ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ ᠬᠠᠮᠢᠶᠠᠷᠤᠯᠳᠠ ᠶᠢᠨ ᠠᠵᠢᠯ ᠤᠨ ᠭᠡᠷᠡᠭᠵᠢᠬᠦᠯᠬᠦ ᠲᠦᠰᠦᠯ ᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-06-07
ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ ᠬᠠᠮᠢᠶᠠᠷᠤᠯᠳᠠ ᠶᠢᠨ   ᠠᠵᠢᠯ ᠤᠨ ᠭᠡᠷᠡᠭᠵᠢᠬᠦᠯᠬᠦ ᠲᠦᠰᠦᠯ ᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ           ᠵᠠᠯᠠᠶᠢᠳ ᠬᠤᠰᠢᠭᠤᠨ ᠤ ᠵᠠᠰᠠᠬ ᠤᠨ ᠤᠷᠳᠤᠨ ᠤ ᠠᠯᠪᠠᠨ ᠭᠡᠷ ︵2015︶ 61 ᠳ᠋ᠦ᠋ᠭᠡᠷ ᠨᠤᠮᠧᠷ             ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ ᠬᠠᠮᠢᠶᠠᠷᠤᠯᠳᠠ ᠶᠢᠨ   ᠠᠵᠢᠯ ᠤᠨ ᠭᠡᠷᠡᠭᠵᠢᠬᠦᠯᠬᠦ ᠲᠦᠰᠦᠯ ᠢ ᠭᠡᠪᠯᠡᠨ ᠲᠠᠷᠬᠠᠭᠠᠬᠤ ᠲᠤᠬᠠᠢ ᠮᠡᠳᠡᠭᠳᠡᠯ   ᠬᠠᠮᠢᠶ᠎ᠠ ᠪᠦᠬᠦᠢ ᠰᠤᠮᠤ᠂ ᠪᠠᠯᠭᠠᠰᠤ ᠶᠢᠨ ᠠᠷᠠᠳ ᠤᠨ ᠵᠠᠰᠠᠬ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ   ᠪᠦᠬᠦᠢ ᠰᠠᠯᠠᠭ᠎ᠠ ᠮᠦᠴᠢᠷ᠄         ᠤᠳᠤ ︽ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ   ᠬᠠᠮᠢᠶᠠᠷᠤᠯᠳᠠ ᠶᠢᠨ ᠠᠵᠢᠯ ᠤᠨ ᠭᠡᠷᠡᠭᠵᠢᠬᠦᠯᠬᠦ ᠲᠦᠰᠦᠯ︾ ᠢ ᠲᠠᠨ ᠳᠤ ᠭᠡᠪᠯᠡᠨ ᠲᠠᠷᠬᠠᠭᠠᠬᠤ ᠭᠡᠵᠤ ᠪᠠᠶᠢᠨ᠎ᠠ᠂ ᠨᠠᠷᠢᠨ   ᠬᠢᠨᠠᠮᠠᠭᠠᠢ ᠵᠤᠬᠢᠶᠠᠨ ᠪᠠᠶᠢᠭᠤᠯᠤᠨ ᠭᠡᠷᠡᠭᠵᠢᠬᠦᠯᠳᠦᠭᠡᠢ᠃       ᠲᠠᠭᠠᠯᠳᠠ᠄ ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ   ᠬᠠᠮᠢᠶᠠᠷᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ                                                   2015 ᠤᠨ ᠤ 5 ᠰᠠᠷ᠎ᠠ ᠶᠢᠨ 18 ᠤ ᠡᠳᠦᠷ               ᠬᠠᠭᠤᠯᠤᠨ ᠬᠦᠷᠭᠡᠬᠦ᠄ ᠵᠠᠯᠠᠶᠢᠳ ᠬᠤᠰᠢᠭᠤᠨ ᠤ ᠶᠢᠨ ᠴᠧᠩ ᠵᠠᠮ ᠲᠡᠭᠡᠭᠡᠪᠦᠷᠢ ᠶᠢᠨ ᠺᠤᠮᠫᠠᠨᠢ ᠠᠨ ᠬᠤᠸᠠ   ᠲᠠᠷᠢᠶᠠᠯᠠᠩ ᠤᠨ ᠲᠠᠭᠠᠳᠬᠠᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠶᠢᠨ ᠵᠠᠯᠠᠶᠢᠳ ᠬᠤᠰᠢᠭᠤᠨ ᠳᠠᠬᠢ   ᠬᠤᠪᠢᠶᠠᠷᠢ ᠺᠤᠮᠫᠠᠨᠢ             ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠬᠦ ᠬᠠᠮᠢᠶᠠᠷᠤᠯᠳᠠ ᠶᠢᠨ   ᠠᠵᠢᠯ ᠤᠨ ᠭᠡᠷᠡᠭᠵᠢᠬᠦᠯᠬᠦ ᠲᠦᠰᠦᠯ             ᠪᠦᠬᠦ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠤ᠂   ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠰᠤᠷᠭᠠᠭᠤᠯᠢ ᠳᠤ ᠤᠴᠢᠬᠤ ᠪᠤᠶᠤ ᠰᠤᠷᠭᠠᠭᠤᠯᠢ ᠲᠠᠷᠬᠠᠬᠤ ᠦᠶ᠎ᠡ ᠶᠢᠨ   ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠨᠡᠳᠡᠯ ᠢ ᠰᠡᠷᠭᠡᠶᠢᠯᠡᠬᠦ ᠪᠤᠶᠤ ᠪᠠᠭᠠᠰᠬᠠᠵᠤ᠂ ︽ᠰᠤᠷᠭᠠᠭᠤᠯᠢ ᠳᠤ   ᠤᠴᠢᠬᠤ ᠳᠤ ᠬᠦᠴᠢᠷ᠂ ᠵᠠᠮ ᠬᠠᠷᠢᠯᠴᠠᠭ᠎ᠠ ᠬᠦᠴᠢᠷ︾ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠶᠢᠨ ᠲᠦᠯᠦᠭᠡ᠂   ᠲᠦᠷᠦ ᠶᠢᠨ ᠶᠠᠪᠤᠳᠠᠯ ᠤᠨ ᠬᠤᠷᠢᠶᠠᠨ ᠤ ︽ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ   ᠲᠦᠷᠢᠮ︾ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠰᠤᠷᠭᠠᠭᠤᠯᠢ ᠶᠢᠨ ᠲᠡᠷᠭᠡ ᠶᠢᠨ ᠠᠮᠤᠷ   ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠭᠡᠷᠡᠭᠵᠢᠬᠦᠯᠬᠦ ᠠᠷᠭ᠎ᠠ ︵ᠲᠤᠷᠰᠢᠨ ᠭᠡᠷᠡᠭᠯᠡᠬᠦ︶︾ ᠶᠢ ᠦᠨᠳᠦᠰᠦᠯᠡᠨ᠂   ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ ᠭᠡᠷᠡᠭᠵᠢᠬᠦᠯᠬᠦ ᠲᠦᠰᠦᠯ ᠢ ᠤᠨᠴᠠᠯᠠᠨ ᠲᠤᠭᠳᠠᠭᠠᠪᠠ᠃       ᠨᠢᠭᠡ᠂ ᠵᠢᠯᠤᠭᠤᠳᠬᠤ ᠦᠵᠡᠯ ᠰᠠᠨᠠᠭ᠎ᠠ           ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠬᠦᠮᠦᠨ ᠢᠶᠠᠷ ᠦᠨᠳᠦᠰᠦ   ᠪᠤᠯᠭᠠᠬᠤ ᠶᠢ ᠪᠠᠷᠢᠮᠳᠠᠯᠠᠵᠤ᠂ ᠰᠤᠷᠤᠬᠴᠢᠳ ᠲᠤ ᠦᠢᠯᠡᠴᠢᠯᠡᠬᠦ ᠪᠠᠷ ᠬᠦᠳᠦᠯᠪᠦᠷᠢ ᠪᠤᠯᠭᠠᠵᠤ᠂ ︽ᠠᠮᠤᠷ ᠠᠮᠤᠭᠤᠯᠠᠩ   ᠰᠤᠷᠭᠠᠭᠤᠯᠢ ᠶᠢ ᠪᠠᠶᠢᠭᠤᠯᠵᠤ᠂ ᠰᠤᠷᠤᠬᠴᠢᠳ ᠤᠨ ᠠᠮᠤᠷ ᠲᠦᠪᠰᠢᠨ ᠢ ᠪᠠᠳᠤᠯᠠᠨ᠂ ᠨᠡᠶᠢᠭᠡᠮ ᠤᠨ ᠡᠶ᠎ᠡ ᠵᠤᠬᠢᠴᠠᠯ ᠢ   ᠠᠬᠢᠭᠤᠯᠬᠤ︾ ᠪᠠᠷ ᠶᠡᠷᠦᠩᠬᠡᠢ ᠵᠤᠷᠢᠯᠳᠠ ᠪᠤᠯᠭᠠᠵᠤ᠂ ︽ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ   ᠲᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢᠯᠡᠯᠳᠡ ᠪᠠ   ᠬᠠᠮᠢᠶᠠᠷᠤᠯᠳᠠ ᠶᠢ ᠲᠦᠷᠢᠮᠵᠢᠬᠦᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠡᠷᠭᠡᠨ ᠳᠤ ᠰᠠᠭᠤᠬᠤ   ᠨᠦᠬᠦᠴᠡᠯ ᠢ ᠦᠨᠡᠩᠬᠦ ᠰᠠᠶᠢᠵᠢᠷᠠᠭᠤᠯᠵᠤ᠂ ᠰᠤᠷᠤᠬᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠪᠠᠳᠤᠯᠠᠨ᠎ᠠ᠃       ᠬᠤᠶᠠᠷ᠂ ᠠᠵᠢᠯ ᠤᠨ ᠵᠤᠷᠢᠯᠳᠠ             ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠡᠷᠭᠡ ᠶᠢᠨ ᠭᠡᠷᠡᠭᠯᠡᠯᠳᠡ ᠪᠠᠷ   ᠲᠠᠮᠵᠢᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠳᠤ ᠵᠤᠬᠢᠴᠠᠬᠰᠠᠨ ᠬᠦᠳᠡᠭᠡ ᠲᠤᠰᠬᠤᠨ ᠤ ᠲᠤᠮᠳᠠᠳᠤ ᠪᠠᠭ᠎ᠠ   ᠰᠤᠷᠭᠠᠭᠤᠯᠢ ᠶᠢᠨ ᠰᠤᠷᠤᠬᠴᠢᠳ ᠤᠨ ᠵᠠᠮ ᠬᠠᠷᠢᠯᠴᠠᠭᠠᠨ ᠤ ᠵᠦᠭᠡᠭᠡᠪᠦᠷᠢᠯᠡᠯᠳᠡ ᠶᠢᠨ ᠠᠮᠤᠷ ᠲᠦᠪᠰᠢᠨ ᠤ ᠬᠡᠯᠪᠡᠷᠢ ᠶᠢ   ᠰᠦᠪᠡᠭᠴᠢᠯᠡᠵᠤ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠲᠦᠷᠢᠮ ᠢ   ᠲᠤᠭᠳᠠᠭᠠᠵᠤ᠂ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ   ᠠᠵᠢᠯ ᠤᠨ ᠤᠳᠠᠭᠠᠨ ᠲᠠᠭᠠᠭᠠᠮᠠᠭᠠᠢ ᠲᠤᠭᠳᠠᠴᠠ ᠶᠢ ᠠᠩᠬ᠎ᠠ ᠠᠯᠬᠤᠮ ᠪᠠᠶᠢᠭᠤᠯᠤᠨ᠂ ᠬᠦᠳᠡᠭᠡ ᠲᠤᠰᠬᠤᠨ ᠤ ᠲᠤᠮᠳᠠᠳᠤ   ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠨᠡᠳᠡᠯ ᠢ ᠪᠦᠳᠦᠮᠵᠢᠳᠡᠢ ᠪᠠᠷ   ᠬᠤᠷᠢᠬᠯᠠᠨ ᠪᠠᠭᠠᠰᠬᠠᠵᠤ᠂ ᠰᠤᠷᠤᠬᠴᠢᠳ ᠤᠨ ᠰᠤᠷᠭᠠᠭᠤᠯᠢ ᠳᠠᠭᠠᠨ ᠤᠴᠢᠬᠤ ᠪᠤᠶᠤ ᠰᠤᠷᠭᠠᠭᠤᠯᠢ ᠲᠠᠷᠬᠠᠬᠤ ᠦᠶ᠎ᠡ ᠶᠢᠨ   ᠲᠦᠬᠦᠮ ᠲᠦᠳᠡ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠦᠢᠯᠡᠴᠢᠯᠡᠨ᠎ᠡ᠃       ᠭᠤᠷᠪᠠ᠂ ᠠᠵᠢᠯ ᠤᠨ ᠠᠷᠭ᠎ᠠ ᠮᠠᠶ᠋ᠢᠬ           ᠬᠦᠳᠡᠭᠡ ᠲᠤᠰᠬᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠰᠤᠷᠭᠠᠭᠤᠯᠢ ᠶᠢᠨ ᠲᠡᠷᠭᠡ ᠶᠢᠨ   ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠳᠠᠭᠠᠨ ︽ᠵᠠᠰᠠᠬ ᠤᠨ ᠤᠷᠳᠤᠨ ᠠᠴᠠ ᠭᠤᠤᠯ ᠵᠢᠯᠤᠭᠤᠳᠴᠤ᠂ ᠠᠵᠤ   ᠠᠬᠤᠢᠢᠯᠠᠯ ᠠᠴᠠ ᠭᠡᠷᠡᠭᠵᠢᠬᠦᠯᠵᠤ᠂ ᠰᠠᠯᠠᠭ᠎ᠠ ᠮᠦᠴᠢᠷ ᠠᠴᠠ ᠬᠢᠨᠠᠨ ᠬᠠᠮᠢᠶᠠᠷᠴᠤ᠂ ᠡᠳ᠋ ᠤᠨ ᠵᠠᠰᠠᠬ ᠠᠴᠠ ᠨᠦᠬᠦᠪᠦᠷᠢᠯᠡᠬᠦ︾ ᠠᠵᠢᠯ ᠤᠨ ᠲᠤᠭᠳᠠᠴᠠ ᠶᠢ ᠭᠡᠷᠡᠭᠵᠢᠬᠦᠯᠵᠤ᠂ ᠠᠵᠢᠯᠯᠠᠭᠠᠨ ᠤ ᠪᠡᠨ᠎ᠡ ᠶᠢᠨ ᠲᠠᠯ᠎ᠠ ᠪᠠᠷ ︽ᠡᠳ᠋ ᠤᠨ ᠵᠠᠰᠠᠬ ᠠᠴᠠ   ᠨᠦᠬᠦᠪᠦᠷᠢᠯᠡᠨ᠂ ᠠᠵᠤ ᠠᠬᠤᠢᠢᠯᠠᠯ ᠠᠴᠠ ᠠᠰᠢᠬ ᠬᠦᠷᠳᠡᠭᠡᠵᠤ᠂ ᠬᠠᠷᠠᠮᠴᠢ ᠲᠠᠢ ᠭᠡᠷᠡᠭᠯᠡᠬᠦ ︾ ᠠᠷᠭ᠎ᠠ ᠶᠢ ᠭᠡᠷᠡᠭᠵᠢᠬᠦᠯᠵᠤ᠂   ︽ᠠᠰᠠᠷᠠᠮᠵᠢ ᠶᠢᠨ ᠴᠢᠨᠠᠷ ᠢᠶᠠᠷ ᠭᠤᠤᠯᠳᠠᠭᠤᠯᠵᠤ᠂ ᠡᠵᠡᠩᠨᠡᠯᠳᠡ ᠶᠢᠨ ᠴᠢᠨᠠᠷ ᠢᠶᠠᠷ ᠲᠤᠰᠠᠯᠠᠬᠤ︾ ᠵᠠᠷᠴᠢᠮ ᠶᠤᠰᠤᠭᠠᠷ   ᠰᠤᠷᠤᠬᠴᠢᠳ ᠤᠨ ᠲᠡᠷᠭᠡᠨ ᠳᠤ ᠰᠠᠭᠤᠬᠤ ᠲᠠᠷᠤᠭᠠᠰᠤ ᠶᠢ ᠬᠦᠩᠭᠡᠯᠡᠨ᠂ ᠦᠷᠭᠡᠨ ᠤᠯᠠᠨ ᠲᠤᠮᠳᠠᠳᠤ ᠪᠠᠭ᠎ᠠ   ᠰᠤᠷᠭᠠᠭᠤᠯᠢ ᠶᠢᠨ ᠰᠤᠷᠤᠬᠴᠢᠳ ᠲᠤ ᠲᠦᠬᠦᠮ ᠲᠦᠳᠡ᠂ ᠠᠮᠤᠷ ᠲᠦᠪᠰᠢᠨ᠂ ᠲᠠᠭᠠᠯᠠᠮᠵᠢᠳᠠᠢ ᠲᠡᠷᠭᠡᠨ ᠳᠤ ᠰᠠᠭᠤᠬᠤ   ᠦᠢᠯᠡᠴᠢᠯᠡᠭᠡᠨ ᠢ ᠬᠠᠩᠭᠠᠨ᠎ᠠ᠃             ︵ᠨᠢᠭᠡ︶ ᠭᠡᠷᠡᠭᠵᠢᠬᠦᠯᠬᠦ ᠠᠷᠭ᠎ᠠ᠃ ᠠᠵᠤ ᠠᠬᠤᠢᠢᠯᠠᠯᠴᠢᠯᠠᠬᠰᠠᠨ ᠠᠵᠢᠯ ᠤᠨ ᠲᠦᠷᠢᠮ ᠢ ᠭᠡᠷᠡᠭᠵᠢᠬᠦᠯᠦᠨ᠂   ᠵᠠᠯᠠᠶᠢᠳ ᠬᠤᠰᠢᠭᠤᠨ ᠤ ᠶᠢᠨ ᠴᠧᠩ ᠵᠠᠮ ᠲᠡᠭᠡᠭᠡᠪᠦᠷᠢ ᠶᠢᠨ ᠺᠤᠮᠫᠠᠨᠢ ᠠᠴᠠ ᠰᠤᠷᠭᠠᠭᠤᠯᠢ ᠶᠢᠨ ᠲᠡᠷᠭᠡ ᠶᠢᠨ ᠬᠤᠳᠠᠯᠳᠤᠨ   ᠠᠪᠬᠤ ᠪᠠ ᠵᠦᠭᠡᠭᠡᠪᠦᠷᠢᠯᠡᠬᠦ ᠠᠵᠢᠯ ᠢ ᠬᠠᠷᠢᠭᠤᠴᠠᠬᠤ ᠪᠦᠭᠡᠳ ᠡᠨᠡ ᠨᠢ ᠬᠤᠰᠢᠭᠤᠨ ᠤ ᠵᠠᠮ ᠬᠠᠷᠢᠯᠴᠠᠭᠠᠨ ᠤ ᠰᠠᠯᠠᠭ᠎ᠠ   ᠮᠦᠴᠢᠷ ᠤᠨ ᠬᠠᠮᠢᠶᠠᠷᠤᠯᠳᠠ ᠳᠤ ᠬᠠᠮᠢᠶᠠᠷᠤᠬᠳᠠᠵᠤ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠡᠯ᠎ᠡ   ᠰᠤᠷᠭᠠᠭᠤᠯᠢ ᠶᠢᠨ ᠡᠭᠡᠯᠵᠢᠭᠦᠯᠦᠨ ᠠᠮᠠᠷᠠᠬᠤ ᠠᠷᠭ᠎ᠠ ︵ᠭᠠᠷᠠᠭ ᠤᠨ ᠲᠠᠪᠤᠨ ᠠᠴᠠ ᠭᠠᠷᠠᠭ ᠤᠨ ᠡᠳᠦᠷ ᠪᠤᠯᠳᠠᠯ᠎ᠠ ᠠᠳᠠᠯᠢ   ᠪᠤᠰᠤ ᠰᠤᠷᠭᠠᠭᠤᠯᠢ ᠠᠮᠠᠷᠠᠨ᠎ᠠ︶ ᠶᠢ ᠠᠪᠴᠤ᠂ ᠲᠦᠪᠯᠡᠷᠡᠬᠦᠯᠦᠨ ᠲᠡᠷᠭᠡ ᠪᠠᠷ ᠵᠦᠭᠡᠭᠡᠪᠦᠷᠢᠯᠡᠬᠦ ᠲᠠᠷᠤᠭᠠᠰᠤ ᠶᠢ   ᠬᠦᠩᠭᠡᠷᠡᠬᠦᠯᠦᠨ᠂ ᠰᠤᠷᠭᠠᠨ ᠬᠦᠮᠦᠵᠢᠯ ᠪᠤᠯᠤᠨ ᠵᠠᠮ ᠲᠡᠭᠡᠭᠡᠪᠦᠷᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ   ᠰᠤᠷᠤᠭᠴᠢᠳ ᠤᠨ ᠭᠡᠰᠡᠭ ᠪᠤᠳᠠᠳᠤ ᠪᠠᠶᠢᠳᠠᠯ ᠳᠤ ᠵᠤᠬᠢᠴᠠᠭᠤᠯᠤᠨ ᠭᠡᠷᠡᠭᠵᠢᠬᠦᠯᠬᠦ ᠲᠦᠯᠦᠪᠯᠡᠭᠡ ᠪᠠᠨ ᠲᠤᠭᠳᠠᠭᠠᠵᠤ᠂   ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠬᠢᠨᠠᠨ ᠲᠤᠭᠳᠠᠭᠠᠯ ᠬᠢᠭᠰᠡᠨ ᠤ ᠲᠠᠷᠠᠭ᠎ᠠ ᠵᠤᠬᠢᠶᠠᠨ ᠪᠠᠶᠢᠭᠤᠯᠤᠨ ᠭᠡᠷᠡᠭᠵᠢᠬᠦᠯᠦᠨ᠎ᠡ  ᠃           ︵ᠬᠤᠶᠠᠷ︶ ᠰᠤᠷᠭᠠᠭᠤᠯᠢ ᠶᠢᠨ ᠲᠡᠷᠭᠡ ᠶᠢᠨ ᠨᠦᠬᠦᠪᠦᠷᠢ᠃ ᠲᠡᠷᠭᠡ ᠭᠡᠷᠡᠭᠯᠡᠬᠦ ᠨᠦᠬᠦᠪᠦᠷᠢ ᠶᠢᠨ ᠮᠦᠩᠬᠦ ᠶᠢ   ᠬᠤᠰᠢᠭᠤᠨ ᠤ ᠡᠳ᠋ ᠤᠨ ᠵᠠᠰᠠᠬ ᠠᠴᠠ ᠤᠬ ᠪᠡᠨ᠎ᠡ ᠪᠠᠷ ᠬᠢᠨᠠᠨ ᠪᠤᠳᠤᠬᠰᠠᠨ ᠤ ᠲᠠᠷᠠᠭ᠎ᠠ ᠬᠤᠰᠢᠭᠤᠨ ᠤ ᠵᠠᠰᠠᠬ ᠤᠨ   ᠤᠷᠳᠤᠨ ᠠᠴᠠ ᠲᠤᠭᠳᠠᠭᠠᠨ᠎ᠠ᠃             ︵ᠭᠤᠷᠪᠠ︶ ᠲᠡᠷᠭᠡᠨ ᠳᠤ ᠰᠠᠭᠤᠬᠤ ᠰᠦᠢᠳᠭᠡᠯ᠃ ᠰᠤᠷᠤᠬᠴᠢᠳ ᠰᠤᠷᠭᠠᠭᠤᠯᠢ ᠶᠢᠨ ᠲᠡᠷᠭᠡᠨ ᠳᠤ   ᠰᠠᠭᠤᠬᠤ ᠳᠠᠭᠠᠨ ᠵᠤᠬᠢᠰᠳᠠᠢ ᠲᠡᠷᠭᠡᠨ ᠳᠤ ᠰᠠᠭᠤᠬᠤ ᠰᠦᠢᠳᠭᠡᠯ ᠲᠤᠰᠢᠶᠠᠬᠤ ᠭᠡᠷᠡᠭᠳᠡᠢ᠃ ᠲᠡᠷᠭᠡᠨ ᠳᠤ ᠰᠠᠭᠤᠬᠤ   ᠰᠦᠢᠳᠭᠡᠯ ᠬᠤᠷᠢᠶᠠᠬᠤ ᠪᠠᠷᠢᠮᠵᠢᠶ᠎ᠠ ᠶᠢ ᠪᠤᠳᠠᠳᠤ ᠪᠠᠶᠢᠳᠠᠯ ᠢ ᠦᠨᠳᠦᠰᠦᠯᠡᠨ᠂ ᠬᠤᠰᠢᠭᠤᠨ ᠤ ᠭᠦᠭᠵᠢᠬᠦᠯᠦᠯᠳᠡ   ᠦᠭᠡᠷᠡᠴᠢᠯᠡᠯᠳᠡ ᠶᠢᠨ ᠵᠦᠪᠯᠡᠯ ᠠᠴᠠ ᠲᠤᠭᠳᠠᠭᠠᠨ᠎ᠠ᠃ ᠲᠦᠷᠪᠡ᠂ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠳᠠ             ︵ᠨᠢᠭᠡ︶ ᠰᠤᠷᠭᠠᠭᠤᠯᠢ ᠶᠢᠨ ᠲᠡᠷᠭᠡ ᠶᠢᠨ ᠪᠦᠷᠢᠯᠳᠦᠬᠦᠯᠬᠦ ᠨᠦᠬᠦᠴᠡᠯ       ᠲᠤᠤᠷᠠᠬᠢ ᠨᠦᠬᠦᠴᠡᠯ ᠳᠤ ᠲᠤᠬᠢᠷᠠᠭᠰᠠᠨ 7 ᠰᠠᠭᠤᠳᠠᠯᠳᠤ ᠠᠶᠠᠨᠴᠢᠨ ᠤ ᠮᠠᠰᠢᠨ ᠰᠤᠷᠭᠠᠭᠤᠯᠢ ᠶᠢᠨ ᠲᠡᠷᠭᠡ   ᠪᠤᠯᠬᠤ ᠪᠠᠷ ᠭᠤᠶᠤᠴᠢᠯᠠᠵᠤ ᠪᠤᠯᠤᠨ᠎ᠠ᠄              1᠂ ᠮᠠᠰᠢᠨ ᠲᠡᠷᠭᠡᠨ ᠤ ᠠᠮᠤᠷ ᠲᠦᠪᠰᠢᠨ ᠤ ᠮᠡᠷᠭᠡᠵᠢᠯ ᠨᠢ ᠤᠯᠤᠰ ᠤᠨ ᠪᠠᠷᠢᠮᠵᠢᠶ᠎ᠠ ᠳᠤ ᠨᠡᠶᠢᠴᠡᠵᠤ᠂ ᠲᠤᠰᠬᠠᠢ   ᠰᠤᠷᠭᠠᠭᠤᠯᠢ ᠶᠢᠨ ᠲᠡᠷᠭᠡ ᠨᠢ ᠲᠤᠰᠬᠠᠢ ᠰᠤᠷᠭᠠᠭᠤᠯᠢ ᠶᠢᠨ ᠲᠡᠷᠭᠡ ᠶᠢᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠦᠭᠡᠳ   ᠮᠠᠰᠢᠨ ᠲᠡᠷᠭᠡᠨ ᠤ ᠰᠢᠯᠭᠠᠨ ᠪᠠᠶᠢᠴᠠᠭᠠᠯᠳᠠ ᠶᠢᠨ ᠬᠢᠷᠢ ᠲᠡᠩᠴᠡᠭᠰᠡᠨ ᠭᠡᠷᠡᠴᠢ ᠶᠢ ᠤᠯᠤᠬᠰᠠᠨ ᠪᠠᠶᠢᠬᠤ ᠭᠡᠷᠡᠭᠳᠡᠢ᠃            2᠂ ᠨᠢᠭᠡᠳᠦᠯᠳᠡᠢ ᠰᠤᠷᠭᠠᠭᠤᠯᠢ ᠶᠢᠨ ᠲᠡᠷᠭᠡ ᠶᠢᠨ ᠲᠡᠮᠳᠡᠭᠳᠦ ᠳ᠋ᠧᠩ ᠪᠠ ᠲᠡᠷᠭᠡ ᠵᠤᠬᠰᠤᠬᠤ ᠵᠢᠭᠠᠯᠳᠠ ᠲᠡᠮᠳᠡᠭ ᠢ   ᠲᠤᠨᠤᠬᠯᠠᠵᠤ᠂ ᠲᠤᠰᠬᠠᠢ ᠰᠤᠷᠭᠠᠭᠤᠯᠢ ᠶᠢᠨ ᠲᠡᠷᠭᠡ ᠨᠢ ᠨᠢᠭᠡᠳᠦᠯᠳᠡᠢ ᠦᠩᠭᠡ ᠪᠤᠳᠤᠬ ᠲᠠᠢ ᠭᠠᠳᠠᠷ ᠲᠦᠷᠰᠦ ᠪᠦᠬᠦᠢ   ᠰᠤᠷᠭᠠᠭᠤᠯᠢ ᠶᠢᠨ ᠲᠡᠷᠭᠡ ᠪᠠᠶᠢᠬᠤ ᠭᠡᠷᠡᠭᠳᠡᠢ᠃            3᠂ ᠮᠠᠰᠢᠨ ᠲᠡᠷᠭᠡᠨ ᠤ ᠵᠠᠮ ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠲᠠᠭᠠᠳᠬᠠᠯ   ᠪᠤᠯᠤᠨ ᠠᠶᠠᠨᠴᠢᠳ ᠤᠨ ᠬᠠᠷᠢᠭᠤᠴᠠᠯᠭ᠎ᠠ ᠶᠢᠨ ᠲᠠᠭᠠᠳᠬᠠᠯ ᠳᠤ ᠪᠠᠳᠤᠯᠠᠬᠰᠠᠨ ᠪᠠᠶᠢᠬᠤ ᠭᠡᠷᠡᠭᠳᠡᠢ᠃            4᠂ ᠰᠤᠷᠭᠠᠭᠤᠯᠢ ᠶᠢᠨ ᠲᠡᠷᠭᠡ ᠨᠢ ᠡᠷᠭᠡᠪᠰᠢ ᠠᠶᠠᠯᠠᠯ ᠤᠨ ᠴᠢᠳᠠᠪᠬᠢ ᠶᠢ ᠲᠡᠮᠳᠡᠭᠯᠡᠭᠰᠡᠨ GPS ᠲᠠᠭᠠᠭᠤᠯᠢ   ᠤᠳᠤᠨ ᠤ ᠤᠷᠤᠨ ᠪᠠᠶᠢᠷᠢ ᠲᠤᠭᠳᠠᠭᠠᠬᠤ ᠲᠤᠨᠤᠬᠯᠠᠯ ᠪᠤᠯᠤᠨ ᠠᠮᠢ ᠵᠢᠭᠤᠬᠤ ᠠᠯᠤᠬ᠎ᠠ᠂ ᠭᠠᠯ ᠤᠨᠳᠠᠷᠠᠭᠠᠭᠤᠷ᠂   ᠲᠦᠷᠭᠡᠨ ᠠᠪᠤᠷᠠᠯᠳᠠ ᠶᠢᠨ ᠠᠪᠳᠠᠷ᠎ᠠ ᠵᠡᠷᠭᠡ ᠲᠤᠨᠤᠬ ᠲᠦᠬᠦᠭᠡᠷᠦᠮᠵᠢ ᠶᠢ ᠪᠦᠷᠢᠯᠳᠦᠬᠦᠯᠬᠦ ᠭᠡᠷᠡᠭᠳᠡᠢ ᠃ GPS   ᠲᠠᠭᠠᠭᠤᠯᠢ ᠤᠳᠤᠨ ᠤ ᠤᠷᠤᠨ ᠪᠠᠶᠢᠷᠢ ᠲᠤᠭᠳᠠᠭᠠᠬᠤ ᠲᠤᠨᠤᠬᠯᠠᠯ ᠤᠨ ᠲᠡᠭᠡᠭᠡᠪᠦᠷᠢ ᠶᠢᠨ ᠬᠢᠨᠠᠯᠳᠠ ᠶᠢ ᠬᠤᠰᠢᠭᠤᠨ ᠤ ᠵᠠᠮ   ᠬᠠᠷᠢᠯᠴᠠᠭᠠᠨ ᠤ ᠲᠤᠭᠤᠷᠢᠨ ᠴᠠᠬᠳᠠᠬᠤ ᠶᠡᠭᠡ ᠠᠩᠬᠢ ᠳᠤ ᠪᠠᠶᠢᠭᠤᠯᠤᠨ᠂ ᠰᠤᠷᠭᠠᠭᠤᠯᠢ ᠶᠢᠨ ᠲᠡᠷᠭᠡ ᠶᠢᠨ ᠬᠠᠤᠯᠢ ᠠᠴᠠ   ᠵᠦᠷᠢᠴᠡᠭᠰᠡᠨ ᠠᠵᠢᠯᠯᠠᠭ᠎ᠠ ᠶᠢ ᠴᠠᠬ ᠲᠤᠬᠠᠢ ᠳᠤᠨᠢ ᠬᠢᠨᠠᠨ ᠡᠵᠡᠮᠰᠢᠵᠤ᠂ ᠠᠮᠤᠷ ᠲᠦᠪᠰᠢᠨ ᠤ ᠲᠤᠨᠤᠬ ᠲᠦᠬᠦᠭᠡᠷᠦᠮᠵᠢ   ᠭᠡᠷᠡᠭᠯᠡᠬᠦ ᠳᠤ ᠲᠦᠬᠦᠮ ᠪᠠᠶᠢᠷᠢᠨ ᠳᠤ ᠲᠠᠯᠪᠢᠬᠤ ᠪᠦᠭᠡᠳ ᠴᠢᠳᠠᠪᠬᠢ ᠴᠢᠨᠠᠷ ᠢ ᠪᠠᠳᠤᠯᠠᠵᠤ᠂ ᠭᠡᠷᠡᠭᠯᠡᠬᠦ ᠳᠤ ᠪᠡᠯᠡᠳᠭᠡᠨ᠎ᠡ᠃       ︵ᠬᠤᠶᠠᠷ︶ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠶᠢᠨ ᠪᠦᠷᠢᠯᠳᠦᠬᠦᠯᠬᠦ ᠴᠢᠬᠤᠯᠠ ᠲᠠᠢ ᠨᠦᠬᠦᠴᠡᠯ           1᠂ ᠰᠤᠷᠭᠠᠭᠤᠯᠢ ᠶᠢᠨ ᠲᠡᠷᠭᠡ ᠶᠢ ᠵᠢᠯᠤᠭᠤᠳᠬᠤ ᠵᠢᠯᠤᠭᠤᠴᠢ ᠶᠢᠨ ᠬᠢᠷᠢ ᠭᠡᠮ ᠬᠦᠷᠳᠡᠭᠡᠳ 3 ᠵᠢᠯ ᠠᠴᠠ ᠲᠡᠭᠡᠭᠰᠢ   ᠪᠤᠯᠤᠬᠰᠠᠨ ᠪᠦᠭᠡᠳ 60 ᠪᠦᠬᠦᠯᠢ ᠨᠠᠰᠤ ᠶᠢ ᠭᠡᠳᠦᠷᠴᠤ ᠪᠤᠯᠬᠤ ᠦᠬᠡᠢ᠃            2᠂ ᠤᠢᠢᠷ᠎ᠠ ᠶᠢᠨ ᠬᠤᠪᠢ ᠲᠡᠮᠳᠡᠭᠯᠡᠬᠦ 3 ᠡᠷᠬᠢᠯᠳᠡ ᠶᠢᠨ ᠬᠤᠭᠤᠴᠠᠭ᠎ᠠ ᠳᠤ ᠬᠤᠪᠢ ᠪᠠᠨ ᠪᠦᠬᠦᠨ ᠢ   ᠬᠠᠰᠤᠭᠤᠯᠤᠬᠰᠠᠨ ᠲᠡᠮᠳᠡᠭᠯᠡᠯ ᠪᠠᠶᠢᠵᠤ ᠪᠤᠯᠬᠤ ᠦᠬᠡᠢ᠃      3᠂ ᠬᠦᠮᠦᠨ ᠢ ᠦᠬᠦᠬᠦᠯᠦᠭᠰᠡᠨ ᠪᠤᠶᠤ ᠬᠦᠨᠳᠦ ᠰᠢᠷᠬᠠᠳᠤᠭᠤᠯᠤᠬᠰᠠᠨ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ   ᠭᠠᠷᠤᠬᠰᠠᠨ ᠦᠬᠡᠢ ᠪᠠᠶᠢᠬᠤ᠃          4᠂ ᠠᠷᠢᠬᠢ ᠤᠤᠭᠤᠬᠰᠠᠨ ᠪᠤᠶᠤ ᠠᠷᠢᠬᠢᠨ ᠳᠤ ᠰᠤᠬᠳᠤᠬᠰᠠᠨ ᠤ ᠲᠠᠷᠠᠭ᠎ᠠ ᠲᠡᠷᠭᠡ ᠵᠢᠯᠤᠭᠤᠳᠤᠬᠰᠠᠨ ᠲᠡᠮᠳᠡᠭᠯᠡᠯ   ᠪᠠᠶᠢᠬᠤ ᠦᠬᠡᠢ᠂ ᠤᠢᠢᠷ᠎ᠠ ᠶᠢᠨ 1 ᠵᠢᠯ ᠲᠤᠳᠤᠷ᠎ᠠ ᠠᠶᠠᠨᠴᠢᠳ ᠤᠨ ᠲᠤᠭ᠎ᠠ ᠭᠡᠳᠦᠷᠦᠭᠰᠡᠨ᠂ ᠬᠤᠷᠳᠤ ᠭᠡᠳᠦᠷᠦᠭᠰᠡᠨ   ᠵᠡᠷᠭᠡ ᠬᠦᠨᠳᠦ ᠴᠢᠬᠤᠯᠠ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠪᠠᠶᠢᠬᠤ ᠦᠬᠡᠢ ᠪᠠᠶᠢᠬᠤ   ᠭᠡᠷᠡᠭᠳᠡᠢ᠃          5᠂ ᠶᠠᠯ᠎ᠠ ᠬᠢᠭᠰᠡᠨ ᠲᠡᠮᠳᠡᠭᠯᠡᠯ᠂ ᠠᠮᠤᠷ ᠢ ᠬᠠᠮᠠᠭᠠᠯᠠᠬᠤ ᠬᠠᠮᠢᠶᠠᠷᠤᠯᠳᠠ ᠶᠢ ᠵᠦᠷᠢᠴᠡᠨ ᠠᠵᠢᠯᠯᠠᠭ᠎ᠠ ᠬᠢᠵᠤ ᠲᠦᠷ   ᠬᠤᠷᠢᠬᠳᠠᠬᠤ ᠰᠢᠳᠭᠡᠯ ᠤᠯᠤᠬᠰᠠᠨ ᠵᠡᠷᠭᠡ ᠲᠡᠮᠳᠡᠭᠯᠡᠯ ᠦᠬᠡᠢ ᠪᠠᠶᠢᠬᠤ᠃           6᠂ ᠪᠡᠶ᠎ᠡ ᠮᠠᠬᠠᠪᠤᠳ ᠡᠷᠡᠬᠦᠯ ᠴᠢᠬᠢᠷᠠᠭ᠂ ᠠᠷᠢᠬᠢᠨ ᠳᠤ ᠰᠢᠨᠤᠬᠤ᠂ ᠬᠤᠤᠷ ᠲᠠᠳᠠᠬᠤ᠂ ᠵᠤᠭᠤᠰ ᠮᠦᠷᠦ᠋ᠢᠴᠡᠭᠰᠡᠨ   ᠲᠡᠮᠳᠡᠭᠯᠡᠯ ᠪᠠᠶᠢᠬᠤ ᠦᠬᠡᠢ᠂ ᠬᠠᠯᠳᠠᠪᠤᠷᠢᠳᠤ ᠡᠪᠡᠳᠴᠢᠨ᠂ ᠤᠨᠠᠳᠠᠬ ᠡᠪᠡᠳᠴᠢᠨ᠂ ᠰᠤᠯᠢᠶ᠎ᠠ ᠡᠪᠡᠳᠴᠢᠨ ᠵᠡᠷᠭᠡ ᠲᠡᠷᠭᠡᠨ   ᠠᠶᠠᠯᠠᠯ ᠤᠨ ᠠᠮᠤᠷ ᠲᠦᠪᠰᠢᠨ ᠳᠤ ᠠᠶᠤᠮᠰᠢᠬᠳᠠᠢ ᠡᠪᠡᠳᠴᠢᠨ ᠪᠠᠶᠢᠬᠤ ᠦᠬᠡᠢ ᠪᠠᠶᠢᠬᠤ       ︵ᠭᠤᠷᠪᠠ︶ ᠲᠡᠷᠭᠡ ᠲᠠᠭᠠᠵᠤ ᠬᠠᠮᠢᠶᠠᠷᠬᠤ ᠬᠦᠮᠦᠨ ᠤ ᠡᠬᠦᠷᠭᠡ ᠬᠠᠷᠢᠭᠤᠴᠠᠯᠭ᠎ᠠ         1᠂ ᠰᠤᠷᠤᠬᠴᠢᠳ ᠲᠡᠷᠭᠡᠨ ᠳᠤ ᠭᠠᠷᠬᠤ ᠪᠤᠶᠤ ᠲᠡᠷᠭᠡᠨ ᠠᠴᠠ ᠪᠠᠭᠤᠬᠤ ᠦᠶ᠎ᠡ ᠳᠤ᠂ ᠲᠡᠷᠭᠡᠨ ᠤ ᠬᠠᠵᠠᠭᠤ ᠳᠤ   ᠤᠳᠤᠷᠢᠳᠤᠨ ᠵᠢᠯᠤᠭᠤᠳᠬᠤ᠂ ᠲᠡᠷᠭᠡᠨ ᠳᠤ ᠭᠠᠷᠬᠤ ᠪᠤᠶᠤ ᠲᠡᠷᠭᠡᠨ ᠠᠴᠠ ᠪᠠᠭᠤᠬᠤ ᠡᠮᠬᠢ ᠲᠢᠭᠯᠢᠮ ᠢ ᠬᠠᠮᠠᠭᠠᠯᠠᠨ᠎ᠠ᠃         2᠂ ᠲᠡᠷᠭᠡᠨ ᠳᠤ ᠰᠠᠭᠤᠬᠰᠠᠨ ᠰᠤᠷᠤᠬᠴᠢᠳ ᠤᠨ ᠲᠤᠭ᠎ᠠ ᠶᠢ ᠪᠦᠷᠢᠳᠭᠡᠵᠤ᠂ ᠰᠤᠷᠤᠬᠴᠢᠳ ᠤᠨ ᠲᠡᠷᠭᠡᠨ ᠤ   ᠰᠠᠭᠤᠳᠠᠯ ᠳᠠᠭᠠᠨ ᠰᠠᠭᠤᠬᠤ᠂ ᠠᠮᠤᠷ ᠲᠦᠪᠰᠢᠨ ᠤ ᠪᠦᠰᠡ ᠶᠢ ᠪᠦᠰᠡᠯᠡᠬᠦ ᠵᠡᠷᠭᠡ ᠶᠢ ᠠᠩᠬᠠᠷᠴᠤ᠂ ᠲᠡᠷᠭᠡᠨ ᠤ ᠡᠬᠦᠳᠡ ᠶᠢ   ᠬᠠᠭᠠᠭᠰᠠᠨ ᠡᠰᠡᠬᠦ ᠶᠢ ᠪᠠᠳᠤᠯᠠᠬᠰᠠᠨ ᠤ ᠲᠠᠷᠠᠭ᠎ᠠ ᠰᠠᠶ᠋ᠢ ᠵᠢᠯᠤᠭᠤᠴᠢ ᠳᠤ ᠲᠡᠷᠭᠡ ᠶᠠᠪᠤᠬᠤ ᠶᠢ ᠰᠡᠷᠡᠮᠵᠢᠯᠡᠬᠦᠯᠦᠨ᠎ᠡ᠃          3᠂ ᠰᠤᠷᠤᠬᠴᠢᠳ ᠤᠨ ᠲᠡᠷᠭᠡ ᠶᠠᠪᠤᠵᠤ ᠪᠠᠶᠢᠬᠤ ᠬᠤᠭᠤᠷᠤᠨᠳᠤ ᠤᠷᠤᠨ ᠠᠴᠠ ᠪᠠᠨ ᠪᠤᠰᠬᠤ ᠵᠡᠷᠭᠡ ᠠᠶᠤᠮᠰᠢᠬᠳᠤ   ᠠᠵᠢᠯᠯᠠᠭ᠎ᠠ ᠶᠢ ᠬᠤᠷᠢᠬᠯᠠᠨ᠎ᠠ᠃            4᠂ ᠰᠤᠷᠤᠬᠴᠢᠳ ᠤᠨ ᠲᠡᠷᠭᠡᠨ ᠠᠴᠠ ᠪᠠᠭᠤᠭᠰᠠᠨ ᠬᠦᠮᠦᠨ ᠤ ᠲᠤᠭ᠎ᠠ ᠶᠢ ᠪᠦᠷᠢᠳᠭᠡᠨ ᠲᠤᠳᠤᠯᠠᠵᠤ᠂ ᠲᠡᠷᠭᠡᠨ ᠳᠤ   ᠰᠠᠭᠤᠭᠰᠠᠨ ᠰᠤᠷᠤᠬᠴᠢᠳ ᠨᠢᠭᠡᠨᠳᠡ ᠪᠦᠬᠦᠨ ᠢᠶᠠᠷ ᠢᠶᠠᠨ ᠲᠡᠷᠭᠡᠨ ᠠᠴᠠ ᠰᠠᠯᠤᠬᠰᠠᠨ ᠤ ᠲᠠᠷᠠᠭ᠎ᠠ ᠲᠤᠰ ᠬᠦᠮᠦᠨ ᠰᠠᠶ᠋ᠢ   ᠲᠡᠷᠭᠡᠨ ᠠᠴᠠ ᠰᠠᠯᠵᠤ ᠪᠤᠯᠤᠨ᠎ᠠ᠃           5᠂ ᠭᠡᠷᠪᠡ ᠵᠢᠯᠤᠭᠤᠴᠢ ᠰᠤᠷᠭᠠᠭᠤᠯᠢ ᠶᠢᠨ ᠲᠡᠷᠭᠡ ᠶᠢ ᠵᠢᠯᠤᠭᠤᠳᠬᠤ ᠬᠢᠷᠢ ᠭᠡᠮ ᠦᠬᠡᠢ᠂ ᠠᠷᠢᠬᠢ ᠤᠤᠭᠤᠭᠰᠠᠨ᠂   ᠠᠷᠢᠬᠢᠨ ᠳᠤ ᠰᠤᠬᠳᠤᠬᠰᠠᠨ ᠤ ᠲᠠᠷᠠᠭ᠎ᠠ ᠲᠡᠷᠭᠡ ᠵᠢᠯᠤᠭᠤᠳᠬᠤ ᠶᠢ ᠰᠡᠷᠡᠵᠤ ᠮᠡᠳᠡᠬᠦ ᠪᠤᠶᠤ ᠪᠡᠶ᠎ᠡ ᠶᠢᠨ ᠪᠠᠶᠢᠳᠠᠯ ᠮᠠᠭᠤ᠂   ᠰᠤᠷᠭᠠᠭᠤᠯᠢ ᠶᠢᠨ ᠲᠡᠷᠭᠡ ᠶᠢ ᠵᠢᠯᠤᠭᠤᠳᠤᠭᠠᠳ ᠲᠡᠷᠭᠡᠨ ᠳᠤ ᠰᠠᠭᠤᠭᠰᠠᠨ ᠬᠦᠮᠦᠨ ᠤ ᠲᠤᠭ᠎ᠠ ᠬᠡᠳᠦᠷᠦᠭᠰᠡᠨ ᠵᠡᠷᠭᠡ   ᠤᠨᠴᠠᠭᠠᠢ ᠲᠡᠷᠭᠡ ᠠᠶᠠᠯᠠᠬᠤ ᠠᠮᠤᠷ ᠲᠦᠪᠰᠢᠨ ᠤ ᠪᠠᠶᠢᠳᠠᠯ ᠲᠤᠬᠢᠶᠠᠯᠳᠤᠪᠠᠯ᠂ ᠲᠠᠷᠤᠢ ᠲᠦᠷᠭᠡᠨ ᠰᠤᠷᠭᠠᠭᠤᠯᠢ ᠶᠢᠨ   ᠲᠡᠷᠭᠡ ᠵᠢᠯᠤᠭᠤᠳᠬᠤ ᠡᠷᠭᠡ ᠶᠢ ᠨᠢ ᠬᠠᠰᠤᠬᠤ ᠭᠡᠷᠡᠭᠳᠡᠢ᠃         ︵ᠲᠦᠷᠪᠡ︶ ᠡᠵᠡᠩᠨᠡᠯᠳᠡ ᠦᠢᠯᠡᠴᠢᠯᠡᠭᠡᠨ ᠤ ᠬᠠᠮᠢᠶᠠᠷᠤᠯᠳᠠ   ᠡᠵᠡᠩᠨᠡᠭᠴᠢ ᠠᠴᠠ ᠰᠤᠷᠭᠠᠭᠤᠯᠢ ᠶᠢᠨ ᠲᠡᠷᠭᠡ ᠶᠢ ᠡᠵᠡᠩᠨᠡᠬᠦ ᠳᠡᠭᠡᠨ ᠲᠤᠤᠷᠠᠬᠢ ᠮᠡᠳᠦ ᠲᠦᠷᠢᠮ ᠢ ᠵᠢᠷᠤᠮᠯᠠᠬᠤ ᠭᠡᠷᠡᠭᠳᠡᠢ᠄            1᠂ ᠰᠤᠷᠭᠠᠭᠤᠯᠢ ᠶᠢᠨ ᠲᠡᠷᠭᠡ ᠶᠢ ᠡᠵᠡᠩᠨᠡᠭᠴᠢᠳ ᠨᠢᠭᠡᠳᠦᠯᠳᠡᠢ ᠭᠡᠯᠪᠡᠷᠢ ᠶᠢᠨ ᠭᠡᠷ᠎ᠡ ᠶᠢᠨ ᠪᠢᠴᠢᠭ ᠪᠤᠯᠤᠨ   ᠲᠡᠷᠭᠡᠨ ᠳᠤ ᠰᠠᠭᠤᠬᠤ ᠰᠤᠷᠤᠬᠴᠢᠳ ᠤᠨ ᠠᠰᠠᠷᠠᠨ ᠬᠠᠮᠠᠭᠠᠯᠠᠬᠴᠢ ᠲᠠᠢ ᠲᠤᠭᠳᠠᠭᠰᠠᠨ ︽ᠰᠤᠷᠤᠭᠴᠢᠳ ᠢ ᠲᠤᠰᠴᠤ   ᠬᠦᠷᠭᠡᠬᠦ ᠲᠡᠷᠭᠡ ᠶᠢᠨ ᠲᠤᠰᠴᠤ ᠬᠦᠷᠭᠡᠬᠦ ᠦᠢᠯᠡᠴᠢᠯᠡᠭᠡᠨ ᠤ ᠭᠡᠷ᠎ᠡ︾ ᠶᠢ ᠭᠡᠷᠡᠭᠯᠡᠵᠤ᠂ ᠭᠡᠷ᠎ᠡ ᠶᠢᠨ ᠪᠢᠴᠢᠭ ᠢ   ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠳᠠ ᠶᠢᠨ ᠨᠢᠭᠡᠴᠡ ᠠᠴᠠ ᠨᠢᠭᠡᠳᠦᠯᠳᠡᠢ ᠲᠤᠭᠳᠠᠭᠠᠨ᠎ᠠ᠃             2᠂ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠵᠠᠮ ᠳᠤ ᠭᠠᠷᠬᠤ ᠠᠴᠠ ᠡᠮᠤᠨ᠎ᠡ᠂ ᠰᠤᠷᠭᠠᠭᠤᠯᠢ ᠶᠢᠨ ᠲᠡᠷᠭᠡ ᠶᠢᠨ   ᠲᠤᠷᠮᠤᠰᠤᠯᠠᠭᠤᠷ᠂ ᠴᠢᠭᠯᠡᠯ ᠬᠤᠪᠢᠷᠠᠯ᠂ ᠲᠤᠭᠤᠢᠢᠯᠠᠪᠤᠷᠢ᠂ ᠠᠶᠤᠯᠬᠦᠢ ᠡᠬᠦᠳᠡ᠂ ᠰᠠᠭᠤᠳᠠᠯ᠂ ᠠᠶᠤᠯ ᠦᠬᠡᠢ ᠪᠦᠰᠡ   ᠵᠡᠷᠭᠡ ᠲᠡᠷᠭᠡᠨ ᠤ ᠪᠠᠶᠢᠳᠠᠯ ᠨᠢ ᠠᠮᠤᠷ ᠲᠦᠪᠰᠢᠨ ᠤ ᠮᠡᠷᠭᠡᠵᠢᠯ ᠤᠨ ᠱᠠᠭᠠᠷᠳᠠᠯᠭ᠎ᠠ ᠳᠤ ᠬᠦᠷᠦᠭᠰᠡᠨ ᠡᠰᠡᠬᠦ ᠶᠢ ᠨᠠᠷᠢᠨ   ᠪᠠᠶᠢᠴᠠᠭᠠᠵᠤ᠂ ᠲᠠᠯᠳᠠ ᠠᠶᠤᠯ ᠤᠷᠤᠰᠢᠵᠤ ᠪᠠᠶᠢᠭ᠎ᠠ ᠪᠠᠶᠢᠳᠠᠯ ᠲᠤᠤᠷ᠎ᠠ ᠠᠶᠠᠯᠠᠵᠤ ᠪᠤᠯᠬᠤ ᠦᠬᠡᠢ ᠃            3᠂ ᠰᠤᠷᠭᠠᠭᠤᠯᠢ ᠶᠢᠨ ᠲᠡᠷᠭᠡ ᠬᠦᠳᠡᠯᠬᠦ ᠦᠶ᠎ᠡ ᠳᠤ ︽ᠰᠤᠷᠭᠠᠭᠤᠯᠢ ᠶᠢᠨ ᠲᠡᠷᠭᠡ︾ ᠭᠡᠬᠦ ᠲᠡᠮᠳᠡᠭ ᠢ ᠡᠯᠬᠦᠬᠦ   ᠭᠡᠷᠡᠭᠳᠡᠢ᠃ ᠰᠤᠷᠭᠠᠭᠤᠯᠢ ᠶᠢᠨ ᠲᠡᠷᠭᠡᠨ ᠤ ᠲᠡᠮᠳᠡᠭ ᠲᠤ ᠲᠡᠷᠭᠡᠨ ᠤ ᠨᠤᠮᠧᠷ᠂ ᠲᠡᠷᠭᠡᠨ ᠤ ᠲᠦᠷᠦᠯ ᠵᠦᠢᠯ᠂ ᠰᠢᠨᠵᠢ   ᠲᠡᠮᠳᠡᠭ᠂ ᠰᠠᠭᠤᠳᠠᠯ ᠤᠨ ᠲᠤᠭ᠎ᠠ ᠪᠤᠯᠤᠨ ᠲᠡᠷᠭᠡᠨ ᠤ ᠡᠵᠡᠩᠨᠡᠭᠴᠢ᠂ ᠵᠢᠯᠤᠭᠤᠴᠢ᠂ ᠭᠡᠷᠡᠴᠢ ᠲᠡᠮᠳᠡᠭ ᠤᠯᠭᠤᠭᠰᠠᠨ   ᠨᠢᠭᠡᠴᠡ᠂ ᠬᠦᠴᠦᠨ ᠪᠦᠬᠦᠢ ᠬᠤᠭᠤᠴᠠᠭ᠎ᠠ ᠵᠡᠷᠭᠡ ᠶᠢ ᠪᠦᠷᠢᠨ ᠲᠤᠳᠤᠷᠬᠠᠢᠢᠯᠠᠬᠤ ᠭᠡᠷᠡᠭᠳᠡᠢ᠃ ᠰᠤᠷᠭᠠᠭᠤᠯᠢ ᠶᠢᠨ   ᠲᠡᠷᠭᠡᠨ ᠤ ᠬᠦᠴᠦᠨ ᠪᠦᠬᠦᠢ ᠬᠤᠭᠤᠴᠠᠭ᠎ᠠ ᠨᠢ ᠮᠠᠰᠢᠨ ᠲᠡᠷᠭᠡᠨ ᠤ ᠠᠮᠤᠷ ᠲᠦᠪᠰᠢᠨ ᠤ ᠮᠡᠷᠭᠡᠵᠢᠯ ᠤᠨ ᠬᠢᠨᠠᠨ   ᠪᠠᠶᠢᠴᠠᠭᠠᠯᠳᠠ ᠶᠢᠨ ᠬᠢᠷᠢ ᠲᠡᠩᠴᠡᠬᠦ ᠬᠤᠭᠤᠴᠠᠭ᠎ᠠ ᠲᠠᠢ ᠠᠳᠠᠯᠢ ᠪᠠᠶᠢᠬᠤ ᠭᠡᠷᠡᠭᠳᠡᠢ᠃            4᠂ ᠰᠤᠷᠭᠠᠭᠤᠯᠢ ᠶᠢᠨ ᠲᠡᠷᠭᠡ ᠦᠨᠳᠦᠷ ᠬᠤᠷᠳᠤᠴᠠᠳᠤ ᠵᠠᠰᠠᠮᠠᠯ ᠵᠠᠮ ᠢᠶᠠᠷ ᠠᠶᠠᠯᠠᠬᠤ ᠳᠠᠭᠠᠨ ᠬᠠᠮᠤᠬ ᠦᠨᠳᠦᠷ   ᠬᠤᠷᠳᠤᠴᠠ ᠨᠢ ᠴᠠᠬ ᠪᠦᠷᠢ 80 ᠺᠢᠯᠤᠮᠧᠲᠷ ᠠᠴᠠ ᠬᠡᠳᠦᠷᠴᠤ ᠪᠤᠯᠬᠤ ᠦᠬᠡᠢ᠂ ᠲᠡᠮᠳᠡᠭᠳᠦ ᠱᠤᠭᠤᠮ ᠲᠠᠢ ᠵᠠᠮ ᠢᠶᠠᠷ   ᠠᠶᠠᠯᠠᠬᠤ ᠳᠠᠭᠠᠨ ᠬᠠᠮᠤᠬ ᠦᠨᠳᠦᠷ ᠬᠤᠷᠳᠤᠴᠠ ᠨᠢ ᠴᠠᠬ ᠪᠦᠷᠢ 60 ᠺᠢᠯᠤᠮᠧᠲᠷ ᠠᠴᠠ ᠬᠡᠳᠦᠷᠴᠤ ᠪᠤᠯᠬᠤ ᠦᠬᠡᠢ᠂   ᠪᠤᠰᠤᠳ ᠵᠠᠮ ᠢᠶᠠᠷ ᠠᠶᠠᠯᠠᠬᠤ ᠳᠠᠭᠠᠨ ᠬᠠᠮᠤᠬ ᠦᠨᠳᠦᠷ ᠬᠤᠷᠳᠤᠴᠠ ᠨᠢ ᠴᠠᠬ ᠪᠦᠷᠢ 40 ᠺᠢᠯᠤᠮᠧᠲᠷ ᠠᠴᠠ ᠬᠡᠳᠦᠷᠴᠤ   ᠪᠤᠯᠬᠤ ᠦᠬᠡᠢ᠃ ᠮᠤᠷᠤᠢ ᠵᠠᠮ᠂ ᠲᠠᠪᠠᠭ᠋ ᠠᠲᠠᠪᠠᠭ᠋ᠤ᠂ ᠨᠠᠷᠢᠨ ᠵᠠᠮ᠂ ᠨᠠᠷᠢᠨ ᠬᠦᠬᠦᠷᠭᠡ ᠪᠤᠶᠤ ᠮᠦᠰᠦᠳᠤ ᠭᠠᠵᠠᠷ᠂   ᠰᠢᠪᠠᠷ ᠱᠠᠯᠴᠢᠬ ᠲᠠᠢ ᠵᠠᠮ ᠢᠶᠠᠷ ᠦᠩᠭᠡᠷᠡᠬᠦ ᠳᠡᠭᠡᠨ ᠬᠠᠮᠤᠬ ᠦᠨᠳᠦᠷ ᠬᠤᠷᠳᠤᠴᠠ ᠨᠢ ᠴᠠᠬ ᠪᠦᠷᠢ 20 ᠺᠢᠯᠤᠮᠧᠲᠷ ᠠᠴᠠ   ᠬᠡᠳᠦᠷᠴᠤ ᠪᠤᠯᠬᠤ ᠦᠬᠡᠢ᠃ ᠮᠠᠨᠠᠨ᠂ ᠪᠤᠷᠤᠭᠠᠨ᠂ ᠲᠤᠭᠤᠰᠤ ᠬᠤᠮᠠᠬ᠂ ᠦᠨᠳᠦᠷ ᠵᠡᠷᠭᠡ ᠠᠭᠤᠷ ᠠᠮᠢᠰᠬᠤᠯ ᠳᠤ ᠲᠡᠷᠭᠡ   ᠬᠦᠳᠡᠯᠭᠡᠵᠤ ᠪᠤᠯᠬᠤ ᠦᠬᠡᠢ᠃           5᠂ ᠰᠤᠷᠭᠠᠭᠤᠯᠢ ᠶᠢᠨ ᠲᠡᠷᠭᠡ ᠰᠤᠷᠤᠬᠴᠢᠳ ᠢ ᠰᠠᠭᠤᠯᠭᠠᠬᠤ ᠳᠠᠭᠠᠨ ᠬᠢᠨᠠᠨ ᠲᠤᠭᠳᠠᠭᠠᠭᠰᠠᠨ ᠵᠠᠮ ᠱᠤᠭᠤᠮ ᠢᠶᠠᠷ   ᠠᠶᠠᠯᠠᠵᠤ᠂ ᠵᠠᠮ ᠬᠠᠷᠢᠯᠴᠠᠭᠠᠨ ᠤ ᠬᠠᠮᠢᠶᠠᠷᠤᠯᠳᠠ᠂ ᠵᠠᠮ ᠵᠠᠰᠠᠬᠤ ᠵᠢᠴᠢ ᠪᠠᠶᠢᠭᠠᠯᠢ ᠶᠢᠨ ᠭᠠᠮᠰᠢᠬ᠂ ᠮᠠᠭᠤᠬᠠᠢ ᠴᠠᠬ   ᠠᠭᠤᠷ ᠲᠠᠢ ᠨᠦᠬᠦᠴᠡᠯ ᠪᠤᠶᠤ ᠲᠤᠮᠤ ᠶᠡᠭᠡ ᠵᠠᠮ ᠬᠠᠷᠢᠯᠴᠠᠭᠠᠨ ᠤ ᠭᠡᠨᠡᠳᠡᠯ ᠭᠠᠷᠤᠬᠰᠠᠨ ᠵᠡᠷᠭᠡ ᠤᠨᠴᠠᠭᠠᠢ ᠪᠠᠶᠢᠳᠠᠯ   ᠲᠤᠤᠷ᠎ᠠ ᠰᠠᠶ᠋ᠢ ᠵᠠᠮ ᠱᠤᠭᠤᠮ ᠢᠶᠠᠷ ᠦᠭᠡᠷᠡᠴᠢᠯᠡᠨ᠎ᠡ᠃           6᠂ ᠰᠤᠷᠭᠠᠭᠤᠯᠢ ᠶᠢᠨ ᠲᠡᠷᠭᠡ ᠦᠷᠳᠡᠭᠡᠨ ᠳᠤ ᠰᠤᠷᠤᠭᠴᠢᠳ ᠢ ᠰᠠᠭᠤᠯᠭᠠᠬᠤ ᠪᠤᠶᠤ ᠪᠠᠭᠤᠯᠭᠠᠬᠤ ᠳᠤ᠂ ᠵᠠᠮ ᠤᠨ   ᠪᠠᠷᠠᠭᠤᠨ ᠬᠠᠵᠠᠭᠤ ᠶᠢ ᠨᠠᠭᠠᠯᠳᠤᠨ ᠵᠤᠭᠰᠤᠵᠤ᠂ ᠠᠶᠤᠮᠰᠢᠬᠳᠤ ᠰᠡᠷᠡᠮᠵᠢ ᠶᠢᠨ ᠳ᠋ᠧᠩ ᠢᠶᠠᠨ ᠨᠤᠴᠤᠭᠠᠵᠤ᠂ ᠲᠡᠷᠭᠡ   ᠵᠤᠬᠰᠤᠬᠰᠠᠨ ᠵᠢᠭᠠᠯᠳᠠ ᠲᠡᠮᠳᠡᠭ ᠢ ᠲᠠᠯᠪᠢᠨ᠎ᠠ᠃            7᠂ ᠰᠤᠷᠭᠠᠭᠤᠯᠢ ᠶᠢᠨ ᠲᠡᠷᠭᠡ ᠵᠠᠮ ᠬᠠᠷᠢᠯᠴᠠᠭᠠᠨ ᠤ ᠭᠡᠨᠡᠳᠡᠯ ᠭᠠᠷᠬᠤ ᠦᠶ᠎ᠡ ᠳᠤ᠂ ᠵᠢᠯᠤᠭᠤᠴᠢ᠂ ᠲᠡᠷᠭᠡ ᠲᠠᠭᠠᠵᠤ   ᠬᠠᠮᠢᠶᠠᠷᠴᠤ ᠪᠠᠶᠢᠭ᠎ᠠ ᠬᠦᠮᠦᠰ ᠲᠡᠷᠡ ᠲᠡᠷᠤᠢ ᠳᠤᠨᠢ ᠭᠡᠷᠡᠭ ᠤᠨ ᠮᠡᠳᠡᠬᠦᠯᠦᠯᠳᠡ ᠬᠢᠵᠤ᠂ ᠰᠡᠷᠡᠮᠵᠢ ᠶᠢᠨ ᠲᠡᠮᠳᠡᠭ ᠲᠠᠯᠪᠢᠨ᠎ᠠ  ᠃ ᠲᠡᠷᠭᠡ ᠳᠤ ᠰᠠᠭᠤᠵᠤ ᠪᠠᠶᠢᠭ᠎ᠠ ᠰᠤᠷᠤᠬᠴᠢᠳ ᠦᠷᠬᠦᠯᠵᠢᠯᠡᠨ ᠲᠡᠷᠭᠡᠨ ᠳᠡᠭᠡᠨ ᠰᠠᠭᠤᠬᠤ ᠳᠤ ᠠᠶᠤᠯ ᠲᠠᠢ ᠪᠠᠶᠢᠪᠠᠯ᠂   ᠲᠡᠷᠭᠡ ᠲᠠᠭᠠᠵᠤ ᠬᠠᠮᠢᠶᠠᠷᠴᠤ ᠪᠠᠶᠢᠭ᠎ᠠ ᠬᠦᠮᠦᠨ ᠰᠤᠷᠤᠬᠴᠢᠳ ᠢ ᠡᠮᠬᠢ ᠲᠢᠭᠯᠢᠮ ᠲᠠᠢ ᠪᠠᠷ ᠠᠮᠤᠷ ᠲᠦᠪᠰᠢᠨ ᠭᠠᠵᠠᠷ ᠲᠤ   ᠪᠠᠭᠤᠯᠭᠠᠵᠤ᠂ ᠴᠠᠬ ᠲᠤᠬᠠᠢ ᠳᠤᠨᠢ ᠰᠤᠷᠭᠠᠭᠤᠯᠢ᠂ ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢᠯᠡᠯᠳᠡ ᠶᠢᠨ ᠺᠤᠮᠫᠠᠨᠢ᠂   ᠰᠤᠷᠤᠬᠴᠢᠳ ᠢ ᠠᠰᠠᠷᠠᠨ ᠬᠠᠮᠠᠭᠠᠯᠠᠵᠤ ᠪᠠᠶᠢᠭ᠎ᠠ ᠬᠦᠮᠦᠰ ᠲᠠᠢ ᠬᠠᠷᠢᠯᠴᠠᠬᠰᠠᠨ ᠤ ᠲᠠᠷᠠᠭ᠎ᠠ ᠠᠪᠤᠷᠠᠯᠳᠠ ᠶᠢᠨ ᠠᠵᠢᠯ ᠢᠶᠠᠨ   ᠦᠷᠬᠦᠯᠵᠢᠯᠡᠨ᠎ᠡ᠃            8᠂ ᠰᠤᠷᠭᠠᠭᠤᠯᠢ ᠶᠢᠨ ᠲᠡᠷᠭᠡ ᠡᠷᠭᠡᠪᠰᠢ ᠬᠠᠭᠠᠰ ᠵᠢᠯ ᠪᠦᠷᠢ ᠨᠢᠭᠡ ᠤᠳᠠᠭ᠎ᠠ ᠮᠠᠰᠢᠨ ᠲᠡᠷᠭᠡᠨ ᠤ ᠠᠮᠤᠷ   ᠲᠦᠪᠰᠢᠨ ᠤ ᠮᠡᠷᠭᠡᠵᠢᠯ ᠤᠨ ᠬᠢᠨᠠᠨ ᠪᠠᠶᠢᠴᠠᠭᠠᠯᠳᠠ ᠬᠢᠯᠭᠡᠬᠦ ᠭᠡᠷᠡᠭᠳᠡᠢ᠃ ᠰᠤᠷᠭᠠᠭᠤᠯᠢ ᠶᠢᠨ ᠲᠡᠷᠭᠡ ᠶᠢᠨ   ᠵᠦᠭᠡᠭᠡᠪᠦᠷᠢᠯᠡᠯᠳᠡ ᠶᠢᠨ ᠺᠤᠮᠫᠠᠨᠢ ᠨᠢ ᠤᠯᠤᠰ ᠠᠴᠠ ᠲᠤᠭᠳᠠᠭᠠᠭᠰᠠᠨ ᠰᠤᠷᠭᠠᠭᠤᠯᠢ ᠶᠢᠨ ᠲᠡᠷᠭᠡ ᠶᠢᠨ ᠲᠤᠭᠳᠠᠭᠠᠯ   ᠶᠤᠰᠤᠭᠠᠷ ᠠᠮᠤᠷ ᠲᠦᠪᠰᠢᠨ ᠤ ᠵᠠᠰᠠᠨ ᠰᠡᠯᠪᠢᠯᠳᠡ ᠬᠢᠵᠤ᠂ ᠬᠠᠤᠯᠢ ᠶᠤᠰᠤᠭᠠᠷ ᠲᠤᠭᠳᠠᠬᠰᠠᠨ ᠬᠢᠷᠢ ᠭᠡᠮ ᠲᠠᠢ ᠵᠠᠰᠠᠨ   ᠰᠡᠯᠪᠢᠬᠦ ᠠᠵᠤ ᠠᠬᠤᠢᠢᠯᠠᠯ ᠳᠤ ᠵᠠᠰᠠᠨ ᠰᠡᠯᠪᠢᠵᠤ᠂ ᠠᠮᠤᠷ ᠲᠦᠪᠰᠢᠨ ᠵᠠᠰᠠᠨ ᠰᠡᠯᠪᠢᠬᠦ ᠲᠠᠩᠰᠠ ᠡᠪᠭᠡᠮᠡᠯ ᠵᠤᠬᠢᠶᠠᠵᠤ ᠂   ᠰᠤᠷᠭᠠᠭᠤᠯᠢ ᠶᠢᠨ ᠲᠡᠷᠭᠡ ᠶᠢᠨ ᠭᠡᠵᠢᠶᠡᠳᠡ ᠠᠮᠤᠷ ᠲᠦᠪᠰᠢᠨ ᠭᠡᠷᠡᠭᠯᠡᠬᠦ ᠪᠠᠶᠢᠳᠠᠯ ᠳᠤ ᠪᠠᠶᠢᠯᠭᠠᠵᠤ᠂ ᠠᠮᠤᠷ ᠲᠦᠪᠰᠢᠨ ᠤ   ᠮᠡᠷᠭᠡᠵᠢᠯ ᠤᠨ ᠨᠦᠬᠦᠴᠡᠯ ᠳᠤ ᠲᠤᠬᠢᠷᠠᠬᠤ ᠦᠬᠡᠢ ᠰᠤᠷᠭᠠᠭᠤᠯᠢ ᠶᠢᠨ ᠲᠡᠷᠭᠡ ᠶᠢ ᠠᠵᠢᠯ ᠢ ᠨᠢ ᠵᠤᠬᠰᠤᠭᠠᠵᠤ ᠵᠠᠰᠠᠨ   ᠰᠡᠯᠪᠢᠵᠤ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠎ᠠ᠃            9᠂ ᠰᠤᠷᠭᠠᠭᠤᠯᠢ ᠶᠢᠨ ᠲᠡᠷᠭᠡ ᠶᠢᠨ ᠭᠡᠷᠡᠴᠢ ᠲᠡᠮᠳᠡᠭ ᠢ ᠤᠯᠤᠬᠰᠠᠨ ᠮᠠᠰᠢᠨ ᠲᠡᠷᠭᠡ ᠨᠢ ᠭᠡᠷᠪᠡ ᠡᠵᠡᠩᠨᠡᠴᠢ ᠠᠴᠠ   ᠰᠤᠷᠭᠠᠭᠤᠯᠢ ᠶᠢᠨ ᠲᠡᠷᠭᠡ ᠶᠢᠨ ᠭᠡᠷᠡᠴᠢ ᠲᠡᠮᠳᠡᠭ ᠢᠶᠠᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ   ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠰᠢᠶᠠᠬᠰᠠᠨ︔ ᠲᠡᠷᠭᠡ ᠭᠡᠷᠡᠭᠯᠡᠭᠰᠡᠨ ᠴᠠᠬ ᠨᠢ 8   ᠵᠢᠯ ᠠᠴᠠ ᠲᠡᠭᠡᠭᠰᠢ ᠪᠤᠶᠤ ᠠᠶᠠᠯᠠᠯ ᠤᠨ ᠪᠦᠬᠦ ᠤᠷᠳᠤ ᠨᠢ 20 ᠲᠦᠮᠡᠨ ᠺᠢᠯᠤᠮᠧᠲᠷ ᠠᠴᠠ ᠲᠡᠭᠡᠭᠰᠢ ᠬᠤᠷᠳᠤᠴᠠ ᠲᠠᠢ   ᠪᠠᠶᠢᠬᠤ︔ ᠤᠨᠳᠤᠤ ᠠᠵᠢᠯ ᠲᠦᠷᠦᠯ ᠳᠤ ᠭᠡᠷᠡᠭᠯᠡᠵᠤ ᠰᠤᠷᠭᠠᠭᠤᠯᠢ ᠶᠢᠨ ᠲᠡᠷᠭᠡ ᠪᠠᠷ ᠭᠡᠷᠡᠭᠯᠡᠭᠰᠡᠨ ᠪᠤᠯᠭᠠᠭᠰᠠᠨ ᠵᠡᠷᠭᠡ   ᠪᠠᠶᠢᠳᠠᠯ ᠲᠠᠢ ᠪᠠᠶᠢᠪᠠᠯ ᠰᠤᠷᠭᠠᠭᠤᠯᠢ ᠶᠢᠨ ᠲᠡᠷᠭᠡ ᠶᠢᠨ ᠦᠢᠯᠡᠴᠢᠯᠡᠭᠡᠨ ᠢ ᠬᠠᠩᠭᠠᠭᠰᠠᠨ ᠨᠢᠭᠡᠴᠡ ᠳᠤ ᠬᠠᠮᠢᠶᠠᠷᠤᠬᠳᠠᠬᠤ   ᠦᠬᠡᠢ᠃            10᠂ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠡᠷᠭᠡᠪᠰᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ   ᠴᠠᠭᠠᠵᠠ ᠬᠠᠤᠯᠢ ᠲᠦᠷᠢᠮ ᠢ ᠵᠢᠷᠤᠮᠯᠠᠵᠤ᠂ ᠮᠠᠰᠢᠨ ᠲᠡᠷᠭᠡᠨ ᠤ ᠵᠠᠮ ᠢᠶᠠᠷ ᠠᠶᠠᠯᠠᠬᠤ ᠲᠦᠷᠢᠮ ᠪᠤᠯᠤᠨ ᠮᠠᠰᠢᠨ   ᠵᠢᠯᠤᠭᠤᠳᠬᠤ ᠠᠵᠢᠯ ᠤᠨ ᠲᠦᠷᠢᠮ ᠶᠤᠰᠤᠭᠠᠷ ᠠᠮᠤᠷ ᠲᠦᠪᠰᠢᠨ᠂ ᠪᠤᠯᠪᠠᠰᠤᠨ ᠵᠢᠯᠤᠭᠤᠳᠬᠤ ᠭᠡᠷᠡᠭᠳᠡᠢ᠃           11᠂ ᠲᠤᠭᠳᠠᠮᠠᠯ ᠬᠤᠭᠤᠴᠠᠭ᠎ᠠ ᠲᠠᠢ ᠪᠠᠷ ᠲᠡᠷᠭᠡ ᠲᠠᠭᠠᠬᠤ ᠬᠠᠮᠢᠶᠠᠷᠤᠬᠴᠢ ᠳᠤ ᠠᠮᠤᠷ ᠲᠦᠪᠰᠢᠨ ᠤ ᠬᠦᠮᠦᠵᠢᠯ   ᠬᠢᠵᠤ᠂ ᠲᠡᠷᠭᠡ ᠲᠠᠭᠠᠬᠤ ᠬᠠᠮᠢᠶᠠᠷᠤᠭᠴᠢ ᠶᠢ ᠵᠤᠬᠢᠶᠠᠨ ᠪᠠᠶᠢᠭᠤᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ   ᠴᠠᠭᠠᠵᠠ ᠬᠠᠤᠯᠢ ᠲᠦᠷᠢᠮ᠂ ᠪᠠᠴᠢᠮ ᠪᠠᠶᠢᠳᠠᠯ ᠢ ᠠᠷᠭᠠᠴᠠᠨ ᠰᠡᠶᠢᠳᠪᠦᠷᠢᠯᠡᠬᠦ ᠪᠤᠯᠤᠨ ᠪᠠᠴᠢᠮ ᠪᠠᠶᠢᠳᠠᠯ ᠢ ᠠᠷᠭᠠᠴᠠᠨ   ᠠᠪᠤᠷᠠᠯᠳᠠ ᠬᠢᠬᠦ ᠮᠡᠳᠡᠯᠭᠡ ᠶᠢ ᠰᠤᠷᠤᠯᠴᠠᠭᠤᠯᠤᠨ᠎ᠠ᠃             12᠂ ᠮᠠᠰᠢᠨ ᠲᠡᠷᠭᠡ ᠰᠤᠷᠭᠠᠭᠤᠯᠢ ᠶᠢᠨ ᠤᠢᠢᠷ᠎ᠠ ᠤᠷᠴᠢᠨ ᠳᠤ ᠤᠷᠤᠬᠤ ᠦᠶ᠎ᠡ ᠳᠤ᠂ ᠲᠤᠭᠳᠠᠭᠰᠠᠨ ᠱᠤᠭᠤᠮ   ᠪᠤᠯᠤᠨ ᠴᠠᠬ ᠪᠦᠷᠢ 5 ᠺᠢᠯᠤᠮᠧᠲᠷ ᠠᠴᠠ ᠲᠤᠷᠤᠬᠰᠢᠬᠢ ᠬᠤᠷᠳᠤᠴᠠ ᠶᠤᠰᠤᠭᠠᠷ ᠠᠶᠠᠯᠠᠵᠤ᠂ ᠲᠤᠭᠳᠠᠭᠰᠠᠨ ᠤᠷᠤᠨ ᠳᠤ   ᠵᠤᠬᠰᠤᠭᠠᠵᠤ᠂ ᠲᠡᠷᠭᠡ ᠵᠤᠬᠰᠤᠬᠤ ᠤᠷᠤᠨ ᠳᠤ ᠲᠡᠮᠳᠡᠭ ᠪᠠᠶᠢᠯᠭᠠᠬᠤ ᠭᠡᠷᠡᠭᠳᠡᠢ᠃           13᠂ ᠲᠡᠷᠭᠡᠨ ᠬᠠᠮᠢᠶᠠᠷᠤᠬᠴᠢ ᠠᠴᠠ ᠠᠩᠬᠢ ᠶᠢᠨ ᠡᠷᠬᠢᠯᠡᠭᠴᠢ ᠠᠴᠠ ᠰᠤᠷᠤᠬᠴᠢᠳ ᠢᠶᠠᠨ ᠠᠪᠠᠴᠢᠬᠰᠠᠨ ᠤ ᠲᠠᠷᠠᠭ᠎ᠠ   ᠲᠡᠷᠭᠡᠨ ᠳᠤ ᠰᠠᠭᠤᠬᠤ ᠬᠦᠮᠦᠰ ᠤᠨ ᠲᠤᠭ᠎ᠠ ᠪᠠᠨ ᠪᠦᠷᠢᠳᠭᠡᠭᠰᠡᠨ ᠤ ᠲᠠᠷᠠᠭ᠎ᠠ ᠲᠤᠭᠳᠠᠭᠰᠠᠨ ᠦᠷᠳᠡᠭᠡᠨ ᠳᠤᠨᠢ ᠬᠦᠷᠭᠡᠵᠤ᠂ ᠰᠤᠷᠤᠭᠴᠢᠳ ᠤᠨ ᠲᠡᠷᠭᠡᠨ ᠠᠴᠠ ᠪᠠᠭᠤᠬᠤ ᠬᠦᠮᠦᠨ ᠤ ᠲᠤᠭ᠎ᠠ ᠶᠢ ᠪᠦᠷᠢᠳᠭᠡᠵᠤ᠂ ᠲᠡᠷᠭᠡᠨ ᠳᠤ ᠰᠠᠭᠤᠭᠰᠠᠨ   ᠰᠤᠷᠤᠭᠴᠢᠳ ᠨᠢᠬᠡᠨᠳᠡ ᠪᠦᠬᠦᠨ ᠢᠶᠠᠷ ᠢᠶᠠᠨ ᠲᠡᠷᠭᠡᠨ ᠠᠴᠠ ᠪᠠᠭᠤᠭᠰᠠᠨ ᠢ ᠮᠠᠭᠠᠳᠯᠠᠬᠰᠠᠨ ᠤ ᠲᠠᠷᠠᠭ᠎ᠠ ᠰᠠᠶ᠋ᠢ ᠲᠡᠷᠭᠡ   ᠬᠦᠳᠡᠯᠦᠨ᠎ᠡ᠃ ᠲᠡᠷᠭᠡ ᠲᠠᠭᠠᠬᠤ ᠬᠠᠮᠢᠶᠠᠷᠤᠬᠴᠢ ᠠᠴᠠ ᠡᠷᠭᠡᠪᠰᠢ ᠲᠡᠷᠭᠡ ᠵᠤᠬᠰᠤᠬᠤ ᠦᠷᠳᠡᠭᠡᠨ ᠳᠤ ᠰᠤᠷᠤᠬᠴᠢ ᠶᠢᠨ   ᠭᠡᠷ ᠤᠨ ᠠᠬᠠᠮᠠᠳ ᠪᠤᠶᠤ ᠪᠤᠰᠤᠳ ᠠᠰᠠᠷᠠᠨ ᠬᠠᠮᠠᠭᠠᠯᠠᠬᠴᠢ ᠳᠤ ᠰᠤᠷᠤᠬᠴᠢ ᠪᠠᠨ ᠲᠤᠰᠢᠶᠠᠨ᠎ᠠ᠃            14᠂ ᠰᠤᠷᠭᠠᠭᠤᠯᠢ ᠶᠢᠨ ᠲᠡᠷᠭᠡ ᠶᠢᠨ ᠲᠡᠷᠭᠡ ᠵᠢᠯᠤᠭᠤᠳᠬᠤ ᠬᠠᠵᠠᠭᠤᠳᠠᠬᠢ ᠰᠠᠭᠤᠳᠠᠯ ᠳᠤ ᠰᠤᠷᠤᠬᠴᠢᠳ ᠢ   ᠰᠠᠭᠤᠯᠭᠠᠵᠤ ᠪᠤᠯᠬᠤ ᠦᠬᠡᠢ᠃ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠰᠤᠷᠤᠬᠴᠢᠳ ᠢ ᠰᠠᠭᠤᠯᠭᠠᠵᠤ ᠪᠠᠶᠢᠬᠤ   ᠦᠶᠡᠰ ᠲᠤ ᠤᠳ᠋ᠰᠤ ᠨᠡᠮᠡᠵᠤ ᠪᠤᠯᠬᠤ ᠦᠬᠡᠢ᠂ ᠰᠤᠷᠭᠠᠭᠤᠯᠢ ᠶᠢᠨ ᠲᠡᠷᠭᠡ ᠶᠢᠨ ᠬᠦᠳᠡᠯᠭᠡᠬᠦᠷ ᠮᠠᠰᠢᠨ ᠢ   ᠤᠨᠳᠠᠷᠠᠭᠠᠬᠤ ᠠᠴᠠ ᠡᠮᠤᠨ᠎ᠡ ᠵᠢᠯᠤᠭᠤᠴᠢ ᠰᠠᠭᠤᠳᠠᠯ ᠠᠴᠠ ᠪᠠᠨ ᠰᠠᠯᠵᠤ ᠪᠤᠯᠬᠤ ᠦᠬᠡᠢ᠃            15᠂ ᠰᠤᠷᠭᠠᠭᠤᠯᠢ ᠶᠢᠨ ᠲᠡᠷᠭᠡ ᠵᠠᠮ ᠠᠶᠠᠯᠠᠬᠤ ᠲᠤᠮᠳᠠ᠂ ᠬᠠᠤᠯᠢ ᠶᠤᠰᠤᠭᠠᠷ ᠠᠯᠪᠠᠨ ᠶᠠᠪᠤᠳᠠᠯ ᠪᠡᠶᠡᠯᠡᠬᠦᠯᠵᠤ   ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠠᠴᠠ ᠪᠤᠰᠤᠳ ᠲᠡᠷᠭᠡᠨ ᠳᠤ ᠰᠠᠭᠤᠬᠤ ᠰᠤᠷᠤᠬᠴᠢᠳ ᠲᠠᠢ ᠬᠠᠷᠢᠴᠠᠭ᠎ᠠ ᠦᠬᠡᠢ   ᠬᠦᠮᠦᠰ ᠢ ᠰᠠᠭᠤᠯᠭᠠᠵᠤ ᠪᠤᠯᠬᠤ ᠦᠬᠡᠢ᠃       ᠲᠠᠪᠤ᠂ ᠠᠵᠢᠯ ᠤᠨ ᠡᠬᠦᠷᠭᠡ ᠬᠠᠷᠢᠭᠤᠴᠠᠯᠭ᠎ᠠ             ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠤᠨ ᠤᠳᠤᠷᠢᠳᠤᠯᠭ᠎ᠠ ᠶᠢ ᠦᠨᠡᠩᠬᠦ   ᠴᠢᠩᠭᠠᠳᠬᠠᠬᠤ ᠶᠢᠨ ᠲᠦᠯᠦᠭᠡ᠂ ᠬᠤᠰᠢᠭᠤᠨ ᠤ ᠵᠠᠰᠠᠬ ᠤᠨ ᠤᠷᠳᠤᠨ ᠠᠴᠠ ᠰᠤᠷᠭᠠᠨ ᠬᠦᠮᠦᠵᠢᠯ ᠤᠨ ᠠᠵᠢᠯ ᠢ   ᠬᠠᠪᠰᠤᠷᠭᠠᠨ ᠬᠠᠷᠢᠭᠤᠴᠠᠵᠤ ᠪᠠᠶᠢᠭ᠎ᠠ ᠲᠡᠳ᠋ ᠬᠤᠰᠢᠭᠤᠨ ᠲᠠᠷᠤᠭ᠎ᠠ ᠪᠠᠷ ᠲᠤᠭᠤᠢᠢᠯᠠᠩ ᠤᠨ ᠲᠠᠷᠤᠭ᠎ᠠ ᠪᠤᠯᠭᠠᠵᠤ᠂   ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ   ᠲᠤᠪᠴᠢᠶ᠎ᠠ ᠶᠢᠨ ᠲᠤᠪᠴᠢᠶᠠᠨ ᠲᠠᠷᠤᠭ᠎ᠠ ᠪᠠᠷ ᠲᠡᠳ᠋ ᠲᠤᠭᠤᠢᠢᠯᠠᠩ ᠤᠨ ᠲᠠᠷᠤᠭ᠎ᠠ ᠪᠤᠯᠭᠠᠭᠰᠠᠨ᠂ ᠬᠤᠰᠢᠭᠤᠨ ᠤ ᠵᠠᠰᠠᠬ ᠤᠨ   ᠤᠷᠳᠤᠨ ᠤ ᠠᠯᠪᠠᠨ ᠭᠡᠷ᠂ ᠬᠦᠭᠵᠢᠬᠦᠯᠦᠯᠳᠡ ᠦᠭᠡᠷᠡᠴᠢᠯᠡᠯᠳᠡ᠂ ᠡᠳ᠋ ᠤᠨ ᠵᠠᠰᠠᠬ᠂ ᠠᠮᠤᠷ ᠲᠦᠪᠰᠢᠨ ᠤ ᠬᠢᠨᠠᠯᠳᠠ᠂   ᠬᠢᠨᠠᠨ ᠪᠤᠳᠤᠯᠳᠠ᠂ ᠵᠠᠮ ᠲᠡᠭᠡᠭᠡᠪᠦᠷᠢ ᠶᠢᠨ ᠬᠠᠮᠢᠶᠠᠷᠤᠯᠳᠠ᠂ ᠵᠠᠮ ᠬᠠᠷᠢᠯᠴᠠᠭ᠎ᠠ᠂ ᠵᠠᠮ ᠲᠡᠭᠡᠭᠡᠪᠦᠷᠢ ᠶᠢᠨ ᠺᠤᠮᠫᠠᠨᠢ᠂   ᠴᠢᠮᠡᠭᠡ ᠨᠡᠪᠳᠡᠷᠡᠯᠭᠡ ᠶᠢᠨ ᠺᠤᠮᠫᠠᠨᠢ᠂ ᠲᠠᠭᠠᠳᠬᠠᠯ ᠤᠨ ᠺᠤᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠤ   ᠠᠬᠤᠢᠢᠯᠠᠯ ᠪᠤᠯᠤᠨ ᠰᠤᠷᠭᠠᠭᠤᠯᠢ ᠶᠢᠨ ᠲᠡᠷᠭᠡᠨ ᠤ ᠱᠤᠭᠤᠮ ᠪᠦᠷᠬᠦᠭᠰᠡᠨ ᠰᠤᠮᠤ ᠰᠢᠶᠠᠩ ᠪᠠᠯᠭᠠᠰᠤ ᠶᠢᠨ ᠵᠠᠰᠠᠬ ᠤᠨ   ᠤᠷᠳᠤᠨ ᠤ ᠬᠠᠷᠢᠭᠤᠴᠠᠯᠭᠠᠳᠠᠨ ᠢᠶᠠᠷ ᠭᠡᠰᠢᠬᠦᠨ ᠪᠤᠯᠭᠠᠭᠰᠠᠨ ᠪᠦᠬᠦ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ   ᠲᠦᠪᠰᠢᠨ ᠤ ᠬᠠᠮᠢᠶᠠᠷᠤᠯᠳᠠ ᠶᠢᠨ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠵᠤ᠂ ᠰᠤᠷᠭᠠᠭᠤᠯᠢ ᠶᠢᠨ   ᠲᠡᠷᠭᠡ ᠶᠢᠨ ᠠᠮᠤᠷ ᠲᠦᠪᠰᠢᠨ ᠤ ᠠᠵᠢᠯ ᠤᠨ ᠬᠠᠮᠢᠶᠠᠷᠤᠯᠳᠠ ᠶᠢ ᠨᠢᠭᠡᠳᠦᠯᠳᠡᠢ ᠤᠳᠤᠷᠢᠳᠬᠤ ᠪᠠ ᠵᠤᠬᠢᠴᠠᠭᠤᠯᠤᠨ᠂   ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠦᠭᠡᠭᠡᠪᠦᠷᠢᠯᠡᠯᠳᠡ ᠶᠢᠨ ᠠᠵᠢᠯ ᠢ ᠵᠤᠬᠢᠴᠠᠭᠤᠯᠬᠤ ᠲᠤᠭᠳᠠᠴᠠ ᠪᠠ   ᠤᠳᠠᠭᠠᠨ ᠲᠠᠭᠠᠭᠠᠮᠠᠭᠠᠢ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠤᠨ᠂ ᠲᠤᠭᠳᠠᠮᠠᠯ ᠬᠤᠭᠤᠴᠠᠭ᠎ᠠ ᠲᠠᠢ ᠪᠠᠷ   ᠲᠤᠬᠠᠢᠢᠯᠠᠬᠰᠠᠨ ᠠᠵᠢᠯ ᠤᠨ ᠬᠤᠷᠠᠯ ᠬᠤᠷᠠᠯᠳᠤᠭᠤᠯᠵᠤ᠂ ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢᠯᠡᠯᠳᠡ ᠶᠢᠨ   ᠶᠠᠪᠤᠴᠠ ᠳᠤ ᠤᠷᠤᠰᠢᠬᠤ ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠵᠤ᠂ ᠮᠠᠨ ᠤ ᠬᠤᠰᠢᠭᠤᠨ ᠤ   ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢᠯᠡᠯᠳᠡ ᠶᠢᠨ ᠠᠵᠢᠯ ᠤᠨ ᠬᠡᠪᠴᠢᠶᠡᠵᠢᠯ ᠢ ᠠᠯᠬᠤᠮ ᠲᠠᠷᠠᠭ᠎ᠠ ᠲᠠᠢ   ᠠᠬᠢᠭᠤᠯᠬᠤ ᠶᠢ ᠪᠠᠳᠤᠯᠠᠨ᠎ᠠ᠃ ᠡᠯ᠎ᠡ ᠪᠦᠷᠢᠯᠳᠦᠬᠦᠨ ᠨᠢᠭᠡᠴᠡ ᠦᠪᠡᠷ ᠦᠪᠡᠷ ᠤᠨ ᠡᠬᠦᠷᠭᠡ ᠬᠠᠷᠢᠭᠤᠴᠠᠯᠭ᠎ᠠ   ᠶᠤᠰᠤᠭᠠᠷ ᠢᠶᠠᠨ ᠰᠤᠷᠭᠠᠭᠤᠯᠢ ᠶᠢᠨ ᠲᠡᠷᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠳᠤ ᠬᠢᠨᠠᠨ   ᠬᠠᠮᠢᠶᠠᠷᠤᠯᠳᠠ ᠬᠢᠬᠦ ᠭᠡᠷᠡᠭᠳᠡᠢ᠃       ᠪᠤᠳᠠᠳᠠᠢ ᠠᠵᠢᠯ ᠤᠨ ᠡᠬᠦᠷᠭᠡ ᠬᠠᠷᠢᠭᠤᠴᠠᠯᠭ᠎ᠠ ᠭᠡᠪᠡᠯ ᠲᠤᠤᠷᠠᠬᠢ ᠮᠡᠳᠦ᠄           ︵ᠨᠢᠭᠡ︶ ᠡᠳ᠋ ᠤᠨ ᠵᠠᠰᠠᠬ ᠤᠨ ᠲᠤᠪᠴᠢᠶ᠎ᠠ᠄ ᠰᠤᠷᠭᠠᠨ ᠬᠦᠮᠦᠵᠢᠯ᠂ ᠬᠢᠨᠠᠨ ᠪᠤᠳᠤᠯᠳᠠ ᠵᠡᠷᠭᠡ ᠰᠠᠯᠠᠭ᠎ᠠ   ᠮᠦᠴᠢᠷ ᠲᠠᠢ ᠬᠠᠮᠳᠤ ᠰᠤᠷᠭᠠᠭᠤᠯᠢ ᠶᠢᠨ ᠲᠡᠷᠭᠡ ᠶᠢᠨ ᠨᠦᠬᠦᠪᠦᠷᠢ ᠤᠯᠭᠤᠬᠤ ᠠᠷᠭ᠎ᠠ ᠶᠢ ᠰᠤᠳᠤᠯᠤᠨ ᠲᠤᠭᠳᠠᠭᠠᠬᠤ   ᠠᠵᠢᠯ ᠢ ᠬᠠᠷᠢᠭᠤᠴᠠᠵᠤ᠂ ᠰᠤᠷᠭᠠᠭᠤᠯᠢ ᠶᠢᠨ ᠲᠡᠷᠭᠡ ᠶᠢᠨ ᠨᠦᠬᠦᠪᠦᠷᠢ ᠮᠦᠩᠬᠦ ᠶᠢ ᠤᠨ ᠤ ᠡᠳ᠋ ᠤᠨ ᠵᠠᠰᠠᠬ ᠤᠨ   ᠲᠦᠰᠦᠪ ᠲᠡᠭᠡᠨ ᠤᠷᠤᠭᠤᠯᠵᠤ᠂ ᠨᠦᠬᠦᠪᠦᠷᠢ ᠮᠦᠩᠬᠦ ᠶᠢ ᠲᠤᠭᠳᠠᠭᠰᠠᠨ ᠴᠠᠭ ᠲᠠᠭᠠᠨ ᠲᠦᠭᠡᠭᠡᠨ ᠦᠭᠬᠦ ᠶᠢ ᠪᠠᠳᠤᠯᠠᠵᠤ᠂   ᠰᠤᠷᠭᠠᠭᠤᠯᠢ ᠶᠢᠨ ᠲᠡᠷᠭᠡ ᠶᠢᠨ ᠭᠡᠪ ᠤᠨ ᠪᠠᠶᠢᠳᠠᠯ ᠢᠶᠠᠷ ᠠᠵᠢᠯᠯᠠᠬᠤ ᠶᠢ ᠪᠠᠳᠤᠯᠠᠨ᠎ᠠ᠃           ︵ᠬᠤᠶᠠᠷ︶ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠄ ᠰᠤᠷᠭᠠᠭᠤᠯᠢ ᠶᠢᠨ ᠲᠡᠷᠭᠡ ᠶᠢᠨ ᠬᠢᠨᠠᠨ ᠬᠠᠮᠢᠶᠠᠷᠤᠯᠳᠠ ᠶᠢ   ᠬᠠᠤᠯᠢ ᠶᠤᠰᠤᠭᠠᠷ ᠴᠢᠩᠭᠠᠳᠬᠠᠨ᠎ᠠ᠃           1᠂ ᠰᠤᠷᠭᠠᠭᠤᠯᠢ ᠶᠢᠨ ᠲᠡᠷᠭᠡ ᠶᠢ ᠲᠠᠩᠰᠠᠯᠠᠬᠤ᠂ ᠲᠡᠮᠳᠡᠭᠯᠡᠯ ᠢ ᠦᠭᠡᠷᠡᠴᠢᠯᠡᠬᠦ᠂ ᠰᠤᠷᠭᠠᠭᠤᠯᠢ ᠶᠢᠨ ᠲᠡᠷᠭᠡ ᠵᠢᠴᠢ   ᠵᠢᠯᠤᠭᠤᠴᠢ ᠶᠢ ᠲᠠᠩᠰᠠ ᠡᠪᠬᠡᠮᠡᠯ ᠳᠤ ᠤᠷᠤᠭᠤᠯᠬᠤ ᠵᠡᠷᠭᠡ ᠠᠵᠢᠯ ᠢ ᠬᠠᠷᠢᠭᠤᠴᠠᠨ᠎ᠠ᠃             2᠂ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠪᠤᠯᠤᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ   ᠬᠠᠮᠵᠢᠯᠴᠠᠨ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠶᠢᠨ ᠬᠢᠷᠢ ᠭᠡᠮ ᠢ ᠰᠢᠯᠭᠠᠨ ᠪᠠᠶᠢᠴᠠᠭᠠᠵᠤ᠂ ᠲᠤᠳᠤᠭᠠᠳᠤ ᠶᠢ   ᠬᠠᠮᠠᠭᠠᠯᠠᠬᠤ ᠰᠠᠯᠠᠭ᠎ᠠ ᠮᠦᠴᠢᠷ ᠠᠴᠠ ᠰᠤᠷᠤᠬᠴᠢᠳ ᠢ ᠵᠦᠭᠡᠭᠡᠪᠦᠷᠢᠯᠡᠵᠤ ᠪᠠᠶᠢᠭ᠎ᠠ ᠲᠡᠷᠭᠡ ᠳᠤ ᠬᠠᠭᠠᠰ ᠵᠢᠯ ᠳᠤ ᠨᠢᠭᠡ   ᠤᠳᠠᠭ᠎ᠠ ᠵᠢᠯ ᠤᠨ ᠬᠢᠨᠠᠯᠳᠠ ᠬᠢᠨ᠎ᠡ᠃             3᠂ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ ᠬᠢᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠡᠷᠬᠢᠯᠡᠨ᠂ ᠰᠤᠷᠭᠠᠭᠤᠯᠢ ᠶᠢᠨ ᠲᠡᠷᠭᠡ ᠶᠢᠨ   ᠵᠢᠯᠤᠭᠤᠴᠢ ᠶᠢᠨ ᠵᠠᠮ ᠬᠠᠷᠢᠯᠴᠠᠭᠠᠨ ᠤ ᠬᠠᠤᠯᠢ ᠲᠦᠷᠢᠮ ᠤᠨ ᠦᠵᠡᠯᠳᠡ ᠪᠤᠯᠤᠨ ᠠᠮᠤᠷ ᠲᠦᠪᠰᠢᠨ ᠢᠶᠠᠷ ᠠᠶᠠᠯᠠᠬᠤ   ᠲᠠᠨᠢᠯᠳᠠ ᠶᠢ ᠲᠡᠭᠡᠭᠰᠢᠯᠡᠬᠦᠯᠦᠨ᠎ᠡ᠃            4᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠨ ᠪᠠᠶᠢᠴᠠᠭᠠᠬᠤ ᠴᠠᠬᠳᠠᠭ᠎ᠠ ᠶᠢᠨ ᠶᠡᠭᠡ ᠠᠩᠬᠢ ᠳᠤ   ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠳᠠ ᠶᠢᠨ ᠲᠤᠮᠳᠠ ᠠᠩᠬᠢ ᠪᠠᠶᠢᠭᠤᠯᠬᠤ ᠶᠢᠨ ᠬᠠᠮᠳᠤ ᠡᠯ᠎ᠡ ᠭᠠᠴᠠᠭ᠎ᠠ   ᠲᠤᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠵᠢᠯᠴᠠᠨ ᠬᠠᠮᠢᠶᠠᠷᠤᠬᠴᠢ ᠶᠢ ᠰᠤᠷᠠᠭᠤᠯᠢ ᠶᠢᠨ ᠲᠡᠷᠭᠡ ᠶᠢᠨ   ᠬᠠᠮᠵᠢᠯᠴᠠᠨ ᠬᠠᠮᠢᠶᠠᠷᠤᠬᠴᠢ ᠶᠢᠨ ᠡᠬᠦᠷᠭᠡ ᠶᠢ ᠡᠬᠦᠷᠭᠡᠯᠡᠬᠦᠯᠵᠤ᠂ ᠰᠤᠷᠭᠠᠭᠤᠯᠢ ᠶᠢᠨ ᠲᠡᠷᠭᠡ ᠶᠢᠨ ᠵᠠᠮ ᠬᠠᠷᠢᠯᠴᠠᠭᠠᠨ ᠤ   ᠬᠠᠮᠢᠠᠶ᠋ᠷᠤᠯᠳᠠ ᠶᠢᠨ ᠲᠤᠮᠳᠠ ᠠᠩᠬᠢ ᠠᠴᠠ ᠨᠢᠭᠡᠳᠦᠯᠳᠡᠢ ᠬᠠᠮᠢᠶᠠᠷᠤᠨ᠎ᠠ᠃            5᠂ ᠰᠤᠷᠭᠠᠭᠤᠯᠢ ᠶᠢᠨ ᠲᠡᠷᠭᠡ ᠶᠢᠨ ᠨᠢᠭᠡᠳᠦᠯᠳᠡᠢ ᠲᠡᠮᠳᠡᠭ ᠢ ᠲᠤᠭᠳᠠᠭᠠᠵᠤ᠂ ᠰᠤᠷᠭᠠᠭᠤᠯᠢ ᠶᠢᠨ ᠲᠡᠷᠭᠡ ᠪᠦᠷᠢ ᠳᠤ   ᠪᠦᠬᠦ ᠤᠷᠤᠨ ᠤ ᠨᠢᠭᠡᠳᠦᠯᠳᠡᠢ ᠰᠤᠷᠭᠠᠭᠤᠯᠢ ᠶᠢᠨ ᠲᠡᠷᠭᠡ ᠶᠢᠨ ᠭᠡᠷᠡᠴᠢ ᠲᠡᠮᠳᠡᠭ ᠢ ᠲᠠᠷᠬᠠᠭᠠᠨ᠎ᠠ᠃ ᠰᠤᠷᠭᠠᠭᠤᠯᠢ ᠶᠢᠨ   ᠲᠡᠷᠭᠡ ᠶᠢᠨ ᠲᠡᠮᠳᠡᠭ ᠤᠨ ᠬᠦᠴᠦᠨ ᠪᠦᠬᠦᠢ ᠬᠤᠭᠤᠴᠠᠭ᠎ᠠ ᠨᠢ 1 ᠵᠢᠯ᠃ ᠬᠠᠤᠯᠢ ᠲᠦᠷᠢᠮ ᠠᠴᠠ ᠵᠦᠷᠢᠴᠡᠭᠰᠡᠨ   ᠰᠤᠷᠭᠠᠭᠤᠯᠢ ᠶᠢᠨ ᠲᠡᠷᠭᠡ ᠶᠢᠨ ᠲᠡᠮᠳᠡᠭ ᠢ ᠭᠡᠷᠡᠭᠯᠡᠭᠰᠡᠨ ᠪᠠᠶᠢᠪᠠᠯ ᠲᠤᠳᠤᠯᠠᠨ ᠰᠢᠢᠳᠭᠡᠨ᠎ᠡ᠃           6᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠦᠷᠢᠮ ᠶᠤᠰᠤᠭᠠᠷ᠂ ᠰᠤᠷᠭᠠᠭᠤᠯᠢ ᠶᠢᠨ ᠲᠡᠷᠭᠡ ᠶᠢᠨ   ᠬᠤᠷᠳᠤᠴᠠ ᠠᠴᠠ ᠭᠡᠳᠦᠷᠦᠭᠰᠡᠨ᠂ ᠰᠠᠭᠤᠭᠰᠠᠨ ᠬᠦᠮᠦᠨ ᠤ ᠲᠤᠭ᠎ᠠ ᠭᠡᠳᠦᠷᠦᠭᠰᠡᠨ ᠵᠡᠷᠭᠡ ᠵᠠᠮ ᠬᠠᠷᠢᠯᠴᠠᠭᠠᠨ ᠤ   ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠦᠨᠳᠦ ᠪᠠᠷ ᠰᠢᠳᠭᠡᠨ ᠲᠤᠷᠭᠠᠭᠠᠨ᠎ᠠ᠃ ᠦᠪᠡᠷ ᠢᠶᠠᠨ ᠵᠤᠬᠢᠶᠠᠬᠰᠠᠨ ᠪᠤᠶᠤ   ᠤᠷᠬᠢᠬᠳᠠᠬᠤ ᠪᠠᠷᠢᠮᠵᠢᠶ᠎ᠠ ᠳᠤ ᠬᠦᠷᠦᠭᠰᠡᠨ ᠰᠤᠷᠤᠭᠴᠢ ᠲᠤᠰᠴᠤ ᠬᠦᠷᠭᠡᠵᠤ ᠪᠠᠶᠢᠭ᠎ᠠ ᠰᠤᠷᠭᠠᠭᠤᠯᠢ ᠶᠢᠨ ᠲᠡᠷᠭᠡ ᠶᠢ   ᠬᠤᠷᠢᠶᠠᠨ ᠠᠪᠬᠤ ᠪᠤᠶᠤ ᠠᠯᠪᠠᠳᠠᠯᠭ᠎ᠠ ᠪᠠᠷ ᠬᠠᠶᠠᠭᠳᠠᠭᠤᠯᠤᠨ᠎ᠠ᠃ ᠭᠡᠷᠡᠴᠢ ᠲᠡᠮᠳᠡᠭ ᠦᠬᠡᠢ ᠪᠠᠷ ᠰᠤᠷᠤᠬᠴᠢᠳ ᠢ ᠲᠤᠰᠴᠤ   ᠬᠦᠷᠭᠡᠬᠦ ᠲᠡᠷᠭᠡ ᠶᠢ ᠬᠦᠴᠦᠨ ᠦᠬᠡᠢ ᠪᠤᠯᠭᠠᠵᠤ᠂ ᠭᠡᠳᠦᠷᠡᠳᠡᠯ᠎ᠡ ᠲᠡᠭᠡᠭᠡᠬᠦ᠂ ᠬᠠᠤᠯᠢ ᠠᠴᠠ ᠵᠦᠷᠢᠴᠡᠬᠦ ᠲᠡᠷᠭᠡ ᠪᠠᠷ   ᠰᠤᠷᠤᠬᠴᠢ ᠲᠤᠰᠴᠤ ᠬᠦᠷᠭᠡᠬᠦ ᠶᠢ ᠡᠷᠡᠰ ᠲᠡᠪᠴᠢᠨ᠎ᠡ᠃           7᠂ ᠲᠤᠭᠳᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠶᠢᠨ ᠵᠠᠮ ᠬᠠᠷᠢᠯᠴᠠᠭᠠᠨ ᠤ   ᠠᠮᠤᠷ ᠲᠦᠪᠰᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠪᠤᠯᠤᠨ ᠵᠠᠮ ᠬᠠᠷᠢᠯᠴᠠᠭᠠᠨ ᠤ ᠠᠳᠡᠯ ᠭᠠᠷᠤᠬᠰᠠᠨ ᠰᠤᠷᠠᠬ   ᠴᠢᠮᠡᠭᠡ ᠶᠢ ᠬᠤᠰᠢᠭᠤᠨ ᠤ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠤᠨ   ᠤᠳᠤᠷᠢᠳᠬᠤ ᠲᠤᠭᠤᠢᠢᠯᠠᠩ ᠤᠨ ᠠᠯᠪᠠᠨ ᠭᠡᠷ ᠲᠤ ᠬᠦᠷᠭᠡᠨ᠎ᠡ᠃          8᠂ ᠰᠤᠷᠭᠠᠭᠤᠯᠢ ᠶᠢᠨ ᠲᠡᠷᠭᠡ ᠶᠢᠨ ᠠᠶᠠᠯᠠᠯ ᠤᠨ ᠱᠤᠭᠤᠮ ᠤᠨ ᠵᠠᠮ ᠬᠠᠷᠢᠯᠴᠠᠭᠠᠨ ᠤ ᠡᠮᠬᠢ ᠲᠢᠭᠯᠢᠮ ᠤᠨ   ᠬᠠᠮᠢᠶᠠᠷᠤᠯᠳᠠ ᠶᠢ ᠴᠢᠩᠭᠠᠳᠬᠠᠵᠤ᠂ ᠰᠤᠷᠤᠭᠴᠢ ᠵᠦᠭᠡᠭᠡᠪᠦᠷᠢᠯᠡᠭᠰᠡᠨ ᠰᠤᠷᠭᠠᠭᠤᠯᠢ ᠶᠢᠨ ᠲᠡᠷᠭᠡ ᠶᠢ ᠤᠷᠢᠳᠠᠪᠠᠷ   ᠶᠠᠪᠤᠭᠤᠯᠬᠤ ᠶᠢ ᠪᠠᠳᠤᠯᠠᠨ᠎ᠠ᠃ ᠭᠤᠤᠯᠳᠠᠯᠭᠠᠳᠤ ᠴᠠᠬ ᠲᠤ ᠭᠤᠤᠯᠳᠠᠯᠭ᠎ᠠ ᠲᠠᠢ ᠰᠤᠷᠭᠠᠭᠤᠯᠢ᠂ ᠭᠤᠤᠯᠳᠠᠯᠭ᠎ᠠ ᠲᠠᠢ ᠭᠡᠰᠡᠭ   ᠵᠠᠮ ᠤᠨ ᠪᠠᠶᠢᠴᠠᠭᠠᠯᠳᠠ ᠶᠢ ᠴᠢᠩᠭᠠᠳᠬᠠᠵᠤ᠂ ᠲᠤᠭᠳᠠᠬᠰᠠᠨ ᠴᠠᠭᠳᠠᠭ᠎ᠠ ᠶᠢᠨ ᠬᠦᠴᠦᠨ ᠢ ᠰᠤᠷᠤᠬᠴᠢ ᠰᠤᠷᠭᠠᠭᠤᠯᠢ ᠳᠤ   ᠤᠴᠢᠬᠤ᠂ ᠰᠤᠷᠭᠠᠭᠤᠯᠢ ᠲᠠᠷᠬᠠᠬᠤ ᠴᠠᠬ ᠪᠤᠶᠤ ᠰᠤᠷᠤᠬᠴᠢ ᠶᠢ ᠲᠤᠰᠴᠤ ᠬᠦᠷᠭᠡᠬᠦ ᠲᠡᠷᠭᠡᠨ ᠤ ᠠᠶᠠᠯᠠᠯ ᠤᠨ ᠵᠠᠮ ᠢ   ᠵᠢᠯᠤᠭᠤᠳᠬᠤ ᠪᠤᠶᠤ ᠬᠢᠨᠠᠨ ᠬᠠᠮᠢᠶᠠᠷᠤᠨ᠎ᠠ᠃           9᠂ ᠰᠤᠷᠭᠠᠭᠤᠯᠢ ᠪᠤᠯᠤᠨ ᠰᠤᠷᠤᠬᠴᠢ ᠶᠢ ᠲᠤᠰᠴᠤ ᠬᠦᠷᠭᠡᠬᠦ ᠲᠡᠷᠭᠡᠨ ᠤ ᠵᠢᠯᠤᠭᠤᠴᠢ ᠵᠢᠴᠢ   ᠲᠦᠷᠢᠶᠡᠰᠦᠯᠡᠭᠴᠢ ᠶᠢᠨ ᠭᠠᠷ ᠤᠨ ᠦᠰᠦᠭ ᠵᠢᠷᠤᠬᠰᠠᠨ ᠠᠮᠤᠷ ᠲᠦᠪᠰᠢᠨ ᠲᠡᠷᠭᠡ ᠠᠶᠠᠯᠠᠬᠤ ᠬᠠᠷᠢᠭᠤᠴᠠᠯᠭ᠎ᠠ ᠶᠢᠨ   ᠪᠢᠴᠢᠭ ᠢ ᠬᠢᠨᠠᠨ ᠱᠠᠭᠠᠷᠳᠠᠨ᠎ᠠ᠃       ︵ᠭᠤᠷᠪᠠ︶ ᠵᠠᠮ ᠬᠠᠷᠢᠯᠴᠠᠭᠠᠨ ᠤ ᠲᠤᠪᠴᠢᠶ᠎ᠠ᠄ ᠰᠤᠷᠭᠠᠭᠤᠯᠢ ᠶᠢᠨ ᠲᠡᠷᠭᠡ ᠶᠢᠨ ᠲᠡᠭᠡᠭᠡᠪᠦᠷᠢ ᠶᠢᠨ ᠺᠤᠮᠫᠠᠨᠢ ᠢ   ᠨᠢᠭᠡᠳᠦᠯᠳᠡᠢ ᠬᠠᠮᠢᠶᠠᠷᠤᠨ᠎ᠠ᠃            1᠂ ᠰᠤᠷᠭᠠᠭᠤᠯᠢ ᠶᠢᠨ ᠲᠡᠷᠭᠡ ᠶᠢ ᠭᠡᠷᠡᠭᠯᠡᠵᠤ ᠪᠠᠶᠢᠬᠤ ᠰᠤᠮᠤ ᠰᠢᠶᠠᠩ ᠪᠠᠯᠭᠠᠰᠤ ᠶᠢᠨ ᠵᠠᠮ ᠱᠤᠭᠤᠮ ᠤᠨ   ᠪᠠᠶᠢᠭᠤᠯᠤᠯᠳᠠ ᠶᠢ ᠴᠢᠩᠭᠠᠳᠬᠠᠵᠤ᠂ ᠰᠤᠷᠭᠠᠭᠤᠯᠢ ᠶᠢᠨ ᠲᠡᠷᠭᠡ ᠶᠢ ᠭᠡᠷᠡᠭᠯᠡᠵᠤ ᠪᠠᠶᠢᠬᠤ ᠰᠤᠮᠤ ᠰᠢᠶᠠᠩ ᠪᠠᠯᠭᠠᠰᠤ ᠶᠢᠨ   ᠠᠮᠤᠷ ᠲᠦᠪᠰᠢᠨ ᠲᠦᠬᠦᠮ ᠲᠦᠳᠡ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠤᠤᠷ ᠢ ᠨᠢᠭᠡᠳᠦᠯᠳᠡᠢ ᠪᠠᠶᠢᠷᠢᠯᠠᠭᠤᠯᠤᠨ᠎ᠠ᠃             2᠂ ᠵᠠᠰᠠᠮᠠᠯ ᠵᠠᠮ ᠤᠨ ᠰᠠᠯᠠᠭ᠎ᠠ ᠮᠦᠴᠢᠷ ᠵᠠᠮ ᠱᠤᠭᠤᠮ ᠤᠨ ᠪᠠᠶᠢᠳᠠᠯ ᠢ ᠪᠠᠶᠢᠴᠠᠭᠠᠬᠤ ᠠᠵᠢᠯ ᠢ ᠴᠢᠩᠭᠠᠳᠬᠠᠵᠤ᠂   ᠰᠤᠷᠭᠠᠭᠤᠯᠢ ᠶᠢᠨ ᠲᠡᠷᠭᠡ ᠶᠢᠨ ᠠᠶᠠᠯᠠᠯ ᠤᠨ ᠱᠤᠭᠤᠮ ᠳᠤ ᠠᠮᠤᠷ ᠲᠦᠪᠰᠢᠨ ᠤ ᠲᠠᠯᠳᠠ ᠠᠶᠤᠯ ᠤᠷᠤᠰᠢᠵᠤ ᠪᠠᠶᠢᠭ᠎ᠠ   ᠵᠠᠮ ᠤᠨ ᠭᠡᠰᠡᠭ ᠢ ᠴᠠᠬ ᠲᠤᠬᠠᠢ ᠳᠤᠨᠢ ᠵᠠᠰᠠᠨ᠎ᠠ᠃           3᠂ ᠵᠠᠮ ᠲᠡᠭᠡᠭᠡᠪᠦᠷᠢ ᠶᠢᠨ ᠰᠠᠯᠠᠭ᠎ᠠ ᠮᠦᠴᠢᠷ ᠵᠦᠭᠡᠭᠡᠪᠦᠷᠢ ᠬᠢᠵᠤ ᠪᠠᠶᠢᠭ᠎ᠠ ᠮᠠᠰᠢᠨ ᠲᠡᠷᠭᠡ ︵ᠭᠡᠷ ᠤᠨ ᠠᠬᠠᠮᠠᠳ   ᠬᠠᠮᠳᠤᠷᠠᠨ ᠲᠦᠷᠢᠶᠡᠰᠦᠯᠡᠵᠤ ᠪᠠᠶᠢᠭ᠎ᠠ ᠰᠤᠷᠤᠬᠴᠢᠳ ᠤᠨ ᠲᠡᠷᠭᠡ ᠴᠤ ᠪᠠᠭᠳᠠᠨ᠎ᠠ︶ ᠶᠢᠨ ᠬᠠᠮᠢᠶᠠᠷᠤᠯᠳᠠ ᠶᠢ   ᠴᠢᠩᠭᠠᠳᠬᠠᠵᠤ᠂ ᠬᠠᠤᠯᠢ ᠪᠤᠰᠤ ᠪᠠᠷ ᠰᠤᠷᠤᠬᠴᠢᠳ ᠢ ᠲᠤᠰᠴᠤ ᠬᠦᠷᠭᠡᠵᠤ ᠪᠠᠶᠢᠭ᠎ᠠ ᠲᠡᠷᠭᠡ ᠶᠢ ᠴᠠᠬ ᠲᠤᠬᠠᠢ ᠳᠤᠨᠢ   ᠪᠠᠶᠢᠴᠠᠭᠠᠨ ᠰᠢᠢᠳᠪᠦᠷᠢᠯᠡᠵᠤ᠂ ᠡᠷᠡᠰ ᠴᠤᠬᠢᠯᠳᠠ ᠦᠭᠬᠦᠨ᠎ᠡ᠃ ᠵᠦᠪᠰᠢᠶᠡᠷᠡᠯ ᠦᠬᠡᠢ ᠪᠠᠷ ᠠᠶᠠᠯᠠᠵᠤ ᠪᠠᠶᠢᠭ᠎ᠠ ᠵᠢᠱᠢᠶᠡᠨ ᠤ   ᠮᠠᠰᠢᠨ ᠲᠡᠷᠭᠡ ᠰᠤᠷᠤᠬᠴᠢᠳ ᠢ ᠲᠤᠰᠴᠤ ᠬᠦᠷᠭᠡᠬᠦ ᠪᠤᠶᠤ ᠰᠤᠷᠭᠠᠭᠤᠯᠢ ᠶᠢᠨ ᠲᠡᠷᠭᠡ ᠰᠤᠷᠤᠬᠴᠢᠳ ᠢ ᠲᠤᠰᠴᠤ ᠬᠷᠭᠡᠬᠦ   ᠵᠠᠮ ᠳᠠᠭᠠᠨ ᠪᠤᠰᠤᠳ ᠬᠦᠮᠦᠰ ᠢ ᠲᠡᠷᠭᠡᠨ ᠳᠤ ᠰᠠᠭᠤᠯᠭᠠᠵᠤ ᠪᠤᠯᠬᠤ ᠦᠬᠡᠢ᠃           4᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠠᠢ ᠬᠠᠮᠵᠢᠯᠴᠠᠨ ᠠᠶᠠᠯᠠᠯ ᠤᠨ ᠱᠤᠭᠤᠮ ᠢᠶᠠᠨ ᠲᠤᠭᠳᠠᠭᠠᠵᠤ᠂   ᠲᠡᠷᠭᠡ ᠲᠤᠬᠢᠷᠠᠭᠤᠯᠤᠨ᠎ᠠ᠃ ︽ᠰᠤᠷᠤᠬᠴᠢᠳ ᠢ ᠲᠤᠰᠴᠤ ᠬᠦᠷᠭᠡᠬᠦ ᠦᠢᠯᠡᠴᠢᠯᠡᠭᠡᠨ ᠤ ᠭᠡᠷ᠎ᠡ︾  ᠶᠢᠨ ᠪᠢᠴᠢᠭ ᠢ   ᠨᠢᠭᠡᠳᠦᠯᠳᠡᠢ ᠲᠤᠭᠳᠠᠭᠠᠨ᠎ᠠ᠃           5᠂ ᠰᠤᠷᠭᠠᠭᠤᠯᠢ ᠶᠢᠨ ᠲᠡᠷᠭᠡ ᠶᠢᠨ ᠺᠤᠮᠫᠠᠨᠢ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂   ᠰᠤᠷᠭᠠᠭᠤᠯᠢ ᠶᠢᠨ ᠲᠡᠷᠭᠡ ᠶᠢᠨ ᠲᠡᠭᠡᠭᠡᠪᠦᠷᠢ ᠶᠢᠨ ᠺᠤᠮᠫᠠᠨᠢ ᠶᠢ ᠬᠢᠨᠠᠨ ᠵᠢᠯᠤᠭᠤᠳᠴᠤ ᠰᠤᠷᠭᠠᠭᠤᠯᠢ ᠶᠢᠨ ᠲᠡᠷᠭᠡ ᠶᠢᠨ ᠠᠮᠤᠷ   ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠠᠮᠤᠷ ᠲᠦᠪᠰᠢᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ   ᠪᠤᠳᠠᠳᠠᠶᠢᠵᠢᠭᠤᠯᠤᠨ᠎ᠠ᠃           6᠂ ᠰᠢᠶᠠᠩ ᠪᠠᠯᠭᠠᠰᠤ᠂ ᠭᠠᠴᠠᠭ᠎ᠠ ᠲᠤᠰᠬᠤᠨ ᠠᠴᠠ ᠲᠤᠭᠳᠠᠭᠠᠭᠰᠠᠨ ᠰᠤᠷᠭᠠᠭᠤᠯᠢ ᠶᠢᠨ ᠲᠡᠷᠭᠡᠨ ᠵᠤᠭᠰᠤᠭᠠᠯ ᠶᠢᠨ   ᠵᠠᠰᠠᠮᠠᠯ ᠵᠠᠮ ᠢ ᠦᠷᠭᠡᠳᠭᠡᠵᠦ᠂ ᠵᠠᠰᠠᠮᠠᠯ ᠵᠠᠮ ᠤᠨ ᠬᠠᠵᠠᠭᠤ ᠳᠤ ᠪᠠᠷᠢᠮᠵᠢᠶ᠎ᠠ ᠳᠤ ᠬᠦᠷᠦᠭᠰᠡᠨ ᠲᠡᠷᠭᠡᠨ ᠵᠤᠭᠰᠤᠭᠠᠯ ᠢ   ᠪᠠᠶᠢᠭᠤᠯᠵᠤ᠂ ᠰᠤᠷᠭᠠᠭᠤᠯᠢ ᠶᠢᠨ ᠲᠡᠷᠭᠡ ᠶᠢᠨ ᠲᠡᠷᠭᠡᠨ ᠵᠤᠭᠰᠤᠭᠠᠯ ᠤᠨ ᠤᠷᠢᠳᠴᠢᠯᠠᠬᠰᠠᠨ ᠢᠯᠡᠷᠭᠡᠶᠢᠯᠡᠯ ᠪᠤᠶᠤ ᠲᠡᠮᠳᠡᠭ ᠢ   ᠪᠤᠰᠬᠠᠨ᠎ᠠ᠃ ᠲᠡᠷᠭᠡᠨ ᠵᠤᠭᠰᠤᠭᠠᠯ ᠤᠨ ᠵᠢᠭᠠᠯᠳᠠ ᠲᠡᠮᠳᠡᠭ ᠲᠤ ᠬᠠᠷᠢᠭᠤᠴᠠᠬᠴᠢ ᠶᠢᠨ ᠤᠳᠠᠰᠤᠨ ᠨᠤᠮᠤᠷ ᠢ ᠲᠡᠮᠳᠡᠭᠯᠡᠬᠦ   ᠭᠡᠷᠡᠭᠳᠡᠢ᠃       ︵ᠲᠦᠷᠪᠡ︶ ᠰᠤᠷᠭᠠᠨ ᠬᠦᠮᠦᠵᠢᠯ ᠤᠨ ᠲᠤᠪᠴᠢᠶ᠎ᠠ᠄ ᠲᠤᠳᠤᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠰᠠᠯᠠᠭ᠎ᠠ   ᠮᠦᠴᠢᠷ ᠲᠠᠢ ᠬᠠᠮᠵᠢᠯᠴᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠢ ᠬᠠᠪᠰᠤᠷᠭᠠᠨ ᠬᠠᠷᠢᠭᠤᠴᠠᠨ᠎ᠠ᠃          1᠂ ᠰᠤᠷᠭᠠᠭᠤᠯᠢ ᠶᠢ ᠵᠢᠯᠤᠭᠤᠳᠤᠨ ᠲᠤᠮᠳᠠᠳᠤ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ   ᠲᠦᠪᠰᠢᠨ ᠤ ᠬᠦᠮᠦᠵᠢᠯ ᠢ ᠦᠷᠨᠢᠬᠦᠯᠦᠨ᠎ᠡ᠃           2᠂ ᠰᠤᠷᠭᠠᠭᠤᠯᠢ ᠶᠢ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠳᠠ ᠶᠢ ᠤᠳᠤᠷᠢᠳᠬᠤ   ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠶᠢ ᠵᠢᠯᠤᠭᠤᠳᠤᠨ᠎ᠠ᠃ ᠡᠬᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠵᠤ᠂   ᠰᠤᠷᠤᠬᠴᠢᠳ ᠤᠨ ᠲᠡᠷᠭᠡᠨ ᠳᠤ ᠰᠠᠭᠤᠬᠤ ᠬᠠᠮᠨᠢᠶᠠᠷᠤᠯᠳᠠ ᠶᠢ ᠴᠢᠩᠭᠠᠳᠬᠠᠨ᠂ ᠠᠮᠤᠷ ᠲᠦᠪᠰᠢᠨ ᠤ ᠬᠠᠷᠢᠭᠤᠴᠠᠯᠭ᠎ᠠ ᠶᠢ   ᠪᠤᠳᠠᠳᠠᠶᠢᠵᠢᠭᠤᠯᠤᠨ᠎ᠠ᠃           3᠂ ᠲᠤᠳᠤᠭᠠᠳᠤ ᠶᠢ ᠬᠠᠮᠠᠭᠠᠯᠠᠬᠤ ᠪᠠᠭᠤᠯᠤᠯᠭ᠎ᠠ ᠨᠢᠭᠡᠴᠡ ᠲᠠᠢ ᠬᠠᠮᠳᠤᠷᠠᠨ ᠰᠤᠷᠭᠠᠭᠤᠯᠢ ᠶᠢᠨ ᠲᠡᠷᠭᠡ ᠶᠢᠨ   ᠭᠡᠷᠡᠭᠯᠡᠯᠳᠡ ᠶᠢᠨ ᠵᠦᠪᠰᠢᠶᠡᠷᠡᠯ ᠤᠨ ᠦᠨᠡᠮᠯᠡᠯ ᠳᠤ ᠠᠩᠬᠠᠨ ᠤ ᠰᠢᠬᠦᠯᠳᠡ ᠬᠢᠨ᠎ᠠ᠃           4᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠰᠠᠯᠠᠭ᠎ᠠ ᠮᠦᠴᠢᠷ᠂ ᠵᠠᠮ ᠲᠡᠭᠡᠭᠡᠪᠦᠷᠢ ᠶᠢᠨ ᠰᠠᠯᠠᠭ᠎ᠠ   ᠮᠦᠴᠢᠷ ᠲᠠᠢ ᠬᠠᠮᠳᠤᠷᠠᠨ ᠠᠶᠠᠯᠠᠯ ᠤᠨ ᠵᠠᠮ᠂ ᠵᠠᠰᠠᠮᠠᠯ ᠵᠠᠮ ᠲᠡᠭᠡᠷᠡᠬᠢ ᠰᠤᠷᠭᠠᠭᠤᠯᠢ ᠶᠢᠨ ᠲᠡᠷᠭᠡ ᠶᠢᠨ ᠠᠶᠠᠯᠠᠯ ᠤᠨ ᠴᠠᠬ᠂ ᠠᠶᠠᠯᠠᠯ ᠤᠨ ᠱᠤᠭᠤᠮ᠂ ᠵᠦᠭᠡᠭᠡᠪᠦᠷᠢᠯᠡᠬᠦ ᠲᠦᠰᠦᠪ ᠢᠶᠠᠨ ᠲᠤᠭᠳᠠᠭᠠᠨ᠎ᠠ᠃            5᠂ ᠰᠤᠷᠤᠬᠴᠢᠳ ᠤᠨ ᠰᠠᠭᠤᠬᠤ ᠰᠤᠷᠭᠠᠭᠤᠯᠢ ᠶᠢᠨ ᠲᠡᠷᠭᠡ ᠶᠢᠨ ᠪᠠᠶᠢᠳᠠᠯ ᠤᠨ ᠬᠢᠨᠠᠨ ᠪᠠᠶᠢᠴᠠᠭᠠᠯᠳᠠ ᠶᠢ   ᠴᠢᠩᠭᠠᠳᠬᠠᠵᠤ᠂ ᠰᠤᠷᠤᠬᠴᠢᠳ ᠤᠨ ᠰᠠᠭᠤᠬᠤ ᠲᠡᠷᠭᠡᠨ ᠤ ᠺᠠᠷᠲ ᠢ ᠨᠢᠭᠡᠳᠦᠯᠳᠡᠢ ᠵᠤᠬᠢᠶᠠᠵᠤ᠂ ᠺᠠᠷᠲ ᠢᠶᠠᠷ ᠲᠡᠷᠭᠡᠨ ᠳᠤ   ᠰᠠᠭᠤᠬᠤ ᠲᠦᠷᠢᠮ ᠢ ᠭᠡᠷᠡᠭᠵᠢᠬᠦᠯᠦᠨ᠎ᠠ᠃          6᠂ ᠬᠦᠳᠡᠭᠡ ᠲᠤᠰᠬᠤᠨ ᠤ ᠰᠤᠷᠭᠠᠭᠤᠯᠢ ᠶᠢ ᠬᠢᠨᠠᠨ ᠵᠢᠯᠤᠭᠤᠳᠤᠨ ᠰᠤᠷᠭᠠᠭᠤᠯᠢ ᠶᠢᠨ ᠲᠤᠳᠤᠨ᠎ᠠ ᠭᠠᠳᠠᠨ᠎ᠠ   ᠪᠠᠶᠢᠷᠢᠯᠠᠵᠤ ᠪᠠᠶᠢᠬᠤ ᠰᠤᠷᠤᠬᠴᠢᠳ ᠤᠨ ᠰᠤᠷᠠᠬ ᠵᠠᠩᠬᠢ ᠶᠢ ᠲᠠᠩᠰᠠᠯᠠᠨ᠎ᠠ᠃          7᠂ ᠰᠤᠷᠤᠬᠴᠢᠳ ᠤᠨ ᠠᠳᠠᠯᠢ ᠪᠤᠰᠤ ᠤᠯᠠᠷᠢᠯ ᠤᠨ ᠲᠤᠭ᠎ᠠ ᠬᠡᠮᠵᠢᠶ᠎ᠡ᠂ ᠭᠠᠵᠠᠷ ᠤᠷᠤᠨ ᠵᠡᠷᠭᠡ ᠲᠠᠯ᠎ᠠ ᠪᠠᠷ ᠬᠢ   ᠬᠤᠪᠢᠷᠠᠯᠳᠠ ᠶᠢ ᠤᠢᠢᠯᠠᠭᠠᠨ ᠡᠵᠡᠮᠰᠢᠵᠤ᠂ ᠲᠤᠭᠳᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠲᠡᠷᠭᠡ ᠶᠢᠨ   ᠠᠶᠠᠯᠠᠯ ᠤᠨ ᠲᠤᠮᠳᠠᠬᠢ ᠰᠢᠨ᠎ᠡ ᠠᠰᠠᠭᠤᠳᠠᠯ᠂ ᠰᠢᠨ᠎ᠡ ᠪᠠᠶᠢᠳᠠᠯ ᠢ ᠤᠢᠢᠯᠠᠭᠠᠵᠤ᠂ ᠴᠠᠬ ᠲᠤᠬᠠᠢ ᠳᠤᠨᠢ ᠬᠤᠰᠢᠭᠤᠨ ᠤ   ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠤᠨ ᠲᠤᠭᠤᠢᠢᠯᠠᠩ ᠳᠤ ᠮᠡᠳᠡᠬᠦᠯᠦᠨ᠎ᠡ᠃          8᠂ ᠳ᠋ᠦᠩᠨᠡᠨ ᠮᠡᠳᠡᠬᠦᠯᠬᠦ ᠲᠦᠷᠢᠮ ᠢ ᠲᠡᠬᠦᠯᠳᠡᠷᠵᠢᠬᠦᠯᠵᠤ᠂ ᠡᠯ᠎ᠡ ᠰᠤᠷᠭᠠᠭᠤᠯᠢ ᠰᠤᠷᠤᠯᠭ᠎ᠠ ᠶᠢᠨ ᠬᠤᠭᠤᠴᠠᠭ᠎ᠠ   ᠪᠦᠷᠢ ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢᠯᠡᠯᠳᠡ ᠶᠢᠨ ᠠᠵᠢᠯ ᠳᠤ ᠳ᠋ᠦ᠋ᠩᠨᠡᠯᠳᠡ ᠬᠢᠬᠦ ᠶᠢ ᠱᠠᠭᠠᠷᠳᠠᠨ᠎ᠠ᠃           ︵ᠲᠠᠪᠤ︶ ᠠᠮᠤᠷ ᠲᠦᠪᠰᠢᠨ ᠤ ᠬᠢᠨᠠᠯᠳᠠ ᠲᠠᠯᠪᠢᠬᠤ ᠲᠤᠪᠴᠢᠶ᠎ᠠ          1᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠶᠡᠷᠦᠩᠬᠡᠢ ᠳᠤᠨᠢ   ᠵᠤᠬᠢᠴᠠᠭᠤᠯᠤᠨ ᠵᠢᠯᠤᠭᠤᠳᠴᠤ᠂ ᠬᠢᠨᠠᠯᠳᠠ ᠲᠠᠯᠪᠢᠬᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠶᠤᠯ ᠦᠭᠡᠢ   ᠦᠢᠯᠡᠳᠪᠦᠷᠢᠯᠡᠯ ᠬᠠᠮᠢᠶᠠᠷᠤᠯᠳᠠ ᠶᠢᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠴᠠᠬ ᠲᠤᠬᠠᠢ ᠳᠤᠨᠢ ᠬᠠᠯᠠᠨ   ᠰᠠᠶᠢᠵᠢᠷᠠᠭᠤᠯᠬᠤ ᠰᠠᠨᠠᠯ ᠲᠤᠷᠠᠳᠤᠨ᠂ ᠠᠮᠤᠷ ᠲᠦᠪᠰᠢᠨ ᠤ ᠲᠠᠯᠳᠠ ᠠᠶᠤᠯ ᠢ ᠪᠠᠭ᠎ᠠ ᠪᠠᠶᠢᠬᠤ ᠳᠤ ᠨᠢ ᠦᠭᠡᠶᠢᠰᠭᠡᠨ᠎ᠡ᠃          2᠂ ᠬᠢᠨᠠᠨ ᠰᠢᠯᠭᠠᠯᠳᠠ ᠶᠢ ᠴᠢᠩᠭᠠᠳᠬᠠᠵᠤ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ   ᠬᠠᠮᠢᠶᠠᠷᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ᠎ᠡ᠃               ︵ᠵᠢᠷᠭᠤᠭ᠎ᠠ︶ ᠬᠤᠰᠢᠭᠤᠨ ᠤ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠄ ᠵᠠᠮ ᠲᠡᠭᠡᠭᠡᠪᠦᠷᠢ ᠶᠢᠨ ᠦᠨ᠎ᠡ   ᠬᠠᠩᠰᠢ ᠪᠤᠯᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠬᠠᠮᠢᠶᠠᠷᠤᠯᠳᠠ ᠶᠢᠨ ᠡᠷᠭᠡ ᠮᠡᠳᠡᠯ ᠤᠨ ᠬᠡᠮᠵᠢᠶ᠎ᠡ ᠶᠤᠰᠤᠭᠠᠷ   ᠲᠡᠭᠡᠳᠦ ᠱᠠᠳᠤᠨ ᠳᠤ ᠡᠷᠬᠦᠨ ᠮᠡᠳᠡᠬᠦᠯᠬᠦ ᠪᠤᠶᠤ ᠠᠶᠢᠮᠠᠬ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ   ᠰᠦᠢᠳᠭᠡᠯ ᠬᠤᠷᠢᠶᠠᠬᠤ ᠬᠠᠮᠢᠶᠠᠷᠤᠯᠳᠠ ᠶᠢᠨ ᠰᠠᠯᠠᠭ᠎ᠠ ᠪᠠᠷ ᠵᠦᠪᠰᠢᠶᠡᠷᠡᠬᠦᠯᠦᠨ᠎ᠡ᠃             ︵ᠲᠤᠯᠤᠭ᠎ᠠ︶ ᠬᠤᠰᠢᠭᠤᠨ ᠤ ᠬᠢᠨᠠᠨ ᠪᠤᠳᠤᠬᠤ ᠲᠤᠪᠴᠢᠶ᠎ᠠ᠄ ᠰᠤᠷᠭᠠᠭᠤᠯᠢ ᠶᠢᠨ ᠲᠡᠷᠭᠡ ᠶᠢᠨ ᠵᠠᠮ   ᠲᠡᠭᠡᠭᠡᠪᠦᠷᠢ ᠶᠢᠨ ᠺᠤᠮᠫᠠᠨᠢ ᠶᠢᠨ ᠵᠦᠭᠡᠭᠡᠪᠦᠷᠢ ᠶᠢᠨ ᠤᠬ ᠪᠡᠨ᠎ᠡ ᠵᠢᠴᠢ ᠡᠳ᠋ ᠤᠨ ᠵᠠᠰᠬᠠ ᠤᠨ ᠨᠦᠬᠦᠪᠦᠷᠢ ᠮᠦᠩᠬᠦ ᠶᠢᠨ   ᠭᠡᠷᠡᠭᠯᠡᠯᠳᠡ ᠳᠤ ᠬᠢᠨᠠᠨ ᠪᠤᠳᠤᠯᠳᠠ ᠬᠢᠨ᠎ᠡ᠃           ︵ᠨᠠᠢᠮᠠ︶ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠬ ᠤᠨ ᠤᠷᠳᠤᠨ          1᠂ ᠠᠮᠤᠷ ᠲᠦᠪᠰᠢᠨ ᠤ ᠠᠵᠢᠯ ᠤᠨ ︽ᠬᠠᠷᠢᠶᠠᠳᠤ ᠤᠷᠤᠨ ᠤ ᠬᠠᠮᠢᠶᠠᠷᠤᠯᠳᠠ︾ ᠶᠢᠨ ᠲᠦᠷᠢᠮ ᠶᠤᠰᠤᠭᠠᠷ᠂   ᠲᠤᠰ ᠬᠠᠷᠢᠶᠠᠳᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠵᠠᠮ ᠬᠠᠷᠢᠯᠴᠠᠭᠠᠨ ᠤ   ᠵᠦᠭᠡᠭᠡᠪᠦᠷᠢ ᠶᠢᠨ ᠠᠮᠤᠷ ᠲᠦᠪᠰᠢᠨ ᠤ ᠠᠵᠢᠯ ᠳᠤ ᠬᠠᠷᠢᠶᠠᠳᠤ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ   ᠡᠬᠦᠷᠭᠡᠯᠡᠨ᠎ᠡ᠃            2᠂ ᠬᠠᠷᠢᠶᠠᠳᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠡᠷᠭᠡ ᠶᠢᠨ ᠵᠦᠭᠡᠭᠡᠪᠦᠷᠢ ᠶᠢ   ᠲᠠᠭᠠᠭᠠᠴᠢᠯᠠᠬᠰᠠᠨ ᠬᠦᠮᠦᠨ ᠲᠠᠢ ︽ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠠᠭᠤᠯᠢ ᠶᠢᠨ ᠲᠡᠷᠭᠡ ᠶᠢᠨ ᠠᠶᠠᠯᠠᠯ ᠤᠨ   ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ︾ ᠤᠨ ᠭᠡᠷ᠎ᠡ ᠲᠤᠭᠳᠠᠨ᠎ᠠ᠃            3᠂ ᠭᠠᠴᠠᠭᠠᠨ ᠤ ᠵᠦᠪᠯᠡᠯ᠂ ᠭᠠᠴᠠᠭᠠᠨ ᠤ ᠪᠠᠭ᠎ᠠ ᠲᠤᠭᠤᠢᠢᠯᠠᠩ ᠠᠴᠠ ᠭᠡᠷ ᠤᠨ ᠠᠬᠠᠮᠠᠳ ᠢ ᠵᠤᠬᠢᠶᠠᠨ ᠪᠠᠶᠢᠭᠤᠯᠤᠨ   ᠰᠤᠷᠤᠬᠴᠢᠳ ᠢ ᠲᠤᠰᠴᠤ ᠬᠦᠷᠭᠡᠬᠦ ᠲᠤᠭᠤᠢᠢᠯᠠᠩ ᠪᠠᠶᠢᠭᠤᠯᠵᠤ᠂ ᠭᠡᠷ ᠤᠨ ᠠᠬᠠᠮᠠᠳ ᠤᠨ ᠡᠭᠡᠯᠵᠢᠯᠡᠨ ᠪᠠᠶᠢᠷᠢᠯᠠᠬᠤ   ᠭᠡᠯᠪᠡᠷᠢ ᠪᠠᠷ ᠴᠠᠬ ᠲᠤᠬᠠᠢ ᠳᠤᠨᠢ ᠲᠤᠭᠳᠠᠬᠰᠠᠨ ᠦᠷᠳᠡᠭᠡ ᠳᠤ ᠬᠦᠷᠴᠤ ᠰᠤᠷᠤᠬᠴᠢᠳ ᠢ ᠲᠤᠰᠤᠨ ᠬᠦᠷᠭᠡᠵᠤ᠂   ᠰᠤᠷᠤᠬᠴᠢᠳ ᠤᠨ ᠠᠮᠤᠷ ᠲᠦᠪᠰᠢᠨ ᠢ ᠪᠠᠳᠤᠯᠠᠨ᠎ᠠ᠃           4᠂ ᠰᠢᠶᠠᠩ ᠰᠤᠮᠤ ᠠᠴᠠ ᠨᠢᠭᠡᠨ ᠤᠳᠤᠷᠢᠳᠤᠯᠭ᠎ᠠ ᠺᠠᠳ᠋ᠷ ᠢ ᠲᠤᠮᠢᠯᠠᠨ ᠰᠤᠷᠭᠠᠭᠤᠯᠢ ᠶᠢᠨ ᠲᠡᠷᠭᠡ ᠶᠢᠨ   ᠵᠦᠭᠡᠭᠡᠪᠦᠷᠢ ᠶᠢᠨ ᠠᠵᠢᠯ ᠢ ᠵᠤᠬᠢᠴᠠᠭᠤᠯᠤᠨ᠂ ᠲᠤᠰᠴᠤ ᠬᠦᠷᠭᠡᠬᠦ ᠦᠷᠳᠡᠭᠡ ᠳᠤ ᠲᠤᠰᠴᠤ ᠬᠦᠷᠭᠡᠬᠦ ᠬᠦᠮᠦᠨ ᠲᠤᠮᠢᠯᠠᠵᠤ᠂   ᠭᠠᠴᠠᠭᠠᠨ ᠤ ᠠᠷᠠᠳ ᠢ ᠵᠤᠬᠢᠶᠠᠨ ᠪᠠᠶᠢᠭᠤᠯᠤᠨ ᠵᠠᠮ ᠵᠠᠰᠠᠨ᠂ ᠡᠯ᠎ᠡ ᠭᠠᠴᠠᠭ᠎ᠠ ᠲᠤᠰᠬᠤᠨ ᠪᠦᠷ ᠤᠷᠳᠤ ᠤᠳᠠᠭᠠᠨ   ᠬᠤᠭᠤᠴᠠᠭ᠎ᠠ ᠪᠠᠷ ᠰᠢᠭᠤᠳ ᠰᠢᠯᠤᠭᠤᠨ ᠲᠡᠷᠭᠡ ᠨᠡᠪᠳᠡᠷᠡᠬᠦ ᠶᠢ ᠪᠠᠳᠤᠯᠠᠨ᠎ᠠ᠃       ︵ᠶᠢᠰᠦ︶ ᠰᠤᠷᠭᠠᠭᠤᠯᠢ ᠶᠢᠨ ᠲᠡᠷᠭᠡ ᠶᠢ ᠭᠡᠷᠡᠭᠯᠡᠬᠦ ᠡᠯ᠎ᠡ ᠰᠤᠷᠭᠠᠭᠤᠯᠢ            1᠂ ᠰᠤᠷᠭᠠᠭᠤᠯᠢ ᠶᠢᠨ ᠵᠠᠬᠢᠷᠤᠯ ᠢᠶᠠᠷ ᠲᠤᠭᠤᠢᠢᠯᠠᠩ ᠤᠨ ᠲᠠᠷᠤᠭ᠎ᠠ ᠪᠤᠯᠭᠠᠭᠰᠠᠨ ᠰᠤᠷᠭᠠᠭᠤᠯᠢ ᠶᠢᠨ ᠲᠡᠷᠭᠡ ᠶᠢᠨ   ᠠᠮᠤᠷ ᠲᠦᠪᠰᠢᠨ ᠤ ᠬᠠᠮᠢᠶᠠᠷᠤᠯᠳᠠ ᠶᠢᠨ ᠤᠳᠤᠷᠢᠳᠬᠤ ᠲᠤᠭᠤᠢᠢᠯᠠᠩ ᠢ ᠪᠠᠶᠢᠭᠤᠯᠤᠨ᠂ ᠰᠤᠷᠤᠬᠴᠢᠳ ᠤᠨ ᠲᠡᠷᠭᠡᠨ ᠳᠤ   ᠰᠠᠭᠤᠬᠤ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠲᠡᠬᠦᠯᠳᠡᠷᠵᠢᠬᠦᠯᠦᠨ ᠂ ᠠᠮᠤᠷ ᠲᠦᠪᠰᠢᠨ ᠤ   ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠪᠤᠳᠠᠳᠠᠵᠢᠭᠤᠯᠤᠨ᠎ᠠ᠃           2᠂ ᠰᠢᠨᠵᠢᠯᠡᠬᠦ ᠤᠬᠠᠭᠠᠨᠴᠢ ᠵᠤᠬᠢᠮᠵᠢᠳᠠᠢ ᠪᠠᠷ ᠲᠡᠷᠭᠡᠨ ᠳᠤ ᠰᠠᠭᠤᠬᠤ ᠬᠦᠮᠦᠨ ᠤ ᠲᠤᠭ᠎ᠠ ᠶᠢ ᠲᠤᠭᠳᠠᠭᠠᠵᠤ ᠂   ᠲᠡᠷᠭᠡᠨ ᠳᠤ ᠰᠠᠭᠤᠬᠤ ᠰᠤᠷᠤᠬᠴᠢᠳ ᠤᠨ ᠨᠡᠷᠡᠰ ᠤᠨ ᠵᠢᠬᠰᠠᠭᠠᠯᠳᠠ ᠶᠢ ᠨᠠᠷᠢᠨ ᠬᠢᠨᠠᠮᠠᠭᠠᠢ ᠲᠡᠮᠳᠡᠭᠯᠡᠨ ᠲᠠᠭᠯᠠᠵᠤ᠂   ᠲᠤᠭᠳᠠᠬᠰᠠᠨ ᠬᠦᠮᠦᠨ᠂ ᠲᠤᠭᠳᠠᠬᠰᠠᠨ ᠲᠡᠷᠭᠡ᠂ ᠲᠤᠭᠳᠠᠬᠰᠠᠨ ᠴᠠᠬ᠂ ᠲᠤᠭᠳᠠᠬᠰᠠᠨ ᠱᠤᠭᠤᠮ ᠪᠠᠶᠢᠬᠤ ᠭᠡᠷᠡᠭᠳᠡᠢ᠃   ᠰᠤᠷᠤᠬᠴᠢᠳ ᠤᠨ ᠲᠡᠷᠭᠡᠨ ᠳᠤ ᠰᠠᠭᠤᠬᠤ ᠲᠠᠩᠰᠠ ᠡᠪᠬᠡᠮᠡᠯ ᠢ ᠪᠠᠶᠢᠭᠤᠯᠵᠤ᠂ ᠰᠤᠷᠭᠠᠭᠤᠯᠢ ᠶᠢᠨ ᠲᠡᠷᠭᠡᠨ ᠳᠤ ᠰᠠᠭᠤᠬᠤ   ᠬᠦᠮᠦᠨ ᠢ ᠭᠡᠳᠦᠷᠡᠬᠦᠯᠵᠤ ᠪᠤᠯᠬᠤ ᠦᠬᠡᠢ᠃            3᠂ ᠬᠠᠷᠢᠭᠤᠴᠠᠯᠭᠠᠳᠤ ᠰᠡᠳᠬᠢᠯᠭᠡ ᠲᠠᠢ ᠪᠠᠭᠰᠢ ᠶᠢ ᠲᠡᠷᠭᠡ ᠲᠠᠭᠠᠬᠤ ᠬᠠᠮᠢᠶᠠᠷᠤᠬᠴᠢ ᠪᠠᠷ ᠲᠤᠮᠢᠯᠠᠵᠤ᠂   ᠰᠤᠷᠤᠬᠴᠢᠳ ᠤᠨ ᠰᠤᠷᠭᠠᠭᠤᠯᠢ ᠳᠤ ᠤᠴᠢᠬᠤ ᠪᠤᠶᠤ ᠰᠤᠷᠭᠠᠭᠤᠯᠢ ᠲᠠᠷᠬᠠᠬᠤ ᠳᠤ ᠲᠤᠰᠴᠤ ᠬᠦᠷᠭᠡᠬᠦ ᠠᠵᠢᠯ ᠢ   ᠬᠠᠷᠢᠭᠤᠴᠠᠭᠤᠯᠬᠤ ᠶᠢᠨ ᠬᠠᠮᠳᠤ ᠲᠠᠷᠭᠡ ᠲᠠᠭᠠᠬᠤ ᠪᠠᠭᠰᠢ ᠶᠢᠨ ᠬᠢᠨᠠᠨ ᠰᠢᠯᠭᠠᠯᠳᠠ ᠪᠠ ᠬᠠᠮᠢᠶᠠᠷᠤᠯᠳᠠ ᠶᠢ ᠴᠢᠩᠭᠠᠳᠬᠠᠨ᠎ᠠ᠃              4᠂ ᠰᠤᠷᠤᠬᠴᠢᠳ ᠤᠨ ᠲᠡᠷᠭᠡ ᠳᠤ ᠰᠠᠭᠤᠬᠤ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠨ᠂   ᠰᠤᠷᠤᠬᠴᠢᠳ ᠤᠨ ᠲᠡᠷᠭᠡᠨ ᠺᠠᠷᠲ ᠢ ᠨᠢᠭᠡᠳᠦᠯᠳᠡᠢ ᠵᠤᠬᠢᠶᠠᠵᠤ᠂ ᠺᠠᠷᠲ ᠢᠶᠠᠷ ᠲᠡᠷᠭᠡᠨ ᠳᠤ ᠰᠠᠭᠤᠬᠤ ᠲᠦᠷᠢᠮ ᠢ   ᠭᠡᠷᠡᠭᠵᠢᠬᠦᠯᠦᠨ᠎ᠡ᠃            5᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ ᠢ ᠬᠢᠨᠠᠮᠠᠭᠠᠢ ᠦᠷᠨᠢᠬᠦᠯᠦᠨ᠂ ᠰᠤᠷᠭᠠᠭᠤᠯᠢ ᠶᠢᠨ   ᠲᠡᠷᠭᠡ ᠶᠢᠨ ᠭᠡᠨᠡᠳᠳᠡ ᠡᠬᠦᠰᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠪ ᠢ ᠲᠤᠭᠳᠠᠭᠠᠵᠤ᠂ ᠲᠤᠭᠳᠠᠬᠰᠠᠨ   ᠬᠤᠭᠤᠴᠠᠭ᠎ᠠ ᠲᠠᠢ ᠪᠠᠷ ᠪᠠᠭᠰᠢ ᠰᠤᠷᠤᠬᠴᠢᠳ ᠢ ᠵᠤᠬᠢᠶᠠᠨ ᠪᠠᠶᠢᠭᠤᠯᠤᠨ ᠰᠤᠷᠭᠠᠭᠤᠯᠢ ᠶᠢᠨ ᠲᠡᠷᠭᠡ ᠶᠢᠨ ᠠᠮᠤᠷ   ᠲᠦᠪᠰᠢᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠪ ᠤᠨ ᠪᠤᠯᠪᠠᠰᠤᠷᠠᠯ ᠬᠢᠯᠭᠡᠨ᠎ᠡ᠃            6᠂ ᠴᠠᠬ ᠲᠤᠬᠠᠢ ᠳᠤᠨᠢ ᠰᠤᠷᠤᠬᠴᠢᠳ ᠤᠨ ᠭᠡᠷ ᠤᠨ ᠠᠬᠠᠮᠠᠳ ᠲᠠᠢ ᠰᠠᠨᠠᠯ ᠰᠤᠯᠢᠯᠴᠠᠨ᠂ ᠭᠡᠷ ᠤᠨ ᠠᠬᠠᠮᠠᠳ   ᠪᠤᠯᠤᠨ ᠰᠤᠷᠤᠬᠴᠢᠳ ᠢ ᠵᠢᠯᠤᠭᠤᠳᠤᠨ᠂ ᠠᠮᠤᠷ ᠲᠦᠪᠰᠢᠨ ᠤ ᠪᠠᠳᠤᠯᠠᠭ᠎ᠠ ᠦᠬᠡᠢ ᠵᠠᠮ ᠨᠡᠪᠳᠡᠷᠡᠯᠭᠡ ᠶᠢᠨ ᠠᠷᠭ᠎ᠠ ᠪᠠᠷᠢᠯ ᠢ   ᠲᠡᠪᠴᠢᠨ᠎ᠠ᠃             ︵ᠠᠷᠪᠠ︶ ᠰᠤᠷᠭᠠᠭᠤᠯᠢ ᠶᠢᠨ ᠲᠡᠷᠭᠡ ᠶᠢᠨ ᠵᠠᠮ ᠲᠡᠭᠡᠭᠡᠪᠦᠷᠢ ᠶᠢᠨ ᠺᠤᠮᠫᠠᠨᠢ᠄ ᠰᠤᠷᠭᠠᠭᠤᠯᠢ ᠶᠢᠨ ᠲᠡᠷᠭᠡ ᠶᠢᠨ   ᠰᠢᠭᠤᠳ ᠰᠢᠯᠤᠭᠤᠨ ᠵᠠᠮ ᠨᠡᠪᠳᠡᠷᠡᠯᠭᠡ᠂ ᠵᠢᠯᠤᠭᠤᠴᠢ ᠶᠢ ᠤᠷᠢᠵᠤ ᠭᠡᠷᠡᠭᠯᠡᠬᠦ ᠬᠠᠮᠢᠶᠠᠷᠤᠯᠳᠠ ᠵᠢᠴᠢ ᠲᠡᠷᠭᠡᠨ ᠤ ᠠᠷᠠᠴᠢᠯᠠᠨ   ᠬᠠᠮᠠᠭᠠᠯᠠᠬᠤ ᠵᠡᠷᠭᠡ ᠠᠵᠢᠯ ᠢ ᠬᠠᠷᠢᠭᠤᠴᠠᠬᠤ ᠪᠦᠭᠡᠳ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠠᠵᠢᠯ ᠳᠤ   ᠭᠤᠤᠯ ᠬᠠᠷᠢᠭᠤᠴᠠᠯᠭ᠎ᠠ ᠶᠢ ᠡᠬᠦᠷᠭᠡᠯᠡᠨ᠎ᠡ᠃             1᠂ ᠰᠤᠷᠭᠠᠭᠤᠯᠢ ᠶᠢᠨ ᠲᠡᠷᠭᠡ ᠵᠠᠮ ᠠᠶᠠᠯᠠᠬᠤ ᠠᠴᠠ ᠡᠮᠤᠨ᠎ᠡ ᠰᠤᠷᠭᠠᠭᠤᠯᠢ ᠶᠢᠨ ᠲᠡᠷᠭᠡ ᠳᠤ ᠵᠠᠮ ᠠᠶᠠᠯᠠᠬᠤ ᠳᠤ   ᠭᠡᠷᠡᠭᠯᠡᠬᠦ ᠭᠠᠷ ᠬᠦᠢᠴᠡᠳᠭᠡᠯ ᠢ ᠪᠦᠷᠢᠳᠦᠬᠦᠯᠦᠨ᠂ ᠬᠠᠮᠢᠶ᠎ᠠ ᠪᠦᠬᠦᠢ ᠲᠡᠷᠭᠡᠨ ᠤ ᠲᠠᠭᠠᠳᠬᠠᠯ᠂ ᠰᠤᠷᠭᠠᠭᠤᠯᠢ ᠶᠢᠨ   ᠲᠡᠷᠭᠡᠨ ᠤ ᠰᠠᠭᠤᠳᠠᠯ ᠤᠨ ᠲᠠᠭᠠᠳᠬᠠᠯ ᠵᠡᠷᠭᠡ ᠶᠢ ᠪᠠᠳᠤᠯᠠᠨ ᠬᠢᠨ᠎ᠡ᠃            2᠂ ᠰᠤᠷᠭᠠᠭᠤᠯᠢ ᠶᠢᠨ ᠲᠡᠷᠭᠡ ᠶᠢᠨ ᠠᠶᠠᠯᠠᠯ ᠤᠨ ᠬᠠᠮᠢᠶᠠᠷᠤᠯᠳᠠ ᠶᠢᠨ ᠲᠦᠷᠢᠮ ᠢ ᠲᠡᠬᠦᠯᠳᠡᠷᠵᠢᠬᠦᠯᠵᠤ᠂   ᠰᠤᠷᠭᠠᠭᠤᠯᠢ ᠶᠢᠨ ᠲᠡᠷᠭᠡᠨ ᠠᠩᠬᠢ ᠶᠢᠨ ᠬᠠᠮᠢᠶᠠᠷᠤᠯᠳᠠ ᠶᠢ ᠴᠢᠩᠭᠠᠳᠬᠠᠨ᠂ ᠰᠤᠷᠭᠠᠭᠤᠯᠢ ᠶᠢᠨ ᠲᠡᠷᠭᠡ ᠶᠢ ᠵᠤᠬᠢᠰᠳᠠᠢ   ᠲᠤᠬᠢᠷᠠᠭᠤᠯᠤᠨ᠎ᠠ᠃ ᠲᠡᠷᠭᠡ ᠲᠠᠭᠠᠬᠤ ᠬᠠᠮᠢᠶᠠᠷᠤᠬᠴᠢ ᠠᠴᠠ ᠰᠤᠷᠤᠬᠴᠢᠳ ᠤᠨ ᠲᠡᠷᠭᠡᠨ ᠳᠤ ᠰᠠᠭᠤᠬᠤ ᠶᠢ ᠪᠦᠬᠦ   ᠲᠠᠯ᠎ᠠ ᠪᠠᠷ ᠬᠠᠷᠠᠭᠠᠯᠵᠠᠬᠤ ᠶᠢᠨ ᠬᠠᠮᠳᠤ ᠲᠠᠷᠭᠡ ᠲᠠᠭᠠᠠᠬᠤ ᠬᠠᠮᠢᠶᠠᠷᠤᠬᠴᠢ ᠳᠤ ᠲᠤᠭᠳᠠᠮᠠᠯ ᠬᠤᠭᠤᠴᠠᠭ᠎ᠠ ᠲᠠᠢ ᠪᠠᠷ ᠠᠮᠤᠷ   ᠲᠦᠪᠰᠢᠨ ᠤ ᠬᠦᠮᠦᠵᠢᠯ ᠬᠦᠷᠳᠡᠭᠡᠨ᠎ᠡ᠃           3᠂ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠶᠢ ᠤᠷᠢᠵᠤ ᠭᠡᠷᠡᠭᠯᠡᠬᠦ᠂ ᠪᠤᠯᠪᠠᠰᠤᠷᠠᠯ ᠬᠦᠷᠳᠡᠭᠡᠬᠦ᠂   ᠵᠢᠯᠤᠭᠤᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠮᠡᠷᠭᠡᠵᠢᠯ ᠤᠨ ᠠᠵᠢᠯᠯᠠᠭᠠᠨ ᠤ ᠠᠯᠬᠤᠮ ᠲᠠᠷᠠᠭ᠎ᠠ ᠵᠢᠴᠢ   ᠲᠤᠭᠳᠠᠮᠠᠯ ᠬᠤᠭᠤᠴᠠᠭ᠎ᠠ ᠲᠠᠢ ᠪᠠᠷ ᠰᠤᠷᠭᠠᠭᠤᠯᠢ ᠶᠢᠨ ᠲᠡᠷᠭᠡᠨ ᠤ ᠵᠢᠯᠤᠭᠤᠴᠢ ᠳᠤ ᠠᠮᠤᠷ ᠲᠦᠪᠰᠢᠨ ᠤ ᠬᠦᠮᠦᠵᠢᠯ   ᠬᠦᠷᠳᠡᠭᠡᠬᠦ ᠵᠡᠷᠭᠡ ᠠᠵᠢᠯ ᠢ ᠬᠠᠷᠢᠭᠤᠴᠠᠨ᠎ᠠ᠃           4᠂ ᠰᠤᠷᠭᠠᠭᠤᠯᠢ ᠶᠢᠨ ᠲᠡᠷᠭᠡᠨ ᠤ ᠵᠢᠯᠤᠭᠤᠴᠢ ᠶᠢ ᠵᠤᠬᠢᠶᠠᠨ ᠪᠠᠶᠢᠭᠤᠯᠤᠨ ᠵᠠᠮ ᠨᠡᠪᠳᠡᠷᠡᠯᠭᠡ ᠶᠢᠨ ᠠᠮᠤᠷ   ᠲᠦᠪᠰᠢᠨ ᠤ ᠬᠠᠤᠯᠢ ᠴᠠᠭᠠᠵᠠ ᠬᠠᠤᠯᠢ ᠲᠦᠷᠢᠮ ᠵᠢᠴᠢ ᠠᠮᠤᠷ ᠲᠦᠪᠰᠢᠨ ᠤ ᠰᠡᠷᠭᠡᠶᠢᠯᠡᠯᠳᠡ ᠶᠢ ᠰᠤᠷᠤᠯᠴᠠᠭᠤᠯᠵᠤ᠂   ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠨ ᠠᠪᠤᠷᠠᠯᠳᠠ ᠬᠢᠬᠦ ᠵᠡᠷᠭᠡ ᠪᠤᠯᠪᠠᠰᠤᠷᠠᠯ ᠢ   ᠬᠦᠷᠳᠡᠭᠡᠨ᠎ᠡ᠃            5᠂ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠰᠤᠷᠭᠠᠭᠤᠯᠢ ᠶᠢᠨ   ᠲᠡᠷᠭᠡᠨ ᠤ ᠵᠢᠯᠤᠭᠤᠴᠢ ᠶᠢᠨ ᠠᠵᠢᠯ ᠳᠤ ᠬᠢᠨᠠᠨ ᠰᠢᠯᠭᠠᠯᠳᠠ ᠬᠢᠬᠦ ᠪᠠ ᠱᠠᠩᠨᠠᠨ ᠲᠤᠷᠭᠠᠬᠤ ᠠᠵᠢᠯ ᠢ ᠬᠠᠷᠢᠭᠤᠴᠠᠨ᠎ᠠ᠃            6᠂ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠠᠭᠠᠯᠠᠯᠳᠠ ᠶᠢ ᠴᠢᠩᠭᠠᠳᠬᠠᠵᠤ᠂ ᠰᠤᠷᠤᠭᠴᠢᠳ ᠤᠨ   ᠰᠠᠭᠤᠬᠤ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠢ ᠪᠠᠳᠤᠯᠠᠨ᠎ᠠ᠃              7᠂ ᠺᠤᠮᠫᠠᠨᠢ ᠠᠴᠠ ᠰᠤᠷᠭᠠᠭᠤᠯᠢ ᠶᠢᠨ ᠲᠡᠷᠭᠡ ᠶᠢᠨ ᠵᠢᠯᠤᠭᠤᠴᠢ ᠲᠠᠢ ᠠᠮᠤᠷ ᠲᠦᠪᠰᠢᠨ ᠠᠶᠠᠯᠠᠯ ᠤᠨ   ᠬᠠᠷᠢᠭᠤᠴᠠᠯᠭ᠎ᠠ ᠶᠢᠨ ᠭᠡᠷ᠎ᠡ ᠲᠤᠭᠳᠠᠭᠠᠨ᠎ᠠ᠃ ᠦᠪᠡᠷ ᠦᠪᠡᠷ ᠤᠨ ᠠᠮᠤᠷ ᠲᠦᠪᠰᠢᠨ ᠤ ᠬᠠᠮᠢᠶᠠᠷᠤᠯᠳᠠ ᠶᠢᠨ   ᠬᠠᠷᠢᠭᠤᠴᠠᠯᠭ᠎ᠠ ᠪᠠᠨ ᠲᠤᠳᠤᠷᠬᠠᠢᠢᠯᠠᠵᠤ᠂ ᠰᠤᠷᠭᠠᠭᠤᠯᠢ ᠶᠢᠨ ᠲᠡᠷᠭᠡᠨ ᠤ ᠠᠶᠠᠯᠠᠯ ᠤᠨ ᠠᠮᠤᠷ ᠲᠦᠪᠰᠢᠨ ᠤ ᠠᠷᠭ᠎ᠠ   ᠠᠪᠴᠠᠯ ᠢ ᠲᠤᠭᠳᠠᠭᠠᠨ᠎ᠠ᠃ ᠺᠤᠮᠫᠠᠨᠢ ᠠᠴᠠ ᠡᠷᠭᠡᠪᠰᠢ ᠰᠤᠷᠤᠬᠴᠢᠳ ᠤᠨ ᠭᠡᠷ ᠤᠨ ᠠᠬᠠᠮᠠᠳ ᠲᠠᠢ ᠲᠡᠷᠭᠡᠨ ᠳᠤ ᠰᠠᠭᠤᠬᠤ   ᠭᠡᠷ᠎ᠡ ᠲᠤᠭᠳᠠᠭᠠᠬᠤ ᠭᠡᠷᠡᠭᠳᠡᠢ᠃            8᠂ ᠤᠯᠤᠰ ᠤᠨ ᠲᠤᠭᠳᠠᠭᠠᠯ ᠶᠤᠰᠤᠭᠠᠷ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠢ ᠬᠠᠮᠠᠭᠠᠯᠠᠵᠤ᠂ ᠠᠮᠤᠷ   ᠲᠦᠪᠰᠢᠨ ᠤ ᠬᠠᠮᠠᠭᠠᠯᠠᠯᠳᠠ ᠶᠢᠨ ᠲᠠᠩᠰᠠ ᠶᠢ ᠪᠠᠶᠢᠭᠤᠯᠵᠤ᠂ ᠰᠤᠷᠭᠠᠭᠤᠯᠢ ᠶᠢᠨ ᠲᠡᠷᠭᠡᠨ ᠤ ᠰᠠᠶᠢᠨ ᠰᠠᠶᠢᠬᠠᠨ   ᠮᠡᠷᠭᠡᠵᠢᠯ ᠤᠨ ᠪᠠᠶᠢᠳᠠᠯ ᠳᠤ ᠪᠠᠶᠢᠬᠤ ᠶᠢ ᠪᠠᠳᠤᠯᠠᠨ᠎ᠠ᠃             ︵ᠠᠷᠪᠠᠨ ᠨᠢᠭᠡ︶ ᠲᠠᠭᠠᠳᠬᠠᠯ ᠤᠨ ᠺᠤᠮᠫᠠᠨᠢ᠄ ᠰᠤᠷᠭᠠᠭᠤᠯᠢ ᠶᠢᠨ ᠲᠡᠷᠭᠡᠨ ᠳᠤ ᠦᠨᠳᠦᠷ ᠦᠷ᠎ᠡ ᠠᠰᠢᠬᠳᠤ   ᠰᠢᠯᠢᠳᠡᠭ ᠲᠠᠭᠠᠳᠬᠠᠯ ᠤᠨ ᠦᠢᠯᠡᠴᠢᠯᠡᠭᠡᠨ ᠢ ᠬᠠᠩᠭᠠᠨ᠎ᠠ᠃       ᠵᠢᠷᠭᠤᠭ᠎ᠠ᠂ ᠠᠵᠢᠯ ᠤᠨ ᠱᠠᠭᠠᠷᠳᠠᠯᠭ᠎ᠠ             ︵ᠨᠢᠭᠡ︶ ᠦᠵᠡᠯ ᠰᠠᠨᠠᠭ᠎ᠠ ᠪᠠᠨ ᠨᠢᠭᠡᠳᠭᠡᠵᠤ᠂ ᠲᠠᠨᠢᠯᠳᠠ ᠪᠠᠨ ᠲᠡᠭᠡᠭᠰᠢᠯᠡᠬᠦᠯᠦᠨ᠎ᠡ᠃ ᠪᠦᠬᠦ ᠬᠤᠰᠢᠭᠤᠨ ᠤ   ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠠᠵᠢᠯ ᠢ ᠰᠠᠶᠢᠳᠤᠷ ᠬᠢᠬᠦ ᠨᠢ ᠵᠠᠯᠠᠭᠤᠴᠤᠳ ᠪᠠᠭᠠᠴᠤᠳ ᠤᠨ ᠡᠷᠡᠬᠦᠯ   ᠮᠡᠨᠳᠦ ᠦᠰᠦᠨ ᠪᠤᠶᠢᠵᠢᠯᠳᠡ᠂ ᠨᠡᠶᠢᠭᠡᠮ ᠤᠨ ᠯᠠᠪᠳᠠᠭᠤᠨ ᠲᠤᠭᠳᠠᠭᠤᠨ ᠲᠠᠢ ᠬᠤᠯᠪᠤᠭᠳᠠᠨ᠎ᠠ᠃ ᠡᠯ ᠎ᠠ ᠰᠤᠮᠤ ᠰᠢᠶᠠᠩ   ᠪᠠᠯᠭᠠᠰᠦ ᠶᠢᠨ ᠵᠠᠰᠠᠭ ᠤᠨ ᠤᠷᠳᠤᠨ ᠪᠠ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ   ᠮᠦᠴᠢᠷ ᠤᠨ ᠬᠢᠨ ᠰᠢᠨᠵᠢᠯᠡᠬᠦ ᠤᠬᠠᠭᠠᠴᠢ ᠬᠦᠭᠵᠢᠯᠳᠠ ᠶᠢᠨ ᠦᠵᠡᠯ ᠢ ᠨᠠᠶᠢᠳᠠᠪᠤᠷᠢᠵᠢᠭᠤᠯᠤᠨ᠂ ᠡᠶ᠎ᠡ ᠵᠤᠬᠢᠴᠠᠩᠭᠤᠢ   ᠨᠡᠶᠢᠭᠡᠮ ᠢ ᠪᠦᠳᠦᠭᠡᠨ ᠪᠠᠶᠢᠭᠤᠯᠬᠤ ᠦᠨᠳᠦᠷ ᠵᠤᠭᠰᠤᠴᠠ ᠠᠴᠠ᠂ ᠬᠦᠳᠡᠭᠡ ᠲᠤᠰᠬᠤᠨ ᠤ ᠲᠤᠮᠳᠠᠳᠦ ᠪᠠᠭ᠎ᠠ   ᠰᠤᠷᠭᠠᠭᠤᠯᠢ ᠶᠢᠨ ᠰᠤᠷᠤᠭᠴᠢ ᠶᠢᠨ ᠵᠠᠮ ᠬᠠᠷᠢᠯᠴᠠᠭᠠᠨ ᠤ ᠵᠦᠭᠡᠭᠡᠪᠦᠷᠢᠯᠡᠯᠳᠠ ᠶᠢᠨ ᠠᠮᠤᠷ ᠲᠦᠪᠰᠢᠨ ᠤ ᠠᠵᠢᠯ ᠤᠨ   ᠴᠢᠬᠤᠯᠠ ᠴᠢᠨᠠᠷ ᠪᠠ ᠪᠠᠴᠢᠮ ᠴᠢᠨᠠᠷ ᠢ ᠬᠦᠢᠴᠡᠳ ᠲᠠᠨᠢᠵᠦ ᠂ ᠡᠬᠦᠷᠢᠳᠠ ᠲᠠᠷᠢᠬᠢ ᠲᠤᠯᠤᠭᠠᠢ ᠪᠠᠨ ᠰᠡᠷᠭᠡᠭ ᠪᠠᠶᠢᠯᠭᠠᠵᠦ᠂   ︽ᠠᠮᠤᠷ ᠲᠦᠪᠰᠢᠨ ᠤ ᠡᠬᠦᠷᠬᠡ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ︾ ᠭᠡᠬᠦ ᠦᠵᠡᠯ ᠤᠬᠠᠮᠰᠠᠷ ᠢ ᠪᠠᠳᠦ   ᠱᠤᠭᠤᠵᠦ᠂ ᠠᠷᠠᠳ ᠤᠯᠠᠨ ᠤ ᠬᠤᠪᠢ ᠪᠡᠶ᠎ᠠ ᠶᠢᠨ ᠠᠰᠢᠬ ᠲᠤᠰᠠ ᠪᠠ ᠠᠮᠢ ᠨᠠᠰᠤᠨ ᠤ ᠠᠮᠤᠷ ᠲᠦᠪᠰᠢᠨ ᠳᠤ   ᠬᠠᠷᠢᠭᠤᠴᠠᠬᠤ ᠤᠪᠤᠷ ᠢᠶᠠᠷ ᠲᠤᠰ ᠠᠵᠢᠯ ᠢ ᠰᠠᠶᠢᠳᠤᠷ ᠪᠠᠳᠤᠳᠠᠢ ᠦᠷᠨᠢᠬᠦᠯᠦᠨ᠎ᠠ᠃           ︵ᠬᠤᠶᠠᠷ︶ ᠤᠳᠤᠷᠢᠳᠤᠯᠭ᠎ᠠ ᠪᠠᠨ ᠴᠢᠩᠭᠠᠳᠬᠠᠨ ᠡᠬᠦᠷᠬᠡ ᠬᠠᠷᠢᠭᠤᠴᠠᠯᠭ᠎ᠠ ᠪᠠᠨ ᠲᠤᠤᠱᠯᠠᠭᠤᠯᠤᠨ᠎ᠠ᠃ ᠡᠯ᠎ᠠ ᠰᠤᠮᠤ   ᠰᠢᠶᠠᠩ ᠪᠠᠯᠭᠠᠰᠦ ᠶᠢᠨ ᠵᠠᠰᠠᠭ ᠤᠨ ᠤᠷᠳᠤᠨ ᠪᠠ ᠬᠦᠳᠡᠭᠡ ᠲᠤᠰᠬᠤᠨ ᠤ ᠲᠤᠮᠳᠠᠳᠦ ᠪᠠᠭ᠎ᠠ ᠰᠤᠷᠭᠠᠭᠤᠯᠢ ᠶᠢᠨ ᠬᠢᠨ   ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠳᠠ ᠶᠢ ᠪᠠᠶᠢᠭᠤᠯᠵᠦ᠂ ᠬᠦᠳᠡᠭᠡ ᠲᠤᠰᠬᠤᠨ ᠤ ᠲᠤᠮᠳᠠᠳᠦ ᠪᠠᠭ᠎ᠠ   ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠡᠳᠦᠷ ᠤᠨ ᠴᠢᠬᠤᠯᠠ ᠠᠵᠢᠯᠯᠠᠭ᠎ᠠ ᠳᠤ   ᠤᠷᠤᠭᠤᠯᠤᠨ᠂ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠦ᠂ ᠨᠢᠭᠡ ᠱᠠᠳᠦ ᠶᠢᠨ ᠬᠢᠨ ᠨᠢᠬᠡ ᠱᠠᠳᠦ ᠪᠠᠨ   ᠠᠳᠬᠤᠵᠦ᠂ ᠱᠠᠳᠦ ᠱᠠᠳᠦ ᠪᠠᠷ ᠨᠠᠶᠢᠳᠠᠪᠤᠷᠢᠵᠢᠭᠤᠯᠬᠤ ᠶᠢ ᠠᠳᠬᠤᠵᠦ᠂ ᠲᠤᠰ ᠲᠦᠷᠦᠯ ᠤᠨ ᠠᠵᠢᠯ ᠢ ᠦᠨᠡᠨᠬᠦ ᠪᠠᠳᠦᠳᠠᠢ   ᠨᠠᠶᠢᠳᠠᠪᠤᠷᠢᠵᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯ ᠤᠨ   ᠡᠬᠦᠷᠬᠡ ᠬᠠᠷᠢᠭᠤᠴᠠᠯᠭ᠎ᠠ ᠪᠠᠨ ᠪᠠᠳᠤᠳᠠᠢ ᠬᠦᠢᠴᠡᠳᠭᠡᠨ᠂ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠡᠯ᠎ᠠ ᠲᠦᠷᠦᠯ ᠤᠨ   ᠠᠵᠢᠯ ᠤᠨ ᠪᠤᠳᠠᠳᠠᠢ ᠠᠮᠵᠢᠯᠳᠠ ᠤᠯᠬᠤ ᠶᠢ ᠪᠠᠳᠤᠯᠠᠨ᠎ᠠ᠃ ᠬᠤᠰᠢᠭᠤᠨ ᠤ ᠵᠠᠰᠠᠭ ᠤᠨ ᠤᠷᠳᠤᠨ ᠠᠴᠠ ᠲᠤᠰᠬᠠᠢ ᠬᠢᠨᠠᠨ   ᠪᠠᠶᠢᠴᠠᠭᠠᠯᠳᠠ ᠶᠢᠨ ᠲᠤᠭᠤᠢᠢᠯᠠᠩ ᠪᠠᠶᠢᠭᠤᠯᠤᠨ᠂ ᠲᠤᠰᠬᠠᠢ ᠬᠢᠨᠠᠨ ᠪᠠᠶᠢᠴᠠᠭᠠᠯᠳᠠ ᠬᠢᠬᠦ᠂ ᠬᠡᠨᠡᠳᠳᠠ ᠶᠢᠨ ᠪᠠᠶᠢᠴᠠᠭᠠᠯᠳᠠ   ᠬᠢᠬᠦ ᠬᠡᠯᠪᠡᠷᠢ ᠪᠠᠷ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠬᠢᠨᠠᠨ ᠪᠠᠶᠢᠴᠠᠭᠠᠯᠳᠠ ᠶᠢᠨ   ᠬᠦᠴᠦᠯᠠᠴᠠ ᠪᠠᠨ ᠴᠢᠩᠭᠠᠳᠬᠠᠨ᠂ ᠪᠠᠶᠢᠴᠠᠭᠠᠯᠳᠠ ᠲᠤᠮᠳᠠ ᠢᠯᠡᠷᠡᠬᠦᠯᠦᠭᠰᠡᠨ ᠬᠡᠮ ᠠᠷᠬᠠᠭ ᠢᠶᠠᠨ ᠴᠠᠭ ᠲᠤᠬᠠᠢ ᠳᠤ ᠨᠢ   ᠲᠤᠭᠳᠠᠭᠰᠠᠨ ᠬᠤᠭᠤᠴᠠᠭᠠᠨ ᠳᠤ ᠵᠠᠰᠠᠨ ᠰᠢᠯᠢᠳᠡᠭᠵᠢᠬᠦᠯᠵᠦ᠂ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ   ᠡᠵᠡᠩᠨᠡᠯᠳᠠ ᠶᠢ ᠪᠠᠳᠤᠯᠠᠨ᠎ᠠ᠃             ︵ᠭᠤᠷᠪᠡ︶ ᠢᠳᠠᠪᠬᠢᠳᠠᠢ ᠪᠠᠷ ᠤᠬᠠᠭᠤᠯᠤᠨ᠂ ᠰᠢᠯᠢᠳᠡᠭ ᠠᠭᠤᠷ ᠠᠮᠢᠰᠬᠤᠯ ᠢ ᠪᠤᠢ ᠪᠤᠯᠭᠠᠨ᠎ᠠ᠃ ᠡᠯ᠎ᠠ ᠰᠤᠮᠤ   ᠰᠢᠶᠠᠩ ᠪᠠᠯᠭᠠᠰᠦ ᠶᠢᠨ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ   ᠪᠠ ᠡᠯ᠎ᠠ ᠬᠦᠳᠡᠭᠡ ᠲᠤᠰᠬᠤᠨ ᠤ ᠲᠤᠮᠳᠠᠳᠦ ᠪᠠᠭ᠎ᠠ ᠰᠤᠷᠭᠠᠭᠤᠯᠢ ᠶᠢᠨ ᠬᠢᠨ ᠠᠵᠢᠯ ᠤᠨ ᠪᠤᠳᠠᠳᠠᠢ ᠲᠠᠢ ᠪᠠᠨ   ᠤᠶᠠᠯᠳᠤᠭᠤᠯᠤᠨ᠂ ᠡᠯ᠎ᠠ ᠰᠤᠨᠢᠨ ᠮᠡᠳᠡᠭᠡ ᠵᠠᠭᠤᠴᠢᠯᠠᠭᠤᠷ ᠢ ᠠᠰᠢᠬᠯᠠᠨ᠂ ᠤᠯᠠᠨ ᠲᠦᠷᠦᠯ ᠬᠡᠯᠪᠡᠷᠢ ᠪᠠᠷ ᠰᠤᠷᠤᠭᠴᠢ ᠶᠢᠨ   ᠲᠡᠷᠭᠡᠨ ᠳᠤ ᠰᠠᠭᠤᠬᠤ ᠲᠡᠷᠭᠡᠨ ᠤ ᠬᠠᠮᠢᠶᠠᠷᠤᠯᠳᠠ᠂ ᠲᠤᠮᠳᠠᠳᠦ ᠪᠠᠭ᠎ᠠ ᠰᠤᠷᠭᠠᠭᠤᠯᠢ ᠶᠢᠨ ᠵᠠᠮ ᠬᠠᠷᠢᠯᠴᠠᠭᠠᠨ ᠤ ᠠᠮᠤᠷ   ᠲᠦᠪᠰᠢᠨ ᠢᠶᠠᠷ ᠭᠤᠤᠯ ᠰᠡᠳᠦᠪ ᠪᠤᠯᠭᠠᠰᠠᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠢᠳᠡᠪᠬᠢᠳᠠᠢ ᠦᠷᠨᠢᠬᠦᠯᠦᠨ᠂   ᠤᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠨ᠂ ᠬᠠᠮᠳᠦ ᠪᠠᠷ   ᠤᠬᠠᠮᠰᠠᠷ ᠠᠴᠠ ᠪᠠᠨ ᠫᠠᠶᠢᠰᠠ ᠦᠬᠡᠢ ᠲᠡᠷᠭᠡ᠂ ᠦᠨᠡᠮᠯᠡᠯ ᠪᠠᠶᠢᠬᠤ ᠦᠬᠡᠢ ᠲᠡᠷᠭᠡ᠂ ᠲᠠᠭᠠᠳᠬᠠᠯ ᠦᠬᠡᠢ ᠲᠡᠷᠭᠡᠨ ᠳᠤ   ᠰᠠᠭᠤᠬᠤ ᠦᠬᠡᠢ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠲᠠᠭᠠᠯᠳᠤᠭᠤᠯᠤᠯ᠄       ᠵᠠᠯᠠᠶᠢᠳ ᠬᠤᠰᠢᠭᠤᠨ ᠤ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠡᠵᠡᠩᠨᠡᠯᠳᠠ ᠶᠢᠨ ᠬᠠᠮᠢᠶᠠᠷᠤᠯᠳᠠ ᠶᠢᠨ   ᠠᠵᠢᠯ ᠤᠨ ᠤᠳᠤᠷᠢᠳᠬᠤ ᠲᠤᠭᠤᠢᠢᠯᠠᠩ             ᠲᠤᠭᠤᠢᠢᠯᠠᠩ ᠤᠨ ᠲᠠᠷᠤᠭ᠎ᠠ᠄ ᠵᠢᠢ ᠬᠤᠩ ᠮᠸᠢ ᠲᠡᠳ᠋ ᠬᠤᠰᠢᠭᠤᠨ ᠲᠠᠷᠤᠭ᠎ᠠ             ᠲᠤᠭᠤᠢᠢᠯᠠᠩ ᠤᠨ ᠲᠡᠳ᠋ ᠲᠠᠷᠤᠭ᠎ᠠ᠄ ᠸᠠᠩ ᠰᠢᠤᠸᠠᠢ ᠵᠢᠶ᠋ᠸ ᠬᠤᠰᠢᠭᠤᠨ ᠤ ᠵᠠᠰᠠᠭ ᠤᠨ ᠤᠷᠳᠤᠨ ᠤ ᠠᠯᠪᠠᠨ   ᠭᠡᠷ ᠤᠨ ᠲᠡᠳ᠋ ᠡᠷᠬᠢᠯᠡᠭᠴᠢ             ᠫᠠᠩ ᡁᠢ ᠭᠠᠩ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠲᠤᠪᠴᠢᠶᠠᠨ ᠲᠠᠷᠤᠭ᠎ᠠ             ᠵᠢᠷᠭᠠᠯ ᠬᠤᠰᠢᠭᠤᠨ ᠤ ᠵᠠᠮ ᠬᠠᠷᠢᠯᠴᠠᠭᠠᠨ ᠤ ᠲᠤᠪᠴᠢᠶᠠᠨ ᠤ ᠲᠤᠪᠴᠢᠶᠠᠨ ᠲᠠᠷᠤᠭ᠎ᠠ           ᠸᠠᠩ ᠴᠧᠨ ᠶᠠᠩ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠭᠡᠰᠢᠬᠦᠨ   ᠴᠠᠭᠳᠠᠭᠠᠨ ᠶᠠᠪᠤᠳᠠᠯ ᠤᠨ ᠪᠠᠳᠤᠯᠠᠪᠤᠷᠢ ᠶᠢᠨ ᠲᠠᠰᠤᠭ ᠤᠨ ᠡᠷᠬᠢᠯᠡᠭᠴᠢ       ᠭᠡᠰᠢᠬᠦᠨ᠄       ᠱᠢ ᠶᠢᠩ ᠯᠠᠨ ᠬᠤᠰᠢᠭᠤᠨ ᠤ ᠬᠦᠭᠵᠢᠬᠦᠯᠦᠯᠳᠠ ᠦᠬᠡᠷᠡᠴᠢᠯᠡᠯᠳᠠ ᠶᠢᠨ ᠵᠦᠪᠯᠡᠯ ᠤᠨ ᠡᠷᠬᠢᠯᠡᠭᠴᠢ             ᠬᠠᠰ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠲᠤᠪᠴᠢᠶᠠᠨᠲᠠᠷᠤᠭ᠎ᠠ           ᠸᠠᠩ ᠠᠢ ᠮᠢᠨ ᠬᠤᠰᠢᠭᠤᠨ ᠤ ᠬᠢᠨᠠᠨ ᠪᠤᠳᠤᠯᠳᠠ ᠶᠢᠨ ᠲᠤᠪᠴᠢᠶᠠᠨ ᠤ ᠲᠤᠪᠴᠢᠶᠠᠨᠲᠠᠷᠤᠭ᠎ᠠ             ᠵᠠᠩ ᠸᠧᠢ ᠬᠤᠰᠢᠭᠤᠨ ᠤ ᠠᠮᠤᠷ ᠲᠦᠪᠰᠢᠨ ᠤ ᠬᠢᠨᠠᠨ ᠪᠠᠶᠢᠴᠠᠭᠠᠯᠳᠠ ᠶᠢᠨ ᠲᠤᠪᠴᠢᠶᠠᠨ ᠤ ᠲᠤᠪᠴᠢᠶᠠᠨᠲᠠᠷᠤᠭ᠎ᠠ             ᠳ᠋ᠥ᠋ᠩ ᠸᠧᠢ ᠹᠧᠩ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶᠠᠨ ᠤ ᠲᠤᠪᠴᠢᠶᠠᠨᠲᠠᠷᠤᠭ᠎ᠠ             ᠵᠠᠩ ᠰᠢ ᠺᠦᠢ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ             ᠰᠦᠨ ᡁᠢ ᠬᠦᠸᠧ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠲᠡᠳ᠋ ᠬᠤᠷᠢᠶᠠᠨ ᠲᠠᠷᠤᠭ᠎ᠠ           ᠯᠢᠤ ᠹᠧᠩ ᠢᠤᠢ ᠬᠤᠰᠢᠭᠤᠨ ᠤ ᠵᠠᠮ ᠬᠠᠷᠢᠯᠴᠠᠭᠠᠨ ᠤ ᠵᠦᠭᠡᠭᠡᠪᠦᠷᠢᠯᠡᠯᠳᠠ ᠶᠢᠨ ᠬᠠᠮᠢᠶᠠᠷᠤᠯᠳᠠ ᠶᠢᠨ ᠭᠠᠵᠠᠷ ᠤᠨ   ᠲᠠᠷᠤᠭ᠎ᠠ             ᠯᠢᠤ ᠽᠧ ᠹᠧᠩ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠬᠢ ᠶᠢᠨ ᠲᠠᠷᠤᠭ᠎ᠠ             ᠮᠠ ᠰᠢᠶᠤᠤ ᠯᠢᠩ ᠬᠤᠰᠢᠭᠤᠨ ᠤ ᠬᠠᠤᠯᠢ ᠪᠠᠷ ᠵᠠᠰᠠᠬᠤ ᠠᠯᠪᠠᠨ ᠭᠡᠷ ᠤᠨ ᠠᠵᠢᠯᠳᠠᠨ             ᠶᠦᠨ ᠹᠧᠩ ᠬᠦᠷᠡᠯ ᠪᠠᠯᠭᠠᠰᠦ ᠶᠢᠨ ᠪᠠᠯᠭᠠᠰᠤᠨ ᠲᠠᠷᠤᠭ᠎ᠠ           ᠼᠦᠢ ᠶᠢᠨ ᠯᠦᠩ ᠪᠤᠯᠭᠠᠨᠬᠤᠸᠠ ᠰᠤᠮᠤ ᠶᠢᠨ ᠰᠤᠮᠤᠨ ᠲᠠᠷᠤᠭ᠎ᠠ             ᠲᠢᠶᠠᠨ ᠯᠢᠶᠠᠩ ᠠᠯᠳᠠᠷᠳᠦ ᠰᠤᠮᠤ ᠶᠢᠨ ᠰᠤᠮᠤᠨ ᠲᠠᠷᠤᠭ᠎ᠠ             ᠡᠤ ᠬᠡᠷᠡᠯᠳᠦ ᠪᠠᠳᠠᠷᠠᠬᠤ ᠪᠠᠯᠭᠠᠰᠦ ᠶᠢᠨ ᠪᠠᠯᠭᠠᠰᠤᠨ ᠲᠠᠷᠤᠭ᠎ᠠ         ᠪᠠᠶᠠᠷ ᠪᠠᠶ᠋ᠬᠠᠤᠯᠠᠭᠠᠨ ᠰᠤᠮᠤ ᠶᠢᠨ ᠰᠤᠮᠤᠨ ᠲᠠᠷᠤᠭ᠎ᠠ             ᠪᠠᠢ ᠯᠦᠩ ᠴᠢᠤᠸᠠᠨ ᠬᠤᠰᠢᠭᠤᠨ ᠤ ᠨᠢᠭᠡᠳᠦᠮᠠᠯ ᠬᠤᠯᠪᠤᠭ᠎ᠠ ᠶᠢᠨ ᠺᠤᠮᠫᠠᠨᠢ ᠶᠢᠨ ᠵᠢᠩᠯᠢ           ᠹᠧᠩ ᠯᠢᠨ ᠵᠠᠯᠠᠶᠢᠳ ᠬᠤᠰᠢᠭᠤᠨ ᠤ ᠶᠢᠨ ᠴᠧᠩ ᠵᠦᠬᠡᠭᠡᠪᠦᠷᠢᠯᠡᠯᠳᠠ ᠶᠢᠨ ᠺᠤᠮᠫᠠᠨᠢ ᠶᠢᠨ ᠶᠡᠷᠦᠩᠬᠡᠢ ᠵᠢᠩᠯᠢ             ᠴᠢᠤᠸᠠᠨ ᠱᠧᠩ ᠠᠨ ᠬᠤᠸᠠ ᠲᠠᠷᠢᠶᠠᠯᠠᠩ ᠤᠨ ᠲᠠᠭᠠᠳᠬᠠᠯ ᠤᠨ ᠬᠤᠪᠢ ᠤᠷᠤᠭᠤᠯᠤᠭᠰᠠᠨ ᠪᠦᠷᠢᠨ ᠪᠤᠰᠤ   ᠺᠤᠮᠫᠠᠨᠢ ᠶᠢᠨ ᠬᠢᠩᠭᠠᠨ ᠰᠠᠯᠪᠤᠷᠢ ᠺᠤᠮᠫᠠᠨᠢ ᠶᠢᠨ ᠶᠡᠷᠦᠩᠬᠡᠢ ᠵᠢᠩᠯᠢ ᠶᠢᠨ ᠲᠤᠰᠠᠯᠠᠭᠴᠢ᠂ ᠵᠠᠯᠠᠶᠢᠳ ᠬᠤᠰᠢᠭᠤᠨ ᠤ ᠰᠠᠯᠪᠤᠷᠢ   ᠺᠤᠮᠫᠠᠨᠢ ᠶᠢᠨ ᠵᠢᠩᠯᠢ             ᠤᠳᠤᠷᠢᠳᠬᠤ ᠪᠠᠭ᠎ᠠ ᠲᠤᠭᠤᠢᠢᠯᠠᠩ ᠨᠢ ᠲᠤᠤᠷ᠎ᠠ ᠪᠠᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠢᠨᠠᠨ   ᠬᠠᠮᠢᠶᠠᠤᠷᠯᠳᠠ ᠶᠢᠨ ᠠᠯᠪᠠᠨ ᠭᠡᠷ ᠪᠠ ᠰᠤᠷᠭᠠᠭᠤᠯᠢ ᠶᠢᠨ ᠲᠡᠷᠭᠡ ᠶᠢᠨ ᠡᠵᠡᠩᠨᠠᠯᠳᠠ ᠶᠢᠨ ᠬᠠᠮᠢᠶᠠᠷᠤᠯᠳᠠ ᠶᠢᠨ ᠠᠯᠪᠠᠨ ᠭᠡᠷ   ᠲᠤᠬᠢᠷᠠᠭᠤᠯᠤᠨ᠎ᠠ᠃ ᠰᠤᠷᠭᠠᠭᠤᠯᠢᠵᠢᠨ ᠲᠡᠷᠭᠡ ᠶᠢᠨ ᠠᠮᠤᠷ ᠲᠦᠪᠰᠢᠨ ᠤ ᠬᠢᠨᠠᠨ ᠬᠠᠮᠢᠶᠠᠤᠷᠯᠳᠠ ᠶᠢᠨ ᠠᠯᠪᠠᠨ ᠭᠡᠷ ᠢ   ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠶᠡᠭᠡ ᠠᠩᠬᠢ ᠳᠤ ᠲᠤᠬᠢᠷᠠᠭᠤᠯᠵᠦ᠂   ᠰᠤᠷᠭᠠᠭᠤᠯᠢ ᠶᠢᠨ ᠲᠡᠷᠬᠡ ᠶᠢᠨ ᠠᠮᠤᠷ ᠲᠦᠪᠰᠢᠨ ᠤ ᠡᠳᠦᠷ ᠲᠤᠳᠤᠮ ᠤᠨ ᠬᠢᠨᠠᠨ ᠪᠠᠶᠢᠴᠠᠭᠠᠯᠳᠠ ᠶᠢ ᠬᠠᠷᠢᠭᠤᠴᠠᠨ᠎ᠠ᠂   ᠠᠯᠪᠠᠨ ᠭᠡᠷ ᠤᠨ ᠡᠷᠬᠢᠯᠡᠭᠴᠢ ᠶᠢ ᠯᠢ ᠽᠧ ᠹᠧᠩ ᠠᠴᠠ ᠲᠤᠰᠢᠶᠠᠯ ᠬᠠᠪᠰᠤᠷᠭᠠᠨ᠎ᠠ᠂ ᠬᠠᠷᠢᠯᠴᠠᠬᠤ ᠤᠳᠠᠰᠦ᠄  18804827999︔           ᠰᠤᠷᠭᠠᠭᠤᠯᠢ ᠶᠢᠨ ᠲᠡᠷᠭᠡ ᠶᠢᠨ ᠡᠵᠡᠩᠨᠠᠯᠳᠠ ᠶᠢᠨ ᠬᠠᠮᠢᠶᠠᠷᠤᠯᠳᠠ ᠶᠢᠨ ᠠᠯᠪᠠᠨ ᠭᠡᠷ ᠢ ᠬᠤᠰᠢᠭᠤᠨ ᠤ ᠵᠠᠮ   ᠬᠠᠷᠢᠯᠴᠠᠭᠠᠨ ᠤ ᠲᠤᠪᠴᠢᠶ᠎ᠠ ᠶᠢᠨ ᠵᠠᠮ ᠬᠠᠷᠢᠯᠴᠠᠭᠠᠨ ᠤ ᠵᠦᠬᠡᠬᠡᠪᠦᠷᠢᠯᠡᠯᠳᠠ ᠶᠢᠨ ᠬᠠᠮᠢᠶᠠᠷᠤᠯᠳᠠ ᠶᠢᠨ ᠭᠠᠵᠠᠷ ᠲᠤ   ᠲᠤᠬᠢᠷᠠᠭᠤᠯᠵᠦ᠂ ᠰᠤᠷᠭᠠᠭᠤᠯᠢ ᠶᠢᠨ ᠲᠡᠷᠭᠡ ᠶᠢᠨ ᠵᠦᠬᠡᠬᠡᠪᠦᠷᠢᠯᠡᠯᠳᠠ ᠶᠢᠨ ᠺᠤᠮᠫᠠᠨᠢ ᠶᠢᠨ ᠡᠳᠦᠷ ᠲᠤᠳᠤᠮ ᠤᠨ   ᠬᠠᠮᠢᠶᠠᠷᠤᠯᠳᠠ ᠶᠢ ᠬᠠᠷᠢᠭᠤᠴᠠᠨ᠎ᠠ᠂ ᠠᠯᠪᠠᠨ ᠭᠡᠷ ᠤᠨ ᠡᠷᠬᠢᠯᠡᠭᠴᠢ ᠶᠢ ᠯᠢᠤ ᠹᠧᠩ ᠢᠤᠢ ᠲᠤᠰᠢᠶᠠᠯ ᠬᠠᠪᠰᠤᠷᠭᠠᠨ   ᠡᠬᠦᠷᠭᠡᠯᠡᠨ᠎ᠠ᠂ ᠬᠠᠷᠢᠯᠴᠠᠬᠤ ᠤᠳᠠᠰᠦ᠄ 13948276333᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号