︽ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠠᠰ ᠢ ᠬᠦᠭᠵᠢᠬᠦᠯᠬᠦ ᠶᠢ ᠬᠡᠷᠡᠭᠵᠢᠬᠦᠯᠬᠦ ᠲᠦᠰᠦᠪ︾ ᠢ ᠲᠠᠷᠤᠮᠠᠯᠯᠠᠨ ᠲᠡᠷᠬᠠᠭᠠᠬᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-06-07
            ︽ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠠᠰ ᠢ ᠬᠦᠭᠵᠢᠬᠦᠯᠬᠦ ᠶᠢ ᠬᠡᠷᠡᠭᠵᠢᠬᠦᠯᠬᠦ   ᠲᠦᠰᠦᠪ︾ ᠢ ᠲᠠᠷᠤᠮᠠᠯᠯᠠᠨ ᠲᠡᠷᠬᠠᠭᠠᠬᠤ ᠳᠤᠬᠠᠢ ᠮᠡᠳᠡᠭᠳᠡᠯ ᠡᠯ᠎ᠠ ᠰᠤᠮᠤ᠂ ᠰᠢᠶᠠᠩ᠂ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠦᠷ᠎ᠠ ᠶᠢᠨ ᠮᠠᠯ ᠤᠨ ᠲᠠᠯᠠᠪᠠᠢ᠂   ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠄           ᠤᠳᠤ ︽ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠡᠰ ᠢ ᠬᠦᠭᠵᠢᠬᠦᠯᠬᠦ ᠶᠢ   ᠬᠡᠷᠡᠭᠵᠢᠬᠦᠯᠬᠦ ᠲᠦᠰᠥᠪ︾ ᠢ ᠲᠠᠨᠠᠷ ᠲᠤ ᠲᠠᠷᠬᠠᠭᠠᠨ ᠦᠭᠬᠦ ᠪᠤᠯᠤᠨ᠎ᠠ᠂ ᠴᠢᠩᠭ᠎ᠠ ᠠᠳᠬᠤᠨ ᠲᠤᠤᠱᠯᠠᠭᠤᠯᠤᠨ   ᠨᠠᠶᠢᠳᠠᠪᠤᠷᠢᠵᠢᠭᠤᠯᠬᠤ ᠶᠢ ᠬᠦᠰᠡᠶ᠎ᠠ᠃       ᠲᠠᠭᠠᠯᠳᠤᠭᠤᠯᠤᠯ᠄ ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠡᠰ ᠢ ᠬᠦᠭᠵᠢᠬᠦᠯᠬᠦ   ᠤᠳᠤᠷᠢᠳᠬᠤ ᠲᠤᠭᠤᠢᠢᠯᠠᠩ                                             2015 ᠤᠨ ᠤ 4 ᠰᠠᠷ᠎ᠠ ᠶᠢᠨ 30 ᠤ ᠡᠳᠤᠷ             ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠤᠨ ᠤᠢᠢᠯᠡᠰ ᠢ ᠬᠦᠭᠵᠢᠬᠦᠯᠬᠦ ᠶᠢ ᠬᠡᠷᠡᠭᠵᠢᠬᠦᠯᠬᠦ   ᠲᠦᠰᠥᠪ             ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ   ᠤᠢᠢᠯᠡᠰ ᠢ ᠬᠦᠭᠵᠢᠬᠦᠯᠬᠦ ᠵᠢᠯᠤᠭᠤᠳᠬᠤ ᠰᠠᠨᠠᠯ︾ ᠤᠨ ᠵᠤᠷᠢᠭ ᠰᠠᠨᠠᠭ᠎ᠠ ᠶᠢ ᠲᠤᠣᠱᠯᠠᠭᠤᠯᠤᠨ ᠨᠠᠶᠢᠳᠠᠪᠤᠷᠢᠵᠢᠭᠤᠯᠬᠤ ᠪᠠᠷ᠂   ᠮᠠᠨ ᠤ ᠬᠤᠰᠢᠭᠤᠨ ᠤ ᠨᠡᠶᠢᠭᠡᠮ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢᠨ ᠪᠤᠳᠠᠳᠠᠢ ᠪᠠᠶᠢᠳᠠᠯ ᠪᠤᠯᠤᠨ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠤᠢᠢᠯᠡᠰ ᠤᠨ ᠬᠦᠭᠵᠢᠯᠳᠠ ᠶᠢᠨ ᠤᠳᠤᠬᠢ ᠪᠠᠶᠢᠳᠠᠯ ᠲᠠᠢ ᠤᠶᠠᠯᠳᠤᠭᠤᠯᠤᠨ᠂ ᠲᠤᠰ   ᠲᠦᠰᠥᠪ ᠢ ᠤᠨᠴᠠᠭᠠᠢᠢᠯᠠᠨ ᠲᠤᠭᠳᠠᠭᠠᠭᠰᠠᠨ ᠪᠠᠶᠢᠨ᠎ᠠ᠃       ᠨᠢᠭᠡ᠂ ᠶᠡᠷᠤᠩᠬᠡᠢ ᠱᠠᠭᠠᠷᠳᠠᠯᠭ᠎ᠠ           ᠦᠪᠡᠷᠳᠡᠭᠡᠨ ᠵᠠᠰᠠᠬᠤ ᠤᠷᠤᠨ ᠤ ᠬᠦᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠳᠠ ᠪᠠ ᠬᠦᠭᠵᠢᠬᠦᠯᠤᠯᠳᠠ ᠶᠢᠨ   ᠠᠵᠢᠯ ᠤᠨ ᠶᠡᠷᠤᠩᠬᠡᠢ ᠪᠠᠶᠢᠷᠢᠰᠢᠭᠤᠯᠤᠯᠳᠠ ᠶᠢᠨ ᠶᠤᠰᠤᠭᠠᠷ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠪᠡᠶ᠎ᠠ   ᠮᠠᠬᠠᠪᠤᠳ ᠢ ᠰᠠᠶᠢᠵᠢᠷᠠᠭᠤᠯᠤᠨ᠂ ᠰᠠᠭᠤᠭᠠᠯᠢ ᠠᠷᠠᠳ ᠤᠨ ᠠᠵᠢᠯ ᠤᠨ ᠴᠢᠯᠤᠭᠡᠨ ᠤ ᠰᠤᠶᠤᠯ ᠤᠨ ᠠᠮᠢᠳᠤᠷᠠᠯ ᠢ   ᠪᠠᠶᠠᠯᠢᠭᠵᠢᠭᠤᠯᠵᠤ᠂ ᠡᠷᠡᠬᠦᠯ ᠴᠢᠬᠢᠷᠠᠭ ᠬᠦᠯ ᠪᠦᠮᠪᠦᠭᠡ᠂ ᠪᠡᠶᠠᠷ ᠴᠡᠩᠭᠡᠯᠳᠠᠢ ᠪᠡᠶ᠎ᠠ ᠴᠢᠬᠢᠷᠠᠭᠵᠢᠭᠤᠯᠬᠤ ᠶᠢ ᠪᠠᠳᠠᠷᠠᠭᠤᠯᠬᠤ   ᠪᠦᠬᠦ ᠠᠷᠠᠳ ᠤᠨ ᠪᠡᠶ᠎ᠠ ᠪᠤᠯᠪᠠᠰᠤᠷᠠᠭᠤᠯᠬᠤ ᠵᠤᠷᠢᠭ ᠰᠠᠨᠠᠭ᠎ᠠ ᠪᠠᠷ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ   ᠤᠢᠢᠯᠡᠰ ᠢ ᠬᠦᠭᠵᠢᠬᠦᠯᠬᠦ ᠪᠠᠷ ᠲᠠᠮᠵᠢᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠲᠤᠮᠳᠠ ᠬᠦᠯ ᠪᠦᠮᠪᠦᠭᠡ ᠶᠢᠨ   ᠮᠡᠳᠡᠯᠭᠡ ᠪᠤᠯᠤᠨ ᠮᠡᠷᠭᠡᠵᠢᠯ ᠢ ᠲᠦᠭᠡᠮᠡᠯᠵᠢᠬᠦᠯᠤᠨ᠂ ᠬᠦᠯ ᠪᠦᠮᠪᠦᠭᠡ ᠶᠢᠨ ᠬᠦᠳᠡᠯᠭᠡᠭᠡᠨ ᠢᠶᠠᠷ ᠲᠤᠯᠭᠠᠭᠤᠷᠢ ᠪᠤᠯᠭᠠᠨ᠂ ᠡᠯ᠎ᠠ   ᠲᠦᠷᠤᠯ ᠤᠨ ᠰᠤᠶᠤᠯ ᠤᠨ ᠠᠵᠢᠯᠯᠠᠭ᠎ᠠ ᠪᠤᠯᠤᠨ ᠤᠷᠤᠯᠳᠤᠭᠠᠨ ᠢ ᠨᠡᠶᠢᠭᠡᠮ ᠲᠤᠭᠤᠷᠢᠭ ᠲᠤ ᠦᠷᠭᠡᠨ ᠲᠡᠯᠭᠡᠷ   ᠬᠦᠭᠵᠢᠬᠦᠯᠬᠦ ᠶᠢ ᠲᠦᠯᠬᠢᠨ ᠠᠬᠢᠭᠤᠯᠵᠤ᠂ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠤᠬᠢ ᠰᠠᠶᠢᠨ ᠨᠡᠶᠢᠭᠡᠮ ᠤᠨ   ᠠᠭᠤᠷ ᠠᠮᠢᠰᠬᠤᠯ ᠢ ᠪᠤᠢ ᠪᠤᠯᠭᠠᠨ᠎ᠠ᠃       ᠬᠤᠶᠠᠷ᠂ ᠠᠵᠢᠯ ᠤᠨ ᠵᠠᠷᠴᠢᠮ         ᠤᠷᠳᠤ ᠬᠤᠭᠤᠴᠠᠭᠠᠳᠤ ᠴᠢᠨᠠᠷ ᠤᠨ ᠵᠠᠷᠴᠢᠮ᠃ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠢ   ᠬᠦᠭᠵᠢᠬᠦᠯᠬᠦ ᠳᠤ ᠬᠠᠷᠢᠶ᠎ᠠ ᠲᠤᠭᠤᠷᠢᠭ ᠤᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠪᠦᠷᠢᠯᠳᠤᠯ ᠤᠨ ᠪᠠᠶᠢᠳᠠᠯ   ᠪᠠ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠡᠰ ᠤᠨ ᠬᠦᠭᠵᠢᠯᠳᠠ ᠶᠢᠨ ᠪᠠᠶᠢᠳᠠᠯ ᠲᠠᠢ ᠤᠶᠠᠯᠳᠤᠭᠤᠯᠤᠨ᠂   ᠬᠡᠯᠪᠡᠷᠢᠴᠢ ᠦᠵᠡᠯ᠂ ᠤᠬᠤᠷ ᠬᠤᠭᠤᠴᠠᠭᠠᠨ ᠤ ᠠᠵᠢᠯᠯᠠᠭ᠎ᠠ ᠶᠠᠪᠤᠭᠤᠯᠬᠤ ᠶᠢ ᠡᠷᠡᠰ ᠴᠠᠭᠠᠵᠠᠯᠠᠬᠤ ᠬᠡᠷᠡᠭᠳᠡᠢ᠃       ᠦᠷᠭᠡᠨ ᠲᠡᠯᠭᠡᠷ ᠴᠢᠨᠠᠷ ᠤᠨ ᠵᠠᠷᠴᠢᠮ ᠃   ᠬᠦᠯ ᠪᠦᠮᠪᠦᠭᠡ ᠶᠢᠨ ᠰᠤᠶᠤᠯ ᠤᠨ ᠤᠬᠠᠭᠤᠯᠭ᠎ᠠ ᠶᠢᠨ ᠠᠵᠢᠯ ᠢ ᠶᠡᠭᠡ ᠬᠦᠴᠤᠨ ᠢᠶᠠᠷ ᠦᠷᠨᠢᠬᠦᠯᠤᠨ᠂ ᠨᠡᠶᠢᠭᠡᠮ   ᠲᠤᠭᠤᠷᠢᠭ ᠤᠨ ᠦᠷᠭᠡᠨ ᠤᠯᠠᠨ ᠰᠠᠭᠤᠭᠠᠯᠢ ᠠᠷᠠᠳ ᠤᠨ ᠤᠷᠤᠯᠴᠠᠬᠤ ᠶᠢ ᠲᠠᠶᠢᠴᠢᠯᠠᠬᠤ ᠪᠠ ᠵᠤᠬᠢᠶᠠᠨ ᠪᠠᠶᠢᠭᠤᠯᠵᠤ᠂   ᠤᠬᠢ ᠰᠢᠯᠢᠳᠡᠭ ᠤᠷᠴᠢᠨ ᠳᠤᠭᠤᠷᠢᠨ ᠢ ᠪᠤᠢ ᠪᠤᠯᠭᠠᠬᠤ ᠬᠡᠷᠡᠭᠳᠡᠢ᠃             ᠵᠤᠭ᠎ᠠ ᠴᠡᠩᠭᠡᠯ ᠤᠨ ᠴᠢᠨᠠᠷᠳᠡᠢ ᠵᠠᠷᠴᠢᠮ᠃ ᠰᠠᠶᠢᠨ ᠲᠤᠷ᠎ᠠ ᠠᠴᠠ ᠪᠠᠨ ᠨᠡᠷ᠎ᠠ ᠮᠡᠳᠡᠬᠦᠯᠬᠦ ᠠᠷᠭ᠎ᠠ ᠬᠡᠯᠪᠡᠷᠢ ᠶᠢ   ᠠᠪᠴᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠵᠤᠬᠢᠶᠠᠨ ᠪᠠᠶᠢᠭᠤᠯᠤᠯᠳᠠ ᠶᠢ ᠪᠠᠶᠢᠭᠤᠯᠤᠨ᠎ᠠ᠃ ᠪᠡᠶ᠎ᠠ   ᠴᠢᠬᠢᠷᠠᠭᠵᠢᠭᠤᠯᠬᠤ᠂ ᠪᠠᠶᠠᠷ ᠴᠡᠩᠭᠡᠯ ᠢᠶᠠᠷ ᠭᠤᠣᠯ ᠤᠳᠤᠷᠢᠳᠤᠮᠵᠢ ᠪᠤᠯᠭᠠᠨ᠂ ᠬᠤᠳᠠ ᠶᠢᠨ ᠰᠠᠭᠤᠭᠠᠯᠢ ᠠᠷᠠᠳ ᠤᠨ   ᠠᠵᠢᠯ ᠤᠨ ᠴᠢᠯᠤᠭᠡᠨ ᠤ ᠠᠮᠢᠳᠤᠷᠠᠯ ᠢ ᠪᠠᠶᠠᠯᠢᠭᠵᠢᠭᠤᠯᠬᠤ ᠪᠠᠷ ᠱᠠᠭᠠᠷᠳᠠᠯᠭ᠎ᠠ ᠪᠤᠯᠭᠠᠨ᠂ ᠡᠷᠡᠬᠦᠯ ᠴᠢᠬᠢᠷᠠᠭ ᠬᠦᠯ ᠪᠦᠮᠪᠦᠭᠡ  ᠂ ᠪᠠᠶᠠᠷ ᠴᠡᠩᠭᠡᠯᠳᠠᠢ ᠬᠦᠯ ᠪᠦᠮᠪᠦᠭᠡ ᠶᠢ ᠰᠠᠨᠠᠭᠠᠴᠢᠯᠠᠨ ᠰᠡᠳᠤᠬᠦ ᠪᠤᠯᠤᠨ᠎ᠠ᠃       ᠭᠤᠷᠪᠠ᠂ ᠭᠤᠣᠯ ᠡᠬᠦᠷᠭᠡ           ︵ᠨᠢᠭᠡ︶ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ   ᠪᠠᠶᠢᠭᠤᠯᠤᠮᠵᠢ ᠶᠢ ᠪᠠᠶᠢᠭᠤᠯᠤᠨ᠎ᠠ᠃ ᠮᠠᠨ ᠤ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ   ᠡᠬᠢᠯᠡᠯᠳᠠ ᠶᠢᠨ ᠱᠠᠳᠤ ᠦᠶ᠎ᠠ ᠳᠤ ᠪᠠᠶᠢᠵᠤ᠂ ᠡᠩᠨᠡᠭᠡ ᠶᠢᠨ ᠪᠦᠳᠤᠭᠡᠨ ᠪᠠᠶᠢᠭᠤᠯᠤᠯᠳᠠ ᠵᠡᠷᠭᠡ ᠰᠠᠭᠤᠷᠢ ᠠᠵᠢᠯ ᠠᠴᠠ   ᠡᠬᠢᠯᠡᠨ ᠠᠳᠬᠤᠬᠤ ᠬᠡᠷᠡᠭᠳᠠᠢ᠃ ᠡᠩ ᠲᠡᠷᠢᠬᠦᠨ ᠳᠤ ᠵᠤᠬᠢᠶᠠᠨ ᠪᠠᠶᠢᠭᠤᠯᠤᠯᠳᠡ ᠶᠢᠨ ᠬᠦᠴᠤᠷᠬᠡᠭ ᠶᠡᠭᠡ ᠤᠳᠤᠷᠢᠳᠬᠤ   ᠪᠠᠶᠢᠭᠤᠯᠤᠮᠵᠢ ᠶᠢ ᠪᠠᠶᠢᠭᠤᠯᠬᠤ ᠨᠢ ᠲᠤᠰ ᠠᠵᠢᠯ ᠢ ᠤᠷᠤᠭᠰᠢᠳᠠᠢ ᠦᠷᠨᠢᠬᠦᠯᠬᠦ ᠶᠢᠨ ᠪᠠᠳᠤᠯᠠᠭ᠎ᠠ ᠨᠦᠬᠦᠴᠠᠯ ᠪᠤᠯᠤᠨ᠎ᠠ᠃   ᠰᠤᠶᠤᠯ ᠪᠡᠶ᠎ᠠ ᠲᠠᠮᠢᠷ ᠤᠨ ᠰᠠᠯᠠᠭ᠎ᠠ ᠮᠦᠴᠢᠷ ᠢᠶᠠᠷ ᠲᠦᠷᠤᠬᠦᠯᠥᠭᠰᠡᠨ ᠠᠷᠠᠳ ᠤᠨ ᠶᠠᠪᠤᠳᠠᠯ᠂ ᠰᠤᠷᠭᠠᠨ ᠬᠦᠮᠤᠵᠢᠯ᠂   ᠡᠳ᠋ ᠶᠢᠨ ᠵᠠᠰᠠᠭ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ   ᠤᠷᠤᠯᠴᠠᠭᠰᠠᠨ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ   ᠪᠠᠶᠢᠭᠤᠯᠤᠮᠵᠢ ᠶᠢ ᠪᠠᠶᠢᠭᠤᠯᠵᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠢ ᠵᠢᠯᠤᠭᠤᠳᠤᠨ ᠬᠠᠮᠵᠢᠯᠴᠠᠵᠤ   ᠲᠤᠬᠢᠷᠠᠭᠤᠯᠤᠨ᠎ᠠ᠃           ︵ᠬᠤᠶᠠᠷ︶ ᠨᠡᠶᠢᠭᠡᠮ ᠲᠤᠭᠤᠷᠢᠭ ᠤᠨ ᠠᠵᠢᠯ ᠤᠨ ᠴᠢᠯᠤᠭᠡᠨ ᠤ ᠬᠦᠯ ᠪᠦᠮᠪᠦᠭᠡ ᠶᠢᠨ ᠡᠩᠨᠡᠭᠡ ᠶᠢ ᠪᠠᠶᠢᠭᠤᠯᠬᠤ   ᠬᠡᠷᠡᠭᠳᠡᠢ᠃ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠲᠦᠷᠤᠬᠦᠯᠡᠨ ᠲᠠᠶᠢᠴᠢᠯᠠᠨ ᠳᠠᠭᠠᠭᠤᠯᠬᠤ   ᠦᠢᠯᠡᠳᠤᠯ ᠭᠠᠷᠭᠠᠨ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠪᠠᠭ᠋ᠠᠳᠠᠳ ᠢ ᠵᠤᠬᠢᠶᠠᠨ ᠪᠠᠶᠢᠭᠤᠯᠤᠨ ᠠᠵᠢᠯ ᠤᠨ   ᠴᠢᠯᠤᠭᠡᠨ ᠤ ᠬᠦᠯ ᠪᠦᠮᠪᠦᠭᠡ ᠶᠢᠨ ᠲᠤᠭᠤᠢᠢᠯᠠᠩ ᠢ ᠢᠳᠡᠪᠬᠢᠳᠠᠢ ᠲᠠᠶᠢᠴᠢᠯᠠᠬᠤ ᠪᠠ ᠵᠤᠬᠢᠶᠠᠨ ᠪᠠᠶᠢᠭᠤᠯᠤᠨ᠎ᠠ᠃ ᠪᠤᠳᠠᠳᠠᠢ   ᠪᠠᠶᠢᠳᠠᠯ ᠢᠶᠠᠨ ᠦᠨᠳᠤᠰᠤᠯᠡᠨ᠂ ᠰᠠᠭᠤᠭᠠᠯᠢ ᠠᠷᠠᠳ ᠲᠤ ᠲᠤᠬᠢᠷᠠᠬᠰᠠᠨ ᠬᠦᠯ ᠪᠦᠮᠪᠦᠭᠡ ᠶᠢᠨ ᠤᠷᠤᠯᠳᠤᠭᠠᠨ ᠢ ᠵᠤᠬᠢᠶᠠᠨ   ᠪᠠᠶᠢᠭᠤᠯᠤᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠢᠳᠡᠪᠬᠢᠳᠠᠢ ᠤᠷᠤᠯᠴᠠᠬᠤ ᠶᠢ ᠤᠷᠢᠶᠠᠯᠠᠬᠤ ᠬᠡᠷᠡᠭᠳᠡᠢ᠃  2017 ᠤᠨ ᠪᠤᠯᠳᠠᠯ᠎ᠠ᠂ ᠨᠡᠶᠢᠭᠡᠮ ᠲᠤᠭᠤᠷᠢᠭ ᠪᠦᠷᠢ ᠳᠤ ᠬᠠᠮᠤᠭ ᠪᠠᠭ᠎ᠠ ᠳᠠᠭᠠᠨ ᠨᠢᠭᠡ ᠨᠡᠶᠢᠭᠡᠮ ᠲᠤᠭᠤᠷᠢᠭ ᠤᠨ   ᠠᠵᠢᠯ ᠤᠨ ᠴᠢᠯᠤᠭᠡᠨ ᠤ ᠬᠦᠯ ᠪᠦᠮᠪᠦᠭᠡ ᠶᠢᠨ ᠲᠤᠭᠤᠢᠢᠯᠠᠩ ᠢ ᠪᠠᠶᠢᠭᠤᠯᠤᠨ᠎ᠠ᠃ ᠨᠡᠶᠢᠭᠡᠮ ᠲᠤᠭᠤᠷᠢᠭ ᠤᠨ ᠲᠤᠮᠳᠠ ᠬᠦᠯ   ᠪᠦᠮᠪᠦᠭᠡ ᠶᠢᠨ ᠰᠤᠷᠭᠠᠭᠴᠢ᠂ ᠪᠠᠭᠰᠢ᠂ ᠲᠠᠮᠢᠷᠴᠢᠨ ᠪᠠ ᠪᠤᠰᠤᠳ ᠬᠦᠯ ᠪᠦᠮᠪᠦᠭᠡ ᠶᠢᠨ ᠲᠤᠰᠬᠠᠢ ᠮᠡᠷᠭᠡᠵᠢᠯ ᠲᠠᠢ   ᠰᠠᠭᠤᠭᠠᠯᠢ ᠠᠷᠠᠳ ᠢ ᠲᠠᠶᠢᠴᠢᠯᠠᠨ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭᠠᠨ ᠤ ᠰᠤᠷᠭᠠᠭᠴᠢ ᠪᠤᠶᠤ   ᠬᠢᠨᠠᠭᠴᠢ ᠶᠢᠨ ᠡᠷᠬᠦᠭᠡ ᠶᠢ ᠬᠠᠷᠢᠴᠠᠭᠤᠯᠤᠨ᠎ᠠ᠃ ᠨᠡᠶᠢᠭᠡᠮ ᠲᠤᠭᠤᠷᠢᠭ ᠤᠨ ᠠᠵᠢᠯ ᠤᠨ ᠴᠢᠯᠤᠭᠡᠨ ᠤ ᠬᠦᠯ ᠪᠦᠮᠪᠦᠭᠡ ᠶᠢᠨ   ᠲᠤᠭᠤᠢᠢᠯᠠᠩ ᠦᠷᠬᠦᠯᠵᠢ ᠶᠢᠨ ᠴᠢᠨᠠᠷᠳᠠᠢ ᠪᠤᠯᠪᠠᠰᠤᠷᠠᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠬᠦ ᠬᠡᠷᠡᠭᠳᠡᠢ᠃             ᠨᠦᠬᠦᠴᠠᠯ ᠲᠠᠢ ᠨᠡᠶᠢᠭᠡᠮ ᠲᠤᠭᠤᠷᠢᠭ ᠨᠢ ᠬᠦᠯ ᠪᠦᠮᠪᠦᠭᠡ ᠶᠢᠨ ᠺᠯᠦ᠋ᠪ ᠵᠡᠷᠭᠡ ᠨᠡᠶᠢᠭᠡᠮ ᠤᠨ ᠬᠦᠯ ᠪᠦᠮᠪᠦᠭᠡ ᠶᠢᠨ   ᠵᠤᠬᠢᠶᠠᠨ ᠪᠠᠶᠢᠭᠤᠯᠤᠯᠳᠠ ᠶᠢ ᠪᠠᠶᠢᠭᠤᠯᠵᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠵᠤᠬᠢᠶᠠᠨ ᠪᠠᠶᠢᠭᠤᠯᠤᠯᠳᠠ ᠨᠢ   ᠲᠠᠩᠰᠠᠨ ᠳᠤ ᠮᠡᠳᠡᠬᠦᠯᠬᠦ ᠳᠦᠷᠢᠮ ᠢ ᠬᠡᠷᠡᠭᠵᠢᠬᠦᠯᠵᠤ᠂ ᠪᠠᠶᠢᠭᠤᠯᠤᠭᠳᠠᠭᠰᠠᠨ ᠬᠦᠯ ᠪᠦᠮᠪᠦᠭᠡ ᠶᠢᠨ ᠵᠤᠬᠢᠶᠠᠨ   ᠪᠠᠶᠢᠭᠤᠯᠤᠯᠳᠠ ᠨᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠳᠤ ᠲᠠᠩᠰᠠᠯᠠᠵᠤ᠂ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠵᠤᠬᠢᠶᠠᠨ ᠪᠠᠶᠢᠭᠤᠯᠤᠯᠳᠠ ᠠᠴᠠ ᠦᠪᠡᠷᠳᠡᠭᠡᠨ ᠲᠤᠭᠤᠢᠢᠯᠠᠩ ᠤᠨ ᠲᠠᠷᠤᠭ᠎ᠠ ᠪᠤᠶᠤ   ᠲᠠᠭᠠᠭᠤᠯᠤᠭᠴᠢ ᠪᠠᠨ ᠰᠤᠩᠭᠤᠵᠤ ᠭᠠᠷᠭᠠᠠ᠂ ᠡᠳᠤᠷ ᠲᠤᠳᠤᠮ ᠤᠨ ᠬᠡᠷᠡᠭ ᠶᠠᠪᠤᠳᠠᠯ ᠢᠶᠠᠨ ᠦᠪᠡᠷᠳᠡᠭᠡᠨ ᠬᠠᠮᠢᠶᠠᠷᠤᠨ᠎ᠠ᠃             ︵ᠭᠤᠷᠪᠠ︶ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭᠠᠨ ᠤ ᠲᠠᠯᠠᠪᠠᠢ ᠪᠠᠨ ᠪᠠᠶᠢᠭᠤᠯᠤᠨ᠎ᠠ᠃   ᠰᠤᠶᠤᠯ ᠪᠡᠶ᠎ᠠ ᠲᠠᠮᠢᠷ᠂ ᠰᠤᠷᠭᠠᠨ ᠬᠦᠮᠤᠵᠢᠯ ᠵᠡᠷᠭᠡ ᠰᠠᠯᠠᠭ᠎ᠠ ᠮᠦᠴᠢᠷ᠂ ᠨᠡᠶᠢᠭᠡᠮ ᠲᠤᠭᠤᠷᠢᠭ ᠲᠠᠬᠢ ᠪᠠᠶᠢᠭᠤᠯᠤᠯᠭ᠎ᠠ᠂   ᠰᠤᠷᠭᠠᠭᠤᠯᠢ ᠶᠢᠨ ᠬᠦᠯ ᠪᠦᠮᠪᠦᠭᠡ ᠶᠢᠨ ᠲᠠᠯᠠᠪᠠᠢ ᠪᠠᠨ ᠨᠡᠶᠢᠭᠡᠮ ᠲᠤᠭᠤᠷᠢᠭ ᠲᠤ ᠨᠡᠭᠡᠭᠡᠬᠦ ᠶᠠᠪᠤᠳᠠᠯ ᠢ ᠲᠦᠷᠭᠡᠨ   ᠪᠠᠶᠢᠷᠢᠰᠢᠭᠤᠯᠤᠨ᠎ᠠ᠃ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠬᠦᠯ ᠪᠦᠮᠪᠦᠭᠡ ᠶᠢᠨ   ᠲᠤᠭᠤᠢᠢᠯᠠᠩ ᠢ ᠬᠠᠪᠰᠤᠷᠤᠨ ᠨᠡᠶᠢᠭᠡᠮ ᠲᠤᠭᠤᠷᠢᠭ ᠲᠤ ᠰᠠᠭᠤᠭ᠎ᠠ ᠠᠵᠤ ᠠᠬᠤᠢᠢᠯᠠᠯ᠂ ᠰᠤᠷᠭᠠᠭᠤᠯᠢ ᠲᠠᠢ ᠬᠠᠷᠢᠯᠴᠠᠨ   ᠵᠤᠬᠢᠴᠠᠭᠤᠯᠬᠤ ᠶᠢ ᠴᠢᠩᠭᠠᠳᠬᠠᠨ᠂ ᠬᠠᠮᠳᠤᠪᠠᠷ ᠨᠡᠶᠢᠳᠠ ᠶᠢᠨ ᠬᠦᠯ ᠪᠦᠮᠪᠦᠭᠡ ᠶᠢᠨ ᠲᠠᠯᠠᠪᠠᠢ᠂ ᠠᠵᠤ ᠠᠬᠤᠢᠢᠯᠠᠯ ᠵᠢᠴᠢ   ᠰᠤᠷᠭᠠᠭᠤᠯᠢ ᠶᠢᠨ ᠬᠦᠯ ᠪᠦᠮᠪᠦᠭᠡ ᠶᠢᠨ ᠲᠠᠯᠠᠪᠠᠢ ᠶᠢᠨ ᠲᠤᠭᠳᠠᠭᠰᠠᠨ ᠬᠤᠭᠤᠴᠠᠭ᠎ᠠ ᠲᠠᠢ ᠰᠦᠢᠳᠭᠡᠯ ᠠᠪᠬᠤ ᠦᠭᠡᠢ ᠪᠤᠶᠤ   ᠦᠨ᠎ᠠ ᠲᠦᠯᠤᠪᠤᠷᠢ ᠲᠠᠢ ᠨᠡᠭᠡᠭᠡᠬᠦ ᠲᠦᠯᠤᠪᠯᠡᠭᠡ ᠶᠢ ᠲᠤᠭᠳᠠᠭᠠᠵᠤ᠂ ᠨᠡᠶᠢᠭᠡᠮ ᠲᠤᠭᠤᠷᠢᠭ ᠤᠨ ᠤᠯᠠᠨ ᠲᠦᠮᠡᠨ   ᠤᠷᠤᠯᠴᠠᠬᠤ ᠪᠠ ᠬᠦᠯ ᠪᠦᠮᠪᠦᠭᠡ ᠶᠢᠨ ᠠᠵᠢᠯᠯᠠᠭᠠᠨ ᠤ ᠱᠠᠭᠠᠷᠳᠠᠯᠭ᠎ᠠ ᠶᠢ ᠬᠠᠩᠭᠠᠬᠤ ᠬᠡᠷᠡᠭᠳᠡᠢ᠃ ᠰᠤᠶᠤᠯ ᠪᠡᠶ᠎ᠠ ᠲᠠᠮᠢᠷ   ᠵᠡᠷᠭᠡ ᠰᠠᠯᠠᠭ᠎ᠠ ᠮᠦᠴᠢᠷ ᠠᠴᠠ ᠨᠡᠶᠢᠭᠡᠮ ᠲᠤᠭᠤᠷᠢᠭ ᠤᠨ ᠠᠵᠢᠯᠯᠠᠭᠠᠨ ᠤ ᠲᠠᠯᠠᠪᠠᠢ ᠶᠢ ᠰᠠᠶᠢᠵᠢᠷᠠᠭᠤᠯᠬᠤ ᠵᠡᠷᠭᠡ ᠨᠡᠶᠢᠭᠡᠮ   ᠲᠤᠭᠤᠷᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠲᠡᠮᠵᠢᠵᠤ᠂ ᠢᠵᠢ ᠪᠦᠷᠢᠳᠦᠭᠰᠡᠨ   ᠬᠦᠯ ᠪᠦᠮᠪᠦᠭᠡ ᠶᠢᠨ ᠰᠤᠶᠤᠯ᠂ ᠬᠦᠯ ᠪᠦᠮᠪᠦᠭᠡ ᠶᠢᠨ ᠮᠡᠳᠡᠯᠭᠡ ᠶᠢ ᠲᠦᠭᠡᠮᠡᠯᠵᠢᠬᠦᠯᠬᠦ ᠤᠨᠤᠯ ᠢ ᠰᠤᠷᠤᠯᠴᠠᠬᠤ ᠰᠠᠭᠤᠷᠢᠨ   ᠭᠠᠵᠠᠷ ᠢ ᠪᠠᠶᠢᠭᠤᠯᠵᠤ᠂ ᠨᠡᠶᠢᠭᠡᠮ ᠲᠤᠭᠤᠷᠢᠭ ᠤᠨ ᠲᠠᠯᠠᠪᠠᠢ ᠵᠢᠴᠢ ᠰᠠᠭᠤᠭᠠᠯᠢ ᠠᠷᠠᠳ ᠤᠨ ᠬᠦᠳᠡᠯᠭᠡᠭᠡᠨ ᠬᠢᠬᠦ   ᠲᠠᠯᠠᠪᠠᠢ ᠶᠢ ᠬᠦᠢᠴᠡᠳ ᠠᠰᠢᠭᠯᠠᠨ᠂ ᠤᠯᠠᠨ ᠲᠦᠮᠡᠨᠴᠢ ᠬᠦᠯ ᠪᠦᠮᠪᠦᠭᠡ ᠶᠢᠨ ᠬᠦᠳᠡᠯᠭᠡᠭᠡᠨ ᠤ ᠲᠠᠯᠠᠪᠠᠢ ᠶᠢ ᠨᠡᠭᠡᠭᠡᠬᠦ   ᠬᠡᠷᠡᠭᠳᠡᠢ᠃ ᠨᠦᠬᠦᠴᠠᠯ ᠲᠠᠢ ᠨᠡᠶᠢᠭᠡᠮ ᠲᠤᠭᠤᠷᠢᠭ ᠲᠤ ᠪᠠᠷᠢᠮᠵᠢᠶᠠᠵᠢᠭᠰᠠᠨ ᠬᠦᠯ ᠪᠦᠮᠪᠦᠭᠡ ᠶᠢᠨ ᠲᠠᠯᠠᠪᠠᠢ ᠪᠠᠶᠢᠭᠤᠯᠬᠤ ᠶᠢ   