︽ᠬᠦᠳᠡᠯᠮᠤᠷᠢ ᠶᠢᠨ ᠮᠠᠷᠭᠤᠭᠠᠨ ᠢ ᠡᠶᠡᠳᠡᠬᠦᠯᠬᠦ ᠪᠠ ᠬᠦᠨᠳᠡᠯᠡᠨ ᠠᠴᠠ ᠳᠠᠰᠤᠯᠬᠤ ᠬᠠᠤᠯᠢ︾ ᠶᠢᠨ ᠰᠢᠨ᠎ᠡ ᠳᠤᠭᠳᠠᠭᠠᠯ ᠤᠳ
ᠨᠡᠶᠢᠲᠡᠯᠡᠭᠰᠡᠨ ᠴᠠᠭ᠄
2018-07-02
              ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠳᠠᠰᠤᠯᠬᠤ ᠳᠤ ᠰᠦᠢᠳᠬᠡᠯ ᠬᠤᠷᠢᠶᠠᠬᠤ ᠦᠬᠡᠢ     ︽  ᠬᠦᠳᠡᠯᠮᠥᠷᠢ ᠶᠢᠨ ᠮᠠᠷᠭᠤᠭᠠᠨ ᠢ ᠡᠶᠡᠳᠡᠭᠦᠯᠬᠦ ᠪᠠ ᠬᠦᠨᠳᠡᠯᠡᠨ ᠠᠴᠠ ᠲᠠᠰᠤᠯᠬᠤ ᠬᠠᠤᠯᠢ︾ ᠶᠢᠨ 53 ᠳ᠋ᠤᠭᠠᠷ ᠵᠦᠢᠯ   ᠳᠤ   ︽ᠬᠦᠳᠡᠯᠮᠦᠷᠢ ᠶᠢᠨ ᠮᠠᠷᠭᠤᠭᠠᠨ ᠢ ᠬᠦᠨᠳᠠᠯᠠᠨ ᠠᠴᠠ ᠳᠠᠰᠤᠯᠬᠤ ᠳᠤ ᠰᠦᠢᠳᠬᠡᠯ ᠬᠤᠷᠢᠶᠠᠬᠤ ᠦᠬᠡᠢ᠃ ᠬᠦᠳᠡᠯᠮᠦᠷᠢ   ᠶᠢᠨ ᠮᠠᠷᠭᠤᠭᠠᠨ ᠢ ᠬᠦᠨᠳᠡᠯᠡᠨ ᠠᠴᠠ ᠳᠠᠰᠤᠯᠬᠤ ᠺᠤᠮᠢᠰ ᠤᠨ ᠵᠡᠷᠤᠳᠠᠯ ᠢ ᠡᠳ᠋ ᠤᠨ ᠵᠠᠰᠠᠭ  ᠠᠴᠠ ᠪᠠᠳᠤᠯᠠᠨ᠎ᠠ︾ ᠬᠡᠵᠤ   ᠳᠤᠭᠳᠠᠭᠠᠵᠡᠢ᠃ ᠳᠤᠰ ᠵᠦᠢᠯ ᠤᠨ ᠳᠤᠭᠳᠠᠭᠠᠯ ᠨᠢ ᠳᠤᠬᠠᠢ ᠶᠢᠨ ᠬᠦᠮᠦᠨ ᠤ ᠬᠦᠨᠳᠡᠯᠡᠨ ᠠᠴᠠ ᠳᠠᠰᠤᠯᠤᠭᠤᠯᠬᠤ   ᠭᠤᠶᠤᠴᠢᠯᠠᠯ ᠤᠨ ᠠᠵᠤ ᠠᠬᠤᠢ ᠶᠢᠨ ᠳᠠᠷᠤᠭᠠᠰᠤ ᠶᠢ ᠰᠢᠭᠤᠳ ᠬᠦᠩᠬᠡᠯᠡᠵᠤ ᠦᠭᠴᠡᠢ᠃ ᠬᠠᠤᠯᠢ ᠳᠤᠭᠳᠠᠭᠠᠯᠳᠠ ᠨᠢ   ᠳᠤᠬᠠᠢ ᠶᠢᠨ ᠬᠦᠮᠦᠨ᠂ ᠤᠨᠴᠠᠭᠠᠢᠢᠯᠠᠨ ᠬᠦᠳᠡᠯᠮᠦᠷᠢᠴᠢᠨ ᠤ ᠢᠳᠡᠪᠬᠢᠳᠡᠢ  ᠪᠠᠷ ᠰᠠᠨᠠᠭᠠᠴᠢᠯᠠᠭ᠎ᠠ ᠲᠠᠢ ᠪᠠᠷ ᠡᠷᠬᠡ ᠪᠠᠨ   ᠬᠠᠮᠠᠭᠠᠯᠠᠬᠤ ᠶᠢ ᠳᠠᠮ ᠢᠶᠠᠷ ᠵᠤᠷᠢᠬᠵᠢᠭᠤᠯᠵᠤ᠂ ᠬᠠᠤᠯᠢ ᠪᠤᠰᠤ ᠪᠠᠷ ᠬᠦᠮᠦᠨ ᠬᠡᠷᠡᠭᠯᠡᠭᠰᠡᠨ ᠬᠦᠮᠦᠨ ᠬᠡᠷᠡᠭᠯᠡᠬᠦ ᠨᠢᠬᠡᠴᠡ ᠳᠤ   ᠳᠠᠷᠤᠯᠳᠡ ᠦᠭᠴᠤ᠂ ᠳᠡᠳᠡᠨ ᠤ ᠤᠬᠠᠮᠰᠠᠷ ᠠᠴᠠ ᠪᠠᠨ ᠬᠠᠤᠯᠢ ᠴᠠᠭᠠᠵᠠ ᠶᠢ ᠵᠢᠷᠤᠮᠯᠠᠨ ᠰᠠᠬᠢᠬᠤ ᠶᠢ ᠰᠢᠪᠡᠳᠠᠨ   ᠱᠠᠭᠠᠷᠳᠠᠭᠰᠠᠨ ᠪᠠᠶᠢᠨ᠎ᠠ᠃ ᠨᠦᠬᠦᠬᠡ ᠳᠠᠯ᠎ᠠ ᠪᠠᠷ᠂ ᠬᠠᠤᠯᠢ ᠬᠡᠷᠡᠭᠵᠢᠬᠦᠯᠬᠦ ᠵᠠᠷᠤᠳᠠᠯ ᠢ ᠪᠠᠭᠠᠰᠬᠠᠬᠤ ᠦᠢᠯᠠᠳᠤᠯ ᠲᠠᠢ ᠪᠠᠷ   ᠪᠡᠷᠡᠬᠤ ᠦᠬᠡᠢ᠂ ᠬᠠᠤᠯᠢ ᠳᠤᠭᠳᠠᠭᠠᠯᠳᠠ ᠶᠢᠨ ᠤᠳᠤᠷᠢᠳᠬᠤ ᠦᠢᠯᠠᠳᠤᠯ ᠤᠨ ᠴᠢᠬᠤᠯᠠ ᠢᠯᠠᠷᠠᠯ ᠪᠤᠯᠵᠤ ᠪᠤᠢ᠃         ᠬᠦᠳᠡᠯᠮᠦᠷᠢ ᠶᠢᠨ ᠮᠠᠷᠭᠤᠭᠠᠨ ᠢ ᠡᠶᠡᠳᠡᠬᠦᠯᠬᠦ ᠵᠤᠬᠢᠶᠠᠨ ᠪᠠᠶᠢᠭᠤᠯᠤᠯᠳᠠ ᠤᠯᠠᠮ ᠤᠯᠠᠨ ᠪᠤᠯᠪᠡ         ︽ᠬᠥᠳᠡᠯᠮᠥᠷᠢ ᠶᠢᠨ ᠮᠠᠷᠭᠤᠭᠠᠨ ᠢ ᠡᠶᠡᠳᠡᠭᠦᠯᠬᠦ ᠪᠠ ᠬᠦᠨᠳᠡᠯᠡᠨ ᠠᠴᠠ ᠲᠠᠰᠤᠯᠬᠤ ᠬᠠᠤᠯᠢ︾ ᠶᠢᠨ 10 ᠳ᠋ᠤᠭᠠᠷ   ᠵᠦᠢᠯ ᠳᠤ ︽ᠬᠦᠳᠡᠯᠮᠥᠷᠢ ᠶᠢᠨ ᠮᠠᠷᠭᠤᠭᠠᠨ ᠡᠭᠦᠰᠪᠡᠯ᠂ ᠲᠤᠬᠠᠢ ᠶᠢᠨ ᠬᠥᠮᠥᠨ ᠲᠤᠤᠷ᠎ᠠ ᠵᠢᠭᠰᠠᠭᠠᠭᠰᠠᠨ ᠡᠶᠡᠳᠡᠭᠦᠯᠬᠦ   ᠵᠤᠬᠢᠶᠠᠨ ᠪᠠᠶᠢᠭᠤᠯᠤᠯᠳᠠ ᠳᠤ ᠡᠶᠡᠳᠡᠭᠦᠯᠬᠦ ᠪᠠᠷ ᠭᠤᠶᠤᠴᠢᠯᠠᠵᠤ ᠪᠤᠯᠤᠨ᠎ᠠ᠄ ︵ᠨᠢᠭᠡ︶ ᠠᠵᠤ ᠠᠬᠤᠢ  ᠶᠢᠨ ᠬᠦᠳᠡᠯᠮᠥᠷᠢ   ᠶᠢᠨ   ᠮᠠᠷᠭᠤᠭᠠᠨ ᠢ ᠡᠶᠡᠳᠡᠭᠦᠯᠬᠦ ᠺᠤᠮᠢᠰ︔ ︵ᠬᠤᠶᠡᠷ︶ ᠬᠠᠤᠯᠢ ᠶᠤᠰᠤᠭᠠᠷ ᠪᠠᠶᠢᠭᠤᠯᠤᠭᠰᠠᠨ ᠦᠨᠳᠤᠰᠤᠨ ᠱᠠᠳᠤᠨ ᠤ   ᠠᠷᠠᠳ ᠤᠨ   ᠡᠶᠡᠳᠡᠬᠦᠯᠬᠦ ᠺᠤᠮᠢᠰ︔ ︵ᠭᠤᠷᠪᠠ︶ ᠰᠢᠶᠠᠩ ᠪᠠᠯᠭᠠᠠᠰᠤ᠂ ᠵᠡᠭᠡᠯᠢ ᠭᠤᠳᠤᠮᠵᠢ ᠳᠤ ᠪᠠᠶᠢᠭᠤᠯᠤᠭᠰᠠᠨ   ᠬᠦᠳᠡᠯᠮᠥᠷᠢ ᠶᠢᠨ   ᠮᠠᠷᠭᠤᠭᠠᠨ ᠢ ᠡᠶᠡᠳᠡᠭᠦᠯᠬᠦ ᠡᠭᠦᠷᠭᠡ ᠴᠢᠳᠡᠪᠬᠢ ᠲᠠᠢ ᠵᠤᠬᠢᠶᠠᠨ ᠪᠠᠶᠢᠭᠤᠯᠤᠯᠳᠠ᠃ ᠠᠵᠤ ᠠᠬᠤᠢ ᠶᠢᠨ   ᠬᠦᠳᠡᠯᠮᠥᠷᠢ ᠶᠢᠨ   ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠳᠠᠨ ᠠᠵᠢᠯᠴᠢᠨ ᠤ ᠲᠥᠯᠥᠭᠡᠯᠡᠭᠴᠢ ᠪᠠ ᠠᠵᠤ ᠠᠬᠤᠢ   ᠶᠢᠨ ᠲᠥᠯᠥᠭᠡᠯᠡᠭᠴᠢ ᠪᠠᠷ   ᠪᠥᠷᠢᠯᠳᠥᠨ᠎ᠡ᠃ ᠠᠵᠢᠯᠳᠠᠨ ᠠᠵᠢᠯᠴᠢᠨ ᠤ ᠲᠥᠯᠥᠭᠡᠯᠡᠭᠴᠢ ᠶᠢᠨ ᠠᠵᠢᠯᠴᠢᠨ ᠤ ᠡᠪᠯᠡᠯ ᠤᠨ   ᠭᠡᠰᠢᠭᠦᠨ ᠡᠭᠦᠷᠭᠡᠯᠡᠬᠦ ᠪᠤᠶᠤ   ᠪᠥᠬᠦ ᠠᠵᠢᠯᠳᠠᠨ ᠠᠵᠢᠯᠴᠢᠨ ᠰᠤᠩᠭᠤᠵᠤ ᠭᠠᠷᠭᠠᠨ᠎ᠠ᠂ ᠠᠵᠤ ᠠᠬᠤᠢ ᠶᠢᠨ ᠲᠥᠯᠥᠭᠡᠯᠡᠭᠴᠢ   ᠶᠢ ᠠᠵᠤ ᠠᠬᠤᠢ ᠶᠢᠨ   ᠬᠠᠷᠢᠭᠤᠴᠠᠯᠭᠠᠳᠠᠨ ᠲᠤᠭᠳᠠᠭᠠᠨ᠎ᠠ᠃ ᠠᠵᠤ ᠠᠬᠤᠢᠢᠯᠠᠯ ᠤᠨ ᠬᠦᠳᠡᠯᠮᠥᠷᠢ ᠶᠢᠨ ᠮᠠᠷᠭᠤᠭᠠᠨ ᠢ   ᠡᠶᠡᠳᠡᠭᠦᠯᠬᠦ ᠺᠤᠮᠢᠰ ᠤᠨ   ᠡᠷᠬᠢᠯᠡᠭᠴᠢ ᠶᠢᠨ ᠲᠤᠰᠢᠶᠠᠯ ᠢ ᠠᠵᠢᠯᠴᠢᠨ ᠤ ᠡᠪᠯᠡᠯ ᠤᠨ ᠭᠡᠰᠢᠭᠦᠨ ᠪᠤᠶᠤ ᠬᠤᠶᠠᠷ ᠲᠠᠯ᠎ᠠ ᠶᠢᠨ   ᠰᠤᠩᠭᠤᠨ ᠭᠠᠷᠭᠠᠭᠰᠠᠨ   ᠬᠦᠮᠥᠨ ᠡᠭᠦᠷᠭᠡᠯᠡᠨ᠎ᠡ︾ ᠭᠡᠵᠤ ᠲᠤᠭᠳᠠᠭᠠᠵᠠᠢ᠃ ︽ᠬᠦᠳᠡᠯᠮᠥᠷᠢ ᠶᠢᠨ ᠬᠠᠤᠯᠢ︾ ᠪᠠ ︽ ᠠᠵᠤ   ᠠᠬᠤᠢᠢᠯᠠᠯ ᠤᠨ   ᠬᠦᠳᠡᠯᠮᠥᠷᠢ ᠶᠢᠨ ᠮᠠᠷᠭᠤᠭᠠᠨ ᠢ ᠰᠢᠢᠳᠪᠥᠷᠢᠯᠡᠬᠦ ᠲᠥᠷᠢᠮ︾ ᠵᠡᠷᠭᠡ ᠬᠠᠤᠯᠢ ᠴᠠᠭᠠᠵᠠ ᠬᠠᠤᠯᠢ   ᠲᠤᠭᠳᠠᠭᠠᠯ ᠤᠳ ᠲᠤ᠂   ᠬᠦᠳᠡᠯᠮᠥᠷᠢ ᠶᠢᠨ ᠮᠠᠷᠭᠤᠭᠠᠨ ᠡᠭᠦᠰᠪᠡᠯ᠂ ᠲᠤᠰ ᠠᠵᠤ ᠠᠬᠤᠢ ᠶᠢᠨ ᠬᠦᠳᠡᠯᠮᠥᠷᠢ  ᠶᠢᠨ   ᠮᠠᠷᠭᠤᠭᠠᠨ ᠢ ᠡᠶᠡᠳᠡᠭᠦᠯᠬᠦ ᠺᠤᠮᠢᠰ   ᠲᠤ ᠡᠶᠡᠳᠡᠭᠦᠯᠬᠦ ᠪᠠᠷ ᠭᠤᠶᠤᠴᠢᠯᠠᠵᠤ ᠪᠤᠯᠤᠨ᠎ᠠ ᠭᠡᠵᠤ ᠲᠤᠭᠳᠠᠭᠠᠭᠰᠠᠨ ᠪᠠᠶᠢᠳᠠᠭ᠃   ᠬᠠᠤᠯᠢ ᠶᠤᠰᠤᠭᠠᠷ ᠪᠠᠶᠢᠭᠤᠯᠤᠭᠰᠠᠨ   ᠥᠨᠳᠥᠰᠥᠨ ᠱᠠᠳᠤᠨ ᠤ ᠠᠷᠠᠳ ᠤᠨ ᠡᠶᠡᠳᠡᠭᠦᠯᠬᠦ ᠺᠤᠮᠢᠰ ᠪᠤᠯᠤᠨ ᠰᠢᠶᠠᠩ ᠪᠠᠯᠭᠠᠰᠤ  ᠂ ᠵᠠᠭᠡᠯᠢ ᠭᠤᠳᠤᠮᠵᠢ ᠳᠤ   ᠪᠠᠶᠢᠭᠤᠯᠤᠭᠰᠠᠨ ᠬᠦᠳᠡᠯᠮᠥᠷᠢ ᠶᠢᠨ ᠮᠠᠷᠭᠤᠭᠠᠨ ᠢ ᠡᠶᠡᠳᠡᠭᠦᠯᠬᠦ ᠡᠭᠦᠷᠭᠡ ᠴᠢᠳᠡᠪᠬᠢ ᠲᠠᠢ   ᠵᠤᠬᠢᠶᠠᠨ ᠪᠠᠶᠢᠭᠤᠯᠤᠯᠳᠠ ᠨᠢ   ᠬᠦᠳᠡᠯᠮᠥᠷᠢ ᠶᠢᠨ ᠮᠠᠷᠭᠤᠭᠠᠨ ᠢ ᠡᠶᠡᠳᠡᠭᠦᠯᠵᠤ ᠪᠤᠯᠤᠨ᠎ᠠ ᠭᠡᠵᠤ ᠲᠤᠭᠳᠠᠭᠠᠭᠰᠠᠨ ᠨᠢ   ᠬᠦᠳᠡᠯᠮᠥᠷᠢ ᠶᠢᠨ ᠮᠠᠷᠭᠤᠭᠠᠨ ᠢ   ᠥᠨᠳᠥᠰᠥᠨ ᠱᠠᠳᠤᠨ ᠳᠤ ᠵᠠᠷᠭᠤ ᠶᠢᠨ ᠪᠤᠰᠤ ᠠᠷᠭ᠎ᠠ ᠵᠠᠮ  ᠢᠶᠠᠷ ᠰᠢᠢᠳᠪᠥᠷᠢᠯᠡᠵᠤ᠂   ᠬᠦᠳᠡᠯᠮᠥᠷᠢ ᠶᠢᠨ ᠮᠠᠷᠭᠤᠭᠠᠨ ᠢ ᠴᠠᠭ   ᠲᠤᠬᠠᠢ ᠳᠤᠨᠢ ᠰᠢᠢᠳᠪᠥᠷᠢᠯᠡᠬᠦ ᠳᠤ ᠥᠷᠭᠡᠨ ᠪᠤᠯᠤᠮᠵᠢ ᠶᠢ ᠣᠯᠭᠤᠵᠤ ᠥᠭᠭᠦᠭᠰᠡᠨ   ᠪᠠᠶᠢᠨ᠎ᠠ᠃ ᠨᠥᠭᠦᠭᠡ ᠲᠠᠯ᠎ᠠ ᠪᠠᠷ᠂   ᠬᠦᠳᠡᠯᠮᠥᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠪᠠ   ᠠᠷᠠᠳ ᠤᠨ ᠰᠢᠭᠦᠬᠦ ᠬᠤᠷᠢᠶᠠᠨ ᠤ ᠠᠵᠢᠯ ᠤᠨ   ᠲᠠᠷᠤᠭᠠᠰᠤ ᠶᠢ ᠵᠤᠬᠢᠬᠤ ᠬᠡᠮᠵᠢᠶᠡᠨ ᠳᠤ ᠪᠠᠭᠠᠰᠬᠠᠵᠤ ᠥᠭᠭᠦᠭᠰᠡᠨ   ᠪᠠᠶᠢᠨ᠎ᠠ᠃       ᠠᠵᠢᠯᠴᠢᠨ ᠤ ᠡᠪᠯᠡᠯ ᠤᠨ ᠬᠦᠳᠡᠯᠮᠥᠷᠢᠴᠢᠳ ᠤᠨ ᠡᠷᠬᠡ ᠶᠢ ᠬᠠᠮᠠᠭᠠᠯᠠᠬᠤ ᠣᠢᠢᠯᠡᠳᠤᠯ ᠢ ᠣᠯᠠᠮ ᠨᠢᠭᠡ ᠠᠯᠬᠤᠮ   ᠴᠢᠩᠭᠠᠳᠬᠠᠭᠰᠠᠨ ᠪᠠᠶᠢᠨ᠎ᠠ       ︽ᠬᠦᠳᠡᠯᠮᠥᠷᠢ ᠶᠢᠨ ᠮᠠᠷᠭᠤᠭᠠᠨ ᠢ ᠡᠶᠡᠳᠡᠭᠦᠯᠬᠦ ᠪᠠ ᠬᠦᠨᠳᠡᠯᠡᠨ ᠠᠴᠠ ᠲᠠᠰᠤᠯᠬᠤ ᠬᠠᠤᠯᠢ  ︾ ᠶᠢᠨ 4 ᠳ᠋ᠤᠭᠡᠷ ᠵᠦᠢᠯ   ᠳᠤ ︽ᠬᠦᠳᠡᠯᠮᠥᠷᠢ ᠶᠢᠨ ᠮᠠᠷᠭᠤᠭᠠᠨ ᠡᠭᠦᠰᠪᠠᠯ᠂ ᠬᠦᠳᠡᠯᠮᠥᠷᠢᠴᠢᠨ ᠬᠦᠮᠥᠨ ᠬᠡᠷᠡᠭᠯᠡᠬᠦ   ᠨᠢᠭᠡᠴᠨ ᠲᠠᠢ ᠵᠥᠪᠳᠡᠯᠴᠡᠵᠤ   ᠪᠤᠯᠤᠨ᠎ᠠ᠂ ᠪᠠᠰᠠ ᠠᠵᠢᠯᠴᠢᠨ ᠤ ᠡᠪᠯᠡᠯ ᠪᠤᠶᠤ ᠭᠤᠷᠪᠠᠳᠤᠭᠠᠷ ᠲᠠᠯ᠎ᠠ ᠶᠢ ᠣᠷᠢᠵᠤ ᠬᠠᠮᠳᠤ   ᠪᠠᠷ ᠬᠦᠮᠥᠨ ᠬᠡᠷᠡᠭᠯᠡᠬᠦ ᠨᠢᠭᠡᠴᠨ   ᠲᠠᠢ ᠵᠥᠪᠳᠡᠯᠴᠡᠵᠤ᠂ ᠡᠪᠰᠡᠬᠦ ᠬᠡᠯᠡᠯᠴᠡᠭᠡᠷ ᠲᠤᠭᠳᠠᠭᠰᠠᠨ ᠴᠤ ᠪᠤᠯᠤᠨ᠎ᠠ︾ ᠭᠡᠵᠤ   ᠲᠤᠭᠳᠠᠭᠠᠵᠤ᠂ 8 ᠳ᠋ᠤᠭᠠᠷ ᠵᠦᠢᠯ ᠳᠤ ︽  ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ   ᠬᠦᠳᠡᠯᠮᠥᠷᠢ ᠶᠢᠨ ᠵᠠᠰᠠᠭ ᠵᠠᠬᠢᠷᠭᠠᠨ ᠤ ᠰᠠᠯᠠᠭ᠎ᠠ   ᠮᠥᠴᠢᠷ ᠨᠢ ᠠᠵᠢᠯᠴᠢᠨ ᠤ ᠡᠪᠯᠡᠯ ᠪᠠ ᠠᠵᠤ ᠠᠬᠤᠢᠢᠯᠠᠯ ᠤᠨ ᠲᠠᠯ᠎ᠠ   ᠶᠢᠨ ᠲᠥᠯᠥᠭᠡᠯᠡᠭᠴᠢ ᠲᠠᠢ ᠬᠦᠳᠡᠯᠮᠥᠷᠢ ᠶᠢᠨ   ᠬᠠᠷᠢᠴᠠᠭ᠎ᠠ ᠶᠢ ᠵᠤᠬᠢᠴᠠᠭᠤᠯᠬᠤ ᠭᠤᠷᠪᠠᠨ ᠲᠠᠯ᠎ᠠ ᠶᠢᠨ ᠲᠤᠭᠳᠠᠴᠠ ᠶᠢ   ᠪᠠᠶᠢᠭᠤᠯᠵᠤ᠂ ᠬᠦᠳᠡᠯᠮᠥᠷᠢ ᠶᠢᠨ ᠮᠠᠷᠭᠤᠭᠠᠨ ᠤ   ᠴᠢᠬᠤᠯᠠ ᠶᠡᠭᠡ ᠠᠰᠠᠭᠤᠳᠠᠯ ᠢ ᠬᠠᠮᠳᠤ  ᠪᠠᠷ ᠰᠤᠳᠤᠯᠤᠨ   ᠰᠢᠢᠳᠪᠥᠷᠢᠯᠡᠨ᠎ᠡ︾ ᠭᠡᠵᠤ ᠲᠤᠭᠳᠠᠭᠠᠵᠠᠢ᠃ 10 ᠳ᠋ᠤᠭᠠᠷ   ᠵᠦᠢᠯ ᠳᠤ ᠪᠠᠰᠠ᠂ ᠠᠵᠤ ᠠᠬᠤᠢᠢᠯᠠᠯ ᠤᠨ ᠬᠦᠳᠡᠯᠮᠥᠷᠢ ᠶᠢᠨ   ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠳᠠᠨ   ᠠᠵᠢᠯᠴᠢᠨ ᠤ ᠲᠥᠯᠥᠭᠡᠯᠡᠭᠴᠢ ᠪᠠ ᠠᠵᠤ ᠠᠬᠤᠢ ᠶᠢᠨ ᠲᠥᠯᠥᠭᠡᠯᠡᠭᠴᠢ   ᠪᠠᠷ ᠪᠥᠷᠢᠯᠳᠥᠨ᠎ᠡ᠃ ᠠᠵᠢᠯᠳᠠᠨ ᠠᠵᠢᠯᠴᠢᠨ ᠤ   ᠲᠥᠯᠥᠭᠡᠯᠡᠭᠴᠢ ᠶᠢ ᠠᠵᠢᠯᠴᠢᠨ ᠤ ᠡᠪᠯᠡᠯ ᠤᠨ ᠭᠡᠰᠢᠭᠦᠨ ᠡᠭᠦᠷᠭᠡᠯᠡᠬᠦ   ᠪᠤᠶᠤ ᠪᠥᠬᠦ ᠠᠵᠢᠯᠳᠠᠨ ᠠᠵᠢᠯᠴᠢᠨ ᠰᠤᠩᠭᠤᠵᠤ   ᠭᠠᠷᠭᠠᠨ᠎ᠠ᠂ ᠠᠵᠤ ᠠᠬᠤᠢ ᠶᠢᠨ ᠬᠦᠳᠡᠯᠮᠥᠷᠢ ᠶᠢᠨ ᠮᠠᠷᠭᠤᠭᠠᠨ ᠢ   ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ ᠲᠤᠰᠢᠶᠠᠯ ᠢ   ᠠᠵᠢᠯᠴᠢᠨ ᠤ ᠡᠪᠯᠡᠯ ᠤᠨ ᠭᠡᠰᠢᠭᠦᠨ ᠪᠤᠶᠤ ᠬᠤᠶᠠᠷ ᠲᠠᠯ᠎ᠠ ᠶᠢᠨ   ᠰᠤᠩᠭᠤᠨ ᠭᠠᠷᠭᠠᠭᠰᠠᠨ ᠬᠦᠮᠥᠨ ᠡᠭᠦᠷᠭᠡᠯᠡᠨ᠎ᠠ ᠭᠡᠵᠤ   ᠲᠤᠭᠳᠠᠭᠠᠭᠰᠠᠨ ᠪᠠᠶᠢᠳᠠᠭ᠃ ᠠᠵᠢᠯᠴᠢᠨ ᠤ ᠡᠪᠯᠡᠯ ᠤᠨ ᠭᠡᠰᠢᠭᠦᠨ   ᠠᠵᠢᠯᠳᠠᠨ ᠠᠵᠢᠯᠴᠢᠨ ᠤ ᠲᠥᠯᠥᠭᠡᠯᠡᠭᠴᠢ ᠪᠤᠯᠬᠤ ᠪᠤᠶᠤ   ᠠᠵᠤ ᠠᠬᠤᠢᠢᠯᠠᠯ ᠤᠨ ᠬᠦᠳᠡᠯᠮᠥᠷᠢ ᠶᠢᠨ ᠮᠠᠷᠭᠤᠭᠠᠨ ᠢ   ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠠᠵᠢᠯᠴᠢᠨ ᠤ   ᠡᠪᠯᠡᠯ ᠤᠨ ᠭᠡᠰᠢᠭᠦᠨ ᠡᠭᠦᠷᠭᠡᠯᠡᠵᠤ᠂ ᠠᠵᠢᠯ ᠢ ᠨᠢ   ᠵᠤᠬᠢᠶᠠᠨ ᠪᠠᠶᠢᠭᠤᠯᠵᠤ ᠡᠷᠬᠢᠯᠡᠬᠦ ᠪᠤᠯ ᠮᠠᠨ ᠤ ᠣᠯᠤᠰ ᠤᠨ ᠠᠵᠢᠯᠴᠢᠨ ᠤ   ᠡᠪᠯᠡᠯ ᠤᠨ ᠰᠢᠨᠵᠢ ᠴᠢᠨᠠᠷ ᠪᠠ ᠣᠨᠴᠠᠯᠢᠭ ᠢᠶᠠᠷ   ᠲᠤᠭᠳᠠᠭᠠᠭᠳᠠᠭᠰᠠᠨ ᠶᠤᠮ᠂ ᠠᠵᠤ ᠠᠬᠤᠢᠢᠯᠠᠯ ᠤᠨ ᠠᠵᠢᠯᠴᠢᠨ ᠤ ᠡᠪᠯᠡᠯ ᠨᠢ   ᠠᠵᠢᠯᠳᠠᠨ ᠠᠵᠢᠯᠴᠢᠨ ᠤ ᠠᠰᠢᠭ ᠲᠤᠰᠠ   ᠶᠢ ᠬᠠᠮᠠᠭᠠᠯᠠᠬᠤ ᠪᠠᠷ ᠪᠠᠷᠠᠬᠤ ᠥᠭᠡᠢ᠂ ᠠᠵᠤ ᠠᠬᠤᠢᠢᠯᠠᠯ ᠤᠨ ᠠᠰᠢᠭ ᠲᠤᠰᠠ ᠶᠢ   ᠴᠤ ᠬᠠᠮᠠᠭᠠᠯᠠᠳᠠᠭ᠃ ᠡᠶᠢᠮᠤ ᠠᠴᠠ   ᠡᠶᠡᠳᠡᠭᠦᠯᠬᠦ ᠲᠥᠷᠢᠮ ᠳᠤ ᠠᠵᠢᠯᠴᠢᠨ ᠤ ᠡᠪᠯᠡᠯ ᠤᠨ ᠣᠢᠢᠯᠡᠳᠥᠯ ᠢ ᠴᠢᠩᠭᠠᠳᠬᠠᠬᠤ ᠪᠤᠯ   ᠲᠦᠢᠯ ᠤᠨ ᠴᠢᠬᠤᠯᠠ ᠪᠠᠶᠢᠳᠠᠭ  ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号