︽ᠬᠢᠨᠭ᠍ᠭᠠᠨ ᠤ ᠠᠭᠤᠯᠠ ᠤᠰᠥ ᠪᠠᠨ ᠪᠠᠭ᠋ᠠᠷᠬᠠᠶ᠎ᠠ︾
ᠨᠡᠶᠢᠲᠡᠯᠡᠭᠰᠡᠨ ᠴᠠᠭ᠄
2020/11/10
︽ᠪᠤᠬᠳᠠ ᠠᠭᠤᠯᠠ ● ᠴᠤᠤᠯ ᠭᠤᠤᠯ ᠤᠨ ᠠᠶᠠᠯᠠᠯ︾︽ᠨᠠᠮ ᠤᠨ ᠪᠠᠶᠢᠭᠤᠯᠤᠯᠲᠠ + ᠬᠠᠪᠰᠤᠷᠤᠨ ᠲᠡᠳᠬᠦᠬᠦ︾ ᠠᠵᠢᠯᠯᠠᠭ᠎ᠠ ᠨᠢ ᠬᠥᠳᠡᠭᠡ ᠲᠣᠰᠬᠤᠨ ᠢ ᠨᠡᠩ ᠦᠵᠡᠰᠭᠦᠯᠡᠩᠳᠦ ᠰᠠᠶᠢᠬᠠᠨ ᠪᠤᠯᠭᠠᠨ᠎ᠠ   ︽ᠬᠢᠨᠭ᠍ᠭᠠᠨ ᠤ ᠠᠭᠤᠯᠨ ᠣᠰᠣ ᠪᠠᠨ ᠪᠠᠭ᠋ᠠᠷᠬᠠᠶ᠎ᠠ︾ ᠰᠤᠷᠪᠤᠯᠵᠢᠯᠠᠭᠴᠢ ᠶᠢᠨ ᠲᠣᠭᠤᠢᠢᠯᠠᠩ ᠤᠨ ᠰᠤᠷᠪᠤᠯᠵᠢᠯᠠᠭᠴᠢ ᠲᠡᠷᠭᠡ ᠵᠢᠯᠣᠭᠤᠳᠤᠨ ᠴᠡᠪᠡᠷ ᠲᠤᠩᠭᠠᠯᠠᠭ ᠴᠤᠤᠯ ᠭᠤᠤᠯ ᠤᠨ ᠬᠥᠪᠡᠭᠡ ᠪᠠᠷ ᠶᠠᠪᠤᠬᠤ ᠳᠤ᠂ ᠬᠤᠶᠠᠷ ᠡᠷᠭᠢ ᠪᠠᠷ ᠦᠩᠭᠡ ᠪᠦᠷᠢ ᠶᠢᠨ ᠬᠤᠸᠠᠷ ᠴᠡᠴᠡᠭ ᠳᠡᠯᠭᠡᠷᠡᠵᠦ᠂ ᠲᠤᠩᠭᠠᠯᠠᠭ ᠨᠡᠷᠡᠨ ᠤ ᠭᠡᠷᠡᠯ ᠳᠣᠣᠷ᠎ᠠ᠂ ᠭᠠᠵᠠᠷ ᠰᠠᠢ ᠦᠭᠡᠢ ᠥᠩᠭᠡ ᠢᠯᠭᠠᠷᠠᠵᠤ᠂ ᠡᠯ᠎ᠠ ᠳᠦᠷᠦᠯ ᠤᠨ ᠰᠢᠪᠠᠭᠤᠳ ᠵᠢᠷᠭᠢᠵᠦ᠂ ᠨᠤᠮᠢᠨ ᠨᠣᠭᠤᠭᠠᠨ ᠲᠠᠯ᠎ᠠ ᠨᠣᠳᠤᠭ ᠲᠤ ᠦᠬᠡᠷ ᠬᠤᠨᠢ ᠲᠠᠪᠠᠳᠠᠢ ᠢᠳᠡᠰᠢᠯᠡᠵᠦ᠂ ᠬᠠᠶᠠ ᠪᠠᠰᠠ ᠬᠡᠳᠦᠨ ᠮᠣᠷᠢ ᠲᠠᠯ᠎ᠠ ᠨᠤᠲᠤᠭ ᠲᠤ ᠴᠢᠯᠥᠭᠡᠲᠡᠶ ᠳᠠᠪᠬᠢᠵᠤ ᠪᠠᠶᠢᠬᠤ ᠶᠢ ᠣᠯᠵᠤ ᠬᠠᠷᠠᠨ᠎ᠠ᠃   ᠭᠤᠤᠯ ᠤᠨ ᠬᠤᠶᠠᠷ ᠡᠷᠭᠢ ᠶᠢᠨ ᠬᠥᠳᠡᠭᠡ ᠲᠣᠰᠬᠤᠨ ᠤ ᠬᠢᠨ ᠶᠠᠭ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠤᠨ ᠵᠢᠷᠤᠭᠯᠠᠭᠰᠠᠨ ᠰᠢᠬ ᠢᠶᠠᠷ ᠠᠵᠤ ᠤᠶᠢᠯᠡᠰ ᠬᠥᠭᠵᠢᠵᠦ᠂ ᠠᠮᠢ ᠠᠬᠤᠶ ᠡᠶ᠎ᠡ ᠵᠤᠬᠢᠴᠠᠩᠭᠤᠢ᠂ ᠨᠤᠲᠤᠭ ᠤᠨ ᠬᠡᠪ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠪᠠᠷ ᠪᠦᠲᠦᠭᠡᠨ ᠪᠠᠶᠢᠭᠤᠯᠵᠤ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠤᠷᠢᠳᠤ ᠢᠯᠠᠯᠲᠠ ᠶᠢ ᠣᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠵᠠᠩᠭᠢᠯᠠᠭ᠎ᠠ ᠶᠢᠨ ᠴᠠᠭ ᠮᠥᠴᠡ ᠳᠤ᠂ ᠬᠠᠪᠰᠤᠷᠤᠨ ᠲᠡᠳᠬᠦᠬᠦ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠺᠠᠳ᠋ᠷᠴᠤᠳ ᠠᠷᠠᠳ ᠲᠦᠮᠡᠨ ᠢ ᠴᠢᠨᠡᠭᠡᠯᠢᠭᠵᠢᠭᠦᠯᠭᠦ ᠶᠢᠨ ᠲᠥᠯᠥᠭᠡ ᠶᠠᠭᠠᠷᠠᠯᠳᠤᠵᠤ᠂ ᠮᠠᠰᠢ ᠣᠯᠠᠨ ᠨᠠᠮ ᠤᠨ ᠭᠡᠰᠢᠭᠦᠨ᠂ ᠪᠠᠶᠠᠵᠢᠯ ᠤᠨ ᠳᠠᠭᠠᠭᠤᠯᠤᠭᠴᠢᠳ ᠶᠠᠳᠠᠭᠤ ᠬᠦᠴᠢᠷᠳᠡᠯᠲᠡᠶ ᠡᠷᠦᠬᠡ ᠳᠤ ᠶᠠᠳᠠᠭᠤ ᠠᠴᠠ ᠠᠩᠭᠢᠵᠢᠷᠠᠬᠤ ᠰᠢᠨ᠎ᠡ ᠵᠠᠮ ᠳᠡᠪᠢᠰᠤᠨ ᠥᠭᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠪᠠᠷ ᠴᠤᠴᠠᠯᠲᠠ ᠦᠭᠡᠢ ᠤᠷᠤᠭᠰᠢᠯᠠᠨ᠎ᠠ᠃   ᠵᠣᠯ ᠵᠢᠷᠭᠠᠯ ᠲᠠᠢ ᠪᠠᠶᠠᠷ ᠬᠥᠷ ᠲᠠᠢ ᠬᠥᠮᠦᠰ ᠰᠡᠳᠬᠢᠯ ᠵᠢᠷᠦᠬᠡᠨ ᠠᠴᠠ ᠪᠠᠨ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠦ᠂ ᠶᠠᠳᠠᠭᠤ ᠠᠴᠠ ᠠᠩᠭᠢᠵᠢᠷᠠᠭᠤᠯᠬᠤ ᠳᠤ ᠦᠨᠡᠨ ᠰᠡᠳᠬᠢᠯ ᠠᠴᠠ ᠪᠠᠨ ᠬᠠᠪᠰᠤᠷᠳᠠᠭ ᠲᠡᠳᠡᠭᠡᠷ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠰᠠᠶᠢᠨ ᠺᠠᠳ᠋ᠷ ᠢ ᠮᠠᠭᠲᠠᠨ ᠰᠠᠶᠢᠰᠢᠶᠠᠨ᠎ᠠ᠃   ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠣ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠦᠡᠭᠭᠡ ᠲᠦᠷᠰᠤ ᠶᠢ ᠵᠢᠷᠤᠭᠯᠠᠨ᠎ᠠ   ᠠᠯᠬᠤᠮ ᠪᠦᠷᠢ ᠦᠵᠡᠮᠵᠢ᠂ ᠨᠢᠳᠦ ᠳᠦᠭᠦᠷᠡᠩ ᠰᠢᠨ᠎ᠡ ᠵᠢᠷᠤᠭ᠃ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠴᠠᠩ ᠱᠧᠩ ᠨᠡᠭᠦᠳᠡᠯ ᠠᠷᠠᠳ ᠤᠨ ᠰᠢᠨ᠎ᠡ ᠲᠣᠰᠬᠤᠨ ᠳᠤ ᠬᠦᠷᠬᠦ ᠳᠤ᠂ ᠨᠢᠳᠤᠨ ᠡᠮᠦᠨ᠎ᠡ ᠮᠦᠷ ᠮᠥᠷ ᠭᠤᠶᠤ ᠰᠠᠶᠢᠬᠠᠨ ᠭᠡᠷ ᠪᠠᠶᠢᠰᠢᠩ᠂ ᠵᠤᠷᠪᠤᠰ ᠵᠤᠷᠪᠤᠰ ᠥᠷᠭᠡᠨ ᠱᠦᠢᠨᠢ ᠵᠠᠮ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠮᠣᠳᠣ ᠵᠢᠴᠢ ᠲᠥᠬᠦᠭᠡᠷᠦᠮᠵᠢ ᠪᠦᠷᠢᠨ ᠳᠡᠬᠦᠯᠳᠡᠷ ᠰᠣᠶᠣᠯ ᠤᠨ ᠠᠭᠤᠳᠠᠮ ᠲᠠᠯᠠᠪᠠᠢ ᠢᠯᠡᠷᠡᠨ᠎ᠠ᠃ ᠭᠠᠵᠠᠷ ᠪᠣᠯᠭᠠᠨ ᠨᠢ ᠴᠥᠮ ᠦᠵᠡᠰᠬᠦᠯᠡᠩᠲᠦ ᠰᠠᠶᠢᠬᠠᠨ ᠵᠢᠷᠤᠭ ᠳᠦᠷᠰᠦ ᠪᠠᠶᠢᠵᠤ᠂ ᠵᠢᠵᠢᠭ ᠲᠣᠰᠬᠤᠨ ᠤ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠬᠤ ᠶᠢ ᠬᠠᠷᠠᠭᠤᠯᠤᠨ᠎ᠠ᠃   ᠲᠣᠰᠬᠤᠨ ᠤ ᠠᠷᠠᠳ ᠸᠠᠩ ᡁᠢ ᠯᠢᠩ ᠬᠠᠯᠠᠭᠤᠮᠰᠤᠭ ᠢᠶᠠᠷ ᠰᠤᠷᠪᠤᠯᠵᠢᠯᠠᠭᠴᠢ ᠶᠢ ᠬᠦᠯᠢᠶᠡᠨ ᠠᠪᠤᠪᠠ᠃ ᠥᠩᠭᠡᠷᠡᠭᠰᠡᠨ ᠳᠤ᠂ ᠸᠠᠩ ᡁᠢ ᠯᠢᠩ ᠤᠨ ᠨᠢᠭᠡ ᠭᠡᠷ ᠤᠨ 4 ᠠᠮᠠ ᠬᠥᠮᠦᠨ ᠬᠠᠭᠤᠴᠢᠨ ᠭᠡᠷ ᠲᠤ ᠰᠠᠭᠤᠵᠤ ᠪᠠᠶᠢᠵᠠᠶ ᠃ 2017 ᠣᠨ ᠳᠤ ᠪᠠᠯᠭᠠᠰᠤᠨ ᠤ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠲᠡᠷᠡ ᠪᠤᠰᠤᠳ ᠶᠠᠳᠠᠭᠤ ᠬᠦᠴᠢᠷᠳᠡᠯᠲᠡᠢ ᠡᠷᠦᠬᠡ ᠲᠠᠢ ᠬᠠᠮᠲᠤ ᠰᠢᠨ᠎ᠡ ᠲᠣᠰᠬᠤᠨ ᠤ ᠲᠥᠪᠯᠡᠷᠡᠨ ᠰᠠᠭᠤᠷᠢᠰᠢᠬᠤ ᠴᠡᠭ ᠲᠤ ᠨᠡᠭᠦᠨ ᠣᠷᠣᠵᠤ᠂ ᠰᠢᠨ᠎ᠡ ᠠᠮᠢᠳᠤᠷᠠᠯ ᠢᠶᠠᠨ ᠡᠬᠢᠯᠡᠭᠦᠯᠪᠡ ᠁   ︽ᠤᠤᠯ ᠤᠨ ᠰᠠᠭᠤᠵᠤ ᠪᠠᠶᠢᠭᠰᠠᠨ ᠭᠠᠵᠠᠷ ᠤᠨ ᠵᠠᠮ ᠮᠠᠭᠤ᠂ ᠲᠡᠷᠭᠡ ᠤᠨᠤᠭ᠎ᠠ ᠶᠠᠪᠤᠬᠤ ᠳᠤ ᠳᠥᠭᠦᠮ ᠦᠭᠡᠢ᠂ ᠣᠯᠠᠨ ᠢᠶᠠᠷ ᠢᠶᠠᠨ ᠭᠠᠳᠠᠭᠰᠢ ᠭᠠᠷᠬᠤ ᠳᠤ ᠬᠦᠴᠢᠷ᠂ ᠭᠠᠳᠠᠨᠠᠬᠢ ᠬᠥᠮᠦᠨ ᠣᠷᠣᠵᠤ ᠢᠷᠡᠬᠦ ᠳᠤ ᠴᠦ ᠬᠦᠴᠢᠷ᠃ ᠲᠣᠰᠬᠤᠨ ᠤ ︿ᠬᠤᠶᠠᠷ ᠵᠥᠪᠯᠡᠯ﹀ ᠤᠨ ᠪᠠᠭ ᠤᠨ ᠴᠢᠷᠮᠠᠶᠢᠯᠭ᠎ᠠ ᠪᠠᠷ ᠳᠠᠮᠵᠢᠨ᠂ ᠣᠳᠣ ᠰᠢᠨ᠎ᠡ ᠲᠣᠰᠬᠤᠨ ᠳᠤ ᠨᠡᠭᠦᠵᠦ᠂ ᠦᠵᠡᠮᠵᠢ ᠨᠢ ᠰᠠᠶᠢᠨ᠂ ᠭᠡᠷ ᠨᠢ ᠴᠡᠪᠡᠷᠬᠡᠨ᠂ ᠪᠢ ᠬᠦᠷᠢᠶᠡᠨ ᠳᠣᠲᠣᠷ᠎ᠠ ᠡᠯ᠎ᠡ ᠵᠦᠢᠯ ᠤᠨ ᠬᠤᠸᠠᠷ ᠴᠡᠴᠡᠭ ᠲᠠᠷᠢᠵᠠᠢ᠃ ᠲᠠ ᠦᠵᠨ᠂ ᠬᠡᠳᠦᠢ ᠭᠤᠶᠤ ᠪᠣᠶ︾ ᠭᠡᠵᠦ ᠸᠠᠩ ᡁᠢ ᠯᠢᠩ ᠪᠠᠶᠠᠷᠲᠠᠶ ᠪᠠᠷ ᠬᠡᠯᠡᠨ᠎ᠠ᠃ ︽ᠰᠢᠨ᠎ᠡ ᠭᠡᠷ ᠢᠶᠠᠨ ᠨᠡᠭᠦᠯᠭᠡᠭᠰᠡᠨ ᠤ ᠲᠠᠷᠠᠭ᠎ᠠ ᠵᠠᠰᠠᠭ ᠤᠨ ᠣᠷᠳᠣᠨ ᠠᠴᠠ ᠪᠢᠳᠡᠨ ᠳᠤ ᠠᠵᠤ  ᠦᠢᠯᠡᠰ ᠤᠨ ᠪᠡᠯᠡ ᠮᠥᠩᠭᠦ ᠥᠭᠴᠦ ᠡᠨᠡᠬᠦ ᠮᠦᠩᠭᠦ ᠪᠠᠷ ᠪᠢ 19 ᠬᠤᠨᠢ ᠬᠤᠳᠠᠯᠳᠤᠨ ᠠᠪᠴᠠᠶ᠃ ᠤᠳᠤ ᠵᠢᠯ ᠪᠦᠷᠢ ᠬᠤᠨᠢ ᠢᠮᠠᠭ᠎ᠠ ᠶᠢᠨ ᠠᠰᠢᠭ ᠣᠷᠣᠯᠭ᠎ᠠ 2 ᠲᠦᠮᠡᠨ ᠲᠥᠭᠦᠷᠢᠭ ᠬᠦᠷᠴᠦ ᠪᠠᠶᠢᠨ᠎ᠠ᠂ ᠣᠳᠣ ᠨᠢᠭᠡᠨᠲᠡ 100 ᠬᠤᠨᠢ ᠲᠠᠢ ᠪᠣᠯᠵᠣ᠂ ᠪᠠᠰᠠ 30 ᠮᠦ ᠲᠠᠷᠢᠶ᠎ᠠ ᠪᠠᠶᠢᠨ᠎ᠠ᠃ ᠤᠳᠤ ᠪᠢᠳᠡ ᠥᠪᠡᠷ ᠢᠶᠠᠨ ᠬᠡᠤᠬᠡᠨ ᠢᠶᠠᠨ ᠰᠤᠷᠭᠠᠭᠤᠯᠢ ᠳᠤ ᠰᠠᠭᠤᠯᠭᠠᠵᠤ ᠲᠡᠶᠢᠯᠬᠦ ᠪᠤᠯᠪᠠ᠂ ᠨᠠᠮ ᠪᠠ ᠵᠠᠰᠠᠭ ᠤᠨ ᠣᠷᠳᠣᠨ ᠪᠠᠶᠢᠬᠤ ᠦᠭᠡᠢ ᠪᠣᠯ ᠮᠢᠨᠦ ᠣᠳᠣ ᠶᠢᠨ ᠰᠠᠶᠢᠨ ᠠᠮᠢᠳᠤᠷᠠᠯ ᠪᠠᠶᠢᠬᠤ ᠦᠭᠡᠢ︾ ᠭᠡᠨ᠎ᠠ᠃   ᠰᠤᠷᠪᠤᠯᠵᠢᠯᠠᠭᠴᠢ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠠᠯᠲᠠᠨᠬᠤᠸᠠ ᠭᠠᠴᠠᠭ᠎ᠠ ᠳᠤ ᠬᠦᠷᠬᠦ ᠳᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠮᠵᠢ ᠨᠢ ᠳᠠᠬᠢᠨᠲᠠ ᠨᠢᠳᠦᠨ ᠳᠤ ᠦᠵᠡᠭᠳᠡᠨ᠎ᠠ᠃   ︽ᠥᠩᠭᠡᠷᠡᠭᠰᠡᠨ ᠳᠤ᠂ ᠲᠣᠰᠬᠤᠨ ᠤ ᠬᠥᠮᠦᠰ ᠲᠤ ᠥᠭᠭᠦᠭᠰᠡᠨ ᠰᠠᠭᠤᠭᠳᠠᠯ ᠪᠣᠯ ᠪᠤᠵᠠᠷ ᠪᠤᠷᠳᠠᠭ᠂ ᠮᠠᠭᠤ ᠮᠠᠭᠤᠬᠠᠢ ᠪᠠᠶᠢᠳᠠᠭ᠂ ᠬᠠᠮᠢᠭ᠎ᠠ ᠴᠤ ᠭᠡᠰᠡᠨ ᠭᠠᠭ᠋ᠠᠶ ᠦᠬᠡᠷ ᠤᠨ ᠢᠯᠭᠠᠳᠠᠰᠤ ᠶᠢ ᠣᠯᠵᠤ ᠬᠠᠷᠠᠳᠠᠭ ᠪᠥᠭᠡᠳ ᠠᠶᠢᠯ ᠡᠷᠦᠬᠡ ᠪᠦᠷᠢ ᠶᠢᠨ ᠭᠡᠷ ᠪᠠᠶᠢᠰᠢᠩ ᠤᠨ ᠠᠷᠤ ᠳᠤ ᠡᠯᠳᠡᠪ ᠡᠪᠡᠰᠦ ᠪᠠᠭᠰᠢᠷᠠᠨ᠂ ᠬᠤᠭ ᠨᠣᠪᠰᠢ ᠭᠠᠵᠠᠷ ᠰᠠᠢ ᠦᠭᠡᠢ ᠣᠪᠣᠭᠠᠷᠠᠵᠤ ᠪᠠᠶᠢᠳᠠᠭ᠃ ᠣᠳᠣᠬᠠᠨ ᠳᠤ᠂ ᠲᠣᠰᠬᠤᠨ ᠤ ᠣᠷᠴᠢᠨ ᠲᠣᠭᠤᠷᠢᠨ ᠳᠤ ᠶᠡᠭᠡ ᠬᠤᠪᠢᠷᠠᠯᠲᠠ ᠭᠠᠷᠴᠤ᠂ ᠭᠡᠷ ᠪᠠᠶᠢᠰᠢᠩ ᠨᠢ ᠴᠡᠪᠡᠷ ᠴᠡᠮᠴᠡᠭᠡᠷ᠂ ᠵᠠᠮ ᠨᠢ ᠲᠡᠭᠰᠢᠬᠡᠨ᠂ ᠪᠦᠬᠦ᠋ᠢᠯᠡ ᠲᠣᠰᠬᠤᠨ ᠤ ᠳᠦᠷᠰᠦ ᠪᠠᠶᠢᠳᠠᠯ ᠨᠢ ᠪᠦᠷ ᠠᠳᠠᠯᠢ ᠦᠭᠡᠢ ᠪᠣᠯᠵᠠᠶ᠃ ᠣᠳᠣ ᠶᠢᠨ ᠲᠣᠰᠬᠤᠨ ᠢ ᠦᠵᠡᠪᠡᠯ ᠦᠨᠡᠬᠡᠷ ᠬᠥᠮᠦᠨ ᠢ ᠲᠦᠢᠯ ᠢᠶᠠᠷ ᠣᠮᠣᠭᠰᠢᠭᠤᠯᠤᠨ᠎ᠠ᠂ ᠦᠨᠡᠨ ᠰᠠᠶᠢᠨ ᠴᠠᠭ ᠦᠶ᠎ᠡ ᠲᠠᠭᠠᠷᠠᠵᠠᠢ︾ ᠭᠡᠵᠦ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠠᠯᠲᠠᠨᠬᠤᠸᠠ ᠭᠠᠴᠠᠭ᠎ᠠ ᠶᠢᠨ 64 ᠨᠠᠰᠤᠲᠠᠶ ᠶᠠᠳᠠᠭᠤ ᠠᠴᠠ ᠠᠩᠭᠢᠵᠢᠷᠠᠭᠰᠠᠨ ᠲᠠᠷᠢᠶᠠᠴᠢᠨ ᠡᠤ ᠴᠦᠨ ᠷᠦᠩ ᠶᠠᠷᠢᠨ᠎ᠠ᠃ ︽ᠬᠠᠭᠤᠴᠢᠨ ᠭᠡᠷ ᠢᠶᠠᠨ ᠨᠤᠷᠠᠭᠠᠵᠤ᠂ ᠰᠢᠨ᠎ᠡ ᠪᠠᠶᠢᠰᠢᠩ ᠪᠠᠶᠢᠭᠤᠯᠵᠤ ᠪᠢᠳᠡᠨ ᠤ ᠣᠷᠣᠰᠢᠨ ᠰᠠᠭᠤᠬᠤ ᠣᠷᠴᠢᠨ ᠲᠣᠭᠤᠷᠢᠨ ᠨᠠᠩ ᠰᠠᠶᠢᠨ ᠪᠣᠯᠵᠠᠶ᠂ ᠡᠨᠡ ᠨᠢ ᠪᠦᠷ ᠨᠠᠮ ᠤᠨ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠪᠠ ᠨᠠᠮ ᠤᠨ ᠭᠡᠰᠢᠭᠦᠨ ᠺᠠᠳ᠋ᠷ ᠤᠨ ᠬᠠᠪᠰᠤᠷᠤᠨ ᠲᠡᠳᠬᠦᠬᠦ ᠠᠴᠠ ᠰᠠᠯᠵᠤ ᠴᠢᠳᠠᠬᠤ ᠦᠭᠡᠢ ᠶᠤᠮ︾ ᠭᠡᠨ᠎ᠠ   2017 ᠣᠨ ᠳᠤ᠂ ᠲᠣᠰᠬᠤᠨ ᠤ ᠠᠷᠠᠳ ᠡᠤ ᠴᠦᠨ ᠷᠦᠩ ᠭᠠᠴᠠᠭᠠᠨ ᠤ ᠴᠡᠪᠡᠷᠯᠡᠭᠴᠢ ᠪᠤᠯᠤᠭᠰᠠᠨ ᠢᠶᠠᠷ ᠪᠠᠷᠠᠬᠤ ᠦᠭᠡᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭᠠᠨ ᠤ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠦᠬᠡ ᠪᠣᠯᠵᠤ᠂ ᠮᠸᠡᠭ ᠪᠧᠨ ᠠᠵᠤ ᠦᠢᠯᠡᠰ ᠤᠨ ᠠᠰᠢᠭ ᠬᠤᠪᠢᠶᠠᠷᠢᠯᠠᠯ ᠤᠯᠬᠤ ᠶᠢᠨ ᠬᠠᠮᠳᠤ ᠪᠠᠰᠠ ᠴᠠᠯᠢᠩ ᠲᠠᠢ ᠪᠤᠯᠵᠦ᠂ ᠤᠳᠤ ᠭᠡᠷ ᠲᠡᠭᠡᠨ ᠦᠬᠡᠷ ᠬᠤᠳᠠᠯᠳᠤᠨ ᠠᠪᠤᠭᠠᠳ ᠲᠡᠵᠢᠭᠡᠨ ᠦᠷᠡᠵᠢᠭᠦᠯᠬᠦ ᠠᠵᠤ ᠦᠢᠯᠡᠰ ᠢ ᠡᠬᠢᠯᠡᠨ ᠬᠥᠭᠵᠢᠭᠦᠯᠪᠡ᠃ ︽ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠂ ᠡᠨᠡ ᠨᠢ ᠨᠠᠮ ᠪᠠ ᠵᠠᠰᠠᠭ ᠤᠨ ᠣᠷᠳᠣᠨ ᠤ ᠳᠡᠮᠵᠢᠯᠭᠡ ᠠᠴᠠ ᠰᠠᠯᠵᠤ ᠴᠢᠳᠠᠬᠤ ᠦᠭᠡᠶ ᠶᠤᠮ᠃ ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ ᠠᠴᠠ ᠭᠠᠳᠠᠨ᠎ᠠ᠂ ᠪᠠᠰᠠ ᠨᠠᠳᠠ ᠳᠤ ᠰᠦᠢᠳᠬᠡᠯ ᠠᠪᠬᠤ ᠦᠭᠡᠢ ᠪᠠᠷ ᠬᠤᠳᠳᠤᠭ ᠴᠣᠬᠢᠵᠤ ᠥᠭᠴᠡᠢ᠃ ᠣᠳᠣ ᠴᠡᠪᠡᠷ ᠲᠡᠭᠰᠢ ᠭᠡᠷ ᠪᠠᠶᠢᠰᠢᠩ ᠳᠤ ᠰᠠᠭᠤᠵᠤ᠂ ᠪᠠᠰᠠ ᠥᠪᠡᠷ ᠤᠨ ᠡᠵᠡᠩᠨᠡᠵᠦ ᠪᠠᠢᠶ᠋ᠭ᠎ᠠ ᠲᠡᠵᠢᠭᠡᠨ ᠦᠷᠡᠵᠢᠭᠦᠯᠬᠦ ᠠᠵᠤ ᠦᠢᠯᠡᠰ ᠲᠠᠢ᠃ ᠡᠨᠡ ᠪᠣᠯ ᠥᠩᠭᠡᠷᠡᠭᠡᠭᠰᠡᠨ ᠳᠤ ᠪᠣᠳᠣᠵᠤ ᠣᠯᠬᠤ ᠦᠭᠡᠢ ᠤᠴᠢᠷ ᠶᠤᠮ︾ ᠭᠡᠵᠦ ᠦ᠋ ᠴᠦᠨ ᠷᠦᠩ ᠪᠠᠶᠠᠷ ᠬᠥᠷ ᠲᠠᠢ ᠪᠠᠷ ᠰᠤᠷᠪᠤᠯᠵᠢᠯᠠᠭᠴᠢ ᠳᠤ ᠬᠡᠯᠡᠪᠡ᠃   ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠤ ᠬᠤᠪᠢᠷᠠᠯᠳᠠ ᠨᠢ ᠤᠯᠤᠰ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠠᠴᠠ ᠪᠣᠯᠤᠭᠰᠠᠨ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠬᠠᠯᠠᠮᠵᠢᠯᠠᠯ ᠳᠡᠮᠵᠢᠯᠭᠡ ᠳᠣᠣᠷ᠎ᠠ᠂ ᠡᠯ᠎ᠠ ᠭᠠᠴᠠᠭ᠎ᠠ ᠪᠦᠬᠦᠯᠢ ᠴᠣᠭᠴᠠ ᠶᠢᠨ ᠰᠠᠶᠢᠵᠢᠷᠠᠯᠲᠠ ᠪᠠ ᠪᠦᠬᠦ ᠲᠠᠯ᠎ᠠ ᠶᠢᠨ ᠳᠡᠭᠡᠭᠰᠢᠯᠡᠯᠲᠡ ᠲᠠᠢ ᠪᠣᠯᠵᠤ ᠂ ᠡᠯ᠎ᠡ ᠵᠦᠢᠯ ᠤᠨ ᠠᠵᠢᠯ ᠦᠢᠯᠡᠰ ᠴᠡᠴᠡᠭᠯᠡᠨ ᠬᠥᠭᠵᠢᠵᠦ᠂ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠬᠥᠭᠵᠢᠯᠲᠡ ᠶᠢᠨ ᠡᠷᠴᠢ ᠵᠣᠷᠢᠭ ᠤᠯᠠᠮ ᠣᠷᠭᠢᠯᠵᠤ ᠪᠠᠶᠢᠨ᠎ᠠ᠃   ᠬᠤᠶᠠᠷ ᠡᠳᠦᠷ ᠤᠨ ᠰᠤᠷᠪᠤᠯᠵᠢᠯᠠᠭ᠎ᠠ ᠳᠤᠮᠳᠠ᠂ ᠰᠤᠷᠪᠤᠯᠵᠢᠯᠠᠭᠴᠢ ᠭᠦᠨ ᠲᠥᠷᠥᠭᠳᠡᠯ ᠲᠠᠢ᠄ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠬᠥᠳᠡᠭᠡ ᠲᠣᠰᠬᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠲᠣᠰᠬᠤᠨ ᠤ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠥᠲᠥᠯᠥᠨ ᠵᠢᠯᠣᠭᠤᠳᠴᠦ᠂ ᠡᠶ᠎ᠡ ᠵᠣᠬᠢᠴᠠᠯ ᠲᠠᠢ ᠪᠥᠭᠡᠳ ᠡᠮᠬᠢ ᠵᠢᠷᠤᠮ ᠲᠠᠢ᠂ ᠠᠵᠤ ᠦᠢᠯᠡᠰ ᠬᠥᠭᠵᠢᠬᠦ᠂ ᠶᠠᠳᠠᠭᠤ ᠠᠴᠠ ᠠᠩᠭᠢᠵᠢᠷᠠᠨ ᠪᠠᠶᠠᠵᠢᠬᠤ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠪᠠᠶᠢᠳᠠᠯ ᠢ ᠪᠤᠢ ᠪᠤᠯᠭᠠᠪᠠ᠃ ᠪᠠᠶᠠᠨᠭᠤᠤᠯ ᠪᠠᠯᠭᠠᠰᠤᠨ ᠤ ᠴᠠᠩ ᠱᠧᠩ ᠨᠡᠭᠦᠲᠡᠯ ᠠᠷᠠᠳ ᠤᠨ ᠰᠢᠨ᠎ᠡ ᠲᠣᠰᠬᠤᠨ ᠪᠣᠯᠤᠨ ᠢᠨᠳᠡᠷ ᠪᠠᠯᠭᠠᠰᠤᠨ ᠤ ᠠᠯᠲᠠᠨᠬᠤᠸᠠ ᠭᠠᠴᠠᠭᠠᠨ ᠤ ᠬᠤᠪᠢᠷᠠᠯᠲᠠ ᠪᠤᠯ ᠵᠠᠯᠠᠶᠢᠳ ᠬᠤᠰᠢᠭᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠰᠢᠨ᠎ᠡ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠵᠠᠮᠴᠢᠯᠠᠭᠰᠠᠨ ᠬᠤᠷᠢᠶᠠᠩᠭᠤᠶ ᠳᠦᠷᠰᠦ ᠮᠥᠨ᠃   ᠨᠠᠮ ᠤᠨ ᠭᠡᠰᠢᠬᠦᠨ ᠤ ᠬᠤᠰᠢᠭᠤᠴᠢ ᠵᠢᠱᠢᠶᠡᠴᠢ ᠶᠢᠨ ᠦᠢᠯᠡᠳᠤᠯ ᠢ ᠬᠦᠢᠴᠡᠤᠨ ᠪᠠᠳᠠᠷᠠᠭᠤᠯᠤᠨ᠎ᠠ   ᠡᠨᠡ ᠵᠢᠯ 49 ᠨᠠᠰᠤᠲᠠᠶ ᠰᠦᠨ ᠵᠧᠨ ᠺᠦᠨ ᠪᠣᠯ ᠪᠠᠶᠠᠨᠭᠤᠤᠯ ᠪᠠᠯᠭᠠᠰᠤᠨ ᠤ ᠹᠧᠩ ᠬᠤᠸᠠᠩ ᠱᠠᠨ ᠲᠣᠰᠬᠤᠨ ᠤ ᠦᠢᠯᠡᠰ ᠪᠣᠰᠬᠠᠭᠰᠠᠨ ᠪᠠᠶᠠᠵᠢᠯ ᠤᠨ ᠲᠠᠭᠠᠭᠠᠣᠯᠣᠭᠴᠢ ᠨᠠᠮ ᠤᠨ ᠭᠡᠰᠢᠭᠦᠨ ᠪᠣᠯᠤᠨ᠎ᠠ᠃ ᠲᠡᠬᠦᠨ ᠢ ᠬᠡᠯᠡᠬᠦ ᠳᠤ ᠲᠣᠰᠬᠤᠨ ᠤ ᠬᠥᠮᠦᠰ ᠪᠦᠷ ᠡᠷᠡᠬᠡᠢ ᠬᠤᠷᠣᠭᠤ ᠭᠠᠷᠭᠠᠳᠠᠭ᠃ ᠲᠡᠭᠦᠨ ᠤ ᠲᠠᠷᠢᠬᠢ ᠲᠣᠯᠣᠭᠠᠶ ᠨᠢ ᠬᠤᠷᠴᠠ ᠰᠡᠷᠭᠡᠭ᠂ ᠣᠶᠢᠷ᠎ᠠ ᠶᠢᠨ ᠵᠢᠯ ᠤᠨ ᠲᠤᠷᠰᠢ ᠥᠪᠡᠰᠦᠪᠡᠨ ᠲᠠᠷᠢᠶ᠎ᠠ ᠲᠠᠷᠢᠬᠤ ᠠᠴᠠ ᠭᠠᠳᠠᠨ᠎ᠠ ᠹᠧᠩ ᠬᠤᠸᠠᠩ ᠱᠠᠨ ᠲᠣᠰᠬᠤᠨ ᠤ ᠠᠷᠠᠳ ᠢ ᠳᠠᠭᠠᠭᠤᠯᠤᠨ ᠤᠶᠢᠯᠡᠰ ᠪᠣᠰᠬᠠᠨ ᠪᠠᠶᠠᠵᠢᠨ ᠴᠢᠨᠡᠭᠡᠯᠢᠭᠵᠢᠵᠡᠶ᠃ ᠰᠦᠨ ᠵᠧᠨ ᠺᠦᠨ ᠦᠷᠭᠦᠯᠵᠢ ᠹᠧᠩ ᠬᠤᠸᠠᠩ ᠱᠠᠨ ᠲᠣᠰᠬᠤᠨ ᠤ ᠠᠷᠠᠳ ᠢ ᠵᠣᠬᠢᠶᠠᠨ ᠪᠠᠶᠢᠭᠤᠯᠵᠤ ᠠᠯᠤᠰ ᠤᠨ ᠰᠤᠷᠭᠠᠨ ᠬᠥᠮᠦᠵᠢᠯ ᠤᠨ ᠲᠠᠪᠴᠠᠩ ᠢᠶᠠᠷ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠪᠣᠯᠤᠨ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠷᠤᠯᠴᠠᠳᠠᠭ᠃ ᠰᠤᠷᠤᠯᠴᠠᠭᠰᠠᠨ ᠣᠨᠣᠯ ᠤᠨ ᠮᠡᠳᠡᠯᠭᠡ ᠪᠠᠨ ᠪᠣᠳᠠᠲᠤ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢᠨ ᠲᠥᠯᠥᠭᠡ᠂ ᠲᠡᠷᠨ ᠦᠪᠠᠷ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠵᠣ᠂ ᠪᠣᠷᠳᠣᠭᠠᠨ ᠬᠤᠨᠢ ᠶᠢ ᠲᠡᠵᠢᠭᠡᠨ ᠦᠷᠡᠵᠢᠭᠦᠯᠬᠦ ᠠᠵᠢᠯ ᠢ ᠬᠢᠪᠡ᠃ ᠡᠩ ᠤᠨ ᠦᠶ᠎ᠠ ᠳᠤ᠂ ᠲᠡᠷᠡ ᠪᠣᠷᠳᠣᠭᠠᠨ ᠬᠤᠨᠢ ᠲᠡᠵᠢᠭᠡᠨ ᠦᠷᠡᠵᠢᠭᠦᠯᠬᠦ ᠮᠡᠷᠭᠡᠵᠢᠯ ᠢ ᠴᠢᠷᠮᠠᠶᠢᠨ ᠰᠤᠳᠤᠯᠵᠤ᠂ ᠠᠯᠤᠰ ᠤᠨ ᠰᠣᠷᠭᠠᠨ ᠬᠦᠮᠣᠵᠢᠯ ᠤᠨ ᠲᠠᠪᠴᠠᠩ ᠢᠶᠠᠷ ᠡᠯ᠎ᠡ ᠵᠦᠶ᠋ᠯ ᠤᠨ ᠬᠡᠷᠡᠭᠯᠡᠭᠡᠨ ᠤ ᠮᠡᠷᠭᠡᠵᠢᠯ ᠢ ᠢᠳᠡᠪᠬᠢᠲᠡᠶ ᠪᠠᠷ ᠰᠤᠷᠤᠯᠴᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠬᠤᠳᠠᠯᠳᠤᠨ ᠠᠪᠴᠤ ᠥᠪᠡᠰᠦᠪᠡᠨ ᠰᠤᠷᠴᠣ᠂ ᠮᠡᠳᠡᠯᠭᠡ ᠶᠢᠨ ᠬᠡᠪᠴᠢᠶ᠎ᠡ ᠪᠠᠨ ᠥᠷᠭᠡᠳᠬᠡᠨ᠎ᠠ᠃ ᠤᠷᠳᠤ ᠬᠤᠭᠤᠴᠠᠭᠠᠨ ᠤ ᠬᠠᠶᠢᠨ ᠰᠦᠪᠡᠭᠴᠢᠯᠡᠯᠳᠡ ᠪᠠ ᠬᠤᠷᠠᠮᠳᠤᠭᠤᠯᠤᠯ ᠢᠶᠠᠷ᠂ ᠲᠡᠷᠡ ᠪᠣᠷᠳᠣᠭᠠᠨ ᠬᠤᠨᠢ ᠲᠡᠵᠢᠭᠡᠬᠦ ᠯᠠᠪᠳᠠᠭᠤᠨ ᠪᠠᠲᠤᠲᠠᠢ ᠮᠡᠷᠭᠡᠵᠢᠯ ᠢ ᠡᠵᠡᠮᠰᠢᠪᠡ᠃ ᠲᠡᠷᠡ ᠪᠣᠷᠳᠣᠭᠠᠨ ᠬᠤᠨᠢ ᠲᠡᠵᠢᠬᠡᠬᠦ ᠵᠣᠷᠢᠭ ᠰᠠᠨᠠᠭ᠎ᠠ ᠲᠠᠢ ᠵᠠᠯᠠᠭᠤᠴᠤᠳ ᠢ ᠵᠣᠬᠢᠶᠠᠨ ᠪᠠᠶᠢᠭᠤᠯᠵᠤ ᠪᠣᠷᠳᠣᠭᠠᠨ ᠬᠤᠨᠢ ᠶᠢ ᠲᠡᠵᠢᠭᠡᠨ ᠦᠷᠡᠵᠢᠭᠦᠯᠬᠦ ᠮᠡᠷᠭᠡᠵᠢᠯ ᠢ ᠰᠢᠷᠭᠠᠭᠤ ᠬᠠᠲᠠᠭᠤᠵᠢᠯᠲᠠᠢ ᠰᠤᠷᠤᠯᠴᠠᠵᠣ᠂ ᠬᠤᠨᠢ ᠲᠡᠵᠢᠭᠡᠬᠦ ᠵᠣᠷᠢᠭ ᠲᠠᠢ ᠵᠠᠯᠠᠭᠤᠴᠤᠳ ᠲᠤ ᠦᠨ᠎ᠡ ᠲᠥᠯᠥᠪᠦᠷᠢ ᠦᠭᠡᠢ ᠪᠠᠷ ᠮᠡᠷᠭᠡᠵᠢᠯ ᠰᠤᠷᠭᠠᠵᠠᠢ᠃ ᠲᠡᠷᠡ᠄ ︽ᠪᠢ ᠬᠤᠨᠢ ᠲᠡᠵᠢᠭᠡᠬᠦ ᠮᠡᠷᠬᠡᠵᠢᠯ ᠲᠠᠢ ᠨᠤᠲᠤᠭ ᠤᠨ ᠵᠠᠯᠠᠭᠤ ᠶᠢ ᠬᠡᠳᠣ ᠬᠥᠮᠦᠵᠢᠭᠦᠯᠵᠣ᠂ ᠵᠠᠰᠠᠭ ᠤᠨ ᠣᠷᠳᠣᠨ ᠤ ᠲᠥᠷᠥᠯ ᠵᠦᠢᠯ ᠤᠨ ᠳᠡᠮᠵᠢᠯᠭᠡ ᠶᠢ ᠴᠢᠷᠮᠠᠶᠢᠨ ᠣᠯᠵᠤ᠂ ᠠᠷᠭ᠎ᠠ ᠪᠦᠬᠦᠨ ᠢ ᠰᠦᠪᠡᠭᠴᠢᠯᠡᠨ ᠨᠢᠭᠡᠨ ᠡᠬᠦᠯᠳᠡᠷ ᠦᠷ᠎ᠡ ᠪᠤᠶᠢᠵᠢᠭᠤᠯᠬᠤ ᠰᠠᠭᠤᠷᠢᠨ ᠭᠠᠵᠠᠷ ᠪᠠᠶᠢᠭᠤᠯᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠬᠤᠨᠢ ᠢᠮᠠᠭ᠎ᠠ ᠲᠡᠵᠢᠭᠡᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ︾ ᠭᠡᠨ᠎ᠠ᠃   ᠲᠡᠷᠡ ᠳᠠᠩᠰᠠᠯᠠᠵᠤ ᠺᠠᠷᠲᠯᠠᠭᠰᠠᠨ 2 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠬᠤᠨᠢ ᠲᠡᠵᠢᠭᠡᠬᠦ ᠠᠵᠤ ᠦᠢᠯᠡᠰ ᠡᠷᠬᠢᠯᠡᠵᠦ᠂ ᠬᠠᠮᠤᠭ ᠠᠩᠬᠠᠨ ᠳᠠᠭᠠᠨ 20 ᠲᠡᠵᠢᠭᠡᠵᠦ᠂ ᠬᠤᠷᠰᠢᠶᠠᠵᠢᠯ ᠤᠨ ᠳᠠᠶᠢᠴᠢᠯᠠᠯᠲᠠ ᠪᠠᠷ ᠳᠠᠮᠵᠢᠨ᠂ ᠣᠳᠣ ᠨᠢᠭᠡᠨᠲᠡ ᠡᠷᠦᠬᠡ ᠪᠦᠷᠢ 50 ᠭᠠᠷᠤᠶ ᠬᠤᠨᠢ ᠲᠠᠢ ᠪᠣᠯᠵᠤ᠂ ᠠᠵᠤ ᠠᠬᠤᠶ ᠶᠢᠨ ᠰᠢᠭᠤᠳ ᠦᠷ᠎ᠡ ᠠᠰᠢᠭ ᠨᠢ 4 ᠲᠦᠮᠡ ᠭᠠᠷᠤᠶ ᠲᠥᠭᠦᠷᠢᠭ ᠪᠣᠯᠵᠠᠶ᠃ ᠣᠳᠣ ᠰᠦᠨ ᠵᠧᠨ ᠺᠦᠨ 400 ᠲᠡᠭᠰᠢ ᠳᠥᠷᠪᠡᠯᠵᠢᠨ ᠮᠧᠲᠷ ᠤᠨ ᠬᠤᠨᠢᠨ ᠫᠸᠡᠭ ᠲᠠᠢ᠃ 150 ᠡᠮ᠎ᠡ ᠬᠤᠨᠢ ᠶᠢ ᠦᠷᠡᠵᠢᠭᠦᠯᠵᠦ᠂ 1000 ᠭᠠᠷᠤᠶ ᠬᠤᠨᠢ ᠪᠣᠷᠳᠣᠵᠤ ᠲᠠᠷᠭᠤᠯᠠᠭᠤᠯᠵᠤ᠂ ᠬᠤᠷᠰᠢᠶ᠎ᠠ ᠶᠢᠨ ᠪᠦᠷᠢᠯᠳᠦᠬᠦᠨ 33 ᠬᠥᠮᠦᠨ᠂ ᠶᠡᠷᠦᠩᠬᠡᠢ ᠪᠡᠯᠡ ᠣᠷᠣᠭᠤᠯᠤᠯᠲᠠ 93 ᠲᠦᠮᠡᠨ ᠲᠥᠭᠦᠷᠢᠭ ᠲᠤ ᠬᠦᠷᠴᠦ᠂ ᠹᠧᠩ ᠬᠤᠸᠠᠩ ᠱᠠᠨ ᠲᠣᠰᠬᠤᠨ ᠤ ᠨᠠᠮ ᠤᠨ ᠭᠡᠰᠢᠭᠦᠨ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠬᠦ ᠶᠢ ᠳᠠᠭᠠᠭᠤᠯᠤᠭᠰᠠᠨ ᠠᠩᠬᠠᠳᠠᠭᠴᠢ ᠬᠥᠮᠦᠨ ᠪᠣᠯᠵᠠᠢ᠃   ᠪᠦᠦ ᠴᠣᠭᠯᠠᠭᠠᠨ ᠪᠣᠯ ᠠᠯᠲᠠᠨᠬᠤᠸᠠ ᠭᠠᠴᠠᠭ᠎ᠠ ᠶᠢᠨ ᠨᠢᠭᠡᠨ ᠡᠩ ᠤᠨ ᠠᠬᠠᠮᠠᠳ ᠨᠠᠮ ᠤᠨ ᠭᠡᠰᠢᠭᠦᠨ ᠪᠣᠯᠤᠨ᠎ᠠ᠃ ᠲᠡᠷᠡ ᠪᠡᠶ᠎ᠡ ᠪᠠᠷ ᠢᠶᠠᠨ ᠲᠦᠷᠦᠭᠦᠯᠡᠨ ᠰᠢᠮᠧᠨ᠋ᠳᠠᠷ ᠦᠬᠡᠷ ᠤᠨ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠠᠷᠠᠳ ᠢ ᠳᠠᠶᠢᠴᠢᠯᠠᠨ ᠪᠠᠶᠠᠵᠢᠭᠤᠯᠤᠨ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠢ ᠨᠡᠮᠡᠭᠳᠡᠭᠦᠯᠪᠡ᠃ ᠲᠡᠭᠦᠨ ᠤ ᠳᠠᠭᠠᠭᠤᠯᠭ᠎ᠠ ᠳᠣᠣᠷ᠎ᠠ᠂ ᠭᠠᠴᠠᠭ᠎ᠠ ᠨᠢ ︽ᠶᠠᠳᠠᠭᠤ ᠮᠠᠯᠠᠭᠠᠢ︾ ᠪᠠᠨ ᠠᠪᠴᠤ ᠬᠠᠶᠠᠪᠠ᠃ ᠠᠩᠬ᠎ᠠ ᠡᠬᠢᠯᠡᠬᠦ ᠳᠤ ᠲᠤᠰᠬᠠᠶ ᠮᠡᠷᠭᠡᠵᠢᠯ ᠤᠨ ᠵᠢᠯᠣᠭᠤᠳᠤᠯᠭ᠎ᠠ ᠪᠠᠶᠢᠬᠤ ᠦᠭᠡᠢ᠂ ᠰᠢᠮᠧᠨ᠋ᠳᠠᠷ ᠦᠬᠡᠷ ᠲᠡᠵᠢᠭᠡᠬᠦ ᠠᠷᠭ᠎ᠠ ᠮᠠᠶ᠋ᠢᠭ ᠢ ᠣᠶᠢᠯᠠᠭᠠᠬᠤ ᠦᠭᠡᠶ ᠪᠠᠶᠢᠪᠠ᠃ ᠡᠭᠦᠨ ᠳᠤ ᠴᠢᠭᠯᠡᠭᠦᠯᠦᠨ ᠪᠦᠦ ᠴᠣᠭᠯᠠᠭᠠᠨ ᠦᠷᠭᠦᠯᠵᠢ ᠭᠠᠳᠠᠷ ᠣᠷᠣᠨ ᠳᠤ ᠬᠦᠷᠴᠣ ᠦᠬᠡᠷ ᠲᠡᠵᠢᠭᠡᠬᠦ ᠲᠤᠷᠰᠢᠯᠭ᠎ᠠ ᠰᠤᠷᠤᠯᠴᠠᠵᠤ᠂ ᠲᠡᠵᠢᠭᠡᠨ ᠦᠷᠡᠵᠢᠭᠦᠯᠬᠦ ᠶᠠᠪᠤᠴᠠ ᠳᠤ ᠴᠥᠭᠡᠨ ᠪᠤᠰᠤ ᠠᠰᠠᠭᠤᠳᠠᠯ ᠭᠠᠷᠴᠤ ᠥᠩᠭᠡᠷᠡᠭᠰᠡᠨ ᠪᠤᠯᠪᠠᠴᠦ ᠲᠡᠷᠡ ᠪᠦᠷ ᠨᠢᠭᠡ ᠨᠢᠭᠡ ᠪᠠᠷ ᠢᠯᠠᠨ ᠳᠠᠪᠠᠵᠠᠢ᠃ ᠠᠭᠠᠵᠢᠮ ᠢᠶᠠᠷ ᠲᠣᠰᠬᠤᠨ ᠤ ᠠᠷᠠᠳ ᠰᠢᠮᠧᠨ᠋ᠳᠡᠷ ᠦᠬᠡᠷ ᠲᠡᠵᠢᠭᠡᠬᠦ ᠰᠠᠶᠢᠨ ᠲᠠᠯ᠎ᠠ ᠶᠢ ᠣᠯᠵᠤ ᠮᠡᠳᠡᠵᠣ᠂ ᠬᠤᠶᠢᠨ᠎ᠠ ᠬᠤᠶᠢᠨ᠎ᠠ ᠠᠴᠠ ᠪᠠᠨ ᠳᠠᠭᠠᠵᠤ ᠲᠡᠵᠢᠭᠡᠨ ᠦᠷᠡᠵᠢᠭᠦᠯᠪᠡ᠃ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠪᠡᠶ᠎ᠡ ᠪᠠᠷ ᠢᠶᠠᠨ ᠬᠡᠪ ᠲᠦᠷᠢᠮ ᠪᠣᠯᠬᠤ ᠬᠡᠷᠡᠭᠲᠡᠢ᠃ ᠲᠣᠯᠣᠭᠠᠶᠢᠯᠠᠬᠤ ᠦᠢᠯᠡᠳᠦᠯ ᠦᠵᠡᠭᠦᠯᠵᠦ᠂ ᠡᠷᠭᠢᠨ ᠲᠣᠭᠤᠷᠢᠨ ᠤ ᠠᠷᠠᠳ ᠣᠯᠠᠨ ᠤ ᠠᠵᠤ ᠦᠢᠯᠡᠰ ᠢ ᠬᠥᠭᠵᠢᠭᠦᠯᠬᠦ ᠶᠢ ᠳᠠᠶᠢᠴᠢᠯᠠᠨ᠎ᠠ︾ ᠭᠡᠵᠦ ᠲᠡᠷᠡ ᠭᠡᠯᠡᠨ᠎ᠠ᠃ ᠣᠳᠣ᠂ ᠪᠣᠣ ᠴᠣᠭᠯᠠᠭᠠᠨ ᠤ ᠦᠬᠡᠷ ᠨᠢᠭᠡᠨᠲᠡ 70 ᠪᠣᠯᠵᠤ᠂ ᠭᠠᠴᠠᠭᠠᠨ ᠤ ᠦᠬᠡᠷ ᠲᠡᠵᠢᠭᠡᠬᠦ ᠲᠣᠮᠣ ᠡᠷᠦᠬᠡ ᠪᠣᠯᠵᠠᠶ᠃   ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠠᠴᠠ᠂ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠤᠯᠬᠤ ᠪᠠᠶᠢᠭᠤᠯᠤᠯᠲᠠ ᠶᠢᠨ ︽1+2︾ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠣ᠂ ︽ᠨᠠᠮ ᠤᠨ ᠭᠡᠰᠢᠭᠦᠨ ᠤ ᠦᠢᠯᠡᠰ ᠪᠣᠰᠬᠠᠵᠤ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠬᠤ︾ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠡᠷᠦᠬᠡ ᠶᠢ 21 ᠪᠤᠯᠭᠠᠵᠣ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠲᠠᠰᠤᠷᠠᠯᠲᠠ ᠦᠭᠡᠢ ᠴᠢᠩᠭᠠᠷᠠᠵᠠᠢ᠃   ᠠᠯᠲᠠᠨᠬᠤᠸᠠ ᠭᠠᠴᠠᠭ᠎ᠠ ᠡᠷᠭᠢᠨ ᠲᠣᠭᠤᠷᠢᠨ ᠤ ᠳᠥᠷᠪᠡᠨ ᠭᠠᠴᠠᠭ᠎ᠠ ᠲᠣᠰᠬᠤᠨ ᠢ ᠳᠠᠶᠢᠴᠢᠯᠠᠨ ᠨᠠᠮ ᠤᠨ ᠪᠠᠶᠢᠭᠤᠯᠣᠯᠳᠠ ᠶᠢᠨ ᠠᠵᠢᠯ ᠢ ᠬᠠᠮᠲᠤᠪᠠᠷ ᠬᠥᠭᠵᠢᠭᠦᠯᠣᠨ ᠠᠬᠢᠭᠤᠯᠵᠠᠢ᠃ 2019 ᠤᠨ ᠳᠤ᠂ ᠠᠯᠲᠠᠨᠬᠤᠸᠠ ᠭᠠᠴᠠᠭᠠᠨ ᠤ ᠨᠠᠮ ᠤᠨ ᠡᠭᠦᠷ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠤᠶᠢᠯᠡᠳᠦᠯ ᠢ ᠪᠠᠳᠠᠷᠠᠭᠤᠯᠵᠤ᠂ ᠡᠪ ᠬᠠᠮᠲᠤ ᠨᠠᠮ ᠤᠨ ᠭᠡᠰᠢᠭᠦᠨ ᠤ ᠫᠠᠶᠢᠰᠠ ᠡᠯᠭᠦᠨ ᠲᠠᠭᠤᠷᠢᠶᠠᠯ ᠦᠵᠡᠭᠦᠯᠭᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠠᠯᠭᠠᠰᠤᠨ ᠠᠴᠠ ᠠᠯᠲᠠᠨᠬᠤᠸᠠ ᠭᠠᠴᠠᠭ᠎ᠠ ᠶᠢ ᠰᠣᠩᠭᠤᠨ ᠲᠤᠷᠰᠢᠯᠲᠠ ᠶᠢᠨ ᠴᠡᠭ ᠪᠣᠯᠭᠠᠵᠤ ᠤᠷᠢᠳᠠᠪᠠᠷ ᠥᠷᠨᠢᠭᠦᠯᠪᠡ᠃ ᠠᠯᠲᠠᠨᠬᠤᠸᠠ ᠭᠠᠴᠠᠭᠠᠨ ᠤ ᠨᠠᠮ ᠤᠨ ᠡᠭᠦᠷ 25 ︽ᠡᠪ ᠬᠠᠮᠲᠤ ᠨᠠᠮ ᠤᠨ ᠭᠡᠰᠢᠭᠦᠨ ᠤ ᠡᠷᠦᠬᠡ︾ ᠳᠤ ᠫᠠᠶᠢᠰᠠ ᠡᠯᠭᠦᠪᠡ᠃ ︽ᠡᠪ ᠬᠠᠮᠲᠤ ᠨᠠᠮ ᠤᠨ ᠭᠡᠰᠢᠭᠦᠨ ᠤ ᠡᠷᠦᠬᠡ ᠪᠠᠷ ᠦᠨᠡᠯᠡᠭᠳᠡᠭᠰᠡᠨ ᠨᠢ ᠭᠠᠴᠠᠭᠠᠨ ᠤ ᠨᠠᠮ ᠤᠨ ᠡᠭᠦᠷ ᠵᠢᠴᠢ ᠪᠦᠬᠦ ᠨᠠᠮ ᠤᠨ ᠭᠡᠰᠢᠭᠦᠨ ᠤ ᠨᠠᠮᠠᠢᠢ ᠢᠲᠡᠭᠡᠵᠦ ᠪᠠᠶᠢᠬᠤ ᠶᠢ ᠬᠠᠷᠠᠭᠤᠯᠵᠦ ᠪᠤᠢ᠂ ᠡᠨᠡ ᠫᠠᠶᠢᠰᠠ ᠨᠢ ᠨᠢᠭᠡ ᠵᠦᠢᠯ ᠤᠨ ᠢᠷᠠᠭᠤ ᠠᠯᠳᠠᠷ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠵᠦᠢᠯ ᠤᠨ ᠬᠠᠷᠢᠭᠤᠴᠠᠯᠭ᠎ᠠ ᠪᠣᠯᠤᠨ᠎ᠠ᠂ ᠬᠤᠵᠢᠮ ᠶᠠᠮᠠᠷ ᠤᠴᠢᠷ ᠴᠤ ᠭᠡᠰᠡᠨ ᠦᠭᠡᠢ ᠪᠢ ᠪᠦᠷ ᠡᠮᠦᠨ᠎ᠡ ᠨᠢ ᠭᠠᠪᠰᠢᠭᠠᠶᠢᠯᠠᠨ᠎ᠠ︾ ᠭᠡᠵᠦ ᠨᠠᠮ ᠤᠨ ᠭᠡᠰᠢᠭᠦᠨ ᠳ᠋ᠢᠩ ᠭᠧ ᠰᠡᠳᠬᠢᠯ ᠳᠣᠭᠳᠣᠯᠤᠨ ᠰᠤᠷᠪᠤᠯᠵᠢᠯᠠᠭᠴᠢ ᠳᠤ ᠬᠡᠯᠡᠪᠡ᠃
  ︽ᠪᠢ ᠶᠠᠭᠤᠨ ᠳᠤ ᠨᠠᠮ ᠳᠤ ᠡᠯᠰᠡᠭᠳᠡᠭᠰᠡᠨ ᠪᠤᠢ︾ ᠡᠨᠡ ᠪᠣᠯ ᠨᠠᠮ ᠤᠨ ᠭᠡᠰᠢᠭᠦᠨ ᠨᠥᠬᠦᠳ ᠨᠠᠮ ᠳᠤ ᠣᠷᠣᠬᠤ ᠠᠴᠠ ᠪᠠᠨ ᠡᠮᠦᠨ᠎ᠡ ᠡᠷᠬᠡᠪᠰᠢ ᠭᠦᠨᠵᠡᠭᠡᠶ ᠪᠣᠳᠣᠯᠬᠢᠯᠠᠬᠤ ᠴᠢᠬᠤᠯᠠᠳᠠᠢ ᠠᠰᠠᠭᠤᠳᠠᠯ ᠮᠥᠨ᠂ ᠮᠥᠨ ᠴᠦ ᠨᠠᠮ ᠳᠤ ᠡᠯᠰᠡᠭᠳᠡᠭᠰᠡᠨ ᠤ ᠳᠠᠷᠠᠭ᠎ᠠ ᠴᠠᠭ ᠢᠮᠠᠭᠲᠠ ᠨᠢᠭᠡ ᠨᠠᠰᠤ ᠪᠠᠨ ᠰᠡᠷᠡᠮᠵᠢᠯᠡᠭᠦᠯᠵᠦ ᠵᠣᠷᠢᠭᠵᠢᠭᠤᠯᠬᠤ ᠠᠮᠠᠯᠠᠯᠲᠠ ᠪᠣᠯᠤᠨ᠎ᠠ᠃   ᠨᠠᠮ ᠤᠨ ᠭᠡᠰᠢᠭᠦᠨ ᠬᠤ᠋ ᠢᠦᠢ ᠯᠢᠶᠠᠨ ᠡᠨᠡ ᠵᠢᠯ 77 ᠨᠠᠰᠤᠲᠠᠢ᠂ ᠨᠠᠮ ᠳᠤ ᠡᠯᠰᠡᠭᠳᠡᠭᠡᠤᠨ 48 ᠵᠢᠯ ᠪᠣᠯᠪᠠ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ︽ᠪᠢ ᠶᠠᠭᠤᠨ ᠳᠤ ᠨᠠᠮ ᠳᠤ ᠤᠷᠤᠭᠰᠠᠨ ᠪᠤᠢ︾ ᠭᠡᠬᠦ ᠡᠨᠡ ᠠᠰᠠᠭᠤᠯᠳᠠ ᠶᠢ ᠬᠠᠷᠢᠭᠤᠯᠪᠠ᠃ ᠲᠡᠭᠦᠨ ᠤ ᠭᠡᠷ ᠤᠨ ᠭᠤᠣᠯ ᠡᠭᠦᠳᠡᠨ ᠳᠡᠭᠡᠷ᠎ᠡ ᠨᠢᠭᠡ ᠤᠯᠠᠭᠠᠨ ᠥᠩᠭᠡ ᠲᠠᠢ ︽ᠡᠪ ᠬᠠᠮᠲᠤ ᠨᠠᠮ ᠤᠨ ᠭᠡᠰᠢᠭᠦᠨ ᠤ ᠡᠷᠦᠬᠡ︾ ᠶᠢᠨ ᠫᠠᠶᠢᠰᠠ ᠡᠯᠭᠦᠵᠦ ᠪᠠᠶᠢᠨ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠪᠡᠷ ᠢᠶᠠᠨ ᠡᠨᠡ ᠬᠦ ᠫᠠᠶᠢᠰᠠ ᠶᠢ ᠨᠢᠭᠡ ᠵᠦᠢᠯ ᠤᠨ ᠢᠷᠠᠭᠤ ᠠᠯᠳᠠᠷ ᠢᠶᠠᠷ ᠦᠵᠡᠵᠦ᠂ ᠨᠡᠩ ᠴᠤ ᠬᠠᠷᠢᠭᠤᠴᠠᠯᠭ᠎ᠠ ᠪᠠ ᠡᠭᠦᠷᠭᠡ ᠪᠠᠷ ᠦᠵᠡᠵᠦ᠂ ᠲᠥᠪ ᠶᠡᠬᠡᠮᠰᠦᠭ ᠨᠠᠮ ᠤᠨ ᠲᠤᠭ ᠤᠨ ᠳᠣᠣᠷ᠎ᠠ ᠲᠠᠩᠭᠠᠷᠢᠭᠯᠠᠭᠰᠠᠨ ᠠᠮᠠᠯᠠᠯᠲᠠ ᠪᠠᠨ ᠴᠠᠭ ᠢᠮᠠᠭᠲᠠ ᠪᠣᠳᠣᠵᠤ᠂ ᠤᠯᠠᠨ ᠲᠦᠮᠡᠨ ᠤ ᠠᠰᠢᠭ ᠲᠤᠰᠠ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ᠦᠨᠡᠯᠡᠯᠲᠡ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠠ ᠭᠡᠨ᠎ᠠ᠃   ᠠᠯᠲᠠᠨᠬᠤᠸᠠ ᠭᠠᠴᠠᠭᠠᠨ ᠤ ᠨᠠᠮ ᠤᠨ ᠡᠭᠦᠷ ᠤᠨ ᠱᠦᠵᠢ ᠴᠧᠨ ᠾᠧ ᠢᠯᠡᠷᠬᠡᠶᠢᠯᠡᠬᠦ ᠳᠡᠭᠡᠨ᠂ ᠡᠨᠡ ᠪᠣᠯ ᠨᠡᠭᠦᠳᠡᠯ ︽ᠤᠯᠠᠭᠠᠨ ᠲᠤᠭ︾ ᠪᠣᠯᠤᠨ᠎ᠠ᠂ ᠭᠠᠴᠠᠭᠠᠨ ᠤ ᠨᠠᠮ ᠤᠨ ᠡᠭᠦᠷ ᠠᠴᠠ ᠡᠪ ᠬᠠᠮᠲᠤ ᠨᠠᠮ ᠤᠨ ᠭᠡᠰᠢᠭᠦᠨ ᠤ ᠡᠷᠦᠬᠡ ᠶᠢ ᠮᠥᠷᠳᠡᠨ ᠬᠠᠮᠢᠶᠠᠷᠴᠤ᠂ ᠪᠣᠯᠪᠠᠰᠤᠷᠠᠭᠤᠯᠤᠯ ᠰᠤᠷᠤᠯᠴᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠯᠠᠨ ᠲᠦᠮᠡᠨ ᠬᠢᠨᠠᠯᠳᠠ ᠲᠠᠯᠪᠢᠵᠦ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠣᠤᠷ᠎ᠠ᠂ ᠤᠶᠢᠯᠡᠳᠦᠯ ᠨᠢ ᠢᠯᠡᠷᠬᠡᠶ ᠪᠤᠰᠤ ᠡᠪ ᠬᠠᠮᠲᠤ ᠨᠠᠮ ᠤᠨ ᠭᠡᠰᠢᠭᠦᠨ ᠤ ᠡᠷᠦᠬᠡ ᠳᠤ ᠰᠡᠷᠡᠮᠵᠢ ᠥᠭᠴᠦ᠂ ᠲᠡᠷᠡᠴᠢᠯᠡᠨ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠶᠢ ᠱᠠᠭᠠᠷᠳᠠᠵᠦ᠂ ᠦᠢᠯᠡ ᠪᠠᠶᠢᠳᠠᠯ ᠨᠢ ᠬᠦᠠᠳᠣ ᠨᠣᠴᠢᠲᠠᠶ ᠪᠠᠶᠢᠪᠠᠯ ᠫᠠᠶᠢᠰᠠ ᠶᠢ ᠨᠢ ᠪᠠᠭᠤᠯᠭᠠᠵᠤ᠂ ᠨᠠᠮ ᠤᠨ ᠭᠡᠰᠢᠭᠦᠨ ᠤ ᠭᠤᠤᠯ ᠡᠷᠦᠬᠡ ᠶᠢᠨ ᠬᠤᠰᠢᠭᠤᠴᠢ ᠵᠢᠱᠢᠶᠡᠴᠢ ᠤᠶᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠪᠠ ᠲᠠᠲᠠᠬᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠠᠢ᠃   ᠨᠢᠭᠡ ᠵᠣᠬᠢᠶᠠᠨ ᠪᠠᠶᠢᠭᠤᠯᠤᠯᠲᠠ ᠪᠣᠯ ᠨᠢᠭᠡ ᠪᠠᠬᠢᠯᠡᠯᠲᠡ ᠮᠥᠨ᠂ ᠨᠢᠭᠡ ᠨᠠᠮ ᠤᠨ ᠭᠡᠰᠢᠭᠦᠨ ᠪᠣᠯ ᠨᠢᠭᠡ ᠲᠤᠭ ᠮᠥᠨ᠃ ᠰᠤᠷᠪᠤᠯᠵᠢᠯᠠᠬᠤ ᠳᠤᠮᠳᠠ᠂ ᠨᠠᠮ ᠤᠨ ᠭᠡᠰᠢᠭᠦᠳ ᠠᠴᠠ ᠨᠠᠮ ᠤᠨ ᠭᠡᠰᠢᠭᠦᠨ ᠤ ᠬᠠᠷᠢᠭᠤᠴᠠᠯᠭ᠎ᠠ ᠶᠢ ᠯᠠᠪᠲᠠᠶ ᠡᠭᠦᠷᠭᠡᠯᠡᠵᠦ᠂ ᠦᠢᠯᠠ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠎ᠠ ᠭᠡᠵᠦ ᠢᠯᠡᠷᠭᠡᠶᠢᠯᠡᠨ᠎ᠠ᠃ ᠢᠨᠳᠡᠷ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠦᠩ ᠶᠠ ᠨᠠ ᠠᠴᠠ ᠨᠠᠮ ᠤᠨ ᠭᠡᠰᠢᠭᠦᠨ ᠨᠢᠭᠡᠪᠦᠷᠢ ᠴᠥᠮ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠳᠠᠷᠠᠭᠤᠯᠵᠤ ᠪᠠᠶᠢᠨ᠎ᠠ᠃ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠠᠷᠠᠳ ᠲᠤ ᠦᠢᠯᠡᠴᠢᠯᠡᠬᠦ ᠦᠢᠯᠡᠴᠢᠯᠡᠭᠴᠢ᠂ ᠦᠨᠳᠦᠰᠦᠨ ᠱᠠᠲᠤᠨ ᠤ ᠠᠵᠢᠯ ᠤᠨ ᠦᠢᠯᠡᠳᠦᠯᠭᠡᠵᠢᠭᠦᠯᠦᠭᠴᠢ ᠪᠤᠯᠵᠦ᠂ ᠪᠣᠷᠣᠭᠵᠢᠭᠤᠨ ᠤᠭ ᠰᠠᠨᠠᠭ᠎ᠠ ᠪᠠᠷ ᠡᠪ ᠬᠠᠮᠲᠤᠴᠤᠳ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠦᠢᠯᠡᠳᠦᠯᠭᠡᠵᠢᠭᠦᠯᠵᠦ᠂ ᠡᠪ ᠬᠠᠮᠲᠤ ᠨᠠᠮ ᠤᠨ ᠭᠡᠰᠢᠭᠦᠨ ᠨᠢᠭᠡᠪᠦᠷᠢ ᠶᠢᠨ ᠦᠯᠢᠭᠡᠷ ᠢ ᠰᠠᠶᠢᠲᠤᠷ ᠶᠠᠷᠢᠨ᠎ᠠ ᠭᠡᠵᠦ ᠳ᠋ᠦᠩᠨᠡᠵᠦ ᠪᠠᠶᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号