ᠵᠤᠷᠢᠭᠵᠢᠭᠤᠯᠵᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭ᠎ᠠ ᠶᠢ ᠦᠷᠨᠢᠬᠦᠯᠬᠦ ᠶᠢ ᠨᠡᠩ ᠰᠠᠶᠢᠨ ᠢᠶᠠᠷ   ᠲᠦᠯᠬᠢᠨ ᠠᠬᠢᠭᠤᠯᠬᠤ ᠬᠡᠷᠡᠭᠳᠡᠢ᠃           ︵ᠲᠦᠷᠪᠠ︶ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠦᠢᠯᠡᠰ ᠤᠨ ᠬᠦᠭᠵᠢᠯᠳᠠ ᠶᠢᠨ ᠵᠠᠷᠤᠳᠠᠯ ᠢ   ᠲᠤᠬᠢᠷᠠᠭᠤᠯᠤᠨ᠎ᠠ᠃ ᠵᠠᠰᠠᠭ ᠤᠨ ᠤᠷᠳᠤᠨ ᠠᠴᠠ ᠦᠢᠯᠡᠴᠢᠯᠡᠭᠡ ᠶᠢ ᠨᠢᠭᠡᠳᠦᠯᠳᠡᠢ ᠪᠠᠷ ᠬᠤᠳᠠᠯᠳᠤᠨ ᠠᠪᠬᠤ ᠪᠠᠷ ᠳᠡᠮᠵᠢᠨ   ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠬᠦᠭᠵᠢᠯᠳᠠ ᠶᠢ ᠠᠬᠢᠭᠤᠯᠬᠤ ᠪᠦᠳᠤᠮᠵᠢᠳᠠᠢ ᠠᠷᠭ᠎ᠠ ᠵᠠᠮ ᠪᠠ ᠠᠷᠭ᠎ᠠ   ᠪᠠᠷᠢᠯ ᠢ ᠰᠦᠪᠡᠭᠴᠢᠯᠠᠵᠤ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠡᠨᠡᠬᠦ ᠬᠦᠷᠢᠶ᠎ᠡ ᠬᠡᠪᠴᠢᠶᠡᠨ ᠳᠤ ᠤᠷᠤᠬᠤ ᠶᠢ   ᠵᠤᠷᠢᠭᠵᠢᠭᠤᠯᠵᠤ᠂ ᠲᠡᠳᠡᠨᠠᠷ ᠤᠨ ᠲᠤᠰᠬᠠᠢᠢᠵᠢᠭᠰᠠᠨ᠂ ᠰᠢᠯᠢᠳᠡᠭᠵᠢᠭᠰᠡᠨ ᠦᠢᠯᠡᠴᠢᠯᠡᠭᠡ ᠶᠢᠨ ᠲᠠᠪᠠᠭᠤᠯᠢᠭ ᠢ   ᠪᠠᠳᠠᠷᠠᠭᠤᠯᠤᠨ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭᠠᠨ ᠤ ᠦᠷᠭᠡᠨ ᠲᠡᠯᠭᠡᠷ ᠢᠶᠠᠷ ᠦᠷᠨᠢᠬᠦᠯᠬᠦ ᠶᠢ   ᠠᠬᠢᠭᠤᠯᠬᠤ ᠬᠡᠷᠡᠭᠳᠡᠢ᠃           ︵ᠲᠠᠪᠤ︶ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠬᠤᠯᠪᠤᠭᠠᠳᠤ ᠤᠷᠤᠯᠳᠤᠭᠠᠨ ᠢ ᠵᠤᠬᠢᠶᠠᠨ ᠪᠠᠶᠢᠭᠤᠯᠤᠨ   ᠦᠷᠨᠢᠬᠦᠯᠬᠦ ᠬᠡᠷᠡᠭᠳᠡᠢ᠃ ᠰᠤᠶᠤᠯ ᠪᠡᠶ᠎ᠠ ᠲᠠᠮᠢᠷ ᠤᠨ ᠰᠠᠯᠠᠭ᠎ᠠ ᠮᠦᠴᠢᠷ ᠠᠴᠠ ᠰᠤᠷᠭᠠᠭᠤᠯᠢ ᠶᠢᠨ ᠬᠤᠯᠪᠤᠭᠠᠳᠤ   ᠤᠷᠤᠯᠳᠤᠭᠠᠨ ᠪᠠ ᠠᠵᠤ ᠠᠬᠤᠢᠢᠯᠠᠯ ᠤᠨ ᠠᠵᠢᠯᠳᠠᠨ ᠤ ᠬᠤᠯᠪᠤᠭᠠᠳᠤ ᠤᠷᠤᠯᠳᠤᠭᠠᠨ ᠵᠡᠷᠭᠡ ᠬᠦᠯ ᠪᠦᠮᠪᠦᠭᠡ ᠶᠢᠨ   ᠤᠷᠤᠯᠳᠤᠭᠠᠨ ᠤ ᠠᠵᠢᠯᠯᠠᠭ᠎ᠠ ᠲᠠᠢ ᠤᠶᠠᠯᠳᠤᠭᠤᠯᠤᠨ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠬᠤᠯᠪᠤᠭᠠᠳᠤ   ᠤᠷᠤᠯᠳᠤᠭᠠᠨ ᠢ ᠶᠡᠭᠡ ᠬᠦᠴᠤᠨ ᠢᠶᠠᠷ ᠲᠡᠯᠭᠡᠷᠡᠬᠦᠯᠬᠦ ᠬᠡᠷᠡᠭᠳᠡᠢ᠃ ᠵᠢᠯ ᠪᠦᠷᠢ ᠨᠢᠭᠡ ᠤᠳᠠᠭᠠᠨ ᠤ ᠨᠡᠶᠢᠭᠡᠮ ᠲᠤᠭᠤᠷᠢᠭ ᠤᠨ   ᠬᠦᠯ ᠪᠦᠮᠪᠦᠭᠡ ᠶᠢᠨ ᠤᠷᠤᠯᠳᠤᠭᠠᠨ ᠢ ᠵᠤᠬᠢᠶᠠᠨ ᠪᠠᠶᠢᠭᠤᠯᠤᠨ ᠡᠷᠬᠢᠯᠡᠵᠤ᠂ ᠤᠷᠤᠯᠳᠤᠭᠠᠨ ᠳᠤ ᠤᠷᠤᠯᠴᠠᠬᠤ ᠰᠢᠯᠢᠳᠡᠭ   ᠠᠩᠬᠢ ᠶᠢ ᠰᠤᠩᠭᠤᠨ ᠭᠠᠷᠭᠠᠵᠤ᠂ ᠠᠶᠢᠮᠠᠭ ᠬᠤᠳᠠ ᠪᠠ ᠦᠪᠡᠷᠳᠡᠭᠡᠨ ᠵᠠᠰᠠᠬᠤ ᠤᠷᠤᠨ ᠠᠴᠠ ᠵᠤᠬᠢᠶᠠᠨ ᠪᠠᠶᠢᠭᠤᠯᠤᠭᠰᠠᠨ   ᠬᠦᠯ ᠪᠦᠮᠪᠦᠭᠡ ᠶᠢᠨ ᠤᠷᠤᠯᠳᠤᠭᠠᠨ ᠳᠤ ᠢᠳᠡᠪᠬᠢᠳᠡᠢ ᠤᠷᠤᠯᠴᠠᠭᠤᠯᠵᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ   ᠬᠦᠭᠵᠢᠵᠤ ᠪᠤᠵᠠᠭᠠᠢᠢᠷᠠᠬᠤ ᠶᠢ ᠲᠦᠯᠬᠢᠨ ᠠᠬᠢᠭᠤᠯᠬᠤ ᠬᠡᠷᠡᠭᠳᠡᠢ᠃ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢ   ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯᠯᠠᠭ᠎ᠠ ᠳᠤ ᠢᠳᠡᠪᠬᠢᠳᠠᠢ ᠤᠷᠤᠯᠴᠠᠬᠤ ᠶᠢ ᠵᠤᠷᠢᠭᠵᠢᠭᠤᠯᠵᠤ᠂ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠲᠦᠭᠡᠮᠡᠯᠵᠢᠬᠦᠯᠬᠦ ᠴᠢᠨᠠᠷ ᠪᠠ ᠤᠳᠠᠭᠠᠨ ᠲᠠᠭᠠᠮᠠᠭᠠᠢ ᠴᠢᠨᠠᠷ ᠢ ᠲᠠᠰᠤᠷᠠᠯᠳᠠ ᠦᠭᠡᠢ   ᠲᠡᠰ ᠳᠡᠪᠰᠢᠬᠦᠯᠬᠦ ᠬᠡᠷᠡᠭᠳᠡᠢ᠃           ︵ᠵᠢᠷᠭᠤᠭ᠎ᠠ︶ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠲᠤᠭᠳᠠᠴᠠ ᠶᠢ ᠪᠠᠶᠢᠭᠤᠯᠬᠤ ᠬᠡᠷᠡᠭᠳᠡᠢ᠃ ᠨᠢᠭᠡ ᠳᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠬᠠᠮᠵᠢᠯᠴᠠᠨ ᠳᠤᠬᠢᠷᠠᠯᠴᠠᠬᠤ ᠲᠤᠭᠳᠠᠴᠠ ᠶᠢ   ᠪᠠᠶᠢᠭᠤᠯᠵᠤ᠂ ᠰᠤᠶᠤᠯ ᠪᠡᠶ᠎ᠠ ᠲᠠᠮᠢᠷ᠂ ᠠᠷᠳ ᠤᠨ ᠶᠠᠪᠤᠳᠠᠯ᠂ ᠰᠤᠷᠭᠠᠨ ᠬᠦᠮᠤᠵᠢᠯ᠂ ᠡᠳ᠋ ᠤᠨ ᠵᠠᠰᠠᠭ ᠵᠡᠷᠭᠡ ᠰᠠᠯᠠᠭ᠎ᠠ   ᠮᠦᠴᠢᠷ ᠲᠠᠢ ᠨᠢᠭᠳᠠ ᠬᠠᠮᠵᠢᠯᠴᠠᠵᠤ᠂ ᠡᠯ᠎ᠠ ᠲᠤᠪᠴᠢᠶ᠎ᠠ ᠠᠴᠠ ᠦᠪᠠᠷ ᠤᠨ ᠡᠬᠦᠷᠭᠡ ᠬᠠᠷᠢᠭᠤᠴᠠᠯᠭ᠎ᠠ ᠪᠠᠨ   ᠳᠤᠳᠤᠷᠬᠠᠢᠢᠯᠠᠵᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠰᠠᠭᠤᠳᠠᠯ ᠤᠨ ᠬᠤᠷᠠᠯ᠂ ᠰᠠᠨᠠᠯ ᠰᠤᠯᠢᠯᠴᠠᠬᠤ ᠬᠤᠷᠠᠯ ᠡᠷᠬᠢᠯᠡᠵᠤ᠂   ᠲᠤᠷᠰᠢᠯᠭ᠎ᠠ᠂ ᠠᠷᠭ᠎ᠠ ᠬᠢᠳᠡᠯ ᠢᠶᠠᠨ ᠳ᠋ᠦᠩᠨᠡᠵᠤ᠂ ᠪᠠᠭᠤᠷᠠᠢ ᠲᠠᠯ᠎ᠠ ᠪᠠᠨ ᠡᠷᠢᠵᠤ᠂ ᠬᠠᠯᠠᠨ ᠰᠢᠨᠡᠳᠭᠡᠬᠦ ᠠᠷᠭ᠎ᠠ ᠪᠠᠷᠢᠯ ᠢ   ᠲᠤᠭᠳᠠᠭᠠᠬᠤ ᠬᠡᠷᠡᠭᠳᠡᠢ᠃ ᠬᠤᠶᠠᠷ ᠲᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠵᠤᠷᠢᠭᠵᠢᠭᠤᠯᠬᠤ   ᠲᠤᠭᠳᠠᠴᠠ ᠶᠢ ᠪᠠᠶᠢᠭᠤᠯᠬᠤ ᠬᠡᠷᠡᠭᠳᠡᠢ᠃ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠦᠢᠯᠡᠰ ᠤᠨ   ᠬᠦᠭᠵᠢᠯᠳᠠ ᠶᠢᠨ ᠪᠠᠶᠢᠳᠠᠯ ᠪᠠ ᠠᠵᠢᠯᠯᠠᠭ᠎ᠠ ᠦᠷᠨᠢᠬᠦᠯᠬᠦ ᠪᠠᠶᠢᠳᠠᠯ ᠢ ᠦᠨᠳᠤᠰᠤᠯᠠᠨ᠂ ᠨᠡᠶᠢᠭᠡᠮ ᠲᠤᠭᠤᠷᠢᠭ ᠠᠴᠠ ᠬᠦᠯ   ᠪᠦᠮᠪᠦᠭᠡ ᠶᠢᠨ ᠠᠵᠢᠯ ᠤᠨ ᠰᠢᠯᠢᠳᠡᠭ ᠬᠠᠮᠳᠤ ᠨᠡᠶᠢᠳᠠ ᠪᠠ ᠰᠢᠯᠢᠳᠡᠭ ᠬᠤᠪᠢ ᠬᠦᠮᠤᠨ ᠵᠡᠷᠭᠡ ᠳᠤ ᠱᠠᠩᠨᠠᠯ ᠬᠦᠬᠢᠬᠦᠯᠤᠯ   ᠬᠦᠷᠳᠡᠭᠡᠨ᠎ᠠ᠃ ᠭᠤᠷᠪᠠ ᠳᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠰᠤᠷᠳᠠᠯ ᠤᠬᠠᠭᠤᠯᠭ᠎ᠠ ᠶᠢᠨ   ᠲᠤᠭᠳᠠᠴᠠ ᠶᠢ ᠪᠠᠶᠢᠭᠤᠯᠬᠤ ᠬᠡᠷᠡᠭᠳᠡᠢ᠃ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠰᠤᠷᠳᠠᠯ ᠤᠬᠠᠭᠤᠯᠭ᠎ᠠ ᠶᠢ ᠨᠡᠶᠢᠭᠡᠮ ᠲᠤᠭᠤᠷᠢᠭ ᠤᠨ ᠤᠬᠠᠭᠤᠯᠭ᠎ᠠ ᠶᠢᠨ ᠠᠵᠢᠯ ᠤᠨ   ᠭᠤᠣᠯ ᠠᠭᠤᠯᠭ᠎ᠠ ᠳᠤ ᠤᠷᠤᠭᠤᠯᠵᠤ᠂ ᠨᠡᠶᠢᠭᠡᠮ ᠲᠤᠭᠤᠷᠢᠭ ᠤᠨ ᠷᠠᠳᠢᠤ᠋᠂ ᠤᠬᠠᠭᠤᠯᠭ᠎ᠠ ᠶᠢᠨ ᠪᠤᠯᠤᠩ᠂ ᠡᠯᠧᠺᠲᠷᠤᠨ   ᠬᠠᠯᠬᠠᠪᠴᠢ᠂ ᠦᠵᠡᠬᠦᠯᠤᠯᠭᠡ ᠶᠢᠨ ᠰᠤᠨᠢᠨ ᠵᠡᠷᠭᠡ ᠳᠤ ᠬᠦᠯ ᠪᠦᠮᠪᠦᠭᠡ ᠶᠢᠨ ᠠᠵᠢᠯᠯᠠᠭ᠎ᠠ ᠶᠢ ᠤᠬᠠᠭᠤᠯᠵᠤ᠂ ᠶᠡᠭᠡ   ᠬᠦᠴᠤᠨ ᠢᠶᠠᠷ ᠨᠡᠮ ᠤᠨ ᠬᠤᠷᠢᠶ᠎ᠠ ᠵᠠᠰᠠᠭ ᠤᠨ ᠤᠷᠳᠤᠨ ᠠᠴᠠ ᠬᠦᠨᠳᠤᠳᠭᠡᠬᠦ᠂ ᠨᠡᠶᠢᠭᠡᠮ ᠤᠨ ᠲᠡᠮᠵᠢᠯᠭᠡ᠂ ᠰᠠᠭᠤᠭᠠᠯᠢ   ᠠᠷᠠᠳ ᠤᠨ ᠤᠷᠤᠯᠴᠠᠬᠤ᠂ ᠶᠠᠷᠢᠶ᠎ᠠ ᠬᠡᠯᠡᠯᠴᠡᠭᠡ ᠶᠢᠨ ᠠᠩᠬᠠᠷᠤᠯ ᠳᠠᠯᠪᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ   ᠪᠤᠯᠭᠠᠬᠤ ᠬᠡᠷᠡᠭᠳᠡᠢ᠃       ᠲᠦᠷᠪᠠ᠂ ᠪᠠᠳᠤᠯᠠᠪᠤᠷᠢ ᠶᠢᠨ ᠠᠷᠭ᠎ᠠ ᠪᠠᠷᠢᠯ           ︵ᠨᠢᠭᠡ︶ ᠰᠤᠶᠤᠯ ᠪᠡᠶ᠎ᠠ ᠲᠠᠮᠢᠷ᠂ ᠠᠷᠠᠳ ᠤᠨ ᠶᠠᠪᠤᠳᠠᠯ᠂ ᠰᠤᠷᠭᠠᠨ ᠬᠦᠮᠤᠵᠢᠯ᠂ ᠠᠵᠢᠯᠴᠢᠨ ᠤ ᠡᠪᠯᠡᠯ ᠵᠡᠷᠭᠡ   ᠨᠢᠭᠡᠴᠠ ᠠᠴᠠ ᠪᠦᠬᠦ ᠲᠠᠯ᠎ᠠ ᠶᠢᠨ ᠦᠨᠳᠦᠷᠴᠡ ᠠᠴᠠ ᠬᠦᠴᠤ ᠪᠠᠨ ᠨᠢᠭᠡᠳᠭᠡᠵᠤ ᠬᠠᠮᠳᠤᠷᠠᠨ ᠠᠵᠢᠯᠯᠠᠵᠤ᠂ ᠲᠤᠰ ᠲᠤᠰ ᠤᠨ   ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠬᠦᠮᠤᠨ ᠤ ᠬᠦᠴᠤ᠂ ᠪᠤᠳᠠᠰ ᠤᠨ ᠬᠦᠴᠤ᠂ ᠡᠳ᠋ ᠤᠨ ᠬᠦᠴᠤ ᠶᠢ   ᠢᠳᠡᠪᠬᠢᠳᠠᠢ ᠤᠷᠤᠭᠤᠯᠵᠤ᠂ ᠤᠬᠢ ᠰᠠᠶᠢᠨ ᠨᠦᠬᠦᠴᠠᠯ ᠢ ᠡᠬᠦᠳᠴᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ   ᠠᠵᠢᠯᠯᠠᠭ᠎ᠠ ᠨᠢ ᠲᠠᠯᠠᠪᠠᠢ ᠲᠠᠢ᠂ ᠠᠵᠢᠯᠳᠠᠨ ᠲᠠᠢ᠂ ᠵᠠᠷᠤᠳᠠᠯ ᠲᠠᠢ᠂ ᠲᠦᠷᠢᠮ ᠲᠠᠢ ᠪᠠᠶᠢᠬᠤ ᠶᠢ ᠪᠠᠳᠤᠯᠠᠬᠤ ᠬᠡᠷᠡᠭᠳᠡᠢ᠃   ᠰᠤᠶᠤᠯ ᠪᠡᠶ᠎ᠠ ᠲᠠᠮᠢᠷ ᠤᠨ ᠰᠠᠯᠠᠭ᠎ᠠ ᠮᠦᠴᠢᠷ ᠠᠴᠠ ᠬᠦᠯ ᠪᠦᠮᠪᠦᠭᠡ ᠶᠢᠨ ᠠᠵᠢᠯᠯᠠᠭ᠎ᠠ ᠶᠢ ᠦᠷᠨᠢᠬᠦᠯᠵᠤ ᠪᠠᠶᠢᠭ᠎ᠠ ᠨᠡᠶᠢᠭᠡᠮ   ᠲᠤᠭᠤᠷᠢᠭ ᠤᠨ ᠨᠤᠳᠠᠯᠠᠨ ᠵᠦᠪᠰᠢᠶᠡᠷᠡᠬᠦ ᠪᠠ ᠱᠠᠩᠨᠠᠨ ᠬᠦᠬᠢᠬᠦᠯᠬᠦ᠂ ᠤᠷᠤᠯᠳᠤᠭᠠᠨ ᠤ ᠲᠦᠷᠢᠮ ᠢ ᠲᠤᠭᠳᠠᠭᠠᠬᠤ᠂   ᠤᠷᠤᠯᠳᠤᠭᠠᠨ ᠤ ᠵᠤᠬᠢᠶᠠᠨ ᠪᠠᠶᠢᠭᠤᠯᠤᠯᠳᠠ᠂ ᠵᠠᠷᠤᠳᠠᠯ ᠤᠨ ᠲᠤᠬᠢᠷᠠᠭᠤᠯᠤᠯᠳᠠ᠂ ᠲᠤᠰᠬᠠᠢ ᠮᠡᠷᠭᠡᠵᠢᠯ ᠤᠨ   ᠪᠤᠯᠪᠠᠰᠤᠷᠠᠭᠤᠯᠤᠯᠳᠠ ᠪᠤᠯᠤᠨ ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠬᠤ ᠬᠡᠷᠡᠭᠳᠡᠢ᠃ ᠰᠤᠷᠭᠠᠨ ᠬᠦᠮᠤᠵᠢᠯ ᠤᠨ   ᠰᠠᠯᠠᠭ᠎ᠠ ᠮᠦᠴᠢᠷ ᠠᠴᠠ ᠰᠤᠷᠭᠠᠭᠤᠯᠢ ᠶᠢᠨ ᠬᠦᠯ ᠪᠦᠮᠪᠦᠭᠡ ᠶᠢᠨ ᠲᠠᠯᠠᠪᠠᠢ ᠨᠡᠶᠢᠭᠡᠮ ᠲᠤᠭᠤᠷᠢᠭ ᠲᠤ ᠰᠦᠢᠳᠭᠡᠯ ᠠᠪᠬᠤ   ᠦᠭᠡᠢ ᠪᠠᠷ ᠨᠡᠭᠡᠭᠡᠵᠤ ᠦᠭᠬᠦ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠡᠯ᠎ᠠ   ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠰᠤᠶᠤᠯ ᠤᠬᠠᠭᠤᠯᠭ᠎ᠠ ᠶᠢᠨ ᠠᠵᠢᠯ ᠢ ᠵᠤᠬᠢᠶᠠᠨ ᠪᠠᠶᠢᠭᠤᠯᠤᠨ   ᠦᠷᠨᠢᠬᠦᠯᠬᠦ ᠶᠢ ᠬᠠᠷᠢᠭᠤᠴᠠᠵᠤ᠂ ᠰᠤᠶᠤᠯ ᠪᠡᠶ᠎ᠠ ᠲᠠᠮᠢᠷ ᠤᠨ ᠰᠠᠯᠠᠭ᠎ᠠ ᠮᠦᠴᠢᠷ ᠠᠴᠠ ᠨᠡᠶᠢᠭᠡᠮ ᠲᠤᠭᠤᠷᠢᠭ ᠤᠨ ᠬᠦᠯ   ᠪᠦᠮᠪᠦᠭᠡ ᠶᠢᠨ ᠠᠵᠢᠯᠯᠠᠭ᠎ᠠ ᠶᠢ ᠦᠷᠨᠢᠬᠦᠯᠬᠦ ᠶᠢ ᠢᠳᠡᠪᠬᠢᠳᠠᠢ ᠬᠠᠮᠵᠢᠯᠴᠠᠬᠤ ᠬᠡᠷᠡᠭᠳᠡᠢ᠃         ︵ᠬᠤᠶᠠᠷ︶ ᠵᠠᠷᠤᠳᠠᠯ ᠢ   ᠴᠤᠬᠯᠠᠭᠤᠯᠬᠤ ᠵᠢᠴᠢ ᠬᠠᠮᠢᠶᠠᠷᠤᠯᠳᠠ᠃ ᠨᠢᠭᠡ ᠳᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠬᠤᠯᠪᠤᠭᠠᠳᠤ   ᠤᠷᠤᠯᠳᠤᠭᠠᠨ ᠤ ᠵᠠᠷᠤᠳᠠᠯ ᠢ ᠪᠡᠶ᠎ᠠ ᠲᠠᠮᠢᠷ ᠤᠨ ᠰᠤᠭᠤᠯᠤᠭ᠎ᠠ ᠶᠢᠨ ᠨᠡᠶᠢᠳᠠ ᠶᠢᠨ ᠠᠰᠠᠷᠠᠮᠵᠢ ᠶᠢᠨ ᠮᠦᠩᠬᠦ ᠠᠴᠠ   ᠰᠢᠢᠳᠪᠤᠷᠢᠯᠠᠨ ᠦᠭᠴᠤ᠂ ᠭᠤᠣᠯᠳᠠᠭᠤ ᠤᠷᠤᠯᠳᠤᠭᠠᠨ ᠤ ᠵᠤᠬᠢᠶᠠᠨ ᠪᠠᠶᠢᠭᠤᠯᠤᠯᠳᠠ᠂ ᠳᠦᠭᠦᠭᠡᠷᠦᠮᠵᠢ ᠶᠢ ᠲᠦᠷᠢᠶᠡᠰᠤᠯᠡᠬᠦ   ᠪᠤᠶᠤ ᠬᠤᠳᠠᠯᠳᠤᠨ ᠠᠪᠬᠤ᠂ ᠰᠤᠷᠭᠠᠭᠴᠢ ᠪᠤᠯᠤᠨ ᠬᠢᠨᠠᠭᠴᠢ ᠶᠢ ᠤᠷᠢᠨ ᠵᠠᠯᠠᠬᠤ ᠵᠠᠷᠤᠳᠠᠯ᠂ ᠦᠨᠡᠯᠡᠨ ᠵᠢᠱᠢᠬᠦ ᠪᠠ   ᠱᠠᠩᠨᠠᠨ ᠬᠦᠬᠢᠬᠦᠯᠬᠦ ᠵᠢᠴᠢ ᠤᠷᠤᠯᠳᠤᠭᠠᠨ ᠳᠤ ᠤᠷᠤᠯᠴᠠᠭᠰᠠᠳ ᠤᠨ ᠢᠳᠡᠵᠤ ᠬᠤᠨᠤᠬᠤ᠂ ᠲᠠᠭᠠᠳᠬᠠᠯ᠂ ᠵᠠᠮ   ᠬᠠᠷᠢᠯᠴᠠᠭ᠎ᠠ᠂ ᠨᠦᠬᠦᠪᠤᠷᠢ ᠵᠡᠷᠭᠡ ᠵᠠᠷᠤᠳᠠᠯ ᠪᠠᠭᠳᠠᠨ᠎ᠠ᠃ ᠬᠤᠶᠠᠷ ᠲᠤ᠂ ᠬᠤᠰᠢᠭᠤᠨ ᠤ ᠡᠳ᠋ ᠤᠨ ᠵᠠᠰᠠᠭ ᠠᠴᠠ ᠲᠤᠰᠬᠠᠢ   ᠵᠠᠷᠤᠳᠠᠯ ᠲᠤᠬᠢᠷᠠᠭᠤᠯᠵᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠢ ᠪᠠᠳᠤᠯᠠᠨ᠎ᠠ᠃ ᠭᠤᠣᠯᠳᠠᠭᠤ ᠨᠡᠶᠢᠭᠡᠮ   ᠲᠤᠭᠤᠷᠢᠭ ᠤᠨ ᠠᠵᠢᠯ ᠤᠨ ᠴᠢᠯᠤᠭᠡᠨ ᠤ ᠬᠦᠯ ᠪᠦᠮᠪᠦᠭᠡ ᠶᠢᠨ ᠠᠩᠬᠢ ᠪᠠᠶᠢᠭᠤᠯᠬᠤ ᠪᠡᠯᠡ ᠮᠦᠩᠬᠦ᠂ ᠨᠡᠶᠢᠭᠡᠮ   ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠤᠬᠠᠭᠤᠯᠭ᠎ᠠ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ   ᠠᠯᠪᠠᠯᠠᠬᠤ ᠵᠢᠴᠢ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠰᠢᠯᠢᠳᠡᠭ ᠬᠠᠮᠳᠤ ᠨᠡᠶᠢᠳᠠ ᠪᠠ ᠬᠤᠪᠢ   ᠬᠦᠮᠤᠨ ᠢ ᠱᠠᠩᠨᠠᠨ ᠬᠦᠬᠢᠬᠦᠯᠬᠦ ᠵᠡᠷᠭᠡ ᠪᠠᠭᠳᠠᠨ᠎ᠠ᠃ ᠭᠤᠷᠪᠠ ᠳᠤ᠂ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ   ᠵᠠᠷᠤᠳᠠᠯ ᠢ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ   ᠪᠠᠶᠢᠭᠤᠯᠤᠮᠵᠢ ᠶᠢᠨ ᠬᠡᠷᠡᠭ ᠡᠷᠬᠢᠯᠡᠬᠦ ᠪᠠᠶᠢᠭᠤᠯᠤᠮᠵᠢ ᠠᠴᠠ ᠨᠢᠭᠡᠳᠤᠯᠳᠠᠢ ᠬᠠᠮᠢᠶᠠᠷᠴᠤ᠂ ᠲᠤᠰᠬᠠᠢ ᠲᠠᠩᠰᠠᠯᠠᠵᠤ᠂ ᠲᠤᠰᠬᠠᠢ   ᠬᠠᠮᠢᠶᠠᠷᠤᠨ᠂ ᠲᠤᠰᠬᠠᠢ ᠪᠡᠯᠡ ᠮᠦᠩᠬᠦ ᠶᠢ ᠲᠤᠰᠬᠠᠢ ᠬᠡᠷᠡᠭᠯᠡᠬᠦ᠂ ᠡᠳ᠋ ᠤᠨ ᠵᠠᠰᠠᠭ ᠤᠨ ᠬᠠᠮᠢᠶᠠᠷᠤᠯᠳᠠ ᠶᠢᠨ ᠲᠦᠷᠢᠮ ᠪᠠ   ᠬᠢᠨᠠᠨ ᠪᠤᠳᠤᠬᠤ ᠲᠦᠷᠢᠮ ᠢ ᠴᠢᠩᠭ᠎ᠠ ᠬᠡᠷᠡᠭᠵᠢᠬᠦᠯᠤᠨ᠎ᠠ᠃ ᠲᠠᠭᠠᠯᠳᠤᠭᠤᠯᠤᠯ       ᠵᠠᠯᠠᠶᠢᠳ ᠬᠤᠰᠢᠭᠤᠨ ᠤ ᠨᠡᠶᠢᠭᠡᠮ ᠲᠤᠭᠤᠷᠢᠭ ᠤᠨ ᠬᠦᠯ ᠪᠦᠮᠪᠦᠭᠡ ᠶᠢᠨ ᠤᠢᠢᠯᠡᠰ ᠢ ᠬᠦᠭᠵᠢᠬᠦᠯᠬᠦ ᠤᠳᠤᠷᠢᠳᠬᠤ   ᠲᠤᠭᠤᠢᠢᠯᠠᠩ       ᠲᠤᠭᠤᠢᠢᠯᠠᠩ ᠤᠨ ᠲᠠᠷᠤᠭ᠎ᠠ᠄       ᠵᠢᠢ ᠬᠤᠩ ᠮᠸᠢ ᠵᠠᠯᠠᠶᠢᠳ ᠬᠤᠰᠢᠭᠤᠨ ᠤ ᠲᠡᠳ᠋ ᠬᠤᠰᠢᠭᠤᠨ ᠲᠠᠷᠤᠭ᠎ᠠ       ᠲᠡᠳ᠋ ᠲᠤᠭᠤᠢᠢᠯᠠᠩ ᠤᠨ ᠲᠠᠷᠤᠭ᠎ᠠ᠄       ᠸᠠᠩ ᠰᠢᠣᠸᠠᠢ ᠵᠢᠶ᠋ᠸ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ           ᠲᠢᠶᠠᠨ ᠰᠢᠶᠠᠩ ᠵᠠᠯᠠᠶᠢᠳ ᠬᠤᠰᠢᠭᠤᠨ ᠤ ᠰᠤᠶᠤᠯ ᠪᠡᠶ ᠎ᠠ ᠲᠠᠮᠢᠷ ᠤᠨ ᠲᠤᠪᠴᠢᠶ᠎ᠠ ᠶᠢᠨ ᠲᠤᠪᠴᠢᠶᠠᠨ ᠲᠠᠷᠤᠭ᠎ᠠ           ᠴᠢᠨ ᠶᠢᠨ ᠱᠠᠨ ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠲᠤᠪᠴᠢᠶᠠᠨ ᠲᠠᠷᠤᠭ᠎ᠠ       ᠭᠡᠰᠢᠬᠦᠨ᠄       ᠵᠠᠩ ᠳ᠋ᠠᠨ ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ           ᠰᠦᠨ ᠶᠠᠨ ᠺᠦᠨ ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠲᠡᠳ᠋ ᠲᠤᠪᠴᠢᠶᠠᠨ   ᠲᠠᠷᠤᠭ᠎ᠠ             ᠵᠠᠩ ᠰᠢ ᠺᠦᠢ ᠵᠠᠯᠠᠶᠢᠳ ᠬᠤᠰᠢᠭᠤᠨ ᠤ ᠰᠤᠷᠭᠠᠨ ᠬᠦᠮᠤᠵᠢᠯ ᠤᠨ ᠲᠤᠪᠴᠢᠶ᠎ᠠ ᠶᠢᠨ ᠲᠡᠳ᠋ ᠲᠤᠪᠴᠢᠶᠠᠨ ᠲᠠᠷᠤᠭ᠎ᠠ             ᠶᠢᠨ ᠲᠢ᠊ᠶᠧ ᠮᠢᠩ ᠵᠠᠯᠠᠶᠢᠳ ᠬᠤᠰᠢᠭᠤᠨ ᠤ ᠠᠵᠢᠯᠴᠢᠨ ᠤ ᠡᠪᠯᠡᠯ ᠤᠨ ᠲᠡᠳ᠋ ᠲᠡᠷᠢᠬᠦᠯᠡᠭᠴᠢ             ᠵᠠᠩ ᠴᠦᠨ ᠬᠤᠸᠠ ᠵᠠᠯᠠᠶᠢᠳ ᠬᠤᠰᠢᠭᠤᠨ ᠤ ᠡᠪᠯᠡᠯ ᠤᠨ ᠬᠤᠷᠢᠶ᠎ᠠ ᠶᠢᠨ ᠲᠡᠳ᠋ ᠱᠦᠵᠢ           ᠵᠠᠩ ᠱᠤᠸᠠᠩ ᠴᠢᠣᠸᠠᠨ ᠵᠠᠯᠠᠶᠢᠳ ᠬᠤᠰᠢᠭᠤᠨ ᠤ ᠰᠤᠶᠤᠯ ᠪᠡᠶ᠎ᠠ ᠲᠠᠮᠢᠷ ᠤᠨ ᠲᠤᠪᠴᠢᠶ᠎ᠠ ᠶᠢᠨ ᠲᠤᠪᠴᠢᠶᠠᠨ   ᠲᠠᠷᠤᠭ᠎ᠠ ᠶᠢᠨ ᠲᠤᠰᠠᠯᠠᠭᠴᠢ             ᠤᠳᠤᠷᠢᠳᠬᠤ ᠲᠤᠭᠤᠢᠢᠯᠠᠩ ᠤᠨ ᠠᠯᠪᠠᠨ ᠭᠡᠷ ᠢ ᠰᠤᠶᠤᠯ ᠪᠡᠶ᠎ᠠ ᠲᠠᠮᠢᠷ ᠤᠨ ᠲᠤᠪᠴᠢᠶᠠᠨ ᠳᠤ ᠲᠤᠬᠢᠷᠠᠭᠤᠯᠵᠤ᠂   ᠠᠯᠪᠠᠨ ᠭᠡᠷ ᠤᠨ ᠡᠷᠬᠢᠯᠡᠭᠴᠢ ᠶᠢ ᠸᠠᠩ ᠱᠤᠸᠠᠩ ᠴᠢᠣᠸᠠᠨ ᠠᠴᠠ ᠲᠤᠰᠢᠶᠠᠯ ᠬᠠᠪᠰᠤᠷᠭᠠᠨ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号