【ᠲᠤᠶᠢᠮᠤ ᠪᠠᠶᠢᠳᠠᠯ】 ᠪᠠᠶ᠋ᠬᠠᠤᠯᠠᠭᠠᠨ ᠰᠤᠮᠤ ᠪᠤᠯ ᠶᠡᠭᠡ ᠬᠢᠩᠭᠠᠨ ᠲᠠᠪᠠᠭ᠎ᠠ ᠶᠢᠨ ᠦᠪᠦᠷ ᠲᠠᠯ᠎ᠠ᠂ | ᠵᠠᠯᠠᠶᠢᠳ ᠬᠤᠰᠢᠭᠤᠨ ᠤ ᠪᠠᠷᠠᠭᠤᠨ ᠬᠤᠶᠢᠳᠦ᠂ ᠬᠤᠰᠢᠭᠤ ᠶᠢᠨ ᠵᠠᠰᠠᠭ ᠤᠨ ᠤᠷᠳᠤᠨ ᠤ ᠰᠠᠭᠤᠭ᠎ᠠ ᠢᠨᠳᠡᠷ | ᠪᠠᠯᠭᠠᠰᠤ ᠠᠴᠠ 93 ᠺᠢᠯᠤᠮᠧᠲᠷ ᠵᠠᠶᠢᠳᠠᠢ᠂ ᠬᠤᠶᠢᠳᠤ ᠲᠠᠯ᠎ᠠ ᠪᠠᠷ ᠬᠦᠯᠦᠨ ᠪᠤᠶᠢᠷ ᠬᠤᠳᠠ ᠶᠢᠨ ᠬᠠᠳᠤᠬᠡ ᠪᠠᠯᠭᠠᠰᠤ | ᠂ ᠬᠤᠷᠤᠭ᠎ᠠ ᠰᠢᠶᠠᠩ ᠲᠠᠢ ᠵᠡᠷᠭᠡᠯᠳᠡᠵᠦ᠂ ᠡᠮᠦᠨ᠎ᠡ ᠪᠠᠨ ᠪᠠᠳᠠᠷᠠᠬᠤ ᠪᠠᠯᠭᠠᠰᠤ ᠲᠠᠢ ᠨᠡᠶᠢᠯᠡᠵᠦ᠂ ᠵᠡᠭᠦᠨ ᠢᠶᠠᠨ | ᠠᠷᠪᠡᠨᠭᠡᠷ ᠪᠠᠯᠭᠠᠰᠤ᠂ ᠰᠢᠨᠯᠢᠨ ᠪᠠᠯᠭᠠᠰᠤ ᠲᠠᠢ ᠨᠡᠶᠢᠯᠡᠵᠦ᠂ ᠪᠠᠷᠠᠭᠤᠨ ᠢᠶᠠᠨ ᠤᠯᠤᠰ ᠤᠨ ᠮᠠᠯᠵᠢᠯ ᠤᠨ ᠲᠠᠯᠠᠪᠠᠢ᠂ | ᠠᠯᠳᠠᠷᠳᠤ ᠰᠤᠮᠤ ᠲᠠᠢ ᠭᠤᠤᠯ ᠠᠯᠣᠰᠯᠠᠨ ᠨᠢᠭᠤᠷᠯᠠᠵᠦ ᠪᠠᠶᠢᠳᠠᠭ᠃ 12 ᠵᠤᠷᠪᠤᠰ ᠶᠡᠭᠡ ᠪᠠᠭ᠎ᠠ ᠭᠤᠤᠯ ᠭᠤᠷᠤᠬ᠎ᠠ | ᠲᠠᠢ ᠂ ᠴᠤᠤᠯ ᠭᠤᠤᠯ ᠤᠨ ᠰᠠᠪᠠ ᠭᠠᠵᠠᠷ ᠲᠤ ᠬᠠᠷᠢᠶᠠᠯᠠᠭᠳᠠᠵᠦ᠂ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ | ᠪᠠᠷᠤᠭ 400 ᠮᠢᠯᠢᠮᠧᠲᠷ᠂ 7 —8 ᠰᠠᠷ᠎ᠠ ᠳᠤ ᠭᠤᠤᠯ ᠲᠦᠪᠯᠡᠷᠡᠵᠦ᠂ ᠭᠤᠷᠪᠠᠳᠤᠭᠠᠷ ᠬᠤᠷᠠᠮᠠᠯ ᠲᠤᠯᠠᠭᠠᠨ | ᠪᠦᠰᠡ ᠳᠤ ᠬᠠᠷᠢᠶᠠᠯᠠᠭᠳᠠᠨ᠎ᠠ᠂ ᠵᠢᠯ ᠤᠨ ᠬᠦᠴᠦᠨ ᠪᠦᠬᠦᠢ ᠬᠤᠷᠠᠮᠳᠤᠭᠤᠯᠤᠭᠰᠠᠨ ᠲᠤᠯᠠᠭᠠᠨ ᠨᠢ | 2000℃--2200℃᠂ ᠬᠢᠷᠠᠭᠤ ᠦᠭᠡᠢ ᠬᠤᠭᠤᠴᠠᠭ᠎ᠠ 90 —105 ᠡᠳᠦᠷ᠂ ᠠᠵᠦ ᠠᠬᠤᠢ ᠶᠢᠨ | ᠢᠷᠡᠯᠳᠡ ᠨᠢ ᠭᠤᠤᠯᠳᠠᠭᠤ ᠲᠠᠷᠢᠶᠠᠯᠠᠩ ᠮᠠᠯ ᠠᠵᠤ ᠠᠬᠤᠢ ᠳᠤ ᠲᠦᠰᠢᠭᠯᠡᠵᠦ ᠪᠠᠶᠢᠳᠠᠭ᠃ ᠶᠡᠷᠦᠩᠬᠡᠢ ᠲᠠᠯᠠᠪᠠᠢ ᠨᠢ | 1350 ᠲᠡᠭᠰᠢ ᠲᠦᠷᠪᠡᠯᠵᠢᠨ ᠺᠢᠯᠤᠮᠧᠲᠷ᠂ 11 ᠭᠠᠴᠠᠭ᠎ᠠ 1 ᠨᠡᠶᠢᠭᠡᠮ ᠲᠤᠭᠤᠷᠢᠭ 47 ᠲᠤᠰᠬᠤᠨ 49 ᠠᠶᠢᠯ᠂ | ᠬᠤᠶᠠᠷ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠪᠠᠭᠳᠠᠨ᠎ᠠ᠃ ᠲᠠᠷᠢᠶᠠᠨ ᠭᠠᠵᠠᠷ ᠤᠨ ᠲᠠᠯᠠᠪᠠᠢ ᠨᠢ | 30.3 ᠲᠦᠮᠡᠨ ᠮᠤ᠋᠂ ᠤᠰᠤᠯᠠᠯᠳᠠ ᠶᠢᠨ ᠲᠠᠷᠢᠶ᠎ᠠ ᠶᠢᠨ ᠲᠠᠯᠠᠪᠠᠢ ᠨᠢ 3.3 ᠲᠦᠮᠡᠨ ᠮᠤ᠋᠂ ᠨᠤᠳᠤᠭ ᠪᠡᠯᠴᠢᠭᠡᠷ ᠤᠨ | ᠲᠠᠯᠠᠪᠠᠢ ᠨᠢ 49.6 ᠲᠦᠮᠡᠨ ᠮᠤ᠋᠂ ᠰᠢᠭᠤᠶᠢᠳᠤ ᠭᠠᠵᠠᠷ ᠤᠨ ᠲᠠᠯᠠᠪᠠᠢ ᠨᠢ 76.4 ᠲᠦᠮᠡᠨ ᠮᠤ᠋᠂ ᠤᠢ ᠰᠢᠭᠤᠢ | ᠶᠢᠨ ᠪᠦᠷᠬᠦᠴᠡ ᠶᠢᠨ ᠨᠤᠷᠮ᠎ᠠ ᠨᠢ 27% ᠲᠠᠢ ᠲᠡᠩᠴᠡᠨ᠎ᠡ᠃ | |