【ᠲᠤᠶᠢᠮᠤ ᠪᠠᠶᠢᠳᠠᠯ】 ᠪᠤᠯᠭᠠᠨᠬᠤᠸᠠ ᠰᠤᠮᠤ ᠵᠠᠯᠠᠶᠢᠳ ᠬᠤᠰᠢᠭᠤ ᠶᠢᠨ ᠪᠠᠷᠠᠭᠤᠨ ᠬᠡᠰᠡᠭ ᠲᠤ ᠪᠠᠶᠢᠷᠢᠰᠢᠵᠦ | ᠂ ᠬᠤᠰᠢᠭᠤ ᠶᠢᠨ ᠵᠠᠰᠠᠭ ᠤᠨ ᠤᠷᠳᠤᠨ ᠤ ᠰᠠᠭᠤᠭ᠎ᠠ ᠢᠨᠳᠡᠷ ᠪᠠᠯᠭᠠᠰᠤ ᠠᠴᠠ 90 ᠺᠢᠯᠤᠮᠧᠲᠷ ᠵᠠᠶᠢᠲᠠᠢ᠂ ᠰᠤᠮᠤ | ᠨᠢ ᠪᠤᠯᠭᠠᠨᠬᠤᠸᠠ ᠭᠠᠴᠠᠭ᠎ᠠ ᠳᠤ ᠰᠠᠭᠤᠷᠢᠰᠢᠵᠦ᠂ ᠤᠮᠠᠷᠠᠳᠤ ᠦᠷᠭᠡᠷᠢᠭ ᠤᠨ 46°29′ ᠵᠡᠭᠦᠨ ᠤᠷᠳᠤᠷᠢᠭ | ᠤᠨ 122°04′ ᠳᠤ ᠪᠠᠶᠢᠷᠢᠰᠢᠵᠦ᠂ ᠵᠡᠭᠦᠨ ᠲᠠᠯ᠎ᠠ ᠬᠤᠶᠢᠳᠤ ᠲᠠᠯ᠎ᠠ ᠪᠠᠷ ᠢᠶᠠᠨ ᠲᠤᠰ ᠲᠤᠰ ᠪᠠᠶᠠᠨᠭᠤᠤᠯ | ᠪᠤᠯᠤᠨ ᠬᠦᠷᠡᠯ ᠲᠠᠢ ᠬᠦᠷᠰᠢᠯᠡᠵᠦ᠂ ᠡᠮᠦᠨ᠎ᠡ ᠲᠠᠯ᠎ᠠ ᠪᠠᠷᠠᠭᠤᠨ ᠲᠠᠯ᠎ᠠ ᠪᠠᠷ ᠢᠶᠠᠨ ᠲᠤᠰ ᠲᠤᠰ ᠬᠤᠷᠴᠢᠨ ᠪᠠᠷᠠᠭᠤᠨ | ᠭᠠᠷᠤᠨ ᠡᠮᠦᠨᠡᠳᠦ ᠬᠤᠰᠢᠭᠤᠨ ᠤ ᠴᠠᠷᠠᠰᠤᠨ ᠪᠠᠯᠭᠠᠰᠤ ᠪᠤᠯᠤᠨ ᠬᠤᠷᠢᠨ ᠰᠤᠮᠤ ᠲᠠᠢ ᠵᠠᠯᠭᠠᠯᠳᠤᠵᠦ᠂ ᠶᠡᠷᠦᠩᠬᠡᠢ | ᠲᠠᠯᠠᠪᠠᠢ ᠨᠢ 511 ᠲᠡᠭᠰᠢ ᠲᠦᠷᠪᠡᠯᠵᠢᠨ ᠺᠢᠯᠤᠮᠧᠲᠷ᠂ ᠲᠠᠷᠢᠶᠠᠨ ᠭᠠᠵᠠᠷ ᠤᠨ ᠲᠠᠯᠠᠪᠠᠢ ᠨᠢ 226013 ᠮᠤ᠋᠂ | ᠰᠢᠭᠤᠶᠢᠳᠤ ᠭᠠᠵᠠᠷ ᠤᠨ ᠲᠠᠯᠠᠪᠠᠢ ᠨᠢ187870.9 ᠮᠤ᠋᠂ ᠨᠤᠳᠤᠭ ᠪᠡᠯᠴᠢᠭᠡᠷ ᠤᠨ ᠲᠠᠯᠠᠪᠠᠢ ᠨᠢ 260200.3 | ᠮᠤ᠋᠂ 1 ᠨᠡᠶᠢᠭᠡᠮ ᠲᠤᠭᠤᠷᠢᠭ᠂10 ᠭᠠᠴᠠᠭ᠎ᠠ ᠪᠠᠭᠳᠠᠨ᠎ᠠ᠃ ᠶᠡᠭᠡ ᠬᠢᠩᠭᠠᠨ ᠳᠠᠪᠠᠭ᠎ᠠ ᠶᠢᠨ ᠦᠪᠦᠷ ᠲᠠᠯ᠎ᠠ ᠶᠢᠨ | ᠠᠭᠤᠯᠠᠷᠬᠠᠭ ᠭᠠᠵᠠᠷ ᠲᠤ ᠬᠠᠷᠢᠶᠠᠯᠠᠭᠳᠠᠵᠦ᠂ ᠭᠠᠵᠠᠷ ᠤᠨ ᠪᠠᠶᠢᠴᠠ ᠨᠢ ᠤᠮᠠᠷ᠎ᠠ ᠪᠠᠨ ᠦᠨᠳᠦᠷ ᠡᠮᠦᠨ᠎ᠡ ᠪᠠᠨ | ᠪᠤᠭᠤᠨᠢ᠃ ᠤᠮᠠᠷᠠᠳᠤ ᠬᠡᠰᠡᠭ ᠤᠨ ᠭᠠᠵᠠᠷ ᠤᠨ ᠪᠠᠶᠢᠴᠠ ᠨᠢ ᠠᠤᠭ᠎ᠠ ᠰᠦᠷᠯᠢᠭ ᠪᠡᠷᠬᠡ ᠪᠠᠷᠳᠠᠭᠠᠲᠠᠢ᠂ ᠬᠤᠰᠤ ᠮᠤᠳᠤ | ᠂ ᠴᠠᠷᠠᠰᠤ ᠮᠤᠳᠤ ᠵᠡᠷᠭᠡ ᠪᠠᠶᠢᠭᠠᠯᠢ ᠶᠢᠨ ᠤᠢ ᠪᠦᠷᠬᠦᠵᠦ ᠪᠠᠶᠢᠳᠠᠭ᠃ ᠡᠷᠢᠶᠡᠨ ᠲᠤᠬᠤᠢ ᠭᠤᠤᠯ ᠤᠨ ᠡᠬᠢ ᠡᠭᠦᠰᠦᠯ | ᠤᠨ ᠬᠦᠷᠡᠯ ᠭᠤᠤᠯ ᠪᠠᠷᠠᠭᠤᠨ ᠠᠴᠠ ᠵᠡᠭᠦᠨᠰᠢ ᠤᠷᠤᠰᠴᠤ᠂ ᠬᠦᠷᠡᠯᠪᠤᠯᠠᠭ᠂ ᠰᠠᠨ ᠾᠧ᠂ ᠨᠠᠵᠢ᠂ ᠶᠢᠨ ᠱᠠᠨ᠂ | ᠪᠤᠯᠭᠠᠨᠬᠤᠸᠠ᠂ ᠶᠦᠩ ᠹᠠ᠂ ᠵᠢᠭᠠᠰᠤᠳᠠᠢ ᠵᠡᠷᠭᠡ ᠭᠠᠴᠠᠭ᠎ᠠ ᠪᠠᠷ ᠤᠷᠤᠰᠴᠤ ᠪᠠᠶᠢᠳᠠᠭ᠃ ᠬᠦᠷᠡᠯ ᠭᠤᠤᠯ ᠤᠨ ᠰᠠᠪᠠ | ᠭᠠᠵᠠᠷ ᠤᠨ ᠭᠠᠵᠠᠷ ᠤᠨ ᠪᠠᠶᠢᠴᠠ ᠨᠢ ᠨᠠᠮ ᠲᠡᠭᠰᠢᠬᠡᠨ᠂ ᠬᠦᠷᠦᠰᠦ ᠰᠢᠷᠤᠢ ᠨᠢ ᠦᠩ ᠰᠢᠮᠡᠯᠢᠭ ᠪᠠᠶᠢᠳᠠᠭ᠃ | ᠱᠦᠭᠦᠷᠭᠡᠨ᠎ᠡ᠂ ᠤᠶᠢᠮ᠎ᠠ ᠨᠤᠭᠤᠭ᠎ᠠ᠂ ᠲᠠᠯᠳᠠᠤ᠂ ᠮᠦᠭᠦ ᠵᠡᠷᠭᠡ ᠠᠭᠤᠯᠠᠨ ᠭᠠᠷᠣᠯᠳᠠ ᠡᠯᠪᠡᠭ᠂ ᠬᠤᠷᠳᠤᠨ ᠴᠠᠭᠠᠨ᠂ | ᠪᠠᠪᠤ᠂ ᠴᠠᠨ᠎ᠠ ᠴᠡᠴᠡᠭ᠂ ᠵᠡᠰ ᠡᠪᠡᠰᠤ᠂ ᠵᠡᠷᠭᠡ ᠬᠢᠳᠠᠳ ᠡᠪᠡᠰᠦᠨ ᠡᠮ ᠤᠨ ᠮᠠᠲ᠋ᠧᠷᠢᠶᠠᠯ᠂ ᠭᠤᠷᠭᠤᠤᠯ᠂ ᠨᠤᠭᠳᠤᠷᠤ | ᠂ ᠬᠠᠶᠢᠷᠠᠭᠤᠴᠠᠢ᠂ ᠬᠡᠭᠡᠷ᠎ᠡ ᠶᠢᠨ ᠲᠠᠤᠯᠠᠢ ᠵᠡᠷᠭᠡ ᠬᠡᠭᠡᠷ᠎ᠡ ᠶᠢᠨ ᠠᠮᠢᠳᠠᠨ ᠠᠷᠪᠢᠨ ᠪᠠᠶᠢᠳᠠᠭ᠃ ᠰᠡᠷᠢᠭᠦᠨ ᠪᠦᠰᠡᠨ ᠤ | ᠡᠬᠡ ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠦ᠂ ᠵᠢᠯ ᠤᠨ ᠲᠤᠨᠳᠠᠰᠤᠨ ᠤ ᠬᠡᠮᠵᠢᠶ᠎ᠠ 400 | ᠮᠢᠯᠢᠮᠧᠲᠷ᠂ ᠬᠢᠷᠠᠭᠤ ᠦᠭᠡᠢ ᠬᠤᠭᠤᠴᠠᠭ᠎ᠠ ᠨᠢ 120 ᠡᠳᠦᠷ ᠤᠷᠴᠢᠮ ᠪᠠᠶᠢᠳᠠᠭ᠃ |