ᠮᠠᠨ ᠱᠦᠢ ᠯᠦᠩ
ᠨᠡᠶᠢᠲᠡᠯᠡᠭᠰᠡᠨ ᠴᠠᠭ᠄
2021/12/11
   ᠲᠣᠪᠴᠢ ᠨᠠᠮᠲᠠᠷ᠄    ᠮᠠᠨ ᠱᠦᠢ ᠯᠦᠩ᠂ ᠡᠷᠡᠭᠲᠡᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1978 ᠣᠨ ᠤ 10 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤᠨ ᠤ ᠳᠡᠳ᠋ ᠳᠠᠷᠤᠭ᠎ᠠ ᠪᠠᠷ ᠠᠵᠢᠯᠯᠠᠵᠤ ᠪᠤᠢ᠃    ᠠᠵᠢᠯ ᠤᠨ ᠬᠤᠪᠢᠶᠠᠷᠢᠯᠠᠯ᠄    ᠬᠤᠰᠢᠭᠤᠨ ᠳᠠᠷᠤᠭ᠎ᠠ ᠶᠢ ᠬᠠᠪᠰᠤᠷᠤᠨ ᠠᠵᠤ ᠤᠶᠢᠯᠡᠳᠪᠤᠷᠢ ᠶᠢᠨ ᠠᠵᠤ ᠠᠬᠤᠶ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠵᠠᠮ ᠬᠠᠷᠢᠯᠴᠠᠭ᠎ᠠ ᠲᠡᠭᠡᠭᠡᠪᠦᠷᠢ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠪᠢᠳᠠᠨ ᠬᠠᠮᠢᠶᠠᠷᠬᠤ ᠨᠢ᠄ ᠬᠤᠰᠢᠭᠤᠨ ᠤ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠢ ᠬᠠᠮᠵᠢᠨ ᠬᠠᠮᠢᠶᠠᠷᠤᠨ᠎ᠠ︔ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠭᠦᠢᠴᠡᠳᠭᠡᠨ᠎ᠡ᠃ᠬᠤᠰᠢᠭᠤᠨ   ᠤ ᠴᠠᠬᠢᠯᠭᠠᠨ ᠬᠠᠩᠭᠠᠬᠤ ᠺᠣᠮᠫᠠᠨᠢ᠂ ᠤᠶᠢᠯᠡᠳᠪᠤᠷᠢ ᠬᠤᠳᠠᠯᠳᠤᠭᠠᠨ ᠤ ᠪᠠᠩᠬᠢ᠂ ᠥᠪᠥᠷ ᠮᠣᠩᠭᠤᠯ ᠪᠠᠩᠬᠢ᠂ ᠮᠧᠩ ᠱᠠᠩ ᠪᠠᠩᠬᠢ᠂ ᠰᠢᠤᠳᠠᠨ ᠤ ᠺᠣᠮᠫᠠᠨᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ᠲᠠᠢ ᠬᠠᠷᠢᠯᠴᠠᠨ᠎ᠠ
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号