2020 ᠣᠨ ᠤ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠮᠡᠳᠡᠬᠦᠯᠦᠯᠲᠡ
ᠨᠡᠶᠢᠲᠡᠯᠡᠭᠰᠡᠨ ᠴᠠᠭ᠄
2020-05-09
ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠣᠭᠠᠨ ᠤ ᠪᠢᠴᠢᠭ ᠮᠠᠲ᠋ᠧᠷᠢᠶᠠᠯ ︵ᠳᠣᠯᠤᠭ᠎ᠠ︶           ᠵᠠᠰᠠᠭ ᠤᠨ ᠣᠷᠳᠣᠨ ᠤ ᠠᠵᠢᠯ ᠤᠨ ᠮᠡᠳᠡᠬᠦᠯᠦᠯᠲᠡ     — 2020 ᠣᠨ ᠤ 4 ᠰᠠᠷ᠎ᠠ ᠶᠢᠨ 21 ᠤ ᠡᠳᠦᠷ ᠵᠠᠯᠠᠶᠢᠳ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                 ᠬᠤᠰᠢᠭᠤᠨ ᠳᠠᠷᠤᠭ᠎ᠠ   ᠵᠣᠣ ᠲᠢᠶᠠᠨ ᠰᠢᠲᠦᠯᠦᠭᠡᠯᠡᠭᠴᠢᠳ ᠡ᠄      ᠤᠳᠤ᠂ ᠪᠢ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠬᠦ ᠪᠤᠯᠪᠠᠥ᠂ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠠ ᠪᠤᠰᠤᠳ ᠬᠤᠷᠠᠯ ᠳᠤ ᠰᠤᠯᠠ ᠤᠷᠤᠯᠴᠠᠭᠰᠠᠨ ᠨᠦᠬᠦᠳ ᠰᠠᠨᠠᠯ ᠢᠶᠠᠨ ᠲᠤᠷᠠᠳᠬᠤ ᠪᠤᠯᠪᠠᠥ᠃      ᠨᠢᠭᠡ᠂ 2019 ᠤᠨ ᠤ ᠠᠵᠢᠯ ᠤᠨ ᠡᠷᠭᠢᠴᠡᠭᠦᠯᠦᠯ      2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠦᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠵᠠᠩᠭᠢᠯᠠᠭ᠎ᠠ ᠶᠢᠨ ᠵᠢᠯ ᠪᠤᠯᠤᠨ᠎ᠠ᠃ ᠬᠤᠰᠢᠭᠤᠨ ᠤ ᠵᠠᠰᠠᠭ  ᠤᠨ ᠤᠷᠳᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ  ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠤ ᠰᠢᠢᠳᠪᠤᠷᠢᠳᠤ ᠢᠯᠠᠯᠳᠠ ᠶᠢ ᠤᠯᠬᠤ ᠳᠤ ᠠᠩᠬᠠᠷᠤᠯ ᠢᠶᠠᠨ ᠲᠦᠪᠯᠡᠷᠡᠭᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠨ᠂ ︽ᠲᠠᠪᠤᠨ ᠤᠷᠤᠨ︾ ᠤ ᠪᠦᠳᠦᠭᠡᠨ ᠪᠠᠶᠢᠭᠤᠯᠤᠯᠳᠠ ᠪᠠᠷ ᠭᠠᠷᠳᠠᠴᠠ ᠪᠤᠯᠭᠠᠨ᠂ ᠨᠠᠮ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠵᠢᠯᠤᠭᠤᠳᠬᠤ ᠬᠦᠭᠵᠢᠯᠳᠡ ᠶᠢᠨ ︽ᠭᠤᠷᠪᠠᠨ ᠳᠡᠪᠳᠡᠷ ᠨᠠᠷᠢᠨ ᠲᠠᠩᠰᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠦᠷ᠎ᠡ ᠪᠦᠳᠦᠮᠵᠢ ᠤᠯᠬᠤ ᠶᠢ ᠬᠦᠴᠦᠯᠡᠨ ᠠᠬᠢᠭᠤᠯᠵᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠬᠤᠶᠠᠳᠤᠭᠠᠷ ᠤᠳᠠᠭᠠᠨ ᠤ ᠬᠤᠷᠠᠯ ᠤᠨ ᠲᠤᠭᠳᠠᠭᠠᠭᠰᠠᠨ ᠬᠠᠷᠠᠯᠳᠠ ᠡᠭᠦᠷᠬᠡ ᠶᠢ ᠲᠡᠭᠦᠰ ᠠᠮᠵᠢᠯᠳᠠ ᠲᠠᠢ ᠪᠡᠶᠡᠯᠡᠭᠦᠯᠪᠡ᠃      2019 ᠤᠨ᠂ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠤᠷᠢᠯᠡᠯ ᠤᠨ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 6.8 % ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠴᠠ ᠴᠤᠤᠯ ᠭᠤᠣᠯ ᠤᠨ ᠤᠰᠤ ᠶᠢ ᠯᠢᠶᠣᠤ ᠾᠧ ᠭᠤᠤᠯ ᠳᠤ ᠲᠠᠲᠠᠵᠣ ᠣᠷᠣᠭᠤᠯᠬᠤ ᠢᠨᠵᠧᠨᠧᠷᠢᠩ ᠤᠨ ᠬᠦᠴᠦᠨ ᠵᠦᠢᠯ ᠢ ᠢᠯᠭᠠᠨ ᠭᠠᠷᠭᠠᠪᠠᠯ ᠠᠳᠠᠯᠢ ᠬᠤᠭᠤᠴᠠᠭᠠᠨ ᠤ ᠬᠢ ᠠᠴᠠ 112.2% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.5%  ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠦᠷᠳᠡᠭ 37.6 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 14.15 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 97.7% ᠪᠠᠷ ᠨᠡᠮᠡᠭᠳᠡᠵᠦ᠂ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 48.89 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13%   ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠲᠤᠰ ᠲᠤᠰ 28596 ᠲᠦᠭᠦᠷᠢᠭ᠂ 11589 ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.2% ᠪᠣᠯᠣᠨ 11.9% ᠪᠠᠷ ᠨᠡᠮᠡᠭᠳᠡᠪᠡ᠃ ᠲᠡᠭᠡᠳᠦ ᠱᠠᠳᠦᠨ ᠠᠴᠠ 27.8 ᠳ᠋ᠦᠩᠰᠢᠭᠤᠷ ᠲᠦᠭᠦᠷᠢᠭ ᠪᠡᠯᠡ ᠮᠦᠩᠭᠦ ᠶᠢ ᠲᠡᠮᠡᠴᠡᠨ ᠤᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ 35.8 ᠳ᠋ᠦᠩᠰᠢᠭᠤᠷ ᠲᠦᠭᠦᠷᠢᠭ ᠢ ᠪᠡᠶᠡᠯᠡᠭᠦᠯᠵᠡᠢ᠃      ᠦᠩᠭᠡᠷᠡᠭᠰᠡᠨ ᠨᠢᠭᠡ ᠵᠢᠯ ᠳᠤ᠂ ᠪᠢᠳᠡ ᠲᠤᠭᠳᠠᠯ ᠬᠦᠴᠦᠨ ᠢᠶᠠᠨ ᠪᠠᠳᠤᠯᠠᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠠᠬᠢᠭᠤᠯᠵᠠᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠪᠦᠬᠦ ᠬᠦᠴᠦᠨ ᠢᠶᠠᠷ ᠠᠬᠢᠭᠤᠯᠤᠨ᠂ ︽ᠲᠦᠷᠪᠡ ᠶᠢ ᠠᠪᠴᠤ ᠬᠠᠶᠠᠬᠤ︾ ᠱᠠᠭᠠᠷᠳᠠᠯᠭ᠎ᠠ ᠪᠠᠷ ᠴᠢᠩᠭ᠎ᠠ ᠨᠠᠶᠢᠳᠠᠪᠤᠷᠢᠵᠢᠭᠤᠯᠤᠨ᠂ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠲᠤᠪᠤᠶᠢᠮ᠎ᠠ ᠠᠰᠠᠭᠤᠳᠠᠯ ᠢ ᠠᠩᠬᠠᠷᠤᠯ ᠢᠶᠠᠨ ᠲᠦᠪᠯᠡᠷᠡᠭᠦᠯᠦᠨ ᠰᠢᠢᠳᠪᠤᠷᠢᠯᠡᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠪᠡᠯᠡ ᠮᠦᠩᠭᠦ 2.4 ᠳ᠋ᠦᠩᠰᠢᠭᠤᠷ ᠲᠦᠭᠦᠷᠢᠭ ᠢ ᠨᠡᠶᠢᠳᠭᠡᠵᠦ᠂ ᠶᠠᠳᠠᠭᠤ ᠶᠢ ᠲᠡᠳᠭᠦᠭᠦ ᠵᠢᠭᠡᠯᠡᠯᠭᠡ  ᠶᠢᠨ ᠮᠦᠩᠭᠦ 1.8 ᠳ᠋ᠦᠩᠰᠢᠭᠤᠷ ᠲᠦᠭᠦᠷᠢᠭ ᠢ ᠲᠠᠯᠪᠢᠵᠤ᠂ 439 ᠨᠡᠷᠡᠰ ᠠᠵᠤ ᠦᠢᠯᠡᠰ ᠤᠨ ᠵᠢᠭᠠᠨ ᠵᠢᠯᠤᠭᠤᠳᠤᠭᠴᠢ ᠶᠢ ᠰᠤᠩᠭᠤᠨ ᠡᠯᠰᠡᠵᠦ᠂ ᠶᠠᠳᠠᠭᠤ ᠶᠢ ᠲᠡᠳᠭᠦᠭᠦ ᠠᠵᠤ ᠦᠢᠯᠡᠰ ᠤᠨ ᠬᠤᠶᠢᠰᠢᠳᠠ ᠶᠢᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠵᠠᠢ᠃ 56 ᠰᠠᠶ᠎ᠠ ᠸᠠᠲ ᠲᠦᠪᠯᠡᠷᠡᠭᠰᠡᠨ ᠬᠡᠯᠪᠡᠷᠢ ᠶᠢᠨ ᠭᠡᠷᠡᠯ ᠴᠡᠨᠡᠭ ᠢᠶᠠᠷ ᠶᠠᠳᠠᠭᠤ ᠶᠢ ᠲᠡᠳᠭᠦᠭᠦ ᠴᠠᠬᠢᠯᠭᠠᠨ ᠦᠷᠳᠡᠭᠡ ᠶᠢᠨ ᠠᠵᠢᠯᠯᠠᠭᠠᠨ   ᠢ ᠮᠠᠰᠢ ᠰᠠᠶᠢᠨ ᠬᠢᠵᠦ᠂ 58 ᠰᠠᠶ᠎ᠠ ᠸᠠᠲ ᠲᠤᠰᠬᠤᠨ ᠤ ᠳᠡᠰ ᠤᠨ ᠭᠡᠷᠡᠯ ᠴᠡᠨᠡᠭ ᠢᠶᠠᠷ ᠶᠠᠳᠠᠭᠤ ᠶᠢ ᠳᠡᠳᠭᠦᠭᠦ ᠴᠠᠬᠢᠯᠭᠠᠨ ᠦᠷᠳᠡᠭᠡ ᠪᠠᠶᠢᠭᠤᠯᠤᠭᠳᠠᠵᠤ ᠲᠤᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠤᠢ ᠰᠢᠭᠤᠢ ᠬᠠᠮᠠᠭᠠᠯᠠᠭᠴᠢ᠂ ᠴᠡᠪᠡᠷᠯᠡᠭᠴᠢ ᠵᠡᠷᠭᠡ ᠨᠡᠶᠢᠳᠡ ᠶᠢᠨ ᠠᠰᠠᠷᠠᠮᠵᠢ ᠶᠢᠨ4725 ᠠᠵᠢᠯ ᠤᠨ ᠪᠠᠶᠢᠷᠢ ᠭᠠᠷᠭᠠᠵᠠᠢ᠃ 8285 ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠵᠤ᠂ 1479 ᠡᠷᠦᠭᠡ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠤ᠂ 15634 ᠡᠷᠦᠬᠡ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠪᠡ᠃ ᠰᠤᠷᠭᠠᠨ ᠬᠦᠮᠦᠵᠢᠯ᠂ ᠡᠮ ᠡᠮᠨᠡᠯᠭᠡ᠂ ᠠᠪᠤᠷᠠᠨ ᠲᠤᠰᠠᠯᠠᠯᠳᠠ᠂ ᠡᠷᠡᠭᠦᠯ ᠮᠡᠨᠳᠦ ᠪᠠᠷ ᠶᠠᠳᠠᠭᠤ ᠶᠢ ᠲᠡᠳᠭᠦᠭᠦ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠮᠦᠩᠭᠦ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠭᠦᠭᠦ ᠬᠠᠮᠵᠢᠯᠴᠠᠭ᠎ᠠ ᠪᠠ ᠴᠡᠭ ᠲᠤᠭᠳᠠᠭᠠᠨ ᠶᠠᠳᠠᠭᠤ ᠶᠢ ᠳᠡᠳᠭᠦᠭᠦ ᠠᠵᠢᠯ ᠢ ᠭᠦᠨᠵᠡᠭᠡᠢ ᠦᠷᠨᠢᠭᠦᠯᠵᠡᠢ᠃ ᠪᠦᠬᠦ ᠵᠢᠯ ᠳᠤ 3508 ᠬᠦᠮᠦᠨ ᠢ ᠶᠠᠳᠠᠭᠤ ᠠᠴᠠ ᠠᠩᠭᠢᠵᠢᠷᠠᠭᠤᠯᠵᠤ᠂ ᠲᠠᠩᠰᠠ ᠺᠠᠷᠲ  ᠲᠠᠢ ᠶᠠᠳᠠᠭᠤ ᠬᠦᠴᠢᠷᠳᠡᠯᠳᠡᠢ ᠬᠦᠮᠦᠨ ᠠᠮᠠ ᠶᠢ 106 ᠪᠤᠯᠳᠠᠯ᠎ᠠ ᠪᠠᠭᠠᠰᠬᠠᠵᠤ᠂ ᠶᠠᠳᠠᠭᠤ ᠬᠦᠴᠢᠷᠳᠡᠯ ᠤᠨ ᠡᠭᠦᠰᠬᠦ ᠨᠤᠷᠮ᠎ᠠ ᠶᠢ 0.034% ᠪᠤᠯᠳᠠᠯ᠎ᠠ ᠪᠠᠭᠠᠰᠬᠠᠵᠠᠢ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠨ ᠠᠷᠢᠯᠭᠠᠵᠤ᠂ ᠢᠳᠡᠪᠬᠢᠳᠡᠢ ᠪᠠᠷ ᠪᠡᠯᠡ ᠮᠦᠩᠭᠦ ᠴᠤᠭᠯᠠᠭᠤᠯᠤᠨ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢ 3.49 ᠳ᠋ᠦᠩᠰᠢᠭᠤᠷ ᠲᠦᠭᠦᠷᠢᠭ ᠲᠦᠯᠦᠵᠦ᠂ ᠦᠷᠢ ᠦᠭᠴᠡᠭᠡ ᠶᠢᠨ ᠨᠤᠷᠮ᠎ᠠ ᠶᠢ 89.7% ᠪᠤᠯᠳᠠᠯ᠎ᠠ ᠪᠠᠭᠤᠷᠠᠭᠤᠯᠪᠠ᠃ ᠪᠠᠷᠢᠯᠭ᠎ᠠ ᠶᠢᠨ ᠲᠦᠷᠦᠯ ᠵᠦᠢᠯ ᠢ ᠬᠢᠨᠠᠨ ᠵᠦᠪᠰᠢᠶᠡᠷᠡᠵᠦ ᠮᠡᠳᠡᠭᠦᠯᠦᠨ ᠲᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠤᠬᠤᠷ ᠪᠠᠯᠠᠢ ᠪᠠᠷ ᠦᠷᠢ ᠲᠠᠯᠪᠢᠬᠤ ᠠᠰᠠᠭᠤᠳᠠᠯ ᠢ ᠡᠷᠡᠰ ᠬᠤᠷᠢᠭᠯᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠪᠠ ᠡᠩ ᠤᠨ ᠵᠠᠷᠤᠯᠭ᠎ᠠ ᠶᠢ ᠠᠳᠠᠯᠢ ᠬᠤᠭᠤᠴᠠᠭᠠᠨ ᠤ ᠬᠢ ᠠᠴᠠ 10%  ᠪᠠᠷ ᠪᠠᠭᠠᠰᠬᠠᠪᠠ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠬᠡᠷ ᠤᠨ ᠰᠢᠰᠲ᠋ᠧᠮ ᠲᠠᠢ ᠵᠠᠰᠠᠯᠳᠠ ᠶᠢ ᠨᠢᠭᠡᠳᠦᠯᠳᠡᠢ ᠲᠦᠯᠦᠪᠯᠡᠨ ᠬᠡᠷᠡᠭᠵᠢᠭᠦᠯᠵᠦ᠂ ᠬᠦᠷᠦᠰᠦ ᠰᠢᠷᠤᠢ ᠶᠢ ᠬᠠᠮᠠᠭᠠᠯᠠᠵᠤ ᠵᠠᠰᠠᠬᠤ ᠲᠠᠯᠠᠪᠠᠢ 66 ᠳᠡᠭᠰᠢ ᠲᠦᠷᠪᠡᠯᠵᠢᠨ ᠺᠢᠯᠤᠮᠧᠲᠷ ᠢ ᠪᠡᠶᠡᠯᠡᠭᠦᠯᠵᠦ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠲᠦᠯᠦᠪᠵᠢᠭᠦᠯᠬᠡ ᠶᠢ ᠨᠠᠶᠢᠷᠠᠭᠤᠯᠤᠨ ᠵᠤᠬᠢᠶᠠᠬᠤ ᠳᠤ ᠰᠢᠨᠵᠢᠯᠡᠬᠦ ᠤᠬᠠᠭᠠᠨᠴᠢ ᠪᠠᠷ ᠦᠷᠨᠢᠭᠦᠯᠵᠦ᠂ ︽ᠪᠤᠬᠢᠷᠳᠦᠯ ᠦᠭᠡᠢ ᠠᠭᠤᠷᠬᠠᠢ︾ ᠶᠢᠨ ᠪᠦᠳᠦᠬᠡᠨ ᠪᠠᠶᠢᠭᠤᠯᠤᠯᠳᠠ ᠶᠢ ᠪᠤᠳᠠᠳᠠᠢ ᠠᠬᠢᠭᠤᠯᠵᠠᠢ᠃ ᠪᠤᠬᠢᠷᠳᠤᠯ ᠢ ᠰᠡᠷᠭᠡᠶᠢᠯᠡᠨ ᠵᠠᠰᠠᠬᠤ 13 ᠲᠦᠷᠦᠯ ᠵᠦᠢᠯ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠤᠬᠢᠷᠳᠤᠯ ᠭᠠᠳᠠᠭᠰᠢᠯᠠᠭᠤᠯᠬᠤ ᠶᠢ ᠮᠡᠳᠡᠭᠦᠯᠦᠨ ᠲᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ︽ᠡᠮᠬᠢ ᠵᠠᠮᠪᠠᠷᠠᠭ᠎ᠠ ᠦᠭᠡᠢ ᠪᠤᠬᠢᠷᠳᠦᠯ ᠲᠠᠢ︾ 4 ᠠᠵᠤ ᠠᠬᠤᠶᠢᠯᠠᠯ   ᠤᠨ ᠡᠬᠦᠳᠡ ᠶᠢ  ᠬᠠᠭᠠᠵᠤ᠂ 28 ᠲᠤᠰᠤ ᠨᠡᠮᠡᠬᠦ ᠦᠷᠳᠡᠭᠡ ᠶᠢ ᠦᠭᠡᠷᠡᠴᠢᠯᠡᠨ ᠰᠠᠶᠢᠵᠢᠷᠠᠭᠤᠯᠵᠤ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠡᠳᠦᠷ ᠤᠨ ᠲᠤᠭ᠎ᠠ ᠶᠢ 90% ᠠᠴᠠ ᠲᠠᠭᠡᠭᠰᠢ ᠳᠤ ᠬᠦᠷᠬᠡᠵᠡᠢ᠃ ᠭᠤᠤᠯ ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠲᠦᠷᠢᠮ ᠢ ᠭᠦᠨᠵᠡᠭᠡᠢ ᠨᠡᠶᠢᠳᠠᠪᠤᠷᠢᠵᠢᠭᠤᠯᠵᠤ᠂ ᠴᠤᠤᠯ ᠭᠤᠤᠯ ᠤᠨ ᠲᠤᠤᠷᠠᠳᠤ ᠤᠷᠤᠰᠬᠠᠯ ᠤᠨ ᠤᠰᠤᠨ ᠤ ᠴᠢᠨᠠᠷ ᠤᠨ ᠠᠦ᠋ᠲ᠋ᠤ᠋ ᠬᠢᠨᠠᠨ ᠬᠡᠮᠵᠢᠬᠦ ᠦᠷᠳᠡᠭᠡ ᠶᠢ ᠠᠰᠢᠭᠯᠠᠯᠳᠠ ᠳᠤ ᠤᠷᠤᠭᠤᠯᠵᠠᠢ᠃ ᠲᠠᠷᠢᠶᠠᠯᠠᠩ ᠤᠨ ︽ᠲᠦᠷᠪᠡ ᠶᠢ ᠤᠷᠤᠭᠤᠯᠵᠤ ᠲᠦᠷᠪᠡ  ᠶᠢ ᠬᠢᠵᠠᠭᠠᠷᠯᠠᠬᠤ︾ ᠠᠵᠢᠯᠯᠠᠭᠠᠨ ᠢ ᠪᠠᠳᠤᠳᠠᠢ ᠦᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠦᠯᠢᠶᠤᠤ ᠪᠦᠷᠬᠦᠪᠴᠢ ᠶᠢ ᠬᠤᠷᠢᠶᠠᠨ ᠠᠪᠬᠤ ᠠᠰᠢᠭᠯᠠᠮᠵᠢ ᠶᠢ 80% ᠠᠴᠠ ᠳᠡᠭᠡᠭᠰᠢ   ᠳᠤ ᠬᠦᠷᠭᠡᠵᠡᠢ᠃      ᠦᠩᠭᠡᠷᠡᠭᠰᠡᠨ ᠨᠢᠭᠡ ᠵᠢᠯ ᠳᠤ᠂ ᠪᠢᠳᠡ ᠡᠷᠡᠰ ᠰᠢᠭᠤᠷᠬᠠᠢ ᠪᠠᠷ ᠤᠷᠤᠭᠰᠢᠯᠠᠵᠤ᠂ ᠠᠵᠤ ᠦᠢᠯᠡᠰ ᠤᠨ ᠪᠦᠳᠦᠴᠡ ᠶᠢ ᠦᠷᠬᠦᠯᠵᠢᠯᠡᠨ ᠰᠢᠯᠢᠳᠡᠭᠵᠢᠭᠦᠯᠪᠡ᠃ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠲᠤᠭᠳᠠᠭᠤᠨ ᠢᠶᠠᠷ ᠳᠡᠭᠡᠭᠰᠢᠯᠡᠪᠡ᠃ ︽ᠡᠷᠳᠡᠨᠢ ᠰᠢᠰᠢ ᠪᠣᠯᠣᠨ ᠲᠣᠲᠣᠷᠭ᠎ᠠ᠂ ᠮᠢᠬᠠᠨ ᠦᠬᠡᠷ ᠪᠣᠯᠣᠨ ᠰᠠᠭᠠᠯᠢ ᠶᠢᠨ ᠦᠨᠢᠶ᠎ᠡ᠂ ᠰᠢᠬᠢᠷ ᠯᠣᠣᠪᠠᠩ ᠪᠣᠯᠣᠨ ᠰᠢᠬᠢᠷ ᠣᠳᠪᠠᠯᠠ︾ ᠶᠢᠨ ᠲᠠᠪᠠᠭᠤᠯᠢᠭ ᠤᠨᠴᠠᠯᠢᠭᠳᠤ ᠠᠵᠤ ᠦᠢᠯᠡᠰ ᠢ ᠲᠦᠷᠭᠡᠳᠭᠡᠨ ᠪᠤᠶᠢᠵᠢᠭᠤᠯᠵᠤ᠂ ᠡᠷᠳᠡᠨᠢ ᠰᠢᠰᠢ ᠶᠢᠨ ᠲᠠᠷᠢᠶᠠᠯᠠᠬᠤ ᠲᠠᠯᠠᠪᠠᠢ 350 ᠲᠦᠮᠡᠨ ᠮᠦ ᠶᠢ ᠲᠤᠭᠳᠠᠪᠤᠷᠢᠵᠢᠭᠤᠯᠵᠤ᠂ ᠤᠰᠤᠨ ᠲᠤᠳᠤᠷᠭ᠎ᠠ   ᠶᠢ 90 ᠲᠦᠮᠡᠨ ᠮᠦ  ᠪᠤᠯᠭᠠᠨ ᠬᠦᠭᠵᠢᠬᠦᠯᠵᠡᠢ᠃ ᠡᠭᠦᠨ ᠳᠤ ᠬᠠᠭᠤᠷᠠᠢ ᠤᠰᠤᠨ ᠳᠤᠳᠤᠷᠭ᠎ᠠ 12 ᠲᠦᠮᠡᠨ ᠮᠦ᠂ ᠪᠤᠬᠢᠷᠳᠤᠯ ᠦᠭᠡᠢ ᠤᠷᠭᠠᠨᠢᠭ ᠰᠠᠭᠤᠷᠢᠨ ᠭᠠᠵᠠᠷ ᠤᠨ ᠭᠡᠷᠡᠴᠢᠯᠡᠯ ᠤᠨ ᠲᠠᠯᠠᠪᠠᠢ 45 ᠲᠦᠮᠡᠨ ᠮᠦ ᠪᠠᠶᠢᠵᠤ᠂ ︽ᠪᠢ ᠵᠠᠯᠠᠶᠢᠳ ᠲᠤ ᠨᠢᠭᠡ ᠮᠦ ᠲᠠᠷᠢᠶᠠᠨ ᠭᠠᠵᠠᠷ ᠲᠠᠢ︾ ᠬᠤᠪᠢ ᠬᠦᠮᠦᠨ ᠤ 1800 ᠮᠦ ᠲᠠᠷᠢᠶᠠᠯᠠᠩ ᠢ ᠵᠠᠬᠢᠶᠠᠯᠠᠨ ᠲᠠᠷᠢᠬᠤ ᠶᠢ ᠡᠷᠭᠦᠨ ᠲᠠᠨᠢᠯᠴᠠᠭᠤᠯᠵᠤ᠂ ︽ᠬᠢᠩᠭᠠᠨ ᠠᠶᠢᠮᠠᠭ ᠤᠨ ᠳᠤᠳᠤᠷᠭ᠎ᠠ᠂ ᠵᠠᠯᠠᠶᠢᠳ  ᠤᠨ ᠤᠨᠴᠠ ᠠᠮᠳᠠᠳᠤ ᠲᠤᠳᠤᠷᠭ᠎ᠠ︾ ᠨᠡᠷᠡᠳᠦ ᠳᠡᠮᠳᠡᠭᠳᠦ ᠶᠢᠨ ᠲᠦᠷᠦ ᠶᠢᠨ ᠪᠤᠳᠤᠯᠭ᠎ᠠ ᠶᠢ ᠲᠡᠳᠭᠦᠨ ᠲᠡᠮᠵᠢᠬᠦ ᠠᠷᠭ᠎ᠠ ᠬᠡᠮᠵᠢᠶ᠎ᠡ ᠶᠢ ᠲᠤᠭᠳᠠᠭᠠᠨ ᠨᠡᠶᠢᠳᠡᠯᠡᠵᠦ᠂ ᠨᠦᠯᠦᠭᠡᠯᠡᠬᠦ ᠬᠦᠴᠦᠨ ᠢ ᠢᠯᠡᠳᠳᠡ ᠴᠢᠩᠭᠠᠷᠠᠭᠤᠯᠪᠠ᠃ ᠰᠢᠬᠢᠷ ᠯᠤᠤᠪᠠᠩ ᠰᠢᠬᠢᠷ ᠤᠳᠪᠠᠯᠠ ᠶᠢᠨ ᠰᠠᠭᠤᠷᠢᠨ ᠭᠠᠵᠠᠷ ᠢ 20 ᠲᠦᠮᠡᠨ ᠮᠦ  ᠭᠠᠷᠭᠠᠵᠦ᠂ ᠬᠢᠳᠠᠳ ᠡᠪᠡᠰᠦᠨ ᠡᠮ ᠤᠨ ᠰᠠᠭᠤᠷᠢᠨ ᠭᠠᠵᠠᠷ 5 ᠲᠦᠮᠡᠨ ᠮᠦ ᠭᠠᠷᠭᠠᠵᠠᠢ᠃ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠳᠠ ᠵᠠᠭᠦᠨ ᠬᠤᠶᠢᠳᠤ  ᠶᠢᠨ ᠭᠠᠵᠠᠷ ᠤᠷᠤᠨ ᠤ ᠰᠢᠨ᠎ᠡ ᠳᠡᠮᠳᠡᠭᠯᠡᠯ ᠢ ᠲᠠᠬᠢᠨ ᠡᠭᠦᠳᠴᠦ᠂ ᠠᠮᠤ ᠪᠤᠳᠠᠭᠠᠨ ᠤ ᠤᠨᠠᠯᠳᠠ 43.5 ᠳ᠋ᠦᠩᠰᠢᠭᠤᠷ ᠵᠢᠩ ᠲᠤ ᠬᠦᠷᠴᠡᠢ᠃ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ︽ᠤᠶᠤᠨᠳᠤ ᠲᠠᠷᠢᠶᠠᠯᠠᠩ ᠤᠨ ᠵᠢᠱᠢᠶ᠎ᠡ ᠦᠵᠡᠬᠦᠯᠬᠦ ᠤᠷᠤᠨ︾ ᠪᠠ ︽ᠲᠠᠷᠢᠶᠠᠯᠠᠩ ᠵᠢᠭᠤᠯᠴᠢᠯᠠᠯ  ᠤᠨ ᠰᠡᠯᠡᠭᠦᠴᠡᠯ ᠤᠨ ᠪᠡᠶᠡᠴᠢᠯᠡᠨ ᠤᠶᠢᠯᠠᠭᠠᠬᠤ ᠤᠷᠤᠨ︾ ᠢ ᠪᠠᠶᠢᠭᠤᠯᠵᠤ᠂ ᠤᠶᠤᠨᠴᠢ ᠶᠡᠭᠡ ᠲᠠᠷᠢᠬᠢ᠂ ᠤᠶᠤᠨᠴᠢ ᠲᠠᠷᠢᠶᠠᠯᠩ ᠤᠨ ᠲᠠᠯᠠᠪᠠᠢ᠂ 30 ᠺᠢᠯᠤᠮᠧᠲᠷ ᠤᠨ ᠲᠠᠷᠢᠶᠠᠯᠠᠩ ᠤᠨ ᠴᠤᠭᠴᠠ ᠶᠢᠨ ᠰᠡᠯᠡᠭᠦᠴᠡᠨ ᠵᠤᠭᠠᠴᠠᠬᠤ ᠪᠦᠰᠡ ᠬᠢᠭᠡᠳ ᠳᠤᠳᠤᠷᠭ᠎ᠠ ᠶᠢᠨ ᠲᠠᠷᠢᠶ᠎ᠠ ᠲᠠᠢ ᠠᠭᠤᠰᠤᠯᠴᠠᠭᠰᠠᠨ ᠦᠵᠡᠮᠵᠢ ᠶᠢ ᠦᠨᠳᠦᠷ ᠪᠠᠷᠢᠮᠵᠢᠶ᠎ᠠ ᠪᠠᠷ ᠪᠦᠳᠦᠬᠡᠨ ᠪᠠᠶᠢᠭᠤᠯᠵᠤ᠂ ᠤᠳᠤ ᠦᠶ᠎ᠡ ᠶᠢᠨ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠬᠦᠯᠬᠦ ᠬᠢᠷᠢ ᠬᠡᠮᠵᠢᠶ᠎ᠡ ᠶᠢ ᠢᠯᠡᠳᠳᠡ ᠲᠡᠭᠡᠭᠰᠢᠯᠡᠭᠦᠯᠪᠡ᠃ ᠭᠡᠷ ᠤᠨ ᠲᠡᠵᠢᠭᠡᠪᠦᠷᠢ ᠶᠢᠨ ᠡᠭᠦᠯᠳᠡᠷ ᠰᠠᠶᠢᠵᠢᠷᠠᠭᠤᠯᠤᠯᠳᠠ ᠶᠢ ᠲᠡᠳᠭᠦᠨ ᠳᠡᠮᠵᠢᠬᠦ ᠠᠷᠭ᠎ᠠ ᠪᠤᠳᠤᠯᠭ᠎ᠠ ᠶᠢ ᠲᠤᠭᠳᠠᠭᠠᠵᠤ᠂ ᠮᠠᠯ ᠠᠵᠤ ᠠᠬᠤᠢ ᠶᠢᠨ ᠲᠡᠵᠢᠭᠡᠵᠦ ᠪᠠᠶᠢᠭ᠎ᠠ ᠭᠡᠷ ᠤᠨ ᠲᠡᠵᠢᠭᠡᠪᠤᠷᠢ ᠶᠢᠨ ᠶᠡᠷᠦᠩᠬᠡᠢ ᠦᠷᠳᠡᠭ ᠵᠢᠯ ᠳᠤ 290 ᠲᠦᠮᠡᠨ ᠲᠤᠯᠤᠭᠠᠢ ᠳᠤ ᠬᠦᠷᠴᠦ᠂ ᠰᠢᠶᠠᠩ ᠳ᠋ᠠ ᠷᠦᠢ ᠯᠢᠨ᠂ ᠰᠧᠨ ᠹᠠ᠂ ᠮᠧᠩ ᠪᠧᠨ ᠵᠡᠷᠭᠡ ᠠᠵᠤ ᠠᠬᠤᠶᠢᠯᠠᠯ ᠢ ᠤᠷᠢᠵᠤ ᠠᠩᠭᠢᠰ ᠦᠭᠡᠷ  ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠭᠦᠭᠵᠢᠭᠦᠯᠵᠦ᠂ ᠮᠠᠯ ᠠᠵᠤ ᠠᠬᠤᠢ ᠶᠢᠨ ᠦᠷ᠎ᠡ ᠶᠢᠨ ᠢᠨᠵᠧᠨᠧᠷᠢᠩ ᠢ ᠲᠦᠯᠬᠢᠨ ᠠᠬᠢᠭᠤᠯᠵᠤ᠂ ᠠᠩᠭᠢᠰ ᠦᠬᠡᠷ᠂ ᠮᠢᠬᠠᠨ ᠦᠭᠡᠷ ᠤᠨ ᠲᠡᠵᠢᠭᠡᠵᠦ ᠪᠠᠶᠢᠭ᠎ᠠ ᠲᠤᠭ᠎ᠠ ᠲᠤᠰᠪᠤᠷᠢ 2 ᠲᠦᠮᠡᠨ ᠲᠤᠯᠤᠭᠠᠢ ᠪᠠ 20 ᠲᠦᠮᠡᠨ ᠲᠤᠯᠤᠭᠠᠢ ᠳᠤ ᠬᠦᠷᠴᠦ᠂ ᠲᠡᠵᠢᠭᠡᠵᠦ ᠪᠠᠶᠢᠭ᠎ᠠ ᠬᠤᠷᠠᠭ᠎ᠠ ᠶᠢᠨ ᠲᠤᠭ᠎ᠠ 7 ᠲᠦᠮᠡᠨ ᠲᠤᠯᠤᠭᠠᠢ ᠳᠤ ᠬᠦᠷᠪᠡ᠃ ᠠᠵᠤ ᠦᠢᠯᠡᠳᠪᠤᠷᠢ ᠶᠢᠨ ᠠᠵᠤ ᠠᠬᠤᠢ ᠶᠢᠨ ᠶᠠᠰᠤ  ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠢ 8 ᠬᠡᠷᠡᠭᠵᠢᠭᠦᠯᠵᠦ᠂ 5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠪᠡ᠃ ᠾᠧ ᠹᠧᠩ ᠲᠠᠷᠢᠶᠠᠯᠠᠩ ᠤᠨ ᠦᠢᠯᠡᠰ ᠡᠳᠦᠷ ᠲᠤ 4000 ᠲᠤᠨ ᠰᠢᠬᠢᠷ ᠯᠤᠤᠪᠠᠩ ᠪᠤᠯᠪᠠᠰᠤᠷᠠᠭᠤᠯᠵᠤ᠂ ᠢᠦᠢ ᠰᠧᠨ ᠳᠤᠳᠤᠷᠭ᠎ᠠ ᠶᠢᠨ ᠦᠢᠯᠡᠰ ᠦᠢᠯᠡᠳᠪᠤᠷᠢᠯᠡᠯ ᠤᠨ ᠱᠤᠭᠤᠮ ᠢᠶᠠᠨ ᠳᠡᠰ ᠳᠡᠪᠰᠢᠭᠦᠯᠦᠨ ᠦᠭᠡᠷᠡᠴᠢᠯᠡᠵᠦ᠂ ᠴᠢᠤᠸᠠᠨ ᠵᠢᠢ ᠠᠮᠤ ᠪᠤᠳᠠᠭᠠᠨ ᠤ ᠦᠢᠯᠡᠰ ᠳᠤᠳᠤᠷᠭ᠎ᠠ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠪᠠᠶᠢᠭᠤᠯᠵᠤ ᠲᠠᠭᠤᠰᠬᠠᠭᠠᠳ ᠠᠰᠢᠭᠯᠠᠯᠳᠠ ᠳᠤ ᠤᠷᠤᠭᠤᠯᠵᠤ᠂ ᠳ᠋ᠢ ᠸᠧ ᠠᠮᠢᠳᠤ ᠪᠤᠳᠠᠰ ᠤᠨ ᠦᠢᠯᠡᠳᠪᠤᠷᠢ ᠲᠠᠬᠢᠨ ᠠᠰᠢᠭᠯᠠᠬᠤ ᠶᠢ ᠪᠡᠶᠡᠯᠡᠬᠦᠯᠵᠦ᠂ ᠲᠢᠶᠠᠨ ᠮᠦ ᠵᠧᠨ ᠮᠠᠯ ᠠᠵᠤ ᠠᠬᠤᠢ ᠦᠬᠡᠷ ᠬᠤᠨᠢ  ᠨᠢᠳᠦᠯᠡᠵᠦ ᠡᠳ᠋ᠰᠢᠭᠦᠯᠬᠦ᠂ ᠯᠠᠢ ᠤᠤ ᠡᠯᠳᠡᠪ ᠠᠮᠤ ᠡᠯᠳᠡᠪ ᠪᠤᠷᠴᠠᠭ ᠪᠤᠯᠪᠠᠰᠤᠷᠠᠭᠤᠯᠬᠤ ᠵᠡᠷᠭᠡ ᠲᠦᠷᠦᠯ ᠵᠦᠢᠯ  ᠢ ᠡᠮᠬᠢ ᠴᠡᠭᠴᠡ ᠲᠠᠢ ᠠᠬᠢᠭᠤᠯᠵᠤ᠂ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠾᠧᠨᠠᠨ ᠤ ᠮᠦ ᠶᠤᠸᠠᠨ ᠪᠦᠯᠦᠭᠯᠡᠯ ᠤᠨ 200 ᠲᠦᠮᠡᠨ ᠭᠠᠭ᠋ᠠᠢ ᠲᠡᠵᠢᠭᠡᠨ ᠦᠷᠡᠵᠢᠭᠦᠯᠬᠦ ᠠᠵᠤ ᠦᠢᠯᠡᠰᠵᠢᠭᠦᠯᠬᠦ ᠲᠦᠷᠦᠯ ᠵᠦᠢᠯ ᠢ ᠠᠮᠵᠢᠯᠳᠠ ᠲᠠᠢ ᠤᠷᠢᠵᠤ ᠤᠷᠤᠭᠤᠯᠪᠠ᠃ ᠴᠤᠤᠯ ᠠᠵᠤ ᠦᠢᠯᠡᠳᠪᠤᠷᠢ ᠶᠢᠨ ᠬᠦᠷᠢᠶᠡᠯᠡᠩ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠡᠳᠦᠷ ᠢᠷᠡᠬᠦᠶ᠎ᠡ ᠳᠡᠭᠦᠯᠳᠡᠷᠵᠢᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠳᠠᠰᠤᠷᠠᠯᠳᠠ ᠦᠭᠡᠢ ᠳᠡᠭᠡᠭᠰᠢᠯᠡᠪᠡ᠃ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ 6 ᠳᠤ ᠬᠦᠷᠴᠡᠢ᠃ ᠭᠤᠷᠪᠠᠳᠤᠭᠠᠷ ᠠᠵᠤ ᠦᠢᠯᠡᠰ ᠲᠦᠷᠭᠡᠨ ᠢᠶᠠᠷ ᠬᠦᠭᠵᠢᠪᠡ᠃ ᠢᠨᠳᠡᠷ ᠵᠤᠭᠠᠴᠠᠯ ᠤᠨ ᠪᠦᠰᠡ ᠪᠠ ᠴᠤᠤᠯ ᠲᠦᠰᠢᠨ ᠭᠤᠤᠯ ᠲᠠᠭᠠᠤ ᠣᠯᠣᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ᠂ ᠪᠤᠭᠳᠠ ᠠᠭᠤᠯᠠ ᠶᠢᠨ ᠤᠯᠤᠰ ᠤᠨ ᠳᠡᠰ ᠤᠨ ᠤᠢ ᠰᠢᠭᠤᠶᠢᠳᠤ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠠᠯᠳᠠᠨᠬᠤᠸᠠ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠤ ᠬᠦᠪᠦᠯᠳᠡ ᠶᠢᠨ ᠲᠦᠷᠦᠯ ᠵᠦᠢᠯ ᠢ ᠪᠠᠶᠢᠭᠤᠯᠵᠤ᠂ ᠪᠠᠶᠠᠨ᠋ᠤ᠋ᠯᠠᠭᠠᠨ ︽ᠮᠤᠩᠭᠤᠯ ᠡᠸᠦ᠋ᠷᠦᠫᠡ ᠶᠢᠨ ᠵᠠᠩ ᠦᠢᠯᠡ︾ ᠶᠢᠨ ᠵᠤᠭᠠᠴᠠᠯ ᠤᠨ ᠤᠨᠴᠠᠯᠢᠭᠳᠤ ᠵᠢᠵᠢᠭ ᠪᠠᠯᠭᠠᠰᠤᠨ ᠤ ᠲᠦᠯᠦᠪᠵᠢᠭᠦᠯᠭᠡ ᠶᠢ ᠪᠡᠶᠡᠯᠡᠭᠦᠯᠪᠡ᠃ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠳᠡ ᠶᠢ ᠯᠠᠪᠳᠠᠭᠤᠨ ᠢᠶᠠᠷ ᠠᠬᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 119.7 ᠳ᠋ᠦᠩᠰᠢᠭᠤᠷ ᠲᠦᠭᠦᠷᠢᠭ᠂ ᠵᠢᠭᠡᠯᠡᠯᠭᠡ ᠶᠢᠨ ᠦᠯᠡᠳᠡᠪᠦᠷᠢ ᠲᠤᠭ᠎ᠠ 76.9 ᠳ᠋ᠦᠩᠰᠢᠭᠤᠷ ᠲᠦᠭᠦᠷᠢᠭ ᠪᠠᠶᠢᠵᠤ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 64% ᠳᠤ ᠬᠦᠷᠪᠡ᠃ ᠡᠯᠧᠺᠲᠷᠤᠨ ᠬᠤᠳᠠᠯᠳᠤᠭᠠᠨ ᠤ ᠶᠡᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠵᠢᠱᠢᠶ᠎ᠡ ᠦᠵᠡᠭᠦᠯᠬᠦ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠠ ᠯᠢ ᠪᠠ ᠪᠠ᠂ ᠵᠢᠩ ᠳ᠋ᠦᠩ᠂ ᠳ᠋ᠧᠦ ᠢᠦᠢ ᠵᠡᠷᠭᠡ ᠨᠡᠷᠡᠳᠦ ᠢᠨᠲ᠋ᠧᠷ ᠰᠦᠯᠵᠢᠶᠡᠨ ᠤ ᠠᠵᠤ ᠠᠬᠤᠶᠢᠯᠠᠯ ᠯᠤᠭ᠎ᠠ ᠶᠢᠨ ᠬᠠᠮᠳᠤᠷᠠᠯᠴᠠᠭ᠎ᠠ ᠪᠠᠨ ᠬᠦᠨᠵᠡᠭᠡᠶᠢᠷᠡᠭᠦᠯᠵᠦ᠂ ᠤᠨᠴᠠᠯᠢᠭᠳᠤ ᠲᠡᠷᠢᠶᠠᠯᠠᠩ ᠤᠨ ᠪᠦᠳᠦᠭᠡᠭᠳᠡᠭᠦᠨ ᠤ ᠰᠦᠯᠵᠢᠶᠡᠨ ᠳᠡᠭᠡᠷᠡᠬᠢ ᠪᠤᠷᠤᠯᠠᠭᠤᠯᠤᠯᠳᠠ ᠶᠢᠨ ᠲᠤᠭ᠎ᠠ 893 ᠲᠦᠮᠡᠨ ᠲᠦᠭᠦᠷᠢᠭ ᠲᠤ ᠬᠦᠷᠪᠡ᠃ ᠬᠤᠰᠢᠭᠤᠨ ᠤ ᠳᠣᠳᠣᠷᠠᠬᠢ 56 ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠭᠤᠸᠠᠩᠵᠸᠦ᠂ ᠪᠡᠭᠡᠵᠢᠩ᠂ ᠦᠬᠠᠨ᠂ ᠬᠦᠬᠡᠬᠤᠳᠠ ᠵᠡᠷᠭᠡ ᠭᠠᠵᠠᠷ ᠤᠷᠤᠨ ᠳᠤ ᠲᠠᠸᠠᠷ ᠤᠨ ᠳᠡᠯᠭᠡᠨ ᠦᠵᠡᠭᠦᠯᠬᠦ ᠵᠦᠪᠳᠡᠯᠴᠡᠭᠡᠨ ᠤ ᠠᠵᠢᠯᠯᠠᠭ᠎ᠠ ᠳᠤ ᠤᠷᠤᠯᠴᠠᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠠᠰᠢᠭ ᠰᠢᠮ᠎ᠡ ᠶᠢᠨ ᠪᠦᠳᠦᠭᠡᠭᠳᠡᠭᠦᠨ ᠤ ᠭᠠᠳᠠᠭᠠᠳᠤ ᠳᠤᠳᠤᠭᠠᠳᠤ ᠳᠠᠬᠢ ᠨᠡᠷ᠎ᠡ ᠠᠯᠳᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠬᠠᠭᠤᠴᠢᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠵᠤ ᠂ ᠬᠠᠶᠠᠭᠳᠠᠮᠠᠯ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠢ ᠪᠠᠶᠢᠭᠤᠯᠤᠨ᠂ ᠡᠨᠡ ᠬᠦᠷᠢᠶᠡᠨ ᠳᠠᠬᠢ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢᠨ ᠬᠤᠭᠤᠰᠤᠨ ᠢ ᠨᠦᠬᠦᠪᠦᠷᠢᠯᠡᠵᠡᠢ᠃      ᠦᠩᠭᠡᠷᠡᠭᠰᠡᠨ ᠨᠢᠭᠡ ᠵᠢᠯ ᠳᠤ᠂ ᠪᠢᠳᠡ ᠵᠠᠮ ᠨᠡᠭᠡᠬᠡᠨ ᠤᠷᠤᠬᠰᠢᠯᠠᠵᠦ ᠰᠢᠨ᠎ᠡ ᠶᠢ ᠡᠭᠦᠳᠴᠦ᠂ ᠭᠦᠭᠵᠢᠯᠳᠡ ᠶᠢᠨ ᠠᠮᠢᠵᠢᠷᠠᠯ ᠤᠨ ᠬᠦᠴᠦᠨ ᠢ ᠦᠷᠬᠦᠯᠵᠢᠯᠡᠨ ᠪᠠᠳᠠᠷᠠᠭᠤᠯᠪᠠ᠃ ᠦᠭᠡᠷᠡᠴᠢᠯᠡᠯᠳᠡ ᠶᠢᠨ ᠬᠦᠳᠡᠯᠭᠡᠭᠴᠢ ᠬᠦᠴᠦᠨ ᠢ ᠪᠦᠳᠦᠮᠵᠢᠳᠡᠢ ᠪᠦᠭᠡᠮᠨᠡᠷᠡᠭᠦᠯᠪᠡ᠃ ᠠᠵᠤ ᠠᠬᠤᠢ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠭᠡᠷᠡᠴᠢᠯᠡᠯᠳᠡ ᠶᠢᠨ ᠡᠭᠦᠷᠬᠡ ᠶᠢ  99 ᠵᠦᠢᠯ ᠲᠦᠯᠬᠢᠨ ᠠᠬᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ ︾ ᠦᠭᠡᠷᠡᠴᠢᠯᠡᠯᠳᠡ ᠶᠢ ᠭᠦᠨᠵᠡᠭᠡᠶᠢᠷᠡᠬᠦᠯᠵᠦ᠂ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠵᠦᠢᠯᠡᠰ ᠢ 351 ᠵᠦᠢᠯ ᠪᠠᠶᠢᠭᠰᠠᠨ ᠠᠴᠠ 304 ᠵᠦᠢᠯ ᠪᠤᠯᠠᠭᠠᠨ ᠪᠠᠭᠠᠰᠬᠠᠵᠤ᠂ ᠬᠦᠢᠴᠡᠳᠭᠡᠬᠦ ᠴᠠᠭ ᠤᠨ ᠬᠢᠵᠠᠭᠠᠷ ᠢ ᠲᠤᠮᠳᠠᠴᠢ ᠪᠠᠷ 21%  ᠪᠠᠷ ᠪᠤᠭᠤᠨᠢᠰᠬᠠᠵᠤ᠂ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠵᠦᠢᠯᠡᠰ ᠢ 156 ᠵᠦᠢᠯ ᠪᠤᠯᠭᠠᠪᠠ᠃ ᠭᠠᠶᠢᠯᠢ ᠶᠢ ᠭᠦᠩᠭᠡᠯᠡᠵᠦ ᠰᠦᠢᠳᠭᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠠᠶᠢᠯᠢ ᠰᠦᠢᠳᠭᠡᠯ ᠢ ᠨᠡᠶᠢᠳᠡ 2.4 ᠳ᠋ᠦᠩᠰᠢᠭᠤᠷ ᠲᠦᠭᠦᠷᠢᠭ ᠬᠠᠰᠤᠵᠤ ᠬᠡᠯᠳᠤᠷᠢᠭᠦᠯᠪᠡ᠃ ᠨᠤᠳᠤᠭ ᠪᠡᠯᠴᠢᠬᠡᠷ ᠤᠨ ᠡᠷᠬᠡ ᠶᠢ ᠨᠤᠳᠠᠯᠠᠨ ᠲᠤᠭᠳᠠᠭᠠᠬᠤ ᠪᠠ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢᠨ ᠠᠵᠢᠯ ᠦᠪᠡᠷᠳᠡᠭᠡᠨ ᠵᠠᠰᠠᠬᠤ ᠤᠷᠤᠨ ᠤ ᠰᠢᠯᠭᠠᠯᠳᠠ ᠶᠢ ᠠᠮᠵᠢᠯᠳᠠ ᠲᠠᠢ ᠲᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ  ᠬᠠᠮᠳᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠳᠡ ᠵᠡᠷᠭᠡ ᠡᠭᠦᠷᠬᠡ ᠶᠢ ᠯᠠᠪᠳᠠᠭᠤᠨ ᠠᠬᠢᠭᠤᠯᠪᠠ᠃ ᠬᠠᠩᠭᠠᠨ ᠪᠤᠷᠤᠯᠠᠭᠤᠯᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶᠠᠵᠢᠯ 3 ᠶᠢ ᠪᠠᠬᠢᠵᠢᠭᠦᠯᠦᠨ ᠳᠡᠭᠡᠭᠰᠢᠯᠡᠬᠦᠯᠵᠦ᠂ ᠲᠤᠰᠬᠤᠨ ᠤ ᠳᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶᠠᠵᠢᠯ 30᠂ ᠬᠠᠩᠭᠠᠨ ᠪᠤᠷᠤᠯᠠᠭᠤᠯᠬᠤ ᠬᠤᠷᠰᠢᠶᠠᠵᠢᠯ 1 ᠢ ᠰᠢᠨ᠎ᠡ ᠪᠠᠷ ᠪᠠᠶᠢᠭᠤᠯᠪᠠ᠃ ᠲᠦᠷᠦᠯ ᠵᠦᠢᠯ ᠢᠶᠠᠷ ᠬᠦᠳᠡᠯᠭᠡᠬᠦ ᠨᠦᠬᠡᠴᠡ ᠬᠦᠴᠦᠨ ᠴᠢᠩᠭᠠᠷᠠᠪᠠ᠃ ᠠᠶᠢᠮᠠᠭ ᠤᠨ ᠳᠡᠰ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ 17 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ 47.6 ᠳ᠋ᠦᠩᠰᠢᠭᠤᠷ ᠲᠦᠭᠦᠷᠢᠭ ᠤᠨ ᠪᠡᠯᠡ ᠤᠷᠤᠯᠠᠭᠤᠯᠤᠯᠳᠠ ᠶᠢ ᠪᠡᠶᠡᠯᠡᠭᠦᠯᠪᠡ᠃ ︽ᠴᠤᠤᠯ ᠭᠤᠤᠯ ᠤᠨ ᠤᠰᠤ ᠶᠢ ᠯᠢᠶᠤᠤ ᠾᠧ ᠭᠤᠤᠯ  ᠳᠤ ᠳᠠᠳᠠᠵᠤ  ᠣᠷᠣᠭᠤᠯᠬᠤ︾ ᠢᠨᠵᠧᠨᠧᠷᠢᠩ ᠤᠨ ᠭᠠᠵᠠᠷ ᠰᠢᠷᠤᠢ ᠳᠠᠳᠠᠪᠤᠷᠢᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠦ᠂ ᠠᠷᠠᠳ ᠢ ᠨᠡᠭᠦᠯᠬᠡᠬᠦ᠂ ᠴᠤᠭᠯᠠᠭ᠎ᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ᠂ ᠬᠤᠪᠤᠷ ᠴᠤᠬᠠᠭ ᠮᠤᠳᠤᠨ ᠤ ᠲᠦᠷᠦᠯ ᠢ ᠰᠢᠯᠵᠢᠭᠦᠯᠦᠨ ᠵᠠᠶᠢᠯᠠᠬᠤ ᠵᠡᠷᠭᠡ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠴᠤᠤᠯ ᠤᠰᠤᠨ ᠠᠰᠢᠭᠯᠠᠯᠳᠠ ᠶᠢᠨ ᠵᠠᠩᠭᠢᠯᠠᠭ᠎ᠠ ᠶᠢᠨ ᠲᠤᠤᠷᠠᠳᠤ ᠤᠷᠤᠰᠬᠠᠯ ᠤᠨ ᠤᠰᠤᠯᠠᠯᠳᠠ ᠶᠢᠨ ᠤᠷᠤᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠠᠷᠢᠶᠠᠨ ᠭᠠᠵᠠᠷ ᠤᠨ ᠢᠵᠢ ᠪᠦᠷᠢᠳᠦᠭᠦᠯᠬᠦ ᠢᠨᠵᠧᠨᠧᠷᠢᠩ ᠢ 3 ᠲᠦᠮᠡᠨ ᠮᠦ ᠪᠠᠶᠢᠭᠤᠯᠵᠤ᠂ ᠵᠢᠦ ᠾᠧ ᠶᠢᠨ ︽ᠵᠢᠩᠭᠢᠨᠢ ᠡᠮ ᠤᠨ ᠮᠠᠲ᠋ᠧᠷᠢᠶᠠᠯ︾ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ᠂ ᠭᠦᠨ ᠡᠨᠧᠷᠺᠢ ᠶᠢᠨ 48 ᠰᠠᠶ᠎ᠠ ᠸᠠᠲ ᠤᠨ ᠰᠠᠯᠬᠢᠨ ᠴᠠᠬᠢᠯᠭᠠᠨ ᠤ ᠢᠯᠴᠢ ᠬᠠᠩᠭᠠᠬᠤ ᠵᠡᠷᠭᠡ ᠲᠦᠷᠦᠯ ᠵᠦᠢᠯ ᠢ ᠨᠡᠯᠢᠶᠡᠳ ᠶᠡᠭᠡ ᠠᠬᠢᠴᠠ ᠲᠠᠢ ᠪᠤᠯᠭᠠᠪᠠ᠃ 3 ᠤᠷᠤᠨ ᠪᠦᠰᠡ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠬᠠᠷᠢᠯᠴᠠᠬᠤ ᠲᠦᠪ ᠢ ᠪᠠᠶᠢᠭᠤᠯᠵᠤ᠂ ᠬᠤᠳᠠᠯᠳᠤᠭᠠᠴᠢᠨ ᠤᠷᠢᠵᠦ ᠪᠡᠯᠡ ᠤᠷᠤᠭᠤᠯᠬᠤ ᠦᠷ᠎ᠡ ᠪᠦᠳᠦᠮᠵᠢ ᠳᠠᠰᠤᠷᠠᠯᠳᠠ ᠦᠭᠡᠢ ᠳᠡᠭᠡᠭᠰᠢᠯᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠡᠷᠡᠭᠦᠯ ᠢᠶᠠᠷ ᠭᠦᠭᠵᠢᠪᠡ᠃ ᠠᠷᠠᠳ ᠤᠨ ᠡᠵᠡᠩᠨᠡᠯᠳᠡ ᠶᠢᠨ ᠠᠵᠤ ᠠᠬᠤᠢ ᠪᠠ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠳᠠᠭᠤᠨ ᠨᠠᠶᠢᠳᠠᠪᠤᠷᠢᠵᠢᠭᠤᠯᠵᠤ᠂ 367 ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠪᠠ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠳᠤ 1.1 ᠳ᠋ᠦᠩᠰᠢᠭᠤᠷ ᠲᠦᠭᠦᠷᠢᠭ ᠤᠨ ᠵᠢᠭᠡᠯᠡᠯᠭᠡ ᠲᠠᠯᠪᠢᠵᠤ᠂ ᠭᠠᠵᠠᠷ ᠰᠢᠷᠤᠢ ᠶᠢᠨ ᠡᠷᠬᠢᠯᠳᠡ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠡᠯ᠎ᠡ ᠵᠦᠢᠯ ᠤᠨ ᠱᠠᠩᠨᠠᠯ ᠨᠦᠬᠦᠪᠤᠷᠢ ᠶᠢᠨ ᠪᠡᠯᠡ ᠮᠦᠩᠭᠦ ᠶᠢ 1394 ᠲᠦᠮᠡᠨ ᠲᠦᠭᠦᠷᠢᠭ ᠪᠡᠶᠡᠯᠡᠬᠦᠯᠪᠡ᠃ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠭᠡ 1052᠂ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ 459 ᠢ ᠰᠢᠨ᠎ᠡ ᠪᠠᠷ ᠨᠡᠮᠡᠭᠳᠡᠭᠦᠯᠵᠦ᠂ ᠵᠢᠷᠤᠮᠵᠢᠭᠰᠠᠨ ᠠᠵᠢᠯᠯᠠᠭᠠᠨ ᠤ ᠬᠤᠷᠰᠢᠶ᠎ᠠ ᠶᠢ 324 ᠪᠠᠶᠢᠭᠤᠯᠵᠦ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 2  ᠂ ᠦᠪᠡᠷᠳᠡᠭᠡᠨ ᠵᠠᠰᠠᠬᠤ ᠤᠷᠤᠨ ᠤ ᠵᠢᠱᠢᠶ᠎ᠡ ᠦᠵᠡᠭᠦᠯᠬᠦ ᠬᠤᠷᠰᠢᠶᠠᠵᠢᠯ 5  ᠂  ᠵᠢᠱᠢᠶ᠎ᠡ ᠦᠵᠡᠭᠦᠯᠬᠦ ᠭᠡᠷ ᠪᠦᠯᠢ ᠶᠢᠨ ᠲᠡᠷᠢᠶᠠᠯᠠᠩ ᠤᠨ ᠲᠠᠯᠠᠪᠠᠢ 5 ᠶᠢ ᠡᠭᠦᠳᠦᠨ ᠪᠠᠶᠢᠭᠤᠯᠪᠠ᠃       ᠦᠩᠭᠡᠷᠡᠭᠰᠡᠨ ᠨᠢᠭᠡ ᠵᠢᠯ ᠳᠤ᠂ ᠪᠢᠳᠡ ᠨᠢᠭᠡᠳᠦᠯᠳᠡᠢ ᠲᠦᠯᠦᠪᠯᠡᠨ ᠵᠤᠬᠢᠴᠠᠭᠤᠯᠵᠤ᠂ ᠬᠤᠳᠠ ᠬᠦᠳᠡᠭᠡ ᠶᠢᠨ ᠲᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠳᠠ ᠪᠠᠯᠭᠠᠰᠤᠨ ᠤ ᠴᠢᠳᠠᠪᠬᠢ ᠪᠦᠳᠦᠮᠵᠢᠳᠡᠢ ᠳᠡᠭᠡᠭᠰᠢᠯᠡᠪᠡ᠃ ᠰᠢᠨ᠎ᠡ ᠬᠡᠯᠪᠡᠷᠢ ᠶᠢᠨ ᠤᠶᠤᠨᠴᠢᠯᠠᠭᠰᠠᠨ ᠬᠤᠭ ᠨᠤᠪᠰᠢ ᠰᠢᠢᠳᠪᠤᠷᠢᠯᠡᠬᠦ ᠦᠢᠯᠡᠳᠪᠤᠷᠢ ᠶᠢᠨ ᠢᠨᠵᠧᠨᠧᠷᠢᠩ ᠢ ᠡᠬᠢᠯᠡᠭᠦᠯᠦᠨ ᠪᠠᠶᠢᠭᠤᠯᠵᠤ᠂ ᠤᠰᠤ ᠬᠠᠩᠭᠠᠬᠤ᠂ ᠢᠯᠴᠢ ᠬᠠᠩᠭᠠᠬᠤ᠂ ᠪᠤᠬᠢᠷ ᠤᠰᠤᠨ ᠤ ᠬᠤᠭᠤᠯᠠᠢ ᠲᠤᠤᠷ ᠢ 40 ᠺᠢᠯᠤᠮᠧᠲᠷ᠂ ᠬᠤᠳᠠ ᠶᠢᠨ ᠶᠠᠪᠤᠳᠠᠯ ᠤᠨ ᠵᠠᠮ ᠢ 9 ᠵᠤᠷᠪᠤᠰ᠂ ᠪᠠᠶᠢᠰᠢᠩ ᠭᠡᠷ ᠤᠨ ᠲᠤᠭᠤᠷᠢᠭ ᠤᠨ ᠵᠠᠮ ᠭᠤᠳᠤᠮᠵᠢ ᠶᠢ 30 ᠵᠤᠷᠪᠤᠰ ᠰᠢᠨ᠎ᠡ ᠪᠠᠷ ᠪᠠᠶᠢᠭᠤᠯᠵᠤ᠂ 24 ᠬᠠᠭᠤᠴᠢᠨ ᠰᠠᠭᠤᠭᠠᠯᠢ ᠲᠤᠭᠤᠷᠢᠭ ᠤᠨ 14.5 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠶᠢ ᠦᠭᠡᠷᠡᠴᠢᠯᠡᠨ ᠰᠢᠨᠡᠳᠭᠡᠪᠡ᠃ ᠲᠤᠯᠠᠭᠠᠨ ᠴᠡᠴᠡᠷᠯᠢᠭ ᠢ ᠦᠭᠡᠷᠡᠴᠢᠯᠡᠵᠦ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠲᠤᠭᠤᠷᠢᠭ ᠤᠨ ᠵᠡᠭᠡᠯᠢ ᠭᠤᠳᠤᠮᠵᠢ᠂ ᠦᠵᠡᠮᠵᠢ ᠶᠢᠨ ᠭᠠᠵᠠᠷ ᠤᠨ ᠨᠤᠭᠤᠭᠠᠷᠠᠭᠤᠯᠤᠯᠳᠠ ᠶᠢ ᠴᠢᠩᠭᠠᠳᠬᠠᠵᠤ᠂ 2.6 ᠲᠦᠮᠡᠨ ᠲᠡᠭᠰᠢ ᠲᠦᠷᠪᠡᠯᠵᠢᠨ ᠮᠧᠲᠷ ᠨᠤᠭᠤᠭᠠᠷᠠᠭᠤᠯᠤᠯᠳᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠪᠡ᠃ ᠪᠠᠷᠠᠭᠤᠨ ᠠᠭᠤᠯᠠᠨ ᠤ ᠤᠢ ᠰᠢᠭᠤᠢ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠪᠠᠬᠢᠵᠢᠭᠦᠯᠵᠦ᠂ ︽ᠤᠯᠤᠰ ᠤᠨ ᠳᠡᠰ ᠤᠨ ᠴᠡᠴᠡᠷᠯᠢᠭ ᠤᠨ ᠰᠢᠶᠠᠨ ᠬᠤᠳᠠ︾ ᠶᠢ ᠡᠭᠦᠳᠦᠨ ᠪᠠᠶᠢᠭᠤᠯᠬᠤ ᠠᠬᠢᠴᠠ ᠶᠢ ᠲᠠᠰᠤᠷᠠᠯᠳᠠ ᠦᠭᠡᠢ ᠲᠦᠷᠭᠡᠳᠭᠡᠪᠡ᠃ ᠬᠦᠳᠡᠭᠡ ᠲᠤᠰᠬᠤᠨ ᠢ ᠭᠦᠭᠵᠢᠭᠦᠯᠦᠨ ᠮᠠᠨᠳᠤᠭᠤᠯᠬᠤ ᠵᠠᠭᠪᠤᠷ ᠢ ᠤᠷᠢᠳᠠᠪᠡᠷ ᠬᠡᠷᠡᠭᠵᠢᠭᠦᠯᠪᠡ᠃ ᠦᠪᠡᠷᠳᠡᠭᠡᠨ ᠵᠠᠰᠠᠬᠤ ᠤᠷᠤᠨ ᠤ ︽ᠠᠷᠪᠠᠨ ᠬᠤᠰᠢᠭᠤ ᠵᠠᠭᠤᠨ ᠰᠤᠮᠤ ᠮᠢᠩᠭᠠᠨ ᠭᠠᠴᠠᠭᠠᠨ︾ ᠤ ᠵᠢᠱᠢᠶ᠎ᠡ ᠦᠵᠡᠭᠦᠯᠬᠦ ᠴᠡᠭ 15᠂ ᠠᠶᠢᠮᠠᠭ ᠤᠨ ᠳᠡᠰ ᠤᠨ ᠬᠦᠳᠡᠭᠡ ᠲᠤᠰᠬᠤᠨ ᠢ ᠮᠠᠨᠳᠤᠭᠤᠯᠬᠤ ᠵᠢᠱᠢᠶ᠎ᠡ ᠦᠵᠡᠭᠦᠯᠬᠦ ᠲᠤᠰᠬᠤᠨ ᠢ 11 ᠪᠠᠶᠢᠭᠤᠯᠵᠤ᠂ ᠤᠨᠴᠠᠯᠢᠭᠳᠤ ᠠᠵᠤ ᠦᠢᠯᠡᠰ ᠤᠨ ᠲᠤᠰᠬᠠᠢ ᠭᠠᠴᠠᠭ᠎ᠠ ᠲᠤᠰᠬᠤᠨ 43᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠤᠨᠴᠠᠯᠢᠭᠳᠤ  ᠭᠠᠴᠠᠭ᠎ᠠ ᠲᠤᠰᠬᠤᠨ 41 ᠢ ᠪᠤᠶᠢᠵᠢᠭᠤᠯᠵᠤ᠂ ᠬᠦᠳᠡᠭᠡ ᠲᠤᠰᠬᠤᠨ ᠤ ᠡᠷᠦᠬᠡ ᠶᠢᠨ ᠵᠤᠷᠯᠤᠩ ᠢ ᠦᠭᠡᠷᠡᠴᠢᠯᠡᠵᠦ᠂ 7 ᠭᠠᠴᠠᠭ᠎ᠠ ᠲᠤᠰᠬᠤᠨ ᠢ ᠲᠤᠰ ᠲᠤᠰ ︽ᠪᠦᠬᠦ ᠤᠯᠤᠰ ᠤᠨ ᠨᠢᠭᠡ  ᠭᠠᠴᠠᠭ᠎ᠠ ᠲᠤᠰᠬᠤᠨ ᠨᠢᠭᠡ ᠵᠦᠢᠯ ᠤᠨ ᠵᠢᠱᠢᠶ᠎ᠡ ᠦᠵᠡᠭᠦᠯᠬᠦ ᠲᠤᠰᠬᠤᠨ ᠪᠠᠯᠭᠠᠰᠤ︾᠂ ︽ᠤᠯᠤᠰ ᠤᠨ ᠤᠢ ᠰᠢᠭᠤᠢ ᠶᠢᠨ ᠬᠦᠳᠡᠭᠡ ᠲᠤᠰᠬᠤᠨ︾᠂ ︽ᠲᠤᠮᠳᠠᠳᠤ ᠤᠯᠤᠰ ᠤᠨ ᠬᠠᠮᠤᠭ ᠰᠠᠶᠢᠬᠠᠨ ᠰᠡᠯᠡᠭᠦᠴᠡᠯ ᠤᠨ ᠬᠦᠳᠡᠭᠡ ᠲᠤᠰᠬᠤᠨ︾᠂ ︽ᠪᠦᠬᠦ ᠤᠯᠤᠰ ᠤᠨ ᠬᠦᠳᠡᠭᠡ ᠲᠤᠰᠬᠤᠨ ᠢ ᠵᠠᠰᠠᠬᠤ ᠵᠢᠱᠢᠶ᠎ᠡ ᠦᠵᠡᠭᠦᠯᠬᠦ  ᠭᠠᠴᠠᠭ᠎ᠠ︾  ᠪᠠᠷ ᠲᠤᠳᠤᠯᠠᠭᠳᠠᠵᠤ᠂ ᠮᠠᠨ ᠤ ᠬᠤᠰᠢᠭᠤ ︽ᠬᠢᠩᠭᠠᠨ ᠠᠶᠢᠮᠠᠭ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠤᠷᠤᠨ ᠤ ᠲᠡᠷᠢᠭᠦᠨ ᠤ ᠬᠤᠰᠢᠭᠤ︾ ᠪᠠᠷ ᠦᠨᠡᠯᠡᠭᠳᠡᠪᠡ᠃ ᠰᠠᠭᠤᠷᠢ ᠲᠦᠭᠦᠬᠡᠷᠦᠮᠵᠢ ᠡᠳᠦᠷ ᠢᠷᠡᠭᠦᠶ᠎ᠡ ᠲᠡᠭᠦᠯᠳᠡᠷᠵᠢᠪᠡ᠃ ᠴᠢ ᠵᠢᠶᠠ ᠽᠢ ᠠᠴᠠ ᠯᠠᠮ᠎ᠠ ᠶᠢᠨ ᠠᠭᠤᠢ ᠶᠢᠨ ᠬᠦᠬᠦᠷᠭᠡ ᠬᠦᠷᠬᠦ ᠵᠢᠭᠤᠯᠴᠢᠯᠠᠯ ᠤᠨ ᠵᠠᠰᠠᠮᠠᠯ ᠵᠠᠮ᠂ ᠮᠤᠵᠢ ᠶᠢᠨ ᠳᠡᠰ ᠤᠨ ᠵᠠᠮ 204 ᠱᠤᠭᠤᠮ ᠤᠨ ᠬᠤᠷᠤᠭ᠎ᠠ ᠠᠭᠤᠯᠠ ᠠᠴᠠ ᠴᠠᠷᠠᠰᠤᠨ ᠬᠦᠷᠬᠦ᠂ 309 ᠱᠤᠭᠤᠮ ᠤᠨ ᠦᠷᠡᠵᠢᠯ ᠤᠨ ᠲᠠᠯᠠᠪᠠᠢ ᠠᠴᠠ ᠬᠦᠷᠡᠯ ᠬᠦᠷᠬᠦ ᠵᠠᠰᠠᠮᠠᠯ ᠵᠠᠮ ᠤᠨ ᠤᠨ ᠤ ᠪᠦᠳᠦᠭᠡᠨ ᠪᠠᠶᠢᠭᠤᠯᠤᠯᠳᠠ ᠵᠢᠴᠢ ᠲᠠᠳᠠᠪᠤᠷᠢᠯᠡᠨ ᠨᠤᠷᠠᠭᠠᠬᠤ ᠡᠭᠦᠷᠬᠡ ᠪᠠᠨ ᠪᠡᠶᠡᠯᠡᠭᠦᠯᠵᠦ᠂ ᠲᠦᠷᠪᠠᠨᠰᠢᠨ ᠶᠡᠭᠡ ᠭᠦᠬᠦᠷᠭᠡ᠂ ᠪᠠᠶᠠᠠᠭᠤᠤᠯ ᠠᠴᠠ ᠵᠢᠶᠠᠩ ᠴᠢᠶᠤᠤ ᠬᠦᠷᠬᠦ ᠱᠤᠭᠤᠮ᠂ ︽ᠰᠠᠭᠠᠳ ᠦᠭᠡᠢ ᠪᠤᠴᠠᠬᠤ︾ ᠲᠦᠷᠦᠯ ᠵᠦᠢᠯ ᠪᠠ 59 ᠵᠤᠷᠪᠤᠰ ᠶᠠᠳᠠᠭᠤ ᠶᠢ ᠳᠡᠳᠭᠦᠭᠦ ᠵᠠᠮ ᠤᠨ ᠪᠦᠳᠦᠭᠡᠨ ᠪᠠᠶᠢᠭᠤᠯᠤᠯᠳᠠ ᠳᠡᠷᠭᠡ ᠨᠡᠪᠳᠡᠷᠡᠵᠦ᠂  ︽ᠲᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠤᠷᠤᠨ ᠤ ᠳᠡᠰ ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠦᠨᠳᠦᠷ ᠪᠦᠳᠦᠮᠵᠢᠳᠡᠢ ᠤᠰᠤ ᠠᠷᠪᠢᠯᠠᠬᠤ ᠤᠰᠤᠯᠠᠯᠳᠠ ᠶᠢᠨ ᠲᠠᠷᠢᠶᠠᠨ ᠭᠠᠵᠠᠷ ᠢ 2 ᠲᠦᠮᠡᠨ ᠮᠦ ᠰᠢᠨ᠎ᠡ ᠪᠠᠷ ᠪᠠᠶᠢᠭᠤᠯᠵᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ ᠲᠦᠷᠦᠯ ᠵᠦᠢᠯ ᠢ 240 ᠮᠦ ᠬᠡᠷᠡᠭᠵᠢᠭᠦᠯᠵᠦ᠂ ᠤᠯᠤᠰ ᠠᠴᠠ ᠱᠠᠩᠨᠠᠯ ᠨᠦᠬᠦᠪᠤᠷᠢ ᠶᠢᠨ ᠪᠡᠯᠡ ᠮᠦᠩᠭᠦ ᠶᠢ 7200 ᠲᠦᠮᠡᠨ ᠲᠦᠭᠦᠷᠢᠭ ᠬᠦᠷᠳᠡᠪᠡ᠃ 220 ᠺᠢᠯᠤᠸᠠᠲ ᠤᠨ ᠬᠦᠴᠦᠳᠡᠯ ᠦᠭᠡᠷᠡᠴᠢᠯᠡᠬᠦ ᠦᠷᠳᠡᠭᠡ 1᠂ ᠴᠠᠬᠢᠯᠭᠠᠨ ᠬᠦᠷᠭᠡᠬᠦ ᠤᠳᠠᠰᠤ 9 ᠵᠤᠷᠪᠤᠰ ᠢ ᠰᠢᠨ᠎ᠡ ᠪᠠᠷ ᠪᠠᠶᠢᠭᠤᠯᠵᠤ᠂ ᠬᠦᠳᠡᠭᠡ ᠲᠤᠰᠬᠤᠨ ᠤ ᠴᠠᠬᠢᠯᠭᠠᠨ ᠲᠤᠤᠷ ᠢ 603 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠪᠡ᠃      ᠥᠩᠭᠡᠷᠡᠭᠰᠡᠨ ᠨᠢᠭᠡ ᠵᠢᠯ ᠳᠤ᠂ ᠪᠢᠳᠡ ᠪᠦᠬᠦ ᠬᠦᠴᠦᠨ ᠢᠶᠠᠷ   ᠢᠶᠠᠨ ᠴᠢᠷᠮᠠᠶᠢᠬᠰᠠᠨ ᠠᠴᠠ ᠠᠷᠠᠳ ᠲᠦᠮᠡᠨ ᠤ ᠠᠮᠢᠳᠦᠷᠠᠯ ᠤᠨ ᠬᠢᠷᠢ ᠲᠦᠪᠰᠢᠨ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤᠨ ᠤ 1676 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ ᠠᠯᠳᠠᠭᠰᠠᠨ ᠪᠠ ᠠᠵᠢᠯ ᠣᠯᠬᠤ ᠳᠤ ᠬᠦᠴᠢᠷᠳᠡᠢ 1594 ᠬᠥᠮᠦᠨ ᠳᠤ ᠳᠠᠬᠢᠨ ᠠᠵᠢᠯ  ᠤᠯᠭᠤᠵᠠᠢ᠃ ᠪᠠᠰᠠ ᠨᠡᠶᠢᠲᠡ 1030 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠵᠦ᠂ ᠠᠵᠢᠯ ᠦᠢᠯᠡᠰ ᠤᠨ ᠨᠢᠭᠡᠴᠡ ᠶᠢᠨ 125 ᠬᠥᠮᠦᠨ ᠢ ᠤᠷᠢᠨ ᠬᠡᠷᠡᠭᠯᠡᠵᠦ᠂ ᠠᠵᠢᠯ ᠠᠴᠠ  ᠪᠠᠨ ᠪᠠᠭᠤᠵᠤ ᠠᠵᠢᠯ ᠠᠯᠳᠠᠭᠰᠠᠨ 290  ᠴᠡᠷᠢᠭ ᠢ ᠲᠥᠪᠬᠢᠨᠡᠭᠦᠯᠵᠦ᠂ 1450 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠯᠪᠢᠵᠤ  ᠂ 289 ᠬᠥᠮᠦᠨ ᠤ ᠦᠢᠯᠡᠰ ᠪᠣᠰᠬᠠᠨ ᠠᠵᠢᠯ ᠣᠯᠭᠤᠬᠤ ᠶᠢ ᠲᠡᠳᠬᠦᠨ ᠲᠠᠶᠢᠴᠢᠯᠠᠪᠠ᠃ ︿︿ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ》 ᠶᠢ ᠭᠦᠨᠵᠡᠭᠡᠶ ᠬᠡᠷᠡᠭᠵᠢᠭᠦᠯᠵᠦ᠂  ᠨᠡᠶᠢᠬᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠡᠯ᠎ᠡ ᠵᠦᠶᠯ ᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠪᠣᠳᠠᠲᠠᠶᠢᠵᠢᠭᠤᠯᠪᠠ᠃ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠦᠬᠦᠯᠢ ᠴᠣᠭᠴᠠ ᠪᠠᠷ ᠨᠢ ᠲᠥᠯᠥᠪᠵᠢᠭᠦᠯᠵᠦ᠂ ᠢᠨᠳᠡᠷ ᠲᠠᠬᠢ ᠲᠤᠯᠤᠳᠤᠭᠠᠷ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ ᠣᠨᠴᠠ ᠠᠵᠢᠯ ᠤᠨ ᠪᠠᠶᠢᠷᠢ ᠶᠢᠨ ᠪᠠᠭᠰᠢ 90 ᠬᠥᠮᠦᠨ ᠡᠯᠰᠡᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠲᠡᠦᠬᠡᠲᠦ ᠴᠢᠨᠠᠷᠲᠠᠶ ᠰᠢᠪᠲᠤᠯᠤᠯᠲᠠ ᠲᠠᠢ ᠪᠣᠯᠭᠠᠵᠤ᠂ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠬᠢ  ᠠᠴᠠ ᠨᠢᠭᠡ ᠳᠠᠬᠢᠨ ᠨᠡᠮᠡᠭᠳᠡᠭᠦᠯᠵᠦ᠂ ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ  ᠳᠤ ᠰᠣᠷᠣᠭᠴᠢ ᠡᠯᠰᠡᠬᠦ ᠨᠣᠷᠮ᠎ᠠ 80% ᠶᠢ ᠳᠠᠪᠠᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ  ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠮᠣᠩᠭᠤᠯ ᠡᠮᠨᠡᠯᠭᠡ ᠶᠢᠨ ᠬᠤᠷᠢᠶ᠎ᠠ ᠶᠢ ᠡᠬᠢᠯᠡᠨ ᠬᠡᠷᠡᠭᠯᠡᠬᠦ ᠪᠠᠷᠢᠮᠵᠢᠶ᠎ᠠ ᠳᠤ ᠬᠦᠷᠭᠡᠵᠦ᠂  ᠨᠠᠰᠦᠳᠠᠶᠢᠴᠤᠳ ᠤᠨ ᠡᠪᠡᠳᠴᠢᠲᠡᠨ ᠤ ᠥᠷᠥᠭᠡ ᠶᠢᠨ ᠠᠰᠠᠷ ᠤᠨ ᠭᠤᠤᠯ ᠴᠣᠭᠴᠠ ᠶᠢᠨ ᠢᠨᠵᠧᠨᠧᠷᠢᠩ ᠢ ᠪᠠᠷᠢᠵᠦ ᠳᠠᠭᠤᠰᠬᠠᠨ᠂ 6 ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠢᠭᠡᠳ ᠬᠤᠰᠢᠭᠤᠨ ᠤ ᠲᠡᠰ ᠤᠨ ᠡᠮᠨᠡᠯᠭᠡ ᠶᠢᠨ ᠬᠤᠷᠢᠶ᠎ᠠ   ᠶᠢᠨ ᠠᠯᠤᠰ ᠡᠵᠡᠮᠰᠢᠯᠲᠦ ᠣᠨᠣᠰᠢᠯᠠᠨ ᠡᠮᠨᠡᠬᠦ ᠲᠠᠪᠴᠠᠩ ᠤᠨ ᠪᠠᠶᠢᠭᠤᠯᠤᠯᠲᠠ ᠶᠢ ᠪᠡᠶᠡᠯᠡᠬᠦᠯᠵᠡᠢ᠃  ᠪᠠᠰᠠ ᠮᠣᠩᠭᠤᠯ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠦᠶᠯᠡᠴᠢᠯᠡᠭᠡᠨ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ᠣᠷᠣᠨ ᠤ ᠲᠡᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ︾᠂ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ  ᠢ ᠵᠠᠯᠭᠠᠭ᠎ᠠ ᠪᠠᠷ ᠬᠦᠷᠲᠡᠪᠡ᠃ ᠪᠣᠭᠳᠠ ᠠᠭᠤᠯᠠ ᠶᠢᠨ ᠲᠠᠬᠢᠯᠭ᠎ᠠ᠂ ᠶᠢᠰᠦᠳᠦᠭᠡᠷ ᠬᠤᠭᠤᠴᠠᠭᠠᠨ ᠤ ᠴᠤᠤᠯ ᠭᠤᠣᠯ  ᠤᠨ ᠰᠣᠶᠣᠯ ᠵᠢᠭᠤᠯᠴᠢᠯᠠᠯ ᠤᠨ ᠤᠷᠠᠯᠢᠭ ᠤᠨ ᠨᠠᠶᠢᠷ᠂ ᠨᠠᠭᠠᠳᠤᠮ ᠤᠨ ᠬᠤᠷᠠᠯ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠪᠦᠬᠦ ᠣᠷᠣᠨ ᠤ ︽ᠲᠠᠯ᠎ᠠ ᠨᠤᠲᠤᠭ ᠤᠨ ᠠᠶᠠᠯᠠᠯ︾ ᠳᠤᠭᠤᠢ ᠲᠡᠷᠭᠡᠨ ᠤ ᠬᠠᠮᠲᠤᠷᠠᠭᠰᠠᠨ ᠤᠷᠤᠯᠳᠤᠭᠠᠨ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠᠲᠠᠢ ᠡᠷᠬᠢᠯᠡᠨ᠂ ᠤᠯᠠᠭᠠᠨᠮᠥ᠋ᠴᠢᠷ ᠤᠨ ᠠᠷᠠᠳ  ᠲᠤ ᠠᠰᠢᠭ ᠬᠦᠷᠲᠡᠭᠡᠬᠦ ᠲᠣᠭᠯᠠᠯᠲᠠ ᠶᠢ 100 ᠭᠠᠷᠤᠢ ᠤᠳᠠᠭ᠎ᠠ ᠥᠷᠨᠢᠭᠦᠯᠵᠦ᠂  ᠤᠯᠠᠨ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠪᠠ᠃     ᠦᠩᠭᠡᠷᠡᠭᠰᠡᠨ ᠨᠢᠬᠡ ᠵᠢᠯ ᠳᠤ᠂ ᠪᠢᠳᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ᠂ ᠦᠪᠡᠷ ᠤᠨ ᠪᠡᠶ᠎ᠡ  ᠶᠢᠨ ᠪᠠᠶᠢᠭᠤᠯᠤᠯᠳᠠ ᠪᠠᠨ ᠦᠷᠬᠦᠯᠵᠢᠯᠡᠨ ᠴᠢᠩᠭᠠᠳᠬᠠᠵᠠᠢ᠃ ᠨᠠᠮ ᠤᠨ ᠤᠯᠤᠰ ᠲᠦᠷᠦ ᠶᠢᠨ ᠪᠦᠳᠦᠬᠡᠨ ᠪᠠᠶᠢᠭᠤᠯᠤᠯᠳᠠ ᠪᠠᠨ ᠲᠠᠰᠦᠷᠠᠯᠳᠠ ᠦᠬᠡᠢ ᠴᠢᠩᠭᠠᠳᠬᠠᠵᠦ᠂ ︿︿ᠲᠦᠷᠪᠡᠨ ᠤᠬᠠᠮᠰᠠᠷ﹀﹀ ᠢᠶᠠᠨ ᠨᠡᠮᠡᠭᠳᠡᠬᠦᠯᠦᠨ᠂ ︿︿ᠲᠦᠷᠪᠡᠨ ᠢᠳᠡᠬᠡᠯ﹀﹀ ᠢᠶᠠᠨ ᠪᠠᠳᠦᠵᠢᠭᠤᠯᠵᠦ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠬᠦᠯᠵᠦ᠂ ︿︿ᠤᠭ ᠰᠠᠨᠠᠭ᠎ᠠ  ᠪᠠᠨ ᠦᠯᠦ ᠮᠠᠷᠳᠠᠵᠦ᠂ ᠡᠬᠦᠷᠭᠡ ᠬᠠᠷᠢᠭᠤᠴᠠᠯᠭ᠎ᠠ ᠪᠠᠨ ᠪᠠᠳᠦ ᠴᠡᠬᠡᠵᠢᠯᠡᠬᠦ﹀﹀ ᠭᠤᠤᠯ ᠰᠡᠳᠤᠪᠳᠤ ᠬᠦᠮᠦᠵᠢᠯ ᠢ ᠪᠠᠳᠦᠳᠠᠢ ᠲᠦᠯᠬᠢᠨ ᠠᠬᠢᠭᠤᠯᠵᠦ᠂ ᠰᠢᠨ᠎ᠠ ᠲᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠰᠢᠷᠢᠰ ᠠᠵᠢᠯᠯᠠᠭ᠎ᠠ ᠶᠢ ᠦᠷᠬᠡᠨ ᠢᠶᠠᠷ ᠦᠷᠨᠢᠬᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠭᠦᠢᠴᠡᠳᠬᠡᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠦᠷᠢᠵᠢᠭᠤᠯᠬᠤ᠂ ᠲᠥᠪ ᠤᠨ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾   ᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠠᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ  ᠪᠠᠷ ᠬᠡᠷᠡᠭᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ 27 ᠵᠠᠰᠠᠭ   ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠲᠠᠰᠤᠷᠠᠯᠲᠠ ᠦᠭᠡᠢ  ᠲᠡᠭᠡᠭᠰᠢᠯᠡᠪᠡ᠃ ᠡᠯ᠎ᠡ ᠲᠥᠷᠥᠯ ᠤᠨ ᠲᠥᠷᠦᠯ ᠵᠦᠢᠯ ᠢ 49 ᠬᠢᠨᠠᠨ ᠪᠣᠳᠣᠵᠤ᠂ ᠡᠳ᠋ ᠤᠨ ᠵᠠᠰᠠᠭ ᠤᠨ ᠪᠠᠯᠠ ᠮᠥᠩᠭᠦ ᠶᠢ 7200 ᠲᠦᠮᠡᠨ ᠲᠥᠭᠦᠷᠢᠭ ᠬᠢᠨᠠᠨ ᠬᠠᠰᠤᠪᠠ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠦᠷᠭᠦᠯᠵᠢᠯᠡᠨ ᠪᠠᠶᠢᠴᠠᠭᠠᠨ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 37.8% ᠪᠠᠷ ᠪᠠᠭᠤᠷᠠᠪᠠ᠃ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ 14 ᠬᠡᠷᠡᠭ ᠢ  ᠵᠤᠬᠢᠰᠳᠠᠢ ᠰᠢᠶᠳᠪᠦᠷᠢᠯᠡᠵᠦ᠂ 403 ᠲᠦᠮᠡᠨ ᠲᠥᠭᠦᠷᠢᠭ ᠤᠨ ᠥᠷᠢᠲᠦᠭᠰᠡᠨ ᠴᠠᠯᠢᠩ ᠢ  ᠨᠡᠬᠡᠮᠵᠢᠯᠡᠵᠦ ᠠᠪᠴᠢᠷᠠᠪᠠ᠃ ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ  ᠨᠠᠶᠢᠳᠠᠪᠦᠷᠢᠵᠢᠭᠤᠯᠵᠦ᠂ ᠶᠡᠷᠦᠩᠭᠡᠢ ᠪᠠᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠰᠠᠨᠠᠯ ᠢ 67 ᠬᠤᠪᠢ ᠬᠦᠢᠴᠡᠳᠬᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢᠨᠠᠨ ᠵᠥᠪᠯᠡᠭᠰᠡᠨ ᠰᠠᠨᠠᠯ ᠢ 7 ᠵᠤᠷᠪᠤᠰ  ᠨᠠᠶᠢᠳᠠᠪᠦᠷᠢᠵᠢᠭᠤᠯᠵᠦ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 62 ᠬᠤᠪᠢ ᠰᠢᠢᠳᠪᠦᠷᠢᠯᠡᠵᠦ᠂ ᠬᠠᠷᠢᠭᠤᠯᠲᠠ ᠥᠭᠭᠦᠭᠰᠡᠨ ᠨᠣᠷᠮ᠎ᠠ᠂ ᠰᠢᠢᠳᠪᠦᠷᠢᠯᠡᠭᠰᠡᠨ ᠨᠤᠷᠮ᠎ᠠ 100% ᠳᠤ ᠬᠦᠷᠴᠡᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠵᠦ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ ᠨᠡᠶᠢᠲᠡ 75 ᠡᠷᠡᠭᠦᠦ ᠶᠢᠨ ᠬᠡᠷᠡᠭ ᠢ ᠢᠯᠡᠷᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠤᠯᠠᠮ ᠨᠢᠭᠡ ᠠᠯᠬᠤᠮ ᠴᠢᠩᠭᠠᠷᠠᠪᠠ᠃      ᠲᠥᠯᠥᠭᠡᠯᠡᠭᠴᠢᠳ ᠡ᠂ ᠲᠡᠮᠡᠴᠡᠯ ᠤᠨ ᠥᠩᠭᠡᠷᠡᠯᠲᠡ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠬᠥᠭᠵᠢᠯᠲᠡ  ᠶᠢᠨ ᠠᠮᠵᠢᠯᠳᠠ ᠪᠦᠲᠦᠮᠵᠢ ᠨᠢ ᠬᠥᠮᠦᠰ ᠤᠨ ᠵᠣᠷᠢᠭ ᠢ ᠬᠦᠪᠴᠢᠯᠡᠪᠡ᠃ ᠥᠩᠭᠡᠷᠡᠭᠰᠡᠨ ᠨᠢᠭᠡ ᠵᠢᠯ ᠳᠤ ᠪᠢᠳᠡ ᠶᠡᠷᠦ ᠪᠤᠰᠤ ᠶᠢᠨ ᠵᠠᠮ ᠢᠶᠠᠷ ᠵᠠᠮᠨᠠᠭᠰᠠᠨ ᠪᠣᠯᠪᠠᠴᠤ ᠡᠷᠡᠰ ᠪᠠᠲᠤ ᠪᠥᠭᠡᠳ ᠰᠡᠳᠬᠢᠯ ᠬᠠᠩᠬᠤᠯᠤᠨ ᠪᠠᠶᠢᠨ᠎ᠠ᠃ ᠯᠤᠲᠤ ᠶᠡᠭᠡ ᠰᠢᠯᠭᠠᠯᠲᠠ ᠶᠢᠨ ᠡᠮᠦᠨ᠎ᠡ᠂ ᠪᠢᠳᠡ ᠡᠷᠡᠮᠡᠬᠡᠶᠢᠯᠡᠨ ᠤᠷᠤᠭᠰᠢᠯᠠᠨ᠎ᠠ᠃ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠪᠦᠬᠦ ᠬᠦᠴᠦ ᠪᠠᠨ ᠰᠢᠪᠬᠠᠵᠦ᠂ ᠬᠦᠴᠢᠷ ᠪᠡᠷᠬᠡ ᠶᠢ ᠢᠯᠠᠨ ᠲᠠᠪᠠᠵᠦ᠂ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠶᠢᠯᠠᠯᠳᠤᠭᠠᠨ ᠢ ᠰᠠᠶᠢᠳᠦᠷ ᠬᠢᠵᠦ᠂ ᠨᠢᠭᠡ ᠲᠠᠯ᠎ᠠ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠦᠬᠦᠭᠡ ᠲᠠᠯ᠎ᠠ  ᠪᠠᠷ ᠦᠷ᠎ᠡ ᠪᠦᠲᠦᠮᠵᠢ ᠶᠢ ᠪᠠᠬᠢᠵᠢᠬᠦᠯᠵᠡᠢ᠃ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠰᠤᠭᠤᠴᠢᠨ ᠪᠠᠶᠢᠴᠠᠭᠠᠯᠲᠠ ᠠᠴᠠ ᠭᠠᠷᠴᠦ᠂《ᠬᠤᠶᠠᠷ ᠲᠤ ᠵᠣᠪᠠᠭ᠋ᠤ ᠦᠭᠡᠶ ᠭᠤᠷᠪᠠ ᠶᠢ ᠪᠠᠲᠤᠯᠠᠬᠤ﹀﹀ ᠳᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠂ ᠦᠷᠭᠦᠯᠵᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠠᠵᠤ ᠦᠶᠯᠡᠰ ᠢ ᠬᠥᠭᠵᠢᠭᠦᠯᠵᠦ᠂ ᠪᠠᠲᠤᠯᠠᠭ᠎ᠠ ᠪᠠᠨ ᠴᠢᠩᠬᠠᠳᠬᠠᠵᠤ᠂ ᠺᠠᠳ᠋ᠷ ᠣᠯᠠᠨ ᠲᠦᠮᠡᠨ ᠬᠠᠲᠠᠭᠤ ᠰᠢᠯᠭᠠᠯᠲᠠ ᠶᠢ ᠳᠠᠭᠠᠭᠠᠵᠤ᠂ ᠡᠷᠡᠰ ᠬᠠᠳᠠᠭᠤ ᠵᠣᠷᠢᠭ ᠢ ᠳᠠᠪᠲᠠᠨ ᠪᠣᠯᠪᠠᠰᠤᠷᠠᠭᠤᠯᠵᠠᠶ᠃ ︽ᠶᠠᠳᠠᠭᠤ ᠠᠴᠠ ᠠᠩᠭᠢᠵᠢᠷᠠᠭᠤᠯᠬᠤ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠣᠯᠬᠤ ᠥᠬᠡᠶ︾ ᠭᠡᠬᠦ ᠲᠥᠪ ᠴᠢᠩᠭ᠎ᠠ ᠠᠮᠠᠯᠠᠯᠲᠠ ᠶᠢ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠲᠤᠭ ᠢ ᠶᠠᠳᠠᠭᠤ ᠠᠴᠠ ᠠᠩᠬᠢᠵᠢᠷᠠᠭᠤᠯᠬᠤ ᠬᠠᠷᠠᠯᠲᠠ ᠶᠢ ᠤᠷᠤᠭᠰᠢᠲᠠᠶ ᠪᠡᠶᠡᠯᠡᠭᠦᠯᠪᠡ᠃ ᠯᠤᠲᠤ ᠶᠡᠭᠡ ᠥᠷᠢᠰᠥᠯᠳᠦᠭᠡᠨ ᠤ ᠡᠮᠦᠨ᠎ᠡ᠂ ᠪᠢᠳᠡ ᠬᠦᠴᠢᠷ ᠢ ᠰᠦᠷᠦᠨ ᠤᠷᠤᠬᠰᠢᠯᠠᠵᠠᠢ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ᠂ ︽ᠨᠣᠭᠤᠭᠠᠨ ᠪᠠᠮᠪᠠᠶ︾ ᠲᠤᠰᠬᠠᠶ ᠠᠵᠢᠯᠯᠠᠭ᠎ᠠ᠂ ᠲᠡᠮᠡᠬᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠴᠡᠭᠴᠡᠯᠡᠨ ᠰᠠᠶᠢᠵᠢᠷᠠᠭᠤᠯᠵᠤ ᠨᠣᠮᠧᠷ ᠬᠠᠰᠤᠬᠤ ᠶᠢ ᠦᠷᠭᠦᠯᠵᠢᠯᠡᠨ ᠠᠬᠢᠭᠤᠯᠵᠦ᠂ ᠣᠯᠤᠭᠰᠠᠨ ᠠᠮᠵᠢᠯᠲᠠ ᠪᠦᠲᠦᠮᠵᠢ ᠨᠢ ᠵᠢᠱᠢᠯᠲᠡ ᠠᠴᠠ ᠰᠠᠶᠢᠨ ᠪᠠᠶᠢᠨ᠎ᠠ ᠃ ᠯᠤᠲᠤ ᠶᠡᠭᠡ ᠳᠠᠷᠤᠯᠲᠠ ᠶᠢᠨ ᠡᠮᠦᠨ᠎ᠡ᠂ ᠪᠢᠳᠡ ᠬᠠᠮᠲᠤ ᠪᠠᠷ ᠬᠦᠴᠢᠷ ᠪᠡᠷᠬᠡᠰᠢᠶᠡᠯ ᠢ ᠢᠯᠠᠨ ᠲᠠᠪᠠᠵᠠᠢ᠃  ᠬᠦᠨᠳᠤ ᠨᠦᠰᠡᠷ ᠪᠤᠭᠤᠮᠳᠠ ᠰᠢᠪᠳᠤᠯᠬᠤ ᠡᠬᠦᠷᠭᠡ ᠳᠤ ᠬᠠᠨᠳᠤᠬᠤ ᠳᠠᠭᠠᠨ᠂ ᠨᠢᠬᠡ ᠪᠦᠯᠦᠭ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ︿︿ᠶᠡᠭᠡ ᠰᠠᠷᠠᠪᠴᠢᠨ﹀﹀ ᠤ ᠴᠡᠭᠴᠡᠯᠡᠨ ᠵᠠᠰᠠᠬᠤ᠂ ᠭᠤᠤᠯ ᠮᠦᠷᠡᠨ ᠨᠠᠭᠤᠷ ᠴᠦᠬᠦᠷᠡᠮ ᠤᠨ ︿︿ᠲᠦᠷᠪᠡᠨ ᠡᠮᠬᠢ ᠵᠠᠮᠪᠠᠷᠠᠭ᠎ᠠ ᠦᠬᠡᠢ﹀﹀ ᠪᠠᠶᠢᠳᠠᠯ ᠢ ᠠᠷᠢᠯᠭᠠᠬᠤ᠂ ᠨᠤᠳᠤᠭ ᠪᠡᠯᠴᠢᠬᠡᠷ ᠤᠨ ᠬᠠᠤᠯᠢ ᠠᠴᠠ ᠵᠦᠷᠢᠴᠡᠭᠰᠡᠨ ᠪᠠᠷᠢᠯᠭ᠎ᠠ ᠶᠢ ᠢᠯᠭᠠᠷᠠᠭᠤᠯᠤᠨ ᠲᠢᠭᠯᠡᠬᠦ᠂ ᠲᠤᠬᠳᠠᠭᠠᠯ ᠢ ᠵᠦᠷᠢᠴᠡᠭᠰᠡᠨ ᠵᠤᠰᠠᠯᠠᠩ ᠢ ᠴᠡᠭᠴᠡᠯᠡᠭᠰᠡᠨ ᠶᠠᠪᠤᠳᠠᠯ ᠵᠠᠯᠭᠠᠯᠳᠤᠯᠭ᠎ᠠ ᠪᠠᠷ ᠢᠯᠠᠯᠳᠠ ᠤᠯᠵᠦ᠂ ᠬᠡᠷ ᠪᠠᠶᠢᠰᠢᠩ  ᠭᠠᠵᠠᠷ ᠬᠦᠷᠦᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠢᠯᠠᠵᠦ᠂ ᠲᠡᠭᠡᠳᠦ ᠬᠤᠷᠳᠤᠴᠠᠳᠤ ᠵᠠᠰᠠᠮᠠᠯ ᠵᠠᠮ ᠤᠨ ETC ᠲᠠᠷᠬᠠᠭᠠᠬᠤ ᠡᠬᠦᠷᠭᠡ ᠶᠢ ᠲᠠᠪᠠᠭᠤᠯᠤᠨ ᠪᠡᠶᠡᠯᠡᠬᠦᠯᠵᠦ᠂ ᠺᠠᠳ᠋ᠷ ᠤᠯᠠᠨ ᠲᠦᠮᠡᠨ ᠤᠷᠬᠢᠯᠦᠮ᠎ᠠ ᠬᠠᠯᠠᠭᠤᠨ ᠰᠡᠳᠬᠢᠯᠬᠡ ᠲᠠᠢ ᠪᠠᠶᠢᠵᠦ᠂ ᠡᠬᠦᠷᠭᠡ ᠬᠠᠷᠢᠭᠤᠴᠠᠯᠭ᠎ᠠ ᠪᠠᠨ ᠭᠤᠳᠤᠭᠠᠬᠤ ᠦᠬᠡᠢ᠂ ᠤᠳᠠᠭ᠎ᠠ ᠲᠠᠷᠠᠭ᠎ᠠ ᠪᠠᠷ ᠲᠠᠶᠢᠯᠠᠯᠳᠤᠭᠠᠨ ᠤ ᠢᠯᠠᠯᠳᠠ ᠶᠢ ᠤᠯᠵᠦ᠂ ᠡᠷᠴᠢ ᠵᠤᠷᠢᠭ ᠢᠶᠠᠨ ᠬᠦᠪᠴᠢᠯᠡᠵᠦ ᠡᠬᠦᠷᠭᠡ ᠬᠠᠷᠢᠭᠤᠴᠠᠯᠭ᠎ᠠ ᠪᠠᠨ ᠲᠠᠭᠠᠭᠠᠴᠢᠯᠠᠵᠠᠢ᠃ ᠯᠤᠳᠤ ᠶᠡᠭᠡ ᠲᠠᠷᠦᠯᠳᠠ ᠶᠢᠨ ᠡᠮᠦᠨ᠎ᠡ ᠪᠢᠳᠡ ᠬᠠᠮᠳᠤ ᠪᠠᠷ ᠬᠦᠴᠢᠷ ᠪᠡᠷᠬᠡᠰᠢᠶᠡᠯ ᠢ ᠢᠯᠠᠨ ᠲᠠᠪᠠᠵᠠᠢ᠃ ᠠᠵᠤ ᠠᠬᠤᠢ ᠶᠢᠨ ᠲᠤᠷᠤᠶᠢᠳᠠᠯ ᠪᠣᠯᠤᠨ ᠬᠠᠲᠠᠭᠤ ᠴᠢᠨᠠᠷᠲᠠᠢ ᠵᠠᠷᠤᠯᠭ᠎ᠠ ᠶᠢᠨ ᠳᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠥᠷᠢᠰᠥᠯᠳᠦᠭᠡᠨ ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠳᠠᠷᠤᠯᠲᠠ ᠶᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠦᠷᠦᠯ ᠵᠦᠢᠯ ᠢ ᠠᠳᠬᠤᠵᠤ᠂  ᠪᠡᠯᠡ ᠣᠷᠣᠭᠤᠯᠤᠯᠲᠠ ᠶᠢ ᠪᠠᠲᠤᠯᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠪᠲᠤᠯᠤᠯᠲᠠ   ᠶᠢ ᠡᠷᠢᠯᠬᠢᠯᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ᠂ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠬᠤᠰᠢᠭᠤ᠂ ᠪᠦᠬᠦ ᠤᠯᠤᠰ ᠤᠨ ᠲᠠᠷᠢᠶᠠᠯᠠᠩ  ᠤᠨ ᠪᠦᠲᠦᠭᠡᠭᠳᠡᠬᠦᠨ ᠤ ᠶᠠᠰᠤ ᠴᠢᠨᠠᠷ ᠢ ᠡᠵᠡᠮᠳᠡᠬᠦ ᠮᠡᠷᠭᠡᠵᠢᠯ ᠤᠨ ᠰᠢᠰᠲ᠋ᠧᠮ ᠤᠨ ᠲᠤᠷᠰᠢᠯᠲᠠ ᠶᠢᠨ  ᠬᠤᠰᠢᠭᠤ᠂ ᠪᠦᠬᠦ ᠤᠯᠤᠰ ᠤᠨ ᠬᠥᠳᠡᠭᠡ ᠲᠣᠰᠬᠤᠨ ᠤ ᠰᠢᠨ᠎ᠡ ᠶᠢ ᠡᠭᠦᠳᠴᠦ ᠦᠢᠯᠡᠰ ᠪᠤᠰᠬᠠᠬᠤ ᠨᠡᠶᠢᠲᠡᠯᠢᠭ ᠬᠤᠰᠢᠭᠤ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠬᠤᠰᠢᠭᠤ ᠵᠡᠷᠭᠡ ᠤᠯᠠᠨ ᠵᠦᠢᠯ ᠤᠨ ︽ᠤᠯᠤᠰ ᠤᠨ ᠨᠡᠷ᠎ᠡ ᠲᠡᠮᠳᠡᠭ︾ ᠤᠨ ᠢᠷᠠᠭᠤ ᠠᠯᠳᠠᠷ ᠢ ᠠᠮᠵᠢᠯᠲᠠᠲᠠᠢ ᠬᠦᠷᠳᠡᠵᠦ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠤᠯᠤᠰ ᠤᠨ ᠬᠥᠬᠢᠭᠦᠯᠦᠯ ᠢ ᠤᠯᠪᠠ᠃ ᠺᠠᠳ᠋ᠷ ᠣᠯᠠᠨ ᠲᠦᠮᠡᠨ ᠬᠦᠴᠦ ᠬᠥᠯᠥᠰᠥ ᠪᠠᠷ ᠢᠶᠠᠨ  ᠠᠮᠵᠢᠯᠳᠠ ᠪᠦᠳᠦᠮᠵᠢ ᠣᠯᠵᠤ᠂ ᠦᠨᠡᠨ ᠪᠣᠳᠠᠲᠠᠶ ᠠᠵᠢᠯᠯᠠᠭ᠎ᠠ ᠪᠠᠷ ᠢᠶᠠᠨ ᠤᠭ ᠰᠠᠨᠠᠭ᠎ᠠ ᠪᠠᠨ ᠦᠶᠯᠡᠳᠦᠯᠭᠡᠵᠢᠭᠦᠯᠵᠦ᠂ ᠯᠤᠲᠤ ᠶᠡᠭᠡ ᠳᠠᠷᠤᠯᠲᠠ ᠶᠢ ᠲᠤᠯᠵᠤ᠂ ᠬᠥᠭᠵᠢᠯᠲᠡ ᠶᠢᠨ ᠶᠡᠭᠡ ᠲᠠᠯ ᠎ᠠ ᠶᠢ ᠲᠣᠭᠲᠠᠪᠤᠷᠢᠵᠢᠭᠤᠯᠵᠤ᠂ ᠥᠩᠭᠡ  ᠬᠢᠯᠠᠯᠵᠠᠮ᠎ᠠ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃     ᠲᠦᠯᠦᠭᠡᠯᠡᠭᠴᠢᠳ ᠡ᠂ ᠦᠩᠭᠡᠷᠡᠭᠰᠡᠨ ᠨᠢᠬᠡ ᠵᠢᠯ ᠳᠤ᠂ ᠪᠢᠳᠡ ᠶᠡᠷᠦ ᠪᠤᠰᠤ ᠶᠢᠨ ᠰᠢᠷᠭᠠᠭᠤ ᠬᠦᠳᠡᠯᠮᠦᠷᠢ ᠪᠠᠷ ᠲᠤᠪᠤᠶᠢᠮ᠎ᠠ ᠠᠮᠵᠢᠯᠳᠠ ᠤᠯᠵᠠᠢ᠃ ᠡᠨᠡ ᠪᠤᠯ ᠬᠤᠰᠢᠭᠤᠨ ᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢ ᠶᠢ ᠪᠠᠷᠢᠮᠳᠠᠯᠠᠬᠰᠠᠨ ᠤ ᠦᠷ᠎ᠡ ᠳ᠋ᠦᠩ᠂ ᠮᠦᠨ ᠴᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠠᠰᠢᠬᠳᠠᠢ ᠬᠢᠨᠠᠯᠳᠠ᠂ ᠬᠦᠴᠦᠳᠡᠢ ᠲᠡᠮᠵᠢᠯᠬᠡ ᠦᠵᠡᠬᠦᠯᠦᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠠᠷᠠᠳ ᠲᠦᠮᠡᠨ ᠪᠦᠯᠬᠦᠮᠳᠡᠨ ᠨᠢᠬᠳᠠᠷᠠᠵᠦ ᠬᠠᠮᠳᠤᠪᠡᠷ ᠴᠢᠷᠮᠠᠶᠢᠬᠰᠠᠨ ᠤ ᠦᠷ᠎ᠡ ᠳ᠋ᠦᠩ  ᠪᠤᠯᠬᠤ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠡᠯ᠎ᠡ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠯᠡᠬᠡᠨ ᠤ ᠬᠡᠰᠢᠬᠦᠨ᠂ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠤᠯᠠᠨ ᠲᠦᠮᠡᠨ ᠪᠤᠯᠤᠨ ᠠᠯᠢᠪᠠ ᠵᠠᠯᠠᠶᠢᠳ ᠬᠤᠰᠢᠭᠤᠨ ᠤ ᠬᠦᠭᠵᠢᠯᠳᠡ ᠶᠢ ᠬᠠᠯᠠᠮᠵᠢᠯᠠᠵᠦ ᠪᠠᠶᠢᠭ᠎ᠠ ᠨᠡᠶᠢᠬᠡᠮ ᠤᠨ ᠡᠯ᠎ᠡ ᠡᠳᠡᠭᠡᠳ ᠤᠨ ᠬᠦᠮᠦᠰ ᠲᠤ ᠴᠢᠩ ᠰᠡᠳᠬᠢᠯ ᠤᠨ ᠪᠠᠶᠠᠷ ᠲᠠᠯᠠᠷᠬᠠᠯ   ᠢᠶᠠᠨ ᠲᠡᠪᠰᠢᠬᠦᠯᠵᠦ ᠪᠠᠶᠢᠨ᠎ᠠ᠃     ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ  ᠳᠤ ᠮᠥᠨ ᠬᠦ ᠴᠥᠭᠡᠨ ᠪᠤᠰᠤ ᠬᠦᠴᠢᠷᠳᠡᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠪᠠ᠃ ᠭᠤᠤᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠶᠴᠡᠳ ᠦᠭᠡᠢ ᠪᠠᠶᠢᠬᠤ ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠪᠠᠶᠢᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠬᠡᠷᠡᠭᠯᠡᠵᠦ ᠪᠣᠯᠬᠤ ᠡᠳ᠋ ᠤᠨ ᠬᠦᠴᠦᠨ ᠪᠠᠭᠤᠷᠠᠶ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠬᠢᠵᠠᠭᠠᠷ ᠲᠠᠢ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠵᠤ ᠠᠬᠤᠶ ᠨᠡᠶᠢᠭᠡᠮ ᠳᠤ ᠵᠠᠶᠢᠯᠠᠰᠢ ᠦᠭᠡᠢ ᠨᠡᠯᠢᠶᠡᠳ ᠬᠠᠷᠰᠢ ᠰᠠᠭᠠᠳ ᠤᠴᠠᠷᠠᠭᠤᠯᠵᠠᠢ᠃ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠨᠢ ᠰᠢᠪᠲᠤᠯᠤᠯᠲᠠ ᠶᠢᠨ ᠱᠠᠳᠦᠨ ᠳᠤ ᠣᠷᠣᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠭᠦᠷᠭᠡ ᠬᠠᠲᠠᠭᠤ ᠪᠡᠷᠬᠡ ᠪᠠᠶᠢᠵᠤ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠬᠦ ᠡᠭᠦᠷᠭᠡ ᠬᠦᠨᠳᠦ ᠨᠦᠰᠡᠷ ᠪᠠᠶᠢᠨ᠎ᠠ︔ ᠠᠷᠠᠳ ᠤᠨ ᠠᠮᠢᠳᠤᠷᠠᠯ ᠤᠨ ᠰᠠᠶᠢᠵᠢᠷᠠᠯᠲᠠ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠵᠦ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠶ ᠦᠶᠯᠡᠳᠪᠦᠷᠢᠯᠡᠯ᠂ ᠬᠦᠨᠳᠦ ᠶᠡᠭᠡ ᠠᠶᠤᠯ ᠲᠦᠭᠰᠢᠭᠦᠷᠢ ᠵᠡᠷᠭᠡ ᠲᠠᠯ᠎ᠠ ᠶᠢᠨ ᠲᠠᠯᠳᠠ ᠭᠡᠮ ᠢ ᠣᠮᠲᠣᠭᠠᠶᠢᠯᠠᠵᠤ ᠪᠣᠯᠤᠰᠢ ᠦᠭᠡᠢ ᠶᠤᠮ᠃ ᠬᠡᠰᠡᠭ ᠺᠠᠳ᠋ᠷ ᠤᠨ ᠦᠵᠡᠯ ᠰᠠᠨᠠᠭ᠎ᠠ ᠣᠶᠢᠯᠠᠭᠠᠭᠳᠠᠬᠤᠨ᠂ ᠠᠵᠢᠯ ᠤᠨ ᠰᠤᠷᠲᠠᠯ᠂ ᠴᠢᠳᠠᠪᠤᠷᠢ ᠶᠢᠨ ᠬᠢᠷᠢ ᠬᠡᠮᠵᠢᠶ᠎ᠡ   ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ   ᠳᠤ ᠪᠠᠰᠠ ᠵᠣᠬᠢᠴᠠᠬᠤ ᠦᠭᠡᠢ᠂ ᠬᠠᠷᠢᠭᠤᠴᠠᠯᠭ᠎ᠠ ᠡᠬᠦᠷᠭᠡᠯᠡᠵᠦ ᠬᠠᠷᠢᠭᠤᠴᠠᠯᠭ᠎ᠠ ᠪᠠᠨ ᠭᠦᠶᠴᠡᠳᠬᠡᠭᠰᠡᠨ ᠨᠢ ᠬᠦᠷᠦᠯᠴᠡᠬᠦ ᠦᠭᠡᠢ᠂ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠨᠢ ᠬᠦᠷᠦᠯᠴᠡᠬᠦ ᠦᠭᠡᠢ ᠪᠠᠶᠢᠳᠠᠯ ᠤᠷᠤᠰᠢᠵᠦ ᠪᠤᠢ᠃ ᠡᠳᠡᠭᠡᠷ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠢᠳᠡ ᠨᠡᠩ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠶᠳᠪᠦᠷᠢᠯᠡᠵᠦ᠂ ᠵᠠᠰᠠᠭ ᠤᠨ ᠣᠷᠳᠣᠨ ᠤ ᠠᠵᠢᠯ ᠢ ᠨᠡᠩ ᠰᠠᠶᠢᠨ ᠬᠢᠬᠦ ᠪᠠᠷ  ᠴᠢᠷᠮᠠᠶᠢᠨ᠎ᠠ᠃      ᠬᠤᠶᠠᠷ᠂  2020 ᠤᠨ ᠤ ᠭᠤᠤᠯ ᠠᠵᠢᠯ ᠤᠨ ᠪᠠᠶᠢᠷᠢᠯᠠᠭᠤᠯᠤᠯᠳᠠ      2020 ᠤᠨ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠤᠯᠤᠨ ︿︿ᠠᠷᠪᠠᠨ ᠭᠤᠷᠪᠠᠳᠤᠭᠠᠷ ᠲᠠᠪᠦᠨ﹀﹀ ᠵᠢᠯ ᠤᠨ ᠲᠦᠯᠦᠪᠵᠢᠬᠦᠯᠬᠡ ᠶᠢᠨ ᠰᠡᠬᠦᠯ ᠬᠤᠷᠢᠶᠠᠬᠤ ᠵᠢᠯ᠂ ᠮᠦᠨ ᠴᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠤᠯᠬᠤ ᠵᠢᠯ ᠪᠤᠯᠤᠨ᠎ᠠ᠃ ᠲᠦᠪ  ᠤᠨ ᠠᠵᠦ ᠠᠬᠤᠢ ᠶᠢᠨ ᠬᠤᠷᠠᠯ ᠠᠴᠠ᠂2020 ᠤᠨ ᠤ ᠶᠡᠷᠦᠩᠭᠡᠢ ᠰᠡᠳᠬᠢᠮᠵᠢ ᠪᠤᠯ ᠰᠢ ᠶᠢᠨ ᠫᠢᠩ ᠤᠨ ᠰᠢᠨ᠎ᠠ ᠴᠠᠭ ᠦᠶ᠎ᠡ  ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠴᠢᠭᠯᠡᠯᠳᠡ   ᠶᠢ ᠭᠤᠶᠢᠪᠢᠰᠢ ᠦᠬᠡᠢ ᠲᠤᠭᠤᠰᠢᠯᠠᠭᠤᠯᠵᠦ᠂ ︿︿ᠲᠦᠷᠪᠡᠨ ᠤᠬᠠᠮᠰᠠᠷ﹀﹀ ᠢᠶᠠᠨ ᠨᠡᠮᠡᠭᠳᠡᠬᠦᠯᠦᠨ᠂ ︿︿ᠲᠦᠷᠪᠡᠨ ᠢᠳᠡᠬᠡᠯ﹀﹀ ᠢᠶᠠᠨ ᠪᠠᠳᠦᠵᠢᠭᠤᠯᠵᠦ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠬᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ  ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠪᠠᠷ ᠬᠥᠳᠡᠯᠭᠡᠬᠦ ᠬᠦᠴᠦᠨ ᠪᠣᠯᠭᠠᠬᠤ ᠶᠢ  ᠪᠠᠷᠢᠮᠳᠠᠯᠠᠨ᠎ᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂  ︽ ᠵᠢᠷᠭᠤᠭ᠎ᠠ ᠶᠢ ᠲᠤᠬᠳᠠᠪᠦᠷᠢᠵᠢᠭᠤᠯᠬᠤ︾   ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠦᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠬᠡᠳᠦᠯᠳᠡᠢ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ  ᠪᠠᠶᠢᠯᠭᠠᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽ ᠠᠷᠪᠠᠨ ᠭᠤᠷᠪᠠᠳᠤᠭᠠᠷ ᠲᠠᠪᠦᠨ ᠵᠢᠯ︾   ᠤᠨ ᠲᠦᠯᠦᠪᠵᠢᠬᠦᠯᠬᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠲᠡᠶᠢᠯᠬᠦ ᠪᠤᠯᠭᠠᠨ᠎ᠠ᠃      ᠡᠨᠡ  ᠵᠢᠯ ᠤᠨ ᠵᠠᠰᠠᠭ ᠤᠨ ᠤᠷᠳᠤᠨ ᠤ ᠠᠵᠢᠯ ᠤᠨ ᠭᠤᠤᠯ ᠡᠬᠦᠷᠭᠡ ᠪᠤᠯ ᠲᠡᠭᠡᠳᠦ ᠱᠠᠳᠦᠨ ᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠬᠤᠰᠢᠭᠤᠨ ᠤ ᠨᠠᠮ ᠤᠨ  ᠬᠤᠷᠢᠶᠠᠨ ᠤ ᠪᠦᠬᠦ ᠬᠡᠰᠢᠬᠦᠳ ᠤᠨ ᠬᠤᠷᠠᠯ ᠤᠨ ᠪᠠᠶᠢᠷᠢᠯᠠᠭᠤᠯᠤᠯᠳᠠ ᠲᠤᠬᠢᠷᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠲᠠᠪᠤᠨ ᠣᠷᠣᠨ︾ ᠢ ᠪᠦᠬᠦ ᠬᠦᠴᠦ ᠪᠠᠷ ᠢᠶᠠᠨ ᠪᠦᠲᠦᠭᠡᠨ ᠪᠠᠶᠢᠭᠤᠯᠵᠤ᠂ ︽ᠡᠷᠳᠡᠨᠢ ᠰᠢᠰᠢ᠂ ᠲᠤᠳᠤᠷᠭ᠎ᠠ᠂ ᠰᠠᠭᠠᠯᠢ ᠶᠢᠨ ᠦᠨᠢᠶ᠎ᠡ᠂ ᠮᠢᠬᠠᠨ ᠦᠬᠡᠷ᠂ ᠰᠢᠬᠢᠷ ᠯᠤᠤᠪᠠᠩ ᠰᠢᠬᠢᠷ ᠤᠳᠪᠠᠯᠠ ᠪᠤᠯᠤᠨ ᠪᠦᠬᠦ ᠤᠷᠤᠨ ᠪᠦᠰᠡ ᠶᠢᠨ ᠵᠤᠭᠠᠴᠠᠯ︾ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠢ ᠲᠦᠷᠭᠡᠨ ᠪᠤᠶᠢᠵᠢᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾   ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠬᠦᠰᠬᠦ ᠶᠢ ᠪᠠᠲᠤᠯᠠᠨ᠎ᠠ᠃      ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 6.5%   ᠪᠠᠷ ᠨᠡᠮᠡᠭᠳᠡᠬᠦᠯᠦᠨ᠎ᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 39 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠬᠦᠯᠦᠨ᠎ᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ  ᠤᠨ ᠣᠷᠣᠯᠭ᠎ᠠ ᠶᠢ 12.65 ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 37.6 ᠳ᠋ᠦᠩᠰᠢᠭᠤᠷ ᠲᠦᠬᠦᠷᠢᠭ   ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠲᠣᠰ ᠲᠣᠰ 30884 ᠲᠥᠭᠦᠷᠢᠭ ᠪᠠ 12748 ᠲᠥᠭᠦᠷᠢᠭ  ᠲᠤ  ᠬᠦᠷᠬᠡᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 8% ᠪᠠ 10% ᠨᠡᠮᠡᠭᠳᠡᠬᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠳᠣᠣᠷᠠᠬᠢ ᠠᠵᠢᠯ ᠤᠳ ᠢ ᠭᠤᠣᠯᠳᠠᠯᠭ ᠎ᠠ ᠲᠠᠢ ᠰᠠᠶᠢᠲᠤᠷ ᠬᠢᠨ᠎ᠡ᠄      ︵ᠨᠢᠭᠡ︶ ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠤᠨ᠎ᠠ       ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠰᠢᠢᠳᠪᠦᠷᠢᠳᠤ ᠲᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠲᠡᠮᠡᠴᠡᠨ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠢ ᠴᠢᠬᠤᠯᠠᠴᠢᠯᠠᠵᠦ᠂ ︽ᠳᠥᠷᠪᠡ ᠶᠢ ᠬᠠᠶᠠᠬᠤ ᠦᠬᠡᠢ︾ ᠱᠠᠭᠠᠷᠳᠠᠯᠭ᠎ᠠ ᠶᠢ ᠡᠷᠡᠰ ᠨᠠᠢᠳᠠᠪᠤᠷᠢᠵᠢᠭᠤᠯᠵᠤ᠂ ᠶᠠᠳᠠᠭᠤ  ᠠᠴᠠ ᠠᠩᠭᠢᠵᠢᠷᠠᠭᠤᠯᠤᠭᠰᠠᠨ ᠦᠷ᠎ᠡ  ᠪᠦᠳᠦᠬᠡᠯ ᠢ ᠪᠠᠬᠢᠵᠢᠭᠦᠯᠵᠦ᠂ ᠣᠳᠣ ᠶᠢᠨ ᠬᠡᠷᠡᠭᠵᠢᠭᠦᠯᠵᠦ  ᠪᠠᠶᠢᠭ᠎ᠠ ᠪᠠᠷᠢᠮᠵᠢᠶ᠎ᠠ ᠪᠠᠷ ᠦᠯᠡᠳᠡᠭᠰᠡᠨ ᠶᠠᠳᠠᠭᠤ ᠬᠦᠴᠢᠷᠳᠡᠯᠳᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ᠂ ᠨᠢᠭᠡᠨᠲᠡ ᠶᠠᠳᠠᠭᠤ ᠠᠴᠠ ᠠᠩᠬᠢᠵᠢᠷᠠᠬᠰᠠᠨ ᠬᠥᠮᠦᠨ ᠠᠮᠠ ᠶᠢ ᠳᠠᠬᠢᠨ ᠶᠠᠳᠠᠭᠤᠷᠠᠭᠤᠯᠬᠤ ᠦᠭᠡᠢ᠂  ᠵᠠᠪᠰᠠᠷ ᠤᠨ ᠬᠥᠮᠦᠨ ᠠᠮᠠ ᠶᠢ  ᠶᠠᠳᠠᠭᠤᠷᠠᠭᠤᠯᠬᠤ ᠦᠬᠡᠢ ᠪᠠᠶᠢᠬᠤ ᠶᠢ ᠪᠠᠲᠤᠯᠠᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠶᠢ ᠲᠤᠬᠳᠠᠭᠤᠨ ᠢᠶᠠᠷ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ 2.37 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠬᠦᠯᠵᠦ᠂ ᠶᠠᠳᠠᠭᠤ  ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠠᠴᠠ ᠳᠡᠭᠡᠭᠰᠢ ᠲᠠᠯᠪᠢᠵᠤ ᠳᠤᠲᠠᠭᠤᠳᠠᠯ  ᠢ ᠴᠢᠷᠮᠠᠶᠢᠨ ᠨᠥᠬᠦᠪᠥᠷᠢᠯᠡᠨ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ  ᠪᠠᠬᠢᠵᠢᠬᠦᠯᠦᠨ᠎ᠡ᠃ ᠶᠠᠳᠠᠭᠤ ᠶᠢ ᠲᠡᠳᠬᠦᠬᠦ ᠠᠵᠤ ᠦᠢᠯᠡᠰ ᠤᠨ ᠵᠠᠯᠭᠠᠮᠵᠢ ᠬᠢᠨᠠᠯᠲᠠ ᠬᠠᠮᠢᠶᠠᠷᠤᠯᠲᠠ᠂ ᠠᠰᠢᠭ ᠲᠤᠰᠠ ᠶᠢ ᠬᠤᠯᠪᠤᠬᠤ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠬᠦᠯᠳᠡᠷᠵᠢᠬᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠣᠨᠴᠠᠯᠢᠭᠲᠤ ᠠᠵᠤ ᠦᠶᠯᠡᠰ ᠪᠣᠯᠤᠨ ᠮᠠᠯ ᠤᠨ ᠡᠭᠦᠯᠳᠡᠷ ᠰᠠᠶᠢᠵᠢᠷᠠᠭᠤᠯᠬᠤ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂  ᠶᠠᠳᠠᠭᠤ ᠬᠦᠴᠢᠷᠳᠡᠯᠲᠡᠶ ᠡᠷᠦᠬᠡ ᠶᠢᠨ  ᠠᠵᠦ ᠦᠢᠯᠡᠰ  ᠤᠨ ᠦᠷ᠎ᠡ ᠠᠰᠢᠭ ᠪᠣᠯᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠦᠷᠭᠦᠯᠵᠢᠯᠡᠨ ᠲᠤᠬᠳᠠᠪᠦᠷᠢᠵᠢᠭᠤᠯᠤᠨ᠎ᠠ᠃ ᠨᠤᠷᠠᠬᠤ ᠠᠶᠤᠯᠲᠠᠶ  ᠬᠡᠷ ᠪᠠᠶᠢᠰᠢᠩ ᠤᠨ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠵᠤ᠂ ᠰᠤᠷᠭᠠᠨ  ᠬᠦᠮᠦᠵᠢᠯ᠂ ᠡᠮ ᠡᠮᠨᠡᠯᠭᠡ᠂ ᠠᠪᠤᠷᠠᠨ ᠲᠤᠰᠠᠯᠠᠬᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ  ᠶᠠᠳᠠᠭᠤᠷᠠᠬᠤ ᠠᠴᠠ ᠰᠡᠷᠭᠡᠶᠢᠯᠡᠬᠦ ᠰᠠᠭᠤᠷᠢ ᠮᠥᠩᠭᠦ ᠵᠡᠷᠭᠡ ᠡᠯ᠎ᠡ ᠵᠦᠶᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃  ᠶᠠᠳᠠᠭᠤ  ᠬᠦᠴᠢᠷᠳᠡᠯᠳᠡᠢ ᠡᠷᠦᠬᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠢ 3300 ᠬᠥᠮᠦᠨ ᠤᠳᠠᠭ᠎ᠠ ᠥᠷᠨᠢᠭᠦᠯᠵᠦ᠂ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢᠨ ᠰᠠᠭᠤᠷᠢᠨ ᠭᠠᠵᠠᠷ ᠢ 2 ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ   ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠪᠠᠭᠤᠷᠠᠶ ᠲᠠᠯ᠎ᠠ ᠪᠠ ᠲᠣᠪᠣᠶᠢᠮ᠎ᠠ ᠠᠰᠠᠭᠤᠳᠠᠯ ᠢ ᠰᠢᠰᠲ᠋ᠧᠮ ᠲᠠᠢ ᠡᠷᠢᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠥᠬᠦ ᠲᠠᠯ᠎ᠠ ᠪᠠᠷ ᠣᠯᠤᠨ᠎ᠠ᠃     ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠬᠢᠨ᠎ᠡ  ᠃ ᠬᠤᠶᠠᠳᠤᠭᠠᠷ ᠤᠳᠠᠭᠠᠨ  ᠤ ᠪᠦᠬᠦ ᠤᠯᠤᠰ ᠠᠴᠠ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠥᠬᠡ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ 《2020 ᠣᠨ   ᠤ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠬᠡᠶᠢᠯᠡᠨ ᠵᠠᠰᠠᠬᠤ ᠬᠡᠷᠡᠭᠵᠢᠭᠦᠯᠬᠦ ᠲᠥᠰᠦᠯ》 ᠢ ᠲᠣᠭᠲᠠᠭᠠᠨ ᠨᠠᠢᠳᠠᠪᠤᠷᠢᠵᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠡᠶᠡᠯᠡᠭᠦᠯᠵᠦ᠂ ᠬᠡᠭᠡᠷ᠎ᠡ ᠭᠠᠳᠠᠭ᠎ᠠ ᠡᠰᠢ ᠰᠦᠷᠡᠯ ᠢ ᠰᠢᠲᠠᠭᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠲᠣᠭᠤᠰᠣ ᠳᠡᠭᠳᠡᠬᠦ ᠪᠣᠬᠢᠷᠲᠤᠯ ᠢ  ᠪᠦᠳᠦᠮᠵᠢᠳᠡᠢ ᠬᠤᠷᠢᠭᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ   ᠶᠢ 85% ᠠᠴᠠ ᠳᠡᠭᠡᠭᠰᠢ  ᠳᠤ  ᠬᠦᠷᠬᠡᠬᠦ ᠶᠢ  ᠦᠨᠡᠨ ᠬᠦ ᠪᠠᠲᠤᠯᠠᠵᠤ᠂ ᠠᠭᠠᠷ  ᠮᠠᠨᠳᠠᠯ ᠤᠨ ᠶᠠᠰᠤ ᠴᠢᠨᠠᠷ   ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠪᠦᠬᠦ ᠬᠤᠰᠢᠭᠤᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠶᠡᠷᠦᠩᠬᠡᠶᠢᠯᠡᠨ ᠵᠠᠰᠠᠬᠤ  ᠲᠦᠯᠦᠪᠵᠢᠬᠦᠯᠬᠡ ᠶᠢ ᠨᠠᠶᠢᠷᠠᠭᠤᠯᠤᠨ ᠵᠣᠬᠢᠶᠠᠵᠤ᠂ ᠣᠷᠴᠢᠨ ᠲᠣᠭᠤᠷᠢᠨ ᠤ ᠬᠠᠮᠠᠭᠠᠯᠠᠯᠲᠠ  ᠶᠢᠨ ︽ᠭᠤᠷᠪᠠ ᠶᠢ ᠵᠡᠷᠭᠡ ᠳᠤᠨᠢ ᠬᠢᠬᠦ︾ ᠪᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ   ᠢ  ᠴᠢᠩᠭ᠎ᠠ ᠬᠡᠷᠡᠭᠵᠢᠭᠦᠯᠵᠦ᠂ ᠬᠠᠤᠯᠢ ᠪᠤᠰᠤ ᠪᠠᠷ ᠪᠣᠬᠢᠷᠲᠤᠯ ᠭᠠᠳᠠᠭᠰᠢᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠦᠨᠡᠮᠯᠡᠯ   ᠢᠶᠠᠷ ᠪᠣᠬᠢᠷᠲᠤᠯ ᠭᠠᠳᠠᠭᠰᠢᠯᠠᠭᠤᠯᠬᠤ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠣᠯᠠᠨ ᠡᠬᠢᠲᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠢ ᠬᠢᠨᠠᠨ ᠬᠡᠮᠵᠢᠵᠦ ᠵᠠᠰᠠᠬᠤ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠠᠬᠢᠭᠤᠯᠤᠨ᠎ᠠ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠪᠠᠷᠢᠯᠭ᠎ᠠ ᠶᠢᠨ ᠲᠥᠷᠥᠯ  ᠵᠦᠢᠯ ᠢ ᠬᠢᠨᠠᠨ ᠵᠥᠪᠰᠢᠶᠡᠷᠡᠵᠦ ᠮᠡᠳᠡᠭᠦᠯᠦᠨ ᠳᠠᠩᠰᠠᠯᠠᠭᠤᠯᠬᠤ ᠳᠦᠷᠢᠮ   ᠢ ᠴᠢᠩᠭ᠎ᠠ ᠬᠡᠷᠡᠭᠵᠢᠭᠦᠯᠵᠦ᠂  ᠵᠦᠪᠰᠢᠶᠡᠷᠡᠬᠦᠯᠦᠭᠰᠡᠨ ᠦᠭᠡᠢ ᠪᠠᠷ ᠤᠷᠢᠳᠠᠪᠠᠷ ᠪᠠᠶᠢᠭᠤᠯᠬᠤ᠂ ᠤᠷᠢᠳᠠᠪᠠᠷ ᠠᠵᠢᠯ ᠡᠬᠢᠯᠡᠭᠦᠯᠵᠦ ᠳᠠᠷᠠᠭ᠎ᠠ ᠨᠢ ᠬᠢᠨᠠᠨ ᠵᠦᠪᠰᠢᠶᠡᠷᠡᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠪᠠ ᠲᠥᠰᠦᠪ ᠠᠴᠠ ᠳᠠᠪᠠᠭᠰᠠᠨ ᠵᠠᠷᠦᠯᠭ᠎ᠠ ᠶᠢ ᠡᠷᠡᠰ ᠬᠤᠷᠢᠭᠯᠠᠵᠤ᠂ ᠥᠷᠢ ᠥᠭᠴᠡᠭᠡ ᠶᠢᠨ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ᠵᠠᠰᠠᠭ   ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠪᠠ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠦᠯᠳᠠ ᠶᠢ ᠪᠦᠬᠦ ᠲᠠᠯ᠎ᠠ  ᠪᠠᠷ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠪᠡᠯᠡ ᠮᠥᠩᠭᠦ ᠴᠤᠭᠯᠠᠭᠤᠯᠵᠤ᠂ ᠵᠠᠰᠠᠭ   ᠤᠨ ᠣᠷᠳᠣᠨ ᠤ ᠴᠢᠨᠠᠷᠲᠠᠢ ᠥᠷᠢ ᠥᠭᠴᠡᠭᠡ ᠶᠢ 1.38 ᠳ᠋ᠦᠩᠰᠢᠭᠤᠷ ᠲᠥᠭᠦᠷᠢᠭ ᠠᠷᠢᠯᠭᠠᠵᠤ᠂ ᠥᠷᠢ ᠥᠭᠴᠡᠭᠡ ᠶᠢᠨ  ᠨᠤᠷᠮ᠎ᠠ ᠶᠢ ︽ᠤᠯᠠᠭᠠᠨ ᠱᠤᠭᠤᠮ︾ ᠠᠴᠠ ᠳᠣᠣᠷ᠎ᠠ ᠪᠠᠶᠢᠯᠭᠠᠨ᠎ᠠ᠃ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠪᠣᠯᠤᠨ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠬᠢᠬᠦ ᠪᠠᠶᠢᠭᠤᠯᠤᠮᠵᠢ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠦᠷᠨᠢᠬᠦᠯᠵᠦ᠂ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠬᠤ ᠡᠷᠴᠢᠮ ᠢ ᠴᠢᠩᠭᠠᠷᠠᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠥᠩᠭᠦᠨ ᠭᠦᠶᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠪᠠ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠲᠦᠭᠰᠢᠭᠦᠷᠢ ᠦᠯᠦ ᠡᠭᠦᠰᠬᠦ ᠶᠢ  ᠦᠨᠡᠨ  ᠬᠦ ᠪᠠᠲᠤᠯᠠᠨ᠎ᠠ᠃      ︵ᠬᠤᠶᠠᠷ︶ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ ᠪᠣᠬᠢᠷᠲᠤᠯ ᠥᠬᠡᠶ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦ ᠪᠠᠨ ᠲᠥᠪᠯᠡᠷᠡᠭᠦᠯᠦᠨ ᠪᠠᠶᠢᠭᠤᠯᠤᠨ᠎ᠠ      ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ︽ᠡᠷᠳᠡᠨᠢ ᠰᠢᠰᠢ ᠪᠣᠯᠣᠨ ᠲᠣᠲᠣᠷᠭ᠎ᠠ᠂ ᠮᠢᠬᠠᠨ ᠦᠬᠡᠷ ᠪᠣᠯᠣᠨ ᠰᠠᠭᠠᠯᠢ ᠶᠢᠨ ᠦᠨᠢᠶ᠎ᠡ᠂  ᠰᠢᠬᠢᠷ ᠯᠤᠤᠪᠠᠩ ᠪᠣᠯᠣᠨ ᠰᠢᠬᠢᠷᠯᠢᠭ ᠤᠤᠳᠪᠠᠯᠠ︾ ᠢᠶᠠᠷ ᠭᠤᠣᠯᠳᠠᠯᠭ᠎ᠠ ᠪᠣᠯᠭᠠᠵᠤ᠂ ᠨᠢᠭᠡᠳᠦᠭᠡᠷ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠦᠨ᠎ᠡ ᠃ ᠡᠷᠳᠡᠨᠢ ᠰᠢᠰᠢ ᠲᠠᠷᠢᠵᠣ ᠣᠷᠭᠤᠭᠤᠯᠬᠤ ᠲᠠᠯᠠᠪᠠᠢ ᠶᠢ 300 ᠲᠦᠮᠡᠨ ᠮᠦ᠂ ᠤᠰᠤᠨ ᠲᠤᠲᠤᠷᠭ᠎ᠠ ᠲᠠᠷᠢᠵᠣ ᠣᠷᠭᠤᠭᠤᠯᠬᠤ ᠲᠠᠯᠠᠪᠠᠢ 90 ᠲᠦᠮᠡᠨ ᠮᠦ ᠪᠠᠶᠢᠬᠤ ᠶᠢ ᠲᠣᠭᠲᠠᠪᠣᠷᠢᠵᠢᠭᠤᠯᠵᠣ᠂ ᠡᠭᠦᠨ ᠳᠤ ᠬᠠᠭᠤᠷᠠᠶ ᠤᠰᠤᠨ ᠲᠤᠲᠤᠷᠭ᠎ᠠ 12 ᠲᠦᠮᠡᠨ ᠮᠦ᠂ ᠪᠣᠬᠢᠷᠲᠤᠯ ᠦᠭᠡᠢ ᠣᠷᠭᠠᠨᠢᠭ ᠰᠠᠭᠤᠷᠢᠨ ᠭᠠᠵᠠᠷ ᠤᠨ ᠭᠡᠷᠡᠴᠢᠯᠡᠬᠦ ᠲᠠᠯᠠᠪᠠᠢ ᠶᠢ 5 ᠲᠦᠮᠡᠨ ᠮᠦ ᠨᠡᠮᠡᠭᠳᠡᠭᠦᠯᠵᠦ 50 ᠲᠦᠮᠡᠨ ᠮᠦ ᠪᠣᠯᠭᠠᠵᠤ᠂ ᠰᠢᠷ᠎ᠠ ᠪᠤᠷᠴᠠᠭ ᠵᠢᠴᠢ ᠡᠯᠳᠡᠪ ᠠᠮᠤ ᠡᠯᠳᠡᠪ ᠪᠤᠷᠴᠠᠭ 90 ᠲᠦᠮᠡᠨ ᠮᠦ᠂  ᠬᠦᠬᠡ ᠪᠤᠷᠳᠤᠭ᠎ᠠ ᠶᠢ 30 ᠲᠦᠮᠡᠨ ᠮᠦ ᠲᠠᠷᠢᠵᠤ ᠣᠷᠭᠤᠭᠤᠯᠣᠨ᠂ ᠰᠢᠬᠢᠷ ᠯᠤᠤᠪᠠᠩ᠂ ᠬᠢᠲᠠᠳ ᠡᠪᠡᠰᠦᠨ ᠡᠮ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠠᠵᠤ ᠦᠶᠯᠡᠰ ᠤᠨ  ᠰᠠᠭᠤᠷᠢᠨ ᠭᠠᠵᠠᠷ ᠢ ᠪᠦᠲᠦᠭᠡᠨ  ᠪᠠᠶᠢᠭᠤᠯᠵᠦ᠂ ᠠᠮᠤ ᠪᠤᠳᠠᠭᠠᠨ ᠤ ᠭᠠᠷᠤᠯᠲᠠ ᠶᠢ 35 ᠳ᠋ᠦᠩᠰᠢᠭᠤᠷ ᠵᠢᠩ ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ ᠰᠢᠬᠢᠷ ᠯᠤᠤᠪᠠᠩ᠂ ᠲᠤᠲᠤᠷᠭ᠎ᠠ ᠶᠢᠨ ᠠᠵᠤ ᠦᠢᠯᠡᠰ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ︽ᠰᠢᠬᠢᠷ ᠯᠣᠣᠪᠠᠩ ᠤᠨ ᠠᠵᠤ ᠦᠢᠯᠡᠰ ᠢ ᠬᠥᠭᠵᠢᠭᠦᠯᠬᠦ ᠶᠢ ᠬᠡᠷᠡᠭᠵᠢᠭᠦᠯᠬᠦ ᠲᠥᠰᠦᠯ︾ ︽︿ᠬᠢᠩᠭᠠᠨ ᠠᠶᠢᠮᠠᠭ ᠤᠨ ᠲᠤᠲᠤᠷᠭ᠎ᠠ · ᠵᠠᠯᠠᠶᠢᠳ ᠤᠨ ᠦᠨᠦᠷ ᠠᠮᠲᠠ﹀ ᠶᠢᠨ ᠨᠠᠷᠠᠲᠤ ᠲᠡᠮᠲᠡᠭ ᠤᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠠᠶᠢᠲᠤᠷ ᠨᠠᠶᠢᠳᠠᠪᠤᠷᠢᠵᠢᠭᠤᠯᠤᠨ᠂ ︽ᠪᠢ ᠵᠠᠯᠠᠶᠢᠳ ᠲᠤ ᠨᠢᠭᠡ ᠮᠥ ᠲᠠᠷᠢᠶᠠᠨ ᠭᠠᠵᠠᠷ ᠲᠠᠢ﹀  ᠬᠡᠳᠡᠭ ᠢ ᠲᠣᠭᠲᠠᠭᠠᠨ ᠲᠠᠨᠢᠵᠤ ᠠᠪᠬᠤ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠲᠤᠲᠤᠷᠭᠠᠨ ᠲᠠᠷᠢᠶᠠᠨ ᠤ ᠲᠡᠵᠢᠭᠡᠨ ᠦᠷᠡᠵᠢᠭᠦᠯᠬᠦ + ᠦᠵᠡᠮᠦᠷᠢ ᠶᠢᠨ ᠲᠠᠷᠢᠶᠠᠯᠠᠩ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ᠃ ᠣᠳᠣ ᠦᠶ᠎ᠡ ᠶᠢᠨ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ︽ᠦᠷ᠎ᠡ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠭᠡᠷ ᠤᠨ ᠲᠡᠵᠢᠭᠡᠪᠦᠷᠢ ᠶᠢᠨ ᠡᠬᠦᠯᠳᠡᠷ ᠢ ᠰᠠᠶᠢᠵᠢᠷᠠᠭᠤᠯᠬᠤ ᠳᠤ ᠨᠥᠬᠦᠪᠥᠷᠢ ᠦᠭᠬᠦ ᠶᠢ ᠲᠦᠷ ᠬᠡᠷᠡᠭᠵᠢᠭᠦᠯᠬᠦ ᠠᠷᠭ᠎ᠠ︾ ᠶᠢ ᠰᠠᠶᠢᠲᠤᠷ ᠨᠠᠶᠢᠲᠠᠪᠣᠷᠢᠵᠢᠭᠤᠯᠵᠤ᠂ ᠣᠯᠠᠨ ᠬᠤᠷᠠᠭ᠎ᠠ ᠲᠡᠵᠢᠭᠡᠨ ᠦᠷᠡᠵᠢᠭᠦᠯᠬᠦ ᠶᠢ ᠲᠡᠳᠬᠦᠨ ᠲᠦᠬᠡᠮᠡᠯᠵᠢᠬᠦᠯᠵᠦ᠂ ᠰᠢᠯᠢᠳᠡᠭ ᠡᠬᠦᠯᠳᠡᠷ ᠤᠨ ᠦᠬᠡᠷ ᠬᠤᠨᠢ ᠶᠢ 6.5 ᠲᠦᠮᠡᠨ ᠲᠣᠯᠣᠭᠠᠢ ᠠᠴᠠ ᠳᠡᠭᠡᠭᠰᠢ ᠰᠠᠶᠢᠵᠢᠷᠠᠭᠤᠯᠵᠣ᠂ ᠠᠩᠭᠢᠰ ᠦᠬᠡᠷ ᠢ 4 ᠲᠦᠮᠡᠨ ᠲᠣᠯᠣᠭᠠᠶ ᠳᠤ  ᠬᠦᠷᠬᠡᠵᠦ᠂ ᠭᠠᠭ᠋ᠠᠶ ᠲᠡᠵᠢᠭᠡᠨ ᠦᠷᠡᠵᠢᠬᠦᠯᠬᠦ ᠪᠠᠭ᠎ᠠ ᠲᠣᠭᠤᠷᠢᠭ ᠲᠣᠮᠣ ᠲᠠᠯᠠᠪᠠᠢ ᠶᠢ ᠪᠦᠲᠦᠮᠵᠢᠲᠡᠶ ᠪᠠᠷ ᠠᠮᠢᠳᠤᠯᠢᠭ ᠪᠣᠯᠭᠠᠨ᠂ ᠭᠠᠭ᠋ᠠᠶ ᠶᠢᠨ ᠦᠢᠯᠡᠳᠪᠦᠷᠢᠯᠡᠯ ᠢ ᠲᠦᠷᠭᠡᠳᠬᠡᠨ ᠰᠡᠷᠭᠦᠭᠡᠵᠦ᠂ ᠮᠠᠯ ᠠᠵᠤ ᠠᠬᠤᠢ ᠶᠢᠨ ᠭᠡᠷ ᠤᠨ ᠲᠡᠵᠢᠭᠡᠪᠦᠷᠢ ᠶᠢᠨ ᠲᠤᠭ᠎ᠠ ᠶᠢ 290 ᠲᠦᠮᠡᠨ ᠲᠣᠯᠣᠭᠠᠶ ᠳᠤ ᠬᠦᠷᠬᠡᠨ᠎ᠡ  ᠃ ᠡᠭᠦᠨ ᠳᠤ᠂ ᠮᠢᠬᠠᠨ ᠬᠤᠨᠢ 230 ᠲᠦᠮᠡ᠂ ᠮᠢᠬᠠᠨ ᠦᠬᠡᠷ 24 ᠲᠦᠮᠡᠨ ᠲᠣᠯᠣᠭᠠᠢ᠂ ᠭᠠᠭ᠋ᠠᠶ ᠶᠢ 30 ᠲᠦᠮᠡ ᠳᠤ  ᠬᠦᠷᠬᠡᠨ᠎ᠡ᠃      ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠢ ᠬᠦᠴᠦᠯᠡᠨ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠪᠤᠢ ᠪᠣᠯᠤᠭᠰᠠᠨ ᠴᠢᠳᠠᠮᠵᠢ ᠶᠢ ᠲᠦᠷᠭᠡᠳᠬᠡᠨ ᠬᠦᠭᠵᠢᠬᠦᠯᠵᠦ᠂ ᠬᠤᠶᠠᠳᠤᠭᠠᠷ ᠠᠵᠤ ᠦᠢᠯᠡᠰ ᠢ ᠦᠷᠭᠦᠯᠵᠢᠯᠡᠨ ᠬᠦᠭᠵᠢᠬᠦᠯᠦᠨ᠎ᠡ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ 6 ᠵᠦᠢᠯ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 5.96 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 2.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠾᠧ ᠹᠧᠩ ᠰᠢᠬᠢᠷ ᠯᠤᠤᠪᠠᠩ ᠡᠳ᠋ᠰᠢᠭᠦᠯᠬᠦ ᠲᠥᠷᠥᠯ ᠵᠦᠢᠯ ᠤᠨ ᠠᠴᠢᠶ᠎ᠠ ᠳᠦᠭᠦᠷᠡᠩ ᠦᠢᠯᠡᠳᠪᠦᠷᠢᠯᠡᠬᠦ ᠶᠢ ᠠᠬᠢᠭᠤᠯᠵᠤ᠂ ᠵᠦᠩ ᠨᠦᠩ ᠪᠣᠬᠢᠷᠲᠣᠯ ᠦᠬᠡᠢ ᠡᠨᠧᠷᠭᠢ ᠶᠢᠨ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠶ ᠬᠡᠢ᠂ ᠬᠤᠸᠠ ᠮᠣᠣ ᠤᠰᠤᠨ ᠲᠤᠲᠤᠷᠭ᠎ᠠ ᠡᠳ᠋ᠰᠢᠭᠦᠯᠬᠦ᠂ ᠳ᠋ᠢ ᠸᠧ ᠨᠡᠬᠦᠷᠡᠰᠦᠲᠦ ᠪᠣᠷᠳᠣᠭᠤᠷ᠂ ᠯᠢ ᠪᠠᠢ ᠴᠤᠸᠠᠨ ᠤᠰᠤ ᠠᠷᠪᠢᠯᠠᠬᠤ ᠲᠥᠬᠦᠭᠡᠷᠦᠮᠵᠢ᠂ ᠲᠢᠶᠠᠨ ᠮᠤ᠋ ᠵᠧᠨ ᠦᠬᠡᠷ ᠬᠤᠨᠢ ᠢᠮᠠᠭ᠎ᠠ ᠨᠢᠳᠦᠯᠡᠵᠦ ᠡᠳ᠋ᠰᠢᠭᠦᠯᠬᠦ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠬᠤ ᠶᠢ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠴᠡᠭ ᠢ ᠬᠦᠭᠵᠢᠬᠦᠯᠦᠨ᠎ᠡ᠃ ᠮᠣ᠋ ᠶᠤᠸᠠᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ ᠵᠦᠩ ᠭᠤᠸᠠᠩ ᠾᠧ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ᠂ ᠨᠣᠭᠤᠭᠠᠨ ᠵᠦᠯᠬᠡ ᠶᠢᠨ ᠭᠠᠵᠠᠷ ᠤᠨ ᠵᠢᠯ ᠳᠤ 500 ᠲᠣᠨ ᠬᠠᠷ᠎ᠠ ᠠᠷᠢᠬᠢ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠲᠠᠰᠤᠷᠠᠯᠲᠠ ᠦᠭᠡᠢ ᠤᠷᠲᠤᠳᠬᠠᠨ᠎ᠠ᠃ ᠱᠧᠨ ᠨᠧᠩ ᠤᠨ 48 ᠰᠠᠶ᠎ᠠ ᠸᠠᠲ ᠰᠠᠯᠬᠢᠨ ᠬᠦᠴᠦᠨ ᠤ ᠴᠠᠬᠢᠯᠭᠠᠨ ᠢᠶᠠᠷ ᠢᠯᠴᠢ ᠬᠠᠩᠭᠠᠬᠤ ᠲᠥᠷᠥᠯ ᠵᠦᠢᠯ ᠢ ᠲᠣᠣᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠠᠬᠢᠭᠤᠯᠵᠤ᠂ ᠱᠧᠨ ᠨᠧᠩ ᠤᠨ 300 ᠰᠠᠶ᠎ᠠ ᠸᠠᠲ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠦᠷᠬᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠦᠭᠵᠢᠬᠦᠯᠦᠨ᠎ᠡ᠃ ᠬᠤᠸᠠᠨ ᠢᠦᠢ ᠬᠢᠮᠢ ᠶᠢᠨ ᠠᠵᠤ ᠦᠢᠯᠡᠳᠪᠦᠷᠢ᠂ ᠰᠢᠩ ᠢ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠬᠤᠲᠠ ᠠᠴᠠ ᠨᠡᠬᠦᠵᠦ ᠠᠵᠦ ᠦᠢᠯᠡᠳᠪᠦᠷᠢ ᠶᠢᠨ ᠬᠦᠷᠢᠶᠡᠯᠡᠩ ᠳᠤ  ᠰᠠᠭᠤᠷᠢᠰᠢᠬᠤ ᠶᠢ ᠬᠡᠷᠡᠭᠵᠢᠭᠦᠯᠵᠦ᠂ ᠣᠯᠠᠨ ᠲᠦᠮᠡᠨ ᠤ ᠬᠤᠯᠪᠣᠭ᠎ᠠ ᠶᠢᠨ ᠢᠨᠵᠧᠨᠧᠷᠢᠩ᠂ ᠰᠢᠨ ᠢ ᠴᠧᠩ ᠵᠡᠷᠭᠡ ᠠᠵᠤ ᠠᠬᠤᠶᠢᠯᠠᠯ ᠤᠨ ᠠᠮᠢᠳᠤᠯᠢᠭ ᠪᠣᠯᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ᠂ ᠢᠯᠴᠢ ᠬᠠᠩᠭᠠᠬᠤ᠂ ᠤᠰᠤ ᠭᠠᠳᠠᠭᠰᠢᠯᠠᠭᠤᠯᠬᠤ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠠᠭᠠᠭᠠᠬᠤ ᠴᠢᠳᠠᠪᠤᠷᠢ ᠪᠣᠯᠣᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠢ ᠰᠠᠶᠢᠲᠤᠷ ᠴᠢᠩᠭᠠᠳᠬᠠᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃     ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠨ᠎ᠡ᠃ ︽ᠪᠦᠬᠦ ᠣᠷᠣᠨ ᠪᠦᠰᠡ ᠶᠢᠨ ᠵᠣᠭᠠᠴᠠᠯ︾ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠶᠢ ᠳᠣᠪᠣᠶᠢᠯᠭᠠᠨ᠂ ᠬᠡᠷᠡᠭᠯᠡᠭᠡᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠯᠡᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠢ ᠦᠷᠭᠦᠯᠵᠢᠯᠡᠨ ᠰᠠᠶᠢᠲᠤᠷ ᠬᠢᠨ᠎ᠡ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠠᠷᠠᠳ ᠤᠨ ᠵᠠᠩ ᠦᠢᠯᠡ ᠶᠢᠨ ᠣᠷᠣᠨ ᠰᠠᠭᠤᠴᠠ ᠶᠢᠨ ᠴᠢᠳᠠᠮᠵᠢᠲᠤ ᠲᠣᠭᠤᠷᠢᠭ᠂ ᠪᠠᠶᠠᠨᠲᠠᠯ᠎ᠠ ᠠᠮᠢ ᠠᠬᠤᠢ ᠶᠢᠨ ᠵᠣᠭᠠᠴᠠᠯ ᠤᠨ ᠶᠡᠷᠦᠩᠬᠡᠢ ᠴᠤᠭᠴᠠ ᠵᠡᠷᠭᠡ ᠵᠣᠭᠠᠴᠠᠯ ᠤᠨ ᠲᠥᠷᠥᠯ ᠵᠦᠢᠯ ᠢ ᠡᠮᠬᠢ ᠵᠢᠷᠤᠮ ᠲᠠᠢ ᠪᠠᠷ ᠠᠬᠢᠭᠤᠯᠵᠤ᠂ A ᠲᠡᠰ ᠤᠨ ᠵᠣᠭᠠᠴᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠵᠢᠴᠢ ᠬᠠᠮᠢᠶᠠᠷᠤᠯᠲᠠ ᠶᠢ ᠲᠦᠷᠭᠡᠳᠬᠡᠨ᠂ ᠦᠢᠯᠡᠴᠢᠯᠡᠬᠡᠨ ᠤ ᠴᠢᠳᠠᠮᠵᠢ ᠪᠠᠨ ᠠᠯᠬᠤᠮ ᠠᠯᠬᠤᠮ ᠢᠶᠠᠷ ᠪᠦᠷᠢᠨᠰᠢᠬᠦᠯᠵᠦ᠂ ᠪᠠᠶ᠋ᠬᠠᠣᠯᠠᠭᠠᠨ ᠤ ︽ᠮᠣᠩᠭᠤᠯ ᠧᠦ᠋ᠷᠣᠫᠠ ᠤᠨ ᠵᠠᠩ ᠦᠢᠯᠡ︾ ᠶᠢᠨ ᠵᠣᠭᠠᠴᠠᠯ ᠤᠨ ᠣᠨᠴᠠᠯᠢᠭᠲᠤ ᠪᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢ ᠰᠦᠪᠡᠭᠴᠢᠯᠡᠵᠦ᠂ ᠬᠤᠰᠢᠭᠤᠨ ᠤ ᠬᠡᠪᠴᠢᠶᠡᠨ ᠤ ᠵᠣᠭᠠᠴᠠᠯ ᠤᠨ ᠨᠡᠷᠡᠲᠦ ᠲᠡᠮᠲᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ᠎ᠡ᠃ ᠮᠠᠯᠴᠢᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ ᠰᠤᠶᠣᠯ ᠵᠣᠭᠠᠴᠠᠯ᠂ ᠲᠠᠷᠢᠶᠠᠯᠠᠩ ᠵᠣᠭᠠᠴᠠᠯ᠂ ᠬᠤᠳᠠᠯᠳᠤᠭ᠎ᠠ ᠵᠣᠭᠠᠴᠠᠯ ᠤᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠤ ᠲᠦᠷᠦᠯ ᠵᠦᠢᠯ ᠢ ᠭᠦᠨᠵᠡᠭᠡᠶ ᠬᠡᠷᠡᠭᠵᠢᠭᠦᠯᠵᠦ᠂ ᠠ ᠯᠢ ᠪᠠ ᠪᠠ᠂ ᠵᠢᠩ ᠳ᠋ᠦᠩ᠂ ᠰᠤ᠋ ᠨᠢᠩ᠂ ᠳ᠋ᠧᠦ ᠢᠦᠶ ᠵᠡᠷᠭᠡ ᠨᠡᠷᠡᠲᠦ ᠡᠯᠧᠺᠲᠷᠣᠨ ᠬᠤᠳᠠᠯᠳᠤᠭᠠᠨ ᠤ ᠲᠠᠪᠴᠠᠩ ᠤᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯᠧᠺᠲᠷᠣᠨ ᠬᠤᠳᠠᠯᠳᠤᠭᠠᠨ ᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠬᠡᠮᠵᠢᠶ᠎ᠡ ᠮᠢᠩᠭᠠᠨ ᠲᠦᠮᠡᠨ ᠲᠦᠬᠦᠷᠢᠭ ᠤᠨ ᠶᠡᠭᠡ ᠪᠣᠭᠤᠮᠲᠠ ᠶᠢ ᠰᠢᠪᠲᠤᠯᠬᠤ ᠪᠠᠷ ᠴᠢᠷᠮᠠᠶᠢᠨ᠎ᠠ᠃ ᠡᠯᠧᠺᠲᠷᠣᠨ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠰᠢᠭᠤᠨ ᠤ ᠬᠡᠪᠴᠢᠶᠡᠨ ᠳᠠᠬᠢ ᠪᠠᠷᠠᠭ᠎ᠠ ᠶᠢᠨ ᠭᠦᠢᠯᠭᠡᠭᠡᠨ ᠤ ᠡᠬᠢ ᠪᠠᠶᠠᠯᠢᠭ ᠢ ᠨᠡᠶᠢᠳᠬᠡᠵᠦ᠂ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠲᠦᠷᠭᠡᠨ ᠬᠦᠷᠭᠡᠬᠦ ᠦᠢᠯᠡᠰ ᠢ ᠲᠦᠷᠭᠡᠨ ᠬᠥᠭᠵᠢᠭᠦᠯᠵᠦ᠂ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃     ︵ᠭᠤᠷᠪᠠ︶ ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠳ ᠢ ᠴᠢᠬᠤᠯᠠᠴᠢᠯᠠᠬᠤ ᠶᠢ ᠪᠠᠷᠢᠮᠲᠠᠯᠠᠵᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠥᠬᠦᠷᠡᠰᠢ ᠥᠬᠡᠶ ᠲᠦᠷᠭᠡᠳᠬᠡᠨ᠎ᠡ     ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠨ᠎ᠠ᠃ ︽ᠬᠤᠶᠠᠷ ᠪᠠᠯᠭᠠᠰᠤ︾ ᠶᠢ ᠤᠷᠢᠳ ᠢᠶᠠᠷ ᠶᠠᠪᠤᠭᠳᠠᠭᠤᠯᠬᠤ᠂ ︽ᠬᠤᠶᠠᠷ ᠲᠣᠭᠤᠷᠢᠭ︾ ᠤᠨ ᠵᠢᠱᠢᠶ᠎ᠡ ᠦᠵᠡᠭᠦᠯᠬᠦ᠂ ︽ᠬᠤᠶᠠᠷ ᠪᠦᠰᠡ︾ ᠶᠢᠨ ᠳᠡᠭᠡᠭᠰᠢᠯᠡᠯᠲᠡ ᠂ ︽ᠵᠢᠷᠭᠤᠭᠠᠨ ᠱᠤᠭᠤᠮ︾ ᠤᠨ ᠬᠤᠯᠪᠣᠭᠠᠯᠠᠨ ᠬᠥᠳᠡᠯᠦᠯᠴᠡᠬᠦ᠂ ︽ᠣᠯᠠᠨ ᠴᠡᠭ︾ ᠢ ᠵᠡᠷᠭᠡᠴᠡᠨ ᠣᠷᠣᠭᠤᠯᠬᠤ ᠶᠡᠷᠦᠩᠬᠡᠢ ᠪᠠᠢᠷᠢᠰᠢᠭᠤᠯᠤᠯᠲᠠ ᠶᠢ ᠦᠷᠭᠦᠯᠵᠢᠯᠡᠨ ᠠᠬᠢᠭᠤᠯᠤᠭᠰᠠᠨ ᠰᠠᠭᠤᠷᠢᠨ ᠳᠡᠭᠡᠷ᠎ᠡ᠂ ᠬᠤᠰᠢᠭᠤ ᠱᠠᠲᠤᠨ ᠤ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠡᠷᠦᠩᠬᠡᠢᠯᠡᠭᠰᠡᠨ ᠬᠡᠯᠪᠡᠷᠢ᠂ ᠲᠤᠰᠬᠠᠢ ᠬᠡᠯᠪᠡᠷᠢ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ  ᠪᠦᠳᠦᠬᠡᠨ ᠪᠠᠶᠢᠭᠤᠯᠤᠯᠳᠠ ᠶᠢ ᠰᠠᠶᠢᠳᠦᠷ ᠠᠳᠬᠤᠵᠤ᠂ ᠪᠠᠳᠠᠷᠠᠬᠤ  ᠵᠡᠷᠭᠡ ᠶᠢᠨ ᠦᠯᠢᠭᠡᠷ ᠲᠠᠭᠤᠷᠢᠶᠠᠯᠳᠤ  ᠪᠠᠯᠭᠠᠰᠤ ᠪᠠ ᠡᠷᠲᠡᠨ ᠤ ᠰᠦᠮ᠎ᠡ᠂ ᠬᠤᠰᠤᠲᠠᠢ ᠵᠡᠷᠭᠡ 9 ᠠᠶᠢᠮᠠᠭ ᠤᠨ ᠲᠡᠰ ᠤᠨ ᠦᠯᠢᠭᠡᠷ ᠲᠠᠭᠤᠷᠢᠶᠠᠯᠳᠤ  ᠭᠠᠴᠠᠭᠠᠨ ᠤ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠶᠯᠡᠰ  ᠢ ᠬᠥᠭᠵᠢᠭᠦᠯᠦᠨ ᠮᠠᠨᠳᠤᠭᠤᠯᠬᠤ ᠰᠤᠷᠭᠠᠭᠤᠯᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠥᠷᠨᠢᠭᠦᠯᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ 1᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠤ ᠴᠡᠭ 1 ᠂ ᠠᠵᠤ ᠦᠶᠯᠡᠰ ᠤᠨ ᠰᠠᠭᠤᠷᠢᠨ ᠭᠠᠵᠠᠷ 5 ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ   ᠢ ᠴᠡᠭᠴᠡᠯᠡᠨ ᠵᠠᠰᠠᠬᠤ ᠶᠢ ᠭᠦᠨᠵᠡᠭᠡᠶ  ᠦᠷᠨᠢᠬᠦᠯᠵᠦ᠂ 《 ᠲᠠᠪᠤ ᠶᠢ ᠲᠣᠳᠣᠷᠬᠠᠶᠢᠯᠠᠵᠤ ᠨᠢᠭᠡ ᠶᠢ ᠥᠭᠡᠷᠡᠴᠢᠯᠡᠬᠦ 》 ᠪᠠᠷ ᠬᠠᠷᠠᠯᠲᠠ ᠪᠣᠯᠭᠠᠵᠤ᠂ ᠭᠠᠴᠠᠭ᠎ᠠ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ 《 ᠵᠣᠷᠯᠣᠩ ᠤᠨ ᠬᠤᠪᠢᠰᠬᠠᠯ 》  ᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ 700 ᠡᠷᠦᠬᠡ ᠠᠴᠠ ᠳᠡᠭᠡᠭᠰᠢ ᠥᠭᠡᠷᠡᠴᠢᠯᠡᠬᠦ ᠶᠢ ᠪᠡᠶᠡᠯᠡᠭᠦᠯᠦᠨ᠎ᠡ᠃ ︽ᠠᠮᠢᠳᠤᠷᠠᠯ ᠢᠶᠠᠨ  ᠬᠤᠪᠢᠷᠠᠭᠤᠯᠬᠤ ᠳᠤ ᠬᠦᠷᠢᠶ᠎ᠡ ᠬᠠᠰᠢᠶ᠎ᠠ ᠠᠴᠠ ᠪᠠᠨ ᠡᠬᠢᠯᠡᠬᠦᠯᠬᠦ︾ ᠲᠤᠰᠬᠠᠶ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢᠨ ᠵᠢᠱᠢᠶ᠎ᠡ ᠦᠵᠡᠭᠦᠯᠬᠦ  ᠰᠤᠮᠤ ᠰᠢᠶᠠᠩ ᠪᠠᠯᠭᠠᠰᠤ 2᠂ ᠵᠢᠱᠢᠶ᠎ᠡ ᠦᠵᠡᠭᠦᠯᠬᠦ  ᠭᠠᠴᠠᠭ᠎ᠠ ᠲᠣᠰᠬᠤᠨ 20᠂ ᠵᠢᠱᠢᠶ᠎ᠡ ᠦᠵᠡᠭᠦᠯᠬᠦ ᠡᠷᠦᠬᠡ 600 ᠪᠣᠶ᠃ ᠳᠤᠮᠳᠠ ᠬᠤᠶᠢᠲᠤ ᠬᠡᠰᠡᠭ ᠤᠨ ᠭᠠᠵᠠᠷ ᠣᠷᠣᠨ ᠳᠤ 900 ᠡᠷᠦᠬᠡ᠂ 3000 ᠮᠦ ᠬᠢᠲᠠᠳ ᠡᠪᠡᠰᠦᠨ ᠡᠮ  ᠲᠠᠷᠢᠬᠤ ᠲᠠᠯᠠᠪᠠᠢ ᠭᠠᠷᠭᠠᠨ᠎ᠠ᠃     ᠣᠳᠣ ᠦᠶ᠎ᠡ ᠶᠢᠨ ᠲᠠᠷᠢᠶᠠᠯᠠᠩ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠵᠠᠯᠠᠶᠢᠳ ᠬᠤᠰᠢᠭᠤ ᠶᠢᠨ ᠤᠯᠤᠰ  ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠮᠡᠷᠭᠡᠵᠢᠯ ᠤᠨ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠦᠶᠯᠡᠴᠢᠯᠡᠭᠡ ᠬᠤᠳᠠᠯᠳᠤᠨ ᠠᠪᠬᠤ ᠪᠠ ᠵᠠᠬ᠎ᠠ ᠳᠡᠯᠭᠡᠭᠦᠷᠴᠢᠯᠡᠨ ᠡᠵᠡᠩᠨᠡᠬᠦ  ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠶᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠠᠭᠪᠤᠷ ᠲᠤ ᠰᠢᠨ᠋ ᠎ᠡ ᠶᠢ ᠡᠭᠦᠳᠴᠦ᠂ ᠣᠶᠤᠨᠴᠢ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ ᠤᠨ ᠦᠶᠯᠡᠴᠢᠯᠡᠭᠡ   ᠶᠢᠨ ᠬᠥᠲᠥᠯᠦᠨ ᠳᠠᠭᠠᠭᠤᠯᠬᠤ ᠦᠶᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ ᠰᠢᠨᠯᠢᠨ ᠪᠠᠯᠭᠠᠰᠤ ᠪᠠᠷ ᠲᠥᠪ ᠪᠣᠯᠭᠠᠭᠰᠠᠨ᠂ ᠬᠢᠲᠠᠳ ᠡᠪᠡᠰᠦᠨ ᠡᠮ ᠢᠶᠠᠷ ᠭᠤᠤᠯᠯᠠᠬᠤ ᠠᠵᠤ ᠦᠶᠯᠡᠰ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ  ᠢᠳᠡᠪᠬᠢᠳᠡᠢ ᠪᠠᠷ ᠡᠭᠦᠳᠦᠨ ᠪᠠᠶᠢᠭᠤᠯᠤᠨ᠎ᠠ᠃ ᠡᠭᠦᠯᠳᠡᠷ᠂ ᠶᠠᠰᠤ ᠴᠢᠨᠠᠷ᠂ ᠨᠡᠷᠡᠲᠦ ᠲᠥᠷᠥᠯ ᠲᠡᠮᠳᠡᠭᠲᠦ ᠶᠢᠨ ᠲᠥᠯᠥᠪᠯᠡᠭᠡ ᠶᠢ ᠬᠡᠷᠡᠭᠵᠢᠭᠦᠯᠵᠦ᠂ ᠣᠳᠣ ᠦᠶ᠎ᠡ ᠶᠢᠨ ᠦᠷ᠎ᠡ ᠶᠢᠨ ᠦᠢᠯᠡᠰ ᠤᠨ ᠢᠨᠵᠧᠨᠧᠷᠢᠩ ᠢ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠪᠤᠬᠢᠷᠳᠦᠯ ᠦᠭᠡᠢ᠂ ᠪᠠᠷᠢᠮᠵᠢᠶᠠᠵᠢᠭᠤᠯᠤᠨ ᠦᠶᠯᠡᠳᠪᠦᠷᠢᠯᠡᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠳᠦᠭᠡᠭᠳᠡᠬᠦᠨ ᠤ ᠪᠦᠬᠦ ᠶᠠᠪᠤᠴᠠ ᠶᠢᠨ ᠶᠠᠰᠤ ᠴᠢᠨᠠᠷ   ᠢ ᠡᠵᠡᠮᠳᠡᠬᠦ ᠮᠡᠷᠭᠡᠵᠢᠯ ᠤᠨ  ᠰᠢᠰᠲ᠋ᠧᠮ ᠤᠨ ᠲᠤᠷᠰᠢᠯᠲᠠ ᠶᠢᠨ ᠴᠡᠭ ᠢ ᠪᠦᠲᠦᠭᠡᠨ ᠪᠠᠶᠢᠭᠤᠯᠵᠤ᠂ ᠠᠵᠤ ᠠᠬᠤᠶᠢᠯᠠᠯ ᠤᠨ ᠨᠡᠷᠡᠲᠦ ᠲᠥᠷᠥᠯ ᠲᠡᠮᠳᠡᠭᠲᠦ ᠪᠠ ᠵᠠᠯᠠᠶᠢᠳ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢ ᠶᠡᠬᠡᠪᠡᠷ ᠪᠤᠢ ᠪᠤᠯᠭᠠᠨ᠎ᠠ᠃ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠯᠦᠭᠡ  ᠬᠠᠮᠳᠦᠷᠠᠯᠴᠠᠵᠦ  ᠂ ᠶᠤᠸᠠᠨ ᠯᠦᠩ ᠫᠢᠩ ᠠᠺᠠᠳᠧᠮᠢᠴᠢ ᠶᠢᠨ ᠠᠵᠢᠯ  ᠤᠨ ᠥᠷᠲᠡᠭᠡ ᠶᠢᠨ ᠬᠠᠭᠤᠷᠠᠶ ᠪᠠᠷ ᠲᠠᠷᠢᠬᠤ ᠤᠰᠤᠨ ᠲᠤᠳᠤᠷᠭ᠎ᠠ ᠶᠢ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠨᠠᠢᠳᠠᠪᠤᠷᠢᠵᠢᠭᠤᠯᠬᠤ᠂ ᠰᠢᠨᠵᠢᠶᠠᠩ ᠤᠨ ᠲᠢᠶᠠᠨ ᠶᠧ ᠪᠦᠯᠦᠭᠯᠡᠯ   ᠢ ᠤᠷᠢᠨ ᠠᠪᠴᠢᠷᠠᠵᠤ ᠬᠠᠭᠤᠷᠠᠶ ᠪᠠᠷ ᠲᠠᠷᠢᠬᠤ ᠤᠰᠤᠨ ᠲᠤᠲᠤᠷᠭ᠎ᠠ ᠶᠢᠨ ᠰᠢᠯᠢᠳᠡᠭ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ ᠃ ᠴᠧᠩᠳᠦ᠋ ᠶᠢᠨ ᠠᠮᠤ ᠪᠤᠳᠠᠭᠠᠨ ᠤ ᠪᠦᠯᠦᠭᠯᠡᠯ᠂ ᠬᠠᠩᠵᠧᠦ ᠶᠢᠨ ᠲᠠᠷᠢᠮᠠᠯ ᠤᠨ ᠦᠢᠯᠡᠰ ᠤᠨ ᠪᠦᠯᠦᠭᠯᠡᠯ ᠤᠨ ᠴᠢᠨᠠᠷ ᠰᠠᠶᠢᠳᠠᠢ ᠤᠰᠤᠨ ᠲᠤᠲᠤᠷᠭ᠎ᠠ᠂ ᠡᠷᠳᠡᠨᠢ ᠰᠢᠰᠢ ᠲᠠᠷᠢᠬᠤ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠵᠤ᠂ ︽ᠬᠢᠩᠭᠠᠨ ᠠᠶᠢᠮᠠᠭ ᠤᠨ ᠲᠤᠲᠤᠷᠭ᠎ᠠ · ᠵᠠᠯᠠᠶᠢᠳ ᠤᠨ ᠣᠨᠴᠠ ᠠᠮᠲᠠᠲᠤ ᠲᠤᠲᠤᠷᠭ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠥᠷᠭᠡᠳᠬᠡᠨ᠂ ᠥᠨᠳᠥᠷ ᠤᠨᠠᠯᠲᠠ ᠲᠠᠢ ᠨᠠᠷᠢᠮᠤ᠂ ᠬᠠᠷ᠎ᠠ ᠲᠠᠯᠳᠠᠤ ᠶᠢᠨ ᠣᠨᠴᠠᠯᠢᠭᠲᠤ ᠠᠵᠤ ᠦᠶᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ︽ ᠠᠷᠪᠠ ᠵᠠᠭᠤ ᠮᠢᠩᠭ᠎ᠠ ᠲᠦᠮᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠥᠨᠳᠥᠷ ᠦᠷ᠎ᠡ ᠪᠦᠲᠦᠮᠵᠢᠲᠡᠢ ᠤᠰᠤ ᠠᠷᠪᠢᠯᠠᠬᠤ ᠵᠢᠱᠢᠶ᠎ᠡ ᠦᠵᠡᠭᠦᠯᠬᠦ ᠣᠷᠣᠨ ᠢ 5 ᠪᠠᠶᠢᠭᠤᠯᠤᠨ᠎ᠠ᠃ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠥᠷᠥᠯ ᠵᠦᠶᠯ ᠢ 8 ᠲᠦᠮᠡᠨ ᠮᠥ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠤᠭ᠎ᠠ  ᠶᠢᠨ ᠭᠤᠷᠪᠠᠨ ᠲᠥᠭᠦᠷᠢᠭ ᠤᠨ ᠪᠦᠲᠦᠴᠡ ᠶᠢ  ᠰᠢᠯᠢᠳᠡᠭᠵᠢᠬᠦᠯᠦᠨ᠎ᠡ᠃ᠰᠠᠭᠤᠷᠢ ᠪᠠᠲᠤᠯᠠᠭ᠎ᠠ ᠶᠢ ᠴᠢᠩᠭᠠᠳᠬᠠᠨ᠎ᠠ᠃ 40 ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ 20 ᠲᠦᠮᠡᠨ ᠮᠦ ᠥᠨᠳᠥᠷ  ᠪᠠᠷᠢᠮᠵᠢᠶᠠᠳᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠢᠯ ᠢ 300 ᠮᠦ ᠨᠠᠶᠢᠳᠠᠪᠤᠷᠢᠵᠢᠭᠤᠯᠤᠨ᠎ᠠ᠃ ︽ᠳᠥᠷᠪᠡᠨ ᠱᠠᠲᠤᠨ ᠤ ᠵᠠᠮ ᠤᠨ ᠳᠠᠷᠤᠭ᠎ᠠ ᠶᠢᠨ ᠳᠦᠷᠢᠮ︾ ᠢ ᠴᠢᠩᠭ᠎ᠠ ᠬᠡᠷᠡᠭᠵᠢᠭᠦᠯᠵᠦ᠂ 1000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠰᠢᠭᠤ ᠰᠢᠶᠠᠩ  ᠭᠠᠴᠠᠭᠠᠨ ᠤ ᠭᠤᠷᠪᠠᠨ ᠱᠠᠲᠤᠨ ᠤ ᠵᠠᠰᠠᠮᠠᠯ ᠵᠠᠮ   ᠢ ᠠᠷᠠᠴᠢᠯᠠᠨ  ᠬᠠᠮᠠᠭᠠᠯᠠᠬᠤ ᠢᠨᠵᠧᠨᠧᠷᠢᠩ ᠢ 2109  ᠺᠢᠯᠤᠮᠧᠲᠷ ᠬᠡᠷᠡᠭᠵᠢᠭᠦᠯᠦᠨ᠎ᠡ᠃ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠣᠨᠴᠠ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ  ᠵᠠᠮ   ᠢ 130 ᠺᠢᠯᠤᠮᠧᠲᠷ ᠪᠦᠲᠦᠭᠡᠨ ᠲᠡᠪᠢᠰᠦᠨ᠎ᠡ᠃ 6400 ᠲᠦᠮᠡᠨ ᠲᠥᠭᠦᠷᠢᠭ ᠤᠨ ᠪᠡᠯᠡ ᠮᠦᠩᠬᠦ ᠤᠯᠬᠤ ᠪᠠᠷ ᠴᠢᠷᠮᠠᠶᠢᠵᠦ᠂ ᠪᠠᠯᠠᠭ᠎ᠠ ᠶᠢᠨ ᠶᠡᠭᠡ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠎ᠠ᠃ ᠪᠠᠳᠠᠷᠠᠬᠤ 220 ᠺᠢᠯᠣᠸᠣᠯᠲ ᠤᠨ ᠬᠦᠴᠦᠳᠡᠯ  ᠦᠬᠡᠷᠡᠴᠢᠯᠡᠬᠦ ᠴᠠᠬᠢᠯᠭᠠᠨ ᠵᠢᠴᠢ 66 ᠺᠢᠯᠣᠸᠣᠯᠲ ᠤᠨ ᠲᠦᠭᠡᠭᠡᠨ  ᠭᠠᠷᠭᠠᠵᠦ᠂ ᠬᠢᠩᠭᠠᠨ — ᠢᠨᠳᠡᠷ 220 ᠺᠢᠯᠣᠸᠣᠯᠲ ᠤᠨ Ⅱ ᠪᠤᠴᠠᠯ ᠱᠤᠭᠤᠮ ᠤᠨ ᠢᠨᠵᠧᠨᠧᠷᠢᠩ ᠢ ᠦᠷᠭᠦᠯᠵᠢᠯᠡᠨ ᠪᠠᠶᠢᠭᠤᠯᠵᠤ᠂ 10 ᠺᠢᠯᠣᠸᠣᠯᠲ ᠵᠢᠴᠢ ᠲᠡᠭᠦᠨ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠳᠦᠷᠢᠮ   ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠪᠡᠶᠡᠯᠡᠬᠦᠯᠵᠦ ᠂ ᠬᠠᠮᠲᠤ ᠶᠢᠨ ᠠᠵᠤ ᠠᠬᠤᠢ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠩᠭᠠᠨ ᠪᠣᠷᠣᠯᠠᠭᠤᠯᠬᠤ ᠶᠡᠷᠦᠩᠬᠡᠢᠯᠡᠭᠰᠡᠨ ᠪᠠᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂  ᠭᠠᠴᠠᠭᠠᠨ  ᠤ ᠲᠡᠰ ᠤᠨ ᠶᠡᠷᠦᠩᠬᠡᠢᠯᠡᠭᠰᠡᠨ ᠦᠢᠯᠡᠴᠢᠯᠡᠭᠡᠨ ᠤ ᠬᠤᠷᠰᠢᠶᠠᠵᠢᠯ 30᠂  ᠬᠠᠩᠭᠠᠨ ᠪᠣᠷᠣᠯᠠᠭᠤᠯᠬᠤ ᠬᠤᠷᠰᠢᠶᠠᠵᠢᠯ 1  ᠶᠢ ᠰᠢᠨ᠎ᠡ ᠪᠠᠷ ᠪᠠᠶᠢᠭᠤᠯᠪᠠ᠃ ᠮᠠᠯᠴᠢᠨ ᠲᠠᠷᠢᠶᠠᠴᠢᠨ ᠤ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠦᠷᠭᠦᠯᠵᠢᠯᠡᠨ ᠲᠡᠳᠬᠦᠵᠦ᠂ ᠤᠯᠤᠰ   ᠤᠨ ᠲᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 2᠂ ᠲᠣᠭᠤᠷᠢᠭ ᠤᠨ ᠲᠡᠰ ᠤᠨ 5 ᠡᠷᠦᠬᠡ᠂ ᠵᠢᠱᠢᠶ᠎ᠡ  ᠦᠵᠡᠬᠦᠯᠬᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ 5 ᠪᠠᠶᠢᠭᠤᠯᠤᠨ᠎ᠠ᠃      ︵ᠳᠦᠷᠪᠡ︶ ᠲᠦᠷᠦᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠥᠭᠵᠢᠯᠲᠡ ᠶᠢᠨ ᠴᠢᠳᠠᠪᠬᠢ ᠶᠢ ᠨᠡᠮᠡᠭᠳᠡᠭᠦᠯᠦᠨ᠎ᠡ      ᠪᠦᠬᠦ ᠬᠦᠴᠦᠨ ᠢᠶᠠᠷ ᠢᠶᠠᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠠᠶᠢᠮᠠᠭ ᠤᠨ ᠲᠡᠰ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 25 ᠵᠦᠢᠯ ᠬᠡᠷᠡᠭᠵᠢᠭᠦᠯᠵᠦ᠂ ᠵᠢᠯ ᠤᠨ ᠳᠣᠲᠣᠷ᠎ᠠ 28 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ︽ᠴᠤᠤᠯ ᠭᠤᠤᠯ ᠤᠨ ᠤᠰᠤ ᠶᠢ ᠯᠢᠶᠣᠤ ᠾᠧ ᠭᠤᠤᠯ ᠳᠤ ᠲᠠᠲᠠᠬᠤ︾ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠨᠢᠭᠡᠳᠦᠭᠡᠷ ᠬᠤᠭᠤᠴᠠᠭᠠᠨ ᠤ ᠠᠷᠠᠳ ᠢ ᠨᠡᠭᠦᠯᠭᠡᠬᠦ ᠡᠭᠦᠷᠭᠡ ᠶᠢ ᠪᠡᠶᠡᠯᠡᠭᠦᠯᠵᠦ᠂ 664 ᠡᠷᠦᠬᠡ᠂ 2202 ᠬᠥᠮᠦᠨ ᠢ ᠨᠡᠭᠦᠯᠭᠡᠵᠦ᠂ 1 ᠴᠤᠭᠯᠠᠭ᠎ᠠ ᠪᠠᠯᠭᠠᠰᠤ᠂ 2 ᠲᠥᠪᠬᠢᠨᠡᠭᠦᠯᠬᠦ‍ ᠴᠢᠭ ᠢ ᠰᠢᠨ᠎ᠡ ᠪᠠᠷ ᠪᠠᠶᠢᠭᠤᠯᠵᠤ᠂  ᠤᠰᠤᠨ ᠳᠤ ᠠᠪᠳᠠᠬᠰᠠᠨ ᠣᠷᠣᠨ ᠤ  ᠭᠤᠤᠯ ᠤᠨ ᠵᠡᠭᠦᠨ ᠪᠠᠷᠠᠭᠤᠨ ᠡᠷᠭᠢ ᠶᠢᠨ ᠵᠠᠰᠠᠮᠠᠯ ᠵᠠᠮ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠬᠠᠰᠢᠯᠭ᠎ᠠ ᠶᠢ ᠬᠠᠰᠢᠵᠤ ᠤᠷᠤᠰᠬᠠᠯ ᠤᠨ ᠴᠦᠬᠦᠷᠡᠮ ᠤᠨ ᠢᠷᠣᠭᠠᠷ ᠢ ᠴᠡᠪᠡᠷᠯᠡᠬᠦ ᠶᠢ ᠪᠡᠶᠡᠯᠡᠭᠦᠯᠵᠦ᠂ 1.8 ᠲᠦᠮᠡᠨ ᠰᠠᠭᠤᠷᠢ ᠬᠤᠪᠣᠷ ᠴᠤᠬᠠᠭ ᠮᠣᠳᠣᠨ ᠤ ᠲᠥᠷᠥᠯ ᠢ ᠰᠢᠯᠵᠢᠭᠦᠯᠦᠨ ᠵᠠᠶᠢᠯᠠᠵᠦ᠂ ᠦᠨᠳᠡᠭᠡᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠥᠷᠥᠯ ᠵᠦᠢᠯ ᠢ ᠲᠥᠯᠥᠪᠵᠢᠭᠦᠯᠦᠨ᠎ᠡ᠃ ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠵᠦᠩ ᠷᠦᠩ ᠭᠦᠸᠧ ᠵᠢᠢ ᠠᠵᠤ ᠦᠢᠯᠡᠳᠪᠦᠷᠢ ᠶᠢᠨ  ᠤᠯᠠᠭᠠᠨᠬᠤᠳᠠ — ᠬᠠᠷᠠᠮᠦᠷᠡᠨ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠨᠡᠶᠢᠳᠡ ᠶᠢᠨ ᠬᠡᠷᠡᠭᠯᠡᠬᠡᠨ ᠤ  ᠨᠢᠰᠭᠡᠯ ᠤᠨ ᠪᠠᠭᠤᠳᠠᠯ᠂ ᠮᠤ᠋ ᠶᠤᠸᠠᠨ ᠤ 200 ᠲᠦᠮᠡᠨ ᠭᠠᠭ᠋ᠠᠢ ᠲᠡᠵᠢᠭᠡᠬᠦ᠂ ᠵᠢᠦ ᠾᠧ ᠶᠢᠨ ︽ᠵᠢᠩᠬᠢᠨᠢ ᠡᠮ ᠤᠨ ᠮᠠᠲ᠋ᠧᠷᠢᠶᠠᠯ︾ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠢᠶᠠᠩ ᠳ᠋ᠠ ᠷᠦᠢ ᠯᠢᠨ᠂ ᠮᠧᠩ ᠱᠢ ᠠᠩᠭᠢᠰ ᠮᠢᠬᠠᠨ ᠦᠬᠡᠷ ᠲᠡᠵᠢᠭᠡᠨ ᠦᠷᠡᠵᠢᠭᠦᠯᠬᠦ᠂ ᠲᠢᠶᠠᠨ ᠮᠤ᠋ ᠵᠧᠨ ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ ᠵᠡᠷᠭᠡ ᠲᠥᠷᠦᠯ ᠵᠦᠢᠯ ᠤᠨ ᠦᠢᠯᠡᠳᠪᠦᠷᠢᠯᠡᠯ ᠦᠷ᠎ᠡ ᠠᠰᠢᠭ ᠲᠤ ᠬᠦᠷᠬᠦ ᠶᠢ ᠠᠬᠢᠭᠤᠯᠤᠨ᠎ᠠ᠃ 204 ᠮᠤᠵᠢ ᠶᠢᠨ ᠲᠡᠰ ᠤᠨ ᠵᠠᠰᠠᠮᠠᠯ ᠵᠠᠮ ᠤᠨ  ᠬᠤᠷᠤᠭ᠎ᠠ ᠠᠭᠤᠯᠠ — ᠴᠠᠷᠠᠰᠤᠨ ᠬᠦᠷᠬᠦ ᠬᠡᠰᠡᠭ᠂ ᠴᠢ ᠵᠢᠶᠠ ᠽᠢ ᠠᠴᠠ ᠯᠠᠮᠠ ᠶᠢᠨ ᠠᠭᠤᠢ ᠬᠦᠷᠬᠦ ᠶᠡᠭᠡ ᠬᠥᠭᠦᠷᠭᠡ ᠶᠢᠨ ᠵᠤᠭᠠᠴᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠩ ᠰᠢᠩ ᠠᠴᠠ ᠷᠠᠰᠢᠶᠠᠨ ᠵᠠᠯᠠᠶᠢᠳ ᠤᠨ ᠵᠠᠭᠠᠭ ᠬᠦᠷᠬᠦ ᠵᠠᠰᠠᠮᠠᠯ ᠵᠠᠮ ᠢ ᠥᠭᠡᠷᠡᠴᠢᠯᠡᠵᠦ ᠥᠷᠭᠡᠳᠭᠡᠨ ᠪᠠᠶᠢᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 309 ᠮᠤᠵᠢ ᠶᠢᠨ ᠲᠡᠰ ᠤᠨ ᠵᠠᠰᠠᠮᠠᠯ ᠵᠠᠮ ᠤᠨ ᠦᠷᠡᠵᠢᠯ ᠤᠨ ᠲᠠᠯᠠᠪᠠᠢ ᠠᠴᠠ ᠠᠯᠲᠠᠷ ᠬᠦᠷᠬᠦ ᠬᠡᠰᠡᠭ᠂ 111 ᠤᠯᠤᠰ ᠠᠴᠠ ᠲᠡᠰ ᠤᠨ ᠵᠠᠰᠠᠮᠠᠯ ᠵᠠᠮ ᠤᠨ ᠢᠨᠳᠡᠷ ᠠᠴᠠ ᠰᠢᠨᠯᠢᠨ ᠤ ᠬᠤᠶᠢᠲᠤ ᠬᠡᠰᠡᠭ ᠬᠦᠷᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠤᠨ᠎ᠠ᠃     ᠨᠠᠷᠢᠯᠢᠭ ᠣᠨᠣᠴᠠᠲᠠᠶ ᠪᠠᠷ ᠵᠣᠯᠭᠠᠭᠤᠯᠵᠤ ᠲᠥᠷᠥᠯ ᠵᠦᠢᠯ ᠣᠯᠬᠤ ᠪᠠᠷ ᠴᠢᠷᠮᠠᠶᠢᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠢᠮᠠᠭᠳᠠ ᠠᠩᠬᠠᠷᠴᠤ᠂ ᠰᠠᠭᠤᠷᠢ  ᠲᠦᠬᠦᠭᠡᠷᠦᠮᠵᠢ  ᠶᠢᠨ ᠳᠤᠲᠠᠭᠤᠳᠠᠯ ᠢᠶᠠᠨ ᠨᠥᠬᠦᠪᠥᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠳᠡᠰ ᠳᠡᠪᠰᠢᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠷᠥᠯ ᠵᠦᠢᠯ ᠤᠨ ᠨᠥᠭᠡᠴᠡ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠥᠭᠡᠴᠡᠯᠡᠬᠦ ᠲᠥᠷᠥᠯ  ᠵᠦᠢᠯ ᠢ 100 ᠠᠴᠠ ᠳᠡᠭᠡᠭᠰᠢ ᠳᠤ ᠬᠦᠷᠭᠡᠵᠦ᠂ 28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠳᠡᠭᠡᠳᠦ ᠱᠠᠲᠤᠨ ᠠᠴᠠ ᠴᠢᠷᠮᠠᠶᠢᠨ ᠣᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠲᠣᠭᠲᠠᠭᠤᠨ ᠢᠶᠠᠷ ᠨᠡᠮᠡᠭᠳᠡᠬᠦ ᠶᠢ ᠦᠨᠡᠨᠬᠦ ᠪᠠᠲᠤᠯᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠰᠠᠭᠤᠷᠢ ᠶᠢ ᠬᠦᠴᠦᠷᠬᠡᠭᠵᠢᠭᠦᠯᠬᠦ᠂ ᠠᠯᠤᠰ ᠬᠡᠲᠦ ᠪᠠ ᠶᠡᠭᠡ ᠲᠠᠯ᠎ᠠ ᠳᠤ ᠠᠰᠢᠭᠲᠠᠶ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ᠂ ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠵᠤ᠂ ᠢᠳᠡᠪᠬᠢᠲᠡᠶ ᠪᠠᠷ ᠲᠥᠷᠥᠯ ᠵᠦᠢᠯ ᠪᠠᠶᠢᠭᠤᠯᠤᠨ ᠪᠠᠯᠠ ᠮᠥᠩᠭᠦ ᠴᠢᠷᠮᠠᠶᠢᠨ ᠣᠯᠵᠤ᠂ ᠴᠢᠴᠢᠬᠠᠷ ᠠᠴᠠ ᠤᠯᠠᠭᠠᠨᠬᠤᠲᠠ᠂ ᠤᠯᠠᠭᠠᠨᠬᠤᠲᠠ ᠠᠴᠠ ᠲᠥᠩᠯᠢᠶᠤᠤ ᠬᠦᠷᠬᠦ ᠲᠡᠮᠦᠷ ᠵᠠᠮ᠂ ᠭᠧᠩ ᠵᠢᠶᠠ ᠳᠦᠨ ᠴᠥᠭᠦᠷᠥᠮ᠂ ᠴᠤᠤᠯ ᠭᠤᠤᠯ ᠤᠨ ᠤᠰᠤᠨ ᠵᠠᠮ ᠤᠨ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠴᠢᠬᠤᠯᠠ ᠶᠡᠭᠡ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ︽ᠲᠦᠯᠦᠪᠯᠡᠭᠡ︾ ᠳᠤ ᠣᠷᠣᠭᠤᠯᠬᠤ ᠶᠢ ᠠᠬᠢᠭᠤᠯᠤᠨ᠎ᠠ᠃      ᠬᠤᠳᠠᠯᠳᠤᠭᠠᠴᠢᠨ ᠤᠷᠢᠵᠤ ᠲᠥᠷᠥᠯ ᠵᠦᠢᠯ ᠣᠷᠣᠭᠤᠯᠬᠤ ᠶᠢ ᠪᠣᠳᠠᠲᠠᠶᠢᠵᠢᠭᠤᠯᠤᠨ᠎ᠠ᠃ ᠬᠢᠩᠭᠠᠨ ᠠᠶᠢᠮᠠᠭ ᠤᠨ ᠠᠷᠪᠠᠨ ᠲᠣᠮᠣ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠲᠠᠢ ᠢᠳᠡᠪᠬᠢᠲᠡᠢ ᠵᠣᠯᠭᠠᠭᠤᠯᠵᠤ᠂ ᠮᠠᠨ ᠤ ᠬᠤᠰᠢᠭᠤᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠴᠢᠨᠠᠷ ᠰᠠᠶᠢᠲᠠᠢ ᠠᠵᠤ ᠦᠢᠯᠡᠰ ᠤᠨ ᠲᠥᠷᠥᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠬᠥᠮᠥᠷᠭᠡ ᠶᠢ ᠲᠡᠭᠦᠯᠳᠡᠷᠵᠢᠭᠦᠯᠦᠨ᠎ᠡ᠃ ᠠᠵᠤ ᠦᠢᠯᠡᠰ ᠤᠨ ᠬᠤᠳᠠᠯᠳᠤᠭᠠᠴᠢᠨ ᠤᠷᠢᠬᠤ᠂ ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ ᠢ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠪᠦᠲᠦᠮᠵᠢᠲᠡᠢ ᠠᠷᠭ᠎ᠠ ᠬᠡᠯᠪᠡᠷᠢ ᠶᠢ ᠴᠢᠩᠭᠠᠳᠬᠠᠵᠤ᠂ 3 ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠬᠤᠯᠪᠣᠭ᠎ᠠ ᠠᠪᠬᠤ ᠲᠥᠪ ᠤᠨ ᠦᠢᠯᠡᠳᠦᠯ ᠢ ᠪᠠᠳᠠᠷᠠᠭᠤᠯᠵᠤ᠂ ᠪᠡᠭᠡᠵᠢᠩ᠂ ᠱᠠᠨᠳᠦ᠋ᠩ᠂ ᠵᠧᠵᠢᠶᠠᠩ᠂ ᠬᠤᠪᠸᠢ᠂ ᠰᠧᠴᠤᠸᠠᠨ ᠵᠡᠷᠭᠡ ᠭᠠᠵᠠᠷ ᠣᠷᠣᠨ ᠯᠤᠭ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠢᠭᠡ ᠪᠦᠯᠦᠭ ᠰᠠᠶᠢᠨ ᠲᠥᠷᠦᠯ ᠵᠦᠢᠯ ᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠬᠤ ᠪᠠᠷ ᠬᠦᠴᠦᠯᠡᠵᠦ᠂ ᠳ᠋ᠦᠩᠰᠢᠭᠤᠷ ᠲᠥᠭᠦᠷᠢᠭ ᠤᠨ ᠲᠥᠷᠦᠯ ᠵᠦᠢᠯ ᠢ 3 ᠠᠴᠠ ᠳᠡᠭᠡᠭᠰᠢ ᠣᠷᠣᠭᠤᠯᠬᠤ ᠪᠠᠷ ᠴᠢᠷᠮᠠᠶᠢᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠡᠷᠲᠡᠬᠡᠨ ᠶᠠᠷᠢᠯᠴᠠᠨ᠂ ᠭᠡᠷ᠎ᠡ ᠲᠣᠭᠲᠠᠬᠤ ᠲᠥᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠦ᠂ ᠪᠠᠶᠢᠭᠤᠯᠵᠤ ᠪᠠᠶᠢᠭ᠎ᠠ ᠲᠥᠷᠦᠯ ᠵᠦᠢᠯ ᠢ ᠡᠷᠲᠡᠬᠡᠨ ᠦᠢᠯᠡᠳᠪᠦᠷᠢᠯᠡᠬᠦ ᠶᠢ ᠠᠬᠢᠭᠤᠯᠵᠤ᠂ 43 ᠳ᠋ᠦᠩᠰᠢᠭᠤᠷ ᠲᠥᠭᠦᠷᠢᠭ ᠠᠴᠠ ᠳᠡᠭᠡᠭᠰᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ︵ᠲᠠᠪᠤ︶ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ ᠬᠤᠲᠠ ᠪᠠᠯᠭᠠᠰᠤᠨ ᠤ ᠴᠢᠳᠠᠪᠬᠢ ᠶᠢᠨ ᠴᠢᠨᠠᠷ ᠴᠢᠨᠠᠰᠠᠭ᠎ᠠ  ᠶᠢ ᠦᠷᠭᠦᠯᠵᠢᠯᠡᠨ ᠰᠢᠯᠢᠳᠡᠭᠵᠢᠭᠦᠯᠦᠨ᠎ᠡ      ᠢᠵᠢ ᠪᠦᠷᠢᠳᠦᠭᠰᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠵᠤ᠂ ᠰᠢᠨ᠎ᠡ ᠬᠡᠯᠪᠡᠷᠢ ᠶᠢᠨ ᠤᠶᠤᠨᠲᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠤᠯ ᠤᠨ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢᠨ ᠠᠮᠢ ᠠᠬᠤᠶ ᠶᠢᠨ ᠵᠠᠰᠠᠯᠲᠠ᠂ ᠰᠤᠮᠤ ᠰᠢᠶᠠᠩ ᠪᠠᠯᠭᠠᠰᠤᠨ ᠤ ᠵᠢᠵᠢᠭ ᠬᠡᠯᠪᠡᠷᠢ ᠶᠢᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠦᠨ᠎ᠡ᠃ 4700 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠦᠯᠬᠦᠮᠳᠡᠯ ᠵᠠᠮ ᠤᠨ ᠡᠮᠦᠨ᠎ᠡ ᠬᠡᠰᠡᠭ ᠤᠨ ᠤᠷᠲᠤᠳᠬᠠᠯ᠂ ᠢᠦᠢ ᠼᠠᠢ ᠵᠡᠭᠡᠯᠢ ᠬᠢᠭᠡᠳ ᠬᠦᠷᠡᠯ ᠵᠡᠭᠡᠯᠢ ᠶᠢᠨ ᠠᠭᠤᠯᠵᠠᠭᠤᠷ ᠵᠠᠮ ᠤᠨ ᠨᠢᠭᠡᠳᠦᠭᠡᠷ ᠬᠤᠭᠤᠴᠠᠭ᠎ᠠ᠂ ᠯᠧ ᠾᠥᠸᠧ ᠰᠢᠨ᠎ᠡ ᠲᠣᠭᠤᠷᠢᠭ ᠤᠨ ᠬᠠᠷᠢᠶᠠᠲᠤ ᠵᠠᠮ ᠤᠨ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠎ᠠ᠃ ᠬᠤᠲᠠ ᠶᠢᠨ ᠲᠣᠭᠤᠷᠢᠭ ᠤᠨ ᠬᠤᠭᠤᠯᠠᠢ ᠲᠣᠣᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠥᠸᠧ ᠨᠧᠩ ᠠᠮᠢᠳᠤ ᠪᠣᠳᠠᠰ ᠤᠨ ᠴᠢᠨᠠᠷᠲᠤ ᠢᠯᠴᠢ ᠴᠠᠬᠢᠯᠭᠠᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠤᠰᠤ ᠬᠠᠩᠭᠠᠬᠤ ᠬᠤᠭᠤᠯᠠᠢ ᠲᠣᠣᠷ ᠢ 3 ᠺᠢᠯᠤᠮᠧᠲᠷ ᠥᠭᠡᠷᠡᠴᠢᠯᠡᠨ ᠰᠠᠶᠢᠵᠢᠷᠠᠭᠤᠯᠵᠤ᠂ 20 ᠺᠢᠯᠤᠮᠧᠲᠷ ᠪᠣᠬᠢᠷ ᠤᠰᠤᠨ ᠤ ᠬᠤᠭᠤᠯᠠᠢ ᠲᠣᠣᠷ ᠢ ᠳᠡᠪᠢᠰᠴᠦ᠂ ᠤᠰᠤ ᠬᠠᠩᠭᠠᠬᠤ ᠳᠠᠷᠤᠯᠲᠠ ᠨᠡᠮᠡᠬᠦ ᠪᠠ ᠪᠣᠬᠢᠷ ᠤᠰᠤ ᠰᠢᠢᠳᠪᠦᠷᠢᠯᠡᠬᠦ ᠶᠢ ᠨᠢᠭᠡ ᠴᠣᠭᠴᠠᠵᠢᠭᠤᠯᠤᠨ ᠳᠡᠭᠡᠭᠰᠢᠯᠡᠭᠦᠯᠬᠦ ᠬᠥᠭᠡᠷᠭᠡ ᠶᠢᠨ ᠦᠷᠳᠡᠭᠡ ᠶᠢ ᠲᠣᠰᠪᠣᠷᠢ 1 ᠰᠠᠭᠤᠷᠢ ᠰᠢᠨ᠎ᠡ ᠪᠠᠷ ᠪᠠᠶᠢᠭᠤᠯᠤᠨ᠎ᠠ᠃ ︽ᠤᠯᠤᠰ ᠤᠨ ᠲᠡᠰ ᠤᠨ ᠴᠡᠴᠡᠷᠯᠢᠭ ᠤᠨ ᠰᠢᠶᠠᠨ ᠤ ᠬᠤᠲᠠ︾ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠳᠤᠯᠠᠭᠠᠨ ᠨᠠᠭᠤᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠯᠭᠠᠰᠤ ᠲᠣᠭᠤᠷᠢᠭ ᠤᠨ ᠦᠵᠡᠮᠵᠢ ᠶᠢᠨ ᠭᠠᠵᠠᠷ᠂ ᠵᠡᠭᠡᠯᠢ ᠭᠤᠳᠤᠮᠵᠢ ᠵᠡᠷᠭᠡ ᠴᠢᠬᠤᠯᠠ ᠵᠠᠩᠭᠢᠯᠠᠭ᠎ᠠ ᠶᠢᠨ ᠭᠠᠵᠠᠷ ᠤᠨ ᠨᠣᠭᠤᠭᠠᠷᠠᠭᠤᠯᠤᠯᠲᠠ ᠶᠢ ᠬᠡᠷᠡᠭᠵᠢᠭᠦᠯᠦᠨ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ ᠶᠢ 2.84 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃     ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠥᠷᠯᠦᠭᠡ ᠣᠷᠤᠢ ᠶᠢᠨ ᠵᠠᠬ᠎ᠠ ᠳᠡᠯᠭᠡᠭᠦᠷ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢ ᠬᠠᠷᠠᠭᠠᠨ ᠳᠠᠪᠲᠠᠮᠵᠢ ᠪᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃ ᠵᠠᠮ ᠡᠵᠡᠯᠡᠨ ᠡᠵᠡᠩᠨᠡᠬᠦ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠦᠷᠭᠦᠯᠵᠢᠯᠡᠨ ᠵᠠᠰᠠᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠵᠣᠭᠰᠣᠬᠤ ᠥᠷᠲᠡᠭᠡ ᠴᠢᠭ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠬᠤ ᠬᠡᠷᠡᠭᠲᠡᠶ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ ᠂ ᠵᠢᠵᠢᠭ ᠲᠣᠭᠤᠷᠢᠭ ᠤᠨ ᠥᠮᠴᠢᠲᠡᠨ ᠤ ᠵᠥᠪᠯᠡᠯ ᠤᠨ ᠴᠢᠳᠠᠮᠵᠢ ᠶᠢ ᠴᠢᠩᠭᠠᠷᠠᠭᠤᠯᠤᠨ᠂ ᠠᠳᠠᠯ ᠠᠬᠤᠢ ᠶᠢᠨ ᠬᠠᠮᠢᠶᠠᠷᠤᠯᠲᠠ ᠥᠬᠡᠶ ᠪᠠᠶᠢᠬᠤ ᠵᠢᠵᠢᠭ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠭᠤᠤᠯᠳᠠᠯᠭ᠎ᠠ ᠲᠠᠢ ᠳᠡᠭᠡᠭᠰᠢᠯᠡᠭᠦᠯᠦᠨ᠎ᠡ᠃ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠬᠠᠮᠢᠶᠠᠷᠤᠯᠲᠠ ᠶᠢ ᠵᠢᠷᠤᠮᠵᠢᠭᠤᠯᠵᠤ ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠤᠤᠯ ᠠᠴᠠ ᠪᠠᠶᠢᠭᠰᠠᠨ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠬᠥᠲᠥᠯᠦᠨ ᠵᠢᠯᠣᠭᠤᠳᠤᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠭᠲᠠᠭᠠᠯ ᠠᠴᠠ ᠵᠥᠷᠢᠴᠡᠨ ᠰᠢᠭᠠᠷᠤ ᠰᠢᠷᠣᠶ᠂ ᠬᠠᠶᠢᠷ ᠴᠢᠯᠠᠭᠤ ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ᠬᠠᠤᠯᠢ ᠠᠴᠠ ᠵᠥᠷᠢᠴᠡᠨ ᠳᠦᠷᠢᠮ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤ ᠥᠷᠨᠢᠭᠦᠯᠵᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠳᠤᠷ᠎ᠠ ᠪᠠᠷ ᠢᠶᠠᠨ ᠪᠦᠲᠦᠭᠡᠨ ᠪᠠᠶᠢᠭᠤᠯᠬᠤ ᠶᠢ ᠡᠷᠡᠰ ᠬᠤᠷᠢᠭᠯᠠᠨ᠎ᠠ᠃ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠤᠲᠠ ᠪᠠᠯᠭᠠᠰᠤ ᠶᠢ ᠴᠡᠪᠡᠷᠰᠢᠭᠦᠯᠬᠦ ᠡᠴᠦᠰ ᠤᠨ ᠨᠢᠭᠡ ᠺᠢᠯᠣᠮᠧᠲᠷ ᠢ ᠰᠠᠶᠢᠲᠤᠷ ᠴᠢᠩᠭᠠᠳᠬᠠᠨ᠎ᠠ᠃     ︵ᠵᠢᠷᠭᠤᠭ᠎ᠠ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠠᠮᠢ ᠠᠬᠤᠶ ᠶᠢᠨ ᠠᠮᠤᠷ ᠲᠦᠪᠰᠢᠨ ᠤ  ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ     ᠠᠮᠢ ᠠᠬᠤᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠢᠴᠢ ᠲᠠᠯ᠎ᠠ ᠨᠤᠲᠤᠭ ᠤᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠢ ᠱᠠᠯᠠᠪᠳᠠᠭᠤᠯᠤᠨ ᠪᠠᠶᠢᠴᠠᠭᠠᠯᠲᠠ᠂ ︽ᠨᠣᠭᠤᠭᠠᠨ ᠪᠠᠮᠪᠠᠢ︾ ᠲᠤᠰᠬᠠᠢ ᠠᠵᠢᠯᠯᠠᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠴᠢᠳᠠᠮᠵᠢᠳᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠨᠡᠩ ᠥᠨᠳᠥᠷ ᠵᠣᠭᠰᠣᠴᠠ ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠱᠤᠭᠤᠮ ᠤᠨ ︽ᠭᠤᠷᠪᠠᠨ ᠤᠯᠠᠭᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ︽ᠪᠣᠬᠢᠷᠲᠤᠯ ᠦᠭᠡᠢ ᠠᠭᠤᠷᠬᠠᠢ︾ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠡᠷᠡᠭᠵᠢᠭᠦᠯᠵᠦ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠪᠦᠲᠦᠮᠵᠢᠲᠡᠢ ᠠᠬᠢᠭᠤᠯᠤᠨ᠎ᠠ᠃ ᠪᠣᠭᠳᠠ ᠠᠭᠤᠯᠠ ᠤᠯᠤᠰ ᠤᠨ ᠣᠢ ᠰᠢᠭᠤᠢ ᠶᠢᠨ ᠴᠡᠴᠡᠷᠯᠢᠭ ᠤᠨ ᠵᠠᠭᠠᠭ ᠲᠣᠭᠲᠠᠭᠠᠬᠤ ᠪᠠᠷᠢᠮᠵᠢᠶ᠎ᠠ ᠶᠢ ᠪᠡᠶᠡᠯᠡᠭᠦᠯᠵᠦ᠂ ᠴᠤᠤᠯ ᠲᠦᠰᠢ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠤᠬᠠᠭᠳᠠᠬᠤᠨ ᠤ ᠴᠢᠨᠠᠷᠲᠠᠢ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠲᠠ ᠶᠢ ᠬᠢᠨᠠᠮᠠᠭᠠᠶ ᠥᠷᠨᠢᠭᠦᠯᠵᠦ᠂ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃     ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠡᠯᠴᠢᠭᠡᠷ ᠡᠪᠡᠰᠦᠨ ᠤ  ᠰᠢᠰᠲ᠋ᠧᠮᠲᠦ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠤᠮᠠᠷᠠᠲᠤ ᠶᠢᠨ ᠪᠠᠷᠠᠭᠤᠨ ᠬᠤᠶᠢᠲᠤ ᠣᠷᠤᠨ᠂ ᠤᠮᠠᠷᠠᠲᠤ ᠣᠷᠤᠨ᠂ ᠵᠡᠭᠦᠨ ᠬᠤᠶᠢᠲᠤ ᠣᠷᠣᠨ ᠤ ᠬᠠᠯᠬᠠᠪᠴᠢ ᠤᠢ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ 15 ᠲᠦᠮᠡᠨ ᠮᠦ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠶ ᠬᠡᠪᠡᠷᠡᠭ ᠨᠤᠲᠤᠭ ᠪᠡᠯᠴᠢᠭᠡᠷ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶ ᠶᠢᠨ ᠣᠶ ᠪᠠ ᠣᠶ ᠶᠢᠨ ᠬᠤᠷᠮᠣᠶ ᠶᠢᠨ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠵᠦ᠂ 2 ᠲᠦᠮᠡᠨ ᠮᠥ  ᠳᠤ ᠮᠠᠯᠵᠢᠬᠤ ᠶᠢ ᠵᠣᠭᠰᠤᠭᠠᠨ ᠡᠪᠡᠰᠦ ᠪᠡᠯᠴᠢᠭᠡᠷ ᠢ ᠰᠡᠷᠭᠦᠭᠡᠬᠦ ᠶᠢ ᠬᠡᠷᠡᠭᠵᠢᠭᠦᠯᠵᠦ᠂ 1 ᠲᠦᠮᠡᠨ ᠮᠥ ᠰᠢᠳ ᠬᠦᠢᠯᠡᠰᠦ᠂ 1.5 ᠲᠦᠮᠡᠨ ᠮᠥ ᠣᠶ ᠰᠢᠭᠤᠶ ᠡᠪᠡᠰᠦᠨ ᠡᠮ ᠤᠨ ᠵᠦᠢᠯᠡᠰ ᠢ ᠬᠥᠭᠵᠢᠭᠦᠯᠦᠨ᠎ᠡ᠃ ᠤᠰᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ 8200 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠶᠡᠭᠡ ᠭᠤᠣᠯ ᠮᠥᠷᠡᠨ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 18.2 ᠺᠢᠯᠣᠮᠧᠲᠷ ᠳᠠᠯᠠᠩ ᠵᠠᠰᠠᠨ᠎ᠠ᠃ 6800 ᠲᠦᠮᠡᠨ ᠲᠥᠭᠦᠷᠢᠭ ᠪᠡᠯᠡ ᠣᠷᠣᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ᠂ ᠳᠤᠮᠳᠠ ᠪᠠᠭ᠎ᠠ ᠭᠤᠣᠯ ᠮᠥᠷᠡᠨ᠂  ᠠᠭᠤᠯᠠᠨ ᠦᠶᠡᠷ ᠤᠨ ᠭᠤᠤ ᠵᠡᠷᠭᠡ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠰᠠᠪᠠ ᠭᠠᠵᠠᠷ ᠠᠯᠤᠰᠯᠠᠨ ᠤᠰᠤ ᠲᠠᠲᠠᠬᠤ ︽ᠴᠤᠤᠯ ᠭᠤᠣᠯ ᠤᠨ ᠤᠰᠤ ᠶᠢ ᠲᠠᠲᠠᠬᠤ︾ ᠤᠰᠤᠨ ᠰᠤᠷᠪᠤᠯᠵᠢ ᠶᠢᠨ ᠢᠨᠵᠧᠨᠧᠷᠢᠩ ᠢ ᠠᠬᠢᠭᠤᠯᠵᠤ᠂ ᠵᠠᠮ ᠳᠠᠭᠠᠤ ᠶᠢᠨ ᠭᠠᠵᠠᠷ ᠳᠣᠣᠷᠠᠬᠢ ᠤᠰᠤ ᠵᠢᠴᠢ ᠲᠡᠮᠡᠬᠡᠴᠢ ᠬᠠᠮᠠᠭᠠᠯᠠᠯᠲᠠ ᠶᠢᠨ ᠣᠷᠣᠨ ᠤ ᠭᠠᠵᠠᠷ ᠲᠡᠭᠡᠷᠡᠬᠢ ᠤᠰᠤ ᠶᠢ 2400 ᠲᠦᠮᠡᠨ ᠪᠣᠰᠤᠭ᠎ᠠ ᠳᠥᠷᠪᠡᠯᠵᠢᠨ ᠮᠧᠲᠷ ᠨᠥᠬᠦᠪᠥᠷᠢᠯᠡᠵᠦ᠂  ᠲᠡᠮᠡᠬᠡᠴᠢ ᠬᠠᠮᠠᠭᠠᠯᠠᠯᠲᠠ ᠶᠢᠨ ᠣᠷᠣᠨ ᠤ ᠨᠤᠭᠤ ᠭᠠᠵᠠᠷ ᠤᠨ ᠠᠮᠢ ᠠᠬᠤᠢ ᠶᠢ ᠦᠷᠭᠦᠯᠵᠢᠯᠡᠨ ᠬᠠᠮᠠᠭᠠᠯᠠᠨ᠎ᠠ᠃ ᠬᠥᠮᠦᠨ ᠤ ᠬᠦᠴᠦ ᠪᠠᠷ ᠮᠥᠨᠳᠥᠷ ᠰᠡᠷᠭᠡᠶᠢᠯᠡᠬᠦ᠂ ᠮᠦᠨᠳᠦᠷ ᠫᠤᠤᠳᠠᠬᠤ ᠶᠡᠭᠡ ᠫᠤᠤ ᠶᠢᠨ ᠠᠵᠢᠯᠯᠠᠬᠤ 4 ᠴᠡᠭ ᠢ ᠰᠢᠨ᠎ᠡ ᠪᠠᠷ ᠪᠠᠶᠢᠭᠤᠯᠤᠨ᠂ ᠪᠦᠬᠦ ᠬᠤᠰᠢᠭᠤᠨ ᠤ ᠮᠦᠨᠳᠦᠷ ᠰᠡᠷᠬᠡᠶᠢᠯᠡᠬᠦ ᠴᠡᠭ   ᠢ 18  ᠪᠤᠯᠭᠠᠵᠦ  ᠴᠠᠭ ᠠᠭᠤᠷ  ᠤᠨ ᠭᠠᠮᠰᠢᠭ ᠢ ᠪᠦᠲᠦᠮᠵᠢᠲᠡᠢ ᠰᠡᠷᠭᠡᠶᠢᠯᠡᠨ᠎ᠡ᠃      ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠣᠢ ᠰᠢᠭᠤᠶ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠪᠤᠯᠤᠨ ᠮᠠᠯ ᠢ ᠲᠡᠩᠴᠡᠭᠦᠷᠢᠲᠠᠢ ᠪᠠᠶᠢᠯᠭᠠᠬᠤ ᠴᠢᠩᠭ᠎ᠠ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠣᠢ ᠰᠢᠭᠤᠶ ᠶᠢᠨ ᠲᠠᠯᠠᠪᠠᠢ ᠶᠢᠨ ᠣᠢ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠬᠤ ᠶᠢ ᠲᠤᠰᠬᠠᠢ ᠴᠡᠭᠴᠡᠯᠡᠨ ᠵᠠᠰᠠᠬᠤ᠂ ᠨᠤᠲᠤᠭ ᠪᠡᠯᠴᠢᠭᠡᠷ ᠤᠨ ︽ᠲᠣᠭᠲᠠᠭᠠᠯ ᠠᠴᠠ ᠵᠥᠷᠢᠴᠡᠨ ᠪᠠᠶᠢᠭᠤᠯᠬᠤ︾ ᠶᠢ ᠴᠡᠭᠴᠡᠯᠡᠬᠦ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠢᠶᠠᠨ ᠪᠠᠶᠢᠬᠤ︾ ᠶᠢ  ᠴᠡᠭᠴᠡᠯᠡᠬᠦ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ᠂ ᠳᠤᠷ᠎ᠠ ᠪᠠᠷ ᠢᠶᠠᠨ ᠮᠤᠳᠤ ᠤᠬᠳᠤᠯᠬᠤ ᠪᠠ ᠬᠠᠤᠯᠢ ᠪᠤᠰᠤ ᠪᠠᠷ ᠴᠢᠯᠠᠭᠤ ᠭᠠᠷᠭᠠᠬᠤ᠂ ᠡᠯᠡᠰᠦ ᠮᠠᠯᠲᠠᠬᠤ᠂ ᠰᠢᠷᠣᠶ  ᠲᠡᠭᠡᠭᠡᠬᠦ᠂ ᠭᠠᠵᠠᠷ ᠡᠵᠡᠯᠡᠬᠦ ᠵᠡᠷᠭᠡ ᠠᠮᠢ ᠠᠬᠤᠶ ᠣᠷᠴᠢᠨ ᠲᠣᠭᠤᠷᠢᠨ ᠢ ᠡᠪᠳᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠰᠤᠨ ᠤ ᠪᠣᠬᠢᠷᠲᠤᠯ ᠢ ᠵᠠᠰᠠᠬᠤ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ︽ᠭᠤᠷᠪᠠᠨ ᠤᠰᠤ ᠶᠢ ᠬᠠᠮᠲᠤ ᠪᠠᠷ ᠵᠠᠰᠠᠬᠤ︾ ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠ ᠪᠠᠭ᠎ᠠ ᠭᠤᠤᠯ ᠮᠥᠷᠡᠨ ᠤ 68 ᠵᠠᠭᠠᠭ ᠱᠤᠭᠤᠮ ᠵᠢᠴᠢ ᠭᠤᠤᠯ ᠤᠨ ᠵᠠᠮ ᠢᠶᠠᠷ ᠡᠯᠡᠰᠦ ᠮᠠᠯᠲᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ︽ᠭᠤᠤᠯ ᠮᠥᠷᠡᠨ ᠰᠠᠭᠠᠳ ᠥᠬᠡᠶ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ ᠶᠡᠷᠦᠩᠬᠡᠶ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃      ︵ᠳᠣᠯᠤᠭ᠎ᠠ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ ᠪᠦᠬᠦ ᠰᠡᠳᠬᠢᠯ ᠪᠦᠬᠦ ᠵᠣᠷᠢᠭ  ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ      ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢ ᠨᠡᠩ ᠲᠥᠪ ᠭᠤᠣᠯᠴᠢ ᠪᠣᠯᠭᠠᠨ᠎ᠠ᠃ ᠬᠤᠲᠠ ᠪᠠᠯᠭᠠᠰᠤᠨ ᠤ 1500 ᠠᠴᠠ ᠳᠡᠭᠡᠭᠰᠢ ᠬᠥᠮᠦᠨ ᠳᠤ ᠠᠵᠢᠯ ᠣᠯᠭᠤᠵᠤ᠂ 1000 ᠠᠴᠠ ᠳᠡᠭᠡᠭᠰᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠭᠠᠷᠭᠠᠵᠦ᠂ ᠠᠵᠢᠯ ᠠᠯᠳᠠᠭᠰᠠᠨ ᠪᠠ ᠠᠵᠢᠯ ᠣᠯᠬᠤ ᠳᠤ ᠬᠦᠴᠢᠷᠳᠡᠯ ᠲᠠᠢ 1000 ᠬᠥᠮᠦᠨ ᠳᠤ ᠳᠠᠬᠢᠨ ᠠᠵᠢᠯ ᠣᠯᠭᠤᠵᠤ᠂ 1400 ᠲᠦᠮᠡᠨ ᠲᠥᠭᠦᠷᠢᠭ ᠤᠨ ᠠᠳᠠᠯ ᠦᠢᠯᠡᠰ ᠪᠦᠲᠦᠭᠡᠬᠦ ᠳᠠᠭᠠᠭᠠᠯᠲᠠᠲᠤ ᠵᠢᠭᠡᠯᠡᠯᠭᠡ ᠲᠠᠯᠪᠢᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤᠷᠢᠬᠤ ᠵᠢᠴᠢ ︽ᠰᠠᠭᠠᠳ ᠦᠭᠡᠢ ᠨᠡᠪᠲᠡᠷᠡᠬᠦ ᠵᠠᠮ︾ ᠤᠨ ᠳᠡᠭᠡᠳᠦ ᠳᠡᠰ ᠳᠠᠪᠬᠤᠷᠭ᠎ᠠ ᠶᠢᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠨ᠎ᠡ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠨᠢᠭᠲᠠ ᠪᠠᠶᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠬᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠵᠡᠷᠭᠡ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠰᠠᠶᠢᠳᠦᠷ ᠬᠠᠮᠢᠶᠠᠷᠬᠤ  ᠶᠢ ᠴᠢᠩᠭᠠᠳᠬᠠᠨ᠂ ︽ᠬᠡᠤᠬᠡᠳ ᠤᠨ ᠬᠡᠷ ᠪᠦᠯᠢ︾ ᠶᠢ 2 ᠪᠠᠶᠢᠭᠤᠯᠤᠨ᠎ᠠ᠃ ᠨᠠᠰᠤᠵᠢᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠥᠪ ᠤᠨ ᠣᠨᠴᠠ ᠬᠠᠮᠠᠭᠠᠯᠠᠯᠲᠠ ᠶᠢᠨ ᠣᠷᠣᠨ ᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︽ᠬᠤᠶᠠᠷ ᠵᠦᠢᠯ ᠤᠨ ᠪᠡᠯᠡ ᠮᠥᠩᠭᠦ ᠭᠤᠷᠪᠠᠨ ᠳᠦᠷᠢᠮ︾ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠤᠨ ᠲᠥᠷᠥᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠬᠦᠮᠦᠨ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠨ᠎ᠠ᠃     ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠩ ᠰᠠᠶᠢᠨ ᠬᠥᠭᠵᠢᠯᠲᠡ ᠶᠢ ᠪᠡᠶᠡᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ᠂ ᠠᠯᠪᠠᠨ ᠵᠢᠷᠤᠮ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠦᠪᠯᠡᠨ ᠠᠬᠢᠭᠤᠯᠵᠤ᠂ ᠭᠤᠷᠪᠠᠳᠤᠭᠠᠷ ᠬᠡᠤᠬᠡᠳ ᠤᠨ ᠴᠡᠴᠡᠷᠯᠢᠭ ᠢ ᠡᠬᠢᠯᠡᠨ ᠬᠡᠷᠡᠭᠯᠡᠵᠦ᠂ ᠳᠥᠷᠪᠡᠳᠦᠭᠡᠷ ᠬᠡᠤᠬᠡᠳ  ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠢᠨᠳᠡᠷ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠬᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ  ᠪᠠᠶᠢᠭᠤᠯᠬᠤ᠂ ᠢᠨᠳᠡᠷ ᠳᠣᠯᠣᠳᠤᠭᠠᠷ ᠪᠠᠭ᠎ᠠ ᠰᠤᠷᠭᠠᠭᠤᠯᠢ᠂ ᠨᠠᠢᠮᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠣᠨᠴᠠ ᠠᠵᠢᠯ ᠤᠨ ᠪᠠᠶᠢᠷᠢ ᠶᠢᠨ ᠪᠠᠭᠰᠢ ᠶᠢ 100 ᠬᠥᠮᠦᠨ ᠠᠴᠠ ᠳᠡᠭᠡᠭᠰᠢ ᠤᠷᠢᠨ ᠬᠡᠷᠡᠭᠯᠡᠵᠦ᠂ ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠬᠢ ᠶᠢᠨ ᠨᠢᠭᠡᠳᠦᠭᠡᠷ ᠱᠣᠭᠤᠮ ᠠᠴᠠ ᠳᠠᠪᠠᠭ᠋ᠤ ᠬᠥᠮᠦᠨ ᠤ ᠲᠤᠭ᠎ᠠ ᠶᠢ 50% ᠪᠠᠷ ᠳᠡᠭᠡᠭᠰᠢᠯᠡᠭᠦᠯᠬᠦ ᠪᠠᠷ ᠴᠢᠷᠮᠠᠶᠢᠵᠤ᠂ ᠢᠨᠳᠡᠷ ᠲᠠᠬᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠳᠤ ᠣᠷᠤᠬᠤ ᠨᠣᠷᠮ᠎ᠠ ᠶᠢ 80% ᠠᠴᠠ ᠳᠡᠭᠡᠭᠰᠢ ᠲᠣᠭᠲᠠᠭᠤᠨ ᠪᠠᠶᠢᠯᠭᠠᠨ᠎ᠠ᠃ ᠮᠣᠩᠭᠤᠯ ᠡᠮᠨᠡᠯᠭᠡ ᠶᠢᠨ ᠬᠤᠷᠢᠶ᠎ᠠ ᠶᠢ ᠪᠦᠬᠦᠯᠢ ᠴᠣᠭᠴᠠ ᠪᠠᠷ ᠨᠢ ᠨᠡᠭᠦᠯᠭᠡᠬᠦ ᠪᠠ ᠨᠠᠰᠤᠲᠠᠶᠢᠴᠤᠳ ᠤᠨ ᠡᠪᠡᠳᠴᠢᠨ ᠤ ᠥᠷᠥᠭᠡᠨ ᠤ ᠠᠰᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠥᠷᠭᠡᠳᠬᠡᠨ ᠪᠠᠶᠢᠭᠤᠯᠬᠤ᠂ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠡᠪᠡᠳᠴᠢᠲᠡᠨ ᠤ ᠠᠰᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠪᠠ ᠠᠪᠤᠷᠠᠨ ᠡᠮᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠠᠤᠯᠢ ᠪᠤᠰᠤ   ᠪᠠᠷ ᠬᠡᠭᠡᠷ᠎ᠡ ᠶᠢᠨ ᠠᠮᠢᠲᠠᠨ  ᠢ  ᠠᠷᠠᠯᠵᠢᠶᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ   ᠤ ᠮᠢᠬ᠎ᠠ ᠶᠢ ᠢᠳᠡᠬᠦ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠮᠠᠭᠤ ᠳᠠᠳᠬᠠᠯ ᠢ  ᠦᠬᠡᠶᠢᠰᠬᠡᠨ᠎ᠡ᠃ ᠬᠠᠮ ᠵᠠᠭᠤᠴᠢᠯᠠᠭᠤᠷ ᠤᠨ ᠲᠥᠪ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠪᠡᠶᠡᠴᠢᠯᠡᠨ ᠣᠶᠢᠯᠠᠭᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠡᠷ ᠢ ᠰᠢᠨ᠎ᠡ ᠪᠠᠷ ᠪᠠᠶᠢᠭᠤᠯᠵᠤ᠂ ᠤᠬᠠᠭᠤᠯᠭ᠎ᠠ ᠶᠢᠨ ᠰᠣᠶᠣᠯ ᠤᠨ ᠲᠥᠪ ᠢ ᠥᠭᠡᠷᠡᠴᠢᠯᠡᠵᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ︽ᠴᠤᠤᠯ ᠭᠤᠤᠯ ᠤᠨ ᠰᠣᠶᠣᠯ ᠵᠤᠭᠠᠴᠠᠯ ᠤᠷᠠᠯᠢᠭ ᠤᠨ ᠨᠠᠶᠢᠷ︾ ᠤᠨ ᠰᠢᠷᠢᠰ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ ᠤ ︽ᠲᠠᠯ᠎ᠠ ᠨᠤᠲᠤᠭ ᠤᠨ ᠵᠤᠭᠠᠴᠠᠯ︾ ᠤᠨ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠢ ᠢᠳᠡᠪᠬᠢᠲᠡᠶ ᠳᠠᠭᠠᠭᠠᠴᠢᠯᠠᠨ ᠡᠷᠭᠢᠯᠡᠵᠦ᠂ ᠪᠥᠬᠦ ᠣᠷᠣᠨ ᠤ ︽ᠪᠡᠶ᠎ᠡ ᠴᠢᠭᠢᠷᠠᠭᠵᠢᠭᠤᠯᠬᠤ︾  ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠵᠤ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠎ᠠ᠃      ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠬᠥᠭᠵᠢᠯᠲᠡ ᠶᠢ ᠨᠡᠩ ᠦᠷᠭᠦᠯᠵᠢᠯᠡᠬᠦ ᠴᠢᠨᠠᠷᠲᠠᠢ ᠪᠣᠯᠭᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠶ᠂ ᠨᠡᠶᠢᠭᠡᠮ᠂ ᠨᠠᠮ ᠤᠨ ᠪᠠᠶᠢᠭᠤᠯᠣᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠠᠮᠧᠷᠢᠺᠠ ᠶᠢᠨ ᠠᠵᠣ ᠠᠬᠤᠢ ᠠᠷᠠᠯᠵᠢᠶᠠᠨ ᠤ ᠲᠡᠮᠡᠴᠡᠯ᠂ ᠭᠠᠳᠠᠭᠠᠲᠣ ᠶᠢᠨ ᠣᠷᠴᠢᠨ ᠲᠣᠭᠤᠷᠢᠨ ᠵᠡᠷᠭᠡ 8 ᠬᠦᠷᠢᠶᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠯᠢᠭ ᠨᠠᠶᠢᠳᠠᠪᠤᠷᠢᠵᠢᠭᠤᠯᠵᠣ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠨ᠎ᠡ᠃ 1500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠡᠶᠢᠭᠡᠮ ᠤᠨ ᠵᠠᠰᠠᠯᠲᠠ ᠶᠢᠨ ᠶᠡᠷᠦᠩᠬᠡᠢ ᠦᠢᠯᠡᠴᠢᠯᠡᠬᠡᠨ ᠤ ᠲᠥᠪ ᠢ ᠰᠢᠨ᠎ᠡ ᠪᠠᠷ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠬᠦᠷᠢᠶ᠎ᠡ ᠴᠠᠷᠠᠭ᠎ᠠ ᠳᠤ ︽ᠨᠢᠭᠡ ᠯᠡ ᠡᠭᠦᠳᠡ ᠪᠠᠷ ᠣᠷᠣᠬᠤ︾᠂ ︽ᠬᠠᠮᠤᠭ ᠢᠯᠡᠬᠦᠦ ᠳᠤ ᠪᠠᠨ ᠨᠢᠭᠡ ᠯᠡ ᠭᠠᠵᠠᠷ ᠲᠤ ᠣᠴᠢᠬᠤ︾ ᠶᠢ ᠴᠢᠷᠮᠠᠶᠢᠨ ᠪᠡᠶᠡᠯᠡᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠨ ᠪᠠᠶᠢᠴᠠᠭᠠᠬᠤ ᠲᠤᠬᠠᠶᠢᠯᠠᠭᠰᠠᠨ ᠠᠵᠢᠯ ᠳᠤ ᠭᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ᠵᠢᠯ ᠤᠨ ᠳᠣᠲᠣᠷ᠎ᠠ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠳᠡᠯᠭᠡᠷᠡᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠷᠠᠳ ᠤᠨ ᠡᠶᠡᠳᠡᠭᠦᠯᠭᠡ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠣᠯᠣᠨ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ ᠶᠢ ᠴᠢᠩᠭ᠎ᠠ ᠭᠡᠷᠡᠭᠵᠢᠬᠦᠯᠵᠦ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ᠂ ᠬᠠᠮᠲᠣ ᠨᠡᠶᠢᠲᠡ ᠶᠢᠨ ᠰᠤᠷᠪᠤᠯᠵᠢᠯᠠᠭ᠎ᠠ᠂ ᠱᠠᠳᠤ ᠠᠯᠤᠰᠯᠠᠨ ᠰᠤᠷᠪᠤᠯᠵᠢᠯᠠᠬᠤ᠂ ᠬᠡᠪ ᠤᠨ ᠪᠤᠰᠤ ᠰᠤᠷᠪᠤᠯᠵᠢᠯᠠᠭ᠎ᠠ ᠬᠢᠬᠦ ᠵᠡᠷᠭᠡ ︽ᠲᠦᠷᠪᠡ ᠶᠢ ᠪᠠᠭᠤᠷᠠᠭᠤᠯᠬᠤ︾ ᠶᠢ ᠠᠬᠢᠭᠤᠯᠤᠨ᠎ᠠ᠃ ᠨᠡᠶᠢᠭᠡᠮ ᠤᠨ ᠠᠮᠣᠷ ᠤᠨ ᠬᠠᠮᠭᠠᠯᠠᠯᠲᠠ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ᠂ ᠳᠣᠲᠣᠭᠠᠳᠤ ᠶᠢ ᠬᠠᠮᠠᠭᠠᠯᠠᠬᠤ ︽ᠬᠤᠶᠠᠷ ᠦᠨᠳᠦᠰᠦᠨ ᠠᠵᠢᠯᠯᠠᠭ᠎ᠠ︾ ᠶᠢ ᠥᠷᠨᠢᠭᠦᠯᠵᠦ᠂ ︽ᠭᠢᠯᠠᠯᠵᠠᠮ᠎ᠠ ᠢᠨᠵᠧᠨᠧᠷᠢᠩ︾ ᠤᠨ ᠬᠡᠷᠡᠭᠯᠡᠭᠡᠨ ᠤ ᠬᠠᠮᠢᠶᠠᠷᠤᠯᠲᠠ ᠶᠢ ᠬᠠᠮᠵᠢᠯᠴᠠᠨ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠪᠥᠬᠦ ᠤᠯᠤᠰ ᠤᠨ ᠠᠮᠤᠷ ᠲᠦᠪᠰᠢᠨ ᠤ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠬᠤᠰᠢᠭᠤ︾ ᠶᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠬᠦᠯᠦᠨ ᠳᠡᠭᠡᠭᠰᠢᠯᠡᠭᠦᠯᠦᠨ᠎ᠡ᠃ ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠲᠠᠪᠣᠷᠢᠵᠢᠭᠤᠯᠵᠣ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠶᠡᠷᠦᠩᠬᠡᠶᠢᠯᠡᠭᠰᠡᠨ ᠨᠥᠭᠡᠴᠡ ᠬᠦᠮᠦᠷᠬᠡ ᠪᠣᠯᠣᠨ ᠵᠢᠯᠣᠭᠤᠳᠬᠤ ᠲᠦᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠯᠡᠨ ᠣᠯᠬᠤ ᠪᠠᠷ ᠴᠢᠷᠮᠠᠶᠢᠬᠤ ᠬᠡᠷᠡᠭᠲᠡᠶ᠃ ᠠᠶᠣᠯᠬᠦᠢ ᠦᠢᠯᠡᠳᠪᠦᠷᠢᠯᠡᠯ ᠤᠨ ᠡ᠊ᠨᠳᠡᠯ ᠭᠠᠷᠬᠤ ᠲᠤᠭ᠎ᠠ᠂ ᠦᠬᠦᠵᠦ ᠰᠢᠷᠬᠠᠲᠤᠭᠰᠠᠨ ᠬᠥᠮᠦᠨ ᠤ ᠲᠤᠭ᠎ᠠ ᠪᠣᠯᠤᠨ ᠠᠵᠤ ᠠᠬᠤᠢ ᠶᠢᠨ ᠡᠳ᠋ ᠬᠥᠷᠥᠩᠭᠡ ᠶᠢᠨ ᠬᠤᠬᠢᠷᠠᠯ ᠤᠨ ︽ᠭᠤᠷᠪᠠ ᠶᠢ ᠪᠠᠭᠤᠷᠠᠭᠤᠯᠬᠤ︾ ᠶᠢ ᠪᠦᠬᠦ ᠲᠠᠯ᠎ᠠ ᠪᠠᠷ ᠠᠬᠢᠭᠤᠯᠵᠤ᠂ ᠠᠶᠣᠯᠬᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠲᠤᠮᠤ ᠡ᠊ᠨᠳᠡᠯ ᠪᠣᠯᠤᠨ ᠣᠯᠠᠨ ᠨᠡᠶᠢᠲᠡ ᠶᠢᠨ ᠠᠶᠣᠯᠬᠦᠢ ᠶᠢᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠪᠣᠯᠣᠨ ᠴᠡᠷᠢᠭ ᠠᠷᠠᠳ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠡᠶ᠎ᠡ ᠵᠣᠬᠢᠴᠠᠯ ᠪᠣᠯᠣᠨ ᠠᠮᠣᠷ ᠲᠣᠭᠲᠠᠭᠤᠨ ᠢ ᠬᠠᠮᠠᠭᠠᠯᠠᠨ᠎ᠠ᠃      ︵ᠨᠠᠢᠮᠠ︶ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠣ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ      ᠵᠠᠰᠠᠭ ᠶᠠᠪᠤᠭᠤᠯᠬᠤ ᠶᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠂ ᠪᠣᠳᠠᠲᠠᠢ ᠠᠵᠢᠯᠯᠠᠬᠤ ᠳᠤ ᠪᠤᠢ᠃ ᠪᠢᠳᠡ ᠤᠯᠤᠰ ᠲᠥᠷᠥ ᠶᠢ ᠡᠷᠬᠢᠮᠯᠡᠬᠦ᠂ ᠬᠠᠤᠯᠢ ᠪᠠᠷ ᠵᠠᠰᠠᠬᠤ ᠶᠢ ᠴᠢᠬᠤᠯᠠᠴᠢᠯᠠᠬᠤ᠂ ᠵᠣᠷᠢᠭᠲᠠᠶ ᠪᠠᠷ  ᠬᠠᠷᠢᠭᠤᠴᠠᠯᠭ᠎ᠠ ᠡᠭᠦᠷᠭᠡᠯᠡᠬᠦ᠂ ᠬᠤᠷᠢᠭ᠎ᠠ ᠱᠤᠭᠤᠮ ᠢ ᠰᠠᠬᠢᠬᠤ ᠶᠢ ᠵᠠᠰᠠᠭ ᠤᠨ ᠣᠷᠳᠣᠨ ᠤ ᠬᠤᠪᠢ ᠪᠡᠶ᠎ᠡ ᠶᠢᠨ ᠪᠠᠶᠢᠭᠤᠯᠤᠯᠲᠠ ᠶᠢᠨ ᠴᠢᠬᠤᠯᠠ ᠬᠦᠴᠦᠯᠡᠬᠦ ᠴᠡᠭ ᠪᠣᠯᠭᠠᠵᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠠᠷᠠᠳ ᠲᠦᠮᠡᠨ ᠤ ᠰᠡᠳᠬᠢᠯ  ᠳᠤ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠭᠤᠶᠢᠪᠢᠰᠢ ᠥᠬᠡᠶ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠬᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠦᠪᠡᠷᠲᠡᠬᠡᠨ ᠵᠠᠰᠠᠬᠤ ᠣᠷᠣᠨ᠂ ᠠᠶᠢᠮᠠᠭ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠰᠠᠭᠠᠳ ᠥᠬᠡᠶ᠂ ᠵᠠᠷᠯᠢᠭ ᠴᠠᠭᠠᠵᠠ ᠶᠢ ᠬᠡᠷᠡᠭᠵᠢᠭᠦᠯᠦᠨ᠎ᠡ᠃ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠦᠷ᠎ᠡ  ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠬᠦᠯᠵᠦ᠂ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠵᠣ ᠳᠦᠷᠢᠮᠵᠢᠬᠦᠯᠬᠦ ᠶᠢ ᠠᠬᠢᠭᠤᠯᠣᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠣᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠵᠦᠢᠯᠡᠰ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠵᠤ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠳᠣᠯᠣᠳᠣᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠬᠦᠯᠵᠦ᠂ ︽ᠲᠣᠪᠶᠤᠭ ᠤᠨ ᠬᠡᠯᠪᠡᠷᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠢᠯᠡᠴᠢᠯᠡᠬᠡᠨ ᠢ ᠭᠡᠷᠡᠭᠵᠢᠬᠦᠯᠵᠦ᠂ ︽ᠬᠤᠶᠠᠷ ᠢ ᠲᠠᠰᠢᠷᠠᠮᠳᠠᠭᠤᠯᠬᠤ ᠨᠢᠭᠡ ᠶᠢ ᠢᠯᠡ ᠪᠣᠯᠭᠠᠬᠤ︾ ᠲᠣᠭᠲᠠᠴᠠ ᠶᠢ ᠭᠦᠨᠵᠡᠭᠡᠶᠢᠷᠡᠭᠦᠯᠦᠨ᠂ ᠠᠵᠢᠯᠯᠠᠬᠤ ᠶᠠᠪᠣᠴᠠ ᠪᠣᠯᠣᠨ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠣᠯᠣᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠣᠯᠣᠨ ᠣᠯᠣᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂  ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠥᠷᠨᠢᠭᠦᠯᠬᠦ ᠶᠢ ᠶᠡᠬᠡᠪᠡᠷ ᠳᠠᠮᠵᠢᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃            ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠠᠬᠢ ᠳᠣᠪᠣᠶᠢᠮ᠎ᠠ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ 5000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠪᠣᠯᠣᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠬᠦᠯᠵᠢᠯᠡᠨ ᠨᠠᠶᠢᠲᠠᠪᠣᠷᠢᠵᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠢᠬᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠣᠯᠲᠠ ᠶᠢ ᠲᠦᠷᠭᠡᠳᠬᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠣ᠂ ︽ᠳᠥᠷᠪᠡ ᠶᠢ ᠡᠷᠬᠢᠯᠡᠬᠦ︾᠂ ︽ᠲᠠᠪᠤᠨ ᠨᠢᠭᠡ︾ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃     ᠠᠷᠢᠭᠤᠨ ᠴᠢᠬᠡᠴᠢ ᠬᠤᠷᠢᠭ᠎ᠠ ᠱᠤᠭᠤᠮ ᠢ ᠰᠠᠬᠢᠨ᠎ᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠬᠦᠷᠬᠡᠯᠡᠬᠦ︾ ᠶᠢ ᠬᠢᠨᠠᠮᠠᠭᠠᠶ ᠬᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠰᠠᠶᠢᠲᠤᠷ ᠴᠢᠩᠭᠠᠳᠬᠠᠵᠣ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ ᠪᠣᠯᠣᠨ ᠰᠤᠷᠲᠠᠯ ᠤᠨ ᠠᠰᠠᠭᠤᠳᠠᠯ᠂ ᠦᠨᠳᠦᠰᠦᠨ ᠱᠠᠲᠤᠨ ᠤ ᠦᠴᠦᠬᠡᠨ ᠢᠯᠵᠠᠷᠠᠯ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯᠴᠢ ᠠᠷᠪᠢᠴᠢ ᠪᠠᠷ ᠠᠵᠢᠯᠯᠠᠬᠤ ᠵᠠᠷᠴᠢᠮ ᠢ ᠪᠠᠷᠢᠮᠲᠠᠯᠠᠨ᠂ ︽ᠠᠯᠪᠠᠨ ᠤ ᠭᠤᠷᠪᠠᠨ ᠵᠠᠷᠤᠳᠠᠯ︾ ᠪᠣᠯᠣᠨ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠣ᠂  ᠬᠢᠨᠠᠨ ᠪᠣᠳᠣᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠦᠩᠬᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠨᠠᠮ ᠤᠨ ᠤᠯᠤᠰ ᠲᠦᠷᠦ ᠬᠠᠥᠯᠢ ᠴᠠᠭᠠᠵᠠ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ ᠵᠠᠰᠠᠭ ᠤᠨ ᠰᠤᠷᠲᠠᠯ ᠢᠶᠠᠷ ᠬᠥᠭᠵᠢᠯᠲᠡ ᠶᠢ ᠪᠠᠲᠤᠯᠠᠵᠤ᠂ ᠠᠷᠠᠳ ᠤᠨ ᠢᠲᠡᠭᠡᠯ ᠢ ᠤᠯᠬᠤ ᠬᠡᠷᠡᠭᠲᠡᠢ᠃     ᠲᠥᠯᠥᠭᠡᠯᠡᠭᠴᠢᠳ ᠡ᠂ ᠡᠭᠦᠷᠭᠡ ᠬᠠᠷᠢᠭᠤᠴᠠᠯᠭ᠎ᠠ ᠪᠠᠨ ᠴᠠᠯᠠᠭᠠᠶᠢᠷᠠᠭᠤᠯᠵᠤ ᠪᠣᠯᠬᠤ ᠦᠭᠡᠢ᠂ ᠬᠦᠨᠳᠦ ᠡᠭᠦᠷᠭᠡ  ᠨᠢ ᠪᠢᠳᠡᠨ ᠢ ᠣᠷᠮᠠᠰᠢᠭᠤᠯᠣᠨ ᠤᠷᠤᠭᠰᠢᠯᠠᠭᠤᠯᠤᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠰᠢᠭᠤᠨ ᠤ 40 ᠲᠦᠮᠡᠨ ᠠᠷᠠᠳ ᠲᠦᠮᠡᠨ ᠤ ᠣᠶᠤᠨ ᠤᠬᠠᠭᠠᠨ ᠪᠣᠯᠤᠨ ᠬᠦᠴᠦᠨ ᠴᠢᠳᠠᠯ ᠢ ᠨᠢᠭᠲᠠᠷᠠᠭᠤᠯᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠲᠡᠭᠦᠰ ᠠᠮᠵᠢᠯᠲᠠ ᠶᠢ ᠲᠡᠮᠡᠴᠡᠨ ᠣᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ᠂ ᠦᠵᠡᠰᠬᠦᠯᠡᠩᠲᠦ ᠰᠠᠶᠢᠬᠠᠨ ᠬᠥᠭᠵᠢᠯ ᠴᠡᠴᠡᠭᠯᠡᠯ ᠤᠨ ᠵᠠᠯᠠᠶᠢᠳ ᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号