2016 ᠤᠨ ᠤ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠳᠡ
ᠨᠡᠶᠢᠲᠡᠯᠡᠭᠰᠡᠨ ᠴᠠᠭ᠄
2018-06-08
           ᠵᠠᠰᠠᠭ   ᠤᠨ   ᠤᠷᠳᠤᠨ   ᠤ   ᠠᠵᠢᠯ   ᠤᠨ   ᠮᠡᠳᠡᠬᠦᠯᠦᠯᠳᠠ                                                                               —  2016 ᠤᠨ ᠤ 3 ᠰᠠᠷ᠎ᠠ ᠶᠢᠨ   ᠤ ᠡᠳᠦᠷ ᠵᠠᠯᠠᠶᠢᠳ ᠬᠤᠰᠢᠭᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠠᠷᠠᠳ ᠤᠨ   ᠲᠦᠯᠦᠬᠡᠯᠡᠭᠴᠢᠳ ᠤᠨ   ᠶᠡᠭᠡ   ᠬᠤᠷᠠᠯ   ᠤᠨ   ᠲᠦᠷᠪᠡᠳᠦᠬᠡᠷ   ᠣᠳᠠᠭᠠᠨ   ᠤ   ᠬᠤᠷᠠᠯ   ᠲᠡᠬᠡᠷ᠎ᠠ                                   ᠤᠷᠤᠯᠠᠭᠴᠢ ᠬᠤᠰᠢᠭᠤᠨ ᠲᠠᠷᠤᠭ᠎ᠠ     ᠵᠤᠤ ᠲᠢᠶᠠᠨ ᠰᠢ ᠲᠦᠯᠦᠬᠡᠯᠡᠭᠴᠢᠳ ᠡ︕       ᠦᠨᠦ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠮᠡᠳᠡᠬᠦᠯᠦᠯᠳᠡ ᠬᠢᠨ᠎ᠠ᠃ ᠬᠢᠨᠠᠨ ᠵᠦᠪᠯᠡᠬᠦ ᠪᠣᠯᠪᠠᠣ︕ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠪᠠ ᠬᠤᠷᠠᠯ  ᠳᠤ ᠰᠤᠯᠨ ᠤᠷᠤᠯᠴᠠᠭᠰᠠᠨ ᠨᠦᠬᠦᠳ ᠰᠠᠨᠠᠯ ᠲᠤᠷᠠᠳᠬᠤ ᠪᠤᠯᠪᠠᠦ᠃       ᠨᠢᠭᠡ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭ᠎ᠠ ᠪᠠ 2015 ᠤᠨ ᠤ ᠠᠵᠢᠯ ᠤᠨ ᠡᠷᠬᠢᠴᠡᠬᠦᠯᠦᠯ       ︽ᠠᠷᠪᠠᠨ ᠬᠤᠶᠠᠳᠤᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠣᠳᠣᠷᠢᠳᠣᠯᠭ᠎ᠠ ᠲᠤᠤᠷ᠎ᠠ᠂ ᠪᠦᠬᠦ ᠬᠤᠰᠢᠭᠤ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠲᠠᠢ ᠬᠦᠳᠡᠯᠦᠩᠭᠦᠢ ᠪᠠᠷ ᠵᠤᠬᠢᠴᠠᠵᠦ᠂ ᠠᠵᠦ ᠠᠬᠤᠢ ᠶᠢᠨ ᠬᠦᠭᠵᠢᠯᠲᠡ ᠣᠳᠠᠭᠠᠰᠢᠷᠠᠬᠤ ᠲᠠᠷᠤᠯᠳᠠ ᠶᠢ ᠢᠳᠡᠪᠬᠢᠳᠡᠢ ᠪᠠᠷ ᠲᠣᠯᠵᠣ᠂ ᠲᠤᠭᠳᠠᠭᠤᠨ ᠨᠡᠮᠡᠭᠳᠡᠯ᠂ ᠦᠬᠡᠷᠡᠴᠢᠯᠡᠯᠳᠡ  ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠬᠡᠬᠦ᠂ ᠠᠶᠤᠯ ᠲᠦᠭᠰᠢᠬᠦᠷᠢ ᠶᠢ ᠰᠡᠷᠬᠡᠶᠢᠯᠡᠬᠦ ᠡᠯ᠎ᠠ ᠵᠦᠢᠯ ᠤᠨ ᠠᠷᠭ᠎ᠠ ᠬᠡᠮᠵᠢᠶ᠎ᠠ ᠶᠢ ᠲᠠᠰᠤᠷᠠᠯᠳᠠ ᠦᠬᠡᠢ ᠴᠢᠩᠭᠠᠳᠬᠠᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠢᠯᠡᠷᠬᠡᠢ ᠠᠮᠵᠢᠯᠳᠠ ᠶᠢ ᠤᠯᠵᠠᠢ᠃       — ᠦᠩᠬᠡᠷᠡᠭᠰᠡᠨ ᠲᠠᠪᠦᠨ ᠵᠢᠯ ᠪᠤᠯ ᠶᠡᠷᠤᠩᠭᠡᠢ ᠬᠦᠴᠦᠨ ᠤ ᠨᠡᠮᠡᠭᠳᠡᠯ ᠬᠠᠮᠤᠭ ᠲᠦᠷᠬᠡᠨ᠂ ᠠᠵᠦ ᠠᠬᠤᠢ  ᠶᠢᠨ ᠦᠷ᠎ᠠ ᠠᠰᠢᠭ ᠲᠤᠭᠳᠠᠭᠤᠨ ᠰᠠᠶᠢᠨ ᠲᠠᠪᠦᠨ ᠵᠢᠯ ᠪᠣᠯᠣᠨ᠎ᠠ᠃ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠪᠦᠬᠦ ᠦᠷᠳᠡᠭ 2010 ᠤᠨ ᠤ ᠰᠡᠬᠦᠯᠴᠢ ᠶᠢᠨ 48.5 ᠳ᠋ᠦᠩᠰᠢᠭᠤᠷ ᠲᠦᠬᠦᠷᠢᠭ ᠠᠴᠠ 2015 ᠤᠨ ᠤ 89.9 ᠳ᠋ᠦᠩᠰᠢᠭᠤᠷ ᠲᠦᠬᠦᠷᠢᠭ ᠪᠤᠯᠤᠨ ᠨᠡᠮᠡᠭᠳᠡᠵᠦ᠂ ᠲᠡᠭᠰᠢᠳᠬᠡᠬᠡᠳ ᠵᠢᠯ ᠪᠦᠷᠢ 13.1%  ᠪᠠᠷ ᠨᠡᠮᠡᠭᠳᠡᠵᠡᠢ᠃ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ 34.3 ᠳ᠋ᠦᠩᠰᠢᠭᠤᠷ ᠲᠦᠬᠦᠷᠢᠭ ᠠᠴᠠ ᠨᠡᠮᠡᠭᠳᠡᠬᠡᠳ 59.1 ᠳ᠋ᠦᠩᠰᠢᠭᠤᠷ ᠲᠦᠬᠦᠷᠢᠭ ᠪᠤᠯᠵᠦ᠂ ᠵᠢᠯ ᠪᠦᠷᠢ 11.5 % ᠪᠠᠷ ᠨᠡᠮᠡᠭᠳᠡᠪᠡ᠃ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 17.8 ᠳ᠋ᠦᠩᠰᠢᠭᠤᠷ ᠲᠦᠬᠦᠷᠢᠭ ᠠᠴᠠ ᠨᠡᠮᠡᠭᠳᠡᠬᠡᠳ 28.6 ᠳ᠋ᠦᠩᠰᠢᠭᠤᠷ ᠲᠦᠬᠦᠷᠢᠭ ᠪᠤᠯᠵᠦ᠂ ᠵᠢᠯ ᠪᠦᠷᠢ 10 % ᠪᠠᠷ ᠨᠡᠮᠡᠭᠳᠡᠪᠡ᠃ ᠨᠡᠶᠢᠳᠡ ᠶᠢᠨ ᠡᠳ᠋  ᠤᠨ ᠵᠠᠰᠠᠭ ᠤᠨ ᠲᠦᠰᠦᠪ ᠤᠨ ᠤᠷᠤᠯᠭ᠎ᠠ 0.97 ᠳ᠋ᠦᠩᠰᠢᠭᠤᠷ ᠲᠦᠬᠦᠷᠢᠭ ᠠᠴᠠ 2.4 ᠳ᠋ᠦᠩᠰᠢᠭᠤᠷ ᠲᠦᠬᠦᠷᠢᠭ ᠪᠤᠯᠤᠨ ᠨᠡᠮᠡᠭᠳᠡᠵᠦ᠂ ᠵᠢᠯ ᠪᠦᠷᠢ 19.9 % ᠪᠠᠷ ᠨᠡᠮᠡᠭᠳᠡᠪᠡ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠣᠯᠭ᠎ᠠ 16.3 ᠳ᠋ᠦᠩᠰᠢᠭᠤᠷ ᠲᠦᠬᠦᠷᠢᠭ ᠠᠴᠠ ᠨᠡᠮᠡᠭᠳᠡᠭᠡᠳ 34.6 ᠳ᠋ᠦᠩᠰᠢᠭᠤᠷ ᠲᠦᠬᠦᠷᠢᠭ ᠪᠣᠯᠵᠣ ᠵᠢᠯ ᠪᠦᠷᠢ 16.3%   ᠪᠠᠷ ᠨᠡᠮᠡᠭᠳᠡᠪᠡ᠃ ᠡᠯ᠎ᠠ ᠲᠦᠷᠦᠯ ᠤᠨ ᠠᠵᠦ ᠠᠬᠤᠢ ᠶᠢᠨ ᠭᠦᠢᠴᠡᠳᠭᠡᠯ ᠲᠤᠭ᠎ᠠ ᠲᠤᠭ᠎ᠠ ᠪᠦᠷ ᠬᠤᠶᠠᠷ ᠤᠷᠤᠨᠳᠦ ᠲᠤᠭ᠎ᠠ ᠶᠢᠨ ᠨᠡᠮᠡᠭᠳᠡᠯ ᠢ ᠪᠠᠳᠤᠯᠠᠵᠦ᠂ ᠭᠤᠤᠯ ᠪᠤᠯᠬᠤ ᠭᠦᠢᠴᠡᠳᠭᠡᠯ ᠲᠤᠭ᠎ᠠ ᠶᠢᠨ ᠨᠡᠮᠡᠭᠳᠡᠯ ᠪᠦᠬᠦ ᠠᠶᠢᠮᠠᠭ ᠤᠨ ᠲᠡᠷᠢᠬᠦᠨ ᠳᠤ ᠤᠷᠤᠭᠰᠠᠨ ᠪᠠᠶᠢᠨ᠎ᠠ᠃       — ᠦᠩᠬᠡᠷᠡᠭᠰᠡᠨ ᠲᠠᠪᠦᠨ ᠵᠢᠯ ᠪᠤᠯ᠂ ᠠᠵᠦ ᠦᠢᠯᠡᠰ ᠤᠨ ᠪᠦᠳᠦᠴᠡ ᠠᠯᠬᠤᠮ ᠠᠯᠬᠤᠮ ᠢᠶᠠᠷ ᠰᠢᠯᠢᠳᠡᠭᠵᠢᠵᠦ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠠᠰᠤᠷᠠᠯᠳᠠ ᠦᠬᠡᠢ ᠲᠦᠷᠬᠡᠳᠬᠡᠭᠰᠡᠨ ᠲᠠᠪᠦᠨ ᠵᠢᠯ ᠪᠤᠯᠤᠨ᠎ᠠ᠃   ᠨᠢᠬᠡ᠂ ᠬᠤᠶᠠᠷ᠂ ᠭᠤᠷᠪᠠᠳᠤᠭᠠᠷ ᠠᠵᠦ ᠦᠢᠯᠡᠰ ᠤᠨ ᠪᠦᠳᠦᠴᠡ ᠶᠢ 49᠄ 19᠄ 32 ᠠᠴᠠ 40᠄ 30᠄ 30   ᠪᠤᠯᠭᠠᠨ ᠲᠤᠬᠢᠷᠠᠭᠤᠯᠵᠠᠢ᠃ ᠲᠠᠷᠢᠶᠠᠯᠠᠩ ᠤᠨ ᠤᠳᠤᠬᠢᠴᠢᠯᠠᠯᠳᠠ ᠶᠢᠨ ᠬᠢᠷᠢ ᠲᠦᠪᠰᠢᠨ ᠤᠯᠠᠮ ᠨᠢᠬᠡ ᠠᠯᠬᠤᠮ ᠲᠡᠬᠡᠭᠰᠢᠯᠡᠵᠦ᠂ ᠭᠤᠣᠯᠳᠠᠯᠭᠠᠲᠣ ᠲᠠᠷᠢᠶᠠᠯᠠᠩ ᠣᠰᠣᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ ᠶᠢᠨ ᠠᠯᠬᠤᠭ᠎ᠠ ᠲᠦᠷᠭᠡᠳᠴᠦ᠂ ᠤᠯᠤᠰ ᠤᠨ ᠲᠠᠷᠢᠶᠠᠯᠠᠩ ᠤᠨ ᠰᠢᠨᠵᠢᠯᠡᠭᠡ ᠮᠡᠷᠬᠡᠵᠢᠯ ᠤᠨ ᠰᠢᠨ᠎ᠠ ᠶᠢ ᠡᠬᠦᠳᠬᠦ ᠪᠠ ᠲᠦᠪᠯᠡᠷᠡᠭᠦᠯᠦᠨ ᠵᠢᠱᠢᠶ᠎ᠠ ᠦᠵᠡᠬᠦᠯᠬᠦ ᠰᠠᠭᠤᠷᠢᠨ ᠭᠠᠵᠠᠷ᠂ ᠤᠯᠤᠰ ᠤᠨ ᠤᠳᠦ ᠦᠶ᠎ᠠ ᠶᠢᠨ ᠲᠠᠷᠢᠶᠠᠯᠠᠩ  ᠤᠨ ᠵᠢᠱᠢᠶ᠎ᠠ ᠦᠵᠡᠬᠦᠯᠬᠦ ᠤᠷᠤᠨ ᠤ ᠲᠠᠷᠢᠶᠠᠯᠠᠩ ᠤᠨ ᠦᠬᠡᠷᠡᠴᠢᠯᠡᠯᠳᠡ ᠪᠠ ᠪᠦᠳᠦᠬᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠋ ᠤᠨ ᠬᠤᠰᠢᠭᠤ ᠰᠢᠶᠠᠨ ᠢᠶᠠᠷ ᠦᠨᠡᠯᠡᠭᠳᠡᠵᠡᠢ᠃   ᠰᠢᠨ᠎ᠡ ᠮᠠᠶ᠋ᠢᠭ ᠤᠨ ᠮᠠᠯᠴᠢᠨ ᠲᠠᠷᠢᠶᠠᠴᠢᠨ ᠤ ᠬᠤᠷᠰᠢᠶᠠᠵᠢᠯ ᠤᠨ ᠵᠣᠬᠢᠶᠠᠨ ᠪᠠᠶᠢᠭᠤᠯᠣᠯᠲᠠ ᠶᠢ 350 ᠳᠡᠮᠵᠢᠵᠦ᠂ ᠠᠮᠣ ᠪᠣᠳᠠᠭᠠᠨ ᠤ ᠣᠨᠠᠯᠲᠠ ᠵᠢᠯ ᠪᠦᠷᠢ 4 ᠳ᠋ᠦᠩᠰᠢᠭᠤᠷ ᠵᠢᠩ ᠠᠬᠢᠨ ᠨᠡᠮᠡᠭᠳᠡᠵᠦ᠂ 45 ᠳ᠋ᠦᠩᠰᠢᠭᠤᠷ ᠵᠢᠩ ᠳᠤ ᠬᠦᠷᠴᠦ᠂ ᠠᠮᠣ ᠪᠣᠳᠠᠭ᠎ᠠ ᠬᠦᠮᠦᠷᠭᠡᠯᠡᠬᠦ ᠴᠢᠳᠠᠪᠣᠷᠢ 400 ᠲᠦᠮᠡᠨ ᠳᠣᠨ ᠳᠤ ᠬᠦᠷᠴᠦ᠂ ︽ᠪᠦᠬᠦ ᠤᠯᠤᠰ ᠤᠨ ᠠᠮᠦ ᠪᠤᠳᠠᠭᠠᠨ ᠤ ᠦᠢᠯᠡᠳᠪᠦᠷᠢᠯᠡᠯ ᠤᠨ ᠲᠡᠷᠢᠭᠦᠨ ᠤ ᠰᠢᠶᠠᠨ︾ ᠤ ᠪᠠᠶᠢᠷᠢ ᠰᠠᠭᠤᠷᠢ ᠪᠠᠲᠣᠵᠢᠪᠠ᠃ ᠮᠠᠯ ᠠᠵᠦ ᠠᠬᠤᠢ ᠶᠢᠨ ᠤᠨ ᠢᠶᠠᠷ ᠪᠦᠬᠦ ᠬᠤᠰᠢᠭᠤᠨ ᠤ ᠬᠡᠷ ᠤᠨ ᠲᠡᠵᠢᠬᠡᠪᠤᠷᠢ ᠶᠢᠨ ᠲᠡᠵᠢᠭᠡᠭᠰᠡᠨ ᠲᠤᠭ᠎ᠠ 2010 ᠤᠨ ᠤ ᠬᠢ ᠠᠴᠠ 110 ᠲᠦᠮᠡᠨ ᠲᠤᠯᠤᠭᠠᠢ ᠨᠡᠮᠡᠭᠳᠡᠵᠦ ᠂ 309 ᠲᠦᠮᠡᠨ ᠲᠤᠯᠤᠭᠠᠢ ᠳᠤ ᠬᠦᠷᠴᠡᠢ᠃ ᠰᠢᠨ᠎ᠠ ᠬᠡᠯᠪᠡᠷᠢ ᠶᠢᠨ ᠠᠵᠦ ᠦᠢᠯᠡᠳᠪᠤᠷᠢᠵᠢᠯᠳᠡ ᠶᠢᠨ ᠠᠯᠬᠤᠭ᠎ᠠ ᠲᠠᠰᠤᠷᠠᠯᠳᠠ ᠦᠬᠡᠢ ᠲᠦᠷᠬᠡᠳᠴᠦ᠂ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠤᠷᠢ ᠠᠵᠦ ᠠᠬᠤᠶᠢᠯᠠᠯ 36 ᠪᠤᠯᠵᠦ᠂ ᠠᠵᠦ ᠠᠬᠤᠢ ᠶᠢᠨ ᠨᠡᠮᠡᠯᠳᠡ ᠦᠷᠳᠡᠭ᠂ 2010 ᠤᠨ ᠤ ᠬᠢ ᠲᠠᠢ ᠬᠠᠷᠢᠴᠠᠭᠤᠯᠪᠠᠯ 14.6 ᠳ᠋ᠦᠩᠰᠢᠭᠤᠷ ᠲᠦᠬᠦᠷᠢᠭ ᠨᠡᠮᠡᠭᠳᠡᠵᠦ᠂ 21 ᠳ᠋ᠦᠩᠰᠢᠭᠤᠷ ᠲᠦᠬᠦᠷᠢᠭ ᠲᠤ ᠬᠦᠷᠴᠡᠢ᠃ ᠠᠵᠦ ᠦᠢᠯᠡᠳᠪᠤᠷᠢ ᠶᠢᠨ ᠬᠢᠵᠠᠭᠠᠷᠳᠦ ᠴᠠᠬᠢᠯᠭᠠᠨ ᠬᠡᠷᠡᠭᠯᠡᠬᠡᠨ ᠤ ᠬᠡᠮᠵᠢᠶ᠎ᠠ ᠨᠡᠶᠢᠳᠡ 5.8 ᠳ᠋ᠦᠩᠰᠢᠭᠤᠷ ᠭᠷᠠᠳᠦ᠋ᠰ ᠪᠠᠶᠢᠵᠣ᠂ ᠵᠢᠯ ᠪᠦᠷᠢ 26.4% ᠢᠶᠠᠷ ᠨᠡᠮᠡᠭᠳᠡᠪᠡ᠃ ᠵᠢᠭᠤᠯᠴᠢᠯᠠᠯ ᠤᠨ ᠠᠵᠦ ᠦᠢᠯᠡᠰ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠬᠦᠢᠯᠬᠡᠬᠡ᠂ ᠮᠦᠩᠬᠦᠨ ᠬᠦᠢᠯᠬᠡᠬᠡ ᠶᠢᠨ ᠦᠢᠯᠡᠴᠢᠯᠡᠭᠡ᠂ ᠡᠯᠧᠺᠲᠷᠤᠨ ᠬᠤᠳᠠᠯᠳᠤᠭ᠎ᠠ ᠵᠡᠷᠬᠡ ᠤᠳᠦ ᠦᠶ᠎ᠠ ᠶᠢᠨ ᠦᠢᠯᠡᠴᠢᠯᠡᠭᠡ ᠦᠷᠨᠢᠨ ᠬᠦᠭᠵᠢᠵᠡᠢ᠃       — ᠦᠩᠬᠡᠷᠡᠭᠰᠡᠨ ᠲᠠᠪᠦᠨ ᠵᠢᠯ ᠪᠤᠯ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠳᠠ ᠬᠠᠮᠤᠭ ᠶᠡᠭᠡ ᠂ ᠤᠯᠠᠨ ᠲᠦᠮᠡᠨ ᠬᠠᠮᠤᠭ ᠠᠷᠪᠢᠨ ᠪᠣᠳᠠᠲᠣ ᠠᠰᠢᠭ ᠬᠦᠷᠳᠡᠭᠰᠡᠨ ᠲᠠᠪᠤᠨ ᠵᠢᠯ ᠪᠣᠯᠣᠨ᠎ᠠ᠃ ᠨᠡᠶᠢᠲᠡ 32 ᠳ᠋ᠦᠩᠰᠢᠭᠤᠷ ᠲᠦᠬᠦᠷᠢᠭ ᠤᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠡᠯᠡ ᠣᠷᠣᠭᠤᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠵᠢᠯ ᠪᠦᠷᠢ 14.8%   ᠪᠠ 18% ᠢᠶᠠᠷ ᠨᠡᠮᠡᠭᠳᠡᠵᠦ᠂ ᠶᠠᠳᠠᠭᠤ ᠬᠦᠴᠢᠷᠳᠡᠯᠳᠡᠢ ᠬᠦᠮᠦᠨ ᠠᠮᠨ ᠨᠡᠶᠢᠳᠡ 10 ᠲᠦᠮᠨ ᠬᠢᠷᠢᠳᠡᠢ ᠪᠠᠭᠠᠰᠴᠠᠢ᠃ ᠬᠤᠳᠠ ᠪᠠᠯᠭᠠᠰᠤᠨ ᠤ ᠠᠵᠢᠯ ᠣᠯᠣᠭᠰᠠᠳ 11896 ᠬᠦᠮᠦᠨ ᠲᠣᠯᠵᠣ᠂ ᠨᠡᠶᠢᠳᠡ ᠶᠢᠨ ᠠᠰᠠᠷᠠᠮᠵᠢ ᠶᠢᠨ ᠠᠵᠢᠯ  ᠤᠨ ᠪᠠᠶᠢᠷᠢ 942 ᠰᠢᠨ᠎ᠠ ᠪᠠᠷ ᠨᠡᠮᠡᠭᠳᠡᠵᠦ᠂ ᠴᠡᠷᠢᠭ ᠠᠴᠠ ᠬᠠᠯᠬᠠᠳᠠᠭᠰᠠᠳ ᠢ 210 ᠬᠦᠮᠦᠨ ᠲᠤᠬᠢᠷᠠᠭᠤᠯᠵᠠᠢ᠃ 22 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠨᠡᠶᠢᠳᠡ ᠶᠢᠨ ᠲᠦᠷᠢᠶᠡᠰᠦᠨ ᠤᠷᠤᠨ ᠰᠠᠭᠤᠴᠨ 4458 ᠢᠵᠢ᠂ 22.5 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠵᠠᠢ᠂ ᠰᠢ ᠱᠠᠨ ᠰᠢᠨ᠎ᠠ ᠲᠤᠭᠤᠷᠢᠭ ᠤᠨ ᠨᠠᠢᠮᠠᠳᠣᠭᠠᠷ ᠬᠤᠭᠤᠴᠠᠭ᠎ᠠ᠂ ᠶᠢᠰᠦᠳᠦᠬᠡᠷ ᠬᠤᠭᠤᠴᠠᠭᠠᠨ ᠤ ᠠᠷᠠᠳ ᠢ ᠨᠡᠬᠦᠯᠬᠡᠨ ᠪᠠᠯᠭᠠᠰᠦ ᠶᠢ ᠦᠷᠬᠡᠳᠬᠡᠬᠦ ᠪᠠᠷᠢᠯᠭ᠎ᠠ 664 ᠡᠷᠦᠬᠡ ᠪᠠᠶᠢᠭᠤᠯᠵᠣ᠂ ᠨᠤᠷᠠᠬᠤ ᠠᠶᠤᠯᠳᠠᠢ ᠬᠡᠷ ᠪᠠᠶᠢᠰᠢᠩ ᠢ 12548 ᠡᠷᠦᠬᠡ ᠵᠠᠰᠠᠨ ᠰᠢᠨᠡᠳᠬᠡᠵᠡᠢ᠃ ᠭᠠᠮᠰᠢᠭ  ᠠᠴᠠ ᠠᠪᠤᠷᠠᠬᠤ ᠪᠡᠯᠨ ᠮᠦᠩᠭᠦ 3541 ᠲᠦᠮᠡᠨ ᠲᠦᠬᠦᠷᠢᠭ ᠤᠷᠤᠭᠤᠯᠵᠦ᠂ ᠭᠠᠮᠰᠢᠭᠳᠠᠭᠰᠨᠨ ᠠᠷᠠᠳ ᠤᠨ ᠦᠢᠯᠡᠳᠪᠤᠷᠢᠯᠡᠯ ᠠᠮᠢᠳᠤᠷᠠᠯ ᠢ ᠪᠠᠳᠤᠯᠠᠪᠠ᠃ ᠰᠤᠷᠭᠠᠨ ᠬᠦᠮᠦᠵᠢᠯ᠂ ᠡᠮ ᠡᠮᠨᠡᠯᠬᠡ᠂ ᠡᠷᠡᠬᠦᠯ ᠬᠠᠮᠠᠭᠠᠯᠠᠯ᠂ ᠰᠤᠶᠤᠯ ᠪᠡᠶ᠎ᠠ ᠲᠠᠮᠢᠷ ᠵᠡᠷᠬᠡ ᠦᠢᠯᠡᠰ ᠪᠦᠬᠦ ᠲᠠᠯ᠎ᠠ ᠪᠠᠷ ᠬᠦᠭᠵᠢᠵᠦ᠂ ᠨᠡᠶᠢᠬᠡᠮ ᠤᠨ ᠪᠠᠳᠤᠯᠭ᠎ᠠ ᠪᠠ ᠲᠤᠰᠠᠯᠠᠮᠵᠢ ᠶᠢᠨ ᠲᠤᠭᠳᠠᠯᠴᠠᠭ᠎ᠠ ᠲᠡᠬᠦᠯᠳᠡᠷᠵᠢᠵᠡᠢ᠃       — ᠦᠩᠬᠡᠷᠡᠭᠰᠡᠨ ᠲᠠᠪᠦᠨ ᠵᠢᠯ ᠪᠤᠯ᠂ ᠬᠤᠳᠠ ᠬᠦᠳᠡᠭᠡ ᠶᠢᠨ ᠦᠩᠭᠡ ᠲᠦᠷᠰᠦ ᠢᠯᠡᠳᠳᠡ ᠬᠤᠪᠢᠷᠠᠵᠦ᠂ ᠤᠷᠴᠢᠨ ᠲᠤᠭᠤᠷᠢᠨ ᠤ ᠶᠠᠰᠦ ᠴᠢᠨᠠᠷ ᠦᠷᠬᠦᠯᠵᠢᠯᠡᠨ ᠰᠠᠶᠢᠵᠢᠷᠠᠭᠰᠠᠨ ᠲᠠᠪᠦᠨ ᠵᠢᠯ ᠪᠤᠯᠤᠨ᠎ᠠ᠃ ᠢᠨᠳᠡᠷ ᠤᠨ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠭᠰᠠᠨ ᠲᠤᠭᠤᠷᠢᠭ ᠤᠨ ᠲᠠᠯᠠᠪᠠᠢ 9.36 ᠲᠡᠭᠰᠢ ᠲᠦᠷᠪᠡᠯᠵᠢᠨ ᠺᠢᠯᠦᠮᠧᠲᠷ ᠠᠴᠠ 15.06 ᠲᠡᠭᠰᠢ ᠲᠦᠷᠪᠡᠯᠵᠢᠨ ᠺᠢᠯᠦᠮᠧᠲᠷ ᠪᠤᠯᠤᠨ ᠦᠷᠬᠡᠳᠴᠦ᠂ ᠪᠤᠵᠠᠷ ᠤᠰᠦ ᠶᠢ ᠲᠦᠪᠯᠡᠷᠡᠬᠦᠯᠦᠨ ᠰᠢᠢᠳᠪᠦᠷᠢᠯᠡᠭᠰᠡᠨ ᠨᠤᠷᠮ᠎ᠠ 94% ᠳᠤ ᠬᠦᠷᠴᠦ᠂ ᠬᠤᠭ ᠨᠤᠪᠰᠢ ᠶᠢ ᠬᠤᠤᠷ ᠬᠦᠨᠦᠬᠡᠯ ᠦᠬᠡᠢ ᠰᠢᠢᠳᠪᠤᠷᠢᠯᠡᠭᠰᠡᠨ ᠨᠤᠷᠮ᠎ᠠ 95% ᠳᠤ ᠬᠦᠷᠴᠦ᠂ ᠬᠤᠲᠠ ᠪᠠᠯᠭᠠᠰᠣᠨ ᠤ ᠰᠠᠭᠤᠷᠢ ᠲᠦᠬᠦᠬᠡᠷᠤᠮᠵᠢ ᠤᠯᠠᠮ ᠨᠢᠬᠡ ᠠᠯᠬᠤᠮ ᠲᠡᠬᠦᠯᠳᠡᠷᠵᠢᠵᠡᠢ᠃ ᠦᠪᠡᠷᠲᠡᠭᠡᠨ ᠵᠠᠰᠠᠬᠤ ᠣᠷᠣᠨ ᠤ ︽ᠦᠵᠡᠮᠵᠢᠲᠦ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ ᠶᠢᠨ ᠭᠤᠣᠯᠳᠠᠯᠭ᠎ᠠ ᠲᠠᠢ ᠲᠦᠯᠬᠢᠨ ᠠᠬᠢᠭᠤᠯᠬᠤ ᠬᠤᠰᠢᠭᠤ ᠰᠢᠶᠠᠨ︾ ᠢᠶᠠᠷ ᠦᠨᠡᠯᠡᠭᠳᠡᠪᠠ᠃ 142   ᠭᠠᠴᠠᠭ᠎ᠠ ᠲᠤᠰᠬᠤᠨ ᠪᠠ 157 ᠠᠶᠢᠯ ᠲᠣᠰᠬᠤᠨ 《 ᠠᠷᠪᠠ ᠶᠢ ᠪᠦᠷᠬᠦᠬᠦᠯᠬᠦ 》 ᠶᠢ ᠪᠡᠶᠡᠯᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠦᠩᠭᠡ ᠲᠦᠷᠰᠦ ᠪᠤᠯᠤᠨ ᠨᠡᠶᠢᠬᠡᠮ ᠨᠡᠶᠢᠳᠡ ᠶᠢᠨ ᠦᠢᠯᠡᠴᠢᠯᠡᠬᠡᠨ ᠤ ᠬᠢᠷᠢ ᠲᠦᠪᠰᠢᠨ ᠪᠦᠳᠦᠮᠵᠢᠳᠡᠢ ᠲᠡᠭᠡᠭᠰᠢᠯᠡᠵᠡᠢ᠃   ᠵᠠᠮ ᠤᠨ ᠪᠦᠲᠦᠭᠡᠨ   ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠵᠣ᠂ ᠪᠦᠬᠦ ᠬᠤᠰᠢᠭᠤᠨ ᠤ ᠵᠠᠰᠠᠮᠠᠯ   ᠵᠠᠮ  2384 ᠺᠢᠯᠤᠮᠧᠲᠷ ᠲᠤ ᠬᠦᠷᠪᠡ᠃ ︽ᠭᠤᠷᠪᠠᠨ ᠤᠮᠠᠷᠠᠳᠦ︾ ᠶᠢᠨ ᠬᠠᠯᠬᠠᠪᠴᠢ ᠤᠢ᠂ ᠭᠤᠤᠯᠳᠠᠯᠭ᠎ᠠ ᠲᠠᠢ ᠤᠷᠤᠨ ᠢ ᠨᠤᠭᠤᠭᠠᠷᠠᠭᠤᠯᠬᠤ᠂ ᠠᠭᠤᠯᠨ ᠶᠢ ᠪᠢᠳᠡᠬᠦᠮᠵᠢᠯᠡᠨ ᠤᠶᠢᠵᠢᠭᠤᠯᠬᠤ᠂ ᠬᠤᠪᠠᠭ᠋ᠠᠢ ᠠᠭᠤᠯᠨ ᠶᠢ ᠤᠶᠢᠵᠢᠭᠤᠯᠬᠤ ᠵᠡᠷᠬᠡ ᠡᠬᠦᠷᠬᠡ ᠶᠢ 60 ᠲᠦᠮᠡᠨ ᠮᠦ ᠪᠡᠶᠡᠯᠡᠬᠦᠯᠵᠦ᠂ ᠤᠢ ᠰᠢᠭᠤᠢ ᠶᠢᠨ ᠪᠦᠷᠬᠦᠴᠡ 30.11% ᠳᠤ ᠬᠦᠷᠴᠡᠢ᠃       ᠲᠦᠯᠦᠬᠡᠯᠡᠭᠴᠢᠳ ᠡ᠂ ᠦᠩᠭᠡᠷᠡᠨ ᠤᠳᠤᠭᠰᠠᠨ 2015 ᠤᠨ ᠪᠤᠯ 《 ᠠᠷᠪᠠᠨ ᠬᠤᠶᠠᠳᠤᠭᠠᠷ ᠲᠠᠪᠦᠨ ᠵᠢᠯ  ᠤᠨ ᠲᠦᠯᠦᠪᠵᠢᠭᠦᠯᠭᠡ 》 ᠶᠢᠨ ᠡᠴᠦᠰ ᠤᠨ ᠨᠢᠬᠡ ᠵᠢᠯ᠂ ᠨᠡᠩ ᠴᠦ ᠮᠠᠨ ᠤ ᠬᠤᠰᠢᠭᠤ ᠤᠯᠠᠨ ᠤᠯᠠᠨ ᠬᠦᠴᠢᠷᠳᠡᠯ ᠪᠠ ᠦᠷᠢᠰᠦᠯᠳᠦᠬᠡᠨ ᠳᠤ ᠠᠵᠦ ᠠᠬᠤᠢ ᠨᠡᠶᠢᠬᠡᠮ ᠤᠨ ᠲᠤᠭᠳᠠᠭᠤᠨ ᠤ ᠲᠤᠮᠳᠠ ᠨᠡᠯᠢᠶᠡᠳ ᠲᠦᠷᠬᠡᠨ ᠬᠦᠭᠵᠢᠬᠦ ᠶᠢ ᠴᠢᠷᠮᠠᠶᠢᠨ ᠪᠠᠳᠤᠯᠠᠭᠰᠠᠨ ᠨᠢᠬᠡ ᠵᠢᠯ ᠪᠤᠯᠤᠨ᠎ᠠ᠃ ᠤᠷᠤᠨ ᠨᠤᠳᠤᠭ ᠤᠨ ᠦᠢᠯᠡᠳᠪᠤᠷᠢᠯᠡᠯ ᠤᠨ ᠪᠦᠬᠦ ᠦᠷᠳᠡᠭ ᠳᠡᠭᠡᠷ᠎ᠡ ᠵᠢᠯ ᠲᠠᠢ ᠠᠳᠠᠯᠢᠳᠬᠠᠪᠠᠯ 9.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠦ ᠤᠶᠢᠯᠡᠳᠪᠤᠷᠢ ᠶᠢᠨ ᠨᠡᠮᠡᠯᠳᠡ ᠦᠷᠳᠡᠭ ᠠᠳᠠᠯᠢᠳᠬᠠᠪᠠᠯ 12.9% ᠢᠶᠠᠷ ᠨᠡᠮᠡᠭᠳᠡᠵᠦ᠂ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠠᠳᠠᠯᠢᠳᠬᠠᠪᠠᠯ 18.2% ᠢᠶᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢᠳᠬᠠᠪᠠᠯ 8.6% ᠪᠠᠷ ᠨᠡᠮᠡᠭᠳᠡᠵᠡᠢ᠃ ᠨᠡᠶᠢᠬᠡᠮ ᠨᠡᠶᠢᠳᠡ ᠶᠢᠨ ᠡᠳ᠋  ᠤᠨ ᠵᠠᠰᠠᠭ ᠤᠨ ᠲᠦᠰᠦᠪ ᠤᠨ ᠤᠷᠤᠯᠭ᠎ᠠ ᠠᠳᠠᠯᠢᠳᠬᠠᠪᠠᠯ 53.6% ᠪᠠᠷ ᠨᠡᠮᠡᠭᠳᠡᠵᠦ᠂ ᠨᠡᠶᠢᠬᠡᠮ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠠᠳᠠᠯᠢᠳᠬᠠᠪᠠᠯ 32.2% ᠢᠶᠠᠷ ᠨᠡᠮᠡᠭᠳᠡᠵᠦ᠂ ᠬᠤᠳᠠ ᠬᠦᠳᠡᠭᠡ  ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠲᠤᠰᠪᠤᠷᠢ ᠠᠳᠠᠯᠢᠳᠬᠠᠪᠠᠯ 8.7% ᠪᠠ 8.8 %   ᠪᠠᠷ ᠨᠡᠮᠡᠭᠳᠡᠪᠡ᠃       ᠨᠢᠬᠡ ᠵᠢᠯ ᠤᠨ ᠲᠤᠷᠰᠢ᠂ ᠪᠢᠳᠡ ᠬᠦᠴᠦ ᠪᠠᠨ ᠲᠦᠪᠯᠡᠷᠡᠬᠦᠯᠦᠨ᠂ ᠠᠵᠦ ᠦᠢᠯᠡᠰ   ᠢ ᠠᠳᠬᠤᠵᠦ᠂ ᠪᠦᠳᠦᠴᠨ ᠶᠢ ᠲᠤᠬᠢᠷᠠᠭᠤᠯᠤᠨ᠂ ᠬᠦᠭᠵᠢᠯᠳᠡ ᠶᠢᠨ ᠨᠦᠬᠡᠴᠡ ᠬᠦᠴᠦ ᠲᠠᠰᠤᠷᠠᠯᠳᠠ ᠦᠬᠡᠢ ᠲᠡᠭᠡᠭᠰᠢᠯᠡᠪᠡ᠃       ᠬᠦᠳᠡᠭᠡ ᠲᠤᠰᠬᠤᠨ ᠤ ᠠᠵᠦ ᠠᠬᠤᠢ ᠲᠦᠷᠬᠡᠨ ᠬᠦᠭᠵᠢᠪᠡ᠃ ᠭᠤᠤᠯᠳᠠᠯᠭᠠᠳᠦ ᠤᠰᠤᠨ ᠠᠰᠢᠭᠯᠠᠯᠳᠠ ᠶᠢᠨ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠴᠤᠤᠯ ᠤᠰᠤᠨ ᠠᠰᠢᠭᠯᠠᠯᠳᠠ ᠶᠢᠨ ᠭᠤᠤᠯ ᠬᠦᠢᠰᠦᠨ  ᠤ ᠲᠤᠤᠷᠠᠳᠦ ᠤᠷᠤᠰᠬᠠᠯ ᠤᠨ ᠤᠰᠤᠯᠠᠯᠳᠠ ᠶᠢᠨ ᠤᠷᠤᠨ ᠤ ᠪᠠᠷᠢᠯᠭ᠎ᠠ ᠪᠦᠬᠦ ᠲᠠᠯ᠎ᠠ ᠪᠠᠷ ᠡᠬᠢᠯᠡᠵᠦ᠂ 2.1 ᠳ᠋ᠦᠩᠰᠢᠭᠤᠷ ᠲᠦᠬᠦᠷᠢᠭ ᠤᠨ ᠪᠡᠯᠨ ᠣᠷᠣᠭᠤᠯᠣᠯᠲᠠ ᠶᠢ ᠪᠡᠶᠡᠯᠡᠭᠦᠯᠵᠡᠢ᠃ ︽ᠴᠤᠤᠯ ᠭᠤᠤᠯ ᠤᠨ ᠤᠰᠦ ᠶᠢ ᠲᠠᠳᠠᠵᠦ ᠲᠦᠩᠯᠢᠶᠤᠤ ᠶᠢ ᠲᠤᠰᠠᠯᠠᠬᠤ︾ ᠦᠨᠳᠡᠬᠡᠨ ᠴᠦᠬᠦᠷᠦᠮ ᠤᠨ ᠤᠰᠤᠨ ᠠᠰᠢᠭᠯᠠᠯᠳᠠ ᠶᠢᠨ ᠭᠤᠤᠯ ᠬᠦᠢᠰᠦᠨ  ᠤ ᠪᠠᠷᠢᠯᠭ᠎ᠠ ᠶᠢᠨ ᠪᠤᠯᠤᠮᠵᠢᠳᠦ ᠮᠡᠳᠡᠬᠦᠯᠦᠯᠳᠠ ᠤᠰᠦᠨ ᠠᠰᠢᠭᠯᠠᠯᠳᠠ ᠶᠢᠨ ᠶᠠᠮᠣᠨ ᠤ ᠴᠣᠬᠤᠯᠠᠪᠣᠷᠢ ᠵᠦᠪᠰᠢᠶᠡᠷᠡᠯ ᠢ ᠤᠯᠵᠦ᠂ ᠬᠠᠮᠳᠦ ᠳᠤ ᠨᠢ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠳᠤ ᠲᠡᠬᠡᠭᠰᠢ ᠮᠡᠳᠡᠬᠦᠯᠵᠡᠢ ᠃ ᠨᠤᠨ ᠮᠦᠷᠡᠨ ᠤ ᠭᠤᠤᠯ ᠤᠷᠤᠰᠬᠠᠯ ᠢ ᠵᠠᠰᠠᠬᠤ ᠪᠠᠷᠢᠯᠭ᠎ᠠ ᠡᠬᠢᠯᠡᠮᠡᠷ ᠪᠠᠶᠢᠨ᠎ᠠ᠃ ᠴᠠᠬᠢᠯᠭᠠᠨ ᠬᠤᠳᠳᠤᠭ ᠢ 2274 ᠰᠢᠨ᠎ᠠ ᠪᠠᠷ ᠦᠷᠦᠮᠳᠠᠵᠦ᠂ ᠤᠰᠦ ᠠᠷᠪᠢᠯᠠᠬᠤ ᠤᠰᠤᠯᠠᠯᠳᠠ ᠶᠢᠨ ᠲᠠᠯᠠᠪᠠᠢ 40.5 ᠲᠦᠮᠡᠨ ᠮᠦ ᠰᠢᠨ᠎ᠠ  ᠪᠠᠷ ᠨᠡᠮᠡᠭᠳᠡᠵᠡᠢ᠃ ᠲᠠᠷᠢᠶᠠᠯᠠᠩ ᠤᠨ ᠰᠠᠭᠤᠷᠢ ᠦᠷᠬᠦᠯᠵᠢᠯᠡᠨ ᠪᠠᠳᠤᠵᠢᠵᠦ᠂ ᠪᠤᠬᠢᠷᠳᠦᠯ ᠦᠬᠡᠢ ᠲᠦᠬᠦᠬᠡᠢ ᠡᠳ᠋ ᠤᠨ ᠰᠠᠭᠤᠷᠢᠨ ᠭᠠᠵᠠᠷ 421 ᠲᠦᠮᠡᠨ ᠮᠦ ᠪᠠᠶᠢᠭᠤᠯᠵᠦ᠂ ᠪᠤᠬᠢᠷᠳᠦᠯ ᠦᠬᠡᠢ ᠤᠷᠭᠠᠨᠢᠭ ᠪᠦᠳᠦᠬᠡᠭᠳᠡᠬᠦᠨ 17.7 ᠲᠦᠮᠡᠨ ᠮᠦ ᠬᠡᠷᠡᠴᠢᠯᠡᠭᠳᠡᠪᠡ᠃ 6 ᠲᠦᠮᠡᠨ ᠮᠦ ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠤᠯᠭᠠᠨ ᠦᠬᠡᠷᠡᠴᠢᠯᠡᠵᠡᠢ᠃ ᠵᠡᠬᠦᠨ ᠬᠤᠶᠢᠳᠦ ᠶᠢᠨ ᠬᠠᠷ᠎ᠠ ᠰᠢᠷᠦᠢ ᠶᠢ ᠬᠠᠮᠠᠭᠠᠯᠠᠬᠤ ᠲᠤᠷᠰᠢᠯᠳᠠ ᠶᠢᠨ   ᠴᠢᠭ᠋ ᠤᠨ ᠲᠦᠷᠦᠯ ᠵᠦᠢᠯ ᠳᠤ ᠲᠦᠰᠢᠭᠯᠡᠵᠦ᠂ 10.8   ᠲᠦᠮᠡᠨ ᠮᠦ ᠲᠠᠷᠢᠶᠠᠨ ᠭᠠᠵᠠᠷ ᠤᠨ ᠶᠠᠰᠦ ᠴᠢᠨᠠᠷ ᠢ ᠪᠦᠳᠦᠮᠵᠢᠳᠡᠢ ᠰᠠᠶᠢᠨ ᠲᠡᠬᠡᠭᠰᠢᠯᠡᠬᠦᠯᠵᠡᠢ᠃ 4200 ᠲᠦᠮᠡᠨ ᠲᠦᠬᠦᠷᠢᠭ ᠤᠨ ᠪᠡᠯᠨ ᠤᠷᠤᠭᠤᠯᠵᠦ᠂ ᠤᠳᠦ ᠦᠶ᠎ᠠ ᠶᠢᠨ ᠦᠨᠳᠦᠷ ᠠᠰᠢᠭᠳᠦ ᠲᠦᠬᠦᠬᠡᠷᠤᠮᠵᠢᠳᠦ ᠲᠠᠷᠢᠶᠠᠯᠠᠩ   ᠤᠨ ᠬᠦᠷᠢᠶᠡᠯᠡᠩ ᠲᠤᠭᠤᠷᠢᠭ ᠢ 13 ᠲᠦᠮᠡᠨ ᠲᠡᠭᠰᠢ ᠲᠦᠷᠪᠡᠯᠵᠢᠨ ᠮᠧᠲᠷ ᠪᠠᠶᠢᠭᠤᠯᠪᠠ᠃ ᠤᠰᠤᠨ ᠲᠤᠳᠤᠷᠭ᠎ᠠ ᠶᠢᠨ ᠤᠶᠤᠨᠴᠢᠯᠠᠭᠰᠠᠨ ᠦᠷ᠎ᠠ ᠲᠠᠪᠳᠦᠬᠡᠨ ᠰᠤᠶᠤᠭᠠᠯᠠᠭᠤᠯᠬᠤ ᠰᠠᠭᠤᠷᠢᠨ ᠭᠠᠵᠠᠷ ᠢ 4 ᠪᠠᠶᠢᠭᠤᠯᠵᠦ᠂ ᠤᠰᠤᠨ ᠲᠤᠳᠤᠷᠭ᠎ᠠ ᠶᠢᠨ ᠦᠢᠯᠡᠳᠪᠦᠷᠢᠵᠢᠭᠰᠡᠨ ᠴᠢᠬᠢ ᠪᠤᠶᠢᠵᠢᠭᠤᠯᠬᠤ ᠶᠢ ᠪᠦᠷᠬᠦᠬᠦᠯᠬᠦ  ᠶᠢ ᠪᠡᠶᠡᠯᠡᠬᠦᠯᠵᠡᠢ᠃ ︽ᠪᠦᠬᠦ ᠤᠯᠤᠰ ᠤᠨ ᠤᠷᠭᠠᠨᠢᠭ ᠪᠦᠳᠦᠬᠡᠭᠳᠡᠬᠦᠨ ᠢ ᠪᠠᠳᠤᠯᠠᠨ ᠵᠢᠱᠢᠶ᠎ᠡ ᠦᠵᠡᠬᠦᠯᠬᠦ ᠶᠢ ᠡᠬᠦᠳᠦᠨ ᠪᠠᠶᠢᠭᠤᠯᠬᠤ ᠤᠷᠤᠨ︾ ᠪᠠ ︽ᠤᠯᠤᠰ ᠤᠨ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠠ  ᠶᠢᠨ ᠶᠠᠰᠦ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠵᠢᠱᠢᠶ᠎ᠠ ᠦᠵᠡᠬᠦᠯᠬᠦ ᠬᠤᠰᠢᠭᠤ︾ ᠶᠢᠨ ᠡᠩᠨᠡᠬᠡᠨ  ᠳᠤ ᠤᠷᠤᠵᠦ᠂ ︽ᠵᠠᠯᠠᠶᠢᠳ ᠤᠨ ᠲᠤᠳᠤᠷᠭ᠎ᠠ︾᠂ ︽ᠦ᠋ ᠵᠢᠶᠠ ᠬᠤ᠋ ᠶᠢᠨ ᠨᠠᠷᠢᠮᠦ︾ ᠲᠠᠷᠢᠶᠠᠯᠠᠩ ᠤᠨ ᠶᠠᠮᠣᠨ ᠤ ᠭᠠᠵᠠᠷ ᠰᠢᠷᠣᠢ ᠶᠢᠨ ᠪᠠᠷᠢᠮᠵᠢᠶ᠎ᠠ ᠶᠢᠨ ᠬᠢᠨᠠᠨ ᠲᠤᠭᠳᠠᠭᠠᠯ ᠢ ᠤᠷᠤᠭᠰᠢᠳᠠᠢ ᠲᠤᠭᠤᠯᠵᠠᠢ᠃ ᠮᠠᠯ ᠠᠵᠦ ᠠᠬᠤᠢ ᠶᠢᠨ ᠬᠦᠭᠵᠢᠯᠳᠡ ᠶᠢᠨ ᠠᠯᠬᠤᠭ᠎ᠠ ᠲᠦᠷᠬᠡᠳᠴᠦ᠂ ᠡᠳ᠋ ᠤᠨ ᠵᠠᠰᠠᠭ ᠤᠨ ᠤᠳᠦ ᠦᠶ᠎ᠠ ᠶᠢᠨ ᠲᠠᠷᠢᠶᠠᠯᠠᠩ ᠤᠨ ᠠᠯᠠᠰᠢᠨ ᠦᠬᠡᠷ ᠢ ᠲᠡᠵᠢᠬᠡᠨ ᠦᠷᠡᠵᠢᠬᠦᠯᠬᠦ ᠬᠦᠷᠢᠶᠡᠯᠡᠩ ᠲᠤᠭᠤᠷᠢᠭ ᠤᠨ ᠲᠦᠷᠦᠯ ᠵᠦᠢᠯ ᠳᠤ ᠲᠦᠰᠢᠭᠯᠡᠵᠦ᠂ ᠰᠢᠩ ᠷᠦᠨ ᠤᠳᠦ ᠦᠶ᠎ᠠ ᠶᠢᠨ ᠠᠯᠠᠰᠢᠨ ᠦᠬᠡᠷ ᠲᠡᠵᠢᠬᠡᠨ ᠦᠷᠡᠵᠢᠬᠦᠯᠬᠦ ᠠᠵᠦ ᠠᠬᠤᠶᠢᠯᠠᠯ ᠢ ᠤᠷᠤᠭᠤᠯᠵᠦ᠂ 6000 ᠲᠦᠮᠡᠨ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠡᠢ᠃ ᠣᠮᠠᠷᠠᠲᠣ ᠬᠡᠰᠡᠭ ᠤᠨ ᠭᠠᠵᠠᠷ ᠤᠷᠤᠨ ᠤ ᠮᠢᠬᠠᠨ ᠤ ᠬᠤᠨᠢ ᠲᠡᠵᠢᠬᠡᠨ ᠦᠷᠡᠵᠢᠬᠦᠯᠬᠦ ᠵᠢᠱᠢᠶ᠎ᠠ ᠦᠵᠡᠬᠦᠯᠬᠦ ᠪᠦᠰᠠ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠲᠦᠯᠬᠢᠨ ᠠᠬᠢᠭᠤᠯᠵᠦ᠂ ᠮᠧᠩ ᠶᠠᠩ ᠮᠠᠯ ᠠᠵᠦ ᠠᠬᠤᠢ ︽ᠬᠤᠨᠢ ᠬᠤᠷᠰᠢᠨ ᠲᠡᠵᠢᠬᠡᠬᠦ︾ ᠬᠤᠷᠰᠢᠶᠠᠵᠢᠯ ᠤᠨ ᠬᠡᠪ ᠵᠠᠭᠪᠣᠷ ᠢ ᠨᠡᠬᠡᠬᠡᠵᠦ᠂ ᠲᠦᠮᠡᠨ ᠮᠦ ᠡᠪᠡᠰᠦ ᠪᠡᠯᠴᠢᠬᠡᠷ ᠲᠠᠢ ᠦᠨᠳᠦᠷ ᠠᠰᠢᠭᠳᠦ ᠲᠡᠵᠢᠭᠡᠨ ᠦᠷᠡᠵᠢᠭᠦᠯᠬᠦ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠭ ᠢ ᠡᠬᠢᠯᠡᠬᠦᠯᠵᠦ᠂ ᠬᠦᠯᠳᠡᠬᠡᠮᠡᠯ ᠡᠳ᠋ ᠤᠨ ᠬᠢᠨᠵᠢᠯᠢᠭ ᠪᠠᠷᠠᠭᠠᠨ ᠬᠦᠢᠯᠬᠡᠬᠡᠨ ᠤ ᠲᠤᠬᠢᠷᠠᠭᠤᠯᠤᠨ ᠬᠦᠷᠬᠡᠬᠦ ᠲᠦᠪ ᠤᠨ ᠲᠦᠰᠦᠪᠵᠢᠬᠦᠯᠬᠡ ᠶᠢ ᠲᠦᠯᠦᠪᠯᠡᠵᠦ ᠲᠠᠭᠤᠰᠬᠠᠵᠠᠢ᠃ ᠠᠮᠢᠳᠣ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ ᠶᠢ ᠠᠮᠢᠯᠠᠭᠤᠯᠣᠨ ᠰᠡᠷᠭᠦᠭᠡᠬᠦ ᠬᠦᠴᠦᠯᠡᠴᠡ ᠪᠠᠨ ᠲᠠᠰᠣᠷᠠᠯᠲᠠ ᠦᠭᠡᠢ ᠶᠡᠬᠡᠳᠭᠡᠵᠦ᠂ 6 ᠵᠢᠯ ᠲᠠᠷᠠᠭᠠᠯᠠᠨ ᠪᠦᠬᠦ ᠤᠯᠤᠰ ᠤᠨ ᠠᠮᠢᠳᠦ ᠭᠠᠭ᠋ᠠᠢ ᠶᠢ ᠭᠠᠳᠠᠭᠰᠢ ᠭᠠᠷᠭᠠᠬᠤ ᠶᠡᠭᠡ ᠰᠢᠶᠡᠨ ᠢᠶᠠᠷ ᠦᠨᠡᠯᠡᠭᠳᠡᠵᠡᠢ᠃       ᠠᠵᠦ ᠦᠢᠯᠡᠳᠪᠤᠷᠢ ᠶᠢᠨ ᠠᠵᠦ ᠠᠬᠤᠢ ᠶᠢᠨ ᠪᠣᠳᠠᠳᠣ ᠬᠦᠴᠦᠨ ᠢ ᠴᠢᠩᠭᠠᠳᠬᠠᠵᠠᠢ᠃   ᠮᠢᠩᠭᠠᠨ ᠲᠦᠮᠡᠨ ᠲᠦᠬᠦᠷᠢᠭ ᠠᠴᠠ ᠲᠡᠬᠡᠭᠰᠢᠬᠢ ᠠᠵᠦ ᠦᠢᠯᠡᠳᠪᠤᠷᠢ ᠶᠢᠨ ᠲᠦᠷᠦᠯ ᠵᠦᠢᠯ 25 ᠶᠢ ᠲᠦᠯᠬᠢᠨ ᠠᠬᠢᠭᠤᠯᠵᠦ᠂ 15 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠯᠳᠠ ᠶᠢ ᠪᠡᠶᠡᠯᠡᠬᠦᠯᠵᠦ᠂ ᠮᠧᠩ ᠶᠠᠩ ᠮᠠᠯ ᠠᠵᠦ ᠠᠬᠤᠢ ᠶᠢᠨ ᠬᠦᠷᠢᠶᠡᠯᠡᠩ ᠲᠤᠭᠤᠷᠢᠭ᠂ ᠵᠢᠶᠦ᠋ᠨ ᠡᠾᠧ ᠰᠢᠬᠢᠷ ᠤᠨ ᠦᠢᠯᠡᠰ ᠤᠨ ᠰᠢᠬᠢᠷ ᠯᠤᠤᠪᠠᠩ ᠪᠤᠯᠪᠠᠰᠤᠷᠠᠭᠤᠯᠬᠤ ᠵᠡᠷᠬᠡ ᠲᠦᠷᠦᠯ ᠵᠦᠢᠯ ᠤᠨ ᠠᠬᠢᠴᠨ ᠤᠷᠤᠭᠰᠢᠳᠠᠢ ᠪᠠᠶᠢᠵᠦ᠂ ᠵᠦᠩ ᠨᠦᠩ ᠪᠤᠬᠢᠷᠳᠤᠯ ᠦᠬᠡᠢ ᠡᠨᠧᠷᠬᠢ ᠶᠢᠨ ᠪᠠᠶᠢᠭᠠᠯᠢ  ᠶᠢᠨ ᠰᠢᠳᠠᠮᠠᠬᠠᠢ ᠬᠡᠢ ᠶᠢ ᠲᠠᠬᠢᠨ ᠠᠰᠢᠭᠯᠠᠬᠤ᠂ ᠱᠧᠨ ᠮᠠ ᠠᠭᠤᠷᠬᠠᠢ ᠶᠢᠨ ᠦᠢᠯᠡᠰ ᠤᠨ ᠭᠠᠨᠳᠢᠭ   ᠴᠢᠯᠠᠭᠤᠯᠢᠭ ᠢ ᠪᠤᠯᠪᠠᠰᠤᠷᠠᠭᠤᠯᠬᠤ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠯᠬᠤᠭ᠎ᠠ ᠲᠦᠷᠭᠡᠰᠪᠡ᠃ ᠡᠾᠧᠩ ᠳ᠋ᠠ ᠰᠢᠨ ᠬᠦ᠋ ᠶᠤᠸᠠᠨ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠦᠯ ᠵᠦᠢᠯ ᠤᠨ ᠲᠦᠬᠦᠬᠡᠷᠦᠮᠵᠢ ᠶᠢ ᠲᠤᠬᠢᠷᠠᠭᠤᠯᠤᠨ ᠲᠤᠷᠰᠢᠬᠤ ᠶᠢ ᠪᠡᠶᠡᠯᠡᠬᠦᠯᠵᠦ᠂ ᠱᠠᠨ ᠱᠦᠢ ᠱᠦᠢᠨᠢ᠂ ᠰᠢᠩ ᠢ ᠨᠦᠩ ᠹᠧᠩ ᠵᠡᠷᠬᠡ ᠺᠤᠮᠫᠠᠨᠢ ᠶᠢᠨ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠦᠯ ᠵᠦᠢᠯ ᠠᠰᠢᠭᠯᠠᠯᠳᠠ ᠳᠤ ᠤᠷᠤᠪᠠ᠃ ᠦ᠋ ᠵᠸᠦ ᠡᠨᠧᠷᠬᠢ ᠠᠷᠪᠢᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠤᠶᠢᠯᠡᠳᠪᠤᠷᠢᠯᠡᠯ ᠤᠨ ᠱᠤᠭᠤᠮ ᠰᠢᠨ᠎ᠠ ᠪᠠᠷ 7 ᠨᠡᠮᠡᠭᠳᠡᠵᠦ᠂ ᠯᠢ ᠲᠦᠩ ᠴᠠᠭᠠᠨ ᠢᠳᠡᠭᠡ ᠦᠢᠯᠡᠳᠪᠤᠷᠢᠯᠡᠨ ᠪᠤᠯᠪᠠᠰᠤᠷᠠᠭᠤᠯᠬᠤ ᠲᠦᠬᠦᠬᠡᠷᠤᠮᠵᠢ᠂ ᠶᠢᠨ ᠵᠤ᠋ ᠠᠮᠦ ᠶᠢᠨ ᠦᠢᠯᠡᠰ ᠤᠨ ᠡᠳᠦᠷ ᠲᠤ 160 ᠲᠤᠨ ᠦᠢᠯᠡᠳᠪᠤᠷᠢᠯᠡᠬᠦ ᠤᠰᠤᠨ ᠲᠤᠳᠤᠷᠭ᠎ᠠ ᠶᠢᠨ ᠦᠢᠯᠡᠳᠪᠤᠷᠢᠯᠡᠯ ᠤᠨ ᠱᠤᠭᠤᠮ ᠢ ᠤᠬᠰᠠᠷᠠᠵᠦ ᠲᠠᠭᠤᠰᠬᠠᠵᠠᠢ᠃ ᠠᠵᠦ ᠠᠬᠤᠶᠢᠯᠠᠯ ᠢ ᠠᠮᠢᠯᠠᠭᠤᠯᠣᠨ ᠲᠡᠰ ᠲᠡᠪᠰᠢᠬᠦᠯᠬᠦ ᠶᠢ ᠪᠦᠬᠦ ᠬᠦᠴᠦ ᠪᠠᠷ ᠲᠦᠯᠬᠢᠨ ᠠᠬᠢᠭᠤᠯᠵᠣ᠂ ᠯᠦᠩ ᠳ᠋ᠢᠩ ᠲᠠᠷᠢᠶᠠᠯᠠᠩ ᠢ ᠤᠷᠤᠭᠤᠯᠵᠦ᠂ ᠶᠤᠸᠠᠨ ᠯᠦᠩ ᠶᠤᠸᠠᠨ ᠠᠵᠦ ᠦᠢᠯᠡᠰ ᠤᠨ ᠬᠦᠷᠢᠶᠡᠯᠡᠩ ᠲᠤᠭᠤᠷᠢᠭ ᠢ ᠪᠦᠲᠦᠮᠵᠢᠲᠡᠢ ᠠᠮᠢᠯᠠᠭᠤᠯᠵᠣ᠂ ᠰᠢᠬᠢᠷᠳᠦ ᠤᠳ᠋ᠪᠠᠯ᠎ᠠ ᠰᠢᠬᠢᠷ ᠤᠨ ᠦᠢᠯᠡᠳᠪᠤᠷᠢ ᠶᠢᠨ ᠮᠡᠷᠬᠡᠵᠢᠯ ᠤᠨ ᠦᠬᠡᠷᠡᠴᠢᠯᠡᠯᠳᠡ ᠶᠢᠨ ᠲᠦᠷᠦᠯ ᠵᠦᠢᠯ ᠢ ᠲᠤᠬᠢᠷᠠᠭᠤᠯᠤᠨ ᠲᠤᠷᠰᠢᠵᠦ ᠦᠢᠯᠡᠳᠪᠤᠷᠢᠯᠡᠬᠦ ᠶᠢ ᠪᠡᠶᠡᠯᠡᠬᠦᠯᠪᠡ᠃ ᠵᠢᠶᠠ ᠯᠢ ᠮᠢᠩ ᠬᠤᠭᠤᠯᠠᠢ ᠶᠢᠨ ᠦᠢᠯᠡᠰ ᠵᠡᠷᠬᠡ 6 ᠡᠷᠦᠬᠡ ᠠᠵᠦ ᠠᠬᠤᠶᠢᠯᠠᠯ 《 ᠠᠵᠦ ᠦᠢᠯᠡᠳᠪᠤᠷᠢᠵᠢᠯᠳᠠ᠂ ᠰᠤᠷᠠᠭ ᠵᠠᠩᠭᠢᠴᠢᠯᠠᠯᠲᠠ ᠶᠢ   ᠨᠢᠭᠡᠳᠭᠡᠭᠦ︾ ᠪᠠᠷᠢᠮᠵᠢᠶ᠎ᠠ ᠳᠤ ᠬᠦᠷᠬᠦ ᠶᠢ ᠪᠡᠶᠡᠯᠡᠬᠦᠯᠵᠡᠢ᠃ ᠬᠡᠪᠴᠢᠶᠡᠵᠢᠯ ᠠᠴᠠ ᠳᠡᠭᠡᠭᠰᠢᠬᠢ ᠠᠵᠣ ᠠᠬᠤᠶᠢᠯᠠᠯ 6 ᠡᠷᠦᠬᠡ ᠰᠢᠨ᠎ᠡ ᠪᠠᠷ ᠣᠷᠣᠵᠣ ᠰᠠᠭᠤᠷᠢᠰᠢᠵᠠᠢ᠃ ᠴᠤᠤᠯ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠬᠡᠷᠤᠮᠵᠢ ᠲᠠᠰᠤᠷᠠᠯᠳᠠ ᠦᠬᠡᠢ ᠲᠡᠬᠦᠯᠳᠡᠷᠵᠢᠵᠦ᠂ ᠤᠰᠦ ᠬᠠᠩᠭᠠᠬᠤ ᠪᠠᠷᠢᠯᠭ᠎ᠠ ᠶᠢᠨ ᠤᠰᠤᠨ ᠬᠦᠬᠡᠷᠬᠡ ᠶᠢᠨ ᠦᠷᠳᠡᠭᠡ ᠶᠢᠨ ᠭᠤᠤᠯ ᠴᠤᠭᠴᠨ ᠪᠠᠷᠢᠯᠭ᠎ᠠ ᠲᠠᠭᠤᠰᠴᠦ᠂ ᠴᠢᠮᠡᠭᠡ ᠨᠡᠪᠳᠡᠷᠡᠬᠦᠯᠬᠡ ᠶᠢᠨ ᠭᠡᠷᠡᠯᠯᠢᠭ ᠣᠲᠠᠰᠣᠨ ᠢᠨᠵᠧᠨᠧᠷᠢᠩ ᠤᠨ ᠬᠤᠭᠤᠯᠠᠢ ᠱᠤᠭᠤᠮ ᠢ ᠪᠦᠬᠦᠨ ᠢ ᠲᠠᠪᠢᠰᠴᠦ ᠲᠠᠭᠤᠰᠬᠠᠨ᠂ 66 ᠺᠢᠯᠤᠸᠤᠯᠲ ᠤᠨ ᠴᠠᠬᠢᠯᠭᠠᠨ ᠬᠤᠪᠢᠰᠬᠠᠭᠤᠷ ᠤᠨ ᠦᠷᠳᠡᠭᠡ ᠶᠢ ᠪᠠᠶᠢᠭᠤᠯᠤᠨ ᠠᠰᠢᠭᠯᠠᠯᠳᠠ ᠳᠤ ᠤᠷᠤᠵᠦ᠂ 3 ᠡᠷᠦᠬᠡ ᠠᠵᠦ ᠠᠬᠤᠶᠢᠯᠠᠯ ᠰᠢᠨ᠎ᠠ ᠪᠠᠷ ᠰᠠᠭᠤᠷᠢᠰᠢᠵᠣ᠂ ᠰᠢᠨ᠎ᠠ ᠪᠠᠷ ᠠᠵᠢᠯ ᠤᠯᠤᠭᠰᠠᠨ ᠬᠦᠮᠦᠨ 221 ᠨᠡᠮᠡᠭᠳᠡᠵᠦ᠂ ᠬᠦᠷᠢᠶᠡᠯᠡᠩ ᠲᠤᠭᠤᠷᠢᠭ ᠤᠨ ᠲᠦᠪᠯᠡᠷᠡᠭᠰᠡᠨ ᠬᠦᠭᠵᠢᠯᠳᠡ ᠶᠢᠨ ᠴᠢᠳᠠᠪᠤᠷᠢ ᠠᠯᠬᠤᠮ ᠠᠯᠬᠤᠮ  ᠢᠶᠠᠷ ᠲᠡᠭᠡᠭᠰᠢᠯᠡᠵᠡᠢ᠃         ᠭᠤᠷᠪᠠᠳᠤᠭᠠᠷ ᠠᠵᠦ ᠦᠢᠯᠡᠰ ᠤᠨ ᠬᠦᠭᠵᠢᠯᠳᠡ ᠶᠢᠨ ᠬᠤᠷᠳᠤᠴᠨ   ᠶᠢ ᠲᠦᠷᠬᠡᠳᠬᠡᠪᠡ᠃ ᠪᠠᠷᠠᠭᠠᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠲᠦᠷᠦᠯ ᠵᠦᠢᠯ ᠢ ᠡᠬᠢᠯᠡᠬᠦᠯᠵᠦ᠂ ᠵᠠᠯᠠᠶᠢᠳ ᠤᠷᠳᠦᠨ ᠵᠢᠴᠢ ᠡᠯᠧᠺᠲᠷᠤᠨ ᠬᠤᠳᠠᠯᠳᠤᠭ᠎ᠠ ᠶᠢᠨ ᠦᠵᠡᠬᠦᠯᠦᠯᠬᠡ ᠶᠢᠨ ᠲᠦᠪ ᠤᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠦ᠂ ᠡᠯᠧᠺᠲᠷᠤᠨ ᠬᠤᠳᠠᠯᠳᠤᠭ᠎ᠠ ᠶᠢᠨ ᠰᠦᠯᠵᠢᠶᠡᠨ ᠤ ᠴᠡᠭ᠂ ᠰᠤᠷᠢᠯᠳᠠ ᠶᠢᠨ ᠱᠠᠳᠤᠨ ᠳᠤ ᠤᠷᠤᠵᠦ᠂ ᠨᠡᠷᠡᠳᠦ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭ᠎ᠠ 《 ᠯᠧ ᠼᠦᠨ ᠲᠤᠤ 》 ᠮᠠᠨ ᠤ ᠬᠤᠰᠢᠭᠤᠨ ᠳᠤ ᠰᠠᠭᠤᠷᠢᠰᠢᠵᠠᠢ᠃ ᠵᠤᠭᠠᠴᠠᠯ ᠤᠨ ᠦᠢᠯᠡᠰ ᠦᠷᠨᠢᠩᠬᠦᠢ ᠬᠦᠭᠵᠢᠵᠦ᠂ ᠪᠡᠭᠡᠵᠢᠩ᠂ ᠲᠢᠶᠠᠨᠵᠢᠨ᠂ ᠾᠧᠪᠧᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ 40 ᠢᠯᠡᠬᠦᠦ ᠵᠢᠭᠤᠯᠴᠢᠯᠠᠯ ᠤᠨ ᠪᠠᠶᠢᠭᠤᠯᠤᠮᠵᠢ ᠲᠠᠢ ᠬᠤᠷᠰᠢᠨ ᠠᠵᠢᠯᠯᠠᠬᠤ ᠬᠠᠷᠢᠴᠠᠭ᠎ᠠ ᠶᠢ ᠪᠠᠶᠢᠭᠤᠯᠵᠠᠢ᠃ ᠪᠦᠬᠦ ᠠᠶᠢᠮᠠᠭ ᠤᠨ ᠠᠩᠬᠠᠳᠠᠭᠴᠢ ᠬᠤᠭᠤᠴᠠᠭᠠᠨ ᠤ ᠪᠤᠭᠳᠠ ᠠᠭᠤᠯᠨ ᠠᠭᠤᠯᠨ ᠠᠪᠠᠷᠢᠬᠤ ᠵᠤᠭᠠᠴᠠᠯ  ᠤᠨ ᠨᠠᠶᠢᠷ ᠢ ᠠᠮᠵᠢᠯᠳᠠᠳᠠᠢ ᠡᠷᠬᠢᠯᠡᠵᠡᠢ᠃ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠦᠢᠯᠡᠰ ᠲᠦᠷᠬᠡᠨ ᠬᠦᠭᠵᠢᠵᠦ᠂ ᠪᠦᠬᠦ ᠵᠢᠯ ᠤᠨ ᠬᠠᠳᠠᠭᠠᠯᠠᠮᠵᠢ ᠶᠢᠨ ᠦᠯᠡᠳᠡᠪᠤᠷᠢ ᠲᠤᠭ᠎ᠠ 52.7 ᠳ᠋ᠦᠩᠰᠢᠭᠤᠷ ᠲᠦᠬᠦᠷᠢᠭ᠂ ᠵᠢᠬᠡᠯᠡᠯᠬᠡ ᠶᠢᠨ ᠦᠯᠡᠳᠡᠪᠤᠷᠢ ᠲᠤᠭ᠎ᠠ 66.2 ᠳ᠋ᠦᠩᠰᠢᠭᠤᠷ ᠲᠦᠬᠦᠷᠢᠭ᠂ ᠲᠤᠮᠳᠠ ᠪᠠᠭ᠎ᠠ ᠠᠵᠦ ᠠᠬᠤᠶᠢᠯᠠᠯ ᠳᠤ ᠨᠡᠶᠢᠳᠡ 4.8 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠯᠪᠢᠵᠦ᠂ ︽ᠭᠤᠷᠪᠠᠨ ᠬᠦᠳᠡᠭᠡ︾ ᠵᠢᠬᠡᠯᠡᠯᠬᠡ 20.3 ᠳ᠋ᠦᠩᠰᠢᠭᠤᠷ ᠲᠦᠬᠦᠷᠢᠭ ᠲᠠᠯᠪᠢᠵᠠᠢ᠃ ᠲᠠᠷᠢᠶᠠᠯᠠᠩ ᠢ ᠲᠡᠳᠬᠦᠬᠦ ᠪᠤᠳᠠᠰ ᠤᠨ ᠡᠷᠬᠡ ᠶᠢᠨ ᠪᠡᠯᠨ ᠨᠡᠶᠢᠯᠡᠬᠦᠯᠦᠭᠰᠡᠨ ᠺᠤᠮᠫᠠᠨᠢ ᠶᠢᠨ ᠦᠢᠯᠡᠳᠦᠯ ᠤᠯᠠᠮ ᠢᠯᠡᠷᠬᠡᠢ ᠪᠤᠯᠵᠦ᠂ ᠮᠠᠯᠴᠢᠨ ᠲᠠᠷᠢᠶᠠᠴᠢᠨ ᠳᠤ 1.15 ᠳ᠋ᠦᠩᠰᠢᠭᠤᠷ ᠲᠦᠬᠦᠷᠢᠭ  ᠤᠨ ᠵᠢᠬᠡᠯᠡᠯᠬᠡ ᠬᠠᠩᠭᠠᠵᠦ᠂ 4000 ᠲᠠᠷᠢᠶᠠᠴᠢᠨ ᠮᠠᠯᠴᠢᠨ ᠡᠷᠦᠬᠡ ᠳᠤ ᠠᠰᠢᠭ ᠬᠦᠷᠳᠡᠬᠡᠵᠡᠢ᠃       ᠨᠢᠬᠡ ᠵᠢᠯ ᠤᠨ ᠲᠤᠷᠰᠢ᠂ ᠦᠷᠬᠦᠯᠵᠢᠯᠡᠨ ᠬᠦᠴᠦᠯᠡᠨ ᠴᠢᠷᠮᠠᠶᠢᠵᠦ᠂ ᠨᠢᠬᠡᠳᠦᠯᠳᠡᠢ ᠲᠦᠯᠦᠪᠯᠡᠬᠦ ᠶᠢ ᠴᠢᠩᠭ᠎ᠠ ᠠᠳᠬᠤᠵᠦ᠂ ᠰᠠᠭᠤᠷᠢ ᠶᠢ   ᠴᠢᠩᠭᠠᠳᠬᠠᠵᠦ᠂ ᠤᠷᠤᠨ ᠰᠠᠭᠤᠴᠨ ᠶᠢᠨ ᠤᠷᠴᠢᠨ ᠲᠤᠭᠤᠷᠢᠨ ᠢ ᠠᠯᠬᠤᠮ ᠠᠯᠬᠤᠮ  ᠢᠶᠠᠷ ᠰᠢᠯᠢᠳᠡᠭᠵᠢᠬᠦᠯᠪᠡ᠃       ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠶᠢ ᠲᠤᠭᠳᠠᠭᠤᠨ ᠢᠶᠠᠷ ᠲᠦᠯᠬᠢᠨ ᠠᠬᠢᠭᠤᠯᠵᠠᠢ᠃ 《 ᠢᠨᠳᠡᠷ ᠪᠠᠯᠭᠠᠰᠤᠨ ᠤ 2014 — 2030 ᠤᠨ ᠤ ᠶᠡᠷᠤᠩᠭᠡᠢ ᠲᠦᠯᠦᠪᠵᠢᠬᠦᠯᠬᠡ 》 ᠶᠢ ᠨᠠᠶᠢᠷᠠᠭᠤᠯᠵᠦ᠂ ᠬᠤᠳᠠ ᠶᠢᠨ ᠲᠤᠭᠤᠷᠢᠭ ᠤᠨ ᠭᠠᠵᠠᠷ ᠰᠢᠷᠦᠢ ᠶᠢ 17404 ᠮᠦ ᠬᠤᠷᠢᠶᠠᠨ ᠬᠠᠳᠠᠭᠠᠯᠠᠪᠠ᠃ ᠬᠤᠳᠠ ᠶᠢᠨ ᠲᠦᠬᠦᠮ ᠪᠦᠳᠦᠴᠡᠳᠦ ᠤᠷᠤᠨ ᠰᠠᠭᠤᠴᠨ ᠶᠢ   ᠵᠠᠰᠠᠨ ᠰᠢᠨᠡᠳᠭᠡᠬᠦ ᠲᠦᠷᠦᠯ ᠵᠦᠢᠯ 1775 ᠡᠷᠦᠬᠡ ᠶᠢᠨ ᠬᠡᠷ ᠲᠠᠳᠠᠪᠤᠷᠢᠯᠠᠬᠤ  ᠶᠢ ᠪᠡᠶᠡᠯᠡᠬᠦᠯᠵᠡᠢ᠃ ᠨᠡᠶᠢᠳᠡ 3.5 ᠳ᠋ᠦᠩᠰᠢᠭᠤᠷ ᠲᠦᠬᠦᠷᠢᠭ ᠤᠷᠤᠭᠤᠯᠵᠦ᠂ ᠠᠮᠢᠨ ᠭᠤᠤᠯ ᠤᠨ ᠲᠦᠬᠦᠮ ᠪᠦᠳᠦᠴᠡᠳᠦ ᠤᠷᠤᠨ ᠰᠠᠭᠤᠴᠨ ᠶᠢ ᠵᠠᠰᠠᠨ ᠰᠢᠨᠡᠳᠬᠡᠬᠦ ᠲᠦᠷᠦᠯ ᠵᠦᠢᠯ ᠤᠨ ᠬᠡᠷ ᠪᠠᠶᠢᠰᠢᠩ ᠢ ᠲᠠᠳᠠᠪᠤᠷᠢᠯᠠᠬᠤ ᠪᠠ   ᠪᠤᠴᠠᠵᠦ ᠨᠡᠬᠦᠬᠦ ᠶᠢ ᠲᠤᠬᠢᠷᠠᠭᠤᠯᠬᠤ ᠠᠰᠠᠷ ᠤᠨ ᠭᠤᠤᠯ ᠴᠤᠭᠴᠨ ᠶᠢᠨ ᠪᠠᠷᠢᠯᠭ᠎ᠠ ᠶᠢ ᠪᠡᠶᠡᠯᠡᠬᠦᠯᠵᠡᠢ᠃ ᠠᠬᠠᠮᠠᠳ ᠺᠠᠳ᠋ᠷ ᠤᠨ ᠬᠦᠳᠡᠯᠬᠡᠬᠡᠨ ᠤ ᠲᠦᠪ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠦ᠂ ᠪᠤᠭᠳᠠ ᠠᠭᠤᠯᠨ ᠲᠤᠤᠷ ᠪᠦᠮᠪᠦᠭᠡ ᠶᠢᠨ ᠤᠷᠳᠤᠨ ᠢ ᠪᠠᠶᠢᠭᠤᠯᠤᠨ ᠪᠦᠳᠦᠬᠡᠵᠦ ᠠᠰᠢᠭᠯᠠᠯᠳᠠ ᠳᠤ ᠤᠷᠤᠪᠡ᠃ ᠪᠠᠳᠤᠯᠭᠠᠳᠦ ᠤᠷᠤᠨ ᠰᠠᠭᠤᠴᠨ ᠂ ᠬᠤᠳᠠ ᠶᠢᠨ ᠲᠤᠭᠤᠷᠢᠭ ᠤᠨ ᠬᠡᠰᠡᠭ ᠭᠠᠵᠠᠷ ᠤᠨ ᠭᠡᠷᠡᠯᠲᠦᠭᠦᠯᠭᠡ ᠪᠠ ᠰᠢᠨ᠎ᠡ ᠦᠵᠡᠮᠵᠢ ᠶᠢ ᠪᠤᠢ ᠪᠤᠯᠭᠠᠬᠤ ᠵᠡᠷᠬᠡ   ᠢᠨᠵᠧᠨᠧᠷᠢᠩ ᠢ ᠬᠡᠷᠡᠭᠵᠢᠬᠦᠯᠵᠦ᠂ ᠬᠤᠳᠠ ᠶᠢᠨ ᠨᠤᠭᠤᠭᠠᠷᠠᠭᠤᠯᠤᠯᠳᠠ ᠶᠢᠨ ᠲᠠᠯᠠᠪᠠᠢ 21 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ ᠪᠠᠷ ᠨᠡᠮᠡᠭᠳᠡᠵᠦ᠂ ᠬᠢᠮᠳ᠋ᠨ ᠲᠦᠷᠢᠶᠡᠰᠤᠨ ᠬᠡᠷ ᠤᠨ ᠲᠦᠷᠢᠶᠡᠰᠦᠨ ᠨᠦᠬᠦᠪᠤᠷᠢ ᠶᠢ 233 ᠲᠦᠮᠡᠨ ᠲᠦᠬᠦᠷᠢᠭ ᠲᠠᠷᠬᠠᠭᠠᠵᠠᠢ᠃ 8600 ᠲᠦᠮᠡᠨ ᠲᠦᠬᠦᠷᠢᠭ ᠤᠨ ᠪᠡᠯᠡ ᠤᠷᠤᠭᠤᠯᠵᠦ᠂ ᠬᠤᠳᠠ ᠶᠢᠨ ᠲᠤᠭᠤᠷᠢᠭ ᠤᠨ ᠭᠤᠤᠯ ᠵᠠᠬᠡᠯᠢ ᠶᠢ ᠲᠠᠰ ᠲᠠᠪᠰᠢᠬᠦᠯᠦᠨ ᠦᠬᠡᠷᠡᠴᠢᠯᠡᠨ ᠰᠢᠨᠡᠳᠬᠡᠵᠡᠢ᠃ ᠡᠯ᠎ᠠ ᠲᠦᠷᠦᠯ ᠤᠨ ᠬᠤᠭᠤᠯᠠᠢ ᠲᠤᠤᠷ ᠢ 35 ᠺᠢᠯᠤᠮᠧᠲᠷ ᠲᠠᠯᠪᠢᠵᠦ᠂ ᠢᠨᠳᠡᠷ ᠪᠠᠯᠭᠠᠰᠤᠨ ᠤ ᠨᠢᠬᠡᠨᠳᠡ ᠪᠠᠶᠢᠬᠤ ᠪᠠᠷᠢᠯᠭ᠎ᠠ ᠶᠢ ᠡᠨᠧᠷᠬᠢ ᠠᠷᠪᠢᠯᠠᠬᠤ ᠪᠠᠷ 10 ᠲᠦᠮᠡᠨ ᠲᠡᠭᠰᠢ ᠲᠦᠷᠪᠡᠯᠵᠢᠨ ᠮᠧᠲᠷ ᠰᠢᠨᠡᠳᠬᠡᠨ ᠵᠠᠰᠠᠵᠠᠢ᠃       ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠤᠷᠤᠭᠰᠢᠳᠠᠢ ᠶᠠᠪᠤᠭᠳᠠᠭᠤᠯᠵᠠᠢ᠃ 6.1 ᠳ᠋ᠦᠩᠰᠢᠭᠤᠷ ᠲᠦᠬᠦᠷᠢᠭ ᠤᠷᠤᠭᠤᠯᠵᠦ᠂ 98 ᠭᠠᠴᠠᠭ᠎ᠠ ᠲᠤᠰᠬᠤᠨ ᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦ ᠪᠠᠷ ᠬᠡᠷᠡᠭᠵᠢᠬᠦᠯᠵᠦ᠂ ᠦᠪᠡᠷᠳᠡᠬᠡᠨ ᠵᠠᠰᠠᠬᠤ ᠤᠷᠤᠨ ᠤ ᠲᠤᠭᠤᠷᠢᠨ ᠦᠵᠡᠵᠦ ᠪᠠᠶᠢᠴᠠᠭᠠᠭᠰᠠᠨ ᠢ ᠣᠷᠣᠭᠰᠢᠲᠠᠢ ᠲᠣᠭᠤᠯᠵᠠᠢ᠃ 11.1 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠬᠦᠳᠡᠭᠡ ᠲᠤᠰᠬᠤᠨ ᠤ ᠦᠩᠭᠡ ᠲᠦᠷᠰᠦ ᠶᠢ ᠦᠬᠡᠷᠡᠴᠢᠯᠡᠨ ᠵᠠᠰᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠤᠯᠠᠨ ᠲᠦᠮᠡᠨ ᠢ ᠲᠠᠶᠢᠴᠢᠯᠠᠨ 36.5 ᠲᠦᠮᠡᠨ ᠬᠦᠮᠦᠨ ᠤᠳᠠᠭ᠎ᠠ ᠬᠦᠳᠡᠯᠮᠤᠷᠢ ᠵᠠᠷᠤᠴᠠᠭᠤᠯᠵᠦ᠂ ᠵᠦᠬᠡᠬᠡᠪᠤᠷᠢ ᠶᠢᠨ ᠲᠡᠷᠬᠡ 2.4 ᠲᠦᠮᠡᠨ ᠤᠳᠠᠭ᠎ᠠ ᠬᠦᠳᠡᠯᠬᠡᠵᠦ᠂ ᠬᠤᠭ ᠨᠤᠪᠰᠢ ᠶᠢ 29 ᠲᠦᠮᠡᠨ ᠪᠤᠰᠤᠭ᠎ᠠ ᠲᠦᠷᠪᠡᠯᠵᠢᠨ ᠮᠧᠲᠷ ᠴᠡᠪᠡᠷᠯᠡᠨ ᠠᠷᠢᠯᠭᠠᠵᠠᠢ᠃ 《 ᠪᠠᠶᠢᠭᠤᠯᠬᠤ ᠶᠢ ᠪᠣᠳᠠᠰ ᠢᠶᠠᠷ ᠬᠦᠬᠢᠬᠦᠯᠬᠦ 》 ᠠᠷᠭ᠎ᠠ ᠬᠡᠮᠵᠢᠶ᠎ᠠ ᠠᠪᠴᠦ᠂ 4000 ᠲᠦᠮᠡᠨ ᠬᠡᠰᠡᠭ ᠲᠤᠭᠤᠰᠬ᠎ᠠ᠂ 3.5 ᠲᠦᠮᠡᠨ ᠲᠤᠨ ᠱᠦᠢᠨᠢ ᠶᠢ ᠴᠤᠭᠯᠠᠭᠤᠯᠵᠠᠢ᠃ ᠬᠡᠷᠡᠮ ᠬᠠᠨ᠎ᠠ ᠶᠢ ᠰᠡᠯᠪᠢᠨ ᠵᠠᠰᠠᠬᠤ᠂ ᠬᠦᠷᠢᠶ᠎ᠡ ᠬᠠᠰᠢᠶ᠎ᠠ ᠶᠢ ᠬᠠᠲᠠᠷᠠᠭᠤᠯᠬᠤ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠦᠨᠳᠦᠷ ᠪᠠᠷᠢᠮᠵᠢᠶ᠎ᠠ ᠪᠠᠷ ᠬᠡᠷᠡᠭᠵᠢᠭᠦᠯᠵᠦ᠂   ᠠᠷᠠᠳ ᠣᠯᠠᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠣᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠴᠣ ᠰᠢᠨ᠎ᠡ ᠦᠩᠭᠡ ᠳᠦᠷᠰᠦ ᠲᠠᠢ ᠪᠣᠯᠵᠠᠢ᠃         ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠵᠠᠢ᠃ ᠲᠤᠮᠳᠠ ᠪᠠᠭ᠎ᠠ ᠭᠤᠤᠯ ᠤᠨ ᠤᠷᠤᠰᠬᠠᠯ᠂ ᠤᠰᠦ ᠰᠢᠷᠦᠢ ᠪᠠᠳᠤᠯᠠᠬᠤ᠂ ᠠᠭᠤᠯᠠᠨ ᠦᠶᠠᠷ ᠢ ᠵᠠᠰᠠᠬᠤ ᠵᠡᠷᠬᠡ ᠢᠨᠵᠧᠨᠧᠷᠢᠩ ᠢ ᠬᠡᠷᠡᠭᠵᠢᠬᠦᠯᠵᠦ᠂ ᠦᠶᠠᠷ ᠢ ᠰᠡᠷᠬᠡᠶᠢᠯᠡᠬᠦ ᠬᠠᠰᠢᠯᠭ᠎ᠠ 34 ᠺᠢᠯᠤᠮᠧᠲᠷ ᠰᠢᠨ᠎ᠠ ᠪᠠᠷ ᠨᠡᠮᠡᠭᠳᠡᠵᠦ᠂ ᠤᠰᠦ ᠰᠢᠷᠦᠢ ᠶᠢᠨ ᠣᠷᠣᠰᠬᠠᠭᠳᠠᠯ ᠢ 10 ᠲᠦᠮᠡᠨ ᠮᠦ ᠵᠠᠰᠠᠵᠦ᠂ ᠪᠦᠬᠦ ᠵᠢᠯ ᠳᠤ 13.5 ᠲᠦᠮᠡᠨ ᠮᠦ ᠤᠶᠢᠵᠢᠭᠤᠯᠵᠦ᠂ ᠡᠬᠦᠨ ᠳᠤ ᠭᠤᠤᠯᠳᠠᠯᠭᠠᠳᠦ ᠤᠷᠤᠨ ᠢ 6.4 ᠲᠦᠮᠡᠨ ᠮᠦ ᠨᠤᠭᠤᠭᠠᠷᠠᠭᠤᠯᠵᠠᠢ᠃ ᠰᠢᠶᠠᠩᠭᠠᠩ ᠤᠨ ᠨᠡᠬᠦᠷᠡᠰᠦᠳᠤᠷᠦᠭᠴᠢ ᠶᠢᠨ ᠲᠠᠪᠬᠤᠷ ᠢᠰᠦᠯ ᠢ ᠭᠠᠳᠠᠭᠰᠢᠯᠠᠭᠤᠯᠬᠤ ᠡᠷᠬᠡᠳᠦ ᠠᠷᠠᠯᠵᠢᠶᠠᠨ ᠭᠠᠵᠠᠷ ᠲᠠᠢ ᠰᠠᠨᠠᠮᠵᠢ ᠬᠡᠯᠡᠯᠴᠡᠬᠡᠷ ᠢ ᠲᠤᠭᠳᠠᠵᠦ᠂ ᠤᠢ ᠰᠢᠭᠤᠢ ᠪᠠᠷ ᠨᠡᠬᠦᠷᠡᠰᠦᠳᠦᠷᠦᠭᠴᠢ ᠶᠢᠨ ᠲᠠᠪᠬᠤᠷ ᠢᠰᠦᠯ ᠢ ᠪᠠᠭᠠᠰᠬᠠᠬᠤ ᠪᠠ ᠲᠤᠭᠳᠠᠭᠠᠬᠤ ᠠᠵᠢᠯ ᠤᠷᠤᠭᠰᠢᠳᠠᠢ ᠡᠬᠢᠯᠡᠵᠡᠢ᠃ ᠬᠦᠮᠦᠨ ᠤ ᠬᠦᠴᠦ ᠪᠠᠷ ᠡᠪᠡᠰᠦ ᠲᠠᠷᠢᠬᠤ ᠢᠨᠵᠧᠨᠧᠷᠢᠩ ᠢ ᠶᠡᠭᠡ ᠪᠠᠷ ᠬᠡᠷᠡᠭᠵᠢᠬᠦᠯᠵᠦ᠂ 51.6 ᠲᠦᠮᠡᠨ ᠮᠦ ᠪᠡᠯᠴᠢᠬᠡᠷ ᠡᠪᠡᠰᠦ ᠶᠢ ᠲᠠᠷᠢᠵᠠᠢ᠃ ᠪᠡᠯᠴᠢᠬᠡᠷ ᠡᠪᠡᠰᠦ ᠶᠢ ᠬᠠᠮᠠᠭᠠᠯᠠᠬᠤ ᠬᠦᠬᠢᠭᠦᠯᠦᠯ ᠤᠨ ᠨᠦᠬᠦᠪᠦᠷᠢ ᠮᠦᠩᠭᠦ ᠶᠢ 420 ᠲᠦᠮᠡᠨ ᠮᠦ ᠨᠡᠶᠢᠳᠡᠪᠤᠷᠢᠵᠢᠭᠤᠯᠵᠠᠢ᠃ ᠬᠠᠤᠯᠢ ᠪᠤᠰᠦ ᠪᠠᠷ ᠤᠢ ᠰᠢᠭᠤᠢ᠂ ᠪᠡᠯᠴᠢᠬᠡᠷ ᠡᠪᠡᠰᠦ ᠶᠢ ᠲᠠᠳᠠᠪᠤᠷᠢᠯᠠᠨ ᠡᠵᠡᠯᠡᠭᠰᠡᠨ ᠪᠤᠶᠦ ᠡᠪᠳᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠤᠢ ᠰᠢᠭᠤᠢ ᠡᠪᠡᠰᠦ ᠪᠡᠯᠴᠢᠬᠡᠷ ᠤᠨ ᠭᠠᠯ ᠢ ᠰᠡᠷᠬᠡᠶᠢᠯᠡᠬᠦ᠂ ᠮᠠᠯᠵᠢᠬᠤ ᠶᠢ ᠴᠠᠭᠠᠵᠠᠯᠠᠬᠤ᠂ ᠬᠡᠬᠡᠷ᠎ᠡ ᠶᠢᠨ ᠠᠮᠢᠳᠠᠨ ᠢ ᠬᠠᠮᠠᠭᠠᠯᠠᠬᠤ ᠵᠡᠷᠬᠡ ᠠᠵᠢᠯ ᠪᠤᠳᠠᠳᠦ ᠦᠷ᠎ᠠ ᠪᠦᠳᠦᠮᠵᠢ ᠶᠢ ᠤᠯᠵᠠᠢ᠃ ᠡᠰᠢ ᠰᠦᠷᠡᠯ ᠢ ᠪᠣᠯᠪᠠᠰᠣᠷᠠᠭᠤᠯᠣᠨ ᠠᠰᠢᠭᠯᠠᠬᠤ ᠨᠤᠷᠮ᠎ᠠ ᠶᠢ ᠬᠦᠴᠦᠯᠡᠨ ᠲᠡᠭᠡᠭᠰᠢᠯᠡᠬᠦᠯᠵᠦ᠂ ᠡᠰᠢ ᠰᠦᠷᠡᠯ ᠢ ᠨᠣᠨᠳᠠᠭᠯᠠᠨ ᠪᠤᠯᠪᠠᠰᠤᠷᠠᠭᠤᠯᠬᠤ ᠦᠢᠯᠡᠳᠪᠤᠷᠢ ᠶᠢ 37 ᠪᠠᠶᠢᠭᠤᠯᠵᠠᠢ ᠃ ᠬᠦᠬᠦᠷ ᠤᠨ ᠳᠠᠪᠬᠤᠷ ᠢᠰᠦᠯ᠂ ᠠᠽᠤᠲ ᠬᠦᠴᠢᠯᠳᠦᠷᠦᠭᠴᠢ ᠠᠬᠤᠭᠤᠯᠣᠭᠰᠠᠨ ᠪᠣᠳᠠᠰ ᠭᠠᠷᠭᠠᠬᠤ ᠶᠢ ᠪᠠᠭᠠᠰᠬᠠᠬᠤ ᠬᠠᠷᠠᠯᠳᠠ ᠶᠢ ᠪᠡᠶᠡᠯᠡᠬᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠪᠦᠳᠦᠮᠵᠢᠳᠡᠢ ᠬᠠᠮᠠᠭᠠᠯᠠᠵᠠᠢ᠃         ᠨᠢᠬᠡ ᠵᠢᠯ ᠤᠨ ᠲᠤᠷᠰᠢ᠂ ᠪᠢᠳᠡ ᠨᠢᠭᠤᠭᠳᠠᠮᠠᠯ ᠬᠦᠴᠦ ᠶᠢ ᠠᠭᠤᠳᠠᠯᠠᠵᠦ᠂ ᠪᠠᠳᠤᠯᠠᠭ᠎ᠠ ᠶᠢ   ᠴᠢᠬᠤᠯᠠᠴᠢᠯᠠᠵᠣ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠪᠦᠬᠦ ᠬᠦᠴᠦ ᠪᠠᠷ ᠠᠷᠠᠳ ᠤᠨ ᠵᠣᠯ ᠵᠢᠷᠭᠠᠯ  ᠤᠨ ᠲᠦᠯᠦᠭᠡ ᠴᠢᠷᠮᠠᠶᠢᠪᠠ᠃ ᠶᠠᠳᠠᠭᠤ ᠶᠢ ᠲᠡᠳᠬᠦᠬᠦ ᠨᠡᠬᠡᠬᠡᠯᠳᠡ ᠬᠢᠭᠰᠡᠨ ᠦᠷ᠎ᠠ ᠪᠦᠳᠦᠮᠵᠢ ᠢᠯᠡᠷᠬᠡᠢ᠃ ︽ᠲᠤᠰᠬᠤᠨ ᠡᠷᠦᠬᠡ ᠳᠤ ᠭᠤᠷᠪᠠ ᠬᠦᠷᠬᠦ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠶᠠᠳᠠᠭᠤ ᠬᠦᠴᠢᠷᠳᠡᠯᠳᠡᠢ ᠡᠷᠦᠬᠡ ᠳᠤ ᠲᠠᠩᠰᠠ ᠪᠠᠶᠢᠭᠤᠯᠤᠨ ᠺᠠᠷᠲ ᠬᠢᠬᠦ ᠶᠢ ︽ᠡᠷᠭᠢᠨ ᠬᠠᠷᠠᠬᠤ︾ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠣᠨᠣᠰᠢᠲᠠᠢ ᠢᠯᠭᠠᠵᠣ᠂ ᠭᠤᠤᠯᠳᠠᠯᠭᠠᠳᠦ ᠶᠠᠳᠠᠭᠤ ᠬᠦᠴᠢᠷᠳᠡᠯᠳᠦ ᠲᠤᠰᠬᠤᠨ ᠤ ᠲᠦᠯᠦᠪᠵᠢᠬᠦᠯᠬᠡ ᠶᠢ ᠨᠠᠶᠢᠷᠠᠭᠤᠯᠵᠦ  ᠂ ︽ᠵᠠᠭᠤᠨ ᠲᠤᠰᠬᠤᠨ ᠲᠦᠮᠡᠨ ᠡᠷᠦᠬᠡ︾ ᠪᠠᠷ ᠺᠠᠳ᠋ᠷ ᠦᠨᠳᠦᠰᠦᠨ ᠱᠠᠳᠤᠨ ᠳᠤ ᠪᠠᠭᠤᠵᠦ ᠶᠠᠳᠠᠭᠤ ᠶᠢ ᠲᠡᠳᠬᠦᠨ ᠴᠢᠨᠡᠬᠡᠯᠢᠭᠵᠢᠬᠦᠯᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠡᠢ᠃ ᠮᠦᠩᠭᠦᠨ ᠬᠦᠢᠯᠬᠡᠬᠡᠨ ᠤ ᠶᠠᠳᠠᠭᠤ   ᠶᠢ ᠲᠡᠳᠬᠦᠬᠦ ᠶᠢ ᠬᠢᠨᠠᠮᠠᠭᠠᠢ ᠬᠡᠷᠡᠭᠵᠢᠬᠦᠯᠵᠦ᠂ 4 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠯᠪᠢᠵᠦ᠂ 138   ᠭᠠᠴᠠᠭ᠎ᠠ ᠲᠤᠰᠬᠤᠨ ᠤ 7408   ᠶᠠᠳᠠᠭᠤ ᠬᠦᠴᠢᠷᠳᠡᠯᠳᠡᠢ ᠡᠷᠦᠬᠡ ᠳᠤ ᠠᠰᠢᠭ ᠬᠦᠷᠳᠡᠬᠡᠵᠡᠢ᠃ ︽ᠲᠦᠪ ᠤᠨ ᠪᠠᠩᠭᠢ ᠶᠢᠨ ᠵᠢᠬᠡᠯᠡᠯᠬᠡ ᠪᠠᠷ ᠲᠡᠳᠬᠦᠬᠦ︾ ᠲᠤᠷᠰᠢᠯᠳᠠ ᠶᠢᠨ ᠴᠢᠭ᠋ ᠤᠨ ᠲᠦᠷᠦᠯ ᠵᠦᠢᠯ ᠤᠨ ᠵᠢᠬᠡᠯᠡᠯᠬᠡ ᠶᠢ 1 ᠳ᠋ᠦᠩᠰᠢᠭᠤᠷ ᠲᠦᠬᠦᠷᠢᠭ ᠲᠡᠮᠡᠴᠡᠨ ᠤᠯᠵᠠᠢ᠃ ᠲᠢᠩᠬᠢᠮ ᠲᠤᠪᠴᠢᠶ᠎ᠠ ᠶᠢᠨ ᠬᠠᠪᠰᠤᠷᠤᠨ ᠲᠡᠳᠬᠦᠬᠦ  ᠶᠢ ᠵᠠᠯᠭᠠᠯᠳᠣᠭᠤᠯᠬᠤ ᠶᠢ ᠬᠢᠨᠠᠮᠠᠭᠠᠢ ᠦᠷᠨᠢᠬᠦᠯᠵᠦ᠂ ᠦᠪᠡᠷᠳᠡᠬᠡᠨ ᠵᠠᠰᠠᠬᠤ ᠤᠷᠤᠨ ᠤ ᠬᠠᠪᠰᠤᠷᠤᠨ ᠲᠡᠳᠬᠦᠬᠦ ᠤᠷᠤᠭᠤᠯᠤᠯᠳᠠ 10.9 ᠳ᠋ᠦᠩᠰᠢᠭᠤᠷ ᠲᠦᠬᠦᠷᠢᠭ᠂ ᠠᠶᠢᠮᠠᠭ ᠬᠤᠰᠢᠭᠤᠨ ᠤ ᠬᠤᠶᠠᠷ ᠱᠠᠳᠤᠨ ᠤ ᠰᠠᠯᠠᠭ᠎ᠠ ᠮᠦᠴᠢᠷ  ᠤᠨ ᠪᠡᠯᠡ ᠤᠷᠤᠭᠤᠯᠤᠯᠳᠠ 3000 ᠢᠯᠡᠬᠦᠦ ᠲᠦᠮᠡᠨ ᠲᠦᠬᠦᠷᠢᠭ ᠢ ᠲᠡᠮᠡᠴᠡᠨ ᠤᠯᠵᠦ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠤ ᠰᠠᠭᠤᠷᠢ ᠲᠦᠬᠦᠬᠡᠷᠤᠮᠵᠢ ᠲᠠᠰᠤᠷᠠᠯᠳᠠ ᠦᠬᠡᠢ ᠰᠢᠯᠢᠳᠡᠭᠵᠢᠵᠡᠢ᠃ ︽ᠰᠢᠭᠦᠳᠡᠷᠢ ᠬᠤᠷ᠎ᠠ  ᠶᠢᠨ ᠲᠦᠯᠦᠪᠯᠡᠭᠡ︾ ᠶᠢᠨ ᠲᠦᠷᠦᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠦ 90 ᠲᠦᠮᠡᠨ ᠲᠦᠬᠦᠷᠢᠭ ᠤᠷᠤᠭᠤᠯᠵᠦ᠂ 600 ᠨᠡᠷᠡᠰ ᠲᠤᠰᠬᠠᠢ ᠮᠡᠷᠬᠡᠵᠢᠯ ᠤᠨ ᠬᠦᠮᠦᠵᠢᠯ ᠳᠤ ᠤᠷᠤᠯᠴᠠᠭᠰᠠᠨ ᠶᠠᠳᠠᠭᠤ ᠬᠦᠴᠢᠷᠳᠡᠯᠳᠡᠢ ᠰᠤᠷᠤᠭᠴᠢᠳ ᠢ ᠬᠠᠪᠰᠤᠷᠤᠨ ᠲᠡᠳᠬᠦᠵᠡᠢ᠃ ᠶᠡᠭᠡ ᠠᠴᠢᠶᠡᠨ ᠤ ᠲᠡᠷᠬᠡ ᠶᠢᠨ ᠵᠢᠯᠤᠭᠤᠴᠢ᠂ ᠪᠠᠷᠢᠯᠭ᠎ᠠ ᠶᠢᠨ ᠠᠵᠢᠯᠴᠢᠨ ᠵᠡᠷᠬᠡ ᠳᠤ ᠮᠡᠷᠬᠡᠵᠢᠯ ᠤᠨ ᠪᠤᠯᠪᠠᠰᠤᠷᠠᠯ ᠬᠢᠵᠦ᠂ ᠶᠠᠳᠠᠭᠤ ᠬᠦᠴᠢᠷᠳᠡᠯᠲᠡᠢ ᠮᠠᠯᠴᠢᠨ ᠲᠠᠷᠢᠶᠠᠴᠢᠨ ᠤ 1500 ᠨᠡᠷᠡᠰ ᠮᠡᠷᠬᠡᠵᠢᠯ ᠤᠨ ᠠᠵᠢᠯᠳᠠᠨ ᠢ ᠰᠢᠯᠵᠢᠬᠦᠯᠵᠡᠢ᠃ ᠶᠠᠳᠠᠭᠤ ᠬᠦᠴᠢᠷᠳᠡᠯᠳᠡᠢ ᠬᠦᠮᠦᠨ ᠠᠮᠨ 2.35 ᠲᠦᠮᠨ ᠪᠠᠭᠠᠰᠴᠦ᠂ ᠬᠦᠮᠦᠨ ᠲᠤᠮᠳᠠᠴᠢ ᠴᠡᠪᠡᠷ ᠤᠷᠤᠯᠭ᠎ᠠ 3980 ᠲᠦᠬᠦᠷᠢᠭ ᠲᠤ   ᠬᠦᠷᠴᠡᠢ  ᠃         ᠠᠷᠠᠳ ᠤᠨ ᠠᠮᠢᠳᠤᠷᠠᠯ ᠤᠨ ᠪᠠᠳᠤᠯᠭ᠎ᠠ ᠶᠢ ᠲᠠᠰᠤᠷᠠᠯᠳᠠ ᠦᠬᠡᠢ   ᠴᠢᠩᠭᠠᠳᠬᠠᠵᠠᠢ᠃ ᠬᠤᠳᠠ ᠪᠠᠯᠭᠠᠰᠦᠨ  ᠤ ᠰᠢᠨ᠎ᠠ ᠨᠡᠮᠡᠭᠳᠡᠭᠰᠡᠨ ᠠᠵᠢᠯ ᠤᠯᠤᠭᠰᠠᠨ ᠬᠦᠮᠦᠨ 2226 ᠲᠣᠯᠵᠣ᠂ ᠦᠢᠯᠡᠰ ᠪᠦᠲᠦᠭᠡᠬᠦ ᠪᠠᠭ᠎ᠠ ᠲᠣᠭᠠᠨ ᠤ ᠵᠢᠬᠡᠯᠡᠯᠬᠡ 4000 ᠲᠦᠮᠡᠨ ᠲᠦᠬᠦᠷᠢᠭ ᠲᠠᠷᠬᠠᠭᠠᠵᠠᠢ᠃ ᠨᠠᠰᠤᠳᠠᠨ ᠢ ᠠᠰᠠᠷᠠᠬᠤ᠂ ᠠᠵᠢᠯ ᠠᠯᠳᠠᠬᠤ᠂ ᠡᠮ ᠡᠮᠨᠡᠯᠬᠡ ᠂ ᠲᠤᠤᠷᠠᠳᠦ ᠪᠠᠳᠤᠯᠠᠭ᠎ᠠ ᠵᠡᠷᠬᠡ ᠪᠠᠷᠢᠮᠵᠢᠶ᠎ᠠ ᠶᠢ ᠲᠡᠭᠡᠭᠰᠢᠯᠡᠬᠦᠯᠦᠨ ᠦᠷᠬᠡᠳᠬᠡᠬᠦ ᠠᠵᠢᠯ ᠢ ᠠᠯᠬᠤᠮ ᠲᠠᠷᠠᠭ᠎ᠠ ᠲᠠᠢ ᠪᠠᠷ ᠲᠦᠯᠬᠢᠨ ᠠᠬᠢᠭᠤᠯᠵᠠᠢ᠃ ᠦᠪᠡᠷᠳᠡᠬᠡᠨ ᠵᠠᠰᠠᠬᠤ ᠤᠷᠤᠨ ᠤ ︽ᠲᠦᠷᠪᠡᠨ ᠨᠢᠬᠡ︾ ᠶᠢᠨ ᠭᠤᠤᠯᠳᠠᠯᠭᠠᠳᠦ ᠠᠷᠠᠳ  ᠤᠨ ᠠᠮᠢᠳᠤᠷᠠᠯ ᠤᠨ ᠢᠨᠵᠧᠨᠧᠷᠢᠩ ᠢ ᠬᠢᠨᠠᠮᠠᠭᠠᠢ ᠲᠤᠤᠱᠯᠠᠭᠤᠯᠵᠦ᠂ 9.3 ᠲᠦᠮᠡᠨ ᠡᠷᠦᠬᠡ ᠮᠠᠯᠴᠢᠨ ᠲᠠᠷᠢᠶᠠᠴᠢᠨ ᠳᠤ ᠲᠤᠯᠠᠭᠠᠯᠠᠬᠤ ᠨᠦᠬᠦᠪᠤᠷᠢ 5573 ᠲᠦᠮᠡᠨ ᠲᠦᠬᠦᠷᠢᠭ ᠲᠠᠯᠪᠢᠵᠦ᠂ 295 ᠨᠡᠷᠡᠰ ᠶᠠᠳᠠᠭᠤ ᠬᠦᠴᠢᠷᠳᠡᠯᠳᠡᠢ ᠬᠡᠷ ᠪᠦᠯᠢ ᠶᠢᠨ ᠤᠶᠤᠳᠠᠨ ᠳᠤ ᠰᠤᠷᠤᠯᠭ᠎ᠠ ᠶᠢᠨ ᠲᠡᠳᠬᠦᠮᠵᠢ ᠶᠢᠨ ᠮᠦᠩᠬᠦ 1086 ᠲᠦᠮᠡᠨ ᠲᠦᠬᠦᠷᠢᠭ ᠲᠠᠷᠬᠠᠭᠠᠵᠠᠢ᠃ 226 ᠨᠡᠷᠡᠰ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠡᠷᠳᠡ ᠶᠢᠨ ᠬᠤᠭᠤᠯᠨ ᠶᠢᠨ ᠨᠦᠬᠦᠪᠤᠷᠢ ᠬᠦᠮᠦᠨ ᠪᠦᠷᠢ ᠳᠤ ᠰᠠᠷ᠎ᠠ ᠪᠦᠷᠢ 140 ᠲᠦᠬᠦᠷᠢᠭ ᠦᠭᠴᠡᠢ᠃ 4 ᠰᠠᠭᠤᠷᠢ ᠭᠠᠵᠠᠷ ᠤᠷᠤᠨ ᠤ ᠨᠠᠰᠤᠳᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠬᠡᠨ ᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠪᠠᠶᠠᠠᠭᠤᠣᠯ ᠤᠨ ᠨᠠᠰᠤᠳᠠᠨ ᠢ ᠠᠰᠠᠷᠠᠬᠤ ︽ᠵᠤᠯ ᠵᠢᠷᠭᠠᠯᠳᠦ ᠬᠦᠷᠢᠶᠡᠯᠡᠩ︾ ᠵᠢᠩᠬᠢᠨᠢ ᠪᠠᠷ ᠠᠰᠢᠭᠯᠠᠯᠳᠠ ᠳᠤ ᠤᠷᠤᠪᠠ᠃       ᠨᠡᠶᠢᠬᠡᠮ ᠤᠨ ᠦᠢᠯᠡᠰ ᠪᠦᠬᠦ ᠲᠠᠯ᠎ᠠ ᠪᠠᠷ ᠲᠠᠪᠰᠢᠵᠠᠢ᠃ ᠰᠤᠷᠭᠠᠨ ᠬᠦᠮᠦᠵᠢᠯ ᠤᠨ ᠦᠢᠯᠡᠰ ᠲᠤᠩ ᠲᠦᠷᠬᠡᠨ ᠬᠦᠭᠵᠢᠵᠡᠢ᠃ ᠬᠤᠰᠢᠭᠤᠨ ᠤ ᠬᠡᠤᠬᠡᠳ ᠤᠨ ᠴᠡᠴᠡᠷᠯᠢᠭ᠂ ᠤᠷᠳᠤᠰ ᠤᠨ ᠲᠠᠮᠵᠢᠨ ᠪᠠᠶᠢᠭᠤᠯᠤᠭᠰᠠᠨ ᠮᠤᠩᠭᠤᠯ ᠬᠡᠤᠬᠡᠳ ᠤᠨ ᠴᠡᠴᠡᠷᠯᠢᠭ᠂ ᠦᠬᠠᠢ ᠲᠤᠰᠠᠯᠠᠨ ᠪᠠᠶᠢᠭᠤᠯᠤᠭᠰᠠᠨ ᠭᠤᠷᠪᠠᠳᠤᠭᠠᠷ ᠬᠡᠤᠭᠡᠳ ᠤᠨ ᠴᠡᠴᠡᠷᠯᠢᠭ᠂ ᠢᠨᠳᠡᠷ ᠨᠢᠬᠡᠳᠦᠬᠡᠷ ᠲᠤᠮᠳᠠᠳᠦ ᠰᠤᠷᠭᠠᠭᠤᠯᠢ᠂ ᠬᠤᠶᠠᠳᠤᠭᠠᠷ ᠲᠤᠮᠳᠠᠳᠦ ᠰᠤᠷᠭᠠᠭᠤᠯᠢ ᠶᠢ ᠨᠡᠷᠡᠳᠦ ᠲᠡᠮᠳᠡᠭᠳᠦ ᠰᠤᠷᠭᠠᠭᠤᠯᠢ ᠪᠤᠯᠭᠠᠨ ᠪᠦᠳᠦᠬᠡᠨ ᠪᠠᠶᠢᠭᠤᠯᠬᠤ ᠵᠡᠷᠬᠡ ᠭᠤᠤᠯᠳᠠᠯᠭᠠᠳᠦ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠠᠢ᠃ 80 ᠨᠡᠷᠡᠰ ᠤᠨᠴᠨ ᠪᠠᠶᠢᠷᠢᠳᠦ ᠪᠠᠭᠰᠢ ᠶᠢ ᠡᠯᠰᠡᠵᠦ᠂ ᠬᠦᠳᠡᠭᠡ ᠲᠤᠰᠬᠤᠨ ᠤ ᠠᠯᠪᠠᠨ   ᠵᠢᠷᠣᠮ ᠤᠨ ᠰᠤᠷᠭᠠᠨ ᠬᠦᠮᠦᠵᠢᠯ   ᠤᠨ ᠰᠤᠷᠭᠠᠭᠤᠯᠢ   ᠶᠢᠨ ᠪᠠᠭᠰᠢ ᠶᠢᠨ ᠬᠦᠴᠦᠨ ᠢ ᠴᠢᠩᠭᠠᠳᠬᠠᠪᠠ᠃ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠬᠦᠳᠡᠯᠬᠡᠬᠡᠨ ᠢ ᠬᠦᠨᠵᠡᠬᠡᠢ ᠦᠷᠨᠢᠬᠦᠯᠵᠦ᠂ ︽ᠦᠪᠡᠷᠳᠡᠬᠡᠨ ᠵᠠᠰᠠᠬᠤ ᠤᠷᠤᠨ ᠤ ᠬᠦᠯ ᠪᠦᠮᠪᠦᠭᠡ ᠶᠢᠨ ᠲᠡᠷᠢᠬᠦᠨ ᠤ ᠬᠤᠰᠢᠭᠤ ᠰᠢᠶᠡᠨ︾ ᠬᠡᠬᠦ ᠴᠤᠯᠨ ᠶᠢ ᠬᠦᠷᠳᠡᠵᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠯ ᠤᠨ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠡᠷᠡᠬᠦᠯ ᠬᠠᠮᠠᠭᠠᠯᠠᠯ᠂ ᠲᠦᠯᠦᠪᠯᠡᠬᠡᠳᠦ ᠦᠷᠡᠵᠢᠯ ᠤᠨ ᠶᠡᠷᠤᠩᠭᠡᠢ ᠦᠢᠯᠡᠴᠢᠯᠡᠭᠡ ᠶᠢᠨ ᠴᠢᠳᠠᠪᠤᠷᠢ  ᠶᠢ ᠲᠠᠰᠤᠷᠠᠯᠳᠠ ᠦᠬᠡᠢ ᠴᠢᠩᠭᠠᠳᠬᠠᠬᠵᠦ᠂ ᠤᠷᠳᠤᠰ ᠤᠨ ᠲᠠᠮᠵᠢᠨ ᠪᠠᠶᠢᠭᠤᠯᠣᠭᠰᠠᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠡᠬᠦᠳᠡᠨ ᠡᠮᠨᠡᠯᠬᠡ᠂ ᠡᠪᠡᠳᠴᠢᠳᠠᠨ ᠤ ᠰᠠᠭᠤᠬᠤ ᠠᠰᠠᠷ ᠤᠨ ᠲᠦᠷᠦᠯ ᠵᠦᠢᠯ ᠢ ᠲᠦᠷᠬᠡᠳᠬᠡᠨ ᠬᠡᠷᠡᠭᠵᠢᠬᠦᠯᠵᠦ᠂ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ᠂ ᠰᠢᠨᠯᠢᠨ ᠡᠷᠡᠬᠦᠯ ᠬᠠᠮᠠᠭᠠᠯᠠᠯ ᠤᠨ ᠬᠤᠷᠢᠶ᠎ᠠ ᠠᠰᠢᠭᠯᠠᠯᠳᠠ ᠳᠤ ᠣᠷᠣᠪᠠ᠃ ᠰᠤᠶᠤᠯ ᠪᠡᠶ᠎ᠠ ᠶᠢᠨ ᠲᠠᠮᠢᠷ ᠤᠨ ᠦᠢᠯᠡᠰ ᠡᠳᠦᠷ᠎ᠠ ᠢᠷᠡᠬᠦᠶ᠎ᠠ ᠬᠦᠭᠵᠢᠵᠦ᠂ ᠲᠤᠯᠤᠳᠤᠭᠠᠷ ᠬᠤᠭᠤᠴᠠᠭᠠᠨ ᠤ ᠴᠤᠤᠯ ᠭᠤᠤᠯ ᠰᠤᠶᠤᠯ ᠤᠷᠠᠯᠢᠭ ᠤᠨ ᠨᠠᠶᠢᠷ ᠢ ᠠᠮᠵᠢᠯᠳᠠᠳᠠᠢ ᠶᠠᠪᠤᠭᠳᠠᠭᠤᠯᠵᠦ᠂   ᠪᠦᠬᠦ ᠠᠷᠠᠳ ᠤᠨ ᠪᠡᠶ᠎ᠠ ᠪᠤᠯᠪᠠᠰᠤᠷᠠᠭᠤᠯᠬᠤ ᠠᠵᠢᠯᠯᠠᠭᠠᠨ ᠢ ᠬᠦᠨᠵᠡᠬᠡᠢ ᠦᠷᠨᠢᠬᠦᠯᠵᠦ᠂ ︽ᠢᠰᠡᠭᠡᠢ ᠬᠢᠬᠦ ᠮᠡᠷᠬᠡᠵᠢᠯ︾ ᠂ ︽ᠦᠨᠳᠦᠰᠦᠨ ᠰᠡᠶᠢᠯᠦᠮᠡᠯ︾ ᠪᠤᠯᠤᠨ ︽ᠡᠯᠪᠡᠭᠡᠨ ᠬᠡᠷ ᠢ ᠪᠠᠷᠢᠬᠤ ᠤᠷ᠎ᠠ ᠮᠡᠷᠬᠡᠵᠢᠯ︾ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠦ ᠰᠤᠶᠤᠯ ᠤᠨ ᠦᠪ ᠤᠨ ᠬᠠᠮᠠᠭᠠᠯᠠᠯᠳᠠ ᠶᠢᠨ ᠨᠡᠷᠡᠰ ᠲᠤ ᠵᠢᠭᠰᠠᠭᠠᠭᠳᠠᠵᠠᠢ᠃       ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠵᠦ᠂ ᠦᠬᠡᠷᠡᠴᠢᠯᠡᠯᠳᠡ ᠶᠢ ᠠᠳᠬᠤᠵᠦ᠂ ᠨᠡᠬᠡᠬᠡᠯᠳᠡ ᠶᠢ ᠠᠬᠢᠭᠤᠯᠵᠦ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠠᠪᠴᠢᠷᠠᠪᠠ᠃       ᠦᠬᠡᠷᠡᠴᠢᠯᠡᠯᠳᠡ ᠶᠢᠨ ᠰᠢᠨ᠎ᠠ ᠶᠢ ᠡᠬᠦᠳᠬᠦ ᠶᠢ ᠪᠦᠬᠦ ᠲᠠᠯ᠎ᠠ ᠪᠠᠷ ᠲᠦᠷᠬᠡᠳᠬᠡᠪᠡ᠃ ᠠᠵᠦ ᠠᠬᠤᠢ ᠶᠢᠨ ᠠᠮᠢ ᠠᠬᠤᠢ ᠪᠤᠯᠤᠨ ᠨᠡᠶᠢᠬᠡᠮ ᠤᠨ ᠦᠢᠯᠡᠰ ᠤᠨ ᠬᠦᠷᠢᠶ᠎ᠠ ᠬᠡᠪᠴᠢᠶᠠᠨ ᠳᠠᠬᠢ ᠦᠬᠡᠷᠡᠴᠢᠯᠡᠯᠳᠡ ᠶᠢᠨ ᠡᠬᠦᠷᠬᠡ ᠶᠢ 151 ᠶᠡᠭᠡ ᠲᠦᠷᠦᠯ ᠵᠦᠢᠯ᠂ 244 ᠪᠠᠭ᠎ᠠ ᠵᠦᠢᠯ ᠢ ᠲᠦᠯᠬᠢᠨ ᠠᠬᠢᠭᠤᠯᠵᠠᠢ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠠᠭᠤᠰᠬᠠᠵᠦ᠂ ᠵᠠᠰᠠᠭ ᠤᠨ ᠤᠷᠳᠦᠨ ᠤ ᠪᠠᠶᠢᠭᠤᠯᠤᠮᠵᠢ 36 ᠠᠴᠠ 25 ᠪᠤᠯᠤᠨ ᠪᠠᠭᠠᠰᠴᠠᠢ᠃ ᠬᠦᠳᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠨ ᠲᠤᠭᠳᠠᠭᠠᠵᠦ ᠲᠠᠩᠰᠠᠯᠠᠨ ᠦᠨᠡᠮᠯᠡᠯ ᠤᠯᠭᠤᠬᠤ ᠠᠵᠢᠯ ᠲᠡᠬᠦᠰᠬᠦ ᠱᠠᠳᠤᠨ ᠳᠤ ᠤᠷᠤᠵᠦ᠂ ᠦᠨᠳᠦᠰᠦᠨ ᠪᠡᠯᠴᠢᠬᠡᠷ ᠢ ᠢᠯᠭᠠᠨ ᠲᠤᠭᠳᠠᠭᠠᠬᠤ ᠶᠢ ᠪᠦᠬᠦ ᠲᠠᠯ᠎ᠠ ᠪᠠᠷ ᠪᠡᠶᠡᠯᠡᠬᠦᠯᠵᠦ᠂ ᠪᠡᠯᠴᠢᠬᠡᠷ ᠤᠨ ᠡᠷᠬᠡ ᠶᠢ ᠨᠤᠳᠠᠯᠠᠵᠦ ᠲᠠᠭᠠᠭᠠᠴᠢᠯᠠᠬᠤ ᠠᠬᠢᠴᠨ ᠤᠷᠤᠭᠰᠢᠳᠠᠢ ᠶᠠᠪᠣᠭᠳᠠᠵᠠᠢ᠃ ︽ᠡᠵᠡᠩᠨᠡᠯᠳᠡ ᠶᠢᠨ ᠭᠠᠶᠢᠯᠢ ᠶᠢ ᠨᠡᠮᠡᠯᠳᠡ ᠦᠷᠳᠡᠭ ᠤᠨ ᠭᠠᠶᠢᠯᠢ ᠪᠤᠯᠭᠠᠨ ᠦᠬᠡᠷᠡᠴᠢᠯᠡᠬᠦ︾ ᠲᠤᠷᠰᠢᠯᠳᠠ ᠶᠢ ᠭᠦᠨᠵᠡᠭᠡᠢ ᠲᠦᠯᠬᠢᠨ ᠠᠬᠢᠭᠤᠯᠵᠣ᠂ ᠡᠵᠡᠩᠨᠡᠯᠳᠡ ᠶᠢᠨ ᠭᠠᠶᠢᠯᠢ ᠶᠢ ᠨᠡᠮᠡᠯᠲᠡ ᠦᠷᠳᠡᠭ ᠤᠨ ᠭᠠᠶᠢᠯᠢ ᠪᠣᠯᠭᠠᠨ ᠦᠭᠡᠷᠡᠴᠢᠯᠡᠨ ᠭᠠᠶᠢᠯᠢ ᠲᠤᠰᠢᠶᠠᠭᠴᠢ 3000 ᠡᠷᠦᠬᠡ ᠠᠴᠠ ᠲᠡᠭᠡᠭᠰᠢ ᠰᠢᠨ᠎ᠠ ᠪᠠᠷ ᠨᠡᠮᠡᠭᠳᠡᠵᠡᠢ᠃ ᠬᠤᠳᠠᠯᠳᠤᠭᠠᠨ ᠤ ᠶᠠᠪᠤᠳᠠᠯ ᠢ ᠲᠠᠩᠰᠠᠯᠠᠬᠤ ᠲᠦᠷᠢᠮ ᠤᠨ ᠦᠬᠡᠷᠡᠴᠢᠯᠡᠯᠳᠡ ᠶᠢ ᠶᠡᠭᠡ ᠪᠠᠷ ᠲᠦᠯᠬᠢᠨ ᠠᠬᠢᠭᠤᠯᠵᠦ᠂ ︽ᠬᠤᠰᠢᠭᠤ ᠤᠷᠤᠨ ᠳᠤ ᠨᠢᠭᠡᠲᠦᠯᠲᠡᠢ ᠬᠦᠢᠴᠡᠳᠬᠡᠬᠦ︾ ᠲᠠᠩᠰᠠᠯᠠᠨ ᠲᠡᠮᠳᠡᠭᠯᠡᠬᠦ ᠲᠦᠷᠢᠮ ᠢ ᠬᠡᠷᠡᠭᠵᠢᠬᠦᠯᠵᠦ᠂ ᠡᠯ᠎ᠠ ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠭᠴᠨ ᠶᠢ ᠨᠡᠶᠢᠳᠡ 18730 ᠡᠷᠦᠬᠡ ᠲᠠᠩᠰᠠᠯᠠᠨ ᠲᠡᠮᠳᠡᠭᠯᠡᠵᠡᠢ᠃       ᠭᠠᠳᠠᠭᠠᠳᠦ ᠲᠠᠢ ᠴᠢᠯᠦᠬᠡᠳᠡᠢ ᠶᠠᠪᠤᠯᠴᠠᠬᠤ ᠠᠯᠬᠤᠭ᠎ᠠ ᠪᠠᠨ ᠲᠦᠷᠬᠡᠳᠬᠡᠪᠡ᠃   ᠪᠡᠯᠡ ᠴᠣᠭᠯᠠᠭᠤᠯᠬᠤ ᠬᠡᠪ ᠵᠠᠭᠪᠣᠷ ᠤᠨ ᠰᠢᠨ᠎ᠡ ᠶᠢ ᠡᠭᠦᠳᠦᠨ᠂ ᠨᠡᠶᠢᠬᠡᠮ ᠤᠨ ᠪᠡᠯᠨ ᠬᠦᠷᠦᠩᠬᠡ ᠶᠢ ᠬᠦᠳᠡᠯᠬᠡᠨ ᠨᠡᠶᠢᠳᠡ ᠶᠢᠨ ᠰᠠᠭᠤᠷᠢ ᠪᠦᠳᠦᠬᠡᠨ ᠪᠠᠶᠢᠭᠤᠯᠤᠯᠳᠠ ᠳᠤ ᠤᠷᠤᠯᠴᠠᠭᠤᠯᠵᠦ 13 ᠲᠦᠷᠦᠯ ᠵᠦᠢᠯ ᠢ ᠡᠮᠬᠢᠯᠡᠨ ᠲᠠᠨᠢᠯᠴᠠᠭᠤᠯᠵᠦ᠂ 7 ᠲᠦᠷᠦᠯ ᠵᠦᠢᠯ ᠨᠢ ᠦᠪᠡᠷᠳᠡᠬᠡᠨ ᠵᠠᠰᠠᠬᠤ ᠤᠷᠤᠨ ᠤ ᠲᠦᠷᠦᠯ ᠵᠦᠢᠯ ᠤᠨ ᠬᠦᠮᠦᠷᠬᠡ ᠳᠤ ᠵᠢᠭᠰᠠᠭᠠᠭᠳᠠᠨ ᠤᠷᠤᠵᠠᠢ᠃ ᠤᠮᠠᠷᠠᠰᠢ ᠨᠡᠬᠡᠬᠡᠯᠳᠡ ᠬᠢᠬᠦ ᠶᠢ ᠢᠳᠡᠪᠬᠢᠳᠡᠢ ᠪᠠᠷ ᠲᠦᠯᠬᠢᠨ ᠠᠬᠢᠭᠤᠯᠵᠦ᠂ ᠠᠵᠦ ᠠᠬᠤᠶᠢᠯᠠᠯ ᠢ ᠵᠤᠬᠢᠶᠠᠨ ᠪᠠᠶᠢᠭᠤᠯᠤᠨ ᠤᠯᠤᠰ ᠤᠨ ᠲᠤᠳᠤᠭᠠᠳᠦ ᠭᠠᠳᠠᠭᠠᠳᠦ ᠶᠢᠨ ᠳᠡᠯᠭᠡᠨ ᠦᠵᠡᠬᠦᠯᠦᠯᠬᠡ᠂ ᠵᠦᠪᠳᠡᠯᠴᠡᠬᠡᠨ ᠤ ᠬᠤᠷᠠᠯ ᠳᠤ 5 ᠤᠳᠠᠭ᠎ᠠ ᠤᠷᠤᠯᠴᠠᠭᠤᠯᠵᠦ᠂ 13 ᠲᠦᠷᠦᠯ ᠵᠦᠢᠯ ᠢ ᠬᠡᠷ᠎ᠠ ᠲᠤᠭᠳᠠᠵᠠᠢ᠃ ᠮᠤᠩᠭᠤᠯ ᠤᠯᠤᠰ ᠲᠠᠢ ᠤᠷᠤᠭᠤᠯᠵᠦ ᠭᠠᠷᠭᠠᠬᠤ ᠠᠷᠠᠯᠵᠢᠶᠠᠨ ᠤ ᠠᠵᠢᠯ ᠢ ᠦᠷᠨᠢᠬᠦᠯᠵᠦ᠂ ᠮᠤᠷᠢᠨ ᠮᠢᠬ᠎ᠠ 50 ᠲᠤᠨ ᠤᠷᠤᠭᠤᠯᠵᠦ᠂ 80 ᠲᠤᠨ ᠭᠠᠭ᠋ᠠᠢ  ᠶᠢᠨ ᠮᠢᠬ᠎ᠠ ᠭᠠᠷᠭᠠᠵᠦ᠂ ᠭᠠᠳᠠᠭᠠᠳᠦ ᠠᠴᠠ ᠤᠷᠤᠭᠤᠯᠵᠦ᠂ ᠭᠠᠳᠠᠭᠠᠳᠦ ᠳᠤ ᠭᠠᠷᠭᠠᠬᠤ ᠠᠷᠠᠯᠵᠢᠶ᠎ᠠ ᠬᠤᠭᠤᠰᠤᠨ ᠪᠠᠶᠢᠭᠰᠠᠨ ᠢ ᠡᠪᠳᠡᠵᠡᠢ᠃ ᠠᠷᠠᠯᠵᠢᠶᠠᠴᠢᠨ ᠤᠷᠢᠵᠦ ᠪᠡᠯᠨ ᠤᠷᠤᠭᠤᠯᠬᠤ ᠲᠦᠷᠦᠯ ᠵᠦᠢᠯ 81 ᠪᠡᠶᠡᠯᠡᠬᠦᠯᠵᠦ᠂ ᠠᠷᠠᠯᠵᠢᠶᠠᠴᠢᠨ ᠣᠷᠢᠵᠣ ᠪᠡᠯᠡ ᠣᠷᠣᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠡᠢ᠃       ᠬᠠᠤᠯᠢ ᠪᠠᠷ ᠬᠤᠰᠢᠭᠤ ᠪᠠᠨ ᠵᠠᠰᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠠᠢ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠨᠡᠶᠢᠬᠡᠮ ᠤᠨ ᠶᠠᠷᠢᠶ᠎ᠠ ᠬᠡᠯᠡᠯᠴᠡᠬᠡᠨ ᠤ ᠬᠢᠨᠠᠯᠳᠠ ᠲᠠᠯᠪᠢᠬᠤ  ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠬᠡᠯᠡᠭᠴᠢ ᠶᠢᠨ ᠰᠠᠨᠠᠯ ᠵᠦᠪᠯᠡᠯᠬᠡ ᠶᠢ 97᠂ ᠤᠯᠤᠰ ᠲᠦᠷᠦ ᠶᠢᠨ ᠵᠦᠪᠯᠡᠯᠬᠡᠨ ᠤ   ᠬᠡᠰᠢᠬᠦᠨ ᠤ ᠰᠠᠨᠠᠯ ᠲᠤᠷᠠᠳᠤᠯᠭ᠎ᠠ ᠶᠢ 67 ᠰᠢᠢᠳᠪᠤᠷᠢᠯᠡᠵᠦ᠂ ᠰᠢᠢᠳᠪᠤᠷᠢᠯᠡᠭᠰᠡᠨ ᠨᠤᠷᠮ᠎ᠠ 100 % ᠳᠤ ᠬᠦᠷᠴᠡᠢ᠃   ᠬᠠᠣᠯᠢ ᠴᠠᠭᠠᠵᠠ ᠶᠢᠨ   ᠵᠦᠪᠯᠡᠭᠴᠢ ᠶᠢᠨ   ᠪᠦᠯᠬᠦᠮ ᠢ   ᠪᠠᠶᠢᠭᠤᠯᠵᠣ᠂   ︽ ᠵᠢᠷᠭᠤᠳᠣᠭᠠᠷ ᠲᠠᠪᠣᠨ ᠵᠢᠯ︾ ᠬᠠᠤᠯᠢ ᠲᠦᠭᠡᠮᠡᠯᠵᠢᠭᠦᠯᠬᠦ ᠠᠵᠢᠯ ᠨᠢ ᠦᠪᠡᠷᠳᠡᠬᠡᠨ ᠵᠠᠰᠠᠬᠤ ᠤᠷᠤᠨ ᠤ ᠪᠠᠶᠢᠴᠠᠭᠠᠵᠦ ᠰᠢᠯᠭᠠᠨ ᠠᠪᠬᠤ ᠶᠢ ᠤᠷᠤᠭᠰᠢᠳᠠᠢ ᠪᠠᠷ ᠲᠤᠭᠤᠯᠵᠠᠢ᠃ ᠬᠠᠤᠯᠢ ᠴᠠᠭᠠᠵᠨ ᠶᠢᠨ ᠵᠦᠪᠯᠡᠭᠴᠢ ᠶᠢᠨ ᠪᠦᠯᠬᠦᠮ ᠢ ᠪᠠᠶᠢᠭᠤᠯᠵᠦ᠂ 196   ᠭᠠᠴᠠᠭ᠎ᠠ ᠲᠤᠰᠬᠤᠨ ᠪᠠ 26 ᠨᠡᠶᠢᠬᠡᠮ ᠲᠤᠭᠤᠷᠢᠭ ᠲᠠᠢ ᠬᠠᠤᠯᠢ ᠴᠠᠭᠠᠵᠨ ᠶᠢᠨ ᠵᠦᠪᠯᠡᠭᠴᠢ  ᠶᠢᠨ ᠬᠡᠯᠡᠯᠴᠡᠬᠡᠷ ᠢ ᠲᠤᠭᠳᠠᠵᠠᠢ᠃ ᠬᠤᠰᠢᠭᠤᠨ ᠤ ᠱᠠᠳᠤᠨ ᠤ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠᠨ ᠤ ᠭᠠᠷᠴᠠᠭ ᠢ ᠬᠢᠨᠠᠨ ᠪᠠᠶᠢᠴᠠᠭᠠᠵᠦ ᠲᠠᠭᠤᠰᠤᠨ᠂ ᠨᠡᠶᠢᠳᠡ 36 ᠬᠠᠤᠯᠢ ᠬᠡᠷᠡᠭᠵᠢᠬᠦᠯᠦᠯᠳᠡ ᠶᠢᠨ ᠰᠠᠯᠠᠭ᠎ᠠ ᠮᠦᠴᠢᠷ᠂ 3260 ᠵᠦᠢᠯ ᠤᠨ ᠵᠠᠰᠠᠭ ᠵᠠᠬᠢᠷᠭᠠᠨ ᠤ ᠡᠷᠬᠡ ᠶᠢ ᠴᠡᠭᠴᠡᠯᠡᠵᠡᠢ᠃ 101 ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠢ ᠴᠡᠭᠴᠡᠯᠡᠵᠡᠢ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠪᠠ ᠦᠢᠯᠡᠴᠢᠯᠡᠬᠡᠨ ᠤ ᠴᠢᠨᠠᠷᠳᠦ ᠲᠦᠷᠦᠯ ᠵᠦᠢᠯ ᠢ 248 ᠦᠯᠡᠳᠡᠬᠡᠵᠡᠢ᠃ ᠲᠦᠪ ᠤᠨ ︽ᠨᠠᠢᠮᠠᠨ ᠵᠦᠢᠯ ᠤᠨ ᠲᠤᠭᠳᠠᠭᠠᠯ︾ ᠤᠨ ᠵᠤᠷᠢᠭ ᠰᠠᠨᠠᠭ᠎ᠠ ᠶᠢ ᠴᠢᠩᠭ᠎ᠠ ᠲᠤᠤᠱᠯᠠᠭᠤᠯᠵᠦ᠂ ︽ᠭᠤᠷᠪᠠᠨ ᠠᠯᠪᠠᠨ ᠵᠠᠷᠤᠳᠠᠯ︾ ᠢ ᠲᠠᠰᠤᠷᠠᠯᠳᠠ ᠦᠬᠡᠢ ᠪᠠᠭᠠᠰᠬᠠᠵᠦ᠂ ᠠᠯᠪᠠᠯᠠᠬᠤ ᠬᠡᠷ ᠪᠠ ᠠᠯᠪᠠᠨ ᠵᠠᠷᠤᠳᠠᠯ ᠳᠤ ᠬᠡᠷᠡᠭᠯᠡᠬᠦ ᠲᠡᠷᠬᠡ ᠶᠢ ᠲᠤᠭᠳᠠᠭᠠᠯ ᠶᠤᠰᠤᠭᠠᠷ ᠦᠬᠡᠷᠡᠴᠢᠯᠡᠨ ᠨᠡᠶᠢᠳᠡᠪᠦᠷᠢᠵᠢᠭᠤᠯᠵᠠᠢ᠃ ᠬᠢᠨᠠᠨ ᠪᠤᠳᠤᠵᠦ ᠬᠢᠨᠠᠯᠳᠠ ᠲᠠᠯᠪᠢᠬᠤ ᠶᠢ ᠴᠢᠩᠭᠠᠳᠬᠠᠵᠦ᠂ ᠪᠠᠷᠢᠯᠭ᠎ᠠ ᠶᠢᠨ ᠦᠢᠯᠡᠳᠦᠭᠰᠡᠨ ᠦᠨ᠎ᠡ ᠶᠢ ᠬᠢᠨᠠᠨ ᠬᠠᠰᠤᠵᠦ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠡᠯᠨ ᠮᠦᠩᠬᠦ ᠶᠢ 4356 ᠲᠦᠮᠡᠨ ᠲᠦᠬᠦᠷᠢᠭ ᠠᠷᠪᠢᠯᠠᠵᠠᠢ᠃ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠦ ᠬᠦᠮᠦᠵᠢᠯ ᠢ ᠬᠦᠨᠵᠡᠬᠡᠢ ᠦᠷᠨᠢᠬᠦᠯᠵᠦ᠂ ︽ᠲᠦᠷᠪᠡᠨ ᠰᠤᠷᠳᠠᠯ︾ ᠢ ᠵᠠᠯᠠᠷᠠᠭᠤᠯᠬᠤ ᠶᠢ ᠤᠷᠳᠦ ᠤᠳᠠᠭᠠᠨ ᠢᠶᠠᠷ ᠪᠠᠷᠢᠮᠳᠠᠯᠠᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠯᠡᠷᠬᠡᠢ ᠲᠡᠭᠡᠭᠰᠢᠯᠡᠵᠡᠢ᠃         ᠨᠡᠶᠢᠬᠡᠮ ᠤᠨ ᠶᠡᠭᠡ ᠪᠠᠶᠢᠳᠠᠯ ᠡᠶ᠎ᠡ ᠵᠤᠬᠢᠴᠠᠩᠭᠤᠢ ᠲᠤᠭᠳᠠᠭᠤᠨ ᠢ ᠪᠠᠳᠣᠯᠠᠪᠠ᠃ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠬᠤᠰᠢᠭᠤ ᠶᠢ ᠡᠬᠦᠳᠤᠨ ᠪᠠᠶᠢᠭᠤᠯᠬᠤ ᠶᠢ ᠬᠦᠨᠵᠡᠬᠡᠢ ᠦᠷᠨᠢᠬᠦᠯᠵᠦ ᠂ 12 ᠨᠢᠬᠡᠴᠡ ᠠᠶᠢᠮᠠᠭ ᠤᠨ ᠲᠡᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠠ ᠦᠵᠡᠬᠦᠯᠬᠦ ᠨᠢᠬᠡᠴᠡ ᠪᠠᠷ ᠨᠡᠷᠡᠯᠡᠭᠳᠡᠵᠡᠢ᠃ ︽ᠬᠤᠶᠠᠷ ᠢ ᠬᠦᠷᠢᠶᠡᠯᠡᠬᠦ︾ ᠡᠬᠦᠳᠦᠨ ᠪᠠᠶᠢᠭᠤᠯᠬᠤ ᠠᠵᠢᠯ ᠲᠤᠪᠤᠶᠢᠮ᠎ᠠ ᠠᠮᠵᠢᠯᠳᠠ ᠤᠯᠵᠦ᠂   ᠪᠦᠬᠦ ᠣᠷᠣᠨ ᠤ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠰᠢᠭᠤ ᠪᠠᠷ ᠦᠨᠡᠯᠡᠭᠳᠡᠪᠡ᠃ ᠠᠮᠣᠷ ᠢ ᠬᠠᠮᠠᠭᠠᠯᠠᠬᠤ ᠶᠢ ᠡᠪᠳᠡᠭᠰᠡᠨ ᠪᠠ ᠡᠷᠡᠬᠦᠦ ᠶᠢᠨ ᠭᠡᠷᠡᠭ ᠤᠨ ᠡᠬᠦᠰᠬᠦ ᠨᠣᠷᠮ᠎ᠠ ᠲᠣᠰ ᠪᠦᠷᠢ 9% ᠪᠣᠯᠣᠨ 19 %  ᠢᠶᠠᠷ ᠪᠠᠭᠤᠷᠠᠵᠣ᠂ 8 ᠵᠢᠯ ᠦᠷᠬᠦᠯᠵᠢᠯᠡᠨ ︽ᠪᠦᠬᠦ ᠣᠯᠣᠰ ᠤᠨ ᠠᠮᠣᠷ ᠲᠦᠪᠰᠢᠨ ᠬᠤᠰᠢᠭᠤ ᠰᠢᠶᠠᠨ︾ ᠢᠶᠠᠷ ᠰᠣᠩᠭᠤᠭᠳᠠᠭᠰᠠᠨ ᠪᠠᠶᠢᠨ᠎ᠠ᠃ ᠡᠯ᠎ᠡ ᠵᠦᠢᠯ ᠤᠨ ᠬᠡᠨᠡᠳᠳᠡ ᠶᠢᠨ ᠡᠬᠦᠰᠬᠦ ᠭᠡᠷᠡᠭ ᠢ ᠠᠷᠭᠠᠴᠠᠬᠤ ᠲᠦᠰᠦᠪ ᠢ ᠲᠡᠬᠦᠯᠳᠡᠷᠵᠢᠬᠦᠯᠵᠣ᠂ ᠠᠶᠣᠯ ᠦᠭᠡᠢ ᠦᠢᠯᠡᠳᠪᠦᠷᠢᠯᠡᠯ ᠤᠨ ᠳᠠᠯᠳᠠ ᠭᠡᠮ ᠠᠷᠬᠠᠭ ᠢ ᠨᠢᠬᠳᠠᠯᠠᠨ ᠪᠠᠶᠢᠴᠠᠭᠠᠬᠤ ᠪᠠ ᠲᠣᠰᠬᠠᠢ ᠵᠠᠰᠠᠨ ᠦᠭᠡᠷᠡᠴᠢᠯᠡᠬᠦ   ᠠᠵᠢᠯᠯᠠᠭᠠᠨ ᠢ ᠦᠷᠨᠢᠬᠦᠯᠪᠡ᠃ ᠵᠠᠬᠢᠳᠠᠯ ᠢᠶᠠᠷ ᠰᠣᠷᠪᠣᠯᠵᠢᠯᠠᠬᠤ ᠣᠳᠠᠭ᠎ᠠ ᠪᠠ ᠬᠦᠮᠦᠨ ᠤ ᠲᠤᠭ᠎ᠠ ᠶᠡᠭᠡ ᠬᠡᠪᠴᠢᠶ᠎ᠡ ᠪᠠᠷ ᠪᠠᠭᠤᠷᠠᠵᠣ᠂ ᠠᠶᠢᠮᠠᠭ ᠠᠴᠠ ᠲᠣᠰᠢᠶᠠᠭᠰᠠᠨ ᠲᠠᠷᠣᠭᠳᠠᠭᠰᠠᠨ ᠭᠡᠷᠡᠭ ᠵᠠᠷᠭᠤ  ᠶᠢ 76 ᠵᠦᠢᠯ ᠰᠢᠢᠳᠪᠦᠷᠢᠯᠡᠵᠣ᠂ ᠣᠷᠣᠨ ᠤ ᠴᠠᠭᠳᠠᠨ ᠪᠠᠶᠢᠴᠠᠭᠠᠬᠤ ᠲᠣᠭᠤᠶᠢᠯᠠᠩ ᠠᠴᠠ ᠲᠣᠰᠢᠶᠠᠭᠰᠠᠨ ᠭᠡᠷᠡᠭ ᠵᠠᠷᠭᠤ ᠶᠢ 32 ᠵᠦᠢᠯ ᠰᠢᠢᠳᠪᠦᠷᠢᠯᠡᠨ ᠲᠠᠭᠤᠰᠬᠠᠵᠣ᠂ ᠨᠡᠶᠢᠭᠡᠮ ᠤᠨ ᠡᠳᠡᠭᠡᠳ ᠤᠨ ᠬᠠᠨᠣᠮᠵᠢᠳᠣ ᠴᠢᠨᠠᠷ ᠲᠠᠰᠣᠷᠠᠯ ᠦᠭᠡᠢ ᠲᠡᠭᠡᠭᠰᠢᠯᠡᠪᠡ᠃         ᠲᠦᠯᠦᠭᠡᠯᠡᠭᠴᠢᠳ ᠡ᠂ ᠲᠠᠪᠣᠨ ᠵᠢᠯ ᠤᠨ ᠲᠣᠳᠣᠷ᠎ᠠ᠂ ᠪᠢᠳᠡ ᠪᠦᠯᠬᠦᠮᠳᠡᠨ ᠲᠡᠮᠡᠴᠡᠵᠣ᠂ ᠰᠠᠯᠬᠢ ᠪᠣᠷᠣᠭᠠᠨ  ᠢ ᠲᠣᠭᠤᠯᠵᠣ᠂ ᠯᠠᠪᠳᠠᠭᠤᠨ ᠪᠠᠳᠣᠳᠠᠢ ᠣᠷᠣᠭᠰᠢᠯᠠᠵᠣ᠂ ᠵᠢᠯ ᠲᠣᠳᠣᠮ ᠰᠢᠨ᠎ᠡ ᠲᠡᠭᠳᠡᠷ ᠲᠤ ᠦᠭᠰᠦᠵᠣ ᠵᠠᠯᠠᠶᠢᠳ ᠬᠤᠰᠢᠭᠤᠨ ᠤ ᠬᠦᠭᠵᠢᠯᠳᠡ ᠶᠢᠨ ᠲᠡᠦᠭᠡᠨ ᠳᠤ ᠭᠡᠷᠡᠯ ᠬᠢᠯᠪᠠᠭ᠎ᠠ ᠲᠠᠢ ᠰᠢᠨ᠎ᠡ ᠬᠠᠭᠤᠳᠠᠰᠣ ᠶᠢ ᠪᠢᠴᠢᠭᠯᠡᠪᠡ᠃ ᠡᠨᠡᠬᠦ ᠬᠦᠭᠵᠢᠯᠳᠡ ᠶᠢᠨ ᠦᠷ᠎ᠡ ᠪᠦᠳᠦᠭᠡᠯ ᠨᠢ ᠬᠤᠰᠢᠭᠤᠨ ᠤ ᠨᠠᠮ ᠤᠨ ᠬᠤᠷᠢᠶ᠎ᠠ ᠶᠢᠨ ᠡᠷᠴᠢ ᠬᠦᠴᠦᠨ ᠲᠠᠢ ᠣᠳᠣᠷᠢᠳᠣᠯᠭ᠎ᠠ ᠵᠢᠴᠢ ᠠᠷᠠᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠦᠴᠦᠳᠦ ᠲᠡᠮᠵᠢᠯᠭᠡ᠂ ᠨᠡᠶᠢᠭᠡᠮ ᠤᠨ ᠡᠯ᠎ᠡ ᠡᠳᠡᠭᠡᠳ ᠤᠨ ᠬᠢᠨ᠂ ᠡᠯ᠎ᠡ ᠦᠨᠳᠦᠰᠦᠳᠡᠨ ᠤ ᠠᠷᠠᠳ ᠲᠦᠮᠡᠨ ᠤ ᠰᠢᠷᠭᠠᠭᠤ   ᠬᠦᠳᠡᠯᠮᠦᠷᠢ  ᠠᠴᠠ ᠢᠷᠡᠯᠳᠡ ᠲᠠᠢ ᠶᠤᠮ᠃ ᠠᠳᠡ ᠪᠢ ᠬᠤᠰᠢᠭᠤᠨ ᠤ ᠵᠠᠰᠠᠭ ᠤᠨ ᠣᠷᠳᠣᠨ ᠢᠶᠠᠨ ᠲᠦᠯᠦᠭᠡᠯᠡᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ᠂ ᠬᠠᠯᠠᠮᠵᠢᠯᠠᠨ ᠲᠡᠮᠵᠢᠵᠣ᠂ ᠬᠠᠯᠠᠭᠤᠨ ᠰᠡᠳᠬᠢᠯ ᠢᠶᠠᠷ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ ᠣᠷᠣᠯᠴᠠᠭᠰᠠᠨ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ  ᠤᠨ ᠲᠠᠯᠠᠷᠬᠠᠯ ᠪᠠ ᠬᠦᠨᠳᠦᠳᠭᠡᠯ ᠤᠨ ᠰᠡᠳᠬᠢᠯᠭᠡ ᠪᠠᠨ ᠲᠡᠪᠰᠢᠬᠦᠯᠦᠶ᠎ᠡ︕       ᠠᠮᠵᠢᠯᠲᠠ ᠪᠠᠨ ᠮᠡᠳᠡᠷᠡᠬᠦ ᠶᠢᠨ ᠬᠠᠮᠲᠣ᠂ ᠪᠢᠳᠡ ᠠᠵᠣ ᠠᠬᠤᠢ ᠨᠡᠶᠢᠭᠡᠮ ᠤᠨ ᠬᠦᠭᠵᠢᠯᠲᠡ ᠳᠤ ᠪᠠᠰᠠ ᠡᠳᠦᠢ ᠲᠡᠳᠦᠢ ᠬᠦᠴᠢᠷᠳᠡᠯ ᠪᠠ ᠠᠰᠠᠭᠤᠳᠠᠯ ᠣᠷᠣᠰᠢᠵᠣ ᠪᠠᠶᠢᠬᠤ ᠶᠢ ᠰᠡᠷᠭᠡᠭ ᠢᠶᠠᠷ ᠣᠯᠵᠣ ᠲᠠᠨᠢᠬᠤ ᠬᠡᠷᠡᠭᠲᠡᠢ᠃ ᠣᠳᠣᠬᠠᠨ ᠳᠤ᠂ ᠮᠠᠨ ᠤ ᠬᠤᠰᠢᠭᠤᠨ ᠤ ᠠᠵᠦ ᠠᠬᠤᠢ ᠶᠢᠨ ᠶᠡᠷᠤᠩᠬᠡᠢ ᠬᠡᠮᠵᠢᠶ᠎ᠠ ᠪᠠᠭ᠎ᠠ᠂ ᠠᠵᠦ ᠦᠢᠯᠡᠰ ᠤᠨ ᠪᠦᠳᠦᠴᠡ ᠳᠠᠩ ᠴᠣᠯᠭᠤᠢ᠂ ᠶᠡᠭᠡ ᠲᠦᠷᠦᠯ ᠵᠦᠢᠯ ᠤᠨ ᠲᠤᠯᠭᠠᠭᠤᠷᠢᠯᠡᠯ ᠢᠶᠠᠷ ᠲᠤᠳᠠᠮᠠᠭ᠂ ᠰᠠᠭᠤᠷᠢ ᠲᠦᠬᠦᠬᠡᠷᠤᠮᠵᠢ  ᠶᠢᠨ ᠪᠦᠳᠦᠬᠡᠨ ᠪᠠᠶᠢᠭᠤᠯᠤᠯᠳᠠ ᠬᠠᠷᠢᠴᠠᠩᠭᠤᠢ ᠪᠠᠭᠤᠷᠠᠢ ᠪᠠᠶᠢᠳᠠᠯ ᠮᠦᠨ ᠯᠨ ᠬᠤᠪᠢᠷᠠᠵᠦ ᠲᠡᠶᠢᠯᠦᠬᠡᠳᠤᠢ᠂ ︽ᠠᠷᠪᠠ  ᠶᠢ ᠪᠦᠷᠬᠦᠬᠦᠯᠬᠦ︾ ᠢᠨᠵᠧᠨᠧᠷᠢᠩ ᠢ ᠪᠡᠶᠡᠯᠡᠭᠦᠯᠬᠦ᠂ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠲᠣᠯᠬᠤ ᠶᠢ ᠪᠡᠶᠡᠯᠡᠭᠦᠯᠬᠦ᠂ ᠪᠦᠬᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ ᠡᠬᠦᠷᠬᠡ ᠬᠦᠨᠳᠦ᠂ ᠱᠠᠳᠤᠴᠢ ᠴᠢᠨᠠᠷᠳᠠᠢ ᠲᠠᠷᠤᠯᠳᠠ ᠪᠠ ᠬᠦᠴᠢᠷᠳᠡᠯ ᠮᠦᠨ ᠯᠨ ᠦᠷᠬᠦᠯᠵᠢᠯᠡᠨ᠂ ᠭᠠᠵᠠᠷ ᠤᠷᠤᠨ ᠤ ᠠᠵᠦ ᠠᠬᠤᠢ ᠶᠡᠷᠤᠩᠭᠡᠢ ᠳᠤ ᠪᠠᠨ ᠮᠦᠨᠬᠦ ᠬᠦᠴᠢᠷᠳᠡᠯᠳᠦ ᠬᠤᠭᠤᠴᠠᠭᠠᠨ ᠳᠤ ᠪᠠᠨ ᠪᠠᠶᠢᠨ᠎ᠠ᠃ ᠡᠳᠡᠭᠡᠷ ᠠᠰᠠᠭᠤᠳᠠᠯ ᠤᠨ ᠲᠣᠬᠠᠢ᠂ ᠪᠢᠳᠡ ᠵᠠᠰᠠᠭ ᠤᠨ ᠣᠷᠳᠣᠨ ᠤ ᠠᠵᠢᠯ ᠤᠨ ᠬᠢᠷᠢ ᠲᠦᠪᠰᠢᠨ ᠢᠶᠠᠨ ᠲᠠᠰᠣᠷᠠᠯᠲᠠ ᠦᠭᠡᠢ ᠬᠠᠯᠠᠨ ᠰᠠᠶᠢᠵᠢᠷᠠᠭᠤᠯᠬᠤ ᠪᠠ ᠳᠡᠭᠡᠭᠰᠢᠯᠡᠭᠦᠯᠵᠦ᠂ ᠨᠡᠩ ᠬᠠᠨᠳᠣᠯᠠᠭᠠᠲᠣ ᠴᠢᠨᠠᠷ ᠲᠠᠢ ᠠᠷᠭ᠎ᠠ ᠬᠡᠮᠵᠢᠶ᠎ᠡ ᠠᠪᠴᠣ᠂ ᠬᠢᠨᠠᠮᠠᠭᠠᠢ ᠰᠢᠢᠳᠪᠦᠷᠢᠯᠡᠨ᠎ᠡ᠃         ᠬᠤᠶᠠᠷ᠂ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠠᠬᠢ ᠬᠦᠭᠵᠢᠯᠳᠡ ᠶᠢᠨ ᠶᠡᠷᠦᠩᠭᠡᠢ ᠰᠡᠳᠬᠢᠴᠡ ᠪᠠ ᠬᠠᠷᠠᠯᠳᠠ ᠡᠬᠦᠷᠭᠡ         ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭ᠎ᠠ ᠪᠣᠯ ᠪᠦᠬᠦ ᠲᠠᠯ᠎ᠠ  ᠪᠠᠷ ᠴᠢᠨᠡᠭᠡᠯᠢᠭᠵᠢᠭᠰᠡᠨ ᠨᠡᠶᠢᠭᠡᠮ ᠢ ᠢᠯᠠᠯᠳᠠ ᠲᠠᠢ ᠪᠦᠳᠦᠭᠡᠨ ᠪᠠᠶᠢᠭᠤᠯᠬᠤ ᠰᠢᠢᠳᠪᠦᠷᠢᠳᠦ ᠴᠠᠭ ᠦᠶ᠎ᠡ᠂ ᠮᠥᠨ ᠴᠦ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠵᠣ ᠬᠦᠭᠵᠢᠯᠳᠡ ᠪᠠᠨ ᠲᠦᠷᠭᠡᠳᠭᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠢᠳᠡᠨ ᠳᠤ ᠠᠵᠣ ᠠᠬᠤᠢ ᠠᠯᠭᠤᠷᠯᠠᠬᠤ ᠬᠤᠷᠴᠠ ᠰᠢᠷᠦᠬᠦᠨ ᠦᠷᠢᠰᠦᠯᠳᠦᠭᠡᠨ ᠲᠣᠯᠭᠠᠷᠠᠬᠤ ᠶᠢᠨ ᠬᠠᠮᠳᠣ ᠪᠠᠰᠠ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠵᠠᠪᠰᠢᠶᠠᠨ ᠲᠣᠬᠢᠶᠠᠯ ᠢ ᠴᠦ ᠣᠭᠳᠣᠵᠣ ᠪᠣᠢ᠃ ᠲᠠᠷᠠᠭᠠᠴᠢ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠱᠠᠭᠠᠷᠳᠠᠯᠭ᠎ᠠ ᠪᠣᠯ᠄   ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠦᠷᠪᠡᠳᠦᠭᠡᠷ᠂ ᠲᠠᠪᠣᠳᠣᠭᠠᠷ ᠪᠦᠬᠦᠳᠡ ᠬᠤᠷᠠᠯ   ᠪᠠ ᠰᠢ ᠶᠢᠨ ᠫᠢᠩ ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠣᠨᠴᠠᠭᠠᠶᠢᠯᠠᠨ ᠦᠪᠦᠷ ᠮᠣᠩᠭᠤᠯ ᠢ ᠲᠣᠭᠤᠷᠢᠨ ᠪᠠᠶᠢᠴᠠᠭᠠᠬᠤ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ   ᠪᠦᠬᠦ ᠲᠠᠯ᠎ᠠ   ᠪᠠᠷ ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠴᠡ ᠬᠢᠭᠡᠳ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ︵ᠦᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠣᠷᠢᠵᠢᠭᠤᠯᠵᠣ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠪᠠᠷᠢᠮᠳᠠᠯᠠᠵᠣ᠂ ︽ᠨᠢᠭᠡᠳᠦᠭᠡᠷ ᠠᠵᠣ ᠦᠢᠯᠡᠰ ᠢ ᠴᠢᠩᠭᠠᠳᠬᠠᠵᠣ᠂ ᠬᠤᠶᠠᠳᠣᠭᠠᠷ ᠠᠵᠣ ᠦᠢᠯᠡᠰ ᠢ ᠪᠣᠵᠠᠭᠠᠶᠢᠷᠠᠭᠤᠯᠵᠣ᠂ ᠭᠤᠷᠪᠠᠳᠣᠭᠠᠷ ᠠᠵᠣ ᠦᠢᠯᠡᠰ ᠢ ᠰᠠᠶᠢᠳᠣᠷ ᠬᠢᠬᠦ︾ ᠶᠢ ᠬᠦᠴᠦᠯᠡᠨ ᠠᠬᠢᠭᠤᠯᠣᠨ᠂ ᠭᠤᠷᠪᠠᠨ ᠵᠦᠢᠯ ᠤᠨ ᠠᠵᠣ ᠦᠢᠯᠡᠰ ᠤᠨ ᠠᠭᠤᠰᠣᠯᠳᠣᠨ ᠬᠦᠭᠵᠢᠬᠦ ᠶᠢ ᠲᠦᠯᠬᠢᠨ ᠠᠭᠢᠭᠤᠯᠵᠣ᠂ ᠣᠨᠴᠠᠯᠢᠭᠳᠣ ᠠᠵᠣ ᠦᠢᠯᠡᠰ ᠤᠨ ᠰᠢᠰᠲ᠋ᠧᠮ ᠢ ᠢᠳᠡᠪᠬᠢᠳᠡᠢ ᠬᠦᠮᠦᠵᠢᠬᠦᠯᠦᠨ᠂ ᠶᠠᠳᠠᠭᠤ ᠠᠴᠠ ᠠᠩᠭᠢᠵᠢᠷᠠᠭᠤᠯᠵᠣ ᠪᠣᠭᠤᠮᠳᠠ ᠳᠠᠪᠠᠭ᠋ᠣ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠣᠲᠠᠲᠠᠢ ᠠᠳᠬᠤᠵᠣ᠂ ᠠᠷᠠᠳ ᠤᠨ ᠠᠮᠢᠳᠣᠷᠠᠯ ᠤᠨ ᠰᠠᠶᠢᠵᠢᠷᠠᠯ ᠢ ᠬᠦᠴᠦᠯᠡᠨ ᠪᠠᠳᠣᠯᠠᠵᠣ᠂ ᠠᠷᠠᠳ ᠢ ᠪᠠᠶᠠᠵᠢᠭᠤᠯᠵᠣ ᠬᠤᠰᠢᠭᠤ ᠪᠠᠨ ᠬᠦᠴᠦᠷᠭᠡᠭᠵᠢᠬᠦᠯᠬᠦ ᠶᠠᠪᠣᠴᠠ ᠶᠢ ᠲᠦᠷᠭᠡᠳᠭᠡᠵᠣ᠂ ᠲᠣᠭᠳᠠᠭᠰᠠᠨ ᠬᠤᠭᠤᠴᠠᠭᠠᠨ ᠳᠤ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠢ ᠪᠦᠳᠦᠭᠡᠨ ᠪᠠᠶᠢᠭᠤᠯᠵᠣ ᠴᠢᠳᠠᠬᠤ ᠶᠢ ᠪᠠᠳᠣᠯᠠᠨ᠎ᠠ᠃ ᠲᠠᠷᠠᠭᠠᠴᠢ ᠶᠢᠨ ᠲᠠᠪᠣᠨ ᠵᠢᠯ ᠳᠤ᠂ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠪᠣᠯᠬᠤ ᠲᠡᠮᠡᠴᠡᠯ ᠤᠨ ᠬᠠᠷᠠᠯᠳᠠ ᠪᠣᠯ᠄ ︽ᠲᠠᠪᠣᠨ ᠲᠠᠯ᠎ᠠ ᠶᠢᠨ ᠲᠡᠭᠡᠭᠰᠢᠯᠡᠯᠳᠡ︾ ︽ᠭᠤᠷᠪᠠ ᠲᠠᠬᠢᠬᠤ︾᠂ ︽ᠬᠤᠶᠠᠷ ᠢ ᠲᠣᠯᠭᠠᠬᠤ︾ ︽ᠨᠢᠭᠡ ᠬᠠᠮᠳᠣ ᠪᠠᠷ︾ ᠢ ᠴᠢᠷᠮᠠᠶᠢᠨ ᠪᠡᠶᠡᠯᠡᠬᠦᠯᠦᠨ᠎ᠡ᠃ ᠪᠦᠬᠦ ᠬᠤᠰᠢᠭᠤᠨ ᠤ ᠠᠵᠣ ᠠᠬᠤᠢ ᠶᠢᠨ ᠬᠦᠭᠵᠢᠯᠳᠡ ᠶᠢᠨ ᠦᠷ᠎ᠡ ᠠᠰᠢᠭ᠂ ᠬᠤᠳᠠ ᠬᠦᠳᠡᠭᠡ  ᠶᠢᠨ ᠪᠦᠳᠦᠭᠡᠨ ᠪᠠᠶᠢᠭᠤᠯᠣᠯᠳᠠ ᠶᠢᠨ ᠬᠢᠷᠢ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ᠂ ᠭᠠᠳᠠᠨᠠᠬᠢ ᠲᠠᠢ ᠴᠢᠯᠦᠭᠡᠳᠡᠢ ᠶᠠᠪᠣᠯᠴᠠᠬᠤ ᠬᠢᠷᠢ ᠬᠡᠮᠵᠢᠶ᠎ᠡ᠂ ᠨᠡᠶᠢᠭᠡᠮ ᠤᠨ ᠪᠠᠳᠣᠯᠠᠭ᠎ᠠ ᠶᠢᠨ ᠴᠢᠳᠠᠪᠣᠷᠢ ᠶᠢ ᠮᠡᠳᠡᠭᠳᠡᠬᠦᠶᠢᠴᠡ ᠲᠡᠭᠡᠭᠰᠢᠯᠡᠬᠦᠯᠵᠣ᠂ ᠣᠷᠣᠨ ᠨᠣᠳᠤᠭ ᠤᠨ ᠦᠢᠯᠡᠳᠪᠦᠷᠢᠯᠡᠯ ᠤᠨ ᠪᠦᠬᠦ ᠦᠷᠳᠡᠭ᠂ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠪᠠ ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ ᠲᠠᠬᠢᠨ ᠢᠶᠠᠷ ᠨᠡᠮᠡᠭᠳᠡᠬᠦ ᠶᠢ ᠪᠡᠶᠡᠯᠡᠬᠦᠯᠵᠣ᠂ ᠲᠣᠰ ᠪᠦᠷᠢ 226 ᠳ᠋ᠦᠩᠰᠢᠭᠤᠷ ᠲᠦᠬᠦᠷᠢᠭ᠂ 6 ᠳ᠋ᠦᠩᠰᠢᠭᠤᠷ ᠲᠦᠬᠦᠷᠢᠭ ᠪᠠ 120 ᠳ᠋ᠦᠩᠰᠢᠭᠤᠷ ᠲᠦᠬᠦᠷᠢᠭ ᠲᠤ ᠲᠣᠯᠭᠠᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠣᠷᠣᠯᠭ᠎ᠠ ᠪᠦᠬᠦ ᠣᠯᠣᠰ ᠤᠨ ᠲᠡᠭᠰᠢᠳᠭᠡᠭᠰᠡᠨ ᠣᠷᠣᠯᠭ᠎ᠠ ᠶᠢᠨ ᠬᠢᠷᠢ ᠲᠦᠪᠰᠢᠨ ᠳᠤ ᠬᠦᠷᠬᠦ ᠪᠣᠶᠣ ᠲᠠᠪᠠᠭᠤᠯᠵᠣ᠂ ᠲᠣᠰ ᠪᠦᠷᠢ 39000 ᠲᠦᠬᠦᠷᠢᠭ ᠪᠣᠯᠣᠨ 16000 ᠲᠦᠬᠦᠷᠢᠭ ᠲᠤ ᠲᠣᠯᠭᠠᠵᠣ᠂ 2020 ᠣᠨ ᠳᠤ ᠪᠦᠬᠦ ᠣᠯᠣᠰ ᠪᠦᠬᠦ ᠣᠷᠣᠨ ᠲᠠᠢ ᠬᠠᠮᠳᠣ ᠪᠠᠷ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠳᠤ ᠲᠠᠪᠰᠢᠨ ᠣᠷᠣᠨ᠎ᠠ᠃         ᠬᠠᠷᠠᠯᠳᠠ ᠨᠢ ᠬᠦᠭᠵᠢᠯᠳᠡ ᠶᠢ ᠬᠦᠳᠦᠯᠦᠨ᠂ ᠬᠦᠰᠡᠬᠦ ᠢᠷᠡᠭᠡᠳᠦᠢ ᠨᠢ ᠬᠦᠮᠦᠰ ᠤᠨ ᠵᠣᠷᠢᠭ ᠢ ᠬᠦᠪᠴᠢᠯᠡᠨ᠎ᠡ᠃ ᠢᠷᠡᠬᠦ ᠲᠠᠪᠣᠨ ᠵᠢᠯ ᠳᠤ᠂ ᠡᠷᠭᠡᠪᠰᠢ ᠬᠦᠭᠵᠢᠯᠳᠡ ᠶᠢ ᠲᠡᠷᠢᠬᠦᠨ ᠴᠢᠬᠤᠯᠠ ᠦᠢᠯᠡ ᠪᠣᠯᠭᠠᠨ ᠴᠢᠩᠭ᠎ᠠ ᠪᠠᠷᠢᠮᠳᠠᠯᠠᠵᠣ᠂ ᠬᠤᠰᠢᠭᠤᠨ ᠤ ᠬᠡᠪᠴᠢᠶᠡᠨ ᠤ ᠶᠡᠷᠦᠩᠭᠡᠶᠢᠯᠡᠭᠰᠡᠨ ᠠᠵᠣ ᠠᠬᠤᠢ ᠶᠢᠨ ᠪᠣᠳᠠᠳᠣ ᠬᠦᠴᠦᠨ ᠢ ᠲᠠᠰᠣᠷᠠᠯ ᠦᠭᠡᠢ ᠪᠣᠵᠠᠭᠠᠶᠢᠷᠠᠭᠤᠯᠣᠨ᠎ᠠ᠃ ᠪᠢᠳᠡ ᠢᠳᠡᠪᠬᠢᠲᠡᠢ ᠪᠠᠷ ᠵᠣᠬᠢᠴᠠᠵᠣ᠂ ᠣᠨᠣᠪᠴᠢᠳᠠᠢ ᠡᠵᠡᠮᠳᠡᠨ᠂ ᠢᠳᠡᠪᠬᠢᠳᠡᠢ ᠪᠠᠷ ᠠᠵᠣ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠢ ᠬᠦᠳᠦᠯᠦᠨ ᠲᠠᠭᠠᠭᠤᠯᠵᠣ᠂ ᠰᠢᠨ᠎ᠡ  ᠶᠢ ᠡᠬᠦᠳᠬᠦ᠂ ᠵᠣᠬᠢᠴᠠᠩᠭᠤᠢ᠂ ᠪᠣᠬᠢᠷᠳᠣᠯ ᠦᠭᠡᠢ᠂ ᠨᠡᠭᠡᠭᠡᠯᠳᠡᠲᠦ᠂ ᠬᠠᠮᠳᠣ   ᠪᠠᠷ ᠡᠳ᠋ᠯᠡᠬᠦ᠂ ︽ᠲᠠᠪᠣᠨ ᠶᠡᠭᠡ ᠬᠦᠭᠵᠢᠯᠳᠡ ᠶᠢᠨ ᠣᠶᠢᠯᠠᠭᠠᠭᠳᠠᠬᠤᠨ︾ ᠢ ᠪᠠᠳᠣᠳᠠᠢ ᠲᠣᠣᠱᠯᠠᠭᠤᠯᠵᠣ᠂ ᠣᠯᠠᠨ ᠡᠰᠢᠳᠦ ᠬᠦᠭᠵᠢᠯᠳᠡ᠂ ᠣᠯᠠᠨ ᠲᠦᠢᠯᠳᠦ ᠲᠣᠯᠭᠠᠭᠤᠷᠢᠯᠠᠬᠤ ᠣᠳᠣᠬᠢᠴᠢᠯᠠᠯᠳᠠ ᠶᠢᠨ ᠠᠵᠣ ᠦᠢᠯᠡᠰ ᠤᠨ ᠰᠢᠰᠲ᠋ᠧᠮ ᠢ ᠪᠦᠬᠦ ᠬᠦᠴᠦ ᠪᠠᠷ ᠪᠦᠳᠦᠭᠡᠨ ᠪᠠᠶᠢᠭᠤᠯᠵᠣ᠂ ᠢᠳᠡᠪᠬᠢᠳᠡᠢ ᠪᠠᠷ ᠣᠳᠣᠬᠢᠴᠢᠯᠠᠯᠳᠠ ᠶᠢᠨ ᠰᠠᠭᠤᠷᠢ ᠲᠦᠬᠦᠭᠡᠷᠦᠮᠵᠢ ᠶᠢᠨ ᠲᠣᠣᠷ ᠢ ᠴᠣᠭᠴᠠᠯᠠᠨ ᠪᠠᠶᠢᠭᠤᠯᠣᠨ᠎ᠠ᠃         ᠨᠢᠭᠡ ᠳᠤ᠂ ᠰᠢᠨ᠎ᠡ ᠶᠢ ᠡᠭᠦᠳᠬᠦ ᠬᠦᠭᠵᠢᠯᠲᠡ ᠶᠢ ᠡᠷᠬᠡᠪᠰᠢ ᠢᠮᠠᠭᠲᠠ ᠪᠠᠷᠢᠮᠳᠠᠯᠠᠨ᠎ᠠ᠃ ᠬᠠᠩᠭᠠᠨ ᠦᠭᠬᠦ ᠲᠦᠷᠦ ᠶᠢᠨ ᠪᠣᠳᠣᠯᠭ᠎ᠠ ᠳᠤ ᠪᠦᠳᠦᠴᠡ ᠶᠢᠨ ᠦᠭᠡᠷᠡᠴᠢᠯᠡᠯᠳᠡ ᠬᠢᠬᠦ ᠶᠢ ᠲᠦᠯᠬᠢᠨ ᠠᠬᠢᠭᠤᠯᠵᠣ᠂ ︽ᠬᠡᠳᠦ ᠦᠢᠯᠡᠳᠪᠦᠷᠢᠯᠡᠯ ᠤᠨ ᠴᠢᠳᠠᠯ ᠢ ᠬᠠᠰᠣᠵᠣ᠂ ᠲᠠᠷᠣᠭᠳᠠᠮᠠᠯ ᠬᠦᠮᠦᠷᠭᠡ ᠶᠢᠨ ᠬᠠᠳᠠᠭᠠᠯᠠᠯ ᠢ ᠪᠠᠭᠠᠰᠬᠠᠵᠣ᠂ ᠬᠦᠰᠢᠬᠦᠷᠭᠡ  ᠶᠢᠨ ᠦᠢᠯᠡᠳᠦᠯ ᠢ ᠪᠠᠭᠠᠰᠬᠠᠵᠣ᠂ ᠣᠭ ᠪᠡᠯᠡ ᠶᠢ ᠬᠠᠰᠣᠵᠣ᠂ ᠪᠠᠭᠤᠷᠠᠢ ᠲᠠᠯ᠎ᠠ ᠪᠠᠨ ᠨᠦᠬᠦᠬᠦ︾ ᠲᠠᠪᠣᠨ ᠶᠡᠭᠡ ᠡᠬᠦᠷᠭᠡ ᠶᠢ ᠪᠦᠬᠦ ᠲᠠᠯ᠎ᠠ ᠪᠠᠷ ᠨᠡᠶᠢᠳᠠᠪᠣᠷᠢᠵᠢᠭᠤᠯᠵᠣ᠂ ᠰᠢᠨ᠎ᠡ ᠶᠢ ᠡᠬᠦᠳᠬᠦ ᠪᠠᠷ ᠭᠤᠣᠯ ᠬᠦᠳᠦᠯᠦᠭᠴᠢ ᠪᠠ ᠲᠣᠯᠭᠠᠭᠤᠷᠢᠯᠠᠯ ᠪᠣᠯᠭᠠᠭᠰᠠᠨ ᠠᠵᠣ ᠠᠬᠤᠢ ᠶᠢᠨ ᠰᠢᠰᠲ᠋ᠧᠮ ᠪᠠ ᠬᠦᠭᠵᠢᠯᠳᠡ ᠶᠢᠨ ᠬᠡᠯᠪᠡᠷᠢ ᠮᠠᠶ᠋ᠢᠭ ᠢ ᠪᠦᠷᠢᠯᠳᠦᠬᠦᠯᠦᠨ᠎ᠡ᠃   ᠪᠦᠳᠦᠴᠡ ᠶᠢ ᠲᠣᠬᠢᠷᠠᠭᠤᠯᠵᠣ᠂ ᠭᠡᠯᠪᠡᠷᠢ ᠶᠢ ᠬᠤᠪᠢᠷᠠᠭᠤᠯᠬᠤ᠂ ᠲᠡᠰ ᠳᠡᠪᠰᠢᠭᠦᠯᠬᠦ ᠶᠢ ᠲᠦᠷᠭᠡᠳᠭᠡᠵᠦ ᠠᠬᠢᠭᠤᠯᠣᠨ᠂ ᠲᠠᠪᠠᠭᠤᠯᠢᠭ ᠤᠨᠴᠠᠯᠢᠭᠳᠦ ᠠᠵᠣ ᠦᠢᠯᠡᠰ ᠢ ᠬᠦᠴᠦᠯᠡᠨ ᠬᠦᠮᠦᠵᠢᠬᠦᠯᠵᠣ᠂ ︽ ᠢᠳᠡᠬᠦ ᠪᠣᠳᠠᠭ᠎ᠠ︾ ᠶᠢᠨ ᠠᠮᠣ ᠶᠢᠨ ᠰᠠᠩ ᠬᠦᠮᠦᠷᠭᠡ ᠶᠢ ᠪᠦᠳᠦᠭᠡᠨ ᠪᠠᠶᠢᠭᠤᠯᠬᠤ᠂ ᠬᠤᠳᠠᠯᠳᠣᠭᠠᠨ ᠤ ᠠᠮᠣ ᠶᠢᠨ ᠭᠠᠷᠭᠠᠯᠳᠠ᠂ ᠰᠢᠬᠢᠷ ᠬᠢᠬᠦ᠂ ᠮᠠᠯ ᠤᠨ ᠪᠦᠳᠦᠭᠡᠭᠳᠡᠬᠦᠨ ᠤ ᠬᠠᠳᠠᠭᠠᠯᠠᠵᠣ ᠬᠠᠩᠭᠠᠬᠤ᠂ ᠪᠠᠷᠢᠯᠭ᠎ᠠ ᠶᠢᠨ ᠮᠠᠲ᠋ᠧᠷᠢᠶᠠᠯ᠂ ᠠᠬᠢᠨ   ᠪᠦᠳᠦᠵᠦ ᠪᠣᠯᠬᠤ   ᠡᠨᠧᠷᠬᠢ᠂ ᠵᠣᠭᠠᠴᠠᠯ ᠤᠨ ᠠᠵᠣ ᠦᠢᠯᠡᠰ ᠵᠡᠷᠭᠡ ᠲᠣᠯᠣᠭᠠᠨ ᠲᠠᠯ᠎ᠠ ᠶᠢᠨ ᠬᠦᠭᠵᠢᠯᠳᠡ  ᠳᠤ ᠰᠢᠨ᠎ᠡ ᠶᠢ ᠡᠬᠦᠳᠴᠦ᠂ ᠰᠢᠪᠳᠣᠯᠣᠯᠳᠠ ᠶᠢ ᠪᠡᠶᠡᠯᠡᠬᠦᠯᠦᠨ᠎ᠡ᠃         ᠬᠤᠶᠠᠷ ᠲᠤ᠂ ᠵᠣᠬᠢᠴᠠᠩᠭᠤᠢ ᠬᠦᠭᠵᠢᠯᠲᠡ ᠶᠢ ᠡᠷᠬᠡᠪᠰᠢ ᠢᠮᠠᠭᠲᠠ ᠪᠠᠷᠢᠮᠳᠠᠯᠠᠨ᠎ᠠ᠃ ︽ᠭᠤᠣᠯ ᠲᠦᠪ ᠤᠨ ᠬᠤᠳᠠ ᠶᠢ ᠦᠷᠭᠡᠳᠭᠡᠨ ᠬᠦᠴᠦᠷᠭᠡᠭᠵᠢᠬᠦᠯᠵᠣ᠂ ᠵᠢᠵᠢᠭ ᠬᠤᠳᠠ ᠪᠠᠯᠭᠠᠳ ᠢ ᠰᠢᠯᠢᠳᠡᠭᠵᠢᠬᠦᠯᠦᠨ ᠭᠤᠸᠠᠯᠢᠭᠵᠢᠭᠤᠯᠵᠣ᠂ ᠬᠦᠳᠡᠭᠡ ᠲᠣᠰᠬᠤᠨ ᠮᠠᠯᠵᠢᠬᠤ ᠣᠷᠣᠨ ᠢ ᠭᠤᠶᠣᠵᠢᠭᠤᠯᠣᠨ ᠦᠪᠡᠷᠮᠢᠴᠡᠵᠢᠬᠦᠯᠬᠦ︾ ᠱᠠᠭᠠᠷᠳᠠᠯᠭ᠎ᠠ ᠪᠠᠷ᠂ ᠬᠦᠮᠦᠨ ᠢᠶᠠᠷ ᠭᠤᠣᠯ ᠴᠣᠭᠴᠠ ᠪᠤᠯᠭᠠᠭᠰᠠᠨ ᠰᠢᠨ᠎ᠡ ᠮᠠᠶ᠋ᠢᠭ ᠤᠨ ᠬᠤᠳᠠᠴᠢᠯᠠᠯᠳᠠ ᠶᠢ ᠲᠦᠯᠬᠢᠨ ᠠᠭᠢᠭᠤᠯᠵᠣ᠂ ᠡᠷᠦᠭᠡ ᠠᠮᠠ ᠶᠢᠨ ᠲᠠᠩᠰᠠ ᠶᠢᠨ ᠬᠤᠳᠠᠴᠢᠯᠠᠯᠳᠠ ᠶᠢᠨ ᠨᠣᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠵᠣ᠂ ᠨᠢᠭᠡ ᠪᠦᠯᠦᠭ ᠦᠪᠡᠷᠮᠢᠴᠡ ᠣᠨᠴᠠᠯᠢᠭ ᠲᠠᠢ᠂ ᠰᠠᠭᠤᠷᠢᠰᠢᠬᠤ ᠳᠤ ᠲᠣᠬᠢᠳᠠᠢ᠂ ᠠᠵᠢᠯᠯᠠᠬᠤ ᠳᠤ   ᠲᠠᠭᠠᠲᠠᠢ᠂ ᠰᠢᠨ᠎ᠡ ᠮᠠᠶ᠋ᠢᠭ ᠤᠨ ᠬᠤᠳᠠ ᠪᠠᠯᠭᠠᠰᠣ ᠶᠢ ᠪᠦᠳᠦᠭᠡᠨ ᠪᠠᠶᠢᠭᠤᠯᠵᠣ᠂ ︽ᠠᠷᠪᠠᠨ ᠭᠤᠷᠪᠠᠳᠣᠭᠠᠷ ᠲᠠᠪᠣᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ᠂ ᠬᠤᠳᠠᠴᠢᠯᠠᠯᠳᠠ ᠶᠢᠨ ᠨᠣᠷᠮ᠎ᠠ ᠶᠢ 53% ᠳᠤ ᠬᠦᠷᠭᠡᠨ᠎ᠡ ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢᠶᠠᠷ ᠭᠠᠷᠳᠠᠬᠤ ᠴᠢᠭ ᠪᠣᠯᠭᠠᠨ᠂ ᠬᠦᠮᠦᠨ ᠤ ᠬᠦᠴᠦᠨ᠂ ᠡᠳ᠋ ᠤᠨ ᠬᠦᠴᠦᠨ᠂ ᠪᠣᠳᠠᠰ ᠤᠨ ᠬᠦᠴᠦᠨ ᠢ ᠲᠦᠪᠯᠡᠷᠡᠬᠦᠯᠦᠨ ᠪᠠᠷᠢᠯᠭ᠎ᠠ ᠶᠢᠨ ᠪᠦᠳᠦᠭᠡᠨ ᠪᠠᠶᠢᠭᠤᠯᠣᠯᠳᠠ ᠳᠤ ᠭᠡᠷᠡᠭᠯᠡᠵᠣ᠂ ᠬᠤᠳᠠ ᠬᠦᠳᠡᠭᠡ ᠶᠢᠨ ᠣᠷᠣᠨ ᠬᠡᠪᠴᠢᠶᠡᠨ ᠤ ᠵᠣᠬᠢᠴᠠᠩᠭᠤᠢ ᠬᠦᠭᠵᠢᠯᠳᠡ ᠶᠢ ᠲᠦᠯᠬᠢᠨ ᠠᠬᠢᠭᠤᠯᠵᠣ᠂ ᠨᠡᠶᠢᠳᠡ  ᠶᠢᠨ ᠡᠬᠢ ᠪᠠᠶᠠᠯᠢᠭ ᠢ ᠲᠡᠩᠴᠡᠬᠦᠷᠢᠳᠡᠢ ᠪᠠᠷ ᠪᠠᠶᠢᠷᠢᠰᠢᠭᠤᠯᠬᠤ ᠶᠢ ᠲᠦᠯᠬᠢᠨ ᠠᠬᠢᠭᠤᠯᠣᠨ᠎ᠠ᠃         ᠭᠤᠷᠪᠠ ᠳᠤ᠂ ᠪᠣᠬᠢᠷᠳᠣᠯ ᠦᠭᠡᠢ ᠬᠦᠭᠵᠢᠯᠳᠡ ᠶᠢ ᠡᠷᠬᠡᠪᠰᠢ ᠢᠮᠠᠭᠲᠠ ᠪᠠᠷᠢᠮᠳᠠᠯᠠᠨ᠎ᠠ᠃ ᠠᠮᠢ ᠠᠬᠤᠢ ᠶᠢᠨ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠪᠦᠬᠦ ᠶᠠᠪᠣᠴᠠ ᠳᠤ ᠨᠡᠪᠴᠢᠭᠡᠵᠣ᠂ ᠴᠡᠩᠭᠡᠷ ᠠᠭᠠᠷ᠂ ᠬᠦᠪᠴᠢ ᠣᠢ᠂ ᠬᠦᠬᠡᠮᠳᠦᠭ ᠣᠰᠣ ᠪᠠᠨ ᠬᠠᠮᠠᠭᠠᠯᠠᠨ ᠦᠯᠡᠳᠡᠭᠡᠬᠦ ᠶᠢ ᠪᠠᠳᠣ ᠪᠠᠷᠢᠮᠳᠠᠯᠠᠨ᠎ᠠ᠃ ᠰᠢᠨ᠎ᠡ ︽ᠣᠷᠴᠢᠨ ᠲᠣᠭᠤᠷᠢᠨ ᠢ ᠬᠠᠮᠠᠭᠠᠯᠠᠬᠤ ᠬᠠᠣᠯᠢ︾ ᠶᠢ ᠨᠠᠷᠢᠨ   ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠠᠮᠢ ᠠᠬᠤᠢ ᠶᠢᠨ ᠣᠯᠠᠭᠠᠨ ᠱᠣᠭᠤᠮ ᠢ ᠴᠢᠩᠭ᠎ᠠ ᠰᠠᠬᠢᠵᠣ᠂ ᠭᠤᠣᠯ ᠪᠣᠯᠬᠤ ᠠᠮᠢ ᠠᠬᠤᠢ  ᠶᠢᠨ ᠰᠢᠰᠲ᠋ᠧᠮ ᠢ ᠰᠠᠶᠢᠨ ᠴᠢᠨᠠᠷ ᠲᠠᠢ ᠡᠷᠬᠢᠯᠳᠡ ᠳᠤ ᠣᠷᠣᠭᠤᠯᠣᠨ᠎ᠠ᠃ ᠬᠠᠮᠠᠭᠠᠯᠠᠯᠳᠠ ᠪᠠ ᠪᠦᠳᠦᠭᠡᠨ ᠪᠠᠶᠢᠭᠤᠯᠣᠯᠳᠠ ᠶᠢ ᠬᠠᠮᠳᠣ ᠳᠤ ᠨᠢ ᠶᠠᠪᠣᠭᠳᠠᠭᠤᠯᠬᠤ ᠳᠤ ᠰᠠᠭᠤᠷᠢᠯᠠᠵᠣ᠂ ᠵᠣᠬᠢᠴᠠᠩᠭᠤᠢ ᠪᠠᠷ ᠲᠦᠯᠬᠢᠨ ᠠᠬᠢᠭᠤᠯᠵᠣ ᠂ ᠪᠡᠯᠴᠢᠭᠡᠷᠯᠡᠬᠦᠯᠬᠦ ᠶᠢ ᠬᠤᠷᠢᠭᠯᠠᠬᠤ ᠪᠠ ᠪᠡᠯᠴᠢᠭᠡᠷ ᠪᠣᠯᠣᠨ ᠮᠠᠯ ᠤᠨ ᠲᠡᠩᠴᠡᠬᠦᠷᠢᠰᠢᠯ ᠤᠨ ᠲᠦᠷᠦ ᠶᠢᠨ ᠪᠣᠳᠣᠯᠭ᠎ᠠ  ᠶᠢ   ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠣᠯᠣᠰ ᠤᠨ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ  ᠶᠢ ᠢᠳᠡᠪᠬᠢᠲᠡᠢ ᠪᠠᠷ ᠲᠦᠯᠬᠢᠨ ᠠᠬᠢᠭᠤᠯᠵᠣ᠂ ᠣᠶᠢᠵᠢᠭᠤᠯᠵᠣ ᠨᠣᠭᠤᠭᠠᠷᠠᠭᠤᠯᠬᠤ ᠢᠨᠵᠧᠨᠧᠷᠢᠩ   ᠢ ᠬᠦᠴᠦᠯᠡᠨ ᠶᠠᠪᠣᠭᠳᠠᠭᠤᠯᠵᠣ᠂ ᠲᠠᠯ᠎ᠠ   ᠨᠣᠳᠤᠭ ᠤᠨ ᠣᠷᠭᠤᠮᠠᠯ ᠬᠤᠴᠢᠯᠭ᠎ᠠ ᠶᠢᠨ ᠬᠡᠮᠵᠢᠶ᠎ᠡ ᠪᠠ ᠣᠢ ᠰᠢᠭᠤᠢ ᠶᠢᠨ ᠪᠦᠷᠬᠦᠴᠡ  ᠶᠢ ᠲᠠᠰᠣᠷᠠᠯ ᠦᠭᠡᠢ ᠲᠡᠭᠡᠭᠰᠢᠯᠡᠬᠦᠯᠬᠦ ᠶᠢ ᠠᠬᠢᠭᠤᠯᠵᠣ᠂ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠡᠬᠦᠯ ᠢᠶᠠᠷ ᠣᠢ ᠰᠢᠭᠤᠢ ᠶᠢᠨ ᠪᠦᠷᠬᠦᠴᠡ ᠶᠢ 33% ᠳᠤ ᠬᠦᠷᠭᠡᠨ᠎ᠡ᠃       ᠲᠦᠷᠪᠡ ᠳᠤ᠂ ᠨᠡᠬᠡᠬᠡᠯᠳᠡᠳᠦ ᠬᠦᠭᠵᠢᠯᠳᠡ ᠶᠢ ᠡᠷᠬᠡᠪᠰᠢ ᠢᠮᠠᠭᠲᠠ ᠪᠠᠷᠢᠮᠳᠠᠯᠠᠨ᠎ᠠ᠃ ᠬᠦᠳᠡᠯᠦᠩᠭᠦᠢ ᠪᠠᠷ ᠣᠯᠣᠰ ᠤᠨ ︽ᠨᠢᠭᠡ ᠪᠦᠰᠡ ᠨᠢᠭᠡ ᠵᠠᠮ︾ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠳᠤ ᠣᠷᠣᠯᠴᠠᠵᠣ᠂ ᠦᠪᠡᠷᠳᠡᠭᠡᠨ ᠵᠠᠰᠠᠬᠤ ᠣᠷᠣᠨ ᠤ ᠣᠮᠠᠷᠠᠰᠢ ᠴᠢᠯᠦᠭᠡᠳᠡᠢ ᠶᠠᠪᠣᠯᠴᠠᠬᠤ ᠪᠠᠶᠢᠯᠳᠣᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠵᠠᠰᠠᠭ ᠵᠠᠬᠢᠷᠭᠠᠨ ᠤ ᠪᠠᠶᠢᠭᠤᠯᠣᠮᠵᠢ᠂ ᠡᠳ᠋ ᠤᠨ ᠵᠠᠰᠠᠭ ᠤᠨ ᠪᠠᠶᠢᠭᠤᠯᠣᠮᠵᠢ᠂         ︽ ᠭᠤᠷᠪᠠᠨ ᠬᠦᠳᠡᠭᠡ︾ ᠶᠢᠨ ᠬᠦᠷᠢᠶ᠎ᠡ ᠭᠡᠪᠴᠢᠶᠡᠨ ᠤ ᠡᠯ᠎ᠡ ᠲᠠᠯ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠣ᠂ ᠬᠦᠭᠵᠢᠯᠳᠡ ᠶᠢᠨ ᠠᠮᠢᠯᠠᠯ ᠤᠨ ᠬᠦᠴᠦᠨ ᠢ ᠲᠠᠰᠣᠷᠠᠯ ᠦᠭᠡᠢ ᠢᠯᠡᠷᠡᠬᠦᠯᠦᠨ᠎ᠡ᠃ ᠵᠠᠰᠠᠮᠠᠯ ᠵᠠᠮ᠂ ᠲᠡᠮᠦᠷ ᠵᠠᠮ᠂ ᠣᠰᠣᠨ ᠵᠠᠮ ᠤᠨ ᠲᠡᠭᠡᠭᠡᠪᠦᠷᠢ᠂ ᠠᠭᠠᠷ ᠤᠨ ᠠᠶᠠᠯᠠᠯ ᠵᠡᠷᠭᠡ ᠵᠠᠮ ᠨᠡᠪᠳᠡᠷᠡᠯᠭᠡ   ᠶᠢᠨ ᠲᠣᠣᠷ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠵᠣ᠂ ᠬᠦᠳᠡᠯᠦᠩᠭᠦᠢ ᠪᠠᠷ ᠣᠷᠣᠰ ᠮᠣᠩᠭᠤᠯ᠂ ᠵᠡᠬᠦᠨ ᠬᠤᠶᠢᠳᠣ ᠶᠢᠨ ᠠᠵᠣ ᠠᠬᠤᠢ  ᠶᠢᠨ ᠲᠣᠭᠤᠷᠢᠭ ᠲᠠᠢ ᠠᠭᠤᠰᠣᠯᠳᠣᠵᠣ᠂ ᠪᠡᠭᠡᠵᠢᠩ ᠲᠢᠶᠠᠨᠵᠢᠨ ᠾᠧᠪᠸᠢ ᠵᠢᠴᠢ ᠲᠠᠯᠠᠢ ᠲᠠᠭᠠᠣ ᠬᠦᠭᠵᠢᠭᠰᠡᠨ ᠭᠠᠵᠠᠷ ᠣᠷᠣᠨ ᠤ ᠠᠵᠣ ᠦᠢᠯᠡᠰ ᠤᠨ ᠰᠢᠯᠵᠢᠯᠳᠡ ᠶᠢᠨ ᠰᠢᠨ᠎ᠡ ᠬᠠᠨᠳᠣᠰᠢ ᠶᠢ ᠨᠢᠬᠳᠠ ᠠᠩᠬᠠᠷᠴᠣ᠂ ᠲᠠᠪᠠᠭᠤᠯᠢᠭ ᠡᠬᠢ ᠪᠠᠶᠠᠯᠢᠭ ᠤᠨ ᠨᠡᠭᠡᠭᠡᠨ ᠠᠰᠢᠭᠯᠠᠬᠤ ᠠᠵᠣ ᠦᠢᠯᠡᠰ ᠤᠨ ᠲᠡᠭᠡᠳᠦ ᠲᠣᠣᠷᠠᠳᠣ ᠣᠷᠣᠨ ᠤ ᠲᠦᠷᠦᠯ ᠵᠦᠢᠯ ᠢ ᠢᠳᠡᠪᠬᠢᠳᠡᠢ ᠪᠠᠷ ᠲᠠᠭᠠᠭᠠᠴᠢᠯᠠᠨ ᠬᠤᠯᠪᠣᠵᠣ᠂ ᠲᠡᠳᠡᠨ ᠠᠪᠴᠢᠷᠠᠵᠣ ᠠᠵᠣ ᠠᠬᠤᠢ ᠶᠢᠨ ᠭᠠᠳᠠᠭᠰᠢ ᠬᠠᠨᠳᠣᠬᠤ ᠬᠡᠮᠵᠢᠶ᠎ᠡ ᠶᠢ ᠭᠤᠣᠯᠴᠢᠯᠠᠨ ᠲᠡᠭᠡᠭᠰᠢᠯᠡᠬᠦᠯᠦᠨ᠎ᠡ᠃       ᠲᠠᠪᠤ ᠳᠤ᠂ ᠬᠠᠮᠳᠣ ᠪᠠᠷ ᠡᠳ᠋ᠯᠡᠬᠦ ᠬᠦᠭᠵᠢᠯᠳᠡ ᠶᠢ ᠡᠷᠬᠡᠪᠰᠢ ᠢᠮᠠᠭᠲᠠ ᠪᠠᠷᠢᠮᠳᠠᠯᠠᠨ᠎ᠠ᠃ ᠠᠷᠠᠳ ᠤᠨ ᠠᠮᠢᠳᠣᠷᠠᠯ ᠢ ᠪᠠᠳᠣᠯᠠᠵᠣ ᠰᠠᠶᠢᠵᠢᠷᠠᠭᠤᠯᠬᠤ ᠶᠢ ᠠᠯᠢᠪᠠ ᠠᠵᠢᠯ ᠤᠨ ᠢᠶᠠᠨ ᠡᠬᠢᠯᠡᠯᠳᠡ ᠶᠢᠨ ᠴᠢᠭ   ᠪᠠ   ᠡᠴᠦᠰ  ᠤᠨ ᠴᠢᠭ ᠪᠣᠯᠭᠠᠵᠣ᠂ ᠶᠠᠳᠠᠭᠤ ᠠᠴᠠ ᠠᠩᠭᠢᠵᠢᠷᠠᠬᠤ ᠪᠠᠬᠢᠯᠡᠯᠳᠡ ᠡᠪᠳᠡᠬᠦ ᠰᠢᠢᠳᠪᠦᠷᠢᠳᠦ ᠲᠠᠶᠢᠨ ᠳᠤ ᠲᠣᠶᠢᠯᠪᠣᠷᠢᠳᠠᠢ ᠢᠯᠠᠯᠳᠠ ᠣᠯᠵᠣ 2017 ᠣᠨ ᠪᠣᠯᠳᠠᠯ᠎ᠠ ᠲᠦᠢᠯ ᠤᠨ ᠶᠠᠳᠠᠭᠤ ᠬᠤᠭᠤᠰᠣᠨ ᠪᠠᠶᠢᠳᠠᠯ ᠢ ᠦᠨᠳᠦᠰᠦᠨ ᠳᠤ ᠪᠠᠨ ᠦᠭᠡᠶᠢᠰᠬᠡᠵᠣ᠂ 2018 ᠣᠨ ᠪᠣᠯᠳᠠᠯ᠎ᠠ ᠬᠦᠳᠡᠭᠡ ᠲᠣᠰᠬᠤᠨ ᠤ ᠶᠠᠳᠠᠭᠤ ᠬᠦᠴᠢᠷᠳᠡᠢ ᠬᠦᠮᠦᠨ ᠠᠮᠠ ᠶᠢ ᠲᠣᠭᠳᠠᠭᠤᠨ ᠢᠶᠠᠷ   ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠬᠦᠯᠦᠨ᠎ᠡ᠃ ᠠᠯᠪᠠᠨ ᠵᠢᠷᠣᠮ ᠤᠨ ᠰᠣᠷᠭᠠᠨ   ᠬᠦᠮᠦᠵᠢᠯ᠂ ᠠᠵᠢᠯ ᠣᠯᠭᠤᠬᠤ ᠦᠢᠯᠡᠴᠢᠯᠡᠭᠡ᠂ ᠨᠡᠶᠢᠭᠡᠮ ᠤᠨ ᠪᠠᠳᠣᠯᠠᠭ᠎ᠠ᠂ ᠰᠣᠶᠣᠯ ᠲᠠᠮᠢᠷ᠂ ᠡᠮ ᠡᠮᠴᠢᠯᠡᠭᠡ ᠡᠷᠡᠬᠦᠯ ᠬᠠᠮᠠᠭᠠᠯᠠᠯ ᠵᠡᠷᠭᠡ ᠣᠯᠠᠨ ᠨᠡᠶᠢᠳᠡ ᠶᠢᠨ ᠦᠢᠯᠡᠴᠢᠯᠡᠭᠡ ᠶᠢᠨ ᠣᠷᠣᠭᠤᠯᠣᠯᠳᠠ ᠶᠢ ᠶᠡᠬᠡᠪᠡᠷ ᠨᠡᠮᠡᠭᠳᠡᠬᠦᠯᠦᠨ᠎ᠡ᠃ ᠪᠦᠬᠦ ᠲᠠᠯ᠎ᠠ ᠪᠠᠷ ᠬᠠᠣᠯᠢ ᠶᠣᠰᠣᠭᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠵᠣ᠂ ᠡᠷᠭᠡ ᠲᠡᠭᠰᠢ ᠪᠦᠯᠬᠦᠮᠳᠡᠯ  ᠲᠠᠢ᠂ ᠬᠠᠷᠢᠯᠴᠠᠨ ᠲᠣᠰᠠᠯᠠᠯᠴᠠᠵᠣ ᠡᠶ᠎ᠡ ᠨᠠᠶᠢᠷᠠᠮᠳᠠᠭᠤ ᠦᠨᠳᠦᠰᠦᠳᠡᠨ ᠤ   ᠬᠠᠷᠢᠴᠠᠭ᠎ᠠ ᠶᠢ ᠪᠠᠬᠢᠵᠢᠬᠦᠯᠦᠨ ᠬᠦᠭᠵᠢᠬᠦᠯᠵᠣ᠂ ᠨᠡᠶᠢᠭᠡᠮ ᠤᠨ ᠵᠠᠰᠠᠯᠳᠠ᠂ ᠵᠠᠬᠢᠳᠠᠯ ᠢᠶᠠᠷ ᠰᠣᠷᠪᠣᠯᠵᠢᠯᠠᠬᠤ ᠪᠠ ᠠᠮᠣᠷ ᠲᠦᠪᠰᠢᠨ ᠢᠶᠠᠷ ᠦᠢᠯᠡᠳᠪᠦᠷᠢᠯᠡᠬᠦ ᠶᠢ ᠴᠢᠩᠳᠠᠯᠠᠨ ᠠᠳᠬᠤᠵᠣ᠂ ᠪᠦᠬᠦ ᠬᠤᠰᠢᠭᠤᠨ ᠤ ᠠᠷᠠᠳ ᠲᠦᠮᠡᠨ ᠢ ᠬᠠᠮᠳᠣ ᠪᠠᠷ ᠪᠠᠶᠢᠭᠤᠯᠵᠣ ᠬᠠᠮᠳᠣ ᠪᠠᠷ ᠡᠳ᠋ᠯᠠᠬᠦ ᠶᠢᠨ ᠲᠣᠮᠳᠠ ᠨᠡᠩ ᠶᠡᠭᠡ ᠣᠯᠣᠯᠳᠠ ᠲᠠᠢ ᠬᠠᠨᠣᠮᠵᠢᠳᠠᠢ ᠪᠣᠯᠭᠠᠨ᠎ᠠ᠃     ᠲᠦᠯᠦᠭᠡᠯᠡᠭᠴᠢᠳ ᠡ᠂ ᠳᠠᠷᠠᠭᠠᠴᠢ ᠶᠢᠨ ᠲᠠᠪᠣᠨ ᠵᠢᠯ ᠤᠨ ᠬᠦᠭᠵᠢᠯᠲᠡ ᠶᠢᠨ ᠵᠢᠷᠤᠭ ᠲᠦᠰᠦᠪ ᠨᠢᠭᠡᠨᠲᠡ ᠵᠢᠷᠣᠭᠯᠠᠭᠳᠠᠯ᠎ᠠ᠃ ᠰᠢᠨ᠎ᠠ ᠡᠬᠢᠯᠡᠯᠳᠡ ᠶᠢᠨ ᠴᠢᠭ ᠲᠡᠬᠡᠷ᠎ᠠ᠂ ᠰᠢᠨ᠎ᠠ ᠬᠦᠰᠡᠯ ᠵᠤᠷᠢᠯᠳᠠ ᠳᠤ ᠬᠠᠨᠳᠤᠬᠤ ᠳᠠᠭᠠᠨ ᠪᠢᠳᠡ ᠶᠡᠷᠤᠨᠢ ᠰᠡᠳᠬᠢᠯ ᠬᠠᠮᠳᠤᠷᠠᠨ ᠵᠤᠷᠢᠯᠭ᠎ᠠ ᠪᠠᠨ ᠨᠢᠬᠡᠳᠬᠡᠵᠦ ᠴᠢᠷᠮᠠᠶᠢᠪᠠᠯ ᠯᠠᠪᠳᠠᠢ ᠤᠷᠤᠭᠰᠢᠯᠠᠯᠳᠠ ᠶᠢ ᠲᠦᠷᠬᠡᠳᠬᠡᠬᠦ ᠠᠤᠭ᠎ᠠ ᠬᠦᠴᠦᠨ ᠢ   ᠨᠢᠭᠡᠳᠭᠡᠨ ᠨᠡᠶᠢᠯᠡᠬᠦᠯᠵᠦ ᠲᠡᠶᠢᠯᠦᠨ᠎ᠠ᠃ ᠪᠢᠳᠡ ᠬᠠᠷᠠᠯᠳᠠ ᠪᠠᠨ ᠵᠦᠪ ᠤᠨᠢᠯᠠᠵᠦ ᠂ ᠦᠷᠬᠦᠯᠵᠢᠯᠡᠨ ᠤᠷᠤᠭᠰᠢᠯᠠᠪᠠᠯ ᠯᠠᠪᠳᠠᠢ ᠰᠠᠶᠢᠨ ᠰᠠᠶᠢᠬᠠᠨ ᠬᠦᠰᠡᠯᠳᠦ ᠢᠷᠡᠬᠡᠳᠦᠢ ᠶᠢ ᠪᠠᠨ ᠪᠤᠳᠠᠳᠠᠢ ᠤᠴᠢᠷ ᠪᠤᠯᠭᠠᠵᠦ ᠲᠡᠶᠢᠯᠦᠨ᠎ᠠ᠃       ᠭᠤᠷᠪᠠ᠄ 2016 ᠤᠨ ᠤ ᠠᠵᠦ ᠠᠬᠤᠢ ᠶᠢᠨ ᠨᠡᠶᠢᠬᠡᠮ ᠤᠨ ᠬᠦᠭᠵᠢᠯᠳᠡ ᠶᠢᠨ ᠵᠤᠷᠢᠯᠭ᠎ᠠ ᠪᠠ ᠡᠬᠦᠷᠬᠡ     2016 ᠤᠨ ᠪᠤᠯ 《 ᠠᠷᠪᠠᠨ ᠭᠤᠷᠪᠠᠳᠤᠭᠠᠷ ᠲᠠᠪᠦᠨ ᠵᠢᠯ ᠤᠨ ᠲᠦᠯᠦᠪᠵᠢᠭᠦᠯᠭᠡ 》 ᠶᠢᠨ ᠡᠬᠢᠯᠡᠯᠳᠡ ᠶᠢᠨ ᠵᠢᠯ ᠮᠦᠨ᠃ ᠡᠨ᠋ᠨ ᠵᠢᠯ ᠤᠨ ᠪᠦᠬᠦ ᠠᠵᠢᠯ ᠢᠶᠠᠨ ᠰᠠᠶᠢᠨ ᠬᠢᠬᠦ ᠨᠢ   ᠬᠦᠭᠵᠢᠯᠳᠡ ᠶᠢ ᠲᠦᠷᠬᠡᠳᠬᠡᠵᠦ᠂ ᠬᠦᠴᠦ ᠡᠷᠴᠢᠨ ᠲᠡᠬᠡᠷ᠎ᠠ ᠪᠠᠨ ᠤᠷᠤᠭᠰᠢᠯᠠᠬᠤ᠂ 《 ᠠᠷᠪᠠᠨ ᠭᠤᠷᠪᠠᠳᠤᠭᠠᠷ ᠲᠠᠪᠦᠨ ᠵᠢᠯ ᠤᠨ ᠲᠦᠯᠦᠪᠵᠢᠭᠦᠯᠭᠡ 》 ᠶᠢ ᠠᠮᠵᠢᠯᠳᠠᠳᠠᠢ ᠡᠬᠢᠯᠡᠬᠦᠯᠬᠦ ᠳᠤ ᠪᠦᠷ ᠮᠠᠰᠢ ᠴᠢᠬᠤᠯᠨ ᠠᠴᠢ ᠬᠤᠯᠪᠤᠭᠳᠠᠯ ᠲᠠᠢ ᠶᠤᠮ᠃       ᠲᠤᠰ ᠵᠢᠯ ᠤᠨ ᠪᠦᠬᠦ ᠬᠤᠰᠢᠭᠤᠨ ᠤ ᠠᠵᠦ ᠠᠬᠤᠢ ᠶᠢᠨ ᠨᠡᠶᠢᠬᠡᠮ ᠤᠨ ᠬᠦᠭᠵᠢᠯᠳᠡ ᠶᠢᠨ ᠤᠷᠢᠳᠠᠯ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠤᠷᠢᠯᠡᠯ ᠤᠨ ᠪᠦᠬᠦ ᠦᠷᠳᠡᠭ ᠢ ᠠᠳᠠᠯᠢᠳᠬᠠᠪᠠᠯ 11.2% ᠨᠡᠮᠡᠭᠳᠡᠬᠦᠯᠦᠨ᠎ᠠ᠃ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢ ᠠᠳᠠᠯᠢᠳᠬᠠᠪᠠᠯ 35.4% ᠨᠡᠮᠡᠭᠳᠡᠬᠦᠯᠦᠨ᠎ᠠ᠃ ᠬᠡᠪᠴᠢᠶᠡᠵᠢᠯ ᠠᠴᠠ ᠲᠡᠬᠡᠭᠰᠢᠬᠢ ᠠᠵᠦ ᠦᠢᠯᠡᠳᠪᠤᠷᠢ ᠨᠡᠮᠡᠯᠳᠡ ᠦᠷᠳᠡᠭ ᠢ ᠠᠳᠠᠯᠢᠳᠬᠠᠪᠠᠯ 11.9%   ᠪᠠᠷ ᠨᠡᠮᠡᠭᠳᠡᠬᠦᠯᠦᠨ᠎ᠠ᠃ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ  ᠶᠢ ᠠᠳᠠᠯᠢᠳᠬᠠᠪᠠᠯ 12% ᠢᠶᠠᠷ ᠨᠡᠮᠡᠭᠳᠡᠬᠦᠯᠦᠨ᠎ᠠ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ  ᠶᠢ ᠠᠳᠠᠯᠢᠳᠬᠠᠪᠠᠯ 50%   ᠪᠠᠷ ᠨᠡᠮᠡᠭᠳᠡᠬᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠶᠢ ᠠᠳᠠᠯᠢᠳᠬᠠᠪᠠᠯ ᠲᠣᠰ ᠲᠣᠰ 10.3% ᠪᠠ 28.2% ᠢᠶᠠᠷ ᠨᠡᠮᠡᠭᠳᠡᠬᠦᠯᠦᠨ᠎ᠠ᠃ ᠲᠤᠰ ᠵᠢᠯ ᠤᠨ ᠬᠠᠷᠠᠯᠳᠠ ᠡᠬᠦᠷᠬᠡ ᠪᠠᠨ ᠪᠡᠶᠡᠯᠡᠬᠦᠯᠬᠦ ᠳᠤ ᠪᠢᠳᠡ ᠲᠤᠤᠷᠠᠬᠢ ᠨᠠᠢᠮᠠᠨ ᠵᠦᠢᠯ ᠤᠨ ᠠᠵᠢᠯ ᠢ ᠲᠤᠪᠤᠶᠢᠯᠭᠠᠨ ᠠᠳᠬᠤᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠠᠬᠢᠴᠨ ᠶᠢ ᠪᠦᠬᠦ ᠲᠠᠯ᠎ᠠ ᠪᠠᠷ ᠲᠦᠷᠬᠡᠳᠬᠡᠨ᠎ᠠ᠃       ︵ᠨᠢᠬᠡ︶   ᠲᠦᠷᠦᠯ ᠵᠦᠢᠯ ᠤᠨ ᠪᠦᠲᠦᠭᠡᠨ ᠪᠠᠶᠢᠭᠤᠯᠣᠯᠲᠠ ᠶᠢ ᠠᠳᠬᠤᠬᠤ ᠶᠢ ᠳᠣᠪᠣᠶᠢᠯᠭᠠᠵᠣ᠂ ᠠᠵᠣ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠣᠨ᠎ᠠ᠃       ᠴᠢᠬᠤᠯᠨ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦ ᠪᠠᠷ ᠲᠦᠯᠬᠢᠨ ᠠᠬᠢᠭᠤᠯᠤᠨ᠎ᠠ᠃ ᠳ᠋ᠦᠩᠰᠢᠭᠤᠷ ᠲᠦᠬᠦᠷᠢᠭ ᠠᠴᠠ ᠲᠡᠬᠡᠭᠰᠢᠬᠢ ᠴᠢᠬᠤᠯᠨ ᠲᠦᠷᠦᠯ ᠵᠦᠢᠯ ᠢ 16 ᠬᠡᠷᠡᠭᠵᠢᠬᠦᠯᠵᠦ᠂ 30.15 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠯᠳᠠ ᠶᠢ ᠪᠡᠶᠡᠯᠡᠬᠦᠯᠦᠨ᠎ᠠ᠃ 《 ᠴᠤᠤᠯ  ᠤᠨ ᠤᠰᠦ ᠶᠢ ᠲᠠᠳᠠᠵᠦ ᠲᠦᠩᠯᠢᠶᠦᠦ ᠶᠢ ᠲᠡᠳᠬᠦᠬᠦ 》 ᠦᠨᠳᠡᠬᠡᠨ ᠴᠦᠬᠦᠷᠦᠮ ᠤᠨ ᠤᠰᠤᠨ ᠠᠰᠢᠭᠯᠠᠯᠳᠠ ᠶᠢᠨ ᠭᠤᠤᠯ ᠬᠦᠢᠰᠦᠨ ᠤ ᠪᠠᠷᠢᠯᠭ᠎ᠠ ᠶᠢ ᠡᠬᠢᠯᠡᠬᠦᠯᠦᠨ᠂ ᠠᠷᠠᠳ ᠢ ᠨᠡᠬᠦᠯᠬᠡᠨ ᠲᠦᠪᠬᠢᠨᠡᠬᠦᠯᠬᠦ ᠵᠢᠴᠢ ᠭᠠᠵᠠᠷ ᠲᠠᠳᠠᠪᠤᠷᠢᠯᠡᠨ ᠨᠡᠬᠦᠯᠬᠡᠬᠦ ᠨᠦᠬᠦᠪᠤᠷᠢ ᠦᠭᠬᠦ ᠶᠢ ᠰᠠᠶᠢᠳᠤᠷ ᠬᠢᠨ᠎ᠠ᠃ ᠴᠤᠤᠯ ᠤᠰᠤᠨ ᠠᠰᠢᠭᠯᠠᠯᠳᠠ ᠶᠢᠨ ᠭᠤᠤᠯ ᠬᠦᠢᠰᠦᠨ ᠤ ᠲᠤᠤᠷᠠᠳᠦ ᠤᠷᠤᠰᠬᠠᠯ ᠤᠨ ᠤᠰᠤᠯᠠᠯᠳᠠ ᠶᠢᠨ ᠤᠷᠤᠨ ᠤ ᠲᠦᠷᠦᠯ ᠵᠦᠢᠯ ᠢ ᠲᠦᠷᠬᠡᠳᠬᠡᠨ ᠠᠬᠢᠭᠤᠯᠵᠦ᠂ 3.4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠠ᠃ ᠭᠧᠩ ᠵᠢᠶᠠ ᠲᠦᠨ ᠤᠰᠤᠨ ᠴᠦᠬᠦᠷᠦᠮ  ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠲᠦᠯᠬᠢᠨ ᠠᠬᠢᠭᠤᠯᠣᠨ᠎ᠠ᠃ ᠨᠤᠨ ᠮᠦᠷᠡᠨ ᠤ ᠭᠤᠤᠯ ᠤᠷᠤᠰᠬᠠᠯ ᠢ ᠵᠠᠰᠠᠬᠤ ᠪᠠᠷᠢᠯᠭ᠎ᠠ ᠶᠢ ᠡᠬᠢᠯᠡᠬᠦᠯᠵᠦ᠂ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠤᠰᠤᠨ ᠤ ᠰᠤᠷᠪᠦᠯᠵᠢ ᠶᠢᠨ ᠪᠠᠷᠢᠯᠭ᠎ᠠ ᠶᠢᠨ ᠬᠦᠭᠡᠷᠭᠡ ᠶᠢᠨ ᠦᠷᠲᠡᠭᠡ ᠶᠢ 2 ᠪᠠᠶᠢᠭᠤᠯᠣᠨ᠂ ᠪᠦᠷᠬᠦᠬᠦ ᠬᠡᠪᠴᠢᠶ᠎ᠡ 2 ᠲᠦᠮᠡᠨ ᠮᠦ ᠬᠦᠷᠦᠨ᠎ᠡ᠃ ᠤᠯᠠᠭᠠᠨᠬᠤᠳᠠ ᠠᠴᠠ ᠵᠢᠶᠠᠩ ᠴᠢᠶᠤᠤ ᠬᠦᠷᠬᠦ ᠲᠡᠮᠤᠷ ᠵᠠᠮ ᠢ ᠡᠬᠢᠯᠡᠨ ᠲᠡᠪᠢᠰᠴᠦ᠂ ᠵᠠᠮ ᠳᠠᠭᠠᠣ ᠭᠠᠵᠠᠷ ᠢ ᠲᠠᠳᠠᠪᠤᠷᠢᠯᠡᠨ ᠨᠦᠬᠦᠪᠤᠷᠢ ᠦᠭᠬᠦ ᠠᠵᠢᠯ ᠢ ᠰᠠᠶᠢᠳᠦᠷ ᠬᠢᠨ᠎ᠠ᠃ ᠮᠤᠵᠢ  ᠶᠢᠨ ᠲᠠᠰ ᠤᠨ 205 ᠱᠤᠭᠤᠮ ᠤᠨ ᠵᠧᠨ ᠯᠠᠢ ᠠᠴᠠ ᠢᠨᠳᠡᠷ ᠬᠦᠷᠬᠦ᠂ ᠢᠨᠳᠡᠷ ᠠᠴᠠ ᠯᠦᠩ ᠵᠢᠶᠠᠩ ᠬᠦᠷᠬᠦ ᠬᠤᠶᠠᠳᠤᠭᠠᠷ ᠲᠡᠰ ᠤᠨ ᠵᠠᠰᠠᠮᠠᠯ ᠵᠠᠮ ᠢ ᠲᠡᠰ ᠲᠡᠪᠰᠢᠬᠦᠯᠬᠦ ᠢᠨᠵᠧᠨᠧᠷᠢᠩ ᠢ ᠡᠬᠢᠯᠡᠬᠦᠯᠵᠦ᠂ ᠲᠤᠰᠬᠤᠨ ᠳᠤ ᠨᠡᠪᠳᠡᠷᠡᠬᠦ ᠵᠠᠰᠠᠮᠠᠯ ᠵᠠᠮ 37 ᠵᠤᠷᠪᠤᠰ᠂ 531.7 ᠺᠢᠯᠦᠮᠧᠲᠷ ᠲᠡᠪᠢᠰᠤᠨ᠎ᠠ᠃ ᠬᠤᠸᠠ ᠶᠣᠸᠠᠨ ᠶᠡᠭᠡ ᠬᠦᠭᠦᠷᠭᠡ  ᠶᠢᠨ ᠲᠦᠷᠦᠯ ᠵᠦᠢᠯ ᠤᠨ ᠰᠡᠳᠦᠪ ᠲᠣᠭᠲᠠᠭᠠᠨ ᠬᠢᠨᠠᠨ ᠵᠦᠪᠰᠢᠶᠡᠷᠡᠬᠦ   ᠶᠢ ᠢᠳᠡᠪᠬᠢᠲᠡᠢ ᠪᠠᠷ ᠲᠡᠮᠡᠴᠡᠨ ᠣᠯᠣᠨ᠎ᠠ᠃ ᠴᠤᠤᠯ ᠭᠤᠤᠯ ᠤᠨ ᠤᠰᠤᠨ ᠵᠠᠮ ᠤᠨ ᠲᠡᠬᠡᠬᠡᠪᠤᠷᠢ ᠶᠢᠨ ᠪᠠᠷᠢᠯᠭ᠎ᠠ ᠶᠢ ᠬᠦᠨᠵᠡᠬᠡᠢ ᠠᠬᠢᠭᠤᠯᠵᠦ᠂ ᠲᠦᠷᠦᠯ ᠵᠦᠢᠯ ᠢ ᠲᠤᠭᠳᠠᠭᠠᠨ ᠪᠠᠷᠢᠯᠭ᠎ᠠ ᠡᠬᠢᠯᠡᠬᠦᠯᠬᠦ ᠶᠢ ᠲᠡᠮᠡᠴᠡᠨ ᠤᠯᠤᠨ᠎ᠠ᠃ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠦᠳᠦᠬᠡᠨ ᠪᠠᠶᠢᠭᠤᠯᠬᠤ ᠶᠢ ᠲᠦᠯᠦᠪᠯᠡᠵᠦ᠂ ᠲᠦᠷᠦᠯ ᠵᠦᠢᠯ ᠤᠨ ᠵᠢᠷᠤᠭ ᠲᠦᠯᠦᠪᠯᠡᠭᠡ᠂ ᠭᠠᠵᠠᠷ ᠰᠤᠩᠭᠤᠬᠤ ᠵᠡᠷᠬᠡ ᠡᠮᠦᠨᠡᠬᠢ ᠬᠤᠭᠤᠴᠠᠭᠠᠨ ᠤ ᠪᠡᠯᠡᠳᠬᠡᠯ ᠢ ᠪᠡᠶᠡᠯᠡᠬᠦᠯᠦᠨ᠎ᠠ᠃       ᠠᠵᠦ ᠦᠢᠯᠡᠳᠪᠤᠷᠢ ᠶᠢᠨ ᠴᠢᠨᠠᠷ ᠢ ᠲᠡᠬᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠬᠦ ᠶᠢ ᠲᠦᠯᠬᠢᠨ ᠠᠬᠢᠭᠤᠯᠤᠨ᠎ᠠ᠃ ᠪᠣᠬᠢᠷᠳᠣᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠣᠷᠠᠭᠤᠯᠬᠤ᠂ ᠰᠢᠨ᠎ᠡ ᠬᠡᠯᠪᠡᠷᠢ ᠮᠠᠶ᠋ᠢᠭ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠬᠤᠶᠠᠷ ᠶᠡᠭᠡ ᠭᠤᠣᠯᠯᠠᠬᠤ ᠠᠵᠣ ᠦᠢᠯᠡᠰ ᠢ ᠪᠠᠲᠣᠵᠢᠭᠤᠯᠣᠨ᠎ᠠ᠃ ᠮᠢᠩᠭᠠᠨ ᠲᠦᠮᠡᠨ ᠲᠦᠬᠦᠷᠢᠭ ᠠᠴᠠ ᠲᠡᠭᠡᠭᠰᠢᠬᠢ ᠠᠵᠦ ᠦᠢᠯᠡᠳᠪᠤᠷᠢ ᠶᠢᠨ ᠭᠤᠤᠯᠳᠠᠯᠭᠠᠳᠦ ᠲᠦᠷᠦᠯ ᠵᠦᠢᠯ ᠢ 13 ᠬᠡᠷᠡᠭᠵᠢᠬᠦᠯᠵᠦ᠂ 11 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠤᠯᠳᠠ ᠶᠢ ᠪᠡᠶᠡᠯᠡᠬᠦᠯᠦᠨ᠎ᠠ᠃ ᠲᠢᠶᠡᠨ ᠴᠧᠩ ᠲᠠᠷᠢᠶᠠᠯᠠᠩ ᠤᠨ ᠠᠮᠦ ᠪᠤᠷᠴᠠᠭ ᠢ ᠪᠤᠯᠪᠠᠰᠤᠷᠠᠭᠤᠯᠬᠤ ᠵᠡᠷᠬᠡ ᠲᠦᠷᠦᠯ ᠵᠦᠢᠯ ᠢ ᠪᠠᠶᠢᠭᠤᠯᠬᠤ ᠶᠢ ᠢᠳᠡᠪᠬᠢᠳᠡᠢ ᠲᠦᠯᠬᠢᠨ ᠠᠬᠢᠭᠤᠯᠵᠦ᠂ ᠪᠡᠬᠡᠵᠢᠩ ᠤᠨ ᠸᠧ ᠲᠦ᠋ ᠠᠮᠢᠳᠦ ᠪᠤᠳᠠᠰ ᠤᠷᠭᠠᠨᠢᠭ ᠪᠤᠷᠳᠤᠭᠤᠷ ᠤᠨ ᠲᠦᠷᠦᠯ ᠵᠦᠢᠯ ᠢ ᠲᠦᠷᠬᠡᠳᠬᠡᠨ ᠬᠡᠷᠡᠭᠵᠢᠬᠦᠯᠵᠦ᠂ ᠱᠧᠨ ᠨᠧᠩ 48 ᠰᠠᠶ᠎ᠠ ᠸᠠᠲ ᠰᠠᠯᠬᠢᠨ ᠬᠦᠴᠦᠨ ᠤ ᠴᠠᠬᠢᠯᠭᠠᠨ ᠢᠶᠠᠷ ᠲᠤᠯᠠᠭᠠᠯᠠᠬᠤ ᠲᠦᠷᠦᠯ ᠵᠦᠢᠯ ᠤᠨ ᠠᠵᠢᠯ ᠢ ᠲᠠᠭᠤᠰᠬᠠᠬᠤ ᠶᠢ ᠬᠦᠴᠦᠯᠡᠨ ᠠᠬᠢᠭᠤᠯᠵᠦ᠂ ᠰᠢᠨ ᠾᠧ ᠶᠠᠩ ᠭᠤᠸᠠᠩ 20 ᠰᠠᠶ᠎ᠠ ᠸᠠᠲ᠂ ᠬᠤᠸ᠋ᠨ ᠨᠧᠩ 30 ᠰᠠᠶ᠎ᠠ ᠸᠠᠲ ᠬᠡᠷᠡᠯᠯᠢᠭ ᠴᠠᠬᠢᠯᠭᠠᠨ ᠭᠠᠷᠭᠠᠬᠤ ᠲᠦᠷᠦᠯ ᠵᠦᠢᠯ ᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠦᠨ᠎ᠠ᠃ ᠮᠧᠩ ᠶᠠᠩ ᠮᠠᠯ ᠠᠵᠦ ᠠᠬᠤᠢ ᠶᠢᠨ ᠬᠦᠷᠢᠶᠡᠯᠡᠩ ᠲᠤᠭᠤᠷᠢᠭ᠂ ᠵᠦᠩ ᠨᠦᠩ ᠪᠤᠬᠢᠷᠳᠤᠯ ᠦᠬᠡᠢ ᠡᠨᠧᠷᠬᠢ ᠶᠢᠨ ᠲᠠᠬᠢᠨ ᠠᠰᠢᠭᠯᠠᠯᠳᠠ ᠶᠢ ᠶᠡᠭᠡ ᠪᠠᠷ ᠠᠬᠢᠭᠤᠯᠵᠦ᠂ ᠵᠢᠶᠦ᠋ᠨ ᠾᠧ ᠰᠢᠬᠢᠷ ᠤᠨ ᠦᠢᠯᠡᠰ ᠤᠨ ᠰᠢᠬᠢᠷᠯᠢᠭ ᠯᠤᠤᠪᠠᠩ ᠢ ᠪᠤᠯᠪᠠᠰᠤᠷᠠᠭᠤᠯᠬᠤ ᠲᠦᠷᠦᠯ ᠵᠦᠢᠯ ᠢ ᠲᠤᠷᠰᠢᠨ ᠦᠢᠯᠡᠳᠪᠤᠷᠢᠯᠡᠬᠦ ᠶᠢ ᠪᠡᠶᠡᠯᠡᠬᠦᠯᠦᠨ᠂ ᠠᠵᠦ ᠦᠢᠯᠡᠳᠪᠤᠷᠢ ᠶᠢᠨ ᠬᠦᠭᠵᠢᠯᠳᠡ ᠳᠤ ᠰᠢᠨ᠎ᠠ ᠠᠮᠢᠵᠢᠷᠠᠯ ᠢ ᠠᠪᠴᠢᠷᠠᠨ᠎ᠠ᠃ ᠠᠵᠦ ᠦᠢᠯᠡᠳᠪᠤᠷᠢ ᠶᠢᠨ ᠠᠵᠦ ᠠᠬᠤᠢ  ᠶᠢᠨ ᠡᠷᠬᠢᠯᠳᠡ ᠶᠢᠨ ᠬᠢᠨᠠᠨ ᠡᠵᠡᠮᠰᠢᠯᠳᠠ ᠶᠢ ᠴᠢᠩᠭᠠᠳᠬᠠᠵᠦ᠂ ᠠᠵᠦ ᠠᠬᠤᠶᠢᠯᠠᠯ ᠢ ᠠᠮᠢᠯᠠᠭᠤᠯᠤᠨ ᠲᠡᠰ ᠲᠡᠪᠰᠢᠬᠦᠯᠬᠦ  ᠶᠢ ᠴᠢᠩᠭᠠᠳᠬᠠᠨ᠂ ᠵᠤᠭᠰᠤᠩᠬᠢᠷᠠᠭᠰᠠᠨ ᠪᠤᠶᠦ ᠬᠠᠭᠠᠰ ᠵᠤᠩᠰᠤᠩᠬᠢᠷᠠᠭᠰᠠᠨ ᠠᠵᠦ ᠠᠬᠤᠶᠢᠯᠠᠯ ᠢ ᠵᠢᠯᠤᠭᠤᠳᠴᠦ᠂ 《 ᠤᠷᠢᠳᠠᠪᠠᠷ ᠠᠮᠢᠯᠠᠭᠤᠯᠤᠨ ᠬᠤᠶᠢᠨ᠎ᠠ ᠨᠢ ᠦᠬᠡᠷᠡᠴᠢᠯᠡᠬᠦ 》 ᠶᠢ ᠪᠡᠶᠡᠯᠡᠬᠦᠯᠦᠨ᠎ᠠ᠃ ᠠᠵᠣ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠲᠡ ᠬᠢᠬᠦ᠂ ᠪᠡᠯᠡ ᠣᠷᠣᠭᠤᠯᠣᠯᠲᠠ ᠪᠠᠨ ᠦᠷᠭᠡᠳᠭᠡᠬᠦ᠂ ᠨᠡᠷᠡᠲᠦ ᠲᠡᠮᠲᠡᠭ ᠤᠨ ᠪᠦᠲᠦᠭᠡᠨ ᠪᠠᠶᠢᠭᠤᠯᠣᠯᠲᠠ ᠶᠢ ᠵᠣᠷᠢᠭᠵᠢᠭᠤᠯᠣᠨ᠂ ᠠᠵᠣ ᠠᠬᠤᠶᠢᠯᠠᠯ ᠤᠨ ︽ᠠᠵᠣ ᠦᠢᠯᠡᠳᠪᠦᠷᠢᠵᠢᠯᠡᠯᠲᠡ ᠪᠠ ᠵᠠᠩᠭᠢᠴᠢᠯᠠᠯᠲᠠ  ᠶᠢ   ᠨᠢᠭᠡᠳᠭᠡᠭᠦ︾ ᠶᠢ ᠲᠦᠯᠬᠢᠨ ᠠᠬᠢᠭᠤᠯᠣᠨ᠎ᠠ᠃ ︽ᠢᠨᠲ᠋ᠧᠷ ᠰᠦᠢᠯᠵᠶ᠎ᠡ + ᠠᠵᠣ ᠦᠢᠯᠡᠳᠪᠦᠷᠢ︾ ᠶᠢᠨ ᠬᠡᠪ ᠵᠠᠭᠪᠣᠷ ᠢ ᠬᠡᠷᠡᠭᠵᠢᠭᠦᠯᠵᠦ᠂ ᠰᠣᠳᠣᠯᠣᠨ ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠵᠡᠷᠭᠡ ᠲᠠᠯ᠎ᠠ ᠪᠠᠷ ᠣᠯᠠᠮᠵᠢᠯᠠᠯᠲᠣ ᠠᠵᠣ ᠦᠢᠯᠡᠰ ᠢ ᠦᠭᠡᠷᠡᠴᠢᠯᠡᠨ ᠳᠡᠭᠡᠭᠰᠢᠯᠡᠭᠦᠯᠵᠦ᠂ ᠠᠵᠣ ᠠᠬᠤᠶᠢᠯᠠᠯ ᠤᠨ ᠠᠵᠢᠯᠯᠠᠭᠠᠨ ᠤ ᠦᠪᠡᠷ  ᠤᠨ ᠦᠷᠳᠡᠭ ᠢ ᠪᠠᠭᠤᠷᠠᠭᠤᠯᠵᠣ ᠠᠵᠢᠯᠯᠯᠭᠠᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠵᠦ ᠠᠬᠤᠶᠢᠯᠠᠯ ᠤᠨ ᠮᠡᠷᠬᠡᠵᠢᠯ ᠤᠨ ᠦᠬᠡᠷᠡᠴᠢᠯᠡᠯᠳᠡ ᠬᠢᠬᠦ ᠪᠡᠯᠨ ᠤᠷᠤᠭᠤᠯᠤᠯᠳᠠ ᠪᠠᠨ ᠦᠷᠬᠡᠳᠬᠡᠬᠦ᠂ ᠨᠡᠷᠡᠳᠦ ᠲᠡᠮᠳᠡᠭ ᠢ ᠡᠬᠦᠳᠬᠦ ᠶᠢ ᠵᠤᠷᠢᠭᠵᠢᠭᠤᠯᠤᠨ᠎ᠠ᠃ ᠵᠢᠱᠢᠭᠳᠡᠨ ᠤᠷᠤᠭᠰᠠᠨ ᠬᠡᠪᠴᠢᠶᠡᠵᠢᠯ ᠠᠴᠠ ᠲᠡᠭᠡᠭᠰᠢ ᠠᠵᠦ ᠠᠬᠤᠶᠢᠯᠠᠯ ᠢ ᠡᠬᠡ ᠳᠠᠩᠰᠠ ᠶᠢᠨ ᠬᠡᠯᠪᠡᠷᠢ ᠶᠢᠨ ᠦᠢᠯᠡᠴᠢᠯᠡᠭᠡ ᠶᠢᠨ ᠬᠠᠮᠢᠶᠠᠷᠣᠯᠲᠠ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠲᠡᠭᠡᠭᠰᠢ ᠠᠵᠦ ᠠᠬᠤᠶᠢᠯᠠᠯ ᠢ  3 ᠡᠷᠦᠬᠡ ᠰᠢᠨ᠎ᠠ ᠪᠠᠷ ᠨᠡᠮᠡᠭᠳᠡᠬᠦᠯᠦᠨ᠎ᠠ᠃         ᠬᠦᠷᠢᠶᠡᠯᠡᠩ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ ᠠᠵᠣ ᠦᠢᠯᠡᠰ ᠤᠨ ᠲᠦᠪᠯᠡᠷᠡᠭᠰᠡᠨ ᠲᠠᠪᠴᠠᠩ ᠢ ᠴᠢᠷᠮᠠᠶᠢᠨ ᠡᠭᠦᠳᠴᠦ᠂ ᠠᠵᠦ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠶᠡᠷᠤᠩᠭᠡᠢ ᠬᠤᠭᠤᠯᠠᠢ ᠭᠤᠳᠣᠮ ᠤᠨ ᠪᠦᠳᠦᠬᠡᠨ ᠪᠠᠶᠢᠭᠤᠯᠤᠯᠳᠠ ᠶᠢ ᠲᠦᠯᠦᠪᠯᠡᠨ ᠡᠬᠢᠯᠡᠬᠦᠯᠵᠦ᠂ ᠤᠰᠦ ᠴᠡᠪᠡᠷᠰᠢᠬᠦᠯᠬᠦ ᠦᠢᠯᠡᠳᠪᠤᠷᠢ᠂ 66 ᠺᠢᠯᠤᠸᠤᠯᠲ ᠤᠨ ᠬᠤᠪᠢᠰᠬᠠᠭᠤᠷ ᠦᠷᠳᠡᠭᠡ ᠶᠢᠨ ᠬᠤᠤᠰ ᠪᠤᠴᠠᠯᠳᠠ  ᠶᠢᠨ ᠱᠤᠭᠤᠮ ᠤᠨ ᠴᠠᠬᠢᠯᠭᠠᠨ ᠬᠠᠩᠭᠠᠬᠤ ᠲᠤᠤᠷ᠂ ᠰᠠᠯᠪᠤᠷᠢ ᠱᠤᠭᠤᠮ ᠤᠨ ᠴᠢᠮᠡᠭᠡ ᠨᠡᠪᠳᠡᠷᠡᠬᠦᠯᠬᠡ ᠶᠢᠨ ᠲᠤᠤᠷ᠂ ᠪᠤᠬᠢᠷ ᠢ ᠭᠠᠳᠠᠭᠰᠢᠯᠠᠭᠤᠯᠬᠤ ᠬᠤᠭᠤᠯᠠᠢ ᠲᠤᠤᠷ ᠤᠨ ᠪᠠᠷᠢᠯᠭ᠎ᠠ ᠶᠢ ᠲᠠᠭᠤᠰᠬᠠᠬᠤ ᠪᠠᠷ ᠴᠢᠷᠮᠠᠶᠢᠨ ᠲᠡᠮᠡᠴᠡᠵᠦ᠂ 3 ᠺᠢᠯᠦᠮᠧᠲᠷ ᠵᠠᠮ ᠢ ᠰᠢᠨ᠎ᠠ ᠪᠠᠷ ᠲᠡᠪᠢᠰᠴᠦ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠪᠡᠯᠨ ᠤᠷᠤᠭᠤᠯᠤᠯᠳᠠ 5000 ᠲᠦᠮᠡᠨ ᠲᠦᠬᠦᠷᠢᠭ ᠢ ᠪᠡᠶᠡᠯᠡᠬᠦᠯᠦᠨ᠎ᠠ᠃ ᠬᠦᠷᠢᠶᠡᠯᠡᠩ ᠲᠤᠭᠤᠷᠢᠭ ᠤᠨ ᠲᠤᠮᠳᠠ ᠪᠠᠭ᠎ᠠ ᠠᠵᠦ ᠠᠬᠤᠶᠢᠯᠠᠯ ᠤᠨ ᠶᠡᠷᠤᠩᠭᠡᠢ ᠦᠢᠯᠡᠴᠢᠯᠡᠬᠡᠨ ᠤ ᠲᠠᠪᠴᠠᠩ ᠢ ᠲᠡᠬᠦᠯᠳᠡᠷᠵᠢᠬᠦᠯᠵᠦ᠂ ᠲᠠᠷᠢᠶᠠᠯᠠᠩ᠂ ᠢᠳᠡᠬᠡᠨ ᠪᠤᠯᠪᠠᠰᠤᠷᠠᠭᠤᠯᠬᠤ᠂ ᠪᠠᠷᠠᠭᠠᠨ ᠭᠦᠢᠯᠭᠡᠭᠡᠨ ᠤ ᠪᠤᠷᠤᠯᠠᠭᠤᠯᠭ᠎ᠠ ᠪᠤᠯᠤᠨ ᠢᠨᠲ᠋ᠧᠷ ᠰᠦᠯᠵᠢᠶ᠎ᠠ ᠶᠢᠨ ᠬᠦᠨ ᠠᠭᠤᠰᠤᠯᠴᠠᠯ  ᠢ ᠲᠦᠯᠬᠢᠨ ᠠᠬᠢᠭᠤᠯᠤᠨ᠎ᠠ᠃ ᠪᠡᠯᠡ ᠬᠦᠷᠦᠩᠭᠡ ᠨᠢ ᠦᠷᠢ ᠳᠡᠭᠡᠨ ᠬᠦᠷᠬᠦ ᠦᠬᠡᠢ᠂ ᠠᠮᠢᠯᠠᠭᠤᠯᠤᠨ ᠰᠡᠷᠬᠦᠬᠡᠵᠦ ᠲᠡᠶᠢᠯᠬᠦ ᠦᠬᠡᠢ ︽ᠦᠬᠦᠰᠢᠷᠡᠮᠡᠯ ᠠᠵᠦ ᠠᠬᠤᠶᠢᠯᠠᠯ︾ ᠢ ᠨᠢᠬᠡᠳᠬᠡᠨ ᠲᠠᠬᠢᠨ ᠰᠢᠨ᠎ᠠ ᠪᠠᠷ ᠪᠠᠶᠢᠭᠤᠯᠬᠤ ᠪᠤᠶᠦ ᠬᠠᠤᠯᠢ ᠶᠤᠰᠦ ᠪᠠᠷ ᠲᠠᠮᠫᠤᠷᠠᠭᠤᠯᠵᠦ ᠲᠠᠩᠰᠠ ᠴᠡᠭᠴᠡᠯᠡᠬᠦ ᠶᠢ ᠲᠦᠷᠬᠡᠳᠬᠡᠵᠦ᠂ ᠠᠵᠦ ᠠᠬᠤᠶᠢᠯᠠᠯ ᠤᠨ ᠪᠦᠬᠦᠯᠢ ᠴᠤᠭᠴᠨ  ᠶᠢᠨ ᠡᠷᠬᠢᠯᠳᠡ ᠶᠢᠨ ᠶᠠᠰᠦ ᠴᠢᠨᠠᠷ ᠪᠤᠯᠤᠨ ᠠᠵᠦ ᠠᠬᠤᠢ ᠶᠢᠨ ᠦᠷ᠎ᠠ ᠠᠰᠢᠭ ᠢ ᠲᠡᠬᠡᠭᠰᠢᠯᠡᠬᠦᠯᠦᠨ᠎ᠠ᠃ ᠰᠢᠨ᠎ᠠ ᠪᠠᠷ ᠤᠷᠤᠵᠦ ᠰᠠᠭᠤᠬᠤ ᠠᠵᠦ ᠠᠬᠤᠶᠢᠯᠠᠯ ᠢ 3 ᠠᠴᠠ ᠲᠡᠬᠡᠭᠰᠢ ᠪᠠᠶᠢᠯᠭᠠᠵᠣ᠂ ᠠᠭᠠᠵᠢᠮ ᠢᠶᠠᠷ ᠪᠠᠯᠭᠠᠰᠤᠨ ᠤ ᠠᠵᠦ ᠦᠢᠯᠡᠳᠪᠤᠷᠢ ᠠᠵᠦ ᠠᠬᠤᠶᠢᠯᠠᠯ ᠢ ᠬᠦᠷᠢᠶᠡᠯᠡᠩ ᠲᠤᠭᠤᠷᠢᠭ ᠲᠤ   ᠲᠦᠪᠯᠡᠷᠡᠭᠦᠯᠵᠦ᠂ ᠬᠦᠷᠢᠶᠡᠯᠡᠩ ᠲᠣᠭᠤᠷᠢᠭ ᠤᠨ ᠠᠵᠣ ᠠᠬᠤᠶᠢᠯᠠᠯ ᠤᠨ ᠪᠦᠬᠦ ᠦᠷᠳᠡᠭ᠂ ᠠᠰᠢᠭ ᠭᠠᠶᠢᠯᠢ᠂ ᠰᠢᠨ᠎ᠡ ᠠᠵᠢᠯ ᠣᠯᠭᠤᠯᠲᠠ ᠶᠢᠨ ᠰᠢᠨ᠎ᠡ ᠰᠢᠪᠲᠣᠯᠣᠯᠲᠠ  ᠶᠢ ᠪᠡᠶᠡᠯᠡᠭᠦᠯᠬᠦ ᠶᠢ ᠲᠦᠯᠬᠢᠨ ᠠᠬᠢᠭᠤᠯᠣᠨ᠎ᠠ᠃       ︵ᠬᠤᠶᠠᠷ︶ ᠣᠳᠣ ᠦᠶ᠎ᠡ ᠶᠢᠨ ᠲᠠᠷᠢᠶᠠᠯᠠᠩ   ᠢ   ᠠᠳᠬᠤᠬᠤ ᠶᠢ ᠲᠤᠪᠤᠶᠢᠯᠭᠠᠵᠦ᠂ ᠬᠦᠭᠵᠢᠯᠳᠡ ᠶᠢᠨ ᠶᠠᠰᠦ ᠴᠢᠨᠠᠷ ᠦᠷ᠎ᠠ ᠠᠰᠢᠭ ᠢ ᠲᠡᠬᠡᠭᠰᠢᠯᠡᠬᠦᠯᠦᠨ᠎ᠠ᠃       ᠲᠠᠷᠢᠶᠠᠯᠠᠩ ᠤᠨ ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠠ᠃ ᠠᠮᠦ ᠪᠤᠳᠠᠭ᠎ᠠ ᠶᠢᠨ ᠠᠮᠤᠷ ᠲᠦᠪᠰᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠬᠠᠪᠤᠷ ᠤᠨ ᠲᠠᠷᠢᠶᠠᠯᠭ᠎ᠠ ᠶᠢᠨ ᠠᠵᠢᠯ ᠢ ᠰᠠᠶᠢᠳᠦᠷ ᠠᠳᠬᠤᠵᠦ᠂ ᠠᠮᠦ ᠪᠤᠳᠠᠭᠠᠨ ᠤ ᠲᠠᠷᠢᠬᠤ ᠲᠠᠯᠠᠪᠠᠢ ᠶᠢ 450 ᠲᠦᠮᠡᠨ ᠮᠦ ᠪᠠᠶᠢᠯᠭᠠᠵᠦ᠂ ᠠᠮᠦ ᠪᠤᠳᠠᠭᠠᠨ ᠤ ᠤᠨᠠᠯᠳᠠ ᠶᠢ 35 ᠳ᠋ᠦᠩᠰᠢᠭᠤᠷ ᠵᠢᠩ ᠠᠴᠠ ᠲᠡᠭᠡᠭᠰᠢ ᠲᠤᠭᠳᠠᠭᠠᠨ᠎ᠠ᠃ ᠭᠠᠵᠠᠷ ᠰᠢᠷᠤᠢ ᠶᠢ ᠴᠡᠭᠴᠡᠯᠡᠬᠦ ᠂ ᠲᠠᠷᠢᠶᠠᠯᠠᠩ ᠤᠨ ᠶᠡᠷᠤᠩᠭᠡᠢ ᠨᠡᠬᠡᠬᠡᠯᠳᠡ᠂ ᠲᠠᠷᠢᠶᠠᠯᠠᠩ ᠤᠰᠤᠨ ᠠᠰᠢᠭᠯᠠᠯᠳᠠ   ᠶᠢᠨ ᠲᠦᠷᠦᠯ ᠵᠦᠢᠯ ᠤᠨ ᠪᠡᠯᠨ ᠮᠦᠩᠭᠦ ᠶᠢ 5.7 ᠳ᠋ᠦᠩᠰᠢᠭᠤᠷ ᠲᠦᠭᠦᠷᠢᠭ ᠠᠰᠢᠭᠯᠠᠵᠣ ᠰᠢᠨ᠎ᠠ ᠪᠠᠷ 4600   ᠴᠠᠬᠢᠯᠭᠠᠨ ᠬᠤᠳᠳᠤᠭ ᠢ ᠦᠷᠦᠮᠳᠡᠵᠦ᠂ ᠤᠰᠦ ᠠᠷᠪᠢᠯᠠᠬᠤ ᠤᠰᠤᠯᠠᠯᠳᠠ ᠶᠢᠨ ᠲᠠᠯᠠᠪᠠᠢ ᠶᠢ 59.7 ᠲᠦᠮᠡᠨ ᠮᠦ ᠰᠢᠨ᠎ᠠ ᠪᠠᠷ ᠨᠡᠮᠡᠭᠳᠡᠬᠦᠯᠵᠦ᠂ ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠤᠯᠭᠠᠭᠰᠠᠨ ᠲᠠᠯᠠᠪᠠᠢ ᠶᠢ 7 ᠲᠦᠮᠡᠨ ᠮᠦ ᠨᠡᠮᠡᠭᠳᠡᠬᠦᠯᠦᠨ᠎ᠠ᠃ ᠭᠤᠷᠪᠠᠳᠣᠭᠠᠷ ᠣᠳᠠᠭᠠᠨ ᠤ ᠪᠦᠬᠦ ᠣᠯᠣᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠣᠲᠠᠢ ᠰᠠᠶᠢᠲᠣᠷ ᠬᠢᠵᠦ᠂ ᠲᠠᠷᠢᠶᠡᠨ ᠭᠠᠵᠠᠷ ᠤᠨ ᠬᠠᠮᠠᠭᠠᠯᠠᠯᠳᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠤᠯᠤᠰ ᠤᠨ ᠬᠠᠷ᠎ᠠ ᠰᠢᠷᠤᠢ ᠶᠢ ᠬᠠᠮᠠᠭᠠᠯᠠᠬᠤ ᠪᠠ ᠠᠰᠢᠭᠯᠠᠬᠤ ᠲᠤᠷᠰᠢᠯᠳᠠ ᠶᠢᠨ ᠴᠢᠭ᠋ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦ ᠪᠠᠷ ᠰᠠᠶᠢᠳᠤᠷ ᠠᠳᠬᠤᠨ᠎ᠠ᠃ ᠣᠳᠣ ᠦᠶ᠎ᠡ ᠶᠢᠨ ᠲᠠᠷᠢᠶᠠᠯᠠᠩ ᠤᠨ ︽ᠲᠠᠪᠣᠨ ᠵᠦᠢᠯ ᠤᠨ ᠦᠭᠡᠷᠡᠴᠢᠯᠡᠯᠲᠡ︾ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠦᠭᠡᠷᠡᠴᠢᠯᠡᠯᠲᠡ ᠪᠠ ᠪᠦᠲᠦᠭᠡᠨ ᠪᠠᠶᠢᠭᠤᠯᠣᠯᠲᠠ ᠶᠢᠨ ᠲᠣᠷᠰᠢᠯᠲᠠ ᠶᠢᠨ ᠠᠵᠢᠯ ᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠣᠨ᠎ᠠ᠃ ᠬᠦᠳᠡᠭᠡ ᠲᠣᠰᠬᠤᠨ ᠤ ᠭᠠᠵᠠᠷ ᠰᠢᠷᠣᠢ ᠶᠢᠨ ᠡᠷᠬᠡ ᠶᠢ ᠨᠣᠳᠠᠯᠠᠨ ᠲᠣᠭᠲᠠᠭᠠᠵᠣ ᠳᠠᠩᠰᠠᠯᠠᠬᠤ ᠪᠠ ᠨᠣᠲᠤᠭ ᠪᠡᠯᠴᠢᠭᠡᠷ  ᠤᠨ ᠡᠷᠬᠡ   ᠶᠢ ᠲᠣᠭᠲᠠᠭᠠᠵᠣ ᠳᠠᠭᠠᠭᠠᠴᠢᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠳᠦᠷᠢᠮ ᠤᠨ ᠲᠣᠭᠲᠠᠯᠴᠠᠭ᠎ᠠ ᠶᠢ ᠪᠠᠶᠢᠭᠤᠯᠬᠤ ᠶᠢ ᠲᠦᠷᠭᠡᠳᠭᠡᠵᠦ᠂ ᠭᠡᠷ ᠬᠦᠷᠦᠩᠭᠡ᠂ ᠣᠢ ᠰᠢᠭᠤᠢ᠂ ᠭᠠᠵᠠᠷ ᠰᠢᠷᠣᠢ ᠶᠢ ᠳᠠᠩᠰᠠᠯᠠᠨ ᠲᠡᠮᠲᠡᠭᠯᠡᠬᠦ ᠵᠡᠷᠭᠡ ᠲᠤᠭ᠎ᠠ ᠪᠠᠷᠢᠮᠳᠠ ᠶᠢ ᠲᠣᠬᠢᠷᠠᠭᠤᠯᠬᠤ  ᠶᠢ ᠭᠤᠣᠯᠳᠠᠯᠭ᠎ᠠ ᠲᠠᠢ ᠠᠬᠢᠭᠤᠯᠣᠨ᠎ᠠ᠃       ᠲᠠᠷᠢᠵᠦ ᠲᠡᠵᠢᠬᠡᠬᠦ ᠪᠦᠳᠦᠴᠡ ᠶᠢ ᠪᠦᠬᠦ ᠲᠠᠯ᠎ᠠ ᠪᠠᠷ ᠰᠢᠯᠢᠳᠡᠭᠵᠢᠬᠦᠯᠦᠨ᠎ᠠ᠃ ︽ᠲᠠᠷᠢᠶᠠᠨ ᠭᠠᠵᠠᠷ ᠢ ᠬᠢᠮᠠᠭᠠᠳᠠᠵᠣ ᠮᠡᠷᠭᠡᠵᠢᠯ ᠢᠶᠠᠷ ᠣᠨᠠᠯᠳᠠ ᠨᠡᠮᠡᠭᠳᠡᠬᠦᠯᠬᠦ︾ ᠪᠠᠶᠢᠯᠳᠤᠬᠤ ᠪᠤᠳᠤᠯᠭ᠎ᠠ ᠶᠢ ᠬᠦᠨᠵᠡᠬᠡᠢ ᠨᠡᠶᠢᠳᠠᠪᠤᠷᠢᠵᠢᠭᠤᠯᠵᠦ ᠂ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠤᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠲᠤᠭᠤᠷᠢᠨ ᠳᠤ᠂ ︽ᠡᠮᠦᠨᠡᠳᠦ ᠬᠡᠰᠡᠭ ᠠᠵᠦ ᠦᠢᠯᠡᠳᠪᠤᠷᠢ ᠶᠢᠨ ᠲᠦᠯᠦᠬᠡ ᠲᠠᠷᠢᠶᠠᠯᠠᠬᠤ᠂ ᠤᠮᠠᠷᠠᠳᠦ ᠬᠡᠰᠡᠭ ᠲᠡᠵᠢᠬᠡᠬᠦ ᠶᠢᠨ ᠲᠦᠯᠦᠬᠡ ᠲᠠᠷᠢᠬᠤ︾ ᠶᠢ ᠦᠷᠬᠦᠯᠵᠢᠯᠡᠨ ᠬᠡᠷᠡᠭᠵᠢᠬᠦᠯᠵᠦ᠂ ᠡᠷᠳᠡᠨᠢ ᠰᠢᠰᠢ ᠶᠢᠨ ︽ᠨᠢᠬᠡᠯᠨ ᠵᠦᠢᠯ ᠤᠨ ᠠᠮᠦ ᠭᠤᠤᠯᠯᠠᠭᠰᠠᠨ︾ ᠲᠠᠷᠢᠮᠠᠯ ᠤᠨ ᠪᠦᠳᠦᠴᠡ ᠶᠢ ᠬᠤᠪᠢᠷᠠᠭᠤᠯᠬᠤ ᠶᠢ ᠲᠦᠷᠬᠡᠳᠬᠡᠵᠦ᠂ ᠡᠷᠳᠡᠨᠢ ᠰᠢᠰᠢ ᠠᠴᠠ ᠦᠨᠳᠦᠷ ᠠᠰᠢᠭᠳᠦ ᠲᠠᠷᠢᠮᠠᠯ ᠪᠣᠯᠭᠠᠨ ᠬᠤᠪᠢᠷᠠᠭᠠᠨ ᠲᠠᠷᠢᠬᠤ ᠶᠢ 20% ᠪᠠᠷ ᠲᠣᠬᠢᠷᠠᠭᠤᠯᠵᠣ ᠠᠬᠢᠭᠤᠯᠤᠨ᠎ᠠ᠃ ᠦᠨᠳᠦᠷ ᠠᠰᠢᠭᠳᠦ ᠤᠨᠴᠠᠯᠢᠭᠳᠦ ᠲᠠᠷᠢᠶᠠᠯᠠᠩ ᠢ 117 ᠲᠦᠮᠡᠨ ᠮᠦ ᠬᠦᠭᠵᠢᠬᠦᠯᠵᠦ᠂ ᠡᠬᠦᠨ ᠳᠤ ᠰᠢᠬᠢᠷᠯᠢᠭ ᠯᠤᠤᠪᠠᠩ᠂ ᠰᠢᠬᠢᠷᠳᠦ ᠤᠳ᠋ᠪᠠᠯ᠎ᠠ ᠶᠢ ᠲᠤᠰ ᠪᠦᠷᠢ 5 ᠲᠦᠮᠡᠨ ᠮᠦ ᠲᠠᠷᠢᠨ᠎ᠠ᠃ ᠪᠤᠬᠢᠷᠳᠦᠯ ᠦᠬᠡᠢ ᠲᠠᠷᠢᠶᠠᠯᠠᠩ ᠢ 400 ᠲᠦᠮᠡᠨ ᠮᠣ᠋᠂ ᠣᠷᠭᠠᠨᠢᠭ ᠲᠠᠷᠢᠶᠠᠯᠠᠩ ᠢ 3 ᠲᠦᠮᠡᠨ ᠮᠦ ᠬᠦᠭᠵᠢᠬᠦᠯᠦᠨ᠎ᠠ᠃ 《 ᠬᠤᠨᠢ ᠲᠡᠵᠢᠬᠡᠬᠦ ᠶᠢ ᠲᠤᠭᠳᠠᠪᠤᠷᠢᠳᠠᠢ ᠪᠠᠶᠢᠯᠭᠠᠵᠦ᠂ ᠦᠬᠡᠷ ᠲᠡᠵᠢᠬᠡᠬᠦ ᠶᠢ ᠨᠡᠮᠡᠭᠳᠡᠬᠦᠯᠬᠦ 》 ᠬᠦᠭᠵᠢᠯᠳᠡ ᠶᠢᠨ ᠰᠡᠳᠬᠢᠴᠡ ᠶᠢ ᠪᠠᠷᠢᠮᠳᠠᠯᠠᠵᠦ᠂ ᠮᠠᠯ ᠲᠡᠵᠢᠬᠡᠪᠤᠷᠢ ᠶᠢᠨ ᠪᠦᠳᠦᠴᠡ  ᠶᠢᠨ ᠲᠤᠬᠢᠷᠠᠭᠤᠯᠤᠯᠳᠠ ᠶᠢ ᠲᠦᠯᠬᠢᠨ ᠠᠬᠢᠭᠤᠯᠵᠦ᠂ ᠮᠠᠯ ᠠᠵᠦ ᠠᠬᠤᠢ ᠶᠢᠨ ᠤᠨ ᠳᠤ ᠬᠡᠷ ᠤᠨ ᠲᠡᠵᠢᠬᠡᠪᠤᠷᠢ ᠶᠢᠨ ᠲᠡᠵᠢᠬᠡᠬᠦ ᠲᠤᠭ᠎ᠠ ᠶᠢ 349 ᠲᠦᠮᠡ ᠳᠤ ᠬᠦᠷᠬᠡᠵᠦ᠂ ᠡᠬᠦᠨ ᠳᠤ ᠮᠢᠬᠠᠨ ᠤ ᠬᠤᠨᠢ ᠶᠢ 257 ᠲᠦᠮᠡ᠂ ᠠᠯᠠᠰᠢᠨ  ᠤ ᠦᠬᠡᠷ ᠢ 32   ᠲᠦᠮᠡᠨ ᠲᠤᠯᠤᠭᠠᠢ ᠳᠤ ᠬᠦᠷᠬᠡᠨ᠎ᠡ᠃ ᠮᠠᠯ ᠤᠨ ᠡᠬᠦᠯᠳᠡᠷ ᠢ ᠰᠠᠶᠢᠵᠢᠷᠠᠭᠤᠯᠬᠤ ᠶᠢ ᠦᠷᠬᠦᠯᠵᠢᠯᠡᠨ ᠠᠬᠢᠭᠤᠯᠵᠦ᠂ ᠮᠧᠩ ᠶᠠᠩ᠂ ᠳ᠋ᠦ᠋ ᠮᠸᠢ ᠮᠠᠯ ᠠᠵᠦ ᠠᠬᠤᠢ ᠶᠢᠨ ᠦᠢᠯᠡᠰ ᠪᠤᠯᠤᠨ ᠦᠷ᠎ᠠ ᠶᠢᠨ ᠮᠠᠯᠵᠢᠯ ᠤᠨ ᠲᠠᠯᠠᠪᠠᠢ  ᠶᠢᠨ ᠴᠡᠪᠡᠷ ᠡᠬᠦᠯᠳᠡᠷ ᠤᠨ ᠬᠤᠨᠢ ᠶᠢ ᠦᠷᠡᠵᠢᠬᠦᠯᠦᠨ ᠪᠤᠶᠢᠵᠢᠭᠤᠯᠬᠤ᠂   ᠰᠢᠮᠧᠨᠳᠧᠷ ᠪᠤᠯᠤᠨ ᠳ᠋ᠦ᠋ ᠪᠦᠸᠧ᠂ ᠰᠠ   ᠹᠦ᠋ ᠺᠧ ᠵᠡᠷᠬᠡ ᠰᠠᠶᠢᠨ ᠡᠬᠦᠯᠳᠡᠷ ᠤᠨ ᠦᠬᠡᠷ ᠬᠤᠨᠢ ᠶᠢ ᠶᠡᠭᠡ ᠬᠦᠴᠦ ᠪᠠᠷ ᠲᠡᠯᠬᠡᠷᠡᠬᠦᠯᠵᠦ᠂ ᠮᠠᠯ ᠤᠨ ᠰᠠᠶᠢᠨ ᠡᠭᠦᠯᠳᠡᠷ ᠤᠨ ᠨᠤᠷᠮ᠎ᠠ ᠶᠢ 20% ᠳᠤ ᠬᠦᠷᠬᠡᠨ᠎ᠠ᠃ ᠡᠬᠦᠯᠳᠡᠷ ᠤᠨ ᠭᠠᠭ᠋ᠠᠢ ᠶᠢ ᠲᠡᠵᠢᠬᠡᠨ ᠦᠷᠡᠵᠢᠬᠦᠯᠬᠦ ᠬᠤᠷᠰᠢᠨ ᠠᠵᠢᠯᠯᠠᠬᠤ ᠲᠠᠪᠴᠠᠩ ᠢ ᠢᠳᠡᠪᠬᠢᠳᠡᠢ ᠪᠠᠶᠢᠭᠤᠯᠵᠦ᠂ ︽ᠡᠬᠦᠯᠳᠡᠷ ᠤᠨ ᠭᠠᠭ᠋ᠠᠢ ᠲᠡᠵᠢᠬᠡᠨ ᠦᠷᠡᠵᠢᠬᠦᠯᠬᠦ ᠠᠵᠣ ᠠᠬᠤᠶᠢᠯᠠᠯ  + ᠰᠠᠭᠤᠷᠢᠨ ᠭᠠᠵᠠᠷ + ᠲᠡᠵᠢᠭᠡᠬᠦ ᠡᠷᠦᠬᠡ︾ ᠡᠵᠡᠩᠨᠡᠯᠳᠡ ᠶᠢᠨ ᠬᠡᠯᠪᠡᠷᠢ ᠶᠢ ᠬᠡᠷᠡᠭᠵᠢᠬᠦᠯᠵᠦ᠂ ᠠᠮᠢᠳᠦ ᠭᠠᠭ᠋ᠠᠢ ᠶᠢᠨ ᠠᠵᠦ ᠦᠢᠯᠡᠰ ᠤᠨ ᠡᠷᠡᠬᠦᠯ ᠢᠶᠠᠷ ᠬᠦᠭᠵᠢᠬᠦ ᠶᠢ ᠠᠬᠢᠭᠤᠯᠵᠦ᠂ ᠵᠢᠯ ᠤᠨ ᠲᠡᠵᠢᠬᠡᠭᠰᠡᠨ ᠲᠤᠭ᠎ᠠ  ᠶᠢ 57 ᠲᠦᠮᠡᠨ ᠲᠣᠯᠣᠭᠠᠢ ᠳᠤ ᠬᠦᠷᠬᠡᠨ᠎ᠠ᠃ ᠠᠮᠦ ᠶᠢ ᠪᠤᠷᠳᠤᠭ᠎ᠠ ᠪᠤᠯᠭᠠᠬᠤ ᠲᠤᠷᠰᠢᠯᠳᠠ ᠶᠢᠨ ᠲᠦᠷᠦᠯ ᠵᠦᠢᠯ  ᠤᠨ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠬᠡᠷᠡᠭᠵᠢᠬᠦᠯᠵᠦ᠂ 1000 ᠲᠦᠮᠡᠨ ᠲᠦᠬᠦᠷᠢᠭ ᠤᠨ ᠪᠡᠯᠨ ᠤᠷᠤᠭᠤᠯᠵᠦ᠂   ᠮᠠᠯᠴᠢᠨ ᠲᠠᠷᠢᠶᠠᠴᠢᠨ ᠡᠷᠦᠬᠡ ᠶᠢᠨ ᠲᠡᠵᠢᠭᠡᠯ ᠡᠪᠡᠰᠦ ᠲᠠᠷᠢᠬᠤ ᠶᠢ ᠳᠡᠳᠭᠦᠨ᠎ᠡ᠃       ᠲᠠᠷᠢᠶᠠᠯᠠᠩ ᠮᠠᠯ ᠠᠵᠦ ᠠᠬᠤᠢ ᠶᠢᠨ ᠠᠵᠣ ᠦᠢᠯᠡᠰᠵᠢᠯᠲᠡ ᠶᠢᠨ ᠠᠬᠢᠴᠡ ᠶᠢ ᠲᠦᠷᠬᠡᠳᠬᠡᠨ᠎ᠠ᠃   ᠭᠠᠵᠠᠷ ᠰᠢᠷᠦᠢ ᠶᠢᠨ ᠡᠷᠬᠢᠯᠳᠡ 160 ᠲᠦᠮᠡᠨ ᠮᠦ᠂ ᠲᠠᠷᠢᠮᠠᠯ ᠤᠨ ᠦᠢᠯᠡᠰ ᠤᠨ ᠲᠠᠭᠠᠳᠬᠠᠯ ᠢ 400 ᠲᠦᠮᠡᠨ ᠮᠦ ᠨᠡᠶᠢᠳᠡᠪᠤᠷᠢᠵᠢᠭᠤᠯᠤᠨ᠎ᠠ᠃ ᠰᠢᠨᠵᠢᠯᠡᠭᠡ ᠮᠠᠷᠬᠡᠵᠢᠯ ᠢ ᠲᠡᠯᠬᠡᠷᠡᠬᠦᠯᠦᠨ ᠬᠡᠷᠡᠭᠯᠡᠬᠦ   ᠶᠢ ᠴᠢᠩᠭᠠᠳᠬᠠᠵᠦ᠂ ᠤᠯᠤᠰ ᠤᠨ ᠲᠠᠷᠢᠶᠠᠯᠠᠩ ᠤᠨ ᠮᠡᠷᠬᠡᠵᠢᠯ ᠤᠨ ᠰᠢᠨ᠎ᠠ ᠶᠢ ᠡᠬᠦᠳᠬᠦ ᠪᠠ ᠬᠤᠷᠠᠮᠠᠯ ᠵᠢᠱᠢᠶ᠎ᠠ ᠦᠵᠡᠬᠦᠯᠬᠦ ᠰᠠᠭᠤᠷᠢᠨ ᠭᠠᠵᠠᠷ ᠲᠤ ᠲᠦᠰᠢᠭᠯᠡᠵᠦ᠂ ᠬᠤᠰᠢᠭᠤᠨ ᠲᠡᠰ ᠤᠨ ᠦᠨᠳᠦᠷ ᠠᠰᠢᠭᠳᠦ ᠲᠠᠷᠢᠶᠠᠯᠠᠩ ᠤᠨ ᠬᠦᠷᠢᠶᠡᠯᠡᠩ ᠲᠤᠭᠤᠷᠢᠭ 3 — 5᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠭᠤᠷᠢᠨ ᠭᠠᠵᠠᠷ ᠢ 1 ᠪᠠᠶᠢᠭᠤᠯᠤᠨ᠎ᠠ᠃ ᠰᠢᠷᠦᠢ ᠶᠢ ᠬᠡᠮᠵᠢᠨ ᠲᠤᠬᠢᠷᠠᠭᠰᠠᠨ ᠪᠤᠷᠳᠤᠭᠤᠷ ᠤᠷᠤᠭᠤᠯᠬᠤ ᠦᠨᠳᠦᠷ ᠤᠨᠠᠯᠳᠠ ᠶᠢ ᠡᠬᠦᠳᠤᠨ ᠪᠠᠶᠢᠭᠤᠯᠬᠤ ᠵᠡᠷᠬᠡ ᠰᠢᠨᠵᠢᠯᠡᠭᠡ ᠮᠡᠷᠬᠡᠵᠢᠯ  ᠤᠨ 18 ᠲᠦᠷᠦᠯ ᠵᠦᠢᠯ ᠢ ᠬᠡᠷᠡᠭᠵᠢᠬᠦᠯᠵᠦ᠂ ᠰᠢᠶᠠᠩ ᠤᠨ ᠲᠡᠰ ᠤᠨ ᠰᠢᠨᠵᠢᠯᠡᠭᠡ ᠮᠡᠷᠬᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠭ ᠢ 14 ᠪᠦᠳᠦᠬᠡᠨ ᠪᠠᠶᠢᠭᠤᠯᠵᠦ᠂ ᠰᠢᠨᠵᠢᠯᠡᠭᠡ ᠮᠡᠷᠬᠡᠵᠢᠯ ᠤᠨ ᠬᠤᠪᠢ ᠨᠡᠮᠡᠷᠢ ᠶᠢ 62% ᠳᠤ ᠬᠦᠷᠬᠡᠨ᠎ᠠ᠃ ᠲᠠᠷᠢᠶᠠᠯᠠᠩ ᠤᠨ ᠮᠠᠰᠢᠨ ᠢ ᠬᠤᠳᠠᠯᠳᠤᠨ ᠠᠪᠬᠤ ᠨᠦᠬᠦᠪᠤᠷᠢ ᠮᠦᠩᠭᠦ 4500 ᠲᠦᠮᠡᠨ ᠲᠦᠬᠦᠷᠢᠭ ᠲᠡᠮᠡᠴᠡᠨ ᠤᠯᠵᠦ᠂ ᠲᠠᠷᠢᠶᠠᠯᠠᠩ ᠤᠨ ᠮᠠᠰᠢᠨᠴᠢᠯᠠᠭᠰᠠᠨ   ᠶᠡᠷᠤᠩᠭᠡᠢ ᠠᠵᠢᠯ ᠤᠨ ᠨᠤᠷᠮ᠎ᠠ ᠶᠢ 85%   ᠳᠤ ᠬᠦᠷᠬᠡᠨ᠎ᠠ᠃ ᠮᠠᠯ ᠠᠵᠦ ᠠᠬᠤᠢ ᠶᠢᠨ ᠬᠡᠪᠴᠢᠶᠡᠵᠢᠭᠰᠡᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ ᠮᠢᠬᠠᠨ ᠤ ᠬᠤᠨᠢ  ᠶᠢ ᠲᠡᠵᠢᠬᠡᠨ ᠦᠷᠡᠵᠢᠬᠦᠯᠬᠦ ᠵᠢᠱᠢᠶ᠎ᠠ ᠦᠵᠡᠬᠦᠯᠬᠦ ᠤᠷᠤᠨ ᠪᠦᠰᠨ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠮᠧᠩ ᠶᠠᠩ ᠠᠵᠦ ᠠᠬᠤᠢ ᠶᠢ ᠲᠡᠳᠬᠦᠵᠦ᠂ ᠦᠨᠳᠦᠷ ᠠᠰᠢᠭᠳᠦ ᠮᠢᠬᠠᠨ ᠤ ᠬᠤᠨᠢ ᠶᠢ ᠲᠡᠵᠢᠬᠡᠨ ᠦᠷᠡᠵᠢᠬᠦᠯᠬᠦ ᠬᠦᠷᠢᠶᠡᠯᠡᠩ ᠲᠤᠭᠤᠷᠢᠭ ᠬᠦᠯᠳᠡᠬᠡᠮᠡᠯ ᠡᠳ᠋ ᠤᠨ ᠬᠢᠨᠵᠢᠯᠢᠭ ᠪᠠᠷᠠᠭᠠᠨ ᠬᠦᠢᠯᠬᠡᠬᠡᠨ ᠤ ᠲᠤᠬᠢᠷᠠᠯᠴᠠᠭᠤᠯᠤᠨ ᠬᠦᠷᠬᠡᠬᠦ ᠲᠦᠪ ᠪᠤᠯᠤᠨ ᠮᠢᠬᠠᠨ ᠤ ᠬᠤᠨᠢ ᠶᠢᠨ ᠠᠷᠠᠯᠵᠢᠶᠡᠨ ᠤ ᠵᠠᠬ᠎ᠠ ᠲᠡᠯᠬᠡᠬᠦᠷ ᠤᠨ ᠪᠦᠳᠦᠬᠡᠨ ᠪᠠᠶᠢᠭᠤᠯᠤᠯᠳᠠ ᠶᠢ ᠳᠡᠳᠭᠦᠨ᠎ᠡ᠃ ᠤᠳᠦ ᠦᠶ᠎ᠠ ᠶᠢᠨ ᠠᠯᠠᠰᠢᠨ ᠦᠬᠡᠷ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠢ ᠦᠷᠬᠦᠯᠵᠢᠯᠡᠨ ᠪᠤᠢ ᠪᠤᠯᠭᠠᠵᠦ᠂ ᠰᠢᠩ ᠷᠦᠨ ᠮᠠᠯ ᠠᠵᠦ ᠠᠬᠤᠢ ᠶᠢᠨ ᠠᠯᠠᠰᠢᠨ ᠦᠬᠡᠷ ᠲᠡᠵᠢᠬᠡᠨ ᠦᠷᠡᠵᠢᠬᠦᠯᠬᠦ ᠭᠠᠵᠠᠷ ᠤᠨ ᠠᠯᠠᠰᠢ ᠭᠦᠢᠴᠡᠳ ᠦᠢᠯᠡᠳᠪᠤᠷᠢᠯᠡᠬᠦ ᠶᠢ ᠠᠬᠢᠭᠤᠯᠣᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠪᠣᠭᠠᠲᠣ ᠬᠤᠷᠰᠢᠶ᠎ᠠ ᠪᠠᠷ ᠭᠤᠣᠯᠯᠠᠭᠰᠠᠨ ᠠᠵᠢᠯ ᠲᠦᠷᠦᠯ ᠤᠨ ᠵᠢᠯᠣᠭᠤᠳᠬᠤ ᠲᠣᠭᠲᠠᠯᠴᠠᠭ᠎ᠠ ᠪᠠ ᠬᠤᠷᠰᠢᠶ᠎ᠠ ᠶᠢᠨ ᠠᠵᠣ ᠠᠬᠤᠶᠢᠯᠠᠯ ᠢᠶᠠᠷ ᠲᠣᠯᠭᠠᠭᠤᠷᠢᠯᠠᠯ ᠪᠣᠯᠭᠠᠭᠰᠠᠨ ᠡᠵᠡᠩᠨᠡᠯᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠣ᠂ ᠰᠢᠨ᠎ᠡ ᠮᠠᠶ᠋ᠢᠭ ᠤᠨ ᠡᠵᠡᠩᠨᠡᠯᠲᠡ  ᠶᠢᠨ ᠭᠤᠣᠯ ᠴᠣᠭᠴᠠ ᠶᠢ 300 ᠪᠣᠶᠢᠵᠢᠭᠤᠯᠵᠣ᠂ ᠭᠠᠴᠠᠭ᠎ᠠ ᠲᠣᠰᠬᠤᠨ ᠪᠦᠷᠢ ᠳᠤ ᠳᠦᠷᠢᠮᠵᠢᠭᠦᠯᠦᠨ ᠡᠵᠡᠩᠨᠡᠭᠰᠡᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠨᠠᠭᠠᠳᠣ ᠵᠠᠬ᠎ᠠ ᠳᠤ ᠪᠠᠨ 1 ᠪᠠᠶᠢᠬᠤ ᠶᠢ ᠪᠠᠲᠣᠯᠠᠨ᠎ᠠ᠃ ᠲᠤᠯᠤᠭᠠᠶᠢᠯᠠᠭᠴᠢ ᠠᠵᠦ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢ ᠬᠤᠯᠪᠤᠭᠠᠯᠠᠬᠤ ᠲᠤᠭᠳᠠᠴᠨ ᠶᠢ ᠲᠡᠬᠦᠯᠳᠡᠷᠵᠢᠬᠦᠯᠵᠦ᠂ ᠬᠤᠰᠢᠭᠤᠨ ᠲᠡᠰ ᠤᠨ ᠲᠤᠯᠤᠭᠠᠶᠢᠯᠠᠭᠴᠢ ᠠᠵᠦ ᠠᠬᠤᠶᠢᠯᠠᠯ ᠢ ᠰᠢᠨ᠎ᠠ ᠪᠠᠷ 3 ᠲᠤᠭᠳᠠᠭᠠᠵᠦ᠂ ᠠᠶᠢᠮᠠᠭ ᠤᠨ ᠲᠡᠰ ᠤᠨ 2᠂ ᠤᠷᠤᠨ ᠤ ᠲᠡᠰ ᠤᠨ 1 ᠠᠵᠦ ᠠᠬᠤᠶᠢᠯᠠᠯ ᠢ ᠡᠷᠡᠮᠡᠯᠵᠡᠨ ᠮᠡᠳᠡᠬᠦᠯᠦᠨ᠎ᠠ ᠃ ᠣᠷᠣᠨ ᠠᠶᠢᠮᠠᠭ ᠤᠨ ᠨᠡᠷᠡᠲᠦ ᠠᠵᠣ ᠠᠬᠤᠶᠢᠯᠠᠯ ᠢ ᠡᠭᠦᠳᠦᠨ ᠪᠠᠶᠢᠭᠤᠯᠵᠣ᠂ ︽ᠵᠠᠯᠠᠶᠢᠳ ᠤᠨ ᠨᠡᠷᠡᠳᠦ ᠲᠡᠮᠳᠡᠭ︾  ᠢ ᠡᠬᠦᠳᠤᠨ ᠪᠠᠶᠢᠭᠤᠯᠤᠨ᠎ᠠ᠃       ︵ᠭᠤᠷᠪᠠ︶   ᠬᠤᠳᠠ ᠪᠠᠯᠭᠠᠰᠣᠨ ᠤ ᠨᠢᠭᠡᠳᠦᠯᠳᠡᠢ ᠲᠦᠯᠦᠪᠯᠡᠭᠡ ᠶᠢ ᠲᠣᠪᠣᠶᠢᠮ᠎ᠠ ᠠᠳᠬᠤᠵᠣ᠂ ᠨᠡᠶᠢᠳᠡ  ᠶᠢᠨ ᠦᠢᠯᠡᠴᠢᠯᠡᠭᠡ ᠶᠢ ᠠᠳᠠᠯᠢ ᠲᠡᠭᠰᠢ ᠪᠠᠷ ᠠᠬᠢᠭᠤᠯᠣᠨ᠎ᠠ᠃       ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠭᠰᠠᠨ ᠪᠦᠳᠦᠭᠡᠨ ᠪᠠᠶᠢᠭᠤᠯᠣᠯᠳᠠ ᠶᠢ ᠲᠦᠷᠭᠡᠳᠭᠡᠨ᠎ᠡ᠃   ᠣᠷᠣᠨ  ᠤ ᠳᠡᠰ ᠤᠨ ᠴᠡᠴᠡᠷᠯᠢᠭᠵᠢᠭᠦᠯᠦᠭᠰᠡᠨ ᠬᠤᠲᠠ ᠪᠠᠯᠭᠠᠰᠣᠨ ᠤ ᠪᠦᠲᠦᠭᠡᠨ ᠪᠠᠶᠢᠭᠤᠯᠣᠯᠲᠠ ᠶᠢ ᠪᠦᠬᠦ ᠬᠦᠴᠦ ᠪᠠᠷ ᠲᠦᠯᠬᠢᠨ ᠠᠬᠢᠭᠤᠯᠵᠣ᠂ ᠰᠢᠨ᠎ᠡ ᠨᠢᠭᠡ ᠡᠭᠡᠯᠵᠢ ᠶᠢᠨ ᠬᠤᠳᠠ ᠶᠢᠨ ᠶᠡᠷᠦᠩᠭᠡᠢ ᠴᠣᠭᠴᠠ ᠶᠢᠨ ᠲᠦᠯᠦᠪᠵᠢᠬᠦᠯᠭᠡ ᠶᠢᠨ ᠵᠠᠰᠠᠨ ᠨᠠᠶᠢᠷᠠᠭᠤᠯᠬᠤ ᠪᠠ ︽ᠢᠨᠳᠡᠷ ᠪᠠᠯᠭᠠᠰᠣᠨ ᠤ ᠡᠵᠡᠮᠰᠢᠯᠳᠦ ᠴᠢᠨᠠᠷᠳᠠᠢ ᠨᠠᠷᠢᠨ ᠲᠣᠳᠣᠷᠬᠠᠢ ᠲᠦᠯᠦᠪᠵᠢᠬᠦᠯᠭᠡ︾  ᠶᠢ ᠪᠡᠶᠡᠯᠡᠭᠦᠯᠵᠦ᠂ ᠲᠣᠰᠬᠠᠢ ᠵᠦᠢᠯ ᠤᠨ ᠲᠦᠯᠦᠪᠵᠢᠭᠦᠯᠭᠡ᠂ ᠭᠤᠣᠯᠳᠠᠯᠭᠠᠳᠣ ᠢᠨᠵᠧᠨᠧᠷᠢᠩ ᠢ ᠵᠠᠰᠠᠨ ᠪᠠᠶᠢᠭᠤᠯᠬᠤ ᠴᠢᠨᠠᠷᠳᠠᠢ ᠨᠠᠷᠢᠨ ᠲᠣᠳᠣᠷᠬᠠᠢ ᠲᠦᠯᠦᠪᠵᠢᠬᠦᠯᠬᠡ ᠪᠠ ᠬᠤᠳᠠ ᠶᠢᠨ ᠵᠠᠩᠭᠢᠯᠠᠭ᠎ᠠ ᠴᠡᠭ ᠤᠨ ᠵᠢᠷᠤᠭ ᠲᠦᠯᠦᠪᠯᠡᠭᠡ ᠶᠢ ᠰᠠᠶᠢᠲᠣᠷ ᠬᠢᠨ᠎ᠡ᠃ ᠡᠮᠦᠨᠡᠰᠢ ᠭᠠᠷᠬᠤ ᠠᠮᠠ ᠳᠤ ᠵᠦᠷᠢᠯᠢᠭ ᠬᠦᠭᠦᠷᠭᠡ ᠶᠢ ᠨᠡᠪᠳᠡᠷᠡᠬᠦᠯᠵᠣ᠂ ᠪᠠᠷᠠᠭᠤᠨᠰᠢ ᠭᠠᠷᠬᠤ ᠠᠮᠠ᠂ ᠶᠣᠸᠠᠨ ᠯᠦᠩ ᠵᠠᠮ᠂ ᠹᠠ ᡁᠢ ᠠᠭᠤᠳᠠᠮ ᠲᠠᠯᠠᠪᠠᠢ ᠵᠡᠷᠭᠡ 3 ᠭᠠᠵᠠᠷ ᠲᠤ ᠦᠵᠡᠮᠵᠢ ᠶᠢ ᠨᠣᠭᠤᠭᠠᠷᠠᠭᠤᠯᠬᠤ ᠪᠦᠳᠦᠭᠡᠨ ᠪᠠᠶᠢᠭᠤᠯᠣᠯᠳᠠ ᠶᠢᠨ ᠡᠬᠦᠷᠭᠡ ᠶᠢ ᠪᠡᠶᠡᠯᠡᠬᠦᠯᠵᠣ᠂ 15 ᠲᠦᠮᠡᠨ ᠲᠡᠭᠰᠢ ᠲᠦᠷᠪᠡᠯᠵᠢᠨ ᠮᠧᠲᠷ ᠭᠠᠵᠠᠷ ᠢ ᠨᠣᠭᠤᠭᠠᠷᠠᠭᠤᠯᠣᠨ᠎ᠠ᠃ ᠢᠨᠳᠡᠷ ᠪᠠᠯᠭᠠᠰᠣᠨ ᠤ ᠴᠣᠭᠴᠠᠯᠠᠬᠤ ᠢᠨᠵᠧᠨᠧᠷᠢᠩ ᠢ ᠪᠦᠬᠦᠯᠢ ᠴᠣᠭᠴᠠ ᠪᠠᠷ ᠨᠢ ᠲᠡᠭᠡᠭᠰᠢᠯᠡᠬᠦᠯᠵᠣ᠂ ᠪᠠᠷᠠᠭᠤᠨ ᠠᠭᠤᠯᠠᠨ ᠤ ᠰᠢᠨ᠎ᠡ ᠲᠣᠭᠤᠷᠢᠭ ᠤᠨ ᠳᠡᠭᠦᠯᠢᠯ ᠵᠠᠮ᠂ ᠪᠠᠶ᠋ᠬᠠᠣᠯᠠᠭᠠᠨ ᠵᠠᠮ᠂ ᠬᠦᠭᠵᠢᠯᠳᠣ ᠵᠠᠮ ᠪᠠ ᠪᠸᠢ ᠱᠠᠨ ᠵᠡᠭᠡᠯᠢ ᠶᠢᠨ ᠨᠢᠭᠡᠳᠦᠭᠡᠷ ᠬᠤᠭᠤᠴᠠᠭᠠᠨ ᠤ ᠵᠠᠮ ᠤᠨ ᠶᠡᠷᠦᠩᠭᠡᠶᠢᠯᠡᠭᠰᠡᠨ ᠲᠦᠬᠦᠷ ᠢᠨᠵᠧᠨᠧᠷᠢᠩ 7.5 ᠺᠢᠯᠣᠮᠧᠲᠷ ᠢ ᠡᠬᠢᠯᠡᠭᠦᠯᠵᠦ ᠱᠠᠨᠳᠦ᠋ᠩ ᠵᠡᠭᠡᠯᠢ ᠶᠢᠨ ᠪᠠᠷᠠᠭᠤᠨ ᠭᠡᠰᠡᠭ ᠪᠠ ᠰᠢᠶᠠᠨ ᠹᠧᠩ ︵ ᠬᠤᠰᠢᠭᠤᠴᠢ︶ ᠵᠠᠮ ᠤᠨ ᠡᠮᠦᠨ᠎ᠡ ᠭᠡᠰᠡᠭ ᠤᠨ ᠵᠠᠮ 1.88 ᠺᠢᠯᠣᠮᠧᠲᠷ ᠢ ᠦᠷᠬᠦᠯᠵᠢᠯᠡᠨ ᠵᠠᠰᠠᠨ᠎ᠠ᠃ ᠬᠠᠭᠤᠴᠢᠷᠠᠵᠣ ᠣᠳᠠᠭᠰᠠᠨ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠣᠯᠲᠠ ᠶᠢ ᠴᠢᠩᠭᠠᠳᠬᠠᠵᠣ᠂ ᠬᠤᠳᠠ  ᠶᠢᠨ ᠢᠯᠴᠢ ᠪᠠ ᠣᠰᠣᠨ ᠤ ᠬᠠᠩᠭᠠᠯᠳᠠ ᠶᠢᠨ ᠴᠢᠨᠠᠷ ᠢ ᠲᠡᠭᠡᠭᠰᠢᠯᠡᠬᠦᠯᠵᠣ  ᠂ ᠢᠯᠴᠢ ᠬᠠᠩᠭᠠᠬᠤ᠂ ᠣᠰᠣ ᠬᠠᠩᠭᠠᠬᠤ ᠬᠤᠭᠤᠯᠠᠢ ᠶᠢᠨ ᠲᠣᠣᠷ 30 ᠺᠢᠯᠣᠮᠧᠲᠷ ᠰᠢᠨ᠎ᠡ ᠪᠠᠷ ᠲᠣᠬᠢᠷᠠᠭᠤᠯᠣᠨ᠎ᠠ᠃ ᠬᠠᠭᠤᠴᠢᠷᠠᠭᠰᠠᠨ ᠪᠠᠭ᠎ᠠ ᠲᠣᠭᠤᠷᠢᠭ ᠤᠨ ᠢᠯᠴᠢ ᠬᠠᠩᠭᠠᠬᠤ᠂ ᠣᠰᠣ ᠬᠠᠩᠭᠠᠬᠤ ᠬᠠᠰᠢᠶ᠎ᠠ ᠬᠦᠷᠢᠶᠡᠨ ᠤ ᠬᠤᠭᠤᠯᠠᠢ ᠶᠢᠨ ᠲᠣᠣᠷ ᠢ 30 ᠰᠢᠨᠡᠳᠭᠡᠨ ᠵᠠᠰᠠᠨ᠎ᠠ᠃ ᠪᠣᠵᠠᠷ ᠣᠰᠣ ᠶᠢ ᠰᠢᠢᠳᠪᠦᠷᠢᠯᠡᠬᠦ ᠦᠢᠯᠡᠳᠪᠦᠷᠢ ᠶᠢᠨ ᠣᠷᠠᠯᠠᠯ ᠤᠨ ᠰᠢᠨᠡᠳᠭᠡᠨ ᠵᠠᠰᠠᠬᠤ ᠶᠢ ᠦᠷᠬᠦᠯᠵᠢᠯᠡᠨ ᠲᠡᠬᠦᠯᠳᠡᠷᠵᠢᠬᠦᠯᠵᠣ᠂ ᠰᠢᠳᠠᠮᠠᠬᠠᠢ ᠭᠡᠢ ᠶᠢᠨ ᠬᠤᠭᠤᠯᠠᠢ ᠵᠡᠷᠭᠡ ᠨᠡᠶᠢᠳᠡ ᠶᠢᠨ ᠦᠢᠯᠡᠴᠢᠯᠡᠭᠡ ᠶᠢᠨ ᠵᠦᠢᠯ ᠢ ᠲᠦᠯᠬᠢᠨ ᠠᠬᠢᠭᠤᠯᠣᠨ᠎ᠠ᠃ ᠬᠤᠳᠠ ᠶᠢᠨ ᠲᠡᠬᠦᠷᠭᠡ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ 798 ᠡᠷᠦᠭᠡ ᠶᠢ ᠰᠢᠨᠡᠳᠭᠡᠨ ᠵᠠᠰᠠᠵᠣ᠂   ᠠᠮᠢᠨ ᠭᠤᠣᠯ ᠤᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠵᠠᠰᠠᠨ ᠪᠠᠶᠢᠭᠤᠯᠵᠣ ᠪᠣᠴᠠᠨ ᠨᠡᠬᠦᠬᠦ ᠶᠢ ᠲᠦᠪᠬᠢᠨᠡᠬᠦᠯᠬᠦ ᠠᠰᠠᠷ ᠤᠨ ᠢᠨᠵᠧᠨᠧᠷᠢᠩ ᠢ   ᠪᠦᠬᠦ ᠲᠠᠯ᠎ᠠ ᠪᠠᠷ ᠪᠡᠶᠡᠯᠡᠬᠦᠯᠦᠨ᠎ᠡ᠃ ᠣᠣᠯ ᠤᠨ ᠮᠠᠯ ᠠᠵᠣ ᠠᠬᠤᠢ ᠶᠢᠨ ᠲᠣᠪᠴᠢᠶ᠎ᠠ ᠪᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠷᠭᠢᠨ ᠲᠣᠭᠤᠷᠢᠨ ᠤ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠰᠢᠨᠡᠳᠭᠡᠨ ᠵᠠᠰᠠᠬᠤ ᠶᠢ ᠡᠬᠢᠯᠡᠭᠦᠯᠵᠦ᠂ ᠵᠣᠭᠤᠰ ᠮᠦᠩᠭᠦ ᠶᠢᠨ ᠲᠦᠪᠬᠢᠨᠡᠬᠦᠯᠬᠡ ᠵᠡᠷᠭᠡ ᠲᠦᠷᠦ ᠶᠢᠨ ᠪᠣᠳᠣᠯᠭ᠎ᠠ ᠶᠢ ᠢᠳᠡᠪᠬᠢᠳᠡᠢ ᠬᠡᠷᠡᠭᠵᠢᠬᠦᠯᠵᠣ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠮᠦᠷᠭᠡ ᠳᠤ ᠬᠠᠳᠠᠭᠠᠯᠠᠬᠤ ᠠᠬᠢᠴᠠ ᠶᠢ ᠲᠦᠯᠬᠢᠨ ᠠᠬᠢᠭᠤᠯᠣᠨ᠎ᠠ᠃ ᠨᠡᠶᠢᠳᠡ  ᠶᠢᠨ ᠲᠦᠷᠢᠶᠡᠰᠦᠳᠦ ᠣᠷᠣᠨ ᠰᠠᠭᠤᠴᠠ ᠶᠢᠨ ᠰᠠᠭᠤᠷᠢ ᠲᠦᠬᠦᠭᠡᠷᠦᠮᠵᠢ ᠶᠢᠨ ᠲᠦᠬᠦᠷ ᠪᠦᠳᠦᠭᠡᠨ ᠪᠠᠶᠢᠭᠤᠯᠣᠯᠳᠠ ᠶᠢ ᠦᠷᠬᠦᠯᠵᠢᠯᠡᠨ ᠲᠡᠬᠦᠯᠳᠡᠷᠵᠢᠬᠦᠯᠵᠣ ᠲᠦᠷᠢᠶᠡᠰᠦᠳᠦ ᠣᠷᠣᠨ ᠰᠠᠭᠤᠴᠠ ᠶᠢᠨ ᠨᠦᠬᠦᠪᠦᠷᠢ ᠮᠦᠩᠭᠦ 1230 ᠡᠷᠦᠭᠡ  ᠳᠤ 260 ᠲᠦᠮᠡᠨ ᠲᠦᠬᠦᠷᠢᠭ ᠣᠯᠭᠤᠨ᠎ᠠ᠃ ᠬᠤᠳᠠ ᠶᠢᠨ ᠣᠷᠴᠢᠨ ᠲᠣᠭᠤᠷᠢᠨ ᠤ ᠴᠡᠭᠴᠡᠯᠡᠯᠳᠡ ᠶᠢ ᠦᠷᠬᠦᠯᠵᠢᠯᠡᠨ ᠰᠠᠶᠢᠳᠣᠷ ᠠᠳᠬᠤᠵᠣ ᠨᠡᠶᠢᠭᠡᠮ ᠤᠨ ᠣᠯᠠᠨ ᠨᠡᠶᠢᠳᠡ ᠶᠢᠨ ᠣᠷᠣᠯᠴᠠᠬᠤ ᠭᠡᠮᠵᠢᠶ᠎ᠡ ᠶᠢ ᠴᠢᠩᠭᠠᠳᠬᠠᠨ ᠬᠤᠳᠠ ᠶᠢᠨ ᠣᠷᠳᠣ ᠬᠤᠭᠤᠴᠠᠭᠠᠳᠣ ᠬᠠᠷᠢᠭᠤᠴᠠᠯᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃       ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠬᠦᠴᠦᠯᠡᠨ ᠭᠡᠷᠡᠭᠵᠢᠬᠦᠯᠦᠨ᠎ᠡ᠃   ᠬᠤᠳᠠ ᠪᠠᠯᠭᠠᠰᠣᠨ ᠤ ᠨᠢᠭᠡᠳᠦᠯᠳᠡᠢ ᠲᠦᠯᠦᠪᠯᠡᠭᠡ ᠶᠢ ᠭᠤᠣᠯᠴᠢᠯᠠᠨ ᠠᠳᠬᠤᠵᠣ᠂ 178 ᠭᠠᠴᠠᠭ᠎ᠠ ᠲᠣᠰᠬᠤᠨ ᠤ 454 ᠠᠶᠢᠯ ᠲᠣᠰᠬᠤᠨ  ᠳᠤ ︽ᠠᠷᠪᠠ ᠶᠢ ᠪᠦᠷᠬᠦᠬᠦᠯᠬᠦ︾ ᠢᠨᠵᠧᠨᠧᠷᠢᠭ ᠢ ᠭᠡᠷᠡᠭᠵᠢᠬᠦᠯᠵᠣ᠂ ᠬᠦᠳᠡᠭᠡ ᠲᠣᠰᠬᠤᠨ ᠤ ᠨᠣᠷᠠᠬᠤ ᠠᠶᠣᠯ ᠲᠠᠢ ᠭᠡᠷ ᠪᠠᠶᠢᠰᠢᠩ ᠭᠡᠷ 17327 ᠡᠷᠦᠭᠡ ᠰᠢᠨᠡᠳᠭᠡᠨ ᠵᠠᠰᠠᠵᠣ᠂ ᠪᠡᠯᠡ ᠮᠦᠩᠭᠦ ᠨᠡᠶᠢᠯᠡᠭᠦᠯᠦᠭᠰᠡᠨ ᠵᠢᠭᠡᠯᠡᠯᠭᠡ ᠶᠢ ᠠᠰᠢᠭᠯᠠᠵᠣ 6.3 ᠲᠦᠮᠡᠨ ᠬᠦᠮᠦᠨ ᠤ ᠣᠣᠭᠤᠬᠤ ᠣᠰᠣᠨ ᠤ ᠠᠮᠣᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠣ ᠂ ᠵᠡᠭᠡᠯᠢ ᠭᠤᠳᠣᠮᠵᠢ 387 ᠺᠢᠯᠣᠮᠧᠲᠷ ᠬᠠᠳᠠᠭᠤᠷᠠᠭᠤᠯᠵᠣ᠂ ᠪᠠᠭ᠎ᠠ ᠰᠣᠷᠭᠠᠭᠤᠯᠢ 1 ᠰᠠᠭᠤᠷᠢ ᠪᠠᠶᠢᠭᠤᠯᠵᠣ᠂ ᠭᠡᠦᠭᠡᠳ ᠤᠨ ᠴᠡᠴᠡᠷᠯᠢᠭ 5 ᠰᠠᠭᠤᠷᠢ ᠪᠠᠶᠢᠭᠤᠯᠵᠣ᠂ 12 ᠰᠠᠭᠤᠷᠢ ᠡᠷᠡᠬᠦᠯ ᠬᠠᠮᠠᠭᠠᠯᠠᠯ ᠤᠨ ᠲᠠᠰᠤᠭ ᠢ ᠰᠢᠨᠡᠳᠭᠡᠨ ᠵᠠᠰᠠᠵᠣ ᠳᠡᠭᠡᠭᠰᠢᠯᠡᠭᠦᠯᠦᠨ᠂ ᠰᠣᠶᠣᠯ ᠤᠨ ᠠᠵᠢᠯᠯᠠᠭᠠᠨ ᠤ ᠲᠦᠬᠦᠭᠡᠷᠦᠮᠵᠢ 19 ᠢᠵᠢ ᠲᠦᠬᠦᠷᠵᠢᠬᠦᠯᠵᠣ᠂ ᠠᠷᠠᠳ  ᠲᠤ ᠲᠦᠬᠦᠮ ᠦᠵᠡᠭᠦᠯᠬᠦ ᠭᠡᠳᠦ ᠲᠡᠯᠭᠡᠭᠦᠷ 32 ᠪᠠᠶᠢᠭᠤᠯᠣᠨ᠂ ᠬᠦᠳᠡᠭᠡ ᠲᠣᠰᠬᠤᠨ ᠤ ᠪᠠᠶᠢᠩᠭᠤ ᠶᠢᠨ ᠡᠷᠦᠭᠡ ᠰᠢᠨ᠎ᠡ ᠬᠦᠳᠡᠭᠡ ᠲᠣᠰᠬᠤᠨ ᠤ ᠬᠤᠷᠰᠢᠭᠰᠠᠨ ᠡᠮᠨᠡᠯᠭᠡ ᠶᠢᠨ ᠳᠠᠭᠠᠳᠬᠠᠯ ᠣᠷᠣᠯᠴᠠᠭᠰᠠᠨ ᠨᠣᠷᠮ᠎ᠠ ᠶᠢ 98% ᠳᠤ ᠲᠣᠯᠭᠠᠵᠣ᠂ ᠨᠠᠰᠣᠳᠠᠨ ᠢ ᠠᠰᠠᠷᠠᠬᠤ ᠲᠠᠭᠠᠳᠬᠠᠯ ᠳᠤ 12.97 ᠲᠦᠮᠡᠨ ᠬᠦᠮᠦᠨ ᠣᠷᠣᠯᠴᠠᠭᠤᠯᠵᠣ᠂ ᠨᠠᠰᠣᠳᠠᠨ ᠢ ᠠᠰᠠᠷᠠᠬᠤ ᠲᠠᠭᠠᠳᠬᠠᠯ ᠤᠨ ᠬᠠᠷᠠᠭᠠᠯᠵᠠᠯ ᠬᠦᠷᠳᠡᠭᠴᠢ ᠶᠢ 3.5 ᠲᠦᠮᠡᠨ ᠬᠦᠮᠦᠨ ᠪᠤᠯᠭᠠᠨ᠂ 80 ᠨᠠᠰᠣᠨ ᠠᠴᠠ ᠲᠡᠭᠡᠭᠰᠢᠬᠢ ᠨᠠᠰᠣᠳᠠᠨ ᠪᠦᠬᠦᠨ ᠢᠶᠠᠷ ᠢᠶᠠᠨ ᠦᠨᠳᠦᠷ ᠨᠠᠰᠣᠨ ᠤ ᠲᠡᠳᠭᠦᠪᠤᠷᠢ ᠵᠣᠭᠤᠰ ᠬᠦᠷᠳᠡᠵᠣ᠂ ᠲᠣᠰᠬᠤᠨ ᠪᠣᠯᠭᠠᠨ ᠳᠤ ᠷᠠᠳᠢᠣ᠋ ᠲᠧᠯᠸᠢᠰ ᠨᠡᠪᠳᠡᠷᠡᠬᠦ᠂ ᠴᠢᠮᠡᠭᠡ ᠬᠤᠯᠪᠣᠭ᠎ᠠ ᠨᠡᠪᠳᠡᠷᠡᠬᠦ ᠪᠠ ᠴᠠᠬᠢᠯᠭᠠᠨ ᠨᠡᠪᠳᠡᠷᠡᠬᠦ ᠢᠨᠵᠧᠨᠧᠷᠢᠩ  ᠢ ᠪᠦᠷᠬᠦᠬᠦᠯᠬᠦ ᠦᠷ᠎ᠡ ᠪᠦᠳᠦᠮᠵᠢ ᠶᠢ   ᠪᠠᠳᠣᠳᠬᠠᠨ᠎ᠠ᠃ ᠣᠷᠳᠣᠳᠬᠠᠬᠤ ᠢᠨᠵᠧᠨᠧᠷᠢᠩ ᠳᠤ ᠵᠡᠭᠡᠯᠢ ᠲᠡᠭᠠᠭᠰᠠᠨ ᠭᠡᠷᠡᠮ ᠬᠠᠨ᠎ᠠ 285 ᠲᠦᠮᠡᠨ ᠣᠷᠳᠣᠳᠬᠠᠯ ᠮᠧᠲᠷ ᠰᠢᠨ᠎ᠡ ᠪᠠᠷ ᠪᠠᠶᠢᠭᠤᠯᠵᠣ ᠰᠢᠨᠡᠳᠬᠡᠨ ᠵᠠᠰᠠᠭᠠᠳ᠂   ᠬᠦᠷᠢᠶ᠎ᠡ  ᠶᠢᠨ ᠭᠡᠷᠡᠮ   ᠢ 191 ᠲᠦᠮᠡᠨ ᠣᠷᠳᠣᠳᠬᠠᠯ ᠮᠧᠲᠷ ᠨᠡᠮᠡᠵᠣ᠂ 274 ᠲᠦᠮᠡᠨ ᠲᠡᠭᠰᠢ ᠲᠦᠷᠪᠡᠯᠵᠢᠨ ᠮᠧᠲᠷ ᠬᠦᠷᠢᠶ᠎ᠡ ᠬᠠᠰᠢᠶ᠎ᠠ ᠬᠠᠳᠠᠭᠤᠷᠠᠭᠤᠯᠵᠣ᠂ ᠵᠠᠮ ᠤᠨ ᠬᠠᠵᠠᠭᠤ ᠶᠢ 244 ᠲᠦᠮᠡᠨ ᠲᠡᠭᠰᠢ ᠲᠦᠷᠪᠡᠯᠵᠢᠨ ᠮᠧᠲᠷ ᠬᠠᠳᠠᠭᠤᠷᠠᠭᠤᠯᠣᠨ᠎ᠠ᠃ ᠠᠶᠢᠯ ᠲᠣᠰᠬᠤᠨ ᠳᠤ 60 ᠲᠦᠮᠡᠨ ᠰᠠᠭᠤᠷᠢ ᠮᠣᠳᠣ ᠵᠠᠶᠢᠯᠠᠵᠣ   ᠨᠣᠭᠤᠭᠠᠷᠠᠭᠤᠯᠣᠨ᠎ᠠ᠃ ᠭᠤᠣᠯᠯᠠᠬᠤ ᠠᠵᠣ ᠠᠬᠤᠢ ᠶᠢ ᠢᠳᠡᠪᠬᠢᠳᠡᠢ ᠬᠦᠮᠦᠵᠢᠬᠦᠯᠵᠣ᠂ ᠬᠠᠰᠢᠶ᠎ᠠ ᠭᠦᠷᠢᠶᠠᠠ ᠤ ᠠᠵᠣ ᠠᠬᠤᠢ ᠶᠢ ᠶᠡᠭᠡ ᠬᠦᠴᠦᠨ ᠢᠶᠠᠷ ᠬᠦᠭᠵᠢᠬᠦᠯᠵᠣ 20 ᠲᠦᠷᠢᠮᠳᠦ ᠲᠣᠰᠬᠤᠨ᠂ 2000 ᠲᠦᠷᠢᠮᠳᠦ ᠡᠷᠦᠭᠡ ᠶᠢ ᠲᠦᠪᠯᠡᠷᠡᠬᠦᠯᠦᠨ ᠴᠣᠭᠴᠠᠯᠠᠨ᠎ᠠ᠃ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠭᠡᠷᠡᠭᠵᠢᠬᠦᠯᠬᠦ ᠪᠠᠷ ᠲᠠᠮᠵᠢᠨ᠂ ᠮᠠᠯᠵᠢᠬᠤ ᠲᠠᠷᠢᠶᠠᠯᠠᠬᠤ ᠣᠷᠣᠨ ᠤ ᠦᠩᠭᠡ ᠳᠦᠷᠰᠦ ᠶᠢ ᠪᠦᠬᠦ ᠲᠠᠯ᠎ᠠ ᠪᠠᠷ ᠰᠠᠶᠢᠵᠢᠷᠠᠭᠤᠯᠵᠣ᠂ ᠣᠯᠠᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠲᠣᠰᠬᠤᠨ ᠦᠵᠡᠮᠵᠢᠳᠡᠢ᠂ ᠦᠢᠯᠡᠰ ᠪᠠᠳᠠᠷᠠᠩᠭᠤᠢ᠂ ᠠᠷᠠᠳ ᠴᠢᠨᠡᠭᠡᠯᠢᠭ︾ ᠰᠢᠨ᠎ᠡ ᠬᠦᠳᠡᠭᠡ ᠲᠣᠰᠬᠤᠨ ᠤ ᠲᠦᠷᠰᠦ ᠪᠠᠶᠢᠳᠠᠯ ᠢ ᠢᠯᠡᠷᠡᠬᠦᠯᠵᠣ᠂ ᠦᠷᠭᠡᠨ ᠣᠯᠠᠨ ᠮᠠᠯᠴᠢᠨ ᠲᠠᠷᠢᠶᠠᠴᠢᠳ ᠲᠤ ᠠᠵᠣ ᠠᠬᠤᠢ ᠶᠢᠨ ᠬᠦᠭᠵᠢᠯᠳᠡ ᠶᠢᠨ ᠦᠷ᠎ᠠ ᠪᠦᠳᠦᠮᠵᠢ ᠶᠢ ᠬᠠᠮᠳᠣ ᠪᠠᠷ ᠡᠳ᠋ᠯᠡᠬᠦᠯᠦᠨ᠎ᠡ᠃     ︵ᠲᠦᠷᠪᠡ︶   ᠠᠷᠠᠳ ᠤᠨ ᠠᠮᠢᠳᠣᠷᠠᠯ ᠤᠨ ᠰᠠᠶᠢᠵᠢᠷᠠᠯᠳᠠ ᠶᠢ ᠲᠣᠪᠣᠶᠢᠮ᠎ᠠ ᠠᠳᠬᠤᠵᠣ ᠨᠡᠶᠢᠭᠡᠮ ᠤᠨ ᠡᠷᠬᠡ ᠲᠡᠭᠰᠢ ᠲᠦᠪ ᠭᠤᠣᠯᠴᠢ ᠶᠢ ᠠᠬᠢᠭᠤᠯᠣᠨ᠎ᠠ       ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠳᠠᠭᠠᠷᠢᠬᠤ ᠳᠠᠶᠢᠯᠠᠯᠳᠣᠭᠠᠨ ᠢ ᠰᠠᠶᠢᠳᠣᠷ ᠬᠢᠨ᠎ᠡ᠃   ᠶᠠᠳᠠᠭᠤ  ᠠᠴᠠ ᠠᠩᠬᠢᠵᠢᠷᠠᠭᠤᠯᠬᠤ ᠶᠢ ᠰᠢᠯᠵᠢᠰᠢ ᠦᠭᠡᠢ ᠠᠷᠠᠳ ᠤᠨ ᠠᠮᠢᠳᠣᠷᠠᠯ ᠤᠨ ᠨᠢᠭᠡᠳᠦᠭᠡᠷ ᠢᠨᠵᠧᠨᠧᠷᠢᠩ ᠢᠶᠠᠷ ᠦᠵᠡᠵᠣ᠂ ︽ᠵᠢᠷᠭᠤᠭᠠᠨ ᠣᠨᠣᠰᠢᠲᠠᠢ︾ ᠶᠢ ᠪᠠᠷᠢᠮᠳᠠᠯᠠᠵᠣ᠂ ︽ᠲᠠᠪᠤ ᠶᠢ ᠨᠢᠭᠡ ᠳᠤ ᠵᠦᠪᠰᠢᠶᠡᠷᠡᠬᠦ︾ ᠶᠢ ᠭᠡᠷᠡᠭᠵᠢᠬᠦᠯᠵᠣ᠂ ᠣᠨᠣᠪᠴᠢᠳᠠᠢ ᠢᠯᠭᠠᠨ ᠲᠠᠨᠢᠬᠤ ᠶᠢ ᠨᠠᠷᠢᠨ ᠬᠢᠨᠠᠮᠠᠭᠠᠢ ᠬᠦᠢᠴᠡᠳᠭᠡᠵᠣ᠂ ᠶᠠᠳᠠᠭᠤ ᠠᠴᠠ ᠠᠩᠬᠢᠵᠢᠷᠠᠭᠤᠯᠬᠤ ᠠᠷᠭ᠎ᠠ ᠵᠠᠮ ᠢᠶᠠᠨ ᠰᠠᠶᠢᠳᠣᠷ ᠰᠣᠩᠭᠤᠵᠣ ᠨᠢᠭᠡ ᠲᠤᠰᠬᠤᠨ ᠨᠢᠭᠡ ᠪᠣᠳᠣᠯᠭ᠎ᠠ᠂ ᠨᠢᠭᠡ ᠡᠷᠦᠭᠡ ᠨᠢᠭᠡ ᠠᠷᠭ᠎ᠠ ᠶᠢ ᠪᠠᠷᠢᠮᠳᠠᠯᠠᠨ᠂ ᠬᠤᠪᠢ ᠬᠦᠮᠦᠨ ᠳᠤ ᠬᠦᠷᠲᠡᠯ᠎ᠡ ᠣᠨᠣᠰᠢᠲᠠᠢ ᠪᠣᠯᠭᠠᠨ᠎ᠠ᠃ ᠠᠵᠣ ᠠᠬᠤᠶᠢᠯᠠᠯ ᠢᠶᠠᠷ ᠶᠠᠳᠠᠭᠤ ᠶᠢ ᠲᠡᠳᠬᠦᠬᠦ ᠶᠢ ᠬᠦᠴᠦᠳᠡᠢ ᠠᠬᠢᠭᠤᠯᠵᠣ᠂ ᠶᠠᠳᠠᠭᠤ ᠠᠷᠠᠳ ᠢ ᠢᠳᠡᠪᠬᠢᠳᠡᠢ ᠬᠦᠳᠦᠯᠵᠣ ᠣᠨᠴᠠᠯᠢᠭ ᠲᠠᠢ᠂ ᠦᠨᠳᠦᠷ ᠦᠷ᠎ᠡ ᠠᠰᠢᠭᠳᠦ ᠲᠠᠷᠢᠵᠣ ᠲᠡᠵᠢᠭᠡᠬᠦ ᠦᠢᠯᠡᠰ ᠢ ᠬᠦᠭᠵᠢᠬᠦᠯᠦᠨ ᠬᠤᠰᠢᠭᠤᠨ ᠤ ᠲᠣᠰ ᠱᠠᠲᠣ ᠶᠢᠨ ᠪᠡᠯᠡ ᠮᠦᠩᠭᠦ 3000 ᠲᠦᠮᠡᠨ ᠲᠦᠬᠦᠷᠢᠭ ᠣᠷᠣᠭᠤᠯᠵᠣ᠂ ᠶᠠᠳᠠᠭᠤ   ᠬᠦᠴᠢᠷᠳᠡᠯᠳᠦ ᠡᠷᠣᠭᠡ ᠶᠢᠨ ᠠᠵᠤ ᠦᠢᠯᠠᠰ ᠡᠷᠬᠢᠯᠡᠬᠦ ᠳᠤ ᠭᠡᠷᠡᠭᠯᠡᠨ᠎ᠡ᠃ 20 ᠲᠣᠷᠰᠢᠯᠳᠠ ᠶᠢᠨ ᠴᠢᠭ᠋ ᠢ ᠴᠣᠭᠴᠠᠯᠠᠨ᠂ ︽ᠲᠣᠪᠶᠤᠭ ᠤᠨ ᠭᠡᠯᠪᠡᠷᠢ︾ ᠶᠢ ᠢᠳᠡᠪᠬᠢᠳᠡᠢ ᠰᠦᠪᠡᠭᠴᠢᠯᠡᠵᠣ ᠨᠠᠷᠢᠨ ᠣᠨᠣᠪᠴᠢᠳᠠᠢ ᠪᠠᠷ ᠡᠷᠦᠭᠡ ᠳᠤ ᠬᠦᠷᠭᠡᠬᠦ᠂ ᠬᠤᠪᠢ ᠣᠷᠣᠭᠤᠯᠵᠣ ᠬᠤᠷᠰᠢᠬᠤ᠂ ᠬᠦᠷᠦᠩᠭᠡ ᠪᠠᠷ ᠢᠶᠠᠨ ᠠᠰᠢᠭ ᠬᠦᠷᠳᠡᠬᠦ᠂ ᠠᠵᠣ ᠦᠢᠯᠡᠰ ᠢᠶᠠᠷ ᠲᠠᠭᠠᠭᠠᠣᠯᠬᠤ᠂ ᠠᠵᠣ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠠᠶᠢᠯ᠂ ︽ᠬᠤᠶᠠᠷ ᠢ ᠦᠭᠡᠷᠡᠴᠢᠯᠠᠵᠣ ᠨᠢᠭᠡ ᠶᠢ ᠲᠠᠭᠠᠭᠤᠯᠬᠤ︾ ᠵᠡᠷᠭᠡ ᠠᠵᠣ ᠦᠢᠯᠡᠰ ᠤᠨ ᠶᠠᠳᠠᠭᠤ ᠶᠢ ᠲᠡᠳᠬᠦᠬᠦ ᠵᠠᠭᠪᠣᠷ ᠢ ᠣᠷᠢᠳ ᠢᠶᠠᠷ ᠲᠣᠷᠰᠢᠨ ᠶᠠᠪᠣᠭᠤᠯᠣᠨ᠎ᠠ᠃ ᠮᠦᠩᠭᠦᠨ ᠬᠦᠢᠯᠭᠡᠭᠡᠨ ᠤ ᠶᠠᠳᠠᠭᠤ ᠶᠢ ᠲᠡᠳᠬᠦᠬᠦ ᠶᠢ ᠦᠷᠬᠦᠯᠵᠢᠯᠡᠨ ᠠᠬᠢᠭᠤᠯᠵᠣ᠂ ᠶᠠᠳᠠᠭᠤ ᠶᠢ ᠲᠡᠳᠬᠦᠬᠦ ᠵᠢᠭᠡᠯᠡᠯᠭᠡ ᠶᠢᠨ ᠲᠣᠭᠲᠠᠴᠠ ᠶᠢᠨ ᠰᠢᠨᠡᠴᠢᠯᠡᠯᠳᠡ  ᠶᠢ ᠰᠠᠶᠢᠳᠣᠷ ᠬᠢᠵᠣ᠂ ᠮᠦᠩᠭᠦᠨ ᠬᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ 3 ᠳ᠋ᠦᠩᠰᠢᠭᠤᠷ ᠲᠦᠬᠦᠷᠢᠭ ᠲᠠᠷᠬᠠᠭᠠᠨ᠎ᠠ᠃ ᠶᠠᠳᠠᠭᠤ ᠶᠢ ᠲᠡᠳᠬᠦᠵᠣ ᠲᠣᠰᠠᠯᠠᠬᠤ ᠲᠢᠩᠬᠢᠮ ᠲᠣᠪᠴᠢᠶ᠎ᠠ ᠲᠠᠢ ᠰᠠᠨᠠᠭᠠᠴᠢᠯᠭ᠎ᠠ ᠲᠠᠢ ᠪᠠᠷ ᠬᠠᠷᠢᠯᠴᠠᠠ ᠂ ᠨᠢᠭᠡᠨᠳᠡ ᠲᠣᠭᠳᠠᠭᠰᠠᠨ ᠶᠠᠳᠠᠭᠤ ᠶᠢ ᠲᠡᠳᠬᠦᠬᠦ ᠵᠦᠢᠯ ᠢ ᠲᠣᠣᠱᠠᠯᠠᠭᠤᠯᠬᠤ ᠶᠢ ᠲᠦᠷᠬᠡᠳᠭᠡᠨ ᠠᠬᠢᠭᠤᠯᠵᠣ᠂ ᠢᠳᠡᠪᠬᠢᠳᠡᠢ ᠪᠠᠷ ᠲᠦᠷᠦᠯ ᠵᠦᠢᠯ᠂ ᠪᠡᠯᠡ ᠮᠦᠩᠭᠦ᠂ ᠮᠡᠷᠭᠡᠵᠢᠯ ᠵᠡᠷᠭᠡ ᠲᠠᠯ᠎ᠠ ᠪᠠᠷ ᠨᠡᠩ ᠢᠯᠡᠬᠦᠦ ᠲᠣᠰᠠᠯᠠᠮᠵᠢ ᠶᠢ ᠲᠡᠮᠡᠴᠡᠨ ᠣᠯᠣᠨ᠎ᠠ᠃ ᠣᠶᠣᠨ ᠢᠶᠠᠷ ᠶᠠᠳᠠᠭᠤ ᠶᠢ ᠲᠡᠳᠬᠦᠬᠦ ᠶᠢ ᠭᠡᠷᠡᠭᠵᠢᠬᠦᠯᠵᠣ᠂ ︽ᠰᠢᠭᠦᠳᠡᠷᠢ ᠬᠤᠷ᠎ᠠ ᠶᠢᠨ ᠲᠦᠯᠦᠪᠯᠡᠭᠡ︾ ᠶᠢ ᠬᠦᠨᠵᠡᠬᠡᠶᠢᠷᠡᠬᠦᠯᠦᠨ ᠠᠬᠢᠭᠤᠯᠵᠣ᠂   ᠶᠠᠳᠠᠭᠤ ᠣᠶᠣᠳᠠᠨ ᠢ ᠲᠤᠰᠠᠯᠠᠵᠤ᠂ ᠲᠠᠷᠢᠶᠠᠯᠠᠩ ᠦᠢᠯᠡᠰ ᠮᠡᠷᠭᠡᠵᠢᠯ ᠤᠨ ᠪᠣᠯᠪᠠᠰᠣᠷᠠᠯ ᠢ ᠦᠷᠬᠦᠯᠵᠢᠯᠡᠨ ᠡᠷᠬᠢᠯᠡᠵᠣ ᠵᠢᠯ ᠳᠤ 5000 ᠶᠠᠳᠠᠭᠤ ᠲᠠᠷᠢᠶᠠᠴᠢᠨ ᠢ ᠪᠣᠯᠪᠠᠰᠣᠷᠠᠭᠤᠯᠣᠨ᠎ᠠ᠃ ᠣᠯᠠᠨ ᠠᠷᠪᠢᠨ ᠠᠷᠭ᠎ᠠ ᠠᠪᠴᠠᠯ ᠢ ᠭᠡᠷᠡᠭᠯᠡᠬᠦ ᠪᠠᠷ ᠲᠠᠮᠵᠢᠨ ᠶᠠᠳᠠᠭᠤ ᠬᠦᠮᠦᠨ ᠠᠮᠠ ᠶᠢ 10000 ᠬᠦᠮᠦᠨ ᠪᠠᠭᠠᠰᠬᠠᠨ᠂ ᠬᠦᠮᠦᠨ ᠠᠮᠠ ᠶᠢᠨ ᠲᠡᠭᠰᠢᠳᠭᠡᠭᠰᠡᠨ ᠣᠷᠣᠯᠭ᠎ᠠ ᠶᠢ 4500 ᠲᠦᠬᠦᠷᠢᠭ ᠲᠤ ᠲᠣᠯᠭᠠᠨ᠎ᠠ᠃       ᠨᠡᠶᠢᠭᠡᠮ ᠤᠨ ᠪᠠᠳᠣᠯᠠᠭ᠎ᠠ   ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ︽ᠦᠢ ᠣᠯᠠᠨ ᠢᠶᠠᠷ ᠢᠶᠠᠨ ᠦᠢᠯᠡᠰ ᠪᠣᠰᠬᠠᠬᠤ᠂ ᠦᠢ ᠲᠦᠮᠡᠨ ᠪᠠᠷ ᠢᠶᠠᠨ ᠰᠢᠨ᠎ᠡ ᠶᠢ ᠡᠭᠦᠳᠬᠦ︾ ᠶᠢ ᠢᠳᠡᠪᠬᠢᠳᠡᠢ ᠲᠦᠯᠬᠢᠨ ᠠᠬᠢᠭᠤᠯᠵᠣ᠂ ᠠᠵᠢᠯ ᠣᠯᠭᠤᠯᠲᠠ ᠶᠢ ᠠᠬᠢᠭᠤᠯᠬᠤ ᠪᠠ ᠦᠢᠯᠡᠰ ᠪᠣᠰᠬᠠᠬᠤ ᠶᠢ ᠳᠡᠮᠵᠢᠬᠦ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠨᠡᠶᠢᠳᠡ ᠶᠢᠨ ᠠᠰᠠᠷᠠᠮᠵᠢ ᠶᠢᠨ ᠰᠢᠨᠵᠢᠳᠡᠢ ᠠᠵᠢᠯ ᠤᠨ ᠪᠠᠶᠢᠷᠢ ᠶᠢ ᠨᠡᠭᠡᠭᠡᠵᠣ᠂   ᠳᠡᠭᠡᠳᠦ ᠰᠣᠷᠭᠠᠭᠤᠯᠢ ᠲᠡᠬᠦᠰᠦᠭᠰᠡᠨ ᠰᠣᠷᠣᠭᠴᠢ᠂ ᠬᠤᠳᠠ ᠪᠠᠯᠭᠠᠰᠣᠨ ᠤ ᠠᠵᠢᠯ ᠣᠯᠬᠤ ᠳᠤ ᠬᠦᠴᠢᠷᠳᠡᠢ ᠬᠦᠮᠦᠰ ᠪᠠ ᠬᠦᠳᠡᠭᠡ ᠲᠣᠰᠬᠤᠨ ᠮᠠᠯᠵᠢᠬᠤ ᠣᠷᠣᠨ ᠤ ᠢᠯᠡᠬᠦᠴᠡ ᠬᠦᠳᠡᠯᠮᠦᠷᠢ ᠬᠦᠴᠦ ᠶᠢᠨ ᠠᠵᠢᠯ ᠣᠯᠬᠤ ᠠᠰᠠᠭᠤᠳᠠᠯ ᠢ ᠨᠢᠭᠡᠳᠦᠯᠳᠡᠢ ᠲᠦᠯᠦᠪᠯᠡᠵᠣ ᠰᠢᠢᠳᠪᠦᠷᠢᠯᠡᠨ᠎ᠡ᠃ ᠬᠤᠳᠠ ᠪᠠᠯᠭᠠᠰᠣᠨ ᠤ ᠰᠢᠨ᠎ᠡ ᠪᠠᠷ ᠨᠡᠮᠡᠭᠳᠡᠬᠦ ᠠᠵᠢᠯ ᠣᠯᠣᠭᠴᠢ ᠶᠢ 2200 ᠬᠦᠮᠦᠨ ᠲᠤᠯᠭᠠᠵᠤ᠂ ᠬᠤᠳᠠ ᠪᠠᠯᠭᠠᠰᠣᠨ ᠤ ᠪᠦᠷᠢᠳᠭᠡᠭᠰᠡᠨ ᠠᠵᠢᠯ ᠠᠯᠳᠠᠬᠤ ᠨᠣᠷᠮ᠎ᠠ ᠶᠢ 3.9% ᠲᠣᠳᠣᠷ᠎ᠠ ᠬᠢᠵᠠᠭᠠᠷᠯᠠᠨ᠎ᠠ᠃ ︽ᠴᠢᠳᠠᠪᠣᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠢᠨᠵᠧᠨᠧᠷᠢᠩ ᠢ ᠬᠦᠴᠦᠯᠡᠨ ᠭᠡᠷᠡᠭᠵᠢᠬᠦᠯᠵᠣ᠂ ᠴᠢᠳᠠᠪᠣᠷᠢᠳᠠᠨ ᠤ ᠡᠩᠨᠡᠭᠡᠨ ᠤ ᠵᠣᠬᠢᠶᠠᠨ ᠪᠠᠶᠢᠭᠤᠯᠣᠯᠳᠠ ᠶᠢ ᠴᠢᠩᠭᠠᠳᠬᠠᠨ᠎ᠠ᠃   ᠦᠢᠯᠡᠰ ᠪᠣᠰᠬᠠᠬᠤ ᠪᠠᠭ᠎ᠠ ᠲᠣᠭᠠᠨ ᠤ ᠵᠢᠭᠡᠯᠡᠯᠭᠡ 2200 ᠲᠦᠮᠡᠨ ᠲᠦᠬᠦᠷᠢᠭ ᠲᠠᠷᠬᠠᠭᠠᠨ᠎ᠠ᠃ ᠨᠡᠶᠢᠭᠡᠮ ᠤᠨ ᠪᠠᠳᠣᠯᠠᠭ᠎ᠠ ᠶᠢᠨ ᠲᠣᠭᠳᠠᠯᠴᠠᠭ᠎ᠠ ᠶᠢᠨ ᠪᠦᠳᠦᠭᠡᠨ ᠪᠠᠶᠢᠭᠤᠯᠣᠯᠳᠠ ᠶᠢ ᠪᠦᠷᠬᠦᠭᠦᠯᠬᠦ ᠶᠢ ᠲᠦᠷᠭᠡᠳᠭᠡᠨ ᠠᠬᠢᠭᠤᠯᠵᠣ᠂ ︽ᠲᠠᠪᠣᠨ ᠲᠠᠭᠠᠳᠬᠠᠯ︾ ᠤᠨ ᠪᠦᠷᠬᠦᠬᠦ ᠬᠡᠪᠴᠢᠶ᠎ᠡ ᠶᠢ ᠦᠷᠭᠡᠳᠭᠡᠨ᠎ᠡ᠃ ᠰᠣᠷᠠᠭ ᠵᠠᠩᠭᠢ ᠶᠢᠨ ᠬᠠᠷᠭᠤᠭᠤᠯᠣᠯ᠂ ᠡᠷᠦᠭᠡ ᠳᠤ ᠣᠷᠣᠵᠣ ᠬᠢᠨᠠᠨ ᠪᠠᠶᠢᠴᠠᠭᠠᠬᠤ ᠪᠠ ᠠᠷᠠᠳᠴᠢᠯᠠᠯ ᠢᠶᠠᠷ ᠦᠨᠡᠯᠡᠬᠦ ᠬᠠᠷᠭᠤᠭᠤᠯᠬᠤ ᠠᠵᠢᠯᠯᠠᠭ᠎ᠠ ᠶᠢ ᠪᠠᠶᠢᠭᠤᠯᠵᠣ ᠨᠡᠶᠢᠭᠡᠮ ᠤᠨ ᠠᠪᠣᠷᠠᠨ ᠲᠣᠰᠠᠯᠠᠬᠤ ᠲᠦᠷᠢᠮᠵᠢᠭᠰᠡᠨ ᠬᠠᠮᠢᠶᠠᠷᠣᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ 3000 ᠲᠦᠮᠡᠨ ᠲᠦᠬᠦᠷᠢᠭ ᠤᠨ ᠪᠡᠯᠡ ᠣᠷᠣᠭᠤᠯᠵᠣ ᠬᠤᠰᠢᠭᠤᠨ ᠲᠡᠰ ᠤᠨ ᠶᠡᠷᠦᠩᠭᠡᠶᠢᠯᠡᠭᠰᠡᠨ ᠨᠠᠰᠣᠳᠠᠳ ᠤᠨ ᠠᠰᠠᠷᠠᠨ ᠰᠣᠪᠢᠯᠠᠬᠤ ᠬᠦᠷᠢᠶᠡᠯᠡᠩ 1᠂ ᠠᠷᠠᠳ ᠠᠴᠠ ᠡᠷᠬᠢᠯᠡᠭᠰᠡᠨ ᠨᠠᠰᠣᠳᠠᠨ ᠢ ᠠᠰᠠᠷᠠᠬᠤ ᠬᠦᠷᠢᠶᠡᠯᠡᠩ ᠤᠨ ᠪᠦᠳᠦᠭᠡᠨ ᠪᠠᠶᠢᠭᠤᠯᠣᠯᠳᠠ ᠶᠢᠨ ᠠᠬᠢᠴᠠ ᠶᠢ ᠲᠦᠷᠭᠡᠳᠭᠡᠨ᠂ 12349 ᠨᠠᠰᠣᠳᠠᠨ ᠢ ᠠᠰᠠᠷᠠᠬᠤ ᠣᠯᠠᠨ ᠲᠦᠮᠡᠨ ᠳᠤ ᠲᠦᠬᠦᠮ ᠦᠵᠡᠬᠦᠯᠬᠦ ᠲᠠᠪᠴᠠᠩ ᠤᠨ ᠪᠦᠳᠦᠭᠡᠨ ᠪᠠᠶᠢᠭᠤᠯᠣᠯᠳᠠ ᠶᠢ ᠪᠡᠶᠡᠯᠡᠬᠦᠯᠦᠨ᠎ᠡ᠃ ᠨᠠᠰᠣᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠳᠠ ᠶᠢᠨ ᠲᠣᠷᠰᠢᠯᠳᠠ ᠶᠢᠨ ᠴᠢᠭ᠋ ᠤᠨ ᠠᠵᠢᠯ ᠢ ᠰᠠᠶᠢᠳᠣᠷ ᠬᠢᠵᠣ ᠦᠨᠦᠴᠢᠨ ᠭᠡᠦᠭᠡᠳ ᠤᠨ ᠶᠠᠳᠠᠭᠤ ᠠᠴᠠ ᠠᠪᠣᠷᠠᠨ ᠲᠡᠳᠬᠦᠬᠦ ᠲᠦᠷᠦ ᠶᠢᠨ ᠪᠣᠳᠣᠯᠭ᠎ᠠ ᠶᠢ ᠲᠣᠣᠱᠠᠯᠠᠭᠤᠯᠣᠨ᠎ᠠ᠃       ᠨᠡᠶᠢᠭᠡᠮ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃   ᠬᠤᠰᠢᠭᠤᠨ ᠤ ᠭᠡᠦᠭᠡᠳ ᠤᠨ ᠴᠡᠴᠡᠷᠯᠢᠭ᠂ ᠮᠣᠩᠭᠤᠯ ᠦᠨᠳᠦᠰᠦᠳᠡᠨ ᠤ ᠭᠡᠦᠭᠡᠳ ᠤᠨ ᠴᠡᠴᠡᠷᠯᠢᠭ᠂ ᠭᠤᠷᠪᠠᠳᠣᠭᠠᠷ ᠭᠡᠦᠭᠡᠳ ᠤᠨ ᠴᠡᠴᠡᠷᠯᠢᠭ ᠢ ᠦᠷᠬᠦᠯᠵᠢᠯᠡᠨ ᠪᠠᠶᠢᠭᠤᠯᠬᠤ ᠢᠨᠵᠧᠨᠧᠷᠢᠩ ᠢ ᠰᠠᠶᠢᠳᠣᠷ ᠠᠳᠬᠤᠨ᠎ᠠ᠃   ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠩᠴᠡᠬᠦᠷᠢᠳᠡᠢ ᠬᠦᠭᠵᠢᠯᠳᠡ ᠶᠢ ᠲᠦᠷᠭᠡᠳᠭᠡᠨ ᠠᠬᠢᠭᠤᠯᠵᠣ᠂ ᠦᠨᠳᠦᠰᠦᠳᠡᠨ ᠤ ᠰᠣᠷᠭᠠᠨ ᠬᠦᠮᠦᠵᠢᠯ ᠢ ᠲᠣᠪᠣᠶᠢᠮ᠎ᠠ ᠠᠳᠬᠤᠵᠣ᠂ ᠪᠠᠶ᠋ᠬᠠᠣᠯᠠᠭᠠᠨ ᠭᠤᠣᠯ ᠪᠠᠭ᠎ᠠ ᠰᠣᠷᠭᠠᠭᠤᠯᠢ ᠶᠢᠨ ᠰᠢᠨ᠎ᠡ ᠪᠠᠶᠢᠷᠢᠨ ᠳᠤ ᠰᠢᠯᠵᠢᠨ ᠨᠡᠬᠦᠬᠦ ᠵᠦᠢᠯ ᠢ ᠬᠦᠳᠡᠯᠭᠡᠵᠣ᠂ 3 ᠰᠠᠭᠤᠷᠢ ᠲᠣᠮᠳᠠᠳᠣ ᠰᠣᠷᠭᠠᠭᠤᠯᠢ ᠪᠠ 1 ᠰᠠᠭᠤᠷᠢ ᠭᠤᠣᠯ ᠪᠠᠭ᠎ᠠ ᠰᠣᠷᠭᠠᠭᠤᠯᠢ ᠶᠢᠨ ᠲᠠᠮᠢᠷ ᠤᠨ ᠬᠦᠳᠡᠯᠭᠡᠭᠡᠨ ᠤ ᠭᠡᠷ ᠢ ᠡᠬᠢᠯᠡᠨ ᠪᠠᠶᠢᠭᠤᠯᠣᠨ᠎ᠠ᠃ 4 ᠰᠠᠭᠤᠷᠢ ᠭᠤᠣᠯ ᠪᠠᠭ᠎ᠠ ᠰᠣᠷᠭᠠᠭᠤᠯᠢ ᠶᠢᠨ ᠵᠢᠭᠠᠨ ᠰᠣᠷᠭᠠᠬᠤ ᠠᠰᠠᠷ ᠵᠢᠴᠢ ᠬᠤᠭᠤᠯᠠᠨ ᠭᠡᠷ᠂ ᠪᠠᠶᠢᠷᠢ ᠶᠢᠨ ᠠᠰᠠᠷ ᠢ ᠪᠠᠶᠢᠭᠤᠯᠬᠤ ᠲᠦᠷᠤᠯ ᠵᠤᠶᠢᠯ ᠤᠨ ᠪᠠᠷᠢᠯᠭ᠎ᠠ ᠶᠢ ᠡᠬᠢᠯᠡᠭᠦᠯᠵᠤ᠂ ᠢᠨᠳᠡᠷ ᠵᠢᠷᠭᠤᠳᠣᠭᠠᠷ ᠲᠣᠮᠳᠠᠳᠣ ᠰᠣᠷᠭᠠᠭᠤᠯᠢ ᠪᠠ ᠪᠠᠳᠠᠷᠠᠬᠤ ᠭᠤᠣᠯ ᠰᠣᠷᠭᠠᠭᠤᠯᠢ ᠶᠢ ᠨᠡᠷᠡᠳᠡᠢ ᠰᠣᠷᠭᠠᠭᠤᠯᠢ ᠪᠣᠯᠭᠠᠨ ᠴᠣᠭᠴᠠᠯᠠᠨ᠎ᠠ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠣᠶᠢᠯᠠᠭᠠᠭᠳᠠᠬᠤᠨ ᠢ ᠲᠡᠭᠡᠭᠰᠢᠯᠡᠬᠦᠯᠵᠣ ᠰᠣᠷᠣᠭᠴᠢᠳ ᠤᠨ ᠠᠵᠢᠯ ᠣᠯᠬᠤ ᠠᠷᠭ᠎ᠠ ᠵᠠᠮ ᠢ ᠦᠷᠭᠡᠳᠭᠡᠨ ᠲᠡᠯᠡᠨ᠎ᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠣᠮᠵᠢ ᠶᠢᠨ ︽ᠲᠠᠪᠣᠨ ᠵᠦᠢᠯ ᠤᠨ ᠦᠭᠡᠷᠡᠴᠢᠯᠡᠯᠳᠡ︾ ᠶᠢ ᠦᠷᠬᠦᠯᠵᠢᠯᠡᠨ ᠲᠦᠯᠬᠢᠨ ᠠᠬᠢᠭᠤᠯᠵᠣ᠂ ᠣᠷᠳᠣᠰ ᠲᠡᠮᠵᠢᠨ ᠪᠠᠶᠢᠭᠤᠯᠣᠭᠰᠠᠨ ᠮᠣᠩᠭᠤᠯ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠭᠡ ᠶᠢᠨ ᠡᠪᠡᠳᠴᠢᠳᠡᠨ ᠤ ᠠᠰᠠᠷ ᠢ ᠪᠠᠶᠢᠭᠤᠯᠵᠣ ᠳᠠᠭᠤᠰᠬᠠᠨ᠂ ᠡᠭᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠭᠡᠷᠡᠭᠵᠢᠬᠦᠯᠦᠯᠳᠡ ᠬᠠᠮᠢᠶᠠᠷᠣᠯᠳᠠ ᠪᠠ ᠡᠷᠭᠡ ᠲᠣᠰᠢᠶᠠᠯ ᠤᠨ ᠪᠠᠶᠢᠭᠤᠯᠣᠮᠵᠢ ᠶᠢᠨ ᠲᠣᠬᠢᠷᠠᠭᠤᠯᠣᠯᠳᠠ ᠶᠢ ᠰᠠᠶᠢᠳᠣᠷ ᠠᠳᠬᠤᠨ᠎ᠠ᠃ ︽ᠬᠤᠶᠠᠷ ᠬᠡᠣᠬᠡᠳ︾ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠦᠯᠦᠪᠯᠡᠭᠡᠲᠦ ᠦᠷᠡᠵᠢᠯ ᠤᠨ ︽ᠨᠢᠭᠡ ᠯᠠ ᠪᠢᠯᠧᠲ ᠢᠶᠠᠷ ᠦᠭᠡᠶᠢᠰᠭᠡᠬᠦ︾ ᠳᠦᠷᠢᠮ ᠢ ᠦᠷᠬᠦᠯᠵᠢᠯᠡᠨ ᠬᠡᠷᠡᠭᠵᠢᠭᠦᠯᠦᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠬᠦᠯᠳᠡᠷᠵᠢᠬᠦᠯᠵᠣ᠂ ᠠᠷᠠᠳ ᠣᠯᠠᠨ ᠤ ᠪᠡᠶ᠎ᠡ ᠪᠣᠯᠪᠠᠰᠣᠷᠠᠭᠤᠯᠬᠤ ᠲᠦᠪ ᠪᠠ ᠣᠲᠤᠭ ᠬᠤᠰᠢᠭᠤᠨ ᠤ ᠳᠡᠮᠵᠢᠨ ᠪᠠᠶᠢᠭᠤᠯᠬᠤ ᠣᠯᠠᠨ ᠲᠦᠮᠡᠨ ᠤ ᠣᠷᠠᠯᠢᠭ ᠤᠨ ᠭᠡᠷ ᠤᠨ ᠵᠦᠢᠯ ᠢ ᠡᠬᠢᠯᠡᠬᠦᠯᠵᠣ᠂ ᠬᠦᠯ ᠪᠦᠮᠪᠦᠭᠡ ᠶᠢᠨ ᠬᠦᠳᠡᠯᠭᠡᠭᠡᠨ ᠢ ᠶᠡᠭᠡ ᠬᠦᠴᠦᠨ  ᠢᠶᠠᠷ ᠲᠦᠭᠡᠮᠡᠯᠵᠢᠬᠦᠯᠦᠨ᠎ᠡ᠃ ᠣᠯᠠᠨ ᠨᠡᠶᠢᠳᠡᠴᠢ ᠴᠢᠨᠠᠷᠳᠠᠢ ᠰᠣᠶᠣᠯ ᠤᠨ ᠬᠦᠳᠡᠯᠭᠡᠭᠡᠨ ᠪᠠ ᠣᠯᠠᠨ ᠲᠦᠮᠡᠨ ᠤ ᠪᠡᠶ᠎ᠡ ᠪᠣᠯᠪᠠᠰᠣᠷᠠᠬᠤ ︽ᠲᠦᠷᠪᠡᠨ ᠨᠢᠭᠡ︾ ᠶᠢᠨ ᠠᠵᠢᠯᠯᠠᠭᠠᠨ ᠦᠷᠨᠢᠭᠦᠯᠦᠨ᠎ᠡ᠃ ᠨᠠᠢᠮᠠᠳᠣᠭᠠᠷ ᠬᠤᠭᠤᠴᠠᠭᠠᠨ ᠤ ᠴᠣᠣᠯ ᠭᠤᠣᠯ ᠰᠣᠶᠣᠯ ᠣᠷᠠᠯᠢᠭ ᠤᠨ ᠨᠠᠶᠢᠷ ᠢ ᠬᠢᠨᠠᠮᠠᠭᠠᠢ ᠦᠷᠨᠢᠭᠦᠯᠵᠦ᠂ ᠣᠨᠴᠠᠯᠢᠭᠲᠣ ᠰᠣᠶᠣᠯ ᠪᠡᠶ᠎ᠡ ᠲᠠᠮᠢᠷ ᠤᠨ ᠨᠡᠷᠡᠲᠦ ᠲᠡᠮᠲᠡᠭ ᠢ ᠭᠦᠨᠵᠡᠭᠡᠢ ᠠᠭᠤᠳᠠᠯᠵᠣ᠂ ᠪᠣᠳᠠᠰ ᠤᠨ ᠪᠣᠰᠣ ᠰᠣᠶᠣᠯ ᠤᠨ ᠦᠪ ᠤᠨ ᠲᠦᠷᠦᠯ ᠵᠦᠢᠯ ᠢ ᠭᠤᠶᠣᠴᠢᠯᠠᠨ ᠮᠡᠳᠡᠭᠦᠯᠬᠦ ᠪᠠ ᠭᠤᠣᠯᠳᠠᠯᠭᠠᠲᠣ ᠲᠡᠣᠬᠡᠨ ᠳᠣᠷᠠᠰᠬᠠᠯᠲᠣ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠯᠲᠠ  ᠶᠢᠨ ᠢᠨᠵᠧᠨᠧᠷᠢᠩ ᠢ ᠬᠡᠷᠡᠭᠵᠢᠭᠦᠯᠵᠦ᠂ ᠪᠦᠬᠦ ᠣᠯᠣᠰ ᠤᠨ ᠨᠢᠭᠡᠳᠦᠭᠡᠷ ᠣᠳᠠᠭᠠᠨ ᠤ ᠬᠦᠳᠡᠯᠭᠡᠵᠦ ᠪᠣᠯᠬᠤ ᠲᠡᠣᠬᠡᠨ ᠳᠣᠷᠠᠰᠬᠠᠯ ᠤᠨ ᠵᠤᠶᠢᠯ ᠤᠨ ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠪᠦᠬᠦ ᠣᠯᠣᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯᠯᠠᠭᠠᠨ ᠤ ᠦᠷ᠎ᠡ ᠪᠦᠲᠦᠭᠡᠯ ᠢ ᠪᠠᠲᠣᠳᠬᠠᠵᠣ᠂ ᠮᠣᠩᠭᠤᠯ ᠬᠢᠲᠠᠳ ᠬᠡᠯᠡ ᠦᠰᠦᠭ ᠪᠢᠴᠢᠭ ᠢ ᠬᠡᠷᠡᠭᠯᠡᠬᠦ ᠬᠠᠮᠢᠶᠠᠷᠥᠯᠲᠠ ᠶᠢ ᠳᠦᠷᠢᠮᠵᠢᠭᠦᠯᠵᠦ᠂ ᠬᠠᠥᠯᠢ ᠶᠣᠰᠣᠭᠠᠷ ᠱᠠᠰᠢᠨ ᠰᠣᠷᠲᠠᠬᠤᠨ ᠤ ᠬᠡᠷᠡᠭ ᠶᠠᠪᠣᠳᠠᠯ ᠤᠨ ᠬᠠᠮᠢᠶᠠᠷᠣᠯᠲᠠ ᠶᠢ ᠴᠢᠩᠭᠠᠳᠬᠠᠵᠣ᠂ ᠱᠠᠰᠢᠨ ᠰᠣᠷᠲᠠᠬᠤᠨ ᠪᠣᠯᠣᠨ ᠡᠶ᠎ᠡ ᠵᠣᠬᠢᠴᠠᠩᠭᠤᠢ ᠨᠡᠶᠢᠭᠡᠮ ᠤᠨ ᠬᠠᠷᠢᠯᠴᠠᠨ ᠵᠣᠬᠢᠴᠠᠯᠳᠣᠬᠤ ᠶᠢ ᠲᠠᠰᠣᠷᠠᠯᠲᠠ ᠦᠭᠡᠢ ᠲᠦᠯᠬᠢᠨ ᠠᠬᠢᠭᠤᠯᠤᠨ᠎ᠠ᠃       ︵ᠲᠠᠪᠤ︶ ᠭᠤᠷᠪᠠᠳᠣᠭᠠᠷ ᠠᠵᠣ ᠦᠢᠯᠡᠰ ᠢ ᠰᠠᠶᠢᠳᠣᠷ ᠠᠳᠬᠤᠵᠣ᠂ ᠠᠵᠣ ᠠᠬᠤᠢ ᠶᠢᠨ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠎ᠡ᠃       ᠵᠣᠭᠠᠴᠠᠯ ᠤᠨ ᠦᠢᠯᠡᠰ ᠤᠨ ᠬᠦᠭᠵᠢᠯᠳᠡ ᠶᠢ ᠦᠷᠬᠦᠯᠵᠢᠯᠡᠨ ᠲᠦᠯᠬᠢᠨ ᠠᠬᠢᠭᠤᠯᠣᠨ᠎ᠠ᠃ ᠪᠦᠬᠦ ᠬᠤᠰᠢᠭᠤᠨ  ᠤ ᠰᠢᠶᠠᠩ ᠲᠣᠰᠬᠤᠨ ᠤ ᠵᠣᠭᠠᠴᠠᠯ ᠤᠨ ᠲᠦᠯᠦᠪᠵᠢᠬᠦᠯᠭᠡ ᠪᠠ ᠴᠣᠣᠯ ᠦᠵᠡᠮᠵᠢ ᠶᠢᠨ ᠣᠷᠣᠨ ᠤ ᠬᠢᠵᠠᠭᠠᠷᠯᠠᠬᠤ ᠴᠢᠨᠠᠷᠳᠠᠢ ᠨᠠᠷᠢᠯᠢᠭ ᠲᠦᠯᠦᠪᠵᠢᠬᠦᠯᠭᠡ ᠶᠢ ᠨᠠᠶᠢᠷᠠᠭᠤᠯᠣᠨ ᠪᠢᠴᠢᠨ᠎ᠠ᠃ ᠪᠣᠭᠳᠠ ᠠᠭᠤᠯᠠ ᠪᠣᠯᠣᠨ ᠲᠡᠮᠡᠭᠡᠵᠢ  ᠶᠢᠨ ᠣᠯᠣᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠨᠡᠷᠡᠳᠦ ᠦᠵᠡᠮᠵᠢ ᠶᠢᠨ ᠣᠷᠣᠨ ᠢ ᠡᠬᠦᠳᠦᠨ ᠪᠠᠶᠢᠭᠤᠯᠬᠤ ᠶᠢ ᠲᠦᠯᠬᠢᠨ ᠠᠬᠢᠭᠤᠯᠵᠣ᠂ ᠶᠠᠩ ᠱᠤ᠋ ᠭᠧᠣ ᠣᠯᠣᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠢ ᠢᠳᠡᠪᠬᠢᠲᠡᠢ ᠪᠠᠷ ᠡᠷᠡᠮᠡᠯᠵᠡᠨ ᠮᠡᠳᠡᠭᠦᠯᠦᠨ᠎ᠡ᠃ ᠦᠵᠡᠮᠵᠢ ᠶᠢᠨ ᠣᠷᠣᠨ ᠦᠵᠡᠮᠵᠢ ᠶᠢᠨ ᠴᠡᠭ ᠤᠨ ᠬᠠᠮᠠᠭᠠᠯᠠᠯᠲᠠ ᠶᠢᠨ ᠬᠦᠴᠦᠯᠡᠴᠡ ᠶᠢ ᠴᠢᠩᠭᠠᠳᠬᠠᠵᠣ᠂ ᠪᠣᠭᠳᠠ ᠠᠭᠤᠯᠠ ᠦᠵᠡᠮᠵᠢ ᠶᠢᠨ ᠣᠷᠣᠨ ᠤ ᠵᠠᠮ ᠵᠠᠰᠠᠨ᠎ᠠ᠃ ᠵᠢᠭᠤᠯᠴᠢᠯᠠᠯ ᠢ ᠣᠬᠠᠭᠤᠯᠬᠤ ᠪᠠ ᠭᠦᠷᠰᠢ ᠤᠷᠤᠨ ᠲᠠᠢ ᠵᠤᠭᠠᠴᠠᠯ ᠤᠨ ᠬᠤᠷᠰᠢᠨ ᠠᠵᠢᠯᠯᠠᠬᠤ ᠶᠢ ᠴᠢᠩᠭᠠᠳᠬᠠᠵᠤ᠂ ︽ᠵᠠᠯᠠᠶᠢᠳ ᠬᠤᠰᠢᠭᠤᠨ ᠤ ᠠᠷᠠᠯᠵᠢᠶᠠᠴᠢᠨ ᠤᠷᠢᠬᠤ ᠵᠤᠭᠠᠴᠠᠯ ᠤᠨ ᠵᠢᠷᠤᠭᠳᠣ ᠲᠡᠪᠳᠡᠷ︾᠂ ︽ ᠵᠠᠯᠠᠶᠢᠳ ᠬᠤᠰᠢᠭᠤᠨ ᠤ ᠪᠣᠭᠳᠠ ᠠᠭᠤᠯᠠ ᠵᠣᠭᠠᠴᠠᠯ ᠤᠨ ᠰᠣᠶᠣᠯ︾ ᠢ ᠨᠠᠶᠢᠷᠠᠭᠤᠯᠤᠨ ᠭᠡᠪᠯᠡᠵᠤ᠂ ᠲᠦᠷᠪᠡᠳᠣᠭᠡᠷ ᠬᠤᠭᠤᠴᠠᠭᠠᠨ ᠤ ᠪᠤᠭᠳᠠ ᠠᠭᠤᠯᠠ ᠠᠭᠤᠯᠠ ᠠᠪᠡᠷᠢᠬᠤ ᠵᠤᠭᠠᠴᠠᠯ ᠤᠨ ᠨᠠᠶᠢᠷ᠂ ᠴᠤᠤᠯ ᠭᠤᠤᠯ ᠣᠷᠠᠯᠢᠭ ᠤᠨ ᠨᠠᠶᠢᠷ ᠂ ︽ᠭᠤᠷᠪᠠᠨ ᠮᠤᠵᠢ ᠤᠷᠤᠨ︾ ᠤ ᠭᠡᠷᠡᠯ ᠵᠢᠷᠤᠭ ᠤᠨ ᠡᠳᠦᠷᠯᠢᠭ ᠵᠡᠷᠭᠡ ᠪᠠᠶᠠᠷ ᠨᠠᠶᠢᠷ ᠢ ᠵᠤᠬᠢᠶᠠᠠ ᠪᠠᠶᠢᠭᠤᠯᠵᠤ ᠦᠷᠨᠢᠭᠦᠯᠤᠨ᠂ ᠷᠠᠰᠢᠶᠠᠨ — ᠬᠠᠶᠢᠯᠠᠷ — ᠮᠠᠨᠵᠤᠤᠷ ᠵᠤᠭᠠᠴᠠᠯ ᠤᠨ ᠠᠯᠳᠠᠠ ᠱᠤᠭᠤᠮ ᠲᠠᠢ ᠢᠳᠡᠪᠬᠢᠳᠡᠢ ᠠᠭᠤᠰᠤᠯᠴᠠᠨ᠎ᠠ᠃       ᠠᠷᠠᠯᠵᠢᠶ᠎ᠠ ᠭᠦᠢᠯᠭᠡᠭᠡᠨ ᠤ ᠠᠯᠬᠤᠭ᠎ᠠ ᠶᠢ ᠲᠦᠷᠭᠡᠳᠭᠡᠨ᠎ᠠ᠃ ᠪᠠᠷᠠᠭᠠᠨ ᠭᠦᠢᠯᠭᠡᠭᠡᠨ ᠤ ᠭᠦᠷᠢᠶᠠᠯᠠᠩ ᠲᠤᠭᠤᠷᠢᠭ ᠤᠨ ᠲᠦᠷᠤᠯ ᠵᠤᠶᠢᠯ ᠤᠨ ᠪᠠᠷᠢᠯᠭ᠎ᠠ ᠡᠭᠢᠯᠡᠭᠦ ᠪᠦᠳᠣᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂   ᠯᠠᠢ ᠾᠧ ᠠᠮᠣ ᠪᠣᠳᠠᠭᠠᠨ ᠤ ᠪᠦᠯᠦᠭᠯᠡᠯ ᠤᠨ 10 ᠲᠦᠮᠡᠨ ᠲᠣᠨ ᠰᠠᠩ   ᠬᠦᠮᠦᠷᠭᠡ ᠶᠢᠨ ᠲᠦᠷᠦᠯ   ᠵᠦᠢᠯ ᠢ ᠭᠠᠷᠳᠠᠵᠣ ᠡᠬᠢᠯᠡᠭᠦᠯᠦᠨ᠂ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠬᠦᠷ ᠪᠣᠶᠣ ᠪᠠᠷᠢᠮᠵᠢᠶᠠᠵᠢᠭᠰᠠᠨ ᠨᠣᠭᠤᠭᠠᠨ ᠤ ᠵᠠᠬ᠎ᠠ ᠲᠡᠯᠭᠡᠬᠦᠷ ᠢ 1 ᠪᠠᠶᠢᠭᠤᠯᠣᠨ᠎ᠠ᠃ ︽ᠢᠨᠲ᠋ᠧᠷ ᠰᠦᠯᠵᠢᠶ᠎ᠡ + ᠬᠦᠢᠯᠭᠡᠭᠡ︾ ᠵᠡᠷᠭᠡ ᠶᠢ ᠬᠦᠳᠡᠯᠭᠡᠬᠦ ᠲᠦᠯᠦᠪᠯᠡᠭᠡ ᠶᠢ ᠠᠬᠢᠭᠤᠯᠵᠣ᠂ ᠪᠦᠬᠦ ᠣᠯᠣᠰ ᠤᠨ ᠡᠯᠧᠺᠲᠷᠣᠨ ᠬᠤᠳᠠᠯᠳᠤᠭ᠎ᠠ ᠶᠢᠨ ᠵᠢᠱᠢᠶ᠎ᠡ ᠦᠵᠡᠬᠦᠯᠬᠦ ᠰᠢᠶᠠᠨ ᠤ ᠡᠩᠨᠡᠭᠡᠨ ᠳᠤ ᠣᠷᠣᠬᠤ ᠪᠠᠷ ᠢᠳᠡᠪᠬᠢᠯᠡᠨ ᠴᠢᠷᠮᠠᠶᠢᠵᠣ ︽ᠵᠠᠯᠠᠶᠢᠳ ᠣᠷᠳᠣᠨ︾ ᠡᠯᠧᠺᠲᠷᠣᠨ ᠲᠠᠪᠴᠠᠩ ᠢ ᠪᠠᠶᠢᠭᠤᠯᠬᠤ ᠶᠢ ᠲᠡᠬᠦᠯᠳᠡᠷᠵᠢᠬᠦᠯᠵᠣ᠂ ᠬᠦᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ ᠵᠢᠱᠢᠶ᠎ᠡ ᠦᠵᠡᠬᠦᠯᠬᠦ ᠦᠷᠳᠡᠭᠡ ᠶᠢ 10 ᠪᠠᠶᠢᠭᠤᠯᠵᠣ᠂ ︽ᠲᠠᠷᠢᠶᠠᠯᠠᠩ ᠤᠨ ᠪᠦᠳᠦᠭᠡᠭᠳᠡᠬᠦᠨ ᠬᠤᠳᠠ ᠳᠤ ᠣᠷᠣᠵᠣ᠂ ᠠᠵᠣ ᠦᠢᠯᠡᠳᠪᠦᠷᠢ ᠶᠢᠨ ᠦᠢᠯᠡᠳᠬᠦᠨ ᠬᠦᠳᠡᠭᠡ ᠪᠠᠭᠤᠬᠤ︾ ᠬᠤᠣᠰ ᠴᠢᠭᠯᠡᠯᠳᠦ ᠬᠦᠢᠯᠭᠡᠭᠡ ᠶᠢ ᠪᠡᠶᠡᠯᠡᠬᠦᠯᠦᠨ᠎ᠡ᠃ ᠣᠮᠠᠷᠠᠰᠢ ᠬᠦᠭᠵᠢᠬᠦ ᠶᠡᠭᠡ ᠬᠠᠭᠠᠯᠭ᠎ᠠ ᠶᠢ ᠨᠡᠭᠡᠭᠡᠵᠣ᠂ ᠠᠵᠣ ᠠᠬᠤᠶᠢᠯᠠᠯ ᠢ ᠵᠣᠬᠢᠶᠠᠨ ᠪᠠᠶᠢᠭᠤᠯᠵᠣ 2016 ᠣᠨ ᠳᠤ ᠣᠯᠠᠭᠠᠨᠪᠠᠭᠠᠳᠣᠷ · ᠲᠣᠮᠳᠠᠳᠣ ᠣᠯᠣᠰ ᠤᠨ ᠬᠢᠩᠭᠠᠨ ᠠᠶᠢᠮᠠᠭ ᠤᠨ ᠪᠡᠯᠡ ᠣᠷᠣᠭᠤᠯᠣᠯᠲᠠ ᠠᠷᠠᠯᠵᠢᠶᠠᠨ ᠤ ᠵᠦᠪᠳᠠᠨ ᠬᠡᠯᠡᠯᠴᠡᠬᠦ ᠬᠤᠷᠠᠯ  ᠳᠤ ᠣᠷᠣᠯᠴᠠᠭᠤᠯᠣᠨ᠎ᠠ᠃ ᠮᠥᠨ ᠴᠦ ᠦᠪᠡᠷ ᠤᠨ ᠣᠨᠴᠠᠯᠢᠭ ᠲᠠᠢ ᠲᠠᠷᠢᠶᠠᠯᠠᠩ ᠤᠨ ᠪᠦᠳᠦᠭᠡᠭᠳᠡᠬᠦᠨ᠂ ᠮᠠᠯ ᠤᠨ ᠠᠰᠢᠭ ᠰᠢᠮ᠎ᠡ᠂ ᠪᠣᠬᠢᠷᠳᠣᠯ ᠦᠭᠡᠢ ᠣᠷᠭᠠᠨᠢᠭ ᠪᠦᠳᠦᠭᠡᠭᠳᠡᠬᠦᠨ ᠤ ᠲᠠᠸᠠᠷ ᠲᠡᠮᠳᠡᠭ ᠢ ᠴᠢᠬᠤᠯᠠᠴᠢᠯᠠᠨ ᠪᠣᠶᠢᠵᠢᠭᠤᠯᠵᠣ᠂ ᠨᠡᠷᠡᠳᠣ ᠲᠠᠸᠠᠷ ᠲᠡᠮᠳᠡᠭ ᠡᠷᠡᠮᠡᠯᠵᠡᠨ ᠣᠯᠬᠤ ᠨᠣᠷᠮ᠎ᠠ ᠶᠢ ᠲᠡᠭᠡᠭᠰᠢᠯᠡᠬᠦᠯᠦᠨ᠎ᠡ᠃         ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠠᠵᠣ ᠦᠢᠯᠡᠰ ᠢ ᠪᠣᠶᠢᠵᠢᠭᠤᠯᠣᠨ ᠬᠦᠴᠦᠷᠭᠡᠭᠵᠢᠬᠦᠯᠦᠨ᠎ᠡ᠃ ︽ᠮᠦᠩᠭᠦᠨ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠬᠤ ᠲᠣᠬᠠᠢ ᠭᠡᠳᠦᠨ ᠲᠣᠭᠳᠠᠭᠠᠯ︾ ᠢ ᠴᠢᠩᠭ᠎ᠠ ᠪᠠᠷᠢᠮᠳᠠᠯᠠᠨ ᠲᠣᠣᠱᠠᠯᠠᠭᠤᠯᠵᠣ᠂ ᠦᠪᠦᠷ ᠮᠣᠩᠭᠤᠯ ᠪᠠᠩᠭᠢ ᠲᠠᠢ ᠬᠠᠷᠢᠯᠴᠠᠵᠣ ᠪᠠᠶᠢᠭᠠᠳ ᠵᠠᠯᠠᠶᠢᠳ ᠤᠨ ᠰᠠᠯᠪᠣᠷᠢ ᠪᠠᠩᠭᠢ ᠪᠠᠶᠢᠭᠤᠯᠬᠤ᠂ ᠬᠤᠳᠠᠯᠳᠣᠭᠠᠨ ᠤ ᠪᠠᠩᠭᠢ᠂ ᠲᠠᠭᠠᠳᠬᠠᠯ᠂ ᠲᠡᠮᠳᠡᠭᠳᠦ ᠶᠢᠨ ᠠᠷᠠᠯᠵᠢᠶ᠎ᠠ ᠵᠡᠷᠭᠡ ᠡᠯ᠎ᠡ ᠲᠦᠷᠦᠯ  ᠤᠨ ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠵᠠᠯᠠᠶᠢᠳ ᠲᠤ ᠰᠠᠯᠪᠣᠷᠢ ᠪᠠᠶᠢᠭᠤᠯᠣᠮᠵᠢ ᠪᠠᠶᠢᠭᠤᠯᠬᠤ ᠶᠢ ᠬᠦᠬᠢᠬᠦᠯᠦᠨ ᠵᠣᠷᠢᠭᠵᠢᠭᠤᠯᠣᠨ᠎ᠠ᠃ ᠲᠠᠷᠢᠶᠠᠴᠢᠨ ᠮᠠᠯᠴᠢᠳ ᠤᠨ ᠲᠤᠰᠬᠠᠢ ᠬᠤᠷᠰᠢᠶ᠎ᠠ ᠶᠢᠨ ᠢᠳᠡᠭᠡᠮᠵᠢ ᠶᠢᠨ ᠪᠡᠯᠡ ᠣᠷᠣᠭᠤᠯᠣᠯᠳᠠ ᠶᠢᠨ ᠬᠠᠮᠳᠣᠷᠠᠯᠴᠠᠭ᠎ᠠ ᠶᠢ ᠯᠠᠪᠳᠠᠭᠤᠨ ᠪᠣᠳᠠᠳᠠᠢ ᠲᠦᠯᠬᠢᠨ ᠠᠬᠢᠭᠤᠯᠵᠣ᠂ ᠵᠢᠶᠠᠩ ᠢᠦᠢ ᠲᠠᠷᠢᠶᠠᠯᠠᠩ  ᠤᠨ ᠮᠦᠩᠭᠦᠨ ᠬᠦᠢᠯᠭᠡᠭᠡᠨ ᠤ ᠵᠢᠱᠢᠶ᠎ᠡ ᠦᠵᠡᠬᠦᠯᠬᠦ ᠬᠤᠷᠰᠢᠶ᠎ᠠ ᠶᠢᠨ ᠳᠦᠷᠢᠮᠵᠢᠭᠰᠡᠨ ᠡᠵᠡᠩᠨᠡᠯᠳᠡ ᠬᠦᠢᠯᠭᠡᠭᠡ ᠶᠢ ᠬᠦᠲᠦᠯᠵᠦ᠂ ᠲᠣᠰᠬᠠᠢ ᠬᠤᠷᠰᠢᠶᠠᠵᠢᠯ ᠤᠨ ᠢᠳᠡᠭᠡᠮᠵᠢ ᠶᠢᠨ ᠪᠡᠯᠡ ᠮᠦᠩᠭᠦᠨ ᠤ ᠬᠠᠷᠢᠯᠴᠠᠨ ᠬᠠᠪᠰᠣᠷᠣᠯᠴᠠᠬᠤ ᠶᠢ ᠢᠳᠡᠪᠬᠢᠳᠡᠢ ᠲᠦᠯᠬᠢᠨ ᠠᠬᠢᠭᠤᠯᠣᠨ᠎ᠠ᠃ ᠬᠦᠳᠡᠭᠡ ᠲᠣᠰᠬᠤᠨ ᠤ ᠲᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠬᠦ ᠡᠷᠭᠡ ᠶᠢᠨ ᠪᠠᠷᠢᠴᠠᠭᠠᠯᠠᠬᠤ ᠵᠢᠭᠡᠯᠡᠯᠭᠡ ᠶᠢᠨ ᠲᠣᠷᠰᠢᠬᠤ ᠴᠢᠭ᠋ ᠢ ᠪᠦᠳᠦᠮᠵᠢᠳᠡᠢ ᠠᠬᠢᠭᠤᠯᠣᠨ᠎ᠠ᠃ ᠬᠦᠳᠡᠭᠡ ᠲᠣᠰᠬᠤᠨ  ᠤ ᠦᠮᠴᠢᠯᠡᠬᠦ ᠡᠷᠭᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠣ᠂ ᠬᠦᠳᠡᠭᠡ ᠲᠣᠰᠬᠤᠨ ᠤ ᠦᠮᠴᠢᠯᠡᠬᠦ ᠡᠷᠭᠡ ᠶᠢᠨ ᠠᠷᠠᠯᠵᠢᠶᠠᠨ ᠤ ᠰᠢᠰᠲ᠋ᠧᠮ ᠢ ᠲᠡᠬᠦᠯᠳᠡᠷᠵᠢᠬᠦᠯᠦᠨ᠎ᠡ᠃       ︵ᠵᠢᠷᠭᠤᠭ᠎ᠠ︶ ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢ ᠲᠣᠪᠣᠶᠢᠯᠭᠠᠨ ᠴᠢᠩᠭ᠎ᠠ ᠠᠳᠬᠤᠵᠣ᠂ ᠠᠵᠣ ᠠᠬᠤᠢ ᠶᠢᠨ ᠬᠦᠭᠵᠢᠯᠳᠠ ᠶᠢᠨ ᠦᠨᠳᠦᠰᠦ ᠰᠠᠭᠤᠷᠢ ᠶᠢ ᠪᠠᠳᠣ ᠴᠣᠭᠴᠠᠯᠠᠨ᠎ᠠ᠃       ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠪᠠ ᠬᠠᠮᠠᠭᠠᠯᠠᠯᠳᠠ ᠶᠢ ᠴᠢᠩᠭᠠᠳᠬᠠᠨ᠎ᠠ᠃ ᠭᠤᠣᠯᠳᠠᠯᠭᠠᠳᠣ ᠣᠷᠣᠨ ᠤ ᠨᠣᠭᠤᠭᠠᠷᠠᠭᠤᠯᠣᠯᠳᠠ ᠶᠢ ᠭᠡᠷᠡᠭᠵᠢᠬᠦᠯᠵᠣ ︽ᠭᠤᠷᠪᠠᠨ ᠣᠮᠠᠷᠠᠳᠣ︾  ᠶᠢᠨ ᠲᠠᠪᠣᠳᠣᠭᠠᠷ ᠬᠤᠭᠤᠴᠠᠭ᠎ᠠ ᠪᠠ ᠲᠦᠷᠪᠡᠨ ᠲᠠᠯ᠎ᠠ ᠳᠤ ᠣᠶᠢᠵᠢᠭᠤᠯᠬᠤ᠂ ᠠᠯᠪᠠᠨ ᠵᠢᠷᠣᠮ ᠤᠨ ᠣᠶᠢᠵᠢᠭᠤᠯᠣᠯᠳᠠ ᠵᠡᠷᠭᠡ 11.5 ᠲᠦᠮᠡᠨ ᠮᠣ᠋ ᠣᠶᠢᠵᠢᠭᠤᠯᠣᠯᠲᠠ ᠶᠢᠨ ᠡᠬᠦᠷᠭᠡ ᠶᠢ ᠪᠡᠶᠡᠯᠡᠬᠦᠯᠦᠨ᠎ᠡ᠃ ᠪᠡᠯᠴᠢᠭᠡᠷᠯᠡᠬᠦᠯᠬᠦ ᠶᠢ ᠵᠣᠭᠰᠣᠭᠠᠵᠣ ᠡᠪᠡᠰᠦ ᠲᠠᠷᠢᠬᠤ᠂ ᠲᠠᠴᠢᠷ ᠠᠭᠤᠯᠠ ᠭᠤᠪᠢ ᠬᠦᠳᠦᠯ ᠢ ᠵᠠᠰᠠᠬᠤ ᠢᠨᠵᠧᠨᠧᠷᠢᠩ ᠳᠤ ᠲᠦᠰᠢᠭᠯᠡᠵᠣ᠂ ᠪᠡᠯᠴᠢᠭᠡᠷ ᠡᠪᠡᠰᠦ 5 ᠲᠦᠮᠡᠨ ᠮᠣ᠋ ᠲᠠᠷᠢᠵᠣ᠂ ᠣᠰᠣ ᠰᠢᠷᠣᠢ ᠶᠢᠨ ᠤᠷᠤᠰᠬᠠᠭᠳᠠᠯ ᠬᠤᠬᠢᠷᠠᠯ ᠢ 10 ᠲᠦᠮᠡᠨ ᠮᠣ᠋ ᠵᠠᠰᠠᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠲᠠᠯᠠᠪᠠᠢ ᠶᠢ 25 ᠲᠦᠮᠡᠨ ᠮᠣ᠋ ᠪᠡᠶᠡᠯᠡᠬᠦᠯᠦᠨ᠎ᠠ᠃ ᠪᠡᠯᠴᠢᠭᠡᠷᠯᠡᠬᠦᠯᠬᠦ ᠶᠢ   ᠵᠣᠭᠰᠣᠭᠠᠬᠤ ᠪᠣᠳᠠᠳᠣ ᠴᠣᠭᠴᠠ ᠶᠢᠨ ᠬᠠᠷᠢᠭᠤᠴᠠᠯᠭ᠎ᠠ ᠶᠢ ᠲᠣᠣᠱᠠᠯᠠᠭᠤᠯᠵᠣ᠂ ᠪᠠᠶᠢᠴᠠᠭᠠᠨ ᠬᠢᠨᠠᠬᠤ ᠶᠢ ᠴᠢᠩᠭᠠᠳᠬᠠᠨ᠂ ᠬᠤᠷᠢᠵᠣ ᠲᠡᠵᠢᠭᠡᠬᠦ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠪᠡᠯᠴᠢᠭᠡᠷᠯᠡᠬᠦᠯᠬᠦ ᠶᠢ ᠵᠣᠭᠰᠣᠭᠠᠬᠤ ᠪᠠ ᠡᠪᠡᠰᠦ ᠲᠡᠵᠢᠭᠡᠪᠦᠷᠢ ᠶᠢᠨ ᠲᠡᠩᠴᠡᠬᠦᠷᠢᠰᠢᠯ ᠬᠠᠮᠢᠶᠠᠷᠣᠯᠳᠠ ᠶᠢ ᠲᠡᠬᠦᠯᠳᠡᠷᠵᠢᠬᠦᠯᠦᠨ᠎ᠡ᠃ ᠣᠢ ᠮᠣᠳᠣ ᠶᠢ ᠬᠢᠵᠠᠭᠠᠷᠳᠠᠢ ᠣᠭᠳᠣᠯᠬᠤ ᠲᠦᠷᠢᠮ ᠪᠠ ᠨᠡᠶᠢᠳᠡ ᠶᠢᠨ ᠣᠢ ᠶᠢᠨ ᠨᠦᠬᠦᠪᠦᠷᠢ ᠶᠢᠨ ᠲᠦᠷᠦᠯ ᠵᠦᠢᠯ ᠢ ᠲᠣᠣᠱᠯᠠᠭᠤᠯᠵᠣ᠂ ᠪᠠᠶᠢᠭᠠᠯᠢᠯᠢᠭ ᠣᠢ ᠶᠢ ᠣᠭᠳᠣᠯᠬᠤ ᠶᠢ ᠡᠷᠡᠰ ᠬᠤᠷᠢᠭᠯᠠᠨ᠎ᠠ᠃ ᠳᠣᠷ᠎ᠠ ᠪᠠᠷ ᠢᠶᠠᠨ ᠣᠢ ᠮᠣᠳᠣ ᠣᠭᠲᠣᠯᠬᠤ ᠶᠢ ᠲᠣᠰᠬᠠᠢ ᠴᠡᠭᠴᠡᠯᠡᠨ ᠰᠢᠢᠳᠭᠡᠬᠦ ᠠᠵᠢᠯᠯᠠᠭᠠᠨ ᠢ ᠦᠷᠨᠢᠭᠦᠯᠦᠨ᠂ ᠣᠢ ᠡᠪᠡᠰᠦᠨ ᠤ ᠡᠬᠢ ᠪᠠᠶᠠᠯᠢᠭ ᠢ ᠡᠪᠳᠡᠬᠦ ᠪᠣᠶᠣ ᠬᠠᠣᠯᠢ ᠪᠣᠰᠣ ᠪᠠᠷ ᠠᠪᠠᠯᠠᠬᠤ ᠵᠡᠷᠭᠡ ᠠᠵᠢᠯᠯᠠᠭᠠᠨ ᠳᠤ ᠬᠦᠴᠦᠳᠡᠢ ᠴᠣᠬᠢᠯᠳᠠ ᠦᠭᠬᠦᠨ᠎ᠡ᠃ ᠬᠦᠳᠡᠭᠡ ᠲᠣᠰᠬᠤᠨ ᠳᠤ ᠴᠡᠪᠡᠷ ᠡᠨᠧᠷᠭᠢ ᠪᠠᠷ ᠣᠷᠣᠯᠠᠭᠤᠯᠬᠤ ᠶᠢ ᠬᠡᠷᠡᠭᠵᠢᠭᠦᠯᠵᠦ᠂ ᠨᠡᠭᠦᠷᠡᠰᠦ ᠪᠠ ᠡᠰᠢ ᠰᠦᠷᠡᠯ ᠢ ᠰᠢᠲᠠᠭᠠᠬᠤ ᠠᠴᠠ ᠪᠣᠯᠣᠭᠰᠠᠨ ᠣᠷᠴᠢᠨ ᠲᠣᠭᠤᠷᠢᠨ ᠤ ᠪᠣᠬᠢᠷᠳᠣᠯ ᠢ ᠪᠠᠭᠠᠰᠬᠠᠨ᠎ᠠ᠃ ᠡᠰᠢ ᠰᠦᠷᠡᠯ ᠢ ᠬᠤᠪᠢᠷᠠᠭᠤᠯᠣᠨ ᠠᠰᠢᠭᠯᠠᠬᠤ 37 ᠪᠣᠯᠪᠠᠰᠣᠷᠠᠭᠤᠯᠬᠤ ᠦᠢᠯᠡᠳᠪᠦᠷᠢ ᠶᠢᠨ ᠦᠢᠯᠡᠳᠬᠦᠨ ᠤ ᠲᠤᠭ᠎ᠠ ᠨᠣᠷᠮ᠎ᠠ ᠪᠠ ᠦᠷ᠎ᠡ ᠪᠦᠳᠦᠮᠵᠢ ᠶᠢᠨ ᠰᠠᠶᠢᠨ ᠪᠠᠶᠢᠬᠤ ᠶᠢ ᠪᠠᠳᠣᠯᠠᠨ ᠲᠦᠯᠬᠢᠨ ᠠᠬᠢᠭᠤᠯᠵᠣ᠂ ᠡᠰᠢ ᠰᠦᠷᠡᠯ ᠢ ᠬᠤᠪᠢᠷᠠᠭᠤᠯᠣᠨ ᠠᠰᠢᠭᠯᠠᠬᠤ ᠨᠣᠷᠮ᠎ᠠ ᠶᠢ 20 % ᠳᠤ ᠬᠦᠷᠭᠡᠨ᠎ᠡ᠃ ᠣᠰᠣ ᠲᠠᠳᠠᠵᠣ ᠭᠡᠷᠡᠭᠯᠡᠬᠦ ᠳᠤ ᠵᠦᠪᠰᠢᠶᠡᠷᠡᠯ ᠠᠪᠬᠤ ᠲᠦᠷᠢᠮ ᠢ ᠦᠷᠬᠦᠯᠵᠢᠯᠡᠨ ᠭᠡᠷᠡᠭᠵᠢᠬᠦᠯᠵᠣ᠂ ᠣᠰᠣᠨ ᠤ ᠡᠬᠢ ᠪᠠᠶᠠᠯᠢᠭ ᠢ ᠬᠠᠮᠠᠭᠠᠯᠠᠬᠤ ᠪᠠ ᠣᠰᠣᠨ ᠤ ᠪᠣᠬᠢᠷᠳᠣᠯ ᠢ ᠰᠡᠷᠭᠡᠶᠢᠯᠡᠬᠦ ᠠᠵᠢᠯ ᠢ ᠴᠢᠩᠭᠠᠳᠬᠠᠨ᠎ᠠ᠃ ᠣᠢ ᠰᠢᠭᠤᠢ ᠶᠢᠨ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠰᠢᠩᠭᠡᠭᠡᠨ ᠲᠣᠭᠲᠠᠭᠠᠬᠤ ᠬᠦᠭᠵᠢᠯᠲᠡ ᠶᠢ ᠢᠳᠡᠪᠬᠢᠲᠡᠢ ᠲᠦᠯᠬᠢᠨ ᠠᠬᠢᠭᠤᠯᠵᠣ᠂ ᠣᠢ ᠰᠢᠭᠤᠢ ᠶᠢᠨ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠰᠢᠩᠭᠡᠭᠡᠨ ᠲᠣᠭᠲᠠᠭᠠᠬᠤ ᠠᠷᠠᠯᠵᠢᠶ᠎ᠠ ᠶᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠠᠴᠠ ᠠᠵᠣ ᠠᠬᠤᠢ ᠶᠢᠨ ᠦᠷ᠎ᠡ ᠠᠰᠢᠭ ᠲᠡᠰᠢ ᠬᠤᠪᠢᠷᠠᠭᠤᠯᠬᠤ ᠶᠢ ᠠᠬᠢᠭᠤᠯᠣᠨ᠎ᠠ       ᠣᠷᠴᠢᠨ ᠲᠣᠭᠤᠷᠢᠨ ᠤ ᠬᠢᠨᠠᠨ ᠬᠠᠮᠢᠶᠠᠷᠣᠯᠳᠠ ᠪᠠ ᠴᠡᠭᠴᠡᠯᠡᠯᠳᠡ ᠶᠢ ᠴᠢᠩᠭᠠᠳᠬᠠᠨ᠎ᠠ᠃   ᠲᠦᠷᠦᠯ ᠵᠦᠢᠯ  ᠤᠨ ᠠᠮᠢ ᠠᠬᠤᠢ ᠶᠢᠨ ᠲᠠᠯ᠎ᠠ ᠶᠢᠨ ᠬᠢᠨᠠᠨ ᠰᠢᠬᠦᠯᠳᠡ ᠬᠢᠬᠦ ᠲᠦᠷᠢᠮ ᠪᠠ ︽ᠭᠤᠷᠪᠠᠨ ᠬᠠᠮᠳᠣ︾ ᠶᠢᠨ ᠲᠦᠷᠢᠮ ᠢ ᠴᠢᠩᠭ᠎ᠠ ᠭᠡᠷᠡᠭᠵᠢᠬᠦᠯᠵᠣ᠂ ᠪᠣᠵᠠᠷᠳᠣᠯ ᠡᠬᠦᠰᠬᠦ ᠶᠢᠨ ᠡᠬᠢ ᠠᠴᠠ ᠨᠢ ᠬᠤᠷᠢᠭᠯᠠᠨ ᠵᠣᠭᠰᠣᠭᠠᠨ᠎ᠠ᠃ ᠰᠢᠨ᠎ᠡ ︽ᠠᠭᠠᠷ  ᠤᠨ ᠪᠣᠬᠢᠷᠳᠣᠯ ᠢ ᠰᠡᠷᠭᠡᠶᠢᠯᠡᠬᠦ ᠬᠠᠣᠯᠢ︾ ᠪᠠ ︽ᠣᠰᠣᠨ ᠤ ᠪᠣᠵᠠᠷᠳᠣᠯ ᠢ ᠰᠡᠷᠭᠡᠶᠢᠯᠡᠬᠦ ᠠᠵᠢᠯᠯᠠᠭᠠᠨ ᠤ ᠲᠦᠰᠦᠪ︾  ᠢ ᠨᠠᠷᠢᠨ ᠬᠢᠨᠠᠮᠠᠭᠠᠢ ᠭᠡᠷᠡᠭᠵᠢᠬᠦᠯᠦᠨ ᠨᠠᠶᠢᠳᠠᠪᠣᠷᠢᠵᠢᠭᠤᠯᠵᠣ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠡᠬᠦᠷᠭᠡ ᠬᠠᠷᠢᠭᠤᠴᠠᠯᠭ᠎ᠠ ᠶᠢ ᠲᠣᠣᠱᠯᠠᠭᠤᠯᠵᠣ᠂ ᠭᠦᠭᠦᠷ ᠤᠨ ᠲᠠᠪᠬᠤᠷ ᠢᠰᠤᠯ᠂ ᠠᠽᠣᠲ ᠬᠦᠴᠢᠯᠳᠦᠷᠦᠭᠴᠢ ᠠᠬᠤᠭᠤᠯᠣᠭᠰᠠᠨ ᠪᠣᠳᠠᠰ ᠵᠡᠷᠭᠡ ᠪᠤᠬᠢᠷᠳᠣᠯ ᠪᠤᠳᠠᠰ ᠲᠠᠯᠪᠢᠨ ᠭᠠᠷᠭᠠᠬᠤ ᠠᠵᠣ ᠠᠬᠤᠶᠢᠯᠠᠯ ᠤᠨ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠵᠣ᠂ ᠵᠢᠯ ᠤᠨ ᠭᠤᠣᠯ ᠪᠣᠬᠢᠷᠳᠣᠯ ᠪᠣᠳᠠᠰ ᠤᠨ ᠲᠠᠯᠪᠢᠨ ᠭᠠᠷᠭᠠᠬᠤ ᠬᠡᠮᠵᠢᠶ᠎ᠡ ᠶᠢ ᠪᠠᠭᠠᠰᠬᠠᠬᠤ ᠬᠠᠷᠠᠯᠳᠠ ᠪᠠᠨ ᠪᠡᠶᠡᠯᠡᠬᠦᠯᠦᠨ᠎ᠡ᠃ ᠲᠦᠪ ᠤᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠰᠬᠠᠢ ᠪᠡᠯᠡ ᠶᠢ ᠢᠳᠡᠪᠬᠢᠳᠡᠢ ᠪᠠᠷ ᠡᠷᠡᠮᠡᠯᠵᠡᠨ ᠣᠯᠵᠣ᠂ ᠬᠦᠳᠡᠭᠡ ᠲᠣᠰᠬᠤᠨ ᠤ ᠬᠤᠭ ᠨᠣᠪᠰᠢ ᠶᠢ ᠰᠢᠢᠳᠪᠦᠷᠢᠯᠡᠬᠦ ᠪᠠ ᠣᠣᠭᠤᠬᠤ ᠣᠰᠣᠨ ᠤ ᠡᠬᠢ ᠶᠢ ᠬᠠᠮᠠᠭᠠᠯᠠᠬᠤ ᠲᠦᠷᠦᠯ ᠵᠦᠢᠯ ᠢ ᠲᠦᠯᠬᠢᠨ ᠠᠬᠢᠭᠤᠯᠵᠣ ᠮᠠᠯ ᠲᠡᠵᠢᠭᠡᠪᠦᠷᠢ ᠶᠢᠨ ᠪᠣᠬᠢᠷᠳᠣᠯ ᠢ ᠰᠡᠷᠭᠡᠶᠢᠯᠡᠬᠦ ᠪᠠ ᠠᠭᠤᠷᠬᠠᠢ ᠶᠢᠨ ᠨᠡᠭᠡᠭᠡᠯᠲᠡ ᠶᠢ ᠲᠦᠷᠢᠮᠵᠢᠬᠦᠯᠦᠨ ᠴᠡᠭᠴᠡᠯᠡᠵᠣ ᠬᠠᠮᠢᠶᠠᠷᠬᠤ ᠶᠢ ᠠᠩᠬᠠᠷᠴᠣ᠂ ᠬᠤᠳᠠ ᠬᠦᠳᠡᠭᠡ ᠶᠢᠨ ᠴᠡᠪᠡᠷ ᠡᠨᠧᠷᠬᠢ ᠭᠡᠷᠡᠭᠯᠡᠬᠦ ᠶᠢ ᠲᠦᠯᠬᠢᠨ ᠠᠬᠢᠭᠤᠯᠣᠨ᠎ᠠ᠃         ︵ᠲᠣᠯᠤᠭ᠎ᠠ︶   ᠡᠶ᠎ᠡ ᠨᠠᠶᠢᠷᠠᠮᠳᠠᠭᠤ ᠠᠮᠣᠷ ᠲᠣᠭᠳᠠᠭᠤᠨ ᠢ ᠳᠣᠪᠣᠶᠢᠮ᠎ᠠ ᠴᠢᠩᠭ᠎ᠠ ᠠᠳᠬᠤᠵᠣ᠂ ᠬᠦᠭᠵᠢᠯᠳᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠴᠣᠭᠴᠠᠯᠠᠨ ᠪᠠᠶᠢᠭᠤᠯᠣᠨ᠎ᠠ᠃         ᠵᠠᠬᠢᠳᠠᠯ ᠰᠣᠷᠪᠣᠯᠵᠢᠯᠠᠭ᠎ᠠ ᠶᠢᠨ ᠠᠮᠣᠷ ᠲᠣᠭᠳᠠᠭᠤᠨ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠤᠨ ᠰᠢᠢᠳᠪᠦᠷᠢᠯᠡᠯᠳᠡ ᠶᠢᠨ ᠡᠬᠦᠷᠭᠡ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠲᠣᠣᠱᠯᠠᠭᠤᠯᠵᠣ᠂ ᠣᠳᠣᠷᠢᠳᠣᠯᠭ᠎ᠠ ᠺᠠᠳ᠋ᠷ ᠤᠨ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠬᠦ᠂ ᠰᠣᠷᠪᠣᠯᠵᠢᠯᠠᠬᠤ᠂ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠣ᠂ ᠵᠠᠬᠢᠳᠠᠯ ᠰᠣᠷᠪᠣᠯᠵᠢᠯᠠᠭ᠎ᠠ ᠶᠢᠨ ᠦᠯᠡᠳᠡᠭᠳᠡᠯ ᠠᠰᠠᠭᠤᠳᠠᠯ ᠢ ᠠᠯᠳᠠᠷᠠᠭᠠᠨ ᠰᠢᠢᠳᠪᠦᠷᠢᠯᠡᠬᠦ ᠬᠦᠴᠦᠯᠡᠴᠡ ᠶᠢ ᠨᠡᠮᠡᠭᠳᠡᠬᠦᠯᠦᠨ᠂ ᠠᠬᠢᠨ ᠲᠠᠬᠢᠨ ᠡᠷᠢᠬᠦ᠂ ᠱᠠᠳᠣ ᠠᠯᠣᠰᠯᠠᠨ ᠵᠠᠭᠠᠯᠳᠣᠬᠤ᠂ ᠬᠠᠣᠯᠢ ᠪᠣᠰᠣ ᠪᠠᠷ ᠬᠦᠵᠢᠷᠯᠡᠵᠣ ᠵᠠᠭᠠᠯᠳᠣᠬᠤ ᠠᠵᠢᠯᠯᠠᠭ᠎ᠠ ᠶᠢ ᠪᠦᠳᠦᠮᠵᠢᠳᠡᠢ ᠬᠤᠷᠢᠭᠯᠠᠨ᠎ᠠ ᠃ ᠬᠦᠮᠦᠨ ᠠᠮᠠ ᠶᠢᠨ ᠲᠤᠭ᠎ᠠ ᠪᠠᠷ ᠦᠨᠳᠦᠰᠦᠯᠡᠵᠣ ᠬᠠᠣᠯᠢ ᠪᠣᠰᠣ ᠪᠠᠷ ᠬᠦᠵᠢᠷᠯᠡᠨ ᠵᠠᠭᠠᠯᠳᠣᠬᠤ ᠬᠠᠮᠤᠭ ᠲᠣᠣᠷ᠎ᠠ ᠱᠣᠭᠤᠮ ᠢ ᠲᠣᠭᠳᠠᠭᠠᠨ᠎ᠠ᠃ ᠵᠠᠬᠢᠳᠠᠯ ᠰᠣᠷᠪᠣᠯᠵᠢᠯᠠᠭ᠎ᠠ ᠶᠢᠨ ᠵᠠᠮ ᠰᠣᠪᠠᠭ ᠢ ᠨᠡᠭᠡᠭᠡᠭᠳᠡᠭᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠯᠬᠤᠮ ᠶᠠᠪᠣᠴᠠ ᠶᠢ ᠲᠦᠷᠢᠮᠵᠢᠬᠦᠯᠦᠨ᠂ ᠠᠷᠠᠳ ᠣᠯᠠᠨ ᠤ ᠬᠠᠣᠯᠢ ᠶᠣᠰᠣ ᠪᠠᠷ᠂ ᠵᠦᠪ ᠭᠡᠯᠪᠡᠷᠢ ᠪᠠᠷ ᠰᠠᠨᠠᠯ ᠱᠠᠭᠠᠷᠳᠠᠯᠭ᠎ᠠ ᠪᠠᠨ ᠢᠯᠡᠳᠭᠡᠬᠦ ᠶᠢ ᠣᠳᠣᠷᠢᠳᠣᠨ ᠲᠠᠭᠠᠭᠠᠭᠤᠯᠣᠨ᠎ᠠ᠃       ᠠᠮᠣᠷ ᠲᠦᠪᠰᠢᠨ ᠤ ᠪᠦᠳᠦᠭᠡᠨ ᠪᠠᠶᠢᠭᠤᠯᠣᠯᠳᠠ ᠶᠢ ᠪᠣᠳᠠᠳᠠᠢ ᠴᠢᠩᠭᠠᠳᠬᠠᠨ᠎ᠠ᠃ ᠬᠠᠣᠯᠢ ᠶᠢ ᠵᠦᠷᠢᠴᠡᠨ ᠶᠠᠯ᠎ᠠ ᠬᠢᠬᠦ ᠠᠵᠢᠯᠯᠠᠭᠠᠨ ᠳᠤ ᠬᠠᠣᠯᠢ ᠶᠣᠰᠣ ᠪᠠᠷ ᠴᠣᠬᠢᠯᠳᠠ ᠦᠭᠬᠦ ᠪᠠ ᠰᠡᠷᠭᠡᠶᠢᠯᠡᠬᠦ ᠶᠢ ᠪᠠᠷᠢᠮᠳᠠᠯᠠᠵᠣ᠂ ᠣᠨᠴᠠ ᠲᠣᠪᠣᠶᠢᠭᠰᠠᠨ ᠠᠮᠣᠷ ᠢ ᠬᠠᠮᠠᠭᠠᠯᠠᠬᠤ ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠨ᠎ᠠ᠃ ︽ᠵᠠᠯᠠᠶᠢᠳ ᠬᠤᠰᠢᠭᠤᠨ ᠤ ᠪᠠᠷᠢᠯᠭ᠎ᠠ ᠶᠢᠨ ᠲᠠᠯ᠎ᠠ ᠶᠢᠨ ᠠᠵᠢᠯᠴᠢᠳ ᠤᠨ ᠬᠦᠯᠦᠰᠦ ᠴᠠᠯᠢᠩ ᠢ ᠲᠣᠳᠠᠭᠠᠨ ᠣᠳᠠᠭᠠᠰᠢᠷᠠᠭᠤᠯᠬᠤ ᠶᠢ ᠴᠡᠭᠴᠡᠯᠡᠨ ᠵᠠᠰᠠᠬᠤ ᠲᠦᠷ ᠴᠠᠭ ᠤᠨ ᠠᠷᠭ᠎ᠠ ᠲᠦᠰᠦᠯ︾ ᠢ ᠴᠢᠩᠭ᠎ᠠ ᠭᠡᠷᠡᠭᠵᠢᠬᠦᠯᠵᠣ᠂ ᠴᠠᠯᠢᠩ ᠢ ᠲᠣᠳᠠᠭᠠᠬᠤ ᠬᠠᠣᠯᠢ ᠶᠢ ᠵᠦᠷᠢᠴᠡᠭᠰᠡᠨ ᠠᠵᠢᠯᠯᠠᠭ᠎ᠠ ᠳᠤ ᠬᠦᠨᠳᠦ ᠴᠣᠬᠢᠯᠳᠠ ᠦᠭᠴᠦ ᠬᠦᠳᠡᠯᠮᠦᠷᠢᠯᠡᠭᠴᠢ ᠶᠢᠨ ᠬᠠᠣᠯᠢ ᠶᠣᠰᠣᠨ ᠤ ᠡᠷᠭᠡ ᠠᠰᠢᠭ ᠢ ᠦᠨᠡᠨᠬᠦ ᠪᠣᠳᠠᠳᠠᠢ ᠬᠠᠮᠠᠭᠠᠯᠠᠨ᠎ᠠ᠃ ᠰᠣᠷᠭᠠᠭᠤᠯᠢ ᠶᠢᠨ ᠣᠶᠢᠷᠠᠯᠴᠠᠭ᠎ᠠ ᠶᠢᠨ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠡᠮᠬᠢ ᠵᠢᠷᠣᠮ᠂ ᠭᠠᠯ ᠤᠨ ᠠᠶᠣᠯ ᠢ ᠰᠡᠷᠭᠡᠶᠢᠯᠡᠬᠦ ᠲᠠᠯ᠎ᠠ ᠶᠢᠨ ᠪᠠᠶᠢᠴᠠᠭᠠᠯᠳᠠ ᠶᠢ ᠲᠦᠪᠯᠡᠷᠡᠬᠦᠯᠦᠨ ᠦᠷᠨᠢᠬᠦᠯᠵᠣ᠂ ᠨᠡᠶᠢᠭᠡᠮ ᠤᠨ ᠠᠮᠣᠷ ᠲᠦᠪᠰᠢᠨ ᠤ ᠪᠠᠶᠢᠳᠠᠯ ᠤᠨ ᠣᠯᠠᠮ ᠰᠠᠶᠢᠨ ᠪᠣᠯᠬᠤ ᠶᠢ ᠠᠬᠢᠭᠤᠯᠣᠨ᠎ᠠ᠃ ︽ ᠳᠣᠯᠣᠳᠣᠭᠠᠷ ᠲᠠᠪᠣᠨ ᠵᠢᠯ ᠤᠨ ᠬᠠᠣᠯᠢ ᠶᠢ ᠲᠦᠭᠡᠮᠡᠯᠵᠢᠬᠦᠯᠬᠦ︾ ᠪᠠ ᠬᠠᠣᠯᠢ ᠴᠠᠭᠠᠵᠠ ᠶᠢᠨ ︽ᠵᠢᠷᠭᠤᠭ᠎ᠠ ᠣᠷᠣᠬᠤ︾ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠣ᠂ ᠠᠷᠠᠳ ᠤᠨ ᠵᠦᠷᠢᠴᠡᠯ ᠢ ᠵᠦᠪᠳᠡᠨ ᠰᠢᠢᠳᠪᠦᠷᠢᠯᠡᠬᠦ ᠶᠢ ᠴᠢᠩᠭ᠎ᠠ ᠠᠳᠬᠤᠵᠣ᠂ ᠬᠠᠣᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠲᠦᠷᠭᠡᠳᠭᠡᠨ᠎ᠡ᠃       ᠦᠢᠯᠡᠳᠪᠦᠷᠢᠯᠡᠯ ᠤᠨ ᠠᠮᠣᠷ ᠲᠦᠪᠰᠢᠨ ᠢ ᠨᠠᠷᠢᠨ ᠬᠢᠨᠠᠮᠠᠭᠠᠢ ᠠᠳᠬᠤᠨ᠎ᠠ᠃ ᠠᠵᠣ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠣᠯᠲᠠ ᠶᠢᠨ ᠬᠠᠷᠢᠭᠤᠴᠠᠯᠭ᠎ᠠ   ᠶᠢ ᠴᠢᠩᠭ᠎ᠠ ᠨᠠᠶᠢᠳᠠᠪᠣᠷᠢᠵᠢᠭᠤᠯᠵᠣ  ᠂ ᠦᠢᠯᠡᠳᠪᠦᠷᠢᠯᠡᠯ ᠤᠨ ᠠᠮᠣᠷ ᠲᠦᠪᠰᠢᠨ ᠤ ᠠᠵᠢᠯ ᠤᠨ ᠲᠡᠭᠡᠭᠰᠢᠯᠡᠯᠳᠡ ᠶᠢᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠨᠡᠶᠢᠳᠡ ᠶᠢᠨ ᠠᠮᠣᠷ ᠲᠦᠪᠰᠢᠨ ᠤ ᠣᠷᠢᠳᠴᠢᠯᠠᠨ ᠰᠡᠷᠭᠡᠶᠢᠯᠡᠬᠦ ᠪᠠ ᠬᠡᠨᠡᠳᠳᠡ ᠶᠢᠨ ᠭᠡᠷᠡᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠲᠣᠭᠳᠠᠴᠠ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ ᠠᠮᠣᠷ ᠲᠦᠪᠰᠢᠨ ᠤ ᠰᠠᠭᠤᠷᠢ ᠪᠠ ᠬᠢᠨᠠᠨ ᠬᠠᠮᠢᠶᠠᠷᠣᠯᠲᠠ ᠶᠢᠨ ᠬᠢᠷᠢ ᠲᠦᠪᠰᠢᠨ  ᠢ ᠲᠠᠰᠣᠷᠠᠯᠲᠠ ᠦᠭᠡᠢ ᠳᠡᠭᠡᠭᠰᠢᠯᠡᠭᠦᠯᠵᠦ᠂   ᠨᠡᠬᠦᠷᠡᠰᠦ ᠠᠴᠠ ᠪᠣᠰᠣ ᠠᠭᠤᠷᠬᠠᠢ᠂ ᠵᠠᠮ ᠲᠡᠭᠡᠭᠡᠪᠦᠷᠢ᠂   ᠪᠠᠷᠢᠯᠭ᠎ᠠ᠂ ᠠᠶᠣᠯᠲᠣ ᠬᠢᠮᠢ ᠶᠢᠨ ᠪᠣᠳᠠᠰ᠂ ᠣᠨᠴᠠ ᠵᠦᠢᠯ ᠤᠨ ᠲᠦᠬᠦᠭᠡᠷᠦᠮᠵᠢ᠂   ᠢᠳᠡᠭᠡᠨ ᠡᠮ ᠤᠨ ᠵᠦᠢᠯ᠂   ᠬᠦᠮᠦᠨ ᠬᠠᠷ᠎ᠠ ᠨᠢᠭᠲᠠ ᠲᠠᠯᠠᠪᠣᠷ ᠵᠢᠴᠢ ᠲᠠᠷᠢᠶᠠᠯᠠᠩ ᠤᠨ ᠡᠳ᠋ ᠤᠨ ᠵᠠᠬ᠎ᠠ ᠳᠡᠯᠭᠡᠭᠦᠷ ᠵᠡᠷᠭᠡ ᠴᠢᠬᠤᠯᠠ ᠠᠵᠢᠯ ᠲᠦᠷᠦᠯ ᠤᠨ ᠬᠦᠷᠢᠶ᠎ᠡ ᠴᠠᠷ᠎ᠠ ᠳᠤ ᠠᠶᠣᠯᠭᠦᠢ ᠦᠢᠯᠡᠳᠪᠦᠷᠢᠯᠡᠯ ᠤᠨ ᠠᠶᠣᠯ ᠭᠡᠮ ᠢ ᠪᠠᠶᠢᠩᠭᠤ ᠪᠠᠶᠢᠴᠠᠭᠠᠨ ᠴᠡᠭᠴᠡᠯᠡᠨ ᠵᠠᠰᠠᠵᠣ᠂ ᠠᠶᠣᠯᠭᠦᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠭᠡᠨᠡᠲᠡᠯ ᠭᠠᠷᠬᠤ ᠶᠢ ᠡᠷᠡᠰ ᠢᠶᠠᠷ ᠰᠡᠷᠭᠡᠶᠢᠯᠡᠵᠦ᠂ ᠠᠶᠣᠯᠭᠦᠢ ᠦᠢᠯᠡᠳᠪᠦᠷᠢᠯᠡᠯ ᠤᠨ ᠪᠠᠶᠢᠳᠠᠯ ᠢ ᠦᠷᠬᠦᠯᠵᠢᠯᠡᠨ ᠪᠦᠬᠦ ᠬᠦᠴᠦ ᠪᠠᠷ ᠪᠠᠲᠣᠯᠠᠨ᠎ᠠ᠃       ︵ᠨᠠᠢᠮᠠ︶ ᠦᠪᠡᠷ ᠤᠨ ᠪᠡᠶ᠎ᠡ ᠶᠢᠨ ᠪᠦᠳᠦᠭᠡᠨ ᠪᠠᠶᠢᠭᠤᠯᠣᠯᠳᠠ ᠶᠢ ᠰᠠᠶᠢᠨ ᠠᠳᠬᠤᠵᠣ᠂ ᠵᠠᠰᠠᠭᠯᠠᠬᠤ ᠴᠢᠳᠠᠮᠵᠢ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃       ᠬᠠᠣᠯᠢ ᠪᠠᠷ ᠵᠠᠰᠠᠭᠯᠠᠬᠤ ᠵᠠᠰᠠᠭ ᠢ ᠪᠦᠳᠦᠭᠡᠨ ᠪᠠᠶᠢᠭᠤᠯᠣᠨ᠎ᠠ᠃ ᠨᠠᠮ ᠤᠨ ᠣᠯᠣᠰ ᠲᠦᠷᠦ ᠶᠢᠨ ᠰᠠᠬᠢᠯᠭ᠎ᠠ ᠪᠠᠳᠣ ᠪᠠ ᠣᠯᠣᠰ ᠲᠦᠷᠦ ᠶᠢᠨ ᠶᠣᠰᠣ ᠲᠦᠷᠢᠮ ᠢ ᠴᠢᠩᠭ᠎ᠠ ᠵᠢᠷᠣᠮᠯᠠᠵᠣ᠂   ᠣᠯᠣᠰ ᠲᠦᠷᠦ ᠶᠢᠨ ᠦᠵᠡᠯ ᠣᠬᠠᠮᠰᠠᠷ ᠂ ᠶᠡᠭᠡ ᠲᠠᠯ᠎ᠠ ᠶᠢᠨ ᠦᠵᠡᠯ ᠣᠬᠠᠮᠰᠠᠷ᠂ ᠭᠤᠣᠯᠯᠠᠬᠤ ᠦᠵᠡᠯ ᠣᠬᠠᠮᠰᠠᠷ᠂ ᠠᠯᠬᠤᠮ ᠨᠢᠭᠡᠳᠭᠡᠬᠦ ᠦᠵᠡᠯ ᠣᠬᠠᠮᠰᠠᠷ  ᠢᠶᠠᠨ ᠦᠨᠡᠨᠬᠦ ᠴᠢᠩᠭᠠᠳᠬᠠᠵᠣ᠂ ᠣᠷᠣᠨ᠂ ᠠᠶᠢᠮᠠᠭ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠪᠣᠳᠣᠯᠭ᠎ᠠ ᠪᠠ ᠲᠣᠬᠢᠷᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ ᠲᠣᠣᠱᠯᠠᠭᠤᠯᠣᠨ᠎ᠠ᠃ ᠬᠠᠣᠯᠢ ᠪᠠᠷ ᠵᠠᠰᠠᠭ ᠶᠠᠪᠣᠭᠤᠯᠬᠤ ᠶᠢ ᠪᠠᠷᠢᠮᠳᠠᠯᠠᠵᠣ᠂ ᠬᠠᠣᠯᠢ ᠪᠠᠷ ᠲᠣᠭᠳᠠᠭᠠᠭᠰᠠᠨ ᠡᠷᠭᠡ ᠶᠢᠨ ᠬᠦᠷᠢᠶ᠎ᠡ ᠭᠡᠪᠴᠢᠶ᠎ᠡ᠂ ᠬᠠᠣᠯᠢ ᠶᠢᠨ ᠲᠣᠭᠳᠠᠭᠠᠭᠰᠠᠨ ᠶᠠᠪᠣᠴᠠ ᠬᠢᠭᠡᠳ ᠡᠷᠭᠡ ᠶᠢᠨ ᠨᠠᠷᠢᠨ ᠵᠣᠷᠪᠣᠰᠯᠠᠯ᠂ ᠡᠬᠦᠷᠭᠡ ᠶᠢᠨ ᠨᠠᠷᠢᠨ ᠵᠣᠷᠪᠣᠰᠯᠠᠯ ᠢ ᠦᠨᠳᠦᠰᠦᠯᠡᠵᠣ ᠡᠷᠭᠡ ᠪᠠᠨ ᠭᠡᠷᠡᠭᠵᠢᠬᠦᠯᠵᠣ ᠡᠬᠦᠷᠭᠡ ᠪᠠᠨ ᠪᠡᠶᠡᠯᠡᠬᠦᠯᠬᠦ ᠶᠢ ᠴᠢᠩᠭ᠎ᠠ ᠪᠠᠷᠢᠮᠳᠠᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶᠠᠨ ᠤ ᠬᠠᠣᠯᠢ ᠶᠢᠨ ᠬᠢᠨᠠᠯᠳᠠ᠂ ᠠᠵᠢᠯ ᠤᠨ ᠬᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠰᠠᠶᠢᠨ ᠲᠣᠷ᠎ᠠ ᠠᠴᠠ ᠪᠠᠨ ᠬᠦᠯᠢᠶᠡᠵᠣ᠂ ᠠᠷᠠᠳᠴᠢᠯᠠᠭᠰᠠᠨ ᠨᠠᠮ ᠪᠦᠯᠦᠭ᠂   ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠡᠳᠡᠭᠡᠳ ᠪᠠ ᠠᠷᠠᠳ ᠤᠨ ᠪᠦᠯᠬᠦᠮ ᠤᠨ ᠰᠠᠨᠠᠯ ᠵᠦᠪᠯᠡᠯᠭᠡ ᠶᠢ ᠬᠦᠢᠴᠡᠳ ᠰᠣᠨᠣᠰᠣᠨ᠎ᠠ᠃       ᠦᠢᠯᠡᠴᠢᠯᠡᠭᠡᠨ ᠤ ᠴᠢᠳᠠᠪᠬᠢᠳᠣ ᠵᠠᠰᠠᠭ ᠢ ᠵᠣᠬᠢᠶᠠᠨ ᠪᠠᠶᠢᠭᠤᠯᠣᠨ᠎ᠠ᠃ ᠨᠠᠮ ᠤᠨ ᠣᠯᠠᠨ ᠲᠦᠮᠡᠨᠴᠢ ᠱᠣᠭᠤᠮ  ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠳᠦᠮᠵᠢ ᠶᠢ ᠪᠠᠳᠣᠵᠢᠭᠤᠯᠵᠣ ᠣᠬᠠᠮᠰᠠᠷ ᠲᠠᠢ ᠪᠠᠷ ︽ ᠭᠤᠷᠪᠠᠨ ᠴᠢᠩᠭ᠎ᠠ ᠭᠤᠷᠪᠠᠨ ᠪᠣᠳᠠᠳᠠᠢ︾ ᠶᠢᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠲᠦᠯᠦᠭᠡ ᠭᠡᠬᠦ ᠲᠠᠨᠢᠯᠳᠠ ᠶᠢ ᠯᠠᠪᠳᠠᠭᠤᠨ ᠪᠣᠢ ᠪᠣᠯᠭᠠᠵᠣ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠣ᠂ ᠠᠷᠠᠳ ᠤᠨ ᠡᠷᠭᠡ ᠶᠢ ᠪᠠᠳᠣᠯᠠᠨ ᠬᠠᠮᠠᠭᠠᠯᠠᠵᠣ᠂ ᠠᠷᠠᠳ ᠤᠨ ᠰᠠᠨᠠᠯ ᠢ ᠬᠦᠨᠳᠦᠳᠭᠡᠨ᠂ ᠠᠷᠠᠳ ᠤᠨ ᠠᠮᠢᠳᠣᠷᠠᠯ ᠢ ᠬᠠᠷᠠᠭᠠᠯᠵᠠᠨ ᠠᠷᠠᠳ ᠤᠨ ᠣᠢ ᠪᠢᠯᠢᠭ ᠢ ᠨᠡᠭᠡᠭᠡᠭᠳᠡᠬᠦᠯᠦᠨ᠎ᠡ᠃ ᠠᠷᠠᠳ ᠲᠤ ᠳᠦᠭᠦᠮ ᠦᠵᠡᠭᠦᠯᠬᠦ ᠶᠡᠭᠡ ᠲᠢᠩᠬᠢᠮ ᠤᠨ ᠬᠠᠮᠢᠶᠠᠷᠣᠯᠲᠠ ᠶᠢ ᠳᠦᠷᠢᠮᠵᠢᠭᠦᠯᠵᠦ᠂ ᠣᠯᠠᠨ ᠲᠦᠮᠡᠨ ᠤ ᠠᠵᠢᠯ ᠶᠠᠪᠣᠳᠠᠯ ᠭᠦᠢᠴᠡᠳᠭᠡᠬᠦ ᠣᠷᠴᠢᠨ ᠢ ᠰᠢᠯᠢᠳᠡᠭᠵᠢᠭᠦᠯᠦᠨ᠎ᠡ᠃ ᠵᠠᠰᠠᠭ ᠤᠨ ᠠᠵᠢᠯ ᠤᠨ ᠢᠯᠡ ᠵᠠᠷᠯᠠᠬᠤ ᠶᠢ ᠠᠬᠢᠭᠤᠯᠵᠣ᠂ ᠵᠠᠰᠠᠭ  ᠤᠨ ᠦᠢᠯᠡᠴᠢᠯᠡᠭᠡ ᠶᠢᠨ ᠴᠠᠬᠢᠯᠭᠠᠨᠵᠢᠭᠤᠯᠣᠯᠳᠠ ᠶᠢ ᠴᠢᠩᠭᠠᠳᠬᠠᠵᠣ᠂ ᠵᠠᠰᠠᠭ ᠤᠨ ᠣᠷᠳᠣᠨ ᠤ ᠠᠵᠢᠯ ᠤᠨ ᠨᠡᠪᠳᠡᠷᠭᠡᠢ ᠴᠢᠨᠠᠷ ᠢ ᠨᠡᠮᠡᠭᠳᠡᠬᠦᠯᠵᠣ ᠠᠷᠠᠳ ᠲᠦᠮᠡᠨ ᠤ ᠪᠠᠶᠢᠳᠠᠯ ᠢ ᠮᠡᠳᠡᠬᠦ ᠡᠷᠭᠡ᠂ ᠣᠷᠣᠯᠴᠠᠬᠤ ᠡᠷᠭᠡ ᠪᠠ ᠬᠢᠨᠠᠬᠤ ᠡᠷᠭᠡ ᠶᠢ ᠪᠠᠳᠣᠯᠠᠨ᠎ᠠ᠃       ᠦᠨᠳᠦᠷ ᠪᠦᠳᠦᠮᠵᠢᠳᠦ ᠵᠠᠰᠠᠭ ᠢ ᠪᠦᠳᠦᠭᠡᠨ ᠪᠠᠶᠢᠭᠤᠯᠣᠨ᠎ᠠ᠃ ᠵᠣᠬᠢᠰᠳᠠᠢ ᠴᠠᠭ ᠲᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ᠲᠦᠪᠯᠡᠷᠡᠬᠦᠯᠦᠨ ᠴᠡᠭᠴᠡᠯᠡᠵᠣ᠂ ᠪᠦᠬᠦ ᠬᠤᠰᠢᠭᠤᠨ ᠤ ᠬᠢᠨᠠᠨ ᠵᠦᠪᠰᠢᠶᠡᠷᠡᠬᠦ ᠣᠴᠢᠷ ᠶᠠᠪᠣᠳᠠᠯ ᠢ ᠲᠣᠭᠳᠠᠮᠠᠯ ᠪᠣᠰᠣ ᠴᠠᠭ ᠢᠶᠠᠷ ᠴᠡᠭᠴᠡᠯᠡᠨ ᠲᠦᠷᠢᠮᠵᠢᠬᠦᠯᠵᠣ᠂ ᠭᠡᠷᠡᠭ ᠣᠴᠢᠷ ᠰᠢᠢᠳᠪᠦᠷᠢᠯᠡᠬᠦ ᠶᠠᠪᠣᠴᠠ ᠪᠠᠨ ᠬᠢᠯᠪᠠᠷᠴᠢᠯᠠᠵᠣ᠂ ᠵᠦᠪᠰᠢᠶᠡᠷᠡᠬᠦ ᠠᠷᠭ᠎ᠠ ᠭᠡᠯᠪᠡᠷᠢ ᠪᠠᠨ ᠦᠭᠡᠷᠡᠴᠢᠯᠡᠨ ᠰᠢᠨᠡᠴᠢᠯᠡᠵᠣ᠂ ᠵᠦᠪᠰᠢᠶᠡᠷᠡᠬᠦ ᠦᠷ᠎ᠡ ᠪᠦᠳᠦᠮᠵᠢ ᠪᠠᠨ ᠲᠡᠭᠡᠭᠰᠢᠯᠡᠬᠦᠯᠦᠨ᠎ᠡ᠃ ᠬᠦᠢᠴᠡᠳᠭᠡᠨ ᠭᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠵᠣ᠂ ᠭᠤᠣᠯ ᠪᠣᠯᠬᠤ ᠠᠵᠢᠯ᠂ ᠬᠠᠷᠠᠯᠳᠠ ᠡᠬᠦᠷᠭᠡ ᠪᠠ ᠴᠢᠬᠤᠯᠠ ᠭᠡᠷᠡᠭ ᠣᠴᠢᠷ ᠲᠤ ᠡᠬᠦᠷᠭᠡ ᠬᠠᠷᠢᠭᠤᠴᠠᠯᠭ᠎ᠠ ᠶᠢ ᠨᠢ ᠲᠣᠳᠣᠷᠠᠭᠤᠯᠵᠣ᠂ ᠠᠯᠬᠤᠮ ᠠᠬᠢᠴᠠ ᠶᠢᠨ ᠱᠠᠭᠠᠷᠳᠠᠯᠭ᠎ᠠ ᠶᠢ ᠨᠢ ᠨᠠᠷᠢᠰᠬᠠᠨ ᠦᠷ᠎ᠡ ᠪᠦᠳᠦᠮᠵᠢ ᠶᠢ ᠨᠡᠭᠡᠮᠵᠢᠯᠡᠨ ᠠᠰᠠᠭᠤᠬᠤ ᠶᠢ ᠪᠠᠷᠢᠮᠳᠠᠯᠠᠨ ᠠᠵᠢᠯ ᠤᠨ ᠨᠡᠶᠢᠳᠠᠪᠣᠷᠢᠵᠢᠭᠤᠯᠣᠯᠳᠠ ᠶᠢ ᠪᠠᠳᠣᠯᠠᠵᠣ᠂ ᠵᠠᠰᠠᠭ ᠤᠨ ᠣᠷᠳᠣᠨ ᠤ ᠠᠵᠢᠯ  ᠤᠨ ᠬᠤᠷᠳᠣᠨ ᠠᠬᠢᠴᠠ ᠪᠠᠷ ᠦᠨᠳᠦᠷ ᠪᠦᠳᠦᠮᠵᠢ ᠪᠠᠷ ᠶᠠᠪᠣᠭᠳᠠᠬᠤ ᠶᠢ ᠠᠬᠢᠭᠤᠯᠣᠨ᠎ᠠ᠃         ᠠᠷᠢᠭᠤᠨ ᠴᠢᠭᠡᠴᠢ ᠵᠠᠰᠠᠭ ᠢ ᠪᠠᠶᠢᠭᠤᠯᠣᠨ᠎ᠠ᠃   ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠣᠯᠲᠠ  ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠎ᠠ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠭᠡᠷᠡᠭᠵᠢᠬᠦᠯᠵᠣ  ᠂ ︽ᠴᠢᠭᠡᠴᠢ ᠪᠠᠶᠢᠵᠣ ᠦᠪᠡᠷ ᠢ ᠪᠠᠨ ᠱᠠᠭᠠᠷᠳᠠᠬᠤ ᠪᠠᠷᠢᠮᠵᠢᠶ᠎ᠠ︾ ᠪᠣᠯᠣᠨ ︽ᠨᠠᠮ ᠤᠨ ᠰᠠᠬᠢᠯᠭ᠎ᠠ ᠶᠢᠨ ᠰᠢᠳᠭᠡᠬᠦ ᠲᠦᠷᠢᠮ︾ ᠤᠨ ᠰᠣᠷᠣᠯᠴᠠᠨ ᠲᠣᠣᠱᠯᠠᠭᠤᠯᠬᠤ ᠶᠢ ᠨᠢᠮᠪᠠᠢ ᠪᠡᠶᠡᠯᠡᠬᠦᠯᠵᠣ᠂ ᠨᠠᠮ ᠤᠨ ᠲᠦᠪ ᠬᠤᠷᠢᠶᠠᠨ ᠤ ᠨᠠᠢᠮᠠᠨ ᠲᠣᠭᠳᠠᠭᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ︽ᠲᠦᠷᠪᠡᠨ ᠰᠣᠷᠳᠠᠯ︾ ᠢ ᠴᠡᠭᠴᠡᠯᠡᠨ ᠵᠠᠰᠠᠬᠤ ᠶᠢ ᠣᠭᠳᠣ ᠰᠣᠯᠠᠷᠠᠭᠤᠯᠬᠤ ᠦᠭᠡᠢ᠃ ︽ ᠭᠤᠷᠪᠠᠨ ᠴᠢᠬᠤᠯᠠ ᠨᠢᠭᠡ ᠶᠡᠭᠡ︾ ᠶᠢᠨ ᠲᠦᠷᠢᠮ ᠢᠶᠠᠷ ᠭᠤᠣᠯ ᠪᠣᠯᠭᠠᠭᠰᠠᠨ ᠴᠢᠭᠡᠴᠢ ᠵᠠᠰᠠᠭᠯᠠᠬᠤ ᠵᠣᠬᠢᠴᠠᠮᠵᠢ ᠶᠢ ᠪᠠᠶᠢᠭᠤᠯᠣᠨ ᠡᠷᠭᠡ ᠶᠢᠨ ᠭᠡᠷᠡᠭᠯᠡᠬᠡᠨ ᠤ ᠬᠢᠨᠠᠯᠳᠠ ᠬᠢᠵᠠᠭᠠᠷᠯᠠᠯ ᠢ ᠴᠢᠩᠭᠠᠳᠬᠠᠨ᠎ᠠ᠃ ᠴᠢᠭᠡᠴᠢ ᠪᠠᠷ ᠵᠠᠰᠠᠭᠯᠠᠬᠤ ᠶᠢᠨ ᠪᠠᠶᠢᠴᠠᠭᠠᠯᠳᠠ ᠪᠠ   ᠬᠢᠨᠠᠨ ᠪᠣᠳᠣᠵᠣ ᠬᠢᠨᠠᠯᠲᠠ ᠲᠠᠯᠪᠢᠬᠤ ᠶᠢ ᠴᠢᠩᠭᠠᠳᠬᠠᠵᠣ ︽ᠵᠠᠯᠠᠶᠢᠳ ᠬᠤᠰᠢᠭᠤᠨ ᠤ ᠬᠠᠣᠯᠢ  ᠶᠢ ᠭᠡᠷᠡᠭᠵᠢᠬᠦᠯᠬᠦ ᠪᠠ ᠬᠢᠨᠠᠬᠤ ᠪᠠᠶᠢᠭᠤᠯᠣᠮᠵᠢ᠂ ᠦᠢᠯᠡᠴᠢᠯᠡᠭᠡᠨ ᠤ ᠴᠣᠩᠬᠤ᠂ ᠦᠢᠯᠡᠴᠢᠯᠡᠭᠡᠨ ᠤ ᠰᠠᠯᠠᠭ᠎ᠠ ᠮᠦᠴᠢᠷ᠂ ᠵᠢᠴᠢ ᠠᠵᠢᠯᠳᠠᠳ ᠤᠨ ᠬᠢᠨᠠᠨ ᠬᠠᠮᠢᠶᠠᠷᠣᠯᠳᠠ ᠪᠠ ᠬᠠᠷᠢᠭᠤᠴᠯᠠᠭ᠎ᠠ ᠨᠡᠭᠡᠮᠵᠢᠯᠠᠬᠦ ᠠᠷᠭ᠎ᠠ ᠲᠦᠰᠦᠯ︾ ᠢ ᠠᠭᠠᠵᠢᠮ  ᠢᠶᠠᠷ ᠪᠠᠳᠣᠯᠠᠨ ᠭᠡᠷᠡᠭᠵᠢᠬᠦᠯᠦᠨ᠎ᠡ᠃ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯᠲᠠᠳ ᠤᠨ ᠬᠢᠨᠠᠨ ᠬᠠᠮᠢᠶᠠᠷᠣᠯᠲᠠ ᠶᠢ ᠴᠢᠩᠭᠠᠳᠬᠠᠵᠣ᠂ ᠦᠢᠯᠡᠴᠢᠯᠡᠬᠦ ᠬᠢᠷᠢ ᠲᠦᠪᠰᠢᠨ ᠪᠠ ᠦᠷ᠎ᠡ ᠪᠦᠳᠦᠮᠵᠢ ᠶᠢ ᠲᠠᠰᠣᠷᠠᠯ ᠦᠭᠡᠢ ᠲᠡᠭᠡᠭᠰᠢᠯᠡᠬᠦᠯᠦᠨ᠎ᠡ᠃ ᠲᠠᠷᠢᠶᠠᠯᠠᠩ ᠢ ᠬᠠᠷᠠᠭᠠᠯᠵᠠᠬᠤ᠂ ᠮᠠᠯᠵᠢᠯ ᠢ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠪᠠᠶᠢᠴᠠᠭᠠᠯᠳᠠ ᠪᠠ ᠬᠦᠳᠡᠭᠡ ᠲᠣᠰᠬᠤᠨ ᠬᠠᠮᠳᠣ ᠨᠡᠶᠢᠳᠡ ᠶᠢᠨ ︽ᠭᠤᠷᠪᠠᠨ ᠬᠦᠷᠦᠩᠭᠡ ᠨᠢᠭᠡ ᠲᠠᠮᠠᠭ᠎ᠠ︾ ᠶᠢᠨ ᠬᠠᠮᠢᠶᠠᠷᠣᠯᠳᠠ ᠶᠢ ᠴᠢᠩᠭᠠᠳᠬᠠᠨ᠎ᠠ᠃ ᠠᠷᠠᠳ ᠤᠨ ᠠᠰᠢᠭ ᠲᠣᠰᠠ ᠶᠢ ᠬᠤᠬᠢᠷᠠᠭᠤᠯᠣᠭᠰᠠᠨ ᠲᠦᠪ ᠪᠣᠰᠣ ᠰᠣᠷᠳᠠᠯ ᠪᠣᠶᠣ ᠢᠯᠵᠠᠷᠠᠯ ᠤᠨ ᠠᠰᠠᠭᠤᠳᠠᠯ ᠢ ᠲᠦᠪ ᠴᠢᠩᠭ᠎ᠠ ᠪᠠᠷ ᠪᠠᠶᠢᠴᠠᠭᠠᠨ ᠭᠠᠷᠭᠠᠵᠣ ᠵᠠᠰᠠᠨ ᠴᠡᠭᠴᠡᠯᠡᠨ᠎ᠡ᠃         ᠲᠦᠯᠦᠭᠡᠯᠡᠭᠴᠢᠳ ᠡ︕ ᠪᠣᠳᠠᠳᠠᠢ ᠠᠵᠢᠯᠯᠠᠭ᠎ᠠ ᠨᠢ ᠬᠦᠰᠡᠯ ᠮᠦᠷᠦᠭᠡᠳᠦᠯ ᠢ ᠪᠡᠶᠡᠯᠡᠬᠦᠯᠵᠣ᠂ ᠰᠢᠷᠭᠠᠭᠤ ᠲᠡᠮᠡᠴᠡᠯ ᠨᠢ ᠰᠢᠯᠢᠳᠡᠭ ᠠᠮᠵᠢᠯᠳᠠ ᠶᠢ ᠴᠣᠭᠴᠠᠯᠠᠨ᠎ᠠ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠪᠠᠳᠣ ᠣᠳᠣᠷᠢᠳᠣᠯᠭ᠎ᠠ ᠲᠣᠣᠷ᠎ᠠ᠂ ᠠᠷᠠᠳ ᠤᠨ ᠶᠡᠭᠡ ᠬᠤᠷᠠᠯ ᠪᠠ ᠣᠯᠣᠰ ᠲᠦᠷᠦ ᠶᠢᠨ ᠵᠦᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ ᠠᠷᠠᠳ ᠲᠦᠮᠡᠨ ᠳᠤ ᠨᠢᠬᠳᠠ ᠲᠦᠰᠢᠭᠯᠡᠵᠣ᠂ ᠨᠡᠩ ᠢᠯᠡᠬᠦᠦ ᠪᠠᠳᠣ ᠢᠳᠡᠭᠡᠯ ᠢᠶᠠᠷ᠂ ᠣᠯᠠᠮ ᠢᠯᠡᠬᠦᠦ ᠪᠣᠳᠠᠳᠠᠢ ᠶᠢ ᠡᠷᠬᠢᠮᠯᠠᠬᠦ ᠠᠵᠢᠯ ᠤᠨ ᠰᠣᠷᠳᠠᠯ ᠢᠶᠠᠷ᠂ ᠪᠢᠯᠬᠠᠮ᠎ᠠ ᠬᠠᠯᠠᠭᠤᠨ ᠰᠡᠳᠬᠢᠯ ᠢᠶᠠᠷ ᠰᠢᠷᠭᠠᠭᠤ ᠲᠡᠮᠡᠴᠡᠨ ᠠᠮᠵᠢᠯᠳᠠᠳᠠᠢ ᠣᠷᠣᠭᠰᠢᠯᠠᠵᠣ᠂ ᠢᠳᠡᠪᠬᠢᠳᠡᠢ ᠪᠠᠷ ᠦᠢᠯᠡᠰ ᠪᠦᠳᠦᠭᠡᠵᠣ᠂ ᠪᠦᠬᠦ ᠬᠤᠰᠢᠭᠤᠨ ᠤ ᠠᠵᠣ ᠠᠬᠤᠢ ᠶᠢᠨ ᠲᠦᠷᠭᠡᠨ ᠬᠦᠭᠵᠢᠯᠳᠡ ᠶᠢ ᠲᠦᠯᠬᠢᠨ ᠠᠭᠢᠭᠤᠯᠬᠤ ᠪᠠ ᠭᠠᠷ ᠢᠶᠠᠨ ᠬᠤᠯᠪᠣᠨ ᠭᠠᠪᠰᠢᠭᠠᠶᠢᠯᠠᠵᠣ ᠵᠠᠯᠠᠶᠢᠳ ᠤᠨ ᠰᠠᠷᠠᠭᠤᠯ ᠢᠷᠡᠭᠡᠳᠣᠢ ᠶᠢ   ᠵᠢᠷᠤᠭᠯᠠᠬᠤ ᠪᠠᠷ ᠴᠢᠷᠮᠠᠶᠢᠨ ᠲᠡᠮᠡᠴᠡᠵᠡᠬᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号