ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠠᠯᠠᠶᠢᠳ ᠬᠤᠰᠢᠭᠤᠨ ᠳᠤ ᠬᠦᠷᠴᠦ ᠤᠯᠤᠰ ᠤᠨ ᠲᠣᠭᠠᠴᠠᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠠᠵᠢᠯ ᠢ ᠦᠨᠡᠯᠡᠨ ᠵᠢᠱᠢᠪᠡ
ᠨᠡᠶᠢᠲᠡᠯᠡᠭᠰᠡᠨ ᠴᠠᠭ᠄
2021/12/1
   11 ᠰᠠᠷ᠎ᠠ ᠶᠢᠨ 29 ᠤ ᠡᠳᠦᠷ᠂ ᠤᠯᠤᠰ ᠤᠨ ᠲᠤᠭᠠᠴᠠᠯᠠᠭᠰᠠᠨ ᠬᠥᠳᠡᠭᠡ ᠲᠣᠰᠬᠤᠨ ᠤ ᠲᠤᠬᠠᠶ ᠶᠢᠨ ᠲᠠᠯᠠᠪᠤᠷ ᠤᠨ ᠦᠨᠡᠯᠡᠨ ᠵᠢᠱᠢᠬᠦ ᠠᠵᠢᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠵᠠᠯᠠᠶᠢᠳ ᠬᠤᠰᠢᠭᠤᠨ ᠳᠤ ᠭᠦᠨᠵᠡᠭᠡᠶᠢᠷᠡᠨ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠤᠰ ᠤᠨ ᠲᠤᠭᠠᠴᠠᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠳᠤ ᠲᠤᠬᠠᠶ ᠶᠢᠨ ᠲᠠᠯᠠᠪᠤᠷ ᠤᠨ ᠦᠨᠡᠯᠡᠨ ᠵᠢᠱᠢᠯᠲᠡ ᠬᠢᠪᠠ᠃     ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠤᠷᠢᠳ ᠬᠤᠵᠢᠳ ᠤᠯᠤᠰ ᠤᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ᠪᠠᠷᠠᠭᠠᠨ ᠤ ᠰᠦᠯᠵᠢᠶ᠎ᠡ + ᠤᠶᠤᠨᠲᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠥᠪ᠂ ᠤᠰᠤᠨ ᠲᠤᠲᠤᠷᠭ᠎ᠠ ᠶᠢᠨ ᠲᠤᠭᠠᠴᠠᠯᠠᠭᠰᠠᠨ ᠲᠠᠷᠢᠮᠠᠯ ᠤᠨ ᠬᠠᠮᠢᠶᠠᠷᠤᠯᠲᠠ ᠶᠢᠨ ᠭᠤᠣᠯ ᠲᠤᠷᠰᠢᠯᠲᠠ ᠶᠢᠨ ᠲᠠᠷᠢᠶ᠎ᠠ᠂ ᠭᠦ᠋ ᠢᠤᠢ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠠᠯᠠᠶᠢᠳ ᠬᠤᠰᠢᠭᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠥᠪ᠂ ᠨᠡᠶᠢᠭᠡᠮ ᠤᠨ ᠵᠠᠰᠠᠯᠲᠠ ᠶᠢᠨ ᠲᠥᠪ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠤᠶᠤᠨᠲᠤ ᠲᠠᠷᠢᠶᠠᠯᠠᠩ᠂ ᠲᠠᠷᠢᠶᠠᠯᠠᠩ ᠤᠨ ᠪᠠᠶᠢᠳᠠᠯ ᠢ ᠬᠢᠨᠠᠨ ᠬᠡᠮᠵᠢᠬᠦ ᠲᠦᠬᠦᠭᠡᠷᠤᠮᠵᠢ᠂ ᠲᠤᠲᠤᠷᠭ᠎ᠠ ᠶᠢᠨ ᠲᠤᠭᠠᠴᠠᠯᠠᠭᠰᠠᠨ ᠡᠳ᠋ᠰᠢᠭᠦᠯᠦᠨ ᠪᠣᠯᠪᠠᠰᠤᠷᠠᠭᠤᠯᠬᠤ ᠤᠶᠢᠯᠡᠳᠪᠤᠷᠢᠯᠠᠯ ᠤᠨ ᠱᠤᠭᠤᠮ᠂ ᠡᠯᠧᠺᠲᠷᠣᠨ ᠬᠤᠳᠠᠯᠳᠤᠭᠠᠨ ᠤ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ ᠶᠢᠨ ᠵᠢᠯᠣᠭᠤᠳᠬᠤ ᠤᠶᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠠᠢ᠃     ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠵᠠᠯᠠᠶᠢᠳ ᠬᠤᠰᠢᠭᠤᠨ ᠤ ᠲᠤᠭᠠᠴᠠᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠵᠠᠯᠠᠶᠢᠳ ᠬᠤᠰᠢᠭᠤᠨ ᠤ ᠲᠤᠭᠠᠴᠠᠯᠠᠭᠰᠠᠨ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠠᠵᠢᠯ ᠤᠨ ᠦᠷ᠎ᠡ ᠪᠦᠲᠦᠮᠵᠢ᠂ ᠤᠨᠴᠠᠯᠢᠬᠳᠤ ᠠᠷᠭ᠎ᠠ ᠬᠢᠳᠡᠯ᠂ ᠤᠬᠠᠭᠤᠯᠤᠨ ᠳᠡᠯᠭᠡᠷᠡᠭᠦᠯᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ᠂ ᠭᠦᠨᠵᠡᠭᠡᠶ᠂ ᠨᠠᠷᠢᠯᠢᠭ ᠦᠨᠡᠯᠡᠯᠲᠡ ᠬᠢᠭᠰᠡᠨ ᠪᠠᠶᠢᠨ᠎ᠠ᠃     ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠬᠢᠨ ᠵᠠᠯᠠᠶᠢᠳ ᠬᠤᠰᠢᠭᠤᠨ ᠤ ᠲᠤᠭᠠᠴᠠᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠠᠵᠢᠯ ᠢ ᠭᠦᠢᠴᠡᠳ ᠨᠤᠲᠠᠯᠠᠭᠰᠠᠨ ᠪᠥᠭᠡᠳ ᠤᠯᠤᠰ ᠤᠨ ᠲᠤᠭᠠᠴᠠᠯᠠᠭᠰᠠᠨ ᠬᠥᠳᠡᠭᠡ ᠲᠣᠰᠬᠤᠨ ᠤ ᠲᠤᠷᠰᠢᠯᠲᠠ ᠶᠢᠨ ᠠᠵᠢᠯ ᠢ ᠰᠠᠶᠢᠲᠤᠷ ᠬᠢᠬᠦ ᠳᠤ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ᠂ ᠦᠷᠭᠦᠯᠵᠢᠯᠡᠬᠦᠶᠢᠴᠡ ᠬᠥᠭᠵᠢᠯᠲᠡ ᠶᠢᠨ ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠲᠤᠭᠠᠴᠠᠯᠠᠭᠰᠠᠨ ᠠᠵᠤ ᠠᠬᠤᠢ ᠶᠢᠨ ᠰᠢᠨ᠎ᠡ ᠬᠡᠪ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠤᠶᠢᠵᠢᠭᠤᠯᠵᠤ᠂ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠶᠢ ᠠᠭᠤᠳᠠᠯᠤᠨ ᠡᠮᠬᠢᠯᠡᠵᠦ᠂ ᠬᠢᠯᠠᠰ ᠴᠡᠭ ᠢ ᠭᠦᠨᠵᠡᠭᠡᠶᠢᠷᠡᠭᠦᠯᠦᠨ ᠥᠷᠭᠡᠳᠬᠡᠵᠦ᠂ ᠲᠤᠭᠠᠴᠠᠯᠠᠭᠰᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠳᠠᠭᠤᠷᠢᠶᠠᠵᠤ ᠪᠣᠯᠬᠤ ᠨᠡᠶᠢᠲᠡᠯᠢᠭ ᠵᠢᠱᠢᠶ᠎ᠡ ᠶᠢ ᠡᠭᠦᠳᠴᠦ᠂ ᠲᠤᠭᠠᠴᠠᠯᠠᠭᠰᠠᠨ ᠴᠢᠳᠠᠪᠤᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠬᠡᠷᠡᠭᠲᠡᠢ᠃ ᠲᠤᠭᠠᠴᠠᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠠᠶᠠᠨ ᠴᠢᠨᠡᠭᠡᠯᠢᠭ ᠬᠥᠳᠡᠭᠡ ᠲᠣᠰᠬᠤᠨ ᠳᠤ ᠠᠩᠬᠠᠷᠤᠯ ᠢᠶᠠᠨ ᠬᠠᠨᠳᠤᠭᠤᠯᠵᠤ᠂ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ  ᠭᠡᠵᠤ ᠴᠢᠬᠤᠯᠠᠴᠢᠯᠠᠵᠠᠢ  ᠃     ᠵᠠᠯᠠᠶᠢᠳ ᠬᠤᠰᠢᠭᠤᠨ ᠤ ᠤᠳᠤᠷᠢᠳᠤᠯᠭ᠎ᠠ ᠮᠠ ᠮᠧᠩ᠂ ᠴᠧᠨ ᠴᠢᠩ ᠬᠤᠸᠠ᠂ ᠵᠠᠩ ᠵᠧᠨ ᠬᠤᠸᠠ᠂ ᠠᠶᠢᠮᠠᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠯᠪᠠᠨ ᠬᠡᠷ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠣ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠭᠰᠠᠨ ᠪᠤᠶᠤ ᠶᠠᠷᠢᠯᠴᠠᠬᠤ ᠬᠤᠷᠠᠯ ᠳᠤ ᠣᠷᠣᠯᠴᠠᠵᠠᠶ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号