ᠪᠠᠳᠠᠷᠠᠬᠤ ᠪᠠᠯᠭᠠᠰᠤ
ᠨᠡᠶᠢᠲᠡᠯᠡᠭᠰᠡᠨ ᠴᠠᠭ᠄
2019-01-17
    【ᠲᠤᠶᠢᠮᠤ ᠪᠠᠶᠢᠳᠠᠯ】     ᠪᠠᠳᠠᠷᠠᠬᠤ ᠪᠠᠯᠭᠠᠰᠣ ᠵᠠᠯᠠᠶᠢᠳ ᠬᠤᠰᠢᠭᠤᠨ ᠤ ᠲᠤᠮᠳᠠᠳᠤ ᠬᠤᠶᠢᠳᠤ ᠬᠡᠰᠡᠭ ᠲᠤ ᠪᠠᠶᠢᠷᠢᠯᠠᠵᠦ᠂ ᠵᠡᠭᠦᠨ ᠲᠠᠯ᠎ᠠ ᠪᠠᠷ ᠢᠶᠠᠨ ᠪᠠᠶᠠᠨᠵᠢᠯᠠᠭ᠎ᠠ ᠰᠢᠶᠠᠩ ᠲᠠᠢ ᠬᠦᠷᠰᠢᠯᠡᠵᠦ᠂ ᠵᠡᠭᠦᠨ ᠡᠮᠦᠨ᠎ᠡ ᠪᠠᠨ ᠢᠨᠳᠡᠷ ᠪᠠᠯᠭᠠᠰᠤ ᠲᠠᠢ ᠵᠠᠯᠭᠠᠯᠳᠤᠵᠦ᠂ ᠪᠠᠷᠠᠭᠤᠨ ᠡᠮᠦᠨ᠎ᠡ ᠪᠠᠨ ᠬᠦᠷᠡᠯ ᠪᠠᠯᠭᠠᠰᠤ ᠲᠠᠢ ᠵᠠᠬ᠎ᠠ ᠨᠡᠶᠢᠯᠡᠵᠦ᠂ ᠪᠠᠷᠠᠭᠤᠨ ᠬᠤᠶᠢᠳᠦ ᠪᠠᠨ ᠪᠠᠶ᠋ᠬᠠᠤᠯᠠᠭᠠᠨ ᠰᠤᠮᠤ ᠲᠠᠢ ᠵᠠᠬ᠎ᠠ ᠨᠡᠶᠢᠯᠡᠵᠦ᠂ ᠬᠤᠶᠢᠳᠤ ᠲᠠᠯ᠎ᠠ ᠪᠠᠷ ᠠᠷᠪᠡᠨᠭᠡᠷ ᠪᠠᠯᠭᠠᠰᠤ ᠲᠠᠢ ᠨᠡᠶᠢᠯᠡᠵᠦ ᠪᠠᠶᠢᠨ᠎ᠠ᠃ ᠪᠠᠳᠠᠷᠠᠬᠤ ᠪᠠᠯᠭᠠᠰᠤ ᠶᠡᠭᠡ ᠬᠢᠩᠭᠠᠨ ᠲᠠᠪᠠᠭ᠎ᠠ ᠶᠢᠨ ᠦᠪᠦᠷ ᠲᠠᠯ᠎ᠠ᠂ ᠴᠤᠤᠯ ᠭᠤᠤᠯ ᠤᠨ ᠬᠤᠶᠢᠳᠦ ᠡᠷᠬᠢ᠂  ᠭᠦᠢᠬᠡᠨ ᠠᠭᠤᠯᠠᠨ ᠳᠤᠪᠤᠷᠬᠠᠭ ᠣᠷᠣᠨ ᠳᠤ ᠬᠠᠷᠢᠶᠠᠯᠠᠭᠳᠠᠨ᠎ᠠ᠃  ᠬᠠᠮᠤᠭ ᠤᠨ ᠦᠨᠳᠦᠷ  ᠠᠭᠤᠯᠠ ᠨᠢ ᠲᠠᠯᠠᠢ ᠶᠢᠨ ᠲᠦᠪᠰᠢᠨ ᠠᠴᠠ 858.8 ᠮᠧᠲᠷ ᠦᠨᠳᠦᠷ᠂ ᠬᠠᠮᠤᠭ ᠲᠤᠤᠷ᠎ᠠ ᠠᠭᠤᠯᠠ ᠨᠢ ᠲᠠᠯᠠᠢ ᠶᠢᠨ ᠲᠦᠪᠰᠢᠨ ᠠᠴᠠ 229.2 ᠮᠧᠲᠷ ᠦᠨᠳᠦᠷ᠂ ᠴᠤᠤᠯ ᠭᠤᠤᠯ ᠪᠠᠳᠠᠷᠠᠬᠤ ᠪᠠᠯᠭᠠᠰᠤᠨ ᠤ ᠡᠮᠦᠨ᠎ᠡ ᠲᠠᠯ᠎ᠠ ᠳᠤ ᠪᠠᠷᠠᠭᠤᠨ ᠠᠴᠠ ᠵᠡᠭᠦᠨᠰᠢ 50 ᠺᠢᠯᠤᠮᠧᠲᠷ ᠰᠤᠳᠠᠯᠠᠵᠦ  ᠪᠠᠶᠢᠨ᠎ᠠ᠃ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠪᠠᠳᠠᠷᠠᠬᠤ ᠭᠠᠴᠠᠭ᠎ᠠ ᠤᠮᠠᠷᠠᠳᠤ ᠦᠷᠭᠡᠷᠢᠭ ᠤᠨ 46°49´ ᠵᠡᠭᠦᠨ ᠤᠷᠳᠤᠷᠢᠭ ᠤᠨ 123°23´ ᠳᠤ ᠰᠠᠭᠤᠷᠢᠰᠢᠵᠦ ᠪᠠᠶᠢᠨ᠎ᠠ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠢᠨᠳᠡᠷ ᠪᠠᠯᠭᠠᠰᠤ ᠠᠴᠠ 50 ᠺᠢᠯᠤᠮᠧᠲᠷ ᠵᠠᠶᠢᠳᠠᠢ᠃ 1 ᠨᠡᠶᠢᠭᠡᠮ ᠲᠤᠭᠤᠷᠢᠭ ᠪᠤᠯᠤᠨ 14 ᠭᠠᠴᠠᠭ᠎ᠠ᠂ 46 ᠲᠤᠰᠬᠤᠨ ᠪᠠᠭᠳᠠᠨ᠎ᠠ᠃ 6126 ᠡᠷᠦᠬᠡ ᠲᠠᠢ᠂ 18714 ᠬᠦᠮᠦᠨ ᠠᠮᠠ ᠲᠠᠢ᠂ ᠮᠤᠩᠭᠤᠯ ᠦᠨᠳᠦᠰᠦᠳᠡᠨ ᠢᠶᠠᠷ ᠭᠤᠤᠯ ᠪᠤᠯᠭᠠᠵᠦ᠂ ᠶᠡᠷᠦᠩᠬᠡᠢ ᠬᠦᠮᠦᠨ ᠠᠮᠠ ᠶᠢᠨ ᠲᠤᠭ᠎ᠠ ᠶᠢᠨ 96.7% ᠶᠢ ᠡᠵᠡᠯᠡᠨ᠎ᠡ᠃ ᠶᠡᠷᠦᠩᠬᠡᠢ ᠲᠠᠯᠠᠪᠠᠢ  ᠨᠢ 668 ᠲᠡᠭᠰᠢ ᠲᠦᠷᠪᠡᠯᠵᠢᠨ ᠺᠢᠯᠤᠮᠧᠲᠷ᠃ 24.7 ᠲᠦᠮᠡᠨ ᠮᠤ᠋ ᠲᠠᠷᠢᠶᠠᠨ ᠭᠠᠵᠠᠷ᠂ 35.5 ᠲᠦᠮᠡᠨ ᠮᠤ᠋ ᠪᠡᠯᠴᠢᠭᠡᠷ᠂ 36.4  ᠲᠦᠮᠡᠨ ᠮᠤ᠋ ᠤᠶᠢᠳᠤ ᠭᠠᠵᠠᠷ ᠲᠠᠢ᠃ ᠪᠠᠳᠠᠷᠠᠬᠤ ᠪᠠᠯᠭᠠᠰᠤ ᠭᠠᠵᠠᠷ ᠲᠤᠤᠷᠠᠬᠢ ᠠᠭᠤᠷᠬᠠᠢ ᠶᠢᠨ ᠪᠤᠯᠠᠭᠳᠠᠴᠠ ᠪᠠᠷ ᠡᠯᠪᠡᠭ᠂ ᠠᠯᠳᠠ᠂ ᠲᠡᠮᠦᠷ᠂ ᠵᠡᠰ᠂ ᠴᠤᠬᠤᠢ ᠶᠢᠨ ᠴᠢᠯᠠᠭᠤ᠂ ᠭᠠᠨᠳᠢᠭ ᠴᠢᠯᠠᠭᠤ ᠵᠡᠷᠭᠡ ᠪᠠᠶᠢᠳᠠᠭ᠃ ᠯᠦᠩ ᠰᠢᠨ᠂ ᠱᠧᠨ ᠮᠠ᠂ ᠱᠠᠨ ᠱᠦᠢ ᠱᠦᠢᠨᠢ ᠵᠡᠷᠭᠡ ᠦᠢᠯᠡᠳᠪᠦᠷᠢ ᠠᠭᠤᠷᠬᠠᠢ ᠮᠠᠯᠳᠠᠵᠦ ᠪᠠᠶᠢᠨ᠎ᠠ᠃ ᠴᠤᠤᠯ ᠭᠤᠤᠯ ᠤᠨ ᠲᠤᠰ ᠪᠠᠯᠭᠠᠰᠤᠨ ᠳᠤ ᠡᠵᠡᠯᠡᠬᠦ ᠰᠠᠪᠠ  ᠭᠠᠵᠠᠷ ᠤ ᠲᠠᠯᠠᠪᠠᠢ ᠨᠢ 1100 ᠢᠯᠡᠭᠦᠦ ᠮᠤ᠋ ᠪᠠᠶᠢᠳᠠᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号