︽ᠭᠡᠰᠡᠷ︾ ᠤᠨ ᠲᠤᠤᠯᠢᠰ ᠪᠤᠯ ᠠᠭᠤᠯᠭ᠎ᠠ ᠪᠠᠷ ᠪᠠᠶᠠᠯᠢᠭ᠂ ᠪᠦᠲᠦᠴᠡ ᠪᠠᠷ ᠪᠦᠷᠢᠨ᠂ ᠬᠠᠭᠤᠳᠠᠰᠤ ᠪᠠᠷ | ᠤᠷᠳᠤ᠂ ᠡᠷᠳᠡᠨ ᠤ ᠴᠦᠬᠡᠨ ᠲᠤᠭᠠᠳᠤ ᠦᠨᠳᠦᠰᠦᠳᠡᠨ ᠤ ᠨᠡᠶᠢᠭᠡᠮ ᠲᠡᠦᠬᠡ᠂ ᠦᠨᠳᠦᠰᠦᠳᠡᠨ ᠤ ᠰᠤᠯᠢᠯᠴᠠᠭ᠎ᠠ᠂ | ᠶᠤᠰᠤ ᠰᠤᠷᠳᠠᠬᠤᠨ᠂ ᠠᠷᠠᠳ ᠤᠨ ᠵᠠᠩ ᠲᠠᠳᠬᠠᠯ ᠵᠡᠷᠭᠡ ᠶᠢ ᠰᠤᠳᠤᠯᠬᠤ ︽ᠨᠡᠪᠳᠡᠷᠬᠡᠢ ᠲᠤᠯᠢ︾ ᠪᠤᠯᠤᠨ᠎ᠠ᠃ | 2019 ᠤᠨ ᠤ 7 ᠰᠠᠷ᠎ᠠ ᠶᠢᠨ 15 ᠤ ᠡᠳᠦᠷ᠂ ᠶᠡᠷᠦᠩᠬᠡᠢ ᠱᠦᠵᠢ ᠰᠢ ᠶᠢᠨ ᠫᠢᠡᠭ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠯᠳᠠ ᠬᠢᠬᠦ ᠵᠠᠪᠤᠴᠠ ᠳᠤ ᠤᠯᠠᠭᠠᠨᠬᠠᠳᠠ ᠬᠤᠳᠠ ᠶᠢᠨ ᠮᠦᠽᠸᠢ ᠳᠤ ᠭᠡᠰᠡᠷ ᠬᠠᠶᠢᠯᠠᠬᠤ | ᠦᠵᠡᠭᠦᠯᠭᠡ ᠶᠢ ᠰᠤᠨᠢᠷᠬᠠᠵᠦ᠂ ᠴᠦᠬᠡᠨ ᠲᠤᠭᠠᠳᠤ ᠦᠨᠳᠦᠰᠦᠳᠡᠨ ᠤ ᠰᠤᠶᠤᠯ ᠤᠨ ᠬᠠᠮᠠᠭᠠᠯᠠᠯᠳᠠ ᠪᠠ | ᠵᠠᠯᠭᠠᠮᠵᠢᠯᠠᠯᠳᠡᠠ ᠢ ᠴᠢᠬᠤᠯᠠᠴᠢᠯᠠᠵᠤ᠂ ︽ᠭᠡᠰᠡᠷ︾ ᠵᠡᠷᠭᠡ ᠪᠤᠳᠠᠰ ᠤᠨ ᠪᠤᠰᠤ ᠰᠤᠶᠤᠯ ᠤᠨ ᠦᠪ᠂ ᠤᠯᠤᠰ ᠤᠨ | ᠤᠬᠢ ᠰᠢᠯᠢᠳᠡᠭ ᠤᠯᠠᠮᠵᠢᠯᠠᠯ ᠪᠤᠯᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢ ᠲᠡᠮᠵᠢᠬᠦ ᠪᠠ | ᠲᠡᠳᠭᠦᠬᠦ ᠪᠠᠨ ᠴᠢᠩᠭᠠᠳᠬᠠᠵᠤ᠂ ᠴᠦᠬᠡᠨ ᠲᠤᠭᠠᠳᠤ ᠦᠨᠳᠦᠰᠦᠳᠡᠨ ᠤ ᠲᠡᠦᠬᠡ ᠰᠤᠶᠤᠯ ᠤᠨ ᠰᠤᠳᠤᠯᠭᠠᠨ ᠢ | ᠬᠦᠨᠵᠡᠭᠡᠢ ᠦᠷᠨᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠪᠠᠬᠢ | ᠪᠤᠢ ᠪᠤᠯᠭᠠᠬᠤ ᠬᠡᠷᠡᠭᠳᠡᠢ ᠭᠡᠪᠡ᠃ | ︽ᠭᠡᠰᠡᠷ︾ ᠤᠨ ᠲᠤᠤᠯᠢᠰ ᠤᠨ ᠭᠤᠤᠯ ᠰᠡᠳᠦᠪ ᠪᠤᠯ ᠮᠠᠩᠭᠤᠰ ᠢ ᠲᠠᠷᠤᠬᠤ᠂ ᠬᠠᠷ᠎ᠠ ᠪᠦᠯᠦᠭᠳᠡᠨ ᠬᠠᠷᠭᠢᠰ | ᠬᠦᠴᠦᠨ ᠢ ᠠᠷᠢᠯᠭᠠᠬᠤ᠂ ᠠᠷᠠᠳ ᠲᠦᠮᠡᠨ ᠳᠤ ᠪᠤᠶᠠᠨ ᠦᠢᠯᠡᠳᠬᠦ᠂ ᠲᠦᠪ ᠰᠤᠷᠳᠠᠯ ᠢ ᠪᠠᠳᠠᠷᠠᠭᠤᠯᠬᠤ᠂ ᠡᠶ᠎ᠡ | ᠵᠤᠬᠢᠴᠠᠩᠭᠤᠢ ᠨᠡᠶᠢᠭᠡᠮ ᠢ ᠪᠠᠶᠢᠭᠤᠯᠬᠤ ᠵᠡᠷᠭᠡ ︽ᠢᠳᠡᠪᠬᠢ ᠬᠦᠴᠦᠨ︾ ᠢ ᠰᠤᠷᠳᠡᠯᠴᠢᠯᠠᠬᠰᠠᠨ ᠪᠠᠶᠢᠨ᠎ᠠ᠃ | ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠢᠳᠡᠪᠬᠢᠲᠡᠢ ᠲᠠᠭᠠᠵᠥ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠯᠢᠳᠡᠭ ᠤᠯᠠᠮᠵᠢᠯᠠᠯᠲᠤ ᠦᠨᠳᠦᠰᠦᠲᠡᠨ ᠤ | ᠰᠣᠶᠣᠯ ᠢ ᠤᠯᠠᠮ ᠨᠢᠭᠡ ᠠᠯᠬᠤᠮ ᠬᠠᠮᠠᠭᠠᠯᠠᠨ᠂ ᠤᠯᠠᠮᠵᠢᠯᠠᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠢ | ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠤᠯᠭᠠᠬᠤ ᠪᠠᠷ 12 ᠰᠠᠷ᠎ᠠ ᠶᠢᠨ 12 ᠤᠨ ᠡᠳᠦᠷ᠂ ᠠᠶᠢᠮᠠᠭ ᠤᠨ ᠰᠣᠶᠣᠯ ᠵᠤᠭᠠᠴᠠᠯ ᠪᠡᠶ᠎ᠡ | ᠲᠠᠮᠢᠷ ᠤᠨ ᠲᠣᠪᠴᠢᠶ᠎ᠠ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠠᠶᠢᠮᠠᠭ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ ᠵᠢᠴᠢ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠰᠣᠶᠣᠯ ᠤᠨ | ᠬᠠᠮᠠᠭᠠᠯᠠᠯᠲᠠ ᠪᠠ ᠬᠥᠭᠵᠢᠯᠲᠡ ᠶᠢᠨ ᠰᠤᠳᠤᠯᠭᠠᠨ ᠤ ᠨᠠᠶᠢᠬᠡᠮᠯᠢᠭ ᠵᠡᠷᠭᠡ ᠰᠠᠯᠠᠭ᠎ᠠ ᠮᠥᠴᠢᠷ ᠤᠨ ᠬᠠᠮᠲᠤᠷᠠᠨ | ᠡᠷᠭᠢᠯᠡᠭᠰᠡᠨ ︽ᠬᠤᠷᠴᠢᠨ ᠭᠡᠰᠡᠷ ᠤᠨ ᠪᠣᠯᠪᠠᠰᠤᠷᠠᠯ ᠤᠨ ᠳ᠋ᠥᠩᠨᠠᠯᠳᠡ ᠵᠢᠴᠢ ᠬᠤᠷᠴᠢᠨ ᠭᠡᠰᠡᠷ ᠰᠣᠶᠣᠯ ᠤᠨ | ᠶᠠᠷᠢᠯᠴᠡᠭᠠᠨ ᠤ ᠲᠠᠪᠴᠠᠩ︾ ᠤᠯᠠᠭᠠᠨᠬᠤᠳᠠ ᠳᠤ ᠲᠡᠭᠦᠰ ᠠᠮᠵᠢᠯᠲᠠ ᠲᠠᠢ ᠶᠠᠪᠤᠭᠳᠠᠪᠠ᠃ ᠲᠤᠰ ᠶᠠᠷᠢᠯᠴᠠᠭᠠᠨ ᠤ | ᠲᠠᠪᠴᠠᠩ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ | ᠪᠠᠭᠰᠢ ᠬᠦᠷᠡᠯᠱᠠ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠤᠭᠤᠳᠤᠭᠴᠢ | ᠪᠠᠭᠰᠢ ᠴᠣᠭᠲᠤ ᠵᠡᠷᠭᠡ ᠣᠷᠣᠨ ᠤ ᠳᠣᠲᠣᠨ᠎ᠠ ᠭᠠᠳᠠᠨᠠᠬᠢ ︽ᠭᠡᠰᠡᠷ︾ ᠰᠤᠳᠤᠯᠭᠠᠨ ᠤ 10 ᠭᠠᠷᠤᠢ ᠲᠤᠰᠬᠠᠢ | ᠮᠡᠷᠭᠡᠵᠢᠯᠲᠡᠨ᠂ ᠠᠶᠢᠮᠠᠬ ᠤᠨ ᠬᠠᠮᠢᠶ᠎ᠠ ᠪᠦᠬᠦᠢ ᠤᠳᠤᠷᠢᠳᠤᠯᠭ᠎ᠠ᠂ ᠪᠦᠬᠦ ᠠᠶᠢᠮᠠᠭ ᠤᠨ ᠭᠡᠰᠡᠷ ᠬᠠᠶᠢᠯᠠᠬᠴᠢ ᠵᠢᠴᠢ | ᠲᠣᠭᠤᠷᠢᠨ ᠦᠵᠡᠵᠦ ᠰᠤᠷᠤᠯᠴᠠᠬᠤ ᠪᠠᠷ ᠢᠷᠡᠭᠰᠡᠨ 200 ᠰᠢᠬᠠᠮ ᠬᠦᠮᠦᠡ ᠣᠷᠣᠯᠴᠠᠪᠠ᠃ | ᠪᠣᠯᠪᠠᠰᠤᠷᠠᠯ ᠨᠢ ᠣᠨᠣᠯ ᠢ ᠪᠣᠳᠠᠲᠠᠶ ᠲᠠᠢ ᠤᠶᠠᠯᠳᠤᠭᠤᠯᠤᠨ᠂ ᠭᠤᠣᠯᠳᠠᠭᠤ ᠭᠡᠰᠡᠷ ᠬᠠᠶᠢᠯᠠᠬᠤ ᠤᠷ᠎ᠠ ᠮᠡᠷᠭᠡᠵᠢᠯ᠂ | ᠬᠤᠷᠴᠢᠨ ᠲᠤᠤᠯᠢᠰ ᠤᠨ ᠤᠷᠠᠯᠢᠭ ᠤᠨ ᠤᠨᠴᠠᠯᠢᠭ᠂ ᠭᠡᠰᠡᠷ ᠤᠨ ᠠᠶᠠᠰ᠂ ᠲᠤᠬᠠᠢ ᠶᠢᠨ ᠲᠠᠯᠠᠪᠠᠢ ᠶᠢᠨ ᠳᠡᠯᠭᠡᠨ | ᠦᠵᠡᠭᠦᠯᠭᠡ ᠵᠡᠷᠭᠡ ᠠᠭᠤᠯᠭ᠎ᠠ ᠪᠠᠷ ᠶᠠᠪᠤᠭᠳᠠᠵᠦ᠂ ᠪᠤᠯᠪᠠᠰᠤᠷᠠᠯ ᠳᠤ ᠤᠷᠤᠯᠴᠠᠬᠰᠠᠳ ᠲᠤ ᠡᠯᠪᠡᠭ ᠪᠠᠶᠠᠯᠢᠭ | ᠰᠣᠶᠣᠯ ᠤᠨ ᠬᠦᠨᠡᠰᠦ ᠬᠠᠩᠭᠠᠭᠰᠠᠨ ᠪᠦᠭᠡᠳ ᠪᠦᠬᠦ ᠠᠶᠢᠮᠠᠭ ᠤᠨ ᠭᠤᠷᠪᠡᠨ ᠬᠤᠭᠤᠴᠠᠭᠠᠨ ᠤ ᠴᠤᠭᠤᠷ ᠤᠨ | ᠪᠤᠯᠪᠠᠰᠤᠷᠠᠯ ᠤᠨ ᠦᠷ᠎ᠡ ᠪᠦᠲᠦᠭᠡᠯ ᠤᠨ ᠲᠤᠬᠠᠢ ᠰᠢᠯᠭᠠᠨ ᠪᠠᠶᠢᠴᠠᠭᠠᠯᠲᠠ ᠪᠣᠯᠤᠬᠰᠠᠨ ᠪᠠᠶᠢᠨ᠎ᠠ᠃ | ᠡᠷᠳᠡᠮᠲᠡᠨ ᠮᠡᠷᠭᠡᠳ ᠬᠢᠩᠭᠠᠨ ᠨᠤᠳᠤᠬ ᠲᠤ ᠴᠤᠭᠯᠠᠷᠠᠨ᠂ ︽ᠬᠤᠷᠴᠢᠨ ᠭᠡᠰᠡᠷ︾ ᠤᠷᠠᠯᠢᠭ ᠢ ᠬᠡᠷᠬᠢᠨ ᠨᠠᠩ | ᠰᠠᠶᠢᠳᠤᠷ ᠬᠠᠮᠠᠭᠠᠯᠠᠵᠤ᠂ ᠤᠯᠠᠮᠵᠢᠯᠠᠨ ᠬᠥᠭᠵᠢᠭᠦᠯᠬᠦ ᠪᠠᠷ ᠭᠤᠤᠯ ᠠᠭᠤᠯᠭ᠎ᠠ ᠪᠣᠯᠭᠠᠵᠤ᠂ ᠬᠤᠪᠢ ᠬᠤᠪᠢᠨ ᠤ | ᠰᠤᠳᠤᠯᠭᠠᠨ ᠲᠠᠢ ᠪᠠᠨ ᠤᠶᠠᠯᠳᠤᠭᠤᠯᠤᠨ᠂ ︽ᠬᠤᠷᠴᠢᠨ ᠭᠡᠰᠡᠷ︾ ᠲᠤᠤᠯᠢᠰ᠂ ᠭᠠᠵᠠᠷ ᠤᠨ ᠨᠡᠷ᠎ᠡ᠂ ᠦᠯᠢᠭᠡᠷ | ᠦᠢᠯᠡ ᠶᠠᠪᠤᠳᠠᠯ᠂ ᠰᠣᠶᠣᠯ ᠤᠨ ᠠᠭᠤᠯᠤᠭᠳᠠᠬᠤᠨ᠂ ᠪᠤᠰᠤᠳ ᠭᠠᠵᠠᠷ ᠣᠷᠣᠨ ᠤ ︽ᠭᠡᠰᠡᠷ︾ ᠲᠠᠢ ᠠᠭᠤᠯᠭ᠎ᠠ ᠶᠢᠨ | ᠲᠠᠯ᠎ᠠ ᠪᠠᠷ ᠬᠢ ᠢᠯᠭᠠᠭ᠎ᠠ ᠵᠡᠷᠭᠡ ᠠᠭᠤᠯᠭ᠎ᠠ ᠶᠢ ᠨᠠᠷᠢᠨ ᠨᠢᠮᠪᠠᠢ ᠶᠠᠷᠢᠯᠴᠠᠨ ᠰᠤᠳᠤᠯᠵᠠᠢ᠃ ᠲᠤᠰ ᠤᠳᠠᠭ᠎ᠠ ᠪᠠᠰᠠ ︽ | ᠪᠦᠲᠦᠭᠡᠯᠴᠢ ᠰᠡᠳᠬᠢᠮᠵᠢ ᠶᠢ ᠡᠭᠦᠳᠭᠦ᠂ ᠰᠢᠨ᠎ᠡ ᠶᠢ ᠡᠭᠦᠳᠬᠦ︾ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠭᠤᠯᠭ᠎ᠠ | ᠲᠤᠷᠠᠳᠴᠥ᠂ ᠬᠤᠶᠢᠰᠢᠳᠠ ᠴᠠᠭ ᠦᠶ᠎ᠡ ᠲᠠᠢ ᠬᠡᠷᠬᠢᠨ ᠵᠡᠷᠭᠡᠪᠡᠷ ᠤᠷᠤᠭᠰᠢᠯᠠᠵᠤ᠂ ︽ᠬᠤᠷᠴᠢᠨ ᠭᠡᠰᠡᠷ︾ ᠤᠷᠠᠯᠢᠭ ᠢ | ᠰᠠᠶᠢᠲᠤᠷ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠴᠡᠴᠡᠭᠯᠡᠭᠦᠯᠦᠨ ᠬᠥᠭᠵᠢᠭᠦᠯᠬᠦ᠂ ᠦᠨᠳᠦᠰᠦᠲᠡᠨ ᠤ | ᠤᠯᠠᠮᠵᠢᠯᠠᠯᠲᠤ ᠰᠣᠶᠣᠯ ᠢ ᠴᠡᠴᠡᠭᠯᠡᠭᠦᠯᠬᠦ ᠳᠤ ᠲᠣᠳᠣᠷᠬᠠᠶ ᠴᠢᠭᠯᠡᠯ ᠵᠢᠭᠠᠵᠤ ᠥᠭᠴᠡᠶ᠃ ᠡᠨᠡ ᠨᠢ ᠮᠠᠨ ᠤ ᠠᠶᠢᠮᠠᠭ ᠤᠨ | ᠦᠨᠳᠦᠰᠦᠲᠡᠨ ᠤ ᠰᠢᠯᠢᠳᠡᠭ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠵᠢᠴᠢ ᠬᠥᠭᠵᠢᠭᠦᠯᠬᠦ ᠳᠤ ᠪᠠᠲᠤ | ᠪᠠᠬᠢ ᠣᠨᠣᠯ ᠤᠨ ᠰᠠᠭᠤᠷᠢ ᠬᠠᠩᠭᠠᠪᠠ᠃ | ᠲᠤᠰ ᠤᠳᠡᠭᠠᠨ ᠤ ᠶᠠᠷᠢᠯᠴᠡᠭᠠᠨ ᠲᠡᠭᠡᠷ᠎ᠠ ᠪᠠᠰᠠ ᠰᠢᠨ᠎ᠡ ᠪᠠᠷ ᠨᠠᠶᠢᠷᠠᠭᠤᠯᠤᠭᠰᠠᠨ ᠦᠯᠢᠭᠡᠷ ︽ᠬᠠᠰᠠᠷ︾ ᠢ | ᠰᠢᠩᠭᠡᠭᠡᠨ ᠦᠢᠯᠡᠳᠬᠦ ᠬᠠᠮᠢᠶ᠎ᠠ ᠪᠦᠬᠦᠢ ᠠᠵᠢᠯ ᠤᠨ ᠲᠤᠬᠠᠢ ᠶᠡᠷᠢᠯᠴᠠᠵᠠᠢ᠃ |