᠂ ᠠᠰᠠᠷᠠᠮᠵᠢ ᠶᠢᠨ ᠬᠦᠷᠢᠶᠡᠯᠡᠩ᠂ ᠰᠠᠭᠤᠭᠠᠯᠢ ᠲᠦᠷᠢᠮ ᠤᠨ ᠰᠤᠷᠭᠠᠭᠤᠯᠢ᠃           ᠲᠠᠪᠤᠳᠤᠭᠠᠷ ᠵᠤᠷᠪᠤᠰ᠂ ᠲᠤᠤᠷᠠᠬᠢ ᠨᠦᠬᠦᠴᠡᠯ ᠳᠤ ᠨᠡᠶᠢᠴᠡᠭᠰᠠᠨ ᠨᠤᠴᠤᠮᠠᠳᠠᠭᠠᠢ ᠲᠡᠰᠦᠷᠡᠮᠡᠳᠡᠭᠡᠢ ᠡᠳ᠋ ᠪᠤᠳᠠᠰ   ᠪᠠᠶᠢᠭ᠎ᠠ ᠲᠠᠯᠠᠪᠤᠷ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠳᠤ ᠬᠠᠷᠢᠶᠠᠯᠠᠭᠳᠠᠨ᠎ᠠ᠄       ︵ᠨᠢᠭᠡ︶ ᠶᠡᠷᠦᠩᠭᠡᠢ ᠬᠠᠳᠠᠭᠠᠯᠠᠮᠵᠢ ᠶᠢᠨ ᠬᠡᠮᠵᠢᠶ᠎ᠠ 1 ᠲᠦᠮᠡᠨ ᠪᠤᠰᠤᠭ᠎ᠠ ᠲᠦᠷᠪᠡᠯᠵᠢᠨ ᠮᠧᠳ᠋ᠷ ᠠᠴᠠ ᠲᠡᠭᠡᠭᠰᠢ ᠮᠧᠲ᠋ᠢᠯ᠂   ᠡᠲ᠋ᠢᠯ ᠤᠨ ᠲᠦᠷᠦᠯ ᠤᠨ ᠨᠤᠴᠤᠮᠠᠳᠠᠭᠠᠢ ᠬᠡᠢ ᠪᠡᠶᠡᠳᠦ ᠦᠢᠯᠡᠳᠪᠦᠷᠢᠯᠡᠬᠦ᠂ ᠴᠡᠨᠡᠭᠯᠡᠬᠦ᠂ ᠬᠠᠳᠠᠭᠠᠯᠠᠬᠤ᠂ ᠪᠤᠷᠤᠯᠠᠭᠤᠯᠬᠤ   ᠭᠠᠵᠠᠷ︔         ︵ᠬᠤᠶᠠᠷ︶ ᠶᠡᠷᠦᠩᠭᠡᠢ ᠬᠠᠳᠠᠭᠠᠯᠠᠮᠵᠢ ᠶᠢᠨ ᠬᠡᠮᠵᠢᠶ᠎ᠠ 3 ᠲᠦᠮᠡᠨ ᠪᠤᠰᠤᠭ᠎ᠠ ᠲᠦᠷᠪᠡᠯᠵᠢᠨ ᠮᠧᠳ᠋ᠷ ᠠᠴᠠ ᠲᠡᠭᠡᠭᠰᠢ ᠮᠧᠲ᠋ᠢᠯ  ᠂ ᠡᠲ᠋ᠢᠯ ᠤᠨ ᠲᠦᠷᠦᠯ ᠤᠨ ᠨᠤᠴᠤᠮᠠᠳᠠᠭᠠᠢ ᠰᠢᠩᠭᠡᠨ ᠪᠡᠶᠡᠳᠦ ᠦᠢᠯᠡᠳᠪᠦᠷᠢᠯᠡᠬᠦ᠂ ᠲᠠᠭᠯᠠᠬᠤ᠂ ᠬᠠᠳᠠᠭᠠᠯᠠᠬᠤ᠂   ᠪᠤᠷᠤᠯᠠᠭᠤᠯᠬᠤ ᠭᠠᠵᠠᠷ︔       ︵ᠭᠤᠷᠪᠠ︶ ᠲᠠᠩ ᠭᠠᠭᠴᠠ ᠪᠠᠷᠢᠯᠭ᠎ᠠ ᠶᠢᠨ ᠲᠠᠯᠠᠪᠠᠢ ᠨᠢ 3000 ᠲᠡᠭᠰᠢ ᠲᠦᠷᠪᠡᠯᠵᠢᠨ ᠮᠧᠳ᠋ᠷ ᠠᠴᠠ ᠲᠡᠭᠡᠭᠰᠢ ᠮᠧᠲ᠋ᠢᠯ᠂ ᠡᠲ᠋ᠢᠯ ᠤᠨ ᠲᠦᠷᠦᠯ ᠤᠨ ᠨᠤᠴᠤᠮᠠᠳᠠᠭᠠᠢ ᠬᠠᠳᠠᠭᠤ ᠪᠡᠶᠡᠳᠦ᠂ ᠨᠤᠴᠤᠮᠠᠳᠠᠭᠠᠢ ᠰᠢᠷᠭᠡᠭᠯᠢᠭ ᠦᠢᠯᠡᠳᠪᠦᠷᠢᠯᠡᠬᠦ᠂ ᠴᠡᠨᠡᠭᠯᠡᠬᠦ᠂   ᠬᠠᠳᠠᠭᠠᠯᠠᠬᠤ᠂ ᠪᠤᠷᠤᠯᠠᠭᠤᠯᠬᠤ ᠭᠠᠵᠠᠷ᠃           ᠵᠢᠷᠭᠤᠳᠤᠭᠠᠷ ᠵᠤᠷᠪᠤᠰ᠂ ᠲᠠᠩ ᠭᠠᠭᠴᠠ ᠪᠠᠷᠢᠯᠭ᠎ᠠ ᠶᠢᠨ ᠲᠠᠯᠠᠪᠠᠢ ᠨᠢ 5 ᠲᠦᠮᠡᠨ ᠲᠡᠭᠰᠢ ᠲᠦᠷᠪᠡᠯᠵᠢᠨ ᠮᠧᠳ᠋ᠷ ᠠᠴᠠ   ᠲᠡᠭᠡᠭᠰᠢ ᠪᠤᠶᠤ ᠪᠠᠷᠢᠯᠭ᠎ᠠ ᠶᠢᠨ ᠦᠨᠳᠦᠷ ᠤᠨ ᠬᠡᠮᠵᠢᠶ᠎ᠠ ᠨᠢ 100 ᠮᠧᠳ᠋ᠷ ᠠᠴᠠ ᠲᠡᠭᠡᠭᠰᠢ ᠦᠨᠳᠦᠷ ᠲᠠᠪᠬᠤᠷᠭ᠎ᠠ ᠶᠢᠨ   ᠤᠯᠠᠨ ᠨᠡᠶᠢᠳᠡ ᠶᠢᠨ ᠪᠠᠷᠢᠯᠭ᠎ᠠ ᠪᠤᠯ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠳᠤ ᠬᠠᠷᠢᠶᠠᠯᠠᠭᠳᠠᠨ᠎ᠠ᠃           ᠲᠤᠯᠤᠳᠤᠭᠠᠷ ᠵᠤᠷᠪᠤᠰ᠂ ᠲᠤᠤᠷᠠᠬᠢ ᠨᠦᠬᠦᠴᠡᠯ ᠤᠨ ᠨᠢᠭᠡ ᠳᠤ ᠨᠡᠶᠢᠴᠡᠭᠰᠡᠨ ᠪᠤᠰᠤᠳ ᠭᠠᠵᠠᠷ ᠪᠤᠶᠤ ᠨᠢᠭᠡᠴᠡ ᠭᠠᠯ   ᠭᠠᠷᠬᠤ ᠠᠶᠤᠯ ᠲᠦᠭᠰᠢᠭᠦᠷᠢᠳᠡᠢ ᠨᠢᠭᠡᠴᠡ ᠳᠤ ᠬᠠᠷᠢᠶᠠᠯᠠᠭᠳᠠᠨ᠎ᠠ᠄         ︵ᠨᠢᠭᠡ︶ ᠠᠮᠦ ᠪᠤᠳᠠᠭᠠᠨ ᠤ ᠪᠦᠳᠦᠮᠵᠢᠳᠡᠢ ᠬᠦᠮᠦᠷᠭᠡᠯᠡᠬᠦ ᠪᠠᠭᠳᠠᠭᠠᠮᠵᠢ ᠶᠢᠨ ᠬᠡᠮᠵᠢᠶ᠎ᠠ ᠨᠢ 10 ᠲᠦᠮᠡᠨ ᠲᠤᠨ ᠠᠴᠠ   ᠲᠡᠭᠡᠭᠰᠢ ᠪᠤᠶᠤ ᠢᠳᠡᠭᠡᠨ ᠤ ᠲᠤᠰᠦ ᠶᠢᠨ ᠪᠦᠳᠦᠮᠵᠢᠳᠡᠢ ᠰᠠᠪᠠᠯᠠᠬᠤ ᠪᠠᠭᠳᠠᠭᠠᠮᠵᠢ ᠶᠢᠨ ᠬᠡᠮᠵᠢᠶ᠎ᠠ 5000 ᠲᠤᠨ ᠠᠴᠠ   ᠲᠡᠭᠡᠭᠰᠢ ᠠᠮᠦ ᠪᠤᠳᠠᠭ᠎ᠠ ᠢᠳᠡᠭᠡᠨ ᠤ ᠲᠤᠰᠦ ᠶᠢᠨ ᠬᠦᠮᠦᠷᠭᠡ︔         ︵ᠬᠤᠶᠠᠷ︶ ᠬᠤᠳᠠ ᠶᠢᠨ ᠲᠤᠭᠤᠷᠢᠯ ᠵᠠᠮ ᠤᠨ ᠭᠠᠵᠠᠷ ᠲᠤᠤᠷᠠᠬᠢ ᠬᠡᠰᠡᠭ︔         ︵ᠭᠤᠷᠪᠠ︶ ᠤᠷᠳᠦ ᠶᠢᠨ ᠬᠡᠮᠵᠢᠶ᠎ᠠ 1500 ᠮᠧᠳ᠋ᠷ ᠠᠴᠠ ᠲᠡᠭᠡᠭᠰᠢ ᠲᠡᠭᠡᠳᠦ ᠬᠤᠷᠳᠤᠴᠠᠳᠦ ᠵᠠᠰᠠᠮᠠᠯ ᠵᠠᠮ ᠤᠨ   ᠨᠦᠭᠡᠨ ᠵᠠᠮ︔         ︵ᠲᠦᠷᠪᠡ︶ ᠪᠠᠷᠢᠯᠭ᠎ᠠ ᠶᠢᠨ ᠭᠠᠯ ᠲᠠᠭᠠᠭᠠᠮᠠᠭᠠᠢ ᠴᠢᠨᠠᠷ ᠨᠢ ᠭᠤᠷᠪᠠᠳᠤᠭᠠᠷ ᠲᠡᠰ ᠠᠴᠠ ᠲᠤᠷᠤᠭᠰᠢ ᠪᠤᠯᠬᠤ ᠤᠯᠤᠰ᠂   ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠲᠡᠤᠭᠡ ᠶᠢᠨ ᠲᠤᠷᠠᠰᠬᠠᠯᠳᠦ ᠵᠦᠢᠯ ᠢ ᠬᠠᠮᠠᠭᠠᠯᠠᠬᠤ ᠨᠢᠭᠡᠴᠡ᠃           ᠨᠠᠢᠮᠠᠳᠤᠭᠠᠷ ᠵᠤᠷᠪᠤᠰ᠂ ᠭᠠᠯ ᠤᠨ ᠠᠶᠤᠯ ᠭᠠᠷᠬᠤ ᠲᠦᠭᠰᠢᠭᠦᠷᠢᠳᠡᠢ ᠨᠢᠭᠡᠴᠡ ᠲᠤᠤᠷᠠᠬᠢ ᠮᠡᠳᠦ ᠶᠢᠨ ᠭᠠᠯ ᠰᠡᠷᠭᠡᠶᠢᠯᠡᠬᠦ   ᠢᠯᠭᠠᠬᠤ ᠲᠡᠮᠳᠡᠭ ᠲᠤᠬᠢᠷᠠᠭᠤᠯᠬᠤ ᠬᠡᠷᠡᠭᠳᠡᠢ᠄       ︵ᠨᠢᠭᠡ︶ ᠴᠠᠭᠠᠵᠠᠯᠠᠬᠤ ᠢᠯᠭᠠᠬᠤ ᠲᠡᠮᠳᠡᠭ︔       ︵ᠬᠤᠶᠠᠷ︶ ᠰᠡᠷᠡᠮᠵᠢᠯᠡᠬᠦᠯᠬᠦ ᠢᠯᠭᠠᠬᠤ ᠲᠡᠮᠳᠡᠭ︔       ︵ᠭᠤᠷᠪᠠ︶ ᠵᠢᠭᠠᠪᠤᠷᠢ ᠶᠢᠨ ᠢᠯᠭᠠᠬᠤ ᠲᠡᠮᠳᠡᠭ︔       ︵ᠲᠦᠷᠪᠡ︶ ᠰᠠᠨᠠᠭᠤᠯᠬᠤ ᠢᠯᠭᠠᠬᠤ ᠲᠡᠮᠳᠡᠭ︔     ︵ᠲᠠᠪᠤ︶ ᠪᠤᠰᠤᠳ ᠢᠯᠭᠠᠬᠤ ᠲᠡᠮᠳᠡᠭ᠃           ᠶᠢᠰᠦᠳᠦᠭᠡᠷ ᠵᠤᠷᠪᠤᠰ᠂ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠪᠠᠷᠢᠯᠭ᠎ᠠ ᠶᠢᠨ ᠭᠠᠯ ᠰᠡᠷᠭᠡᠶᠢᠯᠡᠬᠦ   ᠵᠢᠷᠤᠵᠦ ᠲᠦᠯᠦᠪᠯᠡᠭᠰᠡᠨ ᠬᠡᠪᠴᠢᠶᠡᠨ ᠤ ᠭᠠᠯ ᠰᠡᠷᠭᠡᠶᠢᠯᠡᠬᠦ ᠲᠡᠷᠭᠡ ᠶᠢᠨ ᠵᠠᠮ᠂ ᠭᠠᠯ ᠰᠡᠷᠭᠡᠶᠢᠯᠡᠬᠦ ᠵᠠᠢ᠂ ᠭᠠᠯ ᠰᠡᠷᠭᠡᠶᠢᠯᠡᠬᠦ   ᠲᠡᠷᠭᠡ ᠶᠢᠨ ᠦᠨᠳᠦᠷ ᠭᠠᠷᠬᠤ ᠠᠵᠢᠯᠯᠠᠬᠤ ᠲᠠᠪᠴᠠᠩ ᠳᠤ ᠰᠠᠨᠠᠭᠤᠯᠬᠤ ᠢᠯᠭᠠᠬᠤ ᠲᠡᠮᠳᠡᠭ ᠲᠤᠬᠢᠷᠠᠭᠤᠯᠬᠤ ᠬᠡᠷᠡᠭᠳᠡᠢ᠂   ᠶᠠᠮᠠᠷᠪᠠ ᠨᠢᠭᠡᠴᠡ ᠪᠠ ᠬᠤᠪᠢ ᠬᠦᠮᠦᠨ ᠡᠵᠡᠯᠡᠨ ᠬᠡᠷᠡᠭᠯᠡᠵᠦ ᠪᠤᠯᠬᠤ ᠦᠭᠡᠢ᠃           ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠱᠠᠳᠦ ᠶᠢᠨ ᠬᠤᠭᠤᠷᠤᠨᠳᠦ᠂ ᠡᠮᠦᠨ᠎ᠡ ᠦᠷᠦᠭᠡ ᠂   ᠠᠶᠤᠯ ᠠᠴᠠ ᠵᠠᠶᠢᠯᠠᠬᠤ ᠲᠠᠪᠬᠤᠷᠭ᠎ᠠ ︵ᠦᠷᠦᠭᠡ︶᠂ ᠵᠠᠶᠢᠯᠠᠭᠤᠯᠬᠤ ᠵᠠᠮ ᠪᠠ ᠠᠶᠤᠯᠬᠦᠢ ᠭᠠᠷᠬᠤ ᠵᠠᠮ ᠲᠡᠭᠡᠷ᠎ᠠ ᠠᠮᠢ   ᠵᠢᠭᠤᠳᠠᠬᠤ ᠪᠠ ᠭᠠᠯ ᠤᠨᠳᠠᠷᠠᠭᠠᠵᠦ ᠠᠪᠤᠷᠠᠨ ᠲᠤᠰᠠᠯᠠᠬᠤ ᠶᠢ ᠬᠠᠷᠰᠢᠯᠠᠬᠤ ᠰᠠᠭᠠᠳ ᠲᠤᠤᠬᠠᠷ ᠲᠤᠬᠢᠷᠠᠭᠤᠯᠬᠤ ᠶᠢ   ᠴᠠᠭᠠᠵᠠᠯᠠᠬᠤ ᠶᠢᠨ ᠬᠠᠮᠳᠦ ᠰᠡᠷᠡᠮᠵᠢᠯᠡᠬᠦᠯᠬᠦ᠂ ᠴᠠᠭᠠᠵᠠᠯᠠᠬᠤ ᠢᠯᠭᠠᠬᠤ ᠲᠡᠮᠳᠡᠭ ᠲᠤᠬᠢᠷᠠᠭᠤᠯᠬᠤ ᠬᠡᠷᠡᠭᠳᠡᠢ᠃         ᠠᠷᠪᠠᠳᠤᠭᠠᠷ ᠵᠤᠪᠤᠷᠰ᠂ ᠭᠠᠯ ᠤᠨ ᠠᠶᠤᠯ ᠭᠠᠷᠬᠤ ᠠᠶᠤᠯ ᠲᠦᠩᠰᠢᠬᠦᠷᠢᠳᠡᠢ ᠨᠢᠭᠡᠴᠡ ᠭᠠᠯ ᠤᠨ ᠠᠶᠤᠯ ᠤᠨ   ᠠᠶᠤᠯᠳᠠᠢ ᠴᠢᠨᠠᠷ ᠢ ᠦᠨᠳᠦᠰᠦᠯᠡᠨ ᠭᠠᠯ ᠴᠡᠭᠠᠵᠠᠯᠠᠬᠤ᠂ ᠲᠠᠮᠠᠬᠢ ᠴᠠᠭᠠᠵᠠᠯᠠᠬᠤ ᠭᠠᠵᠠᠷ ᠤᠷᠤᠨ ᠬᠤᠪᠢᠶᠠᠷᠯᠠᠬᠤ ᠶᠢᠨ   ᠬᠠᠮᠳᠦ ᠰᠡᠷᠡᠮᠵᠢᠯᠡᠬᠦᠯᠬᠦ ᠢᠯᠭᠠᠬᠤ ᠲᠡᠮᠳᠡᠭ ᠲᠤᠬᠢᠷᠠᠭᠤᠯᠬᠤ ᠬᠡᠷᠡᠭᠳᠡᠢ᠃     ᠨᠤᠴᠤᠮᠠᠳᠠᠭᠠᠢ ᠲᠡᠰᠦᠷᠡᠮᠡᠳᠡᠭᠡᠢ ᠡᠳ᠋ ᠪᠤᠳᠠᠰ ᠦᠢᠯᠡᠳᠪᠦᠷᠢᠯᠡᠬᠦ᠂ ᠭᠠᠳᠠᠭᠠᠯᠠᠬᠤ᠂ ᠡᠵᠡᠩᠨᠡᠵᠦ ᠪᠠᠶᠢᠭ᠎ᠠ ᠭᠠᠯ ᠤᠨ   ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠠᠴᠠ ᠲᠠᠯᠪᠡᠷᠡᠬᠦ ᠪᠠ ᠭᠠᠯ ᠤᠨ ᠠᠶᠤᠯ ᠤᠨ ᠠᠶᠤᠯ ᠲᠦᠭᠰᠢᠭᠦᠷᠢᠳᠡᠢ   ᠭᠠᠵᠠᠷ ᠤᠷᠤᠨ ᠬᠤᠪᠢᠶᠠᠷᠯᠠᠬᠤ ᠶᠢᠨ ᠬᠠᠮᠳᠦ ᠰᠡᠷᠡᠮᠵᠢᠯᠡᠬᠦᠯᠬᠦ ᠢᠯᠭᠠᠬᠤ ᠲᠡᠮᠳᠡᠭ ᠲᠤᠬᠢᠷᠠᠭᠤᠯᠬᠤ ᠬᠡᠷᠡᠭᠳᠡᠢ᠃         ᠠᠷᠪᠠᠨ ᠨᠢᠭᠡᠳᠦᠭᠡᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠠᠴᠠ ᠲᠤᠤᠷᠠᠬᠢ   ᠬᠡᠰᠡᠭ ᠢᠶᠠᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠬᠡᠰᠡᠭ ᠢᠶᠠᠷ ᠲᠤᠭᠳᠠᠭᠠᠬᠤ ᠶᠢᠨ ᠬᠠᠮᠳᠦ ᠰᠠᠨᠠᠭᠤᠯᠬᠤ ᠂ ᠵᠢᠭᠠᠪᠤᠷᠢᠯᠠᠬᠤ   ᠢᠯᠭᠠᠬᠤ ᠲᠡᠮᠳᠡᠭ ᠲᠤᠭᠳᠠᠭᠠᠬᠤ ᠬᠡᠷᠡᠭᠳᠡᠢ᠄         ︵ᠨᠢᠭᠡ︶ ᠨᠤᠴᠤᠮᠠᠳᠠᠭᠠᠢ ᠡᠳ᠋ ᠪᠤᠳᠠᠰ ᠤᠨ ᠬᠦᠮᠦᠷᠭᠡ᠂ ᠬᠤᠳᠠᠯᠳᠤᠭᠠᠨ ᠤ ᠭᠠᠵᠠᠷ᠂ ᠵᠠᠬ᠎ᠠ ᠲᠡᠯᠭᠡᠭᠦᠷ ᠤᠨ   ᠡᠵᠡᠩᠨᠡᠯᠳᠡ ᠶᠢᠨ ᠭᠠᠵᠠᠷ ᠤᠷᠤᠨ︔           ︵ᠬᠤᠶᠠᠷ︶ ᠨᠤᠴᠤᠮᠠᠳᠠᠭᠠᠢ ᠲᠡᠰᠦᠷᠡᠮᠡᠳᠡᠭᠡᠢ ᠡᠳ᠋ ᠪᠤᠳᠠᠰ ᠦᠢᠯᠡᠳᠪᠦᠷᠢᠯᠡᠬᠦ ᠦᠢᠯᠡᠳᠪᠦᠷᠢ ᠶᠢᠨ ᠲᠠᠰᠤᠭ᠂   ᠪᠤᠯᠪᠠᠰᠤᠷᠠᠭᠤᠯᠬᠤ ᠲᠠᠰᠤᠭ᠂ ᠬᠦᠮᠦᠷᠭᠡ᠂ ᠬᠠᠳᠠᠭᠠᠯᠠᠵᠦ ᠰᠠᠪᠠᠯᠠᠬᠤ︔         ︵ᠭᠤᠷᠪᠠ︶ ᠰᠢᠳᠠᠭᠠᠯᠭ᠎ᠠ ᠶᠢᠨ ᠬᠡᠢ᠂ ᠰᠢᠳᠠᠭᠠᠯᠭ᠎ᠠ ᠶᠢᠨ ᠲᠤᠰᠦᠨ ᠳᠤ ᠬᠡᠷᠡᠭᠯᠡᠬᠦ ᠭᠡᠷ᠂ ᠲᠤᠭᠤᠭᠠᠨ ᠭᠡᠷ ᠤᠨ   ᠠᠵᠢᠯᠯᠠᠬᠤ ᠲᠠᠰᠤᠭ︔           ︵ᠲᠦᠷᠪᠡ︶ ᠬᠦᠴᠦᠳᠡᠯ ᠦᠭᠡᠷᠡᠴᠢᠯᠡᠬᠦ ᠴᠠᠬᠢᠯᠭᠠᠨ ᠲᠦᠭᠡᠭᠡᠬᠦ ᠦᠷᠦᠭᠡ᠂ ᠺᠤᠮᠫᠢᠤᠲᠧᠷ ᠶᠢᠨ ᠭᠡᠷ᠂   ᠠᠭᠠᠷᠵᠢᠭᠤᠯᠤᠭᠴᠢ ᠶᠢᠨ ᠮᠠᠰᠢᠨ ᠲᠤᠨᠤᠭ ᠤᠨ ᠭᠡᠷ ᠵᠡᠷᠭᠡ ᠲᠦᠪᠯᠡᠷᠡᠬᠦᠯᠦᠨ ᠴᠠᠬᠢᠯᠭᠠᠨ ᠬᠡᠷᠡᠭᠯᠡᠬᠦ ᠭᠡᠷ︔           ︵ᠲᠠᠪᠤ︶ ᠡᠮᠨᠡᠯᠭᠡ ᠶᠢᠨ ᠬᠤᠷᠢᠶ᠎ᠠ ᠶᠢᠨ ᠦᠨᠳᠦᠷ ᠲᠠᠷᠤᠯᠳᠠ ᠶᠢᠨ ᠬᠦᠴᠢᠯᠳᠦ᠋ᠷᠦᠭᠴᠢ ᠶᠢᠨ ᠦᠷᠦᠭᠡ᠂   ᠬᠦᠴᠢᠯᠳᠦ᠋ᠷᠦᠭᠴᠢ ᠬᠠᠩᠭᠠᠬᠤ ᠦᠷᠳᠡᠭᠡ᠂ ᠲᠤᠷᠰᠢᠯᠳᠠ ᠶᠢᠨ ᠲᠠᠰᠤᠭ᠂ ᠮᠡᠰᠡ ᠵᠠᠰᠤᠯᠭ᠎ᠠ ᠶᠢᠨ ᠲᠠᠰᠤᠯᠭ᠎ᠠ︔         ︵ᠵᠢᠷᠭᠤᠭ᠎ᠠ︶ ᠬᠦᠳᠡᠯᠮᠦᠷᠢ ᠬᠦᠴᠦ ᠨᠢᠭᠳᠠᠷᠠᠭᠰᠠᠨ ᠬᠡᠯᠪᠡᠷᠢ ᠶᠢᠨ ᠠᠵᠦ ᠠᠬᠤᠢᠢᠯᠠᠯ ᠤᠨ ᠦᠢᠯᠡᠳᠪᠦᠷᠢᠯᠡᠵᠦ   ᠪᠤᠯᠪᠠᠰᠤᠷᠠᠭᠤᠯᠬᠤ ᠲᠠᠰᠤᠭ᠂ ᠨᠡᠶᠢᠳᠡ ᠶᠢᠨ ᠪᠠᠶᠢᠷᠢ ᠶᠢᠨ ᠭᠡᠷ︔         ︵ᠲᠤᠯᠤᠭ᠎ᠠ︶ ᠭᠠᠯ ᠰᠡᠷᠭᠡᠶᠢᠯᠡᠬᠦ ᠡᠵᠡᠮᠰᠢᠯ ᠤᠨ ᠦᠷᠦᠭᠡ᠂ ᠭᠠᠯ ᠰᠡᠷᠭᠡᠶᠢᠯᠡᠬᠦ ᠤᠰᠤᠨ ᠰᠢᠬᠠᠭᠤᠷ ᠤᠨ ᠭᠡᠷ ︔         ︵ᠨᠠᠢᠮᠠ︶ ᠠᠶᠤᠯ ᠠᠴᠠ ᠵᠠᠶᠢᠯᠠᠬᠤ ᠲᠠᠪᠬᠤᠷᠭ᠎ᠠ ︵ᠲᠠᠰᠤᠯᠭ᠎ᠠ︶         ︵ᠶᠢᠰᠦ︶ ᠪᠤᠰᠤᠳ ᠭᠠᠯ ᠰᠡᠷᠭᠡᠶᠢᠯᠡᠬᠦ ᠠᠮᠤᠷ ᠲᠦᠪᠰᠢᠨ ᠭᠤᠤᠯᠳᠠᠯᠭ᠎ᠠ ᠲᠠᠢ ᠬᠡᠰᠡᠭ᠃         ᠠᠷᠪᠠᠨ ᠬᠤᠶᠠᠳᠤᠭᠠᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠳᠠᠷ ᠬᠡᠷᠡᠮ ᠤᠨ   ᠲᠤᠯᠠᠭᠠᠨ ᠬᠠᠳᠠᠭᠠᠯᠠᠬᠤ ᠮᠠᠲ᠋ᠧᠷᠢᠶᠠᠯ ᠢ ᠬᠡᠷᠡᠭᠯᠡᠬᠦ ᠳᠡᠭᠡᠨ ᠰᠢᠳᠠᠬᠤ ᠦᠭᠡᠢ ᠮᠠᠲ᠋ᠧᠷᠢᠶᠠᠯ ᠢ ᠬᠡᠷᠡᠭᠯᠡᠬᠦ ᠬᠡᠷᠡᠭᠳᠡᠢ᠃ ᠬᠦᠮᠦᠨ   ᠤᠯᠠᠨ ᠴᠤᠭᠯᠠᠷᠠᠬᠤ ᠭᠠᠵᠠᠷ ᠤᠨ ᠭᠡᠷ ᠤᠨ ᠲᠤᠳᠤᠨᠠᠬᠢ ᠶᠢ ᠵᠠᠰᠠᠵᠦ ᠴᠢᠮᠡᠭᠯᠡᠬᠦ ᠳᠡᠭᠡᠨ ᠰᠢᠳᠠᠬᠤ ᠦᠭᠡᠢ᠂ ᠰᠢᠳᠠᠬᠤ ᠳᠤ   ᠬᠦᠴᠢᠷ ᠮᠠᠲ᠋ᠧᠷᠢᠶᠠᠯ ᠢ ᠬᠡᠷᠡᠭᠯᠡᠬᠦ ᠬᠡᠷᠡᠭᠳᠡᠢ᠃     ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠳᠠᠨᠠᠬᠢ ᠲᠤᠯᠠᠭᠠᠨ ᠬᠠᠳᠠᠭᠠᠯᠠᠬᠤ   ᠰᠢᠰᠲ᠋ᠧᠮ ᠳᠡᠭᠡᠨ ᠬᠠᠤᠯᠢ ᠶᠤᠰᠤᠭᠠᠷ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠤᠨ ᠭᠠᠯ ᠰᠡᠷᠭᠡᠶᠢᠯᠡᠬᠦ ᠵᠢᠷᠤᠭ   ᠲᠦᠯᠦᠪᠯᠡᠭᠡ ᠶᠢᠨ ᠬᠢᠨᠠᠨ ᠲᠤᠭᠳᠠᠭᠠᠬᠤ᠂ ᠰᠢᠯᠭᠠᠨ ᠬᠤᠷᠢᠶᠠᠬᠤ ᠪᠠ ᠲᠡᠩᠰᠠᠨ ᠳᠤ ᠲᠡᠮᠳᠡᠭᠯᠡᠵᠦ ᠰᠤᠩᠭᠤᠨ ᠪᠠᠶᠢᠴᠠᠭᠠᠯᠳᠠ   ᠬᠢᠬᠦ ᠬᠡᠷᠡᠭᠳᠡᠢ᠃         ᠠᠷᠪᠠᠨ ᠭᠤᠷᠪᠠᠳᠤᠭᠠᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ   ᠡᠵᠡᠮᠰᠢᠬᠦ ᠦᠷᠦᠭᠡ 24 ᠴᠠᠭ ᠵᠢᠵᠢᠬᠦᠷᠯᠡᠵᠦ᠂ ᠡᠭᠡᠯᠵᠢ ᠪᠦᠷᠢ 2 ᠬᠦᠮᠦᠨ ᠠᠴᠠ ᠲᠤᠷᠤᠭᠰᠢ ᠪᠠᠶᠢᠵᠦ ᠪᠤᠯᠬᠤ ᠦᠭᠡᠢ᠂   ᠵᠢᠵᠢᠭᠦᠷᠯᠡᠬᠦ ᠬᠦᠮᠦᠰ ᠭᠠᠯ ᠰᠡᠷᠭᠡᠶᠢᠯᠡᠬᠦ ᠡᠵᠡᠮᠰᠢᠬᠦ ᠦᠷᠦᠭᠡ ᠳᠤ ᠠᠵᠢᠯᠯᠠᠬᠤ ᠠᠵᠢᠯ ᠮᠡᠷᠭᠡᠵᠢᠯ ᠤᠨ ᠬᠢᠷᠢ ᠲᠡᠩᠴᠡᠭᠰᠡᠨ   ᠦᠨᠡᠮᠯᠡᠯ ᠪᠠᠶᠢᠬᠤ ᠬᠡᠷᠡᠭᠳᠡᠢ᠃         ᠠᠷᠪᠠᠨ ᠲᠦᠷᠪᠡᠳᠦᠭᠡᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠡᠳᠦᠷ   ᠲᠤᠳᠤᠮ ᠤᠨ ᠭᠠᠯ ᠤᠨ ᠠᠶᠤᠯ ᠰᠡᠷᠭᠡᠶᠢᠯᠡᠬᠦ ᠬᠠᠮᠢᠶᠠᠷᠤᠯᠳᠠ ᠳᠤ ᠲᠤᠤᠷᠠᠬᠢ ᠬᠡᠳᠦᠨ ᠲᠤᠭᠳᠠᠭᠠᠯ ᠢ ᠵᠢᠷᠦᠮᠯᠡᠬᠦ ᠬᠡᠷᠡᠭᠳᠡᠢ᠄           ︵ᠨᠢᠭᠡ︶ ᠡᠳᠦᠷ ᠪᠦᠷᠢ ᠭᠠᠯ ᠰᠡᠷᠭᠡᠶᠢᠯᠡᠬᠦ ᠪᠠᠶᠢᠴᠠᠭᠠᠯᠳᠠ ᠬᠢᠵᠦ᠂ ᠦᠢᠯᠡᠳᠪᠦᠷᠢᠯᠡᠯ᠂ ᠡᠵᠡᠩᠨᠡᠯᠳᠡ ᠶᠢᠨ   ᠬᠤᠭᠤᠴᠠᠭᠠᠨ ᠳᠤ ᠭᠠᠯ ᠰᠡᠷᠭᠡᠶᠢᠯᠡᠬᠦ ᠪᠠᠶᠢᠴᠠᠭᠠᠯᠳᠠ ᠶᠢ ᠬᠠᠮᠤᠭ ᠪᠠᠭ᠎ᠠ ᠳᠠᠭᠠᠨ ᠬᠤᠶᠠᠷ ᠴᠠᠭ ᠲᠤ ᠨᠢᠭᠡ ᠤᠳᠠᠭ᠎ᠠ ᠬᠢᠬᠦ   ᠬᠡᠷᠡᠭᠳᠡᠢ︔         ︵ᠬᠤᠶᠠᠷ︶ ᠰᠠᠷ᠎ᠠ ᠪᠦᠷᠢ ᠨᠢᠭᠡ ᠤᠳᠠᠭ᠎ᠠ ᠪᠦᠬᠦ ᠲᠠᠯ᠎ᠠ ᠶᠢᠨ ᠭᠠᠯ ᠰᠡᠷᠭᠡᠶᠢᠯᠡᠬᠦ ᠠᠮᠦᠷ ᠲᠦᠪᠰᠢᠨ ᠤ ᠪᠠᠶᠢᠴᠠᠭᠠᠯᠳᠠ᠂   ᠪᠠᠷᠢᠯᠭ᠎ᠠ ᠶᠢᠨ ᠭᠠᠯ ᠰᠡᠷᠭᠡᠶᠢᠯᠡᠬᠦ ᠲᠤᠨᠤᠭ ᠲᠦᠬᠦᠭᠡᠷᠦᠮᠵᠢ ᠶᠢ ᠰᠡᠯᠪᠢᠨ ᠵᠠᠰᠠᠵᠦ ᠠᠷᠠᠳᠴᠢᠯᠠᠨ ᠬᠠᠮᠠᠭᠠᠯᠠᠯᠳᠠ ᠬᠢᠬᠦ   ᠬᠡᠷᠡᠭᠳᠡᠢ︔         ︵ᠭᠤᠷᠪᠠ︶ ᠵᠢᠯ ᠪᠦᠷᠢ ᠨᠢᠭᠡ ᠤᠳᠠᠭ᠎ᠠ ᠪᠠᠷᠢᠯᠭ᠎ᠠ ᠶᠢᠨ ᠭᠠᠯ ᠰᠡᠷᠭᠡᠶᠢᠯᠡᠬᠦ ᠲᠤᠨᠤᠭ ᠲᠦᠬᠦᠭᠡᠷᠦᠮᠵᠢ ᠶᠢᠨ   ᠴᠢᠳᠠᠪᠬᠢ ᠶᠢ ᠬᠢᠨᠠᠨ ᠰᠢᠯᠭᠠᠬᠤ ᠬᠡᠷᠡᠭᠳᠡᠢ︔         ︵ᠲᠦᠷᠪᠡ︶ ᠲᠤᠭᠤᠭᠠᠨ ᠭᠡᠷ ᠤᠨ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠬᠠᠮᠤᠭ ᠪᠠᠭ᠎ᠠ ᠳᠠᠭᠠᠨ ᠬᠠᠭᠠᠰ   ᠵᠢᠯ ᠪᠦᠷᠢ ᠨᠢᠭᠡ ᠤᠳᠠᠭ᠎ᠠ ᠲᠤᠭᠤᠭᠠᠨ ᠭᠡᠷ ᠤᠨ ᠤᠳᠠᠭ᠎ᠠ ᠭᠠᠷᠬᠤ ᠵᠠᠮ ᠢ ᠴᠡᠪᠡᠷᠯᠡᠬᠦ ᠬᠡᠷᠡᠭᠳᠡᠢ︔         ︵ᠲᠠᠪᠤ︶ ᠬᠦᠮᠦᠨ ᠤᠯᠠᠨ ᠴᠤᠭᠯᠠᠷᠠᠬᠤ ᠭᠠᠵᠠᠷ ᠵᠢᠯ ᠪᠦᠷᠢ ᠨᠢᠭᠡ ᠤᠳᠠᠭ᠎ᠠ ᠴᠠᠬᠢᠯᠭᠠᠨ ᠬᠡᠢ ᠶᠢᠨ ᠭᠠᠯ ᠰᠡᠷᠭᠡᠶᠢᠯᠡᠬᠦ   ᠬᠢᠨᠠᠨ ᠪᠠᠶᠢᠴᠠᠭᠠᠯᠳᠠ ᠬᠢᠬᠦ ᠬᠡᠷᠡᠭᠳᠡᠢ᠃       ᠠᠷᠪᠠᠨ ᠲᠠᠪᠤᠳᠤᠭᠠᠷ ᠵᠤᠷᠪᠤᠰ᠂ ᠲᠦᠷᠪᠡᠳᠦᠭᠡᠷ ᠵᠤᠷᠪᠤᠰ᠂ ᠵᠢᠷᠭᠤᠳᠤᠭᠠᠷ ᠵᠤᠷᠪᠤᠰ ᠶᠢᠨ ᠲᠤᠭᠳᠠᠭᠠᠯ ᠳᠤ ᠨᠡᠶᠢᠴᠡᠭᠰᠡᠨ   ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ 2 ᠳ᠋ᠤᠭᠠᠷ ᠲᠠᠪᠬᠤᠷᠭ᠎ᠠ ᠠᠴᠠ ᠲᠡᠭᠡᠭᠰᠢᠭᠢ ᠬᠡᠰᠡᠭ ᠂ ᠠᠮᠢ   ᠵᠠᠭᠤᠳᠠᠬᠤ ᠠᠯᠭᠤᠷ ᠲᠤᠷᠤᠭᠰᠢᠯᠠᠬᠤ ᠲᠦᠬᠦᠭᠡᠷᠦᠮᠵᠢ᠂ ᠬᠤᠷᠴᠠ ᠭᠡᠷᠡᠯ ᠲᠠᠢ ᠳ᠋ᠢᠶᠠᠨᠪᠡᠷ᠂ ᠦᠪᠡᠷ ᠢ ᠪᠠᠨ ᠠᠪᠤᠷᠠᠬᠤ   ᠠᠮᠢᠰᠬᠤᠯ ᠤᠨ ᠲᠦᠬᠦᠭᠡᠷᠦᠮᠵᠢ ᠵᠡᠷᠭᠡ ᠠᠮᠢ ᠵᠠᠭᠤᠳᠠᠬᠤ ᠲᠤᠰᠠᠯᠠᠬᠤ ᠲᠤᠨᠤᠭ ᠲᠦᠬᠦᠭᠡᠷᠦᠮᠵᠢ ᠲᠤᠬᠢᠷᠠᠭᠤᠯᠬᠤ ᠬᠡᠷᠡᠭᠳᠡᠢ᠃           ᠠᠷᠪᠠᠨ ᠵᠢᠷᠭᠤᠳᠤᠭᠠᠷ ᠵᠤᠷᠪᠤᠰ᠂ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠤᠯᠠᠷᠢᠯ ᠪᠦᠷᠢ ᠭᠠᠯ ᠰᠡᠷᠭᠡᠶᠢᠯᠡᠬᠦ   ᠠᠮᠤᠷ ᠲᠦᠪᠰᠢᠨ ᠬᠠᠮᠢᠶᠠᠷᠤᠯᠳᠠ ᠶᠢᠨ ᠬᠦᠮᠦᠨ ᠤ ᠰᠤᠷᠠᠭ ᠵᠠᠩᠬᠢ᠂ ᠭᠠᠯ ᠰᠡᠷᠭᠡᠶᠢᠯᠡᠬᠦ ᠲᠤᠨᠤᠭ ᠲᠦᠬᠦᠭᠡᠷᠦᠮᠵᠢ ᠶᠢ   ᠠᠷᠠᠳᠴᠢᠯᠠᠨ ᠬᠠᠮᠠᠭᠠᠯᠠᠬᠤ ᠪᠠ ᠭᠠᠯ ᠰᠡᠷᠭᠡᠶᠢᠯᠡᠬᠦ ᠠᠮᠤᠷ ᠲᠦᠪᠰᠢᠨ ᠤ ᠦᠪᠡᠷ ᠪᠡᠶ᠎ᠠ ᠶᠢᠨ ᠦᠨᠡᠯᠡᠯᠳᠡ ᠵᠡᠷᠭᠡ ᠪᠠᠶᠢᠳᠠᠯ ᠢ   ᠲᠤᠳᠤᠭᠠᠳᠦ ᠶᠢᠨ ᠬᠠᠮᠠᠭᠠᠯᠠᠬᠤ ᠪᠠᠶᠢᠭᠤᠯᠤᠯᠭ᠎ᠠ ᠭᠠᠯ ᠰᠡᠷᠭᠡᠶᠢᠯᠡᠬᠦ ᠪᠠᠶᠢᠭᠤᠯᠤᠮᠵᠢ ᠳᠤ ᠲᠠᠩᠰᠠᠯᠠᠬᠤ ᠬᠡᠷᠡᠭᠳᠡᠢ᠃         ᠠᠷᠪᠠᠨ ᠲᠤᠯᠤᠳᠤᠭᠠᠷ ᠵᠤᠷᠪᠤᠰ᠂ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠠᠴᠠ ᠬᠢᠷᠢ ᠬᠡᠮ ᠲᠠᠢ ᠭᠠᠯ   ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠯᠭ᠎ᠠ ᠶᠢ ᠨᠠᠶᠢᠳᠠᠵᠦ᠂ ᠲᠤᠰ ᠨᠢᠭᠡᠴᠡ ᠶᠢᠨ ᠭᠠᠯ ᠰᠡᠷᠭᠡᠶᠢᠯᠡᠬᠦ   ᠠᠮᠤᠷ ᠲᠦᠪᠰᠢᠨ ᠳᠤ ᠨᠢᠭᠡ ᠵᠢᠯ ᠳᠤ ᠨᠢᠭᠡ ᠤᠳᠠᠭ᠎ᠠ ᠦᠨᠡᠯᠡᠯᠳᠡ ᠬᠢᠯᠭᠡᠬᠦ ᠶᠢᠨ ᠬᠠᠮᠳᠦ ᠭᠠᠯ ᠰᠡᠷᠭᠡᠶᠢᠯᠡᠬᠦ ᠠᠮᠤᠷ   ᠲᠦᠪᠰᠢᠨ ᠤ ᠦᠨᠡᠯᠡᠯᠳᠡ ᠶᠢᠨ ᠮᠡᠳᠡᠭᠦᠯᠦᠯᠳᠡ ᠶᠢᠨ ᠤᠯᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ   ᠲᠤᠳᠤᠷ᠎ᠠ ᠦᠨᠡᠯᠡᠯᠳᠡ ᠶᠢᠨ ᠦᠷ᠎ᠠ ᠳ᠋ᠦᠩ ᠢ ᠲᠤᠳᠤᠭᠠᠳᠦ ᠶᠢ ᠬᠠᠮᠠᠭᠠᠯᠠᠬᠤ ᠪᠠᠶᠢᠭᠤᠯᠤᠯᠭ᠎ᠠ ᠭᠠᠯ ᠰᠡᠷᠭᠡᠶᠢᠯᠡᠬᠦ   ᠪᠠᠶᠢᠭᠤᠯᠤᠮᠵᠢ ᠳᠤ ᠲᠠᠩᠰᠠᠯᠠᠬᠤ ᠬᠡᠷᠡᠭᠳᠡᠢ᠃         ᠠᠷᠪᠠᠨ ᠨᠠᠢᠮᠠᠳᠤᠭᠠᠷ ᠵᠤᠷᠪᠤᠰ᠂ ᠭᠠᠯ ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠬᠢᠨᠠᠨ   ᠪᠠᠶᠢᠴᠠᠭᠠᠬᠤ᠂ ᠠᠷᠠᠳᠴᠢᠯᠠᠨ ᠬᠠᠮᠠᠭᠠᠯᠠᠬᠤ᠂ ᠦᠨᠡᠯᠡᠬᠦ᠂ ᠠᠰᠠᠭᠤᠨ ᠵᠦᠪᠳᠡᠯᠴᠡᠬᠦ᠂ ᠬᠢᠨᠠᠨ ᠬᠡᠮᠵᠢᠬᠦ ᠵᠡᠷᠭᠡ ᠭᠠᠯ   ᠰᠡᠷᠭᠡᠶᠢᠯᠡᠬᠦ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢᠨ ᠬᠠᠮᠳᠦ ᠴᠤᠬᠤᠮ ᠪᠠᠶᠢᠳᠠᠯ ᠢᠶᠠᠷ ᠭᠠᠯ ᠰᠡᠷᠭᠡᠶᠢᠯᠡᠬᠦ   ᠮᠡᠷᠭᠡᠵᠢᠯ ᠤᠨ ᠦᠢᠯᠡᠴᠢᠯᠡᠭᠡᠨ ᠤ ᠮᠡᠳᠡᠭᠦᠯᠦᠯᠳᠡ ᠬᠢᠬᠦ ᠬᠡᠷᠡᠭᠳᠡᠢ᠃         ᠠᠷᠪᠠ ᠶᠢᠰᠦᠳᠦᠭᠡᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠠᠴᠠ ᠭᠠᠯ ᠤᠨ   ᠠᠶᠤᠯ ᠤᠨ ᠤᠯᠡᠨ ᠨᠡᠶᠢᠳᠡ ᠶᠢᠨ ᠬᠠᠷᠢᠭᠤᠴᠠᠯᠭ᠎ᠠ ᠶᠢᠨ ᠲᠠᠭᠠᠳᠬᠠᠯ ᠳᠤ ᠤᠷᠤᠯᠴᠠᠬᠤ ᠬᠡᠷᠡᠭᠳᠡᠢ᠃       ᠬᠤᠷᠢᠳᠤᠭᠠᠷ ᠵᠤᠷᠪᠤᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠠᠴᠠ ᠲᠤᠰ ᠨᠢᠭᠡᠴᠡ ᠶᠢᠨ   ᠪᠤᠳᠠᠳᠠᠢ ᠪᠠᠶᠢᠳᠠᠯ ᠲᠠᠢ ᠨᠡᠶᠢᠴᠡᠭᠰᠡᠨ ᠭᠠᠯ ᠤᠨᠳᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠲᠦᠰᠦᠯ   ᠲᠤᠭᠳᠠᠭᠠᠵᠦ᠂ ᠤᠯᠠᠷᠢᠯ ᠪᠦᠷᠢ ᠨᠢᠭᠡ ᠤᠳᠠᠭ᠎ᠠ ᠭᠤᠤᠯᠳᠠᠯᠭ᠎ᠠ ᠲᠠᠢ ᠬᠡᠰᠡᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ   ᠪᠤᠯᠪᠠᠰᠤᠷᠠᠯ ᠬᠢᠵᠦ᠂ ᠬᠠᠭᠠᠰ ᠵᠢᠯ ᠪᠦᠷᠢ ᠨᠢᠭᠡ ᠤᠳᠠᠭ᠎ᠠ ᠪᠦᠬᠦ ᠭᠡᠰᠢᠭᠦᠳ ᠤᠨ ᠶᠡᠷᠦᠩᠭᠡᠶᠢᠯᠡᠭᠰᠡᠨ ᠪᠤᠯᠪᠠᠰᠤᠷᠠᠯ ᠬᠢᠬᠦ   ᠬᠡᠷᠡᠭᠳᠡᠢ᠃         ᠬᠤᠷᠢᠨ ᠨᠢᠭᠡᠳᠦᠭᠡᠷ ᠵᠤᠷᠪᠤᠰ ᠭᠠᠯ ᠤᠨ ᠠᠶᠤᠯ ᠡᠭᠦᠰᠬᠦ ᠦᠶᠡᠰ᠂ ᠭᠠᠯ ᠤᠨ ᠠᠶᠤᠯ ᠭᠠᠷᠬᠤ ᠠᠶᠤᠯ ᠲᠦᠭᠰᠢᠭᠦᠷᠢᠳᠡᠢ   ᠨᠢᠭᠡᠴᠡ ᠠᠴᠠ ᠲᠡᠷᠡ ᠲᠠᠷᠤᠢ ᠳᠤᠨᠢ ᠬᠦᠮᠦᠨ ᠢᠶᠠᠨ ᠵᠤᠬᠢᠶᠠᠨ ᠪᠠᠶᠢᠭᠤᠯᠤᠨ ᠲᠠᠷᠬᠠᠭᠠᠬᠤ᠂ ᠭᠠᠯ ᠤᠨᠳᠠᠷᠠᠭᠠᠵᠦ ᠠᠪᠤᠷᠠᠬᠤ᠂   ᠬᠠᠮᠠᠭᠠᠯᠠᠵᠦ ᠠᠪᠤᠷᠠᠯᠳᠠ ᠬᠢᠬᠦ ᠬᠡᠷᠡᠭᠳᠡᠢ︔ ᠠᠮᠤᠷ ᠢ ᠬᠠᠮᠠᠭᠠᠯᠠᠬᠤ᠂ ᠭᠠᠯ ᠰᠡᠷᠭᠡᠶᠢᠯᠡᠬᠦ ᠠᠩᠬᠢ ᠲᠤᠬᠠᠢ ᠶᠢᠨ ᠲᠠᠯᠠᠪᠤᠷ ᠲᠤ   ᠬᠦᠷᠦᠭᠰᠡᠨ ᠤ ᠰᠡᠭᠦᠯᠡᠷ ᠵᠢᠯᠤᠭᠤᠳᠤᠭᠴᠢ ᠶᠢᠨ ᠱᠠᠭᠠᠷᠳᠠᠯᠭ᠎ᠠ ᠶᠤᠰᠤᠭᠠᠷ ᠭᠠᠯ ᠤᠨᠳᠠᠷᠠᠭᠠᠵᠦ ᠠᠪᠤᠷᠠᠯᠳᠠ ᠬᠢᠬᠦ ᠬᠡᠷᠡᠭᠳᠡᠢ᠃           ᠬᠤᠷᠢᠨ ᠬᠤᠶᠠᠳᠤᠭᠠᠷ ᠵᠤᠷᠪᠤᠰ᠂ ᠠᠮᠤᠷ ᠢ ᠬᠠᠮᠠᠭᠠᠯᠠᠬᠤ ᠪᠠᠶᠢᠭᠤᠯᠤᠯᠭ᠎ᠠ ᠭᠠᠯ ᠰᠡᠷᠭᠡᠶᠢᠯᠡᠬᠦ ᠪᠠᠶᠢᠭᠤᠯᠤᠮᠵᠢ ᠠᠴᠠ   ᠶᠡᠭᠡ ᠭᠠᠯ ᠤᠨ ᠠᠶᠤᠯ ᠭᠠᠷᠬᠤ ᠠᠶᠤᠯ ᠲᠦᠩᠰᠢᠬᠦᠷᠢᠳᠡᠢ ᠨᠢᠭᠡᠴᠡ ᠳᠤ ᠬᠠᠭᠠᠰ ᠵᠢᠯ ᠪᠦᠷᠢ ᠨᠢᠭᠡ ᠤᠳᠠᠭ᠎ᠠ ᠬᠢᠨᠠᠨ   ᠪᠠᠶᠢᠴᠠᠭᠠᠯᠳᠠ ᠬᠢᠬᠦ ᠶᠢᠨ ᠬᠠᠮᠳᠦ ᠴᠠᠭ ᠲᠤᠬᠠᠢ ᠳᠤᠨᠢ ᠭᠠᠯ ᠤᠨ ᠠᠶᠤᠯ ᠭᠠᠷᠬᠤ ᠠᠶᠤᠯ ᠲᠦᠩᠰᠢᠬᠦᠷᠢᠳᠡᠢ ᠨᠢᠭᠡᠴᠡ ᠶᠢᠨ   ᠭᠠᠯ ᠰᠡᠷᠭᠡᠶᠢᠯᠡᠬᠦ ᠠᠮᠤᠷ ᠲᠦᠪᠰᠢᠨ ᠤ ᠮᠠᠭᠤᠬᠠᠢ ᠦᠢᠯᠡ ᠶᠠᠪᠤᠳᠠᠯ ᠢ ᠨᠡᠶᠢᠳᠡᠯᠡᠨ᠎ᠠ᠃         ᠬᠤᠷᠢᠨ ᠭᠤᠷᠪᠠᠳᠤᠭᠠᠷ ᠵᠤᠷᠪᠤᠰ᠂ ᠡᠯ ᠎ᠠ ᠱᠠᠳᠤᠨ ᠤ ᠵᠠᠰᠠᠭ ᠤᠨ ᠤᠷᠳᠤᠨ᠂ ᠠᠮᠤᠷ ᠢ ᠬᠠᠮᠠᠭᠠᠯᠠᠬᠤ ᠪᠠᠶᠢᠭᠤᠯᠤᠯᠭ᠎ᠠ   ᠭᠠᠯ ᠰᠡᠷᠭᠡᠶᠢᠯᠡᠬᠦ ᠪᠠᠶᠢᠭᠤᠯᠤᠮᠵᠢ᠂ ᠬᠠᠮᠢᠶ᠎ᠠ ᠪᠦᠬᠦᠢ ᠠᠵᠢᠯ ᠲᠦᠷᠦᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ   ᠡᠷᠬᠡᠳᠦ ᠠᠷᠠᠳ᠂ ᠬᠠᠤᠯᠢ ᠶᠢᠨ ᠡᠷᠬᠡᠳᠡᠨ᠂ ᠪᠤᠰᠤᠳ ᠵᠤᠬᠢᠶᠠᠨ ᠪᠠᠶᠢᠭᠤᠯᠤᠯᠳᠠ ᠠᠴᠠ ᠢᠯᠡᠴᠢᠯᠡᠨ ᠮᠡᠳᠡᠬᠦᠯᠦᠭᠰᠡᠨ   ᠭᠠᠯ ᠤᠨ ᠠᠶᠤᠯ ᠡᠭᠦᠰᠬᠦ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠭᠠᠷᠬᠤ ᠠᠶᠤᠯ ᠲᠦᠩᠰᠢᠬᠦᠷᠢ ᠤᠷᠤᠰᠢᠵᠦ   ᠪᠠᠶᠢᠭ᠎ᠠ ᠶᠢ ᠪᠠᠶᠢᠴᠠᠭᠠᠨ ᠢᠯᠡᠷᠡᠬᠦᠯᠦᠭᠰᠡᠨ ᠳᠤ ᠵᠤᠬᠢᠬᠤ ᠬᠡᠮᠵᠢᠶᠠᠨ ᠤ ᠱᠠᠩᠨᠠᠯ ᠤᠯᠭᠤᠨ᠎ᠠ ᠃         ᠬᠤᠷᠢᠨ ᠲᠦᠷᠪᠡᠳᠦᠭᠡᠷ ᠵᠤᠷᠪᠤᠰ᠂ ᠲᠤᠰ ᠲᠤᠭᠳᠠᠭᠠᠯ ᠢ ᠵᠦᠷᠢᠴᠡᠵᠦ᠂ ᠭᠠᠯ ᠰᠡᠷᠭᠡᠶᠢᠯᠡᠬᠦ ᠢᠯᠭᠠᠬᠤ ᠲᠡᠮᠳᠡᠭ   ᠲᠤᠬᠢᠷᠠᠭᠤᠯᠤᠭᠰᠠᠨ ᠦᠭᠡᠢ ᠳᠤ᠂ ᠠᠮᠤᠷ ᠢ ᠬᠠᠮᠠᠭᠠᠯᠠᠬᠤ ᠪᠠᠶᠢᠭᠤᠯᠤᠯᠭ᠎ᠠ᠂ ᠭᠠᠯ ᠰᠡᠷᠭᠡᠶᠢᠯᠡᠬᠦ ᠪᠠᠶᠢᠭᠤᠯᠤᠮᠵᠢ ᠠᠴᠠ   ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠯᠳᠠ ᠬᠢᠬᠦ ᠪᠠᠷ ᠠᠯᠪᠠᠳᠠᠵᠦ᠂ ᠲᠤᠭᠳᠠᠭᠰᠠᠨ ᠬᠤᠭᠤᠴᠠᠭᠠᠨ ᠳᠤ   ᠦᠭᠡᠷᠡᠴᠢᠯᠡᠨ ᠵᠠᠰᠠᠯᠳᠠ ᠬᠢᠬᠦ ᠦᠭᠡᠢ ᠳᠤ 1 ᠲᠦᠮᠡᠨ ᠲᠦᠭᠦᠷᠢᠭ ᠢᠶᠠᠷ ᠲᠤᠷᠭᠠᠨ᠎ᠠ᠃         ᠬᠤᠷᠢᠨ ᠲᠠᠪᠤᠳᠤᠭᠠᠷ ᠵᠤᠷᠪᠤᠰ᠂ ᠲᠤᠰ ᠲᠤᠭᠳᠠᠭᠠᠯ ᠢ ᠵᠦᠷᠢᠴᠡᠵᠦ᠂ ᠠᠮᠢ ᠵᠠᠭᠤᠳᠠᠬᠤ ᠠᠯᠭᠤᠷ ᠲᠤᠷᠤᠭᠰᠢᠯᠠᠬᠤ   ᠲᠦᠬᠦᠭᠡᠷᠦᠮᠵᠢ᠂ ᠬᠤᠷᠴᠠ ᠭᠡᠷᠡᠯ ᠲᠠᠢ ᠳ᠋ᠢᠶᠠᠨᠪᠡᠷ᠂ ᠦᠪᠡᠷ ᠢ ᠪᠠᠨ ᠠᠪᠤᠷᠠᠬᠤ ᠠᠮᠢᠰᠬᠤᠯ ᠤᠨ ᠲᠦᠬᠦᠭᠡᠷᠦᠮᠵᠢ ᠵᠡᠷᠭᠡ ᠠᠮᠢ   ᠵᠠᠭᠤᠳᠠᠬᠤ ᠲᠤᠰᠠᠯᠠᠬᠤ ᠲᠤᠨᠤᠭ ᠲᠦᠬᠦᠭᠡᠷᠦᠮᠵᠢ ᠲᠤᠬᠢᠷᠠᠭᠤᠯᠤᠭᠰᠠᠨ ᠦᠭᠡᠢ ᠳᠤ ᠠᠮᠤᠷ ᠢ ᠬᠠᠮᠠᠭᠠᠯᠠᠬᠤ ᠪᠠᠶᠢᠭᠤᠯᠤᠯᠭ᠎ᠠ   ᠭᠠᠯ ᠰᠡᠷᠭᠡᠶᠢᠯᠡᠬᠦ ᠪᠠᠶᠢᠭᠤᠯᠤᠮᠵᠢ ᠠᠴᠠ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠵᠠᠰᠠᠯᠳᠠ ᠬᠢᠬᠦ ᠪᠠᠷ ᠠᠯᠪᠠᠳᠠᠵᠦ᠂   ᠲᠤᠭᠳᠠᠭᠰᠠᠨ ᠬᠤᠭᠤᠴᠠᠭᠠᠨ ᠳᠤ ᠦᠭᠡᠷᠡᠴᠢᠯᠡᠨ ᠵᠠᠰᠠᠯᠳᠠ ᠬᠢᠬᠦ ᠦᠭᠡᠢ ᠳᠤ 1 ᠲᠦᠮᠡᠨ ᠲᠦᠭᠦᠷᠢᠭ ᠢᠶᠠᠷ ᠲᠤᠷᠭᠠᠨ᠎ᠠ᠃         ᠬᠤᠷᠢᠨ ᠵᠢᠷᠭᠤᠳᠤᠭᠠᠷ ᠵᠤᠷᠪᠤᠰ᠂ ᠲᠤᠰ ᠲᠤᠭᠳᠠᠭᠠᠯ ᠢ ᠵᠦᠷᠢᠴᠡᠵᠦ᠂ ᠭᠠᠯ ᠤᠨ ᠠᠶᠤᠯ ᠭᠠᠷᠬᠤ ᠠᠶᠤᠯ   ᠲᠦᠭᠰᠢᠭᠦᠷᠢᠳᠡᠢ ᠨᠢᠭᠡᠴᠡ ᠶᠢᠨ ᠭᠠᠳᠠᠷ ᠬᠡᠷᠡᠮ ᠤᠨ ᠲᠤᠯᠠᠭᠠᠨ ᠢ ᠬᠠᠳᠠᠭᠠᠯᠠᠬᠤ ᠮᠠᠲ᠋ᠧᠷᠢᠶᠠᠯ ᠳᠤ ᠰᠢᠳᠠᠬᠤ ᠦᠭᠡᠢ   ᠮᠠᠲ᠋ᠧᠷᠢᠶᠠᠯ ᠬᠡᠷᠡᠭᠯᠡᠭᠰᠡᠨ ᠦᠭᠡᠢ ᠳᠤ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠯ ᠰᠡᠷᠭᠡᠶᠢᠯᠡᠬᠦ   ᠬᠠᠤᠯᠢ︾ ᠶᠢᠨ ᠲᠠᠪᠢᠨ ᠨᠠᠢᠮᠠᠳᠤᠭᠠᠷ ᠵᠤᠷᠪᠤᠰ ᠲᠤᠭᠳᠠᠭᠠᠯ ᠤᠨ ᠶᠤᠰᠤᠭᠠᠷ ᠬᠡᠷᠡᠭᠵᠢᠭᠦᠯᠦᠨ᠎ᠠ᠃         ᠬᠤᠷᠢᠨ ᠲᠤᠯᠤᠳᠤᠭᠠᠷ ᠵᠤᠷᠪᠤᠰ᠂ ᠲᠤᠰ ᠲᠤᠭᠳᠠᠭᠠᠯ ᠢ ᠵᠦᠷᠢᠴᠡᠵᠦ᠂ ᠭᠠᠯ ᠤᠨ ᠠᠶᠤᠯ ᠭᠠᠷᠬᠤ ᠠᠶᠤᠯ   ᠲᠦᠭᠰᠢᠭᠦᠷᠢᠳᠡᠢ ᠨᠢᠭᠡᠴᠡ ᠭᠠᠯ ᠤᠨ ᠠᠶᠤᠯ ᠭᠠᠷᠤᠭᠰᠠᠨ ᠳᠤ ᠰᠢᠭᠤᠳ ᠬᠠᠷᠢᠭᠤᠴᠠᠯᠭᠠᠳᠠᠨ ᠪᠠ ᠪᠤᠰᠤᠳ ᠰᠢᠭᠤᠳ   ᠬᠠᠷᠢᠭᠤᠴᠠᠯᠭᠠᠳᠠᠨ ᠬᠦᠮᠦᠰ ᠳᠤ ᠵᠠᠰᠠᠭ ᠵᠠᠬᠢᠷᠭᠠᠨ ᠤ ᠰᠢᠢᠳᠭᠡᠯ ᠦᠭᠬᠦᠨ᠎ᠠ︔ ᠶᠠᠯᠳᠦ ᠠᠵᠢᠯᠯᠠᠭ᠎ᠠ ᠪᠤᠯᠤᠭᠰᠠᠨ ᠳᠤ   ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠠ᠃         ᠬᠤᠷᠢᠨ ᠨᠠᠢᠮᠠᠳᠤᠭᠠᠷ ᠵᠤᠷᠪᠤᠰ᠂ ᠠᠮᠤᠷ ᠢ ᠬᠠᠮᠠᠭᠠᠯᠠᠬᠤ ᠪᠠᠶᠢᠭᠤᠯᠤᠯᠭ᠎ᠠ ᠭᠠᠯ ᠰᠡᠷᠭᠡᠶᠢᠯᠡᠬᠦ ᠪᠠᠶᠢᠭᠤᠯᠤᠮᠵᠢ ᠶᠢᠨ   ᠠᠵᠢᠯᠳᠠᠨ ᠭᠠᠯ ᠭᠠᠷᠬᠤ ᠠᠶᠤᠯ ᠲᠦᠭᠰᠢᠭᠦᠷᠢᠳᠡᠢ ᠨᠢᠭᠡᠴᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠬᠠᠮᠢᠶᠠᠷᠤᠯᠳᠠ ᠶᠢᠨ   ᠠᠵᠢᠯ ᠤᠨ ᠲᠤᠮᠳᠠ ᠡᠷᠭᠡ ᠪᠠᠨ ᠲᠤᠷ᠎ᠠ ᠪᠠᠷ ᠬᠡᠷᠡᠭᠯᠡᠬᠦ᠂ ᠲᠤᠰᠢᠶᠠᠯ ᠤᠨ ᠰᠠᠬᠢᠯᠭ᠎ᠠ ᠪᠠᠳᠦ ᠶᠢ ᠦᠯᠦ ᠬᠦᠨᠳᠦᠳᠭᠡᠬᠦ᠂   ᠭᠤᠶᠠᠴᠢᠯᠠᠨ ᠬᠠᠤᠯᠢ ᠶᠤᠰᠦ ᠶᠢ ᠵᠦᠷᠢᠴᠡᠬᠦ ᠠᠵᠢᠯᠯᠠᠭ᠎ᠠ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠬᠦᠨ᠎ᠠ  ︔ ᠶᠠᠯᠳᠦ ᠠᠵᠢᠯᠯᠠᠭ᠎ᠠ ᠪᠤᠯᠤᠭᠰᠠᠨ ᠳᠤ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠃ ᠬᠤᠷᠢ ᠶᠢᠰᠦᠳᠦᠭᠡᠷ ᠵᠤᠷᠪᠤᠰ᠂ ᠲᠤᠰ ᠲᠤᠭᠳᠠᠭᠠᠯ ᠢ 2014 ᠤᠨ ᠤ 6 ᠰᠠᠷ᠎ᠠ ᠶᠢᠨ 1 ᠤ ᠡᠳᠦᠷ ᠠᠴᠠ ᠡᠬᠢᠯᠡᠨ   ᠬᠡᠷᠡᠭᠵᠢᠭᠦᠯᠬᠦ ᠪᠠᠷ ᠲᠤᠭᠳᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号