ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠠᠷᠪᠠᠨ ᠲᠦᠮᠡ ᠭᠠᠷᠤᠢ ᠨᠡᠬᠦᠳᠡᠯ ᠤᠨ ᠰᠢᠪᠠᠭᠤ ᠪᠠᠨ ᠤᠭᠳᠤᠯ᠎ᠠ
ᠨᠡᠶᠢᠲᠡᠯᠡᠭᠰᠡᠨ ᠴᠠᠭ᠄
2021/11/17
    ᠠᠯᠳᠠᠨ ᠨᠠᠮᠤᠷ ᠤᠨ ᠠᠷᠪᠠᠨ ᠰᠠᠷ᠎ᠠ ᠳᠤ᠂ 10 ᠲᠦᠮᠡ ᠭᠠᠷᠤᠢ ᠨᠡᠬᠦᠳᠡᠯ ᠤᠨ ᠰᠢᠪᠠᠭᠤ ᠲᠤᠭᠳᠠᠭᠰᠠᠨ ᠴᠠᠭ ᠲᠠᠭᠠᠨ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠢᠷᠡᠵᠤ ᠲᠦᠷ ᠴᠠᠭ ᠤᠨ ᠠᠮᠠᠷᠠᠯᠳᠠ ᠬᠢᠪᠡ᠃ ᠨᠠᠮᠤᠷ ᠤᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠨᠡᠬᠦᠳᠡᠯ ᠤᠨ ᠰᠢᠪᠠᠭᠤᠳ ᠤᠨ ᠡᠮᠤᠨᠡᠰᠢ ᠨᠡᠬᠦᠬᠦ ᠤᠷᠬᠢᠯ ᠢ ᠤᠭᠳᠤᠨ ᠠᠪᠤᠯ᠎ᠠ᠃ ᠴᠠᠭᠠᠨ ᠲᠤᠭᠤᠷᠤᠤ᠂ ᠬᠤᠨ ᠭᠠᠯᠠᠭᠤ᠂ ᠴᠠᠭᠠᠨ ᠲᠤᠯᠤᠭᠠᠶᠢᠳᠤ ᠲᠤᠭᠤᠷᠤᠤ᠂ ᠬᠠᠷᠬᠢᠷ᠎ᠠ᠂ ᠬᠠᠯᠵᠠᠨ ᠭᠠᠯᠠᠭᠤ᠂ ᠱᠠᠩᠬᠤᠳᠤ ᠭᠠᠯᠠᠭᠤ ᠵᠡᠷᠭᠡ ᠶᠡᠭᠡ ᠬᠡᠮᠵᠢᠶᠡᠨ ᠤ ᠨᠡᠬᠦᠳᠡᠯ ᠤᠨ ᠰᠢᠪᠠᠭᠤ ᠡ᠊ᠨᠳᠡ ᠠᠮᠠᠷᠠᠨ᠂ ᠢᠳᠡᠰᠢ ᠡᠷᠢᠵᠤ᠂ ᠬᠠᠮᠠᠭᠠᠯᠠᠯᠳᠠ ᠶᠢᠨ ᠤᠷᠤᠨ ᠳᠤ ᠬᠢᠵᠠᠭᠠᠯᠠᠰᠢ ᠦᠭᠡᠢ ᠠᠮᠢᠵᠢᠷᠠᠯ ᠤᠨ ᠬᠦᠴᠤᠨ ᠨᠡᠮᠡᠷᠢᠯᠡᠪᠡ᠃
    ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠬᠠᠤᠯᠢ ᠬᠡᠷᠡᠭᠵᠢᠬᠦᠯᠬᠦ ᠶᠡᠭᠡ ᠠᠩᠭᠢ ᠶᠢᠨ ᠲᠠᠷᠤᠭ᠎ᠠ ᠪᠠᠢ ᠵᠢᠶᠧ᠄ ︽ᠮᠠᠨ ᠤ ᠡᠨᠡ ᠭᠠᠵᠠᠷ ᠪᠤᠯ ᠴᠠᠭᠠᠨ ᠲᠤᠭᠤᠷᠤᠤ ᠶᠢᠨ ᠴᠢᠬᠤᠯᠠ ᠠᠮᠠᠷᠠᠬᠤ ᠪᠠ ᠢᠳᠡᠰᠢ ᠡᠷᠢᠬᠦ ᠭᠠᠵᠠᠷ ᠪᠤᠯᠤᠨ᠎ᠠ᠂ ᠤᠳᠤ ᠴᠠᠭᠠᠨ ᠲᠤᠭᠤᠷᠤᠤ ᠨᠢᠭᠡᠨᠳᠡ 2000 ᠭᠠᠷᠤᠢ ᠪᠤᠯᠵᠠᠢ᠂ ᠪᠦᠬᠦ ᠪᠦᠮᠪᠤᠷᠴᠡᠭ ᠤᠨ ᠴᠠᠭᠠᠨ ᠲᠤᠭᠤᠷᠤᠤ ᠰᠠᠶ᠋ᠢ 4000 ᠭᠠᠷᠤᠢ ᠪᠠᠶᠢᠨ᠎ᠠ᠂ ᠲᠠᠷᠤᠢ ᠪᠦᠬᠦ ᠪᠦᠮᠪᠤᠷᠴᠡᠭ ᠤᠨ 50% ᠠᠴᠠ ᠲᠡᠭᠡᠭᠰᠢᠬᠢ ᠴᠠᠭᠠᠨ ᠲᠤᠭᠤᠷᠤᠤ ᠨᠡᠬᠦᠳᠡᠯᠯᠡᠬᠦ ᠳᠤ ᠡᠨᠡ ᠭᠠᠵᠠᠷ ᠢᠶᠠᠷ ᠦᠩᠭᠡᠷᠡᠵᠤ ᠪᠤᠢ︾ ᠭᠡᠵᠤ ᠰᠤᠷᠪᠤᠯᠵᠢᠯᠠᠭᠴᠢ ᠳᠤ ᠲᠠᠨᠢᠯᠴᠠᠭᠤᠯᠪᠠ᠃
    ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯ ᠶᠡᠭᠡ ᠬᠢᠩᠭᠠᠨ ᠲᠠᠪᠠᠭ᠎ᠠ ᠶᠢᠨ ᠠᠭᠤᠯᠠᠷᠬᠠᠭ ᠭᠠᠵᠠᠷ ᠪᠠ ᠭᠠᠩ ᠬᠠᠭᠤᠷᠠᠢ ᠲᠠᠯ᠎ᠠ ᠨᠤᠳᠤᠭ ᠤᠨ ᠰᠢᠯᠵᠢᠯᠳᠡ ᠶᠢᠨ ᠤᠷᠤᠨ ᠪᠦᠰᠡ ᠳᠤ ᠤᠷᠤᠰᠢᠵᠤ᠂ ᠲᠠᠯ᠎ᠠ ᠨᠤᠳᠤᠭ ᠪᠠ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠨᠢ ᠲᠤᠭᠤᠳᠠᠭ᠂ ᠲᠤᠭᠤᠷᠤᠤ ᠶᠢᠨ ᠲᠦᠷᠤᠯ ᠪᠠ ᠦᠷᠪᠢ ᠶᠢᠨ ᠲᠦᠷᠤᠯ ᠢᠶᠠᠷ ᠲᠦᠯᠦᠭᠡᠯᠡᠬᠦᠯᠦᠭᠰᠡᠨ ᠦᠢ ᠤᠯᠠᠨ ᠬᠤᠪᠤᠷ ᠴᠤᠬᠠᠭ ᠮᠦᠬᠦᠬᠦ ᠰᠢᠬᠠᠭᠰᠠᠨ ᠰᠢᠪᠠᠭᠤᠳ ᠤᠨ ᠤᠷᠤᠰᠢᠨ ᠠᠮᠢᠳᠤᠷᠠᠬᠤ ᠶᠢ ᠲᠡᠮᠵᠢᠵᠤ ᠪᠠᠶᠢᠨ᠎ᠠ᠃ ᠮᠠᠨ ᠤ ᠤᠯᠤᠰ ᠤᠨ ᠠᠩᠬᠠᠳᠠᠭᠴᠢ ᠲᠤᠭᠤᠳᠠᠭ ᠤᠨ ᠦᠷᠡᠵᠢᠬᠦ ᠭᠠᠵᠠᠷ ᠢ ᠬᠠᠮᠠᠭᠠᠯᠠᠬᠤ ᠪᠠᠷ ᠭᠤᠤᠯ ᠪᠤᠯᠭᠠᠭᠰᠠᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠮᠦᠨ᠂ ᠲᠤᠷᠤᠨᠠᠳᠠᠬᠢᠨ ᠤ ᠲᠡᠳ᠋ ᠡᠬᠦᠯᠳᠡᠷ ᠤᠨ ᠲᠤᠭᠤᠳᠠᠭ ᠤᠨ ᠮᠠᠨ ᠤ ᠤᠯᠤᠰ ᠤᠨ ᠬᠠᠮᠤᠭ ᠤᠨ ᠭᠤᠤᠯ ᠦᠷᠡᠵᠢᠯ ᠤᠨ ᠤᠷᠤᠨ ᠮᠦᠨ᠂ ᠪᠠᠰᠠ ᠴᠤ ᠲᠤᠭᠤᠳᠠᠭ ᠤᠨ ᠡᠪᠤᠯᠵᠢᠬᠦ ᠴᠢᠬᠤᠯᠠ ᠭᠠᠵᠠᠷ᠂ ᠵᠢᠯ ᠪᠦᠷᠢ ᠶᠢᠨ ᠬᠠᠪᠤᠷ ᠨᠠᠮᠤᠷ ᠤᠨ ᠤᠯᠠᠷᠢᠯ ᠳᠤ 300 ᠭᠠᠷᠤᠢ ᠲᠤᠭᠤᠳᠠᠭ ᠡ᠊ᠨᠳᠡ ᠨᠡᠬᠦᠳᠡᠯᠯᠡᠨ ᠢᠷᠡᠵᠤ ᠲᠦᠷ ᠠᠮᠠᠷᠠᠬᠤ ᠪᠤᠶᠤ ᠡᠪᠤᠯ ᠢ ᠦᠩᠭᠡᠷᠡᠭᠡᠳᠡᠭ᠃
    ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠬᠡᠬᠡᠷ᠎ᠡ ᠶᠢᠨ ᠠᠮᠢᠳᠠᠨ ᠢ ᠠᠪᠤᠷᠠᠨ ᠲᠤᠰᠯᠠᠬᠤ ᠦᠷᠳᠡᠭᠡ ᠶᠢᠨ ᠲᠠᠷᠤᠭ᠎ᠠ ᠪᠤᠤ ᠵᠤᠸᠠᠩ᠄ ︽ᠨᠡᠬᠦᠳᠡᠯ ᠤᠨ ᠤᠷᠬᠢᠯ ᠤᠨ ᠦᠶ᠎ᠡ ᠳᠤ ᠪᠦᠬᠦ ᠰᠦᠷᠦᠭ ᠤᠨ ᠲᠤᠭ᠎ᠠ ᠬᠡᠮᠵᠢᠶ᠎ᠡ ᠨᠢ 300 ᠭᠠᠷᠤᠢ ᠪᠠᠶᠢᠵᠤ᠂ ᠲᠤᠭᠤᠳᠠᠭ ᠤᠨ 60 ᠤᠷᠴᠢᠮ ᠨᠢ ᠦᠷᠡᠵᠢᠵᠤ ᠪᠠᠶᠢᠨ᠎ᠠ᠃ ᠮᠠᠨ ᠤ ᠲᠡᠮᠡᠭᠡᠴᠢ ᠳᠤ 1998 ᠤᠨ ᠠᠴᠠ ᠡᠬᠢᠯᠡᠨ ᠡᠪᠤᠯᠵᠢᠬᠦ ᠪᠠᠶᠢᠳᠠᠯ ᠢᠯᠡᠷᠡᠵᠤ᠂ ᠬᠠᠮᠠᠭᠠᠯᠠᠯᠳᠠ ᠶᠢᠨ ᠤᠷᠤᠨ ᠪᠠᠶᠢᠭᠤᠯᠤᠭᠳᠠᠭᠰᠠᠨ ᠤ ᠲᠠᠷᠠᠭ᠎ᠠ᠂ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠠᠯᠬᠤᠮ ᠠᠯᠬᠤᠮ ᠢᠶᠠᠷ ᠰᠠᠶᠢᠵᠢᠷᠠᠵᠤ᠂ ᠤᠳᠤ ᠡᠪᠤᠯᠵᠢᠵᠤ ᠪᠠᠶᠢᠭ᠎ᠠ ᠲᠤᠭ᠎ᠠ ᠬᠡᠮᠵᠢᠶ᠎ᠡ100 ᠤᠷᠴᠢᠮ ᠪᠠᠶᠢᠨ᠎ᠠ  ︾ ᠭᠡᠵᠤ ᠲᠠᠨᠢᠯᠴᠠᠭᠤᠯᠪᠠ᠃
