ᠨᠡᠶᠢᠭᠡᠮ ᠲᠤᠭᠤᠷᠢᠭ ᠤᠨ ᠨᠠᠮ ᠤᠨ ᠠᠵᠢᠯ ᠤᠨ ᠵᠦᠪᠯᠡᠯ
ᠨᠡᠶᠢᠲᠡᠯᠡᠭᠰᠡᠨ ᠴᠠᠭ᠄
2019-01-17
【ᠲᠤᠶᠢᠮᠤ ᠪᠠᠶᠢᠳᠠᠯ】2017 ᠤᠨ ᠤ 1 ᠰᠠᠷ᠎ᠠ ᠶᠢᠨ 19 ᠤ ᠡᠲᠦᠷ ᠤᠨ ᠲᠤᠮᠲᠠᠲᠦ ᠤᠯᠤᠰ ᠤᠨ ᠡᠪ ᠬᠠᠮᠲᠦ ᠨᠠᠮ ᠤᠨ ᠵᠠᠯᠠᠶᠢᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠲᠦᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠠᠴᠠ ᠲᠤᠭᠲᠠᠭᠠᠭᠰᠠᠨ ᠨᠢ᠂ 11 ᠬᠤᠲᠠ ᠪᠠᠯᠭᠠᠰᠤ ᠨᠡᠶᠢᠭᠡᠮ ᠲᠤᠭᠤᠷᠢᠭ ᠢ ᠢᠨᠳᠡᠷ ᠪᠠᠯᠭᠠᠰᠤ ᠠᠴᠠ ᠬᠤᠪᠢᠶᠠᠷᠢᠯᠠᠨ ᠭᠠᠷᠭᠠᠵᠦ᠂ ᠬᠤᠰᠢᠭᠤᠨ ᠤ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢᠨ ᠤᠳᠤᠷᠢᠳᠬᠤ ᠲᠤᠭᠤᠶᠢᠯᠠᠩ ᠢ ᠪᠠᠶᠢᠭᠤᠯᠵᠦ᠂ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢᠨ ᠠᠵᠢᠯ ᠢ ᠲᠤᠰᠬᠠᠶᠢᠯᠠᠨ ᠠᠳᠬᠤᠨ᠎ᠠ᠃ 2017 ᠤᠨ ᠤ 3 ᠰᠠᠷ᠎ᠠ ᠶᠢᠨ 20 ᠤ ᠡᠲᠦᠷ ᠨᠡᠶᠢᠭᠡᠮ ᠲᠤᠭᠤᠷᠢᠭ ᠤᠨ ᠨᠠᠮ ᠤᠨ ᠠᠵᠢᠯ ᠤᠨ ᠵᠦᠪᠯᠡᠯ ᠪᠠᠶᠢᠭᠤᠯᠤᠭᠳᠠᠵᠦ᠂ ᠢᠨᠳᠡᠷ ᠪᠠᠯᠭᠠᠰᠤ ᠶᠢᠨ 11 ᠨᠡᠶᠢᠭᠡᠮ ᠲᠤᠭᠤᠷᠢᠭ ᠤᠨ ᠨᠠᠮ ᠤᠨ ᠡᠭᠦᠷ ᠢ ᠬᠠᠮᠢᠶᠠᠷᠴᠦ᠂ ᠨᠡᠶᠢᠭᠡᠮ ᠲᠤᠭᠤᠷᠢᠭ ᠤᠨ ᠠᠯᠪᠠᠨ ᠭᠡᠷ ᠤᠨ ᠲᠤᠲᠤᠭᠠᠲᠦ ᠪᠠᠶᠢᠭᠤᠯᠤᠮᠵᠢ ᠳᠤ ᠪᠠᠭᠳᠠᠭᠳᠠᠨ᠎ᠠ᠄ ᠡᠭᠦᠨ ᠳᠤ ᠶᠡᠷᠦᠩᠬᠡᠢ ᠠᠯᠪᠠᠨ ᠭᠡᠷ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠶᠡᠷᠦᠩᠬᠡᠶᠢᠯᠡᠨ ᠵᠠᠰᠠᠵᠦ ᠲᠤᠭᠲᠠᠭᠤᠨ ᠢ ᠬᠠᠮᠠᠭᠠᠯᠠᠬᠤ ᠠᠯᠪᠠᠨ ᠭᠡᠷ᠂ ᠠᠷᠠᠳ ᠤᠨ ᠶᠠᠪᠤᠳᠠᠯ ᠤᠨ ᠠᠯᠪᠠᠨ ᠭᠡᠷ᠂ ᠨᠡᠶᠢᠭᠡᠮ ᠲᠤᠭᠤᠷᠢᠭ ᠤᠨ ᠠᠪᠤᠷᠠᠨ ᠲᠤᠰᠠᠯᠠᠯᠲᠠ ᠶᠢᠨ ᠠᠯᠪᠠᠨ ᠭᠡᠷ᠂ ᠬᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠭᠡᠷ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠯᠪᠠᠨ ᠭᠡᠷ ᠂ ᠰᠤᠶᠤᠯ ᠪᠡᠶ᠎ᠡ ᠲᠠᠮᠢᠷ ᠤᠨ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ ᠵᠡᠷᠭᠡ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号