ᠬᠦᠷᠡᠯ ᠪᠠᠯᠭᠠᠰᠦ ᠬᠦᠮᠦᠰ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠴᠡᠭᠴᠡᠯᠡᠨ ᠵᠠᠰᠠᠨ ᠰᠢᠯᠢᠳᠡᠭᠵᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/12/2
    ᠵᠠᠯᠠᠶᠢᠳ ᠬᠤᠰᠢᠭᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠬᠦᠷᠡᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠡᠯ᠎ᠡ ᠭᠠᠴᠠᠭᠠᠨ ︵ᠨᠡᠶᠢᠭᠡᠮ ᠲᠣᠭᠤᠷᠢᠭ︶ ᠤ ᠡᠮᠡᠭᠲᠡᠶᠢᠴᠦᠳ ᠤᠨ ᠬᠤᠯᠪᠣᠭ᠎ᠠ ᠶᠢᠨ ᠭᠡᠰᠢᠬᠦᠳ ᠵᠢᠴᠢ ᠦᠷᠭᠡᠨ ᠤᠯᠠᠨ ᠡᠮᠡᠭᠳᠠᠶᠢᠴᠤᠳ ᠢ ᠵᠤᠬᠢᠶᠠᠨ ᠪᠠᠶᠢᠭᠤᠯᠤᠨ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠤᠷᠤᠯᠴᠠᠭᠤᠯᠤᠬᠰᠠᠨ ᠪᠠᠶᠢᠨ᠎ᠠ᠃     ᠠᠵᠢᠯᠯᠠᠭ᠎ᠠ ᠳᠤ᠂ ᠡᠮᠡᠭᠳᠠᠶᠢᠴᠤᠳ ᠤᠨ ᠬᠤᠯᠪᠤᠭ᠎ᠠ ᠶᠢᠨ ᠭᠡᠰᠢᠬᠦᠳ ᠪᠠᠯᠭᠠᠰᠤᠨ ᠤ ᠡᠯ᠎ᠠ ᠭᠠᠴᠠᠭ᠎ᠠ ᠳᠤᠰᠬᠤᠨ ︵ᠨᠡᠶᠢᠭᠡᠮ ᠳᠤᠭᠤᠷᠢᠬ︶᠂ ᠰᠠᠭᠤᠭᠠᠯᠢ ᠠᠷᠠᠳ ᠤᠨ ᠡᠷᠦᠭᠡ ᠪᠠᠷ ᠬᠦᠨᠵᠡᠭᠡᠶᠢᠷᠡᠨ ︽ᠬᠦᠷᠡᠯ ᠪᠠᠯᠭᠠᠰᠤᠨ ᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠬᠤ ᠶᠢᠨ ᠬᠠᠮᠳᠦ ᠰᠦᠯᠵᠢᠶᠡᠨ ᠳᠡᠭᠡᠷ᠎ᠠ ︽ᠲᠠᠪᠤ ᠶᠢ ᠴᠡᠪᠡᠷᠯᠡᠬᠦ︾᠂ ︽ᠲᠠᠪᠤ ᠶᠢ ᠪᠦᠷᠢᠳᠤᠬᠦᠯᠬᠦ︾ ᠵᠡᠷᠭᠡ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶ ᠳᠠᠶᠢᠯᠪᠤᠷᠢᠯᠠᠵᠦ᠂ ᠡᠮᠡᠭᠲᠡᠶᠢᠴᠦᠳ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠮᠦᠨ ᠴᠦ ᠦᠷᠭᠡᠨ ᠤᠯᠠᠨ ᠡᠮᠡᠭᠳᠠᠶᠢᠴᠤᠳ ᠢ ᠤᠷᠢᠶᠠᠯᠠᠨ ᠭᠡᠷ ᠪᠦᠯᠢ ᠶᠢᠨ ᠠᠷᠢᠭᠤᠨ ᠴᠡᠪᠡᠷ ᠢᠶᠠᠨ ᠰᠠᠶᠢᠲᠤᠷ ᠬᠢᠬᠦ ᠶᠢᠨ ᠬᠠᠮᠲᠤ ᠳᠡᠷᠭᠡᠳᠡᠬᠢ ᠬᠥᠮᠦᠰ ᠲᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠴᠢᠬᠤᠯᠠ ᠴᠢᠨᠠᠷ ᠢ ᠤᠬᠠᠭᠤᠯᠵᠤ᠂ ᠠᠷᠢᠭᠤᠨ ᠴᠡᠪᠡᠷ ᠠᠮᠢᠳᠤᠷᠠᠯ ᠤᠨ ᠮᠡᠳᠡᠯᠭᠡ ᠶᠢ ᠬᠤᠪᠢᠶᠠᠯᠴᠠᠨ ᠡᠳ᠋ᠯᠡᠭᠦᠯᠵᠦ᠂ ᠬᠥᠮᠦᠨ ᠪᠦᠬᠦᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ᠂ ᠡᠷᠦᠬᠡ ᠪᠦᠬᠦᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠠᠭᠤᠷ ᠠᠮᠢᠰᠬᠤᠯ ᠢ ᠡᠷᠴᠢᠮᠲᠡᠢ ᠪᠤᠢ ᠪᠣᠯᠭᠠᠪᠠ᠃ᠭ᠊     ‍ᠦ᠋ᠷᠡᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠡᠮᠡᠭᠲᠡᠶᠢᠴᠦᠳ᠂ ᠬᠡᠷ ᠪᠦᠯᠢ ᠶᠢᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠶᠢ ᠡᠭᠦᠳᠦᠨ ᠪᠠᠶᠢᠭᠤᠯᠬᠤ᠂ ︽ᠬᠠᠮᠤᠭ ᠤᠨ ᠭᠤᠶᠣ ᠬᠡᠷ ᠪᠦᠯᠢ︾ ᠂ ︽ᠬᠠᠮᠤᠭ ᠤᠨ ᠭᠤᠶᠣ ᠰᠠᠶᠢᠬᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠲᠣᠰᠬᠤᠨ︾ ᠢ ᠰᠢᠯᠭᠠᠷᠠᠭᠤᠯᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠵᠤ᠂ ᠦᠵᠡᠰᠬᠦᠯᠡᠩᠲᠦ ᠰᠠᠶᠢᠬᠠᠨ ᠬᠦᠷᠡᠯ ᠢ ᠪᠥᠲᠥᠭᠡᠨ ᠪᠠᠶᠢᠭᠤᠯᠬᠤ ᠳᠤ ᠬᠦᠴᠦᠨ ᠨᠡᠮᠡᠷᠢᠯᠡᠵᠤ ᠪᠤᠢ᠃                                                   ︵ᠸᠠᠩ ᠢᠤᠢ ᠹᠸᠢ
 
ᠢᠷᠡᠯᠲᠡ᠄ ᠬᠢᠩᠭᠠᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号