    2020 ᠤᠨ ᠠᠴᠠ ᠡᠬᠢᠯᠡᠨ᠂ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ 950 ᠲᠦᠮᠡᠨ ᠲᠦᠬᠦᠷᠢᠭ ᠤᠨ ᠪᠡᠯᠡ ᠤᠷᠤᠭᠤᠯᠵᠤ᠂ ︽ᠤᠶᠤᠨᠴᠢ ᠬᠠᠮᠠᠭᠠᠯᠠᠯᠳᠠ ᠶᠢᠨ ᠤᠷᠤᠨ︾ ᠤ ᠪᠦᠳᠤᠭᠡᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠠᠯᠤᠰ ᠡᠵᠡᠮᠰᠢᠯᠳᠤ ᠬᠢᠨᠠᠨ ᠡᠵᠡᠮᠳᠡᠬᠦ ᠰᠤᠪᠤᠷᠭ᠎ᠠ 16 ᠶᠢ ᠪᠠᠶᠢᠭᠤᠯᠵᠤ᠂ ᠵᠢᠯᠤᠭᠤᠴᠢ ᠦᠭᠡᠢ ᠨᠢᠰᠭᠡᠯ 2 ᠢ ᠬᠤᠳᠠᠯᠳᠤᠨ ᠠᠪᠴᠤ᠂ ᠡᠯ᠎ᠡ ᠠᠶᠢᠯ ᠲᠤᠰᠬᠤᠨ ᠤ ᠭᠤᠤᠯ ᠪᠤᠯᠬᠤ ᠵᠠᠮ ᠤᠨ ᠠᠭᠤᠯᠵᠠᠷ ᠲᠤ ᠬᠢᠨᠠᠨ ᠡᠵᠡᠮᠳᠡᠬᠦ ᠲᠦᠷᠰᠤ ᠰᠢᠩᠭᠡᠭᠡᠬᠦ ᠮᠠᠰᠢᠨ 34 ᠤᠭᠰᠠᠷᠠᠬᠤ ᠶᠢᠨ ᠬᠠᠮᠳᠤ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠠᠯᠤᠰ ᠡᠵᠡᠮᠰᠢᠯᠳᠤ ᠬᠢᠨᠠᠨ ᠡᠵᠡᠮᠳᠡᠬᠦ ᠮᠡᠳᠡᠭᠡ ᠵᠠᠩᠭᠢ ᠶᠢᠨ ᠲᠦᠪ ᠢ ᠢᠵᠢ ᠪᠦᠷᠢᠳᠤᠬᠦᠯᠤᠨ ᠪᠠᠶᠢᠭᠤᠯᠪᠠ᠃ ᠬᠠᠮᠠᠭᠠᠯᠠᠯᠳᠠ ᠶᠢᠨ ᠤᠷᠤᠨ ᠳᠤ ︽ᠬᠦᠮᠤᠰ ᠲᠤᠭᠤᠷᠢᠨ ᠬᠠᠮᠠᠭᠠᠯᠠᠬᠤ᠂ ᠬᠠᠷᠠᠭᠠᠨ ᠲᠡᠪᠳᠠᠮᠵᠢ ᠪᠠᠷ ᠠᠯᠤᠰ ᠠᠴᠠ ᠬᠢᠨᠠᠨ ᠡᠵᠡᠮᠳᠡᠬᠦ᠂ ᠵᠢᠯᠤᠭᠤᠴᠢ ᠦᠭᠡᠢ ᠨᠢᠰᠭᠡᠯ ᠢᠶᠠᠷ ᠴᠠᠭᠳᠠᠨ ᠪᠠᠶᠢᠴᠠᠭᠠᠬᠤ︾ ᠭᠤᠷᠪᠠ ᠶᠢ ᠨᠢᠭᠡ ᠴᠤᠭᠴᠠᠵᠢᠭᠤᠯᠤᠭᠰᠠᠨ ᠲᠤᠭᠤᠷᠢᠨ ᠬᠠᠮᠠᠭᠠᠯᠠᠬᠤ ᠠᠷᠭ᠎ᠠ ᠮᠠᠶ᠋ᠢᠭ ᠢ ᠪᠡᠶᠡᠯᠡᠬᠦᠯᠵᠤ᠂ ᠬᠢᠨᠠᠨ ᠡᠵᠡᠮᠳᠡᠬᠦ ᠶᠢᠨ ᠬᠠᠮᠤᠷᠬᠤ ᠨᠤᠷᠮ᠎ᠠ 80 % ᠠᠴᠠ ᠲᠡᠭᠡᠭᠰᠢ ᠬᠦᠷᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号