︽ᠪᠤᠬᠳᠠ ᠠᠭᠤᠯᠠ ● ᠴᠤᠤᠯ ᠭᠤᠤᠯ ᠤᠨ ᠠᠶᠠᠯᠠᠯ︾ | ᠡᠭᠦᠳᠡᠨ ᠡᠮᠦᠨᠡᠬᠢ ᠵᠠᠮ ᠤᠨ ᠬᠦᠭᠵᠢᠯᠲᠡ ᠬᠤᠪᠢᠷᠠᠯᠲᠠ | ᠵᠠᠮ᠂ ᠣᠳᠣ ᠦᠶ᠎ᠡ ᠶᠢᠨ ᠬᠢᠲᠠᠳ ᠬᠡᠯᠡᠨ ᠤ ᠦᠷᠭᠦᠯᠵᠢ ᠬᠡᠷᠡᠭᠯᠡᠳᠡᠭ ᠦᠰᠦᠭ᠂ ᠬᠠᠮᠤᠭ ᠡᠷᠲᠡ ᠠᠯᠲᠠᠨ | ᠦᠰᠦᠭ ᠲᠤ ᠢᠯᠡᠷᠡᠵᠦ᠂ ᠦᠨᠳᠦᠰᠦᠨ ᠤᠳᠬ᠎ᠠ ᠨᠢ ᠵᠠᠮ᠂ ᠶᠠᠪᠤᠵᠤ ᠰᠠᠭᠤᠬᠤ ᠭᠠᠵᠠᠷ ᠭᠡᠵᠦ ᠲᠠᠶᠢᠯᠪᠤᠷᠢᠯᠠᠳᠠᠭ᠃ | ᠵᠠᠮ ᠮᠠᠨ ᠤ ᠡᠷᠭᠢᠨ ᠲᠣᠭᠤᠷᠢᠨ ᠳᠤ ᠲᠦᠭᠡᠭᠡᠵᠦ ᠪᠠᠶᠢᠨ᠎ᠠ᠃ ᠬᠥᠳᠡᠭᠡ ᠲᠣᠰᠬᠤᠨ ᠤ ᠨᠠᠮ ᠰᠡᠯᠡᠭᠦᠨ ᠵᠥᠷᠢᠭ ᠵᠠᠮ᠂ | ᠬᠥᠭᠵᠢᠶᠡᠨ ᠨᠠᠷᠭᠢᠶᠠᠨ ᠲᠠᠢ ᠬᠤᠲᠠ ᠶᠢᠨ ᠵᠠᠮ᠂ ᠲᠡᠭᠰᠢ ᠰᠢᠯᠤᠭᠤᠨ ᠲᠦᠷᠭᠡᠨ ᠬᠤᠷᠳᠤᠴᠠᠲᠤ ᠵᠠᠰᠠᠮᠠᠯ ᠵᠠᠮ ᠪᠠᠶᠢᠵᠤ᠂ | ᠲᠡᠭᠦᠨ ᠢᠶᠠᠷ ᠳᠠᠮᠵᠢᠨ ᠪᠢᠳᠡ ᠨᠢᠭᠡ ᠪᠣᠯ ᠠᠯᠤᠰ ᠬᠤᠯᠠ ᠵᠦᠭ ᠶᠠᠪᠤᠵᠤ᠂ ᠨᠢᠭᠡ ᠪᠣᠯ ᠨᠤᠲᠤᠭ ᠲᠠᠭᠠᠨ ᠬᠠᠷᠢᠨ᠎ᠠ᠃ | ︽ᠦᠵᠡᠭᠡᠴᠢ᠂ ᠮᠠᠨ ᠤ ᠭᠡᠷ ᠤᠨ ᠡᠭᠦᠳᠡᠨ ᠡᠮᠦᠨᠡᠬᠢ ᠡᠨᠡ ᠵᠠᠮ ᠶᠠᠮᠠᠷ ᠪᠤᠢ︖ ᠡᠮᠦᠨ᠎ᠡ ᠬᠡᠳᠦᠨ ᠵᠢᠯ᠂ | ᠠᠯᠬᠤᠬᠤ ᠳᠤ ᠡᠩᠭᠦᠯ ᠲᠤᠩᠬᠤᠯ᠂ ᠦᠪᠴᠢ ᠪᠡᠶ᠎ᠡ ᠳᠤ ᠦᠨᠡᠰᠦ ᠰᠢᠷᠤᠢ ᠨᠠᠭᠠᠯᠳᠤᠵᠦ᠂ ᠬᠠᠮᠢᠭ᠎ᠠ ᠣᠴᠢᠶ᠎ᠠ ᠭᠡᠵᠦ | ᠪᠣᠳᠣᠭᠰᠠᠨ ᠴᠤ ᠳᠥᠭᠦᠮ ᠦᠭᠡᠢ᠃ ᠤᠳᠤ ᠠᠳᠠᠯᠢ ᠦᠭᠡᠢ ᠪᠣᠯᠵᠠᠢ᠂ ᠲᠡᠷᠭᠡ ᠵᠢᠯᠣᠭᠤᠳᠤᠭᠠᠳ ᠨᠢᠭᠡ ᠴᠠᠭ ᠪᠣᠯᠪᠠᠯ | ᠤᠯᠠᠭᠠᠨᠬᠤᠲᠠ ᠳᠤ ᠬᠦᠷᠴᠢᠬᠡᠨ᠎ᠡ᠃ ᠬᠤᠶᠠᠷ ᠴᠠᠭ ᠬᠠᠭᠠᠰ ᠤᠨ ᠳᠣᠲᠣᠷ᠎ᠠ ᠴᠢᠴᠢᠬᠠᠷ ᠬᠤᠳᠠ ᠳᠤ ᠬᠦᠷᠴᠦ ᠪᠣᠯᠤᠨ᠎ᠠ | ᠁ ᠲᠦᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠬᠦ ᠦᠭᠡᠢ ᠭᠠᠵᠠᠷ ᠭᠡᠵᠦ ᠪᠠᠶᠢᠬᠤ ᠦᠭᠡᠢ᠃ ᠵᠠᠮ | ᠨᠡᠪᠲᠡᠷᠡᠴᠢᠬᠡᠪᠡᠯ ᠠᠮᠢᠳᠤᠷᠠᠯ ᠠᠶᠠᠨᠳᠠᠭᠠᠨ ᠰᠠᠶᠢᠵᠢᠷᠠᠬᠤ ᠶᠤᠮ᠃ ᠲᠣᠰᠬᠤᠨ ᠤ ᠠᠷᠠᠳ ᠤᠨ ᠠᠰᠢᠭ ᠤᠯᠵᠠᠪᠦᠷᠢ ᠨᠢ | ᠨᠡᠮᠡᠭᠳᠡᠵᠦ᠂ ᠤᠮᠤᠭ ᠲᠡᠭᠦᠯᠳᠡᠷ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠰᠠᠭᠤᠭᠠᠯᠢ | ᠠᠷᠠᠳ ᠭᠦᠸᠧ ᠰᠢᠶᠠᠩ ᠭᠠᠩ ︽ᠬᠢᠩᠭᠠᠨ ᠤ ᠠᠭᠤᠯᠠ ᠤᠰᠤ ᠪᠠᠨ ᠪᠠᠭ᠋ᠠᠷᠬᠠᠶ᠎ᠠ︾ ᠭᠡᠬᠦ ᠰᠤᠷᠪᠤᠯᠵᠢᠯᠠᠬᠤ | ᠳᠤᠭᠤᠶᠢᠯᠠᠩ ᠤᠨ ᠰᠤᠷᠪᠤᠯᠵᠢᠯᠠᠭᠴᠢ ᠳᠤ ᠲᠡᠳᠡᠨ ᠤ ᠭᠡᠷ ᠤᠨ ᠡᠮᠦᠨᠡᠬᠢ ︽ᠵᠠᠮ︾ — ᠵᠢᠨᠢᠩ ᠠᠴᠠ ᠠᠷᠤᠨ | ᠬᠤᠰᠢᠭᠤ ᠬᠦᠷᠬᠦ ᠲᠦᠷᠭᠡᠨ ᠬᠤᠷᠳᠤᠴᠠᠲᠦ ᠵᠠᠰᠠᠮᠠᠯ ᠵᠠᠮ ᠢ ᠣᠮᠤᠭ ᠪᠠᠭ᠋ᠠᠳᠤᠯ ᠲᠠᠢ ᠪᠠᠷ ᠲᠠᠨᠢᠯᠴᠠᠭᠤᠯᠤᠨ᠎ᠠ᠃ | ᠵᠠᠯᠠᠶᠢᠳ ᠪᠣᠯ ᠮᠣᠩᠭᠤᠯ ᠦᠭᠡ᠂ ᠡᠷᠲᠡᠨ ᠤ ᠮᠣᠩᠭᠤᠯ ᠦᠨᠳᠦᠰᠦᠲᠡᠨ ᠤ ᠠᠶᠢᠮᠠᠭ ᠤᠨ ᠨᠡᠷᠡᠶᠢᠳᠦᠯ ᠪᠣᠯᠤᠨ᠎ᠠ᠃ | ︽ᠮᠠᠨᠵᠤ ᠶᠢᠨ ᠭᠠᠵᠠᠷ ᠤᠨ ᠨᠡᠷ᠎ᠡ ᠶᠢᠨ ᠰᠢᠨᠵᠢᠯᠡᠯ︾ ᠳᠤ᠄ ︽ᠵᠠᠯᠠᠢ︾ ᠪᠣᠯ ᠬᠤᠲᠣᠭᠤᠷ ᠭᠠᠵᠠᠷ ᠭᠡᠰᠡᠨ | ᠤᠳᠬ᠎ᠠ ᠲᠠᠢ᠃ ᠬᠡᠷᠡᠭ ᠳᠡᠭᠡᠷ᠎ᠡ ᠪᠠᠨ ᠴᠦ ᠦᠨᠡᠬᠡᠷ ᠡᠶᠢᠮᠦ ᠪᠠᠶᠢᠨ᠎ᠠ᠃ ᠵᠠᠯᠠᠶᠢᠳ ᠬᠤᠰᠢᠭᠤ ᠪᠣᠯ ᠶᠡᠭᠡ ᠬᠢᠩᠭᠠᠨ | ᠳᠠᠪᠠᠭ᠎ᠠ ᠠᠴᠠ ᠰᠤᠩᠭᠠᠷᠢ ᠨᠤᠨ ᠮᠦᠷᠡᠨ ᠤ ᠲᠠᠯ᠎ᠠ ᠭᠠᠵᠠᠷ ᠵᠦᠭ ᠰᠢᠯᠵᠢᠬᠦ ᠣᠷᠣᠨ ᠳᠤ ᠬᠠᠷᠢᠶᠠᠯᠠᠭᠳᠠᠵᠤ᠂ | ᠣᠯᠠᠩᠬᠢ ᠨᠢ ᠠᠭᠤᠯᠠᠷᠬᠠᠭ ᠭᠠᠵᠠᠷ ᠪᠠ ᠳᠣᠪᠣᠷᠬᠠᠭ ᠭᠠᠵᠠᠷ ᠪᠣᠯᠤᠨ᠎ᠠ᠃ ᠭᠠᠵᠠᠷ ᠤᠨ ᠪᠠᠶᠢᠴᠠ ᠨᠢ ᠪᠠᠷᠠᠭᠤᠨ | ᠬᠤᠶᠢᠨ᠎ᠠ ᠠᠴᠠ ᠵᠡᠭᠦᠨ ᠡᠮᠦᠨᠡᠰᠢ ᠬᠡᠯᠪᠠᠶᠢᠵᠦ᠂ ᠡᠷᠭᠦᠭᠳᠡᠴᠡ ᠨᠢ 150 ᠮᠧᠲᠷ ᠠᠴᠠ 1000 ᠮᠧᠲᠷ ᠤᠨ | ᠬᠤᠭᠤᠷᠣᠨᠳᠣ ᠪᠠᠶᠢᠵᠤ᠂ ᠶᠡᠭᠡ ᠪᠠᠭ᠎ᠠ ᠠᠭᠤᠯᠠ ᠣᠷᠭᠢᠯ 349 ᠪᠠᠶᠢᠳᠠᠭ᠃ ᠪᠥᠬᠦ ᠬᠤᠰᠢᠭᠤᠨ ᠤ ᠬᠢᠯᠢ ᠳᠣᠲᠣᠷ᠎ᠠ | ᠨᠡᠶᠢᠲᠡ 255 ᠲᠦᠮᠡᠨ ᠮᠥ ᠪᠠᠯᠠᠷ ᠣᠶ᠂ 1000 ᠲᠦᠮᠡᠨ ᠮᠥ ᠨᠤᠲᠤᠭ ᠪᠡᠯᠴᠢᠭᠡᠷ ᠲᠠᠢ᠃ ᠤᠰᠤᠨ ᠤ ᠡᠬᠢ | ᠪᠠᠶᠠᠯᠢᠭ ᠴᠤ ᠬᠠᠷᠢᠴᠠᠩᠭᠤᠶ ᠪᠠᠷ ᠡᠯᠪᠡᠭ ᠳᠡᠯᠪᠡᠭ ᠪᠠᠶᠢᠵᠤ᠂ ᠠᠭᠤᠯᠠᠨ ᠪᠤᠯᠠᠭ᠂ ᠤᠰᠤᠨ ᠴᠦᠬᠦᠷᠦᠮ ᠨᠡᠶᠢᠳᠡᠮ | ᠲᠠᠷᠬᠠᠵᠤ᠂ ᠭᠤᠣᠯ ᠮᠥᠷᠡᠨ ᠨᠢᠭᠲᠠ ᠲᠠᠷᠬᠠᠵᠤ᠂ ᠴᠤᠤᠯ ᠭᠤᠣᠯ ᠢ ᠪᠠᠭᠲᠠᠭᠠᠭᠰᠠᠨ 74 ᠵᠤᠷᠪᠤᠰ ᠭᠤᠣᠯ ᠮᠥᠷᠡᠨ | ᠪᠠ ᠲᠡᠮᠡᠭᠡᠴᠢ ᠤᠰᠤᠨ ᠴᠥᠭᠦᠷᠥᠮ ᠪᠠᠶᠢᠨ᠎ᠠ᠃ ᠦᠵᠡᠰᠬᠦᠯᠡᠩ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ | ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠨᠢ ᠶᠠᠮᠠᠷ ᠨᠢᠭᠡᠨ ᠬᠡᠮᠵᠢᠶᠡᠨ ᠳᠤ ᠳᠠᠪᠠᠭᠤᠯᠢᠭ ᠲᠠᠯ᠎ᠠ ᠪᠣᠯᠬᠤ | ᠮᠥᠷᠲᠡᠭᠡᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ︽ᠬᠦᠴᠢᠷ ᠠᠰᠠᠭᠤᠳᠠᠯ︾ | ᠪᠤᠯᠤᠨ᠎ᠠ᠃ ᠤᠴᠢᠷ ᠨᠢ ᠬᠥᠬᠡᠮᠳᠦᠭ ᠨᠣᠭᠤᠭᠠᠨ ᠠᠭᠤᠯᠠ ᠤᠰᠤ ᠶᠢ ᠦᠯᠡᠳᠡᠭᠡᠬᠦ ᠮᠥᠷᠲᠡᠭᠡᠨ ᠪᠠᠰᠠ ᠵᠠᠮ | ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠶᠢ ᠪᠠᠲᠦᠯᠠᠨ᠎ᠠ᠂ ᠡᠨᠡ ᠨᠢ ᠶᠠᠷᠢᠶᠠᠨ ᠦᠭᠡᠢ ᠬᠦᠴᠢᠷ ᠤᠨ ᠬᠡᠮᠵᠢᠶ᠎ᠡ ᠶᠢ | ᠶᠡᠬᠡᠪᠡᠷ ᠨᠡᠮᠡᠭᠳᠡᠭᠦᠯᠦᠭᠰᠡᠨ ᠶᠤᠮ᠃ | ᠵᠠᠮ ᠤᠨ ᠪᠦᠲᠦᠭᠡᠨ ᠪᠠᠶᠢᠭᠤᠯᠤᠯᠲᠠ ᠳᠠᠬᠢ ᠨᠥᠭᠦᠭᠡ ᠨᠢᠭᠡ ︽ᠬᠦᠴᠢᠷ ᠠᠰᠠᠭᠤᠳᠠᠯ︾ ᠭᠡᠪᠡᠯ ᠲᠡᠭᠦᠨ ᠤ | ᠣᠷᠣᠰᠢᠵᠤ ᠪᠠᠶᠢᠭ᠎ᠠ ᠭᠠᠵᠠᠷ ᠵᠦᠶ ᠶᠢᠨ ᠪᠠᠶᠢᠷᠢᠰᠢᠯ ᠪᠣᠯᠤᠨ᠎ᠠ᠃ ᠵᠠᠯᠠᠶᠢᠳ ᠬᠤᠰᠢᠭᠤ ᠬᠠᠷᠠᠮᠥ᠋ᠷᠡᠨ ᠮᠤᠵᠢ ᠶᠢᠨ | ᠬᠥᠯᠥᠨ ᠪᠤᠶᠢᠷ ᠠᠶᠢᠮᠠᠭ ᠲᠤ ᠬᠠᠷᠢᠶᠠᠯᠠᠭᠳᠠᠵᠤ ᠪᠠᠶᠢᠵᠠᠶ᠃ ᠬᠤᠵᠢᠮ ᠨᠢ ᠬᠢᠩᠭᠠᠨ ᠠᠶᠢᠮᠠᠭ ᠲᠤ ᠬᠠᠷᠢᠶᠠᠯᠠᠭᠳᠠᠨ᠂ | ᠪᠤᠶᠢᠳᠠ ᠪᠦᠭᠯᠡᠬᠦᠤ ᠣᠷᠣᠨ ᠳᠤ ᠪᠠᠶᠢᠷᠢᠰᠢᠵᠦ᠂ ᠤᠯᠤᠰ ᠤᠨ ᠪᠡᠯᠡ ᠣᠷᠣᠭᠤᠯᠤᠯᠲᠠ ᠬᠠᠷᠢᠴᠠᠩᠭᠤᠶ ᠪᠠᠷ ᠪᠠᠭ᠎ᠠ | ᠪᠠᠶᠢᠵᠠᠢ᠃ 1977 ᠣᠨ ᠠᠴᠠ ᠡᠮᠦᠨ᠎ᠡ᠂ ᠪᠦᠬᠦ ᠬᠤᠰᠢᠭᠤᠨ ᠳᠤ ᠳᠡᠰ ᠲᠤ ᠤᠷᠤᠬᠰᠠᠨ ᠵᠠᠰᠠᠮᠠᠯ ᠵᠠᠮ ᠨᠢᠭᠡ ᠴᠤ | ᠪᠠᠶᠢᠬᠤ ᠦᠭᠡᠢ᠃ 1984 ᠣᠨ ᠠᠴᠠ ᠬᠤᠶᠢᠰᠢ ᠵᠠᠯᠭ᠎ᠠ ᠪᠠᠷ ᠪᠠᠶᠢᠭᠤᠯᠤᠭᠰᠠᠨ ᠬᠠᠶᠢᠷ ᠴᠢᠯᠠᠭᠤᠨ ᠵᠠᠮ ᠪᠣᠯ ᠴᠥᠮ | ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠪᠠ ᠲᠠᠷᠢᠶᠠᠴᠢᠨ ᠮᠠᠯᠴᠢᠳ ᠬᠦᠴᠦ ᠬᠥᠳᠡᠯᠮᠦᠷᠢ ᠣᠷᠣᠭᠤᠯᠬᠤ | ᠠᠷᠭ᠎ᠠ ᠮᠠᠶ᠋ᠢᠭ ᠢᠶᠠᠷ ᠪᠠᠶᠢᠭᠤᠯᠤᠭᠰᠠᠨ ᠳᠥᠭᠦᠮ ᠵᠠᠰᠠᠮᠠᠯ ᠵᠠᠮ ᠪᠣᠯᠤᠨ᠎ᠠ᠃ 2002 ᠣᠨ ᠠᠴᠠ ᠰᠡᠭᠦᠯᠡᠷ᠂ | ᠤᠯᠤᠰ ᠠᠴᠠ ᠨᠥᠬᠦᠪᠥᠷᠢ ᠶᠢᠨ ᠬᠡᠯᠪᠡᠷᠢ ᠪᠠᠷ 400 ᠺᠢᠯᠤᠮᠧᠲᠷ ᠰᠢᠬᠠᠮ ᠰᠢᠶᠠᠨ ᠤ ᠳᠡᠰ ᠤᠨ ᠵᠠᠰᠠᠮᠠᠯ ᠵᠠᠮ ᠢ | ᠪᠦᠲᠦᠭᠡᠨ ᠪᠠᠶᠢᠭᠤᠯᠤᠭᠰᠠᠨ ᠪᠣᠯᠪᠠᠴᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠣᠤᠷ᠎ᠠ᠂ ᠪᠠᠶᠢᠭᠠᠯᠢ ᠶᠢᠨ | ᠭᠠᠮᠰᠢᠭ ᠢ ᠡᠰᠡᠷᠭᠦᠴᠡᠬᠦ ᠪᠠ ᠵᠠᠮ ᠨᠡᠪᠲᠡᠷᠡᠯᠭᠡ ᠶᠢᠨ ᠴᠢᠳᠠᠪᠤᠷᠢ ᠠᠨᠠᠢ ᠪᠠᠶᠢᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠲᠠᠢ ᠵᠣᠬᠢᠴᠠᠬᠤ ᠦᠭᠡᠢ ᠪᠠᠶᠢᠵᠠᠢ᠃ | ᠬᠠᠷᠢᠴᠠᠩᠭᠤᠶ ᠬᠤᠴᠣᠷᠤᠩᠭᠤᠶ ᠵᠠᠮ ᠤᠨ ᠪᠦᠲᠦᠭᠡᠨ ᠪᠠᠶᠢᠭᠤᠯᠤᠯᠲᠠ ᠲᠠᠢ ᠵᠣᠬᠢᠴᠠᠯᠳᠤᠬᠤ ᠨᠢ ᠬᠥᠭᠵᠢᠯᠲᠡ ᠶᠢᠨ | ᠴᠢᠬᠤᠯᠠ ᠠᠴᠢ ᠬᠤᠯᠪᠣᠭᠳᠠᠯ ᠪᠣᠯᠤᠨ᠎ᠠ᠃ ᠵᠠᠯᠠᠶᠢᠳ ᠬᠤᠰᠢᠭᠤ ᠬᠠᠷᠠᠮᠥ᠋ᠷᠡᠨ᠂ ᠭᠢᠷᠢᠨ᠂ ᠥᠪᠥᠷ ᠮᠣᠩᠭᠤᠯ ᠭᠤᠷᠪᠠᠨ | ᠮᠣᠵᠢ ᠣᠷᠣᠨ ᠤ ᠠᠭᠤᠯᠵᠠᠷ ᠭᠠᠵᠠᠷ ᠲᠤ ᠪᠠᠶᠢᠷᠢᠰᠢᠵᠦ᠂ ᠬᠢᠩᠭᠠᠨ ᠠᠶᠢᠮᠠᠭ ᠵᠢᠴᠢ ᠵᠡᠭᠦᠨ ᠬᠡᠰᠡᠭ ᠤᠨ ᠠᠶᠢᠮᠠᠭ | ᠬᠤᠲᠠ ᠠᠴᠠ ︽ᠬᠠᠳᠠᠴᠢ︾ ᠠᠵᠤ ᠦᠢᠯᠡᠳᠪᠦᠷᠢ ᠶᠢᠨ ᠬᠤᠩᠭᠢᠯ ᠬᠥᠷᠬᠦ ᠴᠣᠷ ᠤᠨ ᠭᠠᠭᠴᠠ ᠲᠥᠬᠦᠮ ᠳᠦᠳᠡ | ᠭᠠᠳᠠᠭᠠᠳᠤ ᠭᠠᠷᠭᠠᠯᠲᠠ ᠪᠣᠯᠬᠤ ᠪᠥᠭᠡᠳ ᠪᠠᠰᠠ ᠴᠤ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ | ᠵᠡᠭᠦᠨ ᠬᠤᠶᠢᠲᠤ ᠶᠢᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠳᠤ ᠤᠷᠤᠯᠴᠠᠬᠤ᠂ ᠵᠡᠭᠦᠨ ᠬᠤᠶᠢᠲᠤ ᠶᠢᠨ | ᠠᠵᠤ ᠠᠬᠤᠶ ᠶᠢᠨ ᠲᠣᠭᠤᠷᠢᠭ ᠲᠤ ᠠᠭᠤᠰᠤᠯᠴᠠᠬᠤ ᠴᠢᠬᠤᠯᠠ ᠵᠠᠮ ᠪᠣᠯᠤᠨ᠎ᠠ᠃ ᠡᠭᠦᠨ ᠠᠴᠠ ᠭᠠᠳᠠᠨ᠎ᠠ᠂ ᠵᠠᠯᠠᠶᠢᠳ | ᠬᠤᠰᠢᠭᠤ ᠵᠡᠭᠦᠨᠰᠢ ᠪᠠᠷᠠᠭᠤᠨᠰᠢ 210 ᠺᠢᠯᠤᠮᠧᠲᠷ ᠤᠷᠲᠤ᠂ ᠡᠮᠦᠨᠡᠲᠦ ᠤᠮᠠᠷᠠᠲᠤ ᠶᠢᠨ ᠥᠷᠭᠡᠨ ᠨᠢ 143 | ᠺᠢᠯᠤᠮᠧᠲᠷ᠂ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 11155 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ | ᠨᠡᠶᠢᠳᠠ 14 ᠰᠤᠮᠤ ᠰᠢᠶᠠᠩ ᠪᠠᠯᠭᠠᠰᠤ ︵ᠲᠠᠯᠠᠪᠠᠢ︶᠂ 196 ᠭᠠᠴᠠᠭ᠎ᠠ ︵ᠲᠣᠰᠬᠤᠨ︶᠂ 699 ᠠᠶᠢᠯ ︵ | ᠲᠣᠰᠬᠤᠨ︶ ᠲᠠᠢ᠂ ᠶᠡᠷᠦᠩᠬᠡᠶ ᠬᠥᠮᠦᠨ ᠠᠮᠠ ᠨᠢ 40 ᠲᠦᠮᠡᠨ ᠬᠥᠮᠦᠨ ᠪᠠᠶᠢᠵᠤ᠂ ᠡᠭᠦᠨ ᠳᠤ ᠬᠥᠳᠡᠭᠡ | ᠲᠣᠰᠬᠤᠨ ᠤ ᠬᠥᠮᠦᠨ ᠠᠮᠠ ᠨᠢ 30 ᠲᠦᠮᠡᠨ ᠬᠥᠮᠦᠨ ᠪᠠᠶᠢᠵᠤ᠂ ᠥᠷᠭᠡᠨ ᠠᠭᠤᠳᠠᠮ ᠭᠠᠵᠠᠷ ᠣᠷᠣᠨ ᠤ ᠲᠠᠯᠠᠪᠠᠢ | ᠪᠠ ᠬᠥᠮᠦᠨ ᠠᠮᠠ ᠶᠢᠨ ᠨᠡᠯᠢᠶᠡᠳ ᠶᠡᠭᠡ ᠲᠤᠭ᠎ᠠ ᠬᠡᠮᠵᠢᠶ᠎ᠡ ᠨᠢ ᠨᠡᠩ ᠪᠦᠷᠢᠨ ᠲᠡᠭᠦᠯᠳᠡᠷ ᠵᠠᠮ ᠤᠨ ᠰᠢᠰᠲ᠋ᠧᠮ ᠢ | ᠪᠠᠶᠢᠭᠤᠯᠬᠤ ᠶᠢ ᠱᠠᠭᠠᠷᠳᠠᠵᠤ ᠪᠠᠶᠢᠨ᠎ᠠ᠃ | ︽ᠠᠷᠪᠠᠨ ᠨᠢᠭᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ᠨᠠᠰᠢ᠂ ᠵᠠᠯᠠᠶᠢᠳ ᠬᠤᠰᠢᠭᠤ ᠵᠠᠮ | ᠬᠠᠷᠢᠯᠴᠠᠭᠠᠨ ᠤ ᠪᠣᠭᠤᠮᠢ ᠬᠢᠵᠠᠭᠠᠷᠯᠠᠯ ᠢ ᠰᠢᠪᠲᠤᠯᠬᠤ ᠶᠢᠨ ᠲᠥᠯᠥᠭᠡ᠂ ᠳᠡᠭᠡᠳᠦ ᠱᠠᠲᠤᠨ ᠤ ᠵᠠᠮ ᠬᠠᠷᠢᠯᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠮ | ᠬᠠᠷᠢᠯᠴᠠᠭᠠᠨ ᠤ ᠲᠥᠷᠥᠯ ᠵᠦᠢᠯ ᠢ ᠨᠥᠭᠡᠴᠡᠯᠡᠬᠦ᠂ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠢ | ᠲᠦᠷᠭᠡᠳᠬᠡᠵᠦ᠂ ᠢᠨᠳᠡᠷ ᠠᠴᠠ ᠵᠢᠶᠠᠩ ᠴᠢᠶᠣᠤ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ ᠤᠯᠠᠭᠠᠨᠬᠤᠲᠠ ᠠᠴᠠ | ᠰᠢᠨᠯᠢᠨ ᠤ ᠬᠤᠶᠢᠳᠤ ᠭᠡᠰᠡᠭ ᠬᠦᠷᠬᠦ ᠲᠦᠷᠭᠡᠨ ᠬᠤᠷᠳᠤᠴᠠᠲᠦ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ | ᠵᠦᠢᠯ ᠢ ᠤᠷᠢᠳ ᠬᠤᠵᠢᠳ ᠪᠦᠲᠦᠭᠡᠨ ᠪᠠᠶᠢᠭᠤᠯᠵᠤ᠂ ᠰᠢᠶᠠᠨ ᠰᠢᠶᠠᠩ ᠲᠣᠰᠬᠤᠨ ᠤ ᠱᠦᠢᠨᠢ ᠵᠠᠮ ᠢ 1707 | ᠺᠢᠯᠤᠮᠧᠲᠷ ᠵᠠᠰᠠᠪᠠ᠃ ᠵᠠᠰᠠᠭ ᠵᠠᠬᠢᠷᠭᠠᠨ ᠤ ᠠᠶᠢᠯ ︵ᠲᠣᠰᠬᠤᠨ᠂ ᠲᠠᠯᠠᠪᠠᠢ︶ ᠤᠨ ᠵᠡᠭᠡᠯᠢ ᠭᠤᠳᠤᠮᠵᠢ ᠶᠢ | ᠬᠠᠲᠠᠭᠤᠷᠠᠭᠤᠯᠬᠤ ᠢᠨᠵᠧᠨᠧᠷᠢᠩ 862 ᠺᠢᠯᠤᠮᠧᠲᠷ ᠵᠢᠴᠢ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ᠂ | ᠠᠮᠤᠷ ᠢ ᠬᠠᠮᠠᠭᠠᠯᠠᠬᠤ ᠢᠨᠵᠧᠨᠧᠷᠢᠩ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠨᠡᠶᠢᠲᠡ 22 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠵᠠᠯᠠᠶᠢᠳ ᠬᠤᠰᠢᠭᠤ ᠮᠤᠵᠢ ᠶᠢᠨ ᠵᠠᠮ 205 ᠱᠤᠭᠤᠮ ᠤᠨ | ᠢᠨᠳᠡᠷ ᠠᠴᠠ ᠴᠢᠩ ᠯᠦᠩ ᠱᠠᠨ ᠬᠦᠷᠬᠦ᠂ ᠴᠢᠯᠠᠭᠤᠨ ᠭᠡᠷ ᠠᠴᠠ ᠰᠢᠩ ᠬᠤᠸᠠ ᠬᠦᠷᠬᠦ ᠬᠤᠶᠠᠳᠤᠭᠠᠷ ᠳᠡᠰ ᠤᠨ | ᠵᠠᠰᠠᠮᠠᠯ ᠵᠠᠮ᠂ ᠴᠡᠴᠡᠷᠯᠢᠭᠲᠦ ᠶᠡᠭᠡ ᠬᠥᠭᠦᠷᠭᠡ᠂ ᠳᠣᠯᠣᠭᠠᠨ ᠭᠡᠷ ᠠᠴᠠ ᠯᠠᠮᠠ ᠶᠢᠨ ᠠᠭᠤᠢ ᠬᠦᠷᠬᠦ ᠵᠢᠭᠤᠯᠴᠢᠯᠠᠯ ᠤᠨ | ᠵᠠᠰᠠᠮᠠᠯ ᠵᠠᠮ᠂ ᠲᠦᠷᠪᠠᠨᠰᠢᠨ ᠶᠡᠭᠡ ᠬᠥᠭᠦᠷᠭᠡ᠂ ᠪᠠᠶᠠᠨᠭᠤᠣᠯ ᠠᠴᠠ ᠵᠢᠶᠠᠩ ᠴᠢᠶᠣᠤ ᠬᠦᠷᠬᠦ ᠭᠤᠷᠪᠠᠳᠤᠭᠠᠷ ᠳᠡᠰ ᠤᠨ | ᠵᠠᠰᠠᠮᠠᠯ ᠵᠠᠮ᠂ ᠮᠤᠵᠢ ᠶᠢᠨ ᠵᠠᠮ 204 ᠱᠤᠭᠤᠮ ᠤᠨ ᠬᠤᠷᠤᠭ᠎ᠠ ᠠᠴᠠ ᠴᠠᠷᠠᠰᠤᠨ ᠬᠦᠷᠬᠦ ᠬᠤᠶᠠᠳᠤᠭᠠᠷ ᠳᠡᠰ ᠤᠨ | ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠣᠰᠬᠤᠨ ᠳᠤ ᠨᠡᠪᠲᠡᠷᠡᠬᠦ | ᠵᠠᠰᠠᠮᠠᠯ ᠵᠠᠮ ᠢ 552 ᠺᠢᠯᠣᠮᠧᠲᠷ᠂ 386 ᠺᠢᠯᠤᠮᠧᠲᠷ ᠶᠠᠳᠠᠭᠤ ᠶᠢ ᠲᠡᠳᠬᠦᠬᠦ ᠵᠠᠰᠠᠮᠠᠯ ᠵᠠᠮ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ 668 ᠺᠢᠯᠣᠮᠧᠲᠷ ᠵᠠᠰᠠᠭ ᠵᠠᠬᠢᠷᠭᠠᠨ ᠤ ᠲᠣᠰᠬᠤᠨ ︵ᠠᠶᠢᠯ᠂ ᠲᠠᠯᠠᠪᠠᠢ︶ ᠤ ᠵᠡᠭᠡᠯᠢ | ᠭᠤᠳᠤᠮᠵᠢ ᠶᠢ ᠬᠠᠳᠠᠭᠤᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ 31.4 | ᠳ᠋ᠦᠩᠰᠢᠭᠤᠷ ᠲᠥᠭᠦᠷᠢᠭ ᠲᠤ ᠬᠦᠷᠴᠡᠶ᠃ | ︽ᠪᠢ ᠪᠣᠯ ᠵᠠᠯᠠᠶᠢᠳ ᠬᠤᠰᠢᠭᠤᠨ ᠳᠤ ᠲᠦᠷᠦᠵᠦ ᠦᠰᠦᠭᠰᠡᠨ ᠬᠥᠮᠦᠨ᠂ ᠮᠥᠨ ᠴᠦ ᠵᠠᠯᠠᠶᠢᠳ ᠬᠤᠰᠢᠭᠤ ᠶᠢᠨ | ᠬᠥᠳᠡᠭᠡ ᠲᠣᠰᠬᠤᠨ ᠤ ᠵᠠᠮ ᠤᠨ ᠬᠥᠭᠵᠢᠯᠲᠡ ᠬᠤᠪᠢᠷᠠᠯᠲᠠ ᠶᠢᠨ ᠭᠡᠷᠡᠴᠢᠯᠡᠭᠴᠢ ᠮᠥᠨ᠃ ᠨᠠᠮᠠᠢᠢ ᠪᠠᠭ᠎ᠠ ᠪᠠᠶᠢᠬᠤ ᠳᠤ | ᠠᠶᠢᠯ ᠤᠨ ᠵᠠᠮ ᠪᠦᠷ ᠰᠢᠷᠣᠶ ᠶᠢᠨ ᠵᠠᠮ᠂ ᠲᠤᠩᠭᠠᠯᠠᠭ ᠡᠳᠦᠷ ᠨᠢᠭᠡ ᠪᠡᠶ᠎ᠡ ᠰᠢᠷᠣᠶ᠂ ᠪᠣᠷᠣᠭᠠᠨ ᠲᠠᠢ ᠡᠳᠦᠷ ᠪᠦᠷ | ᠰᠢᠪᠡᠷ᠂ ᠭᠠᠳᠠᠭᠰᠢ ᠭᠠᠷᠬᠤ ᠳᠤ ᠲᠦᠢᠯ ᠤᠨ ᠬᠦᠴᠢᠷᠲᠡᠢ ᠪᠠᠶᠢᠵᠠᠢ᠃ ᠨᠠᠳᠠ ᠳᠤ ᠬᠠᠮᠤᠭ ᠭᠦᠨ ᠰᠠᠭᠤᠭᠳᠠᠯ | ᠦᠯᠡᠳᠡᠭᠡᠭᠰᠡᠨ ᠬᠤᠶᠠᠷ ᠤᠴᠢᠷ ᠭᠡᠪᠡᠯ᠂ ᠨᠢᠭᠡ ᠨᠢ ᠰᠤᠷᠭᠠᠭᠤᠯᠢ ᠳᠤ ᠤᠴᠢᠬᠤ ᠳᠤ ᠪᠡᠷᠬᠡ᠂ ᠪᠠᠭ᠎ᠠ ᠰᠤᠷᠭᠠᠭᠤᠯᠢ ᠳᠤ | ᠪᠣᠯ ︿ᠠᠭᠤᠯᠠ ᠳᠠᠪᠠᠵᠤ ᠤᠰᠤ ᠭᠡᠲᠦᠯᠬᠦ﹀᠂ ᠳᠤᠮᠳᠠᠳᠤ ᠰᠤᠷᠭᠠᠭᠤᠯᠢ ᠳᠤ ᠪᠣᠯ ︿ᠠᠭᠤᠯᠠ ᠳᠠᠪᠠᠭ᠎ᠠ ᠶᠢ ᠲᠠᠪᠠᠨ᠎ᠠ﹀ | ᠂ ᠬᠡᠦᠬᠡᠳ ᠰᠤᠷᠭᠠᠭᠤᠯᠢ ᠳᠤ ᠣᠴᠢᠬᠤ ᠳᠤ ᠦᠨᠡᠬᠡᠷ ᠬᠦᠴᠢᠷᠲᠡᠢ︔ ᠨᠦᠬᠦᠭᠡ ᠨᠢ ᠠᠮᠢᠳᠤᠷᠠᠯ ᠶᠠᠳᠠᠭᠤ ᠬᠤᠭᠤᠰᠤᠨ᠂ | ᠲᠡᠷᠡ ᠦᠶ᠎ᠡ ᠳᠤ ᠢᠳᠡᠵᠦ ᠡᠮᠦᠰᠬᠦ ᠳᠡᠭᠡᠨ ᠵᠣᠪᠠᠵᠤ ᠪᠠᠶᠢᠭᠰᠠᠨ ᠮᠦᠷᠲᠡᠭᠡᠨ ᠲᠣᠰᠬᠤᠨ ᠤ ᠠᠷᠠᠳ ᠪᠦᠷ ᠡᠶᠢᠮᠦ | ᠪᠠᠶᠢᠵᠠᠢ᠃ ᠡᠨᠡ ᠨᠢ ᠬᠡᠯᠡᠯᠭᠡᠨ ᠦᠭᠡᠢ ᠵᠠᠮ ᠬᠠᠷᠢᠯᠴᠠᠭ᠎ᠠ ᠳᠦᠭᠦᠮ ᠦᠭᠡᠢ ᠲᠠᠢ ᠮᠠᠰᠢ ᠶᠡᠭᠡ ᠬᠤᠯᠪᠣᠭ᠎ᠠ ᠲᠠᠢ ᠶᠤᠮ᠃ | ᠲᠣᠰᠬᠤᠨ ᠤ ᠬᠥᠮᠦᠰ ᠭᠠᠳᠠᠭᠰᠢ ᠭᠠᠷᠴᠤ ᠳᠡᠶᠢᠯᠬᠦ ᠦᠭᠡᠢ᠂ ᠭᠠᠳᠠᠨᠠᠬᠢ ᠬᠥᠮᠦᠰ ᠳᠤᠲᠤᠭᠰᠢ ᠤᠷᠤᠵᠦ ᠳᠡᠶᠢᠯᠬᠦ | ᠦᠭᠡᠢ᠂ ᠬᠡᠳᠦᠶ ᠰᠠᠶᠢᠨ ᠡᠬᠢ ᠪᠠᠶᠠᠯᠢᠭ ᠪᠠᠶᠢᠭᠰᠠᠨ ᠴᠤ ᠦᠵᠡᠬᠦ ᠠᠴᠠ ᠪᠢᠰᠢ᠂ ᠬᠡᠷᠡᠭᠯᠡᠵᠦ ᠪᠣᠯᠬᠤ ᠦᠭᠡᠢ᠂ | ᠶᠠᠳᠠᠭᠤᠷᠠᠯ ᠤᠨ ᠦᠨᠳᠦᠰᠦ ᠢᠩᠬᠢᠵᠦ ᠪᠤᠢ ᠪᠤᠯᠪᠠ᠃ ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤᠨ ᠤ ᠪᠠᠳᠠᠷᠠᠬᠤ | ᠭᠠᠴᠠᠭ᠎ᠠ ᠶᠢᠨ ᠨᠠᠮ ᠤᠨ ᠡᠭᠦᠷ ᠤᠨ ᠱᠦᠵᠢ ᠭᠤᠤ ᠶᠢᠨ ᠼᠠᠢ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠣᠳᠣ | ᠦᠰᠦᠳ ᠥᠭᠡᠷ᠎ᠡ ᠪᠣᠯᠵᠠᠶ᠃ ᠲᠣᠰᠬᠤᠨ ᠤ ︿ᠨᠠᠷᠢᠨ ᠵᠠᠮ﹀ ᠢ ᠪᠦᠷ ᠱᠦᠢᠨᠢ ᠵᠠᠮ ᠪᠣᠯᠭᠠᠨ ᠥᠭᠡᠷᠡᠴᠢᠯᠡᠨ | ᠪᠠᠶᠢᠭᠤᠯᠵᠤ᠂ ᠵᠠᠮ ᠤᠨ ᠬᠤᠶᠠᠷ ᠲᠠᠯ᠎ᠠ ᠳᠤ ᠨᠢ ᠮᠣᠳᠣ ᠪᠣᠯᠤᠨ ᠰᠣᠷᠭᠤᠭ ᠴᠡᠴᠡᠭ ᠢ ᠳᠦᠭᠦᠷᠲᠡᠯ᠎ᠡ ᠲᠠᠷᠢᠪᠠ᠃ | ᠲᠣᠰᠬᠤᠨ ᠤ ᠠᠷᠠᠳ ᠶᠠᠪᠤᠵᠤ ᠰᠠᠭᠤᠬᠤ ᠳᠤ ᠳᠥᠭᠦᠮ ᠪᠤᠯᠵᠦ᠂ ᠪᠣᠷᠣᠭᠠᠨ ᠤᠷᠤᠭᠰᠠᠨ ᠴᠤ ᠵᠤᠪᠠᠭ᠋ᠤ ᠦᠭᠡᠶ᠃ | ᠪᠠᠰᠠ ᠲᠣᠰᠬᠤᠨ ᠤ ᠭᠠᠳᠠᠨᠠᠬᠢ ︽ᠶᠡᠭᠡ ᠵᠠᠮ︾ ᠢ ᠰᠢᠭᠤᠳ ᠢᠨᠳᠡᠷ ᠪᠠᠯᠭᠠᠰᠤᠨ ᠳᠤ ᠨᠡᠪᠲᠡᠷᠡᠭᠦᠯᠵᠦ᠂ ᠲᠣᠰᠬᠤᠨ ᠤ | ᠠᠷᠠᠳ ᠡᠨᠡ ᠵᠠᠮ ᠢ ᠳᠤᠷᠠᠳᠬᠤ ᠲᠠᠢ ᠵᠡᠷᠭᠡ ᠡᠷᠡᠬᠡᠶ ᠬᠤᠷᠤᠭᠤ ᠪᠠᠨ ᠭᠠᠷᠭᠠᠳᠠᠭ᠃ ᠤᠳᠤ ᠪᠦᠷ ᠡᠨᠡ ᠵᠠᠮ ᠢᠶᠠᠷ | ᠳᠠᠮᠵᠢᠨ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ ᠡ ᠶᠢᠨ ᠠᠷᠠᠯᠵᠢᠶ᠎ᠠ ᠬᠢᠵᠦ᠂ ᠪᠠᠶᠠᠵᠢᠨ | ᠴᠢᠨᠡᠭᠡᠯᠢᠭᠵᠢᠬᠦ ᠪᠠᠷ ᠴᠢᠷᠮᠠᠶᠢᠵᠤ ᠪᠠᠶᠢᠨ᠎ᠠ︾ ᠭᠡᠪᠡ᠃ | ᠭᠤᠤ ᠶᠢᠨ ᠼᠠᠢ ᠶᠢᠨ ᠬᠡᠯᠡᠭᠰᠡᠨ ᠲᠣᠰᠬᠤᠨ ᠤ ᠭᠠᠳᠠᠨᠠᠬᠢ ᠲᠡᠷᠡ ᠬᠦ ︽ᠶᠡᠭᠡ ᠵᠠᠮ︾ ᠪᠤᠯ ᠵᠠᠯᠠᠶᠢᠳ | ᠬᠤᠰᠢᠭᠤᠨ ᠠᠴᠠ ᠷᠠᠰᠢᠶᠠᠨ ᠬᠦᠷᠬᠦ ᠵᠢᠭᠤᠯᠴᠢᠯᠠᠯ ᠤᠨ ᠵᠠᠰᠠᠮᠠᠯ ᠵᠠᠮ ᠪᠣᠯᠬᠤ ᠮᠦᠷᠲᠡᠬᠡᠨ ᠳᠣᠯᠣᠭᠠᠨ ᠭᠡᠷ ᠠᠴᠠ | ᠯᠠᠮᠠ ᠶᠢᠨ ᠠᠭᠤᠢ ᠶᠢᠨ ᠶᠡᠭᠡ ᠬᠥᠭᠦᠷᠭᠡ ᠶᠢᠨ ᠬᠡᠰᠡᠭ ᠬᠦᠷᠬᠦ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ | ᠢᠨᠵᠧᠨᠧᠷᠢᠩ ᠪᠣᠯᠤᠨ᠎ᠠ᠃ ᠲᠣᠰ ᠵᠠᠰᠠᠮᠠᠯ ᠵᠠᠮ ᠨᠢ ᠣᠳᠣ ᠳᠥᠷᠪᠡᠳᠦᠭᠡᠷ ᠳᠡᠰ ᠪᠠ ᠭᠤᠷᠪᠠᠳᠤᠭᠠᠷ ᠳᠡᠰ ᠤᠨ ᠱᠦᠢᠨᠢ | ᠵᠠᠮ ᠪᠠᠶᠢᠵᠦ᠂ ᠲᠡᠭᠦᠨ ᠢ ᠬᠤᠶᠠᠳᠤᠭᠠᠷ ᠳᠡᠰ ᠤᠨ ᠵᠢᠭᠤᠯᠴᠢᠯᠠᠯ ᠤᠨ ᠵᠠᠰᠠᠮᠠᠯ ᠵᠠᠮ ᠪᠣᠯᠭᠠᠨ ᠥᠭᠡᠷᠡᠴᠢᠯᠡᠨ | ᠪᠠᠶᠢᠭᠤᠯᠬᠤ ᠪᠠᠷ ᠲᠦᠯᠦᠪᠯᠡᠵᠦ᠂ ᠴᠠᠭ ᠤᠨ ᠬᠤᠷᠳᠤᠴᠠ ᠨᠢ 60 ᠺᠢᠯᠤᠮᠧᠲᠷ ᠂ ᠵᠠᠮ ᠤᠨ ᠰᠠᠭᠤᠷᠢ ᠶᠢᠨ ᠥᠷᠭᠡᠨ ᠨᠢ | 10 ᠮᠧᠲᠷ᠂ ᠵᠠᠮ ᠤᠨ ᠨᠢᠭᠤᠷ ᠤᠨ ᠥᠷᠭᠡᠨ ᠨᠢ 8.5 ᠮᠧᠲᠷ᠂ ᠪᠥᠬᠦ ᠣᠷᠳᠣ ᠨᠢ 105.45 ᠺᠢᠯᠤᠮᠧᠲᠷ | ᠪᠠᠶᠢᠵᠤ᠂ ᠳᠣᠯᠣᠭᠠᠨ ᠭᠡᠷ ᠪᠤᠯᠤᠨ ᠤᠯᠠᠭᠠᠨᠬᠤᠲᠠ ᠰᠢᠨᠯᠢᠨ ᠤ ᠬᠤᠭᠤᠷᠤᠨᠳᠡᠬᠢ ᠲᠦᠷᠭᠡᠨ ᠬᠤᠷᠳᠤᠴᠠᠲᠤ ᠵᠠᠰᠠᠮᠠᠯ | ᠵᠠᠮ ᠤᠨ ᠱᠤᠭᠤᠮ ᠠᠯᠤᠰᠯᠠᠭᠰᠠᠨ ᠬᠥᠭᠦᠷᠭᠡ ᠶᠢᠨ ᠦᠵᠦᠭᠦᠷ ᠠᠴᠠ ᠡᠬᠢᠯᠡᠨ᠂ 4 ᠰᠢᠶᠠᠩ ᠪᠠᠯᠭᠠᠰᠤᠨ ᠤ 18 ᠠᠶᠢᠯ | ᠲᠣᠰᠬᠤᠨ ᠢᠶᠠᠷ ᠦᠡᠭᠭᠡᠷᠡᠨ᠂ ᠡᠴᠤᠰ ᠲᠤᠨᠢ ᠯᠠᠮᠠ ᠶᠢᠨ ᠠᠭᠤᠶ ᠶᠢᠨ ᠶᠡᠭᠡ ᠬᠥᠭᠦᠷᠭᠡ ᠬᠦᠷᠴᠤ᠂ 10 ᠲᠦᠮᠡ | ᠭᠠᠷᠤᠶ ᠬᠥᠮᠦᠨ ᠠᠮᠠ ᠶᠢ ᠪᠦᠷᠬᠦᠬᠦ ᠪᠤᠯᠤᠨ᠎ᠠ᠃ ᠵᠠᠮ ᠱᠤᠭᠤᠮ ᠨᠢ ᠤᠮᠠᠷᠠᠰᠢ ᠵᠠᠯᠠᠨ ᠠᠶᠢᠯ ᠬᠤᠲᠠ᠂ ᠬᠥᠯᠥᠨ | ᠪᠤᠶᠢᠷ ᠬᠤᠲᠠ ᠵᠢᠴᠢ ᠮᠠᠨᠵᠤᠤᠷ ᠬᠤᠲᠠ ᠳᠤ ᠨᠡᠪᠲᠡᠷᠡᠵᠦ᠂ ᠵᠡᠭᠦᠨᠰᠢ ᠪᠠᠨ ᠬᠠᠷᠠᠮᠥ᠋ᠷᠡᠨ ᠮᠤᠵᠢ ᠳᠤ ᠨᠡᠪᠲᠡᠷᠡᠵᠦ᠂ | ᠡᠮᠦᠨᠡᠰᠢ ᠭᠢᠷᠢᠨ ᠮᠤᠵᠢ ᠶᠢᠨ ᠵᠧᠨ ᠯᠠᠶ ᠰᠢᠶᠠᠨ᠂ ᠪᠠᠷᠠᠭᠤᠨ ᠡᠮᠦᠨᠡᠰᠢ ᠷᠠᠰᠢᠶᠠᠨ ᠬᠤᠲᠠ ᠬᠦᠷᠲᠡᠯ᠎ᠡ ᠨᠡᠪᠲᠡᠷᠡᠨ᠎ᠡ᠃ | ᠡᠭᠦᠨ ᠤ ᠬᠠᠮᠲᠤ᠂ ᠡᠨᠡ ᠬᠦ ᠵᠠᠰᠠᠮᠠᠯ ᠵᠠᠮ ᠨᠢ ᠪᠠᠰᠠ ᠪᠤᠭᠳᠠ ᠠᠭᠤᠯᠠ᠂ ᠶᠠᠩ ᠱᠦ ᠭᠸᠤ ᠣᠶ ᠰᠢᠭᠤᠶ ᠶᠢᠨ ᠲᠠᠯᠠᠪᠠᠶ᠂ | ᠡᠤ ᠴᠠ ᠭᠸᠤ᠂ ᠷᠠᠰᠢᠶᠠᠨ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠰᠢᠭᠤᠳ ᠵᠠᠯᠭᠠᠯᠳᠤᠵᠤ᠂ | ᠵᠠᠯᠠᠶᠢᠳ ᠬᠤᠰᠢᠭᠤ ᠴᠢᠨᠠᠭᠰᠢᠯᠠᠪᠠᠯ ᠬᠢᠩᠭᠠᠨ ᠠᠶᠢᠮᠠᠭ ᠤᠨ ︽ᠷᠠᠰᠢᠶᠠᠨ — ᠬᠠᠶᠢᠯᠠᠷ — ᠮᠠᠨᠵᠤᠤᠷ︾ ᠪᠣᠯᠤᠨ | ᠴᠢᠴᠢᠬᠠᠷ᠂ ᠬᠠᠷᠪᠢᠨ ᠵᠡᠷᠭᠡ ᠵᠡᠭᠦᠨ ᠬᠡᠰᠡᠭ ᠤᠨ ᠮᠤᠵᠢ ᠬᠤᠲᠠ ᠶᠢᠨ ᠰᠢᠵᠢᠷ ᠠᠯᠲᠠᠨ ᠵᠢᠭᠤᠯᠴᠢᠯᠠᠯ ᠤᠨ | ᠲᠣᠭᠤᠷᠢᠭ ᠲᠤ ᠠᠭᠤᠰᠤᠯᠴᠠᠭᠰᠠᠨ ᠬᠠᠮᠤᠭ ᠤᠨ ᠳᠥᠭᠦᠮ ᠳᠥᠲᠡ ᠵᠢᠭᠤᠯᠴᠢᠯᠠᠯ ᠤᠨ ᠵᠠᠰᠠᠮᠠᠯ ᠵᠠᠮ ᠪᠣᠯᠤᠨ᠎ᠠ᠃ ᠡᠨᠡ | ᠬᠦ ᠵᠢᠭᠤᠯᠴᠢᠯᠠᠯ ᠤᠨ ᠵᠠᠰᠠᠮᠠᠯ ᠵᠠᠮ ᠢᠶᠠᠷ ᠳᠠᠮᠵᠢᠨ᠂ ᠵᠠᠯᠠᠶᠢᠳ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ | ᠭᠦᠢᠴᠡᠳ ᠠᠭᠤᠳᠠᠯᠯᠡᠨ ᠠᠰᠢᠭᠯᠠᠵᠤ᠂ ᠭᠠᠳᠠᠨ᠎ᠠ ᠣᠷᠣᠨ ᠤ ᠵᠢᠭᠤᠯᠴᠢᠳ ᠢ ᠶᠡᠭᠡ ᠬᠡᠮᠵᠢᠶ᠎ᠡ ᠪᠠᠷ ᠲᠠᠲᠠᠨ ᠠᠪᠴᠢᠷᠠᠵᠦ | ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠲᠡᠷᠡᠴᠢᠯᠡᠨ ᠮᠠᠨ ᠤ | ᠠᠶᠢᠮᠠᠭ ᠤᠨ ᠪᠤᠰᠤᠳ ᠬᠤᠰᠢᠭᠤ ᠰᠢᠶᠠᠨ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠯᠤᠭ᠎ᠠ ᠬᠠᠮᠲᠦᠷᠠᠨ | ᠬᠥᠳᠡᠯᠦᠯᠴᠡᠵᠦ᠂ ᠬᠠᠮᠲᠤ ᠶᠢᠨ ᠵᠢᠭᠤᠯᠴᠢᠯᠠᠯ ᠤᠨ ᠲᠥᠷᠥᠯ ᠲᠡᠮᠳᠡᠭ ᠢ ᠪᠣᠢ ᠪᠤᠯᠭᠠᠨ᠎ᠠ︔ ᠡᠭᠦᠨ ᠠᠴᠠ ᠭᠠᠳᠠᠨ᠎ᠠ ᠵᠠᠮ | ᠬᠠᠷᠢᠯᠴᠠᠭᠠᠨ ᠤ ᠣᠷᠴᠢᠨ ᠲᠣᠭᠤᠷᠢᠨ ᠨᠢ ᠡᠯ᠎ᠡ ᠭᠠᠵᠠᠷ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠮᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠬᠥᠭᠵᠢᠯᠲᠡ ᠪᠤᠵᠠᠭᠠᠶᠢᠷᠠᠯ ᠢ ᠠᠬᠢᠭᠤᠯᠵᠤ᠂ ᠲᠤᠬᠠᠶ ᠶᠢᠨ ᠭᠠᠵᠠᠷ ᠤᠨ ᠣᠯᠠᠨ | ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠤᠩ ᠳᠥᠭᠦᠮ ᠦᠵᠡᠭᠦᠯᠤᠨ᠎ᠠ︔ ᠪᠠᠰᠠ ᠲᠤᠬᠠᠶ ᠶᠢᠨ ᠭᠠᠵᠠᠷ ᠤᠨ | ᠢᠳᠡᠭᠡᠨ ᠤᠮᠳᠠᠭᠠᠨ ᠤ ᠦᠢᠯᠡᠰ᠂ ᠲᠡᠭᠡᠭᠡᠪᠦᠷᠢ ᠶᠢᠨ ᠦᠢᠯᠡᠰ᠂ ᠬᠦᠷᠢᠶ᠎ᠡ ᠬᠠᠰᠢᠶᠠᠨ ᠤ ᠠᠵᠤ ᠠᠬᠤᠶ ᠪᠠ ᠲᠡᠵᠢᠭᠡᠨ | ᠦᠷᠡᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠵᠠᠯᠠᠶᠢᠳ ᠬᠤᠰᠢᠭᠤ ᠠᠴᠠ ᠷᠠᠰᠢᠶᠠᠨ ᠬᠥᠷᠬᠦ ᠵᠢᠭᠤᠯᠴᠢᠯᠠᠯ ᠤᠨ ᠵᠠᠰᠠᠮᠠᠯ ᠵᠠᠮ ᠪᠣᠯ ᠵᠥᠪᠬᠡᠨ ᠵᠠᠯᠠᠶᠢᠳ | ᠬᠤᠰᠢᠭᠤᠨ ᠤ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠬᠤᠷᠢᠶᠠᠩᠭᠤᠶ ᠳᠦᠷᠰᠦ ᠲᠡᠳᠦᠶ ᠶᠤᠮ᠃ | 2019 ᠣᠨ ᠤ ᠡᠴᠦᠰ ᠪᠣᠯᠲᠠᠯ᠎ᠠ᠂ ᠵᠠᠯᠠᠶᠢᠳ ᠬᠤᠰᠢᠭᠤᠨ ᠤ ᠵᠠᠰᠠᠮᠠᠯ ᠵᠠᠮ ᠤᠨ ᠪᠦᠬᠦ ᠤᠷᠲᠤ ᠨᠢ ᠨᠢᠭᠡᠨᠲᠡ | 2911 ᠺᠢᠯᠤᠮᠧᠲᠷ ᠲᠤ ᠬᠦᠷᠴᠦ᠂ ᠱᠦᠢᠨᠢ ᠵᠠᠮ ᠤᠨ ᠭᠠᠳᠠᠷᠭᠤ ᠨᠢ 2503 ᠺᠢᠯᠤᠮᠧᠲᠷ ᠲᠤ ᠬᠦᠷᠴᠦ᠂ | 86% ᠶᠢ ᠡᠵᠡᠯᠡᠪᠡ᠃ ᠡᠭᠦᠨ ᠳᠤ ᠤᠯᠠᠭᠠᠨᠬᠤᠲᠠ ᠠᠴᠠ ᠰᠢᠨᠯᠢᠨ ᠤ ᠬᠤᠶᠢᠳᠤ ᠭᠡᠰᠡᠭ ᠬᠦᠷᠬᠦ ᠲᠦᠷᠭᠡᠨ | ᠬᠤᠷᠳᠤᠴᠠᠲᠦ ᠵᠠᠰᠠᠮᠠᠯ ᠵᠠᠮ 119 ᠺᠢᠯᠤᠮᠧᠲᠷ᠂ ᠤᠯᠤᠰ ᠤᠨ ᠵᠠᠰᠠᠮᠠᠯ ᠵᠠᠮ ᠤᠨ 111 ᠱᠤᠭᠤᠮ 122 ᠺᠢᠯᠤᠮᠧᠲᠷ | ᠂ ᠮᠤᠵᠢ ᠶᠢᠨ ᠲᠡᠰ ᠤᠨ ᠵᠠᠰᠠᠮᠠᠯ ᠵᠠᠮ 4 ᠵᠤᠷᠪᠤᠰ 378 ᠺᠢᠯᠤᠮᠧᠲᠷ᠂ ᠰᠢᠶᠠᠨ ᠤ ᠳᠡᠰ ᠤᠨ ᠵᠠᠰᠠᠮᠠᠯ ᠵᠠᠮ 9 | ᠵᠤᠷᠪᠤᠰ 668 ᠺᠢᠯᠤᠮᠧᠲᠷ᠂ ᠰᠢᠶᠠᠩ ᠤᠨ ᠲᠡᠰ ᠤᠨ ᠵᠠᠰᠠᠮᠠᠯ ᠵᠠᠮ 18 ᠵᠤᠷᠪᠤᠰ 434 ᠺᠢᠯᠤᠮᠧᠲᠷ᠂ | ᠲᠣᠰᠬᠤᠨ ᠤ ᠲᠡᠰ ᠤᠨ ᠵᠠᠰᠠᠮᠠᠯ ᠵᠠᠮ 273 ᠵᠤᠷᠪᠤᠰ 1190 ᠺᠢᠯᠤᠮᠧᠲᠷ᠂ ᠰᠢᠶᠠᠨ ᠤ ᠵᠠᠮ ᠢᠶᠠᠷ ᠰᠠᠯᠠᠭ᠎ᠠ ᠡᠰᠢ | ᠪᠣᠯᠭᠠᠭᠰᠠᠨ᠂ ᠰᠢᠶᠠᠩ ᠤᠨ ᠵᠠᠮ ᠢᠶᠠᠷ ᠰᠤᠳᠠᠯ ᠰᠤᠳᠠᠰᠤ ᠪᠣᠯᠭᠠᠭᠰᠠᠨ᠂ ᠲᠤᠰᠬᠤᠨ ᠤ ᠵᠠᠮ ᠢᠶᠠᠷ ᠨᠥᠬᠦᠪᠥᠷᠢ | ᠪᠣᠯᠭᠠᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠳᠤᠤᠷ ᠢ ᠦᠨᠳᠦᠰᠦᠨ ᠳᠡᠭᠡᠨ | ᠪᠡᠶᠡᠯᠡᠭᠦᠯᠪᠡ᠃ ᠣᠳᠣᠬᠠᠨ ᠳᠤ᠂ ᠪᠥᠬᠦ ᠬᠤᠰᠢᠭᠤᠨ ᠤ 14 ᠰᠤᠮᠤ ᠰᠢᠶᠠᠩ ᠪᠠᠯᠭᠠᠰᠤ ︵ᠲᠠᠯᠠᠪᠠᠶ︶ ᠶᠢᠨ 196 | ᠭᠠᠴᠠᠭ᠎ᠠ ︵ᠲᠣᠰᠬᠤᠨ︶ ᠳᠤ ᠨᠢᠭᠡᠨᠲᠡ ᠪᠦᠬᠦᠨ ᠢᠶᠠᠷ ᠢᠶᠠᠨ ᠱᠦᠢᠨᠢ ᠵᠠᠮ ᠨᠡᠪᠲᠡᠷᠡᠵᠦ᠂ 425 ᠵᠠᠰᠠᠭ ᠵᠠᠬᠢᠷᠭᠠᠨ ᠤ | ᠠᠶᠢᠯ ︵ᠲᠣᠰᠬᠤᠨ᠂ ᠲᠠᠯᠠᠪᠠᠶ︶ ᠤᠨ ᠵᠡᠭᠡᠯᠢ ᠭᠤᠳᠤᠮᠵᠢ ᠶᠢ ᠨᠡᠶᠢᠲᠡ 1530 ᠺᠢᠯᠤᠮᠧᠲᠷ ᠬᠠᠲᠠᠭᠤᠷᠠᠭᠤᠯᠪᠠ᠃ | ᠲᠣᠰᠬᠤᠨ ᠳᠤ ᠴᠥᠮ ᠠᠶᠠᠨᠴᠢᠨ ᠤ ᠮᠠᠰᠢᠨ ᠲᠡᠷᠭᠡ ᠨᠡᠪᠲᠡᠷᠡᠵᠡᠢ᠃ ᠵᠠᠯᠠᠶᠢᠳ ᠬᠤᠰᠢᠭᠤᠨ ᠤ ᠵᠠᠮ ᠤᠨ ᠪᠥᠲᠥᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ 2019 ᠣᠨ ᠳᠤ ᠦᠪᠡᠷᠲᠡᠭᠡᠨ ᠵᠠᠰᠠᠬᠤ ᠣᠷᠣᠨ ᠤ | ᠲᠠᠰ ᠤᠨ ᠭᠤᠷᠪᠠᠳᠤᠭᠠᠷ ᠪᠦᠯᠦᠭ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠭᠦᠯᠬᠦ ᠬᠤᠰᠢᠭᠤ ᠰᠢᠶᠠᠨ ᠢᠶᠠᠷ ᠲᠤᠭᠳᠠᠭᠠᠭᠳᠠᠪᠠ᠃ | ᠵᠠᠮ ᠢ ᠰᠠᠶᠢᠲᠤᠷ ᠪᠦᠳᠦᠬᠡᠨ ᠪᠠᠶᠢᠭᠤᠯᠬᠤ ᠪᠠᠷ ᠪᠠᠷᠠᠬᠤ ᠦᠬᠡᠢ᠂ ᠪᠠᠰᠠ ᠰᠠᠶᠢᠲᠤᠷ ᠬᠠᠮᠢᠶᠠᠷᠴᠤ᠂ ᠰᠠᠶᠢᠲᠤᠷ | ᠬᠠᠮᠠᠭᠠᠯᠠᠵᠦ᠂ ᠰᠠᠶᠢᠲᠤᠷ ᠡᠵᠡᠩᠨᠡᠬᠦ ᠬᠡᠷᠡᠭᠲᠡᠢ᠃ ᠵᠠᠯᠠᠶᠢᠳ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ | ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠶᠢ ᠪᠠᠷᠢᠮᠲᠠᠯᠠᠵᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠭᠤᠣᠯ ᠬᠠᠷᠢᠭᠤᠴᠠᠯᠭᠠᠲᠠᠨ ᠪᠣᠯ ᠲᠣᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠢ ᠵᠠᠮ ᠤᠨ ᠳᠠᠷᠤᠭ᠎ᠠ᠂ ᠬᠤᠰᠢᠭᠤᠨ ᠤ ᠵᠠᠮ ᠲᠡᠭᠡᠭᠡᠪᠦᠷᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠰᠢᠶᠠᠨ ᠤ ᠳᠡᠰ ᠤᠨ ᠵᠠᠮ ᠤᠨ ᠳᠠᠷᠤᠭ᠎ᠠ ᠪᠣᠯᠤᠨ᠎ᠠ ᠭᠡᠵᠦ ᠲᠣᠳᠣᠷᠬᠠᠶᠢᠯᠠᠪᠠ᠃ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠰᠢᠶᠠᠩ ᠤᠨ ᠳᠡᠰ ᠤᠨ ᠵᠠᠮ ᠤᠨ ᠳᠠᠷᠤᠭ᠎ᠠ᠂ ᠭᠠᠴᠠᠭ᠎ᠠ ᠲᠣᠰᠬᠤᠨ ᠤ ᠵᠥᠪᠯᠡᠯ ᠤᠨ ᠭᠤᠤᠯ | ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠣᠰᠬᠤᠨ ᠤ ᠳᠡᠰ ᠤᠨ ᠵᠠᠮ ᠤᠨ | ᠳᠠᠷᠤᠭ᠎ᠠ ᠪᠣᠯᠤᠨ᠎ᠠ᠃ ᠡᠯ᠎ᠡ ᠱᠠᠲᠤᠨ ᠤ ᠵᠠᠮ ᠤᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠬᠤ᠂ ᠴᠡᠭᠴᠡᠯᠡᠨ | ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠴᠢᠳᠠᠪᠤᠷᠢ ᠪᠠᠨ ᠪᠦᠲᠦᠮᠵᠢᠲᠡᠶ | ᠳᠡᠭᠡᠭᠰᠢᠯᠡᠭᠦᠯᠵᠦ᠂ ᠵᠠᠮ ᠱᠤᠭᠤᠮ ᠢ ᠵᠢᠭᠰᠠᠭᠠᠨ ᠪᠠᠶᠢᠴᠠᠭᠠᠭᠰᠠᠨ ᠤ ᠳᠠᠷᠠᠭ᠎ᠠ ᠬᠠᠮᠢᠶᠠᠷᠬᠤ ᠬᠥᠮᠦᠨ ᠥᠬᠡᠶ ᠵᠡᠷᠭᠡ | ᠠᠰᠠᠭᠤᠳᠠᠯ ᠢ ᠰᠡᠷᠭᠡᠶᠢᠯᠡᠵᠦ᠂ ᠳᠡᠭᠡᠷ᠎ᠡ ᠠᠴᠠ ᠳᠣᠷᠣᠭᠰᠢ᠂ ᠳᠣᠤᠷ᠎ᠠ ᠠᠴᠠ ᠳᠡᠭᠡᠭᠰᠢ ᠬᠠᠷᠢᠯᠴᠠᠨ ᠲᠦᠯᠬᠢᠨ | ᠠᠬᠢᠭᠤᠯᠬᠤ ᠪᠠᠶᠢᠷᠢᠰᠢᠯ ᠢ ᠪᠣᠶ ᠪᠣᠯᠭᠠᠪᠠ᠃ ᠵᠠᠮ ᠢ ᠬᠡᠪᠰᠢᠭᠦᠯᠦᠨ ᠠᠷᠠᠴᠢᠯᠠᠨ ᠬᠠᠮᠠᠭᠠᠯᠠᠬᠤ ᠶᠢ ᠪᠠᠷᠢᠮᠲᠠᠯᠠᠵᠤ᠂ ︽ | ᠰᠠᠭᠠᠳ ᠥᠬᠡᠶ᠂ ᠴᠡᠪᠡᠷ ᠲᠡᠭᠰᠢᠬᠡᠨ᠂ ᠪᠤᠬᠢᠷᠲᠤᠯ ᠦᠭᠡᠢ᠂ ᠭᠤᠶᠤ ᠰᠠᠶᠢᠬᠠᠨ᠂ ᠠᠮᠤᠷ ᠲᠦᠪᠰᠢᠨ︾ ᠤ | ᠪᠠᠷᠢᠮᠵᠢᠶ᠎ᠠ ᠪᠠᠷ ᠬᠤᠰᠢᠭᠤ ᠰᠢᠶᠠᠩ ᠤᠨ ᠵᠠᠰᠠᠮᠠᠯ ᠵᠠᠮ ᠤᠨ ᠲᠤᠰᠬᠠᠶᠢᠵᠢᠭᠰᠠᠨ ᠠᠷᠠᠴᠢᠯᠠᠯᠲᠠ ᠶᠢ ᠬᠡᠷᠡᠭᠵᠢᠭᠦᠯᠪᠡ᠃ | ᠲᠤᠰᠬᠠᠶ ᠠᠷᠠᠴᠢᠯᠠᠨ ᠬᠠᠮᠠᠭᠠᠯᠠᠬᠤ ᠡᠩᠨᠡᠭᠡ ᠪᠠᠶᠢᠭᠤᠯᠵᠤ᠂ ︽ᠵᠠᠮ ᠪᠠᠶᠢᠪᠠᠯ ᠵᠠᠪᠠᠯ ᠠᠷᠠᠴᠢᠯᠠᠬᠤ︾᠂ ︽ᠠᠷᠠᠴᠢᠯᠠᠪᠠᠯ | ᠵᠠᠪᠠᠯ ᠪᠣᠳᠠᠲᠠᠶᠢᠵᠢᠭᠤᠯᠬᠤ︾ ᠱᠠᠭᠠᠷᠳᠠᠯᠭ᠎ᠠ ᠳᠤ ᠬᠦᠷᠦᠭᠦᠯᠪᠡ᠃ | ᠵᠠᠯᠠᠶᠢᠳ ᠬᠤᠰᠢᠭᠤᠨ ᠤ ᠪᠦᠲᠦᠭᠡᠨ ᠪᠠᠶᠢᠭᠤᠯᠤᠭᠰᠠᠨ ︽ᠰᠠᠭᠠᠳ ᠦᠭᠡᠢ᠂ ᠴᠡᠪᠡᠷ ᠳᠡᠭᠰᠢᠬᠡᠨ᠂ ᠪᠤᠬᠢᠷᠲᠦᠯ | ᠦᠭᠡᠢ᠂ ᠭᠤᠶᠤ ᠰᠠᠶᠢᠬᠠᠨ᠂ ᠠᠮᠤᠷ ᠲᠦᠪᠰᠢᠨ︾ ᠵᠠᠮ ᠨᠢ ᠠᠵᠤ ᠠᠬᠤᠶ ᠬᠢᠭᠡᠳ ᠨᠡᠶᠢᠭᠡᠮ ᠤᠨ ᠲᠦᠷᠭᠡᠨ | ᠬᠥᠭᠵᠢᠯᠲᠡ ᠶᠢ ᠠᠪᠴᠢᠷᠠᠵᠠᠶ᠃ 2015 ᠤᠨ ᠠᠴᠠ 2019 ᠣᠨ ᠪᠤᠯᠳᠡᠯᠡᠬᠢ ᠡᠯ᠎ᠡ ᠵᠦᠢᠯ ᠤᠨ ᠲᠤᠭ᠎ᠠ | ᠪᠠᠷᠢᠮᠲᠠ ᠶᠢ ᠬᠠᠷᠢᠴᠠᠭᠤᠯᠵᠤ ᠦᠵᠡᠪᠡᠯ᠂ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠭᠡᠢ | ᠥᠷᠲᠡᠭ 89.87 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 96.39 ᠳ᠋ᠦᠩᠰᠢᠭᠤᠷ ᠲᠥᠭᠦᠷᠢᠭ ᠪᠣᠯᠵᠣ | ᠨᠡᠮᠡᠭᠳᠡᠪᠡ︔ ᠪᠦᠬᠦ ᠵᠢᠯ ᠳᠤ ᠪᠡᠶᠡᠯᠡᠭᠦᠯᠦᠭᠰᠡᠨ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ 628 ᠲᠦᠮᠡᠨ | ᠲᠣᠨ ᠪᠠᠶᠢᠭᠰᠠᠨ ᠠᠴᠠ ᠪᠠᠨ 741 ᠲᠦᠮᠡᠨ ᠲᠣᠨ ᠪᠤᠯᠵᠤ ᠨᠡᠮᠡᠭᠳᠡᠪᠡ︔ ᠪᠥᠬᠦ ᠵᠢᠯ ᠳᠤ ᠵᠢᠭᠤᠯᠴᠢᠯᠠᠯ ᠤᠨ | ᠶᠡᠷᠦᠩᠬᠡᠶ ᠣᠷᠣᠯᠭ᠎ᠠ ᠶᠢ 5.6 ᠳ᠋ᠦᠩᠰᠢᠭᠤᠷ ᠲᠥᠭᠦᠷᠢᠭ ᠪᠠᠶᠢᠭᠰᠠᠨ ᠠᠴᠠ 8.99 ᠳ᠋ᠦᠩᠰᠢᠭᠤᠷ ᠲᠥᠭᠦᠷᠢᠭ | ᠪᠣᠯᠭᠠᠨ ᠨᠡᠮᠡᠭᠳᠡᠭᠦᠯᠪᠡ︔ ᠵᠢᠯ ᠤᠨ ᠡᠴᠦᠰ ᠲᠤ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠪᠠᠷ ᠡᠵᠡᠮᠳᠡᠵᠦ | ᠪᠣᠯᠬᠤ ᠣᠷᠣᠯᠭ᠎ᠠ 11843 ᠲᠦᠭᠦᠷᠢᠭ ᠪᠠᠶᠢᠭᠰᠠᠨ ᠠᠴᠠ 17009 ᠲᠥᠭᠦᠷᠢᠭ ᠪᠣᠯᠵᠤ᠂ ᠡᠭᠦᠨ ᠳᠤ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠪᠠᠷ ᠡᠵᠡᠮᠳᠡᠵᠦ ᠪᠤᠯᠭᠠᠬᠤ ᠣᠷᠣᠯᠭ᠎ᠠ | 20921 ᠲᠥᠭᠦᠷᠢᠭ ᠪᠠᠶᠢᠭᠰᠠᠨ ᠠᠴᠠ ᠪᠠᠨ 28596 ᠲᠥᠭᠦᠷᠢᠭ ᠪᠣᠯᠵᠤ ᠨᠡᠮᠡᠭᠳᠡᠪᠡ᠂ ᠬᠥᠳᠡᠭᠡ ᠲᠣᠰᠬᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠪᠠᠷ ᠡᠵᠡᠮᠳᠡᠵᠦ ᠪᠣᠯᠬᠤ ᠤᠷᠤᠯᠭ᠎ᠠ 7803 | ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 11589 ᠲᠥᠭᠦᠷᠢᠭ ᠪᠤᠯᠵᠠᠢ᠃ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠭᠡᠷ ᠪᠦᠯᠢ ᠶᠢᠨ ᠡᠩᠭᠧᠯ ᠤᠨ ᠵᠢᠭᠠᠯᠲᠠ ᠲᠤᠭ᠎ᠠ ᠬᠠᠷᠢᠴᠠᠩᠭᠤᠶ ᠳᠡᠩᠴᠡᠭᠦᠦ ᠪᠠᠶᠢᠵᠤ᠂ ᠮᠠᠯᠵᠢᠬᠤ | ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠵᠢᠭᠠᠯᠲᠠ ᠲᠤᠭ᠎ᠠ 43.6% | ᠪᠠᠶᠢᠭᠰᠠᠨ ᠠᠴᠠ ᠪᠠᠨ ᠪᠠᠭᠤᠷᠠᠭᠠᠳ 32.2% ᠪᠣᠯᠵᠤ᠂ ᠵᠠᠯᠠᠶᠢᠳ ᠬᠤᠰᠢᠭᠤᠨ ᠤ ᠠᠷᠠᠳ ᠲᠦᠮᠡᠨ ᠤ | ᠠᠮᠢᠳᠤᠷᠠᠯ ᠤᠨ ᠵᠣᠯ ᠵᠢᠷᠭᠠᠯ ᠤᠨ ᠭᠡᠮᠵᠢᠶ᠎ᠠ ᠦᠷᠭᠦᠯᠵᠢᠯᠡᠨ ᠳᠡᠭᠡᠭᠰᠢᠯᠡᠪᠡ᠃ | | | | | ᠬᠡᠳᠦ᠋ᠢᠪᠡᠷ ᠵᠠᠯᠠᠶᠢᠳ ᠬᠤᠰᠢᠭᠤᠨ ᠤ ᠵᠠᠮ ᠲᠦᠷᠭᠡᠨ ᠬᠥᠭᠵᠢᠵᠦ ᠪᠠᠶᠢᠭ᠎ᠠ ᠪᠣᠯᠪᠠᠴᠤ ᠵᠠᠮ ᠤᠨ ᠲᠠᠯ᠎ᠠ ᠪᠠᠷ ᠬᠢ | ᠱᠠᠭᠠᠷᠳᠠᠯᠭ᠎ᠠ ᠨᠢ ᠶᠡᠷᠦ ᠠᠴᠠ ︽ᠬᠠᠩᠭᠠᠯᠲᠠᠲᠠᠶ︾ ᠪᠢᠰᠢ ᠶᠤᠮ᠃ 2020 ᠣᠨ ᠳᠤ ᠪᠠᠰᠠ ᠲᠠᠪᠤᠨ ᠶᠡᠭᠡ ᠲᠥᠷᠥᠯ | ᠵᠦᠢᠯ ᠢ ᠬᠡᠷᠡᠭᠵᠢᠭᠦᠯᠬᠦ ᠪᠠᠷ ᠪᠤᠢ᠃ ᠨᠢᠭᠡ ᠳᠤ᠂ ᠵᠠᠮ ᠤᠨ ᠲᠤᠤᠷ ᠢ ᠰᠠᠶᠢᠵᠢᠷᠠᠭᠤᠯᠬᠤ ᠲᠥᠷᠥᠯ ᠵᠦᠢᠯ᠂ | ᠪᠠᠳᠠᠷᠠᠬᠤ ᠠᠴᠠ ᠰᠢᠩ ᠾᠧ ᠣᠢ ᠰᠢᠭᠤᠶ ᠶᠢᠨ ᠪᠠᠷᠢᠭᠠᠳᠠ ᠬᠦᠷᠲᠡᠯ᠎ᠡ᠂ ᠳᠥᠷᠪᠡᠳᠦᠭᠡᠷ ᠳᠡᠰ ᠤᠨ ᠵᠠᠰᠠᠮᠠᠯ ᠵᠠᠮ ᠤᠨ | ᠲᠥᠷᠥᠯ ᠵᠦᠢᠯ ᠤᠨ ᠪᠦᠬᠦ ᠤᠷᠲᠤ ᠨᠢ 6.4 ᠺᠢᠯᠤᠮᠧᠲᠷ ᠪᠣᠯᠤᠨ᠎ᠠ᠃ ᠪᠠ ᠰᠢᠩ ᠵᠠᠮ ᠠᠴᠠ ᠾᠧ ᠫᠢᠩ ᠳᠦᠨ | ᠬᠦᠷᠬᠦ᠂ ᠳᠥᠷᠪᠡᠳᠦᠭᠡᠷ ᠳᠡᠰ ᠤᠨ ᠵᠠᠰᠠᠮᠠᠯ ᠵᠠᠮ᠂ ᠱᠦᠢᠨᠢ ᠵᠠᠮ ᠤᠨ ᠭᠠᠳᠠᠷᠭᠤ᠂ ᠲᠥᠷᠥᠯ ᠵᠦᠢᠯ ᠤᠨ ᠪᠦᠬᠦ | ᠤᠷᠲᠤ ᠨᠢ 2.4 