︽ᠪᠤᠬᠳᠠ ᠠᠭᠤᠯᠠ ● ᠴᠤᠤᠯ ᠭᠤᠤᠯ ᠤᠨ ᠠᠶᠠᠯᠠᠯ︾ | ︽ᠬᠤᠶᠢᠳᠤ ᠨᠠᠢᠮᠠᠠ ᠰᠤᠮᠤ ᠪᠠᠯᠭᠠᠰᠤ︾ ᠶᠢᠨ ᠺᠠᠳ᠋ᠷ ᠤᠯᠠᠨ ᠲᠦᠮᠡᠨ ᠰᠢᠨᠳᠠᠷᠠᠰᠢ ᠦᠭᠡᠢ ᠵᠤᠷᠢᠭ ᠢᠶᠠᠷ ᠰᠢᠨ᠎ᠠ | ᠬᠦᠳᠡᠭᠡ ᠲᠤᠰᠬᠤᠨ ᠢ ᠴᠤᠭᠴᠠᠯᠠᠵᠦ ᠪᠤᠢ | ● ᠵᠠᠯᠠᠶᠢᠳ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠬᠠᠮᠤᠭ ᠤᠨ ᠣᠯᠠᠨ ᠳᠤ ᠪᠠᠨ 14.2 | ᠲᠦᠮᠡᠨ ᠬᠥᠮᠦᠨ ᠪᠠᠶᠢᠭᠰᠠᠨ ᠠᠴᠠ ᠪᠠᠨ 2019 ᠣᠨ ᠤ ᠡᠴᠦᠰ ᠪᠣᠯᠬᠤ ᠳᠤ 106 ᠬᠥᠮᠦᠨ ᠪᠤᠯᠤᠨ ᠪᠠᠭᠠᠰᠪᠡ | ● ᠶᠠᠳᠠᠭᠤ ᠬᠦᠴᠢᠷᠳᠡᠯ ᠡᠭᠦᠰᠬᠦ ᠨᠤᠷᠮ᠎ᠠ 42.4% ᠪᠠᠶᠢᠭᠰᠠᠨ ᠠᠴᠠ ᠪᠠᠨ 0.034% ᠪᠣᠯᠤᠨ ᠪᠠᠭᠤᠷᠠᠪᠠ | ● 2019 ᠣᠨ ᠳᠤ 3508 ᠬᠥᠮᠦᠨ ᠢ ᠶᠠᠳᠠᠭᠤ ᠠᠴᠠ ᠠᠩᠭᠢᠵᠢᠷᠠᠭᠤᠯᠪᠠ | ● 2019 ᠣᠨ ᠤ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠵᠠᠯᠠᠶᠢᠳ ᠬᠤᠰᠢᠭᠤ ᠶᠢᠨ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠨᠡᠷᠡᠰ ᠤᠨ ᠵᠢᠬᠰᠠᠭᠠᠯ ᠠᠴᠠ ᠭᠠᠷᠤᠭᠰᠠᠨ ᠢ ᠵᠠᠷᠯᠠᠨ ᠨᠡᠶᠢᠲᠡᠯᠡᠪᠡ | ᠪᠤᠭᠳᠠ ᠠᠭᠤᠯᠠ ᠶᠢᠨ ᠬᠤᠷᠮᠣᠶ ᠳᠤ᠂ ᠠᠵᠢᠯᠴᠢ ᠪᠣᠷᠣᠭᠵᠢᠭᠤᠨ ᠵᠠᠯᠠᠶᠢᠳ ᠬᠤᠰᠢᠭᠤᠨ ᠤ ᠬᠥᠮᠦᠰ ᠨᠢᠭᠡᠨᠲᠡ ︽ | ᠶᠠᠳᠠᠭᠤ ᠮᠠᠯᠠᠭᠠᠶ︾ ᠪᠠᠨ ᠠᠪᠴᠤ ᠬᠠᠶᠠᠵᠠᠶ ᠴᠤᠤᠯ ᠭᠤᠣᠯ ᠤᠨ ᠬᠥᠪᠡᠭᠡᠨ ᠳᠤ᠂ ᠶᠠᠳᠠᠭᠤ ᠠᠴᠠ | ᠠᠩᠭᠢᠵᠢᠷᠠᠭᠰᠠᠨ ᠡᠷᠦᠬᠡ ᠰᠢᠨ᠎ᠡ ᠠᠮᠢᠳᠤᠷᠠᠯ ᠢᠶᠠᠨ ᠴᠤᠭᠴᠠᠯᠠᠵᠦ ᠪᠤᠢ᠃ ᠶᠠᠳᠠᠭᠤ ᠶᠢ ᠲᠡᠳᠬᠦᠬᠦ ᠠᠩᠭᠢ ᠲᠣᠯᠣᠭᠠᠶ | ᠪᠥᠬᠦ᠋ᠢᠨ ᠠᠷᠠᠯ ᠤᠨ ᠱᠠᠷ ᠰᠢᠬ ᠵᠢᠳᠬᠦᠵᠦ᠂ ᠠᠷᠠᠳ ᠤᠯᠠᠨ ᠤ ᠴᠢᠨᠡᠭᠡᠯᠢᠭ ᠠᠮᠢᠳᠤᠷᠠᠯ ᠤᠨ ᠲᠥᠯᠥᠭᠡ ᠴᠢᠷᠮᠠᠶᠢᠨ | ᠲᠡᠮᠡᠴᠡᠨ᠎ᠡ︔ ᠰᠢᠯᠢᠳᠡᠭ ᠨᠠᠮ ᠤᠨ ᠭᠡᠰᠢᠭᠦᠨ᠂ ᠪᠠᠶᠠᠵᠢᠯ ᠤᠨ ᠳᠠᠭᠠᠭᠤᠯᠤᠭᠴᠢ ᠪᠣᠳᠠᠲᠤ ᠪᠠᠶᠢᠳᠠᠯ ᠳᠤ ᠰᠠᠭᠤᠷᠢᠯᠠᠨ᠂ | ᠦᠢᠯᠡᠳᠦᠯ ᠢᠶᠠᠨ ᠪᠠᠳᠠᠷᠠᠭᠤᠯᠵᠤ᠂ ᠶᠠᠳᠠᠭᠤ ᠭᠦᠴᠢᠷᠳᠡᠯᠳᠡᠢ ᠡᠷᠦᠬᠡ ᠳᠤ ᠶᠠᠳᠠᠭᠤ ᠠᠴᠠ ᠠᠩᠬᠢᠵᠢᠷᠠᠬᠤ ᠰᠢᠨ᠎ᠠ ᠠᠷᠭ᠎ᠠ | ᠵᠠᠮ ᠢ ᠰᠦᠪᠡᠭᠴᠢᠯᠡᠨ ᠦᠭᠬᠦᠨ᠎ᠠ᠃ | | | | ᠴᠠᠭ ᠮᠥᠴᠡ ᠴᠤᠤᠯ ᠭᠤᠤᠯ ᠤᠨ ᠤᠷᠤᠰᠬᠠᠯ ᠮᠡᠲᠦ ᠦᠩᠭᠡᠷᠡᠭᠰᠡᠭᠡᠷ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠯᠠᠪᠤᠷ ᠲᠠᠬᠢ ᠳᠤᠷᠠᠰᠤᠮᠵᠢ ᠨᠢᠭᠡᠪᠦᠷᠢ ᠶᠢ ᠠᠴᠢᠶᠠᠯᠠᠵᠤ᠂ 2020 ᠣᠨ | ᠪᠤᠯᠤᠯ᠎ᠠ᠃ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠡᠬᠦᠯ ᠬᠤᠷᠢᠶᠠᠬᠤ ᠵᠢᠯ | ᠪᠣᠯᠤᠨ᠎ᠠ᠂ ᠵᠠᠯᠠᠶᠢᠳ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠲᠡᠮᠡᠴᠡᠨ | ᠤᠯᠬᠤ ᠳᠤ ᠰᠠᠭᠤᠷᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠨ᠂ ᠺᠠᠳ᠋ᠷ ᠤᠯᠠᠨ | ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠣᠯᠬᠤ ᠪᠠᠷ ᠴᠤᠴᠠᠯᠲᠠ ᠦᠭᠡᠢ ᠤᠷᠤᠭᠰᠢᠯᠠᠨ᠎ᠠ᠃ | ᠠᠵᠤ ᠦᠢᠯᠡᠰ ᠤᠨ ᠬᠥᠭᠵᠢᠯᠲᠡ — ᠬᠠᠭᠤᠴᠢᠨ ᠢᠶᠠᠨ ᠲᠠᠶᠠᠭᠳᠠᠵᠦ ᠰᠢᠨ᠎ᠡ ᠶᠢ ᠡᠭᠦᠳᠦᠨ᠎ᠠ | ᠵᠠᠯᠠᠶᠢᠳ ᠬᠤᠰᠢᠭᠤ ᠲᠡᠥᠬᠡᠨ ᠳᠤ ᠪᠠᠨ ᠮᠠᠯᠵᠢᠬᠤ ᠪᠠᠷ ᠭᠤᠣᠯ ᠪᠣᠯᠭᠠᠵᠤ ᠪᠠᠶᠢᠪᠠ᠂ ᠴᠢᠩ ᠤᠯᠤᠰ ᠤᠨ | ᠪᠠᠳᠠᠷᠠᠭᠤᠯᠲᠤ ᠲᠥᠷᠥ ᠶᠢᠨ ᠬᠤᠷᠢᠨ ᠨᠠᠢᠮᠠᠳᠤᠭᠠᠷ ᠤᠨ ︵1902 ᠣᠨ︶ ᠳᠤ ᠠᠲᠠᠷ ᠬᠠᠭᠠᠯᠪᠤᠷᠢᠯᠠᠬᠤ | ᠪᠣᠯᠤᠭᠰᠠᠨ ᠤ ᠳᠠᠷᠠᠭ᠎ᠠ᠂ ᠲᠠᠷᠢᠶᠠᠯᠠᠩ ᠠᠭᠠᠵᠢᠮ ᠢᠶᠠᠷ ᠬᠥᠭᠵᠢᠵᠦ ᠡᠬᠢᠯᠡᠪᠡ᠃ ᠬᠤᠰᠢᠭᠤᠨ ᠤ ︽ᠬᠤᠶᠢᠳᠤ ᠨᠠᠢᠮᠠᠨ | ᠰᠤᠮᠤ ᠪᠠᠯᠭᠠᠰᠤ︾ ᠤᠤᠯ ᠨᠢ ᠶᠠᠳᠠᠭᠤ ᠬᠤᠴᠤᠷᠤᠩᠭᠤᠢ ᠶᠢᠨ ᠲᠥᠯᠥᠭᠡᠨ ᠤ ᠨᠡᠷ᠎ᠡ ᠪᠠᠶᠢᠵᠠᠢ᠂ ᠲᠡᠷᠡ ᠨᠢ ᠵᠠᠯᠠᠶᠢᠳ | ᠬᠤᠰᠢᠭᠤᠨ ᠤ ᠪᠠᠷᠠᠭᠤᠨ ᠬᠤᠶᠢᠲᠤ ᠬᠡᠰᠡᠭ ᠤᠨ 8 ᠪᠤᠶᠢᠳᠠ ᠪᠥᠭᠯᠡᠭᠦᠤ ᠰᠤᠮᠤ ᠪᠠᠯᠭᠠᠰᠤ ︵ᠲᠠᠯᠠᠪᠠᠶ︶ ᠶᠢ ᠵᠢᠭᠠᠵᠤ | ᠪᠤᠶ᠃ ᠡᠭᠦᠨ ᠳᠤ᠂ ᠴᠤᠤᠯ ᠪᠠᠯᠭᠠᠰᠤ 2005 ᠣᠨ ᠳᠤ ᠪᠦᠬᠦᠯᠢ ᠴᠣᠭᠴᠠ ᠪᠠᠷ ᠢᠶᠠᠨ ᠢᠨᠳᠡᠷ ᠪᠠᠯᠭᠠᠰᠤᠨ ᠳᠤ | ᠨᠡᠶᠢᠯᠡᠪᠡ᠃ | ︽ᠬᠤᠶᠢᠳᠤ ᠨᠠᠢᠮᠠᠨ ᠰᠤᠮᠤ ᠪᠠᠯᠭᠠᠰᠤ︾ ᠶᠢᠨ ᠠᠷᠠᠳ ᠲᠦᠮᠡᠨ ᠲᠡᠦᠬᠡᠨ ᠳᠡᠭᠡᠷ᠎ᠡ ᠤᠰᠤ ᠪᠠᠨ ᠲᠠᠭᠠᠵᠦ ᠰᠠᠭᠤᠵᠤ | ᠂ ᠨᠡᠭᠦᠳᠡᠯᠯᠡᠨ ᠮᠠᠯᠵᠢᠬᠤ ᠠᠮᠢᠳᠤᠷᠠᠯ ᠢ ᠥᠩᠭᠡᠷᠡᠭᠡᠵᠦ ᠪᠠᠶᠢᠵᠠᠢ᠃ ︽ᠬᠤᠶᠢᠳᠤ ᠨᠠᠢᠮᠠᠨ ᠰᠤᠮᠤ ᠪᠠᠯᠭᠠᠰᠤ︾ ᠶᠢᠨ | ᠠᠭᠠᠷ ᠤᠨ ᠳᠤᠯᠠᠭᠠᠨ ᠳᠣᠣᠷ᠎ᠠ᠂ ᠨᠡᠷᠡᠨ ᠭᠡᠷᠡᠯ ᠤᠨ ᠲᠤᠰᠤᠯᠲᠠ ᠣᠬᠤᠷ᠂ ᠪᠣᠷᠣᠭᠠᠨ ᠪᠠᠭ᠎ᠠ ᠪᠥᠭᠡᠳ ᠲᠡᠭᠰᠢ ᠪᠤᠰᠤ | ᠪᠠᠶᠢᠵᠤ᠂ ᠭᠠᠩ ᠬᠠᠭᠤᠷᠠᠶ᠂ ᠮᠥᠨᠳᠥᠷ᠂ ᠬᠢᠷᠠᠭᠤ ᠡᠷᠳᠡ ᠪᠠᠭᠤᠬᠤ ᠵᠡᠷᠭᠡ ᠪᠠᠶᠢᠭᠠᠯᠢ ᠶᠢᠨ ᠭᠠᠮᠰᠢᠭ ᠪᠠᠶᠢᠨ ᠳᠠᠬᠢᠨ | ᠡᠭᠦᠰᠳᠡᠭ᠃ ᠡᠳᠡᠭᠡᠷ ᠭᠠᠵᠠᠷ ᠵᠦᠶ ᠪᠠ ᠪᠠᠶᠢᠭᠠᠯᠢ ᠶᠢᠨ ᠡᠯᠧᠮᠧᠨ᠋ᠲ ᠤᠨ ᠨᠥᠯᠥᠭᠡᠯᠡᠯ ᠳᠣᠣᠷ᠎ᠠ᠂ ︽ᠬᠤᠶᠢᠳᠤ ᠨᠠᠢᠮᠠᠨ | ᠰᠤᠮᠤ ᠪᠠᠯᠭᠠᠰᠤ︾ ᠶᠢᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠢᠮᠠᠭᠲᠠ ᠬᠤᠴᠣᠷᠤᠩᠭᠤᠶ ᠪᠠᠶᠢᠳᠠᠯ ᠳᠤ | ᠣᠷᠣᠰᠢᠵᠤ᠂ ᠤᠯᠠᠨ ᠲᠦᠮᠡᠨ ᠤ ᠰᠣᠶᠣᠯ ᠤᠨ ᠬᠡᠪ ᠴᠢᠨᠠᠷ ᠨᠡᠶᠢᠳᠡᠮ ᠳᠡᠭᠡᠨ ᠳᠣᠤᠷ᠎ᠠ᠂ ᠦᠵᠡᠯ ᠰᠠᠨᠠᠭ᠎ᠠ ᠨᠢ | ᠬᠡᠪᠰᠢᠮᠡᠯ ᠪᠠᠶᠢᠵᠤ᠂ ᠬᠥᠭᠵᠢᠯᠲᠡ ᠶᠢᠨ ᠦᠵᠡᠯᠲᠡ ᠬᠤᠴᠣᠷᠤᠩᠭᠤᠶ ᠪᠠᠶᠢᠯ᠎ᠠ᠃ ᠥᠭᠡᠷᠡᠴᠢᠯᠡᠯᠲᠡ ᠨᠡᠭᠡᠭᠡᠯᠲᠡ ᠶᠢᠨ | ᠡᠬᠢᠨ ᠤ ᠦᠶ᠎ᠠ ᠳᠤ᠂ ︽ᠬᠤᠶᠢᠳᠤ ᠨᠠᠢᠮᠠᠨ ᠰᠤᠮᠤ ᠪᠠᠯᠭᠠᠰᠤ︾ ᠶᠢᠨ ᠶᠠᠳᠠᠭᠤ ᠬᠦᠴᠢᠷᠳᠡᠯᠲᠡᠶ ᠬᠡᠪᠴᠢᠶ᠎ᠠ ᠨᠢ ᠶᠡᠭᠡ᠂ | ᠠᠵᠤ ᠠᠬᠤᠶ ᠶᠢᠨ ᠰᠠᠭᠤᠷᠢ ᠨᠢ ᠨᠢᠮᠭᠡᠨ ᠮᠥᠷᠲᠡᠭᠡᠨ ᠥᠷᠢ ᠰᠢᠷᠢ ᠨᠢ ᠠᠷᠪᠢᠨ᠂ ᠰᠠᠭᠤᠷᠢ ᠲᠥᠬᠦᠭᠡᠷᠦᠮᠵᠢ ᠪᠣᠯᠤᠨ | ᠨᠡᠶᠢᠭᠡᠮ ᠤᠨ ᠦᠢᠯᠡᠰ ᠨᠢ ᠬᠤᠴᠣᠷᠤᠩᠭᠤᠶ ᠪᠠᠶᠢᠬᠤ ᠶᠢᠨ ᠳᠡᠭᠡᠷ᠎ᠡ ᠦᠢᠯᠡᠳᠪᠤᠷᠢᠯᠡᠯ ᠤᠨ ᠠᠷᠭ᠎ᠠ ᠮᠠᠶ᠋ᠢᠭ ᠨᠢ ᠳᠠᠩ | ᠴᠤᠯᠭᠤᠶ ᠪᠠᠶᠢᠵᠠᠢ᠃ ᠲᠠᠷᠢᠶᠠᠯᠠᠬᠤ ᠳᠤ ︽ᠲᠩᠷᠢ ᠶᠢᠨ ᠴᠢᠷᠠᠶ ᠶᠢ ᠬᠠᠷᠠᠵᠤ ᠬᠤᠭᠤᠯᠠ ᠢᠳᠡᠬᠦ︾᠂ ᠮᠠᠯ ᠠᠵᠤ | ᠠᠬᠤᠶ ᠨᠢ ︽ᠪᠦᠳᠦᠭᠦᠯᠢᠭ ᠢᠶᠠᠷ ᠮᠠᠯᠵᠢᠵᠦ︾᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠤᠷ᠎ᠠ | ᠴᠢᠳᠠᠪᠤᠷᠢ ᠳᠤᠲᠠᠮᠠᠭ᠂ ᠵᠠᠮ ᠬᠠᠷᠢᠯᠴᠠᠭ᠎ᠠ᠂ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠰᠠᠭᠤᠷᠢ | ᠲᠥᠬᠦᠭᠡᠷᠦᠮᠵᠢ ᠬᠠᠷᠢᠴᠠᠩᠭᠤᠶ ᠪᠠᠭᠤᠷᠠᠢ᠂ ᠰᠤᠷᠭᠠᠨ ᠬᠥᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ | ᠲᠦᠪᠰᠢᠨ ᠳᠣᠤᠷ᠎ᠠ᠂ ᠮᠡᠳᠡᠭᠡ ᠵᠠᠩᠭᠢ ᠲᠦᠭᠵᠢᠷᠡᠮᠡᠯ ᠵᠡᠷᠭᠡ ᠠᠯᠢ ᠣᠯᠠᠨ ᠬᠥᠭᠵᠢᠯᠲᠡ ᠶᠢ ᠬᠢᠵᠠᠭᠠᠷᠯᠠᠬᠤ | ᠬᠦᠴᠦᠨ ᠠᠴᠠ ︽ᠬᠤᠶᠢᠳᠤ ᠨᠠᠢᠮᠠᠨ ᠰᠤᠮᠤ ᠪᠠᠯᠭᠠᠰᠤ︾ ᠶᠢᠨ ᠣᠯᠠᠨ ᠲᠦᠮᠡᠨ ᠤ ᠲᠤᠰ ᠪᠡᠶ᠎ᠡ ᠶᠢᠨ ᠣᠳᠣᠬᠢ | ᠪᠠᠶᠢᠳᠠᠯ ᠢᠶᠠᠨ ᠬᠤᠪᠢᠷᠠᠭᠤᠯᠬᠤ ᠪᠠ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠨᠡᠯᠢᠶᠡᠳ ᠶᠡᠭᠡ ᠬᠠᠷᠰᠢ | ᠰᠠᠭᠠᠳ ᠤᠴᠠᠷᠠᠭᠤᠯᠵᠠᠶ᠃ | ᠶᠠᠳᠠᠭᠤ ᠬᠦᠴᠢᠷᠳᠡᠯᠲᠡᠢ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠵᠠᠯᠠᠶᠢᠳ ᠬᠤᠰᠢᠭᠤ ᠪᠦᠬᠦ ᠣᠷᠣᠨ ᠳᠤ ᠲᠡᠷᠢᠬᠦᠯᠡᠨ ︽ᠲᠣᠪᠶᠤᠭ ᠮᠠᠶ᠋ᠢᠭ︾ ᠤᠨ | ᠨᠠᠷᠢᠯᠢᠭ ᠣᠨᠣᠴᠠᠲᠠᠢ ᠪᠠᠷ ᠡᠷᠦᠬᠡ ᠳᠤ ᠬᠦᠷᠭᠡᠬᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠡᠢ᠃ | ᠶᠠᠳᠠᠭᠤ ᠬᠦᠴᠢᠷᠳᠡᠯᠲᠡᠶ ᠡᠷᠦᠬᠡ ᠶᠢᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ | ᠭᠤᠤᠯᠯᠠᠬᠴᠢ ᠪᠠ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ | ᠠᠷᠭ᠎ᠠ ᠪᠣᠳᠣᠯᠭ᠎ᠠ ᠬᠡᠷᠡᠭᠵᠢᠭᠦᠯᠵᠦ᠂ 24 ᠲᠣᠮᠣ ᠲᠥᠷᠥᠯ᠂ 47 ᠵᠢᠵᠢᠭ ᠠᠵᠤ ᠦᠢᠯᠡᠰ ᠢ ᠬᠡᠷᠡᠭᠵᠢᠭᠦᠯᠵᠦ᠂ | ᠡᠷᠦᠬᠡ ᠳᠤ ᠬᠦᠷᠴᠦ ᠶᠠᠳᠠᠭᠤ ᠶᠢ ᠲᠡᠳᠬᠦᠬᠦ ᠠᠵᠤ ᠦᠢᠯᠡᠰ ᠪᠠ ᠲᠠᠷᠢᠶᠠᠯᠠᠩ ᠮᠠᠯ ᠠᠵᠤ ᠠᠬᠤᠶ᠂ ᠲᠠᠷᠢᠶᠠᠯᠠᠩ ᠪᠠ | ᠠᠵᠤ ᠦᠢᠯᠡᠳᠪᠤᠷᠢ᠂ ᠲᠠᠷᠢᠶᠠᠯᠠᠩ ᠪᠠ ᠠᠷᠠᠯᠵᠢᠶ᠎ᠠ ᠶᠢ ᠤᠶᠠᠯᠳᠤᠭᠤᠯᠵᠠᠶ᠃ ᠶᠠᠳᠠᠭᠤ ᠬᠦᠴᠢᠷᠳᠡᠯᠲᠡᠶ ᠡᠷᠦᠬᠡ | ᠨᠢᠭᠡᠪᠦᠷᠢ ᠳᠤ ᠴᠥᠮ ᠬᠤᠶᠠᠷ ᠠᠴᠠ ᠳᠡᠭᠡᠭᠰᠢ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠲᠠᠢ | ᠪᠠᠶᠢᠬᠤ ᠶᠢ ᠪᠡᠶᠡᠯᠡᠭᠦᠯᠵᠦ᠂ ︽ᠣᠬᠤᠷ ᠬᠤᠭᠤᠴᠠᠭᠠᠨ ᠳᠤ ᠣᠷᠣᠯᠭ᠎ᠠ ᠶᠢ ᠨᠡᠮᠡᠭᠳᠡᠭᠦᠯᠵᠦ ᠳᠡᠶᠢᠯᠬᠦ᠂ ᠣᠷᠳᠣ | ᠬᠤᠭᠤᠴᠠᠭ᠎ᠠ ᠪᠠᠷ ᠪᠠᠶᠠᠵᠢᠭᠤᠯᠵᠤ ᠳᠡᠶᠢᠯᠬᠦ︾ ᠪᠣᠰᠤᠭ᠎ᠠ ᠴᠣᠭᠴᠠᠲᠤ ᠶᠠᠳᠠᠭᠤ ᠶᠢ ᠲᠡᠳᠬᠦᠬᠦ ᠠᠵᠤ ᠦᠢᠯᠡᠰ ᠢ ᠪᠣᠶ | ᠪᠣᠯᠭᠠᠵᠠᠢ᠃ 2016 ᠣᠨ ᠠᠴᠠ ᠨᠠᠰᠢ᠂ ᠵᠠᠯᠠᠶᠢᠳ ᠬᠤᠰᠢᠭᠤ ᠲᠥᠪ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠭᠯᠡᠯᠲᠡ ᠲᠥᠷᠥ ᠶᠢᠨ ᠪᠣᠳᠣᠯᠭ᠎ᠠ ᠲᠠᠢ | ᠨᠢᠭᠲᠠ ᠤᠶᠠᠯᠳᠤᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ 3.7 | ᠳ᠋ᠦᠩᠰᠢᠭᠤᠷ ᠲᠥᠭᠦᠷᠢᠭ ᠣᠷᠣᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠳᠤ ︽ | ᠲᠣᠪᠶᠤᠭ ᠮᠠᠶ᠋ᠢᠭ︾ ᠤᠨ ᠡᠷᠦᠬᠡ ᠳᠤ ᠬᠦᠷᠭᠡᠬᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ | ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠡᠷᠦᠬᠡ ᠳᠤ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ | ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠦᠷᠬᠦᠴᠡ ᠶᠢᠨ ᠨᠣᠷᠮ᠎ᠠ | 100% ᠳᠤ ᠬᠦᠷᠴᠦ᠂ ︽ᠨᠢᠭᠡ ᠰᠢᠶᠠᠩ ᠨᠢᠭᠡ ᠠᠵᠤ ᠦᠢᠯᠡᠰ︾ ︽ᠨᠢᠭᠡ ᠲᠣᠰᠬᠤᠨ ᠨᠢᠭᠡ ᠦᠢᠯᠡᠳᠬᠦᠨ︾ ᠤ | ᠭᠤᠣᠯᠯᠠᠬᠴᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠵᠦ᠂ ᠠᠵᠤ ᠦᠢᠯᠡᠰ ᠢᠶᠠᠷ | ᠶᠠᠳᠠᠭᠤ ᠶᠢ ᠲᠡᠳᠬᠦᠵᠦ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠢᠯᠡᠳᠲᠡ ᠪᠣᠯᠪᠠ᠃ | ᠰᠤᠷᠪᠤᠯᠵᠢᠯᠠᠭᠴᠢ ᠠᠯᠳᠠᠷᠲᠤ ᠰᠤᠮᠤᠨ ᠤ ᠬᠠᠷ᠎ᠠ ᠠᠭᠤᠯᠠ ᠭᠠᠴᠠᠭᠠᠨ ᠤ ᠶᠠᠳᠠᠭᠤ ᠬᠦᠴᠢᠷᠳᠡᠯᠲᠡᠶ ᠡᠷᠦᠬᠡ ᠸᠠᠩ | ᠢᠦᠶ ᠮᠧᠶ ᠶᠢᠨ ᠭᠡᠷ ᠲᠤ ᠬᠦᠷᠬᠦ ᠳᠤ ᠰᠢᠮᠧᠨ᠋ᠳᠡᠷ ᠦᠬᠡᠷ ᠨᠢ ᠬᠠᠰᠢᠶᠠᠨ ᠳᠤ ᠪᠠᠨ ᠲᠠᠪᠠᠳᠠᠢ ᠢᠳᠡᠰᠢᠯᠡᠨ᠎ᠠ᠃ ᠭᠤᠷᠪᠠᠨ | ᠵᠢᠯ ᠤᠨ ᠡᠮᠦᠨ᠎ᠡ ᠸᠠᠩ ᠢᠦᠢ ᠮᠧᠢ᠂ ᠪᠦᠦ ᠭᠠᠩ ᠡᠷ᠎ᠠ ᠡᠮ᠎ᠠ ᠬᠤᠶᠠᠭᠤᠯᠠ ᠪᠠᠰᠠ ᠣᠷᠣᠨ ᠰᠠᠭᠤᠴᠠ ᠦᠭᠡᠢ᠂ | ᠳᠥᠷᠪᠡᠨ ᠵᠦᠭ ᠲᠤ ᠬᠡᠰᠦᠵᠦ ᠡᠳᠦᠷ ᠬᠤᠨᠤᠭ ᠢ ᠥᠩᠭᠡᠷᠡᠭᠦᠯᠵᠤ ᠪᠠᠶᠢᠭᠰᠠᠨ ᠶᠤᠮ᠃ 2017 ᠣᠨ ᠳᠤ᠂ ᠸᠠᠩ | ᠢᠦᠶ ᠮᠧᠶ ᠣᠨᠳᠣᠤ ᠭᠠᠵᠠᠷ ᠲᠤ ᠨᠡᠭᠦᠯᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ᠂ ᠥᠪᠡᠷ ᠤᠨ ᠭᠡᠰᠡᠨ ᠭᠡᠷ | ᠪᠠᠶᠢᠰᠢᠩ ᠤᠷᠤᠨ ᠰᠠᠭᠤᠴᠠ ᠲᠠᠢ ᠪᠤᠯᠪᠠ᠃ ᠲᠠᠷᠡ ᠵᠢᠯ ᠳᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠡᠷᠦᠬᠡ ᠳᠤ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠲᠦᠷᠦᠭᠦᠤ ᠦᠬᠡᠷ ᠸᠠᠩ | ᠢᠦᠶ ᠮᠧᠶ ᠶᠢᠨ ᠬᠦᠷᠢᠶᠡᠨ ᠳᠤ ᠣᠷᠣᠪᠠ᠃ ᠸᠠᠩ ᠢᠦᠶ ᠮᠧᠶ ᠶᠢᠨ ᠬᠢᠨ ᠭᠤᠷᠪᠠ ᠤᠳᠠᠭ᠎ᠠ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠵᠦ᠂ ᠤᠷᠢᠳ ᠬᠤᠵᠢᠳ 6 ᠰᠢᠮᠧᠨ᠋ᠳᠡᠷ ᠦᠬᠡᠷ ᠬᠤᠪᠢᠶᠠᠨ | ᠤᠯᠵᠤ᠂ ᠬᠡᠳᠦᠨ ᠵᠢᠯ ᠤᠨ ᠬᠥᠭᠵᠢᠯᠲᠡ ᠪᠠᠷ ᠳᠠᠮᠵᠢᠨ᠂ ᠤᠳᠤ ᠨᠢᠭᠡᠨᠲᠡ 15 ᠦᠨᠢᠶ᠎ᠡ ᠲᠠᠢ ᠪᠣᠯᠵᠠᠶ᠃ | ᠶᠠᠳᠠᠭᠤ ᠬᠦᠴᠢᠷᠳᠡᠯᠲᠡᠶ ᠡᠷᠦᠬᠡ ᠳᠤ ᠠᠪᠴᠤ ᠬᠡᠯᠡᠪᠡᠯ᠂ ᠦᠬᠡᠷ ᠬᠤᠨᠢ ᠶᠢ ᠡᠷᠦᠬᠡ ᠳᠤ ᠣᠷᠣᠭᠤᠯᠬᠤ ᠪᠣᠯ ᠠᠵᠤ | ᠦᠢᠯᠡᠰ ᠤᠨ ᠬᠥᠭᠵᠢᠯᠲᠡ ᠶᠢᠨ ᠠᠩᠬᠠᠨ ᠤ ᠠᠯᠬᠤᠮ ᠪᠣᠯᠤᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠣᠯᠠᠩᠬᠢ ᠨᠢ | ᠴᠥᠮ ᠲᠡᠵᠢᠭᠡᠨ ᠦᠷᠡᠵᠢᠭᠦᠯᠬᠦ ᠲᠤᠷᠰᠢᠯᠭ᠎ᠠ ᠲᠠᠢ᠂ ᠭᠡᠪᠡᠴᠦ ᠤᠯᠠᠮᠵᠢᠯᠠᠯᠲᠤ ᠲᠡᠵᠢᠭᠡᠨ ᠦᠷᠡᠵᠢᠭᠦᠯᠬᠦ ᠮᠡᠷᠭᠡᠵᠢᠯ ᠨᠢ | ᠨᠢᠭᠡᠨᠲᠡ ᠤᠳᠤ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ | ᠦᠭᠡᠢ ᠪᠣᠯᠵᠠᠶ᠃ ᠶᠠᠳᠠᠭᠤ ᠬᠦᠴᠢᠷᠳᠡᠯᠲᠡᠶ ᠡᠷᠦᠬᠡ ᠶᠢᠨ ᠲᠡᠵᠢᠭᠡᠨ ᠦᠷᠡᠵᠢᠭᠦᠯᠬᠦ ᠦᠵᠡᠯᠲᠡ ᠶᠢ ᠥᠭᠡᠷᠡᠴᠢᠯᠡᠬᠦ ᠶᠢᠨ | ᠲᠥᠯᠥᠭᠡ᠂ ᠶᠠᠳᠠᠭᠤ ᠶᠢ ᠲᠡᠳᠬᠦᠬᠦ ᠠᠵᠢᠯ ᠤᠨ ᠠᠩᠭᠢ ᠤᠷᠢᠳ ᠬᠤᠵᠢᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠷᠢᠯᠴᠠᠵᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠶᠢᠨ ᠬᠠᠮᠲᠤ ᠬᠡᠷ ᠲᠤᠨᠢ | ᠬᠦᠷᠴᠦ ᠮᠡᠷᠭᠡᠵᠢᠯ ᠤᠨ ᠵᠢᠯᠣᠭᠤᠳᠣᠯᠭ᠎ᠠ ᠬᠠᠩᠭᠠᠪᠠ᠃ ᠭᠤᠷᠪᠠᠨ ᠵᠢᠯ ᠤᠨ ᠬᠠᠶᠢᠨ ᠰᠥᠪᠡᠭᠴᠢᠯᠡᠯᠲᠡ ᠪᠠᠷ ᠳᠠᠮᠵᠢᠭᠠᠳ | ᠂ ᠮᠠᠰᠢ ᠣᠯᠠᠨ ᠶᠠᠳᠠᠭᠤ ᠬᠦᠴᠢᠷᠳᠡᠯᠲᠡᠶ ᠡᠷᠦᠬᠡ ︽ᠨᠤᠲᠤᠭ ᠤᠨ ᠲᠤᠰᠬᠠᠶ ᠮᠡᠷᠭᠡᠵᠢᠯᠲᠡᠨ︾ ᠪᠣᠯᠵᠣ ᠬᠤᠪᠢᠷᠠᠵᠠᠶ᠃ | ︽ᠥᠩᠭᠡᠷᠡᠭᠰᠡᠨ ᠳᠤ ᠶᠠᠳᠠᠭᠤ ᠪᠠᠶᠢᠭᠰᠠᠨ ᠳᠤ ᠲᠣᠰᠬᠤᠨ ᠤ ᠠᠷᠠᠳ ᠴᠥᠮ ᠵᠠᠶᠢᠯᠠᠵᠤ ᠶᠠᠪᠤᠵᠠᠭᠠᠳᠠᠭ᠃ ᠣᠳᠣ | ᠬᠤᠭᠤᠴᠠᠭ᠎ᠠ ᠪᠦᠷᠢ ᠶᠢᠨ ᠬᠤᠨᠢ ᠲᠡᠵᠢᠭᠡᠬᠦ ᠪᠣᠯᠪᠠᠰᠤᠷᠠᠯ ᠤᠨ ᠠᠩᠭᠢ ᠳᠤ ᠪᠢ ᠪᠦᠷ ᠬᠤᠴᠣᠷᠤᠭᠰᠠᠨ ᠦᠭᠡᠢ᠂ | ᠬᠤᠨᠢᠨ ᠤ ᠡᠭᠦᠯᠳᠡᠷ ᠨᠢ ᠰᠠᠶᠢᠵᠢᠷᠠᠭᠠᠳ᠂ ᠰᠠᠶᠢᠨ ᠦᠨ᠎ᠡ ᠪᠠᠷ ᠬᠤᠳᠠᠯᠳᠤᠬᠤ ᠪᠠᠷ ᠪᠠᠷᠠᠬᠤ ᠦᠭᠡᠢ᠂ | ᠡᠳᠡᠬᠡᠷᠡᠯᠳᠠ ᠶᠢᠨ ᠨᠣᠷᠮ᠎ᠠ ᠴᠤ ᠭᠤᠷᠪᠠᠨ ᠬᠤᠪᠢ ᠳᠡᠭᠡᠭᠰᠢᠯᠡᠪᠡ᠃ ᠡᠷᠭᠢᠨ ᠲᠣᠭᠤᠷᠢᠨ ᠤ ᠲᠣᠰᠬᠤᠨ ᠤ ᠠᠷᠠᠳ | ᠦᠷᠭᠦᠯᠵᠢ ᠨᠠᠳᠠ ᠠᠴᠠ ᠬᠤᠨᠢ ᠲᠡᠵᠢᠭᠡᠬᠦ ᠠᠰᠠᠭᠤᠳᠠᠯ ᠢ ᠠᠰᠠᠭᠤᠵᠤ᠂ ᠨᠢᠭᠡ ᠯᠠ ᠳᠣᠣᠷ᠎ᠠ ᠥᠪᠡᠷ ᠢ ᠪᠠᠨ | ᠬᠡᠷᠡᠭᠴᠡᠭᠡ ᠲᠠᠢ ᠬᠥᠮᠦᠨ ᠪᠣᠯᠤᠭᠰᠠᠨ ᠰᠢᠬ ᠰᠠᠨᠠᠭᠳᠠᠨ᠎ᠠ︾ ᠭᠡᠵᠦ ᠬᠠᠷ ᠠ ᠠᠭᠤᠯᠠ ᠭᠠᠴᠠᠭᠠᠨ ᠤ ᠲᠠᠷᠢᠶᠠᠴᠢᠨ ᠴᠧᠨ | ᠬᠠᠢ ᠥᠪᠡᠷ ᠤᠨ ᠬᠤᠨᠢ ᠲᠡᠵᠢᠭᠡᠭᠰᠡᠨ ᠥᠩᠭᠡᠷᠡᠯᠲᠡ ᠳᠤ ᠪᠠᠨ ᠮᠠᠰᠢ ᠣᠮᠣᠭᠰᠢᠵᠤ᠂ ᠶᠠᠳᠠᠭᠤ ᠠᠴᠠ | ᠠᠩᠭᠢᠵᠢᠷᠠᠬᠤ ᠶᠢᠨ ᠬᠠᠮᠲᠤ ᠪᠠᠰᠠ ᠲᠣᠰᠬᠤᠨ ᠤ ᠲᠡᠵᠢᠭᠡᠪᠦᠷᠢ ᠶᠢᠨ ︽ᠮᠡᠷᠭᠡᠵᠢᠯᠳᠠᠨ︾ ᠪᠣᠯᠵᠠᠢ᠃ | ᠠᠮᠢᠳᠤᠷᠠᠯ ᠤᠨ ᠣᠷᠴᠢᠨ ᠲᠣᠭᠤᠷᠢᠨ — ᠬᠠᠭᠤᠴᠢᠨ ᠢ ᠡᠪᠳᠡᠵᠤ ᠰᠢᠨ᠎ᠠ ᠶᠢ ᠪᠠᠶᠢᠭᠤᠯᠤᠨ᠎ᠠ | ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ︽ᠬᠤᠶᠢᠳᠤ ᠨᠠᠢᠮᠠᠨ ᠰᠤᠮᠤ ᠪᠠᠯᠭᠠᠰᠤ︾ ᠶᠢᠨ ᠬᠠᠮᠤᠭ ᠶᠡᠭᠡ | ᠬᠤᠪᠢᠷᠠᠯᠲᠠ ᠪᠣᠯ ᠳᠠᠷᠤᠢ ᠲᠣᠰᠬᠤᠨ ᠤ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠪᠣᠯᠤᠨ᠎ᠠ᠃ ︽ᠴᠡᠯᠮᠡᠭ | ᠡᠳᠦᠷ ᠨᠢᠭᠡ ᠪᠡᠶ᠎ᠡ ᠰᠢᠷᠣᠢ ᠂ ᠪᠣᠷᠣᠭᠠᠨ ᠲᠠᠢ ᠡᠳᠦᠷ ᠨᠢᠭᠡ ᠪᠡᠶ᠎ᠡ ᠰᠢᠪᠡᠷ ᠱᠠᠯᠴᠢᠭ︾ ᠬᠡᠮᠡᠭᠳᠡᠭᠰᠡᠨ ᠪᠠᠶᠢᠳᠠᠯ ᠣᠷᠣ | ᠮᠥᠷ ᠥᠬᠡᠶ ᠠᠷᠢᠯᠵᠤ᠂ ᠭᠠᠵᠠᠷ ᠪᠣᠯᠭᠠᠨ ᠳᠤ ᠬᠠᠷᠠᠭᠳᠠᠬᠤ ᠨᠢ ᠰᠢᠨ᠎ᠡ ᠲᠣᠰᠬᠤᠨ ᠤ ᠭᠤᠶᠤ ᠰᠠᠶᠢᠬᠠᠨ ᠦᠵᠡᠮᠵᠢ | ᠪᠣᠯᠪᠠ᠃ ᠬᠡᠳᠦᠨ ᠵᠢᠯ ᠤᠨ ᠲᠤᠷᠰᠢ᠂ ᠵᠠᠯᠠᠶᠢᠳ ᠬᠤᠰᠢᠭᠤ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ | ︾ ᠶᠢ ᠬᠡᠷᠬᠢᠨ ᠪᠣᠳᠠᠲᠠᠶ ᠨᠠᠶᠢᠳᠠᠪᠤᠷᠢᠵᠢᠭᠤᠯᠬᠤ᠂ ᠣᠨᠴᠠ ᠶᠠᠳᠠᠭᠤ ᠬᠦᠴᠢᠷᠳᠡᠯᠲᠡᠶ ᠠᠰᠠᠭᠤᠳᠠᠯ ᠢ ᠬᠡᠷᠬᠢᠨ | ᠰᠢᠢᠳᠪᠤᠷᠢᠯᠡᠬᠦ ᠡᠨᠡ ᠬᠤᠶᠠᠷ ᠶᠡᠭᠡ ᠬᠦᠴᠢᠷ ᠠᠰᠠᠭᠤᠳᠠᠯ᠂ ᠭᠤᠤᠯᠳᠠᠯᠭ᠎ᠠ ᠶᠢ ᠬᠡᠷᠬᠢᠨ ᠰᠢᠪᠲᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠨᠢᠮᠪᠠᠶ ᠰᠢᠪᠲᠤᠯᠤᠯᠲᠠ ᠬᠢᠪᠡ᠃ ᠡᠮᠴᠢᠯᠡᠭᠡᠨ ᠤ ᠪᠠᠲᠤᠯᠠᠭ᠎ᠠ ᠶᠢᠨ | ᠲᠠᠯ᠎ᠠ ᠪᠠᠷ᠂ ᠵᠠᠯᠠᠶᠢᠳ ᠬᠤᠰᠢᠭᠤᠨ ᠤ ᠡᠳ᠋ ᠤᠨ ᠵᠠᠰᠠᠭ ᠠᠴᠠ ᠪᠦᠬᠦ ᠶᠠᠳᠠᠭᠤ ᠬᠦᠴᠢᠷᠳᠡᠯᠲᠡᠢ ᠬᠥᠮᠦᠨ ᠠᠮᠠ ᠳᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠲᠤᠰᠢᠶᠠᠠ | ᠦᠭᠴᠤ᠂ ︽ᠤᠷᠢᠳᠠᠪᠠᠷ ᠡᠮᠨᠡᠨ ᠵᠠᠰᠠᠵᠤ᠂ ᠳᠠᠷᠠᠭ᠎ᠠ ᠨᠢ ᠰᠦᠢᠳᠬᠡᠯ ᠲᠤᠰᠢᠶᠠᠬᠤ︾᠂ ︽ᠨᠢᠭᠡ ᠥᠷᠲᠡᠭᠡ ᠮᠠᠶ᠋ᠢᠭ︾ | ᠤᠨ ᠳᠠᠷᠦ᠋ᠢᠬᠠᠨ ᠳ᠋ᠦᠩᠨᠡᠨ ᠪᠣᠳᠣᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ︽ᠦᠨᠳᠦᠰᠦᠨ ᠡᠮ ᠡᠮᠨᠡᠯᠭᠡ ᠶᠢᠨ | ᠳᠠᠭᠠᠳᠬᠠᠯ + ᠬᠦᠨᠳᠦ ᠡᠪᠡᠳᠴᠢᠨ ᠤ ᠳᠠᠭᠠᠳᠬᠠᠯ + ᠡᠮ ᠡᠮᠨᠡᠯᠭᠡ ᠶᠢᠨ ᠠᠪᠤᠷᠠᠨ ᠲᠤᠰᠠᠯᠠᠯᠲᠠ︾ ᠶᠢᠨ ᠭᠤᠷᠪᠠᠨ | ᠳᠠᠪᠬᠤᠷ ᠡᠮ ᠡᠮᠨᠡᠯᠭᠡ ᠶᠢᠨ ᠪᠠᠲᠤᠯᠠᠭ᠎ᠠ ᠶᠢᠨ ᠱᠤᠭᠤᠮ ᠢ ᠪᠠᠶᠢᠭᠤᠯᠵᠡᠢ᠃ ᠨᠤᠷᠠᠬᠤ ᠠᠶᠤᠯᠲᠠᠶ ᠭᠡᠷ ᠪᠠᠶᠢᠰᠢᠩ ᠢ | ᠵᠠᠰᠠᠨ ᠴᠡᠭᠴᠡᠯᠡᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠪᠦᠬᠦ ᠬᠤᠰᠢᠭᠤᠨ ᠤ ᠨᠤᠷᠠᠬᠤ ᠠᠶᠤᠯᠲᠠᠶ ᠭᠡᠷ | ᠪᠠᠶᠢᠰᠢᠩ ᠢ ᠥᠭᠡᠷᠡᠴᠢᠯᠡᠨ ᠵᠠᠰᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠪᠦᠬᠦ | ᠬᠤᠰᠢᠭᠤᠨ ᠤ ᠨᠤᠷᠠᠬᠤ ᠠᠶᠤᠯᠲᠠᠶ ᠭᠡᠷ ᠪᠠᠶᠢᠰᠢᠩ ᠤᠨ ᠪᠠᠶᠢᠳᠠᠯ ᠢ ᠬᠢᠨᠠᠨ ᠪᠠᠶᠢᠴᠠᠭᠠᠵᠤ ᠡᠷᠭᠢᠨ ᠬᠠᠷᠠᠵᠤ᠂ ︽ | ᠳᠥᠷᠪᠡᠨ ᠲᠥᠷᠥᠯ ᠤᠨ ᠬᠥᠮᠦᠰ︾ ᠪᠣᠯᠤᠨ ᠡᠩ ᠤᠨ ᠡᠷᠦᠬᠡ ᠶᠢᠨ ᠲᠥᠷᠥᠯ ᠬᠤᠪᠢᠶᠠᠨ ᠥᠭᠡᠷᠡᠴᠢᠯᠡᠬᠦ᠂ ᠰᠡᠯᠪᠢᠨ | ᠵᠠᠰᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠴᠢᠭᠯᠡᠭᠦᠯᠦᠨ᠂ ᠣᠷᠣᠨ ᠰᠠᠭᠤᠴᠠ ᠶᠢᠨ ᠠᠮᠤᠷ | ᠲᠦᠪᠰᠢᠨ ᠢ ᠪᠦᠬᠦ ᠲᠠᠯ᠎ᠠ ᠪᠠᠷ ᠪᠠᠲᠤᠯᠠᠵᠠᠢ᠃ 2016 ᠣᠨ ᠠᠴᠠ ᠨᠠᠰᠢ᠂ ᠶᠠᠳᠠᠭᠤ ᠬᠦᠴᠢᠷᠳᠡᠯᠲᠡᠶ 5760 | ᠡᠷᠦᠬᠡ᠂ ᠪᠤᠰᠤᠳ 22347 ᠲᠠᠷᠢᠶᠠᠴᠢᠨ ᠡᠷᠦᠬᠡ ᠶᠢᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠵᠤ | ᠥᠭᠡᠷᠡᠴᠢᠯᠡᠨ ᠰᠠᠶᠢᠵᠢᠷᠠᠭᠤᠯᠪᠠ᠃ 1274 ᠡᠷᠦᠬᠡ ᠶᠢ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ | ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ ᠡᠭᠦᠷᠭᠡ ᠶᠢ ᠪᠦᠬᠦ ᠲᠠᠯ ᠠ ᠪᠠᠷ ᠪᠡᠶᠡᠯᠡᠭᠦᠯᠪᠡ᠃ ᠲᠥᠷᠥ ᠶᠢᠨ ᠪᠣᠳᠣᠯᠭ᠎ᠠ ᠶᠢᠨ ᠦᠨᠳᠦᠰᠦᠨ | ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ | ᠠᠮᠢᠳᠤᠷᠠᠯ ᠤᠨ ᠠᠪᠤᠷᠠᠨ ᠲᠤᠰᠠᠯᠠᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠬᠥᠮᠦᠨ | ᠠᠮᠠ ᠶᠢ ᠬᠠᠮᠤᠷᠴᠤ᠂ 12361 ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠥᠳᠡᠭᠡ ᠲᠣᠰᠬᠤᠨ ᠤ ᠨᠠᠭᠠᠳᠤ | ᠵᠠᠬ᠎ᠠ ᠶᠢᠨ ᠪᠠᠳᠤᠯᠠᠭᠠᠳᠦ ᠡᠷᠤᠭᠡ ᠪᠣᠯᠤᠨ ᠲᠠᠪᠤᠨ ᠪᠠᠳᠤᠯᠠᠭᠠᠳᠦ ᠡᠷᠦᠬᠡ ᠳᠤ ᠤᠷᠤᠭᠤᠯᠵᠦ᠂ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ 42.5% ᠶᠢ ᠡᠵᠡᠯᠡᠵᠡᠶ᠃ ᠵᠠᠮ ᠬᠠᠷᠢᠯᠴᠠᠭ᠎ᠠ᠂ ᠴᠠᠬᠢᠯᠭᠠᠨ ᠬᠠᠩᠭᠠᠬᠤ᠂ ᠤᠰᠤ ᠬᠠᠩᠭᠠᠬᠤ ᠪᠠ | ᠬᠡᠦᠬᠡᠳ ᠤᠨ ᠴᠡᠴᠡᠷᠯᠢᠭ᠂ ᠡᠷᠡᠭᠦᠯ ᠬᠠᠮᠠᠭᠠᠯᠠᠯ ᠤᠨ ᠲᠠᠰᠤᠭ ᠵᠡᠷᠭᠡ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ | ᠲᠡᠭᠦᠯᠳᠡᠷᠵᠢᠭᠦᠯᠵᠦ᠂ ᠣᠨᠴᠠ ᠶᠠᠳᠠᠭᠤ ᠬᠦᠴᠢᠷᠳᠡᠯᠲᠡᠶ ᠪᠠ ᠪᠤᠶᠢᠳᠠ ᠪᠥᠭᠯᠡᠭᠦᠤ ᠠᠶᠢᠯ ᠲᠣᠰᠬᠤᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠤᠲᠠᠭᠤᠳᠠᠯ ᠢ | ᠪᠦᠲᠦᠮᠵᠢᠲᠡᠶ ᠨᠥᠬᠦᠪᠥᠷᠢᠯᠡᠪᠡ᠃ | ᠣᠶᠤᠨ ᠰᠠᠨᠠᠭᠠᠨ ᠤ ᠳᠦᠷᠰᠦ ᠪᠠᠶᠢᠳᠠᠯ — ᠴᠦ᠋ ᠰᠢᠨ᠎ᠠ ᠬᠤᠪᠢᠷᠠᠯᠳᠠ ᠭᠠᠷᠤᠯ᠎ᠠ | ᠪᠠᠶ᠋ᠬᠠᠤᠯᠠᠭᠠᠨ ᠰᠤᠮᠤᠨ ᠤ ᠪᠠᠶᠠᠨᠲᠠᠯ᠎ᠠ ᠭᠠᠴᠠᠭ᠎ᠠ ᠪᠣᠯ ᠴᠤᠤᠯ ᠭᠤᠣᠯ ᠤᠨ ᠬᠠᠵᠠᠭᠤᠳᠠᠬᠢ ᠨᠢᠭᠡᠨ ᠵᠢᠵᠢᠭ | ᠲᠣᠰᠬᠤᠨ ᠪᠣᠯᠤᠨ᠎ᠠ᠃ | ᠮᠢ ᠮᠠᠨ ᠺᠦ᠋ 1983 ᠣᠨ ᠳᠤ ᠪᠠᠶᠠᠨᠲᠠᠯ᠎ᠠ ᠭᠠᠴᠠᠭ᠎ᠠ ᠳᠤ ᠢᠷᠡᠵᠦ ᠠᠵᠢᠯᠯᠠᠪᠠ᠂ ᠲᠤᠬᠠᠢ ᠶᠢᠨ ᠦᠶ᠎ᠡ ᠳᠤ 3 | ᠰᠠᠶᠢᠨ ᠨᠠᠶᠢᠵᠠ ᠲᠠᠢ ᠪᠠᠨ ᠰᠦᠯᠢᠶᠣᠣ ᠪᠠᠷ ᠨᠢᠭᠡ ᠮᠠᠶᠢᠬᠠᠨ ᠪᠣᠰᠬᠠᠵᠦ ᠲᠡᠳᠡᠨ ᠤ ᠭᠡᠷ ᠢᠶᠠᠨ ᠪᠤᠯᠭᠠᠵᠠᠢ᠃ ᠬᠡᠪᠡᠴᠦ | ᠡᠨᠡ ᠨᠢ ᠤᠷᠲᠤ ᠤᠳᠠᠭᠠᠨ ᠠᠷᠭ᠎ᠠ ᠪᠢᠰᠢ ᠶᠤᠮ ᠭᠡᠵᠦ ᠲᠡᠳᠡ ᠴᠤᠤᠯ ᠭᠤᠤᠯ ᠤᠨ ᠬᠦᠪᠡᠬᠡᠨ ᠳᠤ 4 ᠲᠠᠰᠤᠯᠭ᠎ᠠ | ᠨᠦᠬᠡᠨ ᠭᠡᠷ ᠮᠠᠯᠲᠠᠵᠤ᠂ 4 ᠰᠠᠶᠢᠨ ᠨᠠᠶᠢᠵᠠ ᠪᠠᠷ ᠢᠶᠠᠨ ᠬᠥᠷᠰᠢ ᠵᠡᠷᠭᠡᠯᠡᠳᠡᠭᠡ ᠪᠣᠯᠵᠤ᠂ ᠲᠡᠳᠡᠨ ᠤ ᠠᠮᠢᠳᠤᠷᠠᠯ | ᠠᠳᠡ ᠠᠴᠠ ᠡᠬᠢᠯᠡᠪᠡ᠃ ᠲᠡᠷᠡ ᠦᠶ᠎ᠡ ᠳᠤ ᠭᠠᠳᠠᠭᠠᠳᠤ ᠶᠢᠷᠲᠢᠨᠴᠦ ᠳᠤ ᠨᠡᠪᠲᠡᠷᠡᠬᠦ ᠨᠢ ᠵᠥᠪᠬᠡᠨ ᠨᠢᠭᠡ ᠵᠤᠷᠪᠤᠰ | ᠮᠠᠰᠢ ᠢᠪᠴᠤᠤ ᠵᠠᠮ ᠪᠠᠶᠢᠵᠠᠶ᠃ ᠲᠤᠬᠠᠢ ᠶᠢᠨ ᠦᠶ᠎ᠡ ᠳᠤ ᠵᠠᠮ ᠨᠡᠪᠲᠡᠷᠡᠬᠦ ᠦᠭᠡᠢ ᠮᠥᠷᠲᠡᠭᠡᠨ ᠵᠢᠭᠠᠨ ᠰᠤᠷᠭᠠᠬᠤ | ᠨᠥᠬᠦᠴᠡᠯ ᠴᠦ ᠠᠨᠠᠢ ᠪᠠᠶᠢᠭᠰᠠᠨ ᠪᠣᠯᠬᠤᠷ ᠲᠤᠬᠠᠢ ᠶᠢᠨ ᠭᠠᠵᠠᠷ ᠤᠨ ᠠᠷᠠᠳ ᠲᠦᠮᠡᠨ ᠵᠥᠪᠬᠡᠨ ᠬᠡᠦᠬᠡᠳ ᠢᠶᠠᠨ | ᠬᠥᠯᠥᠨ ᠪᠤᠶᠢᠷ ᠠᠶᠢᠮᠠᠭ ᠲᠤ ᠬᠦᠷᠭᠡᠵᠦ ᠰᠤᠷᠭᠠᠭᠤᠯᠢ ᠳᠤ ᠰᠠᠭᠤᠯᠭᠠᠳᠠᠭ᠃ ᠮᠢ ᠮᠠᠨ ᠺᠦ᠋ ᠶᠢᠨ ᠬᠡᠤᠬᠡᠳ ᠭᠡᠷ ᠤᠨ | ᠠᠮᠢᠳᠤᠷᠠᠯ ᠶᠠᠳᠠᠭᠤ ᠠᠴᠠ ᠪᠣᠯᠵᠤ ᠪᠠᠭ᠎ᠠ ᠰᠤᠷᠭᠠᠭᠤᠯᠢ ᠲᠡᠭᠦᠰᠦᠭᠰᠡᠨ ᠦᠭᠡᠶ ᠪᠠᠷ ᠰᠤᠷᠤᠯᠭ᠎ᠠ ᠪᠠᠨ ᠵᠣᠭᠰᠣᠵᠠᠶ᠃ ︽ | ᠲᠡᠷᠡ ᠦᠶ᠎ᠠ ᠶᠢᠨ ᠶᠠᠳᠠᠭᠤ ᠪᠠᠶᠢᠳᠠᠯ ᠢ ᠬᠡᠯᠡᠪᠡᠯ ᠲᠠ ᠨᠠᠷ ᠢᠲᠡᠭᠡᠬᠦ ᠦᠭᠡᠢ ᠪᠠᠶᠢᠵᠤ ᠮᠡᠳᠡᠨ᠎ᠡ᠃ ᠭᠡᠷ ᠤᠨ | ᠬᠥᠮᠦᠰ ᠲᠡᠭᠡᠨ ᠠᠮᠤ ᠪᠤᠳᠠᠭ᠎ᠠ ᠠᠪᠴᠤ ᠥᠭᠬᠦ ᠶᠢᠨ ᠲᠥᠯᠥᠭᠡ ᠪᠢ 30 ᠭᠠᠵᠠᠷ ᠠᠯᠬᠤᠨ᠎ᠠ᠃ ᠵᠠᠮ ᠳᠡᠩᠳᠡᠭᠦᠤ | ᠢᠪᠴᠤᠤ ᠪᠣᠯᠬᠤᠷ ᠠᠮᠤ ᠪᠤᠳᠠᠭ᠎ᠠ ᠶᠢ ᠪᠦᠷ ᠬᠥᠮᠦᠨ ᠤ ᠬᠦᠴᠦ ᠪᠠᠷ ᠡᠭᠦᠷᠴᠦ ᠠᠪᠴᠢᠷᠠᠭᠰᠠᠨ ᠶᠤᠮ᠃ ᠠᠮᠤ | ᠪᠤᠳᠠᠭ᠎ᠠ ᠳᠤᠲᠠᠬᠤ ᠪᠣᠯ ᠳᠠᠷᠤᠢ ᠲᠤᠬᠠᠢ ᠶᠢᠨ ᠦᠶ᠎ᠡ ᠶᠢᠨ ᠠᠮᠢᠳᠤᠷᠠᠯ ᠤᠨ ᠦᠨᠡᠨ ᠪᠣᠳᠠᠲᠠᠢ ᠵᠢᠷᠤᠭᠯᠠᠯ ᠪᠣᠯᠤᠨ᠎ᠠ︾ | ᠭᠡᠵᠦ ᠬᠡᠯᠡᠬᠡᠳ ᠮᠢ ᠮᠠᠨ ᠺᠦ᠋ ᠨᠢᠳᠦᠨ ᠨᠢᠯᠪᠤᠰᠤ ᠪᠥᠮᠪᠥᠷᠢᠭᠦᠯᠪᠡ᠃ | ᠠᠮᠢᠳᠤᠷᠠᠯ ᠬᠡᠳᠦ᠋ᠢᠪᠡᠷ ᠬᠦᠴᠢᠷ ᠪᠡᠷᠬᠡᠰᠢᠶᠡᠯ ᠲᠠᠢ ᠪᠣᠯᠪᠠᠴᠤ ᠮᠢ ᠮᠠᠨ ᠺᠦ᠋ ᠶᠢᠨ ᠬᠢᠨ ᠪᠠᠰᠠ ᠯᠠ | ᠠᠮᠢᠳᠤᠷᠠᠯ ᠳᠤ ᠪᠠᠨ ᠬᠦᠰᠡᠯ ᠡᠷᠡᠮᠡᠯᠵᠡᠯ ᠢᠶᠠᠷ ᠪᠢᠯᠬᠠᠵᠤ ᠪᠠᠶᠢᠯ᠎ᠠ᠃ 2003 ᠣᠨ ᠳᠤ ᠪᠠᠶᠠᠨᠲᠠᠯ᠎ᠠ ᠭᠠᠴᠠᠭ᠎ᠠ ᠳᠤ | ᠴᠠᠬᠢᠯᠭᠠᠨ ᠨᠡᠪᠲᠡᠷᠡᠪᠡ᠂ ᠲᠣᠰᠣᠨ ᠳ᠋ᠧᠩ ᠠᠴᠠ ᠠᠶᠠᠷᠯᠠᠬᠤ ᠳᠤ᠂ ᠴᠠᠬᠢᠯᠭᠠᠨ ᠳ᠋ᠧᠩ ᠮᠢ ᠮᠠᠨ ᠺᠦ᠋ ᠨᠠᠰᠤᠲᠠᠨ ᠳᠤ | ᠠᠮᠢᠳᠤᠷᠠᠯ ᠤᠨ ᠭᠡᠷᠡᠯ ᠭᠢᠯᠪᠠᠭ᠎ᠠ ᠶᠢ ᠠᠪᠴᠢᠷᠠᠵᠠᠶ᠃ ᠨᠠᠩ ᠴᠤ ᠪᠠᠶᠠᠵᠢᠬᠤ ᠮᠡᠳᠡᠭᠡ ᠵᠠᠩᠭᠢ ᠶᠢ ᠠᠪᠴᠢᠷᠠᠵᠠᠶ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠮᠢ ᠮᠠᠨ | ᠺᠦ᠋ ᠶᠢᠨ ᠠᠮᠢᠳᠤᠷᠠᠯ ᠡᠳᠦᠷ ᠪᠦᠷᠢ ᠨᠢᠭᠡ ᠶᠠᠩᠵᠤ ᠪᠠᠶᠢᠵᠤ᠂ ᠮᠢ ᠮᠠᠨ ᠺᠦ᠋ ᠰᠢᠨ᠎ᠡ ᠪᠠᠷ ᠪᠠᠶᠢᠭᠤᠯᠤᠭᠰᠠᠨ ᠸᠠᠭᠠᠷ | ᠲᠣᠭᠤᠰᠬᠠᠨ ᠭᠡᠷ ᠲᠤ ᠰᠠᠭᠤᠭᠠᠳ ᠲᠣᠭᠲᠠᠭᠤᠨ ᠣᠷᠣᠯᠭ᠎ᠠ ᠲᠠᠢ ᠪᠣᠯᠵᠠᠶ᠃ ᠠᠮᠢᠳᠤᠷᠠᠯ ᠪᠠᠶᠠᠨ ᠴᠢᠨᠡᠭᠡᠯᠢᠭ ᠪᠣᠯᠵᠤ᠂ | ᠴᠤᠭ ᠰᠦᠯᠳᠡ ᠨᠢ ᠪᠦᠷ ᠠᠳᠠᠯᠢ ᠦᠭᠡᠢ ᠪᠣᠯᠵᠠᠢ᠃ ᠮᠢ ᠮᠠᠨ ᠺᠦ᠋ ᠰᠤᠷᠪᠤᠯᠵᠢᠯᠠᠭᠴᠢ ᠳᠤ ᠭᠠᠷ ᠤᠲᠠᠰᠤᠨ ᠳᠡᠭᠡᠷ᠎ᠡ | ᠪᠠᠭᠤᠯᠭᠠᠭᠰᠠᠨ ᠶᠠᠭᠤᠮ᠎ᠠ ᠬᠤᠳᠠᠯᠳᠤᠨ ᠠᠪᠬᠤ APP ᠪᠠᠨ ᠳᠡᠯᠭᠡᠨ ᠦᠵᠡᠭᠦᠯᠵᠦ᠂ ᠶᠡᠭᠡ ᠠᠴᠠ ᠠᠪᠤᠭᠠᠳ ᠭᠡᠷ ᠤᠨ | ᠴᠠᠬᠢᠯᠭᠠᠨ ᠬᠡᠷᠡᠭᠰᠡᠯ ᠪᠠᠭ᠎ᠠ ᠠᠴᠠ ᠠᠮᠢᠳᠤᠷᠠᠯ ᠤᠨ ᠬᠡᠷᠡᠭᠰᠡᠯ ᠬᠦᠷᠲᠡᠯ᠎ᠡ ᠮᠢ ᠮᠠᠨ ᠺᠦ᠋ ᠭᠠᠷ ᠤᠲᠠᠰᠤᠠ ᠳᠡᠭᠡᠷ᠎ᠠ ᠠᠴᠠ | ᠮᠢᠩᠭ᠎ᠠ ᠰᠢᠬᠠᠮ ᠲᠠᠸᠠᠷ ᠬᠤᠳᠠᠯᠳᠤᠨ ᠠᠪᠴᠠᠶ᠃ | ᠪᠠᠶᠠᠨᠲᠠᠯ᠎ᠠ ᠭᠠᠴᠠᠭ᠎ᠠ ᠶᠢᠨ ᠶᠠᠳᠠᠭᠤ ᠬᠦᠴᠢᠷᠳᠡᠯᠲᠡᠶ ᠡᠷᠦᠬᠡ ᠪᠦᠬᠦᠨ ᠴᠥᠮ ᠶᠠᠳᠠᠭᠤ ᠠᠴᠠ ᠠᠩᠭᠢᠵᠢᠷᠠᠵᠤ᠂ | ᠦᠵᠡᠯ ᠰᠠᠨᠠᠭᠠᠨ ᠤ ᠳᠦᠷᠰᠦ ᠪᠠᠶᠢᠳᠠᠯ ᠨᠢ ᠴᠣ᠋ ᠰᠢᠨ᠎ᠡ ᠪᠤᠯᠵᠤ᠂ ᠲᠡᠳᠡ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠰᠢᠨ᠎ᠠ ᠠᠮᠢᠳᠤᠷᠠᠯ ᠢᠶᠠᠨ ᠤᠭᠲᠤᠪᠠ᠃ ᠵᠠᠯᠠᠶᠢᠳ ᠬᠤᠰᠢᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠢ ᠥᠷᠨᠢᠭᠦᠯᠬᠦ ᠳᠡᠭᠡᠨ᠂ ︽ᠣᠶᠤᠨ ᠴᠢᠳᠠᠯ︾ ᠢᠶᠠᠷ ᠬᠤᠤᠰ ᠲᠡᠳᠬᠦᠬᠦ ᠶᠢ ᠪᠠᠷᠢᠮᠲᠠᠯᠠᠵᠤ᠂ ︽ | ᠰᠣᠶᠣᠯ ᠤᠨ ᠬᠦᠴᠦᠨ ᠢᠶᠠᠷ ᠣᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ︾ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠭᠠᠵᠠᠷ ᠤᠨ ᠬᠢᠨ ᠢ | ᠵᠣᠬᠢᠶᠠᠨ ᠪᠠᠶᠢᠭᠤᠯᠤᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠪᠠᠭ᠎ᠠ ᠠᠩᠭᠢ ᠪᠣᠯᠤᠨ ᠲᠥᠷᠥ ᠶᠢᠨ | ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠭᠢ ᠪᠠᠶᠢᠭᠤᠯᠵᠠᠶ᠃ ᠶᠠᠳᠠᠭᠤ ᠬᠦᠴᠢᠷᠳᠡᠯᠲᠡᠶ ᠣᠯᠠᠨ | ᠲᠦᠮᠡᠨ ᠢ ︽ᠨᠠᠮ᠎ᠠ ᠶᠢ ᠶᠠᠳᠠᠭᠤ ᠠᠴᠠ ᠠᠩᠭᠢᠵᠢᠷᠠᠭᠤᠯᠬᠤ︾ ᠠᠴᠠ ︽ᠪᠢ ᠶᠠᠳᠠᠭᠤ ᠠᠴᠠ ᠠᠩᠭᠢᠵᠢᠷᠠᠬᠤ︾ ᠲᠡᠰᠢ | ᠬᠤᠪᠢᠷᠠᠭᠤᠯᠬᠤ ᠶᠢ ᠠᠬᠢᠭᠤᠯᠵᠠᠶ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠵᠦ᠂ ᠬᠥᠳᠡᠭᠡ ᠲᠣᠰᠬᠤᠨ ᠤ 21698 ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠪᠠ᠃ | ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ 4 ᠵᠢᠭᠠᠨ ᠰᠤᠷᠭᠠᠯᠲᠠ ᠶᠢᠨ ᠱᠠᠲᠤᠨ ᠤ ᠰᠤᠷᠭᠠᠭᠤᠯᠢ ᠶᠢ ᠬᠠᠮᠤᠷᠤᠭᠰᠠᠨ | ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠦᠬᠦᠯᠢ ᠴᠣᠭᠴᠠ ᠪᠠᠷ ᠨᠢ ᠲᠥᠯᠥᠪᠵᠢᠭᠦᠯᠪᠡ᠃ ᠮᠣᠩᠭᠤᠯ | ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠡᠪᠡᠳᠴᠢᠲᠡᠨ ᠤ ᠥᠷᠥᠭᠡᠨ ᠤ ᠠᠰᠠᠷ ᠢ ᠪᠠᠶᠢᠭᠤᠯᠵᠤ᠂ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠠᠯᠢ ᠣᠯᠠᠨ ᠠᠷᠭ᠎ᠠ ᠬᠡᠮᠵᠢᠶ᠎ᠡ ᠨᠢ | ᠶᠠᠳᠠᠭᠤ ᠬᠦᠴᠢᠷᠳᠡᠯᠲᠡᠶ ᠡᠷᠦᠬᠡ ᠶᠢᠨ ᠣᠶᠤᠨ ᠤ ᠠᠮᠢᠳᠤᠷᠠᠯ ᠳᠤ ᠯᠤᠲᠤ ᠶᠡᠭᠡ ᠬᠤᠪᠢᠷᠠᠯᠲᠠ ᠭᠠᠷᠭᠠᠪᠠ᠃ | 40 ᠵᠢᠯ ᠤᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠭᠠᠳ᠂ ᠭᠠᠴᠠᠭ᠎ᠠ ᠲᠤᠰᠬᠤᠨ ᠰᠢᠨ᠎ᠡ | ᠳᠦᠷᠰᠦ ᠪᠠᠶᠢᠳᠠᠯ ᠲᠠᠢ ᠪᠣᠯᠪᠠ᠃ ᠰᠢᠯᠵᠢᠮᠡᠯ ᠮᠡᠳᠡᠭᠡ ᠬᠤᠯᠪᠣᠭ᠎ᠠ᠂ ᠰᠦᠯᠵᠢᠶ᠎ᠡ ᠶᠢ ᠨᠡᠶᠢᠳᠡᠮ ᠲᠦᠭᠡᠮᠡᠯᠵᠢᠭᠦᠯᠵᠦ᠂ | 30% ᠶᠢᠨ ᠲᠠᠷᠢᠶᠠᠴᠢᠨ ᠡᠷᠦᠬᠡ ᠵᠢᠵᠢᠭ ᠮᠠᠰᠢᠨ ᠲᠡᠷᠭᠡ ᠬᠤᠳᠠᠯᠳᠤᠨ ᠠᠪᠴᠤ᠂ ᠵᠢᠯ ᠲᠤᠷᠰᠢ ᠭᠠᠳᠠᠭᠰᠢ ᠭᠠᠷᠴᠤ | ᠠᠵᠢᠯ ᠬᠢᠭᠰᠡᠨ ᠬᠥᠮᠦᠨ ᠤ ᠲᠤᠭ᠎ᠠ 1.5 ᠲᠦᠮᠡ ᠳᠤ ᠬᠦᠷᠪᠡ᠃ ᠰᠢᠨ᠎ᠡ ᠬᠡᠯᠪᠡᠷᠢ ᠶᠢᠨ ᠠᠵᠤ ᠠᠬᠤᠢ ᠶᠢᠨ ᠭᠤᠣᠯ | ᠴᠣᠭᠴᠠ ᠶᠢᠨ ᠲᠠᠶᠢᠴᠢᠯᠠᠯ ᠳᠣᠣᠷ᠎ᠠ᠂ ᠥᠷᠭᠡᠨ ᠣᠯᠠᠨ ᠲᠠᠷᠢᠶᠠᠴᠢᠨ ᠡᠷᠦᠬᠡ ᠢᠯᠠᠩᠭᠤᠶ᠎ᠠ ᠶᠠᠳᠠᠭᠤ ᠬᠦᠴᠢᠷᠲᠡᠶ | ᠡᠷᠦᠬᠡ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷᠴᠢᠯᠡᠬᠦ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠵᠢᠯ ᠳᠤ | 4000 ᠭᠠᠷᠤᠶ ᠡᠷᠦᠬᠡ ᠶᠢᠨ ᠡᠷᠤᠭᠡ ᠪᠦ᠋ᠷᠢ ᠶᠢᠨ ᠣᠷᠣᠯᠭ᠎ᠠ 10 ᠲᠦᠮᠡᠨ ᠲᠥᠭᠦᠷᠢᠭ ᠠᠴᠠ ᠳᠡᠭᠡᠭᠰᠢ ᠪᠣᠯᠵᠠᠶ᠃ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠪᠦᠬᠦᠨ ᠢᠶᠠᠷ ᠢᠶᠠᠨ ᠰᠢᠪᠲᠤᠯᠤᠯᠲᠠ ᠭᠠᠷᠭᠠᠵᠤ᠂ ᠬᠠᠮᠤᠭ | ᠥᠨᠳᠥᠷ ᠨᠢ 30 ᠲᠦᠮᠡᠨ ᠲᠥᠭᠦᠷᠢᠭ ᠢ ᠳᠠᠪᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠢ | ᠬᠥᠲᠥᠯᠥᠨ ᠵᠢᠯᠣᠭᠤᠳᠴᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠴᠢᠳᠠᠪᠤᠷᠢ ᠦᠷᠭᠦᠯᠵᠢᠯᠡᠨ ᠴᠢᠩᠭᠠᠷᠠᠪᠠ | ᠃ | |