ᠬᠤᠯᠪᠤᠭ᠎ᠠ ᠪᠠᠯᠭᠠᠰᠤ
ᠨᠡᠶᠢᠲᠡᠯᠡᠭᠰᠡᠨ ᠴᠠᠭ᠄
2019-01-17
     【ᠲᠤᠶᠢᠮᠤ ᠪᠠᠶᠢᠳᠠᠯ】  ᠬᠤᠯᠪᠤᠭ᠎ᠠ ᠪᠠᠯᠭᠠᠰᠤ ᠶᠢᠨ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠥᠷᠭᠡᠷᠢᠭ  ᠨᠢ 123。16、᠂ ᠬᠤᠶᠢᠲᠦ ᠥᠷᠭᠡᠷᠢᠭ ᠨᠢ 46。42、᠂  ᠵᠠᠯᠠᠶᠢᠳ ᠬᠤᠰᠢᠭᠤᠨ ᠤ ᠵᠡᠭᠦᠨ ᠡᠮᠦᠨ᠎ᠡ ᠬᠡᠰᠡᠭ᠂ ᠴᠣᠣᠯ ᠭᠤᠤᠯ ᠤᠨ ᠡᠮᠦᠨ᠎ᠡ ᠬᠦᠪᠡᠭᠡ ᠳᠤ ᠪᠠᠶᠢᠷᠢᠯᠠᠵᠤ᠂ ᠵᠠᠭᠦᠨ ᠲᠠᠯ᠎ᠠ ᠪᠠᠷ ᠢᠶᠠᠨ ᠪᠣᠬ᠎ᠠ ᠶᠢᠨ ᠵᠤ᠂ ᠤᠯᠠᠭᠠᠨ ᠬᠤᠶᠠᠷ ᠭᠢᠨᠳᠠᠨ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠢᠨᠳᠡᠷ ᠪᠠᠯᠭᠠᠰᠤ ᠲᠠᠢ ᠵᠠᠬ᠎ᠠ ᠨᠡᠶᠢᠯᠡᠵᠦ ᠂ ᠡᠮᠦᠨ᠎ᠡ ᠲᠠᠯ᠎ᠠ ᠪᠠᠷ ᠢᠶᠠᠨ ᠬᠠᠷᠠᠮᠦ᠋ᠷᠡᠨ ᠮᠣᠵᠢ ᠶᠢᠨ ᠲᠠᠢ ᠯᠠᠢ ᠰᠢᠶᠠᠨ ᠲᠠᠢ ᠬᠢᠯᠢ ᠨᠡᠶᠢᠯᠡᠵᠦ᠂ ᠤᠮᠠᠷᠠᠲᠤ ᠲᠠᠯ᠎ᠠ  ᠪᠠᠷ ᠢᠶᠠᠨ ᠬᠠᠷᠠᠮᠦ᠋ᠷᠡᠨ ᠮᠣᠵᠢ ᠶᠢᠨ ᠯᠥᠩ ᠵᠢᠶᠠᠩ ᠰᠢᠶᠠᠨ ᠲᠠᠢ ᠭᠤᠤᠯ ᠠᠯᠤᠰᠯᠠᠨ ᠨᠢᠭᠤᠷᠯᠠᠵᠤ ᠪᠣᠢ᠃ ᠴᠣᠣᠷ ᠭᠤᠤᠯ ᠨᠢ ᠪᠦᠬᠦ ᠪᠠᠯᠭᠠᠰᠤ ᠪᠠᠷ ᠥᠩᠭᠡᠷᠡᠵᠦ᠂  ᠢᠨᠳᠡᠷ ᠠᠴᠠ ᠵᠢᠶᠠᠩ ᠴᠢᠶᠣᠤ ᠬᠦᠷᠬᠦ ᠵᠠᠰᠠᠮᠠᠯ ᠵᠠᠮ ᠨᠢ ᠪᠦᠬᠦ ᠪᠠᠯᠭᠠᠰᠤ ᠪᠠᠷ ᠨᠡᠪᠲᠡᠷᠡᠵᠦ᠂ ᠪᠠᠯᠭᠠᠰᠤᠨ ᠤ ᠵᠠᠰᠠᠭ ᠤᠨ ᠣᠷᠳᠤᠨ ᠤ ᠪᠠᠶᠢᠭ᠎ᠠ ᠭᠠᠵᠠᠷ ᠬᠤᠯᠪᠤᠭ᠎ᠠ ᠲᠤᠰᠬᠤᠨ ᠨᠢ ᠢᠨᠳᠡᠷ ᠪᠠᠯᠭᠠᠰᠤ ᠠᠴᠠ 35  ᠺᠢᠯᠤᠮᠧᠲᠷ ᠬᠤᠯᠠ᠂ ᠤᠲᠠᠰᠤᠨ ᠤ ᠣᠷᠤᠨ ᠤ ᠨᠣᠮᠧᠷ ᠨᠢ 0482᠂ ᠰᠢᠤᠳᠠᠨ ᠨᠣᠮᠧᠷ ᠨᠢ 137608᠃ ᠬᠠᠷᠢᠶᠠᠨ ᠳᠤ 2 ᠨᠡᠶᠢᠭᠡᠮ ᠲᠣᠭᠤᠷᠢᠭ᠂ 18 ᠲᠤᠰᠬᠤᠨ ᠤ ᠵᠥᠪᠯᠡᠯ ᠪᠠ 67 ᠠᠶᠢᠯ  ᠲᠠᠢ᠂  ᠦ᠋ ᠵᠢᠶᠠ ᠽᠢ ᠲᠠᠷᠢᠶᠠᠯᠠᠩ ᠤᠨ ᠲᠠᠯᠠᠪᠠᠢ᠂  ᠬᠤᠤ ᠸᠠᠩ᠂ ᠵᠢᠶᠠ ᠾᠧ᠃ ᠬᠦᠮᠦᠨ ᠠᠮᠠ ᠶᠢᠨ ᠪᠦᠲᠦᠴᠡ  ᠨᠢ ᠬᠢᠲᠠᠳ ᠦᠨᠳᠦᠰᠦᠲᠡᠨ ᠢᠶᠠᠷ ᠭᠤᠤᠯᠯᠠᠵᠤ᠂ 85.03% ᠢ ᠡᠵᠡᠯᠡᠨ᠎ᠡ᠃ ᠪᠠᠰᠠ ᠮᠣᠩᠭᠤᠯ᠂ ᠮᠠᠨᠵᠤ᠂ ᠬᠤᠲᠤᠩ᠂ ᠡᠸᠡᠩᠬᠢ᠂ ᠣᠷᠴᠣᠨ᠂ ᠳᠠᠭᠤᠷ᠂ ᠣᠷᠤᠰ᠂ ᠮᠢᠶᠣᠣ᠂ ᠰᠣᠯᠤᠩᠭᠤᠰ᠂ ᠲᠦᠵᠢᠶᠠ ᠵᠡᠷᠭᠡ ᠣᠯᠠᠨ ᠦᠨᠳᠦᠰᠦᠲᠡᠨ ᠪᠠᠶᠢᠵᠤ᠂ 14.97% ᠶᠢ ᠡᠵᠡᠯᠡᠨ᠎ᠡ᠃ ᠨᠤᠲᠤᠭ ᠳᠡᠪᠢᠰᠭᠡᠷ ᠤᠨ ᠲᠠᠯᠠᠪᠠᠢ ᠨᠢ 276 ᠺᠦᠸᠠᠲ ᠺᠢᠯᠤᠮᠧᠲᠷ᠂  ᠲᠠᠷᠢᠶᠠᠨ ᠭᠠᠵᠠᠷ ᠤᠨ ᠲᠠᠯᠠᠪᠠᠢ ᠨᠢ 27.17 ᠲᠦᠮᠡᠨ ᠮᠤ᠋᠃ ᠰᠤᠩᠭᠠᠷᠢ ᠮᠦᠷᠡᠨ ᠨᠤᠨ ᠮᠦᠷᠡᠨ ᠤ ᠲᠠᠯ᠎ᠠ ᠭᠠᠵᠠᠷ᠂ ᠭᠠᠵᠠᠷ ᠤᠨ ᠪᠠᠶᠢᠴᠠ ᠳᠡᠭᠰᠢ᠂ ᠬᠠᠮᠤᠭ ᠥᠨᠳᠦᠷ ᠡᠷᠭᠦᠭᠳᠡᠴᠡ ᠨᠢ 153 ᠮᠧᠲᠷ᠂  ᠬᠠᠮᠤᠭ ᠳᠤᠤᠷ᠎ᠠ ᠡᠷᠭᠦᠭᠳᠡᠴᠡ ᠨᠢ 136 ᠮᠧᠲᠷ᠃ ᠠᠭᠤᠷ ᠠᠮᠢᠰᠬᠤᠯ ᠨᠢ ᠰᠠᠷᠢᠭᠦᠨ ᠪᠦᠰᠡᠨ ᠤ ᠡᠬᠡ ᠬᠠᠭᠤᠷᠠᠢ ᠶᠢᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠪᠠᠶᠢᠵᠤ᠂ ᠬᠠᠪᠤᠷ ᠤᠨ ᠤᠯᠠᠷᠢᠯ ᠳᠤ ᠰᠠᠯᠬᠢ ᠶᠡᠭᠡ ᠭᠠᠩ ᠬᠠᠭᠤᠷᠠᠢ᠂ ᠵᠤᠨ ᠤ ᠤᠯᠠᠷᠢᠯ ᠳᠤ ᠠᠭᠠᠬᠢᠮ᠎ᠠ ᠬᠠᠯᠠᠭᠤᠨ ᠲᠤᠨᠳᠠᠰᠤ ᠡᠯᠪᠡᠭ᠂ ᠨᠠᠮᠤᠷ ᠤᠨ ᠤᠯᠠᠷᠢᠯ ᠳᠤ ᠴᠡᠯᠮᠡᠭ ᠲᠤᠩᠭᠠᠯᠠᠭ ᠪᠠᠶᠢᠵᠤ᠂ ᠡᠪᠦᠯ ᠤᠨ ᠤᠯᠠᠷᠢᠯ ᠳᠤ ᠬᠦᠢᠲᠡᠡ ᠬᠠᠭᠤᠷᠠᠢ᠂ ᠣᠯᠠᠨ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ 4.6℃᠂ 1 ᠰᠠᠷ᠎ᠠ ᠶᠢᠨ ᠳᠤᠮᠳᠠᠴᠢ ᠳᠤᠯᠠᠭᠠᠨ ᠨᠢ —16.7℃᠂ ᠬᠠᠮᠤᠭ ᠳᠣᠣᠷ᠎ᠠ ᠳᠤᠯᠠᠭᠠᠨ ᠨᠢ —37.0℃︔ 7 ᠰᠠᠷ᠎ᠠ ᠶᠢᠨ ᠳᠤᠮᠳᠠᠴᠢ ᠳᠤᠯᠠᠭᠠᠨ ᠨᠢ 23.0℃᠂ ᠬᠠᠮᠤᠭ ᠥᠨᠳᠦᠷ ᠳᠤᠯᠠᠭᠠᠨ ᠨᠢ 39.9℃ ᠪᠣᠯᠤᠨ᠎ᠠ᠃ ᠵᠢᠯ ᠤᠨ ᠳᠤᠮᠳᠠᠴᠢ ᠤᠷᠭᠤᠯᠲᠠ ᠶᠢᠨ ᠬᠤᠭᠤᠴᠠᠭ᠎ᠠ ᠨᠢ 165 ᠡᠳᠦᠷ᠂ ᠵᠢᠯ ᠤᠨ ᠳᠤᠮᠳᠠᠴᠢ ᠬᠢᠷᠠᠭᠤ ᠦᠭᠡᠢ ᠬᠤᠭᠤᠴᠠᠭ᠎ᠠ ᠨᠢ 198 ᠡᠳᠦᠷ᠃ ᠵᠢᠯ ᠤᠨ ᠳᠤᠮᠳᠠᠴᠢ ᠨᠠᠷᠠᠨ ᠤ ᠲᠤᠰᠤᠯᠲᠠ ᠤᠨ ᠴᠠᠭ ᠨᠢ 2883.4 ᠴᠠᠭ᠃ 0℃ ᠠᠴᠠ ᠳᠡᠭᠡᠭᠰᠢᠬᠢ ᠦᠷᠭᠦᠯᠵᠢᠯᠡᠬᠦ ᠬᠤᠭᠤᠴᠠᠭ᠎ᠠ ᠨᠢ 212.7 ᠡᠳᠦᠷ᠃ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 426.6 ᠮᠢᠯᠢᠮᠧᠲᠷ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号