ᠺᠢᠯᠤᠮᠧᠲᠷ ᠪᠣᠯᠤᠨ᠎ᠠ᠃ ᠴᠢᠴᠢᠬᠠᠷ ᠠᠴᠠ ᠷᠠᠰᠢᠶᠠᠨ ᠬᠦᠷᠬᠦ ᠵᠢᠭᠤᠯᠴᠢᠯᠠᠯ ᠤᠨ ᠵᠠᠰᠠᠮᠠᠯ ᠵᠠᠮ ᠤᠨ | ᠵᠢᠩ ᠰᠢᠩ ᠠᠴᠠ ᠷᠠᠰᠢᠶᠠᠨ ᠪᠠ ᠵᠠᠯᠠᠨ ᠠᠶᠢᠯ ᠤᠨ ᠵᠠᠭᠠᠭ ᠬᠦᠷᠬᠦ ᠬᠡᠰᠡᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ | ᠂ ᠱᠤᠭᠤᠮ ᠤᠨ ᠪᠣᠳᠠᠲᠠᠶ ᠪᠦᠲᠦᠭᠡᠨ ᠪᠠᠶᠢᠭᠤᠯᠤᠯᠲᠠ ᠶᠢᠨ ᠵᠠᠮ ᠤᠨ ᠤᠷᠲᠤ 103.948 ᠺᠢᠯᠤᠮᠧᠲᠷ᠂ ᠪᠠᠷᠤᠭᠰᠢᠨ | ᠪᠧᠲ᠋ᠤᠨ ᠤ ᠳᠡᠭᠡᠳᠦ ᠲᠠᠰ ᠤᠨ ᠵᠠᠮ ᠳᠤ ᠬᠤᠶᠠᠳᠤᠭᠠᠷ ᠳᠡᠰ ᠤᠨ ᠵᠠᠰᠠᠮᠠᠯ ᠵᠠᠮ ᠤᠨ ᠮᠡᠷᠭᠡᠵᠢᠯ ᠤᠨ ᠪᠠᠷᠢᠮᠵᠢᠶ᠎ᠠ ᠶᠢ | ᠬᠡᠷᠡᠭᠯᠡᠵᠡᠶ᠃ ᠲᠡᠷᠭᠡ ᠶᠠᠪᠤᠬᠤ ᠬᠤᠷᠳᠤᠴᠠ ᠨᠢ ᠴᠠᠭ ᠪᠦᠷᠢ 60 ᠺᠢᠯᠤᠮᠧᠲᠷ᠂ ᠵᠠᠮ ᠤᠨ ᠰᠠᠭᠤᠷᠢ ᠶᠢᠨ ᠥᠷᠭᠡᠨ ᠨᠢ | 10.0 ᠮᠧᠲᠷ᠂ ᠵᠠᠮ ᠤᠨ ᠥᠷᠭᠡᠨ ᠨᠢ 8.5 ᠮᠧᠲᠷ︔ ᠬᠤᠶᠠᠷ ᠲᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠢᠨᠵᠧᠨᠧᠷᠢᠩ ᠤᠨ ᠲᠥᠯᠥᠪᠯᠡᠭᠡ ᠶᠢᠨ ᠳᠣᠲᠣᠷᠠᠬᠢ ᠲᠥᠷᠥᠯ ᠵᠦᠢᠯ᠂ 12 ᠵᠤᠷᠪᠤᠰ ᠵᠠᠮ ᠱᠤᠭᠤᠮ 106 | ᠺᠢᠯᠤᠮᠧᠲᠷ︔ ᠭᠤᠷᠪᠠ ᠳᠤ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠯᠥᠪᠯᠡᠭᠡ ᠶᠢᠨ ᠳᠣᠲᠣᠷᠠᠬᠢ ᠲᠥᠷᠥᠯ | ᠵᠦᠢᠯ᠂ 3 ᠵᠤᠷᠪᠤᠰ ᠵᠠᠮ ᠱᠤᠭᠤᠮ 33 ᠺᠢᠯᠤᠮᠧᠲᠷ︔ ᠳᠥᠷᠪᠡ ᠳᠤ᠂ ᠲᠣᠰᠬᠤᠨ ᠳᠤ ᠨᠡᠪᠲᠡᠷᠡᠬᠦ ᠵᠠᠮ ︵ | ᠶᠠᠳᠠᠭᠤ ᠶᠢ ᠲᠡᠳᠬᠦᠬᠦ ᠵᠠᠮ︶᠂ ᠨᠢᠭᠡᠳᠦᠭᠡᠷ ᠪᠦᠯᠦᠭ ᠲᠤ ᠨᠡᠶᠢᠲᠡ 28 ᠲᠥᠷᠥᠯ ᠵᠦᠢᠯ ᠢ 83 ᠺᠢᠯᠤᠮᠧᠲᠷ | ᠬᠡᠷᠡᠭᠵᠢᠭᠦᠯᠵᠦ᠂ ᠬᠤᠶᠠᠳᠤᠭᠠᠷ ᠪᠦᠯᠦᠭ ᠲᠤ 11 ᠲᠥᠷᠥᠯ ᠵᠦᠢᠯ ᠢ 22 ᠺᠢᠯᠤᠮᠧᠲᠷ ᠬᠡᠷᠡᠭᠵᠢᠭᠦᠯᠬᠦ ᠪᠠᠷ | ᠲᠥᠯᠥᠪᠯᠡᠵᠦ ᠪᠣᠶ︔ ᠲᠠᠪᠤ ᠳᠤ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠢᠨᠵᠧᠨᠧᠷᠢᠩ | ︵ᠴᠦᠬᠦᠷᠦᠮ ᠤᠨ ᠵᠡᠭᠦᠨ ᠡᠷᠭᠢ ᠶᠢᠨ ᠵᠠᠮ ᠢ ᠰᠡᠷᠭᠦᠭᠡᠬᠦ︶᠂ ᠲᠥᠷᠥᠯ ᠵᠦᠢᠯ ᠤᠨ ᠪᠥᠬᠦ ᠣᠷᠳᠣ ᠨᠢ 13.557 | ᠺᠢᠯᠤᠮᠧᠲᠷ᠂ ᠭᠤᠷᠪᠠᠳᠤᠭᠠᠷ ᠳᠡᠰ ᠤᠨ ᠵᠠᠰᠠᠮᠠᠯ ᠵᠠᠮ᠂ ᠱᠦᠢᠨᠢ ᠵᠠᠮ ᠤᠨ ᠭᠠᠳᠠᠷᠭᠤ᠃ ︽ᠮᠠᠨ ᠤ ᠬᠤᠰᠢᠭᠤ ︽ | 5417︾ ᠶᠢ ᠪᠠᠶᠢᠭᠤᠯᠬᠤ ᠪᠠᠷ ᠲᠥᠯᠥᠪᠯᠡᠵᠦ ᠪᠣᠶ᠂ ᠳᠠᠷᠤᠢ ᠲᠠᠪᠤᠨ ᠭᠤᠯᠳᠦ ᠳᠦᠷᠪᠡᠨ ᠬᠥᠨᠳᠡᠯᠡᠨ ᠨᠢᠭᠡ ᠶᠢ | ᠬᠤᠯᠪᠤᠭᠰᠠᠨ ᠲᠤᠯᠤᠭᠠᠨ ᠭᠠᠷᠬᠤ ᠡᠭᠦᠳᠡ ᠲᠠᠢ ᠭᠤᠤᠯ ᠨᠢᠷᠤᠭᠤᠪᠴᠢ ᠵᠠᠮ ᠤᠨ ᠲᠣᠤᠷ ᠢ ᠪᠠᠶᠢᠭᠤᠯᠤᠨ᠎ᠠ᠃ | ᠪᠠᠶᠢᠭᠤᠯᠤᠭᠳᠠᠭᠰᠠᠨ ᠤ ᠳᠠᠷᠠᠭ᠎ᠠ᠂ ᠵᠡᠭᠦᠨ ᠪᠠᠷᠠᠭᠤᠨ ᠲᠠᠯ᠎ᠠ ᠶᠢ ᠰᠤᠨᠳᠠᠯᠠᠭᠰᠠᠨ᠂ ᠡᠮᠦᠨᠡᠲᠦ ᠤᠮᠠᠷᠠᠲᠤ ᠶᠢ | ᠬᠤᠯᠪᠣᠭᠰᠠᠨ ᠵᠠᠮ ᠬᠠᠷᠢᠯᠴᠠᠭᠠᠨ ᠤ ᠲᠤᠤᠷ ᠤᠨ ᠲᠣᠮᠣ ᠯᠤᠭᠰᠢᠭᠤᠨ ᠰᠤᠳᠠᠯ ᠢ ᠪᠦᠷᠢᠯᠳᠦᠭᠦᠯᠵᠦ᠂ ᠡᠯ᠎ᠡ ᠰᠤᠮᠤ | ᠰᠢᠶᠠᠩ ᠪᠠᠯᠭᠠᠰᠤᠨ ᠤ ᠬᠤᠭᠤᠷᠣᠨᠳᠣᠬᠢ ᠬᠠᠷᠢᠴᠠᠭ᠎ᠠ ᠬᠤᠯᠪᠤᠭ᠎ᠠ ᠶᠢ ᠴᠢᠩᠭᠠᠳᠬᠠᠵᠢ᠃ ᠪᠠᠰᠠ ᠭᠠᠳᠠᠭᠠᠳᠤ ᠳᠤ | ᠭᠠᠷᠭᠠᠬᠤ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ ᠪᠠ ᠠᠭᠤᠷᠬᠠᠶ ᠶᠢᠨ ᠵᠠᠰᠠᠮᠠᠯ ᠵᠠᠮ ᠵᠡᠷᠭᠡ ᠴᠢᠳᠠᠮᠵᠢ ᠶᠢ | ᠬᠠᠪᠰᠤᠷᠭᠠᠵᠤ᠂ ᠣᠷᠣᠨ ᠤ ᠭᠠᠳᠠᠨᠠᠬᠢ ᠮᠤᠵᠢ ᠬᠤᠳᠠ ᠯᠤᠭ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠠ | ᠰᠣᠶᠣᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ | ᠵᠠᠯᠠᠶᠢᠳ ᠬᠤᠰᠢᠭᠤᠨ ᠤ ᠵᠠᠮ ᠥᠴᠥᠭᠡᠳᠦᠷ ᠡᠩᠭᠦᠯ ᠲᠤᠩᠬᠤᠯ ᠪᠠᠶᠢᠵᠦ᠂ ᠥᠨᠥᠳᠦᠷ ᠴᠡᠪᠡᠷ ᠲᠡᠭᠰᠢᠬᠡᠨ ᠪᠤᠯᠵᠦ | ᠂ ᠮᠠᠷᠭᠠᠰᠢ ᠰᠠᠭᠠᠳ ᠥᠬᠡᠶ ᠨᠡᠪᠲᠡᠷᠡᠨ᠎ᠡ᠃ ᠭᠡᠷ ᠤᠨ ᠡᠭᠦᠳᠡᠨ ᠡᠮᠦᠨᠡᠬᠢ ᠵᠠᠮ ᠨᠢᠰᠬᠦ ᠮᠡᠲᠦ ᠲᠦᠷᠭᠡᠨ ᠬᠥᠭᠵᠢᠵᠦ᠂ | ᠵᠠᠯᠠᠶᠢᠳ ᠬᠤᠰᠢᠭᠤᠨ ᠤ ᠠᠵᠤ ᠠᠬᠤᠶ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠵᠦ᠂ ᠲᠤᠬᠠᠶ ᠶᠢᠨ | ᠭᠠᠵᠠᠷ ᠤᠨ ᠰᠠᠭᠤᠭᠠᠯᠢ ᠠᠷᠠᠳ ᠢ ᠵᠣᠯ ᠵᠢᠷᠭᠠᠯ ᠪᠠᠶᠠᠷ ᠵᠢᠷᠭᠠᠯ ᠤᠨ ᠵᠠᠮ ᠢᠶᠠᠷ ᠵᠠᠮᠨᠠᠭᠤᠯᠵᠦ ᠪᠤᠢ᠃ | |