︽ᠬᠢᠨᠭ᠍ᠭᠠᠨ ᠤ ᠠᠭᠤᠯᠠ ᠤᠰᠥ ᠪᠠᠨ ᠪᠠᠭ᠋ᠠᠷᠬᠠᠶ᠎ᠠ︾
ᠨᠡᠶᠢᠲᠡᠯᠡᠭᠰᠡᠨ ᠴᠠᠭ᠄
2020/11/10
︽ᠪᠤᠬᠳᠠ ᠠᠭᠤᠯᠠ ● ᠴᠤᠤᠯ ᠭᠤᠤᠯ ᠤᠨ ᠠᠶᠠᠯᠠᠯ︾    ᠬᠦᠳᠡᠭᠡ ᠲᠤᠰᠬᠤᠨ ᠤ ᠬᠦᠭᠵᠢᠯᠳᠡ ᠶᠢᠨ ᠡᠬᠡᠰᠢᠭ ᠬᠦᠮᠦᠨ ᠠᠷᠠᠤᠨ ᠤᠨ ᠰᠡᠤᠡᠬᠢᠯ ᠳᠤ ᠤᠶᠠᠩᠭᠠᠷᠠᠨ᠎ᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠭᠤᠷᠢ ᠶᠢ ᠴᠤᠭᠴᠠᠯᠠᠨ᠎ᠠ᠃ ᠤᠢᠢᠷ᠎ᠠ ᠶᠢᠨ ᠵᠢᠯ ᠳᠤ᠂ ᠵᠠᠯᠠᠶᠢᠳ ᠬᠤᠰᠢᠭᠤ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠪᠤᠯᠪᠠᠰᠤᠨ᠂ ᠵᠠᠰᠠᠨ ᠴᠡᠭᠴᠡᠯᠡᠯᠳᠡ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠭᠰᠡᠨ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠱᠠᠭᠠᠷᠳᠠᠯᠭ᠎ᠠ ᠪᠠᠷ᠂ ᠬᠥᠳᠡᠭᠡ ᠲᠣᠰᠬᠤᠨ ᠢ ᠭᠤᠶᠤ ᠰᠠᠶᠢᠬᠠᠨ ᠪᠤᠯᠭᠠᠨ ᠪᠦᠳᠦᠭᠡᠨ ᠪᠠᠶᠢᠭᠤᠯᠵᠦ᠂ ᠮᠠᠯᠴᠢᠨ ᠲᠠᠷᠢᠶᠠᠴᠢᠳ ᠢ ᠴᠢᠨᠡᠭᠡᠯᠢᠭᠵᠢᠭᠦᠯᠦᠨ᠂ ᠮᠠᠯ ᠲᠠᠷᠢᠶᠠᠯᠠᠩ ᠢ ᠪᠦᠬᠦ ᠲᠠᠯ᠎ᠠ ᠪᠠᠷ ᠳᠡᠰ ᠳᠡᠪᠰᠢᠬᠦᠯᠬᠦ ᠪᠠᠷ ᠴᠢᠷᠮᠠᠶᠢᠵᠦ ᠪᠠᠶᠢᠨ᠎ᠠ᠃   7 ᠰᠠᠷ᠎ᠠ ᠶᠢᠨ ᠬᠢᠩᠭᠠᠠ ᠤ ᠡᠬᠡ ᠭᠠᠵᠠᠷ ᠨᠢ ᠬᠦᠬᠡᠷᠡᠨ ᠨᠤᠭᠤᠭᠠᠷᠠᠵᠦ᠂ ᠦᠵᠡᠰᠭᠦᠯᠡᠩᠳᠦ ᠰᠠᠶᠢᠬᠠᠨ ᠦᠩᠭᠡ ᠦᠵᠡᠮᠵᠢ ᠪᠠᠷ ᠢᠶᠠᠨ ᠬᠦᠮᠦᠨ ᠠᠷᠠᠤᠨ ᠤᠨ ᠢᠶᠠᠨ ᠰᠡᠤᠡᠬᠢᠯ ᠢ ᠪᠠᠶᠠᠰᠬᠠᠨ᠎ᠠ᠃ ︽ᠬᠢᠩᠭᠠᠨ ᠤ ᠠᠭᠤᠯᠠ ᠤᠰᠦ ᠪᠠᠨ ᠪᠠᠭ᠋ᠠᠷᠬᠠᠶ᠎ᠠ︾ ᠭᠡᠬᠦ ᠪᠠᠷ ᠭᠤᠤᠯ ᠰᠡᠳᠦᠪ ᠪᠤᠯᠭᠠᠨᠨᠰᠠᠨ ᠰᠤᠷᠪᠤᠯᠵᠢᠯᠠᠭ᠎ᠠ ᠶᠢᠨ ᠪᠦᠯᠬᠦᠮ ᠵᠠᠯᠠᠶᠢᠳ ᠬᠤᠰᠢᠭᠤᠨ ᠳᠤ ᠬᠦᠷᠴᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠰᠤᠷᠪᠤᠯᠵᠢᠯᠠᠯ᠎ᠠ᠃ ᠪᠢᠳᠡ ᠪᠠᠶ᠋ᠬᠠᠤᠯᠠᠭᠠᠨ ᠰᠤᠮᠤᠨ ᠤ ᠪᠠᠶᠠᠨᠲᠠᠯ᠎ᠠ ᠭᠠᠴᠠᠭ᠎ᠠ᠂ ᠬᠤᠯᠪᠣᠭ᠎ᠠ ᠪᠠᠯᠭᠠᠰᠤᠨ ᠤ ᠡᠦ ᠳ᠋ᠤᠤ ᠾᠧᠽᠢ ᠲᠣᠰᠬᠤᠨ᠂ ᠰᠢᠨ ᠯᠢᠨ ᠪᠠᠯᠭᠠᠰᠤᠨ ᠤ ᠵᠧᠨ ᠰᠢᠩ ᠲᠣᠰᠬᠤᠨ ᠵᠡᠷᠭᠡ ᠭᠠᠴᠠᠭ᠎ᠠ ᠲᠣᠰᠬᠤᠨ ᠢᠶᠠᠷ ᠰᠤᠷᠪᠤᠯᠵᠢᠯᠠᠵᠦ ᠶᠠᠪᠤᠬᠤ ᠳᠠᠭᠠᠨ ᠲᠤᠰ ᠭᠠᠴᠠᠭ᠎ᠠ ᠲᠤᠰᠬᠤᠨ ᠤᠷᠢᠳ ᠬᠤᠵᠢᠳ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢᠶᠠᠷ ᠦᠨᠡᠯᠡᠭᠳᠡᠭᠰᠡᠨ ᠢ ᠨᠢᠳᠤ ᠪᠠᠷ ᠢᠶᠠᠨ ᠦᠵᠡᠵᠦ᠂ ᠴᠢᠬᠢ ᠪᠠᠷ ᠢᠶᠠᠨ ᠰᠤᠨᠤᠰᠪᠠ᠃ ᠨᠡᠩ ᠢᠯᠠᠩᠭᠤᠶ᠎ᠠ ᠬᠥᠳᠡᠭᠡ ᠲᠣᠰᠬᠤᠨ ᠤ ᠵᠠᠮ ᠰᠠᠷᠠᠭᠤᠯᠵᠢᠵᠦ᠂ ᠠᠷᠠᠳ ᠣᠯᠠᠨ ᠤ ᠪᠣᠯᠪᠠᠰᠤᠨ ᠤ ᠬᠡᠮᠵᠢᠶ᠎ᠡ ᠡᠳᠦᠷ ᠢᠷᠡᠬᠦᠶ᠎ᠡ ᠳᠡᠭᠡᠭᠰᠢᠯᠡᠨ᠂ ᠠᠵᠤ ᠦᠢᠯᠡᠰ ᠦᠷᠭᠦᠯᠵᠢᠯᠡᠨ ᠬᠥᠭᠵᠢᠵᠦ᠂ ᠬᠦᠭᠵᠢᠨ ᠮᠠᠨᠳᠤᠵᠦ ᠪᠠᠶᠢᠭ᠎ᠠ ᠬᠥᠳᠡᠭᠡ ᠲᠣᠰᠬᠤᠨ ᠤ ᠲᠦᠷᠢ ᠲᠦᠷᠬᠦ ᠶᠢ ᠵᠠᠯᠠᠶᠢᠳ ᠬᠤᠰᠢᠭᠤᠨ ᠤ ᠡᠬᠡ ᠭᠠᠵᠠᠷ ᠲᠤ ᠢᠷᠠᠭᠤᠬᠠᠨ ᠲᠡᠯᠭᠡᠵᠦ ᠪᠠᠶᠢᠭ᠎ᠠ ᠶᠢ ᠬᠠᠷᠠᠭᠠᠳ ᠦᠪᠡᠷ ᠤᠨ ᠡᠷᠭᠡ ᠦᠭᠡᠢ ᠰᠡᠳᠭᠢᠯ ᠲᠤᠭᠳᠤᠯᠤᠯ᠎ᠠ᠃ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠦ ᠠᠷᠠᠤᠨ ᠤᠯᠠᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠤᠷᠴᠢᠨ ᠢ ᠪᠦᠷᠢᠯᠳᠦᠭᠦᠯᠤᠨ ᠦᠭᠴᠦ ᠪᠤᠢ   ᠢᠨᠳᠡᠷ ᠪᠠᠯᠭᠠᠰᠤᠨ ᠤ ᠬᠤᠩ ᠸᠧᠢ ᠲᠣᠰᠬᠤᠨ ᠳᠤ ᠬᠦᠷᠭᠦ ᠳᠤ᠂ ᠴᠡᠪᠡᠷ ᠴᠡᠮᠴᠡᠭᠡᠷ ᠬᠦᠷᠢᠶ᠎ᠡ ᠬᠠᠰᠢᠶ᠎ᠠ᠂ ᠲᠡᠷᠢ ᠲᠡᠭᠰᠢ ᠵᠠᠰᠠᠮᠠᠯ ᠵᠠᠮ᠂ ᠰᠢᠨ᠎ᠠ ᠪᠠᠷ ᠵᠠᠰᠠᠨ ᠴᠢᠮᠡᠭᠯᠡᠭᠳᠡᠭᠰᠡᠨ ᠬᠤᠸᠠᠷ ᠴᠡᠴᠡᠭ ᠤᠨ ᠲᠠᠳᠠᠭᠠᠯ ᠵᠢᠴᠢ ᠡᠪᠡᠰᠦ ᠮᠤᠳᠦ ᠬᠠᠷᠠᠭ᠎ᠠ ᠶᠢ ᠪᠤᠯᠢᠶᠠᠨ᠎ᠠ᠃ ᠡᠮᠦᠨ᠎ᠡ ᠬᠡᠳᠦᠨ ᠵᠢᠯ ᠳᠤ᠂ ᠡ᠊ᠡᠳᠡᠬᠢ ᠣᠷᠴᠢᠨ ᠲᠣᠭᠤᠷᠢᠨ ᠠᠨᠠᠢ᠂ ᠲᠣᠰᠬᠤᠨ ᠤ ᠵᠠᠮ ᠢᠪᠴᠤᠤ᠂ ᠳᠤᠭᠤᠶ ᠲᠡᠷᠭᠡ ᠪᠠᠷ ᠶᠠᠪᠤᠬᠤ ᠳᠤ ᠴᠤ ᠬᠦᠴᠢᠷ ᠲᠠᠢ ᠪᠠᠶᠢᠵᠠᠢ᠃ 2015 ᠤᠨ ᠠᠴᠠ ᠡᠭᠢᠯᠡᠵᠦ ᠬᠤᠩ ᠸᠧᠶ ᠲᠣᠰᠬᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢᠶᠠᠨ ᠡᠬᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠳᠤᠷ ᠬᠢᠵᠠᠢ᠃ ᠨᠢᠭᠡᠳᠦᠯᠲᠡᠶ ᠬᠡᠷᠡᠮ ᠬᠠᠰᠢᠶ᠎ᠠ᠂ ᠭᠡᠷ ᠪᠠᠶᠢᠰᠢᠩ᠂ ᠥᠩᠭᠡ ᠪᠤᠳᠤᠭ᠂ ᠡᠭᠦᠳᠡ᠂ ᠵᠠᠮ ᠪᠠ ᠨᠣᠭᠤᠭᠠᠷᠠᠭᠤᠯᠤᠯᠲᠠ ᠵᠡᠷᠭᠡ ︽ᠵᠢᠷᠭᠤᠭᠠᠨ ᠨᠢᠭᠡᠳᠦᠯᠲᠡᠶ︾ ᠶᠢᠨ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠵᠦ᠂ 113 ᠡᠷᠦᠬᠡ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠤᠭᠰᠠᠨ ᠪᠤᠶᠤ ᠵᠠᠰᠠᠨ ᠰᠢᠨᠡᠤᠡᠭᠡᠨ᠂ 219 ᠡᠷᠦᠬᠡ ᠶᠢᠨ ᠲᠦᠭᠡᠭᠡᠯ ᠤᠰᠤ ᠶᠢ ᠥᠭᠡᠷᠡᠴᠢᠯᠡᠵᠦ᠂ 1350 ᠮᠧᠲᠷ ᠱᠦᠢᠨᠢ ᠵᠠᠮ ᠤᠨ ᠭᠠᠳᠠᠷᠭᠤ ᠶᠢ ᠥᠷᠭᠡᠳᠬᠡᠨ᠂ 15000 ᠲᠡᠭᠰᠢ ᠳᠥᠷᠪᠡᠯᠵᠢᠨ ᠮᠧᠲᠷ ᠶᠠᠪᠠᠭᠠᠨ ᠬᠥᠮᠦᠨ ᠤ ᠵᠠᠮ ᠳᠡᠪᠢᠰᠴᠦ᠂ ᠡᠨᠧᠷᠭᠢ ᠠᠷᠪᠢᠯᠠᠬᠤ ᠵᠠᠮ ᠤᠨ ᠳ᠋ᠧᠩ ᠢ 233 ᠤᠭᠰᠠᠷᠠᠵᠤ᠂ 7000 ᠮᠧᠲᠷ ᠤᠷᠳᠤ ᠤᠯᠠᠭᠠᠨ ᠲᠣᠭᠤᠰᠬᠠᠨ ᠬᠦᠷᠢᠶᠡᠨ ᠬᠡᠷᠡᠮ ᠪᠠᠷᠢᠵᠤ᠂ ᠲᠦᠮᠡᠨ ᠮᠧᠲᠷ ᠤᠷᠳᠤ ᠬᠦᠷᠢᠶ᠎ᠡ ᠬᠠᠰᠢᠶ᠎ᠠ ᠶᠢ ᠰᠢᠨ᠎ᠡ ᠪᠠᠷ ᠪᠠᠶᠢᠭᠤᠯᠵᠤ᠂ 18500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠬᠦᠷᠢᠶ᠎ᠡ ᠬᠠᠰᠢᠶ᠎ᠠ ᠶᠢ ᠬᠠᠲᠠᠭᠤᠷᠠᠭᠤᠯᠵᠠᠢ᠃ 600 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠶᠡᠷᠦᠩᠬᠡᠶᠢᠯᠡᠭᠰᠡᠨ ᠦᠢᠯᠡᠴᠢᠯᠡᠭᠡᠨ ᠤ ᠭᠡᠷ ᠪᠠᠶᠢᠭᠤᠯᠵᠤ᠂ ᠡᠭᠦᠨ ᠳᠤ ᠭᠠᠴᠠᠭᠠᠨ ᠤ ᠠᠷᠠᠳ ᠤᠨ ᠵᠥᠪᠯᠡᠯ᠂ ᠨᠣᠮ ᠪᠢᠴᠢᠭ ᠤᠨ ᠲᠠᠰᠤᠭ᠂ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠵᠡᠷᠭᠡ ᠶᠢ ᠢᠵᠢ ᠪᠦᠷᠢᠳᠦᠭᠦᠯᠦᠨ᠂ ᠲᠤᠰ ᠦᠢᠯᠡᠴᠢᠯᠡᠭᠡᠨ ᠤ ᠭᠡᠷ ᠨᠢ ᠨᠠᠮ ᠤᠨ ᠶᠠᠪᠤᠳᠠᠯ ᠤᠨ ᠦᠢᠯᠡᠴᠢᠯᠡᠭᠡᠨ᠂ ᠲᠣᠰᠬᠤᠨ ᠤ ᠶᠠᠪᠤᠳᠠᠯ ᠤᠨ ᠦᠢᠯᠡᠴᠢᠯᠡᠭᠡᠨ᠂ ᠠᠷᠠᠳ ᠲᠤ ᠳᠦᠬᠦᠮ ᠦᠵᠡᠭᠦᠯᠬᠦ ᠦᠢᠯᠡᠴᠢᠯᠡᠭᠡᠨ ᠵᠡᠷᠭᠡ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠶᠡᠷᠦᠩᠬᠡᠶᠢᠯᠡᠭᠰᠡᠨ ᠦᠢᠯᠡᠴᠢᠯᠡᠭᠡᠨ ᠬᠠᠩᠭᠠᠵᠦ ᠪᠤᠢ᠃ ᠭᠡᠬᠦ ᠳᠡᠭᠡᠨ 2016 ᠤᠨ ᠤ ᠵᠢᠯ ᠤᠨ ᠡᠴᠦᠰ ᠢᠶᠠᠷ᠂ ᠪᠦᠬᠦ ᠲᠣᠰᠬᠤᠨ ᠤ ᠳᠦᠷᠰᠦ ᠪᠠᠶᠢᠳᠠᠯ ᠳᠤ ᠴᠣ᠋ ᠰᠢᠨ᠎ᠡ ᠬᠤᠪᠢᠷᠠᠯᠳᠠ ᠭᠠᠷᠴᠤ᠂ ᠲᠣᠰᠬᠤᠨ ᠤ ᠠᠷᠠᠳ ᠤᠨ ᠬᠠᠨᠤᠮᠵᠢ ᠶᠢᠨ ᠬᠡᠮᠵᠢᠶ᠎ᠡ ᠳᠡᠭᠡᠭᠰᠢᠯᠡᠵᠦ᠂ ᠺᠠᠳ᠋ᠷ ᠣᠯᠠᠨ ᠲᠦᠮᠡᠨ ᠤ ᠬᠠᠷᠢᠴᠠᠭ᠎ᠠ ᠤᠯᠠᠮ ᠨᠢᠭᠡ ᠠᠯᠬᠤᠮ ᠨᠢᠬᠳᠠᠷᠠᠨ᠂ ᠲᠣᠰᠬᠤᠨ ᠤ ᠠᠷᠠᠳ ᠤᠨ ᠵᠣᠯ ᠵᠢᠷᠭᠠᠯ ᠤᠨ ᠭᠡᠮᠵᠢᠶ᠎ᠠ ᠢᠯᠡᠳᠲᠡ ᠦᠨᠳᠤᠷᠵᠢᠪᠡ᠃  ︽ᠥᠩᠭᠡᠷᠡᠭᠰᠡᠨ ᠳᠤ ᠲᠣᠰᠬᠤᠨ ᠤ ᠵᠠᠮ ᠳᠡᠭᠡᠷ᠎ᠡ ᠪᠦᠷ ᠬᠤᠭ ᠨᠣᠪᠰᠢ ᠪᠠᠶᠢᠵᠠᠢ᠂ ᠣᠳᠣ ᠬᠤᠭ ᠨᠤᠪᠰᠢ ᠬᠠᠷᠠᠭᠳᠠᠬᠤ ᠪᠠᠨ ᠪᠤᠯᠢᠬᠰᠠᠨ ᠢᠶᠠᠷ ᠪᠠᠷᠠᠬᠤ ᠦᠭᠡᠢ  ᠱᠦᠢᠨᠢ ᠵᠠᠮ ᠢ ᠨᠡᠪᠲᠡᠷᠡᠭᠦᠯᠵᠦ᠂ ᠰᠣᠶᠣᠯ ᠤᠨ ᠠᠭᠤᠳᠠᠮ ᠲᠠᠯᠠᠪᠠᠶ ᠶᠢ ᠴᠤ ᠰᠢᠨ᠎ᠡ ᠪᠠᠷ ᠪᠠᠶᠢᠭᠤᠯᠤᠨ᠂ ᠲᠣᠰᠬᠤᠨ ᠤ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠨᠨᠵᠢᠭᠤᠯᠵᠠᠢ᠃ ᠡᠶᠢᠮᠦᠷᠬᠦ ᠭᠤᠶᠤ ᠰᠠᠶᠢᠬᠠᠨ ᠣᠷᠴᠢᠨ ᠲᠣᠭᠤᠷᠢᠨ ᠳᠤ ᠠᠮᠢᠳᠤᠷᠠᠬᠤ ᠪᠤᠯᠤᠬᠰᠠᠨ ᠠᠴᠠ ᠠᠷᠠᠳ ᠤᠯᠠᠨ ᠬᠤᠭ ᠨᠣᠪᠰᠢ ᠪᠠᠨ ᠳᠤᠷ᠎ᠠ ᠪᠠᠷ ᠬᠠᠶᠠᠳᠠᠭ ᠦᠭᠡᠢ ᠪᠤᠯᠵᠠᠢ︾ ᠭᠡᠵᠤ ᠲᠣᠰᠬᠤᠨ ᠤ ᠠᠷᠠᠳ ᠴᠧᠨ ᠬᠠᠶ ᠵᠢᠶᠧ ᠬᠡᠯᠡᠵᠤ ᠪᠠᠶᠢᠪᠠ᠃ ︽ᠤᠤᠯ ᠨᠢ ᠪᠢ ᠰᠢᠪᠠᠷ ᠪᠠᠶᠢᠰᠢᠩ ᠳᠤ ᠰᠠᠭᠤᠵᠤ ᠪᠠᠶᠢᠵᠠᠢ᠂ 2015 ᠣᠨ ᠳᠤ ᠲᠣᠭᠤᠰᠬᠠᠨ ᠪᠠᠶᠢᠰᠢᠩ ᠳᠤ ᠨᠡᠭᠦᠨ ᠤᠷᠤᠪᠡ᠂ ᠲᠤᠰ ᠲᠣᠰᠬᠤᠨ ᠳᠤ 40 ᠭᠠᠷᠤᠶ ᠵᠢᠯ ᠠᠮᠢᠳᠤᠷᠠᠬᠤ ᠳᠠᠭᠠᠨ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠳᠠ ᠶᠢ ᠨᠢᠳᠤ ᠪᠠᠷ ᠢᠶᠠᠨ ᠤᠯᠵᠦ ᠬᠠᠷᠠᠯ᠎ᠠ︾ ᠭᠡᠵᠦ ᠳᠦᠷᠰᠦᠯᠡᠵᠦ ᠪᠠᠶᠢᠯ᠎ᠠ᠃   ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠰᠠᠭᠤᠳᠠᠯ ᠤᠨ ᠬᠤᠷᠠᠯ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠤᠨᠨᠳᠠᠭᠤᠨ ᠢ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠬᠡᠷᠡᠭᠳᠠᠢ ᠭᠡᠪᠡ᠃ ᠣᠳᠣᠬᠠᠨ ᠳᠤ ᠪᠠᠶ᠋ᠬᠠᠤᠯᠠᠭᠠᠨ ᠰᠤᠮᠤ ᠶᠢᠨ ᠪᠠᠶᠠᠨᠲᠠᠯ᠎ᠠ ᠭᠠᠴᠠᠭ᠎ᠠ ᠨᠢ ᠠᠮᠢ ᠠᠬᠤᠢ ᠶᠢᠨ ᠵᠤᠭᠠᠴᠠᠯ ᠪᠣᠯᠤᠨ ᠲᠠᠷᠢᠶᠠᠯᠠᠩ ᠤᠨ ᠵᠤᠭᠠᠴᠠᠯ ᠳᠤ ᠲᠦᠰᠢᠭᠯᠡᠨ ᠶᠡᠭᠡ ᠬᠡᠮᠵᠢᠶᠡᠨ ᠤ ︽ᠪᠠᠭ᠋ᠠᠷᠬᠠᠭᠴᠢ︾ ᠲᠠᠢ ᠪᠤᠯᠪᠡ᠃  ᠨᠣᠭᠤᠭᠠᠨ ᠥᠩᠭᠡ ᠪᠣᠯ ᠪᠠᠶᠠᠨᠲᠠᠯ᠎ᠠ ᠭᠠᠴᠠᠭᠠᠨ ᠤ ᠥᠩᠭᠡ ᠲᠦᠷᠰᠦ ᠪᠠ ᠤᠮᠤᠬᠰᠢᠯ᠃ ᠰᠠᠶᠢᠨ ᠰᠠᠶᠢᠬᠠᠠ ᠠᠮᠢ ᠠᠬᠤᠶ ᠶᠢᠨ ᠣᠷᠴᠢᠨ ᠲᠣᠭᠤᠷᠢᠨ ᠪᠣᠯ ᠪᠠᠶᠠᠨᠲᠠᠯ᠎ᠠ ᠭᠠᠴᠠᠭᠠᠨ ᠤ ᠪᠣᠬᠢᠷᠲᠤᠯ ᠥᠬᠡᠶ ᠬᠥᠭᠵᠢᠯᠲᠡ ᠶᠢ ᠪᠡᠶᠡᠯᠡᠭᠦᠯᠬᠦ ᠶᠢᠨ ᠦᠨᠳᠦᠰᠦ ᠪᠠ ᠠᠮᠢᠨ ᠰᠤᠳᠠᠰᠤ ᠪᠣᠯᠤᠨ᠎ᠠ᠃ 2018 ᠣᠨ ᠳᠤ᠂ ᠪᠠᠶᠠᠨᠲᠠᠯ᠎ᠠ ᠭᠠᠴᠠᠭ᠎ᠠ᠂ ᠪᠠᠶᠠᠨᠲᠠᠯ᠎ᠠ ᠶᠢᠨ ᠦᠵᠡᠮᠵᠢ ᠶᠢᠨ ᠣᠷᠣᠨ ᠳᠤ ᠲᠦᠰᠢᠭᠯᠡᠨ ᠦᠨᠳᠦᠰᠦᠳᠡᠨ ᠤ ᠵᠠᠩ ᠦᠶ᠋ᠯᠡ ᠶᠢᠨ ᠵᠤᠭᠠᠴᠠᠯ ᠢ ᠡᠬᠢᠯᠡᠨ ᠬᠥᠭᠵᠢᠭᠦᠯᠵᠦ᠂ ᠦᠨᠳᠦᠰᠦᠲᠡᠨ ᠤ ᠰᠣᠶᠣᠯ ᠪᠠ ᠠᠮᠢ ᠠᠬᠤᠶ ᠶᠢᠨ ᠦᠵᠡᠮᠵᠢ ᠶᠢ ᠠᠭᠤᠰᠤᠯᠴᠠᠭᠤᠯᠪᠠ᠃ 2019 ᠣᠨ ᠳᠤ᠂ ᠤᠤᠯ ᠤᠨ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ᠰᠠᠭᠤᠷᠢᠨ ᠳᠡᠭᠡᠷ᠎ᠡ ᠪᠠᠨ ᠵᠠᠩ ᠦᠢᠯᠡ ᠶᠢᠨ ᠲᠣᠭᠯᠠᠯᠲᠠ ᠶᠢᠨ ᠲᠠᠶᠢᠰᠠ᠂ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠪᠠ ᠢᠳᠡᠭᠡᠨ ᠤᠮᠳᠠᠭᠠᠨ ᠤ ᠮᠣᠩᠭᠤᠯ ᠭᠡᠷ ᠪᠠᠶᠢᠭᠤᠯᠵᠤ᠂ ᠢᠳᠡᠭᠡᠨ ᠤᠮᠳᠠᠭᠠᠨ᠂ ᠵᠤᠴᠢᠳ ᠤᠨ ᠪᠠᠭᠤᠳᠠᠯ᠂ ᠬᠤᠷᠠᠯ᠂ ᠲᠣᠭᠯᠠᠯᠲᠠ ᠂ ᠳᠠᠶᠢᠯᠠᠯᠭ᠎ᠠ ᠵᠢᠴᠢ ᠦᠵᠡᠭᠦᠯᠭᠡ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠵᠤᠭᠠᠴᠠᠨ ᠰᠡᠯᠡᠭᠦᠴᠡᠬᠦ ᠳᠤ ᠲᠠᠭᠠᠯᠠᠮᠵᠢᠳᠠᠢ ᠤᠷᠴᠢᠨ ᠢ ᠪᠠᠶᠢᠭᠤᠯᠵᠦ᠂ ᠲᠣᠰ ᠦᠵᠡᠮᠵᠢ ᠶᠢᠨ ᠣᠷᠣᠨ ᠢᠶᠠᠷ ᠳᠠᠮᠵᠢᠭᠤᠯᠤᠨ ᠡᠷᠬᠢᠨ ᠲᠣᠭᠤᠷᠢᠨ ᠤ ᠵᠤᠭᠠᠴᠠᠯ ᠤᠨ ᠬᠥᠭᠵᠢᠯᠲᠡ ᠶᠢ ᠳᠠᠶᠢᠴᠢᠯᠬᠠᠰᠠᠨ ᠪᠠᠶᠢᠨ᠎ᠠ᠃ ᠪᠠᠶᠠᠨᠲᠠᠯ᠎ᠠ ᠭᠠᠴᠠᠭᠠᠨ ᠤ ᠠᠮᠢ ᠠᠬᠤᠶ ᠶᠢᠨ ᠡᠬᠢ ᠪᠠᠶᠠᠯᠢᠭ ᠥᠪᠡᠷᠮᠢᠴᠡ ᠣᠨᠴᠠᠯᠢᠭ ᠲᠠᠢ᠃ ᠣᠲᠣ ᠦᠵᠡᠮᠵᠢ ᠶᠢᠨ ᠣᠷᠣᠨ ᠨᠢᠭᠡᠨᠲᠡ ᠬᠡᠪᠴᠢᠶᠡᠵᠢᠵᠦ᠂ ᠡᠳᠦᠷ ᠲᠤ 3000 ᠵᠤᠭᠠᠴᠠᠭᠰᠠᠳ ᠢ ᠭᠥᠯᠢᠶᠡᠨ ᠠᠪᠴᠤ᠂ ᠨᠢᠭᠡ ᠯᠡ ᠤᠳᠠᠭ᠎ᠠ ᠳᠤ 20 ᠬᠥᠮᠦᠨ ᠤ ᠬᠤᠨᠤᠬᠤ ᠠᠰᠠᠭᠤᠳᠡᠯ ᠢ ᠰᠢᠢᠳᠪᠦᠷᠢᠯᠡᠵᠦ᠂ 120 ᠬᠥᠮᠦᠨ ᠳᠤ ᠬᠤᠭᠤᠯᠠ ᠬᠠᠩᠭᠠᠵᠦ ᠲᠡᠶᠢᠯᠤᠨ᠎ᠠ᠃   ᠪᠠᠶᠠᠨᠲᠠᠯ᠎ᠠ ᠭᠠᠴᠠᠭ᠎ᠠ ᠶᠢᠨ ᠭᠠᠴᠠᠭᠠᠨ ᠲᠠᠷᠤᠭ᠎ᠠ ᠴᠧᠨ ᠬᠠᠢ ᠱᠧᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠠᠶᠠᠨᠲᠠᠯ᠎ᠠ ᠭᠠᠴᠠᠭ᠎ᠠ ᠪᠣᠯ ᠠᠯᠲᠠᠨ ᠰᠢᠷᠭᠠᠯ ᠬᠠᠳᠠᠭ ᠤᠨ ᠵᠤᠭᠠᠴᠠᠯ ᠤᠨ ᠱᠤᠭᠤᠮ ᠬᠡᠮᠡᠭᠳᠡᠭᠰᠡᠨ ︿ᠪᠤᠨᠨᠳᠠ ᠠᠭᠤᠯᠠ — ᠪᠠᠶ᠋ᠬᠠᠤᠯᠠᠭᠠᠨ ᠰᠤᠮᠤ — ᠷᠠᠰᠢᠶᠠᠨ · ᠴᠠᠢ ᠡᡁᠧ ᠵᠤᠭᠠᠴᠠᠯ ᠤᠨ ᠦᠵᠡᠮᠵᠢ ᠶᠢᠨ ᠣᠷᠣᠨ﹀ ᠤ ᠵᠤᠭᠠᠴᠠᠯ ᠤᠨ ᠱᠤᠭᠤᠮ ᠤᠨ ᠵᠠᠪᠠᠯ ᠥᠩᠭᠡᠷᠡᠬᠦ ᠵᠠᠮ ᠪᠤᠯᠬᠤᠷ ᠬᠤᠵᠢᠮ ᠤᠨ ᠬᠦᠭᠵᠢᠯᠳᠡ ᠯᠠᠪᠲᠠᠶ ᠰᠠᠶᠢᠨ ᠪᠤᠯᠬᠤ ᠶᠤᠮ︾ ᠬᠡᠨ᠎ᠠ᠃   ᠪᠠᠶᠠᠨᠲᠠᠯ᠎ᠠ ᠭᠠᠴᠠᠭ᠎ᠠ ᠶᠢᠨ ᠡᠳᠦᠷ ᠠᠴᠠ ᠡᠳᠦᠷ ᠰᠢᠨᠡᠳᠴᠦ ᠪᠠᠶᠢᠭ᠎ᠠ ᠬᠦᠭᠵᠢᠯᠳᠡ ᠬᠤᠪᠢᠷᠠᠯᠲᠠ ᠶᠢ ᠬᠡᠯᠡᠬᠦ ᠳᠤ᠂ ᠲᠣᠰᠬᠤᠨ ᠤ ᠠᠷᠠᠳ ᠬᠦ ᠯᠠ ᠶᠤᠸᠠᠢ ᠬᠠᠮᠤᠭ ᠤᠨ ᠦᠭᠡ ᠬᠡᠯᠡᠬᠦ ᠡᠷᠬᠡ ᠲᠠᠢ᠃ ᠡᠨᠡ ᠵᠢᠯ 80 ᠬᠦᠷᠦᠭᠰᠡᠨ ᠬᠤ᠋ ᠯᠠ ᠶᠤᠸᠠᠢ ᠪᠠᠶᠠᠨᠲᠠᠯ᠎ᠠ ᠭᠠᠴᠠᠭ᠎ᠠ ᠳᠤ ᠨᠢᠭᠡᠨᠲᠡ 40 ᠰᠢᠬᠠᠮ ᠵᠢᠯ ᠠᠮᠢᠳᠤᠷᠠᠵᠤ ᠪᠤᠢ᠃ ᠲᠡᠷᠡ ᠬᠡᠯᠡᠭᠰᠡᠨ ᠨᠢ᠄ ︽44 ᠨᠠᠰᠤᠲᠠᠶ ᠳᠠᠭᠠᠨ ᠪᠢ ᠪᠠᠶᠠᠨᠲᠠᠯ᠎ᠠ ᠭᠠᠴᠠᠭ᠎ᠠ ᠳᠤ ᠨᠡᠭᠦᠵᠦ ᠢᠷᠡᠵᠠᠢ᠂ ᠲᠤᠬᠠᠶ ᠶᠢᠨ ᠵᠢᠯ ᠳᠤ ᠡᠷ᠎ᠡ ᠡᠮ᠎ᠡ ᠬᠤᠶᠠᠭᠤᠯᠠ ᠪᠠᠨ 8 ᠬᠡᠦᠬᠡᠳ ᠢᠶᠠᠨ ᠳᠠᠭᠠᠭᠤᠯᠤᠨ ᠮᠣᠷᠢᠨ ᠲᠡᠷᠭᠡ ᠪᠠᠷ ᠬᠤᠶᠠᠷ ᠰᠦᠨᠢ ᠭᠤᠷᠪᠠᠨ ᠡᠳᠦᠷ ᠠᠶᠠᠯᠠᠵᠤ᠂ ᠵᠠᠮ ᠲᠤᠵᠢ ᠲᠦᠭᠵᠢᠷᠡᠪᠡᠯ ᠮᠣᠷᠢᠨ ᠲᠡᠷᠭᠡ ᠪᠠᠨ ᠳᠠᠮᠨᠠᠨ ᠭᠠᠷᠭᠠᠵᠦ ᠪᠠᠶᠢᠭᠠᠳ 75 ᠺᠢᠯᠣᠮᠧᠲᠷ ᠤᠨ ᠦᠵᠦᠭᠦᠷ ᠪᠠᠶᠢᠭ᠎ᠠ ᠡᠨᠡ ᠨᠤᠳᠤᠭ ᠲᠤ ᠢᠷᠡᠭᠰᠡᠨ ᠶᠤᠮ᠃ ᠲᠤᠬᠠᠢ ᠶᠢᠨ ᠦᠶ᠎ᠠ ᠳᠤ ᠭᠠᠴᠠᠭ᠎ᠠ ᠭᠡᠵᠦ ᠦᠭᠡᠢ᠂ ᠵᠥᠪᠬᠡᠨ 10 ᠭᠠᠷᠤᠶ ᠡᠷᠦᠬᠡ ᠨᠦᠬᠡᠨ ᠭᠡᠷ ᠲᠤ ᠰᠠᠭᠤᠵᠤ᠂ ᠠᠮᠢᠳᠤᠷᠠᠯ ᠲᠦᠢᠯ ᠤᠨ ᠬᠦᠴᠢᠷᠲᠡᠢ︾ ᠭᠡᠨ᠎ᠠ᠃ ᠣᠳᠣ ᠶᠢᠨ ᠠᠮᠢᠳᠤᠷᠠᠯ ᠢᠶᠠᠨ ᠲᠤᠷᠠᠤᠡᠬᠤ ᠲᠠᠢ ᠵᠡᠷᠭᠡ ᠲᠡᠷᠡ ᠰᠡᠳᠬᠢᠯ ᠲᠡᠨᠢᠭᠦᠨ ᠢᠨᠢᠶᠡᠮᠰᠦᠭᠯᠡᠵᠦ᠄ ︽ᠤᠳᠦ ᠪᠢᠳᠡ ᠰᠠᠶᠢᠨ ᠰᠠᠶᠢᠬᠠᠨ ᠠᠮᠢᠳᠤᠷᠠᠯ ᠢ ᠤᠭᠲᠤᠨ ᠠᠪᠴᠢᠷᠠᠪᠠ᠃ 2015 ᠣᠨ ᠳᠤ᠂ ᠮᠠᠨ ᠤ ᠬᠢᠨ ᠠᠭᠤᠵᠢᠮ ᠰᠠᠷᠠᠭᠤᠯ ᠰᠢᠨ᠎ᠡ ᠭᠡᠷ ᠪᠠᠷᠢᠵᠤ᠂ ᠤᠴᠢᠷ ᠦᠭᠡᠢ ᠪᠤᠯ ᠪᠠᠰᠠ ᠦᠵᠡᠮᠵᠢ ᠶᠢᠨ ᠣᠷᠣᠨ ᠳᠤ ᠣᠴᠢᠵᠤ ᠲᠣᠭᠤᠷᠢᠨ ᠰᠡᠯᠡᠭᠦᠴᠡᠵᠦ ᠪᠠᠶᠢᠨ᠎ᠠ᠃ ᠡᠶᠢᠮᠦ ᠰᠠᠶᠢᠨ ᠨᠦᠬᠦᠴᠡᠯ ᠲᠠᠢ ᠠᠮᠢᠳᠤᠷᠠᠨ᠎ᠠ ᠭᠡᠵᠦ ᠪᠣᠳᠣᠵᠤ ᠣᠯᠤᠭᠰᠠᠨ ᠦᠭᠡᠢ︾ ᠭᠡᠯ᠎ᠠ︕ ᠬᠤ᠋ ᠯᠠ ᠶᠤᠸᠠᠢ ᠮᠡᠳᠦ ᠶᠢᠨ ᠦᠩᠭᠡᠷᠡᠯᠳᠡ ᠲᠠᠢ ᠬᠦᠮᠦᠨ ᠲᠤᠰ ᠭᠠᠴᠠᠭ᠎ᠠ ᠳᠤ ᠮᠠᠰᠢ ᠣᠯᠠᠨ ᠪᠤᠢ᠃ ᠲᠡᠳᠡ ᠪᠤᠯ ᠪᠠᠶᠠᠨᠲᠠᠯ᠎ᠠ ᠭᠠᠴᠠᠭ᠎ᠠ ᠶᠢᠨ ᠬᠥᠭᠵᠢᠯᠲᠡ ᠬᠤᠪᠢᠷᠠᠯᠲᠠ ᠶᠢ ᠭᠡᠷᠡᠴᠢᠯᠡᠭᠴᠢ ᠪᠠ ᠰᠠᠬᠢᠨ ᠪᠠᠷᠠᠯᠠᠭᠴᠢ᠃   ᠡᠷᠬᠢᠮ ᠰᠤᠷᠲᠠᠯ ᠲᠠᠢ ᠬᠥᠳᠡᠭᠡ ᠲᠣᠰᠬᠤᠨ ᠢ ᠪᠥᠳᠥᠬᠡᠨ ᠪᠠᠶᠢᠭᠤᠯᠵᠦ ᠡᠭᠡ ᠤᠯᠤᠰ ᠤᠨ ᠢᠶᠠᠨ ᠬᠦᠭᠵᠢᠯᠳᠡ ᠳᠤ ᠬᠦᠴᠦᠨ ᠨᠡᠮᠡᠷᠢᠯᠡᠵᠦ ᠪᠤᠢ   ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠥᠳᠥᠬᠡᠨ ᠪᠠᠶᠢᠭᠤᠯᠬᠤ ᠳᠠᠬᠢ ᠨᠢᠭᠡ ᠱᠠᠭᠠᠷᠳᠠᠯᠭ᠎ᠠ ᠪᠣᠯ᠄ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠳᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠰᠠᠶᠢᠨ ᠰᠠᠶᠢᠬᠠᠨ ᠦᠵᠡᠯ ᠰᠠᠨᠠᠭ᠎ᠠ᠂ ᠶᠣᠰᠣ ᠮᠣᠷᠠᠯ᠂ ᠬᠡᠪ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠬᠤ ᠶᠠᠪᠤᠳᠠᠯ ᠪᠣᠯᠤᠨ᠎ᠠ᠃  ᠠᠯᠳᠡᠷᠳᠥ ᠰᠤᠮᠤᠨ ᠤ ᠱᠠᠭᠠᠷᠠᠭᠳᠠᠢ ᠭᠠᠴᠠᠭ᠎ᠠ ᠤᠯᠠᠮᠵᠢᠯᠠᠯᠲᠤ ᠨᠤᠲᠤᠭ ᠤᠨ ᠵᠠᠩ ᠦᠢᠯᠡ ᠶᠢ ᠬᠦᠨᠳᠦᠳᠬᠡᠬᠦ ᠪᠠ ᠵᠠᠩ ᠳᠠᠳᠬᠠᠯ ᠢ ᠥᠭᠡᠷᠡᠴᠢᠯᠡᠬᠦ ᠶᠢ ᠬᠠᠷᠢᠯᠴᠠᠨ ᠤᠶᠠᠯᠳᠤᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠬᠠᠭᠤᠴᠢᠨ ᠳᠦᠷᠢᠮ ᠬᠠᠭᠤᠴᠢᠨ ᠵᠠᠩᠰᠢᠯ ᠠᠴᠠ ᠰᠠᠯᠪᠠ᠃ ᠨᠠᠮ ᠤᠨ ᠭᠡᠰᠢᠭᠦᠨ ᠤ ᠳᠠᠭᠠᠭᠤᠯᠬᠤ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠱᠠᠯᠢᠨ ᠪᠦᠷᠢᠯᠭᠡᠬᠦ᠂ ᠯᠠᠷᠵᠢᠶ᠎ᠠ ᠶᠠᠩᠪᠠ ᠲᠠᠲᠠᠬᠤ ᠵᠡᠷᠭᠡ ᠮᠠᠭᠤ ᠰᠤᠷᠲᠠᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠤᠷᠢᠮ ᠨᠠᠶᠢᠷ ᠪᠤᠯᠤᠨ ᠤᠷᠤᠰᠢᠭᠤᠯᠭ᠎ᠠ ᠶᠢᠨ ᠶᠠᠪᠤᠳᠠᠯ ᠢ ᠶᠡᠬᠡᠪᠡᠷ ᠬᠢᠬᠦ ᠰᠤᠷᠲᠠᠯ ᠢ ᠴᠢᠩᠭ᠎ᠠ ᠬᠤᠷᠢᠭᠯᠠᠨ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠪᠡ᠃ ᠣᠯᠠᠨ ᠲᠦᠮᠡᠨ ᠴᠦ ᠪᠦᠷᠢᠯᠭᠡᠨ ᠰᠦᠶ᠋ᠳᠬᠡᠬᠦ ᠶᠢ ᠡᠰᠡᠷᠭᠦᠴᠡᠵᠦ᠂ ᠠᠵᠢᠯᠴᠢ ᠠᠷᠪᠢᠴᠢ ᠪᠠᠷ ᠠᠳᠡᠯ ᠦᠢᠯᠡᠰ ᠢᠶᠠᠨ ᠪᠤᠰᠬᠠᠬᠤ ᠶᠢ ᠰᠤᠷᠳᠡᠯᠴᠢᠯᠠᠬᠤ ᠪᠤᠯᠵᠠᠢ᠃ ᠱᠠᠭᠠᠷᠠᠬᠳᠡᠢ ᠭᠠᠴᠠᠭ᠎ᠠ ᠪᠠᠰᠠ ᠰᠠᠶᠢᠨ ᠬᠥᠮᠦᠨ ᠤ ᠰᠠᠶᠢᠨ ᠦᠢᠯᠡ ᠶᠠᠪᠤᠳᠠᠯ ᠢ ᠰᠤᠷᠳᠡᠯᠴᠢᠯᠠᠬᠤ᠂ ᠶᠣᠰᠣ ᠰᠤᠷᠲᠠᠬᠤᠨ ᠤ ᠵᠢᠱᠢᠶᠡᠴᠢ ᠵᠢᠴᠢ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠦᠮᠦᠵᠢᠬᠦᠯᠬᠦ ᠪᠠᠷ ᠲᠦᠰᠢᠭ ᠪᠣᠯᠭᠠᠵᠤ᠂ ᠰᠢᠨ ᠬᠡᠷᠡᠯᠳᠥ᠂ ᠵᠠᠩ ᠪᠦᠦ ᠯᠦᠩ᠂ ᠰᠢᠤᠢ ᠾᠧ ᠶᠧ᠂ ᠪᠤᠤ ᠰᠤᠶᠤᠯᠳᠥ ᠵᠡᠷᠭᠡ ᠨᠢᠭᠡ ᠪᠦᠯᠦᠭ ᠨᠡᠶᠢᠲᠡᠯᠢᠭ ᠳᠦᠷᠢ ᠶᠢ ᠰᠢᠯᠭᠠᠷᠠᠭᠤᠯᠪᠠ᠃ ᠣᠯᠠᠨ ᠲᠦᠮᠡᠨ ᠤ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠪᠠ ᠦᠨᠡᠨᠴᠢ ᠢᠲᠡᠭᠡᠮᠵᠢᠲᠡᠶ ᠪᠠᠶᠢᠬᠤ ᠤᠬᠠᠮᠰᠠᠷ ᠢ ᠳᠡᠭᠡᠭᠰᠢᠯᠡᠭᠦᠯᠵᠦ᠂ ᠦᠢᠯᠡᠳᠦᠯᠭᠡ ᠶᠢᠨ ᠠᠵᠢᠯᠯᠠᠭ᠎ᠠ ᠪᠠᠷ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠠᠢ᠃   ᠬᠤᠩ ᠸᠧᠶ ᠲᠣᠰᠬᠤᠨ ︽ᠬᠠᠮᠤᠭ ᠭᠤᠶᠤ ᠭᠡᠷ ᠪᠦᠯᠢ︾᠂ ︽ᠣᠳᠣᠨ ᠲᠠᠰ ᠤᠨ ᠪᠣᠯᠪᠠᠰᠤᠨ ᠡᠷᠦᠬᠡ︾ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠥᠷᠨᠢᠭᠦᠯᠵᠦ᠂ ᠰᠠᠶᠢᠨ ᠶᠠᠪᠤᠳᠠᠯ ᠢ ᠲᠡᠮᠳᠡᠭᠯᠡᠬᠦ ︽ᠳᠥᠷᠪᠡᠨ ᠮᠣᠷᠠᠯ ᠤᠨ ᠰᠠᠮᠪᠠᠷ᠎ᠠ︾ ᠭᠠᠷᠭᠠᠨ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠲᠡ ᠶᠢ ᠤᠬᠠᠭᠤᠯᠵᠤ᠂ ᠶᠣᠰᠣ ᠰᠤᠷᠲᠠᠬᠤᠨ ᠤ ᠬᠦᠴᠦᠨ ᠢ ᠨᠢᠭᠲᠠᠷᠠᠭᠤᠯᠪᠡ᠃ ᠲᠤᠰ ᠲᠤᠰᠬᠤᠨ ᠪᠠᠰᠠ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠠᠷᠠᠳ ᠲᠦᠮᠡᠨ ᠳᠤ ᠦᠨᠡᠨ ᠬᠦ ᠪᠣᠳᠠᠲᠤ ᠠᠰᠢᠭ ᠬᠦᠷᠲᠡᠭᠡᠵᠦ᠂ ᠪᠣᠯᠪᠠᠰᠤᠨ ᠰᠤᠷᠲᠠᠯ ᠢ ᠠᠷᠠᠳ ᠤᠨ ᠲᠤᠮᠳᠠ ᠠᠭᠠᠵᠢᠮ ᠢᠶᠠᠷ ᠦᠨᠳᠦᠰᠦᠯᠡᠭᠦᠯᠪᠡ᠃ ︽ᠤᠯᠤᠰ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠪᠤᠢ᠂ ᠡᠨᠡ ᠨᠢ ᠠᠷᠠᠳ ᠲᠤ ᠠᠰᠢᠭᠲᠠᠢ ᠪᠤᠯᠬᠤᠷ ᠪᠢᠳᠡ ᠲᠤᠩ ᠬᠦᠷᠢᠶᠡᠯᠡᠨ᠎ᠠ︾ ᠬᠡᠵᠥ ︽ᠠᠷᠪᠡᠨ ᠤᠳᠤᠨ ᠲᠠᠰ ᠤᠨ ᠪᠤᠯᠪᠠᠰᠤᠨ ᠡᠷᠥᠬᠡ︾ ᠪᠠᠷ ᠥᠨᠡᠯᠡᠭᠳᠡᠭᠰᠡᠨ ᠪᠠᠢ ᠲᠢᠶ᠋ᠸ ᠯᠢᠶᠠᠨ ᠬᠡᠯᠡᠨ᠎ᠠ᠃ ᠣᠶᠢᠯᠠᠭᠠᠭᠰᠠᠨ ᠢᠶᠠᠷ᠂ ᠣᠲᠣ ᠬᠤᠩ ᠸᠧᠶ ᠲᠣᠰᠬᠤᠨ ᠤ ᠪᠥᠬᠦ ᠲᠣᠰᠬᠤᠨ ᠤ 70% ᠨᠢ ︽ᠬᠠᠮᠤᠭ ᠤᠨ ᠭᠤᠶᠣ ᠬᠡᠷ ᠪᠦᠯᠢ︾᠂ 50% ᠨᠢ ︽ᠠᠷᠪᠠᠨ ᠣᠳᠣᠨ ᠲᠠᠰ ᠤᠨ ᠪᠣᠯᠪᠠᠰᠤᠨ ᠡᠷᠦᠬᠡ︾ ᠪᠤᠯᠵᠡᠢ᠃   ᠠᠷᠠᠳ ᠣᠯᠠᠨ ᠤ ᠤᠶᠤᠨ ᠤ ᠪᠣᠯᠪᠠᠰᠤᠨ ᠤ ᠬᠢᠷᠢ ᠲᠦᠪᠰᠢᠨ ᠲᠡᠭᠡᠭᠰᠢᠯᠡᠵᠦ ᠰᠣᠶᠣᠯ ᠤᠨ ᠠᠮᠢᠳᠤᠷᠠᠯ ᠤᠯᠠᠮ ᠢᠶᠠᠷ ᠪᠠᠶᠠᠯᠢᠬᠵᠢᠵᠦ ᠪᠤᠢ   ᠱᠠᠭᠠᠷᠠᠬᠳᠡᠢ ᠭᠠᠴᠠᠭ᠎ᠠ ᠨᠤᠲᠤᠭ ᠤᠨ ᠵᠠᠩ ᠦᠢᠯᠡ ᠶᠢᠨ ᠣᠷᠳᠣᠨ ᠢᠶᠠᠷ ᠠᠴᠢᠶᠠᠯᠠᠪᠤᠷᠢ ᠪᠤᠯᠭᠠᠵᠥ᠂ ᠭᠠᠳᠠᠷ ᠣᠷᠣᠨ ᠤ ᠵᠤᠭᠠᠴᠠᠭᠰᠠᠳ ᠲᠤ ᠲᠤᠰ ᠭᠠᠵᠠᠷ ᠤᠨ ᠢᠶᠠᠨ ᠰᠣᠶᠣᠯ ᠢ ᠤᠬᠠᠭᠤᠯᠵᠤ᠂ ᠲᠣᠰᠬᠤᠨ ᠤ ᠠᠷᠠᠳ ᠤᠨ ᠵᠠᠩ ᠲᠠᠳᠬᠠᠯ ᠢ ᠰᠢᠯᠢᠳᠡᠭᠵᠢᠭᠦᠯᠵᠦ ᠪᠠᠶᠢᠨ᠎ᠠ᠃ ᠬᠠᠵᠠᠭᠤᠳᠠᠬᠢ ᠠᠵᠢᠯᠲᠠᠳ ᠢᠨᠢᠶᠡᠮᠰᠦᠭᠯᠡᠭᠰᠡᠭᠡᠷ᠄ ︽ᠱᠠᠭᠠᠷᠠᠬᠳᠡᠢ ᠭᠠᠴᠠᠭᠠᠨ ᠤ ᠬᠥᠭᠵᠢᠯᠲᠡ ᠶᠢᠨ ᠲᠡᠦᠬᠡ ᠪᠠ ᠦᠨᠳᠦᠰᠦᠲᠡᠨ ᠤ ᠰᠣᠶᠣᠯ ᠤᠨ ᠬᠤᠪᠢᠷᠠᠯᠳᠡ ᠶᠢ ᠣᠶᠢᠯᠠᠭᠠᠬᠤ ᠬᠡᠪᠠᠯ ᠤᠷᠳᠤᠨ ᠳᠤ ᠤᠷᠤᠭᠰᠠᠭᠠᠷ ᠮᠡᠳᠡᠴᠢᠬᠡᠨ᠎ᠡ︾ ᠬᠡᠵᠥ ᠬᠡᠯᠠᠨ᠎ᠠ᠃ ᠰᠤᠷᠪᠤᠯᠵᠢᠯᠠᠭᠴᠢ ᠨᠤᠲᠤᠭ ᠤᠨ ᠵᠠᠩ ᠦᠢᠯᠡ ᠶᠢᠨ ᠣᠷᠳᠣᠨ ᠳᠤ ᠤᠷᠤᠪᠡᠯ ᠦᠨᠡᠬᠡᠷ ᠡᠶᠢᠮᠦ ᠪᠠᠶᠢᠵᠠᠶ᠃ ᠳᠣᠲᠣᠭᠰᠢ ᠠᠯᠭᠤᠷᠬᠠᠨ ᠶᠠᠪᠤᠵᠤ ᠬᠡᠷᠡᠮ ᠳᠡᠭᠡᠷᠡᠬᠢ ᠬᠠᠭᠤᠴᠢᠨ ᠭᠡᠷᠡᠯ ᠵᠢᠷᠤᠭ ᠪᠣᠯᠤᠨ ᠬᠠᠭᠤᠴᠢᠨ ᠡᠳ᠋ ᠪᠠᠷᠠᠭ᠎ᠠ ᠶᠢ ᠦᠵᠡᠭᠰᠡᠭᠡᠷ ᠯᠡ ᠶᠠᠭ ᠯᠠ ᠦᠭᠡ ᠬᠡᠯᠡᠵᠦ ᠴᠢᠳᠠᠬᠤ ᠰᠢᠭ᠋᠂ ᠢᠳᠡᠵᠦ ᠤᠤᠭᠤᠬᠤ ᠬᠤᠨᠤᠵᠦ ᠬᠡᠪᠲᠡᠬᠦ᠂ ᠡᠳᠦᠷ ᠲᠤᠲᠤᠮ ᠤᠨ ᠶᠣᠰᠣ ᠵᠠᠩᠰᠢᠯ ᠠᠴᠠ ᠱᠠᠰᠢᠨ ᠰᠢᠲᠦᠯᠭᠡ ᠬᠦᠷᠲᠡᠯ᠎ᠡ ᠬᠦᠷᠦᠯᠴᠡᠨ ᠢᠷᠡᠭᠰᠡᠨ ᠬᠥᠮᠦᠰ ᠲᠤ ᠡ᠊ᠨᠳᠡᠬᠢ ᠥᠨᠢ ᠤᠳᠠᠭᠠᠨ ᠲᠡᠦᠬᠡ ᠪᠣᠯᠤᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠵᠤ ᠥᠭᠴᠦ ᠪᠠᠶᠢᠭ᠎ᠠ ᠮᠡᠳᠦ᠃ ᠱᠠᠭᠠᠷᠠᠬᠳᠠᠢ ᠭᠠᠴᠠᠭᠠᠨ ᠤ ᠨᠠᠮ ᠤᠨ ᠡᠭᠦᠷ ᠪᠠ ᠭᠠᠴᠠᠭᠠᠨ ᠤ ᠵᠥᠪᠯᠡᠯ ᠤᠨ ᠠᠵᠢᠯᠲᠠᠨ ᠴᠧᠨ ᠬᠤᠤᠰᠪᠠᠶᠠᠷ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠨᠤᠲᠤᠭ ᠤᠨ ᠵᠠᠩ ᠥᠢᠯᠨ ᠶᠢᠨ ᠣᠷᠳᠣᠨ ᠢ 2014 ᠣᠨ ᠳᠤ ᠪᠠᠶᠢᠭᠤᠯᠵᠠᠢ᠃ ᠤᠳᠤ ᠦᠵᠡᠭᠦᠯᠭᠡ ᠶᠢᠨ ᠲᠣᠭᠤᠷᠢᠭ 20 ᠭᠠᠷᠤᠶ ᠪᠠᠶᠢᠵᠦ᠂ ᠦᠵᠡᠭᠦᠯᠭᠡ ᠶᠢᠨ ᠡᠳ᠋ ᠨᠡᠶᠢᠲᠡ 120 ᠪᠠᠶᠢᠵᠤ᠂ ᠪᠠᠯᠠᠷ ᠡᠷᠲᠡᠨ ᠤ ᠪᠣᠷᠣᠭᠵᠢᠭᠤᠨ ᠮᠦᠷᠳᠡᠭᠡᠨ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠰᠣᠶᠣᠯ ᠢ ᠳᠡᠯᠭᠡᠨ ᠦᠵᠡᠭᠦᠯᠵᠦ᠂ ᠲᠡᠦᠬᠡ ᠶᠢᠨ ᠤᠯᠠᠷᠢᠯ ᠬᠤᠪᠢᠰᠤᠯᠲᠠ ᠶᠢᠨ ᠶᠠᠪᠤᠴᠠ ᠳᠠᠬᠢ ᠠᠷᠠᠳ ᠤᠨ ᠵᠠᠩᠰᠢᠯ᠂ ᠠᠷᠠᠳ ᠤᠨ ᠰᠡᠳᠬᠢᠯᠭᠡ ᠵᠢᠴᠢ ᠤᠯᠠᠮᠵᠢᠯᠠᠯᠲᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠶᠢᠨ ᠶᠠᠪᠤᠴᠠ ᠶᠢ ᠦᠵᠡᠭᠦᠯᠵᠠᠢ︾ ᠭᠡᠨ᠎ᠠ᠃   2018 ᠤᠨ ᠳᠤ᠂ ᠱᠠᠭᠠᠷᠠᠬᠳᠡᠢ ᠭᠠᠴᠠᠭ᠎ᠠ ᠲᠠᠷᠠᠬᠠᠢ ᠪᠤᠲᠠᠷᠬᠠᠢ ᠠᠷᠠᠳ ᠤᠨ ᠤᠳᠬ᠎ᠠ ᠤᠷᠠᠯᠢᠭᠴᠢᠳ ᠢ ᠴᠤᠭᠯᠠᠭᠤᠯᠤᠨ ᠠᠨᠳᠠᠢ ᠪᠥᠵᠢᠭ᠂ ᠮᠣᠷᠢᠨ ᠬᠤᠭᠤᠷ᠂ ᠳᠥᠷᠪᠡᠨ ᠤᠲᠠᠰᠤᠲᠤ ᠬᠤᠭᠤᠷ ᠵᠠᠷᠭᠡ ᠤᠳᠬ᠎ᠠ ᠤᠷᠠᠯᠢᠭ ᠤᠨ ᠠᠩᠬᠢ ᠶᠢ ᠭᠤᠷᠪᠡ ᠪᠠᠶᠢᠭᠤᠯᠪᠠ᠃ ︽ᠤᠷᠠᠯᠢᠭ ᠤᠨ ᠠᠩᠭᠢ ᠪᠠᠶᠢᠭᠤᠯᠤᠭᠳᠠᠭᠰᠠᠨ ᠤ ᠳᠠᠷᠠᠭ᠎ᠠ᠂ ᠲᠣᠰᠬᠤᠨ ᠤ ᠠᠷᠠᠳ ᠤᠨ ᠤᠶᠤᠨ ᠤ ᠠᠮᠢᠳᠤᠷᠠᠯ ᠢ ᠠᠶᠠᠨᠳᠠᠭᠠᠨ ᠪᠠᠶᠠᠯᠢᠭᠵᠢᠭᠤᠯᠪᠠ᠃ ᠬᠥᠳᠡᠭᠡ ᠲᠣᠰᠬᠤᠨ ᠤ ᠵᠣᠭᠤᠰ ᠮᠦᠷᠦ᠋ᠢᠴᠡᠬᠦ ᠵᠡᠷᠭᠡ ᠲᠥᠪ ᠪᠤᠰᠤ ᠰᠤᠷᠲᠠᠯ ᠢ ᠬᠤᠷᠢᠭᠯᠠᠵᠤ᠂ ᠨᠡᠶᠢᠭᠡᠮ ᠵᠢᠷᠤᠮ ᠤᠨ ᠭᠤᠤᠯᠯᠠᠬᠴᠢ ᠥᠷᠲᠡᠭ ᠤᠨ ᠦᠵᠡᠯᠲᠡ ᠶᠢᠨ ᠢᠳᠡᠪᠬᠢ ᠬᠦᠴᠦᠨ ᠢ ᠪᠠᠳᠠᠷᠠᠭᠤᠯᠪᠠ︾ ᠭᠡᠵᠦ ᠤᠷᠠᠯᠢᠭ ᠤᠨ ᠠᠩᠭᠢ ᠶᠢᠨ ᠶᠡᠷᠦᠩᠬᠡᠶ ᠬᠠᠷᠢᠭᠤᠴᠠᠯᠭᠠᠲᠠᠨ ᠴᠢᠶᠣᠤ ᠹᠧᠩ ᠬᠡᠯᠡᠨ᠎ᠠ᠃ ᠬᠤᠩ ᠸᠧᠶ ᠲᠣᠰᠬᠤᠨ ᠴᠤ ᠤᠷᠢᠳ ᠬᠤᠵᠢᠳ 1500 ᠲᠦᠮᠡᠨ ᠲᠥᠭᠦᠷᠢᠭ ᠤᠨ ᠪᠡᠯᠡ ᠣᠷᠣᠭᠤᠯᠵᠤ᠂ 2.5 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠠᠮᠢ ᠠᠬᠤᠢ ᠶᠢᠨ ᠰᠣᠶᠣᠯ ᠤᠨ ᠠᠭᠤᠳᠠᠮ ᠲᠠᠯᠠᠪᠠᠢ᠂ 4500 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠨᠠᠰᠤᠲᠠᠶᠢᠴᠤᠳ ᠤᠨ ᠬᠥᠳᠡᠯᠭᠡᠭᠡᠨ ᠤ ᠲᠥᠪ ᠵᠢᠴᠢ 170 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠲᠠᠷᠢᠶᠠᠴᠢᠳ ᠤᠨ ᠵᠢᠵᠢᠭ ᠲᠢᠶᠠᠲᠷ ᠢ ᠪᠠᠶᠢᠭᠤᠯᠵᠤ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠶᠢ ᠬᠠᠩᠭᠠᠪᠠ᠃ ᠭᠡᠬᠦ ᠳᠡᠭᠡᠨ ᠨᠤᠲᠤᠭ ᠤᠨ ᠤᠷᠠᠯᠢᠭᠴᠢᠳ ᠢ ᠠᠭᠤᠳᠠᠯᠯᠡᠵᠤ᠂ ᠤᠷᠠᠨ ᠰᠠᠶᠢᠬᠠᠨ ᠤ ᠫᠷᠤᠭ᠍ᠷᠠᠮ ᠨᠠᠶᠢᠷᠠᠭᠤᠯᠤᠨ᠂ ᠲᠠᠷᠢᠶᠠᠯᠠᠩ ᠤᠨ ᠰᠤᠯᠠ ᠰᠡᠯᠡᠭᠦᠦ ᠴᠠᠭ ᠢ ᠭᠦᠢᠴᠡᠳ ᠠᠰᠢᠭᠯᠠᠵᠤ᠂ ᠮᠠᠯᠴᠢᠨ ᠲᠠᠷᠢᠶᠠᠴᠢᠳ ᠤᠨ ᠰᠠᠭᠰᠤᠨ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠰᠣᠶᠣᠯ ᠤᠨ ᠲᠣᠭᠯᠠᠯᠲᠠ ᠵᠡᠷᠭᠡ ᠰᠣᠶᠣᠯ ᠤᠷᠠᠯᠢᠭ ᠲᠠᠮᠢᠷ ᠤᠨ ᠠᠵᠢᠯᠯᠠᠭ᠎ᠠ ᠥᠷᠨᠢᠭᠦᠯᠵᠡᠶ᠃ ᠶᠠᠩᠭᠠᠷ ᠤᠨ ᠠᠩᠭᠢ᠂ ᠭᠤᠸᠠᠯᠢᠬᠵᠢᠯ ᠤᠨ ᠲᠠᠮᠢᠷ ᠤᠨ ᠠᠩᠭᠢ ᠵᠡᠷᠭᠡ ᠤᠳᠬ᠎ᠠ ᠤᠷᠠᠯᠢᠭ ᠤᠨ ᠠᠩᠭᠢ ᠶᠢ ᠵᠣᠬᠢᠶᠠᠨ ᠪᠠᠶᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠪᠠ᠃   ᠴᠢᠨᠡᠭᠡᠯᠢᠭ ᠨᠡᠶᠢᠭᠡᠮ ᠢ ᠪᠠᠶᠢᠭᠤᠯᠵᠦ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠳᠤ ᠲᠤᠯᠭᠠᠭᠤᠷᠢ ᠬᠦᠴᠦᠨ ᠬᠠᠩᠭᠠᠵᠦ ᠪᠤᠢ   