ᠢᠨᠳᠡᠷ ᠪᠠᠯᠭᠠᠰᠤ
ᠨᠡᠶᠢᠲᠡᠯᠡᠭᠰᠡᠨ ᠴᠠᠭ᠄
2019-01-17
【ᠲᠤᠶᠢᠮᠤ ᠪᠠᠶᠢᠳᠠᠯ】      ᠢᠨᠳᠡᠷ ᠪᠠᠯᠭᠠᠰᠤ ᠤᠮᠠᠷᠠᠲᠦ ᠦᠷᠭᠡᠷᠢᠭ ᠤᠨ 46。43、᠂ ᠵᠡᠭᠦᠨ ᠤᠷᠲᠤᠷᠢᠭ  ᠤᠨ 122。54、 ᠳᠤ ᠪᠠᠶᠢᠷᠢᠯᠠᠵᠦ᠂ ᠵᠠᠯᠠᠶᠢᠳ ᠬᠤᠰᠢᠭᠤᠨ ᠤ ᠵᠠᠰᠠᠭ ᠤᠨ ᠤᠷᠲᠤᠨ   ᠤ ᠰᠠᠭᠤᠭ᠎ᠠ ᠭᠠᠵᠠᠷ ᠶᠤᠮ᠃ ᠡᠮᠦᠨ᠎ᠡ ᠪᠠᠨ ᠬᠠᠷᠠᠮᠦ᠋ᠷᠡᠨ ᠮᠤᠵᠢ ᠶᠢᠨ ᠲᠠᠢ ᠯᠠᠢ ᠰᠢᠶᠠᠨ ᠤ ᠲᠠ ᠽᠢ ᠴᠧᠩ ᠪᠠᠯᠭᠠᠰᠤ ᠲᠠᠢ ᠬᠦᠷᠰᠢᠯᠡᠵᠦ᠂ ᠵᠡᠭᠦᠨ ᠬᠤᠶᠢᠨ᠎ᠠ ᠪᠠᠨ ᠬᠠᠷᠠᠮᠦ᠋ᠷᠡᠨ ᠮᠤᠵᠢ ᠶᠢᠨ ᠯᠦᠩ ᠵᠢᠶᠠᠩ ᠰᠢᠶᠠᠨ ᠤ ᠳ᠋ᠦᠩ ᠬᠤᠸᠠ ᠰᠢᠶᠠᠩ ᠲᠠᠢ ᠭᠤᠤᠯ ᠠᠯᠤᠰᠯᠠᠨ ᠨᠢᠭᠤᠷᠯᠠᠵᠦ᠂ ᠪᠠᠷᠠᠭᠤᠨ ᠢᠶᠠᠨ ᠪᠠᠳᠠᠷᠠᠬᠤ ᠪᠠᠯᠭᠠᠰᠤ᠂ ᠪᠠᠶᠠᠠᠭᠤᠤᠯ ᠪᠠᠯᠭᠠᠰᠤ ᠲᠠᠢ ᠵᠠᠯᠭᠠᠯᠳᠤᠵᠦ ᠪᠠᠶᠢᠨ᠎ᠠ᠃ ᠵᠠᠰᠠᠭ ᠵᠠᠬᠢᠷᠭᠠᠨ ᠤ ᠲᠠᠯᠠᠪᠠᠢ 1450 ᠳᠡᠭᠰᠢ ᠲᠦᠷᠪᠡᠯᠵᠢᠨ ᠺᠢᠯᠤᠮᠧᠲᠷ ᠪᠠᠶᠢᠵᠦ᠂ ᠲᠠᠷᠢᠶᠠᠨ ᠭᠠᠵᠠᠷ ᠤᠨ ᠲᠠᠯᠠᠪᠠᠢ 100.5985 ᠲᠦᠮᠡᠨ ᠮᠦ ᠪᠠᠶᠢᠵᠦ᠂ ᠡᠭᠦᠨ ᠳᠤ ᠤᠰᠤᠨ ᠲᠠᠷᠢᠶ᠎ᠠ 10 ᠲᠦᠮᠡᠨ ᠮᠦ ᠪᠠᠶᠢᠨ᠎ᠠ᠃ ᠤᠢ ᠶᠢᠨ ᠲᠠᠯᠠᠪᠠᠢ 294687 ᠮᠦ ᠪᠠᠶᠢᠨ᠎ᠠ᠃ 42 ᠭᠠᠴᠠᠭ᠎ᠠ ᠲᠤᠰᠬᠤᠨ ᠲᠠᠢ ︵ᠲᠠᠯᠠᠪᠠᠢ︶᠂ ᠡᠭᠦᠨ ᠳᠤ 143 ᠠᠶᠢᠯ᠂ 4 ᠬᠦᠳᠡᠭᠡ ᠲᠤᠰᠬᠤᠨ ᠤ ᠨᠡᠶᠢᠭᠡᠮ ᠲᠤᠭᠤᠷᠢᠭ᠂ 26 ᠪᠠᠯᠭᠠᠰᠤᠨ ᠤ ᠰᠢᠭᠤᠳ ᠬᠠᠷᠢᠶ᠎ᠠ ᠨᠢᠭᠡᠴᠡ ᠢ ᠪᠠᠭᠲᠠᠭᠠᠨ᠎ᠠ᠃ ᠨᠡᠶᠢᠲᠡ 116631 ᠬᠦᠮᠦᠨ ᠠᠮᠠ ᠲᠠᠢ ᠪᠠᠶᠢᠵᠦ᠂ ᠮᠤᠩᠭᠤᠯ᠂ ᠬᠢᠲᠠᠳ᠂ ᠬᠤᠲᠤᠩ᠂ ᠰᠤᠯᠤᠩᠭᠤᠰ ᠵᠡᠷᠭᠡ 17 ᠦᠨᠳᠦᠰᠦᠲᠡᠨ ᠢᠶᠠᠷ ᠪᠦᠷᠢᠯᠲᠦᠵᠡᠢ᠃ ᠢᠨᠳᠡᠷ ᠪᠠᠯᠭᠠᠰᠤ ᠪᠤᠯ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠤᠢ ᠠᠴᠠ ᠰᠤᠩᠭᠠᠷᠢ ᠨᠤᠨ ᠮᠦᠷᠡᠨ ᠤ ᠲᠠᠯ᠎ᠠ ᠭᠠᠵᠠᠷ ᠤᠨ ᠰᠢᠯᠵᠢᠯᠲᠡ ᠶᠢᠨ ᠤᠷᠤᠨ ᠳᠤ ᠪᠠᠶᠢᠷᠢᠯᠠᠵᠦ᠂ ᠰᠡᠷᠢᠭᠦᠨ ᠪᠦᠰᠡᠨ ᠤ ᠡᠬᠡ ᠭᠠᠵᠠᠷ ᠤᠨ ᠴᠢᠨᠠᠷᠲᠠᠢ ᠬᠠᠭᠠᠰ ᠬᠠᠭᠤᠷᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠤᠨ ᠤᠷᠤᠨ ᠳᠤ ᠬᠠᠷᠢᠶᠠᠯᠠᠭᠳᠠᠵᠦ᠂ ᠬᠠᠪᠤᠷ ᠤᠨ ᠤᠯᠠᠷᠢᠯ  ᠳᠤ ᠡᠯᠡᠰᠦ ᠰᠠᠯᠬᠢ ᠶᠡᠭᠡ᠂ ᠵᠤᠨ ᠤ ᠤᠯᠠᠷᠢᠯ ᠳᠤ ᠠᠭᠠᠬᠢᠮ᠎ᠠ ᠬᠠᠯᠠᠭᠤᠨ ᠡᠯᠪᠡᠭ ᠪᠤᠷᠤᠭᠠᠨ   ᠲᠠᠢ᠂ ᠨᠠᠮᠤᠷ ᠤᠨ ᠤᠯᠠᠷᠢᠯ ᠳᠤ ᠦᠨᠲᠦᠷ ᠳᠡᠭᠷᠢ ᠲᠤᠩᠭᠠᠯᠠᠭ ᠡᠲᠦᠷ᠂ ᠡᠪᠦᠯ ᠤᠨ ᠤᠯᠠᠷᠢᠯ ᠳᠤ ᠬᠠᠬᠢᠷ ᠬᠦᠢᠲᠡᠨ ᠭᠠᠩ ᠬᠠᠭᠤᠷᠠᠢ᠃ ᠵᠢᠯ ᠤᠨ ᠲᠤᠮᠳᠠᠴᠢ ᠠᠭᠠᠷ ᠤᠨ ᠲᠤᠯᠠᠭᠠᠨ 4℃ ᠪᠠᠶᠢᠵᠦ᠂≥1℃ ᠬᠦᠳᠡᠯᠭᠡᠭᠡᠨ ᠤ ᠬᠤᠷᠠᠮᠠᠯ ᠲᠤᠯᠠᠭᠠᠨ 2600 —2800℃᠂ ᠵᠢᠯ ᠤᠨ ᠲᠤᠮᠳᠠᠴᠢ ᠨᠠᠷᠠᠨ ᠤ ᠲᠤᠰᠣᠯᠲᠠ 2855 ᠴᠠᠭ ᠪᠤᠯᠤᠨ᠎ᠠ᠃ ᠵᠢᠯ ᠤᠨ ᠲᠤᠮᠳᠠᠴᠢ ᠲᠤᠨᠳᠠᠰᠤᠨ ᠤ ᠬᠡᠮᠵᠢᠶ᠎ᠡ 400 ᠮᠢᠯᠢᠮᠧᠲᠷ ᠪᠠᠶᠢᠵᠦ᠂ ᠬᠤᠷ᠎ᠠ ᠬᠤᠷᠤᠭᠠᠨ ᠨᠢ ᠵᠢᠯ ᠪᠦᠷᠢ ᠶᠢᠨ 6 ᠰᠠᠷ᠎ᠠ ᠠᠴᠠ 9 ᠰᠠᠷ᠎ᠠ ᠳᠤ ᠲᠦᠪᠯᠡᠷᠡᠵᠦ᠂ 7 ᠰᠠᠷ᠎ᠠ ᠳᠤ ᠬᠠᠮᠤᠭ ᠠᠷᠪᠢᠨ᠃ ᠬᠢᠷᠠᠭᠤ ᠦᠭᠡᠢ ᠬᠤᠭᠤᠴᠠᠭ᠎ᠠ 110 — 130 ᠡᠲᠦᠷ᠂ ᠬᠠᠮᠤᠭ ᠤᠨ ᠭᠦᠨ ᠬᠦᠯᠳᠡᠭᠦᠦ ᠬᠦᠷᠦᠰᠦ 2 ᠮᠧᠲᠷ ᠲᠤ ᠬᠦᠷᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号