ᠢᠨᠳᠡᠷ ᠪᠠᠯᠭᠠᠰᠤᠨ ᠤ ᠠᠯᠲᠠᠨᠬᠤᠸᠠ ᠭᠠᠴᠠᠭ᠎ᠠ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠭᠦᠯᠦᠨ ᠲᠠᠷᠢᠶᠠᠴᠢᠳ ᠤᠨ ᠤᠷᠤᠭᠤᠯᠭ᠎ᠠ ᠶᠢ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2018-08-29
   ᠤᠶᠢᠷ᠎ᠠ ᠶᠢᠨ ᠵᠢᠯ ᠳᠤ  ᠂ ᠵᠠᠯᠠᠶᠢᠳ  ᠬᠤᠰᠢᠭᠤᠨ ᠤ ᠢᠨᠳᠡᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ  ᠪᠠ ᠠᠯᠲᠠᠨᠬᠤᠸᠠ ᠭᠠᠴᠠᠭ᠎ᠠ ᠶᠢᠨ ᠡᠮᠡᠭᠲᠡᠶᠢᠴᠦᠳ ᠤᠨ ᠬᠤᠯᠪᠤᠭ᠎ᠠ ᠬᠠᠮᠲᠤᠷᠠᠨ ᠤᠯᠠᠨ ᠪᠦᠲᠦᠮᠵᠢᠲᠠᠢ ᠠᠷᠭ᠎ᠠ ᠪᠠᠷ ᠬᠦᠷᠢᠶ᠎ᠡ ᠬᠠᠰᠢᠶᠠᠨ ᠤ ᠠᠵᠦ ᠠᠬᠤᠢ ᠶᠢ ᠬᠦᠭᠵᠢᠭᠦᠯᠦᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ ᠪᠤᠢ᠃  《ᠦᠵᠡᠰᠭᠦᠯᠡᠩᠲᠦ ᠰᠠᠶᠢᠬᠠᠨ ᠬᠦᠷᠢᠶ᠎ᠡ ᠬᠠᠰᠢᠶ᠎ᠠ》 ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠤᠯᠠᠭᠠᠨ᠂ ᠪᠦᠬᠦ ᠪᠠᠯᠭᠠᠰᠤᠨ ᠤ ᠶᠠᠳᠠᠭᠤ ᠠᠴᠠ ᠠᠩᠬᠢᠵᠢᠷᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠭᠤᠤᠯ ᠠᠵᠢᠯ ᠤᠨ ᠲᠤᠭᠤᠷᠢᠨ ᠳᠤ᠂ ᠡᠮᠡᠭᠲᠡᠶᠢᠴᠦᠳ ᠤᠨ ᠦᠢᠯᠡᠳᠤᠯ ᠢ ᠭᠦᠢᠴᠡᠳ ᠪᠠᠳᠠᠷᠠᠭᠤᠯᠤᠨ᠂ ᠬᠦᠷᠢᠶ᠎ᠡ ᠬᠠᠰᠢᠶᠠᠨ ᠤ ᠠᠵᠦ ᠦᠢᠯᠡᠰ ᠠᠴᠠ ᠪᠠᠶᠠᠵᠢᠯ ᠤᠨ ᠵᠠᠮ ᠢ ᠡᠯᠭᠦᠬᠦ  ᠶᠢ  ᠪᠡᠶᠡᠯᠡᠭᠦᠯᠵᠦ ᠪᠤᠢ᠃ ᠵᠠᠯᠠᠶᠢᠳ ᠬᠤᠰᠢᠭᠤᠨ ᠤ ᠨᠠᠮ ᠤᠨ  ᠬᠤᠷᠢᠶ᠎ᠠ ᠵᠠᠰᠠᠭ ᠤᠨ  ᠤᠷᠳᠤᠨ ᠠᠴᠠ ᠢᠨᠳᠡᠷ ᠪᠠᠯᠭᠠᠰᠤᠨ ᠤ ᠠᠯᠲᠠᠨᠬᠤᠸᠠ ᠭᠠᠴᠠᠭ᠎ᠠ ᠶᠢᠨ ᠬᠦᠷᠢᠶ᠎ᠡ ᠬᠠᠰᠢᠶᠠᠨ ᠤ ᠠᠵᠦ ᠠᠬᠤᠢ ᠶᠢ ᠬᠦᠭᠵᠢᠭᠦᠯᠬᠦ ᠠᠵᠢᠯ ᠢ ᠴᠢᠬᠤᠯᠠᠴᠢᠯᠠᠨ ᠦᠵᠡᠵᠦ᠂ ᠢᠳᠡᠪᠬᠢᠲᠠᠢ ᠪᠠᠷ ᠰᠢᠨ᠎ᠡ ᠠᠷᠭ᠎ᠠ ᠵᠠᠮ ᠡᠷᠢᠯᠬᠢᠯᠡᠵᠦ᠂ ᠰᠢᠨ᠎ᠡ ᠬᠢᠳᠡᠯ ᠭᠠᠷᠭᠠᠬᠤ ᠶᠢ ᠵᠤᠷᠢᠭᠵᠢᠭᠤᠯᠵᠤ ᠪᠣᠢ᠃ ᠲᠠᠷᠢᠶᠠᠴᠢᠳ ᠤᠨ ᠨᠡᠭᠦᠵᠦ ᠭᠠᠷᠤᠭᠰᠠᠨ ᠨᠤᠷᠠᠬᠤ ᠠᠶᠤᠯᠲᠠᠢ ᠭᠡᠷ ᠤᠨ ᠡᠮᠤᠨ᠎ᠡ ᠬᠤᠶᠢᠨᠡᠬᠢ ᠰᠤᠯᠠ ᠭᠠᠵᠠᠷ ᠢ ᠴᠡᠪᠡᠷᠯᠡᠨ ᠭᠠᠷᠭᠠᠬᠤ ᠪᠤᠶᠤ ᠤᠳᠠᠭᠠᠨ ᠵᠢᠯ ᠰᠤᠯᠠ ᠲᠠᠯᠪᠢᠭᠰᠠᠨ ᠠᠲᠠᠷ ᠭᠠᠵᠠᠷ ᠢ ᠠᠰᠢᠭᠯᠠᠨ᠂ ᠨᠢᠭᠡ ᠡᠷᠦᠬᠡ ᠨᠢᠭᠡ ᠵᠢᠷᠤᠭ᠂ ᠨᠢᠭᠡ ᠭᠡᠷ ᠨᠢᠭᠡ ᠲᠦᠰᠦᠪ ᠭᠠᠷᠭᠠᠬᠤ ᠬᠡᠯᠪᠡᠷᠢ ᠪᠠᠷ᠂ ᠲᠠᠷᠢᠶᠠᠴᠢᠳ ᠢ ᠳᠠᠶᠢᠴᠢᠯᠠᠨ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠦᠨ᠂ ᠰᠠᠭᠤᠷᠢᠰᠢᠬᠤ᠂ ᠲᠡᠵᠢᠭᠡᠨ ᠦᠷᠡᠵᠢᠭᠦᠯᠬᠦ᠂ ᠲᠠᠷᠢᠵᠦ ᠤᠷᠭᠤᠭᠤᠯᠬᠤ 《 ᠭᠤᠷᠪᠠ ᠶᠢ ᠰᠠᠯᠭᠠᠬᠤ》 ᠪᠠᠷ ᠳᠠᠮᠵᠢᠨ ᠬᠦᠷᠢᠶ᠎ᠡ ᠬᠠᠰᠢᠶᠠᠨ ᠤ ᠠᠵᠦ ᠠᠬᠤᠢ ᠶᠢ ᠬᠦᠭᠵᠢᠭᠦᠯᠬᠦ ᠶᠢᠨ ᠬᠠᠮᠳᠦ ᠠᠮᠢᠳᠤᠷᠠᠯ ᠤᠨ ᠤᠷᠴᠢᠨ ᠢᠶᠠᠨ  ᠭᠤᠶᠥᠵᠢᠭᠤᠯᠵᠦ ᠪᠠᠶᠢᠨ᠎ᠠ᠃  ᠵᠢᠯ ᠤᠨ ᠡᠬᠢᠨ ᠠᠴᠠ ᠨᠠᠰᠢ᠂ ᠢᠨᠳᠡᠷ ᠪᠠᠯᠭᠠᠰᠤᠨ ᠤ ᠠᠯᠲᠠᠨᠬᠤᠸᠠ ᠭᠠᠴᠠᠭ᠎ᠠ ᠶᠢᠨ135 ᠡᠷᠤᠬᠡ ᠬᠦᠷᠢᠶ᠎ᠡ ᠬᠠᠰᠢᠶ᠎ᠠ ᠪᠠᠨ ᠦᠭᠡᠷᠡᠴᠢᠯᠡᠨ ᠭᠤᠶᠤᠵᠢᠭᠤᠯᠬᠤ ᠳᠤ ᠤᠷᠤᠯᠴᠠᠵᠦ᠂ ᠶᠡᠭᠡ ᠬᠡᠮᠵᠢᠶᠡᠨ ᠤ ᠵᠢᠮᠢᠰ ᠤᠨ ᠮᠤᠳᠤ ᠵᠠᠶᠢᠯᠠᠬᠤ ᠶᠢᠨ ᠬᠠᠮᠳᠤ ᠰᠢᠨ᠎ᠡ ᠲᠦᠷᠦᠯ ᠤᠨ ᠢᠳᠡᠰᠢᠨ ᠨᠤᠭᠤᠭ᠎ᠠ ᠲᠠᠷᠢᠵᠦ᠂ ᠲᠤᠷᠰᠢᠯᠭ᠎ᠠ ᠬᠤᠷᠠᠮᠳᠤᠭᠤᠯᠬᠤ ᠶᠢᠨ ᠬᠠᠮᠲᠦ ᠪᠠᠶᠠᠵᠢᠯ ᠤᠨ ᠵᠠᠮ ᠢᠶᠠᠨ ᠡᠯᠭᠦᠬᠦ ᠲᠦᠳᠡ ᠵᠠᠮ ᠢ ᠤᠯᠤᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号