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠳᠤᠷᠠᠯ ᠢ ᠴᠢᠨᠡᠭᠡᠯᠢᠭᠵᠢᠬᠦᠯᠬᠦ ᠬᠡᠷᠡᠭᠳᠠᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠲᠤᠰᠬᠤᠨ ᠤ ᠰᠠᠶᠢᠨ ᠰᠠᠶᠢᠬᠠᠨ ᠲᠦᠷᠢ ᠲᠦᠷᠭᠦ ᠪᠠᠶᠢᠬᠤ ᠪᠠᠷ ᠪᠠᠷᠠᠬᠤ ᠦᠭᠡᠢ᠂ ᠲᠤᠯᠭᠠᠭᠤᠷᠢ ᠠᠵᠤ ᠦᠢᠯᠡᠰ ᠪᠠᠶᠢᠬᠤ ᠬᠡᠷᠡᠭᠳᠡᠢ᠃   ᠱᠠᠭᠠᠷᠠᠬᠳᠡᠢ ᠭᠠᠴᠠᠭ᠎ᠠ 1216 ᠬᠦᠮᠦᠨ ᠠᠮᠠ ᠲᠠᠢ᠂ ᠡᠭᠦᠨ ᠤ ᠲᠤᠳᠤᠷᠠᠭᠢ ᠵᠢᠶᠠᠩ ᠶᠤᠸᠠᠢ ᠴᠧᠩ ᠪᠣᠯ ︽ᠤᠯᠠᠨ ᠠᠴᠠ ᠤᠨᠴᠠᠭᠠᠢ︾ ᠭᠠᠴᠠᠭᠠᠨ ᠤ ᠠᠷᠠᠳ ᠪᠣᠯᠤᠨ᠎ᠠ᠃ ᠰᠢᠯᠲᠠᠭᠠᠨ ᠨᠢ ᠭᠡᠪᠡᠯ ᠵᠢᠶᠠᠩ ᠶᠤᠸᠠᠢ ᠴᠧᠩ ᠪᠤᠯ ᠲᠤᠰ ᠭᠠᠴᠠᠭᠠᠨ ᠤ ᠴᠣᠷ ᠤᠨ ᠭᠠᠭᠴᠠ ᠬᠢᠲᠠᠳ ᠬᠥᠮᠦᠨ᠃ ᠲᠡᠷᠡ ᠤᠯᠠᠭᠠᠨᠬᠠᠳᠠ ᠬᠤᠳᠡ ᠨᠤᠳᠤᠭᠳᠠᠢ᠂ 2004 ᠣᠨ ᠳᠤ ᠡᠬᠡᠨᠡᠷ ᠢᠶᠠᠨ ᠳᠠᠭᠠᠵᠤ ᠱᠠᠭᠠᠷᠠᠬᠳᠡᠢ ᠭᠠᠴᠠᠭᠠᠨ ᠳᠤ ᠢᠷᠡᠵᠥ ᠠᠮᠢᠳᠤᠷᠠᠵᠠᠢ᠃ ᠵᠢᠶᠠᠩ ᠶᠤᠸᠠᠢ ᠴᠧᠩ ︽ᠨᠠᠮᠠᠶᠢ ᠠᠩᠬ᠎ᠠ ᠢᠷᠡᠬᠦ ᠳᠤ ᠡᠨᠡ ᠲᠣᠰᠬᠤᠨ ᠤ ᠬᠤᠴᠣᠷᠤᠩᠭᠤᠶ ᠪᠠᠶᠢᠳᠡᠯ ᠨᠠᠳᠠ ᠶᠢ ᠰᠣᠴᠢᠭᠠᠵᠤ᠂ ᠵᠡᠭᠡᠯᠢ ᠭᠤᠳᠤᠮᠵᠢ ᠬᠠᠭᠤᠴᠢᠷᠠᠵᠤ᠂ ᠣᠷᠴᠢᠨ ᠲᠣᠭᠤᠷᠢᠨ ᠡᠷᠦᠢ ᠬᠤᠷᠦᠢ ᠦᠭᠡᠢ᠃ ᠲᠤᠬᠠᠶ ᠶᠢᠨ ᠦᠶ᠎ᠡ ᠳᠤ ᠣᠯᠠᠨ ᠢᠶᠠᠷ ᠢᠶᠠᠨ ᠢᠳᠡᠵᠦ ᠡᠮᠦᠰᠬᠦ ᠳᠡᠭᠡᠨ ᠴᠤ ᠵᠥᠪ ᠦᠭᠡᠢ ᠪᠠᠶᠢᠵᠠᠢ᠃ ᠤᠳᠤ ᠲᠣᠰᠬᠤᠨ ᠤ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠠᠷᠠᠳ ᠤᠨ ᠠᠮᠢᠳᠤᠷᠠᠯ ᠰᠠᠶᠢᠵᠢᠷᠠᠵᠠᠢ᠃ ᠴᠢᠨᠡᠭᠡᠯᠢᠭ ᠨᠡᠶᠢᠭᠡᠮ ᠮᠠᠨ ᠠᠴᠠ ᠬᠤᠯᠠ ᠦᠭᠡᠢ ᠪᠤᠯᠤᠬᠰᠠᠨ ᠰᠢᠤ︾ ᠬᠡᠵᠥ ᠬᠡᠯᠡᠨ᠎ᠠ᠃   ᠭᠠᠴᠠᠭᠠᠨ ᠤ ᠠᠷᠠᠳ ᠢᠶᠠᠨ ᠪᠠᠶᠠᠨ ᠴᠢᠨᠡᠭᠡᠯᠢᠭ ᠠᠮᠢᠳᠤᠷᠠᠭᠤᠯᠬᠤ ᠭᠡᠪᠡᠯ ᠨᠡᠶᠢᠳᠡ ᠶᠢᠨ ᠠᠵᠤ ᠠᠬᠤᠶ ᠶᠢ ᠬᠦᠭᠵᠢᠭᠦᠯᠬᠦ ᠭᠡᠷᠡᠭᠳᠠᠢ᠃ ᠡᠭᠦᠨ ᠳᠤ ᠲᠣᠰᠬᠤᠨ ᠤ ᠨᠡᠶᠢᠳᠡ ᠶᠢᠨ ᠠᠵᠤ ᠠᠬᠤᠢ ᠶᠢ ᠤᠯᠠᠮ ᠨᠢᠭᠡ ᠠᠯᠬᠤᠮ ᠬᠦᠭᠵᠢᠬᠦᠯᠭᠦ ᠪᠠᠷ ᠱᠠᠭᠠᠷᠠᠬᠳᠡᠢ ᠭᠠᠴᠠᠭ᠎ᠠ 2019 ᠣᠨ ᠳᠤ ᠠᠯᠠᠰᠢᠨ ᠦᠬᠡᠷ ᠲᠡᠵᠢᠭᠡᠬᠦ ᠰᠠᠭᠤᠷᠢᠨ ᠭᠠᠵᠠᠷ ᠪᠠᠶᠢᠭᠤᠯᠵᠤ᠂ ᠬᠤᠷᠰᠢᠶ᠎ᠠ ᠳᠤ ᠳᠠᠭᠠᠭᠠᠴᠢᠯᠠᠭᠤᠯᠤᠭᠰᠠᠨ ᠤ ᠲᠠᠷᠠᠭ᠎ᠠ᠂ ᠵᠢᠯ ᠪᠦᠷᠢ ᠠᠰᠢᠭ ᠬᠤᠪᠢᠶᠠᠷᠢᠯᠠᠬᠤ ᠪᠠᠷ ᠲᠠᠮᠵᠢᠨ ᠨᠡᠶᠢᠳᠡ ᠶᠢᠨ ᠠᠵᠤ ᠠᠬᠤᠢ ᠶᠢᠨ ᠤᠷᠤᠯᠭ᠎ᠠ ᠪᠠᠨ 20 ᠲᠦᠮᠡᠨ ᠲᠥᠭᠦᠷᠢᠭ ᠲᠤ ᠬᠦᠷᠭᠡᠪᠡ᠃ ᠲᠡᠳᠡ ᠪᠠᠰᠠ ᠠᠯᠠᠰᠢᠨ ᠦᠬᠡᠷ ᠤᠨ ᠬᠥᠭᠵᠢᠯᠲᠡ ᠲᠠᠢ ᠤᠶᠠᠯᠳᠤᠭᠤᠯᠤᠨ᠂ ᠴᠢᠭᠢᠭ ᠤᠨ ᠤᠯᠠᠭᠠᠨ ᠬᠤᠷᠣᠬᠠᠶ ᠲᠡᠵᠢᠭᠡᠬᠦ ᠲᠥᠷᠥᠯ ᠵᠦᠢᠯ ᠢ ᠤᠷᠤᠭᠤᠯᠵᠦ᠂ ᠬᠠᠶᠠᠭᠳᠠᠮᠠᠯ ᠪᠣᠳᠠᠰ ᠢ ᠪᠠᠭᠠᠰᠬᠠᠨ᠂ ᠬᠤᠣᠷ᠎ᠠ ᠦᠭᠡᠶᠢᠳᠡᠭᠦᠯᠦᠨ ᠰᠢᠢᠳᠪᠦᠷᠢᠯᠡᠵᠠᠢ᠃ ᠪᠠᠰᠠ ︽ᠮᠠᠯ ᠵᠢᠭᠦᠷᠲᠡᠨ ᠢ ᠲᠡᠵᠢᠭᠡᠬᠦ — ᠴᠢᠭᠢᠭ ᠤᠨ ᠤᠯᠠᠭᠠᠨ ᠬᠤᠷᠣᠬᠠᠢ ᠲᠡᠵᠢᠭᠡᠵᠦ ᠡᠳ᠋ᠰᠢᠭᠦᠯᠬᠦ — ᠪᠣᠬᠢᠷᠲᠤᠯ ᠦᠭᠡᠢ ᠲᠠᠷᠢᠶᠠᠯᠠᠩ ᠢ ᠬᠦᠭᠵᠢᠬᠦᠯᠬᠦ︾ ᠶᠢ ᠨᠢᠭᠡ ᠴᠣᠭᠴᠠᠵᠢᠭᠤᠯᠤᠬᠰᠠᠨ ᠡᠷᠬᠢᠯᠳᠡ ᠶᠢᠨ ᠵᠠᠭᠪᠤᠷ ᠢ ᠪᠦᠷᠢᠯᠳᠦᠭᠦᠯᠪᠡ᠃ ᠡᠨᠡᠬᠦ ᠰᠡᠳᠭᠢᠴᠡ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠨᠡᠶᠢᠴᠡᠭᠰᠡᠨ ᠢᠶᠠᠷ ᠪᠠᠷᠠᠬᠤ ᠦᠭᠡᠢ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠪᠡᠷᠰᠢᠭᠦᠯᠬᠦ᠂ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠦᠮ ᠢᠳᠡᠪᠬᠢ ᠦᠢᠯᠡᠳᠦᠯ ᠦᠵᠡᠭᠦᠯᠪᠡ᠃   ᠬᠤᠩ ᠸᠧᠶ ᠲᠣᠰᠬᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠠᠮᠤ ᠪᠤᠳᠠᠭᠠᠨ ᠤ ᠺᠣᠮᠫᠠᠨᠢ ᠪᠣᠯᠤᠨ ᠲᠠᠷᠢᠶᠠᠯᠠᠩ ᠤᠨ ᠮᠠᠰᠢᠨ ᠪᠣᠷᠣᠯᠠᠭᠤᠯᠬᠤ ᠵᠠᠬ᠎ᠠ ᠳᠡᠯᠭᠡᠭᠦᠷ ᠪᠠᠶᠢᠭᠤᠯᠵᠤ᠂ ᠭᠤᠴᠢᠭᠠᠳ ᠢᠯᠡᠭᠦᠤ ᠦᠯᠡᠭᠦᠤ ᠬᠥᠳᠡᠯᠮᠦᠷᠢ ᠬᠦᠴᠦᠨ ᠳᠤ ᠠᠵᠢᠯ ᠣᠯᠭᠤᠵᠦ᠂ ᠵᠢᠯ ᠪᠦᠷᠢ ᠪᠠᠰᠠ 70 ᠲᠦᠮᠡᠨ ᠲᠥᠭᠦᠷᠢᠭ ᠤᠨ ᠲᠦᠷᠢᠶᠡᠰᠦᠨ ᠮᠥᠩᠭᠦ ᠬᠤᠷᠢᠶᠠᠵᠤ᠂ ᠭᠠᠴᠠᠭᠠᠨ ᠤ ᠪᠠᠨ ᠨᠡᠶᠢᠳᠡ ᠶᠢᠨ ᠣᠷᠣᠯᠭ᠎ᠠ ᠪᠣᠯᠭᠠᠪᠠ︔ 2013 ᠣᠨ ᠳᠤ ᠴᠤᠤᠯ ᠠᠵᠤ ᠦᠢᠯᠡᠳᠪᠤᠷᠢ ᠶᠢᠨ ᠤᠷᠤᠨ ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠬᠤᠩ ᠸᠧᠶ ᠲᠣᠰᠬᠤᠨ ᠤ ᠬᠠᠮᠲᠤ ᠶᠢᠨ ᠭᠠᠵᠠᠷ ᠰᠢᠷᠣᠶ ᠶᠢ 400 ᠮᠥ ᠬᠡᠷᠡᠭᠯᠡᠵᠦ᠂ 500 ᠭᠠᠷᠤᠶ ᠲᠦᠮᠡᠨ ᠲᠥᠭᠦᠷᠢᠭ ᠤᠨ ᠨᠦᠬᠦᠪᠦᠷᠢ ᠮᠦᠩᠭᠦ ᠦᠭᠪᠡ᠃ 2014 ᠣᠨ ᠳᠤ ᠬᠤᠩ ᠸᠧᠶ ᠲᠣᠰᠬᠤᠨ 300 ᠮᠦ ᠭᠠᠵᠠᠷ ᠰᠢᠷᠣᠶ ᠬᠤᠳᠠᠯᠳᠤᠨ ᠠᠪᠴᠠᠶ᠃ ᠡᠭᠦᠨ ᠳᠤ ᠨᠢᠭᠡ ᠬᠡᠰᠡᠭ ᠭᠠᠵᠠᠷ ᠲᠤᠨᠢ ᠮᠣᠳᠣ ᠲᠠᠷᠢᠵᠤ᠂ ᠨᠦᠬᠦᠭᠡ ᠨᠢᠭᠡ ᠬᠡᠰᠡᠭ ᠭᠠᠵᠠᠷ ᠤᠨ ᠢᠶᠠᠨ ᠡᠵᠡᠩᠨᠡᠯᠳᠡ ᠶᠢᠨ ᠡᠷᠬᠡ ᠶᠢ ᠰᠢᠯᠵᠢᠭᠦᠯᠤᠨ᠂ ᠨᠡᠶᠢᠳᠡ ᠶᠢᠨ ᠠᠵᠤ ᠠᠬᠤᠢ ᠶᠢᠨ ᠤᠷᠤᠯᠭ᠎ᠠ ᠪᠠᠨ 20 ᠲᠦᠮᠡᠨ ᠲᠦᠬᠦᠷᠢᠭ ᠨᠡᠮᠡᠭᠳᠡᠭᠦᠯᠵᠠᠢ᠃ ᠡᠭᠦᠨ ᠠᠴᠠ ᠭᠠᠳᠠᠨ᠎ᠠ᠂ 2015 ᠣᠨ ᠳᠤ ᠬᠤᠩ ᠸᠧᠶ ᠲᠣᠰᠬᠤᠨ ᠴᠤᠤᠯ ᠭᠤᠤᠯ ᠤᠨ ᠤᠰᠤᠨ ᠰᠢᠰᠲ᠋ᠧᠮ ᠤᠨ ᠡᠬᠢ ᠪᠠᠶᠠᠯᠢᠭ ᠲᠤ ᠲᠦᠰᠢᠭᠯᠡᠨ᠂ 7000 ᠮᠦ ᠬᠠᠭᠤᠷᠠᠶ ᠲᠠᠷᠢᠶ᠎ᠠ ᠪᠠᠨ ᠤᠰᠤᠨ ᠲᠠᠷᠢᠶ᠎ᠠ ᠪᠣᠯᠭᠠᠵᠦ᠂ ᠲᠠᠷᠢᠶᠠᠴᠢᠳ ᠤᠨ ᠣᠷᠣᠯᠭ᠎ᠠ ᠶᠢ ᠲᠤᠬᠳᠠᠭᠤᠨ ᠢᠶᠠᠷ ᠨᠡᠮᠡᠭᠳᠡᠭᠦᠯᠪᠡ᠃   2019 ᠣᠨ ᠳᠤ᠂ ᠪᠠᠶᠠᠨᠲᠠᠯ᠎ᠠ ᠭᠠᠴᠠᠭ᠎ᠠ ᠳᠤ ᠲᠠᠷᠢᠶᠠᠯᠠᠩ ᠤᠨ ᠦᠵᠡᠮᠵᠢ ᠶᠢᠨ ᠲᠥᠷᠥᠯ ᠵᠦᠶ᠋ᠯ ᠢ ᠲᠤᠷᠰᠢᠨ᠂ 2020 ᠣᠨ ᠳᠤ ᠥᠷᠭᠡᠳᠬᠡᠨ ᠪᠠᠶᠢᠭᠤᠯᠵᠡᠢ᠃ ᠬᠥᠳᠡᠭᠡ ᠠᠵᠤ ᠠᠬᠤᠢ ᠶᠢᠨ ᠲᠣᠭᠤᠷᠢᠨ ᠦᠵᠡᠬᠦᠯᠭᠡ ᠶᠢ ᠡᠷᠭᠢᠯᠡᠬᠦ ᠪᠣᠯ ᠭᠠᠴᠠᠭᠠᠨ ᠤ ᠬᠥᠳᠡᠭᠡ ᠠᠵᠤ ᠠᠬᠤᠶ ᠶᠢᠨ ᠵᠤᠭᠠᠴᠠᠯ ᠢ ᠬᠦᠭᠵᠢᠬᠦᠯᠬᠦ ᠶᠢᠨ ᠴᠢᠬᠤᠯᠠ ᠠᠷᠭ᠎ᠠ ᠵᠠᠮ ᠪᠣᠯᠤᠨ᠎ᠠ᠃ ᠲᠤᠰ ᠭᠠᠴᠠᠭ᠎ᠠ 680 ᠮᠦ ᠭᠠᠵᠠᠷ ᠰᠢᠷᠣᠢ ᠶᠢ ᠠᠰᠢᠭᠯᠠᠨ ᠴᠡᠴᠡᠭ ᠡᠪᠡᠰᠦ ᠪᠠ ᠵᠢᠮᠢᠰ ᠲᠠᠷᠢᠵᠤ᠂ ︽ᠥᠨᠢᠷ ᠴᠡᠴᠡᠷᠯᠢᠭ︾ ᠪᠠ ︽ᠵᠠᠭᠤᠨ ᠵᠢᠮᠢᠰ ᠤᠨ ᠬᠦᠷᠢᠶᠡᠯᠡᠩ︾ ᠢ ᠪᠠᠶᠢᠭᠤᠯᠪᠠ᠃ ᠴᠧᠨ ᠬᠠᠶ ᠱᠧᠩ᠄ ︽ᠲᠠᠷᠢᠶᠠᠯᠠᠩ ᠤᠨ ᠵᠤᠭᠠᠴᠠᠯ ᠢ ᠬᠥᠭᠵᠢᠭᠦᠯᠬᠦ ᠨᠢ ᠵᠤᠭᠠᠴᠠᠬᠰᠠᠳ ᠢ ᠲᠠᠲᠠᠬᠤ ᠪᠠᠷ ᠪᠠᠷᠠᠬᠤ ᠦᠭᠡᠶ ᠭᠤᠶᠤ ᠦᠵᠡᠮᠵᠢ ᠪᠠ ᠰᠣᠶᠣᠯ ᠢ ᠤᠬᠠᠭᠤᠯᠵᠤ᠂ ᠬᠠᠮᠲᠤ ᠶᠢᠨ ᠠᠵᠤ ᠠᠬᠤᠶ ᠶᠢ ᠨᠠᠩ ᠢᠯᠡᠭᠦᠤ ᠪᠤᠵᠠᠭᠠᠶᠢᠷᠠᠭᠤᠯᠵᠤ᠂ ᠭᠠᠴᠠᠭᠠᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠪᠤᠯᠤᠨ᠎ᠠ︾ ᠬᠡᠵᠥ ᠬᠡᠯᠠᠨ᠎ᠠ᠃  ᠵᠠᠯᠠᠶᠢᠳ ᠬᠤᠰᠢᠭᠤ ᠤᠳᠤ ᠬᠥᠳᠡᠭᠡ ᠲᠣᠰᠬᠤᠨ ᠤ ᠲᠦᠷᠢ ᠲᠦᠷᠭᠦ ᠶᠢ ᠰᠠᠶᠢᠵᠢᠷᠠᠭᠤᠯᠵᠦ᠂ ᠲᠤᠰᠬᠤᠨ ᠤ ᠠᠷᠠᠳ ᠤᠨ ᠬᠡᠪ ᠪᠤᠯᠪᠠᠰᠤᠷᠠᠯ ᠢ ᠲᠡᠭᠡᠭᠰᠢᠯᠡᠭᠦᠯᠦᠨ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠪᠠᠷ ᠲᠠᠮᠵᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ︽ᠨᠢᠭᠡ ᠯᠡ ᠰᠠᠶᠢᠬᠠᠨ︾ ᠪᠠᠶᠢᠬᠰᠠᠨ ᠠᠴᠠ ᠨᠢ ︽ᠭᠠᠵᠠᠷ ᠪᠣᠯᠭᠠᠨ ᠳᠤ ᠰᠠᠶᠢᠬᠠᠨ︾ ᠪᠤᠯᠭᠠᠵᠦ᠂ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠵᠦ᠂ ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ ᠲᠠᠭᠤᠷᠢᠶᠠᠯᠳᠤ ᠣᠷᠣᠨ ᠢ ᠪᠠᠶᠢᠭᠤᠯᠬᠤ ᠳᠤ ᠨᠠᠩ ᠣᠯᠠᠨ ︽ᠵᠠᠯᠠᠶᠢᠳ ᠤᠨ ᠲᠤᠷᠰᠢᠯᠭ᠎ᠠ︾ ᠪᠠᠨ ᠲᠡᠯᠭᠡᠭᠦ ᠪᠠᠷ ᠴᠢᠷᠮᠠᠶᠢᠨ ᠠᠵᠢᠯᠯᠠᠵᠦ ᠪᠠᠶᠢᠨ᠎ᠠ᠃
ᠵᠢᠷᠤᠬ ᠪᠤᠯ ᠭᠦᠳᠡᠭᠡ ᠳᠤᠰᠬᠤᠨ ᠤ ᠦᠵᠡᠮᠵᠢ ᠪᠤᠯᠤᠨ᠎ᠠ᠃  ︵ᠵᠠᠩ ᠵᠤᠤ ᠴᠢ︶    ︵ᠭᠡᠷᠡᠯ ᠵᠢᠷᠤᠭ ᠢ ᠵᠠᠯᠠᠶᠢᠳ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠠᠩᠭᠠᠪᠠ︶
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号