ᠯᠢ ᠬᠤᠤ
ᠨᠡᠶᠢᠲᠡᠯᠡᠭᠰᠡᠨ ᠴᠠᠭ᠄
2021/12/14
    ᠲᠤᠪᠴᠢ ᠨᠠᠮᠳᠠᠷ     ᠯᠢ ᠬᠤᠤ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 8 ᠰᠠᠷ᠎ᠠ ᠳᠤ ᠳᠦᠷᠦᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤᠨ ᠤ ᠳᠡᠳ᠋ ᠳᠠᠷᠤᠭ᠎ᠠ ᠪᠠᠷ ᠠᠵᠢᠯᠯᠠᠵᠤ ᠪᠤᠢ᠃    ᠠᠵᠢᠯ ᠤᠨ ᠬᠤᠪᠢᠶᠠᠷᠢᠯᠠᠯ    ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ᠂ ᠬᠥᠭᠵᠢᠭᠦᠯᠦᠯᠲᠡ ᠥᠭᠡᠷᠡᠴᠢᠯᠡᠯᠲᠡ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ᠂ ᠡᠨᠧᠷᠭᠢ︶᠂ ᠡᠳ᠋ ᠤᠨ ᠵᠠᠰᠠᠭ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠂ ᠵᠠᠰᠠᠭ ᠤᠨ ᠶᠠᠪᠤᠳᠠᠯ ᠤᠨ ᠤᠶᠢᠯᠡᠴᠢᠯᠡᠭᠡ ︵ᠵᠠᠰᠠᠭ ᠤᠨ ᠶᠠᠪᠤᠳᠠᠯ ᠢ ᠢᠯᠡ ᠪᠣᠯᠭᠠᠬᠤ︶᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠤᠷᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠠᠷᠢᠭᠤᠴᠠᠵᠤ ᠪᠤᠢ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠤᠶᠢᠯᠡᠴᠢᠯᠡᠭᠡᠨ ᠤ ᠲᠥᠪ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠭᠦᠳᠡᠯ ᠠᠷᠠᠳ ᠢ ᠲᠥᠪᠬᠢᠨᠡᠭᠦᠯᠬᠦ ᠲᠥᠪ᠂ ᠮᠥᠩᠭᠦᠨ ᠭᠦᠢᠯᠭᠡᠭᠡᠨ ᠤ ᠠᠯᠪᠠᠨ ᠭᠡᠷ᠂ ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠤᠨ᠎ᠠ︔ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢ ᠵᠣᠬᠢᠴᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠶᠢᠯᠡᠳᠪᠤᠷᠢ ᠬᠤᠳᠠᠯᠳᠤᠭᠠᠨ ᠤ ᠬᠤᠯᠪᠣᠭ᠎ᠠ᠂ ᠬᠠᠮᠲᠤᠷᠠᠨ ᠰᠣᠯᠢᠯᠴᠠᠬᠤ ᠲᠥᠪ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠠᠷᠠᠳ ᠤᠨ ᠪᠠᠩᠬᠢ᠂  ᠪᠤᠬ᠎ᠠ ᠶᠢᠨ ᠵᠤ ᠤᠷᠤᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠬᠡᠰᠡᠭ ᠤᠨ ᠬᠤᠪᠢᠶᠠᠷᠢ ᠲᠣᠪᠴᠢᠶ᠎ᠠ᠂ ᠲᠡᠮᠡᠭᠡᠴᠢ ᠬᠤᠤᠷ ᠲᠠᠲᠠᠬᠤ ᠶᠢ ᠵᠣᠭᠰᠣᠭᠠᠬᠤ ᠭᠠᠵᠠᠷ᠂ ᠫᠢᠩ ᠲᠠᠢ ᠶᠢᠨ ᠴᠡᠷᠢᠭ ᠠᠩᠭᠢ ᠲᠠᠢ ᠵᠤᠬᠢᠴᠠᠭᠤᠯᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号