ᠪᠠᠳᠠᠷᠠᠬᠤ ᠪᠠᠯᠭᠠᠰᠤ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠪᠦᠳᠤᠮᠵᠢᠳᠠᠢ ᠠᠬᠢᠭᠤᠯᠵᠤ ᠪᠠᠶᠢᠭ᠎ᠠ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/12/2
     ᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠤ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠲᠦᠪᠯᠡᠷᠡᠬᠦᠯᠤᠨ ᠴᠡᠭᠴᠡᠯᠡᠨ ᠵᠠᠰᠠᠬᠤ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠰᠢ᠂  ᠤᠯᠠᠨ ᠵᠤᠶᠢᠯ  ᠤᠨ ᠠᠷᠭ᠎ᠠ ᠪᠠᠷ᠂  ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠬᠦᠴᠤᠳᠠᠢ ᠠᠬᠢᠭᠤᠯᠵᠤ ᠪᠠᠶᠢᠨ᠎ᠠ᠃      ᠬᠡᠳᠤᠨ ᠡᠳᠤᠷ ᠤᠨ ᠡᠮᠤᠨ᠎ᠡ᠂  ᠰᠤᠷᠪᠤᠯᠵᠢᠯᠠᠭᠴᠢ ᠪᠠᠳᠠᠷᠠᠬᠤ ᠪᠠᠯᠭᠠᠰᠤ ᠶᠢᠨ ᠬᠠᠷᠠᠴᠡᠭᠡᠯ ᠭᠠᠴᠠᠭ᠎ᠠ ᠳᠤ ᠬᠦᠷᠴᠤ ᠲᠤᠮᠤ ᠬᠡᠯᠪᠡᠷᠢ ᠶᠢᠨ ᠮᠠᠰᠢᠨ ᠬᠦᠷᠴᠢᠬᠢᠨᠠᠵᠤ ᠬᠦᠮᠤᠨ ᠬᠠᠷ᠎ᠠ ᠬᠦᠳᠡᠯᠤᠯᠴᠡᠨ᠂  ᠤᠯᠠᠨ ᠵᠢᠯ ᠢᠶᠠᠷ ᠤᠪᠤᠭᠠᠯᠠᠭᠠᠰᠤ ᠲᠠᠢ ᠬᠤᠭ ᠨᠤᠪᠰᠢ ᠶᠢ ᠱᠦᠬᠦᠷᠳᠡᠨ ᠠᠷᠢᠯᠭᠠᠵᠤ ᠪᠠᠶᠢᠯ᠎ᠠ᠃
     ᠪᠠᠳᠠᠷᠠᠬᠤ ᠪᠠᠯᠭᠠᠰᠤᠨ ᠤ ᠬᠠᠷᠠᠴᠡᠭᠡᠯ ᠭᠠᠴᠠᠭ᠎ᠠ ᠶᠢᠨ ᠠᠷᠠᠳ ᠸᠠᠩ ᠵᠢᠶᠠᠨ ᠮᠸᠢ᠄  ︽ ᠮᠠᠨ ᠤ  ᠭᠠᠴᠠᠭᠠᠨ  ᠤ ᠤᠷᠴᠢᠨ ᠲᠤᠭᠤᠷᠢᠨ ᠶᠠᠪᠤᠬᠤ ᠲᠤᠳᠤᠮ ᠰᠠᠶᠢᠵᠢᠷᠠᠵᠤ᠂  ᠤᠳᠤ ᠠᠶᠢᠯ ᠪᠤᠯᠭᠠᠨ ᠬᠤᠭ ᠤᠨ ᠰᠠᠪᠠ ᠲᠠᠢ ᠪᠤᠯᠵᠤ᠂  ᠪᠢᠳᠡ ᠦᠪᠡᠷ ᠢᠶᠠᠨ ᠴᠤ ᠭᠡᠷ ᠤᠨ ᠡᠮᠤᠨ᠎ᠡ ᠬᠤᠶᠢᠨᠠᠬᠢ ᠪᠠᠨ ᠰᠠᠶᠢᠬᠠᠨ ᠴᠡᠪᠡᠷᠯᠡᠵᠤ ᠪᠠᠶᠢᠨ᠎ᠠ᠂  ᠡᠭᠦᠳᠡᠨ ᠡᠮᠤᠨᠡᠬᠢ ᠲᠦᠷᠪᠡ ᠶᠢ ᠲᠠᠭᠠᠭᠠᠴᠢᠯᠠᠬᠤ ᠬᠠᠷᠢᠭᠤᠴᠠᠯᠭ᠎ᠠ ᠶᠢᠨ ᠪᠢᠴᠢᠭ ᠲᠤ ᠪᠠᠰᠠ ᠭᠠᠷ ᠤᠨ ᠦᠰᠦᠭ ᠵᠢᠷᠤᠪᠡ︾ ᠭᠡᠵᠤ ᠬᠡᠯᠡᠨ᠎ᠡ᠃
     ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠲᠦᠪᠯᠡᠷᠡᠬᠦᠯᠤᠨ ᠴᠡᠭᠴᠡᠯᠡᠨ ᠵᠠᠰᠠᠬᠤ ᠠᠵᠢᠯᠯᠠᠭ᠎ᠠ ᠡᠬᠢᠯᠡᠭᠰᠡᠨ ᠠᠴᠠ ᠨᠠᠰᠢ᠂  ᠪᠦᠬᠦ ᠪᠠᠯᠭᠠᠰᠤᠨ ᠤ ᠺᠠᠳ᠋ᠷ ᠤᠯᠠᠨ ᠲᠦᠮᠡᠨ ᠬᠠᠮᠳᠤᠪᠡᠷ ᠬᠦᠳᠡᠯᠤᠯᠴᠡᠨ᠂  ᠤᠯᠠᠨ ᠨᠡᠶᠢᠳᠡ ᠶᠢᠨ ᠤᠷᠤᠨ ᠰᠠᠭᠤᠴᠠ ᠶᠢ ᠴᠡᠭᠴᠡᠯᠡᠨ ᠵᠠᠰᠠᠵᠤ᠂  ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠨ᠂  ᠡᠯ᠎ᠡ ᠭᠠᠴᠠᠭ᠎ᠠ᠂ ᠨᠡᠶᠢᠭᠡᠮ ᠲᠤᠭᠤᠷᠢᠭ ᠤᠨ ᠬᠤᠭ ᠨᠤᠪᠰᠢ ᠶᠢ ᠲᠤᠷᠠᠪᠡᠷ ᠬᠠᠶᠠᠬᠤ ᠪᠠᠶᠢᠳᠠᠯ ᠢ ᠲᠦᠪᠯᠡᠷᠡᠬᠦᠯᠤᠨ ᠨᠢᠭᠡᠳᠤᠯᠳᠠᠢ ᠵᠠᠰᠠᠪᠠ᠃  ᠡᠭᠦᠨ ᠤ ᠬᠠᠮᠳᠤ᠂  ᠪᠠᠳᠠᠷᠠᠬᠤ ᠪᠠᠯᠭᠠᠰᠤ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂  ᠬᠦᠮᠤᠨ ᠠᠷᠠᠳ ᠤᠨ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠠᠵᠢᠯ ᠢ ᠡᠳᠤᠷ ᠲᠤᠳᠤᠮ  ᠤᠨ ᠴᠢᠬᠤᠯᠠ ᠵᠦᠪᠯᠡᠬᠦ ᠵᠤᠶᠢᠯ ᠳᠡᠭᠡᠨ ᠤᠷᠤᠭᠤᠯᠵᠤ᠂  ᠨᠠᠮ ᠤᠨ ᠭᠡᠰᠢᠬᠦᠨ ᠺᠠᠳ᠋ᠷ ᠲᠦᠷᠤᠬᠦᠯᠡᠨ ᠵᠢᠱᠢᠶ᠎ᠡ ᠦᠵᠡᠬᠦᠯᠵᠤ᠂  ︽ ᠭᠠᠷ ᠤᠨ ᠠᠶ᠎ᠠ ᠪᠠᠷ ᠰᠡᠬᠦᠳᠡᠷᠯᠡᠵᠤ᠂  ᠭᠠᠷ ᠤᠨ ᠠᠶ᠎ᠠ ᠪᠠᠷ ᠲᠡᠬᠦᠬᠦ︾  ᠠᠵᠢᠯᠯᠠᠭ᠎ᠠ ᠶᠢ ᠦᠷᠨᠢᠬᠦᠯᠵᠤ᠂  ᠨᠠᠮ ᠤᠨ ᠭᠡᠰᠢᠬᠦᠨ ᠺᠠᠳ᠋ᠷ᠂  ᠡᠯ᠎ᠡ ᠭᠠᠴᠠᠭᠠᠨ ᠤ ᠤᠯᠠᠨ ᠲᠦᠮᠡᠨ ᠬᠤᠭ ᠨᠤᠪᠰᠢ ᠪᠠᠨ ᠤᠪᠤᠭᠠᠯᠠᠭᠠᠳ ᠴᠠᠭ ᠲᠤᠬᠠᠢ ᠳᠤᠨᠢ ᠰᠢᠢᠳᠪᠤᠷᠢᠯᠡᠭᠰᠡᠨ ᠦᠭᠡᠢ ᠪᠠᠶᠢᠳᠠᠯ ᠢ ᠰᠡᠬᠦᠳᠡᠷᠯᠡᠵᠤ᠂   ᠭᠠᠴᠠᠭᠠᠨ ᠤ ᠸᠢᠴᠠᠲ  ᠤᠨ ᠴᠤᠭᠯᠠᠷᠠᠯ ᠳᠤ ᠲᠠᠷᠬᠠᠭᠠᠵᠤ᠂ ᠭᠠᠴᠠᠭ᠎ᠠ ᠠᠴᠠ ᠲᠤᠰᠬᠠᠢ ᠬᠦᠮᠤᠨ ᠲᠤᠬᠢᠷᠠᠭᠤᠯᠤᠨ ᠰᠢᠢᠳᠪᠤᠷᠢᠯᠡᠵᠤ ︽ ᠠᠰᠠᠭᠤᠳᠠᠯ ᠢ ᠢᠯᠡᠷᠡᠬᠦᠯᠵᠤ᠂  ᠠᠰᠠᠭᠤᠳᠠᠯ ᠢ ᠲᠤᠰᠬᠠᠵᠤ᠂  ᠠᠰᠠᠭᠤᠳᠠᠯ ᠢ ᠰᠢᠢᠳᠪᠤᠷᠢᠯᠡᠬᠦ︾ ᠶᠢ ᠪᠡᠶᠡᠯᠡᠬᠦᠯᠵᠤ ᠪᠤᠢ᠃
     ᠪᠠᠳᠠᠷᠠᠬᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠢᠤᠢ ᠫᠢᠩ᠄ ︽ ᠮᠠᠨ ᠤ ᠪᠠᠯᠭᠠᠰᠤ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠲᠦᠪᠯᠡᠷᠡᠬᠦᠯᠤᠨ ᠴᠡᠭᠴᠡᠯᠡᠨ ᠵᠠᠰᠠᠬᠤ ᠤᠳᠤᠷᠢᠳᠬᠤ ᠲᠤᠭᠤᠶᠢᠯᠠᠩ ᠪᠠᠶᠢᠭᠤᠯᠵᠤ᠂  ᠡᠯ᠎ᠡ ᠭᠠᠴᠠᠭ᠎ᠠ᠂  ᠨᠡᠶᠢᠭᠡᠮ ᠲᠤᠭᠤᠷᠢᠭ ᠠᠴᠠ ᠭᠠᠴᠠᠭᠠᠨ ᠤ ᠲᠦᠷᠢᠮ ᠠᠷᠠᠳ ᠤᠨ ᠪᠤᠯᠵᠤᠭ᠎ᠠ ᠲᠤᠭᠳᠡᠭᠠᠵᠤ᠂  ᠰᠠᠭᠤᠭᠠᠯᠢ ᠠᠷᠠᠳ ᠪᠠ ᠬᠤᠪᠢ  ᠶᠢᠨ ᠤᠶᠢᠯᠡᠳᠪᠤᠷᠢ ᠬᠤᠳᠠᠯᠳᠤᠭᠠᠨ ᠤ ᠡᠷᠤᠭᠡ ᠲᠠᠢ ᠡᠭᠦᠳᠡᠨ ᠡᠮᠤᠨᠡᠬᠢ ᠲᠦᠷᠪᠡᠨ ᠲᠠᠭᠠᠭᠠᠴᠢᠯᠠᠯᠳᠠ ᠶᠢᠨ ᠬᠠᠷᠢᠭᠤᠴᠠᠯᠭ᠎ᠠ ᠶᠢᠨ ᠪᠢᠴᠢᠭ ᠲᠤᠭᠳᠠᠵᠤ᠂  ᠪᠠᠰᠠ ᠮᠠᠨ ᠤ ᠪᠠᠯᠭᠠᠰᠤᠨ ᠤ ᠪᠤᠳᠠᠳᠤ ᠪᠠᠶᠢᠳᠠᠯ ᠳᠠᠭᠠᠨ ᠨᠡᠶᠢᠴᠡᠭᠰᠡᠨ ᠴᠡᠪᠡᠷᠯᠡᠭᠴᠢ ᠪᠠ ᠤᠢ ᠶᠢᠨ ᠬᠠᠮᠠᠭᠠᠯᠠᠭᠴᠢ ᠶᠢᠨ ᠬᠠᠮᠢᠶᠠᠷᠤᠯᠳᠠ ᠶᠢᠨ ᠲᠦᠷᠢᠮ ᠲᠤᠭᠳᠠᠭᠠᠨ᠂  ᠨᠠᠮ ᠤᠨ ᠭᠡᠰᠢᠬᠦᠨ ᠺᠠᠳ᠋ᠷ ᠭᠠᠴᠠᠭ᠎ᠠ ᠨᠡᠶᠢᠭᠡᠮ ᠲᠤᠭᠤᠷᠢᠭ᠂  ᠵᠡᠭᠡᠯᠢ ᠭᠤᠳᠤᠮᠵᠢ ᠶᠢ ᠲᠠᠭᠠᠭᠠᠴᠢᠯᠠᠵᠤ᠂  ᠤᠯᠠᠨ ᠲᠦᠮᠡᠨ ᠦᠪᠡᠷ ᠢᠶᠠᠨ ᠡᠭᠦᠳᠡᠨ ᠡᠮᠤᠨᠡᠬᠢ ᠪᠠᠨ ᠴᠡᠪᠡᠷᠯᠡᠪᠡ︾  ᠭᠡᠪᠡ᠃
     ᠬᠠᠮᠤᠭ ᠤᠨ ᠶᠡᠭᠡ ᠬᠠᠮᠳᠤᠷᠠᠯ ᠤᠨ ᠬᠦᠴᠤᠨ ᠢ ᠨᠢᠭᠳᠠᠷᠠᠭᠤᠯᠬᠤ ᠶᠢᠨ ᠲᠦᠯᠦᠭᠡ᠂  ᠪᠠᠳᠠᠷᠠᠬᠤ ᠪᠠᠯᠭᠠᠰᠤ ᠡᠯ᠎ᠡ ᠲᠠᠯ᠎ᠠ ᠶᠢᠨ ᠬᠦᠴᠤᠨ ᠢ ᠢᠳᠡᠪᠬᠢᠳᠠᠢ ᠲᠠᠶᠢᠴᠢᠯᠡᠨ᠂  ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠳᠤ ᠤᠷᠤᠯᠴᠠᠭᠤᠯᠪᠠ᠃  ᠪᠦᠬᠦ ᠪᠠᠯᠭᠠᠰᠤᠨ ᠤ ᠡᠯ᠎ᠡ ᠬᠠᠪᠰᠤᠷᠤᠨ ᠲᠡᠳᠬᠦᠬᠦ ᠪᠠᠶᠢᠭᠤᠯᠭ᠎ᠠ᠂  ᠬᠠᠷᠢᠶ᠎ᠠ ᠤᠷᠤᠨ ᠤ ᠠᠵᠤ ᠠᠬᠤᠶᠢᠯᠠᠯ ᠴᠤ ᠡᠨᠡ ᠤᠳᠠᠭᠠᠨ ᠤ ︽ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠨᠦᠬᠦᠴᠡᠯ ᠢ ᠴᠡᠭᠴᠡᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ︾   ᠳᠤ ᠴᠢᠬᠤᠯᠠ ᠤᠶᠢᠯᠡᠳᠤᠯ ᠦᠵᠡᠬᠦᠯᠵᠤ᠂  ᠡᠯ᠎ᠡ ᠭᠠᠴᠠᠭ᠎ᠠ ᠲᠤᠰᠬᠤᠨ ᠢ ᠰᠠᠨᠠᠭᠠᠴᠢᠯᠠᠭ᠎ᠠ ᠠᠴᠠ ᠪᠠᠨ ᠬᠠᠪᠰᠤᠷᠪᠡ᠃  ᠪᠠᠳᠠᠷᠠᠬᠤ ᠪᠠᠯᠭᠠᠰᠤ ᠪᠠᠰᠠ ᠪᠠᠯᠭᠠᠰᠤᠨ ᠤ ᠲᠡᠰ ᠤᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠤᠯᠢ ᠬᠡᠷᠡᠭᠵᠢᠬᠦᠯᠬᠦ ᠶᠡᠭᠡ ᠠᠩᠭᠢ ᠶᠢ ᠪᠠᠶᠢᠭᠤᠯᠵᠤ᠂  ᠪᠦᠬᠦ ᠪᠠᠯᠭᠠᠰᠤᠨ ᠤ ᠵᠡᠭᠡᠯᠢ ᠭᠤᠳᠤᠮᠵᠢ ᠳᠤ ᠲᠤᠷᠠᠪᠡᠷ ᠬᠤᠭ ᠨᠤᠪᠰᠢ ᠤᠪᠤᠭᠠᠯᠠᠨ ᠲᠠᠯᠪᠢᠬᠤ ᠵᠡᠷᠭᠡ ᠪᠤᠯᠪᠠᠰᠤᠨ ᠪᠤᠰᠤ ᠠᠵᠢᠯᠯᠠᠭ᠎ᠠ ᠶᠢ ᠲᠦᠷᠢᠮᠵᠢᠬᠦᠯᠪᠡ᠃
     ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠰᠢ᠂  ᠺᠠᠳ᠋ᠷ ᠤᠯᠠᠨ ᠲᠦᠮᠡᠨ ᠤ ᠭᠠᠴᠠᠭᠠᠨ ᠤ ᠲᠦᠷᠰᠤ ᠪᠠᠶᠢᠳᠠᠯ  ᠢ ᠵᠠᠰᠠᠬᠤ ᠳᠤ ᠤᠷᠤᠯᠴᠠᠬᠤ ᠢᠳᠡᠪᠬᠢᠵᠢᠯ ᠢ ᠶᠡᠬᠡᠪᠡᠷ ᠲᠡᠭᠡᠭᠰᠢᠯᠡᠬᠦᠯᠵᠤ᠂  ︽ ᠬᠦᠮᠤᠨ ᠪᠦᠬᠦᠨ ᠡᠷᠡᠬᠦᠯ ᠬᠠᠮᠠᠭᠠᠯᠠᠯ  ᠢ ᠠᠩᠬᠠᠷᠴᠤ᠂  ᠬᠦᠮᠤᠨ ᠪᠦᠬᠦᠨ ᠠᠷᠢᠭᠤᠨ ᠴᠡᠪᠡᠷ ᠢ ᠪᠠᠳᠤᠯᠠᠬᠤ︾  ᠠᠭᠤᠷ ᠠᠮᠢᠰᠬᠤᠯ ᠢ  ᠪᠤᠢ ᠪᠤᠯᠭᠠᠵᠠᠢ᠃  
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号